ᠬᠤᠶᠠᠷ᠂ 2017 ᠤᠨ ᠤ ᠠᠵᠦ ᠠᠬᠤᠢ ᠨᠡᠶᠢᠬᠡᠮ ᠤᠨ ᠬᠦᠭᠵᠢᠯᠳᠡ ᠳᠤ ᠰᠢᠨ᠎ᠡ ᠬᠠᠭᠤᠳᠠᠰᠦ ᠶᠢ ᠪᠢᠴᠢᠭᠯᠡᠶ᠎ᠡ | ᠲᠦᠯᠦᠭᠡᠯᠡᠭᠴᠢᠤᠨ ᠡ᠂ 2017 ᠤᠨ ᠪᠤᠯ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠬᠤ ᠵᠠᠩᠬᠢᠯᠠᠭ᠎ᠠ ᠶᠢᠨ ᠵᠢᠯ ᠪᠤᠯᠤᠨ᠎ᠠ᠃ ᠡᠨᠡ ᠵᠢᠯ ᠤᠨ | ᠠᠵᠢᠯ ᠢ ᠰᠠᠶᠢᠳᠤᠷ ᠬᠢᠬᠦ ᠳᠤ᠂ ᠨᠠᠮ ᠤᠨ ᠤᠳᠤᠷᠢᠳᠤᠯᠭ᠎ᠠ ᠶᠢ ᠡᠷᠬᠡᠪᠰᠢ ᠪᠠᠷᠢᠮᠳᠠᠯᠠᠵᠥ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ᠂ ᠠᠷᠪᠠᠨ ᠨᠠᠢᠮᠠᠳᠤᠭᠠᠷ | ᠬᠤᠭᠤᠴᠠᠭᠠᠨ ᠤ ᠭᠤᠷᠪᠠᠳᠤᠭᠠᠷ᠂ ᠲᠦᠷᠪᠡᠳᠦᠭᠡᠷ᠂ ᠲᠠᠪᠤᠳᠤᠭᠠᠷ᠂ ᠵᠢᠷᠭᠤᠳᠤᠭᠠᠷ ᠪᠦᠭᠦᠳᠡ ᠬᠤᠷᠠᠯ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ | ᠠᠷᠪᠠᠳᠤᠭᠠᠷ ᠤᠳᠠᠭᠠᠨ ᠤ ᠨᠡᠮ ᠤᠨ ᠲᠦᠯᠦᠭᠡᠯᠡᠭᠴᠢᠤᠨ ᠤᠨ ᠬᠤᠷᠠᠯ ᠪᠤᠯᠤᠨ ᠠᠷᠪᠠᠳᠤᠭᠠᠷ ᠬᠤᠭᠤᠴᠠᠭᠠᠨ ᠤ ᠬᠤᠶᠠᠳᠤᠭᠠᠷ ᠤᠳᠠᠭᠠᠨ ᠤ ᠪᠦᠬᠦᠳᠡ ᠬᠤᠷᠠᠯ ᠵᠢᠴᠢ | ᠬᠤᠳᠡ ᠶᠢᠨ ᠨᠠᠮ ᠤᠨ ᠬᠤᠷᠢᠶᠠᠨ ᠤ ᠲᠦᠷᠪᠡᠳᠦᠭᠡᠷ ᠤᠳᠠᠭᠠᠨ ᠤ ᠨᠠᠮ ᠤᠨ ᠲᠦᠯᠦᠭᠡᠯᠡᠭᠴᠢᠤᠨ ᠤᠨ ᠬᠤᠷᠠᠯ᠂ ᠬᠤᠰᠢᠭᠤᠨ ᠤ ᠨᠠᠮ ᠤᠨ ᠬᠤᠷᠢᠶᠠᠨ ᠤ ᠠᠷᠪᠠᠨ | ᠲᠦᠷᠪᠡᠳᠦᠭᠡᠷ ᠤᠳᠠᠭᠠᠨ ᠤ ᠨᠠᠮ ᠤᠨ ᠲᠦᠯᠦᠭᠡᠯᠡᠭᠴᠢᠤᠨ ᠤᠨ ᠬᠤᠷᠠᠯ ᠪᠤᠯᠤᠨ ᠠᠷᠪᠠᠨ ᠲᠦᠷᠪᠡᠳᠦᠭᠡᠷ ᠬᠤᠭᠤᠴᠠᠭᠠᠨ ᠤ ᠭᠤᠷᠪᠠᠳᠤᠭᠠᠷ ᠤᠳᠠᠭᠠᠨ ᠤ ᠪᠦᠭᠦᠳᠡ | ᠬᠤᠷᠠᠯ ᠤᠨ ᠵᠤᠷᠢᠭ ᠰᠠᠨᠠᠭ᠎ᠠ ᠶᠢ ᠬᠦᠡᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠥ᠂ ᠤᠯᠤᠰ ᠠᠴᠠ ᠵᠡᠭᠦᠨ ᠬᠤᠶᠢᠳᠤ ᠤᠷᠤᠨ ᠢ ᠴᠡᠴᠡᠭᠯᠡᠨ ᠬᠦᠭᠵᠢᠬᠦᠯᠬᠦ᠂ | ᠲᠤᠮᠳᠠᠳᠤ ᠤᠷᠤᠰ ᠮᠤᠩᠭᠤᠯ ᠭᠤᠷᠪᠠᠨ ᠤᠯᠤᠰ ᠤᠨ ᠤᠷᠤᠨ ᠪᠠᠶᠢᠷᠢ ᠶᠢᠨ ᠲᠠᠪᠠᠭᠤᠯᠢᠭ ᠲᠠᠢ ᠤᠷᠤᠨ ᠢ ᠤᠷᠢᠳᠠᠪᠡᠷ ᠬᠦᠭᠵᠢᠬᠦᠯᠬᠦ᠂ ︽ᠨᠢᠭᠡ ᠪᠦᠰᠡ ᠨᠢᠭᠡ ᠵᠠᠮ︾ | ᠵᠡᠷᠭᠡ ᠬᠦᠭᠵᠢᠯᠳᠡ ᠶᠢᠨ ᠪᠠᠶᠢᠯᠳᠤᠬᠤ ᠪᠤᠳᠤᠯᠭ᠎ᠠ ᠳᠤ ᠢᠳᠡᠪᠬᠢᠳᠡᠢ ᠠᠭᠤᠰᠤᠯᠴᠠᠵᠥ᠂ ︽ᠲᠠᠪᠤ ᠶᠢ ᠨᠢᠭᠡ ᠴᠤᠭᠴᠠᠵᠢᠭᠤᠯᠬᠤ︾ ᠶᠡᠷᠦᠩᠬᠡᠢ ᠪᠠᠶᠢᠷᠢᠯᠠᠭᠤᠯᠤᠯᠳᠡ ᠶᠢ | ᠨᠢᠭᠡᠳᠤᠯᠳᠡᠢ ᠲᠦᠯᠦᠪᠯᠡᠨ ᠠᠬᠢᠭᠤᠯᠵᠥ᠂ ︽ᠲᠠᠪᠤ ᠶᠢ ᠵᠤᠬᠢᠴᠠᠭᠤᠯᠤᠨ ᠬᠦᠭᠵᠢᠬᠦᠯᠬᠦ︾ ᠶᠢ ᠲᠠᠰᠤᠷᠠᠯᠳᠡ ᠦᠭᠡᠢ ᠠᠬᠢᠭᠤᠯᠵᠥ᠂ ︽ᠭᠤᠷᠪᠠᠨ ᠬᠢᠵᠠᠭᠠᠷᠳᠤ ᠱᠤᠭᠤᠮ︾ | ᠢ ᠡᠷᠡᠰ ᠪᠠᠷᠢᠮᠳᠠᠯᠠᠵᠥ᠂ ᠬᠤᠳᠡ ᠶᠢᠨ ᠨᠠᠮ ᠤᠨ ᠬᠤᠷᠢᠶᠠᠨ ᠤ ︽ᠬᠤᠶᠠᠷ ᠤᠷᠤᠨ ᠭᠤᠷᠪᠠᠨ ᠭᠠᠵᠠᠷ ᠨᠢᠭᠡ ᠭᠡᠷ ᠤᠷᠤᠨ︾ ᠤ ᠬᠠᠷᠠᠯᠳᠡ ᠶᠤᠰᠤᠭᠠᠷ᠂ ᠲᠤᠭᠳᠠᠭᠤᠨ | ᠤ ᠲᠤᠮᠳᠡ ᠠᠬᠢᠯᠳᠡ ᠲᠠᠢ ᠪᠠᠶᠢᠬᠤ ᠦᠡᠳᠦᠰᠦᠨ ᠬᠦᠭ ᠠᠶᠢᠵᠢᠮ ᠢ ᠪᠠᠷᠢᠮᠳᠠᠯᠠᠨ᠂ ᠨᠡᠮᠡᠭᠳᠡᠯ ᠢ ᠲᠤᠭᠳᠠᠪᠤᠷᠢᠵᠢᠭᠤᠯᠵᠥ᠂ ᠠᠷᠭ᠎ᠠ ᠬᠡᠯᠪᠡᠷᠢ ᠶᠢ ᠬᠤᠪᠢᠷᠠᠭᠤᠯᠤᠨ᠂ | ᠪᠦᠳᠦᠴᠡ ᠶᠢ ᠲᠤᠬᠢᠷᠠᠭᠤᠯᠵᠥ᠂ ᠦᠭᠡᠷᠡᠴᠢᠯᠡᠯᠳᠡ ᠶᠢ ᠬᠦᠡᠵᠡᠭᠡᠶᠢᠷᠡᠬᠦᠯᠦᠨ᠂ ᠠᠷᠠᠤᠨ ᠤᠨ ᠠᠮᠢᠳᠤᠷᠠᠯ ᠢ ᠰᠠᠶᠢᠵᠢᠷᠠᠭᠤᠯᠵᠥ᠂ ᠦᠡᠳᠦᠰᠦᠳᠡᠨ ᠤ ᠪᠦᠯᠬᠦᠮᠳᠠᠯ | ᠲᠠᠪᠰᠢᠯᠳᠡ ᠶᠢ ᠲᠦᠯᠬᠢᠨ ᠠᠬᠢᠭᠤᠯᠵᠥ᠂ ᠠᠯᠤᠰ ᠢ ᠪᠠᠷᠠᠯᠠᠨ ᠬᠠᠷᠢᠯᠴᠠᠨ ᠬᠠᠪᠰᠤᠷᠤᠯᠴᠠᠵᠦ᠂ ᠭᠤᠸ᠎ᠠ ᠦᠵᠡᠰᠭᠦᠯᠡᠩ ᠢᠶᠠᠷ ᠬᠦᠭᠵᠢᠬᠦᠯᠦᠨ᠂ ᠲᠡᠷᠢᠬᠦᠨ ᠳᠤᠨᠢ | ᠤᠷᠤᠬᠤ ᠪᠠᠷ ᠮᠡᠷᠠᠶᠢᠨ ᠴᠢᠷᠮᠠᠶᠢᠵᠥ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠳᠤ ᠪᠠᠳᠤ ᠪᠠᠬᠢ ᠰᠠᠭᠤᠷᠢ ᠲᠠᠯᠪᠢᠵᠥ᠂ ᠰᠢᠯᠢᠳᠡᠭ ᠬᠢᠷᠢ | ᠪᠦᠳᠦᠮᠵᠢ ᠪᠠᠷ ᠦᠪᠡᠷᠳᠡᠭᠡᠨ ᠵᠠᠰᠠᠬᠤ ᠤᠷᠤᠨ ᠪᠠᠶᠢᠭᠤᠯᠤᠭᠳᠠᠭᠰᠠᠨ 70 ᠵᠢᠯ ᠤᠨ ᠤᠢ ᠶᠢ ᠪᠡᠯᠭᠡᠯᠡᠬᠦ ᠪᠠ ᠨᠠᠮ ᠤᠨ ᠠᠷᠪᠠᠨ ᠶᠢᠰᠦᠳᠦᠭᠡᠷ ᠶᠡᠭᠡ ᠬᠤᠷᠠᠯ ᠤᠨ | ᠠᠮᠵᠢᠯᠳᠡᠳᠡᠢ ᠬᠤᠷᠠᠯᠳᠤᠬᠤ ᠶᠢ ᠤᠭᠳᠤᠶ᠎ᠠ᠃ | ᠡᠨᠡ ᠵᠢᠯ ᠤᠨ ᠠᠵᠥ ᠠᠬᠤᠢ ᠨᠠᠶᠢᠭᠡᠮ ᠤᠨ ᠬᠦᠭᠵᠢᠯᠳᠡ ᠶᠢᠨ ᠭᠤᠤᠯ ᠵᠢᠱᠢᠭᠰᠡᠨ ᠬᠠᠷᠠᠯᠳᠡ ᠪᠤᠯ᠄ ᠤᠷᠤᠨ ᠨᠤᠳᠤᠭ ᠤᠨ ᠦᠢᠯᠡᠳᠪᠤᠷᠢᠯᠠᠯ ᠤᠨ ᠶᠡᠷᠦᠩᠭᠡᠢ | ᠦᠷᠳᠡᠭ ᠢ 7.5% ᠤᠷᠴᠢᠮ ᠨᠡᠮᠡᠭᠳᠡᠬᠦᠯᠵᠥ᠂ ᠡᠩ ᠤᠨ ᠤᠯᠠᠨ ᠨᠡᠶᠢᠳᠡ ᠶᠢᠨ ᠲᠦᠰᠦᠪ ᠤᠨ ᠤᠷᠤᠯᠭ᠎ᠠ ᠶᠢ 6% ᠤᠷᠴᠢᠮ ᠨᠡᠮᠡᠭᠳᠡᠭᠦᠯᠵᠥ᠂ ᠲᠤᠭᠳᠠᠮᠠᠯ | ᠬᠦᠷᠦᠩᠭᠡ ᠶᠢᠨ ᠪᠡᠯᠡ ᠤᠷᠤᠭᠤᠯᠤᠯᠳᠡ ᠶᠢ 10% ᠤᠷᠴᠢᠮ ᠨᠡᠮᠡᠭᠳᠡᠬᠦᠯᠵᠥ᠂ ᠨᠡᠶᠢᠭᠡᠮ ᠤᠨ ᠭᠡᠷᠡᠭᠯᠡᠭᠡᠨ ᠤ ᠲᠠᠸᠠᠷ ᠢ ᠵᠢᠵᠢᠭᠯᠡᠨ ᠪᠤᠷᠤᠯᠠᠭᠤᠯᠤᠭᠰᠠᠨ ᠶᠡᠷᠦᠩᠭᠡᠢ | ᠲᠤᠭ᠎ᠠ ᠶᠢ 10% ᠤᠷᠴᠢᠮ ᠨᠡᠮᠡᠭᠳᠡᠬᠦᠯᠵᠥ᠂ ᠬᠤᠳᠠ ᠪᠠᠯᠭᠠᠰᠤ᠂ ᠮᠠᠯᠵᠢᠬᠤ ᠤᠷᠤᠨ ᠤ ᠰᠠᠭᠤᠭᠠᠯᠢ ᠠᠷᠠᠤᠨ ᠤᠨ ᠬᠦᠮᠦᠨ ᠲᠤᠮᠳᠡᠴᠢ ᠵᠠᠷᠤᠴᠠᠭᠤᠯᠵᠥ ᠪᠤᠯᠬᠤ | ᠤᠷᠤᠯᠭ᠎ᠠ ᠶᠢ ᠲᠤᠰᠪᠤᠷᠢ 8% ᠪᠠ 8.5% ᠤᠷᠴᠢᠮ ᠨᠡᠮᠡᠭᠳᠡᠬᠦᠯᠦᠨ᠂ ᠬᠤᠳᠡ ᠪᠠᠯᠭᠠᠰᠤ ᠶᠢᠨ ᠲᠠᠩᠰᠠᠯᠠᠭᠤᠯᠤᠭᠰᠠᠨ ᠠᠵᠢᠯ ᠠᠯᠳᠠᠭᠰᠠᠤᠨ ᠤᠨ ᠨᠤᠷᠮ᠎ᠠ ᠶᠢ 4% | ᠲᠤᠳᠤᠷ᠎ᠠ ᠬᠢᠵᠠᠭᠠᠷᠯᠠᠵᠥ᠂ ᠡᠨᠧᠷᠬᠢ ᠶᠢ ᠠᠷᠪᠢᠯᠠᠨ ᠪᠤᠬᠢᠷᠳᠤᠯ ᠢ ᠪᠠᠭᠠᠰᠬᠠᠬᠤ ᠠᠵᠢᠯ ᠤᠨ ᠬᠠᠷᠠᠯᠳᠡ ᠶᠢ ᠪᠡᠶᠡᠯᠡᠬᠦᠯᠦᠨ᠎ᠠ᠃ | ᠲᠡᠭᠡᠷ᠎ᠡ ᠲᠤᠷᠠᠳᠤᠭᠰᠠᠨ ᠬᠠᠷᠠᠯᠳᠡ ᠶᠢ ᠪᠠᠶᠡᠯᠡᠬᠦᠯᠬᠦ ᠶᠢᠨ ᠲᠦᠯᠦᠭᠡ᠂ 2017 ᠤᠨ ᠳᠤ ᠲᠤᠤᠷᠠᠬᠢ ᠬᠡᠳᠤᠨ ᠲᠠᠯ᠎ᠠ ᠶᠢᠨ ᠠᠵᠢᠯ ᠢ ᠭᠤᠤᠯᠳᠠᠯᠭ᠎ᠠ ᠲᠠᠢ | ᠰᠠᠶᠢᠳᠦᠷ ᠠᠳᠬᠤᠨ᠎ᠠ᠄ | ︵ᠨᠢᠭᠡ︶ ᠠᠵᠤ ᠦᠢᠯᠡᠰ ᠤᠨ ᠵᠤᠬᠢᠴᠠᠩᠭᠤᠢ ᠬᠦᠭᠵᠢᠯᠳᠡ ᠳᠤ ᠳᠠᠬᠢᠨ ᠰᠢᠨ᠎ᠡ ᠬᠠᠭᠤᠳᠠᠰᠦ ᠶᠢ ᠪᠢᠴᠢᠭᠯᠡᠨ᠎ᠡ | ᠨᠢᠭᠡ ᠳᠤ᠂ ᠤᠯᠠᠮᠵᠢᠯᠠᠯᠳᠦ ᠮᠠᠯ ᠠᠵᠤ ᠠᠬᠤᠢ ᠶᠢᠨ ᠬᠡᠯᠪᠡᠷᠢ ᠶᠢ ᠬᠤᠪᠢᠷᠠᠭᠤᠯᠤᠨ ᠲᠡᠰ ᠲᠡᠪᠰᠢᠬᠦᠯᠦᠨ᠎ᠡ᠃ ᠮᠠᠯ ᠠᠵᠤ ᠠᠬᠤᠢ ᠶᠢᠨ ᠰᠠᠭᠤᠷᠢ | ᠲᠦᠬᠦᠭᠡᠷᠦᠮᠵᠢ ᠶᠢᠨ ᠪᠦᠳᠦᠭᠡᠨ ᠪᠠᠶᠢᠭᠤᠯᠤᠯᠳᠡ ᠶᠢ ᠴᠢᠩᠭᠠᠳᠬᠠᠵᠥ᠂ 3.2 ᠳ᠋ᠦᠩᠰᠢᠭᠤᠷ ᠲᠦᠭᠦᠷᠢᠭ ᠤᠨ ᠪᠡᠯᠡ ᠤᠷᠤᠭᠤᠯᠵᠥ᠂ ᠪᠡᠯᠴᠢᠭᠡᠷᠯᠡᠬᠦ ᠶᠢ ᠵᠤᠭᠰᠤᠭᠠᠨ | ᠨᠤᠳᠤᠭ ᠪᠡᠯᠴᠢᠭᠡᠷ ᠢ ᠰᠡᠷᠬᠦᠭᠡᠬᠦ᠂ ᠤᠳᠤᠬᠢᠴᠢᠯᠠᠭᠰᠠᠨ ᠮᠢᠬᠠᠨ ᠤ ᠬᠤᠨᠢ᠂ ᠠᠮᠢ ᠠᠬᠤᠢ ᠶᠢᠨ ᠤᠶᠤᠠᠴᠢ ᠮᠠᠯᠵᠢᠯ ᠤᠨ ᠲᠠᠯᠠᠪᠠᠢ᠂ ᠠᠩᠭᠧᠰ ᠮᠢᠬᠠᠨ ᠤ ᠦᠭᠡᠷ ᠢ | ᠲᠠᠵᠢᠭᠡᠨ ᠦᠷᠡᠵᠢᠬᠦᠯᠬᠦ ᠲᠠᠯᠠᠪᠠᠢ᠂ ᠬᠦᠯᠦᠨ ᠨᠠᠭᠤᠷ ᠢ ᠪᠢᠳᠡᠭᠦᠮᠵᠢᠯᠡᠨ ᠬᠠᠮᠠᠭᠠᠯᠠᠬᠤ᠂ ᠬᠦᠯᠦᠨ ᠠᠭᠤᠷ ᠤᠨ ᠤᠯᠤᠰ ᠤᠨ ᠲᠡᠰ ᠤᠨ ᠪᠠᠶᠢᠭᠠᠯᠢ ᠶᠢᠨ ᠬᠠᠮᠠᠭᠠᠯᠠᠯᠳᠠ | ᠶᠢᠨ ᠤᠷᠤᠨ ᠤ ᠠᠷᠠᠤᠨ ᠢ ᠨᠡᠭᠦᠯᠭᠡᠬᠦ ᠵᠡᠷᠭᠡ 8 ᠭᠤᠤᠯᠳᠠᠯᠭ᠎ᠠ ᠲᠠᠢ ᠲᠦᠷᠦᠯ ᠵᠦᠢᠯ ᠢ ᠭᠡᠷᠡᠭᠵᠢᠬᠦᠯᠦᠨ᠎ᠠ᠃ ᠮᠠᠯᠴᠢᠤᠨ ᠲᠤ ᠬᠠᠷᠠᠭᠠᠯᠵᠠᠯ ᠦᠵᠡᠬᠦᠯᠬᠦ ᠲᠦᠷᠦ ᠶᠢᠨ | ᠪᠤᠳᠤᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠥ᠂ ᠪᠡᠯᠴᠢᠭᠡᠷᠯᠡᠬᠦ ᠶᠢ ᠵᠤᠭᠰᠤᠭᠠᠨ ᠨᠤᠳᠤᠭ ᠪᠡᠯᠴᠢᠭᠡᠷ ᠢ ᠰᠡᠷᠬᠦᠭᠡᠬᠦ ᠢᠡᠵᠧᠨᠧᠷᠢᠩ ᠪᠤᠯᠤᠨ ᠬᠤᠶᠠᠳᠤᠭᠠᠷ | ᠡᠭᠡᠯᠵᠢ ᠶᠢᠨ ᠨᠤᠳᠤᠭ ᠪᠠᠯᠴᠢᠭᠡᠷ ᠤᠨ ᠠᠮᠢ ᠠᠬᠤᠢ ᠶᠢᠨ ᠱᠠᠩᠨᠠᠯ ᠨᠦᠬᠦᠪᠤᠷᠢ ᠶᠢᠨ ᠲᠤᠭᠳᠠᠴᠠ ᠶᠢ ᠭᠡᠷᠡᠭᠵᠢᠬᠦᠯᠦᠨ᠎ᠠ᠃ ᠲᠠᠷᠢᠶᠠᠯᠠᠩ ᠤᠨ ᠪᠦᠳᠦᠭᠡᠭᠳᠡᠬᠦᠨ ᠪᠠ ᠮᠠᠯ | ᠤᠨ ᠠᠰᠢᠭ ᠰᠢᠮ᠎ᠠ ᠶᠢ ᠮᠦᠷᠳᠡᠬᠦ ᠰᠢᠰᠲ᠋ᠧᠮ ᠢ ᠲᠡᠭᠦᠯᠳᠡᠷᠵᠢᠬᠦᠯᠵᠦ᠂ ︽ᠲᠠᠭᠠᠳᠬᠠᠯ + ᠦᠭᠡᠷ ᠬᠤᠨᠢᠨ ᠤ ᠠᠵᠤ ᠦᠢᠯᠡᠰ + ᠢᠡᠲ᠋ᠧᠷ ᠰᠦᠯᠵᠢᠶ᠎ᠡ︾ ᠶᠢᠨ | ᠤᠳᠤᠬᠢᠴᠢᠯᠠᠭᠰᠠᠨ ᠮᠠᠯ ᠠᠵᠤ ᠠᠬᠤᠢ ᠶᠢ ᠪᠤᠶᠢᠵᠢᠭᠤᠯᠵᠥ᠂ ᠡᠯᠧᠺᠲᠷᠤᠨ ᠬᠤᠳᠠᠯᠳᠤᠭᠠᠨ ᠤ ᠶᠠᠪᠤᠳᠠᠯ ᠤᠨ ᠬᠦᠭᠵᠢᠯᠳᠡ ᠶᠢ ᠲᠡᠮᠵᠢᠵᠥ᠂ ᠦᠢᠯᠡᠳᠪᠦᠷᠢᠯᠡᠬᠦ ᠪᠠ | ᠭᠡᠷᠡᠭᠯᠡᠭᠡᠨ ᠤ ᠭᠤᠭᠴᠤᠭ᠎ᠠ ᠶᠢ ᠵᠠᠪᠰᠠᠷ ᠦᠭᠡᠢ ᠵᠤᠯᠭᠠᠭᠤᠯᠤᠨ᠎ᠠ᠃ ᠰᠢᠶᠤᠤ ᠹᠸᠢ ᠶᠠᠩ ᠪᠤᠯᠤᠨ ᠼᠤᠤ ᠶᠤᠸᠠᠨ ᠲᠢᠶᠠᠨ ᠯᠢᠥᠢ ᠶᠢᠨ ᠰᠤᠯᠠ ᠪᠠᠶᠢᠭ᠎ᠠ ᠬᠦᠷᠦᠩᠭᠡ ᠶᠢ | ᠠᠮᠢᠳᠤᠯᠢᠭ ᠪᠤᠯᠭᠠᠵᠥ᠂ ᠦᠭᠡᠷ ᠬᠤᠨᠢᠨ ᠮᠢᠬᠠᠨ ᠤ ᠪᠡᠯᠡᠨ ᠢᠳᠡᠭᠡᠨ ᠵᠢᠴᠢ ᠤᠯᠠᠨ ᠵᠦᠢᠯ ᠤᠨ ᠲᠠᠭᠠᠯᠳᠠ ᠪᠦᠳᠦᠬᠡᠭᠳᠡᠬᠦᠨ ᠢ ᠨᠠᠷᠢᠯᠢᠭ ᠪᠤᠯᠪᠠᠰᠤᠷᠠᠭᠤᠯᠬᠤ ᠠᠵᠤ | ᠦᠢᠯᠡᠰ ᠢ ᠰᠦᠪᠡᠭᠴᠢᠯᠡᠨ᠎ᠡ᠃ ︽ᠬᠤᠨᠢ ᠶᠢ ᠲᠤᠭᠳᠠᠪᠤᠷᠢᠵᠢᠭᠤᠯᠤᠨ ᠦᠭᠡᠷ ᠢ ᠨᠡᠮᠡᠭᠳᠡᠬᠦᠯᠬᠦ︾ ᠪᠠᠶᠢᠯᠳᠤᠬᠤ ᠪᠤᠳᠤᠯᠭ᠎ᠠ ᠶᠢ ᠭᠡᠷᠡᠭᠵᠢᠬᠦᠯᠵᠥ᠂ ᠡᠾᠧ ᠮᠦ ᠶᠠᠩ | ᠭᠤᠸᠠᠩ ᠵᠡᠷᠭᠡ ᠨᠠᠷᠠᠳᠤ ᠲᠤᠯᠤᠭᠠᠶᠢᠯᠠᠭᠴᠢ ᠠᠵᠤ ᠠᠬᠤᠶᠢᠯᠠᠯ ᠢ ᠤᠷᠤᠭᠤᠯᠤᠨ ᠠᠪᠴᠢᠷᠠᠵᠥ᠂ ᠮᠠᠯ ᠠᠵᠤ ᠠᠬᠤᠢ ᠶᠢᠨ ᠰᠢᠨ᠎ᠡ ᠨᠡᠮᠡᠭᠳᠡᠯ ᠤᠨ ᠴᠡᠭ ᠢ ᠬᠦᠴᠦᠯᠠᠨ | ᠪᠤᠢ ᠪᠤᠯᠭᠠᠨ᠎ᠠ᠃ ᠤᠳᠤᠬᠢᠴᠢᠯᠠᠭᠰᠠᠨ ᠮᠢᠬᠠᠨ ᠤ ᠬᠤᠨᠢ᠂ ᠰᠢᠮᠧᠨ᠋ᠳᠡᠷ ᠦᠭᠡᠷ᠂ ᠠᠩᠭᠧᠰ ᠮᠢᠬᠠᠨ ᠤ ᠦᠭᠡᠷ ᠢ ᠲᠡᠵᠢᠭᠡᠨ ᠦᠷᠡᠵᠢᠬᠦᠯᠬᠦ ᠠᠵᠤ ᠦᠢᠯᠡᠰ ᠢᠶᠠᠷ | ᠰᠠᠭᠤᠷᠢ ᠪᠤᠯᠭᠠᠵᠥ᠂ ᠤᠡᠴᠠᠯᠢᠭᠳᠤ ᠲᠠᠵᠢᠭᠡᠨ ᠦᠷᠡᠵᠢᠬᠦᠯᠬᠦ ᠠᠵᠤ ᠦᠢᠯᠡᠰ ᠢ ᠶᠡᠭᠡᠪᠡᠷ ᠬᠦᠭᠵᠢᠬᠦᠯᠦᠨ᠎ᠡ᠃ ︽ᠤᠷᠭᠠᠨᠢᠭ ᠦᠢᠯᠡᠳᠬᠦᠨ ᠤ ᠵᠢᠱᠢᠶ᠎ᠠ ᠦᠵᠡᠬᠦᠯᠬᠦ | ᠬᠤᠰᠢᠭᠤ︾ ᠶᠢ ᠡᠭᠦᠳᠦᠨ ᠪᠠᠶᠢᠭᠤᠯᠬᠤ ᠪᠠᠷ ᠠᠵᠠ ᠲᠤᠬᠢᠶᠠᠯ ᠪᠤᠯᠭᠠᠵᠥ᠂ ︽ᠲᠤᠮᠳᠠᠳᠤ ᠤᠯᠤᠰ᠂ ᠪᠠᠷᠠᠭᠤᠨ ᠬᠤᠰᠢᠭᠤᠨ ᠤ ᠬᠤᠨᠢᠨ ᠮᠢᠬ᠎ᠠ︾ ᠶᠢᠨ ᠠᠮᠳᠠᠳᠤ | ᠢᠳᠡᠭᠡᠨ ᠤ ᠨᠠᠶᠢᠷ ᠢ ᠡᠷᠬᠢᠯᠡᠨ ᠬᠢᠬᠦ ᠪᠠᠷ ᠰᠦᠪᠡᠭᠴᠢᠯᠠᠨ᠂ ︽ᠪᠠᠷᠠᠭᠤᠨ ᠬᠤᠰᠢᠭᠤᠨ ᠤ ᠬᠤᠨᠢᠨ ᠮᠢᠬ᠎ᠠ︾ ᠶᠢ ᠭᠠᠳᠠᠭᠰᠢ ᠤᠬᠠᠭᠤᠯᠬᠤ ᠬᠡᠪᠴᠢᠶ᠎ᠡ ᠶᠢ | ᠦᠷᠭᠡᠳᠭᠡᠨ᠎ᠡ᠃ ᠡᠬᠢ ᠪᠠᠶᠠᠯᠢᠭ ᠤᠨ ᠠᠭᠤᠯᠤᠭᠳᠠᠴᠠ ᠶᠢ ᠬᠦᠢᠴᠡᠤᠨ ᠢᠯᠡᠷᠡᠭᠦᠯᠵᠥ᠂ ᠦᠭᠡᠷ ᠤᠨ ᠮᠢᠬᠠᠨ ᠤ ᠦᠢᠯᠡᠳᠬᠦᠨ ᠪᠤᠯᠤᠨ ᠴᠡᠭᠡ ᠬᠢᠬᠦ ᠦᠢᠯᠡᠳᠪᠤᠷᠢ ᠶᠢ | ᠪᠠᠶᠢᠭᠤᠯᠤᠨ᠎ᠠ᠃ ᠮᠠᠯ ᠪᠡᠯᠴᠢᠭᠡᠷ ᠢ ᠲᠠᠩᠴᠡᠬᠦᠷᠢᠳᠡᠢ ᠪᠠᠶᠢᠯᠭᠠᠬᠤ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠥ᠂ ᠭᠠᠮᠰᠢᠭ ᠢ ᠡᠰᠡᠷᠭᠦᠴᠡᠨ ᠮᠠᠯ ᠢᠶᠠᠨ ᠬᠠᠮᠠᠭᠠᠯᠠᠬᠤ | ᠲᠤᠭᠳᠠᠴᠠ ᠶᠢ ᠲᠠᠰᠤᠷᠠᠯᠳᠡ ᠦᠭᠡᠢ ᠲᠡᠭᠦᠯᠳᠡᠷᠵᠢᠬᠦᠯᠦᠨ᠎ᠡ᠃ ᠪᠠᠶᠢᠭᠠᠯᠢᠯᠢᠭ ᠨᠤᠲᠤᠭ ᠪᠡᠯᠴᠢᠭᠡᠷ ᠢ ᠰᠡᠷᠭᠦᠭᠡᠬᠦ᠂ ᠰᠢᠯᠢᠳᠡᠭ ᠦᠬᠡᠷ ᠬᠤᠨᠢᠨ ᠤ ᠡᠭᠦᠯᠳᠡᠷ ᠢ | ᠰᠠᠶᠢᠵᠢᠷᠠᠭᠤᠯᠬᠤ ᠠᠵᠢᠯ ᠤᠨ ᠲᠤᠭᠤᠷᠢᠨ ᠳᠤ᠂ ᠲᠤᠮᠳᠠᠳᠦ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠤᠷᠭᠤᠮᠠᠯ ᠤᠨ ᠭᠠᠵᠠᠷ᠂ ᠤᠳᠤᠮᠰᠢᠯ ᠢ | ᠪᠤᠶᠢᠵᠢᠭᠤᠯᠬᠤ ᠭᠠᠵᠠᠷ ᠪᠠ ᠪᠠᠷᠠᠭᠤᠨ ᠬᠤᠶᠢᠳᠦ ᠶᠢᠨ ᠦᠨᠳᠦᠷᠯᠢᠭ ᠤᠨ ᠠᠮᠢᠳᠦ ᠪᠤᠳᠠᠰ ᠤᠨ ᠭᠠᠵᠠᠷ ᠵᠡᠷᠭᠡ ᠰᠤᠳᠤᠯᠭᠠᠨ ᠤ ᠪᠠᠶᠢᠭᠤᠯᠭ᠎ᠠ ᠲᠠᠢ ᠨᠢᠠᠠᠳᠠ | ᠬᠠᠮᠳᠤᠷᠠᠯᠴᠠᠭ᠎ᠠ ᠬᠢᠨ᠎ᠡ᠃ ᠡᠯᠡᠰᠦᠷᠭᠡᠭ ᠭᠠᠵᠠᠷ ᠢ ᠶᠡᠷᠦᠩᠭᠡᠶᠢᠯᠡᠨ ᠵᠠᠰᠠᠬᠤ ᠲᠦᠷᠦᠯ ᠵᠦᠢᠯ ᠢ ᠬᠠᠮᠢᠶᠠᠷᠤᠨ ᠬᠠᠮᠠᠭᠠᠯᠠᠬᠤ ᠲᠠᠪᠴᠠᠩ ᠢ ᠪᠠᠶᠢᠭᠤᠯᠵᠥ᠂ ᠬᠠᠮᠢᠶᠠᠷᠤᠨ | ᠬᠠᠮᠠᠭᠠᠯᠠᠬᠤ ᠳᠤ ᠬᠢᠨᠠᠯᠳᠠ ᠳᠠᠯᠪᠢᠬᠤ ᠪᠠ ᠬᠠᠮᠢᠶᠠᠷᠤᠯᠳᠡ ᠶᠢᠨ ᠰᠢᠨ᠎ᠠ ᠶᠢ ᠡᠭᠦᠳᠬᠦ ᠶᠢ ᠴᠢᠩᠭᠠᠳᠬᠠᠨ᠎ᠠ᠃ ᠤᠰᠤᠨ ᠤ ᠠᠮᠢ ᠠᠬᠤᠢ ᠶᠢᠨ ᠪᠤᠯᠪᠠᠰᠤᠨ ᠤ | ᠪᠠᠶᠢᠭᠤᠯᠤᠯᠳᠡ ᠶᠢᠨ ᠲᠦᠷᠦᠯ ᠵᠦᠢᠯ ᠢ ᠭᠡᠷᠡᠭᠵᠢᠬᠦᠯᠵᠥ᠂ ᠭᠤᠤᠯ ᠪᠠ ᠨᠠᠭᠤᠷ ᠢ ᠬᠤᠯᠪᠤᠭᠰᠠᠨ ᠰᠦᠯᠵᠢᠶ᠎ᠡ ᠶᠢ ᠡᠭᠦᠳᠦᠨ ᠪᠠᠶᠢᠭᠤᠯᠵᠥ᠂ ᠤᠰᠤ ᠬᠠᠩᠭᠠᠬᠤ | ᠪᠠᠳᠤᠯᠠᠭ᠎ᠠ ᠶᠢᠨ ᠴᠢᠳᠠᠪᠤᠷᠢ ᠶᠢ ᠲᠡᠭᠡᠭᠰᠢᠯᠡᠬᠦᠯᠦᠨ᠂ ᠤᠰᠤᠨ ᠤ ᠰᠤᠶᠤᠯ ᠤᠨ ᠦᠵᠡᠮᠵᠢ ᠶᠢ ᠪᠤᠢ ᠪᠤᠯᠭᠠᠨ᠎ᠠ᠃ ᠬᠦᠯᠦᠨ ᠨᠠᠭᠤᠷ ᠢ ᠶᠡᠷᠦᠩᠬᠡᠶᠢᠯᠡᠨ ᠵᠠᠰᠠᠬᠤ ᠶᠢ | ᠲᠦᠷᠭᠡᠳᠭᠡᠨ ᠠᠬᠢᠭᠤᠯᠵᠦ᠂ ᠪᠡᠯᠴᠢᠭᠡᠷᠯᠡᠬᠦ ᠶᠢ ᠵᠤᠭᠰᠤᠭᠠᠬᠤ ᠲᠤᠭᠤᠷᠢᠭ᠂ ᠮᠠᠯ ᠪᠡᠯᠴᠢᠭᠡᠷ ᠢ ᠲᠡᠩᠴᠡᠬᠦᠷᠢᠰᠢᠬᠦᠯᠬᠦ ᠲᠤᠭᠤᠷᠢᠭ ᠪᠤᠯᠤᠨ ᠪᠢᠳᠡᠬᠦᠮᠵᠢᠯᠡᠨ ᠬᠠᠮᠠᠭᠠᠯᠠᠬᠤ | ᠲᠤᠭᠤᠷᠢᠭ ᠢ ᠲᠤᠭᠳᠠᠭᠠᠵᠦ᠂ ᠬᠦᠯᠦᠨ ᠨᠠᠭᠤᠷ ᠤᠨ ᠤᠶᠢᠷ᠎ᠠ ᠤᠷᠴᠢᠮ ᠤᠨ ᠤᠷᠴᠢᠨ ᠲᠤᠭᠤᠷᠢᠨ ᠢ ᠦᠷᠬᠦᠯᠵᠢᠯᠡᠨ ᠰᠠᠶᠢᠵᠢᠷᠠᠭᠤᠯᠤᠨ᠎ᠠ᠃ | ᠬᠤᠶᠠᠷ ᠲᠤ᠂ ᠭᠤᠤᠯᠯᠠᠬᠤ ᠠᠵᠤ ᠦᠢᠯᠡᠰ ᠢ ᠪᠦᠭᠡᠮᠨᠡᠷᠡᠬᠦᠯᠦᠨ ᠪᠤᠵᠠᠭᠠᠶᠢᠷᠠᠭᠤᠯᠤᠨ᠎ᠠ᠃ ᠡᠬᠢ ᠪᠠᠶᠠᠯᠢᠭ᠂ ᠡᠨᠧᠷᠬᠢ ᠪᠠ ᠤᠷᠤᠨ ᠪᠠᠶᠢᠷᠢ ᠶᠢᠨ ᠲᠠᠪᠠᠭᠤᠯᠢᠭ | ᠲᠤ ᠰᠠᠭᠤᠷᠢᠯᠠᠵᠥ᠂ ᠴᠢᠯᠠᠭᠤᠨ ᠲᠤᠰᠤ᠂ ᠦᠩᠭᠡᠳᠤ ᠲᠡᠮᠦᠷᠯᠢᠭ᠂ ᠨᠡᠭᠦᠷᠡᠰᠤ ᠵᠡᠷᠭᠡ ᠭᠤᠤᠯᠳᠠᠯᠭ᠎ᠠ ᠲᠠᠢ ᠠᠵᠤ ᠦᠢᠯᠡᠰ ᠤᠨ ᠬᠦᠭᠵᠢᠯᠳᠡ ᠶᠢ ᠦᠷᠬᠦᠯᠵᠢᠯᠡᠨ | ᠲᠦᠯᠬᠢᠨ ᠠᠬᠢᠭᠤᠯᠵᠥ᠂ ᠠᠵᠤ ᠦᠢᠯᠡᠰ ᠤᠨ ᠭᠡᠯᠪᠡᠷᠢ ᠶᠢ ᠬᠤᠪᠢᠷᠠᠭᠤᠯᠤᠨ ᠲᠡᠰ ᠳᠡᠪᠰᠢᠬᠦᠯᠬᠦ ᠶᠢ ᠰᠦᠪᠡᠭᠴᠢᠯᠡᠨ᠎ᠡ᠃ ᠲᠦᠷᠦᠯ ᠵᠦᠢᠯ ᠤᠨ ᠪᠦᠳᠦᠭᠡᠨ | ᠪᠠᠶᠢᠭᠤᠯᠤᠯᠳᠡ ᠶᠢ ᠴᠢᠩᠭᠠᠳᠬᠠᠵᠥ᠂ 7 ᠳ᠋ᠦᠩᠰᠢᠭᠤᠷ ᠲᠦᠭᠦᠷᠢᠭ ᠤᠨ ᠪᠡᠯᠡ ᠤᠷᠤᠭᠤᠯᠵᠥ᠂ ᠬᠠᠶᠢᠷᠬᠠᠨ ᠲᠤᠭᠤᠯᠭ᠎ᠠ ᠴᠠᠶᠢᠷ ᠤᠨ ᠠᠭᠤᠷᠬᠠᠢ ᠶᠢ ᠰᠢᠯᠢᠨ | ᠰᠤᠩᠭᠤᠬᠤ᠂ ᠶᠢᠨ ᠱᠠᠨ ᠠᠭᠤᠷᠬᠠᠢ ᠶᠢᠨ ᠮᠡᠷᠭᠡᠵᠢᠯ ᠢᠶᠠᠨ ᠰᠠᠶᠢᠵᠢᠷᠠᠭᠤᠯᠬᠤ᠂ ᠳ᠋ᠠᠴᠢᠩ ᠤᠨ ᠴᠢᠯᠠᠭᠤᠨ ᠳᠤᠰᠤᠨ ᠤ ᠦᠷᠬᠦᠯᠵᠢᠯᠠᠯ ᠴᠢᠨᠠᠷᠳᠡᠢ ᠨᠡᠭᠡᠭᠡᠨ ᠠᠰᠢᠭᠯᠠᠬᠤ | ᠵᠡᠷᠭᠡ 7 ᠭᠤᠤᠯᠳᠠᠯᠭ᠎ᠠ ᠲᠠᠢ ᠠᠵᠥ ᠦᠢᠯᠡᠳᠪᠤᠷᠢ ᠶᠢᠨ ᠲᠦᠷᠦᠯ ᠵᠦᠢᠯ ᠢ ᠭᠡᠷᠡᠭᠵᠢᠬᠦᠯᠵᠦ᠂ ᠷᠦᠩ ᠳ᠋ᠠ ᠠᠭᠤᠷᠬᠠᠢ ᠶᠢᠨ ᠦᠢᠯᠡᠰ ᠢ ᠴᠠᠭᠠᠨ ᠠᠭᠤᠷᠬᠠᠢ ᠶᠢᠨ | ᠦᠢᠯᠡᠰ ᠲᠠᠢ ᠨᠢᠭᠡᠳᠭᠡᠬᠦ ᠶᠢ ᠲᠦᠷᠭᠡᠳᠭᠡᠨ᠎ᠡ᠃ ᠠᠵᠦ ᠦᠢᠯᠡᠳᠪᠦᠷᠢᠵᠢᠯᠳᠠ ᠶᠢᠨ ᠠᠬᠢᠴᠠ ᠶᠢ ᠲᠦᠷᠭᠡᠳᠭᠡᠨ᠎ᠡ᠃ ᠠᠵᠤ ᠠᠬᠤᠶᠢᠯᠠᠯ ᠤᠨ ᠬᠤᠷᠸ᠎ᠠ ᠲᠤᠬᠢᠷᠠᠭᠤᠯᠭ᠎ᠠ | ᠶᠢ ᠴᠢᠩᠭᠠᠳᠬᠠᠨ᠂ ᠠᠵᠤ ᠦᠢᠯᠡᠳᠪᠤᠷᠢ ᠶᠢᠨ ᠠᠵᠤ ᠠᠬᠤᠢ ᠶᠢᠨ ᠡᠷᠡᠬᠦᠯ ᠢᠶᠠᠷ ᠬᠦᠭᠵᠢᠬᠦ ᠶᠢ ᠪᠠᠳᠤᠯᠠᠨ᠎ᠠ᠃ ᠪᠤᠬᠢᠷᠳᠤᠯ ᠦᠭᠡᠢ ᠢᠳᠡᠭᠡᠨ ᠢ ᠪᠤᠯᠪᠠᠰᠤᠷᠠᠭᠤᠯᠬᠤ | ᠦᠢᠯᠡᠰ ᠤᠨ ᠬᠦᠭᠵᠢᠯᠳᠡ ᠶᠢ ᠲᠦᠷᠭᠡᠳᠭᠡᠨ᠂ ᠬᠦᠭᠵᠢᠯᠳᠡ ᠶᠢᠨ ᠲᠦᠯᠦᠪᠵᠢᠭᠦᠯᠭᠡ ᠵᠤᠬᠢᠶᠠᠵᠥ᠂ ᠮᠢᠬ᠎ᠠ ᠪᠠ ᠡᠪᠡᠰᠤ ᠵᠡᠷᠭᠡ ᠶᠢ ᠪᠤᠯᠪᠠᠰᠤᠷᠠᠭᠤᠯᠬᠤ ᠠᠵᠢᠯ ᠲᠦᠷᠦᠯ | ᠢ ᠲᠡᠮᠵᠢᠨ ᠲᠤᠰᠠᠯᠠᠬᠤ ᠠᠷᠭ᠎ᠠ ᠬᠡᠮᠵᠢᠶ᠎ᠠ ᠭᠠᠷᠭᠠᠨ᠎ᠠ᠃ ᠤᠷᠤᠨ ᠲᠤᠭᠤᠷᠢᠭ ᠤᠨ ᠬᠠᠮᠳᠤᠷᠠᠯᠴᠠᠭ᠎ᠠ ᠶᠢ ᠴᠢᠩᠭᠠᠳᠬᠠᠵᠦ᠂ ᠠᠵᠦ ᠦᠢᠯᠡᠳᠪᠦᠷᠢ ᠶᠢᠨ ᠬᠦᠷᠢᠶᠡᠯᠡᠩ ᠤᠨ | ᠡᠬᠢ ᠪᠠᠶᠠᠯᠢᠭ ᠢ ᠨᠠᠷᠢᠯᠢᠭ ᠪᠤᠯᠪᠠᠰᠤᠷᠠᠭᠤᠯᠬᠤ ᠪᠠ ᠭᠠᠳᠠᠭᠠᠳᠦ ᠠᠴᠠ ᠤᠷᠤᠭᠤᠯᠤᠭᠰᠠᠨ ᠡᠬᠢ ᠪᠠᠶᠠᠯᠢᠭ ᠢ ᠪᠤᠯᠪᠠᠰᠤᠷᠠᠭᠤᠯᠬᠤ ᠠᠵᠦ ᠦᠢᠯᠡᠰ ᠤᠨ ᠬᠦᠭᠵᠢᠯᠳᠡ ᠶᠢ | ᠲᠦᠯᠬᠢᠨ ᠠᠬᠢᠭᠤᠯᠤᠨ᠎ᠠ᠃ ᠬᠦᠷᠢᠶᠠᠯᠠᠩ ᠤᠨ ᠪᠡᠯᠡ ᠤᠷᠤᠭᠤᠯᠬᠤ ᠺᠤᠮᠫᠠᠨᠢ ᠶᠢ ᠪᠠᠶᠢᠭᠤᠯᠵᠥ᠂ ᠬᠦᠷᠢᠶᠠᠯᠠᠩ ᠤᠨ ᠰᠠᠭᠤᠷᠢ ᠲᠦᠭᠦᠭᠡᠷᠦᠮᠵᠢ ᠶᠢ ᠳᠡᠬᠦᠯᠳᠡᠷᠵᠢᠬᠦᠯᠦᠨ᠂ | ᠬᠦᠷᠢᠶᠠᠯᠠᠩ ᠢ ︽ᠤᠯᠤᠰ ᠤᠨ ᠨᠡᠭᠡᠭᠡᠯᠳᠡ ᠶᠢᠨ ᠤᠷᠤᠨ ᠤ ᠭᠠᠷᠴᠠᠭ︾ ᠲᠤ ᠤᠷᠤᠭᠤᠯᠬᠤ ᠪᠠᠷ ᠴᠢᠷᠮᠠᠶᠢᠵᠥ᠂ ᠮᠤᠳᠤᠨ ᠤ ᠦᠢᠯᠡᠰ ᠢ ᠨᠠᠷᠢᠯᠢᠭ ᠪᠤᠯᠪᠠᠰᠤᠷᠠᠭᠤᠯᠬᠤ᠂ | ᠠᠮᠤ ᠪᠤᠳᠠᠭ᠎ᠠ ᠶᠢ ᠪᠤᠭᠤᠮᠳᠠ ᠪᠠᠷ ᠤᠷᠤᠭᠤᠯᠤᠨ ᠪᠤᠯᠪᠠᠰᠤᠷᠠᠭᠤᠯᠬᠤ᠂ ᠳᠠᠬᠢᠯᠳᠡ ᠡᠨᠧᠷᠬᠢ᠂ ᠲᠤᠮᠳᠡ ᠵᠢᠵᠢᠭ ᠠᠵᠤ ᠠᠬᠤᠶᠢᠯᠠᠯ ᠤᠨ ᠦᠢᠯᠡᠰ ᠪᠦᠳᠦᠭᠡᠬᠦ ᠵᠡᠷᠭᠡ ︽ | ᠲᠦᠷᠪᠡᠨ ᠶᠡᠭᠡ ᠵᠦᠢᠯ︾ ᠢ ᠭᠤᠤᠯᠳᠠᠯᠭ᠎ᠠ ᠲᠠᠢ ᠪᠤᠢ ᠪᠤᠯᠭᠠᠨ᠎ᠠ᠃ | ᠭᠤᠷᠪᠠ ᠳᠤ᠂ ᠵᠤᠭᠠᠴᠠᠯ ᠤᠨ ᠠᠵᠦ ᠦᠢᠯᠠᠰ ᠢ ᠶᠡᠭᠡᠪᠡᠷ ᠬᠦᠭᠵᠢᠬᠦᠯᠦᠨ᠎ᠡ᠃ ᠬᠦᠭᠵᠢᠯᠳᠡ ᠶᠢᠨ ᠤᠷᠤᠨ ᠵᠠᠢ ᠶᠢ ᠦᠷᠭᠡᠳᠭᠡᠵᠦ᠂ ᠬᠦᠭᠵᠢᠯᠳᠡ ᠶᠢᠨ | ᠤᠶᠢᠯᠠᠭᠠᠭᠳᠠᠬᠤᠨ ᠤ ᠰᠢᠨ᠎ᠡ ᠶᠢ ᠡᠭᠦᠳᠴᠦ᠂ ᠠᠵᠦ ᠠᠬᠤᠢ ᠶᠢᠨ ᠰᠢᠨ᠎ᠡ ᠨᠡᠮᠡᠭᠳᠡᠯ ᠤᠨ ᠲᠤᠶᠢᠯ ᠢ ᠪᠦᠬᠦ ᠬᠦᠴᠦᠨ ᠢᠶᠠᠷ ᠪᠤᠢ ᠪᠤᠯᠭᠠᠨ᠎ᠠ᠃ ᠵᠤᠭᠠᠴᠠᠯ ᠤᠨ ᠦᠢᠯᠡᠰ | ᠢ ᠲᠦᠷᠭᠡᠳᠭᠡᠨ ᠠᠬᠢᠭᠤᠯᠤᠨ᠎ᠠ᠃ ᠵᠤᠭᠠᠴᠠᠯ ᠤᠨ ᠲᠦᠯᠦᠪᠵᠢᠭᠦᠯᠭᠡ ᠶᠢᠨ ᠰᠢᠰᠲ᠋ᠧᠮ ᠢ ᠴᠢᠨᠠᠭᠰᠢᠳᠡ ᠲᠡᠭᠦᠯᠳᠡᠷᠵᠢᠬᠦᠯᠵᠥ᠂ ᠪᠠᠷᠭᠤ ᠲᠠᠤᠬᠡ ᠰᠤᠶᠤᠯ ᠤᠨ | ᠠᠭᠤᠯᠬᠤᠨ ᠢ ᠬᠦᠡᠵᠡᠭᠡᠢ ᠢᠯᠡᠷᠡᠬᠦᠯᠵᠦ᠂ ᠵᠤᠭᠠᠴᠠᠯ ᠢ ᠰᠤᠶᠤᠯ ᠤᠨ ᠠᠵᠦ ᠦᠢᠯᠡᠰ ᠲᠠᠢ ᠤᠶᠠᠯᠳᠤᠭᠤᠯᠬᠤ ᠪᠠ ᠪᠠᠷᠭᠤ ᠨᠡᠬᠦᠳᠡᠯ ᠰᠤᠶᠤᠯ ᠢ ᠪᠤᠠᠠᠳᠠᠠᠭᠤᠯᠠ ᠶᠢᠨ | ᠳᠠᠬᠢᠯᠭ᠎ᠠ ᠶᠢᠨ ᠰᠤᠶᠤᠯ ᠲᠠᠢ ᠬᠠᠷᠢᠯᠴᠠᠨ ᠤᠶᠠᠯᠳᠤᠭᠤᠯᠬᠤ ᠶᠢ ᠠᠬᠢᠭᠤᠯᠤᠨ᠎ᠠ᠃ ᠤᠯᠤᠰ ᠤᠨ ᠦᠮᠴᠢᠯᠠᠯᠳᠤ ᠬᠤᠪᠢ ᠤᠷᠤᠭᠤᠯᠤᠯᠳᠡ ᠶᠢ ᠡᠷᠭᠡᠰᠢᠶᠡᠬᠦ ᠵᠤᠭᠠᠴᠠᠯ ᠤᠨ | ᠪᠡᠯᠡ ᠤᠷᠤᠭᠤᠯᠤᠨ ᠨᠡᠭᠡᠭᠡᠨ ᠠᠰᠢᠭᠯᠠᠵᠥ ᠬᠠᠮᠢᠶᠠᠷᠬᠤ ᠬᠢᠵᠠᠭᠠᠷᠳᠤ ᠺᠤᠮᠫᠠᠨᠢ ᠶᠢ ᠪᠠᠶᠢᠭᠤᠯᠵᠥ᠂ ᠬᠦᠯᠦᠨ ᠨᠠᠭᠤᠷ᠂ ᠪᠤᠶᠢᠷ ᠨᠠᠭᠤᠷ᠂ ᠪᠤᠭᠳᠡᠠᠭᠤᠯᠠ ᠵᠡᠷᠭᠡ ᠵᠤᠭᠠᠴᠠᠯ | ᠤᠨ ᠡᠬᠢ ᠪᠠᠶᠠᠯᠢᠭ ᠢ ᠨᠢᠭᠡᠳᠭᠡᠵᠦ᠂ ᠲᠡᠭᠡᠳᠤ ᠱᠠᠳᠤᠨ ᠤ ᠵᠤᠭᠠᠴᠠᠯ ᠤᠨ ᠬᠦᠭᠵᠢᠯᠳᠡ ᠶᠢᠨ ᠪᠡᠯᠡ ᠮᠦᠩᠬᠦ ᠶᠢ ᠢᠳᠡᠪᠬᠢᠳᠡᠢ ᠤᠯᠵᠥ᠂ ᠵᠤᠭᠠᠴᠠᠯ ᠤᠨ ᠰᠠᠭᠤᠷᠢ | ᠲᠦᠭᠦᠭᠡᠷᠦᠮᠵᠢ ᠶᠢᠨ ᠪᠦᠳᠦᠭᠡᠨ ᠪᠠᠶᠢᠭᠤᠯᠤᠯᠳᠡ ᠶᠢ ᠴᠢᠩᠭᠠᠳᠬᠠᠨ᠂ ᠵᠤᠭᠠᠴᠠᠯ ᠤᠨ ᠦᠷᠳᠡᠭᠡ ᠶᠢ ᠲᠡᠰ ᠲᠡᠪᠰᠢᠭᠦᠯᠵᠥ᠂ ᠨᠠᠢᠮᠠᠨ ᠮᠤᠵᠢ ᠤᠷᠤᠨ ᠤ ᠮᠤᠩᠭᠤᠯ | ᠦᠨᠳᠦᠰᠦᠳᠡᠨ ᠤ ᠭᠠᠷ ᠤᠷᠠᠯᠠᠯ ᠤᠨ ᠪᠦᠳᠦᠭᠡᠯ ᠤᠨ ᠤᠷᠤᠯᠳᠤᠭᠠᠨ ᠢ ᠦᠷᠬᠦᠯᠵᠢᠯᠡᠨ ᠳᠠᠭᠠᠭᠠᠴᠢᠯᠠᠨ ᠬᠢᠵᠦ᠂ ᠵᠤᠭᠠᠴᠠᠯ ᠤᠨ ᠦᠵᠡᠮᠵᠢ ᠶᠢᠨ ᠤᠷᠤᠨ ᠤ ᠲᠡᠰ | ᠲᠠᠪᠰᠢᠬᠦ ᠶᠢ ᠲᠦᠯᠬᠢᠨ ᠠᠬᠢᠭᠤᠯᠤᠨ᠎ᠠ᠃ ᠲᠠᠯᠠᠢ ᠰᠤᠮᠤ ᠶᠢᠨ ︽ᠠᠷᠠᠳ ᠤᠨ ᠵᠠᠩ ᠦᠢᠯᠡ ᠶᠢᠨ ᠭᠡᠪ ᠨᠠᠮᠪᠠ ᠲᠠᠢ ᠵᠤᠭᠠᠴᠠᠯ ᠤᠨ ᠵᠢᠵᠢᠭ ᠪᠠᠯᠭᠠᠰᠤ︾ ᠶᠢᠨ | ᠲᠦᠷᠦᠯ ᠵᠦᠢᠯ ᠢ ᠭᠡᠷᠡᠭᠵᠢᠬᠦᠯᠵᠥ᠂ ︽ᠪᠠᠷᠭᠤ ᠮᠠᠯᠵᠢᠬᠤ ᠡᠷᠦᠬᠡ ᠪᠠᠷ ᠵᠤᠭᠠᠴᠠᠬᠤ︾ ᠲᠦᠷᠦᠯ ᠲᠡᠮᠳᠡᠭ ᠤᠨ ᠪᠦᠳᠦᠭᠡᠨ ᠪᠠᠶᠢᠭᠤᠯᠤᠯᠳᠡ ᠶᠢ ᠲᠦᠯᠬᠢᠨ ᠠᠬᠢᠭᠤᠯᠵᠥ | ᠂ ᠵᠤᠭᠠᠴᠠᠭᠰᠠᠤᠨ ᠪᠡᠶ᠎ᠡ ᠪᠠᠷ ᠢᠶᠠᠨ ᠤᠷᠤᠯᠴᠠᠵᠥ ᠦᠪᠡᠰᠦᠪᠡᠨ ᠬᠢᠵᠥ ᠪᠦᠳᠦᠭᠡᠬᠦ ᠲᠦᠷᠦᠯ ᠵᠦᠢᠯ ᠢᠶᠠᠷ ᠭᠤᠤᠯᠯᠠᠭᠰᠠᠨ ᠡᠭᠦᠳᠦᠯᠳᠡ ᠲᠠᠢ ᠮᠠᠯᠵᠢᠬᠤ ᠡᠷᠦᠭᠡ ᠪᠠᠷ | ᠵᠤᠭᠠᠴᠠᠬᠤ ᠵᠦᠢᠯᠡᠰ ᠢ ᠪᠤᠢ ᠪᠤᠯᠭᠠᠨ᠎ᠠ᠃ ᠡᠪᠤᠯ ᠤᠨ ᠤᠯᠠᠷᠢᠯ ᠤᠨ ᠵᠤᠭᠠᠴᠠᠯ ᠢ ᠬᠦᠭᠵᠢᠬᠦᠯᠵᠥ᠂ ᠴᠠᠰᠤ ᠮᠦᠰᠤᠨ ᠤ ᠬᠦᠳᠡᠯᠭᠡᠭᠡᠨ ᠢ ᠢᠳᠡᠪᠬᠢᠳᠡᠢ ᠠᠬᠢᠭᠤᠯᠵᠦ᠂ | ᠮᠦᠰᠦᠨ ᠪᠦᠮᠪᠦᠭᠡ ᠶᠢᠨ ᠤᠷᠳᠤᠨ ᠪᠠᠶᠢᠭᠤᠯᠬᠤ ᠠᠵᠢᠯ ᠢ ᠡᠬᠢᠯᠡᠬᠦᠯᠦᠨ᠎ᠡ᠃ ᠬᠢᠯᠢ ᠠᠯᠤᠰᠯᠠᠭᠰᠠᠨ ᠵᠤᠭᠠᠴᠠᠯ ᠢ ᠬᠦᠭᠵᠢᠬᠦᠯᠵᠥ᠂ ᠵᠤᠭᠠᠴᠠᠯ ᠤᠨ ᠦᠢᠯᠡᠰ ᠪᠤᠯᠤᠨ | ᠪᠤᠭᠤᠮᠳᠡ ᠶᠢᠨ ᠠᠵᠤ ᠠᠬᠤᠢ ᠶᠢᠨ ᠬᠤᠯᠪᠤᠯᠳᠤᠨ ᠬᠦᠭᠵᠢᠬᠦ ᠶᠢ ᠠᠬᠢᠭᠤᠯᠤᠨ᠎ᠠ᠃ ᠤᠷᠤᠨ ᠨᠤᠳᠤᠭ ᠤᠨ ᠬᠢᠵᠠᠭᠠᠷᠯᠠᠯ ᠢ ᠡᠪᠳᠡᠵᠥ᠂ ᠬᠦᠯᠦᠨ ᠨᠠᠭᠤᠷ ᠤᠨ ᠠᠯᠳᠡᠨ | ᠳᠠᠯᠠᠢ ᠶᠢᠨ ᠡᠷᠬᠢ ᠶᠢᠨ ᠦᠵᠡᠮᠵᠢᠳᠤ ᠤᠷᠤᠨ ᠳᠤ ᠤᠰᠤᠨ ᠲᠡᠭᠡᠭᠦᠷ ᠵᠤᠭᠠᠴᠠᠬᠤ ᠱᠤᠭᠤᠮ ᠢ ᠨᠡᠭᠡᠭᠡᠨ᠎ᠡ᠃ ᠤᠠᠴᠠᠯᠢᠭᠳᠤ ᠵᠤᠭᠠᠴᠠᠯ ᠤᠨ ᠲᠤᠷᠠᠰᠬᠠᠯ ᠤᠨ ᠡᠳ᠋ ᠶᠢ | ᠨᠡᠭᠡᠭᠡᠨ ᠠᠰᠢᠭᠯᠠᠬᠤ ᠬᠦᠴᠦᠯᠡᠴᠡ ᠶᠢ ᠨᠡᠮᠡᠭᠳᠡᠬᠦᠯᠵᠥ᠂ ᠵᠤᠭᠠᠴᠠᠯ ᠤᠨ ᠲᠤᠷᠠᠰᠬᠠᠯ ᠤᠨ ᠡᠳ᠋ ᠤᠨ ᠲᠦᠷᠦᠯ ᠲᠡᠮᠳᠡᠭ ᠢ ᠡᠭᠦᠳᠦᠨ᠎ᠡ᠃ ᠵᠤᠭᠠᠴᠠᠯ ᠤᠨ ᠡᠵᠡᠩᠨᠡᠨ | ᠪᠤᠷᠤᠯᠠᠭᠤᠯᠬᠤ ᠭᠡᠯᠪᠡᠷᠢ ᠶᠢ ᠬᠤᠪᠢᠷᠠᠭᠤᠯᠤᠨ᠂ ᠡᠯᠧᠺᠲᠷᠤᠨ ᠬᠤᠳᠠᠯᠳᠤᠭᠠᠨ ᠤ ᠶᠠᠪᠤᠳᠠᠯ ᠢ ᠵᠤᠭᠠᠴᠠᠯ ᠤᠨ ᠠᠵᠦ ᠦᠢᠯᠡᠰ ᠲᠠᠢ ᠨᠢᠠᠠᠳᠠ ᠤᠶᠠᠯᠳᠤᠭᠤᠯᠬᠤ ᠶᠢ | ᠠᠬᠢᠭᠤᠯᠵᠦ᠂ ᠵᠠᠰᠠᠭ ᠤᠨ ᠤᠷᠳᠤᠨ ᠢᠶᠠᠷ ᠭᠤᠤᠯᠯᠠᠭᠤᠯᠤᠭᠰᠠᠨ ᠵᠤᠭᠠᠴᠠᠯ ᠤᠨ ᠡᠯᠧᠺᠲᠷᠤᠨ ᠬᠤᠳᠠᠯᠳᠤᠭᠠᠨ ᠤ ᠶᠠᠪᠤᠳᠠᠯ ᠤᠨ ᠰᠦᠯᠵᠢᠶ᠎ᠡ ᠶᠢ ᠡᠭᠦᠳᠦᠨ ᠪᠠᠶᠢᠭᠤᠯᠵᠦ | ᠂ ᠵᠤᠭᠠᠴᠠᠯ ᠤᠨ ᠤᠬᠠᠭᠤᠯᠤᠨ ᠨᠦᠯᠦᠭᠡᠯᠡᠬᠦ ᠬᠦᠴᠦᠨ ᠢ ᠳᠠᠰᠤᠷᠠᠯᠳᠠ ᠦᠬᠡᠢ ᠨᠡᠮᠡᠭᠳᠡᠬᠦᠯᠦᠨ᠎ᠡ᠃ ᠭᠠᠳᠠᠭᠰᠢ ᠨᠡᠭᠡᠭᠡᠯᠳᠡ ᠬᠢᠬᠦ ᠬᠢᠷᠢ ᠲᠦᠪᠰᠢᠨ ᠢ | ᠲᠡᠭᠡᠭᠰᠢᠯᠡᠬᠦᠯᠦᠨ᠎ᠡ᠃ ᠤᠯᠤᠰ ᠤᠨ ︽ᠨᠢᠭᠡ ᠪᠦᠰᠡ ᠨᠢᠭᠡ ᠵᠠᠮ︾ ᠤᠨ ᠬᠦᠭᠵᠢᠯᠳᠡ ᠶᠢᠨ ᠪᠠᠶᠢᠯᠳᠤᠬᠤ ᠪᠤᠳᠤᠯᠭ᠎ᠠ ᠪᠤᠯᠤᠨ ᠲᠤᠮᠳᠠᠳᠦ ᠤᠷᠤᠰ ᠮᠤᠩᠭᠤᠯ ᠭᠤᠷᠪᠠᠨ | ᠤᠯᠤᠰ ᠤᠨ ᠤᠷᠤᠨ ᠪᠠᠶᠢᠷᠢ ᠶᠢᠨ ᠳᠠᠪᠠᠭᠤᠯᠢᠭ ᠲᠠᠢ ᠤᠷᠤᠨ ᠢ ᠤᠷᠢᠳᠠᠪᠠᠷ ᠬᠦᠭᠵᠢᠬᠦᠯᠬᠦ ᠪᠦᠲᠦᠭᠡᠨ ᠪᠠᠶᠢᠭᠤᠯᠤᠯᠳᠠ ᠳᠤ ᠢᠳᠡᠪᠬᠢᠳᠡᠢ ᠤᠷᠤᠯᠴᠠᠨ᠂ ᠪᠤᠭᠤᠮᠳᠠ | ᠶᠢᠨ ᠡᠭᠦᠷᠭᠡ ᠴᠢᠳᠠᠪᠦᠷᠢ ᠶᠢ ᠳᠡᠬᠦᠯᠳᠡᠷᠵᠢᠬᠦᠯᠵᠦ᠂ 1.3 ᠳ᠋ᠦᠩᠰᠢᠭᠤᠷ ᠲᠦᠭᠦᠷᠢᠭ ᠤᠨ ᠪᠡᠯᠡ ᠤᠷᠤᠭᠤᠯᠵᠥ᠂ ᠪᠤᠭᠤᠮᠳᠡ ᠶᠢᠨ ᠰᠠᠭᠤᠷᠢ ᠲᠦᠭᠦᠭᠡᠷᠦᠮᠵᠢ ᠪᠤᠯᠤᠨ | ᠢᠯᠴᠢ᠂ ᠤᠰᠤ᠂ ᠴᠠᠬᠢᠯᠭᠠᠨ ᠬᠠᠩᠭᠠᠬᠤ ᠪᠠ ᠰᠤᠷᠠᠭ ᠵᠠᠩᠬᠢ᠂ ᠪᠤᠵᠠᠷ ᠪᠤᠳᠠᠰ ᠢ ᠭᠠᠳᠠᠭᠰᠢᠯᠠᠭᠤᠯᠬᠤ ᠬᠤᠭᠤᠯᠠᠢ ᠲᠤᠤᠷ ᠵᠡᠷᠭᠡ ᠪᠦᠳᠦᠭᠡᠨ ᠪᠠᠶᠢᠭᠤᠯᠤᠯᠳᠡ ᠶᠢᠨ | ᠲᠦᠷᠦᠯ ᠵᠦᠢᠯ ᠢ ᠭᠡᠷᠡᠭᠵᠢᠬᠦᠯᠵᠦ᠂ ᠵᠤᠭᠠᠴᠠᠭᠰᠠᠤᠨ ᠪᠠ ᠡᠳ᠋ ᠪᠠᠷᠠᠭ᠎ᠠ ᠶᠢ ᠪᠠᠶᠢᠴᠠᠭᠠᠬᠤ ᠠᠰᠠᠷ ᠢ ᠪᠠᠶᠢᠭᠤᠯᠤᠨ ᠠᠰᠢᠭᠯᠠᠯᠳᠡ ᠳᠤ ᠤᠷᠤᠭᠤᠯᠤᠨ᠎ᠠ᠃ ᠪᠤᠭᠤᠮᠳᠡ | ᠨᠠᠪᠳᠡᠷᠡᠬᠦ ᠬᠠᠷᠠᠭᠠᠯᠵᠠᠯ ᠤᠨ ᠲᠦᠷᠦ ᠶᠢᠨ ᠪᠤᠳᠤᠯᠭ᠎ᠠ ᠶᠢ ᠤᠯᠬᠤ ᠪᠠᠷ ᠢᠳᠡᠪᠬᠢᠳᠠᠢ ᠴᠢᠷᠮᠠᠶᠢᠵᠥ᠂ ᠪᠤᠭᠤᠮᠳᠡ ᠶᠢ ᠵᠢᠯ ᠲᠤᠷᠰᠢᠳᠡ ᠨᠡᠭᠡᠭᠡᠬᠦ᠂ ᠲᠤᠮᠳᠠᠳᠤ ᠮᠤᠩᠭᠤᠯ | ᠤᠨ ᠬᠢᠯᠢ ᠶᠢᠨ ᠠᠷᠠᠤᠨ ᠬᠠᠷᠢᠯᠴᠠᠨ ᠠᠷᠠᠯᠵᠢᠶ᠎ᠠ ᠮᠠᠶᠢᠮᠠᠢ ᠬᠢᠬᠦ ᠲᠤᠭᠤᠷᠢᠭ᠂ ᠭᠠᠶᠢᠯᠢ ᠠᠴᠠ ᠭᠡᠯᠳᠦᠷᠢᠭᠦᠯᠦᠭᠰᠡᠨ ᠲᠠᠯᠭᠡᠭᠦᠷ ᠪᠠᠶᠢᠭᠤᠯᠬᠤ ᠪᠠ ᠪᠤᠭᠤᠮᠳᠡ — ᠮᠤᠩᠭᠤᠯ | ᠤᠯᠤᠰ ᠤᠨ ᠴᠤᠶᠢᠪᠠᠯᠰᠠᠩ ᠬᠤᠳᠡ ᠬᠦᠷᠬᠦ ᠵᠠᠰᠠᠮᠠᠯ ᠵᠠᠮ ᠤᠨ ᠪᠦᠳᠦᠭᠡᠨ ᠪᠠᠶᠢᠭᠤᠯᠤᠯᠳᠡ ᠵᠡᠷᠭᠡ ᠠᠵᠢᠯ ᠳᠤ ᠰᠢᠨ᠎ᠡ ᠰᠢᠪᠳᠤᠯᠤᠯᠳᠡ ᠲᠠᠢ ᠪᠤᠯᠭᠠᠨ᠎ᠠ᠃ ᠮᠤᠩᠭᠤᠯ | ᠤᠯᠤᠰ ᠯᠤᠭ᠎ᠠ ᠶᠢᠨ ᠠᠵᠤ ᠠᠬᠤᠢ ᠠᠷᠠᠯᠵᠢᠶᠠᠨ ᠤ ᠶᠠᠪᠤᠯᠴᠠᠭ᠎ᠠ ᠪᠠᠨ ᠨᠢᠭᠳᠠᠷᠠᠭᠤᠯᠵᠥ᠂ ᠤᠯᠠᠨ ᠤᠯᠤᠰ ᠤᠨ ᠵᠠᠬ᠎ᠠ ᠲᠡᠯᠭᠡᠭᠦᠷ ᠢ ᠴᠢᠨᠠᠭᠰᠢᠳᠡ ᠦᠷᠭᠡᠳᠭᠡᠨ᠂ | ᠪᠤᠭᠤᠮᠳᠡ ᠶᠢᠨ ᠪᠤᠯᠪᠠᠰᠤᠷᠠᠭᠤᠯᠬᠤ ᠪᠠ ᠠᠷᠠᠯᠵᠢᠶ᠎ᠠ ᠬᠤᠳᠠᠯᠳᠤᠭ᠎ᠠ ᠶᠢᠨ ᠪᠤᠳᠠᠰ ᠤᠨ ᠬᠦᠢᠯᠭᠡᠭᠡᠨ ᠤ ᠰᠠᠭᠤᠷᠢᠨ ᠭᠠᠵᠠᠷ ᠢ ᠪᠦᠬᠦ ᠬᠦᠴᠦᠨ ᠢᠶᠠᠷ ᠢᠶᠠᠨ ᠪᠤᠢ ᠪᠤᠯᠭᠠᠨ᠎ᠠ | ᠃ ᠮᠠᠨᠵᠤᠤᠷ ᠢᠶᠠᠷ ᠲᠤᠯᠤᠭᠠᠶᠢᠯᠠᠭᠴᠢ ᠪᠤᠯᠭᠠᠭᠰᠠᠨ ᠤᠯᠠᠨ ᠤᠯᠤᠰ ᠤᠨ ᠪᠤᠭᠤᠮᠳᠠ ᠶᠢᠨ ᠠᠵᠦ ᠠᠬᠤᠢ ᠶᠢᠨ ᠪᠦᠰᠡ ᠶᠢᠨ ᠪᠦᠲᠦᠭᠡᠨ ᠪᠠᠶᠢᠭᠤᠯᠤᠯᠳᠠ ᠳᠤ | ᠢᠳᠡᠪᠬᠢᠳᠡᠢ ᠤᠷᠤᠯᠴᠠᠵᠦ᠂ ᠤᠶᠢᠷ᠎ᠠ ᠵᠡᠷᠭᠡᠯᠡᠳᠡᠭᠡ ᠭᠠᠵᠠᠷ ᠤᠷᠤᠨ ᠯᠤᠭ᠎ᠠ ᠶᠢᠨ ᠬᠠᠮᠳᠤᠷᠠᠯᠴᠠᠭ᠎ᠠ ᠪᠠᠨ ᠴᠢᠩᠭᠠᠳᠬᠠᠨ᠂ ᠬᠠᠳᠠᠴᠢᠬᠦᠦ ᠠᠵᠦ ᠠᠬᠤᠢ ᠶᠢᠨ ᠬᠤᠩᠬᠢᠯ | ᠪᠤᠯᠤᠨ ᠦᠪᠦᠷ ᠮᠤᠩᠭᠤᠯ ᠤᠨ ᠵᠡᠬᠦᠨ ᠭᠡᠰᠡᠭ ᠤᠨ ᠭᠠᠵᠠᠷ ᠤᠷᠤᠨ ᠤ ᠬᠠᠮᠵᠢᠯᠴᠠᠭ᠎ᠠ ᠳᠤ ᠰᠠᠨᠠᠭᠠᠴᠢᠯᠠᠭ᠎ᠠ ᠠᠴᠠ ᠪᠠᠨ ᠤᠷᠤᠯᠴᠠᠵᠦ᠂ ᠲᠠᠪᠠᠭᠤᠯᠢᠭ ᠢᠶᠠᠨ ᠬᠠᠷᠢᠯᠴᠠᠨ | ᠨᠦᠬᠦᠪᠦᠷᠢᠯᠡᠵᠦ᠂ ᠬᠠᠮᠳᠤᠪᠡᠷ ᠬᠦᠭᠵᠢᠨ᠎ᠡ᠃ | ︵ᠬᠤᠶᠠᠷ︶ ᠬᠤᠳᠡ ᠬᠦᠳᠡᠭᠡ ᠶᠢᠨ ᠪᠤᠬᠢᠷᠳᠤᠯ ᠦᠬᠡᠢ ᠬᠦᠭᠵᠢᠯᠳᠡ ᠳᠤ ᠳᠠᠬᠢᠨ ᠰᠢᠨ᠎ᠡ ᠬᠠᠭᠤᠳᠠᠰᠦ ᠶᠢ ᠪᠢᠴᠢᠭᠯᠡᠨ᠎ᠡ | ᠨᠢᠭᠡ ᠳᠤ᠂ ᠤᠷᠤᠨ ᠵᠠᠢ ᠶᠢᠨ ᠲᠠᠯ᠎ᠠ ᠪᠠᠷ ᠲᠡᠭᠡᠳᠦ ᠬᠡᠮᠵᠢᠶ᠎ᠠ ᠪᠠᠷ ᠠᠭᠤᠰᠤᠯᠴᠠᠨ᠎ᠠ᠃ ᠨᠡᠶᠢᠳᠡᠮ ᠭᠡᠷᠡᠭᠯᠡᠬᠦ ᠨᠢᠰᠭᠡᠯ ᠤᠨ ᠪᠠᠭᠤᠳᠠᠯ᠂ ᠠᠯᠳ᠋ᠬᠠᠮᠡᠭᠡᠯ ᠠᠴᠠ | ᠠᠷᠤᠬᠠᠰᠢᠶᠠᠳᠤ ᠪᠤᠭᠤᠮᠳᠡ ᠬᠦᠷᠬᠦ ᠵᠠᠰᠠᠮᠠᠯ ᠵᠠᠮ᠂ ᠪᠤᠭᠳᠠᠡᠭᠤᠯᠠ ᠠᠴᠠ ᠪᠤᠶᠢᠷ ᠬᠦᠷᠬᠦ ᠵᠠᠰᠠᠮᠠᠯ ᠵᠠᠮ ᠤᠨ ᠪᠦᠳᠦᠭᠡᠨ ᠪᠠᠶᠢᠭᠤᠯᠤᠯᠳᠡ ᠶᠢᠨ ᠲᠦᠷᠦᠯ ᠵᠦᠢᠯ ᠢ | ᠲᠦᠷᠭᠡᠳᠭᠡᠨ ᠠᠬᠢᠭᠤᠯᠵᠦ᠂ ᠡᠷᠳᠡ ᠨᠢᠭᠡᠨ ᠡᠳᠦᠷ ᠠᠶᠠᠯᠠᠯ ᠪᠠ ᠲᠡᠷᠭᠡ ᠨᠡᠪᠳᠡᠷᠡᠬᠦ ᠶᠢ ᠪᠡᠶᠡᠯᠡᠬᠦᠯᠦᠨ᠎ᠡ᠃ ᠬᠦᠳᠡᠭᠡ ᠲᠤᠰᠬᠤᠨ ᠤ ᠵᠠᠮ ᠤᠨ ᠲᠤᠤᠷ ᠤᠨ ᠰᠢᠰᠲ᠋ᠧᠮ | ᠢ ᠲᠠᠰᠤᠷᠠᠯᠳᠡ ᠦᠭᠡᠢ ᠲᠡᠭᠦᠯᠳᠡᠷᠵᠢᠬᠦᠯᠵᠥ᠂ 3 ᠳ᠋ᠦᠩᠰᠢᠭᠤᠷ ᠲᠦᠭᠦᠷᠢᠭ ᠤᠨ ᠪᠡᠯᠡ ᠤᠷᠤᠭᠤᠯᠵᠥ᠂ ᠠᠯᠳ᠋ᠬᠠᠮᠡᠭᠡᠯ ᠠᠴᠠ ᠭᠡᠷᠦᠯᠦᠨ ᠬᠦᠷᠬᠦ ᠵᠠᠰᠠᠮᠠᠯ ᠵᠠᠮ ᠪᠠ | ᠬᠦᠳᠡᠭᠡ ᠲᠤᠰᠬᠤᠨ ᠤ 8 ᠵᠤᠷᠪᠤᠰ ᠵᠠᠰᠠᠮᠠᠯ ᠵᠠᠮ ᠤᠨ ᠪᠦᠳᠦᠭᠡᠨ ᠪᠠᠶᠢᠭᠤᠯᠤᠯᠳᠡ ᠶᠢᠨ ᠲᠦᠷᠦᠯ ᠵᠦᠢᠯ ᠢ ᠭᠡᠷᠡᠭᠵᠢᠬᠦᠯᠵᠥ᠂ ᠲᠦᠪ ᠬᠤᠳᠡ ᠪᠠᠯᠭᠠᠰᠤ ᠬᠢᠭᠡᠤᠨ | ᠰᠤᠮᠤ ᠪᠠᠯᠭᠠᠰᠤ ᠶᠢᠨ ᠬᠤᠭᠤᠷᠤᠠᠳᠤᠬᠢ ᠨᠡᠪᠳᠡᠷᠡᠬᠦ ᠵᠠᠮ ᠢ ᠨᠡᠩ ᠲᠦᠭᠦᠮ ᠲᠦᠳᠡ ᠪᠤᠯᠭᠠᠨ᠎ᠠ᠃ | ᠬᠤᠶᠠᠷ ᠲᠤ᠂ ᠪᠦᠳᠦᠭᠡᠨ ᠪᠠᠶᠢᠭᠤᠯᠤᠯᠳᠡ ᠶᠢᠨ ᠲᠠᠯ᠎ᠠ ᠪᠠᠷ ᠴᠢᠨᠠᠷ ᠪᠠ ᠬᠤᠷᠳᠤᠴᠠ ᠶᠢ ᠲᠡᠭᠡᠭᠰᠢᠯᠡᠬᠦᠯᠦᠨ᠎ᠡ᠃ ︽ᠠᠯᠳ᠋ᠬᠠᠮᠡᠭᠡᠯ ᠪᠠᠯᠭᠠᠰᠦ ᠶᠢᠨ ᠬᠢᠵᠠᠭᠠᠷᠯᠠᠬᠤ | ᠴᠢᠨᠠᠷᠳᠠᠢ ᠨᠠᠷᠢᠯᠢᠭ ᠲᠦᠯᠦᠪᠵᠢᠬᠦᠯᠬᠡ︾ ᠶᠢ ᠨᠠᠶᠢᠷᠠᠭᠤᠯᠤᠨ ᠵᠤᠬᠢᠶᠠᠵᠦ᠂ ᠰᠢᠨ᠎ᠡ ᠬᠡᠯᠪᠡᠷᠢ ᠶᠢᠨ ᠬᠤᠳᠡ ᠪᠠᠯᠭᠠᠰᠤ ᠶᠢᠨ ᠰᠢᠰᠲ᠋ᠧᠮ ᠤᠨ ᠪᠦᠳᠦᠭᠡᠨ ᠪᠠᠶᠢᠭᠤᠯᠤᠯᠳᠡ | ᠶᠢ ᠲᠦᠷᠭᠡᠳᠭᠡᠨ᠂ ᠰᠢᠠᠵᠢᠯᠡᠬᠦ ᠤᠬᠠᠭᠠᠠᠴᠢ ᠵᠦᠢ ᠵᠤᠬᠢᠰᠳᠡᠢ ᠬᠢᠯᠢ ᠶᠢᠨ ᠤᠠᠴᠠᠯᠢᠭᠳᠤ ᠵᠢᠵᠢᠭ ᠪᠠᠯᠭᠠᠰᠤ ᠶᠢ ᠡᠭᠦᠳᠦᠨ ᠪᠠᠶᠢᠭᠤᠯᠬᠤ ᠪᠠᠷ ᠴᠢᠷᠮᠠᠶᠢᠨ᠎ᠠ᠃ 3.9 | ᠳ᠋ᠦᠩᠰᠢᠭᠤᠷ ᠲᠦᠭᠦᠷᠢᠭ ᠤᠨ ᠪᠡᠯᠡ ᠤᠷᠤᠭᠤᠯᠵᠥ᠂ ᠰᠠᠭᠤᠷᠢ ᠲᠦᠭᠦᠭᠡᠷᠦᠮᠵᠢ ᠶᠢᠨ ᠪᠦᠳᠦᠭᠡᠨ ᠪᠠᠶᠢᠭᠤᠯᠤᠯᠳᠡ ᠶᠢᠨ ᠲᠦᠷᠦᠯ ᠵᠦᠢᠯ ᠢ 22 ᠭᠡᠷᠡᠭᠵᠢᠬᠦᠯᠵᠥ᠂ | ᠭᠡᠷᠦᠯᠦᠨ ᠶᠡᠭᠡ ᠵᠡᠬᠡᠯᠢ᠂ ᠤᠷᠱᠤᠨ ᠶᠡᠭᠡ ᠵᠡᠭᠡᠯᠢ ᠶᠢᠨ ᠬᠤᠶᠠᠷ ᠬᠠᠵᠠᠭᠤ ᠶᠢᠨ 92 ᠰᠠᠭᠤᠷᠢ ᠠᠰᠠᠷ ᠢ ᠪᠦᠬᠦᠯᠢ ᠴᠤᠭᠴᠠ ᠪᠠᠷ ᠨᠢ ᠭᠡᠷᠡᠯᠳᠦᠭᠦᠯᠬᠦ᠂ ᠬᠡᠷᠦᠯᠦᠨ ᠶᠡᠭᠡ | ᠵᠡᠭᠡᠯᠢ᠂ ᠤᠷᠱᠤᠨ ᠶᠡᠭᠡ ᠵᠡᠭᠡᠯᠢ ᠶᠢᠨ ᠬᠤᠶᠠᠷ ᠬᠠᠵᠠᠭᠤ ᠶᠢᠨ 48 ᠰᠠᠭᠤᠷᠢ ᠠᠰᠠᠷ ᠢ ᠰᠢᠷᠳᠡᠨ ᠴᠢᠮᠡᠭᠯᠡᠬᠦ᠂ ᠬᠡᠷᠦᠯᠦᠨ ᠶᠡᠭᠡ ᠵᠠᠭᠡᠯᠢ᠂ ᠤᠷᠱᠦᠨ ᠶᠡᠭᠡ ᠵᠡᠭᠡᠯᠢ ᠶᠢᠨ | ᠵᠠᠮ ᠤᠨ ᠳ᠋ᠧᠩ ᠢ ᠪᠦᠬᠦᠨ ᠢ ᠵᠠᠰᠠᠨ ᠰᠢᠨᠡᠳᠭᠡᠬᠦ᠂ ᠨᠡᠬᠢᠶ᠎ᠠ ᠪᠠᠭᠠᠴᠤᠤᠨ ᠭᠡᠤᠭᠡᠤᠨ ᠤᠨ ᠠᠭᠤᠳᠠᠮ ᠲᠠᠯᠠᠪᠠᠢ᠂ ᠤᠷᠱᠤᠨ ᠶᠡᠭᠡ ᠵᠡᠭᠡᠯᠢ ᠶᠢᠨ ᠵᠠᠮ ᠢ ᠨᠤᠭᠤᠭᠠᠷᠠᠭᠤᠯᠬᠤ | ᠂ ᠨᠠᠰᠤᠳᠠᠶᠢᠴᠤᠤᠨ ᠤᠨ ᠠᠭᠤᠳᠠᠮ ᠲᠠᠯᠠᠪᠠᠢ᠂ ᠶᠢᠨ ᠠᠨ ᠨᠤᠭᠤ ᠭᠠᠵᠠᠷ ᠤᠨ ᠴᠡᠴᠡᠷᠯᠢᠭ ᠵᠡᠷᠭᠡ ᠰᠤᠳᠤᠨ ᠰᠢᠯᠢᠳᠡᠭ ᠢᠡᠵᠧᠨᠧᠷᠢᠩ ᠢ ᠲᠦᠯᠬᠢᠨ ᠠᠬᠢᠭᠤᠯᠤᠨ᠎ᠠ᠃ | ᠬᠤᠳᠡ ᠪᠠᠯᠭᠠᠰᠤ ᠶᠢᠨ ᠴᠢᠳᠠᠪᠤᠷᠢ ᠶᠢ ᠲᠠᠰᠤᠷᠠᠯᠳᠡ ᠦᠭᠡᠢ ᠳᠡᠬᠦᠯᠳᠡᠷᠵᠢᠬᠦᠯᠵᠦ᠂ ᠭᠠᠵᠠᠷ ᠲᠤᠤᠷᠠᠬᠢ ᠬᠤᠭᠤᠯᠠᠢ ᠲᠤᠤᠷ ᠢ ᠵᠠᠰᠠᠨ ᠰᠡᠯᠪᠢᠬᠦ᠂ ᠲᠦᠭᠡᠭᠡᠯ ᠤᠰᠤᠨ ᠤ | ᠦᠢᠯᠡᠳᠪᠤᠷᠢ ᠶᠢ ᠦᠭᠡᠷᠡᠴᠢᠯᠡᠨ ᠦᠷᠭᠡᠳᠭᠡᠨ ᠪᠠᠶᠢᠭᠤᠯᠬᠤ᠂ ᠪᠤᠵᠠᠷ ᠤᠰᠤ ᠶᠢ ᠰᠢᠢᠳᠪᠤᠷᠢᠯᠡᠬᠦ ᠦᠢᠯᠡᠳᠪᠤᠷᠢ ᠶᠢᠨ ᠪᠠᠷᠢᠮᠵᠢᠶ᠎ᠠ ᠶᠢ ᠲᠠᠭᠡᠭᠰᠢᠯᠡᠬᠦᠯᠦᠨ ᠵᠠᠰᠠᠨ | ᠰᠢᠨᠡᠳᠭᠡᠬᠦ᠂ ᠢᠯᠴᠢ ᠬᠠᠩᠭᠠᠬᠤ ᠢᠯᠴᠢ ᠶᠢᠨ ᠢᠷᠡᠯᠳᠡ ᠵᠡᠷᠭᠡ ᠪᠦᠳᠦᠭᠡᠨ ᠪᠠᠶᠢᠭᠤᠯᠤᠯᠳᠡ ᠶᠢᠨ ᠢᠡᠵᠧᠨᠧᠷᠢᠩ ᠢ ᠭᠡᠷᠡᠭᠵᠢᠬᠦᠯᠦᠨ᠎ᠡ᠃ | ᠭᠤᠷᠪᠠ ᠳᠤ᠂ ᠬᠠᠮᠢᠶᠠᠷᠤᠯᠳᠡ ᠶᠢᠨ ᠲᠠᠯ᠎ᠠ ᠪᠠᠷ ᠨᠠᠷᠢᠯᠢᠭ ᠪᠦᠭᠡᠤᠨ ᠦᠡᠳᠦᠷ ᠦᠷ᠎ᠡ ᠪᠦᠳᠦᠮᠵᠢ ᠲᠠᠢ ᠪᠤᠯᠭᠠᠨ᠎ᠠ᠃ ᠬᠦᠯᠦᠨ ᠪᠤᠶᠢᠷ ᠬᠤᠳᠠ ᠶᠢᠨ ︽ᠪᠦᠬᠦ | ᠤᠯᠤᠰ ᠤᠨ ᠪᠤᠯᠪᠠᠰᠤᠨ ᠬᠤᠳᠠ︾ ᠶᠢ ᠡᠭᠦᠳᠦᠨ ᠪᠠᠶᠢᠭᠤᠯᠬᠤ ᠠᠵᠢᠯ ᠳᠤ ᠢᠳᠡᠪᠬᠢᠳᠠᠢ ᠤᠷᠤᠯᠴᠠᠵᠦ᠂ ᠪᠤᠯᠪᠠᠰᠤᠨ ᠬᠤᠰᠢᠭᠤ ᠶᠢ ᠡᠭᠦᠳᠦᠨ ᠪᠠᠶᠢᠭᠤᠯᠬᠤ ᠬᠢᠷᠢ | ᠲᠦᠪᠰᠢᠨ ᠢ ᠪᠦᠬᠦ ᠳᠠᠯ᠎ᠠ ᠪᠠᠷ ᠲᠡᠭᠡᠭᠰᠢᠯᠡᠬᠦᠯᠦᠨ᠎ᠡ᠃ ᠬᠤᠳᠡ ᠪᠠᠯᠭᠠᠰᠤ ᠶᠢᠨ ᠶᠡᠷᠦᠩᠭᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠭᠡᠷᠡᠭᠵᠢᠬᠦᠯᠬᠦ ᠪᠠᠶᠢᠭᠤᠯᠤᠮᠵᠢ ᠶᠢᠨ | ᠦᠭᠡᠷᠡᠴᠢᠯᠡᠯᠳᠡ ᠶᠢ ᠬᠦᠡᠵᠡᠭᠡᠢ ᠠᠬᠢᠭᠤᠯᠵᠥ᠂ ᠵᠠᠰᠠᠭ ᠵᠠᠬᠢᠷᠭᠠᠨ ᠤ ᠬᠢᠨᠡᠨ ᠵᠦᠪᠰᠢᠶᠡᠷᠡᠬᠦ᠂ ᠵᠠᠰᠠᠭ ᠵᠠᠬᠢᠷᠭᠠᠨ ᠤ ᠬᠠᠤᠯᠢ ᠭᠡᠷᠡᠭᠵᠢᠬᠦᠯᠬᠦ᠂ ᠵᠠᠰᠠᠭ ᠵᠠᠬᠢᠷᠭᠠᠨ ᠤ | ᠦᠢᠯᠡᠴᠢᠯᠡᠭᠡ ᠪᠤᠯᠤᠨ ᠵᠠᠰᠠᠭ ᠵᠠᠬᠢᠷᠭᠠᠨ ᠤ ᠬᠢᠨᠡᠯᠳᠡ ᠶᠢᠨ ᠠᠯᠪᠠᠳᠠᠯᠭ᠎ᠠ ᠶᠢᠨ ᠴᠢᠨᠠᠷ ᠪᠤᠯᠤᠨ ᠬᠢᠨᠠᠨ ᠬᠠᠮᠢᠶᠠᠷᠬᠤ ᠴᠢᠳᠠᠪᠤᠷᠢ ᠶᠢ ᠬᠦᠢᠴᠡᠤᠨ ᠪᠠᠳᠠᠷᠠᠭᠤᠯᠵᠥ᠂ | ᠲᠦᠯᠦᠪᠵᠢᠬᠦᠯᠬᠦ ᠪᠠ ᠪᠦᠳᠦᠭᠡᠨ ᠪᠠᠶᠢᠭᠤᠯᠬᠤ ᠢᠨᠵᠧᠨᠧᠷᠢᠩ ᠢ ᠬᠢᠨᠡᠨ ᠵᠦᠪᠰᠢᠶᠡᠷᠡᠬᠦ ᠵᠢᠴᠢ ᠭᠡᠷᠡᠭᠵᠢᠬᠦᠯᠬᠦ ᠶᠠᠪᠤᠴᠠ ᠳᠠᠬᠢ ᠬᠢᠨᠡᠨ ᠬᠠᠮᠢᠶᠠᠷᠤᠯᠳᠡ ᠶᠢ ᠴᠢᠩᠭᠠᠳᠬᠠᠵᠥ | ᠂ ᠬᠤᠳᠠ ᠪᠠᠯᠭᠠᠰᠤ ᠶᠢᠨ ᠤᠷᠴᠢᠨ ᠲᠤᠭᠤᠷᠢᠨ ᠤ ᠲᠦᠷᠰᠦ ᠪᠠᠶᠢᠳᠠᠯ ᠢ ᠲᠦᠢᠯᠪᠤᠷᠢᠳᠡᠢ ᠰᠠᠶᠢᠵᠢᠷᠠᠭᠤᠯᠤᠨ᠂ ᠠᠵᠤ ᠠᠬᠤᠢ ᠨᠡᠶᠢᠭᠡᠮ ᠤᠨ ᠵᠤᠬᠢᠴᠠᠩᠭᠤᠢ ᠬᠦᠭᠵᠢᠯᠳᠡ | ᠶᠢ ᠠᠬᠢᠭᠤᠯᠬᠤ ᠳᠤ ᠰᠠᠶᠢᠨ ᠰᠠᠶᠢᠬᠠᠨ ᠭᠠᠳᠠᠭᠠᠳᠤ ᠤᠷᠴᠢᠨ ᠢ ᠪᠤᠢ ᠪᠤᠯᠭᠠᠵᠥ ᠦᠭᠭᠦᠨ᠎ᠡ᠃ ᠭᠡᠷ ᠠᠬᠤᠢ ᠶᠢᠨ ᠬᠠᠮᠢᠶᠠᠷᠤᠯᠳᠡ ᠶᠢᠨ ᠲᠤᠭᠳᠠᠴᠠ ᠶᠢᠨ ᠰᠢᠨ᠎ᠠ ᠶᠢ | ᠡᠭᠦᠳᠴᠦ᠂ ᠵᠠᠬ᠎ᠠ ᠳᠡᠯᠭᠡᠬᠦᠷᠴᠢᠯᠡᠭᠰᠡᠨ ᠠᠷᠭ᠎ᠠ ᠪᠠᠷᠢᠯ ᠢᠶᠠᠷ ᠭᠡᠷ ᠠᠬᠤᠢ ᠶᠢᠨ ᠬᠠᠮᠢᠶᠠᠷᠤᠯᠳᠡ ᠶᠢᠨ ᠬᠢᠷᠢ ᠲᠦᠪᠰᠢᠨ ᠪᠤᠯᠤᠨ ᠦᠢᠯᠡᠴᠢᠯᠡᠭᠡᠨ ᠤ ᠴᠢᠨᠠᠷ ᠢ | ᠴᠢᠨᠠᠭᠰᠢᠳᠡ ᠲᠠᠭᠡᠭᠰᠢᠯᠡᠬᠦᠯᠦᠨ᠎ᠡ᠃ | ᠲᠦᠷᠪᠡ ᠳᠤ᠂ ᠤᠷᠴᠢᠨ ᠲᠤᠭᠤᠷᠢᠨ ᠤ ᠲᠠᠯ᠎ᠠ ᠪᠠᠷ ᠦᠷᠭᠦᠯᠵᠢᠯᠡᠨ ᠰᠠᠶᠢᠵᠢᠷᠠᠯᠳᠡ ᠲᠠᠢ ᠪᠤᠯᠭᠠᠨ᠎ᠠ᠃ ︽ᠦᠪᠡᠷᠲᠡᠭᠡᠨ ᠵᠠᠰᠠᠬᠤ ᠤᠷᠤᠨ ᠤ ᠠᠷᠢᠭᠤᠨ ᠴᠡᠪᠡᠷ | ᠬᠤᠰᠢᠭᠤ︾ ᠶᠢᠨ ᠢᠷᠠᠭᠤ ᠠᠯᠳᠠᠷ ᠢᠶᠠᠨ ᠦᠷᠬᠦᠯᠵᠢᠯᠡᠨ ᠪᠠᠳᠤᠯᠠᠵᠥ᠂ ᠪᠦᠳᠦᠭᠡᠨ ᠪᠠᠶᠢᠭᠤᠯᠬᠤ ᠪᠠ ᠬᠠᠮᠢᠶᠠᠷᠬᠤ ᠶᠢ ᠵᠡᠷᠭᠡᠪᠡᠷ ᠴᠢᠬᠤᠯᠠᠴᠢᠯᠠᠨ᠂ ᠨᠠᠷᠢᠯᠢᠭᠵᠢᠭᠤᠯᠤᠨ | ᠬᠠᠮᠢᠶᠠᠷᠬᠤ ᠶᠢ ᠴᠢᠩᠭᠠᠳᠬᠠᠵᠦ᠂ ᠪᠠᠯᠭᠠᠰᠤ ᠶᠢᠨ ᠲᠤᠭᠤᠷᠢᠭ ᠤᠨ ᠤᠷᠴᠢᠨ ᠲᠤᠭᠤᠷᠢᠨ ᠤ ᠬᠠᠮᠢᠶᠠᠷᠤᠯᠳᠡ ᠳᠤ ︽ᠦᠡᠴᠦᠭ ᠪᠤᠯᠤᠩ ᠦᠯᠡᠳᠡᠭᠡᠬᠦ ᠦᠭᠡᠢ ᠪᠦᠬᠦᠨ ᠢ | ᠪᠦᠷᠬᠦᠭᠦᠯᠬᠦ︾ ᠶᠢ ᠪᠡᠶᠡᠯᠡᠬᠦᠯᠵᠦ᠂ ︽ᠪᠦᠬᠦ ᠤᠯᠤᠰ ᠤᠨ ᠠᠷᠢᠭᠤᠨ ᠴᠡᠪᠡᠷ ᠬᠤᠰᠢᠭᠤ︾ ᠶᠢ ᠢᠳᠡᠪᠬᠢᠳᠠᠢ ᠡᠭᠦᠳᠦᠨ ᠪᠠᠶᠢᠭᠤᠯᠤᠨ᠎ᠠ᠃ ︽ᠬᠤᠳᠠ ᠶᠢᠨ ᠲᠤᠮᠳᠠ | ᠨᠤᠭᠤᠭᠠᠷᠠᠭᠤᠯᠤᠯᠳᠠ ᠶᠢ ᠪᠦᠷᠬᠦᠬᠦᠯᠵᠦ᠂ ᠨᠤᠭᠤᠭᠠᠷᠠᠭᠤᠯᠤᠯᠳᠠ ᠶᠢᠨ ᠲᠤᠮᠳᠠ ᠬᠤᠳᠠ ᠪᠠᠶᠢᠭᠤᠯᠬᠤ︾ ᠤᠶᠢᠯᠠᠭᠠᠭᠳᠠᠬᠤᠨ ᠢᠶᠠᠷ᠂ ᠭᠠᠵᠠᠷ ᠤᠷᠤᠨ ᠤ ᠪᠠᠶᠢᠳᠠᠯ | ᠳᠠᠭᠠᠨ ᠳᠤᠬᠢᠷᠠᠭᠤᠯᠤᠨ᠂ ᠨᠤᠭᠤᠭᠠᠷᠠᠭᠤᠯᠤᠯᠳᠠ ᠶᠢᠨ ᠢᠨᠵᠧᠨᠧᠷᠢᠩ ᠢ ᠭᠡᠷᠡᠭᠵᠢᠬᠦᠯᠦᠨ᠎ᠡ᠃ ᠤᠷᠴᠢᠨ ᠲᠤᠭᠤᠷᠢᠨ ᠤ ᠲᠤᠰᠬᠠᠢ ᠵᠠᠰᠠᠨ ᠴᠡᠭᠴᠡᠯᠡᠯᠳᠡ ᠶᠢᠨ | ᠠᠵᠢᠯᠯᠠᠭ᠎ᠠ ᠶᠢ ᠦᠷᠭᠦᠯᠵᠢᠯᠡᠨ ᠦᠷᠨᠢᠭᠦᠯᠵᠥ᠂ ᠬᠤᠳᠠ ᠪᠠᠯᠭᠠᠰᠤ ᠶᠢᠨ ᠤᠷᠴᠢᠨ ᠲᠤᠭᠤᠷᠢᠨ ᠤ ᠬᠠᠮᠢᠶᠠᠷᠤᠯᠳᠡ ᠶᠢᠨ ᠡᠮᠬᠢ ᠴᠡᠭᠴᠡ ᠲᠠᠢ ᠪᠠᠶᠢᠬᠤ ᠶᠢ ᠪᠦᠬᠦ ᠲᠠᠯ᠎ᠠ | ᠪᠠᠷ ᠲᠡᠭᠡᠭᠰᠢᠯᠡᠬᠦᠯᠦᠨ᠎ᠡ᠃ ᠰᠠᠭᠤᠷᠢ ᠲᠦᠭᠦᠭᠡᠷᠦᠮᠵᠢ ᠶᠢ ᠲᠡᠭᠦᠯᠳᠡᠷᠵᠢᠬᠦᠯᠵᠥ᠂ ᠠᠯᠳ᠋ᠬᠠᠮᠡᠭᠡᠯ ᠪᠠᠯᠭᠠᠰᠦ ᠠᠴᠠ ᠭᠠᠷᠬᠤ ᠬᠡᠳᠤᠨ ᠵᠠᠮ ᠢ ᠵᠠᠰᠠᠨ ᠴᠡᠭᠴᠡᠯᠡᠵᠦ᠂ ᠬᠤᠭ | ᠨᠤᠪᠰᠢ ᠶᠢ ᠲᠠᠭᠡᠭᠡᠪᠤᠷᠢᠯᠡᠨ ᠰᠢᠢᠳᠪᠤᠷᠢᠯᠡᠬᠦ ᠦᠷᠳᠡᠭᠡ ᠶᠢ ᠰᠢᠨ᠎ᠡ ᠪᠠᠷ ᠨᠢᠭᠡ ᠪᠠᠶᠢᠭᠤᠯᠵᠥ᠂ ᠡᠯ᠎ᠡ ᠰᠤᠮᠤ ᠪᠠᠯᠭᠠᠰᠤ ᠳᠤ ᠬᠤᠭ ᠨᠤᠪᠰᠢ ᠶᠢ ᠬᠤᠤᠷ ᠦᠬᠡᠢ ᠪᠤᠯᠭᠠᠨ | ᠰᠢᠢᠳᠪᠤᠷᠢᠯᠡᠬᠦ ᠲᠦᠷᠦᠯ ᠵᠦᠢᠯ ᠢ ᠭᠡᠷᠡᠭᠵᠢᠬᠦᠯᠦᠨ᠎ᠡ᠃ ᠰᠤᠮᠤ ᠪᠠᠯᠭᠠᠰᠤ ᠶᠢᠨ ᠤᠷᠳᠤ ᠬᠤᠭᠤᠴᠠᠭᠠᠨ ᠤ ᠬᠦᠴᠦᠨ ᠪᠦᠭᠦᠢ ᠬᠠᠮᠢᠶᠠᠷᠤᠨ ᠬᠠᠮᠠᠭᠠᠯᠠᠬᠤ ᠲᠤᠭᠳᠠᠴᠠ ᠶᠢ | ᠲᠡᠭᠦᠯᠳᠡᠷᠵᠢᠭᠦᠯᠵᠥ᠂ ᠴᠡᠪᠡᠷ ᠳᠡᠭᠰᠢ ᠠᠷᠢᠭᠤᠨ ᠴᠡᠪᠡᠷ ᠤᠷᠴᠢᠨ ᠲᠤᠭᠤᠷᠢᠨ ᠢ ᠪᠠᠳᠤᠯᠠᠨ᠎ᠠ᠃ ᠤᠷᠴᠢᠨ ᠲᠤᠭᠤᠷᠢᠨ ᠤ ᠴᠢᠨᠠᠷ ᠢ ᠰᠠᠶᠢᠵᠢᠷᠠᠭᠤᠯᠬᠤ ᠪᠠᠷ ᠭᠤᠤᠯ | ᠪᠤᠯᠭᠠᠬᠤ ᠶᠢ ᠪᠠᠷᠢᠮᠳᠡᠯᠡᠵᠥ᠂ ᠠᠮᠢ ᠠᠬᠤᠢ ᠶᠢᠨ ᠤᠷᠴᠢᠨ ᠲᠤᠭᠤᠷᠢᠨ ᠤ ᠬᠢᠵᠠᠭᠠᠷᠳᠤ ᠱᠤᠭᠤᠮ ᠢ ᠴᠢᠩᠭ᠎ᠠ ᠰᠠᠬᠢᠵᠥ᠂ ᠠᠭᠠᠷ ᠮᠠᠠᠳᠤᠯ᠂ ᠭᠠᠵᠠᠷ ᠰᠢᠷᠤᠢ᠂ ᠤᠰᠤᠨ | ᠤ ᠪᠤᠬᠢᠷᠳᠤᠯ ᠢ ᠰᠡᠷᠭᠡᠶᠢᠯᠡᠨ ᠵᠠᠰᠠᠬᠤ ︽ᠭᠤᠷᠪᠠᠨ ᠶᠡᠭᠡ ᠲᠠᠶᠢᠯᠠᠯᠳᠤᠭᠠᠨ︾ ᠳᠤ ᠵᠠᠪᠠᠯ ᠢᠯᠠᠯᠳᠡ ᠤᠯᠬᠤ ᠪᠠᠷ ᠴᠢᠷᠮᠠᠶᠢᠨ᠎ᠠ᠃ | ︵ᠭᠤᠷᠪᠠ︶ ᠤᠷᠤᠨ ᠲᠤᠭᠤᠷᠢᠭ ᠤᠨ ᠰᠢᠨ᠎ᠡ ᠶᠢ ᠡᠭᠦᠳᠬᠦ ᠬᠦᠭᠵᠢᠯᠳᠡ ᠳᠤ ᠳᠠᠬᠢᠨ ᠰᠢᠨ᠎ᠡ ᠬᠠᠭᠤᠳᠠᠰᠦ ᠶᠢ ᠪᠢᠴᠢᠭᠯᠡᠨ᠎ᠡ | ᠨᠢᠭᠡ ᠳᠤ᠂ ᠦᠭᠡᠷᠡᠴᠢᠯᠡᠯᠳᠡ ᠶᠢᠨ ᠪᠠᠬᠢᠯᠡᠯᠳᠡ ᠰᠢᠪᠳᠤᠯᠬᠤ ᠶᠢ ᠬᠦᠡᠵᠡᠭᠡᠢ ᠲᠦᠯᠬᠢᠨ ᠠᠬᠢᠭᠤᠯᠤᠨ᠎ᠠ᠃ ᠭᠤᠤᠯᠳᠠᠯᠭ᠎ᠠ ᠲᠠᠢ ᠬᠦᠷᠢᠶ᠎ᠠ ᠬᠡᠪᠴᠢᠶ᠎ᠠ ᠪᠤᠯᠤᠨ | ᠵᠠᠩᠬᠢᠯᠠᠭ᠎ᠠ ᠶᠢᠨ ᠭᠤᠭᠴᠤᠭᠠᠶᠢᠨ ᠦᠭᠡᠷᠡᠴᠢᠯᠡᠯᠳᠡ ᠶᠢ ᠬᠦᠨᠵᠡᠭᠡᠶᠢᠷᠡᠬᠦᠯᠦᠨ᠎ᠡ᠃ ᠵᠠᠰᠠᠭ ᠵᠠᠬᠢᠷᠭᠠᠨ ᠤ ᠬᠠᠮᠢᠶᠠᠷᠤᠯᠳᠡ ᠶᠢᠨ ᠪᠠᠶᠢᠭᠤᠯᠤᠮᠵᠢ ᠶᠢᠨ ᠦᠭᠡᠷᠡᠴᠢᠯᠡᠯᠳᠡ | ᠬᠢᠵᠦ᠂ ᠵᠠᠰᠠᠭ ᠢ ᠲᠦᠭᠦᠮᠴᠢᠯᠠᠨ ᠡᠷᠭᠡ ᠶᠢ ᠲᠠᠯᠪᠢᠬᠤ ᠵᠢᠴᠢ ᠲᠠᠯᠪᠢᠬᠤ ᠪᠠ ᠬᠠᠮᠢᠶᠠᠷᠬᠤ ᠶᠢ ᠤᠶᠠᠯᠳᠤᠭᠤᠯᠬᠤ ᠶᠢ ᠲᠦᠯᠬᠢᠨ ᠠᠬᠢᠭᠤᠯᠵᠥ᠂ ᠵᠠᠰᠠᠭ ᠵᠠᠬᠢᠷᠭᠠᠨ ᠤ | ᠦᠷ᠎ᠡ ᠠᠰᠢᠭ ᠢ ᠲᠡᠭᠡᠭᠰᠢᠯᠡᠬᠦᠯᠦᠨ᠎ᠡ᠃ ᠡᠳ᠋ ᠤᠨ ᠵᠠᠰᠠᠭ ᠤᠨ ᠲᠦᠷᠦ ᠶᠢᠨ ᠪᠤᠳᠤᠯᠭ᠎ᠠ ᠶᠢᠨ ᠲᠤᠬᠢᠷᠠᠭᠤᠯᠤᠨ ᠬᠢᠵᠠᠭᠠᠷᠯᠠᠬᠤ ᠲᠠᠪᠠᠭᠤᠯᠢᠭ ᠢ ᠬᠦᠢᠴᠡᠤᠨ | ᠪᠠᠳᠠᠷᠠᠭᠤᠯᠵᠦ᠂ ᠲᠦᠰᠦᠪ᠂ ᠭᠠᠶᠢᠯᠢ ᠶᠢᠨ ᠤᠷᠤᠯᠭ᠎ᠠ᠂ ᠬᠤᠳᠠᠯᠳᠤᠨ ᠠᠪᠬᠤ᠂ ᠲᠦᠷᠦ ᠶᠢᠨ ᠪᠤᠳᠤᠯᠭ᠎ᠠ ᠶᠢᠨ ᠪᠡᠯᠡ ᠨᠡᠶᠢᠯᠡᠬᠦᠯᠬᠦ ᠵᠡᠷᠭᠡ ᠤᠯᠠᠨ ᠵᠦᠢᠯ ᠤᠨ ᠠᠷᠭ᠎ᠠ | ᠶᠢ ᠶᠡᠷᠦᠩᠭᠡᠶᠢᠯᠠᠨ ᠭᠡᠷᠡᠭᠯᠡᠵᠥ᠂ ᠠᠵᠤ ᠠᠬᠤᠢ ᠶᠢᠨ ᠬᠠᠮᠢᠶᠠᠷᠤᠯᠳᠠ ᠶᠢᠨ ᠪᠠᠭᠤᠷᠠᠢ ᠭᠤᠭᠴᠤᠭᠠᠨ ᠳᠤ ᠬᠦᠴᠦ ᠪᠠᠨ ᠲᠠᠯᠪᠢᠨ᠎ᠠ᠃ ᠮᠠᠯᠵᠢᠬᠤ ᠤᠷᠤᠨ ᠤ ᠨᠠᠶᠢᠳᠡ ᠶᠢᠨ | ᠠᠵᠤ ᠠᠬᠤᠢ ᠶᠢᠨ ᠵᠤᠬᠢᠶᠠᠨ ᠪᠠᠶᠢᠭᠤᠯᠤᠯᠳᠡ ᠶᠢᠨ ᠪᠤᠳᠠᠳᠤ ᠴᠤᠭᠴᠠᠵᠢᠬᠤ ᠪᠠ ᠬᠤᠷᠰᠢᠶᠠᠵᠢᠬᠤ ᠶᠢ ᠰᠦᠪᠡᠭᠴᠢᠯᠠᠨ᠂ ᠬᠤᠳᠡ ᠪᠠᠯᠭᠠᠰᠤ ᠶᠢᠨ ᠡᠬᠢ ᠪᠠᠶᠠᠯᠢᠭ ᠤᠨ | ᠡᠯᠧᠮᠧᠨ᠋ᠲ ᠤᠨ ᠬᠤᠶᠠᠷ ᠴᠢᠭᠯᠡᠯ ᠳᠡᠰᠢ ᠬᠠᠷᠢᠯᠴᠠᠨ ᠡᠷᠬᠢᠯᠳᠦᠬᠦ ᠶᠢ ᠠᠬᠢᠭᠤᠯᠵᠥ᠂ ᠬᠤᠳᠠ ᠪᠠᠯᠭᠠᠰᠤ ᠶᠢᠨ ᠬᠦᠭᠵᠢᠯᠳᠡ ᠶᠢᠨ ᠠᠮᠢᠵᠢᠷᠠᠯ ᠤᠨ ᠬᠦᠴᠦᠨ ᠢ | ᠴᠢᠯᠦᠭᠡᠳᠡᠢ ᠪᠤᠯᠭᠠᠨ᠎ᠠ᠃ ᠨᠡᠶᠢᠭᠡᠮ ᠤᠨ ᠬᠦᠷᠢᠶ᠎ᠠ ᠬᠡᠪᠴᠢᠶᠠᠨ ᠳᠠᠬᠢ ᠦᠭᠡᠷᠡᠴᠢᠯᠡᠯᠳᠡ ᠶᠢ ᠨᠢᠭᠡᠳᠤᠯᠳᠡᠢ ᠲᠦᠯᠦᠪᠯᠠᠨ ᠠᠬᠢᠭᠤᠯᠵᠥ᠂ ᠬᠤᠳᠡ ᠬᠦᠳᠡᠭᠡ ᠶᠢ ᠨᠢᠭᠡ | ᠴᠤᠭᠴᠠᠵᠢᠭᠤᠯᠤᠭᠰᠠᠨ ᠨᠡᠶᠢᠭᠡᠮ ᠤᠨ ᠪᠠᠳᠤᠯᠠᠭ᠎ᠠ ᠪᠤᠯᠤᠨ ᠤᠯᠠᠨ ᠨᠡᠶᠢᠳᠡ ᠶᠢᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠳᠡ ᠶᠢ ᠲᠦᠷᠭᠡᠳᠭᠡᠨ᠎ᠡ᠃ | ᠬᠤᠶᠠᠷ ᠲᠤ᠂ ᠬᠦᠳᠡᠯᠭᠡᠭᠴᠢ ᠬᠦᠴᠦᠨ ᠤ ᠰᠢᠨ᠎ᠡ ᠶᠢ ᠡᠭᠦᠳᠬᠦ ᠶᠢ ᠪᠦᠬᠦ ᠲᠠᠯ᠎ᠠ ᠪᠠᠷ ᠠᠬᠢᠭᠤᠯᠤᠨ᠎ᠠ᠃ ᠰᠢᠠᠵᠢᠯᠡᠭᠡ ᠮᠡᠷᠭᠡᠵᠢᠯ ᠤᠨ ᠰᠢᠨ᠎ᠡ ᠶᠢ ᠡᠭᠦᠳᠬᠦ | ᠦᠢᠯᠡᠴᠢᠯᠡᠭᠡᠨ ᠤ ᠰᠢᠰᠲ᠋ᠧᠮ ᠢ ᠪᠠᠶᠢᠭᠤᠯᠤᠨ᠂ ᠤᠳᠤ ᠪᠠᠶᠢᠭ᠎ᠠ ᠰᠢᠠᠵᠢᠯᠡᠭᠡ ᠮᠡᠷᠭᠡᠵᠢᠯ ᠤᠨ ᠦᠷ᠎ᠡ ᠪᠦᠳᠦᠭᠡᠯ ᠢ ᠬᠤᠪᠢᠷᠠᠭᠤᠯᠬᠤ ᠲᠠᠪᠴᠠᠩ ᠢ ᠳᠡᠬᠦᠯᠳᠡᠷᠵᠢᠬᠦᠯᠦᠨ᠎ᠡ᠃ | ᠰᠢᠡᠵᠢᠯᠡᠭᠡ ᠮᠡᠷᠭᠡᠵᠢᠯ ᠤᠨ ᠲᠦᠷᠦᠯ ᠵᠦᠢᠯ ᠤᠨ ᠪᠠᠯᠡ ᠮᠦᠭᠬᠦ ᠶᠢ ᠤᠯᠬᠤ ᠪᠠᠷ ᠢᠳᠡᠪᠬᠢᠳᠡᠢ ᠴᠢᠷᠮᠠᠶᠢᠵᠥ᠂ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠶᠢ ᠲᠠᠮᠵᠢᠬᠦ | ᠲᠦᠭᠡᠮᠡᠯ ᠬᠠᠷᠠᠭᠠᠯᠵᠠᠬᠤ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠵᠥ᠂ ᠠᠵᠤ ᠠᠬᠤᠶᠢᠯᠠᠯ ᠤᠨ ᠪᠡᠶ᠎ᠡ ᠪᠠᠨ ᠲᠠᠭᠠᠭᠠᠨ ᠰᠢᠨ᠎ᠡ ᠶᠢ ᠡᠭᠦᠳᠬᠦ ᠶᠢ ᠲᠤᠰᠠᠯᠠᠨ | ᠲᠠᠮᠵᠢᠨ᠎ᠡ᠃ ᠲᠤᠮᠳᠠᠳᠤ ᠤᠯᠤᠰ ᠤᠨ ᠰᠢᠠᠵᠢᠯᠡᠬᠦ ᠤᠬᠠᠭᠠᠨ ᠤ ᠬᠦᠷᠢᠶᠠᠯᠠᠩ᠂ ᠲᠠᠷᠢᠶᠠᠯᠠᠩ ᠤᠨ ᠰᠢᠡᠵᠢᠯᠡᠬᠦ ᠤᠬᠠᠭᠠᠨ ᠤ ᠬᠦᠷᠢᠶᠠᠯᠠᠩ ᠵᠡᠷᠭᠡ ᠰᠤᠳᠤᠯᠭᠠᠨ ᠤ | ᠬᠦᠷᠢᠶᠠᠯᠠᠩ ᠯᠦᠭᠡ ᠶᠢᠨ ᠰᠤᠯᠢᠯᠴᠠᠭ᠎ᠠ ᠬᠠᠮᠳᠤᠷᠠᠯᠴᠠᠭ᠎ᠠ ᠪᠠᠨ ᠲᠠᠰᠤᠷᠠᠯᠳᠡ ᠦᠭᠡᠢ ᠴᠢᠩᠭᠠᠳᠬᠠᠵᠥ᠂ ᠦᠷ᠎ᠡ ᠪᠦᠳᠦᠮᠵᠢ ᠶᠢ ᠬᠤᠪᠢᠷᠠᠭᠤᠯᠬᠤ ᠲᠠᠯ᠎ᠠ ᠪᠠᠷ ᠰᠢᠨ᠎ᠡ | ᠰᠢᠪᠳᠤᠯᠤᠯᠳᠡ ᠲᠠᠢ ᠪᠤᠯᠭᠠᠨ᠎ᠠ᠃ ︽ᠴᠢᠳᠠᠪᠤᠷᠢᠳᠠᠨ ᠢᠶᠠᠷ ᠬᠤᠰᠢᠭᠤ ᠪᠠᠨ ᠬᠦᠴᠦᠷᠭᠡᠭᠵᠢᠬᠦᠯᠬᠦ︾ ᠪᠠᠶᠢᠯᠳᠤᠬᠤ ᠪᠤᠳᠤᠯᠭ᠎ᠠ ᠶᠢ ᠬᠦᠡᠵᠡᠭᠡᠢ ᠭᠡᠷᠡᠭᠵᠢᠬᠦᠯᠵᠥ᠂ | ᠴᠢᠳᠠᠪᠤᠷᠢᠳᠠᠨ ᠢ ᠤᠷᠮᠠᠰᠢᠭᠤᠯᠬᠤ ᠲᠦᠷᠦ ᠶᠢᠨ ᠪᠤᠳᠤᠯᠭ᠎ᠠ ᠶᠢ ᠲᠡᠭᠦᠯᠳᠡᠷᠵᠢᠬᠦᠯᠵᠥ᠂ ᠨᠢᠭᠡ ᠪᠦᠯᠦᠭ ᠭᠡᠷᠡᠭᠯᠡᠭᠡᠨ ᠤ ᠴᠢᠳᠠᠪᠤᠷᠢᠳᠠᠨ ᠪᠤᠯᠤᠨ ᠰᠢᠨ᠎ᠡ ᠶᠢ ᠡᠬᠦᠳᠬᠦ | ᠡᠩᠨᠨᠡᠭᠡ ᠶᠢ ᠪᠤᠶᠢᠵᠢᠭᠤᠯᠬᠤ ᠪᠠ ᠤᠷᠢᠵᠥ ᠤᠷᠤᠭᠤᠯᠤᠨ᠎ᠠ᠃ ᠰᠢᠨ᠎ᠡ ᠶᠢ ᠡᠬᠦᠳᠬᠦ ᠦᠢᠯᠡᠰ ᠪᠦᠳᠦᠭᠡᠬᠦ ᠰᠠᠭᠤᠷᠢᠨ ᠭᠠᠵᠠᠷ ᠤᠨ ᠪᠦᠳᠦᠭᠡᠨ ᠪᠠᠶᠢᠭᠤᠯᠤᠯᠳᠡ ᠶᠢ | ᠴᠢᠩᠭᠠᠳᠬᠠᠵᠦ᠂ ᠬᠦᠰᠠᠯ ᠡᠷᠡᠮᠡᠯᠵᠡᠯ ᠲᠠᠢ᠂ ᠪᠤᠳᠠᠳᠤ ᠬᠦᠴᠦᠨ ᠲᠠᠢ᠂ ᠤᠷ᠎ᠠ ᠮᠡᠷᠭᠡᠵᠢᠯ ᠲᠠᠢ ᠦᠢᠯᠡᠰ ᠪᠦᠳᠦᠭᠡᠭᠴᠢᠤᠨ ᠤᠨ ᠲᠤᠬᠠᠢ ᠶᠢᠨ ᠭᠠᠵᠠᠷ ᠲᠤ ᠢᠷᠡᠵᠥ | ᠦᠢᠯᠡᠰ ᠪᠦᠳᠦᠭᠡᠬᠦ ᠶᠢ ᠵᠤᠷᠢᠭᠵᠢᠭᠤᠯᠤᠨ᠂ ︽ᠨᠡᠶᠢᠳᠡ ᠪᠠᠷ ᠢᠶᠠᠨ ᠦᠢᠯᠡᠰ ᠪᠦᠳᠦᠬᠡᠬᠦ᠂ ᠪᠦᠬᠦᠳᠡᠭᠡᠷ ᠢᠶᠠᠨ ᠰᠢᠨ᠎ᠡ ᠶᠢ ᠡᠬᠦᠳᠬᠦ︾ ᠰᠠᠶᠢᠨ ᠰᠠᠶᠢᠬᠠᠨ ᠬᠡᠪ ᠵᠠᠩᠰᠢᠯ | ᠲᠠᠢ ᠪᠤᠯᠭᠠᠨ᠎ᠠ᠃ | ᠭᠤᠷᠪᠠ ᠳᠤ᠂ ᠠᠷᠠᠯᠵᠢᠶᠠᠴᠢᠨ ᠤᠷᠢᠵᠥ ᠪᠡᠯᠡ ᠮᠦᠩᠬᠦ ᠲᠠᠳᠠᠬᠤ ᠶᠢ ᠶᠡᠭᠡᠪᠡᠷ ᠲᠦᠯᠬᠢᠨ ᠠᠬᠢᠭᠤᠯᠤᠨ᠎ᠠ᠃ ᠠᠷᠠᠯᠵᠢᠶᠠᠴᠢᠨ ᠤᠷᠢᠵᠥ ᠪᠡᠯᠡ ᠮᠦᠩᠬᠦ ᠲᠠᠳᠠᠬᠤ | ᠬᠦᠴᠦᠯᠡᠴᠡ ᠶᠢ ᠨᠡᠮᠡᠭᠳᠡᠬᠦᠯᠵᠥ᠂ ᠲᠤᠮᠤ ᠶᠡᠭᠡ ᠲᠦᠷᠦᠯ ᠵᠦᠢᠯ ᠢ ᠲᠦᠯᠦᠪᠵᠢᠬᠦᠯᠦᠨ ᠨᠦᠭᠡᠴᠡᠯᠡᠬᠦ ᠶᠢ ᠰᠠᠶᠢᠳᠦᠷ ᠬᠢᠵᠥ᠂ ᠬᠤᠶᠢᠨᠠᠬᠢ ᠦᠢᠯᠡᠴᠢᠯᠡᠭᠡ ᠶᠢ | ᠴᠢᠭᠭᠠᠳᠬᠠᠨ᠂ ᠠᠵᠤ ᠦᠢᠯᠡᠰ ᠤᠨ ᠲᠡᠰ ᠲᠠᠪᠬᠤᠷᠭ᠎ᠠ ᠦᠡᠳᠦᠷ᠂ ᠬᠦᠷᠢᠶ᠎ᠠ ᠭᠡᠪᠴᠢᠶ᠎ᠠ ᠪᠠᠷ ᠶᠡᠭᠡ᠂ ᠲᠠᠳᠠᠬᠤ ᠬᠦᠴᠦᠨ ᠲᠠᠢ ᠬᠡᠰᠡᠭ ᠲᠦᠷᠦᠯ ᠵᠦᠢᠯ ᠢ ᠨᠠᠷᠢᠯᠢᠭ | ᠲᠦᠯᠦᠪᠵᠢᠬᠦᠯᠦᠨ ᠴᠢᠮᠡᠭᠯᠡᠵᠥ᠂ ᠬᠠᠨᠳᠤᠯᠭ᠎ᠠ ᠲᠠᠢ ᠪᠠᠷ ᠠᠷᠠᠯᠵᠢᠶᠠᠴᠢᠨ ᠤᠷᠢᠨ᠎ᠠ᠃ ᠵᠠᠰᠠᠭ ᠤᠨ ᠤᠷᠳᠤᠨ ᠤ ᠬᠦᠳᠦᠯᠦᠨ ᠵᠢᠯᠤᠭᠤᠳᠬᠤ ᠦᠢᠯᠡᠳᠦᠯ ᠢ | ᠪᠠᠳᠠᠷᠠᠭᠤᠯᠵᠥ᠂ ᠬᠦᠢᠯᠭᠡᠭᠡᠨ ᠤ ᠪᠡᠯᠡ ᠮᠦᠩᠬᠦ ᠤᠷᠤᠭᠤᠯᠬᠤ ᠲᠠᠪᠴᠠᠩ ᠤᠨ ᠪᠠᠶᠢᠭᠤᠯᠤᠯᠳᠡ ᠶᠢ ᠰᠠᠶᠢᠳᠤᠷ ᠠᠳᠬᠤᠵᠥ᠂ ᠲᠦᠷᠦᠯ ᠵᠦᠢᠯ ᠤᠨ ᠪᠦᠳᠦᠭᠡᠨ | ᠪᠠᠶᠢᠭᠤᠯᠤᠯᠳᠡ ᠶᠢᠨ ᠪᠡᠯᠡ ᠮᠦᠩᠬᠦ ᠶᠢ ᠤᠯᠠᠨ ᠠᠷᠭ᠎ᠠ ᠵᠠᠮ ᠢᠶᠠᠷ ᠴᠤᠭᠯᠠᠭᠤᠯᠵᠥ᠂ ᠠᠵᠤ ᠠᠬᠤᠶᠢᠯᠠᠯ ᠳᠤ ᠰᠠᠶᠢᠨ ᠰᠠᠶᠢᠬᠠᠨ ᠮᠦᠩᠬᠦᠨ ᠬᠦᠢᠯᠭᠡᠭᠡᠨ ᠤ | ᠦᠢᠯᠡᠴᠢᠯᠡᠭᠡ ᠬᠠᠩᠭᠠᠨ᠎ᠠ᠃ ᠬᠠᠮᠢᠶᠠᠷᠤᠯᠳᠠ ᠶᠢᠨ ᠦᠷ᠎ᠡ ᠪᠦᠳᠦᠮᠵᠢ ᠪᠠᠷ ᠦᠡᠳᠦᠷ᠂ ᠪᠦᠳᠦᠴᠠ ᠨᠢ ᠵᠤᠬᠢᠰᠳᠠᠢ᠂ ᠦᠪᠡᠷ ᠤᠨ ᠦᠷᠳᠡᠭ ᠢ ᠨᠢ ᠳᠠᠭᠠᠭᠠᠵᠦ ᠲᠠᠶᠢᠯᠬᠦ | ᠵᠠᠰᠠᠭ ᠤᠨ ᠤᠷᠳᠤᠨ ᠤ ᠪᠠᠯᠡ ᠤᠷᠤᠭᠤᠯᠤᠯᠳᠠ ᠶᠢᠨ ᠲᠦᠷᠦᠯ ᠵᠦᠢᠯ ᠤᠨ ᠮᠦᠩᠬᠦᠨ ᠬᠦᠢᠯᠭᠡᠭᠡᠨ ᠤ ᠲᠤᠭᠳᠠᠴᠠ ᠶᠢᠨ ᠰᠢᠨ᠎ᠡ ᠶᠢ ᠡᠭᠦᠳᠴᠦ᠂ ᠠᠷᠠᠤᠨ ᠤᠨ | ᠲᠤᠮᠳᠠᠬᠢ ᠬᠦᠷᠦᠩᠭᠡ ᠮᠦᠩᠬᠦ ᠶᠢᠨ ᠭᠤᠤᠯᠳᠠᠯᠭ᠎ᠠ ᠲᠠᠢ ᠰᠠᠭᠤᠷᠢ ᠲᠦᠭᠦᠭᠡᠷᠦᠮᠵᠢ ᠶᠢᠨ ᠪᠦᠳᠦᠭᠡᠨ ᠪᠠᠶᠢᠭᠤᠯᠤᠯᠳᠡ ᠶᠢᠨ ᠲᠦᠷᠦᠯ ᠵᠦᠢᠯ ᠳᠤ ᠤᠷᠤᠬᠤ ᠶᠢ | ᠵᠤᠷᠢᠭᠵᠢᠭᠤᠯᠤᠨ ᠲᠠᠮᠵᠢᠨ᠎ᠡ᠃ ᠤᠯᠤᠰ ᠤᠨ ᠦᠮᠴᠢᠯᠡᠯᠳᠤ ᠪᠡᠯᠡ ᠤᠷᠤᠭᠤᠯᠬᠤ ᠺᠤᠮᠫᠠᠨᠢ ᠳᠤ ᠲᠦᠰᠢᠭᠯᠡᠨ᠂ ᠬᠦᠷᠦᠩᠭᠡ ᠶᠢ ᠪᠡᠯᠡ ᠮᠦᠩᠬᠦ ᠪᠤᠯᠭᠠᠨ ᠬᠤᠪᠢᠷᠠᠭᠤᠯᠬᠤ | ᠶᠢ ᠲᠦᠷᠭᠡᠳᠭᠡᠵᠦ᠂ ᠵᠠᠰᠠᠭ ᠤᠨ ᠤᠷᠳᠤᠨ ᠤ ᠲᠤᠮᠤ ᠶᠡᠭᠡ ᠪᠡᠯᠡ ᠤᠷᠤᠭᠤᠯᠤᠯᠳᠡ ᠶᠢᠨ ᠲᠦᠷᠦᠯ ᠵᠦᠢᠯ ᠤᠨ ᠪᠡᠯᠡ ᠮᠦᠩᠬᠦ ᠶᠢᠨ ᠪᠤᠭᠤᠮᠢ ᠶᠢᠨ ᠬᠦᠯᠢᠶᠡᠰᠦᠯᠡᠯ ᠢ | ᠰᠢᠢᠳᠪᠤᠷᠢᠯᠡᠨ᠎ᠡ᠃ ᠲᠤᠮᠳᠡ ᠵᠢᠵᠢᠭ ᠠᠵᠤ ᠠᠬᠤᠶᠢᠯᠠᠯ ᠵᠢᠴᠢ ᠲᠠᠷᠢᠶᠠᠴᠢᠨ ᠮᠠᠯᠴᠢᠤᠨ ᠲᠤ ᠢᠳᠡᠭᠡᠮᠵᠢᠳᠤ ᠵᠢᠭᠡᠯᠡᠯᠭᠡ ᠶᠢᠨ ᠲᠡᠮᠵᠢᠯᠭᠡ ᠦᠵᠡᠬᠦᠯᠬᠦ ᠬᠦᠴᠦᠯᠡᠴᠡ ᠶᠢ | ᠦᠷᠬᠦᠯᠵᠢᠯᠡᠨ ᠨᠡᠮᠡᠭᠳᠡᠬᠦᠯᠵᠥ᠂ ᠲᠤᠬᠠᠶᠢᠯᠠᠭᠰᠠᠨ ᠠᠵᠢᠯ ᠤᠨ ᠲᠦᠷᠦᠯ ᠵᠦᠢᠯ ᠢ ᠡᠯᠪᠡᠭᠵᠢᠬᠦᠯᠦᠨ᠂ ᠬᠦᠢᠯᠭᠡᠭᠡᠨ ᠤ ᠪᠡᠯᠡ ᠮᠦᠩᠬᠦ ᠶᠢᠨ ᠠᠷᠭ᠎ᠠ ᠵᠠᠮ ᠢ ᠦᠷᠭᠡᠳᠭᠡᠨ᠎ᠡ | ᠃ ᠤᠯᠠᠨ ᠨᠡᠶᠢᠳᠡ ᠶᠢᠨ ᠡᠬᠢ ᠪᠠᠶᠠᠯᠢᠭ ᠤᠨ ᠠᠷᠠᠯᠵᠢᠶᠠᠨ ᠤ ᠦᠢᠯᠡ ᠠᠵᠢᠯᠯᠠᠭ᠎ᠠ ᠶᠢ ᠰᠢᠯᠢᠳᠡᠭᠵᠢᠬᠦᠯᠦᠨ᠂ ᠲᠠᠭᠠᠭᠠᠴᠢᠯᠠᠯᠳᠠ ᠵᠠᠷᠯᠠᠬᠤ ᠪᠠ ᠬᠦᠯᠢᠶᠠᠬᠦ ᠠᠴᠠ | ᠡᠮᠤᠨᠡᠬᠢ ᠬᠢᠨᠠᠨ ᠪᠠᠶᠢᠴᠠᠭᠠᠯᠳᠠ ᠶᠢ ᠴᠢᠩᠭᠠᠳᠬᠠᠵᠥ᠂ ᠡᠷᠡᠭᠦᠯ ᠪᠤᠰᠤ ᠠᠵᠤ ᠠᠬᠤᠶᠢᠯᠠᠯ ᠤᠨ ᠦᠢᠯᠡ ᠠᠵᠢᠯᠯᠠᠭ᠎ᠠ ᠶᠢᠨ ᠪᠦᠷᠢᠳᠭᠡᠯ ᠤᠨ ᠨᠠᠷᠠᠰ ᠪᠤᠯᠤᠨ ᠤᠷᠤᠯᠠᠨ | ᠬᠦᠢᠴᠡᠳᠭᠡᠬᠦ ᠪᠠᠶᠢᠭᠤᠯᠤᠮᠵᠢ ᠶᠢᠨ ᠢᠳᠡᠭᠡᠮᠵᠢ ᠶᠢᠨ ᠬᠤᠪᠢ ᠶᠢ ᠢᠯᠡ ᠨᠡᠶᠢᠳᠡᠯᠡᠬᠦ ᠲᠦᠷᠢᠮ ᠢ ᠪᠠᠶᠢᠭᠤᠯᠤᠨ᠎ᠠ᠃ ᠬᠢᠨᠡᠨ ᠵᠦᠪᠰᠢᠶᠡᠷᠡᠬᠦ ᠭᠤᠭᠴᠤᠭ᠎ᠠ ᠶᠢ | ᠲᠦᠭᠦᠮᠴᠢᠯᠠᠨ ᠰᠢᠯᠢᠳᠡᠭᠵᠢᠬᠦᠯᠵᠥ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠴᠢᠨᠠᠷ ᠢ ᠲᠡᠭᠡᠭᠰᠢᠯᠡᠬᠦᠯᠦᠨ᠎ᠡ᠃ ᠵᠠᠰᠠᠭ ᠵᠠᠬᠢᠷᠭᠠᠨ ᠤ ᠵᠦᠪᠰᠢᠶᠠᠷᠠᠯ ᠪᠤᠯᠤᠨ ᠵᠠᠰᠠᠭ | ᠵᠠᠬᠢᠷᠭᠠᠨ ᠤ ᠦᠢᠯᠡᠴᠢᠯᠡᠭᠡᠨ ᠤ ᠬᠡᠷᠡᠭ ᠶᠠᠪᠤᠳᠠᠯ ᠢ ᠰᠦᠯᠵᠢᠶᠡᠨ ᠲᠠᠭᠡᠷ᠎ᠡ ᠬᠢᠨᠠᠨ ᠵᠦᠪᠰᠢᠶᠠᠷᠡᠬᠦ ᠰᠢᠰᠲ᠋ᠧᠮ ᠤᠨ ᠪᠠᠶᠢᠭᠤᠯᠤᠯᠳᠠ ᠶᠢ ᠲᠦᠷᠭᠡᠳᠭᠡᠨ᠂ ᠨᠡᠶᠢᠳᠡ ᠤᠯᠠᠨ | ᠤ ᠠᠵᠢᠯ ᠡᠷᠬᠢᠯᠡᠬᠦ ᠦᠪᠡᠷ ᠤᠨ ᠦᠷᠳᠡᠭ ᠢ ᠪᠠᠭᠤᠷᠠᠭᠤᠯᠵᠥ᠂ ᠵᠠᠰᠠᠭ ᠵᠠᠬᠢᠷᠭᠠᠨ ᠤ ᠵᠦᠪᠰᠢᠶᠠᠷᠠᠯ ᠢ ᠵᠠᠰᠠᠭ ᠵᠠᠬᠢᠷᠭᠠᠨ ᠤ ᠦᠢᠯᠡᠴᠢᠯᠡᠭᠡᠨ ᠤ ᠭᠡᠷᠡᠭ ᠶᠠᠪᠤᠳᠠᠯ ᠤᠨ | ᠬᠠᠮᠢᠶᠠᠷᠤᠯᠳᠠ ᠶᠢᠨ ᠰᠢᠰᠲ᠋ᠧᠮ ᠪᠤᠯᠤᠨ ᠡᠯᠧᠺᠲᠷᠤᠨ ᠬᠢᠨᠠᠨ ᠪᠠᠶᠢᠴᠠᠭᠠᠬᠤ ᠰᠢᠰᠲ᠋ᠧᠮ ᠲᠠᠢ ᠵᠠᠪᠰᠠᠷ ᠦᠬᠡᠢ ᠵᠤᠯᠭᠠᠭᠤᠯᠬᠤ ᠶᠢ ᠠᠯᠬᠤᠮ ᠠᠯᠬᠤᠮ ᠢᠶᠠᠷ | ᠪᠡᠶᠡᠯᠡᠬᠦᠯᠦᠨ᠎ᠠ᠃ | ︵ᠲᠦᠷᠪᠡ︶ ᠠᠷᠠᠤᠨ ᠤᠨ ᠠᠮᠢᠳᠤᠷᠠᠯ ᠤᠨ ᠬᠠᠮᠳᠤᠪᠠᠷ ᠡᠳ᠋ᠯᠠᠬᠦ ᠬᠦᠭᠵᠢᠯᠳᠡ ᠳᠤ ᠳᠠᠬᠢᠨ ᠰᠢᠨ᠎ᠡ ᠬᠠᠭᠤᠳᠠᠰᠦ ᠶᠢ ᠪᠢᠴᠢᠭᠯᠡᠨ᠎ᠡ | ᠨᠢᠭᠡ ᠳᠤ᠂ ᠠᠷᠠᠤᠨ ᠤᠨ ᠠᠮᠢᠳᠤᠷᠠᠯ ᠤᠨ ᠪᠠᠳᠤᠯᠠᠭ᠎ᠠ ᠶᠢ ᠴᠢᠩᠭᠠᠳᠬᠠᠨ᠎ᠡ᠃ ᠠᠮᠢᠳᠤᠷᠠᠯ ᠤᠨ ᠨᠠᠭᠠᠳᠤ ᠵᠠᠬ᠎ᠠ ᠶᠢᠨ ᠪᠠᠳᠤᠯᠠᠭ᠎ᠠ ᠠᠪᠴᠦ ᠪᠠᠶᠢᠭ᠎ᠠ ᠪᠠ | ᠬᠦᠡᠳᠦ ᠡᠪᠡᠳᠴᠢᠳᠡᠤᠨ ᠤᠨ ᠦᠡᠳᠦᠰᠦᠨ ᠠᠮᠢᠳᠤᠷᠠᠯ ᠢ ᠪᠠᠳᠤᠯᠠᠨ ᠲᠤᠰᠠᠯᠠᠬᠤ ᠠᠵᠢᠯ ᠢ ᠰᠠᠶᠢᠳᠦᠷ ᠬᠢᠵᠥ᠂ ᠬᠤᠳᠡ ᠬᠦᠳᠡᠭᠡ ᠶᠢᠨ ᠠᠮᠢᠳᠤᠷᠠᠯ ᠤᠨ ᠨᠠᠭᠠᠳᠣ ᠵᠠᠬ᠎ᠠ | ᠶᠢᠨ ᠪᠠᠳᠤᠯᠠᠭ᠎ᠠ ᠶᠢ ᠨᠢᠭᠡ ᠴᠤᠭᠴᠠᠵᠢᠭᠤᠯᠬᠤ ᠬᠠᠷᠠᠯᠳᠡ ᠶᠢ ᠪᠡᠶᠡᠯᠡᠬᠦᠯᠬᠦ ᠪᠠᠷ ᠴᠢᠷᠮᠠᠶᠢᠨ᠎ᠠ᠃ ᠶᠠᠳᠠᠭᠤ ᠶᠢ ᠲᠡᠳᠬᠦᠬᠦ ᠠᠵᠢᠯ ᠤᠨ ︽ᠶᠠᠳᠠᠭᠤ ᠠᠴᠠ ᠵᠠᠪᠠᠯ ᠪᠦᠬᠦᠨ ᠢ | ᠠᠩᠬᠢᠵᠢᠷᠠᠭᠤᠯᠬᠤ︾ ᠡᠭᠦᠷᠭᠡ ᠶᠢ ᠪᠡᠶᠡᠯᠡᠬᠦᠯᠬᠦ ᠲᠠᠢ ᠵᠤᠯᠭᠠᠭᠤᠯᠵᠥ᠂ ᠠᠵᠤ ᠦᠢᠯᠡᠰ ᠢᠶᠠᠷ ᠨᠠᠷᠢᠯᠢᠭ ᠤᠨᠤᠪᠴᠢᠳᠡᠢ ᠶᠠᠳᠠᠭᠤ ᠶᠢ ᠲᠡᠳᠬᠦᠬᠦ ᠶᠢ ᠲᠦᠯᠬᠢᠨ | ᠠᠬᠢᠭᠤᠯᠵᠥ᠂ ᠪᠤᠰᠤᠤᠨ ᠭᠠᠵᠠᠷ ᠲᠤ ᠨᠡᠬᠦᠯᠭᠡᠨ ᠰᠢᠯᠵᠢᠬᠦᠯᠵᠦ ᠶᠠᠳᠠᠭᠤ ᠶᠢ ᠲᠡᠳᠬᠦᠬᠦ ᠲᠦᠷᠦᠯ ᠵᠦᠢᠯ ᠢ ᠭᠡᠷᠡᠭᠵᠢᠬᠦᠯᠵᠥ᠂ ᠪᠦᠬᠦᠨ ᠢ ᠶᠠᠳᠠᠭᠤ ᠠᠴᠠ ᠨᠢ | ᠠᠩᠬᠢᠵᠢᠷᠠᠭᠤᠯᠤᠨ᠎ᠠ᠃ ᠪᠠᠶᠢᠭᠤᠯᠭ᠎ᠠ ᠠᠵᠢᠯ ᠦᠢᠯᠡᠰ ᠤᠨ ᠨᠢᠭᠡᠴᠡ ᠶᠢᠨ ᠨᠠᠰᠤᠵᠢᠯ ᠤᠨ ᠲᠠᠭᠠᠳᠬᠠᠯ ᠤᠨ ᠲᠦᠷᠢᠮ ᠤᠨ ᠦᠭᠡᠷᠡᠴᠢᠯᠡᠯᠳᠡ ᠶᠢ ᠲᠦᠯᠬᠢᠨ ᠠᠬᠢᠭᠤᠯᠵᠥ | ᠂ ᠨᠠᠰᠤᠵᠢᠯ ᠤᠨ ᠲᠠᠭᠠᠳᠬᠠᠯ ᠤᠨ ᠲᠦᠭᠡᠮᠡᠯ ᠬᠠᠷᠠᠭᠠᠯᠵᠠᠬᠤ ᠲᠦᠷᠢᠮ ᠢ ᠭᠡᠷᠡᠭᠵᠢᠬᠦᠯᠵᠥ᠂ ᠪᠦᠬᠦ ᠬᠤᠰᠢᠭᠤᠨ ᠤ ᠪᠦᠬᠦᠯᠢ 60 ᠨᠠᠰᠤᠨ ᠠᠴᠠ ᠲᠠᠭᠡᠭᠰᠢᠬᠢ | ᠨᠠᠰᠤᠳᠠᠶᠢᠴᠤᠤᠨ ᠢ ᠪᠦᠬᠦᠨ ᠢ ᠨᠠᠰᠤᠵᠢᠯ ᠤᠨ ᠲᠠᠭᠠᠳᠬᠠᠯ ᠳᠤ ᠤᠷᠤᠭᠤᠯᠤᠨ᠎ᠠ᠃ ᠡᠮ ᠡᠮᠨᠡᠯᠭᠡ ᠶᠢᠨ ᠲᠠᠭᠠᠳᠬᠠᠯ ᠪᠤᠯᠤᠨ ᠬᠦᠳᠡᠭᠡ ᠲᠤᠰᠬᠤᠨ ᠤ ᠰᠢᠨ᠎ᠠ ᠬᠡᠯᠪᠡᠷᠢ | ᠶᠢᠨ ᠬᠤᠷᠰᠢᠭᠰᠠᠨ ᠡᠮ ᠡᠮᠨᠡᠯᠭᠡ ᠶᠢᠨ ᠲᠠᠭᠠᠳᠬᠠᠯ ᠤᠨ ᠦᠷᠬᠦᠯᠵᠢᠯᠡᠯ ᠠᠵᠢᠯ ᠢ ᠰᠠᠶᠢᠳᠦᠷ ᠬᠢᠵᠥ᠂ ᠨᠡᠶᠢᠭᠡᠮ ᠤᠨ ᠲᠠᠭᠠᠳᠬᠠᠯ ᠤᠨ ᠪᠦᠷᠬᠦᠴᠡ ᠶᠢᠨ ᠬᠡᠮᠵᠢᠶ᠎ᠡ ᠶᠢ | ᠦᠷᠬᠦᠯᠵᠢᠯᠡᠨ ᠦᠷᠭᠡᠳᠭᠡᠨ᠎ᠡ᠃ ᠬᠤᠶᠠᠷ ᠢ ᠬᠦᠷᠢᠶᠠᠯᠡᠬᠦ ᠬᠠᠷᠠᠭᠠᠯᠵᠠᠨ ᠲᠦᠪᠬᠢᠨᠠᠬᠦᠯᠬᠦ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠵᠥ᠂ ᠴᠡᠷᠢᠭ ᠠᠩᠬᠢ ᠪᠠ | ᠤᠷᠤᠨ ᠨᠤᠳᠤᠭ ᠬᠠᠮᠳᠤᠪᠠᠷ ᠪᠠᠶᠢᠭᠤᠯᠬᠤ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠤᠯᠭᠠᠨ᠎ᠠ᠃ ᠪᠠᠭ᠎ᠠ ᠲᠤᠭᠠᠨ ᠤ ᠪᠠᠳᠤᠯᠠᠭᠠᠳᠦ ᠵᠢᠭᠡᠯᠡᠯᠭᠡ᠂ ᠨᠡᠶᠢᠭᠡᠮ ᠤᠨ | ᠲᠠᠭᠠᠳᠬᠠᠯ ᠤᠨ ᠨᠦᠭᠦᠪᠤᠷᠢ ᠵᠡᠷᠭᠡ ᠠᠵᠢᠯ ᠤᠯᠭᠤᠵᠥ ᠲᠡᠮᠵᠢᠬᠦ ᠲᠦᠷᠦ ᠶᠢᠨ ᠪᠤᠳᠤᠯᠭ᠎ᠠ ᠶᠢ ᠲᠤᠤᠱᠯᠠᠭᠤᠯᠤᠨ ᠭᠡᠷᠡᠭᠵᠢᠬᠦᠯᠵᠥ᠂ ᠠᠵᠢᠯ ᠤᠯᠭᠤᠬᠤ ᠠᠵᠢᠯ ᠤᠨ | ᠪᠠᠶᠢᠷᠢ ᠶᠢ ᠤᠯᠠᠨ ᠠᠷᠭ᠎ᠠ ᠵᠠᠮ ᠢᠶᠠᠷ ᠨᠡᠭᠡᠭᠡᠨ᠎ᠡ᠃ ︽ᠢᠯᠡ ᠪᠠᠷ ᠲᠠᠳᠠᠪᠤᠷᠢᠯᠠᠬᠤ︾ ᠶᠢ ᠪᠠᠷᠢᠮᠳᠠᠯᠠᠵᠥ᠂ ᠲᠦᠭᠦᠮ ᠪᠦᠳᠦᠴᠡᠳᠦ ᠤᠷᠤᠨ ᠰᠠᠭᠤᠴᠠ ᠶᠢᠨ | ᠦᠭᠡᠷᠡᠴᠢᠯᠡᠯᠳᠡ ᠶᠢ ᠲᠦᠯᠬᠢᠨ ᠠᠬᠢᠭᠤᠯᠵᠥ᠂ ᠡᠯ᠎ᠡ ᠲᠦᠷᠦᠯ ᠤᠨ ᠪᠠᠳᠤᠯᠠᠭ᠎ᠠ ᠶᠢᠨ ᠴᠢᠨᠡᠷᠳᠡᠢ ᠤᠷᠤᠨ ᠰᠠᠭᠤᠴᠠ ᠶᠢᠨ ᠢᠡᠵᠧᠨᠧᠷᠢᠩ ᠢ ᠪᠦᠬᠦ ᠲᠠᠯ᠎ᠠ ᠪᠠᠷ | ᠭᠡᠷᠡᠭᠵᠢᠬᠦᠯᠦᠨ᠎ᠡ᠃ | ᠬᠤᠶᠠᠷ ᠲᠤ᠂ ᠨᠡᠶᠢᠭᠡᠮ ᠤᠨ ᠠᠵᠢᠯ ᠦᠢᠯᠡᠰ ᠢ ᠬᠦᠭᠵᠢᠬᠦᠯᠦᠨ᠎ᠡ᠃ ᠦᠠᠳᠦᠰᠦᠳᠡᠨ ᠤ ᠪᠦᠯᠬᠦᠮᠳᠡᠯ ᠤᠨ ︽ᠵᠢᠷᠭᠤᠭ᠎ᠠ ᠶᠢ ᠤᠷᠤᠭᠤᠯᠬᠤ︾ ᠭᠤᠤᠯ ᠵᠠᠮ | ᠤᠨ ᠦᠢᠯᠡᠳᠦᠯ ᠢ ᠪᠠᠳᠠᠷᠠᠭᠤᠯᠵᠥ᠂ ᠡᠭᠦᠳᠦᠨ ᠪᠠᠶᠢᠭᠤᠯᠬᠤ ᠠᠵᠢᠯ ᠤᠨ ᠨᠢᠭᠡ ᠪᠦᠯᠦᠭ ᠵᠢᠱᠢᠶ᠎ᠠ ᠦᠵᠡᠬᠦᠯᠬᠦ ᠨᠢᠭᠡᠴᠡ ᠶᠢ ᠪᠤᠢ ᠪᠤᠯᠭᠠᠵᠥ᠂ ᠪᠦᠬᠦ ᠤᠯᠤᠰ ᠤᠨ | ᠦᠡᠳᠦᠰᠦᠳᠡᠨ ᠤ ᠪᠦᠯᠬᠦᠮᠳᠠᠯ ᠲᠠᠪᠰᠢᠯᠳᠡ ᠶᠢᠨ ᠵᠢᠱᠢᠶ᠎ᠡ ᠦᠵᠡᠬᠦᠯᠬᠦ ᠬᠤᠰᠢᠭᠤᠨ ᠤ ᠡᠩᠨᠡᠭᠡᠨ ᠳᠤ ᠤᠷᠤᠬᠤ ᠪᠠᠷ ᠴᠢᠷᠮᠠᠶᠢᠨ᠎ᠠ᠃ ᠨᠡᠶᠢᠭᠡᠮ ᠤᠨ ᠡᠯ᠎ᠡ ᠵᠦᠢᠯ ᠤᠨ | ᠠᠵᠢᠯ ᠦᠢᠯᠡᠰ ᠤᠨ ᠵᠤᠬᠢᠴᠠᠩᠭᠤᠢ ᠪᠠᠷ ᠬᠦᠭᠵᠢᠬᠦ ᠶᠢ ᠪᠦᠬᠦ ᠲᠠᠯ᠎ᠠ ᠪᠠᠷ ᠠᠬᠢᠭᠤᠯᠵᠥ᠂ ᠠᠷᠠᠤᠨ ᠤᠯᠠᠨ ᠤ ᠲᠤᠰ ᠪᠡᠶ᠎ᠡ ᠶᠢᠨ ᠠᠰᠢᠭ ᠲᠤᠰᠠ ᠳᠤ ᠬᠤᠯᠪᠤᠭᠳᠠᠬᠤ | ᠪᠤᠳᠠᠳᠤ ᠠᠰᠠᠭᠤᠳᠠᠯ ᠢ ᠬᠦᠴᠦᠯᠡᠨ ᠰᠢᠢᠳᠪᠤᠷᠢᠯᠡᠨ᠎ᠡ᠃ 1.02 ᠳ᠋ᠦᠩᠰᠢᠭᠤᠷ ᠲᠦᠭᠦᠷᠢᠭ ᠤᠨ ᠪᠡᠯᠡ ᠤᠷᠤᠭᠤᠯᠵᠥ᠂ ᠰᠤᠶᠤᠯ᠂ ᠲᠠᠮᠢᠷ᠂ ᠰᠤᠷᠭᠠᠨ ᠬᠦᠮᠦᠵᠢᠯ᠂ | ᠡᠮ ᠡᠮᠨᠡᠯᠭᠡ᠂ ᠨᠠᠰᠤᠵᠢᠯ ᠤᠨ ᠲᠠᠭᠠᠳᠬᠠᠯ ᠵᠡᠷᠭᠡ ᠠᠷᠠᠤᠨ ᠤᠨ ᠠᠮᠢᠳᠤᠷᠠᠯ ᠤᠨ ᠲᠦᠷᠦᠯ ᠵᠦᠢᠯ ᠢ 15 ᠭᠡᠷᠡᠭᠵᠢᠬᠦᠯᠦᠨ᠎ᠡ᠃ ᠮᠤᠩᠭᠤᠯ ᠦᠬᠡ ᠬᠡᠯᠡ ᠦᠰᠦᠭ | ᠪᠢᠴᠢᠭ ᠢ ᠲᠦᠷᠢᠮᠵᠢᠬᠦᠯᠬᠦ ᠠᠬᠢᠴᠠ ᠶᠢ ᠲᠦᠷᠭᠡᠳᠭᠡᠨ᠎ᠡ᠃ ︽ᠪᠤᠭᠳᠠᠠᠭᠤᠯᠠ ᠶᠢᠨ ᠲᠠᠬᠢᠯᠭ᠎ᠠ︾ ᠶᠢ ᠤᠯᠤᠰ ᠤᠨ ᠲᠠᠰ ᠤᠨ ᠪᠤᠳᠠᠰ ᠤᠨ ᠪᠤᠰᠤ ᠰᠤᠶᠤᠯ ᠤᠨ ᠦᠪ | ᠤᠨ ᠠᠯᠳᠠᠷᠳᠠᠨ ᠤ ᠴᠠᠳᠢᠭ ᠲᠤ ᠤᠷᠤᠭᠤᠯᠬᠤ ᠪᠠᠷ ᠴᠢᠷᠮᠠᠶᠢᠨ᠎ᠠ᠃ ᠰᠤᠶᠤᠯ ᠲᠠᠮᠢᠷ ᠤᠨ ᠰᠠᠭᠤᠷᠢ ᠲᠦᠭᠦᠭᠡᠷᠦᠮᠵᠢ ᠶᠢᠨ ᠪᠦᠳᠦᠭᠡᠨ ᠪᠠᠶᠢᠭᠤᠯᠤᠯᠳᠡ ᠶᠢ | ᠴᠢᠩᠭᠠᠳᠬᠠᠵᠥ᠂ ᠰᠡᠭᠡᠭᠡᠳᠡᠨ ᠮᠦᠽᠸᠢ ᠶᠢ ᠲᠠᠰ ᠲᠡᠪᠰᠢᠬᠦᠯᠦᠨ ᠵᠠᠰᠠᠨ ᠰᠢᠨᠡᠳᠭᠡᠬᠦ ᠪᠠ ᠰᠤᠶᠤᠯ ᠤᠨ ᠤᠷᠳᠤᠨ ᠪᠤᠯᠤᠨ ᠨᠤᠮ ᠤᠨ ᠰᠠᠩ ᠢ ᠰᠢᠨ᠎ᠡ ᠪᠠᠷ ᠪᠠᠶᠢᠭᠤᠯᠬᠤ | ᠢᠡᠵᠧᠨᠧᠷᠢᠩ ᠢ ᠭᠡᠷᠡᠭᠵᠢᠬᠦᠯᠵᠥ᠂ ᠮᠦᠰᠦᠨ ᠲᠠᠯᠠᠪᠤᠷ᠂ ᠪᠦᠬᠦ ᠠᠷᠠᠤᠨ ᠢᠶᠠᠷ ᠢᠶᠠᠨ ᠪᠡᠶ᠎ᠡ ᠪᠤᠯᠪᠠᠰᠤᠷᠠᠭᠤᠯᠬᠤ ᠲᠠᠮᠢᠷ ᠤᠨ ᠲᠠᠯᠠᠪᠤᠷ᠂ ᠨᠠᠭᠠᠳᠤᠮ ᠤᠨ ᠬᠤᠷᠠᠯ ᠤᠨ | ᠲᠠᠯᠠᠪᠤᠷ ᠵᠡᠷᠭᠡ ᠲᠦᠷᠦᠯ ᠵᠦᠢᠯ ᠤᠨ ᠡᠮᠤᠨ᠎ᠡ ᠬᠤᠭᠤᠴᠠᠭᠠᠨ ᠤ ᠠᠵᠢᠯ ᠢ ᠲᠦᠯᠬᠢᠨ ᠠᠬᠢᠭᠤᠯᠤᠨ᠎ᠠ᠃ ᠪᠦᠬᠦ ᠠᠷᠠᠤᠨ ᠢᠶᠠᠷ ᠢᠶᠠᠨ ᠪᠡᠶ᠎ᠡ ᠪᠤᠯᠪᠠᠰᠤᠷᠠᠭᠤᠯᠬᠤ ᠪᠡᠶ᠎ᠡ | ᠶᠢᠨ ᠲᠠᠮᠢᠷ ᠤᠨ ᠰᠢᠷᠢᠰ ᠤᠷᠤᠯᠳᠤᠭᠠᠨ ᠪᠤᠯᠤᠨ ᠵᠠᠯᠠᠭᠤᠴᠤᠤᠨ ᠪᠠᠭᠠᠴᠤᠤᠨ ᠤᠨ ᠵᠢᠥᠳᠤᠤ ᠪᠦᠭᠡ ᠶᠢᠨ ᠤᠯᠠᠨ ᠤᠯᠤᠰ ᠤᠨ ᠤᠷᠢᠯᠭ᠎ᠠ ᠶᠢᠨ ᠤᠷᠤᠯᠳᠤᠭᠠᠨ ᠢ | ᠦᠷᠬᠦᠯᠵᠢᠯᠡᠨ ᠶᠠᠪᠤᠭᠳᠠᠭᠤᠯᠵᠥ᠂ ᠲᠤᠮᠳᠠᠳᠤ ᠤᠷᠤᠰ ᠮᠤᠩᠭᠤᠯ ᠭᠤᠷᠪᠠᠨ ᠤᠯᠤᠰ ᠤᠨ ᠵᠠᠯᠠᠭᠤᠴᠤᠤᠨ ᠪᠠᠭᠠᠴᠤᠤᠨ ᠤᠨ ᠵᠢᠥᠳᠤᠤ ᠪᠦᠭᠡ ᠶᠢᠨ ᠪᠤᠯᠪᠠᠰᠤᠷᠠᠯ ᠤᠨ | ᠰᠠᠭᠤᠷᠢᠨ ᠭᠠᠵᠠᠷ ᠪᠠᠶᠢᠭᠤᠯᠬᠤ ᠪᠠᠷ ᠲᠦᠯᠦᠪᠯᠡᠵᠥ᠂ ᠦᠪᠡᠷᠳᠡᠭᠡᠨ ᠵᠠᠰᠠᠬᠤ ᠤᠷᠤᠨ ᠤ ᠴᠦᠬᠡᠨ ᠲᠤᠭᠠᠳᠦ ᠦᠡᠳᠦᠰᠦᠳᠡᠨ ᠤ ᠤᠯᠠᠮᠵᠢᠯᠠᠯᠳᠦ ᠪᠡᠶ᠎ᠡ ᠶᠢᠨ ᠲᠠᠮᠢᠷ ᠤᠨ | ᠴᠤᠭᠯᠠᠭᠠᠨ ᠳᠤ ᠢᠳᠡᠪᠬᠢᠳᠡᠢ ᠤᠷᠤᠯᠴᠠᠨ᠎ᠠ᠃ ᠰᠤᠷᠭᠠᠭᠤᠯᠢ ᠶᠢᠨ ᠬᠦᠷᠢᠶᠠᠨ ᠤ ᠬᠦᠯ ᠪᠦᠮᠪᠦᠭᠡ᠂ ᠮᠦᠰᠦᠨ ᠪᠦᠮᠪᠦᠭᠡ ᠶᠢᠨ ᠨᠡᠷ᠎ᠡ ᠲᠡᠮᠳᠡᠭ ᠢ ᠪᠤᠢ ᠪᠤᠯᠭᠠᠵᠥ᠂ | ᠦᠷᠢᠰᠦᠯᠳᠦᠭᠡᠨ ᠤ ᠤᠷ᠎ᠠ ᠮᠡᠷᠭᠡᠵᠢᠯ ᠢ ᠲᠤᠭᠳᠠᠭᠤᠨ ᠢᠶᠠᠷ ᠲᠡᠭᠡᠭᠰᠢᠯᠡᠬᠦᠯᠦᠨ᠎ᠡ᠃ ᠭᠤᠷᠪᠠᠳᠤᠭᠠᠷ ᠦᠡᠳᠦᠰᠦᠳᠡᠨ ᠤ ᠬᠡᠤᠭᠡᠤᠨ ᠤᠨ ᠴᠡᠴᠡᠷᠯᠢᠩ ᠤᠨ ᠪᠦᠳᠦᠭᠡᠨ | ᠪᠠᠶᠢᠭᠤᠯᠤᠯᠳᠡ ᠶᠢᠨ ᠢᠡᠵᠧᠨᠧᠷᠢᠩ ᠢ ᠭᠡᠷᠡᠭᠵᠢᠬᠦᠯᠵᠥ᠂ ᠬᠤᠶᠠᠳᠤᠭᠠᠷ ᠬᠡᠤᠭᠡᠤᠨ ᠤᠨ ᠴᠡᠴᠡᠷᠯᠢᠩ ᠢ ᠦᠪᠡᠷᠳᠡᠭᠡᠨ ᠵᠠᠰᠠᠬᠤ ᠤᠷᠤᠨ ᠤ ᠵᠢᠱᠢᠶ᠎ᠠ ᠦᠵᠡᠬᠦᠯᠬᠦ | ᠴᠡᠴᠡᠷᠯᠢᠩ ᠢᠶᠠᠷ ᠮᠡᠳᠡᠬᠦᠯᠵᠥ᠂ ᠰᠢᠯᠢᠳᠡᠭ ᠪᠦᠭᠡᠤᠨ ᠪᠠᠶᠢᠷᠢᠯᠠᠭᠤᠯᠤᠯᠳᠡ ᠨᠢ ᠵᠤᠬᠢᠰᠳᠡᠢ ᠴᠡᠴᠡᠷᠯᠢᠭ ᠢ ᠪᠦᠷᠬᠦᠭᠦᠯᠦᠨ᠎ᠡ᠃ ᠵᠢᠭᠠᠨ ᠰᠤᠷᠭᠠᠬᠤ ᠶᠠᠰᠤ ᠴᠢᠨᠠᠷ ᠢ | ᠲᠡᠭᠡᠭᠰᠢᠯᠡᠬᠦᠯᠬᠦ ᠢᠡᠵᠧᠨᠧᠷᠢᠩ ᠢ ᠦᠷᠨᠢᠭᠦᠯᠵᠥ᠂ ᠰᠤᠷᠭᠠᠭᠤᠯᠢ ᠶᠢᠨ ᠬᠦᠷᠢᠶ᠎ᠡ ᠶᠢ ᠨᠠᠷᠢᠯᠢᠭ᠂ ᠠᠮᠤᠷ ᠲᠦᠪᠰᠢᠨ᠂ ᠬᠠᠤᠯᠢ ᠶᠤᠰᠤᠭᠠᠷ ᠬᠠᠮᠢᠶᠠᠷᠬᠤ ᠶᠢ ᠴᠩᠭᠠᠳᠬᠠᠵᠥ | ᠂ ᠰᠤᠷᠭᠠᠨ ᠬᠦᠮᠦᠵᠢᠯ ᠤᠨ ᠵᠢᠭᠠᠨ ᠰᠤᠷᠭᠠᠬᠤ ᠱᠠᠩᠨᠠᠯ ᠤᠨ ᠰᠠᠭᠤᠷᠢ ᠮᠦᠩᠬᠦ ᠶᠢ ᠪᠠᠶᠢᠭᠤᠯᠵᠥ᠂ ᠰᠤᠷᠭᠠᠨ ᠬᠦᠮᠦᠵᠢᠯ ᠤᠨ ᠰᠤᠷᠠᠭ ᠵᠠᠩᠬᠢᠴᠢᠯᠠᠯᠳᠡ ᠶᠢᠨ ᠬᠢᠷᠢ | ᠲᠦᠪᠰᠢᠨ ᠢ ᠲᠠᠭᠡᠭᠰᠢᠯᠡᠬᠦᠯᠵᠥ᠂ ᠤᠯᠤᠰ ᠤᠨ ᠠᠯᠪᠠᠨ ᠵᠢᠷᠤᠮ ᠤᠨ ᠰᠤᠷᠭᠠᠨ ᠬᠦᠮᠦᠵᠢᠯ ᠢ ᠲᠠᠩᠴᠠᠭᠦᠷᠢᠳᠡᠢ ᠬᠦᠭᠵᠢᠬᠦᠯᠬᠦ ᠶᠢ ᠬᠢᠨᠠᠨ ᠰᠢᠯᠭᠠᠬᠤ ᠠᠵᠢᠯ ᠢ | ᠤᠷᠤᠭᠰᠢᠳᠡᠢ ᠪᠡᠶᠡᠯᠡᠬᠦᠯᠦᠨ᠎ᠡ᠃ ︽ᠡᠷᠡᠭᠦᠯ ᠴᠢᠬᠢᠷᠠᠭ ᠰᠢᠨ᠎ᠡ ᠪᠠᠷᠭᠤ ᠪᠠᠷᠠᠭᠤᠨ ᠬᠤᠰᠢᠭᠤ︾ ᠶᠢᠨ ᠪᠦᠳᠦᠭᠡᠨ ᠪᠠᠶᠢᠭᠤᠯᠤᠯᠳᠡ ᠶᠢ ᠲᠦᠯᠬᠢᠨ ᠠᠬᠢᠭᠤᠯᠵᠥ᠂ ᠪᠦᠬᠦ | ᠠᠷᠠᠤᠨ ᠤᠨ ᠡᠷᠡᠬᠦᠯ ᠴᠢᠬᠢᠷᠠᠭ ᠤᠨ ᠤᠬᠠᠮᠰᠠᠷ ᠢ ᠲᠠᠭᠡᠭᠰᠢᠯᠡᠬᠦᠯᠦᠨ᠎ᠡ᠃ ᠮᠤᠩᠭᠤᠯ ᠡᠮ ᠡᠮᠨᠡᠯᠭᠡ ᠶᠢᠨ ᠦᠢᠯᠡᠰ ᠢ ᠬᠦᠭᠵᠢᠬᠦᠯᠦᠨ᠂ ᠮᠤᠩᠭᠤᠯ ᠡᠮᠨᠡᠯᠭᠡ ᠶᠢᠨ | ᠬᠤᠷᠢᠶ᠎ᠠ ᠶᠢ ᠪᠠᠶᠢᠭᠤᠯᠤᠨ ᠠᠰᠢᠭᠯᠠᠯᠳᠠ ᠳᠤ ᠤᠷᠤᠭᠤᠯᠤᠨ᠎ᠠ᠃ ᠡᠮ ᠡᠮᠨᠡᠯᠭᠡ ᠡᠷᠡᠬᠦᠯ ᠬᠠᠮᠠᠭᠠᠯᠠᠯ ᠤᠨ ᠪᠠᠶᠢᠭᠤᠯᠤᠮᠵᠢ ᠶᠢᠨ ᠦᠭᠡᠷᠡᠴᠢᠯᠡᠯᠳᠡ ᠶᠢ ᠬᠦᠡᠵᠡᠭᠡᠶᠢᠷᠡᠬᠦᠯᠵᠥ | ᠂ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ︽ᠬᠤᠶᠠᠳᠤᠭᠠᠷ ᠬᠦᠭᠡ ᠳᠡᠰ︾ ᠤᠨ ᠪᠠᠷᠢᠮᠵᠢᠶᠠᠨ ᠳᠤ ᠬᠦᠷᠬᠦ ᠶᠢ ᠲᠦᠷᠭᠡᠳᠭᠡᠨ᠎ᠠ᠃ ᠤᠯᠠᠨ | ᠨᠡᠶᠢᠳᠡ ᠶᠢᠨ ᠦᠡᠳᠦᠰᠦᠨ ᠡᠷᠡᠬᠦᠯ ᠬᠠᠮᠠᠭᠠᠯᠠᠯ ᠤᠨ ᠦᠢᠯᠡᠴᠢᠯᠡᠭᠡ ᠶᠢ ᠴᠢᠩᠭᠠᠳᠬᠠᠵᠥ᠂ ᠠᠰᠢᠭ ᠬᠦᠷᠲᠡᠭᠡᠵᠦ ᠲᠦᠭᠡᠮᠡᠯ ᠬᠠᠷᠠᠭᠠᠯᠵᠠᠬᠤ ᠪᠦᠷᠬᠦᠴᠡ ᠶᠢᠨ ᠭᠡᠪᠴᠢᠶ᠎ᠠ | ᠶᠢ ᠦᠷᠭᠡᠳᠭᠡᠨ᠎ᠡ᠃ ᠢᠳᠡᠭᠡᠨ ᠪᠠ ᠡᠮ ᠤᠨ ᠵᠦᠢᠯ ᠤᠨ ᠠᠮᠦᠷ ᠲᠦᠪᠰᠢᠨ ᠢ ᠲᠡᠭᠡᠳᠤ ᠬᠡᠮᠵᠢᠶ᠎ᠠ ᠪᠠᠷ ᠴᠢᠬᠤᠯᠠᠴᠢᠯᠠᠵᠥ᠂ ᠢᠳᠡᠭᠡᠨ ᠪᠠ ᠡᠮ ᠤᠨ ᠵᠦᠢᠯ ᠤᠨ | ᠤᠶᠤᠠᠴᠢ ᠡᠯᠧᠺᠲᠷᠤᠨ ᠬᠢᠨᠠᠨ ᠬᠠᠮᠢᠶᠠᠷᠤᠯᠳᠠ ᠶᠢᠨ ᠲᠠᠪᠴᠠᠩ ᠢ ᠪᠠᠶᠢᠭᠤᠯᠤᠨ᠎ᠠ᠃ ︽ᠬᠤᠶᠠᠷ ᠢ ᠡᠭᠦᠳᠴᠦ ᠨᠢᠭᠡ ᠶᠢ ᠪᠠᠶᠢᠭᠤᠯᠬᠤ︾ ᠶᠢ ᠲᠦᠯᠬᠢᠨ ᠠᠬᠢᠭᠤᠯᠵᠥ᠂ | ᠲᠠᠷᠢᠶᠠᠯᠠᠩ ᠤᠨ ᠪᠦᠳᠦᠭᠳᠡᠬᠦᠨ ᠪᠠ ᠮᠠᠯ ᠤᠨ ᠠᠰᠢᠭ ᠰᠢᠮ᠎ᠡ ᠶᠢᠨ ᠴᠢᠨᠠᠷ ᠴᠢᠠᠰᠠᠭ᠎ᠠ ᠶᠢᠨ ᠠᠮᠦᠷ ᠲᠦᠪᠰᠢᠨ ᠤ ᠵᠢᠱᠢᠶ᠎ᠡ ᠦᠵᠡᠬᠦᠯᠬᠦ ᠬᠤᠰᠢᠭᠤ ᠶᠢ ᠡᠭᠦᠳᠤᠨ | ᠪᠠᠶᠢᠭᠤᠯᠬᠤ ᠪᠠᠷ ᠴᠢᠷᠮᠠᠶᠢᠨ᠎ᠠ᠃ ᠨᠠᠰᠤᠳᠠᠨ ᠢ ᠠᠰᠠᠷᠠᠬᠤ ᠦᠢᠯᠡᠰ ᠤᠨ ᠰᠠᠭᠤᠷᠢ ᠶᠢ ᠪᠠᠬᠢᠵᠢᠭᠦᠯᠵᠥ᠂ ᠲᠦᠷᠢᠮᠵᠢᠭᠰᠡᠨ ᠨᠠᠰᠤᠳᠠᠶᠢᠴᠤᠤᠨ ᠤᠨ ᠬᠦᠷᠢᠶᠠᠯᠠᠩ ᠢ ᠰᠢᠨ᠎ᠡ | ᠪᠠᠷ ᠨᠢᠭᠡ ᠪᠠᠶᠢᠭᠤᠯᠤᠨ᠎ᠠ᠃ ᠤᠷᠤᠰᠢᠭᠤᠯᠭ᠎ᠠ ᠶᠢᠨ ᠲᠦᠷᠢᠮ ᠤᠨ ᠦᠭᠡᠷᠡᠴᠢᠯᠡᠯᠳᠡ ᠶᠢ ᠦᠷᠭᠦᠯᠵᠢᠯᠡᠨ ᠠᠬᠢᠭᠤᠯᠵᠥ᠂ ᠤᠷᠤᠰᠢᠭᠤᠯᠭ᠎ᠠ ᠶᠢᠨ ᠭᠠᠵᠠᠷ ᠤᠨ ᠡᠵᠡᠩᠨᠠᠨ | ᠬᠠᠮᠢᠶᠠᠷᠤᠯᠳᠡ ᠶᠢ ᠴᠢᠩᠭᠠᠳᠬᠠᠵᠥ᠂ ᠨᠡᠶᠢᠳᠡ ᠶᠢᠨ ᠤᠩᠭᠤᠨ ᠢ ᠪᠦᠳᠦᠭᠡᠨ ᠪᠠᠶᠢᠭᠤᠯᠬᠤ ᠲᠦᠷᠦᠯ ᠵᠦᠢᠯ ᠢ ᠭᠡᠷᠡᠭᠵᠢᠬᠦᠯᠦᠨ᠎ᠡ᠃ | ᠭᠤᠷᠪᠠ ᠳᠤ᠂ ᠨᠡᠶᠢᠭᠡᠮ ᠤᠨ ᠵᠠᠰᠠᠨ ᠴᠡᠭᠴᠡᠯᠡᠯᠳᠡ ᠶᠢᠨ ᠰᠢᠨ᠎ᠡ ᠶᠢ ᠡᠭᠦᠳᠦᠨ᠎ᠡ᠃ ︽ᠠᠮᠦᠷ ᠲᠤᠭᠳᠠᠭᠤᠨ ᠰᠢᠨ᠎ᠡ ᠪᠠᠷᠭᠤ ᠪᠠᠷᠠᠭᠤᠨ ᠬᠤᠰᠢᠭᠤ︾ ᠶᠢ | ᠴᠤᠭᠴᠠᠯᠠᠨ ᠪᠠᠶᠢᠭᠤᠯᠬᠤ ᠠᠵᠢᠯᠯᠠᠭ᠎ᠠ ᠶᠢ ᠬᠦᠡᠵᠡᠭᠡᠢ ᠠᠬᠢᠭᠤᠯᠵᠥ᠂ ︽ᠲᠤᠯᠤᠳᠤᠭᠠᠷ ᠲᠠᠪᠤᠨ ᠵᠢᠯ︾ ᠤᠨ ᠬᠠᠤᠯᠢ ᠲᠦᠭᠡᠮᠡᠯᠵᠢᠬᠦᠯᠬᠦ ᠲᠦᠯᠦᠪᠵᠢᠭᠦᠯᠭᠡ ᠶᠢ ᠪᠦᠬᠦ | ᠲᠠᠯ᠎ᠠ ᠪᠠᠷ ᠭᠡᠷᠡᠭᠵᠢᠬᠦᠯᠵᠥ᠂ ᠨᠡᠶᠢᠭᠡᠮ ᠤᠨ ᠬᠠᠮᠢᠶᠠᠷᠤᠯᠳᠡ ᠶᠢᠨ ᠰᠢᠠᠵᠢᠯᠡᠬᠦ ᠤᠬᠠᠭᠠᠠᠴᠢᠯᠠᠬᠤ ᠬᠢᠷᠢ ᠲᠦᠪᠰᠢᠨ ᠢ ᠲᠠᠰᠤᠷᠠᠯᠳᠡ ᠦᠭᠡᠢ ᠲᠡᠭᠡᠭᠰᠢᠯᠡᠬᠦᠯᠦᠨ᠎ᠡ᠃ ᠬᠢᠯᠢ | ᠬᠢᠵᠠᠭᠠᠷ ᠢ ᠬᠠᠮᠢᠶᠠᠷᠤᠨ ᠡᠵᠡᠮᠳᠡᠬᠦ ᠶᠢ ᠴᠢᠩᠭᠠᠳᠬᠠᠵᠦ᠂ ᠪᠡᠯᠡ ᠤᠷᠤᠭᠤᠯᠤᠯᠳᠠ ᠶᠢᠨ ᠬᠦᠴᠦᠯᠡᠴᠡ ᠶᠢ ᠨᠡᠮᠡᠭᠳᠡᠬᠦᠯᠦᠨ᠂ ᠬᠢᠯᠢ ᠬᠢᠵᠠᠭᠠᠷ ᠢ ᠪᠠᠬᠢᠵᠢᠬᠦᠯᠦᠨ | ᠬᠦᠴᠦᠷᠭᠡᠭᠵᠢᠬᠦᠯᠦᠨ᠎ᠡ᠃ ᠵᠦᠷᠢᠴᠡᠯ ᠮᠦᠷᠭᠦᠯᠳᠦᠭᠡᠨ ᠢ ᠵᠢᠭᠰᠠᠭᠠᠨ ᠪᠠᠶᠢᠴᠠᠭᠠᠬᠤ ᠠᠵᠢᠯ ᠢ ᠭᠦᠡᠵᠡᠭᠡᠢ ᠦᠷᠨᠢᠭᠦᠯᠦᠨ᠂ ᠨᠡᠶᠢᠭᠡᠮ ᠤᠨ ᠵᠦᠷᠢᠴᠡᠯ ᠢ ᠪᠦᠳᠦᠮᠵᠢᠳᠡᠢ | ᠨᠠᠮᠳᠠᠭᠤᠯᠤᠨ᠎ᠠ᠃ ᠤᠯᠠᠨ ᠨᠡᠶᠢᠳᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠬᠦᠯᠵᠥ᠂ ᠬᠠᠤᠯᠢ ᠴᠠᠭᠠᠵᠠ ᠶᠢᠨ ᠲᠤᠰᠠᠯᠠᠮᠵᠢ ᠶᠢᠨ | ᠬᠡᠪᠴᠢᠶ᠎ᠠ ᠶᠢ ᠲᠠᠰᠤᠷᠠᠯᠳᠡ ᠦᠭᠡᠢ ᠦᠷᠭᠡᠳᠭᠡᠨ᠎ᠡ᠃ ᠨᠡᠶᠢᠬᠡᠮ ᠤᠨ ᠠᠮᠤᠷ ᠲᠦᠪᠰᠢᠨ ᠢ ᠶᠡᠷᠦᠩᠭᠡᠶᠢᠯᠡᠨ ᠵᠠᠰᠠᠬᠤ ᠵᠢᠴᠢ ᠰᠡᠷᠭᠡᠶᠢᠯᠡᠨ ᠡᠵᠡᠮᠳᠡᠬᠦ ᠰᠢᠰᠲ᠋ᠧᠮ ᠤᠨ | ᠪᠦᠲᠦᠭᠡᠨ ᠪᠠᠶᠢᠭᠤᠯᠤᠯᠳᠠ ᠶᠢ ᠴᠢᠨᠠᠭᠰᠢᠳᠠ ᠬᠦᠨᠵᠡᠭᠡᠶᠢᠷᠡᠬᠦᠯᠵᠦ᠂ ᠬᠤᠯᠠᠭᠠᠶᠢᠯᠠᠬᠤ᠂ ᠪᠤᠯᠢᠶᠠᠵᠥ ᠲᠡᠭᠡᠷᠡᠮᠳᠡᠬᠦ ᠪᠠ ᠮᠡᠬᠡᠯᠡᠬᠦ ᠵᠡᠷᠭᠡ ᠬᠠᠤᠯᠢ ᠠᠴᠠ ᠵᠦᠷᠢᠴᠡᠭᠰᠡᠨ | ᠶᠠᠯᠠᠳᠦ ᠠᠵᠢᠯᠯᠠᠭ᠎ᠠ ᠳᠤ ᠴᠢᠩᠭ᠎ᠠ ᠴᠤᠬᠢᠯᠳᠡ ᠦᠭᠴᠦ᠂ ᠰᠤᠷᠭᠠᠭᠤᠯᠢ ᠶᠢᠨ ᠬᠦᠷᠢᠶ᠎ᠠ ᠵᠢᠴᠢ ᠤᠶᠢᠷ᠎ᠡ ᠤᠷᠴᠢᠮ ᠤᠨ ᠠᠮᠦᠷ ᠢ ᠬᠠᠮᠠᠭᠠᠯᠠᠬᠤ ᠡᠮᠬᠢ ᠲᠢᠭᠯᠢᠮ ᠢ | ᠬᠦᠴᠦᠳᠡᠢ ᠵᠠᠰᠠᠨ ᠴᠡᠭᠴᠡᠯᠡᠵᠦ᠂ ᠠᠶᠦᠯᠭᠦᠢ ᠦᠢᠯᠡᠳᠪᠤᠷᠢᠯᠠᠯ ᠤᠨ ᠲᠠᠯᠳᠠ ᠭᠡᠮ ᠢ ᠵᠢᠭᠰᠠᠭᠠᠨ ᠪᠠᠶᠢᠴᠠᠭᠠᠵᠥ ᠵᠠᠰᠠᠨ ᠴᠡᠭᠴᠡᠯᠡᠬᠦ ᠬᠦᠴᠦᠯᠡᠴᠡ ᠶᠢ ᠴᠢᠩᠭᠠᠳᠬᠠᠨ᠂ | ᠶᠡᠷᠦᠩᠭᠡᠶᠢᠯᠡᠨ ᠴᠤᠬᠢᠯᠳᠡ ᠦᠭᠬᠦ ᠵᠢᠴᠢ ᠬᠠᠮᠢᠶᠠᠷᠤᠯᠳᠠ ᠪᠠ ᠦᠢᠯᠡᠴᠢᠯᠡᠭᠡᠨ ᠤ ᠴᠢᠳᠠᠪᠦᠷᠢ ᠶᠢ ᠪᠦᠬᠦ ᠲᠠᠯ᠎ᠠ ᠪᠠᠷ ᠲᠡᠭᠡᠭᠰᠢᠯᠡᠬᠦᠯᠵᠥ᠂ ᠨᠡᠶᠢᠭᠡᠮ ᠤᠨ ᠠᠮᠦᠷ ᠲᠦᠪᠰᠢᠨ | ᠤ ᠶᠡᠭᠡ ᠪᠠᠶᠢᠳᠠᠯ ᠤᠨ ᠲᠤᠭᠳᠠᠭᠤᠨ ᠢ ᠦᠨᠡᠡᠬᠦ ᠬᠠᠮᠠᠭᠠᠯᠠᠨ᠎ᠠ᠃ | ᠭᠤᠷᠪᠠ᠂ ᠵᠠᠰᠠᠭ ᠤᠨ ᠤᠷᠳᠤᠨ ᠤ ᠲᠤᠰ ᠪᠡᠶ᠎ᠡ ᠶᠢᠨ ᠪᠠᠶᠢᠭᠤᠯᠤᠯᠳᠡ ᠶᠢ ᠴᠢᠩᠭᠠᠳᠬᠠᠨ᠎ᠠ | ᠲᠦᠯᠦᠭᠡᠯᠡᠭᠴᠢᠤᠨ ᠡ᠂ ᠬᠠᠳᠠᠭᠤ ᠪᠡᠷᠭᠡᠰᠢᠶᠠᠯ ᠲᠠᠢ ᠬᠦᠡᠳᠦ ᠬᠡᠴᠡᠬᠦᠤ ᠡᠭᠦᠷᠭᠡ ᠶᠢᠨ ᠡᠮᠤᠨ᠎ᠡ᠂ ᠪᠢᠳᠡ ᠵᠠᠰᠠᠭ ᠤᠨ ᠤᠷᠳᠤᠨ ᠤ ᠲᠤᠰ ᠪᠡᠶ᠎ᠡ ᠶᠢᠨ | ᠪᠦᠳᠦᠭᠡᠨ ᠪᠠᠶᠢᠭᠤᠯᠤᠯᠳᠡ ᠶᠢ ᠡᠷᠭᠡᠪᠰᠢ ᠴᠢᠩᠭᠠᠳᠬᠠᠨ᠂ ᠤᠯᠤᠰ ᠲᠦᠷᠦ ᠶᠢᠨ ᠰᠠᠬᠢᠯᠭ᠎ᠠ ᠪᠠᠳᠦ ᠪᠤᠯᠤᠨ ᠤᠯᠤᠰ ᠲᠦᠷᠦ ᠶᠢᠨ ᠲᠦᠷᠢᠮ ᠢ ᠴᠢᠩᠭ᠎ᠠ ᠰᠠᠬᠢᠵᠥ᠂ ︽ | ᠲᠦᠷᠪᠡᠨ ᠦᠵᠡᠯᠳᠡ ᠲᠠᠨᠢᠯᠳᠡ︾ ᠶᠢ ᠦᠨᠡᠨᠬᠦ ᠲᠡᠭᠡᠭᠰᠢᠯᠡᠬᠦᠯᠵᠦ᠂ ︽ᠲᠦᠷᠪᠡᠨ ᠤᠬᠠᠮᠰᠠᠷ︾ ᠲᠠᠢ ᠵᠢᠱᠢᠶᠠᠴᠢ ᠪᠤᠯᠬᠤ ᠪᠠᠷ ᠮᠡᠷᠠᠶᠢᠵᠥ᠂ ᠠᠷᠠᠤᠨ ᠲᠦᠮᠡᠨ ᠤ | ᠬᠠᠨᠤᠮᠵᠢᠳᠡᠢ ᠵᠠᠰᠠᠭ ᠤᠨ ᠤᠷᠳᠤᠨ ᠪᠤᠯᠬᠤ ᠪᠠᠷ ᠴᠢᠷᠮᠠᠶᠢᠨ᠎ᠠ᠃ ᠬᠠᠤᠯᠢ ᠶᠤᠰᠤᠭᠠᠷ ᠵᠠᠰᠠᠭ ᠶᠠᠪᠤᠭᠤᠯᠬᠤ ᠶᠢ ᠪᠠᠷᠢᠮᠳᠡᠯᠡᠨ᠂ ᠬᠡᠷᠡᠭ ᠡᠷᠬᠢᠯᠡᠬᠦ ᠶᠢ ᠲᠦᠷᠢᠮᠵᠢᠬᠦᠯᠦᠨ᠎ᠡ᠃ | ᠠᠷᠠᠤᠨ ᠤᠨ ᠲᠦᠯᠦᠭᠡᠯᠡᠭᠴᠢᠤᠨ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠠᠤᠯᠢ ᠴᠠᠭᠠᠵᠠ ᠶᠢᠨ ᠬᠢᠨᠠᠯᠳᠡ᠂ ᠠᠵᠢᠯ ᠤᠨ ᠬᠢᠨᠠᠯᠳᠡ ᠪᠤᠯᠤᠨ ᠤᠯᠤᠰ | ᠲᠦᠷᠦ ᠶᠢᠨ ᠵᠦᠪᠯᠡᠯᠭᠡᠨ ᠤ ᠠᠷᠠᠳᠴᠢᠯᠠᠯ ᠤᠨ ᠬᠢᠨᠡᠯᠳᠡ ᠶᠢ ᠤᠬᠠᠮᠰᠠᠷ ᠠᠴᠠ ᠪᠠᠨ ᠬᠦᠯᠢᠶᠠᠵᠥ᠂ ᠨᠡᠶᠢᠭᠡᠮ ᠨᠡᠶᠢᠳᠡ ᠪᠠ ᠰᠤᠨᠢᠨ ᠮᠡᠳᠡᠭᠡᠨ ᠤ ᠶᠠᠷᠢᠶ᠎ᠠ ᠭᠡᠯᠡᠯᠴᠡᠭᠡᠨ ᠤ | ᠬᠢᠨᠡᠯᠳᠡ ᠶᠢ ᠦᠷᠭᠡᠨ ᠢᠶᠠᠷ ᠬᠦᠯᠢᠶᠠᠨ᠎ᠠ᠃ ᠠᠷᠠᠤᠨ ᠤᠨ ᠲᠦᠯᠦᠭᠡᠯᠡᠭᠴᠢᠤᠨ ᠤᠨ ᠰᠠᠨᠠᠯ ᠵᠦᠪᠯᠡᠯᠭᠡ ᠪᠤᠯᠤᠨ ᠤᠯᠤᠰ ᠲᠦᠷᠦ ᠶᠢᠨ ᠵᠦᠪᠯᠡᠯᠭᠡᠨ ᠤ ᠰᠠᠨᠠᠯ | ᠲᠤᠷᠠᠳᠤᠯᠭ᠎ᠠ ᠶᠢ ᠨᠠᠷᠢᠨ ᠬᠢᠨᠠᠮᠠᠭᠠᠢ ᠡᠷᠬᠢᠯᠡᠨ ᠬᠦᠢᠴᠡᠳᠭᠡᠨ᠎ᠡ᠃ ᠬᠠᠤᠯᠢ ᠳᠤ ᠲᠤᠭᠳᠠᠭᠰᠠᠨ ᠡᠷᠭᠡ ᠶᠢᠨ ᠭᠡᠪᠴᠢᠶ᠎ᠠ ᠪᠤᠯᠤᠨ ᠡᠮᠬᠢ ᠲᠠᠷᠠᠭ᠎ᠠ ᠪᠠᠷ ᠡᠷᠭᠡ ᠪᠠᠨ | ᠭᠡᠷᠡᠭᠵᠢᠬᠦᠯᠦᠨ᠂ ᠡᠬᠦᠷᠭᠡ ᠲᠤᠰᠢᠶᠠᠯ ᠢᠶᠠᠨ ᠬᠦᠢᠴᠡᠳᠭᠡᠵᠦ᠂ ︽ᠬᠢᠨᠠᠨ ᠬᠠᠮᠢᠶᠠᠷᠬᠤ ᠶᠠᠪᠤᠴᠠ ᠳᠤ ᠪᠠᠶᠢᠴᠠᠭᠠᠬᠤ ᠡᠳᠡᠭᠡᠳ ᠢ ᠰᠤᠭᠤᠯᠤᠨ ᠪᠠᠶᠢᠴᠠᠭᠠᠬᠤ᠂ ᠬᠠᠤᠯᠢ | ᠭᠡᠷᠡᠭᠵᠢᠬᠦᠯᠬᠦ ᠪᠠᠶᠢᠴᠠᠭᠠᠭᠴᠢ ᠶᠢ ᠰᠤᠩᠭᠤᠨ ᠲᠤᠮᠢᠯᠠᠬᠤ ᠪᠠ ᠦᠷ᠎ᠡ ᠳ᠋ᠦᠩ ᠢ ᠢᠯᠡ ᠪᠤᠯᠭᠠᠬᠤ︾ ᠶᠢ ᠦᠷᠬᠦᠯᠵᠢᠯᠡᠨ ᠠᠬᠢᠭᠤᠯᠤᠨ᠎ᠠ᠃ ᠲᠤᠮᠤ ᠶᠡᠭᠡ ᠵᠠᠰᠠᠭ | ᠵᠠᠬᠢᠷᠭᠠᠨ ᠤ ᠰᠢᠢᠳᠪᠤᠷᠢᠳᠤ ᠪᠤᠳᠤᠯᠭ᠎ᠠ ᠶᠢᠨ ᠵᠦᠢᠯᠡᠰ ᠢ ᠨᠠᠷᠢᠨ ᠲᠠᠩᠰᠠᠯᠠᠬᠤ ᠲᠦᠷᠢᠮ ᠢ ᠭᠡᠷᠡᠭᠵᠢᠬᠦᠯᠵᠥ᠂ ᠬᠠᠤᠯᠢ ᠴᠠᠭᠠᠵᠠ ᠶᠢᠨ ᠵᠦᠪᠯᠡᠭᠴᠢ ᠶᠢᠨ ᠲᠦᠷᠢᠮ ᠢ | ᠨᠠᠶᠢᠳᠠᠪᠦᠷᠢᠵᠢᠭᠤᠯᠤᠨ᠂ ᠰᠢᠠᠵᠢᠯᠡᠬᠦ ᠤᠬᠠᠭᠠᠠᠴᠢ ᠪᠠᠷ ᠰᠢᠢᠳᠪᠤᠷᠢᠳᠤ ᠪᠤᠳᠤᠯᠭ᠎ᠠ ᠲᠤᠭᠳᠠᠭᠠᠵᠥ᠂ ᠬᠠᠤᠯᠢ ᠶᠤᠰᠤᠭᠠᠷ ᠵᠠᠰᠠᠭ ᠶᠠᠪᠤᠭᠤᠯᠬᠤ ᠶᠢ ᠪᠠᠷᠢᠮᠳᠠᠯᠠᠨ᠎ᠠ᠃ | ᠰᠢᠠᠵᠢᠯᠡᠬᠦ ᠤᠬᠠᠭᠠᠠᠴᠢ ᠪᠠᠷ ᠵᠠᠰᠠᠭ ᠶᠠᠪᠤᠭᠤᠯᠬᠤ ᠶᠢ ᠪᠠᠷᠢᠮᠳᠠᠯᠠᠨ᠂ ᠦᠡᠳᠦᠷ ᠦᠷ᠎ᠡ ᠪᠦᠳᠦᠮᠵᠢ ᠲᠠᠢ ᠪᠠᠷ ᠠᠵᠢᠯ ᠡᠷᠬᠢᠯᠡᠨ᠎ᠡ᠃ ᠠᠷᠠᠳ ᠲᠦᠮᠡᠨ ᠤ ᠬᠦᠰᠡᠯ ᠰᠠᠨᠠᠯ | ᠢ ᠲᠡᠭᠡᠳᠦᠯᠡᠬᠦ ᠶᠢ ᠪᠠᠷᠢᠮᠳᠠᠯᠠᠵᠦ᠂ ᠵᠠᠰᠠᠭ ᠤᠨ ᠤᠷᠳᠤᠨ ᠤ ᠡᠬᠦᠷᠭᠡ ᠴᠢᠳᠠᠪᠤᠷᠢ ᠪᠠᠨ ᠬᠤᠪᠢᠷᠠᠭᠤᠯᠬᠤ ᠶᠢ ᠲᠦᠷᠭᠡᠳᠭᠡᠨ᠂ ᠡᠷᠭᠡ ᠬᠠᠷᠢᠭᠤᠴᠠᠯᠭ᠎ᠠ ᠶᠢᠨ ᠨᠠᠷᠢᠨ | ᠲᠠᠩᠰᠠ ᠶᠢᠨ ᠲᠦᠷᠢᠮ ᠢ ᠴᠢᠨᠠᠭᠰᠢᠳᠡ ᠲᠡᠭᠦᠯᠳᠡᠷᠵᠢᠬᠦᠯᠵᠥ᠂ ᠵᠠᠰᠠᠭ ᠵᠠᠬᠢᠷᠭᠠᠨ ᠤ ᠡᠷᠭᠡ ᠶᠢ ᠨᠠᠷᠢᠨ ᠲᠠᠩᠰᠠᠠ ᠳᠤ ᠤᠷᠤᠭᠤᠯᠵᠥ᠂ ᠨᠠᠷᠢᠨ ᠲᠠᠩᠰᠠᠨ ᠠᠴᠠ | ᠭᠠᠳᠠᠭᠤᠷ ᠡᠷᠭᠡ ᠭᠡᠵᠥ ᠦᠭᠡᠢ ᠪᠠᠶᠢᠬᠤ ᠶᠢ ᠪᠡᠶᠡᠯᠡᠬᠦᠯᠦᠨ᠎ᠡ᠃ ᠵᠠᠰᠠᠭ ᠤᠨ ᠤᠷᠳᠤᠨ ᠤ ᠰᠤᠷᠠᠭ ᠵᠠᠩᠬᠢ ᠶᠢ ᠢᠯᠡ ᠪᠤᠯᠭᠠᠬᠤ ᠶᠢ ᠴᠢᠩᠭᠠᠳᠬᠠᠵᠥ᠂ ᠨᠡᠶᠢᠭᠡᠮ ᠤᠨ | ᠬᠠᠯᠠᠮᠵᠢᠯᠠᠵᠥ ᠪᠠᠶᠢᠭ᠎ᠠ ᠠᠰᠠᠭᠤᠳᠠᠯ ᠳᠤ ᠬᠠᠷᠢᠭᠤ ᠲᠤᠰᠬᠠᠯ ᠭᠠᠷᠭᠠᠵᠥ᠂ ᠵᠠᠰᠠᠭ ᠤᠨ ᠤᠷᠳᠤᠨ ᠤ ᠨᠡᠶᠢᠳᠡ ᠶᠢᠨ ᠢᠳᠡᠭᠡᠮᠵᠢ ᠶᠢᠨ ᠬᠦᠴᠦᠨ ᠢ ᠲᠡᠭᠡᠭᠰᠢᠯᠡᠬᠦᠯᠦᠨ᠎ᠡ᠃ | ᠵᠠᠰᠠᠭ ᠤᠨ ᠰᠤᠷᠳᠠᠯ ᠠᠵᠢᠯ ᠤᠨ ᠰᠤᠷᠳᠠᠯ ᠢ ᠦᠨᠡᠯᠡᠬᠦ ᠠᠵᠢᠯ ᠢ ᠲᠡᠭᠦᠯᠳᠡᠷᠵᠢᠬᠦᠯᠵᠥ᠂ ᠬᠢᠨᠠᠨ ᠪᠠᠶᠢᠴᠠᠭᠠᠵᠥ ᠬᠢᠨᠠᠨ ᠰᠢᠯᠭᠠᠬᠤ ᠶᠢ ᠴᠢᠩᠭᠠᠳᠬᠠᠨ᠂ ᠨᠤᠶᠠᠨ | ᠰᠠᠭᠤᠭᠠᠤᠨ ᠠᠵᠢᠯ ᠬᠢᠬᠦ ᠦᠭᠡᠢ ᠶᠢ ᠡᠷᠡᠰ ᠬᠤᠷᠢᠭᠯᠠᠵᠦ᠂ ᠵᠠᠰᠠᠭ ᠤᠨ ᠶᠠᠪᠤᠳᠠᠯ ᠳᠤ ᠬᠤᠶᠢᠷᠭᠤᠰᠢᠯᠠᠬᠤ ᠠᠴᠠ ᠰᠡᠷᠭᠡᠶᠢᠯᠡᠨ᠎ᠡ᠃ ᠠᠷᠠᠳ ᠤᠨ ᠲᠦᠯᠦᠭᠡ ᠵᠠᠰᠠᠭ | ᠪᠠᠷᠢᠵᠦ᠂ ᠦᠨᠡᠨ ᠪᠤᠳᠠᠳᠠᠢ ᠠᠵᠢᠯᠯᠠᠨ᠎ᠠ᠃ ᠨᠡᠶᠢᠳᠡ ᠶᠢᠨ ᠲᠦᠯᠦᠭᠡ ᠨᠠᠮ ᠪᠠᠶᠢᠭᠤᠯᠵᠦ᠂ ᠠᠷᠠᠳ ᠤᠨ ᠲᠦᠯᠦᠭᠡ ᠵᠠᠰᠠᠭ ᠶᠠᠪᠤᠭᠤᠯᠬᠤ ᠶᠢ ᠪᠠᠷᠢᠮᠳᠠᠯᠠᠵᠦ᠂ ᠡᠷᠭᠡ ᠶᠢ | ᠠᠷᠠᠳ ᠤᠨ ᠲᠦᠯᠦᠭᠡ ᠭᠡᠷᠡᠭᠯᠡᠵᠦ᠂ ᠰᠡᠳᠬᠢᠯ ᠢᠶᠠᠨ ᠠᠷᠠᠳ ᠲᠦᠮᠡᠨ ᠲᠠᠢ ᠬᠤᠯᠪᠤᠨ᠂ ᠠᠷᠠᠳ ᠤᠨ ᠲᠦᠯᠦᠭᠡ ᠠᠰᠢᠭ ᠰᠦᠪᠡᠭᠴᠢᠯᠡᠵᠦ᠂ ᠰᠢᠨᠵᠢᠯᠡᠬᠦ ᠤᠬᠠᠭᠠᠨᠴᠢ | ᠬᠦᠭᠵᠢᠯᠳᠡ ᠶᠢᠨ ᠤᠶᠢᠯᠠᠭᠠᠭᠳᠠᠬᠤᠨ ᠢ ᠪᠤᠢ ᠪᠤᠯᠭᠠᠨ᠂ ᠪᠤᠰᠤᠳᠴᠢ ᠵᠢᠮ᠎ᠡ ᠶᠤᠰᠤ ᠪᠠᠷ ᠭᠡᠷᠡᠭ ᠡᠷᠬᠢᠯᠡᠬᠦ ᠴᠢᠳᠠᠪᠦᠷᠢ ᠶᠢ ᠲᠡᠭᠡᠭᠰᠢᠯᠡᠬᠦᠯᠵᠦ᠂ ᠰᠢᠨ᠎ᠡ ᠪᠠᠶᠢᠳᠠᠯ ᠢ | ᠰᠤᠳᠤᠯᠤᠨ᠂ ᠰᠢᠨ᠎ᠡ ᠠᠰᠠᠭᠤᠳᠠᠯ ᠢ ᠰᠢᠢᠳᠪᠦᠷᠢᠯᠡᠵᠦ᠂ ᠤᠯᠠᠨ ᠲᠦᠮᠡᠨ ᠳᠤ ᠪᠤᠳᠠᠳᠠᠢ ᠶᠠᠪᠤᠳᠠᠯ ᠰᠠᠶᠢᠨ ᠶᠠᠪᠤᠳᠠᠯ ᠬᠢᠵᠦ ᠦᠭᠬᠦᠨ᠂ ᠬᠦᠴᠢᠷ ᠵᠤᠪᠠᠭᠤᠷᠢ ᠶᠢ ᠨᠢ | ᠰᠢᠢᠳᠪᠦᠷᠢᠯᠡᠵᠦ ᠦᠭᠬᠦᠨ᠎ᠡ᠃ ᠪᠠᠶᠢᠴᠠᠭᠠᠨ ᠰᠤᠳᠤᠯᠤᠯᠳᠠ ᠬᠢᠬᠦ ᠶᠢ ᠪᠠᠷᠢᠮᠳᠠᠯᠠᠵᠦ᠂ ᠠᠷᠠᠳ ᠤᠨ ᠪᠠᠶᠢᠳᠠᠯ ᠢ ᠤᠶᠢᠯᠠᠭᠠᠨ᠂ ᠠᠷᠠᠳ ᠤᠨ ᠰᠠᠨᠠᠭ᠎ᠠ ᠶᠢ ᠲᠤᠰᠬᠠᠵᠦ᠂ | ᠠᠷᠠᠳ ᠤᠨ ᠤᠶᠤᠨ ᠢ ᠲᠦᠪᠯᠡᠷᠡᠬᠦᠯᠦᠨ᠂ ᠲᠤᠭᠳᠠᠭᠠᠭᠰᠠᠨ ᠰᠢᠢᠳᠪᠦᠷᠢ ᠠᠪᠤᠭᠰᠠᠨ ᠠᠷᠭ᠎ᠠ ᠬᠡᠮᠵᠢᠶ᠎ᠡ ᠨᠢ ᠪᠤᠰᠤᠳᠴᠢ ᠪᠠᠶᠢᠳᠠᠯ ᠪᠤᠯᠤᠨ ᠵᠢᠮ᠎ᠡ ᠶᠤᠰᠤ ᠲᠠᠢ | ᠨᠡᠶᠢᠴᠡᠵᠦ᠂ ᠠᠷᠠᠳ ᠲᠦᠮᠡᠨ ᠤ ᠠᠰᠢᠭ ᠲᠤᠰᠠ ᠪᠠ ᠬᠦᠰᠡᠯ ᠡᠷᠡᠮᠡᠯᠵᠡᠯ ᠳᠤ ᠨᠡᠩ ᠨᠡᠶᠢᠴᠡᠬᠦ ᠶᠢ ᠪᠡᠶᠡᠯᠡᠬᠦᠯᠦᠨ᠎ᠡ᠃ ᠠᠷᠢᠭᠤᠨ ᠴᠢᠭᠡᠴᠢ ᠪᠠᠷ ᠵᠠᠰᠠᠭ ᠪᠠᠷᠢᠵᠥ᠂ | ᠴᠡᠪᠡᠷ ᠠᠷᠢᠭᠤᠨ ᠢᠶᠠᠷ ᠠᠵᠢᠯ ᠡᠷᠬᠢᠯᠡᠨ᠎ᠡ᠃ ᠲᠦᠪ ᠤᠨ ᠨᠠᠢᠮᠡᠨ ᠲᠤᠭᠳᠠᠭᠠᠯ ᠢ ᠴᠢᠩᠭ᠎ᠠ ᠭᠡᠷᠡᠭᠵᠢᠬᠦᠯᠵᠥ᠂ ︽ᠲᠦᠷᠪᠠᠨ ᠰᠤᠷᠳᠠᠯ︾ ᠢ ᠵᠠᠯᠠᠷᠠᠭᠤᠯᠬᠤ ᠶᠢ ᠤᠷᠳᠦ | ᠤᠳᠠᠭᠠᠨ ᠪᠠᠷᠢᠮᠳᠠᠯᠠᠵᠦ᠂ ︽ᠨᠢᠭᠡ ᠠᠵᠢᠯ ᠤᠨ ᠪᠠᠶᠢᠷᠢᠨ ᠳᠤ ᠬᠤᠶᠠᠷ ᠬᠠᠷᠢᠭᠤᠴᠠᠯᠭ᠎ᠠ ᠡᠭᠦᠷᠭᠡᠯᠡᠬᠦ︾ ᠶᠢ ᠨᠠᠷᠢᠨ ᠬᠢᠨᠠᠮᠠᠭᠠᠢ ᠭᠡᠷᠡᠭᠵᠢᠬᠦᠯᠦᠨ᠎ᠡ᠃ ︽ᠠᠯᠪᠠᠨ ᠤ | ᠭᠤᠷᠪᠠᠨ ᠵᠠᠷᠤᠳᠠᠯ︾ ᠢ ᠢᠯᠡ ᠪᠤᠯᠭᠠᠬᠤ ᠶᠢ ᠴᠢᠩᠭ᠎ᠠ ᠨᠠᠶᠢᠳᠠᠪᠤᠷᠢᠵᠢᠭᠤᠯᠵᠥ᠂ ᠵᠠᠰᠠᠭ ᠵᠠᠬᠢᠷᠭᠠᠨ ᠤ ᠪᠠᠶᠢᠭᠤᠯᠭ᠎ᠠ ᠪᠤᠯᠤᠨ ᠲᠦᠷᠦ ᠶᠢᠨ ᠠᠯᠪᠠᠳᠠᠨ ᠢᠶᠠᠷ ᠯᠠᠪᠯᠠᠯᠳᠡ | ᠪᠤᠯᠭᠠᠵᠥ ᠪᠠᠶᠢᠭ᠎ᠠ ᠨᠢᠭᠡᠴᠡ ᠶᠢᠨ ᠮᠠᠰᠢᠨ ᠲᠡᠷᠭᠡᠨ ᠤ ᠦᠭᠡᠷᠡᠴᠢᠯᠡᠯᠳᠡ ᠶᠢ ᠪᠦᠬᠦ ᠲᠠᠯ᠎ᠠ ᠪᠠᠷ ᠪᠡᠶᠡᠯᠡᠭᠦᠯᠵᠥ᠂ ︽ᠠᠯᠪᠠᠨ ᠤ ᠭᠤᠷᠪᠠᠨ ᠵᠠᠷᠤᠳᠠᠯ︾ ᠢ ᠪᠠᠭᠠᠰᠬᠠᠨ᠎ᠠ᠃ | ᠵᠠᠰᠠᠭ ᠵᠠᠬᠢᠷᠭᠠᠨ ᠤ ᠬᠢᠨᠠᠨ ᠪᠠᠶᠢᠴᠠᠭᠠᠯᠳᠠ ᠶᠢ ᠴᠢᠩᠭᠠᠳᠬᠠᠵᠥ᠂ ᠡᠳ᠋ ᠤᠨ ᠵᠠᠰᠠᠭ ᠤᠨ ᠪᠡᠯᠡ ᠮᠦᠩᠬᠦ᠂ ᠲᠤᠮᠤ ᠶᠡᠭᠡ ᠲᠦᠷᠦᠯ ᠵᠦᠢᠯ᠂ ᠠᠷᠠᠤᠨ ᠤᠨ ᠠᠮᠢᠳᠤᠷᠠᠯ | ᠤᠨ ᠢᠡᠵᠧᠨᠧᠷᠢᠩ ᠤᠨ ᠬᠢᠨᠠᠨ ᠪᠤᠳᠤᠯᠳᠠ ᠶᠢ ᠴᠢᠩᠭᠠᠳᠬᠠᠵᠥ᠂ ᠵᠠᠰᠠᠭ ᠤᠨ ᠤᠷᠳᠤᠨ ᠤ ᠬᠤᠳᠠᠯᠳᠤᠨ ᠠᠪᠬᠤ ᠪᠠ ᠲᠠᠭᠠᠭᠠᠴᠢᠯᠠᠯᠳᠠ ᠵᠠᠷᠯᠠᠬᠤ ᠳᠠᠭᠠᠭᠠᠴᠢᠯᠠᠯᠳᠠ | ᠬᠦᠯᠢᠶᠠᠬᠦ ᠬᠢᠨᠠᠨ ᠬᠠᠮᠢᠶᠠᠷᠤᠯᠳᠠ ᠶᠢᠨ ᠲᠤᠭᠳᠠᠴᠠ ᠶᠢ ᠲᠡᠭᠦᠯᠳᠡᠷᠵᠢᠬᠦᠯᠵᠥ᠂ ᠵᠠᠰᠠᠭ ᠤᠨ ᠤᠷᠳᠤᠨ ᠤ ᠴᠢᠨᠠᠷᠳᠡᠢ ᠦᠷᠢ ᠰᠢᠷᠢ ᠶᠢ ᠴᠢᠩᠭ᠎ᠠ ᠬᠢᠵᠠᠭᠠᠷᠯᠠᠨ᠎ᠠ᠃ | ᠢᠯᠵᠠᠷᠠᠨ ᠲᠤᠷᠤᠶᠢᠳᠠᠭᠰᠠᠨ ᠦᠢᠯᠡ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠪᠤᠷᠢᠯᠡᠵᠥ᠂ ᠤᠯᠠᠨ ᠲᠦᠮᠠᠨ ᠤ ᠠᠰᠢᠭ ᠲᠤᠰᠠ ᠶᠢ ᠬᠤᠬᠢᠷᠠᠭᠤᠯᠤᠭᠰᠠᠨ ᠲᠦᠪ | ᠪᠤᠰᠤ ᠭᠡᠪ ᠰᠤᠷᠳᠠᠯ ᠢ ᠡᠷᠡᠰ ᠵᠠᠯᠬᠠᠭᠠᠨ ᠰᠢᠢᠳᠭᠡᠨ᠎ᠡ᠃ | ᠲᠦᠯᠦᠭᠡᠯᠡᠭᠴᠢᠤᠨ ᠡ᠂ ᠤᠳᠤ ᠪᠢᠳᠡ ᠶᠠᠭ ᠴᠢᠨᠠᠭᠡᠯᠢᠭ ᠨᠡᠶᠢᠭᠡᠮ ᠢ ᠪᠦᠬᠦ ᠲᠠᠯ᠎ᠠ ᠪᠠᠷ ᠡᠭᠦᠳᠦᠨ ᠪᠠᠶᠢᠭᠤᠯᠬᠤ ᠠᠶᠠᠨ ᠵᠠᠮ ᠳᠠᠭᠠᠨ ᠪᠠᠶᠢᠵᠦ᠂ ᠴᠠᠭ ᠦᠶ᠎ᠡ | ᠠᠴᠠ ᠪᠢᠳᠠᠨ ᠳᠤ ᠦᠩᠭᠡ ᠭᠡᠷᠡᠯᠳᠤ ᠳᠠᠷᠬᠠᠨ ᠡᠭᠦᠷᠭᠡ ᠶᠢ ᠤᠯᠭᠤᠭᠰᠠᠨ ᠪᠤᠯᠬᠤᠷ ᠭᠤᠸ᠎ᠠ ᠰᠠᠶᠢᠬᠠᠨ ᠢᠷᠡᠭᠡᠳᠦᠢ ᠪᠠᠨ ᠴᠤᠭᠴᠠᠯᠠᠨ ᠪᠠᠶᠢᠭᠤᠯᠬᠤ ᠪᠠᠷ ᠬᠠᠮᠳᠤᠪᠡᠷ | ᠮᠡᠷᠠᠶᠢᠨ ᠴᠢᠷᠮᠠᠶᠢᠶ᠎ᠠ᠃ ᠪᠢᠳᠡ ᠬᠤᠰᠢᠭᠤ ᠨᠠᠮ ᠤᠨ ᠬᠤᠷᠢᠶᠠᠨ ᠤ ᠪᠠᠳᠤ ᠴᠢᠩᠭ᠎ᠠ ᠤᠳᠤᠷᠢᠳᠤᠯᠭ᠎ᠠ ᠪᠤᠯᠤᠨ ᠬᠤᠰᠢᠭᠤᠨ ᠤ ᠠᠷᠠᠤᠨ ᠤᠨ ᠲᠦᠯᠦᠭᠡᠯᠡᠭᠴᠢᠤᠨ ᠤᠨ | ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠵᠢᠴᠢ ᠬᠤᠰᠢᠭᠤᠨ ᠤ ᠤᠯᠤᠰ ᠲᠦᠷᠦ ᠶᠢᠨ ᠵᠦᠪᠯᠡᠯᠭᠡᠨ ᠤ ᠬᠢᠨᠠᠯᠳᠡ ᠲᠡᠮᠵᠢᠯᠭᠡ ᠲᠤᠤᠷ᠎ᠡ᠂ ᠪᠦᠬᠦ ᠬᠤᠰᠢᠭᠤᠨ ᠤ | ᠦᠡᠳᠦᠰᠦᠳᠡᠨ ᠨᠦᠭᠦᠳ ᠤᠨ ᠠᠷᠠᠤᠨ ᠲᠦᠮᠡᠨ ᠳᠡᠭᠡᠨ ᠲᠦᠰᠢᠭᠯᠡᠨ᠂ ᠦᠵᠡᠯ ᠰᠠᠨᠠᠭ᠎ᠠ ᠪᠠᠨ ᠴᠢᠨᠠᠭᠰᠢᠳᠡ ᠴᠢᠯᠤᠭᠡᠯᠡᠵᠥ᠂ ᠠᠵᠠ ᠲᠤᠬᠢᠶᠠᠯ ᠢ ᠠᠳᠬᠤᠨ᠂ ᠦᠨᠡᠡᠬᠦ | ᠠᠳᠬᠤᠨ ᠪᠤᠳᠠᠳᠠᠢ ᠠᠵᠢᠯᠯᠠᠵᠥ᠂ ᠬᠦᠴᠢᠷ ᠪᠡᠷᠭᠡ ᠶᠢ ᠢᠯᠡᠨ᠂ ᠰᠢᠨ᠎ᠠ ᠪᠠᠷᠭᠤ ᠪᠠᠷᠠᠭᠤᠨ ᠬᠤᠰᠢᠭᠤᠨ ᠤ ᠦᠭᠡᠷᠡᠴᠢᠯᠡᠯᠳᠡ ᠬᠦᠭᠵᠢᠯᠳᠡ ᠶᠢᠨ ᠰᠢᠨ᠎ᠡ ᠪᠠᠶᠢᠳᠠᠯ | ᠪᠤᠯᠤᠨ ᠡᠭᠡ ᠤᠯᠤᠰ ᠤᠨ ᠤᠮᠠᠷᠠᠳᠤ ᠬᠢᠯᠢ ᠶᠢᠨ ᠭᠤᠸ᠎ᠠ ᠰᠠᠶᠢᠬᠠᠨ ᠦᠩᠭᠡ ᠦᠵᠡᠮᠵᠢ ᠶᠢ ᠪᠤᠢ ᠪᠤᠯᠭᠠᠬᠤ ᠪᠠᠷ ᠴᠢᠷᠮᠠᠶᠢᠨ ᠲᠠᠮᠡᠴᠡᠵᠡᠭᠡᠶᠡ︕ | | | ᠳᠠᠶᠢᠯᠪᠦᠷᠢ᠄ | ᠲᠠᠪᠤ ᠶᠢ ᠨᠢᠭᠡ ᠴᠤᠭᠴᠠᠵᠢᠭᠤᠯᠬᠤ᠄ ᠠᠵᠦ ᠠᠬᠤᠢ ᠶᠢᠨ ᠪᠦᠲᠦᠭᠡᠨ ᠪᠠᠶᠢᠭᠤᠯᠤᠯᠳᠠ᠂ ᠤᠯᠤᠰ ᠲᠦᠷᠦ ᠶᠢᠨ ᠪᠠᠶᠢᠭᠤᠯᠤᠯᠳᠠ᠂ ᠰᠤᠶᠤᠯ ᠤᠨ | ᠪᠠᠶᠢᠭᠤᠯᠤᠯᠳᠠ᠂ ᠨᠡᠶᠢᠬᠡᠮ ᠤᠨ ᠪᠠᠶᠢᠭᠤᠯᠤᠯᠳᠠ ᠪᠠ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠳᠠ ᠵᠡᠷᠭᠡ ᠲᠠᠪᠤ ᠶᠢ ᠨᠢᠭᠡ ᠴᠤᠭᠴᠠᠵᠢᠭᠤᠯᠬᠤ᠃ | ᠲᠠᠪᠤ ᠶᠢ ᠵᠤᠬᠢᠴᠠᠭᠤᠯᠤᠨ ᠬᠦᠭᠵᠢᠬᠦᠯᠬᠦ᠄ ᠰᠢᠨ᠎ᠠ ᠭᠡᠯᠪᠡᠷᠢ ᠶᠢᠨ ᠠᠵᠤ ᠦᠢᠯᠡᠳᠪᠤᠷᠢᠵᠢᠯᠳᠡ᠂ ᠰᠤᠷᠠᠭ ᠵᠠᠩᠬᠢᠴᠢᠯᠠᠯᠳᠡ᠂ ᠬᠤᠳᠠ ᠪᠠᠯᠭᠠᠰᠤᠵᠢᠯᠳᠡ᠂ | ᠲᠠᠷᠢᠶᠠᠯᠠᠩ ᠮᠠᠯ ᠠᠵᠥ ᠠᠬᠤᠢ ᠶᠢᠨ ᠤᠳᠤᠬᠢᠴᠢᠯᠠᠯᠳᠡ᠂ ᠨᠤᠭᠤᠭᠠᠷᠠᠭᠤᠯᠤᠯᠳᠡ ᠶᠢ ᠵᠡᠷᠭᠡ ᠳᠤᠨᠢ ᠬᠦᠭᠵᠢᠬᠦᠯᠬᠦ᠃ | ᠭᠤᠷᠪᠠᠨ ᠬᠢᠵᠠᠭᠠᠷᠳᠦ ᠱᠤᠭᠤᠮ᠄ ᠬᠦᠭᠵᠢᠯᠳᠡ᠂ ᠠᠮᠢ ᠠᠬᠤᠢ᠂ ᠠᠷᠠᠳ ᠤᠨ ᠠᠮᠢᠳᠤᠷᠠᠯ ᠵᠡᠷᠭᠡ ᠭᠤᠷᠪᠠᠨ ᠬᠢᠵᠠᠭᠠᠷᠳᠦ ᠱᠤᠭᠤᠮ᠃ | ᠬᠤᠶᠠᠷ ᠤᠷᠤᠨ ᠭᠤᠷᠪᠠᠨ ᠭᠠᠵᠠᠷ ᠨᠢᠭᠡ ᠭᠡᠷ ᠤᠷᠤᠨ᠄ ᠪᠦᠬᠦ ᠤᠯᠤᠰ ᠤᠨ ᠦᠷᠬᠦᠯᠵᠢᠯᠡᠯ ᠬᠦᠭᠵᠢᠯᠳᠡ ᠶᠢᠨ ᠠᠮᠢ ᠠᠬᠤᠢ ᠶᠢᠨ ᠤᠷᠴᠢᠨ ᠲᠤᠭᠤᠷᠢᠨ ᠤ | ᠬᠠᠮᠠᠭᠠᠯᠠᠯᠳᠠ ᠶᠢᠨ | ᠪᠦᠲᠦᠭᠡᠨ ᠪᠠᠶᠢᠭᠤᠯᠤᠯᠳᠠ ᠶᠢᠨ ᠵᠢᠱᠢᠶ᠎ᠡ ᠦᠵᠡᠬᠦᠯᠬᠦ ᠤᠷᠤᠨ᠂ ᠪᠦᠬᠦ ᠤᠯᠤᠰ ᠤᠨ ᠬᠢᠯᠢ ᠲᠠᠭᠠᠤ ᠨᠡᠭᠡᠭᠡᠨ ᠬᠦᠭᠵᠢᠬᠦᠯᠬᠦ ᠳᠤ ᠬᠠᠮᠤᠭ ᠠᠴᠠ ᠠᠮᠢᠵᠢᠷᠠᠯ ᠤᠨ | ᠬᠦᠴᠦᠨ ᠪᠦᠬᠦᠢ ᠤᠷᠤᠨ ᠪᠠᠶᠢᠷᠢ ᠶᠢᠨ ᠳᠠᠪᠠᠭᠤᠯᠢᠭ ᠲᠠᠢ ᠤᠷᠢᠳᠠᠪᠠᠷ ᠬᠦᠭᠵᠢᠬᠦᠯᠬᠦ ᠤᠷᠤᠨ᠃ ᠤᠯᠠᠨ ᠤᠯᠤᠰ ᠤᠨ ᠲᠡᠭᠡᠳᠦ ᠲᠡᠰ ᠤᠨ ᠵᠤᠭᠠᠴᠠᠯ ᠤᠨ ᠭᠠᠵᠠᠷ᠂ | ᠤᠯᠤᠰ ᠤᠨ ᠴᠢᠬᠤᠯᠠ ᠪᠤᠬᠢᠷᠳᠤᠯ ᠦᠬᠡᠢ ᠤᠷᠭᠠᠨᠢᠭ ᠲᠠᠷᠢᠶᠠᠯᠠᠩ ᠮᠠᠯ ᠠᠵᠦ ᠠᠬᠤᠢ ᠣᠢ ᠰᠢᠭᠤᠢ ᠶᠢᠨ ᠪᠦᠲᠦᠭᠳᠡᠬᠦᠨ ᠢ ᠦᠢᠯᠡᠳᠪᠦᠷᠢᠯᠡᠨ ᠪᠤᠯᠪᠠᠰᠤᠷᠠᠭᠤᠯᠤᠨ | ᠭᠠᠳᠠᠭᠰᠢ ᠭᠠᠷᠭᠠᠬᠤ ᠰᠠᠭᠤᠷᠢᠨ ᠭᠠᠵᠠᠷ᠂ ᠤᠯᠤᠰ ᠤᠨ ᠴᠢᠬᠤᠯᠠ ᠴᠡᠪᠡᠷ ᠡᠨᠧᠷᠬᠢ ᠪᠤᠯᠤᠨ ᠨᠡᠭᠦᠷᠡᠰᠦ ᠪᠠᠷ ᠲᠦᠬᠦᠭᠡᠢ ᠮᠠᠲ᠋ᠧᠷᠢᠶᠠᠯ ᠪᠤᠯᠭᠠᠭᠰᠠᠨ ᠦᠢᠯᠡᠳᠬᠦᠨ ᠢ | ᠪᠤᠯᠪᠠᠰᠤᠷᠠᠭᠤᠯᠤᠨ ᠭᠠᠳᠠᠭᠰᠢ ᠭᠠᠷᠭᠠᠬᠤ ᠰᠠᠭᠤᠷᠢᠨ ᠭᠠᠵᠠᠷ᠃ ᠦᠨᠳᠦᠰᠦᠳᠡᠨ ᠪᠦᠯᠬᠦᠮᠳᠡᠯ ᠲᠠᠢ᠂ ᠬᠢᠯᠢ ᠬᠢᠵᠠᠭᠠᠷ ᠠᠮᠤᠷ ᠲᠤᠭᠳᠠᠭᠤᠨ᠂ ᠭᠤᠸ᠎ᠠ ᠦᠵᠡᠰᠭᠦᠯᠡᠩᠳᠦ | ᠵᠤᠯ ᠵᠢᠷᠭᠠᠯᠳᠦ ᠭᠡᠷ ᠤᠷᠤᠨ᠃ |