ᠨᠠᠰᠦᠵᠢᠯ ᠤᠨ ᠠᠰᠠᠷᠠᠮᠵᠢ ᠶᠢᠨ ᠲᠠᠭᠠᠳᠬᠠᠯ ᠢ ᠬᠡᠵᠢᠶ᠎ᠠ ᠪᠦᠬᠦ ᠤᠯᠤᠰ ᠲᠤ ᠨᠢᠭᠡᠳᠤᠯᠳᠠᠢ ᠲᠦᠯᠤᠪᠵᠢᠬᠦᠯᠬᠦ ᠪᠤᠢ︖
ᠨᠡᠶᠢᠲᠡᠯᠡᠭᠰᠡᠨ ᠴᠠᠭ᠄
2017/11/27
  ᠬᠥᠮᠤᠨ ᠤ ᠬᠥᠴᠤᠨ ᠤ ᠡᠬᠢ ᠪᠠᠶᠠᠯᠢᠭ ᠪᠠ ᠨᠡᠶᠢᠭᠡᠮ ᠤᠨ ᠪᠠᠳᠤᠯᠠᠭ᠎ᠠ ᠶᠢᠨ ᠶᠠᠮᠤᠨ  ᠠᠷᠠᠳ ᠤᠨ ᠠᠮᠢᠳᠤᠷᠠᠯ ᠤᠨ ᠬᠠᠯᠠᠭᠤᠨ ᠴᠡᠭ ᠤᠨ ᠠᠰᠠᠭᠤᠳᠠᠯ ᠳᠤ ᠬᠠᠷᠢᠭᠤ ᠲᠤᠰᠬᠠᠪᠠ   ᠨᠠᠰᠦᠵᠢᠯ ᠤᠨ ᠠᠰᠠᠷᠠᠮᠵᠢ ᠶᠢᠨ ᠲᠠᠭᠠᠳᠬᠠᠯ ᠢ ᠪᠦᠬᠦ ᠤᠯᠤᠰ ᠲᠤ ᠨᠢᠭᠡᠳᠤᠯᠳᠠᠢ ᠲᠦᠯᠤᠪᠵᠢᠬᠦᠯᠬᠦ ᠠᠬᠢᠴᠠ ᠶᠢᠨ ᠲᠤᠬᠠᠢ ᠯᠦ ᠠᠢ ᠬᠤᠩ ᠢᠯᠡᠷᠭᠡᠶᠢᠯᠡᠬᠦ ᠳᠡᠭᠡᠨ᠂ ᠤᠳᠤ ᠶᠢᠨ ᠪᠠᠶᠢᠳᠠᠯ ᠠᠴᠠ ᠦᠵᠡᠪᠡᠯ᠂ ᠪᠦᠬᠦ ᠤᠯᠤᠰ ᠤᠨ ᠡᠯ᠎ᠠ ᠭᠠᠵᠠᠷ ᠨᠢᠭᠡᠨᠳᠡ ᠮᠤᠵᠢ ᠶᠢᠨ ᠱᠠᠳᠤᠨ ᠳᠤ ᠨᠢᠭᠡᠳᠤᠯᠳᠠᠢ ᠲᠦᠯᠤᠪᠵᠢᠬᠦᠯᠬᠦ ᠶᠢ ᠦᠨᠳᠤᠰᠤᠨ ᠳᠡᠭᠡᠨ ᠪᠡᠶᠡᠯᠡᠬᠦᠯᠤᠭᠡᠳ᠂ ᠪᠦᠬᠦ ᠤᠯᠤᠰ ᠲᠤ ᠨᠢᠭᠡᠳᠤᠯᠳᠠᠢ ᠲᠦᠯᠤᠪᠵᠢᠬᠦᠯᠬᠦ ᠳᠤ ᠰᠠᠶᠢᠨ ᠰᠠᠶᠢᠬᠠᠨ ᠰᠠᠭᠤᠷᠢ ᠶᠢ ᠲᠠᠯᠪᠢᠬᠰᠠᠨ ᠪᠠᠶᠢᠨ᠎ᠠ ᠭᠡᠵᠠᠢ᠃  ᠯᠦ ᠠᠢ ᠬᠤᠩ ᠬᠡᠯᠡᠬᠦ ᠳᠡᠭᠡᠨ᠂ ᠬᠥᠮᠤᠨ ᠤ ᠬᠥᠴᠤᠨ ᠤ ᠡᠬᠢ ᠪᠠᠶᠠᠯᠢᠭ ᠪᠠ ᠨᠡᠶᠢᠭᠡᠮ ᠤᠨ ᠪᠠᠳᠤᠯᠠᠭ᠎ᠠ   ᠶᠢᠨ  ᠶᠠᠮᠤᠨ‌ᠬᠠᠮᠢᠶ᠎ᠠ ᠪᠦᠬᠦᠢ ᠰᠠᠯᠠᠭ᠎ᠠ ᠮᠦᠴᠢᠷ ᠲᠠᠢ ᠬᠠᠮᠳᠤᠷᠠᠨ ᠨᠠᠰᠦᠵᠢᠯ ᠤᠨ ᠠᠰᠠᠷᠠᠮᠵᠢ ᠶᠢᠨ ᠲᠠᠭᠠᠳᠬᠠᠯ ᠢ ᠪᠦᠬᠦ ᠤᠯᠤᠰ ᠲᠤ ᠨᠢᠭᠡᠳᠤᠯᠳᠠᠢ ᠲᠦᠯᠤᠪᠵᠢᠬᠦᠯᠬᠦ ᠠᠵᠢᠯ ᠢ ᠲᠦᠯᠬᠢᠨ ᠠᠬᠢᠭᠤᠯᠬᠤ ᠶᠢ ᠶᠠᠭ ᠱᠠᠯᠠᠪᠳᠠᠨ ᠰᠤᠳᠤᠯᠵᠤ ᠪᠠᠶᠢᠭ᠎ᠠ ᠪᠦᠭᠡᠳ ᠢᠷᠡᠬᠦ ᠵᠢᠯ ᠳᠤ  ᠲᠦᠷᠤᠬᠦᠤ‌ᠠᠯᠬᠤᠮ ᠢ ᠠᠯᠬᠤᠵᠤ᠂ ᠦᠨᠳᠤᠰᠤᠨ ᠨᠠᠰᠦᠵᠢᠯ ᠤᠨ ᠠᠰᠠᠷᠠᠮᠵᠢ ᠶᠢᠨ ᠲᠠᠭᠠᠳᠬᠠᠯ ᠤᠨ ᠰᠠᠭᠤᠷᠢ ᠮᠦᠩᠬᠦ ᠶᠢ ᠤᠷᠢᠳ ᠢᠶᠠᠷ ᠲᠦᠪ ᠠᠴᠠ ᠲᠤᠬᠢᠷᠠᠭᠤᠯᠬᠤ ᠲᠦᠷᠢᠮ ᠢ ᠬᠡᠷᠡᠭᠵᠢᠬᠦᠯᠤᠨ᠂ ᠭᠠᠵᠠᠷ ᠤᠷᠤᠨ   ᠤ ᠬᠤᠭᠤᠷᠤᠨᠳᠤᠬᠢ ᠬᠥᠮᠤᠨ  ᠠᠮᠠ   ᠶᠢᠨ  ᠪᠦᠳᠤᠴᠠ‌ᠢᠯᠠᠩᠭᠤᠶ᠎ᠠ ᠬᠥᠮᠤᠨ ᠠᠮᠠ ᠶᠢᠨ ᠨᠡᠬᠦᠳᠡᠯ  ᠠᠴᠠ ᠪᠤᠯᠤᠭᠰᠠᠨ ᠠᠰᠠᠷᠠᠨ ᠲᠡᠵᠢᠭᠡᠬᠦ  ᠬᠠᠷᠢᠴᠠᠯ   ᠤᠨ  ᠬᠡᠳᠤ  ᠶᠡᠭᠡ  ᠵᠦᠷᠢᠶ᠎ᠡ   ᠶᠢᠨ ᠠᠪᠴᠢᠷᠠᠭᠰᠠᠨ ᠨᠠᠰᠦᠵᠢᠯ  ᠤᠨ ᠠᠰᠠᠷᠠᠮᠵᠢ ᠶᠢᠨ ᠲᠠᠭᠠᠳᠬᠠᠯ ᠤᠨ ᠡᠬᠦᠷᠭᠡᠯᠡᠯ ᠢ  ᠲᠡᠩᠴᠡᠬᠦᠷᠢᠰᠢᠬᠦᠯᠵᠤ᠂  ᠢᠯᠡᠬᠦᠤ  ᠲᠤᠳᠠᠭᠤ   ᠶᠢ ᠲᠤᠬᠢᠷᠠᠭᠤᠯᠤᠨ᠂  ᠪᠦᠬᠦ  ᠤᠯᠤᠰ   ᠤᠨ  ᠬᠡᠪᠴᠢᠶᠠᠨ ᠳᠤ  ᠨᠠᠰᠦᠵᠢᠯ ᠤᠨ ᠠᠰᠠᠷᠠᠮᠵᠢ ᠶᠢᠨ ᠲᠠᠭᠠᠳᠬᠠᠯ ᠤᠨ ᠬᠠᠷᠢᠯᠴᠠᠨ ᠬᠠᠪᠰᠤᠷᠤᠯᠴᠠᠬᠤ ᠦᠢᠯᠡᠳᠤᠯ ᠢ ᠤᠯᠠᠮ ᠨᠢᠭᠡ ᠠᠯᠬᠤᠮ ᠪᠠᠳᠠᠷᠠᠭᠤᠯᠵᠤ᠂ ᠨᠠᠰᠦᠵᠢᠯ ᠤᠨ ᠠᠰᠠᠷᠠᠮᠵᠢ ᠶᠢᠨ ᠲᠠᠭᠠᠳᠬᠠᠯ ᠤᠨ ᠲᠦᠷᠢᠮ‌‍ᠤᠨ ᠦᠷᠬᠦᠯᠵᠢᠯᠡᠬᠦ ᠬᠥᠭᠵᠢᠯᠳᠡ ᠶᠢ ᠠᠬᠢᠭᠤᠯᠤᠨ᠎ᠠ ᠭᠡᠵᠠᠢ᠃
 
ᠢᠷᠡᠯᠲᠡ᠄ ᠠᠷᠠᠤᠨ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号