2016 ᠤᠨ ᠤ ᠵᠠᠰᠠᠭ ᠤᠨ ᠤᠷᠳᠤᠨ ᠤ ᠠᠵᠢᠯ ᠤᠨ ᠢᠯᠡᠤᠡᠬᠡᠯ ︵ᠨᠢᠬᠡ︶
ᠨᠡᠶᠢᠲᠡᠯᠡᠭᠰᠡᠨ ᠴᠠᠭ᠄
2016/3/8
 — — 2016 ᠤᠨ ᠤ 3 ᠰᠠᠷᠠᠶᠢᠨ 8᠎ ᠤ ᠡᠳᠦᠷ ᠤᠨ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠪᠠᠨ ᠲᠦᠷᠪᠡᠳᠦᠭᠡᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠤᠳᠠᠭᠠᠨ ᠤ ᠬᠤᠷᠠᠯ ᠳᠡᠭᠡᠷ᠎ᠡ     ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠬᠤᠰᠢᠭᠤᠨ ᠳᠠᠷᠤᠭ᠎ᠠ      ᠭᠠᠯᠵᠠᠪ                                                                                                ᠲᠦᠯᠦᠭᠡᠯᠡᠭᠴᠢᠳ ᠡ᠄        ᠤᠳᠤ᠂ ᠪᠢ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠢ ᠲᠦᠯᠦᠭᠡᠯᠡᠨ ᠶᠡᠭᠡ ᠬᠤᠷᠠᠯ ᠳᠤ ᠵᠠᠰᠠᠭ ᠤᠨ ᠤᠷᠳᠤᠨ ᠤ ᠠᠵᠢᠯ ᠤᠨ ᠢᠯᠡᠳᠭᠡᠯ ᠬᠢᠶ᠎ᠡ ᠂ ᠬᠢᠨᠠᠨ ᠵᠦᠪᠯᠡᠬᠦ ᠪᠤᠯᠪᠠᠤ᠂ ᠬᠤᠰᠢᠭᠤᠨ ᠤ ᠤᠯᠤᠰ ᠲᠦᠷᠦ ᠶᠢᠨ ᠵᠦᠪᠯᠡᠯᠭᠡᠨ ᠤ ᠭᠡᠰᠢᠬᠦᠳ ᠪᠤᠯᠤᠨ ᠪᠤᠰᠤᠳ ᠰᠤᠯᠠ ᠤᠷᠤᠯᠴᠠᠭᠰᠠᠳ ᠰᠠᠨᠠᠯ ᠢᠶᠠᠨ ᠲᠤᠷᠠᠳᠬᠤ ᠪᠤᠯᠪᠠᠤ᠃         ᠨᠢᠭᠡ᠂ 2015 ᠤᠨ ᠤ ᠠᠵᠢᠯ ᠤᠨ ᠡᠷᠬᠢᠴᠡᠬᠦᠯᠦᠯ         2015 ᠤᠨ ᠪᠤᠯ ︽ᠠᠷᠪᠠᠨ ᠬᠤᠶᠠᠳᠤᠭᠠᠷ ᠲᠠᠪᠤᠨ ᠵᠢᠯ︾᠎ ᠤᠨ ᠬᠠᠮᠤᠭ ᠰᠡᠬᠦᠯᠴᠢ ᠶᠢᠨ ᠨᠢᠭᠡ ᠵᠢᠯ ᠪᠤᠯᠤᠨ᠎ᠠ᠂ ᠮᠦᠨᠴᠦ ᠦᠭᠡᠷᠡᠴᠢᠯᠡᠯᠳᠡ ᠶᠢ ᠪᠦᠬᠦ ᠳᠠᠯ᠎ᠠ ᠪᠠᠷ ᠬᠦᠨᠵᠡᠬᠡᠶᠢᠷᠡᠬᠦᠯᠦᠭᠰᠡᠨ ᠵᠠᠩᠬᠢᠯᠠᠭ᠎ᠠ ᠶᠢᠨ ᠨᠢᠭᠡ ᠵᠢᠯ ᠪᠤᠯᠤᠨ᠎ᠠ᠃ ᠨᠢᠭᠡ ᠵᠢᠯ ᠤᠨ ᠲᠤᠷᠰᠢ᠂ ᠨᠠᠷᠢᠨ ᠪᠤᠳᠤᠯᠢᠶᠠᠨᠳᠠᠢ ᠪᠦᠭᠡᠳ ᠬᠤᠪᠢᠷᠠᠯᠳᠠ ᠶᠡᠬᠡᠳᠠᠢ ᠬᠦᠭᠵᠢᠯᠳᠡ ᠎ ᠶᠢᠨ ᠤᠷᠴᠢᠨ ᠲᠤᠭᠤᠷᠢᠨ ᠪᠤᠯᠤᠨ ᠠᠵᠦ ᠠᠬᠤᠢ ᠦᠷᠬᠦᠯᠵᠢᠯᠡᠨ ᠲᠤᠷᠤᠭᠰᠢᠯᠠᠭᠰᠠᠨ ᠬᠦᠨᠳᠦ ᠰᠦᠷᠡᠬᠡᠢ ᠪᠠᠶᠢᠳᠠᠯ ᠳᠤ ᠴᠢᠭᠯᠡᠬᠦᠯᠦᠨ᠂ ᠬᠤᠳᠠ ᠶᠢᠨ ᠨᠠᠮ ᠤᠨ ᠬᠤᠷᠢᠶ᠎ᠠ᠂ ᠵᠠᠰᠠᠭ ᠤᠨ ᠤᠷᠳᠤᠨ ᠪᠤᠯᠤᠨ ᠬᠤᠰᠢᠭᠤᠨ ᠤ ᠨᠠᠮ ᠤᠨ ᠬᠤᠷᠢᠶ᠎ᠠ ᠶᠢᠨ ᠪᠠᠳᠦ ᠴᠢᠩᠭ᠎ᠠ ᠤᠳᠤᠷᠢᠳᠤᠯᠭ᠎ᠠ ᠲᠤᠤᠷ᠎ᠠ᠂ ᠬᠤᠰᠢᠭᠤᠨ ᠤ ᠵᠠᠰᠠᠭ ᠤᠨ ᠤᠷᠳᠤᠨ ᠪᠦᠬᠦ ᠬᠤᠰᠢᠭᠤᠨ ᠤ ᠦᠨᠳᠦᠰᠦᠳᠡᠨ ᠨᠦᠭᠦᠳ ᠤᠨ ᠠᠷᠠᠳ ᠲᠦᠮᠡᠨ ᠲᠠᠢ ᠨᠢᠠᠠᠳᠠ ᠪᠦᠯᠬᠦᠮᠳᠡᠨ᠂ ᠬᠦᠴᠢᠷ ᠢ ᠰᠦᠷᠦᠨ ᠤᠷᠤᠭᠰᠢᠯᠠᠵᠦ᠂ ᠯᠠᠪᠳᠠᠭᠤᠨ ᠪᠠᠳᠤᠳᠠᠢ ᠠᠵᠢᠯᠯᠠᠨ᠂ ᠠᠵᠦ ᠠᠬᠤᠢ ᠶᠢᠨ ᠬᠦᠭᠵᠢᠯᠳᠡ ᠶᠢᠨ ᠰᠠᠨᠠᠭᠠᠴᠢᠯᠭᠠᠳᠦ ᠡᠷᠭᠡ ᠶᠢ ᠪᠠᠳᠦ ᠡᠵᠡᠮᠳᠡᠵᠦ᠂ ᠠᠵᠦ ᠠᠬᠤᠢ ᠨᠡᠶᠢᠬᠡᠮ ᠤᠨ ᠰᠠᠶᠢᠨ ᠰᠠᠶᠢᠬᠠᠨ ᠬᠦᠭᠵᠢᠯᠳᠡ ᠶᠢᠨ ᠪᠠᠶᠢᠳᠠᠯ ᠢ ᠪᠠᠳᠤᠯᠠᠵᠦ᠂ ᠠᠷᠪᠠᠨ ᠲᠦᠷᠪᠡᠳᠦᠭᠡᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠳᠤ ᠲᠤᠭᠳᠠᠭᠠᠭᠰᠠᠨ ᠭᠤᠤᠯ ᠬᠠᠷᠠᠯᠳᠠ ᠡᠭᠦᠷᠭᠡ ᠶᠢ ᠦᠨᠳᠦᠰᠦᠨ ᠳᠡᠭᠡᠨ ᠪᠡᠶᠡᠯᠡᠬᠦᠯᠪᠡ᠃       — — ᠦᠩᠭᠡᠷᠡᠭᠰᠡᠨ ᠨᠢᠭᠡ ᠵᠢᠯ ᠳᠤ᠂ ᠪᠢᠳᠡ ᠰᠠᠨᠠᠭᠠᠴᠢᠯᠠᠭ᠎ᠠ ᠲᠠᠢ ᠪᠠᠷ ᠠᠵᠢᠯᠯᠠᠵᠦ᠂ ᠰᠢᠢᠳᠪᠦᠷᠢ ᠪᠤᠳᠤᠯᠭ᠎ᠠ ᠶᠢ ᠨᠠᠷᠢᠯᠢᠭ ᠤᠨᠤᠪᠴᠢᠳᠠᠢ ᠭᠡᠷᠡᠭᠵᠢᠬᠦᠯᠵᠦ᠂ ᠠᠵᠦ ᠠᠬᠤᠢ ᠨᠡᠶᠢᠬᠡᠮ ᠤᠨ ᠬᠦᠭᠵᠢᠯᠳᠡ ᠶᠢᠨ ᠬᠦᠴᠦᠷᠭᠡᠭ ᠬᠦᠳᠡᠯᠭᠡᠭᠴᠢ ᠬᠦᠴᠦᠨ ᠢ ᠪᠠᠳᠤᠯᠠᠪᠠ᠃ ᠤᠷᠤᠨ ᠨᠤᠲᠤᠭ ᠤᠨ ᠦᠢᠯᠡᠳᠪᠦᠷᠢᠯᠡᠯ ᠤᠨ ᠶᠡᠷᠦᠩᠬᠡᠢ ᠦᠷᠲᠡᠭ ᠢ 78 ᠳ᠋ᠦᠩᠰᠢᠭᠤᠷ ᠲᠦᠬᠦᠷᠢᠭ ᠪᠡᠶᠡᠯᠡᠬᠦᠯᠵᠦ᠂ 8.7%᠎ ᠪᠠᠷ ᠨᠡᠮᠡᠭᠳᠡᠵᠦ᠂ ᠡᠭᠦᠨ ᠳᠤ᠂ ᠨᠢᠭᠡᠳᠦᠭᠡᠷ ᠠᠵᠦ ᠦᠢᠯᠡᠰ ᠤᠨ ᠨᠡᠮᠡᠭᠳᠡᠯ ᠦᠷᠳᠡᠭ ᠎ ᠢ 4.3 ᠳ᠋ᠦᠩᠰᠢᠭᠤᠷ ᠲᠦᠬᠦᠷᠢᠭ ᠪᠡᠶᠡᠯᠡᠬᠦᠯᠵᠦ᠂ 3.9%᠎ ᠪᠠᠷ ᠨᠡᠮᠡᠭᠳᠡᠪᠡ᠃ ᠬᠤᠶᠠᠳᠤᠭᠠᠷ ᠠᠵᠦ ᠦᠢᠯᠡᠰ ᠤᠨ ᠨᠡᠮᠡᠭᠳᠡᠯ ᠦᠷᠲᠡᠭ ᠢ 61 ᠳ᠋ᠦᠩᠰᠢᠭᠤᠷ ᠲᠦᠬᠦᠷᠢᠭ ᠪᠡᠶᠡᠯᠡᠬᠦᠯᠵᠦ᠂ 8.9%᠎ ᠪᠠᠷ ᠨᠡᠮᠡᠭᠳᠡᠪᠡ ︵ᠡᠭᠦᠨ ᠳᠤ᠂ ᠠᠵᠦ ᠦᠢᠯᠡᠳᠪᠦᠷᠢ ᠶᠢᠨ ᠨᠡᠮᠡᠭᠳᠡᠯ ᠦᠷᠲᠡᠭ ᠢ 59.6 ᠳ᠋ᠦᠩᠰᠢᠭᠤᠷ ᠲᠦᠬᠦᠷᠢᠭ ᠪᠡᠶᠡᠯᠡᠬᠦᠯᠵᠦ᠂ 8.9%᠎ ᠪᠠᠷ ᠨᠡᠮᠡᠭᠳᠡᠪᠡ︶᠃ ᠭᠤᠷᠪᠠᠳᠤᠭᠠᠷ ᠠᠵᠦ ᠦᠢᠯᠡᠰ ᠤᠨ ᠨᠡᠮᠡᠭᠳᠡᠯ ᠦᠷᠲᠡᠭ ᠢ 12.7 ᠳ᠋ᠦᠩᠰᠢᠭᠤᠷ ᠲᠦᠬᠦᠷᠢᠭ ᠪᠡᠶᠡᠯᠡᠬᠦᠯᠵᠦ᠂ 9.3%᠎ ᠪᠠᠷ ᠨᠡᠮᠡᠭᠳᠡᠪᠡ᠃ ᠤᠯᠠᠨ ᠨᠡᠶᠢᠳᠡ ᠶᠢᠨ ᠡᠳ᠋ ᠤᠨ ᠵᠠᠰᠠᠭ ᠤᠨ ᠲᠦᠰᠦᠪ ᠤᠨ ᠤᠷᠤᠯᠭ᠎ᠠ ᠶᠢ 5.1 ᠳ᠋ᠦᠩᠰᠢᠭᠤᠷ ᠲᠦᠬᠦᠷᠢᠭ ᠪᠡᠶᠡᠯᠡᠬᠦᠯᠵᠦ᠂ 7%᠎ ᠪᠠᠷ ᠨᠡᠮᠡᠭᠳᠡᠪᠡ᠃ ᠪᠦᠬᠦ ᠨᠡᠶᠢᠬᠡᠮ ᠤᠨ ᠲᠤᠭᠳᠠᠮᠠᠯ ᠬᠦᠷᠦᠩᠭᠡ ᠶᠢᠨ ᠪᠡᠯᠡ ᠤᠷᠤᠭᠤᠯᠤᠯᠳᠠ ᠶᠢ 31.9 ᠳ᠋ᠦᠩᠰᠢᠭᠤᠷ ᠲᠦᠬᠦᠷᠢᠭ ᠪᠡᠶᠡᠯᠡᠬᠦᠯᠵᠦ᠂ 31.6%᠎ ᠪᠠᠷ ᠨᠡᠮᠡᠭᠳᠡᠪᠡ᠃ ᠨᠡᠶᠢᠬᠡᠮ ᠤᠨ ᠭᠡᠷᠡᠭᠯᠡᠭᠡᠨ ᠤ ᠲᠠᠸᠠᠷ ᠢ ᠵᠢᠵᠢᠭᠯᠡᠨ ᠪᠤᠷᠤᠯᠠᠭᠤᠯᠤᠭᠰᠠᠨ ᠶᠡᠷᠦᠩᠬᠡᠢ ᠲᠤᠭ᠎ᠠ ᠶᠢ 6 ᠳ᠋ᠦᠩᠰᠢᠭᠤᠷ ᠲᠦᠬᠦᠷᠢᠭ ᠪᠡᠶᠡᠯᠡᠬᠦᠯᠵᠦ᠂ 8.1% ᠎ ᠪᠠᠷ ᠨᠡᠮᠡᠭᠳᠡᠪᠡ᠃ ᠬᠤᠳᠠ ᠪᠠᠯᠭᠠᠰᠦ ᠶᠢᠨ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠦᠮᠦᠨ ᠲᠤᠮᠳᠠᠴᠢ ᠵᠠᠷᠤᠴᠠᠭᠤᠯᠵᠦ ᠪᠤᠯᠬᠤ ᠤᠷᠤᠯᠭ᠎ᠠ ᠶᠢ 24,684 ᠲᠦᠬᠦᠷᠢᠭ ᠪᠡᠶᠡᠯᠡᠬᠦᠯᠵᠦ᠂ 8.1%᠎ ᠪᠠᠷ ᠨᠡᠮᠡᠭᠳᠡᠪᠡ᠃ ᠮᠠᠯᠵᠢᠬᠤ ᠤᠷᠤᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠦᠮᠦᠨ ᠲᠤᠮᠳᠠᠴᠢ ᠵᠠᠷᠤᠴᠠᠭᠤᠯᠵᠦ ᠪᠤᠯᠬᠤ ᠤᠷᠤᠯᠭ᠎ᠠ ᠶᠢ 16,956 ᠲᠦᠬᠦᠷᠢᠭ ᠪᠡᠶᠡᠯᠡᠬᠦᠯᠵᠦ᠂ 8.2%᠎ ᠢᠶᠠᠷ ᠨᠡᠮᠡᠭᠳᠡᠪᠡ᠃ ᠡᠳᠡᠭᠡᠷ ᠠᠮᠵᠢᠯᠳᠠ ᠨᠢ ᠪᠦᠷ ᠠᠵᠦ ᠦᠢᠯᠡᠳᠪᠦᠷᠢ ᠶᠢᠨ ᠦᠢᠯᠡᠳᠬᠦᠨ ᠎ ᠤ ᠦᠨ᠎ᠡ ᠬᠠᠩᠰᠢ ᠪᠤᠯᠤᠨ ᠠᠵᠦ ᠠᠬᠤᠶᠢᠯᠠᠯ ᠤᠨ ᠠᠰᠢᠭ ᠬᠤᠨᠵᠢᠪᠦᠷᠢ ᠲᠤᠷᠤᠭᠰᠢᠯᠠᠵᠦ᠂ ᠡᠬᠢ ᠪᠠᠶᠠᠯᠢᠭ ᠤᠨ ᠤᠷᠴᠢᠨ ᠲᠤᠭᠤᠷᠢᠨ ᠤ ᠬᠢᠵᠠᠭᠠᠷᠯᠠᠯ ᠨᠡᠮᠡᠭᠳᠡᠭᠰᠡᠨ ᠪᠠ ᠠᠵᠦ ᠠᠬᠤᠢ ᠶᠢᠨ ᠶᠡᠷᠦᠩᠭᠡᠢ ᠬᠡᠮᠵᠢᠶᠡᠨ ᠤ ᠰᠠᠭᠤᠷᠢ ᠲᠤᠭ᠎ᠠ ᠨᠡᠮᠡᠭᠳᠡᠭᠰᠡᠨ ᠪᠠᠶᠢᠳᠠᠯ ᠲᠤᠤᠷ᠎ᠠ ᠤᠯᠤᠭᠰᠠᠨ ᠪᠤᠯᠬᠤᠷ ᠦᠨᠡᠭᠡᠷ ᠬᠢᠯᠪᠠᠷ ᠦᠬᠡᠢ ᠶᠤᠮ᠃        — — ᠦᠩᠭᠡᠷᠡᠭᠰᠡᠨ ᠨᠢᠭᠡ ᠵᠢᠯ ᠳᠤ᠂ ᠪᠢᠳᠡ ᠦᠷᠢᠰᠦᠯᠳᠦᠭᠡᠨ ᠳᠤ ᠴᠢᠭᠯᠡᠬᠦᠯᠦᠨ᠂ ᠬᠡᠯᠪᠡᠷᠢ ᠶᠢᠨ ᠬᠤᠪᠢᠷᠠᠯᠳᠠ ᠶᠢ ᠲᠦᠷᠭᠡᠳᠭᠡᠵᠦ᠂ ᠤᠯᠠᠨ ᠴᠡᠭ ᠎ ᠢᠶᠠᠷ ᠲᠤᠯᠭᠠᠭᠤᠷᠢᠯᠠᠭᠰᠠᠨ ᠠᠵᠦ ᠦᠢᠯᠡᠰ ᠤᠨ ᠬᠦᠭᠵᠢᠯᠳᠡ ᠶᠢᠨ ᠪᠠᠶᠢᠳᠠᠯ ᠢ ᠪᠤᠢ ᠪᠤᠯᠭᠠᠪᠠ᠃ ᠮᠠᠯᠵᠢᠬᠤ ᠦᠢᠯᠡᠳᠪᠦᠷᠢᠯᠡᠯ ᠤᠨ ᠬᠡᠯᠪᠡᠷᠢ ᠶᠢᠨ ᠬᠤᠪᠢᠷᠠᠯᠳᠠ ᠶᠢ ᠲᠦᠷᠭᠡᠳᠭᠡᠪᠡ᠃ ᠡᠪᠡᠰᠦ ᠬᠠᠳᠠᠭᠠᠯᠠᠬᠤ ᠬᠦᠮᠦᠷᠭᠡ ᠶᠢ 12 ᠪᠠᠶᠢᠭᠤᠯᠵᠦ᠂ ᠲᠤᠭᠳᠠᠮᠠᠯ ᠬᠠᠰᠢᠶ᠎ᠠ ᠰᠠᠷᠠᠪᠴᠢ ᠶᠢ 265 ᠪᠠᠶᠢᠭᠤᠯᠪᠠ᠃ ᠪᠦᠬᠦ ᠵᠢᠯ ᠳᠤ᠂ 94 ᠲᠦᠮᠡᠨ ᠲᠦᠯ ᠲᠤᠰᠴᠦ᠂ ᠵᠢᠯ ᠤᠨ ᠡᠴᠦᠰ ᠤᠨ ᠮᠠᠯ ᠤᠨ ᠲᠤᠭ᠎ᠠ 128 ᠲᠦᠮᠨ ᠳᠤ ᠬᠦᠷᠪᠡ᠃ ᠪᠡᠯᠴᠢᠭᠡᠷᠯᠡᠬᠦ ᠶᠢ ᠵᠤᠭᠰᠤᠭᠠᠨ ᠨᠤᠲᠤᠭ ᠪᠡᠯᠴᠢᠭᠡᠷ ᠢ ᠰᠡᠷᠬᠦᠭᠡᠬᠦ᠂ ᠨᠤᠲᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠳᠠ ᠎ ᠶᠢᠨ ᠱᠠᠩᠨᠠᠯ ᠨᠦᠬᠦᠪᠦᠷᠢ᠂ ᠮᠠᠯ ᠤᠨ ᠡᠬᠦᠯᠳᠡᠷ ᠤᠨ ᠨᠦᠬᠦᠪᠦᠷᠢ᠂ ᠲᠠᠷᠢᠶᠠᠯᠠᠩ ᠤᠨ ᠮᠠᠰᠢᠨ ᠬᠤᠳᠠᠯᠳᠤᠨ ᠠᠪᠤᠭᠰᠠᠨ ᠨᠦᠬᠦᠪᠦᠷᠢ᠂ ᠡᠪᠡᠰᠦ ᠪᠤᠷᠳᠤᠭᠠᠨ ᠤ ᠨᠦᠬᠦᠪᠦᠷᠢ ᠪᠤᠯᠤᠨ ᠲᠤᠰᠤᠨ ᠤ ᠨᠦᠬᠦᠪᠦᠷᠢ ᠵᠡᠷᠭᠡ ᠮᠠᠯ ᠠᠵᠦ ᠠᠬᠤᠢ ᠶᠢ ᠳᠡᠮᠵᠢᠨ ᠮᠠᠯᠴᠢᠳ ᠢ ᠬᠠᠷᠠᠭᠠᠯᠵᠠᠬᠤ ᠠᠯᠢ ᠤᠯᠠᠨ ᠲᠦᠷᠦ ᠶᠢᠨ ᠪᠤᠳᠤᠯᠭ᠎ᠠ ᠶᠢ ᠪᠦᠬᠦ ᠳᠠᠯ᠎ᠠ ᠪᠠᠷ ᠨᠠᠶᠢᠳᠠᠪᠦᠷᠢᠵᠢᠭᠤᠯᠵᠦ᠂ ᠴᠦᠭᠡᠨ ᠲᠤᠭᠠᠳᠦ ᠦᠨᠳᠦᠰᠦᠳᠡᠨ ᠤ ᠬᠦᠭᠵᠢᠬᠦᠯᠦᠯᠳᠡ ᠶᠢᠨ ᠪᠡᠯᠡ ᠮᠦᠩᠬᠦ ᠶᠢ 1,100 ᠲᠦᠮᠡᠨ ᠲᠦᠬᠦᠷᠢᠭ ᠤᠯᠪᠠ᠃ ᠮᠠᠯᠴᠢᠳ ᠤᠨ ᠲᠤᠰᠬᠠᠢ ᠬᠤᠷᠰᠢᠶᠠᠵᠢᠯ ᠤᠨ ᠬᠡᠪᠴᠢᠶ᠎ᠡ ᠶᠢ ᠦᠷᠭᠡᠳᠭᠡᠵᠦ᠂ ᠲᠠᠩᠰᠠᠯᠠᠭᠤᠯᠤᠭᠰᠠᠨ ᠪᠡᠯᠡ ᠮᠦᠩᠬᠦ ᠨᠢ 2.37 ᠳ᠋ᠦᠩᠰᠢᠭᠤᠷ ᠲᠦᠬᠦᠷᠢᠭ ᠲᠤ ᠬᠦᠷᠴᠦ ᠂ ᠡᠯ᠎ᠡ ᠲᠦᠷᠦᠯ ᠤᠨ ᠬᠤᠷᠰᠢᠶᠠᠵᠢᠯ ᠤᠨ ᠵᠤᠬᠢᠶᠠᠨ ᠪᠠᠶᠢᠭᠤᠯᠤᠯᠳᠠ 116 ᠡᠷᠦᠬᠡ ᠪᠤᠯᠪᠠ᠃ ︽ᠲᠦᠷᠪᠡᠨ ᠬᠡᠯᠪᠡᠷᠢ︾᠎ ᠶᠢᠨ ᠠᠮᠢ ᠠᠬᠤᠶᠢᠴᠢ ᠭᠡᠷ ᠪᠦᠯᠢ ᠶᠢᠨ ᠮᠠᠯᠵᠢᠯ ᠤᠨ ᠳᠠᠯᠠᠪᠠᠢ ᠶᠢ 24 ᠪᠠᠶᠢᠭᠤᠯᠵᠦ᠂ ᠭᠠᠮᠰᠢᠭ ᠢ ᠪᠠᠭᠠᠰᠬᠠᠨ ᠭᠠᠮᠰᠢᠭ ᠠᠴᠠ ᠵᠠᠶᠢᠯᠠᠭᠤᠯᠬᠤ᠂ ᠴᠢᠨᠠᠷ ᠴᠢᠨᠰᠠᠭ᠎ᠠ ᠪᠤᠯᠤᠨ ᠦᠷ᠎ᠡ ᠠᠰᠢᠭᠳᠦ ᠬᠡᠯᠪᠡᠷᠢ ᠶᠢᠨ ᠮᠠᠯ ᠠᠵᠦ ᠠᠬᠤᠢ ᠠᠩᠬ᠎ᠠ ᠠᠯᠬᠤᠮ ᠤᠨ ᠦᠷ᠎ᠡ ᠪᠦᠳᠦᠮᠵᠢ ᠤᠯᠪᠠ᠃ ᠠᠵᠦ ᠦᠢᠯᠡᠳᠪᠦᠷᠢ ᠶᠢᠨ ᠪᠤᠳᠠᠳᠦ ᠬᠦᠴᠦᠨ ᠢᠯᠡᠳᠳᠡ ᠴᠢᠩᠭᠠᠷᠠᠪᠠ᠃ ︽ᠠᠵᠦ ᠦᠢᠯᠡᠳᠪᠦᠷᠢ ᠪᠠᠷ ᠬᠤᠰᠢᠭᠤ ᠪᠠᠨ ᠬᠦᠴᠦᠷᠭᠡᠭᠵᠢᠬᠦᠯᠬᠦ︾ ᠵᠠᠮ ᠢᠶᠠᠷ ᠡᠷᠡᠰ ᠭᠤᠶᠢᠪᠢᠰᠢ ᠦᠬᠡᠢ ᠵᠠᠮᠨᠠᠪᠠ᠃ ᠳ᠋ᠠᠴᠢᠩ ᠤᠨ ᠴᠢᠯᠠᠭᠤᠨ ᠲᠤᠰᠤᠨ ᠤ ᠦᠷᠬᠦᠯᠵᠢᠯᠡᠯ ᠴᠢᠨᠠᠷᠳᠠᠢ ᠨᠡᠭᠡᠭᠡᠨ ᠠᠰᠢᠭᠯᠠᠯᠳᠠ᠂ ᠴᠤᠤ ᠹᠠᠨ ᠠᠭᠤᠷᠬᠠᠢ ᠶᠢᠨ ᠦᠢᠯᠡᠰ ᠤᠨ ᠬᠠᠶᠢᠷᠬᠠᠨ ᠲᠤᠭᠤᠯᠭ᠎ᠠ ᠴᠠᠶᠢᠷ ᠤᠨ ᠠᠭᠤᠷᠬᠠᠢ ᠶᠢᠨ ᠮᠠᠯᠳᠠᠵᠦ ᠰᠢᠯᠢᠬᠦ ᠦᠢᠯᠡᠰ᠂ ᠎ ᠶᠢᠨ ᠱᠠᠨ ᠠᠭᠤᠷᠬᠠᠢ ᠶᠢᠨ ᠦᠢᠯᠡᠰ ᠤᠨ ᠮᠡᠷᠭᠡᠵᠢᠯ ᠢ ᠰᠠᠶᠢᠵᠢᠷᠠᠭᠤᠯᠬᠤ᠂ ᠰᠢᠨ ᠹᠧᠩ ᠮᠤᠳᠤᠨ ᠮᠠᠲ᠋ᠧᠷᠢᠶᠠᠯ ᠪᠤᠯᠪᠠᠰᠤᠷᠠᠭᠤᠯᠬᠤ ᠦᠢᠯᠡᠳᠪᠦᠷᠢᠯᠡᠯ ᠤᠨ ᠱᠤᠭᠤᠮ᠂ ᠢ ᠫᠦ᠋ ᠯᠢ ᠲᠠᠷᠢ ᠴᠡᠶᠢᠳᠡᠮᠵᠢᠬᠦᠯᠬᠦ ᠶᠢ ᠬᠢᠨᠠᠨ ᠬᠡᠮᠵᠢᠬᠦ ᠦᠷᠲᠡᠭᠡ ᠶᠢᠨ ᠴᠢᠳᠠᠪᠦᠷᠢ ᠪᠠᠨ ᠳᠡᠭᠡᠭᠰᠢᠯᠡᠬᠦᠯᠦᠨ ᠨᠡᠬᠦᠯᠭᠡᠨ ᠪᠠᠶᠢᠭᠤᠯᠬᠤ ᠵᠡᠷᠭᠡ ᠭᠤᠤᠯᠳᠠᠯᠭ᠎ᠠ ᠲᠠᠢ ᠠᠵᠦ ᠦᠢᠯᠡᠳᠪᠦᠷᠢ ᠶᠢᠨ ᠲᠦᠷᠦᠯ ᠵᠦᠢᠯ ᠢ 17 ᠭᠡᠷᠡᠭᠵᠢᠬᠦᠯᠵᠦ᠂ ᠠᠵᠦ ᠦᠢᠯᠡᠳᠪᠦᠷᠢ ᠶᠢᠨ ᠲᠤᠭᠳᠠᠮᠠᠯ ᠬᠦᠷᠦᠩᠭᠡ ᠶᠢᠨ ᠪᠡᠯᠡ ᠤᠷᠤᠭᠤᠯᠤᠯᠳᠠ ᠶᠢ 10.2 ᠳ᠋ᠦᠩᠰᠢᠭᠤᠷ ᠲᠦᠬᠦᠷᠢᠭ ᠪᠡᠶᠡᠯᠡᠬᠦᠯᠪᠡ᠃ ᠠᠷᠠᠯᠵᠢᠶᠠᠴᠢᠨ ᠤᠷᠢᠵᠦ ᠪᠡᠯᠡ ᠤᠷᠤᠭᠤᠯᠬᠤ ᠠᠵᠢᠯ ᠢ ᠶᠡᠬᠡᠪᠡᠷ ᠬᠢᠵᠦ᠂ 10 ᠲᠦᠷᠦᠯ ᠵᠦᠢᠯ ᠪᠠ 18.16 ᠳ᠋ᠦᠩᠰᠢᠭᠤᠷ ᠲᠦᠬᠦᠷᠢᠭ ᠤᠨ ᠪᠡᠯᠡ ᠮᠦᠩᠬᠦ ᠶᠢ ᠳᠠᠳᠠᠨ ᠤᠷᠤᠭᠤᠯᠪᠠ᠃ ᠠᠵᠦ ᠠᠬᠤᠶᠢᠯᠠᠯ ᠤᠨ ᠲᠤᠬᠢᠷᠠᠭᠤᠯᠤᠯᠳᠠ ᠶᠢ ᠴᠢᠩᠭᠠᠳᠬᠠᠵᠦ᠂ ᠬᠡᠪᠴᠢᠶᠡᠵᠢᠯ ᠠᠴᠠ ᠲᠡᠭᠡᠭᠰᠢᠬᠢ ᠠᠵᠦ ᠦᠢᠯᠡᠳᠪᠦᠷᠢ ᠶᠢᠨ ᠠᠵᠦ ᠠᠬᠤᠶᠢᠯᠠᠯ 90.6 ᠳ᠋ᠦᠩᠰᠢᠭᠤᠷ ᠲᠦᠬᠦᠷᠢᠭ ᠤᠨ ᠦᠢᠯᠡᠳᠬᠦᠨ ᠤ ᠦᠷᠲᠡᠭ ᠢ ᠪᠡᠶᠡᠯᠡᠬᠦᠯᠵᠦ᠂ ᠠᠳᠠᠯᠢ ᠬᠤᠭᠤᠴᠠᠭᠠᠨ ᠎ ᠤ ᠬᠢ ᠠᠴᠠ 27.5%᠎ ᠪᠠᠷ ᠨᠡᠮᠡᠭᠳᠡᠵᠦ᠂ ᠡᠳ᠋ ᠤᠨ ᠵᠠᠰᠠᠭ ᠲᠤ ᠦᠵᠡᠬᠦᠯᠦᠭᠰᠡᠨ ᠬᠤᠪᠢ ᠨᠡᠮᠡᠷᠢ ᠶᠢᠨ ᠨᠤᠷᠮ᠎ᠠ 77.2%᠎ ᠲᠤ ᠬᠦᠷᠪᠡ᠃ ᠠᠶᠦᠯᠬᠦᠢ ᠦᠢᠯᠡᠳᠪᠦᠷᠢᠯᠡᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠦ᠂ ᠠᠭᠤᠷᠬᠠᠢ ᠶᠢᠨ ᠠᠵᠦ ᠠᠬᠤᠶᠢᠯᠠᠯ ᠤᠳ ᠢ ᠵᠤᠬᠢᠶᠠᠨ ᠪᠠᠶᠢᠭᠤᠯᠤᠨ ᠨᠡᠭᠦᠷᠡᠰᠦᠨ ᠠᠭᠤᠷᠬᠠᠢ ᠶᠢᠨ ᠪᠤᠰᠤ ᠬᠤᠯᠪᠤᠭᠠᠯᠠᠨ ᠠᠪᠤᠷᠠᠬᠤ ᠠᠩᠬᠢ ᠶᠢ ᠬᠦᠯᠦᠨ ᠪᠤᠶᠢᠷ ᠬᠤᠳᠠ ᠳᠤ ᠬᠠᠮᠤᠭ ᠲᠡᠷᠢᠬᠦᠨ ᠳᠤ ᠪᠠᠶᠢᠭᠤᠯᠵᠦ᠂ ᠪᠦᠬᠦ ᠵᠢᠯ ᠳᠤ᠂ ᠤᠨᠴᠠ ᠶᠡᠭᠡ ᠠᠶᠦᠯᠬᠦᠢ ᠦᠢᠯᠡᠳᠪᠦᠷᠢᠯᠡᠯ ᠤᠨ ᠭᠡᠷᠡᠭ ᠭᠠᠷᠤᠭᠰᠠᠨ ᠦᠬᠡᠢ᠃ ᠦᠢᠯᠡᠴᠢᠯᠡᠭᠡᠨ ᠤ ᠦᠢᠯᠡᠰ ᠴᠡᠴᠡᠭᠯᠡᠨ ᠬᠦᠭᠵᠢᠪᠡ᠃ ︽ᠬᠢᠯᠠᠰ ᠴᠡᠭ ᠢ ᠪᠤᠢ ᠪᠤᠯᠭᠠᠵᠦ᠂ ᠬᠡᠪᠴᠢᠶ᠎ᠡ ᠶᠢ ᠦᠷᠭᠡᠳᠭᠡᠨ᠂ ᠲᠡᠰ ᠲᠠᠪᠬᠤᠷᠭ᠎ᠠ ᠶᠢ ᠲᠡᠭᠡᠭᠰᠢᠯᠡᠬᠦᠯᠬᠦ︾ ᠶᠡᠷᠦᠩᠬᠡᠢ ᠰᠡᠳᠬᠢᠴᠡ ᠪᠠᠷ᠂ ᠪᠡᠯᠡ ᠤᠷᠤᠭᠤᠯᠤᠯᠳᠠ ᠶᠢᠨ ᠬᠦᠴᠦᠯᠡᠴᠡ ᠪᠠᠨ ᠳᠠᠰᠤᠷᠠᠯᠳᠠ ᠦᠬᠡᠢ ᠨᠡᠮᠡᠭᠳᠡᠬᠦᠯᠵᠦ᠂ ᠵᠤᠭᠠᠴᠠᠯ ᠠᠷᠠᠯᠵᠢᠶ᠎ᠠ ᠶᠢᠨ ᠠᠵᠦ ᠠᠬᠤᠢ ᠶᠢᠨ ᠨᠡᠮᠡᠭᠳᠡᠯ ᠤᠨ ᠲᠤᠶᠢᠯ ᠢ ᠪᠦᠬᠦ ᠬᠦᠴᠦᠨ ᠢᠶᠠᠷ ᠪᠤᠢ ᠪᠤᠯᠭᠠᠪᠠ᠃ ᠵᠤᠭᠠᠴᠠᠯ ᠤᠨ ᠰᠠᠭᠤᠷᠢ ᠲᠦᠬᠦᠭᠡᠷᠦᠮᠵᠢ ᠶᠢ ᠲᠡᠬᠦᠯᠳᠡᠷᠵᠢᠬᠦᠯᠵᠦ᠂ ᠪᠤᠠᠠᠳᠠᠠᠭᠤᠯᠠ ᠵᠤᠭᠠᠴᠠᠯ ᠤᠨ ᠦᠷᠲᠡᠭᠡ ᠶᠢ ᠠᠰᠢᠭᠯᠠᠯᠳᠠ ᠳᠤ ᠤᠷᠤᠭᠤᠯᠪᠠ᠃ ᠲᠤᠮᠳᠠᠳᠦ ᠮᠤᠩᠭᠤᠯ ᠤᠨ ᠬᠢᠯᠢ ᠶᠢᠨ ᠵᠤᠭᠠᠴᠠᠯ ᠢ ᠨᠡᠭᠡᠭᠡᠨ ᠠᠰᠢᠭᠯᠠᠬᠤ ᠲᠦᠷᠦᠯ ᠵᠦᠢᠯ ᠪᠤᠳᠠᠳᠦ ᠠᠬᠢᠯᠳᠠ ᠲᠠᠢ ᠪᠤᠯᠵᠦ᠂ ᠬᠤᠶᠠᠷ ᠤᠯᠤᠰ ᠤᠨ ᠵᠤᠭᠠᠴᠠᠯ ᠤᠨ ᠠᠵᠦ ᠠᠬᠤᠶᠢᠯᠠᠯ ᠬᠠᠮᠳᠤᠷᠠᠨ ᠠᠵᠢᠯᠯᠠᠬᠤ ᠬᠡᠯᠡᠯᠴᠡᠭᠡᠷ ᠲᠤ ᠭᠠᠷ ᠤᠨ ᠦᠰᠦᠭ ᠵᠢᠷᠤᠵᠦ᠂ ᠬᠢᠯᠢ ᠶᠢᠨ ᠵᠤᠭᠠᠴᠠᠯ ᠤᠨ ᠭᠤᠷᠪᠡᠨ ᠱᠤᠭᠤᠮ ᠢ ᠨᠡᠪᠲᠡᠷᠡᠬᠦᠯᠪᠡ᠃ ︽ᠮᠠᠯᠵᠢᠬᠤ ᠡᠷᠦᠬᠡ ᠪᠠᠷ ᠵᠤᠭᠠᠴᠠᠬᠤ ᠦᠢᠯᠡᠰ︾᠎ ᠢ ᠶᠡᠬᠡᠪᠡᠷ ᠬᠦᠭᠵᠢᠬᠦᠯᠵᠦ᠂ ︽ᠨᠠᠢᠮᠠᠨ ᠬᠦᠯᠦᠭ︾ ᠵᠡᠷᠭᠡ 20 ᠲᠤᠯᠤᠭᠠᠶᠢᠯᠠᠭᠴᠢ ᠮᠠᠯᠵᠢᠬᠤ ᠡᠷᠦᠬᠡ ᠪᠤᠢ ᠪᠤᠯᠪᠠ᠃ ᠪᠦᠬᠦ ᠵᠢᠯ ᠳᠤ᠂ ᠤᠯᠤᠰ ᠤᠨ ᠳᠤᠳᠤᠭᠠᠳᠦ ᠭᠠᠳᠠᠭᠠᠳᠦ ᠶᠢᠨ ᠵᠤᠭᠠᠴᠠᠭᠰᠠᠳ ᠢ 51.4 ᠲᠦᠮᠡ ᠵᠤᠴᠢᠯᠠᠵᠦ᠂ ᠵᠤᠭᠠᠴᠠᠯ ᠤᠨ ᠤᠷᠤᠯᠭ᠎ᠠ ᠶᠢ 4.1 ᠳ᠋ᠦᠩᠰᠢᠭᠤᠷ ᠲᠦᠬᠦᠷᠢᠭ ᠪᠡᠶᠡᠯᠡᠬᠦᠯᠪᠡ᠃ ᠪᠤᠭᠤᠮᠳᠠ ᠶᠢᠨ ᠰᠠᠭᠤᠷᠢ ᠲᠦᠬᠦᠭᠡᠷᠦᠮᠵᠢ ᠶᠢ ᠲᠡᠬᠦᠯᠳᠡᠷᠵᠢᠬᠦᠯᠵᠦ᠂ ᠠᠷᠤᠬᠠᠰᠢᠶᠠᠳᠦ ᠪᠤᠭᠤᠮᠳᠠ ᠶᠢᠨ ᠬᠢᠯᠢ ᠶᠢᠨ ᠠᠵᠦ ᠠᠬᠤᠢ ᠶᠢᠨ ᠬᠠᠮᠳᠤᠷᠠᠯᠴᠠᠭᠠᠨ ᠤ ᠤᠷᠤᠨ ᠢ ᠪᠠᠶᠢᠭᠤᠯᠬᠤ ᠪᠠᠷ ᠢᠳᠡᠪᠬᠢᠳᠠᠢ ᠲᠡᠭᠡᠭᠰᠢ ᠮᠡᠳᠡᠬᠦᠯᠵᠦ᠂ ᠪᠤᠭᠤᠮᠳᠠ ᠶᠢᠨ ᠲᠦᠷ ᠴᠠᠭ ᠵᠢᠯ ᠲᠤᠷᠰᠢᠳᠠ ᠨᠡᠭᠡᠭᠡᠬᠦ ᠶᠢ ᠪᠡᠶᠡᠯᠡᠬᠦᠯᠪᠡ᠃ ᠪᠦᠬᠦ ᠵᠢᠯ ᠳᠤ᠂ ᠪᠤᠭᠤᠮᠳᠠ ᠪᠠᠷ ᠤᠷᠤᠭᠤᠯᠵᠦ ᠭᠠᠷᠭᠠᠭᠰᠠᠨ ᠡᠳ᠋ ᠪᠠᠷᠠᠭ᠎ᠠ 11.5 ᠲᠦᠮᠡᠨ ᠲᠤᠨ ᠳᠤ ᠬᠦᠷᠴᠦ᠂ ᠠᠷᠠᠯᠵᠢᠶᠠᠯᠠᠭᠰᠠᠨ ᠲᠤᠭ᠎ᠠ 7,388 ᠲᠦᠮᠡᠨ ᠳ᠋ᠤᠯᠯᠠᠷ ᠪᠤᠯᠪᠠ᠃        — — ᠦᠩᠭᠡᠷᠡᠭᠰᠡᠨ ᠨᠢᠭᠡ ᠵᠢᠯ ᠳᠤ᠂ ᠪᠢᠳᠡ ᠰᠢᠨᠵᠢᠯᠡᠬᠦ ᠤᠬᠠᠭᠠᠨᠴᠢ ᠪᠠᠷ ᠨᠢᠭᠡᠳᠦᠯᠳᠡᠢ ᠲᠦᠯᠦᠪᠵᠢᠬᠦᠯᠦᠨ᠂ ᠬᠤᠳᠠ ᠬᠦᠳᠡᠭᠡ ᠶᠢᠨ ᠴᠢᠳᠠᠪᠬᠢ ᠶᠢᠨ ᠤᠷᠴᠢᠨ ᠲᠤᠭᠤᠷᠢᠨ ᠢ ᠮᠡᠳᠡᠭᠳᠡᠮ᠎ᠡ ᠰᠠᠶᠢᠵᠢᠷᠠᠭᠤᠯᠪᠠ᠃ ᠬᠤᠳᠠ ᠬᠦᠳᠡᠭᠡ ᠶᠢ ᠨᠢᠭᠡ ᠴᠤᠭᠴᠠᠵᠢᠭᠤᠯᠬᠤ ᠪᠦᠲᠦᠭᠡᠨ ᠪᠠᠶᠢᠭᠤᠯᠤᠯᠳᠠ ᠶᠢ ᠲᠦᠷᠭᠡᠳᠭᠡᠪᠡ᠃ ᠤᠨᠴᠠᠯᠢᠭ ᠢ ᠳᠤᠪᠤᠶᠢᠯᠭᠠᠵᠦ᠂ ᠴᠢᠨᠠᠷ ᠲᠡᠰ ᠢ ᠲᠡᠭᠡᠭᠰᠢᠯᠡᠬᠦᠯᠦᠨ᠂ ᠤᠷᠤᠰᠢᠨ ᠰᠠᠭᠤᠬᠤ ᠳᠤ ᠳᠠᠭᠠᠯᠠᠮᠵᠢᠳᠠᠢ᠂ ᠬᠦᠮᠦᠰ ᠤᠨ ᠪᠠᠭ᠋ᠠᠷᠤᠯ ᠢ ᠳᠠᠳᠠᠬᠤ ᠬᠦᠴᠦᠨ ᠲᠠᠢ ᠪᠤᠯᠪᠠ᠃ ᠰᠢᠨ᠎ᠡ ᠪᠠᠷᠭᠤ ᠪᠠᠷᠠᠭᠤᠨ ᠬᠤᠰᠢᠭᠤᠨ ᠤ ᠰᠠᠭᠤᠭ᠎ᠠ ᠪᠠᠯᠭᠠᠰᠦ ᠶᠢᠨ ᠶᠡᠷᠦᠩᠬᠡᠢ ᠲᠦᠯᠦᠪᠵᠢᠬᠦᠯᠭᠡ ᠶᠢ ᠵᠠᠰᠠᠨ ᠨᠠᠶᠢᠷᠠᠭᠤᠯᠵᠦ᠂ 5,000 ᠲᠦᠮᠡᠨ ᠲᠦᠬᠦᠷᠢᠭ ᠤᠨ ᠪᠡᠯᠡ ᠤᠷᠤᠭᠤᠯᠵᠦ᠂ ᠪᠠᠯᠭᠠᠰᠦᠨ ᠤ ᠲᠤᠭᠤᠷᠢᠭ ᠤᠨ ᠵᠡᠬᠡᠯᠢ ᠭᠤᠳᠤᠮᠵᠢ ᠶᠢᠨ ᠰᠠᠯᠠᠭ᠎ᠠ ᠵᠠᠮ ᠢ ᠵᠠᠰᠠᠨ ᠰᠢᠨᠡᠳᠭᠡᠬᠦ᠂ ᠭᠡᠷᠦᠯᠦᠨ ᠵᠡᠬᠡᠯᠢ ᠶᠢᠨ ᠪᠤᠷᠤᠭᠠᠨ ᠤ ᠤᠰᠤᠨ ᠤ ᠬᠤᠭᠤᠯᠠᠢ ᠲᠤᠤᠷ ᠢ ᠵᠠᠰᠠᠨ ᠰᠢᠨᠡᠳᠭᠡᠬᠦ ᠪᠠ ᠮᠤᠭᠠᠶᠢᠳᠦ ᠵᠡᠭᠡᠯᠢ ᠶᠢ ᠵᠠᠰᠠᠵᠦ ᠦᠷᠭᠡᠳᠭᠡᠨ ᠪᠠᠶᠢᠭᠤᠯᠬᠤ ᠵᠡᠷᠭᠡ ᠬᠤᠳᠠ ᠶᠢᠨ ᠶᠠᠪᠤᠳᠠᠯ ᠤᠨ ᠢᠨᠵᠧᠨᠧᠷᠢᠩ ᠢ ᠭᠡᠷᠡᠭᠵᠢᠬᠦᠯᠪᠡ᠃ ᠤᠷᠤᠨ ᠰᠠᠭᠤᠴᠠ ᠶᠢᠨ ᠬᠠᠮᠢᠶᠠᠷᠤᠯᠳᠠ ᠶᠢ ᠴᠢᠩᠭᠠᠳᠬᠠᠵᠦ᠂ ᠬᠠᠭᠤᠴᠢᠨ ᠲᠤᠭᠤᠷᠢᠭ ᠤᠨ ᠬᠤᠭᠤᠯᠠᠢ ᠲᠤᠤᠷ ᠢ ᠵᠠᠰᠠᠨ ᠰᠢᠨᠡᠳᠭᠡᠬᠦ ᠵᠢᠴᠢ ᠠᠰᠠᠷ ᠤᠨ ᠪᠡᠶ᠎ᠡ ᠶᠢ ᠵᠠᠰᠠᠨ ᠰᠢᠨᠡᠳᠭᠡᠬᠦ ᠢᠨᠵᠧᠨᠧᠷᠢᠩ ᠢ ᠭᠡᠷᠡᠭᠵᠢᠬᠦᠯᠪᠡ᠃ ᠤᠷᠴᠢᠨ ᠲᠤᠭᠤᠷᠢᠨ ᠢ ᠵᠠᠰᠠᠨ ᠴᠡᠭᠴᠡᠯᠡᠬᠦ ᠶᠢ ᠴᠢᠬᠤᠯᠠᠴᠢᠯᠠᠵᠦ᠂ 1.7 ᠲᠦᠮᠡᠨ ᠲᠤᠨ ᠬᠤᠭ ᠨᠤᠪᠰᠢ ᠪᠤᠯᠤᠨ 47.5 ᠲᠦᠮᠡᠨ ᠲᠤᠨ ᠪᠤᠵᠠᠷ ᠤᠰᠤ ᠶᠢ ᠬᠤᠤᠷ ᠦᠬᠡᠢ ᠰᠢᠢᠳᠪᠦᠷᠢᠯᠡᠪᠡ᠃ ᠨᠤᠭᠤᠭᠠᠷᠠᠭᠤᠯᠤᠯᠳᠠ ᠶᠢᠨ ᠢᠨᠵᠧᠨᠧᠷᠢᠩ ᠢ ᠭᠡᠷᠡᠭᠵᠢᠬᠦᠯᠵᠦ᠂ 920 ᠲᠦᠮᠡᠨ ᠲᠦᠬᠦᠷᠢᠭ ᠤᠨ ᠪᠡᠯᠡ ᠤᠷᠤᠭᠤᠯᠵᠦ᠂ ᠨᠤᠭᠤᠭᠠᠷᠠᠭᠤᠯᠤᠯᠳᠠ ᠶᠢᠨ ᠳᠠᠯᠠᠪᠠᠢ ᠶᠢ ᠰᠢᠨ᠎ᠡ ᠪᠠᠷ 9.3 ᠲᠦᠮᠡᠨ ᠲᠡᠭᠰᠢ ᠲᠦᠷᠪᠡᠯᠵᠢᠨ ᠮᠧᠲᠷ ᠨᠡᠮᠡᠭᠳᠡᠬᠦᠯᠵᠦ᠂ ᠡᠯ᠎ᠡ ᠵᠦᠢᠯ ᠤᠨ ᠮᠤᠳᠤ ᠶᠢ 9.3 ᠲᠦᠮᠡᠨ ᠰᠠᠭᠤᠷᠢ ᠵᠠᠶᠢᠯᠠᠵᠦ ᠤᠷᠭᠤᠭᠤᠯᠪᠠ᠃ ᠵᠠᠮ ᠲᠡᠭᠡᠭᠡᠪᠦᠷᠢ ᠶᠢᠨ ᠨᠦᠬᠦᠴᠡᠯ ᠢ ᠰᠠᠶᠢᠵᠢᠷᠠᠭᠤᠯᠪᠠ᠃ ᠨᠡᠶᠢᠳᠡᠮ ᠭᠡᠷᠡᠭᠯᠡᠬᠦ ᠨᠢᠰᠭᠡᠯ ᠤᠨ ᠪᠠᠭᠤᠳᠠᠯ ᠤᠨ ᠨᠢᠰᠤᠯᠳᠠ ᠶᠢᠨ ᠳᠤᠭᠤᠷᠢᠭ ᠪᠤᠯᠤᠨ ᠠᠭᠠᠷ ᠤᠨ ᠠᠶᠠᠯᠠᠯ ᠤᠨ ᠦᠷᠲᠡᠭᠡᠨ ᠤ ᠠᠰᠠᠷ ᠢ ᠪᠠᠶᠢᠭᠤᠯᠵᠦ ᠲᠠᠭᠤᠰᠬᠠᠪᠠ᠃ ᠮᠠᠨᠵᠤᠤᠷ — ᠠᠯᠳ᠋ᠬᠠᠮᠡᠭᠡᠯ — ᠠᠮᠤᠭᠤᠯᠠᠩ ᠬᠦᠷᠬᠦ ᠨᠢᠭᠡᠳᠦᠭᠡᠷ ᠳᠡᠰ ᠤᠨ ᠵᠠᠰᠠᠮᠠᠯ ᠵᠠᠮ ᠤᠨ ᠲᠦᠷᠦᠯ ᠵᠦᠢᠯ ᠢ ᠤᠷᠤᠭᠰᠢᠳᠠᠢ ᠪᠡᠶᠡᠯᠡᠬᠦᠯᠪᠡ᠃ ᠠᠯᠳ᠋ᠬᠠᠮᠡᠭᠡᠯ — ᠠᠷᠤᠬᠠᠰᠢᠶᠠᠳᠦ ᠪᠤᠭᠤᠮᠳᠠ ᠬᠦᠷᠬᠦ ᠵᠠᠰᠠᠮᠠᠯ ᠵᠠᠮ᠂ ᠪᠤᠠᠠᠳᠠᠠᠭᠤᠯᠠ ᠰᠤᠮᠤ — ᠪᠤᠶᠢᠷ ᠰᠤᠮᠤ ᠬᠦᠷᠬᠦ ᠵᠠᠰᠠᠮᠠᠯ ᠵᠠᠮ ᠵᠡᠷᠭᠡ ᠶᠠ ᠬᠠᠩ ᠪᠠᠩᠬᠢ ᠶᠢᠨ ᠡᠯ᠎ᠡ ᠬᠤᠪᠢᠶᠠᠷᠢ ᠲᠦᠷᠦᠯ ᠵᠦᠢᠯ ᠢ ᠲᠤᠭᠳᠠᠭᠰᠠᠨ ᠴᠠᠭ ᠲᠤᠨᠢ ᠲᠦᠯᠬᠢᠨ ᠠᠬᠢᠭᠤᠯᠪᠠ᠃ ᠠᠮᠢ ᠠᠬᠤᠢ ᠶᠢᠨ ᠠᠮᠦᠷ ᠲᠦᠪᠰᠢᠨ ᠤ ᠬᠠᠯᠬᠠᠪᠴᠢ ᠶᠢ ᠪᠠᠶᠢᠭᠤᠯᠪᠠ᠃ ᠡᠯᠡᠰᠦᠷᠭᠡᠭ ᠭᠠᠵᠠᠷ ᠢ ᠶᠡᠷᠦᠩᠬᠡᠶᠢᠯᠡᠨ ᠵᠠᠰᠠᠬᠤ ᠢᠨᠵᠧᠨᠧᠷᠢᠩ ᠢ 9 ᠲᠦᠮᠡᠨ ᠮᠦ ᠭᠡᠷᠡᠭᠵᠢᠬᠦᠯᠵᠦ᠂ 3586 ᠰᠠᠭᠤᠷᠢ ᠮᠤᠳᠦ ᠨᠦᠬᠦᠵᠦ ᠵᠠᠶᠢᠯᠠᠪᠠ᠃ ᠤᠢ ᠰᠢᠭᠤᠶᠢᠳᠦ ᠠᠮᠢ ᠠᠬᠤᠢ ᠶᠢᠨ ᠵᠢᠱᠢᠶ᠎ᠡ ᠦᠵᠡᠬᠦᠯᠬᠦ ᠬᠦᠷᠢᠶᠡᠯᠡᠩ ᠢ ᠪᠠᠶᠢᠭᠤᠯᠵᠦ᠂ 20 ᠲᠦᠮᠡᠨ ᠰᠠᠭᠤᠷᠢ ᠵᠤᠯᠵᠠᠭ᠎ᠠ ᠮᠤᠳᠦ ᠵᠠᠶᠢᠯᠠᠪᠠ᠃ 1,301 ᠲᠦᠮᠡᠨ ᠲᠦᠬᠦᠷᠢᠭ ᠤᠨ ᠪᠡᠯᠡ ᠤᠷᠤᠭᠤᠯᠵᠦ᠂ ᠠᠯᠳ᠋ᠬᠠᠮᠡᠭᠡᠯ ᠪᠠᠯᠭᠠᠰᠦ ᠶᠢᠨ ᠦᠶᠡᠷ ᠢ ᠰᠡᠷᠭᠡᠶᠢᠯᠡᠬᠦ ᠢᠨᠵᠧᠨᠧᠷᠢᠩ ᠢ ᠭᠡᠷᠡᠭᠵᠢᠬᠦᠯᠪᠡ᠃ 1,588 ᠲᠦᠮᠡᠨ ᠲᠦᠬᠦᠷᠢᠭ ᠤᠨ ᠪᠡᠯᠡ ᠤᠷᠤᠭᠤᠯᠵᠦ᠂ ᠠᠶᠦᠯᠬᠦᠢ ᠤᠰᠤ ᠤᠮᠳᠠ ᠶᠢᠨ ᠢᠨᠵᠧᠨᠧᠷᠢᠩ ᠢ ᠭᠡᠷᠡᠭᠵᠢᠬᠦᠯᠵᠦ᠂ 2100 ᠬᠦᠮᠦᠨ ᠤ ᠤᠰᠤ ᠤᠮᠳᠠ ᠶᠢᠨ ᠠᠮᠦᠷ ᠲᠦᠪᠰᠢᠨ ᠤ ᠠᠰᠠᠭᠤᠳᠠᠯ ᠢ ᠰᠢᠢᠳᠪᠦᠷᠢᠯᠡᠪᠡ᠃ ᠤᠷᠴᠢᠨ ᠲᠤᠭᠤᠷᠢᠨ ᠤ ᠬᠠᠤᠯᠢ ᠴᠠᠭᠠᠵᠠ ᠬᠠᠤᠯᠢ ᠲᠦᠷᠢᠮ ᠠᠴᠠ ᠵᠦᠷᠢᠴᠡᠭᠰᠡᠨ ᠠᠵᠢᠯᠯᠠᠭ᠎ᠠ ᠶᠢ ᠶᠡᠬᠡᠪᠡᠷ ᠵᠢᠠᠠᠰᠠᠭᠠᠨ ᠪᠠᠶᠢᠴᠠᠭᠠᠵᠦ ᠵᠠᠰᠠᠨ ᠴᠡᠭᠴᠡᠯᠡᠭᠰᠡᠨ ᠪᠦᠭᠡᠳ ᠤᠷᠴᠢᠨ ᠲᠤᠭᠤᠷᠢᠨ ᠢ ᠬᠠᠮᠠᠭᠠᠯᠠᠬᠤ ᠲᠤᠨᠤᠭ ᠲᠦᠬᠦᠭᠡᠷᠦᠮᠵᠢ ᠨᠢ ᠪᠠᠷᠢᠮᠵᠢᠶᠠᠨ ᠳᠤ ᠬᠦᠷᠦᠭᠰᠡᠨ ᠦᠬᠡᠢ᠂ ᠵᠦᠪᠰᠢᠶᠡᠷᠡᠯ ᠦᠬᠡᠢ ᠪᠠᠷ ᠤᠷᠢᠳᠠᠪᠡᠷ ᠪᠠᠶᠢᠭᠤᠯᠤᠭᠰᠠᠨ ᠪᠠ ᠪᠤᠬᠢᠷᠳᠤᠯ ᠢ ᠭᠠᠳᠠᠭᠰᠢᠯᠠᠭᠤᠯᠬᠤ ᠨᠢ ᠪᠠᠷᠢᠮᠵᠢᠶᠠᠨ ᠳᠤ ᠬᠦᠷᠦᠭᠰᠡᠨ ᠦᠬᠡᠢ 11 ᠠᠵᠦ ᠠᠬᠤᠶᠢᠯᠠᠯ ᠤᠨ ᠦᠢᠯᠡᠳᠪᠦᠷᠢᠯᠡᠯ ᠢ ᠨᠢ ᠵᠤᠭᠰᠤᠭᠠᠪᠠ᠃ ᠬᠤᠳᠠ ᠪᠠᠯᠭᠠᠰᠦ ᠶᠢᠨ ᠲᠦᠪᠯᠡᠷᠡᠭᠰᠡᠨ ᠤᠤᠭᠤᠬᠤ ᠤᠰᠤᠨ ᠤ ᠰᠤᠷᠪᠤᠯᠵᠢᠳᠦ ᠭᠠᠵᠠᠷ ᠤᠨ ᠤᠷᠴᠢᠨ ᠲᠤᠭᠤᠷᠢᠨ ᠢ ᠦᠨᠡᠯᠡᠨ ᠵᠢᠱᠢᠬᠦ ᠠᠵᠢᠯ ᠢ ᠪᠡᠶᠡᠯᠡᠬᠦᠯᠪᠡ᠃ ᠲᠦᠷᠦᠯ ᠵᠦᠢᠯ ᠤᠨ ︽ᠡᠨᠧᠷᠬᠢ ᠶᠢᠨ ᠬᠤᠷᠤᠭᠳᠠᠯ ᠪᠤᠯᠤᠨ ᠪᠤᠬᠢᠷᠳᠤᠯ ᠢᠶᠠᠷ ᠶᠡᠭᠡ᠂ ᠡᠭᠢ ᠪᠠᠶᠠᠯᠢᠭ ᠤᠨ ᠴᠢᠨᠠᠷᠳᠠᠢ ᠦᠢᠯᠡᠳᠬᠦᠨ︾᠎ ᠢ ᠬᠢᠵᠠᠭᠠᠷᠯᠠᠨ ᠬᠠᠮᠢᠶᠠᠷᠬᠤ ᠶᠢ ᠲᠦᠪ ᠴᠢᠩᠭ᠎ᠠ ᠪᠤᠯᠭᠠᠵᠦ᠂ ᠤᠷᠴᠢᠨ ᠲᠤᠭᠤᠷᠢᠨ ᠤ ︽ᠭᠤᠷᠪᠠ ᠶᠢ ᠵᠡᠷᠭᠡ ᠳᠤᠨᠢ ᠬᠢᠬᠦ︾᠎ ᠶᠢ ᠦᠨᠡᠯᠡᠨ ᠵᠢᠱᠢᠵᠦ ᠭᠡᠷᠡᠭᠵᠢᠬᠦᠯᠦᠭᠰᠡᠨ ᠨᠤᠷᠮ᠎ᠠ 100%᠎ ᠳᠤ ᠬᠦᠷᠪᠠ᠃       1,223 ᠲᠦᠮᠡᠨ ᠲᠦᠬᠦᠷᠢᠭ ᠤᠨ ᠪᠡᠯᠡ ᠤᠷᠤᠭᠤᠯᠵᠦ᠂ ᠠᠯᠳ᠋ᠬᠠᠮᠡᠭᠡᠯ ᠪᠠᠯᠭᠠᠰᠦ ᠶᠢᠨ ᠪᠠᠷᠠᠭᠤᠨ ᠰᠦᠮ᠎ᠡ ᠶᠢᠨ ᠲᠤᠭᠤᠰᠬ᠎ᠠ ᠶᠢᠨ ᠦᠢᠯᠡᠳᠪᠦᠷᠢ ᠶᠢᠨ ᠤᠶᠢᠷ᠎ᠠ ᠤᠷᠴᠢᠮ ᠪᠤᠯᠤᠨ S203 ᠮᠤᠵᠢ ᠶᠢᠨ ᠵᠠᠮ ᠤᠨ ᠬᠤᠶᠠᠷ ᠬᠠᠵᠠᠭᠤ ᠶᠢᠨ ᠠᠭᠤᠷᠬᠠᠢ ᠶᠢᠨ ᠭᠠᠵᠠᠷ ᠰᠢᠨᠵᠢᠯᠡᠭᠡᠨ ᠤ ᠤᠷᠴᠢᠨ ᠳᠤᠭᠤᠷᠢᠨ ᠢ 89.71 ᠡᠾᠧᠺᠲ᠋ᠠᠷ ᠵᠠᠰᠠᠨ ᠴᠡᠭᠴᠡᠯᠡᠪᠡ᠃        — — ᠦᠩᠭᠡᠷᠡᠭᠰᠡᠨ ᠨᠢᠭᠡ ᠵᠢᠯ ᠳᠤ᠂ ᠪᠢᠳᠡ ᠦᠭᠡᠷᠡᠴᠢᠯᠡᠯᠳᠡ ᠬᠢᠵᠦ ᠰᠢᠨ᠎ᠡ ᠶᠢ ᠡᠭᠦᠳᠦᠨ᠂ ᠬᠦᠴᠢᠷ ᠢ ᠰᠦᠷᠦᠨ ᠤᠷᠤᠭᠰᠢᠯᠠᠵᠦ᠂ ᠦᠭᠡᠷᠡᠴᠢᠯᠡᠯᠳᠡ ᠎ ᠶᠢ ᠬᠦᠨᠵᠡᠭᠡᠶᠢᠷᠡᠬᠦᠯᠬᠦ ᠪᠠᠳᠦ ᠪᠠᠬᠢ ᠠᠯᠬᠤᠮ ᠢ ᠠᠯᠬᠤᠪᠠ᠃ ᠠᠵᠦ ᠠᠬᠤᠢ ᠶᠢᠨ ᠪᠠᠶᠢᠭᠤᠯᠤᠯ ᠪᠤᠯᠤᠨ ᠠᠮᠢ ᠠᠬᠤᠢ ᠶᠢᠨ ᠪᠤᠯᠪᠠᠰᠦᠨ ᠤ ᠪᠠᠶᠢᠭᠤᠯᠤᠯ ᠤᠨ ᠦᠭᠡᠷᠡᠴᠢᠯᠡᠯᠳᠡ ᠶᠢ ᠪᠦᠬᠦ ᠳᠠᠯ᠎ᠠ ᠪᠠᠷ ᠠᠬᠢᠭᠤᠯᠵᠦ᠂ 75 ᠵᠦᠢᠯ ᠤᠨ ᠦᠭᠡᠷᠡᠴᠢᠯᠡᠯᠳᠡ ᠶᠢᠨ ᠡᠭᠦᠷᠭᠡ ᠶᠢ ᠪᠡᠶᠡᠯᠡᠬᠦᠯᠪᠡ᠃ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠢᠰᠲ᠋ᠧᠮ ᠢ ᠳᠡᠬᠦᠯᠳᠡᠷᠵᠢᠬᠦᠯᠵᠦ᠂ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠯ ᠤᠨ ︽ᠭᠤᠷᠪᠠ ᠶᠢ ᠲᠦᠪᠯᠡᠷᠡᠬᠦᠯᠵᠦ᠂ ᠭᠤᠷᠪᠠ ᠶᠢ ᠤᠷᠤᠨ ᠪᠠᠶᠢᠷᠢᠨ ᠳᠤᠨᠢ ᠬᠦᠷᠭᠡᠬᠦ︾ ᠦᠭᠡᠷᠡᠴᠢᠯᠡᠯᠳᠡ ᠶᠢ ᠠᠬᠢᠭᠤᠯᠪᠠ᠃ ᠨᠤᠲᠤᠭ ᠪᠡᠯᠴᠢᠭᠡᠷ ᠤᠨ ᠳᠠᠭᠠᠭᠠᠴᠢᠯᠠᠨ ᠡᠵᠡᠩᠨᠡᠬᠦ ᠡᠷᠭᠡ ᠶᠢ  ᠳᠤᠳᠤᠷᠬᠠᠶᠢᠯᠠᠨ ᠳᠠᠭᠠᠭᠠᠴᠢᠯᠠᠭᠤᠯᠬᠤ ᠲᠤᠷᠰᠢᠯᠳᠠ ᠶᠢᠨ ᠴᠡᠭ ᠤᠨ ᠠᠵᠢᠯ ᠢ ᠦᠷᠨᠢᠬᠦᠯᠵᠦ᠂ ᠨᠤᠲᠤᠭ ᠪᠡᠯᠴᠢᠭᠡᠷ ᠤᠨ ᠵᠠᠭᠠᠭ ᠱᠤᠭᠤᠮ ᠳᠤᠳᠤᠷᠬᠠᠢ ᠦᠬᠡᠢ᠂ ᠳᠠᠯᠠᠪᠠᠢ ᠨᠢ ᠤᠤᠯ ᠤᠨ ᠲᠤᠭ᠎ᠠ ᠲᠠᠢ ᠪᠠᠨ ᠨᠡᠶᠢᠴᠡᠬᠦ ᠦᠬᠡᠢ ᠵᠡᠷᠭᠡ ᠲᠡᠤᠭᠡᠨ ᠦᠯᠡᠳᠡᠭᠳᠡᠯ ᠠᠰᠠᠭᠤᠳᠠᠯ ᠢ ᠰᠢᠢᠳᠪᠦᠷᠢᠯᠡᠪᠡ᠃ ᠦᠨᠡᠭᠡᠳᠦ ᠶᠢᠨ ᠵᠡᠰ ᠮᠤᠯᠢᠪᠳᠧᠨ ᠤ ᠠᠭᠤᠷᠬᠠᠢ ᠶᠢ ᠪᠦᠬᠦ ᠤᠷᠤᠨ ᠤ ᠴᠠᠬᠢᠯᠭᠠᠨ ᠭᠡᠷᠡᠭᠯᠡᠭᠴᠢᠳ ᠬᠢᠭᠡᠳ ᠴᠠᠬᠢᠯᠭᠠᠨ ᠭᠠᠷᠭᠠᠬᠤ ᠠᠵᠦ ᠠᠬᠤᠶᠢᠯᠠᠯ ᠬᠤᠭᠤᠷᠤᠨᠳᠦ ᠪᠠᠨ ᠰᠢᠭᠤᠳ ᠠᠷᠠᠯᠵᠢᠶ᠎ᠠ ᠬᠢᠬᠦ ᠲᠤᠷᠰᠢᠯᠳᠠ ᠶᠢᠨ ᠴᠡᠭ ᠤᠨ ᠨᠢᠭᠡᠴᠡ ᠪᠤᠯᠭᠠᠬᠤ ᠠᠵᠢᠯ ᠢ ᠠᠬᠢᠭᠤᠯᠪᠠ᠃ ᠰᠠᠯᠠᠭ᠎ᠠ ᠮᠦᠴᠢᠷ ᠤᠨ ᠲᠦᠰᠦᠪ ᠤᠨ ᠦᠭᠡᠷᠡᠴᠢᠯᠡᠯᠳᠡ ᠶᠢ ᠪᠡᠶᠡᠯᠡᠬᠦᠯᠵᠦ᠂ ︽ᠠᠯᠪᠠᠨ ᠤ ᠭᠤᠷᠪᠠᠨ ᠵᠠᠷᠤᠳᠠᠯ︾᠎ ᠢ ᠲᠦᠷᠢᠮᠵᠢᠬᠦᠯᠵᠦ᠂ ᠠᠯᠪᠠᠨ ᠤ ᠶᠠᠪᠤᠳᠠᠯ ᠤᠨ ᠺᠠᠷᠲ ᠪᠠᠷ ᠳ᠋ᠦᠩᠨᠡᠨ ᠪᠤᠳᠤᠬᠤ ᠲᠦᠷᠢᠮ ᠢ ᠭᠡᠷᠡᠭᠵᠢᠬᠦᠯᠪᠡ᠃ ᠰᠤᠷᠭᠠᠭᠤᠯᠢ ᠶᠢᠨ ᠬᠦᠷᠢᠶᠡᠨ ᠤ ᠬᠦᠯ ᠪᠦᠮᠪᠦᠭᠡ ᠶᠢ ᠭᠤᠷᠪᠠᠨ ᠵᠢᠯ ᠢᠶᠠᠷ ᠲᠦᠯᠬᠢᠨ ᠠᠬᠢᠭᠤᠯᠬᠤ ᠲᠦᠯᠦᠪᠯᠡᠭᠡ ᠲᠤᠭᠳᠠᠭᠠᠵᠦ᠂ ᠰᠤᠷᠭᠠᠭᠤᠯᠢ ᠶᠢᠨ ᠬᠦᠷᠢᠶᠡᠨ ᠤ ᠬᠦᠯ ᠪᠦᠮᠪᠦᠭᠡ ᠶᠢᠨ ᠬᠤᠯᠪᠤᠭᠠᠳᠦ ᠤᠷᠤᠯᠳᠤᠭᠠᠨ ᠤ ᠲᠤᠭᠳᠠᠴᠠ ᠶᠢ ᠪᠠᠶᠢᠭᠤᠯᠪᠠ᠃ ︽ᠭᠤᠷᠪᠠᠨ ᠭᠡᠷᠡᠴᠢ ᠶᠢ ᠨᠢᠭᠡᠳᠭᠡᠨ︾ ᠳᠠᠩᠰᠠᠯᠠᠬᠤ ᠲᠦᠷᠢᠮ ᠤᠨ ᠦᠭᠡᠷᠡᠴᠢᠯᠡᠯᠳᠡ ᠶᠢ ᠤᠷᠤᠭᠰᠢᠳᠠᠢ ᠪᠡᠶᠡᠯᠡᠬᠦᠯᠪᠡ᠃ ︽ᠭᠤᠷᠪᠠᠨ ᠳᠠᠩᠰᠠ︾᠎ ᠶᠢ ᠴᠡᠪᠡᠷᠯᠡᠨ ᠴᠡᠭᠴᠡᠯᠡᠬᠦ ᠠᠵᠢᠯ ᠢ ᠲᠦᠷᠭᠡᠳᠭᠡᠵᠦ᠂ 7 ᠰᠤᠮᠤ ᠪᠠᠯᠭᠠᠰᠦ ᠪᠠ ᠵᠠᠰᠠᠭ ᠤᠨ ᠤᠷᠳᠤᠨ ᠤ 37 ᠰᠠᠯᠠᠭ᠎ᠠ ᠮᠦᠴᠢᠷ ᠤᠨ ᠡᠷᠭᠡ ᠶᠢᠨ ᠨᠠᠷᠢᠨ ᠳᠠᠩᠰᠠ ᠶᠢ ᠨᠡᠶᠢᠬᠡᠮ ᠨᠡᠶᠢᠳᠡ ᠳᠤ ᠨᠡᠶᠢᠳᠡᠯᠡᠪᠡ᠃ ︽ᠵᠠᠰᠠᠭ ᠵᠠᠬᠢᠷᠭᠠᠨ ᠤ ᠬᠠᠤᠯᠢ ᠭᠡᠷᠡᠭᠵᠢᠬᠦᠯᠬᠦ ᠬᠢᠭᠡᠳ ᠡᠷᠡᠬᠦᠦ ᠶᠢᠨ ᠭᠡᠷᠡᠭ ᠤᠨ ᠬᠠᠤᠯᠢ ᠴᠠᠭᠠᠵᠠ ᠶᠢ ᠵᠤᠯᠭᠠᠭᠤᠯᠬᠤ︾᠎ ᠶᠢ ᠠᠯᠬᠤᠮ ᠠᠯᠬᠤᠮ ᠢᠶᠠᠷ ᠬᠦᠨᠵᠡᠭᠡᠶᠢᠷᠡᠬᠦᠯᠵᠦ᠂ ᠬᠠᠤᠯᠢ ᠶᠤᠰᠤᠭᠠᠷ ᠵᠠᠰᠠᠭ ᠶᠠᠪᠤᠭᠤᠯᠬᠤ ᠪᠠ ᠲᠦᠪ ᠭᠤᠤᠯᠴᠢ ᠪᠠᠷ ᠬᠠᠤᠯᠢ ᠭᠡᠷᠡᠭᠵᠢᠬᠦᠯᠬᠦ ᠠᠵᠢᠯ ᠤᠨ ᠬᠢᠷᠢ ᠲᠦᠪᠰᠢᠨ ᠢ ᠪᠦᠳᠦᠮᠵᠢᠳᠠᠢ ᠲᠡᠭᠡᠭᠰᠢᠯᠡᠬᠦᠯᠪᠡ᠃       — — ᠦᠩᠭᠡᠷᠡᠭᠰᠡᠨ ᠨᠢᠭᠡ ᠵᠢᠯ ᠳᠤ᠂ ᠪᠢᠳᠡ ᠬᠦᠮᠦᠨ ᠢᠶᠠᠷ ᠦᠨᠳᠦᠰᠦ ᠪᠤᠯᠭᠠᠵᠦ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠨᠡᠶᠢᠬᠡᠮ ᠤᠨ ᠠᠵᠢᠯ ᠦᠢᠯᠡᠰ ᠪᠦᠬᠦ ᠳᠠᠯ᠎ᠠ ᠪᠠᠷ ᠳᠠᠪᠰᠢᠪᠡ᠃ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠬᠦᠷᠢᠶ᠎ᠡ ᠬᠡᠪᠴᠢᠶᠡᠨ ᠳᠠᠬᠢ ᠪᠦᠬᠦ ᠵᠢᠯ ᠤᠨ ᠡᠳ᠋ ᠤᠨ ᠵᠠᠰᠠᠭ ᠤᠨ ᠵᠠᠷᠤᠯᠭ᠎ᠠ 7.8 ᠳ᠋ᠦᠩᠰᠢᠭᠤᠷ ᠲᠦᠬᠦᠷᠢᠭ ᠲᠤ ᠬᠦᠷᠴᠦ᠂ ᠤᠯᠠᠨ ᠨᠡᠶᠢᠳᠡ ᠶᠢᠨ ᠡᠳ᠋ ᠤᠨ ᠵᠠᠰᠠᠭ ᠤᠨ ᠲᠦᠰᠦᠪ ᠤᠨ ᠵᠠᠷᠤᠯᠭ᠎ᠠ ᠶᠢᠨ 59.6%᠎ ᠶᠢ ᠡᠵᠡᠯᠡᠪᠡ᠃ ᠰᠤᠷᠭᠠᠨ ᠬᠦᠮᠦᠵᠢᠯ ᠢ ᠡᠩ ᠲᠡᠷᠢᠬᠦᠨ ᠳᠤ ᠬᠦᠭᠵᠢᠬᠦᠯᠪᠡ᠃ ᠤᠯᠤᠰ ᠤᠨ ᠳᠡᠰ ᠤᠨ ᠠᠯᠪᠠᠨ ᠵᠢᠷᠤᠮ ᠤᠨ ᠰᠤᠷᠭᠠᠨ ᠬᠦᠮᠦᠵᠢᠯ ᠢ ᠦᠨᠳᠦᠰᠦᠨ ᠳᠡᠭᠡᠨ ᠳᠡᠩᠴᠡᠬᠦᠷᠢᠳᠡᠢ ᠬᠦᠭᠵᠢᠬᠦᠯᠦᠭᠰᠡᠨ ᠬᠤᠰᠢᠭᠤ ᠰᠢᠶᠠᠨ ᠢᠶᠠᠷ ᠰᠢᠯᠭᠠᠷᠠᠭᠤᠯᠤᠭᠰᠠᠨ ᠦᠷ᠎ᠡ ᠪᠦᠳᠦᠭᠡᠯ ᠢ ᠪᠠᠳᠤᠳᠬᠠᠵᠦ᠂ ᠰᠤᠷᠭᠠᠨ ᠬᠦᠮᠦᠵᠢᠯ ᠤᠨ ᠪᠡᠯᠡ ᠤᠷᠤᠭᠤᠯᠤᠯᠳᠠ ᠶᠢ ᠦᠷᠬᠦᠯᠵᠢᠯᠡᠨ ᠨᠡᠮᠡᠭᠳᠡᠬᠦᠯᠵᠦ᠂ ᠬᠦᠯᠦᠨ ᠪᠤᠶᠢᠷ ᠬᠤᠳᠠ ᠶᠢᠨ ᠳᠠᠮᠢᠷ ᠡᠷᠡᠬᠦᠯ ᠬᠠᠮᠠᠭᠠᠯᠠᠯ ᠤᠷᠠᠯᠢᠭ ᠤᠨ ︽ᠭᠤᠷᠪᠠ ᠶᠢ ᠲᠦᠷᠢᠮᠵᠢᠬᠦᠯᠦᠨ ᠪᠠᠷᠢᠮᠵᠢᠶᠠᠵᠢᠭᠤᠯᠵᠦ ᠭᠤᠷᠪᠠ ᠶᠢ ᠲᠡᠭᠡᠭᠰᠢᠯᠡᠬᠦᠯᠬᠦ︾ ᠢᠨᠵᠧᠨᠧᠷᠢᠩ ᠤᠨ ᠰᠢᠯᠭᠠᠷᠠᠭᠤᠯᠤᠯᠳᠠ ᠶᠢ ᠦᠩᠭᠡᠷᠡᠬᠦᠯᠵᠦ᠂ ᠰᠤᠷᠭᠠᠨ ᠬᠦᠮᠦᠵᠢᠯ ᠤᠨ ᠴᠢᠨᠠᠷ ᠴᠢᠨᠰᠠᠭ᠎ᠠ ᠶᠢᠨ ᠰᠢᠨ᠎ᠡ ᠲᠡᠭᠡᠭᠰᠢᠯᠡᠯᠳᠡ ᠶᠢ ᠪᠡᠶᠡᠯᠡᠬᠦᠯᠪᠡ᠃ ᠪᠠᠷᠭᠤ ᠦᠨᠳᠦᠰᠦᠳᠡᠨ ᠤ ᠬᠡᠤᠬᠡᠳ ᠤᠨ ᠴᠡᠴᠡᠷᠯᠢᠭ ᠢ ᠠᠰᠢᠭᠯᠠᠯᠳᠠ ᠳᠤ ᠤᠷᠤᠭᠤᠯᠵᠦ᠂ ︽ᠬᠤᠶᠠᠳᠤᠭᠠᠷ ᠬᠤᠭᠤᠴᠠᠭᠠᠨ ᠤ ᠰᠤᠷᠬᠤ ᠨᠠᠰᠤᠨ ᠠᠴᠠ ᠡᠮᠦᠨᠡᠬᠢ ᠰᠤᠷᠭᠠᠨ ᠬᠦᠮᠦᠵᠢᠯ ᠤᠨ ᠭᠤᠷᠪᠠᠨ ᠵᠢᠯ ᠤᠨ ᠠᠵᠢᠯᠯᠠᠭᠠᠨ ᠤ ᠲᠦᠯᠦᠪᠵᠢᠬᠦᠯᠬᠡ︾᠎ ᠶᠢ ᠡᠬᠢᠯᠡᠨ ᠭᠡᠷᠡᠭᠵᠢᠬᠦᠯᠵᠦ᠂ ᠰᠤᠷᠬᠤ ᠨᠠᠰᠤᠨ ᠎ ᠠᠴᠠ ᠡᠮᠦᠨᠡᠭᠢ ᠬᠡᠤᠬᠡᠳ ᠤᠨ ᠴᠡᠴᠡᠷᠯᠢᠭ ᠲᠤ ᠤᠷᠤᠬᠤ ᠨᠤᠷᠮ᠎ᠠ 98%᠎ ᠳᠤ ᠬᠦᠷᠪᠠ᠃ ᠠᠵᠢᠯ ᠮᠡᠷᠭᠡᠵᠢᠯ ᠤᠨ ᠰᠤᠷᠭᠠᠨ ᠬᠦᠮᠦᠵᠢᠯ ᠤᠨ ᠰᠤᠷᠭᠠᠭᠤᠯᠢ ᠡᠷᠬᠢᠯᠡᠬᠦ ᠤᠨᠴᠠᠯᠢᠭ ᠢ ᠲᠤᠪᠤᠶᠢᠯᠭᠠᠵᠦ᠂ ᠶᠡᠷᠦᠩᠬᠡᠶᠢᠯᠡᠭᠰᠡᠨ ᠲᠡᠭᠡᠳᠦ ᠵᠡᠷᠭᠡ ᠶᠢᠨ ᠲᠤᠮᠳᠠᠳᠦ ᠰᠤᠷᠭᠠᠭᠤᠯᠢ ᠶᠢᠨ ᠵᠢᠩᠬᠢᠨᠢ ᠠᠩᠬᠢ ᠶᠢᠨ ᠬᠤᠪᠢ ᠳᠤ ᠬᠦᠷᠦᠭᠰᠡᠨ ᠨᠤᠷᠮ᠎ᠠ 100%᠎ ᠳᠤ ᠬᠦᠷᠪᠠ᠃ ᠰᠤᠶᠤᠯ ᠤᠨ ᠦᠢᠯᠡᠰ ᠢ ᠲᠦᠪᠯᠡᠷᠡᠬᠦᠯᠦᠨ ᠬᠦᠭᠵᠢᠬᠦᠯᠪᠡ᠃ ᠪᠤᠳᠠᠰ ᠤᠨ ᠪᠤᠰᠦ ᠰᠤᠶᠤᠯ ᠤᠨ ᠦᠪ ᠬᠦᠷᠦᠩᠭᠡ ᠶᠢᠨ ᠬᠠᠮᠠᠭᠠᠯᠠᠯᠳᠠ ᠶᠢ ᠴᠢᠩᠭᠠᠳᠬᠠᠵᠦ᠂ ᠦᠪᠡᠷᠲᠡᠭᠡᠨ ᠵᠠᠰᠠᠬᠤ ᠤᠷᠤᠨ ᠤ ᠳᠡᠰ ᠤᠨ ᠪᠤᠳᠠᠰ ᠤᠨ ᠪᠤᠰᠤ ᠰᠤᠶᠤᠯ ᠤᠨ ᠦᠪ ᠬᠦᠷᠦᠩᠭᠡ ᠶᠢ ᠬᠠᠮᠠᠭᠠᠯᠠᠬᠤ 5 ᠲᠦᠷᠦᠯ ᠵᠦᠢᠯ ᠢ ᠲᠡᠭᠡᠭᠰᠢ ᠮᠡᠳᠡᠬᠦᠯᠬᠦ ᠠᠵᠢᠯ ᠢ ᠪᠡᠶᠡᠯᠡᠬᠦᠯᠪᠡ᠃ ᠪᠤᠠᠠᠳᠠᠠᠭᠤᠯᠠ ᠶᠢᠨ ᠪᠤᠯᠪᠠᠰᠦᠨ ᠳᠠᠬᠢᠯᠭ᠎ᠠ ᠶᠢᠨ ᠠᠵᠢᠯᠯᠠᠭ᠎ᠠ ᠶᠢ ᠶᠡᠬᠡᠪᠡᠷ ᠦᠷᠨᠢᠬᠦᠯᠵᠦ᠂ ᠪᠤᠠᠠᠳᠠᠠᠭᠤᠯᠠ ᠶᠢᠨ ᠳᠠᠬᠢᠯᠭ᠎ᠠ ᠵᠢᠴᠢ ︽ᠠᠮᠢ ᠠᠬᠤᠢ ᠬᠢᠭᠡᠳ ᠰᠦᠰᠦᠭ ᠪᠢᠰᠢᠷᠡᠯ︾᠎ ᠤᠨ ᠲᠡᠭᠡᠳᠦ ᠳᠠᠪᠬᠤᠷᠭ᠎ᠠ ᠶᠢᠨ ᠦᠬᠦᠯᠡᠯ ᠤᠨ ᠳᠠᠪᠴᠠᠩ ᠢ ᠠᠮᠵᠢᠯᠳᠠᠳᠠᠢ ᠡᠷᠬᠢᠯᠡᠪᠡ᠃ ᠵᠠ ᠠᠭᠤᠯᠠ ᠠᠭᠤᠷᠬᠠᠢ ᠎ ᠶᠢᠨ ᠤᠷᠤᠨ ᠪᠤᠯᠤᠨ ᠪᠤᠠᠠᠳᠠᠠᠭᠤᠯᠠ ᠰᠤᠮᠤ ᠶᠢᠨ 2 ᠭᠠᠵᠠᠷ ᠲᠤ ᠭᠠᠵᠠᠷ ᠤᠨ ᠭᠠᠳᠠᠷᠭᠤ ᠶᠢᠨ ᠤᠳᠠᠰᠦ ᠦᠬᠡᠢ ᠲᠤᠭᠠᠴᠢᠯᠠᠭᠰᠠᠨ ᠲᠧᠯᠸᠢᠰ ᠢ ᠪᠦᠷᠬᠦᠬᠦᠯᠦᠨ ᠨᠦᠬᠦᠪᠦᠷᠢᠯᠡᠬᠦ ᠪᠦᠲᠦᠭᠡᠨ ᠪᠠᠶᠢᠭᠤᠯᠤᠯᠳᠠ ᠶᠢ ᠪᠡᠶᠡᠯᠡᠬᠦᠯᠪᠡ᠃ ᠢᠳᠡᠭᠡᠨ ᠪᠠ ᠡᠮ ᠤᠨ ᠵᠦᠢᠯ ᠤᠨ ᠬᠢᠨᠠᠯᠳᠠ᠂ ᠡᠷᠡᠬᠦᠯ ᠬᠠᠮᠠᠭᠠᠯᠠᠯ ᠲᠦᠯᠦᠪᠯᠡᠭᠡᠳᠦ ᠦᠷᠡᠵᠢᠯ ᠤᠨ ᠦᠢᠯᠡᠴᠢᠯᠡᠭᠡ ᠶᠢ ᠴᠢᠩᠭᠠᠳᠬᠠᠪᠠ᠃ ᠰᠤᠷᠭᠠᠭᠤᠯᠢ᠂ ᠠᠭᠤᠷᠬᠠᠢ᠂ ᠳᠤᠮᠤ ᠲᠤᠮᠳᠠ ᠬᠡᠯᠪᠡᠷᠢ ᠶᠢᠨ ᠢᠳᠡᠭᠡᠨ ᠤᠮᠳᠠᠭᠠᠨ ᠤ ᠦᠢᠯᠡᠴᠢᠯᠡᠭᠡᠨ ᠤ ᠨᠢᠭᠡᠴᠡ ᠵᠡᠷᠭᠡ ᠭᠤᠤᠯᠳᠠᠯᠭ᠎ᠠ ᠲᠠᠢ ᠬᠦᠷᠢᠶ᠎ᠡ ᠬᠡᠪᠴᠢᠶᠡᠨ ᠳᠠᠬᠢ ᠢᠳᠡᠭᠡᠨ ᠤ ᠵᠦᠢᠯ ᠤᠨ ᠬᠢᠨᠠᠨ ᠬᠠᠮᠢᠶᠠᠷᠤᠯᠳᠠ ᠶᠢᠨ ᠪᠦᠷᠬᠦᠴᠡ ᠶᠢ ᠪᠠᠳᠤᠯᠠᠪᠠ᠃ ᠦᠨᠳᠦᠰᠦᠨ ᠡᠮ ᠤᠨ ᠲᠦᠷᠢᠮ ᠢ ᠳᠡᠬᠦᠯᠳᠡᠷᠵᠢᠬᠦᠯᠵᠦ᠂ ᠤᠳᠤ ᠪᠠᠶᠢᠭ᠎ᠠ ᠦᠨᠳᠦᠰᠦᠨ ᠱᠠᠳᠤᠨ ᠤ ᠡᠮ ᠡᠮᠨᠡᠯᠬᠡ ᠶᠢᠨ ᠪᠠᠶᠢᠭᠤᠯᠤᠮᠵᠢ ᠶᠢᠨ ᠪᠦᠷᠬᠦᠴᠡ ᠶᠢᠨ ᠨᠤᠷᠮ᠎ᠠ ᠪᠤᠯᠤᠨ ᠭᠡᠷᠡᠭᠯᠡᠯᠳᠡ ᠶᠢᠨ ᠨᠤᠷᠮ᠎ᠠ 100%᠎ ᠳᠤ ᠬᠦᠷᠪᠡ᠃ ᠤᠯᠠᠨ ᠨᠡᠶᠢᠳᠡ ᠶᠢᠨ ᠦᠨᠳᠦᠰᠦᠨ ᠡᠷᠡᠬᠦᠯ ᠬᠠᠮᠠᠭᠠᠯᠠᠯ ᠤᠨ ᠦᠢᠯᠡᠴᠢᠯᠡᠭᠡᠨ ᠤ ᠲᠡᠩᠴᠡᠬᠦᠷᠢᠳᠡᠢ ᠪᠠᠶᠢᠬᠤ ᠶᠢ ᠠᠬᠢᠭᠤᠯᠵᠦ᠂ ᠰᠠᠭᠤᠭᠠᠯᠢ ᠠᠷᠠᠳ ᠤᠨ ᠡᠷᠡᠬᠦᠯ ᠴᠠᠬᠢᠷᠠᠭ ᠤᠨ ᠡᠯᠧᠺᠲᠷᠤᠨ ᠳᠠᠩᠰᠠ ᠪᠠᠶᠢᠭᠤᠯᠤᠭᠰᠠᠨ ᠨᠤᠷᠮ᠎ᠠ 91.5%᠎ ᠳᠤ ᠬᠦᠷᠪᠠ᠃ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠦᠭᠡᠷᠡᠴᠢᠯᠡᠯᠳᠡ ᠶᠢ ᠢᠳᠡᠪᠬᠢᠳᠠᠢ ᠲᠦᠯᠬᠢᠨ ᠠᠬᠢᠭᠤᠯᠵᠦ᠂ ᠡᠮ ᠤᠨ ᠵᠦᠢᠯ ᠢ ᠦᠨ᠎ᠡ ᠶᠢᠨ ᠵᠦᠷᠢᠶ᠎ᠡ ᠦᠬᠡᠢ ᠪᠠᠷ ᠪᠤᠷᠤᠯᠠᠭᠤᠯᠬᠤ ᠶᠢ ᠪᠡᠶᠡᠯᠡᠬᠦᠯᠪᠡ᠃ ᠠᠷᠠᠳ ᠤᠨ ᠠᠮᠢᠳᠤᠷᠠᠯ ᠢ ᠰᠠᠶᠢᠵᠢᠷᠠᠭᠤᠯᠪᠠ᠃ 2014 ᠤᠨ ᠳᠤ᠂ ᠬᠢᠮᠳᠠ ᠲᠦᠷᠢᠶᠡᠰᠦᠨ ᠤᠷᠤᠨ ᠰᠠᠭᠤᠴᠠ᠂ ᠤᠯᠠᠨ ᠨᠡᠶᠢᠳᠡ ᠶᠢᠨ ᠲᠦᠷᠢᠶᠡᠰᠦᠨ ᠤᠷᠤᠨ ᠰᠠᠭᠤᠴᠠ ᠪᠤᠯᠤᠨ ᠲᠦᠬᠦᠮ ᠪᠦᠳᠦᠴᠡᠳᠦ ᠤᠷᠤᠨ ᠰᠠᠭᠤᠴᠠ ᠶᠢ ᠵᠠᠰᠠᠨ ᠰᠢᠨᠡᠳᠭᠡᠬᠦ ᠵᠡᠷᠭᠡ ᠪᠠᠳᠤᠯᠠᠭᠠᠳᠦ ᠴᠢᠨᠠᠷᠳᠠᠢ ᠠᠮᠤᠭᠤᠯᠠᠩ ᠤᠷᠤᠨ ᠰᠠᠭᠤᠴᠠ ᠶᠢᠨ ᠢᠨᠵᠧᠨᠧᠷᠢᠩ ᠢ 440 ᠪᠠᠶᠢᠭᠤᠯᠪᠠ᠃ 1.4 ᠳ᠋ᠦᠩᠰᠢᠭᠤᠷ ᠲᠦᠬᠦᠷᠢᠭ ᠤᠨ ᠪᠡᠯᠡ ᠤᠷᠤᠭᠤᠯᠵᠦ᠂ 2015 ᠤᠨ ᠳᠤ᠂ 600 ᠡᠷᠦᠭᠡ ᠳᠤ ᠲᠦᠭᠦᠮ ᠪᠦᠳᠦᠴᠡᠳᠦ ᠤᠷᠤᠨ ᠰᠠᠭᠤᠴᠠ ᠶᠢ ᠵᠠᠰᠠᠨ ᠰᠢᠨᠡᠳᠭᠡᠬᠦ ᠨᠦᠬᠦᠪᠦᠷᠢ ᠦᠭᠬᠦ ᠠᠵᠢᠯ ᠢ ᠪᠡᠶᠡᠯᠡᠬᠦᠯᠵᠦ᠂ 181 ᠨᠤᠷᠠᠬᠤ ᠠᠶᠦᠯᠳᠠᠢ ᠭᠡᠷ ᠪᠠᠶᠢᠰᠢᠩ ᠢ ᠵᠠᠰᠠᠨ ᠰᠢᠨᠡᠳᠭᠡᠬᠦ ᠢᠨᠵᠧᠨᠧᠷᠢᠩ ᠢ ᠭᠡᠷᠡᠭᠵᠢᠬᠦᠯᠪᠠ᠃ ᠶᠠᠳᠠᠭᠤ ᠬᠦᠴᠢᠷᠳᠡᠯ ᠳᠤ ᠬᠠᠪᠰᠤᠷᠤᠨ ᠳᠤᠰᠠᠯᠠᠬᠤ ᠠᠵᠢᠯ ᠢ ᠴᠢᠬᠤᠯᠠᠴᠢᠯᠠᠵᠦ᠂ ᠬᠤᠳᠠ ᠬᠦᠳᠡᠭᠡ ᠶᠢᠨ ᠨᠠᠭᠠᠳᠦ ᠵᠠᠬ᠎ᠠ ᠶᠢᠨ ᠠᠮᠢᠳᠤᠷᠠᠯ ᠤᠨ ᠪᠠᠳᠤᠯᠠᠭ᠎ᠠ ᠶᠢᠨ ᠠᠪᠤᠷᠠᠨ ᠲᠤᠰᠠᠯᠠᠬᠤ ᠮᠦᠩᠭᠦ ᠶᠢ 1,556.9 ᠲᠦᠮᠡᠨ ᠲᠦᠬᠦᠷᠢᠭ ᠲᠠᠷᠬᠠᠭᠠᠵᠦ᠂ 2126 ᠡᠷᠦᠬᠡ᠂ 3200 ᠬᠦᠮᠦᠨ ᠠᠰᠢᠭ ᠬᠦᠷᠳᠡᠪᠡ᠃ ᠬᠤᠳᠠ ᠬᠦᠳᠡᠭᠡ ᠶᠢᠨ ᠡᠮ ᠡᠮᠨᠡᠯᠬᠡ ᠶᠢᠨ ᠠᠪᠤᠷᠠᠨ ᠲᠤᠰᠠᠯᠠᠬᠤ ᠮᠦᠩᠬᠦ ᠶᠢ 68.8 ᠲᠦᠮᠡᠨ ᠲᠦᠬᠦᠷᠢᠭ ᠳᠠᠷᠬᠠᠭᠠᠵᠦ᠂ 409 ᠬᠦᠮᠦᠨ ᠤᠳᠠᠭ᠎ᠠ ᠠᠰᠢᠭ ᠬᠦᠷᠳᠡᠪᠡ᠃ ᠭᠠᠮᠰᠢᠭ ᠠᠴᠠ ᠠᠪᠤᠷᠠᠬᠤ ᠪᠡᠯᠡ ᠮᠦᠩᠬᠦ ᠶᠢ 140.6 ᠲᠦᠮᠡᠨ ᠲᠦᠬᠦᠷᠢᠭ ᠲᠠᠷᠬᠠᠭᠠᠵᠦ᠂ 101 ᠭᠠᠮᠰᠢᠭᠳᠠᠭᠰᠠᠨ ᠡᠷᠦᠬᠡ ᠠᠰᠢᠭ ᠬᠦᠷᠳᠡᠪᠡ᠃ ︽ᠭᠤᠷᠪᠠ ᠶᠢ ᠲᠤᠰᠬᠤᠨ ᠪᠠ ᠡᠷᠦᠬᠡ ᠳᠤ ᠬᠦᠷᠭᠡᠬᠦ︾ ᠨᠠᠷᠢᠯᠢᠭ ᠤᠨᠤᠪᠴᠢᠳᠠᠢ ᠶᠠᠳᠠᠭᠤ ᠶᠢ ᠳᠡᠳᠬᠦᠬᠦ ᠠᠵᠢᠯ ᠢ ᠬᠦᠨᠵᠡᠬᠡᠢ ᠠᠬᠢᠭᠤᠯᠵᠦ᠂ ︽ᠮᠦᠩᠬᠦᠨ ᠬᠦᠢᠯᠭᠡᠭᠡ︾᠎ ᠪᠠᠷ ᠶᠠᠳᠠᠭᠤ ᠶᠢ ᠳᠡᠳᠬᠦᠬᠦ ᠢᠨᠵᠧᠨᠧᠷᠢᠩ ᠢ ᠭᠡᠷᠡᠭᠵᠢᠬᠦᠯᠵᠦ᠂ ᠶᠠᠳᠠᠭᠤ ᠬᠦᠴᠢᠷᠳᠡᠯᠳᠡᠢ ᠬᠦᠮᠦᠰ ᠤᠨ ︽ᠦᠪᠡᠰᠦᠪᠡᠨ ᠳᠡᠭᠵᠢᠷᠡᠬᠦ︾ ᠴᠢᠳᠠᠪᠬᠢ ᠶᠢ ᠲᠡᠭᠡᠭᠰᠢᠯᠡᠬᠦᠯᠪᠡ᠃ ᠨᠡᠶᠢᠬᠡᠮ ᠤᠨ ᠬᠠᠮᠢᠶᠠᠷᠤᠯᠳᠠ ᠶᠢᠨ ᠲᠤᠭᠳᠠᠴᠠ ᠶᠢ ᠳᠡᠬᠦᠯᠳᠡᠷᠵᠢᠬᠦᠯᠵᠦ᠂ ᠨᠡᠶᠢᠬᠡᠮ ᠲᠤᠭᠤᠷᠢᠭ ᠤᠨ ᠰᠠᠭᠤᠭᠠᠯᠢ ᠠᠷᠠᠳ ᠤᠨ ᠵᠦᠪᠯᠡᠯ ᠢ ᠰᠢᠨ᠎ᠡ ᠎ ᠪᠠᠷ 4 ᠪᠠᠶᠢᠭᠤᠯᠪᠠ᠃ ᠨᠡᠶᠢᠬᠡᠮ ᠤᠨ ᠵᠤᠬᠢᠶᠠᠨ ᠪᠠᠶᠢᠭᠤᠯᠤᠯᠳᠠ ᠶᠢᠨ ᠬᠠᠮᠢᠶᠠᠷᠤᠯᠳᠠ ᠶᠢ ᠳᠦᠷᠢᠮᠵᠢᠬᠦᠯᠵᠦ᠂ 5 ᠨᠡᠶᠢᠬᠡᠮ ᠤᠨ ᠪᠦᠯᠬᠦᠮ ᠢ ᠦᠭᠡᠶᠢᠰᠭᠡᠪᠡ᠃ ᠶᠢᠰᠦᠳᠦᠭᠡᠷ ᠬᠤᠭᠤᠴᠠᠭᠠᠨ ᠤ ᠭᠠᠴᠠᠭᠠᠨ ︵ᠨᠡᠶᠢᠬᠡᠮ ᠲᠤᠭᠤᠷᠢᠭ︶᠎ ᠤ ᠬᠤᠭᠤᠴᠠᠭ᠎ᠠ ᠰᠤᠯᠢᠬᠤ ᠰᠤᠩᠭᠤᠭᠤᠯᠢ ᠶᠢᠨ ᠠᠵᠢᠯ ᠢ ᠠᠮᠵᠢᠯᠳᠠᠳᠠᠢ ᠪᠡᠶᠡᠯᠡᠬᠦᠯᠪᠡ᠃ ᠬᠤᠶᠠᠷ ᠢ ᠬᠦᠷᠢᠶᠡᠯᠡᠵᠦ ᠬᠠᠷᠠᠭᠠᠯᠵᠠᠨ ᠲᠦᠪᠬᠢᠨᠡᠬᠦᠯᠬᠦ ᠬᠦᠴᠦᠯᠡᠴᠡ ᠶᠢ ᠨᠡᠮᠡᠭᠳᠡᠬᠦᠯᠵᠦ᠂ ᠭᠤᠷᠪᠠᠨ ᠵᠢᠯ ᠳᠠᠷᠠᠭᠠᠯᠠᠨ ᠦᠪᠡᠷᠲᠡᠭᠡᠨ ᠵᠠᠰᠠᠬᠤ ᠤᠷᠤᠨ ᠤ ᠳᠡᠰ ᠤᠨ    ︽ᠬᠤᠶᠠᠷ ᠢ ᠬᠦᠷᠢᠶᠡᠯᠡᠬᠦ ᠵᠢᠱᠢᠶᠡᠴᠢ ᠬᠤᠰᠢᠭᠤ︾᠎ ᠪᠠᠷ ᠦᠨᠡᠯᠡᠭᠳᠡᠪᠡ᠃ ᠦᠢᠯᠡᠰ ᠪᠤᠰᠬᠠᠬᠤ ᠪᠠ ᠠᠵᠢᠯ ᠤᠯᠭᠤᠬᠤ ᠶᠢ ᠪᠠᠳᠤᠯᠠᠵᠦ᠂ ᠬᠤᠳᠠ ᠪᠠᠯᠭᠠᠰᠦ ᠶᠢᠨ ᠰᠢᠨ᠎ᠡ ᠪᠠᠷ ᠠᠵᠢᠯ ᠤᠯᠤᠭᠰᠠᠳ 714 ᠬᠦᠮᠦᠨ ᠪᠤᠯᠵᠦ᠂ ᠦᠢᠯᠡᠰ ᠪᠤᠰᠬᠠᠬᠤ ᠪᠠ ᠠᠵᠢᠯ ᠤᠯᠭᠤᠬᠤ ᠶᠢ ᠳᠡᠮᠵᠢᠬᠦ ᠵᠢᠭᠡᠯᠡᠯᠭᠡ ᠶᠢᠨ ᠮᠦᠩᠬᠦ ᠶᠢ 623 ᠲᠦᠮᠡᠨ ᠲᠦᠬᠦᠷᠢᠭ ᠳᠠᠷᠠᠬᠠᠭᠠᠪᠠ᠃ ᠨᠠᠰᠤᠵᠢᠯ ᠤᠨ ᠳᠠᠭᠠᠳᠬᠠᠯ᠂ ᠡᠮ ᠡᠮᠨᠡᠯᠭᠡ ᠶᠢᠨ ᠳᠠᠭᠠᠳᠬᠠᠯ᠂ ᠠᠵᠢᠯ ᠠᠯᠳᠠᠬᠤ ᠳᠠᠭᠠᠳᠬᠠᠯ᠂ ᠠᠵᠢᠯ ᠠᠴᠠ ᠪᠤᠯᠤᠭᠰᠠᠨ ᠭᠡᠮᠳᠤᠯ ᠤᠨ ᠳᠠᠭᠠᠳᠬᠠᠯ ᠪᠠ ᠦᠷᠡᠵᠢᠯ ᠤᠨ ᠳᠠᠭᠠᠳᠬᠠᠯ ᠳᠤ ᠤᠷᠤᠯᠴᠠᠬᠤ ᠪᠦᠷᠬᠦᠴᠡ ᠶᠢᠨ ᠬᠡᠮᠵᠢᠶ᠎ᠡ ᠶᠢ ᠦᠷᠬᠦᠯᠵᠢᠯᠡᠨ ᠦᠷᠭᠡᠳᠭᠡᠪᠡ᠃ ᠨᠡᠶᠢᠬᠡᠮ ᠤᠨ ᠶᠡᠷᠦᠩᠬᠡᠶᠢᠯᠡᠨ ᠵᠠᠰᠠᠬᠤ ᠰᠢᠰᠲ᠋ᠧᠮ ᠢ ᠳᠡᠬᠦᠯᠳᠡᠷᠵᠢᠬᠦᠯᠪᠡ᠃ ᠨᠡᠶᠢᠬᠡᠮ ᠤᠨ ᠠᠶᠤᠯ ᠲᠦᠭᠰᠢᠬᠦᠷᠢ ᠶᠢ ᠰᠡᠷᠬᠡᠶᠢᠯᠡᠨ ᠡᠵᠡᠮᠳᠡᠬᠦ ᠬᠦᠴᠦᠯᠡᠴᠡ ᠶᠢ ᠨᠡᠮᠡᠭᠳᠡᠬᠦᠯᠵᠦ᠂ ᠤᠯᠠᠨ ᠲᠦᠮᠡᠨ ᠤ ᠵᠠᠬᠢᠳᠠᠯ ᠰᠤᠷᠪᠤᠯᠵᠢᠯᠠᠭ᠎ᠠ ᠶᠢ 130 ᠣᠳᠠᠭ᠎ᠠ᠂ 731 ᠬᠦᠮᠦᠨ ᠬᠦᠯᠢᠶᠡᠨ ᠠᠪᠴᠦ ᠰᠢᠢᠳᠪᠦᠷᠢᠯᠡᠵᠦ᠂ 237 ᠨᠡᠶᠢᠬᠡᠮ ᠤᠨ ᠵᠦᠷᠢᠴᠡᠯ ᠮᠦᠷᠬᠦᠯᠳᠦᠭᠡᠨ ᠢ ᠵᠢᠠᠠᠰᠠᠭᠠᠨ ᠪᠠᠶᠢᠴᠠᠭᠠᠵᠦ ᠨᠠᠮᠳᠠᠭᠤᠯᠪᠠ᠃ ︽ᠪᠤᠯᠢᠶᠠᠵᠦ ᠲᠡᠭᠡᠷᠡᠮᠳᠡᠬᠦ ᠪᠠ ᠬᠤᠯᠠᠭᠠᠶᠢᠯᠠᠬᠤ︾᠂ ︽ᠱᠠᠯᠢᠭ ᠵᠠᠪᠠᠭ᠋ᠠᠢ ᠵᠤᠭᠤᠰ ᠮᠦᠷᠦᠶᠢᠴᠡᠬᠦ ᠬᠤᠤᠷ ᠠᠷᠠᠯᠵᠢᠶᠠᠯᠠᠬᠤ︾ ᠳᠠᠯᠠᠪᠤᠷ ᠎ ᠢ ᠵᠢᠠᠠᠰᠠᠭᠠᠨ ᠪᠠᠶᠢᠴᠠᠭᠠᠵᠦ ᠵᠠᠰᠠᠨ ᠴᠡᠭᠴᠡᠯᠡᠬᠦ ᠠᠵᠢᠯ ᠢ ᠴᠢᠩᠭᠠᠳᠬᠠᠵᠦ᠂ ︽ᠬᠠᠤᠯᠢ ᠪᠤᠰᠤ ᠫᠤᠤ ᠵᠡᠪᠰᠡᠭ᠂ ᠳᠡᠯᠪᠡᠷᠡᠬᠦ ᠡᠳ᠋ ᠪᠤᠯᠤᠨ ᠬᠢᠳᠤᠭᠠᠨ ᠤ ᠵᠦᠢᠯ ᠢ ᠬᠤᠷᠢᠶᠠᠨ ᠠᠪᠴᠦ ᠬᠠᠮᠢᠶᠠᠷᠬᠤ︾ ᠲᠤᠰᠬᠠᠢ ᠠᠵᠢᠯᠯᠠᠭ᠎ᠠ ᠦᠷᠨᠢᠬᠦᠯᠵᠦ᠂ ᠬᠢᠯᠢ ᠬᠢᠵᠠᠭᠠᠷ ᠤᠨ ᠬᠢᠨᠠᠨ ᠡᠵᠡᠮᠳᠡᠬᠦ ᠬᠦᠴᠦᠯᠡᠴᠡ ᠶᠢ ᠨᠡᠮᠡᠭᠳᠡᠬᠦᠯᠵᠦ᠂ ᠶᠡᠷᠦᠩᠬᠡᠶᠢᠯᠡᠨ ᠰᠡᠷᠭᠡᠶᠢᠯᠡᠨ ᠬᠠᠮᠠᠭᠠᠯᠠᠬᠤ ᠴᠢᠳᠠᠪᠦᠷᠢ ᠪᠦᠳᠦᠮᠵᠢᠳᠡᠢ ᠳᠡᠭᠡᠭᠰᠢᠯᠡᠪᠡ᠃        — — ᠦᠩᠭᠡᠷᠡᠭᠰᠡᠨ ᠨᠢᠭᠡ ᠵᠢᠯ ᠳᠤ᠂ ᠪᠢᠳᠡ ᠬᠦᠴᠦᠨ ᠢᠶᠠᠨ ᠲᠦᠪᠯᠡᠷᠡᠬᠦᠯᠵᠦ᠂ ᠳᠤᠳᠠᠭᠳᠠᠯ ᠲᠠᠢ ᠳᠠᠯ᠎ᠠ ᠪᠠᠨ ᠨᠦᠬᠦᠪᠦᠷᠢᠯᠡᠨ ᠰᠠᠶᠢᠵᠢᠷᠠᠭᠤᠯᠵᠦ᠂ ︽ᠠᠷᠪᠠ ᠶᠢ ᠪᠦᠷᠬᠦᠬᠦᠯᠬᠦ︾ ᠢᠨᠵᠧᠨᠧᠷᠢᠩ ᠢ ᠯᠠᠪᠳᠠᠭᠤᠨ ᠪᠦᠭᠡᠳ ᠪᠦᠳᠦᠮᠵᠢᠳᠡᠢ ᠰᠠᠶᠢᠬᠠᠨ ᠦᠷᠨᠢᠬᠦᠯᠪᠡ᠃ 3.18 ᠳ᠋ᠦᠩᠰᠢᠭᠤᠷ ᠲᠦᠬᠦᠷᠢᠭ ᠤᠨ ᠪᠡᠯᠡ ᠤᠷᠤᠭᠤᠯᠵᠦ᠂ 871 ᠨᠤᠷᠠᠬᠤ ᠠᠶᠤᠯᠳᠠᠢ ᠭᠡᠷ ᠪᠠᠶᠢᠰᠢᠩ ᠢ ᠵᠠᠰᠠᠨ ᠰᠢᠨᠡᠳᠭᠡᠵᠦ᠂ 379 ᠭᠡᠷ ᠪᠠᠶᠢᠰᠢᠩ ᠢ ᠪᠠᠷᠢᠵᠦ ᠳᠠᠭᠤᠰᠤᠭᠠᠳᠦᠢ᠃ 140 ᠤᠰᠤ ᠬᠠᠩᠭᠠᠬᠤ ᠦᠨᠳᠦᠰᠦᠨ ᠬᠤᠳᠳᠤᠭ ᠮᠠᠯᠳᠠᠵᠦ᠂ ᠤᠰᠤ ᠰᠢᠢᠳᠪᠦᠷᠢᠯᠡᠬᠦ ᠲᠦᠬᠦᠭᠡᠷᠦᠮᠵᠢ ᠶᠢ 63 ᠳᠠᠷᠬᠠᠭᠠᠪᠠ᠃ ᠵᠡᠬᠡᠯᠢ ᠭᠤᠳᠤᠮᠵᠢ ᠶᠢᠨ ᠵᠠᠮ ᠢ 63.08 ᠺᠢᠯᠤᠮᠧᠲᠷ ᠱᠦᠢᠨᠢᠳᠡᠬᠦ ᠠᠵᠢᠯ ᠢ ᠪᠡᠶᠡᠯᠡᠬᠦᠯᠪᠡ᠃  ᠴᠠᠬᠢᠯᠭᠠᠨ ᠲᠤᠤᠷ ᠢ ᠵᠠᠰᠠᠨ ᠰᠢᠨᠡᠳᠭᠡᠬᠦ ᠢᠨᠵᠧᠨᠧᠷᠢᠩ ᠢ 12 ᠺᠢᠯᠤᠮᠧᠲᠷ ᠪᠡᠶᠡᠯᠡᠬᠦᠯᠪᠡ᠃ ᠡᠷᠦᠬᠡ ᠪᠤᠯᠭᠠᠨ ᠳᠤ ᠨᠡᠪᠲᠡᠷᠡᠬᠦᠯᠬᠦ ᠲᠤᠨᠤᠭ ᠢ 1200 ᠤᠭᠰᠠᠷᠠᠵᠦ᠂ ᠭᠠᠵᠠᠷ ᠤᠨ ᠭᠠᠳᠠᠷᠭᠤ ᠶᠢᠨ ᠳᠤᠭᠠᠴᠢᠯᠠᠭᠰᠠᠨ ᠲᠧᠯᠸᠢᠰ ᠢ ᠪᠦᠷᠬᠦᠬᠦᠯᠬᠦ ᠢᠨᠵᠧᠨᠧᠷᠢᠩ ᠢ 2᠂ ᠲᠤᠰᠬᠤᠨ ᠪᠤᠯᠭᠠᠨ ᠳᠤ ᠷᠠᠳᠢᠤ᠋ ᠨᠡᠪᠲᠡᠷᠡᠬᠦᠯᠬᠦ ᠢᠨᠵᠧᠨᠧᠷᠢᠩ ᠢ 69 ᠭᠡᠷᠡᠭᠵᠢᠬᠦᠯᠪᠡ᠃ ᠰᠤᠷᠭᠠᠭᠤᠯᠢ ᠶᠢᠨ ᠪᠠᠶᠢᠷᠢ ᠶᠢᠨ ᠪᠦᠲᠦᠭᠡᠨ ᠪᠠᠶᠢᠭᠤᠯᠤᠯᠳᠠ ᠪᠠ ᠠᠮᠤᠷ ᠲᠦᠪᠰᠢᠨ ᠤ ᠢᠨᠵᠧᠨᠧᠷᠢᠩ ᠢ 1 ᠪᠡᠶᠡᠯᠡᠬᠦᠯᠪᠡ᠃ ᠪᠠᠷᠢᠮᠵᠢᠶᠠᠵᠢᠭᠰᠠᠨ ᠡᠷᠡᠬᠦᠯ ᠬᠠᠮᠠᠭᠠᠯᠠᠯ ᠤᠨ ᠭᠡᠷ ᠢ 1 ᠪᠠᠶᠢᠭᠤᠯᠪᠠ᠃ ᠤᠯᠠᠨ ᠭᠡᠷᠡᠭᠴᠡᠭᠡᠳᠦ ᠠᠵᠢᠯᠯᠠᠭᠠᠨ ᠤ ᠭᠡᠷ ᠢ ᠬᠠᠮᠳᠤᠪᠡᠷ ᠪᠠᠶᠢᠭᠤᠯᠤᠨ ᠬᠠᠮᠳᠤᠪᠡᠷ ᠡᠳ᠋ᠯᠡᠬᠦ ᠵᠡᠷᠭᠡ ᠠᠷᠭ᠎ᠠ ᠬᠡᠮᠵᠢᠶ᠎ᠡ ᠪᠠᠷ ᠳᠠᠮᠵᠢᠨ᠂ ᠭᠠᠴᠠᠭᠠᠨ ᠤ ᠪᠠᠷᠢᠮᠵᠢᠶᠠᠵᠢᠭᠰᠠᠨ ᠰᠤᠶᠤᠯ ᠤᠨ ᠠᠵᠢᠯᠯᠠᠭᠠᠨ ᠤ ᠭᠡᠷ ᠢ 31 ᠪᠠᠶᠢᠭᠤᠯᠵᠦ᠂ 34 ᠲᠤᠨᠤᠭ ᠲᠦᠬᠦᠭᠡᠷᠦᠮᠵᠢ ᠲᠠᠷᠬᠠᠭᠠᠪᠠ᠃ ᠠᠷᠠᠳ ᠲᠤ ᠲᠦᠬᠦᠮ ᠦᠵᠡᠬᠦᠯᠬᠦ ᠬᠤᠯᠪᠤᠭᠠᠳᠦ ᠬᠡᠳᠦ ᠳᠡᠯᠭᠡᠭᠦᠷ ᠢ 13 ᠪᠠᠶᠢᠭᠤᠯᠪᠠ᠃ ᠨᠠᠰᠤᠵᠢᠯ ᠤᠨ ᠳᠠᠭᠠᠳᠬᠠᠯ ᠎ ᠳᠤ ᠤᠷᠤᠯᠴᠠᠭᠰᠠᠨ ᠮᠠᠯᠴᠢᠳ ᠤᠨ ᠲᠤᠭ᠎ᠠ 11891᠎ ᠳᠤ ᠬᠦᠷᠴᠦ᠂ 80 ᠪᠦᠬᠦᠯᠢ ᠨᠠᠰᠤᠨ ᠠᠴᠠ ᠲᠡᠭᠡᠭᠰᠢᠬᠢ ᠲᠤᠤᠷ᠎ᠠ ᠤᠷᠤᠯᠭ᠎ᠠ ᠲᠠᠢ ᠨᠠᠰᠤᠳᠠᠶᠢᠴᠦᠳ ᠲᠤ ᠦᠨᠳᠦᠷ ᠨᠠᠰᠤᠨ ᠤ ᠨᠦᠬᠦᠪᠦᠷᠢ ᠦᠭᠪᠡ᠃ ᠤᠷᠴᠢᠨ ᠲᠤᠭᠤᠷᠢᠨ ᠤ ᠠᠷᠢᠭᠤᠨ ᠴᠡᠪᠡᠷ ᠢ ᠶᠡᠷᠦᠩᠬᠡᠶᠢᠯᠡᠨ ᠵᠠᠰᠠᠬᠤ ᠪᠠ ᠢᠵᠢ ᠪᠦᠷᠢᠳᠦᠭᠰᠡᠨ ᠲᠤᠨᠤᠭ ᠲᠦᠬᠦᠭᠡᠷᠦᠮᠵᠢ ᠎ ᠶᠢᠨ ᠪᠦᠲᠦᠭᠡᠨ ᠪᠠᠶᠢᠭᠤᠯᠤᠯᠳᠠ ᠶᠢ ᠴᠢᠬᠤᠯᠠᠴᠢᠯᠠᠵᠦ᠂ 17 ᠲᠦᠮᠡ ᠭᠠᠷᠤᠢ ᠲᠤᠨ ᠬᠤᠭ ᠨᠤᠪᠰᠢ ᠶᠢ ᠴᠡᠪᠡᠷᠯᠡᠨ ᠲᠡᠭᠡᠭᠡᠪᠦᠷᠢᠯᠡᠵᠦ᠂ 1406 ᠬᠠᠭᠤᠴᠢᠨ ᠭᠡᠷ ᠪᠠᠶᠢᠰᠢᠩ ᠢ ᠨᠤᠷᠠᠭᠠᠵᠦ᠂ 9.3 ᠲᠦᠮᠡᠨ ᠮᠧᠲᠷ ᠤᠨ ᠭᠡᠷᠡᠮ ᠬᠠᠰᠢᠶ᠎ᠠ ᠶᠢ ᠰᠢᠨ᠎ᠡ ᠪᠠᠷ ᠤᠷᠳᠤᠳᠬᠠᠨ ᠪᠠᠷᠢᠵᠦ᠂ 13.41 ᠺᠢᠯᠤᠮᠧᠲᠷ ᠵᠠᠮ ᠤᠨ ᠳᠠᠯᠠᠩ ᠳᠡᠪᠢᠰᠴᠦ ᠂ 317 ᠵᠠᠮ ᠤᠨ ᠳ᠋ᠧᠩ ᠤᠭᠰᠠᠷᠠᠵᠦ᠂ 6000 ᠳᠡᠭᠰᠢ ᠲᠦᠷᠪᠡᠯᠵᠢᠨ ᠮᠧᠲᠷ ᠨᠤᠭᠤᠭᠠᠷᠠᠭᠤᠯᠤᠯᠳᠠ ᠶᠢᠨ ᠪᠦᠰᠡ ᠶᠢ ᠰᠢᠨ᠎ᠡ ᠪᠠᠷ ᠪᠠᠶᠢᠭᠤᠯᠪᠠ᠃      — — ᠦᠩᠭᠡᠷᠡᠭᠰᠡᠨ ᠨᠢᠭᠡ ᠵᠢᠯ ᠳᠤ᠂ ᠪᠢᠳᠡ ᠵᠤᠷᠢᠭᠳᠠᠢ ᠪᠠᠷ ᠡᠭᠦᠷᠭᠡᠯᠡᠨ᠂ ᠦᠨᠡᠨ ᠪᠤᠳᠠᠳᠠᠢ ᠠᠵᠢᠯᠯᠠᠵᠦ᠂ ᠵᠠᠰᠠᠭ ᠤᠨ ᠤᠷᠳᠤᠨ ᠤ ᠲᠤᠰ ᠪᠡᠶ᠎ᠡ ᠶᠢᠨ ᠪᠦᠲᠦᠭᠡᠨ ᠪᠠᠶᠢᠭᠤᠯᠤᠯᠳᠠ ᠴᠢᠨᠠᠭᠰᠢᠳᠠ ᠴᠢᠩᠭᠠᠳᠪᠠ᠃ ︽ᠭᠤᠷᠪᠠᠨ ᠴᠢᠩᠭ᠎ᠠ ᠭᠤᠷᠪᠠᠨ ᠪᠤᠳᠠᠳᠠᠢ︾ ᠲᠤᠰᠬᠠᠢ ᠰᠡᠳᠦᠪᠳᠦ ᠬᠦᠮᠦᠵᠢᠯ ᠢ ᠯᠠᠪᠳᠠᠭᠤᠨ ᠪᠠᠳᠤᠳᠠᠢ ᠦᠷᠨᠢᠬᠦᠯᠵᠦ᠂ ︽ᠲᠦᠪ ᠴᠢᠩᠭ᠎ᠠ ᠦᠨᠠᠨ ᠪᠤᠳᠠᠳᠠᠢ ᠪᠢᠰᠢ︾ ᠠᠰᠠᠭᠤᠳᠠᠯ ᠢ ᠬᠢᠨᠠᠮᠠᠭᠠᠢ ᠡᠷᠢᠨ ᠭᠠᠷᠭᠠᠵᠦ᠂ ᠵᠠᠰᠠᠨ ᠴᠡᠭᠴᠡᠯᠡᠵᠦ ᠨᠠᠶᠢᠳᠠᠪᠦᠷᠢᠵᠢᠭᠤᠯᠬᠤ ᠶᠢ ᠴᠢᠩᠭ᠎ᠠ ᠠᠳᠬᠤᠵᠦ᠂ ᠺᠠᠳ᠋ᠷ ᠤᠯᠠᠨ ᠲᠦᠮᠡᠨ ᠤ ᠬᠠᠷᠢᠴᠠᠭ᠎ᠠ ᠶᠢ ᠲᠠᠰᠤᠷᠠᠯᠳᠠ ᠦᠬᠡᠢ ᠨᠢᠠᠠᠳᠠᠷᠠᠭᠤᠯᠪᠠ᠃ ᠲᠦᠪ ᠤᠨ ᠨᠠᠢᠮᠠᠨ ᠵᠤᠷᠪᠤᠰ ᠲᠤᠭᠳᠠᠭᠠᠯ ᠢ ᠴᠢᠩᠭ᠎ᠠ ᠵᠢᠷᠤᠮᠯᠠᠵᠦ᠂ ︽ᠠᠯᠪᠠᠨ ᠤ ᠭᠤᠷᠪᠠᠨ ᠵᠠᠷᠤᠳᠠᠯ︾᠎ ᠢ 18.4%᠎ ᠪᠠᠷ ᠪᠠᠭᠠᠰᠬᠠᠵᠦ᠂ ᠪᠢᠴᠢᠭ ᠮᠠᠲ᠋ᠧᠷᠢᠶᠠᠯ ᠪᠠ ᠬᠤᠷᠠᠯ ᠢ ᠲᠤᠰᠪᠦᠷᠢ 11.7% ᠪᠠ 16.7%᠎ ᠪᠠᠷ ᠪᠠᠭᠠᠰᠬᠠᠪᠠ ᠃ ᠨᠠᠮ ᠤᠨ ᠰᠤᠷᠳᠠᠯ ᠴᠢᠭᠡᠴᠢ ᠵᠠᠰᠠᠭ ᠤᠨ ᠪᠦᠲᠦᠭᠡᠨ ᠪᠠᠶᠢᠭᠤᠯᠤᠯᠳᠠ ᠶᠢᠨ ᠬᠠᠷᠢᠭᠤᠴᠠᠯᠭ᠎ᠠ ᠶᠢᠨ ᠲᠦᠷᠢᠮ ᠢ ᠴᠢᠩᠭ᠎ᠠ ᠨᠠᠶᠢᠳᠠᠪᠦᠷᠢᠵᠢᠭᠤᠯᠵᠦ᠂ ᠬᠠᠤᠯᠢ ᠪᠠ ᠰᠠᠬᠢᠯᠭ᠎ᠠ ᠪᠠᠳᠦ ᠶᠢ ᠵᠦᠷᠢᠴᠡᠭᠰᠡᠨ ᠭᠡᠷᠡᠭ ᠢ ᠲᠦᠪ ᠴᠢᠩᠭ᠎ᠠ ᠪᠠᠷ ᠪᠠᠶᠢᠴᠠᠭᠠᠨ ᠰᠢᠢᠳᠭᠡᠪᠡ᠃ ᠵᠠᠰᠠᠭ ᠤᠨ ᠤᠷᠳᠤᠨ ᠤ ︽ᠭᠤᠷᠪᠠᠨ ᠭᠤᠤᠯᠳᠠᠯᠭ᠎ᠠ ᠪᠠ ᠳᠤᠮᠤ ᠪᠡᠯᠡ ᠮᠦᠩᠬᠦᠨ ᠤ ᠭᠡᠷᠡᠭᠯᠡᠯᠳᠡ︾᠎ ᠶᠢᠨ ᠭᠡᠷᠡᠭ ᠵᠦᠪᠯᠡᠬᠦ ᠲᠦᠷᠢᠮ ᠢ ᠳᠡᠬᠦᠯᠳᠡᠷᠵᠢᠬᠦᠯᠵᠦ᠂ ᠰᠢᠨᠵᠢᠯᠡᠬᠦ ᠤᠬᠠᠭᠠᠨᠴᠢ ᠠᠷᠠᠳᠴᠢᠯᠠᠯᠳᠦ ᠰᠢᠢᠳᠪᠦᠷᠢ ᠶᠢ ᠠᠬᠢᠭᠤᠯᠪᠠ᠃ ᠵᠠᠰᠠᠭ ᠵᠠᠬᠢᠷᠭᠠᠨ ᠤ ᠬᠢᠨᠠᠨ ᠪᠠᠶᠢᠴᠠᠭᠠᠯᠳᠠ ᠪᠤᠯᠤᠨ ᠬᠢᠨᠠᠨ ᠪᠤᠳᠤᠯᠳᠠ ᠶᠢᠨ ᠬᠢᠨᠠᠯᠳᠠ ᠶᠢ ᠴᠢᠩᠭᠠᠳᠬᠠᠵᠦ᠂ ᠬᠤᠰᠢᠭᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠵᠢᠯ ᠤᠨ ᠬᠢᠨᠠᠯᠳᠠ᠂ ᠬᠠᠤᠯᠢ ᠴᠠᠭᠠᠵᠠ ᠶᠢᠨ ᠬᠢᠨᠠᠯᠳᠠ ᠪᠤᠯᠤᠨ ᠬᠤᠰᠢᠭᠤᠨ ᠤ ᠤᠯᠤᠰ ᠲᠦᠷᠦ ᠶᠢᠨ ᠵᠦᠪᠯᠡᠯᠭᠡᠨ ᠤ ᠠᠷᠠᠳᠴᠢᠯᠠᠯ ᠤᠨ ᠬᠢᠨᠠᠯᠳᠠ ᠶᠢ ᠤᠬᠠᠮᠰᠠᠷ ᠠᠴᠠ ᠪᠠᠨ ᠬᠦᠯᠢᠶᠡᠵᠦ᠂ ᠡᠯ᠎ᠡ ᠠᠷᠠᠳᠴᠢᠯᠠᠭᠰᠠᠨ ᠨᠠᠮ ᠪᠦᠯᠦᠭ᠂ ᠦᠢᠯᠡᠳᠪᠦᠷᠢ ᠬᠤᠳᠠᠯᠳᠤᠭᠠᠨ ᠤ ᠬᠤᠯᠪᠤᠭ᠎ᠠ᠂ ᠨᠠᠮ ᠪᠦᠯᠦᠭ ᠤᠨ ᠪᠤᠰᠤ ᠬᠦᠮᠦᠰ ᠪᠤᠯᠤᠨ ᠠᠷᠠᠳ ᠤᠨ ᠪᠦᠯᠬᠦᠮ ᠤᠨ ᠰᠠᠨᠠᠯ ᠢ ᠬᠢᠨᠠᠮᠠᠭᠠᠢ ᠰᠤᠨᠤᠰᠴᠦ ᠬᠦᠯᠢᠶᠡᠨ ᠠᠪᠤᠪᠠ᠃ ᠪᠦᠬᠦ ᠵᠢᠯ ᠳᠤ᠂ ᠬᠤᠳᠠ᠂ ᠬᠤᠰᠢᠭᠤ ᠬᠤᠶᠠᠷ ᠱᠠᠳᠤᠨ ᠤ ᠠᠷᠠᠳ ᠤᠨ ᠲᠦᠯᠦᠭᠡᠯᠡᠭᠴᠢ ᠶᠢᠨ ᠰᠠᠨᠠᠯ ᠵᠦᠪᠯᠡᠯᠭᠡ ᠶᠢ 43 ᠬᠤᠪᠢ᠂ ᠤᠯᠤᠰ ᠲᠦᠷᠦ ᠶᠢᠨ ᠵᠦᠪᠯᠡᠯᠭᠡᠨ ᠤ ᠭᠡᠰᠢᠬᠦᠳ ᠤᠨ ᠰᠠᠨᠠᠯ ᠲᠤᠷᠠᠳᠤᠯᠭ᠎ᠠ ᠶᠢ 74 ᠬᠤᠪᠢ ᠡᠷᠬᠢᠯᠡᠨ ᠬᠦᠢᠴᠡᠳᠭᠡᠵᠦ᠂ ᠬᠦᠢᠴᠡᠳᠭᠡᠨ ᠰᠢᠢᠳᠪᠦᠷᠢᠯᠡᠭᠰᠡᠨ ᠨᠤᠷᠮ᠎ᠠ ᠪᠤᠯᠤᠨ ᠬᠠᠨᠤᠮᠵᠢ ᠶᠢᠨ ᠨᠤᠷᠮ᠎ᠠ ᠪᠦᠷ 100%᠎ ᠳᠤ ᠬᠦᠷᠪᠡ         ᠬᠤᠶᠠᠷ᠂ ︽ᠠᠷᠪᠠᠨ ᠬᠤᠶᠠᠳᠤᠭᠠᠷ ᠲᠠᠪᠤᠨ ᠵᠢᠯ︾᠎ ᠤᠨ ᠬᠤᠭᠤᠴᠠᠭᠠᠨ ᠳᠠᠬᠢ ᠠᠵᠢᠯ ᠤᠨ ᠡᠷᠬᠢᠴᠡᠬᠦᠯᠦᠯ         ︽ᠠᠷᠪᠠᠨ ᠬᠤᠶᠠᠳᠤᠭᠠᠷ ᠲᠠᠪᠤᠨ ᠵᠢᠯ︾᠎ ᠤᠨ ᠠᠵᠢᠯ ᠢ ᠡᠷᠬᠢᠴᠡᠬᠦᠯᠬᠦᠶ᠎ᠡ᠂ ᠠᠮᠵᠢᠯᠳᠠ ᠪᠦᠳᠦᠮᠵᠢ ᠨᠢ ᠬᠦᠮᠦᠰ ᠢ ᠤᠷᠮᠠᠰᠢᠭᠤᠯᠤᠨ᠂ ᠲᠠᠪᠤᠨ ᠵᠢᠯ ᠤᠨ ᠠᠶᠠᠨ ᠵᠠᠮ ᠤᠨ ᠤᠯᠠ ᠮᠦᠷ ᠨᠢ ᠪᠢᠳᠡᠨ ᠳᠤ ᠮᠠᠷᠳᠠᠭᠳᠠᠰᠢ ᠦᠬᠡᠢ ᠶᠤᠮ᠃ ᠡᠨᠡ ᠲᠠᠪᠤᠨ ᠵᠢᠯ ᠳᠤ᠂ ᠪᠢᠳᠡᠨ ᠤ ᠬᠦᠭᠵᠢᠯᠳᠡ ᠶᠢᠨ ᠶᠠᠪᠤᠴᠠ ᠲᠤᠩ ᠶᠡᠷᠦ ᠪᠤᠰᠤ ᠎ ᠶᠢᠨ ᠪᠠᠶᠢᠵᠦ᠂ ᠠᠵᠦ ᠠᠬᠤᠢ ᠦᠷᠬᠦᠯᠵᠢᠯᠡᠨ ᠨᠡᠮᠡᠭᠳᠡᠭᠰᠡᠨ᠂ ᠰᠠᠭᠤᠷᠢ ᠲᠦᠬᠦᠭᠡᠷᠦᠮᠵᠢ ᠳᠠᠰᠤᠷᠠᠯᠳᠠ ᠦᠬᠡᠢ ᠳᠡᠬᠦᠯᠳᠡᠷᠵᠢᠭᠰᠡᠨ ᠪᠠ ᠨᠡᠶᠢᠬᠡᠮ ᠤᠨ ᠠᠵᠢᠯ ᠦᠢᠯᠡᠰ ᠦᠷᠨᠢᠨ ᠬᠦᠭᠵᠢᠭᠰᠡᠨ ᠲᠡᠭᠡᠭᠰᠢᠯᠡᠯᠳᠡ ᠶᠢᠨ ᠬᠤᠭᠤᠴᠠᠭ᠎ᠠ ᠶᠢ ᠦᠩᠭᠡᠷᠡᠬᠦᠯᠦᠭᠰᠡᠨ ᠮᠦᠷᠲᠡᠭᠡᠨ ᠪᠠᠰᠠ ᠲᠤᠪᠤᠶᠢᠮ᠎ᠠ ᠵᠦᠷᠢᠴᠡᠯ ᠲᠠᠢ ᠪᠦᠭᠡᠳ ᠲᠠᠷᠤᠭᠠᠰᠦ ᠶᠡᠭᠡᠳᠡ ᠬᠦᠨᠳᠦᠷᠡᠭᠰᠡᠨ ᠬᠦᠴᠢᠷ ᠪᠡᠷᠭᠡᠰᠢᠶᠡᠯ ᠲᠠᠢ ᠴᠠᠭ ᠬᠤᠭᠤᠴᠠᠭ᠎ᠠ ᠶᠢ ᠴᠦ ᠦᠩᠭᠡᠷᠡᠬᠦᠯᠪᠡ᠃ ᠡᠨᠡ ᠲᠠᠪᠤᠨ ᠵᠢᠯ ᠳᠤ᠂ ᠪᠢᠳᠡ ᠴᠤᠭ ᠰᠦᠯᠳᠡ ᠪᠠᠳᠠᠷᠠᠩᠭᠤᠢ᠂ ᠶᠡᠭᠡ ᠠᠯᠬᠤᠮ ᠢᠶᠠᠷ ᠤᠷᠤᠭᠰᠢᠯᠠᠨ ᠲᠠᠪᠰᠢᠭᠰᠠᠨ ᠶᠤᠮ᠃ ᠭᠡᠪᠡᠴᠦ ᠪᠢᠳᠡ ᠪᠠᠰᠠ ᠰᠠᠯᠬᠢ ᠪᠤᠷᠤᠭᠠᠨ ᠢ ᠤᠯᠠᠨᠳᠠ ᠲᠤᠭᠤᠯᠵᠦ᠂ ᠲᠤᠩ ᠶᠡᠭᠡ ᠬᠦᠴᠢᠷ ᠲᠦᠪᠡᠭ ᠲᠤ ᠲᠤᠯᠭᠠᠷᠠᠵᠦ ᠦᠩᠭᠡᠷᠡᠭᠰᠡᠨ ᠶᠤᠮ᠃ ᠭᠡᠳᠡᠯ᠎ᠡ ᠪᠢᠳᠡᠨ ᠤ ᠤᠷᠤᠭᠰᠢᠯᠠᠯᠳᠠ ᠶᠢᠨ ᠠᠯᠬᠤᠭ᠎ᠠ᠂ ᠬᠦᠴᠢᠷ ᠪᠡᠷᠭᠡ ᠶᠢ ᠲᠤᠭᠤᠯᠬᠤ ᠵᠤᠷᠢᠭ ᠰᠦᠰᠦ ᠨᠢᠭᠡᠴᠦ ᠮᠤᠬᠤᠵᠦ ᠦᠩᠭᠡᠷᠡᠭᠰᠡᠨ ᠦᠬᠡᠢ ᠪᠠᠶᠢᠵᠦ᠂ ︽ᠠᠷᠪᠠᠨ ᠬᠤᠶᠠᠳᠤᠭᠠᠷ ᠲᠠᠪᠤᠨ ᠵᠢᠯ︾᠎ ᠳᠤ ᠲᠤᠭᠳᠠᠭᠰᠠᠨ ᠬᠠᠷᠠᠯᠳᠠ ᠪᠠᠨ ᠠᠮᠵᠢᠯᠳᠠᠳᠠᠢ ᠪᠡᠶᠡᠯᠡᠬᠦᠯᠪᠡ᠃         ︵ᠨᠢᠭᠡ︶ ᠶᠡᠷᠦᠩᠬᠡᠶᠢᠯᠡᠭᠰᠡᠨ ᠪᠤᠳᠠᠳᠦ ᠬᠦᠴᠦᠨ ᠴᠢᠨᠠᠭᠰᠢᠳᠠ ᠲᠡᠭᠡᠭᠰᠢᠯᠡᠪᠡ᠃ ᠤᠷᠤᠨ ᠨᠤᠲᠤᠭ ᠤᠨ ᠦᠢᠯᠡᠳᠪᠦᠷᠢᠯᠡᠯ ᠤᠨ ᠶᠡᠷᠦᠩᠬᠡᠢ ᠦᠷᠲᠡᠭ 2010 ᠤᠨ ᠤ 1.7 ᠳᠠᠬᠢᠨ ᠪᠤᠯᠵᠦ᠂ ᠵᠢᠯ ᠲᠤᠮᠳᠠᠴᠢ ᠪᠠᠷ 11%᠎ ᠪᠠᠷ ᠨᠡᠮᠡᠭᠳᠡᠪᠡ᠃ ᠡᠳ᠋ ᠤᠨ ᠵᠠᠰᠠᠭ ᠤᠨ ᠤᠷᠤᠯᠭ᠎ᠠ 2010 ᠤᠨ ᠤ 1.4 ᠳᠠᠬᠢᠨ ᠪᠤᠯᠵᠦ᠂ ᠵᠢᠯ ᠲᠤᠮᠳᠠᠴᠢ ᠪᠠᠷ 6.7%᠎ ᠪᠠᠷ ᠨᠡᠮᠡᠭᠳᠡᠪᠡ᠃ ᠨᠡᠶᠢᠬᠡᠮ ᠤᠨ ᠭᠡᠷᠡᠭᠯᠡᠭᠡᠨ ᠤ ᠳᠠᠸᠠᠷ ᠢ ᠵᠢᠵᠢᠭᠯᠡᠨ ᠪᠤᠷᠤᠯᠠᠭᠤᠯᠬᠤ ᠶᠡᠷᠦᠩᠬᠡᠢ ᠲᠤᠭ᠎ᠠ 2010 ᠤᠨ ᠤ 1.8 ᠳᠠᠬᠢᠨ ᠪᠤᠯᠵᠦ᠂ ᠵᠢᠯ ᠲᠤᠮᠳᠠᠴᠢ ᠪᠠᠷ 12.8%᠎ ᠪᠠᠷ ᠨᠡᠮᠡᠭᠳᠡᠪᠡ᠃ ᠬᠤᠳᠠ ᠪᠠᠯᠭᠠᠰᠦ ᠶᠢᠨ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠦᠮᠦᠨ ᠲᠤᠮᠳᠠᠴᠢ ᠵᠠᠷᠤᠴᠠᠭᠤᠯᠵᠦ ᠪᠤᠯᠬᠤ ᠤᠷᠤᠯᠭ᠎ᠠ 2010 ᠤᠨ ᠤ 1.8 ᠳᠠᠬᠢᠨ ᠪᠤᠯᠵᠦ᠂ ᠵᠢᠯ ᠲᠤᠮᠳᠠᠴᠢ ᠪᠠᠷ 13%᠎ ᠪᠠᠷ ᠨᠡᠮᠡᠭᠳᠡᠪᠡ᠃ ᠮᠠᠯᠵᠢᠬᠤ ᠤᠷᠤᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠦᠮᠦᠨ ᠲᠤᠮᠳᠠᠴᠢ ᠵᠠᠷᠤᠴᠠᠭᠤᠯᠵᠦ ᠪᠤᠯᠬᠤ ᠤᠷᠤᠯᠭ᠎ᠠ 2010 ᠤᠨ ᠤ 1.9 ᠳᠠᠬᠢᠨ ᠪᠤᠯᠵᠦ᠂ ᠵᠢᠯ ᠲᠤᠮᠳᠠᠴᠢ ᠪᠠᠷ 13.4%᠎ ᠪᠠᠷ ᠨᠡᠮᠡᠭᠳᠡᠪᠡ᠃ ᠪᠦᠬᠦ ᠨᠡᠶᠢᠬᠡᠮ ᠤᠨ ᠲᠤᠭᠳᠠᠮᠠᠯ ᠬᠦᠷᠦᠩᠭᠡ ᠶᠢᠨ ᠪᠡᠯᠡ ᠤᠷᠤᠭᠤᠯᠤᠯᠳᠠ ᠶᠢ ᠨᠡᠶᠢᠳᠡ 154 ᠳ᠋ᠦᠩᠰᠢᠭᠤᠷ ᠲᠦᠬᠦᠷᠢᠭ ᠪᠡᠶᠡᠯᠡᠬᠦᠯᠵᠦ᠂ ︽ᠠᠷᠪᠠᠨ ᠨᠢᠭᠡᠳᠦᠭᠡᠷ ᠲᠠᠪᠤᠨ ᠵᠢᠯ︾᠎ ᠤᠨ 1.4 ᠳᠠᠬᠢᠨ ᠪᠤᠯᠪᠠ᠃        ︵ᠬᠤᠶᠠᠷ︶ ᠮᠠᠯ ᠠᠵᠦ ᠠᠬᠤᠢ ᠶᠢᠨ ᠰᠠᠭᠤᠷᠢ ᠴᠢᠨᠠᠭᠰᠢᠳᠠ ᠪᠠᠬᠢᠵᠢᠪᠡ᠃ ᠳᠠᠷᠢᠶᠠᠯᠠᠩ ᠮᠠᠯ ᠠᠵᠦ ᠠᠬᠤᠢ ᠶᠢᠨ ᠰᠠᠭᠤᠷᠢ ᠲᠦᠬᠦᠭᠡᠷᠦᠮᠵᠢ ᠶᠢ ᠬᠦᠴᠦᠯᠡᠨ ᠴᠢᠩᠭᠠᠳᠬᠠᠵᠦ᠂ ᠨᠡᠶᠢᠳᠡ 29 ᠡᠪᠡᠰᠦ ᠬᠠᠳᠠᠭᠠᠯᠠᠬᠤ ᠬᠦᠮᠦᠷᠭᠡ᠂ 3748 ᠬᠠᠰᠢᠶ᠎ᠠ ᠰᠠᠷᠠᠪᠴᠢ ᠪᠠᠶᠢᠭᠤᠯᠵᠦ᠂ ᠰᠢᠨ᠎ᠡ ᠪᠠᠷ 631 ᠮᠠᠰᠢᠨ ᠬᠤᠳᠳᠤᠭ᠂ 2710 ᠨᠤᠲᠤᠭ ᠤᠨ ᠬᠤᠳᠳᠤᠭ ᠮᠠᠯᠳᠠᠵᠦ᠂ 4238 ᠲᠠᠷᠢᠶᠠᠯᠠᠩ ᠮᠠᠯ ᠠᠵᠦ ᠠᠬᠤᠢ ᠶᠢᠨ ᠮᠠᠰᠢᠨ ᠲᠤᠨᠤᠭ ᠬᠤᠳᠠᠯᠳᠤᠨ ᠠᠪᠤᠪᠠ᠃ ︽ᠨᠢᠭᠡ ᠬᠡᠷᠡᠭ ᠢ ᠨᠢᠭᠡ ᠵᠦᠪᠳᠡᠬᠦ︾ ᠡᠳ᠋ ᠤᠨ ᠵᠠᠰᠠᠭ ᠤᠨ ᠨᠦᠬᠦᠪᠦᠷᠢᠯᠡᠨ ᠱᠠᠩᠨᠠᠬᠤ ᠲᠦᠷᠦᠯ ᠵᠦᠢᠯ ᠢ 216 ᠭᠡᠷᠡᠭᠵᠢᠬᠦᠯᠵᠦ᠂ 1.16 ᠳ᠋ᠦᠩᠰᠢᠭᠤᠷ ᠲᠦᠬᠦᠷᠢᠭ ᠤᠨ ᠪᠡᠯᠡ ᠤᠷᠤᠭᠤᠯᠪᠠ᠃ ᠴᠦᠬᠡᠨ ᠲᠤᠭᠠᠳᠦ ᠦᠨᠳᠦᠰᠦᠳᠡᠨ ᠤ ᠬᠦᠭᠵᠢᠬᠦᠯᠦᠯᠳᠡ ᠶᠢᠨ ᠪᠡᠯᠡ ᠮᠦᠩᠬᠦ ᠶᠢ 4,900 ᠲᠦᠮᠡᠨ ᠲᠦᠬᠦᠷᠢᠭ ᠤᠯᠵᠦ᠂ ᠲᠠᠪᠠᠭᠤᠯᠢᠭ ᠤᠨᠴᠠᠯᠢᠭᠳᠦ ᠠᠵᠦ ᠦᠢᠯᠡᠰ ᠦᠳᠳᠡᠷ ᠲᠦᠷᠭᠡᠨ ᠬᠦᠭᠵᠢᠪᠡ᠃ ᠠᠮᠢ ᠠᠬᠤᠢ ᠶᠢᠨ ᠬᠤᠷᠰᠢᠶᠠᠵᠢᠯ ᠤᠨ ᠬᠡᠯᠪᠡᠷᠢ ᠶᠢᠨ ᠮᠠᠯ ᠠᠵᠦ ᠠᠬᠤᠢ ᠶᠢᠨ ᠪᠦᠲᠦᠭᠡᠨ ᠪᠠᠶᠢᠭᠤᠯᠤᠯᠳᠠ ᠶᠢ ᠲᠦᠷᠭᠡᠳᠭᠡᠵᠦ᠂ ᠤᠷᠭᠠᠨᠢᠭ ᠮᠢᠬᠠᠨ ᠤ ᠬᠤᠨᠢᠨ ᠤ ᠠᠵᠦ ᠦᠢᠯᠡᠰ ᠢ ᠭᠤᠤᠯᠳᠠᠯᠭ᠎ᠠ ᠲᠠᠢ ᠬᠦᠭᠵᠢᠬᠦᠯᠵᠦ᠂ ᠮᠠᠯ ᠤᠨ ᠠᠰᠢᠭ ᠰᠢᠮ᠎ᠡ ᠶᠢ ᠨᠠᠷᠢᠯᠢᠭ ᠪᠤᠯᠪᠠᠰᠤᠷᠠᠭᠤᠯᠬᠤ ᠠᠵᠦ ᠠᠬᠤᠶᠢᠯᠠᠯ ᠤᠨ ᠪᠦᠯᠦᠭᠵᠢᠯ ᠢ ᠴᠢᠷᠮᠠᠶᠢᠨ ᠪᠤᠢ ᠪᠤᠯᠭᠠᠵᠦ᠂ ᠮᠠᠯ ᠤᠨ ᠠᠰᠢᠭ ᠰᠢᠮ᠎ᠡ ᠶᠢ ᠬᠤᠪᠢᠷᠠᠭᠤᠯᠬᠤ ᠬᠡᠮᠵᠢᠶ᠎ᠡ ᠪᠤᠯᠤᠨ ᠨᠠᠷᠢᠯᠢᠭ ᠪᠤᠯᠪᠠᠰᠤᠷᠠᠭᠤᠯᠬᠤ ᠬᠢᠷᠢ ᠲᠦᠪᠰᠢᠨ ᠳᠠᠰᠤᠷᠠᠯᠳᠠ ᠦᠬᠡᠢ ᠲᠡᠭᠡᠭᠰᠢᠯᠡᠪᠡ᠃        ︵ᠭᠤᠷᠪᠠ︶ ᠠᠵᠦ ᠦᠢᠯᠡᠳᠪᠦᠷᠢ ᠶᠢᠨ ᠲᠠᠪᠠᠭᠤᠯᠢᠭ ᠴᠢᠨᠠᠭᠰᠢᠳᠠ ᠲᠤᠪᠤᠶᠢᠪᠠ᠃ ︽ᠲᠤᠯᠤᠭᠠᠨ ᠬᠡᠯᠪᠡᠷᠢ︾᠎ ᠶᠢᠨ ᠠᠭᠤᠷᠬᠠᠢ ᠶᠢᠨ ᠪᠦᠲᠦᠭᠡᠨ ᠪᠠᠶᠢᠭᠤᠯᠤᠯᠳᠠ ᠪᠠᠷ ᠭᠠᠷᠳᠠᠬᠤ ᠴᠡᠭ ᠪᠤᠯᠭᠠᠵᠦ᠂ ᠴᠢᠯᠠᠭᠤᠨ ᠲᠤᠰᠤ᠂ ᠦᠩᠭᠡᠳᠦ ᠲᠡᠮᠦᠷᠯᠢᠭ᠂ ᠰᠠᠯᠬᠢᠨ ᠬᠦᠴᠦᠨ ᠤ ᠴᠠᠬᠢᠯᠭᠠᠨ ᠵᠡᠷᠭᠡ ᠲᠠᠪᠠᠭᠤᠯᠢᠭ ᠠᠵᠦ ᠦᠢᠯᠡᠰ ᠎ ᠢ ᠪᠤᠵᠠᠭᠠᠶᠢᠷᠠᠭᠤᠯᠤᠨ ᠬᠦᠴᠦᠷᠭᠡᠭᠵᠢᠬᠦᠯᠵᠦ᠂ ᠲᠤᠮᠳᠠᠳᠦ ᠤᠯᠤᠰ ᠤᠨ ᠬᠤᠸᠠᠩ ᠶᠢᠨ ᠪᠦᠯᠦᠭᠯᠡᠯ ᠤᠨ ᠦᠨᠡᠭᠡᠳᠦ ᠶᠢᠨ ᠵᠡᠰ ᠮᠤᠯᠢᠪᠳᠧᠨ ᠤ ᠠᠭᠤᠷᠬᠠᠢ ᠶᠢᠨ ᠬᠤᠶᠠᠳᠤᠭᠠᠷ ᠬᠤᠭᠤᠴᠠᠭᠠᠨ ᠤ ᠦᠷᠭᠡᠳᠭᠡᠨ ᠪᠠᠶᠢᠭᠤᠯᠬᠤ᠂ ᠷᠦᠩ ᠳ᠋ᠠ ᠠᠭᠤᠷᠬᠠᠢ ᠶᠢᠨ ᠦᠢᠯᠡᠰ ᠤᠨ ᠮᠡᠷᠭᠡᠵᠢᠯ ᠢᠶᠠᠨ ᠰᠠᠶᠢᠵᠢᠷᠠᠭᠤᠯᠤᠨ ᠴᠢᠳᠠᠪᠦᠷᠢ ᠪᠠᠨ ᠳᠡᠭᠡᠭᠰᠢᠯᠡᠬᠦᠯᠬᠦ᠂ ᠱᠧᠨ ᠬᠤᠸᠠ ᠭᠦᠸᠧ ᠬᠤᠸᠠ ᠶᠢᠨ ᠰᠢᠨ᠎ᠡ ᠪᠠᠷᠭᠤ ᠪᠠᠷᠠᠭᠤᠨ ᠬᠤᠰᠢᠭᠤᠨ ᠤ ᠳᠠᠯᠠᠢ ᠨᠠᠭᠤᠷ ᠤᠨ ᠵᠡᠬᠦᠨᠳᠡᠬᠢ 4.95 ᠲᠦᠮᠡᠨ ᠺᠢᠯᠤᠸᠠᠲ ᠰᠠᠯᠬᠢᠨ ᠬᠦᠴᠦᠨ ᠤ ᠴᠠᠬᠢᠯᠭᠠᠨ ᠤ ᠳᠠᠯᠠᠪᠤᠷ ᠵᠡᠷᠭᠡ 27 ᠭᠤᠤᠯᠳᠠᠯᠭ᠎ᠠ ᠲᠠᠢ ᠠᠵᠦ ᠦᠢᠯᠡᠳᠪᠦᠷᠢ ᠶᠢᠨ ᠲᠦᠷᠦᠯ ᠵᠦᠢᠯ ᠢ ᠭᠤᠤᠯᠳᠠᠯᠭ᠎ᠠ ᠲᠠᠢ ᠭᠡᠷᠡᠭᠵᠢᠬᠦᠯᠵᠦ᠂ ᠠᠵᠦ ᠦᠢᠯᠡᠳᠪᠦᠷᠢ ᠶᠢᠨ ᠲᠤᠭᠳᠠᠮᠠᠯ ᠬᠦᠷᠦᠩᠭᠡ ᠶᠢᠨ ᠪᠡᠯᠡ ᠤᠷᠤᠭᠤᠯᠤᠯᠳᠠ ᠶᠢ ᠨᠡᠶᠢᠳᠡ 99.7 ᠳ᠋ᠦᠩᠰᠢᠭᠤᠷ ᠲᠦᠬᠦᠷᠢᠭ ᠪᠡᠶᠡᠯᠡᠬᠦᠯᠵᠦ᠂ ᠠᠵᠦ ᠦᠢᠯᠡᠳᠪᠦᠷᠢ ᠎ ᠶᠢᠨ ᠨᠡᠮᠡᠭᠳᠡᠯ ᠦᠷᠲᠡᠭ ᠢ 271.5 ᠳ᠋ᠦᠩᠰᠢᠭᠤᠷ ᠲᠦᠬᠦᠷᠢᠭ ᠪᠡᠶᠡᠯᠡᠬᠦᠯᠵᠦ᠂ ᠵᠢᠯ ᠪᠦᠷᠢ ᠶᠢᠨ ᠲᠤᠮᠳᠠᠴᠢ ᠨᠡᠮᠡᠭᠳᠡᠯ ᠤᠨ ᠬᠤᠷᠳᠤᠴᠠ 11.5%᠎ ᠳᠤ ᠬᠦᠷᠪᠡ᠃ ᠠᠷᠠᠯᠵᠢᠶᠠᠴᠢᠨ ᠤᠷᠢᠵᠦ ᠪᠡᠯᠡ ᠤᠷᠤᠭᠤᠯᠬᠤ ᠶᠢ ᠶᠡᠬᠡᠪᠡᠷ ᠦᠷᠨᠢᠬᠦᠯᠵᠦ᠂ ᠨᠡᠶᠢᠳᠡ 108 ᠲᠦᠷᠦᠯ ᠵᠦᠢᠯ ᠤᠷᠤᠭᠤᠯᠵᠦ᠂ ᠪᠡᠯᠡ ᠮᠦᠩᠬᠦ ᠨᠢ 123 ᠳ᠋ᠦᠩᠰᠢᠭᠤᠷ ᠲᠦᠬᠦᠷᠢᠭ ᠲᠤ ᠬᠦᠷᠪᠡ᠃ ᠠᠵᠦ ᠦᠢᠯᠡᠳᠪᠦᠷᠢ ᠶᠢᠨ GDP᠎ ᠳᠠᠬᠢ ᠡᠵᠡᠯᠡᠬᠦ ᠬᠠᠷᠢᠴᠠᠯ ᠨᠢ 80%᠎ ᠳᠤ ᠬᠦᠷᠪᠡ᠃        ︵ᠲᠦᠷᠪᠡ︶ ᠵᠤᠭᠠᠴᠠᠯ ᠠᠷᠠᠯᠵᠢᠶᠠᠨ ᠤ ᠠᠵᠦ ᠦᠢᠯᠡᠰ ᠴᠢᠨᠠᠭᠰᠢᠳᠠ ᠬᠦᠭᠵᠢᠪᠡ᠃ ᠬᠤᠨᠤᠵᠦ ᠬᠡᠪᠳᠡᠬᠦ᠂ ᠢᠳᠡᠭᠡᠨ ᠤᠮᠳᠠᠭᠠᠨ ᠪᠤᠯᠤᠨ ᠵᠤᠭᠠᠴᠠᠯ ᠤᠨ ᠲᠤᠷᠠᠰᠬᠠᠯᠳᠦ ᠡᠳ᠋ ᠵᠡᠷᠭᠡ ᠵᠤᠭᠠᠴᠠᠯ ᠤᠨ ᠴᠢᠬᠤᠯᠠ ᠡᠯᠧᠮᠧᠨ᠋ᠲ ᠤᠨ ᠳᠤᠬᠢᠷᠠᠭᠤᠯᠤᠯᠳᠠ ᠶᠢ ᠴᠢᠩᠭᠠᠳᠬᠠᠵᠦ᠂ ᠵᠤᠭᠠᠴᠠᠯ ᠤᠨ ᠰᠤᠶᠤᠯ ᠤᠨ ᠠᠭᠤᠯᠤᠭᠳᠠᠬᠤᠨ ᠢ ᠲᠡᠭᠡᠭᠰᠢᠯᠡᠬᠦᠯᠦᠨ᠂ ᠪᠤᠠᠠᠳᠠᠠᠭᠤᠯᠠ ᠦᠵᠡᠮᠵᠢᠳᠦ ᠤᠷᠤᠨ ᠢ ᠬᠦᠴᠦᠯᠡᠨ ᠪᠤᠢ ᠪᠤᠯᠭᠠᠵᠦ᠂ ᠪᠤᠠᠠᠳᠠᠠᠭᠤᠯᠠ ᠤᠯᠠᠨ ᠤᠯᠤᠰ ᠤᠨ ᠠᠷᠠᠳ ᠤᠨ ᠵᠠᠩ ᠦᠢᠯᠡ ᠰᠤᠶᠤᠯ ᠵᠤᠭᠠᠴᠠᠯ ᠤᠨ ᠨᠠᠶᠢᠷ ᠤᠨ ᠠᠵᠢᠯᠯᠠᠭ᠎ᠠ ᠶᠢ ᠦᠷᠭᠡᠳᠭᠡᠵᠦ᠂ ᠮᠤᠩᠭᠤᠯ ᠦᠨᠳᠦᠰᠦᠳᠡᠨ ᠤ ︽ᠤᠮᠠᠷᠠᠳᠦ ᠶᠢᠨ ᠳᠠᠬᠢᠯ ᠮᠦᠷᠬᠦᠯ ᠤᠨ ᠳᠠᠷᠬᠠᠨ ᠤᠷᠤᠨ︾᠎ ᠤ ᠨᠠᠷ᠎ᠡ ᠮᠡᠳᠡᠴᠡ ᠶᠢᠨ ᠬᠡᠮᠵᠢᠶ᠎ᠡ ᠶᠢ ᠲᠡᠭᠡᠭᠰᠢᠯᠡᠬᠦᠯᠪᠡ᠃ ᠦᠵᠡᠮᠵᠢᠳᠦ ᠤᠷᠤᠨ ᠪᠠᠶᠢᠭᠤᠯᠬᠤ ᠶᠢ ᠴᠢᠩᠭᠠᠳᠬᠠᠵᠦ᠂ ᠳ᠋ᠠᠰᠢᠫᠤᠩᠰᠤᠭ ᠰᠦᠮ᠎ᠡ ᠶᠢᠨ ᠦᠵᠡᠮᠵᠢᠳᠦ ᠤᠷᠤᠨ ᠢ ᠠᠰᠢᠭᠯᠠᠯᠳᠠ ᠳᠤ ᠤᠷᠤᠭᠤᠯᠪᠠ᠃ ︽ᠮᠠᠯᠵᠢᠬᠤ ᠡᠷᠦᠬᠡ ᠪᠠᠷ ᠵᠤᠭᠠᠴᠠᠬᠤ︾ ᠦᠢᠯᠡᠰ ᠢ ᠲᠦᠷᠭᠡᠳᠭᠡᠨ ᠬᠦᠭᠵᠢᠬᠦᠯᠵᠦ᠂ ᠪᠠᠷᠭᠤ ᠦᠨᠳᠦᠰᠦᠳᠡᠨ ᠤ ᠵᠠᠩ ᠦᠢᠯᠡ ᠎ ᠶᠢᠨ ᠵᠤᠭᠠᠴᠠᠯ ᠤᠨ ᠲᠤᠰᠬᠤᠨ ᠢ ᠪᠠᠶᠢᠭᠤᠯᠪᠠ᠃ ᠬᠢᠯᠢ ᠶᠢᠨ ᠵᠤᠭᠠᠴᠠᠯ ᠢ ᠬᠦᠭᠵᠢᠬᠦᠯᠵᠦ᠂ ᠬᠢᠯᠢ ᠪᠠᠷ ᠵᠤᠭᠠᠴᠠᠬᠤ ᠳᠤ ᠪᠤᠰᠤᠳ ᠭᠠᠵᠠᠷ ᠲᠤ ᠭᠠᠷ ᠬᠦᠢᠴᠳᠭᠡᠯ ᠬᠢᠵᠦ ᠪᠤᠯᠬᠤ ᠶᠢ ᠪᠡᠶᠡᠯᠡᠬᠦᠯᠪᠡ᠃ ᠲᠠᠪᠤᠨ ᠵᠢᠯ ᠤᠨ ᠬᠤᠭᠤᠴᠠᠭᠠᠨ ᠳᠤ᠂ ᠤᠯᠤᠰ ᠤᠨ ᠳᠤᠳᠤᠭᠠᠳᠦ ᠭᠠᠳᠠᠭᠠᠳᠦ ᠶᠢᠨ ᠵᠤᠭᠠᠴᠠᠭᠰᠠᠳ ᠢ ᠨᠡᠶᠢᠳᠡ 229 ᠲᠦᠮᠨ ᠵᠤᠴᠢᠯᠠᠵᠦ᠂ ᠵᠢᠯ ᠲᠤᠮᠳᠠᠴᠢ ᠪᠠᠷ 7.6%᠎ ᠪᠠᠷ ᠨᠡᠮᠡᠭᠳᠡᠪᠡ᠃ ᠵᠤᠭᠠᠴᠠᠯ ᠤᠨ ᠤᠷᠤᠯᠭ᠎ᠠ ᠶᠢ 17.1 ᠳ᠋ᠦᠩᠰᠢᠭᠤᠷ ᠲᠦᠬᠦᠷᠢᠭ ᠪᠡᠶᠡᠯᠡᠬᠦᠯᠵᠦ᠂ ᠵᠢᠯ ᠲᠤᠮᠳᠠᠴᠢ ᠪᠠᠷ 11.5%᠎ ᠪᠠᠷ ᠨᠡᠮᠡᠭᠳᠡᠪᠡ᠃ ᠬᠢᠯᠢ ᠳᠠᠭᠠᠤ ᠠᠵᠦ ᠠᠬᠤᠢ ᠶᠢᠨ ᠪᠦᠰᠡ ᠶᠢ ᠪᠤᠢ ᠪᠤᠯᠭᠠᠵᠦ᠂ ᠲᠤᠮᠳᠠᠳᠦ ᠤᠷᠤᠰ ᠮᠤᠩᠭᠤᠯ ᠬᠦᠷᠰᠢ ᠵᠡᠷᠭᠡᠯᠡᠳᠡᠭᠡ ᠭᠠᠵᠠᠷ ᠤᠷᠤᠨ ᠤ ᠳᠠᠸᠠᠷ ᠤᠨ ᠲᠡᠯᠭᠡᠨ ᠪᠤᠷᠤᠯᠠᠭᠤᠯᠭ᠎ᠠ ᠪᠤᠯᠤᠨ ᠠᠵᠦ ᠠᠬᠤᠢ ᠠᠷᠠᠯᠵᠢᠶ᠎ᠠ ᠶᠢᠨ ᠬᠡᠯᠡᠯᠴᠡᠭᠡᠷ ᠲᠤ ᠢᠳᠡᠪᠬᠢᠳᠠᠢ ᠤᠷᠤᠯᠴᠠᠵᠦ᠂ ︽ᠠᠷᠤᠬᠠᠰᠢᠶᠠᠳᠦ ᠪᠤᠭᠤᠮᠳᠠ ᠶᠢᠨ ᠬᠢᠯᠢ ᠎ ᠶᠢᠨ ᠠᠵᠦ ᠠᠬᠤᠢ ᠶᠢᠨ ᠬᠠᠮᠳᠤᠷᠠᠯᠴᠠᠭᠠᠨ ᠤ ᠤᠷᠤᠨ ᠤ ᠶᠡᠷᠦᠩᠬᠡᠢ ᠲᠦᠯᠦᠪᠵᠢᠬᠦᠯᠭᠡ ︵2013 — 2030︶︾᠎ ᠶᠢ ᠨᠠᠶᠢᠷᠠᠭᠤᠯᠤᠨ ᠲᠠᠭᠤᠰᠬᠠᠵᠦ᠂ ᠪᠤᠭᠤᠮᠳᠠ ᠶᠢᠨ ᠰᠠᠭᠤᠷᠢ ᠲᠦᠬᠦᠭᠡᠷᠦᠮᠵᠢ ᠶᠢᠨ ᠪᠦᠲᠦᠭᠡᠨ ᠪᠠᠶᠢᠭᠤᠯᠤᠯᠳᠠ ᠶᠢ ᠲᠦᠷᠭᠡᠳᠭᠡᠵᠦ᠂ ᠪᠤᠭᠤᠮᠳᠠ ᠪᠠᠷ ᠤᠷᠤᠭᠤᠯᠵᠦ ᠭᠠᠷᠭᠠᠬᠤ ᠡᠳ᠋ ᠪᠠᠷᠠᠭ᠎ᠠ ᠶᠢ ᠪᠤᠭᠤᠮᠳᠠ ᠳᠤ ᠮᠡᠳᠡᠬᠦᠯᠦᠨ ᠪᠠᠶᠢᠴᠠᠭᠠᠯᠭᠠᠬᠤ ᠲᠢᠩᠬᠢᠮ᠂ ᠬᠢᠯᠢ ᠪᠠᠷ ᠤᠷᠤᠵᠦ ᠭᠠᠷᠬᠤ ᠶᠢ ᠪᠠᠶᠢᠴᠠᠭᠠᠬᠤ ᠪᠤᠭᠤᠮᠳᠠ ᠨᠡᠪᠲᠡᠷᠡᠬᠦ ᠠᠰᠠᠷ ᠤᠨ ᠪᠦᠲᠦᠭᠡᠨ ᠪᠠᠶᠢᠭᠤᠯᠤᠯᠳᠠ ᠎ ᠶᠢᠨ ᠲᠦᠷᠦᠯ ᠵᠦᠢᠯ ᠢ ᠭᠡᠷᠡᠭᠵᠢᠬᠦᠯᠪᠡ᠃ ᠲᠠᠪᠤᠨ ᠵᠢᠯ ᠤᠨ ᠬᠤᠭᠤᠴᠠᠭᠠᠨ ᠳᠤ᠂ ᠪᠤᠭᠤᠮᠳᠠ ᠪᠠᠷ ᠤᠷᠤᠭᠤᠯᠵᠦ ᠭᠠᠷᠭᠠᠭᠰᠠᠨ ᠡᠳ᠋ ᠪᠠᠷᠠᠭᠠᠨ ᠤ ᠬᠡᠮᠵᠢᠶ᠎ᠡ 64.8 ᠲᠦᠮᠡᠨ ᠲᠤᠨ ᠳᠤ ᠬᠦᠷᠴᠦ᠂ ᠠᠷᠠᠯᠵᠢᠶᠠᠯᠠᠭᠰᠠᠨ ᠲᠤᠭ᠎ᠠ 4.1 ᠳ᠋ᠦᠩᠰᠢᠭᠤᠷ ᠳ᠋ᠤᠯᠯᠠᠷ ᠪᠤᠯᠪᠠ᠃         ︵ᠲᠠᠪᠤ︶ ᠬᠤᠳᠠ ᠬᠦᠳᠡᠭᠡ ᠶᠢᠨ ᠲᠦᠷᠢ ᠲᠦᠷᠬᠦ ᠴᠢᠨᠠᠭᠰᠢᠳᠠ ᠰᠠᠶᠢᠵᠢᠷᠠᠪᠠ᠃ ᠰᠠᠭᠤᠷᠢ ᠲᠦᠬᠦᠭᠡᠷᠦᠮᠵᠢ ᠳᠠᠰᠤᠷᠠᠯᠳᠠ ᠦᠬᠡᠢ ᠳᠡᠬᠦᠯᠳᠡᠷᠵᠢᠪᠡ᠃ ᠲᠦᠯᠦᠪᠵᠢᠬᠦᠯᠬᠡ ᠪᠠᠷ ᠤᠳᠤᠷᠢᠳᠤᠮᠵᠢ ᠪᠤᠯᠭᠠᠵᠦ᠂ 9 ᠵᠦᠢᠯ ᠤᠨ ᠬᠤᠳᠠ ᠶᠢᠨ ᠲᠦᠯᠦᠪᠵᠢᠬᠦᠯᠭᠡ ᠶᠢ ᠨᠠᠶᠢᠷᠠᠭᠤᠯᠤᠨ ᠳᠡᠬᠦᠯᠳᠡᠷᠵᠢᠬᠦᠯᠵᠦ᠂ ᠬᠤᠰᠢᠭᠤᠨ ᠤ ᠬᠡᠪᠴᠢᠶᠡᠨ ᠳᠠᠬᠢ ᠶᠡᠷᠦᠩᠬᠡᠢ ᠲᠦᠯᠦᠪᠵᠢᠬᠦᠯᠬᠡ ᠶᠢᠨ ᠪᠦᠷᠬᠦᠴᠡ ᠶᠢᠨ ᠨᠤᠷᠮ᠎ᠠ 90%᠎ ᠳᠤ ᠬᠦᠷᠴᠦ᠂ ᠬᠢᠵᠠᠭᠠᠷᠯᠠᠬᠤ ᠴᠢᠨᠠᠷᠳᠠᠢ ᠨᠠᠷᠢᠯᠢᠭ ᠲᠦᠯᠦᠪᠵᠢᠬᠦᠯᠭᠡ ᠶᠢᠨ ᠪᠦᠷᠬᠦᠴᠡ ᠶᠢᠨ ᠨᠤᠷᠮ᠎ᠠ 50%᠎ ᠳᠤ ᠬᠦᠷᠪᠡ᠃ ᠲᠠᠪᠤᠨ ᠵᠢᠯ ᠤᠨ ᠬᠤᠭᠤᠴᠠᠭᠠᠨ ᠳᠤ᠂ 14.08 ᠳ᠋ᠦᠩᠰᠢᠭᠤᠷ ᠲᠦᠬᠦᠷᠢᠭ ᠤᠨ ᠪᠡᠯᠡ ᠤᠷᠤᠭᠤᠯᠵᠦ᠂ ᠬᠤᠳᠠ ᠎ ᠶᠢᠨ ᠤᠰᠤ ᠢᠯᠴᠢ ᠪᠠ ᠴᠠᠬᠢᠯᠭᠠᠨ ᠤ ᠬᠠᠩᠭᠠᠯᠭ᠎ᠠ ᠶᠢᠨ ᠪᠠᠳᠤᠯᠠᠭ᠎ᠠ ᠶᠢ ᠴᠢᠩᠭᠠᠳᠬᠠᠵᠦ᠂ ︽ᠨᠤᠭᠤᠭᠠᠷᠠᠭᠤᠯᠬᠤ᠂ ᠭᠡᠷᠡᠯᠳᠦᠬᠦᠯᠬᠦ᠂ ᠭᠤᠶᠤᠵᠢᠭᠤᠯᠬᠤ︾ ᠢᠨᠵᠧᠨᠧᠷᠢᠩ ᠢ ᠭᠡᠷᠡᠭᠵᠢᠬᠦᠯᠵᠦ᠂ ᠤᠰᠤ ᠶᠢ ᠳᠠᠬᠢᠨᠳᠠ ᠴᠡᠪᠡᠷᠰᠢᠬᠦᠯᠦᠨ ᠠᠰᠢᠭᠯᠠᠬᠤ᠂ ᠭᠡᠷᠦᠯᠦᠨ ᠵᠡᠬᠡᠯᠢ ᠶᠢ ᠵᠠᠰᠠᠵᠦ ᠦᠷᠭᠡᠳᠭᠡᠨ ᠪᠠᠶᠢᠭᠤᠯᠬᠤ᠂ ᠳᠤᠭᠠᠴᠢᠯᠠᠭᠰᠠᠨ ᠬᠤᠳᠠ ᠶᠢᠨ ᠬᠠᠮᠢᠶᠠᠷᠤᠯᠳᠠ᠂ ᠬᠤᠶᠠᠳᠤᠭᠠᠷ ᠦᠨᠳᠦᠰᠦᠳᠡᠨ ᠤ ᠬᠡᠤᠬᠡᠳ ᠤᠨ ᠴᠡᠴᠡᠷᠯᠢᠭ ᠪᠠ ᠤᠰᠤ ᠬᠠᠩᠭᠠᠬᠤ ᠪᠡᠯᠡᠳᠭᠡᠯ ᠲᠦᠬᠦᠭᠡᠷᠦᠮᠵᠢ ᠶᠢ ᠵᠠᠰᠠᠵᠦ ᠦᠷᠭᠡᠳᠭᠡᠨ ᠪᠠᠶᠢᠭᠤᠯᠬᠤ᠂ ᠪᠤᠵᠠᠷ ᠤᠰᠤ ᠶᠢ ᠰᠢᠢᠳᠪᠦᠷᠢᠯᠡᠬᠦ ᠦᠢᠯᠡᠳᠪᠦᠷᠢ ᠪᠤᠯᠤᠨ ᠬᠤᠭ ᠨᠤᠪᠰᠢ ᠶᠢ ᠰᠢᠢᠳᠪᠦᠷᠢᠯᠡᠬᠦ ᠳᠠᠯᠠᠪᠤᠷ ᠵᠡᠷᠭᠡ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠨᠡᠶᠢᠳᠡ ᠶᠢᠨ ᠠᠰᠠᠷᠠᠮᠵᠢ ᠶᠢᠨ ᠲᠦᠷᠦᠯ ᠵᠦᠢᠯ ᠤᠷᠢᠳ ᠬᠤᠵᠢᠳ ᠠᠰᠢᠭᠯᠠᠯᠳᠠ ᠳᠤ ᠤᠷᠤᠪᠠ᠃ ᠵᠠᠮ ᠤᠨ ᠲᠤᠤᠷ ᠤᠨ ᠪᠤᠷᠤ ᠲᠦᠯᠦᠪ ᠢ ᠪᠡᠶᠠᠯᠢᠭᠵᠢᠭᠤᠯᠵᠦ᠂ 2.8 ᠳ᠋ᠦᠩᠰᠢᠭᠤᠷ ᠲᠦᠬᠦᠷᠢᠭ ᠤᠨ ᠪᠡᠯᠡ ᠤᠷᠤᠭᠤᠯᠵᠦ᠂ 99.6 ᠺᠢᠯᠤᠮᠧᠲᠷ ᠲᠤᠰᠬᠤᠨ ᠪᠤᠯᠭᠠᠨ ᠳᠤ ᠨᠡᠪᠲᠡᠷᠡᠬᠦᠯᠬᠦ ᠵᠠᠰᠠᠮᠠᠯ ᠵᠠᠮ᠂ 29.2 ᠺᠢᠯᠤᠮᠧᠲᠷ ᠲᠤᠰᠬᠠᠢ ᠭᠡᠷᠡᠭᠯᠡᠬᠦ ᠵᠠᠰᠠᠮᠠᠯ ᠵᠠᠮ ᠢ ᠪᠡᠶᠡᠯᠡᠬᠦᠯᠵᠦ᠂ 68.2 ᠺᠢᠯᠤᠮᠧᠲᠷ ᠵᠠᠰᠠᠭ ᠵᠠᠬᠢᠷᠭᠠᠨ ᠤ ᠲᠤᠰᠬᠤᠨ ᠤ ᠵᠡᠬᠡᠯᠢ ᠭᠤᠳᠤᠮᠵᠢ ᠶᠢᠨ ᠵᠠᠮ ᠢ ᠱᠦᠢᠨᠢᠳᠡᠪᠡ ᠃ ᠨᠡᠶᠢᠳᠡᠮ ᠭᠡᠷᠡᠭᠯᠡᠬᠦ ᠨᠢᠰᠭᠡᠯ ᠤᠨ ᠪᠠᠭᠤᠳᠠᠯ᠂ ᠮᠠᠨᠵᠤᠤᠷ — ᠠᠯᠳ᠋ᠬᠠᠮᠡᠭᠡᠯ — ᠠᠮᠤᠭᠤᠯᠠᠩ ᠬᠦᠷᠬᠦ ᠨᠢᠭᠡᠳᠦᠭᠡᠷ ᠲᠡᠰ ᠤᠨ ᠵᠠᠰᠠᠮᠠᠯ ᠵᠠᠮ ᠵᠡᠷᠭᠡ ᠲᠦᠷᠦᠯ ᠵᠦᠢᠯ ᠢ ᠡᠬᠢᠯᠡᠨ ᠭᠡᠷᠡᠭᠵᠢᠬᠦᠯᠵᠦ᠂ ᠵᠠᠮ ᠬᠠᠷᠢᠯᠴᠠᠭᠠᠨ ᠤ ᠶᠡᠷᠦᠩᠬᠡᠶᠢᠯᠡᠨ ᠠᠴᠢᠬᠤ ᠴᠢᠳᠠᠪᠦᠷᠢ ᠶᠢ ᠶᠡᠬᠡᠪᠡᠷ ᠲᠡᠭᠡᠭᠰᠢᠯᠡᠬᠦᠯᠪᠡ᠃ ᠴᠠᠬᠢᠯᠭᠠᠨ ᠲᠤᠤᠷ ᠤᠨ ᠪᠦᠷᠢᠯᠳᠦᠴᠡ ᠶᠢ ᠳᠡᠬᠦᠯᠳᠡᠷᠵᠢᠬᠦᠯᠵᠦ᠂ 127.83 ᠺᠢᠯᠤᠮᠧᠲᠷ 110 ᠺᠢᠯᠤᠸᠠᠲ ᠤᠨ ᠴᠠᠬᠢᠯᠭᠠᠨ ᠱᠤᠭᠤᠮ᠂ 103.22 ᠺᠢᠯᠤᠮᠧᠲᠷ 35 ᠺᠢᠯᠤᠸᠠᠲ ᠤᠨ ᠴᠠᠬᠢᠯᠭᠠᠨ ᠱᠤᠭᠤᠮ᠂ 255.98 ᠺᠢᠯᠤᠮᠧᠲᠷ 10 ᠺᠢᠯᠤᠸᠠᠲ ᠤᠨ ᠴᠠᠬᠢᠯᠭᠠᠨ ᠱᠤᠭᠤᠮ᠂ 125.09 ᠺᠢᠯᠤᠮᠧᠲᠷ ᠲᠤᠤᠷ᠎ᠠ ᠳᠠᠷᠤᠯᠳᠠᠳᠦ ᠴᠠᠬᠢᠯᠭᠠᠨ ᠱᠤᠭᠤᠮ ᠢ ᠰᠢᠨ᠎ᠡ ᠪᠠᠷ ᠪᠠᠶᠢᠭᠤᠯᠤᠭᠰᠠᠨ ᠪᠤᠶᠤ ᠵᠠᠰᠠᠵᠦ ᠰᠢᠨᠡᠳᠭᠡᠪᠡ᠃ ᠬᠤᠳᠠ ᠪᠠᠯᠭᠠᠰᠦ ᠤᠷᠤᠰᠢᠨ ᠰᠠᠭᠤᠬᠤ ᠳᠤ ᠨᠡᠩ ᠳᠠᠭᠠᠯᠠᠮᠵᠢᠳᠠᠢ ᠪᠤᠯᠪᠠ᠃ 6.1 ᠳ᠋ᠦᠩᠰᠢᠭᠤᠷ ᠲᠦᠬᠦᠷᠢᠭ ᠤᠨ ᠪᠡᠯᠡ ᠤᠷᠤᠭᠤᠯᠵᠦ᠂ ᠪᠠᠳᠤᠯᠠᠭ᠎ᠠ ᠶᠢᠨ ᠴᠢᠨᠠᠷᠳᠠᠢ ᠤᠷᠤᠨ ᠰᠠᠭᠤᠴᠠ ᠶᠢ 1492᠂ ᠮᠠᠯᠴᠢᠳ ᠤᠨ ᠬᠤᠳᠠ ᠤᠷᠤᠵᠦ ᠨᠤᠳᠤᠭᠰᠢᠨ ᠰᠠᠭᠤᠬᠤ ᠠᠰᠠᠷ ᠢ 404 ᠪᠠᠶᠢᠭᠤᠯᠵᠦ᠂ 1347 ᠨᠤᠷᠠᠬᠤ ᠠᠶᠦᠯᠳᠠᠢ ᠭᠡᠷ ᠪᠠᠶᠢᠰᠢᠩ ᠢ ᠵᠠᠰᠠᠵᠦ ᠰᠢᠨᠡᠳᠭᠡᠪᠡ᠃ ᠤᠷᠴᠢᠨ ᠲᠤᠭᠤᠷᠢᠨ ᠤ ᠠᠷᠢᠭᠤᠨ ᠴᠡᠪᠡᠷ ᠢ ᠶᠡᠷᠦᠩᠬᠡᠶᠢᠯᠡᠨ ᠵᠠᠰᠠᠬᠤ ᠠᠵᠢᠯ ᠎ ᠢ ᠴᠢᠩᠭᠠᠳᠬᠠᠵᠦ᠂ ᠪᠠᠯᠭᠠᠰᠦᠨ ᠤ ᠲᠤᠭᠤᠷᠢᠭ ᠤᠨ ᠠᠮᠢᠳᠤᠷᠠᠯ ᠤᠨ ᠬᠤᠭ ᠨᠤᠪᠰᠢ ᠶᠢ 1.4 ᠲᠦᠮᠡᠨ ᠲᠡᠷᠭᠡ ᠴᠡᠪᠡᠷᠯᠡᠨ ᠲᠡᠭᠡᠭᠡᠪᠦᠷᠢᠯᠡᠪᠡ᠃ ᠤᠢ ᠮᠤᠳᠦ ᠲᠠᠢ ᠬᠤᠳᠠ ᠪᠠᠶᠢᠭᠤᠯᠬᠤ ᠪᠠᠷ ᠴᠢᠷᠮᠠᠶᠢᠵᠦ᠂ 1,591 ᠲᠦᠮᠡᠨ ᠲᠦᠬᠦᠷᠢᠭ ᠤᠨ ᠪᠡᠯᠡ ᠤᠷᠤᠭᠤᠯᠤᠨ᠂ 22 ᠲᠦᠮᠡᠨ ᠰᠠᠭᠤᠷᠢ ᠮᠤᠳᠦ᠂ 4.8 ᠲᠦᠮᠡᠨ ᠲᠡᠭᠰᠢ ᠲᠦᠷᠪᠡᠯᠵᠢᠨ ᠮᠧᠲᠷ ᠬᠤᠸᠠᠷ ᠡᠪᠡᠰᠦ ᠪᠤᠯᠤᠨ 2.8 ᠲᠦᠮᠡᠨ ᠲᠡᠭᠰᠢ ᠲᠦᠷᠪᠡᠯᠵᠢᠨ ᠮᠧᠲᠷ ᠵᠦᠯᠭᠡ ᠡᠪᠡᠰᠦ ᠳᠠᠷᠢᠵᠦ ᠤᠷᠭᠤᠭᠤᠯᠪᠠ᠃        ︵ᠵᠢᠷᠭᠤᠭ᠎ᠠ︶ ᠠᠮᠢ ᠠᠬᠤᠢ ᠶᠢᠨ ᠪᠦᠲᠦᠭᠡᠨ ᠪᠠᠶᠢᠭᠤᠯᠤᠯᠳᠠ ᠴᠢᠨᠠᠭᠰᠢᠳᠠ ᠴᠢᠩᠭᠠᠷᠠᠪᠠ᠃ ᠲᠠᠪᠤᠨ ᠵᠢᠯ ᠤᠨ ᠬᠤᠭᠤᠴᠠᠭᠠᠨ ᠳᠤ᠂ ᠨᠤᠲᠤᠭ ᠪᠡᠯᠴᠢᠭᠡᠷ ᠎ ᠤᠨ ᠠᠮᠢ ᠠᠬᠤᠢ ᠶᠢᠨ ᠬᠠᠮᠠᠭᠠᠯᠠᠯᠳᠠ ᠶᠢᠨ ᠱᠠᠩᠨᠠᠯ ᠨᠦᠬᠦᠪᠦᠷᠢ ᠶᠢᠨ ᠪᠡᠯᠡ ᠮᠦᠩᠬᠦ ᠶᠢ 7.5 ᠳ᠋ᠦᠩᠰᠢᠭᠤᠷ ᠲᠦᠬᠦᠷᠢᠭ ᠤᠯᠵᠦ᠂ 3245.24 ᠲᠦᠮᠡᠨ ᠮᠦ ᠨᠤᠲᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠳᠠ ᠶᠢᠨ ᠱᠠᠩᠨᠠᠯ ᠨᠦᠬᠦᠪᠦᠷᠢ ᠳᠠᠷᠬᠠᠭᠠᠬᠤ ᠶᠢ ᠪᠡᠶᠡᠯᠡᠬᠦᠯᠵᠦ᠂ 395 ᠲᠦᠮᠡᠨ ᠮᠦ ᠨᠤᠲᠤᠭ ᠪᠡᠯᠴᠢᠭᠡᠷ ᠢ ᠰᠡᠷᠬᠦᠭᠡᠨ᠂ 385 ᠲᠦᠮᠡᠨ ᠮᠦ ᠨᠤᠲᠤᠭ ᠪᠡᠯᠴᠢᠭᠡᠷ ᠲᠤ ᠲᠤᠭᠤᠷᠢᠭ ᠬᠤᠪᠢᠶᠠᠨ ᠡᠬᠡᠯᠵᠢᠯᠡᠨ ᠮᠠᠯᠵᠢᠵᠦ᠂ 195 ᠲᠦᠮᠡᠨ ᠮᠦ ᠡᠪᠡᠰᠦ ᠨᠦᠬᠦᠨ ᠳᠠᠷᠢᠵᠦ᠂ ᠬᠦᠮᠦᠨ ᠎ ᠤ ᠬᠦᠴᠦ ᠪᠠᠷ 4.5 ᠲᠦᠮᠡᠨ ᠮᠦ ᠡᠪᠡᠰᠦ ᠳᠠᠷᠢᠵᠦ᠂ 66 ᠲᠦᠮᠡᠨ ᠮᠦ ᠡᠯᠡᠰᠦᠷᠭᠡᠭ ᠭᠠᠵᠠᠷ ᠢ ᠵᠠᠰᠠᠨ ᠴᠡᠭᠴᠡᠯᠡᠪᠡ᠃ ᠠᠮᠢ ᠠᠬᠤᠢ ᠶᠢᠨ ᠬᠠᠮᠠᠭᠠᠯᠠᠯᠳᠠ ᠶᠢᠨ ᠲᠤᠭᠳᠠᠴᠠ ᠶᠢ ᠳᠡᠬᠦᠯᠳᠡᠷᠵᠢᠬᠦᠯᠵᠦ᠂ ᠠᠭᠤᠷᠬᠠᠢ ᠶᠢᠨ ᠭᠠᠵᠠᠷ ᠰᠢᠨᠵᠢᠯᠡᠭᠡᠨ ᠤ ᠤᠷᠴᠢᠨ ᠲᠤᠭᠤᠷᠢᠨ ᠢ 230 ᠡᠾᠧᠺᠲ᠋ᠠᠷ ᠵᠠᠰᠠᠨ ᠰᠠᠶᠢᠵᠢᠷᠠᠭᠤᠯᠪᠠ᠃ ᠮᠠᠯᠵᠢᠬᠤ ᠤᠷᠤᠨ ᠤ ᠠᠶᠦᠯᠬᠦᠢ ᠤᠰᠤ ᠤᠮᠳᠠ ᠶᠢᠨ ᠢᠨᠵᠧᠨᠧᠷᠢᠩ ᠢ ᠭᠡᠷᠡᠭᠵᠢᠬᠦᠯᠵᠦ᠂ 12 ᠲᠦᠪᠯᠡᠷᠡᠬᠦᠯᠦᠨ ᠤᠰᠤ ᠬᠠᠩᠭᠠᠬᠤ ᠢᠨᠵᠧᠨᠧᠷᠢᠩ᠂ 236 ᠤᠰᠤ ᠬᠠᠩᠭᠠᠬᠤ ᠦᠨᠳᠦᠰᠦᠨ ᠬᠤᠳᠳᠤᠭ ᠢ ᠰᠢᠨ᠎ᠡ ᠪᠠᠷ ᠪᠠᠶᠢᠭᠤᠯᠵᠦ᠂ ᠤᠰᠤ ᠰᠢᠢᠳᠪᠦᠷᠢᠯᠡᠬᠦ ᠲᠦᠬᠦᠭᠡᠷᠦᠮᠵᠢ ᠶᠢ 1058 ᠲᠠᠷᠬᠠᠭᠠᠵᠦ᠂ 2.1 ᠲᠦᠮᠡᠨ ᠬᠦᠮᠦᠨ ᠤ ᠠᠶᠦᠯᠬᠦᠢ ᠤᠰᠤ ᠤᠮᠳᠠ ᠶᠢᠨ ᠠᠰᠠᠭᠤᠳᠠᠯ ᠢ ᠰᠢᠢᠳᠪᠦᠷᠢᠯᠡᠪᠡ᠃ ︽ᠲᠦᠷᠪᠡᠨ ᠵᠦᠢᠯ ᠤᠨ ᠮᠢᠩᠭᠠᠨ ᠲᠦᠮᠡᠨ ᠮᠦ︾ ᠳᠡᠵᠢᠭᠡᠯ ᠡᠪᠡᠰᠦ ᠨᠡᠮᠡᠭᠳᠡᠬᠦᠯᠬᠦ ᠢᠨᠵᠧᠨᠧᠷᠢᠩ ᠢ ᠭᠡᠷᠡᠭᠵᠢᠬᠦᠯᠵᠦ᠂ ᠲᠡᠵᠢᠭᠡᠯ ᠡᠪᠡᠰᠦᠨ ᠤ ᠤᠰᠤᠯᠠᠯᠳᠠ ᠶᠢᠨ ᠳᠠᠯᠠᠪᠠᠢ ᠰᠢᠨ᠎ᠡ ᠪᠠᠷ 1.06 ᠲᠦᠮᠡᠨ ᠮᠦ ᠨᠡᠮᠡᠭᠳᠡᠪᠡ᠃ ᠡᠨᠧᠷᠬᠢ ᠶᠢ ᠠᠷᠪᠢᠯᠠᠵᠦ ᠪᠤᠬᠢᠷᠳᠤᠯ ᠢ ᠪᠠᠭᠠᠰᠬᠠᠬᠤ ᠶᠢ ᠲᠦᠯᠬᠢᠨ ᠠᠬᠢᠭᠤᠯᠵᠦ᠂ ᠭᠤᠤᠯᠳᠠᠯᠭ᠎ᠠ ᠲᠠᠢ ᠠᠵᠦ ᠦᠢᠯᠡᠳᠪᠦᠷᠢ ᠶᠢᠨ ᠡᠨᠧᠷᠬᠢ ᠶᠢ ᠬᠤᠷᠤᠭᠳᠠᠭᠤᠯᠬᠤ ᠠᠵᠢᠯ ᠲᠦᠷᠦᠯ ᠤᠨ ᠬᠢᠨᠠᠨ ᠬᠠᠮᠢᠶᠠᠷᠤᠯᠳᠠ ᠎ ᠶᠢ ᠴᠢᠩᠭᠠᠳᠬᠠᠵᠦ᠂ ᠭᠤᠤᠯ ᠪᠤᠯᠬᠤ ᠪᠤᠬᠢᠷᠳᠤᠯ ᠢ ᠭᠠᠳᠠᠭᠰᠢᠯᠠᠭᠤᠯᠬᠤ ᠵᠢᠭᠠᠯᠳᠠ ᠲᠤᠭ᠎ᠠ ᠶᠢ ᠬᠢᠵᠠᠭᠠᠷᠯᠠᠵᠦ᠂ ᠲᠦᠮᠡᠨ ᠲᠦᠬᠦᠷᠢᠭ ᠳᠠᠬᠢ GDP᠎ ᠶᠢᠨ ᠡᠨᠧᠷᠬᠢ ᠎ ᠶᠢᠨ ᠶᠡᠷᠦᠩᠬᠡᠢ ᠬᠤᠷᠤᠭᠳᠠᠯ ᠵᠢᠯ ᠲᠤᠮᠳᠠᠴᠢ ᠪᠠᠷ 3.4%᠎ ᠪᠠᠷ ᠠᠯᠬᠤᠮ ᠠᠯᠬᠤᠮ ᠢᠶᠠᠷ ᠪᠠᠭᠠᠰᠪᠠ᠃       ︵ᠲᠤᠯᠤᠭ᠎ᠠ︶ ᠠᠷᠠᠳ ᠤᠨ ᠠᠮᠢᠳᠤᠷᠠᠯ ᠴᠢᠨᠠᠭᠰᠢᠳᠠ ᠰᠠᠶᠢᠵᠢᠷᠠᠪᠠ᠃ ᠲᠠᠪᠤᠨ ᠵᠢᠯ ᠳᠤ ᠨᠡᠶᠢᠳᠡ 34.7 ᠳ᠋ᠦᠩᠰᠢᠭᠤᠷ ᠲᠦᠬᠦᠷᠢᠭ ᠤᠨ ᠪᠡᠯᠡ ᠤᠷᠤᠭᠤᠯᠵᠦ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠳᠤ ᠭᠡᠷᠡᠭᠯᠡᠨ᠂ ᠤᠯᠠᠨ ᠨᠡᠶᠢᠳᠡ ᠶᠢᠨ ᠡᠳ᠋ ᠤᠨ ᠵᠠᠰᠠᠭ ᠤᠨ ᠲᠦᠰᠦᠪ ᠤᠨ ᠵᠠᠷᠤᠯᠭ᠎ᠠ ᠶᠢᠨ 63.9% ᠎ ᠶᠢ ᠡᠵᠡᠯᠡᠪᠡ᠃ ᠰᠤᠷᠭᠠᠨ ᠬᠦᠮᠦᠵᠢᠯ ᠡᠷᠡᠬᠦᠯ ᠬᠠᠮᠠᠭᠠᠯᠠᠯ ᠪᠦᠬᠦ ᠳᠠᠯ᠎ᠠ ᠪᠠᠷ ᠳᠠᠪᠰᠢᠪᠡ᠃ ᠨᠡᠶᠢᠳᠡ 1.45 ᠳ᠋ᠦᠩᠰᠢᠭᠤᠷ ᠲᠦᠬᠦᠷᠢᠭ ᠤᠨ ᠪᠡᠯᠡ ᠤᠷᠤᠭᠤᠯᠵᠦ᠂ 7 ᠬᠡᠤᠬᠡᠳ ᠤᠨ ᠴᠡᠴᠡᠷᠯᠢᠭ᠂ 2 ᠰᠤᠷᠭᠠᠭᠤᠯᠢ ᠶᠢᠨ ᠬᠤᠭᠤᠯᠠᠨ ᠭᠡᠷ᠂ 1 ᠪᠠᠷᠢᠮᠵᠢᠶᠠᠵᠢᠭᠰᠠᠨ ᠭᠤᠮ ᠳᠠᠮᠢᠷ ᠤᠨ ᠳᠠᠯᠠᠪᠤᠷ᠂ 4 ᠬᠠᠯᠬᠠᠪᠴᠢᠳᠦ ᠳᠠᠮᠢᠷ ᠤᠨ ᠤᠷᠳᠤᠨ ᠎ ᠢ ᠰᠢᠨ᠎ᠡ ᠪᠠᠷ ᠪᠠᠶᠢᠭᠤᠯᠤᠭᠰᠠᠨ ᠪᠤᠶᠤ ᠦᠭᠡᠷᠡᠴᠢᠯᠡᠨ ᠦᠷᠭᠡᠳᠭᠡᠨ ᠪᠠᠶᠢᠭᠤᠯᠵᠦ᠂ ᠵᠢᠭᠠᠨ ᠰᠤᠷᠭᠠᠬᠤ ᠠᠰᠠᠷ ᠢ 1.08 ᠲᠦᠮᠡᠨ ᠲᠡᠭᠰᠢ ᠲᠦᠷᠪᠡᠯᠵᠢᠨ ᠮᠧᠲᠷ ᠪᠠᠬᠢᠯᠡᠨ ᠵᠠᠰᠠᠪᠠ᠃ ᠠᠯᠪᠠᠨ ᠵᠢᠷᠤᠮ ᠤᠨ ᠰᠤᠷᠭᠠᠨ ᠬᠦᠮᠦᠵᠢᠯ ᠤᠨ ᠱᠠᠳᠤᠨ ᠳᠠᠬᠢ 4 ᠰᠤᠷᠭᠠᠭᠤᠯᠢ ᠤᠳᠤ ᠦᠶ᠎ᠡ ᠶᠢᠨ ᠪᠠᠷᠢᠮᠵᠢᠶᠠᠵᠢᠭᠰᠠᠨ ᠰᠤᠷᠭᠠᠭᠤᠯᠢ ᠶᠢᠨ ᠰᠢᠯᠭᠠᠷᠠᠭᠤᠯᠤᠯᠳᠠ ᠶᠢ ᠦᠩᠭᠡᠷᠡᠬᠦᠯᠪᠡ᠃ ᠬᠤᠰᠢᠭᠤᠨ ᠤ ᠵᠠᠰᠠᠭ ᠤᠨ ᠤᠷᠳᠤᠨ ᠪᠠᠭᠰᠢ ᠶᠢ ᠬᠦᠨᠳᠦᠳᠭᠡᠵᠦ ᠰᠤᠷᠭᠠᠨ ᠬᠦᠮᠦᠵᠢᠯ ᠢ ᠴᠢᠬᠤᠯᠠᠴᠢᠯᠠᠭᠰᠠᠨ ᠬᠠᠮᠤᠭ ᠤᠨ ᠦᠨᠳᠦᠷ ᠱᠠᠩᠨᠠᠯ ᠪᠤᠯᠬᠤ ︽ᠴᠡᠴᠡᠷᠯᠢᠭᠴᠢ ᠶᠢᠨ ᠱᠠᠩᠨᠠᠯ︾᠎ ᠢ ᠪᠦᠳᠦᠭᠡᠯᠴᠢ ᠪᠠᠷ ᠲᠤᠬᠢᠷᠠᠭᠤᠯᠵᠦ᠂ ᠤᠯᠤᠰ ᠤᠨ ᠠᠯᠪᠠᠨ ᠵᠢᠷᠤᠮ ᠤᠨ ᠰᠤᠷᠭᠠᠨ ᠬᠦᠮᠦᠵᠢᠯ ᠢ ᠦᠨᠳᠦᠰᠦᠨ ᠳᠡᠭᠡᠨ ᠳᠡᠩᠴᠡᠬᠦᠷᠢᠳᠠᠢ ᠬᠦᠭᠵᠢᠬᠦᠯᠦᠭᠰᠡᠨ ᠬᠤᠰᠢᠭᠤ ᠰᠢᠶᠠᠨ ᠤ ᠰᠢᠯᠭᠠᠷᠠᠭᠤᠯᠤᠯᠳᠠ ᠶᠢ ᠦᠪᠡᠷᠲᠡᠭᠡᠨ ᠵᠠᠰᠠᠬᠤ ᠤᠷᠤᠨ ᠤ ᠬᠡᠪᠴᠢᠶᠡᠨ ᠳᠤ ᠠᠩᠬᠠᠳᠠᠭᠴᠢ ᠤᠳᠠᠭ᠎ᠠ ᠬᠠᠮᠤᠭ ᠦᠨᠳᠦᠷ ᠬᠤᠪᠢ ᠪᠠᠷ ᠤᠷᠤᠭᠰᠢᠳᠠᠢ ᠦᠩᠭᠡᠷᠡᠬᠦᠯᠪᠡ᠃ ᠬᠦᠨᠳᠦ ᠡᠪᠡᠳᠴᠢᠨ ᠪᠤᠯᠤᠨ ᠭᠡᠨᠡᠳᠳᠡ ᠶᠢᠨ ᠤᠯᠠᠨ ᠨᠡᠶᠢᠳᠡ ᠶᠢᠨ ᠡᠷᠡᠬᠦᠯ ᠬᠠᠮᠠᠭᠠᠯᠠᠯ ᠤᠨ ᠭᠡᠷᠡᠭ ᠶᠠᠪᠤᠳᠠᠯ ᠢ ᠰᠡᠷᠭᠡᠶᠢᠯᠡᠨ ᠡᠵᠡᠮᠳᠡᠬᠦ ᠴᠢᠳᠠᠪᠦᠷᠢ ᠶᠢᠨ ᠪᠦᠲᠦᠭᠡᠨ ᠪᠠᠶᠢᠭᠤᠯᠤᠯᠳᠠ ᠶᠢ ᠴᠢᠩᠭᠠᠳᠬᠠᠵᠦ᠂ ᠬᠤᠷᠰᠢᠭᠰᠠᠨ ᠡᠮ ᠡᠮᠨᠡᠯᠭᠡ ᠳᠤ ᠤᠷᠤᠯᠴᠠᠭᠰᠠᠨ ᠨᠤᠷᠮ᠎ᠠ 99%᠎ ᠠᠴᠠ ᠲᠡᠭᠡᠭᠰᠢ ᠳᠤ ᠬᠦᠷᠪᠡ᠃ ᠡᠮ ᠡᠮᠨᠡᠯᠭᠡ ᠡᠷᠡᠬᠦᠯ ᠬᠠᠮᠠᠭᠠᠯᠠᠯ ᠤᠨ ᠪᠠᠶᠢᠭᠤᠯᠤᠮᠵᠢ ᠪᠤᠯᠤᠨ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠦᠭᠡᠷᠡᠴᠢᠯᠡᠯᠳᠡ ᠶᠢ ᠬᠦᠨᠵᠡᠭᠡᠶᠢᠷᠡᠬᠦᠯᠵᠦ᠂ ᠤᠯᠤᠰ ᠤᠨ ᠦᠨᠳᠦᠰᠦᠨ ᠡᠮ ᠤᠨ ᠲᠦᠷᠢᠮ ᠢ ᠪᠦᠬᠦ ᠳᠠᠯ᠎ᠠ ᠪᠠᠷ ᠭᠡᠷᠡᠭᠵᠢᠬᠦᠯᠵᠦ᠂ ᠡᠮ ᠤᠨ ᠵᠦᠢᠯ ᠤᠨ ᠦᠨ᠎ᠡ ᠬᠠᠩᠰᠢ ᠲᠤᠮᠳᠠᠴᠢ ᠪᠠᠷ 15.8%᠎ ᠪᠠᠷ ᠪᠠᠭᠤᠷᠠᠪᠠ᠃ ᠲᠦᠯᠦᠪᠯᠡᠭᠡᠳᠦ ᠦᠷᠡᠵᠢᠯ ᠤᠨ ᠦᠨᠳᠦᠰᠦᠨ ᠲᠦᠷᠦ ᠶᠢᠨ ᠪᠤᠳᠤᠯᠭ᠎ᠠ ᠶᠢ ᠲᠤᠤᠱᠯᠠᠭᠤᠯᠤᠨ ᠨᠠᠶᠢᠳᠠᠪᠦᠷᠢᠵᠢᠭᠤᠯᠵᠦ᠂ ᠲᠦᠷᠦ ᠶᠢᠨ ᠪᠤᠳᠤᠯᠭ᠎ᠠ ᠳᠤ ᠨᠡᠶᠢᠴᠡᠭᠰᠡᠨ ᠦᠷᠡᠵᠢᠯ ᠤᠨ ᠨᠤᠷᠮ᠎ᠠ ᠳᠠᠪᠤᠨ ᠵᠢᠯ ᠳᠠᠷᠠᠭᠠᠯᠠᠨ 97%᠎ ᠠᠴᠠ ᠲᠡᠭᠡᠭᠰᠢ ᠪᠠᠶᠢᠬᠤ ᠶᠢ ᠪᠠᠳᠤᠯᠠᠪᠠ ᠃ ᠰᠤᠶᠤᠯ ᠳᠠᠮᠢᠷ ᠴᠡᠴᠡᠭᠯᠡᠨ ᠬᠦᠭᠵᠢᠪᠡ᠃ ᠭᠠᠵᠠᠷ ᠤᠨ ᠭᠠᠳᠠᠷᠭᠤ ᠶᠢᠨ ᠳᠤᠭᠠᠴᠢᠯᠠᠭᠰᠠᠨ ᠲᠧᠯᠸᠢᠰ ᠤᠨ ᠢᠨᠵᠧᠨᠧᠷᠢᠩ ᠢ ᠭᠡᠷᠡᠭᠵᠢᠬᠦᠯᠵᠦ᠂ ᠬᠦᠯᠦᠨ ᠪᠤᠶᠢᠷ ᠵᠢᠴᠢ ᠲᠤᠰ ᠬᠤᠰᠢᠭᠤᠨ ᠤ ᠦᠪᠡᠷ ᠢᠶᠠᠨ ᠵᠤᠬᠢᠶᠠᠭᠰᠠᠨ ᠲᠧᠯᠸᠢᠰ ᠫᠷᠤᠭ᠍ᠷᠠᠮ ᠢ ᠬᠦᠯᠢᠶᠡᠨ ᠠᠪᠴᠦ ᠦᠵᠡᠭᠰᠡᠨ ᠪᠦᠷᠬᠦᠴᠡ ᠶᠢᠨ ᠨᠤᠷᠮ᠎ᠠ 95%᠎ ᠠᠴᠠ ᠲᠡᠭᠡᠭᠰᠢ ᠪᠠᠶᠢᠵᠦ᠂ ᠦᠪᠡᠷᠲᠡᠭᠡᠨ ᠵᠠᠰᠠᠬᠤ ᠤᠷᠤᠨ ᠤ ᠭᠠᠵᠠᠷ ᠤᠨ ᠭᠠᠳᠠᠷᠭᠤ ᠶᠢᠨ ᠳᠤᠭᠠᠴᠢᠯᠠᠭᠰᠠᠨ ᠲᠧᠯᠸᠢᠰ ᠢ ᠬᠠᠮᠤᠭ ᠳᠡᠷᠢᠬᠦᠨ ᠳᠤ ᠨᠡᠪᠲᠡᠷᠡᠬᠦᠯᠦᠭᠰᠡᠨ ᠬᠤᠰᠢᠭᠤ ᠰᠢᠶᠠᠨ ᠪᠤᠯᠪᠠ᠃ ᠷᠠᠳᠢᠣ᠋ ᠲᠧᠯᠸᠢᠰ ᠢ ︽ᠡᠷᠦᠬᠡ ᠪᠤᠯᠭᠠᠨ ᠳᠤ ᠨᠡᠪᠲᠡᠷᠡᠬᠦᠯᠬᠦ︾ ᠲᠦᠬᠦᠭᠡᠷᠦᠮᠵᠢ ᠶᠢ 1 ᠲᠦᠮᠨ ᠤᠭᠰᠠᠷᠠᠵᠦ᠂ ᠭᠠᠴᠠᠭᠠᠨ ᠤ ᠰᠤᠶᠤᠯ ᠤᠨ ᠠᠵᠢᠯᠯᠠᠭᠠᠨ ᠤ ᠭᠡᠷ ᠢ 53 ᠪᠠᠶᠢᠭᠤᠯᠪᠠ᠃ ᠬᠠᠯᠬᠠᠪᠴᠢᠳᠦ ᠳᠠᠮᠢᠷ ᠤᠨ ᠤᠷᠳᠤᠨ᠂ ᠨᠠᠰᠤᠳᠠᠶᠢᠴᠦᠳ ᠤᠨ ᠭᠡᠷ ᠳᠤᠳᠤᠷᠠᠬᠢ ᠡᠭᠦᠳᠡᠨ ᠪᠦᠮᠪᠦᠭᠡ ᠶᠢᠨ ᠳᠠᠯᠠᠪᠤᠷ᠂ ᠪᠠᠶᠢᠭᠤᠯᠭ᠎ᠠ ᠨᠢᠭᠡᠴᠡ ᠶᠢᠨ ᠠᠵᠢᠯᠳᠠᠳ ᠤᠨ ᠭᠡᠷ ᠵᠡᠷᠭᠡ ᠨᠢᠭᠡ ᠪᠦᠯᠦᠭ ᠪᠡᠶ᠎ᠡ ᠶᠢᠨ ᠳᠠᠮᠢᠷ ᠤᠨ ᠳᠠᠯᠠᠪᠤᠷ ᠪᠠ ᠤᠷᠳᠤᠨ ᠢ ᠪᠠᠶᠢᠭᠤᠯᠤᠨ ᠠᠰᠢᠭᠯᠠᠯᠳᠠ ᠳᠤ ᠤᠷᠤᠭᠤᠯᠵᠦ᠂ ᠪᠦᠬᠦ ᠠᠷᠠᠳ ᠢᠶᠠᠷ ᠎ ᠢᠶᠠᠨ ᠪᠡᠶ᠎ᠡ ᠪᠠᠨ ᠴᠠᠬᠢᠷᠠᠭᠵᠢᠭᠤᠯᠬᠤ ᠪᠡᠶ᠎ᠡ ᠶᠢᠨ ᠳᠠᠮᠢᠷ ᠤᠨ ᠬᠦᠳᠡᠯᠭᠡᠭᠡᠨ ᠦᠷᠨᠢᠨ ᠬᠦᠭᠵᠢᠪᠡ᠃ ᠶᠠᠳᠠᠭᠤ ᠠᠴᠠ ᠠᠩᠬᠢᠵᠢᠷᠠᠭᠤᠯᠬᠤ ᠪᠠᠬᠢᠯᠡᠯᠳᠡ ᠰᠢᠪᠳᠤᠯᠬᠤ ᠠᠵᠢᠯ ᠢᠯᠡᠳᠳᠡ ᠦᠷ᠎ᠡ ᠪᠦᠳᠦᠮᠵᠢ ᠤᠯᠪᠠ᠃ᠪᠦᠬᠦᠶᠢᠯᠡ ᠲᠤᠰᠬᠤᠨ ᠢᠶᠠᠷ ᠨᠢ ᠳᠦᠯᠬᠢᠨ ᠠᠬᠢᠭᠤᠯᠬᠤ᠂ ︽ᠭᠤᠷᠪᠠ ᠶᠢ ᠲᠤᠰᠬᠤᠨ ᠪᠠ ᠡᠷᠦᠬᠡ ᠳᠤ ᠬᠦᠷᠭᠡᠬᠦ︾᠂ ᠠᠵᠦ ᠦᠢᠯᠡᠰᠵᠢᠯᠳᠠ ᠪᠠᠷ ᠶᠠᠳᠠᠭᠤ ᠶᠢ ᠳᠡᠳᠬᠦᠬᠦ᠂ ᠠᠷᠠᠳ ᠢ ᠨᠡᠬᠦᠯᠭᠡᠬᠦ᠂ ︽ᠮᠦᠩᠬᠦᠨ ᠬᠦᠢᠯᠭᠡᠭᠡ︾ ᠵᠡᠷᠭᠡ ᠶᠠᠳᠠᠭᠤ ᠶᠢ ᠳᠡᠳᠬᠦᠬᠦ ᠢᠨᠵᠧᠨᠧᠷᠢᠩ ᠢ ᠶᠡᠬᠡᠪᠡᠷ ᠭᠡᠷᠡᠭᠵᠢᠬᠦᠯᠵᠦ᠂ ᠲᠠᠪᠤᠨ ᠵᠢᠯ ᠳᠤ ᠨᠡᠶᠢᠳᠡ 720 ᠡᠷᠦᠬᠡ᠂ 2294 ᠬᠦᠮᠦᠨ ᠶᠠᠳᠠᠭᠤ ᠠᠴᠠ ᠠᠩᠬᠢᠵᠢᠷᠠᠵᠦ᠂ ᠶᠠᠳᠠᠭᠤ ᠠᠴᠠ ᠠᠩᠬᠢᠵᠢᠷᠠᠭᠰᠠᠨ ᠨᠤᠷᠮ᠎ᠠ 30% ᠎ ᠳᠤ ᠬᠦᠷᠪᠡ᠃ ᠨᠡᠶᠢᠬᠡᠮ ᠤᠨ ᠪᠠᠳᠤᠯᠠᠭ᠎ᠠ ᠶᠢᠨ ᠪᠠᠷᠢᠮᠵᠢᠶ᠎ᠠ ᠶᠢ ᠲᠡᠭᠡᠭᠰᠢᠯᠡᠬᠦᠯᠵᠦ ᠬᠡᠪᠴᠢᠶ᠎ᠡ ᠶᠢ ᠦᠷᠭᠡᠳᠭᠡᠪᠡ᠃ ᠲᠠᠪᠤᠨ ᠵᠢᠯ ᠤᠨ ᠬᠤᠭᠤᠴᠠᠭᠠᠨ ᠳᠤ᠂ ᠬᠤᠳᠠ ᠬᠦᠳᠡᠭᠡ ᠶᠢᠨ ᠨᠠᠭᠠᠳᠦ ᠵᠠᠬ᠎ᠠ ᠶᠢᠨ ᠠᠮᠢᠳᠤᠷᠠᠯ ᠤᠨ ᠪᠠᠳᠤᠯᠠᠭ᠎ᠠ ᠶᠢᠨ ᠨᠦᠬᠦᠪᠦᠷᠢ ᠶᠢᠨ ᠪᠠᠷᠢᠮᠵᠢᠶ᠎ᠠ 223.5 ᠲᠦᠬᠦᠷᠢᠭ ᠪᠠ 156.8 ᠲᠦᠬᠦᠷᠢᠭ ᠪᠠᠶᠢᠭᠰᠠᠨ ᠎ ᠠᠴᠠ ᠪᠠᠨ 474.1 ᠲᠦᠬᠦᠷᠢᠭ ᠪᠠ 273.9 ᠲᠦᠬᠦᠷᠢᠭ ᠪᠤᠯᠵᠦ ᠨᠡᠮᠡᠭᠳᠡᠪᠡ᠃ ᠲᠠᠪᠤᠨ ᠪᠠᠳᠤᠯᠠᠭᠠᠳᠦ ᠡᠷᠦᠬᠡ ᠪᠤᠯᠤᠨ ᠭᠤᠷᠪᠠ ᠦᠬᠡᠢ ᠬᠦᠮᠦᠰ ᠢ ᠠᠰᠠᠷᠠᠨ ᠲᠡᠵᠢᠭᠡᠬᠦ ᠪᠠᠷᠢᠮᠵᠢᠶ᠎ᠠ 470 ᠲᠦᠬᠦᠷᠢᠭ ᠪᠠᠶᠢᠭᠰᠠᠨ ᠠᠴᠠ ᠪᠠᠨ 600 ᠲᠦᠬᠦᠷᠢᠭ ᠪᠠ 672 ᠲᠦᠬᠦᠷᠢᠭ ᠪᠤᠯᠵᠦ ᠨᠡᠮᠡᠭᠳᠡᠪᠡ᠃ ᠦᠨᠦᠴᠢᠨ ᠬᠡᠤᠬᠡᠳ ᠢ ᠠᠰᠠᠷᠠᠨ ᠳᠡᠵᠢᠭᠡᠬᠦ ᠪᠠᠷᠢᠮᠵᠢᠶ᠎ᠠ 800 ᠲᠦᠬᠦᠷᠢᠭ ᠪᠠᠶᠢᠭᠰᠠᠨ ᠠᠴᠠ ᠪᠠᠨ 1,120 ᠲᠦᠬᠦᠷᠢᠭ ᠪᠤᠯᠤᠨ ᠨᠡᠮᠡᠭᠳᠡᠵᠦ᠂ ᠪᠦᠬᠦ ᠬᠤᠳᠠ ᠳᠤ ᠲᠡᠷᠢᠬᠦᠯᠡᠪᠡ᠃ ᠨᠡᠶᠢᠬᠡᠮ ᠤᠨ ᠠᠪᠤᠷᠠᠨ ᠲᠤᠰᠠᠯᠠᠬᠤ ᠬᠠᠮᠢᠶᠠᠷᠤᠯᠳᠠ ᠶᠢᠨ ᠦᠢᠯᠡᠴᠢᠯᠡᠭᠡᠨ ᠤ ᠰᠢᠰᠲ᠋ᠧᠮ ᠢ ᠲᠡᠬᠦᠯᠳᠡᠷᠵᠢᠬᠦᠯᠵᠦ᠂ ᠨᠡᠶᠢᠬᠡᠮ ᠤᠨ ᠠᠪᠤᠷᠠᠨ ᠳᠤᠰᠠᠯᠠᠬᠤ ᠡᠳᠡᠭᠡᠳ ᠤᠨ ᠭᠡᠷ ᠪᠦᠯᠢ ᠶᠢᠨ ᠠᠵᠦ ᠠᠬᠤᠢ ᠶᠢᠨ ᠪᠠᠶᠢᠳᠠᠯ ᠢ ᠬᠠᠷᠭᠤᠭᠤᠯᠵᠦ ᠦᠵᠡᠬᠦ ᠲᠤᠭᠳᠠᠴᠠ ᠶᠢ ᠳᠡᠬᠦᠯᠳᠡᠷᠵᠢᠬᠦᠯᠪᠡ᠃ ᠬᠦᠯᠦᠨ ᠠᠶᠢᠯ ᠨᠡᠶᠢᠬᠡᠮ ᠳᠤᠭᠤᠷᠢᠭ ᠪᠦᠬᠦ ᠬᠤᠳᠠ ᠶᠢᠨ ᠮᠠᠯᠵᠢᠬᠤ ᠤᠷᠤᠨ ᠤ ᠮᠠᠶ᠋ᠢᠭ ᠤᠨ ᠨᠡᠶᠢᠬᠡᠮ ᠲᠤᠭᠤᠷᠢᠭ ᠤᠨ ᠨᠡᠶᠢᠳᠡᠯᠢᠭ ᠵᠢᠱᠢᠶ᠎ᠡ ᠪᠤᠯᠪᠠ᠃ ᠬᠤᠶᠠᠷ ᠢ ᠬᠦᠷᠢᠶᠡᠯᠡᠬᠦ ᠠᠵᠢᠯ ᠢ ᠯᠠᠪᠳᠠᠭᠤᠨ ᠪᠠᠳᠤᠳᠠᠢ ᠠᠬᠢᠭᠤᠯᠪᠠ᠃ ᠲᠠᠪᠤᠨ ᠵᠢᠯ ᠤᠨ ᠬᠤᠭᠤᠴᠠᠭᠠᠨ ᠳᠤ᠂ ᠬᠢᠯᠢ ᠶᠢᠨ ᠬᠠᠮᠠᠭᠠᠯᠠᠯᠳᠠ ᠶᠢᠨ ᠴᠡᠷᠢᠭ ᠠᠩᠬᠢ᠂ ᠬᠤᠰᠢᠭᠤᠨ ᠳᠤ ᠰᠠᠭᠤᠭ᠎ᠠ ᠵᠡᠪᠰᠡᠭᠳᠦ ᠴᠠᠭᠳᠠᠭᠠᠨ ᠤ ᠴᠡᠷᠢᠭ ᠠᠩᠬᠢ ᠪᠤᠯᠤᠨ ᠬᠠᠷᠠᠭᠠᠯᠵᠠᠨ ᠲᠦᠪᠬᠢᠨᠡᠬᠦᠯᠬᠦ ᠡᠳᠡᠭᠡᠳ ᠲᠤ 88.3 ᠲᠦᠮᠡᠨ ᠲᠦᠬᠦᠷᠢᠭ ᠤᠨ ᠲᠤᠬᠤᠨᠢᠭᠤᠯᠭ᠎ᠠ ᠶᠢᠨ ᠵᠤᠭᠤᠰ ᠪᠠ ᠪᠤᠳᠠᠰ ᠬᠦᠷᠭᠡᠨ ᠦᠭᠴᠦ᠂ ᠴᠡᠷᠢᠭ ᠠᠴᠠ ᠪᠠᠭᠤᠭᠰᠠᠳ ᠤᠨ ᠭᠡᠷ ᠪᠦᠯᠢ ᠶᠢ ᠬᠠᠷᠠᠭᠠᠯᠵᠠᠨ ᠲᠦᠪᠬᠢᠨᠡᠬᠦᠯᠦᠭᠰᠡᠨ ᠵᠢᠴᠢ ᠴᠡᠷᠢᠭ ᠤᠨ ᠠᠯᠪᠠ ᠠᠴᠠ ᠪᠠᠭᠤᠭᠰᠠᠳ ᠲᠤ 935.1 ᠲᠦᠮᠡᠨ ᠲᠦᠬᠦᠷᠢᠭ ᠤᠨ ᠠᠵᠦ ᠠᠬᠤᠢ ᠶᠢᠨ ᠨᠦᠬᠦᠪᠦᠷᠢ ᠮᠦᠩᠬᠦ ᠪᠠ 232.8 ᠲᠦᠮᠡᠨ ᠲᠦᠬᠦᠷᠢᠭ ᠤᠨ ᠠᠰᠠᠷᠠᠮᠵᠢ ᠶᠢᠨ ᠮᠦᠩᠬᠦ ᠳᠠᠷᠬᠠᠭᠠᠨ ᠦᠭᠴᠦ᠂ 11 ᠨᠡᠷᠡᠰ ᠬᠠᠷᠠᠭᠠᠯᠵᠠᠨ ᠲᠦᠪᠬᠢᠨᠡᠬᠦᠯᠬᠦ ᠡᠳᠡᠭᠡᠳ ᠤᠨ 116.1 ᠲᠦᠮᠡᠨ ᠲᠦᠬᠦᠷᠢᠭ ᠤᠨ ᠡᠮ ᠡᠮᠨᠡᠯᠭᠡ ᠶᠢᠨ ᠵᠠᠷᠤᠳᠠᠯ ᠰᠦᠢᠳᠭᠡᠯ ᠢ ᠳᠠᠩᠰᠠᠨ ᠠᠴᠠ ᠨᠢ ᠤᠰᠠᠳᠬᠠᠨ ᠦᠭᠴᠦ᠂ ᠨᠦᠬᠦᠴᠡᠯ ᠳᠤ ᠲᠤᠬᠢᠷᠠᠭᠰᠠᠨ 40 ᠨᠡᠷᠡᠰ ᠴᠡᠷᠢᠭ ᠠᠴᠠ ᠪᠠᠭᠤᠭᠰᠠᠳ ᠤᠨ ᠴᠠᠯᠢᠩ ᠤᠯᠭᠤᠮᠵᠢ ᠶᠢ ᠠᠵᠢᠯ ᠦᠢᠯᠡᠰ ᠤᠨ ᠨᠢᠭᠡᠴᠡ ᠶᠢᠨ ᠤᠷᠤᠨ ᠲᠤᠭ᠎ᠠ ᠪᠠᠷ ᠲᠤᠬᠤᠵᠦ ᠦᠭᠡᠷᠡᠴᠢᠯᠡᠵᠦ᠂ ᠰᠠᠷ᠎ᠠ ᠶᠢᠨ ᠴᠠᠯᠢᠩ ᠨᠢ 3,500 ᠲᠦᠬᠦᠷᠢᠭ ᠪᠤᠯᠵᠦ ᠨᠡᠮᠡᠭᠳᠡᠪᠡ᠃ ᠮᠦᠩᠬᠦᠨ ᠬᠦᠢᠯᠭᠡᠭᠡᠨ ᠤ ᠦᠢᠯᠡᠰ ᠤᠷᠳᠦ ᠤᠳᠠᠭᠠᠨ ᠬᠦᠭᠵᠢᠯᠳᠡ ᠲᠠᠢ ᠪᠤᠯᠪᠠ᠃ ᠮᠦᠩᠬᠦᠨ ᠬᠦᠢᠯᠭᠡᠭᠡᠨ ᠤ ᠠᠵᠦ ᠠᠬᠤᠶᠢᠯᠠᠯ ᠤᠨ ᠵᠢᠭᠡᠯᠡᠯᠭᠡ ᠶᠢᠨ ᠦᠯᠡᠳᠡᠪᠦᠷᠢ 7.3 ᠳ᠋ᠦᠩᠰᠢᠭᠤᠷ ᠲᠦᠬᠦᠷᠢᠭ ᠲᠤ ᠬᠦᠷᠴᠦ᠂ 2010 ᠤᠨ ᠤ ᠬᠢ ᠎ ᠠᠴᠠ 528.7%᠎ ᠪᠠᠷ ᠨᠡᠮᠡᠭᠳᠡᠵᠦ᠂ ᠬᠠᠳᠠᠭᠠᠯᠠᠮᠵᠢ ᠶᠢᠨ ᠶᠡᠷᠦᠩᠬᠡᠢ ᠲᠤᠭ᠎ᠠ 10.6 ᠳ᠋ᠦ᠋ᠩᠰᠢᠭᠤᠷ ᠲᠦᠬᠦᠷᠢᠭ ᠲᠤ ᠬᠦᠷᠴᠦ᠂ 2010 ᠤᠨ ᠤ ᠬᠢ ᠠᠴᠠ 39%᠎ ᠪᠠᠷ ᠨᠡᠮᠡᠭᠳᠡᠪᠡ᠃ 1,000 ᠲᠦᠮᠡᠨ ᠲᠦᠬᠦᠷᠢᠭ ᠤᠨ ᠪᠡᠯᠡ ᠮᠦᠩᠬᠦ ᠳᠠᠩᠰᠠᠯᠠᠭᠤᠯᠵᠦ᠂ ᠶᠢᠨ ᠠᠨ ᠪᠡᠯᠡ ᠤᠷᠤᠭᠤᠯᠬᠤ ᠪᠠᠳᠤᠯᠠᠪᠦᠷᠢ ᠶᠢᠨ ᠬᠢᠵᠠᠭᠠᠷᠳᠦ ᠬᠠᠷᠢᠭᠤᠴᠠᠯᠭᠠᠳᠦ ᠺᠤᠮᠫᠠᠨᠢ ᠪᠠᠶᠢᠭᠤᠯᠵᠦ᠂ ᠲᠤᠮᠳᠠ ᠵᠢᠵᠢᠭ ᠠᠵᠦ ᠠᠬᠤᠶᠢᠯᠠᠯ ᠤᠨ ᠵᠢᠭᠡᠯᠡᠯᠭᠡ ᠠᠪᠬᠤ ᠳᠤ ᠡᠭᠦᠳᠡᠨ ᠪᠤᠱᠤᠭ᠎ᠠ ᠦᠨᠳᠦᠷ᠂ ᠪᠡᠯᠡ ᠤᠷᠤᠭᠤᠯᠬᠤ ᠳᠤ ᠬᠦᠴᠢᠷ ᠲᠠᠢ ᠪᠠᠶᠢᠭᠰᠠᠨ ᠠᠰᠠᠭᠤᠳᠠᠯ ᠢ ᠪᠦᠳᠦᠮᠵᠢᠳᠡᠢ ᠰᠢᠢᠳᠪᠦᠷᠢᠯᠡᠪᠡ᠃ ᠰᠤᠮᠤ ᠪᠠᠯᠭᠠᠰᠦ ᠶᠢᠨ ᠳᠠᠷᠢᠶᠠᠯᠠᠩ ᠳᠤ ᠳᠡᠮᠵᠢᠯᠭᠡ ᠦᠵᠡᠬᠦᠯᠬᠦ ᠮᠦᠩᠬᠦᠨ ᠬᠦᠢᠯᠭᠡᠭᠡᠨ ᠤ ᠦᠢᠯᠡᠴᠢᠯᠡᠭᠡᠨ ᠤ ᠴᠡᠭ 57 ᠪᠤᠯᠵᠦ᠂ ᠪᠤᠶᠢᠳᠠ ᠪᠦᠭᠯᠡᠬᠦᠦ ᠭᠠᠵᠠᠷ ᠰᠠᠭᠤᠭ᠎ᠠ ᠤᠯᠠᠨ ᠲᠦᠮᠡᠨ ᠤ ᠮᠦᠩᠬᠦᠨ ᠬᠦᠢᠯᠭᠡᠭᠡᠨ ᠤ ᠠᠵᠢᠯ ᠢ ᠬᠦᠢᠴᠡᠳᠭᠡᠬᠦ ᠳᠤ ᠬᠦᠴᠢᠷ ᠎ ᠲᠠᠢ ᠪᠠᠶᠢᠭᠰᠠᠨ ᠠᠰᠠᠭᠤᠳᠠᠯ ᠢ ᠦᠨᠳᠦᠰᠦᠨ ᠠᠴᠠ ᠨᠢ ᠰᠢᠢᠳᠪᠦᠷᠢᠯᠡᠪᠡ᠃ ᠨᠡᠶᠢᠬᠡᠮ ᠠᠮᠦᠷ ᠲᠤᠭᠳᠠᠭᠤᠨ᠃ ᠦᠨᠳᠦᠰᠦᠳᠡᠨ ᠤ ᠪᠦᠯᠬᠦᠮᠳᠡᠯ ᠳᠠᠪᠰᠢᠯᠳᠠ ᠶᠢ ᠯᠠᠪᠳᠠᠭᠤᠨ ᠪᠠᠳᠤᠳᠠᠢ ᠠᠬᠢᠭᠤᠯᠵᠦ᠂ ᠵᠦᠷᠢᠴᠡᠯ ᠮᠦᠷᠬᠦᠯᠳᠦᠬᠡᠨ ᠢ ᠢᠳᠡᠪᠬᠢᠳᠠᠢ ᠨᠠᠮᠳᠠᠭᠤᠯᠵᠦ᠂ ᠴᠢᠬᠤᠯᠠ ᠪᠠᠶᠠᠷ ᠲᠤᠷᠠᠰᠬᠠᠯ ᠤᠨ ᠡᠳᠦᠷ ᠤᠨ ᠠᠮᠦᠷ ᠲᠦᠪᠰᠢᠨ ᠢ ᠬᠠᠮᠠᠭᠠᠯᠠᠬᠤ ᠠᠵᠢᠯ ᠢ ᠠᠮᠵᠢᠯᠳᠠᠳᠠᠢ ᠪᠡᠶᠡᠯᠡᠬᠦᠯᠪᠡ᠃ ᠡᠯ᠎ᠡ ᠵᠦᠢᠯ ᠤᠨ ᠬᠠᠤᠯᠢ ᠠᠴᠠ ᠵᠦᠷᠢᠴᠡᠭᠰᠡᠨ ᠶᠠᠯᠠᠳᠦ ᠠᠵᠢᠯᠯᠠᠭ᠎ᠠ ᠳᠤ ᠬᠦᠨᠳᠦ ᠴᠣᠬᠢᠯᠳᠠ ᠦᠭᠴᠦ᠂ ᠤᠨᠴᠠ ᠶᠡᠭᠡ ᠤᠯᠠᠨ ᠨᠡᠶᠢᠳᠡ ᠶᠢᠨ ᠠᠮᠦᠷ ᠲᠦᠪᠰᠢᠨ ᠤ ᠭᠡᠷᠡᠭ᠂ ᠤᠯᠠᠨ ᠲᠦᠮᠡᠨᠴᠢ ᠴᠢᠨᠠᠷᠳᠠᠢ ᠭᠡᠷᠡᠭ ᠪᠤᠯᠤᠨ ᠭᠡᠨᠡᠳᠳᠡ ᠶᠢᠨ ᠭᠡᠷᠡᠭ ᠭᠠᠷᠤᠭᠰᠠᠨ ᠦᠬᠡᠢ᠃ ︽ᠵᠢᠷᠭᠤᠳᠤᠭᠠᠷ ᠳᠠᠪᠤᠨ ᠵᠢᠯ ᠤᠨ ᠬᠠᠤᠯᠢ ᠲᠦᠭᠡᠮᠡᠯᠵᠢᠬᠦᠯᠬᠦ︾ ᠬᠠᠷᠠᠯᠳᠠ ᠡᠭᠦᠷᠭᠡ ᠶᠢ ᠪᠦᠬᠦ ᠳᠠᠯ᠎ᠠ ᠪᠠᠷ ᠪᠡᠶᠡᠯᠡᠬᠦᠯᠵᠦ᠂ ᠡᠯ᠎ᠡ ᠱᠠᠳᠤᠨ ᠤ ︽ᠠᠷᠠᠳᠴᠢᠯᠠᠯ ᠬᠠᠤᠯᠢ ᠎ ᠢᠶᠠᠷ ᠵᠠᠰᠠᠬᠤ ᠵᠢᠱᠢᠶ᠎ᠡ ᠦᠵᠡᠬᠦᠯᠬᠦ ᠭᠠᠴᠠᠭ᠎ᠠ ︵ᠨᠡᠶᠢᠭᠡᠮ ᠳᠤᠭᠤᠷᠢᠭ︶︾᠎ ᠶᠢ 49 ᠡᠭᠦᠳᠦᠨ ᠪᠠᠶᠢᠭᠤᠯᠪᠠ᠃       ᠡᠭᠦᠨ ᠤ ᠬᠠᠮᠳᠦ᠂ ᠤᠯᠤᠰ ᠤᠨ ᠪᠠᠳᠤᠯᠠᠨ ᠬᠠᠮᠠᠭᠠᠯᠠᠯᠳᠠ ᠶᠢᠨ ᠳᠠᠶᠢᠴᠢᠯᠠᠯᠳᠠ᠂ ᠬᠢᠯᠢ ᠶᠢᠨ ᠬᠠᠮᠠᠭᠠᠯᠠᠯᠳᠠ ᠶᠢᠨ ᠵᠡᠪᠰᠡᠭᠳᠦ ᠬᠦᠴᠦᠨ ᠤ ᠴᠠᠭᠳᠠᠭ᠎ᠠ᠂ ᠳᠤᠳᠤᠭᠠᠳᠦ ᠶᠢ ᠬᠠᠮᠠᠭᠠᠯᠠᠬᠤ ᠭᠠᠯ ᠤᠨᠳᠠᠷᠠᠭᠠᠬᠤ ᠪᠤᠯᠤᠨ ᠡᠷᠦᠬᠡ ᠶᠢᠨ ᠴᠡᠷᠢᠭ ᠤᠨ ᠪᠡᠯᠡᠳᠭᠡᠯ ᠠᠯᠪᠠᠨ ᠤ ᠪᠦᠲᠦᠭᠡᠨ ᠪᠠᠶᠢᠭᠤᠯᠤᠯᠳᠠ ᠶᠢᠨ ᠠᠵᠢᠯ ᠰᠢᠨ᠎ᠡ ᠠᠮᠵᠢᠯᠳᠠ ᠤᠯᠪᠠ᠃ ᠠᠵᠢᠯᠴᠢᠨ ᠤ ᠡᠪᠯᠡᠯ᠂ ᠡᠪ ᠬᠠᠮᠳᠦ ᠵᠠᠯᠠᠭᠤᠴᠤᠳ ᠤᠨ ᠡᠪᠯᠡᠯ᠂ ᠤᠯᠠᠭᠠᠨ ᠵᠠᠭᠠᠯᠮᠠᠶᠢᠳᠠᠨ ᠤ ᠨᠡᠶᠢᠬᠡᠮᠯᠢᠭ᠂ ᠡᠮᠡᠭᠳᠡᠶᠢᠴᠦᠳ ᠬᠡᠤᠬᠡᠳ᠂ ᠨᠠᠰᠤᠳᠠᠶᠢᠴᠦᠳ᠂ ᠵᠡᠮᠳᠡᠭᠴᠦᠳ ᠤᠨ ᠠᠵᠢᠯ ᠦᠢᠯᠡᠰ ᠪᠤᠯᠤᠨ ᠬᠤᠶᠢᠴᠢ ᠦᠶ᠎ᠡ ᠶᠢ ᠬᠠᠯᠠᠮᠵᠢᠯᠠᠬᠤ ᠵᠡᠷᠭᠡ ᠠᠵᠢᠯ ᠰᠢᠨ᠎ᠡ ᠠᠬᠢᠯᠳᠠ ᠲᠠᠢ ᠪᠤᠯᠪᠠ᠃ ᠰᠢᠨᠵᠢᠯᠡᠭᠡ ᠮᠡᠷᠭᠡᠵᠢᠯ᠂ ᠬᠢᠨᠠᠨ ᠪᠤᠳᠤᠬᠤ᠂ ᠪᠤᠳᠠᠰ ᠤᠨ ᠦᠨ᠎ᠡ᠂ ᠭᠠᠵᠠᠷ ᠬᠦᠳᠡᠯᠦᠯᠳᠡ᠂ ᠬᠠᠩᠭᠠᠨ ᠪᠤᠷᠤᠯᠠᠭᠤᠯᠭ᠎ᠠ᠂ ᠭᠠᠳᠠᠭᠠᠳᠦ ᠶᠠᠪᠤᠳᠠᠯ ᠬᠠᠷᠢᠶᠠᠳᠦ ᠶᠢᠨ ᠶᠠᠪᠤᠳᠠᠯ᠂ ᠳᠠᠩᠰᠠ ᠡᠪᠬᠡᠮᠡᠯ ᠴᠠᠳᠢᠭ᠂ ᠦᠨᠳᠦᠰᠦᠳᠡᠨ ᠱᠠᠰᠢᠨ ᠰᠤᠷᠳᠠᠬᠤᠨ ᠵᠡᠷᠭᠡ ᠠᠵᠢᠯ ᠰᠢᠨ᠎ᠡ ᠦᠷ᠎ᠡ ᠪᠦᠳᠦᠮᠵᠢ ᠤᠯᠪᠠ᠃ ᠴᠠᠭ ᠠᠭᠤᠷ᠂ ᠴᠢᠯᠠᠭᠤᠨ ᠲᠤᠰᠤ᠂ ᠳᠠᠮᠠᠬᠢᠨ ᠎ ᠤ ᠦᠢᠯᠡᠰ᠂ ᠳᠠᠭᠠᠳᠬᠠᠯ᠂ ᠰᠢᠤᠳᠡᠨ ᠶᠠᠪᠤᠳᠠᠯ᠂ ᠴᠢᠮᠡᠭᠡ ᠨᠡᠪᠲᠡᠷᠡᠬᠦᠯᠭᠡ ᠵᠡᠷᠭᠡ ᠰᠠᠯᠠᠭ᠎ᠠ ᠮᠦᠴᠢᠷ ᠮᠠᠨ ᠤ ᠬᠤᠰᠢᠭᠤᠨ ᠤ ᠠᠵᠦ ᠠᠬᠤᠢ ᠨᠡᠶᠢᠬᠡᠮ ᠤᠨ ᠬᠦᠭᠵᠢᠯᠳᠡ ᠎ ᠳᠤ ᠰᠢᠨ᠎ᠡ ᠬᠤᠪᠢ ᠨᠡᠮᠡᠷᠢ ᠦᠵᠡᠬᠦᠯᠪᠡ᠃       ᠲᠦᠯᠦᠭᠡᠯᠡᠭᠴᠢᠳ ᠡ᠂ ᠦᠩᠭᠡᠷᠡᠭᠰᠡᠨ ᠲᠠᠪᠤᠨ ᠵᠢᠯ ᠳᠤ᠂ ᠮᠠᠨ ᠤ ᠬᠤᠰᠢᠭᠤ ᠤᠷᠢᠳ ᠬᠤᠵᠢᠳ ᠪᠦᠬᠦ ᠤᠯᠤᠰ ᠤᠨ ᠠᠮᠢ ᠠᠬᠤᠢ ᠶᠢᠨ ᠪᠤᠯᠪᠠᠰᠤᠨ ᠤ ᠵᠢᠱᠢᠶ᠎ᠡ ᠦᠵᠡᠬᠦᠯᠬᠦ ᠢᠨᠵᠧᠨᠧᠷᠢᠩ ᠤᠨ ᠲᠤᠷᠰᠢᠯᠳᠠ ᠶᠢᠨ ᠴᠡᠭ᠂ ᠪᠦᠬᠦ ᠤᠯᠤᠰ ᠤᠨ ᠠᠩᠬᠠᠳᠠᠭᠴᠢ ᠠᠮᠢᠳᠤ ᠪᠤᠳᠠᠰ ᠤᠨ ᠤᠯᠠᠨ ᠶᠠᠩᠵᠤᠳᠤ ᠴᠢᠨᠠᠷ ᠢ ᠬᠠᠮᠠᠭᠠᠯᠠᠬᠤ ᠪᠠ ᠶᠠᠳᠠᠭᠤ ᠶᠢ ᠪᠠᠭᠠᠰᠬᠠᠬᠤ ᠵᠢᠱᠢᠶ᠎ᠡ ᠦᠵᠡᠬᠦᠯᠬᠦ ᠢᠨᠵᠧᠨᠧᠷᠢᠩ ᠤᠨ ᠲᠤᠷᠰᠢᠯᠳᠠ ᠶᠢᠨ ᠴᠡᠭ ᠤᠨ ᠭᠠᠴᠠᠭ᠎ᠠ᠂ ᠪᠦᠬᠦ ᠬᠤᠳᠠ ᠶᠢᠨ ᠴᠤᠷ ᠤᠨ ᠭᠠᠭᠴᠠ ︽ᠪᠦᠬᠦ ᠤᠯᠤᠰ ᠤᠨ ᠬᠠᠤᠯᠢ ᠴᠠᠭᠠᠵᠠ ᠶᠢᠨ ᠵᠢᠱᠢᠶᠡᠴᠢ ᠦᠷᠳᠡᠭᠡ︾᠂ ᠲᠤᠭ᠎ᠠ ᠪᠦᠷᠢᠳᠭᠡᠯ ᠤᠨ ᠦᠨᠳᠤᠰᠦᠨ ᠱᠠᠳᠤᠨ ᠤ ᠰᠠᠭᠤᠷᠢ ᠪᠦᠳᠦᠭᠡᠨ ᠪᠠᠶᠢᠭᠤᠯᠤᠯᠳᠠ ᠶᠢᠨ ︽ᠲᠠᠪᠤᠨ ᠤᠳᠤᠨ ᠲᠡᠰ︾᠎ ᠤᠨ ᠪᠠᠷᠢᠮᠵᠢᠶ᠎ᠠ ᠶᠢ ᠪᠦᠬᠦ ᠬᠤᠳᠠ ᠳᠤ ᠲᠡᠷᠢᠬᠦᠯᠡᠨ ᠪᠡᠶᠡᠯᠡᠬᠦᠯᠦᠭᠰᠡᠨ ᠬᠤᠰᠢᠭᠤ ᠰᠢᠶᠠᠨ ᠵᠡᠷᠭᠡ ᠢᠷᠠᠭᠤ ᠠᠯᠳᠠᠷ ᠢᠶᠠᠷ ᠴᠤᠯᠠᠯᠠᠭᠳᠠᠪᠠ᠃ ᠡᠳᠡᠭᠡᠷ ᠢᠷᠠᠭᠤ ᠠᠯᠳᠠᠷ ᠨᠢ ᠬᠤᠳᠠ ᠶᠢᠨ ᠨᠠᠮ ᠤᠨ ᠬᠤᠷᠢᠶ᠎ᠠ᠂ ᠵᠠᠰᠠᠭ ᠤᠨ ᠤᠷᠳᠤᠨ ᠪᠤᠯᠤᠨ ᠬᠤᠰᠢᠭᠤᠨ ᠤ ᠨᠠᠮ ᠤᠨ ᠬᠤᠷᠢᠶ᠎ᠠ ᠶᠢᠨ ᠵᠦᠪ ᠤᠨᠤᠪᠴᠢᠳᠠᠢ ᠤᠳᠤᠷᠢᠳᠤᠭᠰᠠᠨ ᠤ ᠦᠷ᠎ᠡ ᠳ᠋ᠦᠩ᠂ ᠬᠤᠰᠢᠭᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ᠂ ᠤᠯᠤᠰ ᠲᠦᠷᠦ ᠶᠢᠨ ᠵᠦᠪᠯᠡᠯᠭᠡᠨ ᠤ ᠬᠢᠨᠠᠯᠳᠠ ᠳᠠᠯᠪᠢᠨ ᠳᠡᠮᠵᠢᠭᠰᠡᠨ ᠤ ᠦᠷ᠎ᠡ ᠳ᠋ᠦᠩ᠂ ᠨᠡᠩ ᠴᠤ ᠪᠦᠬᠦ ᠬᠤᠰᠢᠭᠤᠨ ᠤ ᠠᠷᠠᠳ ᠲᠦᠮᠡᠨ ᠤ ᠰᠡᠳᠬᠢᠯ ᠨᠢᠭᠡᠳᠤᠨ ᠬᠦᠴᠦ ᠪᠠᠨ ᠬᠠᠮᠳᠤᠳᠬᠠᠵᠤ᠂ ᠡᠷᠡᠯᠭᠡᠭᠯᠡᠨ ᠲᠡᠮᠡᠴᠡᠭᠰᠡᠨ ᠎ ᠤ ᠦᠷ᠎ᠡ ᠳ᠋ᠦᠩ ᠪᠤᠯᠤᠨ᠎ᠠ᠃ ᠲᠠᠪᠤᠨ ᠵᠢᠯ ᠤᠨ ᠲᠤᠷᠰᠢ᠂ ᠬᠤᠷᠸ᠎ᠠ ᠪᠠᠶᠢᠳᠠᠯ ᠨᠠᠷᠢᠨ ᠪᠤᠳᠤᠯᠢᠶᠠᠨᠳᠠᠢ᠂ ᠬᠦᠴᠢᠷ ᠪᠡᠷᠭᠡ ᠲᠠᠰᠤᠷᠠᠯᠳᠠ ᠦᠭᠡᠢ ᠨᠡᠮᠡᠭᠳᠡᠭᠰᠡᠨ ᠪᠠᠶᠢᠳᠠᠯ ᠲᠤᠤᠷ᠎ᠠ᠂ ᠪᠢᠳᠡ ᠦᠭᠡᠷᠡᠴᠢᠯᠡᠯᠳᠡ᠂ ᠬᠦᠭᠵᠢᠯᠳᠡ ᠪᠠ ᠲᠤᠭᠳᠠᠭᠤᠨ ᠤ ᠶᠡᠷᠤᠩᠭᠡᠢ ᠬᠠᠷᠠᠯᠳᠠ ᠶᠢ ᠨᠡᠯᠢᠶᠡᠳ ᠰᠠᠶᠢᠨ ᠪᠠᠶᠠᠯᠡᠬᠦᠯᠦᠭᠰᠡᠨ ᠢᠶᠠᠷ ᠪᠠᠷᠠᠬᠤ ᠦᠭᠡᠢ ᠨᠠᠷᠢᠨ ᠪᠤᠳᠤᠯᠢᠶᠠᠨᠳᠠᠢ ᠤᠷᠴᠢᠨ ᠲᠤᠭᠤᠷᠢᠨ ᠳᠤ ᠬᠦᠭᠵᠢᠯᠳᠡ ᠶᠢ ᠲᠠᠶᠢᠴᠢᠯᠠᠬᠤ ᠴᠢᠳᠡᠪᠬᠢ ᠶᠢ ᠨᠡᠩ ᠴᠢᠩᠭᠠᠳᠬᠠᠨ᠂ ᠰᠢᠨ᠎ᠡ ᠶᠢ ᠡᠭᠦᠳᠬᠦ ᠰᠡᠳᠬᠢᠴᠡ ᠶᠢᠨ ᠲᠤᠮᠳᠠ ᠬᠦᠴᠢᠷᠳᠡᠯ ᠢ ᠰᠢᠢᠳᠪᠦᠷᠢᠯᠡᠬᠦ ᠲᠤᠷᠰᠢᠯᠭ᠎ᠠ ᠶᠢ ᠬᠤᠷᠠᠮᠳᠤᠭᠤᠯᠵᠤ᠂ ︽ᠠᠷᠪᠠᠨ ᠭᠤᠷᠪᠠᠳᠤᠭᠠᠷ ᠲᠠᠪᠤᠨ ᠵᠢᠯ︾᠎ ᠤᠨ ᠠᠵᠢᠯ ᠢ ᠰᠠᠶᠢᠳᠤᠷ ᠬᠢᠬᠦ ᠳᠤ ᠪᠠᠳᠤ ᠪᠠᠬᠢ ᠰᠠᠭᠤᠷᠢ ᠲᠠᠯᠪᠢᠵᠤ ᠦᠭᠪᠡ᠃ ᠡᠬᠦᠨ ᠳᠤ᠂ ᠪᠢ ᠬᠤᠰᠢᠭᠤᠨ ᠤ ᠵᠠᠰᠠᠭ ᠤᠨ ᠤᠷᠳᠤᠨ ᠢ ᠲᠦᠯᠦᠭᠡᠯᠡᠨ᠂ ᠰᠢᠨ᠎ᠡ ᠪᠠᠷᠭᠤ ᠪᠠᠷᠠᠭᠤᠨ ᠬᠤᠰᠢᠭᠤᠨ ᠤ ᠭᠦᠭᠵᠢᠯᠳᠡ ᠶᠢ ᠬᠠᠯᠠᠮᠵᠢᠯᠠᠨ ᠳᠡᠮᠵᠢᠭᠰᠡᠨ ᠨᠡᠶᠢᠭᠡᠮ ᠤᠨ ᠡᠯ᠎ᠡ ᠡᠳᠡᠭᠡᠳ ᠲᠤ ᠴᠢᠩ ᠰᠡᠳᠬᠢᠯ ᠤᠨ ᠲᠠᠯᠠᠷᠬᠠᠯ ᠪᠤᠯᠤᠨ ᠡᠷᠬᠢᠮ ᠲᠡᠭᠡᠳᠤ ᠮᠡᠨᠳᠤᠴᠢᠯᠡᠯ ᠢᠶᠠᠨ ᠲᠡᠪᠰᠢᠬᠦᠯᠦᠶ᠎ᠡ︕       ︽ᠠᠷᠪᠠᠨ ᠬᠤᠶᠠᠳᠤᠭᠠᠷ ᠲᠠᠪᠤᠨ ᠵᠢᠯ︾᠎ ᠤᠨ ᠦᠩᠭᠡᠷᠡᠯᠳᠡ ᠶᠢ ᠡᠷᠬᠢᠴᠡᠬᠦᠯᠪᠡᠯ᠂ ᠪᠦᠬᠦ ᠬᠤᠰᠢᠭᠤᠨ ᠤ ᠠᠵᠤ ᠠᠬᠤᠢ ᠨᠡᠶᠢᠭᠡᠮ ᠤᠨ ᠬᠦᠭᠵᠢᠯᠳᠡ ᠳᠤ ᠪᠠᠰᠠ ᠴᠦᠭᠡᠨ ᠪᠤᠰᠤ ᠭᠦᠴᠢᠷᠳᠡᠯ ᠪᠠ ᠠᠰᠠᠭᠤᠳᠠᠯ ᠤᠷᠤᠰᠢᠵᠤ ᠪᠠᠶᠢᠭ᠎ᠠ ᠶᠢ ᠪᠢᠳᠡ ᠰᠡᠷᠭᠡᠭ ᠢᠶᠠᠷ ᠲᠠᠨᠢᠵᠤ ᠤᠯᠤᠭᠰᠠᠨ ᠪᠠᠶᠢᠨ᠎ᠠ᠂ ᠡᠨᠡ ᠨᠢ ᠭᠤᠤᠯᠳᠠᠭᠤ᠄ ᠠᠵᠤ ᠠᠬᠤᠢ ᠶᠢᠨ ᠰᠢᠨ᠎ᠡ ᠭᠡᠪ ᠪᠠᠶᠢᠳᠠᠯ ᠲᠤᠤᠷ᠎ᠠ᠂ ᠪᠦᠬᠦᠯᠢ ᠴᠤᠭᠴᠠ ᠶᠢᠨ ᠪᠤᠳᠠᠳᠤ ᠬᠦᠴᠦᠨ ᠵᠢᠭᠠᠬᠠᠨ ᠠᠨᠠᠢ᠂ ᠶᠡᠷᠤᠩᠭᠡᠢ ᠭᠡᠮᠵᠢᠶ᠎ᠡ ᠶᠡᠭᠡ ᠪᠢᠰᠢ᠂ ᠴᠢᠨᠠᠷ ᠴᠢᠨᠰᠠᠭ᠎ᠠ ᠰᠢᠯᠢᠳᠡᠭ ᠪᠤᠰᠤ᠂ ᠨᠦᠭᠡᠴᠡ ᠬᠦᠴᠦᠨ ᠭᠦᠢᠴᠡᠳ ᠦᠭᠡᠢ᠂ ᠭᠤᠷᠪᠠᠳᠤᠭᠠᠷ ᠠᠵᠤ ᠦᠢᠯᠡᠰ ᠤᠨ ᠪᠦᠳᠦᠴᠡ ᠶᠢ ᠴᠢᠨᠠᠭᠰᠢᠳᠠ ᠰᠢᠯᠢᠳᠡᠭᠵᠢᠬᠦᠯᠬᠦ ᠴᠢᠬᠤᠯᠠᠳᠠᠢ᠃ ᠬᠤᠳᠠ ᠪᠠᠯᠭᠠᠰᠤᠵᠢᠯᠳᠠ ᠶᠢᠨ ᠬᠢᠷᠢ ᠲᠦᠪᠰᠢᠨ ᠦᠨᠳᠤᠷ ᠪᠢᠰᠢ᠂ ᠬᠤᠳᠠ ᠬᠦᠳᠡᠭᠡ ᠶᠢᠨ ᠲᠦᠷᠢ ᠲᠦᠷᠬᠦ ᠶᠢᠨ ᠵᠦᠷᠢᠶ᠎ᠡ ᠶᠡᠭᠡ᠂ ᠬᠤᠳᠠ ᠬᠦᠳᠡᠭᠡ ᠶᠢᠨ ᠵᠤᠬᠢᠴᠠᠩᠭᠤᠢ ᠬᠦᠭᠵᠢᠯᠳᠡ ᠶᠢ ᠴᠢᠨᠠᠭᠰᠢᠳᠠ ᠲᠦᠷᠭᠡᠳᠭᠡᠬᠦ ᠴᠢᠬᠤᠯᠠᠳᠠᠢ᠃ ᠨᠢᠬᠡ ᠪᠦᠯᠦᠭ ᠭᠦᠢᠴᠡᠳᠭᠡᠬᠦ ᠲᠤᠭᠠᠨ ᠤ ᠨᠡᠮᠡᠭᠳᠡᠯ ᠤᠨ ᠬᠤᠷᠳᠤᠴᠠ ᠤᠳᠠᠭᠠᠰᠢᠷᠠᠵᠤ᠂ ᠡᠳ᠋ ᠤᠨ ᠵᠠᠰᠠᠭ ᠤᠨ ᠤᠷᠤᠯᠭ᠎ᠠ ᠵᠠᠷᠤᠯᠭ᠎ᠠ ᠶᠢᠨ ᠵᠦᠷᠢᠴᠡᠯ ᠶᠡᠬᠡᠰᠴᠦ᠂ ᠤᠯᠠᠨ ᠨᠡᠶᠢᠳᠡ ᠶᠢᠨ ᠦᠢᠯᠡᠴᠢᠯᠡᠭᠡᠨ ᠤ ᠪᠠᠳᠤᠯᠠᠭ᠎ᠠ ᠶᠢᠨ ᠲᠠᠷᠤᠭᠠᠰᠤ ᠬᠦᠨᠳᠦᠷᠡᠪᠡ᠃ ᠬᠤᠳᠠ ᠭᠦᠳᠡᠭᠡ ᠶᠢᠨ ᠰᠠᠭᠤᠭᠠᠯᠢ ᠠᠷᠠᠳ ᠤᠨ ᠤᠷᠤᠯᠭ᠎ᠠ ᠮᠦᠨᠴᠤ ᠲᠤᠤᠷ᠎ᠠ ᠪᠠᠶᠢᠵᠤ᠂ ᠴᠢᠨᠡᠭᠡᠯᠢᠭ ᠨᠡᠶᠢᠭᠡᠮ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠳᠤ ᠡᠭᠦᠷᠭᠡ ᠬᠦᠨᠳᠤ ᠵᠠᠮ ᠬᠤᠯᠠ ᠪᠠᠶᠢᠭᠰᠠᠭᠠᠷ ᠵᠡᠷᠭᠡ ᠠᠰᠠᠭᠤᠳᠠᠯ ᠤᠷᠤᠰᠢᠵᠦ ᠪᠠᠶᠢᠨ᠎ᠠ᠃ ᠡᠭᠦᠨ ᠢ ᠪᠢᠳᠡ ᠲᠡᠭᠡᠳᠤ ᠬᠡᠮᠵᠢᠶ᠎ᠡ ᠪᠠᠷ ᠴᠢᠬᠤᠯᠠᠴᠢᠯᠠᠵᠦ᠂ ᠪᠦᠳᠦᠮᠵᠢᠳᠡᠢ ᠠᠷᠭ᠎ᠠ ᠬᠡᠮᠵᠢᠶ᠎ᠡ ᠠᠪᠴᠤ᠂ ᠨᠠᠷᠢᠨ ᠬᠢᠨᠠᠮᠠᠭᠠᠢ ᠰᠢᠢᠳᠪᠦᠷᠢᠯᠡᠨ᠎ᠡ᠃ —
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠵᠠᠰᠠᠭ ᠤᠨ ᠤᠷᠳᠤᠨ ᠤ ᠤᠷᠴᠢᠭᠤᠯᠭ᠎ᠠ ᠶᠢᠨ ᠲᠤᠪᠴᠢᠶ᠎ᠠ