2015 ᠤᠨ ᠤ ᠵᠠᠰᠠᠭ ᠤᠨ ᠤᠷᠳᠤᠨ ᠤ ᠠᠵᠢᠯ ᠤᠨ ᠢᠯᠡᠤᠡᠬᠡᠯ ︵ᠨᠢᠬᠡ︶
ᠨᠡᠶᠢᠲᠡᠯᠡᠭᠰᠡᠨ ᠴᠠᠭ᠄
2015/3/10
— —  2015 ᠤᠨ ᠤ 3 ᠰᠠᠷᠠᠶᠢᠨ 10᠎ ᠤ ᠡᠳᠤᠷ ᠰᠢᠨ᠎ᠠ ᠪᠠᠷᠭᠤ ᠪᠠᠷᠠᠭᠤᠨ ᠬᠤᠰᠢᠭᠤᠨ ᠤ ᠠᠷᠪᠠᠨ ᠳᠦᠷᠪᠡᠳᠤᠭᠡᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠳᠦᠷᠪᠡᠳᠤᠭᠡᠷ ᠬᠤᠷᠠᠯᠳᠤᠭᠠᠨ ᠳᠡᠭᠡᠷ᠎ᠡ      ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠎ ᠤ ᠬᠤᠰᠢᠭᠤᠨ ᠲᠠᠷᠤᠭ᠎ᠠ                 ᠭᠠᠯᠵᠠᠪ                                                                                                     ᠲᠦᠯᠦᠭᠡᠯᠡᠭᠴᠢᠳ ᠡ᠄      ᠤᠳᠤ ᠪᠢ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠢ ᠲᠦᠯᠦᠭᠡᠯᠡᠨ ᠶᠡᠭᠡ ᠬᠤᠷᠠᠯ ᠳᠤ ᠵᠠᠰᠠᠭ ᠤᠨ ᠤᠷᠳᠤᠨ ᠤ ᠠᠵᠢᠯ ᠤᠨ ᠢᠯᠡᠳᠭᠡᠯ ᠬᠢᠶ᠎ᠡ᠂ ᠬᠢᠨᠠᠨ ᠵᠦᠪᠯᠡᠬᠦ ᠪᠤᠯᠪᠠᠤ᠂ ᠬᠤᠰᠢᠭᠤᠨ ᠤ ᠤᠯᠤᠰ ᠲᠦᠷᠦ ᠶᠢᠨ ᠵᠦᠪᠯᠡᠯᠭᠡᠨ ᠤ ᠬᠡᠰᠢᠬᠦᠳ ᠪᠤᠯᠤᠨ ᠬᠤᠷᠠᠯ ᠳᠤ ᠰᠤᠯᠠ ᠤᠷᠤᠯᠴᠠᠭᠰᠠᠳ ᠰᠠᠨᠠᠯ ᠢᠶᠠᠨ ᠲᠤᠷᠠᠳᠬᠤ ᠪᠤᠯᠪᠠᠤ᠃      ᠨᠢᠭᠡ᠂ 2014 ᠤᠨ ᠤ ᠠᠵᠢᠯ ᠤᠨ ᠡᠷᠬᠢᠴᠡᠬᠦᠯᠦᠯ     2014 ᠤᠨ ᠪᠤᠯ ᠰᠢᠨ᠎ᠡ ᠵᠠᠭᠤᠨ ᠡᠷᠡᠨ ᠠᠴᠠ ᠨᠠᠰᠢᠬᠢ ᠮᠠᠨ ᠤ ᠬᠤᠰᠢᠭᠤᠨ ᠤ ᠠᠵᠦ ᠠᠬᠤᠢ ᠶᠢ ᠬᠦᠭᠵᠢᠬᠦᠯᠬᠦ ᠳᠤ ᠬᠠᠮᠤᠭ ᠠᠴᠠ ᠬᠦᠴᠢᠷᠳᠡᠭᠰᠡᠨ ᠪᠦᠭᠡᠳ ᠡᠳ᠋ ᠤᠨ ᠵᠠᠰᠠᠭ ᠤᠨ ᠤᠷᠤᠯᠭ᠎ᠠ ᠵᠠᠷᠤᠯᠭ᠎ᠠ ᠶᠢᠨ ᠵᠦᠷᠢᠴᠡᠯ ᠬᠠᠮᠤᠭ ᠤᠨ ᠲᠤᠪᠤᠶᠢᠮ᠎ᠠ ᠨᠢᠭᠡ ᠵᠢᠯ ᠪᠤᠯᠤᠨ᠎ᠠ᠂ ᠪᠠᠰᠠᠴᠦ ᠪᠦᠬᠦ ᠬᠤᠰᠢᠭᠤᠨ ᠤ ᠠᠷᠠᠳ ᠲᠦᠮᠡᠨ ᠡᠷᠡᠯᠬᠡᠭᠯᠡᠨ ᠲᠡᠮᠡᠴᠡᠵᠦ᠂ ᠬᠦᠴᠢᠷ ᠪᠡᠷᠭᠡ ᠶᠢ ᠬᠠᠮᠳᠤᠪᠡᠷ ᠢᠯᠠᠭᠰᠠᠨ ᠨᠢᠭᠡ ᠵᠢᠯ ᠪᠤᠯᠤᠨ᠎ᠠ᠃ ᠵᠠᠬ᠎ᠠ ᠳᠡᠯᠭᠡᠭᠦᠷ ᠤᠨ ᠭᠡᠷᠡᠭᠴᠡᠭᠡ ᠱᠠᠭᠠᠷᠳᠠᠯᠭ᠎ᠠ ᠶᠢ ᠵᠤᠯᠭᠠᠭᠤᠯᠤᠭᠰᠠᠨ ᠎ ᠢᠶᠠᠷ ᠬᠦᠢᠴᠡᠳ ᠦᠬᠡᠢ᠂ ᠬᠤᠷᠸ᠎ᠠ ᠲᠤᠬᠢᠷᠠᠭᠤᠯᠭ᠎ᠠ ᠶᠢᠨ ᠠᠵᠦ ᠠᠬᠤᠢ ᠶᠢᠨ ᠲᠤᠷᠤᠭᠰᠢᠯᠠᠯᠳᠠ ᠶᠢᠨ ᠲᠠᠷᠤᠭᠠᠰᠦ ᠬᠦᠨᠳᠦᠷᠡᠭᠰᠡᠨ ᠵᠡᠷᠭᠡ ᠬᠦᠨᠳᠦ ᠰᠦᠷᠡᠬᠡᠢ ᠪᠠᠶᠢᠳᠠᠯ ᠳᠤᠤᠷ᠎ᠠ᠂ ᠪᠢᠳᠡ ᠬᠤᠳᠠ ᠶᠢᠨ ᠨᠠᠮ ᠤᠨ ᠬᠤᠷᠢᠶ᠎ᠠ᠂ ᠵᠠᠰᠠᠭ ᠤᠨ ᠤᠷᠳᠤᠨ ᠪᠤᠯᠤᠨ ᠬᠤᠰᠢᠭᠤᠨ ᠤ ᠨᠠᠮ ᠤᠨ ᠬᠤᠷᠢᠶ᠎ᠠ ᠶᠢᠨ ᠪᠠᠳᠦ ᠴᠢᠩᠭ᠎ᠠ ᠤᠳᠤᠷᠢᠳᠤᠯᠭ᠎ᠠ ᠲᠤᠤᠷ᠎ᠠ᠂ ᠨᠠᠮ ᠤᠨ ᠤᠯᠠᠨ ᠲᠦᠮᠡᠨᠴᠢ ᠱᠤᠭᠤᠮ ᠤᠨ ᠬᠦᠮᠦᠵᠢᠯ ᠦᠢᠯᠡᠳᠦᠯᠭᠡ ᠶᠢᠨ ᠠᠵᠢᠯᠯᠠᠭ᠎ᠠ ᠶᠢ ᠯᠠᠪᠳᠠᠭᠤᠨ ᠪᠠᠳᠤᠳᠠᠢ ᠦᠷᠨᠢᠬᠦᠯᠦᠨ᠂ ᠬᠤᠷᠸ᠎ᠠ ᠲᠤᠬᠢᠷᠠᠭᠤᠯᠭ᠎ᠠ ᠶᠢᠨ ᠠᠵᠦ ᠠᠬᠤᠢ ᠶᠢᠨ ᠲᠦᠷᠦ ᠶᠢᠨ ᠪᠤᠳᠤᠯᠭ᠎ᠠ ᠶᠢ ᠨᠠᠷᠢᠨ ᠬᠢᠨᠠᠮᠠᠭᠠᠢ ᠨᠠᠶᠢᠳᠠᠪᠦᠷᠢᠵᠢᠭᠤᠯᠵᠦ᠂ ᠠᠵᠦ ᠠᠬᠤᠢ ᠶᠢᠨ ᠲᠤᠭᠳᠠᠭᠤᠨ ᠪᠦᠭᠡᠳ ᠨᠡᠯᠢᠶᠡᠳ ᠲᠦᠷᠭᠡᠨ ᠬᠦᠭᠵᠢᠯᠳᠡ ᠶᠢ ᠪᠠᠳᠤᠯᠠᠬᠤ ᠶᠠᠪᠤᠳᠠᠯ ᠢᠶᠠᠷ ᠵᠠᠰᠠᠭ ᠤᠨ ᠤᠷᠳᠤᠨ ᠤ ᠠᠵᠢᠯ ᠤᠨ ᠲᠡᠷᠢᠬᠦᠨ ᠴᠢᠬᠤᠯᠠ ᠡᠭᠦᠷᠭᠡ ᠪᠤᠯᠭᠠᠨ᠂ ᠲᠦᠭᠰᠢᠬᠦᠷᠢ ᠶᠢᠨ ᠲᠤᠮᠳᠠ ᠠᠴᠠ ᠠᠵᠠ ᠲᠤᠬᠢᠶᠠᠯ ᠡᠷᠢᠵᠦ᠂ ᠬᠦᠴᠢᠷ ᠪᠡᠷᠭᠡ ᠶᠢ ᠰᠦᠷᠦᠨ ᠤᠷᠤᠭᠰᠢᠯᠠᠵᠦ᠂ ᠠᠷᠪᠠᠨ ᠲᠦᠷᠪᠡᠳᠦᠭᠡᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠤᠳᠠᠭᠠᠨ ᠤ ᠬᠤᠷᠠᠯ ᠳᠤ ᠲᠤᠷᠠᠳᠤᠭᠰᠠᠨ ᠭᠤᠤᠯ ᠬᠠᠷᠠᠯᠳᠠ ᠡᠭᠦᠷᠭᠡ ᠶᠢ ᠦᠨᠳᠦᠰᠦᠨ ᠳᠡᠭᠡᠨ ᠪᠡᠶᠡᠯᠡᠬᠦᠯᠪᠡ᠃ — — ᠠᠵᠦ ᠠᠬᠤᠢ ᠶᠢᠨ ᠪᠦᠳᠦᠴᠡ ᠨᠡᠩ ᠰᠢᠯᠢᠳᠡᠭᠵᠢᠪᠡ᠃ ᠪᠦᠬᠦ ᠬᠤᠰᠢᠭᠤᠨ ᠤ ᠤᠷᠤᠨ ᠨᠤᠲᠤᠭ ᠤᠨ ᠦᠢᠯᠡᠳᠪᠦᠷᠢᠯᠡᠯ ᠤᠨ ᠶᠡᠷᠦᠩᠭᠡᠢ ᠦᠷᠲᠡᠭ ᠢ 77.1 ᠳ᠋ᠦᠩᠰᠢᠭᠤᠷ ᠲᠦᠬᠦᠷᠢᠭ ᠪᠡᠶᠡᠯᠡᠬᠦᠯᠵᠦ᠂ 8.3%᠎ ᠪᠠᠷ ᠨᠡᠮᠡᠭᠳᠡᠪᠡ᠃ ᠡᠭᠦᠨ ᠳᠤ᠂ ᠨᠢᠭᠡᠳᠦᠭᠡᠷ ᠠᠵᠦ ᠦᠢᠯᠡᠰ ᠤᠨ ᠨᠡᠮᠡᠭᠳᠡᠯ ᠦᠷᠲᠡᠭ ᠢ 4.8 ᠳ᠋ᠦᠩᠰᠢᠭᠤᠷ ᠲᠦᠬᠦᠷᠢᠭ ᠪᠡᠶᠡᠯᠡᠬᠦᠯᠵᠦ᠂ 4.4%᠎ ᠪᠠᠷ ᠨᠡᠮᠡᠭᠳᠡᠪᠡ᠃ ᠬᠤᠶᠠᠳᠤᠭᠠᠷ ᠠᠵᠦ ᠦᠢᠯᠡᠰ ᠤᠨ ᠨᠡᠮᠡᠭᠳᠡᠯ ᠦᠷᠲᠡᠭ ᠢ 60.8 ᠳ᠋ᠦᠩᠰᠢᠭᠤᠷ ᠲᠦᠬᠦᠷᠢᠭ ᠪᠡᠶᠡᠯᠡᠬᠦᠯᠵᠦ᠂ 8.5%᠎ ᠪᠠᠷ ᠨᠡᠮᠡᠭᠳᠡᠪᠡ ︵ᠡᠭᠦᠨ ᠳᠤ᠂ ᠠᠵᠦ ᠦᠢᠯᠡᠳᠪᠦᠷᠢ ᠶᠢᠨ ᠨᠡᠮᠡᠭᠳᠡᠯ ᠦᠷᠲᠡᠭ ᠢ 59.5 ᠳ᠋ᠦᠩᠰᠢᠭᠤᠷ ᠲᠦᠬᠦᠷᠢᠭ ᠪᠡᠶᠡᠯᠡᠬᠦᠯᠵᠦ᠂ 8.6%᠎ ᠪᠠᠷ ᠨᠡᠮᠡᠭᠳᠡᠪᠡ︶᠃ ᠭᠤᠷᠪᠠᠳᠤᠭᠠᠷ ᠠᠵᠦ ᠦᠢᠯᠡᠰ ᠤᠨ ᠨᠡᠮᠡᠭᠳᠡᠯ ᠦᠷᠲᠡᠭ ᠢ 11.5 ᠳ᠋ᠦᠩᠰᠢᠭᠤᠷ ᠲᠦᠬᠦᠷᠢᠭ ᠪᠡᠶᠡᠯᠡᠬᠦᠯᠵᠦ᠂ 8.8%᠎ ᠪᠠᠷ ᠨᠡᠮᠡᠭᠳᠡᠪᠡ᠃ ᠭᠤᠷᠪᠠᠨ ᠠᠵᠦ ᠦᠢᠯᠡᠰ ᠤᠨ ᠪᠦᠳᠦᠴᠡ ᠶᠢᠨ ᠲᠤᠬᠢᠷᠠᠭᠤᠯᠤᠯᠳᠠ 6.2᠄ 78.9᠄ 14.9 ᠪᠤᠯᠪᠠ᠃ ᠤᠯᠠᠨ ᠨᠡᠶᠢᠳᠡ ᠶᠢᠨ ᠡᠳ᠋ ᠤᠨ ᠵᠠᠰᠠᠭ ᠤᠨ ᠲᠦᠰᠦᠪ ᠤᠨ ᠤᠷᠤᠯᠭ᠎ᠠ ᠶᠢ 4.8 ᠳ᠋ᠦᠩᠰᠢᠭᠤᠷ ᠲᠦᠬᠦᠷᠢᠭ ᠪᠡᠶᠡᠯᠡᠬᠦᠯᠵᠦ᠂ 3.4%᠎ ᠪᠠᠷ ᠨᠡᠮᠡᠭᠳᠡᠪᠡ᠃ ᠨᠢᠭᠡᠴᠢ ᠦᠢᠯᠡᠳᠪᠦᠷᠢᠯᠡᠯ ᠤᠨ ᠶᠡᠷᠦᠩᠬᠡᠢ ᠦᠷᠲᠡᠭ ᠤᠨ ᠡᠨᠧᠷᠭᠢ ᠶᠢᠨ ᠬᠤᠷᠤᠭᠳᠠᠯ ᠪᠤᠯᠤᠨ ᠭᠤᠤᠯ ᠪᠤᠬᠢᠷᠳᠤᠯ ᠪᠤᠳᠠᠰ ᠢ ᠭᠠᠳᠠᠭᠰᠢᠯᠠᠭᠤᠯᠬᠤ ᠵᠡᠷᠭᠡ ᠬᠦᠯᠢᠶᠡᠰᠦᠯᠡᠯ ᠤᠨ ᠴᠢᠨᠠᠷᠳᠠᠢ ᠬᠦᠢᠴᠡᠳᠭᠡᠬᠦ ᠲᠤᠭ᠎ᠠ ᠶᠢ ᠪᠦᠬᠦ ᠳᠠᠯ᠎ᠠ ᠪᠠᠷ ᠪᠡᠶᠡᠯᠡᠬᠦᠯᠪᠡ᠃— —  ᠪᠡᠯᠡ ᠤᠷᠤᠭᠤᠯᠤᠯᠳᠠ ᠪᠤᠯᠤᠨ ᠭᠡᠷᠡᠭᠯᠡᠭᠡ ᠬᠤᠶᠠᠷ ᠢ ᠵᠡᠷᠭᠡᠪᠡᠷ ᠴᠢᠩᠭ᠎ᠠ ᠠᠳᠬᠤᠪᠠ᠃ ᠪᠡᠯᠡ ᠤᠷᠤᠭᠤᠯᠤᠯᠳᠠ ᠪᠤᠯᠤᠨ ᠭᠡᠷᠡᠭᠯᠡᠭᠡ ᠬᠤᠶᠠᠷ ᠤᠨ ᠬᠦᠴᠦᠨ ᠢ ᠲᠦᠪᠯᠡᠷᠡᠬᠦᠯᠵᠦ᠂ ᠪᠦᠬᠦ ᠵᠢᠯ ᠳᠤ ᠲᠤᠭᠳᠠᠮᠠᠯ ᠬᠦᠷᠦᠩᠭᠡ ᠶᠢᠨ ᠪᠡᠯᠡ ᠤᠷᠤᠭᠤᠯᠤᠯᠳᠠ ᠶᠢ 37.1 ᠳ᠋ᠦᠩᠰᠢᠭᠤᠷ ᠲᠦᠬᠦᠷᠢᠭ ᠪᠡᠶᠡᠯᠡᠬᠦᠯᠵᠦ᠂ 38.6%᠎ ᠪᠠᠷ ᠨᠡᠮᠡᠭᠳᠡᠪᠡ᠃ ᠨᠡᠶᠢᠬᠡᠮ ᠤᠨ ᠭᠡᠷᠡᠭᠯᠡᠭᠡᠨ ᠤ ᠳᠠᠸᠠᠷ ᠢ ᠵᠢᠵᠢᠭᠯᠡᠨ ᠪᠤᠷᠤᠯᠠᠭᠤᠯᠤᠭᠰᠠᠨ ᠶᠡᠷᠦᠩᠬᠡᠢ ᠲᠤᠭ᠎ᠠ 5.5 ᠳ᠋ᠦᠩᠰᠢᠭᠤᠷ ᠲᠦᠬᠦᠷᠢᠭ ᠲᠤ ᠬᠦᠷᠴᠦ᠂ 10%᠎ ᠪᠠᠷ ᠨᠡᠮᠡᠭᠳᠡᠪᠡ᠃— — ᠠᠷᠠᠳ ᠤᠨ ᠠᠮᠢᠳᠤᠷᠠᠯ ᠴᠢᠨᠠᠭᠰᠢᠳᠠ ᠰᠠᠶᠢᠵᠢᠷᠠᠪᠠ᠃ ᠬᠤᠳᠠ ᠬᠦᠳᠡᠭᠡ ᠶᠢᠨ ᠰᠠᠭᠤᠭᠠᠯᠢ ᠠᠷᠠᠳ ᠤᠨ ᠤᠷᠤᠯᠭ᠎ᠠ 22,834 ᠲᠦᠬᠦᠷᠢᠭ ᠪᠠ 15,671 ᠲᠦᠬᠦᠷᠢᠭ ᠲᠤ ᠬᠦᠷᠴᠦ᠂ ᠲᠤᠰᠪᠦᠷᠢ 9.6% ᠪᠠ 11.5%᠎ ᠪᠠᠷ ᠨᠡᠮᠡᠭᠳᠡᠵᠦ᠂ ᠤᠷᠤᠨ ᠨᠤᠲᠤᠭ ᠤᠨ ᠦᠢᠯᠡᠳᠪᠦᠷᠢᠯᠡᠯ ᠤᠨ ᠶᠡᠷᠦᠩᠬᠡᠢ ᠦᠷᠲᠡᠭ ᠪᠤᠯᠤᠨ ᠡᠳ᠋ ᠎ ᠤᠨ ᠵᠠᠰᠠᠭ ᠤᠨ ᠤᠷᠤᠯᠭ᠎ᠠ ᠶᠢᠨ ᠨᠡᠮᠡᠭᠳᠡᠯ ᠤᠨ ᠬᠤᠷᠳᠤᠴᠡ ᠠᠴᠠ ᠪᠦᠷ ᠲᠦᠷᠭᠡᠨ ᠪᠤᠯᠪᠠ᠃ ᠨᠡᠶᠢᠭᠡᠮ ᠤᠨ ᠪᠠᠳᠤᠯᠠᠭ᠎ᠠ ᠶᠢᠨ ᠰᠢᠰᠲ᠋ᠧᠮ ᠲᠠᠰᠤᠷᠠᠯᠳᠠ ᠦᠬᠡᠢ ᠳᠡᠬᠦᠯᠳᠡᠷᠵᠢᠵᠦ᠂ ᠰᠠᠭᠤᠭᠠᠯᠢ ᠠᠷᠠᠳ ᠤᠨ ᠨᠠᠰᠤᠵᠢᠯ᠂ ᠡᠮ ᠡᠮᠨᠡᠯᠭᠡ᠂ ᠠᠵᠢᠯ ᠠᠯᠳᠠᠬᠤ ᠪᠠ ᠠᠵᠢᠯ ᠠᠴᠠ ᠪᠤᠯᠤᠭᠰᠠᠨ ᠬᠡᠮᠳᠦᠯ ᠵᠡᠷᠭᠡ ᠪᠠᠳᠤᠯᠠᠭ᠎ᠠ ᠶᠢᠨ ᠬᠢᠷᠢ ᠲᠦᠪᠰᠢᠨ ᠲᠠᠰᠤᠷᠠᠯᠳᠠ ᠦᠬᠡᠢ ᠲᠡᠭᠡᠭᠰᠢᠯᠡᠪᠡ᠃      ᠦᠩᠭᠡᠷᠡᠭᠰᠡᠨ ᠨᠢᠭᠡ ᠵᠢᠯ ᠳᠤ᠂ ᠪᠢᠳᠡ ᠨᠡᠮᠡᠭᠳᠡᠯ ᠢ ᠪᠦᠬᠦ ᠬᠦᠴᠦᠨ ᠢᠶᠠᠷ ᠢᠶᠠᠨ ᠴᠢᠷᠮᠠᠶᠢᠨ ᠠᠬᠢᠭᠤᠯᠵᠦ᠂ ᠠᠷᠠᠳ ᠤᠨ ᠠᠮᠢᠳᠤᠷᠠᠯ ᠢ ᠡᠷᠡᠰ ᠭᠤᠶᠢᠪᠢᠰᠢ ᠦᠬᠡᠢ ᠪᠠᠳᠤᠯᠠᠵᠦ᠂ ᠮᠠᠰᠢ ᠤᠯᠠᠨ ᠠᠵᠢᠯ ᠳᠤ ᠰᠢᠨ᠎ᠡ ᠰᠢᠪᠳᠤᠯᠤᠯᠳᠠ ᠲᠠᠢ ᠪᠤᠯᠪᠠ᠃      ︵ᠨᠢᠭᠡ︶ ᠮᠠᠯ ᠠᠮᠢ ᠠᠬᠤᠢ ᠶᠢᠨ ᠪᠤᠬᠢᠷᠳᠤᠯ ᠦᠬᠡᠢ ᠬᠦᠭᠵᠢᠯᠳᠡ ᠰᠢᠨ᠎ᠡ ᠰᠢᠪᠳᠤᠯᠤᠯᠳᠠ ᠲᠠᠢ ᠪᠤᠯᠪᠠ᠃ ᠮᠠᠯᠵᠢᠬᠤ ᠦᠢᠯᠡᠳᠪᠦᠷᠢᠯᠡᠯ ᠤᠨ ᠬᠡᠯᠪᠡᠷᠢ ᠶᠢ ᠬᠤᠪᠢᠷᠠᠭᠤᠯᠤᠨ ᠲᠡᠰ ᠳᠡᠪᠰᠢᠬᠦᠯᠬᠦ ᠠᠵᠢᠯ ᠱᠠᠳᠤᠴᠢ ᠴᠢᠨᠠᠷᠳᠠᠢ ᠦᠷ᠎ᠡ ᠪᠦᠳᠦᠮᠵᠢ ᠤᠯᠵᠦ᠂ ᠲᠡᠵᠢᠭᠡᠯ ᠡᠪᠡᠰᠦᠨ ᠤ ᠠᠵᠦ ᠦᠢᠯᠡᠰ ᠰᠢᠨ᠎ᠡ ᠰᠢᠪᠳᠤᠯᠤᠯᠳᠠ ᠲᠠᠢ ᠪᠤᠯᠪᠠ᠃ ᠰᠢᠨ᠎ᠡ ᠪᠠᠷ 614 ᠲᠤᠭᠳᠠᠮᠠᠯ ᠬᠠᠰᠢᠶ᠎ᠠ ᠰᠠᠷᠠᠪᠴᠢ᠂ 1000 ᠲᠡᠭᠰᠢ ᠲᠦᠷᠪᠡᠯᠵᠢᠨ ᠮᠧᠲᠷ ᠤᠨ ᠪᠠᠷᠢᠮᠵᠢᠶᠠᠵᠢᠭᠰᠡᠨ ᠲᠤᠮᠤ ᠬᠡᠯᠪᠡᠷᠢ ᠶᠢᠨ ᠡᠪᠡᠰᠦ ᠬᠠᠳᠠᠭᠠᠯᠠᠬᠤ ᠬᠦᠮᠦᠷᠭᠡ ᠶᠢ 10᠂ 500 ᠲᠡᠭᠰᠢ ᠲᠦᠷᠪᠡᠯᠵᠢᠨ ᠮᠧᠲᠷ ᠤᠨ ᠡᠪᠡᠰᠦ ᠬᠠᠳᠠᠭᠠᠯᠠᠬᠤ ᠬᠦᠮᠦᠷᠭᠡ ᠶᠢ 19 ᠪᠠᠶᠢᠭᠤᠯᠵᠦ᠂ 500 ᠲᠦᠮᠡᠨ ᠲᠦᠬᠦᠷᠢᠭ ᠎ ᠤᠨ ᠪᠡᠯᠡ ᠤᠷᠤᠭᠤᠯᠵᠦ᠂ ᠪᠠᠴᠢᠮ ᠪᠠᠶᠢᠳᠠᠯ ᠢ ᠠᠷᠭᠠᠴᠠᠬᠤ ᠲᠡᠵᠢᠭᠡᠯ ᠡᠪᠡᠰᠦ ᠬᠠᠳᠠᠭᠠᠯᠠᠬᠤ ᠰᠠᠭᠤᠷᠢ ᠮᠦᠩᠬᠦ ᠪᠠᠶᠢᠭᠤᠯᠵᠦ᠂ ᠬᠤᠰᠢᠭᠤ᠂ ᠰᠤᠮᠤ᠂ ᠭᠠᠴᠠᠭ᠎ᠠ ᠭᠤᠷᠪᠠᠨ ᠱᠠᠳᠤᠨ ᠤ ᠭᠠᠮᠰᠢᠭ ᠢ ᠡᠰᠡᠷᠬᠦᠴᠡᠬᠦ ᠰᠢᠰᠲ᠋ᠧᠮ ᠢ ᠪᠠᠶᠢᠭᠤᠯᠪᠠ᠃ ᠪᠡᠯᠴᠢᠭᠡᠷᠯᠡᠬᠦ ᠶᠢ ᠵᠤᠭᠰᠤᠭᠠᠨ ᠨᠤᠲᠤᠭ ᠪᠡᠯᠴᠢᠭᠡᠷ ᠢ ᠰᠡᠷᠭᠦᠭᠡᠬᠦ᠂ ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠨᠦᠬᠦᠪᠦᠷᠢ᠂ ᠡᠬᠦᠯᠳᠡᠷ ᠤᠨ ᠬᠤᠨᠢᠨ ᠤ ᠨᠦᠬᠦᠪᠦᠷᠢ ᠵᠡᠷᠭᠡ ᠠᠷᠠᠳ ᠤᠨ ᠠᠮᠢᠳᠤᠷᠠᠯ ᠢ ᠬᠠᠷᠠᠭᠠᠯᠵᠠᠨ ᠮᠠᠯᠴᠢᠳ ᠲᠤ ᠬᠠᠷᠠᠭᠠᠯᠵᠠᠯ ᠦᠵᠡᠬᠦᠯᠬᠦ ᠲᠦᠷᠦᠯ ᠵᠦᠢᠯ ᠢ ᠨᠠᠶᠢᠳᠠᠪᠦᠷᠢᠵᠢᠭᠤᠯᠵᠦ᠂ ᠨᠤᠲᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠳᠠ ᠶᠢᠨ ᠨᠦᠬᠦᠪᠦᠷᠢᠯᠡᠨ ᠱᠠᠩᠨᠠᠬᠤ ᠪᠡᠯᠡ ᠮᠦᠩᠬᠦ ᠶᠢ 1.56 ᠳ᠋ᠦᠩᠰᠢᠭᠤᠷ ᠲᠦᠬᠦᠷᠢᠭ ᠲᠠᠷᠬᠠᠭᠠᠪᠠ᠃ ᠮᠠᠯᠵᠢᠬᠤ ᠦᠢᠯᠡᠳᠪᠦᠷᠢᠯᠡᠯ ᠤᠨ ᠲᠦᠷᠦᠯ ᠵᠦᠢᠯ ᠪᠤᠯᠤᠨ ᠲᠦᠷᠦ ᠶᠢᠨ ᠪᠤᠳᠤᠯᠭ᠎ᠠ ᠶᠢᠨ ᠰᠠᠭᠤᠷᠢ ᠪᠠᠬᠢᠵᠢᠪᠡ᠃ ᠭᠡᠷ ᠪᠦᠯᠢ ᠎ ᠶᠢᠨ ᠮᠠᠯᠵᠢᠯ ᠤᠨ ᠳᠠᠯᠠᠪᠠᠢ  ᠎ ᠶᠢᠨ ᠬᠦᠭᠵᠢᠯᠳᠡ ᠶᠢᠨ ᠭᠡᠯᠪᠡᠷᠢ ᠶᠢ ᠢᠳᠡᠪᠬᠢᠳᠠᠢ ᠰᠦᠪᠡᠭᠴᠢᠯᠡᠵᠦ᠂ ᠡᠯ᠎ᠡ ᠲᠦᠷᠦᠯ ᠤᠨ ᠲᠤᠰᠬᠠᠢ ᠬᠤᠷᠰᠢᠶᠠᠵᠢᠯ ᠢ 102 ᠪᠠᠶᠢᠭᠤᠯᠪᠠ᠃ ︽ᠬᠢᠯᠢ ᠬᠢᠵᠠᠭᠠᠷ ᠢᠶᠠᠨ ᠮᠠᠨᠳᠤᠭᠤᠯᠤᠨ ᠠᠷᠠᠳ ᠢ ᠪᠠᠶᠠᠵᠢᠭᠤᠯᠬᠤ︾ ᠪᠡᠯᠡ ᠮᠦᠩᠬᠦ ᠶᠢ 1,200 ᠲᠦᠮᠡᠨ ᠲᠦᠬᠦᠷᠢᠭ ᠤᠯᠪᠠ᠃ 600 ᠲᠦᠮᠡᠨ ᠲᠦᠬᠦᠷᠢᠭ ᠤᠨ ᠪᠡᠯᠡ ᠤᠷᠤᠭᠤᠯᠵᠦ᠂ ᠠᠮᠢ ᠠᠬᠤᠢ ᠶᠢᠨ ᠤᠷᠴᠢᠨ ᠲᠤᠭᠤᠷᠢᠨ ᠤ ᠬᠠᠮᠠᠭᠠᠯᠠᠯᠳᠠ ᠶᠢᠨ ᠨᠡᠬᠦᠳᠡᠯᠯᠡᠨ ᠬᠤᠨᠤᠭᠯᠠᠬᠤ ᠭᠡᠷ᠂ ᠤᠷᠭᠠᠨᠢᠭ ᠬᠤᠨᠢ ᠲᠡᠵᠢᠭᠡᠨ ᠦᠷᠡᠵᠢᠬᠦᠯᠬᠦ ᠵᠡᠷᠭᠡ 5 ᠲᠦᠷᠦᠯ ᠵᠦᠢᠯ ᠢ ᠭᠡᠷᠡᠭᠵᠢᠬᠦᠯᠪᠡ᠃ ᠨᠤᠲᠤᠭ ᠪᠡᠯᠴᠢᠭᠡᠷ ᠢ ᠡᠷᠬᠢᠯᠳᠦᠬᠦᠯᠬᠦ ᠶᠢ ᠵᠤᠬᠢᠰᠳᠠᠢ ᠠᠬᠢᠭᠤᠯᠵᠦ᠂ ᠨᠤᠲᠤᠭ ᠪᠡᠯᠴᠢᠭᠡᠷ ᠤᠨ ᠭᠡᠷᠡᠭᠯᠡᠬᠦ ᠡᠷᠭᠡ ᠶᠢ ᠳᠤᠳᠤᠷᠬᠠᠶᠢᠯᠠᠨ ᠲᠠᠭᠠᠭᠠᠴᠢᠯᠠᠭᠤᠯᠬᠤ ᠲᠤᠷᠰᠢᠯᠳᠠ ᠶᠢᠨ ᠴᠡᠭ ᠤᠨ ᠠᠵᠢᠯ ᠢ ᠪᠦᠬᠦ ᠳᠠᠯ᠎ᠠ ᠪᠠᠷ ᠦᠷᠨᠢᠬᠦᠯᠪᠡ᠃ ᠮᠠᠯᠵᠢᠬᠤ ᠦᠢᠯᠡᠳᠪᠦᠷᠢᠯᠡᠯ ᠤᠨ ᠠᠵᠦ ᠦᠢᠯᠡᠰᠵᠢᠯᠳᠡ ᠶᠢᠨ ᠠᠬᠢᠴᠠ ᠶᠢ ᠲᠦᠷᠭᠡᠳᠭᠡᠵᠦ᠂ ᠪᠤᠬᠢᠷᠳᠤᠯ ᠦᠬᠡᠢ ᠮᠠᠯ ᠤᠨ ᠠᠰᠢᠭ ᠰᠢᠮ᠎ᠡ ᠶᠢ ᠦᠢᠯᠡᠳᠪᠦᠷᠢᠯᠡᠨ ᠪᠤᠷᠤᠯᠠᠭᠤᠯᠵᠦ ᠡᠳ᠋ᠰᠢᠬᠦᠯᠬᠦ ᠰᠠᠭᠤᠷᠢᠨ ᠭᠠᠵᠠᠷ ᠎ ᠢ ᠪᠦᠬᠦ ᠳᠠᠯ᠎ᠠ ᠪᠠᠷ ᠪᠠᠶᠢᠭᠤᠯᠵᠦ᠂ ᠮᠠᠯ ᠤᠨ ᠲᠤᠭ᠎ᠠ 125 ᠲᠦᠮᠡᠨ ᠲᠤᠯᠤᠭᠠᠢ ᠳᠤ ᠬᠦᠷᠴᠦ᠂ ᠠᠵᠦ ᠦᠢᠯᠡᠰᠵᠢᠭᠰᠡᠨ ᠡᠵᠡᠩᠨᠡᠯᠳᠡ ᠳᠤ 9,625 ᠲᠦᠮᠡᠨ ᠲᠦᠬᠦᠷᠢᠭ ᠤᠨ ᠪᠤᠷᠤᠯᠠᠭᠤᠯᠤᠯᠳᠠ ᠶᠢᠨ ᠤᠷᠤᠯᠭ᠎ᠠ ᠶᠢ ᠪᠡᠶᠡᠯᠡᠬᠦᠯᠵᠦ᠂ ᠮᠠᠯ ᠤᠨ ᠠᠰᠢᠭ ᠰᠢᠮ᠎ᠡ ᠶᠢᠨ ᠵᠢᠯ ᠤᠨ ᠪᠤᠯᠪᠠᠰᠤᠷᠠᠭᠤᠯᠤᠯᠳᠠ ᠶᠢᠨ ᠬᠡᠮᠵᠢᠶ᠎ᠡ 1865 ᠲᠤᠨ ᠎ ᠳᠤ ᠬᠦᠷᠪᠡ᠃ ᠦᠪᠡᠷᠲᠡᠭᠡᠨ ᠵᠠᠰᠠᠬᠤ ᠤᠷᠤᠨ ᠤ ᠳᠡᠰ ᠤᠨ ᠠᠮᠢ ᠠᠬᠤᠶᠢᠴᠢ ᠬᠤᠰᠢᠭᠤ ᠶᠢ ᠡᠭᠦᠳᠦᠨ ᠪᠠᠶᠢᠭᠤᠯᠪᠠ᠃ ᠠᠶᠦᠯᠬᠦᠢ ᠤᠰᠤ ᠤᠮᠳᠠ ᠶᠢᠨ ᠢᠨᠵᠧᠨᠧᠷᠢᠩ ᠢ ᠭᠡᠷᠡᠭᠵᠢᠬᠦᠯᠵᠦ᠂ ᠲᠦᠪᠯᠡᠷᠡᠬᠦᠯᠦᠨ ᠤᠰᠤ ᠬᠠᠩᠭᠠᠬᠤ ᠢᠨᠵᠧᠨᠧᠷᠢᠩ ᠢ 9 ᠪᠠᠶᠢᠭᠤᠯᠵᠦ᠂ ᠰᠢᠨ᠎ᠡ ᠪᠠᠷ 100 ᠮᠠᠰᠢᠨ ᠴᠠᠬᠢᠯᠭᠠᠨ ᠬᠤᠳᠳᠤᠭ ᠮᠠᠯᠳᠠᠵᠦ᠂ ᠭᠡᠷ ᠲᠤ ᠭᠡᠷᠡᠭᠯᠡᠬᠦ ᠬᠦᠳᠡᠯᠭᠡᠭᠴᠢ ᠬᠦᠴᠦᠨ ᠦᠬᠡᠢ ᠤᠰᠤ ᠰᠢᠢᠳᠪᠦᠷᠢᠯᠡᠬᠦ ᠲᠦᠬᠦᠭᠡᠷᠦᠮᠵᠢ ᠶᠢ 294 ᠲᠠᠷᠬᠠᠭᠠᠨ᠂ 6070 ᠬᠦᠮᠦᠨ᠂ 15.2 ᠲᠦᠮᠡᠨ ᠲᠤᠯᠤᠭᠠᠢ ᠮᠠᠯ ᠤᠨ ᠠᠶᠦᠯᠬᠦᠢ ᠤᠰᠤ ᠤᠮᠳᠠ ᠶᠢᠨ ᠠᠰᠠᠭᠤᠳᠠᠯ ᠢ ᠰᠢᠨ᠎ᠡ ᠪᠠᠷ ᠰᠢᠢᠳᠪᠦᠷᠢᠯᠡᠪᠡ᠃ 1,261 ᠲᠦᠮᠡᠨ ᠲᠦᠬᠦᠷᠢᠭ ᠤᠨ ᠪᠡᠯᠡ ᠤᠷᠤᠭᠤᠯᠵᠦ᠂ ᠠᠮᠢ ᠠᠬᠤᠢ ᠭᠡᠪᠡᠷᠡᠭ ᠭᠠᠵᠠᠷ ᠤᠷᠤᠨ ᠤ ᠠᠷᠠᠳ ᠢ ᠨᠡᠬᠦᠯᠭᠡᠨ ᠶᠠᠳᠠᠭᠤ ᠶᠢ ᠳᠡᠳᠬᠦᠬᠦ ᠲᠦᠷᠦᠯ ᠵᠦᠢᠯ ᠢ ᠭᠡᠷᠡᠭᠵᠢᠬᠦᠯᠪᠡ᠃ ᠤᠢ ᠰᠢᠭᠤᠢ ᠶᠢᠨ ᠠᠮᠢ ᠠᠬᠤᠢ ᠶᠢᠨ ᠵᠢᠱᠢᠶ᠎ᠡ ᠦᠵᠡᠬᠦᠯᠬᠦ ᠬᠦᠷᠢᠶᠡᠯᠡᠩ ᠤᠨ ᠪᠦᠲᠦᠭᠡᠨ ᠪᠠᠶᠢᠭᠤᠯᠤᠯᠳᠠ ᠶᠢ ᠲᠦᠯᠬᠢᠨ ᠠᠬᠢᠭᠤᠯᠵᠦ᠂ 90 ᠲᠦᠮᠡᠨ ᠴᠢᠬᠢ ᠮᠤᠳᠦ ᠵᠠᠶᠢᠯᠠᠪᠠ᠃ ᠨᠡᠶᠢᠳᠡ ᠶᠢᠨ ᠠᠰᠠᠷᠠᠮᠵᠢ ᠶᠢᠨ ᠤᠢ ᠶᠢᠨ ᠨᠦᠬᠦᠪᠦᠷᠢ ᠮᠦᠩᠬᠦ ᠶᠢ 315 ᠲᠦᠮᠡᠨ ᠲᠦᠬᠦᠷᠢᠭ ᠲᠠᠷᠬᠠᠭᠠᠪᠠ᠃ ᠡᠯᠡᠰᠦᠷᠭᠡᠭ ᠤᠷᠤᠨ ᠢ ᠶᠡᠷᠦᠩᠬᠡᠶᠢᠯᠡᠨ ᠵᠠᠰᠠᠬᠤ ᠢᠨᠵᠧᠨᠧᠷᠢᠩ ᠢ 11.9 ᠲᠦᠮᠡᠨ ᠮᠦ ᠪᠡᠶᠡᠯᠡᠬᠦᠯᠵᠦ᠂ ᠮᠠᠯᠵᠢᠬᠤ ᠦᠢᠯᠡᠳᠪᠦᠷᠢᠯᠡᠯ ᠡᠯᠪᠡᠭ ᠬᠤᠷᠢᠶᠠᠯᠳᠠ ᠤᠯᠵᠦ᠂ ᠲᠠᠯ᠎ᠠ ᠨᠤᠲᠤᠭ ᠨᠡᠩ ᠭᠤᠸ᠎ᠠ ᠦᠵᠡᠰᠬᠦᠯᠡᠩ ᠪᠤᠯᠪᠠ᠃      ︵ᠬᠤᠶᠠᠷ︶ ᠠᠵᠦ ᠦᠢᠯᠡᠳᠪᠦᠷᠢ ᠶᠢ ᠲᠡᠰ ᠳᠡᠪᠰᠢᠬᠦᠯᠵᠦ ᠦᠭᠡᠷᠡᠴᠢᠯᠡᠨ ᠰᠠᠶᠢᠵᠢᠷᠠᠭᠤᠯᠬᠤ ᠠᠵᠢᠯ ᠰᠢᠨ᠎ᠡ ᠰᠢᠪᠳᠤᠯᠤᠯᠳᠠ ᠲᠠᠢ ᠪᠤᠯᠪᠠ᠃ ᠦᠢᠯᠡᠳᠪᠦᠷᠢ ᠠᠭᠤᠷᠬᠠᠢ ᠶᠢᠨ ᠦᠢᠯᠡᠳᠬᠦᠨ ᠤ ᠦᠨ᠎ᠡ ᠬᠠᠩᠰᠢ ᠶᠢᠨ ᠦᠰᠦᠯᠳᠡ ᠪᠠᠷᠤᠭᠳᠠᠢ ᠪᠠᠶᠢᠬᠤ ᠠᠰᠢᠭ ᠦᠬᠡᠢ ᠪᠠᠶᠢᠳᠠᠯ ᠲᠤᠤᠷ᠎ᠠ᠂ ᠪᠢᠳᠡ ︽ᠲᠤᠯᠤᠭᠠᠨ ᠬᠡᠯᠪᠡᠷᠢ︾᠎ ᠶᠢᠨ ᠠᠭᠤᠷᠬᠠᠢ①᠎ ᠶᠢ ᠪᠠᠶᠢᠭᠤᠯᠬᠤ ᠪᠠᠷ ᠭᠠᠷᠳᠠᠬᠤ ᠴᠡᠭ ᠪᠤᠯᠭᠠᠵᠦ᠂ ᠠᠵᠦ ᠠᠬᠤᠶᠢᠯᠠᠯ ᠢ ᠬᠦᠳᠦᠯᠦᠨ ᠵᠢᠯᠤᠭᠤᠳᠴᠦ᠂ ᠬᠦᠴᠢᠷ ᠪᠡᠷᠭᠡᠰᠢᠶᠡᠯ ᠤᠨ ᠲᠤᠮᠳᠠ ᠠᠴᠠ ᠬᠤᠳᠠᠯᠳᠤᠭᠠᠨ ᠤ ᠠᠵᠠ ᠲᠤᠬᠢᠶᠠᠯ ᠢ ᠡᠷᠢᠨ᠂ ᠠᠵᠦ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠳᠡ ᠶᠢᠨ ᠬᠦᠴᠢᠷ ᠠᠰᠠᠭᠤᠳᠠᠯ ᠢ ᠴᠢᠷᠮᠠᠶᠢᠨ ᠰᠢᠢᠳᠪᠦᠷᠢᠯᠡᠵᠦ᠂ ᠬᠦᠴᠢᠷ ᠪᠡᠷᠭᠡᠰᠢᠶᠡᠯ ᠤᠨ ᠲᠤᠮᠳᠠ ᠠᠵᠦ ᠦᠢᠯᠡᠳᠪᠦᠷᠢ ᠶᠢᠨ ᠲᠤᠭᠳᠠᠭᠤᠨ ᠨᠡᠮᠡᠭᠳᠡᠯ ᠢ ᠪᠡᠶᠡᠯᠡᠬᠦᠯᠪᠡ᠃ ᠭᠤᠤᠯᠳᠠᠯᠭ᠎ᠠ ᠲᠠᠢ ᠲᠦᠷᠦᠯ ᠵᠦᠢᠯ ᠢ ᠲᠦᠷᠭᠡᠳᠭᠡᠨ ᠠᠬᠢᠭᠤᠯᠵᠦ᠂ ᠡᠾᠧ ᠢ ᠰᠠᠯᠬᠢᠨ ᠬᠦᠴᠦᠨ ᠤ ᠰᠢᠨ᠎ᠡ ᠨᠢᠭᠡ ᠦᠶ᠎ᠡ ᠶᠢᠨ ᠰᠠᠯᠬᠢ ᠨᠠᠷᠠᠨ ᠤ ᠭᠡᠷᠡᠯ ᠢ ᠬᠠᠷᠢᠯᠴᠠᠨ ᠨᠦᠬᠦᠪᠦᠷᠢᠯᠡᠨ ᠴᠠᠬᠢᠯᠭᠠᠨ ᠭᠠᠷᠭᠠᠬᠤ ᠲᠦᠬᠦᠭᠡᠷᠦᠮᠵᠢ ᠶᠢᠨ ᠲᠦᠷᠦᠯ ᠵᠦᠢᠯ ᠤᠨ ᠦᠯᠢᠭᠡᠷ ᠮᠠᠰᠢᠨ ᠤᠭᠰᠠᠷᠠᠬᠤ ᠲᠤᠷᠰᠢᠯᠳᠠ ᠶᠢ ᠪᠡᠶᠡᠯᠡᠬᠦᠯᠵᠦ᠂ ᠯᠦᠩ ᠯᠢ ᠶᠤᠸᠠᠨ ᠴᠠᠬᠢᠭᠤᠷ ᠴᠢᠯᠠᠭᠤᠨ ᠤ ᠠᠭᠤᠷᠬᠠᠢ ᠶᠢ ᠨᠡᠭᠡᠭᠡᠨ ᠠᠰᠢᠭᠯᠠᠬᠤ ᠲᠦᠷᠦᠯ ᠵᠦᠢᠯ ᠰᠢᠨ᠎ᠡ ᠰᠢᠪᠳᠤᠯᠤᠯᠳᠠ ᠶᠢ ᠪᠡᠶᠡᠯᠡᠬᠦᠯᠵᠦ᠂ ᠬᠠᠶᠢᠷᠬᠠᠨ ᠲᠤᠭᠤᠯᠭ᠎ᠠ ᠴᠠᠶᠢᠷ ᠤᠨ ᠠᠭᠤᠷᠬᠠᠢ ᠶᠢᠨ ᠲᠦᠷᠦᠯ ᠵᠦᠢᠯ ᠢ ᠲᠤᠭᠳᠠᠭᠤᠨ ᠢᠶᠠᠷ ᠠᠬᠢᠭᠤᠯᠵᠦ᠂ ᠵᠦᠩ ᠶᠢᠨ ᠵᠡᠰ ᠤᠨ ᠦᠢᠯᠡᠰ ᠤᠨ ᠤᠯᠠᠨ ᠲᠡᠮᠦᠷᠯᠢᠭ ᠤᠨ ᠠᠭᠤᠷᠬᠠᠢ ᠶᠢ ᠠᠯᠬᠤᠮ ᠬᠤᠪᠢᠶᠠᠨ ᠡᠭᠡᠬᠦᠯᠦᠨ ᠠᠪᠴᠦ ᠶᠡᠷᠦᠩᠬᠡᠶᠢᠯᠡᠨ ᠠᠰᠢᠭᠯᠠᠬᠤ ᠲᠦᠷᠦᠯ ᠵᠦᠢᠯ ᠤᠨ ᠡᠯ᠎ᠡ ᠵᠦᠢᠯ ᠤᠨ ᠡᠮᠦᠨᠡᠬᠢ ᠬᠤᠭᠤᠴᠠᠭᠠᠨ ᠤ ᠠᠵᠢᠯ ᠱᠠᠳᠦᠴᠢ ᠴᠢᠨᠠᠷᠳᠠᠢ ᠦᠷ᠎ᠡ ᠪᠦᠳᠦᠮᠵᠢ ᠤᠯᠪᠠ᠃ ᠪᠦᠬᠦ ᠵᠢᠯ ᠳᠤ 16 ᠭᠤᠤᠯᠳᠠᠯᠭ᠎ᠠ ᠲᠠᠢ ᠲᠦᠷᠦᠯ ᠵᠦᠢᠯ ᠢ ᠠᠵᠢᠯ ᠡᠬᠢᠯᠡᠬᠦᠯᠵᠦ᠂ ᠠᠵᠦ ᠦᠢᠯᠡᠳᠪᠦᠷᠢ ᠶᠢᠨ ᠲᠤᠭᠳᠠᠮᠠᠯ ᠬᠦᠷᠦᠩᠭᠡ ᠶᠢᠨ ᠪᠡᠯᠡ ᠤᠷᠤᠭᠤᠯᠤᠯᠳᠠ ᠶᠢ 9.9 ᠳ᠋ᠦᠩᠰᠢᠭᠤᠷ ᠲᠦᠬᠦᠷᠢᠭ ᠪᠡᠶᠡᠯᠡᠬᠦᠯᠪᠡ᠃ ᠬᠡᠪᠴᠢᠶᠡᠵᠢᠯ ᠠᠴᠠ ᠲᠡᠭᠡᠭᠰᠢᠬᠢ ᠠᠵᠦ ᠦᠢᠯᠡᠳᠪᠦᠷᠢ ᠶᠢᠨ ᠠᠵᠦ ᠠᠬᠤᠶᠢᠯᠠᠯ ᠤᠨ ᠶᠡᠷᠦᠩᠬᠡᠢ ᠦᠢᠯᠡᠳᠬᠦᠨ ᠤ ᠦᠷᠲᠡᠭ ᠢ 89.9 ᠳ᠋ᠦᠩᠰᠢᠭᠤᠷ ᠲᠦᠬᠦᠷᠢᠭ ᠪᠡᠶᠡᠯᠡᠬᠦᠯᠵᠦ᠂22.3%᠎ ᠪᠠᠷ ᠨᠡᠮᠡᠭᠳᠡᠪᠡ᠃ ᠲᠤᠮᠳᠠ ᠵᠢᠵᠢᠭ ᠠᠵᠦ ᠠᠬᠤᠶᠢᠯᠠᠯ ᠤᠨ ᠬᠦᠭᠵᠢᠯᠳᠡ ᠶᠢ ᠲᠡᠮᠵᠢᠵᠦ᠂ ᠠᠯᠳ᠋ᠬᠠᠮᠡᠭᠡᠯ ᠵᠢᠵᠢᠭ ᠠᠵᠦ ᠠᠬᠤᠶᠢᠯᠠᠯ ᠤᠨ ᠦᠢᠯᠡᠰ ᠪᠤᠰᠬᠠᠵᠦ ᠵᠢᠱᠢᠶ᠎ᠡ ᠦᠵᠡᠬᠦᠯᠬᠦ ᠰᠠᠭᠤᠷᠢᠨ ᠭᠠᠵᠠᠷ 260 ᠲᠦᠮᠡᠨ ᠲᠦᠬᠦᠷᠢᠭ ᠤᠨ ᠤᠯᠤᠰ ᠤᠨ ᠨᠦᠬᠦᠪᠦᠷᠢ ᠮᠦᠩᠬᠦ ᠬᠦᠷᠲᠡᠪᠡ᠃ ᠲᠤᠮᠳᠠ ᠵᠢᠵᠢᠭ ᠠᠵᠦ ᠠᠬᠤᠶᠢᠯᠠᠯ 207 ᠡᠷᠦᠬᠡ ᠪᠤᠯᠵᠦ᠂ 5.6%᠎ ᠪᠠᠷ ᠨᠡᠮᠡᠭᠳᠡᠪᠡ᠃ ᠠᠵᠦ ᠠᠬᠤᠢ ᠶᠢᠨ ᠬᠦᠭᠵᠢᠯᠳᠡ ᠪᠤᠯᠤᠨ ᠪᠡᠯᠡ ᠤᠷᠤᠭᠤᠯᠤᠯᠳᠠ ᠶᠢᠨ ᠤᠷᠴᠢᠨ ᠲᠤᠭᠤᠷᠢᠨ ᠢ ᠰᠢᠯᠢᠳᠡᠭᠵᠢᠬᠦᠯᠵᠦ᠂ ᠠᠷᠠᠯᠵᠢᠶᠠᠴᠢᠨ ᠤᠷᠢᠵᠦ ᠪᠡᠯᠡ ᠤᠷᠤᠭᠤᠯᠬᠤ ᠨᠦᠯᠦᠭᠡ ᠶᠢ ᠦᠷᠭᠡᠳᠭᠡᠨ᠂ 13 ᠲᠦᠷᠦᠯ ᠵᠦᠢᠯ ᠪᠠ 23.1 ᠳ᠋ᠦᠩᠰᠢᠭᠤᠷ ᠲᠦᠬᠦᠷᠢᠭ ᠤᠨ ᠭᠠᠳᠠᠭᠠᠳᠦ ᠪᠡᠯᠡ ᠮᠦᠩᠬᠦ ᠶᠢ ᠳᠠᠳᠠᠨ ᠤᠷᠤᠭᠤᠯᠵᠦ᠂ 8.5%᠎ ᠪᠠᠷ ᠨᠡᠮᠡᠭᠳᠡᠪᠡ᠃      ︵ᠭᠤᠷᠪᠠ︶ ᠲᠤᠳᠤᠭᠠᠳᠦ ᠠᠵᠦ ᠠᠬᠤᠢ ᠭᠠᠳᠠᠭᠠᠳᠦ ᠠᠷᠠᠯᠵᠢᠶ᠎ᠠ ᠬᠠᠮᠳᠦ ᠪᠠᠷ ᠬᠦᠭᠵᠢᠵᠦ ᠰᠢᠨ᠎ᠡ ᠰᠢᠪᠳᠤᠯᠤᠯᠳᠠ ᠲᠠᠢ ᠪᠤᠯᠪᠠ᠃ ︽ᠲᠠᠯ᠎ᠠ ᠨᠤᠲᠤᠭ ᠤᠨ ᠰᠤᠶᠤᠯ ᠢ ᠬᠠᠳᠠᠭᠠᠯᠠᠭᠰᠠᠨ ᠤᠮᠠᠷᠠᠳᠦ ᠬᠢᠯᠢ ᠶᠢᠨ ᠦᠪᠡᠷᠮᠢᠴᠡ ᠤᠨᠴᠠᠯᠢᠭ ᠲᠠᠢ ᠵᠤᠭᠠᠴᠠᠨ ᠰᠡᠯᠡᠬᠦᠴᠡᠬᠦ ᠰᠠᠭᠤᠷᠢᠨ ᠭᠠᠵᠠᠷ ᠢ ᠪᠠᠶᠢᠭᠤᠯᠬᠤ︾ ᠬᠦᠭᠵᠢᠯᠳᠡ ᠶᠢᠨ ᠰᠡᠳᠬᠢᠴᠡ ᠶᠢᠨ ᠲᠤᠭᠤᠷᠢᠨ ᠳᠤ᠂ ᠵᠤᠭᠠᠴᠠᠯ ᠤᠨ ᠲᠦᠯᠦᠪᠵᠢᠬᠦᠯᠭᠡ ᠶᠢᠨ ᠰᠢᠰᠲ᠋ᠧᠮ ᠢ ᠳᠡᠬᠦᠯᠳᠡᠷᠵᠢᠬᠦᠯᠵᠦ᠂ ᠪᠤᠠᠠᠳᠠᠠᠭᠤᠯᠠ ᠵᠤᠭᠠᠴᠠᠯ ᠤᠨ ᠦᠷᠲᠡᠭᠡ᠂ ᠪᠤᠶᠢᠷ ᠨᠠᠭᠤᠷ ᠎ ᠤᠨ ᠦᠵᠡᠮᠵᠢᠳᠦ ᠤᠷᠤᠨ᠂ ᠲᠤᠮᠳᠠᠳᠦ ᠤᠷᠤᠰ ᠮᠤᠩᠭᠤᠯ ᠤᠨ ︽0︾ ᠨᠤᠮᠧᠷᠳᠦ ᠬᠢᠯᠢ ᠶᠢᠨ ᠬᠦᠰᠢᠶ᠎ᠡ ᠶᠢᠨ ᠵᠤᠭᠠᠴᠠᠯ ᠤᠨ ᠦᠵᠡᠮᠵᠢᠳᠦ ᠤᠷᠤᠨ᠂ ᠪᠠᠷᠭᠤ ᠮᠠᠯᠵᠢᠬᠤ ᠡᠷᠦᠬᠡ ᠶᠢᠨ ᠵᠤᠭᠠᠴᠠᠯ᠂ ᠪᠠᠷᠭᠤ ᠠᠷᠠᠳ ᠤᠨ ᠵᠠᠩ ᠦᠢᠯᠡ ᠶᠢᠨ ᠵᠤᠭᠠᠴᠠᠯ ᠤᠨ ᠲᠤᠰᠬᠤᠨ ᠵᠡᠷᠭᠡ ᠲᠦᠷᠦᠯ ᠵᠦᠢᠯ ᠢ ᠭᠤᠤᠯᠳᠠᠯᠭ᠎ᠠ ᠲᠠᠢ ᠲᠦᠯᠬᠢᠨ ᠠᠬᠢᠭᠤᠯᠪᠠ᠃ ᠬᠢᠯᠢ ᠪᠠᠷ ᠵᠤᠭᠠᠴᠠᠬᠤ ᠳᠤ ᠪᠤᠰᠤᠳ ᠭᠠᠵᠠᠷ ᠲᠤ ᠦᠨᠡᠮᠯᠡᠯ ᠬᠦᠢᠴᠡᠳᠭᠡᠵᠦ ᠪᠤᠯᠬᠤ ᠠᠵᠢᠯ ᠨᠢ ᠬᠢᠨᠠᠨ ᠰᠢᠯᠭᠠᠵᠦ ᠬᠤᠷᠢᠶᠠᠨ ᠠᠪᠬᠤ ᠶᠢ ᠦᠩᠭᠡᠷᠡᠬᠦᠯᠵᠦ᠂ ᠲᠤᠮᠳᠠᠳᠦ ᠮᠤᠩᠭᠤᠯ ᠤᠨ ᠬᠢᠯᠢ ᠶᠢᠨ ᠤᠨᠴᠠᠯᠢᠭᠳᠦ ᠵᠤᠭᠠᠴᠠᠯ ᠤᠨ ᠱᠤᠭᠤᠮ ᠢ 3 ᠨᠡᠪᠲᠡᠷᠡᠬᠦᠯᠪᠡ᠃ 203 ᠮᠤᠵᠢ ᠶᠢᠨ ᠵᠠᠮ — ᠴᠢᠩᠬᠢᠰ ᠬᠠᠭᠠᠨ ᠤ ᠮᠤᠷᠢᠨ ᠤᠶᠠᠭ᠎ᠠ ᠶᠢᠨ ᠦᠵᠡᠮᠵᠢᠳᠦ ᠤᠷᠤᠨ ᠤ ᠵᠠᠰᠠᠮᠠᠯ ᠵᠠᠮ ᠪᠤᠯᠤᠨ ᠬᠦᠯᠦᠨ ᠨᠠᠭᠤᠷ ᠤᠨ ᠠᠯᠳᠠᠨ ᠳᠠᠯᠠᠢ ᠶᠢᠨ ᠡᠷᠬᠢ ᠶᠢᠨ ᠦᠵᠡᠮᠵᠢᠳᠦ ᠤᠷᠤᠨ ᠤ ᠨᠠᠭᠤᠷ ᠲᠠᠭᠠᠤ ᠵᠠᠮ ᠢ ᠵᠠᠰᠠᠵᠦ ᠲᠠᠭᠤᠰᠬᠠᠪᠠ᠃ ᠬᠦᠯᠦᠨ ᠨᠠᠭᠤᠷ ᠤᠨ ᠵᠢᠭᠠᠰᠤᠨ ᠤ ᠦᠢᠯᠡᠰ ᠤᠨ ᠪᠦᠯᠦᠭᠯᠡᠯ ᠢ ᠪᠤᠶᠢᠷ ᠨᠠᠭᠤᠷ ᠤᠨ ᠵᠤᠭᠠᠴᠠᠯ ᠤᠨ ᠦᠵᠡᠮᠵᠢᠳᠦ ᠤᠷᠤᠨ ᠳᠤ ᠠᠮᠵᠢᠯᠳᠠᠳᠠᠢ ᠤᠷᠤᠭᠤᠯᠤᠨ ᠠᠪᠴᠢᠷᠠᠪᠠ᠃ ᠪᠦᠬᠦ ᠵᠢᠯ ᠳᠤ ᠵᠤᠭᠠᠴᠠᠭᠰᠠᠳ ᠢ 50.4 ᠲᠦᠮᠡᠨ ᠬᠦᠮᠦᠨ ᠤᠳᠠᠭ᠎ᠠ ᠬᠦᠯᠢᠶᠡᠨ ᠵᠤᠴᠢᠯᠠᠵᠦ᠂ 8.2%᠎ ᠢᠶᠠᠷ ᠨᠡᠮᠡᠭᠳᠡᠪᠡ᠃ ᠤᠮᠠᠷᠠᠰᠢ ᠨᠡᠭᠡᠭᠡᠬᠦ ᠬᠦᠬᠦᠷᠭᠡᠨ ᠪᠠᠬᠢᠯᠡᠯᠳᠡ ᠶᠢ ᠪᠤᠢ ᠪᠤᠯᠭᠠᠨ᠂ ᠪᠤᠭᠤᠮᠳᠠ ᠶᠢ ᠵᠢᠯ ᠲᠤᠷᠰᠢᠳᠠ ᠴᠢᠯᠦᠭᠡᠳᠡᠢ ᠪᠤᠯᠭᠠᠬᠤ ᠪᠠᠷ ᠮᠡᠳᠡᠬᠦᠯᠬᠦ ᠬᠦᠴᠦᠯᠡᠴᠡ ᠶᠢ ᠴᠢᠩᠭᠠᠳᠬᠠᠵᠦ᠂ ᠬᠢᠯᠢ ᠎ ᠪᠠᠷ ᠤᠷᠤᠵᠦ ᠭᠠᠷᠬᠤ ᠶᠢ ᠪᠠᠶᠢᠴᠠᠭᠠᠬᠤ ᠪᠤᠭᠤᠮᠳᠠ ᠨᠡᠪᠲᠡᠷᠡᠬᠦ ᠶᠡᠭᠡ ᠠᠰᠠᠷ ᠤᠨ ᠲᠦᠷᠦᠯ ᠵᠦᠢᠯ ᠤᠨ ᠪᠦᠲᠦᠭᠡᠨ ᠪᠠᠶᠢᠭᠤᠯᠤᠯᠳᠠ ᠶᠢ ᠲᠦᠷᠭᠡᠳᠭᠡᠪᠡ᠃ ᠪᠦᠬᠦ ᠵᠢᠯ ᠎ ᠳᠤ᠂ ᠪᠤᠭᠤᠮᠳᠠ ᠪᠠᠷ ᠤᠷᠤᠭᠤᠯᠵᠦ ᠭᠠᠷᠭᠠᠭᠰᠠᠨ ᠡᠳ᠋ ᠪᠠᠷᠠᠭ᠎ᠠ 11.6 ᠲᠦᠮᠡᠨ ᠲᠤᠨ ᠳᠤ ᠬᠦᠷᠴᠦ᠂ ᠠᠷᠠᠯᠵᠢᠶᠠᠯᠠᠭᠰᠠᠨ ᠲᠤᠭ᠎ᠠ 7,424 ᠲᠦᠮᠡᠨ ᠳ᠋ᠤᠯᠯᠠᠷ ᠪᠤᠯᠵᠦ᠂ ᠬᠢᠯᠢ ᠪᠠᠷ ᠢᠷᠡᠵᠦ ᠶᠠᠪᠤᠭᠰᠠᠨ ᠠᠶᠠᠨᠴᠢᠳ 4.4 ᠲᠦᠮᠡᠨ ᠬᠦᠮᠦᠨ ᠣᠳᠠᠭ᠎ᠠ᠂ ᠵᠠᠮ ᠲᠡᠭᠡᠭᠡᠪᠦᠷᠢ ᠶᠢᠨ ᠪᠠᠭᠠᠵᠢ 9188 ᠲᠡᠷᠭᠡ ᠤᠳᠠᠭ᠎ᠠ ᠳᠤ ᠬᠦᠷᠪᠡ᠃ ᠪᠤᠯᠪᠠᠰᠤᠷᠠᠭᠤᠯᠤᠭᠰᠠᠨ ᠲᠤᠰᠤ᠂ ᠮᠢᠬᠠᠨ ᠤ ᠵᠦᠢᠯᠡᠰ ᠤᠨ ᠠᠯᠠᠨᠰᠢᠨ ᠤ ᠲᠤᠰᠬᠠᠢ ᠵᠠᠬ᠎ᠠ ᠳᠡᠯᠭᠡᠭᠦᠷ ᠤᠨ ᠬᠠᠮᠢᠶᠠᠷᠤᠯᠳᠠ ᠪᠠ ᠵᠠᠰᠠᠨ ᠴᠡᠭᠴᠡᠯᠡᠯᠳᠡ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ᠂ ᠳᠠᠸᠠᠷ ᠤᠨ ᠴᠢᠨᠠᠷ ᠴᠢᠨᠰᠠᠭ᠎ᠠ ᠪᠤᠯᠤᠨ ᠦᠨ᠎ᠡ ᠬᠠᠩᠰᠢ ᠶᠢ ᠬᠢᠨᠠᠨ ᠬᠡᠮᠵᠢᠬᠦ ᠰᠦᠯᠵᠢᠶ᠎ᠡ ᠶᠢ ᠠᠩᠬ᠎ᠠ ᠠᠯᠬᠤᠮ ᠪᠠᠶᠢᠭᠤᠯᠵᠦ᠂ ᠵᠠᠬ᠎ᠠ ᠳᠡᠯᠭᠡᠭᠦᠷ ᠤᠨ ᠡᠮᠬᠢ ᠲᠢᠭᠯᠢᠮ ᠴᠢᠨᠠᠭᠰᠢᠳᠠ ᠲᠦᠷᠢᠮᠵᠢᠪᠡ᠃ ᠮᠦᠩᠬᠦᠨ ᠬᠦᠢᠯᠭᠡᠭᠡ ᠪᠠ ᠳᠠᠭᠠᠳᠬᠠᠯ ᠤᠨ ᠦᠢᠯᠡᠰ ᠲᠤᠭᠳᠠᠭᠤᠨ ᠢᠶᠠᠷ ᠬᠦᠭᠵᠢᠪᠡ᠃ ᠵᠦᠩ ᠬᠤᠸᠠ ᠬᠠᠮᠳᠤᠷᠠᠭᠰᠠᠨ ᠡᠳ᠋ ᠬᠦᠷᠦᠩᠭᠡ ᠶᠢᠨ ᠳᠠᠭᠠᠳᠬᠠᠯ ᠤᠨ ᠺᠤᠮᠫᠠᠨᠢ ᠶᠢ ᠤᠷᠤᠭᠤᠯᠤᠨ ᠠᠪᠴᠢᠷᠠᠵᠦ᠂ ᠲᠠᠭᠠᠳᠬᠠᠯ ᠤᠨ ᠦᠢᠯᠡᠰ ᠤᠨ ᠲᠦᠷᠦᠯ ᠵᠦᠢᠯ ᠢ ᠪᠠᠶᠠᠯᠢᠭᠵᠢᠭᠤᠯᠪᠠ᠃ ᠲᠠᠷᠢᠶᠠᠯᠠᠩ ᠢ ᠲᠡᠮᠵᠢᠬᠦ ᠵᠤᠭᠤᠰ ᠭᠠᠷᠭᠠᠬᠤ ᠦᠢᠯᠡᠴᠢᠯᠡᠭᠡᠨ ᠤ ᠴᠡᠭ ᠢ ᠰᠢᠨ᠎ᠡ ᠪᠠᠷ 8 ᠪᠠᠶᠢᠭᠤᠯᠵᠦ᠂ ᠪᠦᠬᠦ ᠬᠤᠰᠢᠭᠤᠨ ᠤ ᠡᠯ᠎ᠡ ᠵᠦᠢᠯ ᠤᠨ ᠪᠡᠯᠡ ᠮᠦᠩᠬᠦᠨ ᠤ ᠬᠠᠳᠠᠭᠠᠯᠠᠮᠵᠢ 10.5 ᠳ᠋ᠦᠩᠰᠢᠭᠤᠷ ᠲᠦᠬᠦᠷᠢᠭ ᠲᠤ ᠬᠦᠷᠴᠦ᠂ ᠵᠢᠭᠡᠯᠡᠯᠭᠡ ᠶᠢᠨ ᠦᠯᠡᠳᠡᠪᠦᠷᠢ ᠲᠤᠭ᠎ᠠ 6.6 ᠳ᠋ᠦᠩᠰᠢᠭᠤᠷ ᠲᠦᠬᠦᠷᠢᠭ ᠲᠤ ᠬᠦᠷᠪᠡ᠃      ︵ᠲᠦᠷᠪᠡ︶ ᠬᠤᠳᠠ ᠪᠠᠯᠭᠠᠰᠦ ᠶᠢᠨ ᠴᠢᠳᠠᠪᠬᠢ ᠶᠢ ᠲᠡᠭᠡᠭᠰᠢᠯᠡᠬᠦᠯᠬᠦ ᠠᠵᠢᠯ ᠰᠢᠨ᠎ᠡ ᠰᠢᠪᠳᠤᠯᠤᠯᠳᠠ ᠲᠠᠢ ᠪᠤᠯᠪᠠ᠃ ᠬᠦᠴᠦ ᠪᠠᠨ ᠲᠦᠪᠯᠡᠷᠡᠬᠦᠯᠵᠦ ᠪᠠᠶᠢᠭᠠᠳ ᠰᠠᠭᠤᠷᠢ ᠲᠦᠬᠦᠭᠡᠷᠦᠮᠵᠢ ᠶᠢᠨ ᠪᠦᠲᠦᠭᠡᠨ ᠪᠠᠶᠢᠭᠤᠯᠤᠯᠳᠠ ᠬᠤᠴᠤᠷᠤᠩᠭᠤᠢ ᠪᠠᠶᠢᠬᠤ ᠠᠰᠠᠭᠤᠳᠠᠯ ᠢ ᠭᠤᠤᠯᠳᠠᠯᠭ᠎ᠠ ᠲᠠᠢ ᠰᠢᠢᠳᠪᠦᠷᠢᠯᠡᠪᠡ᠃ 1.5 ᠳ᠋ᠦᠩᠰᠢᠭᠤᠷ ᠲᠦᠬᠦᠷᠢᠭ ᠤᠨ ᠪᠡᠯᠡ ᠤᠷᠤᠭᠤᠯᠵᠦ᠂ ᠵᠠᠮ ᠪᠠ ᠭᠠᠵᠠᠷ ᠲᠤᠤᠷᠠᠬᠢ ᠬᠤᠭᠤᠯᠠᠢ ᠲᠤᠤᠷ᠂ ᠨᠤᠭᠤᠭᠠᠷᠠᠭᠤᠯᠤᠯᠳᠠ᠂ ᠲᠦᠭᠡᠭᠡᠯ ᠤᠰᠤᠨ ᠤ ᠦᠢᠯᠡᠳᠪᠦᠷᠢ ᠪᠤᠯᠤᠨ ᠢᠯᠴᠢ ᠎ ᠶᠢᠨ ᠬᠦᠴᠦᠨ ᠤ ᠺᠤᠮᠫᠠᠨᠢ ᠶᠢᠨ ᠵᠤᠤᠬᠠᠨ ᠭᠡᠷ ᠢ ᠵᠠᠰᠠᠨ ᠰᠢᠨᠡᠳᠭᠡᠬᠦ ᠵᠡᠷᠭᠡ 19 ᠢᠨᠵᠧᠨᠧᠷᠢᠩ ᠢ ᠭᠡᠷᠡᠭᠵᠢᠬᠦᠯᠦᠭᠰᠡᠨ ᠠᠴᠠ ᠪᠠᠯᠭᠠᠰᠦᠨ ᠤ ᠲᠤᠭᠤᠷᠢᠭ ᠤᠨ ᠤᠰᠤ ᠪᠠ ᠢᠯᠴᠢ ᠶᠢᠨ ᠬᠠᠩᠭᠠᠯᠭ᠎ᠠ ᠬᠦᠷᠦᠯᠴᠡᠬᠦ ᠦᠬᠡᠢ ᠪᠠᠶᠢᠬᠤ ᠵᠡᠷᠭᠡ ᠠᠰᠠᠭᠤᠳᠠᠯ ᠢ ᠳᠤᠬᠢᠷᠠᠮᠵᠢᠳᠠᠢ ᠰᠢᠢᠳᠪᠦᠷᠢᠯᠡᠪᠡ᠃ ᠰᠡᠳᠬᠢᠯ ᠳᠤ ᠳᠠᠭᠠᠯᠠᠮᠵᠢᠳᠠᠢ ᠪᠦᠭᠡᠳ ᠤᠷᠤᠰᠢᠨ ᠰᠠᠭᠤᠬᠤ ᠳᠤ ᠲᠤᠬᠢᠯᠢᠭ ᠤᠷᠴᠢᠨ ᠳᠤᠭᠤᠷᠢᠨ ᠢ ᠪᠤᠢ ᠪᠤᠯᠭᠠᠵᠦ᠂ ᠪᠤᠳᠠᠰ ᠤᠨ ᠬᠦᠢᠯᠭᠡᠭᠡᠨ ᠤ ᠠᠵᠦ ᠠᠬᠤᠶᠢᠯᠠᠯ ᠤᠨ ᠬᠠᠮᠢᠶᠠᠷᠤᠯᠳᠠ ᠶᠢ ᠲᠦᠷᠢᠮᠵᠢᠬᠦᠯᠦᠨ᠂ ᠪᠤᠵᠠᠷ ᠤᠰᠤ ᠶᠢ ᠰᠢᠢᠳᠪᠦᠷᠢᠯᠡᠬᠦ ᠦᠢᠯᠡᠳᠪᠦᠷᠢ ᠠᠰᠢᠭᠯᠠᠯᠳᠠ ᠳᠤ ᠤᠷᠤᠵᠦ᠂ ᠬᠤᠭ ᠨᠤᠪᠰᠢ ᠶᠢ ᠰᠢᠢᠳᠪᠦᠷᠢᠯᠡᠬᠦ ᠳᠠᠯᠠᠪᠤᠷ ᠢ ᠲᠤᠷᠰᠢᠨ ᠡᠵᠡᠩᠨᠡᠵᠦ᠂ 5577 ᠲᠤᠨ ᠬᠤᠭ ᠨᠤᠪᠰᠢ ᠶᠢ ᠬᠤᠤᠷ ᠦᠬᠡᠢ ᠰᠢᠢᠳᠪᠦᠷᠢᠯᠡᠨ᠂ ︽ᠦᠪᠡᠷᠲᠡᠭᠡᠨ ᠵᠠᠰᠠᠬᠤ ᠤᠷᠤᠨ ᠤ ᠲᠡᠰ ᠤᠨ ᠡᠷᠡᠬᠦᠯ ᠬᠠᠮᠠᠭᠠᠯᠠᠯ ᠤᠨ ᠬᠤᠰᠢᠭᠤ︾᠎ ᠶᠢ ᠠᠮᠵᠢᠯᠳᠠᠳᠠᠢ ᠡᠭᠦᠳᠦᠨ ᠪᠠᠶᠢᠭᠤᠯᠪᠠ᠃ ︽ᠴᠢᠮᠡᠭᠯᠡᠯ ᠤᠨ ᠬᠡᠯᠪᠡᠷᠢᠳᠦ ᠨᠤᠭᠤᠭᠠᠷᠠᠭᠤᠯᠤᠯᠳᠠ︾᠎ ᠶᠢᠨ ᠵᠠᠷᠴᠢᠮ ᠢᠶᠠᠷ᠂ 1,813 ᠲᠦᠮᠡᠨ ᠲᠦᠬᠦᠷᠢᠭ ᠤᠨ ᠪᠡᠯᠡ ᠤᠷᠤᠭᠤᠯᠵᠦ᠂ ᠰᠢᠨ᠎ᠡ ᠪᠠᠷ ᠨᠡᠮᠡᠭᠳᠡᠭᠰᠡᠨ ᠨᠤᠭᠤᠭᠠᠷᠠᠭᠤᠯᠤᠯᠳᠠ ᠶᠢᠨ ᠳᠠᠯᠠᠪᠠᠢ 3.2 ᠲᠦᠮᠡᠨ ᠲᠡᠭᠰᠢ ᠲᠦᠷᠪᠡᠯᠵᠢᠨ ᠮᠧᠲᠷ ᠪᠤᠯᠪᠠ᠃ ᠲᠤᠭᠠᠴᠢᠯᠠᠭᠰᠠᠨ ᠬᠤᠳᠠ ᠶᠢᠨ ᠬᠠᠮᠢᠶᠠᠷᠤᠯᠳᠠ ᠎ ᠶᠢᠨ ᠬᠢᠨᠠᠨ ᠡᠵᠡᠮᠰᠢᠬᠦ ᠲᠦᠪ ᠢ ᠡᠬᠢᠯᠡᠬᠦᠯᠵᠦ᠂ ᠪᠠᠯᠭᠠᠰᠦᠨ ᠤ ᠳᠤᠭᠤᠷᠢᠭ ᠤᠨ 47 ᠵᠢᠵᠢᠭ ᠲᠤᠭᠤᠷᠢᠭ ᠲᠤ ᠪᠦᠬᠦᠨ ᠢ ᠪᠦᠷᠬᠦᠬᠦᠯᠪᠡ᠃ ᠴᠠᠬᠢᠯᠭᠠᠨ ᠲᠤᠤᠷ ᠤᠨ ᠪᠦᠳᠦᠴᠡ ᠶᠢ ᠳᠡᠬᠦᠯᠳᠡᠷᠵᠢᠬᠦᠯᠵᠦ᠂ ᠪᠠᠷᠠᠭᠤᠨ ᠬᠤᠰᠢᠭᠤ — ᠪᠠᠷᠠᠭᠤᠨ ᠦᠬᠡᠷᠳᠦ ᠬᠦᠷᠬᠦ 110 ᠺᠢᠯᠤᠸᠤᠯᠲ ᠤᠨ ᠴᠠᠬᠢᠯᠭᠠᠨ ᠳᠠᠮᠵᠢᠭᠤᠯᠤᠨ ᠬᠤᠪᠢᠷᠠᠭᠤᠯᠬᠤ ᠢᠨᠵᠧᠨᠧᠷᠢᠩ ᠪᠤᠯᠤᠨ ᠪᠠᠷᠠᠭᠤᠨ ᠦᠬᠡᠷᠲᠦ — ᠪᠦᠷᠢᠳᠦ ᠬᠦᠷᠬᠦ 35 ᠺᠢᠯᠤᠸᠤᠯᠲ ᠤᠨ ᠴᠠᠬᠢᠯᠭᠠᠨ ᠳᠠᠮᠵᠢᠭᠤᠯᠤᠨ ᠬᠤᠪᠢᠷᠠᠭᠤᠯᠬᠤ ᠢᠨᠵᠧᠨᠧᠷᠢᠩ ᠢ ᠪᠡᠶᠡᠯᠡᠬᠦᠯᠪᠡ᠃ ᠨᠡᠶᠢᠳᠡᠮ ᠭᠡᠷᠡᠭᠯᠡᠬᠦ ᠨᠢᠰᠭᠡᠯ ᠤᠨ ᠪᠠᠭᠤᠳᠠᠯ ᠤᠨ ᠪᠦᠲᠦᠭᠡᠨ ᠪᠠᠶᠢᠭᠤᠯᠤᠯᠳᠠ ᠶᠢ ᠲᠦᠯᠬᠢᠨ ᠠᠬᠢᠭᠤᠯᠵᠦ᠂ ᠬᠦᠶᠦᠯᠳᠡ ᠶᠢᠨ ᠵᠠᠮ᠂ ᠨᠢᠰᠭᠡᠯ ᠵᠤᠭᠰᠤᠬᠤ ᠭᠠᠵᠠᠷ ᠪᠤᠯᠤᠨ ᠠᠶᠠᠯᠠᠯ ᠤᠨ ᠦᠷᠲᠡᠭᠡᠨ ᠤ ᠠᠰᠠᠷ ᠤᠨ ᠭᠤᠤᠯ ᠴᠤᠭᠴᠠᠳᠦ ᠢᠨᠵᠧᠨᠧᠷᠢᠩ ᠢ ᠪᠡᠶᠡᠯᠡᠬᠦᠯᠪᠡ᠃ ᠶᠠᠪᠤᠵᠦ ᠰᠠᠭᠤᠬᠤ ᠨᠦᠬᠦᠴᠡᠯ ᠢ ᠰᠠᠶᠢᠵᠢᠷᠠᠭᠤᠯᠵᠦ᠂ ᠮᠠᠨᠵᠤᠤᠷ — ᠠᠯᠳ᠋ᠬᠠᠮᠡᠭᠡᠯ — ᠠᠮᠤᠭᠤᠯᠠᠩ ᠬᠦᠷᠬᠦ ᠵᠠᠰᠠᠮᠠᠯ ᠵᠠᠮ ᠤᠨ ᠪᠦᠬᠦ ᠱᠤᠭᠤᠮ ᠤᠨ ᠠᠵᠢᠯ ᠢ ᠡᠬᠢᠯᠡᠬᠦᠯᠵᠦ᠂ ᠶᠠ ᠬᠠᠩ ᠪᠠᠩᠬᠢ ᠶᠢᠨ ᠡᠯ᠎ᠡ ᠬᠤᠪᠢᠶᠠᠷᠢ ᠲᠦᠷᠦᠯ ᠵᠦᠢᠯ ᠢ ᠲᠤᠭᠳᠠᠭᠰᠠᠨ ᠬᠤᠭᠤᠴᠠᠭᠠᠨ ᠳᠤᠨᠢ ᠲᠦᠯᠬᠢᠨ ᠠᠬᠢᠭᠤᠯᠪᠠ᠃      ︵ᠲᠠᠪᠤ︶ ᠡᠶ᠎ᠡ ᠵᠤᠬᠢᠴᠠᠩᠭᠤᠢ ᠠᠮᠤᠷ ᠲᠤᠭᠳᠠᠭᠤᠨ ᠰᠢᠨ᠎ᠡ ᠮᠠᠯᠵᠢᠬᠤ ᠤᠷᠤᠨ ᠤ ᠪᠦᠲᠦᠭᠡᠨ ᠪᠠᠶᠢᠭᠤᠯᠤᠯᠳᠠ ᠶᠢᠨ ᠠᠵᠢᠯ ᠰᠢᠨ᠎ᠡ ᠰᠢᠪᠳᠤᠯᠤᠯᠳᠠ ᠲᠠᠢ ᠪᠤᠯᠪᠠ᠃ ᠪᠦᠬᠦ ᠵᠢᠯ ᠳᠤ᠂ 6.6 ᠳ᠋ᠦᠩᠰᠢᠭᠤᠷ ᠲᠦᠬᠦᠷᠢᠭ ᠤᠨ ᠡᠳ᠋ ᠤᠨ ᠵᠠᠰᠠᠭ ᠤᠨ ᠪᠡᠯᠡ ᠮᠦᠩᠬᠦ ᠶᠢ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠳᠤ ᠭᠡᠷᠡᠭᠯᠡᠵᠦ᠂ ᠡᠳ᠋ ᠤᠨ ᠵᠠᠰᠠᠭ ᠤᠨ ᠶᠡᠷᠦᠩᠬᠡᠢ ᠵᠠᠷᠤᠯᠭ᠎ᠠ ᠶᠢᠨ 58.9%᠎ ᠶᠢ ᠡᠵᠡᠯᠡᠪᠡ᠃ ᠠᠮᠤᠭᠤᠯᠠᠩ ᠤᠷᠤᠨ ᠰᠠᠭᠤᠴᠠ ᠶᠢᠨ ᠢᠨᠵᠧᠨᠧᠷᠢᠩ ᠢ ᠯᠠᠪᠳᠠᠭᠤᠨ ᠪᠠᠳᠤᠳᠠᠢ ᠠᠬᠢᠭᠤᠯᠪᠠ᠃ ᠭᠡᠷ ᠭᠠᠵᠠᠷ ᠬᠦᠷᠦᠩᠭᠡ ᠶᠢ ᠨᠡᠭᠡᠭᠡᠨ ᠠᠰᠢᠭᠯᠠᠬᠤ ᠲᠦᠷᠦᠯ ᠵᠦᠢᠯ ᠢ 7 ᠭᠡᠷᠡᠭᠵᠢᠬᠦᠯᠵᠦ᠂ 60 ᠤᠯᠠᠨ ᠨᠡᠶᠢᠳᠡ ᠶᠢᠨ ᠲᠦᠷᠢᠶᠡᠰᠦᠨ ᠤᠷᠤᠨ ᠰᠠᠭᠤᠴᠠ᠂ 75 ᠬᠢᠮᠳᠠ ᠲᠦᠷᠢᠶᠡᠰᠦᠨ ᠤᠷᠤᠨ ᠰᠠᠭᠤᠴᠠ ᠶᠢ ᠰᠢᠨ᠎ᠡ ᠪᠠᠷ ᠪᠠᠶᠢᠭᠤᠯᠵᠦ᠂ 315 ᠲᠦᠬᠦᠮ ᠪᠦᠳᠦᠴᠡᠳᠦ ᠤᠷᠤᠨ ᠰᠠᠭᠤᠴᠠ ᠶᠢ ᠵᠠᠰᠠᠨ ᠰᠢᠨᠡᠳᠭᠡᠪᠠ᠃ ᠦᠢᠯᠡᠰ ᠪᠤᠰᠬᠠᠨ ᠠᠵᠢᠯ ᠤᠯᠭᠤᠬᠤ ᠶᠢ ᠵᠤᠷᠢᠭᠵᠢᠭᠤᠯᠤᠨ ᠲᠡᠮᠵᠢᠪᠡ᠃ ᠬᠤᠳᠠ ᠪᠠᠯᠭᠠᠰᠦ ᠶᠢᠨ ᠰᠢᠨ᠎ᠡ ᠪᠠᠷ ᠠᠵᠢᠯ ᠤᠯᠤᠭᠰᠠᠳ 715 ᠬᠦᠮᠦᠨ ᠪᠤᠯᠵᠦ᠂ ᠴᠢᠳᠠᠪᠦᠷᠢᠳᠠᠨ ᠤ ᠵᠠᠬ᠎ᠠ ᠲᠡᠯᠭᠡᠭᠦᠷ ᠢᠶᠠᠷ ᠳᠠᠮᠵᠢᠨ 100 ᠨᠡᠷᠡᠰ ᠲᠡᠭᠡᠳᠦ ᠵᠡᠷᠭᠡ ᠶᠢᠨ ᠶᠡᠭᠡ ᠰᠤᠷᠭᠠᠭᠤᠯᠢ ᠲᠡᠭᠦᠰᠦᠭᠰᠡᠳ ᠠᠵᠢᠯ ᠤᠯᠵᠦ᠂ 103 ᠮᠠᠯᠴᠢᠳ ᠢ ᠰᠢᠯᠵᠢᠬᠦᠯᠦᠨ ᠠᠵᠢᠯ ᠤᠯᠭᠤᠵᠦ᠂ 37 ᠠᠵᠢᠯᠳᠠᠨ ᠢ ᠨᠡᠶᠢᠳᠡ ᠶᠢᠨ ᠠᠰᠠᠷᠠᠮᠵᠢ ᠶᠢᠨ ᠠᠵᠢᠯ ᠤᠨ ᠪᠠᠶᠢᠷᠢ ᠳᠤ ᠲᠤᠬᠢᠷᠠᠭᠤᠯᠤᠨ᠂ ᠬᠤᠳᠠ ᠶᠢᠨ ᠲᠠᠩᠰᠠᠯᠠᠭᠤᠯᠤᠭᠰᠠᠨ ᠠᠵᠢᠯ ᠠᠯᠳᠠᠭᠰᠠᠨ ᠨᠤᠷᠮ᠎ᠠ 3.82% ᠪᠤᠯᠪᠠ᠃ ᠰᠤᠶᠤᠯ ᠰᠤᠷᠭᠠᠨ ᠬᠦᠮᠦᠵᠢᠯ ᠡᠷᠡᠬᠦᠯ ᠬᠠᠮᠠᠭᠠᠯᠠᠯ ᠤᠨ ᠠᠵᠢᠯ ᠦᠢᠯᠡᠰ ᠴᠡᠴᠡᠭᠯᠡᠨ ᠬᠦᠭᠵᠢᠪᠡ᠃ ᠪᠦᠬᠦ ᠤᠷᠤᠨ ᠤ ᠬᠠᠮᠤᠭ ᠦᠨᠳᠦᠷ ᠬᠤᠪᠢ ᠨᠤᠷᠮ᠎ᠠ ᠪᠠᠷ ᠤᠯᠤᠰ ᠤᠨ ᠳᠡᠰ ᠤᠨ ᠠᠯᠪᠠᠨ ᠵᠢᠷᠤᠮ ᠤᠨ ᠰᠤᠷᠭᠠᠨ ᠬᠦᠮᠦᠵᠢᠯ ᠤᠨ ᠬᠦᠭᠵᠢᠯᠳᠡ ᠦᠨᠳᠦᠰᠦᠨ ᠳᠡᠭᠡᠨ ᠲᠡᠩᠴᠡᠬᠦᠷᠢᠳᠡᠢ ᠰᠢᠶᠠᠨ ᠤ ᠰᠢᠯᠭᠠᠷᠠᠭᠤᠯᠤᠯᠳᠠ ᠶᠢ ᠪᠦᠬᠦ ᠤᠷᠤᠨ ᠳᠤ ᠲᠡᠷᠢᠬᠦᠯᠡᠨ ᠦᠩᠭᠡᠷᠡᠬᠦᠯᠪᠡ᠃ ︽ᠬᠤᠶᠠᠳᠤᠭᠠᠷ ᠬᠤᠭᠤᠴᠠᠭᠠᠨ ᠤ ᠰᠤᠷᠬᠤ ᠨᠠᠰᠤᠨ ᠠᠴᠠ ᠡᠮᠦᠨᠡᠬᠢ ᠰᠤᠷᠭᠠᠨ ᠬᠦᠮᠦᠵᠢᠯ ᠤᠨ ᠭᠤᠷᠪᠡᠨ ᠵᠢᠯ ᠤᠨ ᠠᠵᠢᠯᠯᠠᠭᠠᠨ ᠤ ᠲᠦᠯᠦᠪᠯᠡᠭᠡ︾᠎ ᠶᠢ ᠡᠬᠢᠯᠡᠨ ᠭᠡᠷᠡᠭᠵᠢᠬᠦᠯᠵᠦ᠂ ᠰᠤᠷᠬᠤ ᠨᠠᠰᠤᠨ ᠠᠴᠠ ᠡᠮᠦᠨᠡᠬᠢ ᠰᠤᠷᠭᠠᠨ ᠬᠦᠮᠦᠵᠢᠯ ᠤᠨ ᠴᠡᠴᠡᠷᠯᠢᠭ ᠲᠤ ᠤᠷᠤᠬᠤ ᠨᠤᠷᠮ᠎ᠠ 87.8%᠎ ᠳᠤ ᠬᠦᠷᠪᠡ᠃ ᠰᠢᠨ᠎ᠡ ᠮᠠᠶ᠋ᠢᠭ ᠤᠨ ᠮᠠᠯᠵᠢᠬᠤ ᠤᠷᠤᠨ ᠤ ᠬᠤᠷᠰᠢᠭᠰᠠᠨ ᠡᠮ ᠡᠮᠨᠡᠯᠭᠡ ᠳᠤ ᠤᠷᠤᠯᠴᠠᠭᠰᠠᠨ ᠨᠤᠷᠮ᠎ᠠ 95%᠎ ᠠᠴᠠ ᠳᠡᠭᠡᠭᠰᠢᠬᠢ ᠳᠤ ᠬᠦᠷᠴᠦ᠂ 504 ᠲᠦᠮᠡᠨ ᠲᠦᠬᠦᠷᠢᠭ ᠤᠨ ᠨᠦᠬᠦᠪᠦᠷᠢ ᠮᠦᠩᠬᠦ ᠲᠠᠷᠬᠠᠭᠠᠪᠠ᠃ ᠤᠯᠠᠨ ᠨᠡᠶᠢᠳᠡ ᠶᠢᠨ ᠦᠨᠳᠦᠰᠦᠨ ᠡᠷᠡᠬᠦᠯ ᠬᠠᠮᠠᠭᠠᠯᠠᠯ ᠤᠨ ᠳᠡᠩᠴᠡᠬᠦᠷᠢᠳᠠᠢ ᠦᠢᠯᠡᠴᠢᠯᠡᠭᠡ ᠶᠢ ᠪᠦᠬᠦ ᠳᠠᠯ᠎ᠠ ᠪᠠᠷ ᠲᠦᠯᠬᠢᠨ ᠠᠬᠢᠭᠤᠯᠵᠦ᠂ ᠦᠨᠳᠦᠰᠦᠨ ᠱᠠᠳᠤᠨ ᠤ ᠡᠮ ᠡᠮᠨᠡᠯᠭᠡ ᠶᠢᠨ ᠪᠠᠶᠢᠭᠤᠯᠤᠮᠵᠢ ᠡᠮ ᠤᠨ ᠵᠦᠢᠯ ᠢ ᠵᠦᠷᠢᠶ᠎ᠡ ᠦᠬᠡᠢ ᠪᠠᠷ ᠪᠤᠷᠤᠯᠠᠭᠤᠯᠬᠤ ᠶᠢ ᠦᠷᠬᠦᠯᠵᠢᠯᠡᠨ ᠭᠡᠷᠡᠭᠵᠢᠬᠦᠯᠪᠡ᠃ 480 ᠲᠦᠮᠡᠨ ᠲᠦᠬᠦᠷᠢᠭ ᠤᠨ ᠪᠡᠯᠡ ᠤᠷᠤᠭᠤᠯᠵᠦ᠂ ᠡᠷᠡᠬᠦᠯ ᠬᠠᠮᠠᠭᠠᠯᠠᠯ ᠤᠨ ᠬᠢᠨᠠᠯᠳᠠ ᠳᠠᠯᠪᠢᠬᠤ ᠭᠠᠵᠠᠷ ᠤᠨ ᠲᠦᠷᠭᠡᠨ ᠠᠪᠤᠷᠠᠬᠤ ᠲᠦᠪ ᠤᠨ ᠲᠤᠬᠠᠶᠢᠯᠠᠭᠰᠠᠨ ᠠᠵᠢᠯ ᠤᠨ ᠠᠵᠢᠯᠯᠠᠬᠤ ᠭᠡᠷ᠂ ᠷᠠᠰᠢᠶᠠᠨ ᠡᠷᠡᠬᠦᠯ ᠬᠠᠮᠠᠭᠠᠯᠠᠯ ᠤᠨ ᠬᠤᠷᠢᠶ᠎ᠠ ᠵᠡᠷᠭᠡ 8 ᠡᠷᠡᠬᠦᠯ ᠬᠠᠮᠠᠭᠠᠯᠠᠯ ᠤᠨ ᠲᠦᠷᠦᠯ ᠵᠦᠢᠯ ᠢ ᠪᠠᠶᠢᠭᠤᠯᠵᠦ ᠳᠠᠭᠤᠰᠬᠠᠪᠠ᠃ ᠬᠦᠮᠦᠨ ᠠᠮᠠ ᠪᠠ ᠲᠦᠯᠦᠪᠯᠡᠭᠡᠳᠦ ᠦᠷᠡᠵᠢᠯ ᠤᠨ ᠠᠵᠢᠯ ᠢ ᠴᠢᠬᠤᠯᠠᠴᠢᠯᠠᠨ ᠴᠢᠩᠭᠠᠳᠬᠠᠵᠦ᠂ ᠲᠦᠷᠦ ᠶᠢᠨ ᠪᠤᠳᠤᠯᠭ᠎ᠠ ᠳᠤ ᠨᠡᠶᠢᠴᠡᠭᠰᠡᠨ ᠦᠷᠡᠵᠢᠯ ᠤᠨ ᠨᠤᠷᠮ᠎ᠠ 97.1%᠎ ᠳᠤ ᠬᠦᠷᠪᠡ᠃ ᠨᠡᠶᠢᠬᠡᠮ ᠤᠨ ᠪᠠᠳᠤᠯᠠᠭ᠎ᠠ ᠶᠢᠨ ᠰᠢᠰᠲ᠋ᠧᠮ ᠳᠠᠰᠤᠷᠠᠯᠳᠠ ᠦᠬᠡᠢ ᠳᠡᠬᠦᠯᠳᠡᠷᠵᠢᠪᠡ᠃ ᠲᠠᠪᠤᠨ ᠵᠦᠢᠯ ᠤᠨ ᠨᠡᠶᠢᠬᠡᠮ ᠤᠨ ᠲᠠᠭᠠᠳᠬᠠᠯ ᠳᠤ ᠤᠷᠤᠯᠴᠠᠭᠰᠠᠨ ᠬᠦᠮᠦᠨ ᠤ ᠶᠡᠷᠦᠩᠬᠡᠢ ᠲᠤᠭ᠎ᠠ 45027᠎ ᠳᠤ ᠬᠦᠷᠪᠡ᠃ ᠬᠤᠳᠠ ᠬᠦᠳᠡᠭᠡ ᠶᠢᠨ ᠨᠠᠭᠠᠳᠦ ᠵᠠᠬ᠎ᠠ ᠶᠢᠨ ᠠᠮᠢᠳᠤᠷᠠᠯ ᠤᠨ ᠪᠠᠳᠤᠯᠠᠭ᠎ᠠ ᠶᠢᠨ ᠮᠦᠩᠬᠦ ᠬᠦᠮᠦᠨ ᠲᠤᠮᠳᠠᠴᠢ 30 ᠲᠦᠬᠦᠷᠢᠭ ᠪᠤᠯᠤᠨ 40 ᠲᠦᠬᠦᠷᠢᠭ ᠨᠡᠮᠡᠭᠳᠡᠵᠦ᠂ ᠨᠠᠭᠠᠳᠦ ᠵᠠᠬ᠎ᠠ ᠶᠢᠨ ᠠᠮᠢᠳᠤᠷᠠᠯ ᠤᠨ ᠪᠠᠳᠤᠯᠠᠭ᠎ᠠ ᠶᠢᠨ ᠠᠪᠤᠷᠠᠨ ᠲᠤᠰᠠᠯᠠᠬᠤ ᠮᠦᠩᠬᠦ ᠶᠢ 1,684 ᠲᠦᠮᠡᠨ ᠲᠦᠬᠦᠷᠢᠭ ᠲᠠᠷᠬᠠᠭᠠᠨ᠂ 2180 ᠡᠷᠦᠬᠡ ᠶᠢᠨ 3465 ᠬᠦᠮᠦᠨ ᠢ ᠬᠠᠷᠠᠭᠠᠯᠵᠠᠪᠠ᠃ ᠬᠤᠳᠠ ᠬᠦᠳᠡᠭᠡ ᠶᠢᠨ ᠨᠠᠭᠠᠳᠦ ᠵᠠᠬ᠎ᠠ ᠶᠢᠨ ᠠᠮᠢᠳᠤᠷᠠᠯ ᠤᠨ ᠪᠠᠳᠤᠯᠠᠭ᠎ᠠ ᠳᠤ ᠪᠦᠬᠦ ᠳᠠᠯ᠎ᠠ ᠪᠠᠷ ᠴᠡᠭᠴᠡᠯᠡᠯᠳᠡ ᠬᠢᠵᠦ᠂ ᠨᠠᠭᠠᠳᠦ ᠵᠠᠬ᠎ᠠ ᠶᠢᠨ ᠠᠮᠢᠳᠤᠷᠠᠯ ᠤᠨ ᠪᠠᠳᠤᠯᠠᠭ᠎ᠠ ᠬᠦᠷᠳᠡᠵᠦ ᠪᠠᠶᠢᠭᠰᠠᠨ 465 ᠬᠦᠮᠦᠨ ᠤ ᠬᠢᠷᠢ ᠬᠡᠮ ᠢ ᠲᠦᠷᠢᠮ ᠶᠤᠰᠤᠭᠠᠷ ᠦᠬᠡᠶᠢᠰᠭᠡᠪᠡ᠃ ᠲᠠᠪᠤᠨ ᠪᠠᠳᠤᠯᠠᠭᠠᠳᠦ ᠡᠷᠦᠬᠡ ᠎ ᠶᠢ ᠲᠦᠪᠯᠡᠷᠡᠬᠦᠯᠦᠨ ᠠᠰᠠᠷᠠᠨ ᠲᠡᠵᠢᠭᠡᠬᠦ ᠪᠠ ᠲᠠᠷᠠᠬᠠᠢ ᠪᠤᠳᠠᠷᠬᠠᠢ ᠠᠰᠠᠷᠠᠨ ᠳᠡᠵᠢᠭᠡᠬᠦ ᠨᠦᠬᠦᠪᠦᠷᠢ ᠮᠦᠩᠬᠦᠨ ᠤ ᠪᠠᠷᠢᠮᠵᠢᠶ᠎ᠠ ᠲᠤᠰᠪᠦᠷᠢ 8,400 ᠲᠦᠬᠦᠷᠢᠭ ᠪᠠ 6,000 ᠳᠦᠬᠦᠷᠢᠭ ᠲᠤ ᠬᠦᠷᠴᠦ᠂ ᠪᠦᠬᠦ ᠬᠤᠳᠠ ᠶᠢᠨ ᠨᠢᠭᠡᠳᠦᠭᠡᠷ ᠲᠤ ᠤᠷᠤᠪᠠ᠃ ᠬᠤᠳᠠ ᠬᠦᠳᠡᠭᠡ ᠶᠢᠨ ᠡᠮ ᠡᠮᠨᠡᠯᠭᠡ ᠶᠢᠨ ᠠᠪᠤᠷᠠᠨ ᠲᠤᠰᠠᠯᠠᠬᠤ ᠮᠦᠩᠬᠦ ᠶᠢ 53 ᠲᠦᠮᠡᠨ ᠲᠦᠬᠦᠷᠢᠭ ᠭᠠᠷᠭᠠᠵᠦ᠂ 274 ᠬᠦᠮᠦᠨ ᠢ ᠬᠠᠷᠠᠭᠠᠯᠵᠠᠪᠠ᠃ ᠭᠠᠮᠰᠢᠭ ᠠᠴᠠ ᠠᠪᠤᠷᠠᠬᠤ ᠪᠡᠯᠡ ᠮᠦᠩᠬᠦ ᠶᠢ 140 ᠲᠦᠮᠡᠨ ᠲᠦᠬᠦᠷᠢᠭ ᠳᠠᠷᠬᠠᠭᠠᠵᠦ᠂ 765 ᠶᠠᠳᠠᠭᠤ ᠬᠦᠴᠢᠷᠳᠡᠯᠳᠡᠢ ᠡᠷᠦᠬᠡ ᠶᠢᠨ 2295 ᠬᠦᠮᠦᠨ ᠣᠳᠠᠭ᠎ᠠ ᠶᠢ ᠠᠪᠤᠷᠠᠨ ᠲᠤᠰᠠᠯᠠᠪᠠ᠃ ᠡᠮᠡᠭᠳᠡᠶᠢᠴᠦᠳ ᠪᠠᠭᠠᠴᠦᠳ ᠤᠨ ᠠᠵᠢᠯ ᠢ ᠴᠢᠩᠭᠠᠳᠬᠠᠵᠦ᠂ ᠪᠦᠬᠦ ᠤᠷᠤᠨ ᠤ ᠡᠮᠡᠭᠳᠡᠶᠢᠴᠦᠳ ᠪᠠᠭᠠᠴᠦᠳ ᠤᠨ ᠬᠦᠭᠵᠢᠯᠳᠡ ᠶᠢᠨ ᠬᠦᠳᠦᠯᠪᠦᠷᠢ ᠶᠢᠨ ᠵᠢᠱᠢᠶᠡᠴᠢ ᠬᠤᠰᠢᠭᠤᠨ ᠤ ᠲᠤᠬᠠᠢ ᠶᠢᠨ ᠳᠠᠯᠠᠪᠤᠷ ᠤᠨ ᠦᠵᠡᠬᠦᠯᠦᠯᠭᠡ ᠶᠢᠨ ᠬᠤᠷᠠᠯ ᠢ ᠠᠮᠵᠢᠯᠳᠠᠳᠠᠢ ᠳᠠᠭᠠᠭᠠᠴᠢᠯᠠᠨ ᠬᠢᠪᠠ᠃ ᠵᠡᠮᠳᠡᠭᠴᠦᠳ ᠤᠨ ᠡᠮ ᠡᠮᠨᠡᠯᠭᠡ ᠶᠢᠨ ᠠᠪᠤᠷᠠᠨ ᠳᠤᠰᠠᠯᠠᠬᠤ ᠬᠦᠷᠢᠶ᠎ᠡ ᠬᠡᠪᠴᠢᠶ᠎ᠡ ᠶᠢ ᠴᠢᠨᠠᠭᠰᠢᠳᠠ ᠦᠷᠭᠡᠳᠭᠡᠵᠦ᠂ ᠪᠤᠶᠢᠷ ᠨᠡᠶᠢᠭᠡᠮ ᠲᠤᠭᠤᠷᠢᠭ ᠬᠤᠳᠠ ᠶᠢᠨ ᠳᠡᠰ ᠤᠨ ᠵᠡᠮᠳᠡᠭᠴᠦᠳ ᠤᠨ ᠡᠷᠡᠬᠦᠯᠵᠢᠯ ᠤᠨ ᠵᠢᠱᠢᠶ᠎ᠡ ᠦᠵᠡᠬᠦᠯᠬᠦ ᠨᠡᠶᠢᠭᠡᠮ ᠲᠤᠭᠤᠷᠢᠭ ᠢᠶᠠᠷ ᠦᠨᠡᠯᠡᠭᠳᠡᠪᠡ᠃ ᠰᠠᠯᠠᠭ᠎ᠠ ᠮᠦᠴᠢᠷ ᠭᠠᠴᠠᠭ᠎ᠠ ᠲᠠᠢ ᠬᠠᠷᠢᠯᠴᠠᠵᠦ ︽ᠨᠢᠭᠡ ᠬᠦᠮᠦᠨ ᠨᠢᠭᠡ ᠡᠷᠦᠬᠡ ᠶᠢ ᠬᠠᠷᠠᠭᠠᠯᠵᠠᠬᠤ︾ ᠶᠠᠳᠠᠭᠤ ᠶᠢ ᠳᠡᠳᠬᠦᠬᠦ ᠠᠵᠢᠯ ᠤᠨ ᠨᠠᠷᠢᠯᠢᠭ ᠲᠦᠷᠢᠮ ᠢ ᠪᠠᠶᠢᠭᠤᠯᠵᠦ᠂ ︽ᠭᠤᠷᠪᠠ ᠶᠢ ᠲᠤᠰᠬᠤᠨ ᠪᠠ ᠡᠷᠦᠬᠡ ᠳᠤ ᠬᠦᠷᠭᠡᠬᠦ︾② ᠶᠠᠳᠠᠭᠤ ᠶᠢ ᠳᠡᠳᠬᠦᠬᠦ ᠢᠨᠵᠧᠨᠧᠷᠢᠩ ᠢ ᠪᠡᠶᠡᠯᠡᠬᠦᠯᠦᠨ᠂ ᠮᠦᠩᠬᠦᠨ ᠬᠦᠢᠯᠭᠡᠭᠡ ᠪᠠᠷ ᠶᠠᠳᠠᠭᠤ ᠶᠢ ᠳᠡᠳᠬᠦᠬᠦ ᠵᠢᠭᠡᠯᠡᠯᠭᠡ ᠶᠢ 3,000 ᠲᠦᠮᠡᠨ ᠲᠦᠬᠦᠷᠢᠭ ᠤᠯᠵᠦ᠂ ᠶᠠᠳᠠᠭᠤ ᠬᠦᠴᠢᠷᠳᠡᠯᠳᠡᠢ ᠬᠦᠮᠦᠨ ᠠᠮᠠ ᠶᠢ 252 ᠪᠠᠭᠠᠰᠬᠠᠪᠠ᠃ ᠬᠤᠶᠠᠷ ᠢ ᠬᠦᠷᠢᠶᠡᠯᠡᠵᠦ ᠬᠠᠷᠠᠭᠠᠯᠵᠠᠨ ᠲᠦᠪᠬᠢᠨᠡᠬᠦᠯᠬᠦ ᠠᠵᠢᠯ ᠤᠨ ᠬᠦᠴᠦᠯᠡᠴᠡ ᠶᠢ ᠨᠡᠮᠡᠭᠳᠡᠬᠦᠯᠵᠦ᠂ 53 ᠲᠦᠮᠡᠨ ᠲᠦᠬᠦᠷᠢᠭ ᠤᠨ ᠲᠤᠬᠤᠨᠢᠭᠤᠯᠭ᠎ᠠ ᠶᠢᠨ ᠮᠦᠩᠬᠦ ᠪᠤᠯᠤᠨ ᠠᠰᠠᠷᠠᠮᠵᠢ ᠶᠢᠨ ᠮᠦᠩᠬᠦ ᠲᠠᠷᠬᠠᠭᠠᠨ᠂ ᠬᠢᠯᠢ ᠶᠢᠨ ᠬᠠᠮᠠᠭᠠᠯᠠᠯᠳᠠ ᠶᠢᠨ ᠴᠡᠷᠢᠭ ᠠᠩᠬᠢ ᠳᠤ ᠴᠠᠭᠳᠠᠨ ᠵᠢᠵᠢᠬᠦᠷᠯᠡᠬᠦ ᠲᠡᠷᠭᠡ ᠶᠢ 20 ᠲᠠᠷᠬᠠᠭᠠᠨ ᠦᠭᠴᠦ᠂ ᠴᠡᠷᠢᠭ ᠤᠨ ᠭᠡᠷ ᠪᠦᠯᠢ ᠪᠤᠯᠤᠨ ᠴᠡᠷᠢᠭ ᠠᠴᠠ ᠪᠠᠭᠤᠭᠰᠠᠳ ᠲᠤ 316 ᠲᠦᠮᠡᠨ ᠲᠦᠬᠦᠷᠢᠭ ᠤᠨ ᠭᠡᠷ ᠪᠦᠯᠢ ᠶᠢ ᠨᠢ ᠬᠠᠷᠠᠭᠠᠯᠵᠠᠬᠤ ᠵᠤᠭᠤᠰ ᠪᠤᠯᠤᠨ ᠤᠷᠤᠨ ᠨᠤᠲᠤᠭ ᠤᠨ ᠠᠵᠦ ᠠᠬᠤᠢ ᠎ ᠶᠢᠨ ᠨᠦᠬᠦᠪᠦᠷᠢ ᠲᠠᠷᠬᠠᠭᠠᠨ ᠦᠭᠪᠡ᠃ ︽ᠠᠷᠪᠠ ᠵᠢ‌‍ᠪᠦ᠋ᠷᠬᠦᠬᠦᠯᠬᠦ︾ ᠢᠨᠵᠧᠨᠧᠷᠢᠩ ᠢ ᠶᠡᠬᠡᠪᠡᠷ ᠭᠡᠷᠡᠭᠵᠢᠬᠦᠯᠪᠡ᠃ ︽ᠠᠷᠪᠠ ᠶᠢ ᠪᠦᠷᠬᠦᠬᠦᠯᠬᠦ︾ ᠢᠨᠵᠧᠨᠧᠷᠢᠩ ᠤᠨ ᠭᠤᠷᠪᠡᠨ ᠵᠢᠯ ᠤᠨ ᠲᠦᠯᠦᠪᠵᠢᠬᠦᠯᠬᠡ ᠶᠢ ᠨᠠᠶᠢᠷᠠᠭᠤᠯᠤᠨ ᠳᠠᠭᠤᠰᠬᠠᠪᠠ᠃ 1.4 ᠳ᠋ᠦᠩᠰᠢᠭᠤᠷ ᠲᠦᠬᠦᠷᠢᠭ ᠤᠨ ᠪᠡᠯᠡ ᠤᠷᠤᠭᠤᠯᠵᠦ᠂ ᠮᠠᠯᠵᠢᠬᠤ ᠤᠷᠤᠨ ᠤ 374 ᠨᠤᠷᠠᠬᠤ ᠠᠶᠦᠯᠳᠠᠢ ᠭᠡᠷ ᠪᠠᠶᠢᠰᠢᠩ ᠢ ᠵᠠᠰᠠᠨ ᠰᠢᠨᠡᠳᠭᠡᠪᠡ᠃ 20 ᠭᠠᠴᠠᠭ᠎ᠠ ᠶᠢᠨ ᠠᠶᠦᠯᠬᠦᠢ ᠤᠰᠤ ᠤᠮᠳᠠ ᠶᠢᠨ ᠠᠰᠠᠭᠤᠳᠠᠯ ᠢ ᠰᠢᠢᠳᠪᠦᠷᠢᠯᠡᠪᠡ᠃ 6 ᠭᠠᠴᠠᠭ᠎ᠠ ᠎ ᠶᠢᠨ 15052 ᠮᠧᠲᠷ ᠵᠡᠭᠡᠯᠢ ᠭᠤᠳᠤᠮᠵᠢ ᠶᠢᠨ ᠵᠠᠮ ᠢ ᠬᠠᠳᠠᠭᠤᠷᠠᠭᠤᠯᠬᠤ ᠢᠨᠵᠧᠨᠧᠷᠢᠩ ᠢ ᠪᠡᠶᠡᠯᠡᠬᠦᠯᠪᠡ᠃ ᠴᠠᠬᠢᠯᠭᠠᠨ ᠲᠤᠤᠷ ᠢ ᠵᠠᠰᠠᠨ ᠰᠢᠨᠡᠳᠭᠡᠬᠦ ᠢᠨᠵᠧᠨᠧᠷᠢᠩ ᠎ ᠢ 36.8 ᠺᠢᠯᠤᠮᠧᠲᠷ ᠪᠡᠶᠡᠯᠡᠬᠦᠯᠪᠡ᠃ ᠷᠠᠳᠢᠤ᠋ ᠲᠧᠯᠸᠢᠰ ᠢ ᠡᠷᠦᠬᠡ ᠪᠤᠯᠭᠠᠨ ᠳᠤ ᠨᠡᠪᠲᠡᠷᠡᠬᠦᠯᠬᠦ ᠲᠦᠬᠦᠭᠡᠷᠦᠮᠵᠢ ᠶᠢ 2800 ᠤᠭᠰᠠᠷᠠᠵᠦ᠂ ᠭᠠᠵᠠᠷ ᠤᠨ ᠭᠠᠳᠠᠷᠭᠤ ᠎ ᠶᠢᠨ ᠲᠤᠭᠠᠴᠢᠯᠠᠭᠰᠠᠨ ᠲᠧᠯᠸᠢᠰ ᠤᠨ ᠪᠦᠷᠬᠦᠴᠡ ᠶᠢ ᠨᠦᠬᠦᠪᠦᠷᠢᠯᠡᠬᠦ ᠢᠨᠵᠧᠨᠧᠷᠢᠩ ᠢ 1 ᠪᠡᠶᠡᠯᠡᠬᠦᠯᠪᠡ᠃ ᠪᠠᠷᠭᠤ ᠦᠨᠳᠦᠰᠦᠳᠡᠨ ᠤ ᠭᠡᠤᠬᠡᠳ ᠤᠨ ᠴᠡᠴᠡᠷᠯᠢᠭ ᠪᠤᠯᠤᠨ ᠪᠠᠶᠠᠨ ᠭᠠᠴᠠᠭᠠᠨ ᠤ ᠬᠡᠤᠬᠡᠳ ᠤᠨ ᠴᠡᠴᠡᠷᠯᠢᠭ ᠢ ᠰᠢᠨ᠎ᠡ ᠪᠠᠷ ᠪᠠᠶᠢᠭᠤᠯᠪᠠ᠃ ᠰᠤᠶᠤᠯ ᠤᠨ ᠠᠵᠢᠯᠯᠠᠭᠠᠨ ᠤ ᠭᠡᠷ ᠢ 19 ᠪᠠᠶᠢᠭᠤᠯᠪᠠ᠃ ᠠᠷᠠᠳ ᠲᠤ ᠲᠦᠬᠦᠮ ᠦᠵᠡᠬᠦᠯᠬᠦ ᠬᠤᠯᠪᠤᠭᠠᠳᠦ ᠭᠡᠳᠦ ᠲᠡᠯᠭᠡᠭᠦᠷ ᠢ 12 ᠪᠠᠶᠢᠭᠤᠯᠪᠠ᠃ ᠮᠠᠯᠵᠢᠬᠤ ᠤᠷᠤᠨ ᠤ ᠨᠠᠰᠤᠵᠢᠯ ᠤᠨ ᠳᠠᠭᠠᠳᠬᠠᠯ ᠳᠤ ᠤᠷᠤᠯᠴᠠᠭᠰᠠᠨ ᠨᠤᠷᠮ᠎ᠠ 75% ᠎ ᠳᠤ ᠬᠦᠷᠪᠡ᠃ ᠪᠦᠬᠦ ᠬᠤᠰᠢᠭᠤᠨ ᠤ ᠪᠦᠬᠦᠯᠢ 80 ᠨᠠᠰᠤᠨ ᠠᠴᠠ ᠲᠡᠭᠡᠭᠰᠢᠬᠢ ᠲᠤᠤᠷ᠎ᠠ ᠤᠷᠤᠯᠭ᠎ᠠ ᠲᠠᠢ ᠨᠠᠰᠤᠳᠠᠶᠢᠴᠦᠳ ᠲᠤ ᠦᠳᠡᠯᠦᠭᠡ ᠨᠠᠰᠤᠨ ᠤ ᠨᠡᠮᠡᠬᠦᠷᠢ ᠵᠤᠭᠤᠰ ᠲᠠᠷᠬᠠᠭᠠᠨ ᠦᠭᠪᠠ᠃ 21 ᠭᠠᠴᠠᠭ᠎ᠠ ᠪᠦᠬᠦᠨ ᠢ ᠪᠦᠷᠬᠦᠬᠦᠯᠵᠦ᠂ ᠬᠠᠷᠠᠯᠳᠠ ᠡᠭᠦᠷᠭᠡ ᠶᠢᠨ 35%᠎ ᠶᠢ ᠪᠡᠶᠡᠯᠡᠬᠦᠯᠪᠡ᠃ ᠨᠡᠶᠢᠬᠡᠮ ᠤᠨ ᠡᠶ᠎ᠡ ᠵᠤᠬᠢᠴᠠᠩᠭᠤᠢ ᠠᠮᠤᠷ ᠲᠤᠭᠳᠠᠭᠤᠨ ᠪᠠᠶᠢᠬᠤ ᠶᠢ ᠦᠨᠡᠨᠬᠦ ᠪᠠᠳᠤᠯᠠᠪᠠ᠃ ᠬᠠᠤᠯᠢ ᠶᠢ ᠵᠦᠷᠢᠴᠡᠭᠰᠡᠨ ᠶᠠᠯᠠᠳᠦ ᠠᠵᠢᠯᠯᠠᠭ᠎ᠠ ᠳᠤ ᠴᠢᠩᠭ᠎ᠠ ᠴᠤᠬᠢᠯᠳᠠ ᠦᠭᠬᠦ ᠦᠨᠳᠦᠷ ᠲᠠᠷᠤᠯᠳᠠᠳᠦ ᠪᠠᠶᠢᠳᠠᠯ ᠢ ᠪᠠᠳᠤᠯᠠᠵᠦ᠂ ︽ᠪᠤᠯᠢᠶᠠᠬᠤ ᠲᠡᠭᠡᠷᠡᠮᠳᠡᠬᠦ ᠪᠠ ᠬᠤᠯᠠᠭᠠᠶᠢᠯᠠᠬᠤ︾᠂ ︽ᠱᠠᠯᠢᠭ ᠵᠠᠪᠠᠭ᠋ᠠᠢ ᠵᠤᠭᠤᠰ ᠮᠦᠷᠦᠶᠢᠴᠡᠬᠦ ᠬᠤᠤᠷ ᠠᠷᠠᠯᠵᠢᠶᠠᠯᠠᠬᠤ︾ ᠳᠠᠯᠠᠪᠠᠢ ᠶᠢ ᠵᠢᠠᠠᠰᠠᠭᠠᠨ ᠪᠠᠶᠢᠴᠠᠭᠠᠵᠦ ᠵᠠᠰᠠᠨ ᠴᠡᠭᠴᠡᠯᠡᠬᠦ ᠠᠵᠢᠯᠯᠠᠭ᠎ᠠ ᠶᠢ ᠴᠢᠩᠭᠠᠳᠬᠠᠨ᠂ ᠨᠡᠶᠢᠬᠡᠮ ᠤᠨ ᠠᠮᠤᠷ ᠲᠦᠪᠰᠢᠨ ᠢ ᠬᠢᠨᠠᠨ ᠡᠵᠡᠮᠳᠡᠬᠦ ᠰᠢᠰᠲ᠋ᠧᠮ ᠢ ᠭᠡᠷᠡᠭᠵᠢᠬᠦᠯᠵᠦ᠂ ᠳᠠᠷᠠᠭᠠᠯᠠᠨ 7 ᠵᠢᠯ ᠳᠤ ᠠᠮᠢᠨ ᠬᠡᠷᠡᠭ ᠢ ᠪᠦᠬᠦᠨ ᠢ ᠪᠠᠶᠢᠴᠠᠭᠠᠨ ᠢᠯᠡᠷᠡᠬᠦᠯᠵᠦ᠂ ᠤᠯᠠᠨ ᠲᠦᠮᠡᠨ ᠤ ᠠᠮᠤᠷ ᠲᠦᠪᠰᠢᠨ ᠤ ᠰᠡᠳᠬᠢᠯᠭᠡ ᠴᠢᠨᠠᠭᠰᠢᠳᠠ ᠴᠢᠩᠭᠠᠷᠠᠪᠠ᠃ ︽ᠵᠢᠷᠭᠤᠳᠤᠭᠠᠷ ᠳᠠᠪᠤᠨ ᠵᠢᠯ︾᠎ ᠤᠨ ᠬᠠᠤᠯᠢ ᠲᠦᠭᠡᠮᠡᠯᠵᠢᠬᠦᠯᠬᠦ᠂ ᠬᠠᠤᠯᠢ ᠴᠠᠭᠠᠵᠠ ᠶᠢᠨ ᠲᠤᠰᠠᠯᠠᠮᠵᠢ ᠵᠡᠷᠭᠡ ᠠᠵᠢᠯ ᠢ ᠬᠦᠨᠵᠡᠬᠡᠢ ᠦᠷᠨᠢᠬᠦᠯᠪᠡ᠃ ᠵᠠᠬᠢᠳᠠᠯ ᠰᠤᠷᠪᠤᠯᠵᠢᠯᠠᠭ᠎ᠠ ᠶᠢᠨ ᠲᠤᠪᠤᠶᠢᠮ᠎ᠠ ᠠᠰᠠᠭᠤᠳᠠᠯ ᠪᠤᠯᠤᠨ ᠤᠯᠠᠨ ᠲᠦᠮᠡᠨ ᠤ ᠴᠢᠨᠠᠷᠳᠠᠢ ᠭᠡᠷᠡᠭ ᠢ ᠴᠠᠭ ᠲᠤᠬᠠᠢ ᠳᠤᠨᠢ ᠲᠤᠬᠢᠷᠠᠮᠵᠢᠳᠠᠢ ᠰᠢᠢᠳᠪᠦᠷᠢᠯᠡᠪᠡ᠃ ᠡᠷᠦᠬᠡ ᠶᠢᠨ ᠴᠡᠷᠢᠭ ᠤᠨ ᠪᠠᠴᠢᠮ ᠪᠠᠶᠢᠳᠠᠯ ᠢ ᠠᠷᠭᠠᠴᠠᠬᠤ ᠬᠦᠴᠦᠨ ᠤ ᠪᠦᠲᠦᠭᠡᠨ ᠪᠠᠶᠢᠭᠤᠯᠤᠯᠳᠠ ᠶᠢ ᠴᠢᠩᠭᠠᠳᠬᠠᠵᠦ᠂ ᠤᠶᠤᠳᠠᠳ ᠤᠨ ᠴᠡᠷᠢᠭ ᠲᠤ ᠤᠷᠤᠬᠤ ᠶᠢ ᠵᠤᠷᠢᠭᠵᠢᠭᠤᠯᠪᠠ᠃ ᠨᠠᠮ ᠵᠠᠰᠠᠭ ᠴᠡᠷᠢᠭ ᠴᠠᠭᠳᠠᠭ᠎ᠠ ᠠᠷᠠᠳ ᠬᠠᠮᠳᠤᠪᠡᠷ ᠰᠡᠷᠭᠡᠶᠢᠯᠡᠨ ᠵᠠᠰᠠᠬᠤ ᠶᠢ ᠶᠡᠬᠡᠪᠡᠷ ᠦᠷᠨᠢᠬᠦᠯᠵᠦ᠂ ︽ᠭᠤᠷᠪᠠᠨ ᠱᠠᠳᠤᠨ ᠤ ᠭᠤᠤᠯ ᠤᠳᠤᠷᠢᠳᠤᠯᠭ᠎ᠠ ᠬᠢᠯᠢ ᠶᠢ ᠬᠠᠮᠳᠤᠪᠡᠷ ᠬᠠᠮᠢᠶᠠᠷᠬᠤ︾③ ᠲᠤᠭᠳᠠᠴᠠ ᠶᠢ ᠬᠦᠨᠵᠡᠬᠡᠢ ᠨᠠᠶᠢᠳᠠᠪᠦᠷᠢᠵᠢᠭᠤᠯᠵᠦ᠂ ᠪᠦᠬᠦ ᠵᠢᠯ ᠳᠤ᠂ ᠭᠠᠳᠠᠭᠠᠳᠦ ᠲᠠᠢ ᠬᠤᠯᠪᠤᠭᠳᠠᠭᠰᠠᠨ ᠭᠡᠷᠡᠭ ᠨᠢᠭᠡᠴᠦ ᠭᠠᠷᠤᠭᠰᠠᠨ ᠦᠬᠡᠢ᠃ ᠭᠠᠯ ᠪᠠ ᠦᠶᠡᠷ ᠢ ᠰᠡᠷᠭᠡᠶᠢᠯᠡᠬᠦ ᠠᠵᠢᠯ ᠤᠨ ᠬᠦᠴᠦᠯᠡᠴᠡ ᠶᠢ ᠨᠡᠮᠡᠭᠳᠡᠬᠦᠯᠪᠡ᠃ ᠢᠳᠡᠭᠡᠨ ᠪᠠ ᠡᠮ ᠤᠨ ᠵᠦᠢᠯ ᠤᠨ ᠬᠢᠨᠠᠨ ᠬᠠᠮᠢᠶᠠᠷᠤᠯᠳᠠ ᠶᠢ ᠴᠢᠩᠭᠠᠳᠬᠠᠵᠦ᠂ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ ᠠᠳᠡᠯ ᠭᠠᠷᠤᠭᠰᠠᠨ ᠦᠬᠡᠢ᠃ ᠠᠶᠦᠯᠬᠦᠢ ᠦᠢᠯᠡᠳᠪᠦᠷᠢᠯᠡᠯ ᠤᠨ ᠳᠠᠯᠳᠠ ᠬᠡᠮ ᠢ ᠵᠢᠠᠠᠰᠠᠭᠠᠨ ᠪᠠᠶᠢᠴᠠᠭᠠᠵᠦ ᠵᠠᠰᠠᠨ ᠴᠡᠭᠴᠡᠯᠡᠬᠦ ᠰᠢᠰᠲ᠋ᠧᠮ ᠤᠨ ᠪᠦᠲᠦᠭᠡᠨ ᠪᠠᠶᠢᠭᠤᠯᠤᠯᠳᠠ ᠶᠢ ᠴᠢᠩᠭᠠᠳᠬᠠᠵᠦ᠂ ᠠᠶᠦᠯᠬᠦᠢ ᠦᠢᠯᠡᠳᠪᠦᠷᠢᠯᠡᠯ ᠤᠨ ᠲᠤᠭᠳᠠᠭᠤᠨ ᠪᠠᠶᠢᠳᠠᠯ ᠢ ᠪᠠᠳᠤᠯᠠᠪᠠ᠃      ︵ᠵᠢᠷᠭᠤᠭ᠎ᠠ︶ ᠵᠠᠰᠠᠭ ᠤᠨ ᠤᠷᠳᠤᠨ ᠤ ᠲᠤᠰ ᠪᠡᠶ᠎ᠡ ᠶᠢᠨ ᠪᠦᠲᠦᠭᠡᠨ ᠪᠠᠶᠢᠭᠤᠯᠤᠯᠳᠠ ᠶᠢ ᠴᠢᠩᠭᠠᠳᠬᠠᠬᠤ ᠠᠵᠢᠯ ᠰᠢᠨ᠎ᠡ ᠰᠢᠪᠳᠤᠯᠤᠯᠳᠠ ᠲᠠᠢ ᠪᠤᠯᠪᠠ᠃ ᠦᠢᠯᠡᠴᠢᠯᠡᠭᠡᠨ ᠤ ᠬᠡᠯᠪᠡᠷᠢ ᠪᠤᠯᠤᠨ ᠬᠠᠤᠯᠢ ᠪᠠᠷ ᠵᠠᠰᠠᠬᠤ ᠬᠡᠯᠪᠡᠷᠢ ᠶᠢᠨ ᠵᠠᠰᠠᠭ ᠤᠨ ᠤᠷᠳᠤᠨ ᠢ ᠪᠦᠲᠦᠭᠡᠨ ᠪᠠᠶᠢᠭᠤᠯᠬᠤ ᠲᠤᠭᠤᠷᠢᠨ ᠳᠤ᠂ ᠡᠭᠦᠷᠭᠡ ᠬᠠᠷᠢᠭᠤᠴᠠᠯᠭ᠎ᠠ ᠎ ᠪᠠᠨ ᠪᠦᠬᠦ ᠳᠠᠯ᠎ᠠ ᠪᠠᠷ ᠬᠦᠢᠴᠡᠳᠭᠡᠵᠦ᠂ ᠵᠠᠰᠠᠭ ᠤᠨ ᠠᠵᠢᠯ ᠤᠨ ᠤᠷᠴᠢᠨ ᠲᠤᠭᠤᠷᠢᠨ ᠢ ᠲᠠᠰᠤᠷᠠᠯᠳᠠ ᠦᠬᠡᠢ ᠰᠠᠶᠢᠵᠢᠷᠠᠭᠤᠯᠪᠠ᠃ ᠠᠵᠦ ᠠᠬᠤᠢ ᠶᠢᠨ ᠪᠠᠶᠢᠭᠤᠯᠤᠮᠵᠢ ᠪᠤᠯᠤᠨ ᠠᠮᠢ ᠠᠬᠤᠢ ᠶᠢᠨ ᠪᠤᠯᠪᠠᠰᠤᠨ ᠤ ᠪᠠᠶᠢᠭᠤᠯᠤᠮᠵᠢ ᠶᠢᠨ ᠦᠭᠡᠷᠡᠴᠢᠯᠡᠯᠳᠡ ᠶᠢ ᠬᠦᠨᠵᠡᠬᠡᠶᠢᠷᠡᠬᠦᠯᠵᠦ᠂ ᠦᠢᠯᠡᠳᠪᠦᠷᠢ ᠬᠤᠳᠠᠯᠳᠤᠭᠠᠨ ᠤ ᠲᠤᠪᠴᠢᠶ᠎ᠠ ᠳᠤ ᠲᠠᠩᠰᠠᠯᠠᠭᠤᠯᠬᠤ ᠳᠤ ᠤᠷᠢᠳᠠᠪᠠᠷ ᠵᠠᠰᠠᠭ ᠵᠠᠬᠢᠷᠭᠠᠨ ᠤ ᠵᠦᠪᠰᠢᠶᠡᠷᠡᠯ ᠤᠨ ᠭᠡᠷᠡᠴᠢ ᠳᠡᠮᠳᠡᠭ ᠠᠪᠴᠦ ᠲᠠᠷᠠᠭ᠎ᠠ ᠳᠤᠨᠢ ᠡᠵᠡᠩᠨᠡᠯᠳᠡ ᠶᠢᠨ ᠦᠨᠡᠮᠯᠡᠯ ᠠᠪᠬᠤ ᠲᠦᠬᠦᠮᠴᠢᠯᠡᠭᠰᠡᠨ ᠦᠭᠡᠷᠡᠴᠢᠯᠡᠯᠳᠡ᠂ ᠭᠠᠳᠠᠭᠠᠳᠦ ᠠᠷᠠᠯᠵᠢᠶᠠᠴᠢᠨ ᠤ ᠪᠡᠯᠡ ᠤᠷᠤᠭᠤᠯᠤᠯᠳᠠ ᠶᠢ ᠬᠢᠨᠠᠨ ᠵᠦᠪᠰᠢᠶᠡᠷᠡᠬᠦ ᠬᠠᠮᠢᠶᠠᠷᠤᠯᠳᠠ᠂ ︽ᠭᠤᠷᠪᠡᠨ ᠬᠦᠷᠦᠩᠭᠡ︾ ᠎ ᠶᠢ ᠴᠡᠪᠡᠷᠯᠡᠭᠰᠡᠨ ᠦᠷ᠎ᠡ ᠳ᠋ᠦᠩ ᠢ ᠳᠡᠬᠦᠯᠳᠡᠷᠵᠢᠬᠦᠯᠬᠦ ᠪᠠ ᠠᠭᠠᠷ ᠤᠨ ᠪᠤᠬᠢᠷᠳᠤᠯ ᠢ ᠰᠡᠷᠭᠡᠶᠢᠯᠡᠨ ᠵᠠᠰᠠᠬᠤ ᠠᠵᠢᠯᠯᠠᠭᠠᠨ ᠤ ᠲᠦᠯᠦᠪᠯᠡᠭᠡ ᠲᠤᠭᠳᠠᠭᠠᠬᠤ ᠵᠡᠷᠭᠡ 25 ᠵᠦᠢᠯ ᠤᠨ ᠦᠭᠡᠷᠡᠴᠢᠯᠡᠯᠳᠡ ᠶᠢᠨ ᠡᠭᠦᠷᠭᠡ ᠶᠢ ᠪᠡᠶᠡᠯᠡᠬᠦᠯᠪᠡ᠃ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠬᠦ ᠲᠦᠷᠢᠮ ᠤᠨ ᠦᠭᠡᠷᠡᠴᠢᠯᠡᠯᠳᠡ ᠶᠢ ᠲᠦᠯᠬᠢᠨ ᠠᠬᠢᠭᠤᠯᠵᠦ᠂ ᠠᠷᠠᠳ ᠲᠤ ᠲᠦᠬᠦᠮ ᠦᠵᠡᠬᠦᠯᠬᠦ ᠦᠢᠯᠡᠴᠢᠯᠡᠭᠡᠨ ᠤ ᠲᠦᠪ ᠪᠠᠶᠢᠭᠤᠯᠪᠠ᠃ ᠵᠠᠰᠠᠭ ᠤᠨ ᠤᠷᠳᠤᠨ ᠤ ᠪᠠᠶᠢᠭᠤᠯᠤᠮᠵᠢ ᠶᠢᠨ ᠦᠭᠡᠷᠡᠴᠢᠯᠡᠯᠳᠡ ᠶᠢ ᠲᠦᠷᠭᠡᠳᠭᠡᠵᠦ᠂ ᠬᠤᠰᠢᠭᠤᠨ ᠤ ᠵᠠᠰᠠᠭ ᠤᠨ ᠤᠷᠳᠤᠨ ᠤ ᠬᠤᠷᠠᠯ ᠢ 16.7%᠎ ᠪᠠᠷ ᠴᠦᠬᠡᠳᠭᠡᠵᠦ᠂ ᠠᠯᠪᠠᠨ ᠤ ᠭᠤᠷᠪᠡᠨ ᠵᠠᠷᠤᠳᠠᠯ ᠢ 30.5%᠎ ᠪᠠᠷ ᠪᠠᠭᠠᠰᠬᠠᠵᠦ᠂ 7119 ᠲᠡᠭᠰᠢ ᠲᠦᠷᠪᠡᠯᠵᠢᠨ ᠮᠧᠲᠷ ᠤᠨ ᠠᠵᠢᠯᠯᠠᠬᠤ ᠭᠡᠷ ᠢ ᠴᠡᠪᠡᠷᠯᠡᠨ ᠴᠡᠭᠴᠡᠯᠡᠵᠦ᠂ 9 ᠰᠠᠯᠠᠭ᠎ᠠ ᠮᠦᠴᠢᠷ ᠤᠨ ᠠᠵᠢᠯᠯᠠᠬᠤ ᠭᠠᠵᠠᠷ ᠢ ᠨᠢᠭᠡᠳᠭᠡᠨ᠂ ᠪᠠᠷᠢᠮᠵᠢᠶ᠎ᠠ ᠠᠴᠠ ᠭᠡᠳᠦᠷᠡᠭᠰᠡᠨ 10 ᠣᠣ ᠳ᠋ᠢ ᠲᠡᠷᠭᠡ ᠶᠢ ᠬᠢᠨᠠᠨ ᠪᠠᠶᠢᠴᠠᠭᠠᠵᠦ ᠪᠢᠳᠡᠬᠦᠮᠵᠢᠯᠡᠨ᠂ ᠭᠡᠭᠡᠷᠡᠯᠡᠭᠴᠢ ᠮᠠᠰᠢᠨ ᠲᠡᠷᠭᠡ ᠳᠤ ︽ᠨᠢᠭᠡ ᠲᠡᠷᠭᠡ ᠨᠢᠭᠡ ᠳᠠᠩᠰᠠ︾᠎ ᠪᠠᠷ ᠲᠦᠪᠯᠡᠷᠡᠬᠦᠯᠦᠨ ᠬᠠᠮᠢᠶᠠᠷᠬᠤ ᠠᠷᠭ᠎ᠠ ᠶᠢ ᠭᠡᠷᠡᠭᠵᠢᠬᠦᠯᠪᠡ᠃ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠵᠢᠴᠢ ᠬᠤᠰᠢᠭᠤᠨ ᠤ ᠠᠷᠠᠳ ᠤᠨ ᠲᠦᠯᠦᠭᠡᠯᠡᠭᠴᠢᠳ ᠎ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠰᠢᠢᠳᠪᠦᠷᠢ ᠶᠢ ᠨᠠᠷᠢᠨ ᠬᠢᠨᠠᠮᠠᠭᠠᠢ ᠭᠦᠢᠴᠡᠳᠭᠡᠵᠦ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠬᠠᠤᠯᠢ ᠴᠠᠭᠠᠵᠠ ᠶᠢᠨ ᠬᠢᠨᠠᠯᠳᠠ ᠪᠤᠯᠤᠨ ᠠᠵᠢᠯ ᠤᠨ ᠬᠢᠨᠠᠯᠳᠠ ᠶᠢ ᠤᠬᠠᠮᠰᠠᠷ ᠠᠴᠠ ᠪᠠᠨ ᠬᠦᠯᠢᠶᠡᠵᠦ᠂ ᠠᠷᠠᠳ ᠤᠨ ᠤᠯᠤᠰ ᠲᠦᠷᠦ ᠎ ᠶᠢᠨ ᠵᠦᠪᠯᠡᠯᠭᠡᠨ ᠤ ᠡᠭᠦᠷᠭᠡ ᠴᠢᠳᠠᠪᠬᠢ ᠪᠠᠨ ᠬᠦᠢᠴᠡᠳᠭᠡᠬᠦ ᠶᠢ ᠲᠡᠮᠵᠢᠨ᠂ 186 ᠬᠤᠪᠢ ᠰᠠᠨᠠᠯ ᠵᠦᠪᠯᠡᠯᠭᠡ ᠰᠠᠨᠠᠯ ᠲᠤᠷᠠᠳᠤᠯᠭ᠎ᠠ ᠶᠢ ᠡᠷᠬᠢᠯᠡᠨ ᠬᠦᠢᠴᠡᠳᠭᠡᠭᠰᠡᠨ ᠨᠤᠷᠮ᠎ᠠ ᠪᠤᠯᠤᠨ ᠬᠠᠨᠤᠮᠵᠢ ᠶᠢᠨ ᠨᠤᠷᠮ᠎ᠠ ᠴᠦᠮ 100%᠎ ᠳᠤ ᠬᠦᠷᠪᠡ᠃ ᠦᠢᠯᠡᠳᠪᠦᠷᠢ ᠬᠤᠳᠠᠯᠳᠤᠭᠠᠨ ᠤ ᠬᠤᠯᠪᠤᠭ᠎ᠠ᠂ ᠨᠠᠮ ᠪᠦᠯᠦᠭ ᠤᠨ ᠪᠤᠰᠤ ᠬᠦᠮᠦᠰ ᠪᠤᠯᠤᠨ ᠠᠷᠠᠳ ᠤᠨ ᠪᠦᠯᠬᠦᠮ ᠵᠢᠴᠢ ᠨᠡᠶᠢᠬᠡᠮ ᠤᠨ ᠡᠯ᠎ᠡ ᠡᠳᠡᠭᠡᠳ ᠯᠦᠭᠡ ᠶᠢᠨ ᠬᠠᠷᠢᠯᠴᠠᠭ᠎ᠠ ᠪᠠᠨ ᠴᠢᠬᠤᠯᠠᠴᠢᠯᠠᠨ ᠴᠢᠩᠭᠠᠳᠬᠠᠵᠦ᠂ ᠰᠠᠨᠠᠯ ᠰᠠᠨᠠᠭᠤᠯᠭ᠎ᠠ ᠶᠢ ᠨᠠᠷᠢᠨ ᠬᠢᠨᠠᠮᠠᠭᠠᠢ ᠬᠦᠯᠢᠶᠡᠨ ᠠᠪᠤᠪᠠ᠃ ᠵᠠᠰᠠᠭ ᠤᠨ ᠤᠷᠳᠤᠨ ᠤ ᠠᠵᠢᠯ ᠤᠨ ᠲᠦᠷᠢᠮ ᠳᠤ ᠵᠠᠰᠠᠪᠦᠷᠢ ᠤᠷᠤᠭᠤᠯᠦᠨ ᠳᠡᠬᠦᠯᠳᠡᠷᠵᠢᠬᠦᠯᠵᠦ᠂ ᠵᠠᠰᠠᠭ ᠤᠨ ᠤᠷᠳᠤᠨ ᠤ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢ ᠶᠢᠨ ᠬᠠᠤᠯᠢ ᠶᠤᠰᠤᠴᠢ ᠴᠢᠨᠠᠷ ᠢ ᠬᠢᠨᠠᠨ ᠪᠠᠶᠢᠴᠠᠭᠠᠬᠤ ᠲᠦᠷᠢᠮ ᠪᠤᠯᠤᠨ ᠬᠠᠤᠯᠢ ᠶᠢᠨ ᠵᠦᠪᠯᠡᠭᠴᠢ ᠶᠢᠨ ᠠᠵᠢᠯ ᠤᠨ ᠲᠦᠷᠢᠮ ᠪᠠᠶᠢᠭᠤᠯᠪᠠ᠃ ᠨᠠᠮ ᠤᠨ ᠤᠯᠠᠨ ᠲᠦᠮᠡᠨᠴᠢ ᠱᠤᠭᠤᠮ ᠤᠨ ᠬᠦᠮᠦᠵᠢᠯ ᠦᠢᠯᠡᠳᠦᠯᠭᠡ ᠶᠢᠨ ᠠᠵᠢᠯᠯᠠᠭ᠎ᠠ ᠶᠢ ᠬᠦᠨᠵᠡᠬᠡᠢ ᠦᠷᠨᠢᠬᠦᠯᠵᠦ᠂ ᠳᠠᠶᠢᠴᠢᠯᠠᠨ ᠳᠠᠭᠠᠭᠤᠯᠬᠤ ᠠᠵᠢᠯᠯᠠᠭ᠎ᠠ ᠶᠢ ᠯᠠᠪᠳᠠᠭᠤᠨ ᠪᠠᠳᠤᠳᠠᠢ ᠲᠦᠯᠬᠢᠨ ᠠᠬᠢᠭᠤᠯᠵᠦ᠂ ︽ᠲᠦᠷᠪᠡᠨ ᠰᠤᠷᠳᠠᠯ︾ ᠪᠤᠯᠤᠨ ᠤᠯᠠᠨ ᠲᠦᠮᠡᠨ ᠲᠠᠢ ᠬᠠᠷᠢᠯᠴᠠᠨ ᠤᠯᠠᠨ ᠲᠦᠮᠡᠨ ᠳᠤ ᠦᠢᠯᠡᠴᠢᠯᠡᠬᠦ ︽ᠬᠠᠮᠤᠭ ᠰᠡᠬᠦᠯᠴᠢ ᠶᠢᠨ ᠨᠢᠭᠡ ᠺᠢᠯᠤᠮᠧᠲᠷ︾᠎ ᠤᠨ ᠠᠰᠠᠭᠤᠳᠠᠯ ᠢ ᠴᠢᠷᠮᠠᠶᠢᠨ ᠰᠢᠢᠳᠪᠦᠷᠢᠯᠡᠪᠡ᠃ ᠴᠢᠭᠡᠴᠢ ᠵᠠᠰᠠᠭ ᠤᠨ ᠬᠢᠨᠠᠯᠳᠠ ᠳᠠᠯᠪᠢᠬᠤ ᠲᠤᠭᠳᠠᠴᠠ ᠶᠢ ᠪᠠᠶᠢᠭᠤᠯᠤᠨ ᠳᠡᠬᠦᠯᠳᠡᠷᠵᠢᠬᠦᠯᠵᠦ᠂ ᠠᠷᠠᠳᠴᠢᠯᠠᠯ ᠲᠦᠪᠯᠡᠷᠡᠯ ᠤᠨ ᠲᠦᠷᠢᠮ ᠪᠤᠯᠤᠨ ︽ᠭᠤᠷᠪᠡᠨ ᠭᠤᠤᠯᠳᠠᠯᠭ᠎ᠠ ᠨᠢᠭᠡ ᠲᠤᠮᠤ ᠪᠡᠯᠡ ᠮᠦᠩᠬᠦᠨ ᠤ ᠭᠡᠷᠡᠭᠯᠡᠯᠳᠡ︾᠎ ᠶᠢᠨ ᠭᠡᠷᠡᠭ ᠵᠦᠪᠯᠡᠬᠦ ᠵᠠᠷᠴᠢᠮ ᠢ ᠨᠠᠶᠢᠳᠠᠪᠦᠷᠢᠵᠢᠭᠤᠯᠤᠨ᠂ ᠲᠦᠰᠦᠪ ᠢ ᠬᠦᠢᠴᠡᠳᠭᠡᠬᠦ᠂ ᠠᠵᠦ ᠠᠬᠤᠢ ᠶᠢᠨ ᠬᠠᠷᠢᠭᠤᠴᠠᠯᠭ᠎ᠠ᠂ ᠵᠠᠰᠠᠭ ᠤᠨ ᠤᠷᠳᠤᠨ ᠎ ᠤ ᠪᠡᠯᠡ ᠤᠷᠤᠭᠤᠯᠤᠯᠳᠠ ᠪᠤᠯᠤᠨ ᠵᠠᠰᠠᠭ ᠵᠠᠬᠢᠷᠭᠠᠨ ᠤ ᠦᠷ᠎ᠡ ᠪᠦᠳᠦᠮᠵᠢ ᠶᠢ ᠬᠢᠨᠠᠨ ᠪᠤᠳᠤᠬᠤ ᠠᠵᠢᠯ ᠢ ᠴᠢᠩᠭᠠᠳᠬᠠᠵᠦ᠂ ᠡᠳ᠋ ᠤᠨ ᠵᠠᠰᠠᠭ ᠤᠨ ᠪᠡᠯᠡ ᠮᠦᠩᠬᠦᠨ ᠤ ᠬᠠᠮᠢᠶᠠᠷᠤᠯᠳᠠ ᠪᠤᠯᠤᠨ ᠭᠡᠷᠡᠭᠯᠡᠯᠳᠡ ᠨᠡᠩ ᠲᠦᠷᠢᠮᠵᠢᠪᠡ᠃      ᠨᠢᠭᠡ ᠵᠢᠯ ᠤᠨ ᠲᠤᠷᠰᠢ᠂ ᠠᠷᠠᠳ ᠤᠨ ᠠᠭᠠᠷ ᠤᠨ ᠰᠡᠷᠭᠡᠶᠢᠯᠡᠯᠳᠡ᠂ ᠬᠢᠯᠢ ᠶᠢᠨ ᠬᠠᠮᠠᠭᠠᠯᠠᠯᠳᠠ ᠶᠢᠨ ᠵᠡᠪᠰᠡᠭᠳᠦ ᠬᠦᠴᠦᠨ ᠤ ᠴᠠᠭᠳᠠᠭ᠎ᠠ᠂ ᠳᠤᠳᠤᠭᠠᠳᠦ ᠶᠢ ᠬᠠᠮᠠᠭᠠᠯᠠᠬᠤ ᠭᠠᠯ ᠤᠨᠳᠠᠷᠠᠭᠠᠬᠤ ᠪᠦᠲᠦᠭᠡᠨ ᠪᠠᠶᠢᠭᠤᠯᠤᠯᠳᠠ ᠴᠢᠨᠠᠭᠰᠢᠳᠠ ᠴᠢᠩᠭᠠᠷᠠᠪᠠ᠃ ᠠᠵᠢᠯᠴᠢᠨ ᠤ ᠡᠪᠯᠡᠯ᠂ ᠡᠪ ᠬᠠᠮᠳᠦ ᠵᠠᠯᠠᠭᠤᠴᠦᠳ ᠤᠨ ᠡᠪᠯᠡᠯ᠂ ᠤᠯᠠᠭᠠᠨ ᠵᠠᠭᠠᠯᠮᠠᠶᠢᠳᠠᠨ ᠤ ᠨᠡᠶᠢᠬᠡᠮᠯᠢᠭ᠂ ᠨᠠᠰᠤᠳᠠᠶᠢᠴᠦᠳ᠂ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ᠂ ᠲᠤᠭ᠎ᠠ ᠪᠦᠷᠢᠳᠭᠡᠯ᠂ ᠭᠠᠳᠠᠭᠠᠳᠦ ᠶᠠᠪᠤᠳᠠᠯ ᠬᠠᠷᠢᠶᠠᠳᠦ ᠶᠢᠨ ᠶᠠᠪᠤᠳᠠᠯ᠂ ᠲᠠᠩᠰᠠ ᠡᠪᠬᠡᠮᠡᠯ ᠴᠠᠳᠢᠭ᠂ ᠭᠠᠶᠢᠯᠢ ᠶᠢᠨ ᠶᠠᠪᠤᠳᠠᠯ᠂ ᠴᠠᠭ ᠠᠭᠤᠷ᠂ ᠴᠢᠯᠠᠭᠤᠨ ᠳᠤᠰᠤ᠂ ᠲᠠᠮᠠᠬᠢᠨ ᠤ ᠦᠢᠯᠡᠰ᠂ ᠰᠢᠤᠳᠠᠨ ᠦᠢᠯᠡᠰ᠂ ᠴᠢᠮᠡᠭᠡ ᠨᠡᠪᠲᠡᠷᠡᠬᠦᠯᠭᠡ ᠵᠡᠷᠭᠡ ᠰᠠᠯᠠᠭ᠎ᠠ ᠮᠦᠴᠢᠷ ᠪᠤᠯᠤᠨ ᠠᠵᠢᠯ ᠲᠦᠷᠦᠯ ᠪᠠᠶᠠᠷᠯᠠᠭᠤᠰᠢᠳᠠᠢ ᠦᠷ᠎ᠡ ᠪᠦᠳᠦᠮᠵᠢ ᠤᠯᠪᠠ᠃      ᠲᠦᠯᠦᠭᠡᠯᠡᠭᠴᠢᠳ ᠡ᠂ ᠦᠩᠭᠡᠷᠡᠭᠰᠡᠨ ᠨᠢᠭᠡ ᠵᠢᠯ ᠳᠤ᠂ ᠪᠢᠳᠡ ᠬᠠᠳᠠᠭᠤ ᠴᠢᠩᠭ᠎ᠠ ᠰᠢᠯᠭᠠᠯᠳᠠ ᠶᠢᠨ ᠡᠮᠦᠨ᠎ᠡ ᠠᠮᠵᠢᠯᠳᠠ ᠪᠦᠳᠦᠭᠡᠯ ᠤᠯᠤᠭᠰᠠᠨ ᠶᠠᠪᠤᠳᠠᠯ ᠪᠤᠯ ᠦᠨᠡᠬᠡᠷ ᠬᠢᠯᠪᠡᠷ ᠦᠬᠡᠢ ᠶᠤᠮ᠃ ᠡᠨᠡ ᠪᠤᠯ ᠬᠤᠳᠠ ᠶᠢᠨ ᠨᠠᠮ ᠤᠨ ᠬᠤᠷᠢᠶ᠎ᠠ᠂ ᠵᠠᠰᠠᠭ ᠤᠨ ᠤᠷᠳᠦᠨ ᠪᠤᠯᠤᠨ ᠬᠤᠰᠢᠭᠤᠨ ᠤ ᠨᠠᠮ ᠤᠨ ᠬᠤᠷᠢᠶ᠎ᠠ ᠶᠢᠨ ᠪᠠᠳᠦ ᠴᠢᠩᠭ᠎ᠠ ᠤᠳᠤᠷᠢᠳᠤᠯᠭ᠎ᠠ ᠶᠢᠨ ᠦᠷ᠎ᠡ ᠳ᠋ᠦᠩ᠂ ᠠᠷᠠᠳ ᠤᠨ ᠲᠦᠯᠦᠭᠡᠯᠡᠭᠴᠢ᠂ ᠤᠯᠤᠰ ᠲᠦᠷᠦ ᠶᠢᠨ ᠵᠦᠪᠯᠡᠯᠭᠡᠨ ᠤ ᠭᠡᠰᠢᠬᠦᠳ ᠤᠨ ᠬᠢᠨᠠᠯᠳᠠ ᠳᠠᠯᠪᠢᠵᠦ ᠲᠡᠮᠵᠢᠯᠬᠡ ᠦᠵᠡᠬᠦᠯᠦᠭᠰᠡᠨ ᠤ ᠦᠷ᠎ᠡ ᠳ᠋ᠦᠩ᠂ ᠪᠦᠬᠦ ᠬᠤᠰᠢᠭᠤ ᠲᠠᠶᠠᠭᠠᠷ ᠢᠶᠠᠨ ᠠᠯᠤᠰ ᠢ ᠪᠠᠷᠠᠯᠠᠨ ᠬᠠᠷᠢᠯᠴᠠᠨ ᠬᠠᠪᠰᠤᠷᠤᠯᠴᠠᠵᠦ᠂ ᠵᠠᠮ ᠨᠡᠭᠡᠭᠡᠨ ᠤᠷᠤᠭᠰᠢᠯᠠᠭᠰᠠᠨ ᠤ ᠦᠷ᠎ᠡ ᠳ᠋ᠦᠩ ᠮᠦᠨ᠃ ᠡᠭᠦᠨ ᠳᠤ᠂ ᠪᠢ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠢ ᠲᠦᠯᠦᠭᠡᠯᠡᠨ᠂ ᠡᠯ᠎ᠡ ᠵᠦᠢᠯ ᠤᠨ ᠠᠵᠢᠯ ᠦᠢᠯᠡᠰ ᠲᠤ ᠰᠢᠷᠭᠠᠭᠤ ᠬᠠᠳᠠᠭᠤᠵᠢᠯᠳᠠᠢ ᠠᠵᠢᠯᠯᠠᠵᠦ ᠪᠠᠶᠢᠭ᠎ᠠ ᠬᠦᠳᠡᠯᠮᠦᠷᠢᠯᠡᠭᠴᠢᠳ᠂ ᠵᠠᠰᠠᠭ ᠤᠨ ᠤᠷᠳᠤᠨ ᠤ ᠠᠵᠢᠯ ᠳᠤ ᠶᠡᠬᠡᠪᠡᠷ ᠲᠡᠮᠵᠢᠯᠭᠡ ᠦᠵᠡᠬᠦᠯᠦᠭᠰᠡᠨ ᠠᠷᠠᠳ ᠤᠨ ᠲᠦᠯᠦᠭᠡᠯᠡᠭᠴᠢ ᠪᠤᠯᠤᠨ ᠤᠯᠤᠰ ᠲᠦᠷᠦ ᠶᠢᠨ ᠵᠦᠪᠯᠡᠯᠭᠡᠨ ᠤ ᠭᠡᠰᠢᠬᠦᠳ᠂ ᠦᠢᠯᠡᠳᠪᠦᠷᠢ ᠬᠤᠳᠠᠯᠳᠤᠭᠠᠨ ᠤ ᠬᠤᠯᠪᠤᠭ᠎ᠠ ᠪᠤᠯᠤᠨ ᠨᠡᠶᠢᠬᠡᠮ ᠤᠨ ᠡᠯ᠎ᠡ ᠡᠳᠡᠭᠡᠳ᠂ ᠠᠵᠢᠯ ᠠᠴᠠ ᠪᠠᠨ ᠠᠮᠠᠷᠠᠭᠰᠠᠨ ᠪᠠ ᠨᠠᠰᠤᠨ ᠤ ᠠᠮᠠᠷᠠᠯᠳᠠ ᠪᠠᠨ ᠠᠪᠤᠭᠰᠠᠨ ᠤᠳᠤᠷᠢᠳᠤᠯᠭ᠎ᠠ ᠪᠤᠯᠤᠨ ᠠᠬᠠᠮᠠᠳ ᠨᠦᠬᠦᠳ ᠲᠤ ᠡᠷᠬᠢᠮ ᠲᠡᠭᠡᠳᠦ ᠮᠡᠨᠳᠦᠴᠢᠯᠡᠯ ᠢᠶᠠᠨ ᠲᠡᠪᠰᠢᠬᠦᠯᠦᠶ᠎ᠡ︕ ᠰᠢᠨ᠎ᠡ ᠪᠠᠷᠭᠤ ᠪᠠᠷᠠᠭᠤᠨ ᠬᠤᠰᠢᠭᠤᠨ ᠪ᠊ ᠦᠭᠡᠷᠡᠴᠢᠯᠡᠯᠳᠡ ᠬᠦᠭᠵᠢᠯᠳᠡ ᠶᠢ ᠬᠠᠯᠠᠮᠵᠢᠯᠠᠨ ᠲᠡᠮᠵᠢᠭᠰᠡᠨ ᠨᠠᠶᠢᠵᠠ ᠨᠦᠬᠦᠳ ᠲᠤ ᠴᠢᠩ ᠰᠡᠳᠬᠢᠯ ᠤᠨ ᠳᠠᠯᠠᠷᠬᠠᠯ ᠢᠶᠠᠨ ᠢᠯᠡᠳᠭᠡᠶ᠎ᠡ︕      ᠠᠮᠵᠢᠯᠳᠠ ᠪᠦᠳᠦᠮᠵᠢ ᠪᠠᠨ ᠤᠯᠵᠦ ᠦᠵᠡᠬᠦ ᠶᠢᠨ ᠬᠠᠮᠳᠦ ᠪᠢᠳᠡ ᠪᠦᠬᠦ ᠬᠤᠰᠢᠭᠤᠨ ᠤ ᠠᠵᠦ ᠠᠬᠤᠢ ᠨᠡᠶᠢᠬᠡᠮ ᠤᠨ ᠬᠦᠭᠵᠢᠯᠳᠡ ᠳᠤ ᠪᠠᠰᠠ ᠭᠡᠰᠡᠭ ᠲᠤᠪᠤᠶᠢᠮ᠎ᠠ ᠵᠦᠷᠢᠴᠡᠯ ᠪᠠ ᠠᠰᠠᠭᠤᠳᠠᠯ ᠲᠤᠯᠭᠠᠷᠠᠵᠦ᠂ ᠵᠠᠰᠠᠭ ᠤᠨ ᠤᠷᠳᠤᠨ ᠤ ᠠᠵᠢᠯ ᠳᠤ ᠵᠦᠷᠢᠶ᠎ᠡ ᠪᠤᠯᠤᠨ ᠬᠦᠷᠦᠯᠴᠡᠬᠦ ᠦᠬᠡᠢ ᠳᠠᠯ᠎ᠠ ᠤᠷᠤᠰᠢᠵᠦ ᠪᠠᠶᠢᠬᠤ ᠶᠢ ᠰᠡᠷᠭᠡᠭ ᠢᠶᠠᠷ ᠤᠯᠵᠦ ᠦᠵᠡᠬᠦ ᠭᠡᠷᠡᠭᠳᠡᠢ᠂ ᠡᠳᠡᠭᠡᠷ ᠨᠢ ᠭᠤᠤᠯᠳᠠᠭᠤ᠄ ᠨᠢᠭᠡ ᠳᠤ ᠠᠵᠦ ᠠᠬᠤᠢ ᠶᠢᠨ ᠨᠡᠮᠡᠭᠳᠡᠯ ᠤᠨ ᠬᠢᠯᠠᠰ ᠴᠡᠭ ᠴᠦᠬᠡᠨ᠃ ᠠᠵᠦ ᠦᠢᠯᠡᠰ ᠤᠨ ᠪᠦᠳᠦᠴᠡ ᠵᠤᠬᠢᠰ ᠦᠬᠡᠢ᠂ ᠡᠳ᠋ ᠤᠨ ᠵᠠᠰᠠᠭ ᠭᠠᠶᠢᠯᠢ ᠶᠢᠨ ᠨᠡᠮᠡᠭᠳᠡᠯ ᠭᠤᠤᠯᠳᠠᠭᠤ ᠠᠵᠦ ᠦᠢᠯᠡᠳᠪᠦᠷᠢ ᠳᠤ ᠶᠡᠬᠡᠪᠡᠷ ᠲᠦᠰᠢᠭᠯᠡᠵᠦ᠂ ᠲᠡᠭᠡᠳᠦ ᠰᠢᠨ᠎ᠡ ᠮᠡᠷᠭᠡᠵᠢᠯ ᠤᠨ ᠠᠵᠦ ᠦᠢᠯᠡᠰ᠂ ᠤᠳᠤ ᠦᠶ᠎ᠡ ᠶᠢᠨ ᠦᠢᠯᠡᠴᠢᠯᠡᠭᠡᠨ ᠤ ᠦᠢᠯᠡᠰ ᠤᠨ ᠬᠦᠭᠵᠢᠯᠳᠡ ᠢᠯᠡᠳᠳᠡ ᠬᠤᠴᠤᠷᠤᠩᠭᠤᠢ᠃ ᠬᠤᠶᠠᠷ ᠲᠤ ᠤᠶᠢᠷ᠎ᠠ ᠵᠡᠷᠭᠡᠯᠡᠳᠡᠭᠡ ᠬᠤᠰᠢᠭᠤ ᠬᠤᠳᠠ ᠦᠳᠳᠡᠷ ᠲᠦᠷᠭᠡᠨ ᠬᠦᠭᠵᠢᠵᠦ᠂ ︽ᠤᠷᠤᠭᠰᠢᠯᠠᠬᠤ ᠦᠬᠡᠢ ᠪᠤᠯ ᠤᠬᠤᠷᠢᠨ᠎ᠠ᠂ ᠤᠷᠤᠭᠰᠢᠯᠠᠬᠤ ᠨᠢ ᠤᠳᠠᠭᠠᠨ ᠪᠤᠯ ᠪᠠᠰᠠ ᠤᠬᠤᠷᠢᠭᠰᠠᠨ ᠲᠠᠢ ᠠᠳᠠᠯᠢ︾ ᠪᠤᠳᠠᠳᠦ ᠪᠠᠶᠢᠳᠠᠯ ᠨᠢ ᠪᠢᠳᠡᠨ ᠳᠤ ᠲᠤᠶᠢᠯ ᠤᠨ ᠶᠡᠭᠡ ᠦᠷᠢᠰᠦᠯᠳᠦᠭᠡᠨ ᠠᠪᠴᠢᠷᠠᠪᠠ᠃ ᠭᠤᠷᠪᠡ ᠳᠤ ᠲᠤᠭᠳᠠᠭᠤᠨ ᠢ ᠪᠠᠳᠤᠯᠠᠬᠤ ᠲᠠᠷᠤᠭᠠᠰᠦ ᠨᠡᠯᠢᠶᠡᠳ ᠶᠡᠭᠡ᠃ ᠨᠡᠶᠢᠬᠡᠮ ᠤᠨ ᠪᠠᠳᠤᠯᠠᠭ᠎ᠠ ᠪᠤᠯᠤᠨ ᠲᠡᠤᠭᠡᠨ ᠦᠯᠡᠳᠡᠭᠳᠡᠯ ᠦᠷᠢ ᠰᠢᠷᠢ ᠵᠡᠷᠭᠡ ᠠᠷᠠᠳ ᠲᠦᠮᠡᠨ ᠤ ᠲᠤᠰ ᠪᠡᠶ᠎ᠡ ᠶᠢᠨ ᠠᠰᠢᠭ ᠲᠤᠰᠠ ᠲᠠᠢ ᠬᠤᠯᠪᠤᠭᠳᠠᠭᠰᠠᠨ ᠲᠤᠪᠤᠶᠢᠮ᠎ᠠ ᠠᠰᠠᠭᠤᠳᠠᠯ ᠤᠳ ᠢ ᠪᠦᠳᠦᠮᠵᠢᠳᠡᠢ ᠰᠢᠢᠳᠪᠦᠷᠢᠯᠡᠭᠡᠳᠦᠢ ᠪᠠᠶᠢᠵᠦ᠂ ᠦᠭᠡᠷᠡᠴᠢᠯᠡᠯᠳᠡ ᠶᠢᠨ ᠲᠠᠰᠤᠷᠠᠯᠳᠠ ᠦᠬᠡᠢ ᠬᠦᠨᠵᠡᠭᠡᠶᠢᠷᠡᠬᠦ ᠶᠢ ᠳᠠᠭᠠᠯᠳᠤᠨ᠂ ᠡᠯ᠎ᠡ ᠳᠠᠯ᠎ᠠ ᠶᠢᠨ ᠠᠰᠢᠭ ᠲᠤᠰᠠ ᠶᠢ ᠨᠢᠭᠡᠳᠦᠯᠳᠡᠢ ᠲᠦᠯᠦᠪᠵᠢᠬᠦᠯᠬᠦ ᠳᠤ ᠨᠡᠩ ᠬᠦᠴᠢᠷ ᠲᠠᠢ ᠪᠤᠯᠪᠠ᠃ ᠲᠦᠷᠪᠡ ᠳᠤ ᠬᠤᠳᠠ ᠪᠠᠯᠭᠠᠰᠦ ᠶᠢᠨ ᠰᠠᠭᠤᠷᠢ ᠲᠦᠬᠦᠭᠡᠷᠦᠮᠵᠢ ᠬᠤᠴᠤᠷᠤᠩᠭᠤᠢ᠃ ᠡᠳ᠋ ᠤᠨ ᠵᠠᠰᠠᠭ ᠤᠨ ᠵᠠᠷᠤᠴᠠᠭᠤᠯᠵᠦ ᠪᠤᠯᠬᠤ ᠡᠳ᠋ ᠤᠨ ᠬᠦᠴᠦᠨ ᠬᠢᠵᠠᠭᠠᠷᠳᠠᠢ᠂ ᠬᠤᠳᠠ ᠶᠢᠨ ᠴᠢᠳᠠᠪᠬᠢ ᠪᠦᠷᠢᠨ ᠲᠦᠬᠦᠷ ᠪᠢᠰᠢ᠂ ᠰᠠᠭᠤᠭᠠᠯᠢ ᠠᠷᠠᠳ ᠤᠨ ᠵᠢᠵᠢᠭ ᠲᠤᠭᠤᠷᠢᠭ ᠤᠨ ᠪᠦᠲᠦᠭᠡᠨ ᠪᠠᠶᠢᠭᠤᠯᠤᠯᠳᠠ ᠶᠢ ᠢᠵᠢ ᠪᠦᠷᠢᠳᠦᠬᠦᠯᠦᠭᠰᠡᠨ ᠦᠬᠡᠢ ᠪᠦᠭᠡᠳ ᠨᠡᠯᠢᠶᠡᠳ ᠤᠯᠠᠨ ᠲᠡᠤᠭᠡᠨ ᠦᠷᠢ ᠰᠢᠷᠢ ᠲᠠᠢ ᠪᠠᠶᠢᠵᠦ᠂ ᠤᠨᠴᠠᠭᠠᠶᠢᠯᠠᠨ ᠰᠤᠮᠤ ᠪᠠᠯᠭᠠᠰᠦ ᠶᠢᠨ ᠰᠠᠭᠤᠷᠢ ᠲᠦᠬᠦᠭᠡᠷᠦᠮᠵᠢ ᠶᠢ ᠴᠢᠨᠠᠭᠰᠢᠳᠠ ᠳᠡᠬᠦᠯᠳᠡᠷᠵᠢᠬᠦᠯᠬᠦ ᠴᠢᠬᠤᠯᠠᠳᠠᠢ᠃ ᠲᠠᠪᠤ ᠳᠤ ᠺᠠᠳ᠋ᠷ ᠤᠨ ᠡᠩᠨᠡᠭᠡᠨ ᠤ ᠬᠡᠪ ᠴᠢᠨᠠᠷ ᠢ ᠲᠡᠭᠡᠭᠰᠢᠯᠡᠬᠦᠯᠬᠦ ᠴᠢᠬᠤᠯᠠᠳᠠᠢ᠃ ᠴᠦᠭᠡᠨ ᠲᠤᠭᠠᠨᠨ ᠤ ᠤᠳᠤᠷᠢᠳᠬᠤ ᠺᠠᠳ᠋ᠷ ᠦᠵᠡᠯ ᠰᠠᠨᠠᠭ᠎ᠠ ᠪᠠᠨ ᠴᠢᠯᠦᠭᠡᠯᠡᠭᠰᠡᠨ ᠢᠶᠠᠷ ᠬᠦᠢᠴᠡᠳ ᠦᠬᠡᠢ᠂ ᠠᠵᠢᠯ ᠬᠦᠢᠴᠡᠳᠭᠡᠬᠦ ᠴᠢᠳᠠᠪᠦᠷᠢ ᠪᠠᠷ ᠠᠨᠠᠢ᠂ ︽ᠬᠦᠯᠢᠶᠡᠬᠦ᠂ ᠲᠦᠰᠢᠬᠦ᠂ ᠠᠪᠬᠤ︾ ᠦᠵᠡᠯ ᠰᠠᠨᠠᠭ᠎ᠠ ᠬᠦᠨᠳᠦ ᠨᠤᠴᠢᠳᠠᠢ ᠤᠷᠤᠰᠢᠵᠦ᠂ ᠰᠠᠨᠠᠭᠠᠴᠢᠯᠠᠭ᠎ᠠ ᠠᠴᠠ ᠪᠠᠨ ᠠᠵᠢᠯ ᠬᠢᠬᠦ ᠦᠬᠡᠢ᠂ ᠲᠡᠭᠡᠳᠦ ᠱᠠᠳᠤᠨ ᠠᠴᠠ ᠲᠦᠷᠦᠯ ᠵᠦᠢᠯ ᠤᠨ ᠪᠡᠯᠡ ᠮᠦᠩᠬᠦ ᠤᠯᠬᠤ ᠳᠤ ᠢᠳᠡᠪᠬᠢᠳᠠᠢ ᠪᠢᠰᠢ ᠵᠡᠷᠭᠡ ᠠᠰᠠᠭᠤᠳᠠᠯ ᠪᠠᠰᠠ ᠪᠤᠳᠠᠳᠠᠢ ᠤᠷᠤᠰᠢᠵᠦ ᠪᠠᠶᠢᠨ᠎ᠠ᠃ ᠡᠳᠡᠭᠡᠷ ᠠᠰᠠᠭᠤᠳᠠᠯ ᠳᠤ ᠪᠢᠳᠡ ᠡᠷᠭᠡᠪᠰᠢ ᠵᠤᠷᠢᠭᠳᠠᠢ ᠪᠠᠷ ᠬᠠᠨᠳᠤᠨ᠂ ᠲᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠦᠨᠡᠨᠬᠦ ᠪᠦᠳᠦᠮᠵᠢᠳᠡᠢ ᠰᠢᠢᠳᠪᠦᠷᠢᠯᠡᠨ᠂ ᠪᠦᠬᠦ ᠬᠤᠰᠢᠭᠤᠨ ᠤ ᠠᠷᠠᠳ ᠲᠦᠮᠡᠨ ᠤ ᠬᠦᠰᠡᠯ ᠱᠠᠭᠠᠷᠳᠠᠯᠭ᠎ᠠ ᠶᠢ ᠶᠠᠭᠠᠬᠢᠭᠰᠠᠨ ᠴᠦ ᠬᠦᠰᠡᠷᠳᠡᠬᠦᠯᠬᠦ ᠦᠬᠡᠢ︕
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠵᠠᠰᠠᠭ ᠤᠨ ᠤᠷᠳᠤᠨ ᠤ ᠤᠷᠴᠢᠭᠤᠯᠭ᠎ᠠ ᠶᠢᠨ ᠲᠤᠪᠴᠢᠶ᠎ᠠ