— — 2015 ᠤᠨ ᠤ 3 ᠰᠠᠷᠠᠶᠢᠨ 10 ᠤ ᠡᠳᠤᠷ ᠰᠢᠨ᠎ᠠ ᠪᠠᠷᠭᠤ ᠪᠠᠷᠠᠭᠤᠨ ᠬᠤᠰᠢᠭᠤᠨ ᠤ ᠠᠷᠪᠠᠨ | ᠳᠦᠷᠪᠡᠳᠤᠭᠡᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠳᠦᠷᠪᠡᠳᠤᠭᠡᠷ | ᠬᠤᠷᠠᠯᠳᠤᠭᠠᠨ ᠳᠡᠭᠡᠷ᠎ᠡ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ | ᠬᠤᠰᠢᠭᠤᠨ ᠲᠠᠷᠤᠭ᠎ᠠ ᠭᠠᠯᠵᠠᠪ | | | | ᠲᠦᠯᠦᠭᠡᠯᠡᠭᠴᠢᠳ ᠡ᠄ | ᠤᠳᠤ ᠪᠢ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠢ ᠲᠦᠯᠦᠭᠡᠯᠡᠨ ᠶᠡᠭᠡ ᠬᠤᠷᠠᠯ ᠳᠤ ᠵᠠᠰᠠᠭ ᠤᠨ | ᠤᠷᠳᠤᠨ ᠤ ᠠᠵᠢᠯ ᠤᠨ ᠢᠯᠡᠳᠭᠡᠯ ᠬᠢᠶ᠎ᠡ᠂ ᠬᠢᠨᠠᠨ ᠵᠦᠪᠯᠡᠬᠦ ᠪᠤᠯᠪᠠᠤ᠂ ᠬᠤᠰᠢᠭᠤᠨ ᠤ ᠤᠯᠤᠰ ᠲᠦᠷᠦ ᠶᠢᠨ | ᠵᠦᠪᠯᠡᠯᠭᠡᠨ ᠤ ᠬᠡᠰᠢᠬᠦᠳ ᠪᠤᠯᠤᠨ ᠬᠤᠷᠠᠯ ᠳᠤ ᠰᠤᠯᠠ ᠤᠷᠤᠯᠴᠠᠭᠰᠠᠳ ᠰᠠᠨᠠᠯ ᠢᠶᠠᠨ ᠲᠤᠷᠠᠳᠬᠤ ᠪᠤᠯᠪᠠᠤ᠃ | | | | ᠨᠢᠭᠡ᠂ 2014 ᠤᠨ ᠤ ᠠᠵᠢᠯ ᠤᠨ ᠡᠷᠬᠢᠴᠡᠬᠦᠯᠦᠯ | | | | 2014 ᠤᠨ ᠪᠤᠯ ᠰᠢᠨ᠎ᠡ ᠵᠠᠭᠤᠨ ᠡᠷᠡᠨ ᠠᠴᠠ ᠨᠠᠰᠢᠬᠢ ᠮᠠᠨ ᠤ ᠬᠤᠰᠢᠭᠤᠨ ᠤ ᠠᠵᠦ ᠠᠬᠤᠢ ᠶᠢ | ᠬᠦᠭᠵᠢᠬᠦᠯᠬᠦ ᠳᠤ ᠬᠠᠮᠤᠭ ᠠᠴᠠ ᠬᠦᠴᠢᠷᠳᠡᠭᠰᠡᠨ ᠪᠦᠭᠡᠳ ᠡᠳ᠋ ᠤᠨ ᠵᠠᠰᠠᠭ ᠤᠨ ᠤᠷᠤᠯᠭ᠎ᠠ ᠵᠠᠷᠤᠯᠭ᠎ᠠ ᠶᠢᠨ | ᠵᠦᠷᠢᠴᠡᠯ ᠬᠠᠮᠤᠭ ᠤᠨ ᠲᠤᠪᠤᠶᠢᠮ᠎ᠠ ᠨᠢᠭᠡ ᠵᠢᠯ ᠪᠤᠯᠤᠨ᠎ᠠ᠂ ᠪᠠᠰᠠᠴᠦ ᠪᠦᠬᠦ ᠬᠤᠰᠢᠭᠤᠨ ᠤ ᠠᠷᠠᠳ ᠲᠦᠮᠡᠨ | ᠡᠷᠡᠯᠬᠡᠭᠯᠡᠨ ᠲᠡᠮᠡᠴᠡᠵᠦ᠂ ᠬᠦᠴᠢᠷ ᠪᠡᠷᠭᠡ ᠶᠢ ᠬᠠᠮᠳᠤᠪᠡᠷ ᠢᠯᠠᠭᠰᠠᠨ ᠨᠢᠭᠡ ᠵᠢᠯ ᠪᠤᠯᠤᠨ᠎ᠠ᠃ ᠵᠠᠬ᠎ᠠ ᠳᠡᠯᠭᠡᠭᠦᠷ ᠤᠨ | ᠭᠡᠷᠡᠭᠴᠡᠭᠡ ᠱᠠᠭᠠᠷᠳᠠᠯᠭ᠎ᠠ ᠶᠢ ᠵᠤᠯᠭᠠᠭᠤᠯᠤᠭᠰᠠᠨ ᠢᠶᠠᠷ ᠬᠦᠢᠴᠡᠳ ᠦᠬᠡᠢ᠂ ᠬᠤᠷᠸ᠎ᠠ ᠲᠤᠬᠢᠷᠠᠭᠤᠯᠭ᠎ᠠ ᠶᠢᠨ ᠠᠵᠦ | ᠠᠬᠤᠢ ᠶᠢᠨ ᠲᠤᠷᠤᠭᠰᠢᠯᠠᠯᠳᠠ ᠶᠢᠨ ᠲᠠᠷᠤᠭᠠᠰᠦ ᠬᠦᠨᠳᠦᠷᠡᠭᠰᠡᠨ ᠵᠡᠷᠭᠡ ᠬᠦᠨᠳᠦ ᠰᠦᠷᠡᠬᠡᠢ ᠪᠠᠶᠢᠳᠠᠯ ᠳᠤᠤᠷ᠎ᠠ᠂ ᠪᠢᠳᠡ | ᠬᠤᠳᠠ ᠶᠢᠨ ᠨᠠᠮ ᠤᠨ ᠬᠤᠷᠢᠶ᠎ᠠ᠂ ᠵᠠᠰᠠᠭ ᠤᠨ ᠤᠷᠳᠤᠨ ᠪᠤᠯᠤᠨ ᠬᠤᠰᠢᠭᠤᠨ ᠤ ᠨᠠᠮ ᠤᠨ ᠬᠤᠷᠢᠶ᠎ᠠ ᠶᠢᠨ ᠪᠠᠳᠦ | ᠴᠢᠩᠭ᠎ᠠ ᠤᠳᠤᠷᠢᠳᠤᠯᠭ᠎ᠠ ᠲᠤᠤᠷ᠎ᠠ᠂ ᠨᠠᠮ ᠤᠨ ᠤᠯᠠᠨ ᠲᠦᠮᠡᠨᠴᠢ ᠱᠤᠭᠤᠮ ᠤᠨ ᠬᠦᠮᠦᠵᠢᠯ ᠦᠢᠯᠡᠳᠦᠯᠭᠡ ᠶᠢᠨ | ᠠᠵᠢᠯᠯᠠᠭ᠎ᠠ ᠶᠢ ᠯᠠᠪᠳᠠᠭᠤᠨ ᠪᠠᠳᠤᠳᠠᠢ ᠦᠷᠨᠢᠬᠦᠯᠦᠨ᠂ ᠬᠤᠷᠸ᠎ᠠ ᠲᠤᠬᠢᠷᠠᠭᠤᠯᠭ᠎ᠠ ᠶᠢᠨ ᠠᠵᠦ ᠠᠬᠤᠢ ᠶᠢᠨ ᠲᠦᠷᠦ ᠶᠢᠨ | ᠪᠤᠳᠤᠯᠭ᠎ᠠ ᠶᠢ ᠨᠠᠷᠢᠨ ᠬᠢᠨᠠᠮᠠᠭᠠᠢ ᠨᠠᠶᠢᠳᠠᠪᠦᠷᠢᠵᠢᠭᠤᠯᠵᠦ᠂ ᠠᠵᠦ ᠠᠬᠤᠢ ᠶᠢᠨ ᠲᠤᠭᠳᠠᠭᠤᠨ ᠪᠦᠭᠡᠳ ᠨᠡᠯᠢᠶᠡᠳ | ᠲᠦᠷᠭᠡᠨ ᠬᠦᠭᠵᠢᠯᠳᠡ ᠶᠢ ᠪᠠᠳᠤᠯᠠᠬᠤ ᠶᠠᠪᠤᠳᠠᠯ ᠢᠶᠠᠷ ᠵᠠᠰᠠᠭ ᠤᠨ ᠤᠷᠳᠤᠨ ᠤ ᠠᠵᠢᠯ ᠤᠨ ᠲᠡᠷᠢᠬᠦᠨ ᠴᠢᠬᠤᠯᠠ | ᠡᠭᠦᠷᠭᠡ ᠪᠤᠯᠭᠠᠨ᠂ ᠲᠦᠭᠰᠢᠬᠦᠷᠢ ᠶᠢᠨ ᠲᠤᠮᠳᠠ ᠠᠴᠠ ᠠᠵᠠ ᠲᠤᠬᠢᠶᠠᠯ ᠡᠷᠢᠵᠦ᠂ ᠬᠦᠴᠢᠷ ᠪᠡᠷᠭᠡ ᠶᠢ ᠰᠦᠷᠦᠨ | ᠤᠷᠤᠭᠰᠢᠯᠠᠵᠦ᠂ ᠠᠷᠪᠠᠨ ᠲᠦᠷᠪᠡᠳᠦᠭᠡᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ | ᠭᠤᠷᠪᠠᠳᠤᠭᠠᠷ ᠤᠳᠠᠭᠠᠨ ᠤ ᠬᠤᠷᠠᠯ ᠳᠤ ᠲᠤᠷᠠᠳᠤᠭᠰᠠᠨ ᠭᠤᠤᠯ ᠬᠠᠷᠠᠯᠳᠠ ᠡᠭᠦᠷᠭᠡ ᠶᠢ ᠦᠨᠳᠦᠰᠦᠨ ᠳᠡᠭᠡᠨ | ᠪᠡᠶᠡᠯᠡᠬᠦᠯᠪᠡ᠃ | — — ᠠᠵᠦ ᠠᠬᠤᠢ ᠶᠢᠨ ᠪᠦᠳᠦᠴᠡ ᠨᠡᠩ ᠰᠢᠯᠢᠳᠡᠭᠵᠢᠪᠡ᠃ ᠪᠦᠬᠦ ᠬᠤᠰᠢᠭᠤᠨ ᠤ ᠤᠷᠤᠨ ᠨᠤᠲᠤᠭ ᠤᠨ | ᠦᠢᠯᠡᠳᠪᠦᠷᠢᠯᠡᠯ ᠤᠨ ᠶᠡᠷᠦᠩᠭᠡᠢ ᠦᠷᠲᠡᠭ ᠢ 77.1 ᠳ᠋ᠦᠩᠰᠢᠭᠤᠷ ᠲᠦᠬᠦᠷᠢᠭ ᠪᠡᠶᠡᠯᠡᠬᠦᠯᠵᠦ᠂ 8.3% ᠪᠠᠷ | ᠨᠡᠮᠡᠭᠳᠡᠪᠡ᠃ ᠡᠭᠦᠨ ᠳᠤ᠂ ᠨᠢᠭᠡᠳᠦᠭᠡᠷ ᠠᠵᠦ ᠦᠢᠯᠡᠰ ᠤᠨ ᠨᠡᠮᠡᠭᠳᠡᠯ ᠦᠷᠲᠡᠭ ᠢ 4.8 ᠳ᠋ᠦᠩᠰᠢᠭᠤᠷ ᠲᠦᠬᠦᠷᠢᠭ | ᠪᠡᠶᠡᠯᠡᠬᠦᠯᠵᠦ᠂ 4.4% ᠪᠠᠷ ᠨᠡᠮᠡᠭᠳᠡᠪᠡ᠃ ᠬᠤᠶᠠᠳᠤᠭᠠᠷ ᠠᠵᠦ ᠦᠢᠯᠡᠰ ᠤᠨ ᠨᠡᠮᠡᠭᠳᠡᠯ ᠦᠷᠲᠡᠭ ᠢ 60.8 | ᠳ᠋ᠦᠩᠰᠢᠭᠤᠷ ᠲᠦᠬᠦᠷᠢᠭ ᠪᠡᠶᠡᠯᠡᠬᠦᠯᠵᠦ᠂ 8.5% ᠪᠠᠷ ᠨᠡᠮᠡᠭᠳᠡᠪᠡ ︵ᠡᠭᠦᠨ ᠳᠤ᠂ ᠠᠵᠦ ᠦᠢᠯᠡᠳᠪᠦᠷᠢ ᠶᠢᠨ ᠨᠡᠮᠡᠭᠳᠡᠯ | ᠦᠷᠲᠡᠭ ᠢ 59.5 ᠳ᠋ᠦᠩᠰᠢᠭᠤᠷ ᠲᠦᠬᠦᠷᠢᠭ ᠪᠡᠶᠡᠯᠡᠬᠦᠯᠵᠦ᠂ 8.6% ᠪᠠᠷ ᠨᠡᠮᠡᠭᠳᠡᠪᠡ︶᠃ ᠭᠤᠷᠪᠠᠳᠤᠭᠠᠷ ᠠᠵᠦ | ᠦᠢᠯᠡᠰ ᠤᠨ ᠨᠡᠮᠡᠭᠳᠡᠯ ᠦᠷᠲᠡᠭ ᠢ 11.5 ᠳ᠋ᠦᠩᠰᠢᠭᠤᠷ ᠲᠦᠬᠦᠷᠢᠭ ᠪᠡᠶᠡᠯᠡᠬᠦᠯᠵᠦ᠂ 8.8% ᠪᠠᠷ ᠨᠡᠮᠡᠭᠳᠡᠪᠡ᠃ | ᠭᠤᠷᠪᠠᠨ ᠠᠵᠦ ᠦᠢᠯᠡᠰ ᠤᠨ ᠪᠦᠳᠦᠴᠡ ᠶᠢᠨ ᠲᠤᠬᠢᠷᠠᠭᠤᠯᠤᠯᠳᠠ 6.2᠄ 78.9᠄ 14.9 ᠪᠤᠯᠪᠠ᠃ ᠤᠯᠠᠨ | ᠨᠡᠶᠢᠳᠡ ᠶᠢᠨ ᠡᠳ᠋ ᠤᠨ ᠵᠠᠰᠠᠭ ᠤᠨ ᠲᠦᠰᠦᠪ ᠤᠨ ᠤᠷᠤᠯᠭ᠎ᠠ ᠶᠢ 4.8 ᠳ᠋ᠦᠩᠰᠢᠭᠤᠷ ᠲᠦᠬᠦᠷᠢᠭ ᠪᠡᠶᠡᠯᠡᠬᠦᠯᠵᠦ᠂ 3. | 4% ᠪᠠᠷ ᠨᠡᠮᠡᠭᠳᠡᠪᠡ᠃ ᠨᠢᠭᠡᠴᠢ ᠦᠢᠯᠡᠳᠪᠦᠷᠢᠯᠡᠯ ᠤᠨ ᠶᠡᠷᠦᠩᠬᠡᠢ ᠦᠷᠲᠡᠭ ᠤᠨ ᠡᠨᠧᠷᠭᠢ ᠶᠢᠨ ᠬᠤᠷᠤᠭᠳᠠᠯ ᠪᠤᠯᠤᠨ | ᠭᠤᠤᠯ ᠪᠤᠬᠢᠷᠳᠤᠯ ᠪᠤᠳᠠᠰ ᠢ ᠭᠠᠳᠠᠭᠰᠢᠯᠠᠭᠤᠯᠬᠤ ᠵᠡᠷᠭᠡ ᠬᠦᠯᠢᠶᠡᠰᠦᠯᠡᠯ ᠤᠨ ᠴᠢᠨᠠᠷᠳᠠᠢ ᠬᠦᠢᠴᠡᠳᠭᠡᠬᠦ ᠲᠤᠭ᠎ᠠ ᠶᠢ | ᠪᠦᠬᠦ ᠳᠠᠯ᠎ᠠ ᠪᠠᠷ ᠪᠡᠶᠡᠯᠡᠬᠦᠯᠪᠡ᠃ | — — ᠪᠡᠯᠡ ᠤᠷᠤᠭᠤᠯᠤᠯᠳᠠ ᠪᠤᠯᠤᠨ ᠭᠡᠷᠡᠭᠯᠡᠭᠡ ᠬᠤᠶᠠᠷ ᠢ ᠵᠡᠷᠭᠡᠪᠡᠷ ᠴᠢᠩᠭ᠎ᠠ ᠠᠳᠬᠤᠪᠠ᠃ ᠪᠡᠯᠡ | ᠤᠷᠤᠭᠤᠯᠤᠯᠳᠠ ᠪᠤᠯᠤᠨ ᠭᠡᠷᠡᠭᠯᠡᠭᠡ ᠬᠤᠶᠠᠷ ᠤᠨ ᠬᠦᠴᠦᠨ ᠢ ᠲᠦᠪᠯᠡᠷᠡᠬᠦᠯᠵᠦ᠂ ᠪᠦᠬᠦ ᠵᠢᠯ ᠳᠤ ᠲᠤᠭᠳᠠᠮᠠᠯ ᠬᠦᠷᠦᠩᠭᠡ | ᠶᠢᠨ ᠪᠡᠯᠡ ᠤᠷᠤᠭᠤᠯᠤᠯᠳᠠ ᠶᠢ 37.1 ᠳ᠋ᠦᠩᠰᠢᠭᠤᠷ ᠲᠦᠬᠦᠷᠢᠭ ᠪᠡᠶᠡᠯᠡᠬᠦᠯᠵᠦ᠂ 38.6% ᠪᠠᠷ ᠨᠡᠮᠡᠭᠳᠡᠪᠡ᠃ | ᠨᠡᠶᠢᠬᠡᠮ ᠤᠨ ᠭᠡᠷᠡᠭᠯᠡᠭᠡᠨ ᠤ ᠳᠠᠸᠠᠷ ᠢ ᠵᠢᠵᠢᠭᠯᠡᠨ ᠪᠤᠷᠤᠯᠠᠭᠤᠯᠤᠭᠰᠠᠨ ᠶᠡᠷᠦᠩᠬᠡᠢ ᠲᠤᠭ᠎ᠠ 5.5 ᠳ᠋ᠦᠩᠰᠢᠭᠤᠷ | ᠲᠦᠬᠦᠷᠢᠭ ᠲᠤ ᠬᠦᠷᠴᠦ᠂ 10% ᠪᠠᠷ ᠨᠡᠮᠡᠭᠳᠡᠪᠡ᠃ | — — ᠠᠷᠠᠳ ᠤᠨ ᠠᠮᠢᠳᠤᠷᠠᠯ ᠴᠢᠨᠠᠭᠰᠢᠳᠠ ᠰᠠᠶᠢᠵᠢᠷᠠᠪᠠ᠃ ᠬᠤᠳᠠ ᠬᠦᠳᠡᠭᠡ ᠶᠢᠨ ᠰᠠᠭᠤᠭᠠᠯᠢ ᠠᠷᠠᠳ ᠤᠨ | ᠤᠷᠤᠯᠭ᠎ᠠ 22,834 ᠲᠦᠬᠦᠷᠢᠭ ᠪᠠ 15,671 ᠲᠦᠬᠦᠷᠢᠭ ᠲᠤ ᠬᠦᠷᠴᠦ᠂ ᠲᠤᠰᠪᠦᠷᠢ 9.6% ᠪᠠ 11.5% | ᠪᠠᠷ ᠨᠡᠮᠡᠭᠳᠡᠵᠦ᠂ ᠤᠷᠤᠨ ᠨᠤᠲᠤᠭ ᠤᠨ ᠦᠢᠯᠡᠳᠪᠦᠷᠢᠯᠡᠯ ᠤᠨ ᠶᠡᠷᠦᠩᠬᠡᠢ ᠦᠷᠲᠡᠭ ᠪᠤᠯᠤᠨ ᠡᠳ᠋ ᠤᠨ ᠵᠠᠰᠠᠭ ᠤᠨ | ᠤᠷᠤᠯᠭ᠎ᠠ ᠶᠢᠨ ᠨᠡᠮᠡᠭᠳᠡᠯ ᠤᠨ ᠬᠤᠷᠳᠤᠴᠡ ᠠᠴᠠ ᠪᠦᠷ ᠲᠦᠷᠭᠡᠨ ᠪᠤᠯᠪᠠ᠃ ᠨᠡᠶᠢᠭᠡᠮ ᠤᠨ ᠪᠠᠳᠤᠯᠠᠭ᠎ᠠ ᠶᠢᠨ ᠰᠢᠰᠲ᠋ᠧᠮ | ᠲᠠᠰᠤᠷᠠᠯᠳᠠ ᠦᠬᠡᠢ ᠳᠡᠬᠦᠯᠳᠡᠷᠵᠢᠵᠦ᠂ ᠰᠠᠭᠤᠭᠠᠯᠢ ᠠᠷᠠᠳ ᠤᠨ ᠨᠠᠰᠤᠵᠢᠯ᠂ ᠡᠮ ᠡᠮᠨᠡᠯᠭᠡ᠂ ᠠᠵᠢᠯ ᠠᠯᠳᠠᠬᠤ ᠪᠠ | ᠠᠵᠢᠯ ᠠᠴᠠ ᠪᠤᠯᠤᠭᠰᠠᠨ ᠬᠡᠮᠳᠦᠯ ᠵᠡᠷᠭᠡ ᠪᠠᠳᠤᠯᠠᠭ᠎ᠠ ᠶᠢᠨ ᠬᠢᠷᠢ ᠲᠦᠪᠰᠢᠨ ᠲᠠᠰᠤᠷᠠᠯᠳᠠ ᠦᠬᠡᠢ ᠲᠡᠭᠡᠭᠰᠢᠯᠡᠪᠡ᠃ | ᠦᠩᠭᠡᠷᠡᠭᠰᠡᠨ ᠨᠢᠭᠡ ᠵᠢᠯ ᠳᠤ᠂ ᠪᠢᠳᠡ ᠨᠡᠮᠡᠭᠳᠡᠯ ᠢ ᠪᠦᠬᠦ ᠬᠦᠴᠦᠨ ᠢᠶᠠᠷ ᠢᠶᠠᠨ ᠴᠢᠷᠮᠠᠶᠢᠨ ᠠᠬᠢᠭᠤᠯᠵᠦ᠂ | ᠠᠷᠠᠳ ᠤᠨ ᠠᠮᠢᠳᠤᠷᠠᠯ ᠢ ᠡᠷᠡᠰ ᠭᠤᠶᠢᠪᠢᠰᠢ ᠦᠬᠡᠢ ᠪᠠᠳᠤᠯᠠᠵᠦ᠂ ᠮᠠᠰᠢ ᠤᠯᠠᠨ ᠠᠵᠢᠯ ᠳᠤ ᠰᠢᠨ᠎ᠡ ᠰᠢᠪᠳᠤᠯᠤᠯᠳᠠ | ᠲᠠᠢ ᠪᠤᠯᠪᠠ᠃ | ︵ᠨᠢᠭᠡ︶ ᠮᠠᠯ ᠠᠮᠢ ᠠᠬᠤᠢ ᠶᠢᠨ ᠪᠤᠬᠢᠷᠳᠤᠯ ᠦᠬᠡᠢ ᠬᠦᠭᠵᠢᠯᠳᠡ ᠰᠢᠨ᠎ᠡ ᠰᠢᠪᠳᠤᠯᠤᠯᠳᠠ ᠲᠠᠢ ᠪᠤᠯᠪᠠ᠃ | ᠮᠠᠯᠵᠢᠬᠤ ᠦᠢᠯᠡᠳᠪᠦᠷᠢᠯᠡᠯ ᠤᠨ ᠬᠡᠯᠪᠡᠷᠢ ᠶᠢ ᠬᠤᠪᠢᠷᠠᠭᠤᠯᠤᠨ ᠲᠡᠰ ᠳᠡᠪᠰᠢᠬᠦᠯᠬᠦ ᠠᠵᠢᠯ ᠱᠠᠳᠤᠴᠢ ᠴᠢᠨᠠᠷᠳᠠᠢ ᠦᠷ᠎ᠡ | ᠪᠦᠳᠦᠮᠵᠢ ᠤᠯᠵᠦ᠂ ᠲᠡᠵᠢᠭᠡᠯ ᠡᠪᠡᠰᠦᠨ ᠤ ᠠᠵᠦ ᠦᠢᠯᠡᠰ ᠰᠢᠨ᠎ᠡ ᠰᠢᠪᠳᠤᠯᠤᠯᠳᠠ ᠲᠠᠢ ᠪᠤᠯᠪᠠ᠃ ᠰᠢᠨ᠎ᠡ ᠪᠠᠷ | 614 ᠲᠤᠭᠳᠠᠮᠠᠯ ᠬᠠᠰᠢᠶ᠎ᠠ ᠰᠠᠷᠠᠪᠴᠢ᠂ 1000 ᠲᠡᠭᠰᠢ ᠲᠦᠷᠪᠡᠯᠵᠢᠨ ᠮᠧᠲᠷ ᠤᠨ ᠪᠠᠷᠢᠮᠵᠢᠶᠠᠵᠢᠭᠰᠡᠨ ᠲᠤᠮᠤ | ᠬᠡᠯᠪᠡᠷᠢ ᠶᠢᠨ ᠡᠪᠡᠰᠦ ᠬᠠᠳᠠᠭᠠᠯᠠᠬᠤ ᠬᠦᠮᠦᠷᠭᠡ ᠶᠢ 10᠂ 500 ᠲᠡᠭᠰᠢ ᠲᠦᠷᠪᠡᠯᠵᠢᠨ ᠮᠧᠲᠷ ᠤᠨ ᠡᠪᠡᠰᠦ | ᠬᠠᠳᠠᠭᠠᠯᠠᠬᠤ ᠬᠦᠮᠦᠷᠭᠡ ᠶᠢ 19 ᠪᠠᠶᠢᠭᠤᠯᠵᠦ᠂ 500 ᠲᠦᠮᠡᠨ ᠲᠦᠬᠦᠷᠢᠭ ᠤᠨ ᠪᠡᠯᠡ ᠤᠷᠤᠭᠤᠯᠵᠦ᠂ ᠪᠠᠴᠢᠮ | ᠪᠠᠶᠢᠳᠠᠯ ᠢ ᠠᠷᠭᠠᠴᠠᠬᠤ ᠲᠡᠵᠢᠭᠡᠯ ᠡᠪᠡᠰᠦ ᠬᠠᠳᠠᠭᠠᠯᠠᠬᠤ ᠰᠠᠭᠤᠷᠢ ᠮᠦᠩᠬᠦ ᠪᠠᠶᠢᠭᠤᠯᠵᠦ᠂ ᠬᠤᠰᠢᠭᠤ᠂ ᠰᠤᠮᠤ᠂ ᠭᠠᠴᠠᠭ᠎ᠠ | ᠭᠤᠷᠪᠠᠨ ᠱᠠᠳᠤᠨ ᠤ ᠭᠠᠮᠰᠢᠭ ᠢ ᠡᠰᠡᠷᠬᠦᠴᠡᠬᠦ ᠰᠢᠰᠲ᠋ᠧᠮ ᠢ ᠪᠠᠶᠢᠭᠤᠯᠪᠠ᠃ ᠪᠡᠯᠴᠢᠭᠡᠷᠯᠡᠬᠦ ᠶᠢ ᠵᠤᠭᠰᠤᠭᠠᠨ ᠨᠤᠲᠤᠭ | ᠪᠡᠯᠴᠢᠭᠡᠷ ᠢ ᠰᠡᠷᠭᠦᠭᠡᠬᠦ᠂ ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠨᠦᠬᠦᠪᠦᠷᠢ᠂ ᠡᠬᠦᠯᠳᠡᠷ ᠤᠨ ᠬᠤᠨᠢᠨ ᠤ | ᠨᠦᠬᠦᠪᠦᠷᠢ ᠵᠡᠷᠭᠡ ᠠᠷᠠᠳ ᠤᠨ ᠠᠮᠢᠳᠤᠷᠠᠯ ᠢ ᠬᠠᠷᠠᠭᠠᠯᠵᠠᠨ ᠮᠠᠯᠴᠢᠳ ᠲᠤ ᠬᠠᠷᠠᠭᠠᠯᠵᠠᠯ ᠦᠵᠡᠬᠦᠯᠬᠦ ᠲᠦᠷᠦᠯ ᠵᠦᠢᠯ | ᠢ ᠨᠠᠶᠢᠳᠠᠪᠦᠷᠢᠵᠢᠭᠤᠯᠵᠦ᠂ ᠨᠤᠲᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠳᠠ ᠶᠢᠨ ᠨᠦᠬᠦᠪᠦᠷᠢᠯᠡᠨ ᠱᠠᠩᠨᠠᠬᠤ | ᠪᠡᠯᠡ ᠮᠦᠩᠬᠦ ᠶᠢ 1.56 ᠳ᠋ᠦᠩᠰᠢᠭᠤᠷ ᠲᠦᠬᠦᠷᠢᠭ ᠲᠠᠷᠬᠠᠭᠠᠪᠠ᠃ ᠮᠠᠯᠵᠢᠬᠤ ᠦᠢᠯᠡᠳᠪᠦᠷᠢᠯᠡᠯ ᠤᠨ ᠲᠦᠷᠦᠯ ᠵᠦᠢᠯ | ᠪᠤᠯᠤᠨ ᠲᠦᠷᠦ ᠶᠢᠨ ᠪᠤᠳᠤᠯᠭ᠎ᠠ ᠶᠢᠨ ᠰᠠᠭᠤᠷᠢ ᠪᠠᠬᠢᠵᠢᠪᠡ᠃ ᠭᠡᠷ ᠪᠦᠯᠢ ᠶᠢᠨ ᠮᠠᠯᠵᠢᠯ ᠤᠨ ᠳᠠᠯᠠᠪᠠᠢ ᠶᠢᠨ | ᠬᠦᠭᠵᠢᠯᠳᠡ ᠶᠢᠨ ᠭᠡᠯᠪᠡᠷᠢ ᠶᠢ ᠢᠳᠡᠪᠬᠢᠳᠠᠢ ᠰᠦᠪᠡᠭᠴᠢᠯᠡᠵᠦ᠂ ᠡᠯ᠎ᠡ ᠲᠦᠷᠦᠯ ᠤᠨ ᠲᠤᠰᠬᠠᠢ ᠬᠤᠷᠰᠢᠶᠠᠵᠢᠯ ᠢ 102 | ᠪᠠᠶᠢᠭᠤᠯᠪᠠ᠃ ︽ᠬᠢᠯᠢ ᠬᠢᠵᠠᠭᠠᠷ ᠢᠶᠠᠨ ᠮᠠᠨᠳᠤᠭᠤᠯᠤᠨ ᠠᠷᠠᠳ ᠢ ᠪᠠᠶᠠᠵᠢᠭᠤᠯᠬᠤ︾ ᠪᠡᠯᠡ ᠮᠦᠩᠬᠦ ᠶᠢ 1,200 | ᠲᠦᠮᠡᠨ ᠲᠦᠬᠦᠷᠢᠭ ᠤᠯᠪᠠ᠃ 600 ᠲᠦᠮᠡᠨ ᠲᠦᠬᠦᠷᠢᠭ ᠤᠨ ᠪᠡᠯᠡ ᠤᠷᠤᠭᠤᠯᠵᠦ᠂ ᠠᠮᠢ ᠠᠬᠤᠢ ᠶᠢᠨ ᠤᠷᠴᠢᠨ | ᠲᠤᠭᠤᠷᠢᠨ ᠤ ᠬᠠᠮᠠᠭᠠᠯᠠᠯᠳᠠ ᠶᠢᠨ ᠨᠡᠬᠦᠳᠡᠯᠯᠡᠨ ᠬᠤᠨᠤᠭᠯᠠᠬᠤ ᠭᠡᠷ᠂ ᠤᠷᠭᠠᠨᠢᠭ ᠬᠤᠨᠢ ᠲᠡᠵᠢᠭᠡᠨ ᠦᠷᠡᠵᠢᠬᠦᠯᠬᠦ ᠵᠡᠷᠭᠡ | 5 ᠲᠦᠷᠦᠯ ᠵᠦᠢᠯ ᠢ ᠭᠡᠷᠡᠭᠵᠢᠬᠦᠯᠪᠡ᠃ ᠨᠤᠲᠤᠭ ᠪᠡᠯᠴᠢᠭᠡᠷ ᠢ ᠡᠷᠬᠢᠯᠳᠦᠬᠦᠯᠬᠦ ᠶᠢ ᠵᠤᠬᠢᠰᠳᠠᠢ ᠠᠬᠢᠭᠤᠯᠵᠦ᠂ ᠨᠤᠲᠤᠭ | ᠪᠡᠯᠴᠢᠭᠡᠷ ᠤᠨ ᠭᠡᠷᠡᠭᠯᠡᠬᠦ ᠡᠷᠭᠡ ᠶᠢ ᠳᠤᠳᠤᠷᠬᠠᠶᠢᠯᠠᠨ ᠲᠠᠭᠠᠭᠠᠴᠢᠯᠠᠭᠤᠯᠬᠤ ᠲᠤᠷᠰᠢᠯᠳᠠ ᠶᠢᠨ ᠴᠡᠭ ᠤᠨ ᠠᠵᠢᠯ ᠢ | ᠪᠦᠬᠦ ᠳᠠᠯ᠎ᠠ ᠪᠠᠷ ᠦᠷᠨᠢᠬᠦᠯᠪᠡ᠃ ᠮᠠᠯᠵᠢᠬᠤ ᠦᠢᠯᠡᠳᠪᠦᠷᠢᠯᠡᠯ ᠤᠨ ᠠᠵᠦ ᠦᠢᠯᠡᠰᠵᠢᠯᠳᠡ ᠶᠢᠨ ᠠᠬᠢᠴᠠ ᠶᠢ | ᠲᠦᠷᠭᠡᠳᠭᠡᠵᠦ᠂ ᠪᠤᠬᠢᠷᠳᠤᠯ ᠦᠬᠡᠢ ᠮᠠᠯ ᠤᠨ ᠠᠰᠢᠭ ᠰᠢᠮ᠎ᠡ ᠶᠢ ᠦᠢᠯᠡᠳᠪᠦᠷᠢᠯᠡᠨ ᠪᠤᠷᠤᠯᠠᠭᠤᠯᠵᠦ ᠡᠳ᠋ᠰᠢᠬᠦᠯᠬᠦ | ᠰᠠᠭᠤᠷᠢᠨ ᠭᠠᠵᠠᠷ ᠢ ᠪᠦᠬᠦ ᠳᠠᠯ᠎ᠠ ᠪᠠᠷ ᠪᠠᠶᠢᠭᠤᠯᠵᠦ᠂ ᠮᠠᠯ ᠤᠨ ᠲᠤᠭ᠎ᠠ 125 ᠲᠦᠮᠡᠨ ᠲᠤᠯᠤᠭᠠᠢ ᠳᠤ ᠬᠦᠷᠴᠦ᠂ | ᠠᠵᠦ ᠦᠢᠯᠡᠰᠵᠢᠭᠰᠡᠨ ᠡᠵᠡᠩᠨᠡᠯᠳᠡ ᠳᠤ 9,625 ᠲᠦᠮᠡᠨ ᠲᠦᠬᠦᠷᠢᠭ ᠤᠨ ᠪᠤᠷᠤᠯᠠᠭᠤᠯᠤᠯᠳᠠ ᠶᠢᠨ ᠤᠷᠤᠯᠭ᠎ᠠ ᠶᠢ | ᠪᠡᠶᠡᠯᠡᠬᠦᠯᠵᠦ᠂ ᠮᠠᠯ ᠤᠨ ᠠᠰᠢᠭ ᠰᠢᠮ᠎ᠡ ᠶᠢᠨ ᠵᠢᠯ ᠤᠨ ᠪᠤᠯᠪᠠᠰᠤᠷᠠᠭᠤᠯᠤᠯᠳᠠ ᠶᠢᠨ ᠬᠡᠮᠵᠢᠶ᠎ᠡ 1865 ᠲᠤᠨ ᠳᠤ | ᠬᠦᠷᠪᠡ᠃ ᠦᠪᠡᠷᠲᠡᠭᠡᠨ ᠵᠠᠰᠠᠬᠤ ᠤᠷᠤᠨ ᠤ ᠳᠡᠰ ᠤᠨ ᠠᠮᠢ ᠠᠬᠤᠶᠢᠴᠢ ᠬᠤᠰᠢᠭᠤ ᠶᠢ ᠡᠭᠦᠳᠦᠨ ᠪᠠᠶᠢᠭᠤᠯᠪᠠ᠃ | ᠠᠶᠦᠯᠬᠦᠢ ᠤᠰᠤ ᠤᠮᠳᠠ ᠶᠢᠨ ᠢᠨᠵᠧᠨᠧᠷᠢᠩ ᠢ ᠭᠡᠷᠡᠭᠵᠢᠬᠦᠯᠵᠦ᠂ ᠲᠦᠪᠯᠡᠷᠡᠬᠦᠯᠦᠨ ᠤᠰᠤ ᠬᠠᠩᠭᠠᠬᠤ ᠢᠨᠵᠧᠨᠧᠷᠢᠩ ᠢ | 9 ᠪᠠᠶᠢᠭᠤᠯᠵᠦ᠂ ᠰᠢᠨ᠎ᠡ ᠪᠠᠷ 100 ᠮᠠᠰᠢᠨ ᠴᠠᠬᠢᠯᠭᠠᠨ ᠬᠤᠳᠳᠤᠭ ᠮᠠᠯᠳᠠᠵᠦ᠂ ᠭᠡᠷ ᠲᠤ ᠭᠡᠷᠡᠭᠯᠡᠬᠦ ᠬᠦᠳᠡᠯᠭᠡᠭᠴᠢ | ᠬᠦᠴᠦᠨ ᠦᠬᠡᠢ ᠤᠰᠤ ᠰᠢᠢᠳᠪᠦᠷᠢᠯᠡᠬᠦ ᠲᠦᠬᠦᠭᠡᠷᠦᠮᠵᠢ ᠶᠢ 294 ᠲᠠᠷᠬᠠᠭᠠᠨ᠂ 6070 ᠬᠦᠮᠦᠨ᠂ 15.2 ᠲᠦᠮᠡᠨ | ᠲᠤᠯᠤᠭᠠᠢ ᠮᠠᠯ ᠤᠨ ᠠᠶᠦᠯᠬᠦᠢ ᠤᠰᠤ ᠤᠮᠳᠠ ᠶᠢᠨ ᠠᠰᠠᠭᠤᠳᠠᠯ ᠢ ᠰᠢᠨ᠎ᠡ ᠪᠠᠷ ᠰᠢᠢᠳᠪᠦᠷᠢᠯᠡᠪᠡ᠃ 1,261 | ᠲᠦᠮᠡᠨ ᠲᠦᠬᠦᠷᠢᠭ ᠤᠨ ᠪᠡᠯᠡ ᠤᠷᠤᠭᠤᠯᠵᠦ᠂ ᠠᠮᠢ ᠠᠬᠤᠢ ᠭᠡᠪᠡᠷᠡᠭ ᠭᠠᠵᠠᠷ ᠤᠷᠤᠨ ᠤ ᠠᠷᠠᠳ ᠢ ᠨᠡᠬᠦᠯᠭᠡᠨ | ᠶᠠᠳᠠᠭᠤ ᠶᠢ ᠳᠡᠳᠬᠦᠬᠦ ᠲᠦᠷᠦᠯ ᠵᠦᠢᠯ ᠢ ᠭᠡᠷᠡᠭᠵᠢᠬᠦᠯᠪᠡ᠃ ᠤᠢ ᠰᠢᠭᠤᠢ ᠶᠢᠨ ᠠᠮᠢ ᠠᠬᠤᠢ ᠶᠢᠨ ᠵᠢᠱᠢᠶ᠎ᠡ | ᠦᠵᠡᠬᠦᠯᠬᠦ ᠬᠦᠷᠢᠶᠡᠯᠡᠩ ᠤᠨ ᠪᠦᠲᠦᠭᠡᠨ ᠪᠠᠶᠢᠭᠤᠯᠤᠯᠳᠠ ᠶᠢ ᠲᠦᠯᠬᠢᠨ ᠠᠬᠢᠭᠤᠯᠵᠦ᠂ 90 ᠲᠦᠮᠡᠨ ᠴᠢᠬᠢ ᠮᠤᠳᠦ | ᠵᠠᠶᠢᠯᠠᠪᠠ᠃ ᠨᠡᠶᠢᠳᠡ ᠶᠢᠨ ᠠᠰᠠᠷᠠᠮᠵᠢ ᠶᠢᠨ ᠤᠢ ᠶᠢᠨ ᠨᠦᠬᠦᠪᠦᠷᠢ ᠮᠦᠩᠬᠦ ᠶᠢ 315 ᠲᠦᠮᠡᠨ ᠲᠦᠬᠦᠷᠢᠭ | ᠲᠠᠷᠬᠠᠭᠠᠪᠠ᠃ ᠡᠯᠡᠰᠦᠷᠭᠡᠭ ᠤᠷᠤᠨ ᠢ ᠶᠡᠷᠦᠩᠬᠡᠶᠢᠯᠡᠨ ᠵᠠᠰᠠᠬᠤ ᠢᠨᠵᠧᠨᠧᠷᠢᠩ ᠢ 11.9 ᠲᠦᠮᠡᠨ ᠮᠦ ᠪᠡᠶᠡᠯᠡᠬᠦᠯᠵᠦ᠂ | ᠮᠠᠯᠵᠢᠬᠤ ᠦᠢᠯᠡᠳᠪᠦᠷᠢᠯᠡᠯ ᠡᠯᠪᠡᠭ ᠬᠤᠷᠢᠶᠠᠯᠳᠠ ᠤᠯᠵᠦ᠂ ᠲᠠᠯ᠎ᠠ ᠨᠤᠲᠤᠭ ᠨᠡᠩ ᠭᠤᠸ᠎ᠠ ᠦᠵᠡᠰᠬᠦᠯᠡᠩ ᠪᠤᠯᠪᠠ᠃ | ︵ᠬᠤᠶᠠᠷ︶ ᠠᠵᠦ ᠦᠢᠯᠡᠳᠪᠦᠷᠢ ᠶᠢ ᠲᠡᠰ ᠳᠡᠪᠰᠢᠬᠦᠯᠵᠦ ᠦᠭᠡᠷᠡᠴᠢᠯᠡᠨ ᠰᠠᠶᠢᠵᠢᠷᠠᠭᠤᠯᠬᠤ ᠠᠵᠢᠯ ᠰᠢᠨ᠎ᠡ | ᠰᠢᠪᠳᠤᠯᠤᠯᠳᠠ ᠲᠠᠢ ᠪᠤᠯᠪᠠ᠃ ᠦᠢᠯᠡᠳᠪᠦᠷᠢ ᠠᠭᠤᠷᠬᠠᠢ ᠶᠢᠨ ᠦᠢᠯᠡᠳᠬᠦᠨ ᠤ ᠦᠨ᠎ᠡ ᠬᠠᠩᠰᠢ ᠶᠢᠨ ᠦᠰᠦᠯᠳᠡ | ᠪᠠᠷᠤᠭᠳᠠᠢ ᠪᠠᠶᠢᠬᠤ ᠠᠰᠢᠭ ᠦᠬᠡᠢ ᠪᠠᠶᠢᠳᠠᠯ ᠲᠤᠤᠷ᠎ᠠ᠂ ᠪᠢᠳᠡ ︽ᠲᠤᠯᠤᠭᠠᠨ ᠬᠡᠯᠪᠡᠷᠢ︾ ᠶᠢᠨ ᠠᠭᠤᠷᠬᠠᠢ① ᠶᠢ | ᠪᠠᠶᠢᠭᠤᠯᠬᠤ ᠪᠠᠷ ᠭᠠᠷᠳᠠᠬᠤ ᠴᠡᠭ ᠪᠤᠯᠭᠠᠵᠦ᠂ ᠠᠵᠦ ᠠᠬᠤᠶᠢᠯᠠᠯ ᠢ ᠬᠦᠳᠦᠯᠦᠨ ᠵᠢᠯᠤᠭᠤᠳᠴᠦ᠂ ᠬᠦᠴᠢᠷ ᠪᠡᠷᠭᠡᠰᠢᠶᠡᠯ | ᠤᠨ ᠲᠤᠮᠳᠠ ᠠᠴᠠ ᠬᠤᠳᠠᠯᠳᠤᠭᠠᠨ ᠤ ᠠᠵᠠ ᠲᠤᠬᠢᠶᠠᠯ ᠢ ᠡᠷᠢᠨ᠂ ᠠᠵᠦ ᠠᠬᠤᠶᠢᠯᠠᠯ ᠤᠨ ᠦᠢᠯᠡᠳᠪᠦᠷᠢᠯᠡᠯ | ᠡᠵᠡᠩᠨᠡᠯᠳᠡ ᠶᠢᠨ ᠬᠦᠴᠢᠷ ᠠᠰᠠᠭᠤᠳᠠᠯ ᠢ ᠴᠢᠷᠮᠠᠶᠢᠨ ᠰᠢᠢᠳᠪᠦᠷᠢᠯᠡᠵᠦ᠂ ᠬᠦᠴᠢᠷ ᠪᠡᠷᠭᠡᠰᠢᠶᠡᠯ ᠤᠨ ᠲᠤᠮᠳᠠ ᠠᠵᠦ | ᠦᠢᠯᠡᠳᠪᠦᠷᠢ ᠶᠢᠨ ᠲᠤᠭᠳᠠᠭᠤᠨ ᠨᠡᠮᠡᠭᠳᠡᠯ ᠢ ᠪᠡᠶᠡᠯᠡᠬᠦᠯᠪᠡ᠃ ᠭᠤᠤᠯᠳᠠᠯᠭ᠎ᠠ ᠲᠠᠢ ᠲᠦᠷᠦᠯ ᠵᠦᠢᠯ ᠢ ᠲᠦᠷᠭᠡᠳᠭᠡᠨ | ᠠᠬᠢᠭᠤᠯᠵᠦ᠂ ᠡᠾᠧ ᠢ ᠰᠠᠯᠬᠢᠨ ᠬᠦᠴᠦᠨ ᠤ ᠰᠢᠨ᠎ᠡ ᠨᠢᠭᠡ ᠦᠶ᠎ᠡ ᠶᠢᠨ ᠰᠠᠯᠬᠢ ᠨᠠᠷᠠᠨ ᠤ ᠭᠡᠷᠡᠯ ᠢ ᠬᠠᠷᠢᠯᠴᠠᠨ | ᠨᠦᠬᠦᠪᠦᠷᠢᠯᠡᠨ ᠴᠠᠬᠢᠯᠭᠠᠨ ᠭᠠᠷᠭᠠᠬᠤ ᠲᠦᠬᠦᠭᠡᠷᠦᠮᠵᠢ ᠶᠢᠨ ᠲᠦᠷᠦᠯ ᠵᠦᠢᠯ ᠤᠨ ᠦᠯᠢᠭᠡᠷ ᠮᠠᠰᠢᠨ ᠤᠭᠰᠠᠷᠠᠬᠤ | ᠲᠤᠷᠰᠢᠯᠳᠠ ᠶᠢ ᠪᠡᠶᠡᠯᠡᠬᠦᠯᠵᠦ᠂ ᠯᠦᠩ ᠯᠢ ᠶᠤᠸᠠᠨ ᠴᠠᠬᠢᠭᠤᠷ ᠴᠢᠯᠠᠭᠤᠨ ᠤ ᠠᠭᠤᠷᠬᠠᠢ ᠶᠢ ᠨᠡᠭᠡᠭᠡᠨ ᠠᠰᠢᠭᠯᠠᠬᠤ | ᠲᠦᠷᠦᠯ ᠵᠦᠢᠯ ᠰᠢᠨ᠎ᠡ ᠰᠢᠪᠳᠤᠯᠤᠯᠳᠠ ᠶᠢ ᠪᠡᠶᠡᠯᠡᠬᠦᠯᠵᠦ᠂ ᠬᠠᠶᠢᠷᠬᠠᠨ ᠲᠤᠭᠤᠯᠭ᠎ᠠ ᠴᠠᠶᠢᠷ ᠤᠨ ᠠᠭᠤᠷᠬᠠᠢ ᠶᠢᠨ | ᠲᠦᠷᠦᠯ ᠵᠦᠢᠯ ᠢ ᠲᠤᠭᠳᠠᠭᠤᠨ ᠢᠶᠠᠷ ᠠᠬᠢᠭᠤᠯᠵᠦ᠂ ᠵᠦᠩ ᠶᠢᠨ ᠵᠡᠰ ᠤᠨ ᠦᠢᠯᠡᠰ ᠤᠨ ᠤᠯᠠᠨ ᠲᠡᠮᠦᠷᠯᠢᠭ ᠤᠨ | ᠠᠭᠤᠷᠬᠠᠢ ᠶᠢ ᠠᠯᠬᠤᠮ ᠬᠤᠪᠢᠶᠠᠨ ᠡᠭᠡᠬᠦᠯᠦᠨ ᠠᠪᠴᠦ ᠶᠡᠷᠦᠩᠬᠡᠶᠢᠯᠡᠨ ᠠᠰᠢᠭᠯᠠᠬᠤ ᠲᠦᠷᠦᠯ ᠵᠦᠢᠯ ᠤᠨ ᠡᠯ᠎ᠡ | ᠵᠦᠢᠯ ᠤᠨ ᠡᠮᠦᠨᠡᠬᠢ ᠬᠤᠭᠤᠴᠠᠭᠠᠨ ᠤ ᠠᠵᠢᠯ ᠱᠠᠳᠦᠴᠢ ᠴᠢᠨᠠᠷᠳᠠᠢ ᠦᠷ᠎ᠡ ᠪᠦᠳᠦᠮᠵᠢ ᠤᠯᠪᠠ᠃ ᠪᠦᠬᠦ ᠵᠢᠯ ᠳᠤ 16 | ᠭᠤᠤᠯᠳᠠᠯᠭ᠎ᠠ ᠲᠠᠢ ᠲᠦᠷᠦᠯ ᠵᠦᠢᠯ ᠢ ᠠᠵᠢᠯ ᠡᠬᠢᠯᠡᠬᠦᠯᠵᠦ᠂ ᠠᠵᠦ ᠦᠢᠯᠡᠳᠪᠦᠷᠢ ᠶᠢᠨ ᠲᠤᠭᠳᠠᠮᠠᠯ ᠬᠦᠷᠦᠩᠭᠡ ᠶᠢᠨ | ᠪᠡᠯᠡ ᠤᠷᠤᠭᠤᠯᠤᠯᠳᠠ ᠶᠢ 9.9 ᠳ᠋ᠦᠩᠰᠢᠭᠤᠷ ᠲᠦᠬᠦᠷᠢᠭ ᠪᠡᠶᠡᠯᠡᠬᠦᠯᠪᠡ᠃ ᠬᠡᠪᠴᠢᠶᠡᠵᠢᠯ ᠠᠴᠠ ᠲᠡᠭᠡᠭᠰᠢᠬᠢ ᠠᠵᠦ | ᠦᠢᠯᠡᠳᠪᠦᠷᠢ ᠶᠢᠨ ᠠᠵᠦ ᠠᠬᠤᠶᠢᠯᠠᠯ ᠤᠨ ᠶᠡᠷᠦᠩᠬᠡᠢ ᠦᠢᠯᠡᠳᠬᠦᠨ ᠤ ᠦᠷᠲᠡᠭ ᠢ 89.9 ᠳ᠋ᠦᠩᠰᠢᠭᠤᠷ ᠲᠦᠬᠦᠷᠢᠭ | ᠪᠡᠶᠡᠯᠡᠬᠦᠯᠵᠦ᠂22.3% ᠪᠠᠷ ᠨᠡᠮᠡᠭᠳᠡᠪᠡ᠃ ᠲᠤᠮᠳᠠ ᠵᠢᠵᠢᠭ ᠠᠵᠦ ᠠᠬᠤᠶᠢᠯᠠᠯ ᠤᠨ ᠬᠦᠭᠵᠢᠯᠳᠡ ᠶᠢ ᠲᠡᠮᠵᠢᠵᠦ᠂ | ᠠᠯᠳ᠋ᠬᠠᠮᠡᠭᠡᠯ ᠵᠢᠵᠢᠭ ᠠᠵᠦ ᠠᠬᠤᠶᠢᠯᠠᠯ ᠤᠨ ᠦᠢᠯᠡᠰ ᠪᠤᠰᠬᠠᠵᠦ ᠵᠢᠱᠢᠶ᠎ᠡ ᠦᠵᠡᠬᠦᠯᠬᠦ ᠰᠠᠭᠤᠷᠢᠨ ᠭᠠᠵᠠᠷ 260 | ᠲᠦᠮᠡᠨ ᠲᠦᠬᠦᠷᠢᠭ ᠤᠨ ᠤᠯᠤᠰ ᠤᠨ ᠨᠦᠬᠦᠪᠦᠷᠢ ᠮᠦᠩᠬᠦ ᠬᠦᠷᠲᠡᠪᠡ᠃ ᠲᠤᠮᠳᠠ ᠵᠢᠵᠢᠭ ᠠᠵᠦ ᠠᠬᠤᠶᠢᠯᠠᠯ 207 | ᠡᠷᠦᠬᠡ ᠪᠤᠯᠵᠦ᠂ 5.6% ᠪᠠᠷ ᠨᠡᠮᠡᠭᠳᠡᠪᠡ᠃ ᠠᠵᠦ ᠠᠬᠤᠢ ᠶᠢᠨ ᠬᠦᠭᠵᠢᠯᠳᠡ ᠪᠤᠯᠤᠨ ᠪᠡᠯᠡ ᠤᠷᠤᠭᠤᠯᠤᠯᠳᠠ ᠶᠢᠨ | ᠤᠷᠴᠢᠨ ᠲᠤᠭᠤᠷᠢᠨ ᠢ ᠰᠢᠯᠢᠳᠡᠭᠵᠢᠬᠦᠯᠵᠦ᠂ ᠠᠷᠠᠯᠵᠢᠶᠠᠴᠢᠨ ᠤᠷᠢᠵᠦ ᠪᠡᠯᠡ ᠤᠷᠤᠭᠤᠯᠬᠤ ᠨᠦᠯᠦᠭᠡ ᠶᠢ ᠦᠷᠭᠡᠳᠭᠡᠨ | ᠂ 13 ᠲᠦᠷᠦᠯ ᠵᠦᠢᠯ ᠪᠠ 23.1 ᠳ᠋ᠦᠩᠰᠢᠭᠤᠷ ᠲᠦᠬᠦᠷᠢᠭ ᠤᠨ ᠭᠠᠳᠠᠭᠠᠳᠦ ᠪᠡᠯᠡ ᠮᠦᠩᠬᠦ ᠶᠢ ᠳᠠᠳᠠᠨ | ᠤᠷᠤᠭᠤᠯᠵᠦ᠂ 8.5% ᠪᠠᠷ ᠨᠡᠮᠡᠭᠳᠡᠪᠡ᠃ | ︵ᠭᠤᠷᠪᠠ︶ ᠲᠤᠳᠤᠭᠠᠳᠦ ᠠᠵᠦ ᠠᠬᠤᠢ ᠭᠠᠳᠠᠭᠠᠳᠦ ᠠᠷᠠᠯᠵᠢᠶ᠎ᠠ ᠬᠠᠮᠳᠦ ᠪᠠᠷ ᠬᠦᠭᠵᠢᠵᠦ ᠰᠢᠨ᠎ᠡ | ᠰᠢᠪᠳᠤᠯᠤᠯᠳᠠ ᠲᠠᠢ ᠪᠤᠯᠪᠠ᠃ ︽ᠲᠠᠯ᠎ᠠ ᠨᠤᠲᠤᠭ ᠤᠨ ᠰᠤᠶᠤᠯ ᠢ ᠬᠠᠳᠠᠭᠠᠯᠠᠭᠰᠠᠨ ᠤᠮᠠᠷᠠᠳᠦ ᠬᠢᠯᠢ ᠶᠢᠨ ᠦᠪᠡᠷᠮᠢᠴᠡ | ᠤᠨᠴᠠᠯᠢᠭ ᠲᠠᠢ ᠵᠤᠭᠠᠴᠠᠨ ᠰᠡᠯᠡᠬᠦᠴᠡᠬᠦ ᠰᠠᠭᠤᠷᠢᠨ ᠭᠠᠵᠠᠷ ᠢ ᠪᠠᠶᠢᠭᠤᠯᠬᠤ︾ ᠬᠦᠭᠵᠢᠯᠳᠡ ᠶᠢᠨ ᠰᠡᠳᠬᠢᠴᠡ ᠶᠢᠨ | ᠲᠤᠭᠤᠷᠢᠨ ᠳᠤ᠂ ᠵᠤᠭᠠᠴᠠᠯ ᠤᠨ ᠲᠦᠯᠦᠪᠵᠢᠬᠦᠯᠭᠡ ᠶᠢᠨ ᠰᠢᠰᠲ᠋ᠧᠮ ᠢ ᠳᠡᠬᠦᠯᠳᠡᠷᠵᠢᠬᠦᠯᠵᠦ᠂ ᠪᠤᠠᠠᠳᠠᠠᠭᠤᠯᠠ ᠵᠤᠭᠠᠴᠠᠯ | ᠤᠨ ᠦᠷᠲᠡᠭᠡ᠂ ᠪᠤᠶᠢᠷ ᠨᠠᠭᠤᠷ ᠤᠨ ᠦᠵᠡᠮᠵᠢᠳᠦ ᠤᠷᠤᠨ᠂ ᠲᠤᠮᠳᠠᠳᠦ ᠤᠷᠤᠰ ᠮᠤᠩᠭᠤᠯ ᠤᠨ ︽0︾ ᠨᠤᠮᠧᠷᠳᠦ | ᠬᠢᠯᠢ ᠶᠢᠨ ᠬᠦᠰᠢᠶ᠎ᠡ ᠶᠢᠨ ᠵᠤᠭᠠᠴᠠᠯ ᠤᠨ ᠦᠵᠡᠮᠵᠢᠳᠦ ᠤᠷᠤᠨ᠂ ᠪᠠᠷᠭᠤ ᠮᠠᠯᠵᠢᠬᠤ ᠡᠷᠦᠬᠡ ᠶᠢᠨ ᠵᠤᠭᠠᠴᠠᠯ᠂ ᠪᠠᠷᠭᠤ | ᠠᠷᠠᠳ ᠤᠨ ᠵᠠᠩ ᠦᠢᠯᠡ ᠶᠢᠨ ᠵᠤᠭᠠᠴᠠᠯ ᠤᠨ ᠲᠤᠰᠬᠤᠨ ᠵᠡᠷᠭᠡ ᠲᠦᠷᠦᠯ ᠵᠦᠢᠯ ᠢ ᠭᠤᠤᠯᠳᠠᠯᠭ᠎ᠠ ᠲᠠᠢ ᠲᠦᠯᠬᠢᠨ | ᠠᠬᠢᠭᠤᠯᠪᠠ᠃ ᠬᠢᠯᠢ ᠪᠠᠷ ᠵᠤᠭᠠᠴᠠᠬᠤ ᠳᠤ ᠪᠤᠰᠤᠳ ᠭᠠᠵᠠᠷ ᠲᠤ ᠦᠨᠡᠮᠯᠡᠯ ᠬᠦᠢᠴᠡᠳᠭᠡᠵᠦ ᠪᠤᠯᠬᠤ ᠠᠵᠢᠯ ᠨᠢ ᠬᠢᠨᠠᠨ | ᠰᠢᠯᠭᠠᠵᠦ ᠬᠤᠷᠢᠶᠠᠨ ᠠᠪᠬᠤ ᠶᠢ ᠦᠩᠭᠡᠷᠡᠬᠦᠯᠵᠦ᠂ ᠲᠤᠮᠳᠠᠳᠦ ᠮᠤᠩᠭᠤᠯ ᠤᠨ ᠬᠢᠯᠢ ᠶᠢᠨ ᠤᠨᠴᠠᠯᠢᠭᠳᠦ ᠵᠤᠭᠠᠴᠠᠯ ᠤᠨ | ᠱᠤᠭᠤᠮ ᠢ 3 ᠨᠡᠪᠲᠡᠷᠡᠬᠦᠯᠪᠡ᠃ 203 ᠮᠤᠵᠢ ᠶᠢᠨ ᠵᠠᠮ — ᠴᠢᠩᠬᠢᠰ ᠬᠠᠭᠠᠨ ᠤ ᠮᠤᠷᠢᠨ ᠤᠶᠠᠭ᠎ᠠ ᠶᠢᠨ | ᠦᠵᠡᠮᠵᠢᠳᠦ ᠤᠷᠤᠨ ᠤ ᠵᠠᠰᠠᠮᠠᠯ ᠵᠠᠮ ᠪᠤᠯᠤᠨ ᠬᠦᠯᠦᠨ ᠨᠠᠭᠤᠷ ᠤᠨ ᠠᠯᠳᠠᠨ ᠳᠠᠯᠠᠢ ᠶᠢᠨ ᠡᠷᠬᠢ ᠶᠢᠨ ᠦᠵᠡᠮᠵᠢᠳᠦ | ᠤᠷᠤᠨ ᠤ ᠨᠠᠭᠤᠷ ᠲᠠᠭᠠᠤ ᠵᠠᠮ ᠢ ᠵᠠᠰᠠᠵᠦ ᠲᠠᠭᠤᠰᠬᠠᠪᠠ᠃ ᠬᠦᠯᠦᠨ ᠨᠠᠭᠤᠷ ᠤᠨ ᠵᠢᠭᠠᠰᠤᠨ ᠤ ᠦᠢᠯᠡᠰ ᠤᠨ | ᠪᠦᠯᠦᠭᠯᠡᠯ ᠢ ᠪᠤᠶᠢᠷ ᠨᠠᠭᠤᠷ ᠤᠨ ᠵᠤᠭᠠᠴᠠᠯ ᠤᠨ ᠦᠵᠡᠮᠵᠢᠳᠦ ᠤᠷᠤᠨ ᠳᠤ ᠠᠮᠵᠢᠯᠳᠠᠳᠠᠢ ᠤᠷᠤᠭᠤᠯᠤᠨ ᠠᠪᠴᠢᠷᠠᠪᠠ᠃ | ᠪᠦᠬᠦ ᠵᠢᠯ ᠳᠤ ᠵᠤᠭᠠᠴᠠᠭᠰᠠᠳ ᠢ 50.4 ᠲᠦᠮᠡᠨ ᠬᠦᠮᠦᠨ ᠤᠳᠠᠭ᠎ᠠ ᠬᠦᠯᠢᠶᠡᠨ ᠵᠤᠴᠢᠯᠠᠵᠦ᠂ 8.2% ᠢᠶᠠᠷ | ᠨᠡᠮᠡᠭᠳᠡᠪᠡ᠃ ᠤᠮᠠᠷᠠᠰᠢ ᠨᠡᠭᠡᠭᠡᠬᠦ ᠬᠦᠬᠦᠷᠭᠡᠨ ᠪᠠᠬᠢᠯᠡᠯᠳᠡ ᠶᠢ ᠪᠤᠢ ᠪᠤᠯᠭᠠᠨ᠂ ᠪᠤᠭᠤᠮᠳᠠ ᠶᠢ ᠵᠢᠯ ᠲᠤᠷᠰᠢᠳᠠ | ᠴᠢᠯᠦᠭᠡᠳᠡᠢ ᠪᠤᠯᠭᠠᠬᠤ ᠪᠠᠷ ᠮᠡᠳᠡᠬᠦᠯᠬᠦ ᠬᠦᠴᠦᠯᠡᠴᠡ ᠶᠢ ᠴᠢᠩᠭᠠᠳᠬᠠᠵᠦ᠂ ᠬᠢᠯᠢ ᠪᠠᠷ ᠤᠷᠤᠵᠦ ᠭᠠᠷᠬᠤ ᠶᠢ | ᠪᠠᠶᠢᠴᠠᠭᠠᠬᠤ ᠪᠤᠭᠤᠮᠳᠠ ᠨᠡᠪᠲᠡᠷᠡᠬᠦ ᠶᠡᠭᠡ ᠠᠰᠠᠷ ᠤᠨ ᠲᠦᠷᠦᠯ ᠵᠦᠢᠯ ᠤᠨ ᠪᠦᠲᠦᠭᠡᠨ ᠪᠠᠶᠢᠭᠤᠯᠤᠯᠳᠠ ᠶᠢ | ᠲᠦᠷᠭᠡᠳᠭᠡᠪᠡ᠃ ᠪᠦᠬᠦ ᠵᠢᠯ ᠳᠤ᠂ ᠪᠤᠭᠤᠮᠳᠠ ᠪᠠᠷ ᠤᠷᠤᠭᠤᠯᠵᠦ ᠭᠠᠷᠭᠠᠭᠰᠠᠨ ᠡᠳ᠋ ᠪᠠᠷᠠᠭ᠎ᠠ 11.6 ᠲᠦᠮᠡᠨ ᠲᠤᠨ | ᠳᠤ ᠬᠦᠷᠴᠦ᠂ ᠠᠷᠠᠯᠵᠢᠶᠠᠯᠠᠭᠰᠠᠨ ᠲᠤᠭ᠎ᠠ 7,424 ᠲᠦᠮᠡᠨ ᠳ᠋ᠤᠯᠯᠠᠷ ᠪᠤᠯᠵᠦ᠂ ᠬᠢᠯᠢ ᠪᠠᠷ ᠢᠷᠡᠵᠦ ᠶᠠᠪᠤᠭᠰᠠᠨ | ᠠᠶᠠᠨᠴᠢᠳ 4.4 ᠲᠦᠮᠡᠨ ᠬᠦᠮᠦᠨ ᠣᠳᠠᠭ᠎ᠠ᠂ ᠵᠠᠮ ᠲᠡᠭᠡᠭᠡᠪᠦᠷᠢ ᠶᠢᠨ ᠪᠠᠭᠠᠵᠢ 9188 ᠲᠡᠷᠭᠡ ᠤᠳᠠᠭ᠎ᠠ ᠳᠤ | ᠬᠦᠷᠪᠡ᠃ ᠪᠤᠯᠪᠠᠰᠤᠷᠠᠭᠤᠯᠤᠭᠰᠠᠨ ᠲᠤᠰᠤ᠂ ᠮᠢᠬᠠᠨ ᠤ ᠵᠦᠢᠯᠡᠰ ᠤᠨ ᠠᠯᠠᠨᠰᠢᠨ ᠤ ᠲᠤᠰᠬᠠᠢ ᠵᠠᠬ᠎ᠠ ᠳᠡᠯᠭᠡᠭᠦᠷ ᠤᠨ | ᠬᠠᠮᠢᠶᠠᠷᠤᠯᠳᠠ ᠪᠠ ᠵᠠᠰᠠᠨ ᠴᠡᠭᠴᠡᠯᠡᠯᠳᠡ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ᠂ ᠳᠠᠸᠠᠷ ᠤᠨ ᠴᠢᠨᠠᠷ ᠴᠢᠨᠰᠠᠭ᠎ᠠ | ᠪᠤᠯᠤᠨ ᠦᠨ᠎ᠡ ᠬᠠᠩᠰᠢ ᠶᠢ ᠬᠢᠨᠠᠨ ᠬᠡᠮᠵᠢᠬᠦ ᠰᠦᠯᠵᠢᠶ᠎ᠡ ᠶᠢ ᠠᠩᠬ᠎ᠠ ᠠᠯᠬᠤᠮ ᠪᠠᠶᠢᠭᠤᠯᠵᠦ᠂ ᠵᠠᠬ᠎ᠠ ᠳᠡᠯᠭᠡᠭᠦᠷ ᠤᠨ | ᠡᠮᠬᠢ ᠲᠢᠭᠯᠢᠮ ᠴᠢᠨᠠᠭᠰᠢᠳᠠ ᠲᠦᠷᠢᠮᠵᠢᠪᠡ᠃ ᠮᠦᠩᠬᠦᠨ ᠬᠦᠢᠯᠭᠡᠭᠡ ᠪᠠ ᠳᠠᠭᠠᠳᠬᠠᠯ ᠤᠨ ᠦᠢᠯᠡᠰ ᠲᠤᠭᠳᠠᠭᠤᠨ ᠢᠶᠠᠷ | ᠬᠦᠭᠵᠢᠪᠡ᠃ ᠵᠦᠩ ᠬᠤᠸᠠ ᠬᠠᠮᠳᠤᠷᠠᠭᠰᠠᠨ ᠡᠳ᠋ ᠬᠦᠷᠦᠩᠭᠡ ᠶᠢᠨ ᠳᠠᠭᠠᠳᠬᠠᠯ ᠤᠨ ᠺᠤᠮᠫᠠᠨᠢ ᠶᠢ ᠤᠷᠤᠭᠤᠯᠤᠨ | ᠠᠪᠴᠢᠷᠠᠵᠦ᠂ ᠲᠠᠭᠠᠳᠬᠠᠯ ᠤᠨ ᠦᠢᠯᠡᠰ ᠤᠨ ᠲᠦᠷᠦᠯ ᠵᠦᠢᠯ ᠢ ᠪᠠᠶᠠᠯᠢᠭᠵᠢᠭᠤᠯᠪᠠ᠃ ᠲᠠᠷᠢᠶᠠᠯᠠᠩ ᠢ ᠲᠡᠮᠵᠢᠬᠦ ᠵᠤᠭᠤᠰ | ᠭᠠᠷᠭᠠᠬᠤ ᠦᠢᠯᠡᠴᠢᠯᠡᠭᠡᠨ ᠤ ᠴᠡᠭ ᠢ ᠰᠢᠨ᠎ᠡ ᠪᠠᠷ 8 ᠪᠠᠶᠢᠭᠤᠯᠵᠦ᠂ ᠪᠦᠬᠦ ᠬᠤᠰᠢᠭᠤᠨ ᠤ ᠡᠯ᠎ᠡ ᠵᠦᠢᠯ ᠤᠨ ᠪᠡᠯᠡ | ᠮᠦᠩᠬᠦᠨ ᠤ ᠬᠠᠳᠠᠭᠠᠯᠠᠮᠵᠢ 10.5 ᠳ᠋ᠦᠩᠰᠢᠭᠤᠷ ᠲᠦᠬᠦᠷᠢᠭ ᠲᠤ ᠬᠦᠷᠴᠦ᠂ ᠵᠢᠭᠡᠯᠡᠯᠭᠡ ᠶᠢᠨ ᠦᠯᠡᠳᠡᠪᠦᠷᠢ ᠲᠤᠭ᠎ᠠ | 6.6 ᠳ᠋ᠦᠩᠰᠢᠭᠤᠷ ᠲᠦᠬᠦᠷᠢᠭ ᠲᠤ ᠬᠦᠷᠪᠡ᠃ | ︵ᠲᠦᠷᠪᠡ︶ ᠬᠤᠳᠠ ᠪᠠᠯᠭᠠᠰᠦ ᠶᠢᠨ ᠴᠢᠳᠠᠪᠬᠢ ᠶᠢ ᠲᠡᠭᠡᠭᠰᠢᠯᠡᠬᠦᠯᠬᠦ ᠠᠵᠢᠯ ᠰᠢᠨ᠎ᠡ ᠰᠢᠪᠳᠤᠯᠤᠯᠳᠠ ᠲᠠᠢ | ᠪᠤᠯᠪᠠ᠃ ᠬᠦᠴᠦ ᠪᠠᠨ ᠲᠦᠪᠯᠡᠷᠡᠬᠦᠯᠵᠦ ᠪᠠᠶᠢᠭᠠᠳ ᠰᠠᠭᠤᠷᠢ ᠲᠦᠬᠦᠭᠡᠷᠦᠮᠵᠢ ᠶᠢᠨ ᠪᠦᠲᠦᠭᠡᠨ ᠪᠠᠶᠢᠭᠤᠯᠤᠯᠳᠠ | ᠬᠤᠴᠤᠷᠤᠩᠭᠤᠢ ᠪᠠᠶᠢᠬᠤ ᠠᠰᠠᠭᠤᠳᠠᠯ ᠢ ᠭᠤᠤᠯᠳᠠᠯᠭ᠎ᠠ ᠲᠠᠢ ᠰᠢᠢᠳᠪᠦᠷᠢᠯᠡᠪᠡ᠃ 1.5 ᠳ᠋ᠦᠩᠰᠢᠭᠤᠷ ᠲᠦᠬᠦᠷᠢᠭ ᠤᠨ | ᠪᠡᠯᠡ ᠤᠷᠤᠭᠤᠯᠵᠦ᠂ ᠵᠠᠮ ᠪᠠ ᠭᠠᠵᠠᠷ ᠲᠤᠤᠷᠠᠬᠢ ᠬᠤᠭᠤᠯᠠᠢ ᠲᠤᠤᠷ᠂ ᠨᠤᠭᠤᠭᠠᠷᠠᠭᠤᠯᠤᠯᠳᠠ᠂ ᠲᠦᠭᠡᠭᠡᠯ ᠤᠰᠤᠨ ᠤ | ᠦᠢᠯᠡᠳᠪᠦᠷᠢ ᠪᠤᠯᠤᠨ ᠢᠯᠴᠢ ᠶᠢᠨ ᠬᠦᠴᠦᠨ ᠤ ᠺᠤᠮᠫᠠᠨᠢ ᠶᠢᠨ ᠵᠤᠤᠬᠠᠨ ᠭᠡᠷ ᠢ ᠵᠠᠰᠠᠨ ᠰᠢᠨᠡᠳᠭᠡᠬᠦ ᠵᠡᠷᠭᠡ 19 | ᠢᠨᠵᠧᠨᠧᠷᠢᠩ ᠢ ᠭᠡᠷᠡᠭᠵᠢᠬᠦᠯᠦᠭᠰᠡᠨ ᠠᠴᠠ ᠪᠠᠯᠭᠠᠰᠦᠨ ᠤ ᠲᠤᠭᠤᠷᠢᠭ ᠤᠨ ᠤᠰᠤ ᠪᠠ ᠢᠯᠴᠢ ᠶᠢᠨ ᠬᠠᠩᠭᠠᠯᠭ᠎ᠠ | ᠬᠦᠷᠦᠯᠴᠡᠬᠦ ᠦᠬᠡᠢ ᠪᠠᠶᠢᠬᠤ ᠵᠡᠷᠭᠡ ᠠᠰᠠᠭᠤᠳᠠᠯ ᠢ ᠳᠤᠬᠢᠷᠠᠮᠵᠢᠳᠠᠢ ᠰᠢᠢᠳᠪᠦᠷᠢᠯᠡᠪᠡ᠃ ᠰᠡᠳᠬᠢᠯ ᠳᠤ ᠳᠠᠭᠠᠯᠠᠮᠵᠢᠳᠠᠢ | ᠪᠦᠭᠡᠳ ᠤᠷᠤᠰᠢᠨ ᠰᠠᠭᠤᠬᠤ ᠳᠤ ᠲᠤᠬᠢᠯᠢᠭ ᠤᠷᠴᠢᠨ ᠳᠤᠭᠤᠷᠢᠨ ᠢ ᠪᠤᠢ ᠪᠤᠯᠭᠠᠵᠦ᠂ ᠪᠤᠳᠠᠰ ᠤᠨ ᠬᠦᠢᠯᠭᠡᠭᠡᠨ ᠤ | ᠠᠵᠦ ᠠᠬᠤᠶᠢᠯᠠᠯ ᠤᠨ ᠬᠠᠮᠢᠶᠠᠷᠤᠯᠳᠠ ᠶᠢ ᠲᠦᠷᠢᠮᠵᠢᠬᠦᠯᠦᠨ᠂ ᠪᠤᠵᠠᠷ ᠤᠰᠤ ᠶᠢ ᠰᠢᠢᠳᠪᠦᠷᠢᠯᠡᠬᠦ ᠦᠢᠯᠡᠳᠪᠦᠷᠢ | ᠠᠰᠢᠭᠯᠠᠯᠳᠠ ᠳᠤ ᠤᠷᠤᠵᠦ᠂ ᠬᠤᠭ ᠨᠤᠪᠰᠢ ᠶᠢ ᠰᠢᠢᠳᠪᠦᠷᠢᠯᠡᠬᠦ ᠳᠠᠯᠠᠪᠤᠷ ᠢ ᠲᠤᠷᠰᠢᠨ ᠡᠵᠡᠩᠨᠡᠵᠦ᠂ 5577 ᠲᠤᠨ | ᠬᠤᠭ ᠨᠤᠪᠰᠢ ᠶᠢ ᠬᠤᠤᠷ ᠦᠬᠡᠢ ᠰᠢᠢᠳᠪᠦᠷᠢᠯᠡᠨ᠂ ︽ᠦᠪᠡᠷᠲᠡᠭᠡᠨ ᠵᠠᠰᠠᠬᠤ ᠤᠷᠤᠨ ᠤ ᠲᠡᠰ ᠤᠨ ᠡᠷᠡᠬᠦᠯ | ᠬᠠᠮᠠᠭᠠᠯᠠᠯ ᠤᠨ ᠬᠤᠰᠢᠭᠤ︾ ᠶᠢ ᠠᠮᠵᠢᠯᠳᠠᠳᠠᠢ ᠡᠭᠦᠳᠦᠨ ᠪᠠᠶᠢᠭᠤᠯᠪᠠ᠃ ︽ᠴᠢᠮᠡᠭᠯᠡᠯ ᠤᠨ ᠬᠡᠯᠪᠡᠷᠢᠳᠦ | ᠨᠤᠭᠤᠭᠠᠷᠠᠭᠤᠯᠤᠯᠳᠠ︾ ᠶᠢᠨ ᠵᠠᠷᠴᠢᠮ ᠢᠶᠠᠷ᠂ 1,813 ᠲᠦᠮᠡᠨ ᠲᠦᠬᠦᠷᠢᠭ ᠤᠨ ᠪᠡᠯᠡ ᠤᠷᠤᠭᠤᠯᠵᠦ᠂ ᠰᠢᠨ᠎ᠡ ᠪᠠᠷ | ᠨᠡᠮᠡᠭᠳᠡᠭᠰᠡᠨ ᠨᠤᠭᠤᠭᠠᠷᠠᠭᠤᠯᠤᠯᠳᠠ ᠶᠢᠨ ᠳᠠᠯᠠᠪᠠᠢ 3.2 ᠲᠦᠮᠡᠨ ᠲᠡᠭᠰᠢ ᠲᠦᠷᠪᠡᠯᠵᠢᠨ ᠮᠧᠲᠷ ᠪᠤᠯᠪᠠ᠃ | ᠲᠤᠭᠠᠴᠢᠯᠠᠭᠰᠠᠨ ᠬᠤᠳᠠ ᠶᠢᠨ ᠬᠠᠮᠢᠶᠠᠷᠤᠯᠳᠠ ᠶᠢᠨ ᠬᠢᠨᠠᠨ ᠡᠵᠡᠮᠰᠢᠬᠦ ᠲᠦᠪ ᠢ ᠡᠬᠢᠯᠡᠬᠦᠯᠵᠦ᠂ ᠪᠠᠯᠭᠠᠰᠦᠨ ᠤ | ᠳᠤᠭᠤᠷᠢᠭ ᠤᠨ 47 ᠵᠢᠵᠢᠭ ᠲᠤᠭᠤᠷᠢᠭ ᠲᠤ ᠪᠦᠬᠦᠨ ᠢ ᠪᠦᠷᠬᠦᠬᠦᠯᠪᠡ᠃ ᠴᠠᠬᠢᠯᠭᠠᠨ ᠲᠤᠤᠷ ᠤᠨ ᠪᠦᠳᠦᠴᠡ ᠶᠢ | ᠳᠡᠬᠦᠯᠳᠡᠷᠵᠢᠬᠦᠯᠵᠦ᠂ ᠪᠠᠷᠠᠭᠤᠨ ᠬᠤᠰᠢᠭᠤ — ᠪᠠᠷᠠᠭᠤᠨ ᠦᠬᠡᠷᠳᠦ ᠬᠦᠷᠬᠦ 110 ᠺᠢᠯᠤᠸᠤᠯᠲ ᠤᠨ ᠴᠠᠬᠢᠯᠭᠠᠨ | ᠳᠠᠮᠵᠢᠭᠤᠯᠤᠨ ᠬᠤᠪᠢᠷᠠᠭᠤᠯᠬᠤ ᠢᠨᠵᠧᠨᠧᠷᠢᠩ ᠪᠤᠯᠤᠨ ᠪᠠᠷᠠᠭᠤᠨ ᠦᠬᠡᠷᠲᠦ — ᠪᠦᠷᠢᠳᠦ ᠬᠦᠷᠬᠦ 35 ᠺᠢᠯᠤᠸᠤᠯᠲ | ᠤᠨ ᠴᠠᠬᠢᠯᠭᠠᠨ ᠳᠠᠮᠵᠢᠭᠤᠯᠤᠨ ᠬᠤᠪᠢᠷᠠᠭᠤᠯᠬᠤ ᠢᠨᠵᠧᠨᠧᠷᠢᠩ ᠢ ᠪᠡᠶᠡᠯᠡᠬᠦᠯᠪᠡ᠃ ᠨᠡᠶᠢᠳᠡᠮ ᠭᠡᠷᠡᠭᠯᠡᠬᠦ ᠨᠢᠰᠭᠡᠯ ᠤᠨ | ᠪᠠᠭᠤᠳᠠᠯ ᠤᠨ ᠪᠦᠲᠦᠭᠡᠨ ᠪᠠᠶᠢᠭᠤᠯᠤᠯᠳᠠ ᠶᠢ ᠲᠦᠯᠬᠢᠨ ᠠᠬᠢᠭᠤᠯᠵᠦ᠂ ᠬᠦᠶᠦᠯᠳᠡ ᠶᠢᠨ ᠵᠠᠮ᠂ ᠨᠢᠰᠭᠡᠯ ᠵᠤᠭᠰᠤᠬᠤ | ᠭᠠᠵᠠᠷ ᠪᠤᠯᠤᠨ ᠠᠶᠠᠯᠠᠯ ᠤᠨ ᠦᠷᠲᠡᠭᠡᠨ ᠤ ᠠᠰᠠᠷ ᠤᠨ ᠭᠤᠤᠯ ᠴᠤᠭᠴᠠᠳᠦ ᠢᠨᠵᠧᠨᠧᠷᠢᠩ ᠢ ᠪᠡᠶᠡᠯᠡᠬᠦᠯᠪᠡ᠃ ᠶᠠᠪᠤᠵᠦ | ᠰᠠᠭᠤᠬᠤ ᠨᠦᠬᠦᠴᠡᠯ ᠢ ᠰᠠᠶᠢᠵᠢᠷᠠᠭᠤᠯᠵᠦ᠂ ᠮᠠᠨᠵᠤᠤᠷ — ᠠᠯᠳ᠋ᠬᠠᠮᠡᠭᠡᠯ — ᠠᠮᠤᠭᠤᠯᠠᠩ ᠬᠦᠷᠬᠦ ᠵᠠᠰᠠᠮᠠᠯ ᠵᠠᠮ ᠤᠨ | ᠪᠦᠬᠦ ᠱᠤᠭᠤᠮ ᠤᠨ ᠠᠵᠢᠯ ᠢ ᠡᠬᠢᠯᠡᠬᠦᠯᠵᠦ᠂ ᠶᠠ ᠬᠠᠩ ᠪᠠᠩᠬᠢ ᠶᠢᠨ ᠡᠯ᠎ᠡ ᠬᠤᠪᠢᠶᠠᠷᠢ ᠲᠦᠷᠦᠯ ᠵᠦᠢᠯ ᠢ | ᠲᠤᠭᠳᠠᠭᠰᠠᠨ ᠬᠤᠭᠤᠴᠠᠭᠠᠨ ᠳᠤᠨᠢ ᠲᠦᠯᠬᠢᠨ ᠠᠬᠢᠭᠤᠯᠪᠠ᠃ | ︵ᠲᠠᠪᠤ︶ ᠡᠶ᠎ᠡ ᠵᠤᠬᠢᠴᠠᠩᠭᠤᠢ ᠠᠮᠤᠷ ᠲᠤᠭᠳᠠᠭᠤᠨ ᠰᠢᠨ᠎ᠡ ᠮᠠᠯᠵᠢᠬᠤ ᠤᠷᠤᠨ ᠤ ᠪᠦᠲᠦᠭᠡᠨ ᠪᠠᠶᠢᠭᠤᠯᠤᠯᠳᠠ | ᠶᠢᠨ ᠠᠵᠢᠯ ᠰᠢᠨ᠎ᠡ ᠰᠢᠪᠳᠤᠯᠤᠯᠳᠠ ᠲᠠᠢ ᠪᠤᠯᠪᠠ᠃ ᠪᠦᠬᠦ ᠵᠢᠯ ᠳᠤ᠂ 6.6 ᠳ᠋ᠦᠩᠰᠢᠭᠤᠷ ᠲᠦᠬᠦᠷᠢᠭ ᠤᠨ ᠡᠳ᠋ ᠤᠨ | ᠵᠠᠰᠠᠭ ᠤᠨ ᠪᠡᠯᠡ ᠮᠦᠩᠬᠦ ᠶᠢ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠳᠤ ᠭᠡᠷᠡᠭᠯᠡᠵᠦ᠂ ᠡᠳ᠋ ᠤᠨ ᠵᠠᠰᠠᠭ ᠤᠨ | ᠶᠡᠷᠦᠩᠬᠡᠢ ᠵᠠᠷᠤᠯᠭ᠎ᠠ ᠶᠢᠨ 58.9% ᠶᠢ ᠡᠵᠡᠯᠡᠪᠡ᠃ ᠠᠮᠤᠭᠤᠯᠠᠩ ᠤᠷᠤᠨ ᠰᠠᠭᠤᠴᠠ ᠶᠢᠨ ᠢᠨᠵᠧᠨᠧᠷᠢᠩ ᠢ | ᠯᠠᠪᠳᠠᠭᠤᠨ ᠪᠠᠳᠤᠳᠠᠢ ᠠᠬᠢᠭᠤᠯᠪᠠ᠃ ᠭᠡᠷ ᠭᠠᠵᠠᠷ ᠬᠦᠷᠦᠩᠭᠡ ᠶᠢ ᠨᠡᠭᠡᠭᠡᠨ ᠠᠰᠢᠭᠯᠠᠬᠤ ᠲᠦᠷᠦᠯ ᠵᠦᠢᠯ ᠢ 7 | ᠭᠡᠷᠡᠭᠵᠢᠬᠦᠯᠵᠦ᠂ 60 ᠤᠯᠠᠨ ᠨᠡᠶᠢᠳᠡ ᠶᠢᠨ ᠲᠦᠷᠢᠶᠡᠰᠦᠨ ᠤᠷᠤᠨ ᠰᠠᠭᠤᠴᠠ᠂ 75 ᠬᠢᠮᠳᠠ ᠲᠦᠷᠢᠶᠡᠰᠦᠨ ᠤᠷᠤᠨ | ᠰᠠᠭᠤᠴᠠ ᠶᠢ ᠰᠢᠨ᠎ᠡ ᠪᠠᠷ ᠪᠠᠶᠢᠭᠤᠯᠵᠦ᠂ 315 ᠲᠦᠬᠦᠮ ᠪᠦᠳᠦᠴᠡᠳᠦ ᠤᠷᠤᠨ ᠰᠠᠭᠤᠴᠠ ᠶᠢ ᠵᠠᠰᠠᠨ ᠰᠢᠨᠡᠳᠭᠡᠪᠠ᠃ | ᠦᠢᠯᠡᠰ ᠪᠤᠰᠬᠠᠨ ᠠᠵᠢᠯ ᠤᠯᠭᠤᠬᠤ ᠶᠢ ᠵᠤᠷᠢᠭᠵᠢᠭᠤᠯᠤᠨ ᠲᠡᠮᠵᠢᠪᠡ᠃ ᠬᠤᠳᠠ ᠪᠠᠯᠭᠠᠰᠦ ᠶᠢᠨ ᠰᠢᠨ᠎ᠡ ᠪᠠᠷ ᠠᠵᠢᠯ | ᠤᠯᠤᠭᠰᠠᠳ 715 ᠬᠦᠮᠦᠨ ᠪᠤᠯᠵᠦ᠂ ᠴᠢᠳᠠᠪᠦᠷᠢᠳᠠᠨ ᠤ ᠵᠠᠬ᠎ᠠ ᠲᠡᠯᠭᠡᠭᠦᠷ ᠢᠶᠠᠷ ᠳᠠᠮᠵᠢᠨ 100 ᠨᠡᠷᠡᠰ ᠲᠡᠭᠡᠳᠦ | ᠵᠡᠷᠭᠡ ᠶᠢᠨ ᠶᠡᠭᠡ ᠰᠤᠷᠭᠠᠭᠤᠯᠢ ᠲᠡᠭᠦᠰᠦᠭᠰᠡᠳ ᠠᠵᠢᠯ ᠤᠯᠵᠦ᠂ 103 ᠮᠠᠯᠴᠢᠳ ᠢ ᠰᠢᠯᠵᠢᠬᠦᠯᠦᠨ ᠠᠵᠢᠯ ᠤᠯᠭᠤᠵᠦ᠂ | 37 ᠠᠵᠢᠯᠳᠠᠨ ᠢ ᠨᠡᠶᠢᠳᠡ ᠶᠢᠨ ᠠᠰᠠᠷᠠᠮᠵᠢ ᠶᠢᠨ ᠠᠵᠢᠯ ᠤᠨ ᠪᠠᠶᠢᠷᠢ ᠳᠤ ᠲᠤᠬᠢᠷᠠᠭᠤᠯᠤᠨ᠂ ᠬᠤᠳᠠ ᠶᠢᠨ | ᠲᠠᠩᠰᠠᠯᠠᠭᠤᠯᠤᠭᠰᠠᠨ ᠠᠵᠢᠯ ᠠᠯᠳᠠᠭᠰᠠᠨ ᠨᠤᠷᠮ᠎ᠠ 3.82% ᠪᠤᠯᠪᠠ᠃ ᠰᠤᠶᠤᠯ ᠰᠤᠷᠭᠠᠨ ᠬᠦᠮᠦᠵᠢᠯ ᠡᠷᠡᠬᠦᠯ | ᠬᠠᠮᠠᠭᠠᠯᠠᠯ ᠤᠨ ᠠᠵᠢᠯ ᠦᠢᠯᠡᠰ ᠴᠡᠴᠡᠭᠯᠡᠨ ᠬᠦᠭᠵᠢᠪᠡ᠃ ᠪᠦᠬᠦ ᠤᠷᠤᠨ ᠤ ᠬᠠᠮᠤᠭ ᠦᠨᠳᠦᠷ ᠬᠤᠪᠢ ᠨᠤᠷᠮ᠎ᠠ ᠪᠠᠷ | ᠤᠯᠤᠰ ᠤᠨ ᠳᠡᠰ ᠤᠨ ᠠᠯᠪᠠᠨ ᠵᠢᠷᠤᠮ ᠤᠨ ᠰᠤᠷᠭᠠᠨ ᠬᠦᠮᠦᠵᠢᠯ ᠤᠨ ᠬᠦᠭᠵᠢᠯᠳᠡ ᠦᠨᠳᠦᠰᠦᠨ ᠳᠡᠭᠡᠨ | ᠲᠡᠩᠴᠡᠬᠦᠷᠢᠳᠡᠢ ᠰᠢᠶᠠᠨ ᠤ ᠰᠢᠯᠭᠠᠷᠠᠭᠤᠯᠤᠯᠳᠠ ᠶᠢ ᠪᠦᠬᠦ ᠤᠷᠤᠨ ᠳᠤ ᠲᠡᠷᠢᠬᠦᠯᠡᠨ ᠦᠩᠭᠡᠷᠡᠬᠦᠯᠪᠡ᠃ ︽ᠬᠤᠶᠠᠳᠤᠭᠠᠷ | ᠬᠤᠭᠤᠴᠠᠭᠠᠨ ᠤ ᠰᠤᠷᠬᠤ ᠨᠠᠰᠤᠨ ᠠᠴᠠ ᠡᠮᠦᠨᠡᠬᠢ ᠰᠤᠷᠭᠠᠨ ᠬᠦᠮᠦᠵᠢᠯ ᠤᠨ ᠭᠤᠷᠪᠡᠨ ᠵᠢᠯ ᠤᠨ ᠠᠵᠢᠯᠯᠠᠭᠠᠨ ᠤ | ᠲᠦᠯᠦᠪᠯᠡᠭᠡ︾ ᠶᠢ ᠡᠬᠢᠯᠡᠨ ᠭᠡᠷᠡᠭᠵᠢᠬᠦᠯᠵᠦ᠂ ᠰᠤᠷᠬᠤ ᠨᠠᠰᠤᠨ ᠠᠴᠠ ᠡᠮᠦᠨᠡᠬᠢ ᠰᠤᠷᠭᠠᠨ ᠬᠦᠮᠦᠵᠢᠯ ᠤᠨ ᠴᠡᠴᠡᠷᠯᠢᠭ | ᠲᠤ ᠤᠷᠤᠬᠤ ᠨᠤᠷᠮ᠎ᠠ 87.8% ᠳᠤ ᠬᠦᠷᠪᠡ᠃ ᠰᠢᠨ᠎ᠡ ᠮᠠᠶ᠋ᠢᠭ ᠤᠨ ᠮᠠᠯᠵᠢᠬᠤ ᠤᠷᠤᠨ ᠤ ᠬᠤᠷᠰᠢᠭᠰᠠᠨ ᠡᠮ | ᠡᠮᠨᠡᠯᠭᠡ ᠳᠤ ᠤᠷᠤᠯᠴᠠᠭᠰᠠᠨ ᠨᠤᠷᠮ᠎ᠠ 95% ᠠᠴᠠ ᠳᠡᠭᠡᠭᠰᠢᠬᠢ ᠳᠤ ᠬᠦᠷᠴᠦ᠂ 504 ᠲᠦᠮᠡᠨ ᠲᠦᠬᠦᠷᠢᠭ ᠤᠨ | ᠨᠦᠬᠦᠪᠦᠷᠢ ᠮᠦᠩᠬᠦ ᠲᠠᠷᠬᠠᠭᠠᠪᠠ᠃ ᠤᠯᠠᠨ ᠨᠡᠶᠢᠳᠡ ᠶᠢᠨ ᠦᠨᠳᠦᠰᠦᠨ ᠡᠷᠡᠬᠦᠯ ᠬᠠᠮᠠᠭᠠᠯᠠᠯ ᠤᠨ ᠳᠡᠩᠴᠡᠬᠦᠷᠢᠳᠠᠢ | ᠦᠢᠯᠡᠴᠢᠯᠡᠭᠡ ᠶᠢ ᠪᠦᠬᠦ ᠳᠠᠯ᠎ᠠ ᠪᠠᠷ ᠲᠦᠯᠬᠢᠨ ᠠᠬᠢᠭᠤᠯᠵᠦ᠂ ᠦᠨᠳᠦᠰᠦᠨ ᠱᠠᠳᠤᠨ ᠤ ᠡᠮ ᠡᠮᠨᠡᠯᠭᠡ ᠶᠢᠨ | ᠪᠠᠶᠢᠭᠤᠯᠤᠮᠵᠢ ᠡᠮ ᠤᠨ ᠵᠦᠢᠯ ᠢ ᠵᠦᠷᠢᠶ᠎ᠡ ᠦᠬᠡᠢ ᠪᠠᠷ ᠪᠤᠷᠤᠯᠠᠭᠤᠯᠬᠤ ᠶᠢ ᠦᠷᠬᠦᠯᠵᠢᠯᠡᠨ ᠭᠡᠷᠡᠭᠵᠢᠬᠦᠯᠪᠡ᠃ 480 | ᠲᠦᠮᠡᠨ ᠲᠦᠬᠦᠷᠢᠭ ᠤᠨ ᠪᠡᠯᠡ ᠤᠷᠤᠭᠤᠯᠵᠦ᠂ ᠡᠷᠡᠬᠦᠯ ᠬᠠᠮᠠᠭᠠᠯᠠᠯ ᠤᠨ ᠬᠢᠨᠠᠯᠳᠠ ᠳᠠᠯᠪᠢᠬᠤ ᠭᠠᠵᠠᠷ ᠤᠨ ᠲᠦᠷᠭᠡᠨ | ᠠᠪᠤᠷᠠᠬᠤ ᠲᠦᠪ ᠤᠨ ᠲᠤᠬᠠᠶᠢᠯᠠᠭᠰᠠᠨ ᠠᠵᠢᠯ ᠤᠨ ᠠᠵᠢᠯᠯᠠᠬᠤ ᠭᠡᠷ᠂ ᠷᠠᠰᠢᠶᠠᠨ ᠡᠷᠡᠬᠦᠯ ᠬᠠᠮᠠᠭᠠᠯᠠᠯ ᠤᠨ ᠬᠤᠷᠢᠶ᠎ᠠ | ᠵᠡᠷᠭᠡ 8 ᠡᠷᠡᠬᠦᠯ ᠬᠠᠮᠠᠭᠠᠯᠠᠯ ᠤᠨ ᠲᠦᠷᠦᠯ ᠵᠦᠢᠯ ᠢ ᠪᠠᠶᠢᠭᠤᠯᠵᠦ ᠳᠠᠭᠤᠰᠬᠠᠪᠠ᠃ ᠬᠦᠮᠦᠨ ᠠᠮᠠ ᠪᠠ ᠲᠦᠯᠦᠪᠯᠡᠭᠡᠳᠦ | ᠦᠷᠡᠵᠢᠯ ᠤᠨ ᠠᠵᠢᠯ ᠢ ᠴᠢᠬᠤᠯᠠᠴᠢᠯᠠᠨ ᠴᠢᠩᠭᠠᠳᠬᠠᠵᠦ᠂ ᠲᠦᠷᠦ ᠶᠢᠨ ᠪᠤᠳᠤᠯᠭ᠎ᠠ ᠳᠤ ᠨᠡᠶᠢᠴᠡᠭᠰᠡᠨ ᠦᠷᠡᠵᠢᠯ ᠤᠨ | ᠨᠤᠷᠮ᠎ᠠ 97.1% ᠳᠤ ᠬᠦᠷᠪᠡ᠃ ᠨᠡᠶᠢᠬᠡᠮ ᠤᠨ ᠪᠠᠳᠤᠯᠠᠭ᠎ᠠ ᠶᠢᠨ ᠰᠢᠰᠲ᠋ᠧᠮ ᠳᠠᠰᠤᠷᠠᠯᠳᠠ ᠦᠬᠡᠢ ᠳᠡᠬᠦᠯᠳᠡᠷᠵᠢᠪᠡ᠃ | ᠲᠠᠪᠤᠨ ᠵᠦᠢᠯ ᠤᠨ ᠨᠡᠶᠢᠬᠡᠮ ᠤᠨ ᠲᠠᠭᠠᠳᠬᠠᠯ ᠳᠤ ᠤᠷᠤᠯᠴᠠᠭᠰᠠᠨ ᠬᠦᠮᠦᠨ ᠤ ᠶᠡᠷᠦᠩᠬᠡᠢ ᠲᠤᠭ᠎ᠠ 45027 ᠳᠤ | ᠬᠦᠷᠪᠡ᠃ ᠬᠤᠳᠠ ᠬᠦᠳᠡᠭᠡ ᠶᠢᠨ ᠨᠠᠭᠠᠳᠦ ᠵᠠᠬ᠎ᠠ ᠶᠢᠨ ᠠᠮᠢᠳᠤᠷᠠᠯ ᠤᠨ ᠪᠠᠳᠤᠯᠠᠭ᠎ᠠ ᠶᠢᠨ ᠮᠦᠩᠬᠦ ᠬᠦᠮᠦᠨ ᠲᠤᠮᠳᠠᠴᠢ | 30 ᠲᠦᠬᠦᠷᠢᠭ ᠪᠤᠯᠤᠨ 40 ᠲᠦᠬᠦᠷᠢᠭ ᠨᠡᠮᠡᠭᠳᠡᠵᠦ᠂ ᠨᠠᠭᠠᠳᠦ ᠵᠠᠬ᠎ᠠ ᠶᠢᠨ ᠠᠮᠢᠳᠤᠷᠠᠯ ᠤᠨ ᠪᠠᠳᠤᠯᠠᠭ᠎ᠠ ᠶᠢᠨ | ᠠᠪᠤᠷᠠᠨ ᠲᠤᠰᠠᠯᠠᠬᠤ ᠮᠦᠩᠬᠦ ᠶᠢ 1,684 ᠲᠦᠮᠡᠨ ᠲᠦᠬᠦᠷᠢᠭ ᠲᠠᠷᠬᠠᠭᠠᠨ᠂ 2180 ᠡᠷᠦᠬᠡ ᠶᠢᠨ 3465 | ᠬᠦᠮᠦᠨ ᠢ ᠬᠠᠷᠠᠭᠠᠯᠵᠠᠪᠠ᠃ ᠬᠤᠳᠠ ᠬᠦᠳᠡᠭᠡ ᠶᠢᠨ ᠨᠠᠭᠠᠳᠦ ᠵᠠᠬ᠎ᠠ ᠶᠢᠨ ᠠᠮᠢᠳᠤᠷᠠᠯ ᠤᠨ ᠪᠠᠳᠤᠯᠠᠭ᠎ᠠ ᠳᠤ ᠪᠦᠬᠦ | ᠳᠠᠯ᠎ᠠ ᠪᠠᠷ ᠴᠡᠭᠴᠡᠯᠡᠯᠳᠡ ᠬᠢᠵᠦ᠂ ᠨᠠᠭᠠᠳᠦ ᠵᠠᠬ᠎ᠠ ᠶᠢᠨ ᠠᠮᠢᠳᠤᠷᠠᠯ ᠤᠨ ᠪᠠᠳᠤᠯᠠᠭ᠎ᠠ ᠬᠦᠷᠳᠡᠵᠦ ᠪᠠᠶᠢᠭᠰᠠᠨ 465 | ᠬᠦᠮᠦᠨ ᠤ ᠬᠢᠷᠢ ᠬᠡᠮ ᠢ ᠲᠦᠷᠢᠮ ᠶᠤᠰᠤᠭᠠᠷ ᠦᠬᠡᠶᠢᠰᠭᠡᠪᠡ᠃ ᠲᠠᠪᠤᠨ ᠪᠠᠳᠤᠯᠠᠭᠠᠳᠦ ᠡᠷᠦᠬᠡ ᠶᠢ ᠲᠦᠪᠯᠡᠷᠡᠬᠦᠯᠦᠨ | ᠠᠰᠠᠷᠠᠨ ᠲᠡᠵᠢᠭᠡᠬᠦ ᠪᠠ ᠲᠠᠷᠠᠬᠠᠢ ᠪᠤᠳᠠᠷᠬᠠᠢ ᠠᠰᠠᠷᠠᠨ ᠳᠡᠵᠢᠭᠡᠬᠦ ᠨᠦᠬᠦᠪᠦᠷᠢ ᠮᠦᠩᠬᠦᠨ ᠤ ᠪᠠᠷᠢᠮᠵᠢᠶ᠎ᠠ ᠲᠤᠰᠪᠦᠷᠢ 8, | 400 ᠲᠦᠬᠦᠷᠢᠭ ᠪᠠ 6,000 ᠳᠦᠬᠦᠷᠢᠭ ᠲᠤ ᠬᠦᠷᠴᠦ᠂ ᠪᠦᠬᠦ ᠬᠤᠳᠠ ᠶᠢᠨ ᠨᠢᠭᠡᠳᠦᠭᠡᠷ ᠲᠤ ᠤᠷᠤᠪᠠ᠃ | ᠬᠤᠳᠠ ᠬᠦᠳᠡᠭᠡ ᠶᠢᠨ ᠡᠮ ᠡᠮᠨᠡᠯᠭᠡ ᠶᠢᠨ ᠠᠪᠤᠷᠠᠨ ᠲᠤᠰᠠᠯᠠᠬᠤ ᠮᠦᠩᠬᠦ ᠶᠢ 53 ᠲᠦᠮᠡᠨ ᠲᠦᠬᠦᠷᠢᠭ ᠭᠠᠷᠭᠠᠵᠦ᠂ | 274 ᠬᠦᠮᠦᠨ ᠢ ᠬᠠᠷᠠᠭᠠᠯᠵᠠᠪᠠ᠃ ᠭᠠᠮᠰᠢᠭ ᠠᠴᠠ ᠠᠪᠤᠷᠠᠬᠤ ᠪᠡᠯᠡ ᠮᠦᠩᠬᠦ ᠶᠢ 140 ᠲᠦᠮᠡᠨ ᠲᠦᠬᠦᠷᠢᠭ | ᠳᠠᠷᠬᠠᠭᠠᠵᠦ᠂ 765 ᠶᠠᠳᠠᠭᠤ ᠬᠦᠴᠢᠷᠳᠡᠯᠳᠡᠢ ᠡᠷᠦᠬᠡ ᠶᠢᠨ 2295 ᠬᠦᠮᠦᠨ ᠣᠳᠠᠭ᠎ᠠ ᠶᠢ ᠠᠪᠤᠷᠠᠨ ᠲᠤᠰᠠᠯᠠᠪᠠ᠃ | ᠡᠮᠡᠭᠳᠡᠶᠢᠴᠦᠳ ᠪᠠᠭᠠᠴᠦᠳ ᠤᠨ ᠠᠵᠢᠯ ᠢ ᠴᠢᠩᠭᠠᠳᠬᠠᠵᠦ᠂ ᠪᠦᠬᠦ ᠤᠷᠤᠨ ᠤ ᠡᠮᠡᠭᠳᠡᠶᠢᠴᠦᠳ ᠪᠠᠭᠠᠴᠦᠳ ᠤᠨ | ᠬᠦᠭᠵᠢᠯᠳᠡ ᠶᠢᠨ ᠬᠦᠳᠦᠯᠪᠦᠷᠢ ᠶᠢᠨ ᠵᠢᠱᠢᠶᠡᠴᠢ ᠬᠤᠰᠢᠭᠤᠨ ᠤ ᠲᠤᠬᠠᠢ ᠶᠢᠨ ᠳᠠᠯᠠᠪᠤᠷ ᠤᠨ ᠦᠵᠡᠬᠦᠯᠦᠯᠭᠡ ᠶᠢᠨ | ᠬᠤᠷᠠᠯ ᠢ ᠠᠮᠵᠢᠯᠳᠠᠳᠠᠢ ᠳᠠᠭᠠᠭᠠᠴᠢᠯᠠᠨ ᠬᠢᠪᠠ᠃ ᠵᠡᠮᠳᠡᠭᠴᠦᠳ ᠤᠨ ᠡᠮ ᠡᠮᠨᠡᠯᠭᠡ ᠶᠢᠨ ᠠᠪᠤᠷᠠᠨ ᠳᠤᠰᠠᠯᠠᠬᠤ ᠬᠦᠷᠢᠶ᠎ᠡ | ᠬᠡᠪᠴᠢᠶ᠎ᠡ ᠶᠢ ᠴᠢᠨᠠᠭᠰᠢᠳᠠ ᠦᠷᠭᠡᠳᠭᠡᠵᠦ᠂ ᠪᠤᠶᠢᠷ ᠨᠡᠶᠢᠭᠡᠮ ᠲᠤᠭᠤᠷᠢᠭ ᠬᠤᠳᠠ ᠶᠢᠨ ᠳᠡᠰ ᠤᠨ ᠵᠡᠮᠳᠡᠭᠴᠦᠳ ᠤᠨ | ᠡᠷᠡᠬᠦᠯᠵᠢᠯ ᠤᠨ ᠵᠢᠱᠢᠶ᠎ᠡ ᠦᠵᠡᠬᠦᠯᠬᠦ ᠨᠡᠶᠢᠭᠡᠮ ᠲᠤᠭᠤᠷᠢᠭ ᠢᠶᠠᠷ ᠦᠨᠡᠯᠡᠭᠳᠡᠪᠡ᠃ ᠰᠠᠯᠠᠭ᠎ᠠ ᠮᠦᠴᠢᠷ ᠭᠠᠴᠠᠭ᠎ᠠ ᠲᠠᠢ | ᠬᠠᠷᠢᠯᠴᠠᠵᠦ ︽ᠨᠢᠭᠡ ᠬᠦᠮᠦᠨ ᠨᠢᠭᠡ ᠡᠷᠦᠬᠡ ᠶᠢ ᠬᠠᠷᠠᠭᠠᠯᠵᠠᠬᠤ︾ ᠶᠠᠳᠠᠭᠤ ᠶᠢ ᠳᠡᠳᠬᠦᠬᠦ ᠠᠵᠢᠯ ᠤᠨ ᠨᠠᠷᠢᠯᠢᠭ | ᠲᠦᠷᠢᠮ ᠢ ᠪᠠᠶᠢᠭᠤᠯᠵᠦ᠂ ︽ᠭᠤᠷᠪᠠ ᠶᠢ ᠲᠤᠰᠬᠤᠨ ᠪᠠ ᠡᠷᠦᠬᠡ ᠳᠤ ᠬᠦᠷᠭᠡᠬᠦ︾② ᠶᠠᠳᠠᠭᠤ ᠶᠢ ᠳᠡᠳᠬᠦᠬᠦ | ᠢᠨᠵᠧᠨᠧᠷᠢᠩ ᠢ ᠪᠡᠶᠡᠯᠡᠬᠦᠯᠦᠨ᠂ ᠮᠦᠩᠬᠦᠨ ᠬᠦᠢᠯᠭᠡᠭᠡ ᠪᠠᠷ ᠶᠠᠳᠠᠭᠤ ᠶᠢ ᠳᠡᠳᠬᠦᠬᠦ ᠵᠢᠭᠡᠯᠡᠯᠭᠡ ᠶᠢ 3,000 ᠲᠦᠮᠡᠨ | ᠲᠦᠬᠦᠷᠢᠭ ᠤᠯᠵᠦ᠂ ᠶᠠᠳᠠᠭᠤ ᠬᠦᠴᠢᠷᠳᠡᠯᠳᠡᠢ ᠬᠦᠮᠦᠨ ᠠᠮᠠ ᠶᠢ 252 ᠪᠠᠭᠠᠰᠬᠠᠪᠠ᠃ ᠬᠤᠶᠠᠷ ᠢ ᠬᠦᠷᠢᠶᠡᠯᠡᠵᠦ | ᠬᠠᠷᠠᠭᠠᠯᠵᠠᠨ ᠲᠦᠪᠬᠢᠨᠡᠬᠦᠯᠬᠦ ᠠᠵᠢᠯ ᠤᠨ ᠬᠦᠴᠦᠯᠡᠴᠡ ᠶᠢ ᠨᠡᠮᠡᠭᠳᠡᠬᠦᠯᠵᠦ᠂ 53 ᠲᠦᠮᠡᠨ ᠲᠦᠬᠦᠷᠢᠭ ᠤᠨ | ᠲᠤᠬᠤᠨᠢᠭᠤᠯᠭ᠎ᠠ ᠶᠢᠨ ᠮᠦᠩᠬᠦ ᠪᠤᠯᠤᠨ ᠠᠰᠠᠷᠠᠮᠵᠢ ᠶᠢᠨ ᠮᠦᠩᠬᠦ ᠲᠠᠷᠬᠠᠭᠠᠨ᠂ ᠬᠢᠯᠢ ᠶᠢᠨ ᠬᠠᠮᠠᠭᠠᠯᠠᠯᠳᠠ ᠶᠢᠨ ᠴᠡᠷᠢᠭ | ᠠᠩᠬᠢ ᠳᠤ ᠴᠠᠭᠳᠠᠨ ᠵᠢᠵᠢᠬᠦᠷᠯᠡᠬᠦ ᠲᠡᠷᠭᠡ ᠶᠢ 20 ᠲᠠᠷᠬᠠᠭᠠᠨ ᠦᠭᠴᠦ᠂ ᠴᠡᠷᠢᠭ ᠤᠨ ᠭᠡᠷ ᠪᠦᠯᠢ ᠪᠤᠯᠤᠨ ᠴᠡᠷᠢᠭ | ᠠᠴᠠ ᠪᠠᠭᠤᠭᠰᠠᠳ ᠲᠤ 316 ᠲᠦᠮᠡᠨ ᠲᠦᠬᠦᠷᠢᠭ ᠤᠨ ᠭᠡᠷ ᠪᠦᠯᠢ ᠶᠢ ᠨᠢ ᠬᠠᠷᠠᠭᠠᠯᠵᠠᠬᠤ ᠵᠤᠭᠤᠰ ᠪᠤᠯᠤᠨ ᠤᠷᠤᠨ | ᠨᠤᠲᠤᠭ ᠤᠨ ᠠᠵᠦ ᠠᠬᠤᠢ ᠶᠢᠨ ᠨᠦᠬᠦᠪᠦᠷᠢ ᠲᠠᠷᠬᠠᠭᠠᠨ ᠦᠭᠪᠡ᠃ ︽ᠠᠷᠪᠠ ᠵᠢᠪᠦ᠋ᠷᠬᠦᠬᠦᠯᠬᠦ︾ ᠢᠨᠵᠧᠨᠧᠷᠢᠩ ᠢ | ᠶᠡᠬᠡᠪᠡᠷ ᠭᠡᠷᠡᠭᠵᠢᠬᠦᠯᠪᠡ᠃ ︽ᠠᠷᠪᠠ ᠶᠢ ᠪᠦᠷᠬᠦᠬᠦᠯᠬᠦ︾ ᠢᠨᠵᠧᠨᠧᠷᠢᠩ ᠤᠨ ᠭᠤᠷᠪᠡᠨ ᠵᠢᠯ ᠤᠨ ᠲᠦᠯᠦᠪᠵᠢᠬᠦᠯᠬᠡ ᠶᠢ | ᠨᠠᠶᠢᠷᠠᠭᠤᠯᠤᠨ ᠳᠠᠭᠤᠰᠬᠠᠪᠠ᠃ 1.4 ᠳ᠋ᠦᠩᠰᠢᠭᠤᠷ ᠲᠦᠬᠦᠷᠢᠭ ᠤᠨ ᠪᠡᠯᠡ ᠤᠷᠤᠭᠤᠯᠵᠦ᠂ ᠮᠠᠯᠵᠢᠬᠤ ᠤᠷᠤᠨ ᠤ | 374 ᠨᠤᠷᠠᠬᠤ ᠠᠶᠦᠯᠳᠠᠢ ᠭᠡᠷ ᠪᠠᠶᠢᠰᠢᠩ ᠢ ᠵᠠᠰᠠᠨ ᠰᠢᠨᠡᠳᠭᠡᠪᠡ᠃ 20 ᠭᠠᠴᠠᠭ᠎ᠠ ᠶᠢᠨ ᠠᠶᠦᠯᠬᠦᠢ ᠤᠰᠤ ᠤᠮᠳᠠ | ᠶᠢᠨ ᠠᠰᠠᠭᠤᠳᠠᠯ ᠢ ᠰᠢᠢᠳᠪᠦᠷᠢᠯᠡᠪᠡ᠃ 6 ᠭᠠᠴᠠᠭ᠎ᠠ ᠶᠢᠨ 15052 ᠮᠧᠲᠷ ᠵᠡᠭᠡᠯᠢ ᠭᠤᠳᠤᠮᠵᠢ ᠶᠢᠨ ᠵᠠᠮ ᠢ | ᠬᠠᠳᠠᠭᠤᠷᠠᠭᠤᠯᠬᠤ ᠢᠨᠵᠧᠨᠧᠷᠢᠩ ᠢ ᠪᠡᠶᠡᠯᠡᠬᠦᠯᠪᠡ᠃ ᠴᠠᠬᠢᠯᠭᠠᠨ ᠲᠤᠤᠷ ᠢ ᠵᠠᠰᠠᠨ ᠰᠢᠨᠡᠳᠭᠡᠬᠦ ᠢᠨᠵᠧᠨᠧᠷᠢᠩ ᠢ 36.8 | ᠺᠢᠯᠤᠮᠧᠲᠷ ᠪᠡᠶᠡᠯᠡᠬᠦᠯᠪᠡ᠃ ᠷᠠᠳᠢᠤ᠋ ᠲᠧᠯᠸᠢᠰ ᠢ ᠡᠷᠦᠬᠡ ᠪᠤᠯᠭᠠᠨ ᠳᠤ ᠨᠡᠪᠲᠡᠷᠡᠬᠦᠯᠬᠦ ᠲᠦᠬᠦᠭᠡᠷᠦᠮᠵᠢ ᠶᠢ 2800 | ᠤᠭᠰᠠᠷᠠᠵᠦ᠂ ᠭᠠᠵᠠᠷ ᠤᠨ ᠭᠠᠳᠠᠷᠭᠤ ᠶᠢᠨ ᠲᠤᠭᠠᠴᠢᠯᠠᠭᠰᠠᠨ ᠲᠧᠯᠸᠢᠰ ᠤᠨ ᠪᠦᠷᠬᠦᠴᠡ ᠶᠢ ᠨᠦᠬᠦᠪᠦᠷᠢᠯᠡᠬᠦ | ᠢᠨᠵᠧᠨᠧᠷᠢᠩ ᠢ 1 ᠪᠡᠶᠡᠯᠡᠬᠦᠯᠪᠡ᠃ ᠪᠠᠷᠭᠤ ᠦᠨᠳᠦᠰᠦᠳᠡᠨ ᠤ ᠭᠡᠤᠬᠡᠳ ᠤᠨ ᠴᠡᠴᠡᠷᠯᠢᠭ ᠪᠤᠯᠤᠨ ᠪᠠᠶᠠᠨ ᠭᠠᠴᠠᠭᠠᠨ ᠤ | ᠬᠡᠤᠬᠡᠳ ᠤᠨ ᠴᠡᠴᠡᠷᠯᠢᠭ ᠢ ᠰᠢᠨ᠎ᠡ ᠪᠠᠷ ᠪᠠᠶᠢᠭᠤᠯᠪᠠ᠃ ᠰᠤᠶᠤᠯ ᠤᠨ ᠠᠵᠢᠯᠯᠠᠭᠠᠨ ᠤ ᠭᠡᠷ ᠢ 19 ᠪᠠᠶᠢᠭᠤᠯᠪᠠ᠃ | ᠠᠷᠠᠳ ᠲᠤ ᠲᠦᠬᠦᠮ ᠦᠵᠡᠬᠦᠯᠬᠦ ᠬᠤᠯᠪᠤᠭᠠᠳᠦ ᠭᠡᠳᠦ ᠲᠡᠯᠭᠡᠭᠦᠷ ᠢ 12 ᠪᠠᠶᠢᠭᠤᠯᠪᠠ᠃ ᠮᠠᠯᠵᠢᠬᠤ ᠤᠷᠤᠨ ᠤ | ᠨᠠᠰᠤᠵᠢᠯ ᠤᠨ ᠳᠠᠭᠠᠳᠬᠠᠯ ᠳᠤ ᠤᠷᠤᠯᠴᠠᠭᠰᠠᠨ ᠨᠤᠷᠮ᠎ᠠ 75% ᠳᠤ ᠬᠦᠷᠪᠡ᠃ ᠪᠦᠬᠦ ᠬᠤᠰᠢᠭᠤᠨ ᠤ ᠪᠦᠬᠦᠯᠢ 80 | ᠨᠠᠰᠤᠨ ᠠᠴᠠ ᠲᠡᠭᠡᠭᠰᠢᠬᠢ ᠲᠤᠤᠷ᠎ᠠ ᠤᠷᠤᠯᠭ᠎ᠠ ᠲᠠᠢ ᠨᠠᠰᠤᠳᠠᠶᠢᠴᠦᠳ ᠲᠤ ᠦᠳᠡᠯᠦᠭᠡ ᠨᠠᠰᠤᠨ ᠤ ᠨᠡᠮᠡᠬᠦᠷᠢ ᠵᠤᠭᠤᠰ | ᠲᠠᠷᠬᠠᠭᠠᠨ ᠦᠭᠪᠠ᠃ 21 ᠭᠠᠴᠠᠭ᠎ᠠ ᠪᠦᠬᠦᠨ ᠢ ᠪᠦᠷᠬᠦᠬᠦᠯᠵᠦ᠂ ᠬᠠᠷᠠᠯᠳᠠ ᠡᠭᠦᠷᠭᠡ ᠶᠢᠨ 35% ᠶᠢ ᠪᠡᠶᠡᠯᠡᠬᠦᠯᠪᠡ᠃ | ᠨᠡᠶᠢᠬᠡᠮ ᠤᠨ ᠡᠶ᠎ᠡ ᠵᠤᠬᠢᠴᠠᠩᠭᠤᠢ ᠠᠮᠤᠷ ᠲᠤᠭᠳᠠᠭᠤᠨ ᠪᠠᠶᠢᠬᠤ ᠶᠢ ᠦᠨᠡᠨᠬᠦ ᠪᠠᠳᠤᠯᠠᠪᠠ᠃ ᠬᠠᠤᠯᠢ ᠶᠢ ᠵᠦᠷᠢᠴᠡᠭᠰᠡᠨ | ᠶᠠᠯᠠᠳᠦ ᠠᠵᠢᠯᠯᠠᠭ᠎ᠠ ᠳᠤ ᠴᠢᠩᠭ᠎ᠠ ᠴᠤᠬᠢᠯᠳᠠ ᠦᠭᠬᠦ ᠦᠨᠳᠦᠷ ᠲᠠᠷᠤᠯᠳᠠᠳᠦ ᠪᠠᠶᠢᠳᠠᠯ ᠢ ᠪᠠᠳᠤᠯᠠᠵᠦ᠂ ︽ᠪᠤᠯᠢᠶᠠᠬᠤ | ᠲᠡᠭᠡᠷᠡᠮᠳᠡᠬᠦ ᠪᠠ ᠬᠤᠯᠠᠭᠠᠶᠢᠯᠠᠬᠤ︾᠂ ︽ᠱᠠᠯᠢᠭ ᠵᠠᠪᠠᠭ᠋ᠠᠢ ᠵᠤᠭᠤᠰ ᠮᠦᠷᠦᠶᠢᠴᠡᠬᠦ ᠬᠤᠤᠷ ᠠᠷᠠᠯᠵᠢᠶᠠᠯᠠᠬᠤ︾ ᠳᠠᠯᠠᠪᠠᠢ | ᠶᠢ ᠵᠢᠠᠠᠰᠠᠭᠠᠨ ᠪᠠᠶᠢᠴᠠᠭᠠᠵᠦ ᠵᠠᠰᠠᠨ ᠴᠡᠭᠴᠡᠯᠡᠬᠦ ᠠᠵᠢᠯᠯᠠᠭ᠎ᠠ ᠶᠢ ᠴᠢᠩᠭᠠᠳᠬᠠᠨ᠂ ᠨᠡᠶᠢᠬᠡᠮ ᠤᠨ ᠠᠮᠤᠷ ᠲᠦᠪᠰᠢᠨ ᠢ | ᠬᠢᠨᠠᠨ ᠡᠵᠡᠮᠳᠡᠬᠦ ᠰᠢᠰᠲ᠋ᠧᠮ ᠢ ᠭᠡᠷᠡᠭᠵᠢᠬᠦᠯᠵᠦ᠂ ᠳᠠᠷᠠᠭᠠᠯᠠᠨ 7 ᠵᠢᠯ ᠳᠤ ᠠᠮᠢᠨ ᠬᠡᠷᠡᠭ ᠢ ᠪᠦᠬᠦᠨ ᠢ ᠪᠠᠶᠢᠴᠠᠭᠠᠨ | ᠢᠯᠡᠷᠡᠬᠦᠯᠵᠦ᠂ ᠤᠯᠠᠨ ᠲᠦᠮᠡᠨ ᠤ ᠠᠮᠤᠷ ᠲᠦᠪᠰᠢᠨ ᠤ ᠰᠡᠳᠬᠢᠯᠭᠡ ᠴᠢᠨᠠᠭᠰᠢᠳᠠ ᠴᠢᠩᠭᠠᠷᠠᠪᠠ᠃ ︽ᠵᠢᠷᠭᠤᠳᠤᠭᠠᠷ | ᠳᠠᠪᠤᠨ ᠵᠢᠯ︾ ᠤᠨ ᠬᠠᠤᠯᠢ ᠲᠦᠭᠡᠮᠡᠯᠵᠢᠬᠦᠯᠬᠦ᠂ ᠬᠠᠤᠯᠢ ᠴᠠᠭᠠᠵᠠ ᠶᠢᠨ ᠲᠤᠰᠠᠯᠠᠮᠵᠢ ᠵᠡᠷᠭᠡ ᠠᠵᠢᠯ ᠢ ᠬᠦᠨᠵᠡᠬᠡᠢ | ᠦᠷᠨᠢᠬᠦᠯᠪᠡ᠃ ᠵᠠᠬᠢᠳᠠᠯ ᠰᠤᠷᠪᠤᠯᠵᠢᠯᠠᠭ᠎ᠠ ᠶᠢᠨ ᠲᠤᠪᠤᠶᠢᠮ᠎ᠠ ᠠᠰᠠᠭᠤᠳᠠᠯ ᠪᠤᠯᠤᠨ ᠤᠯᠠᠨ ᠲᠦᠮᠡᠨ ᠤ ᠴᠢᠨᠠᠷᠳᠠᠢ ᠭᠡᠷᠡᠭ | ᠢ ᠴᠠᠭ ᠲᠤᠬᠠᠢ ᠳᠤᠨᠢ ᠲᠤᠬᠢᠷᠠᠮᠵᠢᠳᠠᠢ ᠰᠢᠢᠳᠪᠦᠷᠢᠯᠡᠪᠡ᠃ ᠡᠷᠦᠬᠡ ᠶᠢᠨ ᠴᠡᠷᠢᠭ ᠤᠨ ᠪᠠᠴᠢᠮ ᠪᠠᠶᠢᠳᠠᠯ ᠢ ᠠᠷᠭᠠᠴᠠᠬᠤ | ᠬᠦᠴᠦᠨ ᠤ ᠪᠦᠲᠦᠭᠡᠨ ᠪᠠᠶᠢᠭᠤᠯᠤᠯᠳᠠ ᠶᠢ ᠴᠢᠩᠭᠠᠳᠬᠠᠵᠦ᠂ ᠤᠶᠤᠳᠠᠳ ᠤᠨ ᠴᠡᠷᠢᠭ ᠲᠤ ᠤᠷᠤᠬᠤ ᠶᠢ | ᠵᠤᠷᠢᠭᠵᠢᠭᠤᠯᠪᠠ᠃ ᠨᠠᠮ ᠵᠠᠰᠠᠭ ᠴᠡᠷᠢᠭ ᠴᠠᠭᠳᠠᠭ᠎ᠠ ᠠᠷᠠᠳ ᠬᠠᠮᠳᠤᠪᠡᠷ ᠰᠡᠷᠭᠡᠶᠢᠯᠡᠨ ᠵᠠᠰᠠᠬᠤ ᠶᠢ ᠶᠡᠬᠡᠪᠡᠷ | ᠦᠷᠨᠢᠬᠦᠯᠵᠦ᠂ ︽ᠭᠤᠷᠪᠠᠨ ᠱᠠᠳᠤᠨ ᠤ ᠭᠤᠤᠯ ᠤᠳᠤᠷᠢᠳᠤᠯᠭ᠎ᠠ ᠬᠢᠯᠢ ᠶᠢ ᠬᠠᠮᠳᠤᠪᠡᠷ ᠬᠠᠮᠢᠶᠠᠷᠬᠤ︾③ ᠲᠤᠭᠳᠠᠴᠠ | ᠶᠢ ᠬᠦᠨᠵᠡᠬᠡᠢ ᠨᠠᠶᠢᠳᠠᠪᠦᠷᠢᠵᠢᠭᠤᠯᠵᠦ᠂ ᠪᠦᠬᠦ ᠵᠢᠯ ᠳᠤ᠂ ᠭᠠᠳᠠᠭᠠᠳᠦ ᠲᠠᠢ ᠬᠤᠯᠪᠤᠭᠳᠠᠭᠰᠠᠨ ᠭᠡᠷᠡᠭ ᠨᠢᠭᠡᠴᠦ | ᠭᠠᠷᠤᠭᠰᠠᠨ ᠦᠬᠡᠢ᠃ ᠭᠠᠯ ᠪᠠ ᠦᠶᠡᠷ ᠢ ᠰᠡᠷᠭᠡᠶᠢᠯᠡᠬᠦ ᠠᠵᠢᠯ ᠤᠨ ᠬᠦᠴᠦᠯᠡᠴᠡ ᠶᠢ ᠨᠡᠮᠡᠭᠳᠡᠬᠦᠯᠪᠡ᠃ ᠢᠳᠡᠭᠡᠨ ᠪᠠ | ᠡᠮ ᠤᠨ ᠵᠦᠢᠯ ᠤᠨ ᠬᠢᠨᠠᠨ ᠬᠠᠮᠢᠶᠠᠷᠤᠯᠳᠠ ᠶᠢ ᠴᠢᠩᠭᠠᠳᠬᠠᠵᠦ᠂ ᠢᠳᠡᠭᠡᠨ ᠪᠠ ᠡᠮ ᠤᠨ ᠵᠦᠢᠯ ᠤᠨ ᠠᠮᠤᠷ | ᠲᠦᠪᠰᠢᠨ ᠤ ᠠᠳᠡᠯ ᠭᠠᠷᠤᠭᠰᠠᠨ ᠦᠬᠡᠢ᠃ ᠠᠶᠦᠯᠬᠦᠢ ᠦᠢᠯᠡᠳᠪᠦᠷᠢᠯᠡᠯ ᠤᠨ ᠳᠠᠯᠳᠠ ᠬᠡᠮ ᠢ ᠵᠢᠠᠠᠰᠠᠭᠠᠨ | ᠪᠠᠶᠢᠴᠠᠭᠠᠵᠦ ᠵᠠᠰᠠᠨ ᠴᠡᠭᠴᠡᠯᠡᠬᠦ ᠰᠢᠰᠲ᠋ᠧᠮ ᠤᠨ ᠪᠦᠲᠦᠭᠡᠨ ᠪᠠᠶᠢᠭᠤᠯᠤᠯᠳᠠ ᠶᠢ ᠴᠢᠩᠭᠠᠳᠬᠠᠵᠦ᠂ ᠠᠶᠦᠯᠬᠦᠢ | ᠦᠢᠯᠡᠳᠪᠦᠷᠢᠯᠡᠯ ᠤᠨ ᠲᠤᠭᠳᠠᠭᠤᠨ ᠪᠠᠶᠢᠳᠠᠯ ᠢ ᠪᠠᠳᠤᠯᠠᠪᠠ᠃ | ︵ᠵᠢᠷᠭᠤᠭ᠎ᠠ︶ ᠵᠠᠰᠠᠭ ᠤᠨ ᠤᠷᠳᠤᠨ ᠤ ᠲᠤᠰ ᠪᠡᠶ᠎ᠡ ᠶᠢᠨ ᠪᠦᠲᠦᠭᠡᠨ ᠪᠠᠶᠢᠭᠤᠯᠤᠯᠳᠠ ᠶᠢ ᠴᠢᠩᠭᠠᠳᠬᠠᠬᠤ | ᠠᠵᠢᠯ ᠰᠢᠨ᠎ᠡ ᠰᠢᠪᠳᠤᠯᠤᠯᠳᠠ ᠲᠠᠢ ᠪᠤᠯᠪᠠ᠃ ᠦᠢᠯᠡᠴᠢᠯᠡᠭᠡᠨ ᠤ ᠬᠡᠯᠪᠡᠷᠢ ᠪᠤᠯᠤᠨ ᠬᠠᠤᠯᠢ ᠪᠠᠷ ᠵᠠᠰᠠᠬᠤ ᠬᠡᠯᠪᠡᠷᠢ ᠶᠢᠨ | ᠵᠠᠰᠠᠭ ᠤᠨ ᠤᠷᠳᠤᠨ ᠢ ᠪᠦᠲᠦᠭᠡᠨ ᠪᠠᠶᠢᠭᠤᠯᠬᠤ ᠲᠤᠭᠤᠷᠢᠨ ᠳᠤ᠂ ᠡᠭᠦᠷᠭᠡ ᠬᠠᠷᠢᠭᠤᠴᠠᠯᠭ᠎ᠠ ᠪᠠᠨ ᠪᠦᠬᠦ ᠳᠠᠯ᠎ᠠ ᠪᠠᠷ | ᠬᠦᠢᠴᠡᠳᠭᠡᠵᠦ᠂ ᠵᠠᠰᠠᠭ ᠤᠨ ᠠᠵᠢᠯ ᠤᠨ ᠤᠷᠴᠢᠨ ᠲᠤᠭᠤᠷᠢᠨ ᠢ ᠲᠠᠰᠤᠷᠠᠯᠳᠠ ᠦᠬᠡᠢ ᠰᠠᠶᠢᠵᠢᠷᠠᠭᠤᠯᠪᠠ᠃ ᠠᠵᠦ | ᠠᠬᠤᠢ ᠶᠢᠨ ᠪᠠᠶᠢᠭᠤᠯᠤᠮᠵᠢ ᠪᠤᠯᠤᠨ ᠠᠮᠢ ᠠᠬᠤᠢ ᠶᠢᠨ ᠪᠤᠯᠪᠠᠰᠤᠨ ᠤ ᠪᠠᠶᠢᠭᠤᠯᠤᠮᠵᠢ ᠶᠢᠨ ᠦᠭᠡᠷᠡᠴᠢᠯᠡᠯᠳᠡ ᠶᠢ | ᠬᠦᠨᠵᠡᠬᠡᠶᠢᠷᠡᠬᠦᠯᠵᠦ᠂ ᠦᠢᠯᠡᠳᠪᠦᠷᠢ ᠬᠤᠳᠠᠯᠳᠤᠭᠠᠨ ᠤ ᠲᠤᠪᠴᠢᠶ᠎ᠠ ᠳᠤ ᠲᠠᠩᠰᠠᠯᠠᠭᠤᠯᠬᠤ ᠳᠤ ᠤᠷᠢᠳᠠᠪᠠᠷ ᠵᠠᠰᠠᠭ | ᠵᠠᠬᠢᠷᠭᠠᠨ ᠤ ᠵᠦᠪᠰᠢᠶᠡᠷᠡᠯ ᠤᠨ ᠭᠡᠷᠡᠴᠢ ᠳᠡᠮᠳᠡᠭ ᠠᠪᠴᠦ ᠲᠠᠷᠠᠭ᠎ᠠ ᠳᠤᠨᠢ ᠡᠵᠡᠩᠨᠡᠯᠳᠡ ᠶᠢᠨ ᠦᠨᠡᠮᠯᠡᠯ ᠠᠪᠬᠤ | ᠲᠦᠬᠦᠮᠴᠢᠯᠡᠭᠰᠡᠨ ᠦᠭᠡᠷᠡᠴᠢᠯᠡᠯᠳᠡ᠂ ᠭᠠᠳᠠᠭᠠᠳᠦ ᠠᠷᠠᠯᠵᠢᠶᠠᠴᠢᠨ ᠤ ᠪᠡᠯᠡ ᠤᠷᠤᠭᠤᠯᠤᠯᠳᠠ ᠶᠢ ᠬᠢᠨᠠᠨ ᠵᠦᠪᠰᠢᠶᠡᠷᠡᠬᠦ | ᠬᠠᠮᠢᠶᠠᠷᠤᠯᠳᠠ᠂ ︽ᠭᠤᠷᠪᠡᠨ ᠬᠦᠷᠦᠩᠭᠡ︾ ᠶᠢ ᠴᠡᠪᠡᠷᠯᠡᠭᠰᠡᠨ ᠦᠷ᠎ᠡ ᠳ᠋ᠦᠩ ᠢ ᠳᠡᠬᠦᠯᠳᠡᠷᠵᠢᠬᠦᠯᠬᠦ ᠪᠠ ᠠᠭᠠᠷ ᠤᠨ | ᠪᠤᠬᠢᠷᠳᠤᠯ ᠢ ᠰᠡᠷᠭᠡᠶᠢᠯᠡᠨ ᠵᠠᠰᠠᠬᠤ ᠠᠵᠢᠯᠯᠠᠭᠠᠨ ᠤ ᠲᠦᠯᠦᠪᠯᠡᠭᠡ ᠲᠤᠭᠳᠠᠭᠠᠬᠤ ᠵᠡᠷᠭᠡ 25 ᠵᠦᠢᠯ ᠤᠨ | ᠦᠭᠡᠷᠡᠴᠢᠯᠡᠯᠳᠡ ᠶᠢᠨ ᠡᠭᠦᠷᠭᠡ ᠶᠢ ᠪᠡᠶᠡᠯᠡᠬᠦᠯᠪᠡ᠃ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠬᠦ ᠲᠦᠷᠢᠮ ᠤᠨ | ᠦᠭᠡᠷᠡᠴᠢᠯᠡᠯᠳᠡ ᠶᠢ ᠲᠦᠯᠬᠢᠨ ᠠᠬᠢᠭᠤᠯᠵᠦ᠂ ᠠᠷᠠᠳ ᠲᠤ ᠲᠦᠬᠦᠮ ᠦᠵᠡᠬᠦᠯᠬᠦ ᠦᠢᠯᠡᠴᠢᠯᠡᠭᠡᠨ ᠤ ᠲᠦᠪ | ᠪᠠᠶᠢᠭᠤᠯᠪᠠ᠃ ᠵᠠᠰᠠᠭ ᠤᠨ ᠤᠷᠳᠤᠨ ᠤ ᠪᠠᠶᠢᠭᠤᠯᠤᠮᠵᠢ ᠶᠢᠨ ᠦᠭᠡᠷᠡᠴᠢᠯᠡᠯᠳᠡ ᠶᠢ ᠲᠦᠷᠭᠡᠳᠭᠡᠵᠦ᠂ ᠬᠤᠰᠢᠭᠤᠨ ᠤ | ᠵᠠᠰᠠᠭ ᠤᠨ ᠤᠷᠳᠤᠨ ᠤ ᠬᠤᠷᠠᠯ ᠢ 16.7% ᠪᠠᠷ ᠴᠦᠬᠡᠳᠭᠡᠵᠦ᠂ ᠠᠯᠪᠠᠨ ᠤ ᠭᠤᠷᠪᠡᠨ ᠵᠠᠷᠤᠳᠠᠯ ᠢ 30.5% | ᠪᠠᠷ ᠪᠠᠭᠠᠰᠬᠠᠵᠦ᠂ 7119 ᠲᠡᠭᠰᠢ ᠲᠦᠷᠪᠡᠯᠵᠢᠨ ᠮᠧᠲᠷ ᠤᠨ ᠠᠵᠢᠯᠯᠠᠬᠤ ᠭᠡᠷ ᠢ ᠴᠡᠪᠡᠷᠯᠡᠨ ᠴᠡᠭᠴᠡᠯᠡᠵᠦ᠂ 9 | ᠰᠠᠯᠠᠭ᠎ᠠ ᠮᠦᠴᠢᠷ ᠤᠨ ᠠᠵᠢᠯᠯᠠᠬᠤ ᠭᠠᠵᠠᠷ ᠢ ᠨᠢᠭᠡᠳᠭᠡᠨ᠂ ᠪᠠᠷᠢᠮᠵᠢᠶ᠎ᠠ ᠠᠴᠠ ᠭᠡᠳᠦᠷᠡᠭᠰᠡᠨ 10 ᠣᠣ ᠳ᠋ᠢ ᠲᠡᠷᠭᠡ ᠶᠢ | ᠬᠢᠨᠠᠨ ᠪᠠᠶᠢᠴᠠᠭᠠᠵᠦ ᠪᠢᠳᠡᠬᠦᠮᠵᠢᠯᠡᠨ᠂ ᠭᠡᠭᠡᠷᠡᠯᠡᠭᠴᠢ ᠮᠠᠰᠢᠨ ᠲᠡᠷᠭᠡ ᠳᠤ ︽ᠨᠢᠭᠡ ᠲᠡᠷᠭᠡ ᠨᠢᠭᠡ ᠳᠠᠩᠰᠠ︾ ᠪᠠᠷ | ᠲᠦᠪᠯᠡᠷᠡᠬᠦᠯᠦᠨ ᠬᠠᠮᠢᠶᠠᠷᠬᠤ ᠠᠷᠭ᠎ᠠ ᠶᠢ ᠭᠡᠷᠡᠭᠵᠢᠬᠦᠯᠪᠡ᠃ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ | ᠬᠤᠷᠢᠶ᠎ᠠ ᠵᠢᠴᠢ ᠬᠤᠰᠢᠭᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ | ᠶᠢᠨ ᠰᠢᠢᠳᠪᠦᠷᠢ ᠶᠢ ᠨᠠᠷᠢᠨ ᠬᠢᠨᠠᠮᠠᠭᠠᠢ ᠭᠦᠢᠴᠡᠳᠭᠡᠵᠦ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶ᠎ᠠ ᠶᠢᠨ ᠬᠠᠤᠯᠢ ᠴᠠᠭᠠᠵᠠ ᠶᠢᠨ ᠬᠢᠨᠠᠯᠳᠠ ᠪᠤᠯᠤᠨ ᠠᠵᠢᠯ ᠤᠨ ᠬᠢᠨᠠᠯᠳᠠ ᠶᠢ ᠤᠬᠠᠮᠰᠠᠷ ᠠᠴᠠ | ᠪᠠᠨ ᠬᠦᠯᠢᠶᠡᠵᠦ᠂ ᠠᠷᠠᠳ ᠤᠨ ᠤᠯᠤᠰ ᠲᠦᠷᠦ ᠶᠢᠨ ᠵᠦᠪᠯᠡᠯᠭᠡᠨ ᠤ ᠡᠭᠦᠷᠭᠡ ᠴᠢᠳᠠᠪᠬᠢ ᠪᠠᠨ ᠬᠦᠢᠴᠡᠳᠭᠡᠬᠦ ᠶᠢ | ᠲᠡᠮᠵᠢᠨ᠂ 186 ᠬᠤᠪᠢ ᠰᠠᠨᠠᠯ ᠵᠦᠪᠯᠡᠯᠭᠡ ᠰᠠᠨᠠᠯ ᠲᠤᠷᠠᠳᠤᠯᠭ᠎ᠠ ᠶᠢ ᠡᠷᠬᠢᠯᠡᠨ ᠬᠦᠢᠴᠡᠳᠭᠡᠭᠰᠡᠨ ᠨᠤᠷᠮ᠎ᠠ ᠪᠤᠯᠤᠨ | ᠬᠠᠨᠤᠮᠵᠢ ᠶᠢᠨ ᠨᠤᠷᠮ᠎ᠠ ᠴᠦᠮ 100% ᠳᠤ ᠬᠦᠷᠪᠡ᠃ ᠦᠢᠯᠡᠳᠪᠦᠷᠢ ᠬᠤᠳᠠᠯᠳᠤᠭᠠᠨ ᠤ ᠬᠤᠯᠪᠤᠭ᠎ᠠ᠂ ᠨᠠᠮ ᠪᠦᠯᠦᠭ | ᠤᠨ ᠪᠤᠰᠤ ᠬᠦᠮᠦᠰ ᠪᠤᠯᠤᠨ ᠠᠷᠠᠳ ᠤᠨ ᠪᠦᠯᠬᠦᠮ ᠵᠢᠴᠢ ᠨᠡᠶᠢᠬᠡᠮ ᠤᠨ ᠡᠯ᠎ᠡ ᠡᠳᠡᠭᠡᠳ ᠯᠦᠭᠡ ᠶᠢᠨ ᠬᠠᠷᠢᠯᠴᠠᠭ᠎ᠠ | ᠪᠠᠨ ᠴᠢᠬᠤᠯᠠᠴᠢᠯᠠᠨ ᠴᠢᠩᠭᠠᠳᠬᠠᠵᠦ᠂ ᠰᠠᠨᠠᠯ ᠰᠠᠨᠠᠭᠤᠯᠭ᠎ᠠ ᠶᠢ ᠨᠠᠷᠢᠨ ᠬᠢᠨᠠᠮᠠᠭᠠᠢ ᠬᠦᠯᠢᠶᠡᠨ ᠠᠪᠤᠪᠠ᠃ ᠵᠠᠰᠠᠭ ᠤᠨ | ᠤᠷᠳᠤᠨ ᠤ ᠠᠵᠢᠯ ᠤᠨ ᠲᠦᠷᠢᠮ ᠳᠤ ᠵᠠᠰᠠᠪᠦᠷᠢ ᠤᠷᠤᠭᠤᠯᠦᠨ ᠳᠡᠬᠦᠯᠳᠡᠷᠵᠢᠬᠦᠯᠵᠦ᠂ ᠵᠠᠰᠠᠭ ᠤᠨ ᠤᠷᠳᠤᠨ ᠤ | ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢ ᠶᠢᠨ ᠬᠠᠤᠯᠢ ᠶᠤᠰᠤᠴᠢ ᠴᠢᠨᠠᠷ ᠢ ᠬᠢᠨᠠᠨ ᠪᠠᠶᠢᠴᠠᠭᠠᠬᠤ ᠲᠦᠷᠢᠮ | ᠪᠤᠯᠤᠨ ᠬᠠᠤᠯᠢ ᠶᠢᠨ ᠵᠦᠪᠯᠡᠭᠴᠢ ᠶᠢᠨ ᠠᠵᠢᠯ ᠤᠨ ᠲᠦᠷᠢᠮ ᠪᠠᠶᠢᠭᠤᠯᠪᠠ᠃ ᠨᠠᠮ ᠤᠨ ᠤᠯᠠᠨ ᠲᠦᠮᠡᠨᠴᠢ ᠱᠤᠭᠤᠮ | ᠤᠨ ᠬᠦᠮᠦᠵᠢᠯ ᠦᠢᠯᠡᠳᠦᠯᠭᠡ ᠶᠢᠨ ᠠᠵᠢᠯᠯᠠᠭ᠎ᠠ ᠶᠢ ᠬᠦᠨᠵᠡᠬᠡᠢ ᠦᠷᠨᠢᠬᠦᠯᠵᠦ᠂ ᠳᠠᠶᠢᠴᠢᠯᠠᠨ ᠳᠠᠭᠠᠭᠤᠯᠬᠤ ᠠᠵᠢᠯᠯᠠᠭ᠎ᠠ | ᠶᠢ ᠯᠠᠪᠳᠠᠭᠤᠨ ᠪᠠᠳᠤᠳᠠᠢ ᠲᠦᠯᠬᠢᠨ ᠠᠬᠢᠭᠤᠯᠵᠦ᠂ ︽ᠲᠦᠷᠪᠡᠨ ᠰᠤᠷᠳᠠᠯ︾ ᠪᠤᠯᠤᠨ ᠤᠯᠠᠨ ᠲᠦᠮᠡᠨ ᠲᠠᠢ | ᠬᠠᠷᠢᠯᠴᠠᠨ ᠤᠯᠠᠨ ᠲᠦᠮᠡᠨ ᠳᠤ ᠦᠢᠯᠡᠴᠢᠯᠡᠬᠦ ︽ᠬᠠᠮᠤᠭ ᠰᠡᠬᠦᠯᠴᠢ ᠶᠢᠨ ᠨᠢᠭᠡ ᠺᠢᠯᠤᠮᠧᠲᠷ︾ ᠤᠨ ᠠᠰᠠᠭᠤᠳᠠᠯ ᠢ | ᠴᠢᠷᠮᠠᠶᠢᠨ ᠰᠢᠢᠳᠪᠦᠷᠢᠯᠡᠪᠡ᠃ ᠴᠢᠭᠡᠴᠢ ᠵᠠᠰᠠᠭ ᠤᠨ ᠬᠢᠨᠠᠯᠳᠠ ᠳᠠᠯᠪᠢᠬᠤ ᠲᠤᠭᠳᠠᠴᠠ ᠶᠢ ᠪᠠᠶᠢᠭᠤᠯᠤᠨ | ᠳᠡᠬᠦᠯᠳᠡᠷᠵᠢᠬᠦᠯᠵᠦ᠂ ᠠᠷᠠᠳᠴᠢᠯᠠᠯ ᠲᠦᠪᠯᠡᠷᠡᠯ ᠤᠨ ᠲᠦᠷᠢᠮ ᠪᠤᠯᠤᠨ ︽ᠭᠤᠷᠪᠡᠨ ᠭᠤᠤᠯᠳᠠᠯᠭ᠎ᠠ ᠨᠢᠭᠡ ᠲᠤᠮᠤ ᠪᠡᠯᠡ | ᠮᠦᠩᠬᠦᠨ ᠤ ᠭᠡᠷᠡᠭᠯᠡᠯᠳᠡ︾ ᠶᠢᠨ ᠭᠡᠷᠡᠭ ᠵᠦᠪᠯᠡᠬᠦ ᠵᠠᠷᠴᠢᠮ ᠢ ᠨᠠᠶᠢᠳᠠᠪᠦᠷᠢᠵᠢᠭᠤᠯᠤᠨ᠂ ᠲᠦᠰᠦᠪ ᠢ ᠬᠦᠢᠴᠡᠳᠭᠡᠬᠦ᠂ | ᠠᠵᠦ ᠠᠬᠤᠢ ᠶᠢᠨ ᠬᠠᠷᠢᠭᠤᠴᠠᠯᠭ᠎ᠠ᠂ ᠵᠠᠰᠠᠭ ᠤᠨ ᠤᠷᠳᠤᠨ ᠤ ᠪᠡᠯᠡ ᠤᠷᠤᠭᠤᠯᠤᠯᠳᠠ ᠪᠤᠯᠤᠨ ᠵᠠᠰᠠᠭ ᠵᠠᠬᠢᠷᠭᠠᠨ ᠤ | ᠦᠷ᠎ᠡ ᠪᠦᠳᠦᠮᠵᠢ ᠶᠢ ᠬᠢᠨᠠᠨ ᠪᠤᠳᠤᠬᠤ ᠠᠵᠢᠯ ᠢ ᠴᠢᠩᠭᠠᠳᠬᠠᠵᠦ᠂ ᠡᠳ᠋ ᠤᠨ ᠵᠠᠰᠠᠭ ᠤᠨ ᠪᠡᠯᠡ ᠮᠦᠩᠬᠦᠨ ᠤ | ᠬᠠᠮᠢᠶᠠᠷᠤᠯᠳᠠ ᠪᠤᠯᠤᠨ ᠭᠡᠷᠡᠭᠯᠡᠯᠳᠡ ᠨᠡᠩ ᠲᠦᠷᠢᠮᠵᠢᠪᠡ᠃ | ᠨᠢᠭᠡ ᠵᠢᠯ ᠤᠨ ᠲᠤᠷᠰᠢ᠂ ᠠᠷᠠᠳ ᠤᠨ ᠠᠭᠠᠷ ᠤᠨ ᠰᠡᠷᠭᠡᠶᠢᠯᠡᠯᠳᠡ᠂ ᠬᠢᠯᠢ ᠶᠢᠨ ᠬᠠᠮᠠᠭᠠᠯᠠᠯᠳᠠ ᠶᠢᠨ ᠵᠡᠪᠰᠡᠭᠳᠦ | ᠬᠦᠴᠦᠨ ᠤ ᠴᠠᠭᠳᠠᠭ᠎ᠠ᠂ ᠳᠤᠳᠤᠭᠠᠳᠦ ᠶᠢ ᠬᠠᠮᠠᠭᠠᠯᠠᠬᠤ ᠭᠠᠯ ᠤᠨᠳᠠᠷᠠᠭᠠᠬᠤ ᠪᠦᠲᠦᠭᠡᠨ ᠪᠠᠶᠢᠭᠤᠯᠤᠯᠳᠠ ᠴᠢᠨᠠᠭᠰᠢᠳᠠ | ᠴᠢᠩᠭᠠᠷᠠᠪᠠ᠃ ᠠᠵᠢᠯᠴᠢᠨ ᠤ ᠡᠪᠯᠡᠯ᠂ ᠡᠪ ᠬᠠᠮᠳᠦ ᠵᠠᠯᠠᠭᠤᠴᠦᠳ ᠤᠨ ᠡᠪᠯᠡᠯ᠂ ᠤᠯᠠᠭᠠᠨ ᠵᠠᠭᠠᠯᠮᠠᠶᠢᠳᠠᠨ ᠤ ᠨᠡᠶᠢᠬᠡᠮᠯᠢᠭ᠂ | ᠨᠠᠰᠤᠳᠠᠶᠢᠴᠦᠳ᠂ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ᠂ ᠲᠤᠭ᠎ᠠ ᠪᠦᠷᠢᠳᠭᠡᠯ᠂ ᠭᠠᠳᠠᠭᠠᠳᠦ ᠶᠠᠪᠤᠳᠠᠯ | ᠬᠠᠷᠢᠶᠠᠳᠦ ᠶᠢᠨ ᠶᠠᠪᠤᠳᠠᠯ᠂ ᠲᠠᠩᠰᠠ ᠡᠪᠬᠡᠮᠡᠯ ᠴᠠᠳᠢᠭ᠂ ᠭᠠᠶᠢᠯᠢ ᠶᠢᠨ ᠶᠠᠪᠤᠳᠠᠯ᠂ ᠴᠠᠭ ᠠᠭᠤᠷ᠂ ᠴᠢᠯᠠᠭᠤᠨ ᠳᠤᠰᠤ᠂ | ᠲᠠᠮᠠᠬᠢᠨ ᠤ ᠦᠢᠯᠡᠰ᠂ ᠰᠢᠤᠳᠠᠨ ᠦᠢᠯᠡᠰ᠂ ᠴᠢᠮᠡᠭᠡ ᠨᠡᠪᠲᠡᠷᠡᠬᠦᠯᠭᠡ ᠵᠡᠷᠭᠡ ᠰᠠᠯᠠᠭ᠎ᠠ ᠮᠦᠴᠢᠷ ᠪᠤᠯᠤᠨ ᠠᠵᠢᠯ ᠲᠦᠷᠦᠯ | ᠪᠠᠶᠠᠷᠯᠠᠭᠤᠰᠢᠳᠠᠢ ᠦᠷ᠎ᠡ ᠪᠦᠳᠦᠮᠵᠢ ᠤᠯᠪᠠ᠃ | ᠲᠦᠯᠦᠭᠡᠯᠡᠭᠴᠢᠳ ᠡ᠂ ᠦᠩᠭᠡᠷᠡᠭᠰᠡᠨ ᠨᠢᠭᠡ ᠵᠢᠯ ᠳᠤ᠂ ᠪᠢᠳᠡ ᠬᠠᠳᠠᠭᠤ ᠴᠢᠩᠭ᠎ᠠ ᠰᠢᠯᠭᠠᠯᠳᠠ ᠶᠢᠨ ᠡᠮᠦᠨ᠎ᠡ | ᠠᠮᠵᠢᠯᠳᠠ ᠪᠦᠳᠦᠭᠡᠯ ᠤᠯᠤᠭᠰᠠᠨ ᠶᠠᠪᠤᠳᠠᠯ ᠪᠤᠯ ᠦᠨᠡᠬᠡᠷ ᠬᠢᠯᠪᠡᠷ ᠦᠬᠡᠢ ᠶᠤᠮ᠃ ᠡᠨᠡ ᠪᠤᠯ ᠬᠤᠳᠠ ᠶᠢᠨ ᠨᠠᠮ ᠤᠨ | ᠬᠤᠷᠢᠶ᠎ᠠ᠂ ᠵᠠᠰᠠᠭ ᠤᠨ ᠤᠷᠳᠦᠨ ᠪᠤᠯᠤᠨ ᠬᠤᠰᠢᠭᠤᠨ ᠤ ᠨᠠᠮ ᠤᠨ ᠬᠤᠷᠢᠶ᠎ᠠ ᠶᠢᠨ ᠪᠠᠳᠦ ᠴᠢᠩᠭ᠎ᠠ ᠤᠳᠤᠷᠢᠳᠤᠯᠭ᠎ᠠ | ᠶᠢᠨ ᠦᠷ᠎ᠡ ᠳ᠋ᠦᠩ᠂ ᠠᠷᠠᠳ ᠤᠨ ᠲᠦᠯᠦᠭᠡᠯᠡᠭᠴᠢ᠂ ᠤᠯᠤᠰ ᠲᠦᠷᠦ ᠶᠢᠨ ᠵᠦᠪᠯᠡᠯᠭᠡᠨ ᠤ ᠭᠡᠰᠢᠬᠦᠳ ᠤᠨ ᠬᠢᠨᠠᠯᠳᠠ | ᠳᠠᠯᠪᠢᠵᠦ ᠲᠡᠮᠵᠢᠯᠬᠡ ᠦᠵᠡᠬᠦᠯᠦᠭᠰᠡᠨ ᠤ ᠦᠷ᠎ᠡ ᠳ᠋ᠦᠩ᠂ ᠪᠦᠬᠦ ᠬᠤᠰᠢᠭᠤ ᠲᠠᠶᠠᠭᠠᠷ ᠢᠶᠠᠨ ᠠᠯᠤᠰ ᠢ ᠪᠠᠷᠠᠯᠠᠨ | ᠬᠠᠷᠢᠯᠴᠠᠨ ᠬᠠᠪᠰᠤᠷᠤᠯᠴᠠᠵᠦ᠂ ᠵᠠᠮ ᠨᠡᠭᠡᠭᠡᠨ ᠤᠷᠤᠭᠰᠢᠯᠠᠭᠰᠠᠨ ᠤ ᠦᠷ᠎ᠡ ᠳ᠋ᠦᠩ ᠮᠦᠨ᠃ ᠡᠭᠦᠨ ᠳᠤ᠂ ᠪᠢ | ᠬᠤᠰᠢᠭᠤᠨ ᠤ ᠠᠷᠠᠳ ᠤᠨ ᠵᠠᠰᠠᠭ ᠤᠨ ᠤᠷᠳᠤᠨ ᠢ ᠲᠦᠯᠦᠭᠡᠯᠡᠨ᠂ ᠡᠯ᠎ᠡ ᠵᠦᠢᠯ ᠤᠨ ᠠᠵᠢᠯ ᠦᠢᠯᠡᠰ ᠲᠤ ᠰᠢᠷᠭᠠᠭᠤ | ᠬᠠᠳᠠᠭᠤᠵᠢᠯᠳᠠᠢ ᠠᠵᠢᠯᠯᠠᠵᠦ ᠪᠠᠶᠢᠭ᠎ᠠ ᠬᠦᠳᠡᠯᠮᠦᠷᠢᠯᠡᠭᠴᠢᠳ᠂ ᠵᠠᠰᠠᠭ ᠤᠨ ᠤᠷᠳᠤᠨ ᠤ ᠠᠵᠢᠯ ᠳᠤ ᠶᠡᠬᠡᠪᠡᠷ ᠲᠡᠮᠵᠢᠯᠭᠡ | ᠦᠵᠡᠬᠦᠯᠦᠭᠰᠡᠨ ᠠᠷᠠᠳ ᠤᠨ ᠲᠦᠯᠦᠭᠡᠯᠡᠭᠴᠢ ᠪᠤᠯᠤᠨ ᠤᠯᠤᠰ ᠲᠦᠷᠦ ᠶᠢᠨ ᠵᠦᠪᠯᠡᠯᠭᠡᠨ ᠤ ᠭᠡᠰᠢᠬᠦᠳ᠂ | ᠦᠢᠯᠡᠳᠪᠦᠷᠢ ᠬᠤᠳᠠᠯᠳᠤᠭᠠᠨ ᠤ ᠬᠤᠯᠪᠤᠭ᠎ᠠ ᠪᠤᠯᠤᠨ ᠨᠡᠶᠢᠬᠡᠮ ᠤᠨ ᠡᠯ᠎ᠡ ᠡᠳᠡᠭᠡᠳ᠂ ᠠᠵᠢᠯ ᠠᠴᠠ ᠪᠠᠨ ᠠᠮᠠᠷᠠᠭᠰᠠᠨ | ᠪᠠ ᠨᠠᠰᠤᠨ ᠤ ᠠᠮᠠᠷᠠᠯᠳᠠ ᠪᠠᠨ ᠠᠪᠤᠭᠰᠠᠨ ᠤᠳᠤᠷᠢᠳᠤᠯᠭ᠎ᠠ ᠪᠤᠯᠤᠨ ᠠᠬᠠᠮᠠᠳ ᠨᠦᠬᠦᠳ ᠲᠤ ᠡᠷᠬᠢᠮ ᠲᠡᠭᠡᠳᠦ | ᠮᠡᠨᠳᠦᠴᠢᠯᠡᠯ ᠢᠶᠠᠨ ᠲᠡᠪᠰᠢᠬᠦᠯᠦᠶ᠎ᠡ︕ ᠰᠢᠨ᠎ᠡ ᠪᠠᠷᠭᠤ ᠪᠠᠷᠠᠭᠤᠨ ᠬᠤᠰᠢᠭᠤᠨ ᠪ᠊ ᠦᠭᠡᠷᠡᠴᠢᠯᠡᠯᠳᠡ ᠬᠦᠭᠵᠢᠯᠳᠡ ᠶᠢ | ᠬᠠᠯᠠᠮᠵᠢᠯᠠᠨ ᠲᠡᠮᠵᠢᠭᠰᠡᠨ ᠨᠠᠶᠢᠵᠠ ᠨᠦᠬᠦᠳ ᠲᠤ ᠴᠢᠩ ᠰᠡᠳᠬᠢᠯ ᠤᠨ ᠳᠠᠯᠠᠷᠬᠠᠯ ᠢᠶᠠᠨ ᠢᠯᠡᠳᠭᠡᠶ᠎ᠡ︕ | ᠠᠮᠵᠢᠯᠳᠠ ᠪᠦᠳᠦᠮᠵᠢ ᠪᠠᠨ ᠤᠯᠵᠦ ᠦᠵᠡᠬᠦ ᠶᠢᠨ ᠬᠠᠮᠳᠦ ᠪᠢᠳᠡ ᠪᠦᠬᠦ ᠬᠤᠰᠢᠭᠤᠨ ᠤ ᠠᠵᠦ ᠠᠬᠤᠢ | ᠨᠡᠶᠢᠬᠡᠮ ᠤᠨ ᠬᠦᠭᠵᠢᠯᠳᠡ ᠳᠤ ᠪᠠᠰᠠ ᠭᠡᠰᠡᠭ ᠲᠤᠪᠤᠶᠢᠮ᠎ᠠ ᠵᠦᠷᠢᠴᠡᠯ ᠪᠠ ᠠᠰᠠᠭᠤᠳᠠᠯ ᠲᠤᠯᠭᠠᠷᠠᠵᠦ᠂ ᠵᠠᠰᠠᠭ ᠤᠨ | ᠤᠷᠳᠤᠨ ᠤ ᠠᠵᠢᠯ ᠳᠤ ᠵᠦᠷᠢᠶ᠎ᠡ ᠪᠤᠯᠤᠨ ᠬᠦᠷᠦᠯᠴᠡᠬᠦ ᠦᠬᠡᠢ ᠳᠠᠯ᠎ᠠ ᠤᠷᠤᠰᠢᠵᠦ ᠪᠠᠶᠢᠬᠤ ᠶᠢ ᠰᠡᠷᠭᠡᠭ ᠢᠶᠠᠷ ᠤᠯᠵᠦ | ᠦᠵᠡᠬᠦ ᠭᠡᠷᠡᠭᠳᠡᠢ᠂ ᠡᠳᠡᠭᠡᠷ ᠨᠢ ᠭᠤᠤᠯᠳᠠᠭᠤ᠄ ᠨᠢᠭᠡ ᠳᠤ ᠠᠵᠦ ᠠᠬᠤᠢ ᠶᠢᠨ ᠨᠡᠮᠡᠭᠳᠡᠯ ᠤᠨ ᠬᠢᠯᠠᠰ ᠴᠡᠭ ᠴᠦᠬᠡᠨ᠃ | ᠠᠵᠦ ᠦᠢᠯᠡᠰ ᠤᠨ ᠪᠦᠳᠦᠴᠡ ᠵᠤᠬᠢᠰ ᠦᠬᠡᠢ᠂ ᠡᠳ᠋ ᠤᠨ ᠵᠠᠰᠠᠭ ᠭᠠᠶᠢᠯᠢ ᠶᠢᠨ ᠨᠡᠮᠡᠭᠳᠡᠯ ᠭᠤᠤᠯᠳᠠᠭᠤ ᠠᠵᠦ | ᠦᠢᠯᠡᠳᠪᠦᠷᠢ ᠳᠤ ᠶᠡᠬᠡᠪᠡᠷ ᠲᠦᠰᠢᠭᠯᠡᠵᠦ᠂ ᠲᠡᠭᠡᠳᠦ ᠰᠢᠨ᠎ᠡ ᠮᠡᠷᠭᠡᠵᠢᠯ ᠤᠨ ᠠᠵᠦ ᠦᠢᠯᠡᠰ᠂ ᠤᠳᠤ ᠦᠶ᠎ᠡ ᠶᠢᠨ | ᠦᠢᠯᠡᠴᠢᠯᠡᠭᠡᠨ ᠤ ᠦᠢᠯᠡᠰ ᠤᠨ ᠬᠦᠭᠵᠢᠯᠳᠡ ᠢᠯᠡᠳᠳᠡ ᠬᠤᠴᠤᠷᠤᠩᠭᠤᠢ᠃ ᠬᠤᠶᠠᠷ ᠲᠤ ᠤᠶᠢᠷ᠎ᠠ ᠵᠡᠷᠭᠡᠯᠡᠳᠡᠭᠡ | ᠬᠤᠰᠢᠭᠤ ᠬᠤᠳᠠ ᠦᠳᠳᠡᠷ ᠲᠦᠷᠭᠡᠨ ᠬᠦᠭᠵᠢᠵᠦ᠂ ︽ᠤᠷᠤᠭᠰᠢᠯᠠᠬᠤ ᠦᠬᠡᠢ ᠪᠤᠯ ᠤᠬᠤᠷᠢᠨ᠎ᠠ᠂ ᠤᠷᠤᠭᠰᠢᠯᠠᠬᠤ | ᠨᠢ ᠤᠳᠠᠭᠠᠨ ᠪᠤᠯ ᠪᠠᠰᠠ ᠤᠬᠤᠷᠢᠭᠰᠠᠨ ᠲᠠᠢ ᠠᠳᠠᠯᠢ︾ ᠪᠤᠳᠠᠳᠦ ᠪᠠᠶᠢᠳᠠᠯ ᠨᠢ ᠪᠢᠳᠡᠨ ᠳᠤ ᠲᠤᠶᠢᠯ ᠤᠨ ᠶᠡᠭᠡ | ᠦᠷᠢᠰᠦᠯᠳᠦᠭᠡᠨ ᠠᠪᠴᠢᠷᠠᠪᠠ᠃ ᠭᠤᠷᠪᠡ ᠳᠤ ᠲᠤᠭᠳᠠᠭᠤᠨ ᠢ ᠪᠠᠳᠤᠯᠠᠬᠤ ᠲᠠᠷᠤᠭᠠᠰᠦ ᠨᠡᠯᠢᠶᠡᠳ ᠶᠡᠭᠡ᠃ ᠨᠡᠶᠢᠬᠡᠮ | ᠤᠨ ᠪᠠᠳᠤᠯᠠᠭ᠎ᠠ ᠪᠤᠯᠤᠨ ᠲᠡᠤᠭᠡᠨ ᠦᠯᠡᠳᠡᠭᠳᠡᠯ ᠦᠷᠢ ᠰᠢᠷᠢ ᠵᠡᠷᠭᠡ ᠠᠷᠠᠳ ᠲᠦᠮᠡᠨ ᠤ ᠲᠤᠰ ᠪᠡᠶ᠎ᠡ ᠶᠢᠨ ᠠᠰᠢᠭ | ᠲᠤᠰᠠ ᠲᠠᠢ ᠬᠤᠯᠪᠤᠭᠳᠠᠭᠰᠠᠨ ᠲᠤᠪᠤᠶᠢᠮ᠎ᠠ ᠠᠰᠠᠭᠤᠳᠠᠯ ᠤᠳ ᠢ ᠪᠦᠳᠦᠮᠵᠢᠳᠡᠢ ᠰᠢᠢᠳᠪᠦᠷᠢᠯᠡᠭᠡᠳᠦᠢ ᠪᠠᠶᠢᠵᠦ᠂ | ᠦᠭᠡᠷᠡᠴᠢᠯᠡᠯᠳᠡ ᠶᠢᠨ ᠲᠠᠰᠤᠷᠠᠯᠳᠠ ᠦᠬᠡᠢ ᠬᠦᠨᠵᠡᠭᠡᠶᠢᠷᠡᠬᠦ ᠶᠢ ᠳᠠᠭᠠᠯᠳᠤᠨ᠂ ᠡᠯ᠎ᠡ ᠳᠠᠯ᠎ᠠ ᠶᠢᠨ ᠠᠰᠢᠭ ᠲᠤᠰᠠ ᠶᠢ | ᠨᠢᠭᠡᠳᠦᠯᠳᠡᠢ ᠲᠦᠯᠦᠪᠵᠢᠬᠦᠯᠬᠦ ᠳᠤ ᠨᠡᠩ ᠬᠦᠴᠢᠷ ᠲᠠᠢ ᠪᠤᠯᠪᠠ᠃ ᠲᠦᠷᠪᠡ ᠳᠤ ᠬᠤᠳᠠ ᠪᠠᠯᠭᠠᠰᠦ ᠶᠢᠨ ᠰᠠᠭᠤᠷᠢ | ᠲᠦᠬᠦᠭᠡᠷᠦᠮᠵᠢ ᠬᠤᠴᠤᠷᠤᠩᠭᠤᠢ᠃ ᠡᠳ᠋ ᠤᠨ ᠵᠠᠰᠠᠭ ᠤᠨ ᠵᠠᠷᠤᠴᠠᠭᠤᠯᠵᠦ ᠪᠤᠯᠬᠤ ᠡᠳ᠋ ᠤᠨ ᠬᠦᠴᠦᠨ ᠬᠢᠵᠠᠭᠠᠷᠳᠠᠢ᠂ | ᠬᠤᠳᠠ ᠶᠢᠨ ᠴᠢᠳᠠᠪᠬᠢ ᠪᠦᠷᠢᠨ ᠲᠦᠬᠦᠷ ᠪᠢᠰᠢ᠂ ᠰᠠᠭᠤᠭᠠᠯᠢ ᠠᠷᠠᠳ ᠤᠨ ᠵᠢᠵᠢᠭ ᠲᠤᠭᠤᠷᠢᠭ ᠤᠨ ᠪᠦᠲᠦᠭᠡᠨ | ᠪᠠᠶᠢᠭᠤᠯᠤᠯᠳᠠ ᠶᠢ ᠢᠵᠢ ᠪᠦᠷᠢᠳᠦᠬᠦᠯᠦᠭᠰᠡᠨ ᠦᠬᠡᠢ ᠪᠦᠭᠡᠳ ᠨᠡᠯᠢᠶᠡᠳ ᠤᠯᠠᠨ ᠲᠡᠤᠭᠡᠨ ᠦᠷᠢ ᠰᠢᠷᠢ ᠲᠠᠢ ᠪᠠᠶᠢᠵᠦ᠂ | ᠤᠨᠴᠠᠭᠠᠶᠢᠯᠠᠨ ᠰᠤᠮᠤ ᠪᠠᠯᠭᠠᠰᠦ ᠶᠢᠨ ᠰᠠᠭᠤᠷᠢ ᠲᠦᠬᠦᠭᠡᠷᠦᠮᠵᠢ ᠶᠢ ᠴᠢᠨᠠᠭᠰᠢᠳᠠ ᠳᠡᠬᠦᠯᠳᠡᠷᠵᠢᠬᠦᠯᠬᠦ ᠴᠢᠬᠤᠯᠠᠳᠠᠢ᠃ | ᠲᠠᠪᠤ ᠳᠤ ᠺᠠᠳ᠋ᠷ ᠤᠨ ᠡᠩᠨᠡᠭᠡᠨ ᠤ ᠬᠡᠪ ᠴᠢᠨᠠᠷ ᠢ ᠲᠡᠭᠡᠭᠰᠢᠯᠡᠬᠦᠯᠬᠦ ᠴᠢᠬᠤᠯᠠᠳᠠᠢ᠃ ᠴᠦᠭᠡᠨ ᠲᠤᠭᠠᠨᠨ ᠤ ᠤᠳᠤᠷᠢᠳᠬᠤ | ᠺᠠᠳ᠋ᠷ ᠦᠵᠡᠯ ᠰᠠᠨᠠᠭ᠎ᠠ ᠪᠠᠨ ᠴᠢᠯᠦᠭᠡᠯᠡᠭᠰᠡᠨ ᠢᠶᠠᠷ ᠬᠦᠢᠴᠡᠳ ᠦᠬᠡᠢ᠂ ᠠᠵᠢᠯ ᠬᠦᠢᠴᠡᠳᠭᠡᠬᠦ ᠴᠢᠳᠠᠪᠦᠷᠢ ᠪᠠᠷ ᠠᠨᠠᠢ᠂ | ︽ᠬᠦᠯᠢᠶᠡᠬᠦ᠂ ᠲᠦᠰᠢᠬᠦ᠂ ᠠᠪᠬᠤ︾ ᠦᠵᠡᠯ ᠰᠠᠨᠠᠭ᠎ᠠ ᠬᠦᠨᠳᠦ ᠨᠤᠴᠢᠳᠠᠢ ᠤᠷᠤᠰᠢᠵᠦ᠂ ᠰᠠᠨᠠᠭᠠᠴᠢᠯᠠᠭ᠎ᠠ ᠠᠴᠠ ᠪᠠᠨ | ᠠᠵᠢᠯ ᠬᠢᠬᠦ ᠦᠬᠡᠢ᠂ ᠲᠡᠭᠡᠳᠦ ᠱᠠᠳᠤᠨ ᠠᠴᠠ ᠲᠦᠷᠦᠯ ᠵᠦᠢᠯ ᠤᠨ ᠪᠡᠯᠡ ᠮᠦᠩᠬᠦ ᠤᠯᠬᠤ ᠳᠤ ᠢᠳᠡᠪᠬᠢᠳᠠᠢ ᠪᠢᠰᠢ | ᠵᠡᠷᠭᠡ ᠠᠰᠠᠭᠤᠳᠠᠯ ᠪᠠᠰᠠ ᠪᠤᠳᠠᠳᠠᠢ ᠤᠷᠤᠰᠢᠵᠦ ᠪᠠᠶᠢᠨ᠎ᠠ᠃ ᠡᠳᠡᠭᠡᠷ ᠠᠰᠠᠭᠤᠳᠠᠯ ᠳᠤ ᠪᠢᠳᠡ ᠡᠷᠭᠡᠪᠰᠢ ᠵᠤᠷᠢᠭᠳᠠᠢ | ᠪᠠᠷ ᠬᠠᠨᠳᠤᠨ᠂ ᠲᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠦᠨᠡᠨᠬᠦ ᠪᠦᠳᠦᠮᠵᠢᠳᠡᠢ ᠰᠢᠢᠳᠪᠦᠷᠢᠯᠡᠨ᠂ ᠪᠦᠬᠦ | ᠬᠤᠰᠢᠭᠤᠨ ᠤ ᠠᠷᠠᠳ ᠲᠦᠮᠡᠨ ᠤ ᠬᠦᠰᠡᠯ ᠱᠠᠭᠠᠷᠳᠠᠯᠭ᠎ᠠ ᠶᠢ ᠶᠠᠭᠠᠬᠢᠭᠰᠠᠨ ᠴᠦ ᠬᠦᠰᠡᠷᠳᠡᠬᠦᠯᠬᠦ ᠦᠬᠡᠢ︕ | |