ᠰᠢ ᠶᠢᠨ ᠫᠢᠩ ᠠᠯᠳᠠᠨ ᠲᠤᠭᠤᠰᠬ᠎ᠠ ᠤᠯᠤᠰ ᠤᠳ ᠤᠨ ᠦᠢᠯᠡᠳᠪᠤᠷᠢ ᠬᠤᠳᠠᠯᠳᠤᠭᠠ᠊ ᠤ ᠶᠠᠷᠢᠶᠠᠨ ᠤ ᠲᠠᠪᠴᠠᠩ ᠤᠨ ᠡᠬᠢᠯᠡᠯᠳᠡ ᠶᠢᠨ ᠶᠤᠰᠤᠯᠠᠯ ᠳᠤ ᠤᠷᠤᠯᠴᠠᠵᠥ ᠭᠤᠤᠯ ᠵᠤᠷᠢᠯᠳᠠᠳᠤ ᠶᠠᠷᠢᠶ᠎ᠠ ᠢᠯᠡᠳᠬᠡᠯ ᠬᠢᠪᠡ
ᠨᠡᠶᠢᠲᠡᠯᠡᠭᠰᠡᠨ ᠴᠠᠭ᠄
2017/11/12
   ᠠᠯᠳᠠᠨ ᠲᠤᠭᠤᠰᠬ᠎ᠠ ᠤᠯᠤᠰ ᠤᠳ ᠤᠨ ᠬᠠᠮᠳᠤᠷᠠᠯᠴᠠᠭᠠᠨ ᠤ ᠬᠤᠶᠠᠳᠠᠬᠢ ︽ᠰᠢᠵᠢᠷ ᠠᠯᠳᠠᠨ ᠠᠷᠪᠠᠨ ᠵᠢᠯ︾ ᠢ ᠬᠠᠮᠳᠤᠪᠡᠷ ᠡᠭᠦᠳᠦᠨ ᠪᠠᠶᠢᠭᠤᠯᠬᠤ ᠬᠡᠷᠡᠭᠳᠠᠢ ᠬᠡᠵᠥ ᠴᠢᠬᠤᠯᠠᠴᠢᠯᠠᠵᠠᠢ
 
     ᠤᠯᠤᠰ ᠤᠨ ᠲᠡᠷᠢᠬᠦᠯᠡᠭᠴᠢ ᠰᠢ ᠶᠢᠨ ᠫᠢᠩ 3 ᠤ ᠡᠳᠤᠷ ᠰᠢᠶᠠᠮᠧᠨ ᠤ ᠤᠯᠠᠨ ᠤᠯᠤᠰ ᠤᠨ ᠬᠤᠷᠠᠯ
ᠦᠵᠡᠰᠬᠦᠯᠡᠩ ᠤᠨ ᠲᠦᠪ ᠲᠤ ᠠᠯᠳᠠᠨ ᠲᠤᠭᠤᠰᠬ᠎ᠠ ᠤᠯᠤᠰ ᠤᠳ ᠤᠨ ᠦᠢᠯᠡᠳᠪᠤᠷᠢ ᠬᠤᠳᠠᠯᠳᠤᠭᠠᠨ ᠤ ᠶᠠᠷᠢᠶᠠᠨ ᠤ
ᠲᠠᠪᠴᠠᠩ ᠤᠨ ᠡᠬᠢᠯᠡᠯᠳᠡ ᠶᠢᠨ ᠶᠤᠰᠤᠯᠠᠯ ᠳᠤ ᠤᠷᠤᠯᠴᠠᠭᠰᠠᠠ ᠪᠦᠭᠡᠳ ︽ᠠᠯᠳᠠᠨ ᠲᠤᠭᠤᠰᠬ᠎ᠠ ᠤᠯᠤᠰ ᠤᠳ ᠤᠨ
ᠬᠠᠮᠳᠤᠷᠠᠯᠴᠠᠭᠠᠨ ᠤ ᠬᠤᠶᠠᠳᠠᠬᠢ ︿ᠰᠢᠵᠢᠷ ᠠᠯᠳᠠᠨ ᠠᠷᠪᠠᠨ ᠵᠢᠯ﹀ ᠢ ᠬᠠᠮᠳᠤᠪᠡᠷ ᠡᠭᠦᠳᠦᠨ ᠪᠠᠶᠢᠭᠤᠯᠤᠶ᠎ᠠ︾ ᠬᠡᠬᠦ
ᠰᠡᠳᠤᠪ ᠢᠶᠠᠷ ᠭᠤᠤᠯ ᠵᠤᠷᠢᠯᠳᠠᠳᠤ  ᠶᠠᠷᠢᠶ᠎ᠠ ᠢᠯᠡᠳᠬᠡᠯ ᠬᠢᠵᠥ᠂ ᠠᠯᠳᠠᠨ ᠲᠤᠭᠤᠰᠬ᠎ᠠ ᠤᠯᠤᠰ ᠤᠳ ᠤᠨ
ᠬᠠᠮᠳᠤᠷᠠᠯᠴᠠᠭᠠᠨ ᠤ ᠬᠤᠶᠠᠳᠠᠬᠢ ︽ᠰᠢᠵᠢᠷ ᠠᠯᠳᠠᠨ ᠠᠷᠪᠠᠨ ᠵᠢᠯ︾ ᠢ ᠬᠠᠮᠳᠤᠪᠡᠷ ᠡᠭᠦᠳᠦᠨ ᠪᠠᠶᠢᠭᠤᠯᠵᠤ᠂
ᠬᠠᠮᠳᠤᠷᠠᠯᠴᠠᠭᠠᠨ ᠤ ᠦᠷ᠎ᠡ ᠪᠦᠳᠦᠭᠡᠯ ᠢ ᠲᠠᠪᠤᠨ ᠤᠯᠤᠰ ᠤᠨ ᠠᠷᠠᠳ ᠲᠦᠮᠡᠨ ᠳᠤ ᠬᠦᠷᠳᠡᠭᠡᠵᠥ᠂ ᠲᠡᠯᠡᠬᠡᠢ ᠶᠢᠨ
ᠡᠩᠬᠡ ᠲᠠᠶᠢᠪᠤᠩ ᠪᠤᠯᠤᠨ ᠬᠦᠭᠵᠢᠯᠳᠡ ᠶᠢᠨ ᠪᠤᠶᠠᠨ ᠬᠡᠰᠢᠭ ᠢ ᠡᠯ᠎ᠡ ᠤᠯᠤᠰ ᠤᠨ ᠠᠷᠠᠳ ᠤᠯᠠᠨ ᠳᠤ ᠬᠦᠷᠳᠡᠭᠡᠬᠦ
ᠬᠡᠷᠡᠭᠳᠡᠢ ᠬᠡᠵᠥ ᠴᠢᠬᠤᠯᠠᠴᠢᠯᠠᠪᠠ᠃                  
   ᠦᠳᠡ ᠶᠢᠨ ᠬᠤᠶᠢᠨᠡᠬᠢ 3 ᠴᠠᠭ 30 ᠮᠢᠨᠦ᠋ᠲ ᠤᠨ ᠦᠶ᠎ᠡ ᠪᠠᠷ᠂ ᠰᠢ ᠶᠢᠨ ᠫᠢᠩ  ᠬᠠᠯᠠᠭᠤᠨ ᠠᠯᠠᠭ᠎ᠠ
ᠲᠠᠰᠢᠯᠳᠠ ᠶᠢᠨ ᠲᠤᠮᠳᠠ ᠬᠤᠷᠠᠯ ᠤᠨ ᠲᠠᠯᠠᠪᠠᠢ ᠳᠤ ᠠᠯᠬᠤᠨ ᠤᠷᠤᠪᠠ᠃  ᠰᠢ ᠶᠢᠨ ᠫᠢᠩ ᠭᠤᠤᠯ ᠵᠤᠷᠢᠯᠳᠡᠳᠤ ᠶᠠᠷᠢᠶ᠎ᠠ
ᠢᠯᠡᠳᠭᠡᠯ ᠳᠡᠭᠡᠨ᠂ ᠠᠯᠳᠠᠨ ᠲᠤᠭᠤᠰᠬ᠎ᠠ ᠤᠯᠤᠰ ᠤᠳ ᠤᠳᠤ ᠶᠠᠭ ᠤᠷᠢᠳᠤᠬᠢ ᠶᠢ ᠵᠠᠯᠭᠠᠮᠵᠢᠯᠠᠨ ᠬᠤᠶᠢᠨᠠᠬᠢ ᠳᠤ
ᠰᠡᠩᠬᠡᠷᠡᠬᠦᠯᠤᠯ ᠪᠤᠯᠬᠤ ᠵᠠᠩᠬᠢᠯᠠᠭ᠎ᠠ ᠶᠢᠨ ᠭᠤᠭᠴᠤᠭ᠎ᠠ ᠳᠤ ᠬᠦᠷᠦᠭᠡᠳ ᠪᠠᠶᠢᠨ᠎ᠠ᠃ ᠦᠩᠬᠡᠷᠡᠭᠰᠡᠡ 10 ᠵᠢᠯ ᠳᠤ᠂
ᠠᠯᠳᠠᠨ ᠲᠤᠭᠤᠰᠬ᠎ᠠ ᠤᠯᠤᠰ ᠤᠳ ᠭᠠᠷ ᠬᠤᠯᠪᠤᠨ ᠤᠷᠤᠭᠰᠢᠯᠠᠵᠤ᠂ ᠳᠡᠯᠡᠬᠡᠢ ᠶᠢᠨ ᠠᠵᠤ ᠠᠬᠤᠢ ᠶᠢᠨ ᠰᠢᠨ᠎ᠠ ᠬᠢᠯᠠᠰ
ᠴᠡᠭ ᠪᠤᠯᠤᠨ ᠪᠤᠶᠢᠵᠢᠪᠠ᠃ 10 ᠵᠢᠯ ᠤᠨ ᠲᠤᠷᠰᠢ᠂ ᠠᠯᠳᠠᠨ ᠲᠤᠭᠤᠰᠬ᠎ᠠ ᠤᠯᠤᠰ ᠤᠳ ᠲᠠᠪᠰᠢᠯᠳᠡ ᠶᠢ
ᠰᠦᠪᠡᠭᠴᠢᠯᠡᠵᠥ᠂ ᠬᠠᠮᠳᠤ ᠶᠢᠨ ᠬᠦᠭᠵᠢᠯᠳᠡ ᠶᠢ ᠡᠷᠢᠯᠬᠢᠯᠡᠪᠡ︔ ᠪᠤᠳᠠᠳᠠᠢ ᠶᠢ ᠡᠷᠬᠢᠮᠯᠡᠬᠦ ᠶᠢ ᠲᠡᠷᠢᠬᠦᠨ ᠳᠤ ᠲᠠᠯᠪᠢᠵᠥ᠂
ᠬᠠᠷᠢᠯᠴᠠᠨ ᠠᠰᠢᠬᠳᠠᠢ ᠬᠠᠮᠳᠤᠷᠠᠯᠴᠠᠭ᠎ᠠ ᠶᠢ ᠠᠬᠢᠭᠤᠯᠪᠠ︔ ᠵᠤᠷᠢᠬᠳᠠᠢ ᠪᠠᠷ ᠬᠠᠷᠢᠭᠤᠴᠠᠯᠭ᠎ᠠ ᠡᠬᠦᠷᠬᠡᠯᠡᠵᠥ᠂
ᠲᠡᠯᠡᠬᠡᠢ ᠶᠢᠨ ᠲᠠᠪᠴᠠᠩ ᠲᠡᠭᠡᠷ᠎ᠡ ᠠᠮᠵᠢᠯᠳᠠ ᠪᠦᠲᠦᠭᠡᠯ ᠭᠠᠷᠭᠠᠬᠤ ᠪᠠᠷ ᠴᠢᠷᠮᠡᠶᠢᠪᠡ᠃ ᠡᠷᠬᠡ ᠲᠡᠭᠰᠢ ᠪᠠᠷ
ᠬᠠᠨᠳᠤᠯᠴᠠᠵᠤ᠂ ᠠᠳᠠᠯᠢ ᠲᠠᠯ᠎ᠠ ᠪᠠᠨ ᠡᠷᠢᠵᠥ ᠠᠳᠠᠯᠢ ᠪᠤᠰᠤ ᠰᠠᠨᠠᠯ ᠢᠶᠠᠨ ᠲᠦᠷ ᠲᠠᠯᠪᠢᠵᠤ᠂ ᠪᠤᠳᠠᠳᠠᠢ ᠶᠢ ᠡᠷᠬᠢᠮᠯᠡᠨ
ᠰᠢᠨ᠎ᠡ ᠶᠢ ᠡᠬᠦᠳᠴᠤ᠂ ᠬᠠᠮᠳᠤᠷᠠᠯᠴᠠᠨ ᠬᠠᠮᠳᠤᠪᠡᠷ ᠠᠰᠢᠭ ᠬᠦᠷᠳᠡᠵᠦ᠂ ᠬᠡᠬᠦᠳᠡᠭ ᠴᠡᠭᠡᠵᠢᠨ ᠳᠡᠭᠡᠨ ᠪᠦᠬᠦ ᠳᠡᠯᠡᠬᠡᠢ ᠶᠢ
ᠪᠠᠭᠳᠠᠭᠠᠵᠤ᠂ ᠪᠡᠶ᠎ᠠ ᠪᠠᠨ ᠬᠦᠭᠵᠢᠭᠦᠯᠬᠦ ᠶᠢᠨ ᠬᠠᠮᠳᠤ ᠪᠤᠰᠤᠳ ᠢ ᠬᠠᠪᠰᠤᠷᠤᠨ ᠳᠡᠳᠬᠦᠬᠦ ᠪᠤᠯ ᠠᠯᠳᠠᠨ ᠲᠤᠭᠤᠰᠬ᠎ᠠ
ᠤᠯᠤᠰ ᠤᠳ ᠤᠨ ᠵᠤᠷᠢᠭ ᠰᠠᠨᠠᠭᠠᠨ ᠤ ᠪᠤᠳᠠᠳᠠᠢ ᠢᠯᠡᠷᠡᠯ ᠮᠥᠨ᠂ ᠠᠯᠳᠠᠨ ᠲᠤᠭᠤᠰᠬ᠎ᠠ ᠲᠠᠪᠤᠨ ᠤᠯᠤᠰ ᠤᠨ 10
ᠵᠢᠯ ᠤᠨ ᠬᠠᠮᠳᠤᠷᠠᠯᠴᠠᠭ᠎ᠠ ᠪᠠᠷ ᠲᠠᠮᠵᠢᠨ ᠨᠢᠬᠳᠠᠷᠠᠭᠤᠯᠤᠭᠰᠠᠠ ᠬᠠᠮᠳᠤ ᠶᠢᠨ ᠦᠷᠳᠡᠭ ᠤᠨ ᠬᠦᠬᠡᠬᠡᠴᠡᠯᠳᠤᠯ ᠮᠥᠨ᠃
ᠤᠳᠤ᠂ ᠠᠯᠳᠠᠨ ᠲᠤᠭᠤᠰᠬ᠎ᠠ ᠤᠯᠤᠰ ᠤᠳ ᠤᠨ ᠲᠠᠰᠤᠷᠠᠯᠳᠡ ᠦᠭᠡᠢ ᠤᠷᠤᠭᠰᠢᠯᠠᠨ ᠳᠠᠪᠰᠢᠬᠤ ᠲᠡᠯᠳᠡ ᠬᠦᠴᠦᠨ
ᠪᠤᠯᠤᠨ ᠬᠠᠨᠳᠤᠰᠢ ᠬᠤᠪᠢᠷᠠᠭ᠎ᠠ ᠦᠭᠡᠢ ᠶᠤᠮ᠃ ᠪᠢᠳᠡ ᠡᠬᠦᠨ ᠳᠤ ᠢᠳᠡᠭᠡᠯ ᠲᠡᠬᠦᠯᠳᠡᠷ ᠪᠠᠶᠢᠨ᠎ᠠ  ᠬᠡᠵᠥ
ᠴᠢᠬᠤᠯᠠᠴᠢᠯᠠᠪᠠ᠃ ᠰᠢ ᠶᠢᠨ ᠫᠢᠩ᠂ ᠢᠷᠡᠬᠡᠳᠤᠢ ᠳᠤ ᠬᠠᠨᠳᠤᠬᠤᠶ᠎ᠠ᠂ ᠠᠯᠳᠠᠨ ᠲᠤᠭᠤᠰᠬ᠎ᠠ ᠤᠯᠤᠰ ᠤᠳ ᠲᠤ ᠠᠵᠥ
ᠠᠬᠤᠢ ᠪᠠᠨ ᠬᠦᠭᠵᠢᠬᠦᠯᠬᠦ᠂ ᠬᠠᠮᠳᠤᠷᠠᠯᠴᠠᠭ᠎ᠠ ᠪᠠᠨ ᠴᠢᠩᠭᠠᠳᠬᠠᠬᠤ  ᠴᠢᠬᠤᠯᠠ ᠡᠬᠦᠷᠬᠡ ᠲᠤᠯᠭᠠᠷᠠᠵᠥ ᠪᠠᠶᠢᠨ᠎ᠠ᠃ ᠪᠢᠳᠡ
ᠠᠯᠳᠠᠨ ᠲᠤᠭᠤᠰᠬ᠎ᠠ ᠤᠯᠤᠰ ᠤᠳ ᠤᠨ ᠬᠠᠮᠳᠤᠷᠠᠯᠴᠠᠭᠠᠨ ᠤ ᠬᠤᠶᠠᠳᠠᠬᠢ ︽ᠰᠢᠵᠢᠷ ᠠᠯᠳᠠᠨ ᠠᠷᠪᠠᠨ ᠵᠢᠯ︾ ᠢ
ᠬᠠᠮᠳᠤᠪᠡᠷ ᠡᠭᠦᠳᠦᠨ ᠪᠠᠶᠢᠭᠤᠯᠬᠤ ᠬᠡᠷᠡᠭᠳᠡᠢ ᠬᠡᠵᠥ ᠴᠢᠬᠤᠯᠠᠴᠢᠯᠠᠵᠠᠢ᠃                  
   ᠰᠢ ᠶᠢᠨ ᠫᠢᠩ᠂ ᠦᠢᠯᠡᠳᠪᠦᠷᠢ ᠬᠤᠲᠠᠯᠲᠤᠭᠠᠠ ᠤ ᠡᠲᠡᠭᠡᠳ ᠪᠤᠯ ᠠᠯᠲᠠᠠ ᠲᠤᠭᠤᠰᠬ᠎ᠠ  ᠤᠯᠤᠰ ᠤᠳ ᠤᠨ ᠠᠵᠦ
ᠠᠬᠤᠢ ᠶᠢᠨ ᠬᠦᠭᠵᠢᠯᠲᠠ ᠶᠢᠨ ᠭᠤᠤᠯ ᠬᠦᠴᠤᠨ ᠮᠦᠨ᠃ 10 ᠵᠢᠯ ᠤᠨ ᠲᠤᠷᠰᠢ᠂ ᠦᠢᠯᠡᠳᠪᠦᠷᠢ ᠬᠤᠲᠠᠯᠲᠤᠭᠠᠠ ᠤ
ᠡᠲᠡᠭᠡᠳ ᠤᠨ ᠬᠢᠨ ᠠᠵᠦ ᠠᠬᠤᠢᠢᠯᠠᠯ ᠤᠨ  ᠬᠦᠭᠵᠢᠯᠲᠠ ᠶᠢ ᠠᠯᠲᠠᠠ ᠲᠤᠭᠤᠰᠬ᠎ᠠ ᠤᠯᠤᠰ ᠤᠳ ᠤᠨ
ᠬᠠᠮᠲᠤᠷᠠᠯᠴᠠᠭ᠎ᠠ ᠳᠤ ᠠᠭᠤᠰᠤᠯᠴᠠᠭᠤᠯᠵᠦ᠂ ᠠᠯᠲᠠᠠ ᠲᠤᠭᠤᠰᠬ᠎ᠠ ᠤᠯᠤᠰ ᠤᠳ ᠤᠨ ᠠᠵᠦ ᠠᠬᠤᠢ ᠶᠢᠨ ᠬᠠᠨᠢᠲᠠᠠ ᠤ
ᠬᠠᠷᠢᠯᠴᠠᠭ᠎ᠠ ᠶᠢ ᠪᠠᠶᠢᠭᠤᠯᠬᠤ ᠳᠤ ᠴᠢᠬᠤᠯᠠ ᠬᠤᠪᠢ ᠨᠡᠮᠡᠷᠢ ᠦᠵᠡᠭᠦᠯᠵᠠᠢ᠃ ᠦᠢᠯᠡᠳᠪᠦᠷᠢ ᠬᠤᠲᠠᠯᠲᠤᠭᠠᠠ ᠤ
ᠡᠲᠡᠭᠡᠳ ᠤᠨ ᠬᠢᠨ ᠮᠡᠲᠡᠭᠡ ᠵᠠᠩᠭᠢ᠂ ᠮᠡᠷᠭᠡᠵᠢᠯ᠂ ᠪᠡᠯᠡ ᠮᠦᠩᠭᠦ ᠵᠡᠷᠭᠡ ᠲᠠᠯ᠎ᠠ ᠪᠠᠷ ᠬᠢ ᠳᠠᠪᠠᠭᠤᠯᠢᠭ ᠢᠶᠠᠨ
ᠪᠠᠲᠠᠷᠠᠭᠤᠯᠵᠦ᠂ ᠨᠡᠩ ᠤᠯᠠᠠ ᠬᠠᠷᠢᠯᠴᠠᠠ ᠠᠰᠢᠭᠲᠠᠢ ᠬᠠᠮᠲᠤ ᠪᠠᠷ ᠠᠰᠢᠭ ᠬᠦᠷᠲᠡᠬᠦ᠂ ᠤᠯᠤᠰ ᠬᠦᠷᠦᠨ ᠪᠠ ᠠᠷᠠᠳ
ᠢᠷᠭᠡᠳ ᠲᠤ ᠴᠦᠮ ᠠᠰᠢᠭ ᠲᠠᠢ ᠪᠤᠲᠠᠲᠠᠢ ᠶᠢ ᠡᠷᠬᠢᠮᠯᠡᠭᠰᠡᠡ ᠬᠠᠮᠲᠤᠷᠠᠯᠴᠠᠭᠠᠠ ᠤ ᠲᠦᠷᠦᠯ ᠵᠦᠢᠯ ᠢ ᠦᠷᠨᠢᠭᠦᠯᠵᠦ᠂
ᠠᠵᠦ ᠠᠬᠤᠢ ᠨᠡᠶᠢᠭᠡᠮ ᠤᠨ ᠬᠦᠭᠵᠢᠯᠲᠠ ᠶᠢ  ᠠᠬᠢᠭᠤᠯᠵᠦ᠂ ᠠᠷᠠᠳ ᠲᠦᠮᠡᠡ ᠤ ᠪᠤᠶᠠᠠ ᠵᠢᠷᠭᠠᠯ ᠢ ᠨᠡᠮᠡᠭᠲᠡᠭᠦᠯᠬᠦ ᠳᠤ
ᠨᠡᠩ ᠶᠡᠭᠡ ᠬᠤᠪᠢ ᠨᠡᠮᠡᠷᠢ ᠦᠵᠡᠭᠦᠯᠬᠦ ᠶᠢ ᠬᠦᠰᠡᠵᠦ ᠪᠠᠶᠢᠨ᠎ᠠ ᠭᠡᠵᠦ ᠴᠢᠬᠤᠯᠠᠴᠢᠯᠠᠪᠠ᠃        
   ᠰᠢ ᠶᠢᠨ ᠫᠢᠩ ᠬᠠᠮᠤᠭ ᠤᠨ ᠰᠡᠭᠦᠯ ᠳᠤ᠂ ᠠᠯᠲᠠᠠ ᠲᠤᠭᠤᠰᠬ᠎ᠠ ᠤᠯᠤᠰ ᠤᠳ ᠨᠡᠩ  ᠠᠮᠢᠵᠢᠷᠠᠯ ᠤᠨ
ᠬᠦᠴᠤᠨ ᠲᠠᠢ ᠬᠤᠶᠠᠳᠤᠭᠠᠷ 10 ᠵᠢᠯ ᠢ ᠤᠭᠲᠤᠨ ᠠᠪᠴᠢᠷᠠᠯ᠎ᠠ᠂ ᠪᠢᠳᠡ ᠲᠡᠯᠡᠭᠡᠢ ᠨᠡᠶᠢᠭᠡᠮ ᠤᠨ ᠬᠢᠨ ᠲᠠᠢ ᠬᠠᠮᠲᠤᠪᠠᠷ
ᠴᠢᠷᠮᠠᠶᠢᠵᠤ  ᠪᠠᠶᠢᠭᠠᠳ ᠮᠠᠠ ᠤ ᠬᠠᠮᠲᠤᠷᠠᠯᠴᠠᠭᠠᠠ ᠤ ᠦᠷ᠎ᠠ ᠪᠦᠲᠦᠭᠡᠯ ᠢ ᠲᠠᠪᠤᠨ ᠤᠯᠤᠰ ᠤᠨ ᠠᠷᠠᠳ ᠲᠦᠮᠡᠡ ᠳᠤ
ᠠᠰᠢᠭ ᠬᠦᠷᠲᠡᠭᠡᠵᠦ᠂ ᠲᠡᠯᠡᠭᠡᠢ ᠶᠢᠨ ᠡᠩᠭᠡ ᠲᠠᠶᠢᠪᠤᠩ ᠪᠠ ᠬᠦᠭᠵᠢᠯᠲᠠ ᠶᠢᠨ ᠪᠤᠶᠠᠨ ᠵᠢᠷᠭᠠᠯ ᠢ ᠡᠯ᠎ᠠ ᠤᠯᠤᠰ ᠤᠨ
ᠠᠷᠠᠳ ᠲᠦᠮᠡᠨ ᠳᠤ ᠬᠦᠷᠳᠡᠭᠡᠶ᠎ᠠ ᠭᠡᠵᠦ ᠵᠢᠭᠠᠵᠦ ᠭᠠᠷᠭᠠᠪᠠ᠃        
   ᠪᠷᠠᠽᠢᠯ ᠤᠨ ᠶᠡᠷᠦᠩᠭᠡᠶᠢᠯᠡᠭᠴᠢ ᠲᠧᠮᠸᠢᠢᠷ᠂ ᠡᠮᠦᠨᠡᠲᠦ ᠠᠹᠷᠢᠺᠠ ᠶᠢᠨ ᠶᠡᠷᠦᠩᠭᠡᠶᠢᠯᠡᠭᠴᠢ ᠽᠦᠮᠠ ᠵᠢᠴᠢ
ᠬᠤᠯᠪᠤᠭᠲᠠᠯ ᠪᠦᠬᠦᠢ ᠤᠯᠠᠠ ᠤᠯᠤᠰ ᠤᠨ ᠵᠤᠬᠢᠶᠠᠠ ᠪᠠᠶᠢᠭᠤᠯᠤᠯᠲᠠ ᠶᠢᠨ ᠬᠠᠷᠢᠭᠤᠴᠠᠯᠭᠠᠲᠠᠠ ᠡᠬᠢᠯᠡᠬᠦ ᠶᠤᠰᠤᠯᠠᠯ ᠳᠤ
ᠤᠷᠤᠯᠴᠠᠵᠠᠢ᠃  
                                             
 
ᠢᠷᠡᠯᠲᠡ᠄ ᠬᠦᠯᠦᠨ ᠪᠤᠶᠢᠷ ᠬᠤᠳᠠ ᠶᠢᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号