ᠰᠢᠨ᠎ᠠ ᠪᠠᠷᠭᠤ ᠪᠠᠷᠠᠭᠤᠨ ᠬᠤᠰᠢᠭᠤᠨ ᠤ 2017 ᠤᠨ ᠤ ᠪᠦᠭᠦ ᠤᠯᠤᠰ ᠤᠨ ᠰᠢᠨᠵᠢᠯᠡᠭᠦ ᠤᠬᠠᠭᠠᠨ ᠢ ᠲᠦᠭᠡᠮᠡᠯᠵᠢᠭᠦᠯᠭᠦ ᠡᠳᠤᠷ ᠤᠨ ᠠᠵᠢᠯᠯᠠᠭ᠎ᠠ ᠶᠢᠨ ᠲᠠᠶᠢᠴᠢᠯᠠᠯᠳᠡ ᠶᠢᠨ ᠶᠤᠰᠤᠯᠠᠯ  ᠶᠠᠪᠤᠭᠳᠠᠪᠠ
ᠨᠡᠶᠢᠲᠡᠯᠡᠭᠰᠡᠨ ᠴᠠᠭ᠄
2017/9/19
    ᠰᠢᠨ᠎ᠠ ᠪᠠᠷᠭᠤ ᠪᠠᠷᠠᠭᠤᠨ ᠬᠤᠰᠢᠭᠤᠨ ᠤ 2017 ᠤᠨ ᠤ ᠪᠦᠭᠦ ᠤᠯᠤᠰ ᠤᠨ ᠰᠢᠨᠵᠢᠯᠡᠭᠦ ᠤᠬᠠᠭᠠᠨ ᠢ ᠲᠦᠭᠡᠮᠡᠯᠵᠢᠭᠦᠯᠭᠦ ᠡᠳᠤᠷ ᠤᠨ ᠠᠵᠢᠯᠯᠠᠭ᠎ᠠ ᠶᠢᠨ ᠲᠠᠶᠢᠴᠢᠯᠠᠯᠳᠡ ᠶᠢᠨ ᠶᠤᠰᠤᠯᠠᠯ  ᠶᠠᠪᠤᠭᠳᠠᠪᠠ                                  ᠬᠠᠷᠢᠭᠤᠴᠠᠭᠰᠠᠨ ᠨᠠᠶᠢᠷᠠᠭᠤᠯᠤᠭᠴᠢ ᠬᠠᠢ ᠶᠢᠩ       2017 ᠤᠨ ᠤ ᠪᠦᠭᠦ ᠤᠯᠤᠰ ᠤᠨ ᠰᠢᠨᠵᠢᠯᠡᠭᠦ ᠤᠬᠠᠭᠠᠨ ᠢ ᠲᠦᠭᠡᠮᠡᠯᠵᠢᠭᠦᠯᠭᠦ ᠡᠳᠤᠷ ᠤᠨ ᠠᠵᠢᠯᠯᠠᠭᠠᠨ ᠤ ᠵᠤᠷᠢᠭ ᠰᠠᠨᠠᠭ᠎ᠠ ᠶᠢ ᠲᠤᠥᠱᠯᠠᠭᠤᠯᠵᠤ᠂ ᠤᠯᠠᠮ ᠨᠢᠭᠡ ᠠᠯᠬᠤᠮ 《 ᠪᠦᠬᠦ ᠠᠷᠠᠳ ᠤᠨ ᠰᠢᠨᠵᠢᠯᠡᠭᠦ ᠤᠬᠠᠭᠠᠨ ᠤ ᠬᠡᠪ ᠴᠢᠨᠠᠷ ᠤᠨ ᠠᠵᠢᠯᠯᠠᠭ᠎ᠠ ᠶᠢᠨ ᠲᠦᠯᠤᠪᠵᠢᠭᠦᠯᠦᠯᠭᠡ ᠶᠢᠨ ᠬᠦᠳᠤᠯᠪᠤᠷᠢ 》 ᠶᠢ ᠲᠤᠯᠬᠢᠨ ᠠᠬᠢᠭᠤᠯᠬᠤ ᠶᠢᠨ ᠲᠦᠯᠤᠭᠡ 9 ᠰᠠᠷ᠎ᠠ ᠶᠢᠨ 19 ᠤ ᠡᠳᠤᠷ ᠬᠤᠰᠢᠭᠤᠨ ᠤ ᠰᠢᠨᠵᠢᠯᠡᠭᠦ ᠤᠬᠠᠭᠠᠨ ᠢ ᠲᠦᠭᠡᠮᠡᠯᠵᠢᠭᠦᠯᠭᠦ ᠲᠧᠭᠨᠢᠭ ᠮᠡᠷᠭᠡᠵᠢᠯ ᠤᠨ ᠨᠡᠶᠢᠭᠡᠮᠯᠢᠭ ᠠᠴᠠ ᠬᠤᠰᠢᠭᠤᠨ ᠤ ᠰᠤᠷᠭᠠᠨ ᠭᠦᠮᠤᠵᠢᠯ ᠤᠨ ᠲᠤᠪᠴᠢᠶ᠎ᠠ᠂ ᠤᠷᠴᠢᠨ ᠲᠤᠭᠤᠷᠢᠨ ᠢ ᠬᠠᠮᠠᠭᠠᠯᠠᠬᠤ ᠲᠤᠪᠴᠢᠶ᠎ᠠ᠂ ᠲᠠᠷᠢᠶᠠᠯᠠᠩ ᠮᠠᠯ ᠠᠵᠤ ᠠᠬᠤᠢ ᠶᠢᠨ ᠲᠤᠪᠴᠢᠶ᠎ᠠ ᠲᠠᠢ ᠬᠠᠮᠳᠤᠷᠠᠨ ᠰᠢᠨ᠎ᠠ ᠪᠠᠷᠭᠤ ᠪᠠᠷᠠᠭᠤᠨ ᠬᠤᠰᠢᠭᠤᠨ ᠤ ︿ᠰᠢᠨ᠎ᠠ ᠶᠢ ᠡᠭᠦᠳᠭᠦ ᠪᠠᠷ ᠭᠦᠭᠵᠢᠯᠳᠡ ᠶᠢ ᠠᠬᠢᠭᠤᠯᠵᠤ᠂ ᠰᠢᠨᠵᠢᠯᠡᠭᠦ ᠤᠬᠠᠭᠠᠨ ᠢᠶᠠᠷ ᠪᠠᠯᠠᠢ ᠮᠤᠩᠬᠠᠭ ᠢ ᠠᠷᠢᠯᠭᠠᠶ᠎ᠠ﹀ ᠬᠡᠭᠦ ᠰᠡᠳᠤᠪᠳᠤ 2017 ᠤᠨ ᠤ ︿ᠪᠦᠭᠦ ᠤᠯᠤᠰ ᠤᠨ ᠰᠢᠨᠵᠢᠯᠡᠭᠦ ᠤᠬᠠᠭᠠᠨ ᠢ ᠲᠦᠭᠡᠮᠡᠯᠵᠢᠭᠦᠯᠭᠦ ᠡᠳᠤᠷ﹀ ᠤᠨ ᠠᠵᠢᠯᠯᠠᠭ᠎ᠠ ᠬᠤᠰᠢᠭᠤᠨ ᠤ ᠨᠢᠭᠡᠳᠤᠭᠡᠷ ᠪᠠᠭ᠎ᠠ ᠰᠤᠷᠭᠠᠭᠠᠤᠯᠢ ᠳᠤ ᠭᠦᠰᠢᠭᠡ ᠪᠠᠨ ᠰᠡᠭᠦᠪᠠ᠃ ᠬᠤᠰᠢᠭᠤ ᠨᠠᠮ ᠤᠨ ᠬᠤᠷᠢᠶᠠᠨ ᠤ ᠲᠡᠳ᠋ ᠱᠦᠵᠢ ᠪᠦᠭᠡᠪᠠᠶᠠᠷ᠂ ᠬᠤᠰᠢᠭᠤ ᠵᠠᠰᠠᠭ ᠤᠨ ᠤᠷᠳᠤᠨ ᠤ ᠲᠡᠳ᠋ ᠲᠠᠷᠤᠭ᠎ᠠ ᠬᠠᠨᠳᠦᠰᠤᠷᠦᠩ᠂ ᠵᠠᠩ ᠲᠠᠢ ᠰᠢᠶᠠᠩ᠂ ᠬᠤᠰᠢᠭᠤᠨ ᠤ ᠤᠯᠤᠰ ᠲᠦᠷᠤ ᠶᠢᠨ ᠵᠦᠪᠯᠡᠯᠭᠡᠨ ᠤ ᠲᠡᠳ᠋ ᠲᠡᠷᠢᠭᠦᠯᠤᠭ᠍ᠴᠢ ᠴᠧᠨ ᠱᠧᠦ ᡁᠢ ᠵᠢᠴᠢ ᠬᠠᠮᠳᠤᠷᠠᠨ ᠠᠵᠢᠯᠯᠠᠵᠤ ᠪᠠᠶᠢᠭ᠎ᠠ ᠪᠠᠶᠢᠭᠤᠯᠭ᠎ᠠ ᠨᠢᠭᠡᠴᠢ ᠶᠢᠨ ᠡᠯ᠎ᠡ ᠤᠳᠤᠷᠢᠳᠤᠯᠭ᠎ᠠ᠂ ᠨᠢᠭᠡᠳᠤᠭᠡᠷ ᠪᠠᠭ᠎ᠠ ᠰᠤᠷᠭᠠᠭᠤᠯᠢ ᠶᠢᠨ ᠪᠠᠭᠰᠢ ᠰᠤᠷᠤᠭᠴᠢ ᠨᠡᠶᠢᠳᠡ 800 ᠬᠦᠮᠤᠨ ᠲᠤᠰ ᠤᠳᠠᠭ᠎ᠠ ᠶᠢᠨ ᠠᠵᠢᠯᠯᠠᠭ᠎ᠠ ᠳᠤ ᠤᠷᠤᠯᠴᠠᠪᠠ᠃     ᠲᠤᠰ ᠤᠳᠠᠭᠠᠨ ᠶᠢᠨ ᠠᠵᠢᠯᠯᠠᠭ᠎ᠠ ᠲᠡᠭᠡᠷ᠎ᠡ ᠪᠠᠰᠠ ᠰᠢᠨ᠎ᠡ ᠪᠠᠷ ᠪᠠᠶᠢᠭᠤᠯᠤᠭᠳᠠᠭᠰᠠᠨ ᠮᠠᠨ ᠤ ᠬᠤᠰᠢᠭᠤᠨ ᠤ ᠵᠠᠯᠠᠭᠤᠴᠤᠳ ᠪᠠᠭᠠᠴᠤᠳ ᠤᠨ ᠰᠢᠨᠵᠢᠯᠡᠭᠦ ᠤᠬᠠᠭᠠᠨ ᠲᠧᠭᠡᠨᠢᠭ ᠮᠡᠷᠭᠡᠵᠢᠯ ᠢ ᠲᠦᠭᠡᠮᠡᠯᠵᠢᠭᠦᠯᠭᠦ ᠰᠤᠷᠭᠠᠨ ᠭᠦᠮᠤᠵᠢᠯ  ᠤᠨ ᠰᠠᠭᠤᠷᠢᠨ ᠭᠠᠵᠠᠷ ᠤᠨ ᠫᠠᠶᠢᠰᠠ ᠡᠯᠭᠦᠭᠦ ᠶᠤᠰᠤᠯᠠᠯ ᠢ ᠬᠠᠮᠳᠤ ᠳᠤᠨᠢ ᠡᠷᠬᠢᠯᠡᠨ ᠶᠠᠪᠤᠭᠳᠠᠭᠤᠯᠵᠤ᠂ ᠰᠠᠭᠤᠷᠢᠨ ᠭᠠᠵᠠᠷ ᠨᠢ ᠵᠢᠩᠬᠢᠨᠢ ᠪᠠᠷ ᠠᠰᠢᠭᠯᠠᠯᠳᠠ ᠳᠤ ᠤᠷᠤᠪᠠ᠃
 
ᠢᠷᠡᠯᠲᠡ᠄ ᠰᠤᠷᠭᠠᠨ ᠬᠦᠮᠦᠵᠢᠯ ᠤᠨ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号