ᠭᠤᠷᠪᠠ᠂ ︽ᠠᠷᠪᠠᠨ ᠭᠤᠷᠪᠠᠳᠤᠭᠠᠷ ᠲᠠᠪᠤᠨ ᠵᠢᠯ︾ ᠤᠨ ᠪᠤᠳᠤᠯᠬᠢᠯᠠᠯ | ᠬᠤᠶᠢᠰᠢᠳᠠ ᠶᠢᠨ ᠲᠠᠪᠤᠨ ᠵᠢᠯ ᠪᠤᠯ ᠮᠠᠨ ᠤ ᠬᠤᠰᠢᠭᠤᠨ ᠤ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ | ᠪᠦᠲᠦᠭᠡᠨ ᠪᠠᠶᠢᠭᠤᠯᠬᠤ ᠰᠢᠢᠳᠪᠦᠷᠢᠳᠦ ᠴᠠᠭ ᠦᠶ᠎ᠡ᠂ ᠠᠵᠤ ᠦᠢᠯᠡᠳᠪᠦᠷᠢᠵᠢᠯᠳᠡ᠂ ᠬᠤᠳᠠ ᠪᠠᠯᠭᠠᠰᠤᠵᠢᠯᠳᠠ ᠪᠠ | ᠮᠠᠯ ᠠᠵᠦ ᠠᠬᠤᠢ ᠶᠢᠨ ᠬᠡᠯᠪᠡᠷᠢ ᠶᠢ ᠬᠤᠪᠢᠷᠠᠭᠤᠯᠤᠨ ᠳᠡᠰ ᠳᠡᠪᠰᠢᠬᠦᠯᠬᠦ ᠶᠢ ᠨᠡᠩ ᠦᠨᠳᠤᠷ ᠬᠢᠷᠢ ᠲᠦᠪᠰᠢᠨ ᠳᠤ | ᠬᠦᠷᠭᠡᠬᠦ ᠴᠠᠭ ᠦᠶ᠎ᠡ ᠪᠤᠯᠬᠤ ᠪᠦᠭᠡᠳ ᠪᠠᠰᠠᠴᠦ ᠠᠵᠤ ᠠᠬᠤᠢ ᠨᠡᠶᠢᠭᠡᠮ ᠤᠨ ᠭᠦᠭᠵᠢᠯᠳᠡ ᠶᠢᠨ ᠠᠷᠭ᠎ᠠ ᠮᠠᠶ᠋ᠢᠭ ᠢ | ᠬᠦᠨᠵᠡᠭᠡᠢ ᠦᠭᠡᠷᠡᠴᠢᠯᠡᠬᠦ ᠭᠡᠯᠪᠡᠷᠢ ᠶᠢᠨ ᠬᠤᠪᠢᠷᠠᠯᠳᠠ ᠶᠢᠨ ᠴᠠᠭ ᠦᠶ᠎ᠡ ᠪᠤᠯᠤᠨ᠎ᠠ᠃ ᠬᠤᠷᠸ᠎ᠠ ᠲᠠᠯ᠎ᠠ ᠠᠴᠠ ᠠᠪᠴᠤ | ᠦᠵᠡᠪᠡᠯ᠂ ᠪᠦᠬᠦ ᠤᠯᠤᠰ ᠤᠨ ᠬᠦᠭᠵᠢᠯᠳᠡ ᠶᠢᠨ ᠰᠡᠳᠭᠢᠴᠡ ᠳᠤ ᠶᠠᠭ ᠴᠢᠬᠤᠯᠠ ᠶᠡᠭᠡ ᠬᠤᠪᠢᠷᠠᠯᠳᠠ ᠭᠠᠷᠴᠤ᠂ | ᠦᠩᠭᠡᠷᠡᠭᠰᠡᠨ ᠤ ᠭᠡᠷᠡᠭᠴᠡᠭᠡ ᠶᠢ ᠴᠢᠬᠤᠯᠠᠴᠢᠯᠠᠵᠤ ᠡᠵᠡᠮᠰᠢᠨ ᠲᠤᠬᠢᠷᠠᠭᠤᠯᠬᠤ ᠶᠢ ᠭᠤᠤᠯᠴᠢᠯᠠᠵᠤ ᠪᠠᠶᠢᠭᠰᠠᠨ ᠠᠴᠠ | ᠬᠠᠩᠭᠠᠯᠭ᠎ᠠ ᠶᠢ ᠴᠢᠬᠤᠯᠠᠴᠢᠯᠠᠵᠤ ᠡᠵᠡᠮᠰᠢᠨ ᠲᠤᠬᠢᠷᠠᠭᠤᠯᠬᠤ ᠶᠢ ᠭᠤᠤᠯᠴᠢᠯᠠᠬᠤ ᠲᠡᠰᠢ ᠬᠤᠪᠢᠷᠠᠭᠤᠯᠵᠦ᠂ ︽ᠨᠢᠬᠡ | ᠪᠦᠰᠡ ᠨᠢᠭᠡ ᠵᠠᠮ︾᠂ ︽ᠤᠮᠠᠷᠠᠰᠢ ᠨᠡᠭᠡᠭᠡᠯᠳᠡ ᠬᠢᠬᠦ︾᠂ ︽ᠵᠡᠬᠦᠨ ᠬᠤᠶᠢᠳᠤ ᠤᠷᠤᠨ ᠵᠡᠷᠭᠡ ᠬᠠᠭᠤᠴᠢᠨ ᠠᠵᠤ | ᠦᠢᠯᠡᠳᠪᠦᠷᠢ ᠶᠢᠨ ᠰᠠᠭᠤᠷᠢᠨ ᠭᠠᠵᠠᠷ ᠢ ᠪᠦᠬᠦ ᠲᠠᠯ᠎ᠠ ᠪᠠᠷ ᠮᠠᠨᠳᠤᠭᠤᠯᠬᠤ︾᠂ ︽ᠬᠢᠯᠢ ᠲᠠᠭᠠᠤ ᠭᠤᠤᠯᠳᠠᠯᠭ᠎ᠠ ᠲᠠᠢ | ᠭᠠᠵᠠᠷ ᠤᠷᠤᠨ ᠤ ᠨᠡᠭᠡᠭᠡᠯᠳᠡ ᠶᠢ ᠲᠡᠮᠵᠢᠬᠦ ᠲᠦᠷᠦ ᠶᠢᠨ ᠪᠤᠳᠤᠯᠭ᠎ᠠ ᠠᠷᠭ᠎ᠠ ᠠᠪᠴᠠᠯ︾ ᠵᠡᠷᠭᠡ ᠭᠦᠭᠵᠢᠯᠳᠡ ᠶᠢᠨ | ᠪᠠᠶᠢᠯᠳᠤᠬᠤ ᠪᠤᠳᠤᠯᠭ᠎ᠠ ᠶᠢ ᠭᠡᠷᠡᠭᠵᠢᠬᠦᠯᠬᠦ ᠪᠠ ᠬᠠᠩᠭᠠᠯᠭ᠎ᠠ ᠶᠢ ᠴᠢᠬᠤᠯᠠᠴᠢᠯᠠᠬᠤ ᠪᠦᠳᠦᠴᠡ ᠶᠢᠨ ᠴᠢᠨᠠᠷᠳᠠᠢ | ᠦᠭᠡᠷᠡᠴᠢᠯᠡᠯᠳᠡ ᠶᠢ ᠭᠤᠤᠯᠴᠢᠯᠠᠬᠤ᠂ ᠪᠡᠯᠡ ᠨᠡᠶᠢᠯᠡᠬᠦᠯᠵᠦ ᠦᠪᠡᠷ ᠤᠨ ᠦᠷᠳᠡᠭ ᠢ ᠪᠠᠭᠤᠷᠠᠭᠤᠯᠬᠤ ᠵᠡᠷᠭᠡ ᠨᠡᠮᠡᠭᠳᠡᠯ | ᠢ ᠲᠤᠭᠳᠠᠭᠤᠨ ᠪᠠᠶᠢᠯᠭᠠᠬᠤ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠬᠤ ᠶᠢ ᠲᠠᠭᠠᠯᠳᠤᠨ᠂ ᠪᠢᠳᠡ ᠶᠡᠷᠤᠩᠭᠡᠢ | ᠳᠡᠭᠡᠨ ᠪᠠᠰᠠ ᠶᠡᠭᠡ ᠦᠢᠯᠡᠰ ᠪᠦᠳᠦᠭᠡᠬᠦ ᠪᠤᠯᠤᠮᠵᠢ ᠲᠠᠢ ᠴᠢᠬᠤᠯᠠ ᠪᠠᠶᠢᠯᠳᠤᠬᠤ ᠪᠤᠳᠤᠯᠭ᠎ᠠ ᠶᠢᠨ ᠠᠵᠠ ᠲᠤᠬᠢᠶᠠᠯᠳᠤ | ᠴᠠᠭ ᠦᠶ᠎ᠡ ᠳᠤ ᠪᠠᠶᠢᠨ᠎ᠠ᠃ ᠤᠷᠤᠨ ᠨᠤᠳᠤᠭ ᠤᠨ ᠳᠠᠯ᠎ᠠ ᠠᠴᠠ ᠠᠪᠴᠤ ᠬᠡᠯᠡᠪᠡᠯ᠂ ᠨᠤᠲᠤᠭ ᠪᠡᠯᠴᠢᠭᠡᠷ ᠤᠨ ᠠᠮᠢ | ᠠᠬᠤᠶᠢᠴᠢ ᠮᠠᠯ ᠠᠵᠤ ᠠᠬᠤᠢ ᠶᠢᠨ ᠪᠦᠲᠦᠭᠡᠨ ᠪᠠᠶᠢᠭᠤᠯᠤᠯᠳᠠ ᠶᠢ ᠭᠦᠨᠵᠡᠭᠡᠶᠢᠷᠡᠬᠦᠯᠬᠦ᠂ ᠠᠵᠤ ᠦᠢᠯᠡᠳᠪᠦᠷᠢ ᠶᠢᠨ | ᠦᠢᠯᠡᠳᠪᠦᠷᠢᠯᠡᠯ ᠤᠨ ᠴᠢᠳᠠᠪᠦᠷᠢ ᠶᠢ ᠲᠡᠭᠡᠭᠰᠢᠯᠡᠬᠦᠯᠬᠦ ᠮᠡᠷᠭᠡᠵᠢᠯ ᠢ ᠰᠠᠶᠢᠵᠢᠷᠠᠭᠤᠯᠬᠤ ᠶᠢ ᠴᠢᠩᠭᠠᠳᠬᠠᠬᠤ ᠵᠢᠴᠢ | ᠵᠤᠭᠠᠴᠠᠯ ᠠᠷᠠᠯᠵᠢᠶ᠎ᠠ ᠶᠢᠨ ᠰᠠᠭᠤᠷᠢ ᠲᠦᠭᠦᠭᠡᠷᠤᠮᠵᠢ ᠪᠠ ᠬᠤᠳᠠ ᠶᠢᠨ ᠴᠢᠳᠠᠪᠬᠢ ᠶᠢ ᠲᠡᠭᠦᠯᠳᠡᠷᠵᠢᠬᠦᠯᠬᠦ ᠶᠢ | ᠲᠠᠭᠠᠯᠳᠤᠨ᠂ ᠤᠨᠴᠠᠭᠠᠶᠢᠯᠠᠨ ᠮᠠᠨᠵᠤᠤᠷ — ᠠᠯᠳ᠋ᠬᠠᠮᠡᠭᠡᠯ — ᠠᠮᠤᠭᠤᠯᠠᠩ ᠬᠦᠷᠬᠦ ᠨᠢᠭᠡᠳᠤᠭᠡᠷ ᠲᠡᠰ ᠤᠨ | ᠵᠠᠰᠠᠮᠠᠯ ᠵᠠᠮ ᠪᠦᠬᠦ ᠱᠤᠭᠤᠮ ᠢᠶᠠᠷ ᠲᠡᠷᠭᠡ ᠨᠡᠪᠳᠡᠷᠡᠬᠦ ᠵᠢᠴᠢ ᠪᠤᠭᠳᠠ ᠨᠡᠶᠢᠳᠡᠮ ᠭᠡᠷᠡᠭᠯᠡᠬᠦ ᠨᠢᠰᠭᠡᠯ ᠤᠨ ᠪᠠᠭᠤᠳᠠᠯ | ᠠᠰᠢᠭᠯᠠᠯᠳᠠ ᠳᠤ ᠤᠷᠤᠭᠰᠠᠨ ᠤ ᠲᠠᠷᠠᠭ᠎ᠠ᠂ ᠵᠠᠮ ᠲᠡᠭᠡᠭᠡᠪᠦᠷᠢ ᠶᠢᠨ ᠰᠢᠰᠲ᠋ᠧᠮ ᠪᠦᠬᠦ ᠲᠠᠯ᠎ᠠ ᠪᠠᠷ ᠲᠡᠭᠦᠯᠳᠡᠷᠵᠢᠵᠤ᠂ | ᠤᠷᠤᠨ ᠪᠠᠶᠢᠷᠢ ᠶᠢᠨ ᠲᠠᠪᠠᠭᠤᠯᠢᠭ ᠪᠤᠯᠤᠨ ᠦᠷᠢᠰᠦᠯᠳᠦᠭᠡᠨ ᠤ ᠬᠦᠴᠦᠨ ᠴᠢᠨᠠᠭᠰᠢᠳᠠ ᠨᠡᠩ ᠶᠡᠭᠡ ᠲᠡᠭᠡᠭᠰᠢᠯᠡᠯᠳᠡ | ᠲᠠᠢ ᠪᠤᠯᠤᠨ᠎ᠠ᠂ ᠡᠳᠡᠭᠡᠷ ᠨᠢ ᠴᠦᠮ ︽ᠠᠷᠪᠠᠨ ᠭᠤᠷᠪᠠᠳᠤᠭᠠᠷ ᠲᠠᠪᠤᠨ ᠵᠢᠯ︾ ᠤᠨ ᠬᠤᠭᠤᠴᠠᠭᠠᠨ ᠤ ᠬᠦᠭᠵᠢᠯᠳᠡ | ᠳᠤ ᠤᠷᠤᠨ ᠵᠠᠢ ᠶᠢ ᠦᠷᠭᠡᠳᠭᠡᠨ ᠬᠦᠳᠡᠯᠭᠡᠭᠴᠢ ᠬᠦᠴᠦᠨ ᠢ ᠨᠡᠮᠡᠭᠳᠡᠬᠦᠯᠬᠦ ᠪᠤᠯᠤᠨ᠎ᠠ᠂ ᠪᠢᠳᠡ ᠢᠷᠡᠭᠡᠳᠤᠢ ᠶᠢᠨ | ᠲᠠᠪᠤᠨ ᠵᠢᠯ ᠤᠨ ᠬᠦᠭᠵᠢᠯᠳᠡ ᠳᠤ ᠢᠳᠡᠭᠡᠯ ᠲᠦᠭᠦᠷᠡᠩ ᠪᠠᠶᠢᠨ᠎ᠠ᠃ | ᠬᠤᠰᠢᠭᠤᠨ ᠤ ᠨᠠᠮ ᠤᠨ ᠬᠤᠷᠢᠶ᠎ᠠ ᠶᠢᠨ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ | ᠭᠦᠭᠵᠢᠯᠳᠡ ᠶᠢᠨ ᠠᠷᠪᠠᠨ ᠭᠤᠷᠪᠠᠳᠤᠭᠠᠷ ᠲᠠᠪᠤᠨ ᠵᠢᠯ ᠤᠨ ᠲᠦᠯᠦᠪᠵᠢᠭᠦᠯᠭᠡ ᠶᠢ ᠲᠤᠭᠳᠠᠭᠠᠬᠤ ᠲᠤᠬᠠᠢ ᠰᠠᠨᠠᠯ | ᠵᠦᠪᠯᠡᠯᠭᠡ ᠶᠢ ᠦᠨᠳᠤᠰᠦᠯᠡᠪᠡᠯ᠂ ︽ᠠᠷᠪᠠᠨ ᠭᠤᠷᠪᠠᠳᠤᠭᠠᠷ ᠲᠠᠪᠤᠨ ᠵᠢᠯ︾ ᠤᠨ ᠬᠤᠭᠤᠴᠠᠭᠠᠨ ᠤ ᠭᠤᠤᠯ | ᠬᠦᠭᠵᠢᠯᠳᠡ ᠶᠢᠨ ᠬᠠᠷᠠᠯᠳᠠ ᠪᠤᠯ᠄ ᠤᠷᠤᠨ ᠨᠤᠳᠤᠭ ᠤᠨ ᠦᠢᠯᠡᠳᠪᠦᠷᠢᠯᠡᠯ ᠤᠨ ᠶᠡᠷᠤᠩᠭᠡᠢ ᠦᠷᠳᠡᠭ ᠢ ᠵᠢᠯ | ᠲᠤᠮᠳᠠᠴᠢ ᠪᠠᠷ 8% ᠪᠠᠷ ᠨᠡᠮᠡᠭᠳᠡᠬᠦᠯᠵᠤ᠂ ᠡᠩ ᠤᠨ ᠤᠯᠠᠨ ᠨᠡᠶᠢᠳᠡ ᠶᠢᠨ ᠲᠦᠰᠦᠪ ᠤᠨ ᠤᠷᠤᠯᠭ᠎ᠠ ᠶᠢ ᠵᠢᠯ | ᠳᠤᠮᠳᠠᠴᠢ ᠪᠠᠷ 6% ᠪᠠᠷ ᠨᠡᠮᠡᠭᠳᠡᠭᠦᠯᠵᠤ᠂ ᠲᠤᠭᠳᠠᠮᠠᠯ ᠭᠦᠷᠦᠩᠭᠡ ᠶᠢᠨ ᠪᠡᠯᠡ ᠤᠷᠤᠭᠤᠯᠤᠯᠳᠠ ᠶᠢ ᠵᠢᠯ ᠲᠤᠮᠳᠠᠴᠢ | ᠪᠠᠷ 10% ᠪᠠᠷ ᠨᠡᠮᠡᠭᠳᠡᠬᠦᠯᠦᠨ᠂ ᠨᠡᠶᠢᠭᠡᠮ ᠤᠨ ᠭᠡᠷᠡᠭᠯᠡᠬᠡᠨ ᠤ ᠲᠠᠸᠠᠷ ᠢ ᠵᠢᠵᠢᠭᠯᠡᠨ ᠪᠤᠷᠤᠯᠠᠭᠤᠯᠬᠤ ᠶᠡᠷᠤᠩᠭᠡᠢ | ᠲᠤᠭ᠎ᠠ ᠶᠢ ᠵᠢᠯ ᠳᠤᠮᠳᠠᠴᠢ ᠪᠠᠷ 10% ᠪᠠᠷ ᠨᠡᠮᠡᠭᠳᠡᠬᠦᠯᠵᠤ᠂ ᠬᠤᠳᠠ ᠪᠠᠯᠭᠠᠰᠤ ᠪᠤᠯᠤᠨ ᠮᠠᠯᠵᠢᠬᠤ ᠤᠷᠤᠨ ᠤ | ᠰᠠᠭᠤᠭᠠᠯᠢ ᠠᠷᠠᠳ ᠤᠨ ᠬᠦᠮᠦᠨ ᠲᠤᠮᠳᠠᠴᠢ ᠵᠠᠷᠤᠴᠠᠭᠤᠯᠵᠤ ᠪᠤᠯᠬᠤ ᠤᠷᠤᠯᠭ᠎ᠠ ᠶᠢ ᠵᠢᠯ ᠳᠤᠮᠳᠠᠴᠢ ᠪᠠᠷ 9% ᠪᠠᠷ | ᠨᠡᠮᠡᠭᠳᠡᠭᠦᠯᠦᠨ᠎ᠡ᠃ | ︽ᠠᠷᠪᠠᠨ ᠭᠤᠷᠪᠠᠳᠤᠭᠠᠷ ᠲᠠᠪᠤᠨ ᠵᠢᠯ︾ ᠤᠨ ᠬᠤᠭᠤᠴᠠᠭᠠᠨ ᠤ ᠠᠵᠢᠯ ᠢ ᠰᠠᠶᠢᠳᠤᠷ ᠬᠢᠬᠦ ᠳᠤ᠂ ᠪᠢᠳᠡ | ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠪᠤᠯᠤᠨ ᠠᠷᠪᠠᠨ ᠨᠠᠢᠮᠠᠳᠤᠭᠠᠷ ᠬᠤᠭᠤᠴᠠᠭᠠᠨ ᠤ ᠭᠤᠷᠪᠠᠳᠤᠭᠠᠷ᠂ | ᠲᠦᠷᠪᠡᠳᠦᠭᠡᠷ᠂ ᠲᠠᠪᠤᠳᠤᠭᠠᠷ ᠪᠦᠬᠦᠳᠡ ᠬᠤᠷᠠᠯ ᠵᠢᠴᠢ ᠰᠢ ᠶᠢᠨ ᠫᠢᠩ ᠶᠡᠷᠤᠩᠭᠡᠢ ᠱᠦᠵᠢ ᠶᠢᠨ ᠰᠢᠷᠢᠰ ᠴᠢᠬᠤᠯᠠ | ᠶᠠᠷᠢᠶᠠᠨ ᠤ ᠵᠤᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ᠂ ︽ᠲᠠᠪᠤ ᠶᠢ ᠨᠢᠭᠡ ᠴᠤᠭᠴᠠᠵᠢᠭᠤᠯᠬᠤ︾ ᠪᠠ | ︽ᠲᠦᠷᠪᠡᠨ ᠪᠦᠬᠦ ᠲᠠᠯ᠎ᠠ︾ ᠪᠠᠷ ᠵᠢᠯᠤᠭᠤᠳᠤᠮᠵᠢ ᠪᠤᠯᠭᠠᠨ᠂ ︽ᠲᠠᠪᠤᠨ ᠶᠡᠭᠡ ᠭᠦᠭᠵᠢᠯᠳᠡ ᠶᠢᠨ ᠤᠶᠢᠯᠠᠭᠠᠭᠳᠠᠬᠤᠨ | ︾ ᠢ ᠪᠠᠳᠤ ᠪᠠᠬᠢ ᠪᠤᠢ ᠪᠤᠯᠭᠠᠨ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠭᠦᠭᠵᠢᠯᠳᠡ ᠶᠢᠨ ᠲᠡᠷᠢᠬᠦᠨ ᠴᠢᠬᠤᠯᠠ | ᠡᠭᠦᠷᠬᠡ ᠶᠢ ᠪᠠᠷᠢᠮᠳᠠᠯᠠᠨ᠂ ᠴᠢᠨᠠᠷ ᠴᠢᠨᠰᠠᠭ᠎ᠠ ᠦᠷ᠎ᠡ ᠠᠰᠢᠭ ᠢ ᠲᠡᠭᠡᠭᠰᠢᠯᠡᠬᠦᠯᠬᠦ ᠪᠠᠷ ᠭᠤᠤᠯ ᠪᠤᠯᠭᠠᠵᠤ᠂ ᠭᠦᠭᠵᠢᠯᠳᠡ | ᠶᠢᠨ ᠰᠢᠨ᠎ᠡ ᠡᠯᠧᠮᠧᠨ᠋ᠲ ᠶᠢ ᠬᠤᠷᠠᠮᠳᠤᠭᠤᠯᠵᠤ᠂ ᠨᠡᠮᠡᠭᠳᠡᠯ ᠤᠨ ᠰᠢᠨ᠎ᠡ ᠭᠦᠳᠡᠯᠭᠡᠭᠴᠢ ᠭᠦᠴᠦᠨ ᠢ ᠪᠤᠢ ᠪᠤᠯᠭᠠᠨ᠎ᠠ᠃ | ᠠᠮᠢ ᠠᠬᠤᠢ ᠪᠠᠷ ᠬᠤᠰᠢᠭᠤ ᠪᠠᠨ ᠲᠤᠭᠳᠠᠪᠤᠷᠢᠵᠢᠭᠤᠯᠬᠤ᠂ ᠠᠵᠤ ᠦᠢᠯᠡᠳᠪᠦᠷᠢ ᠪᠠᠷ ᠬᠤᠰᠢᠭᠤ ᠪᠠᠨ | ᠭᠦᠴᠦᠷᠭᠡᠭᠵᠢᠬᠦᠯᠬᠦ᠂ ᠦᠭᠡᠷᠡᠴᠢᠯᠡᠯᠳᠡ ᠬᠢᠵᠤ ᠰᠢᠨ᠎ᠡ ᠶᠢ ᠡᠬᠦᠳᠬᠦ᠂ ᠬᠤᠳᠠ ᠬᠦᠳᠡᠭᠡ ᠶᠢ ᠵᠤᠬᠢᠴᠠᠭᠤᠯᠬᠤ ᠪᠠ | ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠶᠢ ᠲᠡᠷᠢᠬᠦᠨ ᠳᠤ ᠲᠠᠯᠪᠢᠬᠤ ᠶᠢ ︽ᠠᠷᠪᠠᠨ ᠭᠤᠷᠪᠠᠳᠤᠭᠠᠷ ᠲᠠᠪᠤᠨ ᠵᠢᠯ | ︾ ᠤᠨ ᠬᠤᠭᠤᠴᠠᠭᠠᠨ ᠤ ᠬᠦᠭᠵᠢᠯᠳᠡ ᠶᠢᠨ ᠪᠠᠶᠢᠯᠳᠤᠬᠤ ᠪᠤᠳᠤᠯᠭ᠎ᠠ ᠪᠤᠯᠭᠠᠵᠤ᠂ ᠦᠭᠡᠷᠡᠴᠢᠯᠡᠯᠳᠡ ᠶᠢ ᠠᠳᠬᠤᠨ | ᠭᠦᠭᠵᠢᠯᠳᠡ ᠶᠢ ᠠᠬᠢᠭᠤᠯᠬᠤ᠂ ᠲᠦᠷᠦᠯ ᠵᠦᠢᠯ ᠢ ᠠᠳᠬᠤᠨ ᠭᠡᠯᠪᠡᠷᠢ ᠶᠢᠨ ᠬᠤᠪᠢᠷᠠᠯᠳᠠ ᠶᠢ ᠠᠬᠢᠭᠤᠯᠬᠤ ᠪᠠ | ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠶᠢ ᠠᠳᠬᠤᠨ ᠡᠶ᠎ᠡ ᠵᠤᠬᠢᠴᠠᠯ ᠢ ᠠᠬᠢᠭᠤᠯᠬᠤ ᠶᠢ ︽ᠠᠷᠪᠠᠨ | ᠭᠤᠷᠪᠠᠳᠤᠭᠠᠷ ᠲᠠᠪᠤᠨ ᠵᠢᠯ︾ ᠤᠨ ᠬᠤᠭᠤᠴᠠᠭᠠᠨ ᠤ ᠠᠵᠢᠯ ᠤᠨ ᠭᠤᠤᠯ ᠰᠢᠵᠢᠮ ᠪᠤᠯᠭᠠᠵᠤ᠂ ᠵᠢᠷᠭᠤᠭᠠᠨ ᠲᠠᠯ᠎ᠠ | ᠶᠢᠨ ᠠᠵᠢᠯ ᠢ ᠭᠤᠤᠯᠳᠠᠯᠭ᠎ᠠ ᠲᠠᠢ ᠰᠠᠶᠢᠳᠤᠷ ᠬᠢᠨ᠎ᠡ᠄ | — — ᠪᠤᠬᠢᠷᠳᠤᠯ ᠦᠭᠡᠢ ᠲᠠᠷᠢᠶᠠᠯᠠᠩ ᠤᠨ ᠪᠦᠳᠦᠭᠡᠭᠳᠡᠭᠦᠨ ᠮᠠᠯ ᠤᠨ ᠠᠰᠢᠭ ᠰᠢᠮ᠎ᠡ ᠦᠢᠯᠡᠳᠪᠦᠷᠢᠯᠡᠵᠤ | ᠪᠤᠯᠪᠠᠰᠤᠷᠠᠭᠤᠯᠤᠨ ᠭᠠᠳᠠᠭᠰᠢ ᠭᠠᠷᠭᠠᠬᠤ ᠰᠠᠭᠤᠷᠢᠨ ᠭᠠᠵᠠᠷ ᠢ ᠬᠦᠴᠦᠯᠡᠨ ᠪᠠᠶᠢᠭᠤᠯᠤᠨ᠎ᠠ᠃ ᠨᠤᠲᠤᠭ ᠪᠡᠯᠴᠢᠭᠡᠷ ᠤᠨ | ᠠᠮᠢ ᠠᠬᠤᠶᠢᠴᠢ ᠮᠠᠯ ᠠᠵᠤ ᠠᠬᠤᠢ ᠶᠢ ᠲᠤᠭᠳᠠᠭᠤᠨ ᠢᠶᠠᠷ ᠬᠦᠭᠵᠢᠬᠦᠯᠵᠤ᠂ ᠭᠡᠷᠡᠭᠯᠡᠭᠡᠨ ᠤ ᠮᠡᠷᠭᠡᠵᠢᠯ ᠢ | ᠲᠡᠯᠭᠡᠷᠡᠬᠦᠯᠦᠨ ᠭᠡᠷᠡᠭᠵᠢᠬᠦᠯᠬᠦ ᠶᠢ ᠴᠢᠩᠭᠠᠳᠬᠠᠵᠤ᠂ ᠰᠢᠯᠢᠳᠡᠭ ᠡᠭᠦᠯᠳᠡᠷ ᠢ ᠦᠷᠡᠵᠢᠬᠦᠯᠵᠤ ᠪᠤᠶᠢᠵᠢᠭᠤᠯᠬᠤ ᠰᠢᠰᠲ᠋ᠧᠮ | ᠢ ᠪᠠᠶᠢᠭᠤᠯᠤᠨ᠎ᠠ᠃ ︽ᠲᠠᠪᠤᠨ ᠬᠡᠯᠪᠡᠷᠢ︾ ᠶᠢᠨ ᠭᠡᠷ ᠪᠦᠯᠢ ᠶᠢᠨ ᠠᠮᠢ ᠠᠬᠤᠶᠢᠴᠢ ᠮᠠᠯᠵᠢᠯ ᠤᠨ ᠲᠠᠯᠠᠪᠠᠢ ᠶᠢ | ᠦᠷᠭᠡᠳᠭᠡᠵᠤ᠂ ᠬᠡᠪᠴᠢᠶᠡᠵᠢᠬᠦᠯᠦᠨ ᠲᠡᠵᠢᠭᠡᠨ ᠦᠷᠡᠵᠢᠬᠦᠯᠬᠦ ᠬᠢᠷᠢ ᠲᠦᠪᠰᠢᠨ ᠢ ᠲᠡᠭᠡᠭᠰᠢᠯᠡᠬᠦᠯᠦᠨ᠎ᠡ᠃ ᠵᠠᠬ᠎ᠠ | ᠲᠡᠯᠭᠡᠬᠦᠷ ᠢᠶᠠᠷ ᠤᠳᠤᠷᠢᠳᠤᠮᠵᠢ ᠪᠤᠯᠭᠠᠬᠤ ᠶᠢ ᠪᠠᠷᠢᠮᠳᠠᠯᠠᠨ᠂ ︽ᠪᠠᠷᠠᠭᠤᠨ ᠬᠤᠰᠢᠭᠤᠨ ᠤ ᠬᠤᠨᠢᠨ ᠮᠢᠬ᠎ᠠ︾ ᠶᠢᠨ | ᠨᠡᠷ᠎ᠡ ᠲᠡᠮᠳᠡᠭ ᠢ ᠭᠤᠤᠯᠳᠠᠯᠭ᠎ᠠ ᠲᠠᠢ ᠡᠭᠦᠳᠴᠤ᠂ ᠴᠠᠭᠠᠨ ᠢᠳᠡᠭᠡ ᠦᠢᠯᠡᠳᠪᠦᠷᠢᠯᠡᠵᠤ ᠪᠤᠯᠪᠠᠰᠤᠷᠠᠭᠤᠯᠬᠤ ᠠᠵᠤ | ᠦᠢᠯᠡᠰ ᠢ ᠲᠦᠷᠭᠡᠳᠭᠡᠨ ᠭᠦᠭᠵᠢᠬᠦᠯᠦᠨ᠎ᠡ᠃ ᠡᠵᠡᠩᠨᠡᠨ ᠪᠤᠷᠤᠯᠠᠭᠤᠯᠬᠤ ᠠᠷᠭ᠎ᠠ ᠵᠠᠮ ᠢ ᠦᠷᠭᠡᠳᠭᠡᠵᠤ᠂ ᠮᠠᠯ ᠤᠨ | ᠠᠰᠢᠭ ᠰᠢᠮ᠎ᠡ ᠶᠢᠨ ᠬᠤᠪᠢᠷᠠᠯᠳᠠ ᠶᠢᠨ ᠬᠡᠮᠵᠢᠶ᠎ᠡ ᠪᠤᠯᠤᠨ ᠨᠠᠷᠢᠯᠢᠭ ᠪᠤᠯᠪᠠᠰᠤᠷᠠᠭᠤᠯᠬᠤ ᠬᠢᠷᠢ ᠲᠦᠪᠰᠢᠨ ᠢ | ᠲᠡᠭᠡᠭᠰᠢᠯᠡᠬᠦᠯᠵᠤ᠂ ᠲᠤᠯᠤᠭᠠᠶᠢᠯᠠᠭᠴᠢ ᠠᠵᠤ ᠠᠬᠤᠶᠢᠯᠠᠯ ᠤᠨ ᠭᠤᠤᠯᠯᠠᠭᠴᠢ ᠦᠷᠢᠰᠦᠯᠳᠦᠬᠦ ᠬᠦᠴᠦᠨ ᠢ | ᠴᠢᠩᠭᠠᠳᠬᠠᠨ᠎ᠠ᠃ ᠮᠠᠯ ᠠᠵᠤ ᠠᠬᠤᠢ ᠶᠢᠨ ᠠᠵᠤ ᠦᠢᠯᠡᠰᠵᠢᠯᠳᠡ ᠶᠢᠨ ᠬᠦᠭᠵᠢᠯᠳᠡ ᠶᠢᠨ ᠬᠢᠷᠢ ᠲᠦᠪᠰᠢᠨ ᠢ | ᠲᠡᠭᠡᠭᠰᠢᠯᠡᠬᠦᠯᠵᠤ᠂ ᠠᠷᠠᠰᠤ ᠰᠢᠷᠢ ᠨᠤᠤᠰᠤ ᠨᠤᠯᠤᠤᠷ ᠢ ᠲᠤᠬᠠᠢ ᠶᠢᠨ ᠭᠠᠵᠠᠷ ᠲᠠᠭᠠᠨ ᠡᠳ᠋ᠰᠢᠬᠦᠯᠦᠨ | ᠪᠤᠯᠪᠠᠰᠤᠷᠠᠭᠤᠯᠬᠤ ᠪᠠ ᠲᠦᠮᠦᠰᠦ ᠶᠢ ᠨᠠᠷᠢᠯᠢᠭ ᠪᠤᠯᠪᠠᠰᠤᠷᠠᠭᠤᠯᠬᠤ ᠵᠡᠷᠭᠡ ᠠᠵᠤ ᠦᠢᠯᠡᠰ ᠢ ᠭᠤᠤᠯᠳᠠᠯᠭ᠎ᠠ ᠲᠠᠢ | ᠭᠦᠭᠵᠢᠬᠦᠯᠵᠤ᠂ ︽ᠠᠵᠤ ᠠᠬᠤᠶᠢᠯᠠᠯ + ᠰᠠᠭᠤᠷᠢᠨ ᠭᠠᠵᠠᠷ + ᠮᠠᠯᠵᠢᠬᠤ ᠡᠷᠤᠭᠡ + ᠡᠵᠡᠩᠨᠡᠨ ᠪᠤᠷᠤᠯᠠᠭᠤᠯᠬᠤ + | ᠵᠠᠬ᠎ᠠ ᠲᠡᠯᠭᠡᠭᠦᠷ︾ ᠤᠨ ᠭᠦᠭᠵᠢᠯᠳᠡ ᠶᠢᠨ ᠭᠡᠯᠪᠡᠷᠢ ᠶᠢ ᠲᠡᠯᠭᠡᠷᠡᠬᠦᠯᠦᠨ᠎ᠡ᠃ ᠨᠡᠷ᠎ᠡ ᠲᠡᠮᠳᠡᠭ ᠢᠶᠠᠷ ᠲᠠᠶᠢᠴᠢᠯᠠᠬᠤ | ᠪᠠᠶᠢᠯᠳᠤᠬᠤ ᠪᠤᠳᠤᠯᠭ᠎ᠠ ᠶᠢ ᠭᠡᠷᠡᠭᠵᠢᠬᠦᠯᠵᠤ᠂ ᠭᠠᠷᠤᠯᠳᠠ ᠶᠢᠨ ᠤᠷᠤᠨ ᠤ ᠨᠡᠷ᠎ᠡ ᠲᠡᠮᠳᠡᠭ ᠢ ᠬᠠᠮᠠᠭᠠᠯᠠᠬᠤ ᠪᠠ | ᠤᠷᠭᠠᠨᠢᠭ᠂ ᠪᠤᠭᠢᠷᠳᠤᠯ ᠦᠭᠡᠢ᠂ ᠬᠤᠤᠷᠳᠠᠯ ᠦᠭᠡᠢ ᠪᠠᠶᠢᠬᠤ ᠶᠢ ᠭᠡᠷᠡᠴᠢᠯᠡᠬᠦ ᠶᠢ ᠴᠢᠩᠭᠠᠳᠬᠠᠵᠤ᠂ ᠤᠬᠢ ᠰᠢᠯᠢᠳᠡᠭ | ᠲᠠᠷᠢᠶᠠᠯᠠᠩ ᠤᠨ ᠪᠦᠳᠦᠭᠡᠭᠳᠡᠭᠦᠨ ᠪᠤᠯᠤᠨ ᠮᠠᠯ ᠤᠨ ᠠᠰᠢᠭ ᠰᠢᠮ᠎ᠡ ᠶᠢ ᠲᠡᠭᠡᠳᠤ ᠲᠡᠰ ᠤᠨ ᠵᠠᠬ᠎ᠠ ᠲᠡᠯᠭᠡᠭᠦᠷ ᠲᠤ | ᠤᠷᠤᠭᠤᠯᠬᠤ ᠶᠢ ᠠᠬᠢᠭᠤᠯᠤᠨ᠎ᠠ᠃ ᠡᠪᠡᠰᠤᠨ ᠤ ᠠᠵᠤ ᠦᠢᠯᠡᠰ ᠢ ᠲᠦᠷᠭᠡᠳᠭᠡᠨ ᠬᠦᠭᠵᠢᠬᠦᠯᠵᠤ᠂ ᠪᠠᠶᠢᠭᠠᠯᠢᠯᠢᠭ | ᠨᠤᠳᠤᠭ ᠪᠡᠯᠴᠢᠭᠡᠷ ᠤᠨ ᠡᠪᠡᠰᠤ ᠪᠤᠷᠳᠤᠭ᠎ᠠ ᠪᠤᠯᠪᠠᠰᠤᠷᠠᠭᠤᠯᠬᠤ ᠪᠠᠷ ᠭᠤᠤᠯ ᠪᠤᠯᠭᠠᠵᠤ᠂ ᠡᠪᠡᠰᠤᠨ ᠨᠤᠨᠳᠠᠭ᠂ | ᠡᠪᠡᠰᠤᠨ ᠮᠦᠬᠦᠯᠢᠭ ᠪᠠ ᠭᠡᠰᠡᠭᠯᠡᠭᠰᠡᠨ ᠡᠪᠡᠰᠦ ᠵᠡᠷᠭᠡ ᠶᠢ ᠨᠠᠷᠢᠯᠢᠭ ᠪᠤᠯᠪᠠᠰᠤᠷᠠᠭᠤᠯᠬᠤ ᠶᠢ ᠶᠡᠭᠡᠪᠡᠷ ᠲᠡᠯᠭᠡᠷᠡᠭᠦᠯᠵᠤ᠂ | ᠡᠪᠡᠰᠤ ᠪᠤᠷᠳᠤᠭᠠᠨ ᠤ ᠠᠰᠢᠭᠯᠠᠯᠳᠠ ᠶᠢᠨ ᠨᠤᠷᠮ᠎ᠠ ᠶᠢ ᠲᠡᠭᠡᠭᠰᠢᠯᠡᠬᠦᠯᠦᠨ᠎ᠡ᠃ | — — ᠴᠢᠯᠠᠭᠤᠨ ᠲᠤᠰᠤ᠂ ᠦᠩᠭᠡᠳᠤ ᠲᠡᠮᠦᠷᠯᠢᠭ ᠦᠢᠯᠡᠳᠪᠦᠷᠢᠯᠡᠵᠤ ᠪᠤᠯᠪᠠᠰᠤᠷᠠᠭᠤᠯᠬᠤ ᠠᠵᠤ ᠦᠢᠯᠡᠰ ᠤᠨ | ᠰᠠᠭᠤᠷᠢᠨ ᠭᠠᠵᠠᠷ ᠢ ᠬᠦᠴᠦᠯᠡᠨ ᠪᠠᠶᠢᠭᠤᠯᠤᠨ᠎ᠠ᠃ ᠠᠵᠤ ᠦᠢᠯᠡᠳᠪᠦᠷᠢ ᠶᠢᠨ ᠬᠦᠷᠢᠶᠡᠯᠡᠩ ᠤᠨ ᠭᠤᠤᠯᠯᠠᠭᠴᠢ | ᠤᠷᠤᠨ ᠳᠤ ᠲᠦᠰᠢᠭᠯᠡᠨ᠂ ᠠᠵᠤ ᠦᠢᠯᠡᠰ ᠤᠨ ᠲᠠᠶᠢᠴᠢᠯᠠᠬᠤ ᠲᠠᠪᠠᠭᠤᠯᠢᠭ ᠲᠠᠢ᠂ ᠠᠵᠤ ᠦᠢᠯᠡᠰ ᠤᠨ ᠬᠤᠯᠪᠤᠭᠳᠠᠯ | ᠪᠦᠬᠦᠢ ᠨᠦᠯᠦᠭᠡ ᠲᠠᠢ ᠪᠠ ᠢᠵᠢ ᠪᠦᠷᠢᠳᠦᠭᠰᠡᠨ ᠬᠠᠮᠵᠢᠯᠴᠠᠭ᠎ᠠ ᠶᠢᠨ ᠦᠢᠯᠡᠳᠤᠯ ᠲᠠᠢ ᠲᠦᠷᠦᠯ ᠵᠦᠢᠯ ᠢ | ᠬᠦᠷᠢᠶᠡᠯᠡᠩ ᠳᠤ ᠲᠠᠳᠠᠨ ᠤᠷᠤᠭᠤᠯᠵᠤ᠂ ᠲᠠᠪᠠᠭᠤᠯᠢᠭ ᠤᠨᠴᠠᠯᠢᠭᠳᠤ ᠠᠵᠤ ᠦᠢᠯᠡᠰ ᠢ ᠬᠠᠨᠳᠤᠯᠭᠠᠳᠤ ᠴᠢᠨᠠᠷᠳᠠᠢ ᠪᠠᠷ | ᠪᠤᠶᠢᠵᠢᠭᠤᠯᠤᠨ ᠬᠦᠭᠵᠢᠬᠦᠯᠵᠤ᠂ ᠤᠷᠤᠨ ᠪᠠᠶᠢᠷᠢ ᠰᠤᠯᠢᠯᠴᠠᠬᠤ ᠭᠦᠭᠵᠢᠯᠳᠡ ᠶᠢ ᠪᠦᠷᠢᠯᠳᠦᠬᠦᠯᠦᠨ᠂ ᠭᠦᠷᠢᠶᠡᠯᠡᠩ | ᠲᠤᠭᠤᠷᠢᠭ ᠪᠤᠯᠤᠨ ᠠᠵᠤ ᠦᠢᠯᠡᠰ ᠤᠨ ᠰᠠᠭᠤᠷᠢᠨ ᠭᠠᠵᠠᠷ ᠢ ᠮᠠᠨ ᠤ ᠬᠤᠰᠢᠭᠤᠨ ᠤ ᠲᠦᠷᠦᠯ ᠵᠦᠢᠯ ᠢ | ᠲᠠᠭᠠᠭᠠᠴᠢᠯᠠᠬᠤ ᠪᠠ ᠬᠤᠰᠢᠭᠤ ᠰᠢᠶᠠᠨ ᠤ ᠭᠡᠪᠴᠢᠶᠡᠨ ᠤ ᠠᠵᠤ ᠠᠬᠤᠢ ᠶᠢᠨ ᠭᠦᠭᠵᠢᠯᠳᠡ ᠶᠢ ᠪᠤᠵᠠᠭᠠᠶᠢᠷᠠᠭᠤᠯᠬᠤ | ᠴᠢᠬᠤᠯᠠ ᠲᠠᠪᠴᠠᠩ ᠪᠠ ᠪᠦᠳᠦᠮᠵᠢᠳᠡᠢ ᠠᠴᠢᠶᠠᠯᠠᠪᠤᠷᠢ ᠪᠤᠯᠭᠠᠨ᠎ᠠ᠃ ᠲᠤᠮᠳᠠᠳᠤ ᠮᠤᠩᠭᠤᠯ ᠤᠨ ᠴᠢᠯᠠᠭᠤᠨ ᠲᠤᠰᠤ | ᠬᠠᠶᠢᠨ ᠰᠢᠨᠵᠢᠵᠤ ᠨᠡᠭᠡᠭᠡᠨ ᠠᠰᠢᠭᠯᠠᠬᠤ ᠶᠢ ᠨᠢᠭᠡ ᠴᠤᠭᠴᠠᠵᠢᠭᠤᠯᠤᠨ ᠪᠦᠳᠦᠭᠡᠨ ᠪᠠᠶᠢᠭᠤᠯᠬᠤ ᠳᠤ ᠢᠳᠡᠪᠬᠢᠳᠡᠢ | ᠤᠷᠤᠯᠴᠠᠨ᠂ ᠴᠢᠯᠠᠭᠤᠨ ᠲᠤᠰᠤ ᠪᠠᠶᠢᠭᠠᠯᠢ ᠶᠢᠨ ᠰᠢᠳᠠᠮᠠᠬᠠᠢ ᠭᠡᠢ ᠦᠢᠯᠡᠳᠪᠦᠷᠢᠯᠡᠨ ᠭᠠᠳᠠᠭᠰᠢ ᠭᠠᠷᠭᠠᠬᠤ ᠰᠠᠭᠤᠷᠢᠨ | ᠭᠠᠵᠠᠷ ᠢ ᠲᠦᠷᠭᠡᠳᠭᠡᠨ ᠪᠠᠶᠢᠭᠤᠯᠵᠤ᠂ ᠲᠦᠬᠦᠭᠡᠢ ᠴᠢᠯᠠᠭᠤᠨ ᠲᠤᠰᠤᠨ ᠤ ᠭᠠᠷᠤᠯᠳᠠ ᠶᠢ 80 ᠲᠦᠮᠡᠨ ᠲᠤᠨ ᠳᠤ | ᠭᠦᠷᠭᠡᠬᠦ ᠪᠠᠷ ᠬᠦᠴᠦᠯᠡᠨ ᠴᠢᠷᠮᠠᠶᠢᠵᠤ᠂ ᠦᠢᠯᠡᠳᠬᠦᠨ ᠤ ᠦᠷᠳᠡᠭ ᠢ 40 ᠳ᠋ᠦᠩᠰᠢᠭᠤᠷ ᠲᠦᠭᠦᠷᠢᠭ ᠲᠤ ᠬᠦᠷᠭᠡᠬᠦ | ᠪᠠᠷ ᠴᠢᠷᠮᠠᠶᠢᠨ᠎ᠠ᠃ ᠦᠩᠭᠡᠳᠤ ᠲᠡᠮᠦᠷᠯᠢᠭ ᠮᠠᠯᠳᠠᠵᠤ ᠰᠢᠯᠢᠬᠦ ᠰᠠᠭᠤᠷᠢᠨ ᠭᠠᠵᠠᠷ ᠢ ᠬᠦᠴᠦᠯᠡᠨ ᠪᠠᠶᠢᠭᠤᠯᠵᠤ᠂ | ᠲᠤᠮᠳᠠᠳᠤ ᠤᠯᠤᠰ ᠤᠨ ᠬᠤᠸᠠᠩ ᠶᠢᠨ ᠤᠯᠠᠨ ᠲᠡᠮᠦᠷᠯᠢᠭ ᠤᠨ ᠠᠭᠤᠷᠬᠠᠢ ᠶᠢ ᠠᠯᠬᠤᠮ ᠬᠤᠪᠢᠶᠠᠨ ᠬᠤᠷᠢᠶᠠᠨ | ᠠᠪᠴᠤ ᠶᠡᠷᠤᠩᠭᠡᠶᠢᠯᠡᠨ ᠠᠰᠢᠭᠯᠠᠬᠤ ᠪᠠ ᠬᠠᠶᠢᠷᠬᠠᠨ ᠲᠤᠭᠤᠯᠭ᠎ᠠ ᠴᠠᠶᠢᠷ ᠤᠨ ᠠᠭᠤᠷᠬᠠᠢ ᠶᠢ ᠮᠠᠯᠳᠠᠵᠤ ᠰᠢᠯᠢᠬᠦ | ᠲᠦᠷᠦᠯ ᠵᠦᠢᠯ ᠢ ᠭᠤᠤᠯᠳᠠᠯᠭ᠎ᠠ ᠲᠠᠢ ᠭᠡᠷᠡᠭᠵᠢᠬᠦᠯᠵᠤ᠂ ᠠᠭᠤᠷᠬᠠᠢ ᠶᠢᠨ ᠭᠠᠷᠤᠯᠳᠠ ᠮᠠᠯᠳᠠᠵᠤ ᠰᠢᠯᠢᠬᠦ ᠴᠢᠳᠠᠪᠦᠷᠢ ᠶᠢ | ᠳᠡᠭᠡᠭᠰᠢᠯᠡᠬᠦᠯᠦᠨ᠂ ᠡᠳᠤᠷ ᠲᠤ ᠬᠦᠳᠡᠷ ᠰᠢᠯᠢᠬᠦ ᠬᠡᠮᠵᠢᠶ᠎ᠡ ᠶᠢ 10 ᠲᠦᠮᠡᠨ ᠲᠤᠨ ᠠᠴᠠ ᠲᠠᠪᠠᠭᠤᠯᠬᠤ ᠪᠠᠷ | ᠬᠦᠴᠦᠯᠡᠨ ᠴᠢᠷᠮᠠᠶᠢᠵᠤ᠂ ᠠᠭᠤᠷᠬᠠᠢ ᠶᠢᠨ ᠨᠠᠷᠢᠯᠢᠭ ᠨᠤᠨᠳᠠᠭ ᠤᠨ ᠭᠠᠷᠤᠯᠳᠠ ᠶᠢ 35 ᠲᠦᠮᠡᠨ ᠲᠤᠨ ᠳᠤ ᠭᠦᠷᠭᠡᠵᠤ | ᠂ ᠦᠢᠯᠡᠳᠬᠦᠨ ᠤ ᠦᠷᠳᠡᠭ ᠢ 70 ᠳ᠋ᠦᠩᠰᠢᠭᠤᠷ ᠲᠦᠭᠦᠷᠢᠭ ᠠᠴᠠ ᠲᠡᠭᠡᠭᠰᠢ ᠳᠤ ᠬᠦᠷᠭᠡᠨ᠎ᠡ᠃ | — — ᠴᠡᠪᠡᠷ ᠡᠨᠧᠷᠬᠢ ᠭᠠᠳᠠᠭᠰᠢ ᠭᠠᠷᠭᠠᠬᠤ ᠰᠠᠭᠤᠷᠢᠨ ᠭᠠᠵᠠᠷ ᠢ ᠬᠦᠴᠦᠯᠡᠨ ᠪᠠᠶᠢᠭᠤᠯᠤᠨ᠎ᠠ᠃ ᠰᠢᠨ᠎ᠡ ᠪᠠᠷ | ᠮᠠᠨᠳᠦᠨ ᠬᠦᠭᠵᠢᠵᠦ ᠪᠠᠶᠢᠭ᠎ᠠ ᠠᠵᠤ ᠦᠢᠯᠡᠰ ᠢ ᠬᠦᠴᠦᠯᠡᠨᠪᠤᠶᠢᠵᠢᠭᠤᠯᠵᠦ᠂ ᠴᠡᠪᠡᠷ ᠡᠨᠧᠷᠬᠢ ᠶᠢᠨ ᠨᠡᠭᠡᠭᠡᠨ | ᠠᠰᠢᠭᠯᠠᠯᠳᠠ ᠶᠢ ᠶᠡᠭᠡᠪᠡᠷ ᠠᠬᠢᠭᠤᠯᠤᠨ᠎ᠠ᠃ ᠮᠠᠨ ᠤ ᠬᠤᠰᠢᠭᠤᠨ ᠤ ᠰᠢᠯᠢᠳᠡᠭ ᠰᠠᠶᠢᠨ ᠰᠠᠯᠬᠢᠨ ᠡᠨᠧᠷᠬᠢ ᠶᠢᠨ ᠡᠬᠢ | ᠪᠠᠶᠠᠯᠢᠭ ᠢ ᠬᠦᠢᠴᠡᠳ ᠠᠰᠢᠭᠯᠠᠵᠤ᠂ ᠪᠤᠳᠠᠳᠤ ᠬᠦᠴᠦᠨ ᠢᠶᠠᠷ ᠴᠢᠩᠭ᠎ᠠ ᠠᠵᠤ ᠠᠬᠤᠶᠢᠯᠠᠯ ᠯᠤᠭ᠎ᠠ ᠬᠠᠮᠳᠤᠷᠠᠨ | ᠠᠵᠢᠯᠯᠠᠬᠤ ᠶᠢ ᠴᠢᠩᠭᠠᠳᠬᠠᠨ᠂ ᠰᠠᠯᠬᠢᠨ ᠡᠨᠧᠷᠬᠢ ᠶᠢᠨ ᠮᠠᠰᠢᠨ ᠴᠤᠭᠴᠠᠯᠠᠪᠤᠷᠢ ᠶᠢᠨ ᠪᠠᠭᠳᠠᠭᠠᠮᠵᠢ ᠶᠢ ᠴᠢᠨᠠᠭᠰᠢᠳᠠ | ᠦᠷᠭᠡᠳᠭᠡᠵᠤ᠂ 200 ᠲᠦᠮᠡᠨ ᠺᠢᠯᠤᠸᠠᠲ ᠤᠨ ᠰᠠᠯᠬᠢᠨ ᠬᠦᠴᠦᠨ ᠤ ᠴᠠᠬᠢᠯᠭᠠᠨ ᠤ ᠲᠦᠷᠦᠯ ᠵᠦᠢᠯ ᠢ | ᠰᠦᠪᠡᠭᠴᠢᠯᠡᠨ ᠭᠡᠷᠡᠭᠵᠢᠬᠦᠯᠦᠨ᠎ᠡ᠃ ᠲᠤᠰᠤ ᠪᠠ ᠬᠡᠢ ᠬᠤᠯᠢᠯᠳᠤᠭᠰᠠᠨ ᠡᠬᠢ ᠪᠠᠶᠠᠯᠢᠭ ᠢ ᠲᠦᠷᠭᠡᠳᠭᠡᠨ ᠠᠰᠢᠭᠯᠠᠵᠤ᠂ | ᠪᠠᠶᠢᠭᠠᠯᠢ ᠶᠢᠨ ᠰᠢᠳᠠᠮᠠᠬᠠᠢ ᠭᠡᠢ ᠶᠢ ᠡᠮᠬᠢ ᠴᠡᠭᠴᠡ ᠲᠠᠢ ᠨᠡᠭᠡᠭᠡᠨ᠂ ᠪᠠᠶᠢᠭᠠᠯᠢ ᠶᠢᠨ ᠰᠢᠳᠠᠮᠠᠬᠠᠢ ᠭᠡᠢ ᠬᠠᠩᠭᠠᠬᠤ | ᠲᠤᠮᠤ ᠬᠡᠯᠪᠡᠷᠢ ᠶᠢᠨ ᠲᠤᠨᠤᠭ ᠲᠦᠭᠦᠭᠡᠷᠤᠮᠵᠢ ᠶᠢ ᠪᠦᠳᠦᠭᠡᠨ ᠪᠠᠶᠢᠭᠤᠯᠵᠤ᠂ ᠬᠠᠮᠤᠭ ᠡᠴᠤᠰ ᠲᠡᠭᠡᠨ ᠠᠷᠠᠳ ᠤᠨ | ᠭᠡᠷᠡᠭᠯᠡᠭᠡᠨ ᠤ ᠵᠠᠬ᠎ᠠ ᠲᠡᠯᠭᠡᠭᠦᠷ ᠢᠶᠠᠷ ᠭᠤᠤᠯᠯᠠᠭᠤᠯᠵᠦ᠂ ᠤᠶᠢᠷ᠎ᠠ ᠬᠠᠪᠢ ᠶᠢᠨ 300 ᠺᠢᠯᠤᠮᠧᠲᠷ ᠭᠠᠵᠠᠷ ᠲᠤ | ᠦᠢᠯᠡᠴᠢᠯᠡᠬᠦ ᠪᠠᠶᠢᠭᠠᠯᠢ ᠶᠢᠨ ᠰᠢᠳᠠᠮᠠᠬᠠᠢ ᠬᠡᠢ ᠬᠠᠩᠭᠠᠬᠤ ᠪᠦᠳᠦᠴᠡ ᠶᠢ ᠪᠦᠷᠢᠯᠳᠦᠬᠦᠯᠦᠨ᠎ᠡ᠃ | — — ᠲᠠᠯ᠎ᠠ ᠨᠤᠳᠤᠭ ᠤᠨ ᠰᠤᠶᠤᠯ ᠢ ᠭᠠᠶᠢᠬᠠᠭᠤᠯᠵᠤ᠂ ᠤᠮᠠᠷᠠᠳᠤ ᠬᠢᠯᠢ ᠶᠢᠨ ᠦᠪᠡᠷᠮᠢᠴᠡ ᠤᠨᠴᠠᠯᠢᠭ ᠢ | ᠬᠠᠳᠠᠭᠠᠯᠠᠭᠰᠠᠨ ᠵᠤᠭᠠᠴᠠᠨ ᠰᠡᠯᠡᠬᠦᠴᠡᠬᠦ ᠰᠠᠭᠤᠷᠢᠨ ᠭᠠᠵᠠᠷ ᠢ ᠬᠦᠴᠦᠯᠡᠨ ᠪᠠᠶᠢᠭᠤᠯᠤᠨ᠎ᠠ᠃ ᠬᠤᠳᠠ ᠶᠢᠨ ᠰᠠᠭᠤᠷᠢ | ᠪᠦᠳᠦᠭᠡᠨ ᠪᠠᠶᠢᠭᠤᠯᠤᠯᠳᠠ ᠶᠢ ᠲᠦᠷᠭᠡᠳᠭᠡᠵᠤ᠂ ᠬᠤᠳᠠ ᠪᠠᠯᠭᠠᠰᠤᠨ ᠤ ᠭᠦᠭᠵᠢᠯᠳᠡ ᠶᠢᠨ ᠤᠷᠤᠨ ᠵᠠᠢ ᠶᠢ | ᠦᠷᠭᠡᠳᠭᠡᠨ᠂ ᠬᠦᠮᠦᠨ ᠠᠮᠠ ᠶᠢ ᠲᠦᠪ ᠬᠤᠳᠠ ᠪᠠᠯᠭᠠᠰᠤ ᠲᠡᠰᠢ ᠲᠦᠪᠯᠡᠷᠡᠬᠦᠯᠵᠦ᠂ ᠲᠦᠪ ᠬᠤᠳᠠ ᠪᠠᠯᠭᠠᠰᠤᠨ ᠤ | ᠨᠦᠯᠦᠭᠡᠯᠡᠯ ᠤᠨ ᠬᠦᠴᠦᠨ ᠢ ᠲᠡᠭᠡᠭᠰᠢᠯᠡᠬᠦᠯᠦᠨ᠎ᠡ᠃ ᠭᠠᠴᠠᠭᠠᠨ ᠤ ᠢᠵᠢ ᠪᠦᠷᠢᠳᠦᠭᠰᠡᠨ ᠦᠢᠯᠡᠴᠢᠯᠡᠭᠡᠨ ᠤ | ᠲᠦᠭᠦᠭᠡᠷᠤᠮᠵᠢ ᠶᠢᠨ ᠪᠦᠳᠦᠭᠡᠨ ᠪᠠᠶᠢᠭᠤᠯᠤᠯᠳᠠ ᠶᠢ ᠲᠦᠷᠭᠡᠳᠭᠡᠵᠤ᠂ ᠮᠠᠯᠴᠢᠳ ᠤᠨ ᠠᠮᠢᠳᠤᠷᠠᠯ ᠤᠨ ᠨᠦᠬᠦᠴᠡᠯ ᠢ | ᠰᠠᠶᠢᠵᠢᠷᠠᠭᠤᠯᠤᠨ᠎ᠠ᠃ ᠬᠤᠳᠠ ᠪᠠᠯᠭᠠᠰᠤ ᠶᠢᠨ ᠶᠡᠷᠤᠩᠭᠡᠢ ᠲᠠᠭᠠᠭᠠᠴᠠ ᠶᠢᠨ ᠬᠡᠮᠵᠢᠶ᠎ᠡ ᠶᠢ ᠲᠡᠭᠡᠭᠰᠢᠯᠡᠬᠦᠯᠵᠤ᠂ ᠨᠢᠬᠡ | ᠪᠦᠯᠦᠭ ᠵᠡᠭᠡᠯᠢ ᠭᠤᠳᠤᠮᠵᠢ᠂ ᠢᠯᠴᠢ ᠬᠠᠩᠭᠠᠬᠤ᠂ ᠤᠰᠤ ᠬᠠᠩᠭᠠᠵᠤ ᠭᠠᠳᠠᠭᠰᠢᠯᠠᠭᠤᠯᠬᠤ᠂ ᠴᠠᠬᠢᠯᠭᠠᠨ ᠬᠠᠩᠭᠠᠬᠤ | ᠪᠠ ᠴᠢᠮᠡᠭᠡ ᠨᠡᠪᠳᠡᠷᠡᠬᠦᠯᠭᠡ ᠶᠢᠨ ᠲᠦᠷᠦᠯ ᠵᠦᠢᠯ ᠢ ᠰᠢᠨ᠎ᠡ ᠪᠠᠷ ᠪᠠᠶᠢᠭᠤᠯᠬᠤ᠂ ᠦᠭᠡᠷᠡᠴᠢᠯᠡᠨ ᠪᠠᠶᠢᠭᠤᠯᠬᠤ ᠪᠠ | ᠦᠷᠭᠡᠳᠭᠡᠨ ᠪᠠᠶᠢᠭᠤᠯᠦᠨ᠎ᠡ᠃ ᠵᠤᠭᠠᠴᠠᠯ ᠤᠨ ᠠᠵᠤ ᠦᠢᠯᠡᠰ ᠢ ᠪᠤᠵᠠᠭᠠᠶᠢᠷᠠᠭᠤᠯᠵᠤ᠂ ᠲᠠᠯ᠎ᠠ ᠨᠤᠳᠤᠭ ᠤᠨ ᠠᠮᠢ | ᠠᠬᠤᠢ᠂ ᠲᠡᠤᠬᠡ ᠰᠤᠶᠤᠯ ᠪᠠ ᠦᠨᠳᠤᠰᠦᠳᠡᠨ ᠤ ᠵᠠᠩ ᠦᠢᠯᠡ ᠶᠢᠨ ᠭᠤᠤᠯ ᠰᠡᠳᠤᠪ ᠢ ᠲᠤᠪᠤᠶᠢᠯᠭᠠᠵᠤ᠂ ᠠᠮᠢ | ᠠᠬᠤᠢ᠂ ᠵᠠᠩ ᠦᠢᠯᠡ᠂ ᠰᠤᠶᠤᠯ ᠢᠷᠭᠡᠨᠰᠢᠯ᠂ ᠬᠢᠯᠢ ᠬᠢᠵᠠᠭᠠᠷ ᠪᠠ ᠠᠵᠤ ᠦᠢᠯᠡᠳᠪᠦᠷᠢ ᠵᠡᠷᠭᠡ ᠲᠠᠪᠤᠨ ᠲᠤᠮᠤ | ᠵᠤᠭᠠᠴᠠᠯ ᠤᠨ ᠰᠢᠷᠢᠰ ᠪᠦᠳᠦᠭᠡᠭᠳᠡᠭᠦᠨ ᠢ ᠶᠡᠷᠤᠩᠭᠡᠶᠢᠯᠡᠨ ᠨᠡᠭᠡᠭᠡᠨ ᠠᠰᠢᠭᠯᠠᠵᠤ᠂ ᠪᠤᠭᠳᠠᠠᠭᠤᠯᠠ᠂ ᠬᠦᠯᠦᠨ ᠨᠠᠭᠤᠷ᠂ | ᠪᠤᠶᠢᠷ ᠨᠠᠭᠤᠷ᠂ ᠠᠷᠤᠬᠠᠰᠢᠶᠠᠳᠤ ᠪᠤᠭᠤᠮᠳᠠ ᠪᠠ ᠦᠨᠡᠭᠡᠳᠦ ᠶᠢᠨ ᠠᠭᠤᠷᠬᠠᠢ ᠶᠢᠨ ᠠᠵᠤ ᠦᠢᠯᠡᠳᠪᠦᠷᠢ ᠶᠢᠨ | ᠭᠦᠷᠢᠶᠡᠯᠡᠩ ᠵᠡᠷᠭᠡ ᠵᠤᠭᠠᠴᠠᠯ ᠤᠨ ᠦᠵᠡᠮᠵᠢᠳᠤ ᠤᠷᠤᠨ ᠢ ᠭᠤᠤᠯᠳᠠᠯᠭ᠎ᠠ ᠲᠠᠢ ᠪᠠᠶᠢᠭᠤᠯᠤᠨ᠎ᠠ᠃ ᠤᠳᠤ ᠦᠶ᠎ᠡ ᠶᠢᠨ | ᠤᠶᠤᠨᠴᠢ ᠵᠤᠭᠠᠴᠠᠯ ᠤᠨ ᠤᠨᠴᠠᠯᠢᠭ ᠲᠤ ᠲᠤᠬᠢᠷᠠᠭᠰᠠᠨ ᠰᠤᠳᠤᠨ ᠵᠠᠮ ᠱᠤᠭᠤᠮ ᠢ ᠢᠳᠡᠪᠬᠢᠳᠡᠢ ᠨᠡᠭᠡᠭᠡᠵᠤ᠂ ᠤᠶᠢᠷ᠎ᠠ | ᠬᠠᠪᠢ ᠶᠢᠨ ᠵᠤᠭᠠᠴᠠᠯ ᠤᠨ ᠦᠢᠯᠡᠰ ᠬᠦᠭᠵᠢᠭᠰᠡᠨ ᠬᠤᠳᠠ ᠪᠠᠷ ᠲᠦᠰᠢᠭ ᠪᠤᠯᠭᠠᠭᠰᠠᠨ᠂ ᠭᠤᠤᠯᠳᠠᠯᠭ᠎ᠠ ᠨᠢ | ᠲᠤᠪᠤᠶᠢᠮ᠎ᠠ᠂ ᠪᠦᠭᠦ ᠲᠠᠯ᠎ᠠ ᠪᠠᠷ ᠭᠦᠭᠵᠢᠭᠰᠡᠨ ᠵᠤᠭᠠᠴᠠᠯ ᠤᠨ ᠠᠵᠤ ᠦᠢᠯᠡᠰ ᠤᠨ ᠪᠦᠳᠦᠴᠡ ᠶᠢ ᠪᠦᠷᠢᠯᠳᠦᠬᠦᠯᠦᠨ᠎ᠡ᠃ | 2020 ᠤᠨ ᠪᠤᠯᠳᠠᠯ᠎ᠠ᠂ ᠲᠤᠰᠬᠠᠢ ᠵᠢᠭᠤᠯᠴᠢᠨ ᠳᠤ ᠦᠢᠯᠡᠴᠢᠯᠡᠬᠦ ᠭᠠᠵᠠᠷ ᠢ 4 ᠤᠷᠢᠨ ᠤᠷᠤᠭᠤᠯᠵᠤ᠂ ᠵᠤᠭᠠᠴᠠᠯ | ᠤᠨ ᠶᠡᠷᠤᠩᠭᠡᠢ ᠤᠷᠤᠯᠭ᠎ᠠ ᠶᠢ 5 ᠳ᠋ᠦᠩᠰᠢᠭᠤᠷ ᠲᠦᠭᠦᠷᠢᠭ ᠠᠴᠠ ᠲᠠᠪᠠᠭᠤᠯᠬᠤ ᠪᠠᠷ ᠴᠢᠷᠮᠠᠶᠢᠨ᠎ᠠ᠃ | — — ᠤᠮᠠᠷᠠᠰᠢ ᠨᠡᠭᠡᠭᠡᠯᠳᠡ ᠬᠢᠭᠦ ᠴᠢᠬᠤᠯᠠ ᠬᠦᠬᠦᠷᠭᠡᠨ ᠪᠠᠬᠢᠯᠡᠯᠳᠡ ᠶᠢ ᠬᠦᠴᠦᠯᠡᠨ ᠪᠠᠶᠢᠭᠤᠯᠤᠨ᠎ᠠ᠃ ᠬᠢᠯᠢ | ᠲᠠᠭᠠᠤ ᠨᠡᠭᠡᠭᠡᠯᠳᠡ ᠬᠢᠵᠤ ᠴᠢᠯᠦᠭᠡᠳᠡᠢ ᠪᠤᠯᠭᠠᠬᠤ ᠶᠢ ᠤᠯᠤᠰ ᠠᠴᠠ ᠲᠡᠮᠵᠢᠵᠤ ᠪᠠᠶᠢᠭ᠎ᠠ ᠠᠰᠢᠭᠳᠠᠢ ᠲᠤᠭᠢᠶᠠᠯ ᠢ | ᠠᠳᠬᠤᠨ᠂ ︽ᠨᠢᠬᠡ ᠪᠦᠰᠡ ᠨᠢᠭᠡ ᠵᠠᠮ︾ ᠤᠨ ᠪᠠᠶᠢᠯᠳᠤᠬᠤ ᠪᠤᠳᠤᠯᠭ᠎ᠠ ᠶᠢᠨ ᠬᠦᠷᠢᠶ᠎ᠡ ᠬᠡᠪᠴᠢᠶᠡᠨ ᠳᠤ | ᠰᠠᠨᠠᠭᠠᠴᠢᠯᠠᠭ᠎ᠠ ᠠᠴᠠ ᠪᠠᠨ ᠤᠷᠤᠯᠴᠠᠵᠦ᠂ ᠨᠡᠭᠡᠭᠡᠯᠳᠡ ᠬᠢᠵᠤ ᠴᠢᠯᠦᠭᠡᠳᠡᠢ ᠪᠤᠯᠭᠠᠬᠤ ᠰᠢᠨ᠎ᠡ ᠪᠠᠶᠢᠳᠠᠯ ᠢ ᠴᠢᠷᠮᠠᠶᠢᠨ | ᠡᠭᠦᠳᠦᠨ᠎ᠡ᠃ ᠬᠦᠷᠰᠢ ᠵᠡᠷᠭᠡᠯᠡᠳᠡᠭᠡ ᠭᠠᠵᠠᠷ ᠤᠷᠤᠨ ᠤ ᠬᠤᠭᠤᠷᠤᠨᠳᠤᠭᠢ ᠬᠤᠯᠪᠤᠭᠠᠯᠠᠨ ᠭᠦᠳᠡᠯᠦᠯᠴᠡᠬᠦ ᠬᠦᠭᠵᠢᠯᠳᠡ | ᠶᠢ ᠴᠢᠩᠭᠠᠳᠬᠠᠨ᠎ᠠ᠃ ᠰᠢᠨ᠎ᠡ ᠪᠠᠷᠭᠤ ᠵᠡᠬᠦᠨ ᠬᠤᠰᠢᠭᠤ᠂ ᠮᠠᠨᠵᠤᠤᠷ ᠬᠤᠳᠠ ᠵᠡᠷᠭᠡ ᠤᠶᠢᠷ᠎ᠠ ᠬᠠᠪᠢ ᠶᠢᠨ ᠤᠷᠤᠨ | ᠲᠤᠭᠤᠷᠢᠭ ᠯᠤᠭ᠎ᠠ ᠲᠤᠰᠬᠠᠢ ᠮᠡᠷᠭᠡᠵᠢᠯ᠂ ᠮᠠᠲ᠋ᠧᠷᠢᠶᠠᠯ ᠪᠤᠯᠪᠠᠰᠤᠷᠠᠭᠤᠯᠬᠤ᠂ ᠠᠩᠬᠠᠨ ᠤ ᠪᠦᠳᠦᠭᠡᠭᠳᠡᠬᠦᠨ | ᠤᠷᠤᠭᠤᠯᠵᠤ ᠭᠠᠷᠭᠠᠬᠤ ᠪᠠ ᠠᠷᠠᠯᠵᠢᠶ᠎ᠠ ᠬᠤᠳᠠᠯᠳᠤᠭ᠎ᠠ ᠵᠡᠷᠭᠡ ᠲᠠᠯ᠎ᠠ ᠪᠠᠷ ᠢᠳᠡᠪᠬᠢᠳᠡᠢ ᠪᠦᠭᠡᠳ ᠦᠨᠡᠨ ᠪᠤᠳᠠᠳᠠᠢ | ᠰᠤᠯᠢᠯᠴᠠᠭ᠎ᠠ ᠬᠠᠮᠳᠤᠷᠠᠯᠴᠠᠭ᠎ᠠ ᠬᠢᠵᠤ᠂ ᠬᠠᠮᠳᠤᠷᠠᠨ ᠠᠵᠢᠯᠯᠠᠵᠤ ᠬᠠᠮᠳᠤᠪᠡᠷ ᠢᠯᠠᠨᠡ᠃ ᠮᠠᠨᠵᠤᠤᠷ ᠬᠤᠳᠠ ᠤᠯᠤᠰ | ᠤᠨ ᠭᠤᠤᠯᠳᠠᠯᠭ᠎ᠠ ᠲᠠᠢ ᠨᠡᠭᠡᠭᠡᠯᠳᠡ ᠬᠢᠵᠤ ᠴᠢᠯᠦᠭᠡᠳᠡᠢ ᠪᠤᠯᠭᠠᠬᠤ ᠲᠤᠷᠰᠢᠯᠳᠠ ᠶᠢᠨ ᠤᠷᠤᠨ ᠪᠤᠯᠤᠭᠰᠠᠨ ᠨᠠᠨᠳᠢᠨ | ᠲᠤᠬᠢᠶᠠᠯ ᠢ ᠡᠵᠡᠮᠳᠡᠨ᠂ ᠮᠠᠨᠵᠤᠤᠷ ᠪᠠᠷᠠᠭᠤᠨ ᠬᠤᠰᠢᠭᠤᠨ ᠤ ᠠᠵᠤ ᠦᠢᠯᠡᠳᠪᠦᠷᠢ ᠶᠢᠨ ᠬᠦᠷᠢᠶᠡᠯᠡᠩ ᠤᠨ ᠪᠦᠳᠦᠭᠡᠨ | ᠪᠠᠶᠢᠭᠤᠯᠤᠯᠳᠠ ᠶᠢ ᠠᠬᠢᠭᠤᠯᠵᠤ᠂ ᠲᠤᠮᠳᠠᠳᠤ ᠤᠷᠤᠰ ᠮᠤᠩᠭᠤᠯ ᠤᠨ ᠦᠪᠡᠷᠮᠢᠴᠡ ᠤᠨᠴᠠᠯᠢᠭᠳᠤ ᠬᠢᠯᠢ ᠶᠢᠨ ᠠᠵᠤ | ᠠᠬᠤᠢ ᠶᠢᠨ ᠬᠤᠩᠬᠢᠯ ᠢ ᠪᠠᠶᠢᠭᠤᠯᠤᠨ᠎ᠠ᠃ ᠤᠷᠤᠰ ᠮᠤᠩᠭᠤᠯ ᠯᠤᠭ᠎ᠠ ᠶᠢᠨ ᠰᠤᠯᠢᠯᠴᠠᠭ᠎ᠠ ᠬᠠᠮᠳᠤᠷᠠᠯᠴᠠᠭ᠎ᠠ ᠶᠢ | ᠬᠦᠨᠵᠡᠭᠡᠶᠢᠷᠡᠬᠦᠯᠵᠤ᠂ ᠠᠷᠤᠬᠠᠰᠢᠶᠠᠳᠤ ᠪᠤᠭᠤᠮᠳᠠ ᠶᠢᠨ ᠬᠢᠯᠢ ᠶᠢᠨ ᠠᠵᠤ ᠠᠬᠤᠢ ᠶᠢᠨ ᠬᠠᠮᠳᠤᠷᠠᠯᠴᠠᠭᠠᠨ ᠤ ᠤᠷᠤᠨ ᠢ | ᠲᠡᠭᠡᠭᠰᠢ ᠮᠡᠳᠡᠭᠦᠯᠬᠦ ᠪᠠ ᠪᠦᠳᠦᠭᠡᠨ ᠪᠠᠶᠢᠭᠤᠯᠬᠤ ᠶᠢ ᠲᠦᠷᠭᠡᠳᠭᠡᠨ᠎ᠡ᠃ ︽ᠭᠠᠷᠴᠤ ᠶᠠᠪᠤᠬᠤ︾ ᠪᠠᠶᠢᠯᠳᠤᠬᠤ | ᠪᠤᠳᠤᠯᠭ᠎ᠠ ᠶᠢ ᠶᠡᠭᠡᠪᠡᠷ ᠭᠡᠷᠡᠭᠵᠢᠬᠦᠯᠵᠤ᠂ ᠨᠦᠬᠦᠴᠡᠯ ᠲᠠᠢ ᠠᠵᠤ ᠠᠬᠤᠶᠢᠯᠠᠯ ᠤᠨ ᠤᠷᠤᠰ ᠮᠤᠩᠭᠤᠯ ᠳᠤ ᠤᠴᠢᠵᠦ | ᠬᠢᠯᠢ ᠶᠢᠨ ᠭᠠᠳᠠᠨᠠᠬᠢ ᠦᠢᠯᠡᠳᠪᠦᠷᠢᠯᠡᠯ ᠤᠨ ᠰᠠᠭᠤᠷᠢᠨ ᠭᠠᠵᠠᠷ ᠪᠠᠶᠢᠭᠤᠯᠬᠤ ᠶᠢ ᠵᠤᠷᠢᠭᠵᠢᠭᠤᠯᠤᠨ᠎ᠠ᠃ ᠲᠤᠮᠳᠠᠳᠤ | ᠮᠤᠩᠭᠤᠯ ᠤᠨ ᠬᠢᠯᠢ ᠠᠯᠤᠰᠯᠠᠭᠰᠠᠨ ᠲᠡᠮᠤᠷ ᠵᠠᠮ ᠪᠠ ᠵᠠᠰᠠᠮᠠᠯ ᠵᠠᠮ ᠤᠨ ᠪᠦᠳᠦᠭᠡᠨ ᠪᠠᠶᠢᠭᠤᠯᠤᠯᠳᠠ ᠶᠢ ᠢᠳᠡᠪᠬᠢᠳᠡᠢ | ᠠᠬᠢᠭᠤᠯᠵᠤ᠂ ᠬᠠᠷᠢᠯᠴᠠᠵᠤ ᠨᠡᠪᠳᠡᠷᠡᠯᠴᠡᠬᠦ ᠨᠦᠬᠦᠴᠡᠯ ᠢ ᠰᠠᠶᠢᠵᠢᠷᠠᠭᠤᠯᠤᠨ᠎ᠠ᠃ | — — ᠮᠠᠨ ᠤ ᠤᠯᠤᠰ ᠤᠨ ᠤᠮᠠᠷᠠᠳᠤ ᠤᠷᠤᠨ ᠤ ᠠᠮᠢ ᠠᠬᠤᠢ ᠶᠢᠨ ᠠᠮᠤᠷ ᠲᠦᠪᠰᠢᠨ ᠤ ᠴᠢᠬᠤᠯᠠ | ᠬᠠᠯᠬᠠᠪᠴᠢ ᠶᠢ ᠬᠦᠴᠦᠯᠡᠨ ᠪᠠᠶᠢᠭᠤᠯᠤᠨ᠎ᠠ᠃ ᠭᠤᠶᠢᠳᠠ ᠰᠠᠶᠢᠬᠠᠨ ᠤᠷᠴᠢᠨ ᠲᠤᠭᠤᠷᠢᠨ ᠪᠤᠯ ᠰᠢᠨ᠎ᠡ ᠪᠠᠷᠭᠤ | ᠪᠠᠷᠠᠭᠤᠨ ᠬᠤᠰᠢᠭᠤᠨ ᠤ ᠬᠠᠮᠤᠭ ᠤᠨ ᠶᠡᠭᠡ ᠲᠠᠪᠠᠭᠤᠯᠢᠭ ᠪᠤᠯᠤᠨ᠎ᠠ᠂ ᠪᠢᠳᠡ ᠡᠷᠭᠡᠪᠰᠢ ᠡᠨᠡᠬᠦ ᠭᠡᠭᠡᠨᠴᠢᠷ ᠰᠠᠶᠢᠬᠠᠨ | ᠨᠡᠷ᠎ᠡ ᠶᠢᠨ ᠬᠠᠭᠤᠳᠠᠰᠤ ᠶᠢ ᠰᠠᠶᠢᠳᠤᠷ ᠬᠠᠮᠠᠭᠠᠯᠠᠵᠤ ᠰᠠᠶᠢᠳᠤᠷ ᠠᠰᠢᠭᠯᠠᠬᠤ ᠭᠡᠷᠡᠭᠳᠡᠢ᠃ ︽ᠬᠦᠭᠡ ᠠᠭᠤᠯᠠ | ᠬᠦᠭᠡᠮᠳᠤᠭ᠌ ᠤᠰᠤ ᠪᠤᠯ ᠲᠠᠷᠤᠢ ᠠᠯᠳᠠ ᠮᠦᠩᠬᠦ ᠮᠦᠨ︾ ᠭᠡᠰᠡᠨ ᠤᠶᠢᠯᠠᠭᠠᠭᠳᠠᠬᠤᠨ ᠢ ᠪᠠᠳᠤ ᠪᠠᠬᠢ ᠪᠤᠢ ᠪᠤᠯᠭᠠᠵᠤ᠂ | ᠡᠯᠡᠰᠤᠷᠭᠡᠭ ᠭᠠᠵᠠᠷ ᠢ ᠶᠡᠷᠤᠩᠭᠡᠶᠢᠯᠡᠨ ᠵᠠᠰᠠᠬᠤ᠂ ᠪᠡᠯᠴᠢᠭᠡᠷᠯᠡᠬᠦ ᠶᠢ ᠵᠤᠭᠰᠤᠭᠠᠨ ᠨᠤᠳᠤᠭ ᠪᠡᠯᠴᠢᠭᠡᠷ ᠢ ᠰᠡᠷᠬᠦᠭᠡᠬᠦ | ᠵᠡᠷᠭᠡ ᠭᠤᠤᠯᠳᠠᠯᠭ᠎ᠠ ᠲᠠᠢ ᠠᠮᠢ ᠠᠬᠤᠢ ᠶᠢᠨ ᠪᠦᠳᠦᠭᠡᠨ ᠪᠠᠶᠢᠭᠤᠯᠤᠯᠳᠠ ᠶᠢᠨ ᠢᠨᠵᠧᠨᠧᠷᠢᠩ ᠢ ᠶᠡᠭᠡᠪᠡᠷ | ᠭᠡᠷᠡᠭᠵᠢᠬᠦᠯᠦᠨ᠎ᠡ᠃ ᠦᠷᠬᠦᠯᠵᠢᠬᠦᠶᠢᠴᠡ ᠭᠦᠭᠵᠢᠯᠳᠡ ᠶᠢᠨ ᠵᠠᠮ ᠢᠶᠠᠷ ᠵᠠᠮᠨᠠᠬᠤ ᠶᠢ ᠪᠠᠷᠢᠮᠳᠠᠯᠠᠵᠤ᠂ ᠲᠦᠷᠦᠯ ᠵᠦᠢᠯ | ᠤᠷᠤᠭᠤᠯᠵᠦ ᠢᠷᠡᠬᠦ ᠵᠦᠪᠰᠢᠶᠡᠷᠡᠯ ᠢ ᠲᠦᠪ ᠴᠢᠩᠭ᠎ᠠ ᠪᠤᠯᠭᠠᠵᠦ᠂ ᠡᠨᠧᠷᠬᠢ ᠶᠢ ᠠᠷᠪᠢᠯᠠᠨ ᠪᠤᠭᠢᠷᠳᠤᠯ ᠢ ᠪᠠᠭᠠᠰᠬᠠᠬᠤ | ᠶᠢ ᠲᠤᠪᠤᠶᠢᠯᠭᠠᠨ ᠰᠠᠶᠢᠳᠤᠷ ᠠᠳᠬᠤᠵᠤ᠂ ᠤᠷᠴᠢᠨ ᠲᠤᠭᠤᠷᠢᠨ ᠤ ᠨᠦᠬᠦᠴᠡᠯ ᠳᠤ ᠬᠦᠷᠬᠦ ᠵᠦᠪᠰᠢᠶᠡᠷᠡᠯ ᠤᠨ | ᠱᠠᠭᠠᠷᠳᠠᠯᠭ᠎ᠠ ᠶᠢ ᠲᠡᠭᠡᠭᠰᠢᠯᠡᠬᠦᠯᠵᠤ᠂ ︽ᠬᠤᠶᠠᠷ ᠦᠨᠳᠤᠷ ᠨᠢᠭᠡ ᠲᠤᠤᠷ᠎ᠠ︾ ᠪᠠᠶᠢᠬᠤ ᠶᠢ ᠡᠷᠡᠰ ᠬᠤᠷᠢᠭᠯᠠᠨ᠎ᠠ᠃ | ᠮᠠᠯᠵᠢᠬᠤ ᠳᠠᠷᠢᠶᠠᠯᠠᠬᠤ ᠤᠷᠤᠨ ᠤ ᠠᠶᠤᠯᠬᠦᠢ ᠤᠰᠤ ᠤᠮᠳᠠ᠂ ᠤᠰᠤ ᠠᠷᠪᠢᠯᠠᠬᠤ ᠤᠰᠤᠯᠠᠯᠳᠠ᠂ ᠠᠯᠳ᠋ᠬᠠᠮᠡᠭᠡᠯ | ᠪᠠᠯᠭᠠᠰᠤᠨ ᠤ ᠦᠶᠡᠷ ᠢ ᠰᠡᠷᠭᠡᠶᠢᠯᠡᠬᠦ᠂ ᠲᠦᠪᠯᠡᠷᠡᠭᠦᠯᠦᠨ ᠤᠰᠤ ᠬᠠᠩᠭᠠᠬᠤ ᠵᠡᠷᠭᠡ ᠢᠨᠵᠧᠨᠧᠷᠢᠩ ᠢ ᠠᠬᠢᠭᠤᠯᠵᠤ᠂ | ᠬᠦᠮᠦᠨ ᠮᠠᠯ ᠤᠨ ᠠᠶᠤᠯᠭᠦᠢ ᠤᠰᠤ ᠤᠮᠳᠠ ᠶᠢᠨ ᠠᠰᠠᠭᠤᠳᠠᠯ ᠢ ᠰᠢᠢᠳᠪᠦᠷᠢᠯᠡᠨ᠎ᠡ᠃ ᠳᠤᠮᠳᠠ ᠵᠢᠵᠢᠭ ᠭᠤᠤᠯ ᠪᠠ | ᠤᠷᠤᠰᠬᠠᠯ ᠢ ᠴᠡᠭᠴᠡᠯᠡᠨ ᠵᠠᠰᠠᠬᠤ ᠶᠢ ᠰᠠᠶᠢᠳᠤᠷ ᠠᠳᠬᠤᠵᠤ᠂ ᠶᠡᠭᠡ ᠬᠦᠭᠦᠷᠭᠡ ᠶᠢᠨ ᠤᠰᠤᠨ ᠴᠦᠭᠦᠷᠤᠮ᠂ ᠬᠤᠳᠠ | ᠶᠢᠨ ᠡᠮᠦᠨᠡᠬᠢ ᠦᠶᠡᠷ ᠵᠠᠯᠠᠬᠤ ᠭᠠᠵᠠᠷ ᠢ ᠴᠡᠭᠴᠡᠯᠡᠨ ᠵᠠᠰᠠᠬᠤ᠂ ᠭᠠᠩ ᠬᠠᠭᠤᠷᠠᠢ ᠶᠢ ᠡᠰᠡᠷᠭᠦᠴᠡᠨ ᠪᠠᠴᠢᠮ ᠪᠠᠶᠢᠳᠠᠯ | ᠳᠤ ᠠᠷᠭᠠᠴᠠᠬᠤ ᠤᠰᠤᠨ ᠰᠤᠷᠪᠤᠯᠵᠢ ᠵᠡᠷᠭᠡ ᠤᠰᠤᠨ ᠠᠰᠢᠭᠯᠠᠯᠳᠠ ᠶᠢᠨ ᠰᠠᠭᠤᠷᠢ ᠲᠦᠭᠦᠭᠡᠷᠤᠮᠵᠢ ᠶᠢᠨ | ᠢᠨᠵᠧᠨᠧᠷᠢᠩ ᠢ ᠭᠤᠤᠯᠳᠠᠯᠭ᠎ᠠ ᠲᠠᠢ ᠭᠡᠷᠡᠭᠵᠢᠬᠦᠯᠵᠤ᠂ ᠭᠠᠩ ᠬᠠᠭᠤᠷᠠᠢ ᠶᠢ ᠡᠰᠡᠷᠭᠦᠴᠡᠨ ᠦᠶᠡᠷ ᠤᠰᠤᠳᠤᠯ ᠢ | ᠰᠡᠷᠭᠡᠶᠢᠯᠡᠬᠦ ᠪᠠᠳᠤᠯᠠᠭ᠎ᠠ ᠶᠢᠨ ᠬᠦᠴᠦᠨ ᠢ ᠲᠡᠭᠡᠭᠰᠢᠯᠡᠬᠦᠯᠦᠨ᠎ᠡ᠃ | ᠲᠦᠷᠪᠡ᠂ 2016 ᠤᠨ ᠤ ᠭᠤᠤᠯ ᠠᠵᠢᠯ | 2016 ᠤᠨ ᠪᠤᠯ ︽ᠠᠷᠪᠠᠨ ᠭᠤᠷᠪᠠᠳᠤᠭᠠᠷ ᠲᠠᠪᠤᠨ ᠵᠢᠯ︾ ᠤᠨ ᠡᠬᠢᠯᠡᠯᠳᠡ ᠶᠢᠨ ᠵᠢᠯ ᠪᠤᠯᠤᠨ᠎ᠠ᠂ | ᠮᠦᠨᠴᠤ ᠴᠢᠨᠡᠭᠡᠯᠢᠭ ᠨᠡᠶᠢᠭᠡᠮ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠵᠠᠩᠬᠢᠯᠠᠭ᠎ᠠ ᠶᠢᠨ ᠨᠢᠭᠡ ᠵᠢᠯ ᠪᠤᠯᠤᠨ᠎ᠠ᠂ | ᠦᠨᠤ ᠵᠢᠯ ᠤᠨ ᠠᠵᠢᠯ ᠢ ᠰᠠᠶᠢᠳᠤᠷ ᠬᠢᠬᠦ ᠨᠢ ᠮᠠᠰᠢ ᠴᠢᠬᠤᠯᠠ ᠶᠤᠮ᠃ ᠪᠢᠳᠡ ᠡᠷᠭᠡᠪᠰᠢ ᠦᠪᠡᠷᠳᠡᠭᠡᠨ ᠵᠠᠰᠠᠬᠤ | ᠤᠷᠤᠨ ᠤ ᠶᠢᠰᠦᠳᠦᠭᠡᠷ ᠬᠤᠭᠤᠴᠠᠭᠠᠨ ᠤ ᠠᠷᠪᠠᠨ ᠲᠦᠷᠪᠡᠳᠦᠭᠡᠷ ᠬᠤᠷᠠᠯ᠂ ᠬᠦᠯᠦᠨ ᠪᠤᠶᠢᠷ ᠬᠤᠳᠠ ᠶᠢᠨ | ᠭᠤᠷᠪᠠᠳᠤᠭᠠᠷ ᠬᠤᠭᠤᠴᠠᠭᠠᠨ ᠤ ᠲᠤᠯᠤᠳᠤᠭᠠᠷ ᠬᠤᠷᠠᠯ᠂ ᠬᠤᠰᠢᠭᠤᠨ ᠤ ᠨᠠᠮ ᠤᠨ ᠬᠤᠷᠢᠶ᠎ᠠ ᠶᠢᠨ ᠠᠷᠪᠠᠨ | ᠭᠤᠷᠪᠠᠳᠤᠭᠠᠷ ᠬᠤᠭᠤᠴᠠᠭᠠᠨ ᠤ ᠲᠤᠯᠤᠳᠤᠭᠠᠷ ᠬᠤᠷᠠᠯ ᠤᠨ ᠵᠤᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠤᠱᠯᠠᠭᠤᠯᠤᠨ | ᠨᠠᠶᠢᠳᠠᠪᠤᠷᠢᠵᠢᠭᠤᠯᠵᠤ᠂ ᠪᠦᠬᠦ ᠲᠠᠯ᠎ᠠ ᠶᠢᠨ ᠴᠢᠨᠡᠭᠡᠯᠢᠭ ᠨᠡᠶᠢᠭᠡᠮ ᠢ ᠪᠦᠳᠦᠭᠡᠨ ᠪᠠᠶᠢᠭᠤᠯᠬᠤ ᠬᠠᠷᠠᠯᠳᠠ ᠶᠢᠨ | ᠲᠤᠭᠤᠷᠢᠨ ᠳᠤ᠂ ᠲᠤᠭᠳᠠᠭᠤᠨ ᠢᠶᠠᠷ ᠤᠷᠤᠭᠰᠢᠯᠠᠬᠤ ᠠᠵᠢᠯ ᠤᠨ ᠶᠡᠷᠤᠩᠭᠡᠢ ᠬᠦᠭ ᠠᠶᠢᠵᠠᠮ ᠢ ᠪᠠᠷᠢᠮᠳᠠᠯᠠᠨ᠂ ᠤᠨ | ᠤ ᠬᠠᠷᠠᠯᠳᠠ ᠡᠭᠦᠷᠭᠡ ᠶᠢ ᠪᠡᠶᠡᠯᠡᠬᠦᠯᠬᠦ ᠶᠢ ᠪᠠᠳᠤᠯᠠᠵᠤ᠂ ︽ᠠᠷᠪᠠᠨ ᠭᠤᠷᠪᠠᠳᠤᠭᠠᠷ ᠲᠠᠪᠤᠨ ᠵᠢᠯ︾ ᠤᠨ | ᠬᠤᠭᠤᠴᠠᠭᠠᠨ ᠤ ᠠᠵᠤ ᠠᠬᠤᠢ ᠨᠡᠶᠢᠭᠡᠮ ᠤᠨ ᠬᠦᠭᠵᠢᠯᠳᠡ ᠶᠢᠨ ᠰᠠᠶᠢᠨ ᠡᠬᠢᠯᠡᠯᠳᠡ ᠶᠢ ᠴᠢᠷᠮᠠᠶᠢᠨ ᠪᠡᠶᠡᠯᠡᠬᠦᠯᠦᠨ᠎ᠡ᠃ | 2016 ᠤᠨ ᠳᠤ᠂ ᠪᠦᠬᠦ ᠬᠤᠰᠢᠭᠤᠨ ᠤ ᠠᠵᠤ ᠠᠬᠤᠢ ᠨᠡᠶᠢᠭᠡᠮ ᠤᠨ ᠬᠦᠭᠵᠢᠯᠳᠡ ᠶᠢᠨ ᠵᠢᠱᠢᠭᠰᠡᠨ | ᠬᠠᠷᠠᠯᠳᠠ ᠪᠤᠯ᠄ ᠤᠷᠤᠨ ᠨᠤᠳᠤᠭ ᠤᠨ ᠦᠢᠯᠡᠳᠪᠦᠷᠢᠯᠡᠯ ᠤᠨ ᠶᠡᠷᠤᠩᠭᠡᠢ ᠦᠷᠳᠡᠭ ᠢ 8% ᠪᠠᠷ ᠨᠡᠮᠡᠭᠳᠡᠬᠦᠯᠵᠤ᠂ | ᠡᠩ ᠤᠨ ᠤᠯᠠᠨ ᠨᠡᠶᠢᠳᠡ ᠶᠢᠨ ᠲᠦᠰᠦᠪ ᠤᠨ ᠤᠷᠤᠯᠭ᠎ᠠ ᠶᠢ 6.5% ᠪᠠᠷ ᠨᠡᠮᠡᠭᠳᠡᠭᠦᠯᠵᠤ᠂ ᠲᠤᠭᠳᠠᠮᠠᠯ ᠭᠦᠷᠦᠩᠭᠡ | ᠶᠢᠨ ᠪᠡᠯᠡ ᠤᠷᠤᠭᠤᠯᠤᠯᠳᠠ ᠶᠢ 13% ᠪᠠᠷ ᠨᠡᠮᠡᠭᠳᠡᠭᠦᠯᠦᠨ᠂ ᠨᠡᠶᠢᠭᠡᠮ ᠤᠨ ᠭᠡᠷᠡᠭᠯᠡᠬᠡᠨ ᠤ ᠲᠠᠸᠠᠷ ᠢ ᠵᠢᠵᠢᠭᠯᠡᠨ | ᠪᠤᠷᠤᠯᠠᠭᠤᠯᠬᠤ ᠶᠡᠷᠤᠩᠭᠡᠢ ᠲᠤᠭ᠎ᠠ ᠶᠢ 10% ᠪᠠᠷ ᠨᠡᠮᠡᠭᠳᠡᠬᠦᠯᠵᠤ᠂ ᠬᠤᠳᠠ ᠪᠠᠯᠭᠠᠰᠤ ᠪᠤᠯᠤᠨ ᠮᠠᠯᠵᠢᠬᠤ ᠤᠷᠤᠨ ᠤ | ᠰᠠᠭᠤᠭᠠᠯᠢ ᠠᠷᠠᠳ ᠤᠨ ᠬᠦᠮᠦᠨ ᠲᠤᠮᠳᠠᠴᠢ ᠵᠠᠷᠤᠴᠠᠭᠤᠯᠵᠤ ᠪᠤᠯᠬᠤ ᠤᠷᠤᠯᠭ᠎ᠠ ᠶᠢ 9% ᠪᠠᠷ ᠨᠡᠮᠡᠭᠳᠡᠬᠦᠯᠦᠨ᠂ | ᠬᠤᠳᠠ ᠪᠠᠯᠭᠠᠰᠤ ᠶᠢᠨ ᠳᠠᠩᠰᠠᠯᠠᠭᠤᠯᠤᠭᠰᠠᠨ ᠠᠵᠢᠯ ᠠᠯᠳᠠᠭᠰᠠᠨ ᠨᠤᠷᠮ᠎ᠠ ᠶᠢ 4% ᠲᠤᠳᠤᠷ᠎ᠠ ᠬᠢᠵᠠᠭᠠᠷᠯᠠᠵᠤ᠂ | ᠡᠨᠧᠷᠬᠢ ᠶᠢ ᠠᠷᠪᠢᠯᠠᠨ ᠪᠤᠭᠢᠷᠳᠤᠯ ᠢ ᠪᠠᠭᠠᠰᠬᠠᠬᠤ ᠬᠠᠷᠠᠯᠳᠠ ᠡᠭᠦᠷᠭᠡ ᠶᠢ ᠪᠡᠶᠡᠯᠡᠬᠦᠯᠦᠨ᠎ᠡ᠃ | ᠲᠡᠭᠡᠷ᠎ᠡ ᠲᠤᠷᠠᠳᠤᠭᠰᠠᠨ ᠬᠠᠷᠠᠯᠳᠠ ᠶᠢ ᠪᠡᠶᠡᠯᠡᠬᠦᠯᠬᠦ ᠶᠢᠨ ᠲᠦᠯᠦᠭᠡ᠂ ᠲᠤᠤᠷᠠᠬᠢ ᠭᠡᠳᠤᠨ ᠲᠠᠯ᠎ᠠ ᠶᠢᠨ | ᠠᠵᠢᠯ ᠢ ᠭᠤᠤᠯᠳᠠᠯᠭ᠎ᠠ ᠲᠠᠢ ᠰᠠᠶᠢᠳᠤᠷ ᠠᠳᠬᠤᠬᠤ ᠭᠡᠷᠡᠭᠳᠡᠢ᠄ | ︵ᠨᠢᠬᠡ︶ ᠮᠠᠯ ᠠᠵᠤ ᠠᠬᠤᠢ ᠶᠢ ᠭᠦᠴᠦᠷᠭᠡᠭᠵᠢᠬᠦᠯᠦᠨ ᠠᠷᠠᠳ ᠢ ᠪᠠᠶᠠᠵᠢᠭᠤᠯᠬᠤ ᠶᠢ ᠲᠤᠪᠤᠶᠢᠯᠭᠠᠵᠤ᠂ | ᠮᠠᠯᠵᠢᠬᠤ ᠤᠷᠤᠨ ᠤ ᠠᠵᠤ ᠠᠬᠤᠢ ᠰᠢᠨ᠎ᠡ ᠲᠡᠭᠡᠭᠰᠢᠯᠡᠯᠳᠡ ᠲᠠᠢ ᠪᠤᠯᠬᠤ ᠶᠢ ᠠᠬᠢᠭᠤᠯᠤᠨ᠎ᠠ᠃ ᠮᠠᠯ ᠠᠵᠤ ᠠᠬᠤᠢ | ᠪᠤᠯ ᠮᠠᠨ ᠤ ᠬᠤᠰᠢᠭᠤᠨ ᠤ ᠲᠤᠯᠤᠭᠠᠶᠢᠯᠠᠭᠴᠢ ᠠᠵᠤ ᠦᠢᠯᠡᠰ ᠪᠤᠯᠤᠨ᠎ᠠ᠂ ᠲᠡᠬᠦᠨ ᠤ ᠬᠦᠭᠵᠢᠯᠳᠡ ᠶᠢᠨ ᠰᠠᠭᠤᠷᠢ ᠶᠢ | ᠡᠷᠭᠡᠪᠰᠢ ᠵᠤᠷᠰᠢᠯ ᠶᠤᠰᠤᠭᠠᠷ ᠪᠠᠬᠢᠵᠢᠬᠦᠯᠦᠨ ᠴᠢᠩᠭᠠᠳᠬᠠᠬᠤ ᠭᠡᠷᠡᠭᠳᠡᠢ᠃ ᠤᠳᠤ ᠦᠶ᠎ᠡ ᠶᠢᠨ ᠮᠢᠬᠠᠨ ᠤ ᠬᠤᠨᠢᠨ ᠤ | ᠰᠠᠭᠤᠷᠢᠨ ᠭᠠᠵᠠᠷ ᠢ ᠲᠦᠷᠭᠡᠳᠭᠡᠨ ᠪᠠᠶᠢᠭᠤᠯᠵᠤ᠂ ᠡᠬᠦᠯᠳᠡᠷ ᠤᠨ ᠬᠤᠨᠢ ᠪᠠ ᠰᠠᠭᠤᠷᠢ ᠡᠭᠡ ᠮᠠᠯ ᠢ ᠦᠷᠡᠵᠢᠬᠦᠯᠦᠨ | ᠪᠤᠶᠢᠵᠢᠭᠤᠯᠬᠤ ᠲᠦᠷᠦᠯ ᠵᠦᠢᠯ ᠢ ᠭᠡᠷᠡᠭᠵᠢᠬᠦᠯᠦᠨ᠂ ᠡᠪᠡᠰᠤ ᠪᠤᠷᠳᠤᠭᠠᠨ ᠤ ᠠᠵᠤ ᠦᠢᠯᠡᠰ ᠢ ᠦᠷᠭᠡᠳᠭᠡᠵᠤ᠂ | ᠮᠠᠯᠵᠢᠬᠤ ᠦᠢᠯᠡᠳᠪᠦᠷᠢᠯᠡᠯ ᠡᠵᠡᠩᠨᠡᠯᠳᠡ ᠶᠢ ᠬᠡᠪᠴᠢᠶᠡᠵᠢᠬᠦᠯᠦᠨ ᠪᠦᠲᠦᠭᠡᠨ ᠪᠠᠶᠢᠭᠤᠯᠬᠤ ᠶᠢ ᠠᠬᠢᠭᠤᠯᠵᠤ᠂ ᠭᠠᠮᠰᠢᠭ | ᠢ ᠡᠰᠡᠷᠭᠦᠴᠡᠨ ᠭᠠᠮᠰᠢᠭ ᠢ ᠪᠠᠭᠠᠰᠬᠠᠬᠤ ᠴᠢᠳᠠᠪᠤᠷᠢ ᠶᠢ ᠲᠠᠰᠤᠷᠠᠯᠳᠠ ᠦᠭᠡᠢ ᠲᠡᠭᠡᠭᠰᠢᠯᠡᠬᠦᠯᠦᠨ᠎ᠡ᠃ ᠮᠠᠯ ᠠᠵᠤ | ᠠᠬᠤᠢ ᠶᠢᠨ ᠭᠡᠯᠪᠡᠷᠢ ᠶᠢ ᠬᠤᠪᠢᠷᠠᠭᠤᠯᠤᠨ ᠲᠡᠰ ᠲᠡᠪᠰᠢᠬᠦᠯᠬᠦ ᠭᠤᠷᠪᠠᠨ ᠵᠢᠯ ᠤᠨ ᠠᠵᠢᠯᠯᠠᠭᠠᠨ ᠤ ᠲᠦᠯᠦᠪᠯᠡᠭᠡ ᠶᠢ | ᠨᠠᠶᠢᠳᠠᠪᠤᠷᠢᠵᠢᠭᠤᠯᠵᠤ᠂ ᠮᠠᠯᠵᠢᠬᠤ ᠦᠢᠯᠡᠳᠪᠦᠷᠢᠯᠡᠯ ᠤᠨ ᠠᠷᠭ᠎ᠠ ᠭᠡᠯᠪᠡᠷᠢ ᠶᠢ ᠬᠤᠪᠢᠷᠠᠭᠤᠯᠤᠨ᠂ ᠮᠠᠯ ᠰᠦᠷᠦᠭ ᠤᠨ | ᠪᠦᠳᠦᠴᠡ ᠶᠢ ᠲᠤᠭᠢᠷᠠᠭᠤᠯᠤᠨ ᠰᠢᠯᠢᠳᠡᠭᠵᠢᠬᠦᠯᠵᠤ᠂ 500 ᠲᠤᠭᠳᠠᠮᠠᠯ ᠬᠠᠰᠢᠶ᠎ᠠ ᠰᠠᠷᠠᠪᠴᠢ᠂ 1 ᠰᠠᠨ ᠾᠧ ᠦᠭᠡᠷ | ᠤᠨ ᠡᠭᠡ ᠮᠠᠯ ᠢ ᠦᠷᠡᠵᠢᠬᠦᠯᠦᠨ ᠪᠤᠶᠢᠵᠢᠭᠤᠯᠬᠤ ᠲᠠᠯᠠᠪᠠᠢ ᠪᠠ 20 ᠭᠠᠴᠠᠭ᠎ᠠ ᠱᠠᠳᠤᠨ ᠤ ᠡᠪᠡᠰᠤ ᠬᠠᠳᠠᠭᠠᠯᠠᠬᠤ | ᠬᠦᠮᠦᠷᠭᠡ ᠶᠢ ᠰᠢᠨ᠎ᠡ ᠪᠠᠷ ᠪᠠᠶᠢᠭᠤᠯᠤᠨ᠎ᠠ᠃ 100 ᠲᠦᠮᠡᠨ ᠲᠦᠭᠦᠷᠢᠭ ᠤᠨ ᠪᠡᠯᠡ ᠤᠷᠤᠭᠤᠯᠵᠤ᠂ ᠪᠠᠴᠢᠮ ᠪᠠᠶᠢᠳᠠᠯ | ᠳᠤ ᠠᠷᠭᠠᠴᠠᠬᠤ ᠡᠪᠡᠰᠤ ᠪᠤᠷᠳᠤᠭ᠎ᠠ ᠬᠠᠳᠠᠭᠠᠯᠠᠬᠤ ᠰᠠᠭᠤᠷᠢ ᠮᠦᠩᠭᠦ ᠪᠠᠶᠢᠭᠤᠯᠤᠨ᠂ 4 ᠪᠠᠷᠢᠮᠵᠢᠶᠠᠵᠢᠨ | ᠭᠡᠪᠴᠢᠶᠡᠵᠢᠭᠰᠡᠨ ᠠᠮᠢ ᠠᠬᠤᠶᠢᠴᠢ ᠭᠡᠷ ᠪᠦᠯᠢ ᠶᠢᠨ ᠮᠠᠯᠵᠢᠯ ᠤᠨ ᠲᠠᠯᠠᠪᠠᠢ ᠶᠢ ᠰᠢᠨ᠎ᠡ ᠪᠠᠷ ᠪᠠᠶᠢᠭᠤᠯᠤᠨ᠎ᠠ᠃ | ︽ᠬᠢᠯᠢ ᠬᠢᠵᠠᠭᠠᠷ ᠢ ᠬᠦᠭᠵᠢᠬᠦᠯᠦᠨ ᠠᠷᠠᠳ ᠢ ᠪᠠᠶᠠᠵᠢᠭᠤᠯᠬᠤ︾ ᠠᠵᠢᠯᠯᠠᠭ᠎ᠠ ᠶᠢ ᠦᠷᠬᠦᠯᠵᠢᠯᠡᠨ ᠦᠷᠨᠢᠬᠦᠯᠵᠦ᠂ | ᠨᠤᠳᠤᠭ ᠪᠡᠯᠴᠢᠭᠡᠷ ᠤᠨ ᠠᠮᠢ ᠠᠬᠤᠢ ᠶᠢᠨ ᠱᠠᠩᠨᠠᠯ ᠨᠦᠬᠦᠪᠦᠷᠢ ᠵᠡᠷᠭᠡ ᠮᠠᠯ ᠠᠵᠤ ᠠᠬᠤᠢ ᠶᠢ ᠲᠡᠮᠵᠢᠨ ᠮᠠᠯᠴᠢᠳ ᠢ | ᠬᠠᠷᠠᠭᠠᠯᠵᠠᠬᠤ ᠲᠦᠷᠦ ᠶᠢᠨ ᠪᠤᠳᠤᠯᠭ᠎ᠠ ᠶᠢ ᠢᠳᠡᠪᠬᠢᠳᠡᠢ ᠭᠤᠶᠤᠴᠢᠯᠠᠨ᠎ᠠ᠃ ᠪᠡᠯᠴᠢᠭᠡᠷᠯᠡᠬᠦ ᠶᠢ ᠵᠤᠭᠰᠤᠭᠠᠨ ᠨᠤᠳᠤᠭ | ᠪᠡᠯᠴᠢᠭᠡᠷ ᠢ ᠰᠡᠷᠬᠦᠬᠡᠬᠦ ᠢᠨᠵᠧᠨᠧᠷᠢᠩ ᠢ ᠶᠡᠭᠡᠪᠡᠷ ᠭᠡᠷᠡᠭᠵᠢᠬᠦᠯᠵᠤ᠂ 30 ᠲᠦᠮᠡᠨ ᠮᠤ᠋ ᠨᠤᠲᠤᠭ ᠪᠡᠯᠴᠢᠭᠡᠷ ᠲᠤ | ᠲᠤᠭᠤᠷᠢᠭ ᠬᠤᠪᠢᠶᠠᠨ ᠡᠭᠡᠯᠵᠢᠯᠡᠨ ᠮᠠᠯᠵᠢᠵᠤ᠂ 19 ᠲᠦᠮᠡᠨ ᠮᠤ᠋ ᠲᠡᠵᠢᠭᠡᠯ ᠡᠪᠡᠰᠤ ᠨᠦᠬᠦᠨ ᠲᠠᠷᠢᠵᠤ᠂ | 1800 ᠬᠠᠰᠢᠶ᠎ᠠ ᠰᠠᠷᠠᠪᠴᠢ ᠶᠢ ᠰᠡᠯᠪᠢᠨ ᠵᠠᠰᠠᠬᠤ ᠪᠠ ᠦᠷᠭᠡᠳᠭᠡᠨ ᠪᠠᠶᠢᠭᠤᠯᠤᠨ᠎ᠠ᠃ ᠮᠢᠬᠠᠨ ᠤ ᠬᠤᠨᠢᠨ ᠤ ᠡᠬᠢ | ᠡᠭᠦᠰᠦᠯ ᠢ ᠮᠦᠷᠳᠡᠬᠦ ᠰᠢᠰᠲ᠋ᠧᠮ ᠢ ᠪᠠᠶᠢᠭᠤᠯᠤᠨ ᠲᠡᠭᠦᠯᠳᠡᠷᠵᠢᠬᠦᠯᠵᠤ᠂ 5000 ᠬᠤᠨᠢᠨ ᠤ ᠰᠢᠯᠢᠳᠡᠭ ᠡᠭᠦᠯᠳᠡᠷ ᠢ | ᠦᠷᠡᠵᠢᠬᠦᠯᠦᠨ ᠪᠤᠶᠢᠵᠢᠭᠤᠯᠬᠤ ᠲᠦᠷᠦᠯ ᠵᠦᠢᠯ ᠢ ᠭᠡᠷᠡᠭᠵᠢᠬᠦᠯᠵᠤ᠂ ᠪᠠᠷᠭᠤ ᠬᠤᠨᠢᠨ ᠮᠢᠬᠠᠨ ᠤ ᠶᠠᠰᠤ ᠴᠢᠨᠠᠷ ᠵᠢᠴᠢ | ᠭᠠᠷᠤᠯᠳᠠ ᠶᠢ ᠰᠠᠶᠢᠵᠢᠷᠠᠭᠤᠯᠤᠨ᠎ᠠ᠃ ᠠᠶᠤᠯᠬᠦᠢ ᠤᠰᠤ ᠤᠮᠳᠠ ᠶᠢᠨ ᠢᠨᠵᠧᠨᠧᠷᠢᠩ ᠢ ᠦᠷᠬᠦᠯᠵᠢᠯᠡᠨ ᠭᠡᠷᠡᠭᠵᠢᠬᠦᠯᠵᠦ | ᠂ 3 ᠲᠦᠪᠯᠡᠷᠡᠬᠦᠯᠦᠨ ᠤᠰᠤ ᠬᠠᠩᠭᠠᠬᠤ ᠢᠨᠵᠧᠨᠧᠷᠢᠩ ᠢ ᠰᠦᠪᠡᠭᠴᠢᠯᠡᠨ ᠭᠡᠷᠡᠭᠵᠢᠬᠦᠯᠵᠤ᠂ 50 ᠦᠨᠳᠦᠰᠦᠨ | ᠬᠤᠳᠳᠤᠭ ᠢ ᠰᠢᠨ᠎ᠡ ᠪᠠᠷ ᠮᠠᠯᠳᠠᠨ᠂ ᠭᠡᠷ ᠤᠨ ᠭᠡᠷᠡᠭᠯᠡᠭᠡᠨ ᠤ ᠬᠦᠳᠡᠯᠭᠡᠭᠴᠢ ᠬᠦᠴᠦᠨ ᠪᠦᠬᠦᠢ ᠤᠰᠤ ᠰᠢᠢᠳᠪᠦᠷᠢᠯᠡᠬᠦ | ᠲᠦᠭᠦᠭᠡᠷᠤᠮᠵᠢ ᠶᠢ 800 ᠲᠠᠷᠬᠠᠭᠠᠨ᠎ᠠ᠃ ᠡᠯᠡᠰᠦᠷᠭᠡᠭ ᠭᠠᠵᠠᠷ ᠢ ᠶᠡᠷᠤᠩᠭᠡᠶᠢᠯᠡᠨ ᠵᠠᠰᠠᠭᠰᠠᠨ ᠦᠷ᠎ᠡ ᠪᠦᠳᠦᠭᠡᠯ ᠢ | ᠪᠠᠳᠤᠳᠬᠠᠵᠤ᠂ ᠤᠢ ᠰᠢᠭᠤᠢ ᠶᠢᠨ ᠦᠢᠯᠡᠰ ᠤᠨ ᠲᠤᠰᠬᠠᠢ ᠡᠩᠨᠡᠭᠡᠨ ᠤ ᠪᠦᠳᠦᠭᠡᠨ ᠪᠠᠶᠢᠭᠤᠯᠤᠯᠳᠠ ᠶᠢ | ᠴᠢᠩᠭᠠᠳᠬᠠᠨ᠂ ᠲᠤᠮᠳᠠᠳᠤ ᠮᠤᠩᠭᠤᠯ ᠤᠨ ᠨᠦᠬᠦᠷᠯᠡᠯ ᠤᠨ ᠤᠢ ᠶᠢᠨ ᠪᠦᠳᠦᠭᠡᠨ ᠪᠠᠶᠢᠭᠤᠯᠤᠯᠳᠠ ᠶᠢᠨ ᠲᠦᠷᠦᠯ | ᠵᠦᠢᠯ ᠢ ᠭᠡᠷᠡᠭᠵᠢᠬᠦᠯᠵᠤ᠂ ᠠᠮᠢ ᠠᠬᠤᠢ ᠶᠢᠨ ᠪᠦᠳᠦᠭᠡᠨ ᠪᠠᠶᠢᠭᠤᠯᠤᠯᠳᠠ ᠶᠢᠨ ᠴᠢᠨᠠᠷ ᠴᠢᠨᠰᠠᠭ᠎ᠠ ᠪᠤᠯᠤᠨ ᠦᠷ᠎ᠡ | ᠪᠦᠳᠦᠮᠵᠢ ᠶᠢ ᠲᠡᠭᠡᠭᠰᠢᠯᠡᠬᠦᠯᠦᠨ᠎ᠡ᠃ | ︵ᠬᠤᠶᠠᠷ︶ ᠠᠵᠤ ᠦᠢᠯᠡᠰ ᠤᠨ ᠬᠤᠷᠠᠨ ᠴᠤᠭᠯᠠᠷᠠᠬᠤ ᠶᠢ ᠲᠤᠪᠤᠶᠢᠯᠭᠠᠵᠤ᠂ ᠤᠨᠴᠠᠯᠢᠭᠳᠤ ᠠᠵᠤ | ᠦᠢᠯᠡᠳᠪᠦᠷᠢ ᠰᠢᠨ᠎ᠡ ᠦᠰᠦᠷᠦᠯᠳᠡ ᠲᠠᠢ ᠪᠤᠯᠬᠤ ᠶᠢ ᠠᠬᠢᠭᠤᠯᠤᠨ᠎ᠠ᠃ ᠲᠦᠷᠦᠯ ᠵᠦᠢᠯ ᠢᠶᠠᠷ ᠲᠤᠯᠭᠠᠭᠤᠷᠢᠯᠠᠬᠤ ᠶᠢ | ᠲᠤᠪᠤᠶᠢᠯᠭᠠᠵᠤ᠂ ᠵᠠᠮ ᠬᠠᠷᠢᠯᠴᠠᠭ᠎ᠠ᠂ ᠡᠨᠧᠷᠬᠢ᠂ ᠤᠷᠴᠢᠨ ᠲᠤᠭᠤᠷᠢᠨ ᠤ ᠬᠠᠮᠠᠭᠠᠯᠠᠯᠳᠠ ᠪᠠ ᠤᠰᠤᠨ ᠠᠰᠢᠭᠯᠠᠯᠳᠠ | ᠵᠡᠷᠭᠡ ᠬᠦᠷᠢᠶ᠎ᠡ ᠭᠡᠪᠴᠢᠶᠠᠨ ᠳᠤ ᠨᠢᠭᠡ ᠪᠦᠯᠦᠭ ᠲᠦᠷᠦᠯ ᠵᠦᠢᠯ ᠢ ᠳᠠᠬᠢᠨᠳᠠ ᠰᠢᠯᠢᠨ ᠰᠤᠩᠭᠤᠵᠤ᠂ ᠴᠢᠬᠤᠯᠠ ᠶᠡᠭᠡ | ᠲᠦᠷᠦᠯ ᠵᠦᠢᠯ ᠢ ᠲᠦᠰᠦᠪᠯᠡᠨ ᠬᠠᠳᠠᠭᠠᠯᠠᠬᠤ ᠶᠢ ᠰᠠᠶᠢᠳᠤᠷ ᠪᠡᠶᠡᠯᠡᠬᠦᠯᠦᠨ᠎ᠡ᠃ ᠠᠷᠠᠯᠵᠢᠶᠠᠴᠢᠨ ᠤᠷᠢᠵᠤ ᠪᠡᠯᠡ | ᠤᠷᠤᠭᠤᠯᠬᠤ ᠬᠦᠴᠦᠯᠡᠴᠡ ᠶᠢ ᠨᠡᠮᠡᠭᠳᠡᠬᠦᠯᠵᠤ᠂ ᠬᠤᠶᠢᠨᠠᠬᠢ ᠦᠢᠯᠡᠴᠢᠯᠡᠭᠡ ᠶᠢ ᠴᠢᠩᠭᠠᠳᠬᠠᠨ᠂ ᠨᠢᠭᠡ ᠪᠦᠯᠦᠭ ᠠᠵᠤ | ᠦᠢᠯᠡᠰ ᠤᠨ ᠲᠡᠰ ᠲᠠᠪᠬᠤᠷᠭ᠎ᠠ ᠪᠠᠷ ᠦᠨᠳᠤᠷ᠂ ᠪᠦᠳᠦᠭᠡᠨ ᠪᠠᠶᠢᠭᠤᠯᠤᠯᠳᠠ ᠶᠢᠨ ᠬᠦᠷᠢᠶ᠎ᠡ ᠭᠡᠪᠴᠢᠶ᠎ᠡ ᠪᠠᠷ ᠦᠷᠭᠡᠨ᠂ | ᠲᠠᠳᠠᠬᠤ ᠬᠦᠴᠦᠨ ᠢᠶᠠᠷ ᠴᠢᠩᠭ᠎ᠠ ᠲᠦᠷᠦᠯ ᠵᠦᠢᠯ ᠢ ᠨᠠᠷᠢᠯᠢᠭ ᠰᠦᠪᠡᠭᠴᠢᠯᠡᠨ ᠴᠢᠮᠡᠭᠯᠡᠵᠤ ᠬᠠᠨᠳᠤᠯᠭ᠎ᠠ ᠲᠠᠢ ᠪᠠᠷ | ᠠᠷᠠᠯᠵᠢᠶᠠᠴᠢᠨ ᠤᠷᠢᠨ᠎ᠠ᠃ ︽ᠲᠤᠯᠤᠭᠠᠨ ᠭᠡᠯᠪᠡᠷᠢ︾ ᠶᠢᠨ ᠠᠭᠤᠷᠬᠠᠢ ᠶᠢᠨ ᠪᠦᠳᠦᠭᠡᠨ ᠪᠠᠶᠢᠭᠤᠯᠤᠯᠳᠠ ᠶᠢᠨ ᠦᠷ᠎ᠡ | ᠪᠦᠳᠦᠮᠵᠢ ᠶᠢ ᠪᠠᠳᠤᠳᠬᠠᠵᠤ᠂ ᠷᠦᠩ ᠳ᠋ᠠ ᠠᠭᠤᠷᠬᠠᠢ ᠶᠢᠨ ᠦᠢᠯᠡᠰ ᠤᠨ ᠲᠤᠭᠤᠯᠭ᠎ᠠ ᠴᠠᠶᠢᠷ ᠮᠦᠩᠭᠦᠨ ᠠᠭᠤᠷᠬᠠᠢ | ᠶᠢᠨ ᠬᠦᠨ ᠲᠠᠪᠬᠤᠷᠭ᠎ᠠ ᠶᠢᠨ ᠡᠬᠢ ᠪᠠᠶᠠᠯᠢᠭ ᠢ ᠤᠷᠤᠯᠠᠬᠤ ᠮᠡᠷᠭᠡᠵᠢᠯ ᠢ ᠰᠠᠶᠢᠵᠢᠷᠠᠭᠤᠯᠬᠤ᠂ ᠲᠤᠮᠳᠠᠳᠤ ᠤᠯᠤᠰ ᠤᠨ | ᠬᠤᠸᠠᠩ ᠶᠢᠨ ᠤᠯᠠᠨ ᠲᠡᠮᠦᠷᠯᠢᠭ ᠤᠨ ᠠᠭᠤᠷᠬᠠᠢ ᠶᠢ ᠠᠯᠬᠤᠮ ᠬᠤᠪᠢᠶᠠᠨ ᠬᠤᠷᠢᠶᠠᠨ ᠠᠪᠴᠤ ᠶᠡᠷᠤᠩᠭᠡᠶᠢᠯᠡᠨ | ᠠᠰᠢᠭᠯᠠᠬᠤ᠂ ᠬᠠᠶᠢᠷᠬᠠᠨ ᠲᠤᠭᠤᠯᠭ᠎ᠠ ᠴᠠᠶᠢᠷ ᠮᠦᠩᠭᠦᠨ ᠠᠭᠤᠷᠬᠠᠢ ᠶᠢ ᠮᠠᠯᠳᠠᠵᠤ ᠰᠢᠯᠢᠬᠦ᠂ ᠶᠢᠨ ᠱᠠᠨ ᠠᠭᠤᠷᠬᠠᠢ | ᠶᠢᠨ ᠦᠢᠯᠡᠰ ᠤᠨ ᠮᠡᠷᠭᠡᠵᠢᠯ ᠢ ᠰᠠᠶᠢᠵᠢᠷᠠᠭᠤᠯᠬᠤ᠂ ᠳ᠋ᠠᠴᠢᠩ ᠤᠨ ᠴᠢᠯᠠᠭᠤᠨ ᠲᠤᠰᠤᠨ ᠤ ᠦᠷᠬᠦᠯᠵᠢᠯᠡᠯ ᠴᠢᠨᠠᠷᠳᠠᠢ | ᠨᠡᠭᠡᠭᠡᠨ ᠠᠰᠢᠭᠯᠠᠬᠤ ᠵᠡᠷᠭᠡ ᠭᠤᠤᠯᠳᠠᠯᠭ᠎ᠠ ᠲᠠᠢ ᠠᠵᠤ ᠦᠢᠯᠡᠳᠪᠦᠷᠢ ᠶᠢᠨ ᠲᠦᠷᠦᠯ ᠵᠦᠢᠯ ᠢ ᠭᠡᠷᠡᠭᠵᠢᠬᠦᠯᠵᠤ᠂ | ᠲᠤᠰᠤ ᠪᠠ ᠬᠡᠢ ᠬᠤᠯᠢᠯᠳᠤᠭᠰᠠᠨ ᠡᠬᠢ ᠪᠠᠶᠠᠯᠢᠭ ᠢ ᠨᠡᠭᠡᠭᠡᠨ ᠠᠰᠢᠭᠯᠠᠬᠤ ᠲᠦᠷᠦᠯ ᠵᠦᠢᠯ ᠢ ᠰᠦᠪᠡᠭᠴᠢᠯᠡᠨ | ᠠᠬᠢᠭᠤᠯᠤᠨ᠎ᠠ᠃ ᠬᠦᠷᠢᠶᠡᠯᠡᠩ ᠲᠤᠭᠤᠷᠢᠭ ᠤᠨ ᠴᠢᠨᠠᠷ ᠳᠡᠰ ᠢ ᠲᠡᠭᠡᠭᠰᠢᠯᠡᠬᠦᠯᠵᠤ᠂ ᠰᠠᠭᠤᠷᠢ ᠲᠦᠭᠦᠭᠡᠷᠤᠮᠵᠢ ᠶᠢᠨ | ᠪᠦᠳᠦᠭᠡᠨ ᠪᠠᠶᠢᠭᠤᠯᠤᠯᠳᠠ ᠶᠢ ᠲᠦᠷᠭᠡᠳᠭᠡᠨ᠂ ᠭᠠᠵᠠᠷ ᠰᠢᠷᠤᠢ᠂ ᠤᠷᠴᠢᠨ ᠲᠤᠭᠤᠷᠢᠨ ᠪᠠ ᠭᠠᠶᠢᠯᠢ ᠶᠢᠨ ᠤᠷᠤᠯᠭ᠎ᠠ | ᠶᠢᠨ ᠲᠦᠷᠦ ᠶᠢᠨ ᠪᠤᠳᠤᠯᠭ᠎ᠠ ᠶᠢᠨ ᠬᠤᠷᠠᠨ ᠴᠤᠭᠯᠠᠷᠠᠬᠤ ᠨᠦᠯᠦᠭᠡᠯᠡᠯ ᠢ ᠬᠦᠢᠴᠡᠳ ᠪᠠᠳᠠᠷᠠᠭᠤᠯᠵᠤ᠂ ᠰᠢᠨ ᠹᠧᠩ | ᠮᠤᠳᠤᠨ ᠤ ᠦᠢᠯᠡᠰ ᠤᠨ ᠭᠡᠷ ᠤᠨ ᠭᠡᠷᠡᠭᠰᠡᠯ ᠦᠢᠯᠡᠳᠪᠦᠷᠢᠯᠡᠬᠦ ᠱᠤᠭᠤᠮ᠂ ᠦᠪᠦᠷ ᠮᠤᠩᠭᠤᠯ ᠤᠨ ᠱᠧᠩ ᠯᠢᠶᠠᠨ ᠳ᠋ᠠ | ᠬᠤᠰᠤ ᠮᠤᠳᠤᠨ ᠤ ᠡᠷᠬᠢᠯᠳᠦᠭᠦᠯᠦᠨ ᠤᠭᠳᠤᠯᠤᠭᠰᠠᠨ ᠳᠠᠩ ᠬᠠᠪᠳᠠᠰᠤ ᠶᠢ ᠨᠠᠷᠢᠯᠢᠭ ᠪᠤᠯᠪᠠᠰᠤᠷᠠᠭᠤᠯᠬᠤ᠂ ᠯᠦᠩ | ᠲᠧᠩ ᠰᠢᠩ ᠪᠠᠩ ᠳᠠᠬᠢᠨᠳᠠ ᠪᠤᠢ ᠪᠤᠯᠬᠤ ᠡᠨᠧᠷᠬᠢ ᠵᠡᠷᠭᠡ ᠲᠦᠷᠦᠯ ᠵᠦᠢᠯ ᠢ ᠲᠦᠷᠭᠡᠳᠭᠡᠨ ᠠᠬᠢᠭᠤᠯᠤᠨ᠎ᠠ᠃ | ᠭᠡᠪᠴᠢᠶᠡᠵᠢᠯ ᠠᠴᠠ ᠲᠡᠭᠡᠭᠰᠢᠬᠢ ᠠᠵᠤ ᠠᠬᠤᠶᠢᠯᠠᠯ ᠤᠨ ᠬᠤᠷᠸ᠎ᠠ ᠲᠤᠬᠢᠷᠠᠭᠤᠯᠭ᠎ᠠ ᠶᠢ ᠡᠷᠴᠢᠮᠵᠢᠬᠦᠯᠵᠤ᠂ ᠠᠵᠤ | ᠦᠢᠯᠡᠳᠪᠦᠷᠢ ᠶᠢᠨ ᠠᠵᠤ ᠠᠬᠤᠢ ᠶᠢᠨ ᠡᠷᠡᠬᠦᠯ ᠢᠶᠠᠷ ᠬᠦᠭᠵᠢᠬᠦ ᠶᠢ ᠪᠠᠳᠤᠯᠠᠨ᠎ᠠ᠃ ᠠᠶᠤᠯᠬᠦᠢ ᠦᠢᠯᠡᠳᠪᠦᠷᠢᠯᠡᠯ ᠤᠨ | ︽ᠨᠢᠭᠡ ᠠᠵᠢᠯ ᠤᠨ ᠪᠠᠶᠢᠷᠢᠨ ᠳᠤ ᠬᠤᠶᠠᠷ ᠬᠠᠷᠢᠭᠤᠴᠠᠯᠭ᠎ᠠ ᠡᠭᠦᠷᠭᠡᠯᠡᠬᠦ︾ ᠶᠢ ᠨᠠᠷᠢᠨ ᠬᠢᠨᠠᠮᠠᠭᠠᠢ | ᠨᠠᠶᠢᠳᠠᠪᠤᠷᠢᠵᠢᠭᠤᠯᠵᠤ᠂ ᠤᠨᠴᠠ ᠶᠡᠭᠡ ᠠᠳᠡᠯ ᠭᠠᠷᠬᠤ ᠶᠢ ᠡᠷᠡᠰ ᠬᠤᠷᠢᠭᠯᠠᠨ᠎ᠠ᠃ | ︵ᠭᠤᠷᠪᠠ︶ ᠵᠤᠭᠠᠴᠠᠯ ᠠᠷᠠᠯᠵᠢᠶᠠᠨ ᠤ ᠦᠢᠯᠡᠰ ᠢ ᠲᠤᠪᠤᠶᠢᠯᠭᠠᠨ ᠭᠦᠭᠵᠢᠬᠦᠯᠵᠤ᠂ ᠭᠤᠷᠪᠠᠳᠤᠭᠠᠷ ᠠᠵᠤ | ᠦᠢᠯᠡᠰ ᠤᠨ ᠠᠵᠤ ᠠᠬᠤᠢ ᠰᠢᠨ᠎ᠡ ᠦᠷᠨᠢᠯᠳᠡ ᠲᠠᠢ ᠪᠤᠯᠬᠤ ᠶᠢ ᠠᠬᠢᠭᠤᠯᠤᠨ᠎ᠠ᠃ ᠵᠤᠭᠠᠴᠠᠯ ᠠᠷᠠᠯᠵᠢᠶᠠᠨ ᠤ ᠠᠵᠤ | ᠦᠢᠯᠡᠰ ᠢ ᠰᠢᠯᠢᠳᠡᠭᠵᠢᠬᠦᠯᠦᠨ᠂ ᠭᠤᠤᠯᠳᠠᠯᠭ᠎ᠠ ᠲᠠᠢ ᠠᠵᠤ ᠦᠢᠯᠡᠰ ᠪᠠ ᠠᠴᠢᠶᠠᠯᠠᠪᠤᠷᠢ ᠶᠢᠨ ᠪᠦᠳᠦᠭᠡᠨ | ᠪᠠᠶᠢᠭᠤᠯᠤᠯᠳᠠ ᠶᠢ ᠲᠤᠪᠤᠶᠢᠯᠭᠠᠵᠤ᠂ ᠦᠢᠯᠡᠴᠢᠯᠡᠭᠡᠨ ᠤ ᠦᠢᠯᠡᠰ ᠤᠨ ᠪᠦᠬᠦᠯᠢ ᠴᠤᠭᠴᠠ ᠶᠢᠨ ᠦᠷᠢᠰᠦᠯᠳᠦᠭᠡᠨ ᠤ | ᠬᠦᠴᠦᠨ ᠢ ᠲᠡᠭᠡᠭᠰᠢᠯᠡᠬᠦᠯᠦᠨ᠎ᠡ᠃ ᠵᠤᠭᠠᠴᠠᠯ ᠤᠨ ᠶᠡᠷᠤᠩᠭᠡᠢ ᠲᠦᠯᠦᠪᠵᠢᠬᠦᠯᠬᠡ ᠶᠢ ᠨᠠᠶᠢᠷᠠᠭᠤᠯᠵᠤ᠂ ᠤᠷᠤᠨ ᠨᠤᠳᠤᠭ | ᠪᠠ ᠰᠤᠶᠤᠯ ᠢᠷᠭᠡᠨᠰᠢᠯ ᠤᠨ ᠲᠠᠪᠠᠭᠤᠯᠢᠭ ᠲᠤ ᠲᠦᠰᠢᠭᠯᠡᠨ᠂ ᠪᠠᠷᠭᠤ ᠲᠡᠤᠬᠡ ᠰᠤᠶᠤᠯ ᠤᠨ ᠠᠭᠤᠯᠤᠭᠳᠠᠬᠤᠨ ᠢ | ᠭᠦᠨᠵᠡᠭᠡᠢ ᠰᠢᠨᠵᠢᠯᠡᠵᠤ᠂ ︽ᠪᠠᠷᠭᠤ ᠮᠠᠯᠵᠢᠬᠤ ᠡᠷᠤᠭᠡ ᠪᠠᠷ ᠵᠤᠭᠠᠴᠠᠬᠤ︾ ᠨᠡᠷ᠎ᠡ ᠲᠡᠮᠳᠡᠭ ᠤᠨ ᠪᠦᠳᠦᠭᠡᠨ | ᠪᠠᠶᠢᠭᠤᠯᠤᠯᠳᠠ ᠶᠢ ᠶᠡᠭᠡᠪᠡᠷ ᠠᠬᠢᠭᠤᠯᠤᠨ᠎ᠠ᠃ ᠰᠤᠶᠤᠯ ᠪᠠ ᠵᠤᠭᠠᠴᠠᠯ ᠤᠨ ᠠᠭᠤᠰᠤᠯᠴᠠᠬᠤ ᠶᠢ ᠠᠬᠢᠭᠤᠯᠵᠤ᠂ | ᠵᠤᠭᠠᠴᠠᠯ ᠤᠨ ᠨᠡᠷ᠎ᠡ ᠲᠡᠮᠳᠡᠭ ᠤᠨ ᠠᠭᠤᠯᠤᠭᠳᠠᠬᠤᠨ ᠢ ᠲᠡᠭᠡᠭᠰᠢᠯᠡᠬᠦᠯᠦᠨ᠂ ᠲᠠᠯᠠᠢ ᠰᠤᠮᠤᠨ ᠤ ᠵᠤᠭᠠᠴᠠᠯ ᠤᠨ | ᠦᠷᠳᠡᠭᠡ ᠶᠢ ᠪᠠᠶᠢᠭᠤᠯᠵᠤ᠂ ᠮᠤᠩᠭᠤᠯ ᠤᠨ ᠬᠢᠯᠢ ᠶᠢᠨ ᠵᠤᠭᠠᠴᠠᠯ ᠢ ᠠᠬᠢᠭᠤᠯᠵᠤ᠂ ᠲᠤᠮᠳᠠᠳᠤ ᠤᠷᠤᠰ ᠮᠤᠩᠭᠤᠯ ᠤᠨ | ︽0︾ ᠨᠤᠮᠧᠷᠳᠤ ᠬᠢᠯᠢ ᠶᠢᠨ ᠬᠦᠰᠢᠶ᠎ᠡ ᠶᠢᠨ ᠪᠦᠳᠦᠭᠡᠨ ᠪᠠᠶᠢᠭᠤᠯᠤᠯᠳᠠ ᠶᠢᠨ ᠲᠦᠷᠦᠯ ᠵᠦᠢᠯ ᠢ ᠭᠤᠤᠯᠳᠠᠯᠭ᠎ᠠ | ᠲᠠᠢ ᠪᠠᠶᠢᠭᠤᠯᠤᠨ᠎ᠠ᠃ ᠨᠡᠶᠢᠳᠡᠮ ᠭᠡᠷᠡᠭᠯᠡᠬᠦ ᠨᠢᠰᠭᠡᠯ ᠤᠨ ᠪᠠᠭᠤᠳᠠᠯ ᠤᠨ ᠪᠦᠳᠦᠭᠡᠨ ᠪᠠᠶᠢᠭᠤᠯᠤᠯᠳᠠ ᠶᠢ ᠲᠦᠷᠭᠡᠳᠭᠡᠵᠤ | ᠂ 2016 ᠤᠨ ᠳᠤ ᠠᠶᠠᠯᠠᠯ ᠨᠡᠪᠳᠡᠷᠡᠬᠦ ᠠᠩᠬᠠᠨ ᠤ ᠨᠢᠰᠦᠯᠳᠡ ᠶᠢ ᠴᠢᠷᠮᠠᠶᠢᠨ ᠪᠠᠶᠡᠯᠡᠬᠦᠯᠦᠨ᠎ᠡ᠃ ᠠᠷᠤᠬᠠᠰᠢᠶᠠᠳᠤ | ᠪᠤᠭᠤᠮᠳᠠ ᠶᠢ ᠵᠢᠯ ᠲᠤᠷᠰᠢᠳᠠ ᠴᠢᠯᠦᠭᠡᠳᠡᠢ ᠪᠤᠯᠭᠠᠬᠤ ᠪᠠ ᠪᠤᠭᠤᠮᠳᠠ ᠨᠡᠪᠳᠡᠷᠡᠬᠦ ᠨᠡᠩ ᠤᠯᠠᠨ ᠬᠠᠷᠠᠭᠠᠯᠵᠠᠯ ᠤᠨ | ᠲᠦᠷᠦ ᠶᠢᠨ ᠪᠤᠳᠤᠯᠭ᠎ᠠ ᠶᠢ ᠢᠳᠡᠪᠬᠢᠳᠡᠢ ᠭᠤᠶᠤᠴᠢᠯᠠᠵᠤ᠂ ᠲᠤᠮᠳᠠᠳᠤ ᠮᠤᠩᠭᠤᠯ ᠤᠨ ᠬᠢᠯᠢ ᠶᠢᠨ ᠠᠵᠤ ᠠᠬᠤᠢ ᠶᠢᠨ | ᠬᠠᠮᠳᠤᠷᠠᠯᠴᠠᠭᠠᠨ ᠤ ᠤᠷᠤᠨ ᠢ ᠭᠤᠶᠤᠴᠢᠯᠠᠨ ᠮᠡᠳᠡᠬᠦᠯᠬᠦ ᠶᠢ ᠲᠦᠷᠭᠡᠳᠭᠡᠵᠦ᠂ ᠮᠤᠩᠭᠤᠯ ᠤᠯᠤᠰ ᠯᠤᠭ᠎ᠠ ᠶᠢᠨ | ᠠᠷᠠᠯᠵᠢᠶ᠎ᠠ ᠬᠤᠳᠠᠯᠳᠤᠭᠠᠨ ᠤ ᠬᠠᠷᠢᠯᠴᠠᠭ᠎ᠠ ᠶᠢ ᠨᠢᠭᠳᠠᠷᠠᠭᠤᠯᠤᠨ᠂ ᠮᠠᠯ ᠤᠨ ᠠᠰᠢᠭ ᠰᠢᠮ᠎ᠡ ᠪᠤᠯᠪᠠᠰᠤᠷᠠᠭᠤᠯᠬᠤ ᠪᠠ | ᠰᠢᠨ᠎ᠡ ᠭᠡᠯᠪᠡᠷᠢ ᠶᠢᠨ ᠪᠠᠷᠢᠯᠭ᠎ᠠ ᠶᠢᠨ ᠮᠠᠲ᠋ᠧᠷᠢᠶᠠᠯ ᠵᠢᠴᠢ ᠬᠢᠳᠠᠳ ᠡᠮ ᠤᠨ ᠮᠡᠲ᠋ᠧᠷᠢᠶᠠᠯ ᠪᠤᠯᠪᠠᠰᠤᠷᠠᠭᠤᠯᠬᠤ ᠦᠢᠯᠡᠰ ᠢ | ᠶᠡᠭᠡᠪᠡᠷ ᠭᠦᠭᠵᠢᠬᠦᠯᠵᠤ᠂ ᠪᠤᠭᠤᠮᠳᠠ ᠶᠢᠨ ᠦᠢᠯᠡᠳᠪᠦᠷᠢᠯᠡᠨ ᠪᠤᠯᠪᠠᠰᠤᠷᠠᠭᠤᠯᠬᠤ ᠬᠢᠭᠡᠳ ᠠᠷᠠᠯᠵᠢᠶ᠎ᠠ ᠬᠤᠳᠠᠯᠳᠤᠭ᠎ᠠ | ᠶᠢᠨ ᠡᠳ᠋ ᠪᠠᠷᠠᠭᠠᠨ ᠤ ᠬᠦᠢᠯᠭᠡᠭᠡᠨ ᠤ ᠰᠠᠭᠤᠷᠢᠨ ᠭᠠᠵᠠᠷ ᠢ ᠪᠦᠬᠦ ᠬᠦᠴᠦᠨ ᠢᠶᠠᠷ ᠪᠠᠶᠢᠭᠤᠯᠤᠨ᠎ᠠ᠃ ᠪᠤᠭᠤᠮᠳᠠ ᠶᠢᠨ | ᠵᠤᠭᠠᠴᠠᠯ ᠤᠨ ᠠᠵᠤ ᠦᠢᠯᠡᠰ ᠤᠨ ᠪᠦᠳᠦᠭᠡᠨ ᠪᠠᠶᠢᠭᠤᠯᠤᠯᠳᠠ ᠶᠢ ᠠᠬᠢᠭᠤᠯᠵᠤ᠂ ᠵᠤᠭᠠᠴᠠᠯ ᠤᠨ ᠠᠵᠤ ᠦᠢᠯᠡᠰ | ᠬᠢᠭᠡᠳ ᠪᠤᠭᠤᠮᠳᠠ ᠶᠢᠨ ᠠᠵᠤ ᠠᠬᠤᠢ ᠶᠢᠨ ᠬᠤᠯᠪᠤᠭᠠᠯᠠᠭᠰᠠᠨ ᠬᠦᠭᠵᠢᠯᠳᠡ ᠶᠢ ᠪᠡᠶᠡᠯᠡᠬᠦᠯᠦᠨ᠎ᠡ᠃ ᠪᠤᠭᠤᠮᠳᠠ ᠶᠢᠨ | ᠰᠠᠭᠤᠷᠢ ᠲᠦᠭᠦᠭᠡᠷᠤᠮᠵᠢ ᠶᠢ ᠲᠡᠭᠦᠯᠳᠡᠷᠵᠢᠬᠦᠯᠵᠤ᠂ ᠪᠤᠭᠤᠮᠳᠠ ᠶᠢᠨ ᠡᠳ᠋ ᠪᠠᠷᠠᠭ᠎ᠠ ᠶᠢ ᠬᠤᠯᠪᠤᠭᠠᠯᠠᠨ ᠪᠠᠶᠢᠴᠠᠭᠠᠬᠤ | ᠲᠢᠩᠬᠢᠮ ᠵᠢᠴᠢ ᠬᠠᠮᠢᠶ᠎ᠠ ᠪᠦᠬᠦᠢ ᠢᠵᠢ ᠪᠦᠷᠢᠳᠦᠭᠰᠡᠨ ᠲᠦᠭᠦᠭᠡᠷᠤᠮᠵᠢ᠂ ᠬᠢᠯᠢ ᠶᠢᠨ ᠪᠤᠭᠤᠮᠳᠠ ᠶᠢᠨ ᠬᠢᠨᠠᠨ | ᠬᠠᠮᠢᠶᠠᠷᠤᠯᠳᠠ ᠶᠢᠨ ᠤᠷᠤᠨ ᠪᠤᠯᠤᠨ ᠪᠤᠭᠤᠮᠳᠠ ᠶᠢᠨ ᠡᠯᠧᠺᠲᠷᠤᠨ ᠰᠤᠷᠠᠭ ᠵᠠᠩᠬᠢ ᠶᠢᠨ ᠲᠠᠪᠴᠠᠩ ᠤᠨ ᠪᠦᠳᠦᠭᠡᠨ | ᠪᠠᠶᠢᠭᠤᠯᠤᠯᠳᠠ ᠶᠢ ᠲᠦᠷᠭᠡᠳᠭᠡᠵᠤ᠂ ᠠᠷᠤᠬᠠᠰᠢᠶᠠᠳᠤ ᠪᠤᠭᠤᠮᠳᠠ — ᠮᠤᠩᠭᠤᠯ ᠤᠯᠤᠰ ᠤᠨ ᠴᠤᠶᠢᠪᠠᠯᠰᠠᠩ | ᠬᠤᠳᠠ ᠬᠦᠷᠬᠦ ᠵᠠᠰᠠᠮᠠᠯ ᠵᠠᠮ ᠡᠷᠳᠡ ᠨᠢᠭᠡᠨ ᠡᠳᠤᠷ ᠠᠵᠢᠯ ᠡᠬᠢᠯᠡᠬᠦ ᠶᠢ ᠠᠬᠢᠭᠤᠯᠤᠨ᠎ᠠ᠃ ᠦᠢᠯᠡᠴᠢᠯᠡᠭᠡᠨ ᠤ ᠤᠷᠴᠢᠨ | ᠲᠤᠭᠤᠷᠢᠨ ᠢ ᠰᠢᠯᠢᠳᠡᠭᠵᠢᠬᠦᠯᠵᠤ᠂ ᠲᠦᠷᠦ ᠶᠢᠨ ᠪᠤᠳᠤᠯᠭ᠎ᠠ ᠶᠢᠨ ᠴᠡᠪᠡᠷ ᠠᠰᠢᠭ ᠢ ᠴᠢᠯᠦᠭᠡᠳᠠᠢ ᠪᠤᠯᠭᠠᠨ᠂ | ᠤᠷᠤᠭᠤᠯᠬᠤ ᠵᠦᠪᠰᠢᠶᠡᠷᠡᠯ ᠤᠨ ᠱᠠᠭᠠᠷᠳᠠᠯᠭ᠎ᠠ ᠶᠢ ᠲᠤᠤᠷ᠎ᠠ ᠪᠤᠯᠭᠠᠵᠦ᠂ ᠲᠤᠮᠳᠠ ᠵᠢᠵᠢᠭ ᠠᠵᠤ ᠠᠬᠤᠶᠢᠯᠠᠯ ᠤᠨ | ᠡᠷᠡᠬᠦᠯ ᠢᠶᠠᠷ ᠭᠦᠭᠵᠢᠬᠦ ᠶᠢ ᠠᠬᠢᠭᠤᠯᠤᠨ᠎ᠠ᠃ | ︵ᠲᠦᠷᠪᠡ︶ ᠠᠮᠢ ᠠᠬᠤᠶᠢᠴᠢ ᠲᠠᠭᠠᠯᠠᠮᠵᠢᠳᠠᠢ ᠪᠠᠶᠢᠬᠤ ᠶᠢ ᠲᠤᠪᠤᠶᠢᠯᠭᠠᠵᠤ᠂ ᠬᠤᠳᠠ ᠪᠠᠯᠭᠠᠰᠤᠨ ᠤ | ᠲᠦᠷᠢ ᠲᠦᠷᠬᠦ ᠰᠢᠨ᠎ᠡ ᠬᠤᠪᠢᠷᠠᠯᠳᠠ ᠲᠠᠢ ᠪᠤᠯᠬᠤ ᠶᠢ ᠠᠬᠢᠭᠤᠯᠤᠨ᠎ᠠ᠃ ᠰᠢᠨ᠎ᠡ ᠭᠡᠯᠪᠡᠷᠢ ᠶᠢᠨ ᠬᠤᠳᠠ ᠪᠠᠯᠭᠠᠰᠤ | ᠶᠢᠨ ᠰᠢᠰᠲ᠋ᠧᠮ ᠤᠨ ᠪᠦᠳᠦᠭᠡᠨ ᠪᠠᠶᠢᠭᠤᠯᠤᠯᠳᠠ ᠶᠢ ᠲᠦᠷᠭᠡᠳᠭᠡᠵᠤ᠂ ᠲᠦᠪ ᠬᠤᠳᠠ ᠲᠤᠭᠤᠷᠢᠭ ᠤᠨ ᠳᠠᠭᠠᠭᠤᠯᠤᠨ | ᠲᠠᠶᠢᠴᠢᠯᠠᠬᠤ ᠬᠦᠴᠦᠨ ᠢ ᠲᠠᠰᠤᠷᠠᠯᠳᠠ ᠦᠭᠡᠢ ᠴᠢᠩᠭᠠᠳᠬᠠᠨ᠎ᠠ᠃ ᠬᠤᠳᠠ ᠪᠠᠯᠭᠠᠰᠤ ᠶᠢᠨ ᠭᠦᠭᠵᠢᠯᠳᠡ ᠶᠢᠨ | ᠲᠦᠯᠦᠪᠵᠢᠬᠦᠯᠬᠡ ᠶᠢ ᠲᠡᠭᠦᠯᠳᠡᠷᠵᠢᠬᠦᠯᠵᠤ᠂ ︽ᠠᠯᠳ᠋ᠬᠠᠮᠡᠭᠡᠯ ᠪᠠᠯᠭᠠᠰᠤ ᠶᠢᠨ ᠬᠢᠵᠠᠭᠠᠷᠯᠠᠬᠤ ᠴᠢᠨᠠᠷᠳᠠᠢ ᠨᠠᠷᠢᠯᠢᠭ | ᠲᠦᠯᠦᠪᠵᠢᠬᠦᠯᠭᠡ︾ ᠶᠢ ᠵᠠᠰᠠᠵᠤ ᠨᠠᠶᠢᠷᠠᠭᠤᠯᠤᠨ᠎ᠠ᠃ 1.11 ᠳ᠋ᠦᠩᠰᠢᠭᠤᠷ ᠲᠦᠭᠦᠷᠢᠭ ᠤᠨ ᠪᠡᠯᠡ ᠤᠷᠤᠭᠤᠯᠵᠤ᠂ | ᠤᠰᠤᠨ ᠤ ᠬᠠᠩᠭᠠᠯᠭ᠎ᠠ ᠶᠢᠨ ᠪᠡᠯᠡᠳᠭᠡᠯ ᠲᠦᠬᠦᠭᠡᠷᠦᠮᠵᠢ ᠶᠢ ᠵᠠᠰᠠᠵᠤ ᠦᠷᠭᠡᠳᠭᠡᠨ ᠪᠠᠶᠢᠭᠤᠯᠬᠤ᠂ ᠪᠤᠵᠠᠷ ᠤᠰᠤ | ᠰᠢᠢᠳᠪᠦᠷᠢᠯᠡᠬᠦ᠂ ᠢᠯᠴᠢ ᠬᠠᠩᠭᠠᠬᠤ᠂ ᠵᠠᠮ ᠵᠡᠭᠡᠯᠢ ᠶᠢᠨ ᠪᠦᠳᠦᠭᠡᠨ ᠪᠠᠶᠢᠭᠤᠯᠤᠯᠳᠠ ᠵᠡᠷᠭᠡ ᠢᠨᠵᠧᠨᠧᠷᠢᠩ ᠢ | ᠭᠡᠷᠡᠭᠵᠢᠬᠦᠯᠵᠤ᠂ ᠬᠤᠳᠠ ᠪᠠᠯᠭᠠᠰᠤ ᠶᠢᠨ ᠤᠷᠤᠰᠢᠨ ᠰᠠᠭᠤᠬᠤ ᠤᠷᠴᠢᠨ ᠲᠤᠭᠤᠷᠢᠨ ᠢ ᠲᠠᠰᠤᠷᠠᠯᠳᠠ ᠦᠭᠡᠢ | ᠰᠠᠶᠢᠵᠢᠷᠠᠭᠤᠯᠤᠨ᠎ᠠ᠃ 1.72 ᠳ᠋ᠦᠩᠰᠢᠭᠤᠷ ᠲᠦᠭᠦᠷᠢᠭ ᠤᠨ ᠪᠡᠯᠡ ᠤᠷᠤᠭᠤᠯᠵᠤ᠂ 300 ᠲᠦᠭᠦᠮ ᠪᠦᠳᠦᠴᠡᠳᠤ | ᠤᠷᠤᠨ ᠰᠠᠭᠤᠴᠠ ᠶᠢ ᠵᠠᠰᠠᠨ ᠰᠢᠨᠡᠳᠭᠡᠵᠤ᠂ 134 ᠨᠤᠷᠠᠬᠤ ᠠᠶᠤᠯᠳᠠᠢ ᠭᠡᠷ ᠪᠠᠶᠢᠰᠢᠩ ᠢ ᠵᠠᠰᠠᠨ ᠰᠢᠨᠡᠳᠭᠡᠨ᠎ᠡ᠃ | ᠬᠤᠳᠠ ᠪᠠᠯᠭᠠᠰᠤ ᠶᠢᠨ ᠲᠦᠷᠢ ᠲᠦᠷᠬᠦ ᠪᠠ ᠤᠷᠴᠢᠨ ᠲᠤᠭᠤᠷᠢᠨ ᠤ ᠠᠷᠢᠭᠤᠨ ᠴᠡᠪᠡᠷ ᠢ ᠴᠡᠭᠴᠡᠯᠡᠨ ᠵᠠᠰᠠᠬᠤ | ᠬᠦᠴᠦᠯᠡᠴᠡ ᠶᠢ ᠨᠡᠮᠡᠭᠳᠡᠬᠦᠯᠵᠤ᠂ ᠬᠤᠳᠠ ᠪᠠᠯᠭᠠᠰᠤ ᠶᠢᠨ ᠴᠢᠨᠠᠷ ᠲᠡᠰ ᠢ ᠲᠡᠭᠡᠭᠰᠢᠯᠡᠬᠦᠯᠵᠤ᠂ ᠬᠤᠳᠠ ᠶᠢᠨ | ᠦᠵᠡᠰᠬᠦᠯᠡᠩ ᠤᠨ ᠤᠷᠳᠤᠨ ᠪᠠ ᠬᠤᠳᠠ ᠪᠠᠯᠭᠠᠰᠤᠨ ᠤ ᠭᠠᠵᠠᠷ ᠲᠤᠤᠷᠠᠬᠢ ᠬᠤᠭᠤᠯᠠᠢ ᠲᠤᠤᠷ ᠢ ᠨᠡᠶᠢᠳᠡᠮ | ᠪᠠᠶᠢᠴᠠᠭᠠᠬᠤ ᠠᠵᠢᠯ ᠢ ᠭᠤᠤᠯᠳᠠᠯᠭ᠎ᠠ ᠲᠠᠢ ᠦᠷᠨᠢᠬᠦᠯᠦᠨ᠎ᠡ᠃ ᠵᠠᠮ ᠬᠠᠷᠢᠯᠴᠠᠭᠠᠨ ᠤ ᠨᠦᠬᠦᠴᠡᠯ ᠢ ᠰᠠᠶᠢᠵᠢᠷᠠᠭᠤᠯᠵᠤ᠂ | ᠭᠠᠴᠠᠭ᠎ᠠ ᠲᠤᠰᠬᠤᠨ ᠤ ᠵᠡᠭᠡᠯᠢ ᠭᠤᠳᠤᠮᠵᠢ ᠶᠢᠨ ᠵᠠᠮ ᠢ ᠱᠦᠢᠨᠢᠳᠡᠬᠦ ᠢᠨᠵᠧᠨᠧᠷᠢᠩ ᠢ 82.33 ᠺᠢᠯᠤᠮᠧᠲᠷ | ᠪᠡᠶᠡᠯᠡᠬᠦᠯᠵᠤ᠂ S203 ᠱᠤᠭᠤᠮ — ᠲᠠᠯᠠᠢ ᠤᠢ ᠰᠢᠭᠤᠢ ᠶᠢᠨ ᠲᠠᠯᠠᠪᠠᠢ ᠬᠦᠷᠬᠦ᠂ S203 ᠱᠤᠭᠤᠮ — | ᠡᠤ ᠢ ᠭᠠᠴᠠᠭ᠎ᠠ ᠬᠦᠷᠬᠦ᠂ ᠭᠡᠷᠦᠯᠦᠨ ᠰᠤᠮᠤ — ᠦᠯᠵᠡᠶᠢᠳᠤ ᠭᠠᠴᠠᠭ᠎ᠠ ᠬᠦᠷᠬᠦ ᠵᠡᠷᠭᠡ ᠬᠦᠳᠡᠭᠡ ᠲᠤᠰᠬᠤᠨ ᠤ | ᠵᠠᠰᠠᠮᠠᠯ ᠵᠠᠮ ᠢ ᠪᠡᠶᠡᠯᠡᠬᠦᠯᠦᠨ᠂ ᠪᠤᠭᠳᠠᠠᠭᠤᠯᠠ ᠰᠤᠮᠤ — ᠪᠤᠶᠢᠷ ᠰᠤᠮᠤ ᠬᠦᠷᠬᠦ ᠵᠠᠰᠠᠮᠠᠯ ᠵᠠᠮ᠂ ᠠᠯᠳ᠋ᠬᠠᠮᠡᠭᠡᠯ | ᠪᠠᠯᠭᠠᠰᠤ — ᠠᠷᠤᠬᠠᠰᠢᠶᠠᠳᠤ ᠪᠤᠭᠤᠮᠳᠠ ᠬᠦᠷᠬᠦ ᠬᠤᠶᠠᠳᠤᠭᠠᠷ ᠲᠡᠰ ᠤᠨ ᠵᠠᠰᠠᠮᠠᠯ ᠵᠠᠮ ᠢ ᠠᠵᠢᠯ ᠡᠬᠢᠯᠡᠬᠦᠯᠦᠨ | ᠪᠠᠶᠢᠭᠤᠯᠵᠤ᠂ ᠮᠤᠵᠢ ᠶᠢᠨ ᠵᠠᠮ S203 ᠱᠤᠭᠤᠮ ᠤᠨ ᠮᠠᠨᠵᠤᠤᠷ — ᠠᠯᠳ᠋ᠬᠠᠮᠡᠭᠡᠯ — ᠠᠮᠤᠭᠤᠯᠠᠩ ᠬᠦᠷᠬᠦ | ᠨᠢᠭᠡᠳᠤᠭᠡᠷ ᠲᠡᠰ ᠤᠨ ᠵᠠᠰᠠᠮᠠᠯ ᠵᠠᠮ ᠢ ᠠᠵᠢᠯ ᠲᠠᠭᠤᠰᠬᠠᠵᠤ ᠲᠡᠷᠭᠡ ᠨᠡᠪᠳᠡᠷᠡᠬᠦᠯᠦᠨ᠎ᠡ᠃ ︽ᠪᠠᠬᠢᠯᠡᠯᠳᠡ ᠰᠢᠪᠳᠤᠯᠬᠤ︾ | ᠵᠤᠷᠢᠭ ᠰᠠᠨᠠᠭ᠎ᠠ ᠶᠢ ᠶᠡᠭᠡᠪᠡᠷ ᠪᠠᠳᠠᠷᠠᠭᠤᠯᠵᠤ᠂ ︽ᠠᠷᠪᠠ ᠶᠢ ᠪᠦᠷᠭᠦᠭᠦᠯᠬᠦ︾ ᠢᠨᠵᠧᠨᠧᠷᠢᠩ ᠢ ᠦᠷᠬᠦᠯᠵᠢᠯᠡᠨ | ᠭᠡᠷᠡᠭᠵᠢᠬᠦᠯᠵᠤ᠂ ᠬᠢᠨᠠᠨ ᠰᠢᠯᠭᠠᠬᠤ ᠶᠢ ᠤᠷᠤᠭᠰᠢᠳᠠᠢ ᠦᠩᠭᠡᠷᠡᠬᠦᠯᠦᠨ᠎ᠡ᠃ | ︵ᠲᠠᠪᠤ︶ ᠠᠷᠠᠳ ᠤᠨ ᠠᠮᠢᠳᠤᠷᠠᠯ ᠢ ᠰᠠᠶᠢᠵᠢᠷᠠᠭᠤᠯᠤᠨ ᠠᠷᠠᠳ ᠢᠶᠠᠷ ᠦᠨᠳᠦᠰᠦ ᠪᠤᠯᠭᠠᠬᠤ ᠶᠢ | ᠲᠤᠪᠤᠶᠢᠯᠭᠠᠵᠤ᠂ ᠨᠡᠶᠢᠭᠡᠮ ᠤᠨ ᠠᠵᠢᠯ ᠦᠢᠯᠡᠰ ᠰᠢᠨ᠎ᠡ ᠲᠠᠪᠰᠢᠯᠳᠠ ᠲᠠᠢ ᠪᠤᠯᠬᠤ ᠶᠢ ᠠᠬᠢᠭᠤᠯᠤᠨ᠎ᠠ᠃ ᠠᠷᠠᠳ ᠤᠨ | ᠠᠮᠢᠳᠤᠷᠠᠯ ᠢ ᠰᠠᠶᠢᠵᠢᠷᠠᠭᠤᠯᠬᠤ ᠪᠡᠯᠡ ᠤᠷᠤᠭᠤᠯᠤᠯᠳᠠ ᠶᠢ ᠦᠷᠬᠦᠯᠵᠢᠯᠡᠨ ᠨᠡᠮᠡᠭᠳᠡᠬᠦᠯᠵᠤ᠂ ᠨᠡᠶᠢᠭᠡᠮ ᠤᠨ ᠡᠯ᠎ᠡ ᠵᠦᠢᠯ | ᠤᠨ ᠠᠵᠢᠯ ᠦᠢᠯᠡᠰ ᠤᠨ ᠡᠶ᠎ᠡ ᠵᠤᠬᠢᠴᠠᠩᠭᠤᠢ ᠬᠦᠭᠵᠢᠯᠳᠡ ᠶᠢ ᠪᠦᠬᠦ ᠲᠠᠯ᠎ᠠ ᠪᠠᠷ ᠠᠬᠢᠭᠤᠯᠤᠨ᠎ᠠ᠃ ᠰᠤᠷᠭᠠᠨ | ᠬᠦᠮᠦᠵᠢᠯ ᠡᠷᠡᠬᠦᠯ ᠬᠠᠮᠠᠭᠠᠯᠠᠯ ᠤᠨ ᠠᠵᠢᠯ ᠦᠢᠯᠡᠰ ᠢ ᠶᠡᠭᠡᠪᠡᠷ ᠭᠦᠭᠵᠢᠬᠦᠯᠦᠨ᠎ᠡ᠃ ᠤᠯᠤᠰ ᠤᠨ ᠲᠡᠰ ᠤᠨ ᠠᠯᠪᠠᠨ | ᠵᠢᠷᠤᠮ ᠤᠨ ᠰᠤᠷᠭᠠᠨ ᠬᠦᠮᠦᠵᠢᠯ ᠢ ᠦᠨᠳᠤᠰᠦᠨ ᠳᠡᠭᠡᠨ ᠲᠡᠩᠴᠡᠭᠦᠷᠢᠳᠡᠢ ᠬᠦᠭᠵᠢᠬᠦᠯᠦᠭᠰᠡᠨ ᠬᠤᠰᠢᠭᠤ ᠰᠢᠶᠠᠨ ᠢᠶᠠᠷ | ᠰᠢᠯᠭᠠᠷᠠᠭᠤᠯᠤᠭᠰᠠᠨ ᠦᠷ᠎ᠡ ᠪᠦᠳᠦᠭᠡᠯ ᠢ ᠪᠠᠳᠤᠳᠬᠠᠵᠤ᠂ ᠦᠪᠡᠷᠳᠡᠭᠡᠨ ᠵᠠᠰᠠᠬᠤ ᠤᠷᠤᠨ ᠤ ᠰᠤᠷᠭᠠᠨ ᠬᠦᠮᠦᠵᠢᠯ ᠤᠨ | ᠤᠳᠤᠬᠢᠴᠢᠯᠠᠯᠳᠠ ᠶᠢᠨ ᠵᠢᠱᠢᠶ᠎ᠡ ᠦᠵᠡᠬᠦᠯᠬᠦ ᠬᠤᠰᠢᠭᠤ ᠶᠢ ᠴᠢᠷᠮᠠᠶᠢᠨ ᠪᠠᠶᠢᠭᠤᠯᠤᠨ᠎ᠠ᠃ ᠲᠤᠮᠳᠠᠳᠤ ᠤᠷᠤᠰ ᠮᠤᠩᠭᠤᠯ | ᠤᠨ ᠬᠦᠯ ᠪᠦᠮᠪᠦᠭᠡ ᠶᠢᠨ ᠪᠤᠯᠪᠠᠰᠤᠷᠠᠯ ᠰᠤᠯᠢᠯᠴᠠᠭᠠᠨ ᠤ ᠰᠠᠭᠤᠷᠢᠨ ᠭᠠᠵᠠᠷ ᠢ ᠰᠢᠨ᠎ᠡ ᠪᠠᠷ ᠪᠠᠶᠢᠭᠤᠯᠵᠤ᠂ | ᠰᠤᠷᠭᠠᠭᠤᠯᠢ ᠶᠢᠨ ᠬᠦᠷᠢᠶᠡᠨ ᠤ ᠬᠦᠯ ᠪᠦᠮᠪᠦᠭᠡ ᠶᠢ ᠠᠬᠢᠭᠤᠯᠤᠨ ᠲᠦᠭᠡᠮᠡᠯᠵᠢᠬᠦᠯᠦᠨ᠎ᠡ᠃ ᠠᠷᠠᠳ ᠠᠴᠠ ᠡᠷᠬᠢᠯᠡᠭᠰᠡᠨ | ᠰᠤᠷᠭᠠᠨ ᠬᠦᠮᠦᠵᠢᠯ ᠢ ᠲᠦᠷᠢᠮᠵᠢᠬᠦᠯᠵᠤ᠂ ᠨᠡᠶᠢᠭᠡᠮ ᠤᠨ ᠬᠦᠴᠦᠨ ᠤ ᠰᠤᠷᠭᠠᠭᠤᠯᠢ ᠡᠷᠬᠢᠯᠡᠬᠦ ᠶᠢ ᠵᠤᠷᠢᠭᠵᠢᠭᠤᠯᠤᠨ᠎ᠠ | ᠃ ᠠᠵᠢᠯ ᠮᠡᠷᠭᠡᠵᠢᠯ ᠤᠨ ᠰᠤᠷᠭᠠᠨ ᠬᠦᠮᠦᠵᠢᠯ ᠤᠨ ᠰᠤᠷᠭᠠᠭᠤᠯᠢ ᠡᠷᠭᠢᠯᠡᠬᠦ ᠤᠨᠴᠠᠯᠢᠭ ᠢ ᠲᠤᠪᠤᠶᠢᠯᠭᠠᠵᠤ᠂ ᠠᠵᠢᠯ | ᠮᠡᠷᠭᠡᠵᠢᠯ ᠤᠨ ᠰᠤᠷᠭᠠᠭᠤᠯᠢ ᠶᠢᠨ ᠰᠠᠭᠤᠷᠢ ᠬᠦᠴᠦᠨ ᠪᠠ ᠠᠵᠢᠯ ᠮᠡᠷᠭᠡᠵᠢᠯ ᠤᠨ ᠰᠤᠷᠭᠠᠨ ᠬᠦᠮᠦᠵᠢᠯ ᠤᠨ | ᠦᠢᠯᠡᠳᠦᠯᠭᠡ ᠶᠢᠨ ᠰᠠᠭᠤᠷᠢᠨ ᠭᠠᠵᠠᠷ ᠤᠨ ᠪᠦᠳᠦᠭᠡᠨ ᠪᠠᠶᠢᠭᠤᠯᠤᠯᠳᠠ ᠶᠢ ᠴᠢᠩᠭᠠᠳᠬᠠᠨ᠎ᠠ᠃ ᠠᠯᠪᠠᠨ ᠠᠴᠠ | ᠪᠠᠶᠢᠭᠤᠯᠤᠭᠰᠠᠨ ᠡᠮᠨᠡᠯᠭᠡ ᠶᠢᠨ ᠦᠭᠡᠷᠡᠴᠢᠯᠡᠯᠳᠡ ᠶᠢ ᠲᠦᠷᠭᠡᠳᠭᠡᠨ ᠠᠬᠢᠭᠤᠯᠵᠤ᠂ ᠡᠮᠴᠢᠯᠡᠭᠡ ᠪᠠ ᠬᠠᠮᠢᠶᠠᠷᠤᠯᠳᠠ ᠶᠢᠨ | ᠲᠠᠯ᠎ᠠ ᠪᠠᠷ ᠬᠢ ᠦᠨᠳᠤᠷ ᠲᠡᠰ ᠤᠨ ᠭᠡᠷᠡᠭᠯᠡᠭᠡᠨ ᠤ ᠴᠢᠳᠠᠪᠤᠷᠢᠳᠠᠨ ᠢ ᠤᠷᠢᠵᠦ ᠬᠦᠮᠦᠵᠢᠬᠦᠯᠬᠦ ᠶᠢᠨ ᠬᠠᠮᠳᠦ᠂ | ᠭᠤᠷᠪᠠᠳᠤᠭᠠᠷ ᠲᠡᠰ ᠤᠨ ᠡᠮ ᠡᠮᠨᠡᠯᠭᠡ ᠡᠷᠡᠬᠦᠯ ᠬᠠᠮᠠᠭᠠᠯᠠᠯ ᠤᠨ ᠲᠤᠤᠷ ᠰᠦᠯᠵᠢᠶ᠎ᠡ ᠶᠢ ᠪᠦᠬᠦ ᠲᠠᠯ᠎ᠠ ᠪᠠᠷ | ᠪᠦᠷᠭᠦᠭᠦᠯᠦᠨ᠎ᠡ᠃ ︽ᠬᠤᠶᠠᠳᠤᠭᠠᠷ ᠭᠡᠤᠭᠡᠳ ᠠᠪᠬᠤ ᠶᠢ ᠪᠦᠬᠦ ᠲᠠᠯ᠎ᠠ ᠪᠠᠷ ᠴᠢᠯᠦᠭᠡᠳᠡᠢ ᠪᠤᠯᠭᠠᠬᠤ︾ ᠲᠦᠷᠦ ᠶᠢᠨ | ᠪᠤᠳᠤᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠦᠷᠡᠵᠢᠯ ᠤᠨ ᠬᠦᠢᠴᠡᠳᠭᠡᠬᠦ ᠲᠤᠭᠠᠨ ᠤ ᠲᠤᠭᠳᠠᠭᠤᠨ ᠢ | ᠪᠠᠳᠤᠯᠠᠨ᠎ᠠ᠃ ᠰᠤᠶᠤᠯ ᠲᠠᠮᠢᠷ ᠤᠨ ᠦᠢᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠬᠦᠯᠦᠨ᠎ᠡ᠃ ᠲᠠᠯᠠᠢ ᠰᠤᠮᠤ ᠪᠠ | ᠪᠤᠭᠳᠠᠠᠭᠤᠯᠠ ᠰᠤᠮᠤᠨ ᠤ ᠶᠡᠷᠤᠩᠭᠡᠶᠢᠯᠡᠭᠰᠡᠨ ᠰᠤᠶᠤᠯ ᠤᠨ ᠦᠷᠳᠡᠭᠡ ᠶᠢᠨ ᠪᠦᠳᠦᠭᠡᠨ ᠪᠠᠶᠢᠭᠤᠯᠤᠯᠳᠠ ᠶᠢᠨ ᠲᠦᠷᠦᠯ | ᠵᠦᠢᠯ ᠢ ᠪᠡᠶᠡᠯᠡᠬᠦᠯᠦᠨ᠎ᠡ᠃ ᠪᠤᠳᠠᠰ ᠤᠨ ᠪᠤᠰᠤ ᠰᠤᠶᠤᠯ ᠤᠨ ᠦᠪ ᠭᠦᠷᠦᠩᠭᠡ ᠶᠢ ᠴᠤᠭᠯᠠᠭᠤᠯᠤᠨ ᠡᠮᠭᠢᠳᠭᠡᠵᠤ᠂ ︽ | ᠪᠤᠭᠳᠠᠠᠭᠤᠯᠠ ᠶᠢᠨ ᠲᠠᠭᠢᠯᠭ᠎ᠠ︾ ᠶᠢ ᠤᠯᠤᠰ ᠤᠨ ᠲᠡᠰ ᠤᠨ ᠪᠤᠳᠠᠰ ᠤᠨ ᠪᠤᠰᠤ ᠰᠤᠶᠤᠯ ᠤᠨ ᠦᠪ ᠭᠦᠷᠦᠩᠭᠡ ᠶᠢᠨ | ᠲᠦᠷᠦᠯ ᠵᠦᠢᠯ ᠤᠨ ᠨᠡᠷᠡᠰ ᠤᠨ ᠵᠢᠭᠰᠠᠭᠠᠯᠳᠠ ᠳᠤ ᠤᠷᠤᠭᠤᠯᠬᠤ ᠪᠠᠷ ᠦᠷᠬᠦᠯᠵᠢᠯᠡᠨ ᠮᠡᠳᠡᠭᠦᠯᠦᠨ᠎ᠡ᠃ | ᠦᠨᠳᠦᠰᠦᠳᠡᠨ ᠤ ᠰᠤᠶᠤᠯ ᠤᠷᠠᠯᠢᠭ ᠤᠨ ᠪᠦᠳᠦᠭᠡᠯ ᠢ ᠴᠢᠬᠤᠯᠠᠴᠢᠯᠠᠵᠦ᠂ ︽ᠪᠠᠷᠭᠤ ᠠᠷᠠᠳ ᠤᠨ ᠲᠠᠭᠤᠤ ᠶᠢᠨ | ᠲᠡᠭᠦᠪᠦᠷᠢ︾ ᠬᠢᠭᠡᠳ ︽ᠪᠤᠳᠠᠰ ᠤᠨ ᠪᠤᠰᠤ ᠰᠤᠶᠤᠯ ᠤᠨ ᠦᠪ ᠭᠦᠷᠦᠩᠭᠡ ᠶᠢᠨ ᠡᠮᠭᠢᠳᠭᠡᠯ︾ ᠬᠤᠶᠠᠷ ᠤᠷᠠᠨ | ᠪᠦᠳᠦᠭᠡᠯ ᠢ ᠭᠡᠪᠯᠡᠨ ᠲᠠᠷᠬᠠᠭᠠᠨ᠎ᠠ᠃ ︽ᠮᠠᠯᠴᠢᠨ ᠤ ᠲᠠᠭᠤᠯᠠᠯ︾ ᠪᠦᠵᠢᠭᠳᠦ ᠳᠠᠭᠤᠯᠠᠯ ᠢ | ᠨᠠᠶᠢᠷᠠᠭᠤᠯᠤᠨᠪᠤᠯᠪᠠᠰᠤᠷᠠᠵᠤ᠂ ᠰᠢᠨ᠎ᠡ ᠪᠠᠷᠭᠤ ᠪᠠᠷᠠᠭᠤᠨ ᠬᠤᠰᠢᠭᠤᠨ ᠤ ᠰᠤᠶᠤᠯ ᠤᠨ ᠨᠡᠷ᠎ᠡ ᠶᠢᠨ ᠬᠠᠭᠤᠳᠠᠰᠤ ᠶᠢ | ᠬᠦᠴᠦᠯᠡᠨ ᠡᠭᠦᠳᠦᠨ᠎ᠡ᠃ ᠲᠠᠮᠢᠷ ᠤᠨ ᠦᠢᠯᠡᠰ ᠢ ᠶᠡᠭᠡᠪᠡᠷ ᠬᠦᠭᠵᠢᠬᠦᠯᠵᠤ᠂ ᠲᠠᠮᠢᠷ ᠤᠨ ᠤᠷᠳᠤᠨ ᠤ ᠪᠦᠳᠦᠭᠡᠨ | ᠪᠠᠶᠢᠭᠤᠯᠤᠯᠳᠠ ᠶᠢ ᠴᠢᠩᠭᠠᠳᠬᠠᠵᠤ᠂ ᠬᠦᠯ ᠪᠦᠮᠪᠦᠭᠡ᠂ ᠵᠢᠤᠳᠤᠤ ᠵᠡᠷᠭᠡ ᠦᠪᠡᠷᠮᠢᠴᠡ ᠤᠨᠴᠠᠯᠢᠭᠳᠤ ᠲᠠᠮᠢᠷ ᠤᠨ | ᠲᠦᠷᠦᠯ ᠵᠦᠢᠯ ᠤᠨ ᠴᠢᠳᠠᠪᠤᠷᠢᠳᠠᠨ ᠢ ᠭᠤᠤᠯᠳᠠᠯᠭ᠎ᠠ ᠲᠠᠢ ᠬᠦᠮᠦᠵᠢᠬᠦᠯᠦᠨ᠎ᠡ᠃ ᠨᠡᠶᠢᠭᠡᠮ ᠤᠨ ᠠᠵᠢᠯ ᠦᠢᠯᠡᠰ ᠤᠨ | ᠬᠦᠭᠵᠢᠯᠳᠡ ᠶᠢ ᠲᠦᠷᠭᠡᠳᠭᠡᠨ᠎ᠡ᠃ ᠤᠷᠤᠰᠢᠭᠤᠯᠭ᠎ᠠ ᠶᠢᠨ ᠲᠦᠷᠢᠮ ᠤᠨ ᠦᠭᠡᠷᠡᠴᠢᠯᠡᠯᠳᠡ ᠶᠢ ᠠᠬᠢᠭᠤᠯᠤᠨ᠎ᠠ᠃ | ᠨᠠᠰᠤᠵᠢᠯ ᠤᠨ ᠦᠢᠯᠡᠴᠢᠯᠡᠬᠡᠨ ᠤ ᠰᠢᠰᠲ᠋ᠧᠮ ᠢ ᠲᠡᠭᠦᠯᠳᠡᠷᠵᠢᠬᠦᠯᠵᠤ᠂ ᠨᠡᠶᠢᠭᠡᠮ ᠤᠨ ᠠᠰᠠᠷᠠᠮᠵᠢ ᠶᠢᠨ ᠬᠦᠷᠢᠶᠡᠯᠡᠩ ᠢ | ᠦᠭᠡᠷᠡᠴᠢᠯᠡᠨ ᠰᠠᠶᠢᠵᠢᠷᠠᠭᠤᠯᠵᠤ᠂ ︽12349︾ ᠠᠷᠠᠳ ᠲᠤ ᠲᠦᠭᠦᠮ ᠦᠵᠡᠬᠦᠯᠵᠤ ᠨᠠᠰᠤᠳᠠᠶᠢᠴᠤᠳ ᠲᠤ | ᠲᠤᠰᠠᠯᠠᠬᠤ ᠦᠢᠯᠡᠴᠢᠯᠡᠭᠡᠨ ᠤ ᠲᠦᠪ ᠤᠨ ᠪᠦᠳᠦᠭᠡᠨ ᠪᠠᠶᠢᠭᠤᠯᠤᠯᠳᠠ ᠶᠢᠨ ᠲᠦᠷᠦᠯ ᠵᠦᠢᠯ ᠢ ᠭᠡᠷᠡᠭᠵᠢᠬᠦᠯᠦᠨ᠎ᠡ᠃ | ᠬᠦᠴᠢᠷᠳᠡᠯᠳᠡᠢ ᠭᠡᠤᠭᠡᠳ ᠤᠨ ᠦᠨᠳᠤᠰᠤᠨ ᠠᠮᠢᠳᠤᠷᠠᠯ ᠢ ᠪᠠᠳᠤᠯᠠᠬᠤ ᠲᠤᠷᠰᠢᠯᠳᠠ ᠶᠢᠨ ᠴᠡᠭ ᠤᠨ ᠠᠵᠢᠯ ᠢ | ᠬᠦᠨᠵᠡᠭᠡᠢ ᠦᠷᠨᠢᠬᠦᠯᠵᠤ᠂ ᠠᠵᠤ ᠠᠬᠤᠢ ᠨᠡᠶᠢᠭᠡᠮ ᠤᠨ ᠬᠦᠭᠵᠢᠯᠳᠡ ᠲᠠᠢ ᠵᠤᠬᠢᠴᠠᠯᠳᠤᠭᠰᠠᠨ ᠬᠦᠴᠢᠷᠳᠡᠯᠳᠡᠢ | ᠭᠡᠤᠭᠡᠳ ᠢ ᠲᠦᠷᠦᠯ ᠠᠩᠭᠢᠯᠠᠨ ᠪᠠᠳᠤᠯᠠᠬᠤ ᠲᠦᠷᠢᠮ ᠢ ᠰᠦᠪᠡᠭᠴᠢᠯᠡᠨ ᠪᠠᠶᠢᠭᠤᠯᠤᠨ᠎ᠠ᠃ ᠬᠤᠶᠠᠷ ᠢ ᠬᠦᠷᠢᠶᠡᠯᠡᠵᠤ | ᠬᠠᠷᠠᠭᠠᠯᠵᠠᠨ ᠲᠦᠪᠬᠢᠨᠡᠬᠦᠯᠬᠦ ᠠᠵᠢᠯ ᠢ ᠰᠠᠶᠢᠳᠤᠷ ᠠᠳᠬᠤᠵᠤ᠂ ᠴᠡᠷᠢᠭ ᠠᠷᠠᠳ ᠬᠠᠮᠳᠤᠪᠡᠷ ᠴᠤᠭᠴᠠᠯᠠᠬᠤ ᠰᠠᠶᠢᠨ | ᠰᠠᠶᠢᠬᠠᠨ ᠠᠭᠤᠷ ᠠᠮᠢᠰᠬᠤᠯ ᠢ ᠪᠤᠢ ᠪᠤᠯᠭᠠᠨ᠎ᠠ᠃ ᠦᠨᠳᠤᠰᠦᠨ ᠱᠠᠳᠤᠨ ᠤ ᠨᠡᠶᠢᠭᠡᠮ ᠤᠨ ᠪᠠᠳᠤᠯᠠᠭ᠎ᠠ ᠶᠢᠨ ᠲᠠᠪᠴᠠᠩ | ᠳᠤ ᠲᠦᠰᠢᠭᠯᠡᠵᠤ᠂ ᠨᠡᠶᠢᠭᠡᠮ ᠤᠨ ᠲᠠᠭᠠᠳᠬᠠᠯ ᠤᠨ ᠪᠦᠷᠭᠦᠴᠡ ᠶᠢ ᠦᠷᠬᠦᠯᠵᠢᠯᠡᠨ ᠦᠷᠭᠡᠳᠭᠡᠨ᠎ᠡ᠃ ᠪᠠᠭ᠎ᠠ | ᠬᠡᠮᠵᠢᠶᠡᠨ ᠤ ᠪᠠᠳᠤᠯᠠᠭᠠᠳᠤ ᠵᠢᠭᠡᠯᠡᠯᠭᠡ ᠪᠠ ᠨᠡᠶᠢᠭᠡᠮ ᠤᠨ ᠲᠠᠭᠠᠳᠬᠠᠯ ᠤᠨ ᠨᠦᠬᠦᠪᠦᠷᠢ ᠵᠡᠷᠭᠡ ᠠᠵᠢᠯ ᠤᠯᠭᠤᠯᠳᠠ ᠶᠢ | ᠲᠡᠮᠵᠢᠬᠦ ᠲᠦᠷᠦ ᠶᠢᠨ ᠪᠤᠳᠤᠯᠭ᠎ᠠ ᠶᠢ ᠦᠷᠭᠦᠯᠵᠢᠯᠡᠨ ᠨᠠᠶᠢᠳᠠᠪᠤᠷᠢᠵᠢᠭᠤᠯᠵᠤ᠂ ᠤᠯᠠᠨ ᠠᠷᠭ᠎ᠠ ᠵᠠᠮ ᠢᠶᠠᠷ ᠠᠵᠢᠯ | ᠤᠯᠭᠤᠬᠤ ᠪᠠᠶᠢᠷᠢ ᠶᠢ ᠨᠡᠭᠡᠭᠡᠨ᠎ᠡ᠃ ᠨᠠᠷᠢᠯᠢᠭ ᠤᠨᠤᠪᠴᠢᠳᠠᠢ ᠪᠠᠷ ᠶᠠᠳᠠᠭᠤ ᠠᠴᠠ ᠠᠩᠭᠢᠵᠢᠷᠠᠭᠤᠯᠬᠤ ᠲᠤᠳᠠᠭᠳᠠᠯ ᠲᠠᠢ | ᠲᠠᠯ᠎ᠠ ᠶᠢ ᠨᠦᠬᠦᠪᠦᠷᠢᠯᠡᠨ ᠰᠠᠶᠢᠵᠢᠷᠠᠭᠤᠯᠤᠨ᠎ᠠ᠃ ᠶᠠᠳᠠᠭᠤ ᠶᠢ ᠲᠡᠳᠭᠦᠨ ᠪᠠᠭᠢᠯᠡᠯᠳᠡ ᠰᠢᠪᠳᠤᠯᠬᠤ ᠰᠠᠭᠤᠷᠢ ᠶᠢ | ᠪᠠᠳᠤᠯᠠᠬᠤ ᠠᠵᠢᠯ ᠢ ᠪᠦᠬᠦ ᠲᠠᠯ᠎ᠠ ᠪᠠᠷ ᠠᠬᠢᠭᠤᠯᠵᠤ᠂ ᠨᠠᠷᠢᠯᠢᠭ ᠤᠨᠤᠪᠴᠢᠳᠠᠢ ᠶᠠᠳᠠᠭᠤ ᠶᠢ ᠲᠡᠳᠭᠦᠨ ᠪᠠᠭᠢᠯᠡᠯᠳᠡ | ᠰᠢᠪᠳᠤᠯᠬᠤ ︽ᠭᠤᠷᠪᠠ ᠶᠢ ᠲᠤᠰᠬᠤᠨ ᠪᠠ ᠡᠷᠤᠭᠡ ᠳᠤ ᠭᠦᠷᠭᠡᠬᠦ︾ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠤᠨ᠂ | ᠪᠦᠬᠦᠶᠢᠯᠡ ᠲᠤᠰᠬᠤᠨ ᠢᠶᠠᠷ ᠨᠢ ᠲᠦᠯᠬᠢᠨ ᠠᠬᠢᠭᠤᠯᠬᠤ ᠪᠠ ᠨᠠᠷᠢᠯᠢᠭ ᠤᠨᠤᠪᠴᠢᠳᠠᠢ ᠲᠡᠳᠭᠦᠨ ᠲᠡᠮᠵᠢᠬᠦ ︽ᠬᠤᠤᠰ | ᠬᠦᠳᠡᠯᠭᠡᠭᠴᠢ ᠭᠦᠴᠦᠨ︾ ᠤ ᠲᠤᠭᠳᠠᠴᠠ ᠶᠢ ᠲᠠᠰᠤᠷᠠᠯᠳᠠ ᠦᠭᠡᠢ ᠲᠡᠭᠦᠯᠳᠡᠷᠵᠢᠬᠦᠯᠵᠤ᠂ 484 ᠬᠦᠮᠦᠨ ᠢ | ᠨᠠᠷᠢᠯᠢᠭ ᠤᠨᠤᠪᠴᠢᠳᠠᠢ ᠶᠠᠳᠠᠭᠤ ᠠᠴᠠ ᠠᠩᠬᠢᠵᠢᠷᠠᠭᠤᠯᠬᠤ ᠪᠠᠷ ᠴᠢᠷᠮᠠᠶᠢᠨ᠎ᠠ᠃ | ︵ᠵᠢᠷᠭᠤᠭ᠎ᠠ︶ ᠵᠠᠰᠠᠭ ᠤᠨ ᠶᠠᠪᠤᠳᠠᠯ ᠢ ᠢᠯᠡ ᠪᠤᠯᠭᠠᠬᠤ ᠶᠢ ᠲᠤᠪᠤᠶᠢᠯᠭᠠᠵᠤ᠂ ᠪᠠᠶᠢᠭᠤᠯᠤᠮᠵᠢ ᠶᠢᠨ | ᠦᠭᠡᠷᠡᠴᠢᠯᠡᠯᠳᠡ ᠰᠢᠨ᠎ᠡ ᠪᠦᠳᠦᠮᠵᠢ ᠲᠠᠢ ᠪᠤᠯᠬᠤ ᠶᠢ ᠠᠬᠢᠭᠤᠯᠤᠨ᠎ᠠ᠃ ᠵᠠᠰᠠᠭ ᠤᠨ ᠶᠠᠪᠤᠳᠠᠯ ᠢ ᠢᠯᠡ ᠪᠤᠯᠭᠠᠬᠤ ᠶᠢ | ᠪᠦᠬᠦ ᠲᠠᠯ᠎ᠠ ᠪᠠᠷ ᠠᠬᠢᠭᠤᠯᠵᠤ᠂ ᠵᠠᠰᠠᠭ ᠤᠨ ᠤᠷᠳᠤᠨ ᠤ ᠡᠯ᠎ᠡ ᠵᠦᠢᠯ ᠤᠨ ᠰᠤᠷᠠᠭ ᠵᠠᠩᠬᠢ ᠶᠢ ᠬᠠᠤᠯᠢ ᠶᠤᠰᠤᠭᠠᠷ | ᠴᠠᠭ ᠲᠤᠬᠠᠢ ᠳᠤᠨᠢ ᠢᠯᠡ ᠪᠤᠯᠭᠠᠨ᠎ᠠ᠃ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠵᠢᠴᠢ ᠪᠠᠶᠢᠩᠭᠤ ᠶᠢᠨ | ᠬᠤᠷᠢᠶᠠᠨ ᠤ ᠬᠢᠨᠠᠯᠳᠠ ᠪᠠ ᠤᠯᠤᠰ ᠲᠦᠷᠦ ᠶᠢᠨ ᠵᠦᠪᠯᠡᠯᠭᠡᠨ ᠤ ᠠᠷᠠᠳᠴᠢᠯᠠᠯ ᠤᠨ ᠬᠢᠨᠠᠯᠳᠠ ᠶᠢ ᠰᠠᠨᠠᠭᠠᠴᠢᠯᠠᠭ᠎ᠠ | ᠠᠴᠠ ᠪᠠᠨ ᠬᠦᠯᠢᠶᠡᠵᠤ᠂ ᠬᠠᠤᠯᠢ ᠴᠠᠭᠠᠵᠠ ᠶᠢᠨ ᠬᠢᠨᠠᠯᠳᠠ᠂ ᠨᠡᠶᠢᠭᠡᠮ ᠨᠡᠶᠢᠳᠡ ᠶᠢᠨ ᠬᠢᠨᠠᠯᠳᠠ ᠪᠠ ᠰᠤᠨᠢᠨ ᠮᠡᠳᠡᠭᠡ | ᠶᠠᠷᠢᠶ᠎ᠠ ᠭᠡᠯᠡᠯᠴᠡᠭᠡᠨ ᠤ ᠬᠢᠨᠠᠯᠳᠠ ᠶᠢ ᠲᠡᠭᠡᠳᠤ ᠭᠡᠮᠵᠢᠶ᠎ᠡ ᠪᠠᠷ ᠴᠢᠬᠤᠯᠠᠴᠢᠯᠠᠵᠦ᠂ ᠡᠷᠭᠡ ᠶᠢ ᠢᠯᠡ ᠪᠠᠷ | ᠭᠡᠷᠡᠭᠵᠢᠬᠦᠯᠦᠨ᠎ᠡ᠃ ᠠᠵᠤ ᠠᠬᠤᠢ ᠬᠢᠭᠡᠳ ᠠᠮᠢ ᠠᠬᠤᠢ ᠶᠢᠨ ᠪᠤᠯᠪᠠᠰᠤᠨ ᠤ ᠪᠠᠶᠢᠭᠤᠯᠤᠮᠵᠢ ᠶᠢᠨ ᠦᠭᠡᠷᠡᠴᠢᠯᠡᠯᠳᠡ | ᠶᠢ ᠰᠠᠶᠢᠳᠤᠷ ᠠᠳᠬᠤᠵᠤ᠂ ᠤᠷᠤᠨ ᠨᠤᠳᠤᠭ ᠤᠨ ᠦᠪᠡᠷᠮᠢᠴᠡ ᠤᠨᠴᠠᠯᠢᠭ ᠢ ᠲᠤᠪᠤᠶᠢᠯᠭᠠᠨ᠂ ᠵᠠᠯᠭᠠᠮᠵᠢ ᠶᠢᠨ | ᠤᠳᠤᠷᠢᠳᠤᠮᠵᠢ᠂ ᠠᠰᠠᠭᠤᠳᠠᠯ ᠤᠨ ᠤᠳᠤᠷᠢᠳᠤᠮᠵᠢ᠂ ᠬᠠᠷᠠᠯᠳᠠ ᠶᠢᠨ ᠤᠳᠤᠷᠢᠳᠤᠮᠵᠢ ᠪᠠ ᠲᠦᠷᠦ ᠶᠢᠨ ᠪᠤᠳᠤᠯᠭ᠎ᠠ | ᠶᠢᠨ ᠤᠳᠤᠷᠢᠳᠤᠮᠵᠢ ᠶᠢ ᠪᠠᠷᠢᠮᠳᠠᠯᠠᠵᠤ᠂ ᠲᠦᠷᠢᠮ ᠤᠨ ᠦᠭᠡᠷᠡᠴᠢᠯᠡᠯᠳᠡ ᠪᠠ ᠦᠢᠯᠡᠴᠢᠯᠡᠭᠡᠨ ᠤ ᠰᠢᠨ᠎ᠡ ᠶᠢ ᠡᠭᠦᠳᠬᠦ | ᠶᠢ ᠴᠢᠩᠭᠠᠳᠬᠠᠵᠤ᠂ ᠵᠠᠬ᠎ᠠ ᠲᠡᠯᠭᠡᠭᠦᠷ ᠤᠨ ᠲᠤᠭᠳᠠᠴᠠ᠂ ᠠᠵᠤ ᠠᠬᠤᠢ ᠶᠢᠨ ᠠᠷᠭ᠎ᠠ ᠪᠠᠷᠢᠯ᠂ ᠬᠠᠤᠯᠢ ᠪᠠᠷ ᠵᠠᠰᠠᠬᠤ | ᠠᠷᠭ᠎ᠠ ᠭᠡᠯᠪᠡᠷᠢ ᠪᠠᠷ ᠵᠦᠷᠢᠴᠡᠯ ᠠᠰᠠᠭᠤᠳᠠᠯ ᠢ ᠰᠢᠢᠳᠪᠦᠷᠢᠯᠡᠬᠦ ᠶᠢ ᠴᠢᠬᠤᠯᠠᠴᠢᠯᠠᠨ᠎ᠠ᠃ ᠵᠠᠰᠠᠭ ᠵᠠᠭᠢᠷᠭᠠᠨ ᠤ ᠬᠢᠨᠠᠨ | ᠵᠦᠪᠰᠢᠶᠡᠷᠡᠬᠦ ᠲᠦᠷᠢᠮ ᠤᠨ ᠦᠭᠡᠷᠡᠴᠢᠯᠡᠯᠳᠡ ᠶᠢ ᠬᠦᠨᠵᠡᠭᠡᠶᠢᠷᠡᠬᠦᠯᠦᠨ᠂ ᠬᠢᠨᠠᠨ ᠵᠦᠪᠰᠢᠶᠡᠷᠡᠬᠦ ᠶᠠᠪᠤᠴᠠ ᠶᠢ | ᠲᠡᠭᠦᠯᠳᠡᠷᠵᠢᠬᠦᠯᠵᠤ᠂ ᠦᠨᠤ ᠵᠢᠯ ᠳᠤ ᠬᠢᠨᠠᠨ ᠵᠦᠪᠰᠢᠶᠡᠷᠡᠬᠦ ᠰᠠᠯᠠᠭ᠎ᠠ ᠮᠦᠴᠢᠷ ᠢ ᠲᠤᠬᠢᠷᠠᠭᠤᠯᠤᠨ᠎ᠠ᠃ ᠵᠠᠰᠠᠭ ᠤᠨ | ᠤᠷᠳᠤᠨ ᠤ ᠬᠤᠳᠠᠯᠳᠤᠨ ᠠᠪᠬᠤ ᠤᠯᠠᠨ ᠨᠡᠶᠢᠳᠡ ᠶᠢᠨ ᠦᠢᠯᠡᠴᠢᠯᠡᠭᠡᠨ ᠤ ᠨᠠᠷᠢᠨ ᠲᠠᠩᠰᠠ ᠶᠢ ᠲᠤᠭᠳᠠᠭᠠᠵᠤ᠂ ᠡᠮ | ᠡᠮᠨᠡᠯᠭᠡ ᠰᠤᠷᠭᠠᠨ ᠬᠦᠮᠦᠵᠢᠯ ᠰᠤᠶᠤᠯ ᠲᠠᠮᠢᠷ ᠵᠡᠷᠭᠡ ᠠᠷᠠᠳ ᠤᠨ ᠠᠮᠢᠳᠤᠷᠠᠯ ᠤᠨ ᠦᠢᠯᠡᠴᠢᠯᠡᠭᠡᠨ ᠤ ᠬᠦᠷᠢᠶ᠎ᠡ | ᠭᠡᠪᠴᠢᠶᠡᠨ ᠳᠠᠬᠢ ᠬᠤᠳᠠᠯᠳᠤᠨ ᠠᠪᠬᠤ ᠴᠢᠳᠠᠪᠬᠢ ᠶᠢ ᠨᠡᠮᠡᠭᠳᠡᠬᠦᠯᠦᠨ᠎ᠡ᠃ ᠤᠯᠤᠰ ᠤᠨ ᠦᠮᠴᠢᠯᠡᠯᠳᠤ ᠤᠢ ᠰᠢᠭᠤᠢ | ᠶᠢᠨ ᠪᠠᠶᠢᠭᠤᠯᠤᠮᠵᠢ ᠶᠢᠨ ᠦᠭᠡᠷᠡᠴᠢᠯᠡᠯᠳᠡ ᠶᠢ ᠠᠬᠢᠭᠤᠯᠤᠨ᠎ᠠ᠃ ᠵᠢᠵᠢᠭ ᠬᠡᠯᠪᠡᠷᠢ ᠶᠢᠨ ᠤᠰᠤᠨ ᠠᠰᠢᠭᠯᠠᠯᠳᠠ ᠶᠢᠨ | ᠢᠨᠵᠧᠨᠧᠷᠢᠩ ᠤᠨ ᠦᠮᠴᠢᠯᠡᠬᠦ ᠡᠷᠭᠡ ᠶᠢᠨ ᠲᠦᠷᠢᠮ ᠤᠨ ᠦᠭᠡᠷᠡᠴᠢᠯᠡᠯᠳᠡ ᠶᠢ ᠭᠡᠷᠡᠭᠵᠢᠬᠦᠯᠵᠤ᠂ ᠢᠨᠵᠧᠨᠧᠷᠢᠩ ᠤᠨ | ᠦᠮᠴᠢᠯᠡᠬᠦ ᠡᠷᠭᠡ ᠶᠢ ᠲᠤᠭᠳᠠᠭᠠᠨ᠂ ᠬᠠᠮᠢᠶᠠᠷᠤᠨ ᠬᠠᠮᠠᠭᠠᠯᠠᠬᠤ ᠭᠤᠤᠯ ᠴᠤᠭᠴᠠ ᠶᠢ ᠲᠤᠳᠤᠷᠬᠠᠶᠢᠯᠠᠵᠤ᠂ ᠬᠠᠮᠢᠶᠠᠷᠤᠨ | ᠬᠠᠮᠠᠭᠠᠯᠠᠬᠤ ᠵᠠᠷᠤᠳᠠᠯ ᠰᠦᠢᠳᠭᠡᠯ ᠢ ᠨᠠᠶᠢᠳᠠᠪᠤᠷᠢᠵᠢᠭᠤᠯᠤᠨ᠂ ᠬᠠᠮᠢᠶᠠᠷᠤᠯᠳᠠ ᠶᠢᠨ ᠠᠷᠭ᠎ᠠ ᠭᠡᠯᠪᠡᠷᠢ ᠶᠢ | ᠲᠡᠭᠦᠯᠳᠡᠷᠵᠢᠬᠦᠯᠦᠨ᠎ᠡ᠃ ᠦᠨᠤ ᠵᠢᠯ ᠳᠤ ᠦᠭᠡᠷᠡᠴᠢᠯᠡᠯᠳᠡ ᠶᠢᠨ ᠡᠭᠦᠷᠭᠡ ᠶᠢ ᠪᠦᠬᠦ ᠲᠠᠯ᠎ᠠ ᠪᠠᠷ ᠪᠡᠶᠡᠯᠡᠬᠦᠯᠦᠨ᠎ᠡ᠃ | ᠲᠠᠪᠤ᠂ ᠠᠷᠠᠳ ᠲᠦᠮᠡᠨ ᠤ ᠰᠡᠳᠬᠢᠯ ᠬᠠᠨᠤᠮᠵᠢᠳᠠᠢ ᠵᠠᠰᠠᠭ ᠤᠨ ᠤᠷᠳᠤᠨ ᠢ ᠬᠦᠴᠦᠯᠡᠨ ᠪᠠᠶᠢᠭᠤᠯᠤᠨ᠎ᠠ | ᠲᠦᠯᠦᠭᠡᠯᠡᠭᠴᠢᠳ ᠡ᠂ ᠵᠠᠰᠠᠭ ᠤᠨ ᠤᠷᠳᠤᠨ ᠤ ᠠᠵᠢᠯ ᠤᠨ ᠡᠴᠤᠰ ᠤᠨ ᠬᠠᠷᠠᠯᠳᠠ ᠪᠤᠯ ᠲᠠᠷᠤᠢ ᠠᠷᠠᠳ | ᠤᠯᠠᠨ ᠳᠤ ᠨᠡᠩ ᠤᠯᠠᠨ ᠪᠤᠶᠠᠨ ᠭᠡᠰᠢᠭ ᠦᠢᠯᠡᠳᠬᠦ ᠶᠢᠨ ᠲᠦᠯᠦᠭᠡ ᠶᠤᠮ᠂ ᠵᠠᠰᠠᠭ ᠤᠨ ᠤᠷᠳᠤᠨ ᠤ ᠲᠤᠬᠠᠢ | ᠬᠠᠮᠤᠭ ᠤᠨ ᠰᠠᠶᠢᠨ ᠮᠠᠭᠳᠠᠭᠠᠯ ᠰᠠᠶᠢᠰᠢᠶᠠᠯ ᠨᠢ ᠲᠠᠷᠤᠢ ᠦᠷᠭᠡᠨ ᠤᠯᠠᠨ ᠠᠷᠠᠳ ᠲᠦᠮᠡᠨ ᠤ ᠰᠡᠳᠬᠢᠯ ᠬᠠᠨᠤᠮᠵᠢᠳᠠᠢ | ᠪᠠᠶᠢᠭ᠎ᠠ ᠳᠤ ᠶᠤᠮ᠃ ᠰᠢᠨ᠎ᠡ ᠨᠢᠭᠡᠨ ᠵᠢᠯ ᠳᠤ᠂ ᠪᠢᠳᠡ ᠡᠷᠭᠡᠪᠰᠢ ᠦᠭᠡᠷᠡᠴᠢᠯᠡᠯᠳᠡ ᠬᠢᠵᠤ ᠰᠢᠨ᠎ᠡ ᠶᠢ ᠡᠭᠦᠳᠬᠦ | ᠵᠤᠷᠢᠭ ᠰᠠᠨᠠᠭ᠎ᠠ ᠪᠠᠷ ᠵᠠᠰᠠᠭ ᠤᠨ ᠤᠷᠳᠤᠨ ᠤ ᠲᠤᠰ ᠪᠡᠶ᠎ᠡ ᠶᠢᠨ ᠪᠦᠳᠦᠭᠡᠨ ᠪᠠᠶᠢᠭᠤᠯᠤᠯᠳᠠ ᠶᠢ ᠴᠢᠩᠭᠠᠳᠬᠠᠵᠤ᠂ | ᠰᠢᠨᠵᠢᠯᠡᠬᠦ ᠤᠬᠠᠭᠠᠨᠴᠢ ᠭᠦᠭᠵᠢᠯᠳᠡ ᠶᠢ ᠤᠳᠤᠷᠢᠳᠬᠤ ᠴᠢᠳᠠᠪᠤᠷᠢ ᠶᠢ ᠴᠢᠨᠠᠭᠰᠢᠳᠠ ᠲᠡᠭᠡᠭᠰᠢᠯᠡᠬᠦᠯᠦᠨ᠂ ᠰᠢᠨᠵᠢᠯᠡᠬᠦ | ᠤᠬᠠᠭᠠᠨᠴᠢ ᠪᠠᠷ ᠶᠠᠪᠤᠳᠠᠯ ᠰᠡᠳᠤᠵᠤ ᠠᠵᠢᠯ ᠬᠢᠬᠦ ᠬᠢᠷᠢ ᠲᠦᠪᠰᠢᠨ ᠢ ᠲᠡᠭᠡᠭᠰᠢᠯᠡᠬᠦᠯᠵᠤ᠂ ᠠᠷᠠᠳ ᠲᠦᠮᠡᠨ ᠤ | ᠰᠡᠳᠬᠢᠯ ᠬᠠᠨᠤᠮᠵᠢᠳᠠᠢ ᠵᠠᠰᠠᠭ ᠤᠨ ᠤᠷᠳᠤᠨ ᠢ ᠪᠠᠶᠢᠭᠤᠯᠤᠨ᠎ᠠ᠃ | ︵ᠨᠢᠭᠡ︶ ᠬᠠᠤᠯᠢ ᠪᠠᠷ ᠵᠠᠰᠠᠬᠤ ᠵᠠᠰᠠᠭ ᠤᠨ ᠤᠷᠳᠤᠨ ᠢ ᠪᠦᠳᠦᠭᠡᠨ ᠪᠠᠶᠢᠭᠤᠯᠤᠨ᠎ᠠ᠃ ᠬᠠᠤᠯᠢ ᠶᠤᠰᠤᠭᠠᠷ | ᠬᠤᠰᠢᠭᠤ ᠪᠠᠨ ᠵᠠᠰᠠᠬᠤ ᠶᠢ ᠠᠬᠢᠭᠤᠯᠵᠤ᠂ ᠬᠠᠤᠯᠢ ᠪᠠᠷ ᠵᠠᠰᠠᠬᠤ ᠦᠵᠡᠯᠳᠡ ᠲᠠᠨᠢᠯᠳᠠ ᠶᠢ ᠪᠠᠳᠤ ᠪᠠᠬᠢ ᠪᠤᠢ | ᠪᠤᠯᠭᠠᠵᠤ᠂ ᠬᠠᠤᠯᠢ ᠪᠠᠷ ᠵᠠᠰᠠᠬᠤ ᠰᠡᠳᠬᠢᠬᠦᠢ ᠪᠠ ᠠᠷᠭ᠎ᠠ ᠪᠠᠷᠢᠯ ᠢ ᠤᠬᠠᠮᠰᠠᠷ ᠠᠴᠠ ᠪᠠᠨ ᠭᠡᠷᠡᠭᠯᠡᠨ᠂ | ᠦᠭᠡᠷᠡᠴᠢᠯᠡᠯᠳᠡ ᠭᠦᠭᠵᠢᠯᠳᠡ ᠶᠢ ᠠᠬᠢᠭᠤᠯᠵᠤ᠂ ᠨᠡᠶᠢᠭᠡᠮ ᠤᠨ ᠠᠮᠤᠷ ᠲᠤᠭᠳᠠᠭᠤᠨ ᠢ ᠬᠠᠮᠠᠭᠠᠯᠠᠵᠤ᠂ ᠡᠷᠭᠡ ᠲᠡᠭᠰᠢ | ᠲᠦᠪ ᠭᠤᠤᠯᠴᠢ ᠶᠢ ᠠᠬᠢᠭᠤᠯᠤᠨ᠎ᠠ᠃ ᠬᠠᠤᠯᠢ ᠶᠤᠰᠤᠭᠠᠷ ᠰᠢᠢᠳᠪᠦᠷᠢᠳᠤ ᠪᠤᠳᠤᠯᠭ᠎ᠠ ᠲᠤᠭᠳᠠᠭᠠᠬᠤ ᠲᠤᠭᠳᠠᠴᠠ ᠶᠢ | ᠲᠡᠭᠦᠯᠳᠡᠷᠵᠢᠬᠦᠯᠵᠤ᠂ ᠤᠯᠠᠨ ᠨᠡᠶᠢᠳᠡ ᠪᠠᠷ ᠢᠶᠠᠨ ᠤᠷᠤᠯᠴᠠᠬᠤ᠂ ᠲᠤᠰᠬᠠᠢ ᠮᠡᠷᠭᠡᠵᠢᠯᠳᠡᠨ ᠨᠤᠳᠠᠯᠠᠬᠤ᠂ ᠠᠶᠤᠯ | ᠲᠦᠭᠰᠢᠭᠦᠷᠢ ᠶᠢ ᠦᠨᠡᠯᠡᠨ ᠵᠢᠱᠢᠬᠦ᠂ ᠬᠠᠤᠯᠢ ᠶᠤᠰᠤᠴᠢ ᠴᠢᠨᠠᠷ ᠢ ᠬᠢᠨᠠᠨ ᠪᠠᠶᠢᠴᠠᠭᠠᠬᠤ ᠪᠠ ᠬᠠᠮᠳᠤ ᠨᠡᠶᠢᠳᠡ ᠪᠠᠷ | ᠢᠶᠠᠨ ᠶᠠᠷᠢᠯᠴᠠᠨ ᠲᠤᠭᠳᠠᠭᠠᠬᠤ ᠵᠡᠷᠭᠡ ᠶᠢ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠳᠤ ᠪᠤᠳᠤᠯᠭ᠎ᠠ | ᠲᠤᠭᠳᠠᠭᠠᠬᠤ ᠬᠠᠤᠯᠢ ᠶᠤᠰᠤᠨ ᠤ ᠠᠯᠬᠤᠮ ᠲᠠᠷᠠᠭᠠᠯᠠᠯ ᠪᠤᠯᠭᠠᠵᠤ᠂ ᠰᠢᠨᠵᠢᠯᠡᠬᠦ ᠤᠬᠠᠭᠠᠨᠴᠢ ᠪᠠᠷ ᠰᠢᠢᠳᠪᠦᠷᠢᠳᠤ | ᠪᠤᠳᠤᠯᠭ᠎ᠠ ᠲᠤᠭᠳᠠᠭᠠᠬᠤ ᠶᠢ ᠪᠠᠳᠤᠯᠠᠨ᠎ᠠ᠃ ᠬᠠᠤᠯᠢ ᠭᠡᠷᠡᠭᠵᠢᠬᠦᠯᠬᠦ ᠬᠠᠷᠢᠭᠤᠴᠠᠯᠭ᠎ᠠ ᠶᠢ ᠨᠠᠷᠢᠨ ᠬᠢᠨᠠᠮᠠᠭᠠᠢ | ᠨᠠᠶᠢᠳᠠᠪᠤᠷᠢᠵᠢᠭᠤᠯᠵᠤ᠂ ᠵᠠᠰᠠᠭ ᠵᠠᠬᠢᠷᠭᠠᠨ ᠤ ᠬᠠᠤᠯᠢ ᠭᠡᠷᠡᠭᠵᠢᠬᠦᠯᠬᠦ ᠶᠢ ᠲᠦᠪ ᠴᠢᠩᠭ᠎ᠠ ᠲᠦᠷᠢᠮᠵᠢᠬᠦᠯᠦᠨ᠎ᠡ᠃ | ᠬᠠᠤᠯᠢ ᠴᠠᠭᠠᠵᠠ ᠶᠢᠨ ᠵᠦᠪᠯᠡᠭᠴᠢ ᠶᠢᠨ ᠲᠦᠷᠢᠮ ᠢ ᠪᠦᠬᠦ ᠲᠠᠯ᠎ᠠ ᠪᠠᠷ ᠭᠡᠷᠡᠭᠵᠢᠬᠦᠯᠵᠤ᠂ ᠵᠠᠰᠠᠭ ᠤᠨ ᠤᠷᠳᠤᠨ ᠤ | ᠬᠠᠤᠯᠢ ᠴᠠᠭᠠᠵᠠ ᠶᠢᠨ ᠦᠢᠯᠡᠴᠢᠯᠡᠭᠡᠨ ᠤ ᠰᠢᠰᠲ᠋ᠧᠮ ᠢ ᠲᠠᠰᠤᠷᠠᠯᠳᠠ ᠦᠭᠡᠢ ᠲᠡᠭᠦᠯᠳᠡᠷᠵᠢᠬᠦᠯᠦᠨ᠎ᠡ᠃ | ︵ᠬᠤᠶᠠᠷ︶ ᠦᠨᠡᠨᠴᠢ ᠢᠳᠡᠭᠡᠮᠵᠢᠳᠡᠢ ᠵᠠᠰᠠᠭ ᠤᠨ ᠤᠷᠳᠤᠨ ᠢ ᠪᠦᠳᠦᠭᠡᠨ ᠪᠠᠶᠢᠭᠤᠯᠤᠨ᠎ᠠ᠃ ᠤᠪᠤᠷ ᠰᠤᠷᠳᠠᠯ | ᠤᠨ ᠪᠦᠳᠦᠭᠡᠨ ᠪᠠᠶᠢᠭᠤᠯᠤᠯᠳᠠ ᠶᠢ ᠴᠢᠩᠭᠠᠳᠬᠠᠵᠤ᠂ ᠨᠠᠮ ᠤᠨ ᠤᠯᠠᠨ ᠲᠦᠮᠡᠨᠴᠢ ᠱᠤᠭᠤᠮ ᠤᠨ ᠬᠦᠮᠦᠵᠢᠯ | ᠦᠢᠯᠡᠳᠦᠯᠭᠡ ᠶᠢᠨ ᠠᠵᠢᠯᠯᠠᠭ᠎ᠠ ᠪᠤᠯᠤᠨ ︽ᠭᠤᠷᠪᠠᠨ ᠴᠢᠩᠭ᠎ᠠ ᠭᠤᠷᠪᠠᠨ ᠪᠤᠳᠠᠳᠠᠢ︾ ᠲᠤᠰᠬᠠᠢ ᠰᠡᠳᠤᠪᠳᠤ | ᠬᠦᠮᠦᠵᠢᠯ ᠤᠨ ᠦᠷ᠎ᠡ ᠪᠦᠳᠦᠭᠡᠯ ᠢ ᠪᠠᠳᠤᠳᠬᠠᠨ᠎ᠠ᠃ ᠨᠡᠶᠢᠭᠡᠮ ᠲᠠᠶᠠᠭᠠᠷ ᠲᠤ ᠠᠮᠠᠯᠠᠭᠰᠠᠨ ᠢᠶᠠᠨ ᠲᠦᠪ ᠴᠢᠩᠭ᠎ᠠ | ᠬᠦᠢᠴᠡᠳᠭᠡᠵᠤ᠂ ᠵᠠᠰᠠᠭ ᠤᠨ ᠤᠷᠳᠤᠨ ᠤ ᠠᠵᠢᠯ ᠬᠦᠢᠴᠡᠳᠭᠡᠬᠦ ᠪᠠ ᠲᠠᠭᠠᠭᠠᠴᠢᠯᠠᠨ ᠪᠡᠶᠡᠯᠡᠬᠦᠯᠬᠦ ᠴᠢᠳᠡᠪᠬᠢ ᠶᠢ | ᠴᠢᠨᠠᠭᠰᠢᠳᠠ ᠲᠡᠭᠡᠭᠰᠢᠯᠡᠬᠦᠯᠦᠨ᠂ ᠠᠮᠠᠯᠠᠭᠰᠠᠨ ᠶᠠᠪᠤᠳᠠᠯ ᠢᠶᠠᠨ ᠨᠢᠭᠡᠳ ᠨᠢᠭᠡ ᠪᠠᠷ ᠨᠠᠶᠢᠳᠠᠪᠤᠷᠢᠵᠢᠭᠤᠯᠵᠤ᠂ ᠬᠢᠬᠦ ᠪᠠᠷ | ᠲᠤᠭᠳᠠᠭᠰᠠᠨ ᠠᠵᠢᠯ ᠢᠶᠠᠨ ᠨᠢᠭᠡᠳ ᠨᠢᠭᠡ ᠪᠠᠷ ᠰᠠᠶᠢᠳᠤᠷ ᠪᠡᠶᠡᠯᠡᠬᠦᠯᠵᠤ᠂ ᠬᠡᠯᠡᠭᠰᠡᠨ ᠢᠶᠠᠨ ᠡᠷᠭᠡᠪᠰᠢ ᠬᠢᠵᠤ᠂ ᠬᠢᠪᠡᠯ | ᠡᠷᠭᠡᠪᠰᠢ ᠴᠢᠨᠠᠷᠯᠢᠭ ᠰᠠᠶᠢᠨ ᠬᠢᠵᠤ᠂ ᠦᠨᠡᠨᠴᠢ ᠢᠳᠡᠭᠡᠮᠵᠢᠳᠡᠢ ᠪᠠᠶᠢᠵᠤ ᠠᠮᠠᠯᠠᠯᠳᠠ ᠠᠴᠠ ᠪᠠᠨ ᠪᠤᠴᠠᠬᠤ ᠦᠭᠡᠢ᠃ | ᠵᠠᠰᠠᠭ ᠤᠨ ᠤᠷᠳᠤᠨ ᠤ ᠠᠵᠢᠯᠳᠠᠨ ᠤ ᠦᠨᠡᠨᠴᠢ ᠢᠳᠡᠭᠡᠮᠵᠢ ᠶᠢᠨ ᠬᠦᠮᠦᠵᠢᠯ ᠪᠠ ᠬᠠᠮᠢᠶᠠᠷᠤᠯᠳᠠ ᠶᠢ ᠴᠢᠩᠭᠠᠳᠬᠠᠨ᠂ | ᠵᠠᠰᠠᠭ ᠤᠨ ᠶᠠᠪᠤᠳᠠᠯ ᠢ ᠱᠠᠭᠠᠷᠳᠠᠨ ᠪᠠᠶᠢᠴᠠᠭᠠᠬᠤ ᠪᠠ ᠦᠷ᠎ᠡ ᠪᠦᠳᠦᠮᠵᠢ ᠶᠢ ᠬᠢᠨᠠᠨ ᠪᠠᠶᠢᠴᠠᠭᠠᠬᠤ ᠶᠢ ᠴᠢᠩᠭᠠᠳᠬᠠᠵᠤ᠂ | ᠡᠯ᠎ᠡ ᠲᠦᠷᠦᠯ ᠤᠨ ᠠᠵᠢᠯ ᠢ ᠡᠬᠢᠨ ᠠᠴᠠ ᠨᠢ ᠠᠳᠠᠭ ᠲᠤᠨᠢ ᠲᠤᠯᠳᠠᠯ᠎ᠠ ᠰᠠᠶᠢᠳᠤᠷ ᠠᠳᠬᠤᠬᠤ ᠶᠢ ᠪᠠᠳᠤᠯᠠᠨ᠎ᠠ᠃ | ︵ᠭᠤᠷᠪᠠ︶ ᠠᠷᠢᠭᠤᠨ ᠴᠢᠭᠡᠴᠢ ᠵᠠᠰᠠᠭ ᠤᠨ ᠤᠷᠳᠤᠨ ᠢ ᠪᠦᠳᠦᠭᠡᠨ ᠪᠠᠶᠢᠭᠤᠯᠤᠨ᠎ᠠ᠃ ᠨᠠᠮ ᠤᠨ ᠰᠤᠷᠳᠠᠯ | ᠴᠢᠭᠡᠴᠢ ᠵᠠᠰᠠᠭ ᠤᠨ ᠪᠦᠳᠦᠭᠡᠨ ᠪᠠᠶᠢᠭᠤᠯᠤᠯᠳᠠ ᠶᠢᠨ ᠭᠤᠤᠯ ᠴᠤᠭᠴᠠ ᠶᠢᠨ ᠬᠠᠷᠢᠭᠤᠴᠠᠯᠭ᠎ᠠ ᠶᠢ ᠪᠦᠬᠦ ᠲᠠᠯ᠎ᠠ ᠪᠠᠷ | ᠨᠠᠶᠢᠳᠠᠪᠤᠷᠢᠵᠢᠭᠤᠯᠵᠤ᠂ ᠲᠦᠪ ᠤᠨ ᠨᠠᠢᠮᠠᠨ ᠵᠤᠷᠪᠤᠰ ᠲᠤᠭᠳᠠᠭᠠᠯ ᠢ ᠲᠦᠪ ᠴᠢᠩᠭ᠎ᠠ ᠭᠡᠷᠡᠭᠵᠢᠬᠦᠯᠦᠨ᠎ᠡ᠃ ᠰᠠᠬᠢᠯᠭ᠎ᠠ | ᠪᠠᠳᠤ ᠶᠢᠨ ᠪᠦᠳᠦᠭᠡᠨ ᠪᠠᠶᠢᠭᠤᠯᠤᠯᠳᠠ ᠶᠢ ᠴᠢᠩᠭᠠᠳᠬᠠᠵᠤ᠂ ᠤᠯᠤᠰ ᠲᠦᠷᠦ ᠶᠢᠨ ᠰᠠᠬᠢᠯᠭ᠎ᠠ ᠪᠠᠳᠤ ᠪᠤᠯᠤᠨ ᠤᠯᠤᠰ | ᠲᠦᠷᠦ ᠶᠢᠨ ᠶᠤᠰᠤ ᠲᠦᠷᠢᠮ ᠢ ᠴᠢᠩᠭ᠎ᠠ ᠲᠤᠳᠤᠷᠬᠠᠶᠢᠯᠠᠨ᠎ᠠ᠃ ᠲᠦᠷᠢᠮ ᠤᠨ ᠪᠦᠳᠦᠭᠡᠨ ᠪᠠᠶᠢᠭᠤᠯᠤᠯᠳᠠ ᠶᠢ | ᠴᠢᠩᠭᠠᠳᠬᠠᠨ᠂ ᠭᠤᠤᠯᠳᠠᠯᠭ᠎ᠠ ᠲᠠᠢ ᠬᠦᠷᠢᠶ᠎ᠡ ᠭᠡᠪᠴᠢᠶ᠎ᠡ᠂ ᠲᠦᠷᠦᠯ ᠵᠦᠢᠯ ᠪᠠ ᠪᠡᠯᠡ ᠮᠦᠩᠭᠦ ᠶᠢᠨ ᠬᠢᠨᠠᠨ | ᠪᠤᠳᠤᠯᠳᠠ ᠬᠢᠭᠡᠳ ᠬᠢᠨᠠᠨ ᠪᠠᠶᠢᠴᠠᠭᠠᠯᠳᠠ ᠶᠢ ᠴᠢᠩᠭᠠᠳᠬᠠᠵᠤ᠂ ᠲᠦᠷᠢᠮ ᠢᠶᠠᠷ ᠡᠷᠭᠡ ᠶᠢ ᠬᠢᠵᠠᠭᠠᠷᠯᠠᠨ᠂ ᠬᠦᠮᠦᠨ ᠢ | ᠬᠠᠮᠢᠶᠠᠷᠴᠤ᠂ ᠠᠵᠢᠯ ᠢ ᠲᠦᠷᠢᠮᠵᠢᠬᠦᠯᠦᠨ᠎ᠡ᠃ ︽ᠠᠯᠪᠠᠨ ᠤ ᠭᠤᠷᠪᠠᠨ ᠵᠠᠷᠤᠳᠠᠯ︾ ᠢ ᠴᠢᠨᠠᠭᠰᠢᠳᠠ ᠪᠠᠭᠠᠰᠬᠠᠵᠤ᠂ | ᠨᠡᠩ ᠤᠯᠠᠨ ᠡᠳ᠋ ᠤᠨ ᠬᠦᠴᠦᠨ ᠢ ᠭᠦᠭᠵᠢᠯᠳᠡ ᠶᠢ ᠠᠬᠢᠭᠤᠯᠬᠤ ᠪᠠ ᠠᠷᠠᠳ ᠤᠨ ᠠᠮᠢᠳᠤᠷᠠᠯ ᠢ ᠰᠠᠶᠢᠵᠢᠷᠠᠭᠤᠯᠬᠤ | ᠳᠤ ᠵᠠᠷᠤᠴᠠᠭᠤᠯᠵᠤ᠂ ᠵᠠᠰᠠᠭ ᠤᠨ ᠤᠷᠳᠤᠨ ᠤᠬᠠᠮᠰᠠᠷ ᠠᠴᠠ ᠪᠠᠨ ︽ᠨᠠᠷᠢᠯᠠᠵᠦ ᠠᠮᠢᠳᠤᠷᠠᠬᠤ︾ ᠪᠤᠯᠵᠦ᠂ ᠤᠯᠠᠨ | ᠲᠦᠮᠡᠨ ᠳᠤ ᠢᠯᠡ ᠲᠠᠢ ᠬᠦᠨᠳᠦ ᠲᠠᠢ ︽ᠰᠠᠶᠢᠬᠠᠨ ᠠᠮᠢᠳᠤᠷᠠᠯ︾ ᠢ ᠡᠳ᠋ᠯᠡᠬᠦᠯᠦᠨ᠎ᠡ᠃ | ᠲᠦᠯᠦᠭᠡᠯᠡᠭᠴᠢᠳ ᠡ᠂ ᠰᠢᠨ᠎ᠡ ᠭᠡᠪ ᠤᠨ ᠪᠠᠶᠢᠳᠠᠯ ᠢ ᠲᠠᠶᠢᠴᠢᠯᠠᠬᠤ ᠳᠤ᠂ ᠪᠢᠳᠡ ᠡᠷᠬᠡᠪᠰᠢ ᠬᠦᠳᠡᠯᠦᠩᠬᠦᠢ | ᠪᠠᠷ ᠠᠵᠢᠯᠯᠠᠵᠤ᠂ ᠢᠳᠡᠪᠭᠢᠳᠡᠢ ᠡᠭᠦᠳᠦᠨ ᠪᠦᠳᠦᠭᠡᠬᠦ ᠭᠡᠷᠡᠭᠳᠡᠢ᠃ ᠰᠢᠨ᠎ᠡ ᠭᠦᠭᠵᠢᠯᠳᠡ ᠶᠢ ᠪᠡᠶᠡᠯᠡᠬᠦᠯᠬᠦ ᠳᠤ᠂ ᠪᠢᠳᠡ | ᠡᠷᠬᠡᠪᠰᠢ ᠡᠷᠡᠯᠭᠡᠭᠯᠡᠨ ᠲᠡᠮᠡᠴᠡᠨ ᠤᠷᠤᠭᠰᠢᠯᠠᠨ ᠲᠠᠪᠰᠢᠵᠤ᠂ ᠲᠡᠷᠢᠬᠦᠨ ᠤ ᠬᠢ ᠪᠤᠯᠬᠤ ᠪᠠᠷ ᠬᠦᠴᠦᠯᠡᠨ ᠴᠢᠷᠮᠠᠶᠢᠬᠤ | ᠭᠡᠷᠡᠭᠳᠡᠢ᠃ ᠪᠢᠳᠡ ᠬᠤᠰᠢᠭᠤᠨ ᠤ ᠨᠠᠮ ᠤᠨ ᠬᠤᠷᠢᠶ᠎ᠠ ᠶᠢᠨ ᠪᠠᠳᠤ ᠴᠢᠩᠭ᠎ᠠ ᠤᠳᠤᠷᠢᠳᠤᠯᠭ᠎ᠠ ᠲᠤᠤᠷ᠎ᠠ᠂ ᠪᠦᠬᠦ | ᠬᠤᠰᠢᠭᠤᠨ ᠤ ᠦᠨᠳᠤᠰᠦᠳᠡᠨ ᠨᠦᠭᠦᠳ ᠤᠨ ᠠᠷᠠᠳ ᠲᠦᠮᠡᠨ ᠲᠠᠢ ᠪᠦᠯᠬᠦᠮᠳᠡᠨ ᠨᠢᠭᠳᠠᠷᠠᠯᠴᠠᠵᠤ᠂ ᠨᠢᠭᠡ ᠰᠡᠳᠬᠢᠯ | ᠨᠢᠭᠡ ᠵᠤᠷᠢᠭ ᠢᠶᠠᠷ ᠴᠤᠴᠠᠯᠳᠠ ᠦᠭᠡᠢ ᠤᠷᠤᠭᠰᠢᠯᠠᠵᠤ᠂ ᠡᠭᠡ ᠤᠯᠤᠰ ᠤᠨ ᠤᠮᠠᠷᠠᠳᠤ ᠬᠢᠯᠢ ᠶᠢᠨ ᠡᠨᠡᠬᠦ ᠰᠠᠶᠢᠬᠠᠨ | ᠦᠩᠭᠡ ᠦᠵᠡᠮᠵᠢ ᠶᠢ ᠨᠡᠩ ᠭᠤᠸ᠎ᠠ ᠦᠵᠡᠰᠬᠦᠯᠡᠩ ᠪᠤᠯᠭᠠᠬᠤ ᠶᠢᠨ ᠲᠦᠯᠦᠭᠡ ᠴᠢᠷᠮᠠᠶᠢᠨ ᠲᠡᠮᠡᠴᠡᠵᠡᠭᠡᠶ᠎ᠡ︕ |