ᠳ᠋ᠣ · ᠴᠢᠯᠠᠭᠤᠨ | ᠲᠠᠭᠪᠬᠤᠰᠤᠷ ᠪᠠ ︽ᠮᠣᠩᠭᠤᠯ ᠵᠠᠯᠠᠭᠤᠴᠤᠳ ᠤᠨ ᠠᠨᠳᠠᠯᠭᠠ※︾ | ᠥᠩᠭᠡᠷᠡᠭᠰᠡᠨ ᠵᠠᠭᠤᠨ ᠤ ᠭᠤᠴᠢ᠂ ᠳᠥᠴᠢᠭᠡᠳ ᠣᠨ ᠤ ᠰᠢᠨ᠎ᠡ ᠪᠠᠷᠭᠤ ᠶᠢᠨ ᠲᠡᠦᠬᠡᠲᠦ ᠬᠥᠮᠥᠨ | ᠲᠠᠭᠪᠬᠤᠰᠤᠷ ᠪᠣᠯ ᠤᠤᠯ ᠤᠨ ᠰᠢᠨ᠎ᠡ ᠪᠠᠷᠭᠤ ᠬᠦᠯᠦ ᠰᠢᠷ᠎ᠠ ᠬᠤᠰᠢᠭᠤᠨ ᠤ ᠬᠤᠶᠠᠳᠤᠭᠠᠷ ᠰᠤᠮᠤᠨ ᠤ ᠬᠥᠮᠥᠨ᠃ | 1915 ᠣᠨ ᠳᠤ ᠲᠤᠰ ᠰᠤᠮᠤ ᠶᠢᠨ ᠠᠯᠭᠤᠢ ᠬᠠᠯᠠ ︵ᠣᠪᠤᠭ︶ ᠲᠠᠢ ᠮᠠᠭᠰᠤᠷ ᠤᠨ ᠳᠥᠷᠪᠡᠳᠦᠭᠡᠷ ᠬᠥᠪᠡᠭᠦᠨ | ᠪᠣᠯᠵᠤ ᠵᠠᠶᠠᠭᠠᠵᠠᠢ᠃ | ᠲᠡᠭᠦᠨ ᠤ ᠲᠡᠦᠬᠡ ᠨᠠᠮᠲᠠᠷ ᠨᠢ ᠵᠥᠪᠬᠡᠨ ᠪᠠᠷᠭᠤᠴᠤᠳ ᠢᠶᠠᠷ ᠵᠣᠭᠰᠤᠬᠤ ᠦᠭᠡᠢ᠂ ᠴᠢᠯᠦᠭᠡᠯᠡᠭᠳᠡᠬᠦ ᠶᠢᠨ | ᠡᠮᠦᠨᠡᠬᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠬᠥᠳᠡᠯᠭᠡᠭᠡᠨ᠂ ᠨᠡᠩ ᠣᠨᠴᠠᠭᠠᠶᠢᠯᠠᠨ ︽ᠮᠣᠩᠭᠤᠯ | ᠵᠠᠯᠠᠭᠤᠴᠤᠳ ᠤᠨ ᠠᠨᠳᠠᠯᠭᠠ︾ ᠪᠤᠶᠤ ᠪᠣᠳᠠᠲᠠᠢ ᠤᠳᠬ᠎ᠠ ᠪᠠᠷ ᠨᠢ ᠬᠡᠯᠡᠪᠡᠯ᠂ ᠮᠣᠩᠭᠤᠯ ᠦᠨᠳᠦᠰᠦᠲᠡᠨ ᠤ ᠡᠷᠬᠡ | ᠴᠢᠯᠦᠭᠡᠨ ᠤ ᠲᠥᠯᠥᠭᠡ ᠲᠡᠮᠡᠴᠡᠬᠦ ᠮᠣᠩᠭᠤᠯ ᠵᠠᠯᠠᠭᠤᠴᠤᠳ ᠤᠨ ᠪᠦᠯᠬᠦᠮ ᠳᠤ ᠪᠡᠶᠡᠴᠢᠯᠡᠨ ᠣᠷᠤᠯᠴᠠᠭᠰᠠᠨ ᠲᠡᠦᠬᠡᠲᠦ | ᠬᠥᠮᠥᠨ ᠪᠣᠯᠤᠨ᠎ᠠ᠃ | ᠠᠳᠡ ᠪᠢ ᠲᠠᠭᠪᠬᠤᠰᠤᠷ ᠭᠤᠸᠠᠢ ᠶᠢᠨ ᠥᠪᠡᠷ ᠤᠨ ᠡᠷᠭᠢᠴᠡᠭᠦᠯᠦᠯ ᠢ ᠦᠨᠳᠦᠰᠦᠯᠡᠵᠦ᠂ ᠲᠡᠭᠦᠨ ᠤ | ᠪᠦᠬᠦᠶᠢᠯᠡ ᠲᠡᠦᠬᠡᠨ ᠦᠢᠯᠡ ᠶᠠᠪᠤᠳᠠᠯ ᠠᠴᠠ ᠵᠥᠪᠬᠡᠨ ︽ᠮᠣᠩᠭᠤᠯ ᠵᠠᠯᠠᠭᠤᠴᠤᠳ ᠤᠨ ᠠᠨᠳᠠᠯᠭᠠ︾ ᠶᠢᠨ ᠲᠤᠬᠠᠢ | ᠬᠡᠰᠡᠭᠬᠡᠨ ᠵᠦᠢᠯᠡᠰ ᠢ ᠭᠤᠣᠯᠴᠢᠯᠠᠵᠤ ᠲᠡᠦᠬᠡᠨ ᠨᠠᠶᠢᠷᠠᠭᠤᠯᠤᠯ ᠪᠣᠯᠭᠠᠪᠠ᠃ | ᠲᠠᠭᠪᠬᠤᠰᠤᠷ ᠳᠣᠯᠤᠭᠠᠨ ᠨᠠᠰᠤᠲᠠᠢ ᠳᠠᠭᠠᠨ ᠰᠠᠬᠢᠯ ᠬᠦᠷᠲᠡᠨ ᠯᠠᠮᠠ ᠬᠤᠸᠠᠷᠠᠭ ᠪᠣᠯᠵᠤ᠂ ᠲᠦᠪᠡᠳ ᠨᠣᠮ ᠰᠤᠷᠬᠤ | ᠶᠢᠨ ᠬᠠᠮᠲᠤ ᠮᠣᠩᠭᠤᠯ ᠡᠮᠨᠡᠯᠭᠡ ᠶᠢᠨ ᠤᠬᠠᠭᠠᠨ ᠢ ᠴᠦ ᠳᠠᠭᠠᠯᠳᠤᠭᠤᠯᠤᠨ ᠰᠤᠷᠴᠠᠢ᠃ ᠵᠠᠯᠭᠠᠭᠠᠳ ︽ᠭᠡᠷ ᠤᠨ | ᠰᠤᠷᠭᠠᠭᠤᠯᠢ︾※ ᠳᠤ ᠮᠠᠨᠵᠤ᠂ ᠮᠣᠩᠭᠤᠯ ᠦᠰᠦᠭ ᠰᠤᠷᠴᠤ ᠪᠠᠶᠢᠪᠠ᠃ 1938 — 1940 ᠣᠨ ᠤ | ᠬᠤᠭᠤᠷᠤᠨᠳᠤ ᠶᠠᠫᠤᠨ ᠤᠯᠤᠰ ᠲᠤ ᠣᠴᠢᠵᠤ ᠰᠤᠷᠤᠯᠴᠠᠪᠠ᠃ ᠲᠡᠭᠦᠨ ᠤ ᠬᠠᠮᠲᠤ ᠶᠠᠫᠤᠨ ᠳᠤ ᠣᠴᠢᠭᠰᠠᠨ | ᠰᠤᠷᠤᠭᠴᠢᠳ ᠢ ᠪᠣᠳᠢᠳ᠋ᠾᠠ ᠶᠢᠨ ᠱᠠᠰᠢᠨ ᠢ ᠰᠤᠷᠭᠠᠬᠤ ᠨᠡᠷ᠎ᠡ ᠪᠠᠷ ᠠᠪᠠᠴᠢᠭᠰᠠᠨ ᠪᠣᠯᠪᠠᠴᠤ ᠦᠨᠡᠨ ᠬᠡᠷᠡᠭ ᠳᠡᠭᠡᠷ᠎ᠡ | ᠪᠠᠨ ᠶᠠᠫᠤᠨ ᠹᠠᠱᠢᠰᠲ ᠤᠨ ᠬᠥᠮᠥᠵᠢᠯ ᠢ ᠰᠤᠷᠲᠠᠯᠴᠢᠯᠠᠨ ᠵᠢᠭᠠᠵᠤ ᠪᠠᠶᠢᠵᠠᠢ᠃ | ᠶᠠᠫᠤᠨ ᠳᠤ ᠰᠤᠷᠤᠯᠴᠠᠭᠠᠳ ᠬᠠᠷᠢᠵᠤ ᠢᠷᠡᠭᠰᠡᠨ ᠤ ᠳᠠᠷᠠᠭ᠎ᠠ ᠲᠡᠭᠦᠨ ᠢ ᠬᠠᠭᠤᠷᠮᠠᠭ ᠮᠠᠨᠵᠤ ᠶᠢᠨ ᠲᠤᠬᠠᠢ ᠶᠢᠨ | ᠦᠶ᠎ᠡ ᠶᠢᠨ ᠨᠡᠶᠢᠰᠯᠡᠯ ᠰᠢᠨᠵᠢᠩ ᠪᠤᠶᠤ ᠴᠠᠩᠴᠦ᠋ᠨ ᠬᠤᠲᠠ ᠳᠠᠬᠢ ︽ᠬᠥᠬᠡ ᠲᠤᠭ︾ ᠰᠣᠨᠢᠨ ᠤ ᠬᠤᠷᠢᠶᠠᠨ ᠳᠤ | ᠰᠡᠳᠬᠦᠯᠴᠢ ᠪᠠᠷ ᠲᠣᠬᠢᠷᠠᠭᠤᠯᠵᠠᠢ᠃ ᠲᠤᠰ ᠰᠣᠨᠢᠨ ᠢ ᠬᠠᠭᠤᠷᠮᠠᠭ ᠮᠠᠨᠵᠤ ᠶᠢᠨ ᠠᠮᠤᠷ ᠢ ᠬᠠᠮᠠᠭᠠᠯᠠᠬᠤ ᠶᠠᠮᠤᠨ ᠠᠴᠠ | ᠡᠷᠬᠢᠯᠡᠭᠰᠡᠨ ᠨᠡᠷ᠎ᠡ ᠲᠠᠢ ᠪᠣᠯᠪᠠᠴᠤ ᠴᠠᠭᠠᠨ᠎ᠠ ᠨᠢ ᠶᠠᠫᠤᠨ ᠬᠥᠮᠥᠨ ᠭᠤᠣᠯ ᠡᠷᠬᠡ ᠶᠢ ᠨᠢ ᠡᠵᠡᠨ ᠮᠡᠳᠡᠵᠦ ᠪᠠᠶᠢᠯ᠎ᠠ᠃ | ᠲᠠᠭᠪᠬᠤᠰᠤᠷ ︽ᠬᠥᠬᠡ ᠲᠤᠭ︾ ᠰᠣᠨᠢᠨ ᠤ ᠬᠤᠷᠢᠶᠠᠨ ᠳᠤ ᠠᠵᠢᠯᠯᠠᠬᠤ ᠬᠤᠭᠤᠴᠠᠭᠠᠨ ᠳᠠᠭᠠᠨ ᠰᠡᠳᠬᠦᠯᠴᠢ | ᠶᠢᠨ ᠬᠤᠪᠢ ᠪᠠᠷ ᠨᠡᠶᠢᠭᠡᠮ᠂ ᠤᠯᠤᠰ ᠲᠥᠷᠥ ᠶᠢᠨ ᠠᠮᠢᠳᠤᠷᠠᠯ ᠪᠠᠶᠢᠳᠠᠯ ᠲᠠᠢ ᠲᠠᠨᠢᠯᠴᠠᠵᠤ ᠡᠬᠢᠯᠡᠪᠡ᠃ ᠡᠨᠡ ᠨᠢ | ᠲᠡᠭᠦᠨ ᠤ ᠬᠤᠶᠢᠰᠢᠳᠠ ᠶᠢᠨ ᠠᠵᠢᠯ ᠦᠢᠯᠡᠰ ᠪᠠ ᠨᠡᠶᠢᠭᠡᠮ ᠤᠨ ᠠᠵᠢᠯᠯᠠᠭ᠎ᠠ ᠳᠤ ᠣᠷᠤᠯᠴᠠᠬᠤ ᠳᠤᠨᠢ ᠠᠩᠬᠠᠨ ᠤ | ᠰᠠᠭᠤᠷᠢ ᠲᠠᠯᠪᠢᠭᠰᠠᠨ ᠨᠢ ᠮᠡᠳᠡᠭᠡᠵᠢ᠃ | 1943 ᠣᠨ ᠳᠤ ᠲᠠᠭᠪᠬᠤᠰᠤᠷ ᠮᠣᠩᠭᠤᠯ ᠬᠢᠵᠠᠭᠠᠷ ᠤᠨ ᠵᠠᠰᠠᠭ ᠤᠨ ᠶᠠᠪᠤᠳᠠᠯ ᠤᠨ ᠬᠤᠷᠢᠶᠠᠨ ᠳᠤ | ᠰᠢᠭᠤᠳ ᠬᠠᠮᠢᠶᠠᠷᠤᠭᠳᠠᠵᠤ ᠪᠠᠶᠢᠭᠰᠠᠨ ᠪᠠᠳᠬᠠᠷ ᠰᠦᠮ᠎ᠡ ᠶᠢᠨ ᠨᠡᠭᠦᠷᠡᠰᠦᠨ ᠠᠭᠤᠷᠬᠠᠢ ᠶᠢᠨ ᠭᠠᠵᠠᠷ ᠲᠤ ᠬᠢᠨᠠᠭᠴᠢ | ᠪᠠᠷ ᠠᠵᠢᠯᠯᠠᠵᠤ᠂ ᠳᠠᠷᠠᠭ᠎ᠠ ᠨᠢ ᠪᠡᠭᠡᠵᠢᠩ ᠳᠠᠬᠢ ᠲᠡᠮᠦᠷ ᠵᠠᠮ ᠤᠨ ᠲᠣᠪᠴᠢᠶᠠᠨ ᠤ ︽ᠹᠦ᠋ ᠶᠤᠸᠠᠨ︾ ᠠᠯᠪᠠᠨ | ᠭᠠᠵᠠᠷ ᠤᠨ ᠪᠠᠷᠠᠭᠤᠨ ᠬᠤᠶᠢᠲᠤ ᠣᠷᠤᠨ ᠤ ᠤᠳᠬ᠎ᠠ ᠰᠣᠶᠤᠯ ᠤᠨ ᠪᠠᠶᠢᠴᠠᠭᠠᠬᠤ ᠳᠤᠭᠤᠶᠢᠯᠠᠩ ᠤᠨ ᠴᠢᠭᠤᠯᠤᠯᠲᠤ | ᠬᠠᠭᠠᠯᠭ᠎ᠠ ᠳᠤ ᠰᠠᠭᠤᠬᠤ ᠲᠤᠰᠬᠠᠢ ᠲᠤᠰᠢᠶᠠᠯᠲᠠᠨ ᠢᠶᠠᠷ ᠲᠣᠮᠢᠯᠠᠭᠳᠠᠪᠠ᠃ ᠡᠨᠡ ᠬᠦ ᠪᠠᠶᠢᠭᠤᠯᠤᠮᠵᠢ ᠪᠣᠯ ᠰᠣᠶᠤᠯ ᠤᠨ | ᠨᠡᠷ᠎ᠡ ᠪᠠᠷ ᠮᠠᠲ᠋ᠧᠷᠢᠶᠠᠯ ᠴᠤᠭᠯᠠᠭᠤᠯᠬᠤ ᠲᠠᠩᠨᠠᠭᠤᠯ ᠤᠨ ᠪᠠᠶᠢᠭᠤᠯᠭ᠎ᠠ ᠪᠠᠶᠢᠵᠠᠢ᠃ | 1945 ᠣᠨ ᠳᠤ ᠶᠠᠫᠤᠨ ᠪᠠᠭᠤᠵᠤ ᠥᠭᠭᠦᠭᠰᠡᠨ ᠤ ᠰᠡᠭᠦᠯᠡᠷ ᠲᠤᠰ ᠵᠢᠯ ᠤᠨ ᠬᠢᠨᠢ 10 ᠳ᠋ᠤᠭᠠᠷ ᠰᠠᠷ᠎ᠠ ᠳᠤ | ᠶᠠᠫᠤᠨ ᠳᠤ ᠰᠤᠷᠤᠯᠴᠠᠵᠤ ᠪᠠᠶᠢᠭᠰᠠᠨ ᠦᠶ᠎ᠡ ᠶᠢᠨ ᠬᠢᠨᠢ ᠬᠠᠮᠲᠤ ᠰᠤᠷᠤᠭᠴᠢ ᠬᠠᠢ ᠹᠦ᠋ ᠴᠢᠤᠸᠠᠨ ᠤ ᠲᠠᠨᠢᠯᠴᠠᠭᠤᠯᠭ᠎ᠠ | ᠪᠠᠷ ᠴᠠᠬᠠᠷ ᠮᠣᠩᠭᠤᠯ ᠬᠤᠰᠢᠭᠤᠳ ᠤᠨ ᠭᠤᠮᠢᠨᠳᠠᠩ ᠨᠠᠮ ᠤᠨ ᠬᠤᠷᠢᠶᠠᠨ ᠳᠤ ᠭᠡᠰᠢᠭᠦᠨ ᠢᠶᠠᠷ ᠡᠯᠰᠡᠭᠳᠡᠵᠡᠢ᠃ | ᠮᠥᠨ ᠤᠳᠠᠯ ᠦᠭᠡᠢ ᠵᠡᠭᠦᠨ ᠬᠤᠶᠢᠲᠤ ᠣᠷᠤᠨ ᠤ ᠴᠡᠷᠢᠭ ᠤᠨ ᠵᠠᠬᠢᠷᠭᠠᠨ ᠤ ᠭᠠᠵᠠᠷ ᠤᠨ ᠪᠡᠭᠡᠵᠢᠩ ᠳᠠᠬᠢ ᠬᠢᠩᠭᠠᠨ | ᠮᠤᠵᠢ ᠶᠢᠨ ᠶᠠᠮᠤᠨ ᠳᠤ ᠨᠠᠷᠢᠨ ᠪᠢᠴᠢᠭᠡᠴᠢ ᠪᠠᠷ ᠠᠵᠢᠯᠯᠠᠪᠠ᠃ | 1946 ᠣᠨ ᠤ 9 ᠳ᠋ᠤᠭᠡᠷ ᠰᠠᠷ᠎ᠠ ᠳᠤ ᠲᠠᠭᠪᠬᠤᠰᠤᠷ ︽ᠵᠡᠭᠦᠨ ᠬᠤᠶᠢᠲᠤ ᠶᠢᠨ ᠮᠣᠩᠭᠤᠯ ᠬᠤᠰᠢᠭᠤᠳ ᠢ | ᠰᠡᠷᠭᠦᠭᠡᠬᠦ ᠬᠤᠷᠠᠯ︾ ᠤᠨ ᠵᠡᠭᠦᠨ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠤᠨ ᠪᠦᠷᠢᠯᠳᠦᠬᠦᠨ ᠢᠶᠠᠷ | ᠭᠤᠮᠢᠨᠳᠠᠩ ᠨᠠᠮ ᠤᠨ ᠶᠡᠭᠡ ᠬᠤᠷᠠᠯ ᠳᠤ ᠣᠷᠤᠯᠴᠠᠬᠤ ᠪᠠᠷ ᠨᠠᠨᠵᠢᠩ ᠳᠤ ᠬᠦᠷᠪᠡ᠃ ᠵᠡᠭᠦᠨ ᠮᠣᠩᠭᠤᠯ ᠤᠨ | ᠲᠥᠯᠥᠭᠡᠯᠡᠭᠴᠢᠳ ᠤᠨ ᠪᠦᠯᠬᠦᠮ ᠤᠨ ᠨᠠᠨᠵᠢᠩ ᠳᠤ ᠣᠴᠢᠭᠰᠠᠨ ᠤ ᠵᠣᠷᠢᠯᠭ᠎ᠠ ᠪᠣᠯ ᠨᠢᠭᠡ ᠳᠤ᠂ ᠶᠠᠫᠤᠨ ᠳᠤ | ᠡᠵᠡᠯᠡᠭᠳᠡᠵᠦ ᠪᠠᠶᠢᠭᠰᠠᠨ ᠭᠠᠵᠠᠷ ᠨᠤᠲᠤᠭ ᠢᠶᠠᠨ ᠡᠭᠡᠭᠦᠯᠵᠦ ᠠᠪᠤᠭᠰᠠᠨ ᠢᠶᠠᠨ ᠪᠡᠯᠭᠡᠯᠡᠬᠦ︔ ᠬᠤᠶᠠᠷ ᠲᠤ᠂ ᠵᠢᠶᠠᠩ | ᠵᠢᠶᠧ ᠱᠢ ᠶᠢᠨ ᠵᠢᠷᠠᠨ ᠨᠠᠰᠤᠨ ᠤ ᠪᠠᠶᠠᠷ ᠲᠤ ᠣᠷᠤᠯᠴᠠᠬᠤ︔ ᠭᠤᠷᠪᠡ ᠳᠤ᠂ ᠭᠤᠮᠢᠨᠳᠠᠩ ᠨᠠᠮ ᠤᠨ ᠬᠠᠭᠤᠷᠮᠠᠭ | ᠦᠨᠳᠦᠰᠦᠨ ᠬᠠᠤᠯᠢ ᠶᠢ ᠲᠣᠭᠲᠠᠭᠠᠬᠤ ᠪᠠ ᠤᠯᠤᠰ ᠤᠨ ᠶᠡᠭᠡ ᠬᠤᠷᠠᠯ ᠳᠤ ᠪᠠᠶᠠᠷ ᠬᠦᠷᠭᠡᠬᠦ ᠵᠡᠷᠭᠡ ᠪᠣᠯᠤᠨ᠎ᠠ᠃ | ᠶᠡᠭᠡ ᠬᠤᠷᠠᠯ ᠤᠨ ᠬᠤᠭᠤᠴᠠᠭᠠᠨ ᠳᠤ ᠵᠢᠶᠠᠩ ᠵᠢᠶᠧ ᠱᠢ᠂ ᠵᠡᠭᠦᠨ ᠮᠣᠩᠭᠤᠯ ᠤᠨ ᠲᠥᠯᠥᠭᠡᠯᠡᠭᠴᠢᠳ ᠤᠨ | ᠪᠦᠯᠬᠦᠮ ᠢ ᠲᠤᠰᠬᠠᠶᠢᠯᠠᠨ ᠬᠦᠯᠢᠶᠡᠨ ᠠᠪᠴᠤ ᠠᠭᠤᠯᠵᠠᠭᠰᠠᠨ ᠪᠥᠭᠡᠳ ᠮᠣᠩᠭᠤᠯᠴᠤᠳ ᠤᠨ ᠵᠠᠩ ᠵᠠᠩᠰᠢᠯ ᠢ | ᠵᠣᠷᠢᠮᠠᠭ ᠬᠦᠨᠳᠦᠳᠬᠡᠭᠰᠡᠨ ᠪᠠᠶᠢᠳᠠᠯ ᠭᠠᠷᠭᠠᠵᠤ᠂ ᠵᠢᠩᠨᠡᠭᠦᠷ ᠪᠤᠤᠽᠢ ᠪᠠᠷ ᠲᠠᠶᠢᠯᠠᠭᠰᠠᠨ ᠪᠥᠭᠡᠳ ᠰᠠᠪᠬ᠎ᠠ ᠬᠡᠷᠡᠭᠯᠡᠭᠰᠡᠨ | ᠦᠭᠡᠢ ᠪᠠᠷ ᠭᠠᠷ ᠢᠶᠠᠷ ᠢᠶᠠᠨ ᠪᠠᠷᠢᠵᠤ ᠢᠳᠡᠭᠰᠡᠨ ᠵᠡᠷᠭᠡ ᠨᠢ ᠮᠣᠩᠭᠤᠯ ᠲᠥᠯᠥᠭᠡᠯᠡᠭᠴᠢᠳ ᠲᠤ ᠶᠡᠬᠡᠯ᠎ᠡ ᠰᠣᠨᠢᠨ | ᠳᠣᠲᠤᠨᠤᠰᠤᠭ ᠮᠡᠲᠦ ᠰᠠᠨᠠᠭᠳᠠᠭᠰᠠᠨ ᠪᠠᠶᠢᠯ᠎ᠠ᠃ | ᠨᠠᠨᠵᠢᠩ ᠳᠤ ᠪᠠᠶᠢᠬᠤ ᠬᠤᠭᠤᠴᠠᠭᠠᠨ ᠳᠤ᠂ ᠭᠤᠮᠢᠨᠳᠠᠩ ᠨᠠᠮ ᠤᠨ ᠶᠡᠭᠡ ᠬᠤᠷᠠᠯ ᠳᠤ ᠣᠴᠢᠭᠰᠠᠨ ᠮᠣᠩᠭᠤᠯ | ᠲᠥᠯᠥᠭᠡᠯᠡᠭᠴᠢᠳ ᠤᠨ ᠪᠦᠯᠬᠦᠮ ᠤᠨ ᠣᠯᠠᠩᠬᠢ ᠨᠢ ᠦᠵᠡᠯᠲᠡ ᠵᠣᠷᠢᠯᠭ᠎ᠠ ᠨᠢᠭᠡᠳᠦᠨ ᠰᠠᠨᠠᠯ ᠪᠣᠳᠤᠯ ᠨᠡᠶᠢᠯᠡᠵᠦ᠂ ︽ | ᠮᠣᠩᠭᠤᠯ ᠵᠠᠯᠠᠭᠤᠴᠤᠳ ᠤᠨ ᠠᠨᠳᠠᠯᠭᠠ︾ ᠪᠤᠶᠤ ᠤᠳᠬᠠᠴᠢᠯᠠᠪᠠᠯ ᠮᠣᠩᠭᠤᠯ ᠦᠨᠳᠦᠰᠦᠲᠡᠨ ᠤ ᠡᠷᠬᠡ ᠴᠢᠯᠦᠭᠡᠨ ᠤ | ᠲᠦᠯᠦᠭᠡ ᠲᠡᠮᠡᠴᠡᠬᠦ ᠳᠤ ᠠᠨᠳᠠᠭᠠᠢ ᠲᠠᠩᠭᠠᠷᠢᠭ ᠨᠢᠭᠡᠲᠡᠢ ᠮᠣᠩᠭᠤᠯ ᠵᠠᠯᠠᠭᠤᠴᠤᠳ ᠤᠨ ᠨᠢᠭᠤᠴᠠ ᠵᠣᠬᠢᠶᠠᠨ | ᠪᠠᠶᠢᠭᠤᠯᠤᠯᠲᠠ ︵ᠲᠣᠪᠴᠢᠯᠠᠭᠠᠳ ︽ᠠᠨᠳᠠᠯᠭᠠ︾︶ ᠶᠢ ᠪᠠᠶᠢᠭᠤᠯᠵᠠᠢ᠃ ︽ᠠᠨᠳᠠᠯᠭᠠ︾ ᠶᠢᠨ ᠵᠣᠷᠢᠯᠭ᠎ᠠ ᠪᠣᠯ | ᠥᠪᠥᠷ ᠮᠣᠩᠭᠤᠯ ᠣᠷᠤᠨ ᠢ ᠲᠤᠰᠠᠭᠠᠷ ᠲᠣᠭᠲᠠᠨᠢᠭᠤᠯᠬᠤ ᠶᠠᠪᠤᠳᠠᠯ ᠪᠣᠯᠤᠨ᠎ᠠ᠃ ᠪᠣᠳᠠᠲᠤ ᠡᠭᠦᠷᠭᠡ ᠨᠢ ᠳᠣᠲᠤᠭᠠᠳᠤ | ᠳᠠᠭᠠᠨ ᠡᠯ᠎ᠡ ᠭᠠᠵᠠᠷ ᠣᠷᠤᠨ ᠤ ᠮᠣᠩᠭᠤᠯ ᠵᠠᠯᠠᠭᠤᠴᠤᠳ ᠢ ᠵᠣᠬᠢᠶᠠᠨ ᠪᠠᠶᠢᠭᠤᠯᠵᠤ᠂ ᠦᠨᠳᠦᠰᠦᠲᠡᠨ ᠤ ᠪᠠᠨ ᠡᠷᠬᠡ | ᠴᠢᠯᠦᠭᠡᠨ ᠤ ᠲᠡᠮᠡᠴᠡᠯ ᠳᠤ ᠣᠷᠤᠯᠴᠠᠬᠤ ᠶᠢ ᠳᠠᠶᠢᠴᠢᠯᠠᠨ ᠤᠷᠢᠶᠠᠯᠠᠨ᠎ᠠ᠃ ᠭᠠᠳᠠᠭᠰᠢ ᠪᠠᠨ ᠪᠣᠯ᠂ ᠮᠣᠩᠭᠤᠯ | ᠦᠨᠳᠦᠰᠦᠲᠡᠨ ᠤ ᠲᠤᠰᠠᠭᠠᠷ ᠲᠣᠭᠲᠠᠨᠢᠯ᠂ ᠡᠷᠬᠡ ᠴᠢᠯᠦᠭᠡᠨ ᠤ ᠲᠡᠮᠡᠴᠡᠯ ᠢ ᠰᠠᠶᠢᠰᠢᠶᠠᠨ ᠬᠦᠷᠢᠶᠡᠯᠡᠳᠡᠭ ᠶᠠᠮᠠᠷᠪᠠ | ᠤᠯᠤᠰ ᠦᠨᠳᠦᠰᠦᠲᠡᠨ ᠤ ᠳᠡᠮᠵᠢᠯᠭᠡ ᠶᠢ ᠣᠯᠬᠤ᠂ ᠢᠯᠠᠩᠭᠤᠶ᠎ᠠ ᠠᠮᠧᠷᠢᠺᠡ ᠶᠢᠨ ᠳᠡᠮᠵᠢᠯᠭᠡ ᠶᠢ ᠣᠯᠬᠤ ᠵᠡᠷᠭᠡ | ᠪᠣᠯᠤᠨ᠎ᠠ᠃ | ︽ᠠᠨᠳᠠᠯᠭᠠ︾ ᠨᠢ ᠪᠦᠬᠦ ᠤᠯᠤᠰ ᠴᠢᠯᠦᠭᠡᠯᠡᠭᠳᠡᠬᠦ ᠪᠣᠯᠲᠠᠯ᠎ᠠ ᠪᠡᠭᠡᠵᠢᠩ ᠳᠠᠬᠢ ᠰᠠᠯᠪᠤᠷᠢ᠂ ᠴᠠᠬᠠᠷ ᠤᠨ ᠰᠠᠯᠪᠤᠷᠢ᠂ | ᠪᠠᠷᠠᠭᠤᠨ ᠬᠤᠶᠢᠲᠤ ᠣᠷᠤᠨ ᠤ ᠰᠠᠯᠪᠤᠷᠢ ᠵᠡᠷᠭᠡ ᠶᠢ ᠪᠠᠶᠢᠭᠤᠯᠵᠤ᠂ ᠨᠠᠶᠠ ᠭᠠᠷᠤᠢ ᠵᠠᠯᠠᠭᠤᠴᠤᠳ ᠢ ᠡᠯᠰᠡᠵᠡᠢ᠃ | ᠲᠠᠭᠪᠬᠤᠰᠤᠷ ᠪᠣᠯ ᠪᠡᠭᠡᠵᠢᠩ ᠰᠠᠯᠪᠤᠷᠢ ᠶᠢᠨ ᠡᠭᠦᠰᠬᠡᠨ ᠪᠠᠶᠢᠭᠤᠯᠤᠭᠴᠢ ᠶᠢᠨ ᠨᠢᠭᠡ ᠨᠢ ᠪᠣᠯᠤᠨ᠎ᠠ᠃ ᠶᠡᠷᠦᠩᠬᠡᠢ | ᠭᠠᠵᠠᠷ ︵ᠬᠡᠯᠲᠡᠰ︶ ᠢ ᠨᠢ ᠨᠠᠨᠵᠢᠩ ᠳᠤ ᠪᠠᠶᠢᠭᠤᠯᠵᠠᠢ᠃ | 1947 ᠣᠨ ᠤ ᠬᠠᠪᠤᠷ᠂ ᠲᠠᠭᠪᠬᠤᠰᠤᠷ ᠭᠤᠮᠢᠨᠳᠠᠩ ᠨᠠᠮ ᠤᠨ ᠮᠣᠩᠭᠤᠯ ᠲᠦᠪᠡᠳ ᠤᠨ ᠬᠤᠷᠢᠶᠠᠨ ᠤ | ᠵᠢᠷᠢᠮ ᠤᠨ ᠴᠢᠭᠤᠯᠭᠠᠨ ᠤ ᠬᠠᠪᠰᠤᠷᠤᠨ ᠵᠥᠪᠯᠡᠭᠴᠢ ᠪᠠᠷ ᠲᠣᠮᠢᠯᠠᠭᠳᠠᠪᠠ᠃ ᠵᠠᠭᠴᠢᠳᠰᠡᠴᠡᠨ※ ᠤ ᠡᠬᠡᠨᠡᠷ | ᠰᠧᠷᠵᠢᠮᠢᠳᠡᠭ ᠢ ᠮᠣᠩᠭᠤᠯ ᠲᠦᠪᠡᠳ ᠤᠨ ᠬᠤᠷᠢᠶᠠᠨ ᠠᠴᠠ ᠲᠠᠭᠪᠬᠤᠰᠤᠷ ᠲᠤ ᠬᠠᠪᠰᠤᠷᠤᠭᠴᠢ ᠪᠠᠷ. ᠲᠣᠮᠢᠯᠠᠪᠠ᠃ | ᠡᠨᠡ ᠪᠣᠯ ︽ᠠᠨᠳᠠᠯᠭᠠ︾ ᠶᠢᠨ ᠳᠣᠲᠤᠭᠠᠳᠤ ᠶᠢᠨ ᠲᠣᠬᠢᠷᠠᠭᠤᠯᠤᠯᠲᠠ ᠪᠣᠯᠬᠤ ᠪᠥᠭᠡᠳ ᠴᠠᠭᠠᠭᠤᠷ ᠢᠶᠠᠨ ︽ | ᠠᠨᠳᠠᠯᠭᠠ︾ ᠶᠢᠨ ᠭᠡᠰᠢᠭᠦᠳ ᠤᠨ ᠬᠦᠴᠦᠨ ᠤ ᠬᠦᠷᠢᠶ᠎ᠡ ᠪᠠᠨ ᠥᠷᠭᠡᠳᠬᠡᠵᠦ ᠪᠠᠶᠢᠭ᠎ᠠ ᠶᠠᠪᠤᠳᠠᠯ ᠠᠵᠠᠢ᠃ | 1948 ᠣᠨ ᠤ 3 ᠳ᠋ᠤᠭᠠᠷ ᠰᠠᠷ᠎ᠠ ᠳᠤ᠂ ᠭᠤᠮᠢᠨᠳᠠᠩ ᠨᠠᠮ ᠤᠨ ᠬᠢᠩᠭᠠᠨ ᠮᠤᠵᠢ ᠶᠢᠨ ᠬᠤᠷᠢᠶᠠᠨ ᠠᠴᠠ | ᠲᠠᠭᠪᠬᠤᠰᠣᠷ ᠢ ᠤᠯᠤᠰ ᠤᠨ ᠶᠡᠭᠡ ᠬᠤᠷᠠᠯ ᠤᠨ ᠲᠥᠯᠥᠭᠡᠯᠡᠭᠴᠢ ᠪᠣᠯᠭᠠᠭᠰᠠᠨ ᠢᠶᠠᠷ ᠲᠡᠷᠡ ᠭᠤᠮᠢᠨᠳᠠᠩ ᠨᠠᠮ ᠤᠨ | ᠶᠡᠭᠡ ᠬᠤᠷᠠᠯ ᠳᠤ ᠣᠷᠤᠯᠴᠠᠬᠤ ᠪᠠᠷ ᠬᠤᠶᠠᠷᠳᠠᠬᠢ ᠤᠳᠠᠭ᠎ᠠ ᠪᠠᠨ ᠨᠠᠨᠵᠢᠩ ᠳᠤ ᠬᠦᠷᠴᠡᠢ᠃ ᠶᠡᠭᠡ ᠬᠤᠷᠠᠯ ᠤᠨ | ᠬᠤᠭᠤᠴᠠᠭᠠᠨ ᠳᠤ ᠮᠣᠩᠭᠤᠯ ᠲᠥᠯᠥᠭᠡᠯᠡᠭᠴᠢᠳ ᠤᠨ ᠳᠣᠲᠤᠷᠠᠬᠢ ︽ᠠᠨᠳᠠᠯᠭᠠ︾ ᠶᠢᠨ ᠭᠡᠰᠢᠭᠦᠳ ᠤᠨ | ᠵᠢᠩᠬᠢᠨᠢ ᠵᠣᠷᠢᠯᠭ᠎ᠠ ᠪᠣᠯ᠂ ᠬᠢᠲᠠᠳ ᠤᠨ ᠳᠡᠭᠡᠷᠡᠩᠭᠦᠢ ᠦᠵᠡᠯ ᠢ ᠡᠰᠡᠷᠭᠦᠴᠡᠵᠦ᠂ ᠦᠨᠳᠦᠰᠦᠲᠡᠨ ᠤ ᠪᠠᠨ ᠡᠷᠬᠡ | ᠮᠡᠳᠡᠯ ᠢ ᠣᠯᠬᠤ ᠪᠠ ᠥᠪᠡᠷᠲᠡᠭᠡᠨ ᠵᠠᠰᠠᠬᠤ ᠡᠷᠬᠡ ᠶᠢ ᠲᠤᠰ ᠬᠤᠷᠠᠯ ᠢᠶᠠᠷ ᠪᠠᠲᠤᠯᠠᠭᠤᠯᠬᠤ ᠶᠠᠪᠤᠳᠠᠯ ᠪᠣᠯᠤᠨ᠎ᠠ᠃ | ᠭᠡᠪᠡᠴᠦ ᠭᠤᠮᠢᠨᠳᠠᠩ ᠨᠠᠮ ᠤᠨ ᠶᠡᠭᠡ ᠬᠤᠷᠠᠯ ᠤᠨ ᠤᠭ ᠵᠣᠷᠢᠯᠭ᠎ᠠ ᠪᠣᠯ᠂ ᠦᠨᠳᠦᠰᠦᠨ ᠬᠠᠤᠯᠢ ᠶᠢ ᠶᠣᠰᠤᠴᠢᠯᠠᠨ | ᠪᠡᠶᠡᠯᠡᠬᠦᠯᠬᠦ ᠠᠴᠠ ᠪᠢᠰᠢ᠂ ᠵᠠᠰᠠᠪᠤᠷᠢ ᠣᠷᠤᠭᠤᠯᠬᠤ ᠭᠡᠰᠡᠨ ᠶᠠᠪᠤᠳᠠᠯ ᠪᠢᠰᠢ ᠪᠣᠯᠬᠤᠷ ᠶᠣᠰᠤᠲᠠᠢ ᠯᠡ ︽ᠥᠭᠡᠬᠦ ᠴᠦ | ᠪᠢᠰᠢ ᠪᠤᠯᠴᠢᠷᠬᠠᠢ ᠴᠦ ᠪᠢᠰᠢ︾ ᠶᠠᠪᠤᠳᠠᠯ ᠪᠣᠯᠤᠭᠰᠠᠨ ᠪᠥᠭᠡᠳ ᠮᠣᠩᠭᠤᠯ ᠲᠥᠯᠥᠭᠡᠯᠡᠭᠴᠢᠳ ᠤᠨ ᠬᠦᠰᠡᠯ | ᠭᠤᠷᠢᠳᠠᠯᠭ᠎ᠠ ᠴᠦ ᠬᠥᠭᠡᠰᠦ ᠪᠣᠯᠤᠨ ᠵᠠᠮᠬᠠᠷᠠᠵᠠᠢ᠃ | ᠲᠤᠬᠠᠢ ᠶᠢᠨ ᠦᠶ᠎ᠡ ᠶᠢᠨ ᠴᠠᠭ ᠤᠨ ᠪᠠᠶᠢᠳᠠᠯ ᠤᠨ ᠬᠠᠨᠳᠤᠰᠢ ᠪᠣᠯ᠂ ᠭᠤᠮᠢᠨᠳᠠᠩ ᠤᠨ ᠨᠣᠶᠠᠷᠬᠠᠯ ᠮᠥᠬᠦᠬᠦ ᠵᠦᠭ | ᠲᠡᠭᠡᠨ ᠬᠠᠨᠳᠤᠵᠤ᠂ ᠪᠦᠬᠦ ᠤᠯᠤᠰ ᠴᠢᠯᠦᠭᠡᠯᠡᠭᠳᠡᠬᠦ ᠣᠶᠢᠷᠠᠲᠤᠭᠰᠠᠨ ᠲᠤᠯᠠ ︽ᠠᠨᠳᠠᠯᠭᠠ︾ ᠶᠢᠨ ᠭᠡᠰᠢᠭᠦᠳ | ᠤᠨ ᠳᠣᠲᠤᠷ᠎ᠠ ᠴᠦ ᠠᠳᠠᠯᠢ ᠪᠤᠰᠤ ᠶᠢᠨ ᠦᠵᠡᠯᠲᠡ ᠪᠣᠳᠤᠯ ᠲᠠᠢ ᠪᠣᠯᠵᠠᠢ᠃ ᠵᠠᠭᠴᠢᠳᠰᠡᠴᠡᠨ ᠲᠦᠷᠦᠭᠦᠦ ᠲᠠᠢ | ᠬᠡᠰᠡᠭ ᠬᠥᠮᠥᠰ ᠪᠣᠯ ᠲᠠᠶᠢᠸᠠᠨ ᠳᠤ ᠣᠴᠢᠬᠤ ᠶᠢ ᠵᠣᠷᠢᠵᠤ᠂ ᠲᠠᠭᠪᠬᠤᠰᠣᠷ᠂ ᠠᠯᠲᠠᠨ᠋ᠧᠴᠢᠷ ᠵᠡᠷᠭᠡ ᠬᠥᠮᠥᠰ ᠪᠣᠯ | ᠪᠠᠷᠠᠭᠤᠨ ᠬᠤᠶᠢᠲᠤ ᠣᠷᠤᠨ ᠳᠤ ᠣᠴᠢᠵᠤ᠂ ᠳᠡᠮᠴᠦᠭᠳᠣᠩᠷᠤᠪ ᠤᠨ ︵ᠳ᠋ᠧ ᠸᠠᠩ ᠴᠦ ᠭᠡᠳᠡᠭ︶ ᠮᠤᠩᠭᠤᠯ ᠤᠨ | ᠥᠪᠡᠷᠲᠡᠭᠡᠨ ᠵᠠᠰᠠᠬᠤ ᠬᠥᠳᠡᠯᠭᠡᠭᠡᠨ ᠳᠤ ᠣᠷᠤᠯᠴᠠᠬᠤ ᠶᠢ ᠵᠣᠷᠢᠵᠤ᠂ ᠭᠤᠮᠪᠤᠵᠠᠪ※᠂ ᠥᠷᠭᠡᠩᠭᠡ ᠵᠡᠷᠭᠡ ᠬᠥᠮᠥᠰ | ᠪᠣᠯ ᠠᠮᠧᠷᠢᠺᠡ ᠳᠤ ᠣᠴᠢᠬᠤ ᠪᠣᠳᠤᠯ ᠲᠠᠢ ᠪᠠᠶᠢᠬᠤ ᠳᠤ ᠵᠠᠷᠢᠮ ᠨᠢ ᠪᠡᠭᠡᠵᠢᠩ ᠳᠤ ᠦᠯᠡᠳᠡᠬᠦ ᠰᠠᠨᠠᠭ᠎ᠠ ᠲᠠᠢ ᠪᠠᠶᠢᠪᠠ᠃ | ᠡᠶᠢᠮᠦ ᠪᠠᠶᠢᠳᠠᠯ ᠳᠣᠣᠷ᠎ᠠ ︽ᠠᠨᠳᠠᠯᠭᠠ︾ ᠶᠢᠨ ᠪᠡᠭᠡᠵᠢᠩ ᠳᠠᠬᠢ ᠰᠠᠯᠪᠤᠷᠢ ᠳᠤ ᠲᠤᠰᠬᠠᠢ ᠬᠤᠷᠠᠯ ᠬᠢᠵᠦ | ᠰᠤᠳᠤᠯᠤᠨ ᠶᠠᠷᠢᠯᠴᠠᠭᠠᠳ ᠲᠤᠰ ᠲᠤᠰ ᠤᠨ ᠬᠢᠨᠢ ᠰᠠᠨᠠᠯ ᠢᠶᠠᠷ ᠪᠣᠯᠭᠠᠵᠠᠢ᠃ ᠭᠡᠯᠡ ᠴᠦ ᠡᠭᠦᠨ ᠠᠴᠠ ᠪᠣᠯᠵᠤ᠂ | ︽ᠠᠨᠳᠠᠯᠭᠠ︾ ᠶᠢᠨ ᠭᠡᠰᠢᠭᠦᠳ ᠤᠨ ᠵᠣᠬᠢᠶᠠᠨ ᠪᠠᠶᠢᠭᠤᠯᠤᠯᠲᠠ ᠪᠦᠷᠢᠮᠦᠰᠦᠨ ᠲᠠᠷᠬᠠᠭᠰᠠᠨ ᠪᠢᠰᠢ᠂ ᠥᠪᠡᠷ | ᠥᠪᠡᠷᠰᠡᠳ ᠤᠨ ᠣᠴᠢᠭᠰᠠᠨ ᠭᠠᠵᠠᠷ ᠲᠠᠭᠠᠨ ᠦᠷᠭᠦᠯᠵᠢᠯᠡᠨ ᠠᠵᠢᠯ ᠢᠶᠠᠨ ᠦᠷᠭᠦᠯᠵᠢᠯᠡᠬᠦᠯᠬᠦ ᠪᠠᠷ ᠲᠣᠭᠲᠠᠵᠠᠢ᠃ | ᠳᠠᠭᠪᠬᠤᠰᠤᠷ᠂ ᠠᠯᠲᠠᠨ᠋ᠧᠴᠢᠷ ᠵᠡᠷᠭᠡ ᠬᠥᠮᠥᠰ ᠪᠡᠭᠡᠵᠢᠩ ᠠᠴᠠ ᠬᠥᠳᠡᠯᠵᠦ᠂ ᠪᠠᠷᠠᠭᠤᠨ ᠬᠤᠶᠢᠲᠤ ᠣᠷᠤᠨ ᠤ | ᠯᠠᠨᠵᠸᠦ᠂ ᠢᠷᠭᠠᠢ ︵ᠶᠢᠨᠴᠤᠸᠠᠨ︶ ᠵᠡᠷᠭᠡ ᠬᠤᠲᠠ ᠪᠠᠷ ᠳᠠᠮᠵᠢᠨ ᠠᠯᠠᠱᠠ ᠠᠶᠢᠮᠠᠭ ᠲᠤ ᠬᠦᠷᠴᠦ᠂ ᠳᠡᠮᠴᠦᠭᠳᠣᠩᠷᠤᠪ | ᠤᠨ ᠮᠣᠩᠭᠤᠯ ᠤᠨ ᠥᠪᠡᠷᠲᠡᠭᠡᠨ ᠵᠠᠰᠠᠬᠤ ᠬᠥᠳᠡᠯᠭᠡᠭᠡᠨ ᠳᠤ ᠣᠷᠤᠯᠴᠠᠵᠠᠢ᠃ ᠪᠡᠯᠡᠳᠬᠡᠯ ᠠᠵᠢᠯ ᠳᠠᠭᠤᠰᠴᠤ᠂ ︽ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠵᠠᠰᠠᠭ ᠤᠨ ᠣᠷᠳᠤᠨ︾ ᠢ ᠪᠠᠶᠢᠭᠤᠯᠬᠤ ᠦᠶ᠎ᠡ ᠳᠤ ᠪᠤᠰᠤᠳ ᠭᠠᠵᠠᠷ | ᠲᠤ ᠪᠠᠶᠢᠭᠰᠠᠨ ︽ᠠᠨᠳᠠᠯᠭᠠ︾ ᠶᠢᠨ ᠭᠡᠰᠢᠭᠦᠳ ᠤᠨ ᠣᠯᠠᠩᠬᠢ ᠨᠢ ᠬᠦᠷᠦᠯᠴᠡᠨ ᠢᠷᠡᠵᠦ ᠶᠡᠭᠡ ᠬᠤᠷᠠᠯ ᠳᠤ | ᠣᠷᠤᠯᠴᠠᠭᠰᠠᠨ ᠪᠥᠭᠡᠳ ᠰᠣᠩᠭᠤᠭᠤᠯᠢ ᠪᠠᠷ ᠳᠡᠮᠴᠦᠭᠳᠣᠩᠷᠤᠪ ᠢ ᠲᠡᠷᠢᠭᠦᠯᠡᠭᠴᠢ ᠪᠠᠷ᠂ ᠲᠠᠷᠢᠵᠠ ︵ᠳ᠋ᠠᠷᠢᠵᠠ︶ ᠶᠢ | ᠳᠡᠳ᠋ ᠲᠡᠷᠢᠭᠦᠯᠡᠭᠴᠢ ᠪᠠᠷ ᠰᠣᠩᠭᠤᠪᠠ᠃ ᠡᠨᠡ ᠨᠢ ᠬᠡᠯᠡᠯᠭᠡᠨ ᠦᠭᠡᠢ᠂ ᠦᠨᠳᠦᠰᠦᠲᠡᠨ ᠤ ᠪᠠᠨ ᠡᠷᠬᠡ ᠴᠢᠯᠦᠭᠡᠨ ᠤ | ᠲᠥᠯᠥᠭᠡ ᠲᠡᠮᠡᠴᠡᠵᠦ᠂ ᠥᠪᠥᠷ ᠮᠣᠩᠭᠤᠯ ᠣᠷᠤᠨ ᠢᠶᠠᠨ ᠲᠤᠰᠠᠭᠠᠷ ᠲᠣᠭᠲᠠᠨᠢᠭᠤᠯᠬᠤ ᠭᠡᠰᠡᠨ ᠠᠨᠳᠠᠭᠠᠢ ᠲᠠᠩᠭᠠᠷᠢᠭ᠂ | ᠰᠠᠨᠠᠭ᠎ᠠ ᠵᠣᠷᠢᠯᠭ᠎ᠠ ᠨᠢᠭᠡᠲᠡᠢ ︽ᠠᠨᠳᠠᠯᠭᠠ︾ ᠶᠢᠨ ᠭᠡᠰᠢᠭᠦᠳ ᠤᠨ ᠬᠦᠴᠦᠨ ᠴᠢᠷᠮᠠᠶᠢᠯᠭ᠎ᠠ ᠴᠢᠬᠤᠯᠠ ᠦᠢᠯᠡᠳᠦᠯ | ᠦᠵᠡᠭᠦᠯᠦᠭᠰᠡᠨ ᠲᠠᠢ ᠰᠠᠯᠤᠰᠢ ᠦᠭᠡᠢ ᠶᠤᠮ᠃ | ᠡᠨᠡ ᠦᠶ᠎ᠡ ᠳᠤ ᠪᠦᠬᠦ ᠤᠯᠤᠰ ᠤᠨ ᠶᠡᠬᠡᠩᠬᠢ ᠭᠠᠵᠠᠷ ᠣᠷᠤᠨ ᠴᠢᠯᠦᠭᠡᠯᠡᠭᠳᠡᠵᠦ᠂ ᠳᠡᠮᠴᠦᠭᠳᠣᠩᠷᠤᠪ ᠤᠨ | ᠥᠪᠡᠷᠲᠡᠭᠡᠨ ᠵᠠᠰᠠᠬᠤ ᠵᠠᠰᠠᠭ ᠤᠨ ᠣᠷᠳᠤᠨ ᠴᠦ ᠣᠷᠤᠰᠢᠨ ᠲᠣᠭᠲᠠᠨᠢᠬᠤ ᠳᠤ ᠬᠡᠴᠡᠭᠦᠦ ᠪᠣᠯᠤᠭᠰᠠᠨ ᠲᠤᠯᠠ ︽ | ᠠᠨᠳᠠᠯᠭᠠ︾ ᠶᠢᠨ ᠵᠣᠬᠢᠶᠠᠨ ᠪᠠᠶᠢᠭᠤᠯᠤᠯᠲᠠ ᠴᠦ ᠬᠦᠴᠦᠨ ᠦᠭᠡᠢ ᠪᠣᠯᠵᠤ᠂ ᠴᠢᠭ ᠴᠢᠭ ᠢᠶᠠᠨ ᠬᠥᠭᠡᠭᠡᠨ ᠵᠢᠩᠬᠢᠨᠢ | ᠪᠠᠷ ᠲᠠᠷᠬᠠᠵᠠᠢ᠃ | ᠲᠠᠭᠪᠬᠤᠰᠣᠷ᠂ ᠠᠯᠲᠠᠨ᠋ᠧᠴᠢᠷ ᠵᠡᠷᠭᠡ ᠬᠥᠮᠥᠰ ᠮᠣᠩᠭᠤᠯ ᠤᠯᠤᠰ ᠲᠤ ᠣᠴᠢᠬᠤ ᠪᠠᠷ ᠲᠥᠰᠥᠪᠯᠡᠵᠦ ᠪᠠᠶᠢᠭᠰᠠᠨ | ᠪᠣᠯᠬᠤᠷ ᠲᠡᠮᠴᠦᠭᠳᠣᠩᠷᠤᠪ ᠨᠠᠷ ᠲᠠᠢ ᠰᠠᠨᠠᠭ᠎ᠠ ᠪᠣᠳᠤᠯ ᠨᠢᠭᠡᠳᠴᠦ 1948 ᠣᠨ ᠤ 10 ᠰᠠᠷ᠎ᠠ ᠳᠤ ᠪᠦᠭᠦᠳᠡ | ᠨᠠᠶᠢᠷᠠᠮᠳᠠᠬᠤ ᠮᠣᠩᠭᠤᠯ ᠠᠷᠠᠳ ᠤᠯᠤᠰ ᠲᠤ ᠬᠦᠷᠴᠡᠢ᠃ ᠲᠤᠬᠠᠢ ᠶᠢᠨ ᠦᠶ᠎ᠡ ᠳᠤ᠂ ᠳᠤᠮᠳᠠᠳᠤ᠂ ᠮᠣᠩᠭᠤᠯ ᠬᠤᠶᠠᠷ | ᠤᠯᠤᠰ ᠨᠢᠭᠡᠨᠲᠡ ᠨᠡᠶᠢᠭᠡᠮ ᠵᠢᠷᠤᠮᠲᠤ ᠬᠥᠷᠰᠢ ᠤᠯᠤᠰ ᠪᠣᠯᠵᠤ ᠪᠠᠶᠢᠭ᠎ᠠ ᠲᠤᠯᠠ ᠲᠡᠳᠡᠨ ᠢ ᠬᠦᠷᠦᠩᠭᠦᠲᠡ ᠪᠦᠭᠦᠳᠡ | ᠨᠠᠶᠢᠷᠠᠮᠳᠠᠬᠤ ᠮᠣᠩᠭᠤᠯ ᠠᠷᠠᠳ ᠤᠯᠤᠰ ᠤᠨ ᠳᠣᠲᠤᠭᠠᠳᠤ ᠶᠢ ᠬᠠᠮᠠᠭᠠᠯᠠᠬᠤ ᠶᠠᠮᠤᠨ ᠠᠴᠠ ᠲᠠᠭᠪᠬᠤᠰᠣᠷ ᠨᠠᠷ ᠢ | ᠤᠯᠤᠰ ᠲᠥᠷᠥ ᠶᠢᠨ ᠶᠠᠯᠠᠲᠠᠨ ᠢᠶᠠᠷ ᠪᠠᠷᠢᠪᠴᠢᠯᠠᠭᠰᠠᠨ ᠪᠠᠶᠢᠪᠠ᠃ | 1954 ᠣᠨ ᠳᠤ᠂ ᠪᠦᠭᠦᠳᠡ ᠨᠠᠶᠢᠷᠠᠮᠳᠠᠬᠤ ᠮᠣᠩᠭᠤᠯ ᠠᠷᠠᠳ ᠤᠯᠤᠰ ᠠᠴᠠ ᠲᠠᠭᠪᠬᠤᠰᠣᠷ ᠨᠠᠷ ᠢ | ᠭᠠᠳᠠᠭᠠᠳᠤ ᠶᠢᠨ ᠤᠯᠤᠰ ᠲᠥᠷᠥ ᠶᠢᠨ ᠶᠠᠯᠠᠳᠠᠨ ᠤ ᠶᠣᠰᠤᠭᠠᠷ ᠮᠠᠨ ᠤ ᠤᠯᠤᠰ ᠲᠤ ᠬᠦᠷᠭᠡᠵᠡᠢ᠃ ᠲᠠᠭᠪᠬᠤᠰᠤᠷ | 1975 ᠣᠨ ᠳᠤ ᠥᠷᠥᠰᠢᠶᠡᠯ ᠢᠶᠠᠷ ᠰᠤᠯᠠᠯᠠᠭᠳᠠᠵᠠᠢ᠃ | ᠲᠠᠶᠢᠯᠪᠤᠷᠢ᠄ | ︽ᠠᠨᠳᠠᠯᠭᠠ︾ — ᠠᠨᠳᠠᠭᠠᠢ ᠲᠠᠩᠭᠠᠷᠢᠭ ᠭᠡᠬᠦ ᠤᠳᠬ᠎ᠠ ᠲᠠᠢ᠃ | ︽ᠭᠡᠷ ᠤᠨ ᠰᠤᠷᠭᠠᠭᠤᠯᠢ︾ — ᠲᠤᠬᠠᠢ ᠶᠢᠨ ᠦᠶ᠎ᠡ ᠳᠤ ᠬᠥᠳᠡᠭᠡ ᠨᠤᠲᠤᠭ ᠲᠤ ᠲᠤᠰᠬᠠᠢ ᠰᠤᠷᠭᠠᠭᠤᠯᠢ | ᠪᠠᠶᠢᠬᠤ ᠦᠭᠡᠢ ᠲᠤᠯᠠ ᠭᠡᠷ ᠲᠡᠭᠡᠨ ᠪᠠᠭᠰᠢ ᠵᠠᠯᠠᠬᠤ ᠪᠤᠶᠤ ᠪᠠᠭᠰᠢ ᠶᠢᠨ ᠢᠶᠠᠨ ᠭᠡᠷ ᠲᠤ ᠣᠴᠢᠵᠤ ᠪᠢᠴᠢᠭ | ᠵᠢᠭᠠᠯᠭᠠᠳᠠᠭ ᠪᠠᠶᠢᠵᠠᠢ᠃ | ᠵᠠᠭᠴᠢᠳᠰᠡᠴᠡᠨ — ᠲᠠᠶᠢᠸᠠᠨ ᠳᠤ ᠣᠴᠢᠭᠰᠠᠨ ᠤ ᠳᠠᠷᠠᠭ᠎ᠠ ᠰᠡᠭᠦᠯᠡᠷ ᠨᠢ ᠠᠮᠧᠷᠢᠺᠡ ᠳᠤ ᠨᠤᠲᠤᠭᠯᠠᠭᠰᠠᠨ᠂ | ᠡᠷᠳᠡᠮ ᠰᠢᠨᠵᠢᠯᠡᠭᠡᠨ ᠤ ᠠᠵᠢᠯ ᠬᠢᠵᠦ᠂ ︽ᠡᠯᠪᠡᠭ ᠪᠦᠲᠦᠭᠡᠯ︾ ᠭᠡᠬᠦ ᠨᠣᠮ ᠢ ᠥᠪᠥᠷ ᠮᠣᠩᠭᠤᠯ ᠤᠨ ᠬᠡᠪᠯᠡᠯ ᠤᠨ | ᠬᠤᠷᠢᠶ᠎ᠠ ᠬᠡᠪᠯᠡᠭᠦᠯᠦᠭᠰᠡᠨ᠃ | ᠭᠤᠮᠪᠤᠵᠠᠪ — ᠤᠭ ᠨᠤᠲᠤᠭ ᠨᠢ ᠴᠠᠬᠠᠷ᠃ ᠠᠮᠧᠷᠢᠺᠡ ᠳᠤ ᠣᠴᠢᠵᠤ ᠨᠤᠲᠤᠭᠯᠠᠵᠠᠢ᠃ ᠶᠣᠬᠠᠨ · | ᠬᠠᠩᠭᠢᠨ ᠭᠤᠮᠪᠤᠵᠠᠪ ᠭᠡᠳᠡᠭ᠃ | ᠵᠣᠬᠢᠶᠠᠭᠴᠢ ᠶᠢᠨ ᠬᠠᠶ᠋ᠢᠭ᠄ ᠰᠢᠨ᠎ᠡ ᠪᠠᠷᠭᠤ ᠪᠠᠷᠠᠭᠤᠨ | ᠬᠤᠰᠢᠭᠤᠨ ᠤ ᠨᠢᠭᠡᠳᠦᠮᠡᠯ ᠹᠷᠤᠨᠲ ᠤᠨ ᠬᠡᠯᠲᠡᠰ |