︽ᠰᠢᠨ᠎ᠡ ᠡᠷᠡᠨ ᠤ ᠮᠤᠩᠭᠤᠯ ᠰᠤᠶᠤᠯ ᠤᠨ ᠣᠨᠴᠠᠯᠢᠬᠳᠤ ᠰᠤᠷᠭᠠᠨ ᠬᠦᠮᠦᠵᠢᠯ ᠤᠨ ᠰᠤᠳᠤᠯᠭᠠᠨ ᠤ ᠲᠤᠷᠰᠢᠯᠳᠡ ᠶᠢᠨ ᠲᠤᠭᠤᠷᠢᠭ ᠪᠠᠶᠢᠭᠤᠯᠣᠭᠳᠠᠬᠤ ᠵᠢᠴᠢ ᠰᠣᠳᠣᠯᠭᠠᠨ ᠤ ᠰᠡᠳᠣᠪ ᠡᠬᠢᠯᠡᠬᠦ ᠪᠣᠯᠪᠠᠰᠣᠷᠠᠯ︾ ᠠᠮᠵᠢᠯᠳᠠ ᠲᠠᠢ ᠶᠠᠪᠣᠭᠳᠠᠪᠠ
ᠨᠡᠶᠢᠲᠡᠯᠡᠭᠰᠡᠨ ᠴᠠᠭ᠄
2017/12/26
        2017 ᠣᠨ ᠤ 12 ᠰᠠᠷ᠎ᠠ ᠶᠢᠨ26 —28 ᠤ ᠡᠳᠦᠷ ᠬᠦᠯᠦᠨ ᠪᠣᠶᠢᠷ ᠬᠤᠳᠠ ᠶᠢᠨ ᠰᠢᠨ᠎ᠡ ᠪᠠᠷᠭᠤ ᠪᠠᠷᠠᠭᠤᠨ ᠬᠤᠰᠢᠭᠤᠨ ᠤ ᠰᠣᠷᠭᠠᠨ ᠬᠦᠮᠦᠵᠢᠯ ᠤᠨ ᠲᠣᠪᠴᠢᠶ᠎ᠠ ᠪᠠ ᠰᠢᠨ᠎ᠡ ᠪᠠᠷᠭᠤ ᠪᠠᠷᠠᠭᠤᠨ ᠬᠤᠰᠢᠭᠤᠨ ᠤ ᠵᠢᠭᠠᠬᠤ  ᠶᠢ ᠰᠣᠳᠣᠯᠬᠤ ᠳᠠᠪᠳᠠᠨ ᠪᠣᠯᠪᠠᠰᠣᠷᠠᠭᠤᠯᠬᠤ ᠳᠦᠪ ᠠᠴᠠ ᠲᠤᠮᠳᠡᠳᠤ ᠣᠯᠤᠰ ᠤᠨ ᠪᠢᠯᠢᠭ ᠢᠨᠵᠧᠨᠧᠷᠢᠩ ᠤᠨ ᠰᠤᠷᠭᠠᠨ ᠬᠦᠮᠦᠵᠢᠯ ᠤᠨ ᠪᠠᠶᠢᠴᠠᠭᠠᠨ ᠵᠢᠯᠤᠭᠤᠳᠬᠤ ︽ᠠᠷᠪᠠᠨ ᠭᠤᠷᠪᠠ ᠲᠠᠪᠤ︾ ᠶᠢᠨ ᠲᠦᠯᠦᠪᠵᠢᠬᠦᠯᠬᠡ ᠶᠢᠨ ᠭᠤᠤᠯᠳᠠᠯᠭᠠᠳᠤ ᠲᠦᠷᠦᠯ ᠵᠦᠢᠯ   ᠤᠨ  ︽ᠰᠢᠨ᠎ᠡ ᠡᠷᠡᠨ ᠤ ᠮᠤᠩᠭᠤᠯ ᠰᠤᠶᠤᠯ ᠤᠨ ᠣᠨᠴᠠᠯᠢᠬᠳᠤ ᠰᠤᠷᠭᠠᠨ ᠬᠦᠮᠦᠵᠢᠯ ᠤᠨ ᠰᠣᠳᠣᠯᠭᠠᠨ ᠤ ᠲᠤᠷᠰᠢᠯᠳᠡ ᠶᠢᠨ ᠲᠤᠭᠤᠷᠢᠭ ᠪᠠᠶᠢᠭᠤᠯᠣᠭᠳᠠᠬᠤ ᠵᠢᠴᠢ ᠰᠣᠳᠣᠯᠭᠠᠨ ᠤ ᠰᠡᠳᠣᠪ ᠡᠬᠢᠯᠡᠬᠦ ᠪᠣᠯᠪᠠᠰᠣᠷᠠᠯ︾ ᠢ ᠠᠮᠵᠢᠯᠳᠠ ᠲᠠᠢ ᠡᠷᠬᠢᠯᠡᠨ ᠶᠠᠪᠣᠭᠳᠠᠭᠤᠯᠪᠠ  ᠃         ᠪᠣᠯᠪᠠᠰᠣᠷᠠᠯ ᠨᠢ ᠪᠦᠬᠦᠯᠢ ᠭᠤᠷᠪᠠᠨ ᠡᠳᠦᠷ ᠶᠠᠭᠠᠷᠠᠯᠳᠠᠢ ᠦᠷᠬᠦᠯᠵᠢᠵᠦ᠂ ᠰᠣᠳᠣᠯᠭᠠᠨ ᠤ ᠰᠡᠳᠣᠪ ᠡᠬᠢᠯᠡᠬᠦ ᠮᠡᠳᠡᠭᠦᠯᠦᠯᠳᠡ ᠶᠢᠨ ᠬᠤᠷᠠᠯ᠂ ᠡᠷᠳᠡᠮᠳᠡᠨ᠂ ᠳᠣᠰᠬᠠᠢ ᠮᠡᠷᠭᠡᠵᠢᠯᠳᠡᠨ ᠪᠠᠭᠰᠢ ᠶᠢᠨ ᠳᠠᠶᠢᠯᠣᠮᠵᠢ ᠵᠢᠴᠢ ︽ᠰᠣᠷᠣᠯᠴᠠᠭᠴᠢ ᠪᠠᠷ ᠳᠦᠪᠯᠡᠬᠦ ᠬᠢᠴᠢᠶᠡᠯᠯᠡᠭᠡ︾ ᠶᠢᠨ ᠳᠠᠭᠤᠷᠢᠶᠠᠯ ᠬᠢᠴᠢᠶᠡᠯ ᠰᠣᠨᠣᠰᠬᠠᠬᠤ ᠵᠡᠷᠭᠡ ᠣᠯᠠᠨ ᠠᠷᠭ᠎ᠠ ᠭᠡᠯᠪᠡᠷᠢ᠂ ᠣᠯᠠᠨ ᠠᠭᠤᠯᠭ᠎ᠠ ᠳᠡᠰ ᠪᠠᠷ ᠶᠠᠪᠣᠭᠳᠠᠭᠰᠠᠨ ᠪᠠᠶᠢᠨ᠎ᠠ᠃         12 ᠰᠠᠷ᠎ᠠ ᠶᠢᠨ 26 ᠤ ᠦᠳᠡ ᠶᠢᠨ ᠬᠤᠶᠢᠨ᠎ᠠ ︽ᠰᠣᠳᠣᠯᠭᠠᠨ ᠤ ᠰᠡᠳᠣᠪ ᠡᠬᠢᠯᠡᠬᠦ ᠶᠣᠰᠣᠯᠠᠯ ᠤᠨ ᠬᠤᠷᠠᠯ︾ ᠬᠢᠵᠦ᠂  ︽ᠰᠢᠨ᠎ᠡ ᠡᠷᠡᠨ ᠤ ᠮᠤᠩᠭᠤᠯ ᠰᠤᠶᠤᠯ ᠤᠨ ᠣᠨᠴᠠᠯᠢᠬᠳᠤ ᠰᠤᠷᠭᠠᠨ ᠬᠦᠮᠦᠵᠢᠯ ᠤᠨ ᠰᠣᠳᠣᠯᠭᠠᠨ︾ ᠤ  ᠭᠤᠣᠯ ᠬᠠᠷᠢᠭᠤᠴᠠᠯᠭᠠᠳᠠᠨ ᠣᠮᠪᠠᠽᠠᠷ ᠪᠠᠭᠰᠢ ᠠᠴᠠ︽ᠲᠤᠷᠰᠢᠯᠳᠡ ᠶᠢᠨ ᠲᠤᠭᠤᠷᠢᠭ︾ ︽ᠳᠣᠰᠬᠠᠢ ᠳᠦᠷᠦᠯ ᠤᠨ ᠰᠣᠳᠣᠯᠭᠠᠨ ᠤ ᠰᠠᠭᠤᠷᠢᠨ ᠭᠠᠵᠠᠷ︾ ︽ᠳᠣᠷᠰᠢᠯᠳᠠ ᠶᠢᠨ ᠰᠠᠭᠤᠷᠢᠨ ᠭᠠᠵᠠᠷ︾ ᠵᠡᠷᠭᠡ ᠪᠠᠶᠢᠭᠤᠯᠣᠭᠳᠠᠭᠰᠠᠨ ᠢ ᠦᠨᠡᠯᠡᠨ ᠵᠦᠪᠰᠢᠶᠡᠷᠡᠭᠰᠡᠨ ᠪᠢᠴᠢᠭ ᠮᠠᠲ᠋ᠧᠷᠢᠶᠠᠯ ᠢ ᠨᠡᠶᠢᠳᠡᠯᠡᠵᠦ ᠫᠠᠶᠢᠰᠠ ᠢᠯᠡᠷᠬᠡᠶᠢᠯᠡᠯ ᠢ ᠭᠠᠷᠳᠠᠭᠤᠯᠣᠭᠰᠠᠨ ᠪᠠᠶᠢᠨ᠎ᠠ᠃ ᠳᠠᠷᠠᠭ᠎ᠠ ᠨᠢ ᠡᠯ᠎ᠡ ᠰᠣᠷᠭᠠᠭᠤᠯᠢ ᠴᠡᠴᠡᠷᠯᠢᠭ ᠤᠨ ᠵᠠᠬᠢᠷᠣᠯ ᠪᠣᠯᠣᠨ ᠰᠣᠳᠣᠯᠣᠭᠴᠢ ᠪᠠᠭᠰᠢ ᠠᠴᠠ ᠰᠡᠳᠣᠪ ᠡᠬᠢᠯᠡᠬᠦ ᠮᠡᠳᠡᠭᠦᠯᠦᠯᠳᠡ ᠬᠢᠵᠠᠢ᠃         ᠪᠣᠯᠪᠠᠰᠣᠷᠠᠯ ᠳᠤ ᠣᠯᠣᠰ ᠤᠨ ᠰᠣᠷᠭᠠᠨ ᠬᠦᠮᠦᠵᠢᠯ ᠤᠨ ᠰᠢᠨᠵᠢᠯᠡᠬᠦ ᠣᠬᠠᠭᠠᠨ ᠤ ᠬᠦᠷᠢᠶᠡᠯᠡᠩ ᠤᠨ ᠰᠣᠳᠣᠯᠭᠠᠳᠠᠨ᠂  ᠬᠠᠷᠢᠭᠤᠴᠠᠯᠭᠠᠳᠠᠨ ᠣᠮᠪᠠᠽᠠᠷ ᠪᠠᠭᠰᠢ᠂ ᠣᠯᠠᠭᠠᠨᠬᠠᠳᠠ ᠬᠤᠳᠠ ᠶᠢᠨ ᠵᠢᠭᠠᠬᠤ ᠶᠢ ᠰᠣᠳᠣᠯᠬᠤ ᠭᠠᠵᠠᠷ ᠤᠨ ᠰᠣᠳᠣᠯᠣᠭᠴᠢ᠂ ᠣᠷᠣᠨ ᠤ ᠬᠢᠴᠢᠶᠡᠯ ᠳᠦᠷᠦᠯ ᠤᠨ ᠳᠠᠭᠠᠭᠤᠯᠣᠭᠴᠢ ᠳ᠋ᠦᠩ ᠮᠸᠢ ᠪᠠᠭᠰᠢ᠂ ᠲᠦᠩᠯᠢᠶᠣᠣ ᠬᠤᠳᠠ ᠶᠢᠨ ᠵᠠᠷᠣᠳ ᠮᠣᠩᠭᠤᠯ ᠨᠢᠭᠡᠳᠦᠭᠡᠷ ᠳᠣᠮᠳᠠᠳᠣ ᠰᠣᠷᠭᠠᠭᠤᠯᠢ ᠶᠢᠨ ᠰᠡᠳᠬᠢᠴᠡ ᠵᠦᠪᠯᠡᠭᠴᠢ᠂ ᠵᠢᠭᠠᠬᠤ ᠶᠢ ᠰᠣᠳᠣᠯᠣᠭᠴᠢ ᠱᠤ᠋ ᠰᠢᠶᠠ ᠪᠠᠭᠰᠢ ᠪᠣᠯᠣᠨ  ᠲᠦᠩᠯᠢᠶᠣᠣ ᠬᠤᠳᠠ ᠶᠢᠨ ᠵᠢᠭᠠᠬᠤ ᠶᠢ ᠰᠣᠳᠣᠯᠬᠤ ᠬᠡᠷ  ᠤᠨ ︽ᠰᠡᠳᠬᠢᠴᠡ ᠶᠢᠨ ᠡᠷᠡᠬᠦᠯ ᠮᠡᠨᠳᠦ ᠶᠢᠨ ᠬᠦᠮᠦᠵᠢᠯ︾ ᠤᠨ  ᠵᠢᠭᠠᠬᠤ ᠶᠢ ᠰᠣᠳᠣᠯᠭᠴᠢ ᠬᠠᠨ ᠺᠠᠢ ᠬᠤᠸᠠ ᠵᠡᠷᠭᠡ  ᠳᠦᠷᠪᠡᠨ ᠪᠠᠭᠰᠢ ᠶᠢ ᠣᠷᠢᠵᠦ ᠪᠠᠷᠠᠭᠤᠨ ᠬᠤᠰᠢᠭᠤᠨ ᠤ ᠮᠣᠩᠭᠤᠯ ᠢᠶᠠᠷ ᠬᠢᠴᠢᠶᠡᠯᠯᠡᠵᠦ ᠪᠠᠶᠢᠭ᠎ᠠ ᠳᠣᠮᠳᠠᠳᠣ ᠪᠠᠭ᠎ᠠ ᠰᠣᠷᠭᠠᠭᠤᠯᠢ ᠪᠣᠯᠣᠨ ᠬᠡᠦᠭᠡᠳ ᠤᠨ ᠴᠡᠴᠡᠷᠯᠢᠭ ᠤᠨ ᠵᠠᠬᠢᠷᠣᠯ᠂ ᠡᠷᠬᠢᠯᠡᠭᠴᠢ ᠵᠢᠴᠢ ᠬᠡᠰᠡᠭ ᠬᠢᠴᠢᠶᠡᠯ ᠳᠦᠷᠦᠯ  ᠤᠨ ᠪᠠᠭᠰᠢ ᠨᠠᠷ ᠲᠤ ᠬᠢᠴᠢᠶᠡᠯ᠂ ᠳᠠᠶᠢᠯᠣᠮᠵᠢ ᠬᠢᠬᠦ ᠠᠭᠤᠯᠭ᠎ᠠ ᠨᠤᠭᠤᠳ ᠪᠠᠶᠢᠵᠦ᠂ ᠪᠠᠭᠰᠢ ᠨᠠᠷ ᠤᠨ ᠵᠢᠭᠠᠨ ᠰᠣᠷᠭᠠᠯᠳᠠ ᠶᠢᠨ ᠰᠣᠳᠣᠯᠭᠠᠨ ᠤ ᠳᠣᠬᠠᠢ ᠦᠵᠡᠯᠳᠡ ᠳᠠᠨᠢᠯᠳᠠ ᠪᠠ ᠣᠶᠢᠯᠠᠭᠠᠯᠳᠠ᠂ ᠠᠷᠭ᠎ᠠ ᠪᠠᠷᠢᠯ ᠢ ᠣᠯᠠᠮ ᠨᠢᠭᠡ ᠠᠯᠬᠤᠮ ᠲᠡᠭᠡᠭᠰᠢᠯᠡᠬᠦᠯᠤᠭ᠍ᠰᠡᠨ ᠪᠠᠶᠢᠨ᠎ᠠ᠃         ᠡᠭᠦᠨ ᠳᠤ ᠣᠮᠪᠠᠽᠠᠷ ᠪᠠᠭᠰᠢ ᠠᠴᠠ ︽ᠰᠢᠨ᠎ᠡ ᠡᠷᠡᠨ ᠤ ᠮᠣᠩᠭᠤᠯ ᠰᠣᠶᠣᠯ ᠤᠨ ᠣᠨᠴᠠᠯᠢᠭᠳᠦ ᠰᠣᠷᠭᠠᠨ ᠬᠦᠮᠦᠵᠢᠯ ᠤᠨ ᠰᠣᠳᠣᠯᠭᠠᠨ ᠤ ᠶᠡᠷᠦᠩᠬᠡᠢ ᠬᠠᠨᠳᠦᠰᠢ︾ ᠶᠢᠨ ᠳᠠᠯ᠎ᠠ ᠪᠠᠷ᠂ ᠳ᠋ᠦᠩ ᠮᠸᠢ ᠪᠠᠭᠰᠢ ᠠᠴᠠ ᠳᠡᠦᠭᠡ ᠶᠢᠨ ᠬᠢᠴᠢᠶᠡᠯ ᠤᠨ ︽ᠰᠣᠷᠣᠯᠴᠠᠭᠴᠢ ᠪᠠᠷ ᠳᠦᠪᠯᠡᠬᠦ ᠬᠢᠴᠢᠶᠡᠯᠯᠡᠭᠡ︾ ᠶᠢᠨ ᠵᠢᠭᠠᠨ ᠰᠣᠷᠭᠠᠯᠳᠠ ᠶᠢᠨ ᠭᠡᠪ ᠵᠠᠭᠪᠣᠷ ᠢ ᠵᠢᠭᠠᠨ ᠵᠢᠯᠣᠭᠤᠳᠴᠦ᠂ ᠬᠢᠴᠢᠶᠡᠯᠯᠡᠭᠡ ᠶᠢᠨ ᠶᠠᠪᠣᠴᠠ ᠳᠤ ᠣᠷᠣᠰᠢᠵᠦ ᠪᠠᠶᠢᠭ᠎ᠠ ᠮᠠᠳᠠᠭ ᠲᠠᠢ ᠠᠰᠠᠭᠤᠳᠠᠯ ᠢ ᠬᠠᠮᠳᠣ  ᠪᠠᠷ ᠶᠠᠷᠢᠯᠴᠠᠨ ᠰᠢᠢᠳᠪᠦᠷᠢᠯᠡᠵᠡᠢ᠃ ᠱᠤ᠋ ᠰᠢᠶᠠ ᠪᠠᠭᠰᠢ ᠪᠣᠯᠣᠨ ᠬᠠᠨ ᠺᠠᠢ ᠬᠤᠸᠠ ᠪᠠᠭᠰᠢ ᠠᠴᠠ ᠠᠩᠬᠢ ᠶᠢᠨ ᠡᠷᠬᠢᠯᠡᠭᠴᠢ ᠵᠢᠴᠢ ᠪᠦᠬᠦᠶᠢᠯᠡ ᠪᠠᠭᠰᠢ ᠨᠠᠷ ᠲᠤ ︽ᠰᠡᠳᠬᠢᠴᠡ ᠶᠢᠨ ᠬᠠᠷᠠᠭᠠᠰᠦ ᠠᠴᠠ ᠠᠰᠠᠭᠤᠳᠠᠯᠳᠦ ᠦᠢᠯᠡ ᠶᠢ ᠵᠠᠳᠠᠯᠬᠤ︾᠂ ︽ᠶᠡᠭᠡ ᠳᠠᠷᠢᠬᠢᠨ ᠤ ᠭᠦᠭᠵᠢᠯᠳᠡ ᠵᠢᠴᠢ ᠰᠣᠷᠭᠠᠨ ᠬᠦᠮᠦᠵᠢᠬᠦᠯᠬᠦ ᠠᠷᠭ᠎ᠠ ᠠᠪᠴᠢᠯ︾ ᠵᠡᠷᠭᠡ ᠠᠭᠤᠯᠭ᠎ᠠ ᠪᠠᠷ ᠡᠷᠡᠭᠦᠯ ᠰᠡᠳᠬᠢᠴᠡ ᠶᠢᠨ ᠳᠠᠶᠢᠯᠣᠮᠵᠢ ᠬᠢᠭᠰᠡᠨ ᠪᠠᠶᠢᠨ᠎ᠠ᠃           ᠰᠢᠨ᠎ᠡ ᠪᠠᠷᠭᠤ ᠪᠠᠷᠠᠭᠤᠨ ᠬᠤᠰᠢᠭᠤᠨ ᠤ ᠰᠣᠷᠭᠠᠨ ᠬᠦᠮᠦᠵᠢᠯ ᠤᠨ ᠳᠣᠪᠴᠢᠶ᠎ᠠ ᠨᠢ ︽ᠲᠤᠮᠳᠠᠳᠤ ᠶᠢᠨ ᠰᠢᠯᠢᠳᠡᠭ ᠣᠯᠠᠮᠵᠢᠯᠠᠯᠳᠤ ᠰᠤᠶᠤᠯ ᠢ ᠣᠯᠠᠮᠵᠢᠯᠠᠨ ᠬᠦᠭᠵᠢᠬᠦᠯᠬᠦ ᠢᠨᠵᠧᠨᠧᠷᠢᠩ ᠢ ᠬᠡᠷᠡᠭᠵᠢᠬᠦᠯᠬᠦ ᠲᠤᠬᠠᠢ ᠰᠠᠨᠠᠯ︾  ᠤᠨ ᠵᠤᠷᠢᠭ ᠰᠠᠨᠠᠭ᠎ᠠ ᠶᠢ ᠣᠯᠠᠮ ᠨᠢᠭᠡ ᠠᠯᠬᠤᠮ ᠰᠤᠷᠤᠯᠴᠠᠨ ᠳᠣᠭᠤᠰᠢᠯᠠᠭᠤᠯᠵᠦ ︽ᠰᠢᠨ᠎ᠡ ᠡᠷᠡᠨ ᠤ ᠮᠤᠩᠭᠤᠯ ᠰᠤᠶᠤᠯ ᠤᠨ ᠣᠨᠴᠠᠯᠢᠬᠳᠤ ᠰᠤᠷᠭᠠᠨ ᠬᠦᠮᠦᠵᠢᠯ ᠤᠨ ᠰᠣᠳᠣᠯᠭᠠᠨ︾  ᠤ ︽ᠳᠣᠷᠰᠢᠯᠳᠠ ᠶᠢᠨ ᠳᠣᠭᠤᠷᠢᠭ︾᠂ ︽ᠲᠣᠰᠬᠠᠢ ᠲᠦᠷᠦᠯ ᠤᠨ ᠰᠣᠳᠣᠯᠭᠠᠨ ᠤ ᠰᠠᠭᠤᠷᠢᠨ ᠭᠠᠵᠠᠷ︾ ᠪᠠ ︽ᠲᠣᠷᠰᠢᠯᠳᠠ ᠶᠢᠨ ᠰᠠᠭᠤᠷᠢᠨ ᠭᠠᠵᠠᠷ︾ ᠪᠠᠶᠢᠭᠤᠯᠣᠨ ᠣᠷᠣᠨ ᠨᠣᠳᠤᠭ ᠤᠨ ᠰᠣᠶᠣᠯ ᠤᠨ ᠦᠪᠡᠷᠮᠢᠴᠡ ᠣᠨᠴᠠᠯᠢᠭ ᠲᠠᠢ᠂ ᠰᠦᠪᠡᠭᠴᠢᠯᠡᠯᠳᠡ ᠰᠣᠳᠣᠯᠭᠠᠨ ᠬᠢᠵᠦ᠂ ᠮᠣᠩᠭᠤᠯᠴᠤᠳ ᠤᠨ ᠤᠯᠠᠮᠵᠢᠯᠠᠯᠲᠤ ᠰᠣᠷᠭᠠᠨ ᠬᠦᠮᠦᠵᠢᠯ ᠤᠨ ᠰᠢᠯᠢᠳᠡᠭ ᠥᠪ ᠢ ᠣᠳᠣᠬᠢᠴᠢᠯᠠᠨ ᠬᠡᠷᠡᠭᠯᠡᠵᠦ᠂ ᠳᠡᠭᠦᠨ ᠤ ᠣᠳᠣ ᠦᠶ᠎ᠡ ᠶᠢᠨ ᠦᠨ᠎ᠡ ᠦᠷᠲᠡᠭ ᠢ ᠪᠠᠳᠠᠷᠠᠭᠤᠯᠬᠤ ᠪᠠᠷ ᠰᠣᠷᠭᠠᠨ ᠬᠦᠮᠦᠵᠢᠯ᠂ ᠵᠢᠭᠠᠨ ᠰᠣᠷᠭᠠᠯᠳᠠ ᠶᠢᠨ ᠰᠣᠳᠣᠯᠭᠠᠨ ᠤ ᠦᠨᠳᠦᠰᠦᠨ ᠴᠢᠭᠯᠡᠯᠳᠡ ᠪᠣᠯᠭᠠᠵᠦ ᠪᠠᠶᠢᠨ᠎ᠠ᠃  
                                       
 
ᠢᠷᠡᠯᠲᠡ᠄ ᠰᠤᠷᠭᠠᠨ ᠬᠦᠮᠤᠵᠢᠯ ᠤᠨ ᠲᠤᠪᠴᠢᠶ᠎ᠠ ᠬᠠᠩᠭᠠᠪᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号