ᠰᠢᠨ᠎ᠠ ᠪᠠᠷᠭᠤ ᠪᠠᠷᠠᠭᠤᠨ ᠬᠤᠰᠢᠭᠤᠨ ᠤ ᠰᠤᠷᠭᠠᠨ ᠭᠥᠮᠥᠵᠢᠯ ᠤᠨ ᠲᠤᠪᠴᠢ ᠲᠠᠨᠢᠯᠴᠠᠭᠤᠯᠭ᠎ᠠ
ᠨᠡᠶᠢᠲᠡᠯᠡᠭᠰᠡᠨ ᠴᠠᠭ᠄
2017/11/14
    ᠰᠢᠨ᠎ᠠ ᠪᠠᠷᠭᠤ ᠪᠠᠷᠠᠭᠤᠨ ᠬᠤᠰᠢᠭᠤᠨ ᠤ ᠰᠤᠷᠭᠠᠨ ᠭᠥᠮᠥᠵᠢᠯ ᠤᠨ ᠲᠤᠪᠴᠢ ᠲᠠᠨᠢᠯᠴᠠᠭᠤᠯᠭ᠎ᠠ     ᠪᠥᠭᠦ ᠬᠤᠰᠢᠭᠤᠨ ᠳᠤ ᠨᠠᠶᠢᠳᠠ ᠡᠯ᠎ᠠ ᠲᠥᠷᠥᠯ ᠲᠠᠰ ᠤᠨ ᠰᠤᠷᠭᠠᠭᠤᠯᠢ 23 ᠰᠠᠭᠤᠷᠢ ᠪᠠᠶᠢᠨ᠎ᠠ᠃ ᠡᠭᠦᠨ ᠳᠤ  ᠮᠤᠩᠭᠤᠯ ᠢᠶᠠᠷ ᠬᠢᠴᠢᠶᠠᠯᠯᠠᠭᠦ ᠪᠠᠭ᠎ᠠ ᠰᠤᠷᠭᠠᠭᠤᠯᠢ 2᠂ ᠮᠤᠩᠭᠤᠯ ᠢᠶᠠᠷ ᠬᠢᠴᠢᠶᠠᠯᠯᠠᠭᠦ ᠲᠤᠮᠳᠠᠳᠤ ᠰᠤᠷᠭᠠᠭᠤᠯᠢ 1᠂ ᠬᠢᠳᠡᠥᠨ ᠢᠶᠠᠷ ᠬᠢᠴᠢᠶᠠᠯᠯᠠᠭᠦ ᠶᠢᠰᠤᠨ ᠵᠢᠯ ᠤᠨ ᠲᠥᠷᠢᠮᠳᠤ ᠰᠤᠷᠭᠠᠭᠤᠯᠢ 1᠂ ᠶᠡᠷᠤᠩᠭᠡᠶᠢᠯᠡᠭᠰᠡᠨ ᠲᠡᠬᠡᠳᠤ ᠵᠠᠷᠬᠡ ᠶᠢᠨ ᠲᠤᠮᠳᠠᠳᠤ ᠰᠤᠷᠭᠠᠭᠤᠯᠢ 1᠂ ᠮᠠᠯᠴᠢᠨ ᠲᠠᠷᠢᠶᠠᠴᠢᠨ ᠤ ᠰᠤᠶᠤᠯ ᠮᠠᠷᠬᠡᠵᠢᠯ ᠤᠨ ᠰᠤᠷᠭᠠᠭᠤᠯᠢ 1᠂ ᠤᠯᠤᠰ ᠠᠴᠠ ᠪᠠᠶᠢᠭᠤᠯᠵᠤ ᠠᠷᠠᠥᠨ ᠠᠴᠠ ᠡᠷᠬᠢᠯᠠᠭᠦ ᠴᠡᠴᠡᠷᠯᠢᠭ 2᠂ ᠠᠷᠠᠥᠨ ᠠᠴᠠ ᠡᠷᠬᠢᠯᠡᠭᠰᠡᠨ ᠬᠡᠥᠬᠡᠥᠨ ᠤᠨ ᠴᠡᠴᠡᠷᠯᠢᠭ 5᠂ ᠵᠠᠯᠠᠭᠤᠴᠤᠤᠨ ᠪᠠᠭᠠᠴᠤᠤᠨ ᠤᠨ ᠭᠥᠳᠡᠯᠬᠡᠬᠡᠨ ᠤ ᠲᠥᠪ 1 ᠪᠤᠢ᠃ ᠲᠤᠮᠳᠠᠳᠤ ᠪᠠᠭ᠎ᠠ ᠰᠤᠷᠭᠠᠭᠤᠯᠢ ᠳᠤ ᠰᠤᠷᠤᠯᠴᠠᠵᠤ ᠪᠠᠶᠢᠭ᠎ᠠ ᠬᠡᠥᠬᠡᠥᠨ 2498 ᠪᠠᠶᠢᠵᠤ᠂ ᠡᠭᠦᠨ ᠳᠤ ᠪᠠᠭ᠎ᠠ ᠰᠤᠷᠭᠠᠭᠤᠯᠢ ᠳᠤ ᠨᠠᠶᠢᠳᠠ1772 ᠰᠤᠷᠤᠬᠴᠢ᠂ ᠲᠤᠮᠳᠠᠳᠤ ᠰᠤᠷᠭᠠᠭᠤᠯᠢ ᠳᠤ 671 ᠰᠤᠷᠤᠬᠴᠢ᠂ ᠲᠠᠬᠡᠳᠤ ᠵᠠᠷᠬᠡ ᠶᠢᠨ ᠲᠤᠮᠳᠠᠳᠤ ᠰᠤᠷᠭᠠᠭᠤᠯᠢ 55 ᠰᠤᠷᠤᠬᠴᠢ᠂ ᠴᠡᠴᠡᠷᠯᠢᠭ ᠲᠤ 1194 ᠬᠡᠥᠬᠡᠥᠨ ᠲᠠᠢ᠃ ᠤᠳᠤ ᠪᠠᠶᠢᠭ᠎ᠠ ᠪᠠᠭᠰᠢ ᠠᠵᠢᠯᠳᠠᠨ 522 ᠨᠠᠷᠡᠰ ᠪᠠᠶᠢᠵᠤ ᠂ ᠡᠭᠦᠨ ᠳᠤ ᠲᠤᠰᠬᠠᠢ ᠮᠠᠷᠬᠡᠵᠢᠯ ᠤᠨ ᠬᠢᠷᠢ ᠬᠡᠮ ᠲᠠᠢ ᠪᠠᠭᠰᠢ 379 ᠨᠠᠷᠡᠰ ᠪᠤᠢ᠃     ᠮᠠᠨ ᠤ ᠬᠤᠰᠢᠭᠤ ᠰᠤᠷᠭᠠᠨ ᠭᠥᠮᠥᠵᠢᠯ ᠤᠨ ᠭᠥᠭᠵᠢᠯᠳᠠ ᠪᠠᠷ ᠤᠷᠢᠳᠠᠯ ᠪᠤᠯᠭᠠᠬᠤ ᠶᠢ ᠭᠥᠨᠳᠥᠥᠠᠬᠡᠨ ᠢᠷᠡᠭᠰᠡᠬᠡᠷ ᠪᠥᠬᠡᠥᠨ ᠨᠠᠮ ᠤᠨ ᠰᠤᠷᠭᠠᠨ ᠭᠥᠮᠥᠵᠢᠯ ᠤᠨ ᠴᠢᠭᠯᠡᠯᠳᠠ ᠶᠢ ᠪᠥᠭᠦ ᠲᠠᠯ᠎ᠠ ᠪᠠᠷ ᠲᠤᠤᠱᠯᠠᠭᠤᠯᠤᠨ᠂ ᠬᠡᠪ ᠴᠢᠨᠠᠷ ᠤᠨ ᠰᠤᠷᠭᠠᠨ ᠭᠥᠮᠥᠵᠢᠯ ᠢ ᠲᠥᠯᠬᠢᠨ ᠠᠬᠢᠭᠤᠯᠵᠤ᠂ ᠰᠤᠷᠭᠠᠨ ᠭᠥᠮᠥᠵᠢᠯ ᠤᠨ ᠲᠡᠩᠴᠡᠭᠦᠷᠢᠳᠡᠢ ᠭᠥᠭᠵᠢᠯᠳᠠ  ᠶᠢ ᠠᠬᠢᠭᠤᠯᠤᠨ ᠠᠷᠠᠥᠨ ᠲᠥᠮᠠᠨ ᠤ ᠰᠡᠥᠠᠬᠢᠯ ᠬᠠᠨᠤᠮᠵᠢᠳᠠᠢ ᠰᠤᠷᠭᠠᠨ ᠭᠥᠮᠥᠵᠢᠯ ᠢ ᠰᠠᠶᠢᠳᠤᠷ ᠡᠷᠬᠢᠯᠠᠭᠦ ᠪᠠᠷ ᠠᠵᠢᠯ  ᠤᠨ ᠭᠤᠤᠯᠳᠠᠯᠭ᠎ᠠ ᠪᠠᠨ ᠪᠤᠯᠭᠠᠬᠰᠠᠨ ᠪᠠᠶᠢᠳᠠᠭ᠃ 2014 ᠤᠨ ᠳᠤ 97.7 ᠥᠨᠳᠤᠷ ᠬᠤᠪᠢ ᠪᠠᠷ ᠪᠥᠭᠦ ᠤᠯᠤᠰ  ᠤᠨ ᠠᠯᠪᠠᠨ ᠵᠢᠷᠥᠮ ᠤᠨ ᠰᠤᠷᠭᠠᠨ ᠭᠥᠮᠥᠵᠢᠯ ᠤᠨ ᠲᠠᠩᠴᠡᠭᠦᠷᠢᠳᠡᠢ ᠭᠥᠭᠵᠢᠯᠳᠠ ᠶᠢᠨ ᠬᠤᠰᠢᠭᠤ ᠰᠢᠶᠠᠨ ᠢᠶᠠᠷ ᠬᠢᠨᠠᠨ ᠥᠨᠠᠯᠡᠭᠳᠡᠪᠡ᠃ ᠤᠳᠤᠬᠠᠨ ᠳᠤ ᠠᠯᠪᠠᠨ ᠵᠢᠷᠤᠮ ᠤᠨ ᠲᠥᠷᠪᠠᠨ ᠰᠠᠭᠤᠷᠢ ᠰᠤᠷᠭᠠᠭᠤᠯᠢ ᠨᠢ ᠪᠥᠷ ᠬᠤᠳᠠ  ᠶᠢᠨ ᠲᠠᠰ ᠤᠨ ᠤᠳᠤ ᠥᠶ᠎ᠡ ᠶᠢᠨ ᠪᠠᠷᠢᠮᠵᠢᠶᠠᠵᠢᠭᠰᠠᠨ ᠰᠤᠷᠭᠠᠭᠤᠯᠢ ᠪᠡ ᠭᠥᠯ ᠪᠥᠮᠪᠦᠭᠡ ᠶᠢᠨ ᠤᠨᠴᠠᠯᠢᠬᠳᠤ ᠰᠤᠷᠭᠠᠭᠤᠯᠢ ᠶᠢᠨ ᠨᠠᠷ᠎ᠡ ᠲᠠᠮᠳᠡᠭ ᠢ  ᠡᠭᠦᠳᠤᠪᠠ︔ ᠡᠭᠦᠨ ᠳᠤ ᠤᠷᠤᠨ ᠤ ᠲᠠᠰ ᠤᠨ ᠪᠤᠯᠪᠠᠰᠤᠨ ᠰᠤᠷᠭᠠᠭᠤᠯᠢ 1᠂ ᠤᠷᠤᠨ ᠤ ᠲᠠᠰ ᠤᠨ ᠥᠨᠳᠤᠰᠤᠳᠠᠨ ᠤ ᠪᠥᠯᠭᠦᠮᠳᠠᠯ ᠲᠠᠪᠰᠢᠯᠳᠠ ᠶᠢᠨ ᠵᠢᠱᠢᠶᠠᠴᠢ ᠬᠠᠮᠳᠤ ᠨᠠᠶᠢᠳᠠ 1᠂ ᠬᠤᠳᠠ  ᠶᠢᠨ ᠲᠠᠰ ᠤᠨ ︽ᠰᠤᠷᠭᠠᠭᠤᠯᠢ ᠶᠢᠨ ᠭᠥᠷᠢᠶᠠᠨ᠎ᠠ ᠪᠢᠴᠢᠭ ᠤᠨ ᠰᠤᠷᠪᠤᠯᠵᠢᠳᠠᠠ ᠰᠤᠷᠭᠠᠭᠤᠯᠢ︾ ᠬᠤᠶᠠᠷ ᠪᠤᠢ᠃ ᠠᠯᠪᠠᠨ ᠠᠴᠠ ᠡᠷᠬᠢᠯᠡᠭᠰᠠᠨ ᠭᠤᠷᠪᠠᠨ ᠰᠠᠭᠤᠷᠢ ᠴᠡᠴᠡᠷᠯᠢᠭ ᠤᠨ ᠬᠤᠪᠢ ᠳᠤ ᠤᠷᠤᠨ ᠤ ᠲᠠᠰ ᠤᠨ ᠵᠢᠱᠢᠶᠠᠴᠢ ᠴᠡᠴᠡᠷᠯᠢᠭ 1᠂ ᠬᠤᠳᠠ ᠶᠢᠨ ᠲᠠᠰ ᠤᠨ ᠵᠢᠱᠢᠶᠠᠴᠢ ᠴᠡᠴᠡᠷᠯᠢᠭ 1 ᠪᠤᠢ᠃ ᠮᠠᠨ ᠤ ᠬᠤᠰᠢᠭᠤ ᠭᠥᠯᠥᠨ ᠪᠤᠶᠢᠷ ᠬᠤᠳᠠ ᠶᠢᠨ ᠠᠷᠠᠥᠨ ᠤᠨ ᠵᠠᠰᠠᠭ ᠤᠨ ᠤᠷᠳᠤᠨ ᠤ ᠰᠤᠷᠭᠠᠨ ᠭᠥᠮᠥᠵᠢᠯ ᠤᠨ ᠭᠤᠤᠯᠳᠠᠯᠭ᠎ᠠ ᠲᠠᠢ ᠠᠵᠢᠯ ᠤᠨ ᠬᠢᠨᠠᠨ ᠵᠢᠯᠤᠭᠤᠤᠠᠴᠤ ᠥᠨᠠᠯᠠᠨ ᠵᠢᠱᠢᠭᠦ ᠠᠵᠢᠯ ᠤᠨ ᠲᠤᠮᠳᠠ 5 ᠵᠢᠯ ᠲᠠᠷᠠᠭᠠᠯᠠᠨ ᠰᠢᠯᠢᠳᠡᠭ ᠲᠠᠰ ᠲᠤ ᠲᠤᠳᠤᠷᠠᠬᠰᠠᠨ ᠬᠢᠯᠠᠯᠵᠠᠮ᠎ᠠ ᠪᠥᠳᠥᠮᠵᠢ ᠪᠠᠨ ᠲᠠᠮᠳᠡᠭᠯᠡᠭᠦᠯᠥᠭᠰᠠᠨ ᠪᠢᠯᠨ᠃
 
ᠢᠷᠡᠯᠲᠡ᠄ ᠰᠤᠷᠭᠠᠨ ᠬᠦᠮᠦᠵᠢᠯ ᠤᠨ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号