ᠲᠠᠩᠰᠠᠯᠠᠵᠤ ᠺᠠᠷᠲᠯᠠᠬᠤ ᠲᠤᠭ᠎ᠠ ᠪᠠᠷᠢᠮᠳᠠ ᠶᠢᠨ ᠰᠤᠷᠠᠭ ᠵᠠᠩᠬᠢ ᠳᠤ ᠲᠤᠬᠢᠷᠠᠭᠤᠯᠤᠯᠳᠠ ᠬᠢᠬᠦ ᠪᠠ ᠨᠦᠬᠦᠨ ᠤᠷᠤᠭᠤᠯᠬᠤ ᠠᠵᠢᠯ ᠢ ᠰᠠᠶᠢᠳᠤᠷ ᠬᠢᠬᠦ ᠲᠤᠬᠠᠢ ᠮᠡᠳᠡᠭᠳᠡᠯ
ᠨᠡᠶᠢᠲᠡᠯᠡᠭᠰᠡᠨ ᠴᠠᠭ᠄
2018/12/25
               ᠬᠦᠯᠤᠨ ᠲᠡᠤᠡᠬᠦᠬᠦ ᠠᠯᠪᠠᠨ ᠦᠰᠤᠭ᠌ ﹇2018﹈ 75 ᠳ᠋ᠤᠭᠠᠷ ᠲᠤᠭᠠᠳᠤᠡᠯ᠎ᠡ ᠠᠶᠢᠮᠠᠭ ᠬᠤᠳᠠ ᠶᠢᠨ ᠶᠠᠳᠠᠭᠤ ᠶᠢ ᠲᠡᠤᠡᠬᠦᠬᠦ ᠠᠯᠪᠠᠨ ᠬᠡᠷ ᠲᠤ᠄      ︽2017 ᠤᠨ ᠤ ᠲᠠᠩᠰᠠᠯᠠᠵᠤ ᠺᠠᠷᠲᠯᠠᠬᠤ ᠲᠤᠭ᠎ᠠ ᠪᠠᠷᠢᠮᠳᠠ ᠶᠢᠨ ᠰᠤᠷᠠᠭ ᠵᠠᠩᠬᠢ ᠳᠤ ᠲᠤᠬᠢᠷᠠᠭᠤᠯᠤᠯᠳᠠ ᠬᠢᠬᠦ ᠪᠠ ᠨᠦᠬᠦᠵᠤ ᠤᠷᠤᠭᠤᠯᠬᠤ ᠶᠢ ᠰᠢᠯᠭᠠᠨ ᠦᠨᠡᠯᠡᠵᠤ ᠴᠡᠭᠴᠡᠯᠡᠨ ᠰᠠᠶᠢᠵᠢᠷᠠᠭᠤᠯᠬᠤ ᠶᠢ ᠰᠠᠶᠢᠳᠤᠷ ᠬᠢᠬᠦ ᠲᠤᠬᠠᠢ ᠮᠡᠳᠡᠭᠳᠡᠯ︾ ︵ᠦᠪᠤᠷ ᠲᠡᠤᠡᠬᠦᠬᠦ ᠵᠠᠬᠢᠳᠠᠯ ﹇2018﹈ 6 ᠳ᠋ᠤᠭᠠᠷ ᠲᠤᠭᠠᠳᠤ︶ ᠲᠦᠷᠤ ᠶᠢᠨ ᠶᠠᠪᠤᠳᠠᠯ ᠤᠨ ᠬᠤᠷᠢᠶᠠᠨ  ᠤ ᠶᠠᠳᠠᠭᠤ ᠶᠢ ᠲᠡᠤᠡᠬᠦᠬᠦ ᠠᠯᠪᠠᠨ ᠬᠡᠷ ᠤᠨ ᠮᠠᠲ᠋ᠧᠷᠢᠶᠠᠯ ᠤᠨ ᠵᠤᠷᠢᠭ ᠰᠠᠨᠠᠭ᠎ᠠ ᠶᠢ ᠦᠨᠳᠤᠰᠤᠯᠡᠨ᠂ ᠲᠦᠷᠤ ᠶᠢᠨ ᠶᠠᠪᠤᠳᠠᠯ ᠤᠨ ᠬᠤᠷᠢᠶᠠᠨ ᠤ ᠶᠠᠳᠠᠭᠤ ᠶᠢ ᠲᠡᠤᠡᠬᠦᠬᠦ ᠠᠯᠪᠠᠨ ᠬᠡᠷ ᠮᠤᠵᠢ ᠪᠠᠷ ᠨᠢᠬᠡᠴᠡ ᠪᠤᠯᠭᠠᠨ ᠪᠦᠬᠦ ᠤᠯᠤᠰ ᠤᠨ ᠶᠠᠳᠠᠭᠤ ᠶᠢ ᠲᠡᠤᠡᠬᠦᠵᠤ ᠨᠡᠬᠡᠬᠡᠨ ᠬᠦᠭᠵᠢᠬᠦᠯᠬᠦ ᠰᠤᠷᠠᠭ ᠵᠠᠩᠬᠢ ᠶᠢᠨ ᠰᠢᠰᠲ᠋ᠧᠮ ᠤᠨ ᠡᠷᠬᠡ ᠶᠢᠨ ᠬᠢᠵᠠᠭᠠᠷᠯᠠᠯ ᠢ ᠴᠢᠯᠤᠬᠡᠳᠡᠢ ᠨᠡᠬᠡᠬᠡᠵᠤ᠂ ᠡᠯ᠎ᠡ ᠭᠠᠵᠠᠷ ᠤᠷᠤᠨ ᠴᠠᠭ ᠲᠠᠷᠤᠢ ᠳᠤᠨᠢ ᠲᠠᠩᠰᠠᠯᠠᠵᠤ ᠺᠠᠷᠲᠯᠠᠬᠤ ᠲᠤᠭ᠎ᠠ ᠪᠠᠷᠢᠮᠳᠠ ᠶᠢᠨ ᠰᠤᠷᠠᠭ ᠵᠠᠩᠬᠢ ᠳᠤ ᠲᠤᠬᠢᠷᠠᠭᠤᠯᠤᠯᠳᠠ ᠬᠢᠬᠦ ᠪᠠ ᠨᠦᠬᠦᠵᠤ ᠤᠷᠤᠭᠤᠯᠬᠤ ᠠᠵᠢᠯ ᠢᠶᠠᠨ ᠪᠡᠶᠡᠯᠡᠬᠦᠯᠬᠦ ᠶᠢ ᠲᠡᠮᠵᠢᠨ᠎ᠡ᠃ ᠤᠳᠤ ᠲᠠᠩᠰᠠᠯᠠᠵᠤ ᠺᠠᠷᠲᠯᠠᠬᠤ ᠲᠤᠭ᠎ᠠ ᠪᠠᠷᠢᠮᠳᠠ ᠶᠢᠨ ᠰᠤᠷᠠᠭ ᠵᠠᠩᠬᠢ ᠳᠤ ᠲᠤᠬᠢᠷᠠᠭᠤᠯᠤᠯᠳᠠ ᠬᠢᠬᠦ ᠪᠠ ᠨᠦᠬᠦᠵᠤ ᠤᠷᠤᠭᠤᠯᠬᠤ ᠠᠵᠢᠯ ᠢ ᠵᠤᠬᠢᠶᠠᠨ ᠪᠠᠶᠢᠭᠤᠯᠵᠤ ᠬᠢᠬᠦ ᠲᠤᠬᠠᠢ ᠲᠤᠤᠷᠠᠬᠢ ᠮᠡᠳᠤ ᠮᠡᠳᠡᠭᠳᠡᠶ᠎ᠡ᠄      ⒈ ᠡᠯ᠎ᠡ ᠬᠤᠰᠢᠭᠤ ᠰᠢᠶᠠᠨ ︽ᠬᠡᠷᠬᠢᠨ ᠤᠷᠤᠬᠤ᠂ ᠬᠡᠷᠬᠢᠨ ᠭᠠᠷᠬᠤ︾ ᠵᠠᠷᠴᠢᠮ ᠢ ᠦᠨᠳᠤᠰᠤᠯᠡᠨ᠂ 2017 ᠤᠨ ᠤ ᠮᠤᠵᠢ ᠶᠢᠨ ᠲᠡᠰ ᠤᠨ ᠨᠠᠮ ᠤᠨ ᠬᠤᠷᠢᠶ᠎ᠠ ᠪᠠ ᠵᠠᠰᠠᠭ ᠤᠨ ᠤᠷᠳᠤᠨ ᠤ ᠶᠠᠳᠠᠭᠤ ᠶᠢ ᠲᠡᠤᠡᠬᠦᠵᠤ ᠨᠡᠬᠡᠬᠡᠨ ᠬᠦᠭᠵᠢᠬᠦᠯᠬᠦ ᠠᠵᠢᠯ ᠤᠨ ᠦᠷ᠎ᠡ ᠪᠦᠳᠤᠮᠵᠢ ᠶᠢ ᠬᠢᠨᠠᠨ ᠰᠢᠯᠭᠠᠬᠤ᠂ ᠠᠶᠢᠮᠠᠭ ᠬᠤᠳᠠ ᠶᠢᠨ ᠨᠠᠮ ᠤᠨ ᠬᠤᠷᠢᠶ᠎ᠠ ᠶᠢᠨ ᠵᠠᠰᠠᠭ ᠤᠨ ᠤᠷᠳᠤᠨ ᠤ ᠶᠠᠳᠠᠭᠤ ᠶᠢ ᠲᠡᠤᠡᠬᠦᠵᠤ ᠨᠡᠬᠡᠬᠡᠨ ᠬᠦᠭᠵᠢᠬᠦᠯᠬᠦ ᠠᠵᠢᠯ ᠤᠨ ᠦᠷ᠎ᠡ ᠪᠦᠳᠤᠮᠵᠢ ᠶᠢ ᠬᠢᠨᠠᠨ ᠰᠢᠯᠭᠠᠬᠤ ᠵᠢᠴᠢ ᠶᠡᠭᠡ ᠰᠢᠭᠰᠢᠨ ᠪᠠᠶᠢᠴᠠᠭᠠᠯᠳᠠ ᠶᠡᠭᠡ ᠵᠠᠰᠠᠨ ᠴᠡᠭᠴᠡᠯᠡᠬᠦ ᠲᠤᠮᠳᠠ ᠢᠯᠡᠷᠡᠬᠦᠯᠤᠭ᠍ᠰᠡᠨ ᠦᠨᠡᠯᠡᠬᠦ ᠳᠤ ᠤᠷᠬᠢᠭᠳᠠᠭᠤᠯᠤᠭᠰᠠᠨ ᠡᠷᠤᠬᠡ᠂ ᠶᠠᠳᠠᠭᠤ ᠠᠴᠠ ᠠᠳᠡᠬᠦᠤ ᠭᠠᠷᠭᠠᠭᠰᠠᠨ ᠡᠷᠤᠬᠡ᠂ ᠪᠤᠷᠤᠭᠤ ᠭᠠᠷᠭᠠᠭᠰᠠᠨ ᠡᠷᠤᠬᠡ ᠳᠤ ︽ᠬᠤᠶᠠᠷ ᠢ ᠢᠯᠡ ᠨᠡᠶᠢᠳᠡᠯᠡᠬᠦ᠂ ᠨᠢᠬᠡ ᠶᠢ ᠠᠳᠠᠯᠢᠤᠬᠠᠬᠤ᠂ ᠨᠢᠬᠡ ᠶᠢ ᠵᠠᠷᠯᠠᠬᠤ︾ ᠲᠦᠷᠢᠮᠵᠢᠬᠦᠨ ᠲᠠᠷᠠᠭᠠᠯᠠᠯ ᠪᠠᠷ ᠵᠠᠰᠠᠨ ᠴᠡᠭᠴᠡᠯᠡᠵᠤ᠂ ᠲᠦᠷᠢᠮᠵᠢᠬᠦᠨ ᠠᠯᠬᠤᠮ ᠲᠠᠷᠠᠭᠠᠯᠠᠯ ᠢ ᠦᠨᠳᠤᠰᠤᠯᠡᠵᠤ ᠤᠷᠤᠭᠤᠯᠵᠤ ᠭᠠᠷᠭᠠᠨ᠎ᠠ᠃ 2017 ᠤᠨ ᠤ ᠰᠡᠬᠦᠯᠴᠢ ᠳᠤ ᠬᠦᠳᠡᠯᠤᠩᠬᠦᠢ ᠲᠤᠬᠢᠷᠠᠭᠤᠯᠤᠯᠳᠠ ᠬᠢᠭᠰᠡᠨ ᠤ ᠲᠠᠷᠠᠭ᠎ᠠ ᠰᠢᠨ᠎ᠡ ᠭᠠᠷᠤᠭᠰᠠᠨ ᠶᠠᠳᠠᠭᠤ ᠬᠦᠴᠢᠷᠳᠡᠯᠳᠡᠢ ᠡᠷᠤᠬᠡ ᠶᠢ ᠲᠦᠷᠢᠮᠵᠢᠬᠦᠨ ᠲᠠᠷᠠᠭᠠᠯᠠᠯ ᠢ ᠦᠨᠳᠤᠰᠤᠯᠡᠨ ᠢᠯᠭᠠᠨ ᠲᠤᠳᠤᠯᠠᠵᠤ ᠤᠷᠤᠭᠤᠯᠬᠤ ᠶᠢᠨ ᠬᠠᠮᠳᠤ ᠬᠠᠮᠢᠶᠠᠳᠠᠢ ᠰᠤᠷᠠᠭ ᠵᠠᠩᠬᠢ ᠶᠢ ᠴᠤᠭᠯᠠᠭᠤᠯᠤᠨ ᠤᠷᠤᠭᠤᠯᠬᠤ ᠠᠵᠢᠯ ᠢ ᠰᠠᠶᠢᠳᠤᠷ ᠬᠢᠨ᠎ᠡ᠃      ⒉ ᠡᠯ᠎ᠡ ᠬᠤᠰᠢᠭᠤ ᠰᠢᠶᠠᠨ ᠬᠦᠴᠤᠨ ᠢᠶᠠᠨ ᠵᠤᠬᠢᠶᠠᠨ ᠪᠠᠶᠢᠭᠤᠯᠵᠤ ᠰᠢᠨ᠎ᠡ ᠪᠠᠷ ᠢᠯᠭᠠᠨ ᠲᠤᠳᠤᠯᠠᠬᠤ᠂ ᠲᠠᠬᠢᠨ ᠶᠠᠳᠠᠭᠤᠷᠠᠬᠤ᠂ ᠶᠠᠳᠠᠭᠤ ᠠᠴᠠ ᠭᠠᠷᠭᠠᠬᠤ ᠪᠠ ᠲᠤᠭᠳᠠᠭᠤᠨ ᠢᠶᠠᠷ ᠶᠠᠳᠠᠭᠤ ᠠᠴᠠ ᠠᠩᠬᠢᠵᠢᠷᠠᠭᠰᠠᠨ ᠬᠡᠵᠤ ᠲᠤᠳᠤᠷᠬᠠᠶᠢᠯᠠᠨ ᠲᠡᠮᠳᠡᠭᠯᠡᠭᠰᠡᠨ ︵ᠲᠠᠬᠢᠨ ᠲᠦᠷᠤ ᠶᠢᠨ ᠪᠤᠳᠤᠯᠭ᠎ᠠ ᠶᠢᠨ ᠬᠠᠷᠠᠭᠠᠯᠵᠠᠯ ᠬᠦᠷᠳᠡᠬᠦ ᠦᠬᠡᠢ︶ ᠵᠡᠷᠬᠡ ᠭᠤᠤᠯᠳᠠᠯᠭᠠᠳᠤ ᠡᠷᠤᠬᠡ ᠳᠤ ᠡᠷᠤᠬᠡ ᠲᠠᠷᠠᠭᠠᠯᠠᠨ ᠬᠢᠨᠠᠨ ᠪᠠᠶᠢᠴᠠᠭᠠᠵᠤ ᠰᠤᠳᠤᠯᠤᠨ ᠮᠠᠭᠠᠤᠡᠯᠠᠯᠳᠠ ᠶᠠᠪᠤᠭᠳᠠᠭᠤᠯᠬᠤ  ᠶᠢᠨ ᠬᠠᠮᠳᠤ ︽ᠬᠡᠨ ᠬᠢᠨᠠᠨ ᠪᠠᠶᠢᠴᠠᠭᠠᠪᠠᠯ᠂ ᠬᠡᠨ ᠭᠠᠷ ᠤᠨ ᠦᠰᠤᠭ᠌ ᠵᠢᠷᠤᠬᠤ᠂ ᠬᠡᠨ ᠰᠤᠳᠤᠯᠤᠨ ᠮᠠᠭᠠᠤᠯᠠᠪᠠᠯ᠂ ᠬᠡᠨ ᠭᠠᠷ ᠤᠨ ᠦᠰᠤᠭ᠌ ᠵᠢᠷᠤᠬᠤ︾ ᠬᠠᠷᠢᠭᠤᠴᠠᠯᠭ᠎ᠠ ᠨᠡᠬᠡᠮᠵᠢᠯᠡᠬᠦ ᠲᠤᠭᠳᠠᠯᠴᠠᠭ᠎ᠠ ᠶᠢ ᠪᠠᠶᠢᠭᠤᠯᠵᠤ᠂ ᠴᠡᠭᠴᠡᠯᠡᠨ ᠰᠠᠶᠢᠵᠢᠷᠠᠭᠤᠯᠬᠤ ᠦᠷ᠎ᠡ ᠳ᠋ᠦᠩ ᠨᠢ ᠦᠨᠡᠨ ᠠᠴᠠ ᠵᠦᠪ ᠢ ᠡᠷᠢᠬᠦ ᠶᠢ ᠪᠠᠳᠤᠯᠠᠬᠤ ᠬᠡᠷᠡᠭᠳᠡᠢ᠃      ⒊ ᠬᠤᠰᠢᠭᠤ ᠰᠢᠶᠠᠨ ᠴᠡᠭᠴᠡᠯᠡᠨ ᠰᠠᠶᠢᠵᠢᠷᠠᠭᠤᠯᠤᠭᠰᠠᠨ ᠰᠤᠷᠠᠭ ᠵᠠᠩᠬᠢ ᠶᠢ ᠨᠠᠷᠢᠯᠢᠭ ᠡᠮᠬᠢᠤᠡᠬᠡᠭᠰᠡᠨ ᠤ ᠰᠡᠬᠦᠯᠡᠷ᠂ ᠠᠶᠢᠮᠠᠭ ᠬᠤᠳᠠ ᠶᠢᠨ ᠶᠠᠳᠠᠭᠤ ᠶᠢ ᠲᠡᠤᠡᠬᠦᠬᠦ ᠠᠯᠪᠠᠨ ᠬᠡᠷ ᠲᠤ ᠲᠡᠭᠡᠭᠰᠢ ᠮᠡᠳᠡᠬᠦᠯᠵᠤ᠂ ᠠᠶᠢᠮᠠᠭ ᠬᠤᠳᠠ  ᠶᠢᠨ ᠶᠠᠳᠠᠭᠤ ᠶᠢ ᠲᠡᠤᠡᠬᠦᠬᠦ ᠠᠯᠪᠠᠨ ᠬᠡᠷ ᠠᠴᠠ ᠬᠦᠴᠤᠨ ᠢᠶᠠᠨ ᠵᠤᠬᠢᠶᠠᠨ ᠪᠠᠶᠢᠭᠤᠯᠵᠤ ᠬᠠᠮᠢᠶᠠᠳᠠᠢ ᠰᠤᠷᠠᠭ ᠵᠠᠩᠬᠢ  ᠳᠤ ᠰᠤᠭᠤᠴᠢᠨ ᠪᠠᠶᠢᠴᠠᠭᠠᠯᠳᠠ ᠶᠠᠪᠤᠭᠳᠠᠭᠤᠯᠵᠤ᠂ ᠠᠰᠠᠭᠤᠳᠠᠯ ᠢᠯᠡᠷᠡᠪᠡᠯ ᠲᠡᠷᠡ ᠲᠠᠷᠤᠢ ᠳᠤᠨᠢ ᠵᠠᠯᠠᠷᠠᠭᠤᠯᠬᠤ ᠶᠢᠨ ᠬᠠᠮᠳᠤ᠂ ᠴᠡᠭᠴᠡᠯᠡᠨ ᠦᠬᠡᠷᠡᠴᠢᠯᠡᠭᠰᠡᠨ ᠤ ᠲᠠᠷᠠᠭᠠᠬᠢ ᠲᠤᠭ᠎ᠠ ᠪᠠᠷᠢᠮᠳᠠ ᠶᠢᠨ ᠤᠨᠤᠪᠴᠢ ᠶᠢ ᠪᠠᠳᠤᠯᠠᠨ᠎ᠠ᠃      ⒋ ᠡᠯ᠎ᠡ ᠠᠶᠢᠮᠠᠭ ᠬᠤᠳᠠ ᠶᠢᠨ ᠰᠤᠭᠤᠴᠢᠨ ᠪᠠᠶᠢᠴᠠᠭᠠᠯᠳᠠ ᠶᠢᠨ ᠠᠵᠢᠯ ᠲᠠᠭᠤᠰᠤᠭᠰᠠᠨ ᠤ ᠰᠡᠬᠦᠯᠡᠷ᠂ ᠡᠯ᠎ᠡ ᠬᠤᠰᠢᠭᠤ ᠰᠢᠶᠠᠨ ᠴᠡᠭᠴᠡᠯᠡᠨ ᠰᠠᠶᠢᠵᠢᠷᠠᠭᠤᠯᠤᠭᠰᠠᠨ ᠨᠠᠷᠢᠨ ᠪᠠᠶᠢᠳᠠᠯ ᠵᠢᠴᠢ ᠬᠦᠮᠤᠰ ᠤᠨ ᠨᠡᠷ᠎ᠡ ᠶᠢᠨ ᠪᠦᠷᠢᠤᠡᠬᠡᠯ ᠢ ᠡᠮᠬᠢᠤᠡᠬᠡᠵᠤ ᠦᠪᠡᠷᠳᠡᠬᠡᠨ ᠵᠠᠰᠠᠬᠤ ᠤᠷᠤᠨ ᠤ ᠶᠠᠳᠠᠭᠤ ᠶᠢ ᠲᠡᠤᠡᠬᠦᠬᠦ ᠠᠯᠪᠠᠨ ᠬᠡᠷ ᠲᠤ ᠮᠡᠳᠡᠬᠦᠯᠤᠭ᠍ᠰᠡᠨ ᠤ ᠲᠠᠷᠠᠭ᠎ᠠ᠂ ᠶᠠᠳᠠᠭᠤ ᠶᠢ ᠲᠡᠤᠡᠬᠦᠵᠤ ᠨᠡᠬᠡᠬᠡᠨ ᠬᠦᠭᠵᠢᠬᠦᠯᠬᠦ ᠰᠤᠷᠠᠭ ᠵᠠᠩᠬᠢ ᠶᠢᠨ ᠰᠢᠰᠲ᠋ᠧᠮ ᠤᠨ ᠲᠤᠭ᠎ᠠ ᠪᠠᠷᠢᠮᠳᠠ ᠶᠢᠨ ᠰᠤᠷᠠᠭ ᠵᠠᠩᠬᠢ ᠳᠤ ᠲᠤᠬᠢᠷᠠᠭᠤᠯᠤᠯᠳᠠ ᠬᠢᠬᠦ ᠪᠠ ᠨᠦᠬᠦᠵᠤ ᠤᠷᠤᠭᠤᠯᠬᠤ ᠡᠷᠬᠡ ᠶᠢᠨ ᠬᠢᠵᠠᠭᠠᠷᠯᠠᠯ ᠢ ᠲᠠᠷᠤᠢ ᠭᠤᠶᠤᠴᠢᠯᠠᠵᠤ ᠪᠤᠯᠤᠨ᠎ᠠ᠃      ⒌ ᠲᠡᠭᠡᠷᠡᠬᠢ ᠠᠵᠢᠯ ᠢ 7 ᠰᠠᠷ᠎ᠠ ᠶᠢᠨ 10 ᠤ ᠡᠳᠤᠷ ᠠᠴᠠ ᠡᠮᠤᠨ᠎ᠡ ᠡᠷᠬᠡᠪᠰᠢ ᠲᠠᠭᠤᠰᠬᠠᠬᠤ ᠬᠡᠷᠡᠭᠳᠡᠢ᠂ ᠡᠯ᠎ᠡ ᠠᠶᠢᠮᠠᠭ ᠬᠤᠳᠠ ᠨᠢ ᠬᠠᠷᠢᠶ᠎ᠠ ᠬᠤᠰᠢᠭᠤ ᠰᠢᠶᠠᠨ ᠢᠶᠠᠨ ᠵᠤᠬᠢᠶᠠᠨ ᠪᠠᠶᠢᠭᠤᠯᠵᠤ ᠴᠡᠭᠴᠡᠯᠡᠨ ᠦᠬᠡᠷᠡᠴᠢᠯᠡᠬᠦ ᠠᠬᠢᠴᠠ ᠪᠠᠨ ᠲᠦᠷᠬᠡᠤᠡᠬᠡᠵᠤ᠂ ᠲᠤᠭ᠎ᠠ ᠪᠠᠷᠢᠮᠳᠠ ᠶᠢᠨ ᠰᠤᠷᠠᠭ ᠵᠠᠩᠬᠢ ᠳᠤ ᠲᠤᠬᠢᠷᠠᠭᠤᠯᠤᠯᠳᠠ ᠬᠢᠬᠦ ᠪᠠ ᠨᠦᠬᠦᠵᠤ ᠤᠷᠤᠭᠤᠯᠬᠤ ᠠᠵᠢᠯ ᠢᠶᠠᠨ ᠲᠤᠭᠳᠠᠭᠰᠠᠨ ᠴᠠᠭ ᠲᠤ ᠴᠢᠨᠠᠷᠯᠢᠭ ᠪᠡᠶᠡᠯᠡᠬᠦᠯᠬᠦ ᠶᠢ ᠪᠠᠳᠤᠯᠠᠬᠤ ᠬᠡᠷᠡᠭᠳᠡᠢ᠃                               ᠬᠠᠷᠢᠯᠴᠠᠬᠤ ᠬᠦᠮᠤᠨ᠄ ᠵᠤᠤ ᠶᠠᠨ                               ᠬᠠᠷᠢᠯᠴᠠᠬᠤ ᠤᠳᠠᠰᠤ᠄ 0471 — 4922864                                                 ᠢᠮᠧᠯ᠄ wzz0700@163.com                                                                      ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠶᠠᠳᠠᠭᠤ ᠶᠢ ᠲᠡᠤᠡᠬᠦᠵᠤ ᠨᠡᠬᠡᠬᠡᠨ ᠬᠦᠭᠵᠢᠬᠦᠯᠬᠦ ᠠᠯᠪᠠᠨ ᠬᠡᠷ                                            2018 ᠤᠨ ᠤ 6 ᠰᠠᠷ᠎ᠠ ᠶᠢᠨ 4 ᠤ ᠡᠳᠤᠷ      ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠶᠠᠳᠠᠭᠤ ᠶᠢ ᠲᠡᠤᠡᠬᠦᠵᠤ ᠨᠡᠬᠡᠬᠡᠨ ᠬᠦᠭᠵᠢᠬᠦᠯᠬᠦ ᠠᠯᠪᠠᠨ ᠬᠡᠷ                                         2018 ᠤᠨ ᠤ 6 ᠰᠠᠷ᠎ᠠ ᠶᠢᠨ 4 ᠤ ᠡᠳᠤᠷ ᠲᠠᠷᠤᠮᠠᠯᠯᠠᠨ ᠲᠠᠷᠬᠠᠭᠠᠪᠠ  
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠵᠠᠰᠠᠭ ᠤᠨ ᠣᠷᠳᠣᠨ ᠤ ᠤᠷᠴᠢᠭᠤᠯᠭ᠎ᠠ ᠶᠢᠨ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号