ᠬᠤᠰᠢᠭᠤ ᠨᠠᠮ ᠤᠨ ᠬᠤᠷᠢᠶᠠᠨ ᠤ ᠱᠦᠵᠢ ᠦ᠋ ᠬᠠᠢ ᠳ᠋ᠦᠩ ᠰᠣᠷᠭᠠᠨ ᠬᠦᠮᠦᠵᠢᠯ ᠤᠨ ᠰᠢᠰᠲ᠋ᠧᠮ ᠳᠤ ᠭᠦᠨᠵᠡᠭᠡᠶᠢᠷᠡᠨ ᠠᠵᠢᠯ ᠪᠠᠶᠢᠴᠠᠭᠠᠨ ᠵᠢᠭᠠᠨ | ᠵᠢᠯᠣᠭᠤᠳᠣᠭᠰᠠᠨ | ᠬᠠᠷᠢᠭᠤᠴᠠᠭᠰᠠᠨ ᠨᠠᠶᠢᠷᠠᠭᠤᠯᠤᠭᠴᠢ ᠶᠢᠨ ᠯᠠᠢ ᠴᠢᠥᠸᠠᠨ᠂ ᠡ᠊ ᠰᠠᠴᠠᠨ ᠤᠷᠴᠢᠭᠤᠯᠪᠠ | 2017 ᠣᠨ ᠤ 8 ᠰᠠᠷ᠎ᠠ ᠶᠢᠨ 23 ᠤ ᠦᠳᠡ ᠶᠢᠨ ᠡᠮᠦᠨ᠎ᠡ᠂ ᠬᠤᠰᠢᠭᠤ ᠨᠠᠮ ᠤᠨ ᠬᠤᠷᠢᠶᠠᠨ ᠤ ᠱᠦᠵᠢ ᠦ᠋ ᠬᠠᠢ ᠳ᠋ᠦᠩ᠂ ᠬᠤᠰᠢᠭᠤ ᠨᠠᠮ ᠤᠨ | ᠬᠤᠷᠢᠶᠠᠨ ᠤ ᠪᠠᠶᠢᠩᠭᠤ ᠶᠢᠨ ᠭᠡᠰᠢᠬᠦᠨ᠂ ᠨᠠᠮ ᠤᠨ ᠬᠤᠷᠢᠶᠠᠨ ᠤ ᠠᠯᠪᠠᠨ ᠭᠡᠷ ᠤᠨ ᠡᠷᠬᠢᠯᠡᠭᠴᠢ ᠳᠡᠮᠡᠴᠡᠯ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ | ᠭᠡᠰᠢᠬᠦᠨ᠂ ᠣᠬᠠᠭᠤᠯᠬᠤ ᠭᠡᠯᠳᠡᠰ ᠤᠨ ᠳᠠᠷᠤᠭ᠎ᠠ᠂ ᠬᠤᠰᠢᠭᠤ ᠵᠠᠰᠠᠭ ᠤᠨ ᠣᠷᠳᠣᠨ ᠤ ᠳᠡᠳ᠋ ᠬᠤᠰᠢᠭᠤᠨ ᠳᠠᠷᠤᠭ᠎ᠠ ᠬᠤᠸᠠᠩ ᠶᠣᠣ ᠪᠦᠸᠧ᠂ ᠬᠤᠰᠢᠭᠤ ᠵᠠᠰᠠᠭ | ᠤᠨ ᠣᠷᠳᠣᠨ ᠤ ᠳᠡᠳ᠋ ᠬᠤᠰᠢᠭᠤᠨ ᠳᠠᠷᠤᠭ᠎ᠠ ᠬᠠᠨᠳᠦᠰᠦ᠋ᠷᠦᠩ ᠨᠠᠷ ᠤᠨ ᠪᠠᠷ᠎ᠠ ᠪᠤᠯᠤᠯᠭ᠎ᠠ ᠲᠠᠢ ᠪᠠᠷ ᠰᠣᠷᠭᠠᠨ ᠬᠦᠮᠦᠵᠢᠯ ᠤᠨ ᠰᠢᠰᠲ᠋ᠧᠮ ᠳᠤ ᠬᠦᠨᠵᠡᠭᠡᠶᠢᠷᠠᠨ | ᠪᠠᠶᠢᠴᠠᠭᠠᠨ ᠰᠣᠳᠣᠯᠣᠯᠳᠠ ᠬᠢᠵᠤ ᠵᠢᠭᠠᠨ ᠵᠢᠯᠣᠭᠤᠳᠪᠠ᠃ | ᠪᠠᠶᠢᠴᠠᠭᠠᠨ ᠰᠣᠳᠣᠯᠣᠯᠳᠠ ᠶᠢᠨ ᠳᠣᠮᠳᠠ ᠦ᠋ ᠬᠠᠢ ᠳ᠋ᠦᠡᠭ ᠵᠡᠷᠭᠡ ᠤᠳᠤᠷᠢᠳᠤᠯᠭ᠎ᠠ ᠨᠠᠷ ᠣᠷᠢᠳ ᠬᠤᠵᠢᠳ ᠣᠷᠱᠣᠨ ᠰᠣᠷᠭᠠᠭᠤᠯᠢ᠂ ᠬᠤᠶᠠᠳᠣᠭᠠᠷ ᠪᠠᠭ᠎ᠠ | ᠰᠣᠷᠭᠠᠭᠤᠯᠢ᠂ ᠵᠠᠯᠠᠭᠤᠴᠣᠳ ᠪᠠᠭᠠᠴᠦᠳ ᠤᠨ ᠬᠦᠯ ᠪᠦᠮᠪᠦᠭᠡᠨ ᠤ ᠪᠣᠯᠪᠠᠰᠣᠷᠠᠯ ᠤᠨ ᠰᠠᠭᠤᠷᠢᠨ ᠭᠠᠵᠠᠷ᠂ ᠨᠢᠭᠡᠳᠦᠭᠡᠷ ᠪᠠᠭ᠎ᠠ ᠰᠣᠷᠭᠠᠭᠤᠯᠢ᠂ ᠭᠤᠷᠪᠠᠳᠣᠭᠠᠷ | ᠦᠨᠳᠦᠰᠦᠳᠡᠨ ᠤ ᠭᠡᠦᠭᠡᠳ ᠤᠨ ᠴᠡᠴᠡᠷᠯᠢᠭ᠂ ᠨᠢᠭᠡᠳᠦᠭᠡᠷ ᠳᠣᠮᠳᠠᠳᠣ ᠰᠣᠷᠭᠠᠭᠤᠯᠢ ᠳᠤ ᠬᠦᠨᠵᠡᠭᠡᠶᠢᠷᠠᠨ ᠪᠠᠶᠢᠳᠠᠯ ᠢ ᠣᠶᠢᠯᠠᠭᠠᠵᠦ᠂ ᠳᠦᠷᠪᠡᠨ ᠰᠠᠭᠤᠷᠢ ᠠᠯᠪᠠᠨ | ᠵᠢᠷᠣᠮ ᠤᠨ ᠰᠣᠷᠭᠠᠨ ᠬᠦᠮᠦᠵᠢᠯ ᠤᠨ ᠰᠣᠷᠭᠠᠭᠤᠯᠢ ᠶᠢᠨ ᠪᠡᠶ᠎ᠡ ᠳᠠᠮᠢᠷ ᠤᠨ ᠳᠠᠯᠠᠪᠣᠷ᠂ ᠬᠦᠳᠡᠯᠭᠡᠭᠡᠨ ᠤ ᠭᠠᠵᠠᠷ᠂ ᠵᠢᠭᠠᠨ ᠰᠣᠷᠭᠠᠬᠤ ᠠᠰᠠᠷ᠂ ᠪᠠᠶᠢᠷᠢ ᠶᠢᠨ ᠠᠰᠠᠷ | ᠵᠡᠷᠭᠡ ᠳᠤ ᠪᠣᠳᠠᠳᠠᠢ ᠭᠠᠵᠠᠷ ᠲᠤ ᠨᠢ ᠬᠦᠷᠴᠦ᠂ ᠰᠣᠷᠭᠠᠭᠤᠯᠢ ᠡᠬᠢᠯᠡᠬᠦ ᠠᠵᠢᠯ ᠢ ᠦᠷᠨᠢᠬᠦᠯᠵᠦ ᠪᠠᠶᠢᠭ᠎ᠠ ᠪᠠᠶᠢᠳᠠᠯ ᠢ ᠨᠠᠷᠢᠨ ᠬᠢᠨᠠᠮᠠᠭᠠᠢ ᠠᠰᠠᠭᠤᠨ ᠣᠶᠢᠯᠠᠭᠠᠪᠠ᠃ | ᠳᠠᠷᠠᠭ᠎ᠠ ᠨᠢ ᠨᠢᠭᠡᠳᠦᠭᠡᠷ ᠳᠣᠮᠳᠠᠳᠣ ᠰᠣᠷᠭᠠᠭᠤᠯᠢ ᠶᠢᠨ ᠬᠤᠷᠠᠯ ᠤᠨ ᠭᠡᠷ ᠲᠤ ᠰᠠᠭᠤᠳᠠᠯ ᠤᠨ ᠬᠤᠷᠠᠯ ᠬᠢᠵᠦ᠂ ᠠᠵᠢᠯ ᠤᠨ ᠬᠠᠷᠢᠭᠤ ᠮᠡᠳᠡᠭᠦᠯᠦᠯᠳᠡ ᠶᠢ ᠰᠣᠨᠣᠰᠣᠨ᠂ | ᠡᠯ᠎ᠡ ᠰᠣᠷᠭᠠᠭᠤᠯᠢ ᠶᠢᠨ ᠬᠠᠷᠢᠭᠤᠴᠠᠯᠭᠠᠳᠠᠨ ᠪᠣᠯᠣᠨ ᠰᠣᠷᠭᠠᠭᠴᠢ ᠨᠠᠷ ᠲᠠᠢ ᠰᠠᠨᠠᠯ ᠰᠣᠯᠢᠯᠴᠠᠵᠦ᠂ ᠰᠣᠷᠭᠠᠨ ᠬᠦᠮᠦᠵᠢᠯ ᠤᠨ ᠵᠢᠭᠠᠨ ᠰᠣᠷᠭᠠᠬᠤ ᠠᠵᠢᠯ ᠪᠣᠯᠣᠨ | ᠪᠡᠶ᠎ᠡ ᠳᠠᠮᠢᠷ ᠤᠨ ᠬᠢᠴᠢᠶᠡᠯᠯᠡᠭᠡ ᠶᠢ ᠨᠡᠭᠡᠭᠡᠵᠦ ᠪᠠᠶᠢᠭ᠎ᠠ ᠳᠣᠮᠳᠠ ᠣᠷᠣᠰᠢᠵᠦ ᠪᠠᠶᠢᠭ᠎ᠠ ᠭᠦᠴᠢᠷᠳᠡᠯ ᠢ ᠪᠦᠷᠢᠨ ᠭᠦᠢᠴᠡᠳ ᠣᠶᠢᠯᠠᠭᠠᠪᠠ᠃ | ᠦ᠋ ᠬᠠᠢ ᠳ᠋ᠦᠡᠭ ᠱᠦᠵᠢ ᠪᠠᠶᠢᠴᠠᠭᠠᠨ ᠰᠣᠳᠣᠯᠣᠯᠳᠠ ᠶᠢᠨ ᠳᠣᠮᠳᠠ ᠪᠠᠨ ᠮᠠᠨ ᠤ ᠬᠤᠰᠢᠭᠤᠨ ᠤ ᠰᠣᠷᠭᠠᠨ ᠬᠦᠮᠦᠵᠢᠯ ᠤᠨ ᠰᠢᠰᠲ᠋ᠧᠮ ᠤᠨ ᠠᠵᠢᠯ ᠳᠤ | ᠦᠨᠳᠦᠷ ᠦᠨᠡᠯᠡᠯᠳᠡ ᠦᠭᠴᠦ᠂ ᠭᠦᠢᠴᠡᠳ ᠦᠨᠡᠯᠠᠯᠳᠠ ᠦᠭᠬᠦᠭᠰᠡᠨ ᠤ ᠬᠠᠮᠳᠣ ᠬᠦᠰᠡᠯ ᠨᠠᠶᠢᠳᠠᠯᠭ᠎ᠠ ᠪᠠᠨ ᠳᠣᠷᠠᠳᠪᠠ᠃ ᠡᠭᠦᠨ ᠠᠴᠠ ᠬᠤᠶᠢᠰᠢᠬᠢ ᠠᠵᠢᠯ ᠤᠨ | ᠳᠣᠮᠳᠠ ᠪᠠᠨ ᠪᠦᠬᠦ ᠪᠠᠭᠰᠢ ᠠᠵᠢᠯᠳᠠᠳ ᠣᠯᠠᠮ ᠴᠢᠷᠮᠠᠶᠢᠨ ᠠᠵᠢᠯᠯᠠᠵᠦ᠂ ᠪᠠᠭᠰᠢ ᠶᠢᠨ ᠮᠣᠷᠠᠯ ᠰᠣᠷᠳᠠᠯ ᠠᠵᠢᠯ ᠤᠨ ᠪᠦᠳᠦᠭᠡᠨ ᠪᠠᠶᠢᠭᠤᠯᠣᠯᠳᠠ ᠳᠡᠭᠡᠷ᠎ᠡ ᠬᠦᠴᠦ | ᠵᠠᠷᠣᠴᠠᠭᠤᠯᠣᠨ᠂ ᠪᠠᠭᠰᠢ ᠶᠢᠨ ᠡᠷᠬᠢᠮ ᠳᠡᠭᠡᠳᠦ ᠰᠡᠳᠬᠢᠯᠭᠡ ᠶᠢ ᠬᠦᠮᠦᠵᠢᠭᠦᠯᠵᠦ᠂ ᠰᠣᠷᠭᠠᠭᠤᠯᠢ ᠶᠢᠨ ᠠᠮᠣᠷ ᠳᠦᠪᠰᠢᠨ ᠤ ᠬᠠᠮᠢᠶᠠᠷᠣᠯᠳᠠ ᠶᠢ ᠦᠷᠭᠦᠯᠵᠢᠯᠡᠨ | ᠴᠢᠩᠭᠠᠳᠬᠠᠵᠦ᠂ ᠠᠮᠣᠷ ᠳᠦᠪᠰᠢᠨ ᠤ ᠨᠣᠷᠮ᠎ᠠ ᠶᠢ ᠳᠡᠭᠡᠭᠰᠢᠯᠡᠬᠦᠯᠦᠨ ᠦᠨᠡᠨᠬᠦ ᠬᠡᠦᠭᠡᠳ ᠪᠦᠷᠢ ᠶᠢ ᠪᠦᠬᠦ ᠳᠠᠯ᠎ᠠ ᠪᠠᠷ ᠬᠦᠭᠵᠢᠬᠦᠯᠦᠨ᠂ ᠮᠠᠨ ᠤ ᠬᠤᠰᠢᠭᠤᠨ ᠤ | ᠰᠣᠷᠭᠠᠨ ᠬᠦᠮᠦᠵᠢᠯ ᠤᠨ ᠠᠵᠢᠯ ᠤᠨ ᠰᠢᠨ᠎ᠡ ᠪᠠᠶᠢᠳᠠᠯ ᠢ ᠬᠠᠮᠳᠣ ᠪᠠᠷ ᠨᠡᠭᠡᠭᠡᠰᠦᠬᠡᠢ ᠬᠡᠵᠠᠢ᠃ | | | | | | |