ᠰᠢᠨ᠎ᠡ ᠡᠨᠧᠷᠭᠢᠲᠦ ᠮᠠᠰᠢᠨ ᠲᠡᠷᠭᠡ᠂ ᠭᠠᠷ ᠳᠠᠮᠵᠢᠭᠰᠠᠨ ᠮᠠᠰᠢᠨ ᠲᠡᠷᠭᠡ ᠬᠤᠳᠠᠯᠳᠣᠨ ᠠᠪᠬᠤ ᠬᠥᠮᠦᠰ ᠠᠩᠬᠠᠷᠤᠯ ᠢᠶᠠᠨ ᠬᠠᠨᠳᠤᠭᠤᠯᠤᠨ᠎ᠠ︕ᠵᠢᠭᠡᠯᠡᠯᠭᠡ ᠶᠢᠨ ᠬᠠᠷᠢᠴᠠᠯ ᠳᠡᠭᠡᠭᠰᠢᠯᠡᠵᠡᠢ︕
ᠨᠡᠶᠢᠲᠡᠯᠡᠭᠰᠡᠨ ᠴᠠᠭ᠄
2017/9/10
   ᠰᠢᠨ᠎ᠡ ᠡᠨᠧᠷᠭᠢᠲᠦ ᠮᠠᠰᠢᠨ ᠲᠡᠷᠭᠡ᠂ ᠭᠠᠷ ᠳᠠᠮᠵᠢᠭᠰᠠᠨ ᠮᠠᠰᠢᠨ ᠲᠡᠷᠭᠡ ᠬᠤᠳᠠᠯᠳᠣᠨ ᠠᠪᠬᠤ ᠬᠥᠮᠦᠰ  ᠠᠩᠬᠠᠷᠤᠯ ᠢᠶᠠᠨ ᠬᠠᠨᠳᠤᠭᠤᠯᠤᠨ᠎ᠠ︕ ᠵᠢᠭᠡᠯᠡᠯᠭᠡ ᠶᠢᠨ ᠬᠠᠷᠢᠴᠠᠯ ᠳᠡᠭᠡᠭᠰᠢᠯᠡᠵᠡᠢ︕    ᠳᠣᠮᠳᠠᠳᠣ ᠣᠯᠣᠰ ᠤᠨ ᠠᠷᠠᠳ ᠤᠨ ᠪᠠᠩᠬᠢ᠂ ᠳᠣᠮᠳᠠᠳᠣ  ᠣᠯᠣᠰ   ᠤᠨ  ᠪᠠᠩᠬᠢ   ᠶᠢᠨ  ᠦᠢᠯᠡᠰ   ᠤᠨ  ᠬᠢᠨᠠᠯᠲᠠ‌ᠬᠠᠮᠢᠶ᠋ᠷᠣᠯᠲᠠ ᠶᠢᠨ ᠵᠦᠪᠯᠡᠯ ᠤᠨ ᠬᠢᠨ 2018 ᠣᠨ ᠤ1 ᠰᠠᠷ᠎ᠠ ᠶᠢᠨ1 ᠠᠴᠠ ᠮᠠᠰᠢᠨ ᠲᠡᠷᠭᠡᠨ ᠤ  ᠵᠢᠭᠡᠯᠡᠯᠭᠡ   ᠶᠢᠨ ᠲᠥᠷᠦ ᠶᠢᠨ ᠪᠣᠳᠣᠯᠭ᠎ᠠ ᠳᠤ ᠲᠣᠬᠢᠷᠠᠭᠤᠯᠣᠯᠲᠠ ᠬᠢᠨ᠎ᠡ᠂ ᠡᠬᠦᠨ ᠳᠤ ᠥᠪᠡᠷᠲᠡᠭᠡᠨ ᠬᠡᠷᠡᠭᠯᠡᠬᠦ  ᠰᠢᠨ᠎ᠡ ᠡᠨᠧᠷᠭᠢᠲᠦ ᠮᠠᠰᠢᠨ ᠲᠡᠷᠭᠡᠨ ᠤ ᠵᠢᠭᠡᠯᠡᠯᠭᠡ ᠶᠢᠨ ᠬᠠᠮᠤᠭ ᠤᠨ ᠥᠨᠳᠦᠷ ᠵᠢᠭᠡᠯᠡᠬᠦ ᠬᠠᠷᠢᠴᠡᠯ ᠨᠢ 85 % , ᠭᠠᠷ ᠳᠠᠮᠵᠢᠭᠰᠠᠨ ᠲᠡᠷᠭᠡᠨ ᠤ ᠬᠠᠮᠤᠭ ᠤᠨ ᠥᠨᠳᠦᠷ ᠵᠢᠭᠡᠯᠡᠯᠭᠡ ᠶᠢᠨ ᠬᠠᠷᠢᠴᠠᠯ ᠨᠢ 50% ᠠᠴᠠ 70% ᠪᠣᠯᠣᠨ᠎ᠠ ᠭᠡᠵᠦ 8 ‍ᠣ‌ᠡᠲᠦᠷ ᠵᠠᠷᠯᠠᠪᠠ᠃  ᠬᠤᠶᠠᠷ ᠰᠠᠯᠠᠭ᠎ᠠ ᠮᠦᠴᠢᠷ ᠠᠴᠠ ᠲᠣᠭᠲᠠᠭᠠᠭᠰᠠᠨ ᠢᠶᠠᠷ ᠥᠪᠡᠷᠲᠡᠭᠡᠨ ᠬᠡᠷᠡᠭᠯᠡᠬᠦ ᠣᠯᠠᠮᠵᠢᠯᠠᠯᠲᠤ ᠬᠦᠳᠡᠯᠭᠡᠭᠦᠷᠲᠦ ᠲᠡᠷᠭᠡᠨ ᠤ ᠵᠢᠭᠡᠯᠡᠯᠭᠡ ᠤᠨ ᠬᠠᠮᠤᠭ ᠤᠨ ᠥᠨᠳᠦᠷ ᠵᠢᠭᠡᠯᠡᠬᠦ ᠬᠠᠷᠢᠴᠠᠯ ᠨᠢ 80 %᠂  ᠬᠤᠳᠠᠯᠳᠣᠭᠠᠨ ᠳᠤ ᠬᠡᠷᠡᠭᠯᠡᠬᠦ ᠣᠯᠠᠮᠵᠢᠯᠠᠯᠲᠤ ᠬᠦᠳᠡᠯᠭᠡᠭᠦᠷᠲᠦ ᠮᠠᠰᠢᠨ ᠲᠡᠷᠭᠡᠨ ᠤ ᠵᠢᠭᠡᠯᠡᠯᠭᠡ ᠶᠢᠨ ᠬᠠᠮᠤᠭ ᠤᠨ ᠥᠨᠳᠦᠷ ᠵᠢᠭᠡᠯᠡᠬᠦ  ᠬᠠᠷᠢᠴᠠᠯ   ᠨᠢ  70%᠂  ᠥᠪᠡᠷᠲᠡᠭᠡᠨ‌‍ᠬᠡᠷᠡᠭᠯᠡᠬᠦ ᠰᠢᠨ᠎ᠡ ᠡᠨᠧᠷᠭᠢᠲᠦ ᠮᠠᠰᠢᠨ ᠳᠡᠷᠭᠡᠨ ᠤ ᠵᠢᠭᠡᠯᠡᠯᠭᠡ ᠶᠢᠨ ᠬᠠᠮᠤᠭ ᠤᠨ ᠥᠨᠳᠦᠷ ᠵᠢᠭᠡᠯᠡᠬᠦ ᠬᠠᠷᠢᠴᠠᠯ ᠨᠢ  85%᠂ᠬᠤᠳᠠᠯᠳᠣᠭᠠᠨ ᠳᠤ ᠬᠡᠷᠡᠭᠯᠡᠬᠦ ᠰᠢᠨ᠎ᠡ ᠡᠨᠧᠷᠭᠢᠲᠦ ᠮᠠᠰᠢᠨ ᠲᠡᠷᠡᠭᠡᠨ ᠤ ᠵᠢᠭᠡᠯᠡᠯᠭᠡ ᠶᠢᠨ ᠬᠠᠮᠤᠭ ᠤᠨ ᠥᠨᠳᠦᠷ ᠵᠢᠭᠡᠯᠡᠬᠦ ᠬᠠᠷᠢᠴᠠᠯ‌ᠨᠢ 75 %︔ ᠭᠠᠷ ᠳᠠᠮᠵᠢᠭᠰᠠᠨ ᠲᠡᠷᠭᠡᠨ ᠤ ᠵᠢᠭᠡᠯᠡᠯᠭᠡ ᠶᠢᠨ ᠬᠠᠮᠤᠭ ᠤᠨ ᠥᠨᠳᠦᠷ ᠵᠢᠭᠡᠯᠡᠬᠦ ᠬᠠᠷᠢᠴᠠᠯ ᠨᠢ 70%᠃2004ᠣᠨ ᠤ ᠬᠤᠶᠠᠷ ᠰᠠᠯᠠᠭ᠎ᠠ ᠮᠦᠴᠢᠷ ᠠᠴᠠ ᠨᠡᠶᠢᠲᠡᠯᠡᠭᠰᠡᠨ ︽ᠮᠠᠰᠢᠨ ᠲᠡᠷᠭᠡᠨ ᠤ ᠵᠢᠭᠡᠯᠡᠯᠭᠡ ᠶᠢᠨ ᠬᠠᠮᠢᠶᠠᠷᠣᠯᠲᠠ ᠶᠢᠨ ᠠᠷᠭ᠎ᠠ︾ ᠵᠢ‌ᠦᠨᠳᠦᠰᠦᠯᠡᠪᠡᠯ᠂ ᠵᠢᠭᠡᠯᠡᠭᠦᠯᠦᠭᠴᠢ ᠶᠢᠨ ᠵᠢᠭᠡᠯᠡᠭᠦᠯᠬᠦ ᠥᠪᠡᠷᠲᠡᠭᠡᠨ ᠬᠡᠷᠡᠭᠯᠡᠬᠦ ᠮᠠᠰᠢᠨ ᠤ ᠵᠢᠭᠡᠯᠡᠯᠭᠡ ᠶᠢᠨ ᠮᠥᠩᠭᠦ ᠵᠢᠭᠡᠯᠡᠭᠴᠢ ᠵᠢᠨ‌ᠬᠤᠳᠠᠯᠳᠣᠨ ᠠᠪᠬᠤ ᠲᠡᠷᠭᠡᠨ ᠤ ᠦᠨ᠎ᠡ ᠶᠢᠨ 80% ᠠᠴᠠ ᠬᠡᠲᠦᠷᠴᠦ ᠪᠣᠯᠬᠤ ᠦᠭᠡᠢ︔ ᠬᠤᠳᠠᠯᠳᠣᠭᠠᠨ ᠳᠤ ᠬᠡᠷᠡᠭᠯᠡᠬᠦ  ᠮᠠᠰᠢᠨ‌‍ᠲ᠋ᠡᠷᠭᠡᠨ ᠤ ᠵᠢᠭᠡᠯᠡᠯᠭᠡ ᠶᠢᠨ ᠮᠥᠩᠭᠦ ᠵᠢᠭᠡᠯᠡᠭᠴᠢ ᠶᠢᠨ ᠬᠤᠳᠠᠯᠳᠣᠨ ᠠᠪᠴᠤ ᠪᠠᠶᠢᠭ᠎ᠠ ᠲᠡᠷᠭᠡᠨ ᠤ ᠦᠨ᠎ᠡ   ᠶᠢᠨ 70%  ᠡᠴᠠ‌‍ᠬᠡᠲᠦᠷᠴᠦ ᠪᠣᠯᠬᠤ ᠦᠭᠡᠢ︔ ᠭᠠᠷ ᠳᠠᠮᠵᠢᠭᠰᠠᠨ ᠮᠠᠰᠢᠨ ᠲᠡᠷᠭᠡᠨ ᠤ ᠵᠢᠭᠡᠯᠡᠯᠭᠡ   ᠶᠢᠨ  ᠮᠥᠩᠭᠦ  ᠵᠢᠭᠡᠯᠡᠭᠴᠢ   ᠶᠢᠨ  ᠬᠤᠳᠠᠯᠳᠣᠨ‌ᠠᠪᠴᠤ ᠪᠠᠶᠢᠭ᠎ᠠ ᠲᠡᠷᠭᠡᠨ ᠤ ᠦᠨ᠎ᠡ ᠶᠢᠨ50% ᠠᠴᠠ ᠬᠡᠲᠦᠷᠴᠦ ᠪᠣᠯᠬᠤ ᠦᠭᠡᠢ᠃ ᠬᠤᠶᠠᠷ ᠰᠠᠯᠠᠭ᠎ᠠ ᠮᠦᠴᠢᠷ  ‍ᠤᠨ‌‍ᠬᠡᠯᠡᠬᠦ ᠪᠠᠷ᠂ ᠮᠠᠰᠢᠨ ᠲᠡᠷᠭᠡᠨ ᠤ ᠵᠢᠭᠡᠯᠡᠯᠭᠡ ᠶᠢᠨ ᠲᠥᠷᠦ  ᠶᠢᠨ ᠪᠣᠳᠣᠯᠭ᠎ᠠ ᠶᠢ ᠲᠣᠬᠢᠷᠠᠭᠤᠯᠬᠤ ᠵᠣᠷᠢᠯᠭ᠎ᠠ ᠨᠢ ᠮᠠᠰᠢᠨ  ᠲᠡᠷᠭᠡᠨ  ‍ᠣ‌‍ᠬᠡᠷᠡᠭᠯᠡᠭᠡᠨ ᠤ ᠢᠲᠡᠭᠡᠮᠵᠢᠲᠦ ᠵᠢᠭᠡᠯᠡᠯᠭᠡ ᠶᠢᠨ ᠵᠠᠬ᠎ᠠ ᠳᠡᠯᠭᠡᠭᠦᠷ ᠤᠨ ᠬᠠᠩᠭᠠᠯᠭ᠎ᠠ ᠶᠢ ᠳᠡᠭᠡᠭᠰᠢᠯᠡᠬᠦᠯᠵᠦ᠂ ᠣᠯᠠᠨ ᠡᠰᠢᠲᠦ ᠬᠡᠷᠡᠭᠯᠡᠬᠡᠨ‌‍ᠣ ᠳᠠᠯᠳᠠ ᠬᠦᠴᠦᠨ ᠢ ᠬᠥᠭᠵᠢᠭᠡᠵᠦ᠂ ᠪᠣᠬᠢᠷᠳᠣᠯ ᠦᠭᠡᠢ ᠠᠵᠣ ᠠᠬᠤᠢ ᠶᠢᠨ  ᠬᠦᠭᠵᠢᠯᠲᠡ   ᠶᠢ  ᠲᠦᠯᠬᠢᠨ  ᠠᠬᠢᠭᠤᠯᠬᠤ  ᠳ᠋ᠥ‌ᠤᠷᠤᠰᠢᠨ᠎ᠠ᠃ ᠬᠤᠶᠠᠷ ᠰᠠᠯᠠᠭ᠎ᠠ  ᠮᠦᠴᠢᠷ   ᠤᠨ  ᠱᠠᠭᠠᠷᠲᠠᠭᠰᠠᠨ   ᠢᠶᠠᠷ᠂  ᠮᠥᠩᠭᠦᠨ ᠭᠦᠢᠯᠭᠡᠭᠡᠨ   ᠤ ᠪᠠᠶᠢᠭᠤᠯᠣᠮᠵᠢ ᠲᠣᠰ ᠪᠠᠶᠢᠭᠤᠯᠣᠮᠵᠢ ᠶᠢᠨ ᠮᠠᠰᠢᠨ ᠲᠡᠷᠭᠡᠨ ᠤ ᠵᠢᠭᠡᠯᠡᠯᠭᠡ ᠳᠠᠯᠪᠢᠬᠤ ᠲᠥᠷᠦ ᠶᠢᠨ ᠪᠣᠳᠣᠯᠭ᠎ᠠ᠂  ᠠᠶᠣᠯ  ᠲᠦᠭᠰᠢᠭᠦᠷᠢ   ᠢ  ᠰᠡᠷᠭᠡᠶᠢᠯᠡᠨ‌ᠡᠵᠡᠮᠳᠡᠬᠦ ᠵᠡᠷᠭᠡ ᠬᠦᠴᠦᠨ ᠵᠦᠢᠯ ᠢ ᠣᠶᠠᠯᠳᠣᠭᠤᠯᠣᠨ ᠵᠢᠭᠡᠯᠡᠭᠴᠢ ᠶᠢᠨ ᠢᠳᠡᠭᠡᠮᠵᠢ ᠶᠢᠨ ᠪᠠᠶᠢᠳᠠᠯ᠂ ᠵᠢᠭᠡᠯᠡᠯᠭᠡ ᠪᠣᠴᠠᠭᠠᠭᠴᠢ ᠶᠢᠨ ᠴᠢᠳᠠᠪᠣᠷᠢ ᠵᠡᠷᠭᠡ ᠮᠠᠰᠢᠨ ᠲᠡᠷᠭᠡᠨ ᠤ ᠵᠢᠭᠡᠯᠡᠯᠭᠡ ᠶᠢᠨ ᠪᠣᠳᠠᠲᠠᠢ ᠵᠢᠭᠡᠯᠡᠬᠦ  ᠬᠠᠷᠢᠴᠠᠯ   ᠢ  ᠳᠣᠭᠲᠠᠭᠠᠨ᠎ᠠ᠃  ᠮᠠᠰᠢᠨ ᠲᠡᠷᠭᠡᠨ ᠤ ᠵᠢᠭᠡᠯᠡᠯᠭᠡ ᠶᠢᠨ ᠪᠦᠬᠦ ᠶᠠᠪᠣᠴᠠ ᠶᠢᠨ ᠬᠠᠮᠢᠶᠠᠷᠣᠯᠲᠠ ᠶᠢ ᠦᠨᠡᠨᠬᠦ  ᠴᠢᠩᠭᠠᠳᠬᠠᠵᠤ᠂  ᠵᠢᠭᠡᠯᠡᠯᠭᠡ   ᠶᠢᠨ  ᠡᠮᠦᠨᠡᠬᠢ  ᠬᠢᠨᠠᠨ‌‍ᠪᠠᠶᠢᠴᠠᠭᠠᠯᠲᠠ ᠶᠢ ᠴᠢᠩᠭᠠᠳᠬᠠᠨ᠂ ᠵᠢᠭᠡᠯᠡᠯᠭᠡ ᠶᠢᠨ ᠨᠢᠭᠡᠳᠦᠭᠡᠷ ᠵᠣᠭᠤᠰ ᠪᠣᠴᠠᠭᠠᠬᠤ ᠢᠷᠡᠯᠲᠡ ᠶᠢ ᠬᠠᠷᠠᠭᠠᠯᠵᠠᠭᠰᠠᠨ ᠡᠬᠡ  ᠮᠥᠩᠭᠦ ᠬᠦᠦ ᠮᠥᠩᠭᠦ ᠶᠢ ᠪᠦᠬᠦᠨ ᠢ ᠪᠥᠷᠬᠦᠭᠦᠯᠬᠦ ᠶᠢ ᠪᠠᠲᠣᠯᠠᠨ᠎ᠠ᠃ ᠡᠭᠦᠨ ᠤ ᠵᠡᠷᠭᠡ᠂ ᠪᠠᠷᠢᠴᠠᠭᠠᠨ ᠤ ᠪᠣᠳᠠᠰ᠂ ᠳᠠᠨᠵᠢᠯᠠᠬᠤ ᠪᠣᠳᠠᠰ ‍ᠤᠨ‌ᠦᠨ᠎ᠡ ᠥᠷᠲᠡᠭ ᠢ ᠦᠨᠡᠯᠡᠬᠦ ᠰᠢᠰᠲ᠋ᠧᠮ ᠢ ᠲᠡᠭᠦᠯᠳᠡᠷᠵᠢᠭᠦᠯᠵᠦ᠂  ᠵᠢᠭᠡᠯᠡᠯᠭᠡ   ᠶᠢᠨ  ᠲᠥᠷᠦᠯ  ᠬᠤᠪᠢᠶᠠᠬᠤ  ᠲᠥᠷᠢᠮ ᠢ ᠲᠡᠭᠦᠯᠳᠡᠷᠵᠢᠭᠦᠯᠦᠨ᠂ ᠡᠷᠡᠭᠦᠯ ᠪᠣᠰᠣ ᠵᠢᠭᠡᠯᠡᠯᠭᠡ ᠶᠢᠨ ᠬᠢᠨᠡᠨ ᠡᠵᠡᠮᠳᠡᠬᠦ   ᠶᠢ  ᠴᠢᠩᠭᠠᠳᠬᠠᠵᠣ᠂  ᠲᠤᠭ᠎ᠠ  ᠶᠣᠰᠣᠭᠠᠷ  ᠭᠦᠢᠴᠡᠳ ᠪᠣᠳᠣᠨ ᠬᠠᠷᠠᠭᠠᠯᠵᠠᠬᠤ ᠬᠡᠮᠵᠢᠶ᠎ᠡ ᠪᠠᠷ ᠪᠠᠭᠤᠯᠭᠠᠬᠤ ᠪᠠᠷ ᠪᠡᠯᠡᠳᠭᠡᠬᠦ ᠪᠣᠯᠣᠨ᠎ᠠ᠃
 
ᠢᠷᠡᠯᠲᠡ᠄ ᠠᠷᠠᠤᠨ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号