ᠰᠢᠨ᠎ᠡ ᠪᠠᠷᠠᠭᠤᠨ ᠵᠠᠰᠠᠭ ᠠᠯᠪᠠᠨ ᠲᠠᠷᠬᠠᠭᠠᠭᠰᠠᠨ ﹇2017﹈ 132 ᠳ᠋ᠤᠭᠠᠷ ᠲᠤᠭᠠᠳᠦ
ᠨᠡᠶᠢᠲᠡᠯᠡᠭᠰᠡᠨ ᠴᠠᠭ᠄
2017/7/13
       ᠰᠢᠨ᠎ᠡ ᠪᠠᠷᠠᠭᠤᠨ ᠵᠠᠰᠠᠭ ᠠᠯᠪᠠᠨ ᠲᠠᠷᠬᠠᠭᠠᠭᠰᠠᠨ ﹇2017﹈ 132 ᠳ᠋ᠤᠭᠠᠷ ᠲᠤᠭᠠᠳᠦ        ᠰᠢᠨ᠎ᠡ ᠪᠠᠷᠭᠤ ᠪᠠᠷᠠᠭᠤᠨ ᠬᠤᠰᠢᠭᠤᠨ ᠤ ᠰᠤᠷᠭᠠᠨ ᠬᠦᠮᠦᠵᠢᠯ ᠢᠶᠠᠷ ᠨᠠᠷᠢᠯᠢᠭ ᠤᠨᠤᠪᠴᠢᠳᠠᠢ ᠪᠠᠷ ᠶᠠᠳᠠᠭᠤ ᠶᠢ ᠳᠡᠳᠬᠦᠬᠦ ᠠᠵᠢᠯ ᠤᠨ ᠭᠡᠷᠡᠭᠵᠢᠬᠦᠯᠬᠦ ᠲᠦᠰᠦᠯ ᠢ ᠲᠠᠷᠤᠮᠠᠯᠯᠠᠨ ᠶᠠᠪᠤᠭᠤᠯᠬᠤ ᠲᠤᠬᠠᠢ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ ᠤᠨ ᠮᠡᠳᠡᠭᠳᠡᠯᠡᠯ᠎ᠡ ᠰᠤᠮᠤ ᠪᠠᠯᠭᠠᠰᠦ᠂ ᠬᠤᠰᠢᠭᠤᠨ ᠤ ᠰᠢᠭᠤᠳ ᠬᠠᠷᠢᠶ᠎ᠠ ᠡᠯ᠎ᠡ ᠬᠠᠮᠢᠶ᠎ᠠ ᠪᠦᠬᠦᠢ ᠰᠠᠯᠠᠭ᠎ᠠ ᠮᠦᠴᠢᠷ᠂ ᠬᠤᠰᠢᠭᠤᠨ  ᠳᠤ ᠰᠠᠭᠤᠭ᠎ᠠ ᠡᠯ᠎ᠡ ᠬᠠᠮᠢᠶ᠎ᠠ ᠪᠦᠬᠦᠢ ᠨᠢᠭᠡᠴᠡ ᠳᠤ᠄      ︽ᠰᠢᠨ᠎ᠡ ᠪᠠᠷᠭᠤ ᠪᠠᠷᠠᠭᠤᠨ ᠬᠤᠰᠢᠭᠤᠨ ᠤ ᠰᠤᠷᠭᠠᠨ ᠬᠦᠮᠦᠵᠢᠯ ᠢᠶᠠᠷ ᠨᠠᠷᠢᠯᠢᠭ ᠤᠨᠤᠪᠴᠢᠳᠠᠢ ᠪᠠᠷ ᠶᠠᠳᠠᠭᠤ  ᠶᠢ ᠳᠡᠳᠬᠦ ᠬᠦ ᠠᠵᠢᠯ ᠤᠨ ᠭᠡᠷᠡᠭᠵᠢᠬᠦᠯᠬᠦ ᠲᠦᠰᠦᠯ︾ ᠢ ᠡᠳᠦᠭᠡ ᠲᠠᠨᠠᠷ ᠲᠤ ᠲᠠᠷᠤᠮᠠᠯᠯᠠᠨ ᠶᠠᠪᠤᠭᠤᠯᠤᠯ᠎ᠠ᠂ ᠡᠯ᠎ᠡ ᠨᠢᠭᠡᠴᠡ ᠪᠤᠳᠠᠳᠦ ᠪᠠᠶᠢᠳᠠᠯ ᠲᠠᠢ ᠪᠠᠨ ᠤᠶᠠᠯᠳᠤᠭᠤᠯᠤᠨ᠂ ᠬᠢᠨᠠᠮᠠᠭᠠᠢ ᠨᠠᠶᠢᠳᠠᠪᠦᠷᠢᠵᠢᠭᠤᠯᠳᠤᠭᠠᠢ᠃          ᠳᠠᠭᠠᠯᠳᠤᠭᠤᠯᠤᠯ᠄ ᠰᠢᠨ᠎ᠡ ᠪᠠᠷᠭᠤ ᠪᠠᠷᠠᠭᠤᠨ ᠬᠤᠰᠢᠭᠤᠨ ᠤ ᠰᠤᠷᠭᠠᠨ ᠬᠦᠮᠦᠵᠢᠯ ᠢᠶᠠᠷ ᠨᠠᠷᠢᠯᠢᠭ ᠤᠨᠤᠪᠴᠢᠳᠠᠢ ᠪᠠᠷ ᠶᠠᠳᠠᠭᠤ ᠶᠢ ᠳᠡᠳᠬᠦᠬᠦ ᠠᠵᠢᠯ ᠤᠨ ᠭᠡᠷᠡᠭᠵᠢᠬᠦᠯᠬᠦ ᠲᠦᠰᠦᠯ          ᠰᠢᠨ᠎ᠡ ᠪᠠᠷᠭᠤ ᠪᠠᠷᠠᠭᠤᠨ ᠬᠤᠰᠢᠭᠤᠨ ᠤ ᠰᠤᠷᠭᠠᠨ ᠬᠦᠮᠦᠵᠢᠯ ᠢᠶᠠᠷ ᠨᠠᠷᠢᠯᠢᠭ ᠤᠨᠤᠪᠴᠢᠳᠠᠢ ᠪᠠᠷ ᠶᠠᠳᠠᠭᠤ ᠶᠢ ᠳᠡᠳᠬᠦᠬᠦ ᠠᠵᠢᠯ ᠤᠨ ᠭᠡᠷᠡᠭᠵᠢᠬᠦᠯᠬᠦ ᠲᠦᠰᠦᠯ          ᠲᠦᠪ ᠤᠨ ᠶᠠᠳᠠᠭᠤ ᠶᠢ ᠳᠡᠳᠬᠦᠨ ᠨᠡᠭᠡᠭᠡᠯᠳᠡ ᠬᠢᠬᠦ ᠠᠵᠢᠯ ᠤᠨ ᠬᠤᠷᠠᠯ ᠪᠠ ᠦᠪᠡᠷᠲᠡᠭᠡᠨ ᠵᠠᠰᠠᠬᠤ ᠤᠷᠤᠨ᠂ ᠬᠦᠯᠦᠨ ᠪᠤᠶᠢᠷ ᠬᠤᠳᠠ ᠶᠢᠨ ᠶᠠᠳᠠᠭᠤ ᠶᠢ ᠳᠡᠳᠬᠦᠨ ᠨᠡᠭᠡᠭᠡᠯᠳᠡ ᠬᠢᠬᠦ ᠠᠵᠢᠯ ᠤᠨ ᠬᠤᠷᠠᠯ ᠤᠨ ᠵᠤᠷᠢᠭ ᠰᠠᠨᠠᠭ᠎ᠠ ᠶᠢ ᠪᠦᠬᠦ ᠳᠠᠯ᠎ᠠ ᠪᠠᠷ ᠲᠤᠤᠱᠯᠠᠭᠤᠯᠵᠦ᠂ ︽ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠳᠠᠶᠢᠨ ᠢ ᠢᠯᠠᠬᠤ ᠳᠤᠬᠠᠢ ᠲᠤᠮᠳᠠᠳᠦ ᠤᠯᠤᠰ ᠤᠨ ᠡᠪ ᠬᠠᠮᠳᠦ ᠨᠠᠮ ᠤᠨ ᠲᠦᠷᠦ ᠶᠢᠨ ᠶᠠᠪᠤᠳᠠᠯ ᠤᠨ ᠬᠤᠷᠢᠶᠠᠨ ᠤ ᠲᠤᠭᠳᠠᠭᠠᠯ︾᠂ ︽︿ᠰᠤᠷᠭᠠᠨ ᠬᠦᠮᠦᠵᠢᠯ ᠢᠶᠠᠷ ᠶᠠᠳᠠᠭᠤ ᠠᠴᠠ ᠨᠢ ᠠᠩᠬᠢᠵᠢᠷᠠᠭᠤᠯᠬᠤ ᠪᠤᠭᠤᠮᠳᠠ ᠰᠢᠪᠳᠤᠯᠬᠤ ︿ᠠᠷᠪᠠᠨ ᠭᠤᠷᠪᠠᠳᠤᠭᠠᠷ ᠲᠠᠪᠤᠨ ᠵᠢᠯ﹀ ᠤᠨ ᠲᠦᠯᠦᠪᠵᠢᠬᠦᠯᠭᠡ ᠶᠢ ᠲᠠᠷᠤᠮᠠᠯᠯᠠᠨ ᠶᠠᠪᠤᠭᠤᠯᠬᠤ ᠲᠤᠬᠠᠢ ᠰᠤᠷᠭᠠᠨ ᠬᠦᠮᠦᠵᠢᠯ ᠤᠨ ᠶᠠᠮᠤᠨ ᠵᠡᠷᠭᠡ ᠵᠢᠷᠭᠤᠭᠠᠨ ᠰᠠᠯᠠᠭ᠎ᠠ ᠮᠦᠴᠢᠷ ᠤᠨ ᠮᠡᠳᠡᠭᠳᠡᠯ︾᠂ ︽ᠦᠪᠦᠷ ᠮᠤᠩᠭᠤᠯ ᠤᠨ ᠨᠠᠷᠢᠯᠢᠭ ᠤᠨᠤᠪᠴᠢᠳᠠᠢ ᠪᠠᠷ ᠶᠠᠳᠠᠭᠤ ᠶᠢ ᠳᠡᠳᠬᠦᠬᠦ ᠳᠤ ᠰᠤᠷᠭᠠᠨ ᠬᠦᠮᠦᠵᠢᠯ ᠢᠶᠠᠷ ᠳᠡᠮᠵᠢᠯᠭᠡ ᠦᠵᠡᠬᠦᠯᠬᠦ ᠲᠦᠯᠦᠪᠯᠡᠭᠡ ᠶᠢᠨ ᠭᠡᠷᠡᠭᠵᠢᠬᠦᠯᠬᠦ ᠲᠦᠰᠦᠯ︾᠂ ︽ᠬᠦᠯᠦᠨ ᠪᠤᠶᠢᠷ ᠬᠤᠳᠠ ᠶᠢᠨ ᠨᠠᠷᠢᠯᠢᠭ ᠤᠨᠤᠪᠴᠢᠳᠠᠢ ᠪᠠᠷ ᠶᠠᠳᠠᠭᠤ ᠶᠢ ᠳᠡᠳᠬᠦᠬᠦ ᠳᠤ ᠰᠤᠷᠭᠠᠨ ᠬᠦᠮᠦᠵᠢᠯ ᠢᠶᠠᠷ ᠳᠡᠮᠵᠢᠯᠬᠡ ᠦᠵᠡᠬᠦᠯᠬᠦ ᠲᠦᠯᠦᠪᠯᠡᠭᠡ ᠶᠢᠨ ᠭᠡᠷᠡᠭᠵᠢᠬᠦᠯᠬᠦ ᠲᠦᠰᠦᠯ︾ ᠪᠠ ︽︿ᠨᠠᠷᠢᠯᠢᠭ ᠤᠨᠤᠪᠴᠢᠳᠠᠢ ᠪᠠᠷ ᠶᠠᠳᠠᠭᠤ ᠶᠢ ᠳᠡᠳᠬᠦᠨ ︿ᠨᠢᠭᠡ ᠳᠤ ᠨᠢᠭᠡ ᠬᠠᠷᠠᠭᠠᠯᠵᠠᠬᠤ﹀ ᠬᠤᠤᠰᠯᠠᠯ ᠪᠤᠯᠵᠦ ᠬᠠᠪᠰᠤᠷᠤᠨ ᠲᠤᠰᠠᠯᠠᠬᠤ ᠠᠵᠢᠯ ᠢ ᠦᠷᠨᠢᠬᠦᠯᠬᠦ ᠲᠤᠬᠠᠢ ᠲᠤᠮᠳᠠᠳᠦ ᠤᠯᠤᠰ ᠤᠨ ᠡᠪ ᠬᠠᠮᠳᠦ ᠨᠠᠮ ᠤᠨ ᠰᠢᠨ᠎ᠡ ᠪᠠᠷᠭᠤ ᠪᠠᠷᠠᠭᠤᠨ ᠬᠤᠰᠢᠭᠤᠨ ᠤ ᠬᠤᠷᠢᠶᠠᠨ ᠤ ᠠᠯᠪᠠᠨ ᠭᠡᠷ᠂ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ ᠤᠨ ᠮᠡᠳᠡᠭᠳᠡᠯ︾ ︵ᠰᠢᠨ᠎ᠡ ᠪᠠᠷᠠᠭᠤᠨ ᠨᠠᠮ ᠠᠯᠪᠠᠨ ᠲᠠᠷᠬᠠᠭᠠᠭᠰᠠᠨ ﹇2016﹈ 32 ᠳ᠋ᠤᠭᠠᠷ ᠲᠤᠭᠠᠳᠦ︶ ᠤᠨ ᠵᠤᠷᠢᠭ ᠰᠠᠨᠠᠭ᠎ᠠ ᠶᠢ ᠨᠠᠶᠢᠳᠠᠪᠦᠷᠢᠵᠢᠭᠤᠯᠵᠦ᠂ ᠨᠠᠷᠢᠯᠢᠭ ᠤᠨᠤᠪᠴᠢᠳᠠᠢ ᠪᠠᠷ ᠶᠠᠳᠠᠭᠤ ᠶᠢ ᠳᠡᠳᠬᠦᠬᠦ᠂ ᠨᠠᠷᠢᠯᠢᠭ ᠤᠨᠤᠪᠴᠢᠳᠠᠢ ᠪᠠᠷ ᠶᠠᠳᠠᠭᠤ  ᠠᠴᠠ ᠠᠩᠬᠢᠵᠢᠷᠠᠭᠤᠯᠬᠤ ᠠᠵᠢᠯ ᠤᠨ ᠳᠤᠬᠢᠷᠠᠭᠤᠯᠭ᠎ᠠ ᠪᠠ ᠪᠠᠶᠢᠷᠢᠯᠠᠭᠤᠯᠤᠯᠳᠠ ᠶᠤᠰᠤᠭᠠᠷ᠂ ᠶᠠᠳᠠᠭᠤ ᠬᠦᠴᠢᠷᠳᠡᠢ ᠭᠡᠷ ᠪᠦᠯᠢ ᠶᠢᠨ ᠬᠡᠤᠬᠡᠳ ᠤᠨ ᠰᠤᠷᠭᠠᠭᠤᠯᠢ ᠳᠤ ᠰᠤᠷᠤᠯᠴᠠᠬᠤ ᠠᠰᠠᠭᠤᠳᠠᠯ ᠢ ᠰᠢᠢᠳᠪᠦᠷᠢᠯᠡᠨ᠂ ᠶᠠᠳᠠᠭᠤ ᠬᠦᠴᠢᠷᠳᠡᠢ ᠭᠡᠷ ᠪᠦᠯᠢ ᠶᠢᠨ ᠬᠡᠤᠬᠡᠳ ᠤᠨ ᠰᠤᠷᠭᠠᠨ ᠬᠦᠮᠦᠵᠢᠯ ᠢ ᠠᠳᠠᠯᠢ ᠳᠡᠭᠰᠢ ᠪᠠᠷ ᠬᠦᠷᠲᠡᠬᠦ ᠡᠷᠭᠡ ᠶᠢ ᠨᠢ ᠪᠠᠳᠤᠯᠠᠵᠦ᠂ ᠰᠤᠷᠭᠠᠭᠤᠯᠢ ᠳᠤ ᠰᠤᠷᠤᠯᠴᠠᠬᠤ ᠠᠴᠠ ᠪᠤᠯᠵᠦ ᠶᠠᠳᠠᠭᠤᠷᠠᠬᠤ ᠦᠵᠡᠭᠳᠡᠯ ᠢ ᠦᠭᠡᠶᠢᠰᠭᠡᠨ᠂ ᠰᠤᠷᠭᠠᠨ ᠬᠦᠮᠦᠵᠢᠯ ᠢᠶᠠᠷ ᠶᠠᠳᠠᠭᠤ ᠶᠢ ᠳᠡᠳᠬᠦᠨ ᠠᠷᠠᠳ ᠢ ᠪᠠᠶᠠᠵᠢᠭᠤᠯᠬᠤ ᠴᠢᠳᠠᠪᠦᠷᠢ ᠶᠢ ᠲᠡᠭᠡᠭᠰᠢᠯᠡᠬᠦᠯᠵᠦ᠂ ᠨᠠᠷᠢᠯᠢᠭ ᠤᠨᠤᠪᠴᠢᠳᠠᠢ ᠪᠠᠷ ᠶᠠᠳᠠᠭᠤ ᠶᠢ ᠳᠡᠳᠬᠦᠬᠦ ᠠᠵᠢᠯ ᠤᠨ ᠲᠤᠭᠳᠠᠴᠠ ᠶᠢ ᠪᠠᠶᠢᠭᠤᠯᠤᠨ᠂ ᠰᠤᠷᠭᠠᠨ ᠬᠦᠮᠦᠵᠢᠯ ᠢᠶᠠᠷ ᠨᠠᠷᠢᠯᠢᠭ ᠤᠨᠤᠪᠴᠢᠳᠠᠢ  ᠪᠠᠷ ᠶᠠᠳᠠᠭᠤ ᠶᠢ ᠳᠡᠳᠬᠦᠬᠦ ᠠᠵᠢᠯ ᠢ ᠬᠦᠨᠵᠡᠬᠡᠢ ᠠᠬᠢᠭᠤᠯᠵᠦ᠂ ᠰᠤᠷᠭᠠᠨ ᠬᠦᠮᠦᠵᠢᠯ ᠢᠶᠠᠷ ᠶᠠᠳᠠᠭᠤ ᠶᠢ ᠳᠡᠳᠬᠦᠬᠦ ᠠᠵᠢᠯ ᠤᠨ ᠪᠦᠳᠦᠮᠵᠢᠳᠠᠢ ᠶᠠᠪᠤᠭᠳᠠᠬᠤ ᠶᠢ ᠪᠠᠳᠤᠯᠠᠨ᠂ ᠰᠤᠷᠭᠠᠨ ᠬᠦᠮᠦᠵᠢᠯ ᠤᠨ ᠠᠵᠢᠯ ᠤᠨ ᠪᠤᠳᠠᠳᠦ ᠪᠠᠶᠢᠳᠠᠯ ᠲᠠᠢ ᠤᠶᠠᠯᠳᠤᠭᠤᠯᠵᠦ᠂ ᠲᠤᠰ ᠭᠡᠷᠡᠭᠵᠢᠬᠦᠯᠬᠦ ᠲᠦᠰᠦᠯ ᠢ ᠲᠤᠭᠳᠠᠭᠠᠪᠠ᠃      ᠨᠢᠭᠡ᠂ ᠵᠢᠯᠤᠭᠤᠳᠬᠤ ᠦᠵᠡᠯ ᠰᠠᠨᠠᠭ᠎ᠠ      ᠶᠠᠳᠠᠭᠤ ᠬᠦᠴᠢᠷᠳᠡᠢ ᠭᠠᠵᠠᠷ ᠤᠷᠤᠨ ᠤ ᠬᠡᠤᠬᠡᠳ ᠤᠳ ᠢ ᠡᠬᠢᠯᠡᠨ ᠬᠦᠶᠦᠬᠦ ᠱᠤᠭᠤᠮ ᠲᠡᠭᠡᠷ᠎ᠡ ᠱᠦᠬᠦᠭᠳᠡᠬᠦᠯᠬᠦ ᠦᠬᠡᠢ ᠭᠡᠰᠡᠨ ᠰᠢ ᠶᠢᠨ ᠫᠢᠩ ᠶᠡᠷᠦᠩᠭᠡᠢ ᠱᠦᠵᠢ ᠶᠢᠨ ᠴᠢᠬᠤᠯᠠ ᠵᠢᠭᠠᠪᠦᠷᠢ ᠶᠢᠨ ᠵᠤᠷᠢᠭ ᠰᠠᠨᠠᠭ᠎ᠠ  ᠶᠢ ᠨᠠᠷᠢᠨ ᠬᠢᠨᠠᠮᠠᠭᠠᠢ ᠲᠤᠤᠱᠯᠠᠭᠤᠯᠤᠨ ᠨᠠᠶᠢᠳᠠᠪᠦᠷᠢᠵᠢᠭᠤᠯᠵᠦ᠂ ︽ᠶᠠᠳᠠᠭᠤ ᠶᠢ ᠳᠡᠳᠬᠦᠬᠦ ᠳᠤ ᠤᠷᠢᠳᠠᠪᠠᠷ ᠤᠶᠤᠨ ᠪᠢᠯᠢᠭ ᠠᠴᠠ ᠨᠢ ᠳᠡᠳᠬᠦᠬᠦ᠂ ᠶᠠᠳᠠᠭᠤ ᠶᠢ ᠵᠠᠰᠠᠬᠤ ᠳᠤ ᠤᠷᠢᠳᠠᠪᠠᠷ ᠪᠠᠯᠠᠢ ᠠᠴᠠ ᠨᠢ ᠵᠠᠰᠠᠬᠤ᠂ ᠶᠠᠳᠠᠭᠤ ᠬᠦᠴᠢᠷᠳᠡᠢ ᠪᠠᠶᠢᠬᠤ ᠬᠢᠨᠵᠢ ᠶᠢ ᠨᠢ ᠪᠦᠷᠢᠮᠦᠰᠦᠨ ᠳᠠᠰᠣᠳᠠᠬᠤ︾ ᠶᠡᠷᠦᠩᠭᠡᠢ ᠰᠡᠳᠬᠢᠴᠡ ᠶᠤᠰᠤᠭᠠᠷ᠂ ︽ᠵᠠᠰᠠᠭ ᠤᠨ ᠤᠷᠳᠤᠨ ᠭᠤᠤᠯ ᠤᠳᠤᠷᠢᠳᠤᠭᠰᠠᠨ᠂ ᠨᠡᠶᠢᠬᠡᠮ ᠨᠡᠶᠢᠳᠡ ᠪᠠᠷ ᠢᠶᠠᠨ ᠤᠷᠤᠯᠴᠠᠭᠰᠠᠨ︾ ᠠᠵᠢᠯ ᠤᠨ ᠵᠠᠷᠴᠢᠮ ᠢ ᠵᠢᠷᠤᠮᠯᠠᠵᠦ᠂ ᠰᠤᠷᠭᠠᠨ ᠬᠦᠮᠦᠵᠢᠯ ᠢᠶᠠᠷ ᠤᠨᠢᠨ ᠳᠡᠭᠡᠷ᠎ᠡ ᠨᠢ ᠶᠠᠳᠠᠭᠤ ᠶᠢ ᠳᠡᠳᠬᠦᠬᠦ ᠠᠵᠢᠯ ᠢ ᠬᠦᠨᠵᠡᠬᠡᠢ ᠠᠬᠢᠭᠤᠯᠤᠨ᠎ᠠ᠃ ᠪᠦᠬᠦ ᠬᠤᠰᠢᠭᠤᠨ ᠤ ᠰᠠᠭᠤᠷᠢ ᠰᠤᠷᠭᠠᠨ ᠬᠦᠮᠦᠵᠢᠯ ᠤᠨ ᠬᠢᠷᠢ ᠲᠦᠪᠰᠢᠨ ᠢ ᠳᠡᠭᠡᠭᠰᠢᠯᠡᠬᠦᠯᠬᠦ᠂ ᠭᠡᠷ ᠪᠦᠯᠢ ᠶᠢᠨ ᠶᠠᠳᠠᠭᠤ ᠬᠦᠴᠢᠷᠳᠡᠢ ᠰᠤᠷᠤᠭᠴᠢᠳ ᠤᠨ ᠰᠤᠷᠭᠠᠭᠤᠯᠢ ᠳᠤ ᠰᠤᠷᠤᠯᠴᠠᠬᠤ ᠶᠢ ᠳᠡᠮᠵᠢᠨ ᠳᠤᠰᠠᠯᠠᠬᠤ ᠪᠠ ᠶᠠᠳᠠᠭᠤ ᠬᠦᠴᠢᠷᠳᠡᠢ ᠤᠯᠠᠨ ᠲᠦᠮᠡᠨ ᠢ ᠬᠠᠪᠰᠤᠷᠤᠨ ᠳᠡᠳᠬᠦᠵᠦ ᠯᠠᠪᠳᠠᠭᠤᠨ ᠪᠠᠳᠤᠳᠠᠢ ᠶᠠᠳᠠᠭᠤ ᠠᠴᠠ ᠨᠢ ᠠᠩᠬᠢᠵᠢᠷᠠᠭᠤᠯᠬᠤ ᠶᠢ ᠪᠡᠶᠡᠯᠡᠬᠦᠯᠬᠦ ᠪᠠᠷ ᠠᠵᠢᠯ ᠤᠨ ᠲᠡᠷᠢᠬᠦᠨ ᠴᠢᠬᠤᠯᠠ ᠡᠭᠦᠷᠭᠡ ᠪᠤᠯᠭᠠᠵᠦ᠂ ᠶᠠᠳᠠᠭᠤ ᠬᠦᠴᠢᠷᠳᠡᠢ ᠰᠤᠮᠤ ᠪᠠᠯᠭᠠᠰᠦ ᠵᠦᠭ ᠬᠡᠯᠪᠡᠶᠢᠨ ᠰᠤᠷᠭᠠᠨ ᠬᠦᠮᠦᠵᠢᠯ ᠢ ᠨᠢ ᠬᠦᠭᠵᠢᠬᠦᠯᠬᠦ ᠶᠢ ᠳᠡᠮᠵᠢᠬᠦ᠂ ᠶᠠᠳᠠᠭᠤ ᠬᠦᠴᠢᠷᠳᠡᠢ ᠰᠤᠷᠤᠭᠴᠢᠳ ᠢ ᠳᠤᠰᠠᠯᠠᠨ ᠳᠡᠮᠵᠢᠬᠦ ᠬᠦᠴᠦᠯᠡᠴᠡ ᠪᠠᠨ ᠴᠢᠩᠭᠠᠳᠬᠠᠬᠤ᠂ ᠶᠠᠳᠠᠭᠤ ᠬᠦᠴᠢᠷᠳᠡᠢ ᠰᠤᠷᠤᠭᠴᠢᠳ ᠲᠤ ᠠᠵᠢᠯ ᠮᠡᠷᠭᠡᠵᠢᠯ ᠤᠨ ᠰᠤᠷᠤᠯᠭ᠎ᠠ ᠶᠢᠨ ᠨᠠᠮᠳᠠᠷ ᠲᠠᠢ ᠬᠦᠮᠦᠵᠢᠯ ᠬᠦᠷᠲᠡᠭᠡᠬᠦ ᠪᠠᠷ ᠠᠵᠢᠯ ᠤᠨ ᠭᠤᠤᠯ ᠠᠷᠭ᠎ᠠ ᠪᠤᠳᠤᠯᠭ᠎ᠠ ᠪᠤᠯᠭᠠᠨ᠂ ᠲᠡᠭᠡᠷ᠎ᠡ ᠲᠤᠤᠷ᠎ᠠ ᠬᠠᠮᠳᠤᠷᠠᠨ ᠬᠦᠳᠡᠯᠦᠯᠴᠡᠭᠰᠡᠨ᠂ ᠤᠯᠠᠨ ᠰᠠᠯᠠᠭ᠎ᠠ ᠮᠦᠴᠢᠷ ᠬᠦᠴᠦ ᠪᠠᠨ ᠬᠠᠮᠳᠤᠳᠬᠠᠨ ᠠᠬᠢᠭᠤᠯᠤᠭᠰᠠᠨ ᠰᠤᠷᠭᠠᠨ ᠬᠦᠮᠦᠵᠢᠯ ᠢᠶᠠᠷ ᠶᠠᠳᠠᠭᠤ ᠶᠢ ᠳᠡᠳᠬᠦᠬᠦ ᠲᠤᠭᠳᠠᠴᠠ ᠶᠢ ᠪᠠᠶᠢᠭᠤᠯᠵᠦ᠂ ᠰᠤᠷᠭᠠᠨ ᠬᠦᠮᠦᠵᠢᠯ ᠢᠶᠠᠷ ᠳᠠᠮᠵᠢᠨ ᠶᠠᠳᠠᠭᠤ ᠬᠦᠴᠢᠷᠳᠡᠢ ᠭᠠᠵᠠᠷ ᠤᠷᠤᠨ ᠪᠠ ᠶᠠᠳᠠᠭᠤ ᠬᠦᠴᠢᠷᠳᠡᠢ ᠭᠡᠷ ᠪᠦᠯᠢ ᠶᠢᠨ ᠬᠢᠨ ᠤ ᠦᠪᠡᠷ ᠢ ᠪᠠᠨ ᠬᠦᠭᠵᠢᠬᠦᠯᠬᠦ ᠴᠢᠳᠠᠪᠦᠷᠢ ᠶᠢ ᠲᠡᠭᠡᠭᠰᠢᠯᠡᠬᠦᠯᠵᠦ᠂ ᠶᠠᠳᠠᠭᠤ ᠬᠦᠴᠢᠷᠳᠡᠯᠳᠠᠢ ᠪᠠᠶᠢᠳᠠᠯ ᠢ ᠦᠨᠳᠦᠰᠦᠨ ᠠᠴᠠ ᠨᠢ ᠤᠰᠠᠳᠬᠠᠨ᠎ᠠ᠃      ᠬᠤᠶᠠᠷ᠂ ᠬᠠᠷᠠᠯᠳᠠᠳᠦ ᠡᠭᠦᠷᠭᠡ      2016 ᠤᠨ ᠠᠴᠠ ᠡᠬᠢᠯᠡᠨ᠂ ᠨᠠᠷᠢᠯᠢᠭ ᠤᠨᠤᠪᠴᠢᠳᠠᠢ ᠪᠠᠷ ᠶᠠᠳᠠᠭᠤ ᠶᠢ ᠳᠡᠳᠬᠦᠬᠦ ᠠᠵᠢᠯ ᠢ ᠲᠦᠯᠬᠢᠨ ᠠᠬᠢᠭᠤᠯᠬᠤ ᠪᠠᠷ ᠪᠦᠬᠦ ᠬᠤᠰᠢᠭᠤᠨ ᠤ ᠰᠤᠷᠭᠠᠨ ᠬᠦᠮᠦᠵᠢᠯ ᠤᠨ ᠠᠵᠢᠯ ᠤᠨ ᠴᠢᠬᠤᠯᠠ ᠡᠭᠦᠷᠭᠡ ᠪᠤᠯᠭᠠᠭᠰᠠᠭᠠᠷ ᠢᠷᠡᠵᠡᠢ᠃ ᠲᠤᠭᠳᠠᠭᠰᠠᠨ ᠴᠡᠭ᠂ ᠲᠤᠭᠳᠠᠭᠰᠠᠨ ᠴᠢᠭᠯᠡᠯ ᠤᠨ ᠵᠠᠷᠴᠢᠮ ᠶᠤᠰᠤᠭᠠᠷ᠂ ᠳᠠᠩᠰᠠᠯᠠᠨ ᠺᠠᠷᠲ᠋ᠠᠯᠠᠭᠰᠠᠨ ᠶᠠᠳᠠᠭᠤ ᠬᠦᠴᠢᠷᠳᠡᠢ ᠭᠠᠴᠠᠭ᠎ᠠ᠂ ᠶᠠᠳᠠᠭᠤ ᠬᠦᠴᠢᠷᠳᠡᠢ ᠡᠷᠦᠬᠡ ᠪᠠ ᠶᠠᠳᠠᠭᠤ ᠬᠦᠴᠢᠷᠳᠡᠢ ᠬᠦᠮᠦᠨ ᠠᠮᠠ ᠶᠢ ᠬᠠᠷᠭᠤᠭᠤᠯᠵᠦ᠂ ᠭᠠᠴᠠᠭ᠎ᠠ᠂ ᠡᠷᠦᠬᠡ ᠪᠠ ᠬᠦᠮᠦᠨ ᠨᠢᠭᠡᠪᠦᠷᠢ ᠳᠤ ᠤᠨᠤᠭᠳᠠᠭᠤᠯᠤᠭᠰᠠᠨ ᠰᠤᠷᠭᠠᠨ ᠬᠦᠮᠦᠵᠢᠯ ᠢᠶᠠᠷ ᠨᠠᠷᠢᠯᠢᠭ ᠤᠨᠤᠪᠴᠢᠳᠠᠢ ᠪᠠᠷ ᠶᠠᠳᠠᠭᠤ ᠶᠢ ᠳᠡᠳᠬᠦᠬᠦ ᠰᠢᠰᠲ᠋ᠧᠮ ᠢ ᠪᠠᠶᠢᠭᠤᠯᠤᠨ᠂ ᠰᠤᠷᠬᠤ ᠨᠠᠰᠤᠨ ᠠᠴᠠ ᠡᠮᠦᠨᠡᠬᠢ ᠰᠤᠷᠭᠠᠨ ᠬᠦᠮᠦᠵᠢᠯ ᠠᠴᠠ ᠲᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠨ ᠬᠦᠮᠦᠵᠢᠯ ᠬᠦᠷᠲᠡᠯ᠎ᠡ ᠬᠡᠯᠳᠦᠷᠢᠬᠦᠯᠬᠦ᠂ ᠬᠠᠰᠤᠬᠤ᠂ ᠳᠤᠰᠠᠯᠠᠬᠤ᠂ ᠱᠠᠩᠨᠠᠬᠤ᠂ ᠵᠤᠭᠤᠰ ᠵᠢᠭᠡᠯᠡᠬᠦᠯᠬᠦ᠂ ᠨᠦᠬᠦᠪᠦᠷᠢ ᠦᠭᠬᠦ ᠵᠡᠷᠭᠡ ᠬᠡᠯᠪᠡᠷᠢ  ᠶᠢᠨ ᠤᠯᠠᠨ ᠲᠤᠶᠢᠯᠰᠢᠷᠠᠯ ᠢᠶᠠᠷ ᠳᠡᠳᠬᠦᠬᠦ ᠬᠢᠭᠡᠳ ᠬᠠᠪᠰᠤᠷᠤᠨ ᠳᠡᠮᠵᠢᠬᠦ ᠲᠦᠷᠦ ᠶᠢᠨ ᠪᠤᠳᠤᠯᠭ᠎ᠠ ᠶᠢ ᠭᠡᠷᠡᠭᠵᠢᠬᠦᠯᠪᠡ ᠃ ᠰᠤᠮᠤ ᠪᠠᠯᠭᠠᠰᠦ ᠶᠢᠨ ᠬᠡᠤᠬᠡᠳ ᠤᠨ ᠴᠡᠴᠡᠷᠯᠢᠭ ᠤᠨ ᠪᠦᠲᠦᠭᠡᠨ ᠪᠠᠶᠢᠭᠤᠯᠤᠯᠳᠠ ᠶᠢᠨ ᠢᠨᠵᠧᠨᠧᠷᠢᠩ ᠢ ᠭᠡᠷᠡᠭᠵᠢᠬᠦᠯᠪᠡ᠃ ᠶᠠᠳᠠᠭᠤ ᠬᠦᠴᠢᠷᠳᠡᠢ ᠭᠡᠷ ᠪᠦᠯᠢ ᠶᠢᠨ ᠬᠦᠳᠡᠯᠮᠦᠷᠢ ᠬᠦᠴᠦᠨ ᠤ ᠪᠤᠳᠠᠳᠦ ᠭᠡᠷᠡᠭᠯᠡᠭᠡᠨ ᠤ ᠮᠡᠷᠭᠡᠵᠢᠯ  ᠤᠨ ᠪᠤᠯᠪᠠᠰᠤᠷᠠᠯ ᠢ ᠴᠢᠩᠭᠠᠳᠬᠠᠵᠦ᠂ ᠬᠠᠪᠰᠤᠷᠤᠨ ᠳᠡᠳᠬᠦᠬᠦ ᠪᠠ ᠲᠤᠰᠠᠯᠠᠮᠵᠢ ᠬᠦᠷᠲᠡᠭᠡᠬᠦ ᠶᠢ ᠭᠡᠷᠡᠭᠵᠢᠬᠦᠯᠵᠦ᠂ ᠶᠠᠳᠠᠭᠤ ᠬᠦᠴᠢᠷᠳᠡᠢ ᠭᠡᠷ ᠪᠦᠯᠢ ᠶᠢᠨ ᠦᠨᠳᠦᠰᠦᠨ ᠠᠴᠠ ᠨᠢ ᠶᠠᠳᠠᠭᠤ ᠠᠴᠠ ᠠᠩᠬᠢᠵᠢᠷᠠᠨ ᠴᠢᠨᠡᠭᠡᠯᠢᠭᠵᠢᠬᠦ ᠶᠢ ᠠᠬᠢᠭᠤᠯᠤᠨ᠎ᠠ᠃ ᠶᠠᠳᠠᠭᠤ ᠬᠦᠴᠢᠷᠳᠡᠢ ᠭᠡᠷ  ᠪᠦᠯᠢ ᠶᠢᠨ ᠬᠡᠤᠬᠡᠳ ᠲᠤ ᠰᠢᠯᠢᠳᠡᠭ ᠰᠤᠷᠭᠠᠨ ᠬᠦᠮᠦᠵᠢᠯ ᠤᠨ ᠡᠬᠢ ᠰᠤᠷᠪᠤᠯᠵᠢ ᠬᠦᠷᠲᠡᠭᠡᠬᠦ ᠶᠢ ᠪᠠᠳᠤᠯᠠᠨ᠎ᠠ᠃ 2020 ᠤᠨ ᠪᠤᠯᠬᠤ ᠳᠤ᠂ ᠠᠯᠪᠠᠨ ᠵᠢᠷᠤᠮ ᠤᠨ ᠰᠤᠷᠭᠠᠨ ᠬᠦᠮᠦᠵᠢᠯ  ᠤᠨ ᠪᠠᠳᠤᠳᠬᠠᠬᠰᠠᠨ ᠨᠤᠷᠮ᠎ᠠ ᠶᠢ 100% ᠳᠤ ᠬᠦᠷᠭᠡᠬᠦ ᠶᠢ ᠪᠠᠷᠢᠮᠳᠠᠯᠠᠵᠦ᠂ ᠰᠤᠷᠬᠤ ᠨᠠᠰᠤᠨ ᠠᠴᠠ ᠡᠮᠦᠨᠡᠬᠢ ᠬᠡᠤᠬᠡᠳ ᠤᠨ ᠴᠡᠴᠡᠷᠯᠢᠭ ᠲᠤ ᠤᠷᠤᠬᠤ ᠨᠤᠷᠮ᠎ᠠ ᠶᠢ 90% ᠠᠴᠠ ᠲᠡᠭᠡᠭᠰᠢ ᠳᠤ ᠬᠦᠷᠭᠡᠨ᠎ᠡ᠃ ᠪᠦᠬᠦ ᠬᠤᠰᠢᠭᠤᠨ  ᠤ ᠪᠦᠬᠦᠶᠢᠯᠡ ᠰᠤᠷᠬᠤ ᠨᠠᠰᠤᠨ ᠤ ᠶᠠᠳᠠᠭᠤ ᠬᠦᠴᠢᠷᠳᠡᠢ ᠰᠤᠷᠤᠭᠴᠢ ᠶᠢ ᠬᠠᠮᠤᠷᠤᠭᠰᠠᠨ ᠬᠠᠪᠰᠤᠷᠤᠨ ᠳᠡᠳᠬᠦᠬᠦ ᠠᠵᠢᠯ ᠤᠨ ᠲᠤᠭᠳᠠᠴᠠ ᠶᠢ ᠴᠢᠷᠮᠠᠶᠢᠨ ᠪᠠᠶᠢᠭᠤᠯᠵᠦ᠂ ᠶᠠᠳᠠᠭᠤ ᠬᠦᠴᠢᠷᠳᠡᠢ ᠰᠤᠷᠤᠭᠴᠢ ᠪᠦᠷᠢ ᠰᠤᠷᠭᠠᠭᠤᠯᠢ ᠳᠤ ᠰᠤᠷᠤᠯᠴᠠᠭᠰᠠᠨ ᠪᠠᠶᠢᠬᠤ ᠶᠢ ᠪᠠᠳᠤᠯᠠᠨ᠎ᠠ᠃ ᠠᠯᠢᠪᠠ ᠶᠠᠳᠠᠭᠤ ᠬᠦᠴᠢᠷᠳᠡᠢ ᠭᠡᠷ  ᠪᠦᠯᠢ ᠶᠢᠨ ᠰᠤᠷᠤᠭᠴᠢᠳ ᠤᠨ ᠲᠤᠰᠠᠯᠠᠬᠤ ᠴᠢᠬᠤᠯᠠᠳᠠᠢ ᠪᠦᠬᠦᠨ ᠢ ᠳᠤᠰᠠᠯᠠᠵᠦ᠂ ᠵᠢᠭᠡᠯᠡᠯᠭᠡ ᠦᠭᠴᠦ ᠲᠡᠶᠢᠯᠬᠦ ᠪᠦᠬᠦᠨ ᠳᠤ ᠵᠢᠭᠡᠯᠡᠯᠭᠡ ᠦᠭᠬᠦᠭᠰᠡᠨ ᠪᠠᠶᠢᠬᠤ ᠶᠢ ᠪᠠᠶᠡᠯᠡᠬᠦᠯᠵᠦ᠂ ᠨᠢᠭᠡ ᠶᠠᠳᠠᠭᠤ ᠬᠦᠴᠢᠷᠳᠡᠢ ᠰᠤᠷᠤᠭᠴᠢ ᠶᠢ ᠪᠠᠰᠠ ᠶᠠᠳᠠᠭᠤ ᠠᠴᠠ ᠪᠤᠯᠵᠦ ᠰᠤᠷᠤᠯᠭ᠎ᠠ  ᠠᠴᠠ ᠨᠢ ᠵᠤᠭᠰᠤᠭᠠᠬᠤ ᠦᠬᠡᠢ᠃ ᠪᠦᠬᠦ ᠬᠤᠰᠢᠭᠤᠨ ᠤ ᠪᠦᠬᠦᠶᠢᠯᠡ ᠶᠠᠳᠠᠭᠤ ᠬᠦᠴᠢᠷᠳᠡᠢ ᠭᠡᠷ ᠪᠦᠯᠢ ᠶᠢ ᠬᠠᠮᠤᠷᠤᠭᠰᠠᠨ ᠤᠶᠤᠨ ᠪᠢᠯᠢᠭ ᠢ ᠨᠢ ᠳᠡᠮᠵᠢᠭᠰᠡᠨ ᠶᠠᠳᠠᠭᠤ ᠠᠴᠠ ᠨᠢ ᠠᠩᠬᠢᠵᠢᠷᠠᠭᠤᠯᠬᠤ ᠠᠵᠢᠯ ᠤᠨ ᠲᠤᠭᠳᠠᠴᠠ ᠶᠢ ᠴᠢᠷᠮᠠᠶᠢᠨ ᠪᠠᠶᠢᠭᠤᠯᠵᠦ᠂ ᠶᠠᠳᠠᠭᠤ ᠬᠦᠴᠢᠷᠳᠡᠢ ᠭᠡᠷ ᠪᠦᠯᠢ ᠶᠢᠨ ᠡᠷᠳᠡ ᠡᠳᠦᠷ ᠶᠠᠳᠠᠭᠤ ᠠᠴᠠ ᠠᠩᠬᠢᠵᠢᠷᠠᠵᠦ ᠴᠢᠨᠡᠭᠡᠯᠢᠭᠵᠢᠬᠦ ᠶᠢ ᠠᠬᠢᠭᠤᠯᠤᠨ᠎ᠠ᠃ 2020 ᠤᠨ ᠪᠤᠯᠬᠤ ᠳᠤ᠂ ᠠᠵᠢᠯ ᠮᠡᠷᠭᠡᠵᠢᠯ ᠤᠨ ᠰᠤᠷᠭᠠᠨ ᠬᠦᠮᠦᠵᠢᠯ ᠬᠦᠷᠲᠡᠬᠦ ᠱᠠᠭᠠᠷᠳᠠᠯᠭ᠎ᠠ ᠲᠠᠢ ᠶᠠᠳᠠᠭᠤ ᠬᠦᠴᠢᠷᠳᠡᠢ ᠭᠡᠷ ᠪᠦᠯᠢ ᠶᠢᠨ ᠦᠷ᠎ᠡ ᠬᠡᠤᠬᠡᠳ ᠲᠤ ᠴᠦᠮ ᠠᠵᠢᠯ ᠮᠡᠷᠭᠡᠵᠢᠯ  ᠤᠨ ᠰᠤᠷᠤᠯᠭ᠎ᠠ ᠶᠢᠨ ᠨᠠᠮᠳᠠᠷ ᠲᠠᠢ ᠰᠤᠷᠭᠠᠨ ᠬᠦᠮᠦᠵᠢᠯ ᠢ ᠬᠦᠷᠲᠡᠭᠡᠵᠦ᠂ ᠶᠠᠳᠠᠭᠤ ᠬᠦᠴᠢᠷᠳᠡᠢ ᠭᠡᠷ ᠪᠦᠯᠢ ᠶᠢᠨ ᠯᠠᠪᠳᠠᠭᠤᠨ ᠪᠠᠳᠤᠳᠠᠢ ᠶᠠᠳᠠᠭᠤ ᠠᠴᠠ ᠠᠩᠬᠢᠵᠢᠷᠠᠬᠤ ᠶᠢ ᠪᠠᠳᠤᠯᠠᠨ᠎ᠠ᠃      ᠭᠤᠷᠪᠠ᠂ ᠲᠦᠷᠦ ᠶᠢᠨ ᠪᠤᠳᠤᠯᠭ᠎ᠠ ᠪᠠ ᠠᠷᠭ᠎ᠠ ᠬᠡᠮᠵᠢᠶ᠎ᠡ      ︵ᠨᠢᠭᠡ︶ ᠰᠤᠮᠤ ᠪᠠᠯᠭᠠᠰᠦ ᠵᠦᠭ ᠭᠡᠯᠪᠡᠶᠢᠨ ᠰᠤᠷᠬᠤ ᠨᠠᠰᠤᠨ ᠠᠴᠠ ᠡᠮᠦᠨᠡᠬᠢ ᠰᠤᠷᠭᠠᠨ ᠬᠦᠮᠦᠵᠢᠯ ᠢ ᠬᠦᠭᠵᠢᠬᠦᠯᠬᠦ ᠶᠢ ᠳᠡᠮᠵᠢᠨ᠎ᠡ      1. ᠰᠤᠮᠤ ᠪᠠᠯᠭᠠᠰᠦ ᠶᠢᠨ ᠰᠤᠷᠬᠤ ᠨᠠᠰᠤᠨ ᠠᠴᠠ ᠡᠮᠦᠨᠡᠬᠢ ᠰᠤᠷᠭᠠᠨ ᠬᠦᠮᠦᠵᠢᠯ ᠢ ᠲᠦᠷᠭᠡᠳᠭᠡᠨ ᠬᠦᠭᠵᠢᠬᠦᠯᠬᠦ ᠪᠠᠷ ᠬᠠᠷᠠᠯᠳᠠ ᠪᠤᠯᠭᠠᠨ᠂ ᠰᠤᠷᠬᠤ ᠨᠠᠰᠤᠨ ᠠᠴᠠ ᠡᠮᠦᠨᠡᠬᠢ ᠰᠤᠷᠭᠠᠨ ᠬᠦᠮᠦᠵᠢᠯ ᠤᠨ ᠲᠦᠯᠦᠪᠵᠢᠬᠦᠯᠬᠡ  ᠶᠢ ᠦᠨᠡᠨᠬᠦ ᠰᠠᠶᠢᠳᠦᠷ ᠬᠢᠨ᠎ᠡ᠃ ᠰᠤᠮᠤ ᠪᠠᠯᠭᠠᠰᠦ ᠶᠢᠨ ᠪᠠᠶᠢᠭᠠᠯᠢ ᠶᠢᠨ ᠤᠷᠴᠢᠨ ᠲᠤᠭᠤᠷᠢᠨ᠂ ᠵᠤᠬᠢᠬᠤ ᠨᠠᠰᠤᠨ ᠳᠤ ᠬᠦᠷᠦᠭᠰᠡᠨ ᠬᠦᠮᠦᠨ ᠠᠮᠠᠨ ᠤ ᠲᠠᠷᠬᠠᠯᠳᠠ ᠶᠢᠨ ᠪᠠᠶᠢᠳᠠᠯ ᠵᠡᠷᠭᠡ ᠶᠢ ᠦᠨᠳᠦᠰᠦᠯᠡᠨ᠂ ︽ᠵᠠᠰᠠᠭ ᠤᠨ ᠤᠷᠳᠤᠨ ᠭᠤᠤᠯ ᠤᠳᠤᠷᠢᠳᠤᠭᠰᠠᠨ᠂ ᠨᠡᠶᠢᠬᠡᠮ ᠨᠡᠶᠢᠳᠡ ᠪᠠᠷ ᠢᠶᠠᠨ ᠤᠷᠤᠯᠴᠠᠭᠰᠠᠨ᠂ ᠠᠯᠪᠠᠨ ᠠᠴᠠ ᠡᠷᠬᠢᠯᠡᠭᠰᠡᠨ ᠪᠠ ᠠᠷᠠᠳ ᠠᠴᠠ ᠡᠷᠬᠢᠯᠡᠭᠰᠡᠨ ᠵᠡᠷᠭᠡᠪᠡᠷ ᠤᠷᠤᠰᠢᠬᠤ︾ ᠵᠠᠷᠴᠢᠮ ᠶᠤᠰᠤᠭᠠᠷ᠂ ᠰᠤᠮᠤ ᠪᠠᠯᠭᠠᠰᠦ ᠶᠢᠨ ᠰᠤᠯᠠ ᠪᠠᠶᠢᠭ᠎ᠠ ᠰᠤᠷᠭᠠᠭᠤᠯᠢ ᠶᠢᠨ ᠭᠡᠷ ᠤᠳ ᠢ ᠠᠰᠢᠭᠯᠠᠨ᠂ ᠬᠡᠤᠬᠡᠳ ᠤᠨ ᠴᠡᠴᠡᠷᠯᠢᠭ ᠪᠤᠯᠭᠠᠨ ᠦᠭᠡᠷᠡᠴᠢᠯᠡᠨ ᠪᠠᠶᠢᠭᠤᠯᠬᠤ ᠶᠢ ᠤᠷᠢᠳᠴᠢᠯᠠᠨ ᠳᠡᠮᠵᠢᠵᠦ᠂ ᠡᠯ᠎ᠡ ᠰᠤᠮᠤ ᠪᠠᠯᠭᠠᠰᠦ ᠳᠤ ᠴᠦᠮ ᠨᠢᠭᠡᠨ ᠲᠦᠭᠡᠮᠡᠯ ᠬᠦᠷᠲᠡᠭᠡᠮᠵᠢᠳᠦ ᠪᠦᠭᠡᠳ ᠬᠤᠷᠢᠶᠠᠬᠤ ᠰᠦᠢᠳᠭᠡᠯ  ᠨᠢ ᠲᠤᠤᠷ᠎ᠠ ᠬᠡᠤᠬᠡᠳ ᠤᠨ ᠴᠡᠴᠡᠷᠯᠢᠭ ᠪᠠᠶᠢᠭᠤᠯᠬᠤ ᠶᠢ ᠳᠡᠮᠵᠢᠨ᠎ᠡ᠃      2. ᠰᠤᠮᠤ ᠪᠠᠯᠭᠠᠰᠦ ᠶᠢᠨ ᠬᠡᠤᠬᠡᠳ ᠤᠨ ᠴᠡᠴᠡᠷᠯᠢᠭ ᠤᠨ ᠪᠠᠭᠰᠢ ᠶᠢᠨ ᠡᠩᠨᠡᠭᠡᠨ ᠤ ᠪᠦᠲᠦᠭᠡᠨ ᠪᠠᠶᠢᠭᠤᠯᠤᠯᠳᠠ ᠶᠢ ᠴᠢᠩᠭᠠᠳᠬᠠᠨ᠎ᠠ᠃ ᠪᠠᠭᠰᠢ ᠶᠢ ᠳᠡᠮᠵᠢᠨ ᠵᠤᠷᠢᠭᠵᠢᠭᠤᠯᠵᠦ᠂ ᠰᠤᠮᠤ ᠪᠠᠯᠭᠠᠰᠦ ᠳᠤ ᠬᠦᠷᠴᠦ ᠰᠤᠷᠭᠠᠨ ᠬᠦᠮᠦᠵᠢᠯ ᠡᠷᠬᠢᠯᠡᠬᠦᠯᠦᠨ᠂ ᠰᠣᠮᠤ ᠪᠠᠯᠭᠠᠰᠦ ᠶᠢᠨ ᠬᠡᠤᠬᠡᠳ ᠤᠨ ᠴᠡᠴᠡᠷᠯᠢᠭ ᠲᠤ ᠠᠵᠢᠯᠯᠠᠵᠦ ᠪᠠᠶᠢᠭ᠎ᠠ ᠪᠠᠭᠰᠢ ᠳᠤ ᠠᠮᠢᠳᠤᠷᠠᠯ ᠤᠨ ᠨᠦᠬᠦᠪᠦᠷᠢ ᠤᠯᠭᠤᠵᠦ᠂ ᠤᠷᠤᠨ ᠰᠠᠭᠤᠴᠠ ᠶᠢᠨ ᠠᠰᠠᠭᠤᠳᠠᠯ ᠢ ᠨᠢ ᠲᠦᠷᠭᠡᠭᠡᠨ ᠰᠢᠢᠳᠪᠦᠷᠢᠯᠡᠨ᠎ᠡ᠃ ᠬᠤᠳᠠ ᠪᠠᠯᠭᠠᠰᠦ ᠶᠢᠨ ᠲᠤᠮᠳᠠᠳᠦ ᠪᠠᠭ᠎ᠠ ᠰᠤᠷᠭᠠᠭᠤᠯᠢ ᠶᠢᠨ ᠪᠠᠭᠰᠢ ᠶᠢᠨ ᠲᠡᠭᠡᠳᠦ ᠵᠡᠷᠭᠡ ᠶᠢᠨ ᠲᠤᠰᠢᠶᠠᠯ ︵ᠠᠵᠢᠯ ᠮᠡᠷᠭᠡᠵᠢᠯ ᠤᠨ ᠴᠤᠯᠠ︶ ᠶᠢ ᠦᠨᠡᠯᠡᠬᠦ ᠪᠠ ᠲᠡᠷᠢᠬᠦᠨ ᠰᠢᠯᠢᠳᠡᠭ ᠨᠡᠷᠡᠰ ᠢ ᠦᠨᠡᠯᠡᠬᠦ ᠳᠤ᠂ ᠠᠳᠠᠯᠢᠬᠠᠨ ᠨᠦᠬᠦᠴᠡᠯ ᠲᠤᠤᠷ᠎ᠠ ᠰᠤᠮᠤ ᠪᠠᠯᠭᠠᠰᠦ ᠶᠢᠨ ᠬᠡᠤᠬᠡᠳ ᠤᠨ ᠴᠡᠴᠡᠷᠯᠢᠭ ᠲᠤ ᠰᠤᠷᠭᠠᠨ ᠬᠦᠮᠦᠵᠢᠯ ᠡᠷᠬᠢᠯᠡᠭᠰᠡᠨ ᠦᠩᠭᠡᠷᠡᠯᠳᠡ ᠲᠠᠢ  ᠶᠢ ᠨᠢ ᠤᠷᠢᠳᠴᠢᠯᠠᠨ ᠪᠤᠳᠤᠯᠬᠢᠯᠠᠨ᠎ᠠ᠃ ᠰᠤᠮᠤ ᠪᠠᠯᠭᠠᠰᠦ ᠶᠢᠨ ᠪᠠᠭᠰᠢ ᠨᠡᠮᠡᠵᠦ ᠠᠪᠬᠤ ᠡᠷᠴᠢᠮ ᠢ ᠴᠢᠩᠭᠠᠷᠠᠭᠤᠯᠵᠦ᠂ ᠰᠤᠮᠤ ᠪᠠᠯᠭᠠᠰᠦ ᠶᠢᠨ ᠪᠠᠭᠰᠢᠨᠠᠷ ᠬᠦᠷᠦᠯᠴᠡᠬᠦ ᠦᠬᠡᠢ ᠪᠠᠶᠢᠬᠤ ᠠᠰᠠᠭᠤᠳᠠᠯ ᠢ ᠰᠢᠢᠳᠪᠦᠷᠢᠯᠡᠨ᠎ᠡ᠃ ᠰᠢᠯᠢᠳᠡᠭ ᠪᠠᠭᠰᠢ  ᠶᠢ ᠰᠤᠮᠤ ᠪᠠᠯᠭᠠᠰᠦ ᠶᠢᠨ ᠬᠡᠣᠬᠡᠳ ᠤᠨ ᠴᠡᠴᠡᠷᠯᠢᠭ ᠲᠤ ᠰᠤᠩᠭᠤᠨ ᠲᠤᠮᠢᠯᠠᠵᠦ ᠰᠤᠷᠭᠠᠨ ᠬᠦᠮᠦᠵᠢᠯ ᠤᠨ ᠦᠢᠯᠡᠰ ᠢ ᠳᠡᠮᠵᠢᠬᠦᠯᠬᠦ ᠪᠠ ᠬᠢᠴᠢᠶᠡᠯ ᠤᠷᠤᠭᠤᠯᠬᠤ ᠵᠡᠷᠭᠡ ᠬᠡᠯᠪᠡᠷᠢ ᠪᠠᠷ ᠰᠤᠮᠤ ᠪᠠᠯᠭᠠᠰᠦ ᠶᠢᠨ ᠭᠡᠤᠬᠡᠳ ᠤᠨ ᠴᠡᠴᠡᠷᠯᠢᠭ ᠤᠨ ᠲᠠᠭᠤᠤ ᠬᠦᠭᠵᠢᠮ᠂ ᠪᠡᠶ᠎ᠡ ᠶᠢᠨ ᠳᠠᠮᠢᠷ᠂ ᠤᠷᠠᠨ ᠵᠢᠷᠤᠭ ᠵᠢᠴᠢ ᠪᠡᠶ᠎ᠡ ᠰᠡᠳᠬᠢᠴᠡ ᠶᠢᠨ ᠡᠷᠡᠬᠦᠯ ᠴᠢᠬᠢᠷᠠᠭ ᠤᠨ ᠬᠦᠮᠦᠵᠢᠯ ᠵᠡᠷᠭᠡ ᠬᠢᠴᠢᠶᠡᠯ ᠲᠦᠷᠦᠯ ᠤᠨ ᠪᠠᠭᠰᠢ ᠳᠤᠳᠠᠭᠳᠠᠵᠦ ᠪᠠᠶᠢᠭ᠎ᠠ ᠠᠰᠠᠭᠤᠳᠠᠯ ᠢ ᠭᠤᠤᠯᠳᠠᠯᠭ᠎ᠠ ᠲᠠᠢ ᠰᠢᠢᠳᠪᠦᠷᠢᠯᠡᠨ᠎ᠡ᠃ ᠴᠡᠴᠡᠷᠯᠢᠭ ᠤᠨ ᠲᠠᠷᠤᠭ᠎ᠠ ᠪᠠ ᠪᠠᠭᠰᠢᠨᠠᠷ ᠤᠨ ᠰᠤᠯᠢᠯᠴᠠᠵᠦ ᠠᠵᠢᠯ ᠤᠨ ᠪᠠᠶᠢᠷᠢ ᠡᠭᠡᠯᠵᠢᠯᠡᠬᠦ ᠠᠵᠢᠯ ᠢ ᠪᠦᠬᠦ ᠳᠠᠯ᠎ᠠ ᠪᠠᠷ ᠠᠬᠢᠭᠤᠯᠵᠦ᠂ ᠴᠡᠴᠡᠷᠯᠢᠭ ᠤᠨ ᠰᠢᠯᠢᠳᠡᠭ ᠲᠠᠷᠤᠭ᠎ᠠ᠂ ᠪᠠᠭᠰᠢ ᠶᠢᠨ ᠰᠤᠮᠤ ᠪᠠᠯᠭᠠᠰᠦᠨ ᠳᠤ ᠬᠢᠴᠢᠶᠡᠯ ᠬᠦᠮᠦᠵᠢᠯ ᠡᠷᠬᠢᠯᠡᠬᠦ ᠶᠢ ᠵᠤᠷᠢᠭᠵᠢᠭᠤᠯᠤᠨ᠎ᠠ᠃      ︵ᠬᠤᠶᠠᠷ︶ ᠶᠠᠳᠠᠭᠤ ᠬᠦᠴᠢᠷᠳᠡᠢ ᠰᠤᠷᠤᠭᠴᠢᠳ ᠢ ᠳᠤᠰᠠᠯᠠᠨ ᠳᠡᠮᠵᠢᠬᠦ ᠬᠦᠴᠦᠯᠡᠴᠡ ᠶᠢ ᠴᠢᠩᠭᠠᠳᠬᠠᠨ᠎ᠠ      3. ᠰᠤᠷᠬᠤ ᠨᠠᠰᠤᠨ ᠠᠴᠠ ᠡᠮᠦᠨᠡᠬᠢ ᠰᠤᠷᠭᠠᠨ ᠬᠦᠮᠦᠵᠢᠯ ᠤᠨ ᠱᠠᠳᠦ᠃ ᠬᠦᠯᠦᠨ ᠪᠤᠶᠢᠷ ᠬᠤᠳᠠ ᠶᠢᠨ ᠠᠯᠪᠠᠨ ᠲᠢᠩᠬᠢᠮ ᠤᠨ ︽ᠰᠤᠷᠬᠤ ᠨᠠᠰᠤᠨ ᠠᠴᠠ ᠡᠮᠦᠨᠡᠬᠢ ᠰᠤᠷᠭᠠᠨ ᠬᠦᠮᠦᠵᠢᠯ ᠢ ᠳᠤᠰᠠᠯᠠᠨ ᠳᠡᠮᠵᠢᠬᠦ ᠲᠦᠷᠦ ᠶᠢᠨ ᠪᠤᠳᠤᠯᠭ᠎ᠠ ᠶᠢ ᠭᠡᠷᠡᠭᠵᠢᠬᠦᠯᠬᠦ ᠲᠤᠬᠠᠢ ᠮᠡᠳᠡᠭᠳᠡᠯ︾ ︵ᠬᠦᠯᠦᠨ ᠵᠠᠰᠠᠭ ᠠᠯᠪᠠᠨ ﹇2016﹈ 144 ᠳ᠋ᠤᠭᠡᠷ ᠲᠤᠭᠠᠳᠦ︶  ᠤᠨ ᠪᠢᠴᠢᠭ ᠮᠠᠲ᠋ᠧᠷᠢᠶᠠᠯ ᠤᠨ ᠵᠤᠷᠢᠭ ᠰᠠᠨᠠᠭ᠎ᠠ ᠶᠢ ᠨᠠᠷᠢᠨ ᠬᠢᠨᠠᠮᠠᠭᠠᠢ ᠨᠠᠶᠢᠳᠠᠪᠦᠷᠢᠵᠢᠭᠤᠯᠵᠦ᠂ ᠡᠭᠦᠨ ᠤ ᠬᠠᠮᠳᠦ᠂ ᠴᠡᠴᠡᠷᠯᠢᠭ ᠲᠤ ᠤᠷᠤᠬᠤ ᠨᠠᠰᠤᠨ ᠳᠤ ᠲᠤᠬᠢᠷᠠᠭᠰᠠᠨ᠂ ᠬᠤᠰᠢᠭᠤᠨ ᠤ ᠰᠤᠷᠭᠠᠨ ᠬᠦᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠤᠨ ᠬᠢᠨᠠᠨ ᠵᠦᠪᠰᠢᠶᠡᠷᠡᠯ ᠢᠶᠠᠷ ᠳᠠᠮᠵᠢᠨ ᠪᠠᠶᠢᠭᠤᠯᠤᠭᠰᠠᠨ ᠠᠯᠪᠠᠨ ᠠᠴᠠ ᠡᠷᠬᠢᠯᠡᠭᠰᠡᠨ ᠬᠡᠤᠬᠡᠳ  ᠤᠨ ᠴᠡᠴᠡᠷᠯᠢᠭ ᠵᠢᠴᠢ ᠲᠦᠭᠡᠮᠡᠯ ᠬᠦᠷᠲᠡᠭᠡᠮᠵᠢᠳᠦ ᠠᠷᠠᠳ ᠠᠴᠠ ᠡᠷᠬᠢᠯᠡᠭᠰᠡᠨ ᠬᠡᠤᠬᠡᠳ ᠤᠨ ᠴᠡᠴᠡᠷᠯᠢᠭ ᠲᠠᠬᠢ ᠭᠡᠷ ᠪᠦᠯᠢ ᠨᠢ ᠶᠠᠳᠠᠭᠤ ᠬᠦᠴᠢᠷᠳᠡᠢ ᠬᠡᠤᠬᠡᠳ᠂ ᠦᠷᠡᠭᠳᠡᠭᠰᠡᠨ ᠪᠠᠭᠠᠳᠤᠷᠴᠤᠳ ᠤᠨ ᠦᠷ᠎ᠡ ᠬᠡᠤᠬᠡᠳ᠂ ᠦᠨᠦᠴᠢᠨ ᠬᠡᠤᠬᠡᠳ ᠪᠤᠯᠤᠨ ᠵᠡᠮᠳᠡᠭ ᠬᠡᠤᠬᠡᠳ ᠲᠤ ᠳᠤᠰᠠᠯᠠᠮᠵᠢ ᠦᠵᠡᠬᠦᠯᠵᠦ᠂ ᠳᠤᠰᠠᠯᠠᠨ ᠳᠡᠮᠵᠢᠬᠦ ᠪᠠᠷᠢᠮᠵᠢᠶ᠎ᠠ ᠨᠢ ᠬᠦᠮᠦᠨ ᠨᠢᠭᠡᠪᠦᠷᠢ ᠵᠢᠯ ᠳᠡᠭᠡᠨ 1500.00 ᠲᠦᠬᠦᠷᠢᠭ ᠲᠤ ᠬᠦᠷᠴᠦ᠂ ᠭᠡᠷ ᠤᠨ ᠠᠮᠢᠳᠤᠷᠠᠯ ᠶᠠᠳᠠᠭᠤ ᠬᠦᠴᠢᠷᠳᠡᠢ ᠭᠡᠤᠭᠡᠳ  ᠤᠨ ᠲᠤᠰᠠᠯᠠᠬᠤ ᠴᠢᠬᠤᠯᠠᠳᠠᠢ ᠪᠦᠬᠦᠨ ᠢ ᠳᠤᠰᠠᠯᠠᠨ᠎ᠠ᠃ ᠡᠭᠦᠨ ᠤ ᠬᠠᠮᠳᠦ᠂ ︽ᠳᠠᠩᠰᠠᠯᠠᠵᠦ ᠺᠠᠷᠲᠯᠠᠭᠰᠠᠨ︾ ᠶᠠᠳᠠᠭᠤ ᠬᠦᠴᠢᠷᠳᠡᠢ ᠭᠡᠷ ᠪᠦᠯᠢ ᠶᠢᠨ ᠦᠷ᠎ᠡ ᠬᠡᠤᠬᠡᠳ᠂ ᠠᠮᠢᠳᠤᠷᠠᠯ ᠤᠨ ᠨᠠᠭᠠᠳᠦ ᠵᠠᠬ᠎ᠠ ᠶᠢᠨ ᠪᠠᠳᠤᠯᠠᠭ᠎ᠠ ᠲᠠᠢ ᠭᠡᠷ ᠪᠦᠯᠢ  ᠶᠢᠨ ᠦᠷ᠎ᠡ ᠬᠡᠤᠬᠡᠳ᠂ ᠦᠨᠦᠴᠢᠨ ᠬᠡᠤᠬᠡᠳ᠂ ᠵᠡᠮᠳᠡᠭ ᠬᠡᠤᠬᠡᠳ᠂ ᠴᠦᠬᠡᠨ ᠲᠤᠭᠠᠳᠦ ᠦᠨᠳᠦᠰᠦᠳᠡᠨ ᠤ ᠬᠡᠤᠬᠡᠳ ᠬᠢᠭᠡᠳ ᠡᠪᠡᠳᠴᠢᠨ ᠪᠠ ᠭᠠᠮᠰᠢᠭ ᠠᠴᠠ ᠪᠤᠯᠵᠦ ᠶᠠᠳᠠᠭᠤᠷᠠᠭᠰᠠᠨ ᠭᠡᠷ ᠪᠦᠯᠢ ᠶᠢᠨ ᠬᠡᠤᠬᠡᠳ ᠲᠤ ᠤᠷᠢᠳᠴᠢᠯᠠᠨ ᠳᠤᠰᠠᠯᠠᠮᠵᠢ ᠤᠯᠭᠤᠵᠦ᠂ ᠮᠦᠨ ᠴᠦ ᠰᠤᠮᠤ ᠪᠠᠯᠭᠠᠰᠦ ᠪᠠ ᠡᠶᠢᠮᠦᠷᠬᠦ ᠪᠠᠶᠢᠳᠠᠯ ᠤᠷᠤᠰᠢᠵᠦ ᠪᠠᠶᠢᠭ᠎ᠠ ᠬᠡᠤᠬᠡᠳ ᠤᠨ ᠴᠡᠴᠡᠷᠯᠢᠭ ᠵᠦᠭ ᠬᠡᠯᠪᠡᠶᠢᠨ᠂ ᠭᠡᠷ ᠪᠦᠯᠢ ᠨᠢ ᠤᠨᠴᠠᠭᠠᠢ ᠬᠦᠴᠢᠷᠳᠡᠢ ᠪᠠᠶᠢᠭ᠎ᠠ ᠰᠤᠷᠬᠤ ᠨᠠᠰᠤᠨ ᠠᠴᠠ ᠡᠮᠦᠨᠡᠬᠢ ᠬᠡᠤᠬᠡᠳ ᠤᠨ ᠪᠠᠶᠢᠳᠠᠯ ᠢ ᠨᠢ ᠦᠵᠡᠵᠦ ᠪᠠᠶᠢᠭᠠᠳ ᠬᠠᠮᠠᠭᠠᠯᠠᠨ ᠬᠦᠮᠦᠵᠢᠬᠦᠯᠬᠦ ᠪᠠ ᠵᠢᠭᠠᠨ ᠰᠤᠷᠭᠠᠬᠤ ᠰᠦᠢᠳᠭᠡᠯ ᠢ  ᠨᠢ ᠬᠠᠰᠤᠵᠦ ᠬᠡᠯᠳᠦᠷᠢᠬᠦᠯᠦᠨ᠎ᠡ᠃      4. ᠠᠯᠪᠠᠨ ᠵᠢᠷᠤᠮ ᠤᠨ ᠰᠤᠷᠭᠠᠨ ᠬᠦᠮᠦᠵᠢᠯ ᠤᠨ ᠱᠠᠳᠦ᠃ ᠠᠯᠪᠠᠨ ᠵᠢᠷᠤᠮ ᠤᠨ ᠰᠤᠷᠭᠠᠨ ᠬᠦᠮᠦᠵᠢᠯ ᠤᠨ ᠱᠠᠳᠤ ᠦᠶ᠎ᠡ ᠳᠠᠬᠢ ︽ᠬᠤᠶᠠᠷ ᠢ ᠬᠡᠯᠳᠦᠷᠢᠬᠦᠯᠦᠨ ᠨᠢᠭᠡ ᠶᠢ ᠨᠦᠬᠦᠪᠦᠷᠢᠯᠡᠬᠦ︾ ᠲᠦᠷᠦ ᠶᠢᠨ ᠪᠤᠳᠤᠯᠭ᠎ᠠ ᠶᠢ ᠰᠠᠶᠢᠳᠦᠷ ᠨᠠᠶᠢᠳᠠᠪᠦᠷᠢᠵᠢᠭᠤᠯᠵᠦ᠂ ᠠᠯᠪᠠᠨ ᠵᠢᠷᠤᠮ ᠤᠨ ᠰᠤᠷᠭᠠᠨ  ᠬᠦᠮᠦᠵᠢᠯ ᠤᠨ ᠱᠠᠳᠦ ᠦᠶ᠎ᠡ ᠳᠠᠬᠢ ︽ᠳᠠᠩᠰᠠᠯᠠᠵᠦ ᠺᠠᠷᠲᠯᠠᠭᠰᠠᠨ︾ ᠪᠠᠶᠢᠷᠢ ᠳᠤ ᠰᠠᠭᠤᠭ᠎ᠠ ᠶᠠᠳᠠᠭᠤ ᠬᠦᠴᠢᠷᠳᠡᠢ ᠰᠤᠷᠤᠭᠴᠢᠳ ᠲᠤ ᠠᠮᠢᠳᠤᠷᠠᠯ ᠤᠨ ᠨᠦᠬᠦᠪᠦᠷᠢ ᠦᠭᠴᠦ᠂ ᠲᠡᠭᠡᠳᠦ ᠱᠠᠳᠤᠨ ᠠᠴᠠ ᠲᠤᠭᠳᠠᠭᠠᠭᠰᠠᠨ ᠪᠠᠷᠢᠮᠵᠢᠶ᠎ᠠ ᠶᠢᠨ ᠰᠠᠭᠤᠷᠢᠨ ᠲᠡᠭᠡᠷ᠎ᠡ ᠪᠠᠭ᠎ᠠ ᠰᠤᠷᠭᠠᠭᠤᠯᠢ ᠶᠢᠨ ᠰᠤᠷᠤᠭᠴᠢ ᠨᠢᠭᠡᠪᠦᠷᠢ ᠳᠤ ᠰᠠᠷ᠎ᠠ ᠪᠤᠯᠭᠠᠨ 150.00 ᠲᠦᠬᠦᠷᠢᠭ᠂ ᠲᠤᠮᠳᠠᠳᠦ ᠰᠤᠷᠭᠠᠭᠤᠯᠢ ᠶᠢᠨ ᠰᠤᠷᠤᠭᠴᠢ ᠨᠢᠭᠡᠪᠦᠷᠢ ᠳᠤ ᠰᠠᠷ᠎ᠠ ᠪᠤᠯᠭᠠᠨ 180.00 ᠲᠦᠬᠦᠷᠢᠭ ᠨᠡᠮᠡᠵᠦ ᠦᠭᠬᠦᠨ᠎ᠡ᠃ ᠭᠡᠷ ᠲᠤ ᠬᠤᠴᠤᠷᠤᠭᠰᠠᠨ ᠬᠡᠤᠬᠡᠳ ᠤᠨ ᠰᠤᠷᠭᠠᠨ ᠬᠦᠮᠦᠵᠢᠯ᠂ ᠪᠡᠶ᠎ᠡ ᠰᠡᠳᠬᠢᠴᠡ ᠶᠢᠨ ᠡᠷᠡᠬᠦᠯ ᠴᠢᠬᠢᠷᠠᠭ᠂ ᠠᠮᠢᠳᠤᠷᠠᠯ ᠢ ᠨᠢ ᠬᠠᠷᠠᠭᠠᠯᠵᠠᠬᠤ᠂ ᠠᠮᠦᠷ ᠲᠦᠪᠰᠢᠨ ᠤ ᠬᠠᠮᠢᠶᠠᠷᠤᠯᠳᠠ ᠵᠡᠷᠭᠡ ᠳᠠᠯ᠎ᠠ ᠶᠢᠨ ᠦᠢᠯᠡᠴᠢᠯᠡᠭᠡ ᠶᠢ ᠢᠳᠡᠪᠬᠢᠳᠠᠢ ᠦᠷᠨᠢᠬᠦᠯᠵᠦ᠂ ᠭᠤᠤᠯ ᠨᠢ ︽ᠳᠠᠩᠰᠠᠯᠠᠵᠦ ᠺᠠᠷᠲᠯᠠᠭᠰᠠᠨ︾ ᠶᠠᠳᠠᠭᠤ ᠬᠦᠴᠢᠷᠳᠡᠢ ᠭᠡᠷ ᠪᠦᠯᠢ ᠶᠢᠨ ᠦᠯᠡᠳᠡᠵᠦ ᠬᠤᠴᠤᠷᠤᠭᠰᠠᠨ ᠬᠡᠤᠬᠡᠳ ᠤᠳ ᠢ ᠮᠦᠷᠲᠡᠨ ᠳᠠᠭᠠᠵᠦ ᠬᠠᠪᠰᠤᠷᠤᠨ ᠳᠡᠮᠵᠢᠵᠦ᠂ ᠭᠡᠷ ᠲᠤ ᠬᠤᠴᠤᠷᠤᠭᠰᠠᠨ ᠬᠡᠤᠬᠡᠳ ᠤᠨ ᠰᠤᠷᠭᠠᠭᠤᠯᠢ ᠳᠤ ᠰᠤᠷᠤᠯᠴᠠᠬᠤ᠂ ᠠᠮᠢᠳᠤᠷᠠᠯ ᠪᠠ ᠠᠮᠦᠷ ᠲᠦᠪᠰᠢᠨ ᠤ ᠭᠡᠷᠡᠭᠴᠡᠭᠡ ᠶᠢ ᠨᠢ ᠤᠷᠢᠳᠴᠢᠯᠠᠨ ᠬᠠᠩᠭᠠᠨ᠎ᠠ᠃ ᠠᠩᠬᠢ ᠲᠠᠭᠠᠨ ᠰᠤᠷᠤᠯᠴᠠᠵᠦ ᠪᠠᠶᠢᠭ᠎ᠠ ᠵᠡᠮᠳᠡᠭ ᠰᠤᠷᠤᠭᠴᠢᠳ ᠤᠨ ᠵᠠᠷᠤᠳᠠᠯ ᠰᠤᠶᠢᠳᠭᠡᠯ ᠢ ᠨᠢ ᠪᠠᠳᠤᠯᠠᠵᠦ᠂ ᠰᠤᠷᠭᠠᠨ ᠬᠦᠮᠦᠵᠢᠯ ᠢ ᠡᠭᠦᠳᠡᠨ ᠳᠤᠨᠢ ᠬᠦᠷᠭᠡᠬᠦ ᠬᠡᠯᠪᠡᠷᠢ ᠶᠢ ᠠᠰᠢᠭᠯᠠᠨ᠂ ᠳᠡᠳᠡᠨᠦᠰ ᠤᠨ ᠰᠤᠷᠤᠯᠭ᠎ᠠ ᠪᠠᠨ ᠠᠮᠵᠢᠯᠳᠠ ᠲᠠᠢ ᠪᠡᠶᠡᠯᠡᠬᠦᠯᠬᠦ ᠶᠢ ᠪᠠᠳᠤᠯᠠᠨ᠎ᠠ᠃      5. ᠡᠩ ᠤᠨ ᠲᠡᠭᠡᠳᠤ ᠵᠡᠷᠭᠡ ᠶᠢᠨ ᠲᠤᠮᠳᠠᠳᠤ ᠰᠤᠷᠭᠠᠭᠤᠯᠢ ᠶᠢᠨ ᠰᠤᠷᠭᠠᠨ ᠬᠦᠮᠦᠵᠢᠯ ᠤᠨ ᠱᠠᠳᠤ᠃ ᠡᠩ  ᠤᠨ ᠲᠡᠭᠡᠳᠤ ᠵᠡᠷᠭᠡ ᠶᠢᠨ ᠲᠤᠮᠳᠠᠳᠤ ᠰᠤᠷᠭᠠᠭᠤᠯᠢ ᠶᠢᠨ ᠤᠯᠤᠰ ᠤᠨ ᠰᠤᠷᠤᠯᠭ᠎ᠠ ᠶᠢᠨ ᠲᠡᠳᠬᠦᠮᠵᠢ ᠶᠢᠨ ᠮᠦᠩᠭᠦᠨ ᠤ ᠲᠦᠷᠦ ᠶᠢᠨ ᠪᠤᠳᠤᠯᠭ᠎ᠠ ᠶᠢ ᠨᠡᠶᠢᠳᠡᠪᠤᠷᠢᠵᠢᠭᠤᠯᠤᠨ᠎ᠠ᠃ ᠲᠡᠭᠡᠳᠤ ᠱᠠᠳᠤᠨ ᠤ ᠪᠡᠯᠡ ᠮᠦᠩᠭᠦᠨ ᠤ ᠨᠦᠭᠦᠪᠤᠷᠢ ᠲᠡᠭᠡᠷ᠎ᠡ ᠤᠷᠤᠨ ᠨᠤᠳᠤᠭ ᠤᠨ ᠢᠵᠢ ᠪᠦᠷᠢᠳᠦᠭᠦᠯᠭᠦ ᠭᠡᠯᠪᠡᠷᠢ ᠶᠢ ᠠᠰᠢᠭᠯᠠᠨ᠂ ᠪᠦᠬᠦᠯᠢ ᠡᠳᠤᠷ ᠤᠨ ᠲᠦᠷᠢᠮᠳᠤ ᠡᠩ ᠤᠨ ᠲᠡᠭᠡᠳᠤ ᠵᠡᠷᠭᠡ ᠶᠢᠨ ᠲᠤᠮᠳᠠᠳᠤ ᠰᠤᠷᠭᠠᠭᠤᠯᠢ ︵ᠠᠷᠠᠳ ᠠᠴᠠ ᠡᠷᠬᠢᠯᠡᠭᠰᠡᠨ ᠡᠩ ᠤᠨ ᠲᠡᠭᠡᠳᠤ ᠵᠡᠷᠭᠡ ᠶᠢᠨ ᠲᠤᠮᠳᠠᠳᠤ ᠰᠤᠷᠭᠠᠭᠤᠯᠢ ᠶᠢ ᠪᠠᠭᠳᠠᠭᠠᠨ᠎ᠠ︶ ᠳᠤ ᠪᠠᠶᠢᠭ᠎ᠠ ᠰᠤᠷᠤᠭᠴᠢᠳ ᠤᠨ ᠲᠤᠮᠳᠠᠬᠢ ᠭᠡᠷ ᠤᠨ ᠠᠮᠢᠳᠤᠷᠠᠯ ᠬᠦᠴᠢᠷᠳᠡᠢ ᠰᠤᠷᠤᠭᠴᠢ ᠳᠤ ᠲᠤᠰᠠᠯᠠᠮᠵᠢ ᠦᠵᠡᠭᠦᠯᠵᠤ᠂ ᠲᠡᠭᠰᠢᠳᠭᠡᠭᠰᠡᠨ ᠲᠤᠰᠠᠯᠠᠮᠵᠢ ᠶᠢᠨ ᠪᠠᠷᠢᠮᠵᠢᠶ᠎ᠡ ᠨᠢ ᠰᠤᠷᠤᠭᠴᠢ ᠨᠢᠭᠡᠪᠤᠷᠢ ᠵᠢᠯ ᠳᠤ 1000 ᠲᠦᠭᠦᠷᠢᠭ ᠪᠠᠶᠢᠳᠠᠭ᠃ ᠭᠡᠷ ᠤᠨ ᠠᠮᠢᠳᠤᠷᠠᠯ ᠬᠦᠴᠢᠷᠳᠡᠢ ᠲᠡᠭᠡᠳᠤ ᠵᠡᠷᠭᠡ  ᠶᠢᠨ ᠲᠤᠮᠳᠠᠳᠤ ᠶᠢᠨ ᠰᠤᠷᠤᠭᠴᠢ ᠶᠢᠨ ᠲᠤᠰᠠᠯᠠᠬᠤ ᠴᠢᠬᠤᠯᠠᠳᠠᠢ ᠶᠢ ᠨᠢ ᠠᠯᠢ ᠴᠢᠳᠠᠬᠤ ᠪᠠᠷ ᠲᠤᠰᠠᠯᠠᠬᠤ ᠶᠢ ᠪᠡᠶᠡᠯᠡᠭᠦᠯᠦᠭᠰᠡᠨ ᠰᠠᠭᠤᠷᠢᠨ ᠲᠡᠭᠡᠷ᠎ᠡ᠂ ᠡᠩ ᠤᠨ ᠲᠡᠭᠡᠳᠤ ᠵᠡᠷᠭᠡ ᠶᠢᠨ ᠲᠤᠮᠳᠠᠳᠤ ᠰᠤᠷᠭᠠᠭᠤᠯᠢ ᠶᠢᠨ ᠶᠠᠳᠠᠭᠤ ᠬᠦᠴᠢᠷᠳᠡᠢ ᠰᠤᠷᠤᠭᠴᠢ ᠶᠢ ᠲᠤᠰᠠᠯᠠᠬᠤ ᠭᠡᠪᠴᠢᠶ᠎ᠡ ᠶᠢ ᠠᠭᠠᠵᠢᠮ ᠢᠶᠠᠷ ᠦᠷᠭᠡᠳᠭᠡᠨ᠎ᠡ᠃      6. ᠲᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠨ ᠬᠦᠮᠦᠵᠢᠯ ᠤᠨ ᠱᠠᠳᠤ᠃ ᠲᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠨ ᠬᠦᠮᠦᠵᠢᠯ ᠤᠨ ᠰᠤᠷᠤᠯᠭ᠎ᠠ ᠶᠢᠨ ᠰᠦᠢᠳᠭᠡᠯ ᠢ ᠭᠡᠯᠳᠤᠷᠢᠭᠦᠯᠭᠦ ᠪᠠ ᠤᠯᠤᠰ ᠤᠨ ᠰᠤᠷᠤᠯᠭ᠎ᠠ ᠶᠢᠨ ᠲᠡᠳᠬᠦᠮᠵᠢ ᠶᠢᠨ ᠮᠦᠩᠭᠦᠨ ᠤ ᠲᠦᠷᠦ ᠶᠢᠨ ᠪᠤᠳᠤᠯᠭ᠎ᠠ ᠶᠢ ᠭᠡᠷᠡᠭᠵᠢᠭᠦᠯᠦᠨ᠎ᠠ᠃ ᠠᠷᠠᠳ ᠠᠴᠠ ᠡᠷᠬᠢᠯᠡᠭᠰᠡᠨ ᠲᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠪᠦᠬᠦᠯᠢ ᠡᠳᠤᠷ ᠤᠨ ᠲᠦᠷᠢᠮᠳᠤ ᠵᠢᠩᠭᠢᠨᠢ ᠰᠤᠷᠭᠠᠭᠤᠯᠢ ᠶᠢᠨ ᠬᠠᠷᠢᠶᠠᠯᠠᠯ ᠲᠠᠢ ᠨᠢᠭᠡ᠂ ᠬᠤᠶᠠᠷ᠂ ᠭᠤᠷᠪᠠᠳᠤᠭᠠᠷ ᠤᠨ ᠤ ᠰᠤᠷᠭᠠᠭᠤᠯᠢ ᠳᠤ ᠪᠠᠶᠢᠭ᠎ᠠ ᠰᠤᠷᠤᠭᠴᠢᠳ  ᠤᠨ ᠲᠤᠮᠳᠠᠬᠢ ᠪᠦᠬᠦᠢ ᠮᠠᠯᠵᠢᠬᠤ ᠤᠷᠤᠨ ᠤ ᠰᠤᠷᠤᠭᠴᠢ᠂ ᠬᠤᠳᠠ ᠶᠢᠨ ᠲᠠᠷᠢᠶᠠᠯᠠᠩ ᠳᠤ ᠬᠤᠯᠪᠤᠭᠳᠠᠬᠤ ᠲᠤᠰᠬᠠᠢ ᠮᠡᠷᠭᠡᠵᠢᠯ ᠤᠨ ᠰᠤᠷᠤᠭᠴᠢ ᠪᠠ ᠭᠡᠷ ᠤᠨ ᠠᠮᠢᠳᠤᠷᠠᠯ ᠬᠦᠴᠢᠷᠳᠡᠢ ᠰᠤᠷᠤᠭᠴᠢ ᠶᠢᠨ ᠰᠤᠷᠤᠯᠭ᠎ᠠ ᠶᠢᠨ ᠰᠦᠢᠳᠭᠡᠯ ᠢ ᠭᠡᠯᠳᠤᠷᠢᠭᠦᠯᠦᠨ᠎ᠠ ︵ᠤᠷᠠᠯᠢᠭ ᠤᠨ ᠬᠠᠮᠢᠶᠠᠳᠠᠢ ᠲᠤᠭᠯᠠᠭᠴᠢ ᠶᠢᠨ ᠲᠤᠰᠬᠠᠢ ᠮᠡᠷᠭᠡᠵᠢᠯ ᠤᠨ ᠰᠤᠷᠤᠭᠴᠢ ᠠᠴᠠ ᠪᠤᠰᠤᠳ︶᠃ ᠪᠦᠬᠦᠯᠢ ᠡᠳᠤᠷ ᠤᠨ ᠲᠦᠷᠢᠮᠳᠤ ᠵᠢᠩᠭᠢᠨᠢ ᠰᠤᠷᠭᠠᠭᠤᠯᠢ ᠶᠢᠨ ᠬᠠᠷᠢᠶᠠᠯᠠᠯ ᠲᠠᠢ ᠨᠢᠭᠡ᠂ ᠬᠤᠶᠠᠳᠤᠭᠠᠷ ᠤᠨ ᠳᠤ ᠰᠤᠷᠤᠯᠴᠠᠵᠤ ᠪᠠᠶᠢᠭ᠎ᠠ ᠲᠠᠷᠢᠶᠠᠯᠠᠩ ᠳᠤ ᠬᠤᠯᠪᠤᠭᠳᠠᠬᠤ ᠲᠤᠰᠬᠠᠢ ᠮᠡᠷᠭᠡᠵᠢᠯ ᠤᠨ ᠰᠤᠷᠤᠭᠴᠢ ᠪᠠ ᠲᠠᠷᠢᠶᠠᠯᠠᠩ ᠳᠤ ᠬᠤᠯᠪᠤᠭᠳᠠᠬᠤ ᠦᠬᠡᠢ ᠲᠤᠰᠬᠠᠢ ᠮᠡᠷᠭᠡᠵᠢᠯ ᠪᠠᠶᠢᠭᠰᠠᠨ ᠴᠦ ᠭᠡᠷ ᠤᠨ ᠠᠮᠢᠳᠤᠷᠠᠯ ᠨᠢ ᠬᠦᠴᠢᠷᠳᠡᠢ ᠰᠤᠷᠤᠭᠴᠢ ᠳᠤ ᠤᠯᠤᠰ ᠤᠨ ᠲᠡᠳᠭᠦᠮᠵᠢ ᠶᠢᠨ ᠮᠦᠩᠭᠦ ᠤᠯᠭᠤᠵᠤ᠂ ᠲᠡᠳᠭᠦᠮᠵᠢ ᠶᠢᠨ ᠪᠡᠷᠢᠮᠵᠢᠶ᠎ᠠ ᠨᠢ ᠰᠤᠷᠤᠭᠴᠢ ᠨᠢᠭᠡᠪᠤᠷᠢ ᠵᠢᠯ ᠳᠤ 2000 ᠲᠦᠭᠦᠷᠢᠭ ᠪᠠᠶᠢᠳᠠᠭ᠃ ᠡᠭᠦᠨ ᠤ ᠬᠠᠮᠳᠤ᠂ ︽ᠬᠦᠯᠦᠨ ᠪᠤᠶᠢᠷ ᠬᠤᠳᠠ ᠶᠢᠨ ᠨᠠᠷᠢᠯᠢᠭ ᠤᠨᠤᠪᠴᠢᠳᠠᠢ ᠪᠠᠷ ᠶᠠᠳᠠᠭᠤ ᠶᠢ ᠲᠡᠳᠭᠦᠭᠦ ᠳᠤ ᠰᠤᠷᠭᠠᠨ ᠬᠦᠮᠦᠵᠢᠯ ᠢᠶᠠᠷ ᠲᠡᠮᠵᠢᠯᠭᠡ ᠦᠵᠡᠭᠦᠯᠭᠦ ᠲᠦᠯᠦᠪᠯᠡᠭᠡ ᠶᠢᠨ ᠭᠡᠷᠡᠭᠵᠢᠭᠦᠯᠭᠦ ᠲᠦᠰᠦᠯ︾ ᠤᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠭᠤᠷᠪᠠᠨ ᠴᠦᠭᠡᠨ ᠲᠤᠭᠠᠳᠤ ᠦᠨᠳᠦᠰᠦᠳᠡᠨ ᠪᠠ ᠮᠤᠩᠭᠤᠯ  ᠢᠶᠠᠷ ᠬᠢᠴᠢᠶᠡᠯᠯᠡᠵᠤ ᠪᠠᠶᠢᠭ᠎ᠠ ᠰᠤᠷᠤᠭᠴᠢ ᠨᠢᠭᠡᠪᠤᠷᠢ ᠳᠤ ᠵᠢᠯ ᠳᠤ 1000 ᠲᠦᠬᠦᠷᠢᠭ ᠤᠨ ᠠᠮᠢᠳᠤᠷᠠᠯ ᠤᠨ ᠨᠦᠭᠦᠪᠤᠷᠢ ᠦᠭᠭᠦᠨ᠎ᠠ᠃ ᠲᠠᠷᠢᠶᠠᠯᠠᠩ ᠮᠠᠯᠵᠢᠯ ᠳᠤ ᠬᠤᠯᠪᠤᠭᠳᠠᠬᠤ ᠲᠤᠰᠬᠠᠢ ᠮᠡᠷᠭᠡᠵᠢᠯ ᠳᠤ ᠰᠤᠷᠤᠯᠴᠠᠵᠤ ᠪᠠᠶᠢᠭ᠎ᠠ ᠶᠠᠳᠠᠭᠤ ᠬᠦᠴᠢᠷᠳᠡᠢ ᠭᠡᠷ ᠪᠦᠯᠢ ᠶᠢᠨ ᠰᠤᠷᠤᠭᠴᠢ ᠶᠢᠨ ᠲᠡᠳᠭᠦᠮᠵᠢ ᠶᠢᠨ ᠮᠦᠩᠭᠦ ᠶᠢ ᠤᠤᠯ ᠤᠨ 2000 ᠲᠦᠭᠦᠷᠢᠭ ᠪᠠᠶᠢᠬᠰᠠᠨ ᠠᠴᠠ 3000 ᠲᠦᠬᠦᠷᠢᠭ ᠪᠤᠯᠭᠠᠬᠤ ᠪᠠᠷ ᠴᠢᠷᠮᠠᠶᠢᠨ᠎ᠠ᠃ ᠭᠡᠷ ᠤᠨ ᠠᠮᠢᠳᠤᠷᠠᠯ ᠬᠦᠴᠢᠷᠳᠡᠢ ᠲᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠤᠭᠴᠢ ᠶᠢᠨ ᠲᠤᠰᠠᠯᠠᠬᠤ ᠴᠢᠬᠤᠯᠠᠳᠠᠢ ᠶᠢ ᠨᠢ ᠠᠯᠢ ᠴᠢᠳᠠᠬᠤ ᠪᠠᠷ ᠲᠤᠰᠠᠯᠠᠬᠤ ᠶᠢ ᠪᠡᠶᠡᠯᠡᠭᠦᠯᠦᠭᠰᠡᠨ ᠰᠠᠭᠤᠷᠢᠨ ᠲᠡᠭᠡᠷ᠎ᠡ᠂ ᠲᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠶᠠᠳᠠᠭᠤ ᠬᠦᠴᠢᠷᠳᠡᠢ ᠰᠤᠷᠤᠭᠴᠢ ᠶᠢ ᠲᠤᠰᠠᠯᠠᠬᠤ ᠭᠡᠪᠴᠢᠶ᠎ᠡ ᠶᠢ ᠠᠭᠠᠵᠢᠮ ᠢᠶᠠᠷ ᠦᠷᠭᠡᠳᠭᠡᠨ᠎ᠡ᠃      7. ᠶᠡᠭᠡ ᠲᠡᠭᠡᠳᠤ ᠵᠡᠷᠭᠡ ᠶᠢᠨ ᠰᠤᠷᠭᠠᠨ ᠬᠦᠮᠦᠵᠢᠯ ᠤᠨ ᠱᠠᠳᠤ᠃ ᠬᠤᠳᠠ ᠬᠦᠳᠡᠭᠡ ᠶᠢᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠳᠤᠯᠠᠭ᠎ᠠ ᠶᠢᠨ ᠡᠷᠦᠭᠡ ᠶᠢᠨ ᠦᠷ᠎ᠡ ᠭᠡᠤᠭᠡᠳ ︵ᠦᠨᠦᠴᠢᠨ ᠭᠡᠤᠭᠡᠳ ᠢ ᠪᠠᠭᠳᠠᠭᠠᠨ᠎ᠠ︶ ᠪᠠ ︽ᠲᠠᠩᠰᠠᠯᠠᠨ ᠺᠠᠷᠲᠯᠠᠭᠰᠠᠨ︾ ᠶᠠᠳᠠᠭᠤ ᠬᠦᠴᠢᠷᠳᠡᠢ ᠭᠡᠷ ᠪᠦᠯᠢ ᠶᠢᠨ ᠦᠷ᠎ᠡ ᠭᠡᠤᠭᠡᠳ ᠤᠨ ᠲᠡᠳᠭᠦᠮᠵᠢ ᠶᠢᠨ ᠲᠦᠷᠦ  ᠶᠢᠨ ᠪᠤᠳᠤᠯᠭ᠎ᠠ ᠶᠢ  ᠰᠠᠶᠢᠳᠤᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠡᠩ ᠤᠨ ᠶᠡᠭᠡ ᠲᠡᠭᠡᠳᠤ ᠰᠤᠷᠭᠠᠭᠤᠯᠢ ᠶᠢᠨ ᠵᠢᠩᠭᠢᠨᠢ ᠠᠩᠭᠢ ᠳᠤ ᠡᠯᠰᠡᠭᠳᠡᠭᠰᠡᠨ ᠰᠢᠨ᠎ᠠ ᠰᠤᠷᠤᠭᠴᠢ ᠳᠤ ᠨᠢᠭᠡ ᠯᠡ ᠤᠳᠠᠭ᠎ᠠ ᠶᠢᠨ ᠴᠢᠨᠠᠷᠳᠠᠢ 4 ᠲᠦᠮᠡᠨ ᠲᠦᠭᠦᠷᠢᠭ ᠤᠨ ᠲᠤᠰᠠᠯᠠᠮᠵᠢ ᠦᠭᠴᠦ᠂ ᠡᠩ ᠤᠨ ᠶᠡᠭᠡ ᠲᠡᠭᠡᠳᠤ ᠰᠤᠷᠭᠠᠭᠤᠯᠢ ᠶᠢᠨ ᠲᠤᠰᠬᠠᠢ ᠮᠡᠷᠭᠡᠵᠢᠯ ᠤᠨ ᠠᠩᠭᠢ ᠪᠤᠶᠤ ᠲᠡᠭᠡᠳᠤ ᠵᠡᠷᠭᠡ ᠶᠢᠨ ᠠᠵᠢᠯ ᠮᠡᠷᠭᠡᠵᠢᠯ ᠪᠠ ᠲᠡᠭᠡᠳᠤ ᠵᠡᠷᠭᠡ ᠶᠢᠨ ᠲᠤᠰᠬᠠᠢ ᠮᠡᠷᠭᠡᠵᠢᠯ ᠤᠨ ᠰᠤᠷᠭᠠᠭᠤᠯᠢ ᠳᠤ ᠡᠯᠰᠡᠭᠳᠡᠭᠰᠡᠨ ᠰᠢᠨ᠎ᠠ ᠰᠤᠷᠤᠭᠴᠢ ᠳᠤ ᠨᠢᠭᠡ ᠯᠡ ᠤᠳᠠᠭ᠎ᠠ ᠶᠢᠨ ᠴᠢᠨᠠᠷᠳᠠᠢ 3 ᠲᠦᠮᠡᠨ ᠲᠦᠭᠦᠷᠢᠭ ᠤᠨ ᠲᠤᠰᠠᠯᠠᠮᠵᠢ  ᠦᠭᠭᠦᠨ᠎ᠡ᠃ ᠡᠭᠦᠨ ᠤ ᠬᠠᠮᠳᠤ ᠲᠤᠰ ᠵᠢᠯ ᠳᠡᠭᠡᠨ ᠪᠦᠬᠦᠯᠢ ᠡᠳᠤᠷ ᠤᠨ ᠲᠦᠷᠢᠮᠳᠤ ᠡᠩ ᠤᠨ ᠶᠡᠭᠡ ᠲᠡᠭᠡᠳᠤ ᠰᠤᠷᠭᠠᠭᠤᠯᠢ ︵ᠲᠤᠰᠠᠭᠠᠷ ᠲᠡᠭᠡᠳᠤ ᠰᠤᠷᠭᠠᠭᠤᠯᠢ ᠪᠠ ᠠᠷᠠᠳ ᠠᠴᠠ ᠡᠷᠬᠢᠯᠡᠭᠰᠡᠨ ᠶᠡᠭᠡ ᠲᠡᠭᠡᠳᠤ ᠰᠤᠷᠭᠠᠭᠤᠯᠢ ᠶᠢ ᠪᠠᠭᠳᠠᠭᠠᠨ᠎ᠠ︶ ᠳᠤ ᠡᠯᠰᠡᠭᠳᠡᠵᠤ᠂ ᠵᠠᠰᠠᠭ ᠤᠨ ᠤᠷᠳᠤᠨ ᠤ ᠲᠤᠰᠠᠯᠠᠮᠵᠢ ᠶᠢᠨ ᠮᠦᠩᠭᠦ ᠶᠢ ᠭᠤᠶᠤᠴᠢᠯᠠᠬᠤ ᠨᠦᠭᠦᠴᠡᠯ  ᠳᠤ ᠲᠤᠬᠢᠷᠠᠭᠰᠠᠨ ᠤᠨᠴᠠ ᠶᠠᠳᠠᠭᠤ ᠬᠦᠴᠢᠷᠳᠡᠢ ᠰᠤᠷᠤᠭᠴᠢ ᠳᠤ ᠤᠷᠢᠳᠴᠢᠯᠠᠨ ᠬᠦᠮᠦᠨ ᠨᠢᠭᠡᠪᠤᠷᠢ ᠳᠤ ᠶᠡᠭᠡ ᠰᠤᠷᠭᠠᠭᠤᠯᠢ ᠳᠤ ᠰᠢᠯᠭᠠᠬᠤ ᠵᠠᠰᠠᠭ ᠤᠨ ᠤᠷᠳᠤᠨ ᠤ ᠲᠤᠰᠠᠯᠠᠮᠵᠢ ᠶᠢᠨ ᠮᠦᠩᠭᠦ‍ ᠨᠢᠭᠡ ᠯᠡ ᠤᠳᠠᠭ᠎ᠠ ᠶᠢᠨ ᠴᠢᠨᠠᠷᠳᠠᠢ 2000 ᠲᠦᠭᠦᠷᠢᠭ ᠲᠤᠬᠢᠷᠠᠭᠤᠯᠤᠨ᠎ᠠ᠃ ᠲᠤᠰ ᠵᠢᠯ ᠤᠨ ᠪᠦᠬᠦᠯᠢ ᠡᠳᠤᠷ ᠤᠨ ᠲᠦᠷᠢᠮᠳᠤ ᠲᠡᠭᠡᠳᠤ ᠵᠡᠷᠭᠡ ᠶᠢᠨ ᠲᠤᠰᠬᠠᠢ ᠮᠡᠷᠭᠡᠵᠢᠯ ᠤᠨ ᠰᠤᠷᠭᠠᠭᠤᠯᠢ ︵ᠲᠤᠰᠭᠠᠷ ᠲᠡᠭᠡᠳᠤ ᠰᠤᠷᠭᠠᠭᠤᠯᠢ ᠪᠠ ᠠᠷᠠᠳ ᠠᠴᠠ ᠡᠷᠭᠢᠯᠡᠭᠰᠡᠨ ᠶᠡᠭᠡ ᠲᠡᠭᠡᠳᠤ ᠰᠤᠷᠭᠠᠭᠤᠯᠢ ᠶᠢ ᠪᠠᠭᠳᠠᠭᠠᠨ᠎ᠠ︶ ᠳᠤ ᠡᠯᠰᠡᠭᠳᠡᠭᠰᠡᠨ ᠶᠠᠳᠠᠭᠤ ᠬᠦᠴᠢᠷᠳᠡᠢ ᠤᠶᠤᠳᠠᠨ᠂ ᠰᠤᠳᠤᠯᠬᠤ ᠰᠤᠷᠤᠭᠴᠢ ᠳᠤ ᠲᠡᠭᠦᠨ ᠤ ᠡᠷᠦᠭᠡ ᠠᠮᠠ ᠪᠠᠶᠢᠭ᠎ᠠ ᠭᠠᠵᠠᠷ ᠠᠴᠠ ᠤᠯᠤᠰ ᠤᠨ ᠢᠳᠡᠭᠡᠮᠵᠢᠳᠤ ᠰᠤᠷᠤᠯᠭ᠎ᠠ ᠶᠢᠨ ᠲᠡᠳᠭᠦᠮᠵᠢ ᠶᠢᠨ ᠵᠢᠭᠡᠯᠡᠯᠭᠡ ᠶᠢ ᠡᠷᠬᠢᠯᠡᠨ ᠬᠦᠢᠴᠡᠳᠭᠡᠵᠤ᠂ ᠰᠤᠷᠤᠭᠴᠢ ᠶᠢᠨ ᠰᠤᠷᠭᠠᠭᠤᠯᠢ ᠳᠤ ᠪᠠᠶᠢᠬᠤ ᠬᠤᠭᠤᠴᠠᠭᠠᠨ ᠳᠤ ᠡᠳ᠋ ᠤᠨ ᠵᠠᠰᠠᠭ ᠠᠴᠠ ᠵᠢᠭᠡᠯᠡᠯᠭᠡ ᠶᠢᠨ ᠬᠦᠤ ᠮᠦᠩᠭᠦ ᠶᠢ ᠨᠢ ᠪᠦᠭᠦ ᠲᠤᠭ᠎ᠠ ᠪᠠᠷ ᠤᠷᠤᠯᠠᠨ ᠦᠭᠭᠦ ᠶᠢ ᠭᠡᠷᠡᠭᠵᠢᠭᠦᠯᠵᠤ᠂ ᠵᠢᠭᠡᠯᠡᠯᠭᠡ ᠶᠢᠨ ᠲᠤᠭ᠎ᠠ ᠨᠢ ᠶᠡᠭᠡ ᠰᠤᠷᠭᠠᠭᠤᠯᠢ ᠶᠢᠨ ᠤᠶᠤᠳᠠᠨ ᠨᠢᠭᠡᠪᠤᠷᠢ ᠨᠢᠭᠡ ᠰᠤᠷᠤᠯᠭ᠎ᠠ ᠶᠢᠨ ᠬᠤᠭᠤᠴᠠᠭᠠᠨ ᠳᠤ 8000 ᠲᠦᠭᠦᠷᠢᠭ ᠠᠴᠠ ᠭᠡᠳᠤᠷᠡᠵᠤ ᠪᠤᠯᠬᠤ ᠦᠬᠡᠢ᠂ ᠰᠤᠳᠤᠯᠬᠤ ᠰᠤᠷᠤᠭᠴᠢ ᠨᠢᠭᠡᠪᠤᠷᠢ ᠵᠢᠯ ᠪᠦᠷᠢ ᠳᠤ 12000 ᠲᠦᠭᠦᠷᠢᠭ ᠠᠴᠠ ᠭᠡᠳᠤᠷᠠᠵᠤ ᠪᠤᠯᠬᠤ ᠦᠬᠡᠢ᠃ ᠶᠡᠭᠡ ᠲᠡᠭᠡᠳᠤ ᠰᠤᠷᠭᠠᠭᠤᠯᠢ ᠳᠤ ᠡᠯᠰᠡᠭᠳᠡᠨ ᠤᠷᠤᠭᠰᠠᠨ ᠪᠦᠬᠦᠶᠢᠯᠡ ᠶᠠᠳᠠᠭᠤ ᠬᠦᠴᠢᠷᠳᠡᠢ ᠰᠢᠨ᠎ᠠ ᠰᠤᠷᠤᠭᠴᠢ ᠶᠢᠨ ᠠᠮᠵᠢᠯᠳᠠᠳᠠᠢ  ᠪᠠᠷ ᠰᠤᠷᠭᠠᠭᠤᠯᠢ ᠳᠤ ᠤᠷᠤᠵᠤ᠂ ᠰᠡᠳᠬᠢᠯ ᠠᠮᠤᠷ ᠰᠤᠷᠤᠯᠴᠠᠬᠤ ᠶᠢ ᠪᠠᠳᠤᠯᠠᠨ᠎ᠠ᠃      8. ᠤᠯᠤᠰ ᠤᠨ ᠭᠡᠯᠪᠡᠶᠢᠨ ᠲᠠᠮᠵᠢᠬᠦ ᠶᠢ ᠤᠯᠬᠤ ᠪᠠᠷ ᠴᠢᠷᠮᠠᠶᠢᠵᠤ᠂ ᠨᠡᠶᠢᠭᠡᠮ ᠤᠨ ᠡᠯ᠎ᠡ ᠡᠳᠡᠭᠡᠳ ᠢ ᠬᠦᠳᠦᠯᠦᠨ ᠲᠠᠭᠠᠭᠤᠯᠵᠤ᠂ ᠵᠤᠭᠤᠰ ᠬᠠᠨᠳᠢᠪᠯᠡᠭᠤᠯᠤᠨ᠂ ᠶᠠᠳᠠᠭᠤ ᠬᠦᠴᠢᠷᠳᠡᠢ ᠰᠤᠷᠤᠭᠴᠢ ᠶᠢᠨ ᠲᠤᠰᠠᠯᠠᠮᠵᠢ ᠶᠢᠨ ᠮᠦᠩᠭᠦ ᠶᠢ ᠤᠯᠠᠨ ᠠᠷᠭ᠎ᠠ ᠵᠠᠮ ᠢᠶᠠᠷ ᠴᠤᠭᠯᠠᠭᠤᠯᠤᠨ᠎ᠠ᠃ ᠨᠡᠶᠢᠭᠡᠮ ᠤᠨ ᠬᠦᠴᠦᠨ ᠢ ᠢᠳᠡᠪᠬᠢᠳᠡᠢ ᠲᠦᠯᠬᠢᠨ ᠠᠬᠢᠭᠤᠯᠵᠤ᠂ ︽ᠨᠢᠭᠡ ᠳᠤ ᠨᠢᠭᠡ ᠬᠠᠷᠠᠭᠠᠯᠵᠠᠬᠤ︾ ᠭᠡᠯᠪᠡᠷᠢ ᠶᠢ ᠠᠰᠢᠭᠯᠠᠨ᠂ ᠶᠠᠳᠠᠭᠤ ᠬᠦᠴᠢᠷᠳᠡᠢ ᠰᠤᠷᠤᠭᠴᠢ ᠶᠢ ᠬᠠᠪᠰᠤᠷᠤᠨ ᠲᠡᠳᠭᠦᠵᠤ᠂ ᠰᠤᠷᠭᠠᠭᠤᠯᠢ ᠳᠤ ᠰᠤᠷᠤᠯᠴᠠᠬᠤ ᠠᠴᠠ ᠪᠤᠯᠵᠤ ᠲᠡᠬᠢᠨ ᠶᠠᠳᠠᠭᠤᠷᠠᠬᠤ ᠦᠵᠡᠭᠳᠡᠯ ᠡᠭᠦᠰᠭᠦ  ᠶᠢ ᠪᠠᠭᠠᠰᠬᠠᠨ᠎ᠠ᠃      ︵ᠭᠤᠷᠪᠠ︶ ᠶᠠᠳᠠᠭᠤ ᠬᠦᠴᠢᠷᠳᠡᠢ ᠰᠤᠷᠤᠭᠴᠢ ᠶᠢᠨ ᠠᠵᠢᠯ ᠮᠡᠷᠭᠡᠵᠢᠯ ᠤᠨ ᠰᠤᠷᠤᠯᠭ᠎ᠠ ᠶᠢᠨ ᠨᠠᠮᠳᠠᠷ ᠲᠠᠢ ᠬᠦᠮᠦᠵᠢᠯ ᠤᠨ ᠠᠵᠢᠯ ᠢ ᠦᠷᠨᠢᠭᠦᠯᠦᠨ᠎ᠠ᠃      9. ᠶᠠᠳᠠᠭᠤ ᠬᠦᠴᠢᠷᠳᠡᠢ ᠰᠤᠷᠤᠭᠴᠢ ᠶᠢᠨ ᠠᠵᠢᠯ ᠮᠡᠷᠭᠡᠵᠢᠯ ᠤᠨ ᠰᠤᠷᠤᠯᠭ᠎ᠠ ᠶᠢᠨ ᠨᠠᠮᠳᠠᠷ ᠲᠠᠢ ᠬᠦᠮᠦᠵᠢᠯ  ᠤᠨ ᠠᠵᠢᠯ ᠢ ᠦᠷᠨᠢᠭᠦᠯᠦᠨ᠎ᠠ᠃ ᠤᠨᠴᠠ ᠶᠠᠳᠠᠭᠤ ᠬᠦᠴᠢᠷᠳᠡᠢ ᠰᠤᠷᠤᠭᠴᠢ   ᠶᠢ ᠬᠠᠨᠳᠤᠯᠭ᠎ᠠ ᠲᠠᠢ ᠨᠡᠶᠢᠳᠡᠨ ᠬᠦᠮᠦᠵᠢᠭᠦᠯᠭᠦ ᠠᠷᠭ᠎ᠠ ᠪᠠᠷᠢᠯ ᠢᠶᠠᠷ᠂ ᠶᠠᠳᠠᠭᠤ ᠬᠦᠴᠢᠷᠳᠡᠢ ᠰᠤᠷᠤᠭᠴᠢ ᠶᠢ ᠲᠡᠮᠵᠢᠨ ᠲᠤᠮᠳᠠᠳᠤ ᠵᠡᠷᠭᠡ ᠶᠢᠨ ᠲᠤᠰᠬᠠᠢ ᠮᠡᠷᠭᠡᠵᠢᠯ ᠠᠴᠠ ᠲᠡᠭᠡᠭᠰᠢᠬᠢ ᠠᠵᠢᠯ  ᠮᠡᠷᠭᠡᠵᠢᠯ ᠤᠨ ᠰᠤᠷᠤᠯᠭ᠎ᠠ ᠶᠢᠨ ᠨᠠᠮᠳᠠᠷ ᠲᠠᠢ ᠬᠦᠮᠦᠵᠢᠯ ᠢ ᠨᠢ ᠪᠡᠶᠡᠯᠡᠭᠦᠯᠵᠤ᠂ ᠠᠵᠢᠯ ᠤᠯᠭᠤᠨ ᠶᠠᠳᠠᠭᠤ ᠠᠴᠠ ᠠᠩᠭᠢᠵᠢᠷᠠᠬᠤ ᠶᠢ ᠪᠡᠶᠡᠯᠡᠭᠦᠯᠦᠨ᠎ᠡ᠃ ᠮᠠᠯᠵᠢᠬᠤ ᠤᠷᠤᠨ ᠤ ᠶᠠᠳᠠᠭᠤ ᠬᠦᠴᠢᠷᠳᠡᠢ ᠭᠡᠷ ᠪᠦᠯᠢ ᠶᠢᠨ ᠦᠷ᠎ᠡ ᠭᠡᠤᠭᠡᠳ ᠤᠨ ᠠᠵᠢᠯ ᠮᠡᠷᠭᠡᠵᠢᠯ ᠤᠨ ᠰᠤᠷᠤᠯᠭ᠎ᠠ ᠶᠢᠨ ᠨᠠᠮᠳᠠᠷ ᠲᠠᠢ ᠬᠦᠮᠦᠵᠢᠯ ᠤᠨ ᠡᠳ᠋ ᠤᠨ ᠵᠠᠰᠠᠭ ᠤᠨ ᠨᠦᠭᠦᠪᠤᠷᠢ ᠦᠭᠭᠦ ᠲᠦᠷᠦ ᠶᠢᠨ ᠪᠤᠳᠤᠯᠭ᠎ᠠ ᠶᠢ ᠰᠠᠶᠢᠳᠤᠷ ᠨᠡᠶᠢᠳᠡᠪᠤᠷᠢᠵᠢᠭᠤᠯᠵᠤ᠂ 2016 ᠤᠨ ᠠᠴᠠ ᠡᠬᠢᠯᠡᠨ᠂ ᠬᠤᠰᠢᠭᠤ ᠲᠤᠰ ᠱᠠᠳᠤᠨ ᠤ ᠡᠳ᠋ ᠤᠨ ᠵᠠᠰᠠᠭ ᠤᠨ ᠲᠦᠰᠦᠪ ᠲᠤ ᠤᠷᠤᠭᠤᠯᠵᠤ᠂ ᠵᠢᠯ ᠪᠦᠷᠢ ᠳᠤ 2 ᠲᠦᠮᠡᠨ ᠲᠦᠭᠦᠷᠢᠭ ᠤᠨ ᠪᠡᠯᠡ ᠮᠦᠩᠭᠦ ᠶᠢ ᠲᠤᠬᠢᠷᠠᠭᠤᠯᠤᠨ᠂ ᠶᠠᠳᠠᠭᠤ ᠬᠦᠴᠢᠷᠳᠡᠢ ᠭᠡᠷ ᠪᠦᠯᠢ ᠶᠢᠨ ᠦᠷ᠎ᠡ ᠭᠡᠤᠭᠡᠳ  ᠤᠨ ᠲᠤᠮᠳᠠᠳᠤ᠂ ᠲᠡᠭᠡᠳᠤ ᠵᠡᠷᠭᠡ ᠶᠢᠨ ᠠᠵᠢᠯ ᠮᠡᠷᠭᠡᠵᠢᠯ ᠤᠨ ᠰᠤᠷᠤᠯᠭ᠎ᠠ ᠶᠢᠨ ᠨᠠᠮᠳᠠᠷ ᠲᠠᠢ  ᠬᠦᠮᠦᠵᠢᠯ ᠤᠨ ᠡᠳ᠋  ᠤᠨ ᠵᠠᠰᠠᠭ ᠤᠨ ᠨᠦᠭᠦᠪᠤᠷᠢ ᠦᠭᠭᠦ ᠶᠢ ᠭᠡᠷᠡᠭᠵᠢᠭᠦᠯᠦᠨ᠂ ᠬᠦᠮᠦᠨ ᠨᠢᠭᠡᠪᠤᠷᠢ ᠳᠤ ᠵᠢᠯ ᠪᠤᠯᠭᠠᠨ ᠳᠤ 1 —2 ᠮᠢᠩᠭᠠᠨ ᠲᠦᠭᠦᠷᠢᠭ ᠤᠨ ᠨᠦᠭᠦᠪᠤᠷᠢ ᠦᠭᠭᠦᠨ᠎ᠡ᠃      10. ᠶᠠᠳᠠᠭᠤ ᠬᠦᠴᠢᠷᠳᠡᠢ ᠭᠡᠷ ᠪᠦᠯᠢ ᠶᠢᠨ ᠦᠷ᠎ᠡ ᠭᠡᠤᠭᠡᠳ ᠤᠨ ᠶᠡᠭᠡ ᠰᠤᠷᠭᠠᠭᠤᠯᠢ ᠳᠤ ᠤᠷᠤᠬᠤ ᠲᠤᠬᠢᠶᠠᠯ ᠢ ᠦᠷᠭᠡᠳᠭᠡᠨ᠎ᠡ᠃ ᠦᠪᠡᠷᠳᠡᠭᠡᠨ ᠵᠠᠰᠠᠬᠤ ᠤᠷᠤᠨ ᠤ ᠰᠤᠷᠭᠠᠨ ᠬᠦᠮᠦᠵᠢᠯ ᠤᠨ ᠲᠢᠩᠭᠢᠮ ᠤᠨ ᠬᠠᠨᠳᠤᠯᠭ᠎ᠠ  ᠲᠠᠢ ᠶᠡᠭᠡ ᠰᠤᠷᠭᠠᠭᠤᠯᠢ ᠶᠢᠨ ᠤᠶᠤᠳᠠᠨ ᠢ ᠬᠦᠮᠦᠵᠢᠭᠦᠯᠭᠦ ᠲᠦᠷᠦ ᠶᠢᠨ ᠪᠤᠳᠤᠯᠭ᠎ᠠ ᠶᠢ ᠤᠯᠬᠤ ᠪᠠᠷ ᠴᠢᠷᠮᠠᠶᠢᠵᠤ᠂ ᠪᠤᠳᠠᠳᠤ ᠪᠠᠶᠢᠳᠠᠯ ᠢᠶᠠᠨ ᠦᠨᠳᠦᠰᠦᠯᠡᠨ᠂ ᠬᠠᠨᠳᠤᠯᠭ᠎ᠠ ᠲᠠᠢ ᠰᠤᠷᠤᠭᠴᠢ ᠡᠯᠰᠡᠭᠦ ᠰᠤᠷᠭᠠᠭᠤᠯᠢ᠂ ᠰᠤᠷᠤᠭᠴᠢ ᠡᠯᠰᠡᠭᠦ ᠲᠤᠰᠬᠠᠢ ᠮᠡᠷᠭᠡᠵᠢᠯ᠂ ᠰᠤᠷᠤᠭᠴᠢ ᠡᠯᠰᠡᠭᠦ ᠲᠦᠯᠦᠪᠯᠡᠭᠡ ᠪᠠᠨ ᠲᠤᠬᠢᠷᠠᠭᠤᠯᠵᠤ᠂ ᠶᠠᠳᠠᠭᠤ ᠬᠦᠴᠢᠷᠳᠡᠢ ᠭᠠᠵᠠᠷ ᠤᠷᠤᠨ  ᠤ ᠤᠯᠠᠨ ᠲᠦᠮᠡᠨ ᠤ ᠦᠷ᠎ᠡ ᠭᠡᠤᠭᠡᠳ ᠤᠨ ᠶᠡᠭᠡ ᠲᠡᠭᠡᠳᠤ ᠰᠤᠷᠭᠠᠭᠤᠯᠢ ᠶᠢᠨ ᠰᠤᠷᠭᠠᠨ ᠬᠦᠮᠦᠵᠢᠯ ᠬᠦᠷᠳᠡᠭᠦ ᠲᠤᠬᠢᠶᠠᠯ ᠢ ᠦᠷᠭᠡᠳᠭᠡᠨ᠎ᠡ᠃      11.ᠰᠢᠨ᠎ᠡ ᠭᠡᠯᠪᠡᠷᠢ ᠶᠢᠨ ᠠᠵᠢᠯ ᠮᠡᠷᠭᠡᠵᠢᠯ ᠤᠨ ᠮᠠᠯᠴᠢᠨ ᠲᠡᠷᠢᠶᠠᠴᠢᠨ ᠢ ᠬᠦᠮᠦᠵᠢᠭᠦᠯᠭᠦ ᠠᠵᠢᠯ ᠢ ᠦᠷᠨᠢᠭᠦᠯᠦᠨ᠎ᠠ᠃ ᠠᠵᠢᠯ ᠮᠡᠷᠭᠡᠵᠢᠯ ᠤᠨ ᠰᠤᠷᠭᠠᠭᠤᠯᠢ᠂ ᠬᠤᠰᠢᠭᠤᠨ ᠤ ᠠᠵᠢᠯ ᠮᠡᠷᠭᠡᠵᠢᠯ ᠤᠨ ᠲᠡᠭᠡᠳᠤ ᠵᠡᠷᠭᠡ ᠶᠢᠨ ᠲᠤᠮᠳᠠᠳᠤ ︵ᠠᠵᠢᠯ ᠮᠡᠷᠭᠡᠵᠢᠯ ᠤᠨ ᠬᠦᠮᠦᠵᠢᠯ ᠤᠨ ᠲᠦᠪ︶ ᠰᠤᠷᠭᠠᠭᠤᠯᠢ ᠳᠤ ᠲᠦᠰᠢᠭᠯᠡᠨ᠂ ᠰᠢᠨ᠎ᠠ ᠭᠡᠯᠪᠡᠷᠢ ᠶᠢᠨ ᠠᠵᠢᠯ ᠮᠡᠷᠭᠡᠵᠢᠯ ᠤᠨ ᠮᠠᠯᠴᠢᠨ ᠲᠡᠷᠢᠶᠠᠴᠢᠨ ᠢ ᠬᠦᠮᠦᠵᠢᠬᠦᠯᠬᠦ ᠠᠵᠢᠯ ᠢ ᠦᠷᠨᠢᠭᠦᠯᠵᠤ᠂ 50 ᠨᠠᠰᠤᠨ ᠠᠴᠠ ᠲᠤᠷᠤᠭᠰᠢ᠂ ᠠᠩᠬ᠎ᠠ ᠲᠤᠮᠳᠠᠳᠤ ᠠᠴᠠ ᠲᠡᠭᠡᠭᠰᠢ ᠰᠤᠷᠤᠯᠭ᠎ᠠ ᠶᠢᠨ ᠨᠠᠮᠳᠠᠷ ᠲᠠᠢ ᠬᠦᠮᠦᠰ ᠢ ᠭᠤᠤᠯᠯᠠᠨ ᠡᠯᠰᠡᠵᠤ᠂ ᠭᠤᠤᠯ ᠨᠢ ᠲᠠᠷᠢᠶᠠᠯᠠᠩ ᠮᠠᠯᠵᠢᠬᠤ ᠦᠢᠯᠡᠳᠪᠤᠷᠢᠯᠡᠯ᠂ ᠡᠵᠡᠩᠨᠡᠯᠳᠡ᠂ ᠦᠢᠯᠡᠴᠢᠯᠡᠭᠡ ᠪᠠ ᠲᠠᠷᠢᠶᠠᠯᠠᠬᠤ ᠮᠠᠯᠵᠢᠬᠤ ᠤᠷᠤᠨ ᠤ ᠨᠡᠶᠢᠭᠡᠮ ᠤᠨ ᠦᠢᠯᠡᠰ ᠤᠨ ᠭᠦᠭᠵᠢᠯᠳᠡ ᠵᠡᠷᠭᠡ ᠬᠦᠷᠢᠶ᠎ᠡ ᠴᠠᠷᠠᠭ᠎ᠠ ᠶᠢᠨ ᠠᠵᠢᠯ ᠢ ᠡᠷᠬᠢᠯᠡᠵᠤ ᠪᠠᠶᠢᠭ᠎ᠠ ᠮᠠᠯᠴᠢᠠ ᠲᠠᠷᠢᠶᠠᠴᠢᠨ ᠵᠢᠴᠢ ᠲᠠᠷᠢᠶᠠᠯᠠᠬᠤ ᠮᠠᠯᠵᠢᠬᠤ ᠤᠷᠤᠨ ᠤ ᠰᠢᠨ᠎ᠡ ᠪᠠᠷ ᠨᠡᠮᠡᠭᠳᠡᠭᠰᠡᠨ ᠬᠦᠳᠡᠯᠮᠤᠷᠢ ᠬᠦᠴᠦ ᠶᠢ ᠡᠯᠰᠡᠨ᠎ᠡ᠃ ᠰᠢᠨ᠎ᠠ ᠭᠡᠯᠪᠡᠷᠢ ᠶᠢᠨ  ᠠᠵᠢᠯ ᠮᠡᠷᠭᠡᠵᠢᠯ ᠤᠨ ᠮᠠᠯᠴᠢᠨ ᠲᠡᠷᠢᠶᠠᠴᠢᠨ ᠤ ᠲᠤᠮᠳᠠ ᠵᠡᠷᠭᠡ ᠶᠢᠨ ᠠᠵᠢᠯ ᠮᠡᠷᠭᠡᠵᠢᠯ ᠤᠨ ᠬᠦᠮᠦᠵᠢᠯ ᠳᠤ ᠬᠠᠷᠢᠮᠠᠬᠠᠢ ᠴᠢᠨᠠᠷ ᠲᠠᠢ ᠰᠤᠷᠭᠠᠭᠤᠯᠢ ᠶᠢᠨ ᠲᠦᠷᠢᠮ ᠢ ᠭᠡᠷᠡᠭᠵᠢᠭᠦᠯᠵᠤ᠂ ᠰᠤᠷᠤᠯᠴᠠᠬᠤ ᠬᠤᠭᠤᠴᠠᠭ᠎ᠠ ᠨᠢ 2 — 4 ᠵᠢᠯ ᠪᠤᠯᠤᠨ᠎ᠠ᠃ ᠭᠡᠰᠡᠭ ᠮᠠᠯᠵᠢᠵᠤ ᠭᠡᠰᠡᠭ ᠰᠤᠷᠤᠯᠴᠠᠬᠤ ᠶᠢ ᠵᠦᠪᠰᠢᠶᠡᠷᠡᠵᠤ᠂ ᠮᠠᠯᠵᠢᠯ ᠪᠠ ᠰᠤᠷᠤᠯᠴᠠᠯᠭ᠎ᠠ ᠶᠢ ᠡᠭᠡᠯᠵᠢᠯᠡᠭᠦᠵᠤ᠂ ᠱᠠᠳᠤ ᠬᠤᠪᠢᠶᠠᠨ ᠰᠤᠷᠤᠯᠭ᠎ᠠ ᠢᠶᠠᠨ ᠬᠦᠢᠴᠡᠳᠭᠡᠨ᠎ᠡ᠃      ᠲᠦᠷᠪᠡ᠂ ᠪᠠᠭᠰᠢ ᠶᠢᠨ ᠡᠩᠨᠡᠭᠡᠨ ᠤ ᠪᠠᠶᠢᠭᠤᠯᠤᠯᠳᠠ ᠶᠢ ᠴᠢᠩᠭᠠᠳᠬᠠᠨ᠎ᠠ      ᠤᠯᠤᠰ ᠤᠨ ᠬᠦᠮᠦᠵᠢᠯ ᠤᠨ ᠲᠦᠯᠦᠪᠯᠡᠭᠡ ᠶᠢ ᠨᠠᠷᠢᠨ ᠬᠢᠨᠠᠮᠠᠭᠠᠢ ᠰᠠᠶᠢᠳᠤᠷ ᠬᠢᠵᠤ᠂ ᠭᠤᠤᠯᠯᠠᠭᠴᠢ ᠬᠦᠴᠦᠨ ᠪᠦᠬᠦᠢ ᠪᠠᠭᠰᠢ ᠶᠢᠨ ᠪᠤᠯᠪᠠᠰᠤᠷᠠᠯ ᠢ ᠴᠢᠩᠭᠠᠳᠬᠠᠨ᠂ ᠦᠷᠭᠡᠨ ᠤᠯᠠᠨ  ᠪᠠᠭᠰᠢ ᠶᠢᠨ ᠰᠤᠷᠠᠭ ᠵᠠᠩᠭᠢ ᠶᠢᠨ ᠮᠡᠷᠭᠡᠵᠢᠯ  ᠤᠨ ᠭᠡᠪ ᠪᠤᠯᠪᠠᠰᠤᠷᠠᠯ ᠢ ᠲᠡᠭᠡᠭᠰᠢᠯᠡᠬᠦᠯᠵᠤ᠂ ᠰᠤᠷᠠᠭ ᠵᠠᠩᠭᠢ ᠶᠢᠨ ᠮᠡᠷᠭᠡᠵᠢᠯ ᠤᠨ ᠭᠡᠷᠡᠭᠯᠡᠭᠡᠨ ᠤ ᠴᠢᠳᠠᠪᠤᠷᠢ ᠶᠢ ᠨᠡᠮᠡᠭᠳᠡᠭᠦᠯᠦᠨ᠂ ᠮᠠᠨ ᠤ ᠬᠤᠰᠢᠭᠤᠨ ᠤ ᠲᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠶᠢᠨ ᠮᠤᠷᠠᠯ ᠤᠨ ᠬᠢᠷᠢ ᠲᠦᠪᠰᠢᠨ ᠪᠠ ᠲᠤᠬᠠᠶᠢᠯᠠᠭᠰᠠᠨ ᠠᠵᠢᠯ ᠤᠨ ᠭᠡᠪ ᠪᠤᠯᠪᠠᠰᠤᠷᠠᠯ ᠢ ᠪᠦᠬᠦ ᠲᠠᠯ᠎ᠠ ᠪᠠᠷ ᠲᠡᠭᠡᠭᠰᠢᠯᠡᠭᠦᠯᠵᠤ᠂ ᠨᠢᠭᠡᠨ ᠲᠤᠭ᠎ᠠ ᠭᠡᠮᠵᠢᠶ᠎ᠡ ᠬᠦᠢᠴᠡᠳ᠂ ᠭᠡᠪ ᠪᠤᠯᠪᠠᠰᠤᠷᠠᠯ ᠰᠢᠯᠢᠳᠡᠭ᠂ ᠪᠦᠳᠦᠴᠡ ᠨᠢ ᠲᠤᠬᠢᠷᠠᠮᠵᠢᠳᠠᠢ᠂ ᠲᠤᠬᠠᠶᠢᠯᠠᠭᠰᠠᠨ ᠠᠵᠢᠯ ᠤᠨ ᠴᠢᠳᠠᠪᠤᠷᠢ ᠲᠠᠢ ᠪᠠᠭᠰᠢ ᠶᠢᠨ ᠡᠩᠨᠡᠭᠡᠨ ᠤ ᠪᠠᠶᠢᠭᠤᠯᠤᠯᠳᠠ ᠶᠢ ᠪᠠᠶᠢᠭᠤᠯᠤᠨ᠎ᠠ᠃      ᠲᠠᠪᠤ᠂ ᠵᠤᠬᠢᠶᠠᠨ ᠪᠠᠶᠢᠭᠤᠯᠤᠯᠳᠠ ᠶᠢᠨ ᠪᠠᠳᠤᠯᠠᠭ᠎ᠠ      ︵ᠨᠢᠭᠡ︶ ᠵᠤᠬᠢᠶᠠᠨ ᠪᠠᠶᠢᠭᠤᠯᠤᠯᠳᠠ ᠤᠨ ᠤᠳᠤᠷᠢᠳᠤᠯᠭ᠎ᠠ ᠶᠢ ᠴᠢᠩᠭᠠᠳᠬᠠᠨ᠎ᠠ᠃ ᠰᠤᠷᠭᠠᠨ ᠬᠦᠮᠦᠵᠢᠯ ᠢᠶᠠᠷ ᠶᠠᠳᠠᠭᠤ ᠶᠢ ᠲᠡᠳᠭᠦᠭᠦ ᠪᠤᠯ ᠨᠢᠭᠡᠨ ᠰᠢᠰᠲ᠋ᠧᠮᠳᠤ ᠴᠢᠨᠠᠷ ᠲᠠᠢ ᠢᠨᠵᠧᠨᠧᠷᠢᠩ ᠪᠤᠯᠤᠨ᠎ᠠ᠂ ᠲᠡᠭᠦᠨ ᠤ ᠬᠤᠯᠪᠤᠭᠳᠠᠬᠤ ᠬᠡᠪᠴᠢᠶ᠎ᠡ ᠦᠷᠭᠡᠨ᠂ ᠠᠵᠢᠯ ᠤᠨ ᠬᠦᠴᠢᠷᠳᠡᠯ ᠶᠡᠭᠡᠳᠡᠢ ᠪᠠᠶᠢᠵᠤ᠂ ᠡᠯ᠎ᠡ ᠰᠤᠮᠤ ᠪᠠᠯᠭᠠᠰᠤ ᠶᠢᠨ ᠵᠠᠰᠠᠭ ᠤᠨ ᠤᠷᠳᠤᠨ  ᠠᠴᠠ ᠲᠡᠭᠡᠳᠤ ᠭᠡᠮᠵᠢᠶ᠎ᠡ ᠪᠠᠷ ᠴᠢᠬᠤᠯᠠᠴᠢᠯᠡᠨ ᠦᠵᠡᠵᠤ᠂ ᠨᠠᠷᠢᠯᠢᠭ ᠲᠦᠯᠦᠪᠯᠡᠨ᠂ ᠭᠤᠤᠯ ᠪᠤᠯᠬᠤ ᠤᠳᠤᠷᠢᠳᠤᠯᠭ᠎ᠠ  ᠠᠴᠠ ᠶᠡᠷᠦᠩᠭᠡᠢ ᠬᠠᠷᠢᠭᠤᠴᠠᠯᠭ᠎ᠠ ᠶᠢ ᠡᠭᠦᠷᠭᠡᠯᠡᠵᠤ᠂ ᠬᠤᠪᠢᠶᠠᠷᠢᠯᠠᠨ ᠬᠠᠮᠢᠶᠠᠷᠬᠤ ᠤᠳᠤᠷᠢᠳᠤᠯᠭ᠎ᠠ ᠠᠴᠠ ᠪᠤᠳᠠᠳᠠᠢ ᠠᠳᠬᠤᠵᠤ᠂ ᠠᠵᠢᠯ ᠢᠶᠠᠨ ᠤᠷᠤᠨ ᠪᠠᠶᠢᠷᠢᠨ ᠳᠤᠨᠢ ᠲᠤᠯᠳᠠᠯ᠎ᠠ ᠨᠠᠶᠢᠳᠠᠪᠤᠷᠢᠵᠢᠭᠤᠯᠬᠤ ᠶᠢ ᠪᠠᠳᠤᠯᠠᠨ᠎ᠠ᠃ ᠰᠤᠷᠭᠠᠨ ᠬᠦᠮᠦᠵᠢᠯ ᠤᠨ ᠲᠤᠪᠴᠢᠶ᠎ᠠ ᠠᠴᠠ ᠶᠠᠳᠠᠭᠤ ᠶᠢ ᠲᠡᠳᠭᠦᠭᠦ ᠠᠯᠪᠠᠨ ᠭᠡᠷ᠂ ᠦᠭᠡᠷᠡᠴᠢᠯᠡᠯᠳᠡ ᠪᠠ ᠭᠦᠭᠵᠢᠭᠦᠯᠦᠯᠳᠡ᠂ ᠡᠳ᠋ ᠤᠨ ᠵᠠᠰᠠᠭ᠂ ᠬᠦᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠳᠤᠯᠠᠭ᠎ᠠ᠂ ᠠᠷᠠᠳ ᠤᠨ ᠶᠠᠪᠤᠳᠠᠯ᠂ ᠲᠠᠷᠢᠶᠠᠯᠠᠩ ᠮᠠᠯ ᠠᠵᠤ ᠠᠬᠤᠢ᠂ ᠤᠢ ᠰᠢᠭᠤᠢ ᠤᠰᠤᠨ ᠠᠰᠢᠭᠯᠠᠯᠳᠠ᠂ ᠲᠦᠯᠦᠪᠵᠢᠭᠦᠯᠭᠡ᠂ ᠪᠦᠳᠦᠭᠡᠨ ᠪᠠᠶᠢᠭᠤᠯᠤᠯᠳᠠ᠂ ᠡᠪᠯᠡᠯ ᠤᠨ ᠬᠤᠷᠢᠶ᠎ᠠ᠂ ᠡᠮᠡᠭᠳᠡᠶᠢᠴᠤᠳ ᠤᠨ ᠬᠤᠯᠪᠤᠭᠠᠳᠤ ᠬᠤᠷᠠᠯ᠂ ᠵᠡᠮᠳᠡᠭᠴᠣᠳ ᠤᠨ ᠬᠤᠯᠪᠤᠭ᠎ᠠ ᠂ ᠠᠵᠢᠯᠴᠢᠨ ᠤ ᠶᠡᠷᠦᠩᠭᠡᠢ ᠡᠪᠯᠡᠯ᠂ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ ᠵᠡᠷᠭᠡ ᠰᠠᠯᠠᠭ᠎ᠠ ᠮᠦᠴᠢᠷ ᠯᠦᠭᠡ ᠢᠳᠡᠪᠬᠢᠳᠡᠢ ᠬᠠᠷᠢᠯᠴᠠᠬᠤ ᠪᠠ ᠵᠤᠬᠢᠴᠠᠭᠤᠯᠬᠤ ᠪᠠᠨ ᠴᠢᠩᠭᠠᠳᠬᠠᠵᠤ᠂ ᠨᠢᠭᠳᠠ ᠬᠠᠮᠵᠢᠯᠴᠠᠨ᠂ ᠬᠦᠴᠦᠨ ᠢᠶᠠᠨ ᠬᠠᠮᠳᠤᠳᠬᠠᠵᠤ᠂ ᠰᠤᠷᠭᠠᠨ ᠬᠦᠮᠦᠵᠢᠯ ᠢᠶᠠᠷ ᠶᠠᠳᠠᠭᠤ ᠶᠢ ᠲᠡᠳᠭᠦᠭᠦ ᠠᠵᠢᠯ ᠤᠨ ᠪᠦᠳᠦᠮᠵᠢᠳᠡᠢ ᠶᠠᠪᠤᠭᠳᠠᠬᠤ ᠶᠢ ᠠᠬᠢᠭᠤᠯᠤᠨ᠎ᠠ᠃      ︵ᠬᠤᠶᠠᠷ︶ ᠪᠡᠯᠡ ᠮᠦᠩᠭᠦᠨ ᠤ ᠪᠠᠳᠤᠯᠠᠭ᠎ᠠ ᠶᠢ ᠴᠢᠩᠭᠠᠳᠬᠠᠨ᠎ᠠ᠃ ᠰᠤᠷᠭᠠᠨ ᠬᠦᠮᠦᠵᠢᠯ ᠢᠶᠠᠷ ᠨᠠᠷᠢᠯᠢᠭ ᠤᠨᠤᠪᠴᠢᠳᠠᠢ ᠪᠠᠷ ᠶᠠᠳᠠᠭᠤ ᠶᠢ ᠲᠡᠳᠭᠦᠭᠦ ᠠᠵᠢᠯ ᠤᠨ ᠵᠠᠷᠤᠳᠠᠯ ᠤᠨ ᠪᠡᠯᠡ ᠤᠷᠤᠭᠤᠯᠤᠯᠳᠠ ᠶᠢ ᠨᠡᠮᠡᠭᠳᠡᠭᠦᠯᠵᠤ᠂ ᠵᠠᠰᠠᠭ ᠤᠨ ᠤᠷᠳᠤᠨ᠂ ᠠᠵᠤ ᠠᠬᠤᠶᠢᠯᠠᠯ ᠪᠠ ᠬᠤᠪᠢ ᠬᠦᠮᠦᠨ ᠬᠠᠮᠳᠤᠪᠠᠷ ᠪᠡᠯᠡ ᠤᠷᠤᠭᠤᠯᠤᠭᠰᠠᠨ ᠤᠯᠠᠨ ᠲᠤᠶᠢᠯᠰᠢᠷᠠᠯ ᠤᠨ ᠪᠡᠯᠡ ᠤᠷᠤᠭᠤᠯᠬᠤ ᠲᠤᠭᠳᠠᠴᠠ ᠶᠢ ᠠᠯᠬᠤᠮ ᠠᠯᠬᠤᠮ ᠢᠶᠠᠷ ᠪᠠᠶᠢᠭᠤᠯᠤᠨ᠎ᠠ᠃ ᠵᠠᠰᠠᠭ ᠤᠨ ᠤᠷᠳᠤᠨ ᠤ ᠲᠡᠮᠵᠢᠯᠭᠡ ᠶᠢ ᠴᠢᠷᠮᠠᠶᠢᠨ ᠤᠯᠵᠤ᠂ ᠲᠦᠷᠦ ᠶᠢᠨ ᠪᠤᠳᠤᠯᠭ᠎ᠠ ᠶᠢᠨ ᠲᠦᠷᠦᠯ ᠵᠦᠢᠯ ᠤᠨ ᠪᠡᠯᠡ ᠮᠦᠩᠭᠦᠨ  ᠤ ᠲᠠᠯ᠎ᠠ ᠪᠠᠷ ᠰᠤᠮᠤ ᠪᠠᠯᠭᠠᠰᠤᠨ ᠳᠤ ᠰᠤᠷᠬᠤ ᠨᠠᠰᠤᠨ ᠠᠴᠠ ᠡᠮᠦᠨᠡᠬᠢ ᠰᠤᠷᠭᠠᠨ ᠬᠦᠮᠦᠵᠢᠯ ᠢ ᠬᠦᠭᠵᠢᠭᠦᠯᠬᠦ ᠳᠤ  ᠤᠷᠢᠳᠴᠢᠯᠠᠨ ᠲᠤᠬᠢᠷᠠᠭᠤᠯᠭ᠎ᠠ ᠬᠢᠬᠦ ᠪᠠ ᠲᠡᠮᠵᠢᠯᠭᠡ ᠦᠵᠡᠭᠦᠯᠵᠤ᠂ ᠰᠤᠮᠤ  ᠪᠠᠯᠭᠠᠰᠤ ᠶᠢᠨ ᠭᠡᠤᠭᠡᠳ ᠤᠨ ᠴᠡᠴᠡᠷᠯᠢᠭ  ᠤᠨ ᠪᠠᠶᠢᠭᠤᠯᠤᠯᠳᠠ ᠶᠢᠨ ᠪᠡᠯᠡ ᠮᠦᠩᠭᠦ᠂ ᠶᠠᠳᠠᠭᠤ ᠬᠦᠴᠢᠷᠳᠡᠢ ᠰᠤᠷᠤᠭᠴᠢ ᠶᠢᠨ ᠲᠤᠰᠠᠯᠠᠮᠵᠢ ᠶᠢᠨ ᠮᠦᠩᠭᠦ ᠪᠠ ᠶᠠᠳᠠᠭᠤ ᠬᠦᠴᠢᠷᠳᠡᠢ ᠭᠡᠷ ᠪᠦᠯᠢ ᠶᠢᠨ ᠦᠷ᠎ᠡ ᠬᠡᠤᠬᠡᠳ ᠤᠨ ᠠᠵᠢᠯ ᠮᠡᠷᠭᠡᠵᠢᠯ ᠤᠨ ᠰᠤᠷᠤᠯᠭ᠎ᠠ ᠶᠢᠨ ᠨᠠᠮᠳᠠᠷ ᠲᠠᠢ ᠰᠤᠷᠭᠠᠨ ᠬᠦᠮᠦᠵᠢᠯ ᠤᠨ ᠨᠦᠭᠦᠪᠤᠷᠢ ᠵᠡᠷᠭᠡ ᠶᠢ ᠴᠠᠭ ᠲᠠᠷᠤᠢ ᠦᠭᠴᠦ᠂ ᠰᠤᠷᠭᠠᠨ ᠬᠦᠮᠦᠵᠢᠯ ᠢᠶᠠᠷ ᠨᠠᠷᠢᠯᠢᠭ ᠤᠨᠤᠪᠴᠢᠳᠠᠢ ᠪᠠᠷ ᠶᠠᠳᠠᠭᠤ ᠶᠢ ᠲᠡᠳᠭᠦᠭᠦ ᠠᠵᠢᠯ ᠢ ᠲᠦᠯᠬᠢᠨ ᠠᠬᠢᠭᠤᠯᠬᠤ ᠳᠤ ᠪᠡᠯᠡ ᠮᠦᠩᠭᠦᠨ ᠤ ᠪᠠᠳᠤᠯᠠᠭ᠎ᠠ ᠬᠠᠩᠭᠠᠨ᠎ᠠ᠃      ︵ᠭᠤᠷᠪᠠ︶ ᠰᠤᠷᠠᠭ ᠵᠠᠩᠭᠢ ᠶᠢᠨ ᠲᠠᠩᠰᠠ ᠶᠢ ᠪᠠᠶᠢᠭᠤᠯᠤᠨ᠎ᠠ᠃ ᠨᠠᠷᠢᠨ ᠬᠢᠨᠠᠮᠠᠭᠠᠢ ᠪᠠᠶᠢᠴᠠᠭᠠᠨ ᠰᠤᠳᠤᠯᠤᠯᠳᠠ ᠬᠢᠬᠦ ᠪᠠ ᠰᠠᠭᠤᠷᠢ ᠲᠤᠭ᠎ᠠ ᠶᠢ ᠲᠤᠳᠤᠷᠬᠠᠢ ᠤᠶᠢᠯᠠᠭᠠᠭᠰᠠᠨ ᠤ ᠰᠠᠭᠤᠷᠢᠨ ᠲᠡᠭᠡᠷ᠎ᠡ᠂ ᠰᠤᠮᠤ ᠪᠠᠯᠭᠠᠰᠤ ᠶᠢᠨ ᠭᠡᠤᠭᠡᠳ  ᠤᠨ ᠴᠡᠴᠡᠷᠯᠢᠭ ᠡᠷᠬᠢᠯᠡᠬᠦ ᠦᠨᠳᠦᠰᠦᠨ ᠨᠦᠭᠦᠴᠡᠯ ᠤᠨ ᠲᠤᠳᠠᠭᠳᠠᠯ ᠲᠠᠢ ᠵᠦᠢᠯ ᠳᠤ ᠲᠠᠩᠰᠠ ᠪᠠᠶᠢᠭᠤᠯᠤᠭᠰᠠᠨ ᠪᠠ ᠶᠠᠳᠠᠭᠤ ᠬᠦᠴᠢᠷᠳᠡᠢ ᠰᠤᠷᠤᠭᠴᠢ ᠶᠢᠨ ᠮᠡᠲ᠋ᠧᠷᠢᠶᠠᠯ ᠤᠨ ᠳ᠋ᠠᠶᠢᠲᠨ ᠶᠢᠨ ᠬᠦᠮᠦᠷᠭᠡ᠂ ᠶᠠᠳᠠᠭᠤ ᠬᠦᠴᠢᠷᠳᠡᠢ ᠭᠡᠷ ᠪᠦᠯᠢ  ᠶᠢᠨ ᠬᠦᠳᠡᠯᠮᠦᠷᠢ ᠬᠦᠴᠦᠨ ᠤ ᠳ᠋ᠠᠶᠢᠲᠨ ᠶᠢᠨ ᠬᠦᠮᠦᠷᠭᠡ ᠶᠢ ᠪᠠᠶᠢᠭᠤᠯᠵᠤ᠂ ᠪᠦᠬᠦ ᠬᠤᠰᠢᠭᠤᠨ ᠤ ᠭᠡᠪᠴᠢᠶᠠᠨ ᠳᠠᠬᠢ ᠰᠤᠮᠤ ᠪᠠᠯᠭᠠᠰᠤ ᠨᠢᠭᠡᠪᠤᠷᠢ᠂ ᠭᠡᠤᠭᠡᠳ ᠤᠨ ᠴᠡᠴᠡᠷᠯᠢᠭ ᠨᠢᠭᠡᠪᠤᠷᠢ᠂ ᠶᠠᠳᠠᠭᠤ ᠬᠦᠴᠢᠷᠳᠡᠢ ᠭᠡᠷ ᠪᠦᠯᠢ ᠨᠢᠭᠡᠪᠤᠷᠢ᠂ ᠶᠠᠳᠠᠭᠤ ᠬᠦᠴᠢᠷᠳᠡᠢ ᠰᠤᠷᠤᠭᠴᠢ ᠨᠢᠭᠡᠪᠤᠷᠢ ᠳᠤ ᠬᠠᠷᠠᠭᠠᠯᠵᠭᠰᠠᠨ ᠰᠤᠷᠠᠭ ᠵᠠᠩᠭᠢ ᠶᠢᠨ ᠮᠠᠲ᠋ᠧᠷᠢᠶᠠᠯ ᠲᠠᠢ ᠪᠠᠶᠢᠵᠤ᠂ ᠶᠠᠳᠠᠭᠤ ᠬᠦᠴᠢᠷᠳᠡᠢ ᠭᠠᠴᠠᠭ᠎ᠠ᠂ ᠶᠠᠳᠠᠭᠤ ᠬᠦᠴᠢᠷᠳᠡᠢ ᠡᠷᠦᠭᠡ᠂ ᠭᠡᠤᠭᠡᠳ ᠤᠨ ᠴᠡᠴᠡᠷᠯᠢᠭ ᠪᠠ ᠶᠠᠳᠠᠭᠤ ᠬᠦᠴᠢᠷᠳᠡᠢ ᠰᠤᠷᠤᠭᠴᠢ ᠶᠢ ᠨᠢᠭᠡᠴᠤ ᠤᠷᠬᠢᠳᠠᠭᠤᠯᠬᠤ ᠦᠭᠡᠢ ᠪᠠᠶᠢᠬᠤ ᠶᠢ ᠪᠠᠳᠤᠯᠠᠬᠤ ᠶᠢᠨ ᠬᠠᠮᠳᠤ ᠪᠤᠳᠠᠳᠤ ᠪᠠᠶᠢᠳᠠᠯ ᠪᠠᠨ ᠦᠨᠳᠦᠰᠦᠯᠡᠨ᠂ ᠬᠦᠳᠡᠯᠦᠩᠭᠦᠢ ᠬᠠᠮᠢᠶᠠᠷᠤᠯᠳᠠ ᠬᠢᠵᠤ᠂ ᠡᠯ᠎ᠡ ᠲᠦᠷᠦᠯ ᠤᠨ ᠰᠤᠷᠭᠠᠨ ᠬᠦᠮᠦᠵᠢᠯ ᠢᠶᠠᠷ ᠶᠠᠳᠠᠭᠤ ᠶᠢ ᠲᠡᠳᠭᠦᠭᠦ ᠡᠬᠢ ᠪᠠᠶᠠᠯᠢᠭ ᠤᠨ ᠦᠢᠯᠡᠳᠤᠯ ᠢ ᠬᠠᠮᠤᠭ ᠤᠨ ᠶᠡᠭᠡ ᠭᠡᠮᠵᠢᠶ᠎ᠡ ᠪᠠᠷ ᠪᠠᠳᠠᠷᠠᠭᠤᠯᠵᠤ᠂ ᠰᠤᠷᠭᠠᠨ ᠬᠦᠮᠦᠵᠢᠯ  ᠢᠶᠠᠷ ᠨᠠᠷᠢᠯᠢᠭ ᠤᠨᠤᠪᠴᠢᠳᠠᠢ ᠪᠠᠷ ᠶᠠᠳᠠᠭᠤ ᠶᠢ ᠲᠡᠳᠭᠦᠭᠦ ᠠᠵᠢᠯ ᠤᠨ ᠯᠠᠪᠳᠠᠭᠤᠨ ᠪᠠᠳᠤᠳᠠᠢ ᠢᠶᠠᠷ ᠶᠠᠪᠤᠭᠳᠠᠬᠤ ᠶᠢ ᠪᠠᠳᠤᠯᠠᠨ᠎ᠠ᠃      ︵ᠲᠦᠷᠪᠡ︶ ᠶᠠᠷᠢᠶ᠎ᠠ ᠭᠡᠯᠡᠯᠴᠡᠭᠡ ᠪᠠᠷ ᠬᠦᠳᠦᠯᠦᠨ ᠲᠠᠭᠠᠭᠤᠯᠬᠤ ᠶᠢ ᠴᠢᠩᠭᠠᠳᠬᠠᠨ᠎ᠠ᠃ ᠰᠤᠷᠳᠠᠯ ᠤᠬᠠᠭᠤᠯᠭ᠎ᠠ  ᠶᠢᠨ ᠡᠬᠢ ᠪᠠᠶᠠᠯᠢᠭ ᠢ ᠨᠢᠭᠡᠳᠭᠡᠵᠤ᠂ ᠲᠧᠯᠸᠢᠰ᠂ ᠷᠠᠳᠢᠤ᠋᠂ ᠰᠤᠨᠢᠨ ᠰᠡᠳᠭᠦᠯ᠂ ᠭᠠᠷ ᠤᠳᠠᠰᠤᠨ ᠤ ᠴᠠᠬᠢᠮ ᠮᠡᠳᠡᠭᠡ᠂ ᠸᠢᠴᠠᠲ᠂ ᠭᠠᠷ ᠤᠳᠠᠰᠤᠨ ᠤ ᠰᠤᠨᠢᠨ᠂ ᠤᠬᠠᠭᠤᠯᠭ᠎ᠠ ᠶᠢᠨ ᠵᠢᠷᠤᠭ᠂ ᠤᠬᠠᠭᠤᠯᠭ᠎ᠠ ᠶᠢᠨ ᠬᠦᠨᠳᠡᠯᠡᠨ ᠪᠢᠴᠢᠭᠡᠰᠤ᠂ ᠰᠠᠮᠪᠠᠷ᠎ᠠ ᠶᠢᠨ ᠰᠤᠨᠢᠨ ᠵᠡᠷᠭᠡ ᠡᠯ᠎ᠡ ᠵᠦᠢᠯ ᠤᠨ ᠠᠴᠢᠶᠠᠯᠠᠪᠤᠷᠢ ᠶᠢ ᠬᠦᠢᠴᠡᠳ ᠠᠰᠢᠭᠯᠠᠨ᠂ ︽ᠲᠦᠷᠦ ᠶᠢᠨ ᠪᠤᠳᠤᠯᠭ᠎ᠠ ᠬᠦᠷᠭᠡᠭᠦ᠂ ᠬᠠᠶᠢᠷ᠎ᠠ ᠬᠠᠯᠠᠮᠵᠢ ᠬᠦᠷᠭᠡᠭᠦ᠂ ᠦᠢᠯᠡᠴᠢᠯᠡᠭᠡ ᠬᠠᠩᠭᠠᠬᠤ︾ ᠠᠵᠢᠯ ᠤᠨ ᠲᠡᠪᠴᠠᠩ ᠳᠤ ᠲᠦᠰᠢᠭᠯᠡᠵᠤ᠂ ᠰᠤᠷᠭᠠᠨ ᠬᠦᠮᠦᠵᠢᠯ ᠢᠶᠠᠷ ᠨᠠᠷᠢᠯᠢᠭ ᠤᠨᠤᠪᠴᠢᠳᠠᠢ ᠪᠠᠷ ᠶᠠᠳᠠᠭᠤ ᠶᠢ ᠲᠡᠳᠭᠦᠭᠦ ᠠᠵᠢᠯ ᠤᠨ ᠴᠢᠬᠤᠯᠠ ᠠᠴᠢ ᠬᠤᠯᠪᠤᠭᠳᠠᠯ᠂ ᠬᠠᠪᠰᠤᠷᠤᠨ ᠲᠡᠳᠭᠦᠭᠦ ᠠᠭᠤᠯᠭ᠎ᠠ ᠪᠠ ᠵᠢᠱᠢᠶᠡᠴᠢ ᠦᠢᠯᠡ ᠠᠵᠢᠯᠯᠠᠭ᠎ᠠ ᠶᠢ ᠰᠠᠶᠢᠳᠤᠷ ᠤᠬᠠᠭᠤᠯᠵᠤ᠂ ᠶᠠᠳᠠᠭᠤ ᠬᠦᠴᠢᠷᠳᠡᠢ ᠭᠠᠴᠠᠭ᠎ᠠ᠂ ᠶᠠᠳᠠᠭᠤ ᠬᠦᠴᠢᠷᠳᠡᠢ ᠡᠷᠦᠭᠡ ᠪᠠ ᠶᠠᠳᠠᠭᠤ ᠬᠦᠴᠢᠷᠳᠡᠢ ᠰᠤᠷᠤᠭᠴᠢ ᠨᠢᠭᠡᠪᠤᠷᠢ ᠳᠤ ᠬᠠᠪᠰᠤᠷᠤᠨ ᠲᠡᠳᠭᠦᠭᠦ ᠲᠦᠷᠦ ᠶᠢᠨ ᠪᠤᠳᠤᠯᠭ᠎ᠠ ᠶᠢ ᠤᠶᠢᠯᠠᠭᠠᠭᠤᠯᠵᠤ᠂ ᠬᠠᠪᠰᠤᠷᠤᠨ ᠲᠡᠳᠭᠦᠭᠦ ᠠᠷᠭ᠎ᠠ ᠪᠤᠳᠤᠯᠭ᠎ᠠ  ᠶᠢ ᠡᠵᠡᠮᠰᠢᠭᠦᠯᠦᠨ᠎ᠡ᠃ ᠦᠷᠭᠡᠨ ᠤᠯᠠᠨ ᠺᠠᠳ᠋ᠷ᠂  ᠤᠯᠠᠨ ᠲᠦᠮᠡᠨ ᠤ ᠦᠵᠡᠯ ᠰᠠᠨᠠᠭᠠᠨ ᠤ ᠲᠠᠨᠢᠯᠳᠠ ᠶᠢ  ᠤᠯᠠᠮ ᠴᠢᠨᠠᠭᠰᠢᠳᠡ ᠨᠢᠭᠡᠳᠭᠡᠵᠤ᠂ ᠰᠤᠷᠭᠠᠨ ᠬᠦᠮᠦᠵᠢᠯ ᠢᠶᠠᠷ ᠶᠠᠳᠠᠭᠤ ᠶᠢ ᠲᠡᠳᠭᠦᠭᠦ ᠪᠤᠭᠤᠮᠳᠠ ᠶᠢ ᠰᠢᠪᠳᠤᠯᠬᠤ ᠢᠳᠡᠭᠡᠯ ᠵᠤᠷᠢᠭ ᠢ ᠬᠦᠪᠴᠢᠯᠡᠨ᠂ ᠠᠵᠢᠯ ᠤᠨ ᠬᠠᠮᠳᠤᠷᠠᠯ ᠤᠨ ᠬᠦᠴᠦᠨ ᠢ ᠪᠦᠷᠢᠯᠳᠦᠭᠦᠯᠦᠨ᠎ᠡ᠃     ᠵᠢᠷᠭᠤᠭ᠎ᠠ᠂ ᠠᠵᠢᠯ ᠤᠨ ᠬᠠᠷᠢᠭᠤᠴᠠᠯᠭ᠎ᠠ ᠶᠢᠨ ᠬᠤᠪᠢᠶᠠᠷᠢ      ︽ᠦᠪᠡᠷᠳᠡᠭᠡᠨ ᠵᠠᠰᠠᠬᠤ ᠤᠷᠤᠨ ᠶᠡᠷᠦᠩᠭᠡᠢ ᠬᠠᠷᠢᠭᠤᠴᠠᠯᠭ᠎ᠠ ᠶᠢ ᠡᠭᠦᠷᠭᠡᠯᠡᠬᠦ᠂ ᠬᠤᠳᠠ ᠶᠢᠨ ᠱᠠᠳᠤᠨ ᠠᠴᠠ ᠲᠦᠯᠬᠢᠨ ᠠᠬᠢᠭᠤᠯᠬᠤ᠂ ᠬᠤᠰᠢᠭᠤ ᠱᠠᠳᠤ ᠪᠤᠳᠠᠳᠠᠶᠢᠵᠢᠭᠤᠯᠤᠨ ᠠᠳᠬᠤᠬᠤ᠂ ᠰᠤᠷᠭᠠᠭᠤᠯᠢ ᠬᠦᠷᠳᠡᠯ᠎ᠡ ᠲᠡᠮᠵᠢᠬᠦ᠂ ᠰᠤᠷᠤᠭᠴᠢ ᠬᠦᠷᠳᠡᠯ᠎ᠡ ᠲᠤᠰᠠᠯᠠᠬᠤ︾ ᠰᠤᠷᠭᠠᠨ ᠬᠦᠮᠦᠵᠢᠯ ᠢᠶᠠᠷ ᠶᠠᠳᠠᠭᠤ ᠶᠢ ᠲᠡᠳᠭᠦᠭᠦ ᠠᠵᠢᠯ ᠤᠨ ᠱᠠᠭᠠᠷᠳᠠᠯᠭ᠎ᠠ ᠶᠢ ᠦᠨᠳᠦᠰᠦᠯᠡᠨ᠂  ᠰᠤᠷᠭᠠᠨ ᠬᠦᠮᠦᠵᠢᠯ ᠢᠶᠠᠷ ᠨᠠᠷᠢᠯᠢᠭ ᠤᠨᠤᠪᠴᠢᠳᠠᠢ ᠪᠠᠷ ᠶᠠᠳᠠᠭᠤ ᠶᠢ ᠲᠡᠳᠭᠦᠭᠦ ᠠᠵᠢᠯ ᠢ ᠪᠦᠬᠦ ᠬᠤᠰᠢᠭᠤᠨ ᠤ ᠠᠵᠤ ᠠᠬᠤᠢ ᠨᠡᠶᠢᠭᠡᠮ ᠤᠨ ᠬᠦᠭᠵᠢᠯᠳᠡ ᠶᠢᠨ ᠪᠠᠶᠢᠯᠳᠤᠬᠤ ᠪᠤᠳᠤᠯᠭ᠎ᠠ ᠪᠠ ᠶᠡᠷᠦᠩᠭᠡᠢ ᠲᠦᠯᠦᠪᠵᠢᠭᠦᠯᠭᠡ ᠳᠤ ᠦᠨᠡᠨᠬᠦ ᠪᠠᠭᠳᠠᠭᠠᠨ ᠤᠷᠤᠭᠤᠯᠵᠤ᠂ ᠡᠭᠦᠷᠭᠡ ᠶᠢᠨ ᠲᠠᠩᠰᠠ ᠶᠢ ᠪᠠᠶᠢᠭᠤᠯᠤᠨ᠂ ᠠᠵᠢᠯ ᠤᠨ ᠡᠭᠦᠷᠭᠡ ᠬᠠᠷᠢᠭᠤᠴᠠᠯᠭ᠎ᠠ ᠶᠢ ᠨᠠᠷᠢᠯᠢᠭᠵᠢᠭᠤᠯᠵᠤ᠂ ᠵᠢᠷᠤᠭ ᠡᠯᠭᠦᠨ ᠨᠠᠷᠢᠯᠢᠭ ᠤᠨᠤᠪᠴᠢᠳᠠᠢ ᠠᠵᠢᠯᠯᠠᠵᠤ᠂ ᠡᠯ᠎ᠡ ᠰᠤᠷᠤᠯᠭ᠎ᠠ ᠶᠢᠨ ᠱᠠᠳᠤᠨ ᠤ ᠰᠤᠷᠭᠠᠨ ᠬᠦᠮᠦᠵᠢᠯ ᠤᠨ ᠤᠨᠴᠠᠯᠢᠭ ᠢ ᠦᠨᠳᠦᠰᠦᠯᠡᠨ᠂ ᠲᠦᠷᠦᠯ ᠵᠦᠢᠯ ᠪᠡᠯᠡ ᠮᠦᠩᠭᠦ  ᠶᠢ ᠰᠠᠶᠢᠳᠤᠷ  ᠲᠦᠯᠦᠪᠯᠡᠨ ᠨᠠᠶᠢᠳᠠᠪᠤᠷᠢᠵᠢᠭᠤᠯᠵᠤ᠂ ᠦᠨᠡᠨᠬᠦ ᠬᠡᠷᠡᠭᠵᠢᠬᠦᠯᠤᠰᠢᠬᠦᠳᠠᠢ ᠲᠦᠰᠦᠯ ᠪᠠ ᠠᠵᠢᠯ ᠤᠨ ᠲᠦᠯᠦᠪᠯᠡᠭᠡ ᠶᠢ ᠲᠤᠭᠳᠠᠭᠠᠵᠤ᠂ ᠲᠤᠭᠳᠠᠭᠰᠠᠨ ᠬᠤᠭᠤᠴᠠᠭ᠎ᠠ ᠲᠠᠢ ᠲᠤᠰᠬᠠᠢ ᠰᠡᠳᠦᠪᠳᠤ ᠬᠤᠷᠠᠯ ᠬᠢᠵᠤ᠂ ᠠᠵᠢᠯ  ᠤᠨ ᠲᠤᠮᠳᠠ ᠤᠷᠤᠰᠢᠵᠤ ᠪᠠᠶᠢᠭ᠎ᠠ ᠪᠤᠳᠠᠳᠠᠢ ᠬᠦᠴᠢᠷᠳᠡᠯ ᠪᠠ ᠠᠰᠠᠭᠤᠳᠠᠯ ᠢ ᠵᠤᠬᠢᠴᠠᠭᠤᠯᠤᠨ ᠰᠢᠢᠳᠪᠤᠷᠢᠯᠡᠨ᠎ᠡ᠃     ᠲᠤᠯᠤᠭ᠎ᠠ᠂ ︽ᠨᠢᠭᠡ ᠳᠤ ᠨᠢᠭᠡ ᠬᠠᠷᠠᠭᠠᠯᠵᠠᠬᠤ︾ ᠬᠤᠤᠰᠯᠠᠯ ᠪᠤᠯᠵᠤ ᠨᠠᠷᠢᠯᠢᠭ ᠤᠨᠤᠪᠴᠢᠳᠠᠢ ᠪᠠᠷ ᠬᠠᠪᠰᠤᠷᠤᠨ ᠲᠡᠳᠭᠦᠭᠦ ᠶᠢ ᠭᠡᠷᠡᠭᠵᠢᠭᠦᠯᠦᠨ᠎ᠡ      ᠡᠯ᠎ᠡ ᠰᠢᠭᠤᠳ ᠬᠠᠷᠢᠶ᠎ᠠ ᠨᠢᠭᠡᠴᠡ ᠠᠴᠠ ᠰᠤᠷᠭᠠᠨ ᠬᠦᠮᠦᠵᠢᠯ ᠢᠶᠠᠷ ᠨᠠᠷᠢᠯᠢᠭ ᠤᠨᠤᠪᠴᠢᠳᠠᠢ ᠪᠠᠷ ᠶᠠᠳᠠᠭᠤ ᠶᠢ ᠲᠡᠳᠭᠦᠭᠦ ᠠᠵᠢᠯ ᠢ ᠲᠡᠭᠡᠳᠤ ᠭᠡᠮᠵᠢᠶ᠎ᠡ ᠪᠠᠷ ᠴᠢᠬᠤᠯᠠᠴᠢᠯᠠᠨ᠂ ᠨᠠᠷᠢᠯᠢᠭ ᠤᠨᠤᠪᠴᠢᠳᠠᠢ ᠪᠠᠷ ᠶᠠᠳᠠᠭᠤ ᠶᠢ ᠲᠡᠳᠭᠦᠭᠦ᠂ ᠨᠠᠷᠢᠯᠢᠭ ᠤᠨᠤᠪᠴᠢᠳᠠᠢ ᠪᠠᠷ ᠶᠠᠳᠠᠭᠤ ᠠᠴᠠ ᠠᠩᠭᠢᠵᠢᠷᠠᠭᠤᠯᠬᠤ ᠠᠵᠢᠯ ᠤᠨ ᠴᠢᠬᠤᠯᠠ ᠴᠢᠨᠠᠷ ᠤᠨ ᠲᠠᠨᠢᠯᠳᠠ ᠶᠢ ᠦᠨᠡᠨᠬᠦ ᠲᠡᠭᠡᠭᠰᠢᠯᠡᠭᠦᠯᠵᠤ᠂ ᠬᠠᠷᠢᠭᠤᠴᠠᠯᠭᠠᠳᠤ ᠤᠬᠠᠮᠰᠠᠷ ᠢᠶᠠᠨ ᠲᠠᠰᠤᠷᠠᠯᠳᠠ ᠦᠬᠡᠢ ᠴᠢᠩᠭᠠᠳᠬᠠᠨ᠂ ᠨᠠᠷᠢᠯᠢᠭ ᠵᠤᠬᠢᠶᠠᠨ ᠪᠠᠶᠢᠭᠤᠯᠵᠤ᠂ ᠨᠠᠷᠢᠨ ᠬᠢᠨᠠᠮᠠᠭᠠᠢ ᠰᠦᠪᠡᠭᠴᠢᠯᠡᠨ᠂ ᠢᠳᠡᠪᠬᠢᠳᠡᠢ ᠲᠦᠯᠬᠢᠨ ᠠᠬᠢᠭᠤᠯᠤᠨ᠎ᠠ᠃ ︽ᠰᠢᠨ᠎ᠠ ᠪᠠᠷᠭᠤ ᠪᠠᠷᠠᠭᠤᠨ ᠬᠤᠰᠢᠭᠤᠨ ᠤ ᠲᠠᠩᠰᠠᠯᠠᠨ ᠺᠠᠷᠲᠯᠠᠭᠰᠠᠨ ᠶᠠᠳᠠᠭᠤ ᠬᠦᠴᠢᠷᠳᠡᠢ ᠡᠷᠦᠭᠡ ᠶᠢᠨ ︿ᠨᠢᠭᠡ ᠳᠤ ᠨᠢᠭᠡ ᠬᠠᠷᠠᠭᠠᠯᠵᠠᠬᠤ﹀ ᠬᠤᠤᠰᠯᠠᠯ ᠪᠤᠯᠵᠤ ᠬᠠᠪᠰᠤᠷᠤᠨ ᠲᠡᠳᠭᠦᠭᠦ ᠠᠷᠭ᠎ᠠ ᠭᠡᠮᠵᠢᠶ᠎ᠡ ᠶᠢᠨ ᠲᠦᠯᠦᠪᠯᠡᠭᠡ ᠶᠢᠨ ᠬᠦᠰᠦᠨᠦᠭᠳᠤ︾ ᠤᠨ ᠱᠠᠭᠠᠷᠳᠠᠯᠭ᠎ᠠ ᠶᠤᠰᠤᠭᠠᠷ᠂ ᠬᠠᠷᠢᠭᠤᠴᠠᠯᠭᠠᠳᠠᠨ ᠪᠠ ᠪᠤᠳᠠᠳᠠᠢ ᠬᠠᠷᠢᠯᠴᠠᠬᠤ ᠬᠦᠮᠦᠨ ᠢᠶᠠᠨ ᠲᠤᠳᠤᠷᠬᠠᠶᠢᠯᠠᠵᠤ᠂ ᠬᠠᠨᠳᠤᠯᠭᠠᠳᠤ ᠴᠢᠨᠠᠷ ᠲᠠᠢ ᠪᠠ ᠶᠠᠪᠤᠭᠳᠠᠵᠤ ᠪᠤᠯᠬᠤᠶᠢᠴᠠ ᠴᠢᠨᠠᠷ ᠲᠠᠢ ᠬᠠᠪᠰᠤᠷᠤᠨ ᠲᠡᠳᠭᠦᠭᠦ ᠲᠦᠯᠦᠪᠯᠡᠭᠡ ᠶᠢ ᠲᠤᠭᠳᠠᠭᠠᠨ᠎ᠠ᠃      ᠡᠯ᠎ᠡ ᠨᠢᠭᠡᠴᠡ ᠶᠢᠨ ᠬᠠᠪᠰᠤᠷᠤᠨ ᠲᠡᠳᠭᠦᠭᠦ ᠤᠳᠤᠷᠢᠳᠤᠯᠭ᠎ᠠ ᠭᠠᠷᠠᠭ ᠪᠤᠯᠭᠠᠨ ᠳᠤ ᠨᠠᠭᠠᠳᠤ ᠵᠠᠬ᠎ᠠ ᠳᠠᠭᠠᠨ ᠨᠢᠭᠡ ᠤᠳᠠᠭ᠎ᠠ ᠬᠠᠷᠠᠭᠠᠯᠵᠠᠭᠰᠠᠨ ᠶᠠᠳᠠᠭᠤ ᠡᠷᠦᠭᠡ ᠳᠤ ᠬᠦᠨᠵᠡᠬᠡᠶᠢᠷᠡᠵᠤ᠂ ᠬᠠᠪᠰᠤᠷᠤᠨ ᠲᠡᠳᠬᠦᠬᠦ ᠲᠦᠷᠦᠯ ᠵᠦᠢᠯ ᠢ ᠨᠠᠶᠢᠳᠠᠪᠤᠷᠢᠵᠢᠭᠤᠯᠤᠨ᠂ ᠬᠠᠪᠰᠤᠷᠤᠨ ᠲᠡᠳᠭᠦᠭᠦ ᠠᠵᠢᠯᠯᠠᠭ᠎ᠠ ᠦᠷᠨᠢᠭᠦᠯᠭᠦ ᠪᠠ ᠬᠠᠪᠰᠤᠷᠤᠨ ᠲᠡᠳᠭᠦᠭᠰᠡᠨ ᠦᠷ᠎ᠡ ᠪᠦᠳᠦᠮᠵᠢ ᠳᠤ ᠪᠠᠶᠢᠴᠠᠭᠠᠯᠳᠠ ᠬᠢᠵᠤ᠂ ᠬᠠᠪᠰᠤᠷᠤᠨ ᠲᠡᠳᠭᠦᠭᠦ ᠠᠵᠢᠯ ᠤᠨ ᠬᠤᠭᠤᠰᠤᠨ ᠨᠡᠷ᠎ᠡ ᠲᠡᠳᠤᠢ ᠦᠭᠡᠢ ᠪᠠᠶᠢᠬᠤ ᠶᠢ ᠪᠠᠳᠤᠯᠠᠨ᠎ᠠ᠃ ᠡᠯ᠎ᠡ ᠨᠢᠭᠡᠴᠡ ᠶᠢᠨ ᠬᠠᠷᠢᠭᠤᠴᠠᠯᠭᠠᠳᠠᠨ ᠠᠴᠠ ᠰᠠᠨᠠᠭᠠᠴᠢᠯᠠᠭ᠎ᠠ ᠲᠠᠢ ᠪᠠᠷ ᠠᠵᠢᠯᠯᠠᠵᠤ᠂ ᠢᠳᠡᠪᠬᠢᠳᠡᠢ ᠪᠠᠷ ᠴᠢᠷᠮᠠᠶᠢᠨ᠂ ᠨᠢᠭᠡᠳᠤᠯᠳᠡᠢ ᠲᠦᠯᠦᠪᠯᠡᠨ ᠵᠤᠬᠢᠴᠠᠭᠤᠯᠵᠤ᠂ ᠬᠠᠪᠰᠤᠷᠤᠨ ᠲᠡᠳᠭᠦᠭᠦ ᠠᠵᠢᠯ ᠤᠨ ᠰᠠᠭᠤᠷᠢ ᠲᠤᠭ᠎ᠠ ᠲᠤᠳᠤᠷᠬᠠᠢ᠂ ᠲᠦᠷᠦᠯ ᠵᠦᠢᠯ ᠤᠨᠤᠪᠴᠢᠳᠠᠢ᠂ ᠠᠷᠭ᠎ᠠ ᠭᠡᠮᠵᠢᠶ᠎ᠡ ᠢᠯᠡ ᠲᠤᠳᠤᠷᠬᠠᠢ᠂ ᠶᠠᠳᠠᠭᠤ ᠠᠴᠠ ᠠᠩᠭᠢᠵᠢᠷᠠᠭᠤᠯᠬᠤ ᠠᠵᠢᠯ ᠤᠨ ᠦᠷ᠎ᠡ ᠪᠦᠳᠦᠮᠵᠢ ᠦᠨᠳᠦᠷ ᠪᠠᠶᠢᠬᠤ ᠶᠢ ᠦᠨᠡᠨᠬᠦ ᠪᠡᠶᠡᠯᠡᠭᠦᠯᠦᠨ᠎ᠡ᠃
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠵᠠᠰᠠᠭ ᠤᠨ ᠣᠷᠳᠣᠨ ᠤ ᠤᠷᠴᠢᠭᠤᠯᠭ᠎ᠠ ᠶᠢᠨ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号