2017 ᠤᠨ ᠤ ᠵᠠᠰᠠᠭ ᠤᠨ ᠤᠷᠳᠤᠨ ᠤ ᠠᠵᠢᠯ ᠤᠨ ᠢᠯᠡᠤᠡᠬᠡᠯ ︵ᠨᠢᠬᠡ︶
ᠨᠡᠶᠢᠲᠡᠯᠡᠭᠰᠡᠨ ᠴᠠᠭ᠄
2017/1/13
   — — 2017 ᠤᠨ ᠤ 1 ᠰᠠᠷᠠᠶᠢᠨ 13᠎ ᠤ ᠡᠳᠦᠷ   ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠪᠠᠨ ᠲᠦᠷᠪᠡᠳᠦᠭᠡᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠵᠢᠷᠭᠤᠳᠤᠭᠠᠷ ᠤᠳᠠᠭᠠᠨ ᠤ ᠬᠤᠷᠠᠯ ᠲᠡᠭᠡᠷ᠎ᠡ   ᠰᠢᠨ᠎ᠡ  ᠪᠠᠷᠭᠤ  ᠪᠠᠷᠠᠭᠤᠨ  ᠬᠤᠰᠢᠭᠤᠨ  ᠎ ᠤ ᠠᠷᠠᠳ ᠤᠨ ᠵᠠᠰᠠᠭ ᠤᠨ ᠤᠷᠳᠤᠨ ᠤ ᠤᠷᠤᠯᠠᠭᠴᠢ ᠬᠤᠰᠢᠭᠤᠨ ᠲᠠᠷᠤᠭ᠎ᠠ    ᠨᠠᠷᠠᠰᠤ                                                                                                             ᠲᠦᠯᠦᠭᠡᠯᠡᠭᠴᠢᠳ ᠡ᠄        ᠤᠳᠤ ᠪᠢ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠢ ᠲᠦᠯᠦᠭᠡᠯᠡᠨ᠂ ᠶᠡᠭᠡ ᠬᠤᠷᠠᠯ ᠳᠤ ᠠᠵᠢᠯ ᠤᠨ ᠢᠯᠡᠳᠭᠡᠯ ᠬᠢᠶ᠎ᠡ᠂ ᠬᠢᠨᠠᠨ ᠵᠦᠪᠯᠡᠬᠦ ᠪᠤᠯᠪᠠᠤ᠂ ᠤᠯᠤᠰ ᠲᠦᠷᠦ ᠶᠢᠨ ᠵᠦᠪᠯᠡᠯᠭᠡᠨ ᠤ ᠭᠡᠰᠢᠭᠦᠳ ᠪᠤᠯᠤᠨ ᠬᠤᠷᠠᠯ ᠳᠤ ᠰᠤᠯᠠ ᠤᠷᠤᠯᠴᠠᠭᠰᠠᠳ ᠰᠠᠨᠠᠯ ᠢᠶᠠᠨ ᠲᠤᠷᠠᠳᠬᠤ ᠪᠤᠯᠪᠠᠤ᠃              ᠨᠢᠭᠡ᠂ 2016 ᠤᠨ ᠳᠤ ᠠᠵᠦ ᠠᠬᠤᠢ ᠨᠡᠶᠢᠬᠡᠮ ᠤᠨ ᠬᠦᠭᠵᠢᠯᠳᠡ ᠳᠤ ᠢᠯᠡᠳᠳᠡ ᠦᠷ᠎ᠡ ᠪᠦᠳᠦᠮᠵᠢ ᠤᠯᠪᠠ       ᠦᠩᠭᠡᠷᠡᠭᠰᠡᠨ ᠨᠢᠭᠡ ᠵᠢᠯ ᠳᠤ᠂ ᠪᠤᠳᠤᠯᠢᠶᠠᠨᠳᠠᠢ ᠪᠦᠭᠡᠳ ᠬᠤᠪᠢᠷᠠᠯᠳᠠ ᠶᠡᠬᠡᠳᠡᠢ ᠬᠦᠭᠵᠢᠯᠳᠡ ᠶᠢᠨ ᠪᠠᠶᠢᠳᠠᠯ᠂ ᠠᠵᠦ ᠠᠬᠤᠢ ᠲᠤᠷᠤᠭᠰᠢᠯᠠᠭᠰᠠᠨ ᠠᠰᠢᠭ ᠦᠬᠡᠢ ᠪᠠᠶᠢᠳᠠᠯ ᠪᠤᠯᠤᠨ ᠤᠯᠠᠨ ᠵᠢᠯ ᠳᠤ ᠲᠤᠬᠢᠶᠠᠯᠳᠤᠭ᠎ᠠ ᠦᠬᠡᠢ ᠪᠠᠶᠢᠭᠠᠯᠢ ᠶᠢᠨ ᠭᠠᠮᠰᠢᠭ ᠲᠤ ᠴᠢᠭᠯᠡᠬᠦᠯᠦᠨ᠂ ᠬᠤᠰᠢᠭᠤᠨ ᠤ ᠵᠠᠰᠠᠭ ᠤᠨ ᠤᠷᠳᠤᠨ ᠠᠴᠠ ᠬᠤᠳᠠ ᠎ ᠶᠢᠨ ᠨᠠᠮ ᠤᠨ ᠬᠤᠷᠢᠶ᠎ᠠ᠂ ᠬᠤᠳᠠ ᠶᠢᠨ ᠵᠠᠰᠠᠭ ᠤᠨ ᠤᠷᠳᠤᠨ ᠪᠤᠯᠤᠨ ᠬᠤᠰᠢᠭᠤᠨ ᠤ ᠨᠠᠮ ᠤᠨ ᠬᠤᠷᠢᠶ᠎ᠠ ᠶᠢᠨ ᠵᠦᠪ ᠤᠨᠤᠪᠴᠢᠳᠠᠢ ᠤᠳᠤᠷᠢᠳᠤᠯᠭ᠎ᠠ ᠲᠤᠤᠷ᠎ᠠ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠪᠤᠯᠤᠨ ᠠᠷᠪᠠᠨ ᠨᠠᠢᠮᠠᠳᠤᠭᠠᠷ ᠬᠤᠭᠤᠴᠠᠭᠠᠨ ᠤ ᠭᠤᠷᠪᠠᠳᠤᠭᠠᠷ᠂ ᠲᠦᠷᠪᠡᠳᠦᠭᠡᠷ᠂ ᠲᠠᠪᠤᠳᠤᠭᠠᠷ᠂ ᠵᠢᠷᠭᠤᠳᠤᠭᠠᠷ ᠪᠦᠬᠦᠳᠡ ᠬᠤᠷᠠᠯ ᠵᠢᠴᠢ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠬᠤᠳᠠ ᠶᠢᠨ ᠨᠠᠮ ᠤᠨ ᠬᠤᠷᠢᠶ᠎ᠠ᠂ ᠬᠤᠰᠢᠭᠤᠨ ᠤ ᠨᠠᠮ ᠤᠨ ᠬᠤᠷᠢᠶ᠎ᠠ ᠶᠢᠨ ᠨᠠᠮ ᠎ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠵᠤᠷᠢᠭ ᠰᠠᠨᠠᠭ᠎ᠠ ᠶᠢ ᠬᠦᠨᠵᠡᠬᠡᠢ ᠲᠤᠤᠱᠯᠠᠭᠤᠯᠤᠨ ᠨᠠᠶᠢᠳᠠᠪᠦᠷᠢᠵᠢᠭᠤᠯᠵᠦ᠂ ᠪᠦᠬᠦ ᠬᠤᠰᠢᠭᠤᠨ ᠤ ᠦᠷᠭᠡᠨ ᠤᠯᠠᠨ ᠺᠠᠳ᠋ᠷ ᠲᠦᠮᠡᠨ ᠢ ᠪᠦᠯᠬᠦᠮᠳᠡᠬᠦᠯᠦᠨ ᠲᠠᠭᠠᠭᠤᠯᠵᠦ᠂ ᠢᠳᠡᠭᠡᠯ ᠵᠤᠷᠢᠭ ᠢᠶᠠᠨ ᠬᠦᠪᠴᠢᠯᠡᠵᠦ᠂ ᠠᠵᠠ ᠲᠤᠬᠢᠶᠠᠯ ᠢ ᠡᠵᠡᠮᠳᠡᠨ᠂ ᠵᠤᠷᠢᠭᠳᠠᠢ ᠪᠠᠷ ᠤᠷᠤᠭᠰᠢᠯᠠᠵᠦ᠂ ᠯᠠᠪᠳᠠᠭᠤᠨ ᠪᠠᠳᠤᠳᠠᠢ ᠠᠵᠢᠯᠯᠠᠨ᠂ ᠠᠵᠦ ᠠᠬᠤᠢ ᠪᠠ ᠨᠡᠶᠢᠬᠡᠮ ᠤᠨ ᠡᠯ᠎ᠡ ᠵᠦᠢᠯ ᠤᠨ ᠠᠵᠢᠯ ᠦᠢᠯᠡᠰ ᠤᠨ ᠰᠠᠶᠢᠨ ᠰᠠᠶᠢᠬᠠᠨ ᠬᠦᠭᠵᠢᠯᠳᠡ ᠶᠢᠨ ᠪᠠᠶᠢᠳᠠᠯ ᠢ ᠪᠠᠳᠤᠯᠠᠪᠡ᠃      ︵ᠨᠢᠭᠡ︶ ᠨᠢᠭᠡᠳᠦᠯᠳᠡᠢ ᠲᠦᠯᠦᠪᠯᠡᠨ ᠠᠬᠢᠭᠤᠯᠵᠦ᠂ ᠬᠦᠭᠵᠢᠯᠳᠡ ᠶᠢᠨ ᠬᠤᠷᠳᠤᠴᠠ ᠲᠠᠰᠤᠷᠠᠯᠳᠠ ᠦᠬᠡᠢ ᠲᠡᠭᠡᠭᠰᠢᠯᠡᠪᠡ       ᠶᠡᠷᠦᠩᠭᠡᠶᠢᠯᠡᠭᠰᠡᠨ ᠪᠤᠳᠠᠳᠦ ᠬᠦᠴᠦᠨ ᠰᠢᠨ᠎ᠡ ᠲᠡᠭᠡᠭᠰᠢᠯᠡᠯᠳᠡ ᠲᠠᠢ ᠪᠤᠯᠪᠠ᠃ ᠪᠦᠬᠦ ᠵᠢᠯ ᠤᠨ ᠲᠦᠰᠦᠪᠯᠡᠭᠰᠡᠨ ᠢᠶᠠᠷ᠂ ᠤᠷᠤᠨ ᠨᠤᠲᠤᠭ ᠤᠨ ᠦᠢᠯᠡᠳᠪᠦᠷᠢᠯᠡᠯ ᠤᠨ ᠶᠡᠷᠦᠩᠭᠡᠢ ᠦᠷᠲᠡᠭ ᠢ 84.2 ᠳ᠋ᠦᠩᠰᠢᠭᠤᠷ ᠲᠦᠬᠦᠷᠢᠭ ᠪᠡᠶᠡᠯᠡᠬᠦᠯᠵᠦ᠂ ᠠᠳᠠᠯᠢ ᠬᠤᠭᠤᠴᠠᠭᠠᠨ ᠤ ᠬᠢ ᠠᠴᠠ 8% ︵ᠬᠠᠷᠢᠴᠠᠭᠤᠯᠵᠦ ᠪᠤᠯᠬᠤ ᠦᠨ᠎ᠡ︶᠎ ᠪᠠᠷ ᠨᠡᠮᠡᠭᠳᠡᠵᠦ᠂ ᠡᠭᠦᠨ ᠳᠤ᠂ ᠨᠢᠭᠡᠳᠦᠭᠡᠷ ᠠᠵᠦ ᠦᠢᠯᠡᠰ ᠤᠨ ᠨᠡᠮᠡᠭᠳᠡᠯ ᠦᠷᠲᠡᠭ ᠢ 5.8 ᠳ᠋ᠦᠩᠰᠢᠭᠤᠷ ᠲᠦᠬᠦᠷᠢᠭ ᠪᠡᠶᠡᠯᠡᠬᠦᠯᠵᠦ᠂ ᠠᠳᠠᠯᠢ ᠬᠤᠭᠤᠴᠠᠭᠠᠨ ᠤ ᠬᠢ ᠠᠴᠠ 4.2%᠎ ᠢᠶᠠᠷ ᠨᠡᠮᠡᠭᠳᠡᠪᠡ᠃ ᠬᠤᠶᠠᠳᠤᠭᠠᠷ ᠠᠵᠦ ᠦᠢᠯᠡᠰ ᠤᠨ ᠨᠡᠮᠡᠭᠳᠡᠯ ᠦᠷᠲᠡᠭ ᠢ 64.6 ᠳ᠋ᠦᠩᠰᠢᠭᠤᠷ ᠲᠦᠬᠦᠷᠢᠭ ᠪᠡᠶᠡᠯᠡᠬᠦᠯᠵᠦ᠂ ᠠᠳᠠᠯᠢ ᠬᠤᠭᠤᠴᠠᠭᠠᠨ ᠤ ᠬᠢ ᠠᠴᠠ 8%᠎ ᠪᠠᠷ ᠨᠡᠮᠡᠭᠳᠡᠪᠡ ︵ᠡᠭᠦᠨ ᠳᠤ᠂ ᠠᠵᠦ ᠦᠢᠯᠡᠳᠪᠦᠷᠢ ᠶᠢᠨ ᠨᠡᠮᠡᠭᠳᠡᠯ ᠦᠷᠲᠡᠭ ᠢ 63.2 ᠳ᠋ᠦᠩᠰᠢᠭᠤᠷ ᠲᠦᠬᠦᠷᠢᠭ ᠪᠡᠶᠡᠯᠡᠬᠦᠯᠵᠦ᠂ ᠠᠳᠠᠯᠢ ᠬᠤᠭᠤᠴᠠᠭᠠᠨ ᠤ ᠬᠢ ᠠᠴᠠ 8%᠎ ᠪᠠᠷ ᠨᠡᠮᠡᠭᠳᠡᠪᠡ︶᠃ ᠭᠤᠷᠪᠠᠳᠤᠭᠠᠷ ᠠᠵᠦ ᠦᠢᠯᠡᠰ ᠤᠨ ᠨᠡᠮᠡᠭᠳᠡᠯ ᠦᠷᠲᠡᠭ ᠢ 13.8 ᠳ᠋ᠦᠩᠰᠢᠭᠤᠷ ᠲᠦᠬᠦᠷᠢᠭ ᠪᠡᠶᠡᠯᠡᠬᠦᠯᠵᠦ᠂ ᠠᠳᠠᠯᠢ ᠬᠤᠭᠤᠴᠠᠭᠠᠨ ᠤ ᠬᠢ ᠠᠴᠠ 8.8%᠎ ᠪᠠᠷ ᠨᠡᠮᠡᠭᠳᠡᠪᠡ᠃ ᠬᠤᠳᠠ ᠪᠠᠯᠭᠠᠰᠦ ᠶᠢᠨ ᠰᠠᠭᠤᠭᠠᠯᠢ ᠠᠷᠠᠳ ᠤᠨ ᠬᠦᠮᠦᠨ ᠲᠤᠮᠳᠠᠴᠢ ᠵᠠᠷᠤᠴᠠᠭᠤᠯᠵᠦ ᠪᠤᠯᠬᠤ ᠤᠷᠤᠯᠭ᠎ᠠ ᠶᠢ 26,530 ᠲᠦᠬᠦᠷᠢᠭ ᠪᠡᠶᠡᠯᠡᠬᠦᠯᠵᠦ᠂ ᠠᠳᠠᠯᠢ ᠬᠤᠭᠤᠴᠠᠭᠠᠨ ᠤ ᠬᠢ ᠠᠴᠠ 7.5%᠎ ᠪᠠᠷ ᠨᠡᠮᠡᠭᠳᠡᠪᠡ᠃ ᠮᠠᠯᠵᠢᠬᠤ ᠤᠷᠤᠨ ᠎ ᠤ ᠰᠠᠭᠤᠭᠠᠯᠢ ᠠᠷᠠᠳ ᠤᠨ ᠬᠦᠮᠦᠨ ᠲᠤᠮᠳᠠᠴᠢ ᠵᠠᠷᠤᠴᠠᠭᠤᠯᠵᠦ ᠪᠤᠯᠬᠤ ᠤᠷᠤᠯᠭ᠎ᠠ ᠶᠢ 18,482 ᠲᠦᠬᠦᠷᠢᠭ ᠪᠡᠶᠡᠯᠡᠬᠦᠯᠵᠦ᠂ ᠠᠳᠠᠯᠢ ᠬᠤᠭᠤᠴᠠᠭᠠᠨ ᠤ ᠬᠢ ᠠᠴᠠ 9%᠎ ᠪᠠᠷ ᠨᠡᠮᠡᠭᠳᠡᠪᠡ᠃ ᠤᠯᠠᠨ ᠨᠡᠶᠢᠳᠡ ᠶᠢᠨ ᠡᠳ᠋ ᠤᠨ ᠵᠠᠰᠠᠭ ᠤᠨ ᠲᠦᠰᠦᠪ ᠤᠨ ᠤᠷᠤᠯᠭ᠎ᠠ ᠶᠢ 5.5 ᠳ᠋ᠦᠩᠰᠢᠭᠤᠷ ᠲᠦᠬᠦᠷᠢᠭ ᠪᠡᠶᠡᠯᠡᠬᠦᠯᠵᠦ᠂ ᠠᠳᠠᠯᠢ ᠬᠤᠭᠤᠴᠠᠭᠠᠨ ᠤ ᠬᠢ ᠠᠴᠠ 7.4%᠎ ᠪᠠᠷ ᠨᠡᠮᠡᠭᠳᠡᠪᠡ᠃ ᠪᠦᠬᠦ ᠨᠡᠶᠢᠬᠡᠮ ᠤᠨ ᠲᠤᠭᠳᠠᠮᠠᠯ ᠬᠦᠷᠦᠩᠭᠡ ᠶᠢᠨ ᠪᠡᠯᠡ ᠤᠷᠤᠭᠤᠯᠤᠯᠳᠠ ᠶᠢ 36.1 ᠳ᠋ᠦᠩᠰᠢᠭᠤᠷ ᠲᠦᠬᠦᠷᠢᠭ ᠪᠡᠶᠡᠯᠡᠬᠦᠯᠵᠦ᠂ ᠠᠳᠠᠯᠢ ᠬᠤᠭᠤᠴᠠᠭᠠᠨ ᠤ ᠬᠢ ᠠᠴᠠ 13.2%᠎ ᠢᠶᠠᠷ ᠨᠡᠮᠡᠭᠳᠡᠪᠡ᠃ ᠪᠦᠬᠦ ᠨᠡᠶᠢᠬᠡᠮ ᠤᠨ ᠭᠡᠷᠡᠭᠯᠡᠭᠡᠨ ᠤ ᠲᠠᠸᠠᠷ ᠢ ᠵᠢᠵᠢᠭᠯᠡᠨ ᠪᠤᠷᠤᠯᠠᠭᠤᠯᠤᠭᠰᠠᠨ ᠶᠡᠷᠦᠩᠭᠡᠢ ᠲᠤᠭ᠎ᠠ ᠶᠢ 6.6 ᠳ᠋ᠦᠩᠰᠢᠭᠤᠷ ᠲᠦᠬᠦᠷᠢᠭ ᠪᠡᠶᠡᠯᠡᠬᠦᠯᠵᠦ᠂ ᠠᠳᠠᠯᠢ ᠬᠤᠭᠤᠴᠠᠭᠠᠨ ᠤ ᠬᠢ ᠠᠴᠠ 10%᠎ ᠪᠠᠷ ᠨᠡᠮᠡᠭᠳᠡᠪᠡ᠃      ᠮᠠᠯᠵᠢᠬᠤ ᠦᠢᠯᠡᠳᠪᠦᠷᠢᠯᠡᠯ ᠳᠤ ᠰᠢᠨ᠎ᠡ ᠬᠢᠯᠠᠰ ᠴᠡᠭ ᠲᠠᠢ ᠪᠤᠯᠪᠠ᠃ ᠤᠯᠠᠮᠵᠢᠯᠠᠯᠳᠦ ᠮᠠᠯ ᠠᠵᠦ ᠠᠬᠤᠢ ᠶᠢᠨ ᠬᠡᠯᠪᠡᠷᠢ ᠶᠢ ᠬᠤᠪᠢᠷᠠᠭᠤᠯᠤᠨ ᠲᠡᠰ ᠲᠡᠪᠰᠢᠬᠦᠯᠬᠦ ᠶᠢ ᠲᠦᠯᠬᠢᠨ ᠠᠬᠢᠭᠤᠯᠪᠠ᠃ 2,186 ᠲᠦᠮᠡᠨ ᠲᠦᠬᠦᠷᠢᠭ ᠤᠨ ᠪᠡᠯᠡ ᠤᠷᠤᠭᠤᠯᠵᠦ᠂ ᠪᠠᠷᠢᠮᠵᠢᠶᠠᠵᠢᠭᠰᠠᠨ ᠲᠤᠭᠳᠠᠮᠠᠯ ᠬᠠᠰᠢᠶ᠎ᠠ ᠰᠠᠷᠠᠪᠴᠢ ᠶᠢ 468 ᠪᠠᠶᠢᠭᠤᠯᠪᠠ᠃ 1,425 ᠲᠦᠮᠡᠨ ᠲᠦᠬᠦᠷᠢᠭ ᠤᠨ ᠪᠡᠯᠡ ᠤᠷᠤᠭᠤᠯᠵᠦ᠂ ᠭᠠᠴᠠᠭ᠎ᠠ ᠱᠠᠳᠤᠨ ᠤ ᠳᠡᠵᠢᠭᠡᠯ ᠪᠤᠷᠳᠤᠭ᠎ᠠ ᠬᠠᠳᠠᠭᠠᠯᠠᠬᠤ ᠬᠦᠮᠦᠷᠭᠡ ᠶᠢ ᠰᠢᠨ᠎ᠡ ᠪᠠᠷ 20 ᠪᠠᠶᠢᠭᠤᠯᠪᠠ᠃ ᠨᠤᠲᠤᠭ ᠪᠡᠯᠴᠢᠭᠡᠷ ᠤᠨ ᠭᠡᠷᠡᠭᠯᠡᠬᠦ ᠡᠷᠭᠡ ᠶᠢ ᠳᠤᠳᠤᠷᠬᠠᠶᠢᠯᠠᠨ ᠲᠠᠭᠠᠭᠠᠴᠢᠯᠠᠭᠤᠯᠬᠤ ᠲᠤᠷᠰᠢᠯᠳᠠ ᠶᠢᠨ ᠴᠡᠭ ᠤᠨ ᠠᠵᠢᠯ ᠢ ᠪᠡᠶᠡᠯᠡᠬᠦᠯᠵᠦ᠂ ᠪᠦᠬᠦ ᠬᠤᠳᠠ ᠶᠢᠨ ᠨᠤᠲᠤᠭ ᠪᠡᠯᠴᠢᠭᠡᠷ ᠤᠨ ᠭᠡᠷᠡᠭᠯᠡᠬᠦ ᠡᠷᠭᠡ ᠶᠢ ᠳᠤᠳᠤᠷᠬᠠᠶᠢᠯᠠᠨ ᠳᠠᠭᠠᠭᠠᠴᠢᠯᠠᠭᠤᠯᠬᠤ ᠵᠢᠴᠢ ᠮᠠᠯ ᠠᠵᠦ ᠠᠬᠤᠢ ᠶᠢᠨ ᠬᠡᠯᠪᠡᠷᠢ ᠶᠢ ᠬᠤᠪᠢᠷᠠᠭᠤᠯᠤᠨ ᠲᠡᠰ ᠲᠡᠪᠰᠢᠬᠦᠯᠬᠦ ᠲᠤᠬᠠᠢ ᠶᠢᠨ ᠳᠠᠯᠠᠪᠤᠷ ᠤᠨ ᠦᠵᠡᠬᠦᠯᠦᠯᠬᠡ ᠶᠢᠨ ᠬᠤᠷᠠᠯ ᠢ ᠠᠮᠵᠢᠯᠳᠠᠳᠠᠢ ᠡᠷᠬᠢᠯᠡᠨ ᠬᠢᠪᠡ᠃ ᠪᠡᠯᠴᠢᠭᠡᠷᠯᠡᠬᠦ ᠶᠢ ᠵᠤᠭᠰᠤᠭᠠᠨ ᠨᠤᠲᠤᠭ ᠪᠡᠯᠴᠢᠭᠡᠷ ᠢ ᠰᠡᠷᠭᠦᠭᠡᠬᠦ᠂ ᠲᠠᠯ᠎ᠠ ᠨᠤᠲᠤᠭ ᠤᠨ ᠠᠮᠢ ᠠᠬᠤᠢ ᠶᠢᠨ ᠱᠠᠩᠨᠠᠯ ᠨᠦᠬᠦᠪᠦᠷᠢ᠂ ᠮᠠᠯ ᠤᠨ ᠡᠭᠦᠯᠳᠡᠷ ᠤᠨ ᠨᠦᠬᠦᠪᠦᠷᠢ᠂ ᠲᠠᠷᠢᠶᠠᠯᠠᠩ ᠤᠨ ᠮᠠᠰᠢᠨ ᠮᠧᠬᠠᠨᠢᠭ ᠬᠤᠳᠠᠯᠳᠤᠨ ᠠᠪᠬᠤ ᠨᠦᠬᠦᠪᠦᠷᠢ ᠪᠤᠯᠤᠨ ᠡᠪᠡᠰᠦ ᠪᠤᠷᠳᠤᠭᠠᠨ ᠤ ᠨᠦᠬᠦᠪᠦᠷᠢ ᠪᠠ ᠲᠤᠰᠤᠨ ᠤ ᠨᠦᠬᠦᠪᠦᠷᠢ ᠵᠡᠷᠭᠡ ᠮᠠᠯ ᠠᠵᠦ ᠠᠬᠤᠢ ᠶᠢ ᠳᠡᠮᠵᠢᠨ ᠮᠠᠯᠴᠢᠳ ᠲᠤ ᠬᠠᠷᠠᠭᠠᠯᠵᠠᠯ ᠦᠵᠡᠬᠦᠯᠬᠦ ᠠᠯᠢ ᠤᠯᠠᠨ ᠲᠦᠷᠦ ᠶᠢᠨ ᠪᠤᠳᠤᠯᠭ᠎ᠠ ᠶᠢ ᠦᠷᠬᠦᠯᠵᠢᠯᠡᠨ ᠨᠠᠶᠢᠳᠠᠪᠦᠷᠢᠵᠢᠭᠤᠯᠪᠠ᠃ ᠦᠢᠯᠡᠳᠪᠦᠷᠢᠯᠡᠯ ᠡᠵᠡᠩᠨᠡᠯᠳᠡ ᠶᠢᠨ ᠬᠡᠯᠪᠡᠷᠢ ᠶᠢ ᠬᠤᠪᠢᠷᠠᠭᠤᠯᠬᠤ ᠶᠢ ᠬᠦᠳᠦᠯᠦᠨ ᠵᠢᠯᠤᠭᠤᠳᠴᠦ᠂ ᠡᠯ᠎ᠡ ᠵᠦᠢᠯ ᠤᠨ ᠬᠤᠷᠰᠢᠶᠠᠵᠢᠯ ᠤᠨ ᠵᠤᠬᠢᠶᠠᠨ ᠪᠠᠶᠢᠭᠤᠯᠤᠯᠳᠠ 116 ᠪᠤᠯᠵᠦ᠂ ᠲᠠᠩᠰᠠᠯᠠᠭᠤᠯᠤᠭᠰᠠᠨ ᠪᠡᠯᠡ ᠮᠦᠩᠬᠦ ᠨᠢ 2.4 ᠳ᠋ᠦᠩᠰᠢᠭᠤᠷ ᠲᠦᠬᠦᠷᠢᠭ ᠲᠤ ᠬᠦᠷᠪᠡ᠃ ᠲᠦᠯ ᠲᠤᠰᠴᠦ ᠪᠤᠶᠢᠵᠢᠭᠤᠯᠬᠤ ᠠᠵᠢᠯ ᠢᠯᠡᠷᠭᠡᠢ ᠦᠷ᠎ᠡ ᠪᠦᠳᠦᠮᠵᠢ ᠤᠯᠵᠦ᠂ ᠲᠦᠯ ᠮᠠᠯ ᠤᠨ ᠡᠳᠡᠭᠡᠷᠡᠯᠳᠡ ᠶᠢᠨ ᠨᠤᠷᠮ᠎ᠠ 99%᠎ ᠳᠤ ᠬᠦᠷᠪᠡ᠃ ᠲᠤᠯᠤᠭᠠᠶᠢᠯᠠᠭᠴᠢ ᠠᠵᠦ ᠠᠬᠤᠶᠢᠯᠠᠯ ᠢ ᠤᠷᠢᠨ ᠤᠷᠤᠭᠤᠯᠵᠦ᠂ ᠡᠾᠧ ᠮᠦ ᠶᠠᠩ ᠭᠤᠸᠠᠩ ᠠᠮᠢ ᠠᠬᠤᠢ ᠶᠢᠨ ᠲᠠᠷᠢᠶᠠᠯᠠᠩ ᠤᠨ ᠬᠢᠵᠠᠭᠠᠷᠳᠦ ᠺᠤᠮᠫᠠᠨᠢ ᠲᠠᠢ ︽ᠪᠠᠶᠢᠯᠳᠤᠬᠤ ᠪᠤᠳᠤᠯᠭ᠎ᠠ ᠶᠢᠨ ᠬᠠᠮᠳᠤᠷᠠᠯᠴᠠᠭᠠᠨ ᠤ ᠬᠡᠯᠡᠯᠴᠡᠭᠡᠷ︾᠎ ᠲᠤ ᠭᠠᠷ ᠤᠨ ᠦᠰᠦᠭ ᠵᠢᠷᠤᠵᠦ᠂ ᠮᠢᠬᠠᠨ ᠤ ᠦᠬᠡᠷ ᠤᠨ ᠪᠦᠬᠦᠶᠢᠯᠡ ᠠᠵᠦ ᠦᠢᠯᠡᠰ ᠤᠨ ᠬᠢᠨᠵᠢ ᠶᠢᠨ ᠡᠵᠡᠩᠨᠡᠯᠳᠡ ᠶᠢᠨ ᠲᠦᠷᠦᠯ ᠵᠦᠢᠯ ᠢ ᠭᠡᠷᠡᠭᠵᠢᠬᠦᠯᠪᠡ᠃ ᠰᠢᠨᠵᠢᠯᠡᠭᠡ ᠮᠡᠷᠭᠡᠵᠢᠯ ᠤᠨ ᠲᠠᠷᠢᠶᠠᠯᠠᠩ ᠮᠠᠯ ᠠᠵᠦ ᠠᠬᠤᠢ ᠳᠠᠬᠢ ᠲᠤᠯᠤᠭᠴᠢ ᠬᠦᠴᠦᠨ ᠢ ᠴᠢᠩᠭᠠᠳᠬᠠᠪᠠ᠃ ᠲᠤᠮᠳᠠᠳᠦ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠪᠤᠯᠤᠨ ᠲᠠᠷᠢᠶᠠᠯᠠᠬᠤ ᠪᠦᠯᠦᠭᠯᠡᠯ ᠤᠨ ᠬᠠᠮᠳᠤᠷᠠᠯᠴᠠᠭᠠᠨ ᠤ ᠳᠠᠪᠴᠠᠩ ᠎ ᠢ ᠠᠰᠢᠭᠯᠠᠵᠦ᠂ ᠬᠦᠯᠦᠨ ᠪᠤᠶᠢᠷ ᠤᠨ ᠠᠮᠢ ᠠᠬᠤᠢ ᠶᠢᠨ ᠠᠵᠦ ᠦᠢᠯᠡᠰ ᠤᠨ ᠮᠡᠷᠭᠡᠵᠢᠯ ᠤᠨ ᠰᠤᠳᠤᠯᠭᠠᠨ ᠤ ᠬᠦᠷᠢᠶᠡᠯᠡᠩ ︵ᠲᠤᠮᠳᠠᠳᠦ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠳᠤ ᠬᠠᠷᠢᠶᠠᠯᠠᠭᠳᠠᠨ᠎ᠠ︶᠎ ᠯᠦᠭᠡ ︽ᠰᠢᠨᠵᠢᠯᠡᠭᠡ ᠮᠡᠷᠭᠡᠵᠢᠯ ᠤᠨ ᠬᠠᠮᠳᠤᠷᠠᠯᠴᠠᠭᠠᠨ ᠤ ᠪᠤᠷᠤ ᠲᠦᠯᠦᠪ ᠤᠨ ᠬᠡᠯᠡᠯᠴᠡᠭᠡᠷ︾᠎ ᠲᠤ ᠭᠠᠷ ᠤᠨ ᠦᠰᠦᠭ ᠵᠢᠷᠤᠪᠠ᠃ ᠭᠠᠩ ᠬᠠᠭᠰᠠᠷᠭᠠᠨ ᠢ ᠪᠦᠳᠦᠮᠵᠢᠳᠡᠢ ᠡᠰᠡᠷᠬᠦᠴᠡᠵᠦ᠂ ᠤᠯᠠᠨ ᠳᠠᠯ᠎ᠠ ᠠᠴᠠ 1.77 ᠳ᠋ᠦᠩᠰᠢᠭᠤᠷ ᠲᠦᠬᠦᠷᠢᠭ ᠤᠨ ᠪᠡᠯᠡ ᠮᠦᠩᠬᠦ ᠴᠤᠭᠯᠠᠭᠤᠯᠵᠦ᠂ 285 ᠤᠤᠭᠤᠬᠤ ᠤᠰᠤᠨ ᠤ ᠬᠤᠳᠳᠤᠭ ᠢ ᠵᠠᠰᠠᠭᠰᠠᠨ ᠪᠠ ᠰᠢᠨ᠎ᠡ ᠪᠠᠷ ᠮᠠᠯᠳᠠᠵᠦ᠂ ᠤᠤᠭᠤᠬᠤ ᠤᠰᠤᠨ ᠤ ᠲᠤᠨᠤᠭ ᠲᠦᠬᠦᠭᠡᠷᠦᠮᠵᠢ ᠶᠢ 730 ᠂ ᠤᠰᠤ ᠵᠦᠭᠡᠭᠡᠪᠦᠷᠢᠯᠡᠬᠦ ᠲᠡᠷᠭᠡ ᠶᠢ 190᠂ ᠤᠩᠭᠤᠴᠠ ᠶᠢ 500 ᠲᠠᠷᠬᠠᠭᠠᠨ᠂ ᠭᠠᠩ ᠬᠠᠭᠰᠠᠷᠭᠠᠨ ᠢ ᠡᠰᠡᠷᠭᠦᠴᠡᠬᠦ ᠤᠰᠤ ᠵᠦᠭᠡᠭᠡᠪᠦᠷᠢᠯᠡᠬᠦ ᠲᠡᠷᠭᠡ ᠶᠢ 140 ᠲᠤᠬᠢᠷᠠᠭᠤᠯᠵᠦ᠂ 62 ᠲᠦᠮᠡᠨ ᠮᠦ ᠨᠤᠲᠤᠭ ᠪᠡᠯᠴᠢᠭᠡᠷ ᠲᠤ ᠡᠮ ᠰᠠᠴᠤᠵᠦ ᠴᠠᠷᠴᠠᠬᠠᠢ ᠤᠰᠠᠳᠬᠠᠪᠠ᠃ ᠮᠠᠯ ᠤᠨ ᠭᠠᠷᠭᠠᠯᠳᠠ ᠪᠠ ᠡᠪᠡᠰᠦ ᠬᠠᠳᠠᠭᠠᠯᠠᠬᠤ ᠡᠭᠦᠷᠭᠡ ᠎ ᠶᠢ ᠲᠡᠭᠦᠰ ᠠᠮᠵᠢᠯᠳᠠᠳᠠᠢ ᠪᠡᠶᠡᠯᠡᠬᠦᠯᠪᠡ᠃ ᠭᠠᠮᠰᠢᠭᠳᠠᠭᠰᠠᠨ ᠮᠠᠯᠴᠢᠳ ᠤᠨ ᠦᠨᠳᠦᠰᠦᠨ ᠭᠡᠷᠡᠭᠴᠡᠭᠡ ᠶᠢ ᠪᠠᠳᠤᠯᠠᠵᠦ᠂ ᠠᠮᠢᠳᠤᠷᠠᠯ ᠤᠨ ᠨᠦᠬᠦᠪᠦᠷᠢ ᠪᠤᠯᠤᠨ ᠲᠦᠷ ᠴᠠᠭ ᠠᠪᠤᠷᠠᠨ ᠲᠤᠰᠠᠯᠠᠬᠤ ᠮᠦᠩᠬᠦ ᠶᠢ 347 ᠲᠦᠮᠡᠨ ᠲᠦᠬᠦᠷᠢᠭ ᠲᠠᠷᠠᠬᠭᠠᠪᠠ᠃ ᠮᠦᠩᠬᠦᠨ ᠬᠦᠢᠯᠭᠡᠭᠡᠨ ᠤ ᠰᠠᠯᠠᠭ᠎ᠠ ᠮᠦᠴᠢᠷ ᠲᠠᠢ ᠢᠳᠡᠪᠬᠢᠳᠠᠢ ᠬᠠᠮᠵᠢᠯᠴᠠᠵᠦ᠂ 6.9 ᠳ᠋ᠦᠩᠰᠢᠭᠤᠷ ᠲᠦᠬᠦᠷᠢᠭ ᠤᠨ ᠮᠠᠯᠴᠢᠳ ᠤᠨ ᠵᠢᠭᠡᠯᠡᠯᠭᠡ ᠳᠠᠯᠪᠢᠪᠠ᠃ ᠠᠵᠦ ᠠᠬᠤᠶᠢᠯᠠᠯ ᠤᠨ ᠨᠡᠶᠢᠬᠡᠮ ᠤᠨ ᠡᠭᠦᠷᠭᠡ ᠬᠠᠷᠢᠭᠤᠴᠠᠯᠭ᠎ᠠ ᠪᠠᠨ ᠬᠦᠢᠴᠡᠳᠭᠡᠬᠦ ᠶᠢ ᠬᠦᠳᠦᠯᠦᠨ ᠳᠠᠶᠢᠴᠢᠯᠠᠵᠦ᠂ ᠮᠢᠬᠠᠨ ᠤ ᠬᠤᠨᠢ ᠬᠤᠳᠠᠯᠳᠤᠨ ᠠᠪᠤᠭᠰᠠᠨ ᠦᠨ᠎ᠡ ᠬᠠᠩᠰᠢ ᠨᠢ ᠪᠦᠬᠦ ᠬᠤᠳᠠ ᠳᠤ ᠨᠡᠶᠢᠳᠡᠮ ᠲᠡᠷᠢᠬᠦᠯᠡᠪᠡ᠃      ᠠᠵᠦ ᠦᠢᠯᠡᠳᠪᠦᠷᠢ ᠶᠢᠨ ᠠᠵᠦ ᠠᠬᠤᠢ ᠳᠤ ᠰᠢᠨ᠎ᠡ ᠬᠦᠳᠡᠯᠭᠡᠭᠴᠢ ᠬᠦᠴᠦᠨ ᠲᠠᠢ ᠪᠤᠯᠪᠠ᠃ ︽ᠠᠵᠦ ᠦᠢᠯᠡᠳᠪᠦᠷᠢ ᠪᠠᠷ ᠬᠤᠰᠢᠭᠤ ᠪᠠᠨ ᠬᠦᠴᠦᠷᠭᠡᠭᠵᠢᠬᠦᠯᠬᠦ︾ ᠪᠠᠶᠢᠯᠳᠤᠬᠤ ᠪᠤᠳᠤᠯᠭ᠎ᠠ ᠶᠢ ᠡᠷᠡᠰ ᠭᠤᠶᠢᠪᠢᠰᠢ ᠦᠬᠡᠢ ᠭᠡᠷᠡᠭᠵᠢᠬᠦᠯᠵᠦ᠂ ᠦᠩᠭᠡᠳᠦ ᠲᠡᠮᠦᠷᠯᠢᠭ᠂ ᠴᠢᠯᠠᠭᠤᠨ ᠲᠤᠰᠤ ᠵᠡᠷᠭᠡ ᠠᠭᠤᠷᠬᠠᠢ ᠶᠢᠨ ᠡᠬᠢ ᠪᠠᠶᠠᠯᠢᠭ ᠲᠤ ᠲᠦᠰᠢᠭᠯᠡᠨ᠂ ᠰᠢᠨ᠎ᠡ ᠬᠡᠯᠪᠡᠷᠢ ᠶᠢᠨ ᠠᠵᠦ ᠦᠢᠯᠡᠳᠪᠦᠷᠢᠵᠢᠯᠳᠡ ᠶᠢᠨ ᠠᠬᠢᠴᠠ ᠶᠢ ᠲᠦᠷᠭᠡᠳᠭᠡᠨ ᠠᠬᠢᠭᠤᠯᠪᠠ᠃ ᠳ᠋ᠠᠴᠢᠩ ᠤᠨ ᠴᠢᠯᠠᠭᠤᠨ ᠳᠤᠰᠤᠨ ᠤ ᠦᠷᠬᠦᠯᠵᠢᠯᠡᠯ ᠴᠢᠨᠠᠷᠳᠠᠢ ᠨᠡᠭᠡᠭᠡᠨ ᠠᠰᠢᠭᠯᠠᠬᠤ᠂ ᠬᠠᠶᠢᠷᠬᠠᠨ ᠲᠤᠭᠤᠯᠭ᠎ᠠ ᠴᠠᠶᠢᠷ ᠤᠨ ᠠᠭᠤᠷᠬᠠᠢ ᠶᠢᠨ ᠰᠢᠯᠢᠨ ᠰᠤᠩᠭᠤᠬᠤ᠂ ᠶᠢᠨ ᠱᠠᠨ ᠠᠭᠤᠷᠬᠠᠢ ᠎ ᠶᠢᠨ ᠦᠢᠯᠡᠰ ᠤᠨ ᠮᠡᠷᠭᠡᠵᠢᠯ ᠢᠶᠠᠨ ᠰᠠᠶᠢᠵᠢᠷᠠᠭᠤᠯᠬᠤ ᠵᠡᠷᠭᠡ ᠠᠵᠦ ᠦᠢᠯᠡᠳᠪᠦᠷᠢ ᠶᠢᠨ ᠲᠦᠷᠦᠯ ᠵᠦᠢᠯ ᠢ 32 ᠭᠡᠷᠡᠭᠵᠢᠬᠦᠯᠵᠦ᠂ ᠠᠵᠦ ᠦᠢᠯᠡᠳᠪᠦᠷᠢ ᠶᠢᠨ ᠲᠤᠭᠳᠠᠮᠠᠯ ᠬᠦᠷᠦᠩᠭᠡ ᠶᠢᠨ ᠪᠡᠯᠡ ᠤᠷᠤᠭᠤᠯᠤᠯᠳᠠ ᠶᠢ 17.7 ᠳ᠋ᠦᠩᠰᠢᠭᠤᠷ ᠲᠦᠬᠦᠷᠢᠭ ᠪᠡᠶᠡᠯᠡᠬᠦᠯᠪᠡ᠃ ᠦᠩᠭᠡᠳᠦ ᠲᠡᠮᠦᠷᠯᠢᠭ ᠤᠨ ᠦᠨ᠎ᠡ ᠬᠠᠩᠰᠢ ᠳᠡᠭᠡᠭᠰᠢᠯᠡᠯᠳᠡ ᠲᠠᠢ ᠪᠤᠯᠵᠦ᠂ ᠭᠡᠪᠴᠢᠶᠡᠵᠢᠯ ᠠᠴᠠ ᠲᠡᠭᠡᠭᠰᠢᠬᠢ ᠠᠵᠦ ᠦᠢᠯᠡᠳᠪᠦᠷᠢ ᠶᠢᠨ ᠠᠵᠦ ᠠᠬᠤᠶᠢᠯᠠᠯ 105.5 ᠳ᠋ᠦᠩᠰᠢᠭᠤᠷ ᠲᠦᠬᠦᠷᠢᠭ ᠤᠨ ᠶᠡᠷᠦᠩᠭᠡᠢ ᠦᠢᠯᠡᠳᠬᠦᠨ ᠤ ᠦᠷᠲᠡᠭ ᠢ ᠪᠡᠶᠡᠯᠡᠬᠦᠯᠪᠡ᠃ ᠠᠵᠦ ᠠᠬᠤᠶᠢᠯᠠᠯ ᠤᠨ ᠪᠡᠯᠡ ᠤᠷᠤᠭᠤᠯᠤᠯᠳᠠ ᠶᠢᠨ ᠤᠷᠴᠢᠨ ᠲᠤᠭᠤᠷᠢᠨ ᠢ ᠰᠢᠯᠢᠳᠡᠭᠵᠢᠬᠦᠯᠵᠦ᠂ ᠲᠤᠮᠳᠠᠳᠦ ᠤᠯᠤᠰ ᠎ ᠤᠨ ᠬᠤᠸᠠᠩ ᠶᠢᠨ ᠪᠦᠯᠦᠭᠯᠡᠯ᠂ ᠷᠦᠩ ᠳ᠋ᠠ᠂ ᠶᠢᠨ ᠱᠠᠨ ᠪᠤᠯᠤᠨ ᠴᠠᠭᠠᠨ ᠵᠡᠷᠭᠡ ᠲᠦᠷᠪᠡᠨ ᠲᠤᠮᠤ ᠬᠡᠯᠪᠡᠷᠢ ᠶᠢᠨ ᠠᠭᠤᠷᠬᠠᠢ ᠶᠢᠨ ᠠᠵᠦ ᠠᠬᠤᠶᠢᠯᠠᠯ ᠳᠤ 756.9 ᠲᠦᠮᠡᠨ ᠲᠦᠬᠦᠷᠢᠭ ᠤᠨ ᠴᠠᠬᠢᠯᠭᠠᠨ ᠤ ᠨᠦᠬᠦᠪᠦᠷᠢ ᠮᠦᠩᠬᠦ ᠭᠤᠶᠤᠴᠢᠯᠠᠨ ᠦᠭᠴᠦ᠂ ᠲᠤᠮᠳᠠᠳᠦ ᠤᠯᠤᠰ ᠤᠨ ᠬᠤᠸᠠᠩ ᠶᠢᠨ ᠪᠦᠯᠦᠭᠯᠡᠯ ᠤᠨ ᠦᠪᠦᠷ ᠮᠤᠩᠭᠤᠯ ᠎ ᠳᠠᠬᠢ ᠠᠭᠤᠷᠬᠠᠢ ᠶᠢᠨ ᠦᠢᠯᠡᠰ ᠤᠨ ᠬᠢᠵᠠᠭᠠᠷᠳᠦ ᠺᠤᠮᠫᠠᠨᠢ ᠳᠤ ᠬᠠᠮᠵᠢᠨ᠂ 5 ᠳ᠋ᠦᠩᠰᠢᠭᠤᠷ ᠲᠦᠬᠦᠷᠢᠭ ᠤᠨ ᠪᠠᠩᠬᠢ ᠶᠢᠨ ᠵᠢᠭᠡᠯᠡᠯᠭᠡ ᠤᠯᠭᠤᠪᠠ᠃ ᠠᠵᠦ ᠦᠢᠯᠡᠳᠪᠦᠷᠢ ᠶᠢᠨ ᠬᠦᠷᠢᠶᠡᠯᠡᠩ ᠤᠨ ᠪᠦᠲᠦᠭᠡᠨ ᠪᠠᠶᠢᠭᠤᠯᠤᠯᠳᠠ ᠶᠢ ᠲᠦᠷᠭᠡᠳᠭᠡᠵᠦ᠂ ︽ᠰᠢᠨ᠎ᠡ ᠪᠠᠷᠭᠤ ᠪᠠᠷᠠᠭᠤᠨ ᠬᠤᠰᠢᠭᠤᠨ ᠤ ᠠᠵᠦ ᠦᠢᠯᠡᠳᠪᠦᠷᠢ ᠶᠢᠨ ᠬᠦᠷᠢᠶᠡᠯᠡᠩ ᠤᠨ ᠶᠡᠷᠦᠩᠭᠡᠢ ᠲᠦᠯᠦᠪᠵᠢᠬᠦᠯᠬᠡ︾᠎ ᠨᠢ ᠵᠦᠪᠰᠢᠶᠡᠷᠡᠭᠳᠡᠵᠦ᠂ ᠮᠤᠳᠤᠨ ᠮᠠᠲ᠋ᠧᠷᠢᠶᠠᠯ ᠢ ᠨᠠᠷᠢᠯᠢᠭ ᠪᠤᠯᠪᠠᠰᠤᠷᠠᠭᠤᠯᠬᠤ᠂ ᠳᠠᠬᠢᠨᠳᠠ ᠪᠤᠢ ᠪᠤᠯᠬᠤ ᠰᠢᠳᠠᠭᠠᠯᠭ᠎ᠠ ᠲᠦᠯᠡᠰᠢ ᠶᠢ ᠪᠤᠯᠪᠠᠰᠤᠷᠠᠭᠤᠯᠬᠤ ᠵᠡᠷᠭᠡ ᠲᠦᠷᠦᠯ ᠵᠦᠢᠯ ᠠᠵᠦ ᠦᠢᠯᠡᠳᠪᠦᠷᠢ ᠶᠢᠨ ᠬᠦᠷᠢᠶᠡᠯᠡᠩ ᠳᠤ ᠨᠤᠳᠤᠭᠰᠢᠬᠤ ᠶᠢ ᠠᠬᠢᠭᠤᠯᠪᠠ᠃ ᠪᠦᠬᠦ ᠵᠢᠯ ᠳᠤ ᠂ ᠠᠷᠠᠯᠵᠢᠶᠠᠴᠢᠨ ᠤᠷᠢᠵᠦ ᠪᠡᠯᠡ ᠮᠦᠩᠬᠦ ᠳᠠᠳᠠᠬᠤ ᠲᠦᠷᠦᠯ ᠵᠦᠢᠯ ᠢ 48 ᠭᠡᠷᠡᠭᠵᠢᠬᠦᠯᠵᠦ᠂ ᠤᠯᠤᠰ ᠤᠨ ᠳᠤᠳᠤᠨᠠᠬᠢ ︵ᠬᠤᠳᠠ ᠶᠢᠨ ᠭᠠᠳᠠᠨᠠᠬᠢ︶ ᠪᠡᠯᠡ ᠮᠦᠩᠬᠦ ᠎ ᠶᠢ 21.9 ᠳ᠋ᠦᠩᠰᠢᠭᠤᠷ ᠲᠦᠬᠦᠷᠢᠭ ᠳᠠᠳᠠᠨ ᠤᠷᠤᠭᠤᠯᠪᠠ᠃       ᠵᠤᠭᠠᠴᠠᠯ ᠠᠷᠠᠯᠵᠢᠶ᠎ᠠ ᠶᠢᠨ ᠠᠵᠦ ᠦᠢᠯᠡᠰ ᠲᠤ ᠰᠢᠨ᠎ᠡ ᠠᠮᠢᠵᠢᠷᠠᠯ ᠤᠨ ᠬᠦᠴᠦᠨ ᠲᠠᠢ ᠪᠤᠯᠪᠠ᠃ ︽ᠳᠠᠯ᠎ᠠ ᠨᠤᠲᠤᠭ ᠤᠨ ᠠᠷᠠᠳ ᠤᠨ ᠵᠠᠩ ᠦᠢᠯᠡ ᠪᠤᠯᠤᠨ ᠮᠤᠩᠭᠤᠯ ᠳᠡᠤᠭᠡ ᠰᠤᠶᠤᠯ ᠢ ᠢᠯᠡᠷᠡᠬᠦᠯᠦᠭᠰᠡᠨ᠂ ᠤᠮᠠᠷᠠᠳᠦ ᠬᠢᠯᠢ ᠶᠢᠨ ᠦᠪᠡᠷᠮᠢᠴᠡ ᠤᠨᠴᠠᠯᠢᠭᠳᠦ ᠵᠤᠭᠠᠴᠠᠨ ᠰᠡᠯᠡᠬᠦᠴᠡᠬᠦ ᠰᠠᠭᠤᠷᠢᠨ ᠭᠠᠵᠠᠷ ᠢ ᠪᠠᠶᠢᠭᠤᠯᠬᠤ ︾ ᠬᠦᠭᠵᠢᠯᠳᠡ ᠶᠢᠨ ᠰᠡᠳᠬᠢᠴᠡ ᠪᠠᠷ᠂ ᠦᠵᠡᠮᠵᠢᠳᠦ ᠤᠷᠤᠨ ᠤ ᠪᠦᠲᠦᠭᠡᠨ ᠪᠠᠶᠢᠭᠤᠯᠤᠯᠳᠠ ᠶᠢ ᠲᠦᠷᠬᠡᠳᠭᠡᠵᠦ᠂ ︽ᠲᠤᠮᠳᠠᠳᠦ ᠮᠤᠩᠭᠤᠯ ᠤᠨ ᠪᠤᠶᠢᠷ ᠨᠠᠭᠤᠷ ᠤᠨ ᠬᠢᠯᠢ ᠠᠯᠤᠰᠯᠠᠭᠰᠠᠨ ᠵᠤᠭᠠᠴᠠᠯ ᠤᠨ ᠦᠵᠡᠮᠵᠢᠳᠦ ᠤᠷᠤᠨ ᠤ ᠲᠦᠯᠦᠪᠵᠢᠬᠦᠯᠬᠡ ᠶᠢᠨ ᠲᠦᠰᠦᠯ︾᠎ ᠢ ᠲᠤᠭᠳᠠᠭᠠᠪᠠ᠃ ᠵᠤᠭᠠᠴᠠᠯ ᠤᠨ ᠰᠠᠭᠤᠷᠢ ᠲᠦᠬᠦᠭᠡᠷᠦᠮᠵᠢ ᠶᠢᠨ ᠪᠦᠲᠦᠭᠡᠨ ᠪᠠᠶᠢᠭᠤᠯᠤᠯᠳᠠ ᠶᠢ ᠴᠢᠩᠭᠠᠳᠬᠠᠵᠦ᠂ ᠳᠠᠯᠠᠢ ᠵᠤᠭᠠᠴᠠᠯ ᠤᠨ ᠦᠷᠲᠡᠭᠡ ᠪᠠᠷᠢᠯᠭ᠎ᠠ ᠲᠠᠭᠤᠰᠴᠦ ᠠᠰᠢᠭᠯᠠᠯᠳᠠ ᠳᠤ ᠤᠷᠤᠪᠠ᠃ ᠪᠠᠷᠭᠤ ︽ᠮᠠᠯᠵᠢᠬᠤ ᠡᠷᠦᠬᠡ ᠎ ᠪᠠᠷ ᠵᠤᠭᠠᠴᠠᠬᠤ︾ ᠨᠡᠷ᠎ᠡ ᠳᠡᠮᠳᠡᠭ ᠢ ᠶᠡᠬᠡᠪᠡᠷ ᠳᠡᠯᠭᠡᠷᠡᠬᠦᠯᠵᠦ᠂ ᠮᠢᠵᠢᠭ ᠭᠡᠷ ᠪᠦᠯᠢ ᠶᠢᠨ ᠮᠠᠯᠵᠢᠯ ᠤᠨ ᠳᠠᠯᠠᠪᠠᠢ᠂ ᠪᠠᠷᠭᠤ ᠮᠤᠩᠭᠤᠯ ᠤᠭᠰᠠᠭᠠᠳᠠᠨ ᠵᠤᠭᠠᠴᠠᠯ ᠤᠨ ᠦᠵᠡᠮᠵᠢ ᠶᠢᠨ ᠤᠷᠤᠨ᠂ ᠬᠠᠯᠤᠬᠠᠨ ᠠᠶᠢᠮᠠᠭ ᠵᠤᠭᠠᠴᠠᠯ ᠤᠨ ᠤᠷᠤᠨ ᠵᠡᠷᠭᠡ ᠭᠤᠷᠪᠠᠨ ︽ᠮᠠᠯᠵᠢᠬᠤ ᠡᠷᠦᠬᠡ ᠪᠠᠷ ᠵᠤᠭᠠᠴᠠᠬᠤ︾ ᠭᠠᠵᠠᠷ ᠢ ᠦᠪᠡᠷᠲᠡᠭᠡᠨ ᠵᠠᠰᠠᠬᠤ ᠤᠷᠤᠨ ᠤ 4 ᠤᠳᠤᠨ ᠲᠡᠰ ᠤᠨ ᠬᠦᠳᠡᠭᠡ ᠲᠤᠰᠬᠤᠨ ᠤ ᠵᠤᠭᠠᠴᠠᠯ ᠤᠨ ᠵᠤᠴᠢᠯᠠᠬᠤ ᠡᠷᠦᠬᠡ ᠪᠠᠷ ᠭᠤᠶᠤᠴᠢᠯᠠᠨ ᠮᠡᠳᠡᠬᠦᠯᠪᠡ᠃ ᠤᠶᠤᠨᠴᠢ ᠵᠤᠭᠠᠴᠠᠯ ᠢ ᠬᠦᠭᠵᠢᠬᠦᠯᠵᠦ᠂ ᠪᠤᠶᠢᠷ ᠨᠠᠭᠤᠷ ᠤᠨ ᠦᠵᠡᠮᠵᠢᠳᠦ ᠤᠷᠤᠨ ᠢ ᠬᠦᠯᠦᠨ ᠪᠤᠶᠢᠷ ᠤᠨ ᠤᠶᠤᠨᠴᠢ ᠵᠤᠭᠠᠴᠠᠯ ᠤᠨ ᠦᠢᠯᠡᠴᠢᠯᠡᠭᠡᠨ ᠤ ᠳᠠᠪᠴᠠᠩ ᠳᠤ ᠤᠷᠤᠭᠤᠯᠪᠠ᠃ ᠪᠦᠬᠦ ᠵᠢᠯ ᠳᠤ᠂ ᠵᠤᠭᠠᠴᠠᠭᠰᠠᠳ ᠢ 52 ᠲᠦᠮᠡᠨ ᠬᠦᠮᠦᠨ ᠤᠳᠠᠭ᠎ᠠ ᠬᠦᠯᠢᠶᠡᠨ ᠵᠤᠴᠢᠯᠠᠵᠦ᠂ ᠵᠤᠭᠠᠴᠠᠯ ᠤᠨ ᠤᠷᠤᠯᠭ᠎ᠠ ᠶᠢ 4.2 ᠳ᠋ᠦᠩᠰᠢᠭᠤᠷ ᠲᠦᠬᠦᠷᠢᠭ ᠪᠡᠶᠡᠯᠡᠬᠦᠯᠪᠡ᠃ ᠪᠤᠭᠤᠮᠳᠠ ᠶᠢᠨ ᠠᠵᠦ ᠠᠬᠤᠢ ᠶᠢ ᠲᠦᠷᠭᠡᠳᠭᠡᠨ ᠬᠦᠭᠵᠢᠬᠦᠯᠪᠡ᠃ ᠮᠤᠩᠭᠤᠯ ᠤᠯᠤᠰ ᠯᠤᠭ᠎ᠠ ᠶᠢᠨ ᠬᠠᠷᠢᠯᠴᠠᠭ᠎ᠠ ᠶᠠᠪᠤᠯᠴᠠᠭ᠎ᠠ ᠪᠠᠨ ᠴᠢᠩᠭᠠᠳᠬᠠᠵᠦ᠂ ᠪᠦᠯᠬᠦᠮ ᠪᠠᠶᠢᠭᠤᠯᠤᠨ ᠠᠶᠢᠯᠴᠢᠯᠠᠨ ᠬᠦᠷᠴᠦ᠂ ︽ᠨᠦᠬᠦᠷᠰᠡᠭ ᠬᠠᠮᠳᠤᠷᠠᠯᠴᠠᠭᠠᠨ ᠤ ᠬᠡᠯᠡᠯᠴᠡᠭᠡᠷ︾᠎ ᠲᠤ ᠭᠠᠷ ᠤᠨ ᠦᠰᠦᠭ ᠵᠢᠷᠤᠪᠠ᠃ ᠪᠤᠭᠤᠮᠳᠠ ᠶᠢᠨ ᠬᠠᠮᠢᠶᠠᠷᠤᠯᠳᠠ ᠶᠢᠨ ᠵᠦᠪᠯᠡᠯ ᠪᠠᠶᠢᠭᠤᠯᠵᠦ᠂ ᠵᠤᠭᠠᠴᠠᠭᠰᠠᠳ ᠪᠠ ᠡᠳ᠋ ᠪᠠᠷᠠᠭ᠎ᠠ ᠶᠢ ᠪᠠᠶᠢᠴᠠᠭᠠᠬᠤ ᠠᠰᠠᠷ ᠤᠨ ᠪᠦᠲᠦᠭᠡᠨ ᠪᠠᠶᠢᠭᠤᠯᠤᠯᠳᠠ ᠶᠢ ᠠᠯᠬᠤᠮ ᠲᠠᠷᠠᠭ᠎ᠠ ᠲᠠᠢ ᠠᠬᠢᠭᠤᠯᠪᠠ᠃ ᠪᠤᠭᠤᠮᠳᠠ ᠪᠠᠷ ᠤᠷᠤᠭᠤᠯᠵᠦ ᠭᠠᠷᠭᠠᠭᠰᠠᠨ ᠡᠳ᠋ ᠪᠠᠷᠠᠭᠠᠨ ᠤ ᠬᠡᠮᠵᠢᠶ᠎ᠡ 9.6 ᠲᠦᠮᠡᠨ ᠲᠤᠨ ᠳᠤ ᠬᠦᠷᠴᠦ᠂ ᠪᠤᠭᠤᠮᠳᠠ ᠪᠠᠷ ᠤᠷᠤᠭᠤᠯᠵᠦ ᠭᠠᠷᠭᠠᠭᠰᠠᠨ ᠡᠳ᠋ ᠪᠠᠷᠠᠭᠠᠨ ᠤ ᠠᠷᠠᠯᠵᠢᠶᠠᠨ ᠤ ᠲᠤᠭ᠎ᠠ ᠨᠢ 6,246.6 ᠲᠦᠮᠡᠨ ᠳ᠋ᠤᠯᠯᠠᠷ ᠪᠤᠯᠵᠦ᠂ ᠪᠤᠭᠤᠮᠳᠠ ᠪᠠᠷ ᠤᠷᠤᠵᠦ ᠭᠠᠷᠤᠭᠰᠠᠨ ᠠᠶᠠᠨᠴᠢᠳ ᠤᠨ ᠬᠡᠮᠵᠢᠶ᠎ᠡ 10 ᠲᠦᠮᠡᠨ ᠬᠦᠮᠦᠨ ᠤᠳᠠᠭ᠎ᠠ ᠶᠢ ᠳᠠᠪᠠᠪᠠ᠃ ᠵᠢᠵᠢᠭ ᠠᠵᠦ ᠠᠬᠤᠶᠢᠯᠠᠯ ᠢ ᠬᠦᠭᠵᠢᠬᠦᠯᠦᠨ ᠪᠤᠵᠠᠭᠠᠶᠢᠷᠠᠭᠤᠯᠵᠦ᠂ ᠠᠯᠳ᠋ᠬᠠᠮᠡᠭᠡᠯ ᠵᠢᠵᠢᠭ ᠠᠵᠦ ᠠᠬᠤᠶᠢᠯᠠᠯ ᠎ ᠤᠨ ᠦᠢᠯᠡᠰ ᠪᠦᠲᠦᠭᠡᠬᠦ ᠰᠠᠭᠤᠷᠢᠨ ᠭᠠᠵᠠᠷ ᠲᠤ 50 ᠠᠵᠦ ᠠᠬᠤᠶᠢᠯᠠᠯ ᠢ ᠤᠷᠤᠭᠤᠯᠤᠨ ᠰᠠᠭᠤᠯᠭᠠᠵᠦ᠂ 1.53 ᠳ᠋ᠦᠩᠰᠢᠭᠤᠷ ᠲᠦᠬᠦᠷᠢᠭ ᠤᠨ ᠶᠡᠷᠦᠩᠭᠡᠢ ᠦᠢᠯᠡᠳᠬᠦᠨ ᠤ ᠦᠷᠲᠡᠭ ᠢ ᠪᠡᠶᠡᠯᠡᠬᠦᠯᠪᠡ᠃      ︵ᠬᠤᠶᠠᠷ︶ ᠦᠨᠳᠦᠰᠦ ᠰᠠᠭᠤᠷᠢ ᠪᠠᠨ ᠪᠠᠬᠢᠵᠢᠬᠦᠯᠵᠦ᠂ ᠬᠦᠭᠵᠢᠯᠳᠡ ᠶᠢᠨ ᠰᠠᠭᠤᠷᠢ ᠳᠠᠰᠤᠷᠠᠯᠳᠠ ᠦᠬᠡᠢ ᠪᠠᠬᠢᠵᠢᠪᠡᠬᠤᠳᠠ ᠪᠠᠯᠭᠠᠰᠦ ᠶᠢᠨ ᠨᠡᠭᠡᠭᠡᠨ ᠠᠰᠢᠭᠯᠠᠯᠳᠠ ᠶᠢ ᠳᠠᠰᠤᠷᠠᠯᠳᠠ ᠦᠬᠡᠢ ᠠᠬᠢᠭᠤᠯᠪᠠ᠃ ᠰᠢᠨ᠎ᠡ ᠬᠡᠯᠪᠡᠷᠢ ᠶᠢᠨ ᠬᠤᠳᠠ ᠪᠠᠯᠭᠠᠰᠦ ᠶᠢᠨ ᠰᠢᠰᠲ᠋ᠧᠮ ᠤᠨ ᠪᠦᠲᠦᠭᠡᠨ ᠪᠠᠶᠢᠭᠤᠯᠤᠯᠳᠠ ᠶᠢ ᠲᠦᠷᠭᠡᠳᠭᠡᠵᠦ᠂ ᠤᠨᠴᠠᠯᠢᠭ ᠢ ᠲᠤᠪᠤᠶᠢᠯᠭᠠᠨ᠂ ᠴᠢᠨᠠᠷ ᠲᠡᠰ ᠢ ᠲᠡᠭᠡᠭᠰᠢᠯᠡᠬᠦᠯᠵᠦ᠂ ᠤᠷᠤᠰᠢᠨ ᠰᠠᠭᠤᠬᠤ ᠳᠤ ᠲᠤᠬᠢᠯᠢᠭ ᠳᠠᠭᠠᠯᠠᠮᠵᠢᠳᠠᠢ ᠪᠦᠭᠡᠳ ᠳᠠᠳᠠᠬᠤ ᠬᠦᠴᠦᠨ ᠲᠠᠢ ᠪᠠᠶᠢᠬᠤ ᠶᠢ ᠪᠡᠶᠡᠯᠡᠬᠦᠯᠪᠡ᠃ ︽ᠰᠢᠨ᠎ᠡ ᠪᠠᠷᠭᠤ ᠪᠠᠷᠠᠭᠤᠨ ᠬᠤᠰᠢᠭᠤᠨ ᠤ ᠠᠯᠳ᠋ᠬᠠᠮᠡᠭᠡᠯ ᠪᠠᠯᠭᠠᠰᠦ ᠶᠢᠨ ᠬᠢᠵᠠᠭᠠᠷᠯᠠᠬᠤ ᠴᠢᠨᠠᠷᠳᠠᠢ ᠨᠠᠷᠢᠯᠢᠭ ᠲᠦᠯᠦᠪᠵᠢᠬᠦᠯᠭᠡ︾᠎ ᠶᠢ ᠡᠬᠢᠯᠡᠨ ᠨᠠᠶᠢᠷᠠᠭᠤᠯᠵᠦ ᠵᠤᠬᠢᠶᠠᠪᠠ᠃ 1.2 ᠳ᠋ᠦᠩᠰᠢᠭᠤᠷ ᠲᠦᠬᠦᠷᠢᠭ ᠤᠨ ᠪᠡᠯᠡ ᠤᠷᠤᠭᠤᠯᠵᠦ᠂ ᠲᠦᠬᠦᠮ ᠪᠦᠳᠦᠴᠡᠳᠦ ᠤᠷᠤᠨ ᠰᠠᠭᠤᠴᠠ ᠶᠢ ᠵᠠᠰᠠᠨ ᠰᠢᠨᠡᠳᠭᠡᠬᠦ ᠢᠨᠵᠧᠨᠧᠷᠢᠩ ᠢ ᠭᠡᠷᠡᠭᠵᠢᠬᠦᠯᠵᠦ᠂ ᠬᠢᠮᠳᠡ ᠲᠦᠷᠢᠶᠡᠰᠦᠨ ᠤᠷᠤᠨ ᠰᠠᠭᠤᠴᠠ ᠶᠢᠨ ᠨᠦᠬᠦᠪᠦᠷᠢ ᠮᠦᠩᠬᠦ ᠶᠢ 49.6 ᠲᠦᠮᠡᠨ ᠲᠦᠬᠦᠷᠢᠭ ᠲᠠᠷᠠᠬᠠᠭᠠᠵᠦ᠂ 404 ᠡᠷᠦᠬᠡ᠂ 853 ᠬᠦᠮᠦᠨ ᠳᠤ ᠠᠰᠢᠭ ᠬᠦᠷᠲᠡᠭᠡᠪᠡ᠃ ᠬᠤᠳᠠ ᠶᠢᠨ ᠶᠠᠪᠤᠳᠠᠯ ᠤᠨ ᠰᠠᠭᠤᠷᠢ ᠲᠦᠬᠦᠭᠡᠷᠦᠮᠵᠢ ᠶᠢ ᠲᠡᠬᠦᠯᠳᠡᠷᠵᠢᠬᠦᠯᠵᠦ᠂ 6,000 ᠲᠦᠮᠡᠨ ᠲᠦᠬᠦᠷᠢᠭ ᠤᠨ ᠪᠡᠯᠡ ᠤᠷᠤᠭᠤᠯᠵᠦ᠂ ᠵᠠᠮ ᠢ ᠵᠠᠰᠠᠨ ᠰᠢᠨᠡᠳᠭᠡᠬᠦ᠂ ᠶᠠᠪᠠᠭᠠᠨ ᠵᠠᠮ ᠢ ᠰᠢᠨ᠎ᠡ ᠪᠠᠷ ᠵᠠᠰᠠᠬᠤ ᠪᠠ ᠬᠠᠭᠤᠴᠢᠨ ᠠᠰᠠᠷ ᠢ ᠰᠢᠷᠳᠡᠨ ᠴᠢᠮᠡᠭᠯᠡᠬᠦ ᠵᠡᠷᠭᠡ ᠬᠤᠳᠠ ᠶᠢᠨ ᠶᠠᠪᠤᠳᠠᠯ ᠤᠨ ᠨᠡᠶᠢᠳᠡ ᠶᠢᠨ ᠭᠡᠷᠡᠭᠯᠡᠭᠡᠨ ᠤ ᠰᠠᠭᠤᠷᠢ ᠲᠦᠬᠦᠭᠡᠷᠦᠮᠵᠢ ᠶᠢᠨ ᠢᠨᠵᠧᠨᠧᠷᠢᠩ ᠢ 19 ᠪᠡᠶᠡᠯᠡᠬᠦᠯᠪᠡ᠃ ᠭᠡᠷ ᠠᠬᠤᠢ ᠶᠢᠨ ᠦᠢᠯᠡᠴᠢᠯᠡᠭᠡᠨ ᠤ ᠬᠠᠮᠢᠶᠠᠷᠤᠯᠳᠠ ᠶᠢ ᠴᠢᠩᠭᠠᠳᠬᠠᠵᠦ᠂ 25 ᠬᠠᠭᠤᠴᠢᠨ ᠵᠢᠵᠢᠭ ᠲᠤᠭᠤᠷᠢᠭ ᠤᠨ ᠬᠤᠭᠤᠯᠠᠢ ᠲᠤᠤᠷ ᠢ ᠵᠠᠰᠠᠨ ᠰᠢᠨᠡᠳᠭᠡᠬᠦ ᠪᠠ 3 ᠠᠰᠠᠷ ᠤᠨ ᠭᠤᠤᠯ ᠴᠤᠭᠴᠠ ᠶᠢ ᠵᠠᠰᠠᠨ ᠰᠡᠯᠪᠢᠬᠦ ᠢᠨᠵᠧᠨᠧᠷᠢᠩ ᠢ ᠪᠡᠶᠡᠯᠡᠬᠦᠯᠪᠡ᠃ ᠤᠷᠴᠢᠨ ᠲᠤᠭᠤᠷᠢᠨ ᠤ ᠠᠷᠢᠭᠤᠨ ᠴᠡᠪᠡᠷ ᠢ ᠵᠠᠰᠠᠨ ᠴᠡᠭᠴᠡᠯᠡᠬᠦ ᠶᠢ ᠴᠢᠩᠭᠠᠳᠬᠠᠵᠦ᠂ 114.9 ᠲᠦᠮᠡᠨ ᠲᠦᠬᠦᠷᠢᠭ ᠤᠨ ᠪᠡᠯᠡ ᠤᠷᠤᠭᠤᠯᠵᠦ᠂ ᠬᠤᠭ ᠤᠨ ᠬᠠᠶᠢᠷᠴᠠᠭ᠂ ᠮᠦᠰᠦ ᠮᠠᠯᠳᠠᠬᠤ ᠮᠠᠰᠢᠨ ᠪᠤᠯᠤᠨ ᠴᠠᠰᠦ ᠠᠷᠢᠯᠭᠠᠬᠤ ᠮᠠᠰᠢᠨ ᠱᠦᠬᠦᠷ ᠵᠡᠷᠭᠡ  ᠴᠡᠪᠡᠷᠯᠡᠨ ᠠᠷᠢᠯᠭᠠᠬᠤ ᠲᠦᠬᠦᠭᠡᠷᠦᠮᠵᠢ ᠶᠢ ᠬᠤᠳᠠᠯᠳᠤᠨ ᠠᠪᠴᠦ᠂ ᠤᠷᠴᠢᠨ ᠲᠤᠭᠤᠷᠢᠨ ᠤ ᠠᠷᠢᠭᠤᠨ ᠴᠡᠪᠡᠷ ᠤᠨ ᠠᠵᠢᠯᠳᠠᠨ ᠲᠤ 300 ᠲᠦᠬᠦᠷᠢᠭ ᠤᠨ ᠴᠠᠯᠢᠩ ᠦᠰᠭᠡᠵᠦ ᠦᠭᠪᠡ᠃ ᠭᠡᠷᠡᠯᠳᠦᠬᠦᠯᠬᠦ ᠢᠨᠵᠧᠨᠧᠷᠢᠩ ᠢ ᠭᠡᠷᠡᠭᠵᠢᠬᠦᠯᠵᠦ᠂ 440 ᠲᠦᠮᠡᠨ ᠲᠦᠬᠦᠷᠢᠭ ᠤᠨ ᠪᠡᠯᠡ ᠤᠷᠤᠭᠤᠯᠵᠦ᠂ 25 ᠠᠰᠠᠷ ᠢ ᠭᠡᠷᠡᠯᠳᠦᠬᠦᠯᠬᠦ ᠠᠵᠢᠯ ᠢ ᠪᠡᠶᠡᠯᠡᠬᠦᠯᠪᠡ᠃ ᠨᠤᠭᠤᠭᠠᠷᠠᠭᠤᠯᠬᠤ ᠢᠨᠵᠧᠨᠧᠷᠢᠩ ᠢ ᠭᠡᠷᠡᠭᠵᠢᠬᠦᠯᠵᠦ᠂ 2,550 ᠲᠦᠮᠡᠨ ᠲᠦᠬᠦᠷᠢᠭ ᠤᠨ ᠪᠡᠯᠡ ᠤᠷᠤᠭᠤᠯᠵᠦ᠂ ᠡᠯ᠎ᠡ ᠵᠦᠢᠯ ᠤᠨ ᠲᠤᠷᠤᠭ ᠮᠤᠳᠤ ᠶᠢ 2.2 ᠲᠦᠮᠨ᠂ ᠪᠤᠳᠠ ᠮᠤᠳᠤ ᠶᠢ 6.8 ᠲᠦᠮᠨ ᠵᠠᠶᠢᠯᠠᠵᠦ᠂ ᠰᠢᠨ᠎ᠡ ᠪᠠᠷ ᠨᠡᠮᠡᠭᠳᠡᠭᠰᠡᠨ ᠨᠤᠭᠤᠭᠠᠷᠠᠭᠤᠯᠤᠯᠳᠠ ᠶᠢᠨ ᠳᠠᠯᠠᠪᠠᠢ 16.5 ᠲᠦᠮᠡᠨ ᠲᠡᠭᠰᠢ ᠲᠦᠷᠪᠡᠯᠵᠢᠨ ᠮᠧᠲᠷ ᠲᠤ ᠬᠦᠷᠪᠡ᠃      ᠦᠨᠳᠦᠰᠦᠨ ᠱᠠᠳᠤᠨ ᠤ ᠰᠠᠭᠤᠷᠢ ᠲᠦᠬᠦᠭᠡᠷᠦᠮᠵᠢ ᠳᠠᠰᠤᠷᠠᠯᠳᠠ ᠦᠬᠡᠢ ᠳᠡᠬᠦᠯᠳᠡᠷᠵᠢᠪᠡ᠃ ︽ᠠᠷᠪᠠ ᠶᠢ ᠪᠦᠷᠬᠦᠬᠦᠯᠬᠦ︾ ᠢᠨᠵᠧᠨᠧᠷᠢᠩ ᠤᠨ ᠪᠦᠲᠦᠭᠡᠨ ᠪᠠᠶᠢᠭᠤᠯᠤᠯᠳᠠ ᠶᠢᠨ ᠡᠭᠦᠷᠭᠡ ᠶᠢ ᠲᠡᠭᠦᠰ ᠠᠮᠵᠢᠯᠳᠠᠳᠠᠢ ᠪᠡᠶᠡᠯᠡᠬᠦᠯᠵᠦ᠂ ᠤᠷᠳᠦ ᠬᠤᠭᠤᠴᠠᠭᠠᠨ ᠤ ᠬᠦᠴᠦᠨ ᠪᠦᠬᠦᠢ ᠬᠠᠮᠢᠶᠠᠷᠴᠦ ᠬᠠᠮᠠᠭᠠᠯᠠᠬᠤ ᠲᠤᠭᠳᠠᠴᠠ ᠶᠢ ᠪᠠᠶᠢᠭᠤᠯᠪᠠ᠃ 1,125 ᠲᠦᠮᠡᠨ ᠲᠦᠬᠦᠷᠢᠭ ᠤᠨ ᠪᠡᠯᠡ ᠤᠷᠤᠭᠤᠯᠵᠦ᠂ ︽ᠨᠢᠭᠡ ᠭᠡᠷᠡᠭ ᠢ ᠨᠢᠭᠡ ᠵᠦᠪᠯᠡᠬᠦ︾ ᠲᠦᠷᠦᠯ ᠵᠦᠢᠯ ᠢ 22 ᠭᠡᠷᠡᠭᠵᠢᠬᠦᠯᠵᠦ᠂ ᠲᠤᠰᠬᠤᠨ ᠤ ᠲᠦᠷᠰᠦ ᠪᠠᠶᠢᠳᠠᠯ ᠳᠤ ᠢᠯᠡᠷᠬᠡᠢ ᠰᠠᠶᠢᠨ ᠬᠤᠪᠢᠷᠠᠯᠳᠠ ᠲᠠᠢ ᠪᠤᠯᠪᠠ᠃ ᠮᠠᠯᠴᠢᠳ ᠤᠨ ᠴᠠᠬᠢᠯᠭᠠᠨ ᠭᠡᠷᠡᠭᠯᠡᠬᠦ ᠳᠤ ᠬᠦᠴᠢᠷ ᠠᠰᠠᠭᠤᠳᠠᠯ ᠢ ᠰᠢᠢᠳᠪᠦᠷᠢᠯᠡᠵᠦ᠂ 1,746 ᠲᠦᠮᠡᠨ ᠲᠦᠬᠦᠷᠢᠭ ᠤᠨ ᠪᠡᠯᠡ ᠤᠷᠤᠭᠤᠯᠵᠦ᠂ ᠪᠤᠶᠢᠳᠠ ᠪᠦᠭᠯᠡᠬᠦᠦ ᠭᠠᠵᠠᠷ ᠲᠤ ᠲᠠᠷᠠᠬᠠᠢ ᠪᠤᠳᠠᠷᠬᠠᠢ ᠰᠠᠭᠤᠭ᠎ᠠ 705 ᠮᠠᠯᠵᠢᠬᠤ ᠡᠷᠦᠭᠡ ᠳᠤ ᠰᠠᠯᠬᠢᠨ ᠨᠠᠷᠠᠨ ᠤ ᠭᠡᠷᠡᠯ ᠢ ᠬᠠᠷᠢᠯᠴᠠᠨ ᠨᠦᠬᠦᠪᠦᠷᠢᠯᠡᠵᠦ ᠴᠠᠬᠢᠯᠭᠠᠨ ᠭᠠᠷᠭᠠᠬᠤ ᠲᠦᠭᠦᠭᠡᠷᠦᠮᠵᠢ ᠲᠠᠷᠬᠠᠭᠠᠪᠠ᠃ ᠰᠢᠶᠠᠨ ᠤ ᠭᠡᠪᠴᠢᠶᠡᠨ ᠤ ᠴᠢᠮᠡᠭᠡ ᠨᠡᠪᠲᠡᠷᠡᠬᠦᠯᠭᠡ ᠶᠢᠨ ᠲᠤᠤᠷ ᠢ ᠵᠠᠰᠠᠨ ᠰᠢᠨᠡᠳᠭᠡᠬᠦ ᠢᠨᠵᠧᠨᠧᠷᠢᠩ᠂ 10 ᠺᠢᠯᠤᠸᠤᠯᠲ ᠠᠴᠠ ᠲᠤᠷᠤᠭᠰᠢᠬᠢ ᠬᠦᠳᠡᠭᠡ ᠲᠤᠰᠬᠤᠨ ᠤ ᠴᠠᠬᠢᠯᠭᠠᠨ ᠲᠤᠤᠷ ᠤᠨ ᠢᠨᠵᠧᠨᠧᠷᠢᠩ᠂ ᠮᠠᠨᠵᠤᠤᠷ — ᠪᠠᠷᠠᠭᠤᠨ ᠬᠤᠰᠢᠭᠤ ᠬᠦᠷᠬᠦ 220 ᠺᠢᠯᠤᠸᠤᠯᠲ ᠴᠠᠬᠢᠯᠭᠠᠨ ᠳᠠᠮᠵᠢᠭᠤᠯᠤᠨ ᠬᠤᠪᠢᠷᠠᠭᠤᠯᠬᠤ ᠵᠡᠷᠭᠡ ᠲᠦᠷᠦᠯ ᠵᠦᠢᠯ ᠢ ᠭᠡᠷᠡᠭᠵᠢᠬᠦᠯᠵᠦ᠂ ᠪᠦᠬᠦ ᠬᠤᠰᠢᠭᠤᠨ ᠤ ᠴᠠᠬᠢᠯᠭᠠᠨ ᠲᠤᠤᠷ ᠤᠨ ᠪᠦᠳᠦᠴᠡ ᠶᠢ ᠴᠢᠨᠠᠭᠰᠢᠳᠠ ᠰᠢᠯᠢᠳᠡᠭᠵᠢᠬᠦᠯᠪᠡ᠃      ᠬᠤᠰᠢᠭᠤᠨ ᠤ ᠬᠡᠪᠴᠢᠶᠡᠨ ᠳᠠᠬᠢ ᠵᠠᠮ ᠬᠠᠷᠢᠯᠴᠠᠭᠠᠨ ᠤ ᠲᠤᠤᠷ ᠳᠠᠰᠤᠷᠠᠯᠳᠠ ᠦᠬᠡᠢ ᠲᠡᠬᠦᠯᠳᠡᠷᠵᠢᠪᠡ᠃ ᠮᠠᠨᠵᠤᠤᠷ — ᠠᠯᠳ᠋ᠬᠠᠮᠡᠭᠡᠯ — ᠠᠮᠤᠭᠤᠯᠠᠩ ᠬᠦᠷᠬᠦ ᠵᠠᠰᠠᠮᠠᠯ ᠵᠠᠮ ᠤᠨ ᠪᠠᠷᠢᠯᠭ᠎ᠠ ᠠᠵᠢᠯ ᠲᠠᠭᠤᠰᠴᠦ ᠠᠰᠢᠭᠯᠠᠯᠳᠠ ᠳᠤ ᠤᠷᠤᠪᠠ᠃ ᠠᠯᠳ᠋ᠬᠠᠮᠡᠭᠡᠯ — ᠠᠷᠤᠬᠠᠰᠢᠶᠠᠳᠦ ᠪᠤᠭᠤᠮᠳᠠ ᠬᠦᠷᠬᠦ ᠵᠠᠰᠠᠮᠠᠯ ᠵᠠᠮ᠂ ᠪᠤᠠᠠᠳᠠᠠᠭᠤᠯᠠ ᠰᠤᠮᠤ — ᠪᠤᠶᠢᠷ ᠰᠤᠮᠤ ᠬᠦᠷᠬᠦ ᠵᠠᠰᠠᠮᠠᠯ ᠵᠠᠮ ᠵᠢᠴᠢ ᠢᠵᠢ ᠪᠦᠷᠢᠳᠦᠭᠰᠡᠨ ᠠᠶᠠᠨᠴᠢᠳ ᠤᠨ ᠦᠷᠲᠡᠭᠡ ᠶᠢᠨ ᠪᠠᠷᠢᠯᠭ᠎ᠠ ᠶᠢᠨ ᠠᠵᠢᠯ ᠢ ᠡᠬᠢᠯᠡᠬᠦᠯᠪᠠ᠃ S203 ᠱᠤᠭᠤᠮ ᠠᠴᠠ ᠳᠠᠯᠠᠢ ᠤᠢ ᠰᠢᠭᠤᠢ ᠶᠢᠨ ᠳᠠᠯᠠᠪᠠᠢ ᠬᠦᠷᠬᠦ᠂ ᠭᠡᠷᠦᠯᠦᠨ ᠰᠤᠮᠤ ᠠᠴᠠ ᠦᠯᠵᠡᠶᠢᠳᠦ ᠭᠠᠴᠠᠭ᠎ᠠ ᠬᠦᠷᠬᠦ᠂ S203 ᠱᠤᠭᠤᠮ ᠠᠴᠠ ᠦ᠋ ᠢ ᠭᠠᠴᠠᠭ᠎ᠠ ᠬᠦᠷᠬᠦ᠂ S203 ᠱᠤᠭᠤᠮ ᠠᠴᠠ ᠦ᠋ ᠰᠠᠨ ᠭᠠᠴᠠᠭ᠎ᠠ ᠬᠦᠷᠬᠦ ᠵᠡᠷᠭᠡ ᠬᠦᠳᠡᠭᠡ ᠲᠤᠰᠬᠤᠨ ᠤ ᠵᠠᠰᠠᠮᠠᠯ ᠵᠠᠮ ᠤᠨ ᠲᠦᠷᠦᠯ ᠵᠦᠢᠯ ᠢ ᠡᠮᠬᠢ ᠳᠠᠷᠠᠭ᠎ᠠ ᠲᠠᠢ ᠠᠬᠢᠭᠤᠯᠪᠠ᠃ ᠭᠠᠴᠠᠭ᠎ᠠ ᠲᠤᠰᠬᠤᠨ ᠤ ᠵᠡᠬᠡᠯᠢ ᠭᠤᠳᠤᠮᠵᠢ ᠶᠢᠨ ᠵᠠᠮ ᠢ 59.28 ᠺᠢᠯᠤᠮᠧᠲᠷ ᠱᠦᠢᠨᠢᠳᠡᠵᠦ᠂ ᠤᠯᠠᠨ ᠲᠦᠮᠡᠨ ᠤ ᠶᠠᠪᠤᠵᠦ ᠰᠠᠭᠤᠬᠤ ᠳᠤ ᠨᠡᠩ ᠲᠦᠬᠦᠮ ᠪᠤᠯᠭᠠᠪᠠ᠃       ︵ᠭᠤᠷᠪᠠ︶ ᠬᠢᠵᠠᠭᠠᠷᠳᠦ ᠱᠤᠭᠤᠮ ᠢ ᠪᠠᠳᠦ ᠰᠠᠬᠢᠵᠦ᠂ ᠬᠦᠭᠵᠢᠯᠳᠡ ᠶᠢᠨ ᠤᠷᠴᠢᠨ ᠳᠠᠰᠤᠷᠠᠯᠳᠠ ᠦᠬᠡᠢ ᠰᠠᠶᠢᠵᠢᠷᠠᠪᠠ      ᠡᠨᠧᠷᠬᠢ ᠶᠢ ᠠᠷᠪᠢᠯᠠᠨ ᠪᠤᠬᠢᠷᠳᠤᠯ ᠢ ᠪᠠᠭᠠᠰᠬᠠᠬᠤ ᠠᠵᠢᠯ ᠢ ᠬᠦᠴᠦᠳᠡᠢ ᠠᠬᠢᠭᠤᠯᠪᠠ᠃ ᠠᠮᠢ ᠠᠬᠤᠢ᠂ ᠤᠷᠴᠢᠨ ᠲᠤᠭᠤᠷᠢᠨ ᠤ ᠬᠠᠮᠠᠭᠠᠯᠠᠯᠳᠠ ᠶᠢᠨ ᠬᠢᠵᠠᠭᠠᠷᠳᠦ ᠱᠤᠭᠤᠮ ᠢ ᠪᠠᠳᠦ ᠰᠠᠬᠢᠵᠦ᠂ ᠪᠤᠬᠢᠷᠳᠤᠯ ᠦᠬᠡᠢ ᠬᠦᠭᠵᠢᠬᠦᠯᠬᠦ ᠶᠢ ᠪᠠᠷᠢᠮᠳᠠᠯᠠᠪᠠ᠃ ᠲᠦᠪ ᠤᠨ ᠤᠷᠴᠢᠨ ᠲᠤᠭᠤᠷᠢᠨ ᠤ ᠱᠠᠭᠠᠷᠳᠠᠨ ᠪᠠᠶᠢᠴᠠᠭᠠᠬᠤ ᠲᠤᠭᠤᠶᠢᠯᠠᠩ ᠤᠨ ᠬᠠᠷᠢᠭᠤ ᠲᠤᠰᠬᠠᠭᠰᠠᠨ ᠰᠠᠨᠠᠯ ᠢ ᠴᠢᠩᠭ᠎ᠠ ᠨᠠᠶᠢᠳᠠᠪᠦᠷᠢᠵᠢᠭᠤᠯᠵᠦ᠂ ᠡᠨᠧᠷᠬᠢ ᠶᠢ ᠠᠷᠪᠢᠯᠠᠨ ᠬᠤᠷᠤᠭᠳᠠᠯ ᠢ ᠪᠠᠭᠠᠰᠬᠠᠬᠤ ᠪᠠ ᠭᠤᠤᠯ ᠪᠤᠯᠬᠤ ᠪᠤᠬᠢᠷᠳᠤᠯ ᠪᠤᠳᠠᠰ ᠢ ᠰᠡᠷᠭᠡᠶᠢᠯᠡᠨ ᠡᠵᠡᠮᠳᠡᠬᠦ ᠶᠢ ᠴᠢᠩᠭᠠᠳᠬᠠᠵᠦ᠂ ᠤᠷᠴᠢᠨ ᠲᠤᠭᠤᠷᠢᠨ ᠤ ᠴᠢᠨᠠᠷ ᠴᠢᠨᠰᠠᠭ᠎ᠠ ᠶᠢ ᠪᠦᠳᠦᠮᠵᠢᠳᠡᠢ ᠰᠠᠶᠢᠵᠢᠷᠠᠭᠤᠯᠪᠠ᠃ ︽ᠰᠤᠮᠤ ᠪᠠᠯᠭᠠᠰᠦ ᠶᠢᠨ ᠲᠦᠪᠯᠡᠷᠡᠭᠰᠡᠨ ᠬᠡᠯᠪᠡᠷᠢ ᠶᠢᠨ ᠤᠤᠭᠤᠬᠤ ᠤᠰᠤᠨ ᠤ ᠤᠰᠤᠨ ᠰᠤᠷᠪᠤᠯᠵᠢᠳᠦ ᠭᠠᠵᠠᠷ ᠤᠨ ᠬᠠᠮᠠᠭᠠᠯᠠᠯᠳᠠ ᠶᠢᠨ ᠭᠠᠵᠠᠷ ᠤᠨ ᠬᠤᠪᠢᠶᠠᠷᠢᠯᠠᠯᠳᠠ ᠶᠢᠨ ᠲᠦᠰᠦᠯ︾᠎ ᠢ ᠨᠠᠶᠢᠷᠠᠭᠤᠯᠤᠨ ᠵᠤᠬᠢᠶᠠᠵᠦ᠂ ᠬᠤᠳᠠ ᠪᠠᠯᠭᠠᠰᠦ ᠶᠢᠨ ᠲᠦᠪᠯᠡᠷᠡᠭᠰᠡᠨ ᠭᠡᠯᠪᠡᠷᠢ ᠶᠢᠨ ᠤᠤᠭᠤᠬᠤ ᠤᠰᠤᠨ ᠤ ᠤᠰᠤᠨ ᠰᠤᠷᠪᠤᠯᠵᠢᠳᠦ ᠭᠠᠵᠠᠷ ᠤᠨ ᠤᠷᠴᠢᠨ ᠲᠤᠭᠤᠷᠢᠨ ᠢ ᠦᠨᠡᠯᠡᠨ ᠵᠢᠱᠢᠬᠦ ᠠᠵᠢᠯ ᠢ ᠲᠡᠭᠦᠰ ᠠᠮᠵᠢᠯᠳᠠᠳᠠᠢ ᠪᠡᠶᠡᠯᠡᠬᠦᠯᠪᠡ᠃ ᠡᠬᠢ ᠡᠭᠦᠰᠦᠯ ᠤᠨ ᠪᠤᠵᠠᠷᠳᠤᠯ ᠢ ᠴᠢᠩᠭ᠎ᠠ ᠬᠢᠵᠠᠭᠠᠷᠯᠠᠵᠦ᠂ ᠤᠰᠤ᠂ ᠠᠭᠠᠷ ᠮᠠᠨᠳᠤᠯ ᠪᠤᠯᠤᠨ ᠬᠦᠨᠳᠦ ᠲᠡᠮᠦᠷᠯᠢᠭ ᠤᠨ ᠪᠤᠬᠢᠷᠳᠤᠯ ᠢ ᠰᠡᠷᠬᠡᠶᠢᠯᠡᠨ ᠵᠠᠰᠠᠬᠤ ᠶᠢ ᠴᠢᠩᠭᠠᠳᠬᠠᠵᠦ᠂ ᠪᠦᠬᠦ ᠬᠤᠰᠢᠭᠤᠨ ᠤ ᠲᠦᠮᠡᠨ ᠲᠦᠬᠦᠷᠢᠭ ᠤᠨ ᠦᠢᠯᠡᠳᠬᠦᠨ ᠤ ᠦᠷᠲᠡᠭ ᠳᠠᠬᠢ ᠶᠡᠷᠦᠩᠭᠡᠢ ᠡᠨᠧᠷᠬᠢ ᠶᠢᠨ ᠬᠤᠷᠤᠭᠳᠠᠯ ᠨᠢ 1.16 ᠲᠤᠨ ᠪᠠᠷᠢᠮᠵᠢᠶ᠎ᠠ ᠨᠡᠬᠦᠷᠡᠰᠦᠨ ᠤ ᠬᠡᠮᠵᠢᠶ᠎ᠡ ᠳᠤ ᠬᠦᠷᠴᠦ᠂ ᠭᠤᠤᠯ ᠪᠤᠯᠬᠤ ᠪᠤᠬᠢᠷᠳᠤᠯ ᠪᠤᠳᠠᠰ ᠢ ᠭᠠᠳᠠᠭᠰᠢᠯᠠᠭᠤᠯᠬᠤ ᠶᠢ ᠬᠢᠵᠠᠭᠠᠷᠯᠠᠬᠤ ᠬᠦᠢᠴᠡᠳᠭᠡᠬᠦ ᠲᠤᠭ᠎ᠠ ᠶᠢ ᠪᠦᠬᠦ ᠳᠠᠯ᠎ᠠ ᠪᠠᠷ ᠪᠡᠶᠡᠯᠡᠬᠦᠯᠪᠡ᠃      ᠠᠮᠢ ᠠᠬᠤᠢ ᠶᠢᠨ ᠪᠦᠲᠦᠭᠡᠨ ᠪᠠᠶᠢᠭᠤᠯᠤᠯᠳᠠ ᠶᠢᠨ ᠬᠦᠴᠦᠯᠡᠴᠡ ᠴᠢᠩᠭᠠᠷᠠᠪᠠ᠃ 1,683 ᠲᠦᠮᠡᠨ ᠲᠦᠬᠦᠷᠢᠭ ᠤᠨ ᠪᠡᠯᠡ ᠤᠷᠤᠭᠤᠯᠵᠦ᠂ ᠪᠡᠯᠴᠢᠭᠡᠷᠯᠡᠬᠦ ᠎ ᠶᠢ ᠵᠤᠭᠰᠤᠭᠠᠨ ᠨᠤᠲᠤᠭ ᠪᠡᠯᠴᠢᠭᠡᠷ ᠢ ᠰᠡᠷᠭᠦᠭᠡᠬᠦ ᠢᠨᠵᠧᠨᠧᠷᠢᠩ ᠢ ᠭᠡᠷᠡᠭᠵᠢᠬᠦᠯᠦᠨ᠂ 30 ᠲᠦᠮᠡᠨ ᠮᠦ ᠨᠤᠲᠤᠭ ᠪᠡᠯᠴᠢᠭᠡᠷ ᠲᠤ ᠲᠤᠭᠤᠷᠢᠭ ᠬᠤᠪᠢᠶᠠᠨ ᠡᠬᠡᠯᠵᠢᠯᠡᠨ ᠮᠠᠯᠵᠢᠬᠤ᠂ 19 ᠲᠦᠮᠡᠨ ᠮᠦ ᠨᠤᠲᠤᠭ ᠪᠡᠯᠴᠢᠭᠡᠷ ᠲᠤ ᠡᠪᠡᠰᠦ ᠨᠦᠬᠦᠨ ᠲᠠᠷᠢᠬᠤ ᠪᠠ 1800 ᠬᠠᠰᠢᠶ᠎ᠠ ᠰᠠᠷᠠᠪᠴᠢ ᠶᠢ ᠵᠠᠰᠠᠵᠦ ᠦᠷᠭᠡᠳᠭᠡᠨ ᠪᠠᠶᠢᠭᠤᠯᠬᠤ ᠠᠵᠢᠯ ᠎ ᠢ ᠪᠡᠶᠡᠯᠡᠬᠦᠯᠪᠡ᠃ ᠬᠤᠶᠠᠳᠤᠭᠠᠷ ᠡᠭᠡᠯᠵᠢ ᠶᠢᠨ ᠳᠠᠯ᠎ᠠ ᠨᠤᠲᠤᠭ ᠤᠨ ᠠᠮᠢ ᠠᠬᠤᠢ ᠶᠢᠨ ᠬᠠᠮᠠᠭᠠᠯᠠᠯᠠᠳᠠ ᠶᠢᠨ ᠨᠦᠬᠦᠪᠦᠷᠢ ᠱᠠᠩᠨᠠᠯ ᠤᠨ ᠲᠤᠭᠳᠠᠴᠠ ᠶᠢᠨ ᠠᠵᠢᠯ ᠢ ᠡᠬᠢᠯᠡᠨ ᠬᠢᠵᠦ᠂ 400 ᠲᠦᠮᠡᠨ ᠮᠦ ᠨᠤᠲᠤᠭ ᠪᠡᠯᠴᠢᠭᠡᠷ ᠲᠤ ᠪᠡᠯᠴᠢᠭᠡᠷᠯᠡᠬᠦ ᠶᠢ ᠵᠤᠭᠰᠤᠭᠠᠵᠦ᠂ 3013 ᠲᠦᠮᠡᠨ ᠮᠦ ᠨᠤᠲᠤᠭ ᠪᠡᠯᠴᠢᠭᠡᠷ ᠲᠤ ᠮᠠᠯ ᠪᠡᠯᠴᠢᠭᠡᠷ ᠢ ᠳᠡᠩᠴᠡᠬᠦᠷᠢᠳᠠᠢ ᠪᠤᠯᠭᠠᠪᠠ᠃ ᠭᠤᠤᠯᠳᠠᠯᠭ᠎ᠠ ᠲᠠᠢ ᠤᠷᠤᠨ ᠤ ᠨᠤᠭᠤᠭᠠᠷᠠᠭᠤᠯᠤᠯᠳᠠ ᠶᠢ 1314 ᠮᠦ ᠭᠡᠷᠡᠭᠵᠢᠬᠦᠯᠵᠦ᠂ ᠦᠢᠯᠡᠳᠪᠦᠷᠢ ᠠᠭᠤᠷᠬᠠᠢ ᠶᠢᠨ ᠠᠵᠦ ᠠᠬᠤᠶᠢᠯᠠᠯ ᠵᠢᠴᠢ ᠬᠤᠳᠠ ᠪᠠᠯᠭᠠᠰᠦ ᠶᠢᠨ ᠨᠤᠭᠤᠭᠠᠷᠠᠭᠤᠯᠤᠯᠳᠠ ᠶᠢᠨ ᠡᠭᠦᠷᠭᠡ ᠶᠢ ᠪᠡᠶᠡᠯᠡᠬᠦᠯᠪᠡ᠃ ᠠᠶᠢᠯ ᠲᠤᠰᠬᠤᠨ ᠤ ᠨᠤᠭᠤᠭᠠᠷᠠᠭᠤᠯᠤᠯᠳᠠ ᠶᠢ ᠴᠢᠩᠭᠠᠳᠬᠠᠵᠦ᠂ 50.5 ᠲᠦᠮᠡᠨ ᠨᠢᠯᠬ᠎ᠠ ᠮᠤᠳᠤ᠂ 500 ᠮᠦ ᠠᠯᠪᠠᠨ ᠵᠢᠷᠤᠮ ᠤᠨ ᠮᠤᠳᠤ ᠵᠠᠶᠢᠯᠠᠵᠦ᠂ ᠨᠡᠶᠢᠳᠡ ᠶᠢᠨ ᠠᠰᠠᠷᠠᠮᠵᠢ ᠶᠢᠨ ᠤᠢ ᠶᠢᠨ ᠨᠦᠬᠦᠪᠦᠷᠢ ᠮᠦᠩᠬᠦ ᠶᠢ 486 ᠲᠦᠮᠡᠨ ᠲᠦᠬᠦᠷᠢᠭ ᠲᠠᠷᠬᠠᠭᠠᠪᠠ᠃ 275 ᠲᠦᠮᠡᠨ ᠲᠦᠬᠦᠷᠢᠭ ᠤᠨ ᠪᠡᠯᠡ ᠤᠷᠤᠭᠤᠯᠵᠦ᠂ ᠲᠠᠷᠢᠶᠠᠯᠠᠩ ᠤᠨ ᠨᠡᠭᠡᠭᠡᠨ ᠠᠰᠢᠭᠯᠠᠯᠳᠠ ᠶᠢᠨ 5000 ᠮᠦ ᠡᠯᠡᠰᠦᠷᠭᠡᠭ ᠭᠠᠵᠠᠷ ᠢ ᠵᠠᠰᠠᠪᠠ᠃ ᠠᠯᠳ᠋ᠬᠠᠮᠡᠭᠡᠯ ᠪᠠᠯᠭᠠᠰᠦ ᠶᠢᠨ ᠦᠶᠡᠷ ᠢ ᠰᠡᠷᠭᠡᠶᠢᠯᠡᠬᠦ ᠭᠤᠤᠯ ᠴᠤᠭᠴᠠ ᠶᠢᠨ ᠢᠨᠵᠧᠨᠧᠷᠢᠩ ᠢ ᠪᠡᠶᠡᠯᠡᠬᠦᠯᠦᠭᠰᠡᠨ ᠤ ᠬᠠᠮᠳᠦ᠂ ᠦᠪᠡᠷᠲᠡᠭᠡᠨ ᠵᠠᠰᠠᠬᠤ ᠤᠷᠤᠨ ᠤ ᠤᠰᠤᠨ ᠠᠰᠢᠭᠯᠠᠯᠳᠠ ᠶᠢᠨ ᠲᠢᠩᠬᠢᠮ ᠤᠨ ᠰᠢᠯᠭᠠᠨ ᠬᠤᠷᠢᠶᠠᠨ ᠠᠪᠬᠤ ᠶᠢ ᠦᠩᠭᠡᠷᠡᠬᠦᠯᠪᠡ᠃ ᠠᠶᠦᠯᠬᠦᠢ ᠤᠰᠤ ᠤᠮᠳᠠ ᠶᠢᠨ ᠴᠢᠨᠠᠷ ᠪᠠ ᠦᠷ᠎ᠡ ᠠᠰᠢᠭ ᠢ ᠲᠡᠭᠡᠭᠰᠢᠯᠡᠬᠦᠯᠬᠦ ᠢᠨᠵᠧᠨᠧᠷᠢᠩ ᠢ ᠭᠡᠷᠡᠭᠵᠢᠬᠦᠯᠵᠦ᠂ 3 ᠤᠰᠤ ᠲᠦᠪᠯᠡᠷᠡᠬᠦᠯᠦᠨ ᠬᠠᠩᠭᠠᠬᠤ ᠪᠠᠷᠢᠯᠭ᠎ᠠ ᠶᠢᠨ ᠠᠵᠢᠯ ᠢ ᠡᠬᠢᠯᠡᠬᠦᠯᠵᠦ᠂ ᠤᠰᠤ ᠰᠢᠢᠳᠪᠦᠷᠢᠯᠡᠬᠦ ᠲᠦᠬᠦᠭᠡᠷᠦᠮᠵᠢ ᠶᠢ 231 ᠲᠠᠷᠬᠠᠭᠠᠪᠠ᠃      ︵ᠲᠦᠷᠪᠡ︶ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠶᠢ ᠴᠢᠬᠤᠯᠠᠴᠢᠯᠠᠵᠦ᠂ ᠬᠦᠭᠵᠢᠯᠳᠡ ᠶᠢᠨ ᠦᠷ᠎ᠡ ᠪᠦᠳᠦᠮᠵᠢ ᠨᠢ ᠠᠷᠠᠳ ᠲᠤ ᠲᠠᠰᠤᠷᠠᠯᠳᠠ ᠦᠬᠡᠢ ᠠᠰᠢᠭ ᠬᠦᠷᠲᠡᠭᠡᠪᠡ      ᠠᠷᠠᠳ ᠤᠨ ᠠᠮᠢᠳᠤᠷᠠᠯ ᠤᠨ ᠪᠠᠳᠤᠯᠠᠭ᠎ᠠ ᠨᠡᠩ ᠬᠦᠴᠦᠨ ᠲᠠᠢ ᠪᠤᠯᠪᠠ᠃ ᠠᠷᠠᠳ ᠤᠨ ᠠᠮᠢᠳᠤᠷᠠᠯ ᠤᠨ ᠪᠡᠯᠡ ᠤᠷᠤᠭᠤᠯᠤᠯᠳᠠ ᠶᠢ ᠦᠷᠬᠦᠯᠵᠢᠯᠡᠨ ᠨᠡᠮᠡᠭᠳᠡᠬᠦᠯᠵᠦ᠂ ᠪᠦᠬᠦ ᠵᠢᠯ ᠳᠤ᠂ ᠠᠷᠠᠳ ᠤᠨ ᠠᠮᠢᠳᠤᠷᠠᠯ ᠤᠨ ᠬᠦᠷᠢᠶ᠎ᠡ ᠬᠡᠪᠴᠢᠶᠡᠨ ᠳᠤ ᠭᠡᠷᠡᠭᠯᠡᠭᠰᠡᠨ ᠡᠳ᠋ ᠤᠨ ᠵᠠᠰᠠᠭ ᠤᠨ ᠵᠠᠷᠤᠯᠭ᠎ᠠ 7.1 ᠳ᠋ᠦᠩᠰᠢᠭᠤᠷ ᠲᠦᠬᠦᠷᠢᠭ ᠲᠤ ᠬᠦᠷᠴᠦ᠂ ᠤᠯᠠᠨ ᠨᠡᠶᠢᠳᠡ ᠶᠢᠨ ᠡᠳ᠋ ᠤᠨ ᠵᠠᠰᠠᠭ ᠤᠨ ᠲᠦᠰᠦᠪ ᠤᠨ ᠵᠠᠷᠤᠯᠭ᠎ᠠ ᠶᠢᠨ60.2%᠎ ᠢ ᠡᠵᠡᠯᠡᠪᠡ᠃ ᠶᠠᠳᠠᠭᠤ ᠶᠢ ᠳᠡᠳᠬᠦᠨ ᠨᠡᠭᠡᠭᠡᠨ ᠠᠰᠢᠭᠯᠠᠬᠤ ᠬᠦᠴᠦᠯᠡᠴᠡ ᠶᠢ ᠨᠡᠮᠡᠭᠳᠡᠬᠦᠯᠪᠡ᠃ ︽ᠭᠤᠷᠪᠠ ᠶᠢ ᠲᠤᠰᠬᠤᠨ ᠪᠠ ᠡᠷᠦᠬᠡ ᠳᠤ ᠬᠦᠷᠭᠡᠬᠦ︾᠂ ︽ᠪᠤᠰᠤᠳ ᠭᠠᠵᠠᠷ ᠲᠤ ᠨᠡᠬᠦᠯᠭᠡᠵᠦ ᠶᠠᠳᠠᠭᠤ ᠠᠴᠠ ᠠᠩᠬᠢᠵᠢᠷᠠᠭᠤᠯᠬᠤ︾᠂ ︽ᠮᠦᠩᠬᠦᠨ ᠬᠦᠢᠯᠭᠡᠭᠡ︾᠎ ᠪᠠᠷ ᠶᠠᠳᠠᠭᠤ ᠶᠢ ᠳᠡᠳᠬᠦᠨ ᠠᠷᠠᠳ ᠢ ᠪᠠᠶᠠᠵᠢᠭᠤᠯᠬᠤ ᠢᠨᠵᠧᠨᠧᠷᠢᠩ ᠢ ᠭᠡᠷᠡᠭᠵᠢᠬᠦᠯᠵᠦ᠂ 1,300 ᠲᠦᠮᠡᠨ ᠲᠦᠬᠦᠷᠢᠭ ᠤᠨ ᠪᠡᠯᠡ ᠣᠷᠤᠭᠤᠯᠵᠦ᠂ ᠤᠷᠤᠨ ᠰᠠᠭᠤᠴᠠ᠂ ᠳᠡᠵᠢᠭᠡᠨ ᠦᠷᠡᠵᠢᠬᠦᠯᠬᠦ ᠬᠠᠰᠢᠶ᠎ᠠ ᠰᠠᠷᠠᠪᠴᠢ ᠪᠤᠯᠤᠨ ᠮᠠᠰᠢᠨ ᠬᠤᠳᠳᠤᠭ ᠢ ᠰᠢᠨ᠎ᠡ ᠪᠠᠷ 55 ᠪᠠᠶᠢᠭᠤᠯᠵᠦ᠂ ᠶᠠᠳᠠᠭᠤ ᠬᠦᠴᠢᠷᠳᠡᠯᠳᠡᠢ ᠡᠷᠦᠬᠡ ᠶᠢᠨ ᠤᠷᠤᠨ ᠰᠠᠭᠤᠴᠠ ᠪᠤᠯᠤᠨ ᠦᠢᠯᠡᠳᠪᠦᠷᠢᠯᠡᠯ ᠤᠨ ᠮᠠᠲ᠋ᠧᠷᠢᠶᠠᠯ ᠤᠨ ᠠᠰᠠᠭᠤᠳᠠᠯ ᠢ ᠪᠦᠳᠦᠮᠵᠢᠳᠡᠢ ᠰᠢᠢᠳᠪᠦᠷᠢᠯᠡᠪᠡ᠃ 1,180 ᠲᠦᠮᠡᠨ ᠲᠦᠬᠦᠷᠢᠭ ᠤᠨ ᠶᠠᠳᠠᠭᠤ ᠶᠢ ᠳᠡᠳᠬᠦᠬᠦ ᠵᠢᠭᠡᠯᠡᠯᠭᠡ ᠳᠠᠯᠪᠢᠵᠦ᠂ 178 ᠡᠷᠦᠬᠡ ᠶᠢ ᠶᠠᠳᠠᠭᠤ ᠠᠴᠠ ᠠᠩᠬᠢᠵᠢᠷᠠᠭᠤᠯᠪᠠ᠃ ︽ᠬᠢᠯᠢ ᠶᠢ ᠮᠠᠨᠳᠤᠭᠤᠯᠵᠦ ᠠᠷᠠᠳ ᠢ ᠪᠠᠶᠠᠵᠢᠭᠤᠯᠬᠤ︾ ᠲᠦᠷᠦᠯ ᠵᠦᠢᠯ ᠤᠨ ᠪᠡᠯᠡ ᠮᠦᠩᠬᠦ ᠶᠢ 1,000 ᠲᠦᠮᠡᠨ ᠲᠦᠬᠦᠷᠢᠭ ᠤᠯᠬᠤ ᠪᠠᠷ ᠴᠢᠷᠮᠠᠶᠢᠵᠦ᠂ ᠭᠠᠴᠠᠭᠠᠨ ᠎ ᠤ ᠠᠵᠦ ᠦᠢᠯᠡᠰ ᠤᠨ ᠪᠦᠲᠦᠭᠡᠨ ᠪᠠᠶᠢᠭᠤᠯᠤᠯᠳᠠ ᠶᠢ ᠲᠦᠷᠭᠡᠳᠭᠡᠨ ᠠᠬᠢᠭᠤᠯᠪᠠ᠃ ᠠᠵᠢᠯ ᠤᠯᠭᠤᠵᠦ ᠦᠢᠯᠡᠰ ᠪᠦᠳᠦᠭᠡᠬᠦ ᠶᠢ ᠴᠢᠩᠭᠠᠳᠬᠠᠪᠠ᠃ ᠬᠤᠳᠠ ᠪᠠᠯᠭᠠᠰᠦ ᠶᠢᠨ ᠰᠢᠨ᠎ᠡ ᠪᠠᠷ ᠨᠡᠮᠡᠭᠳᠡᠭᠰᠡᠨ ᠠᠵᠢᠯ ᠤᠯᠤᠭᠰᠠᠳ 612 ᠬᠦᠮᠦᠨ ᠪᠤᠯᠵᠦ᠂ 102 ᠮᠠᠯᠴᠢᠨ ᠲᠠᠷᠢᠶᠠᠴᠢᠳ ᠢ ᠰᠢᠯᠵᠢᠬᠦᠯᠦᠨ ᠠᠵᠢᠯ ᠤᠯᠭᠤᠵᠦ᠂ ᠬᠤᠳᠠ ᠪᠠᠯᠭᠠᠰᠦ ᠶᠢᠨ ᠳᠠᠩᠰᠠᠯᠠᠭᠤᠯᠤᠭᠰᠠᠨ ᠠᠵᠢᠯ ᠠᠯᠳᠠᠭᠰᠠᠳ ᠤᠨ ᠨᠤᠷᠮ᠎ᠠ ᠶᠢ 4% ᠳᠤᠳᠤᠷ᠎ᠠ ᠬᠢᠵᠠᠭᠠᠷᠯᠠᠪᠠ᠃ ᠨᠡᠶᠢᠬᠡᠮ ᠤᠨ ᠪᠠᠳᠤᠯᠠᠭ᠎ᠠ ᠶᠢ ᠴᠢᠩᠭᠠᠳᠬᠠᠪᠠ ᠃ᠬᠤᠳᠠ ᠪᠠᠯᠭᠠᠰᠦ ᠶᠢᠨ ᠠᠵᠢᠯᠳᠠᠳ ᠤᠨ ᠨᠠᠰᠤᠵᠢᠯ ᠤᠨ ᠳᠠᠭᠠᠳᠬᠠᠯ ᠳᠤ 3938 ᠬᠦᠮᠦᠨ ᠤᠷᠤᠯᠴᠠᠵᠦ᠂ ᠳᠠᠳᠠᠪᠦᠷᠢᠯᠠᠨ ᠲᠤᠰᠢᠶᠠᠭᠰᠠᠨ ᠳᠠᠭᠠᠳᠬᠠᠯ ᠤᠨ ᠮᠦᠩᠬᠦ ᠎ ᠨᠢ4,135 ᠲᠦᠮᠡᠨ ᠲᠦᠬᠦᠷᠢᠭ ᠲᠤ ᠬᠦᠷᠴᠦ᠂ ᠠᠵᠦ ᠠᠬᠤᠶᠢᠯᠠᠯ ᠤᠨ ᠠᠵᠢᠯ ᠠᠴᠠ ᠪᠠᠨ ᠠᠮᠠᠷᠠᠭᠰᠠᠨ 1959 ᠨᠡᠷᠡᠰ ᠠᠵᠢᠯᠳᠠᠳ ᠲᠤ 4,460 ᠲᠦᠮᠡᠨ ᠲᠦᠬᠦᠷᠢᠭ ᠤᠨ ᠨᠠᠰᠤᠵᠢᠯ ᠤᠨ ᠮᠦᠩᠬᠦ ᠲᠠᠷᠬᠠᠭᠠᠪᠡ᠃ ᠬᠤᠳᠠ ᠬᠦᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠳᠠᠭᠠᠳᠬᠠᠯ ᠳᠤ 14064 ᠬᠦᠮᠦᠨ ᠤᠷᠤᠯᠴᠠᠵᠦ᠂ ᠳᠠᠳᠠᠪᠦᠷᠢᠯᠠᠨ ᠲᠤᠰᠢᠶᠠᠭᠰᠠᠨ ᠳᠠᠭᠠᠳᠬᠠᠯ ᠤᠨ ᠮᠦᠩᠬᠦ ᠨᠢ 87.4 ᠲᠦᠮᠡᠨ ᠲᠦᠬᠦᠷᠢᠭ ᠲᠤ ᠬᠦᠷᠴᠦ᠂ 223 ᠲᠦᠮᠡᠨ ᠲᠦᠬᠦᠷᠢᠭ ᠤᠨ ᠨᠠᠰᠤᠵᠢᠯ ᠎ ᠤᠨ ᠳᠠᠭᠠᠳᠬᠠᠯ ᠲᠠᠷᠬᠠᠭᠠᠪᠠ᠃ ᠡᠮ ᠡᠮᠨᠡᠯᠭᠡ ᠶᠢᠨ ᠳᠠᠭᠠᠳᠬᠠᠯ ᠳᠤ 16080 ᠬᠦᠮᠦᠨ ᠤᠷᠤᠯᠴᠠᠵᠦ᠂ ᠳᠠᠳᠠᠪᠦᠷᠢᠯᠠᠨ ᠲᠤᠰᠢᠶᠠᠭᠰᠠᠨ ᠮᠦᠩᠬᠦ ᠨᠢ 4,252 ᠲᠦᠮᠡᠨ ᠲᠦᠬᠦᠷᠢᠭ ᠲᠤ ᠬᠦᠷᠴᠦ᠂ ᠰᠠᠭᠤᠷᠢ ᠮᠦᠩᠬᠦᠨ ᠤ ᠵᠠᠷᠤᠳᠠᠯ ᠨᠢ 2,511 ᠲᠦᠮᠡᠨ ᠲᠦᠬᠦᠷᠢᠭ ᠪᠤᠯᠪᠠ᠃ ᠪᠦᠬᠦᠯᠢ 60 ᠨᠠᠰᠤᠨ ᠠᠴᠠ ᠲᠡᠭᠡᠭᠰᠢᠬᠢ ᠨᠠᠰᠤᠳᠠᠶᠢᠴᠦᠳ ᠲᠤ ᠬᠡᠨᠡᠳᠳᠡ ᠶᠢᠨ ᠠᠳᠡᠯ ᠤᠨ ᠳᠠᠭᠠᠳᠬᠠᠯ ᠲᠤᠰᠢᠶᠠᠵᠦ ᠦᠭᠪᠠ᠃ ᠦᠷᠡᠵᠢᠯ ᠤᠨ ᠳᠠᠭᠠᠳᠬᠠᠯ᠂ ᠠᠵᠢᠯ ᠠᠴᠠ ᠪᠤᠯᠤᠭᠰᠠᠨ ᠬᠡᠮᠳᠦᠯ ᠤᠨ ᠳᠠᠭᠠᠳᠬᠠᠯ ᠪᠤᠯᠤᠨ ᠠᠵᠢᠯ ᠠᠯᠳᠠᠭᠰᠠᠳ ᠤᠨ ᠳᠠᠭᠠᠳᠬᠠᠯ ᠤᠨ ᠪᠦᠷᠬᠦᠴᠡ ᠶᠢᠨ ᠬᠡᠮᠵᠢᠶ᠎ᠡ ᠶᠢ ᠦᠷᠬᠦᠯᠵᠢᠯᠡᠨ ᠦᠷᠭᠡᠳᠭᠡᠪᠡ᠃ ᠠᠮᠢᠳᠤᠷᠠᠯ ᠤᠨ ᠨᠠᠭᠠᠳᠦ ᠵᠠᠬ᠎ᠠ ᠶᠢᠨ ᠪᠠᠳᠤᠯᠠᠭ᠎ᠠ ᠶᠢᠨ ᠠᠪᠤᠷᠠᠨ ᠲᠤᠰᠠᠯᠠᠬᠤ ᠮᠦᠩᠬᠦ ᠶᠢ     1,474.9 ᠲᠦᠮᠡᠨ ᠲᠦᠬᠦᠷᠢᠭ ᠲᠠᠷᠬᠠᠭᠠᠵᠦ᠂ 2017 ᠡᠷᠦᠬᠡ᠂ 2960 ᠬᠦᠮᠦᠨ ᠠᠰᠢᠭ ᠬᠦᠷᠲᠡᠪᠡ ᠃ ᠠᠮᠢᠳᠤᠷᠠᠯ ᠤᠨ ᠨᠠᠭᠠᠳᠦ ᠵᠠᠬ᠎ᠠ ᠶᠢᠨ ᠪᠠᠳᠤᠯᠠᠭ᠎ᠠ ᠶᠢᠨ ᠡᠳᠡᠭᠡᠳ ᠢ ᠰᠢᠨ᠎ᠡ ᠪᠠᠷ 35 ᠡᠷᠦᠬᠡ᠂ 53 ᠬᠦᠮᠦᠨ ᠢ ᠬᠢᠨᠠᠨ ᠵᠦᠪᠰᠢᠶᠡᠷᠡᠵᠦ᠂ 314 ᠬᠦᠮᠦᠨ ᠤ ᠬᠤᠳᠠ ᠬᠦᠳᠡᠭᠡ ᠶᠢᠨ ᠠᠮᠢᠳᠤᠷᠠᠯ ᠤᠨ ᠨᠠᠭᠠᠳᠦ ᠵᠠᠬ᠎ᠠ ᠶᠢᠨ ᠪᠠᠳᠤᠯᠠᠭ᠎ᠠ ᠬᠦᠷᠲᠡᠬᠦ ᠬᠢᠷᠢ ᠬᠡᠮ ᠢ ᠬᠢᠨᠠᠨ ᠪᠠᠶᠢᠴᠠᠭᠠᠵᠦ ᠦᠭᠡᠶᠢᠰᠭᠡᠪᠡ᠃ ᠶᠠᠳᠠᠭᠤ ᠬᠦᠴᠢᠷᠳᠡᠢ ᠪᠠᠭᠠᠴᠤᠳ ᠬᠡᠤᠬᠡᠳ ᠢ ᠠᠪᠤᠷᠠᠨ ᠲᠤᠰᠠᠯᠠᠬᠤ ᠲᠤᠷᠰᠢᠯᠳᠠ ᠶᠢᠨ ᠴᠡᠭ ᠤᠨ ᠠᠵᠢᠯ ᠰᠢᠨ᠎ᠡ ᠦᠷ᠎ᠡ ᠪᠦᠳᠦᠮᠵᠢ ᠤᠯᠪᠠ᠃ ᠨᠡᠶᠢᠬᠡᠮ ᠤᠨ ᠠᠰᠠᠷᠠᠮᠵᠢ ᠶᠢᠨ ᠬᠦᠷᠢᠶᠡᠯᠡᠩ ᠎ ᠢ ᠦᠭᠡᠷᠡᠴᠢᠯᠡᠨ ᠲᠡᠰ ᠲᠡᠪᠰᠢᠬᠦᠯᠵᠦ᠂ ᠨᠠᠰᠤᠵᠢᠯ ᠤᠨ ᠦᠢᠯᠡᠴᠢᠯᠡᠭᠡᠨ ᠤ ᠬᠢᠷᠢ ᠲᠦᠪᠰᠢᠨ ᠴᠢᠨᠠᠭᠰᠢᠳᠠ ᠲᠡᠭᠡᠭᠰᠢᠯᠡᠪᠡ᠃ ᠤᠷᠤᠰᠢᠭᠤᠯᠭ᠎ᠠ ᠶᠢᠨ ᠲᠦᠷᠢᠮ ᠤᠨ ᠦᠭᠡᠷᠡᠴᠢᠯᠡᠯᠳᠡ ᠶᠢ ᠲᠦᠷᠭᠡᠳᠭᠡᠵᠦ᠂ ᠤᠷᠤᠰᠢᠭᠤᠯᠭ᠎ᠠ ᠶᠢᠨ ᠭᠠᠵᠠᠷ ᠪᠠᠶᠢᠭᠤᠯᠬᠤ ᠠᠵᠢᠯ ᠲᠠᠭᠤᠰᠪᠠ᠃ ᠤᠨᠴᠠ ᠬᠦᠨᠳᠦ ᠡᠪᠡᠳᠴᠢᠳᠠᠨ ᠢ ᠠᠪᠤᠷᠠᠨ ᠲᠤᠰᠠᠯᠠᠬᠤ ᠠᠵᠢᠯ ᠢ ᠪᠦᠬᠦ ᠳᠠᠯ᠎ᠠ ᠪᠠᠷ ᠠᠬᠢᠭᠤᠯᠵᠦ᠂ ᠭᠤᠤᠯᠳᠠᠯᠭ᠎ᠠ ᠲᠠᠢ ᠠᠪᠤᠷᠠᠨ ᠲᠤᠰᠠᠯᠠᠬᠤ ᠡᠳᠡᠭᠡᠳ ᠢ ᠠᠪᠤᠷᠠᠨ ᠳᠤᠰᠠᠯᠠᠭᠰᠠᠨ ᠬᠠᠷᠢᠴᠠᠯ 75%᠎ ᠳᠤ ᠬᠦᠷᠪᠡ᠃ ︽ᠲᠠᠪᠤᠨ ᠪᠠᠳᠤᠯᠠᠭᠠᠳᠦ ᠡᠷᠦᠬᠡ︾᠂ ︽ᠭᠤᠷᠪᠠ ᠦᠬᠡᠢ︾ ᠬᠦᠮᠦᠨ ᠢ ᠠᠰᠠᠷᠠᠨ ᠲᠡᠵᠢᠭᠡᠬᠦ ᠪᠠᠳᠤᠯᠠᠭ᠎ᠠ ᠶᠢᠨ ᠮᠦᠩᠬᠦ ᠶᠢ 18.8 ᠲᠦᠮᠡᠨ ᠲᠦᠬᠦᠷᠢᠭ ᠲᠠᠷᠬᠠᠭᠠᠵᠦ᠂ ᠦᠨᠦᠴᠢᠨ ᠬᠡᠤᠬᠡᠳ ᠪᠤᠯᠤᠨ ᠰᠤᠶᠤᠯ ᠤᠨ ᠬᠤᠪᠢᠰᠬᠠᠯ ᠤᠨ ︽ᠵᠡᠮᠳᠡᠭ ᠤᠨ ᠭᠡᠷᠡᠴᠢ ᠲᠠᠢ ᠭᠤᠷᠪᠠᠨ ᠵᠦᠢᠯ ᠤᠨ ᠬᠦᠮᠦᠰ︾᠎ ᠢ ᠠᠰᠠᠷᠠᠨ ᠲᠡᠵᠢᠭᠡᠬᠦ ᠪᠠᠳᠤᠯᠠᠭ᠎ᠠ ᠶᠢᠨ ᠮᠦᠩᠬᠦ ᠪᠠ ᠨᠦᠬᠦᠪᠦᠷᠢ ᠮᠦᠩᠬᠦ ᠶᠢ 29.6 ᠲᠦᠮᠡᠨ ᠲᠦᠬᠦᠷᠢᠭ ᠲᠠᠷᠬᠠᠭᠠᠪᠠ᠃ 54 ᠨᠡᠷᠡᠰ ᠴᠡᠷᠢᠭ ᠤᠨ ᠭᠡᠷ ᠪᠦᠯᠢ ᠳᠤ 158.1 ᠲᠦᠮᠡᠨ ᠲᠦᠬᠦᠷᠢᠭ ᠤᠨ ᠬᠠᠷᠠᠭᠠᠯᠵᠠᠯ ᠤᠨ ᠮᠦᠩᠬᠦ ᠲᠠᠷᠬᠠᠭᠠᠵᠦ᠂ 19 ᠨᠡᠷᠡᠰ ᠴᠡᠷᠢᠭ ᠠᠴᠠ ᠪᠠᠭᠤᠭᠰᠠᠳ ᠲᠤ 87.1 ᠲᠦᠮᠡᠨ ᠲᠦᠬᠦᠷᠢᠭ ᠤᠨ ᠤᠷᠤᠨ ᠨᠤᠲᠤᠭ ᠤᠨ ᠠᠵᠦ ᠠᠬᠤᠢ ᠶᠢᠨ ᠨᠦᠬᠦᠪᠦᠷᠢ ᠲᠠᠷᠬᠠᠭᠠᠪᠡ᠃      ᠨᠡᠶᠢᠬᠡᠮ ᠤᠨ ᠠᠵᠢᠯ ᠦᠢᠯᠡᠰ ᠨᠡᠩ ᠴᠡᠴᠡᠭᠯᠡᠨ ᠬᠦᠭᠵᠢᠪᠡ᠃ ᠤᠯᠠᠨ ᠲᠦᠮᠡᠨ ᠤ ᠠᠩᠬᠠᠷᠤᠨ ᠬᠠᠯᠠᠮᠵᠢᠯᠠᠵᠦ ᠪᠠᠶᠢᠭ᠎ᠠ ᠠᠰᠠᠭᠤᠳᠠᠯ ᠳᠤ ᠢᠳᠡᠪᠬᠢᠳᠠᠢ ᠬᠠᠷᠢᠭᠤ ᠲᠤᠰᠬᠠᠯ ᠦᠭᠴᠦ᠂ ᠤᠯᠠᠨ ᠲᠦᠮᠡᠨ ᠤ ᠪᠤᠳᠤᠵᠦ ᠰᠡᠳᠬᠢᠵᠦ ᠪᠠᠶᠢᠭ᠎ᠠ ᠵᠦᠢᠯᠡᠰ ᠢ ᠲᠤᠳᠤᠷᠬᠠᠢ ᠤᠶᠢᠯᠠᠭᠠᠨ ᠡᠵᠡᠮᠳᠡᠵᠦ᠂ ᠤᠯᠠᠨ ᠨᠡᠶᠢᠳᠡ ᠶᠢᠨ ᠦᠢᠯᠡᠴᠢᠯᠡᠭᠡᠨ ᠤ ᠴᠢᠳᠠᠪᠦᠷᠢ ᠳᠠᠰᠤᠷᠠᠯᠳᠠ ᠦᠬᠡᠢ ᠲᠡᠭᠡᠭᠰᠢᠯᠡᠵᠦ᠂ ᠬᠦᠭᠵᠢᠯᠳᠡ ᠶᠢᠨ ᠦᠷ᠎ᠡ ᠪᠦᠳᠦᠮᠵᠢ ᠶᠢ ᠤᠯᠠᠨ ᠲᠦᠮᠡᠨ ᠳᠤ ᠨᠡᠩ ᠲᠦᠪ ᠭᠤᠤᠯᠴᠢ ᠪᠠᠷ ᠬᠦᠷᠲᠡᠭᠡᠪᠡ᠃ ᠰᠤᠶᠤᠯ ᠰᠤᠷᠭᠠᠨ ᠬᠦᠮᠦᠵᠢᠯ ᠤᠨ ᠠᠵᠢᠯ ᠦᠢᠯᠡᠰ ᠶᠡᠬᠡᠪᠡᠷ ᠬᠦᠭᠵᠢᠪᠡ᠃ᠲᠤᠭᠠᠴᠢᠯᠠᠭᠰᠠᠨ ᠺᠢᠨᠤ᠋ ᠶᠢᠨ ᠪᠠᠯᠠᠢ ᠤᠷᠤᠨ ᠢ ᠦᠬᠡᠶᠢᠰᠭᠡᠵᠦ᠂ ᠦᠪᠦᠷ ᠮᠤᠩᠭᠤᠯ ᠤᠨ ᠺᠢᠨᠤ᠋ ᠲᠢᠶᠠᠲ᠋ᠠᠷ ᠤᠨ ᠺᠤᠮᠫᠠᠨᠢ ᠲᠠᠢ ᠬᠠᠮᠳᠤᠷᠠᠵᠦ᠂ ᠬᠤᠳᠠ ᠪᠠᠯᠭᠠᠰᠦ ᠶᠢᠨ ᠲᠤᠭᠠᠴᠢᠯᠠᠭᠰᠠᠨ ᠺᠢᠨᠤ᠋ ᠲᠢᠶᠠᠲ᠋ᠠᠷ ᠤᠨ ᠱᠤᠭᠤᠮ ᠢ ᠨᠡᠭᠡᠭᠡᠪᠡ᠃ ︽ᠬᠢᠯᠢ ᠶᠢ ᠪᠠᠬᠢᠵᠢᠬᠦᠯᠬᠦ ᠢᠨᠵᠧᠨᠧᠷᠢᠩ︾᠎ ᠢ ᠡᠬᠢᠯᠡᠨ ᠭᠡᠷᠡᠭᠵᠢᠬᠦᠯᠵᠦ᠂ ᠠᠵᠦ ᠠᠬᠤᠶᠢᠯᠠᠯ ᠲᠠᠢ ᠬᠠᠮᠵᠢᠯᠴᠠᠬᠤ ᠪᠠ ᠴᠡᠷᠢᠭ ᠠᠩᠬᠢ ᠤᠷᠤᠨ ᠨᠤᠲᠤᠭ ᠤᠨ ᠬᠠᠮᠳᠤᠪᠡᠷ ᠪᠠᠶᠢᠭᠤᠯᠬᠤ ᠬᠡᠯᠪᠡᠷᠢ ᠶᠢ ᠰᠦᠪᠡᠭᠴᠢᠯᠡᠵᠦ᠂ ᠮᠤᠩᠭᠤᠯ ᠨᠤᠮ ᠪᠢᠴᠢᠭ ᠢ 3.5 ᠲᠦᠮᠡᠨ ᠳᠡᠪᠳᠡᠷ ᠲᠠᠷᠬᠠᠭᠠᠵᠦ᠂ ᠷᠠᠳᠢᠤ᠋ ᠺᠢᠨᠤ᠋ ᠲᠧᠯᠸᠢᠰ ᠤᠨ ᠬᠤᠳᠠ ᠬᠦᠳᠡᠭᠡ ᠳᠤ ᠲᠡᠩᠴᠡᠬᠦᠷᠢᠳᠡᠢ ᠪᠠᠶᠢᠬᠤ ᠎ ᠶᠢ ᠤᠷᠢᠳᠴᠢᠯᠠᠨ ᠪᠡᠶᠡᠯᠡᠬᠦᠯᠪᠡ᠃ ︽ᠬᠤᠪᠢᠳᠦ ᠶᠢᠨ ᠪᠦᠳᠦᠭᠡᠯ ᠤᠨ ᠳᠡᠬᠦᠪᠦᠷᠢ︾ ᠪᠤᠯᠤᠨ ︽ᠪᠠᠷᠭᠤ ᠠᠷᠠᠳ ᠤᠨ ᠵᠠᠩ ᠦᠢᠯᠡ ᠶᠢᠨ ᠰᠤᠶᠤᠯ ᠤᠨ ᠳᠡᠬᠦᠪᠦᠷᠢ︾ ᠎ ᠶᠢ ᠡᠮᠬᠢᠳᠭᠡᠨ ᠲᠠᠷᠬᠠᠭᠠᠪᠠ᠃ ᠪᠤᠭᠳᠠᠠᠭᠤᠯᠠ ᠳᠠᠬᠢᠯᠭ᠎ᠠ ᠶᠢᠨ ᠠᠵᠢᠯᠯᠠᠭ᠎ᠠ ᠲᠠᠢ ᠤᠶᠠᠯᠳᠤᠭᠤᠯᠵᠦ᠂ ᠨᠠᠢᠮᠠᠨ ᠮᠤᠵᠢ ᠤᠷᠤᠨ ᠤ ᠬᠤᠶᠠᠳᠤᠭᠠᠷ ᠬᠤᠭᠤᠴᠠᠭᠠᠨ ᠤ ︽ᠭᠡᠷᠦᠯᠦᠨ ᠬᠤᠨᠳᠠᠭᠠᠳᠦ︾ ᠮᠤᠩᠭᠤᠯ ᠦᠨᠳᠦᠰᠦᠳᠡᠨ ᠤ ᠭᠠᠷ ᠤᠷᠠᠯᠠᠯ ᠤᠨ ᠪᠦᠳᠦᠭᠡᠯ ᠤᠨ ᠤᠷᠤᠯᠳᠤᠭᠠᠨ ᠢ ᠡᠷᠬᠢᠯᠡᠨ ᠬᠢᠪᠡ᠃ ᠦᠷᠢᠰᠦᠯᠳᠦᠭᠡᠨ ᠤ ᠪᠡᠶ᠎ᠡ ᠶᠢᠨ ᠳᠠᠮᠢᠷ ᠤᠨ ᠦᠢᠯᠡᠰ ᠦᠯᠡᠮᠵᠢ ᠠᠮᠵᠢᠯᠳᠠ ᠤᠯᠵᠦ᠂ ᠬᠤᠶᠠᠳᠤᠭᠠᠷ ᠬᠤᠭᠤᠴᠠᠭᠠᠨ ᠤ ᠲᠤᠮᠳᠠᠳᠦ ᠤᠯᠤᠰ · ᠦᠪᠦᠷ ᠮᠤᠩᠭᠤᠯ ᠤᠨ ︽ᠠᠯᠳ᠋ᠬᠠᠮᠡᠭᠡᠯ︾ ᠬᠤᠨᠳᠠᠭᠠᠳᠦ ᠵᠠᠯᠠᠭᠤᠴᠤᠳ ᠪᠠᠭᠠᠴᠤᠳ ᠤᠨ ᠵᠢᠤᠳᠤᠤ ᠪᠦᠭᠡ ᠶᠢᠨ ᠤᠯᠠᠨ ᠤᠯᠤᠰ ᠤᠨ ᠤᠷᠢᠯᠭ᠎ᠠ ᠶᠢᠨ ᠤᠷᠤᠯᠳᠤᠭᠠᠨ ᠢ ᠳᠠᠭᠠᠭᠠᠴᠢᠯᠠᠨ ᠬᠢᠪᠡ᠃ ᠠᠯᠪᠠᠨ ᠵᠢᠷᠤᠮ ᠎ ᠤᠨ ᠰᠤᠷᠭᠠᠨ ᠬᠦᠮᠦᠵᠢᠯ ᠢ ᠲᠡᠩᠴᠡᠬᠦᠷᠢᠳᠡᠢ ᠬᠦᠭᠵᠢᠬᠦᠯᠬᠦ ᠬᠢᠷᠢ ᠲᠦᠪᠰᠢᠨ ᠢ ᠪᠠᠬᠢᠵᠢᠬᠦᠯᠦᠨ ᠲᠡᠭᠡᠭᠰᠢᠯᠡᠬᠦᠯᠵᠦ᠂ ᠲᠤᠮᠳᠠᠳᠦ ᠤᠷᠤᠰ ᠮᠤᠩᠭᠤᠯ ᠤᠨ ᠬᠦᠯ ᠪᠦᠮᠪᠦᠭᠡ ᠎ ᠶᠢᠨ ᠪᠤᠯᠪᠠᠰᠤᠷᠠᠯ ᠤᠨ ᠰᠤᠯᠢᠯᠴᠠᠭᠠᠨ ᠤ ᠰᠠᠭᠤᠷᠢᠨ ᠭᠠᠵᠠᠷ ᠢ ᠰᠢᠨ᠎ᠡ ᠪᠠᠷ ᠪᠠᠶᠢᠭᠤᠯᠪᠠ᠃ ᠰᠤᠷᠭᠠᠭᠤᠯᠢ ᠶᠢᠨ ᠬᠦᠷᠢᠶᠡᠨ ᠤ ᠬᠦᠯ ᠪᠦᠮᠪᠦᠭᠡ ᠶᠢᠨ ᠠᠩᠬᠢ ᠢᠯᠡᠷᠭᠡᠢ ᠦᠷ᠎ᠡ ᠪᠦᠳᠦᠮᠵᠢ ᠤᠯᠵᠦ᠂ ᠪᠠᠭ᠎ᠠ ᠰᠤᠷᠭᠠᠭᠤᠯᠢ ᠶᠢᠨ ᠡᠷᠡᠭᠳᠡᠢ ᠬᠦᠯ ᠪᠦᠮᠪᠦᠭᠡ ᠶᠢᠨ ᠠᠩᠬᠢ ︽ᠲᠡᠷᠢᠬᠦᠯᠡᠭᠴᠢ ᠬᠤᠨᠳᠠᠭᠠᠳᠦ︾ ᠵᠡᠬᠦᠨ ᠤᠷᠤᠨ ᠤ ᠤᠷᠤᠯᠳᠤᠭᠠᠨ ᠎ ᠳᠤ ᠲᠡᠷᠢᠬᠦᠯᠡᠵᠦ᠂ ᠲᠤᠮᠳᠠᠳᠦ ᠰᠤᠷᠭᠠᠭᠤᠯᠢ ᠶᠢᠨ ᠡᠷᠡᠭᠳᠡᠢ ᠬᠦᠯ ᠪᠦᠮᠪᠦᠭᠡ ᠶᠢᠨ ᠠᠩᠬᠢ ︽ᠬᠤᠳᠠ ᠶᠢᠨ ᠲᠠᠷᠤᠭ᠎ᠠ ᠬᠤᠨᠳᠠᠭᠠᠳᠦ︾ ᠤᠷᠤᠯᠳᠤᠭᠠᠨ ᠳᠤ ᠲᠡᠷᠢᠬᠦᠯᠡᠭᠰᠡᠨ ᠪᠦᠭᠡᠳ ᠦᠪᠡᠷᠲᠡᠭᠡᠨ ᠵᠠᠰᠠᠬᠤ ᠤᠷᠤᠨ ᠤ ︽ᠮᠠᠩᠯᠠᠢ ᠰᠢᠯᠭᠠᠷᠠᠭᠤᠯᠬᠤ ᠤᠷᠤᠯᠳᠤᠭᠠᠨ︾᠎ ᠳᠤ ᠲᠡᠳ᠋ᠯᠡᠪᠡ᠃ ︽ᠬᠤᠶᠠᠷ ᠢ ᠬᠡᠯᠳᠦᠷᠢᠬᠦᠯᠵᠦ ᠨᠢᠭᠡ ᠶᠢ ᠨᠦᠬᠦᠪᠦᠷᠢᠯᠡᠬᠦ︾ ᠪᠠ ᠤᠯᠤᠰ ᠤᠨ ᠰᠤᠷᠤᠯᠭ᠎ᠠ ᠶᠢᠨ ᠲᠤᠰᠠᠯᠠᠮᠵᠢ ᠶᠢᠨ ᠮᠦᠩᠬᠦ ᠵᠡᠷᠭᠡ ᠬᠠᠮᠢᠶ᠎ᠠ ᠪᠦᠬᠦᠢ ᠲᠦᠷᠦ ᠶᠢᠨ ᠪᠤᠳᠤᠯᠭ᠎ᠠ ᠶᠢ ᠨᠠᠷᠢᠨ ᠬᠢᠨᠠᠮᠠᠭᠠᠢ ᠨᠠᠶᠢᠳᠠᠪᠦᠷᠢᠵᠢᠭᠤᠯᠵᠦ᠂ 163 ᠶᠠᠳᠠᠭᠤ ᠬᠦᠴᠢᠷᠳᠡᠯᠳᠡᠢ ᠰᠤᠷᠤᠭᠴᠢᠳ ᠲᠤ ᠳᠠᠩᠰᠠ ᠪᠠᠶᠢᠭᠤᠯᠤᠨ ᠺᠠᠷᠲ ᠵᠤᠬᠢᠶᠠᠬᠤ ᠠᠵᠢᠯ ᠢ ᠪᠡᠶᠡᠯᠡᠬᠦᠯᠪᠡ᠃ ᠰᠤᠷᠬᠤ ᠨᠠᠰᠤᠨ ᠎ ᠠᠴᠠ ᠡᠮᠦᠨᠡᠬᠢ ᠰᠤᠷᠭᠠᠨ ᠬᠦᠮᠦᠵᠢᠯ ᠤᠨ ᠬᠠᠮᠢᠶᠠᠷᠤᠯᠳᠠ ᠶᠢ ᠴᠢᠨᠠᠭᠰᠢᠳᠠ ᠲᠦᠷᠢᠮᠵᠢᠬᠦᠯᠵᠦ᠂ ᠪᠠᠷᠭᠤ ᠦᠨᠳᠦᠰᠦᠳᠡᠨ ᠤ ᠬᠡᠤᠬᠡᠳ ᠤᠨ ᠴᠡᠴᠡᠷᠯᠢᠭ ᠦᠪᠡᠷᠲᠡᠭᠡᠨ ᠵᠠᠰᠠᠬᠤ ᠤᠷᠤᠨ ᠤ ᠵᠢᠱᠢᠶ᠎ᠡ ᠦᠵᠡᠬᠦᠯᠬᠦ ᠴᠡᠴᠡᠷᠯᠢᠭ ᠤᠨ ᠰᠢᠯᠭᠠᠨ ᠬᠤᠷᠢᠶᠠᠨ ᠠᠪᠬᠤ ᠶᠢ ᠦᠩᠭᠡᠷᠡᠬᠦᠯᠵᠦ᠂ ᠰᠤᠷᠬᠤ ᠨᠠᠰᠤᠨ ᠠᠴᠠ ᠡᠮᠦᠨᠡᠬᠢ ᠰᠤᠷᠭᠠᠨ ᠬᠦᠮᠦᠵᠢᠯ ᠎ ᠤᠨ ᠴᠡᠴᠡᠷᠯᠢᠭ ᠲᠤ ᠤᠷᠤᠭᠰᠠᠨ ᠨᠤᠷᠮ᠎ᠠ 98%᠎ ᠳᠤ ᠬᠦᠷᠴᠦ᠂ ᠪᠦᠬᠦ ᠬᠤᠳᠠ ᠶᠢᠨ ᠪᠠᠷᠢᠮᠵᠢᠶ᠎ᠠ ᠶᠢᠨ ᠠᠷᠪᠠᠨ ᠵᠠᠭᠤᠨ ᠤ ᠬᠤᠪᠢ ᠶᠢ ᠲᠠᠪᠠᠪᠠ᠃ ᠲᠤᠮᠳᠠ ᠵᠡᠷᠭᠡ ᠎ ᠶᠢᠨ ᠠᠵᠢᠯ ᠮᠡᠷᠭᠡᠵᠢᠯ ᠤᠨ ᠰᠤᠷᠭᠠᠨ ᠬᠦᠮᠦᠵᠢᠯ ᠤᠨ ᠬᠡᠯᠪᠡᠷᠢ ᠶᠢ ᠬᠤᠪᠢᠷᠠᠭᠤᠯᠬᠤ ᠠᠵᠢᠯ ᠠᠩᠬ᠎ᠠ ᠠᠯᠬᠤᠮ ᠤᠨ ᠦᠷ᠎ᠡ ᠪᠦᠳᠦᠮᠵᠢ ᠤᠯᠵᠦ᠂ ︽ᠦᠨᠳᠦᠰᠦᠳᠡᠨ ᠤ ᠬᠤᠪᠴᠠᠰᠦ ᠬᠤᠨᠠᠷ ᠵᠢᠴᠢ ᠤᠳᠤ ᠦᠶ᠎ᠡ ᠶᠢᠨ ᠦᠨᠳᠦᠰᠦᠳᠡᠨ ᠤ ᠬᠤᠪᠴᠠᠰᠦ ᠬᠤᠨᠠᠷ ᠢ ᠤᠶᠤᠵᠦ ᠡᠰᠭᠡᠬᠦ ᠵᠢᠷᠤᠵᠦ ᠲᠦᠯᠦᠪᠯᠡᠬᠦ ᠪᠤᠯᠪᠠᠰᠤᠷᠠᠯ ᠤᠨ ᠠᠩᠬᠢ︾ ᠡᠷᠬᠢᠯᠡᠵᠦ᠂ ᠬᠦᠯᠦᠨ ᠪᠤᠶᠢᠷ ᠲᠡᠭᠡᠳᠦ ᠰᠤᠷᠭᠠᠭᠤᠯᠢ ᠲᠠᠢ ᠬᠠᠮᠳᠤᠷᠠᠨ᠂ ︽ᠤᠨᠴᠠ ᠲᠦᠷᠦᠯ ᠤᠨ ᠪᠤᠯᠪᠠᠰᠤᠷᠠᠯ︾ ᠡᠷᠬᠢᠯᠡᠵᠦ᠂ ᠪᠤᠯᠪᠠᠰᠤᠷᠠᠯ ᠳᠤ ᠤᠷᠤᠯᠴᠠᠭᠰᠠᠳ 654 ᠬᠦᠮᠦᠨ ᠳᠤ ᠬᠦᠷᠪᠡ᠃ ᠡᠷᠡᠬᠦᠯ ᠬᠠᠮᠠᠭᠠᠯᠠᠯ ᠪᠠ ᠲᠦᠯᠦᠪᠯᠡᠭᠡᠳᠦ ᠦᠷᠡᠵᠢᠯ ᠤᠨ ᠦᠢᠯᠡᠰ ᠢ ᠴᠢᠷᠮᠠᠶᠢᠨ ᠬᠦᠭᠵᠢᠬᠦᠯᠪᠡ᠃ ᠬᠤᠶᠠᠷ ᠭᠡᠤᠭᠡᠳ ᠠᠪᠬᠤ ᠲᠦᠷᠦ ᠎ ᠶᠢᠨ ᠪᠤᠳᠤᠯᠭ᠎ᠠ ᠶᠢ ᠪᠦᠬᠦ ᠳᠠᠯ᠎ᠠ ᠪᠠᠷ ᠭᠡᠷᠡᠭᠵᠢᠬᠦᠯᠵᠦ᠂ ᠲᠦᠷᠦ ᠶᠢᠨ ᠪᠤᠳᠤᠯᠭ᠎ᠠ ᠳᠤ ᠨᠡᠶᠢᠴᠡᠭᠰᠡᠨ ᠦᠷᠡᠵᠢᠯ ᠤᠨ ᠨᠤᠷᠮ᠎ᠠ 99.2%᠎ ᠲᠤ ᠬᠦᠷᠪᠡ᠃ ᠠᠯᠪᠠᠨ ᠎ ᠠᠴᠠ ᠪᠠᠶᠢᠭᠤᠯᠤᠭᠰᠠᠨ ᠡᠮᠨᠡᠯᠭᠡ ᠶᠢ ᠬᠠᠮᠢᠶᠠᠷᠬᠤ ᠵᠦᠪᠯᠡᠯ ᠪᠠᠶᠢᠭᠤᠯᠵᠦ᠂ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠠᠵᠢᠯᠳᠠᠨ ᠤ ᠶᠠᠪᠤᠳᠠᠯ ᠤᠨ ᠲᠦᠷᠢᠮ ᠤᠨ ᠦᠭᠡᠷᠡᠴᠢᠯᠡᠯᠳᠡ ᠶᠢ ᠪᠡᠶᠡᠯᠡᠬᠦᠯᠵᠦ᠂ ᠡᠮᠨᠡᠯᠭᠡ ᠶᠢᠨ ᠬᠤᠷᠢᠶᠠᠨ ᠲᠠᠷᠤᠭ᠎ᠠ ᠶᠢ ᠰᠢᠨ᠎ᠡ ᠪᠠᠷ 2 ᠤᠷᠢᠵᠦ ᠭᠡᠷᠡᠭᠯᠡᠪᠡ᠃ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠡᠮ ᠤᠨ ᠵᠦᠢᠯ ᠳᠤ ᠵᠤᠭᠤᠰ ᠨᠡᠮᠡᠬᠦ ᠶᠢ ᠦᠬᠡᠶᠢᠰᠭᠡᠵᠦ᠂ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠦᠭᠡᠷᠡᠴᠢᠯᠡᠯᠳᠡ ᠶᠢᠨ ᠲᠤᠰᠬᠠᠢ ᠨᠦᠬᠦᠪᠦᠷᠢ ᠮᠦᠩᠬᠦ ᠶᠢ 400 ᠲᠦᠮᠡᠨ ᠲᠦᠬᠦᠷᠢᠭ ᠲᠠᠷᠬᠠᠭᠠᠪᠠ᠃ ᠤᠯᠤᠰ ᠤᠨ ᠦᠨᠳᠦᠰᠦᠨ ᠡᠮ ᠤᠨ ᠲᠦᠷᠢᠮ ᠢ ᠪᠦᠬᠦ ᠳᠠᠯ᠎ᠠ ᠪᠠᠷ ᠨᠠᠶᠢᠳᠠᠪᠦᠷᠢᠵᠢᠭᠤᠯᠵᠦ᠂ ᠰᠦᠯᠵᠢᠶᠡᠨ ᠲᠡᠭᠡᠷ᠎ᠡ ᠲᠦᠪᠯᠡᠷᠡᠬᠦᠯᠦᠨ ᠳᠠᠭᠠᠭᠠᠴᠢᠯᠠᠯᠳᠠ ᠵᠠᠷᠯᠠᠭᠰᠠᠨ ᠡᠮ ᠤᠨ ᠵᠦᠢᠯ ᠢ 346.7 ᠲᠦᠮᠡᠨ ᠲᠦᠬᠦᠷᠢᠭ ᠬᠤᠳᠠᠯᠳᠤᠨ ᠠᠪᠤᠪᠠ᠃ ᠰᠠᠭᠤᠷᠢ ᠲᠦᠬᠦᠭᠡᠷᠦᠮᠵᠢ ᠶᠢᠨ ᠪᠦᠲᠦᠭᠡᠨ ᠪᠠᠶᠢᠭᠤᠯᠤᠯᠳᠠ ᠶᠢ ᠴᠢᠩᠭᠠᠳᠬᠠᠵᠦ᠂ ᠦᠨᠳᠦᠰᠦᠨ ᠱᠠᠳᠤᠨ ᠤ 12 ᠡᠷᠡᠬᠦᠯ ᠬᠠᠮᠠᠭᠠᠯᠠᠯ ᠤᠨ ᠬᠤᠷᠢᠶ᠎ᠠ ᠳᠤ ᠨᠡᠬᠦᠳᠡᠯ ᠡᠮᠴᠢᠯᠡᠭᠡᠨ ᠤ ᠦᠢᠯᠡᠴᠢᠯᠡᠭᠡᠨ ᠤ ᠲᠡᠷᠭᠡ ᠲᠤᠬᠢᠷᠠᠭᠤᠯᠤᠨ ᠦᠭᠴᠦ᠂ ᠰᠤᠮᠤ ᠪᠠᠯᠭᠠᠰᠦ ᠶᠢᠨ ᠡᠷᠡᠬᠦᠯ ᠬᠠᠮᠠᠭᠠᠯᠠᠯ ᠤᠨ ᠬᠤᠷᠢᠶᠠᠨ ᠤ ᠦᠢᠯᠡᠴᠢᠯᠡᠭᠡᠨ ᠤ ᠭᠠᠵᠠᠷ ᠠᠴᠠ 2 ᠺᠢᠯᠤᠮᠧᠲᠷ ᠠᠴᠠ ᠬᠤᠯᠠ ᠪᠠᠶᠢᠭ᠎ᠠ ᠮᠠᠯᠴᠢᠳ ᠲᠤ ︽ᠵᠢᠵᠢᠭ ᠡᠮ ᠤᠨ ᠬᠠᠶᠢᠷᠴᠠᠭ︾᠎ ᠢ ᠲᠠᠷᠬᠠᠭᠠᠨ ᠪᠦᠷᠬᠦᠬᠦᠯᠵᠦ᠂     ︽ᠰᠤᠮᠤ ᠪᠠᠯᠭᠠᠰᠦ ᠶᠢᠨ ᠡᠷᠡᠬᠦᠯ ᠬᠠᠮᠠᠭᠠᠯᠠᠯ ᠤᠨ ᠬᠤᠷᠢᠶ᠎ᠠ + ᠨᠡᠬᠦᠳᠡᠯ ᠡᠮ ᠡᠮᠨᠡᠯᠭᠡ ᠡᠷᠡᠬᠦᠯ ᠬᠠᠮᠠᠭᠠᠯᠠᠯ ᠤᠨ ᠠᠵᠢᠯ ᠤᠨ ᠦᠷᠲᠡᠭᠡ + ᠵᠢᠵᠢᠭ ᠡᠮ ᠤᠨ ᠬᠠᠶᠢᠷᠴᠠᠭ︾᠎ ᠤᠨ ᠡᠮ ᠡᠮᠨᠡᠯᠬᠡ ᠡᠷᠡᠬᠦᠯ ᠬᠠᠮᠠᠭᠠᠯᠠᠯ ᠤᠨ ᠦᠢᠯᠡᠴᠢᠯᠡᠭᠡᠨ ᠤ ᠬᠡᠯᠪᠡᠷᠢ ᠶᠢ ᠠᠩᠬ᠎ᠠ ᠠᠯᠬᠤᠮ ᠪᠦᠷᠢᠯᠳᠦᠬᠦᠯᠵᠦ᠂ ᠠᠷᠠᠳ ᠤᠯᠠᠨ ᠤ ᠠᠮᠢ ᠨᠠᠰᠤᠨ ᠤ ᠡᠷᠡᠬᠦᠯ ᠴᠢᠬᠢᠷᠠᠭ ᠢ ᠪᠦᠳᠦᠮᠵᠢᠳᠡᠢ ᠪᠠᠳᠤᠯᠠᠪᠠ᠃      ᠨᠡᠶᠢᠬᠡᠮ ᠤᠨ ᠪᠠᠶᠢᠳᠠᠯ ᠨᠡᠩ ᠡᠶ᠎ᠡ ᠵᠤᠬᠢᠴᠠᠩᠭᠤᠢ ᠪᠤᠯᠪᠠ᠃ ︽ᠠᠮᠦᠷ ᠲᠤᠭᠳᠠᠭᠤᠨ ᠰᠢᠨ᠎ᠡ ᠪᠠᠷᠭᠤ ᠪᠠᠷᠠᠭᠤᠨ ᠬᠤᠰᠢᠭᠤ︾᠎ ᠶᠢ ᠪᠦᠲᠦᠭᠡᠨ ᠪᠠᠶᠢᠭᠤᠯᠬᠤ ᠠᠵᠢᠯ ᠢ ᠬᠦᠨᠵᠡᠬᠡᠢ ᠠᠬᠢᠭᠤᠯᠵᠦ᠂ ︽ᠵᠢᠷᠭᠤᠳᠤᠭᠠᠷ ᠲᠠᠪᠤᠨ ᠵᠢᠯ︾᠎ ᠤᠨ ᠬᠠᠤᠯᠢ ᠲᠦᠭᠡᠮᠡᠯᠵᠢᠬᠦᠯᠬᠦ ᠠᠵᠢᠯ ᠰᠢᠯᠭᠠᠨ ᠬᠤᠷᠢᠶᠠᠨ ᠠᠪᠬᠤ ᠶᠢ ᠦᠩᠭᠡᠷᠡᠬᠦᠯᠵᠦ᠂ ︽ᠬᠦᠯᠦᠨ ᠪᠤᠶᠢᠷ ᠬᠤᠳᠠ ᠶᠢᠨ ᠬᠠᠤᠯᠢ ᠪᠠᠷ ᠵᠠᠰᠠᠬᠤ ᠶᠢ ᠤᠬᠠᠭᠤᠯᠬᠤ ᠲᠡᠷᠢᠬᠦᠨ ᠤ ᠬᠤᠰᠢᠭᠤ︾᠎ ᠶᠢᠨ ᠴᠤᠯᠠ ᠶᠢ ᠬᠦᠷᠲᠡᠪᠡ᠃ ᠵᠦᠷᠢᠴᠡᠯ ᠮᠦᠷᠬᠦᠯᠳᠦᠭᠡᠨ ᠢ ᠡᠶᠡᠳᠡᠬᠦᠯᠦᠨ ᠰᠢᠢᠳᠪᠦᠷᠢᠯᠡᠬᠦ ᠠᠵᠢᠯ ᠢ ᠶᠡᠬᠡᠪᠡᠷ ᠠᠬᠢᠭᠤᠯᠵᠦ᠂ 284 ᠭᠡᠷᠡᠭ ᠢ ᠠᠮᠵᠢᠯᠳᠠᠳᠠᠢ ᠡᠶᠡᠳᠡᠬᠦᠯᠦᠨ ᠰᠢᠢᠳᠪᠦᠷᠢᠯᠡᠵᠦ᠂ ᠡᠶᠡᠳᠡᠬᠦᠯᠦᠨ ᠰᠢᠢᠳᠪᠦᠷᠢᠡᠯᠡᠭᠰᠡᠨ ᠨᠤᠷᠮ᠎ᠠ 100%᠎ ᠳᠤ ᠬᠦᠷᠪᠡ᠃ ᠨᠡᠶᠢᠬᠡᠮ ᠤᠨ ᠠᠶᠤᠯ ᠲᠦᠭᠰᠢᠬᠦᠷᠢ ᠶᠢ ᠰᠡᠷᠬᠡᠶᠢᠯᠡᠨ ᠡᠵᠡᠮᠳᠡᠬᠦ ᠬᠦᠴᠦᠯᠡᠴᠡ ᠶᠢ ᠴᠢᠩᠭᠠᠳᠬᠠᠵᠦ᠂ ᠤᠯᠠᠨ ᠲᠦᠮᠡᠨ ᠤ ᠵᠠᠬᠢᠳᠠᠯ ᠰᠤᠷᠪᠤᠯᠵᠢᠯᠠᠭ᠎ᠠ ᠶᠢ 256 ᠪᠦᠯᠦᠭ᠂ 2256 ᠬᠦᠮᠦᠨ ᠤᠳᠠᠭ᠎ᠠ ᠬᠦᠯᠢᠶᠡᠨ ᠠᠪᠴᠦ ᠡᠷᠬᠢᠯᠡᠨ ᠬᠦᠢᠴᠡᠳᠭᠡᠵᠦ᠂ ᠭᠡᠰᠡᠭ ᠲᠡᠤᠬᠡᠨ ᠦᠯᠡᠳᠡᠭᠳᠡᠯ ᠠᠰᠠᠭᠤᠳᠠᠯ ᠢ ᠴᠢᠬᠤᠯᠠᠴᠢᠯᠠᠨ ᠰᠢᠢᠳᠪᠦᠷᠢᠯᠡᠪᠡ᠃ ᠨᠡᠶᠢᠬᠡᠮ ᠤᠨ ᠠᠮᠦᠷ ᠲᠤᠭᠳᠠᠭᠤᠨ ᠢ ᠰᠡᠷᠭᠡᠶᠢᠯᠡᠨ ᠡᠵᠡᠮᠳᠡᠬᠦ ᠰᠢᠰᠲ᠋ᠧᠮ ᠤᠨ ᠪᠦᠲᠦᠭᠡᠨ ᠪᠠᠶᠢᠭᠤᠯᠤᠯᠳᠠ ᠶᠢ ᠴᠢᠩᠭᠠᠳᠬᠠᠵᠦ᠂ ᠪᠤᠯᠢᠶᠠᠨ ᠲᠡᠭᠡᠷᠡᠮᠳᠡᠬᠦ ᠪᠠ ᠮᠡᠬᠡᠯᠡᠬᠦ ᠵᠡᠷᠭᠡ ᠬᠠᠤᠯᠢ ᠠᠴᠠ ᠵᠦᠷᠢᠴᠡᠭᠰᠡᠨ ᠶᠠᠯᠠᠳᠦ ᠠᠵᠢᠯᠯᠠᠭ᠎ᠠ ᠳᠤ ᠴᠢᠩᠭ᠎ᠠ ᠴᠤᠬᠢᠯᠳᠠ ᠦᠭᠴᠦ᠂ ︽ᠬᠠᠤᠯᠢ ᠪᠤᠰᠤ ᠫᠤᠤ ᠵᠡᠪᠰᠡᠭ᠂ ᠲᠡᠯᠪᠡᠷᠡᠬᠦ ᠡᠳ᠋ ᠪᠤᠯᠤᠨ ᠬᠢᠳᠤᠭᠠᠨ ᠤ ᠵᠦᠢᠯ ᠢ ᠬᠤᠷᠢᠶᠠᠨ ᠠᠪᠴᠦ ᠬᠠᠮᠢᠶᠠᠷᠬᠤ︾ ᠲᠤᠰᠬᠠᠢ ᠠᠵᠢᠯᠯᠠᠭ᠎ᠠ ᠶᠢ ᠢᠳᠡᠪᠬᠢᠳᠠᠢ ᠦᠷᠨᠢᠬᠦᠯᠵᠦ᠂ ᠶᠡᠷᠦᠩᠭᠡᠢ ᠰᠡᠷᠭᠡᠶᠢᠯᠡᠨ ᠬᠠᠮᠠᠭᠠᠯᠠᠬᠤ ᠴᠢᠳᠠᠪᠦᠷᠢ ᠪᠦᠳᠦᠮᠵᠢᠳᠡᠢ ᠲᠡᠭᠡᠭᠰᠢᠯᠡᠵᠦ᠂ ᠤᠯᠠᠨ ᠲᠦᠮᠡᠨ ᠤ ᠠᠮᠦᠷ ᠲᠦᠪᠰᠢᠨ ᠰᠡᠳᠬᠢᠯᠭᠡ ᠪᠠ ᠬᠠᠨᠤᠮᠵᠢ ᠶᠢᠨ ᠬᠡᠮᠵᠢᠶ᠎ᠡ ᠳᠠᠰᠤᠷᠠᠯᠳᠠ ᠦᠬᠡᠢ ᠲᠡᠭᠡᠭᠰᠢᠯᠡᠪᠡ᠃ ᠬᠢᠯᠢ ᠬᠢᠵᠠᠭᠠᠷ ᠤᠷᠤᠨ ᠤ ᠬᠠᠮᠢᠶᠠᠷᠤᠨ ᠡᠵᠡᠮᠳᠡᠬᠦ ᠬᠦᠴᠦᠯᠡᠴᠡ ᠶᠢ ᠴᠢᠩᠭᠠᠳᠬᠠᠨ᠂ ᠦᠢᠯᠡᠳᠦᠯ ᠴᠢᠳᠠᠪᠦᠷᠢ ᠨᠢ ᠬᠦᠢᠴᠡᠳ ᠪᠦᠭᠡᠳ ᠲᠤᠨᠤᠭ ᠲᠦᠬᠦᠭᠡᠷᠦᠮᠵᠢ ᠨᠢ ᠪᠦᠷᠢᠨ ᠪᠦᠬᠦ ᠬᠤᠳᠠ ᠳᠤ ᠴᠤᠷ ᠤᠨ ᠭᠠᠭᠴᠠ ᠪᠤᠯᠬᠤ ᠡᠷᠦᠬᠡ ᠶᠢᠨ ᠴᠡᠷᠢᠭ ᠤᠨ ᠶᠡᠷᠦᠩᠭᠡᠢ ᠪᠤᠯᠪᠠᠰᠤᠷᠠᠯ ᠤᠨ ᠰᠠᠭᠤᠷᠢᠨ ᠭᠠᠵᠠᠷ ᠢ ᠪᠠᠶᠢᠭᠤᠯᠪᠠ ᠃ ︽ᠮᠤᠩᠭᠤᠯ ᠭᠡᠷ ᠪᠤᠯ ᠬᠠᠷᠠᠭᠤᠯ ᠤᠨ ᠭᠠᠵᠠᠷ᠂ ᠮᠠᠯᠴᠢᠳ ᠪᠤᠯ ᠬᠠᠷᠠᠭᠤᠯ ᠤᠨ ᠴᠡᠷᠢᠭ︾ ᠪᠤᠯᠬᠤ ᠪᠦᠲᠦᠭᠡᠨ ᠪᠠᠶᠢᠭᠤᠯᠤᠯᠳᠠ ᠶᠢ ᠪᠠᠬᠢᠵᠢᠬᠦᠯᠵᠦ᠂ ᠮᠠᠯᠴᠢᠨ ᠬᠠᠷᠠᠭᠤᠯ ᠤᠨ ᠴᠡᠷᠢᠭ ᠤᠨ ᠵᠠᠷᠤᠳᠠᠯ ᠤᠨ ᠪᠠᠳᠤᠯᠠᠭ᠎ᠠ ᠶᠢᠨ ᠲᠤᠭᠳᠠᠴᠠ ᠶᠢ ᠲᠡᠬᠦᠯᠳᠡᠷᠵᠢᠬᠦᠯᠵᠦ᠂ ︽ᠮᠠᠯᠴᠢᠨ ᠬᠠᠷᠠᠭᠤᠯ ᠤᠨ ᠴᠡᠷᠢᠭ︾᠎ ᠲᠤ ᠭᠠᠷ ᠤᠳᠠᠰᠦ ᠲᠠᠷᠬᠠᠭᠠᠵᠦ᠂ ᠭᠡᠷᠡᠭ ᠮᠡᠳᠡᠬᠦᠯᠬᠦ ᠰᠤᠷᠠᠭ ᠵᠠᠩᠬᠢ ᠳᠠᠮᠵᠢᠭᠤᠯᠬᠤ ᠰᠢᠰᠲ᠋ᠧᠮ ᠢ ᠪᠠᠶᠢᠭᠤᠯᠵᠦ᠂ ᠬᠢᠯᠢ ᠬᠢᠵᠠᠭᠠᠷ ᠤᠨ ᠠᠮᠤᠷ ᠲᠤᠭᠳᠠᠭᠤᠨ ᠢ ᠪᠠᠳᠤᠯᠠᠪᠠ᠃ ᠦᠨᠳᠦᠰᠦᠳᠡᠨ ᠤ ᠪᠦᠯᠬᠦᠮᠳᠡᠯ ᠳᠠᠪᠰᠢᠯᠳᠠ ᠶᠢ ᠴᠢᠩᠭᠠᠳᠬᠠᠵᠦ᠂ ᠦᠨᠳᠦᠰᠦᠳᠡᠨ ᠤ ᠪᠦᠯᠬᠦᠮᠳᠡᠯ ᠳᠠᠪᠰᠢᠯᠳᠠ ᠶᠢᠨ ᠵᠢᠱᠢᠶ᠎ᠡ ᠦᠵᠡᠬᠦᠯᠬᠦ ᠬᠤᠰᠢᠭᠤ ᠶᠢ ᠡᠭᠦᠳᠦᠨ ᠪᠠᠶᠢᠭᠤᠯᠬᠤ ᠠᠵᠢᠯ ᠢ ᠢᠳᠡᠪᠬᠢᠳᠠᠢ ᠦᠷᠨᠢᠬᠦᠯᠪᠡ᠃ ᠢᠳᠡᠭᠡᠨ ᠪᠠ ᠡᠮ ᠤᠨ ᠵᠦᠢᠯ ᠤᠨ ᠠᠮᠦᠷ ᠲᠦᠪᠰᠢᠨ ᠤ ᠬᠢᠨᠠᠨ ᠬᠠᠮᠢᠶᠠᠷᠤᠯᠳᠠ ᠶᠢᠨ ᠰᠢᠰᠲ᠋ᠧᠮ ᠢ ᠠᠯᠬᠤᠮ ᠠᠯᠬᠤᠮ ᠢᠶᠠᠷ ᠳᠡᠬᠦᠯᠳᠡᠷᠵᠢᠬᠦᠯᠵᠦ᠂ ᠬᠤᠳᠠ ᠬᠦᠳᠡᠭᠡ ᠶᠢᠨ ᠢᠳᠡᠭᠡᠨ ᠪᠠ ᠡᠮ ᠤᠨ ᠵᠦᠢᠯ ᠤᠨ ᠬᠢᠨᠠᠨ ᠬᠠᠮᠢᠶᠠᠷᠤᠯᠳᠠ ᠶᠢᠨ ᠰᠦᠯᠵᠢᠶ᠎ᠡ ᠠᠩᠬ᠎ᠠ ᠠᠯᠬᠤᠮ ᠪᠦᠷᠢᠯᠳᠦᠪᠡ᠃ ᠠᠶᠦᠯᠬᠦᠢ ᠦᠢᠯᠡᠳᠪᠦᠷᠢᠯᠡᠯ ᠤᠨ ︽ᠨᠠᠮ ᠵᠠᠰᠠᠭ ᠠᠳᠠᠯᠢ ᠬᠠᠷᠢᠭᠤᠴᠠᠯᠭ᠎ᠠ ᠲᠠᠢ᠂ ᠨᠢᠭᠡ ᠠᠵᠢᠯ ᠤᠨ ᠪᠠᠶᠢᠷᠢ ᠳᠤ ᠬᠤᠶᠠᠷ ᠬᠠᠷᠢᠭᠤᠴᠠᠯᠭ᠎ᠠ ᠡᠭᠦᠷᠭᠡᠯᠡᠬᠦ︾ ᠲᠦᠷᠢᠮ ᠢ ᠴᠢᠩᠭ᠎ᠠ ᠨᠠᠶᠢᠳᠠᠪᠦᠷᠢᠵᠢᠭᠤᠯᠵᠦ᠂ ᠠᠶᠦᠯᠬᠦᠢ ᠦᠢᠯᠡᠳᠪᠦᠷᠢᠯᠡᠯ ᠤᠨ ᠶᠡᠭᠡ ᠪᠠᠶᠢᠴᠠᠭᠠᠯᠳᠠ ᠶᠢ ᠢᠳᠡᠪᠬᠢᠳᠠᠢ ᠦᠷᠨᠢᠬᠦᠯᠵᠦ᠂ ᠲᠤᠮᠤ ᠶᠡᠭᠡ ᠠᠶᠦᠯᠬᠦᠢ ᠦᠢᠯᠡᠳᠪᠦᠷᠢᠯᠡᠯ ᠤᠨ ᠭᠡᠷᠡᠭ ᠠᠳᠡᠯ ᠡᠭᠦᠰᠬᠦ ᠶᠢ ᠪᠦᠳᠦᠮᠵᠢᠳᠡᠢ ᠬᠤᠷᠢᠭᠯᠠᠪᠠ᠃      ︵ᠲᠠᠪᠤ︶ ᠡᠭᠦᠷᠭᠡ ᠴᠢᠳᠠᠪᠦᠷᠢ ᠶᠢ ᠲᠡᠭᠡᠭᠰᠢᠯᠡᠬᠦᠯᠵᠦ᠂ ᠬᠦᠭᠵᠢᠯᠳᠡ ᠶᠢᠨ ᠪᠠᠳᠤᠯᠠᠭ᠎ᠠ ᠳᠠᠰᠤᠷᠠᠯᠳᠠ ᠦᠬᠡᠢ ᠴᠢᠩᠭᠠᠷᠠᠪᠠ      ᠡᠯ᠎ᠡ ᠬᠦᠷᠢᠶ᠎ᠡ ᠬᠡᠪᠴᠢᠶᠡᠨ ᠳᠠᠬᠢ ᠦᠭᠡᠷᠡᠴᠢᠯᠡᠯᠳᠡ ᠶᠢ ᠬᠦᠴᠦᠳᠡᠢ ᠠᠬᠢᠭᠤᠯᠪᠠ᠃ ᠡᠳ᠋ ᠤᠨ ᠵᠠᠰᠠᠭ ᠤᠨ ᠭᠠᠶᠢᠯᠢ ᠶᠢᠨ ᠪᠠᠶᠢᠭᠤᠯᠤᠮᠵᠢ ᠶᠢᠨ ᠦᠬᠡᠷᠡᠴᠢᠯᠡᠯᠳᠡ ᠎ ᠶᠢ ᠦᠷᠨᠢᠬᠦᠯᠵᠦ᠂ ᠡᠵᠡᠩᠨᠡᠯᠳᠡ ᠶᠢᠨ ᠭᠠᠶᠢᠯᠢ ᠲᠤᠰᠢᠶᠠᠭᠴᠢ ᠪᠠᠶᠢᠭᠰᠠᠨ ᠠᠴᠠ ᠪᠠᠨ ᠦᠷᠲᠡᠭ ᠤᠨ ᠨᠡᠮᠡᠭᠳᠡᠯ ᠤᠨ ᠭᠠᠶᠢᠯᠢ ᠲᠤᠰᠢᠶᠠᠭᠴᠢ ᠪᠤᠯᠤᠭᠰᠠᠨ ᠡᠷᠦᠬᠡ ᠶᠢᠨ ᠲᠠᠩᠰᠠ ᠶᠢ ᠵᠤᠯᠭᠠᠭᠤᠯᠬᠤ᠂ ᠦᠷᠲᠡᠭ ᠤᠨ ᠨᠡᠮᠡᠭᠳᠡᠯ ᠤᠨ ᠭᠠᠶᠢᠯᠢ ᠶᠢᠨ ᠪᠠᠷᠢᠮᠳᠠ ᠶᠢᠨ ᠰᠢᠰᠲ᠋ᠧᠮ ᠢ ᠰᠢᠨᠡᠴᠢᠯᠡᠬᠦ ᠪᠠ ᠦᠷᠲᠡᠭ ᠤᠨ ᠨᠡᠮᠡᠭᠳᠡᠯ ᠤᠨ ᠭᠠᠶᠢᠯᠢ ᠶᠢᠨ ᠪᠠᠷᠢᠮᠳᠠ ᠶᠢ ᠭᠠᠷᠳᠠᠨ ᠭᠡᠷᠡᠭᠯᠡᠬᠦ ᠵᠡᠷᠭᠡ ᠠᠵᠢᠯ ᠢ ᠲᠡᠭᠦᠰ ᠠᠮᠵᠢᠯᠳᠠᠳᠠᠢ ᠪᠡᠶᠡᠯᠡᠬᠦᠯᠪᠡ᠃ ︽ᠢᠨᠲ᠋ᠧᠷ ᠰᠦᠯᠵᠢᠶ᠎ᠡ + ᠮᠠᠯ ᠠᠵᠦ ᠠᠬᠤᠢ︾᠎ ᠶᠢᠨ ᠦᠢᠯᠡᠳᠪᠦᠷᠢᠯᠡᠨ ᠪᠤᠷᠤᠯᠠᠭᠤᠯᠬᠤ ᠬᠡᠯᠪᠡᠷᠢ ᠶᠢ ᠲᠡᠬᠦᠯᠳᠡᠷᠵᠢᠬᠦᠯᠵᠦ᠂ ᠲᠠᠷᠢᠶᠠᠯᠠᠩ ᠤᠨ ᠪᠦᠳᠦᠭᠡᠭᠳᠡᠬᠦᠨ ᠪᠠ ᠮᠠᠯ ᠤᠨ ᠠᠰᠢᠭ ᠰᠢᠮ᠎ᠡ ᠶᠢᠨ ᠴᠢᠨᠠᠷ ᠴᠢᠨᠰᠠᠭ᠎ᠠ ᠶᠢ ᠮᠦᠷᠲᠡᠬᠦ ᠰᠢᠰᠲ᠋ᠧᠮ ᠢ ᠰᠦᠪᠡᠭᠴᠢᠯᠡᠨ ᠪᠠᠶᠢᠭᠤᠯᠪᠠ᠃ ᠬᠦᠳᠡᠭᠡ ᠲᠤᠰᠬᠤᠨ ᠮᠠᠯᠵᠢᠬᠤ ᠤᠷᠤᠨ ᠤ ᠦᠮᠴᠢᠯᠡᠯ ᠤᠨ ᠡᠷᠭᠡ ᠶᠢᠨ ᠰᠤᠯᠢᠯᠴᠠᠭᠠᠨ ᠤ ᠲᠦᠪ ᠢ ᠵᠤᠬᠢᠶᠠᠨ ᠪᠠᠶᠢᠭᠤᠯᠵᠦ᠂ ᠳᠠᠭᠠᠭᠠᠴᠢᠯᠠᠯᠳᠠ ᠵᠠᠷᠯᠠᠬᠤ ᠪᠠ ᠬᠦᠯᠢᠶᠡᠬᠦ ᠠᠯᠬᠤᠮ ᠳᠠᠷᠠᠭ᠎ᠠ ᠶᠢ ᠴᠢᠨᠠᠭᠰᠢᠳᠠ ᠲᠦᠷᠢᠮᠵᠢᠬᠦᠯᠪᠡ᠃ 1 +X ᠶᠡᠷᠦᠩᠭᠡᠢ ᠬᠠᠤᠯᠢ ᠭᠡᠷᠡᠭᠵᠢᠬᠦᠯᠬᠦ ᠪᠠᠶᠢᠭᠤᠯᠤᠮᠵᠢ ᠪᠤᠯᠤᠨ ᠤᠷᠳᠦ ᠬᠤᠭᠤᠴᠠᠭᠠᠨ ᠤ ᠬᠦᠴᠦᠨ ᠪᠦᠬᠦᠢ ᠬᠠᠮᠢᠶᠠᠷᠴᠦ ᠬᠠᠮᠠᠭᠠᠯᠠᠬᠤ ᠲᠤᠭᠳᠠᠴᠠ ᠶᠢ ᠪᠠᠶᠢᠭᠤᠯᠵᠦ᠂ ᠭᠡᠰᠡᠭ ᠵᠠᠰᠠᠭ ᠵᠠᠬᠢᠷᠭᠠᠨ ᠤ ᠰᠢᠢᠳᠭᠡᠬᠦ ᠡᠷᠭᠡ ᠪᠤᠯᠤᠨ ᠵᠠᠰᠠᠭ ᠵᠠᠬᠢᠷᠭᠠᠨ ᠤ ᠬᠠᠤᠯᠢ ᠭᠡᠷᠡᠭᠵᠢᠬᠦᠯᠬᠦ ᠡᠷᠭᠡ ᠶᠢ ᠨᠠᠶᠢᠳᠠᠯᠭ᠎ᠠ ᠪᠠᠷ ᠲᠤᠷᠤᠭᠰᠢ ᠪᠠᠭᠤᠯᠭᠠᠵᠦ᠂ ᠡᠯ᠎ᠡ ᠰᠤᠮᠤ ᠪᠠᠯᠭᠠᠰᠦ ᠶᠢᠨ ᠨᠠᠷᠢᠯᠢᠭᠵᠢᠭᠤᠯᠤᠭᠰᠠᠨ ᠬᠠᠮᠢᠶᠠᠷᠤᠯᠳᠠ ᠶᠢᠨ ᠬᠢᠷᠢ ᠲᠦᠪᠰᠢᠨ ᠢᠯᠡᠷᠭᠡᠢ ᠲᠡᠭᠡᠭᠰᠢᠯᠡᠪᠡ᠃ ᠡᠯᠧᠺᠲᠷᠤᠨ ᠬᠤᠳᠠᠯᠳᠤᠭᠠᠨ ᠤ ᠶᠠᠪᠤᠳᠠᠯ ᠢ ᠵᠤᠭᠠᠴᠠᠯ ᠤᠨ ᠠᠵᠦ ᠦᠢᠯᠡᠰ ᠲᠠᠢ ᠬᠦᠨᠵᠡᠬᠡᠢ ᠤᠶᠠᠯᠳᠤᠭᠤᠯᠬᠤ ᠶᠢ ᠲᠦᠯᠬᠢᠨ ᠠᠬᠢᠭᠤᠯᠵᠦ᠂ ᠵᠤᠭᠠᠴᠠᠯ ᠤᠨ ᠠᠵᠦ ᠦᠢᠯᠡᠰ ᠤᠨ ᠡᠯᠧᠺᠲᠷᠤᠨᠴᠢᠯᠠᠨ ᠳᠠᠸᠠᠷᠴᠢᠯᠠᠬᠤ ᠬᠢᠷᠢ ᠲᠦᠪᠰᠢᠨ ᠢ ᠪᠦᠬᠦ ᠳᠠᠯ᠎ᠠ ᠪᠠᠷ ᠲᠡᠭᠡᠭᠰᠢᠯᠡᠬᠦᠯᠪᠡ᠃ ᠪᠦᠬᠦ ᠵᠢᠯ ᠳᠤ᠂ ᠠᠵᠦ ᠠᠬᠤᠢ ᠪᠤᠯᠤᠨ ᠠᠮᠢ ᠠᠬᠤᠢ ᠶᠢᠨ ᠪᠤᠯᠪᠠᠰᠦᠨ ᠤ ᠪᠠᠶᠢᠭᠤᠯᠤᠮᠵᠢ ᠶᠢᠨ ᠦᠬᠡᠷᠡᠴᠢᠯᠡᠯᠳᠡ ᠶᠢ 31 ᠭᠡᠷᠡᠭᠵᠢᠬᠦᠯᠪᠡ᠃      ᠵᠠᠰᠠᠭ ᠤᠨ ᠤᠷᠳᠤᠨ ᠤ ᠠᠵᠢᠯ ᠨᠡᠩ ᠠᠷᠢᠭᠤᠨ ᠴᠢᠭᠡᠴᠢ ᠪᠦᠭᠡᠳ ᠦᠨᠡᠨ ᠪᠤᠳᠠᠳᠠᠢ ᠪᠤᠯᠪᠠ᠃ ︽ᠬᠤᠶᠠᠷ ᠢ ᠰᠤᠷᠤᠯᠴᠠᠵᠦ ᠬᠢᠷᠢ ᠲᠡᠩᠴᠡᠭᠰᠡᠨ ᠨᠠᠮ ᠤᠨ ᠬᠡᠰᠢᠬᠦᠨ ᠪᠤᠯᠬᠤ︾ ᠰᠤᠷᠤᠯᠴᠠᠯᠭ᠎ᠠ ᠬᠦᠮᠦᠵᠢᠯ ᠢ ᠯᠠᠪᠳᠠᠭᠤᠨ ᠪᠠᠳᠤᠳᠠᠢ ᠦᠷᠨᠢᠬᠦᠯᠪᠡ᠃ ᠲᠦᠪ ᠤᠨ ᠨᠠᠢᠮᠠᠨ ᠲᠤᠭᠳᠠᠭᠠᠯ ᠢ ᠬᠦᠨᠵᠡᠬᠡᠢ ᠨᠠᠶᠢᠳᠠᠪᠦᠷᠢᠵᠢᠭᠤᠯᠵᠦ᠂ ᠡᠩ ᠤᠨ ᠴᠢᠨᠠᠷᠳᠠᠢ ᠵᠠᠷᠤᠳᠠᠯ ᠢ ᠴᠢᠩᠭ᠎ᠠ ᠬᠢᠵᠠᠭᠠᠷᠯᠠᠵᠦ᠂ ︽ᠠᠯᠪᠠᠨ ᠤ ᠭᠤᠷᠪᠠᠨ ᠵᠠᠷᠤᠳᠠᠯ︾᠎ ᠢ 5.3%᠎ ᠪᠠᠷ ᠪᠠᠭᠤᠷᠠᠭᠤᠯᠪᠠ᠃ ᠪᠢᠴᠢᠭ ᠮᠠᠲ᠋ᠧᠷᠢᠶᠠᠯ ᠪᠠ ᠬᠤᠷᠠᠯ ᠎ ᠤᠨ ᠰᠤᠷᠳᠠᠯ ᠢ ᠳᠠᠰᠤᠷᠠᠯᠳᠠ ᠦᠬᠡᠢ ᠰᠠᠶᠢᠵᠢᠷᠠᠭᠤᠯᠵᠦ᠂ ᠵᠠᠰᠠᠭ ᠤᠨ ᠤᠷᠳᠤᠨ ᠤ ᠪᠢᠴᠢᠭ ᠮᠠᠲ᠋ᠧᠷᠢᠶᠠᠯ ᠲᠠᠷᠬᠠᠭᠠᠬᠤ ᠵᠢᠴᠢ ᠬᠤᠷᠠᠯ ᠬᠢᠬᠦ ᠲᠤᠭ᠎ᠠ ᠶᠢ ᠲᠤᠰᠪᠦᠷᠢ 9.5% ᠪᠠ 7.8%᠎ ᠪᠠᠷ ᠪᠠᠭᠤᠷᠠᠭᠤᠯᠪᠠ᠃ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠢᠰᠲ᠋ᠧᠮ ᠳᠠᠰᠤᠷᠠᠯᠳᠠ ᠦᠬᠡᠢ ᠳᠡᠬᠦᠯᠳᠡᠷᠵᠢᠵᠦ᠂ ᠵᠠᠰᠠᠭ ᠤᠨ ᠶᠠᠪᠤᠳᠠᠯ ᠎ ᠤᠨ ᠦᠢᠯᠡᠴᠢᠯᠡᠭᠡᠨ ᠤ ᠶᠡᠭᠡ ᠲᠢᠩᠬᠢᠮ ᠢ ᠪᠠᠶᠢᠭᠤᠯᠵᠦ᠂ 10 ᠰᠠᠯᠠᠭ᠎ᠠ ᠮᠦᠴᠢᠷ ᠢ ᠨᠡᠬᠦᠯᠭᠡᠨ ᠤᠷᠤᠭᠤᠯᠵᠦ᠂ ᠬᠤᠰᠢᠭᠤ᠂ ᠰᠤᠮᠤ᠂ ᠭᠠᠴᠠᠭ᠎ᠠ ᠭᠤᠷᠪᠠᠨ ᠱᠠᠳᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠦᠯᠵᠢᠶᠡᠨ ᠤ ᠪᠦᠷᠬᠦᠴᠡ ᠶᠢ ᠪᠡᠶᠡᠯᠡᠬᠦᠯᠪᠡ᠃ ᠵᠠᠰᠠᠭ ᠤᠨ ᠤᠷᠳᠤᠨ ᠤ ᠰᠤᠷᠠᠭ ᠵᠠᠩᠬᠢ ᠶᠢ ᠢᠯᠡ ᠪᠤᠯᠭᠠᠬᠤ ᠠᠵᠢᠯ ᠢ ᠯᠠᠪᠳᠠᠭᠤᠨ ᠠᠬᠢᠭᠤᠯᠵᠦ᠂ ᠵᠠᠰᠠᠭ ᠤᠨ ᠤᠷᠳᠤᠨ ᠤ 1.8 ᠲᠦᠮᠨ ᠭᠠᠷᠤᠢ ᠡᠯ᠎ᠡ ᠵᠦᠢᠯ ᠤᠨ ᠰᠤᠷᠠᠭ ᠵᠠᠩᠬᠢ ᠶᠢ ᠢᠯᠡ ᠪᠠᠷ ᠨᠡᠶᠢᠳᠡᠯᠡᠪᠡ᠃ ᠨᠠᠮ ᠤᠨ ᠰᠤᠷᠳᠠᠯ ᠴᠢᠭᠡᠴᠢ ᠵᠠᠰᠠᠭ ᠤᠨ ᠪᠦᠲᠦᠭᠡᠨ ᠪᠠᠶᠢᠭᠤᠯᠤᠯᠳᠠ ᠶᠢᠨ ︽ᠬᠤᠶᠠᠷ ᠬᠠᠷᠢᠭᠤᠴᠠᠯᠭ᠎ᠠ︾᠎ ᠶᠢ ᠨᠠᠷᠢᠨ ᠬᠢᠨᠠᠮᠠᠭᠠᠢ ᠨᠠᠶᠢᠳᠠᠪᠦᠷᠢᠵᠢᠭᠤᠯᠵᠦ᠂ ᠵᠠᠯᠬᠠᠭᠠᠨ ᠰᠡᠷᠭᠡᠶᠢᠯᠡᠬᠦ ᠰᠢᠰᠲ᠋ᠧᠮ ᠤᠨ ᠪᠦᠲᠦᠭᠡᠨ ᠪᠠᠶᠢᠭᠤᠯᠤᠯᠳᠠ ᠶᠢ ᠠᠬᠢᠭᠤᠯᠵᠦ᠂ ᠨᠠᠮ ᠤᠨ ᠰᠤᠷᠳᠠᠯ ᠴᠢᠭᠡᠴᠢ ᠵᠠᠰᠠᠭ ᠤᠨ ᠰᠡᠷᠡᠮᠵᠢᠯᠡᠬᠦᠯᠬᠦ ᠰᠤᠷᠭᠠᠨ ᠬᠦᠮᠦᠵᠢᠯ ᠤᠨ ᠰᠠᠭᠤᠷᠢᠨ ᠭᠠᠵᠠᠷ ᠎ ᠢ 1 ᠪᠠᠶᠢᠭᠤᠯᠵᠦ᠂ ᠰᠠᠬᠢᠯᠭ᠎ᠠ ᠪᠠᠳᠦ ᠪᠠ ᠬᠠᠤᠯᠢ ᠶᠢ ᠵᠦᠷᠢᠴᠡᠭᠰᠡᠨ 17 ᠭᠡᠷᠡᠭ ᠢ ᠪᠠᠶᠢᠴᠠᠭᠠᠨ ᠰᠢᠢᠳᠭᠡᠪᠡ᠃ ᠬᠢᠨᠠᠨ ᠪᠤᠳᠤᠬᠤ ᠪᠦᠷᠬᠦᠴᠡ ᠶᠢᠨ ᠬᠡᠮᠵᠢᠶ᠎ᠡ ᠶᠢ ᠳᠠᠰᠤᠷᠠᠯᠳᠠ ᠦᠬᠡᠢ ᠦᠷᠭᠡᠳᠭᠡᠵᠦ᠂ ᠡᠳ᠋ ᠤᠨ ᠵᠠᠰᠠᠭ ᠤᠨ ᠲᠦᠰᠦᠪ ᠤᠨ ᠭᠡᠷᠡᠭᠵᠢᠬᠦᠯᠦᠯᠳᠡ᠂ ᠪᠠᠶᠢᠭᠤᠯᠭ᠎ᠠ ᠠᠵᠢᠯ ᠦᠢᠯᠡᠰ ᠤᠨ ᠨᠢᠭᠡᠴᠡ ᠶᠢᠨ ᠡᠳ᠋ ᠤᠨ ᠶᠠᠪᠤᠳᠠᠯ ᠎ ᠤᠨ ᠤᠷᠤᠯᠭ᠎ᠠ ᠵᠠᠷᠤᠯᠭ᠎ᠠ᠂ ᠲᠤᠭᠳᠠᠮᠠᠯ ᠬᠦᠷᠦᠩᠭᠡ ᠶᠢᠨ ᠪᠡᠯᠡ ᠤᠷᠤᠭᠤᠯᠤᠯᠳᠠ ᠪᠠ ᠤᠳᠤᠷᠢᠳᠬᠤ ᠺᠠᠳ᠋ᠷ ᠤᠨ ᠠᠵᠦ ᠠᠬᠤᠢ ᠶᠢᠨ ᠬᠠᠷᠢᠭᠤᠴᠠᠯᠭ᠎ᠠ ᠪᠠᠨ ᠬᠦᠢᠴᠡᠳᠭᠡᠭᠰᠡᠨ ᠪᠠᠶᠢᠳᠠᠯ ᠵᠡᠷᠭᠡ ᠬᠢᠨᠠᠨ ᠪᠤᠳᠤᠬᠤ ᠠᠵᠢᠯ ᠳᠠᠬᠢ ᠬᠢᠨᠠᠯᠳᠠ ᠶᠢ ᠴᠢᠩᠭᠠᠳᠬᠠᠪᠠ᠃      ᠬᠠᠤᠯᠢ ᠶᠤᠰᠤᠭᠠᠷ ᠵᠠᠰᠠᠭ ᠶᠠᠪᠤᠭᠤᠯᠬᠤ ᠠᠵᠢᠯ ᠢ ᠬᠦᠨᠵᠡᠬᠡᠢ ᠦᠷᠨᠢᠬᠦᠯᠪᠡ᠃ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠳᠦ ᠪᠤᠳᠤᠯᠭ᠎ᠠ ᠲᠤᠭᠳᠠᠭᠠᠬᠤ ᠡᠮᠬᠢ ᠲᠠᠷᠠᠭ᠎ᠠ ᠶᠢᠨ ᠲᠤᠭᠳᠠᠭᠠᠯ ᠢ ᠴᠢᠩᠭ᠎ᠠ ᠨᠠᠶᠢᠳᠠᠪᠦᠷᠢᠵᠢᠭᠤᠯᠵᠦ᠂ ᠬᠤᠰᠢᠭᠤᠨ ᠤ ᠵᠠᠰᠠᠭ ᠤᠨ ᠤᠷᠳᠤᠨ ᠤ ᠬᠠᠤᠯᠢ ᠵᠦᠪᠯᠡᠭᠴᠢ ᠶᠢᠨ ᠲᠦᠷᠢᠮ ᠢ ᠪᠠᠶᠢᠭᠤᠯᠪᠠ᠃ ᠬᠤᠰᠢᠭᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠬᠠᠤᠯᠢ ᠴᠠᠭᠠᠵᠠ ᠶᠢᠨ ᠬᠢᠨᠠᠯᠳᠠ ᠪᠤᠯᠤᠨ ᠠᠵᠢᠯ ᠤᠨ ᠬᠢᠨᠠᠯᠳᠠ ᠎ ᠶᠢ ᠤᠬᠠᠮᠰᠠᠷ ᠠᠴᠠ ᠪᠠᠨ ᠬᠦᠯᠢᠶᠡᠵᠦ᠂ ᠬᠤᠰᠢᠭᠤᠨ ᠤ ᠤᠯᠤᠰ ᠲᠦᠷᠦ ᠶᠢᠨ ᠵᠦᠪᠯᠡᠯᠭᠡᠨ ᠤ ᠠᠷᠠᠳᠴᠢᠯᠠᠯ ᠤᠨ ᠬᠢᠨᠠᠯᠳᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠨ ᠠᠪᠴᠦ᠂ ᠪᠦᠬᠦ ᠵᠢᠯ ᠳᠤ᠂ ᠠᠷᠠᠳ ᠤᠨ ᠲᠦᠯᠦᠭᠡᠯᠡᠭᠴᠢ ᠶᠢᠨ ᠰᠠᠨᠠᠯ ᠵᠦᠪᠯᠡᠯᠭᠡ ᠪᠠ ᠤᠯᠤᠰ ᠲᠦᠷᠦ ᠶᠢᠨ ᠵᠦᠪᠯᠡᠯᠭᠡᠨ ᠤ ᠭᠡᠰᠢᠬᠦᠳ ᠤᠨ ᠰᠠᠨᠠᠯ ᠲᠤᠷᠠᠳᠤᠯᠭ᠎ᠠ ᠶᠢ 129 ᠬᠤᠪᠢ ᠡᠷᠬᠢᠯᠡᠨ ᠬᠦᠢᠴᠡᠳᠭᠡᠵᠦ᠂ ᠬᠦᠢᠴᠡᠳᠭᠡᠨ ᠬᠠᠷᠢᠭᠤᠯᠳᠠ ᠦᠭᠬᠦᠭᠰᠡᠨ ᠨᠤᠷᠮ᠎ᠠ ᠪᠠ ᠬᠠᠨᠤᠮᠵᠢ ᠶᠢᠨ ᠨᠤᠷᠮ᠎ᠠ ᠨᠢ ᠴᠦᠮ 100%᠎ ᠳᠤ ᠬᠦᠷᠪᠡ᠃ ︽ᠬᠢᠨᠠᠨ ᠬᠠᠮᠢᠶᠠᠷᠬᠤ ᠶᠠᠪᠤᠴᠠ ᠳᠤ ᠪᠠᠶᠢᠴᠠᠭᠠᠬᠤ ᠡᠳᠡᠭᠡᠳ ᠢ ᠰᠤᠭᠤᠯᠤᠨ ᠪᠠᠶᠢᠴᠠᠭᠠᠬᠤ᠂ ᠬᠠᠤᠯᠢ ᠭᠡᠷᠡᠭᠵᠢᠬᠦᠯᠬᠦ ᠪᠠᠶᠢᠴᠠᠭᠠᠭᠴᠢ ᠶᠢ ᠰᠤᠩᠭᠤᠨ ᠲᠤᠮᠢᠯᠠᠬᠤ ᠪᠠ ᠦᠷ᠎ᠡ ᠳ᠋ᠦᠩ ᠢ ᠢᠯᠡ ᠪᠤᠯᠭᠠᠬᠤ︾ ᠠᠵᠢᠯ ᠢ ᠪᠦᠬᠦ ᠳᠠᠯ᠎ᠠ ᠪᠠᠷ ᠠᠬᠢᠭᠤᠯᠵᠦ᠂ ᠭᠡᠷᠡᠭ ᠤᠨ ᠪᠦᠬᠦᠶᠢᠯᠡ ᠶᠠᠪᠤᠴᠠ ᠳᠠᠬᠢ ᠬᠢᠨᠠᠨ ᠬᠠᠮᠢᠶᠠᠷᠤᠯᠳᠠ ᠶᠢᠨ ᠰᠢᠨᠵᠢᠯᠡᠬᠦ ᠤᠬᠠᠭᠠᠨᠴᠢ ᠦᠨᠳᠦᠷ ᠪᠦᠳᠦᠮᠵᠢᠳᠡᠢ ᠪᠠᠶᠢᠬᠤ ᠶᠢ ᠪᠡᠶᠡᠯᠡᠬᠦᠯᠪᠡ᠃      ᠡᠭᠦᠨ ᠤ ᠬᠠᠮᠳᠦ᠂ ᠤᠯᠤᠰ ᠤᠨ ᠬᠢᠯᠢ ᠶᠢᠨ ᠬᠠᠮᠠᠭᠠᠯᠠᠯᠳᠠ ᠶᠢᠨ ᠳᠠᠶᠢᠴᠢᠯᠠᠯᠳᠠ᠂ ᠬᠢᠯᠢ ᠶᠢᠨ ᠬᠠᠮᠠᠭᠠᠯᠠᠯᠳᠠ ᠶᠢᠨ ᠵᠡᠪᠰᠡᠭᠳᠦ ᠴᠠᠭᠳᠠᠭ᠎ᠠ᠂ ᠳᠤᠳᠤᠭᠠᠳᠦ ᠶᠢ ᠬᠠᠮᠠᠭᠠᠯᠠᠬᠤ ᠭᠠᠯ ᠢ ᠰᠡᠷᠭᠡᠶᠢᠯᠡᠬᠦ ᠪᠠ ᠡᠷᠦᠬᠡ ᠶᠢᠨ ᠴᠡᠷᠢᠭ ᠤᠨ ᠪᠡᠯᠡᠳᠭᠡᠯ ᠠᠯᠪᠠ ᠶᠢᠨ ᠪᠦᠲᠦᠭᠡᠨ ᠪᠠᠶᠢᠭᠤᠯᠤᠯᠳᠠ ᠶᠢᠨ ᠠᠵᠢᠯ ᠳᠤ ᠰᠢᠨ᠎ᠡ ᠠᠮᠵᠢᠯᠳᠠ ᠤᠯᠪᠠ᠃ ᠠᠵᠢᠯᠴᠢᠨ ᠤ ᠡᠪᠯᠡᠯ᠂ ᠡᠪ ᠬᠠᠮᠳᠦ ᠵᠠᠯᠠᠭᠤᠴᠤᠳ ᠤᠨ ᠡᠪᠯᠡᠯ᠂ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ᠂ ᠡᠮᠡᠭᠳᠡᠶᠢᠴᠦᠳ ᠪᠠᠭᠠᠴᠤᠳ᠂ ᠨᠠᠰᠤᠳᠠᠶᠢᠴᠦᠦᠯ᠂ ᠵᠡᠮᠳᠡᠭᠴᠦᠳ ᠤᠨ ᠠᠵᠢᠯ ᠦᠢᠯᠡᠰ ᠪᠤᠯᠤᠨ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠵᠡᠷᠭᠡ ᠠᠵᠢᠯ ᠰᠢᠨ᠎ᠡ ᠠᠬᠢᠯᠳᠠ ᠲᠠᠢ ᠪᠤᠯᠪᠠ᠃ ᠰᠢᠨᠵᠢᠯᠡᠭᠡ ᠮᠡᠷᠭᠡᠵᠢᠯ᠂ ᠬᠢᠨᠠᠨ ᠪᠤᠳᠤᠬᠤ᠂ ᠪᠤᠳᠠᠰ ᠤᠨ ᠦᠨ᠎ᠡ᠂ ᠭᠠᠵᠠᠷ ᠬᠦᠳᠦᠯᠦᠯᠳᠡ᠂ ᠬᠠᠩᠭᠠᠨ ᠪᠤᠷᠤᠯᠠᠭᠤᠯᠭ᠎ᠠ᠂ ᠭᠠᠳᠠᠭᠠᠳᠦ ᠶᠠᠪᠤᠳᠠᠯ ᠬᠠᠷᠢᠶᠠᠳᠦ ᠶᠠᠪᠤᠳᠠᠯ᠂ ᠳᠠᠩᠰᠠ ᠡᠪᠬᠡᠮᠡᠯ ᠴᠠᠳᠢᠭ ᠵᠡᠷᠭᠡ ᠠᠵᠢᠯ ᠰᠢᠨ᠎ᠡ ᠦᠷ᠎ᠡ ᠪᠦᠳᠦᠮᠵᠢ ᠤᠯᠪᠠ᠃ ᠴᠠᠭ ᠠᠭᠤᠷ᠂ ᠴᠢᠯᠠᠭᠤᠨ ᠲᠤᠰᠤ᠂ ᠳᠠᠮᠠᠬᠢᠨ ᠤ ᠦᠢᠯᠡᠰ᠂ ᠮᠦᠩᠬᠦᠨ ᠬᠦᠢᠯᠭᠡᠭᠡ᠂ ᠳᠠᠭᠠᠳᠬᠠᠯ᠂ ᠰᠢᠤᠳᠠᠨ ᠶᠠᠪᠤᠳᠠᠯ᠂ ᠴᠢᠮᠡᠭᠡ ᠨᠡᠪᠲᠡᠷᠡᠬᠦᠯᠭᠡ ᠵᠡᠷᠭᠡ ᠰᠠᠯᠠᠭ᠎ᠠ ᠮᠦᠴᠢᠷ ᠮᠠᠨ ᠤ ᠬᠤᠰᠢᠭᠤᠨ ᠤ ᠠᠵᠦ ᠠᠬᠤᠢ ᠨᠡᠶᠢᠬᠡᠮ ᠤᠨ ᠬᠦᠭᠵᠢᠯᠳᠡ ᠳᠤ ᠰᠢᠨ᠎ᠡ ᠬᠤᠪᠢ ᠨᠡᠮᠡᠷᠢ ᠦᠵᠡᠬᠦᠯᠪᠡ᠃ ᠲᠦᠯᠦᠭᠡᠯᠡᠭᠴᠢᠳ ᠡ᠂ ᠦᠩᠭᠡᠷᠡᠭᠰᠡᠨ ᠨᠢᠭᠡ ᠵᠢᠯ ᠳᠤ᠂ ᠪᠢᠳᠡ ︽ᠠᠷᠢᠭᠤᠨ ᠴᠢᠭᠡᠴᠢ᠂ ᠦᠨᠳᠦᠷ ᠪᠦᠳᠦᠮᠵᠢᠳᠡᠢ᠂ ᠦᠨᠡᠨ ᠪᠤᠳᠠᠳᠠᠢ᠂ ᠠᠷᠠᠳ ᠲᠤ ᠳᠤᠳᠤᠨᠤᠰᠤᠭ᠂ ᠦᠢᠯᠡᠰ ᠢᠶᠠᠨ ᠡᠷᠬᠢᠮᠯᠡᠬᠦ᠂ ᠬᠠᠷᠢᠭᠤᠴᠠᠯᠭ᠎ᠠ ᠲᠠᠢ︾ ᠵᠠᠰᠠᠭ ᠤᠨ ᠤᠷᠳᠤᠨ ᠤ ᠲᠦᠷᠢ ᠲᠦᠷᠬᠦ ᠶᠢ ᠪᠦᠬᠦ ᠬᠦᠴᠦᠨ ᠢᠶᠠᠷ ᠪᠤᠢ ᠪᠤᠯᠭᠠᠵᠦ᠂ ᠠᠵᠢᠯ ᠎ ᠤᠨ ᠭᠤᠤᠯᠳᠠᠯᠭ᠎ᠠ ᠪᠠᠨ ᠤᠯᠠᠨ ᠲᠦᠮᠡᠨ ᠤ ᠬᠠᠮᠤᠭ ᠠᠴᠠ ᠬᠠᠯᠠᠮᠵᠢᠯᠠᠳᠠᠭ ᠬᠠᠯᠠᠮᠰᠢᠯ ᠪᠠ ᠬᠦᠴᠢᠷ ᠠᠰᠠᠭᠤᠳᠠᠯ᠂ ᠦᠨᠳᠦᠰᠦᠨ ᠱᠠᠳᠤ ᠪᠤᠯᠤᠨ ᠰᠠᠭᠤᠷᠢ ᠠᠵᠢᠯ᠂ ᠭᠤᠤᠯᠳᠠᠯᠭ᠎ᠠ ᠲᠠᠢ ᠠᠵᠢᠯ ᠪᠤᠯᠤᠨ ᠲᠤᠮᠤ ᠶᠡᠭᠡ ᠲᠦᠷᠦᠯ ᠵᠦᠢᠯ ᠵᠢᠴᠢ ᠱᠠᠭᠠᠷᠳᠠᠨ ᠪᠠᠶᠢᠴᠠᠭᠠᠬᠤ ᠪᠠ ᠴᠢᠩᠭ᠎ᠠ ᠠᠳᠬᠤᠨ ᠨᠠᠶᠢᠳᠠᠪᠦᠷᠢᠵᠢᠭᠤᠯᠬᠤ ᠳᠡᠰᠢ ᠬᠡᠯᠪᠡᠶᠢᠯᠭᠡᠨ ᠂ ᠡᠯ᠎ᠡ ᠵᠦᠢᠯ ᠤᠨ ᠠᠵᠢᠯ ᠳᠤ ᠢᠯᠡᠳᠳᠡ ᠦᠷ᠎ᠡ ᠪᠦᠳᠦᠮᠵᠢ ᠤᠯᠵᠦ᠂ ᠪᠦᠬᠦ ᠤᠯᠤᠰ ᠤᠨ ᠪᠤᠯᠪᠠᠰᠤᠨ ᠬᠤᠳᠠ ᠶᠢ ᠡᠭᠦᠳᠦᠨ ᠪᠠᠶᠢᠭᠤᠯᠬᠤ ᠠᠵᠢᠯ ᠤᠨ ᠳᠠᠬᠢᠨ ᠪᠠᠶᠢᠴᠠᠭᠠᠯᠳᠠ ᠶᠢ ᠤᠷᠤᠭᠰᠢᠳᠠᠢ ᠦᠩᠭᠡᠷᠡᠬᠦᠯᠦᠭᠰᠡᠨ ᠤ ᠬᠠᠮᠳᠦ᠂ ︽ᠦᠪᠡᠷᠲᠡᠭᠡᠨ ᠵᠠᠰᠠᠬᠤ ᠤᠷᠤᠨ ᠤ ᠲᠡᠰ ᠤᠨ ᠬᠤᠶᠠᠷ ᠢ ᠬᠦᠷᠢᠶᠡᠯᠡᠬᠦ ᠵᠢᠱᠢᠶᠡᠴᠢ ᠬᠤᠰᠢᠭᠤ︾ ᠎ ᠶᠢᠨ ᠠᠯᠳᠠᠷ ᠴᠤᠯᠠ ᠶᠢ ᠭᠤᠷᠪᠠᠨ ᠬᠤᠭᠤᠴᠠᠭ᠎ᠠ ᠲᠠᠷᠠᠭᠠᠯᠠᠨ ᠬᠦᠷᠲᠡᠭᠰᠡᠨ ᠪᠦᠭᠡᠳ ︽ᠪᠦᠬᠦ ᠤᠯᠤᠰ ᠤᠨ ᠲᠦᠯᠦᠪᠯᠡᠭᠡᠳᠦ ᠦᠷᠡᠵᠢᠯ ᠤᠨ ᠰᠢᠯᠢᠳᠡᠭ ᠦᠢᠯᠡᠴᠢᠯᠡᠭᠡᠨ ᠎ ᠤ ᠲᠡᠷᠢᠬᠦᠨ ᠤ ᠬᠠᠮᠳᠦ ᠨᠡᠶᠢᠳᠡ︾ ᠪᠠ ︽ᠪᠦᠬᠦ ᠬᠤᠳᠠ ᠶᠢᠨ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠠᠵᠢᠯ ᠤᠨ ᠲᠡᠷᠢᠬᠦᠨ ᠤ ᠬᠠᠮᠳᠦ ᠨᠡᠶᠢᠳᠡ︾ ᠵᠡᠷᠭᠡ ᠢᠷᠠᠭᠤ ᠠᠯᠳᠠᠷ ᠢ ᠬᠦᠷᠳᠡᠪᠡ᠃      ᠪᠢᠳᠡᠨ ᠤ ᠤᠯᠤᠭᠰᠠᠨ ᠡᠳᠡᠭᠡᠷ ᠠᠮᠵᠢᠯᠳᠠ ᠪᠤᠯ ᠬᠤᠳᠠ ᠶᠢᠨ ᠨᠠᠮ ᠤᠨ ᠬᠤᠷᠢᠶ᠎ᠠ᠂ ᠬᠤᠳᠠ ᠶᠢᠨ ᠵᠠᠰᠠᠭ ᠤᠨ ᠤᠷᠳᠤᠨ ᠪᠤᠯᠤᠨ ᠬᠤᠰᠢᠭᠤᠨ ᠤ ᠨᠠᠮ ᠤᠨ ᠬᠤᠷᠢᠶᠠᠨ ᠤ ᠵᠦᠪ ᠤᠨᠤᠪᠴᠢᠳᠠᠢ ᠤᠳᠤᠷᠢᠳᠤᠭᠰᠠᠨ ᠤ ᠦᠷ᠎ᠡ ᠳ᠋ᠦᠩ᠂ ᠬᠤᠰᠢᠭᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠤᠯᠤᠰ ᠲᠦᠷᠦ ᠶᠢᠨ ᠵᠦᠪᠯᠡᠯᠭᠡᠨ ᠤ ᠬᠢᠨᠠᠨ ᠳᠡᠮᠵᠢᠭᠰᠡᠨ ᠤ ᠦᠷ᠎ᠡ ᠳ᠋ᠦᠩ᠂ ᠨᠡᠶᠢᠬᠡᠮ ᠤᠨ ᠡᠯ᠎ᠡ ᠡᠳᠡᠭᠡᠳ ᠤᠨ ᠬᠤᠪᠢ ᠨᠡᠮᠡᠷᠢ ᠪᠠᠨ ᠢᠳᠡᠪᠬᠢᠳᠠᠢ ᠦᠵᠡᠬᠦᠯᠦᠭᠰᠡᠨ ᠤ ᠦᠷ᠎ᠡ ᠳ᠋ᠦᠩ ᠮᠦᠨ ᠪᠦᠭᠡᠳ ᠪᠦᠬᠦ ᠬᠤᠰᠢᠭᠤᠨ ᠤ ᠠᠷᠠᠳ ᠲᠦᠮᠡᠨ ᠤ ᠡᠷᠡᠯᠬᠡᠭᠯᠡᠨ ᠳᠡᠮᠡᠴᠡᠭᠰᠡᠨ ᠤ ᠦᠷ᠎ᠡ ᠳ᠋ᠦᠩ ᠪᠤᠯᠤᠨ᠎ᠠ᠃ ᠤᠨᠴᠠᠭᠠᠶᠢᠯᠠᠨ ᠮᠠᠨ ᠤ ᠬᠤᠰᠢᠭᠤ ᠤᠯᠠᠨ ᠵᠢᠯ ᠳᠤ ᠲᠤᠬᠢᠶᠠᠯᠳᠤᠭ᠎ᠠ ᠦᠬᠡᠢ ᠭᠠᠩ ᠬᠠᠭᠰᠠᠷᠭᠠᠨ ᠳᠤ ᠳᠠᠭᠠᠷᠢᠭᠳᠠᠭᠰᠠᠨ ᠦᠶ᠎ᠡ ᠳᠤ᠂ ᠨᠠᠮ ᠤᠨ ᠲᠦᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ ᠵᠢᠴᠢ ᠦᠪᠡᠷᠲᠡᠭᠡᠨ ᠵᠠᠰᠠᠬᠤ ᠤᠷᠤᠨ ᠪᠠ ᠬᠦᠯᠦᠨ ᠪᠤᠶᠢᠷ ᠬᠤᠳᠠ ᠶᠢᠨ ᠨᠠᠮ ᠤᠨ ᠬᠤᠷᠢᠶ᠎ᠠ᠂ ᠵᠠᠰᠠᠭ ᠤᠨ ᠤᠷᠳᠤᠨ ᠮᠠᠨ ᠤ ᠬᠤᠰᠢᠭᠤᠨ ᠤ ᠲᠦᠯᠦᠭᠡ ᠰᠡᠳᠬᠢᠯ ᠢᠶᠠᠨ ᠵᠦᠳᠡᠭᠡᠵᠦ᠂ ᠲᠦᠷᠦᠯ ᠵᠦᠢᠯ ᠪᠤᠯᠤᠨ ᠪᠡᠯᠡ ᠮᠦᠩᠬᠦᠨ ᠤ ᠳᠠᠯ᠎ᠠ ᠪᠠᠷ ᠬᠦᠴᠦᠳᠠᠢ ᠳᠡᠮᠵᠢᠯᠭᠡ ᠦᠵᠡᠬᠦᠯᠵᠦ᠂ ᠮᠠᠯᠴᠢᠨ ᠲᠦᠮᠡᠨ ᠤ ᠠᠵᠦ ᠠᠬᠤᠢ ᠶᠢᠨ ᠬᠤᠬᠢᠷᠠᠯ ᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠨ᠂ ᠪᠢᠳᠡᠨ ᠤ ᠭᠠᠮᠰᠢᠭ ᠢ ᠢᠯᠠᠨ ᠳᠠᠪᠠᠭ᠋ᠤ ᠢᠳᠡᠭᠡᠯ ᠵᠤᠷᠢᠭ ᠢ ᠬᠠᠮᠤᠭ  ᠶᠡᠬᠡᠪᠡᠷ ᠬᠦᠭᠵᠢᠭᠡᠵᠦ ᠂ ᠡᠯ᠎ᠡ ᠱᠠᠳᠤᠨ ᠤ ᠤᠳᠤᠷᠢᠳᠤᠯᠭ᠎ᠠ ᠨᠠᠷ ᠤᠨ ᠮᠠᠨ ᠤ ᠬᠤᠰᠢᠭᠤᠨ ᠤ ᠠᠷᠠᠳ ᠤᠯᠠᠨ ᠯᠤᠭ᠎ᠠ ᠶᠢᠨ ᠬᠦᠨ ᠵᠤᠵᠠᠭᠠᠨ ᠬᠠᠶᠢᠷ᠎ᠠ ᠰᠡᠳᠬᠢᠯᠭᠡ ᠪᠤᠯᠤᠨ ᠨᠦᠬᠦᠷᠯᠡᠯ ᠢ ᠬᠦᠢᠴᠡᠳ ᠬᠠᠷᠠᠭᠤᠯᠤᠭᠰᠠᠨ ᠪᠠᠶᠢᠨ᠎ᠠ᠃ ᠡᠭᠦᠨ ᠳᠤ᠂ ᠪᠢ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠢ ᠲᠦᠯᠦᠭᠡᠯᠡᠨ᠂ ᠪᠦᠬᠦ ᠬᠤᠰᠢᠭᠤᠨ ᠤ ᠦᠷᠭᠡᠨ ᠤᠯᠠᠨ ᠺᠠᠳ᠋ᠷ ᠲᠦᠮᠡᠨ᠂ ᠠᠷᠠᠳ ᠤᠨ ᠲᠦᠯᠦᠭᠡᠯᠡᠭᠴᠢ᠂ ᠤᠯᠤᠰ ᠲᠦᠷᠦ ᠶᠢᠨ ᠵᠦᠪᠯᠡᠯᠭᠡᠨ ᠤ ᠬᠡᠰᠢᠬᠦᠳ ᠪᠤᠯᠤᠨ ᠬᠤᠰᠢᠭᠤᠨ ᠳᠤ ᠰᠠᠭᠤᠭ᠎ᠠ ᠴᠡᠷᠢᠭ ᠠᠩᠬᠢ᠂ ᠵᠡᠪᠰᠡᠭᠳᠦ ᠴᠠᠭᠳᠠᠭᠠᠨ ᠤ ᠲᠠᠷᠤᠭ᠎ᠠ ᠪᠠᠶᠢᠯᠳᠤᠭᠴᠢ᠂ ᠠᠵᠢᠯ ᠠᠴᠠ ᠪᠠᠨ ᠠᠮᠠᠷᠠᠭᠰᠠᠨ ᠪᠠ ᠨᠠᠰᠤᠨ ᠤ ᠠᠮᠠᠷᠠᠯᠳᠠ ᠪᠠᠨ ᠠᠪᠤᠭᠰᠠᠨ ᠠᠬᠠᠮᠠᠳ ᠨᠦᠬᠦᠳ ᠪᠤᠯᠤᠨ ᠦᠢᠯᠡᠳᠪᠦᠷᠢ ᠬᠤᠳᠠᠯᠳᠤᠭᠠᠨ ᠤ ᠬᠤᠯᠪᠤᠭ᠎ᠠ᠂ ᠠᠷᠠᠳ ᠤᠨ ᠪᠦᠯᠬᠦᠮ ᠵᠢᠴᠢ ᠰᠢᠨ᠎ᠡ ᠪᠠᠷᠭᠤ ᠪᠠᠷᠠᠭᠤᠨ ᠬᠤᠰᠢᠭᠤᠨ ᠤ ᠪᠦᠲᠦᠭᠡᠨ ᠪᠠᠶᠢᠭᠤᠯᠤᠯᠳᠠ ᠬᠢᠭᠡᠳ ᠬᠦᠭᠵᠢᠯᠳᠡ ᠶᠢ ᠬᠠᠯᠠᠮᠵᠢᠯᠡᠨ ᠳᠡᠮᠵᠢᠭᠰᠡᠨ ᠨᠡᠶᠢᠬᠡᠮ ᠤᠨ ᠡᠯ᠎ᠡ ᠡᠳᠡᠭᠡᠳ ᠪᠤᠯᠤᠨ ᠭᠠᠩ ᠬᠠᠭᠰᠠᠷᠭᠠᠨ ᠢ ᠡᠰᠡᠷᠭᠦᠴᠡᠬᠦ ᠳᠤ ᠢᠳᠡᠪᠬᠢᠳᠠᠢ ᠴᠢᠷᠮᠠᠶᠢᠯᠭ᠎ᠠ ᠦᠵᠡᠬᠦᠯᠦᠭᠰᠡᠨ ᠡᠯ᠎ᠡ ᠱᠠᠳᠤᠨ ᠤ ᠤᠳᠤᠷᠢᠳᠤᠯᠭ᠎ᠠ ᠪᠤᠯᠤᠨ ᠪᠦᠬᠦ ᠬᠤᠰᠢᠭᠤᠨ ᠤ ᠺᠠᠳ᠋ᠷ ᠠᠵᠢᠯᠳᠠᠳ ᠲᠤ ᠡᠷᠬᠢᠮ ᠲᠡᠭᠡᠳᠦ ᠮᠡᠨᠳᠦᠴᠢᠯᠠᠯ ᠪᠤᠯᠤᠨ ᠴᠢᠩ ᠰᠡᠳᠬᠢᠯ ᠤᠨ ᠳᠠᠯᠠᠷᠬᠠᠯ ᠢᠶᠠᠨ ᠳᠡᠪᠰᠢᠬᠦᠯᠦᠶ᠎ᠡ︕      ᠠᠮᠵᠢᠯᠳᠠ ᠪᠠᠨ ᠦᠨᠡᠯᠡᠬᠦ ᠶᠢᠨ ᠬᠠᠮᠳᠦ᠂ ᠵᠠᠷᠢᠮ ᠲᠤᠪᠤᠶᠢᠮ᠎ᠠ ᠠᠰᠠᠭᠤᠳᠠᠯ ᠢ ᠰᠢᠢᠳᠪᠦᠷᠢᠯᠡᠬᠦ ᠴᠢᠬᠤᠯᠠᠳᠠᠢ ᠪᠠᠶᠢᠭ᠎ᠠ ᠶᠢ ᠪᠢᠳᠡ ᠪᠠᠰᠠ ᠰᠡᠷᠭᠡᠭ ᠢᠶᠠᠷ ᠤᠯᠵᠦ ᠳᠠᠨᠢᠬᠤ ᠭᠡᠷᠡᠭᠳᠡᠢ᠂ ᠡᠭᠦᠨ ᠤ ᠭᠤᠤᠯ ᠢᠯᠡᠷᠡᠯ ᠪᠤᠯ᠄ ᠭᠠᠳᠠᠭᠠᠳᠦ ᠤᠷᠴᠢᠨ ᠲᠤᠭᠤᠷᠢᠨ ᠪᠤᠯᠤᠨ ᠬᠦᠭᠵᠢᠯᠳᠡ ᠶᠢᠨ ᠱᠠᠳᠦ ᠦᠶ᠎ᠡ ᠵᠡᠷᠭᠡ ᠡᠯ᠎ᠡ ᠳᠠᠯ᠎ᠠ ᠳᠤ ᠨᠦᠯᠦᠭᠡᠯᠡᠭᠳᠡᠵᠦ᠂ ᠤᠯᠠᠨ ᠵᠢᠯ ᠤᠨ ᠲᠤᠷᠰᠢ ᠮᠠᠨ ᠤ ᠬᠤᠰᠢᠭᠤᠨ ᠤ ᠬᠦᠭᠵᠢᠯᠳᠡ ᠶᠢ ᠬᠦᠯᠢᠶᠡᠰᠦᠯᠡᠵᠦ ᠪᠠᠶᠢᠭ᠎ᠠ ᠠᠵᠦ ᠦᠢᠯᠡᠰ ᠤᠨ ᠪᠦᠳᠦᠴᠡ ᠶᠢᠨ ᠴᠢᠨᠠᠷᠳᠠᠢ ᠠᠰᠠᠭᠤᠳᠠᠯ ᠪᠠᠰᠠ ᠤᠷᠤᠰᠢᠭᠰᠠᠭᠠᠷ ᠪᠦᠭᠡᠳ ᠪᠦᠬᠦ ᠬᠤᠰᠢᠭᠤᠨ ᠤ ᠠᠵᠦ ᠦᠢᠯᠡᠳᠪᠦᠷᠢ ᠶᠢᠨ ᠠᠵᠦ ᠦᠢᠯᠡᠰ ᠤᠨ ᠬᠢᠨᠵᠢ ᠶᠢᠨ ᠪᠦᠳᠦᠴᠡ ᠨᠢ ᠳ᠋ᠠᠩ ᠴᠤᠯᠭᠤᠢ ᠪᠠᠶᠢᠭ᠎ᠠ ᠪᠠᠶᠢᠳᠠᠯ ᠮᠦᠨ ᠯᠠ ᠬᠤᠪᠢᠷᠠᠭᠰᠠᠨ ᠦᠬᠡᠢ ᠪᠠᠶᠢᠵᠦ᠂ ᠤᠯᠠᠮᠵᠢᠯᠠᠯᠳᠦ ᠮᠠᠯ ᠠᠵᠦ ᠠᠬᠤᠢ ᠶᠢᠨ ᠬᠦᠭᠵᠢᠯᠳᠡ ᠳᠤ ᠴᠢᠩᠭ᠎ᠠ ᠬᠡᠴᠡᠬᠦᠦ ᠦᠷᠢᠰᠦᠯᠳᠦᠭᠡᠨ ᠲᠤᠯᠭᠠᠷᠠᠵᠦ᠂ ᠤᠳᠤ ᠦᠶ᠎ᠡ ᠶᠢᠨ ᠦᠢᠯᠡᠴᠢᠯᠡᠭᠡᠨ ᠤ ᠦᠢᠯᠡᠰ ᠤᠨ ᠪᠠᠭᠤᠷᠠᠢ ᠳᠠᠯ᠎ᠠ ᠶᠢ ᠨᠦᠬᠦᠪᠦᠷᠢᠯᠡᠵᠦ ᠴᠢᠳᠠᠭᠠᠳᠤᠢ᠂ ᠠᠵᠦ ᠠᠬᠤᠢ ᠶᠢᠨ ᠬᠦᠭᠵᠢᠯᠳᠡ ᠬᠢᠭᠡᠳ ᠤᠷᠴᠢᠨ ᠲᠤᠭᠤᠷᠢᠨ ᠤ ᠬᠦᠯᠢᠶᠡᠰᠦᠯᠡᠯ ᠤᠨ ᠵᠦᠷᠢᠴᠡᠯ ᠶᠠᠪᠤᠬᠤ ᠳᠤᠳᠤᠮ ᠲᠤᠪᠤᠶᠢᠮ᠎ᠠ ᠪᠤᠯᠵᠦ᠂ ᠡᠳ᠋ ᠤᠨ ᠵᠠᠰᠠᠭ ᠤᠨ ᠤᠷᠤᠯᠭ᠎ᠠ ᠵᠠᠷᠤᠯᠭ᠎ᠠ ᠶᠢᠨ ᠵᠦᠷᠢᠴᠡᠯ ᠡᠳᠦᠷ ᠢᠷᠡᠬᠦᠶ᠎ᠡ ᠢᠯᠡᠷᠬᠡᠢ ᠪᠤᠯᠤᠭᠰᠠᠨ ᠵᠡᠷᠭᠡ ᠠᠰᠠᠭᠤᠳᠠᠯ ᠤᠷᠤᠰᠢᠭᠰᠠᠭᠠᠷ ᠪᠠᠶᠢᠨ᠎ᠠ᠃ ᠡᠶᠢᠮᠦ ᠠᠴᠠ᠂ ᠪᠢᠳᠡ ᠡᠷᠬᠡᠪᠰᠢ ᠠᠷᠠᠳ ᠤᠨ ᠲᠦᠯᠦᠭᠡ ᠵᠠᠰᠠᠭ ᠪᠠᠷᠢᠬᠤ ᠵᠤᠷᠢᠯᠳᠠ ᠎ ᠪᠠᠨ ᠪᠠᠳᠦ ᠴᠢᠩᠭ᠎ᠠ ᠴᠡᠭᠡᠵᠢᠯᠡᠵᠦ᠂ ᠲᠡᠷᠢᠬᠢ ᠲᠤᠯᠤᠭᠠᠢ ᠪᠠᠨ ᠴᠠᠭ ᠢᠮᠠᠭᠳᠠ ᠬᠤᠷᠴᠠ ᠰᠡᠷᠭᠡᠭ ᠪᠠᠶᠢᠯᠭᠠᠨ᠂ ᠵᠤᠪᠠᠨᠢᠬᠤ ᠰᠡᠳᠬᠢᠯᠭᠡ ᠪᠠᠨ ᠴᠢᠩᠭᠠᠳᠬᠠᠵᠦ᠂ ᠠᠵᠢᠯ ᠎ ᠤᠨ ᠰᠤᠷᠳᠠᠯ ᠢᠶᠠᠨ ᠦᠨᠡᠨᠬᠦ ᠬᠤᠪᠢᠷᠠᠭᠤᠯᠤᠨ᠂ ᠠᠷᠢᠭᠤᠨ ᠴᠢᠭᠡᠴᠢ ᠦᠪᠡᠷ ᠢ ᠪᠠᠨ ᠰᠠᠬᠢᠬᠤ ᠲᠦᠷᠢᠮ ᠢ ᠴᠢᠩᠭ᠎ᠠ ᠪᠠᠷᠢᠮᠳᠠᠯᠠᠨ᠂ ᠵᠤᠷᠢᠭᠳᠠᠢ ᠪᠠᠷ ᠡᠭᠦᠷᠭᠡᠯᠡᠨ᠂ ᠳᠠᠰᠤᠷᠠᠯᠳᠠ ᠦᠬᠡᠢ ᠰᠢᠨ᠎ᠡ ᠶᠢ ᠡᠭᠦᠳᠦᠨ ᠴᠢᠷᠮᠠᠶᠢᠨ ᠤᠷᠤᠭᠰᠢᠯᠠᠬᠤ ᠵᠤᠷᠢᠭ ᠰᠠᠨᠠᠭ᠎ᠠ ᠪᠠᠷ ᠮᠠᠨ ᠤ ᠬᠤᠰᠢᠭᠤᠨ ᠤ ᠬᠦᠭᠵᠢᠯᠳᠡ ᠪᠠ ᠲᠤᠭᠳᠠᠭᠤᠨ ᠤ ᠲᠦᠯᠦᠭᠡ᠂ ᠡᠭᠦᠷᠭᠡ ᠲᠤᠰᠢᠶᠠᠯ ᠢᠶᠠᠨ ᠬᠢᠴᠢᠶᠡᠩᠬᠦᠶᠢᠯᠡᠨ ᠬᠦᠢᠴᠡᠳᠭᠡᠵᠦ᠂ ᠬᠠᠷᠢᠭᠤᠴᠠᠯᠭ᠎ᠠ ᠪᠠᠨ ᠰᠠᠶᠢᠳᠦᠷ ᠡᠭᠦᠷᠭᠡᠯᠡᠨ᠂ ᠪᠦᠬᠦ ᠬᠤᠰᠢᠭᠤᠨ ᠤ ᠠᠷᠠᠳ ᠲᠦᠮᠡᠨ ᠤ ᠬᠦᠰᠡᠯ ᠨᠠᠶᠢᠳᠠᠯᠭ᠎ᠠ ᠶᠢ ᠬᠦᠰᠡᠷᠳᠡᠬᠦᠯᠬᠦ ᠦᠬᠡᠢ ᠪᠠᠷ ᠴᠢᠷᠮᠠᠶᠢᠨ᠎ᠠ᠃
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠵᠠᠰᠠᠭ ᠤᠨ ᠤᠷᠳᠤᠨ ᠤ ᠤᠷᠴᠢᠭᠤᠯᠭ᠎ᠠ ᠶᠢᠨ ᠲᠤᠪᠴᠢᠶ᠎ᠠ