ᠬᠦᠯᠤᠨ ᠪᠤᠶᠢᠷ ᠬᠤᠳᠠ ᠶᠢᠨ ᠠᠶᠤᠯᠭᠦᠢ ᠥᠢᠯᠡᠳᠪᠤᠷᠢᠯᠡᠯ ᠳᠤ ᠬᠢᠨᠠᠯᠳᠠ ᠲᠠᠯᠪᠢᠬᠤ ᠲᠤᠪᠴᠢᠶ᠎ᠠ ᠠᠴᠠ ᠰᠢᠨ᠎ᠡ ᠪᠠᠷᠠᠭᠤᠨ ᠬᠤᠰᠢᠭᠤᠨ ᠳᠤ ᠢᠷᠡᠵᠤ ᠠᠵᠢᠯ ᠮᠡᠷᠭᠡᠵᠢᠯ ᠤᠨ ᠡᠷᠡᠭᠦᠯ ᠬᠠᠮᠠᠭᠠᠯᠠᠯ ᠵᠢᠴᠢ ᠪᠠᠴᠢᠮ ᠪᠠᠶᠢᠳᠠᠯ ᠢ ᠠᠪᠤᠷᠠᠨ ᠲᠤᠰᠠᠯᠠᠬᠤ ᠠᠵᠢᠯ ᠢ ᠪᠠᠶᠢᠴᠠᠭᠠᠭᠰᠠᠨ
ᠨᠡᠶᠢᠲᠡᠯᠡᠭᠰᠡᠨ ᠴᠠᠭ᠄
2017/11/15
                             ᠰᠣᠷᠪᠤᠯᠵᠢᠯᠠᠭᠴᠢ ᠰᠣᠯᠣᠩᠭᠤᠸ᠎ᠠ      ᠤᠶᠢᠷ᠎ᠠ ᠶᠢᠨ ᠡᠳᠣᠷ᠂ ᠬᠦᠯᠤᠨ ᠪᠤᠶᠢᠷ ᠬᠤᠳᠠ ᠶᠢᠨ ᠠᠶᠤᠯᠭᠦᠢ ᠥᠢᠯᠡᠳᠪᠤᠷᠢᠯᠡᠯ ᠳᠤ ᠬᠢᠨᠠᠯᠳᠠ ᠲᠠᠯᠪᠢᠬᠤ ᠲᠤᠪᠴᠢᠶ᠎ᠠ  ᠠᠴᠠ ᠰᠢᠨ᠎ᠡ ᠪᠠᠷᠠᠭᠤᠨ ᠬᠤᠰᠢᠭᠤᠨ ᠳᠤ ᠢᠷᠡᠵᠤ ᠠᠵᠢᠯ ᠮᠡᠷᠭᠡᠵᠢᠯ ᠤᠨ ᠡᠷᠡᠭᠦᠯ ᠬᠠᠮᠠᠭᠠᠯᠠᠯ ᠵᠢᠴᠢ ᠪᠠᠴᠢᠮ ᠪᠠᠶᠢᠳᠠᠯ ᠢ ᠠᠪᠤᠷᠠᠨ ᠲᠤᠰᠠᠯᠠᠬᠤ ᠠᠵᠢᠯ ᠢ ᠪᠠᠶᠢᠴᠠᠭᠠᠵᠤ᠂ ᠲᠤᠰ ᠬᠤᠰᠢᠭᠤᠨ ᠤ ᠠᠶᠤᠯᠭᠦᠢ ᠥᠢᠯᠡᠳᠪᠤᠷᠢᠯᠡᠯ  ᠳᠤ ᠬᠢᠨᠠᠯᠳᠠ ᠲᠠᠯᠪᠢᠬᠤ ᠲᠤᠪᠴᠢᠶ᠎ᠠ ᠶᠢᠨ ᠬᠠᠷᠢᠭᠤᠴᠠᠯᠭᠠᠳᠠᠨ ᠪᠠᠷ᠎ᠠ ᠪᠤᠯᠤᠯᠴᠠᠪᠠ᠃       ᠪᠠᠶᠢᠴᠠᠭᠠᠯᠳᠠ ᠶᠢᠨ ᠲᠤᠭᠤᠶᠢᠯᠠᠩ ᠠᠴᠠ ᠤᠷᠢᠳ ᠬᠤᠵᠢᠳ ᠶᠢᠨ ᠱᠠᠨ ᠠᠭᠤᠷᠬᠠᠢ᠂ ᠴᠠᠭᠠᠨ ᠠᠭᠤᠷᠬᠠᠢ᠂ ᠷᠥᠩ ᠳ᠋ᠠ ᠠᠭᠤᠷᠬᠠᠢ᠂ ᠬᠤᠸᠠᠩ ᠶᠢᠨ ᠪᠥᠯᠤᠭ᠍ᠯᠡᠯ ᠵᠡᠷᠭᠡ ᠠᠵᠤ ᠠᠬᠤᠶᠢᠯᠠᠯ ᠢᠶᠠᠷ ᠭᠥᠷᠴᠣ ᠪᠠᠶᠢᠴᠠᠭᠠᠯᠳᠠ ᠶᠠᠪᠤᠭᠳᠠᠭᠤᠯᠵᠤ᠂ ᠮᠡᠷᠭᠡᠵᠢᠯ ᠤᠨ ᠡᠪᠡᠳᠴᠢᠨ ᠤ ᠬᠤᠤᠷ ᠭᠥᠨᠤᠭᠡᠯ ᠢ ᠡᠵᠡᠮᠳᠡᠭᠦ ᠪᠠᠶᠢᠳᠠᠯ᠂  ᠠᠵᠢᠯ ᠮᠡᠷᠭᠡᠵᠢᠯ ᠤᠨ ᠡᠷᠡᠭᠦᠯ ᠬᠠᠮᠠᠭᠠᠯᠠᠯ ᠤᠨ ᠲᠠᠩᠰᠠ ᠡᠪᠭᠡᠮᠡᠯ ᠤᠨ ᠪᠠᠶᠢᠭᠤᠯᠤᠯᠳᠠ ᠶᠢᠨ ᠪᠠᠶᠢᠳᠠᠯ᠂ ᠠᠵᠢᠯ ᠮᠡᠷᠭᠡᠵᠢᠯ ᠤᠨ ᠡᠷᠡᠭᠦᠯ ᠬᠠᠮᠠᠭᠠᠯᠠᠯ ᠤᠨ ᠬᠠᠮᠢᠶᠠᠷᠣᠯᠳᠠ ᠶᠢᠨ ᠲᠥᠷᠢᠮ᠂  ᠠᠵᠢᠯ ᠮᠡᠷᠭᠡᠵᠢᠯ ᠤᠨ ᠡᠷᠡᠭᠦᠯ ᠬᠠᠮᠠᠭᠠᠯᠠᠯ ᠤᠨ ᠪᠤᠯᠪᠠᠰᠣᠷᠠᠯ ᠤᠨ ᠲᠠᠩᠰᠠ ᠡᠪᠭᠡᠮᠡᠯ᠂ ᠪᠠᠴᠢᠮ ᠪᠠᠶᠢᠳᠠᠯ ᠢ ᠠᠷᠭᠠᠴᠠᠭᠠᠬᠤ ᠤᠷᠢᠳᠴᠢᠯᠠᠭᠰᠠᠨ ᠲᠥᠰᠣᠪ  ᠤᠨ ᠪᠡᠯᠡᠳᠭᠡᠯ ᠰᠣᠷᠢᠯᠳᠠ᠂ ᠪᠠᠴᠢᠮ ᠪᠠᠶᠢᠳᠠᠯ ᠢ ᠠᠷᠭᠠᠴᠠᠭᠠᠬᠤ ᠪᠤᠳᠠᠰ ᠤᠨ ᠠᠷᠠᠴᠢᠯᠠᠨ ᠬᠠᠮᠠᠭᠠᠯᠠᠯᠳᠠ ᠵᠡᠷᠭᠡ ᠪᠠᠶᠢᠳᠠᠯ ᠳᠤ ᠭᠤᠤᠯᠳᠠᠯᠭ᠎ᠠ ᠲᠠᠢ ᠪᠠᠶᠢᠴᠠᠭᠠᠯᠳᠠ ᠬᠢᠵᠤ᠂ ᠲᠤᠬᠠᠢ ᠶᠢᠨ ᠲᠠᠯᠠᠪᠤᠷ ᠲᠤ ᠮᠡᠷᠭᠡᠵᠢᠯ ᠤᠨ ᠡᠪᠡᠳᠴᠢᠨ ᠤ ᠬᠤᠤᠷ ᠭᠥᠨᠤᠭᠡᠯ ᠤᠨ ᠠᠵᠢᠯ ᠤᠨ ᠪᠠᠶᠢᠷᠢ ᠶᠢᠨ ᠰᠡᠷᠡᠮᠵᠢᠯᠡᠯ ᠤᠨ ᠲᠡᠮᠳᠡᠭ᠂ ᠠᠵᠢᠯ ᠮᠡᠷᠭᠡᠵᠢᠯ  ᠤᠨ ᠡᠷᠡᠭᠦᠯ ᠬᠠᠮᠠᠭᠠᠯᠠᠯ ᠤᠨ ᠢᠯᠡ ᠵᠠᠷᠯᠠᠯ ᠵᠢᠴᠢ ᠮᠡᠷᠭᠡᠵᠢᠯ ᠤᠨ ᠡᠪᠡᠳᠴᠢᠨ ᠢ ᠰᠡᠷᠭᠡᠶᠢᠯᠡᠨ ᠬᠠᠮᠠᠭᠠᠯᠠᠬᠤ ᠲᠥᠭᠦᠭᠡᠷᠣᠮᠵᠢ᠂ ᠲᠣᠰᠠᠯᠠᠨ ᠠᠪᠤᠷᠠᠬᠤ ᠠᠩᠬᠢ  ᠶᠢᠨ ᠡᠳᠣᠷ ᠲᠤᠳᠤᠮ ᠤᠨ ᠬᠠᠮᠢᠶᠠᠷᠣᠯᠳᠠ ᠵᠡᠷᠭᠡ ᠪᠠᠶᠢᠳᠠᠯ   ᠢ  ᠪᠠᠶᠢᠴᠠᠭᠠᠭᠰᠠᠨ ᠪᠠᠶᠢᠨ᠎ᠠ᠃      ᠪᠠᠶᠢᠴᠠᠭᠠᠨ ᠭᠠᠷᠭᠠᠭᠰᠠᠨ ᠠᠰᠭᠤᠳᠠᠯ ᠢ ᠲᠤᠭᠳᠠᠭᠰᠠᠨ ᠬᠤᠭᠤᠴᠠᠭᠠᠨ ᠳᠤ ᠵᠠᠰᠠᠨ ᠵᠠᠯᠠᠷᠠᠭᠤᠯᠬᠤ ᠮᠡᠳᠡᠭᠳᠡᠯ ᠤᠨ ᠪᠢᠴᠢᠭ ᠪᠠᠭᠤᠯᠭᠠᠵᠤ᠂ ᠠᠵᠤ ᠠᠬᠤᠶᠢᠯᠠᠯ ᠢ ᠵᠠᠰᠠᠨ  ᠵᠠᠯᠠᠷᠠᠭᠤᠯᠬᠤ ᠠᠵᠢᠯ ᠢ ᠰᠠᠶᠢᠳᠣᠷ ᠬᠢᠭᠦ ᠶᠢ ᠱᠠᠭᠠᠷᠳᠠᠪᠠ᠃    
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠵᠠᠰᠠᠭ ᠤᠨ ᠶᠠᠪᠤᠳᠠᠯ ᠤᠨ ᠲᠤᠤᠷ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号