— — 2016 ᠤᠨ ᠤ 3 ᠰᠠᠷᠠᠶᠢᠨ 8 ᠤ ᠡᠳᠦᠷ ᠤᠨ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠪᠠᠨ | ᠲᠦᠷᠪᠡᠳᠦᠭᠡᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠤᠳᠠᠭᠠᠨ ᠤ | ᠬᠤᠷᠠᠯ ᠳᠡᠭᠡᠷ᠎ᠡ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠬᠤᠰᠢᠭᠤᠨ | ᠳᠠᠷᠤᠭ᠎ᠠ ᠭᠠᠯᠵᠠᠪ | | | | ᠲᠦᠯᠦᠭᠡᠯᠡᠭᠴᠢᠳ ᠡ᠄ | ᠤᠳᠤ᠂ ᠪᠢ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠢ ᠲᠦᠯᠦᠭᠡᠯᠡᠨ ᠶᠡᠭᠡ ᠬᠤᠷᠠᠯ ᠳᠤ ᠵᠠᠰᠠᠭ | ᠤᠨ ᠤᠷᠳᠤᠨ ᠤ ᠠᠵᠢᠯ ᠤᠨ ᠢᠯᠡᠳᠭᠡᠯ ᠬᠢᠶ᠎ᠡ᠂ ᠬᠢᠨᠠᠨ ᠵᠦᠪᠯᠡᠬᠦ ᠪᠤᠯᠪᠠᠤ᠂ ᠬᠤᠰᠢᠭᠤᠨ ᠤ ᠤᠯᠤᠰ ᠲᠦᠷᠦ ᠶᠢᠨ | ᠵᠦᠪᠯᠡᠯᠭᠡᠨ ᠤ ᠭᠡᠰᠢᠬᠦᠳ ᠪᠤᠯᠤᠨ ᠪᠤᠰᠤᠳ ᠰᠤᠯᠠ ᠤᠷᠤᠯᠴᠠᠭᠰᠠᠳ ᠰᠠᠨᠠᠯ ᠢᠶᠠᠨ ᠲᠤᠷᠠᠳᠬᠤ ᠪᠤᠯᠪᠠᠤ᠃ | ᠨᠢᠭᠡ᠂ 2015 ᠤᠨ ᠤ ᠠᠵᠢᠯ ᠤᠨ ᠡᠷᠬᠢᠴᠡᠬᠦᠯᠦᠯ | 2015 ᠤᠨ ᠪᠤᠯ ︽ᠠᠷᠪᠠᠨ ᠬᠤᠶᠠᠳᠤᠭᠠᠷ ᠲᠠᠪᠤᠨ ᠵᠢᠯ︾ ᠤᠨ ᠬᠠᠮᠤᠭ ᠰᠡᠬᠦᠯᠴᠢ ᠶᠢᠨ ᠨᠢᠭᠡ ᠵᠢᠯ | ᠪᠤᠯᠤᠨ᠎ᠠ᠂ ᠮᠦᠨᠴᠦ ᠦᠭᠡᠷᠡᠴᠢᠯᠡᠯᠳᠡ ᠶᠢ ᠪᠦᠬᠦ ᠳᠠᠯ᠎ᠠ ᠪᠠᠷ | ᠬᠦᠨᠵᠡᠬᠡᠶᠢᠷᠡᠬᠦᠯᠦᠭᠰᠡᠨ ᠵᠠᠩᠬᠢᠯᠠᠭ᠎ᠠ ᠶᠢᠨ ᠨᠢᠭᠡ ᠵᠢᠯ ᠪᠤᠯᠤᠨ᠎ᠠ᠃ ᠨᠢᠭᠡ ᠵᠢᠯ ᠤᠨ ᠲᠤᠷᠰᠢ᠂ ᠨᠠᠷᠢᠨ ᠪᠤᠳᠤᠯᠢᠶᠠᠨᠳᠠᠢ | ᠪᠦᠭᠡᠳ ᠬᠤᠪᠢᠷᠠᠯᠳᠠ ᠶᠡᠬᠡᠳᠠᠢ ᠬᠦᠭᠵᠢᠯᠳᠡ ᠶᠢᠨ ᠤᠷᠴᠢᠨ ᠲᠤᠭᠤᠷᠢᠨ ᠪᠤᠯᠤᠨ ᠠᠵᠦ ᠠᠬᠤᠢ ᠦᠷᠬᠦᠯᠵᠢᠯᠡᠨ | ᠲᠤᠷᠤᠭᠰᠢᠯᠠᠭᠰᠠᠨ ᠬᠦᠨᠳᠦ ᠰᠦᠷᠡᠬᠡᠢ ᠪᠠᠶᠢᠳᠠᠯ ᠳᠤ ᠴᠢᠭᠯᠡᠬᠦᠯᠦᠨ᠂ ᠬᠤᠳᠠ ᠶᠢᠨ ᠨᠠᠮ ᠤᠨ ᠬᠤᠷᠢᠶ᠎ᠠ᠂ ᠵᠠᠰᠠᠭ ᠤᠨ | ᠤᠷᠳᠤᠨ ᠪᠤᠯᠤᠨ ᠬᠤᠰᠢᠭᠤᠨ ᠤ ᠨᠠᠮ ᠤᠨ ᠬᠤᠷᠢᠶ᠎ᠠ ᠶᠢᠨ ᠪᠠᠳᠦ ᠴᠢᠩᠭ᠎ᠠ ᠤᠳᠤᠷᠢᠳᠤᠯᠭ᠎ᠠ ᠲᠤᠤᠷ᠎ᠠ᠂ ᠬᠤᠰᠢᠭᠤᠨ | ᠤ ᠵᠠᠰᠠᠭ ᠤᠨ ᠤᠷᠳᠤᠨ ᠪᠦᠬᠦ ᠬᠤᠰᠢᠭᠤᠨ ᠤ ᠦᠨᠳᠦᠰᠦᠳᠡᠨ ᠨᠦᠭᠦᠳ ᠤᠨ ᠠᠷᠠᠳ ᠲᠦᠮᠡᠨ ᠲᠠᠢ ᠨᠢᠠᠠᠳᠠ | ᠪᠦᠯᠬᠦᠮᠳᠡᠨ᠂ ᠬᠦᠴᠢᠷ ᠢ ᠰᠦᠷᠦᠨ ᠤᠷᠤᠭᠰᠢᠯᠠᠵᠦ᠂ ᠯᠠᠪᠳᠠᠭᠤᠨ ᠪᠠᠳᠤᠳᠠᠢ ᠠᠵᠢᠯᠯᠠᠨ᠂ ᠠᠵᠦ ᠠᠬᠤᠢ ᠶᠢᠨ | ᠬᠦᠭᠵᠢᠯᠳᠡ ᠶᠢᠨ ᠰᠠᠨᠠᠭᠠᠴᠢᠯᠭᠠᠳᠦ ᠡᠷᠭᠡ ᠶᠢ ᠪᠠᠳᠦ ᠡᠵᠡᠮᠳᠡᠵᠦ᠂ ᠠᠵᠦ ᠠᠬᠤᠢ ᠨᠡᠶᠢᠬᠡᠮ ᠤᠨ ᠰᠠᠶᠢᠨ ᠰᠠᠶᠢᠬᠠᠨ | ᠬᠦᠭᠵᠢᠯᠳᠡ ᠶᠢᠨ ᠪᠠᠶᠢᠳᠠᠯ ᠢ ᠪᠠᠳᠤᠯᠠᠵᠦ᠂ ᠠᠷᠪᠠᠨ ᠲᠦᠷᠪᠡᠳᠦᠭᠡᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ | ᠤᠨ ᠶᠡᠭᠡ ᠬᠤᠷᠠᠯ ᠳᠤ ᠲᠤᠭᠳᠠᠭᠠᠭᠰᠠᠨ ᠭᠤᠤᠯ ᠬᠠᠷᠠᠯᠳᠠ ᠡᠭᠦᠷᠭᠡ ᠶᠢ ᠦᠨᠳᠦᠰᠦᠨ ᠳᠡᠭᠡᠨ ᠪᠡᠶᠡᠯᠡᠬᠦᠯᠪᠡ᠃ | — — ᠦᠩᠭᠡᠷᠡᠭᠰᠡᠨ ᠨᠢᠭᠡ ᠵᠢᠯ ᠳᠤ᠂ ᠪᠢᠳᠡ ᠰᠠᠨᠠᠭᠠᠴᠢᠯᠠᠭ᠎ᠠ ᠲᠠᠢ ᠪᠠᠷ ᠠᠵᠢᠯᠯᠠᠵᠦ᠂ ᠰᠢᠢᠳᠪᠦᠷᠢ | ᠪᠤᠳᠤᠯᠭ᠎ᠠ ᠶᠢ ᠨᠠᠷᠢᠯᠢᠭ ᠤᠨᠤᠪᠴᠢᠳᠠᠢ ᠭᠡᠷᠡᠭᠵᠢᠬᠦᠯᠵᠦ᠂ ᠠᠵᠦ ᠠᠬᠤᠢ ᠨᠡᠶᠢᠬᠡᠮ ᠤᠨ ᠬᠦᠭᠵᠢᠯᠳᠡ ᠶᠢᠨ ᠬᠦᠴᠦᠷᠭᠡᠭ | ᠬᠦᠳᠡᠯᠭᠡᠭᠴᠢ ᠬᠦᠴᠦᠨ ᠢ ᠪᠠᠳᠤᠯᠠᠪᠠ᠃ ᠤᠷᠤᠨ ᠨᠤᠲᠤᠭ ᠤᠨ ᠦᠢᠯᠡᠳᠪᠦᠷᠢᠯᠡᠯ ᠤᠨ ᠶᠡᠷᠦᠩᠬᠡᠢ ᠦᠷᠲᠡᠭ ᠢ 78 | ᠳ᠋ᠦᠩᠰᠢᠭᠤᠷ ᠲᠦᠬᠦᠷᠢᠭ ᠪᠡᠶᠡᠯᠡᠬᠦᠯᠵᠦ᠂ 8.7% ᠪᠠᠷ ᠨᠡᠮᠡᠭᠳᠡᠵᠦ᠂ ᠡᠭᠦᠨ ᠳᠤ᠂ ᠨᠢᠭᠡᠳᠦᠭᠡᠷ ᠠᠵᠦ ᠦᠢᠯᠡᠰ ᠤᠨ | ᠨᠡᠮᠡᠭᠳᠡᠯ ᠦᠷᠳᠡᠭ ᠢ 4.3 ᠳ᠋ᠦᠩᠰᠢᠭᠤᠷ ᠲᠦᠬᠦᠷᠢᠭ ᠪᠡᠶᠡᠯᠡᠬᠦᠯᠵᠦ᠂ 3.9% ᠪᠠᠷ ᠨᠡᠮᠡᠭᠳᠡᠪᠡ᠃ ᠬᠤᠶᠠᠳᠤᠭᠠᠷ | ᠠᠵᠦ ᠦᠢᠯᠡᠰ ᠤᠨ ᠨᠡᠮᠡᠭᠳᠡᠯ ᠦᠷᠲᠡᠭ ᠢ 61 ᠳ᠋ᠦᠩᠰᠢᠭᠤᠷ ᠲᠦᠬᠦᠷᠢᠭ ᠪᠡᠶᠡᠯᠡᠬᠦᠯᠵᠦ᠂ 8.9% ᠪᠠᠷ ᠨᠡᠮᠡᠭᠳᠡᠪᠡ | ︵ᠡᠭᠦᠨ ᠳᠤ᠂ ᠠᠵᠦ ᠦᠢᠯᠡᠳᠪᠦᠷᠢ ᠶᠢᠨ ᠨᠡᠮᠡᠭᠳᠡᠯ ᠦᠷᠲᠡᠭ ᠢ 59.6 ᠳ᠋ᠦᠩᠰᠢᠭᠤᠷ ᠲᠦᠬᠦᠷᠢᠭ ᠪᠡᠶᠡᠯᠡᠬᠦᠯᠵᠦ᠂ | 8.9% ᠪᠠᠷ ᠨᠡᠮᠡᠭᠳᠡᠪᠡ︶᠃ ᠭᠤᠷᠪᠠᠳᠤᠭᠠᠷ ᠠᠵᠦ ᠦᠢᠯᠡᠰ ᠤᠨ ᠨᠡᠮᠡᠭᠳᠡᠯ ᠦᠷᠲᠡᠭ ᠢ 12.7 ᠳ᠋ᠦᠩᠰᠢᠭᠤᠷ | ᠲᠦᠬᠦᠷᠢᠭ ᠪᠡᠶᠡᠯᠡᠬᠦᠯᠵᠦ᠂ 9.3% ᠪᠠᠷ ᠨᠡᠮᠡᠭᠳᠡᠪᠡ᠃ ᠤᠯᠠᠨ ᠨᠡᠶᠢᠳᠡ ᠶᠢᠨ ᠡᠳ᠋ ᠤᠨ ᠵᠠᠰᠠᠭ ᠤᠨ ᠲᠦᠰᠦᠪ ᠤᠨ | ᠤᠷᠤᠯᠭ᠎ᠠ ᠶᠢ 5.1 ᠳ᠋ᠦᠩᠰᠢᠭᠤᠷ ᠲᠦᠬᠦᠷᠢᠭ ᠪᠡᠶᠡᠯᠡᠬᠦᠯᠵᠦ᠂ 7% ᠪᠠᠷ ᠨᠡᠮᠡᠭᠳᠡᠪᠡ᠃ ᠪᠦᠬᠦ ᠨᠡᠶᠢᠬᠡᠮ ᠤᠨ | ᠲᠤᠭᠳᠠᠮᠠᠯ ᠬᠦᠷᠦᠩᠭᠡ ᠶᠢᠨ ᠪᠡᠯᠡ ᠤᠷᠤᠭᠤᠯᠤᠯᠳᠠ ᠶᠢ 31.9 ᠳ᠋ᠦᠩᠰᠢᠭᠤᠷ ᠲᠦᠬᠦᠷᠢᠭ ᠪᠡᠶᠡᠯᠡᠬᠦᠯᠵᠦ᠂ 31. | 6% ᠪᠠᠷ ᠨᠡᠮᠡᠭᠳᠡᠪᠡ᠃ ᠨᠡᠶᠢᠬᠡᠮ ᠤᠨ ᠭᠡᠷᠡᠭᠯᠡᠭᠡᠨ ᠤ ᠲᠠᠸᠠᠷ ᠢ ᠵᠢᠵᠢᠭᠯᠡᠨ ᠪᠤᠷᠤᠯᠠᠭᠤᠯᠤᠭᠰᠠᠨ ᠶᠡᠷᠦᠩᠬᠡᠢ ᠲᠤᠭ᠎ᠠ ᠶᠢ | 6 ᠳ᠋ᠦᠩᠰᠢᠭᠤᠷ ᠲᠦᠬᠦᠷᠢᠭ ᠪᠡᠶᠡᠯᠡᠬᠦᠯᠵᠦ᠂ 8.1% ᠪᠠᠷ ᠨᠡᠮᠡᠭᠳᠡᠪᠡ᠃ ᠬᠤᠳᠠ ᠪᠠᠯᠭᠠᠰᠦ ᠶᠢᠨ ᠪᠠᠶᠢᠩᠭᠤ | ᠰᠠᠭᠤᠭ᠎ᠠ ᠰᠠᠭᠤᠭᠠᠯᠢ ᠠᠷᠠᠳ ᠤᠨ ᠬᠦᠮᠦᠨ ᠲᠤᠮᠳᠠᠴᠢ ᠵᠠᠷᠤᠴᠠᠭᠤᠯᠵᠦ ᠪᠤᠯᠬᠤ ᠤᠷᠤᠯᠭ᠎ᠠ ᠶᠢ 24,684 | ᠲᠦᠬᠦᠷᠢᠭ ᠪᠡᠶᠡᠯᠡᠬᠦᠯᠵᠦ᠂ 8.1% ᠪᠠᠷ ᠨᠡᠮᠡᠭᠳᠡᠪᠡ᠃ ᠮᠠᠯᠵᠢᠬᠤ ᠤᠷᠤᠨ ᠤ ᠪᠠᠶᠢᠩᠭᠤ ᠰᠠᠭᠤᠭ᠎ᠠ ᠰᠠᠭᠤᠭᠠᠯᠢ | ᠠᠷᠠᠳ ᠤᠨ ᠬᠦᠮᠦᠨ ᠲᠤᠮᠳᠠᠴᠢ ᠵᠠᠷᠤᠴᠠᠭᠤᠯᠵᠦ ᠪᠤᠯᠬᠤ ᠤᠷᠤᠯᠭ᠎ᠠ ᠶᠢ 16,956 ᠲᠦᠬᠦᠷᠢᠭ ᠪᠡᠶᠡᠯᠡᠬᠦᠯᠵᠦ᠂ 8. | 2% ᠢᠶᠠᠷ ᠨᠡᠮᠡᠭᠳᠡᠪᠡ᠃ ᠡᠳᠡᠭᠡᠷ ᠠᠮᠵᠢᠯᠳᠠ ᠨᠢ ᠪᠦᠷ ᠠᠵᠦ ᠦᠢᠯᠡᠳᠪᠦᠷᠢ ᠶᠢᠨ ᠦᠢᠯᠡᠳᠬᠦᠨ ᠤ ᠦᠨ᠎ᠡ ᠬᠠᠩᠰᠢ | ᠪᠤᠯᠤᠨ ᠠᠵᠦ ᠠᠬᠤᠶᠢᠯᠠᠯ ᠤᠨ ᠠᠰᠢᠭ ᠬᠤᠨᠵᠢᠪᠦᠷᠢ ᠲᠤᠷᠤᠭᠰᠢᠯᠠᠵᠦ᠂ ᠡᠬᠢ ᠪᠠᠶᠠᠯᠢᠭ ᠤᠨ ᠤᠷᠴᠢᠨ ᠲᠤᠭᠤᠷᠢᠨ ᠤ | ᠬᠢᠵᠠᠭᠠᠷᠯᠠᠯ ᠨᠡᠮᠡᠭᠳᠡᠭᠰᠡᠨ ᠪᠠ ᠠᠵᠦ ᠠᠬᠤᠢ ᠶᠢᠨ ᠶᠡᠷᠦᠩᠭᠡᠢ ᠬᠡᠮᠵᠢᠶᠡᠨ ᠤ ᠰᠠᠭᠤᠷᠢ ᠲᠤᠭ᠎ᠠ ᠨᠡᠮᠡᠭᠳᠡᠭᠰᠡᠨ ᠪᠠᠶᠢᠳᠠᠯ | ᠲᠤᠤᠷ᠎ᠠ ᠤᠯᠤᠭᠰᠠᠨ ᠪᠤᠯᠬᠤᠷ ᠦᠨᠡᠭᠡᠷ ᠬᠢᠯᠪᠠᠷ ᠦᠬᠡᠢ ᠶᠤᠮ᠃ | — — ᠦᠩᠭᠡᠷᠡᠭᠰᠡᠨ ᠨᠢᠭᠡ ᠵᠢᠯ ᠳᠤ᠂ ᠪᠢᠳᠡ ᠦᠷᠢᠰᠦᠯᠳᠦᠭᠡᠨ ᠳᠤ ᠴᠢᠭᠯᠡᠬᠦᠯᠦᠨ᠂ ᠬᠡᠯᠪᠡᠷᠢ ᠶᠢᠨ | ᠬᠤᠪᠢᠷᠠᠯᠳᠠ ᠶᠢ ᠲᠦᠷᠭᠡᠳᠭᠡᠵᠦ᠂ ᠤᠯᠠᠨ ᠴᠡᠭ ᠢᠶᠠᠷ ᠲᠤᠯᠭᠠᠭᠤᠷᠢᠯᠠᠭᠰᠠᠨ ᠠᠵᠦ ᠦᠢᠯᠡᠰ ᠤᠨ ᠬᠦᠭᠵᠢᠯᠳᠡ ᠶᠢᠨ | ᠪᠠᠶᠢᠳᠠᠯ ᠢ ᠪᠤᠢ ᠪᠤᠯᠭᠠᠪᠠ᠃ ᠮᠠᠯᠵᠢᠬᠤ ᠦᠢᠯᠡᠳᠪᠦᠷᠢᠯᠡᠯ ᠤᠨ ᠬᠡᠯᠪᠡᠷᠢ ᠶᠢᠨ ᠬᠤᠪᠢᠷᠠᠯᠳᠠ ᠶᠢ ᠲᠦᠷᠭᠡᠳᠭᠡᠪᠡ᠃ | ᠡᠪᠡᠰᠦ ᠬᠠᠳᠠᠭᠠᠯᠠᠬᠤ ᠬᠦᠮᠦᠷᠭᠡ ᠶᠢ | 12 ᠪᠠᠶᠢᠭᠤᠯᠵᠦ᠂ ᠲᠤᠭᠳᠠᠮᠠᠯ ᠬᠠᠰᠢᠶ᠎ᠠ ᠰᠠᠷᠠᠪᠴᠢ ᠶᠢ 265 ᠪᠠᠶᠢᠭᠤᠯᠪᠠ᠃ ᠪᠦᠬᠦ ᠵᠢᠯ ᠳᠤ᠂ 94 ᠲᠦᠮᠡᠨ | ᠲᠦᠯ ᠲᠤᠰᠴᠦ᠂ ᠵᠢᠯ ᠤᠨ ᠡᠴᠦᠰ ᠤᠨ ᠮᠠᠯ ᠤᠨ ᠲᠤᠭ᠎ᠠ 128 ᠲᠦᠮᠨ ᠳᠤ ᠬᠦᠷᠪᠡ᠃ ᠪᠡᠯᠴᠢᠭᠡᠷᠯᠡᠬᠦ ᠶᠢ | ᠵᠤᠭᠰᠤᠭᠠᠨ ᠨᠤᠲᠤᠭ ᠪᠡᠯᠴᠢᠭᠡᠷ ᠢ ᠰᠡᠷᠬᠦᠭᠡᠬᠦ᠂ ᠨᠤᠲᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠳᠠ ᠶᠢᠨ | ᠱᠠᠩᠨᠠᠯ ᠨᠦᠬᠦᠪᠦᠷᠢ᠂ ᠮᠠᠯ ᠤᠨ ᠡᠬᠦᠯᠳᠡᠷ ᠤᠨ ᠨᠦᠬᠦᠪᠦᠷᠢ᠂ ᠲᠠᠷᠢᠶᠠᠯᠠᠩ ᠤᠨ ᠮᠠᠰᠢᠨ ᠬᠤᠳᠠᠯᠳᠤᠨ ᠠᠪᠤᠭᠰᠠᠨ | ᠨᠦᠬᠦᠪᠦᠷᠢ᠂ ᠡᠪᠡᠰᠦ ᠪᠤᠷᠳᠤᠭᠠᠨ ᠤ ᠨᠦᠬᠦᠪᠦᠷᠢ ᠪᠤᠯᠤᠨ ᠲᠤᠰᠤᠨ ᠤ ᠨᠦᠬᠦᠪᠦᠷᠢ ᠵᠡᠷᠭᠡ ᠮᠠᠯ ᠠᠵᠦ ᠠᠬᠤᠢ ᠶᠢ | ᠳᠡᠮᠵᠢᠨ ᠮᠠᠯᠴᠢᠳ ᠢ ᠬᠠᠷᠠᠭᠠᠯᠵᠠᠬᠤ ᠠᠯᠢ ᠤᠯᠠᠨ ᠲᠦᠷᠦ ᠶᠢᠨ ᠪᠤᠳᠤᠯᠭ᠎ᠠ ᠶᠢ ᠪᠦᠬᠦ ᠳᠠᠯ᠎ᠠ ᠪᠠᠷ | ᠨᠠᠶᠢᠳᠠᠪᠦᠷᠢᠵᠢᠭᠤᠯᠵᠦ᠂ ᠴᠦᠭᠡᠨ ᠲᠤᠭᠠᠳᠦ ᠦᠨᠳᠦᠰᠦᠳᠡᠨ ᠤ ᠬᠦᠭᠵᠢᠬᠦᠯᠦᠯᠳᠡ ᠶᠢᠨ ᠪᠡᠯᠡ ᠮᠦᠩᠬᠦ ᠶᠢ 1,100 | ᠲᠦᠮᠡᠨ ᠲᠦᠬᠦᠷᠢᠭ ᠤᠯᠪᠠ᠃ ᠮᠠᠯᠴᠢᠳ ᠤᠨ ᠲᠤᠰᠬᠠᠢ ᠬᠤᠷᠰᠢᠶᠠᠵᠢᠯ ᠤᠨ ᠬᠡᠪᠴᠢᠶ᠎ᠡ ᠶᠢ ᠦᠷᠭᠡᠳᠭᠡᠵᠦ᠂ | ᠲᠠᠩᠰᠠᠯᠠᠭᠤᠯᠤᠭᠰᠠᠨ ᠪᠡᠯᠡ ᠮᠦᠩᠬᠦ ᠨᠢ 2.37 ᠳ᠋ᠦᠩᠰᠢᠭᠤᠷ ᠲᠦᠬᠦᠷᠢᠭ ᠲᠤ ᠬᠦᠷᠴᠦ᠂ ᠡᠯ᠎ᠡ ᠲᠦᠷᠦᠯ ᠤᠨ | ᠬᠤᠷᠰᠢᠶᠠᠵᠢᠯ ᠤᠨ ᠵᠤᠬᠢᠶᠠᠨ ᠪᠠᠶᠢᠭᠤᠯᠤᠯᠳᠠ 116 ᠡᠷᠦᠬᠡ ᠪᠤᠯᠪᠠ᠃ ︽ᠲᠦᠷᠪᠡᠨ ᠬᠡᠯᠪᠡᠷᠢ︾ ᠶᠢᠨ ᠠᠮᠢ | ᠠᠬᠤᠶᠢᠴᠢ ᠭᠡᠷ ᠪᠦᠯᠢ ᠶᠢᠨ ᠮᠠᠯᠵᠢᠯ ᠤᠨ ᠳᠠᠯᠠᠪᠠᠢ ᠶᠢ 24 ᠪᠠᠶᠢᠭᠤᠯᠵᠦ᠂ ᠭᠠᠮᠰᠢᠭ ᠢ ᠪᠠᠭᠠᠰᠬᠠᠨ ᠭᠠᠮᠰᠢᠭ ᠠᠴᠠ | ᠵᠠᠶᠢᠯᠠᠭᠤᠯᠬᠤ᠂ ᠴᠢᠨᠠᠷ ᠴᠢᠨᠰᠠᠭ᠎ᠠ ᠪᠤᠯᠤᠨ ᠦᠷ᠎ᠡ ᠠᠰᠢᠭᠳᠦ ᠬᠡᠯᠪᠡᠷᠢ ᠶᠢᠨ ᠮᠠᠯ ᠠᠵᠦ ᠠᠬᠤᠢ ᠠᠩᠬ᠎ᠠ ᠠᠯᠬᠤᠮ ᠤᠨ | ᠦᠷ᠎ᠡ ᠪᠦᠳᠦᠮᠵᠢ ᠤᠯᠪᠠ᠃ ᠠᠵᠦ ᠦᠢᠯᠡᠳᠪᠦᠷᠢ ᠶᠢᠨ ᠪᠤᠳᠠᠳᠦ ᠬᠦᠴᠦᠨ ᠢᠯᠡᠳᠳᠡ ᠴᠢᠩᠭᠠᠷᠠᠪᠠ᠃ ︽ᠠᠵᠦ | ᠦᠢᠯᠡᠳᠪᠦᠷᠢ ᠪᠠᠷ ᠬᠤᠰᠢᠭᠤ ᠪᠠᠨ ᠬᠦᠴᠦᠷᠭᠡᠭᠵᠢᠬᠦᠯᠬᠦ︾ ᠵᠠᠮ ᠢᠶᠠᠷ ᠡᠷᠡᠰ ᠭᠤᠶᠢᠪᠢᠰᠢ ᠦᠬᠡᠢ ᠵᠠᠮᠨᠠᠪᠠ᠃ ᠳ᠋ᠠᠴᠢᠩ | ᠤᠨ ᠴᠢᠯᠠᠭᠤᠨ ᠲᠤᠰᠤᠨ ᠤ ᠦᠷᠬᠦᠯᠵᠢᠯᠡᠯ ᠴᠢᠨᠠᠷᠳᠠᠢ ᠨᠡᠭᠡᠭᠡᠨ ᠠᠰᠢᠭᠯᠠᠯᠳᠠ᠂ ᠴᠤᠤ ᠹᠠᠨ ᠠᠭᠤᠷᠬᠠᠢ ᠶᠢᠨ ᠦᠢᠯᠡᠰ | ᠤᠨ ᠬᠠᠶᠢᠷᠬᠠᠨ ᠲᠤᠭᠤᠯᠭ᠎ᠠ ᠴᠠᠶᠢᠷ ᠤᠨ ᠠᠭᠤᠷᠬᠠᠢ ᠶᠢᠨ ᠮᠠᠯᠳᠠᠵᠦ ᠰᠢᠯᠢᠬᠦ ᠦᠢᠯᠡᠰ᠂ ᠶᠢᠨ ᠱᠠᠨ ᠠᠭᠤᠷᠬᠠᠢ ᠶᠢᠨ | ᠦᠢᠯᠡᠰ ᠤᠨ ᠮᠡᠷᠭᠡᠵᠢᠯ ᠢ ᠰᠠᠶᠢᠵᠢᠷᠠᠭᠤᠯᠬᠤ᠂ ᠰᠢᠨ ᠹᠧᠩ ᠮᠤᠳᠤᠨ ᠮᠠᠲ᠋ᠧᠷᠢᠶᠠᠯ ᠪᠤᠯᠪᠠᠰᠤᠷᠠᠭᠤᠯᠬᠤ ᠦᠢᠯᠡᠳᠪᠦᠷᠢᠯᠡᠯ | ᠤᠨ ᠱᠤᠭᠤᠮ᠂ ᠢ ᠫᠦ᠋ ᠯᠢ ᠲᠠᠷᠢ ᠴᠡᠶᠢᠳᠡᠮᠵᠢᠬᠦᠯᠬᠦ ᠶᠢ ᠬᠢᠨᠠᠨ ᠬᠡᠮᠵᠢᠬᠦ ᠦᠷᠲᠡᠭᠡ ᠶᠢᠨ ᠴᠢᠳᠠᠪᠦᠷᠢ ᠪᠠᠨ | ᠳᠡᠭᠡᠭᠰᠢᠯᠡᠬᠦᠯᠦᠨ ᠨᠡᠬᠦᠯᠭᠡᠨ ᠪᠠᠶᠢᠭᠤᠯᠬᠤ ᠵᠡᠷᠭᠡ ᠭᠤᠤᠯᠳᠠᠯᠭ᠎ᠠ ᠲᠠᠢ ᠠᠵᠦ ᠦᠢᠯᠡᠳᠪᠦᠷᠢ ᠶᠢᠨ ᠲᠦᠷᠦᠯ ᠵᠦᠢᠯ ᠢ | 17 ᠭᠡᠷᠡᠭᠵᠢᠬᠦᠯᠵᠦ᠂ ᠠᠵᠦ ᠦᠢᠯᠡᠳᠪᠦᠷᠢ ᠶᠢᠨ ᠲᠤᠭᠳᠠᠮᠠᠯ ᠬᠦᠷᠦᠩᠭᠡ ᠶᠢᠨ ᠪᠡᠯᠡ ᠤᠷᠤᠭᠤᠯᠤᠯᠳᠠ ᠶᠢ 10.2 | ᠳ᠋ᠦᠩᠰᠢᠭᠤᠷ ᠲᠦᠬᠦᠷᠢᠭ ᠪᠡᠶᠡᠯᠡᠬᠦᠯᠪᠡ᠃ ᠠᠷᠠᠯᠵᠢᠶᠠᠴᠢᠨ ᠤᠷᠢᠵᠦ ᠪᠡᠯᠡ ᠤᠷᠤᠭᠤᠯᠬᠤ ᠠᠵᠢᠯ ᠢ ᠶᠡᠬᠡᠪᠡᠷ ᠬᠢᠵᠦ᠂ | 10 ᠲᠦᠷᠦᠯ ᠵᠦᠢᠯ ᠪᠠ 18.16 ᠳ᠋ᠦᠩᠰᠢᠭᠤᠷ ᠲᠦᠬᠦᠷᠢᠭ ᠤᠨ ᠪᠡᠯᠡ ᠮᠦᠩᠬᠦ ᠶᠢ ᠳᠠᠳᠠᠨ ᠤᠷᠤᠭᠤᠯᠪᠠ᠃ ᠠᠵᠦ | ᠠᠬᠤᠶᠢᠯᠠᠯ ᠤᠨ ᠲᠤᠬᠢᠷᠠᠭᠤᠯᠤᠯᠳᠠ ᠶᠢ ᠴᠢᠩᠭᠠᠳᠬᠠᠵᠦ᠂ ᠬᠡᠪᠴᠢᠶᠡᠵᠢᠯ ᠠᠴᠠ ᠲᠡᠭᠡᠭᠰᠢᠬᠢ ᠠᠵᠦ ᠦᠢᠯᠡᠳᠪᠦᠷᠢ ᠶᠢᠨ | ᠠᠵᠦ ᠠᠬᠤᠶᠢᠯᠠᠯ 90.6 ᠳ᠋ᠦᠩᠰᠢᠭᠤᠷ ᠲᠦᠬᠦᠷᠢᠭ ᠤᠨ ᠦᠢᠯᠡᠳᠬᠦᠨ ᠤ ᠦᠷᠲᠡᠭ ᠢ ᠪᠡᠶᠡᠯᠡᠬᠦᠯᠵᠦ᠂ ᠠᠳᠠᠯᠢ | ᠬᠤᠭᠤᠴᠠᠭᠠᠨ ᠤ ᠬᠢ ᠠᠴᠠ 27.5% ᠪᠠᠷ ᠨᠡᠮᠡᠭᠳᠡᠵᠦ᠂ ᠡᠳ᠋ ᠤᠨ ᠵᠠᠰᠠᠭ ᠲᠤ ᠦᠵᠡᠬᠦᠯᠦᠭᠰᠡᠨ ᠬᠤᠪᠢ ᠨᠡᠮᠡᠷᠢ | ᠶᠢᠨ ᠨᠤᠷᠮ᠎ᠠ 77.2% ᠲᠤ ᠬᠦᠷᠪᠡ᠃ ᠠᠶᠦᠯᠬᠦᠢ ᠦᠢᠯᠡᠳᠪᠦᠷᠢᠯᠡᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠦ᠂ | ᠠᠭᠤᠷᠬᠠᠢ ᠶᠢᠨ ᠠᠵᠦ ᠠᠬᠤᠶᠢᠯᠠᠯ ᠤᠳ ᠢ ᠵᠤᠬᠢᠶᠠᠨ ᠪᠠᠶᠢᠭᠤᠯᠤᠨ ᠨᠡᠭᠦᠷᠡᠰᠦᠨ ᠠᠭᠤᠷᠬᠠᠢ ᠶᠢᠨ ᠪᠤᠰᠤ ᠬᠤᠯᠪᠤᠭᠠᠯᠠᠨ | ᠠᠪᠤᠷᠠᠬᠤ ᠠᠩᠬᠢ ᠶᠢ ᠬᠦᠯᠦᠨ ᠪᠤᠶᠢᠷ ᠬᠤᠳᠠ ᠳᠤ ᠬᠠᠮᠤᠭ ᠲᠡᠷᠢᠬᠦᠨ ᠳᠤ ᠪᠠᠶᠢᠭᠤᠯᠵᠦ᠂ ᠪᠦᠬᠦ ᠵᠢᠯ ᠳᠤ᠂ ᠤᠨᠴᠠ | ᠶᠡᠭᠡ ᠠᠶᠦᠯᠬᠦᠢ ᠦᠢᠯᠡᠳᠪᠦᠷᠢᠯᠡᠯ ᠤᠨ ᠭᠡᠷᠡᠭ ᠭᠠᠷᠤᠭᠰᠠᠨ ᠦᠬᠡᠢ᠃ ᠦᠢᠯᠡᠴᠢᠯᠡᠭᠡᠨ ᠤ ᠦᠢᠯᠡᠰ ᠴᠡᠴᠡᠭᠯᠡᠨ | ᠬᠦᠭᠵᠢᠪᠡ᠃ ︽ᠬᠢᠯᠠᠰ ᠴᠡᠭ ᠢ ᠪᠤᠢ ᠪᠤᠯᠭᠠᠵᠦ᠂ ᠬᠡᠪᠴᠢᠶ᠎ᠡ ᠶᠢ ᠦᠷᠭᠡᠳᠭᠡᠨ᠂ ᠲᠡᠰ ᠲᠠᠪᠬᠤᠷᠭ᠎ᠠ ᠶᠢ | ᠲᠡᠭᠡᠭᠰᠢᠯᠡᠬᠦᠯᠬᠦ︾ ᠶᠡᠷᠦᠩᠬᠡᠢ ᠰᠡᠳᠬᠢᠴᠡ ᠪᠠᠷ᠂ ᠪᠡᠯᠡ ᠤᠷᠤᠭᠤᠯᠤᠯᠳᠠ ᠶᠢᠨ ᠬᠦᠴᠦᠯᠡᠴᠡ ᠪᠠᠨ ᠳᠠᠰᠤᠷᠠᠯᠳᠠ ᠦᠬᠡᠢ | ᠨᠡᠮᠡᠭᠳᠡᠬᠦᠯᠵᠦ᠂ ᠵᠤᠭᠠᠴᠠᠯ ᠠᠷᠠᠯᠵᠢᠶ᠎ᠠ ᠶᠢᠨ ᠠᠵᠦ ᠠᠬᠤᠢ ᠶᠢᠨ ᠨᠡᠮᠡᠭᠳᠡᠯ ᠤᠨ ᠲᠤᠶᠢᠯ ᠢ ᠪᠦᠬᠦ ᠬᠦᠴᠦᠨ ᠢᠶᠠᠷ ᠪᠤᠢ | ᠪᠤᠯᠭᠠᠪᠠ᠃ ᠵᠤᠭᠠᠴᠠᠯ ᠤᠨ ᠰᠠᠭᠤᠷᠢ ᠲᠦᠬᠦᠭᠡᠷᠦᠮᠵᠢ ᠶᠢ ᠲᠡᠬᠦᠯᠳᠡᠷᠵᠢᠬᠦᠯᠵᠦ᠂ ᠪᠤᠠᠠᠳᠠᠠᠭᠤᠯᠠ ᠵᠤᠭᠠᠴᠠᠯ ᠤᠨ | ᠦᠷᠲᠡᠭᠡ ᠶᠢ ᠠᠰᠢᠭᠯᠠᠯᠳᠠ ᠳᠤ ᠤᠷᠤᠭᠤᠯᠪᠠ᠃ ᠲᠤᠮᠳᠠᠳᠦ ᠮᠤᠩᠭᠤᠯ ᠤᠨ ᠬᠢᠯᠢ ᠶᠢᠨ ᠵᠤᠭᠠᠴᠠᠯ ᠢ ᠨᠡᠭᠡᠭᠡᠨ | ᠠᠰᠢᠭᠯᠠᠬᠤ ᠲᠦᠷᠦᠯ ᠵᠦᠢᠯ ᠪᠤᠳᠠᠳᠦ ᠠᠬᠢᠯᠳᠠ ᠲᠠᠢ ᠪᠤᠯᠵᠦ᠂ ᠬᠤᠶᠠᠷ ᠤᠯᠤᠰ ᠤᠨ ᠵᠤᠭᠠᠴᠠᠯ ᠤᠨ ᠠᠵᠦ | ᠠᠬᠤᠶᠢᠯᠠᠯ ᠬᠠᠮᠳᠤᠷᠠᠨ ᠠᠵᠢᠯᠯᠠᠬᠤ ᠬᠡᠯᠡᠯᠴᠡᠭᠡᠷ ᠲᠤ ᠭᠠᠷ ᠤᠨ ᠦᠰᠦᠭ ᠵᠢᠷᠤᠵᠦ᠂ ᠬᠢᠯᠢ ᠶᠢᠨ ᠵᠤᠭᠠᠴᠠᠯ ᠤᠨ | ᠭᠤᠷᠪᠡᠨ ᠱᠤᠭᠤᠮ ᠢ ᠨᠡᠪᠲᠡᠷᠡᠬᠦᠯᠪᠡ᠃ ︽ᠮᠠᠯᠵᠢᠬᠤ ᠡᠷᠦᠬᠡ ᠪᠠᠷ ᠵᠤᠭᠠᠴᠠᠬᠤ ᠦᠢᠯᠡᠰ︾ ᠢ ᠶᠡᠬᠡᠪᠡᠷ ᠬᠦᠭᠵᠢᠬᠦᠯᠵᠦ | ᠂ ︽ᠨᠠᠢᠮᠠᠨ ᠬᠦᠯᠦᠭ︾ ᠵᠡᠷᠭᠡ 20 ᠲᠤᠯᠤᠭᠠᠶᠢᠯᠠᠭᠴᠢ ᠮᠠᠯᠵᠢᠬᠤ ᠡᠷᠦᠬᠡ ᠪᠤᠢ ᠪᠤᠯᠪᠠ᠃ ᠪᠦᠬᠦ ᠵᠢᠯ ᠳᠤ᠂ ᠤᠯᠤᠰ | ᠤᠨ ᠳᠤᠳᠤᠭᠠᠳᠦ ᠭᠠᠳᠠᠭᠠᠳᠦ ᠶᠢᠨ ᠵᠤᠭᠠᠴᠠᠭᠰᠠᠳ ᠢ 51.4 ᠲᠦᠮᠡ ᠵᠤᠴᠢᠯᠠᠵᠦ᠂ ᠵᠤᠭᠠᠴᠠᠯ ᠤᠨ ᠤᠷᠤᠯᠭ᠎ᠠ ᠶᠢ 4. | 1 ᠳ᠋ᠦᠩᠰᠢᠭᠤᠷ ᠲᠦᠬᠦᠷᠢᠭ ᠪᠡᠶᠡᠯᠡᠬᠦᠯᠪᠡ᠃ ᠪᠤᠭᠤᠮᠳᠠ ᠶᠢᠨ ᠰᠠᠭᠤᠷᠢ ᠲᠦᠬᠦᠭᠡᠷᠦᠮᠵᠢ ᠶᠢ ᠲᠡᠬᠦᠯᠳᠡᠷᠵᠢᠬᠦᠯᠵᠦ᠂ | ᠠᠷᠤᠬᠠᠰᠢᠶᠠᠳᠦ ᠪᠤᠭᠤᠮᠳᠠ ᠶᠢᠨ ᠬᠢᠯᠢ ᠶᠢᠨ ᠠᠵᠦ ᠠᠬᠤᠢ ᠶᠢᠨ ᠬᠠᠮᠳᠤᠷᠠᠯᠴᠠᠭᠠᠨ ᠤ ᠤᠷᠤᠨ ᠢ ᠪᠠᠶᠢᠭᠤᠯᠬᠤ ᠪᠠᠷ | ᠢᠳᠡᠪᠬᠢᠳᠠᠢ ᠲᠡᠭᠡᠭᠰᠢ ᠮᠡᠳᠡᠬᠦᠯᠵᠦ᠂ ᠪᠤᠭᠤᠮᠳᠠ ᠶᠢᠨ ᠲᠦᠷ ᠴᠠᠭ ᠵᠢᠯ ᠲᠤᠷᠰᠢᠳᠠ ᠨᠡᠭᠡᠭᠡᠬᠦ ᠶᠢ ᠪᠡᠶᠡᠯᠡᠬᠦᠯᠪᠡ᠃ | ᠪᠦᠬᠦ ᠵᠢᠯ ᠳᠤ᠂ ᠪᠤᠭᠤᠮᠳᠠ ᠪᠠᠷ ᠤᠷᠤᠭᠤᠯᠵᠦ ᠭᠠᠷᠭᠠᠭᠰᠠᠨ ᠡᠳ᠋ ᠪᠠᠷᠠᠭ᠎ᠠ 11.5 ᠲᠦᠮᠡᠨ ᠲᠤᠨ ᠳᠤ ᠬᠦᠷᠴᠦ᠂ | ᠠᠷᠠᠯᠵᠢᠶᠠᠯᠠᠭᠰᠠᠨ ᠲᠤᠭ᠎ᠠ 7,388 ᠲᠦᠮᠡᠨ ᠳ᠋ᠤᠯᠯᠠᠷ ᠪᠤᠯᠪᠠ᠃ | — — ᠦᠩᠭᠡᠷᠡᠭᠰᠡᠨ ᠨᠢᠭᠡ ᠵᠢᠯ ᠳᠤ᠂ ᠪᠢᠳᠡ ᠰᠢᠨᠵᠢᠯᠡᠬᠦ ᠤᠬᠠᠭᠠᠨᠴᠢ ᠪᠠᠷ ᠨᠢᠭᠡᠳᠦᠯᠳᠡᠢ | ᠲᠦᠯᠦᠪᠵᠢᠬᠦᠯᠦᠨ᠂ ᠬᠤᠳᠠ ᠬᠦᠳᠡᠭᠡ ᠶᠢᠨ ᠴᠢᠳᠠᠪᠬᠢ ᠶᠢᠨ ᠤᠷᠴᠢᠨ ᠲᠤᠭᠤᠷᠢᠨ ᠢ ᠮᠡᠳᠡᠭᠳᠡᠮ᠎ᠡ ᠰᠠᠶᠢᠵᠢᠷᠠᠭᠤᠯᠪᠠ᠃ | ᠬᠤᠳᠠ ᠬᠦᠳᠡᠭᠡ ᠶᠢ ᠨᠢᠭᠡ ᠴᠤᠭᠴᠠᠵᠢᠭᠤᠯᠬᠤ ᠪᠦᠲᠦᠭᠡᠨ ᠪᠠᠶᠢᠭᠤᠯᠤᠯᠳᠠ ᠶᠢ ᠲᠦᠷᠭᠡᠳᠭᠡᠪᠡ᠃ ᠤᠨᠴᠠᠯᠢᠭ ᠢ | ᠳᠤᠪᠤᠶᠢᠯᠭᠠᠵᠦ᠂ ᠴᠢᠨᠠᠷ ᠲᠡᠰ ᠢ ᠲᠡᠭᠡᠭᠰᠢᠯᠡᠬᠦᠯᠦᠨ᠂ ᠤᠷᠤᠰᠢᠨ ᠰᠠᠭᠤᠬᠤ ᠳᠤ ᠳᠠᠭᠠᠯᠠᠮᠵᠢᠳᠠᠢ᠂ ᠬᠦᠮᠦᠰ ᠤᠨ | ᠪᠠᠭ᠋ᠠᠷᠤᠯ ᠢ ᠳᠠᠳᠠᠬᠤ ᠬᠦᠴᠦᠨ ᠲᠠᠢ ᠪᠤᠯᠪᠠ᠃ ᠰᠢᠨ᠎ᠡ ᠪᠠᠷᠭᠤ ᠪᠠᠷᠠᠭᠤᠨ ᠬᠤᠰᠢᠭᠤᠨ ᠤ ᠰᠠᠭᠤᠭ᠎ᠠ ᠪᠠᠯᠭᠠᠰᠦ ᠶᠢᠨ | ᠶᠡᠷᠦᠩᠬᠡᠢ ᠲᠦᠯᠦᠪᠵᠢᠬᠦᠯᠭᠡ ᠶᠢ ᠵᠠᠰᠠᠨ ᠨᠠᠶᠢᠷᠠᠭᠤᠯᠵᠦ᠂ 5,000 ᠲᠦᠮᠡᠨ ᠲᠦᠬᠦᠷᠢᠭ ᠤᠨ ᠪᠡᠯᠡ ᠤᠷᠤᠭᠤᠯᠵᠦ᠂ | ᠪᠠᠯᠭᠠᠰᠦᠨ ᠤ ᠲᠤᠭᠤᠷᠢᠭ ᠤᠨ ᠵᠡᠬᠡᠯᠢ ᠭᠤᠳᠤᠮᠵᠢ ᠶᠢᠨ ᠰᠠᠯᠠᠭ᠎ᠠ ᠵᠠᠮ ᠢ ᠵᠠᠰᠠᠨ ᠰᠢᠨᠡᠳᠭᠡᠬᠦ᠂ ᠭᠡᠷᠦᠯᠦᠨ ᠵᠡᠬᠡᠯᠢ ᠶᠢᠨ | ᠪᠤᠷᠤᠭᠠᠨ ᠤ ᠤᠰᠤᠨ ᠤ ᠬᠤᠭᠤᠯᠠᠢ ᠲᠤᠤᠷ ᠢ ᠵᠠᠰᠠᠨ ᠰᠢᠨᠡᠳᠭᠡᠬᠦ ᠪᠠ ᠮᠤᠭᠠᠶᠢᠳᠦ ᠵᠡᠭᠡᠯᠢ ᠶᠢ ᠵᠠᠰᠠᠵᠦ ᠦᠷᠭᠡᠳᠭᠡᠨ | ᠪᠠᠶᠢᠭᠤᠯᠬᠤ ᠵᠡᠷᠭᠡ ᠬᠤᠳᠠ ᠶᠢᠨ ᠶᠠᠪᠤᠳᠠᠯ ᠤᠨ ᠢᠨᠵᠧᠨᠧᠷᠢᠩ ᠢ ᠭᠡᠷᠡᠭᠵᠢᠬᠦᠯᠪᠡ᠃ ᠤᠷᠤᠨ ᠰᠠᠭᠤᠴᠠ ᠶᠢᠨ | ᠬᠠᠮᠢᠶᠠᠷᠤᠯᠳᠠ ᠶᠢ ᠴᠢᠩᠭᠠᠳᠬᠠᠵᠦ᠂ ᠬᠠᠭᠤᠴᠢᠨ ᠲᠤᠭᠤᠷᠢᠭ ᠤᠨ ᠬᠤᠭᠤᠯᠠᠢ ᠲᠤᠤᠷ ᠢ ᠵᠠᠰᠠᠨ ᠰᠢᠨᠡᠳᠭᠡᠬᠦ ᠵᠢᠴᠢ | ᠠᠰᠠᠷ ᠤᠨ ᠪᠡᠶ᠎ᠡ ᠶᠢ ᠵᠠᠰᠠᠨ ᠰᠢᠨᠡᠳᠭᠡᠬᠦ ᠢᠨᠵᠧᠨᠧᠷᠢᠩ ᠢ ᠭᠡᠷᠡᠭᠵᠢᠬᠦᠯᠪᠡ᠃ ᠤᠷᠴᠢᠨ ᠲᠤᠭᠤᠷᠢᠨ ᠢ ᠵᠠᠰᠠᠨ | ᠴᠡᠭᠴᠡᠯᠡᠬᠦ ᠶᠢ ᠴᠢᠬᠤᠯᠠᠴᠢᠯᠠᠵᠦ᠂ 1.7 ᠲᠦᠮᠡᠨ ᠲᠤᠨ ᠬᠤᠭ ᠨᠤᠪᠰᠢ ᠪᠤᠯᠤᠨ 47.5 ᠲᠦᠮᠡᠨ ᠲᠤᠨ ᠪᠤᠵᠠᠷ | ᠤᠰᠤ ᠶᠢ ᠬᠤᠤᠷ ᠦᠬᠡᠢ ᠰᠢᠢᠳᠪᠦᠷᠢᠯᠡᠪᠡ᠃ ᠨᠤᠭᠤᠭᠠᠷᠠᠭᠤᠯᠤᠯᠳᠠ ᠶᠢᠨ ᠢᠨᠵᠧᠨᠧᠷᠢᠩ ᠢ ᠭᠡᠷᠡᠭᠵᠢᠬᠦᠯᠵᠦ᠂ 920 | ᠲᠦᠮᠡᠨ ᠲᠦᠬᠦᠷᠢᠭ ᠤᠨ ᠪᠡᠯᠡ ᠤᠷᠤᠭᠤᠯᠵᠦ᠂ ᠨᠤᠭᠤᠭᠠᠷᠠᠭᠤᠯᠤᠯᠳᠠ ᠶᠢᠨ ᠳᠠᠯᠠᠪᠠᠢ ᠶᠢ ᠰᠢᠨ᠎ᠡ ᠪᠠᠷ 9.3 ᠲᠦᠮᠡᠨ | ᠲᠡᠭᠰᠢ ᠲᠦᠷᠪᠡᠯᠵᠢᠨ ᠮᠧᠲᠷ ᠨᠡᠮᠡᠭᠳᠡᠬᠦᠯᠵᠦ᠂ ᠡᠯ᠎ᠡ ᠵᠦᠢᠯ ᠤᠨ ᠮᠤᠳᠤ ᠶᠢ 9.3 ᠲᠦᠮᠡᠨ ᠰᠠᠭᠤᠷᠢ ᠵᠠᠶᠢᠯᠠᠵᠦ | ᠤᠷᠭᠤᠭᠤᠯᠪᠠ᠃ ᠵᠠᠮ ᠲᠡᠭᠡᠭᠡᠪᠦᠷᠢ ᠶᠢᠨ ᠨᠦᠬᠦᠴᠡᠯ ᠢ ᠰᠠᠶᠢᠵᠢᠷᠠᠭᠤᠯᠪᠠ᠃ ᠨᠡᠶᠢᠳᠡᠮ ᠭᠡᠷᠡᠭᠯᠡᠬᠦ ᠨᠢᠰᠭᠡᠯ ᠤᠨ | ᠪᠠᠭᠤᠳᠠᠯ ᠤᠨ ᠨᠢᠰᠤᠯᠳᠠ ᠶᠢᠨ ᠳᠤᠭᠤᠷᠢᠭ ᠪᠤᠯᠤᠨ ᠠᠭᠠᠷ ᠤᠨ ᠠᠶᠠᠯᠠᠯ ᠤᠨ ᠦᠷᠲᠡᠭᠡᠨ ᠤ ᠠᠰᠠᠷ ᠢ ᠪᠠᠶᠢᠭᠤᠯᠵᠦ | ᠲᠠᠭᠤᠰᠬᠠᠪᠠ᠃ ᠮᠠᠨᠵᠤᠤᠷ — ᠠᠯᠳ᠋ᠬᠠᠮᠡᠭᠡᠯ — ᠠᠮᠤᠭᠤᠯᠠᠩ ᠬᠦᠷᠬᠦ ᠨᠢᠭᠡᠳᠦᠭᠡᠷ ᠳᠡᠰ ᠤᠨ ᠵᠠᠰᠠᠮᠠᠯ ᠵᠠᠮ ᠤᠨ | ᠲᠦᠷᠦᠯ ᠵᠦᠢᠯ ᠢ ᠤᠷᠤᠭᠰᠢᠳᠠᠢ ᠪᠡᠶᠡᠯᠡᠬᠦᠯᠪᠡ᠃ ᠠᠯᠳ᠋ᠬᠠᠮᠡᠭᠡᠯ — ᠠᠷᠤᠬᠠᠰᠢᠶᠠᠳᠦ ᠪᠤᠭᠤᠮᠳᠠ ᠬᠦᠷᠬᠦ ᠵᠠᠰᠠᠮᠠᠯ | ᠵᠠᠮ᠂ ᠪᠤᠠᠠᠳᠠᠠᠭᠤᠯᠠ ᠰᠤᠮᠤ — ᠪᠤᠶᠢᠷ ᠰᠤᠮᠤ ᠬᠦᠷᠬᠦ ᠵᠠᠰᠠᠮᠠᠯ ᠵᠠᠮ ᠵᠡᠷᠭᠡ ᠶᠠ ᠬᠠᠩ ᠪᠠᠩᠬᠢ ᠶᠢᠨ ᠡᠯ᠎ᠡ | ᠬᠤᠪᠢᠶᠠᠷᠢ ᠲᠦᠷᠦᠯ ᠵᠦᠢᠯ ᠢ ᠲᠤᠭᠳᠠᠭᠰᠠᠨ ᠴᠠᠭ ᠲᠤᠨᠢ ᠲᠦᠯᠬᠢᠨ ᠠᠬᠢᠭᠤᠯᠪᠠ᠃ ᠠᠮᠢ ᠠᠬᠤᠢ ᠶᠢᠨ ᠠᠮᠦᠷ | ᠲᠦᠪᠰᠢᠨ ᠤ ᠬᠠᠯᠬᠠᠪᠴᠢ ᠶᠢ ᠪᠠᠶᠢᠭᠤᠯᠪᠠ᠃ ᠡᠯᠡᠰᠦᠷᠭᠡᠭ ᠭᠠᠵᠠᠷ ᠢ ᠶᠡᠷᠦᠩᠬᠡᠶᠢᠯᠡᠨ ᠵᠠᠰᠠᠬᠤ ᠢᠨᠵᠧᠨᠧᠷᠢᠩ ᠢ 9 | ᠲᠦᠮᠡᠨ ᠮᠦ ᠭᠡᠷᠡᠭᠵᠢᠬᠦᠯᠵᠦ᠂ 3586 ᠰᠠᠭᠤᠷᠢ ᠮᠤᠳᠦ ᠨᠦᠬᠦᠵᠦ ᠵᠠᠶᠢᠯᠠᠪᠠ᠃ ᠤᠢ ᠰᠢᠭᠤᠶᠢᠳᠦ ᠠᠮᠢ ᠠᠬᠤᠢ | ᠶᠢᠨ ᠵᠢᠱᠢᠶ᠎ᠡ ᠦᠵᠡᠬᠦᠯᠬᠦ ᠬᠦᠷᠢᠶᠡᠯᠡᠩ ᠢ ᠪᠠᠶᠢᠭᠤᠯᠵᠦ᠂ 20 ᠲᠦᠮᠡᠨ ᠰᠠᠭᠤᠷᠢ ᠵᠤᠯᠵᠠᠭ᠎ᠠ ᠮᠤᠳᠦ ᠵᠠᠶᠢᠯᠠᠪᠠ᠃ 1, | 301 ᠲᠦᠮᠡᠨ ᠲᠦᠬᠦᠷᠢᠭ ᠤᠨ ᠪᠡᠯᠡ ᠤᠷᠤᠭᠤᠯᠵᠦ᠂ ᠠᠯᠳ᠋ᠬᠠᠮᠡᠭᠡᠯ ᠪᠠᠯᠭᠠᠰᠦ ᠶᠢᠨ ᠦᠶᠡᠷ ᠢ ᠰᠡᠷᠭᠡᠶᠢᠯᠡᠬᠦ | ᠢᠨᠵᠧᠨᠧᠷᠢᠩ ᠢ ᠭᠡᠷᠡᠭᠵᠢᠬᠦᠯᠪᠡ᠃ 1,588 ᠲᠦᠮᠡᠨ ᠲᠦᠬᠦᠷᠢᠭ ᠤᠨ ᠪᠡᠯᠡ ᠤᠷᠤᠭᠤᠯᠵᠦ᠂ ᠠᠶᠦᠯᠬᠦᠢ ᠤᠰᠤ | ᠤᠮᠳᠠ ᠶᠢᠨ ᠢᠨᠵᠧᠨᠧᠷᠢᠩ ᠢ ᠭᠡᠷᠡᠭᠵᠢᠬᠦᠯᠵᠦ᠂ 2100 ᠬᠦᠮᠦᠨ ᠤ ᠤᠰᠤ ᠤᠮᠳᠠ ᠶᠢᠨ ᠠᠮᠦᠷ ᠲᠦᠪᠰᠢᠨ ᠤ | ᠠᠰᠠᠭᠤᠳᠠᠯ ᠢ ᠰᠢᠢᠳᠪᠦᠷᠢᠯᠡᠪᠡ᠃ ᠤᠷᠴᠢᠨ ᠲᠤᠭᠤᠷᠢᠨ ᠤ ᠬᠠᠤᠯᠢ ᠴᠠᠭᠠᠵᠠ ᠬᠠᠤᠯᠢ ᠲᠦᠷᠢᠮ ᠠᠴᠠ ᠵᠦᠷᠢᠴᠡᠭᠰᠡᠨ | ᠠᠵᠢᠯᠯᠠᠭ᠎ᠠ ᠶᠢ ᠶᠡᠬᠡᠪᠡᠷ ᠵᠢᠠᠠᠰᠠᠭᠠᠨ ᠪᠠᠶᠢᠴᠠᠭᠠᠵᠦ ᠵᠠᠰᠠᠨ ᠴᠡᠭᠴᠡᠯᠡᠭᠰᠡᠨ ᠪᠦᠭᠡᠳ ᠤᠷᠴᠢᠨ ᠲᠤᠭᠤᠷᠢᠨ ᠢ | ᠬᠠᠮᠠᠭᠠᠯᠠᠬᠤ ᠲᠤᠨᠤᠭ ᠲᠦᠬᠦᠭᠡᠷᠦᠮᠵᠢ ᠨᠢ ᠪᠠᠷᠢᠮᠵᠢᠶᠠᠨ ᠳᠤ ᠬᠦᠷᠦᠭᠰᠡᠨ ᠦᠬᠡᠢ᠂ ᠵᠦᠪᠰᠢᠶᠡᠷᠡᠯ ᠦᠬᠡᠢ ᠪᠠᠷ | ᠤᠷᠢᠳᠠᠪᠡᠷ ᠪᠠᠶᠢᠭᠤᠯᠤᠭᠰᠠᠨ ᠪᠠ ᠪᠤᠬᠢᠷᠳᠤᠯ ᠢ ᠭᠠᠳᠠᠭᠰᠢᠯᠠᠭᠤᠯᠬᠤ ᠨᠢ ᠪᠠᠷᠢᠮᠵᠢᠶᠠᠨ ᠳᠤ ᠬᠦᠷᠦᠭᠰᠡᠨ ᠦᠬᠡᠢ 11 | ᠠᠵᠦ ᠠᠬᠤᠶᠢᠯᠠᠯ ᠤᠨ ᠦᠢᠯᠡᠳᠪᠦᠷᠢᠯᠡᠯ ᠢ ᠨᠢ ᠵᠤᠭᠰᠤᠭᠠᠪᠠ᠃ ᠬᠤᠳᠠ ᠪᠠᠯᠭᠠᠰᠦ ᠶᠢᠨ ᠲᠦᠪᠯᠡᠷᠡᠭᠰᠡᠨ ᠤᠤᠭᠤᠬᠤ | ᠤᠰᠤᠨ ᠤ ᠰᠤᠷᠪᠤᠯᠵᠢᠳᠦ ᠭᠠᠵᠠᠷ ᠤᠨ ᠤᠷᠴᠢᠨ ᠲᠤᠭᠤᠷᠢᠨ ᠢ ᠦᠨᠡᠯᠡᠨ ᠵᠢᠱᠢᠬᠦ ᠠᠵᠢᠯ ᠢ ᠪᠡᠶᠡᠯᠡᠬᠦᠯᠪᠡ᠃ ᠲᠦᠷᠦᠯ | ᠵᠦᠢᠯ ᠤᠨ ︽ᠡᠨᠧᠷᠬᠢ ᠶᠢᠨ ᠬᠤᠷᠤᠭᠳᠠᠯ ᠪᠤᠯᠤᠨ ᠪᠤᠬᠢᠷᠳᠤᠯ ᠢᠶᠠᠷ ᠶᠡᠭᠡ᠂ ᠡᠭᠢ ᠪᠠᠶᠠᠯᠢᠭ ᠤᠨ ᠴᠢᠨᠠᠷᠳᠠᠢ | ᠦᠢᠯᠡᠳᠬᠦᠨ︾ ᠢ ᠬᠢᠵᠠᠭᠠᠷᠯᠠᠨ ᠬᠠᠮᠢᠶᠠᠷᠬᠤ ᠶᠢ ᠲᠦᠪ ᠴᠢᠩᠭ᠎ᠠ ᠪᠤᠯᠭᠠᠵᠦ᠂ ᠤᠷᠴᠢᠨ ᠲᠤᠭᠤᠷᠢᠨ ᠤ ︽ᠭᠤᠷᠪᠠ | ᠶᠢ ᠵᠡᠷᠭᠡ ᠳᠤᠨᠢ ᠬᠢᠬᠦ︾ ᠶᠢ ᠦᠨᠡᠯᠡᠨ ᠵᠢᠱᠢᠵᠦ ᠭᠡᠷᠡᠭᠵᠢᠬᠦᠯᠦᠭᠰᠡᠨ ᠨᠤᠷᠮ᠎ᠠ 100% ᠳᠤ ᠬᠦᠷᠪᠠ᠃ 1, | 223 ᠲᠦᠮᠡᠨ ᠲᠦᠬᠦᠷᠢᠭ ᠤᠨ ᠪᠡᠯᠡ ᠤᠷᠤᠭᠤᠯᠵᠦ᠂ ᠠᠯᠳ᠋ᠬᠠᠮᠡᠭᠡᠯ ᠪᠠᠯᠭᠠᠰᠦ ᠶᠢᠨ ᠪᠠᠷᠠᠭᠤᠨ ᠰᠦᠮ᠎ᠡ ᠶᠢᠨ | ᠲᠤᠭᠤᠰᠬ᠎ᠠ ᠶᠢᠨ ᠦᠢᠯᠡᠳᠪᠦᠷᠢ ᠶᠢᠨ ᠤᠶᠢᠷ᠎ᠠ ᠤᠷᠴᠢᠮ ᠪᠤᠯᠤᠨ S203 ᠮᠤᠵᠢ ᠶᠢᠨ ᠵᠠᠮ ᠤᠨ ᠬᠤᠶᠠᠷ ᠬᠠᠵᠠᠭᠤ | ᠶᠢᠨ ᠠᠭᠤᠷᠬᠠᠢ ᠶᠢᠨ ᠭᠠᠵᠠᠷ ᠰᠢᠨᠵᠢᠯᠡᠭᠡᠨ ᠤ ᠤᠷᠴᠢᠨ ᠳᠤᠭᠤᠷᠢᠨ ᠢ 89.71 ᠡᠾᠧᠺᠲ᠋ᠠᠷ ᠵᠠᠰᠠᠨ ᠴᠡᠭᠴᠡᠯᠡᠪᠡ᠃ | — — ᠦᠩᠭᠡᠷᠡᠭᠰᠡᠨ ᠨᠢᠭᠡ ᠵᠢᠯ ᠳᠤ᠂ ᠪᠢᠳᠡ ᠦᠭᠡᠷᠡᠴᠢᠯᠡᠯᠳᠡ ᠬᠢᠵᠦ ᠰᠢᠨ᠎ᠡ ᠶᠢ ᠡᠭᠦᠳᠦᠨ᠂ ᠬᠦᠴᠢᠷ ᠢ | ᠰᠦᠷᠦᠨ ᠤᠷᠤᠭᠰᠢᠯᠠᠵᠦ᠂ ᠦᠭᠡᠷᠡᠴᠢᠯᠡᠯᠳᠡ ᠶᠢ ᠬᠦᠨᠵᠡᠭᠡᠶᠢᠷᠡᠬᠦᠯᠬᠦ ᠪᠠᠳᠦ ᠪᠠᠬᠢ ᠠᠯᠬᠤᠮ ᠢ ᠠᠯᠬᠤᠪᠠ᠃ ᠠᠵᠦ | ᠠᠬᠤᠢ ᠶᠢᠨ ᠪᠠᠶᠢᠭᠤᠯᠤᠯ ᠪᠤᠯᠤᠨ ᠠᠮᠢ ᠠᠬᠤᠢ ᠶᠢᠨ ᠪᠤᠯᠪᠠᠰᠦᠨ ᠤ ᠪᠠᠶᠢᠭᠤᠯᠤᠯ ᠤᠨ ᠦᠭᠡᠷᠡᠴᠢᠯᠡᠯᠳᠡ ᠶᠢ ᠪᠦᠬᠦ | ᠳᠠᠯ᠎ᠠ ᠪᠠᠷ ᠠᠬᠢᠭᠤᠯᠵᠦ᠂ 75 ᠵᠦᠢᠯ ᠤᠨ ᠦᠭᠡᠷᠡᠴᠢᠯᠡᠯᠳᠡ ᠶᠢᠨ ᠡᠭᠦᠷᠭᠡ ᠶᠢ ᠪᠡᠶᠡᠯᠡᠬᠦᠯᠪᠡ᠃ ᠵᠠᠰᠠᠭ ᠤᠨ ᠶᠠᠪᠤᠳᠠᠯ | ᠤᠨ ᠦᠢᠯᠡᠴᠢᠯᠡᠭᠡᠨ ᠤ ᠰᠢᠰᠲ᠋ᠧᠮ ᠢ ᠳᠡᠬᠦᠯᠳᠡᠷᠵᠢᠬᠦᠯᠵᠦ᠂ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠯ ᠤᠨ ︽ᠭᠤᠷᠪᠠ | ᠶᠢ ᠲᠦᠪᠯᠡᠷᠡᠬᠦᠯᠵᠦ᠂ ᠭᠤᠷᠪᠠ ᠶᠢ ᠤᠷᠤᠨ ᠪᠠᠶᠢᠷᠢᠨ ᠳᠤᠨᠢ ᠬᠦᠷᠭᠡᠬᠦ︾ ᠦᠭᠡᠷᠡᠴᠢᠯᠡᠯᠳᠡ ᠶᠢ ᠠᠬᠢᠭᠤᠯᠪᠠ᠃ | ᠨᠤᠲᠤᠭ ᠪᠡᠯᠴᠢᠭᠡᠷ ᠤᠨ ᠳᠠᠭᠠᠭᠠᠴᠢᠯᠠᠨ ᠡᠵᠡᠩᠨᠡᠬᠦ ᠡᠷᠭᠡ ᠶᠢ ᠳᠤᠳᠤᠷᠬᠠᠶᠢᠯᠠᠨ ᠳᠠᠭᠠᠭᠠᠴᠢᠯᠠᠭᠤᠯᠬᠤ ᠲᠤᠷᠰᠢᠯᠳᠠ ᠶᠢᠨ | ᠴᠡᠭ ᠤᠨ ᠠᠵᠢᠯ ᠢ ᠦᠷᠨᠢᠬᠦᠯᠵᠦ᠂ ᠨᠤᠲᠤᠭ ᠪᠡᠯᠴᠢᠭᠡᠷ ᠤᠨ ᠵᠠᠭᠠᠭ ᠱᠤᠭᠤᠮ ᠳᠤᠳᠤᠷᠬᠠᠢ ᠦᠬᠡᠢ᠂ ᠳᠠᠯᠠᠪᠠᠢ ᠨᠢ | ᠤᠤᠯ ᠤᠨ ᠲᠤᠭ᠎ᠠ ᠲᠠᠢ ᠪᠠᠨ ᠨᠡᠶᠢᠴᠡᠬᠦ ᠦᠬᠡᠢ ᠵᠡᠷᠭᠡ ᠲᠡᠤᠭᠡᠨ ᠦᠯᠡᠳᠡᠭᠳᠡᠯ ᠠᠰᠠᠭᠤᠳᠠᠯ ᠢ ᠰᠢᠢᠳᠪᠦᠷᠢᠯᠡᠪᠡ᠃ | ᠦᠨᠡᠭᠡᠳᠦ ᠶᠢᠨ ᠵᠡᠰ ᠮᠤᠯᠢᠪᠳᠧᠨ ᠤ ᠠᠭᠤᠷᠬᠠᠢ ᠶᠢ ᠪᠦᠬᠦ ᠤᠷᠤᠨ ᠤ ᠴᠠᠬᠢᠯᠭᠠᠨ ᠭᠡᠷᠡᠭᠯᠡᠭᠴᠢᠳ ᠬᠢᠭᠡᠳ ᠴᠠᠬᠢᠯᠭᠠᠨ | ᠭᠠᠷᠭᠠᠬᠤ ᠠᠵᠦ ᠠᠬᠤᠶᠢᠯᠠᠯ ᠬᠤᠭᠤᠷᠤᠨᠳᠦ ᠪᠠᠨ ᠰᠢᠭᠤᠳ ᠠᠷᠠᠯᠵᠢᠶ᠎ᠠ ᠬᠢᠬᠦ ᠲᠤᠷᠰᠢᠯᠳᠠ ᠶᠢᠨ ᠴᠡᠭ ᠤᠨ ᠨᠢᠭᠡᠴᠡ | ᠪᠤᠯᠭᠠᠬᠤ ᠠᠵᠢᠯ ᠢ ᠠᠬᠢᠭᠤᠯᠪᠠ᠃ ᠰᠠᠯᠠᠭ᠎ᠠ ᠮᠦᠴᠢᠷ ᠤᠨ ᠲᠦᠰᠦᠪ ᠤᠨ ᠦᠭᠡᠷᠡᠴᠢᠯᠡᠯᠳᠡ ᠶᠢ ᠪᠡᠶᠡᠯᠡᠬᠦᠯᠵᠦ᠂ ︽ | ᠠᠯᠪᠠᠨ ᠤ ᠭᠤᠷᠪᠠᠨ ᠵᠠᠷᠤᠳᠠᠯ︾ ᠢ ᠲᠦᠷᠢᠮᠵᠢᠬᠦᠯᠵᠦ᠂ ᠠᠯᠪᠠᠨ ᠤ ᠶᠠᠪᠤᠳᠠᠯ ᠤᠨ ᠺᠠᠷᠲ ᠪᠠᠷ ᠳ᠋ᠦᠩᠨᠡᠨ ᠪᠤᠳᠤᠬᠤ | ᠲᠦᠷᠢᠮ ᠢ ᠭᠡᠷᠡᠭᠵᠢᠬᠦᠯᠪᠡ᠃ ᠰᠤᠷᠭᠠᠭᠤᠯᠢ ᠶᠢᠨ ᠬᠦᠷᠢᠶᠡᠨ ᠤ ᠬᠦᠯ ᠪᠦᠮᠪᠦᠭᠡ ᠶᠢ ᠭᠤᠷᠪᠠᠨ ᠵᠢᠯ ᠢᠶᠠᠷ ᠲᠦᠯᠬᠢᠨ | ᠠᠬᠢᠭᠤᠯᠬᠤ ᠲᠦᠯᠦᠪᠯᠡᠭᠡ ᠲᠤᠭᠳᠠᠭᠠᠵᠦ᠂ ᠰᠤᠷᠭᠠᠭᠤᠯᠢ ᠶᠢᠨ ᠬᠦᠷᠢᠶᠡᠨ ᠤ ᠬᠦᠯ ᠪᠦᠮᠪᠦᠭᠡ ᠶᠢᠨ ᠬᠤᠯᠪᠤᠭᠠᠳᠦ | ᠤᠷᠤᠯᠳᠤᠭᠠᠨ ᠤ ᠲᠤᠭᠳᠠᠴᠠ ᠶᠢ ᠪᠠᠶᠢᠭᠤᠯᠪᠠ᠃ ︽ᠭᠤᠷᠪᠠᠨ ᠭᠡᠷᠡᠴᠢ ᠶᠢ ᠨᠢᠭᠡᠳᠭᠡᠨ︾ ᠳᠠᠩᠰᠠᠯᠠᠬᠤ ᠲᠦᠷᠢᠮ ᠤᠨ | ᠦᠭᠡᠷᠡᠴᠢᠯᠡᠯᠳᠡ ᠶᠢ ᠤᠷᠤᠭᠰᠢᠳᠠᠢ ᠪᠡᠶᠡᠯᠡᠬᠦᠯᠪᠡ᠃ ︽ᠭᠤᠷᠪᠠᠨ ᠳᠠᠩᠰᠠ︾ ᠶᠢ ᠴᠡᠪᠡᠷᠯᠡᠨ ᠴᠡᠭᠴᠡᠯᠡᠬᠦ ᠠᠵᠢᠯ ᠢ | ᠲᠦᠷᠭᠡᠳᠭᠡᠵᠦ᠂ 7 ᠰᠤᠮᠤ ᠪᠠᠯᠭᠠᠰᠦ ᠪᠠ ᠵᠠᠰᠠᠭ ᠤᠨ ᠤᠷᠳᠤᠨ ᠤ 37 ᠰᠠᠯᠠᠭ᠎ᠠ ᠮᠦᠴᠢᠷ ᠤᠨ ᠡᠷᠭᠡ ᠶᠢᠨ ᠨᠠᠷᠢᠨ | ᠳᠠᠩᠰᠠ ᠶᠢ ᠨᠡᠶᠢᠬᠡᠮ ᠨᠡᠶᠢᠳᠡ ᠳᠤ ᠨᠡᠶᠢᠳᠡᠯᠡᠪᠡ᠃ ︽ᠵᠠᠰᠠᠭ ᠵᠠᠬᠢᠷᠭᠠᠨ ᠤ ᠬᠠᠤᠯᠢ ᠭᠡᠷᠡᠭᠵᠢᠬᠦᠯᠬᠦ ᠬᠢᠭᠡᠳ ᠡᠷᠡᠬᠦᠦ | ᠶᠢᠨ ᠭᠡᠷᠡᠭ ᠤᠨ ᠬᠠᠤᠯᠢ ᠴᠠᠭᠠᠵᠠ ᠶᠢ ᠵᠤᠯᠭᠠᠭᠤᠯᠬᠤ︾ ᠶᠢ ᠠᠯᠬᠤᠮ ᠠᠯᠬᠤᠮ ᠢᠶᠠᠷ ᠬᠦᠨᠵᠡᠭᠡᠶᠢᠷᠡᠬᠦᠯᠵᠦ᠂ ᠬᠠᠤᠯᠢ | ᠶᠤᠰᠤᠭᠠᠷ ᠵᠠᠰᠠᠭ ᠶᠠᠪᠤᠭᠤᠯᠬᠤ ᠪᠠ ᠲᠦᠪ ᠭᠤᠤᠯᠴᠢ ᠪᠠᠷ ᠬᠠᠤᠯᠢ ᠭᠡᠷᠡᠭᠵᠢᠬᠦᠯᠬᠦ ᠠᠵᠢᠯ ᠤᠨ ᠬᠢᠷᠢ ᠲᠦᠪᠰᠢᠨ ᠢ | ᠪᠦᠳᠦᠮᠵᠢᠳᠠᠢ ᠲᠡᠭᠡᠭᠰᠢᠯᠡᠬᠦᠯᠪᠡ᠃ | — — ᠦᠩᠭᠡᠷᠡᠭᠰᠡᠨ ᠨᠢᠭᠡ ᠵᠢᠯ ᠳᠤ᠂ ᠪᠢᠳᠡ ᠬᠦᠮᠦᠨ ᠢᠶᠠᠷ ᠦᠨᠳᠦᠰᠦ ᠪᠤᠯᠭᠠᠵᠦ᠂ ᠠᠷᠠᠳ ᠤᠨ | ᠠᠮᠢᠳᠤᠷᠠᠯ ᠢ ᠰᠠᠶᠢᠵᠢᠷᠠᠭᠤᠯᠬᠤ ᠨᠡᠶᠢᠬᠡᠮ ᠤᠨ ᠠᠵᠢᠯ ᠦᠢᠯᠡᠰ ᠪᠦᠬᠦ ᠳᠠᠯ᠎ᠠ ᠪᠠᠷ ᠳᠠᠪᠰᠢᠪᠡ᠃ ᠠᠷᠠᠳ ᠤᠨ | ᠠᠮᠢᠳᠤᠷᠠᠯ ᠢ ᠰᠠᠶᠢᠵᠢᠷᠠᠭᠤᠯᠬᠤ ᠬᠦᠷᠢᠶ᠎ᠡ ᠬᠡᠪᠴᠢᠶᠡᠨ ᠳᠠᠬᠢ ᠪᠦᠬᠦ ᠵᠢᠯ ᠤᠨ ᠡᠳ᠋ ᠤᠨ ᠵᠠᠰᠠᠭ ᠤᠨ ᠵᠠᠷᠤᠯᠭ᠎ᠠ 7.8 | ᠳ᠋ᠦᠩᠰᠢᠭᠤᠷ ᠲᠦᠬᠦᠷᠢᠭ ᠲᠤ ᠬᠦᠷᠴᠦ᠂ ᠤᠯᠠᠨ ᠨᠡᠶᠢᠳᠡ ᠶᠢᠨ ᠡᠳ᠋ ᠤᠨ ᠵᠠᠰᠠᠭ ᠤᠨ ᠲᠦᠰᠦᠪ ᠤᠨ ᠵᠠᠷᠤᠯᠭ᠎ᠠ ᠶᠢᠨ | 59.6% ᠶᠢ ᠡᠵᠡᠯᠡᠪᠡ᠃ ᠰᠤᠷᠭᠠᠨ ᠬᠦᠮᠦᠵᠢᠯ ᠢ ᠡᠩ ᠲᠡᠷᠢᠬᠦᠨ ᠳᠤ ᠬᠦᠭᠵᠢᠬᠦᠯᠪᠡ᠃ ᠤᠯᠤᠰ ᠤᠨ ᠳᠡᠰ ᠤᠨ | ᠠᠯᠪᠠᠨ ᠵᠢᠷᠤᠮ ᠤᠨ ᠰᠤᠷᠭᠠᠨ ᠬᠦᠮᠦᠵᠢᠯ ᠢ ᠦᠨᠳᠦᠰᠦᠨ ᠳᠡᠭᠡᠨ ᠳᠡᠩᠴᠡᠬᠦᠷᠢᠳᠡᠢ ᠬᠦᠭᠵᠢᠬᠦᠯᠦᠭᠰᠡᠨ ᠬᠤᠰᠢᠭᠤ | ᠰᠢᠶᠠᠨ ᠢᠶᠠᠷ ᠰᠢᠯᠭᠠᠷᠠᠭᠤᠯᠤᠭᠰᠠᠨ ᠦᠷ᠎ᠡ ᠪᠦᠳᠦᠭᠡᠯ ᠢ ᠪᠠᠳᠤᠳᠬᠠᠵᠦ᠂ ᠰᠤᠷᠭᠠᠨ ᠬᠦᠮᠦᠵᠢᠯ ᠤᠨ ᠪᠡᠯᠡ | ᠤᠷᠤᠭᠤᠯᠤᠯᠳᠠ ᠶᠢ ᠦᠷᠬᠦᠯᠵᠢᠯᠡᠨ ᠨᠡᠮᠡᠭᠳᠡᠬᠦᠯᠵᠦ᠂ ᠬᠦᠯᠦᠨ ᠪᠤᠶᠢᠷ ᠬᠤᠳᠠ ᠶᠢᠨ ᠳᠠᠮᠢᠷ ᠡᠷᠡᠬᠦᠯ ᠬᠠᠮᠠᠭᠠᠯᠠᠯ | ᠤᠷᠠᠯᠢᠭ ᠤᠨ ︽ᠭᠤᠷᠪᠠ ᠶᠢ ᠲᠦᠷᠢᠮᠵᠢᠬᠦᠯᠦᠨ ᠪᠠᠷᠢᠮᠵᠢᠶᠠᠵᠢᠭᠤᠯᠵᠦ ᠭᠤᠷᠪᠠ ᠶᠢ ᠲᠡᠭᠡᠭᠰᠢᠯᠡᠬᠦᠯᠬᠦ︾ ᠢᠨᠵᠧᠨᠧᠷᠢᠩ | ᠤᠨ ᠰᠢᠯᠭᠠᠷᠠᠭᠤᠯᠤᠯᠳᠠ ᠶᠢ ᠦᠩᠭᠡᠷᠡᠬᠦᠯᠵᠦ᠂ ᠰᠤᠷᠭᠠᠨ ᠬᠦᠮᠦᠵᠢᠯ ᠤᠨ ᠴᠢᠨᠠᠷ ᠴᠢᠨᠰᠠᠭ᠎ᠠ ᠶᠢᠨ ᠰᠢᠨ᠎ᠡ | ᠲᠡᠭᠡᠭᠰᠢᠯᠡᠯᠳᠡ ᠶᠢ ᠪᠡᠶᠡᠯᠡᠬᠦᠯᠪᠡ᠃ ᠪᠠᠷᠭᠤ ᠦᠨᠳᠦᠰᠦᠳᠡᠨ ᠤ ᠬᠡᠤᠬᠡᠳ ᠤᠨ ᠴᠡᠴᠡᠷᠯᠢᠭ ᠢ ᠠᠰᠢᠭᠯᠠᠯᠳᠠ ᠳᠤ | ᠤᠷᠤᠭᠤᠯᠵᠦ᠂ ︽ᠬᠤᠶᠠᠳᠤᠭᠠᠷ ᠬᠤᠭᠤᠴᠠᠭᠠᠨ ᠤ ᠰᠤᠷᠬᠤ ᠨᠠᠰᠤᠨ ᠠᠴᠠ ᠡᠮᠦᠨᠡᠬᠢ ᠰᠤᠷᠭᠠᠨ ᠬᠦᠮᠦᠵᠢᠯ ᠤᠨ | ᠭᠤᠷᠪᠠᠨ ᠵᠢᠯ ᠤᠨ ᠠᠵᠢᠯᠯᠠᠭᠠᠨ ᠤ ᠲᠦᠯᠦᠪᠵᠢᠬᠦᠯᠬᠡ︾ ᠶᠢ ᠡᠬᠢᠯᠡᠨ ᠭᠡᠷᠡᠭᠵᠢᠬᠦᠯᠵᠦ᠂ ᠰᠤᠷᠬᠤ ᠨᠠᠰᠤᠨ ᠠᠴᠠ | ᠡᠮᠦᠨᠡᠭᠢ ᠬᠡᠤᠬᠡᠳ ᠤᠨ ᠴᠡᠴᠡᠷᠯᠢᠭ ᠲᠤ ᠤᠷᠤᠬᠤ ᠨᠤᠷᠮ᠎ᠠ 98% ᠳᠤ ᠬᠦᠷᠪᠠ᠃ ᠠᠵᠢᠯ ᠮᠡᠷᠭᠡᠵᠢᠯ ᠤᠨ ᠰᠤᠷᠭᠠᠨ | ᠬᠦᠮᠦᠵᠢᠯ ᠤᠨ ᠰᠤᠷᠭᠠᠭᠤᠯᠢ ᠡᠷᠬᠢᠯᠡᠬᠦ ᠤᠨᠴᠠᠯᠢᠭ ᠢ ᠲᠤᠪᠤᠶᠢᠯᠭᠠᠵᠦ᠂ ᠶᠡᠷᠦᠩᠬᠡᠶᠢᠯᠡᠭᠰᠡᠨ ᠲᠡᠭᠡᠳᠦ ᠵᠡᠷᠭᠡ ᠶᠢᠨ | ᠲᠤᠮᠳᠠᠳᠦ ᠰᠤᠷᠭᠠᠭᠤᠯᠢ ᠶᠢᠨ ᠵᠢᠩᠬᠢᠨᠢ ᠠᠩᠬᠢ ᠶᠢᠨ ᠬᠤᠪᠢ ᠳᠤ ᠬᠦᠷᠦᠭᠰᠡᠨ ᠨᠤᠷᠮ᠎ᠠ 100% ᠳᠤ ᠬᠦᠷᠪᠠ᠃ | ᠰᠤᠶᠤᠯ ᠤᠨ ᠦᠢᠯᠡᠰ ᠢ ᠲᠦᠪᠯᠡᠷᠡᠬᠦᠯᠦᠨ ᠬᠦᠭᠵᠢᠬᠦᠯᠪᠡ᠃ ᠪᠤᠳᠠᠰ ᠤᠨ ᠪᠤᠰᠦ ᠰᠤᠶᠤᠯ ᠤᠨ ᠦᠪ ᠬᠦᠷᠦᠩᠭᠡ ᠶᠢᠨ | ᠬᠠᠮᠠᠭᠠᠯᠠᠯᠳᠠ ᠶᠢ ᠴᠢᠩᠭᠠᠳᠬᠠᠵᠦ᠂ ᠦᠪᠡᠷᠲᠡᠭᠡᠨ ᠵᠠᠰᠠᠬᠤ ᠤᠷᠤᠨ ᠤ ᠳᠡᠰ ᠤᠨ ᠪᠤᠳᠠᠰ ᠤᠨ ᠪᠤᠰᠤ ᠰᠤᠶᠤᠯ ᠤᠨ | ᠦᠪ ᠬᠦᠷᠦᠩᠭᠡ ᠶᠢ ᠬᠠᠮᠠᠭᠠᠯᠠᠬᠤ 5 ᠲᠦᠷᠦᠯ ᠵᠦᠢᠯ ᠢ ᠲᠡᠭᠡᠭᠰᠢ ᠮᠡᠳᠡᠬᠦᠯᠬᠦ ᠠᠵᠢᠯ ᠢ ᠪᠡᠶᠡᠯᠡᠬᠦᠯᠪᠡ᠃ | ᠪᠤᠠᠠᠳᠠᠠᠭᠤᠯᠠ ᠶᠢᠨ ᠪᠤᠯᠪᠠᠰᠦᠨ ᠳᠠᠬᠢᠯᠭ᠎ᠠ ᠶᠢᠨ ᠠᠵᠢᠯᠯᠠᠭ᠎ᠠ ᠶᠢ ᠶᠡᠬᠡᠪᠡᠷ ᠦᠷᠨᠢᠬᠦᠯᠵᠦ᠂ ᠪᠤᠠᠠᠳᠠᠠᠭᠤᠯᠠ ᠶᠢᠨ | ᠳᠠᠬᠢᠯᠭ᠎ᠠ ᠵᠢᠴᠢ ︽ᠠᠮᠢ ᠠᠬᠤᠢ ᠬᠢᠭᠡᠳ ᠰᠦᠰᠦᠭ ᠪᠢᠰᠢᠷᠡᠯ︾ ᠤᠨ ᠲᠡᠭᠡᠳᠦ ᠳᠠᠪᠬᠤᠷᠭ᠎ᠠ ᠶᠢᠨ ᠦᠬᠦᠯᠡᠯ ᠤᠨ | ᠳᠠᠪᠴᠠᠩ ᠢ ᠠᠮᠵᠢᠯᠳᠠᠳᠠᠢ ᠡᠷᠬᠢᠯᠡᠪᠡ᠃ ᠵᠠ ᠠᠭᠤᠯᠠ ᠠᠭᠤᠷᠬᠠᠢ ᠶᠢᠨ ᠤᠷᠤᠨ ᠪᠤᠯᠤᠨ ᠪᠤᠠᠠᠳᠠᠠᠭᠤᠯᠠ ᠰᠤᠮᠤ ᠶᠢᠨ | 2 ᠭᠠᠵᠠᠷ ᠲᠤ ᠭᠠᠵᠠᠷ ᠤᠨ ᠭᠠᠳᠠᠷᠭᠤ ᠶᠢᠨ ᠤᠳᠠᠰᠦ ᠦᠬᠡᠢ ᠲᠤᠭᠠᠴᠢᠯᠠᠭᠰᠠᠨ ᠲᠧᠯᠸᠢᠰ ᠢ ᠪᠦᠷᠬᠦᠬᠦᠯᠦᠨ | ᠨᠦᠬᠦᠪᠦᠷᠢᠯᠡᠬᠦ ᠪᠦᠲᠦᠭᠡᠨ ᠪᠠᠶᠢᠭᠤᠯᠤᠯᠳᠠ ᠶᠢ ᠪᠡᠶᠡᠯᠡᠬᠦᠯᠪᠡ᠃ ᠢᠳᠡᠭᠡᠨ ᠪᠠ ᠡᠮ ᠤᠨ ᠵᠦᠢᠯ ᠤᠨ ᠬᠢᠨᠠᠯᠳᠠ᠂ | ᠡᠷᠡᠬᠦᠯ ᠬᠠᠮᠠᠭᠠᠯᠠᠯ ᠲᠦᠯᠦᠪᠯᠡᠭᠡᠳᠦ ᠦᠷᠡᠵᠢᠯ ᠤᠨ ᠦᠢᠯᠡᠴᠢᠯᠡᠭᠡ ᠶᠢ ᠴᠢᠩᠭᠠᠳᠬᠠᠪᠠ᠃ ᠰᠤᠷᠭᠠᠭᠤᠯᠢ᠂ ᠠᠭᠤᠷᠬᠠᠢ᠂ | ᠳᠤᠮᠤ ᠲᠤᠮᠳᠠ ᠬᠡᠯᠪᠡᠷᠢ ᠶᠢᠨ ᠢᠳᠡᠭᠡᠨ ᠤᠮᠳᠠᠭᠠᠨ ᠤ ᠦᠢᠯᠡᠴᠢᠯᠡᠭᠡᠨ ᠤ ᠨᠢᠭᠡᠴᠡ ᠵᠡᠷᠭᠡ ᠭᠤᠤᠯᠳᠠᠯᠭ᠎ᠠ ᠲᠠᠢ | ᠬᠦᠷᠢᠶ᠎ᠡ ᠬᠡᠪᠴᠢᠶᠡᠨ ᠳᠠᠬᠢ ᠢᠳᠡᠭᠡᠨ ᠤ ᠵᠦᠢᠯ ᠤᠨ ᠬᠢᠨᠠᠨ ᠬᠠᠮᠢᠶᠠᠷᠤᠯᠳᠠ ᠶᠢᠨ ᠪᠦᠷᠬᠦᠴᠡ ᠶᠢ ᠪᠠᠳᠤᠯᠠᠪᠠ᠃ | ᠦᠨᠳᠦᠰᠦᠨ ᠡᠮ ᠤᠨ ᠲᠦᠷᠢᠮ ᠢ ᠳᠡᠬᠦᠯᠳᠡᠷᠵᠢᠬᠦᠯᠵᠦ᠂ ᠤᠳᠤ ᠪᠠᠶᠢᠭ᠎ᠠ ᠦᠨᠳᠦᠰᠦᠨ ᠱᠠᠳᠤᠨ ᠤ ᠡᠮ ᠡᠮᠨᠡᠯᠬᠡ ᠶᠢᠨ | ᠪᠠᠶᠢᠭᠤᠯᠤᠮᠵᠢ ᠶᠢᠨ ᠪᠦᠷᠬᠦᠴᠡ ᠶᠢᠨ ᠨᠤᠷᠮ᠎ᠠ ᠪᠤᠯᠤᠨ ᠭᠡᠷᠡᠭᠯᠡᠯᠳᠡ ᠶᠢᠨ ᠨᠤᠷᠮ᠎ᠠ 100% ᠳᠤ ᠬᠦᠷᠪᠡ᠃ ᠤᠯᠠᠨ | ᠨᠡᠶᠢᠳᠡ ᠶᠢᠨ ᠦᠨᠳᠦᠰᠦᠨ ᠡᠷᠡᠬᠦᠯ ᠬᠠᠮᠠᠭᠠᠯᠠᠯ ᠤᠨ ᠦᠢᠯᠡᠴᠢᠯᠡᠭᠡᠨ ᠤ ᠲᠡᠩᠴᠡᠬᠦᠷᠢᠳᠡᠢ ᠪᠠᠶᠢᠬᠤ ᠶᠢ ᠠᠬᠢᠭᠤᠯᠵᠦ᠂ | ᠰᠠᠭᠤᠭᠠᠯᠢ ᠠᠷᠠᠳ ᠤᠨ ᠡᠷᠡᠬᠦᠯ ᠴᠠᠬᠢᠷᠠᠭ ᠤᠨ ᠡᠯᠧᠺᠲᠷᠤᠨ ᠳᠠᠩᠰᠠ ᠪᠠᠶᠢᠭᠤᠯᠤᠭᠰᠠᠨ ᠨᠤᠷᠮ᠎ᠠ 91.5% ᠳᠤ | ᠬᠦᠷᠪᠠ᠃ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠦᠭᠡᠷᠡᠴᠢᠯᠡᠯᠳᠡ ᠶᠢ ᠢᠳᠡᠪᠬᠢᠳᠠᠢ ᠲᠦᠯᠬᠢᠨ ᠠᠬᠢᠭᠤᠯᠵᠦ᠂ | ᠡᠮ ᠤᠨ ᠵᠦᠢᠯ ᠢ ᠦᠨ᠎ᠡ ᠶᠢᠨ ᠵᠦᠷᠢᠶ᠎ᠡ ᠦᠬᠡᠢ ᠪᠠᠷ ᠪᠤᠷᠤᠯᠠᠭᠤᠯᠬᠤ ᠶᠢ ᠪᠡᠶᠡᠯᠡᠬᠦᠯᠪᠡ᠃ ᠠᠷᠠᠳ ᠤᠨ ᠠᠮᠢᠳᠤᠷᠠᠯ ᠢ | ᠰᠠᠶᠢᠵᠢᠷᠠᠭᠤᠯᠪᠠ᠃ 2014 ᠤᠨ ᠳᠤ᠂ ᠬᠢᠮᠳᠠ ᠲᠦᠷᠢᠶᠡᠰᠦᠨ ᠤᠷᠤᠨ ᠰᠠᠭᠤᠴᠠ᠂ ᠤᠯᠠᠨ ᠨᠡᠶᠢᠳᠡ ᠶᠢᠨ | ᠲᠦᠷᠢᠶᠡᠰᠦᠨ ᠤᠷᠤᠨ ᠰᠠᠭᠤᠴᠠ ᠪᠤᠯᠤᠨ ᠲᠦᠬᠦᠮ ᠪᠦᠳᠦᠴᠡᠳᠦ ᠤᠷᠤᠨ ᠰᠠᠭᠤᠴᠠ ᠶᠢ ᠵᠠᠰᠠᠨ ᠰᠢᠨᠡᠳᠭᠡᠬᠦ ᠵᠡᠷᠭᠡ | ᠪᠠᠳᠤᠯᠠᠭᠠᠳᠦ ᠴᠢᠨᠠᠷᠳᠠᠢ ᠠᠮᠤᠭᠤᠯᠠᠩ ᠤᠷᠤᠨ ᠰᠠᠭᠤᠴᠠ ᠶᠢᠨ ᠢᠨᠵᠧᠨᠧᠷᠢᠩ ᠢ 440 ᠪᠠᠶᠢᠭᠤᠯᠪᠠ᠃ 1.4 | ᠳ᠋ᠦᠩᠰᠢᠭᠤᠷ ᠲᠦᠬᠦᠷᠢᠭ ᠤᠨ ᠪᠡᠯᠡ ᠤᠷᠤᠭᠤᠯᠵᠦ᠂ 2015 ᠤᠨ ᠳᠤ᠂ 600 ᠡᠷᠦᠭᠡ ᠳᠤ ᠲᠦᠭᠦᠮ | ᠪᠦᠳᠦᠴᠡᠳᠦ ᠤᠷᠤᠨ ᠰᠠᠭᠤᠴᠠ ᠶᠢ ᠵᠠᠰᠠᠨ ᠰᠢᠨᠡᠳᠭᠡᠬᠦ ᠨᠦᠬᠦᠪᠦᠷᠢ ᠦᠭᠬᠦ ᠠᠵᠢᠯ ᠢ ᠪᠡᠶᠡᠯᠡᠬᠦᠯᠵᠦ᠂ 181 ᠨᠤᠷᠠᠬᠤ | ᠠᠶᠦᠯᠳᠠᠢ ᠭᠡᠷ ᠪᠠᠶᠢᠰᠢᠩ ᠢ ᠵᠠᠰᠠᠨ ᠰᠢᠨᠡᠳᠭᠡᠬᠦ ᠢᠨᠵᠧᠨᠧᠷᠢᠩ ᠢ ᠭᠡᠷᠡᠭᠵᠢᠬᠦᠯᠪᠠ᠃ ᠶᠠᠳᠠᠭᠤ ᠬᠦᠴᠢᠷᠳᠡᠯ ᠳᠤ | ᠬᠠᠪᠰᠤᠷᠤᠨ ᠳᠤᠰᠠᠯᠠᠬᠤ ᠠᠵᠢᠯ ᠢ ᠴᠢᠬᠤᠯᠠᠴᠢᠯᠠᠵᠦ᠂ ᠬᠤᠳᠠ ᠬᠦᠳᠡᠭᠡ ᠶᠢᠨ ᠨᠠᠭᠠᠳᠦ ᠵᠠᠬ᠎ᠠ ᠶᠢᠨ ᠠᠮᠢᠳᠤᠷᠠᠯ ᠤᠨ | ᠪᠠᠳᠤᠯᠠᠭ᠎ᠠ ᠶᠢᠨ ᠠᠪᠤᠷᠠᠨ ᠲᠤᠰᠠᠯᠠᠬᠤ ᠮᠦᠩᠭᠦ ᠶᠢ 1,556.9 ᠲᠦᠮᠡᠨ ᠲᠦᠬᠦᠷᠢᠭ ᠲᠠᠷᠬᠠᠭᠠᠵᠦ᠂ 2126 | ᠡᠷᠦᠬᠡ᠂ 3200 ᠬᠦᠮᠦᠨ ᠠᠰᠢᠭ ᠬᠦᠷᠳᠡᠪᠡ᠃ ᠬᠤᠳᠠ ᠬᠦᠳᠡᠭᠡ ᠶᠢᠨ ᠡᠮ ᠡᠮᠨᠡᠯᠬᠡ ᠶᠢᠨ ᠠᠪᠤᠷᠠᠨ ᠲᠤᠰᠠᠯᠠᠬᠤ | ᠮᠦᠩᠬᠦ ᠶᠢ 68.8 ᠲᠦᠮᠡᠨ ᠲᠦᠬᠦᠷᠢᠭ ᠳᠠᠷᠬᠠᠭᠠᠵᠦ᠂ 409 ᠬᠦᠮᠦᠨ ᠤᠳᠠᠭ᠎ᠠ ᠠᠰᠢᠭ ᠬᠦᠷᠳᠡᠪᠡ᠃ ᠭᠠᠮᠰᠢᠭ | ᠠᠴᠠ ᠠᠪᠤᠷᠠᠬᠤ ᠪᠡᠯᠡ ᠮᠦᠩᠬᠦ ᠶᠢ 140.6 ᠲᠦᠮᠡᠨ ᠲᠦᠬᠦᠷᠢᠭ ᠲᠠᠷᠬᠠᠭᠠᠵᠦ᠂ 101 ᠭᠠᠮᠰᠢᠭᠳᠠᠭᠰᠠᠨ ᠡᠷᠦᠬᠡ | ᠠᠰᠢᠭ ᠬᠦᠷᠳᠡᠪᠡ᠃ ︽ᠭᠤᠷᠪᠠ ᠶᠢ ᠲᠤᠰᠬᠤᠨ ᠪᠠ ᠡᠷᠦᠬᠡ ᠳᠤ ᠬᠦᠷᠭᠡᠬᠦ︾ ᠨᠠᠷᠢᠯᠢᠭ ᠤᠨᠤᠪᠴᠢᠳᠠᠢ ᠶᠠᠳᠠᠭᠤ ᠶᠢ | ᠳᠡᠳᠬᠦᠬᠦ ᠠᠵᠢᠯ ᠢ ᠬᠦᠨᠵᠡᠬᠡᠢ ᠠᠬᠢᠭᠤᠯᠵᠦ᠂ ︽ᠮᠦᠩᠬᠦᠨ ᠬᠦᠢᠯᠭᠡᠭᠡ︾ ᠪᠠᠷ ᠶᠠᠳᠠᠭᠤ ᠶᠢ ᠳᠡᠳᠬᠦᠬᠦ ᠢᠨᠵᠧᠨᠧᠷᠢᠩ | ᠢ ᠭᠡᠷᠡᠭᠵᠢᠬᠦᠯᠵᠦ᠂ ᠶᠠᠳᠠᠭᠤ ᠬᠦᠴᠢᠷᠳᠡᠯᠳᠡᠢ ᠬᠦᠮᠦᠰ ᠤᠨ ︽ᠦᠪᠡᠰᠦᠪᠡᠨ ᠳᠡᠭᠵᠢᠷᠡᠬᠦ︾ ᠴᠢᠳᠠᠪᠬᠢ ᠶᠢ | ᠲᠡᠭᠡᠭᠰᠢᠯᠡᠬᠦᠯᠪᠡ᠃ ᠨᠡᠶᠢᠬᠡᠮ ᠤᠨ ᠬᠠᠮᠢᠶᠠᠷᠤᠯᠳᠠ ᠶᠢᠨ ᠲᠤᠭᠳᠠᠴᠠ ᠶᠢ ᠳᠡᠬᠦᠯᠳᠡᠷᠵᠢᠬᠦᠯᠵᠦ᠂ ᠨᠡᠶᠢᠬᠡᠮ ᠲᠤᠭᠤᠷᠢᠭ | ᠤᠨ ᠰᠠᠭᠤᠭᠠᠯᠢ ᠠᠷᠠᠳ ᠤᠨ ᠵᠦᠪᠯᠡᠯ ᠢ ᠰᠢᠨ᠎ᠡ ᠪᠠᠷ 4 ᠪᠠᠶᠢᠭᠤᠯᠪᠠ᠃ ᠨᠡᠶᠢᠬᠡᠮ ᠤᠨ ᠵᠤᠬᠢᠶᠠᠨ ᠪᠠᠶᠢᠭᠤᠯᠤᠯᠳᠠ ᠶᠢᠨ | ᠬᠠᠮᠢᠶᠠᠷᠤᠯᠳᠠ ᠶᠢ ᠳᠦᠷᠢᠮᠵᠢᠬᠦᠯᠵᠦ᠂ 5 ᠨᠡᠶᠢᠬᠡᠮ ᠤᠨ ᠪᠦᠯᠬᠦᠮ ᠢ ᠦᠭᠡᠶᠢᠰᠭᠡᠪᠡ᠃ ᠶᠢᠰᠦᠳᠦᠭᠡᠷ ᠬᠤᠭᠤᠴᠠᠭᠠᠨ ᠤ | ᠭᠠᠴᠠᠭᠠᠨ ︵ᠨᠡᠶᠢᠬᠡᠮ ᠲᠤᠭᠤᠷᠢᠭ︶ ᠤ ᠬᠤᠭᠤᠴᠠᠭ᠎ᠠ ᠰᠤᠯᠢᠬᠤ ᠰᠤᠩᠭᠤᠭᠤᠯᠢ ᠶᠢᠨ ᠠᠵᠢᠯ ᠢ ᠠᠮᠵᠢᠯᠳᠠᠳᠠᠢ | ᠪᠡᠶᠡᠯᠡᠬᠦᠯᠪᠡ᠃ ᠬᠤᠶᠠᠷ ᠢ ᠬᠦᠷᠢᠶᠡᠯᠡᠵᠦ ᠬᠠᠷᠠᠭᠠᠯᠵᠠᠨ ᠲᠦᠪᠬᠢᠨᠡᠬᠦᠯᠬᠦ ᠬᠦᠴᠦᠯᠡᠴᠡ ᠶᠢ ᠨᠡᠮᠡᠭᠳᠡᠬᠦᠯᠵᠦ᠂ ᠭᠤᠷᠪᠠᠨ | ᠵᠢᠯ ᠳᠠᠷᠠᠭᠠᠯᠠᠨ ᠦᠪᠡᠷᠲᠡᠭᠡᠨ ᠵᠠᠰᠠᠬᠤ ᠤᠷᠤᠨ ᠤ ᠳᠡᠰ ᠤᠨ ︽ᠬᠤᠶᠠᠷ ᠢ ᠬᠦᠷᠢᠶᠡᠯᠡᠬᠦ ᠵᠢᠱᠢᠶᠡᠴᠢ ᠬᠤᠰᠢᠭᠤ︾ | ᠪᠠᠷ ᠦᠨᠡᠯᠡᠭᠳᠡᠪᠡ᠃ ᠦᠢᠯᠡᠰ ᠪᠤᠰᠬᠠᠬᠤ ᠪᠠ ᠠᠵᠢᠯ ᠤᠯᠭᠤᠬᠤ ᠶᠢ ᠪᠠᠳᠤᠯᠠᠵᠦ᠂ ᠬᠤᠳᠠ ᠪᠠᠯᠭᠠᠰᠦ ᠶᠢᠨ ᠰᠢᠨ᠎ᠡ | ᠪᠠᠷ ᠠᠵᠢᠯ ᠤᠯᠤᠭᠰᠠᠳ 714 ᠬᠦᠮᠦᠨ ᠪᠤᠯᠵᠦ᠂ ᠦᠢᠯᠡᠰ ᠪᠤᠰᠬᠠᠬᠤ ᠪᠠ ᠠᠵᠢᠯ ᠤᠯᠭᠤᠬᠤ ᠶᠢ ᠳᠡᠮᠵᠢᠬᠦ | ᠵᠢᠭᠡᠯᠡᠯᠭᠡ ᠶᠢᠨ ᠮᠦᠩᠬᠦ ᠶᠢ 623 ᠲᠦᠮᠡᠨ ᠲᠦᠬᠦᠷᠢᠭ ᠳᠠᠷᠠᠬᠠᠭᠠᠪᠠ᠃ ᠨᠠᠰᠤᠵᠢᠯ ᠤᠨ ᠳᠠᠭᠠᠳᠬᠠᠯ᠂ ᠡᠮ ᠡᠮᠨᠡᠯᠭᠡ | ᠶᠢᠨ ᠳᠠᠭᠠᠳᠬᠠᠯ᠂ ᠠᠵᠢᠯ ᠠᠯᠳᠠᠬᠤ ᠳᠠᠭᠠᠳᠬᠠᠯ᠂ ᠠᠵᠢᠯ ᠠᠴᠠ ᠪᠤᠯᠤᠭᠰᠠᠨ ᠭᠡᠮᠳᠤᠯ ᠤᠨ ᠳᠠᠭᠠᠳᠬᠠᠯ ᠪᠠ ᠦᠷᠡᠵᠢᠯ | ᠤᠨ ᠳᠠᠭᠠᠳᠬᠠᠯ ᠳᠤ ᠤᠷᠤᠯᠴᠠᠬᠤ ᠪᠦᠷᠬᠦᠴᠡ ᠶᠢᠨ ᠬᠡᠮᠵᠢᠶ᠎ᠡ ᠶᠢ ᠦᠷᠬᠦᠯᠵᠢᠯᠡᠨ ᠦᠷᠭᠡᠳᠭᠡᠪᠡ᠃ ᠨᠡᠶᠢᠬᠡᠮ ᠤᠨ | ᠶᠡᠷᠦᠩᠬᠡᠶᠢᠯᠡᠨ ᠵᠠᠰᠠᠬᠤ ᠰᠢᠰᠲ᠋ᠧᠮ ᠢ ᠳᠡᠬᠦᠯᠳᠡᠷᠵᠢᠬᠦᠯᠪᠡ᠃ ᠨᠡᠶᠢᠬᠡᠮ ᠤᠨ ᠠᠶᠤᠯ ᠲᠦᠭᠰᠢᠬᠦᠷᠢ ᠶᠢ ᠰᠡᠷᠬᠡᠶᠢᠯᠡᠨ | ᠡᠵᠡᠮᠳᠡᠬᠦ ᠬᠦᠴᠦᠯᠡᠴᠡ ᠶᠢ ᠨᠡᠮᠡᠭᠳᠡᠬᠦᠯᠵᠦ᠂ ᠤᠯᠠᠨ ᠲᠦᠮᠡᠨ ᠤ ᠵᠠᠬᠢᠳᠠᠯ ᠰᠤᠷᠪᠤᠯᠵᠢᠯᠠᠭ᠎ᠠ ᠶᠢ 130 ᠣᠳᠠᠭ᠎ᠠ᠂ | 731 ᠬᠦᠮᠦᠨ ᠬᠦᠯᠢᠶᠡᠨ ᠠᠪᠴᠦ ᠰᠢᠢᠳᠪᠦᠷᠢᠯᠡᠵᠦ᠂ 237 ᠨᠡᠶᠢᠬᠡᠮ ᠤᠨ ᠵᠦᠷᠢᠴᠡᠯ ᠮᠦᠷᠬᠦᠯᠳᠦᠭᠡᠨ ᠢ | ᠵᠢᠠᠠᠰᠠᠭᠠᠨ ᠪᠠᠶᠢᠴᠠᠭᠠᠵᠦ ᠨᠠᠮᠳᠠᠭᠤᠯᠪᠠ᠃ ︽ᠪᠤᠯᠢᠶᠠᠵᠦ ᠲᠡᠭᠡᠷᠡᠮᠳᠡᠬᠦ ᠪᠠ ᠬᠤᠯᠠᠭᠠᠶᠢᠯᠠᠬᠤ︾᠂ ︽ᠱᠠᠯᠢᠭ ᠵᠠᠪᠠᠭ᠋ᠠᠢ | ᠵᠤᠭᠤᠰ ᠮᠦᠷᠦᠶᠢᠴᠡᠬᠦ ᠬᠤᠤᠷ ᠠᠷᠠᠯᠵᠢᠶᠠᠯᠠᠬᠤ︾ ᠳᠠᠯᠠᠪᠤᠷ ᠢ ᠵᠢᠠᠠᠰᠠᠭᠠᠨ ᠪᠠᠶᠢᠴᠠᠭᠠᠵᠦ ᠵᠠᠰᠠᠨ ᠴᠡᠭᠴᠡᠯᠡᠬᠦ ᠠᠵᠢᠯ ᠢ | ᠴᠢᠩᠭᠠᠳᠬᠠᠵᠦ᠂ ︽ᠬᠠᠤᠯᠢ ᠪᠤᠰᠤ ᠫᠤᠤ ᠵᠡᠪᠰᠡᠭ᠂ ᠳᠡᠯᠪᠡᠷᠡᠬᠦ ᠡᠳ᠋ ᠪᠤᠯᠤᠨ ᠬᠢᠳᠤᠭᠠᠨ ᠤ ᠵᠦᠢᠯ ᠢ ᠬᠤᠷᠢᠶᠠᠨ | ᠠᠪᠴᠦ ᠬᠠᠮᠢᠶᠠᠷᠬᠤ︾ ᠲᠤᠰᠬᠠᠢ ᠠᠵᠢᠯᠯᠠᠭ᠎ᠠ ᠦᠷᠨᠢᠬᠦᠯᠵᠦ᠂ ᠬᠢᠯᠢ ᠬᠢᠵᠠᠭᠠᠷ ᠤᠨ ᠬᠢᠨᠠᠨ ᠡᠵᠡᠮᠳᠡᠬᠦ ᠬᠦᠴᠦᠯᠡᠴᠡ | ᠶᠢ ᠨᠡᠮᠡᠭᠳᠡᠬᠦᠯᠵᠦ᠂ ᠶᠡᠷᠦᠩᠬᠡᠶᠢᠯᠡᠨ ᠰᠡᠷᠭᠡᠶᠢᠯᠡᠨ ᠬᠠᠮᠠᠭᠠᠯᠠᠬᠤ ᠴᠢᠳᠠᠪᠦᠷᠢ ᠪᠦᠳᠦᠮᠵᠢᠳᠡᠢ ᠳᠡᠭᠡᠭᠰᠢᠯᠡᠪᠡ᠃ | — — ᠦᠩᠭᠡᠷᠡᠭᠰᠡᠨ ᠨᠢᠭᠡ ᠵᠢᠯ ᠳᠤ᠂ ᠪᠢᠳᠡ ᠬᠦᠴᠦᠨ ᠢᠶᠠᠨ ᠲᠦᠪᠯᠡᠷᠡᠬᠦᠯᠵᠦ᠂ ᠳᠤᠳᠠᠭᠳᠠᠯ ᠲᠠᠢ | ᠳᠠᠯ᠎ᠠ ᠪᠠᠨ ᠨᠦᠬᠦᠪᠦᠷᠢᠯᠡᠨ ᠰᠠᠶᠢᠵᠢᠷᠠᠭᠤᠯᠵᠦ᠂ ︽ᠠᠷᠪᠠ ᠶᠢ ᠪᠦᠷᠬᠦᠬᠦᠯᠬᠦ︾ ᠢᠨᠵᠧᠨᠧᠷᠢᠩ ᠢ ᠯᠠᠪᠳᠠᠭᠤᠨ ᠪᠦᠭᠡᠳ | ᠪᠦᠳᠦᠮᠵᠢᠳᠡᠢ ᠰᠠᠶᠢᠬᠠᠨ ᠦᠷᠨᠢᠬᠦᠯᠪᠡ᠃ 3.18 ᠳ᠋ᠦᠩᠰᠢᠭᠤᠷ ᠲᠦᠬᠦᠷᠢᠭ ᠤᠨ ᠪᠡᠯᠡ ᠤᠷᠤᠭᠤᠯᠵᠦ᠂ 871 | ᠨᠤᠷᠠᠬᠤ ᠠᠶᠤᠯᠳᠠᠢ ᠭᠡᠷ ᠪᠠᠶᠢᠰᠢᠩ ᠢ ᠵᠠᠰᠠᠨ ᠰᠢᠨᠡᠳᠭᠡᠵᠦ᠂ 379 ᠭᠡᠷ ᠪᠠᠶᠢᠰᠢᠩ ᠢ ᠪᠠᠷᠢᠵᠦ ᠳᠠᠭᠤᠰᠤᠭᠠᠳᠦᠢ᠃ | 140 ᠤᠰᠤ ᠬᠠᠩᠭᠠᠬᠤ ᠦᠨᠳᠦᠰᠦᠨ ᠬᠤᠳᠳᠤᠭ ᠮᠠᠯᠳᠠᠵᠦ᠂ ᠤᠰᠤ ᠰᠢᠢᠳᠪᠦᠷᠢᠯᠡᠬᠦ ᠲᠦᠬᠦᠭᠡᠷᠦᠮᠵᠢ ᠶᠢ 63 | ᠳᠠᠷᠬᠠᠭᠠᠪᠠ᠃ ᠵᠡᠬᠡᠯᠢ ᠭᠤᠳᠤᠮᠵᠢ ᠶᠢᠨ ᠵᠠᠮ ᠢ 63.08 ᠺᠢᠯᠤᠮᠧᠲᠷ ᠱᠦᠢᠨᠢᠳᠡᠬᠦ ᠠᠵᠢᠯ ᠢ ᠪᠡᠶᠡᠯᠡᠬᠦᠯᠪᠡ᠃ | ᠴᠠᠬᠢᠯᠭᠠᠨ ᠲᠤᠤᠷ ᠢ ᠵᠠᠰᠠᠨ ᠰᠢᠨᠡᠳᠭᠡᠬᠦ ᠢᠨᠵᠧᠨᠧᠷᠢᠩ ᠢ 12 ᠺᠢᠯᠤᠮᠧᠲᠷ ᠪᠡᠶᠡᠯᠡᠬᠦᠯᠪᠡ᠃ ᠡᠷᠦᠬᠡ ᠪᠤᠯᠭᠠᠨ ᠳᠤ | ᠨᠡᠪᠲᠡᠷᠡᠬᠦᠯᠬᠦ ᠲᠤᠨᠤᠭ ᠢ 1200 ᠤᠭᠰᠠᠷᠠᠵᠦ᠂ ᠭᠠᠵᠠᠷ ᠤᠨ ᠭᠠᠳᠠᠷᠭᠤ ᠶᠢᠨ ᠳᠤᠭᠠᠴᠢᠯᠠᠭᠰᠠᠨ ᠲᠧᠯᠸᠢᠰ ᠢ | ᠪᠦᠷᠬᠦᠬᠦᠯᠬᠦ ᠢᠨᠵᠧᠨᠧᠷᠢᠩ ᠢ 2᠂ ᠲᠤᠰᠬᠤᠨ ᠪᠤᠯᠭᠠᠨ ᠳᠤ ᠷᠠᠳᠢᠤ᠋ ᠨᠡᠪᠲᠡᠷᠡᠬᠦᠯᠬᠦ ᠢᠨᠵᠧᠨᠧᠷᠢᠩ ᠢ 69 | ᠭᠡᠷᠡᠭᠵᠢᠬᠦᠯᠪᠡ᠃ ᠰᠤᠷᠭᠠᠭᠤᠯᠢ ᠶᠢᠨ ᠪᠠᠶᠢᠷᠢ ᠶᠢᠨ ᠪᠦᠲᠦᠭᠡᠨ ᠪᠠᠶᠢᠭᠤᠯᠤᠯᠳᠠ ᠪᠠ ᠠᠮᠤᠷ ᠲᠦᠪᠰᠢᠨ ᠤ | ᠢᠨᠵᠧᠨᠧᠷᠢᠩ ᠢ 1 ᠪᠡᠶᠡᠯᠡᠬᠦᠯᠪᠡ᠃ ᠪᠠᠷᠢᠮᠵᠢᠶᠠᠵᠢᠭᠰᠠᠨ ᠡᠷᠡᠬᠦᠯ ᠬᠠᠮᠠᠭᠠᠯᠠᠯ ᠤᠨ ᠭᠡᠷ ᠢ 1 ᠪᠠᠶᠢᠭᠤᠯᠪᠠ᠃ ᠤᠯᠠᠨ | ᠭᠡᠷᠡᠭᠴᠡᠭᠡᠳᠦ ᠠᠵᠢᠯᠯᠠᠭᠠᠨ ᠤ ᠭᠡᠷ ᠢ ᠬᠠᠮᠳᠤᠪᠡᠷ ᠪᠠᠶᠢᠭᠤᠯᠤᠨ ᠬᠠᠮᠳᠤᠪᠡᠷ ᠡᠳ᠋ᠯᠡᠬᠦ ᠵᠡᠷᠭᠡ ᠠᠷᠭ᠎ᠠ ᠬᠡᠮᠵᠢᠶ᠎ᠡ ᠪᠠᠷ | ᠳᠠᠮᠵᠢᠨ᠂ ᠭᠠᠴᠠᠭᠠᠨ ᠤ ᠪᠠᠷᠢᠮᠵᠢᠶᠠᠵᠢᠭᠰᠠᠨ ᠰᠤᠶᠤᠯ ᠤᠨ ᠠᠵᠢᠯᠯᠠᠭᠠᠨ ᠤ ᠭᠡᠷ ᠢ 31 ᠪᠠᠶᠢᠭᠤᠯᠵᠦ᠂ 34 ᠲᠤᠨᠤᠭ | ᠲᠦᠬᠦᠭᠡᠷᠦᠮᠵᠢ ᠲᠠᠷᠬᠠᠭᠠᠪᠠ᠃ ᠠᠷᠠᠳ ᠲᠤ ᠲᠦᠬᠦᠮ ᠦᠵᠡᠬᠦᠯᠬᠦ ᠬᠤᠯᠪᠤᠭᠠᠳᠦ ᠬᠡᠳᠦ ᠳᠡᠯᠭᠡᠭᠦᠷ ᠢ 13 | ᠪᠠᠶᠢᠭᠤᠯᠪᠠ᠃ ᠨᠠᠰᠤᠵᠢᠯ ᠤᠨ ᠳᠠᠭᠠᠳᠬᠠᠯ ᠳᠤ ᠤᠷᠤᠯᠴᠠᠭᠰᠠᠨ ᠮᠠᠯᠴᠢᠳ ᠤᠨ ᠲᠤᠭ᠎ᠠ 11891 ᠳᠤ ᠬᠦᠷᠴᠦ᠂ | 80 ᠪᠦᠬᠦᠯᠢ ᠨᠠᠰᠤᠨ ᠠᠴᠠ ᠲᠡᠭᠡᠭᠰᠢᠬᠢ ᠲᠤᠤᠷ᠎ᠠ ᠤᠷᠤᠯᠭ᠎ᠠ ᠲᠠᠢ ᠨᠠᠰᠤᠳᠠᠶᠢᠴᠦᠳ ᠲᠤ ᠦᠨᠳᠦᠷ ᠨᠠᠰᠤᠨ ᠤ | ᠨᠦᠬᠦᠪᠦᠷᠢ ᠦᠭᠪᠡ᠃ ᠤᠷᠴᠢᠨ ᠲᠤᠭᠤᠷᠢᠨ ᠤ ᠠᠷᠢᠭᠤᠨ ᠴᠡᠪᠡᠷ ᠢ ᠶᠡᠷᠦᠩᠬᠡᠶᠢᠯᠡᠨ ᠵᠠᠰᠠᠬᠤ ᠪᠠ ᠢᠵᠢ | ᠪᠦᠷᠢᠳᠦᠭᠰᠡᠨ ᠲᠤᠨᠤᠭ ᠲᠦᠬᠦᠭᠡᠷᠦᠮᠵᠢ ᠶᠢᠨ ᠪᠦᠲᠦᠭᠡᠨ ᠪᠠᠶᠢᠭᠤᠯᠤᠯᠳᠠ ᠶᠢ ᠴᠢᠬᠤᠯᠠᠴᠢᠯᠠᠵᠦ᠂ 17 ᠲᠦᠮᠡ ᠭᠠᠷᠤᠢ | ᠲᠤᠨ ᠬᠤᠭ ᠨᠤᠪᠰᠢ ᠶᠢ ᠴᠡᠪᠡᠷᠯᠡᠨ ᠲᠡᠭᠡᠭᠡᠪᠦᠷᠢᠯᠡᠵᠦ᠂ 1406 ᠬᠠᠭᠤᠴᠢᠨ ᠭᠡᠷ ᠪᠠᠶᠢᠰᠢᠩ ᠢ ᠨᠤᠷᠠᠭᠠᠵᠦ᠂ 9.3 | ᠲᠦᠮᠡᠨ ᠮᠧᠲᠷ ᠤᠨ ᠭᠡᠷᠡᠮ ᠬᠠᠰᠢᠶ᠎ᠠ ᠶᠢ ᠰᠢᠨ᠎ᠡ ᠪᠠᠷ ᠤᠷᠳᠤᠳᠬᠠᠨ ᠪᠠᠷᠢᠵᠦ᠂ 13.41 ᠺᠢᠯᠤᠮᠧᠲᠷ ᠵᠠᠮ ᠤᠨ | ᠳᠠᠯᠠᠩ ᠳᠡᠪᠢᠰᠴᠦ᠂ 317 ᠵᠠᠮ ᠤᠨ ᠳ᠋ᠧᠩ ᠤᠭᠰᠠᠷᠠᠵᠦ᠂ 6000 ᠳᠡᠭᠰᠢ ᠲᠦᠷᠪᠡᠯᠵᠢᠨ ᠮᠧᠲᠷ | ᠨᠤᠭᠤᠭᠠᠷᠠᠭᠤᠯᠤᠯᠳᠠ ᠶᠢᠨ ᠪᠦᠰᠡ ᠶᠢ ᠰᠢᠨ᠎ᠡ ᠪᠠᠷ ᠪᠠᠶᠢᠭᠤᠯᠪᠠ᠃ | — — ᠦᠩᠭᠡᠷᠡᠭᠰᠡᠨ ᠨᠢᠭᠡ ᠵᠢᠯ ᠳᠤ᠂ ᠪᠢᠳᠡ ᠵᠤᠷᠢᠭᠳᠠᠢ ᠪᠠᠷ ᠡᠭᠦᠷᠭᠡᠯᠡᠨ᠂ ᠦᠨᠡᠨ ᠪᠤᠳᠠᠳᠠᠢ ᠠᠵᠢᠯᠯᠠᠵᠦ᠂ | ᠵᠠᠰᠠᠭ ᠤᠨ ᠤᠷᠳᠤᠨ ᠤ ᠲᠤᠰ ᠪᠡᠶ᠎ᠡ ᠶᠢᠨ ᠪᠦᠲᠦᠭᠡᠨ ᠪᠠᠶᠢᠭᠤᠯᠤᠯᠳᠠ ᠴᠢᠨᠠᠭᠰᠢᠳᠠ ᠴᠢᠩᠭᠠᠳᠪᠠ᠃ ︽ᠭᠤᠷᠪᠠᠨ | ᠴᠢᠩᠭ᠎ᠠ ᠭᠤᠷᠪᠠᠨ ᠪᠤᠳᠠᠳᠠᠢ︾ ᠲᠤᠰᠬᠠᠢ ᠰᠡᠳᠦᠪᠳᠦ ᠬᠦᠮᠦᠵᠢᠯ ᠢ ᠯᠠᠪᠳᠠᠭᠤᠨ ᠪᠠᠳᠤᠳᠠᠢ ᠦᠷᠨᠢᠬᠦᠯᠵᠦ᠂ ︽ᠲᠦᠪ | ᠴᠢᠩᠭ᠎ᠠ ᠦᠨᠠᠨ ᠪᠤᠳᠠᠳᠠᠢ ᠪᠢᠰᠢ︾ ᠠᠰᠠᠭᠤᠳᠠᠯ ᠢ ᠬᠢᠨᠠᠮᠠᠭᠠᠢ ᠡᠷᠢᠨ ᠭᠠᠷᠭᠠᠵᠦ᠂ ᠵᠠᠰᠠᠨ ᠴᠡᠭᠴᠡᠯᠡᠵᠦ | ᠨᠠᠶᠢᠳᠠᠪᠦᠷᠢᠵᠢᠭᠤᠯᠬᠤ ᠶᠢ ᠴᠢᠩᠭ᠎ᠠ ᠠᠳᠬᠤᠵᠦ᠂ ᠺᠠᠳ᠋ᠷ ᠤᠯᠠᠨ ᠲᠦᠮᠡᠨ ᠤ ᠬᠠᠷᠢᠴᠠᠭ᠎ᠠ ᠶᠢ ᠲᠠᠰᠤᠷᠠᠯᠳᠠ ᠦᠬᠡᠢ | ᠨᠢᠠᠠᠳᠠᠷᠠᠭᠤᠯᠪᠠ᠃ ᠲᠦᠪ ᠤᠨ ᠨᠠᠢᠮᠠᠨ ᠵᠤᠷᠪᠤᠰ ᠲᠤᠭᠳᠠᠭᠠᠯ ᠢ ᠴᠢᠩᠭ᠎ᠠ ᠵᠢᠷᠤᠮᠯᠠᠵᠦ᠂ ︽ᠠᠯᠪᠠᠨ ᠤ ᠭᠤᠷᠪᠠᠨ | ᠵᠠᠷᠤᠳᠠᠯ︾ ᠢ 18.4% ᠪᠠᠷ ᠪᠠᠭᠠᠰᠬᠠᠵᠦ᠂ ᠪᠢᠴᠢᠭ ᠮᠠᠲ᠋ᠧᠷᠢᠶᠠᠯ ᠪᠠ ᠬᠤᠷᠠᠯ ᠢ ᠲᠤᠰᠪᠦᠷᠢ 11.7% ᠪᠠ 16. | 7% ᠪᠠᠷ ᠪᠠᠭᠠᠰᠬᠠᠪᠠ᠃ ᠨᠠᠮ ᠤᠨ ᠰᠤᠷᠳᠠᠯ ᠴᠢᠭᠡᠴᠢ ᠵᠠᠰᠠᠭ ᠤᠨ ᠪᠦᠲᠦᠭᠡᠨ ᠪᠠᠶᠢᠭᠤᠯᠤᠯᠳᠠ ᠶᠢᠨ ᠬᠠᠷᠢᠭᠤᠴᠠᠯᠭ᠎ᠠ | ᠶᠢᠨ ᠲᠦᠷᠢᠮ ᠢ ᠴᠢᠩᠭ᠎ᠠ ᠨᠠᠶᠢᠳᠠᠪᠦᠷᠢᠵᠢᠭᠤᠯᠵᠦ᠂ ᠬᠠᠤᠯᠢ ᠪᠠ ᠰᠠᠬᠢᠯᠭ᠎ᠠ ᠪᠠᠳᠦ ᠶᠢ ᠵᠦᠷᠢᠴᠡᠭᠰᠡᠨ ᠭᠡᠷᠡᠭ ᠢ ᠲᠦᠪ | ᠴᠢᠩᠭ᠎ᠠ ᠪᠠᠷ ᠪᠠᠶᠢᠴᠠᠭᠠᠨ ᠰᠢᠢᠳᠭᠡᠪᠡ᠃ ᠵᠠᠰᠠᠭ ᠤᠨ ᠤᠷᠳᠤᠨ ᠤ ︽ᠭᠤᠷᠪᠠᠨ ᠭᠤᠤᠯᠳᠠᠯᠭ᠎ᠠ ᠪᠠ ᠳᠤᠮᠤ ᠪᠡᠯᠡ | ᠮᠦᠩᠬᠦᠨ ᠤ ᠭᠡᠷᠡᠭᠯᠡᠯᠳᠡ︾ ᠶᠢᠨ ᠭᠡᠷᠡᠭ ᠵᠦᠪᠯᠡᠬᠦ ᠲᠦᠷᠢᠮ ᠢ ᠳᠡᠬᠦᠯᠳᠡᠷᠵᠢᠬᠦᠯᠵᠦ᠂ ᠰᠢᠨᠵᠢᠯᠡᠬᠦ ᠤᠬᠠᠭᠠᠨᠴᠢ | ᠠᠷᠠᠳᠴᠢᠯᠠᠯᠳᠦ ᠰᠢᠢᠳᠪᠦᠷᠢ ᠶᠢ ᠠᠬᠢᠭᠤᠯᠪᠠ᠃ ᠵᠠᠰᠠᠭ ᠵᠠᠬᠢᠷᠭᠠᠨ ᠤ ᠬᠢᠨᠠᠨ ᠪᠠᠶᠢᠴᠠᠭᠠᠯᠳᠠ ᠪᠤᠯᠤᠨ ᠬᠢᠨᠠᠨ | ᠪᠤᠳᠤᠯᠳᠠ ᠶᠢᠨ ᠬᠢᠨᠠᠯᠳᠠ ᠶᠢ ᠴᠢᠩᠭᠠᠳᠬᠠᠵᠦ᠂ ᠬᠤᠰᠢᠭᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ | ᠤᠨ ᠪᠠᠶᠢᠩᠭᠤ ᠶᠢᠨ ᠬᠤᠷᠢᠶᠠᠨ ᠤ ᠠᠵᠢᠯ ᠤᠨ ᠬᠢᠨᠠᠯᠳᠠ᠂ ᠬᠠᠤᠯᠢ ᠴᠠᠭᠠᠵᠠ ᠶᠢᠨ ᠬᠢᠨᠠᠯᠳᠠ ᠪᠤᠯᠤᠨ ᠬᠤᠰᠢᠭᠤᠨ ᠤ | ᠤᠯᠤᠰ ᠲᠦᠷᠦ ᠶᠢᠨ ᠵᠦᠪᠯᠡᠯᠭᠡᠨ ᠤ ᠠᠷᠠᠳᠴᠢᠯᠠᠯ ᠤᠨ ᠬᠢᠨᠠᠯᠳᠠ ᠶᠢ ᠤᠬᠠᠮᠰᠠᠷ ᠠᠴᠠ ᠪᠠᠨ ᠬᠦᠯᠢᠶᠡᠵᠦ᠂ ᠡᠯ᠎ᠡ | ᠠᠷᠠᠳᠴᠢᠯᠠᠭᠰᠠᠨ ᠨᠠᠮ ᠪᠦᠯᠦᠭ᠂ ᠦᠢᠯᠡᠳᠪᠦᠷᠢ ᠬᠤᠳᠠᠯᠳᠤᠭᠠᠨ ᠤ ᠬᠤᠯᠪᠤᠭ᠎ᠠ᠂ ᠨᠠᠮ ᠪᠦᠯᠦᠭ ᠤᠨ ᠪᠤᠰᠤ ᠬᠦᠮᠦᠰ | ᠪᠤᠯᠤᠨ ᠠᠷᠠᠳ ᠤᠨ ᠪᠦᠯᠬᠦᠮ ᠤᠨ ᠰᠠᠨᠠᠯ ᠢ ᠬᠢᠨᠠᠮᠠᠭᠠᠢ ᠰᠤᠨᠤᠰᠴᠦ ᠬᠦᠯᠢᠶᠡᠨ ᠠᠪᠤᠪᠠ᠃ ᠪᠦᠬᠦ ᠵᠢᠯ ᠳᠤ᠂ ᠬᠤᠳᠠ᠂ | ᠬᠤᠰᠢᠭᠤ ᠬᠤᠶᠠᠷ ᠱᠠᠳᠤᠨ ᠤ ᠠᠷᠠᠳ ᠤᠨ ᠲᠦᠯᠦᠭᠡᠯᠡᠭᠴᠢ ᠶᠢᠨ ᠰᠠᠨᠠᠯ ᠵᠦᠪᠯᠡᠯᠭᠡ ᠶᠢ 43 ᠬᠤᠪᠢ᠂ ᠤᠯᠤᠰ | ᠲᠦᠷᠦ ᠶᠢᠨ ᠵᠦᠪᠯᠡᠯᠭᠡᠨ ᠤ ᠭᠡᠰᠢᠬᠦᠳ ᠤᠨ ᠰᠠᠨᠠᠯ ᠲᠤᠷᠠᠳᠤᠯᠭ᠎ᠠ ᠶᠢ 74 ᠬᠤᠪᠢ ᠡᠷᠬᠢᠯᠡᠨ ᠬᠦᠢᠴᠡᠳᠭᠡᠵᠦ᠂ | ᠬᠦᠢᠴᠡᠳᠭᠡᠨ ᠰᠢᠢᠳᠪᠦᠷᠢᠯᠡᠭᠰᠡᠨ ᠨᠤᠷᠮ᠎ᠠ ᠪᠤᠯᠤᠨ ᠬᠠᠨᠤᠮᠵᠢ ᠶᠢᠨ ᠨᠤᠷᠮ᠎ᠠ ᠪᠦᠷ 100% ᠳᠤ ᠬᠦᠷᠪᠡ᠃ | ᠬᠤᠶᠠᠷ᠂ ︽ᠠᠷᠪᠠᠨ ᠬᠤᠶᠠᠳᠤᠭᠠᠷ ᠲᠠᠪᠤᠨ ᠵᠢᠯ︾ ᠤᠨ ᠬᠤᠭᠤᠴᠠᠭᠠᠨ ᠳᠠᠬᠢ ᠠᠵᠢᠯ ᠤᠨ ᠡᠷᠬᠢᠴᠡᠬᠦᠯᠦᠯ | ︽ᠠᠷᠪᠠᠨ ᠬᠤᠶᠠᠳᠤᠭᠠᠷ ᠲᠠᠪᠤᠨ ᠵᠢᠯ︾ ᠤᠨ ᠠᠵᠢᠯ ᠢ ᠡᠷᠬᠢᠴᠡᠬᠦᠯᠬᠦᠶ᠎ᠡ᠂ ᠠᠮᠵᠢᠯᠳᠠ ᠪᠦᠳᠦᠮᠵᠢ ᠨᠢ | ᠬᠦᠮᠦᠰ ᠢ ᠤᠷᠮᠠᠰᠢᠭᠤᠯᠤᠨ᠂ ᠲᠠᠪᠤᠨ ᠵᠢᠯ ᠤᠨ ᠠᠶᠠᠨ ᠵᠠᠮ ᠤᠨ ᠤᠯᠠ ᠮᠦᠷ ᠨᠢ ᠪᠢᠳᠡᠨ ᠳᠤ ᠮᠠᠷᠳᠠᠭᠳᠠᠰᠢ ᠦᠬᠡᠢ | ᠶᠤᠮ᠃ ᠡᠨᠡ ᠲᠠᠪᠤᠨ ᠵᠢᠯ ᠳᠤ᠂ ᠪᠢᠳᠡᠨ ᠤ ᠬᠦᠭᠵᠢᠯᠳᠡ ᠶᠢᠨ ᠶᠠᠪᠤᠴᠠ ᠲᠤᠩ ᠶᠡᠷᠦ ᠪᠤᠰᠤ ᠶᠢᠨ ᠪᠠᠶᠢᠵᠦ᠂ ᠠᠵᠦ | ᠠᠬᠤᠢ ᠦᠷᠬᠦᠯᠵᠢᠯᠡᠨ ᠨᠡᠮᠡᠭᠳᠡᠭᠰᠡᠨ᠂ ᠰᠠᠭᠤᠷᠢ ᠲᠦᠬᠦᠭᠡᠷᠦᠮᠵᠢ ᠳᠠᠰᠤᠷᠠᠯᠳᠠ ᠦᠬᠡᠢ ᠳᠡᠬᠦᠯᠳᠡᠷᠵᠢᠭᠰᠡᠨ ᠪᠠ ᠨᠡᠶᠢᠬᠡᠮ | ᠤᠨ ᠠᠵᠢᠯ ᠦᠢᠯᠡᠰ ᠦᠷᠨᠢᠨ ᠬᠦᠭᠵᠢᠭᠰᠡᠨ ᠲᠡᠭᠡᠭᠰᠢᠯᠡᠯᠳᠡ ᠶᠢᠨ ᠬᠤᠭᠤᠴᠠᠭ᠎ᠠ ᠶᠢ ᠦᠩᠭᠡᠷᠡᠬᠦᠯᠦᠭᠰᠡᠨ ᠮᠦᠷᠲᠡᠭᠡᠨ | ᠪᠠᠰᠠ ᠲᠤᠪᠤᠶᠢᠮ᠎ᠠ ᠵᠦᠷᠢᠴᠡᠯ ᠲᠠᠢ ᠪᠦᠭᠡᠳ ᠲᠠᠷᠤᠭᠠᠰᠦ ᠶᠡᠭᠡᠳᠡ ᠬᠦᠨᠳᠦᠷᠡᠭᠰᠡᠨ ᠬᠦᠴᠢᠷ ᠪᠡᠷᠭᠡᠰᠢᠶᠡᠯ ᠲᠠᠢ ᠴᠠᠭ | ᠬᠤᠭᠤᠴᠠᠭ᠎ᠠ ᠶᠢ ᠴᠦ ᠦᠩᠭᠡᠷᠡᠬᠦᠯᠪᠡ᠃ ᠡᠨᠡ ᠲᠠᠪᠤᠨ ᠵᠢᠯ ᠳᠤ᠂ ᠪᠢᠳᠡ ᠴᠤᠭ ᠰᠦᠯᠳᠡ ᠪᠠᠳᠠᠷᠠᠩᠭᠤᠢ᠂ ᠶᠡᠭᠡ | ᠠᠯᠬᠤᠮ ᠢᠶᠠᠷ ᠤᠷᠤᠭᠰᠢᠯᠠᠨ ᠲᠠᠪᠰᠢᠭᠰᠠᠨ ᠶᠤᠮ᠃ ᠭᠡᠪᠡᠴᠦ ᠪᠢᠳᠡ ᠪᠠᠰᠠ ᠰᠠᠯᠬᠢ ᠪᠤᠷᠤᠭᠠᠨ ᠢ ᠤᠯᠠᠨᠳᠠ | ᠲᠤᠭᠤᠯᠵᠦ᠂ ᠲᠤᠩ ᠶᠡᠭᠡ ᠬᠦᠴᠢᠷ ᠲᠦᠪᠡᠭ ᠲᠤ ᠲᠤᠯᠭᠠᠷᠠᠵᠦ ᠦᠩᠭᠡᠷᠡᠭᠰᠡᠨ ᠶᠤᠮ᠃ ᠭᠡᠳᠡᠯ᠎ᠡ ᠪᠢᠳᠡᠨ ᠤ | ᠤᠷᠤᠭᠰᠢᠯᠠᠯᠳᠠ ᠶᠢᠨ ᠠᠯᠬᠤᠭ᠎ᠠ᠂ ᠬᠦᠴᠢᠷ ᠪᠡᠷᠭᠡ ᠶᠢ ᠲᠤᠭᠤᠯᠬᠤ ᠵᠤᠷᠢᠭ ᠰᠦᠰᠦ ᠨᠢᠭᠡᠴᠦ ᠮᠤᠬᠤᠵᠦ | ᠦᠩᠭᠡᠷᠡᠭᠰᠡᠨ ᠦᠬᠡᠢ ᠪᠠᠶᠢᠵᠦ᠂ ︽ᠠᠷᠪᠠᠨ ᠬᠤᠶᠠᠳᠤᠭᠠᠷ ᠲᠠᠪᠤᠨ ᠵᠢᠯ︾ ᠳᠤ ᠲᠤᠭᠳᠠᠭᠰᠠᠨ ᠬᠠᠷᠠᠯᠳᠠ ᠪᠠᠨ | ᠠᠮᠵᠢᠯᠳᠠᠳᠠᠢ ᠪᠡᠶᠡᠯᠡᠬᠦᠯᠪᠡ᠃ | ︵ᠨᠢᠭᠡ︶ ᠶᠡᠷᠦᠩᠬᠡᠶᠢᠯᠡᠭᠰᠡᠨ ᠪᠤᠳᠠᠳᠦ ᠬᠦᠴᠦᠨ ᠴᠢᠨᠠᠭᠰᠢᠳᠠ ᠲᠡᠭᠡᠭᠰᠢᠯᠡᠪᠡ᠃ ᠤᠷᠤᠨ ᠨᠤᠲᠤᠭ ᠤᠨ | ᠦᠢᠯᠡᠳᠪᠦᠷᠢᠯᠡᠯ ᠤᠨ ᠶᠡᠷᠦᠩᠬᠡᠢ ᠦᠷᠲᠡᠭ 2010 ᠤᠨ ᠤ 1.7 ᠳᠠᠬᠢᠨ ᠪᠤᠯᠵᠦ᠂ ᠵᠢᠯ ᠲᠤᠮᠳᠠᠴᠢ ᠪᠠᠷ 11% | ᠪᠠᠷ ᠨᠡᠮᠡᠭᠳᠡᠪᠡ᠃ ᠡᠳ᠋ ᠤᠨ ᠵᠠᠰᠠᠭ ᠤᠨ ᠤᠷᠤᠯᠭ᠎ᠠ 2010 ᠤᠨ ᠤ 1.4 ᠳᠠᠬᠢᠨ ᠪᠤᠯᠵᠦ᠂ ᠵᠢᠯ ᠲᠤᠮᠳᠠᠴᠢ ᠪᠠᠷ | 6.7% ᠪᠠᠷ ᠨᠡᠮᠡᠭᠳᠡᠪᠡ᠃ ᠨᠡᠶᠢᠬᠡᠮ ᠤᠨ ᠭᠡᠷᠡᠭᠯᠡᠭᠡᠨ ᠤ ᠳᠠᠸᠠᠷ ᠢ ᠵᠢᠵᠢᠭᠯᠡᠨ ᠪᠤᠷᠤᠯᠠᠭᠤᠯᠬᠤ ᠶᠡᠷᠦᠩᠬᠡᠢ ᠲᠤᠭ᠎ᠠ | 2010 ᠤᠨ ᠤ 1.8 ᠳᠠᠬᠢᠨ ᠪᠤᠯᠵᠦ᠂ ᠵᠢᠯ ᠲᠤᠮᠳᠠᠴᠢ ᠪᠠᠷ 12.8% ᠪᠠᠷ ᠨᠡᠮᠡᠭᠳᠡᠪᠡ᠃ ᠬᠤᠳᠠ ᠪᠠᠯᠭᠠᠰᠦ | ᠶᠢᠨ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠦᠮᠦᠨ ᠲᠤᠮᠳᠠᠴᠢ ᠵᠠᠷᠤᠴᠠᠭᠤᠯᠵᠦ ᠪᠤᠯᠬᠤ ᠤᠷᠤᠯᠭ᠎ᠠ 2010 | ᠤᠨ ᠤ 1.8 ᠳᠠᠬᠢᠨ ᠪᠤᠯᠵᠦ᠂ ᠵᠢᠯ ᠲᠤᠮᠳᠠᠴᠢ ᠪᠠᠷ | 13% ᠪᠠᠷ ᠨᠡᠮᠡᠭᠳᠡᠪᠡ᠃ ᠮᠠᠯᠵᠢᠬᠤ ᠤᠷᠤᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠦᠮᠦᠨ ᠲᠤᠮᠳᠠᠴᠢ | ᠵᠠᠷᠤᠴᠠᠭᠤᠯᠵᠦ ᠪᠤᠯᠬᠤ ᠤᠷᠤᠯᠭ᠎ᠠ 2010 ᠤᠨ ᠤ 1.9 ᠳᠠᠬᠢᠨ ᠪᠤᠯᠵᠦ᠂ ᠵᠢᠯ ᠲᠤᠮᠳᠠᠴᠢ ᠪᠠᠷ 13.4% ᠪᠠᠷ | ᠨᠡᠮᠡᠭᠳᠡᠪᠡ᠃ ᠪᠦᠬᠦ ᠨᠡᠶᠢᠬᠡᠮ ᠤᠨ ᠲᠤᠭᠳᠠᠮᠠᠯ ᠬᠦᠷᠦᠩᠭᠡ ᠶᠢᠨ ᠪᠡᠯᠡ ᠤᠷᠤᠭᠤᠯᠤᠯᠳᠠ ᠶᠢ ᠨᠡᠶᠢᠳᠡ 154 | ᠳ᠋ᠦᠩᠰᠢᠭᠤᠷ ᠲᠦᠬᠦᠷᠢᠭ ᠪᠡᠶᠡᠯᠡᠬᠦᠯᠵᠦ᠂ ︽ᠠᠷᠪᠠᠨ ᠨᠢᠭᠡᠳᠦᠭᠡᠷ ᠲᠠᠪᠤᠨ ᠵᠢᠯ︾ ᠤᠨ 1.4 ᠳᠠᠬᠢᠨ ᠪᠤᠯᠪᠠ᠃ | ︵ᠬᠤᠶᠠᠷ︶ ᠮᠠᠯ ᠠᠵᠦ ᠠᠬᠤᠢ ᠶᠢᠨ ᠰᠠᠭᠤᠷᠢ ᠴᠢᠨᠠᠭᠰᠢᠳᠠ ᠪᠠᠬᠢᠵᠢᠪᠡ᠃ ᠳᠠᠷᠢᠶᠠᠯᠠᠩ ᠮᠠᠯ ᠠᠵᠦ ᠠᠬᠤᠢ | ᠶᠢᠨ ᠰᠠᠭᠤᠷᠢ ᠲᠦᠬᠦᠭᠡᠷᠦᠮᠵᠢ ᠶᠢ ᠬᠦᠴᠦᠯᠡᠨ ᠴᠢᠩᠭᠠᠳᠬᠠᠵᠦ᠂ ᠨᠡᠶᠢᠳᠡ | 29 ᠡᠪᠡᠰᠦ ᠬᠠᠳᠠᠭᠠᠯᠠᠬᠤ ᠬᠦᠮᠦᠷᠭᠡ᠂ 3748 ᠬᠠᠰᠢᠶ᠎ᠠ ᠰᠠᠷᠠᠪᠴᠢ ᠪᠠᠶᠢᠭᠤᠯᠵᠦ᠂ ᠰᠢᠨ᠎ᠡ ᠪᠠᠷ 631 ᠮᠠᠰᠢᠨ | ᠬᠤᠳᠳᠤᠭ᠂ 2710 ᠨᠤᠲᠤᠭ ᠤᠨ ᠬᠤᠳᠳᠤᠭ ᠮᠠᠯᠳᠠᠵᠦ᠂ | 4238 ᠲᠠᠷᠢᠶᠠᠯᠠᠩ ᠮᠠᠯ ᠠᠵᠦ ᠠᠬᠤᠢ ᠶᠢᠨ ᠮᠠᠰᠢᠨ ᠲᠤᠨᠤᠭ ᠬᠤᠳᠠᠯᠳᠤᠨ ᠠᠪᠤᠪᠠ᠃ ︽ᠨᠢᠭᠡ ᠬᠡᠷᠡᠭ ᠢ ᠨᠢᠭᠡ | ᠵᠦᠪᠳᠡᠬᠦ︾ ᠡᠳ᠋ ᠤᠨ ᠵᠠᠰᠠᠭ ᠤᠨ ᠨᠦᠬᠦᠪᠦᠷᠢᠯᠡᠨ ᠱᠠᠩᠨᠠᠬᠤ ᠲᠦᠷᠦᠯ ᠵᠦᠢᠯ ᠢ 216 ᠭᠡᠷᠡᠭᠵᠢᠬᠦᠯᠵᠦ᠂ 1.16 | ᠳ᠋ᠦᠩᠰᠢᠭᠤᠷ ᠲᠦᠬᠦᠷᠢᠭ ᠤᠨ ᠪᠡᠯᠡ ᠤᠷᠤᠭᠤᠯᠪᠠ᠃ ᠴᠦᠬᠡᠨ ᠲᠤᠭᠠᠳᠦ ᠦᠨᠳᠦᠰᠦᠳᠡᠨ ᠤ ᠬᠦᠭᠵᠢᠬᠦᠯᠦᠯᠳᠡ ᠶᠢᠨ | ᠪᠡᠯᠡ ᠮᠦᠩᠬᠦ ᠶᠢ 4,900 ᠲᠦᠮᠡᠨ ᠲᠦᠬᠦᠷᠢᠭ ᠤᠯᠵᠦ᠂ ᠲᠠᠪᠠᠭᠤᠯᠢᠭ ᠤᠨᠴᠠᠯᠢᠭᠳᠦ ᠠᠵᠦ ᠦᠢᠯᠡᠰ ᠦᠳᠳᠡᠷ | ᠲᠦᠷᠭᠡᠨ ᠬᠦᠭᠵᠢᠪᠡ᠃ ᠠᠮᠢ ᠠᠬᠤᠢ ᠶᠢᠨ ᠬᠤᠷᠰᠢᠶᠠᠵᠢᠯ ᠤᠨ ᠬᠡᠯᠪᠡᠷᠢ ᠶᠢᠨ ᠮᠠᠯ ᠠᠵᠦ ᠠᠬᠤᠢ ᠶᠢᠨ ᠪᠦᠲᠦᠭᠡᠨ | ᠪᠠᠶᠢᠭᠤᠯᠤᠯᠳᠠ ᠶᠢ ᠲᠦᠷᠭᠡᠳᠭᠡᠵᠦ᠂ ᠤᠷᠭᠠᠨᠢᠭ ᠮᠢᠬᠠᠨ ᠤ ᠬᠤᠨᠢᠨ ᠤ ᠠᠵᠦ ᠦᠢᠯᠡᠰ ᠢ ᠭᠤᠤᠯᠳᠠᠯᠭ᠎ᠠ ᠲᠠᠢ | ᠬᠦᠭᠵᠢᠬᠦᠯᠵᠦ᠂ ᠮᠠᠯ ᠤᠨ ᠠᠰᠢᠭ ᠰᠢᠮ᠎ᠡ ᠶᠢ ᠨᠠᠷᠢᠯᠢᠭ ᠪᠤᠯᠪᠠᠰᠤᠷᠠᠭᠤᠯᠬᠤ ᠠᠵᠦ ᠠᠬᠤᠶᠢᠯᠠᠯ ᠤᠨ ᠪᠦᠯᠦᠭᠵᠢᠯ ᠢ | ᠴᠢᠷᠮᠠᠶᠢᠨ ᠪᠤᠢ ᠪᠤᠯᠭᠠᠵᠦ᠂ ᠮᠠᠯ ᠤᠨ ᠠᠰᠢᠭ ᠰᠢᠮ᠎ᠡ ᠶᠢ ᠬᠤᠪᠢᠷᠠᠭᠤᠯᠬᠤ ᠬᠡᠮᠵᠢᠶ᠎ᠡ ᠪᠤᠯᠤᠨ ᠨᠠᠷᠢᠯᠢᠭ | ᠪᠤᠯᠪᠠᠰᠤᠷᠠᠭᠤᠯᠬᠤ ᠬᠢᠷᠢ ᠲᠦᠪᠰᠢᠨ ᠳᠠᠰᠤᠷᠠᠯᠳᠠ ᠦᠬᠡᠢ ᠲᠡᠭᠡᠭᠰᠢᠯᠡᠪᠡ᠃ | ︵ᠭᠤᠷᠪᠠ︶ ᠠᠵᠦ ᠦᠢᠯᠡᠳᠪᠦᠷᠢ ᠶᠢᠨ ᠲᠠᠪᠠᠭᠤᠯᠢᠭ ᠴᠢᠨᠠᠭᠰᠢᠳᠠ ᠲᠤᠪᠤᠶᠢᠪᠠ᠃ ︽ᠲᠤᠯᠤᠭᠠᠨ ᠬᠡᠯᠪᠡᠷᠢ | ︾ ᠶᠢᠨ ᠠᠭᠤᠷᠬᠠᠢ ᠶᠢᠨ ᠪᠦᠲᠦᠭᠡᠨ ᠪᠠᠶᠢᠭᠤᠯᠤᠯᠳᠠ ᠪᠠᠷ ᠭᠠᠷᠳᠠᠬᠤ ᠴᠡᠭ ᠪᠤᠯᠭᠠᠵᠦ᠂ ᠴᠢᠯᠠᠭᠤᠨ ᠲᠤᠰᠤ᠂ | ᠦᠩᠭᠡᠳᠦ ᠲᠡᠮᠦᠷᠯᠢᠭ᠂ ᠰᠠᠯᠬᠢᠨ ᠬᠦᠴᠦᠨ ᠤ ᠴᠠᠬᠢᠯᠭᠠᠨ ᠵᠡᠷᠭᠡ ᠲᠠᠪᠠᠭᠤᠯᠢᠭ ᠠᠵᠦ ᠦᠢᠯᠡᠰ ᠢ ᠪᠤᠵᠠᠭᠠᠶᠢᠷᠠᠭᠤᠯᠤᠨ | ᠬᠦᠴᠦᠷᠭᠡᠭᠵᠢᠬᠦᠯᠵᠦ᠂ ᠲᠤᠮᠳᠠᠳᠦ ᠤᠯᠤᠰ ᠤᠨ ᠬᠤᠸᠠᠩ ᠶᠢᠨ ᠪᠦᠯᠦᠭᠯᠡᠯ ᠤᠨ ᠦᠨᠡᠭᠡᠳᠦ ᠶᠢᠨ ᠵᠡᠰ ᠮᠤᠯᠢᠪᠳᠧᠨ ᠤ | ᠠᠭᠤᠷᠬᠠᠢ ᠶᠢᠨ ᠬᠤᠶᠠᠳᠤᠭᠠᠷ ᠬᠤᠭᠤᠴᠠᠭᠠᠨ ᠤ ᠦᠷᠭᠡᠳᠭᠡᠨ ᠪᠠᠶᠢᠭᠤᠯᠬᠤ᠂ ᠷᠦᠩ ᠳ᠋ᠠ ᠠᠭᠤᠷᠬᠠᠢ ᠶᠢᠨ ᠦᠢᠯᠡᠰ | ᠤᠨ ᠮᠡᠷᠭᠡᠵᠢᠯ ᠢᠶᠠᠨ ᠰᠠᠶᠢᠵᠢᠷᠠᠭᠤᠯᠤᠨ ᠴᠢᠳᠠᠪᠦᠷᠢ ᠪᠠᠨ ᠳᠡᠭᠡᠭᠰᠢᠯᠡᠬᠦᠯᠬᠦ᠂ ᠱᠧᠨ ᠬᠤᠸᠠ ᠭᠦᠸᠧ ᠬᠤᠸᠠ ᠶᠢᠨ | ᠰᠢᠨ᠎ᠡ ᠪᠠᠷᠭᠤ ᠪᠠᠷᠠᠭᠤᠨ ᠬᠤᠰᠢᠭᠤᠨ ᠤ ᠳᠠᠯᠠᠢ ᠨᠠᠭᠤᠷ ᠤᠨ ᠵᠡᠬᠦᠨᠳᠡᠬᠢ 4.95 ᠲᠦᠮᠡᠨ ᠺᠢᠯᠤᠸᠠᠲ ᠰᠠᠯᠬᠢᠨ | ᠬᠦᠴᠦᠨ ᠤ ᠴᠠᠬᠢᠯᠭᠠᠨ ᠤ ᠳᠠᠯᠠᠪᠤᠷ ᠵᠡᠷᠭᠡ 27 ᠭᠤᠤᠯᠳᠠᠯᠭ᠎ᠠ ᠲᠠᠢ ᠠᠵᠦ ᠦᠢᠯᠡᠳᠪᠦᠷᠢ ᠶᠢᠨ ᠲᠦᠷᠦᠯ ᠵᠦᠢᠯ ᠢ | ᠭᠤᠤᠯᠳᠠᠯᠭ᠎ᠠ ᠲᠠᠢ ᠭᠡᠷᠡᠭᠵᠢᠬᠦᠯᠵᠦ᠂ ᠠᠵᠦ ᠦᠢᠯᠡᠳᠪᠦᠷᠢ ᠶᠢᠨ ᠲᠤᠭᠳᠠᠮᠠᠯ ᠬᠦᠷᠦᠩᠭᠡ ᠶᠢᠨ ᠪᠡᠯᠡ ᠤᠷᠤᠭᠤᠯᠤᠯᠳᠠ | ᠶᠢ ᠨᠡᠶᠢᠳᠡ 99.7 ᠳ᠋ᠦᠩᠰᠢᠭᠤᠷ ᠲᠦᠬᠦᠷᠢᠭ ᠪᠡᠶᠡᠯᠡᠬᠦᠯᠵᠦ᠂ ᠠᠵᠦ ᠦᠢᠯᠡᠳᠪᠦᠷᠢ ᠶᠢᠨ ᠨᠡᠮᠡᠭᠳᠡᠯ ᠦᠷᠲᠡᠭ ᠢ | 271.5 ᠳ᠋ᠦᠩᠰᠢᠭᠤᠷ ᠲᠦᠬᠦᠷᠢᠭ ᠪᠡᠶᠡᠯᠡᠬᠦᠯᠵᠦ᠂ ᠵᠢᠯ ᠪᠦᠷᠢ ᠶᠢᠨ ᠲᠤᠮᠳᠠᠴᠢ ᠨᠡᠮᠡᠭᠳᠡᠯ ᠤᠨ ᠬᠤᠷᠳᠤᠴᠠ 11. | 5% ᠳᠤ ᠬᠦᠷᠪᠡ᠃ ᠠᠷᠠᠯᠵᠢᠶᠠᠴᠢᠨ ᠤᠷᠢᠵᠦ ᠪᠡᠯᠡ ᠤᠷᠤᠭᠤᠯᠬᠤ ᠶᠢ ᠶᠡᠬᠡᠪᠡᠷ ᠦᠷᠨᠢᠬᠦᠯᠵᠦ᠂ ᠨᠡᠶᠢᠳᠡ 108 | ᠲᠦᠷᠦᠯ ᠵᠦᠢᠯ ᠤᠷᠤᠭᠤᠯᠵᠦ᠂ ᠪᠡᠯᠡ ᠮᠦᠩᠬᠦ ᠨᠢ 123 ᠳ᠋ᠦᠩᠰᠢᠭᠤᠷ ᠲᠦᠬᠦᠷᠢᠭ ᠲᠤ ᠬᠦᠷᠪᠡ᠃ ᠠᠵᠦ | ᠦᠢᠯᠡᠳᠪᠦᠷᠢ ᠶᠢᠨ GDP ᠳᠠᠬᠢ ᠡᠵᠡᠯᠡᠬᠦ ᠬᠠᠷᠢᠴᠠᠯ ᠨᠢ 80% ᠳᠤ ᠬᠦᠷᠪᠡ᠃ | ︵ᠲᠦᠷᠪᠡ︶ ᠵᠤᠭᠠᠴᠠᠯ ᠠᠷᠠᠯᠵᠢᠶᠠᠨ ᠤ ᠠᠵᠦ ᠦᠢᠯᠡᠰ ᠴᠢᠨᠠᠭᠰᠢᠳᠠ ᠬᠦᠭᠵᠢᠪᠡ᠃ ᠬᠤᠨᠤᠵᠦ ᠬᠡᠪᠳᠡᠬᠦ᠂ | ᠢᠳᠡᠭᠡᠨ ᠤᠮᠳᠠᠭᠠᠨ ᠪᠤᠯᠤᠨ ᠵᠤᠭᠠᠴᠠᠯ ᠤᠨ ᠲᠤᠷᠠᠰᠬᠠᠯᠳᠦ ᠡᠳ᠋ ᠵᠡᠷᠭᠡ ᠵᠤᠭᠠᠴᠠᠯ ᠤᠨ ᠴᠢᠬᠤᠯᠠ ᠡᠯᠧᠮᠧᠨ᠋ᠲ ᠤᠨ | ᠳᠤᠬᠢᠷᠠᠭᠤᠯᠤᠯᠳᠠ ᠶᠢ ᠴᠢᠩᠭᠠᠳᠬᠠᠵᠦ᠂ ᠵᠤᠭᠠᠴᠠᠯ ᠤᠨ ᠰᠤᠶᠤᠯ ᠤᠨ ᠠᠭᠤᠯᠤᠭᠳᠠᠬᠤᠨ ᠢ ᠲᠡᠭᠡᠭᠰᠢᠯᠡᠬᠦᠯᠦᠨ᠂ | ᠪᠤᠠᠠᠳᠠᠠᠭᠤᠯᠠ ᠦᠵᠡᠮᠵᠢᠳᠦ ᠤᠷᠤᠨ ᠢ ᠬᠦᠴᠦᠯᠡᠨ ᠪᠤᠢ ᠪᠤᠯᠭᠠᠵᠦ᠂ ᠪᠤᠠᠠᠳᠠᠠᠭᠤᠯᠠ ᠤᠯᠠᠨ ᠤᠯᠤᠰ ᠤᠨ ᠠᠷᠠᠳ ᠤᠨ | ᠵᠠᠩ ᠦᠢᠯᠡ ᠰᠤᠶᠤᠯ ᠵᠤᠭᠠᠴᠠᠯ ᠤᠨ ᠨᠠᠶᠢᠷ ᠤᠨ ᠠᠵᠢᠯᠯᠠᠭ᠎ᠠ ᠶᠢ ᠦᠷᠭᠡᠳᠭᠡᠵᠦ᠂ ᠮᠤᠩᠭᠤᠯ ᠦᠨᠳᠦᠰᠦᠳᠡᠨ ᠤ ︽ | ᠤᠮᠠᠷᠠᠳᠦ ᠶᠢᠨ ᠳᠠᠬᠢᠯ ᠮᠦᠷᠬᠦᠯ ᠤᠨ ᠳᠠᠷᠬᠠᠨ ᠤᠷᠤᠨ︾ ᠤ ᠨᠠᠷ᠎ᠡ ᠮᠡᠳᠡᠴᠡ ᠶᠢᠨ ᠬᠡᠮᠵᠢᠶ᠎ᠡ ᠶᠢ ᠲᠡᠭᠡᠭᠰᠢᠯᠡᠬᠦᠯᠪᠡ᠃ | ᠦᠵᠡᠮᠵᠢᠳᠦ ᠤᠷᠤᠨ ᠪᠠᠶᠢᠭᠤᠯᠬᠤ ᠶᠢ ᠴᠢᠩᠭᠠᠳᠬᠠᠵᠦ᠂ ᠳ᠋ᠠᠰᠢᠫᠤᠩᠰᠤᠭ ᠰᠦᠮ᠎ᠡ ᠶᠢᠨ ᠦᠵᠡᠮᠵᠢᠳᠦ ᠤᠷᠤᠨ ᠢ | ᠠᠰᠢᠭᠯᠠᠯᠳᠠ ᠳᠤ ᠤᠷᠤᠭᠤᠯᠪᠠ᠃ ︽ᠮᠠᠯᠵᠢᠬᠤ ᠡᠷᠦᠬᠡ ᠪᠠᠷ ᠵᠤᠭᠠᠴᠠᠬᠤ︾ ᠦᠢᠯᠡᠰ ᠢ ᠲᠦᠷᠭᠡᠳᠭᠡᠨ | ᠬᠦᠭᠵᠢᠬᠦᠯᠵᠦ᠂ ᠪᠠᠷᠭᠤ ᠦᠨᠳᠦᠰᠦᠳᠡᠨ ᠤ ᠵᠠᠩ ᠦᠢᠯᠡ ᠶᠢᠨ ᠵᠤᠭᠠᠴᠠᠯ ᠤᠨ ᠲᠤᠰᠬᠤᠨ ᠢ ᠪᠠᠶᠢᠭᠤᠯᠪᠠ᠃ ᠬᠢᠯᠢ | ᠶᠢᠨ ᠵᠤᠭᠠᠴᠠᠯ ᠢ ᠬᠦᠭᠵᠢᠬᠦᠯᠵᠦ᠂ ᠬᠢᠯᠢ ᠪᠠᠷ ᠵᠤᠭᠠᠴᠠᠬᠤ ᠳᠤ ᠪᠤᠰᠤᠳ ᠭᠠᠵᠠᠷ ᠲᠤ ᠭᠠᠷ ᠬᠦᠢᠴᠳᠭᠡᠯ ᠬᠢᠵᠦ | ᠪᠤᠯᠬᠤ ᠶᠢ ᠪᠡᠶᠡᠯᠡᠬᠦᠯᠪᠡ᠃ ᠲᠠᠪᠤᠨ ᠵᠢᠯ ᠤᠨ ᠬᠤᠭᠤᠴᠠᠭᠠᠨ ᠳᠤ᠂ ᠤᠯᠤᠰ ᠤᠨ ᠳᠤᠳᠤᠭᠠᠳᠦ ᠭᠠᠳᠠᠭᠠᠳᠦ ᠶᠢᠨ | ᠵᠤᠭᠠᠴᠠᠭᠰᠠᠳ ᠢ ᠨᠡᠶᠢᠳᠡ 229 ᠲᠦᠮᠨ ᠵᠤᠴᠢᠯᠠᠵᠦ᠂ ᠵᠢᠯ ᠲᠤᠮᠳᠠᠴᠢ ᠪᠠᠷ 7.6% ᠪᠠᠷ ᠨᠡᠮᠡᠭᠳᠡᠪᠡ᠃ ᠵᠤᠭᠠᠴᠠᠯ | ᠤᠨ ᠤᠷᠤᠯᠭ᠎ᠠ ᠶᠢ 17.1 ᠳ᠋ᠦᠩᠰᠢᠭᠤᠷ ᠲᠦᠬᠦᠷᠢᠭ ᠪᠡᠶᠡᠯᠡᠬᠦᠯᠵᠦ᠂ ᠵᠢᠯ ᠲᠤᠮᠳᠠᠴᠢ ᠪᠠᠷ 11.5% ᠪᠠᠷ | ᠨᠡᠮᠡᠭᠳᠡᠪᠡ᠃ ᠬᠢᠯᠢ ᠳᠠᠭᠠᠤ ᠠᠵᠦ ᠠᠬᠤᠢ ᠶᠢᠨ ᠪᠦᠰᠡ ᠶᠢ ᠪᠤᠢ ᠪᠤᠯᠭᠠᠵᠦ᠂ ᠲᠤᠮᠳᠠᠳᠦ ᠤᠷᠤᠰ ᠮᠤᠩᠭᠤᠯ ᠬᠦᠷᠰᠢ | ᠵᠡᠷᠭᠡᠯᠡᠳᠡᠭᠡ ᠭᠠᠵᠠᠷ ᠤᠷᠤᠨ ᠤ ᠳᠠᠸᠠᠷ ᠤᠨ ᠲᠡᠯᠭᠡᠨ ᠪᠤᠷᠤᠯᠠᠭᠤᠯᠭ᠎ᠠ ᠪᠤᠯᠤᠨ ᠠᠵᠦ ᠠᠬᠤᠢ ᠠᠷᠠᠯᠵᠢᠶ᠎ᠠ ᠶᠢᠨ | ᠬᠡᠯᠡᠯᠴᠡᠭᠡᠷ ᠲᠤ ᠢᠳᠡᠪᠬᠢᠳᠠᠢ ᠤᠷᠤᠯᠴᠠᠵᠦ᠂ ︽ᠠᠷᠤᠬᠠᠰᠢᠶᠠᠳᠦ ᠪᠤᠭᠤᠮᠳᠠ ᠶᠢᠨ ᠬᠢᠯᠢ ᠶᠢᠨ ᠠᠵᠦ ᠠᠬᠤᠢ ᠶᠢᠨ | ᠬᠠᠮᠳᠤᠷᠠᠯᠴᠠᠭᠠᠨ ᠤ ᠤᠷᠤᠨ ᠤ ᠶᠡᠷᠦᠩᠬᠡᠢ ᠲᠦᠯᠦᠪᠵᠢᠬᠦᠯᠭᠡ ︵2013 — 2030︶︾ ᠶᠢ ᠨᠠᠶᠢᠷᠠᠭᠤᠯᠤᠨ | ᠲᠠᠭᠤᠰᠬᠠᠵᠦ᠂ ᠪᠤᠭᠤᠮᠳᠠ ᠶᠢᠨ ᠰᠠᠭᠤᠷᠢ ᠲᠦᠬᠦᠭᠡᠷᠦᠮᠵᠢ ᠶᠢᠨ ᠪᠦᠲᠦᠭᠡᠨ ᠪᠠᠶᠢᠭᠤᠯᠤᠯᠳᠠ ᠶᠢ ᠲᠦᠷᠭᠡᠳᠭᠡᠵᠦ᠂ | ᠪᠤᠭᠤᠮᠳᠠ ᠪᠠᠷ ᠤᠷᠤᠭᠤᠯᠵᠦ ᠭᠠᠷᠭᠠᠬᠤ ᠡᠳ᠋ ᠪᠠᠷᠠᠭ᠎ᠠ ᠶᠢ ᠪᠤᠭᠤᠮᠳᠠ ᠳᠤ ᠮᠡᠳᠡᠬᠦᠯᠦᠨ ᠪᠠᠶᠢᠴᠠᠭᠠᠯᠭᠠᠬᠤ ᠲᠢᠩᠬᠢᠮ᠂ | ᠬᠢᠯᠢ ᠪᠠᠷ ᠤᠷᠤᠵᠦ ᠭᠠᠷᠬᠤ ᠶᠢ ᠪᠠᠶᠢᠴᠠᠭᠠᠬᠤ ᠪᠤᠭᠤᠮᠳᠠ ᠨᠡᠪᠲᠡᠷᠡᠬᠦ ᠠᠰᠠᠷ ᠤᠨ ᠪᠦᠲᠦᠭᠡᠨ ᠪᠠᠶᠢᠭᠤᠯᠤᠯᠳᠠ ᠶᠢᠨ | ᠲᠦᠷᠦᠯ ᠵᠦᠢᠯ ᠢ ᠭᠡᠷᠡᠭᠵᠢᠬᠦᠯᠪᠡ᠃ ᠲᠠᠪᠤᠨ ᠵᠢᠯ ᠤᠨ ᠬᠤᠭᠤᠴᠠᠭᠠᠨ ᠳᠤ᠂ ᠪᠤᠭᠤᠮᠳᠠ ᠪᠠᠷ ᠤᠷᠤᠭᠤᠯᠵᠦ | ᠭᠠᠷᠭᠠᠭᠰᠠᠨ ᠡᠳ᠋ ᠪᠠᠷᠠᠭᠠᠨ ᠤ ᠬᠡᠮᠵᠢᠶ᠎ᠡ 64.8 ᠲᠦᠮᠡᠨ ᠲᠤᠨ ᠳᠤ ᠬᠦᠷᠴᠦ᠂ ᠠᠷᠠᠯᠵᠢᠶᠠᠯᠠᠭᠰᠠᠨ ᠲᠤᠭ᠎ᠠ 4.1 | ᠳ᠋ᠦᠩᠰᠢᠭᠤᠷ ᠳ᠋ᠤᠯᠯᠠᠷ ᠪᠤᠯᠪᠠ᠃ | ︵ᠲᠠᠪᠤ︶ ᠬᠤᠳᠠ ᠬᠦᠳᠡᠭᠡ ᠶᠢᠨ ᠲᠦᠷᠢ ᠲᠦᠷᠬᠦ ᠴᠢᠨᠠᠭᠰᠢᠳᠠ ᠰᠠᠶᠢᠵᠢᠷᠠᠪᠠ᠃ ᠰᠠᠭᠤᠷᠢ | ᠲᠦᠬᠦᠭᠡᠷᠦᠮᠵᠢ ᠳᠠᠰᠤᠷᠠᠯᠳᠠ ᠦᠬᠡᠢ ᠳᠡᠬᠦᠯᠳᠡᠷᠵᠢᠪᠡ᠃ ᠲᠦᠯᠦᠪᠵᠢᠬᠦᠯᠬᠡ ᠪᠠᠷ ᠤᠳᠤᠷᠢᠳᠤᠮᠵᠢ ᠪᠤᠯᠭᠠᠵᠦ᠂ 9 | ᠵᠦᠢᠯ ᠤᠨ ᠬᠤᠳᠠ ᠶᠢᠨ ᠲᠦᠯᠦᠪᠵᠢᠬᠦᠯᠭᠡ ᠶᠢ ᠨᠠᠶᠢᠷᠠᠭᠤᠯᠤᠨ ᠳᠡᠬᠦᠯᠳᠡᠷᠵᠢᠬᠦᠯᠵᠦ᠂ ᠬᠤᠰᠢᠭᠤᠨ ᠤ ᠬᠡᠪᠴᠢᠶᠡᠨ | ᠳᠠᠬᠢ ᠶᠡᠷᠦᠩᠬᠡᠢ ᠲᠦᠯᠦᠪᠵᠢᠬᠦᠯᠬᠡ ᠶᠢᠨ ᠪᠦᠷᠬᠦᠴᠡ ᠶᠢᠨ ᠨᠤᠷᠮ᠎ᠠ 90% ᠳᠤ ᠬᠦᠷᠴᠦ᠂ ᠬᠢᠵᠠᠭᠠᠷᠯᠠᠬᠤ ᠴᠢᠨᠠᠷᠳᠠᠢ | ᠨᠠᠷᠢᠯᠢᠭ ᠲᠦᠯᠦᠪᠵᠢᠬᠦᠯᠭᠡ ᠶᠢᠨ ᠪᠦᠷᠬᠦᠴᠡ ᠶᠢᠨ ᠨᠤᠷᠮ᠎ᠠ 50% ᠳᠤ ᠬᠦᠷᠪᠡ᠃ ᠲᠠᠪᠤᠨ ᠵᠢᠯ ᠤᠨ ᠬᠤᠭᠤᠴᠠᠭᠠᠨ | ᠳᠤ᠂ 14.08 ᠳ᠋ᠦᠩᠰᠢᠭᠤᠷ ᠲᠦᠬᠦᠷᠢᠭ ᠤᠨ ᠪᠡᠯᠡ ᠤᠷᠤᠭᠤᠯᠵᠦ᠂ ᠬᠤᠳᠠ ᠶᠢᠨ ᠤᠰᠤ ᠢᠯᠴᠢ ᠪᠠ ᠴᠠᠬᠢᠯᠭᠠᠨ ᠤ | ᠬᠠᠩᠭᠠᠯᠭ᠎ᠠ ᠶᠢᠨ ᠪᠠᠳᠤᠯᠠᠭ᠎ᠠ ᠶᠢ ᠴᠢᠩᠭᠠᠳᠬᠠᠵᠦ᠂ ︽ᠨᠤᠭᠤᠭᠠᠷᠠᠭᠤᠯᠬᠤ᠂ ᠭᠡᠷᠡᠯᠳᠦᠬᠦᠯᠬᠦ᠂ ᠭᠤᠶᠤᠵᠢᠭᠤᠯᠬᠤ︾ | ᠢᠨᠵᠧᠨᠧᠷᠢᠩ ᠢ ᠭᠡᠷᠡᠭᠵᠢᠬᠦᠯᠵᠦ᠂ ᠤᠰᠤ ᠶᠢ ᠳᠠᠬᠢᠨᠳᠠ ᠴᠡᠪᠡᠷᠰᠢᠬᠦᠯᠦᠨ ᠠᠰᠢᠭᠯᠠᠬᠤ᠂ ᠭᠡᠷᠦᠯᠦᠨ ᠵᠡᠬᠡᠯᠢ ᠶᠢ ᠵᠠᠰᠠᠵᠦ | ᠦᠷᠭᠡᠳᠭᠡᠨ ᠪᠠᠶᠢᠭᠤᠯᠬᠤ᠂ ᠳᠤᠭᠠᠴᠢᠯᠠᠭᠰᠠᠨ ᠬᠤᠳᠠ ᠶᠢᠨ ᠬᠠᠮᠢᠶᠠᠷᠤᠯᠳᠠ᠂ ᠬᠤᠶᠠᠳᠤᠭᠠᠷ ᠦᠨᠳᠦᠰᠦᠳᠡᠨ ᠤ | ᠬᠡᠤᠬᠡᠳ ᠤᠨ ᠴᠡᠴᠡᠷᠯᠢᠭ ᠪᠠ ᠤᠰᠤ ᠬᠠᠩᠭᠠᠬᠤ ᠪᠡᠯᠡᠳᠭᠡᠯ ᠲᠦᠬᠦᠭᠡᠷᠦᠮᠵᠢ ᠶᠢ ᠵᠠᠰᠠᠵᠦ ᠦᠷᠭᠡᠳᠭᠡᠨ ᠪᠠᠶᠢᠭᠤᠯᠬᠤ᠂ | ᠪᠤᠵᠠᠷ ᠤᠰᠤ ᠶᠢ ᠰᠢᠢᠳᠪᠦᠷᠢᠯᠡᠬᠦ ᠦᠢᠯᠡᠳᠪᠦᠷᠢ ᠪᠤᠯᠤᠨ ᠬᠤᠭ ᠨᠤᠪᠰᠢ ᠶᠢ ᠰᠢᠢᠳᠪᠦᠷᠢᠯᠡᠬᠦ ᠳᠠᠯᠠᠪᠤᠷ ᠵᠡᠷᠭᠡ ᠠᠷᠠᠳ | ᠤᠨ ᠠᠮᠢᠳᠤᠷᠠᠯ ᠢ ᠰᠠᠶᠢᠵᠢᠷᠠᠭᠤᠯᠬᠤ ᠨᠡᠶᠢᠳᠡ ᠶᠢᠨ ᠠᠰᠠᠷᠠᠮᠵᠢ ᠶᠢᠨ ᠲᠦᠷᠦᠯ ᠵᠦᠢᠯ ᠤᠷᠢᠳ ᠬᠤᠵᠢᠳ ᠠᠰᠢᠭᠯᠠᠯᠳᠠ | ᠳᠤ ᠤᠷᠤᠪᠠ᠃ ᠵᠠᠮ ᠤᠨ ᠲᠤᠤᠷ ᠤᠨ ᠪᠤᠷᠤ ᠲᠦᠯᠦᠪ ᠢ ᠪᠡᠶᠠᠯᠢᠭᠵᠢᠭᠤᠯᠵᠦ᠂ 2.8 ᠳ᠋ᠦᠩᠰᠢᠭᠤᠷ ᠲᠦᠬᠦᠷᠢᠭ ᠤᠨ | ᠪᠡᠯᠡ ᠤᠷᠤᠭᠤᠯᠵᠦ᠂ 99.6 ᠺᠢᠯᠤᠮᠧᠲᠷ ᠲᠤᠰᠬᠤᠨ ᠪᠤᠯᠭᠠᠨ ᠳᠤ ᠨᠡᠪᠲᠡᠷᠡᠬᠦᠯᠬᠦ ᠵᠠᠰᠠᠮᠠᠯ ᠵᠠᠮ᠂ 29.2 | ᠺᠢᠯᠤᠮᠧᠲᠷ ᠲᠤᠰᠬᠠᠢ ᠭᠡᠷᠡᠭᠯᠡᠬᠦ ᠵᠠᠰᠠᠮᠠᠯ ᠵᠠᠮ ᠢ ᠪᠡᠶᠡᠯᠡᠬᠦᠯᠵᠦ᠂ 68.2 ᠺᠢᠯᠤᠮᠧᠲᠷ ᠵᠠᠰᠠᠭ ᠵᠠᠬᠢᠷᠭᠠᠨ ᠤ ᠲᠤᠰᠬᠤᠨ | ᠤ ᠵᠡᠬᠡᠯᠢ ᠭᠤᠳᠤᠮᠵᠢ ᠶᠢᠨ ᠵᠠᠮ ᠢ ᠱᠦᠢᠨᠢᠳᠡᠪᠡ᠃ ᠨᠡᠶᠢᠳᠡᠮ ᠭᠡᠷᠡᠭᠯᠡᠬᠦ ᠨᠢᠰᠭᠡᠯ ᠤᠨ ᠪᠠᠭᠤᠳᠠᠯ᠂ ᠮᠠᠨᠵᠤᠤᠷ — | ᠠᠯᠳ᠋ᠬᠠᠮᠡᠭᠡᠯ — ᠠᠮᠤᠭᠤᠯᠠᠩ ᠬᠦᠷᠬᠦ ᠨᠢᠭᠡᠳᠦᠭᠡᠷ ᠲᠡᠰ ᠤᠨ ᠵᠠᠰᠠᠮᠠᠯ ᠵᠠᠮ ᠵᠡᠷᠭᠡ ᠲᠦᠷᠦᠯ ᠵᠦᠢᠯ ᠢ ᠡᠬᠢᠯᠡᠨ | ᠭᠡᠷᠡᠭᠵᠢᠬᠦᠯᠵᠦ᠂ ᠵᠠᠮ ᠬᠠᠷᠢᠯᠴᠠᠭᠠᠨ ᠤ ᠶᠡᠷᠦᠩᠬᠡᠶᠢᠯᠡᠨ ᠠᠴᠢᠬᠤ ᠴᠢᠳᠠᠪᠦᠷᠢ ᠶᠢ ᠶᠡᠬᠡᠪᠡᠷ ᠲᠡᠭᠡᠭᠰᠢᠯᠡᠬᠦᠯᠪᠡ᠃ | ᠴᠠᠬᠢᠯᠭᠠᠨ ᠲᠤᠤᠷ ᠤᠨ ᠪᠦᠷᠢᠯᠳᠦᠴᠡ ᠶᠢ ᠳᠡᠬᠦᠯᠳᠡᠷᠵᠢᠬᠦᠯᠵᠦ᠂ 127.83 ᠺᠢᠯᠤᠮᠧᠲᠷ 110 ᠺᠢᠯᠤᠸᠠᠲ ᠤᠨ | ᠴᠠᠬᠢᠯᠭᠠᠨ ᠱᠤᠭᠤᠮ᠂ 103.22 ᠺᠢᠯᠤᠮᠧᠲᠷ 35 ᠺᠢᠯᠤᠸᠠᠲ ᠤᠨ ᠴᠠᠬᠢᠯᠭᠠᠨ ᠱᠤᠭᠤᠮ᠂ 255.98 ᠺᠢᠯᠤᠮᠧᠲᠷ | 10 ᠺᠢᠯᠤᠸᠠᠲ ᠤᠨ ᠴᠠᠬᠢᠯᠭᠠᠨ ᠱᠤᠭᠤᠮ᠂ 125.09 ᠺᠢᠯᠤᠮᠧᠲᠷ ᠲᠤᠤᠷ᠎ᠠ ᠳᠠᠷᠤᠯᠳᠠᠳᠦ ᠴᠠᠬᠢᠯᠭᠠᠨ ᠱᠤᠭᠤᠮ ᠢ | ᠰᠢᠨ᠎ᠡ ᠪᠠᠷ ᠪᠠᠶᠢᠭᠤᠯᠤᠭᠰᠠᠨ ᠪᠤᠶᠤ ᠵᠠᠰᠠᠵᠦ ᠰᠢᠨᠡᠳᠭᠡᠪᠡ᠃ ᠬᠤᠳᠠ ᠪᠠᠯᠭᠠᠰᠦ ᠤᠷᠤᠰᠢᠨ ᠰᠠᠭᠤᠬᠤ ᠳᠤ ᠨᠡᠩ | ᠳᠠᠭᠠᠯᠠᠮᠵᠢᠳᠠᠢ ᠪᠤᠯᠪᠠ᠃ 6.1 ᠳ᠋ᠦᠩᠰᠢᠭᠤᠷ ᠲᠦᠬᠦᠷᠢᠭ ᠤᠨ ᠪᠡᠯᠡ ᠤᠷᠤᠭᠤᠯᠵᠦ᠂ ᠪᠠᠳᠤᠯᠠᠭ᠎ᠠ ᠶᠢᠨ ᠴᠢᠨᠠᠷᠳᠠᠢ | ᠤᠷᠤᠨ ᠰᠠᠭᠤᠴᠠ ᠶᠢ 1492᠂ ᠮᠠᠯᠴᠢᠳ ᠤᠨ ᠬᠤᠳᠠ ᠤᠷᠤᠵᠦ ᠨᠤᠳᠤᠭᠰᠢᠨ ᠰᠠᠭᠤᠬᠤ ᠠᠰᠠᠷ ᠢ 404 | ᠪᠠᠶᠢᠭᠤᠯᠵᠦ᠂ 1347 ᠨᠤᠷᠠᠬᠤ ᠠᠶᠦᠯᠳᠠᠢ ᠭᠡᠷ ᠪᠠᠶᠢᠰᠢᠩ ᠢ ᠵᠠᠰᠠᠵᠦ ᠰᠢᠨᠡᠳᠭᠡᠪᠡ᠃ ᠤᠷᠴᠢᠨ ᠲᠤᠭᠤᠷᠢᠨ ᠤ | ᠠᠷᠢᠭᠤᠨ ᠴᠡᠪᠡᠷ ᠢ ᠶᠡᠷᠦᠩᠬᠡᠶᠢᠯᠡᠨ ᠵᠠᠰᠠᠬᠤ ᠠᠵᠢᠯ ᠢ ᠴᠢᠩᠭᠠᠳᠬᠠᠵᠦ᠂ ᠪᠠᠯᠭᠠᠰᠦᠨ ᠤ ᠲᠤᠭᠤᠷᠢᠭ ᠤᠨ ᠠᠮᠢᠳᠤᠷᠠᠯ | ᠤᠨ ᠬᠤᠭ ᠨᠤᠪᠰᠢ ᠶᠢ 1.4 ᠲᠦᠮᠡᠨ ᠲᠡᠷᠭᠡ ᠴᠡᠪᠡᠷᠯᠡᠨ ᠲᠡᠭᠡᠭᠡᠪᠦᠷᠢᠯᠡᠪᠡ᠃ ᠤᠢ ᠮᠤᠳᠦ ᠲᠠᠢ ᠬᠤᠳᠠ ᠪᠠᠶᠢᠭᠤᠯᠬᠤ | ᠪᠠᠷ ᠴᠢᠷᠮᠠᠶᠢᠵᠦ᠂ 1,591 ᠲᠦᠮᠡᠨ ᠲᠦᠬᠦᠷᠢᠭ ᠤᠨ ᠪᠡᠯᠡ ᠤᠷᠤᠭᠤᠯᠤᠨ᠂ 22 ᠲᠦᠮᠡᠨ ᠰᠠᠭᠤᠷᠢ ᠮᠤᠳᠦ᠂ 4. | 8 ᠲᠦᠮᠡᠨ ᠲᠡᠭᠰᠢ ᠲᠦᠷᠪᠡᠯᠵᠢᠨ ᠮᠧᠲᠷ ᠬᠤᠸᠠᠷ ᠡᠪᠡᠰᠦ ᠪᠤᠯᠤᠨ 2.8 ᠲᠦᠮᠡᠨ ᠲᠡᠭᠰᠢ ᠲᠦᠷᠪᠡᠯᠵᠢᠨ ᠮᠧᠲᠷ | ᠵᠦᠯᠭᠡ ᠡᠪᠡᠰᠦ ᠳᠠᠷᠢᠵᠦ ᠤᠷᠭᠤᠭᠤᠯᠪᠠ᠃ | ︵ᠵᠢᠷᠭᠤᠭ᠎ᠠ︶ ᠠᠮᠢ ᠠᠬᠤᠢ ᠶᠢᠨ ᠪᠦᠲᠦᠭᠡᠨ ᠪᠠᠶᠢᠭᠤᠯᠤᠯᠳᠠ ᠴᠢᠨᠠᠭᠰᠢᠳᠠ ᠴᠢᠩᠭᠠᠷᠠᠪᠠ᠃ ᠲᠠᠪᠤᠨ ᠵᠢᠯ | ᠤᠨ ᠬᠤᠭᠤᠴᠠᠭᠠᠨ ᠳᠤ᠂ ᠨᠤᠲᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠳᠠ ᠶᠢᠨ ᠱᠠᠩᠨᠠᠯ ᠨᠦᠬᠦᠪᠦᠷᠢ ᠶᠢᠨ | ᠪᠡᠯᠡ ᠮᠦᠩᠬᠦ ᠶᠢ 7.5 ᠳ᠋ᠦᠩᠰᠢᠭᠤᠷ ᠲᠦᠬᠦᠷᠢᠭ ᠤᠯᠵᠦ᠂ 3245.24 ᠲᠦᠮᠡᠨ ᠮᠦ ᠨᠤᠲᠤᠭ ᠪᠡᠯᠴᠢᠭᠡᠷ ᠤᠨ | ᠠᠮᠢ ᠠᠬᠤᠢ ᠶᠢᠨ ᠬᠠᠮᠠᠭᠠᠯᠠᠯᠳᠠ ᠶᠢᠨ ᠱᠠᠩᠨᠠᠯ ᠨᠦᠬᠦᠪᠦᠷᠢ ᠳᠠᠷᠬᠠᠭᠠᠬᠤ ᠶᠢ ᠪᠡᠶᠡᠯᠡᠬᠦᠯᠵᠦ᠂ 395 ᠲᠦᠮᠡᠨ ᠮᠦ | ᠨᠤᠲᠤᠭ ᠪᠡᠯᠴᠢᠭᠡᠷ ᠢ ᠰᠡᠷᠬᠦᠭᠡᠨ᠂ 385 ᠲᠦᠮᠡᠨ ᠮᠦ ᠨᠤᠲᠤᠭ ᠪᠡᠯᠴᠢᠭᠡᠷ ᠲᠤ ᠲᠤᠭᠤᠷᠢᠭ ᠬᠤᠪᠢᠶᠠᠨ ᠡᠬᠡᠯᠵᠢᠯᠡᠨ | ᠮᠠᠯᠵᠢᠵᠦ᠂ 195 ᠲᠦᠮᠡᠨ ᠮᠦ ᠡᠪᠡᠰᠦ ᠨᠦᠬᠦᠨ ᠳᠠᠷᠢᠵᠦ᠂ ᠬᠦᠮᠦᠨ ᠤ ᠬᠦᠴᠦ ᠪᠠᠷ 4.5 ᠲᠦᠮᠡᠨ ᠮᠦ ᠡᠪᠡᠰᠦ | ᠳᠠᠷᠢᠵᠦ᠂ 66 ᠲᠦᠮᠡᠨ ᠮᠦ ᠡᠯᠡᠰᠦᠷᠭᠡᠭ ᠭᠠᠵᠠᠷ ᠢ ᠵᠠᠰᠠᠨ ᠴᠡᠭᠴᠡᠯᠡᠪᠡ᠃ ᠠᠮᠢ ᠠᠬᠤᠢ ᠶᠢᠨ ᠬᠠᠮᠠᠭᠠᠯᠠᠯᠳᠠ ᠶᠢᠨ | ᠲᠤᠭᠳᠠᠴᠠ ᠶᠢ ᠳᠡᠬᠦᠯᠳᠡᠷᠵᠢᠬᠦᠯᠵᠦ᠂ ᠠᠭᠤᠷᠬᠠᠢ ᠶᠢᠨ ᠭᠠᠵᠠᠷ ᠰᠢᠨᠵᠢᠯᠡᠭᠡᠨ ᠤ ᠤᠷᠴᠢᠨ ᠲᠤᠭᠤᠷᠢᠨ ᠢ 230 | ᠡᠾᠧᠺᠲ᠋ᠠᠷ ᠵᠠᠰᠠᠨ ᠰᠠᠶᠢᠵᠢᠷᠠᠭᠤᠯᠪᠠ᠃ ᠮᠠᠯᠵᠢᠬᠤ ᠤᠷᠤᠨ ᠤ ᠠᠶᠦᠯᠬᠦᠢ ᠤᠰᠤ ᠤᠮᠳᠠ ᠶᠢᠨ ᠢᠨᠵᠧᠨᠧᠷᠢᠩ ᠢ | ᠭᠡᠷᠡᠭᠵᠢᠬᠦᠯᠵᠦ᠂ 12 ᠲᠦᠪᠯᠡᠷᠡᠬᠦᠯᠦᠨ ᠤᠰᠤ ᠬᠠᠩᠭᠠᠬᠤ ᠢᠨᠵᠧᠨᠧᠷᠢᠩ᠂ 236 ᠤᠰᠤ ᠬᠠᠩᠭᠠᠬᠤ ᠦᠨᠳᠦᠰᠦᠨ | ᠬᠤᠳᠳᠤᠭ ᠢ ᠰᠢᠨ᠎ᠡ ᠪᠠᠷ ᠪᠠᠶᠢᠭᠤᠯᠵᠦ᠂ ᠤᠰᠤ ᠰᠢᠢᠳᠪᠦᠷᠢᠯᠡᠬᠦ ᠲᠦᠬᠦᠭᠡᠷᠦᠮᠵᠢ ᠶᠢ 1058 ᠲᠠᠷᠬᠠᠭᠠᠵᠦ᠂ 2.1 | ᠲᠦᠮᠡᠨ ᠬᠦᠮᠦᠨ ᠤ ᠠᠶᠦᠯᠬᠦᠢ ᠤᠰᠤ ᠤᠮᠳᠠ ᠶᠢᠨ ᠠᠰᠠᠭᠤᠳᠠᠯ ᠢ ᠰᠢᠢᠳᠪᠦᠷᠢᠯᠡᠪᠡ᠃ ︽ᠲᠦᠷᠪᠡᠨ ᠵᠦᠢᠯ ᠤᠨ | ᠮᠢᠩᠭᠠᠨ ᠲᠦᠮᠡᠨ ᠮᠦ︾ ᠳᠡᠵᠢᠭᠡᠯ ᠡᠪᠡᠰᠦ ᠨᠡᠮᠡᠭᠳᠡᠬᠦᠯᠬᠦ ᠢᠨᠵᠧᠨᠧᠷᠢᠩ ᠢ ᠭᠡᠷᠡᠭᠵᠢᠬᠦᠯᠵᠦ᠂ ᠲᠡᠵᠢᠭᠡᠯ ᠡᠪᠡᠰᠦᠨ ᠤ | ᠤᠰᠤᠯᠠᠯᠳᠠ ᠶᠢᠨ ᠳᠠᠯᠠᠪᠠᠢ ᠰᠢᠨ᠎ᠡ ᠪᠠᠷ 1.06 ᠲᠦᠮᠡᠨ ᠮᠦ ᠨᠡᠮᠡᠭᠳᠡᠪᠡ᠃ ᠡᠨᠧᠷᠬᠢ ᠶᠢ ᠠᠷᠪᠢᠯᠠᠵᠦ ᠪᠤᠬᠢᠷᠳᠤᠯ ᠢ | ᠪᠠᠭᠠᠰᠬᠠᠬᠤ ᠶᠢ ᠲᠦᠯᠬᠢᠨ ᠠᠬᠢᠭᠤᠯᠵᠦ᠂ ᠭᠤᠤᠯᠳᠠᠯᠭ᠎ᠠ ᠲᠠᠢ ᠠᠵᠦ ᠦᠢᠯᠡᠳᠪᠦᠷᠢ ᠶᠢᠨ ᠡᠨᠧᠷᠬᠢ ᠶᠢ | ᠬᠤᠷᠤᠭᠳᠠᠭᠤᠯᠬᠤ ᠠᠵᠢᠯ ᠲᠦᠷᠦᠯ ᠤᠨ ᠬᠢᠨᠠᠨ ᠬᠠᠮᠢᠶᠠᠷᠤᠯᠳᠠ ᠶᠢ ᠴᠢᠩᠭᠠᠳᠬᠠᠵᠦ᠂ ᠭᠤᠤᠯ ᠪᠤᠯᠬᠤ ᠪᠤᠬᠢᠷᠳᠤᠯ ᠢ | ᠭᠠᠳᠠᠭᠰᠢᠯᠠᠭᠤᠯᠬᠤ ᠵᠢᠭᠠᠯᠳᠠ ᠲᠤᠭ᠎ᠠ ᠶᠢ ᠬᠢᠵᠠᠭᠠᠷᠯᠠᠵᠦ᠂ ᠲᠦᠮᠡᠨ ᠲᠦᠬᠦᠷᠢᠭ ᠳᠠᠬᠢ GDP ᠶᠢᠨ ᠡᠨᠧᠷᠬᠢ ᠶᠢᠨ | ᠶᠡᠷᠦᠩᠬᠡᠢ ᠬᠤᠷᠤᠭᠳᠠᠯ ᠵᠢᠯ ᠲᠤᠮᠳᠠᠴᠢ ᠪᠠᠷ 3.4% ᠪᠠᠷ ᠠᠯᠬᠤᠮ ᠠᠯᠬᠤᠮ ᠢᠶᠠᠷ ᠪᠠᠭᠠᠰᠪᠠ᠃ | ︵ᠲᠤᠯᠤᠭ᠎ᠠ︶ ᠠᠷᠠᠳ ᠤᠨ ᠠᠮᠢᠳᠤᠷᠠᠯ ᠴᠢᠨᠠᠭᠰᠢᠳᠠ ᠰᠠᠶᠢᠵᠢᠷᠠᠪᠠ᠃ ᠲᠠᠪᠤᠨ ᠵᠢᠯ ᠳᠤ ᠨᠡᠶᠢᠳᠡ 34.7 | ᠳ᠋ᠦᠩᠰᠢᠭᠤᠷ ᠲᠦᠬᠦᠷᠢᠭ ᠤᠨ ᠪᠡᠯᠡ ᠤᠷᠤᠭᠤᠯᠵᠦ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠳᠤ ᠭᠡᠷᠡᠭᠯᠡᠨ᠂ | ᠤᠯᠠᠨ ᠨᠡᠶᠢᠳᠡ ᠶᠢᠨ ᠡᠳ᠋ ᠤᠨ ᠵᠠᠰᠠᠭ ᠤᠨ ᠲᠦᠰᠦᠪ ᠤᠨ ᠵᠠᠷᠤᠯᠭ᠎ᠠ ᠶᠢᠨ 63.9% ᠶᠢ ᠡᠵᠡᠯᠡᠪᠡ᠃ ᠰᠤᠷᠭᠠᠨ | ᠬᠦᠮᠦᠵᠢᠯ ᠡᠷᠡᠬᠦᠯ ᠬᠠᠮᠠᠭᠠᠯᠠᠯ ᠪᠦᠬᠦ ᠳᠠᠯ᠎ᠠ ᠪᠠᠷ ᠳᠠᠪᠰᠢᠪᠡ᠃ ᠨᠡᠶᠢᠳᠡ 1.45 ᠳ᠋ᠦᠩᠰᠢᠭᠤᠷ ᠲᠦᠬᠦᠷᠢᠭ ᠤᠨ ᠪᠡᠯᠡ | ᠤᠷᠤᠭᠤᠯᠵᠦ᠂ 7 ᠬᠡᠤᠬᠡᠳ ᠤᠨ ᠴᠡᠴᠡᠷᠯᠢᠭ᠂ 2 ᠰᠤᠷᠭᠠᠭᠤᠯᠢ ᠶᠢᠨ ᠬᠤᠭᠤᠯᠠᠨ ᠭᠡᠷ᠂ 1 ᠪᠠᠷᠢᠮᠵᠢᠶᠠᠵᠢᠭᠰᠠᠨ | ᠭᠤᠮ ᠳᠠᠮᠢᠷ ᠤᠨ ᠳᠠᠯᠠᠪᠤᠷ᠂ 4 ᠬᠠᠯᠬᠠᠪᠴᠢᠳᠦ ᠳᠠᠮᠢᠷ ᠤᠨ ᠤᠷᠳᠤᠨ ᠢ ᠰᠢᠨ᠎ᠡ ᠪᠠᠷ ᠪᠠᠶᠢᠭᠤᠯᠤᠭᠰᠠᠨ ᠪᠤᠶᠤ | ᠦᠭᠡᠷᠡᠴᠢᠯᠡᠨ ᠦᠷᠭᠡᠳᠭᠡᠨ ᠪᠠᠶᠢᠭᠤᠯᠵᠦ᠂ ᠵᠢᠭᠠᠨ ᠰᠤᠷᠭᠠᠬᠤ ᠠᠰᠠᠷ ᠢ 1.08 ᠲᠦᠮᠡᠨ ᠲᠡᠭᠰᠢ ᠲᠦᠷᠪᠡᠯᠵᠢᠨ | ᠮᠧᠲᠷ ᠪᠠᠬᠢᠯᠡᠨ ᠵᠠᠰᠠᠪᠠ᠃ ᠠᠯᠪᠠᠨ ᠵᠢᠷᠤᠮ ᠤᠨ ᠰᠤᠷᠭᠠᠨ ᠬᠦᠮᠦᠵᠢᠯ ᠤᠨ ᠱᠠᠳᠤᠨ ᠳᠠᠬᠢ 4 ᠰᠤᠷᠭᠠᠭᠤᠯᠢ ᠤᠳᠤ | ᠦᠶ᠎ᠡ ᠶᠢᠨ ᠪᠠᠷᠢᠮᠵᠢᠶᠠᠵᠢᠭᠰᠠᠨ ᠰᠤᠷᠭᠠᠭᠤᠯᠢ ᠶᠢᠨ ᠰᠢᠯᠭᠠᠷᠠᠭᠤᠯᠤᠯᠳᠠ ᠶᠢ ᠦᠩᠭᠡᠷᠡᠬᠦᠯᠪᠡ᠃ ᠬᠤᠰᠢᠭᠤᠨ ᠤ ᠵᠠᠰᠠᠭ | ᠤᠨ ᠤᠷᠳᠤᠨ ᠪᠠᠭᠰᠢ ᠶᠢ ᠬᠦᠨᠳᠦᠳᠭᠡᠵᠦ ᠰᠤᠷᠭᠠᠨ ᠬᠦᠮᠦᠵᠢᠯ ᠢ ᠴᠢᠬᠤᠯᠠᠴᠢᠯᠠᠭᠰᠠᠨ ᠬᠠᠮᠤᠭ ᠤᠨ ᠦᠨᠳᠦᠷ ᠱᠠᠩᠨᠠᠯ | ᠪᠤᠯᠬᠤ ︽ᠴᠡᠴᠡᠷᠯᠢᠭᠴᠢ ᠶᠢᠨ ᠱᠠᠩᠨᠠᠯ︾ ᠢ ᠪᠦᠳᠦᠭᠡᠯᠴᠢ ᠪᠠᠷ ᠲᠤᠬᠢᠷᠠᠭᠤᠯᠵᠦ᠂ ᠤᠯᠤᠰ ᠤᠨ ᠠᠯᠪᠠᠨ ᠵᠢᠷᠤᠮ ᠤᠨ | ᠰᠤᠷᠭᠠᠨ ᠬᠦᠮᠦᠵᠢᠯ ᠢ ᠦᠨᠳᠦᠰᠦᠨ ᠳᠡᠭᠡᠨ ᠳᠡᠩᠴᠡᠬᠦᠷᠢᠳᠠᠢ ᠬᠦᠭᠵᠢᠬᠦᠯᠦᠭᠰᠡᠨ ᠬᠤᠰᠢᠭᠤ ᠰᠢᠶᠠᠨ ᠤ | ᠰᠢᠯᠭᠠᠷᠠᠭᠤᠯᠤᠯᠳᠠ ᠶᠢ ᠦᠪᠡᠷᠲᠡᠭᠡᠨ ᠵᠠᠰᠠᠬᠤ ᠤᠷᠤᠨ ᠤ ᠬᠡᠪᠴᠢᠶᠡᠨ ᠳᠤ ᠠᠩᠬᠠᠳᠠᠭᠴᠢ ᠤᠳᠠᠭ᠎ᠠ ᠬᠠᠮᠤᠭ ᠦᠨᠳᠦᠷ | ᠬᠤᠪᠢ ᠪᠠᠷ ᠤᠷᠤᠭᠰᠢᠳᠠᠢ ᠦᠩᠭᠡᠷᠡᠬᠦᠯᠪᠡ᠃ ᠬᠦᠨᠳᠦ ᠡᠪᠡᠳᠴᠢᠨ ᠪᠤᠯᠤᠨ ᠭᠡᠨᠡᠳᠳᠡ ᠶᠢᠨ ᠤᠯᠠᠨ ᠨᠡᠶᠢᠳᠡ ᠶᠢᠨ | ᠡᠷᠡᠬᠦᠯ ᠬᠠᠮᠠᠭᠠᠯᠠᠯ ᠤᠨ ᠭᠡᠷᠡᠭ ᠶᠠᠪᠤᠳᠠᠯ ᠢ ᠰᠡᠷᠭᠡᠶᠢᠯᠡᠨ ᠡᠵᠡᠮᠳᠡᠬᠦ ᠴᠢᠳᠠᠪᠦᠷᠢ ᠶᠢᠨ ᠪᠦᠲᠦᠭᠡᠨ ᠪᠠᠶᠢᠭᠤᠯᠤᠯᠳᠠ ᠶᠢ | ᠴᠢᠩᠭᠠᠳᠬᠠᠵᠦ᠂ ᠬᠤᠷᠰᠢᠭᠰᠠᠨ ᠡᠮ ᠡᠮᠨᠡᠯᠭᠡ ᠳᠤ ᠤᠷᠤᠯᠴᠠᠭᠰᠠᠨ ᠨᠤᠷᠮ᠎ᠠ 99% ᠠᠴᠠ ᠲᠡᠭᠡᠭᠰᠢ ᠳᠤ ᠬᠦᠷᠪᠡ᠃ | ᠡᠮ ᠡᠮᠨᠡᠯᠭᠡ ᠡᠷᠡᠬᠦᠯ ᠬᠠᠮᠠᠭᠠᠯᠠᠯ ᠤᠨ ᠪᠠᠶᠢᠭᠤᠯᠤᠮᠵᠢ ᠪᠤᠯᠤᠨ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ | ᠦᠭᠡᠷᠡᠴᠢᠯᠡᠯᠳᠡ ᠶᠢ ᠬᠦᠨᠵᠡᠭᠡᠶᠢᠷᠡᠬᠦᠯᠵᠦ᠂ ᠤᠯᠤᠰ ᠤᠨ ᠦᠨᠳᠦᠰᠦᠨ ᠡᠮ ᠤᠨ ᠲᠦᠷᠢᠮ ᠢ ᠪᠦᠬᠦ ᠳᠠᠯ᠎ᠠ ᠪᠠᠷ | ᠭᠡᠷᠡᠭᠵᠢᠬᠦᠯᠵᠦ᠂ ᠡᠮ ᠤᠨ ᠵᠦᠢᠯ ᠤᠨ ᠦᠨ᠎ᠡ ᠬᠠᠩᠰᠢ ᠲᠤᠮᠳᠠᠴᠢ ᠪᠠᠷ 15.8% ᠪᠠᠷ ᠪᠠᠭᠤᠷᠠᠪᠠ᠃ | ᠲᠦᠯᠦᠪᠯᠡᠭᠡᠳᠦ ᠦᠷᠡᠵᠢᠯ ᠤᠨ ᠦᠨᠳᠦᠰᠦᠨ ᠲᠦᠷᠦ ᠶᠢᠨ ᠪᠤᠳᠤᠯᠭ᠎ᠠ ᠶᠢ ᠲᠤᠤᠱᠯᠠᠭᠤᠯᠤᠨ ᠨᠠᠶᠢᠳᠠᠪᠦᠷᠢᠵᠢᠭᠤᠯᠵᠦ᠂ | ᠲᠦᠷᠦ ᠶᠢᠨ ᠪᠤᠳᠤᠯᠭ᠎ᠠ ᠳᠤ ᠨᠡᠶᠢᠴᠡᠭᠰᠡᠨ ᠦᠷᠡᠵᠢᠯ ᠤᠨ ᠨᠤᠷᠮ᠎ᠠ ᠳᠠᠪᠤᠨ ᠵᠢᠯ ᠳᠠᠷᠠᠭᠠᠯᠠᠨ 97% ᠠᠴᠠ ᠲᠡᠭᠡᠭᠰᠢ | ᠪᠠᠶᠢᠬᠤ ᠶᠢ ᠪᠠᠳᠤᠯᠠᠪᠠ᠃ ᠰᠤᠶᠤᠯ ᠳᠠᠮᠢᠷ ᠴᠡᠴᠡᠭᠯᠡᠨ ᠬᠦᠭᠵᠢᠪᠡ᠃ ᠭᠠᠵᠠᠷ ᠤᠨ ᠭᠠᠳᠠᠷᠭᠤ ᠶᠢᠨ ᠳᠤᠭᠠᠴᠢᠯᠠᠭᠰᠠᠨ | ᠲᠧᠯᠸᠢᠰ ᠤᠨ ᠢᠨᠵᠧᠨᠧᠷᠢᠩ ᠢ ᠭᠡᠷᠡᠭᠵᠢᠬᠦᠯᠵᠦ᠂ ᠬᠦᠯᠦᠨ ᠪᠤᠶᠢᠷ ᠵᠢᠴᠢ ᠲᠤᠰ ᠬᠤᠰᠢᠭᠤᠨ ᠤ ᠦᠪᠡᠷ ᠢᠶᠠᠨ | ᠵᠤᠬᠢᠶᠠᠭᠰᠠᠨ ᠲᠧᠯᠸᠢᠰ ᠫᠷᠤᠭ᠍ᠷᠠᠮ ᠢ ᠬᠦᠯᠢᠶᠡᠨ ᠠᠪᠴᠦ ᠦᠵᠡᠭᠰᠡᠨ ᠪᠦᠷᠬᠦᠴᠡ ᠶᠢᠨ ᠨᠤᠷᠮ᠎ᠠ 95% ᠠᠴᠠ | ᠲᠡᠭᠡᠭᠰᠢ ᠪᠠᠶᠢᠵᠦ᠂ ᠦᠪᠡᠷᠲᠡᠭᠡᠨ ᠵᠠᠰᠠᠬᠤ ᠤᠷᠤᠨ ᠤ ᠭᠠᠵᠠᠷ ᠤᠨ ᠭᠠᠳᠠᠷᠭᠤ ᠶᠢᠨ ᠳᠤᠭᠠᠴᠢᠯᠠᠭᠰᠠᠨ ᠲᠧᠯᠸᠢᠰ ᠢ | ᠬᠠᠮᠤᠭ ᠳᠡᠷᠢᠬᠦᠨ ᠳᠤ ᠨᠡᠪᠲᠡᠷᠡᠬᠦᠯᠦᠭᠰᠡᠨ ᠬᠤᠰᠢᠭᠤ ᠰᠢᠶᠠᠨ ᠪᠤᠯᠪᠠ᠃ ᠷᠠᠳᠢᠣ᠋ ᠲᠧᠯᠸᠢᠰ ᠢ ︽ᠡᠷᠦᠬᠡ ᠪᠤᠯᠭᠠᠨ ᠳᠤ | ᠨᠡᠪᠲᠡᠷᠡᠬᠦᠯᠬᠦ︾ ᠲᠦᠬᠦᠭᠡᠷᠦᠮᠵᠢ ᠶᠢ 1 ᠲᠦᠮᠨ ᠤᠭᠰᠠᠷᠠᠵᠦ᠂ ᠭᠠᠴᠠᠭᠠᠨ ᠤ ᠰᠤᠶᠤᠯ ᠤᠨ ᠠᠵᠢᠯᠯᠠᠭᠠᠨ ᠤ ᠭᠡᠷ ᠢ | 53 ᠪᠠᠶᠢᠭᠤᠯᠪᠠ᠃ ᠬᠠᠯᠬᠠᠪᠴᠢᠳᠦ ᠳᠠᠮᠢᠷ ᠤᠨ ᠤᠷᠳᠤᠨ᠂ ᠨᠠᠰᠤᠳᠠᠶᠢᠴᠦᠳ ᠤᠨ ᠭᠡᠷ ᠳᠤᠳᠤᠷᠠᠬᠢ ᠡᠭᠦᠳᠡᠨ | ᠪᠦᠮᠪᠦᠭᠡ ᠶᠢᠨ ᠳᠠᠯᠠᠪᠤᠷ᠂ ᠪᠠᠶᠢᠭᠤᠯᠭ᠎ᠠ ᠨᠢᠭᠡᠴᠡ ᠶᠢᠨ ᠠᠵᠢᠯᠳᠠᠳ ᠤᠨ ᠭᠡᠷ ᠵᠡᠷᠭᠡ ᠨᠢᠭᠡ ᠪᠦᠯᠦᠭ ᠪᠡᠶ᠎ᠡ ᠶᠢᠨ ᠳᠠᠮᠢᠷ | ᠤᠨ ᠳᠠᠯᠠᠪᠤᠷ ᠪᠠ ᠤᠷᠳᠤᠨ ᠢ ᠪᠠᠶᠢᠭᠤᠯᠤᠨ ᠠᠰᠢᠭᠯᠠᠯᠳᠠ ᠳᠤ ᠤᠷᠤᠭᠤᠯᠵᠦ᠂ ᠪᠦᠬᠦ ᠠᠷᠠᠳ ᠢᠶᠠᠷ ᠢᠶᠠᠨ ᠪᠡᠶ᠎ᠡ ᠪᠠᠨ | ᠴᠠᠬᠢᠷᠠᠭᠵᠢᠭᠤᠯᠬᠤ ᠪᠡᠶ᠎ᠡ ᠶᠢᠨ ᠳᠠᠮᠢᠷ ᠤᠨ ᠬᠦᠳᠡᠯᠭᠡᠭᠡᠨ ᠦᠷᠨᠢᠨ ᠬᠦᠭᠵᠢᠪᠡ᠃ ᠶᠠᠳᠠᠭᠤ ᠠᠴᠠ ᠠᠩᠬᠢᠵᠢᠷᠠᠭᠤᠯᠬᠤ | ᠪᠠᠬᠢᠯᠡᠯᠳᠡ ᠰᠢᠪᠳᠤᠯᠬᠤ ᠠᠵᠢᠯ ᠢᠯᠡᠳᠳᠡ ᠦᠷ᠎ᠡ ᠪᠦᠳᠦᠮᠵᠢ ᠤᠯᠪᠠ᠃ᠪᠦᠬᠦᠶᠢᠯᠡ ᠲᠤᠰᠬᠤᠨ ᠢᠶᠠᠷ ᠨᠢ ᠳᠦᠯᠬᠢᠨ | ᠠᠬᠢᠭᠤᠯᠬᠤ᠂ ︽ᠭᠤᠷᠪᠠ ᠶᠢ ᠲᠤᠰᠬᠤᠨ ᠪᠠ ᠡᠷᠦᠬᠡ ᠳᠤ ᠬᠦᠷᠭᠡᠬᠦ︾᠂ ᠠᠵᠦ ᠦᠢᠯᠡᠰᠵᠢᠯᠳᠠ ᠪᠠᠷ ᠶᠠᠳᠠᠭᠤ ᠶᠢ | ᠳᠡᠳᠬᠦᠬᠦ᠂ ᠠᠷᠠᠳ ᠢ ᠨᠡᠬᠦᠯᠭᠡᠬᠦ᠂ ︽ᠮᠦᠩᠬᠦᠨ ᠬᠦᠢᠯᠭᠡᠭᠡ︾ ᠵᠡᠷᠭᠡ ᠶᠠᠳᠠᠭᠤ ᠶᠢ ᠳᠡᠳᠬᠦᠬᠦ ᠢᠨᠵᠧᠨᠧᠷᠢᠩ ᠢ | ᠶᠡᠬᠡᠪᠡᠷ ᠭᠡᠷᠡᠭᠵᠢᠬᠦᠯᠵᠦ᠂ ᠲᠠᠪᠤᠨ ᠵᠢᠯ ᠳᠤ ᠨᠡᠶᠢᠳᠡ 720 ᠡᠷᠦᠬᠡ᠂ 2294 ᠬᠦᠮᠦᠨ ᠶᠠᠳᠠᠭᠤ ᠠᠴᠠ | ᠠᠩᠬᠢᠵᠢᠷᠠᠵᠦ᠂ ᠶᠠᠳᠠᠭᠤ ᠠᠴᠠ ᠠᠩᠬᠢᠵᠢᠷᠠᠭᠰᠠᠨ ᠨᠤᠷᠮ᠎ᠠ 30% ᠳᠤ ᠬᠦᠷᠪᠡ᠃ ᠨᠡᠶᠢᠬᠡᠮ ᠤᠨ ᠪᠠᠳᠤᠯᠠᠭ᠎ᠠ ᠶᠢᠨ | ᠪᠠᠷᠢᠮᠵᠢᠶ᠎ᠠ ᠶᠢ ᠲᠡᠭᠡᠭᠰᠢᠯᠡᠬᠦᠯᠵᠦ ᠬᠡᠪᠴᠢᠶ᠎ᠡ ᠶᠢ ᠦᠷᠭᠡᠳᠭᠡᠪᠡ᠃ ᠲᠠᠪᠤᠨ ᠵᠢᠯ ᠤᠨ ᠬᠤᠭᠤᠴᠠᠭᠠᠨ ᠳᠤ᠂ ᠬᠤᠳᠠ | ᠬᠦᠳᠡᠭᠡ ᠶᠢᠨ ᠨᠠᠭᠠᠳᠦ ᠵᠠᠬ᠎ᠠ ᠶᠢᠨ ᠠᠮᠢᠳᠤᠷᠠᠯ ᠤᠨ ᠪᠠᠳᠤᠯᠠᠭ᠎ᠠ ᠶᠢᠨ ᠨᠦᠬᠦᠪᠦᠷᠢ ᠶᠢᠨ ᠪᠠᠷᠢᠮᠵᠢᠶ᠎ᠠ 223.5 | ᠲᠦᠬᠦᠷᠢᠭ ᠪᠠ 156.8 ᠲᠦᠬᠦᠷᠢᠭ ᠪᠠᠶᠢᠭᠰᠠᠨ ᠠᠴᠠ ᠪᠠᠨ 474.1 ᠲᠦᠬᠦᠷᠢᠭ ᠪᠠ 273.9 ᠲᠦᠬᠦᠷᠢᠭ | ᠪᠤᠯᠵᠦ ᠨᠡᠮᠡᠭᠳᠡᠪᠡ᠃ ᠲᠠᠪᠤᠨ ᠪᠠᠳᠤᠯᠠᠭᠠᠳᠦ ᠡᠷᠦᠬᠡ ᠪᠤᠯᠤᠨ ᠭᠤᠷᠪᠠ ᠦᠬᠡᠢ ᠬᠦᠮᠦᠰ ᠢ ᠠᠰᠠᠷᠠᠨ ᠲᠡᠵᠢᠭᠡᠬᠦ | ᠪᠠᠷᠢᠮᠵᠢᠶ᠎ᠠ 470 ᠲᠦᠬᠦᠷᠢᠭ ᠪᠠᠶᠢᠭᠰᠠᠨ ᠠᠴᠠ ᠪᠠᠨ 600 ᠲᠦᠬᠦᠷᠢᠭ ᠪᠠ 672 ᠲᠦᠬᠦᠷᠢᠭ ᠪᠤᠯᠵᠦ ᠨᠡᠮᠡᠭᠳᠡᠪᠡ᠃ | ᠦᠨᠦᠴᠢᠨ ᠬᠡᠤᠬᠡᠳ ᠢ ᠠᠰᠠᠷᠠᠨ ᠳᠡᠵᠢᠭᠡᠬᠦ ᠪᠠᠷᠢᠮᠵᠢᠶ᠎ᠠ 800 ᠲᠦᠬᠦᠷᠢᠭ ᠪᠠᠶᠢᠭᠰᠠᠨ ᠠᠴᠠ ᠪᠠᠨ 1,120 | ᠲᠦᠬᠦᠷᠢᠭ ᠪᠤᠯᠤᠨ ᠨᠡᠮᠡᠭᠳᠡᠵᠦ᠂ ᠪᠦᠬᠦ ᠬᠤᠳᠠ ᠳᠤ ᠲᠡᠷᠢᠬᠦᠯᠡᠪᠡ᠃ ᠨᠡᠶᠢᠬᠡᠮ ᠤᠨ ᠠᠪᠤᠷᠠᠨ ᠲᠤᠰᠠᠯᠠᠬᠤ | ᠬᠠᠮᠢᠶᠠᠷᠤᠯᠳᠠ ᠶᠢᠨ ᠦᠢᠯᠡᠴᠢᠯᠡᠭᠡᠨ ᠤ ᠰᠢᠰᠲ᠋ᠧᠮ ᠢ ᠲᠡᠬᠦᠯᠳᠡᠷᠵᠢᠬᠦᠯᠵᠦ᠂ ᠨᠡᠶᠢᠬᠡᠮ ᠤᠨ ᠠᠪᠤᠷᠠᠨ ᠳᠤᠰᠠᠯᠠᠬᠤ | ᠡᠳᠡᠭᠡᠳ ᠤᠨ ᠭᠡᠷ ᠪᠦᠯᠢ ᠶᠢᠨ ᠠᠵᠦ ᠠᠬᠤᠢ ᠶᠢᠨ ᠪᠠᠶᠢᠳᠠᠯ ᠢ ᠬᠠᠷᠭᠤᠭᠤᠯᠵᠦ ᠦᠵᠡᠬᠦ ᠲᠤᠭᠳᠠᠴᠠ ᠶᠢ | ᠳᠡᠬᠦᠯᠳᠡᠷᠵᠢᠬᠦᠯᠪᠡ᠃ ᠬᠦᠯᠦᠨ ᠠᠶᠢᠯ ᠨᠡᠶᠢᠬᠡᠮ ᠳᠤᠭᠤᠷᠢᠭ ᠪᠦᠬᠦ ᠬᠤᠳᠠ ᠶᠢᠨ ᠮᠠᠯᠵᠢᠬᠤ ᠤᠷᠤᠨ ᠤ ᠮᠠᠶ᠋ᠢᠭ ᠤᠨ | ᠨᠡᠶᠢᠬᠡᠮ ᠲᠤᠭᠤᠷᠢᠭ ᠤᠨ ᠨᠡᠶᠢᠳᠡᠯᠢᠭ ᠵᠢᠱᠢᠶ᠎ᠡ ᠪᠤᠯᠪᠠ᠃ ᠬᠤᠶᠠᠷ ᠢ ᠬᠦᠷᠢᠶᠡᠯᠡᠬᠦ ᠠᠵᠢᠯ ᠢ ᠯᠠᠪᠳᠠᠭᠤᠨ ᠪᠠᠳᠤᠳᠠᠢ | ᠠᠬᠢᠭᠤᠯᠪᠠ᠃ ᠲᠠᠪᠤᠨ ᠵᠢᠯ ᠤᠨ ᠬᠤᠭᠤᠴᠠᠭᠠᠨ ᠳᠤ᠂ ᠬᠢᠯᠢ ᠶᠢᠨ ᠬᠠᠮᠠᠭᠠᠯᠠᠯᠳᠠ ᠶᠢᠨ ᠴᠡᠷᠢᠭ ᠠᠩᠬᠢ᠂ ᠬᠤᠰᠢᠭᠤᠨ | ᠳᠤ ᠰᠠᠭᠤᠭ᠎ᠠ ᠵᠡᠪᠰᠡᠭᠳᠦ ᠴᠠᠭᠳᠠᠭᠠᠨ ᠤ ᠴᠡᠷᠢᠭ ᠠᠩᠬᠢ ᠪᠤᠯᠤᠨ ᠬᠠᠷᠠᠭᠠᠯᠵᠠᠨ ᠲᠦᠪᠬᠢᠨᠡᠬᠦᠯᠬᠦ ᠡᠳᠡᠭᠡᠳ ᠲᠤ 88.3 | ᠲᠦᠮᠡᠨ ᠲᠦᠬᠦᠷᠢᠭ ᠤᠨ ᠲᠤᠬᠤᠨᠢᠭᠤᠯᠭ᠎ᠠ ᠶᠢᠨ ᠵᠤᠭᠤᠰ ᠪᠠ ᠪᠤᠳᠠᠰ ᠬᠦᠷᠭᠡᠨ ᠦᠭᠴᠦ᠂ ᠴᠡᠷᠢᠭ ᠠᠴᠠ ᠪᠠᠭᠤᠭᠰᠠᠳ | ᠤᠨ ᠭᠡᠷ ᠪᠦᠯᠢ ᠶᠢ ᠬᠠᠷᠠᠭᠠᠯᠵᠠᠨ ᠲᠦᠪᠬᠢᠨᠡᠬᠦᠯᠦᠭᠰᠡᠨ ᠵᠢᠴᠢ ᠴᠡᠷᠢᠭ ᠤᠨ ᠠᠯᠪᠠ ᠠᠴᠠ ᠪᠠᠭᠤᠭᠰᠠᠳ ᠲᠤ 935.1 | ᠲᠦᠮᠡᠨ ᠲᠦᠬᠦᠷᠢᠭ ᠤᠨ ᠠᠵᠦ ᠠᠬᠤᠢ ᠶᠢᠨ ᠨᠦᠬᠦᠪᠦᠷᠢ ᠮᠦᠩᠬᠦ ᠪᠠ 232.8 ᠲᠦᠮᠡᠨ ᠲᠦᠬᠦᠷᠢᠭ ᠤᠨ ᠠᠰᠠᠷᠠᠮᠵᠢ | ᠶᠢᠨ ᠮᠦᠩᠬᠦ ᠳᠠᠷᠬᠠᠭᠠᠨ ᠦᠭᠴᠦ᠂ 11 ᠨᠡᠷᠡᠰ ᠬᠠᠷᠠᠭᠠᠯᠵᠠᠨ ᠲᠦᠪᠬᠢᠨᠡᠬᠦᠯᠬᠦ ᠡᠳᠡᠭᠡᠳ ᠤᠨ 116.1 ᠲᠦᠮᠡᠨ | ᠲᠦᠬᠦᠷᠢᠭ ᠤᠨ ᠡᠮ ᠡᠮᠨᠡᠯᠭᠡ ᠶᠢᠨ ᠵᠠᠷᠤᠳᠠᠯ ᠰᠦᠢᠳᠭᠡᠯ ᠢ ᠳᠠᠩᠰᠠᠨ ᠠᠴᠠ ᠨᠢ ᠤᠰᠠᠳᠬᠠᠨ ᠦᠭᠴᠦ᠂ ᠨᠦᠬᠦᠴᠡᠯ | ᠳᠤ ᠲᠤᠬᠢᠷᠠᠭᠰᠠᠨ 40 ᠨᠡᠷᠡᠰ ᠴᠡᠷᠢᠭ ᠠᠴᠠ ᠪᠠᠭᠤᠭᠰᠠᠳ ᠤᠨ ᠴᠠᠯᠢᠩ ᠤᠯᠭᠤᠮᠵᠢ ᠶᠢ ᠠᠵᠢᠯ ᠦᠢᠯᠡᠰ ᠤᠨ | ᠨᠢᠭᠡᠴᠡ ᠶᠢᠨ ᠤᠷᠤᠨ ᠲᠤᠭ᠎ᠠ ᠪᠠᠷ ᠲᠤᠬᠤᠵᠦ ᠦᠭᠡᠷᠡᠴᠢᠯᠡᠵᠦ᠂ ᠰᠠᠷ᠎ᠠ ᠶᠢᠨ ᠴᠠᠯᠢᠩ ᠨᠢ 3,500 ᠲᠦᠬᠦᠷᠢᠭ | ᠪᠤᠯᠵᠦ ᠨᠡᠮᠡᠭᠳᠡᠪᠡ᠃ ᠮᠦᠩᠬᠦᠨ ᠬᠦᠢᠯᠭᠡᠭᠡᠨ ᠤ ᠦᠢᠯᠡᠰ ᠤᠷᠳᠦ ᠤᠳᠠᠭᠠᠨ ᠬᠦᠭᠵᠢᠯᠳᠡ ᠲᠠᠢ ᠪᠤᠯᠪᠠ᠃ ᠮᠦᠩᠬᠦᠨ | ᠬᠦᠢᠯᠭᠡᠭᠡᠨ ᠤ ᠠᠵᠦ ᠠᠬᠤᠶᠢᠯᠠᠯ ᠤᠨ ᠵᠢᠭᠡᠯᠡᠯᠭᠡ ᠶᠢᠨ ᠦᠯᠡᠳᠡᠪᠦᠷᠢ 7.3 ᠳ᠋ᠦᠩᠰᠢᠭᠤᠷ ᠲᠦᠬᠦᠷᠢᠭ ᠲᠤ ᠬᠦᠷᠴᠦ᠂ | 2010 ᠤᠨ ᠤ ᠬᠢ ᠠᠴᠠ 528.7% ᠪᠠᠷ ᠨᠡᠮᠡᠭᠳᠡᠵᠦ᠂ ᠬᠠᠳᠠᠭᠠᠯᠠᠮᠵᠢ ᠶᠢᠨ ᠶᠡᠷᠦᠩᠬᠡᠢ ᠲᠤᠭ᠎ᠠ 10.6 | ᠳ᠋ᠦ᠋ᠩᠰᠢᠭᠤᠷ ᠲᠦᠬᠦᠷᠢᠭ ᠲᠤ ᠬᠦᠷᠴᠦ᠂ 2010 ᠤᠨ ᠤ ᠬᠢ ᠠᠴᠠ 39% ᠪᠠᠷ ᠨᠡᠮᠡᠭᠳᠡᠪᠡ᠃ 1,000 | ᠲᠦᠮᠡᠨ ᠲᠦᠬᠦᠷᠢᠭ ᠤᠨ ᠪᠡᠯᠡ ᠮᠦᠩᠬᠦ ᠳᠠᠩᠰᠠᠯᠠᠭᠤᠯᠵᠦ᠂ ᠶᠢᠨ ᠠᠨ ᠪᠡᠯᠡ ᠤᠷᠤᠭᠤᠯᠬᠤ ᠪᠠᠳᠤᠯᠠᠪᠦᠷᠢ ᠶᠢᠨ | ᠬᠢᠵᠠᠭᠠᠷᠳᠦ ᠬᠠᠷᠢᠭᠤᠴᠠᠯᠭᠠᠳᠦ ᠺᠤᠮᠫᠠᠨᠢ ᠪᠠᠶᠢᠭᠤᠯᠵᠦ᠂ ᠲᠤᠮᠳᠠ ᠵᠢᠵᠢᠭ ᠠᠵᠦ ᠠᠬᠤᠶᠢᠯᠠᠯ ᠤᠨ ᠵᠢᠭᠡᠯᠡᠯᠭᠡ ᠠᠪᠬᠤ | ᠳᠤ ᠡᠭᠦᠳᠡᠨ ᠪᠤᠱᠤᠭ᠎ᠠ ᠦᠨᠳᠦᠷ᠂ ᠪᠡᠯᠡ ᠤᠷᠤᠭᠤᠯᠬᠤ ᠳᠤ ᠬᠦᠴᠢᠷ ᠲᠠᠢ ᠪᠠᠶᠢᠭᠰᠠᠨ ᠠᠰᠠᠭᠤᠳᠠᠯ ᠢ ᠪᠦᠳᠦᠮᠵᠢᠳᠡᠢ | ᠰᠢᠢᠳᠪᠦᠷᠢᠯᠡᠪᠡ᠃ ᠰᠤᠮᠤ ᠪᠠᠯᠭᠠᠰᠦ ᠶᠢᠨ ᠳᠠᠷᠢᠶᠠᠯᠠᠩ ᠳᠤ ᠳᠡᠮᠵᠢᠯᠭᠡ ᠦᠵᠡᠬᠦᠯᠬᠦ ᠮᠦᠩᠬᠦᠨ ᠬᠦᠢᠯᠭᠡᠭᠡᠨ ᠤ | ᠦᠢᠯᠡᠴᠢᠯᠡᠭᠡᠨ ᠤ ᠴᠡᠭ 57 ᠪᠤᠯᠵᠦ᠂ ᠪᠤᠶᠢᠳᠠ ᠪᠦᠭᠯᠡᠬᠦᠦ ᠭᠠᠵᠠᠷ ᠰᠠᠭᠤᠭ᠎ᠠ ᠤᠯᠠᠨ ᠲᠦᠮᠡᠨ ᠤ ᠮᠦᠩᠬᠦᠨ | ᠬᠦᠢᠯᠭᠡᠭᠡᠨ ᠤ ᠠᠵᠢᠯ ᠢ ᠬᠦᠢᠴᠡᠳᠭᠡᠬᠦ ᠳᠤ ᠬᠦᠴᠢᠷ ᠲᠠᠢ ᠪᠠᠶᠢᠭᠰᠠᠨ ᠠᠰᠠᠭᠤᠳᠠᠯ ᠢ ᠦᠨᠳᠦᠰᠦᠨ ᠠᠴᠠ ᠨᠢ | ᠰᠢᠢᠳᠪᠦᠷᠢᠯᠡᠪᠡ᠃ ᠨᠡᠶᠢᠬᠡᠮ ᠠᠮᠦᠷ ᠲᠤᠭᠳᠠᠭᠤᠨ᠃ ᠦᠨᠳᠦᠰᠦᠳᠡᠨ ᠤ ᠪᠦᠯᠬᠦᠮᠳᠡᠯ ᠳᠠᠪᠰᠢᠯᠳᠠ ᠶᠢ ᠯᠠᠪᠳᠠᠭᠤᠨ | ᠪᠠᠳᠤᠳᠠᠢ ᠠᠬᠢᠭᠤᠯᠵᠦ᠂ ᠵᠦᠷᠢᠴᠡᠯ ᠮᠦᠷᠬᠦᠯᠳᠦᠬᠡᠨ ᠢ ᠢᠳᠡᠪᠬᠢᠳᠠᠢ ᠨᠠᠮᠳᠠᠭᠤᠯᠵᠦ᠂ ᠴᠢᠬᠤᠯᠠ ᠪᠠᠶᠠᠷ ᠲᠤᠷᠠᠰᠬᠠᠯ ᠤᠨ | ᠡᠳᠦᠷ ᠤᠨ ᠠᠮᠦᠷ ᠲᠦᠪᠰᠢᠨ ᠢ ᠬᠠᠮᠠᠭᠠᠯᠠᠬᠤ ᠠᠵᠢᠯ ᠢ ᠠᠮᠵᠢᠯᠳᠠᠳᠠᠢ ᠪᠡᠶᠡᠯᠡᠬᠦᠯᠪᠡ᠃ ᠡᠯ᠎ᠡ ᠵᠦᠢᠯ ᠤᠨ ᠬᠠᠤᠯᠢ | ᠠᠴᠠ ᠵᠦᠷᠢᠴᠡᠭᠰᠡᠨ ᠶᠠᠯᠠᠳᠦ ᠠᠵᠢᠯᠯᠠᠭ᠎ᠠ ᠳᠤ ᠬᠦᠨᠳᠦ ᠴᠣᠬᠢᠯᠳᠠ ᠦᠭᠴᠦ᠂ ᠤᠨᠴᠠ ᠶᠡᠭᠡ ᠤᠯᠠᠨ ᠨᠡᠶᠢᠳᠡ ᠶᠢᠨ | ᠠᠮᠦᠷ ᠲᠦᠪᠰᠢᠨ ᠤ ᠭᠡᠷᠡᠭ᠂ ᠤᠯᠠᠨ ᠲᠦᠮᠡᠨᠴᠢ ᠴᠢᠨᠠᠷᠳᠠᠢ ᠭᠡᠷᠡᠭ ᠪᠤᠯᠤᠨ ᠭᠡᠨᠡᠳᠳᠡ ᠶᠢᠨ ᠭᠡᠷᠡᠭ ᠭᠠᠷᠤᠭᠰᠠᠨ | ᠦᠬᠡᠢ᠃ ︽ᠵᠢᠷᠭᠤᠳᠤᠭᠠᠷ ᠳᠠᠪᠤᠨ ᠵᠢᠯ ᠤᠨ ᠬᠠᠤᠯᠢ ᠲᠦᠭᠡᠮᠡᠯᠵᠢᠬᠦᠯᠬᠦ︾ ᠬᠠᠷᠠᠯᠳᠠ ᠡᠭᠦᠷᠭᠡ ᠶᠢ ᠪᠦᠬᠦ ᠳᠠᠯ᠎ᠠ ᠪᠠᠷ | ᠪᠡᠶᠡᠯᠡᠬᠦᠯᠵᠦ᠂ ᠡᠯ᠎ᠡ ᠱᠠᠳᠤᠨ ᠤ ︽ᠠᠷᠠᠳᠴᠢᠯᠠᠯ ᠬᠠᠤᠯᠢ ᠢᠶᠠᠷ ᠵᠠᠰᠠᠬᠤ ᠵᠢᠱᠢᠶ᠎ᠡ ᠦᠵᠡᠬᠦᠯᠬᠦ ᠭᠠᠴᠠᠭ᠎ᠠ ︵ᠨᠡᠶᠢᠭᠡᠮ | ᠳᠤᠭᠤᠷᠢᠭ︶︾ ᠶᠢ 49 ᠡᠭᠦᠳᠦᠨ ᠪᠠᠶᠢᠭᠤᠯᠪᠠ᠃ | ᠡᠭᠦᠨ ᠤ ᠬᠠᠮᠳᠦ᠂ ᠤᠯᠤᠰ ᠤᠨ ᠪᠠᠳᠤᠯᠠᠨ ᠬᠠᠮᠠᠭᠠᠯᠠᠯᠳᠠ ᠶᠢᠨ ᠳᠠᠶᠢᠴᠢᠯᠠᠯᠳᠠ᠂ ᠬᠢᠯᠢ ᠶᠢᠨ ᠬᠠᠮᠠᠭᠠᠯᠠᠯᠳᠠ | ᠶᠢᠨ ᠵᠡᠪᠰᠡᠭᠳᠦ ᠬᠦᠴᠦᠨ ᠤ ᠴᠠᠭᠳᠠᠭ᠎ᠠ᠂ ᠳᠤᠳᠤᠭᠠᠳᠦ ᠶᠢ ᠬᠠᠮᠠᠭᠠᠯᠠᠬᠤ ᠭᠠᠯ ᠤᠨᠳᠠᠷᠠᠭᠠᠬᠤ ᠪᠤᠯᠤᠨ ᠡᠷᠦᠬᠡ ᠶᠢᠨ | ᠴᠡᠷᠢᠭ ᠤᠨ ᠪᠡᠯᠡᠳᠭᠡᠯ ᠠᠯᠪᠠᠨ ᠤ ᠪᠦᠲᠦᠭᠡᠨ ᠪᠠᠶᠢᠭᠤᠯᠤᠯᠳᠠ ᠶᠢᠨ ᠠᠵᠢᠯ ᠰᠢᠨ᠎ᠡ ᠠᠮᠵᠢᠯᠳᠠ ᠤᠯᠪᠠ᠃ ᠠᠵᠢᠯᠴᠢᠨ | ᠤ ᠡᠪᠯᠡᠯ᠂ ᠡᠪ ᠬᠠᠮᠳᠦ ᠵᠠᠯᠠᠭᠤᠴᠤᠳ ᠤᠨ ᠡᠪᠯᠡᠯ᠂ ᠤᠯᠠᠭᠠᠨ ᠵᠠᠭᠠᠯᠮᠠᠶᠢᠳᠠᠨ ᠤ ᠨᠡᠶᠢᠬᠡᠮᠯᠢᠭ᠂ ᠡᠮᠡᠭᠳᠡᠶᠢᠴᠦᠳ | ᠬᠡᠤᠬᠡᠳ᠂ ᠨᠠᠰᠤᠳᠠᠶᠢᠴᠦᠳ᠂ ᠵᠡᠮᠳᠡᠭᠴᠦᠳ ᠤᠨ ᠠᠵᠢᠯ ᠦᠢᠯᠡᠰ ᠪᠤᠯᠤᠨ ᠬᠤᠶᠢᠴᠢ ᠦᠶ᠎ᠡ ᠶᠢ ᠬᠠᠯᠠᠮᠵᠢᠯᠠᠬᠤ ᠵᠡᠷᠭᠡ | ᠠᠵᠢᠯ ᠰᠢᠨ᠎ᠡ ᠠᠬᠢᠯᠳᠠ ᠲᠠᠢ ᠪᠤᠯᠪᠠ᠃ ᠰᠢᠨᠵᠢᠯᠡᠭᠡ ᠮᠡᠷᠭᠡᠵᠢᠯ᠂ ᠬᠢᠨᠠᠨ ᠪᠤᠳᠤᠬᠤ᠂ ᠪᠤᠳᠠᠰ ᠤᠨ ᠦᠨ᠎ᠡ᠂ ᠭᠠᠵᠠᠷ | ᠬᠦᠳᠡᠯᠦᠯᠳᠡ᠂ ᠬᠠᠩᠭᠠᠨ ᠪᠤᠷᠤᠯᠠᠭᠤᠯᠭ᠎ᠠ᠂ ᠭᠠᠳᠠᠭᠠᠳᠦ ᠶᠠᠪᠤᠳᠠᠯ ᠬᠠᠷᠢᠶᠠᠳᠦ ᠶᠢᠨ ᠶᠠᠪᠤᠳᠠᠯ᠂ ᠳᠠᠩᠰᠠ ᠡᠪᠬᠡᠮᠡᠯ | ᠴᠠᠳᠢᠭ᠂ ᠦᠨᠳᠦᠰᠦᠳᠡᠨ ᠱᠠᠰᠢᠨ ᠰᠤᠷᠳᠠᠬᠤᠨ ᠵᠡᠷᠭᠡ ᠠᠵᠢᠯ ᠰᠢᠨ᠎ᠡ ᠦᠷ᠎ᠡ ᠪᠦᠳᠦᠮᠵᠢ ᠤᠯᠪᠠ᠃ ᠴᠠᠭ ᠠᠭᠤᠷ᠂ | ᠴᠢᠯᠠᠭᠤᠨ ᠲᠤᠰᠤ᠂ ᠳᠠᠮᠠᠬᠢᠨ ᠤ ᠦᠢᠯᠡᠰ᠂ ᠳᠠᠭᠠᠳᠬᠠᠯ᠂ ᠰᠢᠤᠳᠡᠨ ᠶᠠᠪᠤᠳᠠᠯ᠂ ᠴᠢᠮᠡᠭᠡ ᠨᠡᠪᠲᠡᠷᠡᠬᠦᠯᠭᠡ ᠵᠡᠷᠭᠡ | ᠰᠠᠯᠠᠭ᠎ᠠ ᠮᠦᠴᠢᠷ ᠮᠠᠨ ᠤ ᠬᠤᠰᠢᠭᠤᠨ ᠤ ᠠᠵᠦ ᠠᠬᠤᠢ ᠨᠡᠶᠢᠬᠡᠮ ᠤᠨ ᠬᠦᠭᠵᠢᠯᠳᠡ ᠳᠤ ᠰᠢᠨ᠎ᠡ ᠬᠤᠪᠢ ᠨᠡᠮᠡᠷᠢ | ᠦᠵᠡᠬᠦᠯᠪᠡ᠃ | ᠲᠦᠯᠦᠭᠡᠯᠡᠭᠴᠢᠳ ᠡ᠂ ᠦᠩᠭᠡᠷᠡᠭᠰᠡᠨ ᠲᠠᠪᠤᠨ ᠵᠢᠯ ᠳᠤ᠂ ᠮᠠᠨ ᠤ ᠬᠤᠰᠢᠭᠤ ᠤᠷᠢᠳ ᠬᠤᠵᠢᠳ ᠪᠦᠬᠦ | ᠤᠯᠤᠰ ᠤᠨ ᠠᠮᠢ ᠠᠬᠤᠢ ᠶᠢᠨ ᠪᠤᠯᠪᠠᠰᠤᠨ ᠤ ᠵᠢᠱᠢᠶ᠎ᠡ ᠦᠵᠡᠬᠦᠯᠬᠦ ᠢᠨᠵᠧᠨᠧᠷᠢᠩ ᠤᠨ ᠲᠤᠷᠰᠢᠯᠳᠠ ᠶᠢᠨ ᠴᠡᠭ᠂ | ᠪᠦᠬᠦ ᠤᠯᠤᠰ ᠤᠨ ᠠᠩᠬᠠᠳᠠᠭᠴᠢ ᠠᠮᠢᠳᠤ ᠪᠤᠳᠠᠰ ᠤᠨ ᠤᠯᠠᠨ ᠶᠠᠩᠵᠤᠳᠤ ᠴᠢᠨᠠᠷ ᠢ ᠬᠠᠮᠠᠭᠠᠯᠠᠬᠤ ᠪᠠ ᠶᠠᠳᠠᠭᠤ ᠶᠢ | ᠪᠠᠭᠠᠰᠬᠠᠬᠤ ᠵᠢᠱᠢᠶ᠎ᠡ ᠦᠵᠡᠬᠦᠯᠬᠦ ᠢᠨᠵᠧᠨᠧᠷᠢᠩ ᠤᠨ ᠲᠤᠷᠰᠢᠯᠳᠠ ᠶᠢᠨ ᠴᠡᠭ ᠤᠨ ᠭᠠᠴᠠᠭ᠎ᠠ᠂ ᠪᠦᠬᠦ ᠬᠤᠳᠠ ᠶᠢᠨ | ᠴᠤᠷ ᠤᠨ ᠭᠠᠭᠴᠠ ︽ᠪᠦᠬᠦ ᠤᠯᠤᠰ ᠤᠨ ᠬᠠᠤᠯᠢ ᠴᠠᠭᠠᠵᠠ ᠶᠢᠨ ᠵᠢᠱᠢᠶᠡᠴᠢ ᠦᠷᠳᠡᠭᠡ︾᠂ ᠲᠤᠭ᠎ᠠ ᠪᠦᠷᠢᠳᠭᠡᠯ | ᠤᠨ ᠦᠨᠳᠤᠰᠦᠨ ᠱᠠᠳᠤᠨ ᠤ ᠰᠠᠭᠤᠷᠢ ᠪᠦᠳᠦᠭᠡᠨ ᠪᠠᠶᠢᠭᠤᠯᠤᠯᠳᠠ ᠶᠢᠨ ︽ᠲᠠᠪᠤᠨ ᠤᠳᠤᠨ ᠲᠡᠰ︾ ᠤᠨ ᠪᠠᠷᠢᠮᠵᠢᠶ᠎ᠠ | ᠶᠢ ᠪᠦᠬᠦ ᠬᠤᠳᠠ ᠳᠤ ᠲᠡᠷᠢᠬᠦᠯᠡᠨ ᠪᠡᠶᠡᠯᠡᠬᠦᠯᠦᠭᠰᠡᠨ ᠬᠤᠰᠢᠭᠤ ᠰᠢᠶᠠᠨ ᠵᠡᠷᠭᠡ ᠢᠷᠠᠭᠤ ᠠᠯᠳᠠᠷ ᠢᠶᠠᠷ ᠴᠤᠯᠠᠯᠠᠭᠳᠠᠪᠠ᠃ | ᠡᠳᠡᠭᠡᠷ ᠢᠷᠠᠭᠤ ᠠᠯᠳᠠᠷ ᠨᠢ ᠬᠤᠳᠠ ᠶᠢᠨ ᠨᠠᠮ ᠤᠨ ᠬᠤᠷᠢᠶ᠎ᠠ᠂ ᠵᠠᠰᠠᠭ ᠤᠨ ᠤᠷᠳᠤᠨ ᠪᠤᠯᠤᠨ ᠬᠤᠰᠢᠭᠤᠨ ᠤ ᠨᠠᠮ | ᠤᠨ ᠬᠤᠷᠢᠶ᠎ᠠ ᠶᠢᠨ ᠵᠦᠪ ᠤᠨᠤᠪᠴᠢᠳᠠᠢ ᠤᠳᠤᠷᠢᠳᠤᠭᠰᠠᠨ ᠤ ᠦᠷ᠎ᠡ ᠳ᠋ᠦᠩ᠂ ᠬᠤᠰᠢᠭᠤᠨ ᠤ ᠠᠷᠠᠳ ᠤᠨ | ᠲᠦᠯᠦᠭᠡᠯᠡᠭᠴᠢᠳ ᠤᠨ ᠶᠡᠭᠡ ᠬᠤᠷᠠᠯ᠂ ᠤᠯᠤᠰ ᠲᠦᠷᠦ ᠶᠢᠨ ᠵᠦᠪᠯᠡᠯᠭᠡᠨ ᠤ ᠬᠢᠨᠠᠯᠳᠠ ᠳᠠᠯᠪᠢᠨ ᠳᠡᠮᠵᠢᠭᠰᠡᠨ ᠤ | ᠦᠷ᠎ᠡ ᠳ᠋ᠦᠩ᠂ ᠨᠡᠩ ᠴᠤ ᠪᠦᠬᠦ ᠬᠤᠰᠢᠭᠤᠨ ᠤ ᠠᠷᠠᠳ ᠲᠦᠮᠡᠨ ᠤ ᠰᠡᠳᠬᠢᠯ ᠨᠢᠭᠡᠳᠤᠨ ᠬᠦᠴᠦ ᠪᠠᠨ | ᠬᠠᠮᠳᠤᠳᠬᠠᠵᠤ᠂ ᠡᠷᠡᠯᠭᠡᠭᠯᠡᠨ ᠲᠡᠮᠡᠴᠡᠭᠰᠡᠨ ᠤ ᠦᠷ᠎ᠡ ᠳ᠋ᠦᠩ ᠪᠤᠯᠤᠨ᠎ᠠ᠃ ᠲᠠᠪᠤᠨ ᠵᠢᠯ ᠤᠨ ᠲᠤᠷᠰᠢ᠂ ᠬᠤᠷᠸ᠎ᠠ | ᠪᠠᠶᠢᠳᠠᠯ ᠨᠠᠷᠢᠨ ᠪᠤᠳᠤᠯᠢᠶᠠᠨᠳᠠᠢ᠂ ᠬᠦᠴᠢᠷ ᠪᠡᠷᠭᠡ ᠲᠠᠰᠤᠷᠠᠯᠳᠠ ᠦᠭᠡᠢ ᠨᠡᠮᠡᠭᠳᠡᠭᠰᠡᠨ ᠪᠠᠶᠢᠳᠠᠯ ᠲᠤᠤᠷ᠎ᠠ᠂ ᠪᠢᠳᠡ | ᠦᠭᠡᠷᠡᠴᠢᠯᠡᠯᠳᠡ᠂ ᠬᠦᠭᠵᠢᠯᠳᠡ ᠪᠠ ᠲᠤᠭᠳᠠᠭᠤᠨ ᠤ ᠶᠡᠷᠤᠩᠭᠡᠢ ᠬᠠᠷᠠᠯᠳᠠ ᠶᠢ ᠨᠡᠯᠢᠶᠡᠳ ᠰᠠᠶᠢᠨ ᠪᠠᠶᠠᠯᠡᠬᠦᠯᠦᠭᠰᠡᠨ | ᠢᠶᠠᠷ ᠪᠠᠷᠠᠬᠤ ᠦᠭᠡᠢ ᠨᠠᠷᠢᠨ ᠪᠤᠳᠤᠯᠢᠶᠠᠨᠳᠠᠢ ᠤᠷᠴᠢᠨ ᠲᠤᠭᠤᠷᠢᠨ ᠳᠤ ᠬᠦᠭᠵᠢᠯᠳᠡ ᠶᠢ ᠲᠠᠶᠢᠴᠢᠯᠠᠬᠤ ᠴᠢᠳᠡᠪᠬᠢ ᠶᠢ | ᠨᠡᠩ ᠴᠢᠩᠭᠠᠳᠬᠠᠨ᠂ ᠰᠢᠨ᠎ᠡ ᠶᠢ ᠡᠭᠦᠳᠬᠦ ᠰᠡᠳᠬᠢᠴᠡ ᠶᠢᠨ ᠲᠤᠮᠳᠠ ᠬᠦᠴᠢᠷᠳᠡᠯ ᠢ ᠰᠢᠢᠳᠪᠦᠷᠢᠯᠡᠬᠦ ᠲᠤᠷᠰᠢᠯᠭ᠎ᠠ ᠶᠢ | ᠬᠤᠷᠠᠮᠳᠤᠭᠤᠯᠵᠤ᠂ ︽ᠠᠷᠪᠠᠨ ᠭᠤᠷᠪᠠᠳᠤᠭᠠᠷ ᠲᠠᠪᠤᠨ ᠵᠢᠯ︾ ᠤᠨ ᠠᠵᠢᠯ ᠢ ᠰᠠᠶᠢᠳᠤᠷ ᠬᠢᠬᠦ ᠳᠤ ᠪᠠᠳᠤ ᠪᠠᠬᠢ | ᠰᠠᠭᠤᠷᠢ ᠲᠠᠯᠪᠢᠵᠤ ᠦᠭᠪᠡ᠃ ᠡᠬᠦᠨ ᠳᠤ᠂ ᠪᠢ ᠬᠤᠰᠢᠭᠤᠨ ᠤ ᠵᠠᠰᠠᠭ ᠤᠨ ᠤᠷᠳᠤᠨ ᠢ ᠲᠦᠯᠦᠭᠡᠯᠡᠨ᠂ ᠰᠢᠨ᠎ᠡ | ᠪᠠᠷᠭᠤ ᠪᠠᠷᠠᠭᠤᠨ ᠬᠤᠰᠢᠭᠤᠨ ᠤ ᠭᠦᠭᠵᠢᠯᠳᠡ ᠶᠢ ᠬᠠᠯᠠᠮᠵᠢᠯᠠᠨ ᠳᠡᠮᠵᠢᠭᠰᠡᠨ ᠨᠡᠶᠢᠭᠡᠮ ᠤᠨ ᠡᠯ᠎ᠡ ᠡᠳᠡᠭᠡᠳ ᠲᠤ ᠴᠢᠩ | ᠰᠡᠳᠬᠢᠯ ᠤᠨ ᠲᠠᠯᠠᠷᠬᠠᠯ ᠪᠤᠯᠤᠨ ᠡᠷᠬᠢᠮ ᠲᠡᠭᠡᠳᠤ ᠮᠡᠨᠳᠤᠴᠢᠯᠡᠯ ᠢᠶᠠᠨ ᠲᠡᠪᠰᠢᠬᠦᠯᠦᠶ᠎ᠡ︕ | ︽ᠠᠷᠪᠠᠨ ᠬᠤᠶᠠᠳᠤᠭᠠᠷ ᠲᠠᠪᠤᠨ ᠵᠢᠯ︾ ᠤᠨ ᠦᠩᠭᠡᠷᠡᠯᠳᠡ ᠶᠢ ᠡᠷᠬᠢᠴᠡᠬᠦᠯᠪᠡᠯ᠂ ᠪᠦᠬᠦ ᠬᠤᠰᠢᠭᠤᠨ ᠤ | ᠠᠵᠤ ᠠᠬᠤᠢ ᠨᠡᠶᠢᠭᠡᠮ ᠤᠨ ᠬᠦᠭᠵᠢᠯᠳᠡ ᠳᠤ ᠪᠠᠰᠠ ᠴᠦᠭᠡᠨ ᠪᠤᠰᠤ ᠭᠦᠴᠢᠷᠳᠡᠯ ᠪᠠ ᠠᠰᠠᠭᠤᠳᠠᠯ ᠤᠷᠤᠰᠢᠵᠤ | ᠪᠠᠶᠢᠭ᠎ᠠ ᠶᠢ ᠪᠢᠳᠡ ᠰᠡᠷᠭᠡᠭ ᠢᠶᠠᠷ ᠲᠠᠨᠢᠵᠤ ᠤᠯᠤᠭᠰᠠᠨ ᠪᠠᠶᠢᠨ᠎ᠠ᠂ ᠡᠨᠡ ᠨᠢ ᠭᠤᠤᠯᠳᠠᠭᠤ᠄ ᠠᠵᠤ ᠠᠬᠤᠢ ᠶᠢᠨ | ᠰᠢᠨ᠎ᠡ ᠭᠡᠪ ᠪᠠᠶᠢᠳᠠᠯ ᠲᠤᠤᠷ᠎ᠠ᠂ ᠪᠦᠬᠦᠯᠢ ᠴᠤᠭᠴᠠ ᠶᠢᠨ ᠪᠤᠳᠠᠳᠤ ᠬᠦᠴᠦᠨ ᠵᠢᠭᠠᠬᠠᠨ ᠠᠨᠠᠢ᠂ ᠶᠡᠷᠤᠩᠭᠡᠢ ᠭᠡᠮᠵᠢᠶ᠎ᠡ | ᠶᠡᠭᠡ ᠪᠢᠰᠢ᠂ ᠴᠢᠨᠠᠷ ᠴᠢᠨᠰᠠᠭ᠎ᠠ ᠰᠢᠯᠢᠳᠡᠭ ᠪᠤᠰᠤ᠂ ᠨᠦᠭᠡᠴᠡ ᠬᠦᠴᠦᠨ ᠭᠦᠢᠴᠡᠳ ᠦᠭᠡᠢ᠂ ᠭᠤᠷᠪᠠᠳᠤᠭᠠᠷ ᠠᠵᠤ | ᠦᠢᠯᠡᠰ ᠤᠨ ᠪᠦᠳᠦᠴᠡ ᠶᠢ ᠴᠢᠨᠠᠭᠰᠢᠳᠠ ᠰᠢᠯᠢᠳᠡᠭᠵᠢᠬᠦᠯᠬᠦ ᠴᠢᠬᠤᠯᠠᠳᠠᠢ᠃ ᠬᠤᠳᠠ ᠪᠠᠯᠭᠠᠰᠤᠵᠢᠯᠳᠠ ᠶᠢᠨ ᠬᠢᠷᠢ | ᠲᠦᠪᠰᠢᠨ ᠦᠨᠳᠤᠷ ᠪᠢᠰᠢ᠂ ᠬᠤᠳᠠ ᠬᠦᠳᠡᠭᠡ ᠶᠢᠨ ᠲᠦᠷᠢ ᠲᠦᠷᠬᠦ ᠶᠢᠨ ᠵᠦᠷᠢᠶ᠎ᠡ ᠶᠡᠭᠡ᠂ ᠬᠤᠳᠠ ᠬᠦᠳᠡᠭᠡ ᠶᠢᠨ | ᠵᠤᠬᠢᠴᠠᠩᠭᠤᠢ ᠬᠦᠭᠵᠢᠯᠳᠡ ᠶᠢ ᠴᠢᠨᠠᠭᠰᠢᠳᠠ ᠲᠦᠷᠭᠡᠳᠭᠡᠬᠦ ᠴᠢᠬᠤᠯᠠᠳᠠᠢ᠃ ᠨᠢᠬᠡ ᠪᠦᠯᠦᠭ ᠭᠦᠢᠴᠡᠳᠭᠡᠬᠦ ᠲᠤᠭᠠᠨ ᠤ | ᠨᠡᠮᠡᠭᠳᠡᠯ ᠤᠨ ᠬᠤᠷᠳᠤᠴᠠ ᠤᠳᠠᠭᠠᠰᠢᠷᠠᠵᠤ᠂ ᠡᠳ᠋ ᠤᠨ ᠵᠠᠰᠠᠭ ᠤᠨ ᠤᠷᠤᠯᠭ᠎ᠠ ᠵᠠᠷᠤᠯᠭ᠎ᠠ ᠶᠢᠨ ᠵᠦᠷᠢᠴᠡᠯ ᠶᠡᠬᠡᠰᠴᠦ᠂ | ᠤᠯᠠᠨ ᠨᠡᠶᠢᠳᠡ ᠶᠢᠨ ᠦᠢᠯᠡᠴᠢᠯᠡᠭᠡᠨ ᠤ ᠪᠠᠳᠤᠯᠠᠭ᠎ᠠ ᠶᠢᠨ ᠲᠠᠷᠤᠭᠠᠰᠤ ᠬᠦᠨᠳᠦᠷᠡᠪᠡ᠃ ᠬᠤᠳᠠ ᠭᠦᠳᠡᠭᠡ ᠶᠢᠨ | ᠰᠠᠭᠤᠭᠠᠯᠢ ᠠᠷᠠᠳ ᠤᠨ ᠤᠷᠤᠯᠭ᠎ᠠ ᠮᠦᠨᠴᠤ ᠲᠤᠤᠷ᠎ᠠ ᠪᠠᠶᠢᠵᠤ᠂ ᠴᠢᠨᠡᠭᠡᠯᠢᠭ ᠨᠡᠶᠢᠭᠡᠮ ᠢ ᠪᠦᠭᠦ ᠲᠠᠯ᠎ᠠ ᠪᠠᠷ ᠪᠦᠲᠦᠭᠡᠨ | ᠪᠠᠶᠢᠭᠤᠯᠬᠤ ᠳᠤ ᠡᠭᠦᠷᠭᠡ ᠬᠦᠨᠳᠤ ᠵᠠᠮ ᠬᠤᠯᠠ ᠪᠠᠶᠢᠭᠰᠠᠭᠠᠷ ᠵᠡᠷᠭᠡ ᠠᠰᠠᠭᠤᠳᠠᠯ ᠤᠷᠤᠰᠢᠵᠦ ᠪᠠᠶᠢᠨ᠎ᠠ᠃ ᠡᠭᠦᠨ ᠢ | ᠪᠢᠳᠡ ᠲᠡᠭᠡᠳᠤ ᠬᠡᠮᠵᠢᠶ᠎ᠡ ᠪᠠᠷ ᠴᠢᠬᠤᠯᠠᠴᠢᠯᠠᠵᠦ᠂ ᠪᠦᠳᠦᠮᠵᠢᠳᠡᠢ ᠠᠷᠭ᠎ᠠ ᠬᠡᠮᠵᠢᠶ᠎ᠡ ᠠᠪᠴᠤ᠂ ᠨᠠᠷᠢᠨ ᠬᠢᠨᠠᠮᠠᠭᠠᠢ | ᠰᠢᠢᠳᠪᠦᠷᠢᠯᠡᠨ᠎ᠡ᠃ — | | | | |