ᠲᠤᠳᠤᠭᠠᠳᠤ ᠶᠢ ᠬᠠᠮᠠᠭᠠᠯᠠᠬᠤ ᠶᠠᠮᠤᠨ ᠭᠠᠳᠠᠭᠠᠳᠤ ᠳᠤ ᠲᠤᠳᠠᠭᠠᠭᠰᠠᠨᠤᠷᠭᠤᠳᠤᠤᠯᠬᠡᠷᠡᠭᠳᠡᠨ ᠢ ᠨᠡᠭᠡᠮᠵᠢᠯᠡᠬᠦ | ᠪᠠ ᠪᠤᠵᠠᠷ ᠡᠳ᠋ ᠢ ᠨᠡᠭᠡᠮᠵᠢᠯᠡᠬᠦ ᠠᠵᠢᠯ ᠢ ᠲᠦᠯᠬᠢᠨ ᠠᠬᠢᠭᠤᠯᠵᠤ᠂ ᠦᠨᠡᠭᠡ ᠠᠩᠨᠠᠬᠤ ᠠᠵᠢᠯᠯᠠᠭ᠎ᠠ ᠳᠤ | ᠤᠷᠭᠤᠳᠤᠤᠯ ᠬᠡᠷᠡᠭᠳᠡᠨ ᠢ 3317 ᠨᠡᠭᠡᠮᠵᠢᠯᠡᠨ ᠪᠠᠷᠢᠪᠴᠢᠯᠠᠪᠠ | ᠠᠷᠠᠳ ᠤᠨ ᠡᠳᠤᠷ ᠤᠨ ᠰᠤᠨᠢᠨ ᠤ ᠪᠡᠭᠡᠵᠢᠩ ᠤᠨ 11 ᠰᠠᠷ᠎ᠠ ᠶᠢᠨ 2 ᠤᠨ ᠡᠳᠤᠷ ᠤᠨ ᠮᠡᠳᠡᠭᠡ | ︵ᠰᠤᠷᠪᠤᠯᠵᠢᠯᠠᠭᠴᠢ ᠵᠠᠩ ᠶᠠᠩ︶ ᠰᠤᠷᠪᠤᠯᠵᠢᠯᠠᠭᠴᠢ ᠦᠨᠤᠳᠤᠷ ᠲᠤᠳᠤᠭᠠᠳᠤ ᠶᠢ ᠬᠠᠮᠠᠭᠠᠯᠠᠬᠤ ᠶᠠᠮᠤᠨ ᠠᠴᠠ | ᠦᠢᠯᠠᠭᠠᠭᠰᠠᠨ ᠨᠢ᠄ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢ᠂ ᠪᠦᠬᠦ ᠤᠯᠤᠰ ᠤᠨ ᠲᠤᠳᠤᠭᠠᠳᠤ ᠶᠢ | ᠬᠠᠮᠠᠭᠠᠯᠠᠬᠤ ᠪᠠᠶᠢᠭᠤᠯᠤᠯᠭᠠᠭᠠᠳᠠᠭᠠᠳᠤ ᠳᠤ ᠲᠤᠳᠠᠭᠠᠭᠰᠠᠨ ᠠᠵᠤ ᠠᠬᠤᠢ ᠶᠢᠨ ᠶᠠᠯ᠎ᠠ ᠬᠢᠭᠰᠡᠨ ᠰᠡᠵᠢᠭᠯᠡᠯᠳᠡᠨ ᠢ | ᠨᠡᠭᠡᠮᠵᠢᠯᠠᠨ ᠪᠠᠷᠢᠪᠴᠢᠯᠠᠬᠤ《ᠦᠨᠡᠭᠡ ᠠᠩᠨᠠᠬᠤ ᠠᠵᠢᠯᠯᠠᠭ᠎ᠠ》 ᠶᠢ ᠬᠥᠨᠵᠡᠭᠡᠢ ᠲᠦᠯᠬᠢᠨ ᠠᠬᠢᠭᠤᠯᠵᠤ᠂ 120 | ᠭᠠᠷᠤᠢ ᠤᠯᠤᠰ ᠤᠷᠤᠨ ᠠᠴᠠ ᠤᠷᠭᠤᠳᠤᠤᠯ ᠬᠡᠷᠡᠭᠳᠡᠨ ᠢ ᠨᠡᠶᠢᠳᠡ 3317 ᠪᠠᠷᠢᠪᠴᠢᠯᠠᠨ ᠠᠪᠴᠤ᠂ ᠬᠡᠷᠡᠭ | ᠲᠤ ᠬᠤᠯᠪᠤᠭᠳᠠᠭᠰᠠᠨ ᠵᠤᠭᠤᠰ ᠢ ᠬᠡᠳᠤᠨ ᠠᠷᠪᠠᠨᠳᠦ᠋ᠩᠰᠢᠭᠤᠷ ᠲᠦᠬᠦᠷᠢᠭ ᠨᠡᠭᠡᠵᠤ ᠠᠪᠴᠢᠷᠠᠪᠠ︔ ᠶᠠᠨ | ᠶᠦᠩ ᠮᠢᠩ᠂ ᠰᠦᠩ ᠮᠢ ᠴᠢᠤ ᠵᠡᠷᠭᠡ ᠨᠢᠭᠡ ᠪᠦᠯᠦᠭ ᠴᠢᠬᠤᠯᠠ ᠶᠡᠭᠡ ᠠᠵᠤ ᠠᠬᠤᠢ ᠶᠢᠨ ᠶᠠᠯ᠎ᠠ ᠬᠢᠭᠰᠡᠨ | ᠤᠷᠭᠤᠳᠤᠤᠯ ᠬᠡᠷᠡᠭᠳᠡᠨ ᠢ ᠪᠠᠷᠢᠵᠤ ᠠᠪᠴᠢᠷᠠᠭᠠᠳ ᠰᠢᠬᠦᠯᠳᠡ ᠳᠤ ᠲᠤᠰᠢᠶᠠᠵᠤ ᠬᠠᠤᠯᠢ ᠪᠡᠷᠰᠢᠳᠭᠡᠭᠰᠡᠨ ᠪᠦᠭᠡᠳ | ᠰᠠᠬᠢᠯᠭ᠎ᠠ ᠪᠠᠳᠤ ᠪᠠᠶᠢᠴᠠᠭᠠᠬᠤ᠂ ᠪᠠᠶᠢᠴᠠᠭᠠᠬᠤ᠂ ᠪᠤᠭᠤᠮᠳᠠ ᠵᠡᠷᠭᠡ ᠰᠠᠯᠠᠭ᠎ᠠ ᠮᠦᠴᠢᠷ ᠢ ᠬᠠᠮᠵᠢᠨᠭᠠᠳᠠᠭᠠᠳᠤ ᠳᠤ | ᠲᠤᠳᠠᠭᠠᠭᠰᠠᠨ ᠤᠷᠭᠤᠳᠤᠤᠯ ᠬᠡᠷᠡᠭᠳᠡᠨ ᠢ 252 ᠨᠡᠭᠡᠮᠵᠢᠯᠠᠨ ᠪᠠᠷᠢᠪᠴᠢᠯᠠᠵᠤ᠂ ᠢᠯᠵᠠᠷᠠᠯ ᠢ ᠡᠰᠡᠷᠬᠦᠴᠡᠬᠦ ᠲᠡᠮᠡᠴᠠᠯ | ᠤᠨ ᠶᠡᠭᠡ ᠲᠠᠯ᠎ᠠ ᠳᠤ ᠬᠥᠴᠤᠳᠠᠢ ᠦᠢᠯᠡᠴᠢᠯᠠᠵᠤ᠂ ᠤᠯᠤᠰ ᠤᠨ ᠲᠤᠳᠤᠭᠠᠳᠤ ᠭᠠᠳᠠᠭᠠᠳᠤ ᠳᠤ ᠢᠳᠡᠪᠬᠢᠳᠠᠢ | ᠲᠤᠰᠬᠠᠯᠭᠠᠷᠭᠠᠭᠰᠠᠨ ᠪᠠᠶᠢᠨ᠎ᠠ᠃ ᠪᠦᠬᠦ ᠤᠯᠤᠰ ᠤᠨ ᠲᠤᠳᠤᠭᠠᠳᠤ ᠶᠢ ᠬᠠᠮᠠᠭᠠᠯᠠᠬᠤ ᠪᠠᠶᠢᠭᠤᠯᠤᠯᠭ᠎ᠠ ᠲᠤᠳᠠᠭᠠᠭᠰᠠᠨ | ᠴᠠᠭ ᠢᠶᠠᠷ ᠤᠷᠳᠤ᠂ ᠨᠡᠭᠡᠮᠵᠢᠯᠠᠨᠪᠠᠷᠢᠪᠴᠢᠯᠠᠬᠤ ᠳᠤ ᠪᠡᠷᠭᠡᠳᠡᠢ ᠠᠵᠤ ᠠᠬᠤᠢ ᠶᠢᠨ ᠶᠠᠯ᠎ᠠ ᠬᠢᠭᠰᠡᠨ ᠤᠷᠭᠤᠳᠤᠤᠯ | ᠬᠡᠷᠡᠭᠳᠡᠨ ᠵᠢᠴᠢ ᠲᠦᠪ ᠤᠨ ᠢᠯᠵᠠᠷᠠᠯ ᠢ ᠡᠰᠡᠷᠬᠦᠴᠡᠬᠦ ᠵᠤᠬᠢᠴᠠᠭᠤᠯᠬᠤ ᠲᠤᠭᠤᠶᠢᠯᠠᠩ ᠤᠨ ᠤᠷᠭᠤᠳᠤᠤᠯ | ᠬᠡᠷᠡᠭᠳᠡᠨ ᠢ ᠨᠡᠭᠡᠮᠵᠢᠯᠡᠬᠦ ᠪᠠ ᠪᠤᠵᠠᠷ ᠡᠳ᠋ ᠢ ᠨᠡᠭᠡᠮᠵᠢᠯᠡᠬᠦ ᠠᠵᠢᠯᠤᠨ ᠠᠯᠪᠠᠨ ᠭᠡᠷ ᠠᠴᠠ ᠲᠤᠬᠳᠠᠭᠠᠭᠰᠠᠨ | ᠭᠤᠤᠯᠳᠠᠯᠭ᠎ᠠ ᠲᠠᠢ ᠤᠷᠭᠤᠳᠤᠤᠯ ᠬᠡᠷᠡᠭᠳᠡᠨ᠂ ᠲᠤᠬᠠᠢ ᠶᠢᠨ ᠭᠠᠵᠠᠷ ᠲᠤ ᠨᠦᠯᠤᠭᠡ ᠶᠡᠭᠡᠳᠡᠢ ᠭᠠᠳᠠᠭᠠᠳᠤ ᠳᠤ | ᠲᠤᠳᠠᠭᠠᠭᠰᠠᠨ ᠡᠷᠭᠡ ᠲᠤᠰᠢᠶᠠᠯ ᠢᠶᠠᠨ ᠠᠰᠢᠭᠯᠠᠨ ᠶᠠᠯ᠎ᠠ ᠬᠢᠭᠰᠡᠨ ᠰᠡᠵᠢᠭᠯᠡᠯᠳᠡᠨ ᠢᠶᠠᠷ ᠭᠤᠤᠯᠳᠠᠯᠭ᠎ᠠ ᠪᠤᠯᠭᠠᠵᠤ᠂ | 《ᠮᠡᠳᠡᠭᠡ ᠵᠠᠩᠬᠢᠵᠢᠯᠳᠠ ᠪᠠᠷ ᠲᠤᠷᠰᠢᠨ ᠪᠠᠶᠢᠴᠠᠭᠠᠬᠤ ᠶᠢ ᠵᠢᠯᠤᠭᠤᠳᠬᠤ᠂ ᠲᠤᠭᠠᠴᠠᠯᠠᠯᠳᠠ ᠪᠠᠷ | ᠪᠤᠳᠠᠳᠠᠢᠪᠠᠶᠢᠯᠳᠤᠬᠤ》 ᠶᠢ ᠬᠥᠨᠵᠡᠭᠡᠢ ᠲᠦᠯᠬᠢᠨ ᠠᠬᠢᠭᠤᠯᠵᠤ᠂ ᠤᠯᠠᠨ ᠤᠯᠤᠰ ᠤᠨ ᠬᠠᠤᠯᠢ ᠬᠡᠷᠡᠭᠵᠢᠬᠦᠯᠬᠦ | ᠬᠠᠮᠳᠤᠷᠠᠯᠴᠠᠭ᠎ᠠ ᠪᠡᠷᠲ᠋ᠡᠮᠵᠢᠭᠤᠯᠤᠨ ᠠᠵᠢᠯ ᠢᠶᠠᠨ ᠰᠠᠨᠠᠭᠠᠴᠢᠯᠠᠭ᠎ᠠ ᠲᠠᠢ ᠪᠠᠷ ᠦᠷᠨᠢᠬᠦᠯᠦᠭᠰᠡᠭᠡᠷ ᠢᠷᠡᠵᠠᠢ᠃ ᠲᠠᠪᠤᠨ | ᠵᠢᠯ ᠤᠨ ᠲᠤᠷᠰᠢ᠂ ᠲᠤᠳᠤᠭᠠᠳᠤᠵ᠊ ᠢ ᠬᠠᠮᠠᠭᠠᠯᠠᠬᠤ ᠶᠠᠮᠤᠨ ᠨᠡᠭᠡᠮᠵᠢᠯᠠᠨ ᠪᠠᠷᠢᠪᠴᠢᠯᠠᠬᠤ ᠠᠵᠢᠯ ᠤᠨ ᠲᠤᠭᠤᠶᠢᠯᠠᠩ ᠢ | ᠤᠷᠢᠳᠬᠤᠵᠢᠳ 258 ᠲᠤᠮᠢᠯᠠᠵᠤ᠂ ᠬᠤᠯᠪᠤᠬᠳᠠᠯ ᠪᠦᠬᠦᠢ ᠤᠯᠤᠰ ᠤᠨ ᠬᠠᠤᠯᠢ ᠬᠡᠷᠡᠭᠵᠢᠬᠦᠯᠬᠦ ᠰᠠᠯᠠᠭ᠎ᠠ ᠮᠦᠴᠢᠷ | ᠲᠠᠢ ᠵᠤᠬᠢᠴᠠᠭᠤᠯᠵᠤ ᠪᠠᠶᠢᠭᠠᠳ ᠤᠷᠭᠤᠳᠤᠤᠯ ᠬᠡᠷᠡᠭᠳᠡᠨ ᠢ ᠮᠠᠰᠢ ᠤᠯᠠᠨ ᠪᠠᠷᠢᠪᠴᠢᠯᠠᠭᠰᠠᠨ ᠪᠦᠭᠡᠳ ᠮᠠᠨ ᠤ | ᠤᠯᠤᠰ ᠲᠤ ᠪᠤᠴᠠᠭᠠᠨ ᠦᠭᠬᠦᠬᠦᠯᠵᠠᠢ᠃ ᠰᠢᠨ᠎ᠠ ᠪᠡᠷᠡᠬᠦᠰᠦᠭᠰᠡᠨ ᠴᠢᠬᠤᠯᠠ ᠶᠡᠭᠡ ᠬᠡᠷᠡᠭ ᠢ ᠪᠤᠯ ᠲᠦᠷᠭᠡᠨ | ᠲᠤᠷᠰᠢᠨ ᠪᠠᠶᠢᠴᠠᠭᠠᠵᠤ ᠲᠦᠷᠭᠡᠨ ᠢᠯᠡᠷᠡᠬᠦᠯᠬᠦ᠂ ᠲᠦᠷᠭᠡᠨ ᠨᠡᠭᠡᠵᠤᠲ᠋ᠦ᠋ᠷᠭᠡᠨ ᠠᠪᠴᠢᠷᠠᠬᠤ ᠦᠢᠯᠠᠭᠠᠭᠳᠠᠬᠤᠨ ᠢᠶᠠᠷ | ᠨᠡᠭᠡᠮᠵᠢᠯᠠᠨ ᠪᠠᠷᠢᠪᠴᠢᠯᠠᠬᠤ ᠶᠢ ᠪᠦᠬᠦ ᠬᠥᠴᠤᠨ ᠢᠶᠠᠷ ᠦᠷᠨᠢᠬᠦᠯᠤᠨ᠂ ᠭᠡᠷᠡᠪᠡᠷ ᠮᠡᠭᠡᠯᠡᠭᠰᠡᠨ ᠶᠠᠯ᠎ᠠ ᠬᠢᠭᠰᠡᠨ ᠢᠶᠠᠷ | ᠰᠡᠵᠢᠭᠯᠡᠭᠳᠡᠭᠰᠡᠨ ᠫᠧᠩ ᠤᠪᠤᠬᠳᠤ᠂ ᠨᠢ ᠤᠪᠤᠬᠳᠤ ᠠᠷᠪᠢᠨ ᠤᠯᠤᠰ ᠲᠤ 10 ᠭᠠᠷᠤᠢᠡᠳᠤᠷ ᠤᠷᠭᠤᠨ | ᠲᠤᠳᠠᠭᠠᠭᠰᠠᠨ ᠤ ᠲᠠᠷᠠᠭ᠎ᠠ᠂ ᠹᠠᠨ ᠰᠢᠨ ᠲᠠᠭᠠᠳᠬᠠᠯ ᠤᠨ ᠤᠤᠯ ᠤᠨ ᠶᠡᠷᠤᠩᠭᠡᠢ ᠲᠠᠭᠠᠭᠠᠮᠠᠯ ᠴᠧᠨ ᠢ 5 | ᠳ᠋ᠦᠩᠰᠢᠭᠤᠷ ᠲᠦᠬᠦᠷᠢᠭ ᠠᠪᠴᠤ ᠲᠤᠳᠠᠭᠠᠭᠠᠳ 72 ᠴᠠᠭ ᠤᠨ ᠲᠠᠷᠠᠭ᠎ᠠ ᠪᠠᠷᠢᠪᠴᠢᠯᠠᠭᠳᠠᠵᠤ ᠤᠯᠤᠰ ᠲᠠᠭᠠᠨ | ᠬᠥᠷᠭᠡᠭᠳᠡᠵᠠᠢ᠃ ᠤᠯᠠᠨ ᠤᠯᠤᠰ ᠤᠨ ᠬᠠᠤᠯᠢ ᠬᠡᠷᠡᠭᠵᠢᠬᠦᠯᠬᠦ ᠬᠠᠮᠳᠤᠷᠠᠯᠴᠠᠭᠠᠨ ᠤ ᠬᠥᠷᠢᠶ᠎ᠠ ᠲᠠᠰᠤᠷᠠᠯᠳᠠ ᠦᠭᠡᠢ | ᠰᠢᠪᠳᠤᠯᠤᠯᠳᠡ ᠲᠠᠢ ᠪᠤᠯᠵᠤ ᠪᠠᠶᠢᠨ᠎ᠠ᠃ ᠡᠨᠡ ᠵᠢᠯ ᠤᠨ 8 ᠰᠠᠷ᠎ᠠ ᠳᠤ᠂ ᠠᠮᠧᠷᠢᠺᠠ ᠶᠢᠨ ᠲᠠᠯ᠎ᠠ ᠶᠢᠨ ᠬᠢᠨ ᠤᠯᠠᠨ | ᠭᠠᠵᠠᠷ ᠲᠤ ᠬᠡᠷᠡᠭ ᠪᠤᠯᠭᠠᠨᠲ᠋ᠠᠩᠰᠠᠯᠠᠭᠰᠠᠨ᠂ ᠬᠡᠷᠡᠭ ᠲᠤ ᠬᠤᠯᠪᠤᠬᠳᠠᠭᠰᠠᠨ ᠵᠤᠭᠤᠰ ᠤᠨ ᠲᠤᠭ᠎ᠠ ᠨᠢ 40 | ᠳ᠋ᠦᠩᠰᠢᠭᠤᠷ ᠲᠦᠬᠦᠷᠢᠭ ᠤᠨ ᠴᠢᠬᠤᠯᠠᠶᠡᠭᠡ《ᠤᠯᠠᠭᠠᠨ ᠵᠠᠷᠯᠠᠯᠳᠤ ᠤᠷᠭᠤᠳᠤᠤᠯ ᠬᠡᠷᠡᠭᠳᠡᠨ ᠪᠤᠯᠬᠤ ᠵᠸᠤ | ᠤᠪᠤᠬᠳᠤ ᠶᠢ ᠮᠠᠨ ᠤ ᠤᠯᠤᠰ ᠲᠤ ᠬᠥᠷᠭᠡᠨᠦᠭᠴᠠᠢ᠃ ᠲᠠᠪᠤᠨ ᠵᠢᠯ ᠤᠨ ᠲᠤᠷᠰᠢ᠂ ᠪᠦᠬᠦ ᠤᠯᠤᠰ ᠤᠨ | ᠲᠤᠳᠤᠭᠠᠳᠤ ᠶᠢ ᠬᠠᠮᠠᠭᠠᠯᠠᠬᠤ ᠪᠠᠶᠢᠭᠤᠯᠤᠯᠭ᠎ᠠ ᠭᠷᠧᠭ᠂ ᠪᠤᠯᠭᠠᠷᠢᠶ᠎ᠠ᠂ᠢᠲ᠋ᠠᠯᠢ᠂ ᠫᠧᠷᠦ᠋᠂ ᠢᠰᠫᠠᠨᠢ᠂ ᠤᠷᠤᠰ᠂ ᠠᠷᠠᠪ ᠤᠨ | ᠬᠤᠯᠪᠤᠭᠠᠳᠤ ᠠᠬᠠᠮᠠᠳᠳᠤ ᠤᠯᠤᠰ᠂ ᠹᠷᠠᠨᠼᠢ᠂ ᠬᠠᠩᠭᠠᠷᠢ ᠵᠡᠷᠭᠡ ᠤᠯᠤᠰ ᠪᠠ ᠭᠠᠵᠠᠷ ᠤᠷᠤᠨ ᠠᠴᠠ ᠤᠷᠭᠤᠳᠤᠤᠯ | ᠬᠡᠷᠡᠭᠳᠡᠨ ᠢ 16 ᠠᠮᠵᠢᠯᠳᠠᠳᠠᠢ ᠰᠢᠯᠵᠢᠬᠦᠯᠤᠨ ᠠᠪᠴᠢᠷᠠᠵᠠᠢ᠃ ᠪᠦᠬᠦ ᠤᠯᠤᠰ ᠤᠨᠲ᠋ᠤᠳᠤᠭᠠᠳᠤ ᠶᠢ ᠬᠠᠮᠠᠭᠠᠯᠠᠬᠤ | ᠪᠠᠶᠢᠭᠤᠯᠤᠯᠭ᠎ᠠ ᠪᠠᠰᠠ ᠲᠦᠷᠤ ᠶᠢᠨ ᠪᠤᠳᠤᠯᠭ᠎ᠠ᠂ ᠬᠠᠤᠯᠢ ᠴᠠᠭᠠᠵᠠ ᠶᠢᠨ ᠢᠪᠡᠭᠡᠯ ᠢᠴᠢᠩᠭᠠᠳᠬᠠᠵᠤ᠂ ᠲᠠᠪᠤᠨ | ᠵᠢᠯ ᠤᠨ ᠲᠤᠷᠰᠢ ᠤᠷᠢᠳ ᠬᠤᠵᠢᠳ ᠺᠠᠨᠠᠳᠠ᠂ ᠠᠦ᠋ᠰᠲᠷᠠᠯᠢᠶ᠎ᠠ᠂ ᠰᠢᠨ᠎ᠠ ᠽᠧᠯᠠᠨᠳ᠋ ᠵᠡᠷᠭᠡ ᠤᠯᠤᠰ ᠪᠠ ᠭᠠᠵᠠᠷ | ᠤᠷᠤᠨ ᠠᠴᠠ ᠤᠷᠭᠤᠳᠤᠤᠯ ᠬᠡᠷᠡᠭᠳᠡᠨ ᠢ 16 ᠠᠮᠵᠢᠯᠳᠠᠳᠠᠢ ᠢᠳᠬᠠᠵᠤ ᠪᠤᠴᠠᠭᠠᠨ ᠢᠷᠡᠬᠦᠯᠠᠵᠢ᠃ ᠪᠦᠬᠦ ᠤᠯᠤᠰ | ᠤᠨ ᠲᠤᠳᠤᠭᠠᠳᠤ ᠶᠢ ᠬᠠᠮᠠᠭᠠᠯᠠᠬᠤ ᠪᠠᠶᠢᠭᠤᠯᠤᠯᠭ᠎ᠠ ᠤᠷᠭᠤᠳᠤᠤᠯ ᠬᠡᠷᠡᠭᠳᠡᠨ ᠢ ᠨᠡᠭᠡᠮᠵᠢᠯᠡᠬᠦ ᠪᠠ ᠪᠤᠵᠠᠷᠡᠳ᠋ ᠢ | ᠨᠡᠭᠡᠮᠵᠢᠯᠡᠬᠦ ᠠᠵᠢᠯ ᠢ ᠵᠡᠷᠭᠡ ᠪᠠᠷ ᠴᠢᠩᠭ᠎ᠠ ᠠᠳᠬᠤᠭᠰᠠᠨ ᠢᠶᠠᠷ ᠡᠨᠡ ᠵᠢᠯ ᠠᠴᠠ ᠨᠠᠰᠢ᠂ ᠬᠡᠷᠡᠭ ᠲᠤ | ᠬᠤᠯᠪᠤᠬᠳᠠᠭᠰᠠᠨᠪᠤᠵᠠᠷ ᠵᠤᠭᠤᠰ ᠢ ᠬᠢᠯᠢ ᠶᠢᠨ ᠭᠠᠳᠠᠨ᠎ᠠ ᠠᠴᠠ ᠨᠡᠶᠢᠳᠡ 14.82 ᠳ᠋ᠦᠩᠰᠢᠭᠤᠷ ᠲᠦᠬᠦᠷᠢᠭ | ᠨᠡᠭᠡᠮᠵᠢᠯᠠᠨ ᠲᠤᠰᠢᠶᠠᠯᠭᠠᠵᠠᠢ᠃ |