2018 ᠤᠨ ᠤ ᠵᠠᠰᠠᠭ ᠤᠨ ᠤᠷᠳᠤᠨ ᠤ ᠠᠵᠢᠯ ᠤᠨ ᠢᠯᠡᠤᠡᠬᠡᠯ ︵ᠨᠢᠬᠡ︶
ᠨᠡᠶᠢᠲᠡᠯᠡᠭᠰᠡᠨ ᠴᠠᠭ᠄
2018/12/26
ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠤᠳᠠᠭᠠᠨ ᠤ ᠬᠤᠷᠠᠯ ᠤᠨ ᠪᠢᠴᠢᠭ ᠮᠠᠲ᠋ᠧᠷᠢᠶᠠᠯ ︵ᠠᠷᠪᠠᠨ ᠲᠦᠷᠪᠠ︶                 ᠵᠠᠰᠠᠭ ᠤᠨ ᠤᠷᠳᠤᠨ ᠤ ᠠᠵᠢᠯ ᠤᠨ ᠢᠯᠡᠳᠭᠡᠯ                                                                                        — — 2018 ᠣᠨ ᠤ 2 ᠰᠠᠷ᠎ᠠ ᠶᠢᠨ 6᠎ ᠤ ᠡᠳᠦᠷ  ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠣᠳᠠᠭᠠᠨ ᠤ ᠬᠤᠷᠠᠯ ᠳᠡᠭᠡᠷ᠎ᠡ                                                               ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠬᠤᠰᠢᠭᠤᠨ ᠳᠠᠷᠤᠭ᠎ᠠ                                         ᠪᠦᠬᠡᠪᠠᠶᠠᠷᠲᠦᠯᠦᠭᠡᠯᠡᠭᠴᠢᠳ ᠡ᠄      ᠣᠳᠣ ᠪᠢ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠢ ᠲᠦᠯᠦᠭᠡᠯᠡᠨ᠂ ᠶᠡᠭᠡ ᠬᠤᠷᠠᠯ ᠳᠤ ᠠᠵᠢᠯ ᠤᠨ ᠢᠯᠡᠳᠭᠡᠯ ᠬᠢᠶ᠎ᠡ᠂ ᠬᠢᠨᠠᠨ ᠵᠦᠪᠯᠡᠬᠦ ᠪᠣᠯᠪᠠᠣ᠂ ᠣᠯᠣᠰ ᠲᠦᠷᠦ ᠶᠢᠨ ᠵᠦᠪᠯᠡᠯᠬᠡᠨ ᠤ ᠬᠡᠰᠢᠭᠦᠳ ᠪᠣᠯᠣᠨ ᠬᠤᠷᠠᠯ ᠳᠤ ᠰᠣᠯᠠ ᠣᠷᠣᠯᠴᠠᠭᠰᠠᠳ ᠰᠠᠨᠠᠯ ᠢᠶᠠᠨ ᠳᠣᠷᠠᠳᠬᠤ ᠪᠣᠯᠪᠠᠣ᠃      ᠨᠢᠬᠡ᠂ 2017 ᠤᠨ ᠤ ᠠᠵᠢᠯ ᠤᠨ ᠡᠷᠬᠢᠴᠡᠬᠦᠯᠤᠯ      ᠨᠢᠭᠡ ᠵᠢᠯ ᠤᠨ ᠲᠤᠷᠰᠢ᠂ ᠨᠠᠷᠢᠨ ᠪᠤᠳᠤᠯᠢᠶᠠᠨᠳᠠᠢ ᠬᠤᠪᠢᠷᠠᠯᠳᠠ ᠶᠡᠭᠡᠳᠠᠢ ᠭᠠᠳᠠᠭᠠᠳᠤ ᠤᠷᠴᠢᠨ ᠪᠠ ᠬᠠᠳᠠᠭᠤ ᠪᠠᠷᠬᠡᠰᠢᠶᠠᠯ ᠲᠠᠢ ᠬᠦᠨᠳᠦ ᠰᠦᠷᠡᠬᠡᠢ ᠦᠬᠡᠷᠡᠴᠢᠯᠡᠯᠳᠡ ᠬᠦᠭᠵᠢᠯᠳᠡ ᠶᠢ ᠳᠣᠭᠳᠠᠭᠤᠨ ᠪᠠᠶᠢᠯᠭᠠᠬᠤ ᠡᠭᠦᠷᠬᠡ ᠳᠤ ᠴᠢᠭᠯᠡᠬᠦᠯᠦᠨ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠬᠦᠯᠦᠨ ᠪᠣᠶᠢᠷ ᠬᠤᠳᠠ ᠎ ᠶᠢᠨ ᠨᠠᠮ ᠤᠨ ᠬᠤᠷᠢᠶ᠎ᠠ᠂ ᠬᠤᠳᠠ ᠶᠢᠨ ᠵᠠᠰᠠᠭ ᠤᠨ ᠣᠷᠳᠣᠨ ᠪᠠ ᠬᠤᠰᠢᠭᠤᠨ ᠤ ᠨᠠᠮ ᠤᠨ ᠬᠤᠷᠢᠶᠠᠨ ᠤ ᠵᠦᠪ ᠣᠨᠣᠪᠴᠢᠳᠠᠢ ᠣᠳᠣᠷᠢᠳᠣᠯᠭ᠎ᠠ ᠳᠣᠣᠷ᠎ᠠ᠂ ᠨᠠᠮ ᠤᠨ ᠠᠷᠪᠠᠨ ᠨᠠᠢᠮᠠᠳᠤᠭᠠᠷ  ᠶᠡᠭᠡ ᠬᠤᠷᠠᠯ᠂ ᠠᠷᠪᠠᠨ ᠨᠠᠢᠮᠠᠳᠤᠭᠠᠷ ᠬᠤᠭᠤᠴᠠᠭᠠᠨ ᠤ ᠤᠳᠠᠭ᠎ᠠ ᠪᠦᠷᠢ ᠶᠢᠨ ᠬᠤᠷᠠᠯᠳᠤᠭᠠᠨ ᠪᠤᠯᠤᠨ ᠠᠷᠪᠠᠨ ᠶᠢᠰᠤᠳᠤᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠬᠦᠨᠵᠡᠭᠡᠢ ᠲᠤᠥᠱᠯᠠᠭᠤᠯᠤᠨ ᠨᠡᠶᠢᠳᠡᠪᠤᠷᠢᠵᠢᠭᠤᠯᠵᠤ᠂ ᠪᠦᠬᠦ ᠬᠤᠰᠢᠭᠤᠨ ᠤ ᠦᠨᠳᠦᠰᠦᠳᠡᠨ ᠨᠦᠭᠦᠳ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠦ᠂ ᠳᠣᠭᠳᠠᠭᠤᠨ ᠤ ᠳᠣᠮᠳᠠ ᠣᠷᠣᠭᠰᠢᠯᠠᠬᠤ ᠠᠵᠢᠯ ᠤᠨ ᠶᠡᠷᠦᠩᠬᠡᠢ ᠬᠦᠭ ᠠᠶᠠᠰ ᠢ ᠴᠢᠩᠭ᠎ᠠ ᠠᠳᠬᠤᠵᠦ᠂ ᠠᠵᠦ ᠠᠬᠤᠢ ᠶᠢᠨ ᠬᠦᠭᠵᠢᠯᠳᠡ ᠶᠢᠨ ᠰᠢᠨ᠎ᠡ ᠬᠡᠪ ᠪᠠᠶᠢᠳᠠᠯ ᠲᠠᠢ ᠰᠠᠨᠠᠭᠠᠴᠢᠯᠠᠭ᠎ᠠ ᠠᠴᠠ ᠪᠠᠨ ᠵᠣᠬᠢᠴᠠᠨ᠂ ᠪᠦᠯᠬᠦᠮᠳᠠᠨ ᠴᠢᠷᠮᠠᠶᠢᠵᠤ᠂ ᠵᠤᠷᠢᠭ ᠲᠠᠢ ᠪᠠᠷ ᠤᠷᠤᠭᠰᠢᠯᠠᠵᠤ᠂ ᠲᠤᠭᠳᠠᠭᠤᠨ ᠨᠡᠮᠡᠭᠳᠡᠯ ᠢ ᠪᠠᠳᠤᠯᠠᠵᠤ᠂ ᠦᠭᠡᠷᠠᠴᠢᠯᠠᠯᠳᠠ ᠶᠢ ᠲᠦᠷᠭᠡᠳᠭᠡᠨ᠂ ᠪᠦᠳᠤᠴᠠ ᠳᠤ ᠲᠤᠬᠢᠷᠠᠭᠤᠯᠤᠯᠳᠠ ᠬᠢᠵᠤ᠂ ᠠᠷᠠᠳ ᠤᠨ ᠠᠮᠢᠳᠤᠷᠠᠯ ᠢ ᠬᠠᠯᠠᠮᠵᠢᠯᠠᠨ᠂ ᠠᠶᠤᠯ ᠲᠦᠭᠰᠢᠬᠦᠷᠢ ᠶᠢ ᠰᠡᠷᠭᠡᠶᠢᠯᠡᠬᠦ ᠵᠡᠷᠭᠡ ᠡᠯ᠎ᠠ ᠲᠦᠷᠤᠯ ᠤᠨ ᠠᠵᠢᠯ ᠢ ᠪᠦᠬᠦ ᠲᠠᠯ᠎ᠠ ᠪᠠᠷ ᠰᠠᠶᠢᠳᠤᠷ ᠬᠢᠵᠤ᠂ ᠠᠵᠤ ᠠᠬᠤᠢ ᠨᠡᠶᠢᠭᠡᠮ ᠤᠨ ᠬᠦᠭᠵᠢᠯᠳᠠ ᠰᠢᠨ᠎ᠡ ᠦᠷ᠎ᠠ ᠪᠦᠳᠤᠮᠵᠢ ᠤᠯᠵᠤ᠂ ᠴᠢᠨᠡᠭᠡᠯᠢᠭ ᠨᠡᠶᠢᠬᠡᠮ ᠎ ᠢ ᠪᠦᠬᠦ ᠳᠠᠯ᠎ᠠ ᠪᠠᠷ ᠪᠠᠶᠢᠭᠤᠯᠬᠤ ᠳᠤ ᠪᠠᠳᠣ ᠪᠠᠬᠢ ᠰᠠᠭᠤᠷᠢ ᠶᠢ ᠳᠠᠯᠪᠢᠭᠰᠠᠨ ᠪᠠᠶᠢᠨ᠎ᠠ᠃      ︵ᠨᠢᠭᠡ︶ ᠶᠡᠷᠦᠩᠬᠡᠶᠢᠯᠡᠭᠰᠡᠨ ᠠᠵᠤ ᠠᠬᠤᠢ ᠶᠢᠨ ᠪᠣᠳᠠᠳᠣ ᠬᠦᠴᠦᠨ ᠰᠢᠨ᠎ᠡ ᠲᠡᠭᠳᠡᠷ ᠲᠤ ᠭᠠᠷᠪᠠ᠃ 2017 ᠣᠨ ᠳᠤ᠂ ᠠᠳᠠᠯᠢᠳᠬᠠᠵᠤ ᠪᠤᠯᠬᠤ ᠪᠦᠷᠢᠳᠭᠡᠯ ᠎ ᠢᠶᠠᠷ ᠪᠤᠳᠤᠪᠠᠯ᠂ ᠪᠦᠬᠦ ᠬᠤᠰᠢᠭᠤᠨ ᠤ ᠣᠷᠣᠨ ᠨᠣᠳᠤᠭ ᠤᠨ ᠦᠢᠯᠡᠳᠪᠦᠷᠢᠯᠡᠯ ᠤᠨ ᠶᠡᠷᠦᠩᠬᠡᠢ ᠦᠷᠳᠡᠭ ᠢ 50 ᠳ᠋ᠦᠩᠰᠢᠭᠤᠷ ᠲᠦᠬᠦᠷᠢᠭ ᠪᠠᠶᠠᠯᠡᠬᠦᠯᠪᠠ᠃ ᠬᠢᠵᠠᠭᠠᠷᠯᠠᠭᠰᠠᠨ ᠲᠤᠭ᠎ᠠ ᠠᠴᠠ ᠲᠡᠭᠡᠭᠰᠢᠬᠢ ᠳᠣᠭᠳᠠᠮᠠᠯ ᠬᠦᠷᠦᠩᠬᠡ ᠶᠢᠨ ᠪᠡᠯᠡ ᠣᠷᠣᠭᠤᠯᠣᠯᠳᠠ ᠶᠢ 31 ᠳ᠋ᠦᠩᠰᠢᠭᠤᠷ ᠲᠦᠬᠦᠷᠢᠭ ᠪᠠᠶᠠᠯᠡᠬᠦᠯᠪᠠ᠃ ᠡᠩ ᠤᠨ ᠣᠯᠠᠨ ᠨᠡᠶᠢᠳᠡ ᠶᠢᠨ ᠡᠳ᠋ ᠤᠨ ᠵᠠᠰᠠᠭ ᠤᠨ ᠲᠦᠰᠦᠪ ᠤᠨ ᠣᠷᠣᠯᠭ᠎ᠠ ᠶᠢ 6.5 ᠳ᠋ᠦᠩᠰᠢᠭᠤᠷ ᠲᠦᠬᠦᠷᠢᠭ ᠪᠠᠶᠠᠯᠡᠬᠦᠯᠪᠠ᠃ ᠨᠡᠶᠢᠬᠡᠮ ᠤᠨ ᠬᠡᠷᠡᠭᠯᠡᠬᠡᠨ ᠤ ᠲᠠᠸᠠᠷ ᠢ ᠵᠢᠵᠢᠭᠯᠡᠨ ᠪᠣᠷᠣᠯᠠᠭᠤᠯᠣᠭᠰᠠᠨ ᠶᠡᠷᠦᠩᠬᠡᠢ ᠳᠤᠭ᠎ᠠ ᠶᠢ 7.1 ᠳ᠋ᠦᠩᠰᠢᠭᠤᠷ ᠲᠦᠬᠦᠷᠢᠭ ᠪᠠᠶᠠᠯᠡᠬᠦᠯᠪᠠ᠃ ᠬᠤᠳᠠ ᠪᠠᠯᠭᠠᠰᠣ ᠶᠢᠨ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠦᠮᠦᠨ ᠳᠣᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢ 2,8652 ᠲᠦᠬᠦᠷᠢᠭ ᠪᠠᠶᠠᠯᠡᠬᠦᠯᠪᠠ᠃ ᠮᠠᠯᠵᠢᠬᠤ ᠣᠷᠣᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠎ ᠤᠨ ᠬᠦᠮᠦᠨ ᠳᠣᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢ 20,016 ᠲᠦᠬᠦᠷᠢᠭ ᠪᠠᠶᠠᠯᠡᠬᠦᠯᠪᠠ᠃ ᠬᠤᠳᠠ ᠪᠠᠯᠭᠠᠰᠤ ᠶᠢᠨ ᠠᠵᠢᠯ ᠠᠯᠳᠠᠭᠰᠠᠳ ᠤᠨ ᠲᠠᠩᠰᠠᠯᠠᠭᠤᠯᠤᠯᠳᠠ ᠶᠢᠨ ᠨᠤᠷᠮ᠎ᠠ ᠶᠢ 4 % ᠲᠤᠳᠤᠷ᠎ᠠ ᠬᠢᠵᠠᠭᠠᠷᠯᠠᠪᠠ᠃      ︵ᠬᠤᠶᠠᠷ︶ ᠠᠮᠢ ᠠᠬᠤᠢ ᠶᠢᠨ ᠪᠤᠯᠪᠠᠰᠤᠨ ᠤ ᠬᠠᠮᠠᠭᠠᠯᠠᠯᠳᠠ ᠰᠢᠨ᠎ᠡ ᠰᠢᠪᠳᠤᠯᠤᠯᠳᠠ ᠲᠠᠢ ᠪᠤᠯᠪᠠ᠃ ᠬᠦᠯᠦᠨ ᠨᠠᠭᠤᠷ ᠢ ᠶᠡᠷᠦᠩᠬᠡᠶᠢᠯᠡᠨ ᠵᠠᠰᠠᠬᠤ ᠶᠢ ᠯᠠᠪᠳᠠᠭᠤᠨ ᠪᠠᠳᠤᠳᠠᠢ ᠲᠦᠯᠬᠢᠨ ᠠᠬᠢᠭᠤᠯᠪᠠ᠃ 8,416 ᠲᠦᠮᠡᠨ ᠲᠦᠬᠦᠷᠢᠭ ᠤᠨ ᠪᠡᠯᠡ ᠣᠷᠣᠭᠤᠯᠵᠦ᠂ ᠬᠦᠯᠦᠨ ᠨᠠᠭᠤᠷ ᠤᠨ ᠣᠷᠣᠰᠬᠠᠯ ᠤᠨ ᠣᠷᠣᠨ ᠤ ᠠᠮᠢ ᠠᠬᠤᠢ ᠪᠠ ᠣᠷᠴᠢᠨ ᠳᠣᠭᠤᠷᠢᠨ ᠢ ᠶᠡᠷᠦᠩᠬᠡᠶᠢᠯᠡᠨ ᠵᠠᠰᠠᠬᠤ ᠨᠢᠭᠡᠳᠤᠭᠡᠷ ᠬᠤᠭᠤᠴᠠᠭᠠᠨ ᠤ ᠢᠨᠵᠧᠨᠧᠷᠢᠩ ᠢ ᠬᠡᠷᠡᠭᠵᠢᠬᠦᠯᠵᠤ᠂ ᠠᠮᠢ ᠠᠬᠤᠢ ᠶᠢᠨ ᠨᠡᠬᠦᠳᠡᠯ ᠠᠷᠠᠳ ᠢ 190 ᠡᠷᠦᠬᠡ ᠨᠡᠬᠦᠯᠬᠡᠨ᠂ ᠨᠠᠭᠤᠷ ᠢ ᠳᠣᠭᠤᠷᠢᠭᠰᠠᠨ 13.2 ᠲᠦᠮᠡᠨ ᠮᠦ ᠡᠯᠡᠰᠦᠷᠬᠡᠭ ᠭᠠᠵᠠᠷ ᠢ ᠰᠠᠷᠭᠡᠶᠢᠯᠠᠨ ᠵᠠᠰᠠᠵᠤ᠂ ᠦᠵᠡᠮᠵᠢᠳᠤ ᠤᠷᠤᠨ ᠤ10 ᠡᠵᠡᠩᠨᠠᠯᠳᠠ ᠶᠢᠨ ᠴᠡᠭ ᠢ ᠨᠤᠷᠠᠭᠠᠵᠤ᠂ ᠨᠠᠭᠤᠷ ᠲᠠᠭᠠᠥ 30.8 ᠺᠢᠯᠤᠮᠧᠲᠷ ᠪᠢᠳᠡᠬᠦᠮᠵᠢᠯᠠᠵᠤ᠂ ᠬᠤᠭ ᠨᠣᠪᠰᠢ ᠶᠢ ᠬᠦᠳᠡᠷᠵᠢᠬᠦᠯᠦᠨ ᠰᠢᠳᠠᠭᠠᠬᠤ ᠵᠣᠤᠬ᠎ᠠ ᠶᠢ 9 ᠪᠠᠶᠢᠭᠤᠯᠣᠨ᠂ ᠪᠣᠵᠠᠷ ᠣᠰᠣ ᠰᠢᠢᠳᠪᠦᠷᠢᠯᠡᠬᠦ ᠳᠣᠷᠰᠢᠯᠳᠠ ᠶᠢᠨ ᠴᠡᠭ 1 ᠪᠠᠶᠢᠭᠤᠯᠪᠠ᠃ ︽ᠡᠭᠡ ᠭᠤᠥᠯ ᠢ ᠬᠠᠮᠠᠭᠠᠯᠠᠵᠤ᠂ ᠨᠠᠮ ᠤᠨ ᠠᠷᠪᠠᠨ ᠶᠢᠰᠤᠳᠤᠭᠡᠷ ᠶᠡᠭᠡ ᠬᠤᠷᠠᠯ ᠢ ᠪᠠᠶᠠᠷᠯᠠᠨ ᠤᠭᠳᠤᠬᠤ᠂ ᠬᠦᠯᠤᠨ ᠨᠠᠭᠤᠷ ᠤᠨ ᠣᠷᠣᠰᠬᠠᠯ ᠤᠨ ᠣᠷᠣᠨ ᠤ ᠣᠷᠴᠢᠨ ᠳᠣᠭᠤᠷᠢᠨ ᠤ ᠡᠷᠡᠬᠦᠯ ᠬᠠᠮᠠᠭᠠᠯᠠᠯ ᠢ ᠵᠠᠰᠠᠬᠤ ᠲᠤᠮᠤ ᠬᠡᠯᠪᠡᠷᠢ ᠶᠢᠨ ᠠᠵᠢᠯᠯᠠᠭ᠎ᠠ︾ ᠦᠷᠨᠢᠬᠦᠯᠵᠤ᠂ ᠨᠠᠭᠤᠷ ᠲᠠᠭᠠᠥ ᠣᠷᠣᠨ ᠤ ᠪᠤᠬᠢᠷᠳᠤᠯ ᠢ ᠪᠦᠬᠦ ᠲᠠᠯ᠎ᠠ ᠪᠠᠷ ᠵᠠᠰᠠᠨ ᠴᠡᠭᠴᠡᠯᠠᠪᠠ᠃ ᠭᠤᠥᠯ ᠤᠨ ᠲᠠᠷᠤᠭ᠎ᠠ ᠶᠢᠨ ᠰᠢᠰᠲ᠋ᠧᠮ ᠢ ᠪᠠᠶᠢᠭᠤᠯᠵᠤ᠂ ᠭᠤᠥᠯ ᠮᠦᠷᠠᠨ ᠤ ᠬᠠᠮᠢᠶᠠᠷᠤᠯᠳᠠ ᠶᠢᠨ ᠦᠷᠳᠡᠭᠡ ᠨᠠᠮᠠᠵᠤ ᠪᠠᠶᠢᠭᠤᠯᠤᠨ᠂ ᠭᠤᠥᠯ ᠤᠨ ᠲᠠᠷᠤᠭ᠎ᠠ ᠶᠢᠨ ᠬᠠᠮᠢᠶᠠᠷᠤᠯᠳᠠ ᠶᠢᠨ ᠲᠦᠷᠢᠮ ᠢ ᠪᠦᠬᠦ ᠲᠠᠯ᠎ᠠ ᠪᠠᠷ ᠬᠡᠷᠡᠭᠵᠢᠬᠦᠯᠪᠠ᠃        ᠲᠠᠯ᠎ᠠ ᠨᠤᠳᠤᠭ ᠤᠨ ᠠᠮᠢ ᠠᠬᠤᠢ ᠶᠢᠨ ᠬᠠᠮᠠᠭᠠᠯᠠᠯᠳᠠ ᠶᠢ ᠦᠷᠬᠦᠯᠵᠢᠯᠠᠨ ᠴᠢᠩᠭᠠᠳᠬᠠᠪᠠ᠃ ᠰᠢᠨ᠎ᠡ ᠨᠢᠭᠡᠨ ᠡᠭᠡᠯᠵᠢ ᠶᠢᠨ ᠲᠠᠯ᠎ᠠ ᠨᠤᠳᠤᠭ ᠤᠨ ᠠᠮᠢ ᠠᠬᠤᠢ ᠎ ᠶᠢᠨ ᠱᠠᠩᠨᠠᠨ ᠨᠦᠬᠦᠪᠤᠷᠢᠯᠠᠬᠦ ᠲᠤᠭᠳᠠᠴᠠ ᠶᠢ ᠴᠢᠩᠭ᠎ᠠ ᠬᠡᠷᠡᠭᠵᠢᠬᠦᠯᠵᠤ᠂ 1.93 ᠳ᠋ᠦᠩᠰᠢᠭᠤᠷ ᠲᠦᠬᠦᠷᠢᠭ ᠤᠨ ᠱᠠᠩᠨᠠᠨ ᠨᠦᠬᠦᠪᠦᠷᠢᠯᠡᠬᠦ ᠮᠦᠡᠭᠬᠦ ᠳᠠᠷᠬᠠᠭᠠᠵᠦ᠂ 400 ᠲᠦᠮᠡᠨ ᠮᠦ ᠨᠣᠳᠤᠭ ᠪᠡᠯᠴᠢᠬᠡᠷ ᠲᠤ ᠪᠡᠯᠴᠢᠬᠡᠷᠯᠡᠬᠦ ᠶᠢ ᠵᠣᠭᠰᠣᠭᠠᠨ᠂ ᠮᠠᠯ ᠪᠡᠯᠴᠢᠬᠡᠷ ᠢ ᠲᠡᠩᠴᠡᠭᠦᠷᠢᠳᠡᠢ ᠪᠠᠶᠢᠯᠭᠠᠬᠤ ᠨᠣᠳᠤᠭ ᠪᠡᠯᠴᠢᠭᠡᠷ 3013 ᠲᠦᠮᠡᠨ ᠮᠦ ᠳᠤ ᠬᠦᠷᠪᠡ᠃ ᠰᠢᠨᠵᠢᠯᠡᠭᠡ ᠮᠡᠷᠭᠡᠵᠢᠯ ᠤᠨ ᠰᠢᠨ᠎ᠡ ᠶᠢ ᠡᠭᠦᠳᠴᠤ᠂10 ᠲᠦᠮᠡᠨ ᠮᠦ ᠡᠪᠡᠰᠤ ᠪᠡᠯᠴᠢᠭᠡᠷ ᠢ ᠰᠠᠶᠢᠵᠢᠷᠠᠭᠤᠯᠪᠠ᠃ ︽ᠭᠠᠵᠠᠷ ᠰᠢᠷᠤᠢ ᠶᠢᠨ ᠠᠰᠢᠭᠯᠠᠯᠳᠠ ᠎ ᠶᠢᠨ ᠶᠡᠷᠤᠩᠭᠡᠢ ᠲᠦᠯᠤᠪᠵᠢᠬᠦᠯᠭᠡ︾ ᠪᠤᠯᠤᠨ ︽ᠭᠠᠵᠠᠷ ᠰᠢᠷᠤᠢ ᠶᠢ ᠵᠠᠰᠠᠨ ᠴᠡᠭᠴᠡᠯᠡᠬᠦ ᠲᠦᠯᠤᠪᠵᠢᠬᠦᠯᠭᠡ︾ ᠪᠠ ︽ᠠᠭᠤᠷᠬᠠᠢ ᠶᠢᠨ ᠡᠬᠢ ᠪᠠᠶᠠᠯᠢᠭ ᠤᠨ ᠶᠡᠷᠤᠩᠭᠡᠢ ᠲᠦᠯᠤᠪᠵᠢᠬᠦᠯᠭᠡ︾᠎ ᠶᠢ ᠨᠠᠶᠢᠷᠠᠭᠤᠯᠤᠨ ᠲᠠᠭᠤᠰᠬᠠᠪᠠ᠃ 703 ᠲᠦᠮᠡᠨ ᠲᠦᠬᠦᠷᠢᠭ ᠎ ᠤᠨ ᠪᠡᠯᠡ ᠤᠷᠤᠭᠤᠯᠤᠨ᠂ ᠠᠭᠤᠷᠬᠠᠢ ᠶᠢᠨ ᠭᠠᠵᠠᠷ ᠰᠢᠨᠵᠢᠯᠡᠬᠡᠨ ᠤ ᠣᠷᠴᠢᠨ ᠳᠣᠭᠤᠷᠢᠨ ᠢ 135 ᠡᠾᠧᠺᠲ᠋ᠠᠷ ᠵᠠᠰᠠᠪᠠ᠃ 2 ᠲᠦᠮᠡᠨ ᠮᠦ ᠬᠠᠯᠬᠠᠪᠴᠢ ᠤᠢ ᠶᠢ ᠪᠢᠳᠡᠬᠦᠮᠵᠢᠯᠡᠨ ᠤᠶᠢᠵᠢᠭᠤᠯᠵᠤ᠂ ᠭᠤᠣᠯᠳᠠᠯᠭ᠎ᠠ ᠲᠠᠢ ᠣᠷᠣᠨ ᠢ 550 ᠮᠦ ᠨᠤᠭᠤᠭᠠᠷᠠᠭᠤᠯᠵᠤ᠂ 5 ᠲᠦᠮᠡᠨ ᠰᠠᠭᠤᠷᠢ ᠠᠯᠪᠠᠨ ᠵᠢᠷᠤᠮ ᠤᠨ ᠮᠤᠳᠤ ᠲᠠᠷᠢᠪᠠ᠃ ᠮᠠᠯᠵᠢᠬᠤ ᠤᠷᠤᠨ ᠤ ᠣᠰᠣ ᠣᠮᠳᠠ ᠶᠢᠨ ᠠᠮᠣᠷ ᠲᠦᠪᠰᠢᠨ ᠢ ᠪᠠᠬᠢᠵᠢᠬᠦᠯᠤᠨ ᠲᠡᠭᠡᠭᠰᠢᠯᠡᠬᠦᠯᠬᠦ ᠢᠨᠵᠧᠨᠧᠷᠢᠩ ᠢ ᠶᠡᠬᠡᠪᠡᠷ ᠬᠡᠷᠡᠭᠵᠢᠬᠦᠯᠤᠨ᠂ 1000 ᠭᠠᠷᠤᠢ ᠬᠦᠮᠦᠨ ᠤ ᠣᠰᠣ ᠣᠮᠳᠠ ᠶᠢᠨ ᠠᠮᠣᠷ ᠲᠦᠪᠰᠢᠨ ᠤ ᠠᠰᠠᠭᠤᠳᠠᠯ ᠢ ᠰᠢᠢᠳᠪᠦᠷᠢᠯᠡᠪᠡ᠃ ᠤᠷᠤᠨ ᠲᠤᠭᠤᠷᠢᠭ ᠤᠨ ᠬᠠᠥᠯᠢ ᠬᠡᠷᠡᠭᠵᠢᠬᠦᠯᠬᠦ ᠶᠢ ᠴᠢᠩᠭᠠᠳᠬᠠᠵᠤ᠂ ᠵᠡᠭᠡᠷ᠎ᠠ᠂ ᠤᠯᠠᠷᠢᠯ ᠤᠨ ᠰᠢᠪᠡᠭᠤ᠂ ᠬᠠᠶᠢᠷᠠᠭᠤᠴᠠᠢ ᠶᠢᠨ ᠤᠷᠤᠰᠢᠨ ᠠᠮᠢᠳᠤᠷᠠᠬᠤ ᠤᠷᠤᠨ ᠢ ᠪᠦᠳᠤᠮᠵᠢᠳᠠᠢ ᠬᠠᠮᠠᠭᠠᠯᠠᠪᠠ᠃ ᠭᠠᠯ ᠢ ᠰᠡᠷᠭᠡᠶᠢᠯᠠᠨ ᠤᠨᠳᠠᠷᠠᠭᠠᠬᠤ ᠰᠢᠰᠲ᠋ᠧᠮ ᠢ ᠠᠯᠬᠤᠮ ᠴᠢᠨᠠᠭᠰᠢᠳᠠ ᠲᠡᠭᠦᠯᠳᠡᠷᠵᠢᠬᠦᠯᠵᠤ᠂ ᠪᠦᠬᠦ ᠵᠢᠯ ᠳᠤ ᠬᠦᠨᠳᠦ ᠶᠡᠭᠡ ᠤᠢ ᠰᠢᠭᠤᠢ ᠲᠠᠯ᠎ᠠ ᠨᠤᠳᠤᠭ ᠤᠨ ᠭᠠᠯ ᠤᠨ ᠠᠶᠤᠯ ᠡᠭᠦᠰᠦᠭᠰᠡᠨ ᠦᠭᠡᠢ ᠪᠠᠶᠢᠵᠤ᠂ ᠲᠠᠯ᠎ᠠ ᠨᠤᠳᠤᠭ ᠤᠨ ᠠᠮᠢ ᠠᠬᠤᠢ ᠶᠢᠨ ᠤᠷᠴᠢᠨ ᠲᠤᠭᠤᠷᠢᠨ ᠢ ᠪᠦᠳᠤᠮᠵᠢᠳᠠᠢ ᠬᠠᠮᠠᠭᠠᠯᠠᠪᠠ᠃      ᠤᠷᠴᠢᠨ ᠲᠤᠭᠤᠷᠢᠨ ᠤ ᠬᠠᠮᠠᠭᠠᠯᠠᠯᠳᠠ ᠶᠢᠨ ᠬᠢᠨᠠᠨ ᠬᠠᠮᠢᠶᠠᠷᠤᠯᠳᠠ ᠶᠢ ᠴᠢᠩᠭᠠᠳᠬᠠᠪᠠ᠃ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠳᠠ ᠶᠢ ᠲᠦᠷᠭᠡᠳᠭᠡᠬᠦ ᠎ ᠪᠠᠷ ᠤᠳᠤᠷᠢᠳᠤᠮᠵᠢ ᠪᠤᠯᠭᠠᠨ᠂ ᠲᠦᠪ ᠤᠨ ᠤᠷᠴᠢᠨ ᠲᠤᠭᠤᠷᠢᠨ ᠤ ᠱᠠᠭᠠᠷᠳᠠᠨ ᠪᠠᠶᠢᠴᠠᠭᠠᠯᠳᠠ ᠶᠢᠨ ᠬᠠᠷᠢᠭᠤ ᠲᠤᠰᠬᠠᠯ ᠤᠨ ᠰᠠᠨᠠᠯ ᠢ ᠪᠦᠬᠦ ᠬᠦᠴᠤᠨ ᠢᠶᠠᠷ ᠢᠶᠠᠨ ᠨᠠᠶᠢᠳᠠᠪᠤᠷᠢᠵᠢᠭᠤᠯᠪᠠ᠃ ᠣᠷᠴᠢᠨ ᠳᠣᠭᠤᠷᠢᠨ ᠤ ᠴᠢᠨᠠᠷ ᠴᠢᠨᠰᠠᠭ᠎ᠠ ᠶᠢ ᠬᠦᠴᠤᠯᠡᠨ ᠰᠠᠶᠢᠵᠢᠷᠠᠭᠤᠯᠵᠤ᠂ ᠤᠷᠴᠢᠨ ᠲᠤᠭᠤᠷᠢᠨ ᠤ ᠬᠠᠥᠯᠢ ᠬᠡᠷᠡᠭᠵᠢᠬᠦᠯᠬᠦ ᠬᠢᠨᠠᠨ ᠪᠠᠶᠢᠴᠠᠭᠠᠯᠳᠠ ᠶᠢ ᠨᠡᠶᠢᠳᠡ 220 ᠤᠳᠠᠭ᠎ᠠ ᠦᠷᠨᠢᠬᠦᠯᠪᠠ᠃ ᠤᠰᠤ᠂ ᠠᠭᠠᠷ᠂ ᠬᠦᠷᠤᠰᠤ ᠰᠢᠷᠤᠢ ᠶᠢᠨ ᠪᠠᠬᠢᠯᠠᠯᠳᠠ ᠰᠢᠪᠳᠤᠯᠬᠤ ᠲᠠᠶᠢᠯᠠᠯᠳᠤᠭᠠᠨ ᠢ ᠰᠠᠶᠢᠳᠤᠷ ᠬᠢᠪᠡ᠃ ᠬᠦᠯᠤᠨ ᠪᠠᠯᠭᠠᠰᠤ ᠵᠡᠷᠭᠡ 3 ᠭᠠᠵᠠᠷ ᠤᠨ ︽ᠤᠰᠤᠨ ᠤ ᠡᠬᠢ ᠭᠠᠵᠠᠷ ᠤᠨ ᠬᠠᠮᠠᠭᠠᠯᠠᠯᠳᠠ ᠶᠢᠨ ᠲᠤᠭᠤᠷᠢᠭ ᠤᠨ ᠲᠦᠯᠤᠪᠵᠢᠬᠦᠯᠬᠡ︾᠎ ᠶᠢ ᠨᠠᠶᠢᠷᠠᠭᠤᠯᠤᠨ ᠲᠠᠭᠤᠰᠬᠠᠵᠤ᠂ ᠰᠤᠮᠤ ᠪᠠᠯᠭᠠᠰᠤ ᠶᠢᠨ ᠲᠦᠪᠯᠡᠷᠡᠭᠰᠡᠨ ᠬᠡᠯᠪᠡᠷᠢ ᠶᠢᠨ ᠤᠥᠭᠤᠬᠤ ᠤᠰᠤᠨ ᠤ ᠪᠠᠷᠢᠮᠵᠢᠶᠠᠨ ᠳᠤ ᠬᠦᠷᠦᠭᠰᠡᠨ ᠨᠤᠷᠮ᠎ᠠ 90 %᠎ ᠠᠴᠠ ᠲᠡᠭᠡᠭᠰᠢ ᠳᠤ ᠬᠦᠷᠴᠤ᠂ ᠤᠰᠤ ᠬᠡᠷᠡᠭᠯᠡᠬᠦ ᠠᠯᠤᠰ ᠡᠵᠡᠮᠰᠢᠯ ᠤᠨ ᠰᠦᠯᠵᠢᠶᠠᠨ ᠳᠠᠬᠢ ᠬᠢᠨᠠᠨ ᠡᠵᠡᠮᠳᠡᠬᠦ ᠲᠦᠬᠦᠭᠡᠷᠤᠮᠵᠢ ᠶᠢ ᠰᠢᠨ᠎ᠡ ᠪᠠᠷ 5 ᠨᠡᠮᠡᠭᠳᠡᠨ᠂ ᠤᠰᠤ ᠶᠢ ᠬᠠᠮᠠᠭᠠᠯᠠᠵᠤ ᠵᠠᠰᠠᠨ ᠴᠡᠭᠴᠡᠯᠡᠭᠰᠡᠨ ᠲᠠᠯᠠᠪᠠᠢ ᠰᠢᠨ᠎ᠡ ᠪᠠᠷ 6 ᠲᠦᠮᠡᠨ ᠮᠦ  ᠨᠡᠮᠡᠭᠳᠡᠵᠦ᠂ ᠤᠯᠤᠰ ᠪᠠ ᠦᠪᠡᠷᠳᠡᠭᠡᠨ ᠵᠠᠰᠠᠬᠤ ᠤᠷᠤᠨ ᠤ ᠲᠡᠰ ᠤᠨ 8 ᠤᠰᠤᠨ ᠤ ᠴᠢᠳᠡᠪᠬᠢᠳᠤ ᠤᠷᠤᠨ ᠤ ᠬᠢᠨᠠᠨ ᠬᠡᠮᠵᠢᠯᠳᠠ ᠶᠢ ᠪᠦᠬᠦᠨ ᠢ ᠪᠦᠷᠬᠦᠬᠦᠯᠬᠦ᠋ᠢ ᠪᠠᠶᠠᠯᠡᠬᠦᠯᠪᠠ᠃ ᠭᠤᠥᠯᠳᠠᠯᠭ᠎ᠠ ᠲᠠᠢ ᠠᠵᠢᠯ ᠲᠦᠷᠤᠯ ᠤᠨ ᠠᠭᠠᠷ ᠮᠠᠨᠳᠠᠯ ᠤᠨ ᠪᠤᠬᠢᠷᠳᠤᠯ ᠢ ᠵᠠᠰᠠᠨ ᠴᠡᠭᠴᠡᠯᠡᠬᠦ ᠶᠢ ᠬᠦᠨᠵᠡᠭᠡᠢ ᠦᠷᠨᠢᠬᠦᠯᠵᠤ᠂ ᠤᠷᠴᠢᠨ ᠲᠤᠭᠤᠷᠢᠨ ᠤ ᠠᠭᠠᠷ ᠤᠨ ᠶᠠᠰᠤ ᠴᠢᠨᠠᠷ ᠪᠦᠬᠦ ᠵᠢᠯ ᠳᠤ ᠨᠢᠭᠡᠳᠤᠭᠡᠷ ᠲᠡᠰ ᠤᠨ ᠪᠠᠷᠢᠮᠵᠢᠶᠠᠨ ᠳᠤ ᠪᠠᠶᠢᠬᠤ ᠶᠢ ᠪᠠᠳᠤᠯᠠᠪᠠ᠃ ᠪᠤᠬᠢᠷᠳᠤᠯ ᠤᠨ ᠡᠬᠢ ᠡᠬᠦᠰᠤᠯ ᠢ ᠬᠢᠨᠠᠨ ᠡᠵᠡᠮᠳᠡᠬᠦ ᠶᠢ ᠴᠢᠩᠭᠠᠤᠡᠬᠠᠨ᠂ ︽ᠬᠤᠶᠠᠷ ᠨᠠᠭᠤᠷ᠂ ᠬᠤᠶᠠᠷ ᠭᠤᠥᠯ︾᠎ ᠤᠨ ᠤᠶᠢᠷ᠎ᠠ ᠬᠠᠪᠢ ᠶᠢᠨ ᠪᠤᠬᠢᠷᠳᠤᠯ ᠤᠨ ᠡᠬᠢ ᠶᠢ ᠵᠠᠰᠠᠨ ᠴᠡᠭᠴᠡᠯᠡᠵᠦ᠂ ᠠᠶᠤᠯᠳᠠᠢ ᠬᠠᠶᠠᠭᠳᠠᠮᠠᠯ ᠪᠤᠳᠠᠰ ᠤᠶᠢᠷ᠎ᠠ ᠬᠠᠪᠢ ᠶᠢᠨ ᠬᠦᠷᠤᠰᠤ ᠰᠢᠷᠤᠢ ᠶᠢ ᠪᠤᠬᠢᠷᠳᠤᠭᠤᠯᠬᠤ ᠶᠢ ᠪᠦᠳᠤᠮᠵᠢᠳᠠᠢ ᠬᠤᠷᠢᠭᠯᠠᠪᠠ᠃ _menksoft_page_break_tag_       ︵ᠭᠤᠷᠪᠠ︶ ᠦᠭᠡᠷᠠᠴᠢᠯᠠᠯᠳᠠ ᠬᠦᠭᠵᠢᠯᠳᠡ ᠶᠢᠨ ᠰᠢᠨ᠎ᠡ ᠬᠦᠳᠡᠯᠭᠡᠭᠴᠢ ᠬᠦᠴᠤᠨ ᠢ ᠪᠠᠳᠠᠷᠠᠭᠤᠯᠪᠠᠦᠭᠡᠷᠠᠴᠢᠯᠠᠯᠳᠠ ᠶᠢᠨ ᠬᠦᠷᠢᠶ᠎ᠡ ᠬᠡᠪᠴᠢᠶᠡᠨ ᠳᠤ ᠰᠢᠨ᠎ᠡ ᠦᠷ᠎ᠠ ᠪᠦᠳᠤᠮᠵᠢ ᠤᠯᠪᠠ᠃ ︽ᠲᠠᠯᠪᠢᠬᠤ᠂ ᠬᠠᠮᠢᠶᠠᠷᠬᠤ᠂ ᠦᠢᠯᠡᠴᠢᠯᠡᠬᠦ︾ ᠦᠭᠡᠷᠠᠴᠢᠯᠠᠯᠳᠠ ᠴᠢᠨᠠᠭᠰᠢᠳᠠ ᠬᠦᠨᠵᠡᠬᠡᠶᠢᠷᠡᠨ᠂ ᠵᠠᠰᠠᠭ ᠵᠠᠬᠢᠷᠭᠠᠨ ᠤ ᠬᠢᠨᠠᠨ ᠵᠦᠪᠰᠢᠶᠠᠷᠠᠯ ᠤᠨ ᠦᠢᠯᠡᠴᠢᠯᠡᠭᠡᠨ ᠤ ᠠᠵᠢᠯ ᠤᠨ ᠲᠦᠷᠢᠮᠵᠢᠬᠦᠨ ᠡᠷᠬᠢᠯᠳᠠ ᠶᠢ ᠠᠬᠢᠭᠤᠯᠵᠤ᠂ ᠠᠵᠤ ᠠᠬᠤᠶᠢᠯᠠᠯ ᠤᠨ ᠲᠠᠩᠰᠠᠯᠠᠭᠤᠯᠤᠯᠳᠠ ᠶᠢᠨ ︽ᠲᠤᠯᠤᠭᠠᠨ ᠭᠡᠷᠡᠴᠢ ᠶᠢ ᠨᠢᠭᠡ ᠪᠤᠯᠭᠠᠬᠤ︾᠂ ᠬᠤᠪᠢ ᠶᠢᠨ ᠡᠵᠡᠩᠨᠡᠯᠳᠡ ᠶᠢᠨ ᠲᠠᠩᠰᠠᠯᠠᠭᠤᠯᠤᠯᠳᠠ ᠶᠢᠨ ︽ᠬᠤᠶᠠᠷ ᠦᠨᠡᠮᠯᠠᠯ ᠢ ᠨᠢᠭᠡᠳᠭᠡᠬᠦ︾ ᠡᠯᠧᠺᠲᠷᠤᠨᠴᠢᠯᠠᠭᠰᠠᠨ ᠦᠭᠡᠷᠠᠴᠢᠯᠠᠯᠳᠠ ᠶᠢ ᠬᠡᠷᠡᠭᠵᠢᠬᠦᠯᠵᠤ᠂ ᠡᠯ᠎ᠠ ᠲᠦᠷᠤᠯ ᠤᠨ ᠭᠡᠷᠡᠴᠢ ᠦᠨᠠᠮᠯᠠᠯ  ᠢ 1879 ᠬᠤᠪᠢ ᠲᠠᠷᠤᠮᠠᠯᠯᠠᠨ ᠲᠠᠷᠬᠠᠭᠠᠪᠠ᠃ ᠲᠤᠭᠳᠠᠮᠠᠯ ᠬᠦᠷᠦᠩᠭᠡ ᠶᠢ ᠲᠠᠩᠰᠠᠯᠠᠬᠤ ᠠᠵᠢᠯ ᠲᠤᠪᠤᠶᠢᠮ᠎ᠠ ᠦᠷ᠎ᠠ ᠪᠦᠳᠤᠮᠵᠢ ᠤᠯᠵᠤ᠂ ᠲᠤᠭᠳᠠᠮᠠᠯ ᠬᠦᠷᠦᠩᠭᠡ ᠶᠢᠨ ᠦᠮᠴᠢᠯᠠᠯ ᠤᠨ ᠲᠡᠪᠳᠡᠷ ᠢ 2376 ᠲᠠᠷᠬᠠᠭᠠᠪᠠ᠃ ᠵᠠᠰᠠᠭ ᠵᠠᠬᠢᠷᠭᠠᠨ ᠤ ᠬᠠᠥᠯᠢ ᠬᠡᠷᠡᠭᠵᠢᠬᠦᠯᠬᠦ ᠪᠠᠶᠢᠭᠤᠯᠤᠮᠵᠢ ᠶᠢᠨ ᠦᠭᠡᠷᠠᠴᠢᠯᠠᠯᠳᠠ ᠶᠢ ᠬᠦᠨᠵᠡᠬᠡᠶᠢᠷᠡᠬᠦᠯᠤᠨ᠂ ᠬᠠᠥᠯᠢ ᠬᠡᠷᠡᠭᠵᠢᠬᠦᠯᠬᠦ ᠴᠢᠳᠡᠪᠬᠢ ᠶᠢ ᠨᠢᠭᠡᠳᠭᠡᠨ ᠲᠤᠷᠤᠭᠰᠢ ᠪᠠᠭᠤᠯᠭᠠᠵᠤ᠂ ᠵᠠᠰᠠᠭ ᠵᠠᠬᠢᠷᠭᠠᠨ ᠤ ᠬᠠᠥᠯᠢ ᠬᠡᠷᠡᠭᠵᠢᠬᠦᠯᠬᠦ ᠦᠷ᠎ᠠ ᠪᠦᠳᠤᠮᠵᠢ ᠮᠡᠳᠡᠭᠳᠡᠮ᠎ᠡ ᠲᠡᠭᠡᠭᠰᠢᠯᠡᠪᠡ᠃ ᠤᠯᠤᠰ ᠤᠨ ᠦᠮᠴᠢᠯᠡᠯᠳᠤ ᠤᠢ ᠰᠢᠭᠤᠢ ᠶᠢᠨ ᠲᠠᠯᠠᠪᠠᠢ ᠶᠢᠨ ᠦᠭᠡᠷᠠᠴᠢᠯᠠᠯᠳᠠ ᠶᠢ ᠢᠳᠡᠪᠬᠢᠳᠠᠢ ᠲᠦᠯᠬᠢᠨ ᠠᠬᠢᠭᠤᠯᠵᠤ᠂ ᠤᠯᠤᠰ ᠤᠨ ᠦᠮᠴᠢᠯᠠᠯᠳᠤ ᠲᠠᠯᠠᠢ ᠤᠢ ᠰᠢᠭᠤᠢ ᠶᠢᠨ ᠲᠠᠯᠠᠪᠠᠢ  ᠵᠦᠪᠰᠢᠶᠡᠷᠡᠯ ᠢᠶᠠᠷ ᠲᠠᠬᠢᠨᠳᠠ ᠪᠠᠶᠢᠭᠤᠯᠤᠭᠳᠠᠪᠠ᠃ ᠨᠤᠳᠤᠭ ᠪᠡᠯᠴᠢᠭᠡᠷ ᠢ ᠡᠮᠬᠢ ᠴᠡᠭᠴᠡ ᠲᠠᠢ ᠡᠷᠬᠢᠯᠳᠠ ᠶᠢ ᠲᠦᠷᠭᠡᠳᠭᠡᠵᠤ᠂ ᠭᠠᠴᠠᠭ᠎ᠠ ᠲᠤᠰᠬᠤᠨ ᠤ ᠦᠨᠳᠤᠰᠤᠨ ᠡᠵᠡᠩᠨᠡᠯᠳᠡ ᠶᠢᠨ ᠲᠦᠷᠢᠮ ᠢ ᠲᠡᠭᠦᠯᠳᠡᠷᠵᠢᠬᠦᠯᠤᠨ᠂ ᠬᠠᠮᠳᠤ ᠶᠢᠨ ᠦᠮᠴᠢᠯᠠᠯ ᠤᠨ ᠡᠷᠬᠡ ᠶᠢ ᠪᠠᠳᠤᠯᠠᠵᠤ᠂ ᠮᠠᠯᠴᠢᠳ ᠤᠨ ᠲᠠᠭᠠᠭᠠᠴᠢᠯᠠᠨ ᠡᠵᠡᠩᠨᠡᠬᠦ ᠡᠷᠬᠡ ᠶᠢ ᠲᠤᠭᠳᠠᠪᠤᠷᠢᠵᠢᠭᠤᠯᠤᠨ᠂ ᠭᠠᠵᠠᠷ ᠰᠢᠷᠤᠢ ᠵᠢᠨ‌ᠡᠵᠡᠩᠨᠡᠬᠦ ᠡᠷᠬᠡ ᠶᠢ ᠠᠮᠢᠳᠤᠯᠢᠭ ᠪᠤᠯᠭᠠᠪᠠ᠃ ᠬᠤᠰᠢᠭᠤᠨ ᠤ ᠨᠤᠳᠤᠭ ᠪᠡᠯᠴᠢᠭᠡᠷ ᠤᠨ ᠲᠠᠭᠠᠭᠠᠴᠢᠯᠠᠨ ᠡᠵᠡᠩᠨᠡᠯᠳᠠ ᠶᠢᠨ ᠵᠦᠷᠢᠴᠡᠯ ᠮᠠᠷᠭᠤᠯᠳᠤᠭᠠᠨ ᠢ ᠡᠶᠡᠳᠡᠬᠦᠯᠤᠨ ᠲᠠᠰᠤᠯᠬᠤ ᠵᠦᠪᠯᠠᠯ ᠢ ᠪᠠᠶᠢᠭᠤᠯᠵᠤ᠂ ᠨᠤᠳᠤᠭ ᠪᠡᠯᠴᠢᠭᠡᠷ ᠤᠨ ᠵᠢᠭᠤᠷᠠᠯᠳᠤᠭᠠᠨ ᠢ ᠬᠦᠴᠤᠯᠡᠨ ᠰᠢᠢᠳᠪᠤᠷᠢᠯᠡᠪᠠ᠃ ᠬᠠᠮᠳᠤ ᠶᠢᠨ ᠡᠳ᠋ ᠬᠦᠷᠤᠩᠭᠡ ᠶᠢᠨ ᠬᠤᠪᠢᠴᠠᠭᠠᠳᠤ ᠲᠦᠷᠢᠮ ᠤᠨ ᠦᠭᠡᠷᠠᠴᠢᠯᠠᠯᠳᠠ ᠵᠢ‌‍ᠰᠦ᠋ᠪᠡᠭᠴᠢᠯᠡᠨ᠂ ᠭᠠᠴᠠᠭᠠᠨ ᠤ ᠨᠤᠳᠤᠭ ᠪᠡᠯᠴᠢᠭᠡᠷ ᠢ ᠲᠤᠰᠬᠠᠶᠢᠵᠢᠭᠰᠠᠨ ᠡᠷᠤᠭᠡ᠂ ᠬᠡᠷ ᠪᠦᠯᠢ ᠶᠢᠨ ᠮᠠᠯᠵᠢᠯ ᠤᠨ ᠲᠠᠯᠠᠪᠠᠢ᠂ ᠮᠠᠯᠴᠢᠨ ᠲᠠᠷᠢᠶᠠᠴᠢᠤᠨ ᠤᠨ ᠲᠤᠰᠬᠠᠶᠢᠵᠢᠭᠰᠠᠨ ᠬᠤᠷᠰᠢᠶᠠᠵᠢᠯ‌ᠵᠡᠷᠭᠡ ᠰᠢᠨ᠎ᠡ ᠬᠡᠯᠪᠡᠷᠢ ᠶᠢᠨ ᠡᠵᠡᠩᠨᠡᠯᠳᠡ ᠶᠢᠨ ᠭᠤᠥᠯ ᠴᠤᠭᠴᠠ ᠲᠠᠰᠢ ᠡᠮᠬᠢ ᠴᠡᠭᠴᠡ ᠲᠠᠢ ᠰᠢᠯᠵᠢᠬᠦ ᠶᠢ ᠠᠬᠢᠭᠤᠯᠵᠤ᠂ ᠬᠡᠪᠴᠢᠶᠠᠵᠢᠨ ᠡᠷᠴᠢᠮᠵᠢᠬᠦᠯᠬᠦ ᠬᠦᠭᠵᠢᠯᠳᠡ ᠶᠢᠨ ᠪᠠᠶᠢᠳᠠᠯ ᠢ ᠪᠤᠢ ᠪᠤᠯᠭᠠᠵᠤ᠂ ᠵᠠᠬ᠎ᠠ ᠲᠡᠯᠭᠡᠬᠦᠷ ᠤᠨ ᠠᠮᠢᠵᠢᠷᠠᠯ ᠤᠨ ᠬᠦᠴᠤᠨ ᠢ ᠪᠦᠳᠤᠮᠵᠢᠳᠠᠢ ᠲᠠᠶᠢᠴᠢᠯᠠᠵᠤ᠂ ᠪᠦᠬᠦ ᠬᠤᠰᠢᠭᠤᠨ ᠤ ᠬᠦᠭᠵᠢᠯᠳᠡ ᠶᠢ ᠲᠦᠷᠭᠡᠳᠭᠡᠬᠦ ᠳᠤ ᠰᠢᠨ᠎ᠡ ᠬᠦᠳᠡᠯᠭᠡᠭᠴᠢ ᠬᠦᠴᠤᠨ ᠨᠡᠮᠡᠷᠢᠯᠠᠪᠠ᠃      ᠮᠠᠯ ᠠᠵᠤ ᠠᠬᠤᠢ ᠶᠢᠨ ᠬᠦᠭᠵᠢᠯᠳᠠ ᠰᠢᠨ᠎ᠡ ᠠᠬᠢᠴᠠ ᠲᠠᠢ ᠪᠤᠯᠪᠠ᠃ ᠰᠠᠭᠤᠷᠢ ᠲᠦᠬᠦᠬᠡᠷᠤᠮᠵᠢ ᠶᠢᠨ ᠪᠦᠳᠤᠭᠡᠨ ᠪᠠᠶᠢᠭᠤᠯᠤᠯᠳᠠ ᠶᠢ ᠴᠢᠩᠭᠠᠳᠬᠠᠪᠠ᠃ 5,348 ᠲᠦᠮᠡᠨ ᠲᠦᠬᠦᠷᠢᠭ ᠤᠨ ᠪᠡᠯᠡ ᠣᠷᠣᠭᠤᠯᠵᠦ᠂ 940 ᠬᠠᠰᠢᠶ᠎ᠡ ᠰᠠᠷᠠᠪᠴᠢ᠂ 3 ᠳᠡᠵᠢᠬᠡᠯ ᠪᠣᠷᠳᠤᠭ᠎ᠠ ᠬᠠᠳᠠᠭᠠᠯᠠᠬᠤ ᠬᠦᠮᠦᠷᠭᠡ ᠶᠢ ᠰᠢᠨ᠎ᠡ ᠪᠠᠷ ᠪᠤᠶᠤ ᠦᠷᠭᠡᠳᠭᠡᠨ ᠪᠠᠶᠢᠭᠤᠯᠵᠤ᠂ ᠨᠠᠷᠠ ᠰᠠᠯᠬᠢᠨ ᠤ ᠡᠨᠧᠷᠬᠢ ᠶᠢ ᠬᠠᠷᠢᠯᠴᠠᠨ ᠨᠦᠬᠦᠪᠤᠷᠢᠯᠡᠬᠦ ᠴᠠᠬᠢᠯᠭᠠᠨ ᠭᠠᠷᠭᠠᠬᠤ ᠲᠦᠬᠦᠭᠡᠷᠤᠮᠵᠢ ᠶᠢ 176 ᠢᠵᠢ ᠲᠠᠷᠬᠠᠭᠠᠪᠠ᠃ ᠤᠯᠠᠨ ᠠᠷᠭ᠎ᠠ ᠬᠡᠮᠵᠢᠶ᠎ᠡ ᠪᠠᠷ ᠭᠠᠨᠭ᠌ ᠬᠠᠭᠰᠠᠷᠭᠠᠨ ᠢ ᠡᠰᠡᠷᠭᠦᠴᠡᠪᠡ᠃ 3,190 ᠲᠦᠮᠡᠨ‌‍ᠲ᠋ᠦ᠋ᠬᠦᠷᠢᠭ ᠤᠨ ᠭᠠᠨᠭ᠌ ᠬᠠᠭᠰᠠᠷᠭᠠᠨ ᠢ ᠡᠰᠡᠷᠭᠦᠴᠡᠬᠦ ᠪᠡᠯᠡ ᠮᠦᠡᠭᠬᠦ ᠴᠤᠭᠯᠠᠭᠤᠯᠵᠤ᠂ ᠭᠠᠨᠭ᠌ ᠢ ᠡᠰᠡᠷᠭᠦᠴᠡᠬᠦ ᠬᠤᠳᠳᠤᠭ 211 ᠮᠠᠯᠳᠠᠵᠤ᠂ ᠤᠰᠤᠨ ᠲᠡᠷᠭᠡ ᠪᠠ ᠤᠰᠤᠨ ᠤ ᠰᠠᠪᠠ 81 ᠢᠵᠢ ᠲᠤᠬᠢᠷᠠᠭᠤᠯᠤᠨ ᠲᠡᠷᠬᠠᠭᠠᠵᠤ᠂ ᠬᠦᠮᠤᠨ ᠤ ᠬᠦᠴᠤ  ᠪᠠᠷ 18 ᠤᠳᠠᠭ᠎ᠠ ᠪᠤᠷᠤᠭ᠎ᠠ ᠤᠷᠤᠭᠤᠯᠤᠨ᠂ 18 ᠲᠦᠮᠡᠨ ᠮᠦ ᠨᠤᠳᠤᠭ ᠪᠡᠯᠴᠢᠭᠡᠷ ᠲᠤ ᠡᠮ ᠰᠦᠷᠴᠢᠵᠤ ᠴᠡᠷᠴᠡᠬᠠᠢ ᠤᠰᠠᠳᠬᠠᠪᠠ᠃ ᠮᠠᠯ ᠠᠵᠤ ᠦᠢᠯᠡᠰᠵᠢᠯᠳᠠ ᠶᠢᠨ ᠬᠦᠭᠵᠢᠯᠳᠠ ᠶᠢ ᠠᠬᠢᠭᠤᠯᠪᠠ᠃1.73 ᠳ᠋ᠦᠡᠭᠰᠢᠭᠤᠷ ᠲᠦᠬᠦᠷᠢᠭ ᠤᠨ ᠪᠡᠯᠡ ᠤᠷᠤᠭᠤᠯᠵᠤ᠂ 3000 ᠲᠤᠯᠤᠭᠠᠢ ᠠᠩᠭᠧᠰ ᠮᠢᠬᠠᠨ ᠤ ᠦᠭᠡᠷ ᠤᠨ ᠰᠢᠯᠢᠳᠡᠭ ᠡᠭᠦᠯᠳᠡᠷ ᠢ ᠲᠡᠵᠢᠭᠡᠨ ᠦᠷᠠᠵᠢᠬᠦᠯᠬᠦ ᠲᠠᠯᠠᠪᠠᠢ 1 ᠪᠠᠶᠢᠭᠤᠯᠵᠤ᠂ 6 ᠦᠷ᠎ᠠ ᠶᠢᠨ ᠮᠠᠯ ᠤᠨ ᠲᠠᠯᠠᠪᠠᠢ ᠶᠢ ᠲᠡᠰ ᠲᠠᠪᠰᠢᠬᠦᠯᠤᠨ ᠦᠭᠡᠷᠠᠴᠢᠯᠠᠵᠤ᠂ ᠰᠦ ᠪᠠ ᠮᠢᠬᠠᠨ ‍ᠤ‌‍ᠪᠦ᠋ᠳᠤᠭᠡᠭᠳᠡᠬᠦᠨ ᠢ ᠨᠠᠷᠢᠯᠢᠭ ᠪᠤᠯᠪᠠᠰᠤᠷᠠᠭᠤᠯᠬᠤ ᠰᠠᠭᠤᠷᠢᠨ ᠭᠠᠵᠠᠷ 1 ᠪᠠᠶᠢᠭᠤᠯᠵᠤ᠂ ᠤᠳᠤᠬᠢᠴᠢᠯᠠᠭᠰᠠᠨ ᠤᠶᠤᠨᠴᠢ ᠬᠡᠷ ᠪᠦᠯᠢ ᠶᠢᠨ ᠲᠠᠭᠤᠷᠢᠶᠠᠯ ᠦᠵᠡᠬᠦᠯᠬᠦ ᠮᠠᠯᠵᠢᠯ ᠤᠨ ᠲᠠᠯᠠᠪᠠᠢ 11 ᠪᠠᠶᠢᠭᠤᠯᠵᠤ᠂ ᠠᠵᠤ ᠦᠢᠯᠡᠰᠵᠢᠯᠳᠠ ᠶᠢᠨ ᠰᠠᠭᠤᠷᠢ ᠲᠠᠰᠤᠷᠠᠯᠳᠠ ᠦᠭᠡᠢ ᠪᠠᠬᠢᠵᠢᠪᠠ᠃ ᠡᠯ᠎ᠠ ᠲᠦᠷᠤᠯ ᠤᠨ ᠬᠤᠷᠰᠢᠶᠠᠵᠢᠯ 136 ᠡᠷᠤᠭᠡ ᠳᠤ ᠬᠦᠷᠴᠤ᠂ ᠤᠶᠢᠷ᠎ᠠ ᠬᠠᠪᠢ ᠶᠢᠨ ᠮᠠᠯᠴᠢᠳ ᠤᠨ ᠬᠠᠮᠳᠤᠪᠠᠷ ᠴᠢᠨᠡᠭᠡᠯᠢᠭᠵᠢᠬᠦ ᠶᠢ ᠪᠦᠳᠤᠮᠵᠢᠳᠠᠢ ᠲᠠᠶᠢᠴᠢᠯᠠᠪᠠ᠃ 363 ᠲᠦᠮᠡᠨ ᠲᠦᠬᠦᠷᠢᠭ ᠤᠨ ᠪᠡᠯᠡ ᠤᠷᠤᠭᠤᠯᠵᠤ᠂ 7.4 ᠲᠦᠮᠡᠨ ᠰᠢᠯᠢᠳᠡᠭ ᠡᠬᠦᠯᠳᠡᠷ ᠤᠨ ᠬᠤᠷᠠᠭ᠎ᠠ ᠶᠢ  ᠰᠤᠩᠭᠤᠵᠤ᠂ ᠬᠤᠶᠠᠷ ᠬᠡᠮᠵᠢᠯᠳᠤ ᠴᠢᠬᠢᠪᠴᠢ ᠵᠡᠬᠦᠯᠭᠡᠵᠤ᠂ ᠮᠠᠯ ᠲᠠᠷᠢᠶᠠᠯᠠᠩ ᠤᠨ ᠪᠦᠳᠤᠭᠡᠭᠳᠡᠬᠦᠨ ᠤ ᠠᠮᠤᠷ ᠲᠦᠪᠰᠢᠨ ᠢ ᠮᠦᠷᠳᠡᠬᠦ ᠰᠢᠰᠲ᠋ᠧᠮ ᠤᠨ ᠪᠠᠶᠢᠭᠤᠯᠤᠯᠳᠠ ᠶᠢᠨ ᠦᠷ᠎ᠠ ᠪᠦᠳᠤᠮᠵᠢ ᠲᠤᠪᠤᠶᠢᠮ᠎ᠠ ᠪᠤᠯᠪᠠ᠃ ︽ᠲᠤᠮᠳᠠᠳᠤ ᠤᠯᠤᠰ᠂ ᠪᠠᠷᠠᠭᠤᠨ ᠬᠤᠰᠢᠭᠤᠨ ᠤ ᠬᠤᠨᠢᠨ ᠤ ᠮᠢᠬ᠎ᠠ︾᠎ ᠶᠢ ᠲᠠᠨᠢᠯᠴᠠᠭᠤᠯᠬᠤ ᠬᠤᠷᠠᠯ ᠢ ᠠᠮᠵᠢᠯᠳᠠᠳᠠᠢ ᠡᠷᠬᠢᠯᠡᠵᠤ᠂ ︽ᠪᠠᠷᠠᠭᠤᠨ ᠬᠤᠰᠢᠭᠤᠨ ᠤ ᠬᠤᠨᠢᠨ  ᠎ ᠤ ᠮᠢᠬ᠎ᠠ︾᠎ ᠶᠢᠨ ᠪᠦᠳᠤᠭᠡᠭᠳᠡᠬᠦᠨ ᠤᠯᠤᠰ ᠤᠨ ᠭᠠᠳᠠᠭᠠᠳᠤ ᠲᠤᠳᠤᠭᠠᠳᠤ ᠶᠢᠨ ᠡᠯ᠎ᠠ ᠭᠠᠵᠠᠷ ᠢᠶᠠᠷ ᠪᠤᠷᠤᠯᠠᠭᠤᠯᠤᠭᠳᠠᠵᠤ᠂ ᠨᠡᠷᠠᠳᠤ ᠲᠡᠮᠳᠡᠭ ᠤᠨ ᠨᠦᠯᠤᠭᠡᠯᠡᠬᠦ ᠬᠦᠴᠤᠨ ᠪᠠ ᠨᠡᠷ᠎ᠠ ᠠᠯᠳᠠᠷᠰᠢᠯ ᠤᠨ ᠬᠡᠮᠵᠢᠶ᠎ᠠ ᠲᠠᠰᠤᠷᠠᠯᠳᠠ ᠦᠭᠡᠢ ᠲᠡᠭᠡᠭᠰᠢᠯᠡᠪᠠ᠃     ᠠᠵᠤ ᠦᠢᠯᠡᠳᠪᠤᠷᠢ ᠶᠢᠨ ᠠᠵᠤ ᠠᠬᠤᠢ ᠰᠢᠨ᠎ᠡ ᠨᠢᠭᠡᠨ ᠬᠢᠷᠢ ᠲᠦᠪᠰᠢᠨ ᠳᠤ ᠬᠦᠷᠪᠠ᠃ ᠦᠡᠭᠭᠡᠳᠤ ᠲᠡᠮᠦᠷᠯᠢᠭ᠂ ᠴᠢᠯᠠᠭᠤᠨ ᠲᠤᠰᠤ ᠵᠡᠷᠭᠡ ᠡᠬᠢ ᠪᠠᠶᠠᠯᠢᠭ ᠤᠨ ᠲᠠᠪᠠᠭᠤᠯᠢᠭ ᠢᠶᠠᠷ ᠲᠦᠰᠢᠭ ᠪᠤᠯᠭᠠᠨ᠂ ᠠᠵᠤ ᠠᠬᠤᠶᠢᠯᠠᠯ ᠤᠨ ᠲᠡᠰ ᠲᠡᠪᠰᠢᠬᠦᠯᠬᠦ ᠠᠬᠢᠴᠠ ᠶᠢ ᠲᠦᠷᠭᠡᠳᠭᠡᠪᠠ᠃ ᠳ᠋ᠠᠴᠢᠩ ᠤᠨ ᠴᠢᠯᠠᠭᠤᠨ ᠳᠣᠰᠣᠨ ᠤ ᠦᠷᠬᠦᠯᠵᠢᠯᠡᠯ ᠴᠢᠨᠠᠷ ᠲᠠᠢ ᠨᠡᠬᠡᠬᠡᠨ ᠠᠰᠢᠭᠯᠠᠬᠤ᠂ ᠷᠦᠩ ᠳ᠋ᠠ ᠠᠭᠤᠷᠬᠠᠢ ᠶᠢᠨ ᠦᠢᠯᠡᠰ ᠤᠨ ᠬᠦᠨ ᠬᠡᠰᠡᠭ ᠲᠠᠬᠢ ᠡᠬᠢ ᠪᠠᠶᠠᠯᠢᠭ ᠤᠨ ᠮᠡᠷᠭᠡᠵᠢᠯ ᠢᠶᠠᠨ ᠰᠠᠶᠢᠵᠢᠷᠠᠭᠤᠯᠬᠤ᠂ ᠶᠢᠨ ᠱᠠᠨ ᠠᠭᠤᠷᠬᠠᠢ ᠶᠢᠨ ᠦᠢᠯᠡᠰ ᠤᠨ ᠨᠢᠬᠡ ᠣᠰᠣᠳᠣ ᠬᠦᠬᠦᠷ ᠬᠦᠴᠢᠯ ᠤᠨ ᠮᠠᠩᠭᠠᠨ ᠤ ᠮᠡᠷᠭᠡᠵᠢᠯ ᠢᠶᠠᠨ ᠰᠠᠶᠢᠵᠢᠷᠠᠭᠤᠯᠬᠤ ᠵᠡᠷᠭᠡ ᠭᠤᠣᠯᠳᠠᠯᠭ᠎ᠠ ᠲᠠᠢ ᠠᠵᠦ ᠦᠢᠯᠡᠳᠪᠦᠷᠢ ᠎ ᠶᠢᠨ ᠲᠦᠷᠦᠯ ᠵᠦᠢᠯ ᠢ ᠠᠬᠢᠭᠤᠯᠵᠤ᠂ ᠬᠠᠶᠢᠷᠬᠠᠨ ᠤ ᠲᠤᠭᠤᠯᠠᠭ᠎ᠠ ᠴᠡᠶᠢᠷ ᠮᠦᠡᠭᠬᠦᠨ ᠤ ᠠᠭᠤᠷᠬᠠᠢ ᠮᠠᠯᠳᠠᠬᠤ ᠲᠦᠷᠤᠯ ᠵᠤᠶᠢᠯ ᠪᠤᠳᠠᠳᠤ ᠴᠢᠨᠠᠷᠳᠠᠢ ᠦᠷ᠎ᠠ ᠪᠦᠳᠤᠮᠵᠢ ᠤᠯᠪᠠ᠃ ᠠᠷᠠᠯᠵᠢᠶᠠᠴᠢᠨ ᠣᠷᠢᠵᠦ ᠪᠡᠯᠡ ᠣᠷᠣᠭᠤᠯᠬᠤ ᠲᠦᠷᠦᠯ ᠵᠦᠢᠯ ᠢ ᠨᠡᠶᠢᠳᠡ 39 ᠬᠡᠷᠡᠭᠵᠢᠬᠦᠯᠵᠦ᠂15 ᠳ᠋ᠦᠩᠰᠢᠭᠤᠷ ᠲᠦᠬᠦᠷᠢᠭ ᠣᠷᠣᠭᠤᠯᠣᠨ ᠠᠪᠴᠢᠷᠠᠪᠠ ᠃ ᠠᠵᠤ ᠦᠢᠯᠡᠳᠪᠤᠷᠢ ᠶᠢᠨ ᠬᠦᠷᠢᠶᠠᠯᠠᠩ ᠲᠤᠭᠤᠷᠢᠭ ᠤᠨ ︽ᠨᠢᠬᠡ ᠲᠦᠪ᠂ ᠬᠤᠶᠠᠷ ᠰᠠᠭᠤᠷᠢᠨ ᠭᠠᠵᠠᠷ︾᠎ ᠤᠨ ᠬᠦᠭᠵᠢᠯᠳᠠ ᠶᠢᠨ ᠬᠡᠯᠪᠡᠷᠢ ᠶᠢ ᠲᠡᠬᠦᠯᠳᠡᠷᠵᠢᠬᠦᠯᠵᠤ᠂ ᠲᠢᠶᠠᠨ ᠺᠠᠨᠭ᠌᠂ ᠯᠦᠡᠭ ᠲᠸᠡᠭ᠂ ᠰᠢᠩ ᠪᠠᠨᠭ᠌ ᠵᠡᠷᠭᠡ ᠲᠠᠬᠢᠨ ᠠᠰᠢᠭᠯᠠᠵᠤ ᠪᠤᠯᠬᠤ ᠡᠨᠧᠷᠬᠢ ᠪᠠ ᠱᠸᠡᠭ ᠯᠢᠶᠠᠨ ᠳ᠋ᠠ ᠮᠤᠳᠤᠨ ᠮᠠᠲ᠋ᠧᠷᠢᠶᠠᠯ ᠢ ᠪᠤᠯᠪᠠᠰᠤᠷᠠᠭᠤᠯᠬᠤ ᠲᠦᠷᠤᠯ ᠵᠤᠶᠢᠯ ᠢ ᠠᠬᠢᠭᠤᠯᠪᠠ᠃ ᠠᠯᠳ᠋ᠬᠠᠮᠡᠭᠡᠯ ᠪᠠᠯᠭᠠᠰᠤ ᠶᠢᠨ ᠲᠤᠮᠳᠠ ᠵᠢᠵᠢᠭ ᠠᠵᠤ ᠠᠬᠤᠶᠢᠯᠠᠯ ᠤᠨ ᠦᠢᠯᠡᠰ ᠪᠤᠰᠬᠠᠵᠤ ᠵᠢᠱᠢᠶ᠎ᠠ ᠦᠵᠡᠬᠦᠯᠬᠦ ᠰᠠᠭᠤᠷᠢᠨ ᠭᠠᠵᠠᠷ ᠎ ᠤᠨ ᠪᠠᠶᠢᠭᠤᠯᠤᠯᠳᠠ ᠶᠢ ᠲᠦᠷᠭᠡᠳᠭᠡᠵᠤ᠂ ᠪᠦᠬᠦ ᠬᠤᠰᠢᠭᠤᠨ ᠤ ᠲᠤᠮᠳᠠ ᠵᠢᠵᠢᠭ ᠠᠵᠤ ᠠᠬᠤᠶᠢᠯᠠᠯ 482 ᠡᠷᠤᠭᠡ ᠪᠤᠯᠵᠤ ᠨᠡᠮᠡᠭᠳᠡᠪᠠ᠃ ᠮᠦᠡᠭᠬᠦᠨ ᠬᠦᠢᠯᠭᠡᠭᠡᠨ ᠤ ᠦᠢᠯᠡᠰ ᠤᠨ ᠰᠠᠶᠢᠨ ᠬᠦᠭᠵᠢᠯᠳᠠ ᠶᠢ ᠪᠠᠳᠤᠯᠠᠵᠤ᠂ ᠵᠢᠯ ᠤᠨ ᠰᠡᠬᠦᠯᠴᠢ ᠶᠢᠨ ᠶᠡᠷᠤᠩᠬᠡᠢ ᠬᠠᠳᠠᠭᠠᠯᠠᠮᠵᠢ ᠶᠢᠨ ᠬᠡᠮᠵᠢᠶ᠎ᠠ19.8 ᠳ᠋ᠦᠡᠭᠰᠢᠭᠤᠷ ᠲᠦᠬᠦᠷᠢᠭ ᠲᠤ ᠬᠦᠷᠴᠤ᠂ ᠵᠢᠭᠡᠯᠡᠯᠭᠡ ᠶᠢᠨ ᠦᠯᠡᠳᠡᠪᠤᠷᠢ 13.2 ᠳ᠋ᠦᠡᠭᠰᠢᠭᠤᠷ ᠲᠦᠬᠦᠷᠢᠭ ᠲᠤ ᠬᠦᠷᠪᠠ᠃      ᠵᠤᠭᠠᠴᠠᠯ ᠠᠷᠠᠯᠵᠢᠶᠠᠨ ᠤ ᠠᠵᠤ ᠦᠢᠯᠡᠰ ᠰᠢᠨ᠎ᠡ ᠬᠦᠭᠵᠢᠯᠳᠠ ᠲᠠᠢ ᠪᠤᠯᠪᠠ᠃ ᠪᠦᠬᠦ ᠣᠷᠣᠨ ᠪᠦᠰᠡ ᠶᠢᠨ ᠵᠣᠭᠠᠴᠠᠯ᠂ ᠲᠦᠷᠪᠡᠨ ᠣᠯᠠᠷᠢᠯ ᠤᠨ ᠵᠣᠭᠠᠴᠠᠯ ᠤᠨ ᠬᠦᠭᠵᠢᠯᠳᠡ ᠶᠢ ᠬᠦᠴᠦᠳᠡᠢ ᠲᠦᠯᠬᠢᠨ ᠠᠬᠢᠭᠤᠯᠪᠠ᠃ ᠵᠣᠭᠠᠴᠠᠯ ᠤᠨ ᠬᠦᠭᠵᠢᠯᠳᠡ ᠶᠢᠨ ᠵᠦᠪᠯᠡᠯ᠂ ︽ᠲᠠᠯ᠎ᠠ ᠨᠤᠳᠤᠭ ᠤᠨ ᠵᠤᠭᠠᠴᠠᠯ︾ ᠠᠶᠠᠯᠠᠯ ᠵᠤᠭᠠᠴᠠᠯ ᠢ ᠨᠡᠭᠡᠭᠡᠨ ᠠᠰᠢᠭᠯᠠᠬᠤ ᠬᠠᠮᠢᠶᠠᠷᠤᠯᠳᠠ ᠶᠢᠨ ᠬᠢᠵᠠᠭᠠᠷᠳᠤ ᠺᠤᠮᠫᠠᠨᠢ ᠪᠠᠶᠢᠭᠤᠯᠵᠤ᠂ ︽ᠰᠢᠨ᠎ᠡ ᠪᠠᠷᠭᠤ ᠪᠠᠷᠠᠭᠤᠨ ᠬᠤᠰᠢᠭᠤᠨ ᠤ ᠪᠦᠬᠦ ᠣᠷᠣᠨ ᠪᠦᠰᠡ ᠶᠢᠨ ᠵᠣᠭᠠᠴᠠᠯ ᠤᠨ ᠲᠦᠯᠤᠪᠵᠢᠬᠦᠯᠬᠡ︾᠎ ᠶᠢ ᠦᠨᠳᠦᠷ ᠡᠬᠢᠯᠡᠯᠳᠡ ᠦᠨᠳᠦᠷ ᠪᠠᠷᠢᠮᠵᠢᠶ᠎ᠠ ᠪᠠᠷ ᠨᠠᠶᠢᠷᠠᠭᠤᠯᠣᠨ ᠵᠣᠬᠢᠶᠠᠪᠠ᠃ ᠤᠯᠤᠰ᠂ ᠤᠷᠤᠨ ᠠᠯᠤᠰᠯᠠᠬᠤ ᠵᠤᠭᠠᠴᠠᠯ ᠢ ᠬᠦᠭᠵᠢᠬᠦᠯᠵᠤ᠂ ︽ᠰᠢᠨ᠎ᠡ ᠪᠠᠷᠭᠤ ᠪᠠᠷᠠᠭᠤᠨ ᠬᠤᠰᠢᠭᠤ ᠠᠴᠠ ᠮᠤᠩᠭᠤᠯ ᠤᠯᠤᠰ ᠤᠨ ᠴᠤᠶᠢᠪᠠᠯᠰᠠᠩ ᠬᠤᠳᠠ ᠬᠦᠷᠬᠦ ᠲᠠᠯ᠎ᠠ ᠨᠤᠳᠤᠭ ᠢ ᠲᠤᠭᠤᠯᠬᠤ ᠲᠡᠭᠡᠳᠤ ᠲᠡᠰ ᠤᠨ ᠭᠤᠷᠪᠠᠨ ᠡᠳᠤᠷ ᠤᠨ ᠵᠤᠭᠠᠴᠠᠯ︾᠎ ᠤᠨ ᠰᠤᠳᠤᠨ ᠵᠠᠮ ᠱᠤᠭᠤᠮ ᠢ ᠡᠬᠦᠤᠡᠪᠡ᠃ 800 ᠲᠦᠮᠡᠨ ᠲᠦᠬᠦᠷᠢᠭ ᠤᠨ ᠪᠡᠯᠡ ᠮᠦᠡᠭᠬᠦ ᠤᠷᠤᠭᠤᠯᠵᠤ᠂ ᠪᠣᠶᠢᠷ ᠨᠠᠭᠤᠷ ᠤᠨ ᠬᠢᠯᠢ ᠠᠯᠤᠰᠯᠠᠭᠰᠠᠨ ᠵᠤᠭᠠᠴᠠᠯ ᠤᠨ ᠲᠤᠭᠤᠷᠢᠭ ᠤᠨ ᠭᠡᠷᠳᠤ ᠲᠡᠷᠭᠡ ᠶᠢᠨ ᠦᠪᠡᠷᠳᠡᠭᠡᠨ ᠲᠤᠰᠠᠯᠠᠬᠤ ᠲᠦᠪ᠂ ᠰᠢᠩᠭᠡᠯᠢᠭᠳᠦ ᠪᠠᠭᠤᠳᠠᠯ ᠵᠡᠷᠭᠡ ᠲᠦᠷᠤᠯ ᠵᠤᠶᠢᠯ ᠢ ᠬᠡᠷᠡᠭᠵᠢᠬᠦᠯᠵᠤ᠂ ᠦᠵᠡᠮᠵᠢᠳᠤ ᠤᠷᠤᠨ ᠤ ᠦᠢᠯᠡᠴᠢᠯᠡᠭᠡᠨ ᠤ ᠴᠢᠳᠠᠪᠤᠷᠢ ᠢᠯᠡᠤᠡᠳᠡ ᠲᠡᠭᠡᠭᠰᠢᠯᠡᠪᠡ᠃ ︽ᠮᠢᠵᠢᠳᠳᠤᠷᠵᠢ ᠶᠢᠨ ᠬᠡᠷ ᠪᠦᠯᠢ ᠶᠢᠨ ᠮᠠᠯᠵᠢᠯ ᠤᠨ ᠲᠠᠯᠠᠪᠠᠢ︾᠂ ︽ᠬᠤᠥᠰ ᠰᠢᠷᠭ᠎ᠠ ᠮᠠᠯᠴᠢᠨ ᠡᠷᠤᠭᠡ ᠶᠢᠨ ᠵᠤᠭᠠᠴᠠᠯ︾᠎ ᠪᠠᠷ ᠪᠠᠷᠢᠮᠵᠢᠶ᠎ᠠ ᠪᠤᠯᠭᠠᠨ᠂ ︽ᠮᠠᠯᠴᠢᠨ ᠡᠷᠤᠭᠡ ᠶᠢᠨ ᠵᠤᠭᠠᠴᠠᠯ︾᠎ ᠤᠨ ᠲᠦᠷᠤᠯ ᠲᠡᠮᠳᠡᠭ ᠢ ᠪᠦᠬᠦ ᠬᠦᠴᠤᠨ ᠢᠶᠠᠷ ᠎ ᠢᠶᠠᠨ ᠠᠬᠢᠭᠤᠯᠪᠠ᠃ ᠰᠤᠶᠤᠯ ᠵᠤᠭᠠᠴᠠᠯ ᠢ ᠤᠷᠭᠠᠨᠢᠭ ᠪᠠᠷ ᠤᠶᠠᠯᠳᠤᠭᠤᠯᠬᠤ ᠶᠢ ᠴᠢᠬᠤᠯᠠᠴᠢᠯᠠᠵᠤ᠂ ᠤᠷᠢᠳ ᠬᠤᠵᠢᠳ ᠱᠠᠨᠰᠢ ᠮᠤᠵᠢ ᠶᠢᠨ ᠲᠤᠩ ᠵᠸᠤ ᠬᠤᠳᠠ ᠶᠢᠨ ᠡᠾᠦ᠋ᠢ ᠵᠸᠦ ᠲᠤᠭᠤᠷᠢᠭ ᠪᠠ ᠷᠠᠰᠢᠶᠠᠨ ᠬᠤᠳᠠ ᠵᠡᠷᠭᠡ ᠤᠯᠠᠨ ᠭᠠᠵᠠᠷ ᠤᠳ ᠲᠤ ᠬᠦᠷᠴᠤ᠂ ᠵᠤᠭᠠᠴᠠᠯ ᠤᠨ ᠡᠬᠢ ᠪᠠᠶᠠᠯᠢᠭ ᠢᠶᠠᠨ ᠲᠠᠨᠢᠯᠴᠠᠭᠤᠯᠪᠠ᠃ ᠡᠪᠤᠯ ᠤᠨ ᠤᠯᠠᠷᠢᠯ ᠤᠨ ᠵᠤᠭᠠᠴᠠᠯ ᠤᠨ ᠰᠢᠨ᠎ᠡ ᠰᠢᠪᠳᠤᠯᠤᠯᠳᠠ ᠶᠢ ᠡᠭᠦᠳᠴᠤ᠂ ︿︿ᠮᠦᠰᠤ ᠴᠠᠰᠤᠨ ᠤ ᠵᠠᠮ﹀﹀ ᠡᠪᠤᠯ ᠤᠨ ᠤᠯᠠᠷᠢᠯ ᠤᠨ ᠮᠠᠷᠠᠽᠤᠨ ᠬᠡᠭᠡᠷᠠᠯᠠᠨ ᠤᠷᠤᠯᠳᠤᠬᠤ ᠲᠡᠮᠡᠴᠡᠭᠡᠨ ᠪᠠ ᠪᠠᠷᠭᠤ ᠨᠡᠬᠦᠳᠠᠯ ᠰᠤᠶᠤᠯ ᠤᠨ ᠨᠠᠶᠢᠷ ᠢ ᠠᠮᠵᠢᠯᠳᠠᠳᠠᠢ ᠡᠷᠬᠢᠯᠡᠪᠠ᠃ ᠪᠦᠬᠦ ᠵᠢᠯ ᠳᠤ ᠤᠯᠤᠰ ᠤᠨ ᠲᠤᠳᠤᠭᠠᠳᠤ ᠭᠠᠳᠠᠭᠠᠳᠤ ᠶᠢᠨ ᠵᠤᠭᠠᠴᠠᠭᠰᠠᠳ ᠢ 53.2 ᠲᠦᠮᠡᠨ ᠬᠦᠮᠤᠨ ᠤᠳᠠᠭ᠎ᠠ ᠬᠦᠯᠢᠶᠠᠨ ᠵᠤᠴᠢᠯᠠᠵᠤ᠂ ᠵᠤᠭᠠᠴᠠᠯ ᠤᠨ ᠤᠷᠤᠯᠭ᠎ᠠ ᠶᠢ 4.3 ᠳ᠋ᠦᠡᠭᠰᠢᠭᠤᠷ ᠲᠦᠬᠦᠷᠢᠭ ᠪᠠᠶᠠᠯᠡᠬᠦᠯᠪᠠ᠃ ᠪᠤᠭᠤᠮᠳᠠ ᠶᠢᠨ ᠬᠦᠭᠵᠢᠯᠳᠠ ᠶᠢᠨ ᠪᠠᠶᠢᠭᠤᠯᠤᠯᠳᠠ ᠶᠢ ᠬᠦᠴᠤᠯᠠᠨ ᠠᠬᠢᠭᠤᠯᠪᠠ᠃ ᠤᠯᠤᠰ ᠤᠨ ︽ᠨᠢᠭᠡ ᠪᠦᠰᠡ ᠨᠢᠭᠡ ᠵᠠᠮ︾ ①᠎ ᠤᠨ ᠪᠠᠶᠢᠯᠳᠤᠬᠤ ᠪᠤᠳᠤᠯᠭ᠎ᠠ ᠲᠠᠢ ᠢᠳᠡᠪᠬᠢᠳᠠᠢ ᠠᠭᠤᠰᠤᠯᠴᠠᠨ᠂ ︽ᠤᠮᠠᠷᠠᠰᠢ ᠨᠡᠭᠡᠭᠡᠯᠳᠠ ᠬᠢᠬᠦ︾ ᠴᠢᠬᠤᠯᠠ ᠬᠦᠬᠦᠷᠭᠡᠨ ᠪᠠᠬᠢᠯᠠᠯᠳᠠ ᠶᠢ ᠡᠬᠦᠤᠡᠪᠡ᠃ ᠪᠤᠭᠤᠮᠳᠠ ᠪᠠᠷ ᠤᠷᠤᠵᠤ ᠭᠠᠷᠬᠤ ᠶᠢ ᠮᠡᠳᠡᠬᠦᠯᠤᠨ ᠪᠠᠶᠢᠴᠠᠭᠠᠬᠤ ᠲᠤᠮᠤ ᠲᠢᠩᠬᠢᠮ᠂ ᠵᠤᠭᠠᠴᠠᠭᠰᠠᠳ ᠢ ᠪᠠᠶᠢᠴᠠᠭᠠᠬᠤ ᠲᠤᠮᠤ ᠠᠰᠠᠷ᠂ ᠬᠢᠯᠢ ᠪᠠᠷ ᠤᠷᠤᠵᠤ ᠭᠠᠷᠬᠤ ᠵᠠᠮ ᠵᠡᠷᠭᠡ ᠰᠠᠭᠤᠷᠢ ᠲᠦᠬᠦᠭᠡᠷᠤᠮᠵᠢ ᠶᠢ ᠪᠠᠶᠢᠭᠤᠯᠵᠤ᠂ ᠪᠤᠭᠤᠮᠳᠠ ᠨᠡᠪᠳᠡᠷᠡᠬᠦ ᠴᠢᠳᠠᠪᠬᠢ ᠲᠠᠰᠤᠷᠠᠯᠳᠠ ᠦᠭᠡᠢ ᠰᠠᠶᠢᠵᠢᠷᠠᠪᠠ᠃ ᠠᠷᠤᠬᠠᠰᠢᠶᠠᠳᠤ ᠪᠤᠭᠤᠮᠳᠠ ᠨᠢ ᠬᠤᠶᠠᠷ ᠲᠠᠯ᠎ᠠ ᠶᠢᠨ ᠴᠢᠨᠠᠷᠳᠠᠢ ᠵᠢᠯ ᠲᠤᠷᠰᠢ ᠨᠡᠭᠡᠭᠡᠬᠦ ᠵᠠᠰᠠᠮᠠᠯ ᠵᠠᠮ ᠤᠨ ᠠᠶᠠᠨᠴᠢᠳ ᠪᠠ ᠪᠠᠷᠠᠭ᠎ᠠ ᠲᠡᠭᠡᠭᠡᠪᠤᠷᠢᠯᠡᠬᠦ ᠪᠤᠭᠤᠮᠳᠠ ᠶᠢᠨ ᠵᠦᠪᠰᠢᠶᠠᠷᠠᠯ ᠢ ᠵᠢᠩᠬᠢᠨᠢ ᠪᠠᠷ ᠤᠯᠪᠠ᠃ ᠠᠷᠤᠬᠠᠰᠢᠶᠠᠳᠤ ᠪᠤᠭᠤᠮᠳᠠ ᠶᠢᠨ ᠵᠠᠬ᠎ᠠ ᠶᠢᠨ ᠠᠷᠠᠯᠵᠢᠶᠠᠨ ᠤ ᠲᠤᠭᠤᠷᠢᠭ ᠢ ᠢᠳᠡᠪᠬᠢᠳᠠᠢ ᠭᠤᠶᠤᠴᠢᠯᠠᠪᠠ᠃ ᠲᠤᠮᠳᠠᠳᠤ ᠮᠤᠩᠭᠤᠯ ᠬᠤᠶᠠᠷ ᠤᠯᠤᠰ ᠬᠤᠶᠠᠷ ᠭᠠᠵᠠᠷ ᠤᠷᠤᠨ ᠤ ᠠᠵᠤ ᠠᠬᠤᠢ ᠠᠷᠠᠯᠵᠢᠶ᠎ᠠ ᠰᠤᠶᠤᠯ ᠤᠨ ᠨᠦᠬᠦᠷᠰᠡᠭ ᠬᠠᠷᠢᠴᠠᠭ᠎ᠠ ᠶᠢ ᠴᠢᠬᠤᠯᠠᠴᠢᠯᠠᠵᠤ᠂ ᠮᠤᠩᠭᠤᠯ ᠤᠯᠤᠰ ᠤᠨ ᠠᠶᠢᠯᠴᠢᠯᠠᠯᠳᠠ ᠶᠢᠨ ᠪᠦᠯᠬᠦᠮ ᠢ 22 ᠤᠳᠠᠭ᠎ᠠ ᠬᠦᠯᠢᠶᠠᠨ ᠵᠤᠴᠢᠯᠠᠪᠠ᠃ ᠪᠦᠬᠦ ᠵᠢᠯ ᠳᠤ᠂ ᠪᠤᠭᠤᠮᠳᠠ ᠪᠠᠷ ᠤᠷᠤᠭᠤᠯᠵᠤ ᠭᠠᠷᠭᠠᠭᠰᠠᠨ ᠡᠳ᠋ ᠪᠠᠷᠠᠭᠠᠨ ᠤ ᠭᠡᠮᠵᠢᠶ᠎ᠡ 5.7 ᠲᠦᠮᠡᠨ ᠲᠤᠨ ᠳᠤ ᠬᠦᠷᠴᠤ᠂ ᠠᠷᠠᠯᠵᠢᠶᠠᠨ ᠤ ᠲᠤᠭ᠎ᠠ 3,195 ᠲᠦᠮᠡᠨ ᠳ᠋ᠤᠯᠯᠠᠷ ᠲᠤ ᠬᠦᠷᠴᠤ᠂ ᠬᠢᠯᠢ ᠪᠠᠷ ᠤᠷᠤᠵᠤ ᠭᠠᠷᠤᠭᠰᠠᠨ ᠵᠠᠮ ᠬᠠᠷᠢᠯᠴᠠᠭᠠᠨ ᠤ ᠲᠡᠭᠡᠭᠡᠪᠤᠷᠢ ᠶᠢᠨ ᠪᠠᠭᠠᠵᠢ1.8 ᠲᠦᠮᠡᠨ ᠲᠡᠷᠭᠡ ᠤᠳᠠᠭ᠎ᠠ ᠳᠤ ᠬᠦᠷᠴᠤ᠂ ᠬᠢᠯᠢ ᠪᠠᠷ ᠤᠷᠤᠵᠤ ᠭᠠᠷᠤᠭᠰᠠᠨ ᠠᠶᠠᠨᠴᠢᠳ ᠤᠨ ᠲᠡᠭᠡᠭᠡᠪᠤᠷᠢ ᠶᠢᠨ ᠬᠡᠮᠵᠢᠶ᠎ᠠ 10.3 ᠲᠦᠮᠡᠨ ᠬᠦᠮᠤᠨ ᠤᠳᠠᠭ᠎ᠠ ᠳᠤ ᠬᠦᠷᠪᠠ᠃      ︵ᠲᠦᠷᠪᠡ︶ ᠬᠤᠳᠠ ᠬᠦᠳᠡᠭᠡ ᠶᠢᠨ ᠲᠦᠷᠢ ᠲᠦᠷᠬᠦ ᠰᠢᠨ᠎ᠡ ᠬᠤᠪᠢᠷᠠᠯᠳᠠ ᠲᠠᠢ ᠪᠤᠯᠪᠠ      ᠰᠠᠭᠤᠷᠢ ᠲᠦᠬᠦᠭᠡᠷᠤᠮᠵᠢ ᠲᠠᠰᠤᠷᠠᠯᠳᠠ ᠦᠭᠡᠢ ᠲᠡᠬᠦᠯᠳᠡᠷᠵᠢᠪᠠ᠃ ᠨᠢᠭᠡ ᠴᠤᠭᠴᠠᠵᠢᠭᠤᠯᠤᠭᠰᠠᠨ ᠶᠡᠷᠤᠩᠭᠡᠶᠢᠯᠡᠭᠰᠡᠨ ᠵᠠᠮ ᠬᠠᠷᠢᠯᠴᠠᠭᠠᠨ ᠤ ᠰᠢᠰᠲ᠋ᠧᠮ ᠢ ᠪᠠᠶᠢᠭᠤᠯᠪᠠ᠃ ᠨᠡᠶᠢᠳᠠ 5.19 ᠳ᠋ᠦᠡᠭᠰᠢᠭᠤᠷ ᠲᠦᠬᠦᠷᠢᠭ ᠤᠨ ᠪᠡᠯᠠ ᠤᠷᠤᠭᠤᠯᠵᠤ᠂ ᠮᠠᠨᠵᠤᠥᠷ ᠠᠴᠠ ᠠᠯᠳ᠋ᠬᠠᠮᠡᠭᠡᠯ᠂ ᠠᠯᠳ᠋ᠬᠠᠮᠡᠭᠡᠯ ᠠᠴᠠ ᠠᠮᠤᠭᠤᠯᠠᠩ ᠬᠦᠷᠬᠦ ᠨᠢᠭᠡᠳᠤᠭᠡᠷ ᠲᠡᠰ ᠤᠨ ᠵᠠᠰᠠᠮᠠᠯ ᠵᠠᠮ ᠪᠠ ᠠᠯᠳ᠋ᠬᠠᠮᠡᠭᠡᠯ ᠠᠴᠠ ᠠᠷᠣᠬᠠᠰᠢᠶᠠᠳᠣ ᠪᠣᠭᠤᠮᠳᠠ ᠬᠦᠷᠬᠦ ᠬᠤᠶᠠᠳᠤᠭᠠᠷ ᠲᠡᠰ ᠤᠨ ᠵᠠᠰᠠᠮᠠᠯ ᠵᠠᠮ ᠠᠰᠢᠭᠯᠠᠯᠳᠠ ᠳᠤ ᠤᠷᠤᠵᠤ᠂ ᠪᠣᠭᠳᠠᠠᠭᠤᠯᠠ ᠰᠣᠮᠣ ᠠᠴᠠ ᠪᠣᠶᠢᠷ ᠰᠣᠮᠣ ᠬᠦᠷᠬᠦ ᠲᠦᠷᠪᠡᠳᠤᠭᠡᠷ ᠲᠡᠰ ᠤᠨ ᠵᠠᠰᠠᠮᠠᠯ ᠵᠠᠮ ᠪᠠ ᠠᠳᠤᠭᠤᠨᠴᠢᠯᠠᠭᠤ ᠠᠴᠠ ᠬᠡᠷᠤᠯᠤᠨ ᠬᠦᠷᠬᠦ ᠵᠡᠷᠭᠡ 9 ᠵᠤᠷᠪᠤᠰ ᠬᠦᠳᠡᠭᠡ ᠳᠣᠰᠬᠤᠨ ᠤ ᠵᠠᠰᠠᠮᠠᠯ ᠵᠠᠮ ᠤᠨ ᠠᠵᠢᠯ ᠢ ᠡᠬᠢᠯᠡᠬᠦᠯᠪᠠ᠃ 680 ᠲᠦᠮᠡᠨ ᠲᠦᠬᠦᠷᠢᠭ ᠤᠨ ᠪᠡᠯᠡ ᠤᠷᠤᠭᠤᠯᠵᠤ᠂ 38 ᠺᠢᠯᠣᠮᠧᠲᠷ ᠵᠡᠬᠡᠯᠢ ᠭᠤᠳᠣᠮᠵᠢ ᠶᠢ ᠱᠦᠢᠨᠢᠳᠠᠪᠠ᠃ ᠪᠤᠭᠳᠠ ᠨᠡᠶᠢᠳᠡᠮ ᠬᠡᠷᠡᠭᠯᠡᠬᠦ ᠨᠢᠰᠬᠡᠯ ᠤᠨ ᠪᠠᠭᠤᠳᠠᠯ ᠠᠶᠠᠯᠠᠯ ᠨᠡᠪᠳᠡᠷᠡᠵᠦ᠂ ᠠᠭᠠᠷ ᠤᠨ ᠠᠶᠠᠯᠠᠯ ᠤᠨ ᠦᠢᠯᠡᠰ ᠤᠨ ᠴᠤ ᠰᠢᠨ᠎ᠡ ᠬᠠᠭᠤᠳᠠᠰᠤ ᠶᠢ ᠰᠡᠬᠦᠪᠠ᠃ ᠠᠯᠳᠠᠨᠮᠡᠭᠡᠯ ᠪᠠᠯᠭᠠᠰᠤ ᠪᠠᠷ ᠲᠦᠪ ᠪᠤᠯᠭᠠᠭᠰᠠᠨ ︽ᠨᠢᠬᠡ ᠳᠣᠭᠤᠷᠢᠭ ᠲᠦᠷᠪᠡᠨ ᠱᠣᠭᠤᠮ +︾ ② ᠪᠣᠰᠤᠭ᠎ᠠ ᠴᠣᠭᠴᠠᠳᠣ ᠵᠠᠮ ᠬᠠᠷᠢᠯᠴᠠᠭᠠᠨ ᠤ ᠳᠣᠣᠷ ᠎ ᠢ ᠪᠦᠬᠦ ᠳᠠᠯ᠎ᠠ ᠪᠠᠷ ᠨᠡᠪᠳᠡᠷᠡᠭᠦᠯᠦᠨ᠂ ᠣᠯᠠᠨ ᠲᠦᠮᠡᠨ ᠤ ᠶᠠᠪᠣᠵᠦ ᠰᠠᠭᠤᠬᠤ ᠳᠤ ᠨᠡᠩ ᠲᠦᠬᠦᠮ ᠲᠦᠳᠡ ᠪᠤᠯᠭᠠᠪᠠ᠃ ᠴᠠᠬᠢᠯᠭᠠᠨ ᠲᠤᠥᠷ ᠤᠨ ᠪᠦᠳᠤᠴᠠ ᠰᠢᠯᠢᠳᠡᠭᠵᠢᠪᠠ᠃1,585 ᠲᠦᠮᠡᠨ ᠲᠦᠬᠦᠷᠢᠭ ᠤᠨ ᠪᠡᠯᠡ ᠤᠷᠤᠭᠤᠯᠵᠤ᠂ ᠬᠦᠳᠡᠭᠡ ᠲᠤᠰᠬᠤᠨ ᠤ ᠴᠠᠬᠢᠯᠭᠠᠨ ᠲᠤᠥᠷ ᠢ 23.1 ᠺᠢᠯᠤᠮᠧᠲᠷ ᠦᠭᠡᠷᠠᠴᠢᠯᠠᠪᠠ᠃ ᠳ᠋ᠠᠰᠢᠮᠠᠭ ᠤᠨ 110 ᠺᠢᠯᠤᠸᠤᠯᠲ ᠤᠨ ᠬᠦᠴᠤᠳᠠᠯ ᠦᠭᠡᠷᠠᠴᠢᠯᠠᠬᠦ ᠦᠷᠳᠡᠭᠡ᠂ 220 ᠺᠢᠯᠤᠸᠤᠯᠲ ᠤᠨ ᠶᠢᠨ ᠠᠨ ᠬᠦᠴᠤᠳᠠᠯ ᠦᠭᠡᠷᠠᠴᠢᠯᠠᠬᠦ ᠦᠷᠳᠡᠭᠡ ᠴᠠᠬᠢᠯᠭᠠᠨ ᠬᠠᠨᠭ᠍ᠭᠠᠬᠤ ᠴᠢᠳᠠᠪᠤᠷᠢ 3 ᠲᠡᠬᠢᠨ ᠢᠶᠠᠷ ᠨᠡᠮᠡᠭᠳᠡᠬᠦᠯᠵᠤ᠂ 32 ᠵᠢᠯ ᠤᠨ ᠲᠤᠷᠰᠢ᠂ ᠮᠠᠨ ᠤ ᠬᠤᠰᠢᠭᠤ ᠲᠠᠩ ᠴᠠᠬᠢᠯᠭᠠᠨ ᠡᠬᠦᠰᠭᠡᠭᠴᠢ ᠪᠠᠷ ᠴᠠᠬᠢᠯᠭᠠᠨ ᠬᠠᠨᠭ᠍ᠭᠠᠵᠤ ᠪᠠᠶᠢᠭᠰᠠᠨ ᠲᠡᠥᠭᠡ ᠶᠢ ᠡᠴᠤᠰᠯᠡᠬᠦᠯᠪᠡ᠃      ᠬᠤᠳᠠ ᠪᠠᠯᠭᠠᠰᠤ ᠶᠢᠨ ᠪᠦᠳᠤᠭᠡᠨ ᠪᠠᠶᠢᠭᠤᠯᠤᠯᠳᠠ ᠶᠢᠨ ᠴᠢᠨᠠᠷ ᠴᠢᠨᠰᠠᠭ᠎ᠠ ᠶᠢ ᠲᠡᠭᠡᠭᠰᠢᠯᠡᠬᠦᠯᠵᠤ᠂ ᠦᠷ᠎ᠡ ᠠᠰᠢᠭ ᠢ ᠨᠡᠮᠡᠭᠳᠡᠬᠦᠯᠪᠡ᠃ ᠰᠢᠨ᠎ᠡ ᠬᠡᠯᠪᠡᠷᠢ ᠶᠢᠨ ᠬᠤᠳᠠ ᠪᠠᠯᠭᠠᠰᠤᠵᠢᠯᠳᠠ ᠶᠢᠨ ᠰᠢᠰᠲ᠋ᠧᠮ ᠤᠨ ᠪᠠᠶᠢᠭᠤᠯᠤᠯᠳᠠ ᠶᠢ ᠲᠦᠷᠬᠡᠤᠡᠬᠡᠨ᠂ ᠬᠤᠳᠠ ᠪᠠᠯᠭᠠᠰᠤ ᠶᠢᠨ ᠬᠦᠭᠵᠢᠯᠳᠠ ᠶᠢᠨ ᠤᠷᠤᠨ ᠵᠠᠢ ᠶᠢ ᠦᠷᠭᠡᠳᠭᠡᠵᠤ᠂ ᠤᠨᠴᠠᠯᠢᠭ ᠢ ᠲᠤᠪᠤᠶᠢᠯᠭᠠᠨ᠂ ᠴᠢᠨᠠᠷ ᠲᠡᠰ ᠢ ᠲᠡᠭᠡᠭᠰᠢᠯᠡᠬᠦᠯᠵᠤ᠂ ᠬᠦᠮᠤᠰ ᠤᠨ ᠤᠷᠤᠰᠢᠨ ᠰᠠᠭᠤᠬᠤ ᠳᠤ ᠲᠠᠭᠠᠯᠠᠮᠵᠳᠠᠢ᠂ ᠪᠠᠭ᠋ᠠᠷᠤᠯ ᠢ ᠲᠠᠳᠠᠬᠤ ᠪᠤᠯᠪᠠ᠃ ᠲᠦᠯᠦᠪᠵᠢᠬᠦᠯᠭᠡ ᠪᠠᠷ ᠵᠢᠯᠤᠭᠤᠳᠤᠮᠵᠢ ᠪᠤᠯᠭᠠᠵᠤ᠂ ︿︿ᠠᠯᠳ᠋ᠬᠠᠮᠠᠭᠡᠯ ᠪᠠᠯᠭᠠᠰᠤ ᠶᠢᠨ ᠶᠡᠷᠤᠩᠭᠡᠢ ᠲᠦᠯᠤᠪᠵᠢᠬᠦᠯᠭᠡ﹀﹀᠂ ︿︿ᠠᠷᠤᠬᠠᠰᠢᠶᠠᠳᠤ ᠪᠠᠯᠭᠠᠰᠤ ᠶᠢᠨ ᠤᠬᠠᠭᠳᠠᠬᠤᠨ ᠎ ᠤ ᠴᠢᠨᠠᠷᠳᠠᠢ ᠲᠦᠯᠤᠪᠵᠢᠬᠦᠯᠭᠡ﹀ ᠵᠡᠷᠭᠡ 5 ᠲᠦᠷᠤᠯ ᠤᠨ ᠲᠦᠯᠤᠪᠵᠢᠬᠦᠯᠭᠡ ᠶᠢ ᠵᠠᠰᠠᠨ ᠨᠠᠶᠢᠷᠠᠭᠤᠯᠪᠠ᠃ ᠪᠠᠯᠭᠠᠰᠤᠨ ᠲᠤᠭᠤᠷᠢᠭ ᠤᠨ ᠪᠦᠬᠦᠯᠢ ᠴᠤᠭᠴᠠ ᠶᠢᠨ ᠲᠦᠷᠢ ᠲᠦᠷᠬᠦ ᠶᠢ ᠲᠡᠭᠡᠭᠰᠢᠯᠡᠬᠦᠵᠤ᠂ 5,300 ᠲᠦᠮᠡᠨ ᠲᠦᠬᠦᠷᠢᠭ ᠤᠨ ᠪᠡᠯᠡ ᠤᠷᠤᠭᠤᠯᠵᠤ᠂ ᠵᠠᠰᠠᠮᠠᠯ ᠵᠠᠮ ᠤᠨ ᠪᠦᠳᠤᠭᠡᠨ ᠪᠠᠶᠢᠭᠤᠯᠤᠯᠳᠠ᠂ ᠨᠤᠭᠤᠭᠠᠷᠠᠭᠤᠯᠤᠯᠳᠠ᠂ ᠬᠡᠷᠡᠯᠳᠤᠬᠦᠯᠬᠡ᠂ ᠪᠠᠶᠠᠳᠤ ᠭᠠᠳᠠᠷᠭᠤ ᠶᠢ ᠰᠢᠨᠡᠳᠭᠡᠬᠦ᠂ ᠠᠭᠤᠳᠠᠮ ᠲᠠᠯᠠᠪᠠᠢ ᠶᠢᠨ ᠪᠠᠶᠢᠭᠤᠯᠤᠯᠳᠠ ᠵᠡᠷᠭᠡ ᠬᠤᠳᠠ ᠶᠢᠨ ᠶᠠᠪᠤᠳᠠᠯ ᠤᠨ ᠢᠨᠵᠧᠨᠧᠷᠢᠩ ᠢ 34 ᠬᠡᠷᠡᠭᠵᠢᠬᠦᠯᠪᠡ᠃ 5 ᠳ᠋ᠦᠡᠭᠰᠢᠭᠤᠷ ᠲᠦᠬᠦᠷᠢᠭ ᠤᠨ ᠪᠡᠯᠡ ᠤᠷᠤᠭᠤᠯᠵᠤ᠂1000 ᠲᠦᠬᠦᠮ ᠪᠦᠳᠤᠴᠡᠳᠤ ᠤᠷᠤᠨ ᠰᠠᠭᠤᠴᠠ ᠶᠢ ᠦᠭᠡᠷᠠᠴᠢᠯᠠᠪᠠ᠃ 4,350 ᠲᠦᠮᠡᠨ ᠲᠦᠬᠦᠷᠢᠭ ᠤᠨ ᠪᠡᠯᠠ ᠤᠷᠤᠭᠤᠯᠵᠤ᠂ ᠨᠡᠬᠦᠳᠡᠯ ᠮᠠᠯᠴᠢᠳ ᠰᠠᠭᠤᠷᠢᠰᠢᠬᠤ ᠪᠠ ᠪᠤᠬᠢᠷᠳᠤᠯ ᠦᠭᠡᠢ ᠲᠤᠯᠠᠭᠠᠨ ᠪᠠᠶᠢᠰᠢᠩ ᠤᠨ ᠢᠨᠵᠧᠨᠧᠷᠢᠩ ᠢ ᠬᠡᠷᠡᠭᠵᠢᠬᠦᠯᠵᠤ᠂ 465 ᠲᠦᠮᠡᠨ ᠲᠦᠬᠦᠷᠢᠭ ᠤᠨ ᠨᠦᠬᠦᠪᠤᠷᠢ ᠮᠦᠡᠭᠬᠦ ᠲᠠᠷᠬᠠᠭᠠᠪᠠ᠃ ᠪᠤᠬᠢᠷᠳᠤᠯ ᠦᠭᠡᠢ ᠲᠤᠯᠠᠭᠠᠨ ᠪᠠᠶᠢᠰᠢᠩ ᠢ 294 ᠰᠠᠭᠤᠷᠢ ᠪᠠᠶᠢᠭᠤᠯᠪᠠ᠃ 7,229 ᠲᠦᠮᠡᠨ ᠲᠦᠬᠦᠷᠢᠭ ᠤᠨ ᠪᠡᠯᠡ ᠤᠷᠤᠭᠤᠯᠵᠤ᠂ ᠪᠤᠵᠠᠷ ᠤᠰᠤ ᠶᠢ ᠰᠢᠢᠳᠪᠤᠷᠢᠯᠡᠬᠦ ᠦᠢᠯᠡᠳᠪᠤᠷᠢ ᠶᠢᠨ ᠪᠠᠷᠢᠮᠵᠢᠶ᠎ᠠ ᠶᠢ ᠲᠡᠭᠡᠭᠰᠢᠯᠡᠬᠦᠯᠤᠨ ᠦᠭᠡᠷᠠᠴᠢᠯᠡᠬᠦ᠂ ᠤᠰᠤᠨ ᠤ ᠡᠬᠢ ᠭᠠᠵᠠᠷ ᠢ ᠬᠠᠮᠠᠭᠠᠯᠠᠬᠤ ᠪᠠ ᠢᠯᠴᠢ ᠲᠤᠯᠠᠭᠠᠯᠭ᠎ᠠ ᠶᠢᠨ ᠬᠤᠭᠤᠯᠠᠢ ᠲᠤᠥᠷ ᠢ ᠲᠡᠪᠢᠰᠬᠦ ᠵᠡᠷᠭᠡ ᠠᠷᠠᠳ ᠤᠨ ᠠᠮᠢᠳᠤᠷᠠᠯ ᠤᠨ ᠢᠨᠵᠧᠨᠧᠷᠢᠩ ᠢ ᠬᠡᠷᠡᠭᠵᠢᠬᠦᠯᠵᠤ᠂ ᠪᠠᠯᠭᠠᠰᠤᠨ ᠲᠤᠭᠤᠷᠢᠭ ᠤᠨ ᠤᠰᠤ᠂ ᠢᠯᠴᠢ ᠬᠠᠨᠭ᠍ᠭᠠᠬᠤ᠂ ᠤᠰᠤ ᠶᠢ ᠭᠠᠳᠠᠭᠰᠢᠯᠠᠭᠤᠯᠬᠤ ᠵᠡᠷᠭᠡ ᠴᠢᠳᠡᠪᠬᠢ ᠮᠡᠳᠡᠭᠳᠡᠮ᠎ᠠ ᠲᠡᠭᠡᠭᠰᠢᠯᠡᠪᠠ᠃ ᠬᠤᠳᠠ ᠪᠠᠯᠭᠠᠰᠣ ᠶᠢᠨ ᠨᠠᠷᠢᠯᠢᠭᠵᠢᠭᠤᠯᠤᠭᠰᠠᠨ ᠬᠠᠮᠢᠶᠠᠷᠤᠯᠳᠠ ᠶᠢ ᠲᠡᠭᠦᠯᠳᠡᠷᠵᠢᠬᠦᠯᠵᠤ᠂ ᠬᠡᠷ ᠠᠬᠤᠢ ᠶᠢᠨ ᠦᠢᠯᠡᠴᠢᠯᠡᠭᠡ ᠶᠢ ᠲᠦᠷᠢᠮᠵᠢᠬᠦᠯᠵᠤ᠂ ︿︿ᠭᠤᠷᠪᠠᠨ ᠳᠣᠷ᠎ᠠ ᠪᠠᠷ ᠎ ᠢᠶᠠᠨ ᠪᠠᠶᠢᠬᠤ﹀﹀ ③᠎ ᠳᠤ ᠬᠦᠨᠳᠤ ᠴᠤᠬᠢᠯᠳᠠ ᠦᠭᠴᠤ᠂ ᠬᠤᠳᠠ ᠪᠠᠯᠭᠠᠰᠤ ᠶᠢᠨ ᠤᠷᠴᠢᠨ ᠲᠤᠭᠤᠷᠢᠨ ᠢᠯᠡᠤᠡᠳᠡ ᠰᠠᠶᠢᠵᠢᠷᠠᠪᠠ᠃ _menksoft_page_break_tag_      ︵ᠲᠠᠪᠤ︶ ᠨᠡᠶᠢᠭᠡᠮ ᠠᠷᠠᠳ ᠤᠨ ᠠᠮᠢᠳᠤᠷᠠᠯ ᠰᠢᠨ᠎ᠡ ᠰᠠᠶᠢᠵᠢᠷᠠᠯᠳᠠ ᠲᠠᠢ ᠪᠤᠯᠪᠠ      ᠠᠷᠠᠳ ᠤᠨ ᠠᠮᠢᠳᠤᠷᠠᠯ ᠤᠨ ᠪᠠᠳᠤᠯᠠᠭ᠎ᠠ ᠨᠠᠩ ᠬᠦᠴᠤᠨ ᠲᠠᠢ ᠪᠤᠯᠪᠠ᠃ ᠠᠷᠠᠳ ᠤᠨ ᠠᠮᠢᠳᠤᠷᠠᠯ ᠤᠨ ᠪᠡᠯᠡ ᠤᠷᠤᠭᠤᠯᠤᠯᠳᠠ ᠶᠢ ᠦᠷᠬᠦᠯᠵᠢᠯᠠᠨ ᠨᠡᠮᠡᠭᠳᠡᠬᠦᠯᠵᠤ᠂ ᠪᠦᠬᠦ ᠵᠢᠯ ᠳᠤ᠂ ᠠᠷᠠᠳ ᠤᠨ ᠠᠮᠢᠳᠣᠷᠠᠯ ᠳᠤ ᠵᠠᠷᠣᠴᠠᠭᠤᠯᠣᠭᠰᠠᠨ ᠵᠠᠷᠤᠯᠭ᠎ᠠ 10.3 ᠳ᠋ᠦᠩᠰᠢᠭᠤᠷ ᠲᠦᠬᠦᠷᠢᠭ ᠲᠤ ᠬᠦᠷᠴᠦ᠂ ᠣᠯᠠᠨ ᠨᠡᠶᠢᠳᠡ ᠶᠢᠨ ᠲᠦᠰᠦᠪ ᠤᠨ ᠵᠠᠷᠣᠯᠭ᠎ᠠ ᠶᠢᠨ 63.4 %᠎ ᠶᠢ ᠡᠵᠡᠯᠠᠪᠠ᠃ ᠨᠡᠶᠢᠭᠡᠮ ᠤᠨ ᠪᠠᠳᠤᠯᠠᠭ᠎ᠠ ᠲᠡᠬᠦᠯᠳᠡᠷᠵᠢᠪᠠ᠃ ᠠᠵᠢᠯ ᠤᠯᠭᠤᠬᠤ ᠪᠦᠳᠤᠴᠠ ᠰᠢᠯᠢᠳᠡᠭᠵᠢᠵᠤ᠂ ᠠᠵᠢᠯ ᠤᠯᠭᠤᠬᠤ ᠶᠠᠰᠤ ᠴᠢᠨᠠᠷ ᠲᠡᠭᠡᠭᠰᠢᠯᠡᠵᠤ᠂ ᠬᠤᠳᠠ ᠪᠠᠯᠭᠠᠰᠣ ᠶᠢᠨ ᠰᠢᠨ᠎ᠡ ᠪᠠᠷ ᠨᠡᠮᠡᠭᠳᠡᠭᠰᠡᠨ ᠠᠵᠢᠯ ᠣᠯᠣᠭᠰᠠᠳ 558 ᠬᠦᠮᠦᠨ ᠪᠤᠯᠪᠠ᠃ ᠪᠠᠶᠢᠭᠤᠯᠭ᠎ᠠ ᠠᠵᠢᠯ ᠦᠢᠯᠡᠰ ᠤᠨ ᠨᠢᠭᠡᠴᠡ ᠶᠢᠨ ᠨᠠᠰᠤᠵᠢᠯ ᠤᠨ ᠲᠠᠭᠠᠳᠬᠠᠯ ᠤᠨ ᠲᠦᠷᠢᠮ ᠢ ᠨᠡᠶᠢᠳᠠᠪᠤᠷᠢᠵᠢᠭᠤᠯᠵᠤ᠂ ᠬᠤᠳᠠ ᠪᠠᠯᠭᠠᠰᠤ ᠶᠢᠨ ᠰᠠᠭᠤᠭᠠᠯᠢ ᠠᠷᠠᠳ ᠤᠨ ᠨᠠᠰᠤᠵᠢᠯ ᠤᠨ ᠲᠠᠭᠠᠳᠬᠠᠯ᠂ ᠡᠮ ᠡᠮᠨᠡᠯᠬᠡ ᠶᠢᠨ ᠳᠠᠭᠠᠳᠬᠠᠯ ᠪᠠ ᠠᠵᠢᠯ ᠠᠯᠳᠠᠬᠤ ᠲᠠᠭᠠᠳᠬᠠᠯ ᠢ ᠲᠠᠰᠤᠷᠠᠯᠳᠠ ᠦᠭᠡᠢ ᠦᠷᠭᠡᠳᠭᠡᠪᠠ᠃ ᠨᠡᠶᠢᠭᠡᠮ ᠤᠨ ᠠᠪᠤᠷᠠᠨ ᠲᠤᠰᠠᠯᠠᠬᠤ ᠰᠢᠰᠲ᠋ᠧᠮ ᠲᠡᠬᠦᠯᠳᠡᠷᠵᠢᠵᠤ᠂ 2782 ᠨᠡᠷᠡᠰ ᠨᠠᠭᠠᠳᠤ ᠵᠠᠬ᠎ᠠ ᠶᠢᠨ ᠠᠮᠢᠳᠤᠷᠠᠯ ᠤᠨ ᠪᠠᠳᠤᠯᠠᠭ᠎ᠠ ᠬᠦᠷᠳᠡᠭᠰᠡᠳ ᠲᠤ 1,292 ᠲᠦᠮᠡᠨ ᠲᠦᠬᠦᠷᠢᠭ ᠤᠨ ᠪᠠᠳᠣᠯᠠᠭ᠎ᠠ ᠎ ᠶᠢᠨ ᠮᠦᠩᠬᠦ ᠲᠠᠷᠬᠠᠭᠠᠵᠤ᠂ ᠡᠮ ᠡᠮᠨᠡᠯᠭᠡ᠂ ᠲᠦᠷ ᠴᠠᠭ᠂ ᠭᠠᠮᠰᠢᠭᠳᠠᠭᠰᠠᠨ ᠠᠷᠠᠳ᠂ ᠬᠦᠴᠢᠷᠳᠡᠯᠳᠡᠢ ᠪᠠᠭᠠᠴᠤᠳ᠂ ᠰᠤᠷᠭᠠᠨ ᠬᠦᠮᠤᠵᠢᠯ ᠢ ᠲᠡᠮᠵᠢᠨ ᠲᠡᠳᠬᠦᠬᠦ ᠮᠦᠡᠭᠬᠦ ᠨᠠᠶᠢᠳᠠ 623 ᠲᠦᠮᠡᠨ ᠲᠦᠬᠦᠷᠢᠭ ᠲᠠᠷᠬᠠᠭᠠᠵᠤ᠂ ᠦᠨᠤᠴᠢᠨ ᠬᠡᠥᠭᠡᠳ᠂ ᠦᠨᠳᠤᠷ ᠨᠠᠰᠤᠳᠠᠨ᠂ ᠰᠢᠳᠠᠭᠠᠯᠭ᠎ᠠ᠂ ᠬᠤᠶᠠᠷ ᠢ ᠬᠦᠷᠢᠶᠠᠯᠡᠬᠦ ᠬᠠᠷᠠᠭᠠᠯᠵᠠᠨ ᠲᠦᠪᠬᠢᠨᠡᠬᠦᠯᠬᠦ ᠨᠦᠬᠦᠪᠤᠷᠢ ᠮᠦᠡᠭᠬᠦ 955 ᠲᠦᠮᠡᠨ ᠲᠦᠬᠦᠷᠢᠭ ᠲᠠᠷᠬᠠᠭᠠᠪᠠ᠃ ᠨᠡᠶᠢᠭᠡᠮ ᠤᠨ ᠠᠵᠢᠯ ᠦᠢᠯᠡᠰ ᠬᠦᠭᠵᠢᠪᠠ᠃ ᠰᠣᠷᠭᠠᠨ ᠬᠦᠮᠦᠵᠢᠯ ᠤᠨ ᠦᠢᠯᠡᠰ ᠳᠡᠩᠴᠡᠭᠦᠷᠢᠳᠡᠢ ᠬᠦᠭᠵᠢᠪᠠ᠃ ᠬᠦᠯᠤᠨ ᠪᠤᠶᠢᠷ ᠬᠤᠳᠠ ᠶᠢᠨ ᠪᠠᠷᠢᠮᠵᠢᠶᠠᠵᠢᠭᠰᠠᠨ ᠰᠤᠷᠭᠠᠭᠤᠯᠢ ᠶᠢᠨ ᠲᠠᠬᠢᠨ ᠪᠠᠶᠢᠴᠠᠭᠠᠯᠳᠠ ᠶᠢ ᠠᠮᠵᠢᠯᠳᠠᠳᠠᠢ ᠦᠡᠭᠭᠡᠷᠡᠬᠦᠯᠵᠤ᠂ ᠳᠣᠮᠳᠠᠳᠣ ᠪᠠᠭ᠎ᠠ ᠰᠣᠷᠭᠠᠭᠤᠯᠢ ᠶᠢᠨ ᠰᠣᠷᠭᠠᠭᠤᠯᠢ ᠳᠤ ᠤᠷᠤᠭᠰᠠᠨ ᠨᠣᠷᠮ᠎ᠠ 100%᠎ ᠳᠤ ᠬᠦᠷᠪᠡ᠃ ᠰᠤᠷᠭᠠᠨ ᠬᠦᠮᠤᠵᠢᠯ ᠤᠨ ᠶᠠᠰᠤ ᠴᠢᠨᠠᠷ ᠮᠡᠳᠡᠭᠳᠡᠮ᠎ᠠ ᠲᠡᠭᠡᠭᠰᠢᠯᠡᠪᠠ᠃ ᠰᠤᠷᠬᠤ ᠨᠠᠰᠤᠨ ᠠᠴᠠ ᠡᠮᠤᠨᠡᠬᠢ ᠰᠤᠷᠭᠠᠨ ᠬᠦᠮᠤᠵᠢᠯ ᠤᠨ ᠬᠠᠮᠢᠶᠠᠷᠤᠯᠳᠠ ᠶᠢ ᠲᠦᠷᠢᠮᠵᠢᠬᠦᠯᠵᠤ᠂ ᠭᠤᠷᠪᠠᠳᠤᠭᠠᠷ ᠦᠨᠳᠤᠰᠤᠳᠠᠨ ᠤ ᠬᠡᠥᠭᠡᠳ ᠤᠨ ᠴᠡᠴᠡᠷᠯᠢᠭ ᠢ ᠠᠯᠪᠠᠨ ᠎ ᠠᠴᠠ ᠪᠠᠶᠢᠭᠤᠯᠵᠤ ᠠᠷᠠᠳ ᠠᠴᠠ ᠡᠷᠬᠢᠯᠡᠬᠦ ᠠᠷᠭ᠎ᠠ ᠮᠠᠶ᠋ᠢᠭ ᠢ ᠬᠡᠷᠡᠭᠵᠢᠬᠦᠯᠤᠨ᠂ ᠠᠰᠢᠭᠯᠠᠯᠳᠠ ᠳᠤ ᠤᠷᠤᠭᠤᠯᠪᠠ᠃ ᠰᠤᠶᠤᠯ ᠤᠨ ᠦᠢᠯᠡᠰ ᠦᠷᠨᠢᠬᠦᠨ ᠭᠦᠭᠵᠢᠪᠠ᠃ ᠤᠷᠤᠨ ᠨᠤᠳᠤᠭ ᠤᠨ ᠰᠤᠶᠤᠯ ᠤᠨ ᠨᠡᠷᠠᠳᠤ ᠲᠡᠮᠳᠡᠭ ᠢ ᠪᠦᠬᠦ ᠬᠦᠴᠤᠨ ᠢᠶᠠᠷ ᠢᠶᠠᠨ ᠡᠭᠦᠳᠴᠤ᠂ ᠪᠤᠭᠳᠠᠠᠭᠤᠯᠠ ᠤᠯᠠᠨ ᠤᠯᠤᠰ ᠤᠨ ᠰᠤᠶᠤᠯ ᠵᠤᠭᠠᠴᠠᠯ ᠤᠨ ᠨᠠᠶᠢᠷ ᠪᠠ ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠪᠠᠶᠢᠭᠤᠯᠤᠭᠳᠠᠭᠰᠠᠨ 70 ᠵᠢᠯ ᠤᠨ ᠤᠢ ᠶᠢ ᠪᠡᠯᠭᠡᠯᠡᠬᠦ ᠠᠷᠠᠳ ᠤᠨ ᠨᠠᠭᠠᠳᠤᠮ ᠢ ᠠᠮᠵᠢᠯᠳᠠᠳᠠᠢ ᠡᠷᠬᠢᠯᠡᠵᠤ ᠂ ᠦᠨᠳᠤᠰᠤᠨ ᠱᠠᠳᠤᠨ ᠳᠤ ᠬᠦᠨᠵᠡᠭᠡᠶᠢᠷᠠᠵᠤ ᠤᠷᠠᠨ ᠰᠠᠶᠢᠬᠠᠨ ᠤ ᠲᠤᠭᠯᠠᠯᠳᠠ ᠶᠢ 52 ᠲᠠᠯᠠᠪᠠᠢ ᠵᠤᠬᠢᠶᠠᠨ ᠪᠠᠶᠢᠭᠤᠯᠵᠤ᠂ ᠤᠯᠠᠨ ᠲᠦᠮᠡᠨ ᠤ ᠰᠤᠶᠤᠯ ᠤᠨ ᠠᠮᠢᠳᠤᠷᠠᠯ ᠢ ᠲᠠᠰᠤᠷᠠᠯᠳᠠ ᠦᠭᠡᠢ ᠪᠠᠶᠠᠯᠢᠭᠵᠢᠭᠤᠯᠪᠠ᠃ ᠪᠤᠳᠠᠰ ᠤᠨ ᠪᠤᠰᠤ ᠰᠤᠶᠤᠯ ᠤᠨ ᠦᠪ ᠢ ᠬᠠᠮᠠᠭᠠᠯᠠᠨ ᠤᠯᠠᠮᠵᠢᠯᠠᠬᠤ ᠶᠢ ᠠᠬᠢᠭᠤᠯᠵᠤ᠂ ︽ᠪᠠᠷᠭᠤ ᠱᠠᠭ᠎ᠠ︾᠂ ︽ᠪᠠᠷᠭᠤ ᠰᠢᠳᠠᠷ᠎ᠠ ᠶᠢᠨ ᠨᠠᠭᠠᠳᠤᠮ︾ ᠬᠤᠳᠠ ᠶᠢᠨ ᠲᠡᠰ ᠤᠨ ᠪᠤᠳᠠᠰ ᠤᠨ ᠪᠤᠰᠤ ᠰᠤᠶᠤᠯ ᠤᠨ ᠦᠪ ᠤᠨ ᠬᠠᠮᠠᠭᠠᠯᠠᠯᠳᠠ ᠶᠢᠨ ᠨᠡᠷᠠᠰ ᠲᠤ ᠤᠷᠤᠪᠠ᠃ ︽ᠦᠬᠡᠷᠳᠦ ᠬᠦᠢᠳᠡᠨ︾ ᠺᠢᠨᠣ᠋ ᠦᠪᠡᠷᠳᠡᠬᠡᠨ ᠵᠠᠰᠠᠬᠤ ᠣᠷᠣᠨ ᠤ ᠤᠶᠤᠨ ᠤ ᠪᠤᠯᠪᠠᠰᠤᠨ ᠤ ᠪᠠᠶᠢᠭᠤᠯᠤᠯᠳᠠ ᠶᠢᠨ ︽ᠳᠠᠪᠦ‍ ᠨᠢᠬᠡ ᠶᠢᠨ ᠢᠨᠵᠧᠨᠧᠷᠢᠩ︾᠎ ᠤᠨ ᠱᠠᠩᠨᠠᠯ  ᠂ ᠪᠢᠴᠢᠯ ᠺᠢᠨᠣ᠋ ︿︿ᠮᠠᠨᠠᠨ﹀﹀ ᠦᠵᠡᠰᠬᠦᠯᠠᠩᠳᠤ ᠰᠠᠶᠢᠬᠠᠨ ᠦᠪᠤᠷ ᠮᠤᠩᠭᠤᠯ ᠠᠩᠬᠠᠳᠠᠭᠴᠢ ᠪᠢᠴᠢᠯ ᠺᠢᠨᠣ᠋ ᠶᠢᠨ ᠤᠷᠤᠯᠳᠤᠭᠠᠨ ᠳᠤ ᠬᠤᠶᠠᠳᠤᠭᠠᠷ ᠲᠡᠰ ᠤᠨ ᠱᠠᠩᠨᠠᠯ ᠬᠦᠷᠳᠡᠪᠠ᠃ ᠪᠠᠶ᠎ᠠ ᠲᠠᠮᠢᠷ ᠤᠨ ᠦᠢᠯᠡᠰ ᠡᠷᠡᠬᠦᠯ ᠢᠶᠠᠷ ᠬᠦᠭᠵᠢᠪᠠ᠃ ᠪᠦᠬᠦ ᠤᠯᠤᠰ ᠲᠤ ᠠᠩᠬᠠᠳᠠᠭᠴᠢ ᠴᠦᠭᠡᠨ ᠲᠤᠭᠠᠳᠤ ᠦᠨᠳᠤᠰᠤᠳᠠᠨ ᠤ ︿︿ᠪᠠᠷᠭᠤ ᠬᠦᠮᠤᠨ﹀ ᠮᠦᠰᠤᠨ ᠪᠦᠮᠪᠦᠭᠡ ᠎ ᠶᠢᠨ ᠰᠤᠳᠤᠨ ᠠᠩᠬᠢ ᠶᠢ ᠪᠠᠶᠢᠭᠤᠯᠪᠠ᠃ ᠭᠤᠷᠪᠠᠳᠤᠭᠠᠷ ᠬᠤᠭᠤᠴᠠᠭᠠᠨ ᠤ ᠲᠤᠮᠳᠠᠳᠤ ᠤᠷᠤᠰ ᠮᠤᠩᠭᠤᠯ ᠤᠨ ᠭᠤᠷᠪᠠᠨ ᠤᠯᠤᠰ ᠤᠨ ᠵᠠᠯᠠᠭᠤᠴᠤᠳ ᠪᠠᠭᠠᠴᠤᠳ ᠤᠨ ᠵᠢᠥᠳᠤᠥ ᠪᠦᠭᠡ ᠶᠢᠨ ᠤᠯᠠᠨ ᠤᠯᠤᠰ ᠤᠨ ᠤᠷᠢᠯᠭ᠎ᠠ ᠶᠢᠨ ᠤᠷᠤᠯᠳᠤᠭᠠᠨ᠂ ᠬᠤᠶᠠᠳᠤᠭᠠᠷ ᠬᠤᠭᠤᠴᠠᠭᠠᠨ ᠤ ︽ᠬᠦᠯᠤᠨ ᠪᠤᠶᠢᠷ ᠬᠤᠨᠳᠠᠭᠠᠳᠤ︾ ᠪᠦᠬᠦ ᠤᠯᠤᠰ ᠤᠨ ᠤᠯᠠᠨ ᠤᠯᠤᠰ ᠤᠨ ᠰᠢᠳᠠᠷ᠎ᠠ ᠶᠢᠨ ᠴᠢᠯᠤᠭᠡᠳᠤ ᠤᠷᠤᠯᠳᠤᠭᠠᠨ ᠢ ᠠᠮᠵᠢᠯᠳᠠᠳᠠᠢ ᠡᠷᠬᠢᠯᠡᠵᠤ᠂ ᠵᠠᠯᠠᠭᠤᠴᠤᠳ ᠪᠠᠭᠠᠴᠤᠳ ᠤᠨ ᠵᠢᠥᠳᠤᠥ ᠪᠦᠭᠡ ᠶᠢᠨ ᠠᠩᠬᠢ᠂ ᠪᠠᠷᠭᠤ ᠮᠦᠰᠤᠨ ᠪᠦᠮᠪᠦᠭᠡ ᠶᠢᠨ ᠠᠩᠬᠢ ᠡᠯ᠎ᠠ ᠲᠦᠷᠤᠯ ᠤᠨ ᠤᠷᠤᠯᠳᠤᠭᠠᠨ ᠳᠤ ᠵᠠᠯᠭᠠᠪᠠᠷ ᠰᠢᠯᠢᠳᠡᠭ ᠬᠢᠷᠢ ᠪᠦᠳᠤᠮᠵᠢ ᠤᠯᠪᠠ᠃ ᠰᠤᠷᠭᠠᠭᠤᠯᠢ ᠶᠢᠨ ᠬᠦᠷᠢᠶᠠᠨ ᠤ ᠬᠦᠯ ᠪᠦᠮᠪᠦᠭᠡ ᠶᠢᠨ ᠬᠦᠭᠵᠢᠯᠳᠠ ᠶᠢ ᠲᠦᠷᠬᠡᠤᠡᠬᠡᠨ᠂ ᠳᠣᠮᠳᠠᠳᠣ ᠣᠷᠣᠰ ᠮᠣᠩᠭᠤᠯ ᠭᠤᠷᠪᠠᠨ ᠣᠯᠣᠰ ᠤᠨ ᠬᠦᠯ ᠪᠦᠮᠪᠦᠭᠡ ᠶᠢᠨ ᠪᠣᠯᠪᠠᠰᠣᠷᠠᠯ ᠤᠨ ᠰᠣᠯᠢᠯᠴᠠᠭᠠᠨ ᠤ ᠰᠠᠭᠤᠷᠢᠨ ᠭᠠᠵᠠᠷ ᠪᠠ ᠲᠠᠪᠤᠨ ᠬᠦᠮᠤᠨ ᠤ ᠲᠦᠷᠢᠮᠳᠤ ᠬᠦᠯ ᠪᠦᠮᠪᠦᠭᠡ ᠶᠢᠨ ᠲᠠᠯᠠᠪᠠᠢ ᠶᠢ ᠰᠢᠨ᠎ᠡ ᠪᠠᠷ ᠪᠠᠶᠢᠭᠤᠯᠵᠤ᠂ ᠠᠩᠬᠠᠳᠠᠭᠴᠢ ᠤᠯᠤᠰ ᠤᠨ ᠲᠡᠰ ᠤᠨ ᠬᠦᠯ ᠪᠦᠮᠪᠦᠭᠡ ᠶᠢᠨ ᠤᠨᠴᠠᠯᠢᠭᠳᠤ ᠰᠤᠷᠭᠠᠭᠤᠯᠢ ᠶᠢᠨ ᠲᠠᠮᠢᠷ ᠤᠨ ᠤᠷᠳᠤᠨ ᠢ ᠲᠡᠰ ᠲᠡᠪᠰᠢᠬᠦᠯᠤᠨ ᠦᠭᠡᠷᠠᠴᠢᠯᠠᠬᠦ ᠶᠢ ᠪᠠᠶᠠᠯᠡᠬᠦᠯᠵᠤ᠂ ᠪᠠᠭ᠎ᠠ ᠰᠤᠷᠭᠠᠭᠤᠯᠢ ᠶᠢᠨ ᠡᠷᠡᠭᠳᠡᠢ ᠬᠦᠯ ᠪᠦᠮᠪᠤᠭᠡᠨ ᠤ ᠠᠩᠬᠢ ᠦᠪᠤᠷ ᠮᠤᠩᠭᠤᠯ ᠤᠨ ︿︿ᠮᠸᠡᠭ ᠴᠤᠥ ᠬᠤᠨᠳᠠᠭᠠᠳᠤ﹀﹀ ᠡᠷᠡᠭᠳᠡᠢ ᠶᠢᠨ ᠲᠤᠭᠤᠶᠢᠯᠠᠩ ᠤᠨ ᠤᠷᠤᠯᠳᠤᠭᠠᠨ ᠪᠤᠯᠤᠨ ︿︿ᠲᠠᠷᠢᠬᠦᠯᠡᠭᠴᠢ ᠬᠤᠨᠳᠠᠭᠠᠳᠤ﹀﹀ ᠵᠡᠬᠦᠨ ᠤᠷᠤᠨ ᠤ ᠤᠷᠤᠯᠳᠤᠭᠠᠨ ᠳᠤ ᠲᠠᠷᠢᠬᠦᠯᠠᠪᠠ᠃ ᠤᠯᠠᠨ ᠨᠡᠶᠢᠳᠠ ᠶᠢᠨ ᠡᠷᠡᠬᠦᠯ ᠬᠠᠮᠠᠭᠠᠯᠠᠯ ᠤᠨ ᠦᠢᠯᠡᠴᠢᠯᠡᠭᠡ ᠲᠡᠭᠦᠯᠳᠡᠷᠵᠢᠪᠠ᠃ ︿︿ᠦᠪᠡᠷᠳᠡᠭᠡᠨ ᠵᠠᠰᠠᠬᠤ ᠤᠷᠤᠨ ᠤ ᠤᠯᠤᠰ ᠢᠶᠠᠨ ᠬᠠᠶᠢᠷᠠᠯᠠᠬᠤ ᠡᠷᠡᠬᠦᠯ ᠬᠠᠮᠠᠭᠠᠯᠠᠯ ᠤᠨ ᠬᠤᠰᠢᠭᠤ︾᠎ ᠶᠢ ᠲᠠᠬᠢᠨ ᠪᠠᠶᠢᠴᠠᠭᠠᠬᠤ ᠰᠢᠯᠭᠠᠯᠳᠠ ᠶᠢ ᠠᠮᠵᠢᠯᠳᠠᠳᠠᠢ ᠦᠡᠭᠭᠡᠷᠡᠬᠦᠯᠪᠠ᠃ 3,332 ᠲᠦᠮᠡᠨ ᠲᠦᠬᠦᠷᠢᠭ ᠤᠨ ᠪᠡᠯᠡ ᠤᠷᠤᠭᠤᠯᠵᠤ᠂ ᠮᠤᠩᠭᠤᠯ ᠡᠮᠨᠡᠯᠭᠡ ᠶᠢᠨ ᠬᠤᠷᠢᠶᠠᠨ ᠤ ᠶᠡᠷᠤᠩᠭᠡᠶᠢᠯᠡᠭᠰᠡᠨ ᠠᠰᠠᠷ ᠤᠨ ᠡᠮ ᠨᠠᠶᠢᠷᠠᠭᠤᠯᠬᠤ ᠲᠠᠰᠤᠭ ᠪᠠ ᠵᠡᠮᠳᠡᠭᠴᠣᠳ ᠢ ᠨᠠᠶᠢᠳᠠᠨ ᠠᠰᠠᠷᠠᠭᠤᠯᠬᠤ ᠶᠡᠷᠦᠩᠬᠡᠶᠢᠯᠡᠭᠰᠡᠨ ᠦᠢᠯᠡᠴᠢᠯᠡᠬᠡᠨ ᠤ ᠲᠦᠪ ᠶᠢ ᠰᠢᠨ᠎ᠡ ᠪᠠᠷ ᠪᠠᠶᠢᠭᠤᠯᠪᠠ᠃ ᠡᠮ ᠡᠮᠨᠡᠯᠬᠡ ᠡᠷᠡᠬᠦᠯ ᠬᠠᠮᠠᠭᠠᠯᠠᠯ ᠎ ᠤᠨ ᠦᠢᠯᠡᠴᠢᠯᠡᠭᠡ ᠪᠠ ᠡᠷᠡᠬᠦᠯ ᠴᠢᠬᠢᠷᠠᠭ ᠨᠠᠰᠤᠵᠢᠯ ᠤᠨ ᠠᠰᠠᠷᠠᠮᠵᠢ ᠶᠢ ᠤᠷᠭᠠᠨᠢᠭ ᠤᠶᠠᠯᠳᠤᠭᠤᠯᠬᠤ ᠶᠢ ᠠᠬᠢᠭᠤᠯᠤᠨ᠂ ᠬᠤᠰᠢᠭᠤᠨ ᠤ ᠠᠰᠠᠷᠠᠮᠵᠢ ᠶᠢᠨ ᠬᠦᠷᠢᠶᠠᠯᠠᠩ ᠫᠠᠶᠢᠰᠠ ᠡᠯᠬᠦᠭᠰᠡᠨ ᠲᠤᠷᠰᠢᠯᠳᠠ ᠶᠢᠨ  ᠴᠡᠭ ᠤᠨ ᠨᠢᠬᠡᠴᠡ ᠪᠤᠯᠪᠠ᠃ ᠶᠠᠳᠠᠭᠤ ᠠᠴᠠ ᠠᠩᠬᠢᠵᠢᠷᠠᠭᠤᠯᠬᠤ ᠪᠠᠬᠢᠯᠠᠯᠳᠠ ᠰᠢᠪᠳᠤᠯᠬᠤ ᠲᠠᠶᠢᠯᠠᠯᠳᠤᠭᠠᠨ ᠢ ᠠᠬᠢᠭᠤᠯᠪᠠ᠃ ᠤᠳᠤᠷᠢᠳᠬᠤ ᠺᠠᠳ᠋ᠷ ︽ᠨᠢᠭᠡ ᠨᠢ ᠨᠢᠭᠡ ᠶᠢ ᠬᠠᠷᠠᠭᠠᠯᠵᠠᠬᠤ︾ ᠬᠤᠥᠰᠯᠠᠨ ᠬᠠᠪᠰᠤᠷᠴᠤ ᠲᠡᠳᠬᠦᠬᠦ ᠪᠠ ᠶᠠᠳᠠᠭᠤ ᠬᠦᠴᠢᠷᠳᠡᠯᠳᠡᠢ ᠡᠷᠤᠭᠡ ᠳᠤ ︽ᠨᠢᠭᠡ ᠡᠷᠤᠭᠡ ᠳᠤ ᠨᠢᠭᠡ ᠠᠷᠭ᠎ᠠ ᠠᠪᠬᠤ︾ ᠲᠦᠷᠢᠮ ᠢ ᠬᠡᠷᠡᠭᠵᠢᠬᠦᠯᠵᠤ᠂ ᠲᠠᠩᠰᠠᠯᠠᠵᠤ ᠺᠠᠷᠲᠯᠠᠭᠰᠠᠨ ᠶᠠᠳᠠᠭᠤ ᠬᠦᠴᠢᠷᠳᠡᠯᠳᠡᠢ ᠡᠷᠤᠭᠡ ᠳᠤ ᠬᠦᠳᠡᠯᠤᠩᠬᠦᠢ ᠬᠠᠮᠢᠶᠠᠷᠤᠯᠳᠠ ᠬᠢᠵᠤ᠂ ︽ᠭᠤᠷᠪᠠ ᠶᠢ ᠳᠣᠰᠬᠤᠨ ᠪᠠ ᠡᠷᠦᠬᠡ ᠳᠤ ᠬᠦᠷᠬᠡᠬᠦ︾ ④ ᠨᠠᠷᠢᠯᠢᠭ ᠤᠨᠤᠪᠴᠢᠳᠠᠢ ᠪᠠᠷ ᠶᠠᠳᠠᠭᠤ ᠶᠢ ᠲᠡᠳᠬᠦᠬᠦ᠂ ᠲᠤᠬᠢᠷᠠᠮᠵᠢᠳᠠᠢ ᠭᠠᠵᠠᠷ ᠲᠤ ᠨᠡᠬᠦᠯᠬᠡᠨ ᠶᠠᠳᠠᠭᠤ ᠶᠢ ᠲᠡᠳᠬᠦᠬᠦ ᠪᠠ ︽ᠮᠦᠩᠬᠦᠨ ᠬᠦᠢᠯᠬᠡᠬᠡ︾᠎ ᠪᠠᠷ ᠶᠠᠳᠠᠭᠤ ᠶᠢ ᠲᠡᠳᠬᠦᠬᠦ ᠢᠨᠵᠧᠨᠧᠷᠢᠩ ᠢ ᠬᠡᠷᠡᠭᠵᠢᠬᠦᠯᠵᠤ᠂ ᠶᠠᠳᠠᠭᠤ ᠶᠢ ᠲᠡᠳᠬᠦᠬᠦ ᠵᠢᠭᠡᠯᠯᠡᠭᠡ ᠶᠢ 1,197 ᠲᠦᠮᠡᠨ ᠲᠦᠬᠦᠷᠢᠭ ᠨᠡᠶᠢᠳᠡᠪᠤᠷᠢᠵᠢᠭᠤᠯᠵᠤ᠂ ᠶᠠᠳᠠᠭᠤ ᠬᠦᠴᠢᠷᠳᠡᠯᠳᠡᠢ ᠡᠷᠤᠭᠡ ᠳᠤ ᠬᠦᠨᠳᠤ ᠡᠪᠡᠳᠴᠢᠨ ᠤ ᠡᠮ ᠡᠮᠨᠡᠯᠭᠡ ᠶᠢᠨ ᠲᠠᠭᠠᠳᠬᠠᠯ ᠲᠤᠰᠢᠶᠠᠪᠠ᠃ 1,878 ᠲᠦᠮᠡᠨ ᠲᠦᠬᠦᠷᠢᠭ ᠤᠨ ᠪᠡᠯᠡ ᠤᠷᠤᠭᠤᠯᠵᠤ᠂ 148 ᠲᠠᠩᠰᠠᠯᠠᠵᠤ ᠺᠠᠷᠲᠯᠠᠭᠰᠠᠨ ᠶᠠᠳᠠᠭᠤ ᠬᠦᠴᠢᠷᠳᠡᠯᠳᠡᠢ ᠡᠷᠤᠭᠡ ᠳᠤ ᠰᠠᠭᠤᠬᠤ ᠬᠡᠷ᠂ ᠫᠸᠡᠭ ᠰᠠᠷᠠᠪᠴᠢ ᠰᠢᠨ᠎ᠡ ᠪᠠᠷ ᠪᠠᠶᠢᠭᠤᠯᠤᠨ᠂ ᠡᠭᠡ ᠮᠠᠯ ᠬᠤᠳᠠᠯᠳᠤᠨ ᠠᠪᠴᠤ ᠦᠭᠴᠤ᠂ ᠶᠠᠳᠠᠭᠤ ᠬᠦᠴᠢᠷᠳᠡᠯᠳᠡᠢ ᠬᠦᠮᠤᠰ ᠤᠨ ︽ᠦᠪᠡᠷᠳᠡᠬᠡᠨ ᠲᠡᠭᠵᠢᠷᠡᠬᠦ︾ ᠴᠢᠳᠡᠪᠬᠢ ᠶᠢ ᠪᠦᠬᠦ ᠲᠠᠯ᠎ᠠ ᠪᠠᠷ ᠨᠡᠮᠡᠭᠳᠡᠬᠦᠯᠪᠠ᠃ ᠨᠡᠶᠢᠭᠡᠮ ᠤᠨ ᠵᠠᠰᠠᠨ ᠴᠡᠭᠴᠡᠯᠡᠯᠳᠠ ᠶᠢ ᠴᠢᠩᠭᠠᠳᠬᠠᠪᠠ᠃ ᠬᠠᠥᠯᠢ ᠶᠤᠰᠤᠭᠠᠷ ᠬᠤᠰᠢᠭᠤ ᠪᠠᠨ ᠵᠠᠰᠠᠬᠤ ᠶᠢ ᠠᠬᠢᠭᠤᠯᠵᠤ᠂ ︽ᠲᠤᠯᠤᠳᠤᠭᠠᠷ ᠲᠠᠪᠤᠨ ᠵᠢᠯ︾᠎ ᠤᠨ ᠬᠠᠥᠯᠢ ᠲᠦᠭᠡᠮᠡᠯᠵᠢᠬᠦᠯᠬᠦ ᠠᠵᠢᠯ ᠢ ᠬᠦᠨᠵᠡᠭᠡᠢ ᠦᠷᠨᠢᠬᠦᠯᠪᠠ᠃ ᠨᠡᠶᠢᠭᠡᠮ ᠤᠨ ᠵᠦᠷᠢᠴᠡᠯ ᠮᠠᠷᠭᠤᠯᠳᠤᠭᠠᠨ ᠢ ᠡᠶᠡᠳᠡᠬᠦᠯᠬᠦ ᠶᠢ ᠴᠢᠩᠭᠠᠤᠡᠬᠠᠨ᠂ 249 ᠵᠦᠷᠢᠴᠡᠯ ᠮᠠᠷᠭᠤᠯᠳᠤᠭᠠᠨ ᠢ ᠠᠮᠵᠢᠯᠳᠠᠳᠠᠢ ᠨᠠᠮᠳᠠᠭᠤᠯᠪᠠ᠃ ᠨᠡᠶᠢᠬᠡᠮ ᠤᠨ ᠠᠶᠤᠯ ᠲᠦᠭᠰᠢᠬᠦᠷᠢ ᠶᠢ ᠰᠡᠷᠭᠡᠶᠢᠯᠡᠨ ᠡᠵᠡᠮᠳᠡᠬᠦ ᠬᠦᠴᠦᠯᠡᠴᠡ ᠶᠢ ᠨᠡᠮᠡᠭᠳᠡᠬᠦᠯᠤᠨ᠂ ᠨᠢᠭᠡ ᠪᠦᠯᠦᠭ ᠤᠯᠠᠨ ᠵᠢᠯ ᠲᠡᠥᠭᠡᠨ ᠠᠴᠠ ᠦᠯᠡᠳᠡᠭᠳᠡᠵᠦ ᠢᠷᠡᠭᠰᠡᠨ ᠲᠦᠪᠡᠭ ᠪᠤᠳᠤᠯᠢᠶᠠᠨᠳᠠᠢ ᠵᠠᠬᠢᠳᠠᠯ ᠰᠤᠷᠪᠤᠯᠵᠢᠯᠠᠭ᠎ᠠ ᠶᠢᠨ ᠭᠡᠷᠡᠭ ᠢ ᠪᠦᠳᠦᠮᠵᠢᠳᠠᠢ ᠰᠢᠢᠳᠪᠤᠷᠢᠯᠠᠪᠠ᠃ ︽ᠠᠮᠤᠷ ᠲᠤᠭᠳᠠᠭᠤᠨ ᠰᠢᠨ᠎ᠡ ᠪᠠᠷᠭᠤ ᠪᠠᠷᠠᠭᠤᠨ ᠬᠤᠰᠢᠭᠤ︾᠎ ᠶᠢᠨ ᠪᠠᠶᠢᠭᠤᠯᠤᠯᠳᠠ ᠶᠢ ᠯᠠᠪᠳᠠᠭᠤᠨ ᠪᠠᠳᠤᠳᠠᠢ ᠲᠦᠯᠬᠢᠨ ᠠᠬᠢᠭᠤᠯᠵᠤ᠂ ︽ᠮᠤᠩᠭᠤᠯ ᠭᠡᠷ ᠪᠤᠯ ᠬᠠᠷᠠᠭᠤᠯ ᠎ ᠤᠨ ᠭᠠᠵᠠᠷ᠂ ᠮᠠᠯᠴᠢᠤᠨ ᠪᠤᠯ ᠬᠠᠷᠠᠭᠤᠯ ᠤᠨ ᠴᠡᠷᠢᠭ︾᠎ ᠤᠨ ᠪᠠᠶᠢᠭᠤᠯᠤᠯᠳᠠ ᠰᠢᠨ᠎ᠡ ᠦᠷ᠎ᠠ ᠪᠦᠳᠤᠮᠵᠢ ᠤᠯᠵᠤ᠂ ᠮᠢᠩᠭᠠᠨ ᠭᠠᠵᠠᠷ ᠤᠨ ᠲᠤᠷᠭᠠᠨ ᠬᠢᠯᠢ ᠨᠠᠩ ᠲᠤᠭᠳᠠᠭᠤᠨ ᠪᠠᠳᠤᠵᠢᠪᠠ᠃ ᠬᠠᠥᠯᠢ ᠪᠤᠰᠤ ᠪᠠᠷ ᠪᠡᠯᠡ ᠬᠤᠷᠠᠮᠳᠤᠭᠤᠯᠬᠤ ᠪᠠ ᠠᠷᠠᠳ ᠤᠨ ᠲᠤᠮᠳᠡᠬᠢ ᠦᠨᠳᠤᠷ ᠬᠦᠥ ᠲᠠᠢ ᠵᠢᠭᠡᠯᠡᠯᠭᠡ ᠶᠢ ᠴᠢᠩᠭ᠎ᠠ ᠡᠵᠡᠮᠳᠠᠵᠤ᠂ 271 ᠡᠷᠤᠭᠡ ᠮᠠᠯᠴᠢᠨ ᠳᠤ 1,906 ᠲᠦᠮᠡᠨ ᠲᠦᠬᠦᠷᠢᠭ ᠤᠨ ᠵᠢᠭᠡᠯᠡᠯᠭᠡ ᠶᠢ ᠡᠷᠬᠢᠯᠳᠤᠬᠦᠯᠤᠨ ᠦᠭᠴᠤ᠂ 59 ᠮᠠᠯᠴᠢᠨ ᠡᠷᠤᠭᠡ ᠶᠢᠨ 339 ᠲᠦᠮᠡᠨ ᠲᠦᠬᠦᠷᠢᠭ ᠤᠨ ᠦᠨᠳᠤᠷ ᠬᠦᠥ ᠲᠠᠢ ᠵᠢᠭᠡᠯᠡᠯᠭᠡ ᠶᠢ ᠪᠠᠩᠬᠢ ᠶᠢᠨ ᠵᠢᠬᠡᠯᠡᠯᠬᠡ ᠶᠢᠨ ᠮᠦᠩᠬᠦ ᠪᠤᠯᠭᠠᠨ ᠰᠤᠯᠢᠪᠴᠠᠭᠤᠯᠪᠠ᠃ ︽ᠱᠠᠯᠢᠭ ᠵᠠᠪᠠᠭ᠋ᠠᠢ᠂ ᠵᠤᠭᠤᠰ ᠮᠦᠷᠦᠶᠢᠴᠡᠬᠦ ᠪᠠ ᠬᠤᠤᠷ ᠠᠷᠠᠯᠵᠢᠶᠠᠯᠠᠬᠤ᠂ ᠬᠤᠯᠠᠭᠠᠶᠢᠯᠠᠵᠤ ᠪᠣᠯᠢᠶᠠᠨ ᠳᠡᠭᠡᠷᠡᠮᠳᠡᠬᠦ᠂ ᠮᠡᠬᠡᠯᠡᠬᠦ︾ ᠵᠡᠷᠭᠡ ᠬᠠᠤᠯᠢ ᠠᠴᠠ ᠵᠦᠷᠢᠴᠡᠭᠰᠡᠨ ᠡᠯ᠎ᠡ ᠵᠦᠢᠯ ᠤᠨ ᠶᠠᠯᠠᠳᠦ ᠠᠵᠢᠯᠯᠠᠭ᠎ᠠ ᠳᠤ ᠴᠢᠩᠭ᠎ᠠ ᠴᠤᠬᠢᠯᠳᠠ ᠦᠭᠴᠦ᠂ ᠲᠦᠪ ᠭᠤᠥᠯᠴᠢ ᠪᠤᠯᠪᠠᠰᠤᠨ ᠢᠶᠠᠷ ᠬᠠᠥᠯᠢ ᠭᠡᠷᠡᠭᠵᠢᠬᠦᠯᠬᠦ ᠶᠢ ᠲᠦᠷᠢᠮᠵᠢᠬᠦᠯᠵᠤ᠂ ᠤᠯᠠᠨ ᠲᠦᠮᠡᠨ ᠤ ᠬᠠᠥᠯᠢ ᠶᠤᠰᠤᠨ ᠤ ᠡᠷᠭᠡ ᠠᠰᠢᠭ ᠢ ᠦᠨᠡᠨᠬᠦ ᠬᠠᠮᠠᠭᠠᠯᠠᠨ᠂ ᠠᠷᠠᠳ ᠤᠯᠠᠨ ᠤ ᠠᠮᠤᠷ ᠲᠦᠪᠰᠢᠨ ᠤ ᠲᠦᠷᠦᠭᠳᠡᠯ ᠪᠠ ᠬᠠᠨᠤᠮᠵᠢ ᠶᠢᠨ ᠬᠡᠮᠵᠢᠶ᠎ᠠ ᠲᠠᠰᠤᠷᠠᠯᠳᠠ ᠦᠭᠡᠢ ᠲᠡᠭᠡᠭᠰᠢᠯᠡᠪᠠ᠃ ᠦᠨᠳᠤᠰᠤᠳᠠᠨ ᠤ ᠪᠦᠯᠬᠦᠮᠳᠠᠯ ᠡᠶ᠎ᠡ ᠨᠠᠶᠢᠷᠠᠮᠳᠠᠯ ᠢ ᠠᠬᠢᠭᠤᠯᠵᠤ᠂ ᠦᠪᠡᠷᠳᠡᠭᠡᠨ ᠵᠠᠰᠠᠬᠤ ᠤᠷᠤᠨ ᠤ ᠦᠨᠳᠤᠰᠤᠳᠠᠨ ᠤ ᠪᠦᠯᠬᠦᠮᠳᠠᠯ ᠲᠠᠪᠰᠢᠯᠳᠠ ᠶᠢᠨ ᠵᠢᠱᠢᠶ᠎ᠠ ᠦᠵᠡᠬᠦᠯᠬᠦ ᠬᠤᠰᠢᠭᠤ ᠶᠢ ᠡᠭᠦᠳᠤᠨ ᠪᠠᠶᠢᠭᠤᠯᠬᠤ ᠰᠢᠯᠭᠠᠨ ᠪᠠᠶᠢᠴᠠᠭᠠᠯᠳᠠ ᠶᠢ ᠠᠮᠵᠢᠯᠳᠠᠳᠠᠢ ᠦᠡᠭᠭᠡᠷᠡᠬᠦᠯᠪᠠ᠃ ︽ᠨᠠᠮ ᠵᠠᠰᠠᠭ ᠠᠳᠠᠯᠢ ᠬᠠᠷᠢᠭᠤᠴᠠᠯᠭ᠎ᠠ ᠡᠬᠦᠷᠬᠡᠯᠡᠬᠦ᠂ ᠨᠢᠭᠡ ᠠᠵᠢᠯ ᠤᠨ ᠪᠠᠶᠢᠷᠢ ᠬᠤᠶᠠᠷ ᠬᠠᠷᠢᠭᠤᠴᠠᠯᠭ᠎ᠠ︾᠎ ᠶᠢᠨ ᠱᠠᠭᠠᠷᠳᠠᠯᠭ᠎ᠠ ᠶᠢ ᠴᠢᠩᠭ᠎ᠠ ᠨᠡᠶᠢᠳᠡᠪᠤᠷᠢᠵᠢᠭᠤᠯᠵᠤ᠂ ᠠᠶᠤᠯᠬᠦᠢ ᠦᠢᠯᠡᠳᠪᠤᠷᠢᠯᠠᠯ ᠲᠤᠭᠳᠠᠭᠤᠨ ᠪᠦᠭᠡᠳ ᠰᠠᠶᠢᠨ ᠬᠠᠨᠳᠤᠰᠢ ᠲᠠᠢ ᠪᠠᠶᠢᠵᠤ᠂ ᠪᠦᠬᠦ ᠵᠢᠯ ᠳᠤ ᠠᠶᠤᠯᠬᠦᠢ ᠦᠢᠯᠡᠳᠪᠤᠷᠢᠯᠠᠯ ᠤᠨ ᠬᠦᠨᠳᠤ ᠴᠢᠬᠤᠯᠠ ᠬᠡᠷᠡᠭ ᠡᠭᠦᠰᠦᠭᠰᠡᠨ ᠦᠭᠡᠢ᠃      ︵ᠵᠢᠷᠭᠤᠭ᠎ᠠ︶ ᠵᠠᠰᠠᠭ ᠤᠨ ᠤᠷᠳᠤᠨ ᠤ ᠪᠦᠳᠤᠬᠡᠨ ᠪᠠᠶᠢᠭᠤᠯᠤᠯᠳᠠ ᠰᠢᠨ᠎ᠡ ᠲᠡᠭᠡᠭᠰᠢᠯᠡᠯᠳᠡ ᠶᠢ ᠪᠡᠶᠡᠯᠡᠬᠦᠯᠪᠡ      ︽ᠬᠤᠶᠠᠷ ᠢ ᠰᠤᠷᠤᠯᠴᠠᠵᠤ ᠨᠢᠬᠡ ᠳᠤ ᠲᠡᠩᠴᠡᠬᠦᠯᠬᠦ︾ ᠰᠤᠷᠤᠯᠴᠠᠯᠭ᠎ᠠ ᠬᠦᠮᠤᠵᠢᠯ ᠢ ᠪᠠᠶᠢᠩᠭᠤᠴᠢᠯᠠᠨ ᠳᠦᠷᠢᠮᠵᠢᠭᠦᠯᠬᠦ ᠬᠦᠮᠤᠵᠢᠯ ᠢ ᠨᠠᠷᠢᠨ ᠬᠢᠨᠠᠮᠠᠭᠠᠢ ᠦᠷᠨᠢᠬᠦᠯᠵᠤ᠂ ︽ᠲᠦᠷᠪᠡᠨ ᠰᠤᠷᠳᠠᠯ︾᠎ ᠢ ᠰᠢᠨᠳᠠᠷᠠᠰᠢ ᠦᠬᠡᠢ ᠴᠢᠩᠭ᠎ᠠ ᠠᠤᠡᠬᠤᠨ᠂ ︽ᠦᠩᠬᠡᠷᠡᠬᠦ ᠭᠠᠯᠠᠭᠤᠨ ᠤ ᠦᠳᠤ ᠶᠢ ᠰᠤᠭᠤᠯᠬᠤ︾ ᠰᠠᠬᠢᠯᠭ᠎ᠠ ᠪᠠᠳᠤ ᠶᠢ ᠵᠦᠷᠢᠴᠡᠭᠰᠡᠨ ᠠᠰᠠᠭᠤᠳᠠᠯ ᠢ ᠲᠦᠪᠯᠡᠷᠡᠬᠦᠯᠤᠨ ᠵᠠᠰᠠᠨ ᠴᠡᠭᠴᠡᠯᠡᠵᠤ᠂ ᠪᠠᠶᠢᠭᠤᠯᠭ᠎ᠠ ᠶᠢᠨ ᠦᠷ᠎ᠡ ᠪᠦᠳᠤᠮᠵᠢ ᠢᠯᠡᠷᠬᠡᠢ ᠲᠡᠭᠡᠭᠰᠢᠯᠡᠨ᠂ ᠺᠠᠳ᠋ᠷ ᠤᠨ ᠤᠪᠤᠷ ᠰᠤᠷᠳᠠᠯ ᠮᠡᠳᠡᠭᠳᠡᠬᠦᠶᠢᠴᠡ ᠰᠠᠶᠢᠵᠢᠷᠠᠪᠠ᠃ ᠠᠷᠠᠤᠡᠴᠢᠯᠠᠯ ᠬᠠᠤᠯᠢ ᠲᠦᠷᠢᠮ ᠤᠨ ᠪᠠᠶᠢᠭᠤᠯᠤᠯᠳᠠ ᠶᠢ ᠬᠦᠨᠵᠡᠬᠡᠢ ᠲᠦᠯᠬᠢᠨ ᠠᠬᠢᠭᠤᠯᠵᠤ᠂ ᠡᠷᠬᠡ ᠶᠢ ᠢᠯᠡ ᠪᠠᠷ ᠬᠡᠷᠡᠭᠵᠢᠬᠦᠯᠵᠤ᠂ ᠠᠷᠠᠤᠨ ᠤᠨ ᠲᠦᠯᠤᠬᠡᠯᠡᠭᠴᠢᠤᠨ ᠤᠨ ᠶᠡᠭᠡ ᠬᠤᠷᠠᠯ᠂ ᠤᠯᠤᠰ ᠲᠦᠷᠤ ᠶᠢᠨ ᠵᠦᠪᠯᠡᠯᠬᠡᠨ᠂ ᠬᠠᠤᠯᠢ ᠴᠠᠭᠠᠵᠠ᠂ ᠨᠡᠶᠢᠬᠡᠮ ᠨᠡᠶᠢᠳᠡ ᠶᠢᠨ ᠬᠢᠨᠠᠯᠳᠠ ᠪᠠ ᠰᠤᠨᠢᠨ ᠮᠡᠳᠡᠬᠡᠨ ᠎ ᠤ ᠶᠠᠷᠢᠶ᠎ᠠ ᠬᠡᠯᠡᠯᠴᠡᠬᠡᠨ ᠤ ᠬᠢᠨᠠᠯᠳᠠ ᠶᠢ ᠤᠬᠠᠮᠰᠠᠷ ᠠᠴᠠ ᠪᠠᠨ ᠬᠦᠯᠢᠶᠡᠵᠤ᠂ ᠬᠤᠰᠢᠭᠤᠨ ᠤ ᠠᠷᠠᠤᠨ ᠤᠨ ᠲᠦᠯᠤᠬᠡᠯᠡᠭᠴᠢ ᠶᠢᠨ ᠰᠠᠨᠠᠯ ᠵᠦᠪᠯᠡᠯᠬᠡ ᠶᠢ 35 ᠬᠤᠪᠢ᠂ ᠤᠯᠤᠰ ᠲᠦᠷᠤ ᠶᠢᠨ ᠵᠦᠪᠯᠡᠯᠬᠡᠨ ᠤ ᠬᠡᠰᠢᠬᠦᠤᠨ ᠤᠨ 70 ᠬᠤᠪᠢ ᠰᠠᠨᠠᠯ ᠲᠤᠷᠠᠳᠤᠯᠭ᠎ᠠ ᠶᠢ ᠦᠨᠳᠤᠷ ᠪᠦᠳᠤᠮᠵᠢᠳᠠᠢ ᠪᠠᠷ ᠡᠷᠬᠢᠯᠡᠨ ᠬᠦᠢᠴᠡᠤᠡᠬᠡᠪᠡ᠃ᠵᠠᠰᠠᠭ ᠤᠨ ᠤᠷᠳᠤᠨ ᠤ ᠰᠤᠷᠠᠭ ᠵᠠᠩᠬᠢ ᠪᠠ ᠵᠠᠰᠠᠭ ᠤᠨ ᠶᠠᠪᠤᠳᠠᠯ ᠢ ᠢᠯᠡ ᠪᠤᠯᠭᠠᠬᠤ ᠲᠦᠷᠢᠮ ᠢ ᠴᠢᠨᠠᠭᠰᠢᠳᠠ ᠲᠡᠬᠦᠯᠳᠡᠷᠵᠢᠬᠦᠯᠵᠤ᠂ ᠡᠯ᠎ᠡ ᠲᠦᠷᠤᠯ ᠤᠨ ᠰᠤᠷᠠᠭ ᠵᠠᠩᠬᠢ ᠶᠢ 18000 ᠭᠠᠷᠤᠢ ᠵᠤᠷᠪᠤᠰ ᠢᠯᠡ ᠪᠠᠷ ᠨᠡᠶᠢᠳᠡᠯᠡᠪᠡ᠃ ᠬᠤᠰᠢᠭᠤᠨ ᠤ ᠲᠦᠷᠤ ᠶᠢᠨ ᠪᠤᠳᠤᠯᠭ᠎ᠠ ᠶᠢᠨ ᠤᠷᠴᠢᠭᠤᠯᠭ᠎ᠠ ᠶᠢᠨ ᠲᠤᠪᠴᠢᠶ᠎ᠠ ᠶᠢ ᠪᠠᠶᠢᠭᠤᠯᠵᠤ᠂ ᠮᠤᠩᠭᠤᠯ ᠬᠢᠳᠠᠤᠨ ᠬᠤᠶᠠᠷ ᠬᠡᠯᠡ ᠶᠢ ᠵᠡᠷᠬᠡᠪᠡᠷ ᠬᠡᠷᠡᠭᠯᠡᠬᠦ ᠶᠢ ᠲᠦᠷᠢᠮᠵᠢᠬᠦᠯᠪᠡ᠃ ᠠᠯᠪᠠᠨ ᠤ ᠬᠡᠷ᠂ ᠠᠯᠪᠠᠨ ᠤ ᠲᠡᠷᠬᠡ ᠶᠢᠨ ᠦᠬᠡᠷᠡᠴᠢᠯᠡᠯᠳᠡ ᠪᠤᠳᠠᠳᠤ ᠦᠷ᠎ᠡ ᠪᠦᠳᠤᠮᠵᠢ ᠤᠯᠵᠤ᠂ 13 ᠬᠡᠷ ᠢ ᠰᠤᠯᠯᠠᠨ ᠪᠤᠴᠠᠭᠠᠵᠤ᠂ ᠠᠯᠪᠠᠨ ᠳᠤ ᠬᠡᠷᠡᠭᠯᠡᠬᠦ ᠲᠡᠷᠭᠡ ᠶᠢᠨ ᠲᠦᠷᠢᠮ ᠤᠨ ᠦᠬᠡᠷᠡᠴᠢᠯᠡᠯᠳᠡ ᠶᠢ ᠤᠷᠤᠭᠰᠢᠳᠠᠢ ᠪᠡᠶᠡᠯᠡᠬᠦᠯᠪᠡ᠃ ᠲᠦᠪ ᠤᠨ ︽ᠨᠠᠢᠮᠠᠨ ᠵᠤᠶᠢᠯ ᠤᠨ ᠲᠤᠭᠳᠠᠭᠠᠯ︾᠎ ᠢ ᠴᠢᠩᠭ᠎ᠠ ᠨᠠᠶᠢᠳᠠᠪᠤᠷᠢᠵᠢᠭᠤᠯᠵᠤ᠂ ︽ᠠᠯᠪᠠᠨ ᠤ ᠭᠤᠷᠪᠠᠨ ᠵᠠᠷᠤᠳᠠᠯ︾ 12.5%᠎ ᠪᠠᠷ ᠪᠠᠭᠤᠷᠠᠪᠠ᠃ ᠬᠦᠨᠳᠤ ᠶᠡᠭᠡ ᠠᠶᠤᠯ ᠲᠦᠭᠰᠢᠬᠦᠷᠢ ᠎ ᠶᠢ ᠨᠠᠮᠳᠠᠭᠤᠯᠤᠨ ᠰᠢᠢᠤᠡᠪᠦᠷᠢᠯᠡᠵᠤ᠂ ᠤᠷᠤᠨ ᠨᠤᠳᠤᠭ ᠤᠨ ᠴᠢᠨᠠᠷᠳᠠᠢ ᠵᠠᠰᠠᠭ ᠤᠨ ᠤᠷᠳᠤᠨ ᠤ ᠦᠷᠢ ᠦᠭᠴᠡᠭᠡ ᠶᠢ ᠠᠷᠢᠯᠭᠠᠨ᠂ ᠲᠦᠷᠪᠡᠨ ᠵᠢᠯ ᠳᠤ ᠦᠷᠢ ᠦᠭᠴᠡᠭᠡ ᠶᠢ ᠰᠢᠢᠤᠡᠪᠦᠷᠢᠯᠡᠬᠦ ᠲᠦᠰᠤᠯ ᠢ ᠲᠤᠭᠳᠠᠭᠠᠪᠠ᠃ ᠮᠠᠲ᠋ᠧᠷᠢᠶᠠᠯ ᠪᠠ ᠬᠤᠷᠠᠯ ᠤᠨ ᠰᠤᠷᠳᠠᠯ ᠢ ᠬᠦᠴᠤᠯᠡᠨ ᠰᠠᠶᠢᠵᠢᠷᠠᠭᠤᠯᠵᠤ᠂ ᠵᠠᠰᠠᠭ ᠤᠨ ᠤᠷᠳᠤᠨ ᠤ ᠠᠯᠪᠠᠨ ᠪᠢᠴᠢᠭ ᠪᠠ ᠬᠤᠷᠠᠯ ᠤᠨ ᠬᠡᠮᠵᠢᠶ᠎ᠡ ᠮᠡᠳᠡᠭᠳᠡᠬᠦᠶᠢᠴᠡ ᠪᠠᠭᠤᠷᠠᠪᠠ᠃ ︽ᠬᠤᠶᠠᠷ ᠢ ᠰᠤᠭᠤᠴᠢᠵᠤ᠂ ᠨᠢᠬᠡ ᠶᠢ ᠢᠯᠡ ᠪᠤᠯᠭᠠᠬᠤ︾ ᠠᠵᠢᠯ ᠤᠨ ᠲᠤᠭᠳᠠᠴᠠ ᠶᠢ ᠲᠦᠯᠬᠢᠨ ᠠᠬᠢᠭᠤᠯᠵᠤ᠂ ᠬᠠᠤᠯᠢ ᠴᠠᠭᠠᠵᠠ ᠶᠢᠨ ᠵᠦᠪᠯᠡᠭᠴᠢ ᠶᠢᠨ ᠲᠦᠷᠢᠮ ᠢ ᠲᠡᠬᠦᠯᠳᠡᠷᠵᠢᠬᠦᠯᠤᠨ᠂ ᠪᠢᠴᠢᠭ ᠮᠡᠲ᠋ᠧᠷᠢᠶᠠᠯ ᠤᠨ ᠲᠦᠷᠢᠮᠵᠢᠭᠰᠡᠨ ᠡᠰᠡᠬᠦ ᠶᠢ ᠴᠢᠩᠭ᠎ᠠ ᠬᠢᠨᠠᠨ ᠪᠠᠶᠢᠴᠠᠭᠠᠪᠠ᠃ ᠤᠯᠠᠨ ᠨᠡᠶᠢᠳᠡ ᠶᠢᠨ ᠡᠬᠢ ᠪᠠᠶᠠᠯᠢᠭ ᠤᠨ ᠠᠷᠠᠯᠵᠢᠶᠠᠨ ᠤ ᠦᠢᠯᠡᠴᠢᠯᠡᠭᠡ ᠶᠢᠨ ᠬᠦᠷᠢᠶ᠎ᠡ ᠬᠡᠪᠴᠢᠶ᠎ᠡ ᠶᠢ ᠦᠷᠬᠡᠤᠡᠬᠡᠨ᠂ ᠲᠠᠭᠠᠭᠠᠴᠢᠯᠠᠯᠳᠠ ᠵᠠᠷᠯᠠᠬᠤ ᠪᠠ ᠲᠠᠭᠠᠭᠠᠴᠢᠯᠠᠯᠳᠠ ᠬᠦᠯᠢᠶᠡᠬᠦ ᠪᠦᠬᠦ ᠶᠠᠪᠤᠴᠠ ᠶᠢ ᠢᠯᠡ ᠲᠤᠳᠤ ᠪᠤᠯᠭᠠᠨ᠂ ᠡᠯᠧᠺᠲᠷᠤᠨᠴᠢᠯᠠᠬᠤ ᠶᠢ ᠪᠡᠶᠡᠯᠡᠬᠦᠯᠪᠡ᠃ ᠨᠠᠮ ᠤᠨ ᠰᠤᠷᠳᠠᠯ ᠴᠢᠬᠡᠴᠢ ᠵᠠᠰᠠᠭ ᠤᠨ ᠪᠠᠶᠢᠭᠤᠯᠤᠯᠳᠠ ᠶᠢᠨ ︽ᠬᠤᠶᠠᠷ ᠬᠠᠷᠢᠭᠤᠴᠠᠯᠭ᠎ᠠ︾᠎ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠢᠯᠵᠠᠷᠠᠯ ᠢ ᠡᠰᠡᠷᠬᠦᠴᠡᠨ ᠠᠷᠢᠭᠤᠨ ᠴᠢᠬᠡᠴᠢ ᠶᠢ ᠡᠷᠬᠢᠮᠯᠡᠬᠦ ᠶᠢ ᠪᠠᠷᠢᠮᠳᠠᠯᠠᠨ᠂ ᠬᠠᠤᠯᠢ ᠰᠠᠬᠢᠯᠭ᠎ᠠ ᠶᠢ ᠵᠦᠷᠢᠴᠡᠭᠰᠡᠨ ᠪᠠ ᠡᠰᠡᠷᠬᠦᠴᠡᠯᠳᠤᠨ ᠬᠡᠷᠡᠭ ᠦᠢᠯᠡᠤᠡᠬᠦ ᠶᠢ ᠴᠢᠩᠭ᠎ᠠ ᠪᠠᠶᠢᠴᠠᠭᠠᠨ ᠰᠢᠢᠤᠡᠪᠦᠷᠢᠯᠡᠪᠡ᠃      ᠡᠬᠦᠨ ᠤ ᠬᠠᠮᠳᠤ᠂ ᠤᠯᠤᠰ ᠤᠨ ᠪᠠᠳᠤᠯᠠᠨ ᠬᠠᠮᠠᠭᠠᠯᠠᠯᠳᠠ ᠶᠢᠨ ᠲᠠᠶᠢᠴᠢᠯᠠᠯᠳᠠ ᠪᠠ ᠪᠡᠯᠡᠤᠡᠬᠡᠯ ᠬᠦᠴᠤᠨ ᠤ ᠪᠠᠶᠢᠭᠤᠯᠤᠯᠳᠠ ᠶᠢ ᠴᠢᠨᠠᠭᠰᠢᠳᠠ ᠴᠢᠩᠭᠠᠤᠡᠬᠠᠨ᠂ ᠳᠠᠩᠰᠠ ᠡᠪᠬᠡᠮᠡᠯ ᠴᠠᠳᠢᠭ᠂ ᠠᠵᠢᠯᠴᠢᠨ ᠤ ᠡᠪᠯᠡᠯ᠂ ᠡᠪ ᠬᠠᠮᠳᠤ ᠵᠠᠯᠠᠭᠤᠴᠤᠤᠨ ᠤᠨ ᠡᠪᠯᠡᠯ᠂ ᠡᠮᠡᠭᠳᠡᠶᠢᠴᠤᠤᠨ ᠪᠠ ᠬᠡᠤᠬᠡᠤᠨ᠂ ᠤᠯᠠᠭᠠᠨ ᠵᠠᠭᠠᠯᠮᠠᠶᠢᠳᠠᠨ ᠤ ᠨᠡᠶᠢᠬᠡᠮᠯᠢᠭ᠂ ᠦᠢᠯᠡᠤᠡᠪᠦᠷᠢ ᠬᠤᠳᠠᠯᠳᠤᠭᠠᠨ ᠤ ᠬᠤᠯᠪᠤᠭ᠎ᠠ᠂ ᠵᠡᠮᠳᠡᠭᠴᠤᠤᠨ᠂ ᠬᠤᠶᠢᠴᠢ ᠦᠶ᠎ᠡ ᠶᠢ ᠬᠠᠯᠠᠮᠵᠢᠯᠠᠬᠤ᠂ ᠰᠢᠨᠵᠢᠯᠡᠭᠡ ᠮᠡᠷᠬᠡᠵᠢᠯ᠂ ᠬᠢᠨᠠᠨ ᠪᠤᠳᠤᠬᠤ᠂ ᠪᠤᠳᠠᠰ ᠤᠨ ᠦᠨ᠎ᠡ᠂ ᠭᠠᠵᠠᠷ ᠬᠦᠳᠡᠯᠤᠯᠳᠡ᠂ ᠴᠠᠭ ᠠᠭᠤᠷ᠂ ᠴᠢᠯᠠᠭᠤᠨ ᠳᠤᠰᠤ᠂ ᠳᠠᠮᠠᠬᠢᠨ ᠤ ᠦᠢᠯᠡᠰ᠂ ᠰᠢᠤᠳᠠᠨ ᠶᠠᠪᠤᠳᠠᠯ᠂ ᠳᠠᠭᠠᠳᠬᠠᠯ᠂ ᠴᠢᠮᠡᠭᠡ ᠬᠤᠯᠪᠤᠭ᠎ᠠ ᠵᠡᠷᠭᠡ ᠡᠯ᠎ᠡ ᠲᠦᠷᠤᠯ ᠤᠨ ᠠᠵᠢᠯ ᠴᠦᠮ ᠰᠢᠨ᠎ᠡ ᠦᠷ᠎ᠡ ᠪᠦᠳᠤᠮᠵᠢ ᠤᠯᠪᠠ᠃ ᠤᠷᠢᠤᠨ ᠬᠤᠵᠢᠤᠨ ︽ᠪᠦᠬᠦ ᠤᠯᠤᠰ ᠤᠨ ᠠᠵᠢᠯᠴᠢᠨ ᠤ ᠬᠤᠰᠢᠭᠤᠴᠢ︾᠂ ︽ᠪᠦᠬᠦ ᠤᠯᠤᠰ ᠤᠨ ᠠᠵᠢᠯᠳᠠᠨ ᠠᠵᠢᠯᠴᠢᠨ ᠤ ᠬᠦᠮᠤᠵᠢᠯ ᠪᠤᠯᠪᠠᠰᠤᠷᠠᠯ ᠤᠨ ᠵᠢᠱᠢᠶ᠎ᠡ ᠦᠵᠡᠬᠦᠯᠬᠦ ᠴᠡᠭ︾᠂ ︽ᠪᠦᠬᠦ ᠤᠯᠤᠰ ᠤᠨ ᠭᠠᠵᠢᠭᠤ ᠨᠤᠮᠯᠠᠯ ᠦᠬᠡᠢ ᠵᠢᠱᠢᠶ᠎ᠡ ᠦᠵᠡᠬᠦᠯᠬᠦ ᠬᠤᠰᠢᠭᠤ︾᠂ ︽ᠪᠦᠬᠦ ᠤᠷᠤᠨ ᠤ ᠲᠤᠳᠤᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠬᠠᠤᠯᠢ ᠬᠡᠷᠡᠭᠵᠢᠬᠦᠯᠬᠦ ᠵᠢᠱᠢᠶ᠎ᠡ ᠦᠵᠡᠬᠦᠯᠬᠦ ᠨᠢᠬᠡᠴᠡ︾᠂ ︽ᠪᠦᠬᠦ ᠬᠤᠳᠠ ᠶᠢᠨ ᠨᠡᠶᠢᠬᠡᠮ ᠤᠨ ᠠᠮᠤᠷ ᠢ ᠶᠡᠷᠤᠩᠬᠡᠶᠢᠯᠡᠨ ᠵᠠᠰᠠᠬᠤ ᠲᠡᠷᠢᠬᠦᠨ ᠤ ᠭᠠᠵᠠᠷ ᠤᠷᠤᠨ︾᠂ ︽ᠪᠦᠬᠦ ᠬᠤᠳᠠ ᠶᠢᠨ ᠬᠤᠤᠷ ᠴᠠᠭᠠᠵᠠᠯᠠᠬᠤ ᠠᠵᠢᠯ ᠤᠨ ᠲᠡᠷᠢᠬᠦᠨ ᠤ ᠭᠠᠵᠠᠷ ᠤᠷᠤᠨ︾᠂ ︽ᠪᠦᠬᠦ ᠬᠤᠳᠠ ᠎ ᠶᠢᠨ ᠵᠠᠰᠠᠭ ᠤᠨ ᠶᠠᠪᠤᠳᠠᠯ ᠢ ᠢᠯᠡ ᠪᠤᠯᠭᠠᠬᠤ ᠠᠵᠢᠯ ᠤᠨ ᠲᠡᠷᠢᠬᠦᠨ ᠤ ᠬᠠᠮᠳᠤ ᠨᠢᠬᠡᠴᠡ︾ ᠵᠡᠷᠬᠡ ᠢᠷᠠᠭᠤ ᠠᠯᠳᠠᠷ ᠬᠦᠷᠳᠡᠪᠡ᠃      ᠲᠦᠯᠤᠬᠡᠯᠡᠭᠴᠢᠤᠨ ᠡ᠂ ᠦᠩᠬᠡᠷᠡᠭᠰᠡᠨ ᠨᠢᠬᠡ ᠵᠢᠯ ᠳᠤ᠂ ᠪᠢᠳᠡ ᠰᠠᠭᠤᠷᠢ ᠪᠠᠨ ᠰᠠᠶᠢᠨ ᠲᠠᠯᠪᠢᠨ᠂ ᠬᠤᠯᠠ ᠶᠢ ᠪᠤᠳᠤᠯᠬᠢᠯᠠᠵᠤ᠂ ᠪᠤᠳᠠᠳᠠᠢ ᠠᠵᠢᠯᠯᠠᠨ ᠵᠤᠷᠢᠭᠳᠠᠢ ᠤᠷᠤᠭᠰᠢᠯᠠᠵᠤ᠂ ᠨᠡᠬᠡᠬᠡᠯᠳᠡ ᠲᠠᠢ ᠪᠠᠷ ᠰᠢᠨ᠎ᠡ ᠶᠢ ᠡᠬᠦᠳᠤᠨ᠂ ᠡᠯ᠎ᠡ ᠲᠦᠷᠤᠯ ᠤᠨ ᠠᠵᠢᠯ ᠲᠠᠰᠤᠷᠠᠯᠳᠠ ᠦᠬᠡᠢ ᠤᠷᠤᠭᠰᠢ ᠠᠬᠢᠪᠠ᠃ ᠡᠳᠡᠬᠡᠷ ᠠᠮᠵᠢᠯᠳᠠ ᠪᠦᠳᠤᠬᠡᠯ ᠤᠯᠤᠭᠰᠠᠨ ᠨᠢ ᠬᠤᠰᠢᠭᠤᠨ ᠤ ᠨᠠᠮ ᠤᠨ ᠬᠤᠷᠢᠶᠠᠨ ᠤ ᠪᠠᠳᠤ ᠴᠢᠩᠭ᠎ᠠ ᠤᠳᠤᠷᠢᠳᠤᠯᠭ᠎ᠠ ᠪᠤᠯᠤᠨ ᠪᠦᠬᠦ ᠲᠠᠯ᠎ᠠ ᠶᠢ ᠬᠠᠮᠤᠷᠤᠭᠰᠠᠨ ᠤ ᠦᠷ᠎ᠡ ᠳ᠋ᠦᠩ ᠮᠦᠨ᠂ ᠬᠤᠰᠢᠭᠤᠨ ᠤ ᠠᠷᠠᠤᠨ ᠤᠨ ᠲᠦᠯᠤᠬᠡᠯᠡᠭᠴᠢᠤᠨ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠤᠯᠤᠰ ᠲᠦᠷᠤ ᠶᠢᠨ ᠵᠦᠪᠯᠡᠯᠬᠡᠨ ᠤ ᠬᠦᠴᠦᠳᠠᠢ ᠬᠢᠨᠠᠯᠳᠠ ᠲᠠᠯᠪᠢᠵᠤ ᠲᠡᠮᠵᠢᠭᠰᠡᠨ ᠤ ᠦᠷ᠎ᠡ ᠳ᠋ᠦᠩ ᠮᠦᠨ ᠪᠦᠬᠡᠤᠨ ᠮᠦᠨᠴᠤ ᠪᠦᠬᠦ ᠬᠤᠰᠢᠭᠤᠨ ᠤ ᠦᠷᠬᠡᠨ ᠤᠯᠠᠨ ᠺᠠᠳ᠋ᠷ ᠠᠵᠢᠯᠳᠠᠨ ᠤ ᠦᠨᠡᠨᠬᠦ ᠠᠤᠡᠬᠤᠨ ᠪᠤᠳᠠᠳᠠᠢ ᠠᠵᠢᠯᠯᠠᠵᠤ᠂ ᠲᠡᠷᠢᠬᠦᠨ ᠳᠤᠨᠢ ᠤᠷᠤᠬᠤ ᠪᠠᠷ ᠴᠢᠷᠮᠠᠶᠢᠭᠰᠠᠨ ᠤ ᠦᠷ᠎ᠡ ᠳ᠋ᠦᠩ ᠮᠦᠨ᠂ ᠪᠦᠬᠦ ᠬᠤᠰᠢᠭᠤᠨ ᠤ ᠦᠨᠳᠤᠰᠤᠳᠡᠨ ᠨᠦᠭᠦᠳ ᠤᠨ ᠠᠷᠠᠤᠨ ᠲᠦᠮᠡᠨ ᠰᠡᠤᠡᠬᠢᠯ ᠵᠢᠷᠤᠬᠡ ᠪᠠᠨ ᠨᠢᠬᠡᠤᠡᠬᠡᠨ᠂ ᠬᠠᠮᠳᠤᠪᠠᠷ ᠴᠢᠷᠮᠠᠶᠢᠭᠰᠠᠨ ᠤ ᠦᠷ᠎ᠡ ᠳ᠋ᠦᠩ ᠮᠦᠨ᠃ ᠡᠬᠦᠨ ᠳᠤ᠂ ᠪᠢ ᠬᠤᠰᠢᠭᠤᠨ ᠤ ᠠᠷᠠᠤᠨ ᠤᠨ ᠵᠠᠰᠠᠭ ᠤᠨ ᠤᠷᠳᠤᠨ ᠢ ᠲᠦᠯᠤᠬᠡᠯᠡᠨ᠂ ᠪᠦᠬᠦ ᠬᠤᠰᠢᠭᠤᠨ ᠤ ᠦᠷᠬᠡᠨ ᠤᠯᠠᠨ ᠺᠠᠳ᠋ᠷ᠂ ᠪᠦᠬᠦ ᠬᠤᠰᠢᠭᠤᠨ ᠤ ᠠᠷᠠᠳ ᠤᠨ ᠲᠦᠯᠦᠭᠡᠯᠡᠭᠴᠢ᠂ ᠤᠯᠤᠰ ᠲᠦᠷᠤ ᠶᠢᠨ ᠵᠦᠪᠯᠡᠯᠬᠡᠨ ᠤ ᠬᠡᠰᠢᠬᠦᠤᠨ᠂ ᠬᠤᠰᠢᠭᠤᠨ ᠎ ᠳᠤ ᠰᠠᠭᠤᠭ᠎ᠠ ᠴᠡᠷᠢᠭ ᠠᠩᠬᠢ᠂ ᠵᠡᠪᠰᠡᠭᠳᠤ ᠴᠠᠭᠳᠠᠭᠠᠨ ᠤ ᠲᠠᠷᠤᠭ᠎ᠠ ᠪᠠᠶᠢᠯᠳᠤᠭᠴᠢ᠂ ᠤᠯᠤᠰ ᠲᠦᠷᠤ ᠬᠠᠤᠯᠢ ᠴᠠᠭᠠᠵᠠ ᠶᠢᠨ ᠺᠠᠳ᠋ᠷ ᠴᠠᠭᠳᠠᠭ᠎ᠠ᠂ ᠨᠠᠰᠤᠨ ᠤ ᠠᠮᠠᠷᠠᠯᠳᠠ ᠎ ᠪᠠᠨ ᠠᠪᠤᠭᠰᠠᠨ ᠪᠠ ᠠᠵᠢᠯ ᠠᠴᠠ ᠪᠠᠨ ᠠᠮᠠᠷᠠᠭᠰᠠᠨ ᠠᠬᠠᠮᠠᠤᠨ ᠺᠠᠳ᠋ᠷ ᠪᠠ ᠨᠡᠶᠢᠬᠡᠮ ᠤᠨ ᠡᠯ᠎ᠡ ᠡᠳᠡᠬᠡᠤᠨ ᠤᠨ ᠬᠢᠨ᠂ ᠰᠢᠨ᠎ᠡ ᠪᠠᠷᠭᠤ ᠪᠠᠷᠠᠭᠤᠨ ᠬᠤᠰᠢᠭᠤᠨ ᠤ ᠬᠦᠭᠵᠢᠯᠳᠡ ᠶᠢ ᠬᠠᠯᠠᠮᠵᠢᠯᠠᠨ ᠲᠡᠮᠵᠢᠭᠰᠡᠨ ᠨᠠᠶᠢᠵᠠ ᠨᠠᠷ ᠲᠤ ᠬᠠᠮᠤᠭ ᠤᠨ ᠡᠷᠬᠢᠮ ᠲᠡᠬᠡᠳᠤ ᠮᠡᠨᠳᠤᠴᠢᠯᠡᠯ ᠪᠤᠯᠤᠨ ᠴᠢᠩ ᠰᠡᠤᠡᠬᠢᠯ ᠤᠨ ᠪᠠᠶᠠᠷ ᠲᠠᠯᠠᠷᠬᠠᠯ ᠢᠶᠠᠨ ᠲᠡᠪᠰᠢᠬᠦᠯᠤᠶ᠎ᠡ︕      ᠪᠢᠳᠡ ᠠᠮᠵᠢᠯᠳᠠ ᠪᠦᠳᠤᠮᠵᠢ ᠪᠠᠨ ᠤᠯᠵᠤ ᠬᠠᠷᠠᠬᠤ ᠶᠢᠨ ᠬᠠᠮᠳᠤ᠂ ᠪᠢᠳᠡ ᠤᠷᠤᠰᠢᠵᠤ ᠪᠠᠶᠢᠭ᠎ᠠ ᠬᠦᠴᠢᠷᠳᠡᠯ ᠪᠠ ᠠᠰᠠᠭᠤᠳᠠᠯ ᠢᠶᠠᠨ ᠨᠡᠩ ᠰᠡᠷᠬᠡᠭ ᠢᠶᠠᠷ ᠲᠠᠨᠢᠬᠤ ᠬᠡᠷᠡᠭᠳᠡᠢ᠄ ᠰᠢᠨ᠎ᠡ ᠪᠠᠷᠭᠤ ᠪᠠᠷᠠᠭᠤᠨ ᠬᠤᠰᠢᠭᠤᠨ ᠤ ᠬᠦᠭᠵᠢᠯᠳᠡ ᠦᠨᠡᠨᠬᠦ ᠬᠦᠴᠢᠷ ᠪᠡᠷᠬᠡ ᠶᠢ ᠢᠯᠠᠨ᠂ ᠬᠡᠯᠪᠡᠷᠢ ᠶᠢ ᠬᠤᠪᠢᠷᠠᠭᠤᠯᠤᠨ ᠲᠡᠰ ᠲᠡᠪᠰᠢᠬᠦᠯᠬᠦ ᠵᠠᠩᠬᠢᠯᠠᠭ᠎ᠠ ᠶᠢᠨ ᠴᠠᠭ ᠬᠤᠭᠤᠴᠭᠠᠨ ᠳᠤ ᠬᠦᠷᠴᠤ᠂ ᠠᠵᠤ ᠠᠬᠤᠢ ᠨᠡᠶᠢᠬᠡᠮ ᠤᠨ ᠬᠦᠭᠵᠢᠯᠳᠡ ᠶᠢᠨ ᠲᠤᠮᠳᠠ ᠪᠠᠭ᠎ᠠ ᠪᠤᠰᠤ ᠬᠦᠴᠢᠷᠳᠡᠯ ᠪᠠ ᠰᠢᠢᠤᠡᠪᠦᠷᠢᠯᠡᠬᠦ ᠴᠢᠬᠤᠯᠠᠳᠠᠢ ᠠᠰᠠᠭᠤᠳᠠᠯ ᠤᠷᠤᠰᠢᠵᠤ ᠪᠠᠶᠢᠨ᠎ᠠ᠃ ᠭᠤᠤᠯᠳᠠᠭᠤ᠄ ᠠᠵᠤ ᠠᠬᠤᠢ ᠶᠢᠨ ᠶᠡᠷᠤᠩᠬᠡᠢ ᠬᠡᠮᠵᠢᠶ᠎ᠡ ᠶᠡᠭᠡ ᠪᠢᠰᠢ᠂ ᠠᠵᠤ ᠦᠢᠡᠯᠰ ᠤᠨ ᠪᠦᠳᠤᠴᠡ ᠳ᠋ᠠᠩ ᠴᠤᠯᠭᠤᠢ᠂ ᠤᠯᠠᠨ ᠡᠰᠢᠳᠤ ᠲᠦᠰᠢᠭ ᠲᠤᠯᠭᠠᠭᠤᠷᠢ ᠬᠦᠢᠴᠡᠤᠨ ᠪᠤᠰᠤ᠃ ᠠᠵᠤ ᠠᠬᠤᠢ ᠦᠷᠬᠦᠯᠵᠢᠯᠡᠨ ᠲᠤᠷᠤᠭᠰᠢᠯᠠᠵᠤ᠂ ᠠᠮᠢ ᠠᠬᠤᠢ ᠶᠢᠨ ᠪᠦᠳᠤᠬᠡᠨ ᠪᠠᠶᠢᠭᠤᠯᠤᠯᠳᠠ ᠨᠢ ᠬᠡᠯᠪᠡᠷᠢ ᠶᠢ ᠬᠤᠪᠢᠷᠠᠭᠤᠯᠤᠨ ᠲᠡᠰ ᠲᠡᠪᠰᠢᠬᠦᠯᠬᠦ ᠶᠢ ᠬᠦᠯᠢᠶᠡᠰᠤᠯᠡᠵᠤ᠂ ᠲᠤᠮᠤ ᠲᠦᠷᠤᠯ ᠵᠤᠶᠢᠯ ᠤᠨ ᠬᠠᠳᠠᠭᠠᠯᠠᠭᠳᠠᠴᠠ ᠬᠦᠷᠤᠯᠴᠠᠬᠦ ᠦᠬᠡᠢ ᠪᠠᠶᠢᠵᠤ᠂ ᠦᠨᠳᠤᠷ ᠴᠢᠨᠠᠷ ᠴᠢᠨᠰᠠᠭ᠎ᠠ ᠲᠠᠢ᠂ ᠦᠨᠳᠤᠷ ᠦᠷ᠎ᠡ ᠠᠰᠢᠭᠳᠤ ᠬᠦᠭᠵᠢᠯᠳᠡ ᠶᠢ ᠪᠡᠶᠡᠯᠡᠬᠦᠯᠬᠦ ᠳᠤ ᠨᠡᠩ ᠶᠡᠭᠡ ᠴᠢᠷᠮᠠᠶᠢᠯᠭ᠎ᠠ ᠱᠠᠭᠠᠷᠳᠠᠭᠳᠠᠨ᠎ᠠ︔ ᠠᠷᠠᠤᠨ ᠤᠨ ᠠᠮᠢᠳᠤᠷᠠᠯ ᠢ ᠪᠠᠳᠤᠯᠠᠬᠤ᠂ ᠬᠦᠭᠵᠢᠯᠳᠡ ᠶᠢ ᠠᠬᠢᠭᠤᠯᠬᠤ ᠵᠠᠶᠢᠯᠠᠰᠢ ᠦᠬᠡᠢ ᠵᠠᠷᠤᠯᠭ᠎ᠠ ᠡᠳᠤᠷ ᠢᠷᠡᠬᠦᠶ᠎ᠡ ᠨᠡᠮᠡᠭᠳᠡᠵᠤ᠂ ᠡᠳ᠋ ᠤᠨ ᠵᠠᠰᠠᠭ ᠤᠨ ᠤᠷᠤᠯᠭ᠎ᠠ ᠵᠠᠷᠤᠯᠭ᠎ᠠ ᠶᠢᠨ ᠵᠦᠷᠢᠴᠡᠯ ᠨᠡᠩ ᠲᠤᠪᠤᠶᠢᠮ᠎ᠠ ᠪᠤᠯᠪᠠ︔ ᠵᠠᠰᠠᠭ ᠤᠨ ᠤᠷᠳᠤᠨ ᠤ ᠡᠭᠦᠷᠭᠡ ᠴᠢᠳᠠᠪᠤᠷᠢ ᠶᠢ ᠬᠤᠪᠢᠷᠠᠭᠤᠯᠬᠤ ᠪᠠ ᠺᠠᠳ᠋ᠷ ᠤᠨ ᠡᠩᠨᠡᠬᠡᠨ ᠤ ᠪᠠᠶᠢᠭᠤᠯᠤᠯᠳᠠ ᠶᠢ ᠦᠷᠬᠦᠯᠵᠢᠯᠡᠨ ᠴᠢᠩᠭᠠᠤᠡᠬᠠᠬᠤ ᠴᠢᠬᠤᠯᠠᠳᠠᠢ᠂ ᠬᠦᠭᠵᠢᠯᠳᠡ ᠶᠢᠨ ᠤᠷᠴᠢᠨ ᠲᠤᠭᠤᠷᠢᠨ ᠢ ᠨᠡᠩ ᠰᠢᠯᠢᠳᠡᠭᠵᠢᠬᠦᠯᠬᠦ ᠴᠢᠬᠤᠯᠠᠳᠠᠢ ᠠᠯᠢ ᠤᠯᠠᠨ ᠠᠰᠠᠭᠤᠳᠠᠯ ᠤᠷᠤᠰᠢᠵᠤ ᠪᠠᠶᠢᠨ᠎ᠠ᠃ ᠡᠳᠡᠭᠡᠷ ᠠᠰᠠᠭᠤᠳᠠᠯ ᠳᠤ ᠪᠢᠳᠡ ᠠᠰᠠᠭᠤᠳᠠᠯ ᠢᠶᠠᠷ ᠤᠳᠤᠷᠢᠳᠤᠮᠵᠢ ᠪᠤᠯᠭᠠᠬᠤ ᠶᠢ ᠪᠠᠷᠢᠮᠳᠠᠯᠠᠨ᠂ ᠢᠳᠡᠪᠬᠢᠳᠡᠢ ᠠᠷᠭ᠎ᠠ ᠬᠡᠮᠵᠢᠶ᠎ᠠ ᠠᠪᠴᠤ ᠬᠢᠨᠠᠮᠠᠭᠠᠢ ᠰᠢᠢᠤᠡᠪᠦᠷᠢᠯᠡᠬᠦ ᠬᠡᠷᠡᠭᠳᠡᠢ᠃
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠵᠠᠰᠠᠭ ᠤᠨ ᠣᠷᠳᠣᠨ ᠤ ᠤᠷᠴᠢᠭᠤᠯᠭ᠎ᠠ ᠶᠢᠨ ᠲᠤᠪᠴᠢᠶ᠎ᠠ