2017 ᠤᠨ ᠤ ᠵᠠᠰᠠᠭ ᠤᠨ ᠤᠷᠳᠤᠨ ᠤ ᠠᠵᠢᠯ ᠤᠨ ᠢᠯᠡᠤᠡᠬᠡᠯ ︵ᠬᠤᠶᠠᠷ︶
ᠨᠡᠶᠢᠲᠡᠯᠡᠭᠰᠡᠨ ᠴᠠᠭ᠄
2018/1/13
     ᠬᠤᠶᠠᠷ᠂ 2017 ᠤᠨ ᠤ ᠠᠵᠦ ᠠᠬᠤᠢ ᠨᠡᠶᠢᠬᠡᠮ ᠤᠨ ᠬᠦᠭᠵᠢᠯᠳᠡ ᠳᠤ ᠰᠢᠨ᠎ᠡ ᠬᠠᠭᠤᠳᠠᠰᠦ ᠶᠢ ᠪᠢᠴᠢᠭᠯᠡᠶ᠎ᠡ      ᠲᠦᠯᠦᠭᠡᠯᠡᠭᠴᠢᠤᠨ ᠡ᠂ 2017 ᠤᠨ ᠪᠤᠯ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠬᠤ ᠵᠠᠩᠬᠢᠯᠠᠭ᠎ᠠ ᠶᠢᠨ ᠵᠢᠯ ᠪᠤᠯᠤᠨ᠎ᠠ᠃ ᠡᠨᠡ ᠵᠢᠯ ᠤᠨ ᠠᠵᠢᠯ ᠢ ᠰᠠᠶᠢᠳᠤᠷ ᠬᠢᠬᠦ ᠳᠤ᠂ ᠨᠠᠮ ᠤᠨ ᠤᠳᠤᠷᠢᠳᠤᠯᠭ᠎ᠠ ᠶᠢ ᠡᠷᠬᠡᠪᠰᠢ ᠪᠠᠷᠢᠮᠳᠠᠯᠠᠵᠥ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ᠂ ᠠᠷᠪᠠᠨ ᠨᠠᠢᠮᠠᠳᠤᠭᠠᠷ ᠬᠤᠭᠤᠴᠠᠭᠠᠨ ᠤ ᠭᠤᠷᠪᠠᠳᠤᠭᠠᠷ᠂ ᠲᠦᠷᠪᠡᠳᠦᠭᠡᠷ᠂ ᠲᠠᠪᠤᠳᠤᠭᠠᠷ᠂ ᠵᠢᠷᠭᠤᠳᠤᠭᠠᠷ ᠪᠦᠭᠦᠳᠡ ᠬᠤᠷᠠᠯ᠂ ᠦᠪᠡᠷᠳᠡᠭᠡᠨ ᠵᠠᠰᠠᠬᠤ ᠤᠷᠤᠨ  ᠤ ᠨᠠᠮ ᠤᠨ ᠬᠤᠷᠢᠶᠠᠨ ᠤ ᠠᠷᠪᠠᠳᠤᠭᠠᠷ ᠤᠳᠠᠭᠠᠨ ᠤ ᠨᠡᠮ ᠤᠨ ᠲᠦᠯᠦᠭᠡᠯᠡᠭᠴᠢᠤᠨ ᠤᠨ ᠬᠤᠷᠠᠯ ᠪᠤᠯᠤᠨ ᠠᠷᠪᠠᠳᠤᠭᠠᠷ ᠬᠤᠭᠤᠴᠠᠭᠠᠨ ᠤ ᠬᠤᠶᠠᠳᠤᠭᠠᠷ ᠤᠳᠠᠭᠠᠨ ᠤ ᠪᠦᠬᠦᠳᠡ ᠬᠤᠷᠠᠯ ᠵᠢᠴᠢ ᠬᠤᠳᠡ ᠶᠢᠨ ᠨᠠᠮ ᠤᠨ ᠬᠤᠷᠢᠶᠠᠨ ᠤ ᠲᠦᠷᠪᠡᠳᠦᠭᠡᠷ ᠤᠳᠠᠭᠠᠨ ᠤ ᠨᠠᠮ ᠤᠨ ᠲᠦᠯᠦᠭᠡᠯᠡᠭᠴᠢᠤᠨ ᠤᠨ ᠬᠤᠷᠠᠯ᠂ ᠬᠤᠰᠢᠭᠤᠨ ᠤ ᠨᠠᠮ ᠤᠨ ᠬᠤᠷᠢᠶᠠᠨ ᠤ ᠠᠷᠪᠠᠨ ᠲᠦᠷᠪᠡᠳᠦᠭᠡᠷ ᠤᠳᠠᠭᠠᠨ ᠤ ᠨᠠᠮ ᠤᠨ ᠲᠦᠯᠦᠭᠡᠯᠡᠭᠴᠢᠤᠨ ᠤᠨ ᠬᠤᠷᠠᠯ ᠪᠤᠯᠤᠨ ᠠᠷᠪᠠᠨ ᠲᠦᠷᠪᠡᠳᠦᠭᠡᠷ ᠬᠤᠭᠤᠴᠠᠭᠠᠨ ᠤ ᠭᠤᠷᠪᠠᠳᠤᠭᠠᠷ ᠤᠳᠠᠭᠠᠨ ᠤ ᠪᠦᠭᠦᠳᠡ ᠬᠤᠷᠠᠯ ᠤᠨ ᠵᠤᠷᠢᠭ ᠰᠠᠨᠠᠭ᠎ᠠ ᠶᠢ ᠬᠦᠡᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠥ᠂ ᠤᠯᠤᠰ ᠠᠴᠠ ᠵᠡᠭᠦᠨ ᠬᠤᠶᠢᠳᠤ ᠤᠷᠤᠨ ᠢ ᠴᠡᠴᠡᠭᠯᠡᠨ ᠬᠦᠭᠵᠢᠬᠦᠯᠬᠦ᠂ ᠲᠤᠮᠳᠠᠳᠤ ᠤᠷᠤᠰ ᠮᠤᠩᠭᠤᠯ ᠭᠤᠷᠪᠠᠨ ᠤᠯᠤᠰ ᠤᠨ ᠤᠷᠤᠨ ᠪᠠᠶᠢᠷᠢ ᠶᠢᠨ ᠲᠠᠪᠠᠭᠤᠯᠢᠭ ᠲᠠᠢ ᠤᠷᠤᠨ ᠢ ᠤᠷᠢᠳᠠᠪᠡᠷ ᠬᠦᠭᠵᠢᠬᠦᠯᠬᠦ᠂ ︽ᠨᠢᠭᠡ ᠪᠦᠰᠡ ᠨᠢᠭᠡ ᠵᠠᠮ︾ ᠵᠡᠷᠭᠡ ᠬᠦᠭᠵᠢᠯᠳᠡ ᠶᠢᠨ ᠪᠠᠶᠢᠯᠳᠤᠬᠤ ᠪᠤᠳᠤᠯᠭ᠎ᠠ ᠳᠤ ᠢᠳᠡᠪᠬᠢᠳᠡᠢ ᠠᠭᠤᠰᠤᠯᠴᠠᠵᠥ᠂ ︽ᠲᠠᠪᠤ ᠶᠢ ᠨᠢᠭᠡ ᠴᠤᠭᠴᠠᠵᠢᠭᠤᠯᠬᠤ︾ ᠶᠡᠷᠦᠩᠬᠡᠢ ᠪᠠᠶᠢᠷᠢᠯᠠᠭᠤᠯᠤᠯᠳᠡ ᠶᠢ ᠨᠢᠭᠡᠳᠤᠯᠳᠡᠢ ᠲᠦᠯᠦᠪᠯᠡᠨ ᠠᠬᠢᠭᠤᠯᠵᠥ᠂ ︽ᠲᠠᠪᠤ ᠶᠢ ᠵᠤᠬᠢᠴᠠᠭᠤᠯᠤᠨ ᠬᠦᠭᠵᠢᠬᠦᠯᠬᠦ︾ ᠶᠢ ᠲᠠᠰᠤᠷᠠᠯᠳᠡ ᠦᠭᠡᠢ ᠠᠬᠢᠭᠤᠯᠵᠥ᠂ ︽ᠭᠤᠷᠪᠠᠨ ᠬᠢᠵᠠᠭᠠᠷᠳᠤ ᠱᠤᠭᠤᠮ︾ ᠢ ᠡᠷᠡᠰ ᠪᠠᠷᠢᠮᠳᠠᠯᠠᠵᠥ᠂ ᠬᠤᠳᠡ ᠶᠢᠨ ᠨᠠᠮ ᠤᠨ ᠬᠤᠷᠢᠶᠠᠨ ᠤ ︽ᠬᠤᠶᠠᠷ ᠤᠷᠤᠨ ᠭᠤᠷᠪᠠᠨ ᠭᠠᠵᠠᠷ ᠨᠢᠭᠡ ᠭᠡᠷ ᠤᠷᠤᠨ︾ ᠤ ᠬᠠᠷᠠᠯᠳᠡ ᠶᠤᠰᠤᠭᠠᠷ᠂ ᠲᠤᠭᠳᠠᠭᠤᠨ ᠤ ᠲᠤᠮᠳᠡ ᠠᠬᠢᠯᠳᠡ ᠲᠠᠢ ᠪᠠᠶᠢᠬᠤ ᠦᠡᠳᠦᠰᠦᠨ ᠬᠦᠭ ᠠᠶᠢᠵᠢᠮ ᠢ ᠪᠠᠷᠢᠮᠳᠠᠯᠠᠨ᠂ ᠨᠡᠮᠡᠭᠳᠡᠯ ᠢ ᠲᠤᠭᠳᠠᠪᠤᠷᠢᠵᠢᠭᠤᠯᠵᠥ᠂ ᠠᠷᠭ᠎ᠠ ᠬᠡᠯᠪᠡᠷᠢ ᠶᠢ ᠬᠤᠪᠢᠷᠠᠭᠤᠯᠤᠨ᠂ ᠪᠦᠳᠦᠴᠡ ᠶᠢ ᠲᠤᠬᠢᠷᠠᠭᠤᠯᠵᠥ᠂ ᠦᠭᠡᠷᠡᠴᠢᠯᠡᠯᠳᠡ ᠶᠢ ᠬᠦᠡᠵᠡᠭᠡᠶᠢᠷᠡᠬᠦᠯᠦᠨ᠂ ᠠᠷᠠᠤᠨ ᠤᠨ ᠠᠮᠢᠳᠤᠷᠠᠯ ᠢ ᠰᠠᠶᠢᠵᠢᠷᠠᠭᠤᠯᠵᠥ᠂ ᠦᠡᠳᠦᠰᠦᠳᠡᠨ ᠤ ᠪᠦᠯᠬᠦᠮᠳᠠᠯ ᠲᠠᠪᠰᠢᠯᠳᠡ ᠶᠢ ᠲᠦᠯᠬᠢᠨ ᠠᠬᠢᠭᠤᠯᠵᠥ᠂ ᠠᠯᠤᠰ ᠢ ᠪᠠᠷᠠᠯᠠᠨ ᠬᠠᠷᠢᠯᠴᠠᠨ ᠬᠠᠪᠰᠤᠷᠤᠯᠴᠠᠵᠦ᠂ ᠭᠤᠸ᠎ᠠ ᠦᠵᠡᠰᠭᠦᠯᠡᠩ ᠢᠶᠠᠷ ᠬᠦᠭᠵᠢᠬᠦᠯᠦᠨ᠂ ᠲᠡᠷᠢᠬᠦᠨ ᠳᠤᠨᠢ ᠤᠷᠤᠬᠤ  ᠪᠠᠷ ᠮᠡᠷᠠᠶᠢᠨ ᠴᠢᠷᠮᠠᠶᠢᠵᠥ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠳᠤ ᠪᠠᠳᠤ ᠪᠠᠬᠢ ᠰᠠᠭᠤᠷᠢ ᠲᠠᠯᠪᠢᠵᠥ᠂ ᠰᠢᠯᠢᠳᠡᠭ ᠬᠢᠷᠢ ᠪᠦᠳᠦᠮᠵᠢ ᠪᠠᠷ ᠦᠪᠡᠷᠳᠡᠭᠡᠨ ᠵᠠᠰᠠᠬᠤ ᠤᠷᠤᠨ ᠪᠠᠶᠢᠭᠤᠯᠤᠭᠳᠠᠭᠰᠠᠨ 70 ᠵᠢᠯ  ᠤᠨ ᠤᠢ ᠶᠢ ᠪᠡᠯᠭᠡᠯᠡᠬᠦ ᠪᠠ ᠨᠠᠮ ᠤᠨ ᠠᠷᠪᠠᠨ ᠶᠢᠰᠦᠳᠦᠭᠡᠷ ᠶᠡᠭᠡ ᠬᠤᠷᠠᠯ ᠤᠨ ᠠᠮᠵᠢᠯᠳᠡᠳᠡᠢ ᠬᠤᠷᠠᠯᠳᠤᠬᠤ ᠶᠢ ᠤᠭᠳᠤᠶ᠎ᠠ᠃      ᠡᠨᠡ ᠵᠢᠯ ᠤᠨ ᠠᠵᠥ ᠠᠬᠤᠢ ᠨᠠᠶᠢᠭᠡᠮ ᠤᠨ ᠬᠦᠭᠵᠢᠯᠳᠡ ᠶᠢᠨ ᠭᠤᠤᠯ ᠵᠢᠱᠢᠭᠰᠡᠨ ᠬᠠᠷᠠᠯᠳᠡ ᠪᠤᠯ᠄ ᠤᠷᠤᠨ ᠨᠤᠳᠤᠭ ᠤᠨ ᠦᠢᠯᠡᠳᠪᠤᠷᠢᠯᠠᠯ ᠤᠨ ᠶᠡᠷᠦᠩᠭᠡᠢ ᠦᠷᠳᠡᠭ ᠢ 7.5% ᠤᠷᠴᠢᠮ ᠨᠡᠮᠡᠭᠳᠡᠬᠦᠯᠵᠥ᠂ ᠡᠩ ᠤᠨ ᠤᠯᠠᠨ ᠨᠡᠶᠢᠳᠡ ᠶᠢᠨ ᠲᠦᠰᠦᠪ ᠤᠨ ᠤᠷᠤᠯᠭ᠎ᠠ ᠶᠢ 6% ᠤᠷᠴᠢᠮ ᠨᠡᠮᠡᠭᠳᠡᠭᠦᠯᠵᠥ᠂ ᠲᠤᠭᠳᠠᠮᠠᠯ ᠬᠦᠷᠦᠩᠭᠡ ᠶᠢᠨ ᠪᠡᠯᠡ ᠤᠷᠤᠭᠤᠯᠤᠯᠳᠡ ᠶᠢ 10% ᠤᠷᠴᠢᠮ ᠨᠡᠮᠡᠭᠳᠡᠬᠦᠯᠵᠥ᠂ ᠨᠡᠶᠢᠭᠡᠮ ᠤᠨ ᠭᠡᠷᠡᠭᠯᠡᠭᠡᠨ ᠤ ᠲᠠᠸᠠᠷ ᠢ ᠵᠢᠵᠢᠭᠯᠡᠨ ᠪᠤᠷᠤᠯᠠᠭᠤᠯᠤᠭᠰᠠᠨ ᠶᠡᠷᠦᠩᠭᠡᠢ ᠲᠤᠭ᠎ᠠ ᠶᠢ 10% ᠤᠷᠴᠢᠮ ᠨᠡᠮᠡᠭᠳᠡᠬᠦᠯᠵᠥ᠂ ᠬᠤᠳᠠ ᠪᠠᠯᠭᠠᠰᠤ᠂ ᠮᠠᠯᠵᠢᠬᠤ ᠤᠷᠤᠨ  ᠤ ᠰᠠᠭᠤᠭᠠᠯᠢ ᠠᠷᠠᠤᠨ ᠤᠨ ᠬᠦᠮᠦᠨ ᠲᠤᠮᠳᠡᠴᠢ ᠵᠠᠷᠤᠴᠠᠭᠤᠯᠵᠥ ᠪᠤᠯᠬᠤ ᠤᠷᠤᠯᠭ᠎ᠠ ᠶᠢ ᠲᠤᠰᠪᠤᠷᠢ 8% ᠪᠠ 8.5% ᠤᠷᠴᠢᠮ ᠨᠡᠮᠡᠭᠳᠡᠬᠦᠯᠦᠨ᠂ ᠬᠤᠳᠡ ᠪᠠᠯᠭᠠᠰᠤ ᠶᠢᠨ ᠲᠠᠩᠰᠠᠯᠠᠭᠤᠯᠤᠭᠰᠠᠨ ᠠᠵᠢᠯ ᠠᠯᠳᠠᠭᠰᠠᠤᠨ ᠤᠨ ᠨᠤᠷᠮ᠎ᠠ ᠶᠢ 4% ᠲᠤᠳᠤᠷ᠎ᠠ ᠬᠢᠵᠠᠭᠠᠷᠯᠠᠵᠥ᠂ ᠡᠨᠧᠷᠬᠢ ᠶᠢ ᠠᠷᠪᠢᠯᠠᠨ ᠪᠤᠬᠢᠷᠳᠤᠯ ᠢ ᠪᠠᠭᠠᠰᠬᠠᠬᠤ ᠠᠵᠢᠯ ᠤᠨ ᠬᠠᠷᠠᠯᠳᠡ ᠶᠢ ᠪᠡᠶᠡᠯᠡᠬᠦᠯᠦᠨ᠎ᠠ᠃      ᠲᠡᠭᠡᠷ᠎ᠡ ᠲᠤᠷᠠᠳᠤᠭᠰᠠᠨ ᠬᠠᠷᠠᠯᠳᠡ ᠶᠢ ᠪᠠᠶᠡᠯᠡᠬᠦᠯᠬᠦ ᠶᠢᠨ ᠲᠦᠯᠦᠭᠡ᠂ 2017 ᠤᠨ ᠳᠤ ᠲᠤᠤᠷᠠᠬᠢ ᠬᠡᠳᠤᠨ ᠲᠠᠯ᠎ᠠ ᠶᠢᠨ ᠠᠵᠢᠯ ᠢ ᠭᠤᠤᠯᠳᠠᠯᠭ᠎ᠠ ᠲᠠᠢ ᠰᠠᠶᠢᠳᠦᠷ ᠠᠳᠬᠤᠨ᠎ᠠ᠄      ︵ᠨᠢᠭᠡ︶ ᠠᠵᠤ ᠦᠢᠯᠡᠰ ᠤᠨ ᠵᠤᠬᠢᠴᠠᠩᠭᠤᠢ ᠬᠦᠭᠵᠢᠯᠳᠡ ᠳᠤ ᠳᠠᠬᠢᠨ ᠰᠢᠨ᠎ᠡ ᠬᠠᠭᠤᠳᠠᠰᠦ ᠶᠢ ᠪᠢᠴᠢᠭᠯᠡᠨ᠎ᠡ      ᠨᠢᠭᠡ ᠳᠤ᠂ ᠤᠯᠠᠮᠵᠢᠯᠠᠯᠳᠦ ᠮᠠᠯ ᠠᠵᠤ ᠠᠬᠤᠢ ᠶᠢᠨ ᠬᠡᠯᠪᠡᠷᠢ ᠶᠢ ᠬᠤᠪᠢᠷᠠᠭᠤᠯᠤᠨ ᠲᠡᠰ ᠲᠡᠪᠰᠢᠬᠦᠯᠦᠨ᠎ᠡ᠃ ᠮᠠᠯ ᠠᠵᠤ ᠠᠬᠤᠢ ᠶᠢᠨ ᠰᠠᠭᠤᠷᠢ ᠲᠦᠬᠦᠭᠡᠷᠦᠮᠵᠢ ᠶᠢᠨ ᠪᠦᠳᠦᠭᠡᠨ ᠪᠠᠶᠢᠭᠤᠯᠤᠯᠳᠡ ᠶᠢ ᠴᠢᠩᠭᠠᠳᠬᠠᠵᠥ᠂ 3.2 ᠳ᠋ᠦᠩᠰᠢᠭᠤᠷ ᠲᠦᠭᠦᠷᠢᠭ ᠤᠨ ᠪᠡᠯᠡ ᠤᠷᠤᠭᠤᠯᠵᠥ᠂ ᠪᠡᠯᠴᠢᠭᠡᠷᠯᠡᠬᠦ ᠶᠢ ᠵᠤᠭᠰᠤᠭᠠᠨ ᠨᠤᠳᠤᠭ ᠪᠡᠯᠴᠢᠭᠡᠷ ᠢ ᠰᠡᠷᠬᠦᠭᠡᠬᠦ ᠂ ᠤᠳᠤᠬᠢᠴᠢᠯᠠᠭᠰᠠᠨ ᠮᠢᠬᠠᠨ ᠤ ᠬᠤᠨᠢ᠂ ᠠᠮᠢ ᠠᠬᠤᠢ ᠶᠢᠨ ᠤᠶᠤᠠᠴᠢ ᠮᠠᠯᠵᠢᠯ ᠤᠨ ᠲᠠᠯᠠᠪᠠᠢ᠂ ᠠᠩᠭᠧᠰ ᠮᠢᠬᠠᠨ ᠤ ᠦᠭᠡᠷ ᠢ ᠲᠠᠵᠢᠭᠡᠨ ᠦᠷᠡᠵᠢᠬᠦᠯᠬᠦ ᠲᠠᠯᠠᠪᠠᠢ᠂ ᠬᠦᠯᠦᠨ ᠨᠠᠭᠤᠷ ᠢ ᠪᠢᠳᠡᠭᠦᠮᠵᠢᠯᠡᠨ ᠬᠠᠮᠠᠭᠠᠯᠠᠬᠤ᠂ ᠬᠦᠯᠦᠨ ᠠᠭᠤᠷ  ᠤᠨ ᠤᠯᠤᠰ ᠤᠨ ᠲᠡᠰ ᠤᠨ ᠪᠠᠶᠢᠭᠠᠯᠢ ᠶᠢᠨ ᠬᠠᠮᠠᠭᠠᠯᠠᠯᠳᠠ ᠶᠢᠨ ᠤᠷᠤᠨ ᠤ ᠠᠷᠠᠤᠨ ᠢ ᠨᠡᠭᠦᠯᠭᠡᠬᠦ ᠵᠡᠷᠭᠡ 8 ᠭᠤᠤᠯᠳᠠᠯᠭ᠎ᠠ ᠲᠠᠢ ᠲᠦᠷᠦᠯ ᠵᠦᠢᠯ ᠢ ᠭᠡᠷᠡᠭᠵᠢᠬᠦᠯᠦᠨ᠎ᠠ᠃ ᠮᠠᠯᠴᠢᠤᠨ ᠲᠤ ᠬᠠᠷᠠᠭᠠᠯᠵᠠᠯ ᠦᠵᠡᠬᠦᠯᠬᠦ ᠲᠦᠷᠦ ᠶᠢᠨ ᠪᠤᠳᠤᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠥ᠂ ᠪᠡᠯᠴᠢᠭᠡᠷᠯᠡᠬᠦ ᠶᠢ ᠵᠤᠭᠰᠤᠭᠠᠨ ᠨᠤᠳᠤᠭ ᠪᠡᠯᠴᠢᠭᠡᠷ ᠢ ᠰᠡᠷᠬᠦᠭᠡᠬᠦ ᠢᠡᠵᠧᠨᠧᠷᠢᠩ ᠪᠤᠯᠤᠨ ᠬᠤᠶᠠᠳᠤᠭᠠᠷ ᠡᠭᠡᠯᠵᠢ ᠶᠢᠨ ᠨᠤᠳᠤᠭ ᠪᠠᠯᠴᠢᠭᠡᠷ ᠤᠨ ᠠᠮᠢ ᠠᠬᠤᠢ ᠶᠢᠨ ᠱᠠᠩᠨᠠᠯ ᠨᠦᠬᠦᠪᠤᠷᠢ ᠶᠢᠨ ᠲᠤᠭᠳᠠᠴᠠ ᠶᠢ ᠭᠡᠷᠡᠭᠵᠢᠬᠦᠯᠦᠨ᠎ᠠ᠃ ᠲᠠᠷᠢᠶᠠᠯᠠᠩ ᠤᠨ ᠪᠦᠳᠦᠭᠡᠭᠳᠡᠬᠦᠨ ᠪᠠ ᠮᠠᠯ ᠤᠨ ᠠᠰᠢᠭ ᠰᠢᠮ᠎ᠠ  ᠶᠢ ᠮᠦᠷᠳᠡᠬᠦ ᠰᠢᠰᠲ᠋ᠧᠮ ᠢ ᠲᠡᠭᠦᠯᠳᠡᠷᠵᠢᠬᠦᠯᠵᠦ᠂ ︽ᠲᠠᠭᠠᠳᠬᠠᠯ + ᠦᠭᠡᠷ ᠬᠤᠨᠢᠨ ᠤ ᠠᠵᠤ ᠦᠢᠯᠡᠰ + ᠢᠡᠲ᠋ᠧᠷ ᠰᠦᠯᠵᠢᠶ᠎ᠡ︾ ᠶᠢᠨ ᠤᠳᠤᠬᠢᠴᠢᠯᠠᠭᠰᠠᠨ ᠮᠠᠯ ᠠᠵᠤ ᠠᠬᠤᠢ ᠶᠢ ᠪᠤᠶᠢᠵᠢᠭᠤᠯᠵᠥ᠂ ᠡᠯᠧᠺᠲᠷᠤᠨ ᠬᠤᠳᠠᠯᠳᠤᠭᠠᠨ ᠤ ᠶᠠᠪᠤᠳᠠᠯ ᠤᠨ ᠬᠦᠭᠵᠢᠯᠳᠡ ᠶᠢ ᠲᠡᠮᠵᠢᠵᠥ᠂ ᠦᠢᠯᠡᠳᠪᠦᠷᠢᠯᠡᠬᠦ ᠪᠠ ᠭᠡᠷᠡᠭᠯᠡᠭᠡᠨ ᠤ ᠭᠤᠭᠴᠤᠭ᠎ᠠ ᠶᠢ ᠵᠠᠪᠰᠠᠷ ᠦᠭᠡᠢ  ᠵᠤᠯᠭᠠᠭᠤᠯᠤᠨ᠎ᠠ᠃ ᠰᠢᠶᠤᠤ ᠹᠸᠢ ᠶᠠᠩ ᠪᠤᠯᠤᠨ ᠼᠤᠤ ᠶᠤᠸᠠᠨ ᠲᠢᠶᠠᠨ ᠯᠢᠥᠢ ᠶᠢᠨ ᠰᠤᠯᠠ ᠪᠠᠶᠢᠭ᠎ᠠ ᠬᠦᠷᠦᠩᠭᠡ ᠶᠢ ᠠᠮᠢᠳᠤᠯᠢᠭ ᠪᠤᠯᠭᠠᠵᠥ᠂ ᠦᠭᠡᠷ ᠬᠤᠨᠢᠨ ᠮᠢᠬᠠᠨ ᠤ ᠪᠡᠯᠡᠨ ᠢᠳᠡᠭᠡᠨ ᠵᠢᠴᠢ ᠤᠯᠠᠨ ᠵᠦᠢᠯ ᠤᠨ ᠲᠠᠭᠠᠯᠳᠠ ᠪᠦᠳᠦᠬᠡᠭᠳᠡᠬᠦᠨ ᠢ ᠨᠠᠷᠢᠯᠢᠭ ᠪᠤᠯᠪᠠᠰᠤᠷᠠᠭᠤᠯᠬᠤ ᠠᠵᠤ ᠦᠢᠯᠡᠰ ᠢ ᠰᠦᠪᠡᠭᠴᠢᠯᠡᠨ᠎ᠡ᠃ ︽ᠬᠤᠨᠢ ᠶᠢ ᠲᠤᠭᠳᠠᠪᠤᠷᠢᠵᠢᠭᠤᠯᠤᠨ ᠦᠭᠡᠷ ᠢ ᠨᠡᠮᠡᠭᠳᠡᠬᠦᠯᠬᠦ︾ ᠪᠠᠶᠢᠯᠳᠤᠬᠤ ᠪᠤᠳᠤᠯᠭ᠎ᠠ ᠶᠢ ᠭᠡᠷᠡᠭᠵᠢᠬᠦᠯᠵᠥ᠂ ᠡᠾᠧ ᠮᠦ ᠶᠠᠩ ᠭᠤᠸᠠᠩ ᠵᠡᠷᠭᠡ ᠨᠠᠷᠠᠳᠤ ᠲᠤᠯᠤᠭᠠᠶᠢᠯᠠᠭᠴᠢ ᠠᠵᠤ ᠠᠬᠤᠶᠢᠯᠠᠯ ᠢ ᠤᠷᠤᠭᠤᠯᠤᠨ ᠠᠪᠴᠢᠷᠠᠵᠥ᠂ ᠮᠠᠯ ᠠᠵᠤ ᠠᠬᠤᠢ  ᠶᠢᠨ ᠰᠢᠨ᠎ᠡ ᠨᠡᠮᠡᠭᠳᠡᠯ ᠤᠨ ᠴᠡᠭ ᠢ ᠬᠦᠴᠦᠯᠠᠨ ᠪᠤᠢ ᠪᠤᠯᠭᠠᠨ᠎ᠠ᠃ ᠤᠳᠤᠬᠢᠴᠢᠯᠠᠭᠰᠠᠨ ᠮᠢᠬᠠᠨ ᠤ ᠬᠤᠨᠢ᠂ ᠰᠢᠮᠧᠨ᠋ᠳᠡᠷ ᠦᠭᠡᠷ᠂ ᠠᠩᠭᠧᠰ ᠮᠢᠬᠠᠨ ᠤ ᠦᠭᠡᠷ ᠢ ᠲᠡᠵᠢᠭᠡᠨ ᠦᠷᠡᠵᠢᠬᠦᠯᠬᠦ ᠠᠵᠤ ᠦᠢᠯᠡᠰ ᠢᠶᠠᠷ ᠰᠠᠭᠤᠷᠢ ᠪᠤᠯᠭᠠᠵᠥ᠂ ᠤᠡᠴᠠᠯᠢᠭᠳᠤ ᠲᠠᠵᠢᠭᠡᠨ ᠦᠷᠡᠵᠢᠬᠦᠯᠬᠦ ᠠᠵᠤ ᠦᠢᠯᠡᠰ ᠢ ᠶᠡᠭᠡᠪᠡᠷ ᠬᠦᠭᠵᠢᠬᠦᠯᠦᠨ᠎ᠡ᠃ ︽ᠤᠷᠭᠠᠨᠢᠭ ᠦᠢᠯᠡᠳᠬᠦᠨ ᠤ ᠵᠢᠱᠢᠶ᠎ᠠ ᠦᠵᠡᠬᠦᠯᠬᠦ ᠬᠤᠰᠢᠭᠤ︾ ᠶᠢ ᠡᠭᠦᠳᠦᠨ ᠪᠠᠶᠢᠭᠤᠯᠬᠤ ᠪᠠᠷ ᠠᠵᠠ ᠲᠤᠬᠢᠶᠠᠯ ᠪᠤᠯᠭᠠᠵᠥ᠂ ︽ᠲᠤᠮᠳᠠᠳᠤ ᠤᠯᠤᠰ᠂ ᠪᠠᠷᠠᠭᠤᠨ ᠬᠤᠰᠢᠭᠤᠨ ᠤ ᠬᠤᠨᠢᠨ ᠮᠢᠬ᠎ᠠ︾ ᠶᠢᠨ ᠠᠮᠳᠠᠳᠤ ᠢᠳᠡᠭᠡᠨ ᠤ ᠨᠠᠶᠢᠷ ᠢ ᠡᠷᠬᠢᠯᠡᠨ ᠬᠢᠬᠦ ᠪᠠᠷ ᠰᠦᠪᠡᠭᠴᠢᠯᠠᠨ᠂ ︽ᠪᠠᠷᠠᠭᠤᠨ ᠬᠤᠰᠢᠭᠤᠨ ᠤ ᠬᠤᠨᠢᠨ ᠮᠢᠬ᠎ᠠ︾ ᠶᠢ ᠭᠠᠳᠠᠭᠰᠢ ᠤᠬᠠᠭᠤᠯᠬᠤ ᠬᠡᠪᠴᠢᠶ᠎ᠡ ᠶᠢ ᠦᠷᠭᠡᠳᠭᠡᠨ᠎ᠡ᠃ ᠡᠬᠢ ᠪᠠᠶᠠᠯᠢᠭ ᠤᠨ ᠠᠭᠤᠯᠤᠭᠳᠠᠴᠠ ᠶᠢ ᠬᠦᠢᠴᠡᠤᠨ ᠢᠯᠡᠷᠡᠭᠦᠯᠵᠥ᠂ ᠦᠭᠡᠷ ᠤᠨ ᠮᠢᠬᠠᠨ ᠤ ᠦᠢᠯᠡᠳᠬᠦᠨ ᠪᠤᠯᠤᠨ ᠴᠡᠭᠡ ᠬᠢᠬᠦ ᠦᠢᠯᠡᠳᠪᠤᠷᠢ ᠶᠢ ᠪᠠᠶᠢᠭᠤᠯᠤᠨ᠎ᠠ᠃ ᠮᠠᠯ ᠪᠡᠯᠴᠢᠭᠡᠷ ᠢ ᠲᠠᠩᠴᠡᠬᠦᠷᠢᠳᠡᠢ ᠪᠠᠶᠢᠯᠭᠠᠬᠤ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠥ᠂ ᠭᠠᠮᠰᠢᠭ ᠢ ᠡᠰᠡᠷᠭᠦᠴᠡᠨ ᠮᠠᠯ ᠢᠶᠠᠨ ᠬᠠᠮᠠᠭᠠᠯᠠᠬᠤ ᠲᠤᠭᠳᠠᠴᠠ ᠶᠢ ᠲᠠᠰᠤᠷᠠᠯᠳᠡ ᠦᠭᠡᠢ ᠲᠡᠭᠦᠯᠳᠡᠷᠵᠢᠬᠦᠯᠦᠨ᠎ᠡ᠃ ᠪᠠᠶᠢᠭᠠᠯᠢᠯᠢᠭ ᠨᠤᠲᠤᠭ ᠪᠡᠯᠴᠢᠭᠡᠷ ᠢ ᠰᠡᠷᠭᠦᠭᠡᠬᠦ᠂ ᠰᠢᠯᠢᠳᠡᠭ ᠦᠬᠡᠷ ᠬᠤᠨᠢᠨ ᠤ ᠡᠭᠦᠯᠳᠡᠷ ᠢ ᠰᠠᠶᠢᠵᠢᠷᠠᠭᠤᠯᠬᠤ ᠠᠵᠢᠯ ᠤᠨ ᠲᠤᠭᠤᠷᠢᠨ ᠳᠤ᠂ ᠲᠤᠮᠳᠠᠳᠦ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠤᠷᠭᠤᠮᠠᠯ ᠤᠨ ᠭᠠᠵᠠᠷ᠂ ᠤᠳᠤᠮᠰᠢᠯ ᠢ ᠪᠤᠶᠢᠵᠢᠭᠤᠯᠬᠤ ᠭᠠᠵᠠᠷ ᠪᠠ ᠪᠠᠷᠠᠭᠤᠨ ᠬᠤᠶᠢᠳᠦ ᠶᠢᠨ ᠦᠨᠳᠦᠷᠯᠢᠭ ᠤᠨ ᠠᠮᠢᠳᠦ ᠪᠤᠳᠠᠰ ᠤᠨ ᠭᠠᠵᠠᠷ ᠵᠡᠷᠭᠡ ᠰᠤᠳᠤᠯᠭᠠᠨ ᠤ ᠪᠠᠶᠢᠭᠤᠯᠭ᠎ᠠ ᠲᠠᠢ ᠨᠢᠠᠠᠳᠠ ᠬᠠᠮᠳᠤᠷᠠᠯᠴᠠᠭ᠎ᠠ ᠬᠢᠨ᠎ᠡ᠃ ᠡᠯᠡᠰᠦᠷᠭᠡᠭ ᠭᠠᠵᠠᠷ ᠢ ᠶᠡᠷᠦᠩᠭᠡᠶᠢᠯᠡᠨ ᠵᠠᠰᠠᠬᠤ ᠲᠦᠷᠦᠯ ᠵᠦᠢᠯ ᠢ ᠬᠠᠮᠢᠶᠠᠷᠤᠨ ᠬᠠᠮᠠᠭᠠᠯᠠᠬᠤ ᠲᠠᠪᠴᠠᠩ ᠢ ᠪᠠᠶᠢᠭᠤᠯᠵᠥ᠂ ᠬᠠᠮᠢᠶᠠᠷᠤᠨ ᠬᠠᠮᠠᠭᠠᠯᠠᠬᠤ ᠳᠤ ᠬᠢᠨᠠᠯᠳᠠ ᠳᠠᠯᠪᠢᠬᠤ ᠪᠠ ᠬᠠᠮᠢᠶᠠᠷᠤᠯᠳᠡ ᠶᠢᠨ ᠰᠢᠨ᠎ᠠ ᠶᠢ ᠡᠭᠦᠳᠬᠦ ᠶᠢ ᠴᠢᠩᠭᠠᠳᠬᠠᠨ᠎ᠠ᠃ ᠤᠰᠤᠨ ᠤ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠳᠡ ᠶᠢᠨ ᠲᠦᠷᠦᠯ ᠵᠦᠢᠯ ᠢ ᠭᠡᠷᠡᠭᠵᠢᠬᠦᠯᠵᠥ᠂ ᠭᠤᠤᠯ ᠪᠠ ᠨᠠᠭᠤᠷ ᠢ ᠬᠤᠯᠪᠤᠭᠰᠠᠨ ᠰᠦᠯᠵᠢᠶ᠎ᠡ ᠶᠢ ᠡᠭᠦᠳᠦᠨ ᠪᠠᠶᠢᠭᠤᠯᠵᠥ᠂ ᠤᠰᠤ ᠬᠠᠩᠭᠠᠬᠤ ᠪᠠᠳᠤᠯᠠᠭ᠎ᠠ ᠶᠢᠨ ᠴᠢᠳᠠᠪᠤᠷᠢ ᠶᠢ ᠲᠡᠭᠡᠭᠰᠢᠯᠡᠬᠦᠯᠦᠨ᠂ ᠤᠰᠤᠨ ᠤ ᠰᠤᠶᠤᠯ ᠤᠨ ᠦᠵᠡᠮᠵᠢ ᠶᠢ ᠪᠤᠢ ᠪᠤᠯᠭᠠᠨ᠎ᠠ᠃ ᠬᠦᠯᠦᠨ ᠨᠠᠭᠤᠷ ᠢ ᠶᠡᠷᠦᠩᠬᠡᠶᠢᠯᠡᠨ ᠵᠠᠰᠠᠬᠤ ᠶᠢ ᠲᠦᠷᠭᠡᠳᠭᠡᠨ ᠠᠬᠢᠭᠤᠯᠵᠦ᠂ ᠪᠡᠯᠴᠢᠭᠡᠷᠯᠡᠬᠦ ᠶᠢ ᠵᠤᠭᠰᠤᠭᠠᠬᠤ ᠲᠤᠭᠤᠷᠢᠭ᠂ ᠮᠠᠯ ᠪᠡᠯᠴᠢᠭᠡᠷ ᠢ ᠲᠡᠩᠴᠡᠬᠦᠷᠢᠰᠢᠬᠦᠯᠬᠦ ᠲᠤᠭᠤᠷᠢᠭ ᠪᠤᠯᠤᠨ ᠪᠢᠳᠡᠬᠦᠮᠵᠢᠯᠡᠨ ᠬᠠᠮᠠᠭᠠᠯᠠᠬᠤ ᠲᠤᠭᠤᠷᠢᠭ ᠢ ᠲᠤᠭᠳᠠᠭᠠᠵᠦ᠂ ᠬᠦᠯᠦᠨ ᠨᠠᠭᠤᠷ ᠤᠨ ᠤᠶᠢᠷ᠎ᠠ ᠤᠷᠴᠢᠮ ᠤᠨ ᠤᠷᠴᠢᠨ ᠲᠤᠭᠤᠷᠢᠨ ᠢ ᠦᠷᠬᠦᠯᠵᠢᠯᠡᠨ ᠰᠠᠶᠢᠵᠢᠷᠠᠭᠤᠯᠤᠨ᠎ᠠ᠃      ᠬᠤᠶᠠᠷ ᠲᠤ᠂ ᠭᠤᠤᠯᠯᠠᠬᠤ ᠠᠵᠤ ᠦᠢᠯᠡᠰ ᠢ ᠪᠦᠭᠡᠮᠨᠡᠷᠡᠬᠦᠯᠦᠨ ᠪᠤᠵᠠᠭᠠᠶᠢᠷᠠᠭᠤᠯᠤᠨ᠎ᠠ᠃ ᠡᠬᠢ ᠪᠠᠶᠠᠯᠢᠭ᠂ ᠡᠨᠧᠷᠬᠢ ᠪᠠ ᠤᠷᠤᠨ ᠪᠠᠶᠢᠷᠢ ᠶᠢᠨ ᠲᠠᠪᠠᠭᠤᠯᠢᠭ ᠲᠤ ᠰᠠᠭᠤᠷᠢᠯᠠᠵᠥ᠂ ᠴᠢᠯᠠᠭᠤᠨ ᠲᠤᠰᠤ᠂ ᠦᠩᠭᠡᠳᠤ ᠲᠡᠮᠦᠷᠯᠢᠭ᠂ ᠨᠡᠭᠦᠷᠡᠰᠤ ᠵᠡᠷᠭᠡ ᠭᠤᠤᠯᠳᠠᠯᠭ᠎ᠠ ᠲᠠᠢ ᠠᠵᠤ ᠦᠢᠯᠡᠰ ᠤᠨ ᠬᠦᠭᠵᠢᠯᠳᠡ ᠶᠢ ᠦᠷᠬᠦᠯᠵᠢᠯᠡᠨ ᠲᠦᠯᠬᠢᠨ ᠠᠬᠢᠭᠤᠯᠵᠥ᠂ ᠠᠵᠤ ᠦᠢᠯᠡᠰ ᠤᠨ ᠭᠡᠯᠪᠡᠷᠢ ᠶᠢ ᠬᠤᠪᠢᠷᠠᠭᠤᠯᠤᠨ ᠲᠡᠰ ᠳᠡᠪᠰᠢᠬᠦᠯᠬᠦ ᠶᠢ ᠰᠦᠪᠡᠭᠴᠢᠯᠡᠨ᠎ᠡ᠃ ᠲᠦᠷᠦᠯ ᠵᠦᠢᠯ ᠤᠨ ᠪᠦᠳᠦᠭᠡᠨ ᠪᠠᠶᠢᠭᠤᠯᠤᠯᠳᠡ ᠶᠢ ᠴᠢᠩᠭᠠᠳᠬᠠᠵᠥ᠂ 7 ᠳ᠋ᠦᠩᠰᠢᠭᠤᠷ ᠲᠦᠭᠦᠷᠢᠭ ᠤᠨ ᠪᠡᠯᠡ ᠤᠷᠤᠭᠤᠯᠵᠥ᠂ ᠬᠠᠶᠢᠷᠬᠠᠨ ᠲᠤᠭᠤᠯᠭ᠎ᠠ ᠴᠠᠶᠢᠷ ᠤᠨ ᠠᠭᠤᠷᠬᠠᠢ ᠶᠢ ᠰᠢᠯᠢᠨ ᠰᠤᠩᠭᠤᠬᠤ᠂ ᠶᠢᠨ ᠱᠠᠨ ᠠᠭᠤᠷᠬᠠᠢ ᠶᠢᠨ ᠮᠡᠷᠭᠡᠵᠢᠯ ᠢᠶᠠᠨ ᠰᠠᠶᠢᠵᠢᠷᠠᠭᠤᠯᠬᠤ᠂ ᠳ᠋ᠠᠴᠢᠩ ᠤᠨ ᠴᠢᠯᠠᠭᠤᠨ ᠳᠤᠰᠤᠨ ᠤ ᠦᠷᠬᠦᠯᠵᠢᠯᠠᠯ ᠴᠢᠨᠠᠷᠳᠡᠢ ᠨᠡᠭᠡᠭᠡᠨ ᠠᠰᠢᠭᠯᠠᠬᠤ ᠵᠡᠷᠭᠡ 7 ᠭᠤᠤᠯᠳᠠᠯᠭ᠎ᠠ ᠲᠠᠢ ᠠᠵᠥ ᠦᠢᠯᠡᠳᠪᠤᠷᠢ ᠶᠢᠨ ᠲᠦᠷᠦᠯ ᠵᠦᠢᠯ ᠢ ᠭᠡᠷᠡᠭᠵᠢᠬᠦᠯᠵᠦ᠂ ᠷᠦᠩ ᠳ᠋ᠠ ᠠᠭᠤᠷᠬᠠᠢ ᠶᠢᠨ ᠦᠢᠯᠡᠰ ᠢ ᠴᠠᠭᠠᠨ ᠠᠭᠤᠷᠬᠠᠢ ᠶᠢᠨ ᠦᠢᠯᠡᠰ ᠲᠠᠢ ᠨᠢᠭᠡᠳᠭᠡᠬᠦ ᠶᠢ ᠲᠦᠷᠭᠡᠳᠭᠡᠨ᠎ᠡ᠃ ᠠᠵᠦ ᠦᠢᠯᠡᠳᠪᠦᠷᠢᠵᠢᠯᠳᠠ  ᠶᠢᠨ ᠠᠬᠢᠴᠠ ᠶᠢ ᠲᠦᠷᠭᠡᠳᠭᠡᠨ᠎ᠡ᠃ ᠠᠵᠤ ᠠᠬᠤᠶᠢᠯᠠᠯ ᠤᠨ ᠬᠤᠷᠸ᠎ᠠ ᠲᠤᠬᠢᠷᠠᠭᠤᠯᠭ᠎ᠠ ᠶᠢ ᠴᠢᠩᠭᠠᠳᠬᠠᠨ᠂ ᠠᠵᠤ ᠦᠢᠯᠡᠳᠪᠤᠷᠢ ᠶᠢᠨ ᠠᠵᠤ ᠠᠬᠤᠢ ᠶᠢᠨ ᠡᠷᠡᠬᠦᠯ ᠢᠶᠠᠷ ᠬᠦᠭᠵᠢᠬᠦ ᠶᠢ ᠪᠠᠳᠤᠯᠠᠨ᠎ᠠ᠃ ᠪᠤᠬᠢᠷᠳᠤᠯ ᠦᠭᠡᠢ ᠢᠳᠡᠭᠡᠨ ᠢ ᠪᠤᠯᠪᠠᠰᠤᠷᠠᠭᠤᠯᠬᠤ ᠦᠢᠯᠡᠰ ᠤᠨ ᠬᠦᠭᠵᠢᠯᠳᠡ ᠶᠢ ᠲᠦᠷᠭᠡᠳᠭᠡᠨ᠂ ᠬᠦᠭᠵᠢᠯᠳᠡ ᠶᠢᠨ ᠲᠦᠯᠦᠪᠵᠢᠭᠦᠯᠭᠡ ᠵᠤᠬᠢᠶᠠᠵᠥ᠂ ᠮᠢᠬ᠎ᠠ ᠪᠠ ᠡᠪᠡᠰᠤ ᠵᠡᠷᠭᠡ ᠶᠢ ᠪᠤᠯᠪᠠᠰᠤᠷᠠᠭᠤᠯᠬᠤ ᠠᠵᠢᠯ ᠲᠦᠷᠦᠯ ᠢ ᠲᠡᠮᠵᠢᠨ ᠲᠤᠰᠠᠯᠠᠬᠤ ᠠᠷᠭ᠎ᠠ ᠬᠡᠮᠵᠢᠶ᠎ᠠ ᠭᠠᠷᠭᠠᠨ᠎ᠠ᠃ ᠤᠷᠤᠨ ᠲᠤᠭᠤᠷᠢᠭ ᠤᠨ ᠬᠠᠮᠳᠤᠷᠠᠯᠴᠠᠭ᠎ᠠ ᠶᠢ ᠴᠢᠩᠭᠠᠳᠬᠠᠵᠦ᠂ ᠠᠵᠦ ᠦᠢᠯᠡᠳᠪᠦᠷᠢ ᠶᠢᠨ ᠬᠦᠷᠢᠶᠡᠯᠡᠩ  ᠤᠨ ᠡᠬᠢ ᠪᠠᠶᠠᠯᠢᠭ ᠢ ᠨᠠᠷᠢᠯᠢᠭ ᠪᠤᠯᠪᠠᠰᠤᠷᠠᠭᠤᠯᠬᠤ ᠪᠠ ᠭᠠᠳᠠᠭᠠᠳᠦ ᠠᠴᠠ ᠤᠷᠤᠭᠤᠯᠤᠭᠰᠠᠨ ᠡᠬᠢ ᠪᠠᠶᠠᠯᠢᠭ ᠢ ᠪᠤᠯᠪᠠᠰᠤᠷᠠᠭᠤᠯᠬᠤ ᠠᠵᠦ ᠦᠢᠯᠡᠰ ᠤᠨ ᠬᠦᠭᠵᠢᠯᠳᠡ ᠶᠢ ᠲᠦᠯᠬᠢᠨ ᠠᠬᠢᠭᠤᠯᠤᠨ᠎ᠠ᠃ ᠬᠦᠷᠢᠶᠠᠯᠠᠩ ᠤᠨ ᠪᠡᠯᠡ ᠤᠷᠤᠭᠤᠯᠬᠤ ᠺᠤᠮᠫᠠᠨᠢ ᠶᠢ ᠪᠠᠶᠢᠭᠤᠯᠵᠥ᠂ ᠬᠦᠷᠢᠶᠠᠯᠠᠩ ᠤᠨ ᠰᠠᠭᠤᠷᠢ ᠲᠦᠭᠦᠭᠡᠷᠦᠮᠵᠢ ᠶᠢ ᠳᠡᠬᠦᠯᠳᠡᠷᠵᠢᠬᠦᠯᠦᠨ᠂ ᠬᠦᠷᠢᠶᠠᠯᠠᠩ ᠢ ︽ᠤᠯᠤᠰ ᠤᠨ ᠨᠡᠭᠡᠭᠡᠯᠳᠡ ᠶᠢᠨ ᠤᠷᠤᠨ ᠤ ᠭᠠᠷᠴᠠᠭ︾ ᠲᠤ ᠤᠷᠤᠭᠤᠯᠬᠤ ᠪᠠᠷ ᠴᠢᠷᠮᠠᠶᠢᠵᠥ᠂ ᠮᠤᠳᠤᠨ ᠤ ᠦᠢᠯᠡᠰ ᠢ ᠨᠠᠷᠢᠯᠢᠭ ᠪᠤᠯᠪᠠᠰᠤᠷᠠᠭᠤᠯᠬᠤ᠂ ᠠᠮᠤ ᠪᠤᠳᠠᠭ᠎ᠠ ᠶᠢ ᠪᠤᠭᠤᠮᠳᠠ ᠪᠠᠷ ᠤᠷᠤᠭᠤᠯᠤᠨ ᠪᠤᠯᠪᠠᠰᠤᠷᠠᠭᠤᠯᠬᠤ᠂ ᠳᠠᠬᠢᠯᠳᠡ ᠡᠨᠧᠷᠬᠢ᠂ ᠲᠤᠮᠳᠡ ᠵᠢᠵᠢᠭ ᠠᠵᠤ ᠠᠬᠤᠶᠢᠯᠠᠯ ᠤᠨ ᠦᠢᠯᠡᠰ ᠪᠦᠳᠦᠭᠡᠬᠦ ᠵᠡᠷᠭᠡ ︽ᠲᠦᠷᠪᠡᠨ ᠶᠡᠭᠡ ᠵᠦᠢᠯ︾ ᠢ ᠭᠤᠤᠯᠳᠠᠯᠭ᠎ᠠ ᠲᠠᠢ ᠪᠤᠢ ᠪᠤᠯᠭᠠᠨ᠎ᠠ᠃      ᠭᠤᠷᠪᠠ ᠳᠤ᠂ ᠵᠤᠭᠠᠴᠠᠯ ᠤᠨ ᠠᠵᠦ ᠦᠢᠯᠠᠰ ᠢ ᠶᠡᠭᠡᠪᠡᠷ ᠬᠦᠭᠵᠢᠬᠦᠯᠦᠨ᠎ᠡ᠃ ᠬᠦᠭᠵᠢᠯᠳᠡ ᠶᠢᠨ ᠤᠷᠤᠨ ᠵᠠᠢ  ᠶᠢ ᠦᠷᠭᠡᠳᠭᠡᠵᠦ᠂ ᠬᠦᠭᠵᠢᠯᠳᠡ ᠶᠢᠨ ᠤᠶᠢᠯᠠᠭᠠᠭᠳᠠᠬᠤᠨ ᠤ ᠰᠢᠨ᠎ᠡ ᠶᠢ ᠡᠭᠦᠳᠴᠦ᠂ ᠠᠵᠦ ᠠᠬᠤᠢ ᠶᠢᠨ ᠰᠢᠨ᠎ᠡ ᠨᠡᠮᠡᠭᠳᠡᠯ ᠤᠨ ᠲᠤᠶᠢᠯ ᠢ ᠪᠦᠬᠦ ᠬᠦᠴᠦᠨ ᠢᠶᠠᠷ ᠪᠤᠢ ᠪᠤᠯᠭᠠᠨ᠎ᠠ᠃ ᠵᠤᠭᠠᠴᠠᠯ ᠤᠨ ᠦᠢᠯᠡᠰ ᠢ ᠲᠦᠷᠭᠡᠳᠭᠡᠨ ᠠᠬᠢᠭᠤᠯᠤᠨ᠎ᠠ᠃ ᠵᠤᠭᠠᠴᠠᠯ ᠤᠨ ᠲᠦᠯᠦᠪᠵᠢᠭᠦᠯᠭᠡ ᠶᠢᠨ ᠰᠢᠰᠲ᠋ᠧᠮ ᠢ ᠴᠢᠨᠠᠭᠰᠢᠳᠡ ᠲᠡᠭᠦᠯᠳᠡᠷᠵᠢᠬᠦᠯᠵᠥ᠂ ᠪᠠᠷᠭᠤ ᠲᠠᠤᠬᠡ ᠰᠤᠶᠤᠯ ᠤᠨ ᠠᠭᠤᠯᠬᠤᠨ ᠢ ᠬᠦᠡᠵᠡᠭᠡᠢ ᠢᠯᠡᠷᠡᠬᠦᠯᠵᠦ᠂ ᠵᠤᠭᠠᠴᠠᠯ ᠢ ᠰᠤᠶᠤᠯ ᠤᠨ ᠠᠵᠦ ᠦᠢᠯᠡᠰ ᠲᠠᠢ ᠤᠶᠠᠯᠳᠤᠭᠤᠯᠬᠤ ᠪᠠ ᠪᠠᠷᠭᠤ ᠨᠡᠬᠦᠳᠡᠯ ᠰᠤᠶᠤᠯ ᠢ ᠪᠤᠠᠠᠳᠠᠠᠭᠤᠯᠠ ᠶᠢᠨ ᠳᠠᠬᠢᠯᠭ᠎ᠠ ᠶᠢᠨ ᠰᠤᠶᠤᠯ ᠲᠠᠢ ᠬᠠᠷᠢᠯᠴᠠᠨ ᠤᠶᠠᠯᠳᠤᠭᠤᠯᠬᠤ ᠶᠢ ᠠᠬᠢᠭᠤᠯᠤᠨ᠎ᠠ᠃ ᠤᠯᠤᠰ ᠤᠨ ᠦᠮᠴᠢᠯᠠᠯᠳᠤ ᠬᠤᠪᠢ ᠤᠷᠤᠭᠤᠯᠤᠯᠳᠡ ᠶᠢ ᠡᠷᠭᠡᠰᠢᠶᠡᠬᠦ ᠵᠤᠭᠠᠴᠠᠯ ᠤᠨ ᠪᠡᠯᠡ ᠤᠷᠤᠭᠤᠯᠤᠨ ᠨᠡᠭᠡᠭᠡᠨ ᠠᠰᠢᠭᠯᠠᠵᠥ ᠬᠠᠮᠢᠶᠠᠷᠬᠤ ᠬᠢᠵᠠᠭᠠᠷᠳᠤ ᠺᠤᠮᠫᠠᠨᠢ ᠶᠢ ᠪᠠᠶᠢᠭᠤᠯᠵᠥ᠂ ᠬᠦᠯᠦᠨ ᠨᠠᠭᠤᠷ᠂ ᠪᠤᠶᠢᠷ ᠨᠠᠭᠤᠷ᠂ ᠪᠤᠭᠳᠡᠠᠭᠤᠯᠠ ᠵᠡᠷᠭᠡ ᠵᠤᠭᠠᠴᠠᠯ ᠤᠨ ᠡᠬᠢ ᠪᠠᠶᠠᠯᠢᠭ ᠢ ᠨᠢᠭᠡᠳᠭᠡᠵᠦ᠂ ᠲᠡᠭᠡᠳᠤ ᠱᠠᠳᠤᠨ ᠤ ᠵᠤᠭᠠᠴᠠᠯ ᠤᠨ ᠬᠦᠭᠵᠢᠯᠳᠡ ᠶᠢᠨ ᠪᠡᠯᠡ ᠮᠦᠩᠬᠦ ᠶᠢ ᠢᠳᠡᠪᠬᠢᠳᠡᠢ ᠤᠯᠵᠥ᠂ ᠵᠤᠭᠠᠴᠠᠯ ᠤᠨ ᠰᠠᠭᠤᠷᠢ ᠲᠦᠭᠦᠭᠡᠷᠦᠮᠵᠢ ᠶᠢᠨ ᠪᠦᠳᠦᠭᠡᠨ ᠪᠠᠶᠢᠭᠤᠯᠤᠯᠳᠡ ᠶᠢ ᠴᠢᠩᠭᠠᠳᠬᠠᠨ᠂ ᠵᠤᠭᠠᠴᠠᠯ ᠤᠨ ᠦᠷᠳᠡᠭᠡ ᠶᠢ ᠲᠡᠰ ᠲᠡᠪᠰᠢᠭᠦᠯᠵᠥ᠂ ᠨᠠᠢᠮᠠᠨ ᠮᠤᠵᠢ ᠤᠷᠤᠨ ᠤ ᠮᠤᠩᠭᠤᠯ ᠦᠨᠳᠦᠰᠦᠳᠡᠨ ᠤ ᠭᠠᠷ ᠤᠷᠠᠯᠠᠯ ᠤᠨ ᠪᠦᠳᠦᠭᠡᠯ ᠤᠨ ᠤᠷᠤᠯᠳᠤᠭᠠᠨ ᠢ ᠦᠷᠬᠦᠯᠵᠢᠯᠡᠨ ᠳᠠᠭᠠᠭᠠᠴᠢᠯᠠᠨ ᠬᠢᠵᠦ᠂ ᠵᠤᠭᠠᠴᠠᠯ ᠤᠨ ᠦᠵᠡᠮᠵᠢ ᠶᠢᠨ ᠤᠷᠤᠨ ᠤ ᠲᠡᠰ ᠲᠠᠪᠰᠢᠬᠦ  ᠶᠢ ᠲᠦᠯᠬᠢᠨ ᠠᠬᠢᠭᠤᠯᠤᠨ᠎ᠠ᠃ ᠲᠠᠯᠠᠢ ᠰᠤᠮᠤ ᠶᠢᠨ ︽ᠠᠷᠠᠳ ᠤᠨ ᠵᠠᠩ ᠦᠢᠯᠡ ᠶᠢᠨ ᠭᠡᠪ ᠨᠠᠮᠪᠠ ᠲᠠᠢ ᠵᠤᠭᠠᠴᠠᠯ  ᠤᠨ ᠵᠢᠵᠢᠭ ᠪᠠᠯᠭᠠᠰᠤ︾ ᠶᠢᠨ ᠲᠦᠷᠦᠯ ᠵᠦᠢᠯ ᠢ ᠭᠡᠷᠡᠭᠵᠢᠬᠦᠯᠵᠥ᠂ ︽ᠪᠠᠷᠭᠤ ᠮᠠᠯᠵᠢᠬᠤ ᠡᠷᠦᠬᠡ ᠪᠠᠷ ᠵᠤᠭᠠᠴᠠᠬᠤ︾ ᠲᠦᠷᠦᠯ ᠲᠡᠮᠳᠡᠭ ᠤᠨ ᠪᠦᠳᠦᠭᠡᠨ ᠪᠠᠶᠢᠭᠤᠯᠤᠯᠳᠡ ᠶᠢ ᠲᠦᠯᠬᠢᠨ ᠠᠬᠢᠭᠤᠯᠵᠥ᠂ ᠵᠤᠭᠠᠴᠠᠭᠰᠠᠤᠨ ᠪᠡᠶ᠎ᠡ ᠪᠠᠷ ᠢᠶᠠᠨ ᠤᠷᠤᠯᠴᠠᠵᠥ ᠦᠪᠡᠰᠦᠪᠡᠨ ᠬᠢᠵᠥ ᠪᠦᠳᠦᠭᠡᠬᠦ ᠲᠦᠷᠦᠯ ᠵᠦᠢᠯ ᠢᠶᠠᠷ ᠭᠤᠤᠯᠯᠠᠭᠰᠠᠨ ᠡᠭᠦᠳᠦᠯᠳᠡ ᠲᠠᠢ ᠮᠠᠯᠵᠢᠬᠤ ᠡᠷᠦᠭᠡ ᠪᠠᠷ ᠵᠤᠭᠠᠴᠠᠬᠤ ᠵᠦᠢᠯᠡᠰ ᠢ ᠪᠤᠢ ᠪᠤᠯᠭᠠᠨ᠎ᠠ᠃ ᠡᠪᠤᠯ ᠤᠨ ᠤᠯᠠᠷᠢᠯ ᠤᠨ ᠵᠤᠭᠠᠴᠠᠯ ᠢ ᠬᠦᠭᠵᠢᠬᠦᠯᠵᠥ᠂ ᠴᠠᠰᠤ ᠮᠦᠰᠤᠨ ᠤ ᠬᠦᠳᠡᠯᠭᠡᠭᠡᠨ ᠢ ᠢᠳᠡᠪᠬᠢᠳᠡᠢ ᠠᠬᠢᠭᠤᠯᠵᠦ᠂ ᠮᠦᠰᠦᠨ ᠪᠦᠮᠪᠦᠭᠡ ᠶᠢᠨ ᠤᠷᠳᠤᠨ ᠪᠠᠶᠢᠭᠤᠯᠬᠤ ᠠᠵᠢᠯ ᠢ ᠡᠬᠢᠯᠡᠬᠦᠯᠦᠨ᠎ᠡ᠃ ᠬᠢᠯᠢ ᠠᠯᠤᠰᠯᠠᠭᠰᠠᠨ ᠵᠤᠭᠠᠴᠠᠯ ᠢ ᠬᠦᠭᠵᠢᠬᠦᠯᠵᠥ᠂ ᠵᠤᠭᠠᠴᠠᠯ ᠤᠨ ᠦᠢᠯᠡᠰ ᠪᠤᠯᠤᠨ ᠪᠤᠭᠤᠮᠳᠡ ᠶᠢᠨ ᠠᠵᠤ ᠠᠬᠤᠢ ᠶᠢᠨ ᠬᠤᠯᠪᠤᠯᠳᠤᠨ ᠬᠦᠭᠵᠢᠬᠦ ᠶᠢ ᠠᠬᠢᠭᠤᠯᠤᠨ᠎ᠠ᠃ ᠤᠷᠤᠨ ᠨᠤᠳᠤᠭ ᠤᠨ ᠬᠢᠵᠠᠭᠠᠷᠯᠠᠯ  ᠢ ᠡᠪᠳᠡᠵᠥ᠂ ᠬᠦᠯᠦᠨ ᠨᠠᠭᠤᠷ ᠤᠨ ᠠᠯᠳᠡᠨ ᠳᠠᠯᠠᠢ ᠶᠢᠨ ᠡᠷᠬᠢ ᠶᠢᠨ ᠦᠵᠡᠮᠵᠢᠳᠤ ᠤᠷᠤᠨ ᠳᠤ ᠤᠰᠤᠨ ᠲᠡᠭᠡᠭᠦᠷ ᠵᠤᠭᠠᠴᠠᠬᠤ ᠱᠤᠭᠤᠮ ᠢ ᠨᠡᠭᠡᠭᠡᠨ᠎ᠡ᠃ ᠤᠠᠴᠠᠯᠢᠭᠳᠤ ᠵᠤᠭᠠᠴᠠᠯ ᠤᠨ ᠲᠤᠷᠠᠰᠬᠠᠯ ᠤᠨ ᠡᠳ᠋ ᠶᠢ ᠨᠡᠭᠡᠭᠡᠨ ᠠᠰᠢᠭᠯᠠᠬᠤ ᠬᠦᠴᠦᠯᠡᠴᠡ ᠶᠢ ᠨᠡᠮᠡᠭᠳᠡᠬᠦᠯᠵᠥ᠂ ᠵᠤᠭᠠᠴᠠᠯ ᠤᠨ ᠲᠤᠷᠠᠰᠬᠠᠯ ᠤᠨ ᠡᠳ᠋ ᠤᠨ ᠲᠦᠷᠦᠯ ᠲᠡᠮᠳᠡᠭ ᠢ ᠡᠭᠦᠳᠦᠨ᠎ᠡ᠃ ᠵᠤᠭᠠᠴᠠᠯ ᠤᠨ ᠡᠵᠡᠩᠨᠡᠨ ᠪᠤᠷᠤᠯᠠᠭᠤᠯᠬᠤ ᠭᠡᠯᠪᠡᠷᠢ ᠶᠢ ᠬᠤᠪᠢᠷᠠᠭᠤᠯᠤᠨ᠂ ᠡᠯᠧᠺᠲᠷᠤᠨ ᠬᠤᠳᠠᠯᠳᠤᠭᠠᠨ ᠤ ᠶᠠᠪᠤᠳᠠᠯ ᠢ ᠵᠤᠭᠠᠴᠠᠯ ᠤᠨ ᠠᠵᠦ ᠦᠢᠯᠡᠰ ᠲᠠᠢ ᠨᠢᠠᠠᠳᠠ ᠤᠶᠠᠯᠳᠤᠭᠤᠯᠬᠤ ᠶᠢ ᠠᠬᠢᠭᠤᠯᠵᠦ᠂ ᠵᠠᠰᠠᠭ ᠤᠨ ᠤᠷᠳᠤᠨ ᠢᠶᠠᠷ ᠭᠤᠤᠯᠯᠠᠭᠤᠯᠤᠭᠰᠠᠨ ᠵᠤᠭᠠᠴᠠᠯ ᠤᠨ ᠡᠯᠧᠺᠲᠷᠤᠨ ᠬᠤᠳᠠᠯᠳᠤᠭᠠᠨ ᠤ ᠶᠠᠪᠤᠳᠠᠯ ᠤᠨ ᠰᠦᠯᠵᠢᠶ᠎ᠡ ᠶᠢ ᠡᠭᠦᠳᠦᠨ ᠪᠠᠶᠢᠭᠤᠯᠵᠦ᠂ ᠵᠤᠭᠠᠴᠠᠯ ᠤᠨ ᠤᠬᠠᠭᠤᠯᠤᠨ ᠨᠦᠯᠦᠭᠡᠯᠡᠬᠦ ᠬᠦᠴᠦᠨ ᠢ ᠳᠠᠰᠤᠷᠠᠯᠳᠠ ᠦᠬᠡᠢ ᠨᠡᠮᠡᠭᠳᠡᠬᠦᠯᠦᠨ᠎ᠡ᠃ ᠭᠠᠳᠠᠭᠰᠢ ᠨᠡᠭᠡᠭᠡᠯᠳᠡ ᠬᠢᠬᠦ ᠬᠢᠷᠢ ᠲᠦᠪᠰᠢᠨ ᠢ ᠲᠡᠭᠡᠭᠰᠢᠯᠡᠬᠦᠯᠦᠨ᠎ᠡ᠃ ᠤᠯᠤᠰ ᠤᠨ ︽ᠨᠢᠭᠡ ᠪᠦᠰᠡ ᠨᠢᠭᠡ ᠵᠠᠮ︾  ᠤᠨ ᠬᠦᠭᠵᠢᠯᠳᠡ ᠶᠢᠨ ᠪᠠᠶᠢᠯᠳᠤᠬᠤ ᠪᠤᠳᠤᠯᠭ᠎ᠠ ᠪᠤᠯᠤᠨ ᠲᠤᠮᠳᠠᠳᠦ ᠤᠷᠤᠰ ᠮᠤᠩᠭᠤᠯ ᠭᠤᠷᠪᠠᠨ ᠤᠯᠤᠰ ᠤᠨ ᠤᠷᠤᠨ ᠪᠠᠶᠢᠷᠢ ᠶᠢᠨ ᠳᠠᠪᠠᠭᠤᠯᠢᠭ ᠲᠠᠢ ᠤᠷᠤᠨ ᠢ ᠤᠷᠢᠳᠠᠪᠠᠷ ᠬᠦᠭᠵᠢᠬᠦᠯᠬᠦ ᠪᠦᠲᠦᠭᠡᠨ ᠪᠠᠶᠢᠭᠤᠯᠤᠯᠳᠠ ᠳᠤ ᠢᠳᠡᠪᠬᠢᠳᠡᠢ ᠤᠷᠤᠯᠴᠠᠨ᠂ ᠪᠤᠭᠤᠮᠳᠠ ᠶᠢᠨ ᠡᠭᠦᠷᠭᠡ ᠴᠢᠳᠠᠪᠦᠷᠢ ᠶᠢ ᠳᠡᠬᠦᠯᠳᠡᠷᠵᠢᠬᠦᠯᠵᠦ᠂ 1.3 ᠳ᠋ᠦᠩᠰᠢᠭᠤᠷ ᠲᠦᠭᠦᠷᠢᠭ ᠤᠨ ᠪᠡᠯᠡ ᠤᠷᠤᠭᠤᠯᠵᠥ᠂ ᠪᠤᠭᠤᠮᠳᠡ ᠶᠢᠨ ᠰᠠᠭᠤᠷᠢ ᠲᠦᠭᠦᠭᠡᠷᠦᠮᠵᠢ ᠪᠤᠯᠤᠨ ᠢᠯᠴᠢ᠂ ᠤᠰᠤ᠂ ᠴᠠᠬᠢᠯᠭᠠᠨ ᠬᠠᠩᠭᠠᠬᠤ ᠪᠠ ᠰᠤᠷᠠᠭ ᠵᠠᠩᠬᠢ᠂ ᠪᠤᠵᠠᠷ ᠪᠤᠳᠠᠰ ᠢ ᠭᠠᠳᠠᠭᠰᠢᠯᠠᠭᠤᠯᠬᠤ ᠬᠤᠭᠤᠯᠠᠢ ᠲᠤᠤᠷ ᠵᠡᠷᠭᠡ ᠪᠦᠳᠦᠭᠡᠨ ᠪᠠᠶᠢᠭᠤᠯᠤᠯᠳᠡ  ᠶᠢᠨ ᠲᠦᠷᠦᠯ ᠵᠦᠢᠯ ᠢ ᠭᠡᠷᠡᠭᠵᠢᠬᠦᠯᠵᠦ᠂ ᠵᠤᠭᠠᠴᠠᠭᠰᠠᠤᠨ ᠪᠠ ᠡᠳ᠋ ᠪᠠᠷᠠᠭ᠎ᠠ ᠶᠢ ᠪᠠᠶᠢᠴᠠᠭᠠᠬᠤ ᠠᠰᠠᠷ ᠢ ᠪᠠᠶᠢᠭᠤᠯᠤᠨ ᠠᠰᠢᠭᠯᠠᠯᠳᠡ ᠳᠤ ᠤᠷᠤᠭᠤᠯᠤᠨ᠎ᠠ᠃ ᠪᠤᠭᠤᠮᠳᠡ ᠨᠠᠪᠳᠡᠷᠡᠬᠦ ᠬᠠᠷᠠᠭᠠᠯᠵᠠᠯ ᠤᠨ ᠲᠦᠷᠦ ᠶᠢᠨ ᠪᠤᠳᠤᠯᠭ᠎ᠠ ᠶᠢ ᠤᠯᠬᠤ  ᠪᠠᠷ ᠢᠳᠡᠪᠬᠢᠳᠠᠢ ᠴᠢᠷᠮᠠᠶᠢᠵᠥ᠂ ᠪᠤᠭᠤᠮᠳᠡ ᠶᠢ ᠵᠢᠯ ᠲᠤᠷᠰᠢᠳᠡ ᠨᠡᠭᠡᠭᠡᠬᠦ᠂ ᠲᠤᠮᠳᠠᠳᠤ ᠮᠤᠩᠭᠤᠯ ᠤᠨ ᠬᠢᠯᠢ ᠶᠢᠨ ᠠᠷᠠᠤᠨ ᠬᠠᠷᠢᠯᠴᠠᠨ ᠠᠷᠠᠯᠵᠢᠶ᠎ᠠ ᠮᠠᠶᠢᠮᠠᠢ ᠬᠢᠬᠦ ᠲᠤᠭᠤᠷᠢᠭ᠂ ᠭᠠᠶᠢᠯᠢ ᠠᠴᠠ ᠭᠡᠯᠳᠦᠷᠢᠭᠦᠯᠦᠭᠰᠡᠨ ᠲᠠᠯᠭᠡᠭᠦᠷ ᠪᠠᠶᠢᠭᠤᠯᠬᠤ ᠪᠠ ᠪᠤᠭᠤᠮᠳᠡ — ᠮᠤᠩᠭᠤᠯ ᠤᠯᠤᠰ ᠤᠨ ᠴᠤᠶᠢᠪᠠᠯᠰᠠᠩ ᠬᠤᠳᠡ ᠬᠦᠷᠬᠦ ᠵᠠᠰᠠᠮᠠᠯ ᠵᠠᠮ ᠤᠨ ᠪᠦᠳᠦᠭᠡᠨ ᠪᠠᠶᠢᠭᠤᠯᠤᠯᠳᠡ ᠵᠡᠷᠭᠡ ᠠᠵᠢᠯ ᠳᠤ ᠰᠢᠨ᠎ᠡ ᠰᠢᠪᠳᠤᠯᠤᠯᠳᠡ ᠲᠠᠢ ᠪᠤᠯᠭᠠᠨ᠎ᠠ᠃ ᠮᠤᠩᠭᠤᠯ ᠤᠯᠤᠰ ᠯᠤᠭ᠎ᠠ ᠶᠢᠨ ᠠᠵᠤ ᠠᠬᠤᠢ ᠠᠷᠠᠯᠵᠢᠶᠠᠨ ᠤ ᠶᠠᠪᠤᠯᠴᠠᠭ᠎ᠠ ᠪᠠᠨ ᠨᠢᠭᠳᠠᠷᠠᠭᠤᠯᠵᠥ᠂ ᠤᠯᠠᠨ ᠤᠯᠤᠰ ᠤᠨ ᠵᠠᠬ᠎ᠠ ᠲᠡᠯᠭᠡᠭᠦᠷ ᠢ ᠴᠢᠨᠠᠭᠰᠢᠳᠡ ᠦᠷᠭᠡᠳᠭᠡᠨ᠂ ᠪᠤᠭᠤᠮᠳᠡ ᠶᠢᠨ ᠪᠤᠯᠪᠠᠰᠤᠷᠠᠭᠤᠯᠬᠤ ᠪᠠ ᠠᠷᠠᠯᠵᠢᠶ᠎ᠠ ᠬᠤᠳᠠᠯᠳᠤᠭ᠎ᠠ ᠶᠢᠨ ᠪᠤᠳᠠᠰ ᠤᠨ ᠬᠦᠢᠯᠭᠡᠭᠡᠨ ᠤ ᠰᠠᠭᠤᠷᠢᠨ ᠭᠠᠵᠠᠷ ᠢ ᠪᠦᠬᠦ ᠬᠦᠴᠦᠨ ᠢᠶᠠᠷ ᠢᠶᠠᠨ ᠪᠤᠢ ᠪᠤᠯᠭᠠᠨ᠎ᠠ᠃ ᠮᠠᠨᠵᠤᠤᠷ ᠢᠶᠠᠷ ᠲᠤᠯᠤᠭᠠᠶᠢᠯᠠᠭᠴᠢ ᠪᠤᠯᠭᠠᠭᠰᠠᠨ ᠤᠯᠠᠨ ᠤᠯᠤᠰ ᠤᠨ ᠪᠤᠭᠤᠮᠳᠠ ᠶᠢᠨ ᠠᠵᠦ ᠠᠬᠤᠢ ᠶᠢᠨ ᠪᠦᠰᠡ ᠶᠢᠨ ᠪᠦᠲᠦᠭᠡᠨ ᠪᠠᠶᠢᠭᠤᠯᠤᠯᠳᠠ ᠳᠤ ᠢᠳᠡᠪᠬᠢᠳᠡᠢ ᠤᠷᠤᠯᠴᠠᠵᠦ᠂ ᠤᠶᠢᠷ᠎ᠠ ᠵᠡᠷᠭᠡᠯᠡᠳᠡᠭᠡ ᠭᠠᠵᠠᠷ ᠤᠷᠤᠨ ᠯᠤᠭ᠎ᠠ ᠶᠢᠨ ᠬᠠᠮᠳᠤᠷᠠᠯᠴᠠᠭ᠎ᠠ ᠪᠠᠨ ᠴᠢᠩᠭᠠᠳᠬᠠᠨ᠂ ᠬᠠᠳᠠᠴᠢᠬᠦᠦ ᠠᠵᠦ ᠠᠬᠤᠢ ᠶᠢᠨ ᠬᠤᠩᠬᠢᠯ ᠪᠤᠯᠤᠨ ᠦᠪᠦᠷ ᠮᠤᠩᠭᠤᠯ ᠤᠨ ᠵᠡᠬᠦᠨ ᠭᠡᠰᠡᠭ ᠤᠨ ᠭᠠᠵᠠᠷ ᠤᠷᠤᠨ ᠤ ᠬᠠᠮᠵᠢᠯᠴᠠᠭ᠎ᠠ ᠳᠤ ᠰᠠᠨᠠᠭᠠᠴᠢᠯᠠᠭ᠎ᠠ ᠠᠴᠠ ᠪᠠᠨ ᠤᠷᠤᠯᠴᠠᠵᠦ᠂ ᠲᠠᠪᠠᠭᠤᠯᠢᠭ ᠢᠶᠠᠨ ᠬᠠᠷᠢᠯᠴᠠᠨ ᠨᠦᠬᠦᠪᠦᠷᠢᠯᠡᠵᠦ᠂ ᠬᠠᠮᠳᠤᠪᠡᠷ ᠬᠦᠭᠵᠢᠨ᠎ᠡ᠃      ︵ᠬᠤᠶᠠᠷ︶ ᠬᠤᠳᠡ ᠬᠦᠳᠡᠭᠡ ᠶᠢᠨ ᠪᠤᠬᠢᠷᠳᠤᠯ ᠦᠬᠡᠢ ᠬᠦᠭᠵᠢᠯᠳᠡ ᠳᠤ ᠳᠠᠬᠢᠨ ᠰᠢᠨ᠎ᠡ ᠬᠠᠭᠤᠳᠠᠰᠦ ᠶᠢ ᠪᠢᠴᠢᠭᠯᠡᠨ᠎ᠡ      ᠨᠢᠭᠡ ᠳᠤ᠂ ᠤᠷᠤᠨ ᠵᠠᠢ ᠶᠢᠨ ᠲᠠᠯ᠎ᠠ ᠪᠠᠷ ᠲᠡᠭᠡᠳᠦ ᠬᠡᠮᠵᠢᠶ᠎ᠠ ᠪᠠᠷ ᠠᠭᠤᠰᠤᠯᠴᠠᠨ᠎ᠠ᠃ ᠨᠡᠶᠢᠳᠡᠮ ᠭᠡᠷᠡᠭᠯᠡᠬᠦ ᠨᠢᠰᠭᠡᠯ ᠤᠨ ᠪᠠᠭᠤᠳᠠᠯ᠂ ᠠᠯᠳ᠋ᠬᠠᠮᠡᠭᠡᠯ ᠠᠴᠠ ᠠᠷᠤᠬᠠᠰᠢᠶᠠᠳᠤ ᠪᠤᠭᠤᠮᠳᠡ ᠬᠦᠷᠬᠦ ᠵᠠᠰᠠᠮᠠᠯ ᠵᠠᠮ᠂ ᠪᠤᠭᠳᠠᠡᠭᠤᠯᠠ ᠠᠴᠠ ᠪᠤᠶᠢᠷ ᠬᠦᠷᠬᠦ ᠵᠠᠰᠠᠮᠠᠯ ᠵᠠᠮ ᠤᠨ ᠪᠦᠳᠦᠭᠡᠨ ᠪᠠᠶᠢᠭᠤᠯᠤᠯᠳᠡ ᠶᠢᠨ ᠲᠦᠷᠦᠯ ᠵᠦᠢᠯ ᠢ ᠲᠦᠷᠭᠡᠳᠭᠡᠨ ᠠᠬᠢᠭᠤᠯᠵᠦ᠂ ᠡᠷᠳᠡ ᠨᠢᠭᠡᠨ ᠡᠳᠦᠷ ᠠᠶᠠᠯᠠᠯ ᠪᠠ ᠲᠡᠷᠭᠡ ᠨᠡᠪᠳᠡᠷᠡᠬᠦ ᠶᠢ ᠪᠡᠶᠡᠯᠡᠬᠦᠯᠦᠨ᠎ᠡ᠃ ᠬᠦᠳᠡᠭᠡ ᠲᠤᠰᠬᠤᠨ ᠤ ᠵᠠᠮ ᠤᠨ ᠲᠤᠤᠷ  ᠤᠨ ᠰᠢᠰᠲ᠋ᠧᠮ ᠢ ᠲᠠᠰᠤᠷᠠᠯᠳᠡ ᠦᠭᠡᠢ ᠲᠡᠭᠦᠯᠳᠡᠷᠵᠢᠬᠦᠯᠵᠥ᠂ 3 ᠳ᠋ᠦᠩᠰᠢᠭᠤᠷ ᠲᠦᠭᠦᠷᠢᠭ ᠤᠨ ᠪᠡᠯᠡ ᠤᠷᠤᠭᠤᠯᠵᠥ᠂ ᠠᠯᠳ᠋ᠬᠠᠮᠡᠭᠡᠯ ᠠᠴᠠ ᠭᠡᠷᠦᠯᠦᠨ ᠬᠦᠷᠬᠦ ᠵᠠᠰᠠᠮᠠᠯ ᠵᠠᠮ ᠪᠠ ᠬᠦᠳᠡᠭᠡ ᠲᠤᠰᠬᠤᠨ ᠤ 8 ᠵᠤᠷᠪᠤᠰ ᠵᠠᠰᠠᠮᠠᠯ ᠵᠠᠮ ᠤᠨ ᠪᠦᠳᠦᠭᠡᠨ ᠪᠠᠶᠢᠭᠤᠯᠤᠯᠳᠡ ᠶᠢᠨ ᠲᠦᠷᠦᠯ ᠵᠦᠢᠯ ᠢ ᠭᠡᠷᠡᠭᠵᠢᠬᠦᠯᠵᠥ᠂ ᠲᠦᠪ ᠬᠤᠳᠡ ᠪᠠᠯᠭᠠᠰᠤ ᠬᠢᠭᠡᠤᠨ ᠰᠤᠮᠤ ᠪᠠᠯᠭᠠᠰᠤ ᠶᠢᠨ ᠬᠤᠭᠤᠷᠤᠠᠳᠤᠬᠢ ᠨᠡᠪᠳᠡᠷᠡᠬᠦ ᠵᠠᠮ ᠢ ᠨᠡᠩ ᠲᠦᠭᠦᠮ ᠲᠦᠳᠡ ᠪᠤᠯᠭᠠᠨ᠎ᠠ᠃      ᠬᠤᠶᠠᠷ ᠲᠤ᠂ ᠪᠦᠳᠦᠭᠡᠨ ᠪᠠᠶᠢᠭᠤᠯᠤᠯᠳᠡ ᠶᠢᠨ ᠲᠠᠯ᠎ᠠ ᠪᠠᠷ ᠴᠢᠨᠠᠷ ᠪᠠ ᠬᠤᠷᠳᠤᠴᠠ ᠶᠢ ᠲᠡᠭᠡᠭᠰᠢᠯᠡᠬᠦᠯᠦᠨ᠎ᠡ᠃ ︽ᠠᠯᠳ᠋ᠬᠠᠮᠡᠭᠡᠯ ᠪᠠᠯᠭᠠᠰᠦ ᠶᠢᠨ ᠬᠢᠵᠠᠭᠠᠷᠯᠠᠬᠤ ᠴᠢᠨᠠᠷᠳᠠᠢ ᠨᠠᠷᠢᠯᠢᠭ ᠲᠦᠯᠦᠪᠵᠢᠬᠦᠯᠬᠡ︾ ᠶᠢ ᠨᠠᠶᠢᠷᠠᠭᠤᠯᠤᠨ ᠵᠤᠬᠢᠶᠠᠵᠦ᠂ ᠰᠢᠨ᠎ᠡ ᠬᠡᠯᠪᠡᠷᠢ ᠶᠢᠨ ᠬᠤᠳᠡ ᠪᠠᠯᠭᠠᠰᠤ ᠶᠢᠨ ᠰᠢᠰᠲ᠋ᠧᠮ ᠤᠨ ᠪᠦᠳᠦᠭᠡᠨ ᠪᠠᠶᠢᠭᠤᠯᠤᠯᠳᠡ ᠶᠢ ᠲᠦᠷᠭᠡᠳᠭᠡᠨ᠂ ᠰᠢᠠᠵᠢᠯᠡᠬᠦ ᠤᠬᠠᠭᠠᠠᠴᠢ ᠵᠦᠢ ᠵᠤᠬᠢᠰᠳᠡᠢ ᠬᠢᠯᠢ ᠶᠢᠨ ᠤᠠᠴᠠᠯᠢᠭᠳᠤ ᠵᠢᠵᠢᠭ ᠪᠠᠯᠭᠠᠰᠤ ᠶᠢ ᠡᠭᠦᠳᠦᠨ ᠪᠠᠶᠢᠭᠤᠯᠬᠤ ᠪᠠᠷ ᠴᠢᠷᠮᠠᠶᠢᠨ᠎ᠠ᠃ 3.9 ᠳ᠋ᠦᠩᠰᠢᠭᠤᠷ ᠲᠦᠭᠦᠷᠢᠭ ᠤᠨ ᠪᠡᠯᠡ ᠤᠷᠤᠭᠤᠯᠵᠥ᠂ ᠰᠠᠭᠤᠷᠢ ᠲᠦᠭᠦᠭᠡᠷᠦᠮᠵᠢ ᠶᠢᠨ ᠪᠦᠳᠦᠭᠡᠨ ᠪᠠᠶᠢᠭᠤᠯᠤᠯᠳᠡ ᠶᠢᠨ ᠲᠦᠷᠦᠯ ᠵᠦᠢᠯ ᠢ 22 ᠭᠡᠷᠡᠭᠵᠢᠬᠦᠯᠵᠥ᠂ ᠭᠡᠷᠦᠯᠦᠨ ᠶᠡᠭᠡ ᠵᠡᠬᠡᠯᠢ᠂ ᠤᠷᠱᠤᠨ ᠶᠡᠭᠡ ᠵᠡᠭᠡᠯᠢ ᠶᠢᠨ ᠬᠤᠶᠠᠷ ᠬᠠᠵᠠᠭᠤ ᠶᠢᠨ 92 ᠰᠠᠭᠤᠷᠢ ᠠᠰᠠᠷ ᠢ ᠪᠦᠬᠦᠯᠢ ᠴᠤᠭᠴᠠ ᠪᠠᠷ ᠨᠢ ᠭᠡᠷᠡᠯᠳᠦᠭᠦᠯᠬᠦ᠂ ᠬᠡᠷᠦᠯᠦᠨ ᠶᠡᠭᠡ ᠵᠡᠭᠡᠯᠢ᠂ ᠤᠷᠱᠤᠨ ᠶᠡᠭᠡ ᠵᠡᠭᠡᠯᠢ ᠶᠢᠨ ᠬᠤᠶᠠᠷ ᠬᠠᠵᠠᠭᠤ ᠶᠢᠨ 48 ᠰᠠᠭᠤᠷᠢ ᠠᠰᠠᠷ  ᠢ ᠰᠢᠷᠳᠡᠨ ᠴᠢᠮᠡᠭᠯᠡᠬᠦ᠂ ᠬᠡᠷᠦᠯᠦᠨ ᠶᠡᠭᠡ ᠵᠠᠭᠡᠯᠢ᠂ ᠤᠷᠱᠦᠨ ᠶᠡᠭᠡ ᠵᠡᠭᠡᠯᠢ ᠶᠢᠨ ᠵᠠᠮ ᠤᠨ ᠳ᠋ᠧᠩ ᠢ ᠪᠦᠬᠦᠨ ᠢ ᠵᠠᠰᠠᠨ ᠰᠢᠨᠡᠳᠭᠡᠬᠦ᠂ ᠨᠡᠬᠢᠶ᠎ᠠ ᠪᠠᠭᠠᠴᠤᠤᠨ ᠭᠡᠤᠭᠡᠤᠨ ᠤᠨ ᠠᠭᠤᠳᠠᠮ ᠲᠠᠯᠠᠪᠠᠢ᠂ ᠤᠷᠱᠤᠨ ᠶᠡᠭᠡ ᠵᠡᠭᠡᠯᠢ ᠶᠢᠨ ᠵᠠᠮ ᠢ ᠨᠤᠭᠤᠭᠠᠷᠠᠭᠤᠯᠬᠤ᠂ ᠨᠠᠰᠤᠳᠠᠶᠢᠴᠤᠤᠨ ᠤᠨ ᠠᠭᠤᠳᠠᠮ ᠲᠠᠯᠠᠪᠠᠢ᠂ ᠶᠢᠨ ᠠᠨ ᠨᠤᠭᠤ ᠭᠠᠵᠠᠷ ᠤᠨ ᠴᠡᠴᠡᠷᠯᠢᠭ ᠵᠡᠷᠭᠡ ᠰᠤᠳᠤᠨ ᠰᠢᠯᠢᠳᠡᠭ ᠢᠡᠵᠧᠨᠧᠷᠢᠩ ᠢ ᠲᠦᠯᠬᠢᠨ ᠠᠬᠢᠭᠤᠯᠤᠨ᠎ᠠ᠃ ᠬᠤᠳᠡ ᠪᠠᠯᠭᠠᠰᠤ ᠶᠢᠨ ᠴᠢᠳᠠᠪᠤᠷᠢ ᠶᠢ ᠲᠠᠰᠤᠷᠠᠯᠳᠡ ᠦᠭᠡᠢ ᠳᠡᠬᠦᠯᠳᠡᠷᠵᠢᠬᠦᠯᠵᠦ᠂ ᠭᠠᠵᠠᠷ ᠲᠤᠤᠷᠠᠬᠢ ᠬᠤᠭᠤᠯᠠᠢ ᠲᠤᠤᠷ ᠢ ᠵᠠᠰᠠᠨ ᠰᠡᠯᠪᠢᠬᠦ᠂ ᠲᠦᠭᠡᠭᠡᠯ ᠤᠰᠤᠨ ᠤ ᠦᠢᠯᠡᠳᠪᠤᠷᠢ ᠶᠢ ᠦᠭᠡᠷᠡᠴᠢᠯᠡᠨ ᠦᠷᠭᠡᠳᠭᠡᠨ ᠪᠠᠶᠢᠭᠤᠯᠬᠤ᠂ ᠪᠤᠵᠠᠷ ᠤᠰᠤ ᠶᠢ ᠰᠢᠢᠳᠪᠤᠷᠢᠯᠡᠬᠦ ᠦᠢᠯᠡᠳᠪᠤᠷᠢ ᠶᠢᠨ ᠪᠠᠷᠢᠮᠵᠢᠶ᠎ᠠ ᠶᠢ ᠲᠠᠭᠡᠭᠰᠢᠯᠡᠬᠦᠯᠦᠨ ᠵᠠᠰᠠᠨ ᠰᠢᠨᠡᠳᠭᠡᠬᠦ᠂ ᠢᠯᠴᠢ ᠬᠠᠩᠭᠠᠬᠤ ᠢᠯᠴᠢ ᠶᠢᠨ ᠢᠷᠡᠯᠳᠡ ᠵᠡᠷᠭᠡ ᠪᠦᠳᠦᠭᠡᠨ ᠪᠠᠶᠢᠭᠤᠯᠤᠯᠳᠡ ᠶᠢᠨ ᠢᠡᠵᠧᠨᠧᠷᠢᠩ ᠢ ᠭᠡᠷᠡᠭᠵᠢᠬᠦᠯᠦᠨ᠎ᠡ᠃      ᠭᠤᠷᠪᠠ ᠳᠤ᠂ ᠬᠠᠮᠢᠶᠠᠷᠤᠯᠳᠡ ᠶᠢᠨ ᠲᠠᠯ᠎ᠠ ᠪᠠᠷ ᠨᠠᠷᠢᠯᠢᠭ ᠪᠦᠭᠡᠤᠨ ᠦᠡᠳᠦᠷ ᠦᠷ᠎ᠡ ᠪᠦᠳᠦᠮᠵᠢ ᠲᠠᠢ ᠪᠤᠯᠭᠠᠨ᠎ᠠ᠃ ᠬᠦᠯᠦᠨ ᠪᠤᠶᠢᠷ ᠬᠤᠳᠠ ᠶᠢᠨ ︽ᠪᠦᠬᠦ ᠤᠯᠤᠰ ᠤᠨ ᠪᠤᠯᠪᠠᠰᠤᠨ ᠬᠤᠳᠠ︾ ᠶᠢ ᠡᠭᠦᠳᠦᠨ ᠪᠠᠶᠢᠭᠤᠯᠬᠤ ᠠᠵᠢᠯ ᠳᠤ ᠢᠳᠡᠪᠬᠢᠳᠠᠢ ᠤᠷᠤᠯᠴᠠᠵᠦ᠂ ᠪᠤᠯᠪᠠᠰᠤᠨ ᠬᠤᠰᠢᠭᠤ ᠶᠢ ᠡᠭᠦᠳᠦᠨ ᠪᠠᠶᠢᠭᠤᠯᠬᠤ ᠬᠢᠷᠢ ᠲᠦᠪᠰᠢᠨ ᠢ ᠪᠦᠬᠦ ᠳᠠᠯ᠎ᠠ ᠪᠠᠷ ᠲᠡᠭᠡᠭᠰᠢᠯᠡᠬᠦᠯᠦᠨ᠎ᠡ᠃ ᠬᠤᠳᠡ ᠪᠠᠯᠭᠠᠰᠤ ᠶᠢᠨ ᠶᠡᠷᠦᠩᠭᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠭᠡᠷᠡᠭᠵᠢᠬᠦᠯᠬᠦ ᠪᠠᠶᠢᠭᠤᠯᠤᠮᠵᠢ ᠶᠢᠨ ᠦᠭᠡᠷᠡᠴᠢᠯᠡᠯᠳᠡ ᠶᠢ ᠬᠦᠡᠵᠡᠭᠡᠢ ᠠᠬᠢᠭᠤᠯᠵᠥ᠂ ᠵᠠᠰᠠᠭ ᠵᠠᠬᠢᠷᠭᠠᠨ ᠤ ᠬᠢᠨᠡᠨ ᠵᠦᠪᠰᠢᠶᠡᠷᠡᠬᠦ᠂ ᠵᠠᠰᠠᠭ ᠵᠠᠬᠢᠷᠭᠠᠨ ᠤ ᠬᠠᠤᠯᠢ ᠭᠡᠷᠡᠭᠵᠢᠬᠦᠯᠬᠦ᠂ ᠵᠠᠰᠠᠭ ᠵᠠᠬᠢᠷᠭᠠᠨ ᠤ ᠦᠢᠯᠡᠴᠢᠯᠡᠭᠡ ᠪᠤᠯᠤᠨ ᠵᠠᠰᠠᠭ ᠵᠠᠬᠢᠷᠭᠠᠨ ᠤ ᠬᠢᠨᠡᠯᠳᠡ ᠶᠢᠨ ᠠᠯᠪᠠᠳᠠᠯᠭ᠎ᠠ ᠶᠢᠨ ᠴᠢᠨᠠᠷ ᠪᠤᠯᠤᠨ ᠬᠢᠨᠠᠨ ᠬᠠᠮᠢᠶᠠᠷᠬᠤ ᠴᠢᠳᠠᠪᠤᠷᠢ ᠶᠢ ᠬᠦᠢᠴᠡᠤᠨ ᠪᠠᠳᠠᠷᠠᠭᠤᠯᠵᠥ᠂ ᠲᠦᠯᠦᠪᠵᠢᠬᠦᠯᠬᠦ ᠪᠠ ᠪᠦᠳᠦᠭᠡᠨ ᠪᠠᠶᠢᠭᠤᠯᠬᠤ ᠢᠨᠵᠧᠨᠧᠷᠢᠩ ᠢ ᠬᠢᠨᠡᠨ ᠵᠦᠪᠰᠢᠶᠡᠷᠡᠬᠦ ᠵᠢᠴᠢ ᠭᠡᠷᠡᠭᠵᠢᠬᠦᠯᠬᠦ ᠶᠠᠪᠤᠴᠠ ᠳᠠᠬᠢ ᠬᠢᠨᠡᠨ ᠬᠠᠮᠢᠶᠠᠷᠤᠯᠳᠡ ᠶᠢ ᠴᠢᠩᠭᠠᠳᠬᠠᠵᠥ᠂ ᠬᠤᠳᠠ ᠪᠠᠯᠭᠠᠰᠤ ᠶᠢᠨ ᠤᠷᠴᠢᠨ ᠲᠤᠭᠤᠷᠢᠨ ᠤ ᠲᠦᠷᠰᠦ ᠪᠠᠶᠢᠳᠠᠯ ᠢ ᠲᠦᠢᠯᠪᠤᠷᠢᠳᠡᠢ ᠰᠠᠶᠢᠵᠢᠷᠠᠭᠤᠯᠤᠨ᠂ ᠠᠵᠤ ᠠᠬᠤᠢ ᠨᠡᠶᠢᠭᠡᠮ ᠤᠨ ᠵᠤᠬᠢᠴᠠᠩᠭᠤᠢ ᠬᠦᠭᠵᠢᠯᠳᠡ ᠶᠢ ᠠᠬᠢᠭᠤᠯᠬᠤ ᠳᠤ ᠰᠠᠶᠢᠨ ᠰᠠᠶᠢᠬᠠᠨ ᠭᠠᠳᠠᠭᠠᠳᠤ ᠤᠷᠴᠢᠨ ᠢ ᠪᠤᠢ ᠪᠤᠯᠭᠠᠵᠥ ᠦᠭᠭᠦᠨ᠎ᠡ᠃ ᠭᠡᠷ ᠠᠬᠤᠢ ᠶᠢᠨ ᠬᠠᠮᠢᠶᠠᠷᠤᠯᠳᠡ ᠶᠢᠨ ᠲᠤᠭᠳᠠᠴᠠ ᠶᠢᠨ ᠰᠢᠨ᠎ᠠ ᠶᠢ ᠡᠭᠦᠳᠴᠦ᠂ ᠵᠠᠬ᠎ᠠ ᠳᠡᠯᠭᠡᠬᠦᠷᠴᠢᠯᠡᠭᠰᠡᠨ ᠠᠷᠭ᠎ᠠ ᠪᠠᠷᠢᠯ  ᠢᠶᠠᠷ ᠭᠡᠷ ᠠᠬᠤᠢ ᠶᠢᠨ ᠬᠠᠮᠢᠶᠠᠷᠤᠯᠳᠡ ᠶᠢᠨ ᠬᠢᠷᠢ ᠲᠦᠪᠰᠢᠨ ᠪᠤᠯᠤᠨ ᠦᠢᠯᠡᠴᠢᠯᠡᠭᠡᠨ ᠤ ᠴᠢᠨᠠᠷ ᠢ ᠴᠢᠨᠠᠭᠰᠢᠳᠡ ᠲᠠᠭᠡᠭᠰᠢᠯᠡᠬᠦᠯᠦᠨ᠎ᠡ᠃      ᠲᠦᠷᠪᠡ ᠳᠤ᠂ ᠤᠷᠴᠢᠨ ᠲᠤᠭᠤᠷᠢᠨ ᠤ ᠲᠠᠯ᠎ᠠ ᠪᠠᠷ ᠦᠷᠭᠦᠯᠵᠢᠯᠡᠨ ᠰᠠᠶᠢᠵᠢᠷᠠᠯᠳᠡ ᠲᠠᠢ ᠪᠤᠯᠭᠠᠨ᠎ᠠ᠃ ︽ᠦᠪᠡᠷᠲᠡᠭᠡᠨ ᠵᠠᠰᠠᠬᠤ ᠤᠷᠤᠨ ᠤ ᠠᠷᠢᠭᠤᠨ ᠴᠡᠪᠡᠷ ᠬᠤᠰᠢᠭᠤ︾ ᠶᠢᠨ ᠢᠷᠠᠭᠤ ᠠᠯᠳᠠᠷ ᠢᠶᠠᠨ ᠦᠷᠬᠦᠯᠵᠢᠯᠡᠨ ᠪᠠᠳᠤᠯᠠᠵᠥ᠂ ᠪᠦᠳᠦᠭᠡᠨ ᠪᠠᠶᠢᠭᠤᠯᠬᠤ ᠪᠠ ᠬᠠᠮᠢᠶᠠᠷᠬᠤ ᠶᠢ ᠵᠡᠷᠭᠡᠪᠡᠷ ᠴᠢᠬᠤᠯᠠᠴᠢᠯᠠᠨ᠂ ᠨᠠᠷᠢᠯᠢᠭᠵᠢᠭᠤᠯᠤᠨ ᠬᠠᠮᠢᠶᠠᠷᠬᠤ  ᠶᠢ ᠴᠢᠩᠭᠠᠳᠬᠠᠵᠦ᠂ ᠪᠠᠯᠭᠠᠰᠤ ᠶᠢᠨ ᠲᠤᠭᠤᠷᠢᠭ ᠤᠨ ᠤᠷᠴᠢᠨ ᠲᠤᠭᠤᠷᠢᠨ ᠤ ᠬᠠᠮᠢᠶᠠᠷᠤᠯᠳᠡ ᠳᠤ ︽ᠦᠡᠴᠦᠭ ᠪᠤᠯᠤᠩ ᠦᠯᠡᠳᠡᠭᠡᠬᠦ ᠦᠭᠡᠢ ᠪᠦᠬᠦᠨ ᠢ ᠪᠦᠷᠬᠦᠭᠦᠯᠬᠦ︾ ᠶᠢ ᠪᠡᠶᠡᠯᠡᠬᠦᠯᠵᠦ᠂ ︽ᠪᠦᠬᠦ ᠤᠯᠤᠰ ᠤᠨ ᠠᠷᠢᠭᠤᠨ ᠴᠡᠪᠡᠷ ᠬᠤᠰᠢᠭᠤ︾ ᠶᠢ ᠢᠳᠡᠪᠬᠢᠳᠠᠢ ᠡᠭᠦᠳᠦᠨ ᠪᠠᠶᠢᠭᠤᠯᠤᠨ᠎ᠠ᠃ ︽ᠬᠤᠳᠠ ᠶᠢᠨ ᠲᠤᠮᠳᠠ ᠨᠤᠭᠤᠭᠠᠷᠠᠭᠤᠯᠤᠯᠳᠠ ᠶᠢ ᠪᠦᠷᠬᠦᠬᠦᠯᠵᠦ᠂ ᠨᠤᠭᠤᠭᠠᠷᠠᠭᠤᠯᠤᠯᠳᠠ ᠶᠢᠨ ᠲᠤᠮᠳᠠ ᠬᠤᠳᠠ ᠪᠠᠶᠢᠭᠤᠯᠬᠤ︾ ᠤᠶᠢᠯᠠᠭᠠᠭᠳᠠᠬᠤᠨ ᠢᠶᠠᠷ᠂ ᠭᠠᠵᠠᠷ ᠤᠷᠤᠨ ᠤ ᠪᠠᠶᠢᠳᠠᠯ ᠳᠠᠭᠠᠨ ᠳᠤᠬᠢᠷᠠᠭᠤᠯᠤᠨ᠂ ᠨᠤᠭᠤᠭᠠᠷᠠᠭᠤᠯᠤᠯᠳᠠ ᠶᠢᠨ ᠢᠨᠵᠧᠨᠧᠷᠢᠩ ᠢ ᠭᠡᠷᠡᠭᠵᠢᠬᠦᠯᠦᠨ᠎ᠡ᠃ ᠤᠷᠴᠢᠨ ᠲᠤᠭᠤᠷᠢᠨ ᠤ ᠲᠤᠰᠬᠠᠢ ᠵᠠᠰᠠᠨ ᠴᠡᠭᠴᠡᠯᠡᠯᠳᠡ ᠶᠢᠨ ᠠᠵᠢᠯᠯᠠᠭ᠎ᠠ ᠶᠢ ᠦᠷᠭᠦᠯᠵᠢᠯᠡᠨ ᠦᠷᠨᠢᠭᠦᠯᠵᠥ᠂ ᠬᠤᠳᠠ ᠪᠠᠯᠭᠠᠰᠤ ᠶᠢᠨ ᠤᠷᠴᠢᠨ ᠲᠤᠭᠤᠷᠢᠨ ᠤ ᠬᠠᠮᠢᠶᠠᠷᠤᠯᠳᠡ ᠶᠢᠨ ᠡᠮᠬᠢ ᠴᠡᠭᠴᠡ ᠲᠠᠢ ᠪᠠᠶᠢᠬᠤ ᠶᠢ ᠪᠦᠬᠦ ᠲᠠᠯ᠎ᠠ ᠪᠠᠷ ᠲᠡᠭᠡᠭᠰᠢᠯᠡᠬᠦᠯᠦᠨ᠎ᠡ᠃ ᠰᠠᠭᠤᠷᠢ ᠲᠦᠭᠦᠭᠡᠷᠦᠮᠵᠢ ᠶᠢ ᠲᠡᠭᠦᠯᠳᠡᠷᠵᠢᠬᠦᠯᠵᠥ᠂ ᠠᠯᠳ᠋ᠬᠠᠮᠡᠭᠡᠯ ᠪᠠᠯᠭᠠᠰᠦ ᠠᠴᠠ ᠭᠠᠷᠬᠤ ᠬᠡᠳᠤᠨ ᠵᠠᠮ ᠢ ᠵᠠᠰᠠᠨ ᠴᠡᠭᠴᠡᠯᠡᠵᠦ᠂ ᠬᠤᠭ ᠨᠤᠪᠰᠢ ᠶᠢ ᠲᠠᠭᠡᠭᠡᠪᠤᠷᠢᠯᠡᠨ ᠰᠢᠢᠳᠪᠤᠷᠢᠯᠡᠬᠦ ᠦᠷᠳᠡᠭᠡ ᠶᠢ ᠰᠢᠨ᠎ᠡ ᠪᠠᠷ ᠨᠢᠭᠡ ᠪᠠᠶᠢᠭᠤᠯᠵᠥ᠂ ᠡᠯ᠎ᠡ ᠰᠤᠮᠤ ᠪᠠᠯᠭᠠᠰᠤ ᠳᠤ ᠬᠤᠭ ᠨᠤᠪᠰᠢ ᠶᠢ ᠬᠤᠤᠷ ᠦᠬᠡᠢ ᠪᠤᠯᠭᠠᠨ ᠰᠢᠢᠳᠪᠤᠷᠢᠯᠡᠬᠦ ᠲᠦᠷᠦᠯ ᠵᠦᠢᠯ ᠢ ᠭᠡᠷᠡᠭᠵᠢᠬᠦᠯᠦᠨ᠎ᠡ᠃ ᠰᠤᠮᠤ ᠪᠠᠯᠭᠠᠰᠤ ᠶᠢᠨ ᠤᠷᠳᠤ ᠬᠤᠭᠤᠴᠠᠭᠠᠨ ᠤ ᠬᠦᠴᠦᠨ ᠪᠦᠭᠦᠢ ᠬᠠᠮᠢᠶᠠᠷᠤᠨ ᠬᠠᠮᠠᠭᠠᠯᠠᠬᠤ ᠲᠤᠭᠳᠠᠴᠠ ᠶᠢ ᠲᠡᠭᠦᠯᠳᠡᠷᠵᠢᠭᠦᠯᠵᠥ᠂ ᠴᠡᠪᠡᠷ ᠳᠡᠭᠰᠢ ᠠᠷᠢᠭᠤᠨ ᠴᠡᠪᠡᠷ ᠤᠷᠴᠢᠨ ᠲᠤᠭᠤᠷᠢᠨ ᠢ ᠪᠠᠳᠤᠯᠠᠨ᠎ᠠ᠃ ᠤᠷᠴᠢᠨ ᠲᠤᠭᠤᠷᠢᠨ ᠤ ᠴᠢᠨᠠᠷ ᠢ ᠰᠠᠶᠢᠵᠢᠷᠠᠭᠤᠯᠬᠤ ᠪᠠᠷ ᠭᠤᠤᠯ ᠪᠤᠯᠭᠠᠬᠤ ᠶᠢ ᠪᠠᠷᠢᠮᠳᠡᠯᠡᠵᠥ᠂ ᠠᠮᠢ ᠠᠬᠤᠢ ᠶᠢᠨ ᠤᠷᠴᠢᠨ ᠲᠤᠭᠤᠷᠢᠨ ᠤ ᠬᠢᠵᠠᠭᠠᠷᠳᠤ ᠱᠤᠭᠤᠮ ᠢ ᠴᠢᠩᠭ᠎ᠠ ᠰᠠᠬᠢᠵᠥ᠂ ᠠᠭᠠᠷ ᠮᠠᠠᠳᠤᠯ᠂ ᠭᠠᠵᠠᠷ ᠰᠢᠷᠤᠢ ᠂ ᠤᠰᠤᠨ ᠤ ᠪᠤᠬᠢᠷᠳᠤᠯ ᠢ ᠰᠡᠷᠭᠡᠶᠢᠯᠡᠨ ᠵᠠᠰᠠᠬᠤ ︽ᠭᠤᠷᠪᠠᠨ ᠶᠡᠭᠡ ᠲᠠᠶᠢᠯᠠᠯᠳᠤᠭᠠᠨ︾ ᠳᠤ ᠵᠠᠪᠠᠯ ᠢᠯᠠᠯᠳᠡ ᠤᠯᠬᠤ  ᠪᠠᠷ ᠴᠢᠷᠮᠠᠶᠢᠨ᠎ᠠ᠃       ︵ᠭᠤᠷᠪᠠ︶ ᠤᠷᠤᠨ ᠲᠤᠭᠤᠷᠢᠭ ᠤᠨ ᠰᠢᠨ᠎ᠡ ᠶᠢ ᠡᠭᠦᠳᠬᠦ ᠬᠦᠭᠵᠢᠯᠳᠡ ᠳᠤ ᠳᠠᠬᠢᠨ ᠰᠢᠨ᠎ᠡ ᠬᠠᠭᠤᠳᠠᠰᠦ  ᠶᠢ ᠪᠢᠴᠢᠭᠯᠡᠨ᠎ᠡ       ᠨᠢᠭᠡ ᠳᠤ᠂ ᠦᠭᠡᠷᠡᠴᠢᠯᠡᠯᠳᠡ ᠶᠢᠨ ᠪᠠᠬᠢᠯᠡᠯᠳᠡ ᠰᠢᠪᠳᠤᠯᠬᠤ ᠶᠢ ᠬᠦᠡᠵᠡᠭᠡᠢ ᠲᠦᠯᠬᠢᠨ ᠠᠬᠢᠭᠤᠯᠤᠨ᠎ᠠ᠃ ᠭᠤᠤᠯᠳᠠᠯᠭ᠎ᠠ ᠲᠠᠢ ᠬᠦᠷᠢᠶ᠎ᠠ ᠬᠡᠪᠴᠢᠶ᠎ᠠ ᠪᠤᠯᠤᠨ ᠵᠠᠩᠬᠢᠯᠠᠭ᠎ᠠ ᠶᠢᠨ ᠭᠤᠭᠴᠤᠭ᠎ᠠ‌‍ᠶᠢᠨ ᠦᠭᠡᠷᠡᠴᠢᠯᠡᠯᠳᠡ ᠶᠢ ᠬᠦᠨᠵᠡᠭᠡᠶᠢᠷᠡᠬᠦᠯᠦᠨ᠎ᠡ᠃ ᠵᠠᠰᠠᠭ ᠵᠠᠬᠢᠷᠭᠠᠨ ᠤ ᠬᠠᠮᠢᠶᠠᠷᠤᠯᠳᠡ ᠶᠢᠨ ᠪᠠᠶᠢᠭᠤᠯᠤᠮᠵᠢ ᠶᠢᠨ ᠦᠭᠡᠷᠡᠴᠢᠯᠡᠯᠳᠡ ᠬᠢᠵᠦ᠂ ᠵᠠᠰᠠᠭ ᠢ ᠲᠦᠭᠦᠮᠴᠢᠯᠠᠨ ᠡᠷᠭᠡ ᠶᠢ ᠲᠠᠯᠪᠢᠬᠤ ᠵᠢᠴᠢ ᠲᠠᠯᠪᠢᠬᠤ ᠪᠠ ᠬᠠᠮᠢᠶᠠᠷᠬᠤ ᠶᠢ ᠤᠶᠠᠯᠳᠤᠭᠤᠯᠬᠤ ᠶᠢ ᠲᠦᠯᠬᠢᠨ ᠠᠬᠢᠭᠤᠯᠵᠥ᠂ ᠵᠠᠰᠠᠭ ᠵᠠᠬᠢᠷᠭᠠᠨ ᠤ ᠦᠷ᠎ᠡ ᠠᠰᠢᠭ ᠢ ᠲᠡᠭᠡᠭᠰᠢᠯᠡᠬᠦᠯᠦᠨ᠎ᠡ᠃ ᠡᠳ᠋ ᠤᠨ ᠵᠠᠰᠠᠭ ᠤᠨ ᠲᠦᠷᠦ ᠶᠢᠨ ᠪᠤᠳᠤᠯᠭ᠎ᠠ ᠶᠢᠨ ᠲᠤᠬᠢᠷᠠᠭᠤᠯᠤᠨ ᠬᠢᠵᠠᠭᠠᠷᠯᠠᠬᠤ ᠲᠠᠪᠠᠭᠤᠯᠢᠭ ᠢ ᠬᠦᠢᠴᠡᠤᠨ ᠪᠠᠳᠠᠷᠠᠭᠤᠯᠵᠦ᠂ ᠲᠦᠰᠦᠪ᠂ ᠭᠠᠶᠢᠯᠢ  ᠶᠢᠨ ᠤᠷᠤᠯᠭ᠎ᠠ᠂ ᠬᠤᠳᠠᠯᠳᠤᠨ ᠠᠪᠬᠤ᠂ ᠲᠦᠷᠦ ᠶᠢᠨ ᠪᠤᠳᠤᠯᠭ᠎ᠠ ᠶᠢᠨ ᠪᠡᠯᠡ ᠨᠡᠶᠢᠯᠡᠬᠦᠯᠬᠦ ᠵᠡᠷᠭᠡ ᠤᠯᠠᠨ ᠵᠦᠢᠯ ᠤᠨ ᠠᠷᠭ᠎ᠠ ᠶᠢ ᠶᠡᠷᠦᠩᠭᠡᠶᠢᠯᠠᠨ ᠭᠡᠷᠡᠭᠯᠡᠵᠥ᠂ ᠠᠵᠤ ᠠᠬᠤᠢ ᠶᠢᠨ ᠬᠠᠮᠢᠶᠠᠷᠤᠯᠳᠠ ᠶᠢᠨ ᠪᠠᠭᠤᠷᠠᠢ ᠭᠤᠭᠴᠤᠭᠠᠨ ᠳᠤ ᠬᠦᠴᠦ  ᠪᠠᠨ ᠲᠠᠯᠪᠢᠨ᠎ᠠ᠃ ᠮᠠᠯᠵᠢᠬᠤ ᠤᠷᠤᠨ ᠤ ᠨᠠᠶᠢᠳᠡ ᠶᠢᠨ ᠠᠵᠤ ᠠᠬᠤᠢ ᠶᠢᠨ ᠵᠤᠬᠢᠶᠠᠨ ᠪᠠᠶᠢᠭᠤᠯᠤᠯᠳᠡ ᠶᠢᠨ ᠪᠤᠳᠠᠳᠤ ᠴᠤᠭᠴᠠᠵᠢᠬᠤ ᠪᠠ ᠬᠤᠷᠰᠢᠶᠠᠵᠢᠬᠤ ᠶᠢ ᠰᠦᠪᠡᠭᠴᠢᠯᠠᠨ᠂ ᠬᠤᠳᠡ ᠪᠠᠯᠭᠠᠰᠤ ᠶᠢᠨ ᠡᠬᠢ ᠪᠠᠶᠠᠯᠢᠭ ᠤᠨ ᠡᠯᠧᠮᠧᠨ᠋ᠲ ᠤᠨ ᠬᠤᠶᠠᠷ ᠴᠢᠭᠯᠡᠯ ᠳᠡᠰᠢ ᠬᠠᠷᠢᠯᠴᠠᠨ ᠡᠷᠬᠢᠯᠳᠦᠬᠦ ᠶᠢ ᠠᠬᠢᠭᠤᠯᠵᠥ᠂ ᠬᠤᠳᠠ ᠪᠠᠯᠭᠠᠰᠤ ᠶᠢᠨ ᠬᠦᠭᠵᠢᠯᠳᠡ ᠶᠢᠨ ᠠᠮᠢᠵᠢᠷᠠᠯ ᠤᠨ ᠬᠦᠴᠦᠨ ᠢ ᠴᠢᠯᠦᠭᠡᠳᠡᠢ ᠪᠤᠯᠭᠠᠨ᠎ᠠ᠃ ᠨᠡᠶᠢᠭᠡᠮ ᠤᠨ ᠬᠦᠷᠢᠶ᠎ᠠ ᠬᠡᠪᠴᠢᠶᠠᠨ ᠳᠠᠬᠢ ᠦᠭᠡᠷᠡᠴᠢᠯᠡᠯᠳᠡ ᠶᠢ ᠨᠢᠭᠡᠳᠤᠯᠳᠡᠢ ᠲᠦᠯᠦᠪᠯᠠᠨ ᠠᠬᠢᠭᠤᠯᠵᠥ᠂ ᠬᠤᠳᠡ ᠬᠦᠳᠡᠭᠡ ᠶᠢ ᠨᠢᠭᠡ ᠴᠤᠭᠴᠠᠵᠢᠭᠤᠯᠤᠭᠰᠠᠨ ᠨᠡᠶᠢᠭᠡᠮ ᠤᠨ ᠪᠠᠳᠤᠯᠠᠭ᠎ᠠ ᠪᠤᠯᠤᠨ ᠤᠯᠠᠨ ᠨᠡᠶᠢᠳᠡ ᠶᠢᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠳᠡ ᠶᠢ ᠲᠦᠷᠭᠡᠳᠭᠡᠨ᠎ᠡ᠃      ᠬᠤᠶᠠᠷ ᠲᠤ᠂ ᠬᠦᠳᠡᠯᠭᠡᠭᠴᠢ ᠬᠦᠴᠦᠨ ᠤ ᠰᠢᠨ᠎ᠡ ᠶᠢ ᠡᠭᠦᠳᠬᠦ ᠶᠢ ᠪᠦᠬᠦ ᠲᠠᠯ᠎ᠠ ᠪᠠᠷ ᠠᠬᠢᠭᠤᠯᠤᠨ᠎ᠠ᠃ ᠰᠢᠠᠵᠢᠯᠡᠭᠡ ᠮᠡᠷᠭᠡᠵᠢᠯ ᠤᠨ ᠰᠢᠨ᠎ᠡ ᠶᠢ ᠡᠭᠦᠳᠬᠦ ᠦᠢᠯᠡᠴᠢᠯᠡᠭᠡᠨ ᠤ ᠰᠢᠰᠲ᠋ᠧᠮ ᠢ ᠪᠠᠶᠢᠭᠤᠯᠤᠨ᠂ ᠤᠳᠤ ᠪᠠᠶᠢᠭ᠎ᠠ ᠰᠢᠠᠵᠢᠯᠡᠭᠡ ᠮᠡᠷᠭᠡᠵᠢᠯ ᠤᠨ ᠦᠷ᠎ᠡ ᠪᠦᠳᠦᠭᠡᠯ ᠢ ᠬᠤᠪᠢᠷᠠᠭᠤᠯᠬᠤ ᠲᠠᠪᠴᠠᠩ ᠢ ᠳᠡᠬᠦᠯᠳᠡᠷᠵᠢᠬᠦᠯᠦᠨ᠎ᠡ᠃ ᠰᠢᠡᠵᠢᠯᠡᠭᠡ ᠮᠡᠷᠭᠡᠵᠢᠯ ᠤᠨ ᠲᠦᠷᠦᠯ ᠵᠦᠢᠯ ᠤᠨ ᠪᠠᠯᠡ ᠮᠦᠭᠬᠦ ᠶᠢ ᠤᠯᠬᠤ ᠪᠠᠷ ᠢᠳᠡᠪᠬᠢᠳᠡᠢ ᠴᠢᠷᠮᠠᠶᠢᠵᠥ᠂ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠶᠢ ᠲᠠᠮᠵᠢᠬᠦ ᠲᠦᠭᠡᠮᠡᠯ ᠬᠠᠷᠠᠭᠠᠯᠵᠠᠬᠤ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠵᠥ᠂ ᠠᠵᠤ ᠠᠬᠤᠶᠢᠯᠠᠯ ᠤᠨ ᠪᠡᠶ᠎ᠡ ᠪᠠᠨ ᠲᠠᠭᠠᠭᠠᠨ ᠰᠢᠨ᠎ᠡ ᠶᠢ ᠡᠭᠦᠳᠬᠦ ᠶᠢ ᠲᠤᠰᠠᠯᠠᠨ ᠲᠠᠮᠵᠢᠨ᠎ᠡ᠃ ᠲᠤᠮᠳᠠᠳᠤ ᠤᠯᠤᠰ  ᠤᠨ ᠰᠢᠠᠵᠢᠯᠡᠬᠦ ᠤᠬᠠᠭᠠᠨ ᠤ ᠬᠦᠷᠢᠶᠠᠯᠠᠩ᠂ ᠲᠠᠷᠢᠶᠠᠯᠠᠩ ᠤᠨ ᠰᠢᠡᠵᠢᠯᠡᠬᠦ ᠤᠬᠠᠭᠠᠨ ᠤ ᠬᠦᠷᠢᠶᠠᠯᠠᠩ ᠵᠡᠷᠭᠡ ᠰᠤᠳᠤᠯᠭᠠᠨ ᠤ ᠬᠦᠷᠢᠶᠠᠯᠠᠩ ᠯᠦᠭᠡ ᠶᠢᠨ ᠰᠤᠯᠢᠯᠴᠠᠭ᠎ᠠ ᠬᠠᠮᠳᠤᠷᠠᠯᠴᠠᠭ᠎ᠠ ᠪᠠᠨ ᠲᠠᠰᠤᠷᠠᠯᠳᠡ ᠦᠭᠡᠢ ᠴᠢᠩᠭᠠᠳᠬᠠᠵᠥ᠂ ᠦᠷ᠎ᠡ ᠪᠦᠳᠦᠮᠵᠢ ᠶᠢ ᠬᠤᠪᠢᠷᠠᠭᠤᠯᠬᠤ ᠲᠠᠯ᠎ᠠ ᠪᠠᠷ ᠰᠢᠨ᠎ᠡ ᠰᠢᠪᠳᠤᠯᠤᠯᠳᠡ ᠲᠠᠢ ᠪᠤᠯᠭᠠᠨ᠎ᠠ᠃ ︽ᠴᠢᠳᠠᠪᠤᠷᠢᠳᠠᠨ ᠢᠶᠠᠷ ᠬᠤᠰᠢᠭᠤ ᠪᠠᠨ ᠬᠦᠴᠦᠷᠭᠡᠭᠵᠢᠬᠦᠯᠬᠦ︾ ᠪᠠᠶᠢᠯᠳᠤᠬᠤ ᠪᠤᠳᠤᠯᠭ᠎ᠠ ᠶᠢ ᠬᠦᠡᠵᠡᠭᠡᠢ ᠭᠡᠷᠡᠭᠵᠢᠬᠦᠯᠵᠥ᠂ ᠴᠢᠳᠠᠪᠤᠷᠢᠳᠠᠨ ᠢ ᠤᠷᠮᠠᠰᠢᠭᠤᠯᠬᠤ ᠲᠦᠷᠦ ᠶᠢᠨ ᠪᠤᠳᠤᠯᠭ᠎ᠠ ᠶᠢ ᠲᠡᠭᠦᠯᠳᠡᠷᠵᠢᠬᠦᠯᠵᠥ᠂ ᠨᠢᠭᠡ ᠪᠦᠯᠦᠭ ᠭᠡᠷᠡᠭᠯᠡᠭᠡᠨ ᠤ ᠴᠢᠳᠠᠪᠤᠷᠢᠳᠠᠨ ᠪᠤᠯᠤᠨ ᠰᠢᠨ᠎ᠡ ᠶᠢ ᠡᠬᠦᠳᠬᠦ ᠡᠩᠨᠨᠡᠭᠡ ᠶᠢ ᠪᠤᠶᠢᠵᠢᠭᠤᠯᠬᠤ ᠪᠠ ᠤᠷᠢᠵᠥ ᠤᠷᠤᠭᠤᠯᠤᠨ᠎ᠠ᠃ ᠰᠢᠨ᠎ᠡ ᠶᠢ ᠡᠬᠦᠳᠬᠦ ᠦᠢᠯᠡᠰ ᠪᠦᠳᠦᠭᠡᠬᠦ ᠰᠠᠭᠤᠷᠢᠨ ᠭᠠᠵᠠᠷ ᠤᠨ ᠪᠦᠳᠦᠭᠡᠨ ᠪᠠᠶᠢᠭᠤᠯᠤᠯᠳᠡ ᠶᠢ ᠴᠢᠩᠭᠠᠳᠬᠠᠵᠦ᠂ ᠬᠦᠰᠠᠯ ᠡᠷᠡᠮᠡᠯᠵᠡᠯ  ᠲᠠᠢ᠂ ᠪᠤᠳᠠᠳᠤ ᠬᠦᠴᠦᠨ ᠲᠠᠢ᠂ ᠤᠷ᠎ᠠ ᠮᠡᠷᠭᠡᠵᠢᠯ ᠲᠠᠢ ᠦᠢᠯᠡᠰ ᠪᠦᠳᠦᠭᠡᠭᠴᠢᠤᠨ ᠤᠨ ᠲᠤᠬᠠᠢ ᠶᠢᠨ ᠭᠠᠵᠠᠷ ᠲᠤ ᠢᠷᠡᠵᠥ ᠦᠢᠯᠡᠰ ᠪᠦᠳᠦᠭᠡᠬᠦ ᠶᠢ ᠵᠤᠷᠢᠭᠵᠢᠭᠤᠯᠤᠨ᠂ ︽ᠨᠡᠶᠢᠳᠡ ᠪᠠᠷ ᠢᠶᠠᠨ ᠦᠢᠯᠡᠰ ᠪᠦᠳᠦᠬᠡᠬᠦ᠂ ᠪᠦᠬᠦᠳᠡᠭᠡᠷ ᠢᠶᠠᠨ ᠰᠢᠨ᠎ᠡ ᠶᠢ ᠡᠬᠦᠳᠬᠦ︾ ᠰᠠᠶᠢᠨ ᠰᠠᠶᠢᠬᠠᠨ ᠬᠡᠪ ᠵᠠᠩᠰᠢᠯ ᠲᠠᠢ ᠪᠤᠯᠭᠠᠨ᠎ᠠ᠃      ᠭᠤᠷᠪᠠ ᠳᠤ᠂ ᠠᠷᠠᠯᠵᠢᠶᠠᠴᠢᠨ ᠤᠷᠢᠵᠥ ᠪᠡᠯᠡ ᠮᠦᠩᠬᠦ ᠲᠠᠳᠠᠬᠤ ᠶᠢ ᠶᠡᠭᠡᠪᠡᠷ ᠲᠦᠯᠬᠢᠨ ᠠᠬᠢᠭᠤᠯᠤᠨ᠎ᠠ᠃ ᠠᠷᠠᠯᠵᠢᠶᠠᠴᠢᠨ ᠤᠷᠢᠵᠥ ᠪᠡᠯᠡ ᠮᠦᠩᠬᠦ ᠲᠠᠳᠠᠬᠤ ᠬᠦᠴᠦᠯᠡᠴᠡ ᠶᠢ ᠨᠡᠮᠡᠭᠳᠡᠬᠦᠯᠵᠥ᠂ ᠲᠤᠮᠤ ᠶᠡᠭᠡ ᠲᠦᠷᠦᠯ ᠵᠦᠢᠯ ᠢ ᠲᠦᠯᠦᠪᠵᠢᠬᠦᠯᠦᠨ ᠨᠦᠭᠡᠴᠡᠯᠡᠬᠦ ᠶᠢ ᠰᠠᠶᠢᠳᠦᠷ ᠬᠢᠵᠥ᠂ ᠬᠤᠶᠢᠨᠠᠬᠢ ᠦᠢᠯᠡᠴᠢᠯᠡᠭᠡ ᠶᠢ ᠴᠢᠭᠭᠠᠳᠬᠠᠨ᠂ ᠠᠵᠤ ᠦᠢᠯᠡᠰ  ᠤᠨ ᠲᠡᠰ ᠲᠠᠪᠬᠤᠷᠭ᠎ᠠ ᠦᠡᠳᠦᠷ᠂ ᠬᠦᠷᠢᠶ᠎ᠠ ᠭᠡᠪᠴᠢᠶ᠎ᠠ ᠪᠠᠷ ᠶᠡᠭᠡ᠂ ᠲᠠᠳᠠᠬᠤ ᠬᠦᠴᠦᠨ ᠲᠠᠢ ᠬᠡᠰᠡᠭ ᠲᠦᠷᠦᠯ ᠵᠦᠢᠯ  ᠢ ᠨᠠᠷᠢᠯᠢᠭ ᠲᠦᠯᠦᠪᠵᠢᠬᠦᠯᠦᠨ ᠴᠢᠮᠡᠭᠯᠡᠵᠥ᠂ ᠬᠠᠨᠳᠤᠯᠭ᠎ᠠ ᠲᠠᠢ ᠪᠠᠷ ᠠᠷᠠᠯᠵᠢᠶᠠᠴᠢᠨ ᠤᠷᠢᠨ᠎ᠠ᠃ ᠵᠠᠰᠠᠭ ᠤᠨ ᠤᠷᠳᠤᠨ ᠤ ᠬᠦᠳᠦᠯᠦᠨ ᠵᠢᠯᠤᠭᠤᠳᠬᠤ ᠦᠢᠯᠡᠳᠦᠯ ᠢ ᠪᠠᠳᠠᠷᠠᠭᠤᠯᠵᠥ᠂ ᠬᠦᠢᠯᠭᠡᠭᠡᠨ ᠤ ᠪᠡᠯᠡ ᠮᠦᠩᠬᠦ ᠤᠷᠤᠭᠤᠯᠬᠤ ᠲᠠᠪᠴᠠᠩ ᠤᠨ ᠪᠠᠶᠢᠭᠤᠯᠤᠯᠳᠡ ᠶᠢ ᠰᠠᠶᠢᠳᠤᠷ ᠠᠳᠬᠤᠵᠥ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠳᠡ ᠶᠢᠨ ᠪᠡᠯᠡ ᠮᠦᠩᠬᠦ ᠶᠢ ᠤᠯᠠᠨ ᠠᠷᠭ᠎ᠠ ᠵᠠᠮ ᠢᠶᠠᠷ ᠴᠤᠭᠯᠠᠭᠤᠯᠵᠥ᠂ ᠠᠵᠤ ᠠᠬᠤᠶᠢᠯᠠᠯ ᠳᠤ ᠰᠠᠶᠢᠨ ᠰᠠᠶᠢᠬᠠᠨ ᠮᠦᠩᠬᠦᠨ ᠬᠦᠢᠯᠭᠡᠭᠡᠨ ᠤ ᠦᠢᠯᠡᠴᠢᠯᠡᠭᠡ ᠬᠠᠩᠭᠠᠨ᠎ᠠ᠃ ᠬᠠᠮᠢᠶᠠᠷᠤᠯᠳᠠ ᠶᠢᠨ ᠦᠷ᠎ᠡ ᠪᠦᠳᠦᠮᠵᠢ ᠪᠠᠷ ᠦᠡᠳᠦᠷ᠂ ᠪᠦᠳᠦᠴᠠ ᠨᠢ ᠵᠤᠬᠢᠰᠳᠠᠢ᠂ ᠦᠪᠡᠷ ᠤᠨ ᠦᠷᠳᠡᠭ ᠢ ᠨᠢ ᠳᠠᠭᠠᠭᠠᠵᠦ ᠲᠠᠶᠢᠯᠬᠦ ᠵᠠᠰᠠᠭ ᠤᠨ ᠤᠷᠳᠤᠨ ᠤ ᠪᠠᠯᠡ ᠤᠷᠤᠭᠤᠯᠤᠯᠳᠠ ᠶᠢᠨ ᠲᠦᠷᠦᠯ ᠵᠦᠢᠯ ᠤᠨ ᠮᠦᠩᠬᠦᠨ ᠬᠦᠢᠯᠭᠡᠭᠡᠨ ᠤ ᠲᠤᠭᠳᠠᠴᠠ ᠶᠢᠨ ᠰᠢᠨ᠎ᠡ ᠶᠢ ᠡᠭᠦᠳᠴᠦ᠂ ᠠᠷᠠᠤᠨ ᠤᠨ ᠲᠤᠮᠳᠠᠬᠢ ᠬᠦᠷᠦᠩᠭᠡ ᠮᠦᠩᠬᠦ ᠶᠢᠨ ᠭᠤᠤᠯᠳᠠᠯᠭ᠎ᠠ ᠲᠠᠢ ᠰᠠᠭᠤᠷᠢ ᠲᠦᠭᠦᠭᠡᠷᠦᠮᠵᠢ ᠶᠢᠨ ᠪᠦᠳᠦᠭᠡᠨ ᠪᠠᠶᠢᠭᠤᠯᠤᠯᠳᠡ ᠶᠢᠨ ᠲᠦᠷᠦᠯ ᠵᠦᠢᠯ ᠳᠤ ᠤᠷᠤᠬᠤ ᠶᠢ ᠵᠤᠷᠢᠭᠵᠢᠭᠤᠯᠤᠨ ᠲᠠᠮᠵᠢᠨ᠎ᠡ᠃ ᠤᠯᠤᠰ ᠤᠨ ᠦᠮᠴᠢᠯᠡᠯᠳᠤ ᠪᠡᠯᠡ ᠤᠷᠤᠭᠤᠯᠬᠤ ᠺᠤᠮᠫᠠᠨᠢ  ᠳᠤ ᠲᠦᠰᠢᠭᠯᠡᠨ᠂ ᠬᠦᠷᠦᠩᠭᠡ ᠶᠢ ᠪᠡᠯᠡ ᠮᠦᠩᠬᠦ ᠪᠤᠯᠭᠠᠨ ᠬᠤᠪᠢᠷᠠᠭᠤᠯᠬᠤ ᠶᠢ ᠲᠦᠷᠭᠡᠳᠭᠡᠵᠦ᠂ ᠵᠠᠰᠠᠭ ᠤᠨ ᠤᠷᠳᠤᠨ ᠤ ᠲᠤᠮᠤ ᠶᠡᠭᠡ ᠪᠡᠯᠡ ᠤᠷᠤᠭᠤᠯᠤᠯᠳᠡ ᠶᠢᠨ ᠲᠦᠷᠦᠯ ᠵᠦᠢᠯ ᠤᠨ ᠪᠡᠯᠡ ᠮᠦᠩᠬᠦ ᠶᠢᠨ ᠪᠤᠭᠤᠮᠢ ᠶᠢᠨ ᠬᠦᠯᠢᠶᠡᠰᠦᠯᠡᠯ ᠢ ᠰᠢᠢᠳᠪᠤᠷᠢᠯᠡᠨ᠎ᠡ᠃ ᠲᠤᠮᠳᠡ ᠵᠢᠵᠢᠭ ᠠᠵᠤ ᠠᠬᠤᠶᠢᠯᠠᠯ ᠵᠢᠴᠢ ᠲᠠᠷᠢᠶᠠᠴᠢᠨ ᠮᠠᠯᠴᠢᠤᠨ ᠲᠤ ᠢᠳᠡᠭᠡᠮᠵᠢᠳᠤ ᠵᠢᠭᠡᠯᠡᠯᠭᠡ ᠶᠢᠨ ᠲᠡᠮᠵᠢᠯᠭᠡ ᠦᠵᠡᠬᠦᠯᠬᠦ ᠬᠦᠴᠦᠯᠡᠴᠡ ᠶᠢ ᠦᠷᠬᠦᠯᠵᠢᠯᠡᠨ ᠨᠡᠮᠡᠭᠳᠡᠬᠦᠯᠵᠥ᠂ ᠲᠤᠬᠠᠶᠢᠯᠠᠭᠰᠠᠨ ᠠᠵᠢᠯ ᠤᠨ ᠲᠦᠷᠦᠯ ᠵᠦᠢᠯ ᠢ ᠡᠯᠪᠡᠭᠵᠢᠬᠦᠯᠦᠨ᠂ ᠬᠦᠢᠯᠭᠡᠭᠡᠨ ᠤ ᠪᠡᠯᠡ ᠮᠦᠩᠬᠦ ᠶᠢᠨ ᠠᠷᠭ᠎ᠠ ᠵᠠᠮ ᠢ ᠦᠷᠭᠡᠳᠭᠡᠨ᠎ᠡ᠃ ᠤᠯᠠᠨ ᠨᠡᠶᠢᠳᠡ ᠶᠢᠨ ᠡᠬᠢ ᠪᠠᠶᠠᠯᠢᠭ ᠤᠨ ᠠᠷᠠᠯᠵᠢᠶᠠᠨ ᠤ ᠦᠢᠯᠡ ᠠᠵᠢᠯᠯᠠᠭ᠎ᠠ ᠶᠢ ᠰᠢᠯᠢᠳᠡᠭᠵᠢᠬᠦᠯᠦᠨ᠂ ᠲᠠᠭᠠᠭᠠᠴᠢᠯᠠᠯᠳᠠ ᠵᠠᠷᠯᠠᠬᠤ ᠪᠠ ᠬᠦᠯᠢᠶᠠᠬᠦ ᠠᠴᠠ ᠡᠮᠤᠨᠡᠬᠢ ᠬᠢᠨᠠᠨ ᠪᠠᠶᠢᠴᠠᠭᠠᠯᠳᠠ ᠶᠢ ᠴᠢᠩᠭᠠᠳᠬᠠᠵᠥ᠂ ᠡᠷᠡᠭᠦᠯ ᠪᠤᠰᠤ ᠠᠵᠤ ᠠᠬᠤᠶᠢᠯᠠᠯ ᠤᠨ ᠦᠢᠯᠡ ᠠᠵᠢᠯᠯᠠᠭ᠎ᠠ ᠶᠢᠨ ᠪᠦᠷᠢᠳᠭᠡᠯ ᠤᠨ ᠨᠠᠷᠠᠰ ᠪᠤᠯᠤᠨ ᠤᠷᠤᠯᠠᠨ ᠬᠦᠢᠴᠡᠳᠭᠡᠬᠦ ᠪᠠᠶᠢᠭᠤᠯᠤᠮᠵᠢ ᠶᠢᠨ ᠢᠳᠡᠭᠡᠮᠵᠢ ᠶᠢᠨ ᠬᠤᠪᠢ ᠶᠢ ᠢᠯᠡ ᠨᠡᠶᠢᠳᠡᠯᠡᠬᠦ ᠲᠦᠷᠢᠮ ᠢ ᠪᠠᠶᠢᠭᠤᠯᠤᠨ᠎ᠠ᠃ ᠬᠢᠨᠡᠨ ᠵᠦᠪᠰᠢᠶᠡᠷᠡᠬᠦ ᠭᠤᠭᠴᠤᠭ᠎ᠠ ᠶᠢ ᠲᠦᠭᠦᠮᠴᠢᠯᠠᠨ ᠰᠢᠯᠢᠳᠡᠭᠵᠢᠬᠦᠯᠵᠥ᠂ ᠵᠠᠰᠠᠭ ᠤᠨ ᠶᠠᠪᠤᠳᠠᠯ  ᠤᠨ ᠦᠢᠯᠡᠴᠢᠯᠡᠭᠡᠨ ᠤ ᠴᠢᠨᠠᠷ ᠢ ᠲᠡᠭᠡᠭᠰᠢᠯᠡᠬᠦᠯᠦᠨ᠎ᠡ᠃ ᠵᠠᠰᠠᠭ ᠵᠠᠬᠢᠷᠭᠠᠨ ᠤ ᠵᠦᠪᠰᠢᠶᠠᠷᠠᠯ ᠪᠤᠯᠤᠨ ᠵᠠᠰᠠᠭ ᠵᠠᠬᠢᠷᠭᠠᠨ  ᠤ ᠦᠢᠯᠡᠴᠢᠯᠡᠭᠡᠨ ᠤ ᠬᠡᠷᠡᠭ ᠶᠠᠪᠤᠳᠠᠯ ᠢ ᠰᠦᠯᠵᠢᠶᠡᠨ ᠲᠠᠭᠡᠷ᠎ᠡ ᠬᠢᠨᠠᠨ ᠵᠦᠪᠰᠢᠶᠠᠷᠡᠬᠦ ᠰᠢᠰᠲ᠋ᠧᠮ ᠤᠨ ᠪᠠᠶᠢᠭᠤᠯᠤᠯᠳᠠ  ᠶᠢ ᠲᠦᠷᠭᠡᠳᠭᠡᠨ᠂ ᠨᠡᠶᠢᠳᠡ ᠤᠯᠠᠨ ᠤ ᠠᠵᠢᠯ ᠡᠷᠬᠢᠯᠡᠬᠦ ᠦᠪᠡᠷ ᠤᠨ ᠦᠷᠳᠡᠭ ᠢ ᠪᠠᠭᠤᠷᠠᠭᠤᠯᠵᠥ᠂ ᠵᠠᠰᠠᠭ ᠵᠠᠬᠢᠷᠭᠠᠨ  ᠤ ᠵᠦᠪᠰᠢᠶᠠᠷᠠᠯ ᠢ ᠵᠠᠰᠠᠭ ᠵᠠᠬᠢᠷᠭᠠᠨ ᠤ ᠦᠢᠯᠡᠴᠢᠯᠡᠭᠡᠨ ᠤ ᠭᠡᠷᠡᠭ ᠶᠠᠪᠤᠳᠠᠯ ᠤᠨ ᠬᠠᠮᠢᠶᠠᠷᠤᠯᠳᠠ ᠶᠢᠨ ᠰᠢᠰᠲ᠋ᠧᠮ ᠪᠤᠯᠤᠨ ᠡᠯᠧᠺᠲᠷᠤᠨ ᠬᠢᠨᠠᠨ ᠪᠠᠶᠢᠴᠠᠭᠠᠬᠤ ᠰᠢᠰᠲ᠋ᠧᠮ ᠲᠠᠢ ᠵᠠᠪᠰᠠᠷ ᠦᠬᠡᠢ ᠵᠤᠯᠭᠠᠭᠤᠯᠬᠤ ᠶᠢ ᠠᠯᠬᠤᠮ ᠠᠯᠬᠤᠮ ᠢᠶᠠᠷ ᠪᠡᠶᠡᠯᠡᠬᠦᠯᠦᠨ᠎ᠠ᠃      ︵ᠲᠦᠷᠪᠡ︶ ᠠᠷᠠᠤᠨ ᠤᠨ ᠠᠮᠢᠳᠤᠷᠠᠯ ᠤᠨ ᠬᠠᠮᠳᠤᠪᠠᠷ ᠡᠳ᠋ᠯᠠᠬᠦ ᠬᠦᠭᠵᠢᠯᠳᠡ ᠳᠤ ᠳᠠᠬᠢᠨ ᠰᠢᠨ᠎ᠡ ᠬᠠᠭᠤᠳᠠᠰᠦ ᠶᠢ ᠪᠢᠴᠢᠭᠯᠡᠨ᠎ᠡ      ᠨᠢᠭᠡ ᠳᠤ᠂ ᠠᠷᠠᠤᠨ ᠤᠨ ᠠᠮᠢᠳᠤᠷᠠᠯ ᠤᠨ ᠪᠠᠳᠤᠯᠠᠭ᠎ᠠ ᠶᠢ ᠴᠢᠩᠭᠠᠳᠬᠠᠨ᠎ᠡ᠃ ᠠᠮᠢᠳᠤᠷᠠᠯ ᠤᠨ ᠨᠠᠭᠠᠳᠤ ᠵᠠᠬ᠎ᠠ  ᠶᠢᠨ ᠪᠠᠳᠤᠯᠠᠭ᠎ᠠ ᠠᠪᠴᠦ ᠪᠠᠶᠢᠭ᠎ᠠ ᠪᠠ ᠬᠦᠡᠳᠦ ᠡᠪᠡᠳᠴᠢᠳᠡᠤᠨ ᠤᠨ ᠦᠡᠳᠦᠰᠦᠨ ᠠᠮᠢᠳᠤᠷᠠᠯ ᠢ ᠪᠠᠳᠤᠯᠠᠨ ᠲᠤᠰᠠᠯᠠᠬᠤ ᠠᠵᠢᠯ ᠢ ᠰᠠᠶᠢᠳᠦᠷ ᠬᠢᠵᠥ᠂ ᠬᠤᠳᠡ ᠬᠦᠳᠡᠭᠡ ᠶᠢᠨ ᠠᠮᠢᠳᠤᠷᠠᠯ ᠤᠨ ᠨᠠᠭᠠᠳᠣ ᠵᠠᠬ᠎ᠠ ᠶᠢᠨ ᠪᠠᠳᠤᠯᠠᠭ᠎ᠠ ᠶᠢ ᠨᠢᠭᠡ ᠴᠤᠭᠴᠠᠵᠢᠭᠤᠯᠬᠤ ᠬᠠᠷᠠᠯᠳᠡ ᠶᠢ ᠪᠡᠶᠡᠯᠡᠬᠦᠯᠬᠦ ᠪᠠᠷ ᠴᠢᠷᠮᠠᠶᠢᠨ᠎ᠠ᠃ ᠶᠠᠳᠠᠭᠤ ᠶᠢ ᠲᠡᠳᠬᠦᠬᠦ ᠠᠵᠢᠯ ᠤᠨ ︽ᠶᠠᠳᠠᠭᠤ ᠠᠴᠠ ᠵᠠᠪᠠᠯ ᠪᠦᠬᠦᠨ ᠢ ᠠᠩᠬᠢᠵᠢᠷᠠᠭᠤᠯᠬᠤ︾ ᠡᠭᠦᠷᠭᠡ ᠶᠢ ᠪᠡᠶᠡᠯᠡᠬᠦᠯᠬᠦ ᠲᠠᠢ ᠵᠤᠯᠭᠠᠭᠤᠯᠵᠥ᠂ ᠠᠵᠤ ᠦᠢᠯᠡᠰ ᠢᠶᠠᠷ ᠨᠠᠷᠢᠯᠢᠭ ᠤᠨᠤᠪᠴᠢᠳᠡᠢ ᠶᠠᠳᠠᠭᠤ ᠶᠢ ᠲᠡᠳᠬᠦᠬᠦ ᠶᠢ ᠲᠦᠯᠬᠢᠨ ᠠᠬᠢᠭᠤᠯᠵᠥ᠂ ᠪᠤᠰᠤᠤᠨ ᠭᠠᠵᠠᠷ ᠲᠤ ᠨᠡᠬᠦᠯᠭᠡᠨ ᠰᠢᠯᠵᠢᠬᠦᠯᠵᠦ ᠶᠠᠳᠠᠭᠤ ᠶᠢ ᠲᠡᠳᠬᠦᠬᠦ ᠲᠦᠷᠦᠯ ᠵᠦᠢᠯ ᠢ ᠭᠡᠷᠡᠭᠵᠢᠬᠦᠯᠵᠥ᠂ ᠪᠦᠬᠦᠨ ᠢ ᠶᠠᠳᠠᠭᠤ ᠠᠴᠠ ᠨᠢ ᠠᠩᠬᠢᠵᠢᠷᠠᠭᠤᠯᠤᠨ᠎ᠠ᠃ ᠪᠠᠶᠢᠭᠤᠯᠭ᠎ᠠ ᠠᠵᠢᠯ ᠦᠢᠯᠡᠰ ᠤᠨ ᠨᠢᠭᠡᠴᠡ ᠶᠢᠨ ᠨᠠᠰᠤᠵᠢᠯ ᠤᠨ ᠲᠠᠭᠠᠳᠬᠠᠯ ᠤᠨ ᠲᠦᠷᠢᠮ  ᠤᠨ ᠦᠭᠡᠷᠡᠴᠢᠯᠡᠯᠳᠡ ᠶᠢ ᠲᠦᠯᠬᠢᠨ ᠠᠬᠢᠭᠤᠯᠵᠥ᠂ ᠨᠠᠰᠤᠵᠢᠯ ᠤᠨ ᠲᠠᠭᠠᠳᠬᠠᠯ ᠤᠨ ᠲᠦᠭᠡᠮᠡᠯ ᠬᠠᠷᠠᠭᠠᠯᠵᠠᠬᠤ ᠲᠦᠷᠢᠮ ᠢ ᠭᠡᠷᠡᠭᠵᠢᠬᠦᠯᠵᠥ᠂ ᠪᠦᠬᠦ ᠬᠤᠰᠢᠭᠤᠨ ᠤ ᠪᠦᠬᠦᠯᠢ 60 ᠨᠠᠰᠤᠨ ᠠᠴᠠ ᠲᠠᠭᠡᠭᠰᠢᠬᠢ ᠨᠠᠰᠤᠳᠠᠶᠢᠴᠤᠤᠨ ᠢ ᠪᠦᠬᠦᠨ ᠢ ᠨᠠᠰᠤᠵᠢᠯ ᠤᠨ ᠲᠠᠭᠠᠳᠬᠠᠯ ᠳᠤ ᠤᠷᠤᠭᠤᠯᠤᠨ᠎ᠠ᠃ ᠡᠮ ᠡᠮᠨᠡᠯᠭᠡ ᠶᠢᠨ ᠲᠠᠭᠠᠳᠬᠠᠯ ᠪᠤᠯᠤᠨ ᠬᠦᠳᠡᠭᠡ ᠲᠤᠰᠬᠤᠨ ᠤ ᠰᠢᠨ᠎ᠠ ᠬᠡᠯᠪᠡᠷᠢ ᠶᠢᠨ ᠬᠤᠷᠰᠢᠭᠰᠠᠨ ᠡᠮ ᠡᠮᠨᠡᠯᠭᠡ ᠶᠢᠨ ᠲᠠᠭᠠᠳᠬᠠᠯ ᠤᠨ ᠦᠷᠬᠦᠯᠵᠢᠯᠡᠯ ᠠᠵᠢᠯ ᠢ ᠰᠠᠶᠢᠳᠦᠷ ᠬᠢᠵᠥ᠂ ᠨᠡᠶᠢᠭᠡᠮ ᠤᠨ ᠲᠠᠭᠠᠳᠬᠠᠯ ᠤᠨ ᠪᠦᠷᠬᠦᠴᠡ ᠶᠢᠨ ᠬᠡᠮᠵᠢᠶ᠎ᠡ ᠶᠢ ᠦᠷᠬᠦᠯᠵᠢᠯᠡᠨ ᠦᠷᠭᠡᠳᠭᠡᠨ᠎ᠡ᠃  ᠬᠤᠶᠠᠷ ᠢ ᠬᠦᠷᠢᠶᠠᠯᠡᠬᠦ ᠬᠠᠷᠠᠭᠠᠯᠵᠠᠨ ᠲᠦᠪᠬᠢᠨᠠᠬᠦᠯᠬᠦ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠵᠥ᠂ ᠴᠡᠷᠢᠭ ᠠᠩᠬᠢ ᠪᠠ ᠤᠷᠤᠨ ᠨᠤᠳᠤᠭ ᠬᠠᠮᠳᠤᠪᠠᠷ ᠪᠠᠶᠢᠭᠤᠯᠬᠤ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠤᠯᠭᠠᠨ᠎ᠠ᠃ ᠪᠠᠭ᠎ᠠ ᠲᠤᠭᠠᠨ ᠤ ᠪᠠᠳᠤᠯᠠᠭᠠᠳᠦ ᠵᠢᠭᠡᠯᠡᠯᠭᠡ᠂ ᠨᠡᠶᠢᠭᠡᠮ ᠤᠨ ᠲᠠᠭᠠᠳᠬᠠᠯ ᠤᠨ ᠨᠦᠭᠦᠪᠤᠷᠢ ᠵᠡᠷᠭᠡ ᠠᠵᠢᠯ ᠤᠯᠭᠤᠵᠥ ᠲᠡᠮᠵᠢᠬᠦ ᠲᠦᠷᠦ ᠶᠢᠨ ᠪᠤᠳᠤᠯᠭ᠎ᠠ ᠶᠢ ᠲᠤᠤᠱᠯᠠᠭᠤᠯᠤᠨ ᠭᠡᠷᠡᠭᠵᠢᠬᠦᠯᠵᠥ᠂ ᠠᠵᠢᠯ ᠤᠯᠭᠤᠬᠤ ᠠᠵᠢᠯ ᠤᠨ ᠪᠠᠶᠢᠷᠢ ᠶᠢ ᠤᠯᠠᠨ ᠠᠷᠭ᠎ᠠ ᠵᠠᠮ ᠢᠶᠠᠷ ᠨᠡᠭᠡᠭᠡᠨ᠎ᠡ᠃ ︽ᠢᠯᠡ ᠪᠠᠷ ᠲᠠᠳᠠᠪᠤᠷᠢᠯᠠᠬᠤ︾ ᠶᠢ ᠪᠠᠷᠢᠮᠳᠠᠯᠠᠵᠥ᠂ ᠲᠦᠭᠦᠮ ᠪᠦᠳᠦᠴᠡᠳᠦ ᠤᠷᠤᠨ ᠰᠠᠭᠤᠴᠠ ᠶᠢᠨ ᠦᠭᠡᠷᠡᠴᠢᠯᠡᠯᠳᠡ ᠶᠢ ᠲᠦᠯᠬᠢᠨ ᠠᠬᠢᠭᠤᠯᠵᠥ᠂ ᠡᠯ᠎ᠡ ᠲᠦᠷᠦᠯ ᠤᠨ ᠪᠠᠳᠤᠯᠠᠭ᠎ᠠ ᠶᠢᠨ ᠴᠢᠨᠡᠷᠳᠡᠢ ᠤᠷᠤᠨ ᠰᠠᠭᠤᠴᠠ ᠶᠢᠨ ᠢᠡᠵᠧᠨᠧᠷᠢᠩ ᠢ ᠪᠦᠬᠦ ᠲᠠᠯ᠎ᠠ ᠪᠠᠷ ᠭᠡᠷᠡᠭᠵᠢᠬᠦᠯᠦᠨ᠎ᠡ᠃      ᠬᠤᠶᠠᠷ ᠲᠤ᠂ ᠨᠡᠶᠢᠭᠡᠮ ᠤᠨ ᠠᠵᠢᠯ ᠦᠢᠯᠡᠰ ᠢ ᠬᠦᠭᠵᠢᠬᠦᠯᠦᠨ᠎ᠡ᠃ ᠦᠠᠳᠦᠰᠦᠳᠡᠨ ᠤ ᠪᠦᠯᠬᠦᠮᠳᠡᠯ ᠤᠨ ︽ᠵᠢᠷᠭᠤᠭ᠎ᠠ ᠶᠢ ᠤᠷᠤᠭᠤᠯᠬᠤ︾ ᠭᠤᠤᠯ ᠵᠠᠮ ᠤᠨ ᠦᠢᠯᠡᠳᠦᠯ ᠢ ᠪᠠᠳᠠᠷᠠᠭᠤᠯᠵᠥ᠂ ᠡᠭᠦᠳᠦᠨ ᠪᠠᠶᠢᠭᠤᠯᠬᠤ ᠠᠵᠢᠯ ᠤᠨ ᠨᠢᠭᠡ ᠪᠦᠯᠦᠭ ᠵᠢᠱᠢᠶ᠎ᠠ ᠦᠵᠡᠬᠦᠯᠬᠦ ᠨᠢᠭᠡᠴᠡ ᠶᠢ ᠪᠤᠢ ᠪᠤᠯᠭᠠᠵᠥ᠂ ᠪᠦᠬᠦ ᠤᠯᠤᠰ ᠤᠨ ᠦᠡᠳᠦᠰᠦᠳᠡᠨ ᠤ ᠪᠦᠯᠬᠦᠮᠳᠠᠯ ᠲᠠᠪᠰᠢᠯᠳᠡ ᠶᠢᠨ ᠵᠢᠱᠢᠶ᠎ᠡ ᠦᠵᠡᠬᠦᠯᠬᠦ ᠬᠤᠰᠢᠭᠤᠨ ᠤ ᠡᠩᠨᠡᠭᠡᠨ ᠳᠤ ᠤᠷᠤᠬᠤ ᠪᠠᠷ ᠴᠢᠷᠮᠠᠶᠢᠨ᠎ᠠ᠃ ᠨᠡᠶᠢᠭᠡᠮ ᠤᠨ ᠡᠯ᠎ᠡ ᠵᠦᠢᠯ ᠤᠨ ᠠᠵᠢᠯ ᠦᠢᠯᠡᠰ ᠤᠨ ᠵᠤᠬᠢᠴᠠᠩᠭᠤᠢ ᠪᠠᠷ ᠬᠦᠭᠵᠢᠬᠦ ᠶᠢ ᠪᠦᠬᠦ ᠲᠠᠯ᠎ᠠ ᠪᠠᠷ ᠠᠬᠢᠭᠤᠯᠵᠥ᠂ ᠠᠷᠠᠤᠨ ᠤᠯᠠᠨ ᠤ ᠲᠤᠰ ᠪᠡᠶ᠎ᠡ ᠶᠢᠨ ᠠᠰᠢᠭ ᠲᠤᠰᠠ ᠳᠤ ᠬᠤᠯᠪᠤᠭᠳᠠᠬᠤ ᠪᠤᠳᠠᠳᠤ ᠠᠰᠠᠭᠤᠳᠠᠯ ᠢ ᠬᠦᠴᠦᠯᠡᠨ ᠰᠢᠢᠳᠪᠤᠷᠢᠯᠡᠨ᠎ᠡ᠃ 1.02 ᠳ᠋ᠦᠩᠰᠢᠭᠤᠷ ᠲᠦᠭᠦᠷᠢᠭ ᠤᠨ ᠪᠡᠯᠡ ᠤᠷᠤᠭᠤᠯᠵᠥ᠂ ᠰᠤᠶᠤᠯ᠂ ᠲᠠᠮᠢᠷ᠂ ᠰᠤᠷᠭᠠᠨ ᠬᠦᠮᠦᠵᠢᠯ᠂ ᠡᠮ ᠡᠮᠨᠡᠯᠭᠡ᠂ ᠨᠠᠰᠤᠵᠢᠯ ᠤᠨ ᠲᠠᠭᠠᠳᠬᠠᠯ ᠵᠡᠷᠭᠡ ᠠᠷᠠᠤᠨ ᠤᠨ ᠠᠮᠢᠳᠤᠷᠠᠯ ᠤᠨ ᠲᠦᠷᠦᠯ ᠵᠦᠢᠯ ᠢ 15 ᠭᠡᠷᠡᠭᠵᠢᠬᠦᠯᠦᠨ᠎ᠡ᠃ ᠮᠤᠩᠭᠤᠯ ᠦᠬᠡ ᠬᠡᠯᠡ ᠦᠰᠦᠭ ᠪᠢᠴᠢᠭ ᠢ ᠲᠦᠷᠢᠮᠵᠢᠬᠦᠯᠬᠦ ᠠᠬᠢᠴᠠ ᠶᠢ ᠲᠦᠷᠭᠡᠳᠭᠡᠨ᠎ᠡ᠃ ︽ᠪᠤᠭᠳᠠᠠᠭᠤᠯᠠ ᠶᠢᠨ ᠲᠠᠬᠢᠯᠭ᠎ᠠ︾ ᠶᠢ ᠤᠯᠤᠰ ᠤᠨ ᠲᠠᠰ ᠤᠨ ᠪᠤᠳᠠᠰ ᠤᠨ ᠪᠤᠰᠤ ᠰᠤᠶᠤᠯ ᠤᠨ ᠦᠪ ᠤᠨ ᠠᠯᠳᠠᠷᠳᠠᠨ  ᠤ ᠴᠠᠳᠢᠭ ᠲᠤ ᠤᠷᠤᠭᠤᠯᠬᠤ ᠪᠠᠷ ᠴᠢᠷᠮᠠᠶᠢᠨ᠎ᠠ᠃ ᠰᠤᠶᠤᠯ ᠲᠠᠮᠢᠷ ᠤᠨ ᠰᠠᠭᠤᠷᠢ ᠲᠦᠭᠦᠭᠡᠷᠦᠮᠵᠢ ᠶᠢᠨ ᠪᠦᠳᠦᠭᠡᠨ ᠪᠠᠶᠢᠭᠤᠯᠤᠯᠳᠡ ᠶᠢ ᠴᠢᠩᠭᠠᠳᠬᠠᠵᠥ᠂ ᠰᠡᠭᠡᠭᠡᠳᠡᠨ ᠮᠦᠽᠸᠢ ᠶᠢ ᠲᠠᠰ ᠲᠡᠪᠰᠢᠬᠦᠯᠦᠨ ᠵᠠᠰᠠᠨ ᠰᠢᠨᠡᠳᠭᠡᠬᠦ ᠪᠠ ᠰᠤᠶᠤᠯ  ᠤᠨ ᠤᠷᠳᠤᠨ ᠪᠤᠯᠤᠨ ᠨᠤᠮ ᠤᠨ ᠰᠠᠩ ᠢ ᠰᠢᠨ᠎ᠡ ᠪᠠᠷ ᠪᠠᠶᠢᠭᠤᠯᠬᠤ ᠢᠡᠵᠧᠨᠧᠷᠢᠩ ᠢ ᠭᠡᠷᠡᠭᠵᠢᠬᠦᠯᠵᠥ᠂ ᠮᠦᠰᠦᠨ ᠲᠠᠯᠠᠪᠤᠷ᠂ ᠪᠦᠬᠦ ᠠᠷᠠᠤᠨ ᠢᠶᠠᠷ ᠢᠶᠠᠨ ᠪᠡᠶ᠎ᠡ ᠪᠤᠯᠪᠠᠰᠤᠷᠠᠭᠤᠯᠬᠤ ᠲᠠᠮᠢᠷ ᠤᠨ ᠲᠠᠯᠠᠪᠤᠷ᠂ ᠨᠠᠭᠠᠳᠤᠮ ᠤᠨ ᠬᠤᠷᠠᠯ ᠤᠨ ᠲᠠᠯᠠᠪᠤᠷ ᠵᠡᠷᠭᠡ ᠲᠦᠷᠦᠯ ᠵᠦᠢᠯ ᠤᠨ ᠡᠮᠤᠨ᠎ᠡ ᠬᠤᠭᠤᠴᠠᠭᠠᠨ ᠤ ᠠᠵᠢᠯ ᠢ ᠲᠦᠯᠬᠢᠨ ᠠᠬᠢᠭᠤᠯᠤᠨ᠎ᠠ᠃ ᠪᠦᠬᠦ ᠠᠷᠠᠤᠨ  ᠢᠶᠠᠷ ᠢᠶᠠᠨ ᠪᠡᠶ᠎ᠡ ᠪᠤᠯᠪᠠᠰᠤᠷᠠᠭᠤᠯᠬᠤ ᠪᠡᠶ᠎ᠡ ᠶᠢᠨ ᠲᠠᠮᠢᠷ ᠤᠨ ᠰᠢᠷᠢᠰ ᠤᠷᠤᠯᠳᠤᠭᠠᠨ ᠪᠤᠯᠤᠨ ᠵᠠᠯᠠᠭᠤᠴᠤᠤᠨ ᠪᠠᠭᠠᠴᠤᠤᠨ ᠤᠨ ᠵᠢᠥᠳᠤᠤ ᠪᠦᠭᠡ ᠶᠢᠨ ᠤᠯᠠᠨ ᠤᠯᠤᠰ ᠤᠨ ᠤᠷᠢᠯᠭ᠎ᠠ ᠶᠢᠨ ᠤᠷᠤᠯᠳᠤᠭᠠᠨ ᠢ ᠦᠷᠬᠦᠯᠵᠢᠯᠡᠨ ᠶᠠᠪᠤᠭᠳᠠᠭᠤᠯᠵᠥ᠂ ᠲᠤᠮᠳᠠᠳᠤ ᠤᠷᠤᠰ ᠮᠤᠩᠭᠤᠯ ᠭᠤᠷᠪᠠᠨ ᠤᠯᠤᠰ ᠤᠨ ᠵᠠᠯᠠᠭᠤᠴᠤᠤᠨ ᠪᠠᠭᠠᠴᠤᠤᠨ ᠤᠨ ᠵᠢᠥᠳᠤᠤ ᠪᠦᠭᠡ ᠶᠢᠨ ᠪᠤᠯᠪᠠᠰᠤᠷᠠᠯ ᠤᠨ ᠰᠠᠭᠤᠷᠢᠨ ᠭᠠᠵᠠᠷ ᠪᠠᠶᠢᠭᠤᠯᠬᠤ ᠪᠠᠷ ᠲᠦᠯᠦᠪᠯᠡᠵᠥ᠂ ᠦᠪᠡᠷᠳᠡᠭᠡᠨ ᠵᠠᠰᠠᠬᠤ ᠤᠷᠤᠨ ᠤ ᠴᠦᠬᠡᠨ ᠲᠤᠭᠠᠳᠦ ᠦᠡᠳᠦᠰᠦᠳᠡᠨ ᠤ ᠤᠯᠠᠮᠵᠢᠯᠠᠯᠳᠦ ᠪᠡᠶ᠎ᠡ ᠶᠢᠨ ᠲᠠᠮᠢᠷ ᠤᠨ ᠴᠤᠭᠯᠠᠭᠠᠨ ᠳᠤ ᠢᠳᠡᠪᠬᠢᠳᠡᠢ ᠤᠷᠤᠯᠴᠠᠨ᠎ᠠ᠃ ᠰᠤᠷᠭᠠᠭᠤᠯᠢ ᠶᠢᠨ ᠬᠦᠷᠢᠶᠠᠨ ᠤ ᠬᠦᠯ ᠪᠦᠮᠪᠦᠭᠡ᠂ ᠮᠦᠰᠦᠨ ᠪᠦᠮᠪᠦᠭᠡ ᠶᠢᠨ ᠨᠡᠷ᠎ᠡ ᠲᠡᠮᠳᠡᠭ ᠢ ᠪᠤᠢ ᠪᠤᠯᠭᠠᠵᠥ᠂ ᠦᠷᠢᠰᠦᠯᠳᠦᠭᠡᠨ ᠤ ᠤᠷ᠎ᠠ ᠮᠡᠷᠭᠡᠵᠢᠯ ᠢ ᠲᠤᠭᠳᠠᠭᠤᠨ ᠢᠶᠠᠷ ᠲᠡᠭᠡᠭᠰᠢᠯᠡᠬᠦᠯᠦᠨ᠎ᠡ᠃ ᠭᠤᠷᠪᠠᠳᠤᠭᠠᠷ ᠦᠡᠳᠦᠰᠦᠳᠡᠨ ᠤ ᠬᠡᠤᠭᠡᠤᠨ ᠤᠨ ᠴᠡᠴᠡᠷᠯᠢᠩ ᠤᠨ ᠪᠦᠳᠦᠭᠡᠨ ᠪᠠᠶᠢᠭᠤᠯᠤᠯᠳᠡ ᠶᠢᠨ ᠢᠡᠵᠧᠨᠧᠷᠢᠩ ᠢ ᠭᠡᠷᠡᠭᠵᠢᠬᠦᠯᠵᠥ᠂ ᠬᠤᠶᠠᠳᠤᠭᠠᠷ ᠬᠡᠤᠭᠡᠤᠨ ᠤᠨ ᠴᠡᠴᠡᠷᠯᠢᠩ ᠢ ᠦᠪᠡᠷᠳᠡᠭᠡᠨ ᠵᠠᠰᠠᠬᠤ ᠤᠷᠤᠨ ᠤ ᠵᠢᠱᠢᠶ᠎ᠠ ᠦᠵᠡᠬᠦᠯᠬᠦ ᠴᠡᠴᠡᠷᠯᠢᠩ ᠢᠶᠠᠷ ᠮᠡᠳᠡᠬᠦᠯᠵᠥ᠂ ᠰᠢᠯᠢᠳᠡᠭ ᠪᠦᠭᠡᠤᠨ ᠪᠠᠶᠢᠷᠢᠯᠠᠭᠤᠯᠤᠯᠳᠡ ᠨᠢ ᠵᠤᠬᠢᠰᠳᠡᠢ ᠴᠡᠴᠡᠷᠯᠢᠭ ᠢ ᠪᠦᠷᠬᠦᠭᠦᠯᠦᠨ᠎ᠡ᠃ ᠵᠢᠭᠠᠨ ᠰᠤᠷᠭᠠᠬᠤ ᠶᠠᠰᠤ ᠴᠢᠨᠠᠷ ᠢ ᠲᠡᠭᠡᠭᠰᠢᠯᠡᠬᠦᠯᠬᠦ ᠢᠡᠵᠧᠨᠧᠷᠢᠩ ᠢ ᠦᠷᠨᠢᠭᠦᠯᠵᠥ᠂ ᠰᠤᠷᠭᠠᠭᠤᠯᠢ ᠶᠢᠨ ᠬᠦᠷᠢᠶ᠎ᠡ ᠶᠢ ᠨᠠᠷᠢᠯᠢᠭ᠂ ᠠᠮᠤᠷ ᠲᠦᠪᠰᠢᠨ᠂ ᠬᠠᠤᠯᠢ ᠶᠤᠰᠤᠭᠠᠷ ᠬᠠᠮᠢᠶᠠᠷᠬᠤ ᠶᠢ ᠴᠩᠭᠠᠳᠬᠠᠵᠥ᠂ ᠰᠤᠷᠭᠠᠨ ᠬᠦᠮᠦᠵᠢᠯ ᠤᠨ ᠵᠢᠭᠠᠨ ᠰᠤᠷᠭᠠᠬᠤ ᠱᠠᠩᠨᠠᠯ ᠤᠨ ᠰᠠᠭᠤᠷᠢ ᠮᠦᠩᠬᠦ ᠶᠢ ᠪᠠᠶᠢᠭᠤᠯᠵᠥ᠂ ᠰᠤᠷᠭᠠᠨ ᠬᠦᠮᠦᠵᠢᠯ ᠤᠨ ᠰᠤᠷᠠᠭ ᠵᠠᠩᠬᠢᠴᠢᠯᠠᠯᠳᠡ ᠶᠢᠨ ᠬᠢᠷᠢ ᠲᠦᠪᠰᠢᠨ ᠢ ᠲᠠᠭᠡᠭᠰᠢᠯᠡᠬᠦᠯᠵᠥ᠂ ᠤᠯᠤᠰ ᠤᠨ ᠠᠯᠪᠠᠨ ᠵᠢᠷᠤᠮ ᠤᠨ ᠰᠤᠷᠭᠠᠨ ᠬᠦᠮᠦᠵᠢᠯ  ᠢ ᠲᠠᠩᠴᠠᠭᠦᠷᠢᠳᠡᠢ ᠬᠦᠭᠵᠢᠬᠦᠯᠬᠦ ᠶᠢ ᠬᠢᠨᠠᠨ ᠰᠢᠯᠭᠠᠬᠤ ᠠᠵᠢᠯ ᠢ ᠤᠷᠤᠭᠰᠢᠳᠡᠢ ᠪᠡᠶᠡᠯᠡᠬᠦᠯᠦᠨ᠎ᠡ᠃ ︽ᠡᠷᠡᠭᠦᠯ ᠴᠢᠬᠢᠷᠠᠭ ᠰᠢᠨ᠎ᠡ ᠪᠠᠷᠭᠤ ᠪᠠᠷᠠᠭᠤᠨ ᠬᠤᠰᠢᠭᠤ︾ ᠶᠢᠨ ᠪᠦᠳᠦᠭᠡᠨ ᠪᠠᠶᠢᠭᠤᠯᠤᠯᠳᠡ ᠶᠢ ᠲᠦᠯᠬᠢᠨ ᠠᠬᠢᠭᠤᠯᠵᠥ᠂ ᠪᠦᠬᠦ ᠠᠷᠠᠤᠨ ᠤᠨ ᠡᠷᠡᠬᠦᠯ ᠴᠢᠬᠢᠷᠠᠭ ᠤᠨ ᠤᠬᠠᠮᠰᠠᠷ ᠢ ᠲᠠᠭᠡᠭᠰᠢᠯᠡᠬᠦᠯᠦᠨ᠎ᠡ᠃ ᠮᠤᠩᠭᠤᠯ ᠡᠮ ᠡᠮᠨᠡᠯᠭᠡ ᠶᠢᠨ ᠦᠢᠯᠡᠰ ᠢ ᠬᠦᠭᠵᠢᠬᠦᠯᠦᠨ᠂ ᠮᠤᠩᠭᠤᠯ ᠡᠮᠨᠡᠯᠭᠡ ᠶᠢᠨ ᠬᠤᠷᠢᠶ᠎ᠠ ᠶᠢ ᠪᠠᠶᠢᠭᠤᠯᠤᠨ ᠠᠰᠢᠭᠯᠠᠯᠳᠠ ᠳᠤ ᠤᠷᠤᠭᠤᠯᠤᠨ᠎ᠠ᠃ ᠡᠮ ᠡᠮᠨᠡᠯᠭᠡ ᠡᠷᠡᠬᠦᠯ ᠬᠠᠮᠠᠭᠠᠯᠠᠯ ᠤᠨ ᠪᠠᠶᠢᠭᠤᠯᠤᠮᠵᠢ ᠶᠢᠨ ᠦᠭᠡᠷᠡᠴᠢᠯᠡᠯᠳᠡ ᠶᠢ ᠬᠦᠡᠵᠡᠭᠡᠶᠢᠷᠡᠬᠦᠯᠵᠥ᠂ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ︽ᠬᠤᠶᠠᠳᠤᠭᠠᠷ ᠬᠦᠭᠡ ᠳᠡᠰ︾ ᠤᠨ ᠪᠠᠷᠢᠮᠵᠢᠶᠠᠨ ᠳᠤ ᠬᠦᠷᠬᠦ ᠶᠢ ᠲᠦᠷᠭᠡᠳᠭᠡᠨ᠎ᠠ᠃ ᠤᠯᠠᠨ ᠨᠡᠶᠢᠳᠡ ᠶᠢᠨ ᠦᠡᠳᠦᠰᠦᠨ ᠡᠷᠡᠬᠦᠯ ᠬᠠᠮᠠᠭᠠᠯᠠᠯ ᠤᠨ ᠦᠢᠯᠡᠴᠢᠯᠡᠭᠡ ᠶᠢ ᠴᠢᠩᠭᠠᠳᠬᠠᠵᠥ᠂ ᠠᠰᠢᠭ ᠬᠦᠷᠲᠡᠭᠡᠵᠦ ᠲᠦᠭᠡᠮᠡᠯ ᠬᠠᠷᠠᠭᠠᠯᠵᠠᠬᠤ ᠪᠦᠷᠬᠦᠴᠡ ᠶᠢᠨ ᠭᠡᠪᠴᠢᠶ᠎ᠠ ᠶᠢ ᠦᠷᠭᠡᠳᠭᠡᠨ᠎ᠡ᠃ ᠢᠳᠡᠭᠡᠨ ᠪᠠ ᠡᠮ  ᠤᠨ ᠵᠦᠢᠯ ᠤᠨ ᠠᠮᠦᠷ ᠲᠦᠪᠰᠢᠨ ᠢ ᠲᠡᠭᠡᠳᠤ ᠬᠡᠮᠵᠢᠶ᠎ᠠ ᠪᠠᠷ ᠴᠢᠬᠤᠯᠠᠴᠢᠯᠠᠵᠥ᠂ ᠢᠳᠡᠭᠡᠨ ᠪᠠ ᠡᠮ ᠤᠨ ᠵᠦᠢᠯ ᠤᠨ ᠤᠶᠤᠠᠴᠢ ᠡᠯᠧᠺᠲᠷᠤᠨ ᠬᠢᠨᠠᠨ ᠬᠠᠮᠢᠶᠠᠷᠤᠯᠳᠠ ᠶᠢᠨ ᠲᠠᠪᠴᠠᠩ ᠢ ᠪᠠᠶᠢᠭᠤᠯᠤᠨ᠎ᠠ᠃ ︽ᠬᠤᠶᠠᠷ ᠢ ᠡᠭᠦᠳᠴᠦ ᠨᠢᠭᠡ  ᠶᠢ ᠪᠠᠶᠢᠭᠤᠯᠬᠤ︾ ᠶᠢ ᠲᠦᠯᠬᠢᠨ ᠠᠬᠢᠭᠤᠯᠵᠥ᠂ ᠲᠠᠷᠢᠶᠠᠯᠠᠩ ᠤᠨ ᠪᠦᠳᠦᠭᠳᠡᠬᠦᠨ ᠪᠠ ᠮᠠᠯ ᠤᠨ ᠠᠰᠢᠭ ᠰᠢᠮ᠎ᠡ ᠶᠢᠨ ᠴᠢᠨᠠᠷ ᠴᠢᠠᠰᠠᠭ᠎ᠠ ᠶᠢᠨ ᠠᠮᠦᠷ ᠲᠦᠪᠰᠢᠨ ᠤ ᠵᠢᠱᠢᠶ᠎ᠡ ᠦᠵᠡᠬᠦᠯᠬᠦ ᠬᠤᠰᠢᠭᠤ ᠶᠢ ᠡᠭᠦᠳᠤᠨ ᠪᠠᠶᠢᠭᠤᠯᠬᠤ ᠪᠠᠷ ᠴᠢᠷᠮᠠᠶᠢᠨ᠎ᠠ᠃ ᠨᠠᠰᠤᠳᠠᠨ ᠢ ᠠᠰᠠᠷᠠᠬᠤ ᠦᠢᠯᠡᠰ ᠤᠨ ᠰᠠᠭᠤᠷᠢ ᠶᠢ ᠪᠠᠬᠢᠵᠢᠭᠦᠯᠵᠥ᠂ ᠲᠦᠷᠢᠮᠵᠢᠭᠰᠡᠨ ᠨᠠᠰᠤᠳᠠᠶᠢᠴᠤᠤᠨ  ᠤᠨ ᠬᠦᠷᠢᠶᠠᠯᠠᠩ ᠢ ᠰᠢᠨ᠎ᠡ ᠪᠠᠷ ᠨᠢᠭᠡ ᠪᠠᠶᠢᠭᠤᠯᠤᠨ᠎ᠠ᠃ ᠤᠷᠤᠰᠢᠭᠤᠯᠭ᠎ᠠ ᠶᠢᠨ ᠲᠦᠷᠢᠮ ᠤᠨ ᠦᠭᠡᠷᠡᠴᠢᠯᠡᠯᠳᠡ ᠶᠢ ᠦᠷᠭᠦᠯᠵᠢᠯᠡᠨ ᠠᠬᠢᠭᠤᠯᠵᠥ᠂ ᠤᠷᠤᠰᠢᠭᠤᠯᠭ᠎ᠠ ᠶᠢᠨ ᠭᠠᠵᠠᠷ ᠤᠨ ᠡᠵᠡᠩᠨᠠᠨ ᠬᠠᠮᠢᠶᠠᠷᠤᠯᠳᠡ ᠶᠢ ᠴᠢᠩᠭᠠᠳᠬᠠᠵᠥ᠂ ᠨᠡᠶᠢᠳᠡ ᠶᠢᠨ ᠤᠩᠭᠤᠨ ᠢ ᠪᠦᠳᠦᠭᠡᠨ ᠪᠠᠶᠢᠭᠤᠯᠬᠤ ᠲᠦᠷᠦᠯ ᠵᠦᠢᠯ ᠢ ᠭᠡᠷᠡᠭᠵᠢᠬᠦᠯᠦᠨ᠎ᠡ᠃      ᠭᠤᠷᠪᠠ ᠳᠤ᠂ ᠨᠡᠶᠢᠭᠡᠮ ᠤᠨ ᠵᠠᠰᠠᠨ ᠴᠡᠭᠴᠡᠯᠡᠯᠳᠡ ᠶᠢᠨ ᠰᠢᠨ᠎ᠡ ᠶᠢ ᠡᠭᠦᠳᠦᠨ᠎ᠡ᠃ ︽ᠠᠮᠦᠷ ᠲᠤᠭᠳᠠᠭᠤᠨ ᠰᠢᠨ᠎ᠡ ᠪᠠᠷᠭᠤ ᠪᠠᠷᠠᠭᠤᠨ ᠬᠤᠰᠢᠭᠤ︾ ᠶᠢ ᠴᠤᠭᠴᠠᠯᠠᠨ ᠪᠠᠶᠢᠭᠤᠯᠬᠤ ᠠᠵᠢᠯᠯᠠᠭ᠎ᠠ ᠶᠢ ᠬᠦᠡᠵᠡᠭᠡᠢ ᠠᠬᠢᠭᠤᠯᠵᠥ᠂ ︽ᠲᠤᠯᠤᠳᠤᠭᠠᠷ ᠲᠠᠪᠤᠨ ᠵᠢᠯ︾ ᠤᠨ ᠬᠠᠤᠯᠢ ᠲᠦᠭᠡᠮᠡᠯᠵᠢᠬᠦᠯᠬᠦ ᠲᠦᠯᠦᠪᠵᠢᠭᠦᠯᠭᠡ ᠶᠢ ᠪᠦᠬᠦ ᠲᠠᠯ᠎ᠠ ᠪᠠᠷ ᠭᠡᠷᠡᠭᠵᠢᠬᠦᠯᠵᠥ ᠂ ᠨᠡᠶᠢᠭᠡᠮ ᠤᠨ ᠬᠠᠮᠢᠶᠠᠷᠤᠯᠳᠡ ᠶᠢᠨ ᠰᠢᠠᠵᠢᠯᠡᠬᠦ ᠤᠬᠠᠭᠠᠠᠴᠢᠯᠠᠬᠤ ᠬᠢᠷᠢ ᠲᠦᠪᠰᠢᠨ ᠢ ᠲᠠᠰᠤᠷᠠᠯᠳᠡ ᠦᠭᠡᠢ ᠲᠡᠭᠡᠭᠰᠢᠯᠡᠬᠦᠯᠦᠨ᠎ᠡ᠃ ᠬᠢᠯᠢ ᠬᠢᠵᠠᠭᠠᠷ ᠢ ᠬᠠᠮᠢᠶᠠᠷᠤᠨ ᠡᠵᠡᠮᠳᠡᠬᠦ ᠶᠢ ᠴᠢᠩᠭᠠᠳᠬᠠᠵᠦ᠂ ᠪᠡᠯᠡ ᠤᠷᠤᠭᠤᠯᠤᠯᠳᠠ ᠶᠢᠨ ᠬᠦᠴᠦᠯᠡᠴᠡ ᠶᠢ ᠨᠡᠮᠡᠭᠳᠡᠬᠦᠯᠦᠨ᠂ ᠬᠢᠯᠢ ᠬᠢᠵᠠᠭᠠᠷ ᠢ ᠪᠠᠬᠢᠵᠢᠬᠦᠯᠦᠨ ᠬᠦᠴᠦᠷᠭᠡᠭᠵᠢᠬᠦᠯᠦᠨ᠎ᠡ᠃ ᠵᠦᠷᠢᠴᠡᠯ ᠮᠦᠷᠭᠦᠯᠳᠦᠭᠡᠨ ᠢ ᠵᠢᠭᠰᠠᠭᠠᠨ ᠪᠠᠶᠢᠴᠠᠭᠠᠬᠤ ᠠᠵᠢᠯ ᠢ ᠭᠦᠡᠵᠡᠭᠡᠢ ᠦᠷᠨᠢᠭᠦᠯᠦᠨ᠂ ᠨᠡᠶᠢᠭᠡᠮ ᠤᠨ ᠵᠦᠷᠢᠴᠡᠯ ᠢ ᠪᠦᠳᠦᠮᠵᠢᠳᠡᠢ ᠨᠠᠮᠳᠠᠭᠤᠯᠤᠨ᠎ᠠ᠃ ᠤᠯᠠᠨ ᠨᠡᠶᠢᠳᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠬᠦᠯᠵᠥ᠂ ᠬᠠᠤᠯᠢ ᠴᠠᠭᠠᠵᠠ ᠶᠢᠨ ᠲᠤᠰᠠᠯᠠᠮᠵᠢ ᠶᠢᠨ ᠬᠡᠪᠴᠢᠶ᠎ᠠ ᠶᠢ ᠲᠠᠰᠤᠷᠠᠯᠳᠡ ᠦᠭᠡᠢ ᠦᠷᠭᠡᠳᠭᠡᠨ᠎ᠡ᠃ ᠨᠡᠶᠢᠬᠡᠮ ᠤᠨ ᠠᠮᠤᠷ ᠲᠦᠪᠰᠢᠨ ᠢ ᠶᠡᠷᠦᠩᠭᠡᠶᠢᠯᠡᠨ ᠵᠠᠰᠠᠬᠤ ᠵᠢᠴᠢ ᠰᠡᠷᠭᠡᠶᠢᠯᠡᠨ ᠡᠵᠡᠮᠳᠡᠬᠦ ᠰᠢᠰᠲ᠋ᠧᠮ ᠤᠨ ᠪᠦᠲᠦᠭᠡᠨ ᠪᠠᠶᠢᠭᠤᠯᠤᠯᠳᠠ ᠶᠢ ᠴᠢᠨᠠᠭᠰᠢᠳᠠ ᠬᠦᠨᠵᠡᠭᠡᠶᠢᠷᠡᠬᠦᠯᠵᠦ᠂ ᠬᠤᠯᠠᠭᠠᠶᠢᠯᠠᠬᠤ᠂ ᠪᠤᠯᠢᠶᠠᠵᠥ ᠲᠡᠭᠡᠷᠡᠮᠳᠡᠬᠦ ᠪᠠ ᠮᠡᠬᠡᠯᠡᠬᠦ ᠵᠡᠷᠭᠡ ᠬᠠᠤᠯᠢ ᠠᠴᠠ ᠵᠦᠷᠢᠴᠡᠭᠰᠡᠨ ᠶᠠᠯᠠᠳᠦ ᠠᠵᠢᠯᠯᠠᠭ᠎ᠠ ᠳᠤ ᠴᠢᠩᠭ᠎ᠠ ᠴᠤᠬᠢᠯᠳᠡ ᠦᠭᠴᠦ᠂ ᠰᠤᠷᠭᠠᠭᠤᠯᠢ ᠶᠢᠨ ᠬᠦᠷᠢᠶ᠎ᠠ ᠵᠢᠴᠢ ᠤᠶᠢᠷ᠎ᠡ ᠤᠷᠴᠢᠮ ᠤᠨ ᠠᠮᠦᠷ ᠢ ᠬᠠᠮᠠᠭᠠᠯᠠᠬᠤ ᠡᠮᠬᠢ ᠲᠢᠭᠯᠢᠮ ᠢ ᠬᠦᠴᠦᠳᠡᠢ ᠵᠠᠰᠠᠨ ᠴᠡᠭᠴᠡᠯᠡᠵᠦ᠂ ᠠᠶᠦᠯᠭᠦᠢ ᠦᠢᠯᠡᠳᠪᠤᠷᠢᠯᠠᠯ ᠤᠨ ᠲᠠᠯᠳᠠ ᠭᠡᠮ ᠢ ᠵᠢᠭᠰᠠᠭᠠᠨ ᠪᠠᠶᠢᠴᠠᠭᠠᠵᠥ ᠵᠠᠰᠠᠨ ᠴᠡᠭᠴᠡᠯᠡᠬᠦ ᠬᠦᠴᠦᠯᠡᠴᠡ ᠶᠢ ᠴᠢᠩᠭᠠᠳᠬᠠᠨ᠂ ᠶᠡᠷᠦᠩᠭᠡᠶᠢᠯᠡᠨ ᠴᠤᠬᠢᠯᠳᠡ ᠦᠭᠬᠦ ᠵᠢᠴᠢ ᠬᠠᠮᠢᠶᠠᠷᠤᠯᠳᠠ ᠪᠠ ᠦᠢᠯᠡᠴᠢᠯᠡᠭᠡᠨ ᠤ ᠴᠢᠳᠠᠪᠦᠷᠢ ᠶᠢ ᠪᠦᠬᠦ ᠲᠠᠯ᠎ᠠ ᠪᠠᠷ ᠲᠡᠭᠡᠭᠰᠢᠯᠡᠬᠦᠯᠵᠥ᠂ ᠨᠡᠶᠢᠭᠡᠮ ᠤᠨ ᠠᠮᠦᠷ ᠲᠦᠪᠰᠢᠨ ᠤ ᠶᠡᠭᠡ ᠪᠠᠶᠢᠳᠠᠯ ᠤᠨ ᠲᠤᠭᠳᠠᠭᠤᠨ ᠢ ᠦᠨᠡᠡᠬᠦ ᠬᠠᠮᠠᠭᠠᠯᠠᠨ᠎ᠠ᠃       ᠭᠤᠷᠪᠠ᠂ ᠵᠠᠰᠠᠭ ᠤᠨ ᠤᠷᠳᠤᠨ ᠤ ᠲᠤᠰ ᠪᠡᠶ᠎ᠡ ᠶᠢᠨ ᠪᠠᠶᠢᠭᠤᠯᠤᠯᠳᠡ ᠶᠢ ᠴᠢᠩᠭᠠᠳᠬᠠᠨ᠎ᠠ       ᠲᠦᠯᠦᠭᠡᠯᠡᠭᠴᠢᠤᠨ ᠡ᠂ ᠬᠠᠳᠠᠭᠤ ᠪᠡᠷᠭᠡᠰᠢᠶᠠᠯ ᠲᠠᠢ ᠬᠦᠡᠳᠦ ᠬᠡᠴᠡᠬᠦᠤ ᠡᠭᠦᠷᠭᠡ ᠶᠢᠨ ᠡᠮᠤᠨ᠎ᠡ᠂ ᠪᠢᠳᠡ ᠵᠠᠰᠠᠭ ᠤᠨ ᠤᠷᠳᠤᠨ ᠤ ᠲᠤᠰ ᠪᠡᠶ᠎ᠡ ᠶᠢᠨ ᠪᠦᠳᠦᠭᠡᠨ ᠪᠠᠶᠢᠭᠤᠯᠤᠯᠳᠡ ᠶᠢ ᠡᠷᠭᠡᠪᠰᠢ ᠴᠢᠩᠭᠠᠳᠬᠠᠨ᠂ ᠤᠯᠤᠰ ᠲᠦᠷᠦ  ᠶᠢᠨ ᠰᠠᠬᠢᠯᠭ᠎ᠠ ᠪᠠᠳᠦ ᠪᠤᠯᠤᠨ ᠤᠯᠤᠰ ᠲᠦᠷᠦ ᠶᠢᠨ ᠲᠦᠷᠢᠮ ᠢ ᠴᠢᠩᠭ᠎ᠠ ᠰᠠᠬᠢᠵᠥ᠂ ︽ᠲᠦᠷᠪᠡᠨ ᠦᠵᠡᠯᠳᠡ ᠲᠠᠨᠢᠯᠳᠡ︾ ᠶᠢ ᠦᠨᠡᠨᠬᠦ ᠲᠡᠭᠡᠭᠰᠢᠯᠡᠬᠦᠯᠵᠦ᠂     ︽ᠲᠦᠷᠪᠡᠨ ᠤᠬᠠᠮᠰᠠᠷ︾ ᠲᠠᠢ ᠵᠢᠱᠢᠶᠠᠴᠢ ᠪᠤᠯᠬᠤ ᠪᠠᠷ ᠮᠡᠷᠠᠶᠢᠵᠥ᠂ ᠠᠷᠠᠤᠨ ᠲᠦᠮᠡᠨ ᠤ ᠬᠠᠨᠤᠮᠵᠢᠳᠡᠢ ᠵᠠᠰᠠᠭ ᠤᠨ ᠤᠷᠳᠤᠨ ᠪᠤᠯᠬᠤ ᠪᠠᠷ ᠴᠢᠷᠮᠠᠶᠢᠨ᠎ᠠ᠃ ᠬᠠᠤᠯᠢ ᠶᠤᠰᠤᠭᠠᠷ ᠵᠠᠰᠠᠭ ᠶᠠᠪᠤᠭᠤᠯᠬᠤ ᠶᠢ ᠪᠠᠷᠢᠮᠳᠡᠯᠡᠨ᠂ ᠬᠡᠷᠡᠭ ᠡᠷᠬᠢᠯᠡᠬᠦ ᠶᠢ ᠲᠦᠷᠢᠮᠵᠢᠬᠦᠯᠦᠨ᠎ᠡ᠃ ᠠᠷᠠᠤᠨ ᠤᠨ ᠲᠦᠯᠦᠭᠡᠯᠡᠭᠴᠢᠤᠨ  ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠠᠤᠯᠢ ᠴᠠᠭᠠᠵᠠ ᠶᠢᠨ ᠬᠢᠨᠠᠯᠳᠡ᠂ ᠠᠵᠢᠯ ᠤᠨ ᠬᠢᠨᠠᠯᠳᠡ ᠪᠤᠯᠤᠨ ᠤᠯᠤᠰ ᠲᠦᠷᠦ ᠶᠢᠨ ᠵᠦᠪᠯᠡᠯᠭᠡᠨ ᠤ ᠠᠷᠠᠳᠴᠢᠯᠠᠯ ᠤᠨ ᠬᠢᠨᠡᠯᠳᠡ ᠶᠢ ᠤᠬᠠᠮᠰᠠᠷ ᠠᠴᠠ ᠪᠠᠨ ᠬᠦᠯᠢᠶᠠᠵᠥ᠂ ᠨᠡᠶᠢᠭᠡᠮ ᠨᠡᠶᠢᠳᠡ ᠪᠠ ᠰᠤᠨᠢᠨ ᠮᠡᠳᠡᠭᠡᠨ ᠤ ᠶᠠᠷᠢᠶ᠎ᠠ ᠭᠡᠯᠡᠯᠴᠡᠭᠡᠨ ᠤ ᠬᠢᠨᠡᠯᠳᠡ ᠶᠢ ᠦᠷᠭᠡᠨ ᠢᠶᠠᠷ ᠬᠦᠯᠢᠶᠠᠨ᠎ᠠ᠃ ᠠᠷᠠᠤᠨ ᠤᠨ ᠲᠦᠯᠦᠭᠡᠯᠡᠭᠴᠢᠤᠨ ᠤᠨ ᠰᠠᠨᠠᠯ ᠵᠦᠪᠯᠡᠯᠭᠡ ᠪᠤᠯᠤᠨ ᠤᠯᠤᠰ ᠲᠦᠷᠦ ᠶᠢᠨ ᠵᠦᠪᠯᠡᠯᠭᠡᠨ ᠤ ᠰᠠᠨᠠᠯ ᠲᠤᠷᠠᠳᠤᠯᠭ᠎ᠠ ᠶᠢ ᠨᠠᠷᠢᠨ ᠬᠢᠨᠠᠮᠠᠭᠠᠢ ᠡᠷᠬᠢᠯᠡᠨ ᠬᠦᠢᠴᠡᠳᠭᠡᠨ᠎ᠡ᠃ ᠬᠠᠤᠯᠢ ᠳᠤ ᠲᠤᠭᠳᠠᠭᠰᠠᠨ ᠡᠷᠭᠡ ᠶᠢᠨ ᠭᠡᠪᠴᠢᠶ᠎ᠠ ᠪᠤᠯᠤᠨ ᠡᠮᠬᠢ ᠲᠠᠷᠠᠭ᠎ᠠ ᠪᠠᠷ ᠡᠷᠭᠡ ᠪᠠᠨ ᠭᠡᠷᠡᠭᠵᠢᠬᠦᠯᠦᠨ᠂ ᠡᠬᠦᠷᠭᠡ ᠲᠤᠰᠢᠶᠠᠯ ᠢᠶᠠᠨ ᠬᠦᠢᠴᠡᠳᠭᠡᠵᠦ᠂ ︽ᠬᠢᠨᠠᠨ ᠬᠠᠮᠢᠶᠠᠷᠬᠤ ᠶᠠᠪᠤᠴᠠ ᠳᠤ ᠪᠠᠶᠢᠴᠠᠭᠠᠬᠤ ᠡᠳᠡᠭᠡᠳ ᠢ ᠰᠤᠭᠤᠯᠤᠨ ᠪᠠᠶᠢᠴᠠᠭᠠᠬᠤ᠂ ᠬᠠᠤᠯᠢ ᠭᠡᠷᠡᠭᠵᠢᠬᠦᠯᠬᠦ ᠪᠠᠶᠢᠴᠠᠭᠠᠭᠴᠢ ᠶᠢ ᠰᠤᠩᠭᠤᠨ ᠲᠤᠮᠢᠯᠠᠬᠤ ᠪᠠ ᠦᠷ᠎ᠡ ᠳ᠋ᠦᠩ ᠢ ᠢᠯᠡ ᠪᠤᠯᠭᠠᠬᠤ︾ ᠶᠢ ᠦᠷᠬᠦᠯᠵᠢᠯᠡᠨ ᠠᠬᠢᠭᠤᠯᠤᠨ᠎ᠠ ᠃ ᠲᠤᠮᠤ ᠶᠡᠭᠡ ᠵᠠᠰᠠᠭ ᠵᠠᠬᠢᠷᠭᠠᠨ ᠤ ᠰᠢᠢᠳᠪᠤᠷᠢᠳᠤ ᠪᠤᠳᠤᠯᠭ᠎ᠠ ᠶᠢᠨ ᠵᠦᠢᠯᠡᠰ ᠢ ᠨᠠᠷᠢᠨ ᠲᠠᠩᠰᠠᠯᠠᠬᠤ ᠲᠦᠷᠢᠮ ᠢ ᠭᠡᠷᠡᠭᠵᠢᠬᠦᠯᠵᠥ᠂ ᠬᠠᠤᠯᠢ ᠴᠠᠭᠠᠵᠠ ᠶᠢᠨ ᠵᠦᠪᠯᠡᠭᠴᠢ ᠶᠢᠨ ᠲᠦᠷᠢᠮ ᠢ ᠨᠠᠶᠢᠳᠠᠪᠦᠷᠢᠵᠢᠭᠤᠯᠤᠨ᠂ ᠰᠢᠠᠵᠢᠯᠡᠬᠦ ᠤᠬᠠᠭᠠᠠᠴᠢ ᠪᠠᠷ ᠰᠢᠢᠳᠪᠤᠷᠢᠳᠤ ᠪᠤᠳᠤᠯᠭ᠎ᠠ ᠲᠤᠭᠳᠠᠭᠠᠵᠥ᠂ ᠬᠠᠤᠯᠢ ᠶᠤᠰᠤᠭᠠᠷ ᠵᠠᠰᠠᠭ ᠶᠠᠪᠤᠭᠤᠯᠬᠤ ᠶᠢ ᠪᠠᠷᠢᠮᠳᠠᠯᠠᠨ᠎ᠠ ᠃ ᠰᠢᠠᠵᠢᠯᠡᠬᠦ ᠤᠬᠠᠭᠠᠠᠴᠢ ᠪᠠᠷ ᠵᠠᠰᠠᠭ ᠶᠠᠪᠤᠭᠤᠯᠬᠤ ᠶᠢ ᠪᠠᠷᠢᠮᠳᠠᠯᠠᠨ᠂ ᠦᠡᠳᠦᠷ ᠦᠷ᠎ᠡ ᠪᠦᠳᠦᠮᠵᠢ ᠲᠠᠢ ᠪᠠᠷ ᠠᠵᠢᠯ ᠡᠷᠬᠢᠯᠡᠨ᠎ᠡ᠃ ᠠᠷᠠᠳ ᠲᠦᠮᠡᠨ ᠤ ᠬᠦᠰᠡᠯ ᠰᠠᠨᠠᠯ ᠢ ᠲᠡᠭᠡᠳᠦᠯᠡᠬᠦ ᠶᠢ ᠪᠠᠷᠢᠮᠳᠠᠯᠠᠵᠦ᠂ ᠵᠠᠰᠠᠭ ᠤᠨ ᠤᠷᠳᠤᠨ ᠤ ᠡᠬᠦᠷᠭᠡ ᠴᠢᠳᠠᠪᠤᠷᠢ ᠪᠠᠨ ᠬᠤᠪᠢᠷᠠᠭᠤᠯᠬᠤ ᠶᠢ ᠲᠦᠷᠭᠡᠳᠭᠡᠨ᠂ ᠡᠷᠭᠡ ᠬᠠᠷᠢᠭᠤᠴᠠᠯᠭ᠎ᠠ ᠶᠢᠨ ᠨᠠᠷᠢᠨ ᠲᠠᠩᠰᠠ ᠶᠢᠨ ᠲᠦᠷᠢᠮ ᠢ ᠴᠢᠨᠠᠭᠰᠢᠳᠡ ᠲᠡᠭᠦᠯᠳᠡᠷᠵᠢᠬᠦᠯᠵᠥ᠂ ᠵᠠᠰᠠᠭ ᠵᠠᠬᠢᠷᠭᠠᠨ ᠤ ᠡᠷᠭᠡ ᠶᠢ ᠨᠠᠷᠢᠨ ᠲᠠᠩᠰᠠᠠ ᠳᠤ ᠤᠷᠤᠭᠤᠯᠵᠥ᠂ ᠨᠠᠷᠢᠨ ᠲᠠᠩᠰᠠᠨ ᠠᠴᠠ ᠭᠠᠳᠠᠭᠤᠷ ᠡᠷᠭᠡ ᠭᠡᠵᠥ ᠦᠭᠡᠢ ᠪᠠᠶᠢᠬᠤ ᠶᠢ ᠪᠡᠶᠡᠯᠡᠬᠦᠯᠦᠨ᠎ᠡ᠃ ᠵᠠᠰᠠᠭ ᠤᠨ ᠤᠷᠳᠤᠨ ᠤ ᠰᠤᠷᠠᠭ ᠵᠠᠩᠬᠢ ᠶᠢ ᠢᠯᠡ ᠪᠤᠯᠭᠠᠬᠤ ᠶᠢ ᠴᠢᠩᠭᠠᠳᠬᠠᠵᠥ᠂ ᠨᠡᠶᠢᠭᠡᠮ ᠤᠨ ᠬᠠᠯᠠᠮᠵᠢᠯᠠᠵᠥ ᠪᠠᠶᠢᠭ᠎ᠠ ᠠᠰᠠᠭᠤᠳᠠᠯ ᠳᠤ ᠬᠠᠷᠢᠭᠤ ᠲᠤᠰᠬᠠᠯ ᠭᠠᠷᠭᠠᠵᠥ᠂ ᠵᠠᠰᠠᠭ ᠤᠨ ᠤᠷᠳᠤᠨ ᠤ ᠨᠡᠶᠢᠳᠡ ᠶᠢᠨ ᠢᠳᠡᠭᠡᠮᠵᠢ ᠶᠢᠨ ᠬᠦᠴᠦᠨ ᠢ ᠲᠡᠭᠡᠭᠰᠢᠯᠡᠬᠦᠯᠦᠨ᠎ᠡ᠃ ᠵᠠᠰᠠᠭ ᠤᠨ ᠰᠤᠷᠳᠠᠯ ᠠᠵᠢᠯ ᠤᠨ ᠰᠤᠷᠳᠠᠯ ᠢ ᠦᠨᠡᠯᠡᠬᠦ ᠠᠵᠢᠯ ᠢ ᠲᠡᠭᠦᠯᠳᠡᠷᠵᠢᠬᠦᠯᠵᠥ᠂ ᠬᠢᠨᠠᠨ ᠪᠠᠶᠢᠴᠠᠭᠠᠵᠥ ᠬᠢᠨᠠᠨ ᠰᠢᠯᠭᠠᠬᠤ ᠶᠢ ᠴᠢᠩᠭᠠᠳᠬᠠᠨ᠂ ᠨᠤᠶᠠᠨ ᠰᠠᠭᠤᠭᠠᠤᠨ ᠠᠵᠢᠯ ᠬᠢᠬᠦ ᠦᠭᠡᠢ ᠶᠢ ᠡᠷᠡᠰ ᠬᠤᠷᠢᠭᠯᠠᠵᠦ ᠂ ᠵᠠᠰᠠᠭ ᠤᠨ ᠶᠠᠪᠤᠳᠠᠯ ᠳᠤ ᠬᠤᠶᠢᠷᠭᠤᠰᠢᠯᠠᠬᠤ ᠠᠴᠠ ᠰᠡᠷᠭᠡᠶᠢᠯᠡᠨ᠎ᠡ᠃ ᠠᠷᠠᠳ ᠤᠨ ᠲᠦᠯᠦᠭᠡ ᠵᠠᠰᠠᠭ ᠪᠠᠷᠢᠵᠦ᠂ ᠦᠨᠡᠨ ᠪᠤᠳᠠᠳᠠᠢ ᠠᠵᠢᠯᠯᠠᠨ᠎ᠠ᠃ ᠨᠡᠶᠢᠳᠡ ᠶᠢᠨ ᠲᠦᠯᠦᠭᠡ ᠨᠠᠮ ᠪᠠᠶᠢᠭᠤᠯᠵᠦ᠂ ᠠᠷᠠᠳ ᠤᠨ ᠲᠦᠯᠦᠭᠡ ᠵᠠᠰᠠᠭ ᠶᠠᠪᠤᠭᠤᠯᠬᠤ ᠶᠢ ᠪᠠᠷᠢᠮᠳᠠᠯᠠᠵᠦ᠂ ᠡᠷᠭᠡ ᠶᠢ ᠠᠷᠠᠳ ᠤᠨ ᠲᠦᠯᠦᠭᠡ ᠭᠡᠷᠡᠭᠯᠡᠵᠦ᠂ ᠰᠡᠳᠬᠢᠯ ᠢᠶᠠᠨ ᠠᠷᠠᠳ ᠲᠦᠮᠡᠨ  ᠲᠠᠢ ᠬᠤᠯᠪᠤᠨ᠂ ᠠᠷᠠᠳ ᠤᠨ ᠲᠦᠯᠦᠭᠡ ᠠᠰᠢᠭ ᠰᠦᠪᠡᠭᠴᠢᠯᠡᠵᠦ᠂ ᠰᠢᠨᠵᠢᠯᠡᠬᠦ ᠤᠬᠠᠭᠠᠨᠴᠢ ᠬᠦᠭᠵᠢᠯᠳᠡ ᠶᠢᠨ ᠤᠶᠢᠯᠠᠭᠠᠭᠳᠠᠬᠤᠨ ᠢ ᠪᠤᠢ ᠪᠤᠯᠭᠠᠨ᠂ ᠪᠤᠰᠤᠳᠴᠢ ᠵᠢᠮ᠎ᠡ ᠶᠤᠰᠤ ᠪᠠᠷ ᠭᠡᠷᠡᠭ ᠡᠷᠬᠢᠯᠡᠬᠦ ᠴᠢᠳᠠᠪᠦᠷᠢ ᠶᠢ ᠲᠡᠭᠡᠭᠰᠢᠯᠡᠬᠦᠯᠵᠦ᠂ ᠰᠢᠨ᠎ᠡ ᠪᠠᠶᠢᠳᠠᠯ ᠢ ᠰᠤᠳᠤᠯᠤᠨ᠂ ᠰᠢᠨ᠎ᠡ ᠠᠰᠠᠭᠤᠳᠠᠯ ᠢ ᠰᠢᠢᠳᠪᠦᠷᠢᠯᠡᠵᠦ᠂ ᠤᠯᠠᠨ ᠲᠦᠮᠡᠨ ᠳᠤ ᠪᠤᠳᠠᠳᠠᠢ ᠶᠠᠪᠤᠳᠠᠯ ᠰᠠᠶᠢᠨ ᠶᠠᠪᠤᠳᠠᠯ ᠬᠢᠵᠦ ᠦᠭᠬᠦᠨ᠂ ᠬᠦᠴᠢᠷ ᠵᠤᠪᠠᠭᠤᠷᠢ ᠶᠢ ᠨᠢ ᠰᠢᠢᠳᠪᠦᠷᠢᠯᠡᠵᠦ ᠦᠭᠬᠦᠨ᠎ᠡ᠃ ᠪᠠᠶᠢᠴᠠᠭᠠᠨ ᠰᠤᠳᠤᠯᠤᠯᠳᠠ ᠬᠢᠬᠦ ᠶᠢ ᠪᠠᠷᠢᠮᠳᠠᠯᠠᠵᠦ᠂ ᠠᠷᠠᠳ ᠤᠨ ᠪᠠᠶᠢᠳᠠᠯ ᠢ ᠤᠶᠢᠯᠠᠭᠠᠨ᠂ ᠠᠷᠠᠳ ᠤᠨ ᠰᠠᠨᠠᠭ᠎ᠠ ᠶᠢ ᠲᠤᠰᠬᠠᠵᠦ᠂ ᠠᠷᠠᠳ ᠤᠨ ᠤᠶᠤᠨ ᠢ ᠲᠦᠪᠯᠡᠷᠡᠬᠦᠯᠦᠨ᠂ ᠲᠤᠭᠳᠠᠭᠠᠭᠰᠠᠨ ᠰᠢᠢᠳᠪᠦᠷᠢ ᠠᠪᠤᠭᠰᠠᠨ ᠠᠷᠭ᠎ᠠ ᠬᠡᠮᠵᠢᠶ᠎ᠡ  ᠨᠢ ᠪᠤᠰᠤᠳᠴᠢ ᠪᠠᠶᠢᠳᠠᠯ ᠪᠤᠯᠤᠨ ᠵᠢᠮ᠎ᠡ ᠶᠤᠰᠤ ᠲᠠᠢ ᠨᠡᠶᠢᠴᠡᠵᠦ᠂ ᠠᠷᠠᠳ ᠲᠦᠮᠡᠨ ᠤ ᠠᠰᠢᠭ ᠲᠤᠰᠠ ᠪᠠ ᠬᠦᠰᠡᠯ ᠡᠷᠡᠮᠡᠯᠵᠡᠯ ᠳᠤ ᠨᠡᠩ ᠨᠡᠶᠢᠴᠡᠬᠦ ᠶᠢ ᠪᠡᠶᠡᠯᠡᠬᠦᠯᠦᠨ᠎ᠡ᠃ ᠠᠷᠢᠭᠤᠨ ᠴᠢᠭᠡᠴᠢ ᠪᠠᠷ ᠵᠠᠰᠠᠭ ᠪᠠᠷᠢᠵᠥ᠂ ᠴᠡᠪᠡᠷ ᠠᠷᠢᠭᠤᠨ  ᠢᠶᠠᠷ ᠠᠵᠢᠯ ᠡᠷᠬᠢᠯᠡᠨ᠎ᠡ᠃ ᠲᠦᠪ ᠤᠨ ᠨᠠᠢᠮᠡᠨ ᠲᠤᠭᠳᠠᠭᠠᠯ ᠢ ᠴᠢᠩᠭ᠎ᠠ ᠭᠡᠷᠡᠭᠵᠢᠬᠦᠯᠵᠥ᠂ ︽ᠲᠦᠷᠪᠠᠨ ᠰᠤᠷᠳᠠᠯ︾ ᠢ ᠵᠠᠯᠠᠷᠠᠭᠤᠯᠬᠤ ᠶᠢ ᠤᠷᠳᠦ ᠤᠳᠠᠭᠠᠨ ᠪᠠᠷᠢᠮᠳᠠᠯᠠᠵᠦ᠂ ︽ᠨᠢᠭᠡ ᠠᠵᠢᠯ ᠤᠨ ᠪᠠᠶᠢᠷᠢᠨ ᠳᠤ ᠬᠤᠶᠠᠷ ᠬᠠᠷᠢᠭᠤᠴᠠᠯᠭ᠎ᠠ ᠡᠭᠦᠷᠭᠡᠯᠡᠬᠦ︾ ᠶᠢ ᠨᠠᠷᠢᠨ ᠬᠢᠨᠠᠮᠠᠭᠠᠢ ᠭᠡᠷᠡᠭᠵᠢᠬᠦᠯᠦᠨ᠎ᠡ᠃ ︽ᠠᠯᠪᠠᠨ ᠤ ᠭᠤᠷᠪᠠᠨ ᠵᠠᠷᠤᠳᠠᠯ︾ ᠢ ᠢᠯᠡ ᠪᠤᠯᠭᠠᠬᠤ ᠶᠢ ᠴᠢᠩᠭ᠎ᠠ ᠨᠠᠶᠢᠳᠠᠪᠤᠷᠢᠵᠢᠭᠤᠯᠵᠥ᠂ ᠵᠠᠰᠠᠭ ᠵᠠᠬᠢᠷᠭᠠᠨ ᠤ ᠪᠠᠶᠢᠭᠤᠯᠭ᠎ᠠ ᠪᠤᠯᠤᠨ ᠲᠦᠷᠦ ᠶᠢᠨ ᠠᠯᠪᠠᠳᠠᠨ ᠢᠶᠠᠷ ᠯᠠᠪᠯᠠᠯᠳᠡ ᠪᠤᠯᠭᠠᠵᠥ ᠪᠠᠶᠢᠭ᠎ᠠ ᠨᠢᠭᠡᠴᠡ ᠶᠢᠨ ᠮᠠᠰᠢᠨ ᠲᠡᠷᠭᠡᠨ ᠤ ᠦᠭᠡᠷᠡᠴᠢᠯᠡᠯᠳᠡ ᠶᠢ ᠪᠦᠬᠦ ᠲᠠᠯ᠎ᠠ ᠪᠠᠷ ᠪᠡᠶᠡᠯᠡᠭᠦᠯᠵᠥ᠂ ︽ᠠᠯᠪᠠᠨ ᠤ ᠭᠤᠷᠪᠠᠨ ᠵᠠᠷᠤᠳᠠᠯ︾ ᠢ ᠪᠠᠭᠠᠰᠬᠠᠨ᠎ᠠ᠃ ᠵᠠᠰᠠᠭ ᠵᠠᠬᠢᠷᠭᠠᠨ ᠤ ᠬᠢᠨᠠᠨ ᠪᠠᠶᠢᠴᠠᠭᠠᠯᠳᠠ ᠶᠢ ᠴᠢᠩᠭᠠᠳᠬᠠᠵᠥ᠂ ᠡᠳ᠋ ᠤᠨ ᠵᠠᠰᠠᠭ ᠤᠨ ᠪᠡᠯᠡ ᠮᠦᠩᠬᠦ᠂ ᠲᠤᠮᠤ ᠶᠡᠭᠡ ᠲᠦᠷᠦᠯ ᠵᠦᠢᠯ᠂ ᠠᠷᠠᠤᠨ ᠤᠨ ᠠᠮᠢᠳᠤᠷᠠᠯ ᠤᠨ ᠢᠡᠵᠧᠨᠧᠷᠢᠩ  ᠤᠨ ᠬᠢᠨᠠᠨ ᠪᠤᠳᠤᠯᠳᠠ ᠶᠢ ᠴᠢᠩᠭᠠᠳᠬᠠᠵᠥ᠂ ᠵᠠᠰᠠᠭ ᠤᠨ ᠤᠷᠳᠤᠨ ᠤ ᠬᠤᠳᠠᠯᠳᠤᠨ ᠠᠪᠬᠤ ᠪᠠ ᠲᠠᠭᠠᠭᠠᠴᠢᠯᠠᠯᠳᠠ ᠵᠠᠷᠯᠠᠬᠤ ᠳᠠᠭᠠᠭᠠᠴᠢᠯᠠᠯᠳᠠ ᠬᠦᠯᠢᠶᠠᠬᠦ ᠬᠢᠨᠠᠨ ᠬᠠᠮᠢᠶᠠᠷᠤᠯᠳᠠ ᠶᠢᠨ ᠲᠤᠭᠳᠠᠴᠠ ᠶᠢ ᠲᠡᠭᠦᠯᠳᠡᠷᠵᠢᠬᠦᠯᠵᠥ᠂ ᠵᠠᠰᠠᠭ ᠤᠨ ᠤᠷᠳᠤᠨ ᠤ ᠴᠢᠨᠠᠷᠳᠡᠢ ᠦᠷᠢ ᠰᠢᠷᠢ ᠶᠢ ᠴᠢᠩᠭ᠎ᠠ ᠬᠢᠵᠠᠭᠠᠷᠯᠠᠨ᠎ᠠ᠃ ᠢᠯᠵᠠᠷᠠᠨ ᠲᠤᠷᠤᠶᠢᠳᠠᠭᠰᠠᠨ ᠦᠢᠯᠡ ᠠᠵᠢᠯᠯᠠᠭ᠎ᠠ  ᠶᠢ ᠴᠢᠩᠭ᠎ᠠ ᠪᠠᠶᠢᠴᠠᠭᠠᠨ ᠰᠢᠢᠳᠪᠤᠷᠢᠯᠡᠵᠥ᠂ ᠤᠯᠠᠨ ᠲᠦᠮᠠᠨ ᠤ ᠠᠰᠢᠭ ᠲᠤᠰᠠ ᠶᠢ ᠬᠤᠬᠢᠷᠠᠭᠤᠯᠤᠭᠰᠠᠨ ᠲᠦᠪ ᠪᠤᠰᠤ ᠭᠡᠪ ᠰᠤᠷᠳᠠᠯ ᠢ ᠡᠷᠡᠰ ᠵᠠᠯᠬᠠᠭᠠᠨ ᠰᠢᠢᠳᠭᠡᠨ᠎ᠡ᠃      ᠲᠦᠯᠦᠭᠡᠯᠡᠭᠴᠢᠤᠨ ᠡ᠂ ᠤᠳᠤ ᠪᠢᠳᠡ ᠶᠠᠭ ᠴᠢᠨᠠᠭᠡᠯᠢᠭ ᠨᠡᠶᠢᠭᠡᠮ ᠢ ᠪᠦᠬᠦ ᠲᠠᠯ᠎ᠠ ᠪᠠᠷ ᠡᠭᠦᠳᠦᠨ ᠪᠠᠶᠢᠭᠤᠯᠬᠤ ᠠᠶᠠᠨ ᠵᠠᠮ ᠳᠠᠭᠠᠨ ᠪᠠᠶᠢᠵᠦ᠂ ᠴᠠᠭ ᠦᠶ᠎ᠡ ᠠᠴᠠ ᠪᠢᠳᠠᠨ ᠳᠤ ᠦᠩᠭᠡ ᠭᠡᠷᠡᠯᠳᠤ ᠳᠠᠷᠬᠠᠨ ᠡᠭᠦᠷᠭᠡ ᠶᠢ ᠤᠯᠭᠤᠭᠰᠠᠨ ᠪᠤᠯᠬᠤᠷ ᠭᠤᠸ᠎ᠠ ᠰᠠᠶᠢᠬᠠᠨ ᠢᠷᠡᠭᠡᠳᠦᠢ ᠪᠠᠨ ᠴᠤᠭᠴᠠᠯᠠᠨ ᠪᠠᠶᠢᠭᠤᠯᠬᠤ ᠪᠠᠷ ᠬᠠᠮᠳᠤᠪᠡᠷ ᠮᠡᠷᠠᠶᠢᠨ ᠴᠢᠷᠮᠠᠶᠢᠶ᠎ᠠ᠃ ᠪᠢᠳᠡ ᠬᠤᠰᠢᠭᠤ ᠨᠠᠮ ᠤᠨ ᠬᠤᠷᠢᠶᠠᠨ ᠤ ᠪᠠᠳᠤ ᠴᠢᠩᠭ᠎ᠠ ᠤᠳᠤᠷᠢᠳᠤᠯᠭ᠎ᠠ ᠪᠤᠯᠤᠨ ᠬᠤᠰᠢᠭᠤᠨ ᠤ ᠠᠷᠠᠤᠨ ᠤᠨ ᠲᠦᠯᠦᠭᠡᠯᠡᠭᠴᠢᠤᠨ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠵᠢᠴᠢ ᠬᠤᠰᠢᠭᠤᠨ ᠤ ᠤᠯᠤᠰ ᠲᠦᠷᠦ ᠶᠢᠨ ᠵᠦᠪᠯᠡᠯᠭᠡᠨ ᠤ ᠬᠢᠨᠠᠯᠳᠡ ᠲᠡᠮᠵᠢᠯᠭᠡ ᠲᠤᠤᠷ᠎ᠡ᠂ ᠪᠦᠬᠦ ᠬᠤᠰᠢᠭᠤᠨ ᠤ ᠦᠡᠳᠦᠰᠦᠳᠡᠨ ᠨᠦᠭᠦᠳ ᠤᠨ ᠠᠷᠠᠤᠨ ᠲᠦᠮᠡᠨ  ᠳᠡᠭᠡᠨ ᠲᠦᠰᠢᠭᠯᠡᠨ᠂ ᠦᠵᠡᠯ ᠰᠠᠨᠠᠭ᠎ᠠ ᠪᠠᠨ ᠴᠢᠨᠠᠭᠰᠢᠳᠡ ᠴᠢᠯᠤᠭᠡᠯᠡᠵᠥ᠂ ᠠᠵᠠ ᠲᠤᠬᠢᠶᠠᠯ ᠢ ᠠᠳᠬᠤᠨ᠂ ᠦᠨᠡᠡᠬᠦ ᠠᠳᠬᠤᠨ ᠪᠤᠳᠠᠳᠠᠢ ᠠᠵᠢᠯᠯᠠᠵᠥ᠂ ᠬᠦᠴᠢᠷ ᠪᠡᠷᠭᠡ ᠶᠢ ᠢᠯᠡᠨ᠂ ᠰᠢᠨ᠎ᠠ ᠪᠠᠷᠭᠤ ᠪᠠᠷᠠᠭᠤᠨ ᠬᠤᠰᠢᠭᠤᠨ ᠤ ᠦᠭᠡᠷᠡᠴᠢᠯᠡᠯᠳᠡ ᠬᠦᠭᠵᠢᠯᠳᠡ ᠶᠢᠨ ᠰᠢᠨ᠎ᠡ ᠪᠠᠶᠢᠳᠠᠯ ᠪᠤᠯᠤᠨ ᠡᠭᠡ ᠤᠯᠤᠰ ᠤᠨ ᠤᠮᠠᠷᠠᠳᠤ ᠬᠢᠯᠢ ᠶᠢᠨ ᠭᠤᠸ᠎ᠠ ᠰᠠᠶᠢᠬᠠᠨ ᠦᠩᠭᠡ ᠦᠵᠡᠮᠵᠢ ᠶᠢ ᠪᠤᠢ ᠪᠤᠯᠭᠠᠬᠤ ᠪᠠᠷ ᠴᠢᠷᠮᠠᠶᠢᠨ ᠲᠠᠮᠡᠴᠡᠵᠡᠭᠡᠶ᠎ᠡ︕ᠳᠠᠶᠢᠯᠪᠦᠷᠢ᠄         ᠲᠠᠪᠤ ᠶᠢ ᠨᠢᠭᠡ ᠴᠤᠭᠴᠠᠵᠢᠭᠤᠯᠬᠤ᠄ ᠠᠵᠦ ᠠᠬᠤᠢ ᠶᠢᠨ ᠪᠦᠲᠦᠭᠡᠨ ᠪᠠᠶᠢᠭᠤᠯᠤᠯᠳᠠ᠂ ᠤᠯᠤᠰ ᠲᠦᠷᠦ  ᠶᠢᠨ ᠪᠠᠶᠢᠭᠤᠯᠤᠯᠳᠠ᠂ ᠰᠤᠶᠤᠯ ᠤᠨ ᠪᠠᠶᠢᠭᠤᠯᠤᠯᠳᠠ᠂ ᠨᠡᠶᠢᠬᠡᠮ ᠤᠨ ᠪᠠᠶᠢᠭᠤᠯᠤᠯᠳᠠ ᠪᠠ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠳᠠ ᠵᠡᠷᠭᠡ ᠲᠠᠪᠤ ᠶᠢ ᠨᠢᠭᠡ ᠴᠤᠭᠴᠠᠵᠢᠭᠤᠯᠬᠤ᠃         ᠲᠠᠪᠤ ᠶᠢ ᠵᠤᠬᠢᠴᠠᠭᠤᠯᠤᠨ ᠬᠦᠭᠵᠢᠬᠦᠯᠬᠦ᠄ ᠰᠢᠨ᠎ᠠ ᠭᠡᠯᠪᠡᠷᠢ ᠶᠢᠨ ᠠᠵᠤ ᠦᠢᠯᠡᠳᠪᠤᠷᠢᠵᠢᠯᠳᠡ᠂ ᠰᠤᠷᠠᠭ ᠵᠠᠩᠬᠢᠴᠢᠯᠠᠯᠳᠡ᠂ ᠬᠤᠳᠠ ᠪᠠᠯᠭᠠᠰᠤᠵᠢᠯᠳᠡ᠂ ᠲᠠᠷᠢᠶᠠᠯᠠᠩ ᠮᠠᠯ ᠠᠵᠥ ᠠᠬᠤᠢ ᠶᠢᠨ ᠤᠳᠤᠬᠢᠴᠢᠯᠠᠯᠳᠡ᠂ ᠨᠤᠭᠤᠭᠠᠷᠠᠭᠤᠯᠤᠯᠳᠡ ᠶᠢ ᠵᠡᠷᠭᠡ ᠳᠤᠨᠢ ᠬᠦᠭᠵᠢᠬᠦᠯᠬᠦ᠃         ᠭᠤᠷᠪᠠᠨ ᠬᠢᠵᠠᠭᠠᠷᠳᠦ ᠱᠤᠭᠤᠮ᠄ ᠬᠦᠭᠵᠢᠯᠳᠡ᠂ ᠠᠮᠢ ᠠᠬᠤᠢ᠂ ᠠᠷᠠᠳ ᠤᠨ ᠠᠮᠢᠳᠤᠷᠠᠯ ᠵᠡᠷᠭᠡ ᠭᠤᠷᠪᠠᠨ ᠬᠢᠵᠠᠭᠠᠷᠳᠦ ᠱᠤᠭᠤᠮ᠃         ᠬᠤᠶᠠᠷ ᠤᠷᠤᠨ ᠭᠤᠷᠪᠠᠨ ᠭᠠᠵᠠᠷ ᠨᠢᠭᠡ ᠭᠡᠷ ᠤᠷᠤᠨ᠄ ᠪᠦᠬᠦ ᠤᠯᠤᠰ ᠤᠨ ᠦᠷᠬᠦᠯᠵᠢᠯᠡᠯ ᠬᠦᠭᠵᠢᠯᠳᠡ  ᠶᠢᠨ ᠠᠮᠢ ᠠᠬᠤᠢ ᠶᠢᠨ ᠤᠷᠴᠢᠨ ᠲᠤᠭᠤᠷᠢᠨ ᠤ ᠬᠠᠮᠠᠭᠠᠯᠠᠯᠳᠠ ᠶᠢᠨᠪᠦᠲᠦᠭᠡᠨ ᠪᠠᠶᠢᠭᠤᠯᠤᠯᠳᠠ ᠶᠢᠨ ᠵᠢᠱᠢᠶ᠎ᠡ ᠦᠵᠡᠬᠦᠯᠬᠦ ᠤᠷᠤᠨ᠂ ᠪᠦᠬᠦ ᠤᠯᠤᠰ ᠤᠨ ᠬᠢᠯᠢ ᠲᠠᠭᠠᠤ ᠨᠡᠭᠡᠭᠡᠨ ᠬᠦᠭᠵᠢᠬᠦᠯᠬᠦ ᠳᠤ ᠬᠠᠮᠤᠭ ᠠᠴᠠ ᠠᠮᠢᠵᠢᠷᠠᠯ ᠤᠨ ᠬᠦᠴᠦᠨ ᠪᠦᠬᠦᠢ ᠤᠷᠤᠨ ᠪᠠᠶᠢᠷᠢ ᠶᠢᠨ ᠳᠠᠪᠠᠭᠤᠯᠢᠭ ᠲᠠᠢ ᠤᠷᠢᠳᠠᠪᠠᠷ ᠬᠦᠭᠵᠢᠬᠦᠯᠬᠦ ᠤᠷᠤᠨ᠃ ᠤᠯᠠᠨ ᠤᠯᠤᠰ ᠤᠨ ᠲᠡᠭᠡᠳᠦ ᠲᠡᠰ ᠤᠨ ᠵᠤᠭᠠᠴᠠᠯ ᠤᠨ ᠭᠠᠵᠠᠷ᠂ ᠤᠯᠤᠰ ᠤᠨ ᠴᠢᠬᠤᠯᠠ ᠪᠤᠬᠢᠷᠳᠤᠯ ᠦᠬᠡᠢ ᠤᠷᠭᠠᠨᠢᠭ ᠲᠠᠷᠢᠶᠠᠯᠠᠩ ᠮᠠᠯ ᠠᠵᠦ ᠠᠬᠤᠢ ᠣᠢ ᠰᠢᠭᠤᠢ ᠶᠢᠨ ᠪᠦᠲᠦᠭᠳᠡᠬᠦᠨ ᠢ ᠦᠢᠯᠡᠳᠪᠦᠷᠢᠯᠡᠨ ᠪᠤᠯᠪᠠᠰᠤᠷᠠᠭᠤᠯᠤᠨ ᠭᠠᠳᠠᠭᠰᠢ ᠭᠠᠷᠭᠠᠬᠤ ᠰᠠᠭᠤᠷᠢᠨ ᠭᠠᠵᠠᠷ᠂ ᠤᠯᠤᠰ ᠤᠨ ᠴᠢᠬᠤᠯᠠ ᠴᠡᠪᠡᠷ ᠡᠨᠧᠷᠬᠢ ᠪᠤᠯᠤᠨ ᠨᠡᠭᠦᠷᠡᠰᠦ ᠪᠠᠷ ᠲᠦᠬᠦᠭᠡᠢ ᠮᠠᠲ᠋ᠧᠷᠢᠶᠠᠯ ᠪᠤᠯᠭᠠᠭᠰᠠᠨ ᠦᠢᠯᠡᠳᠬᠦᠨ ᠢ ᠪᠤᠯᠪᠠᠰᠤᠷᠠᠭᠤᠯᠤᠨ ᠭᠠᠳᠠᠭᠰᠢ ᠭᠠᠷᠭᠠᠬᠤ ᠰᠠᠭᠤᠷᠢᠨ ᠭᠠᠵᠠᠷ᠃ ᠦᠨᠳᠦᠰᠦᠳᠡᠨ ᠪᠦᠯᠬᠦᠮᠳᠡᠯ ᠲᠠᠢ᠂ ᠬᠢᠯᠢ ᠬᠢᠵᠠᠭᠠᠷ ᠠᠮᠤᠷ ᠲᠤᠭᠳᠠᠭᠤᠨ᠂ ᠭᠤᠸ᠎ᠠ ᠦᠵᠡᠰᠭᠦᠯᠡᠩᠳᠦ ᠵᠤᠯ ᠵᠢᠷᠭᠠᠯᠳᠦ ᠭᠡᠷ ᠤᠷᠤᠨ᠃                
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠵᠠᠰᠠᠭ ᠤᠨ ᠤᠷᠳᠤᠨ ᠤ ᠤᠷᠴᠢᠭᠤᠯᠭ᠎ᠠ ᠶᠢᠨ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号