ᠬᠤᠰᠢᠭᠤ ᠨᠠᠮ ᠤᠨ ᠬᠤᠷᠢᠶᠠᠨ ᠤ ᠱᠦᠵᠢ ᠦ᠋ ᠬᠠᠢ ᠳ᠋ᠦᠩ ᠰᠣᠷᠭᠠᠨ ᠬᠦᠮᠦᠵᠢᠯ ᠤᠨ ᠰᠢᠰᠲ᠋ᠧᠮ ᠳᠤ ᠭᠦᠨᠵᠡᠭᠡᠶᠢᠷᠡᠨ ᠠᠵᠢᠯ ᠪᠠᠶᠢᠴᠠᠭᠠᠨ ᠵᠢᠭᠠᠨ ᠵᠢᠯᠣᠭᠤᠳᠣᠭᠰᠠᠨ
ᠨᠡᠶᠢᠲᠡᠯᠡᠭᠰᠡᠨ ᠴᠠᠭ᠄
2017/8/23
   ᠬᠤᠰᠢᠭᠤ ᠨᠠᠮ ᠤᠨ ᠬᠤᠷᠢᠶᠠᠨ ᠤ ᠱᠦᠵᠢ ᠦ᠋ ᠬᠠᠢ ᠳ᠋ᠦᠩ ᠰᠣᠷᠭᠠᠨ ᠬᠦᠮᠦᠵᠢᠯ ᠤᠨ ᠰᠢᠰᠲ᠋ᠧᠮ ᠳᠤ ᠭᠦᠨᠵᠡᠭᠡᠶᠢᠷᠡᠨ ᠠᠵᠢᠯ ᠪᠠᠶᠢᠴᠠᠭᠠᠨ ᠵᠢᠭᠠᠨ ᠵᠢᠯᠣᠭᠤᠳᠣᠭᠰᠠᠨ                   ᠬᠠᠷᠢᠭᠤᠴᠠᠭᠰᠠᠨ ᠨᠠᠶᠢᠷᠠᠭᠤᠯᠤᠭᠴᠢ ᠶᠢᠨ ᠯᠠᠢ ᠴᠢᠥᠸᠠᠨ᠂ ᠡ᠊ ᠰᠠᠴᠠᠨ ᠤᠷᠴᠢᠭᠤᠯᠪᠠ    2017 ᠣᠨ ᠤ 8 ᠰᠠᠷ᠎ᠠ ᠶᠢᠨ 23 ᠤ ᠦᠳᠡ ᠶᠢᠨ ᠡᠮᠦᠨ᠎ᠡ᠂ ᠬᠤᠰᠢᠭᠤ ᠨᠠᠮ ᠤᠨ ᠬᠤᠷᠢᠶᠠᠨ ᠤ ᠱᠦᠵᠢ ᠦ᠋ ᠬᠠᠢ ᠳ᠋ᠦᠩ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠬᠦᠨ᠂ ᠨᠠᠮ ᠤᠨ ᠬᠤᠷᠢᠶᠠᠨ ᠤ ᠠᠯᠪᠠᠨ ᠭᠡᠷ ᠤᠨ ᠡᠷᠬᠢᠯᠡᠭᠴᠢ ᠳᠡᠮᠡᠴᠡᠯ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠬᠦᠨ᠂ ᠣᠬᠠᠭᠤᠯᠬᠤ ᠭᠡᠯᠳᠡᠰ ᠤᠨ ᠳᠠᠷᠤᠭ᠎ᠠ᠂ ᠬᠤᠰᠢᠭᠤ ᠵᠠᠰᠠᠭ ᠤᠨ ᠣᠷᠳᠣᠨ ᠤ ᠳᠡᠳ᠋ ᠬᠤᠰᠢᠭᠤᠨ ᠳᠠᠷᠤᠭ᠎ᠠ ᠬᠤᠸᠠᠩ ᠶᠣᠣ ᠪᠦᠸᠧ᠂ ᠬᠤᠰᠢᠭᠤ ᠵᠠᠰᠠᠭ ᠤᠨ ᠣᠷᠳᠣᠨ ᠤ ᠳᠡᠳ᠋ ᠬᠤᠰᠢᠭᠤᠨ ᠳᠠᠷᠤᠭ᠎ᠠ ᠬᠠᠨᠳᠦᠰᠦ᠋ᠷᠦᠩ ᠨᠠᠷ ᠤᠨ ᠪᠠᠷ᠎ᠠ ᠪᠤᠯᠤᠯᠭ᠎ᠠ ᠲᠠᠢ  ᠪᠠᠷ ᠰᠣᠷᠭᠠᠨ ᠬᠦᠮᠦᠵᠢᠯ ᠤᠨ ᠰᠢᠰᠲ᠋ᠧᠮ ᠳᠤ ᠬᠦᠨᠵᠡᠭᠡᠶᠢᠷᠠᠨ ᠪᠠᠶᠢᠴᠠᠭᠠᠨ ᠰᠣᠳᠣᠯᠣᠯᠳᠠ ᠬᠢᠵᠤ ᠵᠢᠭᠠᠨ ᠵᠢᠯᠣᠭᠤᠳᠪᠠ᠃    ᠪᠠᠶᠢᠴᠠᠭᠠᠨ ᠰᠣᠳᠣᠯᠣᠯᠳᠠ ᠶᠢᠨ ᠳᠣᠮᠳᠠ ᠦ᠋  ᠬᠠᠢ ᠳ᠋ᠦᠡᠭ ᠵᠡᠷᠭᠡ ᠤᠳᠤᠷᠢᠳᠤᠯᠭ᠎ᠠ ᠨᠠᠷ ᠣᠷᠢᠳ ᠬᠤᠵᠢᠳ ᠣᠷᠱᠣᠨ ᠰᠣᠷᠭᠠᠭᠤᠯᠢ᠂ ᠬᠤᠶᠠᠳᠣᠭᠠᠷ ᠪᠠᠭ᠎ᠠ ᠰᠣᠷᠭᠠᠭᠤᠯᠢ᠂ ᠵᠠᠯᠠᠭᠤᠴᠣᠳ ᠪᠠᠭᠠᠴᠦᠳ ᠤᠨ ᠬᠦᠯ ᠪᠦᠮᠪᠦᠭᠡᠨ ᠤ ᠪᠣᠯᠪᠠᠰᠣᠷᠠᠯ ᠤᠨ ᠰᠠᠭᠤᠷᠢᠨ ᠭᠠᠵᠠᠷ᠂ ᠨᠢᠭᠡᠳᠦᠭᠡᠷ ᠪᠠᠭ᠎ᠠ ᠰᠣᠷᠭᠠᠭᠤᠯᠢ᠂ ᠭᠤᠷᠪᠠᠳᠣᠭᠠᠷ ᠦᠨᠳᠦᠰᠦᠳᠡᠨ ᠤ ᠭᠡᠦᠭᠡᠳ  ᠤᠨ ᠴᠡᠴᠡᠷᠯᠢᠭ᠂ ᠨᠢᠭᠡᠳᠦᠭᠡᠷ ᠳᠣᠮᠳᠠᠳᠣ ᠰᠣᠷᠭᠠᠭᠤᠯᠢ ᠳᠤ ᠬᠦᠨᠵᠡᠭᠡᠶᠢᠷᠠᠨ ᠪᠠᠶᠢᠳᠠᠯ ᠢ ᠣᠶᠢᠯᠠᠭᠠᠵᠦ᠂ ᠳᠦᠷᠪᠡᠨ ᠰᠠᠭᠤᠷᠢ ᠠᠯᠪᠠᠨ ᠵᠢᠷᠣᠮ ᠤᠨ ᠰᠣᠷᠭᠠᠨ ᠬᠦᠮᠦᠵᠢᠯ ᠤᠨ ᠰᠣᠷᠭᠠᠭᠤᠯᠢ ᠶᠢᠨ ᠪᠡᠶ᠎ᠡ ᠳᠠᠮᠢᠷ ᠤᠨ ᠳᠠᠯᠠᠪᠣᠷ᠂ ᠬᠦᠳᠡᠯᠭᠡᠭᠡᠨ ᠤ ᠭᠠᠵᠠᠷ᠂ ᠵᠢᠭᠠᠨ ᠰᠣᠷᠭᠠᠬᠤ ᠠᠰᠠᠷ᠂ ᠪᠠᠶᠢᠷᠢ ᠶᠢᠨ ᠠᠰᠠᠷ ᠵᠡᠷᠭᠡ ᠳᠤ ᠪᠣᠳᠠᠳᠠᠢ ᠭᠠᠵᠠᠷ ᠲᠤ ᠨᠢ ᠬᠦᠷᠴᠦ᠂ ᠰᠣᠷᠭᠠᠭᠤᠯᠢ ᠡᠬᠢᠯᠡᠬᠦ ᠠᠵᠢᠯ ᠢ ᠦᠷᠨᠢᠬᠦᠯᠵᠦ ᠪᠠᠶᠢᠭ᠎ᠠ ᠪᠠᠶᠢᠳᠠᠯ ᠢ ᠨᠠᠷᠢᠨ ᠬᠢᠨᠠᠮᠠᠭᠠᠢ ᠠᠰᠠᠭᠤᠨ ᠣᠶᠢᠯᠠᠭᠠᠪᠠ᠃ ᠳᠠᠷᠠᠭ᠎ᠠ ᠨᠢ ᠨᠢᠭᠡᠳᠦᠭᠡᠷ ᠳᠣᠮᠳᠠᠳᠣ ᠰᠣᠷᠭᠠᠭᠤᠯᠢ ᠶᠢᠨ ᠬᠤᠷᠠᠯ ᠤᠨ ᠭᠡᠷ ᠲᠤ ᠰᠠᠭᠤᠳᠠᠯ ᠤᠨ ᠬᠤᠷᠠᠯ ᠬᠢᠵᠦ᠂ ᠠᠵᠢᠯ ᠤᠨ ᠬᠠᠷᠢᠭᠤ ᠮᠡᠳᠡᠭᠦᠯᠦᠯᠳᠡ ᠶᠢ ᠰᠣᠨᠣᠰᠣᠨ᠂ ᠡᠯ᠎ᠡ ᠰᠣᠷᠭᠠᠭᠤᠯᠢ ᠶᠢᠨ ᠬᠠᠷᠢᠭᠤᠴᠠᠯᠭᠠᠳᠠᠨ ᠪᠣᠯᠣᠨ ᠰᠣᠷᠭᠠᠭᠴᠢ ᠨᠠᠷ ᠲᠠᠢ ᠰᠠᠨᠠᠯ ᠰᠣᠯᠢᠯᠴᠠᠵᠦ᠂ ᠰᠣᠷᠭᠠᠨ ᠬᠦᠮᠦᠵᠢᠯ ᠤᠨ ᠵᠢᠭᠠᠨ ᠰᠣᠷᠭᠠᠬᠤ ᠠᠵᠢᠯ ᠪᠣᠯᠣᠨ ᠪᠡᠶ᠎ᠡ ᠳᠠᠮᠢᠷ ᠤᠨ ᠬᠢᠴᠢᠶᠡᠯᠯᠡᠭᠡ ᠶᠢ ᠨᠡᠭᠡᠭᠡᠵᠦ ᠪᠠᠶᠢᠭ᠎ᠠ ᠳᠣᠮᠳᠠ ᠣᠷᠣᠰᠢᠵᠦ ᠪᠠᠶᠢᠭ᠎ᠠ ᠭᠦᠴᠢᠷᠳᠡᠯ ᠢ ᠪᠦᠷᠢᠨ ᠭᠦᠢᠴᠡᠳ ᠣᠶᠢᠯᠠᠭᠠᠪᠠ᠃    ᠦ᠋ ᠬᠠᠢ ᠳ᠋ᠦᠡᠭ ᠱᠦᠵᠢ ᠪᠠᠶᠢᠴᠠᠭᠠᠨ ᠰᠣᠳᠣᠯᠣᠯᠳᠠ ᠶᠢᠨ ᠳᠣᠮᠳᠠ ᠪᠠᠨ ᠮᠠᠨ ᠤ ᠬᠤᠰᠢᠭᠤᠨ ᠤ ᠰᠣᠷᠭᠠᠨ ᠬᠦᠮᠦᠵᠢᠯ ᠤᠨ ᠰᠢᠰᠲ᠋ᠧᠮ ᠤᠨ ᠠᠵᠢᠯ ᠳᠤ ᠦᠨᠳᠦᠷ ᠦᠨᠡᠯᠡᠯᠳᠡ ᠦᠭᠴᠦ᠂ ᠭᠦᠢᠴᠡᠳ ᠦᠨᠡᠯᠠᠯᠳᠠ ᠦᠭᠬᠦᠭᠰᠡᠨ ᠤ ᠬᠠᠮᠳᠣ ᠬᠦᠰᠡᠯ ᠨᠠᠶᠢᠳᠠᠯᠭ᠎ᠠ ᠪᠠᠨ ᠳᠣᠷᠠᠳᠪᠠ᠃ ᠡᠭᠦᠨ ᠠᠴᠠ ᠬᠤᠶᠢᠰᠢᠬᠢ ᠠᠵᠢᠯ ᠤᠨ ᠳᠣᠮᠳᠠ ᠪᠠᠨ ᠪᠦᠬᠦ ᠪᠠᠭᠰᠢ ᠠᠵᠢᠯᠳᠠᠳ ᠣᠯᠠᠮ ᠴᠢᠷᠮᠠᠶᠢᠨ ᠠᠵᠢᠯᠯᠠᠵᠦ᠂ ᠪᠠᠭᠰᠢ ᠶᠢᠨ ᠮᠣᠷᠠᠯ ᠰᠣᠷᠳᠠᠯ ᠠᠵᠢᠯ ᠤᠨ ᠪᠦᠳᠦᠭᠡᠨ ᠪᠠᠶᠢᠭᠤᠯᠣᠯᠳᠠ ᠳᠡᠭᠡᠷ᠎ᠡ ᠬᠦᠴᠦ ᠵᠠᠷᠣᠴᠠᠭᠤᠯᠣᠨ᠂ ᠪᠠᠭᠰᠢ ᠶᠢᠨ ᠡᠷᠬᠢᠮ ᠳᠡᠭᠡᠳᠦ ᠰᠡᠳᠬᠢᠯᠭᠡ ᠶᠢ ᠬᠦᠮᠦᠵᠢᠭᠦᠯᠵᠦ᠂ ᠰᠣᠷᠭᠠᠭᠤᠯᠢ  ᠶᠢᠨ ᠠᠮᠣᠷ ᠳᠦᠪᠰᠢᠨ ᠤ ᠬᠠᠮᠢᠶᠠᠷᠣᠯᠳᠠ ᠶᠢ ᠦᠷᠭᠦᠯᠵᠢᠯᠡᠨ ᠴᠢᠩᠭᠠᠳᠬᠠᠵᠦ᠂ ᠠᠮᠣᠷ ᠳᠦᠪᠰᠢᠨ ᠤ ᠨᠣᠷᠮ᠎ᠠ ᠶᠢ ᠳᠡᠭᠡᠭᠰᠢᠯᠡᠬᠦᠯᠦᠨ ᠦᠨᠡᠨᠬᠦ ᠬᠡᠦᠭᠡᠳ ᠪᠦᠷᠢ ᠶᠢ ᠪᠦᠬᠦ ᠳᠠᠯ᠎ᠠ ᠪᠠᠷ ᠬᠦᠭᠵᠢᠬᠦᠯᠦᠨ᠂ ᠮᠠᠨ ᠤ ᠬᠤᠰᠢᠭᠤᠨ ᠤ ᠰᠣᠷᠭᠠᠨ ᠬᠦᠮᠦᠵᠢᠯ ᠤᠨ ᠠᠵᠢᠯ ᠤᠨ ᠰᠢᠨ᠎ᠡ ᠪᠠᠶᠢᠳᠠᠯ ᠢ ᠬᠠᠮᠳᠣ ᠪᠠᠷ ᠨᠡᠭᠡᠭᠡᠰᠦᠬᠡᠢ ᠬᠡᠵᠠᠢ᠃
 
 
ᠢᠷᠡᠯᠲᠡ᠄ ᠰᠤᠷᠭᠠᠨ ᠬᠦᠮᠦᠵᠢᠯ ᠤᠨ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号