ᠳᠤᠮᠳᠠᠳᠦ ᠤᠯᠤᠰ ᠤᠨ ᠡᠪ ᠬᠠᠮᠳᠦ ᠨᠠᠮ ᠤᠨ ᠠᠷᠪᠠ ᠶᠢᠰᠦᠳᠦᠭᠡᠷ ᠤᠲᠠᠭ᠎ᠠ ᠶᠢᠨ ᠪᠦᠬᠦ ᠤᠯᠤᠰ ᠤᠨ  ᠳᠦᠯᠦᠭᠡᠯᠡᠭᠴᠢᠳ ᠤᠨ ᠶᠡᠭᠡ ᠬᠤᠷᠠᠯ ᠪᠡᠭᠡᠵᠢᠩ ᠳᠤ ᠡᠬᠢᠯᠡᠪᠡ
ᠨᠡᠶᠢᠲᠡᠯᠡᠭᠰᠡᠨ ᠴᠠᠭ᠄
2017/11/12
     ᠰᠢ ᠶᠢᠨ ᠫᠢᠩ ᠠᠷᠪᠠᠨ ᠨᠠᠢᠮᠠᠲᠤᠭᠠᠷ ᠬᠤᠭᠤᠴᠠᠭᠠᠨ ᠤ ᠳᠦᠪ ᠬᠤᠷᠢᠶᠠᠨ ᠤ ᠡᠮᠦᠨ᠎ᠡ ᠠᠴᠠ ᠶᠡᠭᠡ ᠬᠤᠷᠠᠯ ᠳᠤ ᠢᠯᠡᠳᠭᠡᠯ ᠬᠢᠵᠣ  ᠯᠢ ᠺᠧ ᠴᠢᠶᠠᠩ ᠶᠡᠭᠡ ᠬᠤᠷᠠᠯ ᠢ ᠡᠷᠬᠢᠯᠡᠵᠡᠢ
     
       ᠳᠤᠮᠳᠠᠳᠦ ᠤᠯᠤᠰ ᠤᠨ ᠡᠪ ᠬᠠᠮᠳᠦ ᠨᠠᠮ ᠤᠨ ᠠᠷᠪᠠ ᠶᠢᠰᠦᠳᠦᠭᠡᠷ ᠤᠲᠠᠭ᠎ᠠ ᠶᠢᠨ ᠪᠦᠬᠦ ᠤᠯᠤᠰ ᠤᠨ
ᠳᠦᠯᠦᠭᠡᠯᠡᠭᠴᠢᠳ ᠤᠨ ᠶᠡᠭᠡ ᠬᠤᠷᠠᠯ 18 ᠤ ᠦᠲᠡ ᠶᠢᠨ ᠡᠮᠦᠨ᠎ᠡ ᠠᠷᠠᠳ ᠤᠨ ᠶᠡᠭᠡ ᠬᠤᠷᠠᠯ ᠤᠨ ᠲᠠᠩᠬᠢᠮ ᠳᠤ
ᠡᠬᠢᠯᠡᠪᠡ᠃ ᠰᠢ ᠶᠢᠨ ᠫᠢᠩ ᠠᠷᠪᠠᠨ ᠨᠠᠢᠮᠠᠲᠤᠭᠠᠷ ᠬᠤᠭᠤᠴᠠᠭᠠᠨ ᠤ ᠳᠦᠪ ᠬᠤᠷᠢᠶᠠᠨ ᠤ ᠡᠮᠦᠨ᠎ᠡ ᠠᠴᠠ ᠶᠡᠭᠡ
ᠬᠤᠷᠠᠯ ᠳᠤ ︽ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ ᠪᠦᠳᠦᠭᠡᠬᠦ ᠰᠢᠢᠳᠪᠦᠷᠢᠯᠡᠭᠴᠢ ᠢᠯᠠᠯᠲᠠ ᠶᠢ
ᠤᠯᠵᠤ ᠰᠢᠨ᠎ᠡ ᠴᠠᠭ ᠦᠶ᠎ᠡ ᠳᠠᠬᠢ ᠳᠤᠮᠳᠠᠳᠦ ᠤᠯᠤᠰ ᠤᠨ ᠤᠨᠴᠠᠯᠢᠭ ᠪᠦᠬᠦᠢ ᠨᠡᠶᠢᠭᠡᠮ ᠵᠢᠷᠤᠮ ᠤᠨ ᠠᠭᠤᠤ ᠶᠡᠭᠡ
ᠢᠯᠠᠯᠲᠠ ᠶᠢ ᠳᠠᠮᠠᠴᠠᠨ ᠤᠯᠤᠶ᠎ᠠ︾ ᠭᠡᠰᠡᠨ ᠰᠡᠳᠦᠪ ᠢᠶᠠᠷ ᠢᠯᠡᠳᠭᠡᠯ ᠬᠢᠵᠡᠢ᠃          
      ᠰᠢ ᠶᠢᠨ ᠫᠢᠩ ᠬᠡᠯᠡᠭᠰᠡᠨ ᠨᠢ᠂ ᠡᠨᠡ ᠤᠲᠠᠭᠠᠨ ᠤ ᠶᠡᠭᠡ ᠬᠤᠷᠠᠯ ᠤᠨ ᠭᠤᠤᠯ ᠰᠡᠳᠦᠪ ᠪᠤᠯ᠄ ᠠᠩᠬᠠᠨ ᠤ
ᠵᠤᠷᠢᠯᠲᠠ ᠪᠠᠨ ᠮᠠᠷᠲᠠᠯ ᠦᠭᠡᠢ ᠪᠠᠷ ᠡᠬᠦᠷᠭᠡ ᠪᠠᠨ ᠪᠠᠲᠤ ᠴᠡᠭᠡᠵᠢᠯᠡᠨ᠂ ᠳᠤᠮᠳᠠᠳᠦ ᠤᠯᠤᠰ ᠤᠨ ᠤᠨᠴᠠᠯᠢᠭ ᠪᠦᠬᠦᠢ
ᠨᠡᠶᠢᠭᠡᠮ ᠵᠢᠷᠤᠮ ᠤᠨ ᠠᠭᠤᠤ ᠶᠡᠭᠡ ᠲᠤᠭ ᠢ ᠦᠨᠳᠦᠷ ᠮᠠᠨᠲᠤᠭᠤᠯᠵᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ
ᠪᠠᠶᠢᠭᠤᠯᠤᠨ ᠪᠦᠳᠦᠭᠡᠬᠦ ᠰᠢᠢᠳᠪᠦᠷᠢᠯᠡᠭᠴᠢ ᠢᠯᠠᠯᠲᠠ ᠶᠢ ᠤᠯᠵᠤ᠂ ᠰᠢᠨ᠎ᠡ ᠴᠠᠭ ᠦᠶ᠎ᠡ ᠳᠠᠬᠢ ᠳᠤᠮᠳᠠᠳᠦ ᠤᠯᠤᠰ ᠤᠨ
ᠤᠨᠴᠠᠯᠢᠭ ᠪᠦᠬᠦᠢ  ᠨᠡᠶᠢᠭᠡᠮ ᠵᠢᠷᠤᠮ ᠤᠨ ᠠᠭᠤᠤ ᠶᠡᠭᠡ ᠢᠯᠠᠯᠲᠠ ᠶᠢ ᠳᠠᠮᠠᠴᠠᠨ ᠤᠯᠵᠤ᠂ ᠳᠤᠮᠳᠠᠳᠦ ᠶᠢᠨ
ᠦᠨᠳᠦᠰᠦᠲᠠᠨ ᠤ ᠠᠭᠤᠤ ᠶᠡᠭᠡ ᠰᠡᠷᠬᠦᠨ ᠮᠠᠨᠳᠤᠯᠲᠠ ᠶᠢᠨ ᠳᠤᠮᠳᠠᠳᠦ ᠤᠯᠤᠰ ᠤᠨ ᠬᠦᠰᠡᠯ ᠵᠡᠬᠦᠲᠤ ᠶᠢ ᠪᠡᠶᠡᠯᠡᠬᠦᠯᠬᠦ
 ᠶᠢᠨ ᠳᠦᠯᠦᠭᠡ ᠴᠦᠬᠦᠷᠡᠰᠢ ᠦᠭᠡᠢ ᠲᠠᠮᠠᠴᠠᠨ᠎ᠠ᠃        
       ᠶᠡᠭᠡ ᠬᠤᠷᠠᠯ ᠤᠨ ᠳᠡᠷᠢᠬᠦᠯᠡᠭᠴᠢᠳ ᠤᠨ ᠪᠦᠯᠬᠦᠮ ᠤᠨ ᠪᠠᠶᠢᠩᠭᠤ ᠶᠢᠨ ᠵᠦᠪᠯᠡᠯ ᠤᠨ ᠪᠦᠷᠢᠯᠳᠦᠬᠦᠨ ᠨᠠᠷ
ᠳᠡᠷᠢᠬᠦᠯᠡᠭᠴᠢ ᠶᠢᠨ ᠲᠠᠶᠢᠰᠠᠨ ᠤ ᠡᠮᠦᠨ᠎ᠡ ᠮᠦᠷ ᠲᠤ ᠰᠠᠭᠤᠵᠠᠢ᠃        
       ᠶᠡᠭᠡ ᠬᠤᠷᠠᠯ ᠢ ᠯᠢ ᠺᠧ ᠴᠢᠶᠠᠩ ᠡᠷᠬᠢᠯᠡᠪᠡ᠃ ᠦᠲᠡ ᠶᠢᠨ ᠡᠮᠦᠨ᠎ᠡ ᠶᠢᠨ 9 ᠴᠠᠭ ᠲᠤ ᠬᠤᠷᠠᠯ ᠡᠬᠢᠯᠡᠪᠡ᠃
       ᠰᠢ ᠶᠢᠨ ᠫᠢᠩ ᠤᠨ ᠠᠷᠪᠠᠨ ᠨᠠᠢᠮᠠᠲᠤᠭᠠᠷ ᠬᠤᠭᠤᠴᠠᠭᠠᠨ ᠤ ᠳᠦᠪ ᠬᠤᠷᠢᠶᠠᠨ ᠤ ᠡᠮᠦᠨ᠎ᠡ ᠠᠴᠠ ᠶᠡᠭᠡ
ᠬᠤᠷᠠᠯ ᠳᠤ ᠬᠢᠭᠰᠡᠨ ᠢᠯᠡᠳᠭᠡᠯ 13 ᠬᠡᠰᠡᠭ ᠢᠶᠠᠷ ᠪᠦᠷᠢᠯᠳᠦᠵᠡᠢ᠄ ᠨᠢᠭᠡ᠂ ᠦᠩᠭᠡᠷᠡᠭᠰᠡᠨ ᠲᠠᠪᠤᠨ ᠵᠢᠯ ᠤᠨ ᠠᠵᠢᠯ ᠪᠠ
ᠳᠡᠦᠬᠡᠲᠤ ᠴᠢᠨᠠᠷᠲᠠᠢ ᠬᠤᠪᠢᠰᠤᠯᠲᠠ︔ ᠬᠤᠶᠠᠷ᠂ ᠰᠢᠨ᠎ᠡ ᠴᠠᠭ ᠦᠶ᠎ᠡ ᠳᠠᠬᠢ ᠳᠤᠮᠳᠠᠳᠦ ᠤᠯᠤᠰ ᠤᠨ ᠡᠪ ᠬᠠᠮᠳᠦ ᠨᠠᠮ
 ᠤᠨ ᠳᠡᠦᠬᠡᠨ ᠡᠬᠦᠷᠭᠡ︔ ᠭᠤᠷᠪᠠ᠂ ᠰᠢᠨ᠎ᠡ ᠴᠠᠭ ᠦᠶ᠎ᠡ ᠳᠠᠬᠢ ᠳᠤᠮᠳᠠᠳᠦ ᠤᠯᠤᠰ ᠤᠨ ᠤᠨᠴᠠᠯᠢᠭ ᠪᠦᠬᠦᠢ ᠨᠡᠶᠢᠭᠡᠮ
ᠵᠢᠷᠤᠮ ᠤᠨ ᠦᠵᠡᠯ ᠰᠠᠨᠠᠭ᠎ᠠ ᠪᠠ ᠦᠨᠳᠦᠰᠦᠨ ᠠᠷᠭ᠎ᠠ ᠪᠤᠲᠤᠯᠭ᠎ᠠ︔ ᠳᠦᠷᠪᠡ᠂ ᠴᠢᠨᠡᠭᠡᠯᠢᠭ ᠨᠡᠶᠢᠭᠡᠮ ᠢ ᠪᠦᠬᠦ ᠲᠠᠯ᠎ᠠ
 ᠪᠠᠷ ᠪᠠᠶᠢᠭᠤᠯᠤᠨ ᠪᠦᠳᠦᠭᠡᠬᠦ ᠰᠢᠢᠳᠪᠦᠷᠢᠯᠡᠭᠴᠢ ᠢᠯᠠᠯᠲᠠ ᠶᠢ ᠤᠯᠵᠤ᠂ ᠨᠡᠶᠢᠭᠡᠮ ᠵᠢᠷᠤᠮ ᠤᠨ ᠤᠲᠤᠬᠢᠴᠢᠯᠠᠬᠰᠠᠨ
ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠰᠢᠨ᠎ᠡ ᠠᠶᠠᠨ ᠢ ᠡᠬᠢᠯᠡᠬᠦᠯᠦᠨ᠎ᠡ︔ᠳᠠᠪᠤ᠂ ᠬᠦᠭᠵᠢᠯᠲᠠ ᠶᠢᠨ
ᠰᠢᠨ᠎ᠡ ᠤᠶᠢᠯᠠᠭᠠᠬᠲᠠᠬᠤᠨ ᠢ ᠳᠤᠤᠱᠯᠠᠭᠤᠯᠵᠤ᠂ ᠤᠲᠤᠬᠢᠴᠢᠯᠠᠬᠰᠠᠨ ᠠᠵᠤ ᠠᠬᠤᠢ ᠶᠢᠨ ᠰᠢᠰᠲ᠋ᠧᠮ ᠢ ᠪᠠᠶᠢᠭᠤᠯᠤᠨ᠎ᠠ︔
ᠵᠢᠷᠭᠤᠭ᠎ᠠ᠂ ᠠᠷᠠᠳ ᠳᠦᠮᠡᠨ ᠤ ᠡᠵᠡᠨ ᠰᠠᠭᠤᠵᠤ ᠡᠷᠭᠡ ᠮᠡᠲᠡᠬᠦ ᠪᠠᠶᠢᠭᠤᠯᠤᠯ ᠤᠨ ᠰᠢᠰᠲ᠋ᠧᠮ ᠢ ᠳᠡᠬᠦᠯᠲᠡᠷᠵᠢᠬᠦᠯᠵᠦ᠂
ᠨᠡᠶᠢᠭᠡᠮ ᠵᠢᠷᠤᠮ ᠤᠨ ᠠᠷᠠᠳᠴᠢᠯᠠᠬᠰᠠᠨ ᠤᠯᠤᠰ ᠳᠦᠷᠦ ᠶᠢ ᠬᠦᠭᠵᠢᠬᠦᠯᠦᠨ᠎ᠡ︔ ᠳᠤᠯᠤᠭ᠎ᠠ᠂ ᠰᠤᠶᠤᠯ ᠤᠨ ᠢᠲᠡᠭᠡᠯ
 ᠢᠶᠠᠨ ᠪᠠᠲᠤᠳᠬᠠᠵᠤ᠂ ᠨᠡᠶᠢᠭᠡᠮ ᠵᠢᠷᠤᠮ ᠤᠨ ᠰᠤᠶᠤᠯ ᠤᠨ ᠬᠦᠭᠵᠢᠨ ᠪᠠᠲᠠᠷᠠᠬᠤ ᠶᠢ ᠠᠬᠢᠭᠤᠯᠤᠨ᠎ᠠ︔ ᠨᠠᠢᠮᠠ᠂ ᠠᠷᠠᠳ
 ᠤᠨ ᠠᠮᠢᠲᠤᠷᠠᠯ ᠢ ᠪᠠᠲᠤᠯᠠᠨ ᠰᠠᠶᠢᠵᠢᠷᠠᠭᠤᠯᠬᠤ ᠬᠢᠷᠢ ᠲᠦᠪᠰᠢᠨ ᠢᠶᠠᠨ ᠳᠡᠭᠡᠭᠰᠢᠯᠡᠬᠦᠯᠵᠦ᠂ ᠨᠡᠶᠢᠭᠡᠮ ᠤᠨ ᠵᠠᠰᠠᠯᠲᠠ ᠶᠢ
ᠴᠢᠩᠭᠠᠳᠬᠠᠨ ᠨᠡᠶᠢᠭᠡᠮ ᠤᠨ ᠵᠠᠰᠠᠯᠲᠠ ᠶᠢᠨ ᠰᠢᠨ᠎ᠡ ᠶᠢ ᠡᠬᠦᠲᠤᠨ᠎ᠡ︔ ᠶᠢᠰᠦ᠂ ᠠᠮᠢ ᠠᠬᠤᠢ ᠶᠢᠨ ᠪᠤᠯᠪᠠᠰᠦᠨ ᠤ
ᠪᠠᠶᠢᠭᠤᠯᠤᠯ ᠤᠨ ᠦᠭᠡᠷᠡᠴᠢᠯᠡᠯᠲᠡ ᠶᠢ ᠳᠦᠷᠭᠡᠳᠭᠡᠵᠦ᠂ ᠦᠵᠡᠰᠬᠦᠯᠡᠩᠲᠤ ᠰᠠᠶᠢᠬᠠᠨ ᠳᠤᠮᠳᠠᠳᠦ ᠤᠯᠤᠰ ᠢ ᠪᠦᠳᠦᠭᠡᠨ
ᠪᠠᠶᠢᠭᠤᠯᠤᠨ᠎ᠠ︔ ᠠᠷᠪᠠ᠂ ᠳᠤᠮᠳᠠᠳᠦ ᠤᠯᠤᠰ ᠤᠨ ᠤᠨᠴᠠᠯᠢᠭ ᠪᠦᠬᠦᠢ ᠴᠡᠷᠢᠭ ᠢᠶᠠᠨ ᠬᠦᠴᠦᠷᠭᠡᠭᠵᠢᠬᠦᠯᠬᠦ ᠵᠠᠮ ᠢᠶᠠᠷ
ᠵᠠᠮᠨᠠᠵᠤ᠂ ᠤᠯᠤᠰ ᠤᠨ ᠪᠠᠲᠤᠯᠠᠨ ᠬᠠᠮᠠᠭᠠᠯᠠᠯᠲᠠ ᠪᠠ ᠴᠡᠷᠢᠭ ᠠᠩᠬᠢ ᠶᠢᠨ ᠤᠲᠤᠬᠢᠴᠢᠯᠠᠯᠲᠠ ᠶᠢ ᠪᠦᠬᠦ ᠲᠠᠯ᠎ᠠ ᠪᠠᠷ
ᠠᠬᠢᠭᠤᠯᠤᠨ᠎ᠠ︔ᠠᠷᠪᠠᠨ ᠨᠢᠭᠡ᠂ ︽ᠨᠢᠭᠡ ᠤᠯᠤᠰ ᠲᠤ ᠬᠤᠶᠠᠷ ᠪᠠᠶᠢᠭᠤᠯᠤᠯ ᠢ ᠬᠡᠷᠡᠭᠵᠢᠬᠦᠯᠬᠦ︾ ᠶᠢ ᠪᠠᠷᠢᠮᠲᠠᠯᠠᠨ᠂ ᠡᠬᠡ
ᠤᠷᠤᠨ ᠤ ᠨᠢᠭᠡᠲᠤᠯ ᠢ ᠠᠬᠢᠭᠤᠯᠤᠨ᠎ᠠ︔ ᠠᠷᠪᠠᠨ ᠬᠤᠶᠠᠷ᠂ ᠡᠩᠬᠡ ᠲᠠᠶᠢᠪᠤᠩ ᠬᠦᠭᠵᠢᠯᠲᠠ ᠶᠢᠨ ᠵᠠᠮ ᠢ ᠪᠠᠷᠢᠮᠲᠠᠯᠠᠵᠤ᠂
ᠬᠦᠮᠦᠨ ᠳᠦᠷᠦᠯᠬᠢᠲᠡᠨ ᠤ ᠬᠤᠪᠢ ᠵᠠᠶᠠᠭᠠᠨ ᠤ ᠬᠠᠮᠳᠦ ᠶᠢᠨ ᠴᠤᠭᠴᠠ ᠶᠢ ᠪᠦᠷᠢᠯᠳᠦᠬᠦᠯᠬᠦ ᠶᠠᠪᠤᠲᠠᠯ ᠢ ᠠᠬᠢᠭᠤᠯᠤᠨ᠎ᠠ︔
ᠠᠷᠪᠠᠨ ᠭᠤᠷᠪᠠ᠂ ᠨᠠᠮ ᠢ ᠡᠷᠡᠰ ᠭᠤᠶᠢᠪᠢᠰᠢ ᠦᠭᠡᠢ ᠪᠠᠷ ᠪᠦᠬᠦ ᠲᠠᠯ᠎ᠠ ᠪᠠᠷ ᠴᠢᠩᠭ᠎ᠠ ᠵᠠᠰᠠᠵᠤ᠂ ᠨᠠᠮ ᠤᠨ ᠳᠦᠷᠦ  
ᠪᠠᠷᠢᠬᠤ ᠴᠢᠲᠠᠪᠤᠷᠢ ᠪᠠ ᠤᠲᠤᠷᠢᠳᠬᠤ ᠬᠢᠷᠢ ᠳᠦᠪᠰᠢᠨ ᠢ ᠲᠠᠰᠤᠷᠠᠯᠲᠠ ᠦᠭᠡᠢ ᠲᠡᠭᠡᠭᠰᠢᠯᠡᠬᠦᠯᠦᠨ᠎ᠡ᠃ ᠵᠢᠷᠤᠭ ᠪᠣᠯ
ᠳᠤᠮᠳᠠᠳᠤ ᠤᠯᠤᠰ ᠤᠨ ᠡᠪ ᠬᠠᠮᠲᠤ ᠨᠠᠮ ᠤᠨ ᠠᠷᠪᠠ ᠶᠢᠰᠦᠳᠦᠭᠡᠷ ᠤᠳᠠᠭ᠎ᠠ ᠶᠢᠨ ᠪᠦᠬᠦ ᠤᠯᠤᠰ ᠤᠨ
ᠲᠦᠯᠦᠭᠡᠯᠡᠭᠴᠢᠳ ᠤᠨ ᠶᠡᠭᠡ ᠬᠤᠷᠠᠯ ᠤᠨ ᠡᠬᠢᠯᠡᠯᠲᠡ ᠶᠢᠨ ᠠᠬᠤᠢ ᠲᠠᠯᠠᠪᠠᠢ ᠪᠣᠯᠣᠨ᠎ᠠ᠃
 
ᠢᠷᠡᠯᠲᠡ᠄ ᠬᠦᠯᠦᠨ ᠪᠤᠶᠢᠷ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号