ᠮᠠᠨ ᠤ ᠭᠦᠳᠡᠭᠡ ᠨᠤᠳᠤᠭ ᠤᠨ ᠭᠡᠰᠡᠭ ᠮᠠᠯᠴᠢᠳ ᠪᠠᠩᠭᠢ ᠠᠴᠠ ᠵᠢᠭᠡᠯᠡᠯᠭᠡ ᠠᠪᠴᠢᠬᠠᠭᠠᠳ ᠴᠠᠭ ᠲᠤᠬᠠᠢ ᠳᠤᠨᠢ | ᠪᠤᠴᠠᠭᠠᠬᠤ ᠦᠭᠡᠢ᠂ ᠪᠠᠩᠭᠢ ᠶᠢᠨ ᠬᠢᠨ ᠠᠴᠠ ᠲᠡᠳᠡᠨ ᠢ ᠡᠷᠢᠵᠦ ︽ᠵᠢᠭᠡᠯᠡᠯᠭᠡ ᠪᠠᠨ ᠴᠠᠭ ᠲᠤᠬᠠᠢ ᠳᠤᠨᠢ ᠪᠤᠴᠠᠭᠠᠬᠤ | ᠦᠭᠡᠢ ᠪᠤᠯ ᠪᠠᠩᠭᠢ ᠶᠢᠨ ᠬᠠᠷ᠎ᠠ ᠲᠠᠩᠰᠠᠨ ᠳᠤ ᠤᠷᠤᠨ᠎ᠠ ᠰᠢᠦ︾ ᠭᠡᠮᠡᠨ ᠰᠠᠨᠠᠭᠤᠯᠬᠤ ᠳᠤ᠂ ︽ᠶᠠᠭᠤ ᠶᠠᠭᠤ | ᠶᠠᠷᠢᠭᠠᠳ ᠪᠠᠶᠢᠨ᠎ᠠ ᠪᠤᠢ᠂ ᠬᠠᠷ᠎ᠠ ᠲᠠᠩᠰᠠ ᠨᠢ ᠶᠠᠭᠤ ᠶᠤᠮ ᠁︾ ᠭᠡᠰᠡᠨ ᠮᠡᠶ᠋ᠢᠭ ᠲᠠᠢ ᠤᠢᠢᠰᠢᠶᠠᠬᠤ ᠴᠤ ᠦᠭᠡᠢ | ᠦᠡᠭᠭᠡᠷᠡᠳᠡᠭ᠃ ᠵᠠᠷᠢᠮ ᠨᠢ ᠬᠠᠷ᠎ᠠ ᠲᠠᠩᠰᠠᠨ ᠳᠤᠨᠢ ᠤᠷᠤᠴᠢᠬᠠᠬᠤ ᠪᠠᠷ ᠪᠤᠳᠤᠬᠤ ᠳᠤ ᠠᠯᠢ ᠨᠢᠬᠡ ᠡᠳᠦᠷ | ᠪᠤᠴᠠᠭᠠᠴᠢᠬᠠᠪᠠᠯ ᠬᠠᠷ᠎ᠠ ᠲᠠᠩᠰᠠᠨ ᠳᠠᠬᠢ ᠨᠡᠷ᠎ᠡ ᠠᠶᠠᠨᠳᠠᠭᠠᠨ ᠠᠷᠢᠯᠴᠢᠬᠠᠬᠤ ᠪᠠᠶᠢᠯᠬᠦᠢ ᠭᠡᠵᠦ ᠪᠤᠳᠤᠳᠠᠭ ᠴᠤ ᠪᠤᠢ᠃ | ᠬᠦᠳᠡᠭᠡ ᠨᠤᠳᠤᠭ ᠤᠨ ᠮᠠᠯᠴᠢᠳ ᠮᠠᠨᠢ ᠬᠠᠷ᠎ᠠ ᠲᠠᠩᠰᠠᠨ ᠤ ᠲᠤᠬᠠᠢ ᠤᠢᠢᠯᠠᠭᠠᠯᠳᠠ ᠲᠠᠩᠴᠢ ᠲᠤᠳᠠᠮᠠᠭ ᠪᠠᠶᠢᠬᠰᠠᠭᠠᠷ᠃ | ᠦᠨᠡᠨ ᠳᠡᠭᠡᠨ ᠨᠠᠰᠤᠨ ᠳᠤ ᠭᠦᠷᠦᠭᠰᠡᠨ ᠡᠷᠭᠡᠳᠦ ᠠᠷᠠᠳ ᠪᠠᠩᠭᠢ ᠠᠴᠠ ᠵᠢᠭᠡᠯᠡᠯᠭᠡ ᠠᠪᠤᠭᠰᠠᠨ ᠬᠤᠶᠢᠨ᠎ᠠ ᠪᠠᠨ | ᠪᠤᠴᠠᠭᠠᠬᠤ ᠦᠭᠡᠢ ᠪᠤᠶᠤ ᠴᠠᠭ ᠢ ᠨᠢ ᠬᠤᠶᠢᠰᠢᠯᠡᠭᠤᠯᠵᠦ ᠪᠤᠴᠠᠭᠠᠪᠠᠯ ᠦᠪᠡᠷ ᠤᠨ ᠢᠳᠡᠭᠡᠯ ᠭᠦᠨᠳᠦ ᠪᠠᠨ | ᠨᠦᠯᠦᠭᠡᠯᠡᠭᠦ ᠪᠠᠷ ᠪᠠᠷᠠᠬᠤ ᠦᠭᠡᠢ ᠭᠦᠨᠳᠦ ᠨᠤᠴᠢᠳᠠᠢ ᠦᠶᠡᠰ ᠪᠠᠩᠭᠢ ᠶᠢᠨ ᠬᠠᠷ᠎ᠠ ᠲᠠᠩᠰᠠᠨ ᠳᠤ ᠤᠷᠤᠬᠤ ᠠᠶᠤᠯᠳᠠᠢ᠃ | ᠪᠠᠩᠭᠢ ᠶᠢᠨ ᠬᠠᠷ᠎ᠠ ᠲᠠᠩᠰᠠᠨ ᠳᠤ ᠤᠷᠤᠪᠠᠯ ᠬᠤᠶᠢᠰᠢᠳᠡ ᠶᠢᠨ ᠭᠡᠰᠡᠭ ᠬᠤᠭᠤᠴᠠᠭᠠᠨ ᠳᠤ ᠪᠠᠩᠭᠢ ᠠᠴᠠ ᠶᠠᠮᠠᠷ ᠴᠤ | ᠵᠢᠭᠡᠯᠡᠯᠭᠡ ᠠᠪᠴᠦ ᠪᠤᠯᠬᠤ ᠦᠭᠡᠢ ᠮᠦᠷᠳᠡᠭᠡᠨ ᠪᠤᠰᠤᠳ ᠲᠤ ᠪᠠᠳᠤᠯᠠᠭ᠎ᠠ ᠬᠢᠵᠦ ᠴᠤ ᠪᠤᠯᠬᠤ ᠦᠭᠡᠢ᠃ ᠭᠦᠨᠳᠦ | ᠨᠤᠴᠢᠳᠠᠢ ᠪᠤᠯᠪᠠᠯ ᠭᠠᠯ ᠲᠡᠷᠭᠡᠨ ᠪᠢᠯᠧᠲ᠂ ᠨᠢᠰᠭᠡᠯ ᠤᠨ ᠪᠢᠯᠧᠲ ᠬᠤᠳᠠᠯᠳᠤᠨ ᠠᠪᠴᠤ ᠲᠡᠶᠢᠯᠭᠦ ᠦᠭᠡᠢ ᠪᠤᠯᠳᠠᠭ᠃ | ᠦᠷᠢᠳᠦᠭᠰᠡᠨ ᠵᠢᠭᠡᠯᠡᠯᠭᠡ ᠪᠠᠨ ᠲᠦᠷᠭᠡᠨ ᠪᠤᠴᠠᠭᠠᠪᠠᠯ ᠬᠠᠷ᠎ᠠ ᠲᠠᠩᠰᠠᠨ ᠳᠠᠬᠢ ᠲᠡᠮᠳᠡᠭᠯᠡᠯ ᠲᠠᠪᠤᠨ ᠵᠢᠯ ᠤᠨ ᠲᠠᠷᠠᠭ᠎ᠠ | ᠰᠠᠶ᠋ᠢ ᠠᠷᠢᠯᠤᠨ᠎ᠠ︔ ᠭᠡᠷᠪᠡ ᠪᠤᠴᠠᠭᠠᠬᠤ ᠶᠢ ᠲᠡᠪᠴᠢᠪᠡᠯ ᠬᠠᠷ᠎ᠠ ᠲᠠᠩᠰᠠᠨ ᠳᠤ ᠤᠷᠤᠭᠰᠠᠨ ᠴᠠᠭ ᠬᠤᠭᠤᠴᠠᠭ᠎ᠠ | ᠤᠯᠠᠮ ᠢᠶᠠᠷ ᠨᠡᠮᠡᠭᠳᠡᠨ᠎ᠠ︔ ᠤᠪᠤᠷ ᠮᠠᠭᠤ᠂ ᠪᠠᠩᠭᠢ ᠳᠤ ᠮᠠᠭᠤ ᠮᠠᠭᠤᠬᠠᠢ ᠨᠦᠯᠦᠭᠡ ᠦᠵᠡᠭᠦᠯᠪᠡᠯ ᠪᠠᠩᠭᠢ ᠶᠢᠨ ᠬᠠᠷ᠎ᠠ | ᠲᠠᠩᠰᠠᠨ ᠳᠤ ᠡᠭᠦᠷᠢᠳᠡ ᠲᠡᠮᠳᠡᠭᠯᠡᠭᠳᠡᠭᠦ ᠪᠤᠯᠤᠨ᠎ᠠ᠃ ᠡᠬᠦᠨ ᠠᠴᠠ ᠦᠵᠡᠬᠦ ᠳᠤ᠂ ᠬᠠᠷ᠎ᠠ ᠲᠠᠩᠰᠠᠨ ᠳᠤ | ᠲᠡᠮᠳᠡᠭᠯᠡᠭᠳᠡᠬᠦ ᠨᠢ ᠬᠤᠪᠢ ᠬᠦᠮᠦᠨ ᠤ ᠢᠳᠡᠬᠡᠯ ᠬᠦᠨᠳᠤ ᠶᠢ ᠪᠠᠭᠤᠷᠠᠭᠤᠯᠬᠤ ᠪᠠᠷ ᠪᠠᠷᠠᠬᠤ ᠦᠭᠡᠢ ᠬᠤᠵᠢᠮ ᠤᠨ | ᠠᠮᠢᠳᠤᠷᠠᠯ ᠦᠢᠯᠡᠳᠪᠦᠷᠢᠯᠡᠯ ᠤᠨ ᠬᠦᠭᠵᠢᠯᠳᠡ ᠶᠢ ᠴᠤ ᠨᠦᠯᠦᠬᠡᠯᠡᠬᠦ ᠶᠤᠮ ᠪᠠᠶᠢᠨ᠎ᠠ᠃ ᠪᠠᠩᠭᠢ ᠶᠢᠨ ᠬᠢᠨ ᠮᠠᠯᠵᠢᠬᠤ | ᠦᠢᠯᠡᠳᠪᠦᠷᠢᠯᠡᠯ ᠠᠮᠢᠳᠤᠷᠠᠯ ᠳᠤ ᠲᠦᠭᠦᠮ ᠦᠵᠡᠭᠦᠯᠭᠦ ᠶᠢᠨ ᠲᠤᠯᠠᠳᠠ ᠵᠢᠯ ᠪᠦᠷᠢ ᠲᠤᠭᠳᠠᠭᠰᠠᠨ ᠬᠤᠭᠤᠴᠠᠭ᠎ᠠ ᠲᠠᠢ | ᠮᠠᠯᠴᠢᠳ ᠲᠤ ᠵᠢᠭᠡᠯᠡᠯᠭᠡ ᠲᠠᠯᠪᠢᠳᠠᠭ ᠪᠦᠭᠡᠳ ᠮᠠᠯᠴᠢᠳ ᠮᠠᠨᠢ ᠴᠤ ᠵᠢᠭᠡᠯᠡᠯᠬᠡ ᠶᠢ ᠤᠯᠳᠠᠬᠤ ᠶᠢᠨ ᠬᠢᠷᠢ ᠪᠠᠷ ᠠᠪᠴᠤ | ᠯᠡ ᠪᠠᠶᠢᠳᠠᠭ᠃ ᠭᠡᠬᠦ ᠳᠡᠭᠡᠨ ᠵᠢᠭᠡᠯᠡᠯᠬᠡ ᠶᠢ ᠤᠯᠳᠠᠬᠰᠠᠨ ᠤ ᠬᠢᠷᠢ ᠪᠠᠷ ᠠᠪᠴᠤ᠂ ᠪᠠᠶᠢᠬᠤ ᠶᠢᠨ ᠬᠢᠷᠢ ᠪᠠᠷ | ᠪᠦᠷᠢᠯᠭᠡᠭᠡᠳ᠂ ᠪᠤᠴᠠᠭᠠᠬᠤ ᠴᠠᠭ ᠬᠤᠭᠤᠴᠠᠭ᠎ᠠ ᠶᠢ ᠤᠪᠠᠶᠢᠯᠠᠬᠤ ᠦᠭᠡᠢ ᠶᠠᠪᠤᠪᠠᠯ ᠬᠠᠮᠤᠭ ᠰᠡᠬᠦᠯ ᠳᠤ ᠬᠤᠪᠢ | ᠬᠦᠮᠦᠨ ᠬᠤᠬᠢᠷᠠᠯ ᠠᠮᠰᠠᠨ᠎ᠠ ᠰᠢᠦ ᠳ᠋ᠡ⁈ ᠡᠶᠢᠨᠬᠦ ᠮᠠᠯᠴᠢᠨ ᠲᠦᠮᠡᠨ ᠮᠠᠨᠢ ᠲᠦᠯᠦᠪᠯᠡᠭᠡ ᠲᠠᠢ ᠪᠠᠷ ᠵᠢᠭᠡᠯᠡᠯᠭᠡ | ᠠᠪᠬᠤ ᠭᠡᠷᠡᠭᠳᠡᠢ ᠪᠦᠭᠡᠳ ᠠᠪᠤᠬᠰᠠᠨ ᠵᠢᠭᠡᠯᠡᠯᠬᠡ ᠪᠠᠨ ᠵᠦᠪ ᠶᠠᠭᠤᠮᠠᠨ ᠳᠤ ᠭᠡᠷᠡᠭᠯᠡᠵᠦ᠂ ᠦᠢᠯᠡᠳᠪᠦᠷᠢᠯᠡᠯ | ᠠᠮᠢᠳᠤᠷᠠᠯ ᠳᠠᠭᠠᠨ ᠵᠤᠬᠢᠰᠳᠠᠢ ᠲᠤᠬᠢᠷᠠᠭᠤᠯᠤᠯᠳᠠ ᠬᠢᠪᠡᠯ ᠵᠤᠬᠢᠨ᠎ᠠ᠃ ᠨᠡᠩ ᠴᠢᠬᠤᠯᠠ ᠨᠢ ᠵᠢᠭᠡᠯᠡᠯᠭᠡ ᠪᠠᠨ ᠴᠠᠭ | ᠲᠤᠬᠠᠢ ᠳᠤᠨᠢ ᠪᠤᠴᠠᠭᠠᠬᠤ ᠲᠠᠳᠬᠠᠯ ᠲᠠᠢ ᠪᠤᠯᠵᠤ᠂ ᠬᠤᠪᠢ ᠭᠦᠮᠦᠨ ᠤ ᠢᠳᠡᠭᠡᠯ ᠭᠦᠨᠳᠦ ᠪᠠᠨ ᠪᠠᠳᠤᠯᠠᠵᠦ᠂ | ᠪᠠᠩᠭᠢ ᠶᠢᠨ ᠬᠠᠷ᠎ᠠ ᠲᠠᠩᠰᠠᠨ ᠳᠤ ᠲᠠᠮᠲᠡᠭᠯᠡᠭᠲᠡᠬᠦ ᠠᠴᠠ ᠬᠢᠴᠢᠶᠠᠭᠦ ᠭᠡᠷᠡᠭᠳᠠᠢ︕ |