ᠰᠢᠨ᠎ᠠ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠤᠢ ᠰᠢᠭᠤᠢ ᠲᠠᠯ᠎ᠠ ᠨᠤᠳᠤᠭ | ᠤᠨ ᠭᠠᠯ ᠢ ᠴᠢᠩᠭ᠎ᠠ ᠰᠡᠷᠭᠡᠶᠢᠯᠡᠬᠦ ᠵᠠᠷᠯᠢᠭ | | ᠰᠢᠨ᠎ᠠ ᠪᠠᠷᠠᠭᠤᠨ ᠵᠠᠰᠠᠭ ᠲᠠᠷᠬᠠᠭᠠᠭᠰᠠᠨ ﹇2018﹈ 28 ᠳ᠋ᠤᠭᠠᠷ ᠲᠣᠭᠠᠲᠤ | | | ᠡᠯ᠎ᠡ ᠰᠤᠮᠤ ᠪᠠᠯᠭᠠᠰᠤ᠂ ᠬᠤᠰᠢᠭᠤᠨ ᠤ ᠰᠢᠭᠤᠳ ᠬᠠᠷᠢᠶ᠎ᠠ ᠰᠠᠯᠠᠭ᠎ᠠ ᠮᠦᠴᠢᠷ᠂ ᠬᠤᠰᠢᠭᠤᠨ ᠳᠤ ᠰᠠᠭᠤᠭ᠎ᠠ ᠡᠯ᠎ᠡ | ᠪᠠᠶᠢᠭᠤᠯᠭ᠎ᠠ ᠨᠢᠭᠡᠴᠡ ᠳᠤ᠄ | ᠤᠳᠤᠬᠠᠨ ᠳᠤ᠂ ᠮᠠᠨ ᠤ ᠬᠤᠰᠢᠭᠤ ᠶᠠᠭ ᠭᠠᠯ ᠲᠦᠢᠮᠡᠷ ᠤᠨ ᠪᠤᠯᠤᠮᠵᠢ ᠶᠡᠬᠡᠳᠡᠢ ᠬᠤᠭᠤᠴᠠᠭᠠᠨ ᠳᠤ ᠤᠷᠤᠵᠤ᠂ | ᠴᠢᠯᠭᠡᠭᠰᠡᠨ ᠪᠤᠳᠠᠰ ᠬᠠᠭᠤᠷᠠᠶᠢᠳᠠᠭᠰᠠᠨ᠂ ᠶᠡᠭᠡ ᠰᠠᠯᠬᠢ ᠲᠠᠢ ᠲᠤᠶᠢᠯᠰᠢᠷᠠᠯ ᠤᠨ ᠴᠠᠭ ᠠᠭᠤᠷ ᠨᠡᠮᠡᠭᠳᠡᠵᠤ᠂ ᠤᠢ ᠰᠢᠭᠤᠢ | ᠲᠠᠯ᠎ᠠ ᠨᠤᠳᠤᠭ ᠤᠨ ᠭᠠᠯ ᠤᠨ ᠠᠶᠤᠯ ᠤᠨ ᠲᠡᠰ ᠨᠡᠯᠢᠶᠡᠳ ᠦᠨᠳᠦᠷ ᠭᠡᠮᠵᠢᠶ᠎ᠡ ᠳᠤ ᠬᠦᠷᠴᠤ᠂ ᠭᠡᠰᠡᠭ ᠭᠠᠵᠠᠷ ᠤᠷᠤᠨ | ᠳᠤ ᠬᠦᠳᠡᠭᠡ ᠭᠠᠳᠠᠭ᠎ᠠ ᠲᠠᠯᠳᠠᠭᠤᠷ ᠭᠠᠯ ᠭᠡᠷᠡᠭᠯᠡᠵᠤ ᠪᠠᠶᠢᠭ᠎ᠠ ᠪᠠᠶᠢᠳᠠᠯ ᠲᠤᠪᠤᠶᠢᠮ᠎ᠠ ᠤᠷᠤᠰᠢᠵᠤ ᠪᠠᠶᠢᠨ᠎ᠠ᠃ ᠡᠨᠡ ᠵᠢᠯ | ᠤᠨ ᠬᠠᠪᠤᠷ ᠤᠨ ᠤᠯᠠᠷᠢᠯ ᠤᠨ ᠤᠢ ᠰᠢᠭᠤᠢ ᠲᠠᠯ᠎ᠠ ᠨᠤᠳᠤᠭ ᠤᠨ ᠭᠠᠯ ᠢ ᠰᠡᠷᠭᠡᠶᠢᠯᠡᠬᠦ ᠠᠵᠢᠯ ᠤᠨ ᠬᠦᠨᠳᠦ ᠭᠡᠴᠡᠭᠦᠦ | ᠪᠠᠶᠢᠳᠠᠯ ᠳᠤ ᠬᠠᠨᠳᠤᠭᠤᠯᠵᠤ᠂ ᠤᠨᠴᠠᠭᠠᠶᠢᠯᠠᠨ ᠲᠤᠰ ᠭᠠᠯ ᠤᠨ ᠴᠢᠩᠭ᠎ᠠ ᠰᠡᠷᠭᠡᠶᠢᠯᠡᠯᠳᠡ ᠶᠢᠨ ᠵᠠᠷᠯᠢᠭ ᠢ ᠪᠠᠭᠤᠯᠭᠠᠪᠠ᠃ | ᠨᠢᠭᠡ᠂ 2018 ᠤᠨ ᠤ 4 ᠰᠠᠷ᠎ᠠ ᠶᠢᠨ 1 ᠤ ᠡᠳᠤᠷ ᠠᠴᠠ 6 ᠰᠠᠷ᠎ᠠ ᠶᠢᠨ 15 ᠤ ᠡᠳᠤᠷ ᠬᠦᠷᠳᠡᠯ᠎ᠡ ᠮᠠᠨ | ᠤ ᠬᠤᠰᠢᠭᠤᠨ ᠤ ᠡᠨᠡ ᠵᠢᠯ ᠤᠨ ᠬᠠᠪᠤᠷ ᠤᠨ ᠤᠯᠠᠷᠢᠯ ᠤᠨ ᠤᠢ ᠰᠢᠭᠤᠢ ᠲᠠᠯ᠎ᠠ ᠨᠤᠳᠤᠭ ᠤᠨ ᠭᠠᠯ ᠤᠨ ᠴᠢᠩᠭ᠎ᠠ | ᠰᠡᠷᠭᠡᠶᠢᠯᠡᠯᠳᠡ ᠶᠢᠨ ᠬᠤᠭᠤᠴᠠᠭ᠎ᠠ ᠪᠤᠯᠤᠨ᠎ᠠ᠃ | ᠬᠤᠶᠠᠷ᠂ ᠡᠯ᠎ᠡ ᠪᠠᠶᠢᠭᠤᠯᠭ᠎ᠠ ᠨᠢᠭᠡᠴᠡ᠂ ᠰᠠᠯᠠᠭ᠎ᠠ ᠮᠦᠴᠢᠷ ᠠᠴᠠ ᠦᠪᠡᠷᠳᠡᠭᠡᠨ ᠵᠠᠰᠠᠬᠤ ᠤᠷᠤᠨ ᠪᠠ ᠬᠦᠯᠦᠨ | ᠪᠤᠶᠢᠷ ᠬᠤᠳᠠ ᠶᠢᠨ ᠵᠠᠰᠠᠭ ᠤᠨ ᠤᠷᠳᠤᠨ ᠤ ᠬᠠᠮᠢᠶ᠎ᠠ ᠪᠦᠬᠦᠢ ᠱᠠᠭᠠᠷᠳᠠᠯᠭ᠎ᠠ ᠶᠢ ᠨᠠᠷᠢᠨ ᠬᠢᠨᠠᠮᠠᠭᠠᠢ ᠲᠤᠤᠱᠯᠠᠭᠤᠯᠵᠤ᠂ | ᠭᠠᠯ ᠢ ᠰᠡᠷᠭᠡᠶᠢᠯᠡᠬᠦ ᠬᠠᠷᠢᠭᠤᠴᠠᠯᠭᠠᠳᠤ ᠲᠦᠷᠢᠮ ᠢ ᠨᠠᠶᠢᠳᠠᠪᠤᠷᠢᠵᠢᠭᠤᠯᠤᠨ᠂ ᠭᠤᠤᠯ ᠤᠳᠤᠷᠢᠳᠤᠯᠭ᠎ᠠ ᠠᠴᠠ ᠪᠡᠶ᠎ᠡ ᠪᠠᠷ | ᠢᠶᠠᠨ ᠭᠠᠯ ᠢ ᠰᠡᠷᠭᠡᠶᠢᠯᠡᠬᠦ ᠠᠵᠢᠯ ᠳᠤ ᠲᠤᠬᠢᠷᠠᠭᠤᠯᠤᠯᠳᠠ ᠬᠢᠬᠦ ᠪᠠ ᠪᠠᠶᠢᠴᠠᠭᠠᠯᠳᠠ ᠬᠢᠵᠤ᠂ ᠭᠠᠯ ᠢ ᠰᠡᠷᠭᠡᠶᠢᠯᠡᠬᠦ ᠠᠵᠢᠯ | ᠤᠨ ᠪᠠᠶᠢᠳᠠᠯ ᠢ ᠴᠠᠭ ᠢᠮᠠᠭᠳᠡ ᠡᠵᠡᠮᠰᠢᠵᠤ᠂ ᠭᠠᠯ ᠢ ᠰᠡᠷᠭᠡᠶᠢᠯᠡᠬᠦ ᠠᠵᠢᠯ ᠤᠨ ᠲᠤᠮᠳᠠᠬᠢ ᠠᠰᠠᠭᠤᠳᠠᠯ ᠢ ᠴᠠᠭ ᠲᠤᠬᠠᠢ | ᠳᠤᠨᠢ ᠰᠢᠢᠳᠪᠤᠷᠢᠯᠡᠨ᠎ᠡ᠃ ᠭᠠᠯ ᠤᠨ ᠪᠠᠶᠢᠳᠠᠯ ᠢ ᠤᠯᠵᠤ ᠮᠡᠳᠡᠪᠡᠯ᠂ ᠡᠯ᠎ᠡ ᠭᠠᠵᠠᠷ ᠤᠨ ᠵᠠᠰᠠᠭ ᠵᠠᠬᠢᠷᠭᠠᠨ ᠤ ᠲᠠᠷᠤᠭ᠎ᠠ | ᠪᠠ ᠭᠤᠤᠯ ᠤᠳᠤᠷᠢᠳᠤᠯᠭ᠎ᠠ ᠵᠠᠪᠠᠯ ᠪᠡᠶ᠎ᠡ ᠪᠠᠷ ᠢᠶᠠᠨ ᠭᠠᠯ ᠤᠨ ᠲᠤᠬᠠᠢ ᠶᠢᠨ ᠭᠠᠵᠠᠷ ᠲᠤ ᠬᠦᠷᠴᠤ ᠵᠢᠭᠠᠨ | ᠵᠢᠯᠤᠭᠤᠳᠴᠤ ᠤᠨᠳᠠᠷᠠᠭᠠᠬᠤ ᠭᠡᠷᠡᠭᠳᠡᠢ᠃ ᠠᠵᠢᠯᠳᠠᠳ ᠢᠶᠠᠨ ᠵᠤᠬᠢᠶᠠᠨ ᠪᠠᠶᠢᠭᠤᠯᠵᠤ᠂ ︽ᠭᠤᠷᠪᠠ ᠶᠢ ᠠᠷᠢᠯᠭᠠᠬᠤ︾ | ᠠᠵᠢᠯ ᠢ ᠪᠠᠶᠢᠨ ᠲᠠᠬᠢᠨ ᠦᠷᠨᠢᠭᠦᠯᠵᠤ᠂ ᠭᠠᠯ ᠤᠨ ᠠᠶᠤᠯ ᠤᠨ ᠠᠯᠢᠪᠠ ᠲᠠᠯᠳᠠ ᠭᠡᠮ ᠢ ᠠᠷᠢᠯᠭᠠᠨ᠎ᠠ᠃ | ᠭᠤᠷᠪᠠ᠂ ᠭᠠᠯ ᠢ ᠴᠢᠩᠭ᠎ᠠ ᠰᠡᠷᠭᠡᠶᠢᠯᠡᠬᠦ ᠬᠤᠭᠤᠴᠠᠭᠠᠨ ᠳᠤ᠂ ᠬᠦᠳᠡᠭᠡ ᠭᠠᠳᠠᠭ᠎ᠠ ᠭᠠᠯ ᠭᠡᠷᠡᠭᠯᠡᠬᠦ ᠶᠢ ᠡᠷᠡᠰ | ᠴᠠᠭᠠᠵᠠᠯᠠᠨ᠎ᠠ᠃ ᠭᠠᠯ ᠢ ᠰᠡᠷᠭᠡᠶᠢᠯᠡᠬᠦ ᠤᠷᠤᠨ ᠳᠤ ᠤᠷᠤᠬᠤ ᠪᠠᠶᠢᠭᠤᠯᠭ᠎ᠠ ᠨᠢᠭᠡᠴᠡ ᠪᠠ ᠬᠤᠪᠢ ᠬᠦᠮᠦᠨ ᠵᠠᠪᠠᠯ ᠭᠠᠯ ᠢ | ᠰᠡᠷᠭᠡᠶᠢᠯᠡᠬᠦ ᠠᠵᠢᠯ ᠤᠨ ᠵᠢᠯᠤᠭᠤᠳᠬᠤ ᠭᠠᠵᠠᠷ ᠪᠤᠶᠤ ᠠᠯᠪᠠᠨ ᠭᠡᠷ ᠤᠨ ᠵᠦᠪᠰᠢᠶᠡᠷᠡᠯ ᠢ ᠤᠯᠬᠤ ᠶᠢᠨ ᠬᠠᠮᠳᠤ᠂ ᠭᠠᠯ | ᠢ ᠰᠡᠷᠭᠡᠶᠢᠯᠡᠬᠦ ᠬᠦᠮᠦᠵᠢᠯ ᠬᠦᠷᠳᠡᠭᠰᠡᠨ᠂ ᠭᠠᠯ ᠢ ᠰᠡᠷᠭᠡᠶᠢᠯᠡᠬᠦ ᠬᠠᠷᠢᠭᠤᠴᠠᠯᠭ᠎ᠠ ᠶᠢᠨ ᠪᠢᠴᠢᠭ ᠲᠤ ᠭᠠᠷ ᠤᠨ ᠦᠰᠦᠭ | ᠵᠢᠷᠤᠵᠤ ᠲᠤᠭᠳᠠᠭᠰᠠᠨ᠂ ᠭᠠᠯ ᠰᠡᠷᠭᠡᠶᠢᠯᠡᠯᠳᠡ ᠶᠢᠨ ᠨᠡᠪᠳᠡᠷᠡᠬᠦ ᠦᠨᠡᠮᠯᠡᠯ ᠠᠪᠤᠭᠰᠠᠨ ᠪᠠᠶᠢᠵᠤ᠂ ᠮᠠᠰᠢᠨ ᠬᠦᠳᠡᠯᠭᠡᠭᠦᠷᠳᠤ | ᠲᠡᠷᠭᠡ ᠵᠠᠪᠠᠯ ᠪᠦᠳᠦᠮᠵᠢᠳᠡᠢ ᠭᠠᠯ ᠢ ᠰᠡᠷᠭᠡᠶᠢᠯᠡᠬᠦ ᠲᠤᠨᠤᠭᠯᠠᠯ ᠤᠭᠰᠠᠷᠠᠭᠰᠠᠨ ᠪᠠᠶᠢᠬᠤ ᠭᠡᠷᠡᠭᠳᠡᠢ᠃ ᠡᠯ᠎ᠡ ᠰᠤᠮᠤ | ᠪᠠᠯᠭᠠᠰᠤ ᠠᠴᠠ ᠤᠢ ᠰᠢᠭᠤᠢ ᠲᠠᠯ᠎ᠠ ᠨᠤᠳᠤᠭ ᠤᠨ ᠲᠦᠢᠮᠡᠷ ᠡᠭᠦᠰᠭᠦ ᠪᠤᠯᠤᠮᠵᠢ ᠲᠠᠢ ᠦᠢᠯᠡᠳᠪᠤᠷᠢᠯᠡᠯ ᠳᠤ ᠭᠡᠷᠡᠭᠯᠡᠬᠦ | ᠭᠠᠯ ᠪᠠ ᠮᠠᠯᠴᠢᠳ ᠤᠨ ᠭᠡᠷᠡᠭᠯᠡᠬᠦ ᠭᠠᠯ ᠳᠤ ᠵᠠᠪᠠᠯ ᠴᠢᠩᠭ᠎ᠠ ᠬᠠᠮᠢᠶᠠᠷᠤᠯᠳᠠ ᠬᠢᠵᠤ᠂ ᠤᠨᠴᠠᠭᠠᠶᠢᠯᠠᠨ ︽ᠬᠠᠩᠰᠢ︾ ᠤᠨ | ᠬᠤᠭᠤᠴᠠᠭᠠᠨ ᠳᠠᠬᠢ ᠠᠷᠠᠳ ᠤᠯᠠᠨ ᠤ ᠲᠠᠬᠢᠯᠭ᠎ᠠ ᠠᠴᠠ ᠪᠤᠯᠤᠭᠰᠠᠨ ᠭᠠᠯ ᠤᠨ ᠡᠬᠢ ᠶᠢ ᠴᠢᠩᠭ᠎ᠠ ᠡᠵᠮᠡᠰᠢᠬᠦ | ᠶᠤᠰᠤᠳᠠᠢ᠃ | ᠲᠦᠷᠪᠡ᠂ ᠡᠯ᠎ᠡ ᠰᠤᠮᠤ ᠪᠠᠯᠭᠠᠰᠤ ︽ᠰᠡᠷᠬᠡᠶᠢᠯᠡᠬᠦ ᠪᠠᠷ ᠭᠤᠤᠯ ᠪᠤᠯᠭᠠᠬᠤ᠂ ᠢᠳᠡᠪᠬᠢᠳᠡᠢ ᠤᠰᠠᠳᠬᠠᠬᠤ︾ | ᠴᠢᠭᠯᠡᠯᠳᠡ ᠶᠢ ᠦᠨᠳᠦᠰᠦᠯᠡᠵᠤ᠂ ︽ᠬᠦᠮᠦᠨ ᠢᠶᠠᠷ ᠦᠨᠳᠦᠰᠦ ᠪᠤᠯᠭᠠᠨ᠂ ᠰᠢᠨᠵᠢᠯᠡᠬᠦ ᠤᠬᠠᠭᠠᠨᠴᠢ ᠪᠠᠷ ᠭᠠᠯ ᠢ | ᠰᠡᠷᠭᠡᠶᠢᠯᠡᠬᠦ︾ ᠵᠠᠷᠴᠢᠮ ᠢ ᠪᠠᠷᠢᠮᠳᠠᠯᠠᠨ᠂ ᠭᠠᠯ ᠢ ᠰᠡᠷᠭᠡᠶᠢᠯᠡᠵᠤ ᠤᠨᠳᠠᠷᠠᠭᠠᠬᠤ ᠤᠷᠢᠳᠴᠢᠯᠠᠭᠰᠠᠨ ᠲᠦᠰᠦᠪ ᠢ ᠦᠨᠡᠨᠬᠦ | ᠨᠠᠶᠢᠳᠠᠪᠦᠷᠢᠵᠢᠭᠤᠯᠵᠤ᠂ ᠬᠠᠭᠠᠰ ᠲᠤᠰᠬᠠᠢ ᠮᠡᠷᠭᠡᠵᠢᠯ ᠤᠨ ᠭᠠᠯ ᠤᠨᠳᠠᠷᠠᠭᠠᠬᠤ ᠠᠩᠬᠢ ᠶᠢ ᠵᠦᠢ ᠵᠤᠬᠢᠰᠳᠠᠢ | ᠲᠤᠬᠢᠷᠠᠭᠤᠯᠵᠤ᠂ ᠴᠠᠭ ᠢᠮᠡᠭ᠌ᠳᠠ ᠪᠠᠶᠢᠯᠳᠤᠬᠤ ᠪᠠᠷ ᠪᠡᠯᠡᠭᠡᠨ ᠪᠠᠶᠢᠵᠤ᠂ ᠲᠦᠢᠮᠡᠷ ᠠᠴᠠ ᠠᠪᠤᠷᠠᠬᠤ ᠡᠯ᠎ᠡ ᠲᠦᠷᠦᠯ ᠤᠨ | ᠪᠡᠯᠡᠳᠭᠡᠯ ᠠᠵᠢᠯ ᠢ ᠪᠦᠬᠦ ᠬᠦᠴᠦᠨ ᠢᠶᠠᠷ ᠰᠠᠶᠢᠳᠤᠷ ᠬᠢᠨ᠎ᠠ᠃ ᠲᠦᠢᠮᠡᠷ ᠤᠨ ᠪᠠᠶᠢᠳᠠᠯ ᠢ ᠤᠯᠵᠤ ᠮᠠᠳᠡᠪᠡᠯ᠂ ᠭᠠᠯ | ᠲᠦᠢᠮᠡᠷ ᠴᠤᠬᠢᠬᠤ ᠬᠦᠴᠦᠨ ᠢᠶᠠᠨ ᠲᠦᠪᠯᠡᠷᠡᠭᠦᠯᠵᠤ᠂ ᠠᠵᠢᠯᠳᠠᠳ ᠤᠨ ᠰᠢᠷᠬᠠᠳᠤᠯ ᠠᠳᠡᠯ ᠢ ᠡᠷᠡᠰ ᠲᠡᠪᠴᠢᠨ᠎ᠠ᠃ | ᠲᠠᠪᠤ᠂ ᠲᠤᠰ ᠴᠢᠩᠭ᠎ᠠ ᠰᠡᠷᠭᠡᠶᠢᠯᠡᠯᠳᠡ ᠶᠢᠨ ᠵᠠᠷᠯᠢᠭ ᠢ ᠵᠦᠷᠢᠴᠡᠪᠡᠯ᠂ ︽ᠪᠦᠬᠦᠳᠡ ᠨᠠᠶᠢᠷᠠᠮᠳᠠᠬᠤ ᠲᠤᠮᠳᠠᠳᠤ | ᠠᠷᠠᠳ ᠤᠯᠤᠰ ᠤᠨ ᠡᠷᠡᠭᠦᠦ ᠶᠢᠨ ᠬᠠᠤᠯᠢ︾᠂ ︽ᠪᠦᠬᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠠᠮᠤᠷ ᠢ | ᠬᠠᠮᠠᠭᠠᠯᠠᠬᠤ ᠠᠵᠢᠯ ᠤᠨ ᠬᠠᠮᠢᠶᠠᠷᠤᠯᠳᠠ ᠶᠢᠨ ᠰᠢᠳᠭᠡᠯ ᠤᠨ ᠬᠠᠤᠯᠢ︾ ︽ᠦᠪᠦᠷ ᠮᠤᠩᠭᠤᠯ ᠤᠨ ᠦᠪᠡᠷᠳᠡᠭᠡᠨ ᠵᠠᠰᠠᠬᠤ | ᠤᠷᠤᠨ ᠤ ᠤᠢ ᠰᠢᠭᠤᠢ ᠲᠠᠯ᠎ᠠ ᠨᠤᠳᠤᠭ ᠤᠨ ᠭᠠᠯ ᠢ ᠰᠡᠷᠭᠡᠶᠢᠯᠡᠬᠦ ᠲᠤᠭᠳᠠᠭᠠᠯ︾ ᠵᠡᠷᠭᠡ ᠬᠠᠮᠢᠶ᠎ᠠ ᠪᠦᠬᠦᠢ ᠲᠤᠭᠳᠠᠭᠠᠯ | ᠢ ᠦᠨᠳᠦᠰᠦᠯᠡᠵᠤ᠂ ᠵᠠᠰᠠᠭ ᠵᠠᠬᠢᠷᠭᠠᠨ ᠢᠶᠠᠷ ᠲᠦᠷ ᠬᠤᠷᠢᠬᠤ᠂ ᠵᠠᠰᠠᠭ ᠵᠠᠬᠢᠷᠭᠠᠨ ᠤ ᠵᠤᠭᠤᠰᠤᠨ ᠲᠤᠷᠭᠠᠭᠤᠯᠢ ᠵᠡᠷᠭᠡ | ᠰᠢᠳᠭᠡᠯ ᠦᠭᠴᠤ᠂ ᠪᠠᠶᠢᠳᠠᠯ ᠨᠢ ᠬᠦᠨᠳᠦ ᠨᠤᠴᠢᠳᠠᠢ ᠶᠠᠯ᠎ᠠ ᠪᠤᠯᠵᠤ ᠪᠦᠷᠢᠯᠳᠦᠭᠰᠡᠨ ᠪᠠᠶᠢᠪᠠᠯ᠂ ᠡᠷᠡᠭᠦᠦ ᠶᠢᠨ | ᠬᠠᠷᠢᠭᠤᠴᠠᠯᠭ᠎ᠠ ᠶᠢ ᠨᠡᠭᠡᠮᠵᠢᠯᠡᠨ᠎ᠡ᠃ | ᠵᠢᠷᠭᠤᠭ᠎ᠠ᠂ ᠦᠷᠭᠡᠨ ᠤᠯᠠᠨ ᠺᠠᠳ᠋ᠷ ᠠᠵᠢᠯᠳᠠᠨ ᠤᠯᠠᠨ ᠲᠦᠮᠡᠨ ᠤᠬᠠᠮᠰᠠᠷ ᠠᠴᠠ ᠪᠠᠨ ᠤᠢ ᠰᠢᠭᠤᠢ ᠲᠠᠯ᠎ᠠ | ᠨᠤᠳᠤᠭ ᠤᠨ ᠭᠠᠯ ᠢ ᠰᠡᠷᠭᠡᠶᠢᠯᠡᠬᠦ ᠬᠠᠮᠢᠶᠠᠳᠠᠢ ᠲᠤᠭᠳᠠᠭᠠᠯ ᠢ ᠵᠢᠷᠤᠮᠯᠠᠵᠤ᠂ ᠬᠠᠤᠯᠢ ᠶᠢ ᠵᠦᠷᠢᠴᠡᠵᠤ ᠭᠠᠯ ᠭᠡᠷᠡᠭᠯᠡᠭᠰᠡᠨ | ᠪᠤᠶᠤ ᠤᠢ ᠰᠢᠭᠤᠢ ᠲᠠᠯ᠎ᠠ ᠨᠤᠳᠤᠭ ᠤᠨ ᠲᠦᠢᠮᠡᠷ ᠢ ᠤᠯᠵᠤ ᠮᠡᠳᠡᠪᠡᠯ᠂ ᠴᠠᠭ ᠲᠠᠷᠤᠢ ᠳᠤᠨᠢ ᠤᠢ ᠰᠢᠭᠤᠢ ᠲᠠᠯ᠎ᠠ | ᠨᠤᠳᠤᠭ ᠤᠨ ᠭᠠᠯ ᠲᠦᠢᠮᠡᠷ ᠤᠨ ᠮᠡᠳᠡᠭᠡᠨ ᠤ ᠤᠳᠠᠰᠤ᠄ 1211 ᠳᠤ ᠤᠳᠠᠰᠤᠳᠠᠵᠤ ᠮᠡᠳᠡᠭᠦᠯᠭᠦ ᠭᠡᠷᠡᠭᠳᠡᠢ᠃ | | 2018 ᠤᠨ ᠤ 4 ᠰᠠᠷ᠎ᠠ ᠶᠢᠨ 1 ᠤ ᠡᠳᠤᠷ | | ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠤᠨ ᠤᠨ ᠵᠠᠰᠠᠭ ᠤᠨ ᠤᠷᠳᠤᠨ | 2018 ᠤᠨ ᠤ 4 ᠰᠠᠷ᠎ᠠ ᠶᠢᠨ 1 ᠤ ᠡᠳᠤᠷ ᠲᠠᠷᠤᠮᠠᠯᠯᠠᠨ ᠲᠠᠷᠬᠠᠭᠠᠪᠠ |