ᠥᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠠᠴᠠ ᠲᠣᠰᠬᠠᠢ ᠵᠦᠢᠯ ᠤᠨ ᠪᠡᠯᠡ ᠮᠥᠩᠭᠦ ᠪᠠᠭᠤᠯᠭᠠᠵᠤ ᠬᠥᠬᠡᠬᠤᠲᠠ ᠶᠢᠨ ᠡᠷᠳᠡᠨᠢ ᠰᠢᠰᠢ ᠲᠠᠷᠢᠭᠰᠠᠳ ᠲᠤ ᠨᠥᠬᠦᠪᠦᠷᠢ ᠤᠯᠭᠤᠬᠤ ᠪᠠᠷ ᠪᠤᠯᠪᠠ
ᠨᠡᠶᠢᠲᠡᠯᠡᠭᠰᠡᠨ ᠴᠠᠭ᠄
2017/11/10

  ᠥᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠳ᠋ ᠤᠨ  ᠵᠠᠰᠠᠭ ᠤᠨ ᠲᠢᠩᠬᠢᠮ ᠠᠴᠠ ᠲᠣᠰᠬᠠᠢ ᠵᠦᠢᠯ

 ᠤᠨ ᠪᠡᠯᠡ ᠮᠥᠩᠭᠦ ᠪᠠᠭᠤᠯᠭᠠᠵᠤ  ᠬᠥᠬᠡᠬᠤᠲᠠ ᠶᠢᠨ ᠡᠷᠳᠡᠨᠢ ᠰᠢᠰᠢ ᠲᠠᠷᠢᠭᠰᠠᠳ ᠲᠤ ᠨᠥᠬᠦᠪᠦᠷᠢ ᠤᠯᠭᠤᠬᠤ ᠪᠠᠷ

ᠪᠤᠯᠪᠠ

    ᠬᠥᠬᠡᠬᠤᠲᠠ ᠶᠢᠨ ᠡᠳᠦᠷ ᠤᠨ ᠰᠣᠨᠢᠨ ᠤ ᠮᠡᠳᠡᠭᠡ ᠣᠶᠢᠷ᠎ᠠ ᠶᠢᠨ ᠡᠳᠦᠷ᠂  ᠥᠪᠦᠷ  ᠮᠣᠩᠭᠤᠯ   ᠤᠨ  

ᠥᠪᠡᠷᠲᠡᠭᠡᠨ‌ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠠᠴᠠ 2017 ᠣᠨ ᠳᠤ ᠬᠥᠬᠡᠬᠤᠲᠠ ᠶᠢᠨ ᠡᠷᠳᠡᠨᠢ

ᠰᠢᠰᠢ ᠲᠠᠷᠢᠭᠰᠠᠳ‌‍ᠲ᠋ᠣ 3.879 ᠳ᠋ᠥᠩᠰᠢᠭᠤᠷ ᠲᠦᠬᠦᠷᠢᠭ ᠤᠨ ᠪᠡᠯᠡ ᠮᠥᠩᠭᠦ ᠶᠢᠨ ᠨᠥᠬᠦᠪᠦᠷᠢ ᠤᠯᠭᠤᠪᠠ᠂ ᠲᠣᠰ

 ᠪᠡᠯᠡ  ᠮᠥᠩᠭᠦ  ᠰᠢᠭᠤᠳ‌‍ᠬᠥ᠋ᠬᠡᠬᠤᠲᠠ ᠶᠢᠨ ᠲᠠᠷᠢᠶᠠᠯᠠᠩ ᠤᠨ ᠬᠥᠭᠵᠢᠭᠦᠯᠦᠯᠲᠡ ᠶᠢᠨ ᠪᠠᠩᠬᠢ ᠶᠢᠨ ︽ᠠᠮᠣ ᠪᠣᠳᠠᠭᠠᠨ

 ᠤ ᠠᠶᠤᠯ ᠲᠦᠭᠰᠢᠭᠦᠷᠢ ᠶᠢᠨ ᠰᠠᠭᠤᠷᠢ‌ᠮᠥ᠋ᠩᠭᠦᠨ︾ ᠤ ᠲᠣᠰᠬᠠᠢ ᠡᠷᠦᠬᠡ ᠳᠤ ᠪᠠᠭᠤᠯᠭᠠᠵᠤ ᠦᠭᠴᠡᠢ᠃ ᠨᠥᠬᠦᠪᠦᠷᠢ

ᠪᠠᠭᠤᠯᠭᠠᠬᠤ ᠮᠡᠳᠡᠭᠳᠡᠯ ᠤᠯᠤᠮᠠᠬᠴᠠ ᠬᠥᠬᠡᠬᠤᠲᠠ ᠶᠢᠨ ᠡᠳ᠋ ᠤᠨ ᠵᠠᠰᠠᠭ ᠤᠨ ᠬᠤᠯᠪᠣᠭᠳᠠᠯ  ᠪᠥᠬᠦᠢ‌‍ᠰᠠᠯᠠᠭ᠎ᠠ ᠮᠦᠴᠢᠷ

ᠨᠠᠷᠢᠨ ᠪᠠᠶᠢᠴᠠᠭᠠᠯᠲᠠ ᠬᠢᠵᠦ᠂ ᠬᠤᠯᠪᠣᠭᠳᠠᠯ ᠪᠥᠬᠦᠢ ᠬᠤᠰᠢᠭᠤ ᠰᠢᠶᠠᠨ ᠲᠣᠭᠤᠷᠢᠭ ᠶᠢᠨ ᠦᠨᠳᠦᠰᠦᠨ ᠪᠠᠶᠢᠳᠠᠯ ᠢ

ᠣᠶᠢᠯᠭᠠᠨ ᠡᠵᠡᠮᠰᠢᠵᠦ᠂ ᠪᠡᠯᠡ ᠮᠥᠩᠭᠦ ᠶᠢ ᠴᠠᠭ ᠲᠣᠬᠠᠢ ᠳᠤ ᠨᠢ ᠣᠯᠭᠤᠨ᠎ᠠ᠃ ᠥᠪᠦᠷ ᠮᠣᠩᠭᠤᠯ‌‍ᠤᠨ ᠥᠪᠡᠷᠲᠡᠭᠡᠨ  

ᠵᠠᠰᠠᠬᠤ‌ᠣᠷᠣᠨ ᠤ ᠬᠤᠯᠪᠣᠭᠳᠠᠯ ᠪᠥᠬᠦᠢ ᠱᠠᠭᠠᠷᠳᠠᠯᠭ᠎ᠠ ᠶᠣᠰᠣᠭᠠᠷ᠂ ᠡᠯ᠎ᠡ ᠬᠤᠰᠢᠭᠤ ᠰᠢᠶᠠᠨ ᠲᠣᠭᠤᠷᠢᠭ ᠨᠥᠬᠦᠪᠦᠷᠢ

  ᠶᠢᠨ ᠮᠥᠩᠭᠦ   ᠶᠢ ᠴᠠᠭ ᠲᠣᠬᠠᠢ ᠳᠤ ᠨᠢ᠂ ᠲᠤᠭ᠎ᠠ ᠶᠣᠰᠣᠭᠠᠷ ᠨᠢ ᠲᠠᠷᠢᠶᠠᠴᠢᠨ ᠳᠤ ᠣᠯᠭᠤᠵᠣ᠂ ᠡᠷᠳᠡᠨᠢ ᠰᠢᠰᠢ

ᠲᠠᠷᠢᠭᠰᠠᠳ ᠲᠤ ᠣᠯᠣᠰ ᠪᠠ ᠥᠪᠡᠷᠲᠡᠭᠡᠨ ᠵᠠᠰᠠᠬᠤ ᠣᠷᠣᠨ ᠤ ᠵᠣᠬᠢᠴᠠᠭᠤᠯᠣᠨ ᠡᠵᠡᠮᠳᠡᠬᠦ ᠲᠥᠷᠦ ᠶᠢᠨ ᠪᠣᠳᠣᠯᠭ᠎ᠠ

 ᠶᠢ ᠨᠠᠷᠢᠨ ᠣᠨᠣᠪᠴᠢᠲᠠᠢ  ᠣᠬᠠᠭᠤᠯᠵᠣ᠂ᠵᠠᠬ᠎ᠠ ᠳᠡᠯᠭᠡᠭᠦᠷ ᠤᠨ ᠬᠠᠩᠭᠠᠯᠭ᠎ᠠ ᠶᠢᠨ ᠮᠡᠳᠡᠭᠡ ᠵᠠᠩᠭᠢ ᠶᠢ ᠨᠠᠷᠢᠨ

ᠣᠨᠣᠪᠴᠢᠲᠠᠢ ᠤᠶᠢᠯᠠᠭᠠᠭᠤᠯᠬᠤ ᠬᠡᠷᠡᠭᠲᠡᠢ︔ ᠨᠥᠬᠦᠪᠦᠷᠢ ᠶᠢᠨ ᠪᠡᠯᠡ ᠮᠥᠩᠭᠦ ᠶᠢᠨ ᠬᠠᠮᠢᠶᠠᠷᠣᠯᠲᠠ ᠶᠢ ᠦᠨᠡᠨᠬᠦ

ᠴᠢᠩᠭᠠᠳᠬᠠᠨ᠂  ᠠᠮᠣᠷ ᠲᠥᠪᠰᠢᠨ   ᠢ  ᠪᠠᠲᠣᠯᠠᠨ᠂  ᠳ᠋ᠥᠩᠨᠡᠨ ᠪᠣᠳᠣᠭᠰᠠᠨ ᠨᠥᠬᠦᠪᠦᠷᠢ ᠶᠢᠨ ᠪᠡᠯᠡ ᠮᠥᠩᠭᠦ ᠶᠢ

ᠵᠠᠪᠠᠯ ᠪᠥᠬᠦᠨ ᠢ ︽ᠠᠮᠣ ᠪᠣᠳᠠᠭᠠᠨ ᠤ ᠠᠶᠣᠯ ᠲᠦᠭᠰᠢᠭᠦᠷᠢ ᠶᠢᠨ ᠰᠠᠭᠤᠷᠢ  ᠮᠥᠩᠭᠦ︾ ᠶᠢᠨ ᠲᠣᠰᠬᠠᠢ ᠡᠷᠦᠬᠡ ᠳᠤ

ᠬᠠᠳᠠᠭᠠᠯᠠᠨ᠎ᠠ᠂ ᠶᠠᠮᠠᠷ ᠴᠦ ᠪᠠᠶᠢᠭᠤᠯᠣᠯᠭ᠎ᠠ ᠪᠣᠯᠣᠨ ᠬᠤᠪᠢ  ᠬᠥᠮᠦᠨ  ᠰᠢᠬᠠᠵᠤ  ᠡᠵᠡᠯᠡᠬᠦ᠂  ᠰᠢᠯᠵᠢᠭᠦᠯᠡᠨ‌‍ᠬᠡᠷᠡᠭᠯᠡᠬᠦ᠂

ᠲᠥᠰᠦᠪ ᠢᠶᠠᠨ ᠲᠡᠩᠴᠡᠭᠦᠯᠬᠦ ᠳᠤ ᠬᠡᠷᠡᠭᠯᠡᠵᠦ ᠪᠣᠯᠬᠤ ᠦᠭᠡᠢ ᠭᠡᠵᠦ ᠱᠠᠭᠠᠷᠲᠠᠬᠰᠠᠨ ᠪᠠᠶᠢᠨ᠎ᠠ᠃

 
ᠢᠷᠡᠯᠲᠡ᠄ ᠠᠷᠠᠤᠨ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号