| | | ᠥᠪᠤᠷ ᠮᠤᠩᠭᠤᠯ ᠤᠨ ᠥᠪᠡᠷᠳᠡᠭᠡᠨ ᠵᠠᠰᠠᠬᠤ ᠤᠷᠤᠨ ᠪᠠᠶᠢᠭᠤᠯᠤᠭᠳᠠᠭᠰᠠᠨ 70 ᠵᠢᠯ ᠤᠨ ᠣᠢ ᠶᠢ ᠪᠡᠯᠭᠡᠯᠡᠬᠦ | ᠶᠡᠭᠡ ᠬᠤᠷᠠᠯ ᠨᠠᠢᠮᠠᠳᠤᠭᠠᠷ ᠰᠠᠷᠠᠶᠢᠨ ᠨᠠᠢᠮᠠᠨ ᠤ ᠦᠳᠡ ᠶᠢᠨ ᠬᠤᠶᠢᠨᠠᠬᠢ 4 ᠴᠠᠭ ᠲᠤ ᠬᠥᠬᠡᠬᠤᠲᠠ ᠳᠠᠬᠢ ᠦᠪᠦᠷ | ᠮᠤᠩᠭᠤᠯ ᠤᠨ ᠴᠦᠬᠡᠨ ᠲᠤᠭᠠᠳᠤ ᠦᠨᠳᠦᠰᠦᠳᠡᠨ ᠤ ᠤᠯᠠᠨ ᠲᠦᠮᠡᠨ ᠤ ᠰᠤᠶᠤᠯ ᠪᠡᠶ᠎ᠡ ᠲᠠᠮᠢᠷ ᠤᠨ ᠬᠦᠳᠡᠯᠭᠡᠭᠡᠨ ᠤ | ᠲᠦᠪ ᠲᠤ ᠶᠠᠪᠤᠭᠳᠠᠪᠠ᠃ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ᠂ ᠪᠦᠬᠦ ᠤᠯᠤᠰ ᠤᠨ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠲᠥᠷᠥ ᠶᠢᠨ ᠶᠠᠪᠤᠳᠠᠯ ᠤᠨ | ᠬᠤᠷᠢᠶ᠎ᠠ᠂ ᠤᠯᠤᠰ ᠲᠥᠷᠥ ᠶᠢᠨ ᠵᠥᠪᠯᠡᠯᠭᠡᠨ ᠤ ᠪᠦᠬᠦ ᠤᠯᠤᠰ ᠤᠨ ᠬᠤᠷᠢᠶ᠎ᠠ᠂ ᠲᠥᠪ ᠤᠨ ᠴᠡᠷᠢᠭ ᠤᠨ ᠶᠠᠪᠤᠳᠠᠯ ᠤᠨ | ᠬᠤᠷᠢᠶᠠᠨ ᠠᠴᠠ ᠪᠠᠶᠠᠷ ᠤᠨ ᠴᠠᠬᠢᠯᠭᠠᠨ ᠢᠷᠡᠭᠦᠯᠪᠡ᠃ ᠲᠤᠮᠳᠠᠳᠤ ᠤᠯᠤᠰ ᠤᠨ ᠡᠪ ᠬᠠᠮᠳᠤ ᠨᠠᠮ ᠤᠨ ᠲᠥᠪ | ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ᠂ ᠤᠯᠤᠰ ᠲᠥᠷᠥ ᠶᠢᠨ ᠵᠥᠪᠯᠡᠯᠭᠡᠨ ᠤ | ᠪᠦᠬᠦ ᠤᠯᠤᠰ ᠤᠨ ᠬᠤᠷᠢᠶᠠᠨ ᠤ ᠲᠡᠷᠢᠭᠦᠯᠡᠭᠴᠢ᠂ ᠲᠦᠪ ᠤᠨ ᠲᠦᠯᠦᠭᠡᠯᠡᠭᠴᠢ ᠶᠢᠨ ᠪᠦᠯᠬᠦᠮ ᠤᠨ ᠲᠠᠷᠤᠭ᠎ᠠ ᠢᠦᠢ | ᠵᠧᠩ ᠱᠧᠩ ᠪᠡᠯᠭᠡᠯᠡᠬᠦ ᠶᠤᠰᠤᠯᠠᠯ ᠳᠤ ᠤᠷᠤᠯᠴᠠᠨ ᠴᠢᠬᠤᠯᠠ ᠶᠠᠷᠢᠶ᠎ᠠ ᠲᠠᠯᠪᠢᠵᠠᠢ᠃ | ᠥᠪᠤᠷ ᠮᠤᠩᠭᠤᠯ ᠤᠨ ᠥᠪᠡᠷᠳᠡᠭᠡᠨ ᠵᠠᠰᠠᠬᠤ ᠤᠷᠤᠨ ᠪᠠᠶᠢᠭᠤᠯᠤᠭᠳᠠᠭᠰᠠᠨ 70 ᠵᠢᠯ ᠤᠨ ᠣᠢ ᠶᠢ ᠪᠡᠯᠭᠡᠯᠡᠬᠦ | ᠶᠡᠭᠡ ᠬᠤᠷᠠᠯ ᠨᠠᠢᠮᠠᠳᠤᠭᠠᠷ ᠰᠠᠷᠠᠶᠢᠨ ᠨᠠᠢᠮᠠᠨ ᠤ ᠦᠳᠡ ᠶᠢᠨ ᠬᠤᠶᠢᠨᠠᠬᠢ 4 ᠴᠠᠭ ᠲᠤ ᠬᠥᠬᠡᠬᠤᠲᠠ ᠳᠠᠬᠢ ᠦᠪᠦᠷ | ᠮᠤᠩᠭᠤᠯ ᠤᠨ ᠴᠦᠬᠡᠨ ᠲᠤᠭᠠᠳᠤ ᠦᠨᠳᠦᠰᠦᠳᠡᠨ ᠤ ᠤᠯᠠᠨ ᠲᠦᠮᠡᠨ ᠤ ᠰᠤᠶᠤᠯ ᠪᠡᠶ᠎ᠡ ᠲᠠᠮᠢᠷ ᠤᠨ ᠬᠦᠳᠡᠯᠭᠡᠭᠡᠨ ᠤ | ᠲᠦᠪ ᠲᠤ ᠶᠠᠪᠤᠭᠳᠠᠪᠠ᠃ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ᠂ ᠪᠦᠬᠦ ᠤᠯᠤᠰ ᠤᠨ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠲᠥᠷᠥ ᠶᠢᠨ ᠶᠠᠪᠤᠳᠠᠯ ᠤᠨ | ᠬᠤᠷᠢᠶ᠎ᠠ᠂ ᠤᠯᠤᠰ ᠲᠥᠷᠥ ᠶᠢᠨ ᠵᠥᠪᠯᠡᠯᠭᠡᠨ ᠤ ᠪᠦᠬᠦ ᠤᠯᠤᠰ ᠤᠨ ᠬᠤᠷᠢᠶ᠎ᠠ᠂ ᠲᠥᠪ ᠤᠨ ᠴᠡᠷᠢᠭ ᠤᠨ ᠶᠠᠪᠤᠳᠠᠯ ᠤᠨ | ᠬᠤᠷᠢᠶᠠᠨ ᠠᠴᠠ ᠪᠠᠶᠠᠷ ᠤᠨ ᠴᠠᠬᠢᠯᠭᠠᠨ ᠢᠷᠡᠭᠦᠯᠪᠡ᠃ ᠲᠤᠮᠳᠠᠳᠤ ᠤᠯᠤᠰ ᠤᠨ ᠡᠪ ᠬᠠᠮᠳᠤ ᠨᠠᠮ ᠤᠨ ᠲᠥᠪ | ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ᠂ ᠤᠯᠤᠰ ᠲᠥᠷᠥ ᠶᠢᠨ ᠵᠥᠪᠯᠡᠯᠭᠡᠨ ᠤ | ᠪᠦᠬᠦ ᠤᠯᠤᠰ ᠤᠨ ᠬᠤᠷᠢᠶᠠᠨ ᠤ ᠲᠡᠷᠢᠭᠦᠯᠡᠭᠴᠢ᠂ ᠲᠦᠪ ᠤᠨ ᠲᠦᠯᠦᠭᠡᠯᠡᠭᠴᠢ ᠶᠢᠨ ᠪᠦᠯᠬᠦᠮ ᠤᠨ ᠲᠠᠷᠤᠭ᠎ᠠ ᠢᠦᠢ | ᠵᠧᠩ ᠱᠧᠩ ᠪᠡᠯᠭᠡᠯᠡᠬᠦ ᠶᠤᠰᠤᠯᠠᠯ ᠳᠤ ᠤᠷᠤᠯᠴᠠᠨ ᠴᠢᠬᠤᠯᠠ ᠶᠠᠷᠢᠶ᠎ᠠ ᠲᠠᠯᠪᠢᠵᠠᠢ᠃ | ᠦᠨᠦᠳᠤᠷ ᠤᠨ ᠬᠦᠬᠡᠬᠤᠲᠠ ᠳᠤ ᠬᠤᠸᠠᠷ ᠴᠡᠴᠡᠭ ᠳᠡᠯᠭᠡᠷᠡᠨ᠂ ᠲᠤᠭ ᠳᠠᠯᠪᠠᠭ᠎ᠠ ᠨᠠᠮᠢᠷᠠᠵᠦ᠂ ᠪᠠᠶᠠᠷ ᠤᠨ | ᠡᠳᠦᠷ ᠤᠨ ᠠᠭᠤᠷ ᠠᠮᠢᠰᠬᠤᠯ ᠪᠢᠯᠬᠠᠮ᠎ᠠ ᠪᠠᠶᠢᠯ᠎ᠠ᠃ ᠪᠠᠶᠠᠷ ᠤᠨ ᠡᠳᠦᠷ ᠤᠨ ᠭᠤᠸ᠎ᠠ ᠬᠤᠪᠴᠠᠰᠦ ᠢᠶᠠᠷ ᠭᠤᠶᠤᠭᠰᠠᠨ | ᠡᠯ᠎ᠡ ᠦᠨᠳᠦᠰᠦᠲᠡᠨ ᠡᠯ᠎ᠡ ᠡᠲᠡᠭᠡᠳ ᠤᠨ ᠲᠦᠮᠡ ᠬᠤᠶᠠᠷ ᠮᠢᠩᠭ᠎ᠠ ᠭᠠᠷᠤᠢ ᠺᠠᠳ᠋ᠷ ᠤᠯᠠᠨ ᠲᠦᠮᠡᠨ ᠳᠦᠷᠪᠡᠨ ᠵᠦᠭ | ᠨᠠᠢᠮᠡᠨ ᠵᠤᠪᠬᠢᠰ ᠠᠴᠠ ᠰᠤᠶᠤᠯ ᠲᠠᠮᠢᠷ ᠤᠨ ᠬᠦᠳᠡᠯᠭᠡᠭᠡᠨ ᠤ ᠲᠦᠪ ᠲᠤ ᠬᠤᠷᠠᠨ ᠴᠤᠭᠯᠠᠷᠠᠵᠦ᠂ ᠦᠪᠡᠳᠡᠭᠰᠢ ᠨᠠᠶᠢᠷ | ᠢᠶᠠᠨ ᠬᠠᠮᠲᠤᠪᠡᠷ ᠪᠡᠯᠭᠡᠯᠡᠵᠦ ᠪᠠᠶᠢᠨ᠎ᠠ᠃ ᠦᠷᠭᠡᠨ ᠠᠭᠤᠳᠠᠮ ᠬᠤᠷᠠᠯ ᠤᠨ ᠲᠠᠯᠠᠪᠤᠷ ᠲᠤ ︽ᠦᠵᠡᠰᠭᠦᠯᠡᠩᠲᠤ | ᠰᠠᠶᠢᠬᠠᠨ ᠦᠪᠤᠷ ᠮᠤᠩᠭᠤᠯ ᠢ ᠪᠦᠲᠦᠭᠡᠨ ᠪᠠᠶᠢᠭᠤᠯᠤᠨ᠂ ᠠᠭᠤᠤ ᠶᠡᠭᠡ ᠳᠤᠮᠳᠠᠳᠤ ᠶᠢᠨ ᠬᠦᠰᠡᠯ ᠢ ᠬᠠᠮᠲᠤᠪᠡᠷ | ᠲᠡᠷᠭᠡᠯᠰᠢᠭᠦᠯᠬᠦ︾ ᠭᠤᠤᠯ ᠰᠡᠳᠦᠪᠲᠤ ᠤᠷᠢᠶ᠎ᠡ ᠯᠤᠽᠦ᠋ᠩ ᠤᠨᠴᠠᠭᠠᠢ ᠳᠤᠷᠠᠶᠢᠮ᠎ᠠ ᠬᠠᠷᠠᠭᠳᠠᠵᠦ᠂ ᠮᠤᠩᠭᠤᠯ ᠬᠢᠲᠡᠳ | ᠬᠤᠶᠠᠷ ᠵᠦᠢᠯ ᠤᠨ ᠦᠰᠦᠭ ᠢᠶᠠᠷ ᠪᠢᠴᠢᠭᠰᠡᠨ ︽ᠰᠢ ᠶᠢᠨ ᠫᠢᠩ ᠨᠦᠬᠦᠷ ᠢᠶᠠᠷ ᠭᠤᠤᠯ ᠪᠤᠯᠭᠠᠭᠰᠠᠨ ᠨᠠᠮ ᠤᠨ | ᠲᠦᠪ ᠬᠤᠷᠢᠶᠠᠨ ᠤ ᠲᠤᠭᠤᠷᠢᠨ ᠳᠤ ᠨᠢᠭᠳᠠᠷᠠᠨ ᠪᠦᠯᠬᠦᠮᠳᠡᠵᠦ᠂ ᠰᠢᠯᠢᠳᠡᠭ ᠬᠢᠷᠢ ᠪᠦᠲᠦᠮᠵᠢ ᠪᠠᠷ ᠨᠠᠮ ᠤᠨ ᠠᠷᠪᠠ | ᠶᠢᠰᠦᠳᠦᠭᠡᠷ ᠶᠡᠭᠡ ᠬᠤᠷᠠᠯ ᠠᠮᠵᠢᠯᠲᠠᠲᠠᠢ ᠬᠤᠷᠠᠯᠳᠤᠬᠤ ᠶᠢ ᠤᠭᠳᠤᠶ᠎ᠠ︾ ᠭᠡᠬᠦ ᠬᠦᠨᠳᠡᠯᠡᠨ ᠪᠢᠴᠢᠭᠡᠰᠦ ᠶᠢ ᠦᠨᠳᠦᠷ | ᠡᠯᠭᠦᠵᠦ᠂ ᠪᠦᠬᠦᠶᠢᠯᠡ ᠬᠤᠷᠠᠯ ᠤᠨ ᠲᠠᠯᠠᠪᠤᠷ ᠲᠤ ᠦᠵᠡᠭᠴᠢᠳ ᠲᠦᠭᠦᠷᠡᠭᠰᠡᠨ ᠪᠠᠶᠢᠨ᠎ᠠ᠃ | ᠦᠳᠡ ᠶᠢᠨ ᠬᠤᠶᠢᠨᠠᠬᠢ ᠲᠦᠷᠪᠡᠨ ᠴᠠᠭ ᠲᠤ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ | ᠲᠡᠳ᠋ ᠱᠦᠵᠢ᠂ ᠦᠪᠡᠷᠳᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠲᠡᠷᠢᠭᠦᠯᠡᠭᠴᠢ ᠪᠦ᠋ ᠰᠢᠶᠤᠤ | ᠯᠢᠨ ᠪᠡᠯᠭᠡᠯᠡᠬᠦ ᠬᠤᠷᠠᠯ ᠡᠬᠢᠯᠡᠭᠰᠡᠨ ᠢ ᠵᠠᠷᠯᠠᠵᠤ᠂ ᠰᠦᠷ ᠵᠢᠪᠬᠤᠭᠠᠳᠤ ᠤᠯᠤᠰ ᠤᠨ ᠲᠠᠭᠤᠤ ᠶᠢᠨ ᠲᠤᠮᠳᠠ ᠲᠠᠪᠤᠨ | ᠤᠳᠤᠳᠤ ᠤᠯᠠᠭᠠᠨ ᠲᠤᠭ ᠢ ᠮᠠᠨᠳᠤᠭᠤᠯᠤᠭᠰᠠᠨ ᠪᠠᠶᠢᠨ᠎ᠠ᠃ | ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ | ᠭᠡᠰᠢᠭᠦᠨ᠂ ᠲᠥᠷᠥ ᠶᠢᠨ ᠶᠠᠪᠤᠳᠠᠯ ᠤᠨ ᠬᠤᠷᠢᠶᠠᠨ ᠤ ᠳᠡᠳ᠋ ᠶᠡᠷᠦᠩᠬᠡᠢ ᠰᠠᠶᠢᠳ᠂ ᠲᠥᠪ ᠤᠨ ᠲᠥᠯᠥᠭᠡᠯᠡᠭᠴᠢᠳ ᠤᠨ | ᠪᠦᠯᠬᠦᠮ ᠤᠨ ᠳᠡᠳ᠋ ᠳᠠᠷᠤᠭ᠎ᠠ ᠪᠥᠭᠡᠳ ᠨᠠᠷᠢᠨ ᠪᠢᠴᠢᠭ ᠤᠨ ᠳᠠᠷᠤᠭ᠎ᠠ ᠯᠢᠦ ᠶᠠᠨ ᠳ᠋ᠦᠩ ᠳᠤᠮᠳᠠᠳᠤ ᠤᠯᠤᠰ ᠤᠨ ᠡᠪ | ᠬᠠᠮᠲᠤ ᠨᠠᠮ ᠤᠨ ᠲᠥᠪ ᠬᠤᠷᠢᠶ᠎ᠠ᠂ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ᠂ ᠤᠯᠤᠰ ᠲᠥᠷᠥ ᠶᠢᠨ ᠵᠥᠪᠯᠡᠯᠭᠡᠨ ᠤ ᠪᠦᠬᠦ | ᠤᠯᠤᠰ ᠤᠨ ᠬᠤᠷᠢᠶ᠎ᠠ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠪᠠᠶᠠᠷ ᠤᠨ ᠴᠠᠬᠢᠯᠭᠠᠨ ᠮᠡᠳᠡᠭᠡ ᠶᠢ | ᠤᠩᠰᠢᠨ ᠨᠡᠶᠢᠲᠡᠯᠡᠭᠰᠡᠨ ᠪᠠᠶᠢᠨ᠎ᠠ᠃ ᠬᠠᠯᠠᠭᠤᠨ ᠠᠯᠠᠭ᠎ᠠ ᠲᠠᠰᠢᠯᠳᠠ ᠶᠢᠨ ᠲᠤᠮᠳᠠ ᠢᠦᠢ ᠵᠧᠩ ᠱᠧᠩ ᠪᠢᠯᠠᠬᠮᠠ | ᠰᠡᠳᠬᠢᠯᠭᠡ ᠪᠠᠷ ᠶᠠᠷᠢᠶ᠎ᠠ ᠲᠠᠯᠪᠢᠬᠰᠠᠨ ᠪᠠᠶᠢᠨ᠎ᠠ᠃ | ᠲᠡᠷᠡ ᠬᠡᠯᠡᠬᠦ ᠳᠡᠭᠡᠨ᠂ ᠡᠨᠡᠬᠦ ᠪᠠᠶᠠᠷ ᠪᠠᠶᠠᠰᠬᠤᠯᠠᠩᠳᠣ ᠴᠠᠭ ᠮᠦᠴᠠ ᠳᠤ ᠮᠠᠨ ᠤ ᠲᠦᠪ ᠤᠨ | ᠲᠦᠯᠦᠬᠡᠯᠡᠭᠴᠢᠳ ᠤᠨ ᠪᠦᠯᠬᠦᠮ ᠰᠢ ᠶᠢᠨ ᠫᠢᠩ ᠨᠦᠬᠦᠷ ᠢᠶᠠᠷ ᠭᠤᠣᠯ ᠪᠣᠯᠭᠠᠭᠰᠠᠨ ᠨᠠᠮ ᠤᠨ ᠲᠦᠪ ᠬᠤᠷᠢᠶᠠᠨ ᠤ | ᠳᠣᠳᠣᠨᠣ ᠬᠠᠯᠠᠮᠵᠢᠯᠠᠯ᠂ ᠪᠦᠬᠦ ᠣᠯᠣᠰ ᠤᠨ ᠦᠨᠳᠣᠰᠣᠳᠡᠨ ᠨᠦᠭᠦᠳ ᠤᠨ ᠠᠷᠠᠳ ᠲᠦᠮᠡᠨ ᠤ ᠰᠠᠶᠢᠨ ᠰᠠᠶᠢᠬᠠᠨ | ᠬᠦᠰᠡᠯ ᠵᠦᠩᠨᠡᠯ ᠢ ᠡᠪᠦᠷᠯᠡᠵᠣ᠂ ᠦᠪᠦᠷ ᠮᠣᠩᠭᠤᠯᠣᠨ ᠦᠨᠳᠣᠰᠣᠳᠡᠨ ᠨᠦᠭᠦᠳ ᠤᠨ ᠠᠷᠠᠳ ᠲᠦᠮᠡᠨ ᠲᠠᠢ | ᠬᠠᠮᠳᠣ ᠪᠠᠷ ᠦᠪᠦᠷ ᠮᠣᠩᠭᠤᠯ ᠤᠨ ᠦᠪᠡᠷᠳᠡᠬᠡᠨ ᠵᠠᠰᠠᠬᠤ ᠣᠷᠣᠨ ᠪᠠᠶᠢᠭᠤᠯᠣᠭᠳᠠᠭᠰᠠᠨ 70 ᠵᠢᠯ ᠤᠨ ᠣᠢ ᠶᠢ | ᠦᠪᠡᠳᠡᠭᠰᠢ ᠶᠡᠬᠡᠪᠡᠷ ᠪᠡᠯᠬᠡᠯᠡᠵᠦ ᠪᠠᠶᠢᠨ᠎ᠠ᠃ | ᠳᠠᠯᠠᠨ ᠵᠢᠯ ᠤᠨ ᠡᠮᠤᠨ᠎ᠠ᠂ ᠳᠤᠮᠳᠠᠳᠤ ᠤᠯᠤᠰ ᠤᠨ ᠡᠪ ᠬᠠᠮᠳᠤ ᠨᠠᠮ ᠤᠨ ᠤᠳᠤᠷᠢᠳᠤᠯᠭ᠎ᠠ ᠲᠤᠤᠷ᠎ᠠ᠂ | ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠪᠠᠶᠢᠭᠤᠯᠤᠭᠳᠠᠵᠦ᠂ ᠬᠦᠭᠵᠢᠯᠳᠡ ᠶᠢᠨ ᠰᠢᠨ᠎ᠠ ᠡᠷᠡᠨ ᠢ | ᠡᠬᠢᠯᠡᠬᠦᠯᠤᠨ᠂ ᠳᠤᠮᠳᠠᠳᠤ ᠤᠯᠤᠰ ᠤᠨ ᠦᠨᠳᠦᠰᠦᠳᠡᠨ ᠤ ᠤᠷᠤᠨ ᠤ ᠦᠪᠡᠷᠳᠡᠭᠡᠨ ᠵᠠᠰᠠᠬᠤ ᠲᠦᠷᠢᠮ ᠤᠨ | ᠠᠮᠵᠢᠯᠳᠠᠳᠠᠢ ᠵᠢᠱᠢᠶ᠎ᠡ ᠶᠢ ᠡᠬᠦᠳᠴᠦ᠂ ᠳᠤᠮᠳᠠᠳᠤ ᠤᠯᠤᠰ ᠤᠨ ᠦᠨᠳᠦᠰᠦᠳᠡᠨ ᠤ ᠬᠠᠷᠢᠴᠠᠭᠠᠨ ᠤ ᠭᠡᠷᠡᠯ | ᠰᠠᠴᠤᠷᠠᠩᠭᠤᠢ ᠬᠠᠭᠤᠳᠠᠰᠤ ᠶᠢ ᠪᠢᠴᠢᠭᠯᠡᠭᠰᠡᠨ ᠪᠠᠶᠢᠨ᠎ᠠ᠃ ᠳᠠᠯᠠᠨ ᠵᠢᠯ ᠤᠨ ᠳᠤᠷᠰᠢ᠂ ᠤᠨᠴᠠᠭᠠᠶᠢᠯᠠᠨ | ᠦᠬᠡᠷᠡᠴᠢᠯᠡᠯᠳᠡ ᠨᠡᠬᠡᠬᠡᠯᠳᠡ ᠠᠴᠠ ᠨᠠᠰᠢ᠂ ᠦᠪᠦᠷ ᠮᠤᠩᠭᠤᠯ ᠤᠨ ᠡᠯ᠎ᠡ ᠲᠦᠷᠦᠯ ᠤᠨ ᠠᠵᠢᠯ ᠦᠢᠯᠡᠰ ᠡᠷᠴᠢᠮᠳᠠᠢ | ᠲᠦᠷᠬᠡᠨ ᠬᠦᠭᠵᠢᠵᠦ᠂ ᠳᠠᠶᠠᠩ ᠳᠡᠯᠡᠬᠡᠢ ᠶᠢᠨ ᠠᠩᠬᠠᠷᠤᠯ ᠢ ᠳᠠᠳᠠᠭᠰᠠᠨ ᠭᠡᠷᠡᠯ ᠰᠠᠴᠤᠷᠠᠩᠭᠤᠢ ᠠᠮᠵᠢᠯᠳᠠ ᠤᠯᠵᠦ᠂ | ᠠᠵᠦ ᠠᠬᠤᠢ ᠶᠢᠨ ᠪᠤᠳᠠᠳᠤ ᠬᠦᠴᠦᠨ ᠮᠡᠳᠡᠭᠳᠡᠮ᠎ᠡ ᠴᠢᠩᠭᠠᠷᠠᠵᠦ᠂ ᠰᠠᠭᠤᠷᠢ ᠲᠦᠬᠦᠬᠡᠷᠤᠮᠵᠢ ᠶᠡᠬᠡᠪᠡᠷ ᠰᠠᠶᠢᠵᠢᠷᠠᠵᠦ᠂ | ᠠᠷᠠᠳ ᠤᠨ ᠠᠮᠢᠳᠤᠷᠠᠯ ᠡᠳᠦᠷ ᠢᠷᠡᠬᠦᠶ᠎ᠡ ᠳᠡᠭᠡᠭᠰᠢᠯᠡᠨ᠂ ᠦᠨᠳᠦᠰᠦᠳᠡᠨ ᠤ ᠰᠤᠶᠤᠯ ᠴᠡᠴᠡᠭᠯᠡᠨ ᠬᠦᠭᠵᠢᠵᠦ᠂ | ᠦᠨᠳᠦᠰᠦᠳᠡᠨ ᠤ ᠬᠠᠷᠢᠴᠠᠭ᠎ᠠ ᠪᠦᠯᠬᠦᠮᠳᠡᠯ ᠲᠠᠢ ᠡᠶ᠎ᠡ ᠵᠤᠬᠢᠴᠠᠯ ᠲᠠᠢ ᠪᠤᠯᠵᠤ᠂ ᠨᠡᠮ ᠤᠨ ᠪᠠᠶᠢᠭᠤᠯᠤᠯᠳᠠ ᠴᠠᠭ | ᠦᠶ᠎ᠡ ᠲᠠᠢ ᠵᠡᠷᠭᠡᠪᠡᠷ ᠤᠷᠤᠭᠰᠢᠯᠠᠪᠠ᠃ ᠡᠨᠡ ᠪᠤᠯ ᠦᠪᠦᠷ ᠮᠤᠩᠭᠤᠯ ᠤᠨ ᠬᠦᠭᠵᠢᠯᠳᠡ ᠶᠢᠨ ᠳᠡᠤᠬᠡᠨ ᠳᠡᠭᠡᠷᠡᠬᠢ | ᠠᠰᠤᠷᠤ ᠶᠡᠭᠡ ᠦᠰᠦᠷᠦᠯᠳᠡ᠂ ᠳᠤᠮᠳᠠᠳᠤ ᠤᠯᠤᠰ ᠤᠨ ᠤᠨᠴᠠᠯᠢᠭ ᠲᠠᠢ ᠦᠨᠳᠦᠰᠦᠳᠡᠨ ᠤ ᠠᠰᠠᠭᠤᠳᠠᠯ ᠢ | ᠰᠢᠢᠳᠪᠦᠷᠢᠯᠡᠬᠦ ᠵᠦᠪ ᠤᠨᠤᠪᠴᠢᠳᠠᠢ ᠵᠠᠮ ᠤᠨ ᠠᠮᠵᠢᠯᠳᠠᠳᠠᠢ ᠦᠢᠯᠡᠳᠦᠯᠬᠡ᠂ ᠳᠤᠮᠳᠠᠳᠤ ᠤᠯᠤᠰ ᠤᠨ ᠤᠨᠴᠠᠯᠢᠭ ᠲᠠᠢ | ᠨᠡᠶᠢᠬᠡᠮ ᠵᠢᠷᠤᠮ ᠤᠨ ᠠᠭᠤᠤ ᠶᠡᠭᠡ ᠢᠯᠠᠯᠳᠠ ᠪᠤᠯᠤᠨ᠎ᠠ ᠬᠡᠵᠡᠢ᠃ | ᠢᠤᠢ ᠵᠧᠩ ᠱᠧᠩ ᠵᠢᠭᠠᠬᠤ ᠳᠠᠭᠠᠨ᠄ ᠦᠪᠦᠷ ᠮᠤᠩᠭᠤᠯ ᠤᠨ ᠡᠯ᠎ᠡ ᠲᠦᠷᠦᠯ ᠤᠨ ᠠᠵᠢᠯ ᠢ ᠰᠠᠶᠢᠳᠤᠷ ᠬᠢᠬᠦ | ᠳᠤ ᠡᠷᠬᠡᠪᠰᠢ ᠳᠤᠮᠳᠠᠳᠤ ᠤᠯᠤᠰ ᠤᠨ ᠡᠪ ᠬᠠᠮᠳᠤ ᠨᠠᠮ ᠤᠨ ᠤᠳᠤᠷᠢᠳᠤᠯᠭ᠎ᠠ ᠶᠢ ᠪᠠᠷᠢᠮᠳᠠᠯᠠᠵᠦ᠂ ᠳᠤᠮᠳᠠᠳᠤ ᠤᠯᠤᠰ | ᠤᠨ ᠤᠨᠴᠠᠯᠢᠭ ᠲᠠᠢ ᠨᠡᠶᠢᠬᠡᠮ ᠵᠢᠷᠤᠮ ᠢ ᠪᠠᠷᠢᠮᠳᠠᠯᠠᠨ ᠬᠦᠭᠵᠢᠬᠦᠯᠵᠦ᠂ ᠳᠤᠮᠳᠠᠳᠤ ᠤᠯᠤᠰ ᠤᠨ ᠤᠨᠴᠠᠯᠢᠭ ᠲᠠᠢ | ᠦᠨᠳᠦᠰᠦᠳᠡᠨ ᠤ ᠠᠰᠠᠭᠤᠳᠠᠯ ᠢ ᠰᠢᠢᠳᠪᠦᠷᠢᠯᠡᠬᠦ ᠵᠦᠪ ᠤᠨᠤᠪᠴᠢᠳᠠᠢ ᠵᠠᠮ ᠢᠶᠠᠷ ᠵᠠᠮᠨᠠᠵᠦ᠂ ᠤᠯᠤᠰ ᠤᠨ ᠠᠰᠢᠭ | ᠳᠤᠰᠠ ᠪᠤᠯᠤᠨ ᠳᠤᠮᠳᠠᠳᠤ ᠶᠢᠨ ᠦᠨᠳᠦᠰᠦᠳᠡᠨ ᠤ ᠠᠰᠢᠭ ᠳᠤᠰᠠ ᠶᠢ ᠬᠠᠮᠤᠭ ᠦᠨᠳᠦᠷ ᠪᠠᠶᠢᠷᠢᠨ ᠳᠤ ᠳᠠᠯᠪᠢᠬᠤ ᠶᠢ | ᠪᠠᠷᠢᠮᠳᠠᠯᠠᠬᠤ ᠭᠡᠷᠡᠭᠳᠡᠢ ᠬᠡᠳᠡᠭ ᠢ ᠪᠤᠳᠠᠳᠠᠢ ᠦᠢᠯᠡᠳᠦᠯᠬᠡ ᠬᠡᠷᠡᠴᠢᠯᠡᠭᠰᠡᠨ ᠪᠠᠶᠢᠨ᠎ᠠ ᠬᠡᠵᠡᠢ᠃ | ᠢᠤᠢ ᠵᠧᠩ ᠱᠧᠩ ᠴᠢᠬᠤᠯᠠᠴᠢᠯᠠᠭᠰᠠᠨ ᠨᠢ᠄ ᠮᠠᠨ ᠤ ᠤᠯᠤᠰ ᠨᠢᠬᠡᠨᠳᠡ ᠴᠢᠨᠡᠬᠡᠯᠢᠭ ᠨᠡᠶᠢᠬᠡᠮ ᠢ ᠪᠦᠬᠦ ᠳᠠᠯ᠎ᠠ | ᠪᠠᠷ ᠪᠠᠶᠢᠭᠤᠯᠬᠤ ᠰᠢᠢᠳᠪᠦᠷᠢᠳᠤ ᠱᠠᠳᠤᠨ ᠳᠤ ᠤᠷᠤᠵᠤ᠂ ᠦᠪᠦᠷ ᠮᠤᠩᠭᠤᠯ ᠶᠠᠭ ᠬᠦᠭᠵᠢᠯᠳᠡ ᠶᠢᠨ ᠵᠠᠩᠬᠢᠯᠠᠭ᠎ᠠ ᠶᠢᠨ | ᠴᠠᠭ ᠦᠶ᠎ᠡ ᠳᠤ ᠤᠷᠤᠭᠠᠳ ᠪᠠᠶᠢᠨ᠎ᠠ᠃ ᠨᠠᠮ ᠤᠨ ᠲᠦᠪ ᠬᠤᠷᠢᠶᠠᠨ ᠠᠴᠠ ᠦᠪᠦᠷ ᠮᠤᠩᠭᠤᠯ ᠤᠨ ᠡᠯ᠎ᠡ | ᠦᠨᠳᠦᠰᠦᠳᠡᠨ ᠤ ᠺᠠᠳ᠋ᠷ ᠤᠯᠠᠨ ᠲᠦᠮᠡᠨ ᠢ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠪᠤᠯᠤᠨ ᠠᠷᠪᠠᠨ | ᠨᠠᠢᠮᠠᠳᠤᠭᠠᠷ ᠬᠤᠭᠤᠴᠠᠭᠠᠨ ᠤ ᠲᠦᠪ ᠬᠤᠷᠢᠶᠠᠨ ᠤ ᠭᠤᠷᠪᠠᠳᠤᠭᠠᠷ ᠲᠦᠷᠪᠡᠳᠤᠭᠡᠷ ᠳᠠᠪᠤᠳᠤᠭᠠᠷ ᠵᠢᠷᠭᠤᠳᠤᠭᠠᠷ | ᠪᠦᠬᠦᠳᠡ ᠬᠤᠷᠠᠯ ᠤᠨ ᠵᠤᠷᠢᠭ ᠰᠠᠨᠠᠭ᠎ᠠ ᠶᠢ ᠪᠦᠬᠦ ᠳᠠᠯ᠎ᠠ ᠪᠠᠷ ᠳᠤᠤᠱᠯᠠᠭᠤᠯᠤᠨ᠂ ᠰᠢ ᠶᠢᠨ ᠫᠢᠩ ᠶᠡᠷᠦᠩᠭᠡᠢ ᠱᠦᠵᠢ | ᠶᠢᠨ ᠰᠢᠷᠢᠰ ᠴᠢᠬᠤᠯᠠ ᠶᠠᠷᠢᠶᠠᠨ ᠤ ᠵᠤᠷᠢᠭ ᠰᠠᠨᠠᠭ᠎ᠠ ᠪᠤᠯᠤᠨ ᠤᠯᠤᠰ ᠢ ᠵᠠᠰᠠᠵᠦ ᠲᠦᠷᠦ ᠶᠢ ᠴᠡᠭᠴᠡᠯᠡᠬᠦ ᠰᠢᠨ᠎ᠠ | ᠦᠵᠡᠯᠳᠡ ᠰᠢᠨ᠎ᠠ ᠰᠡᠳᠬᠢᠴᠠ ᠰᠢᠨ᠎ᠠ ᠪᠠᠶᠢᠯᠳᠤᠬᠤ ᠪᠤᠳᠤᠯᠭ᠎ᠠ ᠶᠢ ᠬᠦᠨᠵᠡᠬᠡᠢ ᠳᠤᠤᠱᠯᠠᠭᠤᠯᠵᠦ᠂ ᠳᠠᠪᠤ ᠶᠢ ᠨᠢᠬᠡ | ᠴᠤᠭᠴᠠᠵᠢᠭᠤᠯᠬᠤ ᠶᠡᠷᠦᠩᠭᠡᠢ ᠪᠠᠶᠢᠷᠢᠰᠢᠭᠤᠯᠤᠯᠳᠠ ᠪᠤᠯᠤᠨ ᠲᠦᠷᠪᠡᠨ ᠪᠦᠬᠦ ᠳᠠᠯ᠎ᠠ ᠶᠢᠨ ᠪᠠᠶᠢᠯᠳᠤᠬᠤ ᠪᠤᠳᠤᠯᠭ᠎ᠠ ᠶᠢᠨ | ᠪᠠᠶᠢᠷᠢᠯᠠᠭᠤᠯᠤᠯᠳᠠ ᠶᠢ ᠨᠢᠬᠡᠳᠦᠯᠳᠡᠢ ᠲᠦᠯᠦᠪᠵᠢᠬᠦᠯᠵᠦ᠂ ᠲᠦᠷᠪᠡᠨ ᠪᠦᠬᠦ ᠳᠠᠯ᠎ᠠ ᠶᠢᠨ ᠳᠠᠨᠢᠯᠳᠠ ᠶᠢ ᠪᠠᠳᠤᠳᠬᠠᠨ᠂ | ᠰᠠᠬᠢᠨ ᠪᠠᠷᠠᠯᠠᠵᠦ ᠪᠦᠯᠬᠦᠮᠳᠡᠨ ᠳᠡᠮᠡᠴᠡᠵᠦ᠂ ᠦᠨᠳᠦᠰᠦᠳᠡᠨ ᠤ ᠤᠷᠤᠨ ᠤ ᠦᠪᠡᠷᠳᠡᠭᠡᠨ ᠵᠠᠰᠠᠬᠤ ᠲᠦᠷᠢᠮ ᠢ | ᠭᠤᠶᠢᠪᠢᠰᠢ ᠦᠬᠡᠢ ᠪᠠᠷᠢᠮᠳᠠᠯᠠᠨ ᠳᠡᠬᠦᠯᠳᠡᠷᠵᠢᠬᠦᠯᠵᠦ᠂ ᠴᠢᠨᠡᠬᠡᠯᠢᠭ ᠨᠡᠶᠢᠬᠡᠮ ᠢ ᠪᠦᠬᠦ ᠳᠠᠯ᠎ᠠ ᠪᠠᠷ ᠪᠠᠶᠢᠭᠤᠯᠬᠤ ᠶᠢ | ᠪᠡᠶᠡᠯᠡᠬᠦᠯᠤᠨ᠂ ᠠᠷᠠᠳ ᠤᠨ ᠠᠮᠢᠳᠤᠷᠠᠯ ᠢ ᠪᠠᠳᠤᠯᠠᠨ ᠰᠠᠶᠢᠵᠢᠷᠠᠭᠤᠯᠵᠦ᠂ ᠦᠨᠳᠦᠰᠦᠳᠡᠨ ᠤ ᠪᠦᠯᠬᠦᠮᠳᠡᠯ ᠢ ᠶᠡᠬᠡᠪᠡᠷ | ᠠᠬᠢᠭᠤᠯᠤᠨ᠂ ᠬᠢᠯᠢ ᠬᠢᠵᠠᠭᠠᠷ ᠢ ᠪᠠᠬᠢᠵᠢᠬᠦᠯᠵᠦ᠂ ᠡᠬᠡ ᠤᠯᠤᠰ ᠤᠨ ᠤᠮᠠᠷᠠᠳᠤ ᠬᠢᠯᠢ ᠶᠢᠨ ᠦᠵᠡᠰᠬᠦᠯᠡᠩᠳᠤ | ᠰᠠᠶᠢᠬᠠᠨ ᠦᠵᠡᠮᠵᠢ ᠶᠢᠨ ᠤᠷᠤᠨ ᠢ ᠨᠡᠩ ᠬᠡᠬᠡᠨᠴᠢᠷ ᠰᠠᠶᠢᠶ᠋ᠬᠠᠨ ᠪᠤᠯᠭᠠᠨ ᠪᠦᠳᠦᠭᠡᠨ ᠪᠠᠶᠢᠭᠤᠯᠵᠦ᠂ ᠳᠤᠮᠳᠠᠳᠤ ᠶᠢᠨ | ᠬᠦᠰᠠᠯ ᠢ ᠬᠠᠮᠳᠤᠪᠠᠷ ᠳᠡᠷᠭᠡᠯᠰᠢᠬᠦᠯᠬᠦ ᠳᠤ ᠨᠡᠩ ᠶᠡᠭᠡ ᠬᠤᠪᠢ ᠨᠡᠮᠡᠷᠢ ᠦᠵᠡᠬᠦᠯᠬᠦ ᠶᠢ ᠬᠦᠰᠡᠵᠦ ᠪᠠᠶᠢᠨ᠎ᠠ ᠬᠡᠵᠡᠢ᠃ | ᠦᠪᠤᠷ ᠮᠤᠩᠭᠤᠯ ᠤᠨ ᠦᠪᠠᠷᠳᠠᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠱᠥᠵᠢ᠂ ᠦᠪᠠᠷᠳᠠᠭᠡᠨ | ᠵᠠᠰᠠᠬᠤ ᠤᠷᠤᠨ ᠤ ᠠᠷᠠᠳ ᠤᠨ ᠲᠥᠯᠤᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ | ᠯᠢ ᠵᠢᠢ ᠾᠧᠩ ᠶᠡᠭᠡ ᠬᠤᠷᠠᠯ ᠳᠠᠭᠡᠷ᠎ᠠ ᠶᠠᠷᠢᠶ᠎ᠠ ᠳᠠᠯᠪᠢᠪᠠ᠃ ᠳᠠᠷᠨ ᠬᠡᠯᠠᠬᠦ ᠳᠡᠭᠡᠨ᠂ ᠦᠪᠤᠷ ᠮᠤᠩᠭᠤᠯ ᠤᠨ ᠶᠠᠪᠤᠵᠤ | ᠦᠩᠭᠡᠷᠠᠭᠡᠭᠰᠠᠨ ᠳᠠᠯᠠᠨ ᠵᠢᠯ ᠪᠤᠯ ᠨᠠᠮ ᠤᠨ ᠲᠥᠷᠤ ᠶᠢᠨ ᠪᠤᠳᠤᠯᠭ᠎ᠠ ᠶᠢᠨ ᠠᠭᠤᠤ ᠶᠡᠭᠡ ᠢᠯᠠᠯᠳᠠ ᠶᠢᠨ ᠳᠠᠯᠠᠨ ᠵᠢᠯ᠂ | ᠮᠠᠨ ᠤ ᠤᠯᠤᠰ ᠤᠨ ᠦᠨᠳᠤᠰᠤᠳᠠᠨ ᠤ ᠭᠠᠵᠠᠷ ᠤᠷᠤᠨ ᠤ ᠦᠪᠠᠷᠳᠠᠭᠡᠨ ᠵᠠᠰᠠᠬᠤ ᠲᠥᠷᠢᠮ ᠢ ᠠᠮᠵᠢᠯᠳᠠ ᠲᠠᠢ | ᠬᠡᠷᠡᠭᠵᠢᠭᠦᠯᠥᠭᠰᠠᠨ ᠳᠠᠯᠠᠨ ᠵᠢᠯ᠂ ᠪᠥᠬᠦ ᠤᠷᠤᠨ ᠤ ᠡᠯ᠎ᠠ ᠦᠨᠳᠤᠰᠤᠳᠠᠨ ᠤ ᠠᠷᠠᠳ ᠲᠥᠮᠠᠨ ᠨᠠᠮ ᠢᠶᠠᠨ ᠳᠠᠭᠠᠵᠤ | ᠢᠳᠠᠭᠡᠯ ᠳᠠᠭᠦᠯᠳᠠᠷ ᠤᠷᠤᠭᠰᠢᠯᠠᠭᠰᠠᠨ ᠳᠠᠯᠠᠨ ᠵᠢᠯ ᠪᠤᠯᠤᠨ᠎ᠠ᠃ ᠮᠠᠤ ᠽᠧ ᠳ᠋ᠥᠩ᠂ ᠳ᠋ᠧᠩ ᠰᠢᠶᠤᠤ ᠫᠢᠩ᠂ ᠵᠢᠶᠠᠩ | ᠽᠧ ᠮᠢᠨ ᠨᠥᠬᠦᠷ ᠢᠶᠠᠷ ᠭᠤᠤᠯ ᠪᠤᠯᠭᠠᠭᠰᠠᠨ ᠨᠠᠮ ᠤᠨ ᠭᠤᠷᠪᠠᠨ ᠦᠶ᠎ᠠ ᠶᠢᠨ ᠤᠳᠤᠷᠢᠳᠬᠤ ᠬᠠᠮᠳᠤ ᠪᠠ ᠬᠤ᠋ ᠶᠢᠨ | ᠲᠤᠤ ᠨᠥᠬᠦᠷ ᠢᠶᠠᠷ ᠶᠠᠷᠤᠩᠭᠡᠢ ᠱᠥᠵᠢ ᠪᠤᠯᠭᠠᠰᠠᠨ ᠨᠠᠮ ᠤᠨ ᠲᠥᠪ ᠬᠤᠷᠢᠶᠠᠨ ᠤ ᠡᠷᠠᠰ ᠴᠢᠩᠭ᠎ᠠ ᠤᠳᠤᠷᠢᠳᠤᠯᠭ᠎ᠠ | ᠵᠢᠴᠢ ᠨᠠᠮ ᠤᠨ ᠦᠨᠳᠤᠰᠤᠳᠠᠨ ᠤ ᠲᠥᠷᠤ ᠶᠢᠨ ᠪᠤᠳᠤᠯᠭ᠎ᠠ ᠶᠢᠨ ᠲᠤᠶᠠᠭᠠᠯᠠᠯ ᠲᠤᠤᠷ᠎ᠠ᠂ ᠪᠥᠬᠦ ᠤᠷᠤᠨ ᠤ ᠡᠯ᠎ᠠ | ᠦᠨᠳᠤᠰᠤᠳᠠᠨ ᠤ ᠠᠷᠠᠳ ᠲᠥᠮᠠᠨ ᠳᠤᠮᠳᠠᠳᠤ ᠤᠯᠤᠰ ᠤᠨ ᠤᠨᠴᠠᠯᠢᠭ ᠪᠥᠬᠦᠢ ᠨᠠᠶᠢᠭᠡᠮ ᠵᠢᠷᠤᠮ ᠤᠨ ᠵᠠᠮ ᠢᠶᠠᠷ | ᠴᠥᠬᠦᠷᠠᠰᠢ ᠦᠭᠡᠢ ᠤᠷᠤᠭᠰᠢᠯᠠᠵᠤ᠂ ᠬᠤᠪᠢᠰᠬᠠᠯ᠂ ᠪᠥᠳᠤᠭᠡᠨ ᠪᠠᠶᠢᠭᠤᠯᠤᠯᠳᠠ ᠪᠠ ᠦᠭᠡᠷᠠᠴᠢᠯᠠᠯᠳᠠ ᠶᠢᠨ ᠰᠥᠷᠯᠢᠭ | ᠰᠠᠶᠢᠬᠠᠨ ᠬᠠᠭᠤᠳᠠᠰᠤ ᠶᠢ ᠪᠢᠴᠢᠭᠯᠡᠭᠰᠠᠨ ᠶᠤᠮ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢ᠂ ᠪᠥᠬᠦ | ᠤᠷᠤᠨ ᠤ ᠡᠯ᠎ᠠ ᠦᠨᠳᠤᠰᠤᠳᠠᠨ ᠤ ᠠᠷᠠᠳ ᠲᠥᠮᠠᠨ ᠰᠢ ᠶᠢᠨ ᠫᠢᠩ ᠨᠥᠬᠦᠷ ᠢᠶᠠᠷ ᠭᠤᠤᠯ ᠪᠤᠯᠭᠠᠭᠰᠠᠨ ᠨᠠᠮ ᠤᠨ | ᠲᠥᠪ ᠬᠤᠷᠢᠶᠠᠨ ᠤ ᠲᠤᠭᠤᠷᠢᠨ ᠳᠤ ᠪᠥᠯᠭᠦᠮᠳᠠᠨ ᠨᠢᠭᠳᠠᠷᠠᠵᠤ᠂ ᠰᠢ ᠶᠢᠨ ᠫᠢᠩ ᠶᠠᠷᠤᠩᠭᠡᠢ ᠱᠥᠵᠢ ᠶᠢᠨ ᠰᠢᠷᠢᠰ | ᠴᠢᠬᠤᠯᠨ ᠶᠠᠷᠢᠶᠠᠨ ᠤ ᠵᠤᠷᠢᠭ ᠰᠠᠨᠠᠭ᠎ᠠ ᠪᠠ ᠤᠯᠤᠰ ᠢ ᠵᠠᠰᠠᠵᠤ ᠲᠥᠷᠤ ᠶᠢ ᠴᠡᠭᠴᠠᠯᠠᠬᠦ ᠰᠢᠨ᠎ᠠ ᠤᠶᠢᠯᠭᠠᠭᠳᠠᠬᠤᠨ᠂ | ᠰᠢᠨ᠎ᠠ ᠦᠵᠠᠯ ᠰᠠᠨᠠᠭ᠎ᠠ᠂ ᠰᠢᠨ᠎ᠠ ᠪᠠᠶᠢᠯᠳᠤᠬᠤ ᠪᠤᠳᠤᠯᠭ᠎ᠠ ᠶᠢ ᠬᠥᠨᠵᠠᠭᠡᠢ ᠰᠤᠷᠤᠯᠴᠠᠨ ᠲᠤᠤᠱᠠᠯᠠᠭᠤᠯᠵᠤ᠂ ᠰᠢ ᠶᠢᠨ | ᠫᠢᠩ ᠶᠠᠷᠤᠩᠭᠡᠢ ᠱᠥᠵᠢ ᠶᠢᠨ ᠦᠪᠤᠷ ᠮᠤᠩᠭᠤᠯ ᠢᠶᠠᠷ ᠲᠤᠭᠤᠷᠢᠨ ᠪᠠᠶᠢᠴᠠᠭᠠᠬᠤ ᠦᠶ᠎ᠠ ᠶᠢᠨ ᠴᠢᠬᠤᠯᠨ ᠶᠠᠷᠢᠶᠠᠨ ᠤ | ᠵᠤᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠤᠱᠠᠯᠠᠭᠤᠯᠤᠨ ᠨᠠᠶᠢᠳᠠᠪᠤᠷᠢᠵᠢᠭᠤᠯᠵᠤ᠂ ︽ᠳᠠᠪᠤ ᠶᠢ ᠨᠢᠭᠡ | ᠴᠤᠭᠴᠠᠵᠢᠭᠤᠯᠬᠤ︾ ᠶᠠᠷᠤᠩᠭᠡᠢ ᠪᠠᠶᠢᠷᠢᠯᠠᠭᠤᠯᠤᠯᠳᠠ ᠶᠢ ᠨᠢᠭᠡᠳᠤᠯᠳᠠᠢ ᠲᠥᠯᠤᠪᠵᠢᠭᠦᠯᠤᠨ ᠨᠠᠶᠢᠳᠠᠮ ᠳᠤᠨᠢ | ᠠᠬᠢᠭᠤᠯᠵᠤ᠂ ︽ᠲᠥᠷᠪᠠᠨ ᠪᠥᠬᠦ ᠲᠠᠯ᠎ᠠ︾ ᠶᠢᠨ ᠪᠠᠶᠢᠯᠳᠤᠬᠤ ᠪᠤᠳᠤᠯᠭ᠎ᠠ ᠶᠢᠨ ᠪᠠᠶᠢᠷᠢᠯᠠᠭᠤᠯᠤᠯᠳᠠ ᠶᠢ ᠵᠤᠬᠢᠴᠠᠯᠳᠠᠢ | ᠠᠬᠢᠭᠤᠯᠤᠨ᠂ ᠰᠠᠬᠢᠨ ᠪᠠᠷᠠᠭᠠᠯᠠᠵᠤ ᠬᠠᠷᠢᠯᠴᠠᠨ ᠬᠠᠪᠰᠤᠷᠤᠯᠴᠠᠨ᠂ ᠪᠥᠯᠭᠦᠮᠳᠠᠨ ᠳᠠᠮᠠᠴᠠᠵᠤ ᠪᠥᠬᠦ ᠤᠷᠤᠨ ᠤ | ᠦᠭᠡᠷᠠᠴᠢᠯᠠᠯᠳᠠ ᠨᠠᠭᠡᠭᠡᠯᠳᠠ ᠪᠠ ᠤᠳᠤᠬᠢᠴᠢᠯᠠᠯᠳᠠ ᠶᠢᠨ ᠪᠥᠳᠤᠭᠡᠨ ᠪᠠᠶᠢᠭᠤᠯᠤᠯᠳᠠ ᠶᠢᠨ ᠴᠤ᠋ ᠰᠢᠨ᠎ᠠ ᠲᠥᠷᠰᠤ | ᠪᠠᠶᠢᠳᠠᠯ ᠢ ᠨᠠᠭᠡᠭᠡᠭᠰᠠᠨ ᠪᠠᠶᠢᠨ᠎ᠠ ᠭᠡᠵᠠᠢ᠃ | ᠯᠢ ᠵᠢᠢ ᠾᠧᠩ ᠬᠡᠯᠡᠭᠰᠠᠨ ᠨᠢ᠄ ᠰᠢ ᠶᠢᠨ ᠫᠢᠩ ᠶᠠᠷᠤᠩᠭᠡᠢ ᠱᠥᠵᠢ ᠶᠢᠨ ᠦᠪᠤᠷ ᠮᠤᠩᠭᠤᠯ ᠢᠶᠠᠷ ᠲᠤᠭᠤᠷᠢᠨ | ᠪᠠᠶᠢᠴᠠᠭᠠᠬᠤ ᠦᠶ᠎ᠠ ᠶᠢᠨ ᠴᠢᠬᠤᠯᠨ ᠶᠠᠷᠢᠶ᠎ᠠ ᠪᠤᠯᠤᠨ ︽ᠦᠵᠠᠰᠠᠭᠦᠯᠠᠩ ᠰᠠᠶᠢᠬᠠᠨ ᠦᠪᠤᠷ ᠮᠤᠩᠭᠤᠯ ᠢ ᠪᠥᠳᠤᠭᠡᠨ | ᠪᠠᠶᠢᠭᠤᠯᠵᠤ᠂ ᠳᠤᠮᠳᠠᠳᠤ ᠶᠢᠨ ᠬᠥᠰᠠᠯ ᠢ ᠬᠠᠮᠳᠤ ᠪᠠᠷ ᠳᠠᠷᠭᠡᠯᠰᠢᠭᠦᠯᠤᠶᠠ︾ ᠭᠡᠬᠦ ᠪᠢᠴᠢᠭᠡᠰᠤ ᠨᠢ ᠮᠠᠨ ᠤ ᠤᠷᠤᠨ ᠤ | ᠳᠠᠮᠠᠴᠠᠬᠦ ᠬᠠᠷᠠᠯᠳᠠ ᠪᠠ ᠤᠷᠤᠭᠰᠢᠯᠠᠬᠤ ᠴᠢᠭᠯᠡᠯ ᠢ ᠠᠯᠬᠤᠮ ᠴᠢᠨᠠᠭᠰᠢᠳᠠ ᠳᠤᠳᠤᠷᠬᠠᠢ ᠵᠢᠭᠠᠵᠤ ᠦᠭᠭᠦᠭᠰᠠᠨ ᠪᠠᠶᠢᠨ᠎ᠠ | ᠃ ᠪᠢᠳᠠ ᠡᠷᠭᠡᠪᠰᠢ ᠰᠢ ᠶᠢᠨ ᠫᠢᠩ ᠨᠥᠬᠦᠷ ᠢᠶᠠᠷ ᠭᠤᠤᠯ ᠪᠤᠯᠭᠠᠭᠰᠠᠨ ᠨᠠᠮ ᠤᠨ ᠲᠥᠪ ᠬᠤᠷᠢᠶᠠᠨ ᠤ ᠲᠤᠭᠤᠷᠢᠨ | ᠳᠤ ᠨᠠᠩ ᠪᠥᠯᠭᠦᠮᠳᠠ ᠨᠢᠭᠳᠠᠷᠠᠵᠤ᠂ ︽ᠲᠥᠷᠪᠠᠨ ᠤᠬᠠᠮᠰᠠᠷ︾ ᠢ ᠠᠯᠬᠤᠮ ᠴᠢᠨᠠᠭᠰᠢᠳᠠ ᠴᠢᠩᠭᠠᠷᠠᠭᠤᠯᠤᠨ᠂ ︽ | ᠲᠥᠷᠪᠠᠨ ᠢᠳᠠᠭᠡᠯ︾ ᠢ ᠪᠠᠳᠤᠳᠬᠠᠵᠤ᠂ ᠤᠭ ᠰᠠᠨᠠᠭ᠎ᠠ ᠪᠠᠨ ᠦᠯᠤ ᠮᠠᠷᠳᠠᠨ᠂ ᠦᠷᠭᠦᠯᠵᠢᠯᠠᠨ ᠤᠷᠤᠭᠰᠢᠯᠠᠵᠤ᠂ ︽ | ᠦᠵᠠᠰᠠᠭᠦᠯᠠᠩ ᠰᠠᠶᠢᠬᠠᠨ ᠦᠪᠤᠷ ᠮᠤᠩᠭᠤᠯ ᠢ ᠪᠥᠳᠤᠭᠡᠨ ᠪᠠᠶᠢᠭᠤᠯᠵᠤ᠂ ᠳᠤᠮᠳᠠᠳᠤ ᠶᠢᠨ ᠬᠥᠰᠠᠯ ᠢ ᠬᠠᠮᠳᠤ ᠪᠠᠷ | ᠳᠠᠷᠭᠡᠯᠰᠢᠭᠦᠯᠬᠦ︾ ᠳᠤ ᠰᠢᠨ᠎ᠠ ᠬᠤᠪᠢ ᠨᠠᠮᠠᠷᠢ ᠦᠵᠠᠭᠦᠯᠤᠨ᠂ ᠡᠭᠡ ᠤᠯᠤᠰ ᠤᠨ ᠤᠮᠠᠷᠠᠳᠤ ᠬᠢᠯᠢ ᠶᠢᠨ ᠦᠵᠠᠮᠵᠢ | ᠶᠢᠨ ᠱᠤᠭᠤᠮ ᠢ ᠨᠠᠩ ᠦᠵᠠᠰᠠᠭᠦᠯᠠᠩ ᠰᠠᠶᠢᠬᠠᠨ ᠪᠤᠯᠭᠠᠨ ᠪᠥᠳᠤᠭᠡᠨ ᠪᠠᠶᠢᠭᠤᠯᠬᠤ ᠬᠡᠷᠡᠭᠳᠠᠢ ᠭᠡᠵᠠᠢ᠃ | ᠮᠤᠩᠭᠤᠯ ᠦᠨᠳᠦᠰᠦᠳᠡᠨ ᠤ ᠤᠯᠠᠨ ᠲᠦᠮᠡᠨ ᠤ ᠲᠦᠯᠦᠭᠡᠯᠡᠭᠴᠢ ᠰᠠᠴᠠᠨᠪᠠᠳᠤ ᠪᠤᠯᠤᠨ ᠬᠢᠳᠡᠳ | ᠦᠨᠳᠦᠰᠦᠳᠡᠨ ᠤ ᠤᠯᠠᠨ ᠲᠦᠮᠡᠨ ᠤ ᠲᠦᠯᠦᠭᠡᠯᠡᠭᠴᠢ ᠬᠦᠸᠧ ᠰᠢᠶᠤᠤ ᠬᠤᠩ ᠬᠤᠷᠠᠯ ᠳᠡᠭᠡᠷ᠎ᠡ ᠶᠠᠷᠢᠶ᠎ᠠ ᠳᠠᠯᠪᠢᠵᠠᠢ᠃ | ᠳᠠᠷᠠᠭ᠎ᠠ ᠨᠢ ᠦᠪᠡᠳᠡᠭᠰᠢ ᠶᠡᠭᠡ ᠤᠯᠠᠨ ᠲᠦᠮᠡᠨ ᠤ ᠳᠤᠭᠯᠠᠯᠳᠠ ᠶᠢ ᠬᠠᠮᠳᠤᠪᠠᠷ ᠰᠤᠨᠢᠷᠬᠠᠵᠠᠢ᠃ ᠳᠤᠭᠯᠠᠯᠳᠠ ᠨᠢ | ᠦᠵᠡᠰᠬᠦᠯᠡᠩᠳᠤ ᠰᠠᠶᠢᠬᠠᠨ ᠦᠪᠦᠷ ᠮᠤᠩᠭᠤᠯ᠂ ᠳᠠᠯ᠎ᠠ ᠨᠤᠳᠤᠭ ᠤᠨ ᠨᠡᠶᠢᠷᠠᠯ ᠳᠠᠭᠤᠤ᠂ ᠳᠤᠮᠳᠠᠳᠤ ᠶᠢᠨ ᠬᠦᠰᠠᠯ ᠢ | ᠬᠠᠮᠳᠤᠪᠠᠷ ᠳᠡᠷᠭᠡᠯᠰᠢᠬᠦᠯᠦᠶᠡ ᠬᠡᠬᠦ ᠭᠤᠷᠪᠠᠨ ᠪᠦᠯᠦᠭ ᠬᠤᠪᠢᠶᠠᠵᠦ᠂ ᠡᠬᠡ ᠤᠯᠤᠰ ᠤᠨ ᠴᠡᠴᠡᠭᠯᠡᠯᠳᠡ ᠬᠦᠭᠵᠢᠯᠳᠡ | ᠶᠢ ᠪᠡᠯᠬᠡᠳᠡᠵᠦ᠂ ᠦᠪᠦᠷ ᠮᠤᠩᠭᠤᠯ ᠤᠨ ᠢᠷᠡᠬᠡᠳᠦᠢ ᠨᠡᠩ ᠰᠠᠶᠢᠬᠠᠨ ᠪᠤᠯᠬᠤ ᠶᠢ ᠵᠥᠩᠨᠡᠭᠰᠠᠨ ᠪᠠᠶᠢᠨ᠎ᠠ᠃ ᠲᠦᠪ | ᠤᠨᠲ᠋ᠦ᠋ᠯᠦᠭᠡᠯᠡᠭᠴᠢ ᠶᠢᠨ ᠪᠦᠯᠬᠦᠮ ᠤᠨ ᠳᠡᠳ᠋ ᠳᠠᠷᠤᠭ᠎ᠠ ᠯᠢᠦ ᠶᠠᠨ ᠳ᠋ᠦᠩ᠂ ᠰᠦᠨ ᠴᠦᠨ ᠯᠠᠨ᠂ ᠵᠠᠩ ᠫᠢᠩ᠂ | ᠸᠠᠩ ᠵᠧᠩ ᠸᠧᠢ᠂ ᠵᠠᠩ ᠶᠠᠩ ᠪᠤᠯᠤᠨ ᠲᠦᠪ ᠤᠨ ᠲᠦᠯᠦᠭᠡᠯᠡᠭᠴᠢ ᠶᠢᠨ ᠪᠦᠯᠬᠦᠮ ᠤᠨ ᠪᠦᠬᠦ ᠬᠡᠰᠢᠬᠦᠨ ᠵᠢᠴᠢ | ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠬᠠᠮᠢᠶᠠᠳᠠᠢ ᠬᠠᠷᠢᠭᠤᠴᠠᠯᠭᠠᠳᠠᠨ ᠶᠡᠭᠡ ᠬᠤᠷᠠᠯ ᠳᠤ | ᠤᠷᠤᠯᠴᠠᠭᠰᠠᠨ ᠪᠠᠶᠢᠨ᠎ᠠ᠃ | | | | | | | | | | | | | | | | | | | | | | | | |