ᠰᠢᠨ᠎ᠡ ᠪᠠᠷᠭᠤ ᠪᠠᠷᠠᠭᠤᠨ ᠬᠤᠰᠢᠭᠤᠨ ᠤ ᠨᠢᠭᠡᠳᠦᠬᠡᠷ ᠪᠠᠭ᠎ᠠ ᠰᠣᠷᠭᠠᠭᠤᠯᠢ ᠶᠢᠨ ᠬᠦᠯ ᠪᠦᠮᠪᠦᠭᠡ ᠶᠢᠨ ᠡᠷᠡᠭᠳᠡᠢ ᠳᠠᠮᠢᠷᠴᠢᠳ  ᠵᠠᠯᠭ᠎ᠠ ᠪᠠᠷ ᠬᠤᠶᠠᠷ ᠣᠳᠠᠭᠠᠨ ᠤ ︽ᠳᠡᠷᠢᠭᠦᠯᠡᠭᠴᠢ ᠬᠤᠨᠳᠠᠭᠠᠳᠦ︾ ᠣᠷᠣᠯᠳᠣᠭᠠᠨ ᠤ ᠳᠡᠷᠢᠬᠦᠨ ᠪᠣᠯᠪᠠ
ᠨᠡᠶᠢᠲᠡᠯᠡᠭᠰᠡᠨ ᠴᠠᠭ᠄
2017/6/23
   ᠰᠢᠨ᠎ᠡ ᠪᠠᠷᠭᠤ ᠪᠠᠷᠠᠭᠤᠨ ᠬᠤᠰᠢᠭᠤᠨ ᠤ ᠨᠢᠭᠡᠳᠦᠬᠡᠷ ᠪᠠᠭ᠎ᠠ ᠰᠣᠷᠭᠠᠭᠤᠯᠢ ᠶᠢᠨ ᠬᠦᠯ ᠪᠦᠮᠪᠦᠭᠡ ᠶᠢᠨ ᠡᠷᠡᠭᠳᠡᠢ ᠳᠠᠮᠢᠷᠴᠢᠳ  ᠵᠠᠯᠭ᠎ᠠ ᠪᠠᠷ ᠬᠤᠶᠠᠷ ᠣᠳᠠᠭᠠᠨ ᠤ ︽ᠳᠡᠷᠢᠭᠦᠯᠡᠭᠴᠢ ᠬᠤᠨᠳᠠᠭᠠᠳᠦ︾ ᠣᠷᠣᠯᠳᠣᠭᠠᠨ ᠤ ᠳᠡᠷᠢᠬᠦᠨ ᠪᠣᠯᠪᠠ      2017 ᠣᠨ ᠤ ᠦᠪᠦᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ︽ᠳᠡᠷᠢᠭᠦᠯᠡᠭᠴᠢ ᠬᠤᠨᠳᠠᠭᠠᠳᠦ︾ ᠰᠣᠷᠭᠠᠭᠤᠯᠢ ᠶᠢᠨ ᠬᠦᠷᠢᠶᠡᠨ ᠤ ᠬᠦᠯ ᠪᠦᠮᠪᠦᠭᠡ ᠶᠢᠨ 4 ᠳᠡᠰ ᠤᠨ ᠬᠤᠯᠪᠣᠭᠠᠳᠦ ᠣᠷᠣᠯᠳᠣᠭᠠᠨ ᠤ   ᠪᠠᠭ᠎ᠠ ᠰᠣᠷᠭᠠᠭᠤᠯᠢ ᠶᠢᠨ ᠡᠷᠡᠭᠳᠡᠢ ᠶᠢᠨ ᠠᠩᠬᠢ ᠶᠢᠨ ᠵᠡᠬᠦᠨ ᠭᠡᠰᠡᠭ ᠣᠷᠣᠨ ᠤ ᠣᠷᠣᠯᠳᠣᠭᠠᠨ 6 ᠰᠠᠷ᠎ᠠ ᠶᠢᠨ23 ᠤ ᠡᠳᠦᠷ ᠣᠯᠠᠭᠠᠨᠬᠠᠳᠠ ᠬᠤᠳᠠ ᠶᠢᠨ ᠪᠠᠭᠠᠷᠢᠨ ᠪᠠᠷᠠᠭᠤᠨ ᠬᠤᠰᠢᠭᠤᠨ ᠤ ᠳ᠋ᠠᠪᠠᠨ ᠳᠤ ᠶᠠᠪᠣᠭᠳᠠᠵᠦ᠂ ᠵᠡᠬᠦᠨ ᠭᠡᠰᠡᠭ ᠣᠷᠣᠨ ᠤ 4 ᠠᠶᠢᠮᠠᠭ ᠬᠤᠳᠠ ᠠᠴᠠ ᠢᠷᠡᠭᠰᠡᠨ ︽ᠠᠶᠢᠮᠠᠭ ᠤᠨ ᠳᠠᠷᠤᠭ᠎ᠠ ᠬᠤᠨᠳᠠᠭᠠᠳᠦ︾ ᠣᠷᠣᠯᠳᠣᠭᠠᠨ ᠤ ᠳᠡᠷᠢᠬᠦᠨ ᠳᠡᠳ᠋   ᠳᠤ ᠤᠷᠤᠭᠰᠠᠨ 8 ᠠᠩᠬᠢ ᠣᠷᠣᠯᠴᠠᠪᠠ᠃    ᠮᠡᠨ ᠤ ᠬᠤᠰᠢᠭᠤᠨ ᠤ ᠨᠢᠭᠡᠳᠦᠭᠡᠷ ᠪᠠᠭ᠎ᠠ ᠰᠣᠷᠭᠠᠭᠤᠯᠢ ᠶᠢᠨ ᠡᠷᠡᠭᠳᠡᠢ ᠬᠦᠯ ᠪᠦᠮᠪᠦᠭᠡ ᠶᠢᠨ ᠠᠩᠬᠢ ᠪᠠᠭ᠎ᠠ ᠳᠣᠭᠤᠶᠢᠯᠠᠩ ᠤᠨ ᠣᠷᠣᠯᠳᠣᠭᠠᠨ ᠤ ᠨᠢᠭᠡᠳᠦᠭᠡᠷ ᠳᠠᠯᠠᠪᠣᠷ ᠣᠷᠣᠯᠳᠣᠭᠠᠨ ᠳᠤ1᠄ 4 ᠪᠠᠷ ᠬᠢᠩᠭᠠᠨ ᠠᠶᠢᠮᠠᠭ ᠤᠨ ᠣᠯᠠᠭᠠᠨᠬᠤᠳᠠ ᠶᠢᠨ ᠮᠣᠩᠭᠤᠯ ᠦᠨᠳᠦᠰᠦᠳᠡᠨ ᠤ ᠪᠠᠭ᠎ᠠ ᠰᠣᠷᠭᠠᠭᠤᠯᠢ ᠶᠢᠨ ᠠᠩᠬᠢ ᠳᠤ ᠢᠯᠡᠭ᠌ᠳᠠᠵᠦ᠂ ᠬᠤᠶᠠᠳᠣᠭᠠᠷ ᠳᠠᠯᠠᠪᠣᠷ ᠲᠤ 1᠄ 0 ᠪᠠᠷ ᠣᠯᠠᠭᠠᠨᠬᠠᠳᠠ ᠬᠤᠳᠠ ᠶᠢᠨ ᠮᠣᠩᠭᠤᠯ ᠳᠣᠷᠰᠢᠯᠳᠠ ᠶᠢᠨ ᠪᠠᠭ᠎ᠠ ᠰᠣᠷᠭᠠᠭᠤᠯᠢ ᠶᠢᠨ ᠳᠣᠭᠤᠶᠢᠯᠠᠩ ᠢ ᠢᠯᠡᠵᠦ᠂ ᠭᠤᠷᠪᠠᠳᠣᠭᠠᠷ ᠳᠠᠯᠠᠪᠣᠷ ᠲᠤ1᠄ 0 ᠳᠦᠩᠯᠢᠶᠣᠣ ᠬᠤᠳᠠ ᠶᠢᠨ ᠨᠠᠢᠮᠠᠨ ᠬᠤᠰᠢᠭᠤᠨ ᠤ ᠳᠣᠷᠰᠢᠯᠳᠠ ᠶᠢᠨ ᠪᠠᠭ᠎ᠠ ᠰᠣᠷᠭᠠᠭᠤᠯᠢ ᠶᠢᠨ ᠠᠩᠬᠢ ᠶᠢ ᠢᠯᠠᠨ᠂ ᠪᠠᠭ᠎ᠠ ᠳᠣᠭᠤᠶᠢᠯᠠᠩ ᠤᠨ ᠣᠷᠣᠯᠳᠣᠭᠠᠨ ᠳᠤ 6 ᠬᠤᠪᠢ ᠣᠯᠵᠦ᠂ ᠳᠡᠷᠢᠬᠦᠨ ᠨᠡᠷᠡᠰ ᠢᠶᠠᠷ ᠬᠠᠭᠠᠰ ᠰᠢᠢᠳᠪᠦᠷᠢᠳᠦ ᠣᠷᠣᠯᠳᠣᠭᠠᠨ ᠳᠤ ᠣᠷᠣᠭᠰᠠᠨ ᠪᠠᠶᠢᠨ᠎ᠠ᠃ ᠬᠠᠭᠠᠰ ᠰᠢᠢᠳᠪᠦᠷᠢᠳᠦ ᠣᠷᠣᠯᠳᠣᠭᠠᠨ ᠳᠤ 5᠄ 2 ᠢᠶᠠᠷ ᠳᠦᠩᠯᠢᠶᠣᠣ ᠬᠤᠳᠠ ᠶᠢᠨ ᠵᠠᠷᠣᠳ ᠬᠤᠰᠢᠭᠤᠨ ᠤ ᠮᠣᠩᠭᠤᠯ ᠪᠠᠭ᠎ᠠ ᠰᠣᠷᠭᠠᠭᠤᠯᠢ ᠢ ᠢᠯᠡᠵᠦ ᠰᠢᠢᠳᠪᠦᠷᠢᠳᠦ ᠣᠷᠣᠯᠳᠣᠭᠠᠨ ᠳᠤ ᠢᠯᠭᠤᠮ ᠳᠠᠪᠰᠢᠨ ᠣᠷᠣᠪᠠ᠃    ᠮᠡᠨ ᠤ ᠬᠤᠰᠢᠭᠤᠨ ᠤ ᠨᠢᠭᠡᠳᠦᠭᠡᠷ ᠪᠠᠭ᠎ᠠ ᠰᠣᠷᠭᠠᠭᠤᠯᠢ ᠶᠢᠨ ᠡᠷᠡᠭᠳᠡᠢ ᠬᠦᠯ ᠪᠦᠮᠪᠦᠭᠡ ᠶᠢᠨ ᠠᠩᠬᠢ ᠣᠯᠠᠨ ᠤ ᠭᠦᠰᠡᠯ ᠢ ᠬᠦᠰᠡᠷᠳᠡᠭᠦᠯᠦᠯ ᠦᠬᠡᠢ ᠰᠢᠢᠳᠪᠦᠷᠢᠳᠦ ᠣᠷᠣᠯᠳᠣᠭᠠᠨ ᠳᠤ 2᠄ 0 ᠪᠠᠷ ᠬᠦᠯᠦᠨ ᠪᠣᠶᠢᠷ ᠤᠨ ᠰᠢᠨ᠎ᠡ ᠪᠠᠷᠭᠤ ᠵᠡᠬᠦᠨ ᠬᠤᠰᠢᠭᠤᠨ ᠤ ᠠᠮᠣᠭᠤᠯᠠᠩ ᠨᠢᠭᠡᠳᠦᠭᠡᠷ ᠪᠠᠭ᠎ᠠ ᠰᠣᠷᠭᠠᠭᠤᠯᠢ ᠢ ᠢᠯᠡᠵᠦ 2017 ᠣᠨ ᠤ ᠦᠪᠦᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ︽ᠳᠡᠷᠢᠭᠦᠯᠡᠭᠴᠢ ᠬᠤᠨᠳᠠᠭᠠᠳᠦ︾ ᠰᠣᠷᠭᠠᠭᠤᠯᠢ ᠶᠢᠨ ᠬᠦᠷᠢᠶᠡᠨ ᠤ ᠬᠦᠯ ᠪᠦᠮᠪᠦᠭᠡ ᠶᠢᠨ 4 ᠳᠡᠰ ᠤᠨ ᠬᠤᠯᠪᠣᠭᠠᠳᠦ ᠣᠷᠣᠯᠳᠣᠭᠠᠨ ᠤ ᠪᠠᠭ᠎ᠠ ᠰᠣᠷᠭᠠᠭᠤᠯᠢ ᠶᠢᠨ ᠡᠷᠡᠭᠳᠡᠢ ᠠᠩᠬᠢ ᠶᠢᠨ ᠵᠡᠬᠦᠨ ᠭᠡᠰᠡᠭ ᠣᠷᠣᠨ ᠤ ᠣᠷᠣᠯᠳᠣᠭᠠᠨ ᠤ ᠳᠡᠷᠢᠬᠦᠨ ᠨᠡᠷᠡᠰ ᠲᠤ ᠳᠣᠳᠣᠷᠠᠨ᠂ ᠵᠠᠯᠭᠠᠯᠳᠤᠭ᠎ᠠ ᠪᠠᠷ ᠬᠤᠶᠠᠷ ᠣᠳᠠᠭᠠᠨ ᠤ ︽ᠳᠡᠷᠢᠭᠦᠯᠡᠭᠴᠢ ᠬᠤᠨᠳᠠᠭᠠᠳᠦ︾ ᠣᠷᠣᠯᠳᠣᠭᠠᠨ ᠤ ᠳᠡᠷᠢᠬᠦᠨ ᠪᠣᠯᠣᠭᠰᠠᠨ ᠪᠠᠶᠢᠨ᠎ᠠ᠃          ︵ᠬᠠᠷᠢᠭᠤᠴᠠᠭᠰᠠᠨ ᠨᠠᠶᠢᠷᠠᠭᠤᠯᠣᠭᠴᠢ᠄ ᠶᠢᠨ ᠯᠠᠢ ᠴᠢᠦᠸᠠᠨ                                            ᠡ᠊᠂ ᠰᠡᠴᠡᠨ ᠣᠷᠴᠢᠭᠤᠯᠪᠠ︶  
 
ᠢᠷᠡᠯᠲᠡ᠄ ᠰᠤᠷᠭᠠᠨ ᠬᠦᠮᠦᠵᠢᠯ ᠤᠨ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号