ᠰᠢᠨ᠎ᠡ ᠪᠠᠷᠭᠤ ᠪᠠᠷᠠᠭᠤᠨ ᠬᠤᠰᠢᠭᠤᠨ ᠤ ᠪᠠᠷᠭᠤᠴᠤᠤᠨ ᠤᠨ ᠲᠡᠤᠬᠡᠨ ᠲᠤᠶᠢᠮᠤ
ᠨᠡᠶᠢᠲᠡᠯᠡᠭᠰᠡᠨ ᠴᠠᠭ᠄
2017/9/18
  ᠡᠨᠡ ᠤᠳᠠᠭᠠᠨ ᠤ ᠪᠠᠷᠢᠪᠴᠢᠯᠠᠯᠲᠠ ᠳᠤ ᠪᠤᠰᠤᠳ ᠬᠤᠰᠢᠭᠤᠨ ᠠᠴᠠ ᠣᠯᠠᠨ ᠲᠣᠭᠠᠨ ᠤ ᠬᠥᠮᠥᠨ ᠪᠠᠷᠢᠪᠴᠢᠯᠠᠭᠳᠠᠵᠤ ᠠᠮᠢ ᠨᠠᠰᠤ ᠪᠠᠨ ᠠᠯᠳᠠᠭᠰᠠᠨ ᠭᠡᠳᠡᠭ᠃   ᠭᠤᠩᠭᠤᠷᠵᠠᠪ ᠰᠣᠶᠤᠯ ᠮᠡᠳᠡᠯᠭᠡ ᠶᠢ ᠮᠠᠰᠢ ᠬᠦᠨᠳᠦᠳᠬᠡᠳᠡᠭ᠃ ᠲᠡᠷᠡ ᠶᠠᠫᠤᠨ ᠤ ᠡᠷᠢᠨ ᠳᠤ ᠨᠢᠭᠡ ᠬᠡᠰᠡᠭ ᠨᠤᠲᠤᠭ ᠤᠨ ᠪᠢᠴᠢᠭ ᠰᠣᠶᠤᠯ ᠲᠠᠢ ᠬᠥᠮᠥᠰ ᠢ ᠭᠠᠳᠠᠨ᠎ᠠ ᠰᠤᠷᠤᠯᠴᠠᠭᠤᠯᠵᠤ᠂ ᠨᠢᠭᠡ ᠲᠠᠯ᠎ᠠ ᠪᠠᠷ ᠶᠠᠫᠤᠨ ᠤ ᠭᠠᠷ  ᠠᠴᠠ ᠵᠠᠶᠢᠯᠠᠭᠤᠯᠵᠤ᠂ ᠨᠥᠭᠦᠭᠡ ᠲᠠᠯ᠎ᠠ ᠪᠠᠷ ᠬᠤᠵᠢᠮ ᠤᠨ ᠡᠬᠡ ᠣᠷᠤᠨ᠂ ᠦᠨᠳᠦᠰᠦᠲᠡᠨ ᠶᠠᠰᠤᠲᠠᠨ ᠤ ᠲᠥᠯᠥᠭᠡ ᠴᠢᠬᠤᠯᠠᠴᠢᠯᠠᠨ ᠬᠥᠮᠥᠵᠢᠭᠦᠯᠵᠦ ᠪᠠᠶᠢᠪᠠ᠃   1945 ᠣᠨ ᠳᠤ ᠮᠣᠩᠭᠤᠯ ᠤᠯᠤᠰ ᠤᠨ ᠰᠦᠬᠡᠪᠠᠭᠠᠲᠤᠷ ᠤᠨ ᠨᠡᠷᠡᠮᠵᠢᠲᠦ ᠶᠡᠭᠡ ᠰᠤᠷᠭᠠᠭᠤᠯᠢ ᠳᠤ ᠪᠠᠷᠠᠭᠤᠨ ᠭᠠᠷᠤᠨ ᠬᠤᠰᠢᠭᠤᠨ ᠠᠴᠠ ᠫᠤᠩᠰᠤᠭᠳᠠᠰᠢ᠂ ᠳᠠᠮᠳᠢᠨᠵᠠᠪ ᠨᠠᠷ ᠢ ᠲᠣᠮᠢᠯᠠᠨ ᠮᠠᠷᠺᠰ ᠤᠨ ᠦᠵᠡᠯ ᠤᠨ ᠬᠤᠪᠢᠰᠬᠠᠯᠲᠤ ᠬᠥᠮᠥᠵᠢᠯ ᠢ ᠬᠦᠷᠲᠡᠭᠡᠵᠦ᠂ ᠶᠡᠭᠡ ᠰᠤᠷᠭᠠᠭᠤᠯᠢ ᠶᠢᠨ ᠠᠩᠬᠠᠨ ᠤ ᠣᠶᠤᠲᠠᠨ ᠢ ᠬᠥᠮᠥᠵᠢᠭᠦᠯᠵᠦ ᠪᠠᠶᠢᠪᠠ᠃   ᠭᠤᠩᠭᠤᠷᠵᠠᠪ ᠤᠨ ᠬᠤᠪᠢᠰᠬᠠᠯ ᠳᠤ ᠣᠷᠤᠯᠴᠠᠵᠤ ᠪᠠᠶᠢᠭᠰᠠᠨ ᠲᠤᠬᠠᠢ ᠨᠢᠭᠡᠨ ᠮᠠᠲ᠋ᠧᠷᠢᠶᠠᠯ ᠳᠤ     ︽1946 ᠣᠨ ᠳᠤ ᠬᠥᠯᠥᠨ ᠪᠣᠶᠢᠷ ᠤᠨ ᠥᠪᠡᠷᠲᠡᠭᠡᠨ ᠵᠠᠰᠠᠬᠤ ᠵᠠᠰᠠᠭ ᠤᠨ ᠣᠷᠳᠤᠨ ᠤ ᠲᠡᠷᠢᠭᠦᠯᠡᠭᠴᠢ ᠡᠷᠬᠢᠮᠪᠠᠲᠤ ᠲᠠᠢ ᠬᠠᠮᠲᠤ ᠬᠠᠷᠪᠢᠨ ᠬᠤᠲᠠ ᠳᠤ ᠬᠦᠷᠴᠦ ᠳᠤᠮᠳᠠᠳᠤ ᠤᠯᠤᠰ ᠤᠨ ᠡᠪ ᠬᠠᠮᠲᠤ ᠨᠠᠮ ᠤᠨ ᠵᠡᠭᠦᠨ ᠬᠤᠶᠢᠲᠤ ᠣᠷᠤᠨ ᠤ ᠲᠣᠪᠴᠢᠶ᠎ᠠ ᠪᠣᠯᠤᠨ ᠵᠡᠭᠦᠨ ᠬᠤᠶᠢᠲᠤ ᠣᠷᠤᠨ ᠤ ᠵᠠᠰᠠᠭ ᠵᠠᠬᠢᠷᠭᠠᠨ ᠤ ᠭᠡᠰᠢᠭᠦᠳ ᠤᠨ ᠬᠤᠷᠠᠯ᠂ ᠵᠡᠭᠦᠨ ᠬᠤᠶᠢᠲᠤ  ᠶᠢᠨ ᠬᠤᠯᠪᠤᠭᠠᠲᠤ ᠴᠡᠷᠢᠭ ᠤᠨ ᠶᠡᠷᠦᠩᠬᠡᠢ ᠬᠡᠯᠲᠡᠰ ᠤᠨ ᠤᠳᠤᠷᠢᠳᠬᠤ ᠬᠥᠮᠥᠨ ᠫᠧᠩ ᠵᠧᠩ᠂ ᠭᠤᠣ ᠭᠠᠩ᠂ ᠯᠢᠨ ᠪᠢᠶᠣᠣ ᠨᠠᠷ ᠲᠠᠢ ᠠᠭᠤᠯᠵᠠᠵᠤ᠂ ᠡᠪ ᠬᠠᠮᠲᠤ ᠨᠠᠮ᠂ ᠠᠷᠠᠳ ᠤᠨ ᠠᠷᠠᠳᠴᠢᠯᠠᠭᠰᠠᠨ ᠵᠠᠰᠠᠭ ᠢ ᠬᠦᠷᠢᠶᠡᠯᠡᠵᠦ ᠪᠠᠶᠢᠬᠤ  ᠪᠠᠨ ᠢᠯᠡᠳᠬᠡᠭᠰᠡᠨ ᠤ ᠬᠠᠮᠲᠤ᠂ ᠵᠠᠶᠠᠭᠠᠲᠠᠢ ᠪᠠᠷ ᠲᠦᠯᠦᠭᠡᠯᠡᠭᠦᠯᠦᠭᠰᠡᠨ ᠨᠠᠮ ᠤᠨ ᠲᠥᠪ ᠬᠤᠷᠢᠶᠠᠨ ᠤ ᠲᠣᠮᠢᠯᠠᠭᠰᠠᠨ ᠠᠵᠢᠯᠯᠠᠬᠤ ᠠᠩᠭᠢ ᠶᠢ ᠬᠦᠯᠥᠨ ᠪᠣᠶᠢᠷ ᠲᠤ ᠬᠦᠷᠦᠯᠴᠡᠨ ᠢᠷᠡᠬᠦ ᠶᠢ ᠬᠠᠯᠠᠭᠤᠨ ᠢᠶᠠᠷ ᠤᠭᠲᠤᠵᠤ᠂ ᠢᠳᠡᠪᠬᠢᠲᠡᠢ ᠪᠠᠷ ᠬᠠᠮᠲᠤᠷᠠᠨ ᠠᠵᠢᠯᠯᠠᠭᠰᠠᠨ ᠶᠤᠮ︾ ᠭᠡᠵᠤ ᠲᠡᠮᠳᠡᠭᠯᠡᠭᠰᠡᠨ ᠪᠠᠶᠢᠳᠠᠭ᠃    ᠲᠡᠷᠡ ᠬᠥᠯᠥᠨ ᠪᠣᠶᠢᠷ ᠤᠨ ᠥᠪᠡᠷᠲᠡᠭᠡᠨ ᠵᠠᠰᠠᠬᠤ ᠵᠠᠰᠠᠭ ᠤᠨ ᠣᠷᠳᠤᠨ ᠤ ᠳᠡᠳ᠋ ᠲᠡᠷᠢᠭᠦᠯᠡᠭᠴᠢ ᠪᠠᠶᠢᠬᠤ  ᠳᠠᠭᠠᠨ ᠬᠥᠯᠥᠨ ᠪᠣᠶᠢᠷ ᠤᠨ ᠡᠯ᠎ᠡ ᠬᠤᠰᠢᠭᠤᠨ ᠤ ᠵᠠᠯᠠᠭᠤᠴᠤᠳ ᠢ ᠴᠢᠴᠢᠬᠠᠷ ᠬᠤᠲᠠ ᠪᠣᠯᠤᠨ ᠤᠯᠠᠭᠠᠨᠬᠤᠲᠠ ᠶᠢᠨ ᠴᠡᠷᠢᠭ ᠵᠠᠰᠠᠭ ᠤᠨ ᠳᠡᠭᠡᠳᠦ ᠰᠤᠷᠭᠠᠭᠤᠯᠢ ᠳᠤ ᠣᠯᠠᠨ ᠲᠤᠭ᠎ᠠ ᠪᠠᠷ ᠰᠤᠷᠤᠯᠴᠠᠭᠤᠯᠵᠤ᠂ ᠪᠣᠯᠪᠠᠰᠤᠨ ᠬᠦᠴᠦᠨ ᠢ ᠬᠥᠮᠥᠵᠢᠭᠦᠯᠬᠦ ᠳᠤ ᠢᠳᠡᠪᠬᠢᠲᠡᠢ ᠳᠡᠮᠵᠢᠵᠦ᠂ ᠮᠠᠰᠢ ᠶᠡᠭᠡ ᠴᠢᠷᠮᠠᠶᠢᠯᠭ᠎ᠠ ᠭᠠᠷᠭᠠᠭᠰᠠᠨ ᠶᠤᠮ᠃ ᠨᠡᠩ ᠴᠦ ᠬᠥᠯᠥᠨ ᠪᠣᠶᠢᠷ ᠤᠨ ᠳᠤᠮᠳᠠᠳᠤ ᠰᠤᠷᠭᠠᠭᠤᠯᠢ ︵ᠣᠳᠤ ᠶᠢᠨ ᠬᠠᠶᠢᠯᠠᠷ ᠲᠠᠬᠢ ᠨᠢᠭᠡᠳᠦᠭᠡᠷ ᠳᠤᠮᠳᠠᠳᠤ ᠰᠤᠷᠭᠠᠭᠤᠯᠢ︶ ᠳᠤ ᠮᠠᠯᠵᠢᠬᠤ ᠬᠤᠰᠢᠭᠤᠨ ᠠᠴᠠ ᠢᠯᠡᠭᠦᠬᠡᠨ ᠰᠤᠷᠤᠭᠴᠢ ᠡᠯᠰᠡᠬᠦ ᠶᠢ ᠱᠠᠭᠠᠷᠳᠠᠵᠤ ᠪᠠᠶᠢᠭᠰᠠᠨ ᠠᠴᠠ ᠲᠤᠰ ᠰᠤᠷᠭᠠᠭᠤᠯᠢ  ᠶᠢᠨ ᠰᠤᠷᠤᠭᠴᠢ ᠶᠢᠨ ᠲᠤᠭ᠎ᠠ 1947 ᠣᠨ ᠪᠣᠯᠬᠤ ᠳᠤ ᠲᠣᠩ ᠶᠡᠭᠡ ᠪᠠᠷ ᠨᠡᠮᠡᠭᠳᠡᠪᠡ᠃ ᠢᠩᠭᠢᠭᠡᠳ ᠲᠤᠰ ᠣᠨ  ᠤ ᠬᠢᠴᠢᠶᠡᠯ ᠡᠬᠢᠯᠡᠬᠦ ᠶᠣᠰᠤᠯᠠᠯ ᠳᠡᠭᠡᠷ᠎ᠡ ᠭᠤᠩᠭᠤᠷᠵᠠᠪ ᠠᠴᠠ ᠪᠦᠬᠦ ᠪᠠᠭᠰᠢ ᠰᠤᠷᠤᠭᠴᠢᠳ ᠲᠤ ᠢᠯᠡᠳᠬᠡᠯ ᠬᠢᠵᠦ ᠪᠠᠶᠢᠬᠤ ᠳᠠᠭᠠᠨ ᠭᠡᠨᠡᠳᠲᠡ ᠶᠢᠨ ᠲᠦᠷᠭᠡᠨ ᠴᠢᠨᠠᠷ ᠤᠨ ᠲᠡᠷᠢᠬᠢᠨ ᠤ ᠡᠪᠡᠳᠴᠢᠨ ᠳᠤ ᠨᠡᠷᠪᠡᠭᠳᠡᠵᠦ ᠬᠦᠨᠳᠦ ᠡᠪᠡᠳᠴᠢᠯᠡᠭᠡᠳ ᠢᠯᠡᠷᠢ ᠪᠣᠯᠤᠭᠰᠠᠨ ᠦᠭᠡᠢ 1947 ᠣᠨ ᠤ 2 ᠰᠠᠷ᠎ᠠ ᠳᠤ ᠲᠠᠭᠠᠯᠠᠯ ᠲᠡᠭᠦᠰᠪᠡ᠃   ᠭᠤᠩᠭᠤᠷᠵᠠᠪ ᠪᠣᠯ ᠬᠤᠰᠢᠭᠤ ᠨᠤᠲᠤᠭ ᠤᠨ ᠠᠷᠠᠳ ᠲᠦᠮᠡᠨ ᠢᠶᠠᠨ ᠠᠶᠤᠯ ᠠᠴᠠ ᠠᠪᠤᠷᠠᠵᠤ᠂ ᠡᠬᠡ ᠣᠷᠤᠨ ᠤ ᠨᠢᠭᠡᠳᠦᠯ᠂ ᠠᠷᠠᠳ ᠲᠦᠮᠡᠨ ᠤ ᠪᠦᠯᠭᠦᠮᠳᠡᠯ ᠢ ᠠᠬᠢᠭᠤᠯᠤᠭᠰᠠᠨ᠂ ᠬᠤᠴᠤᠷᠤᠩᠭᠤᠢ ᠭᠠᠵᠠᠷ ᠣᠷᠤᠨ ᠢᠶᠠᠨ ᠰᠣᠶᠤᠯ  ᠢᠶᠠᠷ ᠬᠥᠭᠵᠢᠭᠦᠯᠬᠦ ᠭᠡᠰᠡᠨ ᠨᠢᠭᠡᠨ ᠦᠵᠦᠭᠦᠷᠲᠦ ᠰᠡᠳᠬᠢᠯ ᠢᠶᠠᠷ ᠴᠢᠷᠮᠠᠶᠢᠨ ᠵᠢᠳᠬᠦᠭᠰᠡᠨ᠂ ᠵᠣᠭᠰᠤᠯᠲᠠ ᠪᠠᠲᠤ᠂ ᠵᠣᠷᠢᠭ ᠬᠠᠲᠠᠭᠤ ᠤᠯᠤᠰ ᠲᠥᠷᠥᠴᠢ ᠮᠥᠨ᠃ ᠲᠡᠭᠦᠨ ᠤ ᠲᠤᠬᠠᠢ ᠪᠢᠰᠢᠷᠡᠨ ᠬᠦᠨᠳᠦᠳᠬᠡᠭᠰᠡᠨ ᠣᠯᠠᠨ ᠰᠠᠶᠢᠬᠠᠨ ᠳᠤᠷᠠᠰᠤᠮᠵᠢ ᠶᠠᠷᠢᠶ᠎ᠠ ᠣᠳᠤ ᠴᠦ ᠭᠡᠰᠡᠨ ᠠᠷᠠᠳ ᠣᠯᠠᠨ ᠤ ᠳᠤᠮᠳᠠ ᠤᠯᠠᠮᠵᠢᠯᠠᠭᠳᠠᠭᠰᠠᠭᠠᠷ ᠪᠣᠢ᠃    ᠶᠢᠰᠦ᠂ ᠲᠡᠭᠦᠰᠬᠡᠯ    ᠮᠠᠨ ᠤ ᠬᠥᠯᠥᠨ ᠪᠣᠶᠢᠷ ᠬᠤᠲᠠ ᠶᠢᠨ ᠪᠠᠷᠭᠤ ᠰᠤᠳᠤᠯᠭᠠᠨ ᠤ ᠨᠡᠶᠢᠭᠡᠮᠯᠢᠭ ᠠᠴᠠ 2011 ᠣᠨ ᠳᠤ ︽ᠳᠤᠮᠳᠠᠳᠤ ᠤᠯᠤᠰ ᠤᠨ ᠪᠠᠷᠭᠤ︾ ᠭᠡᠮᠡᠬᠦ ᠨᠣᠮ ᠢ ᠨᠠᠶᠢᠷᠠᠭᠤᠯᠤᠨ ᠬᠡᠪᠯᠡᠬᠦᠯᠬᠦ ᠪᠣᠯᠤᠭᠰᠠᠨ ᠳᠤ ︽ᠰᠢᠨ᠎ᠡ ᠪᠠᠷᠭᠤ ᠪᠠᠷᠠᠭᠤᠨ ᠬᠤᠰᠢᠭᠤᠨ ᠤ ᠪᠠᠷᠭᠤᠴᠤᠳ ᠤᠨ ᠲᠡᠦᠬᠡᠨ ᠲᠣᠶᠢᠮᠤ︾ ︵1734 — 1945 ᠣᠨ︶ ᠶᠢ ᠪᠢᠴᠢᠬᠦ ᠡᠭᠦᠷᠭᠡ ᠶᠢ ᠨᠠᠳᠠᠳᠦ ᠲᠤᠰᠢᠶᠠᠭᠰᠠᠨ ᠶᠤᠮ᠃   ᠲᠤᠰ ︽ᠲᠡᠦᠬᠡᠨ ᠲᠣᠶᠢᠮᠤ︾ ᠨᠢ ᠲᠡᠦᠬᠡ ᠶᠢᠨ ᠴᠠᠭ ᠬᠤᠭᠤᠴᠠᠭ᠎ᠠ ᠪᠠᠷ ᠳᠠᠩᠴᠤ ᠤᠷᠲᠤ᠂ ᠬᠦᠷᠢᠶ᠎ᠡ ᠬᠡᠪᠴᠢᠶ᠎ᠡ  ᠨᠢ ᠲᠣᠩ ᠥᠷᠭᠡᠨ᠂ ᠬᠡᠷᠡᠭ ᠶᠠᠪᠤᠳᠠᠯ ᠨᠢ ᠨᠠᠷᠢᠨ ᠪᠤᠳᠤᠯᠢᠶᠠᠨ ᠲᠠᠢ ᠳᠡᠭᠡᠷ᠎ᠡ ᠪᠠᠨ ᠮᠢᠨᠦ ᠲᠡᠦᠬᠡ ᠶᠢᠨ ᠮᠡᠳᠡᠯᠭᠡ ᠮᠡᠬᠦᠰ᠂ ᠴᠢᠳᠠᠪᠤᠷᠢ ᠳᠤᠯᠢᠮᠠᠭ᠂ ᠨᠠᠶᠢᠷᠠᠭᠤᠯᠤᠨ ᠪᠢᠴᠢᠬᠦ ᠴᠠᠭ ᠣᠬᠤᠷ᠂ ᠴᠤᠭᠯᠠᠭᠤᠯᠤᠭᠰᠠᠨ ᠮᠠᠲ᠋ᠧᠷᠢᠶᠠᠯ ᠬᠤᠮᠰᠠ ᠵᠡᠷᠭᠡ ᠶᠢᠨ ᠰᠢᠯᠲᠠᠭᠠᠨ ᠠᠴᠠ ᠪᠣᠯᠵᠤ᠂ ᠣᠷᠬᠢᠵᠤ ᠭᠡᠭᠡᠭᠳᠡᠭᠦᠯᠦᠭᠰᠡᠨ ᠪᠤᠶᠤ ᠠᠳᠡᠭᠦᠦ ᠪᠤᠷᠤᠭᠤ ᠵᠦᠢᠯ ᠪᠠᠶᠢᠬᠤ ᠨᠢ ᠯᠠᠪᠲᠠᠢ᠂ ᠮᠥᠨ ᠵᠠᠷᠢᠮ ᠵᠦᠢᠯ ᠢ ᠲᠡᠦᠬᠡ ᠶᠢᠨ ᠣᠨ ᠵᠢᠯ ᠢᠶᠠᠷ ᠬᠢᠵᠠᠭᠠᠷᠯᠠᠵᠤ ᠴᠢᠳᠠᠭᠰᠠᠨ ᠦᠭᠡᠢ ᠶᠠᠪᠤᠳᠠᠯ ᠴᠦ ᠪᠣᠢ ᠂ ᠥᠷᠭᠡᠨ ᠣᠯᠠᠨ ᠤᠩᠰᠢᠭᠴᠢᠳ ᠠᠴᠠ ᠦᠨᠡᠲᠦ ᠰᠠᠨᠠᠯ ᠢᠶᠠᠨ ᠢᠷᠡᠭᠦᠯᠵᠦ ᠪᠠᠶᠢᠬᠤ ᠶᠢ ᠬᠦᠰᠡᠶ᠎ᠡ︕ ᠬᠠᠮᠤᠭ ᠰᠡᠭᠦᠯ ᠳᠤ᠂ ᠲᠤᠰ ᠥᠭᠦᠯᠡᠯ ᠢ ᠨᠠᠶᠢᠷᠠᠭᠤᠯᠬᠤ ᠳᠤ ᠡᠷᠬᠢᠮ ᠨᠠᠨᠳᠢᠨ ᠰᠠᠨᠠᠯ ᠵᠥᠪᠯᠠᠯᠭᠡ ᠥᠭᠭᠦᠭᠰᠡᠨ ᠨᠤᠲᠤᠭ ᠤᠨ ᠪᠤᠭᠤᠷᠤᠯ ᠨᠠᠰᠤᠲᠠᠨ ᠰᠧᠪᠠᠯ ᠭᠤᠸᠠᠢ ᠳᠠᠭᠠᠨ ᠭᠦᠨ ᠲᠠᠯᠠᠷᠬᠠᠵᠤ ᠪᠠᠶᠢᠭ᠎ᠠ ᠪᠠᠨ ᠢᠯᠡᠳᠬᠡᠶ᠎ᠡ︕                                         2011 ᠣᠨ ᠤ 9 ᠰᠠᠷ᠎ᠠ ᠶᠢᠨ 15 ᠤ ᠡᠳᠦᠷ                   ᠵᠣᠬᠢᠶᠠᠭᠴᠢ ᠶᠢᠨ ᠬᠠᠶ᠋ᠢᠭ᠄ ᠰᠢᠨ᠎ᠡ ᠪᠠᠷᠭᠤ ᠪᠠᠷᠠᠭᠤᠨ ᠬᠤᠰᠢᠭᠤᠨ ᠤ ᠤᠯᠤᠰ                        ᠲᠥᠷᠥ ᠶᠢᠨ ᠵᠥᠪᠯᠡᠯᠭᠡᠨ ᠤ ᠰᠣᠶᠤᠯ ᠲᠠᠦᠬᠡ ᠰᠤᠳᠤᠯᠬᠤ ᠠᠯᠪᠠᠨ ᠭᠡᠷ   ᠡᠰᠢᠯᠡᠭᠰᠡᠨ ᠨᠢ᠄   ⒈ ᠳᠠᠯᠠᠩᠭᠤᠳ ᠭᠦᠪᠡᠷᠢ ᠵᠣᠬᠢᠶᠠᠪᠠ     ᠬᠤᠸᠠᠰᠠᠢ ᠳᠤᠭᠠᠷᠵᠠᠪ                                    ᠴᠣᠴᠣᠯᠢᠭ ᠳᠠᠮᠳᠢᠨᠵᠠᠪ                                   ᠭᠠᠯᠵᠤᠳ ᠪᠠᠳᠮᠠᠸᠠᠩᠴᠢᠨ ᠨᠠᠷ ᠡᠮᠬᠢᠳᠬᠡᠨ ᠲᠠᠶᠢᠯᠪᠤᠷᠢᠯᠠᠭᠰᠠᠨ   ︽ᠣᠯᠠᠨ ᠮᠣᠩᠭᠤᠯᠴᠤᠳ ᠤᠨ ᠤᠭ ᠡᠬᠢ ᠶᠢ ᠲᠡᠮᠳᠡᠭᠯᠡᠭᠰᠡᠨ ᠪᠢᠴᠢᠭ ᠣᠷᠤᠰᠢᠪᠠ︾ 2010 ᠣᠨ ᠥᠪᠥᠷ ᠮᠣᠩᠭᠤᠯ ᠤᠨ ᠰᠣᠶᠤᠯ ᠤᠨ ᠬᠡᠪᠯᠡᠯ ᠤᠨ ᠬᠤᠷᠢᠶ᠎ᠠ ⒉ ᠭᠡ᠊ · ᠮᠢᠭᠮᠡᠷᠰᠠᠨᠪᠤᠤ ︽ᠪᠠᠷᠭᠤ ᠶᠢᠨ ᠨᠡᠭᠦᠳᠡᠯ ᠰᠠᠭᠤᠳᠠᠯ︾ 2007 ᠣᠨ᠂ ᠤᠯᠠᠭᠠᠨᠪᠠᠭᠠᠲᠤᠷ ⒊ ᠭᠠᠯᠵᠤᠳ ᠲᠦᠪᠰᠢᠨᠨᠢᠮ᠎ᠠ ︽ᠪᠠᠷᠭᠤ ᠶᠢᠨ ᠲᠡᠦᠬᠡᠨ ᠢᠷᠡᠯᠲᠡ︾ 1985 ᠣᠨ ᠥᠪᠥᠷ ᠮᠣᠩᠭᠤᠯ ᠤᠨ ᠰᠣᠶᠣᠯ ᠤᠨ ᠬᠡᠪᠯᠡᠯ ᠤᠨ ᠬᠤᠷᠢᠶ᠎ᠠ ⒋ ᠪᠤᠳᠤᠩᠭᠤᠳ ᠠᠪᠢᠳᠠ ︽ᠪᠤᠷᠢᠶᠠᠳ ᠮᠣᠩᠭᠤᠯ ᠤᠨ ᠲᠣᠪᠴᠢ ᠲᠡᠦᠬᠡ︾ 1983 ᠣᠨ ᠥᠪᠥᠷ ᠮᠣᠩᠭᠤᠯ ᠤᠨ ᠰᠣᠶᠣᠯ ᠤᠨ ᠬᠡᠪᠯᠡᠯ ᠤᠨ ᠬᠤᠷᠢᠶ᠎ᠠ ⒌ ᠴᠣᠴᠣᠯᠢᠭ ᠳᠠᠮᠳᠢᠨᠵᠠᠪ ︽ᠰᠢᠨ᠎ᠡ ᠪᠠᠷᠭᠤ ᠪᠠᠷᠠᠭᠤᠨ ᠬᠤᠰᠢᠭᠤᠨ ᠤ ᠪᠠᠷᠭᠤ ᠣᠪᠤᠭ ᠤᠨ ᠦᠶ᠎ᠡ ᠵᠠᠯᠭᠠᠮᠵᠢ  ᠶᠢᠨ ᠪᠢᠴᠢᠭ︾ 1991 ᠣᠨ ᠥᠪᠥᠷ ᠮᠣᠩᠭᠤᠯ ᠤᠨ ᠰᠣᠶᠤᠯ ᠤᠨ ᠬᠡᠪᠯᠡᠯ ᠤᠨ ᠬᠤᠷᠢᠶ᠎ᠠ ⒍ ᠬᠤᠸᠠᠰᠠᠢ ᠳᠤᠭᠠᠷᠵᠠᠪ ︽ᠪᠠᠷᠭᠤ ᠬᠥᠪᠡᠭᠡᠲᠦ ᠰᠢᠷ᠎ᠠ ᠬᠤᠰᠢᠭᠤᠨ ᠤ ᠣᠶᠢᠯᠠᠯᠭ᠎ᠠ︾ 2005 ᠣᠨ   ᠥᠪᠥᠷ ᠮᠣᠩᠭᠤᠯ ᠤᠨ ᠰᠣᠶᠤᠯ ᠤᠨ ᠬᠡᠪᠯᠡᠯ ᠤᠨ ᠬᠤᠷᠢᠶ᠎ᠠ ⒎ ᠴᠣ᠊ · ᠳᠤᠭᠠᠷᠵᠠᠪ     ᠲᠠᠶᠢᠫᠢᠩ     ᠪᠣᠷᠣᠨᠤᠳ ᠳᠣᠷᠵᠢ ︽ᠪᠠᠷᠭᠤ ᠮᠠᠯᠴᠢᠨ ᠺᠠᠨᠠᠳᠠ ᠳᠤ︾ ᠥᠭᠦᠯᠡᠯ 1997  ᠥᠪᠥᠷ ᠮᠣᠩᠭᠤᠯ ᠤᠨ ᠰᠣᠶᠤᠯ ᠤᠨ ᠬᠡᠪᠯᠡᠯ ᠤᠨ ᠬᠤᠷᠢᠶ᠎ᠠ ⒏ ᠴᠣ᠊ · ᠳᠤᠭᠠᠷᠵᠠᠪ ︽ᠪᠠᠷᠭᠤ ᠵᠠᠩ ᠦᠢᠯᠡ︾ 2004 ᠣᠨ   ᠥᠪᠥᠷ ᠮᠣᠩᠭᠤᠯ ᠤᠨ ᠰᠣᠶᠤᠯ ᠤᠨ ᠬᠡᠪᠯᠡᠯ ᠤᠨ ᠬᠤᠷᠢᠶ᠎ᠠ ⒐ ᠴᠣ᠊ · ᠳᠤᠭᠠᠷᠵᠠᠪ ︽ᠬᠥᠯᠥᠨ ᠪᠣᠶᠢᠷ ᠤᠨ ᠪᠠᠷᠭᠤ︾ 2009 ᠣᠨ   ᠥᠪᠥᠷ ᠮᠣᠩᠭᠤᠯ ᠤᠨ ᠰᠣᠶᠤᠯ ᠤᠨ ᠬᠡᠪᠯᠡᠯ ᠤᠨ ᠬᠤᠷᠢᠶ᠎ᠠ ⒑ ᠰᠢᠨ᠎ᠡ ᠪᠠᠷᠭᠤ ᠪᠠᠷᠠᠭᠤᠨ ᠬᠤᠰᠢᠭᠤᠨ ᠤ ᠣᠶᠢᠯᠠᠯᠭ᠎ᠠ ︵ᠬᠢᠲᠠᠳ︶ 2004 ᠣᠨ   ᠥᠪᠥᠷ ᠮᠣᠩᠭᠤᠯ ᠤᠨ ᠰᠣᠶᠤᠯ ᠤᠨ ᠬᠡᠪᠯᠡᠯ ᠤᠨ ᠬᠤᠷᠢᠶ᠎ᠠ ⒒ ᠰ᠊ · ᠮᠢᠰᠢᠭᠳᠦᠷᠵᠢ ︽ᠰᠢᠨ᠎ᠡ ᠪᠠᠷᠭᠤ ᠪᠠᠷᠠᠭᠤᠨ ᠬᠤᠰᠢᠭᠤᠨ ᠤ ᠬᠠᠭᠠᠰ ᠵᠠᠭᠤᠨ ᠤ ᠬᠥᠭᠵᠢᠯ ᠪᠠᠳᠠᠷᠠᠯ︾ 1995 ᠣᠨ   ᠥᠪᠥᠷ ᠮᠣᠩᠭᠤᠯ ᠤᠨ ᠰᠣᠶᠤᠯ ᠤᠨ ᠬᠡᠪᠯᠡᠯ ᠤᠨ ᠬᠤᠷᠢᠶ᠎ᠠ ⒓ ᠰ᠊ · ᠮᠢᠰᠢᠭᠳᠦᠷᠵᠢ ︽ᠡᠷᠡᠨ ᠵᠠᠭᠤᠨ ᠢ ᠠᠯᠤᠰᠯᠠᠭᠰᠠᠳ ᠤᠨ ᠤᠯᠠ ᠮᠥᠷ︾ 2007 ᠣᠨ ᠥᠪᠥᠷ ᠮᠣᠩᠭᠤᠯ ᠤᠨ ᠰᠣᠶᠤᠯ ᠤᠨ ᠬᠡᠪᠯᠡᠯ ᠤᠨ ᠬᠤᠷᠢᠶ᠎ᠠ ⒔ ᠰ᠊ · ᠮᠢᠰᠢᠭᠳᠦᠷᠵᠢ ︽ᠰᠢᠨ᠎ᠡ ᠪᠠᠷᠭᠤ ᠪᠠᠷᠠᠭᠤᠨ ᠬᠤᠰᠢᠭᠤᠨ ᠤ ᠮᠠᠯ ᠠᠵᠤ ᠠᠬᠤᠢ ᠶᠢᠨ ᠣᠶᠢᠯᠠᠯᠭ᠎ᠠ︾ 2004 ᠣᠨ  ᠥᠪᠥᠷ ᠮᠣᠩᠭᠤᠯ ᠤᠨ ᠰᠣᠶᠤᠯ ᠤᠨ ᠬᠡᠪᠯᠡᠯ ᠤᠨ ᠬᠤᠷᠢᠶ᠎ᠠ  ⒕ ︽ᠰᠢᠨ᠎ᠡ ᠪᠠᠷᠭᠤ ᠪᠠᠷᠠᠭᠤᠨ ᠬᠤᠰᠢᠭᠤᠨ ᠤ ᠰᠣᠶᠤᠯ ᠲᠡᠦᠬᠡ ︵1︶︾ 2005 ᠣᠨ  ᠥᠪᠥᠷ ᠮᠣᠩᠭᠤᠯ ᠤᠨ ᠰᠣᠶᠤᠯ ᠤᠨ ᠬᠡᠪᠯᠡᠯ ᠤᠨ ᠬᠤᠷᠢᠶ᠎ᠠ  ⒖ ︽ᠰᠢᠨ᠎ᠡ ᠪᠠᠷᠭᠤ ᠪᠠᠷᠠᠭᠤᠨ ᠬᠤᠰᠢᠭᠤᠨ ᠤ ᠰᠣᠶᠤᠯ ᠲᠡᠦᠬᠡ ︵2︶︾ 2005 ᠣᠨ  ᠥᠪᠥᠷ ᠮᠣᠩᠭᠤᠯ ᠤᠨ ᠰᠣᠶᠤᠯ ᠤᠨ ᠬᠡᠪᠯᠡᠯ ᠤᠨ ᠬᠤᠷᠢᠶ᠎ᠠ  ⒗ ᠳ᠋᠊ · ᠭᠤᠩᠭᠤᠷ ︵ᠮᠣᠩᠭᠤᠯ︶ ︽ᠠᠪᠳᠠᠷᠠᠪᠠᠶᠠᠨ ᠤ ᠪᠠᠷᠭᠤ ᠨᠤᠭᠤᠳ︾ ︵ᠪᠠᠽᠠᠷᠳᠢᠪᠢ ᠰᠢᠨ᠎ᠡ ᠦᠰᠦᠭ  ᠠᠴᠠ ᠪᠠᠭᠤᠯᠭᠠᠪᠠ︶ 2009 ᠣᠨ  ᠥᠪᠥᠷ ᠮᠣᠩᠭᠤᠯ ᠤᠨ ᠰᠣᠶᠤᠯ ᠤᠨ ᠬᠡᠪᠯᠡᠯ ᠤᠨ ᠬᠤᠷᠢᠶ᠎ᠠ  ⒘ ᠡᠩᠬᠡᠵᠢᠷᠭᠠᠯ᠂ ᠣᠶᠤᠩᠭᠤᠸ᠎ᠠ ︽ᠰᠢᠨ᠎ᠡ ᠪᠠᠷᠭᠤ ᠪᠠᠷᠠᠭᠤᠨ ᠭᠠᠷᠤᠨ ᠬᠥᠪᠡᠭᠡᠲᠦ ᠬᠥᠬᠡ ᠭᠤᠲᠠᠭᠠᠷ ᠰᠤᠮᠤ︾ 2005 ᠣᠨ   ᠥᠪᠥᠷ ᠮᠣᠩᠭᠤᠯ ᠤᠨ ᠰᠣᠶᠤᠯ ᠤᠨ ᠬᠡᠪᠯᠡᠯ ᠤᠨ ᠬᠤᠷᠢᠶ᠎ᠠ  ⒙ ᠳ᠋ᠣ᠊ · ᠴᠢᠯᠠᠭᠤᠨ ︽ᠬᠦᠯᠦ ᠰᠢᠷ᠎ᠠ ᠬᠤᠰᠢᠭᠤᠨ ᠤ ᠲᠡᠦᠬᠡᠨ ᠲᠡᠮᠳᠡᠭᠯᠡᠯ︾ 2007 ᠣᠨ ᠥᠪᠥᠷ ᠮᠣᠩᠭᠤᠯ ᠤᠨ ᠰᠣᠶᠤᠯ ᠤᠨ ᠬᠡᠪᠯᠡᠯ ᠤᠨ ᠬᠤᠷᠢᠶ᠎ᠠ  ⒚ ᠱ᠊ · ᠳᠤᠭᠠᠷᠰᠦ᠋ᠷᠦᠩ ︽ᠰᠢᠨ᠎ᠡ ᠪᠠᠷᠭᠤ ᠪᠠᠷᠠᠭᠤᠨ ᠭᠠᠷᠤᠨ ᠬᠥᠪᠡᠭᠡᠲᠦ ᠤᠯᠠᠭᠠᠨ ᠬᠤᠰᠢᠭᠤᠨ ᠤ ᠣᠶᠢᠯᠠᠯᠭ᠎ᠠ ︾ 2004 ᠣᠨ            ᠥᠪᠥᠷ ᠮᠣᠩᠭᠤᠯ ᠤᠨ ᠰᠣᠶᠤᠯ ᠤᠨ ᠬᠡᠪᠯᠡᠯ ᠤᠨ ᠬᠤᠷᠢᠶ᠎ᠠ ⒛ ᠨᠡᠬᠡᠶᠢᠲᠦ ︽ᠠᠳᠤᠭᠤᠨᠴᠢᠯᠠᠭᠤ ᠰᠤᠮᠤᠨ ᠤ ᠣᠶᠢᠯᠠᠯᠭ᠎ᠠ︾ 2006 ᠣᠨ                                  ᠥᠪᠥᠷ ᠮᠣᠩᠭᠤᠯ ᠤᠨ ᠰᠣᠶᠤᠯ ᠤᠨ ᠬᠡᠪᠯᠡᠯ ᠤᠨ ᠬᠤᠷᠢᠶ᠎ᠠ                                   ᠠ᠊ · ᠲᠣᠮᠪᠤᠷᠢ ︵ᠮᠣᠩᠭᠤᠯ︶  ᠠ᠊ · ᠠᠯᠲᠠᠨᠬᠤᠶᠠᠭ ︵ᠮᠣᠩᠭᠤᠯ︶ ︽ᠳᠠᠭᠠᠭᠠᠯᠭᠠᠪᠤᠷᠢ ᠪᠡᠶᠡᠯᠡᠭᠦᠯᠵᠦ ᠶᠠᠪᠤᠭᠰᠠᠨ ᠣᠨ ᠵᠢᠯ ᠤᠳ︾ 1990 ᠣᠨ                                                         ᠤᠯᠠᠭᠠᠨᠪᠠᠭᠠᠳᠤᠷ
 
ᠢᠷᠡᠯᠲᠡ᠄ ᠣᠤᠠᠬ᠎ᠠ ᠤᠷᠠᠯᠢᠭ ᠤᠨ ᠬᠤᠯᠪᠤᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号