ᠳᠤᠮᠳᠠᠳᠤ ᠤᠯᠤᠰ ᠤᠨ ᠬᠦᠮᠦᠨ ᠭᠠᠷ ᠤᠲᠠᠰᠤᠨ ᠳᠤ ᠰᠢᠨᠤᠭᠰᠠᠨ ᠢᠶᠠᠷ ᠳᠡᠯᠡᠬᠡᠢ ᠳᠤ ᠬᠤᠶᠠᠳᠤᠭᠠᠷ ᠲᠤ | ᠣᠷᠣᠵᠠᠢ | ᠡᠳᠦᠷ ᠪᠦᠷᠢ 3 ᠴᠠᠭ ᠭᠠᠷ ᠤᠲᠠᠰᠤ ᠱᠠᠭᠠᠶᠢᠵᠤ ᠪᠠᠶᠢᠨ᠎ᠠ | ᠰᠣᠷᠪᠤᠯᠵᠢᠯᠠᠭ᠎ᠠ ᠬᠦᠯᠢᠶᠡᠭᠰᠡᠨ ᠲᠤᠰᠬᠠᠢ ᠮᠡᠷᠭᠡᠵᠢᠯᠲᠡᠨ᠄ ᠳᠤᠮᠳᠠᠳᠤ ᠤᠯᠤᠰ ᠤᠨ ᠰᠢᠨᠵᠢᠯᠡᠬᠦ | ᠤᠬᠠᠭᠠᠨ ᠤᠬᠦ᠋ᠷᠢᠶᠡᠯᠡᠩ ᠤᠨ ᠰᠡᠳᠬᠢᠴᠡ ᠵᠦᠢ ᠶᠢᠨ ᠰᠣᠳᠣᠯᠭᠠᠨ ᠤ ᠭᠠᠵᠠᠷ ᠤᠨ ᠨᠡᠶᠢᠭᠡᠮ ᠤᠨ ᠪᠠ | ᠢᠨᠵᠧᠨᠧᠷᠢᠩ ᠤᠨ ᠰᠡᠳᠬᠢᠴᠡ ᠵᠢᠨᠵᠦ᠋ᠢ ᠶᠢᠨ ᠰᠣᠳᠣᠯᠬᠤ ᠲᠠᠰᠤᠭ ᠤᠨ ᠰᠣᠳᠣᠯᠣᠭᠴᠢ ᠵᠦ ᠲᠢᠩ ᠱᠣᠣ: ᠬᠡᠳᠦᠬᠡᠨ | ᠵᠢᠯ ᠤᠨ ᠳᠣᠲᠣᠷ᠎ᠠ᠂ ᠭᠠᠷ ᠤᠲᠠᠰᠤ ᠨᠢ ᠨᠢᠭᠡᠨ ᠡᠩ ᠤᠨ ᠮᠡᠳᠡᠭᠡ ᠬᠠᠷᠢᠯᠴᠠᠭᠠᠨ ᠤ ᠪᠠᠭᠠᠵᠢ ᠬᠡᠷᠡᠭᠰᠡᠯ ᠠᠴᠠ ᠪᠠᠨ | ᠠᠮᠢᠳᠤᠷᠠᠯ ᠤᠨ ᠳᠤᠲᠠᠭᠳᠠᠵᠤ ᠪᠣᠯᠣᠰᠢ ᠦᠭᠡᠢ ᠴᠢᠬᠤᠯᠠ ᠬᠡᠷᠡᠭᠴᠡᠭᠡᠨ ᠤ ᠵᠦᠢᠯ ᠪᠣᠯᠣᠭᠰᠠᠨ ᠪᠠᠶᠢᠨ᠎ᠠ᠂ ᠡᠭᠦᠨ ᠢ | ᠳᠠᠭᠠᠯᠳᠤᠨ ᠭᠠᠷ ᠤᠲᠠᠰᠤᠨ ᠳᠤ ᠰᠢᠨᠤᠭᠰᠠᠨ ᠠᠰᠠᠭᠤᠳᠠᠯ ᠴᠦ ᠤᠯᠠᠮ ᠠᠴᠠ ᠤᠯᠠᠮ ᠬᠦᠨᠳᠦ ᠨᠣᠴᠢᠲᠠᠢ ᠪᠣᠯᠵᠠᠢ᠃ | ᠭᠠᠳᠠᠭᠰᠢᠭᠠᠷᠬᠤ ᠳᠤ ᠪᠠᠨ ᠭᠠᠷ ᠤᠲᠠᠰᠤ ᠪᠠᠨ ᠠᠪᠬᠤ ᠦᠭᠡᠢ ᠪᠣᠯ ᠪᠦᠬᠦ ᠪᠡᠶ᠎ᠡ ᠨᠢ ᠡᠪ ᠦᠭᠡᠶᠢᠷᠡᠨ᠎ᠡ᠂ ᠪᠤᠳᠠᠭ᠎ᠠ | ᠢᠳᠡᠬᠦ ᠳᠤ ᠪᠠᠨ ᠨᠢᠳᠦᠨᠢ ᠭᠠᠷ ᠤᠲᠠᠰᠤᠨ ᠠᠴᠠ ᠪᠠᠨ ᠰᠠᠯᠬᠤ ᠦᠭᠡᠢ᠂ ᠲᠡᠷᠭᠡᠨ ᠳᠤ ᠰᠠᠭᠤᠬᠤ ᠳᠤ ᠪᠠᠨ ᠬᠡᠳᠦᠢ | ᠰᠢᠬᠠᠯᠳᠤᠵᠤ ᠪᠠᠶᠢᠪᠠᠴᠤ ᠨᠢᠭᠡᠭᠠᠷ ᠢᠶᠠᠨ ᠰᠤᠯᠠᠯᠠᠵᠤ ᠭᠠᠷ ᠤᠲᠠᠰᠤᠨ ᠤ ᠪᠠᠨ ᠳᠡᠯᠭᠡᠴᠡ ᠶᠢ ᠳᠠᠷᠤᠨ᠎ᠠ᠃ ᠨᠡᠩ | ᠬᠦᠮᠦᠰ ᠤᠨ ᠰᠠᠨᠠᠭᠠᠰᠢᠷᠠᠯ ᠢ ᠡᠭᠦᠰᠬᠡᠵᠦ ᠪᠠᠶᠢᠭᠠᠨᠢ᠂ ᠭᠠᠷ ᠤᠲᠠᠰᠤᠨ ᠳᠤ ᠰᠢᠨᠤᠭᠰᠠᠨ ᠠᠴᠠ ᠪᠣᠯᠵᠤ ᠰᠠᠨᠠᠭᠠᠨ ᠳᠤ | ᠦᠭᠡᠢ ᠠᠳᠡᠨ ᠰᠢᠷᠬᠠᠲᠤᠵᠤ ᠪᠠᠶᠢᠭ᠎ᠠ ᠶᠠᠪᠤᠳᠠᠯ ᠮᠠᠰᠢ ᠣᠯᠠᠨᠡᠭᠦᠰᠴᠦ ᠪᠠᠶᠢᠨ᠎ᠠ᠃ | ᠡᠳᠦᠷ ᠪᠦᠷᠢ 3 ᠴᠠᠭ ᠭᠠᠷ ᠤᠲᠠᠰᠤ ᠱᠠᠭᠠᠶᠢᠵᠤ ᠪᠠᠶᠢᠨ᠎ᠠ | 2012ᠣᠨ ᠠᠴᠠ ᠨᠠᠭᠠᠰᠢ᠂ ᠡᠯ᠎ᠡ ᠤᠯᠤᠰ ᠤᠨ ᠠᠷᠠᠳ ᠣᠯᠠᠨ ᠤ ᠭᠠᠷ ᠤᠲᠠᠰᠤ ᠢᠶᠠᠷ ᠲᠣᠭᠯᠠᠬᠤ ᠴᠠᠭ ᠨᠢ | ᠮᠡᠳᠡᠭᠳᠡᠮ᠎ᠡ ᠨᠡᠮᠡᠭᠳᠡᠵᠦ ᠡᠬᠢᠯᠡᠵᠡᠢ᠃ ᠭᠧᠷᠮᠠᠨ ᠤ ᠲᠤᠭ᠎ᠠ ᠪᠠᠷᠢᠮᠲᠠ ᠶᠢᠨ ᠪᠦᠷᠢᠳᠭᠡᠯ ᠤᠨ ᠢᠨᠲ᠋ᠧᠷ ᠰᠦᠯᠵᠢᠶᠡᠨ ᠤ | ᠺᠣᠮᠫᠠᠨᠢ ᠶᠢᠨ ᠬᠢᠭᠰᠡᠨᠬᠠᠮᠤᠭ ᠤᠨ ᠰᠢᠨ᠎ᠡ ᠪᠠᠶᠢᠴᠠᠭᠠᠯᠲᠠ ᠳᠤ ᠢᠯᠡᠷᠡᠭᠦᠯᠦᠭᠰᠡᠨ ᠨᠢ᠂ ᠪᠷᠠᠽᠢᠯ ᠤᠨ ᠬᠦᠮᠦᠨ ᠤ | ᠡᠳᠦᠷ ᠪᠦᠷᠢ ᠶᠢᠨ ᠭᠠᠷᠤᠲᠠᠰᠤᠨ ᠳᠡᠭᠡᠷ᠎ᠡ ᠬᠡᠷᠡᠭᠯᠡᠵᠦ ᠪᠠᠶᠢᠭ᠎ᠠ ᠴᠠᠭ ᠨᠢ ᠬᠠᠮᠤᠭ ᠤᠨ ᠣᠯᠠᠨ᠂ ᠳᠤᠮᠳᠠᠴᠢ ᠪᠠᠷ | ᠡᠳᠦᠷ ᠪᠦᠷᠢ ᠪᠠᠷᠤᠭ 5 ᠴᠠᠭ ᠬᠡᠷᠡᠭᠯᠡᠵᠦᠪᠠᠶᠢᠨᠠ︔ ᠳᠤᠮᠳᠠᠳᠤ ᠤᠯᠤᠰ ᠤᠨ ᠬᠦᠮᠦᠨ ᠡᠳᠦᠷ ᠪᠦᠷᠢ 3 ᠴᠠᠭ | ᠰᠢᠬᠠᠮ ᠵᠠᠷᠤᠴᠠᠭᠤᠯᠳᠠᠭ ᠢᠶᠠᠷ ᠢᠶᠠᠨ ᠬᠤᠶᠠᠳᠤᠭᠠᠷ ᠲᠤ ᠵᠢᠭᠰᠠᠭᠠᠭᠳᠠᠵᠠᠢ︔ ᠭᠤᠷᠪᠠᠳᠤᠭᠠᠷ ᠠᠴᠠ ᠨᠠᠢᠮᠠᠳᠤᠭᠠᠷ ᠲᠤ | ᠵᠢᠭᠰᠠᠭᠠᠭᠳᠠᠭᠰᠠᠨ ᠨᠢ ᠠᠮᠧᠷᠢᠺᠠ᠂ ᠢᠲ᠋ᠠᠯᠢ᠂ ᠢᠰᠫᠠᠨᠢ᠂ ᠺᠤᠷᠢᠶᠠ᠂ᠺᠠᠨᠠᠳᠠ᠂ ᠠᠩᠭ᠍ᠯᠢ ᠵᠡᠷᠭᠡ ᠤᠯᠤᠰ ᠮᠦᠨ᠂ ᠡᠳᠦᠷ | ᠪᠦᠷᠢ ᠶᠢᠨ ᠭᠠᠷ ᠤᠲᠠᠰᠤ ᠪᠠᠷ ᠲᠣᠭᠯᠠᠬᠤ ᠳᠤ ᠬᠡᠷᠡᠭᠯᠡᠳᠡᠭ ᠴᠠᠭ ᠨᠢ ᠴᠦᠮ 2ᠴᠠᠭ ᠠᠴᠠ ᠬᠡᠲᠦᠷᠡᠵᠦ ᠪᠠᠶᠢᠨ᠎ᠠ᠃ | ᠬᠦᠮᠦᠰ ᠦᠪᠡᠷ ᠢᠶᠠᠨ ᠭᠠᠷ ᠤᠲᠠᠰᠤᠨ ᠳᠤ ᠰᠢᠨᠤᠯ ᠲᠠᠢ ᠪᠣᠯᠣᠭᠰᠠᠨ ᠢᠶᠠᠷ ᠪᠠᠷᠠᠬᠤ ᠦᠭᠡᠢ᠂ ᠡᠨᠡ ᠬᠦ ᠮᠠᠭᠤ | ᠳᠠᠳᠬᠠᠯ ᠢᠶᠠᠨ ᠪᠠᠰᠠ ᠬᠡᠥᠬᠡᠳ ᠲᠤ ᠪᠠᠨ ︽ᠬᠠᠯᠳᠠᠪᠤᠷᠢᠯᠠᠨ︾ ᠥᠭᠴᠡᠢ᠃ ᠨᠢᠭᠡᠨ 1000 ᠨᠡᠷ᠎ᠡ 0 ~ 5 | ᠨᠠᠰᠤᠨ ᠤ ᠬᠤᠭᠤᠷᠣᠨᠳᠤᠬᠢ ᠪᠢᠴᠢᠬᠠᠨ ᠬᠡᠥᠬᠡᠳ ᠤᠨ ᠡᠴᠢᠭᠡ ᠡᠬᠡ ᠳᠤ ᠬᠠᠨᠳᠤᠭᠤᠯᠤᠨ ᠬᠢᠭᠰᠡᠨ ᠪᠠᠶᠢᠴᠠᠭᠠᠯᠲᠠ ᠶᠢᠨ | ᠢᠯᠡᠷᠬᠡᠶᠢᠯᠡᠭᠰᠡᠨ ᠨᠢ᠂ᠪᠢᠴᠢᠬᠠᠨ ᠬᠡᠥᠬᠡᠳ ᠤᠨ ᠤᠶᠤᠨᠲᠤ ᠭᠠᠷ ᠤᠲᠠᠰᠤᠨ ᠤ ᠬᠡᠷᠡᠭᠯᠡᠯᠲᠡ ᠶᠢᠨ ᠨᠣᠷᠮ᠎ᠠ | 80.4% ᠳᠤ ᠬᠦᠷᠴᠦ᠂ᠬᠠᠭᠠᠰ ᠡᠴᠠᠲ᠋ᠡᠭᠡᠭᠰᠢ ᠲᠣᠭᠠᠨ ᠤ ᠡᠴᠢᠭᠡ ᠡᠬᠡ ᠶᠢᠨ ᠬᠡᠥᠬᠡᠳ ᠲᠤ ᠪᠠᠨ ᠭᠠᠷ ᠤᠲᠠᠰᠤ | ᠥᠭᠴᠦ ᠲᠣᠭᠯᠠᠭᠤᠯᠬᠤ ᠰᠢᠯᠲᠠᠭᠠᠨ ᠨᠢᠴᠦ᠋ᠮ ︽ᠬᠡᠥᠬᠡᠳ ᠢ ᠬᠡᠰᠡᠭ ᠵᠠᠭᠤᠷ᠎ᠠ ᠨᠣᠮᠤᠬᠠᠨ ᠪᠠᠶᠢᠯᠭᠠᠵᠤ ᠴᠢᠳᠠᠨ᠎ᠠ︾ | ᠭᠡᠵᠡᠢ᠃ ᠠᠵᠢᠯ ᠤᠨ ᠴᠢᠯᠦᠭᠡᠨ ᠤ ᠠᠮᠢᠳᠤᠷᠠᠯ ᠮᠠᠰᠢ ᠳᠤᠲᠠᠮᠠᠭ ᠪᠠᠶᠢᠳᠠᠭ ᠨᠢ ᠳᠤᠮᠳᠠᠳᠤ ᠤᠯᠤᠰ ᠤᠨ | ᠬᠦᠮᠦᠰ ᠤᠨ ᠭᠠᠷᠤᠲᠠᠰᠤᠨ ᠳᠤ ᠰᠢᠨᠤᠬᠠᠶᠢᠷᠠᠵᠤ ᠪᠠᠶᠢᠭ᠎ᠠ ᠶᠢᠨ ᠭᠤᠣᠯ ᠰᠢᠯᠲᠠᠭᠠᠨ ᠪᠣᠯᠣᠨ᠎ᠠ᠃ ᠮᠠᠨ ᠤ ᠤᠯᠤᠰ ᠲᠤ᠂ | ᠬᠦᠳᠡᠯᠭᠡᠭᠡᠨ ᠬᠢᠵᠦ ᠪᠡᠶᠡᠮᠠᠬᠠᠪᠤᠳ ᠢᠶᠠᠨ ᠴᠢᠬᠢᠷᠠᠭᠵᠢᠭᠤᠯᠬᠤ᠂ ᠵᠤᠭᠠᠴᠠᠨ ᠲᠣᠭᠤᠷᠢᠬᠤ᠂ ᠤᠷᠠᠯᠢᠭ ᠤᠨ ᠣᠶᠢᠯᠠᠭᠠᠯᠲᠠ᠂ | ᠨᠣᠮ ᠤᠩᠰᠢᠵᠤ ᠰᠤᠷᠤᠯᠴᠠᠬᠤᠵᠡᠷᠭᠡ ︽ᠰᠦᠯᠵᠢᠶᠡᠨ ᠠᠴᠠ ᠭᠠᠳᠠᠨᠠᠬᠢ︾ ᠠᠵᠢᠯᠯᠠᠭ᠎ᠠ ᠶᠢᠨ ᠲᠦᠭᠡᠮᠡᠯᠵᠢᠯ ᠤᠨ | ᠬᠡᠮᠵᠢᠶ᠎ᠡ ᠮᠠᠰᠢ ᠣᠯᠠᠨ ᠤᠯᠤᠰ ᠲᠠᠢ ᠬᠠᠷᠢᠴᠠᠭᠤᠯᠪᠠᠯᠮᠠᠰᠢ ᠶᠡᠭᠡ ᠵᠦᠷᠢᠶ᠎ᠡ ᠣᠷᠣᠰᠢᠵᠤ ᠪᠠᠶᠢᠨ᠎ᠠ᠃ ᠡᠭᠦᠨ ᠲᠠᠢ | ᠠᠳᠠᠯᠢᠳᠬᠠᠪᠠᠯ᠂ ᠮᠠᠨ ᠤ ᠤᠯᠤᠰ ᠲᠤ ᠳᠡᠯᠡᠬᠡᠢ ᠳᠡᠭᠡᠷᠡᠬᠢ ᠬᠠᠮᠤᠭ ᠤᠨᠶᠡᠭᠡ ᠢᠨᠲ᠋ᠧᠷ ᠰᠦᠯᠵᠢᠶᠡᠨ ᠤ ᠰᠣᠶᠣᠯ ᠲᠠᠢ | — — ᠪᠠᠷᠤᠭ6.68 ᠳ᠋ᠦᠩᠰᠢᠭᠤᠷ ᠬᠦᠮᠦᠨ ᠰᠦᠯᠵᠢᠶᠡᠨ ᠳᠡᠭᠡᠷ᠎ᠡ ᠭᠠᠷᠴᠤ᠂ᠡᠭᠦᠨ ᠤ ᠳᠣᠲᠣᠷ᠎ᠠ | 89% ᠶᠢᠨ ᠬᠦᠮᠦᠨ ᠭᠠᠷ ᠤᠲᠠᠰᠤ ᠪᠠᠷ ᠰᠦᠯᠵᠢᠶᠡᠨ ᠳᠡᠭᠡᠷ᠎ᠡ ᠭᠠᠷᠳᠠᠭ᠃ ᠡᠯᠳᠡᠪ | ᠶᠠᠩᠵᠤ ᠵᠢᠨᠲ᠋ᠣᠭᠯᠠᠭᠠᠮ ᠤᠨ ᠵᠥᠭᠡᠯᠡᠨ ᠲᠣᠨᠤᠭ᠂ ᠸᠢᠳᠢᠤ᠋ ᠫᠷᠦᠭᠷᠡᠮ᠂ ᠰᠦᠯᠵᠢᠶᠡᠨ ᠳᠡᠭᠡᠷ᠎ᠡ ᠪᠠᠷᠠᠭ᠎ᠠ ᠬᠤᠳᠠᠯᠳᠤᠨ | ᠠᠪᠬᠤ ᠭᠡᠬᠦ ᠮᠡᠲᠦ᠁ᠬᠦᠮᠦᠰ ᠡᠳᠡᠭᠡᠷ ᠥᠩᠭᠡ ᠢᠯᠭᠠᠷᠠᠮ᠎ᠠ ᠰᠦᠯᠵᠢᠶᠡᠨ ᠤ ᠠᠮᠢᠳᠤᠷᠠᠯ ᠢᠶᠠᠷ ᠳᠠᠮᠵᠢᠭᠤᠯᠤᠨ | ᠴᠠᠭ ᠢ ᠥᠩᠭᠡᠷᠡᠭᠦᠯᠵᠦ᠂ ᠰᠡᠳᠬᠢᠯ ᠦᠨᠬᠤᠭᠤᠰᠤᠨ ᠢᠶᠠᠨ ᠨᠦᠬᠦᠪᠦᠷᠢᠯᠡᠵᠦ ᠪᠠᠶᠢᠨ᠎ᠠ᠃ | ᠭᠠᠷ ᠤᠲᠠᠰᠤᠨ ᠳᠤ ᠰᠢᠨᠤᠪᠠᠯ ᠪᠡᠶ᠎ᠡ ᠰᠡᠳᠬᠢᠯ ᠵᠣᠪᠠᠨ᠎ᠠ | ᠤᠶᠤᠨᠲᠤ ᠭᠠᠷ ᠤᠲᠠᠰᠤ ᠨᠢ ᠠᠮᠢᠳᠤᠷᠠᠯ ᠳᠤ ᠳᠥᠭᠦᠮ ᠦᠵᠡᠭᠦᠯᠦᠭᠰᠡᠨ ᠪᠣᠯᠪᠠᠴᠤ ᠲᠡᠭᠦᠨ ᠤ ᠭᠠᠵᠢ | ᠨᠦᠯᠦᠭᠡ ᠨᠢ ᠴᠦ ᠠᠯᠬᠤᠮ ᠠᠯᠬᠤᠮ ᠢᠶᠠᠷ ᠢᠯᠡᠷᠡᠵᠦ᠂ ᠬᠡᠪ ᠤᠨ ᠨᠡᠶᠢᠭᠡᠮ ᠤᠨ ᠬᠠᠷᠢᠯᠴᠠᠭ᠎ᠠ ᠶᠢ | ᠬᠠᠷᠰᠢᠯᠠᠭᠰᠠᠨ ᠢᠶᠠᠷ ᠪᠠᠷᠠᠬᠤ ᠦᠭᠡᠢ ᠪᠠᠰᠠ ᠬᠦᠵᠦᠭᠦᠨ ᠤ ᠬᠤᠶᠠᠩ᠂ ᠪᠣᠬᠢᠨᠢᠳᠤᠬᠤ ᠡᠪᠡᠳᠴᠢᠨ ᠵᠡᠷᠭᠡ ᠨᠢᠭᠡᠨ | ᠰᠢᠷᠢᠰ ᠡᠪᠡᠳᠴᠢᠨ ᠢ ᠡᠭᠦᠰᠬᠡᠵᠦ ᠮᠡᠳᠡᠨ᠎ᠡ᠂ ᠨᠡᠩ ᠴᠢᠨᠠᠭᠰᠢᠯᠠᠪᠠᠯ ᠠᠮᠢ ᠨᠠᠰᠤᠨ ᠤ ᠠᠶᠤᠯᠲᠠᠢ ᠪᠠᠶᠢᠳᠠᠭ᠃ | 1.ᠨᠢᠳᠦ ᠰᠢᠷᠬᠠᠲᠤᠨ᠂ ᠪᠠᠭᠠᠨ᠎ᠠ ᠨᠢᠷᠤᠭᠤ ᠵᠤᠪᠠᠯᠠᠩ ᠠᠮᠰᠠᠨ᠎ᠠ᠃ | 2.ᠨᠣᠶᠢᠷ ᠮᠠᠭᠤᠲᠠᠵᠤ᠂ ᠠᠵᠢᠯ ᠰᠤᠷᠤᠯᠭ᠎ᠠ ᠵᠢᠨᠦᠷ᠎ᠡ ᠪᠦᠲᠦᠮᠵᠢ ᠪᠠᠭᠤᠷᠠᠨ᠎ᠠ᠃ | 3.ᠴᠢᠰᠤᠨ ᠳᠠᠷᠤᠯᠲᠠ ᠦᠨᠳᠦᠷᠵᠢᠨ᠂ ᠵᠢᠷᠦᠬᠡᠨ ᠤ ᠴᠣᠬᠢᠯᠭ᠎ᠠ ᠶᠢ ᠲᠥᠷᠭᠡᠳᠬᠡᠨ᠎ᠡ᠃ | 4.ᠨᠡᠶᠢᠭᠡᠮ ᠠᠴᠠ ᠰᠠᠯᠤᠩᠭᠢᠷᠠᠨ᠂ ᠭᠠᠭᠴᠠᠭᠠᠷᠲᠠᠯ ᠨᠡᠮᠡᠭᠳᠡᠨ᠎ᠡ᠃ | 5.ᠠᠩᠬᠠᠷᠤᠯ ᠰᠠᠷᠨᠢᠵᠤ᠂ ᠲᠡᠷᠭᠡᠨ ᠠᠳᠡᠯ ᠤᠨ ᠨᠣᠷᠮ᠎ᠠ ᠶᠡᠭᠡ ᠪᠠᠷ ᠨᠡᠮᠡᠭᠳᠡᠵᠡᠢ᠃ |