ᠰᠢᠨ᠎ᠡ ᠪᠠᠷᠭᠤ ᠪᠠᠷᠠᠭᠤᠨ ᠬᠤᠰᠢᠭᠤᠨ ᠤ ᠲᠤᠶᠢᠮᠤ ᠪᠠᠶᠢᠳᠠᠯ
ᠨᠡᠶᠢᠲᠡᠯᠡᠭᠰᠡᠨ ᠴᠠᠭ᠄
2017/8/13
    ᠰᠢᠨ᠎ᠠ ᠪᠠᠷᠭᠤ ᠪᠠᠷᠠᠭᠤᠨ ᠬᠤᠰᠢᠭᠤ ᠡᠭᠡ ᠤᠯᠤᠰ ᠤᠨ ᠵᠡᠭᠦᠨ ᠬᠤᠶᠢᠳᠦ ᠶᠢᠨ ᠬᠢᠯᠢ ᠬᠢᠵᠠᠭᠠᠷ ᠤᠷᠤᠨ ᠳᠤ ᠪᠠᠶᠢᠷᠢᠯᠠᠵᠦ( ᠵᠡᠭᠦᠨ ᠤᠷᠲᠤᠷᠢᠭ ᠤᠨ115º 31´—117 º 43´᠂ ᠤᠮᠠᠷᠠᠲᠦ ᠦᠷᠭᠡᠷᠢᠭ ᠤᠨ 47 º  36´—49º  50´  )᠂ ᠬᠦᠯᠦᠨ ᠪᠤᠶᠢᠷ ᠬᠤᠲᠠ ᠶᠢᠨ ᠪᠠᠷᠠᠭᠤᠨ ᠬᠡᠰᠡᠭ ᠳᠠᠬᠢ ᠳᠤᠮᠳᠠᠲᠦ ᠤᠷᠤᠰ ᠮᠤᠩᠭᠤᠯ  ᠭᠤᠷᠪᠠᠨ ᠤᠯᠤᠰ ᠤᠨ ᠠᠭᠤᠯᠵᠠᠷ ᠲᠤ ᠪᠠᠶᠢᠷᠢᠰᠢᠵᠦ᠂ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ 19 ᠬᠢᠯᠢ ᠳᠠᠭᠠᠤ ᠬᠤᠰᠢᠭᠤ ︵ᠬᠤᠲᠠ︶ ᠪᠠ 33 ᠮᠠᠯᠵᠢᠬᠤ ᠬᠤᠰᠢᠭᠤᠨ ᠤ ᠨᠢᠭᠡ ᠨᠢ ᠪᠤᠯᠤᠨ᠎ᠠ᠃     ᠬᠢᠯᠢ ᠶᠢᠨ ᠱᠤᠭᠤᠮ ᠨᠢ 515.4 ᠺᠢᠯᠤᠮᠧᠲᠷ ᠤᠷᠳᠤ ᠪᠠᠶᠢᠵᠦ᠂ ᠡᠭᠦᠨ ᠳᠤ᠂ ᠳᠤᠮᠳᠠᠲᠦ ᠮᠤᠩᠭᠤᠯ ᠤᠨ ᠬᠢᠯᠢ ᠶᠢᠨ ᠱᠤᠭᠤᠮ ᠨᠢ 467.4 ᠺᠢᠯᠤᠮᠧᠲᠷ᠂ ᠳᠤᠮᠳᠠᠲᠦ ᠤᠷᠤᠰ ᠤᠨ ᠬᠢᠯᠢ ᠶᠢᠨ ᠱᠤᠭᠤᠮ ᠨᠢ 48 ᠺᠢᠯᠤᠮᠧᠲᠷ ᠪᠠᠶᠢᠵᠦ᠂ ᠪᠦᠬᠦ ᠲᠠᠯᠠᠪᠠᠢ ᠨᠢ 2.52 ᠲᠦᠮᠡᠨ ᠳᠡᠭᠰᠢ ᠲᠦᠷᠪᠡᠯᠵᠢᠨ ᠺᠢᠯᠤᠮᠧᠲᠷ᠂ ᠪᠦᠬᠦ ᠬᠤᠰᠢᠭᠤᠨ ᠤ ᠬᠦᠮᠦᠨ ᠠᠮᠨ 4 ᠲᠦᠮᠨ ᠤᠷᠴᠢᠮ ᠪᠠᠶᠢᠵᠦ᠂ ᠮᠤᠩᠭᠤᠯ᠂ ᠬᠢᠲᠠᠳ᠂ ᠳᠠᠭᠤᠷ᠂ ᠡᠸᠡᠩᠬᠢ ᠵᠡᠷᠭᠡ ᠨᠡᠶᠢᠲᠡ 11 ᠦᠨᠳᠦᠰᠦᠲᠡᠨ ᠲᠠᠢ  ᠃ ᠡᠭᠦᠨ ᠳᠤ᠂ ᠮᠤᠩᠭᠤᠯ ᠦᠨᠳᠦᠰᠦᠲᠡᠨ ᠤ ᠬᠦᠮᠦᠨ ᠠᠮᠨ ᠶᠡᠷᠦᠩᠭᠡᠢ ᠬᠦᠮᠦᠨ ᠠᠮᠠ ᠶᠢᠨ 82% ᠠᠴᠠ ᠳᠡᠭᠡᠭᠰᠢ ᠶᠢ  ᠡᠵᠡᠯᠠᠵᠤ᠂ ᠮᠤᠩᠭᠤᠯ ᠦᠨᠳᠦᠰᠦᠲᠡᠨ ᠢᠶᠠᠷ ᠭᠤᠤᠯ ᠴᠤᠭᠴᠠ ᠪᠤᠯᠭᠠᠭᠰᠠᠨ ᠬᠢᠯᠢ ᠬᠢᠵᠠᠭᠠᠷ ᠤᠨ ᠴᠦᠬᠡᠨ ᠲᠤᠭᠠᠲᠦ ᠦᠨᠳᠦᠰᠦᠲᠡᠨ ᠤ ᠬᠤᠰᠢᠭᠤ ᠪᠤᠯᠤᠨ᠎ᠠ᠂ ᠬᠠᠷᠢᠶ᠎ᠠ ᠲᠤᠭᠤᠷᠢᠭ ᠲᠤ 3 ᠪᠠᠯᠭᠠᠰᠤ᠂ 4 ᠰᠤᠮᠤ᠂ 51 ᠭᠠᠴᠠᠭ᠎ᠠ ᠲᠠᠢ ᠪᠠᠶᠢᠵᠦ᠂ ᠮᠠᠯᠵᠢᠬᠤ ᠦᠢᠯᠡᠳᠪᠦᠷᠢᠯᠡᠯ ᠪᠠᠷ ᠭᠤᠤᠯᠯᠠᠵᠦ᠂ ᠮᠠᠯ ᠠᠵᠤ ᠠᠬᠤᠢ᠂ ᠠᠵᠤ ᠦᠢᠯᠡᠳᠪᠤᠷᠢ᠂ ᠠᠷᠠᠯᠵᠢᠶ᠎ᠠ ᠬᠤᠳᠠᠯᠳᠤᠭ᠎ᠠ ᠶᠡᠷᠦᠩᠭᠡᠶᠢᠯᠡᠨ ᠭᠦᠭᠵᠢᠭᠰᠡᠨ ᠠᠵᠤ ᠠᠬᠤᠢ ᠶᠢᠨ ᠬᠡᠯᠪᠡᠷᠢ ᠪᠦᠷᠢᠳᠦᠭᠰᠡᠨ ᠬᠤᠰᠢᠭᠤ ᠪᠤᠯᠤᠨ᠎ᠠ᠃     ᠰᠢᠨ᠎ᠠ ᠪᠠᠷᠭᠤ ᠪᠠᠷᠠᠭᠤᠨ ᠬᠤᠰᠢᠭᠤᠨ ᠤ ᠬᠢᠯᠢ ᠳᠤ ᠬᠦᠯᠦᠨ᠂ ᠪᠤᠶᠢᠷ ᠬᠤᠶᠠᠷ ᠲᠤᠮᠤ ᠨᠠᠭᠤᠷ ᠲᠠᠢ᠂ ᠬᠦᠯᠦᠨ ᠪᠤᠶᠢᠷ ᠬᠤᠲᠠ ᠶᠢᠨ ᠨᠡᠷ᠎ᠡ ᠨᠢ ᠡᠭᠦᠨ ᠠᠴᠠ ᠢᠷᠡᠯᠳᠡᠢ  ᠃ ᠬᠡᠷᠦᠯᠦᠨ᠂ ᠤᠷᠱᠤᠨ ᠬᠤᠶᠠᠷ ᠭᠤᠤᠯ ᠪᠠᠷᠠᠭᠤᠨ ᠬᠤᠰᠢᠭᠤᠨ ᠤ ᠬᠢᠯᠢ ᠲᠤᠳᠤᠷ᠎ᠠ ᠮᠤᠷᠤᠯᠵᠠᠨ ᠤᠷᠤᠰᠴᠤ᠂ ᠤᠷᠱᠤᠨ ᠭᠤᠤᠯ ᠤᠨ ᠤᠷᠤᠰᠬᠠᠯ ᠳᠤ ᠪᠦᠷᠢᠯᠳᠦᠭᠰᠡᠨ ᠤᠯᠠᠭᠠᠨᠨᠠᠭᠤᠷ ᠨᠤᠭᠤ ᠭᠠᠵᠠᠷ ᠢ ᠨᠡᠭᠦᠳᠡᠯ ᠤᠨ ᠰᠢᠪᠠᠭᠤᠳ ᠤᠨ ᠡᠬᠡ ᠨᠤᠳᠤᠭ ᠭᠡᠳᠡᠭ᠃ ᠪᠦᠬᠦ ᠬᠤᠰᠢᠭᠤᠨ ᠤ ᠭᠠᠵᠠᠷ ᠨᠤᠲᠤᠭ ᠦᠷᠭᠡᠨ ᠠᠭᠤᠳᠠᠮ᠂ ᠤᠰᠤ ᠪᠡᠯᠴᠢᠭᠡᠷ ᠦᠩ ᠰᠢᠮᠡᠯᠢᠭ᠂ ᠬᠢᠯᠢ ᠲᠤᠳᠤᠷᠠᠬᠢ ᠪᠠᠷᠭᠤ ᠶᠢᠨ ᠲᠠᠯ᠎ᠠ ᠨᠤᠲᠤᠭ ᠪᠤᠯ ᠳᠡᠯᠡᠬᠡᠢ ᠶᠢᠨ ᠵᠢᠷᠭᠤᠭᠠᠨ ᠲᠤᠮᠤ ᠬᠠᠮᠤᠭ ᠤᠨ ᠦᠵᠡᠰᠬᠦᠯᠡᠩᠲᠦ ᠲᠠᠯ᠎ᠠ ᠨᠤᠲᠤᠭ ᠤᠨ ᠨᠢᠭᠡ ᠪᠤᠯᠬᠤ ᠬᠦᠯᠦᠨ ᠪᠤᠶᠢᠷ ᠲᠠᠯ᠎ᠠ ᠨᠤᠲᠤᠭ ᠤᠨ ᠴᠢᠬᠤᠯᠠ ᠪᠦᠷᠢᠯᠳᠦᠬᠦᠨ ᠬᠡᠰᠡᠭ ᠮᠦᠨ᠃  ᠬᠤᠰᠢᠭᠤᠨ ᠤ ᠬᠢᠯᠢ ᠲᠤᠲᠤᠷ᠎ᠠ ᠦᠨᠢᠷ ᠪᠠᠶᠠᠯᠢᠭ ᠠᠭᠤᠷᠬᠠᠢ ᠶᠢᠨ ᠭᠠᠷᠤᠯᠲᠠ ᠲᠠᠢ᠂ ᠡᠬᠢ ᠰᠤᠷᠪᠤᠯᠵᠢ ᠡᠯᠪᠡᠭ ᠪᠠᠶᠢᠵᠦ᠂ ︽ᠵᠡᠭᠦᠨ ᠵᠡᠰ ᠪᠠᠷᠠᠭᠤᠨ ᠮᠦᠩᠭᠦ᠂ ᠡᠮᠦᠨ᠎ᠡ ᠴᠢᠯᠠᠭᠤᠨ ᠲᠤᠰᠤ ᠬᠤᠶᠢᠨ᠎ᠠ ᠨᠡᠭᠦᠷᠡᠰᠦ᠂ ᠭᠠᠵᠠᠷ ᠪᠦᠬᠦᠨ ᠮᠠᠨᠤ ᠴᠢᠯᠠᠭᠤ ᠲᠠᠢ︾ ᠭᠡᠳᠡᠭ ᠰᠠᠶᠢᠬᠠᠨ ᠠᠯᠳᠠᠷᠳᠠᠢ ᠪᠢᠯᠡ  ᠃
 
ᠢᠷᠡᠯᠲᠡ᠄ ᠤᠷᠴᠢᠭᠤᠯᠭ᠎ᠠ ᠶᠢᠨ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号