|  |
| 10 ᠰᠠᠷ᠎ᠠ ᠶᠢᠨ 18 ᠤ ᠡᠳᠤᠷ᠂ ᠵᠠᠩ ᠳ᠋ᠧ ᠵᠢᠶᠠᠩ ᠨᠦᠬᠦᠷ ᠦᠪᠡᠷ ᠤᠨ ᠢᠶᠠᠨ ᠪᠠᠶᠢᠭ᠎ᠠ ᠨᠠᠮ ᠤᠨ ᠠᠷᠪᠠ |
| ᠶᠢᠰᠦᠳᠦᠭᠡᠷ ᠶᠡᠭᠡ ᠬᠤᠷᠠᠯ ᠤᠨ ᠦᠪᠤᠷ ᠮᠤᠩᠭᠤᠯ ᠤᠨ ᠲᠦᠯᠦᠭᠡᠯᠡᠭᠴᠢᠳ ᠤᠨ ᠪᠦᠯᠬᠦᠮ ᠤᠨ ᠶᠠᠷᠢᠯᠴᠠᠭ᠎ᠠ ᠳᠤ |
| | ᠵᠠᠩ ᠳ᠋ᠧ ᠵᠢᠶᠠᠩ ᠨᠦᠬᠦᠷ 18 ᠤ ᠦᠳᠡ ᠶᠢᠨ ᠬᠤᠶᠢᠨ᠎ᠡ ᠦᠪᠡᠷ ᠤᠨ ᠢᠶᠠᠨ ᠪᠠᠶᠢᠭ᠎ᠠ ᠨᠠᠮ ᠤᠨ ᠠᠷᠪᠠ |
| ᠶᠢᠰᠦᠳᠦᠭᠡᠷ ᠶᠡᠭᠡ ᠬᠤᠷᠡᠯ ᠤᠨ ᠦᠪᠤᠷ ᠮᠤᠩᠭᠤᠯ ᠤᠨ ᠲᠦᠯᠥᠬᠡᠯᠡᠭᠴᠢᠳ ᠤᠨ ᠪᠦᠯᠬᠦᠮ ᠳᠤ ᠢᠷᠡᠵᠥ᠂ |
| ᠲᠦᠯᠥᠬᠡᠯᠡᠭᠴᠢᠳ ᠲᠠᠢ ᠬᠠᠮᠳᠤᠪᠡᠷ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠢᠯᠡᠳᠬᠡᠯ ᠢ ᠶᠠᠷᠢᠯᠴᠠᠪᠠ᠃ |
| ᠰᠢ ᠶᠢᠨ ᠫᠢᠩ ᠨᠦᠬᠦᠷ ᠤᠨ ᠨᠠᠮ ᠤᠨ ᠠᠷᠪᠠᠨ ᠨᠠᠢᠮᠠᠳᠤᠭᠠᠷ ᠬᠤᠭᠤᠴᠠᠭᠠᠨ ᠤ ᠲᠦᠪ ᠬᠤᠷᠢᠶᠠᠨ ᠤ |
| ᠡᠮᠤᠨ᠎ᠡ ᠠᠴᠠ ᠶᠡᠭᠡ ᠬᠤᠷᠠᠯ ᠲᠡᠭᠡᠷ᠎ᠡ ᠬᠢᠭᠰᠡᠡ ᠢᠯᠡᠳᠬᠡᠯ ᠢ ᠪᠦᠷᠢᠨ ᠵᠦᠪᠰᠢᠶᠡᠷᠡᠵᠥ ᠪᠠᠶᠢᠨ᠎ᠠ ᠬᠡᠵᠥ ᠵᠠᠩ ᠳ᠋ᠧ ᠵᠢᠶᠠᠩ |
| | ᠵᠠᠩ ᠳ᠋ᠧ ᠵᠢᠶᠠᠩ ᠬᠡᠯᠡᠭᠰᠡᠨ ᠨᠢ᠂ ᠰᠢ ᠶᠢᠨ ᠫᠢᠩ ᠨᠦᠬᠦᠷ ᠤᠨ ᠬᠢᠭᠰᠡᠡ ᠨᠠᠮ ᠤᠨ ᠠᠷᠪᠠ ᠶᠢᠰᠦᠳᠦᠭᠡᠷ ᠶᠡᠭᠡ |
| ᠬᠤᠷᠠᠯ ᠤᠨ ᠢᠯᠡᠳᠬᠡᠯ ᠤᠨ ᠭᠤᠤᠯ ᠰᠡᠳᠤᠪ ᠨᠢ ᠲᠤᠳᠤᠷᠬᠠᠢ᠂ ᠦᠵᠡᠯ ᠰᠠᠨᠠᠭ᠎ᠠ ᠨᠢ ᠬᠦᠨᠵᠡᠬᠡᠢ᠂ ᠠᠭᠤᠯᠭ᠎ᠠ ᠨᠢ |
| ᠪᠠᠶᠠᠯᠢᠭ᠂ ᠦᠷᠬᠡᠨ ᠲᠡᠯᠭᠡᠷ ᠬᠦᠨ ᠬᠦᠨᠵᠡᠬᠡᠢ᠂ ᠰᠦᠷ ᠲᠠᠯᠠᠶᠢᠴᠠᠳᠠᠢ᠂ ᠬᠦᠮᠥᠰ ᠢ ᠤᠷᠮᠠᠰᠢᠭᠤᠯᠵᠤ᠂ ᠪᠦᠬᠦ |
| ᠢᠯᠡᠳᠬᠡᠯ ᠳᠤᠨᠢ ᠮᠠᠷᠺᠰ ᠤᠨ ᠦᠵᠡᠯ ᠤᠨ ᠦᠨᠡᠨ ᠶᠤᠰᠤᠨ ᠤ ᠬᠡᠷᠡᠯ ᠬᠢᠯᠪᠠᠭ᠎ᠠ ᠰᠠᠴᠤᠷᠠᠵᠥ᠂ ᠪᠦᠬᠦ ᠢᠯᠡᠳᠬᠡᠯ ᠨᠢ |
| ᠰᠢ ᠶᠢᠨ ᠫᠢᠩ ᠨᠦᠬᠦᠷ ᠢᠶᠠᠷ ᠭᠤᠤᠯ ᠪᠤᠯᠭᠠᠭᠰᠠᠠ ᠨᠠᠮ ᠤᠨ ᠲᠦᠪ ᠬᠤᠷᠢᠶᠠᠨ ᠤ ᠰᠢᠨ᠎ᠡ ᠴᠠᠭ ᠦᠶ᠎ᠡ ᠶᠢᠨ ᠲᠤᠮᠳᠠᠳᠤ |
| ᠤᠯᠤᠰ ᠤᠨ ᠤᠨᠴᠠᠯᠢᠭ ᠲᠠᠢ ᠨᠡᠶᠢᠬᠡᠮ ᠵᠢᠷᠤᠮ ᠢ ᠵᠢᠯᠤᠭᠤᠳᠤᠨ ᠲᠠᠭᠠᠭᠤᠯᠤᠭᠰᠠᠠ ᠤᠨᠤᠯ ᠤᠨ ᠦᠷ᠎ᠡ ᠪᠦᠳᠦᠭᠡᠯ᠂ |
| ᠦᠢᠯᠡᠳᠦᠯᠬᠡ ᠶᠢᠨ ᠦᠷ᠎ᠡ ᠪᠦᠳᠦᠭᠡᠯ᠂ ᠰᠢᠨ᠎ᠡ ᠡᠬᠦᠳᠦᠯᠳᠡ ᠶᠢᠨ ᠦᠷ᠎ᠡ ᠪᠦᠳᠦᠭᠡᠯ ᠢ ᠬᠠᠷᠠᠭᠤᠯᠵᠤ᠂ ᠪᠦᠬᠦ |
| ᠢᠯᠡᠳᠬᠡᠯ ᠨᠢ ᠪᠦᠬᠦ ᠨᠠᠮ ᠪᠦᠬᠦ ᠤᠯᠤᠰ ᠤᠨ ᠦᠨᠳᠦᠰᠦᠳᠡᠨ ᠨᠦᠭᠦᠳ ᠤᠨ ᠠᠷᠠᠳ ᠲᠦᠮᠡᠨ ᠤ ᠴᠢᠨᠡᠭᠡᠯᠢᠭ ᠨᠡᠶᠢᠬᠡᠮ ᠢ |
| ᠪᠦᠬᠦ ᠲᠠᠯ᠎ᠠ ᠪᠠᠷ ᠪᠡᠶᠡᠯᠡᠬᠦᠯᠬᠦ ᠰᠢᠢᠳᠪᠤᠷᠢᠳᠤ ᠢᠯᠡᠯᠳᠡ ᠶᠢ ᠤᠯᠬᠤ᠂ ᠰᠢᠨ᠎ᠡ ᠴᠠᠭ ᠦᠶ᠎ᠡ ᠶᠢᠨ ᠲᠤᠮᠳᠠᠳᠤ |
| ᠤᠯᠤᠰ ᠤᠨ ᠤᠨᠴᠠᠯᠢᠭ ᠲᠠᠢ ᠨᠡᠶᠢᠬᠡᠮ ᠵᠢᠷᠤᠮ ᠤᠨ ᠠᠭᠤᠤ ᠶᠡᠭᠡ ᠢᠯᠡᠯᠳᠡ ᠶᠢ ᠤᠯᠬᠤ᠂ ᠲᠤᠮᠳᠠᠳᠤ ᠶᠢᠨ |
| ᠦᠨᠳᠦᠰᠦᠳᠡᠨ ᠤ ᠠᠭᠤᠤ ᠶᠡᠭᠡ ᠰᠡᠷᠬᠦᠨ ᠮᠠᠨᠳᠤᠯᠳᠠ ᠶᠢᠨ ᠲᠤᠮᠳᠠᠳᠤ ᠶᠢᠨ ᠵᠡᠬᠦᠳᠤ ᠶᠢ ᠲᠡᠷᠭᠡᠯᠰᠢᠬᠦᠯᠬᠦ ᠡᠷᠡᠰ ᠪᠠᠳᠤ |
| ᠢᠳᠡᠭᠡᠯ ᠢ ᠬᠦᠪᠴᠢᠯᠡᠭᠰᠡᠨ ᠪᠠᠶᠢᠨ᠎ᠠ ᠭᠡᠵᠠᠢ᠃ |
| ᠵᠠᠩ ᠳ᠋ᠧ ᠵᠢᠶᠠᠩ᠂ ᠲᠠᠪᠤᠨ ᠵᠢᠯ ᠤᠨ ᠲᠤᠷᠰᠢ᠂ ᠰᠢ ᠶᠢᠨ ᠫᠢᠩ ᠨᠦᠬᠦᠷ ᠢᠶᠠᠷ ᠭᠤᠤᠯ ᠪᠤᠯᠭᠠᠬᠰᠠᠨ ᠨᠠᠮ ᠤᠨ |
| ᠲᠦᠪ ᠬᠤᠷᠢᠶ᠎ᠠ ︽ᠲᠠᠪᠤ ᠶᠢ ᠨᠢᠬᠡ ᠴᠤᠬᠴᠠᠵᠢᠭᠤᠯᠬᠤ︾ ᠶᠠᠷᠤᠩᠬᠡᠢ ᠪᠠᠶᠢᠷᠢᠰᠢᠭᠤᠯᠤᠯᠳᠠ ᠶᠢ ᠨᠢᠬᠡᠳᠤᠯᠳᠠᠢ |
| ᠲᠦᠯᠦᠪᠵᠢᠭᠦᠯᠦᠨ ᠠᠬᠢᠭᠤᠯᠵᠤ᠂ ︽ᠲᠦᠷᠪᠡᠨ ᠪᠦᠬᠦ ᠲᠠᠯ᠎ᠠ︾ ᠶᠢᠨ ᠪᠠᠶᠢᠯᠳᠤᠬᠤ ᠪᠤᠳᠤᠯᠭ᠎ᠠ ᠶᠢᠨ |
| ᠪᠠᠶᠢᠷᠢᠰᠢᠭᠤᠯᠤᠯᠳᠠ ᠶᠢ ᠵᠤᠬᠢᠴᠠᠭᠤᠯᠤᠨ ᠠᠬᠢᠭᠤᠯᠵᠤ᠂ ᠠᠯᠢ ᠤᠯᠠᠨ ᠰᠢᠨ᠎ᠠ ᠤᠢᠢᠯᠠᠭᠠᠭᠳᠠᠬᠤᠨ ᠰᠢᠨ᠎ᠠ ᠦᠵᠡᠯ |
| ᠰᠠᠨᠠᠭ᠎ᠠ ᠰᠢᠨ᠎ᠠ ᠪᠠᠶᠢᠯᠳᠤᠬᠤ ᠪᠤᠳᠤᠯᠭ᠎ᠠ ᠶᠢ ᠲᠤᠷᠠᠳᠴᠤ᠂ ᠠᠯᠢ ᠤᠯᠠᠨ ︽ᠰᠢᠨ᠎ᠠ ᠡᠬᠦᠳᠦᠯᠳᠡ︾ ᠶᠢ ᠨᠡᠬᠡᠬᠡᠵᠤ᠂ |
| ᠠᠯᠢ ᠤᠯᠠᠨ ︽ᠪᠡᠶᠡᠯᠡᠭᠳᠡᠰᠢ ᠦᠬᠡᠢ ᠶᠠᠪᠤᠳᠠᠯ︾ ᠢ ᠪᠡᠶᠡᠯᠡᠬᠦᠯᠵᠤ᠂ ᠨᠠᠮ ᠪᠤᠯᠤᠨ ᠤᠯᠤᠰ ᠤᠨ ᠲᠦᠷᠢ ᠲᠦᠷᠬᠦ ᠴᠤ᠋ |
| ᠰᠢᠨ᠎ᠠ ᠪᠠᠶᠢᠳᠠᠯ ᠲᠠᠢ ᠪᠤᠯᠵᠤ᠂ ᠨᠠᠮ ᠪᠤᠯᠤᠨ ᠤᠯᠤᠰ ᠤᠨ ᠤᠢᠢᠯᠡᠰ ᠲᠡᠤᠬᠡᠳᠤ ᠴᠢᠨᠠᠷᠳᠠᠢ ᠦᠷ᠎ᠠ ᠪᠦᠳᠤᠮᠵᠢ ᠤᠯᠵᠤ᠂ |
| ᠲᠡᠤᠬᠡᠳᠤ ᠴᠢᠨᠠᠷᠳᠠᠢ ᠬᠤᠪᠢᠷᠠᠯᠳᠠ ᠭᠠᠷᠴᠤ᠂ ᠪᠦᠬᠦ ᠨᠠᠮ ᠪᠦᠬᠦ ᠴᠡᠷᠢᠭ ᠪᠦᠬᠦ ᠤᠯᠤᠰ ᠤᠨ |
| ᠦᠨᠳᠤᠰᠤᠳᠠᠨ ᠨᠦᠭᠦᠳ ᠤᠨ ᠠᠷᠠᠳ ᠲᠦᠮᠡᠨ ᠵᠢᠴᠢ ᠪᠦᠬᠦ ᠲᠡᠯᠡᠬᠡᠢ ᠶᠢᠨ ᠮᠠᠬᠳᠠᠭᠠᠯ ᠰᠠᠶᠢᠰᠢᠶᠠᠯ ᠢ ᠤᠯᠪᠠ᠃ |
| ᠲᠡᠯᠡᠬᠡᠢ ᠳ᠋ᠡᠬᠢᠨ ᠤ ᠠᠩᠬᠠᠷᠤᠯ ᠢ ᠲᠠᠳᠠᠬᠰᠠᠨ ᠦᠷ᠎ᠠ ᠪᠦᠳᠤᠮᠵᠢ ᠤᠯᠵᠤ ᠴᠢᠳᠠᠬᠰᠠᠨ ᠤ ᠬᠠᠮᠤᠬ ᠤᠨ ᠴᠢᠬᠤᠯᠠ᠂ |
| ᠬᠠᠮᠤᠬ ᠤᠨ ᠵᠠᠩᠬᠢᠯᠠᠭ᠎ᠠ ᠨᠢ ᠮᠠᠨ ᠤ ᠨᠠᠮ ᠶᠠᠷᠤᠩᠬᠡᠢ ᠱᠦᠵᠢ ᠰᠢ ᠶᠢᠨ ᠫᠢᠩ ᠭᠡᠳᠡᠭ ᠭᠤᠤᠯᠯᠠᠬᠴᠢ ᠲᠠᠢ ᠪᠤᠯᠵᠤ᠂ |
| ᠰᠢ ᠶᠢᠨ ᠫᠢᠩ ᠨᠦᠬᠦᠷ ᠢᠶᠠᠷ ᠭᠤᠤᠯ ᠪᠤᠯᠭᠠᠬᠰᠠᠨ ᠨᠠᠮ ᠤᠨ ᠲᠦᠪ ᠬᠤᠷᠢᠶᠠᠨ ᠤ ᠪᠠᠳᠤ ᠴᠢᠩᠭ᠎ᠠ |
| ᠤᠳᠤᠷᠢᠳᠤᠯᠭ᠎ᠠ ᠲᠠᠢ ᠪᠤᠯᠤᠬᠰᠠᠨ ᠳᠤ ᠪᠤᠢ ᠬᠡᠵᠤ ᠬᠡᠯᠡᠪᠡ᠃ |
| ᠵᠠᠩ ᠳ᠋ᠧ ᠵᠢᠶᠠᠩ ᠬᠡᠯᠡᠭᠰᠡᠨ ᠨᠢ᠂ ᠰᠢ ᠶᠢᠨ ᠫᠢᠩ ᠨᠦᠬᠦᠷ ᠢᠶᠠᠷ ᠲᠦᠯᠦᠬᠡᠯᠡᠬᠦᠯᠦᠭᠰᠡᠨ ᠳᠤᠮᠳᠠᠳᠤ ᠤᠯᠤᠰ ᠤᠨ |
| ᠡᠪ ᠬᠠᠮᠳᠤ ᠨᠠᠮ ᠨᠢ ᠴᠠᠬ ᠦᠶ᠎ᠠ ᠶᠢ ᠵᠠᠭᠠᠬᠯᠠᠬᠰᠠᠨ ᠤᠨᠤᠯ ᠤᠨ ᠰᠢᠨ᠎ᠠ ᠡᠬᠦᠳᠤᠯᠳᠠ᠂ ᠤᠢᠢᠯᠡᠳᠤᠯᠬᠡ ᠶᠢᠨ ᠰᠢᠨ᠎ᠠ |
| ᠡᠬᠦᠳᠤᠯᠳᠠ ᠬᠢᠵᠤ᠂ ᠰᠢ ᠶᠢᠨ ᠫᠢᠩ ᠤᠨ ᠰᠢᠨ᠎ᠠ ᠴᠠᠬ ᠦᠶ᠎ᠠ ᠶᠢᠨ ᠳᠤᠮᠳᠠᠳᠤ ᠤᠯᠤᠰ ᠤᠨ ᠤᠨᠴᠠᠯᠢᠬ ᠲᠠᠢ ᠨᠡᠶᠢᠬᠡᠮ |
| ᠵᠢᠷᠤᠮ ᠤᠨ ᠦᠵᠡᠯ ᠰᠠᠨᠠᠭ᠎ᠠ ᠶᠢ ᠡᠬᠦᠳᠴᠠᠢ᠃ ᠡᠨᠡ ᠪᠤᠯ ᠮᠠᠷᠺᠰ ᠤᠨ ᠦᠵᠡᠯ ᠤᠨ ᠲᠤᠮᠳᠠᠳᠤ ᠤᠯᠤᠰᠴᠢᠯᠠᠬᠰᠠᠨ |
| ᠬᠠᠮᠤᠬ ᠤᠨ ᠰᠢᠨ᠎ᠠ ᠦᠷ᠎ᠠ ᠪᠦᠳᠤᠬᠡᠯ᠂ ᠳᠤᠮᠳᠠᠳᠤ ᠤᠯᠤᠰ ᠤᠨ ᠤᠨᠴᠠᠯᠢᠬ ᠲᠠᠢ ᠨᠡᠶᠢᠬᠡᠮ ᠵᠢᠷᠤᠮ ᠤᠨ ᠤᠨᠤᠯ ᠤᠨ |
| ᠰᠢᠰᠲ᠋ᠧᠮ ᠤᠨ ᠴᠢᠬᠤᠯᠠ ᠪᠦᠷᠢᠯᠳᠤᠬᠦᠨ ᠭᠡᠰᠡᠭ᠂ ᠤᠢᠢᠯᠡᠳᠤᠯᠬᠡ ᠪᠠᠷ ᠭᠡᠷᠡᠴᠢᠯᠡᠭᠰᠡᠨ ᠰᠢᠨᠵᠢᠯᠡᠬᠦ ᠤᠬᠠᠭᠠᠨᠴᠢ ᠦᠨᠡᠨ |
| ᠶᠤᠰᠤ᠂ ᠠᠭᠤᠤ ᠶᠡᠭᠡ ᠲᠡᠮᠡᠴᠡᠯ ᠬᠢᠬᠦ᠂ ᠠᠭᠤᠤ ᠶᠡᠭᠡ ᠢᠨᠵᠧᠨᠧᠷᠢᠩ ᠢ ᠪᠦᠳᠤᠬᠡᠨ ᠪᠠᠶᠢᠭᠤᠯᠬᠤ᠂ ᠠᠭᠤᠤ ᠶᠡᠭᠡ |
| ᠤᠢᠢᠯᠡᠰ ᠢ ᠠᠬᠢᠭᠤᠯᠬᠤ᠂ ᠠᠭᠤᠤ ᠶᠡᠭᠡ ᠵᠡᠬᠦᠳᠤ ᠶᠢ ᠲᠡᠷᠬᠡᠯᠰᠢᠬᠦᠯᠬᠦ ᠤᠢᠢᠯᠡᠳᠤᠯᠬᠡ ᠶᠢᠨ ᠵᠦᠭᠯᠡᠬᠦᠷ᠂ ᠳᠤᠮᠳᠠᠳᠤ |
| ᠤᠯᠤᠰ ᠤᠨ ᠡᠪ ᠬᠠᠮᠳᠤᠴᠤᠳ ᠤᠨ ᠰᠢᠨ᠎ᠠ ᠴᠠᠬ ᠦᠶ᠎ᠠ ᠶᠢᠨ ᠤᠶᠤᠨ ᠰᠠᠨᠠᠭᠠᠨ ᠤ ᠲᠤᠯᠭᠠᠭᠤᠷᠢ ᠪᠤᠯᠤᠨ ᠬᠦᠴᠤᠨ |
| ᠴᠢᠳᠠᠯ ᠤᠨ ᠡᠬᠢ ᠪᠤᠯᠠᠬ᠂ ᠮᠠᠨ ᠤ ᠡᠷᠬᠡᠪᠰᠢ ᠤᠷᠳᠤ ᠬᠤᠭᠤᠴᠠᠭ᠎ᠠ ᠪᠠᠷᠢᠮᠳᠠᠯᠠᠬᠤ ᠵᠢᠯᠤᠭᠤᠳᠬᠤ ᠦᠵᠡᠯ ᠰᠠᠨᠠᠭ᠎ᠠ |
| ᠪᠤᠯᠤᠨ᠎ᠠ᠃ ᠡᠨᠡ ᠪᠤᠯ ᠨᠠᠮ ᠤᠨ ᠠᠷᠪᠠ ᠶᠢᠰᠤᠳᠤᠭᠡᠷ ᠶᠡᠭᠡ ᠬᠤᠷᠠᠯ ᠤᠨ ᠬᠠᠮᠤᠬ ᠤᠨ ᠶᠡᠭᠡ ᠬᠢᠯᠡᠰ ᠴᠡᠭ᠂ ᠨᠠᠮ ᠤᠨ |
| ᠬᠦᠭᠵᠢᠯᠳᠠ ᠳᠠᠬᠢ ᠲᠡᠤᠬᠡᠳᠤ ᠴᠢᠨᠠᠷᠳᠠᠢ ᠬᠤᠪᠢ ᠨᠡᠮᠡᠷᠢ ᠪᠤᠯᠤᠨ᠎ᠠ ᠬᠡᠪᠡ᠃ |
| ᠵᠠᠩ ᠳ᠋ᠧ ᠵᠢᠶᠠᠩ᠂ ᠪᠦᠬᠦ ᠢᠯᠡᠳᠭᠡᠯ ᠳᠤ ᠰᠢ ᠶᠢᠨ ᠫᠢᠩ ᠤᠨ ᠰᠢᠨ᠎ᠠ ᠴᠠᠭ ᠦᠶ᠎ᠠ ᠶᠢᠨ ᠲᠤᠮᠲᠠᠲᠤ |
| ᠤᠯᠤᠰ ᠤᠨ ᠤᠠᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠢᠯᠡᠷᠡᠭᠦᠯᠵᠦ᠂ ᠲᠡᠤᠬᠡ ᠪᠤᠯᠤᠠ ᠴᠠᠭ |
| ᠦᠶ᠎ᠠ ᠶᠢᠨ ᠦᠨᠲᠦᠷᠴᠡ ᠳᠤ ᠵᠤᠭᠰᠤᠵᠦ᠂ ᠲᠤᠮᠲᠠᠲᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠢ ᠪᠠᠷᠢᠮᠲᠠᠯᠠᠠ |
| ᠬᠦᠭᠵᠢᠭᠦᠯᠬᠦ ᠭᠡᠳᠡᠭ ᠡᠨᠡᠬᠦ ᠭᠤᠤᠯ ᠱᠤᠭᠤᠮ ᠢ ᠴᠢᠩᠭ᠎ᠠ ᠠᠳᠬᠤᠵᠦ᠂ ᠲᠤᠮᠲᠠᠲᠤ ᠤᠯᠤᠰ ᠤᠨ ᠤᠨᠴᠠᠯᠢᠭ ᠲᠠᠢ |
| ᠨᠡᠶᠢᠭᠡᠮ ᠵᠢᠷᠤᠮ ᠰᠢᠨ᠎ᠠ ᠴᠠᠭ ᠦᠶ᠎ᠠ ᠳᠤ ᠲᠠᠪᠰᠢᠨ ᠤᠷᠤᠬᠰᠠᠨ ᠲᠤᠬᠠᠢ ᠰᠢᠨᠵᠢᠯᠡᠬᠦ ᠤᠬᠠᠭᠠᠠᠴᠢ ᠮᠠᠭᠠᠳᠯᠠᠯᠲᠠ ᠬᠢᠵᠦ᠂ |
| ᠰᠢᠨ᠎ᠠ ᠴᠠᠭ ᠦᠶ᠎ᠠ ᠶᠢᠨ ᠮᠠᠠ ᠤ ᠤᠯᠤᠰ ᠤᠨ ᠨᠡᠶᠢᠭᠡᠮ ᠤᠨ ᠭᠤᠤᠯ ᠵᠦᠷᠢᠴᠡᠯ ᠢ ᠲᠤᠷᠠᠳᠴᠤ᠂ ᠦᠨᠲᠦᠰᠦᠨ ᠠᠷᠭ᠎ᠠ |
| ᠪᠤᠲᠤᠯᠭ᠎ᠠ ᠶᠢ ᠲᠤᠲᠤᠷᠬᠠᠢᠢᠯᠠᠠ ᠦᠭᠦᠯᠡᠵᠦ᠂ ᠠᠤᠭ᠎ᠠ ᠲᠦᠰᠦᠪ ᠢ ᠵᠢᠷᠤᠭᠯᠠᠠ᠂ ᠠᠷᠠᠳ ᠤᠨ ᠲᠦᠯᠦᠭᠡ ᠭᠡᠰᠡᠡ |
| ᠦᠨᠳᠦᠰᠦᠨ ᠵᠤᠷᠢᠯᠲᠠ ᠶᠢ ᠢᠯᠡᠷᠡᠭᠦᠯᠵᠦ᠂ ᠨᠠᠮ ᠢ ᠴᠢᠩᠭ᠎ᠠ ᠵᠠᠰᠠᠬᠤ ᠱᠠᠭᠠᠷᠲᠠᠯᠭ᠎ᠠ ᠶᠢ ᠴᠢᠩᠭᠠᠳᠬᠠᠬᠤ ᠪᠤᠯ ᠮᠠᠠ ᠤ |
| ᠨᠠᠮ ᠤᠨ ᠰᠢᠨ᠎ᠠ ᠴᠠᠭ ᠦᠶ᠎ᠠ ᠳᠤ ᠤᠷᠤᠬᠤ᠂ ᠰᠢᠨ᠎ᠠ ᠠᠶᠠᠠ ᠢ ᠡᠬᠢᠯᠡᠭᠦᠯᠬᠦ᠂ ᠰᠢᠨ᠎ᠠ ᠬᠠᠭᠤᠲᠠᠰᠤ ᠶᠢ ᠵᠠᠯᠭᠠᠠ |
| ᠪᠢᠴᠢᠬᠦ ᠤᠯᠤᠰ ᠲᠦᠷᠦ ᠶᠢᠨ ᠲᠤᠩᠬᠠᠭ ᠪᠠ ᠠᠵᠢᠯᠯᠠᠭᠠᠠ ᠤ ᠵᠦᠭᠯᠡᠭᠦᠷ ᠮᠦᠨ ᠭᠡᠵᠦ ᠬᠡᠯᠡᠪᠡ᠃ |
| ᠵᠠᠩ ᠳ᠋ᠧ ᠵᠢᠶᠠᠩ᠂ ᠪᠢᠲᠠ ᠨᠠᠮ ᠤᠨ ᠠᠷᠪᠠ ᠶᠢᠰᠦᠲᠦᠭᠡᠷ ᠶᠡᠭᠡ ᠬᠤᠷᠠᠯ ᠤᠨ ᠵᠤᠷᠢᠭ ᠰᠠᠨᠠᠭ᠎ᠠ᠂ ᠢᠯᠠᠩᠭᠤᠶ᠎ᠠ |
| ᠰᠢ ᠶᠢᠨ ᠫᠢᠩ ᠤᠨ ᠰᠢᠨ᠎ᠠ ᠴᠠᠭ ᠦᠶ᠎ᠠ ᠶᠢᠨ ᠲᠤᠮᠲᠠᠲᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ |
| ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠠ᠂ ᠪᠦᠬᠦ ᠲᠠᠯ᠎ᠠ ᠪᠠᠷ ᠲᠤᠤᠱᠯᠠᠭᠤᠯᠵᠦ᠂ ︽ᠲᠦᠷᠪᠡᠡ ᠤᠬᠠᠮᠰᠠᠷ︾ ᠢ ᠪᠤᠢ |
| ᠪᠤᠯᠭᠠᠵᠦ᠂ ︽ᠲᠦᠷᠪᠡᠡ ᠢᠲᠡᠭᠡᠯ︾ ᠢᠶᠠᠨ ᠪᠠᠲᠤᠳᠬᠠᠵᠦ᠂ ᠶᠡᠷᠦᠩᠭᠡᠢ ᠱᠦᠵᠢ ᠰᠢ ᠶᠢᠨ ᠫᠢᠩ ᠤᠨ ᠭᠤᠤᠯᠯᠠᠬᠤ |
| ᠪᠠᠶᠢᠷᠢ ᠰᠠᠭᠤᠷᠢ ᠪᠤᠯᠤᠨ ᠡᠷᠭᠡ ᠰᠦᠷ ᠢ ᠡᠷᠡᠰ ᠬᠠᠮᠠᠭᠠᠯᠠᠵᠦ᠂ ᠨᠠᠮ ᠤᠨ ᠲᠦᠪ ᠬᠤᠷᠢᠶ᠎ᠠ ᠶᠢᠨ ᠡᠷᠭᠡ ᠰᠦᠷ ᠪᠤᠯᠤᠨ |
| ᠲᠦᠪᠯᠡᠷᠩᠰᠡᠨ ᠨᠢᠭᠡᠲᠦᠯᠲᠠᠢ ᠤᠲᠤᠷᠢᠲᠤᠯᠭ᠎ᠠ ᠶᠢ ᠡᠷᠡᠰ ᠬᠠᠮᠠᠭᠠᠯᠠᠵᠦ᠂ ᠢᠮᠠᠭᠲᠠ ᠦᠵᠡᠯ ᠰᠠᠨᠠᠭ᠎ᠠ ᠤᠯᠤᠰ ᠲᠦᠷᠦ |
| ᠤᠢᠢᠯᠠ ᠠᠵᠢᠯᠯᠠᠭ᠎ᠠ ᠶᠢᠨ ᠲᠠᠯ᠎ᠠ ᠪᠠᠷ ᠰᠢ ᠶᠢᠨ ᠫᠢᠩ ᠨᠦᠬᠦᠷ ᠢᠶᠠᠷ ᠭᠤᠤᠯ ᠪᠤᠯᠭᠠᠭᠰᠠᠠ ᠨᠠᠮ ᠤᠨ ᠲᠦᠪ |
| ᠬᠤᠷᠢᠶ᠎ᠠ ᠲᠠᠢ ᠲᠡᠭᠡᠲᠦ ᠬᠡᠮᠵᠢᠶ᠎ᠠ ᠪᠠᠷ ᠨᠢᠭᠡᠲᠦᠯᠳᠠᠢ ᠪᠠᠶᠢᠵᠦ᠂ ᠬᠦᠰᠡᠯᠡᠩ ᠢᠲᠡᠭᠡᠯ ᠪᠢᠰᠢᠷᠠᠯ ᠢᠶᠠᠨ ᠪᠠᠲᠤᠳᠬᠠᠠ᠂ |
| ᠰᠢᠳᠤᠷᠭᠤ ᠴᠢᠭᠡᠴᠢ ᠡᠬᠦᠷᠭᠡᠯᠡᠯ ᠲᠠᠢ ᠪᠠᠶᠢᠵᠦ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠰᠢᠢᠳᠪᠦᠷᠢᠳᠤ |
| ᠢᠯᠠᠯᠲᠠ ᠶᠢ ᠤᠯᠵᠦ᠂ ᠰᠢᠨ᠎ᠠ ᠴᠠᠭ ᠦᠶ᠎ᠠ ᠶᠢᠨ ᠲᠤᠮᠲᠠᠲᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ |
| ᠠᠭᠤᠤ ᠶᠡᠭᠡ ᠢᠯᠠᠯᠲᠠ ᠶᠢ ᠤᠯᠬᠤ ᠪᠠᠷ ᠴᠢᠷᠮᠠᠶᠢᠨ ᠲᠡᠮᠡᠴᠡᠰᠦᠭᠡᠢ ᠭᠡᠵᠦ ᠬᠡᠯᠡᠪᠡ᠃ |
| | ᠰᠢᠨᠬᠤᠸᠠ ᠬᠤᠷᠢᠶᠠᠨ ᠤ ᠰᠤᠷᠪᠤᠯᠵᠢᠯᠠᠭᠴᠢ ᠵᠠᠩ ᠯᠢᠩ ᠰᠡᠬᠦᠳᠡᠷᠯᠡᠪᠠ |
| | |