ᠬᠦᠯᠦᠨ ᠪᠣᠶᠢᠷ ᠬᠤᠳᠠ ᠶᠢᠨ ᠰᠣᠷᠭᠠᠨ ᠬᠦᠮᠦᠵᠢᠯ ᠤᠨ ᠳᠣᠪᠴᠢᠶᠠᠨ ᠤ ᠣᠳᠣᠷᠢᠳᠣᠯᠭ᠎ᠠ ᠰᠢᠨ᠎ᠡ ᠪᠠᠷᠭᠤ ᠪᠠᠷᠠᠭᠤᠨ ᠬᠤᠰᠢᠭᠤᠨ ᠳᠤ ᠬᠦᠨᠵᠡᠭᠡᠶᠢᠷᠠᠨ ᠠᠵᠢᠯ ᠪᠠᠶᠢᠴᠠᠭᠠᠵᠦ ᠵᠢᠭᠠᠨ ᠵᠢᠯᠣᠭᠤᠳᠪᠠ
ᠨᠡᠶᠢᠲᠡᠯᠡᠭᠰᠡᠨ ᠴᠠᠭ᠄
2017/4/11
    ᠬᠦᠯᠦᠨ ᠪᠣᠶᠢᠷ ᠬᠤᠳᠠ ᠶᠢᠨ ᠰᠣᠷᠭᠠᠨ ᠬᠦᠮᠦᠵᠢᠯ ᠤᠨ ᠳᠣᠪᠴᠢᠶᠠᠨ ᠤ ᠣᠳᠣᠷᠢᠳᠣᠯᠭ᠎ᠠ ᠰᠢᠨ᠎ᠡ ᠪᠠᠷᠭᠤ ᠪᠠᠷᠠᠭᠤᠨ ᠬᠤᠰᠢᠭᠤᠨ ᠳᠤ ᠬᠦᠨᠵᠡᠭᠡᠶᠢᠷᠠᠨ ᠠᠵᠢᠯ ᠪᠠᠶᠢᠴᠠᠭᠠᠵᠦ ᠵᠢᠭᠠᠨ ᠵᠢᠯᠣᠭᠤᠳᠪᠠ                                 ︵ᠬᠠᠷᠢᠭᠤᠴᠠᠭᠰᠠᠨ ᠨᠠᠶᠢᠷᠠᠭᠤᠯᠣᠭᠴᠢ᠄ ᠦ᠋ ᠴᠦᠨ ᠯᠸᠢ                                  ᠡ᠊᠂ ᠰᠡᠴᠡᠨ ᠤᠷᠴᠢᠭᠤᠯᠪᠠ︶     2017 ᠣᠨ ᠤ 4 ᠰᠠᠷ᠎ᠠ ᠶᠢᠨ 11 ᠤ ᠡᠳᠦᠷ ᠬᠦᠯᠦᠨ ᠪᠣᠶᠢᠷ ᠬᠤᠳᠠ ᠶᠢᠨ ᠰᠣᠷᠭᠠᠨ ᠬᠦᠮᠦᠵᠢᠯ ᠤᠨ ᠳᠣᠪᠴᠢᠶᠠᠨ ᠤ ᠣᠣ ᠯᠢ ᠰᠢᠨ ᠳᠡᠳ᠋ ᠳᠣᠪᠴᠢᠶᠠᠨ ᠳᠠᠷᠤᠭ᠎ᠠ ᠰᠢᠨ᠎ᠡ ᠪᠠᠷᠭᠤ ᠪᠠᠷᠠᠭᠤᠨ ᠬᠤᠰᠢᠭᠤᠨ ᠤ ᠵᠠᠰᠠᠭ ᠤᠨ ᠣᠷᠳᠣᠨ ᠤ ᠳᠡᠳ᠋ ᠬᠤᠰᠢᠭᠤᠨ ᠳᠠᠷᠤᠭ᠎ᠠ ᠬᠠᠨᠳᠦᠰᠦ᠋ᠷᠦᠩ ᠪᠣᠯᠣᠨ ᠬᠤᠰᠢᠭᠤᠨ ᠤ ᠰᠣᠷᠭᠠᠨ ᠬᠦᠮᠦᠵᠢᠯ ᠤᠨ ᠳᠣᠪᠴᠢᠶᠠᠨ ᠤ ᠣᠳᠣᠷᠢᠳᠬᠤ ᠪᠠᠭ ᠤᠨ ᠬᠠᠮᠳᠣ ᠪᠦᠬᠦ ᠬᠤᠰᠢᠭᠤᠨ ᠤ ᠡᠯ᠎ᠡ ᠳᠣᠮᠳᠠᠳᠣ ᠪᠠᠭ᠎ᠠ ᠰᠣᠷᠭᠠᠭᠤᠯᠢ ᠬᠡᠦᠭᠡᠳ ᠤᠨ ᠴᠡᠴᠡᠷᠯᠢᠭ ᠪᠣᠯᠣᠨ ᠠᠷᠠᠳ ᠠᠴᠠ ᠡᠷᠬᠢᠯᠡᠭᠰᠡᠨ ᠴᠡᠴᠡᠷᠯᠢᠭ ᠲᠤ ᠬᠦᠨᠵᠡᠭᠡᠶᠢᠷᠠᠨ᠂ ᠠᠵᠢᠯ ᠪᠠᠶᠢᠴᠠᠭᠠᠵᠦ ᠵᠢᠭᠠᠨ ᠵᠢᠯᠣᠭᠤᠳᠣᠭᠰᠠᠨ ᠪᠠᠶᠢᠨ᠎ᠠ᠃     ᠣᠣ ᠯᠢ ᠰᠢᠨ ᠳᠡᠳ᠋ ᠳᠣᠪᠴᠢᠶᠠᠨ ᠳᠠᠷᠤᠭ᠎ᠠ ᠮᠠᠨ ᠤ ᠬᠤᠰᠢᠭᠤᠨ ᠤ ᠰᠣᠷᠭᠠᠭᠤᠯᠢ ᠶᠢᠨ ᠬᠦᠷᠢᠶᠠᠨ ᠤ ᠠᠮᠣᠷ ᠳᠦᠪᠰᠢᠨ ᠤᠨ ᠠᠵᠢᠯ ᠢ ᠭᠤᠣᠯᠳᠠᠭ᠎ᠠ ᠲᠠᠢ ᠠᠩᠬᠠᠷᠣᠨ ︽ᠬᠦᠮᠦᠨ ᠤ ᠰᠡᠷᠭᠡᠶᠢᠯᠡᠯᠳᠡ᠂ ᠪᠣᠳᠠᠰ ᠤᠨ ᠰᠡᠷᠭᠡᠶᠢᠯᠡᠯᠳᠡ᠂ ᠮᠡᠷᠭᠡᠵᠢᠯ ᠤᠨ ᠰᠡᠷᠭᠡᠶᠢᠯᠡᠯᠳᠡ︾ ᠶᠢᠨ ᠠᠷᠭ᠎ᠠ ᠠᠪᠴᠢᠯ᠂ ᠬᠢᠨᠠᠨ ᠡᠵᠡᠮᠰᠢᠬᠦ ᠳᠦᠭᠦᠭᠡᠷᠦᠮᠵᠢ ᠶᠢ ᠭᠡᠷᠡᠭᠯᠡᠬᠦ᠂ ᠠᠮᠣᠷ ᠢ ᠬᠠᠮᠠᠭᠠᠯᠠᠭᠴᠢ ᠶᠢ ᠳᠣᠬᠢᠷᠠᠭᠤᠯᠬᠤ᠂ ᠳᠣᠮᠳᠠᠳᠣ ᠪᠠᠭ᠎ᠠ ᠰᠣᠷᠭᠠᠭᠤᠯᠢ᠂ ᠬᠡᠦᠭᠡᠳ ᠤᠨ ᠴᠡᠴᠡᠷᠯᠢᠭ ᠤᠨ ᠬᠤᠭᠤᠯᠠᠨ ᠭᠡᠷ ᠂ ᠰᠣᠷᠭᠠᠭᠤᠯᠢ ᠶᠢᠨ ᠣᠷᠴᠢᠨ ᠳᠣᠭᠤᠷᠢᠨ ᠤ ᠠᠮᠣᠷ ᠳᠦᠪᠰᠢᠨ ᠤ ᠰᠡᠷᠭᠡᠶᠢᠯᠡᠯᠳᠡ ᠪᠠᠶᠢᠳᠠᠯ ᠵᠡᠷᠭᠡ ᠶᠢ ᠪᠦᠬᠦ ᠳᠠᠯ᠎ᠠ  ᠪᠠᠷ ᠪᠠᠶᠢᠴᠠᠭᠠᠬᠤ ᠶᠢᠨ ᠬᠠᠮᠳᠣ ᠮᠠᠨ ᠤ ᠬᠤᠰᠢᠭᠤᠨ ᠤ ︽ᠦᠨᠳᠦᠰᠦᠳᠡᠨ ᠤ ᠬᠤᠶᠠᠳᠣᠭᠠᠷ ᠬᠡᠦᠭᠡᠳ ᠤᠨ ᠴᠡᠴᠡᠷᠯᠢᠭ ︾ ᠤᠨ ᠦᠪᠡᠷᠳᠡᠭᠡᠨ ᠵᠠᠰᠠᠬᠤ ᠣᠷᠣᠨ ᠤ ᠳᠠᠭᠤᠷᠢᠶᠠᠯ ᠴᠡᠴᠡᠷᠯᠢᠭ ᠤᠨ ᠠᠵᠢᠯ ᠢ ᠳᠦᠭᠡᠮᠡᠯᠵᠢᠭᠦᠯᠬᠦ ᠪᠠ ᠶᠡᠷᠦᠩᠬᠡᠶᠢᠯᠡᠭᠰᠡᠨ ᠳᠣᠮᠳᠠᠳᠣ ᠰᠣᠷᠭᠠᠭᠤᠯᠢ ᠶᠢᠨ ᠵᠢᠭᠠᠨ ᠰᠣᠷᠭᠠᠯᠳᠠ ᠶᠢᠨ ᠬᠢᠴᠢᠶᠡᠯᠯᠡᠭᠡ ᠶᠢᠨ ᠳᠣᠬᠢᠷᠠᠭᠤᠯᠳᠠ ᠳᠤ ᠵᠢᠭᠠᠨ ᠵᠢᠯᠣᠭᠤᠳᠬᠤ ᠴᠢᠨᠠᠷ ᠲᠠᠢ ᠰᠠᠨᠠᠭᠤᠯᠣᠮᠵᠢ ᠳᠣᠷᠠᠳᠣᠭᠰᠠᠨ ᠪᠠᠶᠢᠨ᠎ᠠ᠃ ᠪᠠᠶᠢᠴᠠᠭᠠᠯᠳᠠ ᠶᠢᠨ ᠳᠣᠮᠳᠠ ᠣᠣ ᠯᠢ ᠰᠢᠨ ᠳᠣᠪᠴᠢᠶᠠᠨ ᠳᠠᠷᠤᠭ᠎ᠠ ᠮᠠᠨ ᠤ ᠬᠤᠰᠢᠭᠤᠨ ᠤ ᠰᠣᠷᠭᠠᠭᠤᠯᠢ ᠬᠦᠷᠢᠶᠠᠨ ᠤ ᠠᠮᠣᠷ ᠳᠦᠪᠰᠢᠨ ᠤ ᠠᠵᠢᠯ ᠳᠤ ᠦᠨᠳᠦᠷ ᠦᠨᠡᠯᠡᠯᠳᠡ ᠦᠭᠴᠦ᠂ ᠣᠷᠣᠰᠢᠵᠦ ᠪᠠᠶᠢᠭ᠎ᠠ ᠠᠰᠠᠭᠤᠳᠠᠯ ᠳᠤ ᠭᠡᠷᠬᠢᠨ ᠦᠭᠡᠷᠡᠴᠢᠯᠡᠬᠦ ᠳᠣᠬᠠᠢ ᠰᠠᠨᠠᠯ ᠰᠠᠨᠠᠭᠤᠯᠭ᠎ᠠ ᠪᠠᠨ ᠳᠡᠪᠰᠢᠭᠦᠯᠦᠭᠰᠡᠨ ᠪᠠᠶᠢᠨ᠎ᠠ᠃     ᠣᠣ ᠯᠢ ᠰᠢᠨ ᠳᠣᠪᠴᠢᠶᠠᠨ ᠳᠠᠷᠤᠭ᠎ᠠ ᠴᠢᠬᠤᠯᠠᠴᠢᠯᠠᠭᠰᠠᠨ ᠨᠢ ᠡᠯ᠎ᠡ ᠳᠣᠮᠳᠠᠳᠣ ᠪᠠᠭ᠎ᠠ ᠰᠣᠷᠭᠠᠭᠤᠯᠢ᠂ ᠬᠡᠦᠭᠡᠳ ᠤᠨ ᠴᠡᠴᠡᠷᠯᠢᠭ ᠨᠢ ᠰᠣᠷᠭᠠᠭᠤᠯᠢ ᠬᠡᠥᠭᠡᠳ ᠤᠨ ᠴᠡᠴᠡᠷᠯᠢᠭ ‍ᠤᠨ‌ᠠᠮᠣᠷ ᠳᠦᠪᠰᠢᠨ ᠤ ᠬᠠᠮᠢᠶᠠᠷᠣᠯᠳᠠ ᠶᠢᠨ ᠠᠵᠢᠯ ᠢ ᠳᠡᠭᠡᠳᠦ ᠬᠡᠮᠵᠢᠶ᠎ᠡ ᠪᠠᠷ ᠬᠦᠨᠳᠦᠳᠭᠡᠨ ᠦᠵᠡᠵᠦ ᠴᠠᠭ ᠦᠷᠭᠦᠯᠵᠢ ᠠᠮᠣᠷ ᠳᠦᠪᠰᠢᠨ ᠤ ᠠᠵᠢᠯᠯᠠᠭ᠎ᠠ ᠢ ᠴᠢᠩᠳᠠᠯᠠᠨ ᠪᠠᠭᠰᠢ ᠰᠣᠷᠣᠭᠴᠢ ᠶᠢᠨ ᠠᠮᠣᠷ ᠳᠠᠶᠢᠪᠣᠩ᠂ ᠰᠣᠷᠭᠠᠭᠤᠯᠢ ᠶᠢᠨ ᠠᠮᠣᠷ ᠳᠣᠭᠳᠠᠭᠤᠨ ᠢ ᠪᠠᠳᠣᠯᠠᠬᠤ ᠭᠡᠷᠡᠭᠳᠡᠢ ᠬᠡᠰᠡᠨ ᠪᠠᠶᠢᠨ᠎ᠠ᠃  
 
ᠢᠷᠡᠯᠲᠡ᠄ ᠰᠤᠷᠭᠠᠨ ᠬᠦᠮᠦᠵᠢᠯ ᠤᠨ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号