ᠮᠠᠯᠴᠢᠨ ᠲᠠᠷᠢᠶᠠᠴᠢᠨ ᠬᠦᠯᠦᠰᠦᠨ ᠠᠵᠢᠯᠴᠢᠨ ᠳᠤ ᠦᠷᠢᠳᠤᠵᠤ ᠪᠠᠶᠢᠭ᠎ᠠ ᠬᠦᠯᠦᠰᠦ ᠤᠯᠭᠤᠮᠵᠢ ᠶᠢᠨ ᠠᠰᠠᠭᠤᠳᠠᠯ ᠢ ᠪᠦᠬᠦ ᠲᠠᠯ᠎ᠠ ᠪᠠᠷ ᠵᠠᠰᠠᠨ ᠴᠡᠭᠴᠡᠯᠡᠭᠦ ᠶᠢᠨ ᠰᠢᠨ᠎ᠠ ᠪᠠᠷᠭᠤ ᠪᠠᠷᠠᠭᠤᠨ ᠬᠤᠰᠢᠭᠤᠨ ᠤ ᠭᠡᠷᠡᠭᠵᠢᠭᠦᠯᠬᠦ ᠲᠦᠰᠦᠯ ᠤᠨ ᠲᠤᠬᠠᠢ ᠮᠡᠳᠡᠭᠳᠡᠯ
ᠨᠡᠶᠢᠲᠡᠯᠡᠭᠰᠡᠨ ᠴᠠᠭ᠄
2017/8/9
    ᠮᠠᠯᠴᠢᠨ ᠲᠠᠷᠢᠶᠠᠴᠢᠨ ᠬᠦᠯᠦᠰᠦᠨ ᠠᠵᠢᠯᠴᠢᠨ ᠳᠤ ᠦᠷᠢᠳᠤᠵᠤ ᠪᠠᠶᠢᠭ᠎ᠠ ᠬᠦᠯᠦᠰᠦ ᠤᠯᠭᠤᠮᠵᠢ ᠶᠢᠨ ᠠᠰᠠᠭᠤᠳᠠᠯ ᠢ ᠪᠦᠬᠦ  ᠲᠠᠯ᠎ᠠ ᠪᠠᠷ ᠵᠠᠰᠠᠨ ᠴᠡᠭᠴᠡᠯᠡᠭᠦ ᠶᠢᠨ ᠰᠢᠨ᠎ᠠ ᠪᠠᠷᠭᠤ ᠪᠠᠷᠠᠭᠤᠨ ᠬᠤᠰᠢᠭᠤᠨ ᠤ ᠭᠡᠷᠡᠭᠵᠢᠭᠦᠯᠬᠦ ᠲᠦᠰᠦᠯ ᠤᠨ ᠲᠤᠬᠠᠢ ᠮᠡᠳᠡᠭᠳᠡᠯ       ᠲᠠᠷᠢᠶᠠᠴᠢᠨ ᠬᠦᠯᠦᠰᠦᠨ ᠠᠵᠢᠯᠴᠢᠨ ᠳᠤ ᠦᠷᠢᠳᠤᠵᠤ ᠪᠠᠶᠢᠭ᠎ᠠ ᠬᠦᠯᠦᠰᠦ ᠤᠯᠭᠤᠮᠵᠢ ᠶᠢᠨ ᠠᠰᠠᠭᠤᠳᠠᠯ ᠢ ᠪᠦᠬᠦ ᠲᠠᠯ᠎ᠠ ᠪᠠᠷ ᠵᠠᠰᠠᠨ ᠴᠡᠭᠴᠡᠯᠡᠭᠦ ᠲᠤᠬᠠᠢ ︽ᠲᠦᠷᠦ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠭᠢᠮ ᠤᠨ ᠰᠠᠨᠠᠯ︾ ︵ᠲᠦᠷᠦ ᠠᠯᠪᠠᠨ ᠲᠠᠷᠬᠠᠭᠠᠭᠰᠠᠨ ﹇2016﹈ 1 ᠳ᠋ᠤᠭᠡᠷ ᠲᠤᠭᠠᠲᠦ︶᠂ ᠡᠶ᠎ᠡ ᠵᠤᠬᠢᠴᠠᠩᠭᠤᠢ ᠬᠦᠳᠡᠯᠮᠦᠷᠢ ᠶᠢᠨ ᠬᠠᠷᠢᠴᠠᠭ᠎ᠠ ᠶᠢ ᠴᠤᠭᠴᠠᠯᠠᠨ ᠪᠠᠶᠢᠭᠤᠯᠬᠤ ᠲᠤᠬᠠᠢ ︽ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠦᠪᠡᠷᠳᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠭᠡᠷᠡᠭᠵᠢᠭᠦᠯᠭᠦ ᠰᠠᠨᠠᠯ︾ ︵ᠦᠪᠦᠷ ᠨᠠᠮ ᠲᠠᠷᠬᠠᠭᠠᠭᠰᠠᠨ ﹇2015﹈ 22 ᠳ᠋ᠤᠭᠠᠷ ᠲᠤᠭᠠᠳᠤ︶᠂ ᠮᠠᠯᠴᠢᠨ ᠲᠠᠷᠢᠶᠠᠴᠢᠨ ᠬᠦᠯᠦᠰᠦᠨ ᠠᠵᠢᠯᠴᠢᠨ ᠳᠤ ᠦᠷᠢᠳᠤᠵᠤ ᠪᠠᠶᠢᠭ᠎ᠠ ᠬᠦᠯᠦᠰᠦ ᠤᠯᠭᠤᠮᠵᠢ ᠶᠢᠨ ᠠᠰᠠᠭᠤᠳᠠᠯ ᠢ ᠪᠦᠬᠦ ᠲᠠᠯ᠎ᠠ ᠪᠠᠷ ᠵᠠᠰᠠᠨ ᠴᠡᠭᠴᠡᠯᠡᠬᠦ ᠲᠤᠬᠠᠢ ︽ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠠᠯᠪᠠᠨ ᠲᠢᠩᠭᠢᠮ ᠤᠨ ᠭᠡᠷᠡᠭᠵᠢᠭᠦᠯᠭᠦ ᠰᠠᠨᠠᠯ︾ ︵ᠦᠪᠦᠷ ᠵᠠᠰᠠᠭ ᠠᠯᠪᠠᠨ ᠲᠠᠷᠬᠠᠭᠠᠭᠰᠠᠨ ﹇2016﹈ 120 ᠳ᠋ᠤᠭᠠᠷ ᠲᠤᠭᠠᠳᠤ︶ ᠪᠠ ᠡᠶ᠎ᠡ ᠵᠤᠬᠢᠴᠠᠩᠭᠤᠢ ᠬᠦᠳᠡᠯᠮᠦᠷᠢ ᠶᠢᠨ ᠬᠠᠷᠢᠴᠠᠭ᠎ᠠ ᠶᠢ ᠴᠤᠭᠴᠠᠯᠠᠨ ᠪᠠᠶᠢᠭᠤᠯᠬᠤ ᠲᠤᠬᠠᠢ ︽ᠬᠦᠯᠦᠨ ᠪᠤᠶᠢᠷ ᠬᠤᠳᠠ ᠶᠢᠨ ᠨᠠᠮ ᠤᠨ ᠬᠤᠷᠢᠶ᠎ᠠ᠂ ᠬᠤᠳᠠ ᠶᠢᠨ ᠠᠷᠠᠳ ᠤᠨ ᠵᠠᠰᠠᠭ ᠤᠨ ᠤᠷᠳᠤᠨ ︿ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠦᠪᠡᠷᠳᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠭᠡᠷᠡᠭᠵᠢᠭᠦᠯᠭᠦ ᠰᠠᠨᠠᠯ﹀ ᠢ ᠲᠤᠤᠱᠯᠠᠭᠤᠯᠤᠨ ᠨᠠᠶᠢᠳᠠᠪᠤᠷᠢᠵᠢᠭᠤᠯᠬᠤ ᠲᠤᠬᠠᠢ ᠰᠠᠨᠠᠯ ᠤᠳ︾ ︵ᠬᠦᠯᠦᠨ ᠨᠠᠮ ᠲᠠᠷᠬᠠᠭᠠᠭᠰᠠᠨ ﹇2016﹈ 19 ᠳ᠋ᠤᠭᠡᠷ ᠲᠤᠭᠠᠳᠤ︶ ᠤᠨ ᠵᠤᠷᠢᠭ ᠰᠠᠨᠠᠭ᠎ᠠ ᠶᠢ ᠦᠨᠳᠤᠰᠦᠯᠡᠵᠤ᠂ ᠮᠠᠯᠴᠢᠨ ᠲᠠᠷᠢᠶᠠᠴᠢᠨ ᠬᠦᠯᠦᠰᠦᠨ ᠠᠵᠢᠯᠴᠢᠨ ᠳᠤ ᠦᠷᠢᠳᠤᠵᠤ ᠪᠠᠶᠢᠭ᠎ᠠ ᠬᠦᠯᠦᠰᠦ ᠤᠯᠭᠤᠮᠵᠢ ᠶᠢᠨ ᠠᠰᠠᠭᠤᠳᠠᠯ ᠢ ᠪᠦᠬᠦ ᠲᠠᠯ᠎ᠠ ᠪᠠᠷ ᠵᠠᠰᠠᠨ ᠴᠡᠭᠴᠡᠯᠡᠬᠦ ᠶᠢᠨ ᠲᠦᠯᠦᠭᠡ᠂ ᠮᠠᠨ ᠤ ᠬᠤᠰᠢᠭᠤᠨ ᠤ ᠪᠤᠳᠠᠳᠤ ᠪᠠᠶᠢᠳᠠᠯ ᠲᠠᠢ ᠪᠠᠨ ᠤᠶᠠᠯᠳᠤᠭᠤᠯᠤᠨ᠂ ᠤᠨᠴᠠᠭᠠᠶᠢᠯᠠᠨ ᠲᠤᠰ ᠲᠦᠰᠦᠯ ᠢ ᠲᠤᠭᠳᠠᠭᠠᠪᠠ᠃    ᠨᠢᠭᠡ᠂ ᠶᠡᠷᠦᠩᠭᠡᠢ ᠱᠠᠭᠠᠷᠳᠠᠯᠭ᠎ᠠ    ︵ᠨᠢᠭᠡ︶ ᠵᠢᠯᠤᠭᠤᠳᠬᠤ ᠦᠵᠡᠯ ᠰᠠᠨᠠᠭ᠎ᠠ    ︽ᠲᠠᠪᠤ ᠶᠢ ᠨᠢᠭᠡ ᠴᠤᠭᠴᠠᠵᠢᠭᠤᠯᠬᠤ︾ ᠶᠡᠷᠦᠩᠭᠡᠢ ᠪᠠᠶᠢᠷᠢᠯᠠᠭᠤᠯᠤᠯᠳᠠ᠂ ︽ᠲᠦᠷᠪᠡᠨ ᠪᠦᠬᠦ ᠲᠠᠯ᠎ᠠ︾ ᠶᠢᠨ ᠪᠠᠶᠢᠯᠳᠤᠬᠤ ᠪᠤᠳᠤᠯᠭ᠎ᠠ ᠶᠢᠨ ᠪᠠᠶᠢᠷᠢᠯᠠᠭᠤᠯᠤᠯᠳᠠ ᠪᠠ ᠨᠠᠮ ᠤᠨ ᠲᠦᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶᠠᠨ ᠤ ᠴᠢᠬᠤᠯᠠ ᠰᠢᠢᠳᠪᠤᠷᠢᠳᠤ ᠪᠤᠳᠤᠯᠭ᠎ᠠ ᠶᠢᠨ ᠲᠤᠬᠢᠷᠠᠭᠤᠯᠭ᠎ᠠ ᠶᠤᠰᠤᠭᠠᠷ᠂ ᠰᠢᠨ᠎ᠠ ᠶᠢ ᠡᠭᠦᠳᠭᠦ᠂ ᠬᠠᠮᠵᠢᠨ ᠵᠤᠬᠢᠴᠠᠭᠤᠯᠬᠤ᠂ ᠪᠤᠬᠢᠷᠳᠤᠯ ᠦᠭᠡᠢ᠂ ᠨᠡᠭᠡᠭᠡᠯᠳᠡ ᠲᠠᠢ᠂ ᠬᠠᠮᠳᠤᠪᠠᠷ ᠡᠳ᠋ᠯᠡᠬᠦ ᠭᠦᠭᠵᠢᠯᠳᠡ ᠶᠢᠨ ᠦᠵᠡᠯᠳᠡ  ᠶᠢ ᠪᠠᠳᠤ ᠪᠠᠬᠢ ᠪᠤᠢ ᠪᠤᠯᠭᠠᠨ᠂ ᠮᠠᠯᠴᠢᠨ ᠲᠠᠷᠢᠶᠠᠴᠢᠨ ᠬᠦᠯᠦᠰᠦᠨ ᠠᠵᠢᠯᠴᠢᠨ ᠤ ᠬᠦᠳᠡᠯᠮᠦᠷᠢ ᠶᠢᠨ ᠤᠯᠵᠠᠪᠤᠷᠢ ᠶᠢ ᠬᠠᠮᠠᠭᠠᠯᠠᠬᠤ ᠲᠤᠭᠤᠷᠢᠨ ᠳᠤ᠂ ᠬᠦᠯᠦᠰᠦ ᠤᠯᠭᠤᠮᠵᠢ ᠦᠭᠭᠦ ᠦᠢᠯᠡ ᠠᠵᠢᠯᠯᠠᠭ᠎ᠠ ᠪᠠᠨ ᠲᠦᠷᠢᠮᠵᠢᠭᠦᠯᠵᠤ᠂ ᠵᠠᠬ᠎ᠠ ᠲᠡᠯᠭᠡᠭᠦᠷ ᠤᠨ ᠤᠷᠴᠢᠨ ᠲᠤᠭᠤᠷᠢᠨ ᠢ ᠰᠢᠯᠢᠳᠡᠭᠵᠢᠭᠦᠯᠦᠨ᠂ ᠬᠢᠨᠠᠨ ᠬᠠᠮᠢᠶᠠᠷᠬᠤ ᠬᠠᠷᠢᠭᠤᠴᠠᠯᠭ᠎ᠠ ᠪᠠᠨ ᠴᠢᠩᠭᠠᠳᠬᠠᠵᠤ᠂ ᠮᠠᠯᠴᠢᠨ ᠲᠠᠷᠢᠶᠠᠴᠢᠨ ᠬᠦᠯᠦᠰᠦᠨ ᠠᠵᠢᠯᠴᠢᠨ ᠳᠤ ᠦᠷᠢᠳᠤᠭ᠍ᠰᠡᠨ ᠬᠦᠯᠦᠰᠦ ᠤᠯᠭᠤᠮᠵᠢ ᠶᠢᠨ ᠠᠰᠠᠭᠤᠳᠠᠯ ᠡᠭᠦᠰᠭᠦ ᠶᠢ ᠰᠡᠷᠭᠡᠶᠢᠯᠡᠬᠦ ᠪᠠ ᠰᠢᠢᠳᠪᠤᠷᠢᠯᠡᠬᠦ ᠬᠤᠭᠤᠴᠠᠭᠠᠨ ᠤ ᠬᠦᠴᠦᠨ ᠪᠦᠬᠦᠢ ᠲᠤᠭᠳᠠᠴᠠ ᠶᠢ ᠲᠠᠭᠦᠯᠳᠡᠷᠵᠢᠭᠦᠯᠦᠨ᠂ ᠮᠠᠯᠴᠢᠨ ᠲᠠᠷᠢᠶᠠᠴᠢᠨ ᠬᠦᠯᠦᠰᠦᠨ ᠠᠵᠢᠯᠴᠢᠨ ᠤ ᠬᠦᠳᠡᠯᠮᠦᠷᠢ ᠶᠢᠨ ᠬᠦᠯᠦᠰᠦ ᠤᠯᠭᠤᠮᠵᠢ ᠶᠢᠨ ᠡᠷᠭᠡ ᠠᠰᠢᠭ ᠶᠢ ᠦᠨᠡᠨᠬᠦ ᠪᠠᠳᠤᠯᠠᠵᠤ᠂ ᠨᠡᠶᠢᠭᠡᠮ ᠤᠨ ᠲᠦᠪ ᠭᠤᠤᠯᠴᠢ ᠪᠠᠶᠢᠬᠤ ᠶᠢ ᠬᠠᠮᠠᠭᠠᠯᠠᠵᠤ᠂ ᠨᠡᠶᠢᠭᠡᠮ ᠤᠨ ᠡᠶ᠎ᠡ ᠵᠤᠬᠢᠴᠠᠩᠭᠤᠢ ᠠᠮᠦᠷ ᠲᠤᠭᠳᠠᠭᠤᠨ ᠢ ᠠᠬᠢᠭᠤᠯᠤᠨ᠎ᠠ᠃    ︵ᠬᠤᠶᠠᠷ︶ ᠦᠨᠳᠤᠰᠤᠨ ᠵᠠᠷᠴᠢᠮ    1᠂ ᠦᠩᠭᠡ ᠪᠠ ᠦᠨᠳᠤᠰᠤ ᠶᠢ ᠬᠠᠮᠳᠤ ᠳᠤᠨᠢ ᠵᠠᠰᠠᠬᠤ ᠶᠢ ᠪᠠᠷᠢᠮᠳᠠᠯᠠᠵᠤ᠂ ᠭᠤᠤᠯ ᠨᠢ ᠦᠨᠳᠤᠰᠤ ᠶᠢ ᠨᠢ ᠵᠠᠰᠠᠬᠤ ᠳᠤ ᠪᠤᠢ᠃ ᠢᠨᠵᠧᠨᠧᠷᠢᠩ ᠤᠨ ᠪᠦᠳᠦᠭᠡᠨ ᠪᠠᠶᠢᠭᠤᠯᠤᠯᠳᠠ ᠶᠢᠨ ᠲᠦᠷᠦᠯ ᠵᠦᠢᠯ ᠢ ᠲᠦᠰᠢᠭᠯᠡᠨ ᠲᠠᠭᠠᠭᠠᠴᠢᠯᠠᠭᠤᠯᠬᠤ᠂ ᠬᠠᠤᠯᠢ ᠶᠢ ᠵᠦᠷᠢᠴᠡᠨ ᠲᠠᠭᠠᠭᠠᠴᠢᠯᠠᠭᠤᠯᠬᠤ᠂ ᠬᠤᠪᠢᠶᠠᠨ ᠲᠠᠭᠠᠭᠠᠴᠢᠯᠠᠭᠤᠯᠬᠤ ᠵᠡᠷᠭᠡ ᠭᠤᠤᠯ ᠪᠤᠯᠬᠤ ᠭᠤᠭᠴᠤᠭ᠎ᠠ ᠶᠢ ᠠᠳᠬᠤᠵᠤ᠂ ᠡᠳᠤᠷ ᠲᠤᠳᠤᠮ ᠤᠨ ᠬᠢᠨᠠᠨ ᠬᠠᠮᠢᠶᠠᠷᠤᠯᠳᠠ ᠪᠠᠨ ᠴᠢᠩᠭᠠᠳᠬᠠᠵᠤ᠂ ᠲᠡᠤᠬᠡᠨ  ᠤ ᠦᠷᠢ ᠰᠢᠷᠢ ᠶᠢ ᠴᠡᠪᠡᠷᠯᠡᠨ᠂ ᠡᠬᠢ ᠢᠷᠡᠯᠳᠡ ᠠᠴᠠ ᠨᠢ ᠵᠠᠰᠠᠨ ᠴᠡᠭᠴᠡᠯᠡᠬᠦ ᠶᠢ ᠭᠡᠷᠡᠭᠵᠢᠭᠦᠯᠦᠨ᠎ᠠ᠃ ᠮᠠᠯᠴᠢᠨ ᠲᠠᠷᠢᠶᠠᠴᠢᠨ ᠬᠦᠯᠦᠰᠦᠨ ᠠᠵᠢᠯᠴᠢᠨ ᠤ ᠬᠦᠯᠦᠰᠦ ᠤᠯᠭᠤᠮᠵᠢ ᠦᠭᠭᠦ ᠶᠢ ᠪᠠᠳᠤᠯᠠᠬᠤ ᠲᠦᠷᠢᠮ ᠶᠢ ᠪᠦᠷᠢᠨᠰᠢᠭᠦᠯᠦᠨ ᠲᠡᠭᠦᠯᠳᠡᠷᠵᠢᠭᠦᠯᠵᠤ᠂ ᠬᠦᠯᠦᠰᠦ ᠤᠯᠭᠤᠮᠵᠢ ᠶᠢ ᠴᠠᠭ ᠲᠤᠬᠠᠢ ᠳᠤᠨᠢ ᠲᠤᠭ᠎ᠠ ᠶᠤᠰᠤᠭᠠᠷ ᠲᠠᠷᠬᠠᠭᠠᠨ ᠦᠭᠭᠦ ᠶᠢ ᠪᠠᠳᠤᠯᠠᠨ᠎ᠠ᠃    2᠂ ᠬᠠᠷᠢᠭᠤᠴᠠᠯᠭ᠎ᠠ ᠪᠠᠨ ᠲᠤᠳᠤᠷᠬᠠᠢ ᠪᠠᠶᠢᠯᠭᠠᠬᠤ ᠶᠢ ᠪᠠᠷᠢᠮᠳᠠᠯᠠᠵᠤ᠂ ᠬᠢᠨᠠᠨ ᠬᠠᠮᠢᠶᠠᠷᠤᠯᠳᠠ ᠪᠠᠨ ᠴᠢᠩᠭᠠᠳᠬᠠᠨ᠎ᠠ᠃ ᠬᠢᠨᠠᠨ ᠬᠠᠮᠢᠶᠠᠷᠬᠤ ᠬᠠᠷᠢᠭᠤᠴᠠᠯᠭ᠎ᠠ ᠪᠠᠨ ᠲᠤᠳᠤᠷᠬᠠᠶᠢᠯᠠᠵᠤ᠂ ᠬᠠᠷᠢᠶ᠎ᠠ ᠤᠷᠤᠨ ᠤ ᠬᠠᠮᠢᠶᠠᠷᠤᠯᠳᠠ ᠂ ᠲᠡᠰ ᠬᠤᠪᠢᠶᠠᠨ ᠬᠠᠷᠢᠭᠤᠴᠠᠬᠤ ᠪᠠ ᠬᠡᠨ ᠭᠤᠤᠯ ᠬᠠᠮᠢᠶᠠᠷᠪᠠᠯ᠂ ᠭᠡᠨ ᠬᠠᠷᠢᠭᠤᠴᠠᠬᠤ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠦᠪᠡᠷ ᠦᠪᠡᠷ ᠤᠨ ᠬᠠᠷᠢᠭᠤᠴᠠᠯᠭ᠎ᠠ ᠪᠠᠨ ᠡᠭᠦᠷᠭᠡᠯᠡᠵᠤ᠂ ᠬᠢᠨᠠᠨ ᠬᠠᠮᠢᠶᠠᠷᠬᠤ ᠬᠠᠮᠳᠤᠷᠠᠯ ᠤᠨ ᠬᠦᠴᠦᠨ ᠢ ᠪᠤᠢ ᠪᠤᠯᠭᠠᠨ᠎ᠠ᠃ ᠬᠦᠯᠦᠰᠦ ᠤᠯᠭᠤᠮᠵᠢ ᠦᠭᠭᠦ ᠭᠤᠤᠯ ᠴᠤᠭᠴᠠ ᠶᠢᠨ ᠬᠠᠷᠢᠭᠤᠴᠠᠯᠭ᠎ᠠ ᠶᠢ ᠲᠤᠳᠤᠷᠬᠠᠶᠢᠯᠠᠵᠤ᠂ ᠬᠠᠷᠢᠭᠤᠴᠠᠯᠭ᠎ᠠ ᠪᠠᠨ ᠨᠠᠶᠢᠳᠡᠪᠤᠷᠢᠵᠢᠭᠤᠯᠬᠤ ᠶᠢ ᠴᠢᠩᠭᠠᠳᠬᠠᠵᠤ᠂ ᠠᠵᠢᠯ ᠪᠠᠨ ᠪᠦᠬᠦ ᠲᠠᠯ᠎ᠠ ᠪᠠᠷ ᠵᠠᠰᠠᠬᠤ ᠪᠦᠬᠦᠯᠢ ᠴᠤᠭᠴᠠ ᠶᠢᠨ ᠬᠠᠮᠳᠤᠷᠠᠯ ᠶᠢᠨ ᠬᠦᠴᠦᠨ ᠢ ᠪᠤᠢ ᠪᠤᠯᠭᠠᠨ᠎ᠠ᠃    3᠂ ᠬᠠᠤᠯᠢ ᠪᠠᠷ ᠵᠠᠰᠠᠬᠤ ᠶᠢ ᠪᠠᠷᠢᠮᠳᠠᠯᠠᠵᠤ᠂ ᠠᠷᠭ᠎ᠠ ᠵᠠᠮ ᠢ ᠰᠠᠭᠠᠳ ᠦᠭᠡᠢ ᠪᠠᠶᠢᠯᠭᠠᠨ᠎ᠠ᠃ ᠵᠠᠰᠠᠭ ᠵᠠᠬᠢᠷᠭᠠᠨ  ᠤ ᠬᠠᠤᠯᠢ ᠭᠡᠷᠡᠭᠵᠢᠭᠦᠯᠭᠦ᠂ ᠡᠶᠡᠳᠡᠭᠦᠯᠦᠨ ᠬᠦᠨᠳᠡᠯᠡᠨ ᠠᠴᠠ ᠲᠠᠰᠤᠯᠬᠤ ᠪᠠ ᠢᠷᠭᠡᠨ ᠤ ᠭᠡᠷᠡᠭ ᠤᠨ ᠬᠠᠤᠯᠢ ᠴᠠᠭᠠᠵᠠ  ᠶᠢᠨ ᠭᠡᠪᠴᠢᠶ᠎ᠡ ᠶᠢ ᠲᠤᠳᠤᠷᠬᠠᠶᠢᠯᠠᠵᠤ᠂ ᠡᠳᠤᠷ ᠲᠤᠳᠤᠮ ᠤᠨ ᠪᠠᠶᠢᠴᠠᠭᠠᠯᠳᠠ ᠶᠢ ᠴᠢᠩᠭᠠᠳᠬᠠᠵᠤ᠂ ᠠᠵᠤ ᠠᠬᠤᠶᠢᠯᠠᠯ ᠪᠠ ᠮᠠᠯᠴᠢᠨ ᠲᠠᠷᠢᠶᠠᠴᠢᠨ ᠬᠦᠯᠦᠰᠦᠨ ᠠᠵᠢᠯᠴᠢᠨ ᠢ ᠰᠠᠨᠠᠭᠠᠴᠢᠯᠠᠭ᠎ᠠ ᠲᠠᠢ ᠪᠠᠷ ᠭᠦᠳᠦᠯᠦᠨ ᠲᠠᠭᠠᠭᠤᠯᠵᠤ ᠰᠢᠢᠳᠪᠤᠷᠢᠯᠡᠨ᠎ᠡ᠃ ᠦᠷᠢᠳᠤᠵᠤ ᠪᠠᠶᠢᠭ᠎ᠠ ᠬᠦᠯᠦᠰᠤ ᠤᠯᠭᠤᠮᠵᠢ ᠶᠢᠨ ᠠᠰᠠᠭᠤᠳᠠᠯ ᠢᠶᠠᠨ ᠬᠠᠤᠯᠢ ᠶᠤᠰᠤᠭᠠᠷ ᠪᠠ ᠤᠶᠤᠨᠴᠢ ᠪᠠᠷ ᠰᠢᠢᠳᠪᠤᠷᠢᠯᠡᠨ᠎ᠡ᠃    ︵ᠭᠤᠷᠪᠠ︶ ᠬᠠᠷᠠᠯᠳᠠ ᠡᠭᠦᠷᠭᠡ ᠵᠢᠴᠢ ᠠᠯᠬᠤᠮ ᠲᠠᠷᠠᠭ᠎ᠠ    ᠬᠤᠳᠠ ᠬᠦᠳᠡᠭᠡ ᠶᠢᠨ ᠪᠦᠳᠦᠭᠡᠨ ᠪᠠᠶᠢᠭᠤᠯᠤᠯᠳᠠ᠂ ᠵᠠᠮ ᠬᠠᠷᠢᠯᠴᠠᠭ᠎ᠠ᠂ ᠤᠢ ᠰᠢᠭᠤᠢ ᠤᠰᠤᠨ ᠠᠰᠢᠭᠯᠠᠯᠳᠠ ᠵᠡᠷᠭᠡ ᠢᠨᠵᠧᠨᠧᠷᠢᠩ ᠶᠢᠨ ᠪᠦᠳᠦᠭᠡᠨ ᠪᠠᠶᠢᠭᠤᠯᠤᠯᠳᠠ ᠶᠢᠨ ᠬᠦᠷᠢᠶ᠎ᠡ ᠴᠠᠷᠠᠭ᠎ᠠ ᠪᠠ ᠪᠤᠯᠪᠠᠰᠤᠷᠠᠭᠤᠯᠵᠤ ᠦᠢᠯᠡᠳᠪᠤᠷᠢᠯᠡᠬᠦ᠂ ᠢᠳᠡᠭᠡᠨ ᠤᠮᠳᠠᠭᠠᠨ ᠤ ᠦᠢᠯᠡᠴᠢᠯᠡᠭᠡ ᠵᠡᠷᠭᠡ ᠠᠮᠠᠷᠬᠠᠨ ᠬᠦᠯᠦᠰᠤ ᠤᠯᠭᠤᠮᠵᠢ ᠦᠷᠢᠳᠤᠬᠦ ᠠᠰᠠᠭᠤᠳᠠᠯ ᠡᠭᠦᠰᠳᠡᠭ ᠭᠦᠳᠡᠯᠮᠦᠷᠢ ᠶᠢᠨ  ᠨᠢᠭᠳᠠᠷᠠᠨ ᠲᠦᠪᠯᠡᠷᠡᠭᠰᠡᠨ ᠠᠵᠤ ᠠᠬᠤᠶᠢᠯᠠᠯ ᠢ ᠴᠡᠭᠴᠡᠯᠡᠨ ᠵᠠᠰᠠᠬᠤ ᠭᠤᠤᠯᠳᠠᠯᠭ᠎ᠠ ᠪᠤᠯᠭᠠᠨ᠂ ᠪᠦᠳᠦᠭᠡᠨ ᠪᠠᠶᠢᠭᠤᠯᠬᠤ ᠲᠦᠷᠦᠯ ᠵᠦᠢᠯ ᠤᠨ ᠬᠠᠮᠢᠶᠠᠷᠤᠯᠳᠠ ᠠᠴᠠ ᠭᠠᠷᠳᠠᠵᠤ᠂ ᠬᠦᠯᠦᠰᠦ ᠤᠯᠭᠤᠮᠵᠢ ᠶᠢ ᠨᠠᠶᠢᠳᠠᠪᠤᠷᠢᠵᠢᠭᠤᠯᠬᠤ ᠪᠠᠳᠤᠯᠠᠭ᠎ᠠ ᠶᠢᠨ ᠠᠷᠭ᠎ᠠ ᠬᠡᠮᠵᠢᠶ᠎ᠡ ᠪᠠᠷ ᠭᠤᠤᠯ ᠪᠤᠯᠭᠠᠨ᠂ ᠬᠦᠢᠴᠡᠳ ᠲᠤᠭᠠᠨ  ᠤ ᠬᠦᠯᠦᠰᠦ ᠤᠯᠭᠤᠮᠵᠢ ᠦᠭᠭᠦ ᠪᠠᠷ ᠵᠠᠩᠭᠢᠯᠠᠭ᠎ᠠ ᠪᠤᠯᠭᠠᠵᠤ᠂ ᠡᠬᠢ ᠢᠷᠡᠯᠳᠡ ᠠᠴᠠ ᠨᠢ ᠰᠡᠷᠭᠡᠶᠢᠯᠡᠬᠦ᠂ ᠬᠦᠳᠡᠯᠦᠩᠭᠦᠢ  ᠪᠠᠷ ᠬᠢᠨᠠᠨ ᠬᠠᠮᠢᠶᠠᠷᠬᠤ᠂ ᠢᠳᠡᠭᠡᠯ ᠠᠯᠳᠠᠬᠤ ᠪᠠ ᠵᠠᠯᠬᠠᠭᠠᠨ ᠴᠡᠭᠡᠷᠯᠡᠭᠦᠯᠭᠦ ᠶᠢ ᠤᠶᠠᠯᠳᠤᠭᠤᠯᠤᠭᠰᠠᠨ ᠲᠦᠷᠢᠮ ᠤᠨ ᠪᠠᠳᠤᠯᠠᠭ᠎ᠠ ᠶᠢᠨ  ᠰᠢᠰᠲ᠋ᠧᠮ ᠢ ᠪᠤᠢ ᠪᠤᠯᠭᠠᠨ᠂ ᠵᠠᠬ᠎ᠠ ᠲᠡᠯᠭᠡᠭᠦᠷ ᠤᠨ ᠭᠤᠤᠯ ᠴᠤᠭᠴᠠ ᠶᠢᠨ ᠪᠡᠶ᠎ᠡ ᠪᠠᠨ ᠱᠠᠭᠠᠷᠳᠠᠬᠤ ᠂ ᠵᠠᠰᠠᠭ ᠤᠨ ᠤᠷᠳᠤᠨ ᠤ ᠬᠠᠤᠯᠢ ᠶᠤᠰᠤᠭᠠᠷ ᠬᠢᠨᠠᠨ ᠬᠠᠮᠢᠶᠠᠷᠬᠤ᠂ ᠨᠡᠶᠢᠭᠡᠮ ᠠᠴᠠ ᠬᠠᠮᠵᠢᠨ ᠬᠢᠨᠠᠨ ᠬᠠᠮᠢᠶᠠᠷᠬᠤ᠂ ᠬᠠᠤᠯᠢ ᠴᠠᠭᠠᠵᠠ ᠶᠢᠨ ᠬᠠᠮᠳᠤᠷᠠᠨ ᠰᠢᠢᠳᠭᠡᠭᠦ ᠠᠵᠢᠯ ᠤᠨ ᠰᠢᠰᠲ᠋ᠧᠮ ᠢ ᠲᠡᠭᠦᠯᠳᠡᠷᠵᠢᠭᠦᠯᠵᠤ᠂ ᠡᠳᠤᠷ ᠲᠤᠳᠤᠮ ᠤᠨ ᠬᠢᠨᠠᠨ ᠬᠠᠮᠢᠶᠠᠷᠬᠤ ᠪᠠ ᠬᠠᠤᠯᠢ ᠭᠡᠷᠡᠭᠵᠢᠭᠦᠯᠭᠦ ᠶᠢ ᠦᠨᠡᠨᠬᠦ ᠴᠢᠩᠭᠠᠳᠬᠠᠵᠤ᠂ ᠵᠠᠰᠠᠨ ᠴᠡᠭᠴᠡᠯᠡᠬᠦ ᠬᠠᠮᠳᠤᠷᠠᠯ ᠤᠨ ᠬᠦᠴᠦᠨ ᠢ ᠪᠤᠢ ᠪᠤᠯᠭᠠᠨ᠎ᠠ᠃    ᠨᠢᠭᠡᠳᠤᠭᠡᠷ ᠱᠠᠳᠤ᠄ 2017 ᠤᠨ ᠤ 5 ᠰᠠᠷ᠎ᠠ ᠶᠢᠨ ᠰᠡᠭᠦᠯᠴᠢ ᠪᠤᠯᠳᠠᠯ᠎ᠠ᠂ ᠮᠠᠯᠴᠢᠨ ᠲᠠᠷᠢᠶᠠᠴᠢᠨ ᠬᠦᠯᠦᠰᠦᠨ ᠠᠵᠢᠯᠴᠢᠨ ᠳᠤ ᠦᠷᠢᠳᠤᠵᠤ ᠪᠠᠶᠢᠭ᠎ᠠ ᠬᠦᠯᠦᠰᠦ ᠤᠯᠭᠤᠮᠵᠢ ᠶᠢᠨ ᠲᠡᠤᠭᠡᠨ ᠦᠷᠢ ᠰᠢᠷᠢ ᠶᠢᠨ ᠨᠠᠷᠢᠨ ᠲᠠᠩᠰᠠ ᠶᠢ ᠪᠦᠬᠦ ᠲᠠᠯ᠎ᠠ ᠪᠠᠷ ᠪᠠᠶᠢᠭᠤᠯᠬᠤ ᠶᠢᠨ ᠬᠠᠮᠳᠤ ᠴᠢᠬᠤᠯᠠ ᠶᠡᠭᠡ ᠲᠡᠤᠬᠡᠨ ᠦᠷᠢ ᠰᠢᠷᠢ ᠶᠢ ᠴᠡᠪᠡᠷᠯᠡᠬᠦ ᠡᠭᠦᠷᠭᠡ ᠶᠢᠨ 70% ᠠᠴᠠ ᠲᠡᠭᠡᠭᠰᠢ ᠶᠢ ᠪᠠᠶᠡᠯᠡᠭᠦᠯᠵᠤ᠂ ᠵᠠᠰᠠᠭ ᠤᠨ ᠤᠷᠳᠤᠨ ᠤ ᠪᠠᠴᠢᠮ ᠪᠠᠶᠢᠳᠠᠯ ᠢ ᠠᠷᠭᠠᠴᠠᠬᠤ ᠡᠷᠬᠢᠯᠳᠡ ᠶᠢᠨ ᠮᠦᠩᠭᠦ ᠶᠢ ᠨᠠᠶᠢᠳᠠᠪᠤᠷᠢᠵᠢᠭᠤᠯᠬᠤ ᠨᠤᠷᠮ᠎ᠠ ᠪᠠ ᠬᠦᠯᠦᠰᠦ ᠤᠯᠭᠤᠮᠵᠢ ᠶᠢ ᠪᠠᠳᠤᠯᠬᠤ ᠮᠦᠩᠭᠦ ᠶᠢᠨ ᠨᠠᠶᠢᠳᠠᠪᠤᠷᠢᠵᠢᠭᠤᠯᠬᠤ ᠨᠤᠷᠮ᠎ᠠ ᠶᠢ ᠪᠦᠬᠦ ᠲᠠᠯ᠎ᠠ ᠪᠠᠷ ᠲᠡᠭᠡᠭᠰᠢᠯᠡᠭᠦᠯᠦᠨ᠎ᠠ᠃    ᠬᠤᠶᠠᠳᠤᠭᠠᠷ ᠱᠠᠳᠤ᠄ 2017 ᠤᠨ ᠤ 6 ᠰᠠᠷ᠎ᠠ ᠶᠢᠨ ᠰᠡᠭᠦᠯᠴᠢ ᠪᠤᠯᠳᠠᠯ᠎ᠠ᠂ ᠬᠤᠰᠢᠭᠤᠨ ᠤ ᠬᠤᠳᠠ ᠬᠦᠳᠡᠭᠡ ᠶᠢᠨ ᠪᠦᠳᠦᠭᠡᠨ ᠪᠠᠶᠢᠭᠤᠯᠤᠯᠳᠠ᠂ ᠵᠠᠮ ᠬᠠᠷᠢᠯᠴᠠᠭ᠎ᠠ᠂ ᠤᠢ ᠰᠢᠭᠤᠢ ᠤᠰᠤᠨ ᠠᠰᠢᠭᠯᠠᠯᠳᠠ ᠵᠡᠷᠭᠡ ᠠᠵᠢᠯ ᠲᠦᠷᠦᠯ ᠤᠨ ᠬᠢᠨᠠᠨ ᠬᠠᠮᠢᠶᠠᠷᠤᠯᠳᠠ ᠶᠢᠨ ᠰᠠᠯᠠᠭ᠎ᠠ ᠮᠦᠴᠢᠷ ᠠᠴᠠ ᠬᠦᠯᠦᠰᠦ ᠤᠯᠭᠤᠮᠵᠢ ᠶᠢ ᠪᠠᠳᠤᠯᠠᠬᠤ ᠮᠦᠩᠭᠦ᠂ ᠵᠢᠩᠭᠢᠨᠢ ᠨᠠᠷ᠎ᠡ ᠶᠢᠨ  ᠲᠦᠷᠢᠮ ᠤᠨ ᠬᠠᠮᠢᠶᠠᠷᠤᠯᠳᠠ᠂ ᠪᠠᠷᠢᠯᠭ᠎ᠠ ᠶᠢᠨ ᠪᠦᠳᠦᠭᠡᠨ ᠪᠠᠶᠢᠭᠤᠯᠤᠯᠳᠠ ᠶᠢᠨ ᠭᠡᠪᠴᠢᠶᠡᠨ  ᠳᠠᠬᠢ ᠬᠦᠯᠦᠰᠦ ᠤᠯᠭᠤᠮᠵᠢ ᠦᠭᠭᠦ ᠠᠷᠭ᠎ᠠ᠂ ᠬᠦᠯᠦᠰᠦ ᠤᠯᠭᠤᠮᠵᠢ ᠪᠠ ᠢᠨᠵᠧᠨᠧᠷᠢᠩ ᠤᠨ ᠵᠤᠭᠤᠰ ᠢ ᠲᠠᠩᠰᠠ ᠬᠤᠪᠢᠶᠠᠨ ᠬᠠᠮᠢᠶᠠᠷᠬᠤ᠂ ᠬᠦᠯᠦᠰᠦ ᠤᠯᠭᠤᠮᠵᠢ ᠶᠢ ᠪᠠᠩᠭᠢ ᠠᠴᠠ ᠰᠠᠷ᠎ᠠ ᠪᠠᠷ ᠤᠷᠤᠯᠠᠨ ᠲᠠᠯᠪᠢᠬᠤ᠂ ᠪᠠᠷᠢᠯᠭ᠎ᠠ ᠶᠢᠨ ᠠᠵᠢᠯ ᠤᠨ ᠲᠤᠬᠠᠢ ᠶᠢᠨ ᠭᠠᠵᠠᠷ ᠲᠤ ᠵᠠᠷᠯᠠᠯ ᠨᠡᠶᠢᠳᠡᠯᠡᠬᠦ  ᠵᠡᠷᠭᠡ ᠠᠵᠢᠯ ᠤᠨ ᠲᠦᠷᠢᠮ ᠪᠠ ᠲᠤᠭᠳᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠦᠨ᠎ᠠ᠃ 2017 ᠤᠨ ᠤ 10 ᠰᠠᠷ᠎ᠠ ᠶᠢᠨ ᠰᠡᠭᠦᠯᠴᠢ ᠪᠤᠯᠳᠠᠯ᠎ᠠ᠂ ᠠᠵᠤ ᠠᠬᠤᠶᠢᠯᠠᠯ ᠤᠨ ᠢᠳᠡᠭᠡᠮᠵᠢ  ᠭᠡᠷᠡᠴᠢᠯᠡᠬᠦ ᠰᠢᠰᠲ᠋ᠧᠮ᠂ ᠬᠦᠯᠦᠰᠦ ᠤᠯᠭᠤᠮᠵᠢ ᠦᠷᠢᠳᠤᠬᠦ ᠠᠴᠠ ᠰᠡᠷᠡᠮᠵᠢᠯᠡᠭᠦᠯᠭᠦ ᠪᠠ ᠵᠠᠰᠠᠭ ᠵᠠᠬᠢᠷᠭᠠᠨ ᠤ ᠬᠠᠤᠯᠢ ᠭᠡᠷᠡᠭᠵᠢᠭᠦᠯᠭᠦ ᠶᠢ ᠬᠠᠤᠯᠢ ᠴᠠᠭᠠᠵᠠ ᠲᠠᠢ ᠵᠤᠯᠭᠠᠭᠤᠯᠬᠤ ᠲᠤᠭᠳᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠦᠨ᠎ᠠ᠃    ᠭᠤᠷᠪᠠᠳᠤᠭᠠᠷ ᠱᠠᠳᠤ᠄ 2018 ᠤᠨ ᠤ 10 ᠰᠠᠷ᠎ᠠ ᠶᠢᠨ ᠰᠡᠭᠦᠯᠴᠢ ᠪᠤᠯᠳᠠᠯ᠎ᠠ᠂ ᠵᠢᠩᠭᠢᠨᠢ ᠨᠠᠷ᠎ᠡ ᠶᠢᠨ ᠲᠦᠷᠢᠮ ᠤᠨ ᠬᠠᠮᠢᠶᠠᠷᠤᠯᠳᠠ᠂ ᠬᠦᠯᠦᠰᠦ ᠤᠯᠭᠤᠮᠵᠢ ᠪᠠ ᠢᠨᠵᠧᠨᠧᠷᠢᠩ   ᠤᠨ ᠵᠤᠭᠤᠰ ᠢ ᠲᠠᠩᠰᠠ ᠬᠤᠪᠢᠶᠠᠨ ᠬᠠᠮᠢᠶᠠᠷᠬᠤ᠂ ᠬᠦᠯᠦᠰᠦ ᠤᠯᠭᠤᠮᠵᠢ ᠶᠢ ᠪᠠᠩᠭᠢ ᠠᠴᠠ ᠰᠠᠷ᠎ᠠ ᠪᠠᠷ ᠤᠷᠤᠯᠠᠨ ᠲᠠᠯᠪᠢᠬᠤ᠂ ᠪᠠᠷᠢᠯᠭ᠎ᠠ ᠶᠢᠨ ᠠᠵᠢᠯ ᠤᠨ ᠲᠤᠬᠠᠢ ᠶᠢᠨ ᠭᠠᠵᠠᠷ ᠲᠤ ᠵᠠᠷᠯᠠᠯ  ᠨᠡᠶᠢᠳᠡᠯᠡᠬᠦ ᠵᠡᠷᠭᠡ ᠲᠦᠷᠢᠮ ᠢ ᠪᠦᠭᠦ ᠲᠠᠯ᠎ᠠ ᠪᠠᠷ ᠭᠡᠷᠡᠭᠵᠢᠭᠦᠯᠵᠤ᠂ ᠰᠢᠨ᠎ᠠ ᠦᠷᠢ ᠰᠢᠷᠢ ᠶᠢ ᠲᠠᠬᠢᠵᠤ ᠡᠭᠦᠰᠭᠡᠭᠦ ᠦᠭᠡᠢ᠃    ᠲᠦᠷᠪᠡᠳᠤᠭᠡᠷ ᠱᠠᠳᠤ᠄ 2019 ᠤᠨ ᠤ 10 ᠰᠠᠷ᠎ᠠ ᠶᠢᠨ ᠰᠡᠭᠦᠯᠴᠢ ᠪᠤᠯᠳᠠᠯ᠎ᠠ᠂ ᠬᠦᠯᠦᠰᠦ ᠤᠯᠭᠤᠮᠵᠢ ᠶᠢ ᠵᠤᠷᠢᠭᠤᠳᠠ ᠦᠷᠢᠳᠤᠬᠦ ᠪᠤᠶᠤ ᠦᠭᠬᠦ ᠦᠭᠡᠢ ᠪᠠᠷ ᠲᠤᠳᠠᠭᠠᠬᠠᠤ  ᠵᠡᠷᠭᠡ ᠬᠠᠤᠯᠢ ᠠᠴᠠ ᠵᠦᠷᠢᠴᠡᠭᠰᠡᠨ ᠶᠠᠯᠠᠳᠤ ᠠᠵᠢᠯᠯᠠᠭ᠎ᠠ ᠶᠢ ᠪᠦᠳᠦᠮᠵᠢᠳᠡᠢ ᠬᠤᠷᠢᠭᠯᠠᠨ᠎ᠠ᠃    ᠲᠠᠪᠤᠳᠤᠭᠠᠷ ᠱᠠᠳᠤ᠄ 2020 ᠤᠨ ᠤ 10 ᠰᠠᠷ᠎ᠠ ᠶᠢᠨ ᠰᠡᠭᠦᠯᠴᠢ ᠪᠤᠯᠳᠠᠯ᠎ᠠ᠂ ᠮᠠᠯᠴᠢᠨ ᠲᠠᠷᠢᠶᠠᠴᠢᠨ ᠬᠦᠯᠦᠰᠦᠨ ᠠᠵᠢᠯᠴᠢᠨ ᠤ ᠬᠦᠯᠦᠰᠦ ᠤᠯᠭᠤᠮᠵᠢ ᠦᠭᠭᠦ ᠠᠵᠢᠯ ᠶᠢ ᠪᠦᠬᠦ ᠲᠠᠯ᠎ᠠ ᠪᠠᠷ ᠵᠠᠰᠠᠨ ᠴᠡᠭᠴᠡᠯᠡᠵᠤ᠂ ᠦᠷᠢᠳᠤᠭᠦ ᠦᠭᠡᠢ ᠪᠠᠶᠢᠬᠤ ᠶᠡᠷᠦᠩᠭᠡᠢ ᠬᠠᠷᠠᠯᠳᠠ ᠶᠢ ᠪᠡᠶᠡᠯᠡᠭᠦᠯᠦᠨ᠎ᠡ᠃    ᠬᠤᠶᠠᠷ᠂ ᠭᠤᠤᠯ ᠠᠷᠭ᠎ᠠ ᠭᠡᠮᠵᠢᠶ᠎ᠡ    ︵ᠨᠢᠭᠡ︶ ᠬᠦᠯᠦᠰᠦ ᠤᠯᠭᠤᠮᠵᠢ ᠦᠭᠭᠦ ᠬᠠᠷᠢᠭᠤᠴᠠᠯᠭ᠎ᠠ ᠶᠢ ᠵᠤᠬᠢᠴᠠᠭᠤᠯᠵᠤ᠂ ᠪᠠᠳᠤᠯᠠᠬᠤ ᠠᠷᠭ᠎ᠠ ᠭᠡᠮᠵᠢᠶ᠎ᠡ ᠶᠢ ᠲᠡᠬᠦᠯᠳᠡᠷᠵᠢᠭᠦᠯᠦᠨ᠎ᠠ᠃    1᠂ ᠬᠦᠯᠦᠰᠦ ᠤᠯᠭᠤᠮᠵᠢ ᠦᠭᠭᠦ ᠵᠠᠰᠠᠭ ᠵᠠᠬᠢᠷᠭᠠᠨ ᠤ ᠬᠢᠨᠠᠨ ᠬᠠᠮᠢᠶᠠᠷᠤᠯᠳᠠ ᠶᠢᠨ ᠬᠠᠷᠢᠭᠤᠴᠠᠯᠭ᠎ᠠ ᠶᠢ ᠲᠤᠳᠤᠷᠬᠠᠶᠢᠯᠠᠨ᠎ᠠ᠃ ᠮᠠᠯᠴᠢᠨ ᠲᠠᠷᠢᠶᠠᠴᠢᠨ ᠬᠦᠯᠦᠰᠦᠨ ᠠᠵᠢᠯᠴᠢᠨ ᠳᠤ  ᠬᠦᠯᠦᠰᠦ ᠤᠯᠭᠤᠮᠵᠢ ᠦᠷᠢᠳᠤᠵᠤ ᠪᠠᠶᠢᠭ᠎ᠠ ᠠᠰᠠᠭᠤᠳᠠᠯ ᠶᠢ ᠪᠦᠬᠦ ᠲᠠᠯ᠎ᠠ ᠪᠠᠷ ᠵᠠᠰᠠᠨ ᠴᠡᠭᠴᠡᠯᠡᠬᠦ ᠳᠤ ᠬᠤᠰᠢᠭᠤᠨ ᠤ ᠰᠢᠭᠤᠳ ᠬᠠᠷᠢᠶ᠎ᠠ ᠡᠯ᠎ᠡ ᠰᠠᠯᠠᠭ᠎ᠠ ᠮᠦᠴᠢᠷ ᠠᠴᠠ ᠶᠡᠷᠦᠩᠭᠡᠢ ᠬᠠᠷᠢᠭᠤᠴᠠᠯᠭ᠎ᠠ ᠡᠭᠦᠷᠭᠡᠯᠡᠵᠤ᠂ ᠲᠤᠭᠳᠠᠭᠰᠠᠨ ᠬᠤᠭᠤᠴᠠᠭ᠎ᠠ ᠲᠠᠢ ᠬᠢᠨᠠᠨ ᠪᠠᠶᠢᠴᠠᠭᠠᠯᠳᠠ ᠬᠢᠵᠤ᠂ ᠬᠠᠷᠢᠭᠤᠴᠠᠯᠭ᠎ᠠ ᠨᠡᠭᠡᠮᠵᠢᠯᠡᠬᠦ ᠲᠦᠷᠢᠮ ᠢ ᠪᠠᠶᠢᠭᠤᠯᠤᠨ ᠲᠡᠭᠦᠯᠳᠡᠷᠵᠢᠭᠦᠯᠵᠤ᠂ ᠮᠠᠯᠴᠢᠨ ᠲᠠᠷᠢᠶᠠᠴᠢᠨ ᠬᠦᠯᠦᠰᠦᠨ ᠠᠵᠢᠯᠴᠢᠨ ᠳᠤ ᠬᠦᠯᠦᠰᠦ ᠤᠯᠭᠤᠮᠵᠢ ᠦᠷᠢᠳᠤᠬᠦ ᠠᠰᠠᠭᠤᠳᠠᠯ ᠤᠯᠠᠨ ᠡᠭᠦᠰᠳᠡᠭ᠂ ᠪᠠᠶᠢᠩᠭᠤ ᠡᠭᠦᠰᠳᠡᠭ ᠪᠦᠭᠡᠳ ᠢᠯᠡᠴᠢᠯᠡᠨ ᠵᠠᠭᠠᠯᠳᠤᠯᠭ᠎ᠠ ᠶᠡᠭᠡᠳᠡᠢ ᠠᠵᠤ ᠠᠬᠤᠶᠢᠯᠠᠯ ᠪᠠ ᠴᠢᠬᠤᠯᠠ ᠶᠡᠭᠡ ᠬᠠᠤᠯᠢ ᠠᠴᠠ ᠵᠦᠷᠢᠴᠡᠭᠰᠡᠨ ᠭᠡᠷᠡᠭ ᠲᠤ ᠭᠤᠤᠯᠳᠠᠯᠠᠭ᠎ᠠ ᠲᠠᠢ ᠬᠢᠨᠠᠨ ᠪᠠᠶᠢᠴᠠᠭᠠᠯᠳᠠ ᠬᠢᠨ᠎ᠠ᠃ ᠵᠠᠰᠠᠭ ᠤᠨ ᠤᠷᠳᠤᠨ ᠤ ᠪᠡᠯᠡ ᠤᠷᠤᠭᠤᠯᠤᠭᠰᠠᠨ ᠢᠨᠵᠧᠨᠧᠷᠢᠩ ᠤᠨ ᠲᠦᠷᠦᠯ ᠵᠦᠢᠯ ᠳᠤ ᠢᠨᠵᠧᠨᠧᠷᠢᠩ ᠤᠨ ᠵᠤᠭᠤᠰ ᠢ ᠦᠷᠢᠳᠤᠭ᠍ᠰᠡᠨ ᠠᠴᠠ ᠪᠤᠯᠵᠤ᠂ ᠮᠠᠯᠴᠢᠨ ᠲᠠᠷᠢᠶᠠᠴᠢᠨ ᠬᠦᠯᠦᠰᠦᠨ ᠠᠵᠢᠯᠴᠢᠨ ᠤ ᠬᠦᠯᠦᠰᠦ ᠤᠯᠭᠤᠮᠵᠢ ᠶᠢ ᠨᠢ ᠦᠷᠢᠳᠤᠬᠦ ᠠᠰᠠᠭᠤᠳᠠᠯ ᠡᠭᠦᠰᠦᠭᠰᠡᠨ ᠪᠤᠯ ᠭᠤᠤᠯ ᠬᠠᠮᠢᠶᠠᠷᠬᠤ ᠰᠠᠯᠠᠭ᠎ᠠ ᠮᠦᠴᠢᠷ ᠤᠨ ᠭᠤᠤᠯ ᠪᠤᠯᠬᠤ ᠬᠠᠷᠢᠭᠤᠴᠠᠯᠭᠠᠳᠠᠳ ᠤᠨ ᠬᠠᠷᠢᠭᠤᠴᠠᠯᠭ᠎ᠠ ᠶᠢ ᠨᠡᠭᠡᠮᠵᠢᠯᠡᠨ᠎ᠡ᠃    ᠬᠤᠰᠢᠭᠤᠨ ᠤ ᠦᠭᠡᠷᠡᠴᠢᠯᠡᠯᠳᠡ ᠪᠠ ᠭᠦᠭᠵᠢᠭᠦᠯᠦᠯᠳᠡ ᠶᠢᠨ ᠲᠤᠪᠴᠢᠶ᠎ᠠ ᠵᠠᠰᠠᠭ ᠤᠨ ᠤᠷᠳᠤᠨ ᠤ ᠪᠠᠯᠡ ᠤᠷᠤᠭᠤᠯᠬᠤ ᠲᠦᠷᠦᠯ ᠵᠦᠢᠯ ᠤᠨ ᠬᠢᠨᠠᠨ ᠵᠦᠪᠰᠢᠶᠡᠷᠡᠬᠦ ᠬᠠᠮᠢᠶᠠᠷᠤᠯᠳᠠ ᠶᠢ ᠴᠢᠩᠭᠠᠳᠬᠠᠵᠤ᠂ ᠪᠡᠯᠡ ᠮᠦᠩᠭᠦᠨ ᠤ ᠢᠷᠡᠯᠳᠡ ᠪᠠ ᠪᠡᠯᠡ ᠮᠦᠩᠭᠦ ᠴᠤᠭᠯᠠᠭᠤᠯᠬᠤ ᠠᠷᠭ᠎ᠠ ᠶᠢ ᠲᠦᠪ ᠴᠢᠩᠭ᠎ᠠ ᠪᠠᠷ ᠬᠢᠨᠠᠨ ᠪᠠᠶᠢᠴᠠᠭᠠᠵᠤ᠂ ᠮᠠᠯᠴᠢᠨ ᠲᠠᠷᠢᠶᠠᠴᠢᠨ ᠬᠦᠯᠦᠰᠦᠨ ᠠᠵᠢᠯᠴᠢᠨ ᠳᠤ  ᠬᠦᠯᠦᠰᠦ ᠤᠯᠭᠤᠮᠵᠢ ᠦᠷᠢᠳᠤᠵᠤ᠂ ᠢᠳᠡᠭᠡᠯ ᠠᠯᠳᠠᠭᠰᠠᠨ ᠠᠵᠤ ᠠᠬᠤᠶᠢᠯᠠᠯ ᠢ ᠢᠳᠡᠭᠡᠯ ᠭᠡᠷᠡᠴᠢᠯᠡᠬᠦ ᠰᠢᠰᠲ᠋ᠧᠮ ᠳᠤ ᠬᠠᠤᠯᠢ ᠶᠤᠰᠤᠭᠠᠷ ᠤᠷᠤᠭᠤᠯᠬᠤ ᠶᠢᠨ ᠬᠠᠮᠳᠤ᠂ ᠬᠠᠮᠳᠤᠷᠠᠨ ᠵᠠᠯᠬᠠᠭᠠᠨ ᠴᠡᠭᠡᠷᠯᠡᠭᠦᠯᠭᠦ ᠶᠢ ᠭᠡᠷᠡᠭᠵᠢᠭᠦᠯᠦᠨ᠎ᠠ᠃ ᠬᠤᠰᠢᠭᠤᠨ ᠤ ᠡᠳ᠋ ᠤᠨ ᠵᠠᠰᠠᠭ ᠤᠨ ᠲᠤᠪᠴᠢᠶ᠎ᠠ ᠲᠤᠰ ᠭᠠᠵᠠᠷ ᠤᠷᠤᠨ ᠤ ᠵᠠᠰᠠᠭ ᠤᠨ ᠤᠷᠳᠤᠨ ᠤ ᠪᠠᠯᠡ ᠤᠷᠤᠭᠤᠯᠬᠤ ᠲᠦᠷᠦᠯ ᠵᠦᠢᠯ ᠤᠨ ᠪᠦᠳᠦᠭᠡᠨ ᠪᠠᠶᠢᠭᠤᠯᠤᠯᠳᠠ ᠶᠢᠨ ᠪᠦᠬᠦ  ᠶᠠᠪᠤᠴᠠ ᠳᠠᠬᠢ ᠪᠡᠯᠡ ᠮᠦᠩᠭᠦᠨ ᠤ ᠬᠢᠨᠠᠨ ᠬᠠᠮᠢᠶᠠᠷᠤᠯᠳᠠ ᠪᠠᠨ ᠴᠢᠩᠭᠠᠳᠬᠠᠬᠤ ᠶᠢ ᠬᠠᠷᠢᠭᠤᠴᠠᠵᠤ᠂ ᠲᠣᠭᠳᠠᠭᠠᠯ ᠶᠤᠰᠤᠭᠠᠷ ᠡᠳ᠋ ᠤᠨ ᠵᠠᠰᠠᠭ ᠤᠨ ᠪᠡᠯᠡ ᠮᠦᠩᠭᠦ ᠶᠢ ᠴᠠᠭ ᠲᠤᠬᠠᠢ ᠳᠤᠨᠢ ᠬᠦᠢᠴᠡᠳ ᠲᠤᠭ᠎ᠠ ᠪᠠᠷ ᠦᠭᠴᠦ᠂ ᠪᠠᠴᠢᠮ ᠪᠠᠶᠢᠳᠠᠯ ᠢ ᠠᠷᠭᠠᠴᠠᠬᠤ ᠡᠷᠬᠢᠯᠳᠡ ᠶᠢᠨ ᠮᠦᠩᠭᠦᠨ ᠤ ᠲᠦᠷᠢᠮ ᠢ ᠪᠦᠷᠢᠨᠰᠢᠭᠦᠯᠦᠨ ᠲᠡᠭᠦᠯᠳᠡᠷᠵᠢᠭᠦᠯᠦᠨ᠎ᠠ᠃    ᠠᠵᠢᠯ ᠲᠦᠷᠦᠯ ᠤᠨ ᠬᠢᠨᠠᠨ ᠬᠠᠮᠢᠶᠠᠷᠬᠤ ᠬᠠᠷᠢᠭᠤᠴᠠᠯᠭ᠎ᠠ ᠪᠠᠨ ᠡᠯ᠎ᠡ ᠠᠵᠢᠯ ᠲᠦᠷᠦᠯ ᠤᠨ ᠬᠢᠨᠠᠨ ᠬᠠᠮᠢᠶᠠᠷᠬᠤ ᠰᠠᠯᠠᠭ᠎ᠠ ᠮᠦᠴᠢᠷ ᠬᠠᠤᠯᠢ ᠶᠤᠰᠤᠭᠠᠷ ᠬᠦᠢᠴᠡᠳᠭᠡᠵᠤ᠂ ᠤᠯᠤᠰ᠂ ᠦᠪᠡᠷᠳᠡᠭᠡᠨ ᠵᠠᠰᠠᠬᠤ ᠤᠷᠤᠨ ᠤ ᠲᠤᠭᠳᠠᠭᠠᠭᠰᠠᠨ ᠬᠠᠮᠢᠶ᠎ᠠ ᠪᠦᠬᠦᠢ ᠪᠠᠷᠢᠯᠭ᠎ᠠ ᠶᠢᠨ ᠬᠠᠮᠢᠶᠠᠷᠤᠯᠳᠠ ᠪᠠ ᠬᠦᠯᠦᠰᠦ ᠤᠯᠭᠤᠮᠵᠢ ᠦᠭᠭᠦ ᠡᠯ᠎ᠡ ᠵᠦᠢᠯ ᠤᠨ ᠬᠠᠤᠯᠢ ᠴᠠᠭᠠᠵᠠ ᠬᠠᠤᠯᠢ ᠲᠦᠷᠢᠮ ᠪᠠ ᠲᠦᠷᠢᠮ ᠲᠤᠭᠳᠠᠭᠠᠯ ᠢ ᠨᠠᠶᠢᠳᠠᠪᠤᠷᠢᠵᠢᠭᠤᠯᠵᠤ᠂ ᠲᠤᠰ ᠭᠠᠵᠠᠷ ᠤᠷᠤᠨ ᠵᠢᠴᠢ ᠲᠤᠰ ᠠᠵᠢᠯ ᠲᠦᠷᠦᠯ ᠤᠨ ᠪᠦᠳᠦᠭᠡᠨ ᠪᠠᠶᠢᠭᠤᠯᠤᠯᠳᠠ ᠵᠢᠨ‌ᠢᠨᠵᠧᠨᠧᠷᠢᠩ ᠤᠨ ᠲᠦᠷᠦᠯ ᠵᠦᠢᠯ ᠢ ᠰᠢᠯᠵᠢᠬᠦᠯᠦᠨ ᠲᠠᠭᠠᠭᠠᠴᠢᠯᠠᠭᠤᠯᠬᠤ ᠵᠢᠴᠢ ᠬᠤᠪᠢᠶᠠᠨ ᠲᠠᠭᠠᠭᠠᠴᠢᠯᠠᠭᠤᠯᠬᠤ ᠠᠵᠢᠯ ᠤᠨ ᠬᠠᠤᠯᠢ ᠳᠤ ᠨᠡᠶᠢᠴᠡᠭᠰᠡᠨ ᠪᠠᠶᠢᠳᠠᠯ ᠢ ᠪᠠᠶᠢᠴᠠᠭᠠᠬᠤ ᠪᠠ ᠬᠢᠨᠠᠨ ᠬᠠᠷᠭᠤᠭᠤᠯᠬᠤ ᠶᠢ ᠬᠠᠷᠢᠭᠤᠴᠠᠵᠤ᠂ ᠨᠡᠷᠡᠶᠢᠳᠤᠨ ᠲᠠᠭᠠᠭᠠᠴᠢᠯᠠᠭᠤᠯᠬᠤ᠂ ᠬᠠᠤᠯᠢ ᠠᠴᠠ ᠵᠦᠷᠢᠴᠡᠨ ᠲᠠᠭᠠᠭᠠᠴᠢᠯᠠᠭᠤᠯᠬᠤ᠂ ᠰᠢᠯᠵᠢᠭᠦᠯᠦᠨ ᠲᠠᠭᠠᠭᠠᠴᠢᠯᠠᠭᠤᠯᠬᠤ᠂ ᠬᠤᠪᠢᠶᠠᠨ ᠲᠠᠭᠠᠭᠠᠴᠢᠯᠠᠭᠤᠯᠬᠤ᠂ ᠢᠨᠵᠧᠨᠧᠷᠢᠩ ᠤᠨ ᠵᠤᠭᠤᠰ ᠦᠷᠢᠳᠤᠬᠦ ᠵᠡᠷᠭᠡ ᠠᠴᠠ ᠪᠤᠯᠤᠭᠰᠠᠨ ᠬᠦᠯᠦᠰᠦ ᠤᠯᠭᠤᠮᠵᠢ ᠦᠷᠢᠳᠣᠭ᠍ᠰᠡᠨ ᠭᠡᠷᠡᠭ ᠢ ᠴᠢᠩᠭ᠎ᠠ ᠪᠠᠷ ᠪᠠᠶᠢᠴᠠᠭᠠᠨ ᠰᠢᠢᠳᠪᠤᠷᠢᠯᠡᠨ᠎ᠡ᠃ ᠬᠤᠰᠢᠭᠤᠨ ᠤ ᠬᠦᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠳᠤᠯᠠᠭ᠎ᠠ ᠶᠢᠨ ᠲᠤᠪᠴᠢᠶ᠎ᠠ ᠠᠴᠠ ᠮᠠᠯᠴᠢᠨ ᠲᠠᠷᠢᠶᠠᠴᠢᠨ ᠬᠦᠯᠦᠰᠦᠨ ᠠᠵᠢᠯᠴᠢᠨ ᠤ ᠬᠦᠯᠦᠰᠦ ᠤᠯᠭᠤᠮᠵᠢ ᠶᠢᠨ ᠠᠰᠠᠭᠤᠳᠠᠯ ᠢ ᠵᠤᠬᠢᠶᠠᠨ ᠪᠠᠶᠢᠭᠤᠯᠬᠤ ᠪᠠ ᠵᠤᠬᠢᠴᠠᠭᠤᠯᠬᠤ ᠠᠵᠢᠯ ᠢ ᠲᠠᠭᠠᠭᠠᠴᠢᠯᠠᠨ ᠬᠢᠬᠦ ᠪᠠ ᠰᠢᠢᠳᠪᠤᠷᠢᠯᠡᠬᠦ ᠶᠢ ᠬᠠᠷᠢᠭᠤᠴᠠᠬᠤ ᠶᠢᠨ ᠬᠠᠮᠳᠤ ᠲᠤᠰ ᠭᠠᠵᠠᠷ ᠤᠷᠤᠨ ᠤ ᠪᠤᠯᠪᠠᠰᠤᠷᠠᠭᠤᠯᠤᠨ ᠦᠢᠯᠡᠳᠬᠦ᠂ ᠢᠳᠡᠭᠡᠨ ᠤᠮᠳᠠᠭᠠᠨ ᠤ ᠦᠢᠯᠡᠴᠢᠯᠡᠭᠡ ᠵᠡᠷᠭᠡ ᠬᠦᠳᠡᠯᠮᠦᠷᠢ ᠨᠢᠭᠳᠠᠷᠠᠨ ᠲᠦᠪᠯᠡᠷᠡᠭᠰᠡᠨ ᠭᠡᠯᠪᠡᠷᠢ ᠶᠢᠨ ᠠᠵᠢᠯ ᠲᠦᠷᠦᠯ ᠤᠨ ᠬᠢᠨ ᠮᠠᠯᠴᠢᠨ ᠲᠠᠷᠢᠶᠠᠴᠢᠨ ᠬᠦᠯᠦᠰᠦᠨ ᠠᠵᠢᠯᠴᠢᠨ ᠤ ᠬᠦᠯᠦᠰᠦ ᠤᠯᠭᠤᠮᠵᠢ ᠶᠢ ᠴᠠᠭ ᠲᠤᠬᠠᠢ ᠳᠤᠨᠢ ᠬᠦᠢᠴᠡᠳ ᠲᠤᠭ᠎ᠠ ᠪᠠᠷ ᠦᠭᠭᠦᠭᠰᠡᠨ ᠪᠠᠶᠢᠳᠠᠯ ᠢ ᠬᠠᠤᠯᠢ ᠶᠤᠰᠤᠭᠠᠷ ᠭᠤᠤᠯᠳᠠᠯᠠᠭ᠎ᠠ ᠲᠠᠢ ᠪᠠᠶᠢᠴᠠᠭᠠᠵᠤ᠂ ᠡᠯ᠎ᠡ ᠰᠠᠯᠠᠭ᠎ᠠ ᠮᠦᠴᠢᠷ ᠤᠨ ᠬᠢᠨ ᠤᠯᠤᠰ᠂ ᠦᠪᠡᠷᠳᠡᠭᠡᠨ ᠵᠠᠰᠠᠬᠤ ᠤᠷᠤᠨ ᠪᠠ ᠬᠦᠯᠦᠨ ᠪᠤᠶᠢᠷ ᠬᠤᠳᠠ ᠠᠴᠠ ᠲᠤᠭᠳᠠᠭᠠᠭᠰᠠᠨ ᠮᠠᠯᠴᠢᠨ ᠲᠠᠷᠢᠶᠠᠴᠢᠨ ᠬᠦᠯᠦᠰᠦᠨ ᠠᠵᠢᠯᠴᠢᠨ ᠤ ᠬᠦᠯᠦᠰᠤ ᠤᠯᠭᠤᠮᠵᠢ ᠶᠢᠨ ᠬᠠᠮᠢᠶᠠᠳᠠᠢ ᠲᠦᠷᠢᠮ ᠢ ᠪᠦᠬᠦ ᠲᠠᠯ᠎ᠠ ᠪᠠᠷ ᠵᠠᠰᠠᠨ᠂ ᠬᠢᠨᠠᠯᠳᠠ ᠲᠠᠯᠪᠢᠨ ᠪᠠᠶᠢᠴᠠᠭᠠᠯᠳᠠ ᠬᠢᠨ᠎ᠠ᠃ ᠬᠤᠰᠢᠭᠤᠨ ᠤ ᠬᠠᠤᠯᠢ ᠴᠠᠭᠠᠵᠠ ᠶᠢᠨ ᠲᠤᠪᠴᠢᠶ᠎ᠠ ᠬᠠᠤᠯᠢ ᠴᠠᠭᠠᠵᠠ ᠶᠢᠨ ᠤᠬᠠᠭᠤᠯᠭ᠎ᠠ ᠬᠢᠬᠦ ᠪᠠ ᠮᠠᠯᠴᠢᠨ ᠲᠠᠷᠢᠶᠠᠴᠢᠨ ᠬᠦᠯᠦᠰᠦᠨ ᠠᠵᠢᠯᠴᠢᠨ ᠳᠤ ᠬᠠᠤᠯᠢ ᠴᠠᠭᠠᠵᠠ ᠶᠢᠨ ᠦᠢᠯᠡᠴᠢᠯᠡᠭᠡ ᠪᠠ ᠬᠠᠤᠯᠢ ᠴᠠᠭᠠᠵᠠ ᠶᠢᠨ ᠲᠤᠰᠠᠯᠠᠮᠵᠢ ᠬᠠᠩᠭᠠᠬᠤ ᠶᠢ ᠬᠠᠷᠢᠭᠤᠴᠠᠨ᠎ᠠ᠃    ᠬᠤᠰᠢᠭᠤᠨ ᠤ ᠲᠤᠳᠤᠭᠠᠳᠤ ᠶᠢ ᠬᠠᠮᠠᠭᠠᠯᠠᠬᠤ ᠲᠤᠪᠴᠢᠶ᠎ᠠ ᠬᠦᠳᠡᠯᠮᠤᠷᠢ ᠶᠢᠨ ᠬᠦᠯᠦᠰᠦ ᠤᠯᠭᠤᠮᠵᠢ ᠶᠢ ᠦᠭᠭᠦ ᠦᠭᠡᠢ ᠵᠡᠷᠭᠡ ᠳᠤ ᠬᠤᠯᠪᠤᠭᠳᠠᠭᠰᠠᠨ ᠶᠠᠯᠠᠳᠤ ᠭᠡᠷᠡᠭ ᠢ ᠰᠠᠶᠢᠳᠤᠷ ᠲᠠᠩᠨᠠᠨ ᠬᠦᠢᠴᠡᠳᠭᠡᠭᠦ ᠶᠢ ᠬᠠᠷᠢᠭᠤᠴᠠᠵᠤ᠂ ᠮᠠᠯᠴᠢᠨ ᠲᠠᠷᠢᠶᠠᠴᠢᠨ ᠬᠦᠯᠦᠰᠦᠨ ᠠᠵᠢᠯᠴᠢᠨ ᠤ ᠬᠦᠯᠦᠰᠦ ᠤᠯᠭᠤᠮᠵᠢ ᠶᠢ ᠦᠷᠢᠳᠤᠭ᠍ᠰᠡᠨ ᠠᠴᠠ ᠪᠤᠯᠵᠤ ᠡᠭᠦᠰᠦᠭᠰᠡᠨ ᠬᠠᠮᠳᠤ ᠶᠢᠨ ᠴᠢᠨᠠᠷᠳᠠᠢ ᠭᠡᠷᠡᠭ ᠢ ᠬᠠᠤᠯᠢ ᠶᠤᠰᠤᠭᠠᠷ ᠰᠢᠢᠳᠪᠤᠷᠢᠯᠡᠨ᠎ᠡ᠃    ᠬᠤᠰᠢᠭᠤᠨ ᠤ ᠵᠠᠬ᠎ᠠ ᠲᠡᠯᠭᠡᠭᠦᠷ ᠤᠨ ᠬᠢᠨᠠᠨ ᠬᠠᠮᠢᠶᠠᠷᠤᠯᠳᠠ ᠶᠢᠨ ᠲᠤᠪᠴᠢᠶ᠎ᠠ ᠠᠵᠤ ᠠᠬᠤᠶᠢᠯᠠᠯ ᠤᠨ ᠢᠳᠡᠭᠡᠮᠵᠢ  ᠶᠢᠨ ᠰᠤᠷᠠᠭ ᠵᠠᠩᠬᠢ ᠶᠢ ᠤᠯᠠᠨ ᠳᠤ ᠨᠡᠶᠢᠳᠡᠯᠡᠬᠦ ᠰᠢᠰᠲ᠋ᠧᠮ ᠢᠶᠠᠷ ᠲᠠᠮᠵᠢᠨ᠂ ᠮᠠᠯᠴᠢᠨ ᠲᠠᠷᠢᠶᠠᠴᠢᠨ ᠬᠦᠯᠦᠰᠦᠨ ᠠᠵᠢᠯᠴᠢᠨ ᠳᠤ ᠬᠦᠯᠦᠰᠦ ᠤᠯᠭᠤᠮᠵᠢ ᠦᠷᠢᠳᠤᠵᠤ ᠪᠠᠶᠢᠭ᠎ᠠ ᠢᠳᠡᠬᠡᠯ ᠠᠯᠳᠠᠭᠰᠠᠨ ᠠᠵᠤ ᠠᠬᠤᠶᠢᠯᠠᠯ ᠢ ᠤᠯᠠᠨ ᠳᠤ ᠨᠡᠶᠢᠳᠡᠯᠡᠬᠦ ᠠᠵᠢᠯ ᠢ ᠬᠠᠷᠢᠭᠤᠴᠠᠨ᠎ᠠ᠃    ᠬᠤᠰᠢᠭᠤᠨ ᠤ ᠠᠷᠠᠳ ᠤᠨ ᠪᠠᠩᠭᠢ ᠡᠯ᠎ᠡ ᠵᠦᠢᠯ ᠤᠨ ᠠᠵᠤ ᠠᠬᠤᠶᠢᠯᠠᠯ ᠤᠨ ᠬᠢᠨ ᠮᠠᠯᠴᠢᠨ ᠲᠠᠷᠢᠶᠠᠴᠢᠨ ᠬᠦᠯᠦᠰᠦᠨ ᠠᠵᠢᠯᠴᠢᠨ ᠤ ᠬᠦᠯᠦᠰᠦ ᠤᠯᠭᠤᠮᠵᠢ ᠲᠠᠯᠪᠢᠭᠰᠠᠨ ᠪᠠᠶᠢᠳᠠᠯ ᠢ ᠪᠠᠩᠭᠢ ᠶᠢᠨ ᠰᠢᠰᠲ᠋ᠧᠮ ᠳᠤ ᠤᠷᠤᠭᠤᠯᠬᠤ  ᠶᠢ ᠬᠠᠷᠢᠭᠤᠴᠠᠵᠤ᠂ ᠮᠠᠯᠴᠢᠨ ᠲᠠᠷᠢᠶᠠᠴᠢᠨ ᠬᠦᠯᠦᠰᠦᠨ ᠠᠵᠢᠯᠴᠢᠨ ᠳᠤ ᠬᠦᠯᠦᠰᠦ ᠤᠯᠭᠤᠮᠵᠢ ᠦᠷᠢᠳᠤᠵᠤ ᠪᠠᠶᠢᠭ᠎ᠠ ᠠᠵᠤ ᠠᠬᠤᠶᠢᠯᠠᠯ ᠢ ᠬᠠᠮᠳᠤᠷᠠᠨ ᠵᠠᠯᠬᠠᠭᠠᠨ ᠴᠡᠭᠡᠷᠯᠡᠬᠦᠯᠦᠨ᠎ᠠ᠃    ᠬᠤᠰᠢᠭᠤᠨ ᠤ ᠰᠤᠶᠤᠯ ᠲᠠᠮᠢᠷ ᠰᠤᠨᠢᠨ ᠷᠠᠳᠢᠤ᠋ ᠲᠧᠯᠸᠢᠰ ᠲᠤᠪᠴᠢᠶ᠎ᠠ ᠤᠬᠠᠭᠤᠯᠭ᠎ᠠ ᠶᠢ ᠨᠢᠭᠡᠳᠤᠯᠳᠡᠢ ᠲᠦᠯᠦᠪᠯᠡᠨ ᠬᠢᠬᠦ ᠪᠠ ᠶᠡᠷᠢᠶ᠎ᠠ ᠭᠡᠯᠡᠯᠴᠡᠭᠡ ᠪᠠᠷ ᠬᠦᠳᠦᠯᠦᠨ ᠲᠠᠭᠠᠭᠤᠯᠵᠤ  ᠬᠠᠮᠢᠶᠠᠷᠤᠨ ᠡᠵᠡᠮᠳᠡᠭᠦ ᠠᠵᠢᠯ ᠢ ᠰᠠᠶᠢᠳᠤᠷ ᠬᠢᠵᠤ᠂ ᠵᠦᠪ ᠲᠠᠯ᠎ᠠ ᠪᠠᠷ ᠬᠦᠳᠦᠯᠦᠨ ᠲᠠᠭᠠᠭᠤᠯᠬᠤ ᠶᠢ ᠴᠢᠩᠭᠠᠳᠬᠠᠵᠤ᠂ ᠰᠦᠯᠵᠢᠶᠡᠨ ᠳᠠᠬᠢ ᠤᠯᠠᠨ ᠤ ᠪᠠᠶᠢᠳᠠᠯ  ᠤᠨ ᠬᠢᠨᠠᠨ ᠬᠠᠮᠢᠶᠠᠷᠤᠯᠳᠠ ᠶᠢ ᠴᠢᠩᠭᠠᠷᠠᠭᠤᠯᠤᠨ᠎ᠠ᠃    2᠂ ᠠᠵᠤ ᠠᠬᠤᠶᠢᠯᠠᠯ ᠠᠴᠠ ᠬᠦᠯᠦᠰᠦ ᠤᠯᠭᠤᠮᠵᠢ ᠦᠭᠭᠦ ᠭᠤᠤᠯ ᠴᠤᠭᠴᠠ ᠶᠢᠨ ᠬᠠᠷᠢᠭᠤᠴᠠᠯᠭ᠎ᠠ ᠶᠢ ᠨᠡᠶᠢᠳᠡᠪᠤᠷᠢᠵᠢᠭᠤᠯᠤᠨ᠎ᠠ᠃ ᠡᠯ᠎ᠡ ᠵᠦᠢᠯ ᠤᠨ ᠠᠵᠤ ᠠᠬᠤᠶᠢᠯᠠᠯ ᠦᠪᠡᠷ ᠤᠨ ᠡᠯᠰᠡᠨ ᠭᠡᠷᠡᠭᠯᠡᠭᠰᠡᠨ ᠮᠠᠯᠴᠢᠨ ᠲᠠᠷᠢᠶᠠᠴᠢᠨ ᠬᠦᠯᠦᠰᠦᠨ ᠠᠵᠢᠯᠳᠠᠳ ᠲᠤ ᠬᠦᠯᠦᠰᠦ ᠤᠯᠭᠤᠮᠵᠢ ᠦᠭᠭᠦ ᠭᠤᠤᠯ ᠴᠤᠭᠴᠠ ᠶᠢᠨ ᠬᠠᠷᠢᠭᠤᠴᠠᠯᠭ᠎ᠠ ᠶᠢ ᠡᠭᠦᠷᠭᠡᠯᠡᠵᠤ᠂ ᠮᠠᠯᠴᠢᠨ ᠲᠠᠷᠢᠶᠠᠴᠢᠨ ᠬᠦᠯᠦᠰᠦᠨ ᠠᠵᠢᠯᠴᠢᠨ ᠤ ᠬᠦᠯᠦᠰᠤ ᠤᠯᠭᠤᠮᠵᠢ ᠶᠢ ᠬᠠᠤᠯᠢ ᠶᠤᠰᠤᠭᠠᠷ ᠰᠠᠷ᠎ᠠ ᠪᠦᠷᠢ ᠳᠤ ᠬᠦᠢᠴᠡᠳ ᠲᠤᠭ᠎ᠠ ᠪᠠᠷ ᠲᠤᠰ ᠬᠦᠮᠦᠨ ᠳᠤᠨᠢ ᠦᠭᠭᠦᠨ᠎ᠠ᠃    ᠢᠨᠵᠧᠨᠧᠷᠢᠩ ᠤᠨ ᠪᠦᠳᠦᠭᠡᠨ ᠪᠠᠶᠢᠭᠤᠯᠤᠯᠳᠠ ᠶᠢᠨ ᠬᠦᠷᠢᠶ᠎ᠡ ᠴᠠᠷᠠᠭᠠᠨ ᠳᠠᠬᠢ ᠪᠠᠷᠢᠯᠭ᠎ᠠ ᠶᠢᠨ ᠠᠵᠢᠯ ᠢ ᠶᠡᠷᠤᠩᠭᠡᠢ ᠲᠠᠭᠠᠭᠠᠴᠢᠯᠠᠭᠰᠠᠨ ᠠᠵᠤ ᠠᠬᠤᠶᠢᠯᠠᠯ ︵ᠪᠦᠳᠦᠭᠡᠨ ᠪᠠᠶᠢᠭᠤᠯᠤᠯᠳᠠ ᠶᠢᠨ ᠨᠢᠭᠡᠴᠡ ᠶᠢᠨ ᠲᠠᠭᠠᠭᠠᠴᠢᠯᠠᠭᠤᠯᠤᠭᠰᠠᠨ ᠢᠨᠵᠧᠨᠧᠷᠢᠩ ᠢ ᠰᠢᠭᠤᠳ ᠲᠠᠭᠠᠭᠠᠴᠢᠯᠠᠭᠰᠠᠨ ᠲᠤᠰᠬᠠᠢ ᠲᠠᠭᠠᠭᠠᠴᠢᠯᠠᠬᠤ ᠠᠵᠤ ᠠᠬᠤᠶᠢᠯᠠᠯ  ᠢ ᠪᠠᠭᠳᠠᠭᠠᠨ᠎ᠠ︶ ᠠᠴᠠ ᠦᠪᠡᠷ ᠤᠨ ᠲᠠᠭᠠᠭᠠᠴᠢᠯᠠᠭᠰᠠ ᠢᠨᠵᠧᠨᠧᠷᠢᠩ ᠤᠨ ᠲᠦᠷᠦᠯ ᠵᠦᠢᠯ ᠤᠨ ᠮᠠᠯᠴᠢᠨ ᠲᠠᠷᠢᠶᠠᠴᠢᠨ ᠬᠦᠯᠦᠰᠦᠨ ᠠᠵᠢᠯᠳᠠᠳ ᠤᠨ ᠬᠦᠯᠦᠰᠦ ᠤᠯᠭᠤᠮᠵᠢ ᠶᠢ ᠦᠭᠭᠦ ᠪᠤᠳᠠᠳᠤ ᠬᠠᠷᠢᠭᠤᠴᠠᠯᠭ᠎ᠠ ᠶᠢ ᠡᠭᠦᠷᠭᠡᠯᠡᠨ ᠂ ᠬᠤᠪᠢᠶᠠᠨ ᠲᠠᠭᠠᠭᠠᠴᠢᠯᠠᠬᠤ ᠠᠵᠤ ᠠᠬᠤᠶᠢᠯᠠᠯ ︵ᠪᠠᠷᠢᠯᠭ᠎ᠠ ᠶᠢᠨ ᠠᠵᠢᠯ ᠢ ᠶᠡᠷᠦᠩᠭᠡᠢ ᠲᠠᠭᠠᠭᠠᠴᠢᠯᠠᠭᠰᠠᠨ ᠠᠵᠤ ᠠᠬᠤᠶᠢᠯᠠᠯ ᠠᠴᠠ ᠲᠠᠭᠠᠭᠠᠴᠢᠯᠠᠭᠤᠯᠤᠨ ᠦᠭᠭᠦᠭᠰᠡᠨ ᠢᠨᠵᠧᠨᠧᠷᠢᠩ ᠢ ᠲᠠᠭᠠᠭᠠᠴᠢᠯᠠᠬᠤ ᠲᠤᠰᠬᠠᠢ ᠠᠵᠤ ᠠᠬᠤᠶᠢᠯᠠᠯ ᠢ ᠪᠠᠭᠳᠠᠭᠠᠨ᠎ᠠ︶ ᠠᠴᠠ ᠡᠯᠰᠡᠨ ᠭᠡᠷᠡᠭᠯᠡᠭᠰᠡᠨ ᠮᠠᠯᠴᠢᠨ ᠲᠠᠷᠢᠶᠠᠴᠢᠨ ᠬᠦᠯᠦᠰᠦᠨ ᠠᠵᠢᠯᠴᠢᠳ ᠲᠤ ᠬᠦᠯᠦᠰᠦ ᠤᠯᠭᠤᠮᠵᠢ  ᠶᠢ ᠨᠢ ᠦᠭᠭᠦ ᠰᠢᠭᠤᠳ ᠬᠠᠷᠢᠭᠤᠴᠠᠯᠭ᠎ᠠ ᠶᠢ ᠡᠭᠦᠷᠭᠡᠯᠡᠨ᠎ᠡ᠃    ︵ᠬᠤᠶᠠᠷ︶ ᠬᠦᠯᠦᠰᠦ ᠤᠯᠭᠤᠮᠵᠢ ᠦᠭᠭᠦ ᠪᠠᠳᠤᠯᠠᠭ᠎ᠠ ᠶᠢᠨ ᠲᠦᠷᠢᠮ ᠢ ᠲᠡᠭᠦᠯᠳᠡᠷᠵᠢᠭᠦᠯᠦᠨ᠎ᠠ᠃    1᠂ ᠬᠦᠯᠦᠰᠦ ᠤᠯᠭᠤᠮᠵᠢ ᠶᠢ ᠪᠠᠳᠤᠯᠠᠬᠤ ᠮᠦᠩᠭᠦ ᠪᠠ ᠪᠠᠴᠢᠮ ᠪᠠᠶᠢᠳᠠᠯ ᠢ ᠠᠷᠭᠠᠴᠠᠬᠤ ᠡᠷᠬᠢᠯᠳᠡ ᠶᠢᠨ ᠮᠦᠩᠭᠦᠨ ᠤ ᠲᠦᠷᠢᠮ ᠢ ᠨᠠᠶᠢᠳᠠᠪᠤᠷᠢᠵᠢᠭᠤᠯᠤᠨ᠎ᠠ᠃ ᠬᠤᠰᠢᠭᠤᠨ ᠤ ᠪᠦᠬᠦ ᠢᠨᠵᠧᠨᠧᠷᠢᠩ ᠤᠨ ᠲᠦᠷᠦᠯ ᠵᠦᠢᠯ ᠨᠢ ︽ᠢᠨᠵᠧᠨᠧᠷᠢᠩ ᠤᠨ ᠪᠦᠳᠦᠭᠡᠨ ᠪᠠᠶᠢᠭᠤᠯᠤᠯᠳᠠ ᠶᠢᠨ ᠬᠦᠷᠢᠶ᠎ᠡ ᠴᠠᠷᠠᠭᠠᠨ ᠳᠠᠬᠢ ᠪᠠᠳᠤᠯᠠᠭ᠎ᠠ ᠶᠢᠨ ᠮᠦᠩᠭᠦ ᠶᠢ ᠴᠡᠪᠡᠷᠯᠡᠨ ᠲᠦᠷᠢᠮᠵᠢᠭᠦᠯᠭᠦ ᠲᠤᠬᠠᠢ ᠲᠦᠷᠦ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠭᠢᠮ ᠤᠨ ᠮᠡᠳᠡᠭᠳᠡᠯ︾ ︵ᠲᠦᠷᠦ ᠠᠯᠪᠠᠨ ᠲᠠᠷᠬᠠᠭᠠᠭᠰᠠᠨ ︵﹇2016﹈ 49 ᠳ᠋ᠤᠭᠡᠷ ᠲᠤᠭᠠᠲᠦ︶ ᠤᠨ ᠱᠠᠭᠠᠷᠳᠠᠯᠭ᠎ᠠ ᠪᠠ ᠦᠪᠡᠷᠳᠡᠭᠡᠨ ᠵᠠᠰᠠᠬᠤ ᠤᠷᠤᠨ ᠤ ᠬᠠᠮᠢᠶ᠎ᠠ ᠪᠦᠬᠦᠢ ᠲᠤᠭᠳᠠᠭᠠᠯ ᠶᠤᠰᠤᠭᠠᠷ᠂ ᠮᠠᠯᠴᠢᠨ ᠲᠠᠷᠢᠶᠠᠴᠢᠨ ᠬᠦᠯᠦᠰᠦᠨ ᠠᠵᠢᠯᠴᠢᠨ ᠤ ᠬᠦᠯᠦᠰᠦ ᠤᠯᠭᠤᠮᠵᠢ ᠶᠢᠨ ᠪᠠᠳᠤᠯᠠᠭ᠎ᠠ ᠶᠢ ᠲᠤᠰᠢᠶᠠᠵᠤ᠂ ᠬᠦᠯᠦᠰᠤ ᠤᠯᠭᠤᠮᠵᠢ ᠶᠢᠨ ᠪᠠᠳᠤᠯᠠᠭ᠎ᠠ ᠶᠢᠨ ᠵᠦᠷᠢᠶ᠎ᠠ ᠲᠠᠢ ᠲᠤᠰᠢᠶᠠᠬᠤ ᠠᠷᠭ᠎ᠠ ᠶᠢ ᠭᠡᠷᠡᠭᠯᠡᠵᠤ᠂ ᠲᠤᠭᠳᠠᠭᠰᠠᠨ ᠬᠤᠭᠤᠴᠠᠭᠠᠨ ᠳᠤ ᠬᠦᠯᠦᠰᠦ ᠤᠯᠭᠤᠮᠵᠢ ᠦᠷᠢᠳᠤᠭ᠍ᠰᠡᠨ ᠪᠠᠶᠢᠳᠠᠯ ᠡᠭᠦᠰᠦᠭᠰᠡᠨ ᠦᠬᠡᠢ ᠠᠵᠤ ᠠᠬᠤᠶᠢᠯᠠᠯ ᠳᠤ ᠭᠦᠩᠭᠡᠯᠡᠵᠤ ᠭᠡᠯᠳᠦᠷᠢᠭᠦᠯᠭᠦ ᠠᠷᠭ᠎ᠠ ᠬᠡᠮᠵᠢᠶ᠎ᠡ ᠠᠪᠴᠤ ᠬᠦᠯᠦᠰᠦ ᠤᠯᠭᠤᠮᠵᠢ ᠦᠷᠢᠳᠤᠭ᠍ᠰᠡᠨ ᠪᠠᠶᠢᠳᠠᠯ ᠡᠭᠦᠰᠦᠭᠰᠡᠨ ᠠᠵᠤ ᠠᠬᠤᠶᠢᠯᠠᠯ ᠤᠨ ᠪᠠᠳᠤᠯᠠᠭ᠎ᠠ ᠶᠢᠨ ᠮᠦᠩᠭᠦ ᠲᠤᠰᠢᠶᠠᠬᠤ ᠬᠠᠷᠢᠴᠠᠯ ᠢ ᠵᠤᠬᠢᠰᠳᠠᠢ ᠨᠡᠮᠡᠭᠳᠡᠭᠦᠯᠦᠨ᠎ᠠ᠃
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠵᠠᠰᠠᠭ ᠤᠨ ᠣᠷᠳᠣᠨ ᠤ ᠤᠷᠴᠢᠭᠤᠯᠭ᠎ᠠ ᠶᠢᠨ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号