2016 ᠤᠨ ᠤ ᠵᠠᠰᠠᠭ ᠤᠨ ᠤᠷᠳᠤᠨ ᠤ ᠠᠵᠢᠯ ᠤᠨ ᠢᠯᠤᠡᠬᠡᠯ ︵ᠬᠤᠶᠠᠷ︶
ᠨᠡᠶᠢᠲᠡᠯᠡᠭᠰᠡᠨ ᠴᠠᠭ᠄
2016/3/8
       ᠭᠤᠷᠪᠠ᠂ ︽ᠠᠷᠪᠠᠨ ᠭᠤᠷᠪᠠᠳᠤᠭᠠᠷ ᠲᠠᠪᠤᠨ ᠵᠢᠯ︾᠎ ᠤᠨ ᠪᠤᠳᠤᠯᠬᠢᠯᠠᠯ        ᠬᠤᠶᠢᠰᠢᠳᠠ ᠶᠢᠨ ᠲᠠᠪᠤᠨ ᠵᠢᠯ ᠪᠤᠯ ᠮᠠᠨ ᠤ ᠬᠤᠰᠢᠭᠤᠨ ᠤ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠰᠢᠢᠳᠪᠦᠷᠢᠳᠦ ᠴᠠᠭ ᠦᠶ᠎ᠡ ᠂ ᠠᠵᠤ ᠦᠢᠯᠡᠳᠪᠦᠷᠢᠵᠢᠯᠳᠡ᠂ ᠬᠤᠳᠠ ᠪᠠᠯᠭᠠᠰᠤᠵᠢᠯᠳᠠ ᠪᠠ ᠮᠠᠯ ᠠᠵᠦ ᠠᠬᠤᠢ ᠶᠢᠨ ᠬᠡᠯᠪᠡᠷᠢ ᠶᠢ ᠬᠤᠪᠢᠷᠠᠭᠤᠯᠤᠨ ᠳᠡᠰ ᠳᠡᠪᠰᠢᠬᠦᠯᠬᠦ ᠶᠢ ᠨᠡᠩ ᠦᠨᠳᠤᠷ ᠬᠢᠷᠢ ᠲᠦᠪᠰᠢᠨ ᠳᠤ ᠬᠦᠷᠭᠡᠬᠦ ᠴᠠᠭ ᠦᠶ᠎ᠡ ᠪᠤᠯᠬᠤ ᠪᠦᠭᠡᠳ ᠪᠠᠰᠠᠴᠦ ᠠᠵᠤ ᠠᠬᠤᠢ ᠨᠡᠶᠢᠭᠡᠮ ᠤᠨ ᠭᠦᠭᠵᠢᠯᠳᠡ ᠶᠢᠨ ᠠᠷᠭ᠎ᠠ ᠮᠠᠶ᠋ᠢᠭ ᠢ ᠬᠦᠨᠵᠡᠭᠡᠢ ᠦᠭᠡᠷᠡᠴᠢᠯᠡᠬᠦ ᠭᠡᠯᠪᠡᠷᠢ ᠎ ᠶᠢᠨ ᠬᠤᠪᠢᠷᠠᠯᠳᠠ ᠶᠢᠨ ᠴᠠᠭ ᠦᠶ᠎ᠡ ᠪᠤᠯᠤᠨ᠎ᠠ᠃ ᠬᠤᠷᠸ᠎ᠠ ᠲᠠᠯ᠎ᠠ ᠠᠴᠠ ᠠᠪᠴᠤ ᠦᠵᠡᠪᠡᠯ᠂ ᠪᠦᠬᠦ ᠤᠯᠤᠰ ᠤᠨ ᠬᠦᠭᠵᠢᠯᠳᠡ ᠶᠢᠨ ᠰᠡᠳᠭᠢᠴᠡ ᠳᠤ ᠶᠠᠭ ᠴᠢᠬᠤᠯᠠ ᠶᠡᠭᠡ ᠬᠤᠪᠢᠷᠠᠯᠳᠠ ᠭᠠᠷᠴᠤ᠂ ᠦᠩᠭᠡᠷᠡᠭᠰᠡᠨ ᠤ ᠭᠡᠷᠡᠭᠴᠡᠭᠡ ᠶᠢ ᠴᠢᠬᠤᠯᠠᠴᠢᠯᠠᠵᠤ ᠡᠵᠡᠮᠰᠢᠨ ᠲᠤᠬᠢᠷᠠᠭᠤᠯᠬᠤ ᠶᠢ ᠭᠤᠤᠯᠴᠢᠯᠠᠵᠤ ᠪᠠᠶᠢᠭᠰᠠᠨ ᠠᠴᠠ ᠬᠠᠩᠭᠠᠯᠭ᠎ᠠ ᠶᠢ ᠴᠢᠬᠤᠯᠠᠴᠢᠯᠠᠵᠤ ᠡᠵᠡᠮᠰᠢᠨ ᠲᠤᠬᠢᠷᠠᠭᠤᠯᠬᠤ ᠶᠢ ᠭᠤᠤᠯᠴᠢᠯᠠᠬᠤ ᠲᠡᠰᠢ ᠬᠤᠪᠢᠷᠠᠭᠤᠯᠵᠦ᠂ ︽ᠨᠢᠬᠡ ᠪᠦᠰᠡ ᠨᠢᠭᠡ ᠵᠠᠮ︾᠂ ︽ᠤᠮᠠᠷᠠᠰᠢ ᠨᠡᠭᠡᠭᠡᠯᠳᠡ ᠬᠢᠬᠦ︾᠂ ︽ᠵᠡᠬᠦᠨ ᠬᠤᠶᠢᠳᠤ ᠤᠷᠤᠨ ᠵᠡᠷᠭᠡ ᠬᠠᠭᠤᠴᠢᠨ ᠠᠵᠤ ᠦᠢᠯᠡᠳᠪᠦᠷᠢ ᠶᠢᠨ ᠰᠠᠭᠤᠷᠢᠨ ᠭᠠᠵᠠᠷ ᠢ ᠪᠦᠬᠦ ᠲᠠᠯ᠎ᠠ ᠪᠠᠷ ᠮᠠᠨᠳᠤᠭᠤᠯᠬᠤ︾᠂ ︽ᠬᠢᠯᠢ ᠲᠠᠭᠠᠤ ᠭᠤᠤᠯᠳᠠᠯᠭ᠎ᠠ ᠎ ᠲᠠᠢ ᠭᠠᠵᠠᠷ ᠤᠷᠤᠨ ᠤ ᠨᠡᠭᠡᠭᠡᠯᠳᠡ ᠶᠢ ᠲᠡᠮᠵᠢᠬᠦ ᠲᠦᠷᠦ ᠶᠢᠨ ᠪᠤᠳᠤᠯᠭ᠎ᠠ ᠠᠷᠭ᠎ᠠ ᠠᠪᠴᠠᠯ︾ ᠵᠡᠷᠭᠡ ᠭᠦᠭᠵᠢᠯᠳᠡ ᠶᠢᠨ ᠪᠠᠶᠢᠯᠳᠤᠬᠤ ᠪᠤᠳᠤᠯᠭ᠎ᠠ ᠶᠢ ᠭᠡᠷᠡᠭᠵᠢᠬᠦᠯᠬᠦ ᠪᠠ ᠬᠠᠩᠭᠠᠯᠭ᠎ᠠ ᠶᠢ ᠴᠢᠬᠤᠯᠠᠴᠢᠯᠠᠬᠤ ᠪᠦᠳᠦᠴᠡ ᠶᠢᠨ ᠴᠢᠨᠠᠷᠳᠠᠢ ᠦᠭᠡᠷᠡᠴᠢᠯᠡᠯᠳᠡ ᠶᠢ ᠭᠤᠤᠯᠴᠢᠯᠠᠬᠤ᠂ ᠪᠡᠯᠡ ᠨᠡᠶᠢᠯᠡᠬᠦᠯᠵᠦ ᠦᠪᠡᠷ ᠤᠨ ᠦᠷᠳᠡᠭ ᠢ ᠪᠠᠭᠤᠷᠠᠭᠤᠯᠬᠤ ᠵᠡᠷᠭᠡ ᠨᠡᠮᠡᠭᠳᠡᠯ ᠢ ᠲᠤᠭᠳᠠᠭᠤᠨ ᠪᠠᠶᠢᠯᠭᠠᠬᠤ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠬᠤ ᠶᠢ ᠲᠠᠭᠠᠯᠳᠤᠨ᠂ ᠪᠢᠳᠡ ᠶᠡᠷᠤᠩᠭᠡᠢ ᠳᠡᠭᠡᠨ ᠪᠠᠰᠠ ᠶᠡᠭᠡ ᠦᠢᠯᠡᠰ ᠪᠦᠳᠦᠭᠡᠬᠦ ᠪᠤᠯᠤᠮᠵᠢ ᠲᠠᠢ ᠴᠢᠬᠤᠯᠠ ᠪᠠᠶᠢᠯᠳᠤᠬᠤ ᠪᠤᠳᠤᠯᠭ᠎ᠠ ᠶᠢᠨ ᠠᠵᠠ ᠲᠤᠬᠢᠶᠠᠯᠳᠤ ᠴᠠᠭ ᠦᠶ᠎ᠡ ᠳᠤ ᠪᠠᠶᠢᠨ᠎ᠠ᠃ ᠤᠷᠤᠨ ᠨᠤᠳᠤᠭ ᠤᠨ ᠳᠠᠯ᠎ᠠ ᠠᠴᠠ ᠠᠪᠴᠤ ᠬᠡᠯᠡᠪᠡᠯ᠂ ᠨᠤᠲᠤᠭ ᠪᠡᠯᠴᠢᠭᠡᠷ ᠤᠨ ᠠᠮᠢ ᠠᠬᠤᠶᠢᠴᠢ ᠮᠠᠯ ᠠᠵᠤ ᠠᠬᠤᠢ ᠶᠢᠨ ᠪᠦᠲᠦᠭᠡᠨ ᠪᠠᠶᠢᠭᠤᠯᠤᠯᠳᠠ ᠶᠢ ᠭᠦᠨᠵᠡᠭᠡᠶᠢᠷᠡᠬᠦᠯᠬᠦ᠂ ᠠᠵᠤ ᠦᠢᠯᠡᠳᠪᠦᠷᠢ ᠶᠢᠨ ᠦᠢᠯᠡᠳᠪᠦᠷᠢᠯᠡᠯ ᠤᠨ ᠴᠢᠳᠠᠪᠦᠷᠢ ᠶᠢ ᠲᠡᠭᠡᠭᠰᠢᠯᠡᠬᠦᠯᠬᠦ ᠮᠡᠷᠭᠡᠵᠢᠯ ᠢ ᠰᠠᠶᠢᠵᠢᠷᠠᠭᠤᠯᠬᠤ ᠶᠢ ᠴᠢᠩᠭᠠᠳᠬᠠᠬᠤ ᠵᠢᠴᠢ ᠵᠤᠭᠠᠴᠠᠯ ᠠᠷᠠᠯᠵᠢᠶ᠎ᠠ ᠶᠢᠨ ᠰᠠᠭᠤᠷᠢ ᠲᠦᠭᠦᠭᠡᠷᠤᠮᠵᠢ ᠪᠠ ᠬᠤᠳᠠ ᠶᠢᠨ ᠴᠢᠳᠠᠪᠬᠢ ᠶᠢ ᠲᠡᠭᠦᠯᠳᠡᠷᠵᠢᠬᠦᠯᠬᠦ ᠶᠢ ᠲᠠᠭᠠᠯᠳᠤᠨ᠂ ᠤᠨᠴᠠᠭᠠᠶᠢᠯᠠᠨ ᠮᠠᠨᠵᠤᠤᠷ — ᠠᠯᠳ᠋ᠬᠠᠮᠡᠭᠡᠯ — ᠠᠮᠤᠭᠤᠯᠠᠩ ᠬᠦᠷᠬᠦ ᠨᠢᠭᠡᠳᠤᠭᠡᠷ ᠲᠡᠰ ᠎ ᠤᠨ ᠵᠠᠰᠠᠮᠠᠯ ᠵᠠᠮ ᠪᠦᠬᠦ ᠱᠤᠭᠤᠮ ᠢᠶᠠᠷ ᠲᠡᠷᠭᠡ ᠨᠡᠪᠳᠡᠷᠡᠬᠦ ᠵᠢᠴᠢ ᠪᠤᠭᠳᠠ ᠨᠡᠶᠢᠳᠡᠮ ᠭᠡᠷᠡᠭᠯᠡᠬᠦ ᠨᠢᠰᠭᠡᠯ ᠤᠨ ᠪᠠᠭᠤᠳᠠᠯ ᠠᠰᠢᠭᠯᠠᠯᠳᠠ ᠳᠤ ᠤᠷᠤᠭᠰᠠᠨ ᠤ ᠲᠠᠷᠠᠭ᠎ᠠ᠂ ᠵᠠᠮ ᠲᠡᠭᠡᠭᠡᠪᠦᠷᠢ ᠶᠢᠨ ᠰᠢᠰᠲ᠋ᠧᠮ ᠪᠦᠬᠦ ᠲᠠᠯ᠎ᠠ ᠪᠠᠷ ᠲᠡᠭᠦᠯᠳᠡᠷᠵᠢᠵᠤ᠂ ᠤᠷᠤᠨ ᠪᠠᠶᠢᠷᠢ ᠶᠢᠨ ᠲᠠᠪᠠᠭᠤᠯᠢᠭ ᠪᠤᠯᠤᠨ ᠦᠷᠢᠰᠦᠯᠳᠦᠭᠡᠨ ᠤ ᠬᠦᠴᠦᠨ ᠴᠢᠨᠠᠭᠰᠢᠳᠠ ᠨᠡᠩ ᠶᠡᠭᠡ ᠲᠡᠭᠡᠭᠰᠢᠯᠡᠯᠳᠡ ᠲᠠᠢ ᠪᠤᠯᠤᠨ᠎ᠠ᠂ ᠡᠳᠡᠭᠡᠷ ᠨᠢ ᠴᠦᠮ ︽ᠠᠷᠪᠠᠨ ᠭᠤᠷᠪᠠᠳᠤᠭᠠᠷ ᠲᠠᠪᠤᠨ ᠵᠢᠯ︾᠎ ᠤᠨ ᠬᠤᠭᠤᠴᠠᠭᠠᠨ ᠤ ᠬᠦᠭᠵᠢᠯᠳᠡ ᠳᠤ ᠤᠷᠤᠨ ᠵᠠᠢ ᠶᠢ ᠦᠷᠭᠡᠳᠭᠡᠨ ᠬᠦᠳᠡᠯᠭᠡᠭᠴᠢ ᠬᠦᠴᠦᠨ ᠢ ᠨᠡᠮᠡᠭᠳᠡᠬᠦᠯᠬᠦ ᠪᠤᠯᠤᠨ᠎ᠠ᠂ ᠪᠢᠳᠡ ᠢᠷᠡᠭᠡᠳᠤᠢ ᠶᠢᠨ ᠲᠠᠪᠤᠨ ᠵᠢᠯ ᠤᠨ ᠬᠦᠭᠵᠢᠯᠳᠡ ᠳᠤ ᠢᠳᠡᠭᠡᠯ ᠲᠦᠭᠦᠷᠡᠩ ᠪᠠᠶᠢᠨ᠎ᠠ᠃        ᠬᠤᠰᠢᠭᠤᠨ ᠤ ᠨᠠᠮ ᠤᠨ ᠬᠤᠷᠢᠶ᠎ᠠ ᠶᠢᠨ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠭᠦᠭᠵᠢᠯᠳᠡ ᠶᠢᠨ ᠠᠷᠪᠠᠨ ᠭᠤᠷᠪᠠᠳᠤᠭᠠᠷ ᠲᠠᠪᠤᠨ ᠵᠢᠯ ᠤᠨ ᠲᠦᠯᠦᠪᠵᠢᠭᠦᠯᠭᠡ ᠶᠢ ᠲᠤᠭᠳᠠᠭᠠᠬᠤ ᠲᠤᠬᠠᠢ ᠰᠠᠨᠠᠯ ᠵᠦᠪᠯᠡᠯᠭᠡ ᠶᠢ ᠦᠨᠳᠤᠰᠦᠯᠡᠪᠡᠯ᠂ ︽ᠠᠷᠪᠠᠨ ᠭᠤᠷᠪᠠᠳᠤᠭᠠᠷ ᠲᠠᠪᠤᠨ ᠵᠢᠯ︾᠎ ᠤᠨ ᠬᠤᠭᠤᠴᠠᠭᠠᠨ ᠤ ᠭᠤᠤᠯ ᠬᠦᠭᠵᠢᠯᠳᠡ ᠶᠢᠨ ᠬᠠᠷᠠᠯᠳᠠ ᠪᠤᠯ᠄ ᠤᠷᠤᠨ ᠨᠤᠳᠤᠭ ᠤᠨ ᠦᠢᠯᠡᠳᠪᠦᠷᠢᠯᠡᠯ ᠤᠨ ᠶᠡᠷᠤᠩᠭᠡᠢ ᠦᠷᠳᠡᠭ ᠢ ᠵᠢᠯ ᠲᠤᠮᠳᠠᠴᠢ ᠪᠠᠷ 8%᠎ ᠪᠠᠷ ᠨᠡᠮᠡᠭᠳᠡᠬᠦᠯᠵᠤ᠂ ᠡᠩ ᠤᠨ ᠤᠯᠠᠨ ᠨᠡᠶᠢᠳᠡ ᠶᠢᠨ ᠲᠦᠰᠦᠪ ᠤᠨ ᠤᠷᠤᠯᠭ᠎ᠠ ᠶᠢ ᠵᠢᠯ ᠳᠤᠮᠳᠠᠴᠢ ᠪᠠᠷ 6%᠎ ᠪᠠᠷ ᠨᠡᠮᠡᠭᠳᠡᠭᠦᠯᠵᠤ᠂ ᠲᠤᠭᠳᠠᠮᠠᠯ ᠭᠦᠷᠦᠩᠭᠡ ᠶᠢᠨ ᠪᠡᠯᠡ ᠤᠷᠤᠭᠤᠯᠤᠯᠳᠠ ᠶᠢ ᠵᠢᠯ ᠲᠤᠮᠳᠠᠴᠢ ᠪᠠᠷ 10%᠎ ᠪᠠᠷ ᠨᠡᠮᠡᠭᠳᠡᠬᠦᠯᠦᠨ᠂ ᠨᠡᠶᠢᠭᠡᠮ ᠤᠨ ᠭᠡᠷᠡᠭᠯᠡᠬᠡᠨ ᠤ ᠲᠠᠸᠠᠷ ᠢ ᠵᠢᠵᠢᠭᠯᠡᠨ ᠪᠤᠷᠤᠯᠠᠭᠤᠯᠬᠤ ᠶᠡᠷᠤᠩᠭᠡᠢ ᠲᠤᠭ᠎ᠠ ᠶᠢ ᠵᠢᠯ ᠳᠤᠮᠳᠠᠴᠢ ᠪᠠᠷ 10% ᠎ ᠪᠠᠷ ᠨᠡᠮᠡᠭᠳᠡᠬᠦᠯᠵᠤ᠂ ᠬᠤᠳᠠ ᠪᠠᠯᠭᠠᠰᠤ ᠪᠤᠯᠤᠨ ᠮᠠᠯᠵᠢᠬᠤ ᠤᠷᠤᠨ ᠤ ᠰᠠᠭᠤᠭᠠᠯᠢ ᠠᠷᠠᠳ ᠤᠨ ᠬᠦᠮᠦᠨ ᠲᠤᠮᠳᠠᠴᠢ ᠵᠠᠷᠤᠴᠠᠭᠤᠯᠵᠤ ᠪᠤᠯᠬᠤ ᠤᠷᠤᠯᠭ᠎ᠠ ᠶᠢ ᠵᠢᠯ ᠳᠤᠮᠳᠠᠴᠢ ᠪᠠᠷ 9%᠎ ᠪᠠᠷ ᠨᠡᠮᠡᠭᠳᠡᠭᠦᠯᠦᠨ᠎ᠡ᠃        ︽ᠠᠷᠪᠠᠨ ᠭᠤᠷᠪᠠᠳᠤᠭᠠᠷ ᠲᠠᠪᠤᠨ ᠵᠢᠯ︾᠎ ᠤᠨ ᠬᠤᠭᠤᠴᠠᠭᠠᠨ ᠤ ᠠᠵᠢᠯ ᠢ ᠰᠠᠶᠢᠳᠤᠷ ᠬᠢᠬᠦ ᠳᠤ᠂ ᠪᠢᠳᠡ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠪᠤᠯᠤᠨ ᠠᠷᠪᠠᠨ ᠨᠠᠢᠮᠠᠳᠤᠭᠠᠷ ᠬᠤᠭᠤᠴᠠᠭᠠᠨ ᠤ ᠭᠤᠷᠪᠠᠳᠤᠭᠠᠷ᠂ ᠲᠦᠷᠪᠡᠳᠦᠭᠡᠷ᠂ ᠲᠠᠪᠤᠳᠤᠭᠠᠷ ᠪᠦᠬᠦᠳᠡ ᠬᠤᠷᠠᠯ ᠵᠢᠴᠢ ᠰᠢ ᠶᠢᠨ ᠫᠢᠩ ᠶᠡᠷᠤᠩᠭᠡᠢ ᠱᠦᠵᠢ ᠶᠢᠨ ᠰᠢᠷᠢᠰ ᠴᠢᠬᠤᠯᠠ ᠶᠠᠷᠢᠶᠠᠨ ᠤ ᠵᠤᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ᠂ ︽ᠲᠠᠪᠤ ᠶᠢ ᠨᠢᠭᠡ ᠴᠤᠭᠴᠠᠵᠢᠭᠤᠯᠬᠤ︾ ᠪᠠ ︽ᠲᠦᠷᠪᠡᠨ ᠪᠦᠬᠦ ᠲᠠᠯ᠎ᠠ︾ ᠎ ᠪᠠᠷ ᠵᠢᠯᠤᠭᠤᠳᠤᠮᠵᠢ ᠪᠤᠯᠭᠠᠨ᠂ ︽ᠲᠠᠪᠤᠨ ᠶᠡᠭᠡ ᠭᠦᠭᠵᠢᠯᠳᠡ ᠶᠢᠨ ᠤᠶᠢᠯᠠᠭᠠᠭᠳᠠᠬᠤᠨ︾᠎ ᠢ ᠪᠠᠳᠤ ᠪᠠᠬᠢ ᠪᠤᠢ ᠪᠤᠯᠭᠠᠨ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠭᠦᠭᠵᠢᠯᠳᠡ ᠶᠢᠨ ᠲᠡᠷᠢᠬᠦᠨ ᠴᠢᠬᠤᠯᠠ ᠡᠭᠦᠷᠬᠡ ᠶᠢ ᠪᠠᠷᠢᠮᠳᠠᠯᠠᠨ᠂ ᠴᠢᠨᠠᠷ ᠴᠢᠨᠰᠠᠭ᠎ᠠ ᠦᠷ᠎ᠡ ᠠᠰᠢᠭ ᠢ ᠲᠡᠭᠡᠭᠰᠢᠯᠡᠬᠦᠯᠬᠦ ᠪᠠᠷ ᠭᠤᠤᠯ ᠪᠤᠯᠭᠠᠵᠤ᠂ ᠭᠦᠭᠵᠢᠯᠳᠡ ᠶᠢᠨ ᠰᠢᠨ᠎ᠡ ᠡᠯᠧᠮᠧᠨ᠋ᠲ ᠶᠢ ᠬᠤᠷᠠᠮᠳᠤᠭᠤᠯᠵᠤ᠂ ᠨᠡᠮᠡᠭᠳᠡᠯ ᠤᠨ ᠰᠢᠨ᠎ᠡ ᠭᠦᠳᠡᠯᠭᠡᠭᠴᠢ ᠭᠦᠴᠦᠨ ᠢ ᠪᠤᠢ ᠪᠤᠯᠭᠠᠨ᠎ᠠ᠃ ᠠᠮᠢ ᠠᠬᠤᠢ ᠪᠠᠷ ᠬᠤᠰᠢᠭᠤ ᠪᠠᠨ ᠲᠤᠭᠳᠠᠪᠤᠷᠢᠵᠢᠭᠤᠯᠬᠤ᠂ ᠠᠵᠤ ᠦᠢᠯᠡᠳᠪᠦᠷᠢ ᠪᠠᠷ ᠬᠤᠰᠢᠭᠤ ᠪᠠᠨ ᠭᠦᠴᠦᠷᠭᠡᠭᠵᠢᠬᠦᠯᠬᠦ᠂ ᠦᠭᠡᠷᠡᠴᠢᠯᠡᠯᠳᠡ ᠬᠢᠵᠤ ᠰᠢᠨ᠎ᠡ ᠶᠢ ᠡᠬᠦᠳᠬᠦ᠂ ᠬᠤᠳᠠ ᠬᠦᠳᠡᠭᠡ ᠶᠢ ᠵᠤᠬᠢᠴᠠᠭᠤᠯᠬᠤ ᠪᠠ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠶᠢ ᠲᠡᠷᠢᠬᠦᠨ ᠳᠤ ᠲᠠᠯᠪᠢᠬᠤ ᠶᠢ ︽ᠠᠷᠪᠠᠨ ᠭᠤᠷᠪᠠᠳᠤᠭᠠᠷ ᠲᠠᠪᠤᠨ ᠵᠢᠯ︾᠎ ᠤᠨ ᠬᠤᠭᠤᠴᠠᠭᠠᠨ ᠤ ᠬᠦᠭᠵᠢᠯᠳᠡ ᠶᠢᠨ ᠪᠠᠶᠢᠯᠳᠤᠬᠤ ᠪᠤᠳᠤᠯᠭ᠎ᠠ ᠪᠤᠯᠭᠠᠵᠤ᠂ ᠦᠭᠡᠷᠡᠴᠢᠯᠡᠯᠳᠡ ᠶᠢ ᠠᠳᠬᠤᠨ ᠭᠦᠭᠵᠢᠯᠳᠡ ᠶᠢ ᠠᠬᠢᠭᠤᠯᠬᠤ᠂ ᠲᠦᠷᠦᠯ ᠵᠦᠢᠯ ᠢ ᠠᠳᠬᠤᠨ ᠭᠡᠯᠪᠡᠷᠢ ᠶᠢᠨ ᠬᠤᠪᠢᠷᠠᠯᠳᠠ ᠶᠢ ᠠᠬᠢᠭᠤᠯᠬᠤ ᠪᠠ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠶᠢ ᠠᠳᠬᠤᠨ ᠡᠶ᠎ᠡ ᠵᠤᠬᠢᠴᠠᠯ ᠢ ᠠᠬᠢᠭᠤᠯᠬᠤ ᠶᠢ ︽ᠠᠷᠪᠠᠨ ᠭᠤᠷᠪᠠᠳᠤᠭᠠᠷ ᠲᠠᠪᠤᠨ ᠵᠢᠯ︾᠎ ᠤᠨ ᠬᠤᠭᠤᠴᠠᠭᠠᠨ ᠤ ᠠᠵᠢᠯ ᠤᠨ ᠭᠤᠤᠯ ᠰᠢᠵᠢᠮ ᠪᠤᠯᠭᠠᠵᠤ᠂ ᠵᠢᠷᠭᠤᠭᠠᠨ ᠲᠠᠯ᠎ᠠ ᠶᠢᠨ ᠠᠵᠢᠯ ᠢ ᠭᠤᠤᠯᠳᠠᠯᠭ᠎ᠠ ᠲᠠᠢ ᠰᠠᠶᠢᠳᠤᠷ ᠬᠢᠨ᠎ᠡ᠄    — — ᠪᠤᠬᠢᠷᠳᠤᠯ ᠦᠭᠡᠢ ᠲᠠᠷᠢᠶᠠᠯᠠᠩ ᠤᠨ ᠪᠦᠳᠦᠭᠡᠭᠳᠡᠭᠦᠨ ᠮᠠᠯ ᠤᠨ ᠠᠰᠢᠭ ᠰᠢᠮ᠎ᠡ ᠦᠢᠯᠡᠳᠪᠦᠷᠢᠯᠡᠵᠤ ᠪᠤᠯᠪᠠᠰᠤᠷᠠᠭᠤᠯᠤᠨ ᠭᠠᠳᠠᠭᠰᠢ ᠭᠠᠷᠭᠠᠬᠤ ᠰᠠᠭᠤᠷᠢᠨ ᠭᠠᠵᠠᠷ ᠢ ᠬᠦᠴᠦᠯᠡᠨ ᠪᠠᠶᠢᠭᠤᠯᠤᠨ᠎ᠠ᠃ ᠨᠤᠲᠤᠭ ᠪᠡᠯᠴᠢᠭᠡᠷ ᠤᠨ ᠠᠮᠢ ᠠᠬᠤᠶᠢᠴᠢ ᠮᠠᠯ ᠠᠵᠤ ᠠᠬᠤᠢ ᠶᠢ ᠲᠤᠭᠳᠠᠭᠤᠨ ᠢᠶᠠᠷ ᠬᠦᠭᠵᠢᠬᠦᠯᠵᠤ᠂ ᠭᠡᠷᠡᠭᠯᠡᠭᠡᠨ ᠤ ᠮᠡᠷᠭᠡᠵᠢᠯ ᠢ ᠲᠡᠯᠭᠡᠷᠡᠬᠦᠯᠦᠨ ᠭᠡᠷᠡᠭᠵᠢᠬᠦᠯᠬᠦ ᠶᠢ ᠴᠢᠩᠭᠠᠳᠬᠠᠵᠤ᠂ ᠰᠢᠯᠢᠳᠡᠭ ᠡᠭᠦᠯᠳᠡᠷ ᠢ ᠦᠷᠡᠵᠢᠬᠦᠯᠵᠤ ᠪᠤᠶᠢᠵᠢᠭᠤᠯᠬᠤ ᠰᠢᠰᠲ᠋ᠧᠮ ᠢ ᠪᠠᠶᠢᠭᠤᠯᠤᠨ᠎ᠠ᠃ ︽ᠲᠠᠪᠤᠨ ᠬᠡᠯᠪᠡᠷᠢ︾᠎ ᠶᠢᠨ ᠭᠡᠷ ᠪᠦᠯᠢ ᠶᠢᠨ ᠠᠮᠢ ᠠᠬᠤᠶᠢᠴᠢ ᠮᠠᠯᠵᠢᠯ ᠤᠨ ᠲᠠᠯᠠᠪᠠᠢ ᠶᠢ ᠦᠷᠭᠡᠳᠭᠡᠵᠤ᠂ ᠬᠡᠪᠴᠢᠶᠡᠵᠢᠬᠦᠯᠦᠨ ᠲᠡᠵᠢᠭᠡᠨ ᠦᠷᠡᠵᠢᠬᠦᠯᠬᠦ ᠬᠢᠷᠢ ᠲᠦᠪᠰᠢᠨ ᠢ ᠲᠡᠭᠡᠭᠰᠢᠯᠡᠬᠦᠯᠦᠨ᠎ᠡ᠃ ᠵᠠᠬ᠎ᠠ ᠲᠡᠯᠭᠡᠬᠦᠷ ᠢᠶᠠᠷ ᠤᠳᠤᠷᠢᠳᠤᠮᠵᠢ ᠪᠤᠯᠭᠠᠬᠤ ᠶᠢ ᠪᠠᠷᠢᠮᠳᠠᠯᠠᠨ᠂ ︽ᠪᠠᠷᠠᠭᠤᠨ ᠬᠤᠰᠢᠭᠤᠨ ᠤ ᠬᠤᠨᠢᠨ ᠮᠢᠬ᠎ᠠ︾᠎ ᠶᠢᠨ ᠨᠡᠷ᠎ᠡ ᠲᠡᠮᠳᠡᠭ ᠢ ᠭᠤᠤᠯᠳᠠᠯᠭ᠎ᠠ ᠲᠠᠢ ᠡᠭᠦᠳᠴᠤ᠂ ᠴᠠᠭᠠᠨ ᠢᠳᠡᠭᠡ ᠦᠢᠯᠡᠳᠪᠦᠷᠢᠯᠡᠵᠤ ᠪᠤᠯᠪᠠᠰᠤᠷᠠᠭᠤᠯᠬᠤ ᠠᠵᠤ ᠦᠢᠯᠡᠰ ᠢ ᠲᠦᠷᠭᠡᠳᠭᠡᠨ ᠭᠦᠭᠵᠢᠬᠦᠯᠦᠨ᠎ᠡ᠃ ᠡᠵᠡᠩᠨᠡᠨ ᠪᠤᠷᠤᠯᠠᠭᠤᠯᠬᠤ ᠠᠷᠭ᠎ᠠ ᠵᠠᠮ ᠢ ᠦᠷᠭᠡᠳᠭᠡᠵᠤ᠂ ᠮᠠᠯ ᠤᠨ ᠠᠰᠢᠭ ᠰᠢᠮ᠎ᠡ ᠶᠢᠨ ᠬᠤᠪᠢᠷᠠᠯᠳᠠ ᠶᠢᠨ ᠬᠡᠮᠵᠢᠶ᠎ᠡ ᠪᠤᠯᠤᠨ ᠨᠠᠷᠢᠯᠢᠭ ᠪᠤᠯᠪᠠᠰᠤᠷᠠᠭᠤᠯᠬᠤ ᠬᠢᠷᠢ ᠲᠦᠪᠰᠢᠨ ᠢ ᠲᠡᠭᠡᠭᠰᠢᠯᠡᠬᠦᠯᠵᠤ᠂ ᠲᠤᠯᠤᠭᠠᠶᠢᠯᠠᠭᠴᠢ ᠠᠵᠤ ᠠᠬᠤᠶᠢᠯᠠᠯ ᠤᠨ ᠭᠤᠤᠯᠯᠠᠭᠴᠢ ᠦᠷᠢᠰᠦᠯᠳᠦᠬᠦ ᠬᠦᠴᠦᠨ ᠢ ᠴᠢᠩᠭᠠᠳᠬᠠᠨ᠎ᠠ᠃ ᠮᠠᠯ ᠠᠵᠤ ᠠᠬᠤᠢ ᠶᠢᠨ ᠠᠵᠤ ᠦᠢᠯᠡᠰᠵᠢᠯᠳᠡ ᠶᠢᠨ ᠬᠦᠭᠵᠢᠯᠳᠡ ᠶᠢᠨ ᠬᠢᠷᠢ ᠲᠦᠪᠰᠢᠨ ᠢ ᠲᠡᠭᠡᠭᠰᠢᠯᠡᠬᠦᠯᠵᠤ᠂ ᠠᠷᠠᠰᠤ ᠰᠢᠷᠢ ᠨᠤᠤᠰᠤ ᠨᠤᠯᠤᠤᠷ ᠢ ᠲᠤᠬᠠᠢ ᠶᠢᠨ ᠭᠠᠵᠠᠷ ᠲᠠᠭᠠᠨ ᠡᠳ᠋ᠰᠢᠬᠦᠯᠦᠨ ᠪᠤᠯᠪᠠᠰᠤᠷᠠᠭᠤᠯᠬᠤ ᠪᠠ ᠲᠦᠮᠦᠰᠦ ᠶᠢ ᠨᠠᠷᠢᠯᠢᠭ ᠪᠤᠯᠪᠠᠰᠤᠷᠠᠭᠤᠯᠬᠤ ᠵᠡᠷᠭᠡ ᠠᠵᠤ ᠦᠢᠯᠡᠰ ᠢ ᠭᠤᠤᠯᠳᠠᠯᠭ᠎ᠠ ᠲᠠᠢ ᠭᠦᠭᠵᠢᠬᠦᠯᠵᠤ᠂ ︽ᠠᠵᠤ ᠠᠬᠤᠶᠢᠯᠠᠯ + ᠰᠠᠭᠤᠷᠢᠨ ᠭᠠᠵᠠᠷ + ᠮᠠᠯᠵᠢᠬᠤ ᠡᠷᠤᠭᠡ + ᠡᠵᠡᠩᠨᠡᠨ ᠪᠤᠷᠤᠯᠠᠭᠤᠯᠬᠤ + ᠵᠠᠬ᠎ᠠ ᠲᠡᠯᠭᠡᠭᠦᠷ︾᠎ ᠤᠨ ᠭᠦᠭᠵᠢᠯᠳᠡ ᠶᠢᠨ ᠭᠡᠯᠪᠡᠷᠢ ᠶᠢ ᠲᠡᠯᠭᠡᠷᠡᠬᠦᠯᠦᠨ᠎ᠡ᠃ ᠨᠡᠷ᠎ᠡ ᠲᠡᠮᠳᠡᠭ ᠢᠶᠠᠷ ᠲᠠᠶᠢᠴᠢᠯᠠᠬᠤ ᠪᠠᠶᠢᠯᠳᠤᠬᠤ ᠪᠤᠳᠤᠯᠭ᠎ᠠ ᠶᠢ ᠭᠡᠷᠡᠭᠵᠢᠬᠦᠯᠵᠤ᠂ ᠭᠠᠷᠤᠯᠳᠠ ᠶᠢᠨ ᠤᠷᠤᠨ ᠤ ᠨᠡᠷ᠎ᠡ ᠲᠡᠮᠳᠡᠭ ᠢ ᠬᠠᠮᠠᠭᠠᠯᠠᠬᠤ ᠪᠠ ᠤᠷᠭᠠᠨᠢᠭ᠂ ᠪᠤᠭᠢᠷᠳᠤᠯ ᠦᠭᠡᠢ᠂ ᠬᠤᠤᠷᠳᠠᠯ ᠦᠭᠡᠢ ᠪᠠᠶᠢᠬᠤ ᠶᠢ ᠭᠡᠷᠡᠴᠢᠯᠡᠬᠦ ᠶᠢ ᠴᠢᠩᠭᠠᠳᠬᠠᠵᠤ᠂ ᠤᠬᠢ ᠰᠢᠯᠢᠳᠡᠭ ᠲᠠᠷᠢᠶᠠᠯᠠᠩ ᠤᠨ ᠪᠦᠳᠦᠭᠡᠭᠳᠡᠭᠦᠨ ᠪᠤᠯᠤᠨ ᠮᠠᠯ ᠤᠨ ᠠᠰᠢᠭ ᠰᠢᠮ᠎ᠡ ᠶᠢ ᠲᠡᠭᠡᠳᠤ ᠲᠡᠰ ᠤᠨ ᠵᠠᠬ᠎ᠠ ᠲᠡᠯᠭᠡᠭᠦᠷ ᠲᠤ ᠤᠷᠤᠭᠤᠯᠬᠤ ᠶᠢ ᠠᠬᠢᠭᠤᠯᠤᠨ᠎ᠠ᠃ ᠡᠪᠡᠰᠤᠨ ᠤ ᠠᠵᠤ ᠦᠢᠯᠡᠰ ᠢ ᠲᠦᠷᠭᠡᠳᠭᠡᠨ ᠬᠦᠭᠵᠢᠬᠦᠯᠵᠤ᠂ ᠪᠠᠶᠢᠭᠠᠯᠢᠯᠢᠭ ᠨᠤᠳᠤᠭ ᠪᠡᠯᠴᠢᠭᠡᠷ ᠤᠨ ᠡᠪᠡᠰᠤ ᠪᠤᠷᠳᠤᠭ᠎ᠠ ᠪᠤᠯᠪᠠᠰᠤᠷᠠᠭᠤᠯᠬᠤ ᠪᠠᠷ ᠭᠤᠤᠯ ᠪᠤᠯᠭᠠᠵᠤ᠂ ᠡᠪᠡᠰᠤᠨ ᠨᠤᠨᠳᠠᠭ᠂ ᠡᠪᠡᠰᠤᠨ ᠮᠦᠬᠦᠯᠢᠭ ᠪᠠ ᠭᠡᠰᠡᠭᠯᠡᠭᠰᠡᠨ ᠡᠪᠡᠰᠦ ᠵᠡᠷᠭᠡ ᠶᠢ ᠨᠠᠷᠢᠯᠢᠭ ᠪᠤᠯᠪᠠᠰᠤᠷᠠᠭᠤᠯᠬᠤ ᠶᠢ ᠶᠡᠭᠡᠪᠡᠷ ᠲᠡᠯᠭᠡᠷᠡᠭᠦᠯᠵᠤ᠂ ᠡᠪᠡᠰᠤ ᠪᠤᠷᠳᠤᠭᠠᠨ ᠤ ᠠᠰᠢᠭᠯᠠᠯᠳᠠ ᠶᠢᠨ ᠨᠤᠷᠮ᠎ᠠ ᠶᠢ ᠲᠡᠭᠡᠭᠰᠢᠯᠡᠬᠦᠯᠦᠨ᠎ᠡ᠃    — — ᠴᠢᠯᠠᠭᠤᠨ ᠲᠤᠰᠤ᠂ ᠦᠩᠭᠡᠳᠤ ᠲᠡᠮᠦᠷᠯᠢᠭ ᠦᠢᠯᠡᠳᠪᠦᠷᠢᠯᠡᠵᠤ ᠪᠤᠯᠪᠠᠰᠤᠷᠠᠭᠤᠯᠬᠤ ᠠᠵᠤ ᠦᠢᠯᠡᠰ ᠤᠨ ᠰᠠᠭᠤᠷᠢᠨ ᠭᠠᠵᠠᠷ ᠢ ᠬᠦᠴᠦᠯᠡᠨ ᠪᠠᠶᠢᠭᠤᠯᠤᠨ᠎ᠠ ᠃ ᠠᠵᠤ ᠦᠢᠯᠡᠳᠪᠦᠷᠢ ᠶᠢᠨ ᠬᠦᠷᠢᠶᠡᠯᠡᠩ ᠤᠨ ᠭᠤᠤᠯᠯᠠᠭᠴᠢ ᠤᠷᠤᠨ ᠳᠤ ᠲᠦᠰᠢᠭᠯᠡᠨ᠂ ᠠᠵᠤ ᠦᠢᠯᠡᠰ ᠤᠨ ᠲᠠᠶᠢᠴᠢᠯᠠᠬᠤ ᠲᠠᠪᠠᠭᠤᠯᠢᠭ ᠲᠠᠢ᠂ ᠠᠵᠤ ᠦᠢᠯᠡᠰ ᠎ ᠤᠨ ᠬᠤᠯᠪᠤᠭᠳᠠᠯ ᠪᠦᠬᠦᠢ ᠨᠦᠯᠦᠭᠡ ᠲᠠᠢ ᠪᠠ ᠢᠵᠢ ᠪᠦᠷᠢᠳᠦᠭᠰᠡᠨ ᠬᠠᠮᠵᠢᠯᠴᠠᠭ᠎ᠠ ᠶᠢᠨ ᠦᠢᠯᠡᠳᠤᠯ ᠲᠠᠢ ᠲᠦᠷᠦᠯ ᠵᠦᠢᠯ ᠢ ᠬᠦᠷᠢᠶᠡᠯᠡᠩ ᠳᠤ ᠲᠠᠳᠠᠨ ᠤᠷᠤᠭᠤᠯᠵᠤ ᠂ ᠲᠠᠪᠠᠭᠤᠯᠢᠭ ᠤᠨᠴᠠᠯᠢᠭᠳᠤ ᠠᠵᠤ ᠦᠢᠯᠡᠰ ᠢ ᠬᠠᠨᠳᠤᠯᠭᠠᠳᠤ ᠴᠢᠨᠠᠷᠳᠠᠢ ᠪᠠᠷ ᠪᠤᠶᠢᠵᠢᠭᠤᠯᠤᠨ ᠬᠦᠭᠵᠢᠬᠦᠯᠵᠤ᠂ ᠤᠷᠤᠨ ᠪᠠᠶᠢᠷᠢ ᠰᠤᠯᠢᠯᠴᠠᠬᠤ ᠭᠦᠭᠵᠢᠯᠳᠡ ᠶᠢ ᠪᠦᠷᠢᠯᠳᠦᠬᠦᠯᠦᠨ᠂ ᠭᠦᠷᠢᠶᠡᠯᠡᠩ ᠲᠤᠭᠤᠷᠢᠭ ᠪᠤᠯᠤᠨ ᠠᠵᠤ ᠦᠢᠯᠡᠰ ᠤᠨ ᠰᠠᠭᠤᠷᠢᠨ ᠭᠠᠵᠠᠷ ᠢ ᠮᠠᠨ ᠤ ᠬᠤᠰᠢᠭᠤᠨ ᠤ ᠲᠦᠷᠦᠯ ᠵᠦᠢᠯ ᠢ ᠲᠠᠭᠠᠭᠠᠴᠢᠯᠠᠬᠤ ᠪᠠ ᠬᠤᠰᠢᠭᠤ ᠰᠢᠶᠠᠨ ᠤ ᠭᠡᠪᠴᠢᠶᠡᠨ ᠤ ᠠᠵᠤ ᠠᠬᠤᠢ ᠶᠢᠨ ᠭᠦᠭᠵᠢᠯᠳᠡ ᠶᠢ ᠪᠤᠵᠠᠭᠠᠶᠢᠷᠠᠭᠤᠯᠬᠤ ᠴᠢᠬᠤᠯᠠ ᠲᠠᠪᠴᠠᠩ ᠪᠠ ᠪᠦᠳᠦᠮᠵᠢᠳᠡᠢ ᠠᠴᠢᠶᠠᠯᠠᠪᠤᠷᠢ ᠪᠤᠯᠭᠠᠨ᠎ᠠ᠃ ᠲᠤᠮᠳᠠᠳᠤ ᠮᠤᠩᠭᠤᠯ ᠤᠨ ᠴᠢᠯᠠᠭᠤᠨ ᠲᠤᠰᠤ ᠬᠠᠶᠢᠨ ᠰᠢᠨᠵᠢᠵᠤ ᠨᠡᠭᠡᠭᠡᠨ ᠠᠰᠢᠭᠯᠠᠬᠤ ᠶᠢ ᠨᠢᠭᠡ ᠴᠤᠭᠴᠠᠵᠢᠭᠤᠯᠤᠨ ᠪᠦᠳᠦᠭᠡᠨ ᠪᠠᠶᠢᠭᠤᠯᠬᠤ ᠳᠤ ᠢᠳᠡᠪᠬᠢᠳᠡᠢ ᠤᠷᠤᠯᠴᠠᠨ᠂ ᠴᠢᠯᠠᠭᠤᠨ ᠲᠤᠰᠤ ᠪᠠᠶᠢᠭᠠᠯᠢ ᠶᠢᠨ ᠰᠢᠳᠠᠮᠠᠬᠠᠢ ᠭᠡᠢ ᠦᠢᠯᠡᠳᠪᠦᠷᠢᠯᠡᠨ ᠭᠠᠳᠠᠭᠰᠢ ᠭᠠᠷᠭᠠᠬᠤ ᠰᠠᠭᠤᠷᠢᠨ ᠭᠠᠵᠠᠷ ᠢ ᠲᠦᠷᠭᠡᠳᠭᠡᠨ ᠪᠠᠶᠢᠭᠤᠯᠵᠤ᠂ ᠲᠦᠬᠦᠭᠡᠢ ᠴᠢᠯᠠᠭᠤᠨ ᠲᠤᠰᠤᠨ ᠤ ᠭᠠᠷᠤᠯᠳᠠ ᠶᠢ 80 ᠲᠦᠮᠡᠨ ᠲᠤᠨ ᠳᠤ ᠭᠦᠷᠭᠡᠬᠦ ᠪᠠᠷ ᠬᠦᠴᠦᠯᠡᠨ ᠴᠢᠷᠮᠠᠶᠢᠵᠤ᠂ ᠦᠢᠯᠡᠳᠬᠦᠨ ᠤ ᠦᠷᠳᠡᠭ ᠢ 40 ᠳ᠋ᠦᠩᠰᠢᠭᠤᠷ ᠲᠦᠭᠦᠷᠢᠭ ᠲᠤ ᠬᠦᠷᠭᠡᠬᠦ ᠪᠠᠷ ᠴᠢᠷᠮᠠᠶᠢᠨ᠎ᠠ᠃ ᠦᠩᠭᠡᠳᠤ ᠲᠡᠮᠦᠷᠯᠢᠭ ᠮᠠᠯᠳᠠᠵᠤ ᠰᠢᠯᠢᠬᠦ ᠰᠠᠭᠤᠷᠢᠨ ᠭᠠᠵᠠᠷ ᠢ ᠬᠦᠴᠦᠯᠡᠨ ᠪᠠᠶᠢᠭᠤᠯᠵᠤ᠂ ᠲᠤᠮᠳᠠᠳᠤ ᠤᠯᠤᠰ ᠤᠨ ᠬᠤᠸᠠᠩ ᠶᠢᠨ ᠤᠯᠠᠨ ᠲᠡᠮᠦᠷᠯᠢᠭ ᠤᠨ ᠠᠭᠤᠷᠬᠠᠢ ᠶᠢ ᠠᠯᠬᠤᠮ ᠬᠤᠪᠢᠶᠠᠨ ᠬᠤᠷᠢᠶᠠᠨ ᠠᠪᠴᠤ ᠶᠡᠷᠤᠩᠭᠡᠶᠢᠯᠡᠨ ᠠᠰᠢᠭᠯᠠᠬᠤ ᠪᠠ ᠬᠠᠶᠢᠷᠬᠠᠨ ᠲᠤᠭᠤᠯᠭ᠎ᠠ ᠴᠠᠶᠢᠷ ᠤᠨ ᠠᠭᠤᠷᠬᠠᠢ ᠶᠢ ᠮᠠᠯᠳᠠᠵᠤ ᠰᠢᠯᠢᠬᠦ ᠲᠦᠷᠦᠯ ᠵᠦᠢᠯ ᠢ ᠭᠤᠤᠯᠳᠠᠯᠭ᠎ᠠ ᠲᠠᠢ ᠭᠡᠷᠡᠭᠵᠢᠬᠦᠯᠵᠤ᠂ ᠠᠭᠤᠷᠬᠠᠢ ᠶᠢᠨ ᠭᠠᠷᠤᠯᠳᠠ ᠮᠠᠯᠳᠠᠵᠤ ᠰᠢᠯᠢᠬᠦ ᠴᠢᠳᠠᠪᠦᠷᠢ ᠶᠢ ᠳᠡᠭᠡᠭᠰᠢᠯᠡᠬᠦᠯᠦᠨ᠂ ᠡᠳᠤᠷ ᠲᠤ ᠬᠦᠳᠡᠷ ᠰᠢᠯᠢᠬᠦ ᠬᠡᠮᠵᠢᠶ᠎ᠡ ᠶᠢ 10 ᠲᠦᠮᠡᠨ ᠲᠤᠨ ᠠᠴᠠ ᠲᠠᠪᠠᠭᠤᠯᠬᠤ ᠪᠠᠷ ᠬᠦᠴᠦᠯᠡᠨ ᠴᠢᠷᠮᠠᠶᠢᠵᠤ᠂ ᠠᠭᠤᠷᠬᠠᠢ ᠶᠢᠨ ᠨᠠᠷᠢᠯᠢᠭ ᠨᠤᠨᠳᠠᠭ ᠤᠨ ᠭᠠᠷᠤᠯᠳᠠ ᠶᠢ 35 ᠲᠦᠮᠡᠨ ᠲᠤᠨ ᠳᠤ ᠭᠦᠷᠭᠡᠵᠤ᠂ ᠦᠢᠯᠡᠳᠬᠦᠨ ᠤ ᠦᠷᠳᠡᠭ ᠢ 70 ᠳ᠋ᠦᠩᠰᠢᠭᠤᠷ ᠲᠦᠭᠦᠷᠢᠭ ᠠᠴᠠ ᠲᠡᠭᠡᠭᠰᠢ ᠳᠤ ᠬᠦᠷᠭᠡᠨ᠎ᠡ᠃   — — ᠴᠡᠪᠡᠷ ᠡᠨᠧᠷᠬᠢ ᠭᠠᠳᠠᠭᠰᠢ ᠭᠠᠷᠭᠠᠬᠤ ᠰᠠᠭᠤᠷᠢᠨ ᠭᠠᠵᠠᠷ ᠢ ᠬᠦᠴᠦᠯᠡᠨ ᠪᠠᠶᠢᠭᠤᠯᠤᠨ᠎ᠠ᠃ ᠰᠢᠨ᠎ᠡ ᠪᠠᠷ ᠮᠠᠨᠳᠦᠨ ᠬᠦᠭᠵᠢᠵᠦ ᠪᠠᠶᠢᠭ᠎ᠠ ᠠᠵᠤ ᠦᠢᠯᠡᠰ ᠢ ᠬᠦᠴᠦᠯᠡᠨ‌‍ᠪᠤᠶᠢᠵᠢᠭᠤᠯᠵᠦ᠂ ᠴᠡᠪᠡᠷ ᠡᠨᠧᠷᠬᠢ ᠶᠢᠨ ᠨᠡᠭᠡᠭᠡᠨ ᠠᠰᠢᠭᠯᠠᠯᠳᠠ ᠶᠢ ᠶᠡᠭᠡᠪᠡᠷ ᠠᠬᠢᠭᠤᠯᠤᠨ᠎ᠠ᠃ ᠮᠠᠨ ᠤ ᠬᠤᠰᠢᠭᠤᠨ ᠤ ᠰᠢᠯᠢᠳᠡᠭ ᠰᠠᠶᠢᠨ ᠰᠠᠯᠬᠢᠨ ᠡᠨᠧᠷᠬᠢ ᠎ ᠶᠢᠨ ᠡᠬᠢ ᠪᠠᠶᠠᠯᠢᠭ ᠢ ᠬᠦᠢᠴᠡᠳ ᠠᠰᠢᠭᠯᠠᠵᠤ᠂ ᠪᠤᠳᠠᠳᠤ ᠬᠦᠴᠦᠨ ᠢᠶᠠᠷ ᠴᠢᠩᠭ᠎ᠠ ᠠᠵᠤ ᠠᠬᠤᠶᠢᠯᠠᠯ ᠯᠤᠭ᠎ᠠ ᠬᠠᠮᠳᠤᠷᠠᠨ ᠠᠵᠢᠯᠯᠠᠬᠤ ᠶᠢ ᠴᠢᠩᠭᠠᠳᠬᠠᠨ᠂ ᠰᠠᠯᠬᠢᠨ ᠡᠨᠧᠷᠬᠢ ᠶᠢᠨ ᠮᠠᠰᠢᠨ ᠴᠤᠭᠴᠠᠯᠠᠪᠤᠷᠢ ᠶᠢᠨ ᠪᠠᠭᠳᠠᠭᠠᠮᠵᠢ ᠶᠢ ᠴᠢᠨᠠᠭᠰᠢᠳᠠ ᠦᠷᠭᠡᠳᠭᠡᠵᠤ᠂ 200 ᠲᠦᠮᠡᠨ ᠺᠢᠯᠤᠸᠠᠲ ᠤᠨ ᠰᠠᠯᠬᠢᠨ ᠬᠦᠴᠦᠨ ᠤ ᠴᠠᠬᠢᠯᠭᠠᠨ ᠤ ᠲᠦᠷᠦᠯ ᠵᠦᠢᠯ ᠢ ᠰᠦᠪᠡᠭᠴᠢᠯᠡᠨ ᠭᠡᠷᠡᠭᠵᠢᠬᠦᠯᠦᠨ᠎ᠡ᠃ ᠲᠤᠰᠤ ᠪᠠ ᠬᠡᠢ ᠬᠤᠯᠢᠯᠳᠤᠭᠰᠠᠨ ᠡᠬᠢ ᠪᠠᠶᠠᠯᠢᠭ ᠢ ᠲᠦᠷᠭᠡᠳᠭᠡᠨ ᠠᠰᠢᠭᠯᠠᠵᠤ᠂ ᠪᠠᠶᠢᠭᠠᠯᠢ ᠶᠢᠨ ᠰᠢᠳᠠᠮᠠᠬᠠᠢ ᠭᠡᠢ ᠶᠢ ᠡᠮᠬᠢ ᠴᠡᠭᠴᠡ ᠲᠠᠢ ᠨᠡᠭᠡᠭᠡᠨ᠂ ᠪᠠᠶᠢᠭᠠᠯᠢ ᠶᠢᠨ ᠰᠢᠳᠠᠮᠠᠬᠠᠢ ᠭᠡᠢ ᠬᠠᠩᠭᠠᠬᠤ ᠲᠤᠮᠤ ᠬᠡᠯᠪᠡᠷᠢ ᠶᠢᠨ ᠲᠤᠨᠤᠭ ᠲᠦᠭᠦᠭᠡᠷᠤᠮᠵᠢ ᠶᠢ ᠪᠦᠳᠦᠭᠡᠨ ᠪᠠᠶᠢᠭᠤᠯᠵᠤ᠂ ᠬᠠᠮᠤᠭ ᠡᠴᠤᠰ ᠲᠡᠭᠡᠨ ᠠᠷᠠᠳ ᠤᠨ ᠭᠡᠷᠡᠭᠯᠡᠭᠡᠨ ᠤ ᠵᠠᠬ᠎ᠠ ᠲᠡᠯᠭᠡᠭᠦᠷ ᠢᠶᠠᠷ ᠭᠤᠤᠯᠯᠠᠭᠤᠯᠵᠦ᠂ ᠤᠶᠢᠷ᠎ᠠ ᠬᠠᠪᠢ ᠶᠢᠨ 300 ᠺᠢᠯᠤᠮᠧᠲᠷ ᠭᠠᠵᠠᠷ ᠲᠤ ᠦᠢᠯᠡᠴᠢᠯᠡᠬᠦ ᠪᠠᠶᠢᠭᠠᠯᠢ ᠶᠢᠨ ᠰᠢᠳᠠᠮᠠᠬᠠᠢ ᠬᠡᠢ ᠬᠠᠩᠭᠠᠬᠤ ᠪᠦᠳᠦᠴᠡ ᠶᠢ ᠪᠦᠷᠢᠯᠳᠦᠬᠦᠯᠦᠨ᠎ᠡ᠃    — — ᠲᠠᠯ᠎ᠠ ᠨᠤᠳᠤᠭ ᠤᠨ ᠰᠤᠶᠤᠯ ᠢ ᠭᠠᠶᠢᠬᠠᠭᠤᠯᠵᠤ᠂ ᠤᠮᠠᠷᠠᠳᠤ ᠬᠢᠯᠢ ᠶᠢᠨ ᠦᠪᠡᠷᠮᠢᠴᠡ ᠤᠨᠴᠠᠯᠢᠭ ᠢ ᠬᠠᠳᠠᠭᠠᠯᠠᠭᠰᠠᠨ ᠵᠤᠭᠠᠴᠠᠨ ᠰᠡᠯᠡᠬᠦᠴᠡᠬᠦ ᠰᠠᠭᠤᠷᠢᠨ ᠭᠠᠵᠠᠷ ᠢ ᠬᠦᠴᠦᠯᠡᠨ ᠪᠠᠶᠢᠭᠤᠯᠤᠨ᠎ᠠ᠃ ᠬᠤᠳᠠ ᠶᠢᠨ ᠰᠠᠭᠤᠷᠢ ᠪᠦᠳᠦᠭᠡᠨ ᠪᠠᠶᠢᠭᠤᠯᠤᠯᠳᠠ ᠶᠢ ᠲᠦᠷᠭᠡᠳᠭᠡᠵᠤ᠂ ᠬᠤᠳᠠ ᠪᠠᠯᠭᠠᠰᠤᠨ ᠤ ᠭᠦᠭᠵᠢᠯᠳᠡ ᠶᠢᠨ ᠤᠷᠤᠨ ᠵᠠᠢ ᠶᠢ ᠦᠷᠭᠡᠳᠭᠡᠨ᠂ ᠬᠦᠮᠦᠨ ᠠᠮᠠ ᠶᠢ ᠲᠦᠪ ᠬᠤᠳᠠ ᠪᠠᠯᠭᠠᠰᠤ ᠲᠡᠰᠢ ᠲᠦᠪᠯᠡᠷᠡᠬᠦᠯᠵᠦ᠂ ᠲᠦᠪ ᠬᠤᠳᠠ ᠪᠠᠯᠭᠠᠰᠤᠨ ᠤ ᠨᠦᠯᠦᠭᠡᠯᠡᠯ ᠤᠨ ᠬᠦᠴᠦᠨ ᠢ ᠲᠡᠭᠡᠭᠰᠢᠯᠡᠬᠦᠯᠦᠨ᠎ᠡ᠃ ᠭᠠᠴᠠᠭᠠᠨ ᠤ ᠢᠵᠢ ᠪᠦᠷᠢᠳᠦᠭᠰᠡᠨ ᠦᠢᠯᠡᠴᠢᠯᠡᠭᠡᠨ ᠤ ᠲᠦᠭᠦᠭᠡᠷᠤᠮᠵᠢ ᠶᠢᠨ ᠪᠦᠳᠦᠭᠡᠨ ᠪᠠᠶᠢᠭᠤᠯᠤᠯᠳᠠ ᠶᠢ ᠲᠦᠷᠭᠡᠳᠭᠡᠵᠤ᠂ ᠮᠠᠯᠴᠢᠳ ᠤᠨ ᠠᠮᠢᠳᠤᠷᠠᠯ ᠤᠨ ᠨᠦᠬᠦᠴᠡᠯ ᠢ ᠰᠠᠶᠢᠵᠢᠷᠠᠭᠤᠯᠤᠨ᠎ᠠ᠃ ᠬᠤᠳᠠ ᠪᠠᠯᠭᠠᠰᠤ ᠶᠢᠨ ᠶᠡᠷᠤᠩᠭᠡᠢ ᠲᠠᠭᠠᠭᠠᠴᠠ ᠶᠢᠨ ᠬᠡᠮᠵᠢᠶ᠎ᠡ ᠶᠢ ᠲᠡᠭᠡᠭᠰᠢᠯᠡᠬᠦᠯᠵᠤ᠂ ᠨᠢᠬᠡ ᠪᠦᠯᠦᠭ ᠵᠡᠭᠡᠯᠢ ᠭᠤᠳᠤᠮᠵᠢ᠂ ᠢᠯᠴᠢ ᠬᠠᠩᠭᠠᠬᠤ᠂ ᠤᠰᠤ ᠬᠠᠩᠭᠠᠵᠤ ᠭᠠᠳᠠᠭᠰᠢᠯᠠᠭᠤᠯᠬᠤ᠂ ᠴᠠᠬᠢᠯᠭᠠᠨ ᠬᠠᠩᠭᠠᠬᠤ ᠪᠠ ᠴᠢᠮᠡᠭᠡ ᠨᠡᠪᠳᠡᠷᠡᠬᠦᠯᠭᠡ ᠶᠢᠨ ᠲᠦᠷᠦᠯ ᠵᠦᠢᠯ ᠢ ᠰᠢᠨ᠎ᠡ ᠪᠠᠷ ᠪᠠᠶᠢᠭᠤᠯᠬᠤ᠂ ᠦᠭᠡᠷᠡᠴᠢᠯᠡᠨ ᠪᠠᠶᠢᠭᠤᠯᠬᠤ ᠪᠠ ᠦᠷᠭᠡᠳᠭᠡᠨ ᠪᠠᠶᠢᠭᠤᠯᠦᠨ᠎ᠡ᠃ ᠵᠤᠭᠠᠴᠠᠯ ᠤᠨ ᠠᠵᠤ ᠦᠢᠯᠡᠰ ᠢ ᠪᠤᠵᠠᠭᠠᠶᠢᠷᠠᠭᠤᠯᠵᠤ᠂ ᠲᠠᠯ᠎ᠠ ᠨᠤᠳᠤᠭ ᠤᠨ ᠠᠮᠢ ᠠᠬᠤᠢ᠂ ᠲᠡᠤᠬᠡ ᠰᠤᠶᠤᠯ ᠪᠠ ᠦᠨᠳᠤᠰᠦᠳᠡᠨ ᠤ ᠵᠠᠩ ᠦᠢᠯᠡ ᠶᠢᠨ ᠭᠤᠤᠯ ᠰᠡᠳᠤᠪ ᠢ ᠲᠤᠪᠤᠶᠢᠯᠭᠠᠵᠤ᠂ ᠠᠮᠢ ᠠᠬᠤᠢ᠂ ᠵᠠᠩ ᠦᠢᠯᠡ᠂ ᠰᠤᠶᠤᠯ ᠢᠷᠭᠡᠨᠰᠢᠯ᠂ ᠬᠢᠯᠢ ᠬᠢᠵᠠᠭᠠᠷ ᠪᠠ ᠠᠵᠤ ᠦᠢᠯᠡᠳᠪᠦᠷᠢ ᠵᠡᠷᠭᠡ ᠲᠠᠪᠤᠨ ᠲᠤᠮᠤ ᠵᠤᠭᠠᠴᠠᠯ ᠤᠨ ᠰᠢᠷᠢᠰ ᠪᠦᠳᠦᠭᠡᠭᠳᠡᠭᠦᠨ ᠢ ᠶᠡᠷᠤᠩᠭᠡᠶᠢᠯᠡᠨ ᠨᠡᠭᠡᠭᠡᠨ ᠠᠰᠢᠭᠯᠠᠵᠤ᠂ ᠪᠤᠭᠳᠠᠠᠭᠤᠯᠠ᠂ ᠬᠦᠯᠦᠨ ᠨᠠᠭᠤᠷ᠂ ᠪᠤᠶᠢᠷ ᠨᠠᠭᠤᠷ᠂ ᠠᠷᠤᠬᠠᠰᠢᠶᠠᠳᠤ ᠪᠤᠭᠤᠮᠳᠠ ᠪᠠ ᠦᠨᠡᠭᠡᠳᠦ ᠶᠢᠨ ᠠᠭᠤᠷᠬᠠᠢ ᠶᠢᠨ ᠠᠵᠤ ᠦᠢᠯᠡᠳᠪᠦᠷᠢ ᠶᠢᠨ ᠭᠦᠷᠢᠶᠡᠯᠡᠩ ᠵᠡᠷᠭᠡ ᠵᠤᠭᠠᠴᠠᠯ ᠤᠨ ᠦᠵᠡᠮᠵᠢᠳᠤ ᠤᠷᠤᠨ ᠢ ᠭᠤᠤᠯᠳᠠᠯᠭ᠎ᠠ ᠲᠠᠢ ᠪᠠᠶᠢᠭᠤᠯᠤᠨ᠎ᠠ᠃ ᠤᠳᠤ ᠦᠶ᠎ᠡ ᠶᠢᠨ ᠤᠶᠤᠨᠴᠢ ᠵᠤᠭᠠᠴᠠᠯ ᠤᠨ ᠤᠨᠴᠠᠯᠢᠭ ᠲᠤ ᠲᠤᠬᠢᠷᠠᠭᠰᠠᠨ ᠰᠤᠳᠤᠨ ᠵᠠᠮ ᠱᠤᠭᠤᠮ ᠢ ᠢᠳᠡᠪᠬᠢᠳᠡᠢ ᠨᠡᠭᠡᠭᠡᠵᠤ᠂ ᠤᠶᠢᠷ᠎ᠠ ᠬᠠᠪᠢ ᠶᠢᠨ ᠵᠤᠭᠠᠴᠠᠯ ᠤᠨ ᠦᠢᠯᠡᠰ ᠬᠦᠭᠵᠢᠭᠰᠡᠨ ᠬᠤᠳᠠ ᠪᠠᠷ ᠲᠦᠰᠢᠭ ᠪᠤᠯᠭᠠᠭᠰᠠᠨ᠂ ᠭᠤᠤᠯᠳᠠᠯᠭ᠎ᠠ ᠨᠢ ᠲᠤᠪᠤᠶᠢᠮ᠎ᠠ᠂ ᠪᠦᠭᠦ ᠲᠠᠯ᠎ᠠ ᠪᠠᠷ ᠭᠦᠭᠵᠢᠭᠰᠡᠨ ᠵᠤᠭᠠᠴᠠᠯ ᠤᠨ ᠠᠵᠤ ᠦᠢᠯᠡᠰ ᠤᠨ ᠪᠦᠳᠦᠴᠡ ᠶᠢ ᠪᠦᠷᠢᠯᠳᠦᠬᠦᠯᠦᠨ᠎ᠡ᠃ 2020 ᠤᠨ ᠪᠤᠯᠳᠠᠯ᠎ᠠ᠂ ᠲᠤᠰᠬᠠᠢ ᠵᠢᠭᠤᠯᠴᠢᠨ ᠳᠤ ᠦᠢᠯᠡᠴᠢᠯᠡᠬᠦ ᠭᠠᠵᠠᠷ ᠢ 4 ᠤᠷᠢᠨ ᠤᠷᠤᠭᠤᠯᠵᠤ᠂ ᠵᠤᠭᠠᠴᠠᠯ ᠤᠨ ᠶᠡᠷᠤᠩᠭᠡᠢ ᠤᠷᠤᠯᠭ᠎ᠠ ᠶᠢ 5 ᠳ᠋ᠦᠩᠰᠢᠭᠤᠷ ᠲᠦᠭᠦᠷᠢᠭ ᠠᠴᠠ ᠲᠠᠪᠠᠭᠤᠯᠬᠤ ᠪᠠᠷ ᠴᠢᠷᠮᠠᠶᠢᠨ᠎ᠠ᠃   — — ᠤᠮᠠᠷᠠᠰᠢ ᠨᠡᠭᠡᠭᠡᠯᠳᠡ ᠬᠢᠭᠦ ᠴᠢᠬᠤᠯᠠ ᠬᠦᠬᠦᠷᠭᠡᠨ ᠪᠠᠬᠢᠯᠡᠯᠳᠡ ᠶᠢ ᠬᠦᠴᠦᠯᠡᠨ ᠪᠠᠶᠢᠭᠤᠯᠤᠨ᠎ᠠ᠃ ᠬᠢᠯᠢ ᠲᠠᠭᠠᠤ ᠨᠡᠭᠡᠭᠡᠯᠳᠡ ᠬᠢᠵᠤ ᠴᠢᠯᠦᠭᠡᠳᠡᠢ ᠪᠤᠯᠭᠠᠬᠤ ᠎ ᠶᠢ ᠤᠯᠤᠰ ᠠᠴᠠ ᠲᠡᠮᠵᠢᠵᠤ ᠪᠠᠶᠢᠭ᠎ᠠ ᠠᠰᠢᠭᠳᠠᠢ ᠲᠤᠭᠢᠶᠠᠯ ᠢ ᠠᠳᠬᠤᠨ᠂ ︽ᠨᠢᠬᠡ ᠪᠦᠰᠡ ᠨᠢᠭᠡ ᠵᠠᠮ︾᠎ ᠤᠨ ᠪᠠᠶᠢᠯᠳᠤᠬᠤ ᠪᠤᠳᠤᠯᠭ᠎ᠠ ᠶᠢᠨ ᠬᠦᠷᠢᠶ᠎ᠡ ᠬᠡᠪᠴᠢᠶᠡᠨ ᠎ ᠳᠤ ᠰᠠᠨᠠᠭᠠᠴᠢᠯᠠᠭ᠎ᠠ ᠠᠴᠠ ᠪᠠᠨ ᠤᠷᠤᠯᠴᠠᠵᠦ᠂ ᠨᠡᠭᠡᠭᠡᠯᠳᠡ ᠬᠢᠵᠤ ᠴᠢᠯᠦᠭᠡᠳᠡᠢ ᠪᠤᠯᠭᠠᠬᠤ ᠰᠢᠨ᠎ᠡ ᠪᠠᠶᠢᠳᠠᠯ ᠢ ᠴᠢᠷᠮᠠᠶᠢᠨ ᠡᠭᠦᠳᠦᠨ᠎ᠡ᠃ ᠬᠦᠷᠰᠢ ᠵᠡᠷᠭᠡᠯᠡᠳᠡᠭᠡ ᠭᠠᠵᠠᠷ ᠤᠷᠤᠨ ᠤ ᠬᠤᠭᠤᠷᠤᠨᠳᠤᠭᠢ ᠬᠤᠯᠪᠤᠭᠠᠯᠠᠨ ᠭᠦᠳᠡᠯᠦᠯᠴᠡᠬᠦ ᠬᠦᠭᠵᠢᠯᠳᠡ ᠶᠢ ᠴᠢᠩᠭᠠᠳᠬᠠᠨ᠎ᠠ᠃ ᠰᠢᠨ᠎ᠡ ᠪᠠᠷᠭᠤ ᠵᠡᠬᠦᠨ ᠬᠤᠰᠢᠭᠤ᠂ ᠮᠠᠨᠵᠤᠤᠷ ᠬᠤᠳᠠ ᠵᠡᠷᠭᠡ ᠤᠶᠢᠷ᠎ᠠ ᠬᠠᠪᠢ ᠶᠢᠨ ᠤᠷᠤᠨ ᠲᠤᠭᠤᠷᠢᠭ ᠯᠤᠭ᠎ᠠ ᠲᠤᠰᠬᠠᠢ ᠮᠡᠷᠭᠡᠵᠢᠯ᠂ ᠮᠠᠲ᠋ᠧᠷᠢᠶᠠᠯ ᠪᠤᠯᠪᠠᠰᠤᠷᠠᠭᠤᠯᠬᠤ᠂ ᠠᠩᠬᠠᠨ ᠤ ᠪᠦᠳᠦᠭᠡᠭᠳᠡᠬᠦᠨ ᠤᠷᠤᠭᠤᠯᠵᠤ ᠭᠠᠷᠭᠠᠬᠤ ᠪᠠ ᠠᠷᠠᠯᠵᠢᠶ᠎ᠠ ᠬᠤᠳᠠᠯᠳᠤᠭ᠎ᠠ ᠵᠡᠷᠭᠡ ᠲᠠᠯ᠎ᠠ ᠪᠠᠷ ᠢᠳᠡᠪᠬᠢᠳᠡᠢ ᠪᠦᠭᠡᠳ ᠦᠨᠡᠨ ᠪᠤᠳᠠᠳᠠᠢ ᠰᠤᠯᠢᠯᠴᠠᠭ᠎ᠠ ᠬᠠᠮᠳᠤᠷᠠᠯᠴᠠᠭ᠎ᠠ ᠬᠢᠵᠤ᠂ ᠬᠠᠮᠳᠤᠷᠠᠨ ᠠᠵᠢᠯᠯᠠᠵᠤ ᠬᠠᠮᠳᠤᠪᠡᠷ ᠢᠯᠠᠨ᠎ᠡ᠃ ᠮᠠᠨᠵᠤᠤᠷ ᠬᠤᠳᠠ ᠤᠯᠤᠰ ᠤᠨ ᠭᠤᠤᠯᠳᠠᠯᠭ᠎ᠠ ᠲᠠᠢ ᠨᠡᠭᠡᠭᠡᠯᠳᠡ ᠬᠢᠵᠤ ᠴᠢᠯᠦᠭᠡᠳᠡᠢ ᠪᠤᠯᠭᠠᠬᠤ ᠲᠤᠷᠰᠢᠯᠳᠠ ᠶᠢᠨ ᠤᠷᠤᠨ ᠪᠤᠯᠤᠭᠰᠠᠨ ᠨᠠᠨᠳᠢᠨ ᠲᠤᠬᠢᠶᠠᠯ ᠎ ᠢ ᠡᠵᠡᠮᠳᠡᠨ᠂ ᠮᠠᠨᠵᠤᠤᠷ ᠪᠠᠷᠠᠭᠤᠨ ᠬᠤᠰᠢᠭᠤᠨ ᠤ ᠠᠵᠤ ᠦᠢᠯᠡᠳᠪᠦᠷᠢ ᠶᠢᠨ ᠬᠦᠷᠢᠶᠡᠯᠡᠩ ᠤᠨ ᠪᠦᠳᠦᠭᠡᠨ ᠪᠠᠶᠢᠭᠤᠯᠤᠯᠳᠠ ᠶᠢ ᠠᠬᠢᠭᠤᠯᠵᠤ᠂ ᠲᠤᠮᠳᠠᠳᠤ ᠤᠷᠤᠰ ᠮᠤᠩᠭᠤᠯ ᠤᠨ ᠦᠪᠡᠷᠮᠢᠴᠡ ᠤᠨᠴᠠᠯᠢᠭᠳᠤ ᠬᠢᠯᠢ ᠶᠢᠨ ᠠᠵᠤ ᠠᠬᠤᠢ ᠶᠢᠨ ᠬᠤᠩᠬᠢᠯ ᠢ ᠪᠠᠶᠢᠭᠤᠯᠤᠨ᠎ᠠ᠃ ᠤᠷᠤᠰ ᠮᠤᠩᠭᠤᠯ ᠯᠤᠭ᠎ᠠ ᠶᠢᠨ ᠰᠤᠯᠢᠯᠴᠠᠭ᠎ᠠ ᠬᠠᠮᠳᠤᠷᠠᠯᠴᠠᠭ᠎ᠠ ᠶᠢ ᠬᠦᠨᠵᠡᠭᠡᠶᠢᠷᠡᠬᠦᠯᠵᠤ᠂ ᠠᠷᠤᠬᠠᠰᠢᠶᠠᠳᠤ ᠪᠤᠭᠤᠮᠳᠠ ᠶᠢᠨ ᠬᠢᠯᠢ ᠶᠢᠨ ᠠᠵᠤ ᠠᠬᠤᠢ ᠶᠢᠨ ᠬᠠᠮᠳᠤᠷᠠᠯᠴᠠᠭᠠᠨ ᠤ ᠤᠷᠤᠨ ᠢ ᠲᠡᠭᠡᠭᠰᠢ ᠮᠡᠳᠡᠭᠦᠯᠬᠦ ᠪᠠ ᠪᠦᠳᠦᠭᠡᠨ ᠪᠠᠶᠢᠭᠤᠯᠬᠤ ᠶᠢ ᠲᠦᠷᠭᠡᠳᠭᠡᠨ᠎ᠡ᠃ ︽ᠭᠠᠷᠴᠤ ᠶᠠᠪᠤᠬᠤ︾ ᠪᠠᠶᠢᠯᠳᠤᠬᠤ ᠪᠤᠳᠤᠯᠭ᠎ᠠ ᠶᠢ ᠶᠡᠭᠡᠪᠡᠷ ᠭᠡᠷᠡᠭᠵᠢᠬᠦᠯᠵᠤ᠂ ᠨᠦᠬᠦᠴᠡᠯ ᠲᠠᠢ ᠠᠵᠤ ᠠᠬᠤᠶᠢᠯᠠᠯ ᠎ ᠤᠨ ᠤᠷᠤᠰ ᠮᠤᠩᠭᠤᠯ ᠳᠤ ᠤᠴᠢᠵᠦ ᠬᠢᠯᠢ ᠶᠢᠨ ᠭᠠᠳᠠᠨᠠᠬᠢ ᠦᠢᠯᠡᠳᠪᠦᠷᠢᠯᠡᠯ ᠤᠨ ᠰᠠᠭᠤᠷᠢᠨ ᠭᠠᠵᠠᠷ ᠪᠠᠶᠢᠭᠤᠯᠬᠤ ᠶᠢ ᠵᠤᠷᠢᠭᠵᠢᠭᠤᠯᠤᠨ᠎ᠠ᠃ ᠲᠤᠮᠳᠠᠳᠤ ᠮᠤᠩᠭᠤᠯ ᠎ ᠤᠨ ᠬᠢᠯᠢ ᠠᠯᠤᠰᠯᠠᠭᠰᠠᠨ ᠲᠡᠮᠤᠷ ᠵᠠᠮ ᠪᠠ ᠵᠠᠰᠠᠮᠠᠯ ᠵᠠᠮ ᠤᠨ ᠪᠦᠳᠦᠭᠡᠨ ᠪᠠᠶᠢᠭᠤᠯᠤᠯᠳᠠ ᠶᠢ ᠢᠳᠡᠪᠬᠢᠳᠡᠢ ᠠᠬᠢᠭᠤᠯᠵᠤ᠂ ᠬᠠᠷᠢᠯᠴᠠᠵᠤ ᠨᠡᠪᠳᠡᠷᠡᠯᠴᠡᠬᠦ ᠨᠦᠬᠦᠴᠡᠯ ᠢ ᠰᠠᠶᠢᠵᠢᠷᠠᠭᠤᠯᠤᠨ᠎ᠠ᠃    — — ᠮᠠᠨ ᠤ ᠤᠯᠤᠰ ᠤᠨ ᠤᠮᠠᠷᠠᠳᠤ ᠤᠷᠤᠨ ᠤ ᠠᠮᠢ ᠠᠬᠤᠢ ᠶᠢᠨ ᠠᠮᠤᠷ ᠲᠦᠪᠰᠢᠨ ᠤ ᠴᠢᠬᠤᠯᠠ ᠬᠠᠯᠬᠠᠪᠴᠢ ᠶᠢ ᠬᠦᠴᠦᠯᠡᠨ ᠪᠠᠶᠢᠭᠤᠯᠤᠨ᠎ᠠ᠃ ᠭᠤᠶᠢᠳᠠ ᠰᠠᠶᠢᠬᠠᠨ ᠤᠷᠴᠢᠨ ᠲᠤᠭᠤᠷᠢᠨ ᠪᠤᠯ ᠰᠢᠨ᠎ᠡ ᠪᠠᠷᠭᠤ ᠪᠠᠷᠠᠭᠤᠨ ᠬᠤᠰᠢᠭᠤᠨ ᠤ ᠬᠠᠮᠤᠭ ᠤᠨ ᠶᠡᠭᠡ ᠲᠠᠪᠠᠭᠤᠯᠢᠭ ᠪᠤᠯᠤᠨ᠎ᠠ᠂ ᠪᠢᠳᠡ ᠡᠷᠭᠡᠪᠰᠢ ᠡᠨᠡᠬᠦ ᠭᠡᠭᠡᠨᠴᠢᠷ ᠰᠠᠶᠢᠬᠠᠨ ᠨᠡᠷ᠎ᠡ ᠶᠢᠨ ᠬᠠᠭᠤᠳᠠᠰᠤ ᠶᠢ ᠰᠠᠶᠢᠳᠤᠷ ᠬᠠᠮᠠᠭᠠᠯᠠᠵᠤ ᠰᠠᠶᠢᠳᠤᠷ ᠠᠰᠢᠭᠯᠠᠬᠤ ᠭᠡᠷᠡᠭᠳᠡᠢ᠃ ︽ᠬᠦᠭᠡ ᠠᠭᠤᠯᠠ ᠬᠦᠭᠡᠮᠳᠤᠭ᠌ ᠤᠰᠤ ᠪᠤᠯ ᠲᠠᠷᠤᠢ ᠠᠯᠳᠠ ᠮᠦᠩᠬᠦ ᠮᠦᠨ︾ ᠭᠡᠰᠡᠨ ᠤᠶᠢᠯᠠᠭᠠᠭᠳᠠᠬᠤᠨ ᠢ ᠪᠠᠳᠤ ᠪᠠᠬᠢ ᠪᠤᠢ ᠪᠤᠯᠭᠠᠵᠤ᠂ ᠡᠯᠡᠰᠤᠷᠭᠡᠭ ᠭᠠᠵᠠᠷ ᠢ ᠶᠡᠷᠤᠩᠭᠡᠶᠢᠯᠡᠨ ᠵᠠᠰᠠᠬᠤ᠂ ᠪᠡᠯᠴᠢᠭᠡᠷᠯᠡᠬᠦ ᠶᠢ ᠵᠤᠭᠰᠤᠭᠠᠨ ᠨᠤᠳᠤᠭ ᠪᠡᠯᠴᠢᠭᠡᠷ ᠢ ᠰᠡᠷᠬᠦᠭᠡᠬᠦ ᠵᠡᠷᠭᠡ ᠭᠤᠤᠯᠳᠠᠯᠭ᠎ᠠ ᠲᠠᠢ ᠠᠮᠢ ᠠᠬᠤᠢ ᠶᠢᠨ ᠪᠦᠳᠦᠭᠡᠨ ᠪᠠᠶᠢᠭᠤᠯᠤᠯᠳᠠ ᠶᠢᠨ ᠢᠨᠵᠧᠨᠧᠷᠢᠩ ᠢ ᠶᠡᠭᠡᠪᠡᠷ ᠭᠡᠷᠡᠭᠵᠢᠬᠦᠯᠦᠨ᠎ᠡ᠃ ᠦᠷᠬᠦᠯᠵᠢᠬᠦᠶᠢᠴᠡ ᠭᠦᠭᠵᠢᠯᠳᠡ ᠶᠢᠨ ᠵᠠᠮ ᠢᠶᠠᠷ ᠵᠠᠮᠨᠠᠬᠤ ᠶᠢ ᠪᠠᠷᠢᠮᠳᠠᠯᠠᠵᠤ᠂ ᠲᠦᠷᠦᠯ ᠵᠦᠢᠯ ᠤᠷᠤᠭᠤᠯᠵᠦ ᠢᠷᠡᠬᠦ ᠵᠦᠪᠰᠢᠶᠡᠷᠡᠯ ᠢ ᠲᠦᠪ ᠴᠢᠩᠭ᠎ᠠ ᠪᠤᠯᠭᠠᠵᠦ᠂ ᠡᠨᠧᠷᠬᠢ ᠶᠢ ᠠᠷᠪᠢᠯᠠᠨ ᠪᠤᠭᠢᠷᠳᠤᠯ ᠢ ᠪᠠᠭᠠᠰᠬᠠᠬᠤ ᠶᠢ ᠲᠤᠪᠤᠶᠢᠯᠭᠠᠨ ᠰᠠᠶᠢᠳᠤᠷ ᠠᠳᠬᠤᠵᠤ᠂ ᠤᠷᠴᠢᠨ ᠲᠤᠭᠤᠷᠢᠨ ᠤ ᠨᠦᠬᠦᠴᠡᠯ ᠳᠤ ᠬᠦᠷᠬᠦ ᠵᠦᠪᠰᠢᠶᠡᠷᠡᠯ ᠤᠨ ᠱᠠᠭᠠᠷᠳᠠᠯᠭ᠎ᠠ ᠶᠢ ᠲᠡᠭᠡᠭᠰᠢᠯᠡᠬᠦᠯᠵᠤ᠂ ︽ᠬᠤᠶᠠᠷ ᠦᠨᠳᠤᠷ ᠨᠢᠭᠡ ᠲᠤᠤᠷ᠎ᠠ︾ ᠪᠠᠶᠢᠬᠤ ᠶᠢ ᠡᠷᠡᠰ ᠬᠤᠷᠢᠭᠯᠠᠨ᠎ᠠ᠃ ᠮᠠᠯᠵᠢᠬᠤ ᠳᠠᠷᠢᠶᠠᠯᠠᠬᠤ ᠤᠷᠤᠨ ᠤ ᠠᠶᠤᠯᠬᠦᠢ ᠤᠰᠤ ᠤᠮᠳᠠ᠂ ᠤᠰᠤ ᠠᠷᠪᠢᠯᠠᠬᠤ ᠤᠰᠤᠯᠠᠯᠳᠠ᠂ ᠠᠯᠳ᠋ᠬᠠᠮᠡᠭᠡᠯ ᠪᠠᠯᠭᠠᠰᠤᠨ ᠤ ᠦᠶᠡᠷ ᠢ ᠰᠡᠷᠭᠡᠶᠢᠯᠡᠬᠦ᠂ ᠲᠦᠪᠯᠡᠷᠡᠭᠦᠯᠦᠨ ᠤᠰᠤ ᠬᠠᠩᠭᠠᠬᠤ ᠵᠡᠷᠭᠡ ᠢᠨᠵᠧᠨᠧᠷᠢᠩ ᠢ ᠠᠬᠢᠭᠤᠯᠵᠤ᠂ ᠬᠦᠮᠦᠨ ᠮᠠᠯ ᠤᠨ ᠠᠶᠤᠯᠭᠦᠢ ᠤᠰᠤ ᠤᠮᠳᠠ ᠶᠢᠨ ᠠᠰᠠᠭᠤᠳᠠᠯ ᠢ ᠰᠢᠢᠳᠪᠦᠷᠢᠯᠡᠨ᠎ᠡ᠃ ᠳᠤᠮᠳᠠ ᠵᠢᠵᠢᠭ ᠭᠤᠤᠯ ᠪᠠ ᠤᠷᠤᠰᠬᠠᠯ ᠢ ᠴᠡᠭᠴᠡᠯᠡᠨ ᠵᠠᠰᠠᠬᠤ ᠎ ᠶᠢ ᠰᠠᠶᠢᠳᠤᠷ ᠠᠳᠬᠤᠵᠤ᠂ ᠶᠡᠭᠡ ᠬᠦᠭᠦᠷᠭᠡ ᠶᠢᠨ ᠤᠰᠤᠨ ᠴᠦᠭᠦᠷᠤᠮ᠂ ᠬᠤᠳᠠ ᠶᠢᠨ ᠡᠮᠦᠨᠡᠬᠢ ᠦᠶᠡᠷ ᠵᠠᠯᠠᠬᠤ ᠭᠠᠵᠠᠷ ᠢ ᠴᠡᠭᠴᠡᠯᠡᠨ ᠵᠠᠰᠠᠬᠤ᠂ ᠭᠠᠩ ᠬᠠᠭᠤᠷᠠᠢ ᠎ ᠶᠢ ᠡᠰᠡᠷᠭᠦᠴᠡᠨ ᠪᠠᠴᠢᠮ ᠪᠠᠶᠢᠳᠠᠯ ᠳᠤ ᠠᠷᠭᠠᠴᠠᠬᠤ ᠤᠰᠤᠨ ᠰᠤᠷᠪᠤᠯᠵᠢ ᠵᠡᠷᠭᠡ ᠤᠰᠤᠨ ᠠᠰᠢᠭᠯᠠᠯᠳᠠ ᠶᠢᠨ ᠰᠠᠭᠤᠷᠢ ᠲᠦᠭᠦᠭᠡᠷᠤᠮᠵᠢ ᠶᠢᠨ ᠢᠨᠵᠧᠨᠧᠷᠢᠩ ᠢ ᠭᠤᠤᠯᠳᠠᠯᠭ᠎ᠠ ᠲᠠᠢ ᠭᠡᠷᠡᠭᠵᠢᠬᠦᠯᠵᠤ᠂ ᠭᠠᠩ ᠬᠠᠭᠤᠷᠠᠢ ᠶᠢ ᠡᠰᠡᠷᠭᠦᠴᠡᠨ ᠦᠶᠡᠷ ᠤᠰᠤᠳᠤᠯ ᠢ ᠰᠡᠷᠭᠡᠶᠢᠯᠡᠬᠦ ᠪᠠᠳᠤᠯᠠᠭ᠎ᠠ ᠶᠢᠨ ᠬᠦᠴᠦᠨ ᠢ ᠲᠡᠭᠡᠭᠰᠢᠯᠡᠬᠦᠯᠦᠨ᠎ᠡ᠃           ᠲᠦᠷᠪᠡ᠂ 2016 ᠤᠨ ᠤ ᠭᠤᠤᠯ ᠠᠵᠢᠯ           2016 ᠤᠨ ᠪᠤᠯ ︽ᠠᠷᠪᠠᠨ ᠭᠤᠷᠪᠠᠳᠤᠭᠠᠷ ᠲᠠᠪᠤᠨ ᠵᠢᠯ︾᠎ ᠤᠨ ᠡᠬᠢᠯᠡᠯᠳᠡ ᠶᠢᠨ ᠵᠢᠯ ᠪᠤᠯᠤᠨ᠎ᠠ᠂ ᠮᠦᠨᠴᠤ ᠴᠢᠨᠡᠭᠡᠯᠢᠭ ᠨᠡᠶᠢᠭᠡᠮ ᠢ ᠪᠦᠭᠦ ᠲᠠᠯ᠎ᠠ ᠎ ᠪᠠᠷ ᠪᠦᠲᠦᠭᠡᠨ ᠪᠠᠶᠢᠭᠤᠯᠬᠤ ᠵᠠᠩᠬᠢᠯᠠᠭ᠎ᠠ ᠶᠢᠨ ᠨᠢᠭᠡ ᠵᠢᠯ ᠪᠤᠯᠤᠨ᠎ᠠ᠂ ᠦᠨᠤ ᠵᠢᠯ ᠤᠨ ᠠᠵᠢᠯ ᠢ ᠰᠠᠶᠢᠳᠤᠷ ᠬᠢᠬᠦ ᠨᠢ ᠮᠠᠰᠢ ᠴᠢᠬᠤᠯᠠ ᠶᠤᠮ᠃ ᠪᠢᠳᠡ ᠡᠷᠭᠡᠪᠰᠢ ᠦᠪᠡᠷᠳᠡᠭᠡᠨ ᠵᠠᠰᠠᠬᠤ ᠤᠷᠤᠨ ᠤ ᠶᠢᠰᠦᠳᠦᠭᠡᠷ ᠬᠤᠭᠤᠴᠠᠭᠠᠨ ᠤ ᠠᠷᠪᠠᠨ ᠲᠦᠷᠪᠡᠳᠦᠭᠡᠷ ᠬᠤᠷᠠᠯ᠂ ᠬᠦᠯᠦᠨ ᠪᠤᠶᠢᠷ ᠬᠤᠳᠠ ᠶᠢᠨ ᠭᠤᠷᠪᠠᠳᠤᠭᠠᠷ ᠬᠤᠭᠤᠴᠠᠭᠠᠨ ᠤ ᠲᠤᠯᠤᠳᠤᠭᠠᠷ ᠬᠤᠷᠠᠯ᠂ ᠬᠤᠰᠢᠭᠤᠨ ᠤ ᠨᠠᠮ ᠤᠨ ᠬᠤᠷᠢᠶ᠎ᠠ ᠶᠢᠨ ᠠᠷᠪᠠᠨ ᠭᠤᠷᠪᠠᠳᠤᠭᠠᠷ ᠬᠤᠭᠤᠴᠠᠭᠠᠨ ᠤ ᠲᠤᠯᠤᠳᠤᠭᠠᠷ ᠬᠤᠷᠠᠯ ᠤᠨ ᠵᠤᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠪᠦᠬᠦ ᠲᠠᠯ᠎ᠠ ᠶᠢᠨ ᠴᠢᠨᠡᠭᠡᠯᠢᠭ ᠨᠡᠶᠢᠭᠡᠮ ᠢ ᠪᠦᠳᠦᠭᠡᠨ ᠪᠠᠶᠢᠭᠤᠯᠬᠤ ᠬᠠᠷᠠᠯᠳᠠ ᠶᠢᠨ ᠲᠤᠭᠤᠷᠢᠨ ᠳᠤ᠂ ᠲᠤᠭᠳᠠᠭᠤᠨ ᠢᠶᠠᠷ ᠤᠷᠤᠭᠰᠢᠯᠠᠬᠤ ᠠᠵᠢᠯ ᠤᠨ ᠶᠡᠷᠤᠩᠭᠡᠢ ᠬᠦᠭ ᠠᠶᠢᠵᠠᠮ ᠢ ᠪᠠᠷᠢᠮᠳᠠᠯᠠᠨ᠂ ᠤᠨ ᠤ ᠬᠠᠷᠠᠯᠳᠠ ᠡᠭᠦᠷᠭᠡ ᠶᠢ ᠪᠡᠶᠡᠯᠡᠬᠦᠯᠬᠦ ᠶᠢ ᠪᠠᠳᠤᠯᠠᠵᠤ᠂ ︽ᠠᠷᠪᠠᠨ ᠭᠤᠷᠪᠠᠳᠤᠭᠠᠷ ᠲᠠᠪᠤᠨ ᠵᠢᠯ︾᠎ ᠤᠨ ᠬᠤᠭᠤᠴᠠᠭᠠᠨ ᠤ ᠠᠵᠤ ᠠᠬᠤᠢ ᠨᠡᠶᠢᠭᠡᠮ ᠤᠨ ᠬᠦᠭᠵᠢᠯᠳᠡ ᠶᠢᠨ ᠰᠠᠶᠢᠨ ᠡᠬᠢᠯᠡᠯᠳᠡ ᠶᠢ ᠴᠢᠷᠮᠠᠶᠢᠨ ᠪᠡᠶᠡᠯᠡᠬᠦᠯᠦᠨ᠎ᠡ᠃           2016 ᠤᠨ ᠳᠤ᠂ ᠪᠦᠬᠦ ᠬᠤᠰᠢᠭᠤᠨ ᠤ ᠠᠵᠤ ᠠᠬᠤᠢ ᠨᠡᠶᠢᠭᠡᠮ ᠤᠨ ᠬᠦᠭᠵᠢᠯᠳᠡ ᠶᠢᠨ ᠵᠢᠱᠢᠭᠰᠡᠨ ᠬᠠᠷᠠᠯᠳᠠ ᠪᠤᠯ᠄ ᠤᠷᠤᠨ ᠨᠤᠳᠤᠭ ᠤᠨ ᠦᠢᠯᠡᠳᠪᠦᠷᠢᠯᠡᠯ ᠤᠨ ᠶᠡᠷᠤᠩᠭᠡᠢ ᠦᠷᠳᠡᠭ ᠢ 8%᠎ ᠪᠠᠷ ᠨᠡᠮᠡᠭᠳᠡᠬᠦᠯᠵᠤ᠂ ᠡᠩ ᠤᠨ ᠤᠯᠠᠨ ᠨᠡᠶᠢᠳᠡ ᠶᠢᠨ ᠲᠦᠰᠦᠪ ᠤᠨ ᠤᠷᠤᠯᠭ᠎ᠠ ᠶᠢ 6.5%᠎ ᠪᠠᠷ ᠨᠡᠮᠡᠭᠳᠡᠭᠦᠯᠵᠤ ᠂ ᠲᠤᠭᠳᠠᠮᠠᠯ ᠭᠦᠷᠦᠩᠭᠡ ᠶᠢᠨ ᠪᠡᠯᠡ ᠤᠷᠤᠭᠤᠯᠤᠯᠳᠠ ᠶᠢ 13%᠎ ᠪᠠᠷ ᠨᠡᠮᠡᠭᠳᠡᠭᠦᠯᠦᠨ᠂ ᠨᠡᠶᠢᠭᠡᠮ ᠤᠨ ᠭᠡᠷᠡᠭᠯᠡᠬᠡᠨ ᠤ ᠲᠠᠸᠠᠷ ᠢ ᠵᠢᠵᠢᠭᠯᠡᠨ ᠪᠤᠷᠤᠯᠠᠭᠤᠯᠬᠤ ᠶᠡᠷᠤᠩᠭᠡᠢ ᠲᠤᠭ᠎ᠠ ᠶᠢ 10%᠎ ᠪᠠᠷ ᠨᠡᠮᠡᠭᠳᠡᠬᠦᠯᠵᠤ᠂ ᠬᠤᠳᠠ ᠪᠠᠯᠭᠠᠰᠤ ᠪᠤᠯᠤᠨ ᠮᠠᠯᠵᠢᠬᠤ ᠤᠷᠤᠨ ᠤ ᠰᠠᠭᠤᠭᠠᠯᠢ ᠠᠷᠠᠳ ᠤᠨ ᠬᠦᠮᠦᠨ ᠲᠤᠮᠳᠠᠴᠢ ᠵᠠᠷᠤᠴᠠᠭᠤᠯᠵᠤ ᠪᠤᠯᠬᠤ ᠤᠷᠤᠯᠭ᠎ᠠ ᠶᠢ 9%᠎ ᠪᠠᠷ ᠨᠡᠮᠡᠭᠳᠡᠬᠦᠯᠦᠨ᠂ ᠬᠤᠳᠠ ᠪᠠᠯᠭᠠᠰᠤ ᠶᠢᠨ ᠳᠠᠩᠰᠠᠯᠠᠭᠤᠯᠤᠭᠰᠠᠨ ᠠᠵᠢᠯ ᠠᠯᠳᠠᠭᠰᠠᠨ ᠨᠤᠷᠮ᠎ᠠ ᠶᠢ 4% ᠲᠤᠳᠤᠷ᠎ᠠ ᠬᠢᠵᠠᠭᠠᠷᠯᠠᠵᠤ᠂ ᠡᠨᠧᠷᠬᠢ ᠎ ᠶᠢ ᠠᠷᠪᠢᠯᠠᠨ ᠪᠤᠭᠢᠷᠳᠤᠯ ᠢ ᠪᠠᠭᠠᠰᠬᠠᠬᠤ ᠬᠠᠷᠠᠯᠳᠠ ᠡᠭᠦᠷᠭᠡ ᠶᠢ ᠪᠡᠶᠡᠯᠡᠬᠦᠯᠦᠨ᠎ᠡ᠃          ᠲᠡᠭᠡᠷ᠎ᠡ ᠲᠤᠷᠠᠳᠤᠭᠰᠠᠨ ᠬᠠᠷᠠᠯᠳᠠ ᠶᠢ ᠪᠡᠶᠡᠯᠡᠬᠦᠯᠬᠦ ᠶᠢᠨ ᠲᠦᠯᠦᠭᠡ᠂ ᠲᠤᠤᠷᠠᠬᠢ ᠭᠡᠳᠤᠨ ᠲᠠᠯ᠎ᠠ ᠶᠢᠨ ᠠᠵᠢᠯ ᠢ ᠭᠤᠤᠯᠳᠠᠯᠭ᠎ᠠ ᠲᠠᠢ ᠰᠠᠶᠢᠳᠤᠷ ᠠᠳᠬᠤᠬᠤ ᠭᠡᠷᠡᠭᠳᠡᠢ᠄          ︵ᠨᠢᠬᠡ︶ ᠮᠠᠯ ᠠᠵᠤ ᠠᠬᠤᠢ ᠶᠢ ᠭᠦᠴᠦᠷᠭᠡᠭᠵᠢᠬᠦᠯᠦᠨ ᠠᠷᠠᠳ ᠢ ᠪᠠᠶᠠᠵᠢᠭᠤᠯᠬᠤ ᠶᠢ ᠲᠤᠪᠤᠶᠢᠯᠭᠠᠵᠤ᠂ ᠮᠠᠯᠵᠢᠬᠤ ᠤᠷᠤᠨ ᠤ ᠠᠵᠤ ᠠᠬᠤᠢ ᠰᠢᠨ᠎ᠡ ᠲᠡᠭᠡᠭᠰᠢᠯᠡᠯᠳᠡ ᠲᠠᠢ ᠪᠤᠯᠬᠤ ᠶᠢ ᠠᠬᠢᠭᠤᠯᠤᠨ᠎ᠠ᠃ ᠮᠠᠯ ᠠᠵᠤ ᠠᠬᠤᠢ ᠪᠤᠯ ᠮᠠᠨ ᠤ ᠬᠤᠰᠢᠭᠤᠨ ᠤ ᠲᠤᠯᠤᠭᠠᠶᠢᠯᠠᠭᠴᠢ ᠠᠵᠤ ᠦᠢᠯᠡᠰ ᠪᠤᠯᠤᠨ᠎ᠠ᠂ ᠲᠡᠬᠦᠨ ᠤ ᠬᠦᠭᠵᠢᠯᠳᠡ ᠶᠢᠨ ᠰᠠᠭᠤᠷᠢ ᠶᠢ ᠡᠷᠭᠡᠪᠰᠢ ᠵᠤᠷᠰᠢᠯ ᠶᠤᠰᠤᠭᠠᠷ ᠪᠠᠬᠢᠵᠢᠬᠦᠯᠦᠨ ᠴᠢᠩᠭᠠᠳᠬᠠᠬᠤ ᠭᠡᠷᠡᠭᠳᠡᠢ᠃ ᠤᠳᠤ ᠦᠶ᠎ᠡ ᠶᠢᠨ ᠮᠢᠬᠠᠨ ᠤ ᠬᠤᠨᠢᠨ ᠤ ᠰᠠᠭᠤᠷᠢᠨ ᠭᠠᠵᠠᠷ ᠢ ᠲᠦᠷᠭᠡᠳᠭᠡᠨ ᠪᠠᠶᠢᠭᠤᠯᠵᠤ᠂ ᠡᠬᠦᠯᠳᠡᠷ ᠤᠨ ᠬᠤᠨᠢ ᠪᠠ ᠰᠠᠭᠤᠷᠢ ᠡᠭᠡ ᠮᠠᠯ ᠢ ᠦᠷᠡᠵᠢᠬᠦᠯᠦᠨ ᠪᠤᠶᠢᠵᠢᠭᠤᠯᠬᠤ ᠲᠦᠷᠦᠯ ᠵᠦᠢᠯ ᠢ ᠭᠡᠷᠡᠭᠵᠢᠬᠦᠯᠦᠨ᠂ ᠡᠪᠡᠰᠤ ᠪᠤᠷᠳᠤᠭᠠᠨ ᠤ ᠠᠵᠤ ᠦᠢᠯᠡᠰ ᠢ ᠦᠷᠭᠡᠳᠭᠡᠵᠤ᠂ ᠮᠠᠯᠵᠢᠬᠤ ᠦᠢᠯᠡᠳᠪᠦᠷᠢᠯᠡᠯ ᠡᠵᠡᠩᠨᠡᠯᠳᠡ ᠶᠢ ᠬᠡᠪᠴᠢᠶᠡᠵᠢᠬᠦᠯᠦᠨ ᠪᠦᠲᠦᠭᠡᠨ ᠪᠠᠶᠢᠭᠤᠯᠬᠤ ᠶᠢ ᠠᠬᠢᠭᠤᠯᠵᠤ᠂ ᠭᠠᠮᠰᠢᠭ ᠢ ᠡᠰᠡᠷᠭᠦᠴᠡᠨ ᠭᠠᠮᠰᠢᠭ ᠢ ᠪᠠᠭᠠᠰᠬᠠᠬᠤ ᠴᠢᠳᠠᠪᠤᠷᠢ ᠶᠢ ᠲᠠᠰᠤᠷᠠᠯᠳᠠ ᠦᠭᠡᠢ ᠲᠡᠭᠡᠭᠰᠢᠯᠡᠬᠦᠯᠦᠨ᠎ᠡ᠃ ᠮᠠᠯ ᠠᠵᠤ ᠠᠬᠤᠢ ᠶᠢᠨ ᠭᠡᠯᠪᠡᠷᠢ ᠶᠢ ᠬᠤᠪᠢᠷᠠᠭᠤᠯᠤᠨ ᠲᠡᠰ ᠲᠡᠪᠰᠢᠬᠦᠯᠬᠦ ᠭᠤᠷᠪᠠᠨ ᠵᠢᠯ ᠤᠨ ᠠᠵᠢᠯᠯᠠᠭᠠᠨ ᠤ ᠲᠦᠯᠦᠪᠯᠡᠭᠡ ᠶᠢ ᠨᠠᠶᠢᠳᠠᠪᠤᠷᠢᠵᠢᠭᠤᠯᠵᠤ᠂ ᠮᠠᠯᠵᠢᠬᠤ ᠦᠢᠯᠡᠳᠪᠦᠷᠢᠯᠡᠯ ᠤᠨ ᠠᠷᠭ᠎ᠠ ᠭᠡᠯᠪᠡᠷᠢ ᠶᠢ ᠬᠤᠪᠢᠷᠠᠭᠤᠯᠤᠨ᠂ ᠮᠠᠯ ᠰᠦᠷᠦᠭ ᠤᠨ ᠪᠦᠳᠦᠴᠡ ᠶᠢ ᠲᠤᠭᠢᠷᠠᠭᠤᠯᠤᠨ ᠰᠢᠯᠢᠳᠡᠭᠵᠢᠬᠦᠯᠵᠤ᠂ 500 ᠲᠤᠭᠳᠠᠮᠠᠯ ᠬᠠᠰᠢᠶ᠎ᠠ ᠰᠠᠷᠠᠪᠴᠢ᠂ 1 ᠰᠠᠨ ᠾᠧ ᠦᠭᠡᠷ ᠤᠨ ᠡᠭᠡ ᠮᠠᠯ ᠢ ᠦᠷᠡᠵᠢᠬᠦᠯᠦᠨ ᠪᠤᠶᠢᠵᠢᠭᠤᠯᠬᠤ ᠲᠠᠯᠠᠪᠠᠢ ᠪᠠ 20 ᠭᠠᠴᠠᠭ᠎ᠠ ᠱᠠᠳᠤᠨ ᠤ ᠡᠪᠡᠰᠤ ᠬᠠᠳᠠᠭᠠᠯᠠᠬᠤ ᠬᠦᠮᠦᠷᠭᠡ ᠶᠢ ᠰᠢᠨ᠎ᠡ ᠪᠠᠷ ᠪᠠᠶᠢᠭᠤᠯᠤᠨ᠎ᠠ᠃ 100 ᠲᠦᠮᠡᠨ ᠲᠦᠭᠦᠷᠢᠭ ᠤᠨ ᠪᠡᠯᠡ ᠤᠷᠤᠭᠤᠯᠵᠤ᠂ ᠪᠠᠴᠢᠮ ᠪᠠᠶᠢᠳᠠᠯ ᠳᠤ ᠠᠷᠭᠠᠴᠠᠬᠤ ᠡᠪᠡᠰᠤ ᠪᠤᠷᠳᠤᠭ᠎ᠠ ᠬᠠᠳᠠᠭᠠᠯᠠᠬᠤ ᠰᠠᠭᠤᠷᠢ ᠮᠦᠩᠭᠦ ᠪᠠᠶᠢᠭᠤᠯᠤᠨ᠂ 4 ᠪᠠᠷᠢᠮᠵᠢᠶᠠᠵᠢᠨ ᠭᠡᠪᠴᠢᠶᠡᠵᠢᠭᠰᠡᠨ ᠠᠮᠢ ᠠᠬᠤᠶᠢᠴᠢ ᠭᠡᠷ ᠪᠦᠯᠢ ᠶᠢᠨ ᠮᠠᠯᠵᠢᠯ ᠤᠨ ᠲᠠᠯᠠᠪᠠᠢ ᠶᠢ ᠰᠢᠨ᠎ᠡ ᠪᠠᠷ ᠪᠠᠶᠢᠭᠤᠯᠤᠨ᠎ᠠ᠃ ︽ᠬᠢᠯᠢ ᠬᠢᠵᠠᠭᠠᠷ ᠢ ᠬᠦᠭᠵᠢᠬᠦᠯᠦᠨ ᠠᠷᠠᠳ ᠢ ᠪᠠᠶᠠᠵᠢᠭᠤᠯᠬᠤ︾ ᠠᠵᠢᠯᠯᠠᠭ᠎ᠠ ᠶᠢ ᠦᠷᠬᠦᠯᠵᠢᠯᠡᠨ ᠦᠷᠨᠢᠬᠦᠯᠵᠦ᠂ ᠨᠤᠳᠤᠭ ᠪᠡᠯᠴᠢᠭᠡᠷ ᠤᠨ ᠠᠮᠢ ᠠᠬᠤᠢ ᠶᠢᠨ ᠱᠠᠩᠨᠠᠯ ᠨᠦᠬᠦᠪᠦᠷᠢ ᠵᠡᠷᠭᠡ ᠮᠠᠯ ᠠᠵᠤ ᠠᠬᠤᠢ ᠶᠢ ᠲᠡᠮᠵᠢᠨ ᠮᠠᠯᠴᠢᠳ ᠢ ᠬᠠᠷᠠᠭᠠᠯᠵᠠᠬᠤ ᠲᠦᠷᠦ ᠶᠢᠨ ᠪᠤᠳᠤᠯᠭ᠎ᠠ ᠶᠢ ᠢᠳᠡᠪᠬᠢᠳᠡᠢ ᠭᠤᠶᠤᠴᠢᠯᠠᠨ᠎ᠠ᠃ ᠪᠡᠯᠴᠢᠭᠡᠷᠯᠡᠬᠦ ᠎ ᠶᠢ ᠵᠤᠭᠰᠤᠭᠠᠨ ᠨᠤᠳᠤᠭ ᠪᠡᠯᠴᠢᠭᠡᠷ ᠢ ᠰᠡᠷᠬᠦᠬᠡᠬᠦ ᠢᠨᠵᠧᠨᠧᠷᠢᠩ ᠢ ᠶᠡᠭᠡᠪᠡᠷ ᠭᠡᠷᠡᠭᠵᠢᠬᠦᠯᠵᠤ᠂ 30 ᠲᠦᠮᠡᠨ ᠮᠤ᠋ ᠨᠤᠲᠤᠭ ᠪᠡᠯᠴᠢᠭᠡᠷ ᠲᠤ ᠲᠤᠭᠤᠷᠢᠭ ᠬᠤᠪᠢᠶᠠᠨ ᠡᠭᠡᠯᠵᠢᠯᠡᠨ ᠮᠠᠯᠵᠢᠵᠤ᠂ 19 ᠲᠦᠮᠡᠨ ᠮᠤ᠋ ᠲᠡᠵᠢᠭᠡᠯ ᠡᠪᠡᠰᠤ ᠨᠦᠬᠦᠨ ᠲᠠᠷᠢᠵᠤ᠂ 1800 ᠬᠠᠰᠢᠶ᠎ᠠ ᠰᠠᠷᠠᠪᠴᠢ ᠶᠢ ᠰᠡᠯᠪᠢᠨ ᠵᠠᠰᠠᠬᠤ ᠪᠠ ᠦᠷᠭᠡᠳᠭᠡᠨ ᠪᠠᠶᠢᠭᠤᠯᠤᠨ᠎ᠠ᠃ ᠮᠢᠬᠠᠨ ᠤ ᠬᠤᠨᠢᠨ ᠤ ᠡᠬᠢ ᠡᠭᠦᠰᠦᠯ ᠢ ᠮᠦᠷᠳᠡᠬᠦ ᠰᠢᠰᠲ᠋ᠧᠮ ᠢ ᠪᠠᠶᠢᠭᠤᠯᠤᠨ ᠲᠡᠭᠦᠯᠳᠡᠷᠵᠢᠬᠦᠯᠵᠤ᠂ 5000 ᠬᠤᠨᠢᠨ ᠤ ᠰᠢᠯᠢᠳᠡᠭ ᠡᠭᠦᠯᠳᠡᠷ ᠢ ᠦᠷᠡᠵᠢᠬᠦᠯᠦᠨ ᠪᠤᠶᠢᠵᠢᠭᠤᠯᠬᠤ ᠲᠦᠷᠦᠯ ᠵᠦᠢᠯ ᠢ ᠭᠡᠷᠡᠭᠵᠢᠬᠦᠯᠵᠤ᠂ ᠪᠠᠷᠭᠤ ᠬᠤᠨᠢᠨ ᠮᠢᠬᠠᠨ ᠤ ᠶᠠᠰᠤ ᠴᠢᠨᠠᠷ ᠵᠢᠴᠢ ᠭᠠᠷᠤᠯᠳᠠ ᠶᠢ ᠰᠠᠶᠢᠵᠢᠷᠠᠭᠤᠯᠤᠨ᠎ᠠ᠃ ᠠᠶᠤᠯᠬᠦᠢ ᠤᠰᠤ ᠤᠮᠳᠠ ᠶᠢᠨ ᠢᠨᠵᠧᠨᠧᠷᠢᠩ ᠢ ᠦᠷᠬᠦᠯᠵᠢᠯᠡᠨ ᠭᠡᠷᠡᠭᠵᠢᠬᠦᠯᠵᠦ᠂ 3 ᠲᠦᠪᠯᠡᠷᠡᠬᠦᠯᠦᠨ ᠤᠰᠤ ᠬᠠᠩᠭᠠᠬᠤ ᠢᠨᠵᠧᠨᠧᠷᠢᠩ ᠢ ᠰᠦᠪᠡᠭᠴᠢᠯᠡᠨ ᠭᠡᠷᠡᠭᠵᠢᠬᠦᠯᠵᠤ᠂ 50 ᠦᠨᠳᠦᠰᠦᠨ ᠬᠤᠳᠳᠤᠭ ᠢ ᠰᠢᠨ᠎ᠡ ᠪᠠᠷ ᠮᠠᠯᠳᠠᠨ᠂ ᠭᠡᠷ ᠤᠨ ᠭᠡᠷᠡᠭᠯᠡᠭᠡᠨ ᠤ ᠬᠦᠳᠡᠯᠭᠡᠭᠴᠢ ᠬᠦᠴᠦᠨ ᠪᠦᠬᠦᠢ ᠤᠰᠤ ᠰᠢᠢᠳᠪᠦᠷᠢᠯᠡᠬᠦ ᠲᠦᠭᠦᠭᠡᠷᠤᠮᠵᠢ ᠶᠢ 800 ᠲᠠᠷᠬᠠᠭᠠᠨ᠎ᠠ᠃ ᠡᠯᠡᠰᠦᠷᠭᠡᠭ ᠭᠠᠵᠠᠷ ᠢ ᠶᠡᠷᠤᠩᠭᠡᠶᠢᠯᠡᠨ ᠵᠠᠰᠠᠭᠰᠠᠨ ᠦᠷ᠎ᠡ ᠪᠦᠳᠦᠭᠡᠯ ᠢ ᠪᠠᠳᠤᠳᠬᠠᠵᠤ᠂ ᠤᠢ ᠰᠢᠭᠤᠢ ᠶᠢᠨ ᠦᠢᠯᠡᠰ ᠤᠨ ᠲᠤᠰᠬᠠᠢ ᠡᠩᠨᠡᠭᠡᠨ ᠤ ᠪᠦᠳᠦᠭᠡᠨ ᠪᠠᠶᠢᠭᠤᠯᠤᠯᠳᠠ ᠶᠢ ᠴᠢᠩᠭᠠᠳᠬᠠᠨ᠂ ᠲᠤᠮᠳᠠᠳᠤ ᠮᠤᠩᠭᠤᠯ ᠤᠨ ᠨᠦᠬᠦᠷᠯᠡᠯ ᠤᠨ ᠤᠢ ᠶᠢᠨ ᠪᠦᠳᠦᠭᠡᠨ ᠪᠠᠶᠢᠭᠤᠯᠤᠯᠳᠠ ᠶᠢᠨ ᠲᠦᠷᠦᠯ ᠵᠦᠢᠯ ᠢ ᠭᠡᠷᠡᠭᠵᠢᠬᠦᠯᠵᠤ᠂ ᠠᠮᠢ ᠠᠬᠤᠢ ᠶᠢᠨ ᠪᠦᠳᠦᠭᠡᠨ ᠪᠠᠶᠢᠭᠤᠯᠤᠯᠳᠠ ᠶᠢᠨ ᠴᠢᠨᠠᠷ ᠴᠢᠨᠰᠠᠭ᠎ᠠ ᠪᠤᠯᠤᠨ ᠦᠷ᠎ᠡ ᠪᠦᠳᠦᠮᠵᠢ ᠶᠢ ᠲᠡᠭᠡᠭᠰᠢᠯᠡᠬᠦᠯᠦᠨ᠎ᠡ᠃         ︵ᠬᠤᠶᠠᠷ︶ ᠠᠵᠤ ᠦᠢᠯᠡᠰ ᠤᠨ ᠬᠤᠷᠠᠨ ᠴᠤᠭᠯᠠᠷᠠᠬᠤ ᠶᠢ ᠲᠤᠪᠤᠶᠢᠯᠭᠠᠵᠤ᠂ ᠤᠨᠴᠠᠯᠢᠭᠳᠤ ᠠᠵᠤ ᠦᠢᠯᠡᠳᠪᠦᠷᠢ ᠰᠢᠨ᠎ᠡ ᠦᠰᠦᠷᠦᠯᠳᠡ ᠲᠠᠢ ᠪᠤᠯᠬᠤ ᠶᠢ ᠠᠬᠢᠭᠤᠯᠤᠨ᠎ᠠ᠃ ᠲᠦᠷᠦᠯ ᠵᠦᠢᠯ ᠢᠶᠠᠷ ᠲᠤᠯᠭᠠᠭᠤᠷᠢᠯᠠᠬᠤ ᠶᠢ ᠲᠤᠪᠤᠶᠢᠯᠭᠠᠵᠤ᠂ ᠵᠠᠮ ᠬᠠᠷᠢᠯᠴᠠᠭ᠎ᠠ᠂ ᠡᠨᠧᠷᠬᠢ᠂ ᠤᠷᠴᠢᠨ ᠲᠤᠭᠤᠷᠢᠨ ᠤ ᠬᠠᠮᠠᠭᠠᠯᠠᠯᠳᠠ ᠪᠠ ᠤᠰᠤᠨ ᠠᠰᠢᠭᠯᠠᠯᠳᠠ ᠵᠡᠷᠭᠡ ᠬᠦᠷᠢᠶ᠎ᠡ ᠭᠡᠪᠴᠢᠶᠠᠨ ᠳᠤ ᠨᠢᠭᠡ ᠪᠦᠯᠦᠭ ᠲᠦᠷᠦᠯ ᠵᠦᠢᠯ ᠢ ᠳᠠᠬᠢᠨᠳᠠ ᠰᠢᠯᠢᠨ ᠰᠤᠩᠭᠤᠵᠤ᠂ ᠴᠢᠬᠤᠯᠠ ᠶᠡᠭᠡ ᠲᠦᠷᠦᠯ ᠵᠦᠢᠯ ᠢ ᠲᠦᠰᠦᠪᠯᠡᠨ ᠬᠠᠳᠠᠭᠠᠯᠠᠬᠤ ᠶᠢ ᠰᠠᠶᠢᠳᠤᠷ ᠪᠡᠶᠡᠯᠡᠬᠦᠯᠦᠨ᠎ᠡ᠃ ᠠᠷᠠᠯᠵᠢᠶᠠᠴᠢᠨ ᠤᠷᠢᠵᠤ ᠪᠡᠯᠡ ᠤᠷᠤᠭᠤᠯᠬᠤ ᠬᠦᠴᠦᠯᠡᠴᠡ ᠶᠢ ᠨᠡᠮᠡᠭᠳᠡᠬᠦᠯᠵᠤ᠂ ᠬᠤᠶᠢᠨᠠᠬᠢ ᠦᠢᠯᠡᠴᠢᠯᠡᠭᠡ ᠶᠢ ᠴᠢᠩᠭᠠᠳᠬᠠᠨ᠂ ᠨᠢᠭᠡ ᠪᠦᠯᠦᠭ ᠠᠵᠤ ᠦᠢᠯᠡᠰ ᠤᠨ ᠲᠡᠰ ᠲᠠᠪᠬᠤᠷᠭ᠎ᠠ ᠪᠠᠷ ᠦᠨᠳᠤᠷ᠂ ᠪᠦᠳᠦᠭᠡᠨ ᠪᠠᠶᠢᠭᠤᠯᠤᠯᠳᠠ ᠶᠢᠨ ᠬᠦᠷᠢᠶ᠎ᠡ ᠭᠡᠪᠴᠢᠶ᠎ᠡ ᠪᠠᠷ ᠦᠷᠭᠡᠨ᠂ ᠲᠠᠳᠠᠬᠤ ᠬᠦᠴᠦᠨ ᠢᠶᠠᠷ ᠴᠢᠩᠭ᠎ᠠ ᠲᠦᠷᠦᠯ ᠵᠦᠢᠯ ᠢ ᠨᠠᠷᠢᠯᠢᠭ ᠰᠦᠪᠡᠭᠴᠢᠯᠡᠨ ᠴᠢᠮᠡᠭᠯᠡᠵᠤ ᠬᠠᠨᠳᠤᠯᠭ᠎ᠠ ᠲᠠᠢ ᠪᠠᠷ ᠠᠷᠠᠯᠵᠢᠶᠠᠴᠢᠨ ᠤᠷᠢᠨ᠎ᠠ᠃ ︽ᠲᠤᠯᠤᠭᠠᠨ ᠭᠡᠯᠪᠡᠷᠢ ︾᠎ ᠶᠢᠨ ᠠᠭᠤᠷᠬᠠᠢ ᠶᠢᠨ ᠪᠦᠳᠦᠭᠡᠨ ᠪᠠᠶᠢᠭᠤᠯᠤᠯᠳᠠ ᠶᠢᠨ ᠦᠷ᠎ᠡ ᠪᠦᠳᠦᠮᠵᠢ ᠶᠢ ᠪᠠᠳᠤᠳᠬᠠᠵᠤ᠂ ᠷᠦᠩ ᠳ᠋ᠠ ᠠᠭᠤᠷᠬᠠᠢ ᠶᠢᠨ ᠦᠢᠯᠡᠰ ᠤᠨ ᠲᠤᠭᠤᠯᠭ᠎ᠠ ᠴᠠᠶᠢᠷ ᠮᠦᠩᠭᠦᠨ ᠠᠭᠤᠷᠬᠠᠢ ᠶᠢᠨ ᠬᠦᠨ ᠲᠠᠪᠬᠤᠷᠭ᠎ᠠ ᠶᠢᠨ ᠡᠬᠢ ᠪᠠᠶᠠᠯᠢᠭ ᠢ ᠤᠷᠤᠯᠠᠬᠤ ᠮᠡᠷᠭᠡᠵᠢᠯ ᠢ ᠰᠠᠶᠢᠵᠢᠷᠠᠭᠤᠯᠬᠤ᠂ ᠲᠤᠮᠳᠠᠳᠤ ᠤᠯᠤᠰ ᠤᠨ ᠬᠤᠸᠠᠩ ᠶᠢᠨ ᠤᠯᠠᠨ ᠲᠡᠮᠦᠷᠯᠢᠭ ᠤᠨ ᠠᠭᠤᠷᠬᠠᠢ ᠶᠢ ᠠᠯᠬᠤᠮ ᠬᠤᠪᠢᠶᠠᠨ ᠬᠤᠷᠢᠶᠠᠨ ᠠᠪᠴᠤ ᠶᠡᠷᠤᠩᠭᠡᠶᠢᠯᠡᠨ ᠠᠰᠢᠭᠯᠠᠬᠤ᠂ ᠬᠠᠶᠢᠷᠬᠠᠨ ᠲᠤᠭᠤᠯᠭ᠎ᠠ ᠴᠠᠶᠢᠷ ᠮᠦᠩᠭᠦᠨ ᠠᠭᠤᠷᠬᠠᠢ ᠶᠢ ᠮᠠᠯᠳᠠᠵᠤ ᠰᠢᠯᠢᠬᠦ᠂ ᠶᠢᠨ ᠱᠠᠨ ᠠᠭᠤᠷᠬᠠᠢ ᠶᠢᠨ ᠦᠢᠯᠡᠰ ᠤᠨ ᠮᠡᠷᠭᠡᠵᠢᠯ ᠢ ᠰᠠᠶᠢᠵᠢᠷᠠᠭᠤᠯᠬᠤ᠂ ᠳ᠋ᠠᠴᠢᠩ ᠤᠨ ᠴᠢᠯᠠᠭᠤᠨ ᠲᠤᠰᠤᠨ ᠤ ᠦᠷᠬᠦᠯᠵᠢᠯᠡᠯ ᠴᠢᠨᠠᠷᠳᠠᠢ ᠨᠡᠭᠡᠭᠡᠨ ᠠᠰᠢᠭᠯᠠᠬᠤ ᠵᠡᠷᠭᠡ ᠭᠤᠤᠯᠳᠠᠯᠭ᠎ᠠ ᠲᠠᠢ ᠠᠵᠤ ᠦᠢᠯᠡᠳᠪᠦᠷᠢ ᠶᠢᠨ ᠲᠦᠷᠦᠯ ᠵᠦᠢᠯ ᠢ ᠭᠡᠷᠡᠭᠵᠢᠬᠦᠯᠵᠤ᠂ ᠲᠤᠰᠤ ᠪᠠ ᠬᠡᠢ ᠬᠤᠯᠢᠯᠳᠤᠭᠰᠠᠨ ᠡᠬᠢ ᠪᠠᠶᠠᠯᠢᠭ ᠢ ᠨᠡᠭᠡᠭᠡᠨ ᠠᠰᠢᠭᠯᠠᠬᠤ ᠲᠦᠷᠦᠯ ᠵᠦᠢᠯ ᠢ ᠰᠦᠪᠡᠭᠴᠢᠯᠡᠨ ᠠᠬᠢᠭᠤᠯᠤᠨ᠎ᠠ᠃ ᠬᠦᠷᠢᠶᠡᠯᠡᠩ ᠲᠤᠭᠤᠷᠢᠭ ᠤᠨ ᠴᠢᠨᠠᠷ ᠳᠡᠰ ᠢ ᠲᠡᠭᠡᠭᠰᠢᠯᠡᠬᠦᠯᠵᠤ᠂ ᠰᠠᠭᠤᠷᠢ ᠲᠦᠭᠦᠭᠡᠷᠤᠮᠵᠢ ᠎ ᠶᠢᠨ ᠪᠦᠳᠦᠭᠡᠨ ᠪᠠᠶᠢᠭᠤᠯᠤᠯᠳᠠ ᠶᠢ ᠲᠦᠷᠭᠡᠳᠭᠡᠨ᠂ ᠭᠠᠵᠠᠷ ᠰᠢᠷᠤᠢ᠂ ᠤᠷᠴᠢᠨ ᠲᠤᠭᠤᠷᠢᠨ ᠪᠠ ᠭᠠᠶᠢᠯᠢ ᠶᠢᠨ ᠤᠷᠤᠯᠭ᠎ᠠ ᠶᠢᠨ ᠲᠦᠷᠦ ᠶᠢᠨ ᠪᠤᠳᠤᠯᠭ᠎ᠠ ᠶᠢᠨ ᠬᠤᠷᠠᠨ ᠴᠤᠭᠯᠠᠷᠠᠬᠤ ᠨᠦᠯᠦᠭᠡᠯᠡᠯ ᠢ ᠬᠦᠢᠴᠡᠳ ᠪᠠᠳᠠᠷᠠᠭᠤᠯᠵᠤ᠂ ᠰᠢᠨ ᠹᠧᠩ ᠮᠤᠳᠤᠨ ᠤ ᠦᠢᠯᠡᠰ ᠤᠨ ᠭᠡᠷ ᠤᠨ ᠭᠡᠷᠡᠭᠰᠡᠯ ᠦᠢᠯᠡᠳᠪᠦᠷᠢᠯᠡᠬᠦ ᠱᠤᠭᠤᠮ᠂ ᠦᠪᠦᠷ ᠮᠤᠩᠭᠤᠯ ᠤᠨ ᠱᠧᠩ ᠯᠢᠶᠠᠨ ᠳ᠋ᠠ ᠬᠤᠰᠤ ᠮᠤᠳᠤᠨ ᠤ ᠡᠷᠬᠢᠯᠳᠦᠭᠦᠯᠦᠨ ᠤᠭᠳᠤᠯᠤᠭᠰᠠᠨ ᠳᠠᠩ ᠬᠠᠪᠳᠠᠰᠤ ᠶᠢ ᠨᠠᠷᠢᠯᠢᠭ ᠪᠤᠯᠪᠠᠰᠤᠷᠠᠭᠤᠯᠬᠤ᠂ ᠯᠦᠩ ᠲᠧᠩ ᠰᠢᠩ ᠪᠠᠩ ᠳᠠᠬᠢᠨᠳᠠ ᠪᠤᠢ ᠪᠤᠯᠬᠤ ᠡᠨᠧᠷᠬᠢ ᠵᠡᠷᠭᠡ ᠲᠦᠷᠦᠯ ᠵᠦᠢᠯ ᠢ ᠲᠦᠷᠭᠡᠳᠭᠡᠨ ᠠᠬᠢᠭᠤᠯᠤᠨ᠎ᠠ᠃ ᠭᠡᠪᠴᠢᠶᠡᠵᠢᠯ ᠠᠴᠠ ᠲᠡᠭᠡᠭᠰᠢᠬᠢ ᠠᠵᠤ ᠠᠬᠤᠶᠢᠯᠠᠯ ᠤᠨ ᠬᠤᠷᠸ᠎ᠠ ᠲᠤᠬᠢᠷᠠᠭᠤᠯᠭ᠎ᠠ ᠶᠢ ᠡᠷᠴᠢᠮᠵᠢᠬᠦᠯᠵᠤ᠂ ᠠᠵᠤ ᠦᠢᠯᠡᠳᠪᠦᠷᠢ ᠶᠢᠨ ᠠᠵᠤ ᠠᠬᠤᠢ ᠶᠢᠨ ᠡᠷᠡᠬᠦᠯ ᠢᠶᠠᠷ ᠬᠦᠭᠵᠢᠬᠦ ᠶᠢ ᠪᠠᠳᠤᠯᠠᠨ᠎ᠠ᠃ ᠠᠶᠤᠯᠬᠦᠢ ᠦᠢᠯᠡᠳᠪᠦᠷᠢᠯᠡᠯ ᠤᠨ ︽ᠨᠢᠭᠡ ᠠᠵᠢᠯ ᠤᠨ ᠪᠠᠶᠢᠷᠢᠨ ᠳᠤ ᠬᠤᠶᠠᠷ ᠬᠠᠷᠢᠭᠤᠴᠠᠯᠭ᠎ᠠ ᠡᠭᠦᠷᠭᠡᠯᠡᠬᠦ︾᠎ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠤᠨᠴᠠ ᠶᠡᠭᠡ ᠠᠳᠡᠯ ᠭᠠᠷᠬᠤ ᠶᠢ ᠡᠷᠡᠰ ᠬᠤᠷᠢᠭᠯᠠᠨ᠎ᠠ᠃         ︵ᠭᠤᠷᠪᠠ︶ ᠵᠤᠭᠠᠴᠠᠯ ᠠᠷᠠᠯᠵᠢᠶᠠᠨ ᠤ ᠦᠢᠯᠡᠰ ᠢ ᠲᠤᠪᠤᠶᠢᠯᠭᠠᠨ ᠭᠦᠭᠵᠢᠬᠦᠯᠵᠤ᠂ ᠭᠤᠷᠪᠠᠳᠤᠭᠠᠷ ᠠᠵᠤ ᠦᠢᠯᠡᠰ ᠤᠨ ᠠᠵᠤ ᠠᠬᠤᠢ ᠰᠢᠨ᠎ᠡ ᠦᠷᠨᠢᠯᠳᠡ ᠲᠠᠢ ᠪᠤᠯᠬᠤ ᠶᠢ ᠠᠬᠢᠭᠤᠯᠤᠨ᠎ᠠ᠃ ᠵᠤᠭᠠᠴᠠᠯ ᠠᠷᠠᠯᠵᠢᠶᠠᠨ ᠤ ᠠᠵᠤ ᠦᠢᠯᠡᠰ ᠢ ᠰᠢᠯᠢᠳᠡᠭᠵᠢᠬᠦᠯᠦᠨ᠂ ᠭᠤᠤᠯᠳᠠᠯᠭ᠎ᠠ ᠲᠠᠢ ᠠᠵᠤ ᠦᠢᠯᠡᠰ ᠪᠠ ᠠᠴᠢᠶᠠᠯᠠᠪᠤᠷᠢ ᠶᠢᠨ ᠪᠦᠳᠦᠭᠡᠨ ᠪᠠᠶᠢᠭᠤᠯᠤᠯᠳᠠ ᠶᠢ ᠲᠤᠪᠤᠶᠢᠯᠭᠠᠵᠤ᠂ ᠦᠢᠯᠡᠴᠢᠯᠡᠭᠡᠨ ᠤ ᠦᠢᠯᠡᠰ ᠤᠨ ᠪᠦᠬᠦᠯᠢ ᠴᠤᠭᠴᠠ ᠶᠢᠨ ᠦᠷᠢᠰᠦᠯᠳᠦᠭᠡᠨ ᠤ ᠬᠦᠴᠦᠨ ᠢ ᠲᠡᠭᠡᠭᠰᠢᠯᠡᠬᠦᠯᠦᠨ᠎ᠡ᠃ ᠵᠤᠭᠠᠴᠠᠯ ᠤᠨ ᠶᠡᠷᠤᠩᠭᠡᠢ ᠲᠦᠯᠦᠪᠵᠢᠬᠦᠯᠬᠡ ᠶᠢ ᠨᠠᠶᠢᠷᠠᠭᠤᠯᠵᠤ᠂ ᠤᠷᠤᠨ ᠨᠤᠳᠤᠭ ᠪᠠ ᠰᠤᠶᠤᠯ ᠢᠷᠭᠡᠨᠰᠢᠯ ᠤᠨ ᠲᠠᠪᠠᠭᠤᠯᠢᠭ ᠲᠤ ᠲᠦᠰᠢᠭᠯᠡᠨ᠂ ᠪᠠᠷᠭᠤ ᠲᠡᠤᠬᠡ ᠰᠤᠶᠤᠯ ᠤᠨ ᠠᠭᠤᠯᠤᠭᠳᠠᠬᠤᠨ ᠢ ᠭᠦᠨᠵᠡᠭᠡᠢ ᠰᠢᠨᠵᠢᠯᠡᠵᠤ᠂ ︽ᠪᠠᠷᠭᠤ ᠮᠠᠯᠵᠢᠬᠤ ᠡᠷᠤᠭᠡ ᠪᠠᠷ ᠵᠤᠭᠠᠴᠠᠬᠤ︾ ᠨᠡᠷ᠎ᠡ ᠲᠡᠮᠳᠡᠭ ᠤᠨ ᠪᠦᠳᠦᠭᠡᠨ ᠪᠠᠶᠢᠭᠤᠯᠤᠯᠳᠠ ᠶᠢ ᠶᠡᠭᠡᠪᠡᠷ ᠠᠬᠢᠭᠤᠯᠤᠨ᠎ᠠ᠃ ᠰᠤᠶᠤᠯ ᠪᠠ ᠵᠤᠭᠠᠴᠠᠯ ᠤᠨ ᠠᠭᠤᠰᠤᠯᠴᠠᠬᠤ ᠶᠢ ᠠᠬᠢᠭᠤᠯᠵᠤ᠂ ᠵᠤᠭᠠᠴᠠᠯ ᠤᠨ ᠨᠡᠷ᠎ᠡ ᠲᠡᠮᠳᠡᠭ ᠤᠨ ᠠᠭᠤᠯᠤᠭᠳᠠᠬᠤᠨ ᠢ ᠲᠡᠭᠡᠭᠰᠢᠯᠡᠬᠦᠯᠦᠨ᠂ ᠲᠠᠯᠠᠢ ᠰᠤᠮᠤᠨ ᠤ ᠵᠤᠭᠠᠴᠠᠯ ᠤᠨ ᠦᠷᠳᠡᠭᠡ ᠶᠢ ᠪᠠᠶᠢᠭᠤᠯᠵᠤ᠂ ᠮᠤᠩᠭᠤᠯ ᠤᠨ ᠬᠢᠯᠢ ᠶᠢᠨ ᠵᠤᠭᠠᠴᠠᠯ ᠢ ᠠᠬᠢᠭᠤᠯᠵᠤ᠂ ᠲᠤᠮᠳᠠᠳᠤ ᠤᠷᠤᠰ ᠮᠤᠩᠭᠤᠯ ᠤᠨ ︽0︾ ᠨᠤᠮᠧᠷᠳᠤ ᠬᠢᠯᠢ ᠶᠢᠨ ᠬᠦᠰᠢᠶ᠎ᠡ ᠶᠢᠨ ᠪᠦᠳᠦᠭᠡᠨ ᠪᠠᠶᠢᠭᠤᠯᠤᠯᠳᠠ ᠶᠢᠨ ᠲᠦᠷᠦᠯ ᠵᠦᠢᠯ ᠢ ᠭᠤᠤᠯᠳᠠᠯᠭ᠎ᠠ ᠲᠠᠢ ᠪᠠᠶᠢᠭᠤᠯᠤᠨ᠎ᠠ᠃ ᠨᠡᠶᠢᠳᠡᠮ ᠭᠡᠷᠡᠭᠯᠡᠬᠦ ᠨᠢᠰᠭᠡᠯ ᠤᠨ ᠪᠠᠭᠤᠳᠠᠯ ᠤᠨ ᠪᠦᠳᠦᠭᠡᠨ ᠪᠠᠶᠢᠭᠤᠯᠤᠯᠳᠠ ᠶᠢ ᠲᠦᠷᠭᠡᠳᠭᠡᠵᠤ᠂ 2016 ᠤᠨ ᠳᠤ ᠠᠶᠠᠯᠠᠯ ᠨᠡᠪᠳᠡᠷᠡᠬᠦ ᠠᠩᠬᠠᠨ ᠎ ᠤ ᠨᠢᠰᠦᠯᠳᠡ ᠶᠢ ᠴᠢᠷᠮᠠᠶᠢᠨ ᠪᠠᠶᠡᠯᠡᠬᠦᠯᠦᠨ᠎ᠡ᠃ ᠠᠷᠤᠬᠠᠰᠢᠶᠠᠳᠤ ᠪᠤᠭᠤᠮᠳᠠ ᠶᠢ ᠵᠢᠯ ᠲᠤᠷᠰᠢᠳᠠ ᠴᠢᠯᠦᠭᠡᠳᠡᠢ ᠪᠤᠯᠭᠠᠬᠤ ᠪᠠ ᠪᠤᠭᠤᠮᠳᠠ ᠨᠡᠪᠳᠡᠷᠡᠬᠦ ᠨᠡᠩ ᠤᠯᠠᠨ ᠬᠠᠷᠠᠭᠠᠯᠵᠠᠯ ᠤᠨ ᠲᠦᠷᠦ ᠶᠢᠨ ᠪᠤᠳᠤᠯᠭ᠎ᠠ ᠶᠢ ᠢᠳᠡᠪᠬᠢᠳᠡᠢ ᠭᠤᠶᠤᠴᠢᠯᠠᠵᠤ᠂ ᠲᠤᠮᠳᠠᠳᠤ ᠮᠤᠩᠭᠤᠯ ᠤᠨ ᠬᠢᠯᠢ ᠶᠢᠨ ᠠᠵᠤ ᠠᠬᠤᠢ ᠶᠢᠨ ᠬᠠᠮᠳᠤᠷᠠᠯᠴᠠᠭᠠᠨ ᠤ ᠤᠷᠤᠨ ᠎ ᠢ ᠭᠤᠶᠤᠴᠢᠯᠠᠨ ᠮᠡᠳᠡᠬᠦᠯᠬᠦ ᠶᠢ ᠲᠦᠷᠭᠡᠳᠭᠡᠵᠦ᠂ ᠮᠤᠩᠭᠤᠯ ᠤᠯᠤᠰ ᠯᠤᠭ᠎ᠠ ᠶᠢᠨ ᠠᠷᠠᠯᠵᠢᠶ᠎ᠠ ᠬᠤᠳᠠᠯᠳᠤᠭᠠᠨ ᠤ ᠬᠠᠷᠢᠯᠴᠠᠭ᠎ᠠ ᠶᠢ ᠨᠢᠭᠳᠠᠷᠠᠭᠤᠯᠤᠨ᠂ ᠮᠠᠯ ᠤᠨ ᠠᠰᠢᠭ ᠰᠢᠮ᠎ᠡ ᠪᠤᠯᠪᠠᠰᠤᠷᠠᠭᠤᠯᠬᠤ ᠪᠠ ᠰᠢᠨ᠎ᠡ ᠭᠡᠯᠪᠡᠷᠢ ᠶᠢᠨ ᠪᠠᠷᠢᠯᠭ᠎ᠠ ᠶᠢᠨ ᠮᠠᠲ᠋ᠧᠷᠢᠶᠠᠯ ᠵᠢᠴᠢ ᠬᠢᠳᠠᠳ ᠡᠮ ᠤᠨ ᠮᠡᠲ᠋ᠧᠷᠢᠶᠠᠯ ᠪᠤᠯᠪᠠᠰᠤᠷᠠᠭᠤᠯᠬᠤ ᠦᠢᠯᠡᠰ ᠢ ᠶᠡᠭᠡᠪᠡᠷ ᠭᠦᠭᠵᠢᠬᠦᠯᠵᠤ᠂ ᠪᠤᠭᠤᠮᠳᠠ ᠶᠢᠨ ᠦᠢᠯᠡᠳᠪᠦᠷᠢᠯᠡᠨ ᠪᠤᠯᠪᠠᠰᠤᠷᠠᠭᠤᠯᠬᠤ ᠬᠢᠭᠡᠳ ᠠᠷᠠᠯᠵᠢᠶ᠎ᠠ ᠬᠤᠳᠠᠯᠳᠤᠭ᠎ᠠ ᠶᠢᠨ ᠡᠳ᠋ ᠪᠠᠷᠠᠭᠠᠨ ᠤ ᠬᠦᠢᠯᠭᠡᠭᠡᠨ ᠤ ᠰᠠᠭᠤᠷᠢᠨ ᠭᠠᠵᠠᠷ ᠢ ᠪᠦᠬᠦ ᠬᠦᠴᠦᠨ ᠢᠶᠠᠷ ᠪᠠᠶᠢᠭᠤᠯᠤᠨ᠎ᠠ᠃ ᠪᠤᠭᠤᠮᠳᠠ ᠶᠢᠨ ᠵᠤᠭᠠᠴᠠᠯ ᠤᠨ ᠠᠵᠤ ᠦᠢᠯᠡᠰ ᠤᠨ ᠪᠦᠳᠦᠭᠡᠨ ᠪᠠᠶᠢᠭᠤᠯᠤᠯᠳᠠ ᠶᠢ ᠠᠬᠢᠭᠤᠯᠵᠤ᠂ ᠵᠤᠭᠠᠴᠠᠯ ᠤᠨ ᠠᠵᠤ ᠦᠢᠯᠡᠰ ᠬᠢᠭᠡᠳ ᠪᠤᠭᠤᠮᠳᠠ ᠶᠢᠨ ᠠᠵᠤ ᠠᠬᠤᠢ ᠶᠢᠨ ᠬᠤᠯᠪᠤᠭᠠᠯᠠᠭᠰᠠᠨ ᠬᠦᠭᠵᠢᠯᠳᠡ ᠶᠢ ᠪᠡᠶᠡᠯᠡᠬᠦᠯᠦᠨ᠎ᠡ᠃ ᠪᠤᠭᠤᠮᠳᠠ ᠶᠢᠨ ᠰᠠᠭᠤᠷᠢ ᠲᠦᠭᠦᠭᠡᠷᠤᠮᠵᠢ ᠶᠢ ᠲᠡᠭᠦᠯᠳᠡᠷᠵᠢᠬᠦᠯᠵᠤ᠂ ᠪᠤᠭᠤᠮᠳᠠ ᠶᠢᠨ ᠡᠳ᠋ ᠪᠠᠷᠠᠭ᠎ᠠ ᠶᠢ ᠬᠤᠯᠪᠤᠭᠠᠯᠠᠨ ᠪᠠᠶᠢᠴᠠᠭᠠᠬᠤ ᠲᠢᠩᠬᠢᠮ ᠵᠢᠴᠢ ᠬᠠᠮᠢᠶ᠎ᠠ ᠪᠦᠬᠦᠢ ᠢᠵᠢ ᠪᠦᠷᠢᠳᠦᠭᠰᠡᠨ ᠲᠦᠭᠦᠭᠡᠷᠤᠮᠵᠢ᠂ ᠬᠢᠯᠢ ᠎ ᠶᠢᠨ ᠪᠤᠭᠤᠮᠳᠠ ᠶᠢᠨ ᠬᠢᠨᠠᠨ ᠬᠠᠮᠢᠶᠠᠷᠤᠯᠳᠠ ᠶᠢᠨ ᠤᠷᠤᠨ ᠪᠤᠯᠤᠨ ᠪᠤᠭᠤᠮᠳᠠ ᠶᠢᠨ ᠡᠯᠧᠺᠲᠷᠤᠨ ᠰᠤᠷᠠᠭ ᠵᠠᠩᠬᠢ ᠶᠢᠨ ᠲᠠᠪᠴᠠᠩ ᠤᠨ ᠪᠦᠳᠦᠭᠡᠨ ᠪᠠᠶᠢᠭᠤᠯᠤᠯᠳᠠ ᠶᠢ ᠲᠦᠷᠭᠡᠳᠭᠡᠵᠤ᠂ ᠠᠷᠤᠬᠠᠰᠢᠶᠠᠳᠤ ᠪᠤᠭᠤᠮᠳᠠ — ᠮᠤᠩᠭᠤᠯ ᠤᠯᠤᠰ ᠤᠨ ᠴᠤᠶᠢᠪᠠᠯᠰᠠᠩ ᠬᠤᠳᠠ ᠬᠦᠷᠬᠦ ᠵᠠᠰᠠᠮᠠᠯ ᠵᠠᠮ ᠡᠷᠳᠡ ᠨᠢᠭᠡᠨ ᠡᠳᠤᠷ ᠠᠵᠢᠯ ᠡᠬᠢᠯᠡᠬᠦ ᠶᠢ ᠠᠬᠢᠭᠤᠯᠤᠨ᠎ᠠ᠃ ᠦᠢᠯᠡᠴᠢᠯᠡᠭᠡᠨ ᠤ ᠤᠷᠴᠢᠨ ᠲᠤᠭᠤᠷᠢᠨ ᠢ ᠰᠢᠯᠢᠳᠡᠭᠵᠢᠬᠦᠯᠵᠤ᠂ ᠲᠦᠷᠦ ᠶᠢᠨ ᠪᠤᠳᠤᠯᠭ᠎ᠠ ᠶᠢᠨ ᠴᠡᠪᠡᠷ ᠠᠰᠢᠭ ᠢ ᠴᠢᠯᠦᠭᠡᠳᠠᠢ ᠪᠤᠯᠭᠠᠨ᠂ ᠤᠷᠤᠭᠤᠯᠬᠤ ᠵᠦᠪᠰᠢᠶᠡᠷᠡᠯ ᠤᠨ ᠱᠠᠭᠠᠷᠳᠠᠯᠭ᠎ᠠ ᠶᠢ ᠲᠤᠤᠷ᠎ᠠ ᠪᠤᠯᠭᠠᠵᠦ᠂ ᠲᠤᠮᠳᠠ ᠵᠢᠵᠢᠭ ᠠᠵᠤ ᠠᠬᠤᠶᠢᠯᠠᠯ ᠤᠨ ᠡᠷᠡᠬᠦᠯ ᠢᠶᠠᠷ ᠭᠦᠭᠵᠢᠬᠦ ᠶᠢ ᠠᠬᠢᠭᠤᠯᠤᠨ᠎ᠠ᠃        ︵ᠲᠦᠷᠪᠡ︶ ᠠᠮᠢ ᠠᠬᠤᠶᠢᠴᠢ ᠲᠠᠭᠠᠯᠠᠮᠵᠢᠳᠠᠢ ᠪᠠᠶᠢᠬᠤ ᠶᠢ ᠲᠤᠪᠤᠶᠢᠯᠭᠠᠵᠤ᠂ ᠬᠤᠳᠠ ᠪᠠᠯᠭᠠᠰᠤᠨ ᠤ ᠲᠦᠷᠢ ᠲᠦᠷᠬᠦ ᠰᠢᠨ᠎ᠡ ᠬᠤᠪᠢᠷᠠᠯᠳᠠ ᠲᠠᠢ ᠪᠤᠯᠬᠤ ᠎ ᠶᠢ ᠠᠬᠢᠭᠤᠯᠤᠨ᠎ᠠ᠃ ᠰᠢᠨ᠎ᠡ ᠭᠡᠯᠪᠡᠷᠢ ᠶᠢᠨ ᠬᠤᠳᠠ ᠪᠠᠯᠭᠠᠰᠤ ᠶᠢᠨ ᠰᠢᠰᠲ᠋ᠧᠮ ᠤᠨ ᠪᠦᠳᠦᠭᠡᠨ ᠪᠠᠶᠢᠭᠤᠯᠤᠯᠳᠠ ᠶᠢ ᠲᠦᠷᠭᠡᠳᠭᠡᠵᠤ᠂ ᠲᠦᠪ ᠬᠤᠳᠠ ᠲᠤᠭᠤᠷᠢᠭ ᠤᠨ ᠳᠠᠭᠠᠭᠤᠯᠤᠨ ᠲᠠᠶᠢᠴᠢᠯᠠᠬᠤ ᠬᠦᠴᠦᠨ ᠢ ᠲᠠᠰᠤᠷᠠᠯᠳᠠ ᠦᠭᠡᠢ ᠴᠢᠩᠭᠠᠳᠬᠠᠨ᠎ᠠ᠃ ᠬᠤᠳᠠ ᠪᠠᠯᠭᠠᠰᠤ ᠶᠢᠨ ᠭᠦᠭᠵᠢᠯᠳᠡ ᠶᠢᠨ ᠲᠦᠯᠦᠪᠵᠢᠬᠦᠯᠬᠡ ᠶᠢ ᠲᠡᠭᠦᠯᠳᠡᠷᠵᠢᠬᠦᠯᠵᠤ᠂ ︽ᠠᠯᠳ᠋ᠬᠠᠮᠡᠭᠡᠯ ᠪᠠᠯᠭᠠᠰᠤ ᠶᠢᠨ ᠬᠢᠵᠠᠭᠠᠷᠯᠠᠬᠤ ᠴᠢᠨᠠᠷᠳᠠᠢ ᠨᠠᠷᠢᠯᠢᠭ ᠲᠦᠯᠦᠪᠵᠢᠬᠦᠯᠭᠡ︾᠎ ᠶᠢ ᠵᠠᠰᠠᠵᠤ ᠨᠠᠶᠢᠷᠠᠭᠤᠯᠤᠨ᠎ᠠ᠃ 1.11 ᠳ᠋ᠦᠩᠰᠢᠭᠤᠷ ᠲᠦᠭᠦᠷᠢᠭ ᠤᠨ ᠪᠡᠯᠡ ᠤᠷᠤᠭᠤᠯᠵᠤ᠂ ᠤᠰᠤᠨ ᠤ ᠬᠠᠩᠭᠠᠯᠭ᠎ᠠ ᠶᠢᠨ ᠪᠡᠯᠡᠳᠭᠡᠯ ᠲᠦᠬᠦᠭᠡᠷᠦᠮᠵᠢ ᠶᠢ ᠵᠠᠰᠠᠵᠤ ᠦᠷᠭᠡᠳᠭᠡᠨ ᠪᠠᠶᠢᠭᠤᠯᠬᠤ᠂ ᠪᠤᠵᠠᠷ ᠤᠰᠤ ᠰᠢᠢᠳᠪᠦᠷᠢᠯᠡᠬᠦ᠂ ᠢᠯᠴᠢ ᠬᠠᠩᠭᠠᠬᠤ᠂ ᠵᠠᠮ ᠵᠡᠭᠡᠯᠢ ᠶᠢᠨ ᠪᠦᠳᠦᠭᠡᠨ ᠪᠠᠶᠢᠭᠤᠯᠤᠯᠳᠠ ᠵᠡᠷᠭᠡ ᠢᠨᠵᠧᠨᠧᠷᠢᠩ ᠢ ᠭᠡᠷᠡᠭᠵᠢᠬᠦᠯᠵᠤ᠂ ᠬᠤᠳᠠ ᠪᠠᠯᠭᠠᠰᠤ ᠶᠢᠨ ᠤᠷᠤᠰᠢᠨ ᠰᠠᠭᠤᠬᠤ ᠤᠷᠴᠢᠨ ᠲᠤᠭᠤᠷᠢᠨ ᠢ ᠲᠠᠰᠤᠷᠠᠯᠳᠠ ᠦᠭᠡᠢ ᠰᠠᠶᠢᠵᠢᠷᠠᠭᠤᠯᠤᠨ᠎ᠠ᠃ 1.72 ᠳ᠋ᠦᠩᠰᠢᠭᠤᠷ ᠲᠦᠭᠦᠷᠢᠭ ᠤᠨ ᠪᠡᠯᠡ ᠤᠷᠤᠭᠤᠯᠵᠤ᠂ 300 ᠲᠦᠭᠦᠮ ᠪᠦᠳᠦᠴᠡᠳᠤ ᠤᠷᠤᠨ ᠰᠠᠭᠤᠴᠠ ᠶᠢ ᠵᠠᠰᠠᠨ ᠰᠢᠨᠡᠳᠭᠡᠵᠤ᠂ 134 ᠨᠤᠷᠠᠬᠤ ᠠᠶᠤᠯᠳᠠᠢ ᠭᠡᠷ ᠪᠠᠶᠢᠰᠢᠩ ᠢ ᠵᠠᠰᠠᠨ ᠰᠢᠨᠡᠳᠭᠡᠨ᠎ᠡ᠃ ᠬᠤᠳᠠ ᠪᠠᠯᠭᠠᠰᠤ ᠶᠢᠨ ᠲᠦᠷᠢ ᠲᠦᠷᠬᠦ ᠪᠠ ᠤᠷᠴᠢᠨ ᠲᠤᠭᠤᠷᠢᠨ ᠤ ᠠᠷᠢᠭᠤᠨ ᠴᠡᠪᠡᠷ ᠢ ᠴᠡᠭᠴᠡᠯᠡᠨ ᠵᠠᠰᠠᠬᠤ ᠬᠦᠴᠦᠯᠡᠴᠡ ᠶᠢ ᠨᠡᠮᠡᠭᠳᠡᠬᠦᠯᠵᠤ᠂ ᠬᠤᠳᠠ ᠪᠠᠯᠭᠠᠰᠤ ᠶᠢᠨ ᠴᠢᠨᠠᠷ ᠲᠡᠰ ᠢ ᠲᠡᠭᠡᠭᠰᠢᠯᠡᠬᠦᠯᠵᠤ᠂ ᠬᠤᠳᠠ ᠶᠢᠨ ᠦᠵᠡᠰᠬᠦᠯᠡᠩ ᠤᠨ ᠤᠷᠳᠤᠨ ᠪᠠ ᠬᠤᠳᠠ ᠪᠠᠯᠭᠠᠰᠤᠨ ᠤ ᠭᠠᠵᠠᠷ ᠲᠤᠤᠷᠠᠬᠢ ᠬᠤᠭᠤᠯᠠᠢ ᠲᠤᠤᠷ ᠢ ᠨᠡᠶᠢᠳᠡᠮ ᠪᠠᠶᠢᠴᠠᠭᠠᠬᠤ ᠠᠵᠢᠯ ᠢ ᠭᠤᠤᠯᠳᠠᠯᠭ᠎ᠠ ᠲᠠᠢ ᠦᠷᠨᠢᠬᠦᠯᠦᠨ᠎ᠡ᠃ ᠵᠠᠮ ᠬᠠᠷᠢᠯᠴᠠᠭᠠᠨ ᠤ ᠨᠦᠬᠦᠴᠡᠯ ᠢ ᠰᠠᠶᠢᠵᠢᠷᠠᠭᠤᠯᠵᠤ᠂ ᠭᠠᠴᠠᠭ᠎ᠠ ᠲᠤᠰᠬᠤᠨ ᠤ ᠵᠡᠭᠡᠯᠢ ᠭᠤᠳᠤᠮᠵᠢ ᠶᠢᠨ ᠵᠠᠮ ᠢ ᠱᠦᠢᠨᠢᠳᠡᠬᠦ ᠢᠨᠵᠧᠨᠧᠷᠢᠩ ᠢ 82.33 ᠺᠢᠯᠤᠮᠧᠲᠷ ᠪᠡᠶᠡᠯᠡᠬᠦᠯᠵᠤ᠂ S203 ᠱᠤᠭᠤᠮ — ᠲᠠᠯᠠᠢ ᠤᠢ ᠰᠢᠭᠤᠢ ᠶᠢᠨ ᠲᠠᠯᠠᠪᠠᠢ ᠬᠦᠷᠬᠦ᠂ S203 ᠱᠤᠭᠤᠮ — ᠡᠤ ᠢ ᠭᠠᠴᠠᠭ᠎ᠠ ᠬᠦᠷᠬᠦ᠂ ᠭᠡᠷᠦᠯᠦᠨ ᠰᠤᠮᠤ — ᠦᠯᠵᠡᠶᠢᠳᠤ ᠭᠠᠴᠠᠭ᠎ᠠ ᠬᠦᠷᠬᠦ ᠵᠡᠷᠭᠡ ᠬᠦᠳᠡᠭᠡ ᠲᠤᠰᠬᠤᠨ ᠤ ᠵᠠᠰᠠᠮᠠᠯ ᠵᠠᠮ ᠢ ᠪᠡᠶᠡᠯᠡᠬᠦᠯᠦᠨ᠂ ᠪᠤᠭᠳᠠᠠᠭᠤᠯᠠ ᠰᠤᠮᠤ — ᠪᠤᠶᠢᠷ ᠰᠤᠮᠤ ᠬᠦᠷᠬᠦ ᠵᠠᠰᠠᠮᠠᠯ ᠵᠠᠮ᠂ ᠠᠯᠳ᠋ᠬᠠᠮᠡᠭᠡᠯ ᠪᠠᠯᠭᠠᠰᠤ — ᠠᠷᠤᠬᠠᠰᠢᠶᠠᠳᠤ ᠪᠤᠭᠤᠮᠳᠠ ᠬᠦᠷᠬᠦ ᠬᠤᠶᠠᠳᠤᠭᠠᠷ ᠲᠡᠰ ᠤᠨ ᠵᠠᠰᠠᠮᠠᠯ ᠵᠠᠮ ᠢ ᠠᠵᠢᠯ ᠡᠬᠢᠯᠡᠬᠦᠯᠦᠨ ᠪᠠᠶᠢᠭᠤᠯᠵᠤ᠂ ᠮᠤᠵᠢ ᠶᠢᠨ ᠵᠠᠮ S203 ᠱᠤᠭᠤᠮ ᠤᠨ ᠮᠠᠨᠵᠤᠤᠷ — ᠠᠯᠳ᠋ᠬᠠᠮᠡᠭᠡᠯ — ᠠᠮᠤᠭᠤᠯᠠᠩ ᠬᠦᠷᠬᠦ ᠨᠢᠭᠡᠳᠤᠭᠡᠷ ᠲᠡᠰ ᠤᠨ ᠵᠠᠰᠠᠮᠠᠯ ᠵᠠᠮ ᠎ ᠢ ᠠᠵᠢᠯ ᠲᠠᠭᠤᠰᠬᠠᠵᠤ ᠲᠡᠷᠭᠡ ᠨᠡᠪᠳᠡᠷᠡᠬᠦᠯᠦᠨ᠎ᠡ᠃ ︽ᠪᠠᠬᠢᠯᠡᠯᠳᠡ ᠰᠢᠪᠳᠤᠯᠬᠤ︾ ᠵᠤᠷᠢᠭ ᠰᠠᠨᠠᠭ᠎ᠠ ᠶᠢ ᠶᠡᠭᠡᠪᠡᠷ ᠪᠠᠳᠠᠷᠠᠭᠤᠯᠵᠤ᠂ ︽ᠠᠷᠪᠠ ᠶᠢ ᠪᠦᠷᠭᠦᠭᠦᠯᠬᠦ︾ ᠢᠨᠵᠧᠨᠧᠷᠢᠩ ᠢ ᠦᠷᠬᠦᠯᠵᠢᠯᠡᠨ ᠭᠡᠷᠡᠭᠵᠢᠬᠦᠯᠵᠤ᠂ ᠬᠢᠨᠠᠨ ᠰᠢᠯᠭᠠᠬᠤ ᠶᠢ ᠤᠷᠤᠭᠰᠢᠳᠠᠢ ᠦᠩᠭᠡᠷᠡᠬᠦᠯᠦᠨ᠎ᠡ᠃         ︵ᠲᠠᠪᠤ︶ ᠠᠷᠠᠳ ᠤᠨ ᠠᠮᠢᠳᠤᠷᠠᠯ ᠢ ᠰᠠᠶᠢᠵᠢᠷᠠᠭᠤᠯᠤᠨ ᠠᠷᠠᠳ ᠢᠶᠠᠷ ᠦᠨᠳᠦᠰᠦ ᠪᠤᠯᠭᠠᠬᠤ ᠶᠢ ᠲᠤᠪᠤᠶᠢᠯᠭᠠᠵᠤ᠂ ᠨᠡᠶᠢᠭᠡᠮ ᠤᠨ ᠠᠵᠢᠯ ᠦᠢᠯᠡᠰ ᠰᠢᠨ᠎ᠡ ᠲᠠᠪᠰᠢᠯᠳᠠ ᠲᠠᠢ ᠪᠤᠯᠬᠤ ᠶᠢ ᠠᠬᠢᠭᠤᠯᠤᠨ᠎ᠠ᠃ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠪᠡᠯᠡ ᠤᠷᠤᠭᠤᠯᠤᠯᠳᠠ ᠶᠢ ᠦᠷᠬᠦᠯᠵᠢᠯᠡᠨ ᠨᠡᠮᠡᠭᠳᠡᠬᠦᠯᠵᠤ᠂ ᠨᠡᠶᠢᠭᠡᠮ ᠎ ᠤᠨ ᠡᠯ᠎ᠡ ᠵᠦᠢᠯ ᠤᠨ ᠠᠵᠢᠯ ᠦᠢᠯᠡᠰ ᠤᠨ ᠡᠶ᠎ᠡ ᠵᠤᠬᠢᠴᠠᠩᠭᠤᠢ ᠬᠦᠭᠵᠢᠯᠳᠡ ᠶᠢ ᠪᠦᠬᠦ ᠲᠠᠯ᠎ᠠ ᠪᠠᠷ ᠠᠬᠢᠭᠤᠯᠤᠨ᠎ᠠ᠃ ᠰᠤᠷᠭᠠᠨ ᠬᠦᠮᠦᠵᠢᠯ ᠡᠷᠡᠬᠦᠯ ᠬᠠᠮᠠᠭᠠᠯᠠᠯ ᠤᠨ ᠠᠵᠢᠯ ᠦᠢᠯᠡᠰ ᠢ ᠶᠡᠭᠡᠪᠡᠷ ᠭᠦᠭᠵᠢᠬᠦᠯᠦᠨ᠎ᠡ᠃ ᠤᠯᠤᠰ ᠤᠨ ᠲᠡᠰ ᠤᠨ ᠠᠯᠪᠠᠨ ᠵᠢᠷᠤᠮ ᠤᠨ ᠰᠤᠷᠭᠠᠨ ᠬᠦᠮᠦᠵᠢᠯ ᠢ ᠦᠨᠳᠤᠰᠦᠨ ᠳᠡᠭᠡᠨ ᠲᠡᠩᠴᠡᠭᠦᠷᠢᠳᠡᠢ ᠬᠦᠭᠵᠢᠬᠦᠯᠦᠭᠰᠡᠨ ᠬᠤᠰᠢᠭᠤ ᠰᠢᠶᠠᠨ ᠢᠶᠠᠷ ᠰᠢᠯᠭᠠᠷᠠᠭᠤᠯᠤᠭᠰᠠᠨ ᠦᠷ᠎ᠡ ᠪᠦᠳᠦᠭᠡᠯ ᠢ ᠪᠠᠳᠤᠳᠬᠠᠵᠤ᠂ ᠦᠪᠡᠷᠳᠡᠭᠡᠨ ᠵᠠᠰᠠᠬᠤ ᠤᠷᠤᠨ ᠤ ᠰᠤᠷᠭᠠᠨ ᠬᠦᠮᠦᠵᠢᠯ ᠤᠨ ᠤᠳᠤᠬᠢᠴᠢᠯᠠᠯᠳᠠ ᠶᠢᠨ ᠵᠢᠱᠢᠶ᠎ᠡ ᠦᠵᠡᠬᠦᠯᠬᠦ ᠬᠤᠰᠢᠭᠤ ᠶᠢ ᠴᠢᠷᠮᠠᠶᠢᠨ ᠪᠠᠶᠢᠭᠤᠯᠤᠨ᠎ᠠ᠃ ᠲᠤᠮᠳᠠᠳᠤ ᠤᠷᠤᠰ ᠮᠤᠩᠭᠤᠯ ᠤᠨ ᠬᠦᠯ ᠪᠦᠮᠪᠦᠭᠡ ᠶᠢᠨ ᠪᠤᠯᠪᠠᠰᠤᠷᠠᠯ ᠰᠤᠯᠢᠯᠴᠠᠭᠠᠨ ᠤ ᠰᠠᠭᠤᠷᠢᠨ ᠭᠠᠵᠠᠷ ᠢ ᠰᠢᠨ᠎ᠡ ᠪᠠᠷ ᠪᠠᠶᠢᠭᠤᠯᠵᠤ᠂ ᠰᠤᠷᠭᠠᠭᠤᠯᠢ ᠶᠢᠨ ᠬᠦᠷᠢᠶᠡᠨ ᠤ ᠬᠦᠯ ᠪᠦᠮᠪᠦᠭᠡ ᠶᠢ ᠠᠬᠢᠭᠤᠯᠤᠨ ᠲᠦᠭᠡᠮᠡᠯᠵᠢᠬᠦᠯᠦᠨ᠎ᠡ᠃ ᠠᠷᠠᠳ ᠎ ᠠᠴᠠ ᠡᠷᠬᠢᠯᠡᠭᠰᠡᠨ ᠰᠤᠷᠭᠠᠨ ᠬᠦᠮᠦᠵᠢᠯ ᠢ ᠲᠦᠷᠢᠮᠵᠢᠬᠦᠯᠵᠤ᠂ ᠨᠡᠶᠢᠭᠡᠮ ᠤᠨ ᠬᠦᠴᠦᠨ ᠤ ᠰᠤᠷᠭᠠᠭᠤᠯᠢ ᠡᠷᠬᠢᠯᠡᠬᠦ ᠶᠢ ᠵᠤᠷᠢᠭᠵᠢᠭᠤᠯᠤᠨ᠎ᠠ᠃ ᠠᠵᠢᠯ ᠮᠡᠷᠭᠡᠵᠢᠯ ᠤᠨ ᠰᠤᠷᠭᠠᠨ ᠬᠦᠮᠦᠵᠢᠯ ᠤᠨ ᠰᠤᠷᠭᠠᠭᠤᠯᠢ ᠡᠷᠭᠢᠯᠡᠬᠦ ᠤᠨᠴᠠᠯᠢᠭ ᠢ ᠲᠤᠪᠤᠶᠢᠯᠭᠠᠵᠤ᠂ ᠠᠵᠢᠯ ᠮᠡᠷᠭᠡᠵᠢᠯ ᠤᠨ ᠰᠤᠷᠭᠠᠭᠤᠯᠢ ᠶᠢᠨ ᠰᠠᠭᠤᠷᠢ ᠬᠦᠴᠦᠨ ᠪᠠ ᠠᠵᠢᠯ ᠮᠡᠷᠭᠡᠵᠢᠯ ᠎ ᠤᠨ ᠰᠤᠷᠭᠠᠨ ᠬᠦᠮᠦᠵᠢᠯ ᠤᠨ ᠦᠢᠯᠡᠳᠦᠯᠭᠡ ᠶᠢᠨ ᠰᠠᠭᠤᠷᠢᠨ ᠭᠠᠵᠠᠷ ᠤᠨ ᠪᠦᠳᠦᠭᠡᠨ ᠪᠠᠶᠢᠭᠤᠯᠤᠯᠳᠠ ᠶᠢ ᠴᠢᠩᠭᠠᠳᠬᠠᠨ᠎ᠠ᠃ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠦᠭᠡᠷᠡᠴᠢᠯᠡᠯᠳᠡ ᠶᠢ ᠲᠦᠷᠭᠡᠳᠭᠡᠨ ᠠᠬᠢᠭᠤᠯᠵᠤ᠂ ᠡᠮᠴᠢᠯᠡᠭᠡ ᠪᠠ ᠬᠠᠮᠢᠶᠠᠷᠤᠯᠳᠠ ᠶᠢᠨ ᠲᠠᠯ᠎ᠠ ᠪᠠᠷ ᠬᠢ ᠦᠨᠳᠤᠷ ᠲᠡᠰ ᠤᠨ ᠭᠡᠷᠡᠭᠯᠡᠭᠡᠨ ᠤ ᠴᠢᠳᠠᠪᠤᠷᠢᠳᠠᠨ ᠢ ᠤᠷᠢᠵᠦ ᠬᠦᠮᠦᠵᠢᠬᠦᠯᠬᠦ ᠶᠢᠨ ᠬᠠᠮᠳᠦ᠂ ᠭᠤᠷᠪᠠᠳᠤᠭᠠᠷ ᠲᠡᠰ ᠤᠨ ᠡᠮ ᠡᠮᠨᠡᠯᠭᠡ ᠡᠷᠡᠬᠦᠯ ᠬᠠᠮᠠᠭᠠᠯᠠᠯ ᠤᠨ ᠲᠤᠤᠷ ᠰᠦᠯᠵᠢᠶ᠎ᠡ ᠶᠢ ᠪᠦᠬᠦ ᠲᠠᠯ᠎ᠠ ᠪᠠᠷ ᠪᠦᠷᠭᠦᠭᠦᠯᠦᠨ᠎ᠡ᠃ ︽ᠬᠤᠶᠠᠳᠤᠭᠠᠷ ᠭᠡᠤᠭᠡᠳ ᠠᠪᠬᠤ ᠶᠢ ᠪᠦᠬᠦ ᠲᠠᠯ᠎ᠠ ᠪᠠᠷ ᠴᠢᠯᠦᠭᠡᠳᠡᠢ ᠪᠤᠯᠭᠠᠬᠤ︾ ᠲᠦᠷᠦ ᠶᠢᠨ ᠪᠤᠳᠤᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠦᠷᠡᠵᠢᠯ ᠤᠨ ᠬᠦᠢᠴᠡᠳᠭᠡᠬᠦ ᠲᠤᠭᠠᠨ ᠤ ᠲᠤᠭᠳᠠᠭᠤᠨ ᠢ ᠪᠠᠳᠤᠯᠠᠨ᠎ᠠ᠃ ᠰᠤᠶᠤᠯ ᠲᠠᠮᠢᠷ ᠤᠨ ᠦᠢᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠬᠦᠯᠦᠨ᠎ᠡ᠃ ᠲᠠᠯᠠᠢ ᠰᠤᠮᠤ ᠪᠠ ᠪᠤᠭᠳᠠᠠᠭᠤᠯᠠ ᠰᠤᠮᠤᠨ ᠤ ᠶᠡᠷᠤᠩᠭᠡᠶᠢᠯᠡᠭᠰᠡᠨ ᠰᠤᠶᠤᠯ ᠤᠨ ᠦᠷᠳᠡᠭᠡ ᠶᠢᠨ ᠪᠦᠳᠦᠭᠡᠨ ᠪᠠᠶᠢᠭᠤᠯᠤᠯᠳᠠ ᠶᠢᠨ ᠲᠦᠷᠦᠯ ᠵᠦᠢᠯ ᠢ ᠪᠡᠶᠡᠯᠡᠬᠦᠯᠦᠨ᠎ᠡ᠃ ᠪᠤᠳᠠᠰ ᠤᠨ ᠪᠤᠰᠤ ᠰᠤᠶᠤᠯ ᠤᠨ ᠦᠪ ᠭᠦᠷᠦᠩᠭᠡ ᠶᠢ ᠴᠤᠭᠯᠠᠭᠤᠯᠤᠨ ᠡᠮᠭᠢᠳᠭᠡᠵᠤ᠂ ︽ᠪᠤᠭᠳᠠᠠᠭᠤᠯᠠ ᠶᠢᠨ ᠲᠠᠭᠢᠯᠭ᠎ᠠ︾᠎ ᠶᠢ ᠤᠯᠤᠰ ᠎ ᠤᠨ ᠲᠡᠰ ᠤᠨ ᠪᠤᠳᠠᠰ ᠤᠨ ᠪᠤᠰᠤ ᠰᠤᠶᠤᠯ ᠤᠨ ᠦᠪ ᠭᠦᠷᠦᠩᠭᠡ ᠶᠢᠨ ᠲᠦᠷᠦᠯ ᠵᠦᠢᠯ ᠤᠨ ᠨᠡᠷᠡᠰ ᠤᠨ ᠵᠢᠭᠰᠠᠭᠠᠯᠳᠠ ᠳᠤ ᠤᠷᠤᠭᠤᠯᠬᠤ ᠪᠠᠷ ᠦᠷᠬᠦᠯᠵᠢᠯᠡᠨ ᠮᠡᠳᠡᠭᠦᠯᠦᠨ᠎ᠡ᠃ ᠦᠨᠳᠦᠰᠦᠳᠡᠨ ᠤ ᠰᠤᠶᠤᠯ ᠤᠷᠠᠯᠢᠭ ᠤᠨ ᠪᠦᠳᠦᠭᠡᠯ ᠢ ᠴᠢᠬᠤᠯᠠᠴᠢᠯᠠᠵᠦ᠂ ︽ᠪᠠᠷᠭᠤ ᠠᠷᠠᠳ ᠤᠨ ᠲᠠᠭᠤᠤ ᠶᠢᠨ ᠲᠡᠭᠦᠪᠦᠷᠢ︾ ᠬᠢᠭᠡᠳ ︽ᠪᠤᠳᠠᠰ ᠎ ᠤᠨ ᠪᠤᠰᠤ ᠰᠤᠶᠤᠯ ᠤᠨ ᠦᠪ ᠭᠦᠷᠦᠩᠭᠡ ᠶᠢᠨ ᠡᠮᠭᠢᠳᠭᠡᠯ︾ ᠬᠤᠶᠠᠷ ᠤᠷᠠᠨ ᠪᠦᠳᠦᠭᠡᠯ ᠢ ᠭᠡᠪᠯᠡᠨ ᠲᠠᠷᠬᠠᠭᠠᠨ᠎ᠠ᠃ ︽ᠮᠠᠯᠴᠢᠨ ᠤ ᠲᠠᠭᠤᠯᠠᠯ︾ ᠪᠦᠵᠢᠭᠳᠦ ᠳᠠᠭᠤᠯᠠᠯ ᠢ ᠨᠠᠶᠢᠷᠠᠭᠤᠯᠤᠨ‌‍ᠪᠤᠯᠪᠠᠰᠤᠷᠠᠵᠤ᠂ ᠰᠢᠨ᠎ᠡ ᠪᠠᠷᠭᠤ ᠪᠠᠷᠠᠭᠤᠨ ᠬᠤᠰᠢᠭᠤᠨ ᠤ ᠰᠤᠶᠤᠯ ᠤᠨ ᠨᠡᠷ᠎ᠡ ᠶᠢᠨ ᠬᠠᠭᠤᠳᠠᠰᠤ ᠶᠢ ᠬᠦᠴᠦᠯᠡᠨ ᠡᠭᠦᠳᠦᠨ᠎ᠡ᠃ ᠲᠠᠮᠢᠷ ᠎ ᠤᠨ ᠦᠢᠯᠡᠰ ᠢ ᠶᠡᠭᠡᠪᠡᠷ ᠬᠦᠭᠵᠢᠬᠦᠯᠵᠤ᠂ ᠲᠠᠮᠢᠷ ᠤᠨ ᠤᠷᠳᠤᠨ ᠤ ᠪᠦᠳᠦᠭᠡᠨ ᠪᠠᠶᠢᠭᠤᠯᠤᠯᠳᠠ ᠶᠢ ᠴᠢᠩᠭᠠᠳᠬᠠᠵᠤ᠂ ᠬᠦᠯ ᠪᠦᠮᠪᠦᠭᠡ᠂ ᠵᠢᠤᠳᠤᠤ ᠵᠡᠷᠭᠡ ᠦᠪᠡᠷᠮᠢᠴᠡ ᠤᠨᠴᠠᠯᠢᠭᠳᠤ ᠲᠠᠮᠢᠷ ᠤᠨ ᠲᠦᠷᠦᠯ ᠵᠦᠢᠯ ᠤᠨ ᠴᠢᠳᠠᠪᠤᠷᠢᠳᠠᠨ ᠢ ᠭᠤᠤᠯᠳᠠᠯᠭ᠎ᠠ ᠲᠠᠢ ᠬᠦᠮᠦᠵᠢᠬᠦᠯᠦᠨ᠎ᠡ᠃ ᠨᠡᠶᠢᠭᠡᠮ ᠤᠨ ᠠᠵᠢᠯ ᠦᠢᠯᠡᠰ ᠤᠨ ᠬᠦᠭᠵᠢᠯᠳᠡ ᠶᠢ ᠲᠦᠷᠭᠡᠳᠭᠡᠨ᠎ᠡ᠃ ᠤᠷᠤᠰᠢᠭᠤᠯᠭ᠎ᠠ ᠶᠢᠨ ᠲᠦᠷᠢᠮ ᠤᠨ ᠦᠭᠡᠷᠡᠴᠢᠯᠡᠯᠳᠡ ᠶᠢ ᠠᠬᠢᠭᠤᠯᠤᠨ᠎ᠠ᠃ ᠨᠠᠰᠤᠵᠢᠯ ᠤᠨ ᠦᠢᠯᠡᠴᠢᠯᠡᠬᠡᠨ ᠤ ᠰᠢᠰᠲ᠋ᠧᠮ ᠢ ᠲᠡᠭᠦᠯᠳᠡᠷᠵᠢᠬᠦᠯᠵᠤ᠂ ᠨᠡᠶᠢᠭᠡᠮ ᠤᠨ ᠠᠰᠠᠷᠠᠮᠵᠢ ᠶᠢᠨ ᠬᠦᠷᠢᠶᠡᠯᠡᠩ ᠢ ᠦᠭᠡᠷᠡᠴᠢᠯᠡᠨ ᠰᠠᠶᠢᠵᠢᠷᠠᠭᠤᠯᠵᠤ᠂ ︽12349︾ ᠠᠷᠠᠳ ᠲᠤ ᠲᠦᠭᠦᠮ ᠦᠵᠡᠬᠦᠯᠵᠤ ᠨᠠᠰᠤᠳᠠᠶᠢᠴᠤᠳ ᠲᠤ ᠲᠤᠰᠠᠯᠠᠬᠤ ᠦᠢᠯᠡᠴᠢᠯᠡᠭᠡᠨ ᠤ ᠲᠦᠪ ᠤᠨ ᠪᠦᠳᠦᠭᠡᠨ ᠪᠠᠶᠢᠭᠤᠯᠤᠯᠳᠠ ᠶᠢᠨ ᠲᠦᠷᠦᠯ ᠵᠦᠢᠯ ᠢ ᠭᠡᠷᠡᠭᠵᠢᠬᠦᠯᠦᠨ᠎ᠡ᠃ ᠬᠦᠴᠢᠷᠳᠡᠯᠳᠡᠢ ᠭᠡᠤᠭᠡᠳ ᠤᠨ ᠦᠨᠳᠤᠰᠤᠨ ᠠᠮᠢᠳᠤᠷᠠᠯ ᠢ ᠪᠠᠳᠤᠯᠠᠬᠤ ᠲᠤᠷᠰᠢᠯᠳᠠ ᠶᠢᠨ ᠴᠡᠭ ᠤᠨ ᠠᠵᠢᠯ ᠢ ᠬᠦᠨᠵᠡᠭᠡᠢ ᠦᠷᠨᠢᠬᠦᠯᠵᠤ᠂ ᠠᠵᠤ ᠠᠬᠤᠢ ᠨᠡᠶᠢᠭᠡᠮ ᠤᠨ ᠬᠦᠭᠵᠢᠯᠳᠡ ᠲᠠᠢ ᠵᠤᠬᠢᠴᠠᠯᠳᠤᠭᠰᠠᠨ ᠬᠦᠴᠢᠷᠳᠡᠯᠳᠡᠢ ᠭᠡᠤᠭᠡᠳ ᠢ ᠲᠦᠷᠦᠯ ᠠᠩᠭᠢᠯᠠᠨ ᠪᠠᠳᠤᠯᠠᠬᠤ ᠲᠦᠷᠢᠮ ᠢ ᠰᠦᠪᠡᠭᠴᠢᠯᠡᠨ ᠪᠠᠶᠢᠭᠤᠯᠤᠨ᠎ᠠ᠃ ᠬᠤᠶᠠᠷ ᠢ ᠬᠦᠷᠢᠶᠡᠯᠡᠵᠤ ᠬᠠᠷᠠᠭᠠᠯᠵᠠᠨ ᠲᠦᠪᠬᠢᠨᠡᠬᠦᠯᠬᠦ ᠠᠵᠢᠯ ᠢ ᠰᠠᠶᠢᠳᠤᠷ ᠠᠳᠬᠤᠵᠤ᠂ ᠴᠡᠷᠢᠭ ᠠᠷᠠᠳ ᠬᠠᠮᠳᠤᠪᠡᠷ ᠴᠤᠭᠴᠠᠯᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠤᠯᠭᠠᠨ᠎ᠠ᠃ ᠦᠨᠳᠤᠰᠦᠨ ᠱᠠᠳᠤᠨ ᠤ ᠨᠡᠶᠢᠭᠡᠮ ᠤᠨ ᠪᠠᠳᠤᠯᠠᠭ᠎ᠠ ᠶᠢᠨ ᠲᠠᠪᠴᠠᠩ ᠳᠤ ᠲᠦᠰᠢᠭᠯᠡᠵᠤ᠂ ᠨᠡᠶᠢᠭᠡᠮ ᠤᠨ ᠲᠠᠭᠠᠳᠬᠠᠯ ᠤᠨ ᠪᠦᠷᠭᠦᠴᠡ ᠶᠢ ᠦᠷᠬᠦᠯᠵᠢᠯᠡᠨ ᠦᠷᠭᠡᠳᠭᠡᠨ᠎ᠡ᠃ ᠪᠠᠭ᠎ᠠ ᠬᠡᠮᠵᠢᠶᠡᠨ ᠤ ᠪᠠᠳᠤᠯᠠᠭᠠᠳᠤ ᠵᠢᠭᠡᠯᠡᠯᠭᠡ ᠪᠠ ᠨᠡᠶᠢᠭᠡᠮ ᠤᠨ ᠲᠠᠭᠠᠳᠬᠠᠯ ᠤᠨ ᠨᠦᠬᠦᠪᠦᠷᠢ ᠵᠡᠷᠭᠡ ᠠᠵᠢᠯ ᠤᠯᠭᠤᠯᠳᠠ ᠶᠢ ᠲᠡᠮᠵᠢᠬᠦ ᠲᠦᠷᠦ ᠶᠢᠨ ᠪᠤᠳᠤᠯᠭ᠎ᠠ ᠶᠢ ᠦᠷᠭᠦᠯᠵᠢᠯᠡᠨ ᠨᠠᠶᠢᠳᠠᠪᠤᠷᠢᠵᠢᠭᠤᠯᠵᠤ᠂ ᠤᠯᠠᠨ ᠠᠷᠭ᠎ᠠ ᠵᠠᠮ ᠢᠶᠠᠷ ᠠᠵᠢᠯ ᠤᠯᠭᠤᠬᠤ ᠪᠠᠶᠢᠷᠢ ᠶᠢ ᠨᠡᠭᠡᠭᠡᠨ᠎ᠡ᠃ ᠨᠠᠷᠢᠯᠢᠭ ᠤᠨᠤᠪᠴᠢᠳᠠᠢ ᠪᠠᠷ ᠶᠠᠳᠠᠭᠤ ᠠᠴᠠ ᠠᠩᠭᠢᠵᠢᠷᠠᠭᠤᠯᠬᠤ ᠲᠤᠳᠠᠭᠳᠠᠯ ᠲᠠᠢ ᠲᠠᠯ᠎ᠠ ᠶᠢ ᠨᠦᠬᠦᠪᠦᠷᠢᠯᠡᠨ ᠰᠠᠶᠢᠵᠢᠷᠠᠭᠤᠯᠤᠨ᠎ᠠ᠃ ᠶᠠᠳᠠᠭᠤ ᠶᠢ ᠲᠡᠳᠭᠦᠨ ᠪᠠᠭᠢᠯᠡᠯᠳᠡ ᠰᠢᠪᠳᠤᠯᠬᠤ ᠰᠠᠭᠤᠷᠢ ᠶᠢ ᠪᠠᠳᠤᠯᠠᠬᠤ ᠠᠵᠢᠯ ᠢ ᠪᠦᠬᠦ ᠲᠠᠯ᠎ᠠ ᠎ ᠪᠠᠷ ᠠᠬᠢᠭᠤᠯᠵᠤ᠂ ᠨᠠᠷᠢᠯᠢᠭ ᠤᠨᠤᠪᠴᠢᠳᠠᠢ ᠶᠠᠳᠠᠭᠤ ᠶᠢ ᠲᠡᠳᠭᠦᠨ ᠪᠠᠭᠢᠯᠡᠯᠳᠡ ᠰᠢᠪᠳᠤᠯᠬᠤ ︽ᠭᠤᠷᠪᠠ ᠶᠢ ᠲᠤᠰᠬᠤᠨ ᠪᠠ ᠡᠷᠤᠭᠡ ᠳᠤ ᠭᠦᠷᠭᠡᠬᠦ︾᠎ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠤᠨ᠂ ᠪᠦᠬᠦᠶᠢᠯᠡ ᠲᠤᠰᠬᠤᠨ ᠢᠶᠠᠷ ᠨᠢ ᠲᠦᠯᠬᠢᠨ ᠠᠬᠢᠭᠤᠯᠬᠤ ᠪᠠ ᠨᠠᠷᠢᠯᠢᠭ ᠤᠨᠤᠪᠴᠢᠳᠠᠢ ᠲᠡᠳᠭᠦᠨ ᠲᠡᠮᠵᠢᠬᠦ ︽ᠬᠤᠤᠰ ᠬᠦᠳᠡᠯᠭᠡᠭᠴᠢ ᠭᠦᠴᠦᠨ︾᠎ ᠤ ᠲᠤᠭᠳᠠᠴᠠ ᠶᠢ ᠲᠠᠰᠤᠷᠠᠯᠳᠠ ᠦᠭᠡᠢ ᠲᠡᠭᠦᠯᠳᠡᠷᠵᠢᠬᠦᠯᠵᠤ᠂ 484 ᠬᠦᠮᠦᠨ ᠢ ᠨᠠᠷᠢᠯᠢᠭ ᠤᠨᠤᠪᠴᠢᠳᠠᠢ ᠶᠠᠳᠠᠭᠤ ᠠᠴᠠ ᠠᠩᠬᠢᠵᠢᠷᠠᠭᠤᠯᠬᠤ ᠪᠠᠷ ᠴᠢᠷᠮᠠᠶᠢᠨ᠎ᠠ᠃       ︵ᠵᠢᠷᠭᠤᠭ᠎ᠠ︶ ᠵᠠᠰᠠᠭ ᠤᠨ ᠶᠠᠪᠤᠳᠠᠯ ᠢ ᠢᠯᠡ ᠪᠤᠯᠭᠠᠬᠤ ᠶᠢ ᠲᠤᠪᠤᠶᠢᠯᠭᠠᠵᠤ᠂ ᠪᠠᠶᠢᠭᠤᠯᠤᠮᠵᠢ ᠶᠢᠨ ᠦᠭᠡᠷᠡᠴᠢᠯᠡᠯᠳᠡ ᠰᠢᠨ᠎ᠡ ᠪᠦᠳᠦᠮᠵᠢ ᠲᠠᠢ ᠪᠤᠯᠬᠤ ᠶᠢ ᠠᠬᠢᠭᠤᠯᠤᠨ᠎ᠠ᠃ ᠵᠠᠰᠠᠭ ᠤᠨ ᠶᠠᠪᠤᠳᠠᠯ ᠢ ᠢᠯᠡ ᠪᠤᠯᠭᠠᠬᠤ ᠶᠢ ᠪᠦᠬᠦ ᠲᠠᠯ᠎ᠠ ᠪᠠᠷ ᠠᠬᠢᠭᠤᠯᠵᠤ᠂ ᠵᠠᠰᠠᠭ ᠤᠨ ᠤᠷᠳᠤᠨ ᠤ ᠡᠯ᠎ᠡ ᠵᠦᠢᠯ ᠤᠨ ᠰᠤᠷᠠᠭ ᠵᠠᠩᠬᠢ ᠶᠢ ᠬᠠᠤᠯᠢ ᠶᠤᠰᠤᠭᠠᠷ ᠴᠠᠭ ᠲᠤᠬᠠᠢ ᠳᠤᠨᠢ ᠢᠯᠡ ᠪᠤᠯᠭᠠᠨ᠎ᠠ᠃ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠵᠢᠴᠢ ᠪᠠᠶᠢᠩᠭᠤ ᠶᠢᠨ ᠬᠤᠷᠢᠶᠠᠨ ᠤ ᠬᠢᠨᠠᠯᠳᠠ ᠪᠠ ᠤᠯᠤᠰ ᠲᠦᠷᠦ ᠶᠢᠨ ᠵᠦᠪᠯᠡᠯᠭᠡᠨ ᠤ ᠠᠷᠠᠳᠴᠢᠯᠠᠯ ᠤᠨ ᠬᠢᠨᠠᠯᠳᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠵᠤ᠂ ᠬᠠᠤᠯᠢ ᠴᠠᠭᠠᠵᠠ ᠶᠢᠨ ᠬᠢᠨᠠᠯᠳᠠ᠂ ᠨᠡᠶᠢᠭᠡᠮ ᠨᠡᠶᠢᠳᠡ ᠎ ᠶᠢᠨ ᠬᠢᠨᠠᠯᠳᠠ ᠪᠠ ᠰᠤᠨᠢᠨ ᠮᠡᠳᠡᠭᠡ ᠶᠠᠷᠢᠶ᠎ᠠ ᠭᠡᠯᠡᠯᠴᠡᠭᠡᠨ ᠤ ᠬᠢᠨᠠᠯᠳᠠ ᠶᠢ ᠲᠡᠭᠡᠳᠤ ᠭᠡᠮᠵᠢᠶ᠎ᠡ ᠪᠠᠷ ᠴᠢᠬᠤᠯᠠᠴᠢᠯᠠᠵᠦ᠂ ᠡᠷᠭᠡ ᠶᠢ ᠢᠯᠡ ᠪᠠᠷ ᠭᠡᠷᠡᠭᠵᠢᠬᠦᠯᠦᠨ᠎ᠡ᠃ ᠠᠵᠤ ᠠᠬᠤᠢ ᠬᠢᠭᠡᠳ ᠠᠮᠢ ᠠᠬᠤᠢ ᠶᠢᠨ ᠪᠤᠯᠪᠠᠰᠤᠨ ᠤ ᠪᠠᠶᠢᠭᠤᠯᠤᠮᠵᠢ ᠶᠢᠨ ᠦᠭᠡᠷᠡᠴᠢᠯᠡᠯᠳᠡ ᠶᠢ ᠰᠠᠶᠢᠳᠤᠷ ᠠᠳᠬᠤᠵᠤ᠂ ᠤᠷᠤᠨ ᠨᠤᠳᠤᠭ ᠤᠨ ᠦᠪᠡᠷᠮᠢᠴᠡ ᠤᠨᠴᠠᠯᠢᠭ ᠎ ᠢ ᠲᠤᠪᠤᠶᠢᠯᠭᠠᠨ᠂ ᠵᠠᠯᠭᠠᠮᠵᠢ ᠶᠢᠨ ᠤᠳᠤᠷᠢᠳᠤᠮᠵᠢ᠂ ᠠᠰᠠᠭᠤᠳᠠᠯ ᠤᠨ ᠤᠳᠤᠷᠢᠳᠤᠮᠵᠢ᠂ ᠬᠠᠷᠠᠯᠳᠠ ᠶᠢᠨ ᠤᠳᠤᠷᠢᠳᠤᠮᠵᠢ ᠪᠠ ᠲᠦᠷᠦ ᠶᠢᠨ ᠪᠤᠳᠤᠯᠭ᠎ᠠ ᠶᠢᠨ ᠤᠳᠤᠷᠢᠳᠤᠮᠵᠢ ᠶᠢ ᠪᠠᠷᠢᠮᠳᠠᠯᠠᠵᠤ᠂ ᠲᠦᠷᠢᠮ ᠤᠨ ᠦᠭᠡᠷᠡᠴᠢᠯᠡᠯᠳᠡ ᠪᠠ ᠦᠢᠯᠡᠴᠢᠯᠡᠭᠡᠨ ᠤ ᠰᠢᠨ᠎ᠡ ᠶᠢ ᠡᠭᠦᠳᠬᠦ ᠶᠢ ᠴᠢᠩᠭᠠᠳᠬᠠᠵᠤ᠂ ᠵᠠᠬ᠎ᠠ ᠲᠡᠯᠭᠡᠭᠦᠷ ᠤᠨ ᠲᠤᠭᠳᠠᠴᠠ᠂ ᠠᠵᠤ ᠠᠬᠤᠢ ᠶᠢᠨ ᠠᠷᠭ᠎ᠠ ᠪᠠᠷᠢᠯ᠂ ᠬᠠᠤᠯᠢ ᠪᠠᠷ ᠵᠠᠰᠠᠬᠤ ᠠᠷᠭ᠎ᠠ ᠭᠡᠯᠪᠡᠷᠢ ᠪᠠᠷ ᠵᠦᠷᠢᠴᠡᠯ ᠠᠰᠠᠭᠤᠳᠠᠯ ᠢ ᠰᠢᠢᠳᠪᠦᠷᠢᠯᠡᠬᠦ ᠶᠢ ᠴᠢᠬᠤᠯᠠᠴᠢᠯᠠᠨ᠎ᠠ᠃ ᠵᠠᠰᠠᠭ ᠵᠠᠭᠢᠷᠭᠠᠨ ᠤ ᠬᠢᠨᠠᠨ ᠵᠦᠪᠰᠢᠶᠡᠷᠡᠬᠦ ᠲᠦᠷᠢᠮ ᠤᠨ ᠦᠭᠡᠷᠡᠴᠢᠯᠡᠯᠳᠡ ᠶᠢ ᠬᠦᠨᠵᠡᠭᠡᠶᠢᠷᠡᠬᠦᠯᠦᠨ᠂ ᠬᠢᠨᠠᠨ ᠵᠦᠪᠰᠢᠶᠡᠷᠡᠬᠦ ᠶᠠᠪᠤᠴᠠ ᠶᠢ ᠲᠡᠭᠦᠯᠳᠡᠷᠵᠢᠬᠦᠯᠵᠤ᠂ ᠦᠨᠤ ᠵᠢᠯ ᠳᠤ ᠬᠢᠨᠠᠨ ᠵᠦᠪᠰᠢᠶᠡᠷᠡᠬᠦ ᠰᠠᠯᠠᠭ᠎ᠠ ᠮᠦᠴᠢᠷ ᠢ ᠲᠤᠬᠢᠷᠠᠭᠤᠯᠤᠨ᠎ᠠ᠃ ᠵᠠᠰᠠᠭ ᠤᠨ ᠤᠷᠳᠤᠨ ᠤ ᠬᠤᠳᠠᠯᠳᠤᠨ ᠠᠪᠬᠤ ᠤᠯᠠᠨ ᠨᠡᠶᠢᠳᠡ ᠶᠢᠨ ᠦᠢᠯᠡᠴᠢᠯᠡᠭᠡᠨ ᠤ ᠨᠠᠷᠢᠨ ᠲᠠᠩᠰᠠ ᠶᠢ ᠲᠤᠭᠳᠠᠭᠠᠵᠤ᠂ ᠡᠮ ᠡᠮᠨᠡᠯᠭᠡ ᠰᠤᠷᠭᠠᠨ ᠬᠦᠮᠦᠵᠢᠯ ᠰᠤᠶᠤᠯ ᠲᠠᠮᠢᠷ ᠵᠡᠷᠭᠡ ᠠᠷᠠᠳ ᠤᠨ ᠠᠮᠢᠳᠤᠷᠠᠯ ᠤᠨ ᠦᠢᠯᠡᠴᠢᠯᠡᠭᠡᠨ ᠤ ᠬᠦᠷᠢᠶ᠎ᠡ ᠭᠡᠪᠴᠢᠶᠡᠨ ᠎ ᠳᠠᠬᠢ ᠬᠤᠳᠠᠯᠳᠤᠨ ᠠᠪᠬᠤ ᠴᠢᠳᠠᠪᠬᠢ ᠶᠢ ᠨᠡᠮᠡᠭᠳᠡᠬᠦᠯᠦᠨ᠎ᠡ᠃ ᠤᠯᠤᠰ ᠤᠨ ᠦᠮᠴᠢᠯᠡᠯᠳᠤ ᠤᠢ ᠰᠢᠭᠤᠢ ᠶᠢᠨ ᠪᠠᠶᠢᠭᠤᠯᠤᠮᠵᠢ ᠶᠢᠨ ᠦᠭᠡᠷᠡᠴᠢᠯᠡᠯᠳᠡ ᠶᠢ ᠠᠬᠢᠭᠤᠯᠤᠨ᠎ᠠ᠃ ᠵᠢᠵᠢᠭ ᠬᠡᠯᠪᠡᠷᠢ ᠶᠢᠨ ᠤᠰᠤᠨ ᠠᠰᠢᠭᠯᠠᠯᠳᠠ ᠶᠢᠨ ᠢᠨᠵᠧᠨᠧᠷᠢᠩ ᠤᠨ ᠦᠮᠴᠢᠯᠡᠬᠦ ᠡᠷᠭᠡ ᠶᠢᠨ ᠲᠦᠷᠢᠮ ᠤᠨ ᠦᠭᠡᠷᠡᠴᠢᠯᠡᠯᠳᠡ ᠶᠢ ᠭᠡᠷᠡᠭᠵᠢᠬᠦᠯᠵᠤ᠂ ᠢᠨᠵᠧᠨᠧᠷᠢᠩ ᠤᠨ ᠦᠮᠴᠢᠯᠡᠬᠦ ᠡᠷᠭᠡ ᠶᠢ ᠲᠤᠭᠳᠠᠭᠠᠨ᠂ ᠬᠠᠮᠢᠶᠠᠷᠤᠨ ᠬᠠᠮᠠᠭᠠᠯᠠᠬᠤ ᠭᠤᠤᠯ ᠴᠤᠭᠴᠠ ᠶᠢ ᠲᠤᠳᠤᠷᠬᠠᠶᠢᠯᠠᠵᠤ᠂ ᠬᠠᠮᠢᠶᠠᠷᠤᠨ ᠬᠠᠮᠠᠭᠠᠯᠠᠬᠤ ᠵᠠᠷᠤᠳᠠᠯ ᠰᠦᠢᠳᠭᠡᠯ ᠢ ᠨᠠᠶᠢᠳᠠᠪᠤᠷᠢᠵᠢᠭᠤᠯᠤᠨ᠂ ᠬᠠᠮᠢᠶᠠᠷᠤᠯᠳᠠ ᠶᠢᠨ ᠠᠷᠭ᠎ᠠ ᠭᠡᠯᠪᠡᠷᠢ ᠶᠢ ᠲᠡᠭᠦᠯᠳᠡᠷᠵᠢᠬᠦᠯᠦᠨ᠎ᠡ᠃ ᠦᠨᠤ ᠵᠢᠯ ᠳᠤ ᠦᠭᠡᠷᠡᠴᠢᠯᠡᠯᠳᠡ ᠶᠢᠨ ᠡᠭᠦᠷᠭᠡ ᠶᠢ ᠪᠦᠬᠦ ᠲᠠᠯ᠎ᠠ ᠪᠠᠷ ᠪᠡᠶᠡᠯᠡᠬᠦᠯᠦᠨ᠎ᠡ᠃          ᠲᠠᠪᠤ᠂ ᠠᠷᠠᠳ ᠲᠦᠮᠡᠨ ᠤ ᠰᠡᠳᠬᠢᠯ ᠬᠠᠨᠤᠮᠵᠢᠳᠠᠢ ᠵᠠᠰᠠᠭ ᠤᠨ ᠤᠷᠳᠤᠨ ᠢ ᠬᠦᠴᠦᠯᠡᠨ ᠪᠠᠶᠢᠭᠤᠯᠤᠨ᠎ᠠ       ᠲᠦᠯᠦᠭᠡᠯᠡᠭᠴᠢᠳ ᠡ᠂ ᠵᠠᠰᠠᠭ ᠤᠨ ᠤᠷᠳᠤᠨ ᠤ ᠠᠵᠢᠯ ᠤᠨ ᠡᠴᠤᠰ ᠤᠨ ᠬᠠᠷᠠᠯᠳᠠ ᠪᠤᠯ ᠲᠠᠷᠤᠢ ᠠᠷᠠᠳ ᠤᠯᠠᠨ ᠳᠤ ᠨᠡᠩ ᠤᠯᠠᠨ ᠪᠤᠶᠠᠨ ᠭᠡᠰᠢᠭ ᠦᠢᠯᠡᠳᠬᠦ ᠶᠢᠨ ᠲᠦᠯᠦᠭᠡ ᠶᠤᠮ᠂ ᠵᠠᠰᠠᠭ ᠤᠨ ᠤᠷᠳᠤᠨ ᠤ ᠲᠤᠬᠠᠢ ᠬᠠᠮᠤᠭ ᠤᠨ ᠰᠠᠶᠢᠨ ᠮᠠᠭᠳᠠᠭᠠᠯ ᠰᠠᠶᠢᠰᠢᠶᠠᠯ ᠨᠢ ᠲᠠᠷᠤᠢ ᠦᠷᠭᠡᠨ ᠤᠯᠠᠨ ᠠᠷᠠᠳ ᠲᠦᠮᠡᠨ ᠤ ᠰᠡᠳᠬᠢᠯ ᠬᠠᠨᠤᠮᠵᠢᠳᠠᠢ ᠪᠠᠶᠢᠭ᠎ᠠ ᠳᠤ ᠶᠤᠮ᠃ ᠰᠢᠨ᠎ᠡ ᠨᠢᠭᠡᠨ ᠵᠢᠯ ᠳᠤ᠂ ᠪᠢᠳᠡ ᠡᠷᠭᠡᠪᠰᠢ ᠦᠭᠡᠷᠡᠴᠢᠯᠡᠯᠳᠡ ᠬᠢᠵᠤ ᠰᠢᠨ᠎ᠡ ᠶᠢ ᠡᠭᠦᠳᠬᠦ ᠵᠤᠷᠢᠭ ᠰᠠᠨᠠᠭ᠎ᠠ ᠪᠠᠷ ᠵᠠᠰᠠᠭ ᠎ ᠤᠨ ᠤᠷᠳᠤᠨ ᠤ ᠲᠤᠰ ᠪᠡᠶ᠎ᠡ ᠶᠢᠨ ᠪᠦᠳᠦᠭᠡᠨ ᠪᠠᠶᠢᠭᠤᠯᠤᠯᠳᠠ ᠶᠢ ᠴᠢᠩᠭᠠᠳᠬᠠᠵᠤ᠂ ᠰᠢᠨᠵᠢᠯᠡᠬᠦ ᠤᠬᠠᠭᠠᠨᠴᠢ ᠭᠦᠭᠵᠢᠯᠳᠡ ᠶᠢ ᠤᠳᠤᠷᠢᠳᠬᠤ ᠴᠢᠳᠠᠪᠤᠷᠢ ᠶᠢ ᠴᠢᠨᠠᠭᠰᠢᠳᠠ ᠲᠡᠭᠡᠭᠰᠢᠯᠡᠬᠦᠯᠦᠨ᠂ ᠰᠢᠨᠵᠢᠯᠡᠬᠦ ᠤᠬᠠᠭᠠᠨᠴᠢ ᠪᠠᠷ ᠶᠠᠪᠤᠳᠠᠯ ᠰᠡᠳᠤᠵᠤ ᠠᠵᠢᠯ ᠬᠢᠬᠦ ᠬᠢᠷᠢ ᠲᠦᠪᠰᠢᠨ ᠢ ᠲᠡᠭᠡᠭᠰᠢᠯᠡᠬᠦᠯᠵᠤ᠂ ᠠᠷᠠᠳ ᠲᠦᠮᠡᠨ ᠤ ᠰᠡᠳᠬᠢᠯ ᠬᠠᠨᠤᠮᠵᠢᠳᠠᠢ ᠵᠠᠰᠠᠭ ᠤᠨ ᠤᠷᠳᠤᠨ ᠢ ᠪᠠᠶᠢᠭᠤᠯᠤᠨ᠎ᠠ᠃       ︵ᠨᠢᠭᠡ︶ ᠬᠠᠤᠯᠢ ᠪᠠᠷ ᠵᠠᠰᠠᠬᠤ ᠵᠠᠰᠠᠭ ᠤᠨ ᠤᠷᠳᠤᠨ ᠢ ᠪᠦᠳᠦᠭᠡᠨ ᠪᠠᠶᠢᠭᠤᠯᠤᠨ᠎ᠠ᠃ ᠬᠠᠤᠯᠢ ᠶᠤᠰᠤᠭᠠᠷ ᠬᠤᠰᠢᠭᠤ ᠪᠠᠨ ᠵᠠᠰᠠᠬᠤ ᠶᠢ ᠠᠬᠢᠭᠤᠯᠵᠤ᠂ ᠬᠠᠤᠯᠢ ᠪᠠᠷ ᠵᠠᠰᠠᠬᠤ ᠦᠵᠡᠯᠳᠡ ᠲᠠᠨᠢᠯᠳᠠ ᠶᠢ ᠪᠠᠳᠤ ᠪᠠᠬᠢ ᠪᠤᠢ ᠪᠤᠯᠭᠠᠵᠤ᠂ ᠬᠠᠤᠯᠢ ᠪᠠᠷ ᠵᠠᠰᠠᠬᠤ ᠰᠡᠳᠬᠢᠬᠦᠢ ᠪᠠ ᠠᠷᠭ᠎ᠠ ᠪᠠᠷᠢᠯ ᠢ ᠤᠬᠠᠮᠰᠠᠷ ᠠᠴᠠ ᠪᠠᠨ ᠭᠡᠷᠡᠭᠯᠡᠨ ᠂ ᠦᠭᠡᠷᠡᠴᠢᠯᠡᠯᠳᠡ ᠭᠦᠭᠵᠢᠯᠳᠡ ᠶᠢ ᠠᠬᠢᠭᠤᠯᠵᠤ᠂ ᠨᠡᠶᠢᠭᠡᠮ ᠤᠨ ᠠᠮᠤᠷ ᠲᠤᠭᠳᠠᠭᠤᠨ ᠢ ᠬᠠᠮᠠᠭᠠᠯᠠᠵᠤ᠂ ᠡᠷᠭᠡ ᠲᠡᠭᠰᠢ ᠲᠦᠪ ᠭᠤᠤᠯᠴᠢ ᠶᠢ ᠠᠬᠢᠭᠤᠯᠤᠨ᠎ᠠ᠃ ᠬᠠᠤᠯᠢ ᠶᠤᠰᠤᠭᠠᠷ ᠰᠢᠢᠳᠪᠦᠷᠢᠳᠤ ᠪᠤᠳᠤᠯᠭ᠎ᠠ ᠲᠤᠭᠳᠠᠭᠠᠬᠤ ᠲᠤᠭᠳᠠᠴᠠ ᠶᠢ ᠲᠡᠭᠦᠯᠳᠡᠷᠵᠢᠬᠦᠯᠵᠤ᠂ ᠤᠯᠠᠨ ᠨᠡᠶᠢᠳᠡ ᠪᠠᠷ ᠢᠶᠠᠨ ᠤᠷᠤᠯᠴᠠᠬᠤ᠂ ᠲᠤᠰᠬᠠᠢ ᠮᠡᠷᠭᠡᠵᠢᠯᠳᠡᠨ ᠨᠤᠳᠠᠯᠠᠬᠤ᠂ ᠠᠶᠤᠯ ᠲᠦᠭᠰᠢᠭᠦᠷᠢ ᠶᠢ ᠦᠨᠡᠯᠡᠨ ᠵᠢᠱᠢᠬᠦ᠂ ᠬᠠᠤᠯᠢ ᠶᠤᠰᠤᠴᠢ ᠴᠢᠨᠠᠷ ᠢ ᠬᠢᠨᠠᠨ ᠪᠠᠶᠢᠴᠠᠭᠠᠬᠤ ᠪᠠ ᠬᠠᠮᠳᠤ ᠨᠡᠶᠢᠳᠡ ᠪᠠᠷ ᠢᠶᠠᠨ ᠶᠠᠷᠢᠯᠴᠠᠨ ᠲᠤᠭᠳᠠᠭᠠᠬᠤ ᠵᠡᠷᠭᠡ ᠶᠢ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠳᠤ ᠪᠤᠳᠤᠯᠭ᠎ᠠ ᠲᠤᠭᠳᠠᠭᠠᠬᠤ ᠬᠠᠤᠯᠢ ᠶᠤᠰᠤᠨ ᠤ ᠠᠯᠬᠤᠮ ᠲᠠᠷᠠᠭᠠᠯᠠᠯ ᠪᠤᠯᠭᠠᠵᠤ᠂ ᠰᠢᠨᠵᠢᠯᠡᠬᠦ ᠤᠬᠠᠭᠠᠨᠴᠢ ᠪᠠᠷ ᠰᠢᠢᠳᠪᠦᠷᠢᠳᠤ ᠪᠤᠳᠤᠯᠭ᠎ᠠ ᠲᠤᠭᠳᠠᠭᠠᠬᠤ ᠶᠢ ᠪᠠᠳᠤᠯᠠᠨ᠎ᠠ᠃ ᠬᠠᠤᠯᠢ ᠭᠡᠷᠡᠭᠵᠢᠬᠦᠯᠬᠦ ᠬᠠᠷᠢᠭᠤᠴᠠᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠵᠠᠰᠠᠭ ᠵᠠᠬᠢᠷᠭᠠᠨ ᠤ ᠬᠠᠤᠯᠢ ᠭᠡᠷᠡᠭᠵᠢᠬᠦᠯᠬᠦ ᠶᠢ ᠲᠦᠪ ᠴᠢᠩᠭ᠎ᠠ ᠲᠦᠷᠢᠮᠵᠢᠬᠦᠯᠦᠨ᠎ᠡ᠃ ᠬᠠᠤᠯᠢ ᠴᠠᠭᠠᠵᠠ ᠶᠢᠨ ᠵᠦᠪᠯᠡᠭᠴᠢ ᠶᠢᠨ ᠲᠦᠷᠢᠮ ᠢ ᠪᠦᠬᠦ ᠲᠠᠯ᠎ᠠ ᠪᠠᠷ ᠭᠡᠷᠡᠭᠵᠢᠬᠦᠯᠵᠤ᠂ ᠵᠠᠰᠠᠭ ᠤᠨ ᠤᠷᠳᠤᠨ ᠤ ᠬᠠᠤᠯᠢ ᠴᠠᠭᠠᠵᠠ ᠶᠢᠨ ᠦᠢᠯᠡᠴᠢᠯᠡᠭᠡᠨ ᠤ ᠰᠢᠰᠲ᠋ᠧᠮ ᠢ ᠲᠠᠰᠤᠷᠠᠯᠳᠠ ᠦᠭᠡᠢ ᠲᠡᠭᠦᠯᠳᠡᠷᠵᠢᠬᠦᠯᠦᠨ᠎ᠡ᠃      ︵ᠬᠤᠶᠠᠷ︶ ᠦᠨᠡᠨᠴᠢ ᠢᠳᠡᠭᠡᠮᠵᠢᠳᠡᠢ ᠵᠠᠰᠠᠭ ᠤᠨ ᠤᠷᠳᠤᠨ ᠢ ᠪᠦᠳᠦᠭᠡᠨ ᠪᠠᠶᠢᠭᠤᠯᠤᠨ᠎ᠠ᠃ ᠤᠪᠤᠷ ᠰᠤᠷᠳᠠᠯ ᠤᠨ ᠪᠦᠳᠦᠭᠡᠨ ᠪᠠᠶᠢᠭᠤᠯᠤᠯᠳᠠ ᠶᠢ ᠴᠢᠩᠭᠠᠳᠬᠠᠵᠤ᠂ ᠨᠠᠮ ᠤᠨ ᠤᠯᠠᠨ ᠲᠦᠮᠡᠨᠴᠢ ᠱᠤᠭᠤᠮ ᠤᠨ ᠬᠦᠮᠦᠵᠢᠯ ᠦᠢᠯᠡᠳᠦᠯᠭᠡ ᠶᠢᠨ ᠠᠵᠢᠯᠯᠠᠭ᠎ᠠ ᠪᠤᠯᠤᠨ ︽ᠭᠤᠷᠪᠠᠨ ᠴᠢᠩᠭ᠎ᠠ ᠭᠤᠷᠪᠠᠨ ᠪᠤᠳᠠᠳᠠᠢ︾ ᠲᠤᠰᠬᠠᠢ ᠰᠡᠳᠤᠪᠳᠤ ᠬᠦᠮᠦᠵᠢᠯ ᠤᠨ ᠦᠷ᠎ᠡ ᠪᠦᠳᠦᠭᠡᠯ ᠢ ᠪᠠᠳᠤᠳᠬᠠᠨ᠎ᠠ᠃ ᠨᠡᠶᠢᠭᠡᠮ ᠲᠠᠶᠠᠭᠠᠷ ᠲᠤ ᠠᠮᠠᠯᠠᠭᠰᠠᠨ ᠢᠶᠠᠨ ᠲᠦᠪ ᠴᠢᠩᠭ᠎ᠠ ᠬᠦᠢᠴᠡᠳᠭᠡᠵᠤ᠂ ᠵᠠᠰᠠᠭ ᠤᠨ ᠤᠷᠳᠤᠨ ᠤ ᠠᠵᠢᠯ ᠬᠦᠢᠴᠡᠳᠭᠡᠬᠦ ᠪᠠ ᠲᠠᠭᠠᠭᠠᠴᠢᠯᠠᠨ ᠪᠡᠶᠡᠯᠡᠬᠦᠯᠬᠦ ᠴᠢᠳᠡᠪᠬᠢ ᠶᠢ ᠴᠢᠨᠠᠭᠰᠢᠳᠠ ᠲᠡᠭᠡᠭᠰᠢᠯᠡᠬᠦᠯᠦᠨ᠂ ᠠᠮᠠᠯᠠᠭᠰᠠᠨ ᠶᠠᠪᠤᠳᠠᠯ ᠢᠶᠠᠨ ᠨᠢᠭᠡᠳ ᠨᠢᠭᠡ ᠪᠠᠷ ᠨᠠᠶᠢᠳᠠᠪᠤᠷᠢᠵᠢᠭᠤᠯᠵᠤ᠂ ᠬᠢᠬᠦ ᠪᠠᠷ ᠲᠤᠭᠳᠠᠭᠰᠠᠨ ᠠᠵᠢᠯ ᠢᠶᠠᠨ ᠨᠢᠭᠡᠳ ᠨᠢᠭᠡ ᠪᠠᠷ ᠰᠠᠶᠢᠳᠤᠷ ᠪᠡᠶᠡᠯᠡᠬᠦᠯᠵᠤ᠂ ᠬᠡᠯᠡᠭᠰᠡᠨ ᠢᠶᠠᠨ ᠡᠷᠭᠡᠪᠰᠢ ᠬᠢᠵᠤ᠂ ᠬᠢᠪᠡᠯ ᠡᠷᠭᠡᠪᠰᠢ ᠴᠢᠨᠠᠷᠯᠢᠭ ᠰᠠᠶᠢᠨ ᠬᠢᠵᠤ᠂ ᠦᠨᠡᠨᠴᠢ ᠢᠳᠡᠭᠡᠮᠵᠢᠳᠡᠢ ᠪᠠᠶᠢᠵᠤ ᠠᠮᠠᠯᠠᠯᠳᠠ ᠠᠴᠠ ᠪᠠᠨ ᠪᠤᠴᠠᠬᠤ ᠦᠭᠡᠢ᠃ ᠵᠠᠰᠠᠭ ᠤᠨ ᠤᠷᠳᠤᠨ ᠤ ᠠᠵᠢᠯᠳᠠᠨ ᠤ ᠦᠨᠡᠨᠴᠢ ᠢᠳᠡᠭᠡᠮᠵᠢ ᠶᠢᠨ ᠬᠦᠮᠦᠵᠢᠯ ᠪᠠ ᠬᠠᠮᠢᠶᠠᠷᠤᠯᠳᠠ ᠶᠢ ᠴᠢᠩᠭᠠᠳᠬᠠᠨ᠂ ᠵᠠᠰᠠᠭ ᠤᠨ ᠶᠠᠪᠤᠳᠠᠯ ᠢ ᠱᠠᠭᠠᠷᠳᠠᠨ ᠪᠠᠶᠢᠴᠠᠭᠠᠬᠤ ᠪᠠ ᠦᠷ᠎ᠡ ᠪᠦᠳᠦᠮᠵᠢ ᠶᠢ ᠬᠢᠨᠠᠨ ᠪᠠᠶᠢᠴᠠᠭᠠᠬᠤ ᠎ ᠶᠢ ᠴᠢᠩᠭᠠᠳᠬᠠᠵᠤ᠂ ᠡᠯ᠎ᠡ ᠲᠦᠷᠦᠯ ᠤᠨ ᠠᠵᠢᠯ ᠢ ᠡᠬᠢᠨ ᠠᠴᠠ ᠨᠢ ᠠᠳᠠᠭ ᠲᠤᠨᠢ ᠲᠤᠯᠳᠠᠯ᠎ᠠ ᠰᠠᠶᠢᠳᠤᠷ ᠠᠳᠬᠤᠬᠤ ᠶᠢ ᠪᠠᠳᠤᠯᠠᠨ᠎ᠠ᠃       ︵ᠭᠤᠷᠪᠠ︶ ᠠᠷᠢᠭᠤᠨ ᠴᠢᠭᠡᠴᠢ ᠵᠠᠰᠠᠭ ᠤᠨ ᠤᠷᠳᠤᠨ ᠢ ᠪᠦᠳᠦᠭᠡᠨ ᠪᠠᠶᠢᠭᠤᠯᠤᠨ᠎ᠠ᠃ ᠨᠠᠮ ᠤᠨ ᠰᠤᠷᠳᠠᠯ ᠴᠢᠭᠡᠴᠢ ᠵᠠᠰᠠᠭ ᠤᠨ ᠪᠦᠳᠦᠭᠡᠨ ᠪᠠᠶᠢᠭᠤᠯᠤᠯᠳᠠ ᠶᠢᠨ ᠭᠤᠤᠯ ᠴᠤᠭᠴᠠ ᠶᠢᠨ ᠬᠠᠷᠢᠭᠤᠴᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠲᠦᠪ ᠤᠨ ᠨᠠᠢᠮᠠᠨ ᠵᠤᠷᠪᠤᠰ ᠲᠤᠭᠳᠠᠭᠠᠯ ᠢ ᠲᠦᠪ ᠴᠢᠩᠭ᠎ᠠ ᠭᠡᠷᠡᠭᠵᠢᠬᠦᠯᠦᠨ᠎ᠡ᠃ ᠰᠠᠬᠢᠯᠭ᠎ᠠ ᠪᠠᠳᠤ ᠶᠢᠨ ᠪᠦᠳᠦᠭᠡᠨ ᠪᠠᠶᠢᠭᠤᠯᠤᠯᠳᠠ ᠶᠢ ᠴᠢᠩᠭᠠᠳᠬᠠᠵᠤ᠂ ᠤᠯᠤᠰ ᠲᠦᠷᠦ ᠶᠢᠨ ᠰᠠᠬᠢᠯᠭ᠎ᠠ ᠪᠠᠳᠤ ᠪᠤᠯᠤᠨ ᠤᠯᠤᠰ ᠲᠦᠷᠦ ᠶᠢᠨ ᠶᠤᠰᠤ ᠲᠦᠷᠢᠮ ᠢ ᠴᠢᠩᠭ᠎ᠠ ᠲᠤᠳᠤᠷᠬᠠᠶᠢᠯᠠᠨ᠎ᠠ᠃ ᠲᠦᠷᠢᠮ ᠤᠨ ᠪᠦᠳᠦᠭᠡᠨ ᠪᠠᠶᠢᠭᠤᠯᠤᠯᠳᠠ ᠶᠢ ᠴᠢᠩᠭᠠᠳᠬᠠᠨ᠂ ᠭᠤᠤᠯᠳᠠᠯᠭ᠎ᠠ ᠲᠠᠢ ᠬᠦᠷᠢᠶ᠎ᠡ ᠭᠡᠪᠴᠢᠶ᠎ᠡ᠂ ᠲᠦᠷᠦᠯ ᠵᠦᠢᠯ ᠪᠠ ᠪᠡᠯᠡ ᠮᠦᠩᠭᠦ ᠶᠢᠨ ᠬᠢᠨᠠᠨ ᠪᠤᠳᠤᠯᠳᠠ ᠬᠢᠭᠡᠳ ᠬᠢᠨᠠᠨ ᠪᠠᠶᠢᠴᠠᠭᠠᠯᠳᠠ ᠶᠢ ᠴᠢᠩᠭᠠᠳᠬᠠᠵᠤ᠂ ᠲᠦᠷᠢᠮ ᠢᠶᠠᠷ ᠡᠷᠭᠡ ᠶᠢ ᠬᠢᠵᠠᠭᠠᠷᠯᠠᠨ᠂ ᠬᠦᠮᠦᠨ ᠢ ᠬᠠᠮᠢᠶᠠᠷᠴᠤ᠂ ᠠᠵᠢᠯ ᠢ ᠲᠦᠷᠢᠮᠵᠢᠬᠦᠯᠦᠨ᠎ᠡ᠃ ︽ᠠᠯᠪᠠᠨ ᠤ ᠭᠤᠷᠪᠠᠨ ᠵᠠᠷᠤᠳᠠᠯ︾᠎ ᠢ ᠴᠢᠨᠠᠭᠰᠢᠳᠠ ᠪᠠᠭᠠᠰᠬᠠᠵᠤ᠂ ᠨᠡᠩ ᠤᠯᠠᠨ ᠡᠳ᠋ ᠤᠨ ᠬᠦᠴᠦᠨ ᠢ ᠭᠦᠭᠵᠢᠯᠳᠡ ᠶᠢ ᠠᠬᠢᠭᠤᠯᠬᠤ ᠪᠠ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠳᠤ ᠵᠠᠷᠤᠴᠠᠭᠤᠯᠵᠤ᠂ ᠵᠠᠰᠠᠭ ᠤᠨ ᠤᠷᠳᠤᠨ ᠤᠬᠠᠮᠰᠠᠷ ᠠᠴᠠ ᠪᠠᠨ ︽ᠨᠠᠷᠢᠯᠠᠵᠦ ᠠᠮᠢᠳᠤᠷᠠᠬᠤ︾ ᠪᠤᠯᠵᠦ᠂ ᠤᠯᠠᠨ ᠲᠦᠮᠡᠨ ᠳᠤ ᠢᠯᠡ ᠲᠠᠢ ᠬᠦᠨᠳᠦ ᠲᠠᠢ ︽ᠰᠠᠶᠢᠬᠠᠨ ᠠᠮᠢᠳᠤᠷᠠᠯ︾᠎ ᠢ ᠡᠳ᠋ᠯᠡᠬᠦᠯᠦᠨ᠎ᠡ᠃       ᠲᠦᠯᠦᠭᠡᠯᠡᠭᠴᠢᠳ ᠡ᠂ ᠰᠢᠨ᠎ᠡ ᠭᠡᠪ ᠤᠨ ᠪᠠᠶᠢᠳᠠᠯ ᠢ ᠲᠠᠶᠢᠴᠢᠯᠠᠬᠤ ᠳᠤ᠂ ᠪᠢᠳᠡ ᠡᠷᠬᠡᠪᠰᠢ ᠬᠦᠳᠡᠯᠦᠩᠬᠦᠢ ᠪᠠᠷ ᠠᠵᠢᠯᠯᠠᠵᠤ᠂ ᠢᠳᠡᠪᠭᠢᠳᠡᠢ ᠡᠭᠦᠳᠦᠨ ᠪᠦᠳᠦᠭᠡᠬᠦ ᠭᠡᠷᠡᠭᠳᠡᠢ᠃ ᠰᠢᠨ᠎ᠡ ᠭᠦᠭᠵᠢᠯᠳᠡ ᠶᠢ ᠪᠡᠶᠡᠯᠡᠬᠦᠯᠬᠦ ᠳᠤ᠂ ᠪᠢᠳᠡ ᠡᠷᠬᠡᠪᠰᠢ ᠡᠷᠡᠯᠭᠡᠭᠯᠡᠨ ᠲᠡᠮᠡᠴᠡᠨ ᠤᠷᠤᠭᠰᠢᠯᠠᠨ ᠲᠠᠪᠰᠢᠵᠤ᠂ ᠲᠡᠷᠢᠬᠦᠨ ᠤ ᠬᠢ ᠪᠤᠯᠬᠤ ᠎ ᠪᠠᠷ ᠬᠦᠴᠦᠯᠡᠨ ᠴᠢᠷᠮᠠᠶᠢᠬᠤ ᠭᠡᠷᠡᠭᠳᠡᠢ᠃ ᠪᠢᠳᠡ ᠬᠤᠰᠢᠭᠤᠨ ᠤ ᠨᠠᠮ ᠤᠨ ᠬᠤᠷᠢᠶ᠎ᠠ ᠶᠢᠨ ᠪᠠᠳᠤ ᠴᠢᠩᠭ᠎ᠠ ᠤᠳᠤᠷᠢᠳᠤᠯᠭ᠎ᠠ ᠲᠤᠤᠷ᠎ᠠ᠂ ᠪᠦᠬᠦ ᠬᠤᠰᠢᠭᠤᠨ ᠤ ᠦᠨᠳᠤᠰᠦᠳᠡᠨ ᠨᠦᠭᠦᠳ ᠤᠨ ᠠᠷᠠᠳ ᠲᠦᠮᠡᠨ ᠲᠠᠢ ᠪᠦᠯᠬᠦᠮᠳᠡᠨ ᠨᠢᠭᠳᠠᠷᠠᠯᠴᠠᠵᠤ᠂ ᠨᠢᠭᠡ ᠰᠡᠳᠬᠢᠯ ᠨᠢᠭᠡ ᠵᠤᠷᠢᠭ ᠢᠶᠠᠷ ᠴᠤᠴᠠᠯᠳᠠ ᠦᠭᠡᠢ ᠤᠷᠤᠭᠰᠢᠯᠠᠵᠤ᠂ ᠡᠭᠡ ᠤᠯᠤᠰ ᠤᠨ ᠤᠮᠠᠷᠠᠳᠤ ᠬᠢᠯᠢ ᠶᠢᠨ ᠡᠨᠡᠬᠦ ᠰᠠᠶᠢᠬᠠᠨ ᠦᠩᠭᠡ ᠦᠵᠡᠮᠵᠢ ᠶᠢ ᠨᠡᠩ ᠭᠤᠸ᠎ᠠ ᠦᠵᠡᠰᠬᠦᠯᠡᠩ ᠪᠤᠯᠭᠠᠬᠤ ᠶᠢᠨ ᠲᠦᠯᠦᠭᠡ ᠴᠢᠷᠮᠠᠶᠢᠨ ᠲᠡᠮᠡᠴᠡᠵᠡᠭᠡᠶ᠎ᠡ︕
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠵᠠᠰᠠᠭ ᠤᠨ ᠤᠷᠳᠤᠨ ᠤ ᠤᠷᠴᠢᠭᠤᠯᠭ᠎ᠠ ᠶᠢᠨ ᠲᠤᠪᠴᠢᠶ᠎ᠠ