2018 ᠤᠨ ᠤ ᠵᠠᠰᠠᠭ ᠤᠨ ᠤᠷᠳᠤᠨ ᠤ ᠠᠵᠢᠯ ᠤᠨ ᠢᠯᠡᠤᠡᠬᠡᠯ ︵ᠨᠢᠬᠡ︶
ᠨᠡᠶᠢᠲᠡᠯᠡᠭᠰᠡᠨ ᠴᠠᠭ᠄
2018/12/26
ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠤᠳᠠᠭᠠᠨ ᠤ ᠬᠤᠷᠠᠯ ᠤᠨ ᠪᠢᠴᠢᠭ ᠮᠠᠲ᠋ᠧᠷᠢᠶᠠᠯ ︵ᠠᠷᠪᠠᠨ ᠲᠦᠷᠪᠠ︶                 ᠵᠠᠰᠠᠭ ᠤᠨ ᠤᠷᠳᠤᠨ ᠤ ᠠᠵᠢᠯ ᠤᠨ ᠢᠯᠡᠳᠭᠡᠯ                                                                                        — — 2018 ᠣᠨ ᠤ 2 ᠰᠠᠷ᠎ᠠ ᠶᠢᠨ 6 ᠤ ᠡᠳᠦᠷ  ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠣᠳᠠᠭᠠᠨ ᠤ ᠬᠤᠷᠠᠯ ᠳᠡᠭᠡᠷ᠎ᠡ                                                               ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠬᠤᠰᠢᠭᠤᠨ ᠳᠠᠷᠤᠭ᠎ᠠ                                         ᠪᠦᠬᠡᠪᠠᠶᠠᠷᠲᠦᠯᠦᠭᠡᠯᠡᠭᠴᠢᠳ ᠡ᠄      ᠣᠳᠣ ᠪᠢ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠢ ᠲᠦᠯᠦᠭᠡᠯᠡᠨ᠂ ᠶᠡᠭᠡ ᠬᠤᠷᠠᠯ ᠳᠤ ᠠᠵᠢᠯ ᠤᠨ ᠢᠯᠡᠳᠭᠡᠯ ᠬᠢᠶ᠎ᠡ᠂ ᠬᠢᠨᠠᠨ ᠵᠦᠪᠯᠡᠬᠦ ᠪᠣᠯᠪᠠᠣ᠂ ᠣᠯᠣᠰ ᠲᠦᠷᠦ ᠶᠢᠨ ᠵᠦᠪᠯᠡᠯᠬᠡᠨ ᠤ ᠬᠡᠰᠢᠭᠦᠳ ᠪᠣᠯᠣᠨ ᠬᠤᠷᠠᠯ ᠳᠤ ᠰᠣᠯᠠ ᠣᠷᠣᠯᠴᠠᠭᠰᠠᠳ ᠰᠠᠨᠠᠯ ᠢᠶᠠᠨ ᠳᠣᠷᠠᠳᠬᠤ ᠪᠣᠯᠪᠠᠣ᠃      ᠨᠢᠬᠡ᠂ 2017 ᠤᠨ ᠤ ᠠᠵᠢᠯ ᠤᠨ ᠡᠷᠬᠢᠴᠡᠬᠦᠯᠤᠯ      ᠨᠢᠭᠡ ᠵᠢᠯ ᠤᠨ ᠲᠤᠷᠰᠢ᠂ ᠨᠠᠷᠢᠨ ᠪᠤᠳᠤᠯᠢᠶᠠᠨᠳᠠᠢ ᠬᠤᠪᠢᠷᠠᠯᠳᠠ ᠶᠡᠭᠡᠳᠠᠢ ᠭᠠᠳᠠᠭᠠᠳᠤ ᠤᠷᠴᠢᠨ ᠪᠠ ᠬᠠᠳᠠᠭᠤ ᠪᠠᠷᠬᠡᠰᠢᠶᠠᠯ ᠲᠠᠢ ᠬᠦᠨᠳᠦ ᠰᠦᠷᠡᠬᠡᠢ ᠦᠬᠡᠷᠡᠴᠢᠯᠡᠯᠳᠡ ᠬᠦᠭᠵᠢᠯᠳᠡ ᠶᠢ ᠳᠣᠭᠳᠠᠭᠤᠨ ᠪᠠᠶᠢᠯᠭᠠᠬᠤ ᠡᠭᠦᠷᠬᠡ ᠳᠤ ᠴᠢᠭᠯᠡᠬᠦᠯᠦᠨ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠬᠦᠯᠦᠨ ᠪᠣᠶᠢᠷ ᠬᠤᠳᠠ ᠶᠢᠨ ᠨᠠᠮ ᠤᠨ ᠬᠤᠷᠢᠶ᠎ᠠ᠂ ᠬᠤᠳᠠ ᠶᠢᠨ ᠵᠠᠰᠠᠭ ᠤᠨ ᠣᠷᠳᠣᠨ ᠪᠠ ᠬᠤᠰᠢᠭᠤᠨ ᠤ ᠨᠠᠮ ᠤᠨ ᠬᠤᠷᠢᠶᠠᠨ ᠤ ᠵᠦᠪ ᠣᠨᠣᠪᠴᠢᠳᠠᠢ ᠣᠳᠣᠷᠢᠳᠣᠯᠭ᠎ᠠ ᠳᠣᠣᠷ᠎ᠠ᠂ ᠨᠠᠮ ᠤᠨ ᠠᠷᠪᠠᠨ ᠨᠠᠢᠮᠠᠳᠤᠭᠠᠷ  ᠶᠡᠭᠡ ᠬᠤᠷᠠᠯ᠂ ᠠᠷᠪᠠᠨ ᠨᠠᠢᠮᠠᠳᠤᠭᠠᠷ ᠬᠤᠭᠤᠴᠠᠭᠠᠨ ᠤ ᠤᠳᠠᠭ᠎ᠠ ᠪᠦᠷᠢ  ᠶᠢᠨ ᠬᠤᠷᠠᠯᠳᠤᠭᠠᠨ ᠪᠤᠯᠤᠨ ᠠᠷᠪᠠᠨ ᠶᠢᠰᠤᠳᠤᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠬᠦᠨᠵᠡᠭᠡᠢ ᠲᠤᠥᠱᠯᠠᠭᠤᠯᠤᠨ ᠨᠡᠶᠢᠳᠡᠪᠤᠷᠢᠵᠢᠭᠤᠯᠵᠤ᠂ ᠪᠦᠬᠦ ᠬᠤᠰᠢᠭᠤᠨ ᠤ ᠦᠨᠳᠦᠰᠦᠳᠡᠨ ᠨᠦᠭᠦᠳ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠦ᠂ ᠳᠣᠭᠳᠠᠭᠤᠨ ᠤ ᠳᠣᠮᠳᠠ ᠣᠷᠣᠭᠰᠢᠯᠠᠬᠤ ᠠᠵᠢᠯ ᠤᠨ ᠶᠡᠷᠦᠩᠬᠡᠢ ᠬᠦᠭ ᠠᠶᠠᠰ ᠢ ᠴᠢᠩᠭ᠎ᠠ ᠠᠳᠬᠤᠵᠦ᠂ ᠠᠵᠦ ᠠᠬᠤᠢ ᠶᠢᠨ ᠬᠦᠭᠵᠢᠯᠳᠡ ᠶᠢᠨ ᠰᠢᠨ᠎ᠡ ᠬᠡᠪ ᠪᠠᠶᠢᠳᠠᠯ ᠲᠠᠢ ᠰᠠᠨᠠᠭᠠᠴᠢᠯᠠᠭ᠎ᠠ ᠠᠴᠠ ᠪᠠᠨ ᠵᠣᠬᠢᠴᠠᠨ᠂ ᠪᠦᠯᠬᠦᠮᠳᠠᠨ ᠴᠢᠷᠮᠠᠶᠢᠵᠤ᠂ ᠵᠤᠷᠢᠭ ᠲᠠᠢ ᠪᠠᠷ ᠤᠷᠤᠭᠰᠢᠯᠠᠵᠤ᠂ ᠲᠤᠭᠳᠠᠭᠤᠨ ᠨᠡᠮᠡᠭᠳᠡᠯ ᠢ ᠪᠠᠳᠤᠯᠠᠵᠤ᠂ ᠦᠭᠡᠷᠠᠴᠢᠯᠠᠯᠳᠠ ᠶᠢ ᠲᠦᠷᠭᠡᠳᠭᠡᠨ᠂ ᠪᠦᠳᠤᠴᠠ ᠳᠤ ᠲᠤᠬᠢᠷᠠᠭᠤᠯᠤᠯᠳᠠ ᠬᠢᠵᠤ᠂ ᠠᠷᠠᠳ ᠤᠨ ᠠᠮᠢᠳᠤᠷᠠᠯ ᠢ ᠬᠠᠯᠠᠮᠵᠢᠯᠠᠨ᠂ ᠠᠶᠤᠯ ᠲᠦᠭᠰᠢᠬᠦᠷᠢ ᠶᠢ ᠰᠡᠷᠭᠡᠶᠢᠯᠡᠬᠦ ᠵᠡᠷᠭᠡ ᠡᠯ᠎ᠠ ᠲᠦᠷᠤᠯ ᠤᠨ ᠠᠵᠢᠯ ᠢ ᠪᠦᠬᠦ ᠲᠠᠯ᠎ᠠ ᠪᠠᠷ ᠰᠠᠶᠢᠳᠤᠷ ᠬᠢᠵᠤ᠂ ᠠᠵᠤ ᠠᠬᠤᠢ ᠨᠡᠶᠢᠭᠡᠮ ᠤᠨ ᠬᠦᠭᠵᠢᠯᠳᠠ ᠰᠢᠨ᠎ᠡ ᠦᠷ᠎ᠠ ᠪᠦᠳᠤᠮᠵᠢ ᠤᠯᠵᠤ᠂ ᠴᠢᠨᠡᠭᠡᠯᠢᠭ ᠨᠡᠶᠢᠬᠡᠮ ᠢ ᠪᠦᠬᠦ ᠳᠠᠯ᠎ᠠ ᠪᠠᠷ ᠪᠠᠶᠢᠭᠤᠯᠬᠤ ᠳᠤ ᠪᠠᠳᠣ ᠪᠠᠬᠢ ᠰᠠᠭᠤᠷᠢ ᠶᠢ ᠳᠠᠯᠪᠢᠭᠰᠠᠨ ᠪᠠᠶᠢᠨ᠎ᠠ᠃      ︵ᠨᠢᠭᠡ︶ ᠶᠡᠷᠦᠩᠬᠡᠶᠢᠯᠡᠭᠰᠡᠨ ᠠᠵᠤ ᠠᠬᠤᠢ ᠶᠢᠨ ᠪᠣᠳᠠᠳᠣ ᠬᠦᠴᠦᠨ ᠰᠢᠨ᠎ᠡ ᠲᠡᠭᠳᠡᠷ ᠲᠤ ᠭᠠᠷᠪᠠ᠃ 2017 ᠣᠨ ᠳᠤ᠂ ᠠᠳᠠᠯᠢᠳᠬᠠᠵᠤ ᠪᠤᠯᠬᠤ ᠪᠦᠷᠢᠳᠭᠡᠯ ᠢᠶᠠᠷ ᠪᠤᠳᠤᠪᠠᠯ᠂ ᠪᠦᠬᠦ ᠬᠤᠰᠢᠭᠤᠨ ᠤ ᠣᠷᠣᠨ ᠨᠣᠳᠤᠭ ᠤᠨ ᠦᠢᠯᠡᠳᠪᠦᠷᠢᠯᠡᠯ ᠤᠨ ᠶᠡᠷᠦᠩᠬᠡᠢ ᠦᠷᠳᠡᠭ ᠢ 50 ᠳ᠋ᠦᠩᠰᠢᠭᠤᠷ ᠲᠦᠬᠦᠷᠢᠭ ᠪᠠᠶᠠᠯᠡᠬᠦᠯᠪᠠ᠃ ᠬᠢᠵᠠᠭᠠᠷᠯᠠᠭᠰᠠᠨ ᠲᠤᠭ᠎ᠠ  ᠠᠴᠠ ᠲᠡᠭᠡᠭᠰᠢᠬᠢ ᠳᠣᠭᠳᠠᠮᠠᠯ ᠬᠦᠷᠦᠩᠬᠡ ᠶᠢᠨ ᠪᠡᠯᠡ ᠣᠷᠣᠭᠤᠯᠣᠯᠳᠠ ᠶᠢ 31 ᠳ᠋ᠦᠩᠰᠢᠭᠤᠷ ᠲᠦᠬᠦᠷᠢᠭ ᠪᠠᠶᠠᠯᠡᠬᠦᠯᠪᠠ᠃ ᠡᠩ ᠤᠨ ᠣᠯᠠᠨ ᠨᠡᠶᠢᠳᠡ ᠶᠢᠨ ᠡᠳ᠋ ᠤᠨ ᠵᠠᠰᠠᠭ ᠤᠨ ᠲᠦᠰᠦᠪ ᠤᠨ ᠣᠷᠣᠯᠭ᠎ᠠ ᠶᠢ 6.5 ᠳ᠋ᠦᠩᠰᠢᠭᠤᠷ ᠲᠦᠬᠦᠷᠢᠭ ᠪᠠᠶᠠᠯᠡᠬᠦᠯᠪᠠ᠃ ᠨᠡᠶᠢᠬᠡᠮ ᠤᠨ ᠬᠡᠷᠡᠭᠯᠡᠬᠡᠨ ᠤ ᠲᠠᠸᠠᠷ ᠢ ᠵᠢᠵᠢᠭᠯᠡᠨ ᠪᠣᠷᠣᠯᠠᠭᠤᠯᠣᠭᠰᠠᠨ ᠶᠡᠷᠦᠩᠬᠡᠢ ᠳᠤᠭ᠎ᠠ ᠶᠢ 7.1 ᠳ᠋ᠦᠩᠰᠢᠭᠤᠷ ᠲᠦᠬᠦᠷᠢᠭ ᠪᠠᠶᠠᠯᠡᠬᠦᠯᠪᠠ᠃ ᠬᠤᠳᠠ ᠪᠠᠯᠭᠠᠰᠣ ᠶᠢᠨ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠦᠮᠦᠨ ᠳᠣᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢ 2,8652 ᠲᠦᠬᠦᠷᠢᠭ ᠪᠠᠶᠠᠯᠡᠬᠦᠯᠪᠠ᠃ ᠮᠠᠯᠵᠢᠬᠤ ᠣᠷᠣᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠦᠮᠦᠨ ᠳᠣᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢ 20,016 ᠲᠦᠬᠦᠷᠢᠭ ᠪᠠᠶᠠᠯᠡᠬᠦᠯᠪᠠ᠃ ᠬᠤᠳᠠ ᠪᠠᠯᠭᠠᠰᠤ ᠶᠢᠨ ᠠᠵᠢᠯ ᠠᠯᠳᠠᠭᠰᠠᠳ ᠤᠨ ᠲᠠᠩᠰᠠᠯᠠᠭᠤᠯᠤᠯᠳᠠ ᠶᠢᠨ ᠨᠤᠷᠮ᠎ᠠ ᠶᠢ 4 % ᠲᠤᠳᠤᠷ᠎ᠠ ᠬᠢᠵᠠᠭᠠᠷᠯᠠᠪᠠ᠃      ︵ᠬᠤᠶᠠᠷ︶ ᠠᠮᠢ ᠠᠬᠤᠢ ᠶᠢᠨ ᠪᠤᠯᠪᠠᠰᠤᠨ ᠤ ᠬᠠᠮᠠᠭᠠᠯᠠᠯᠳᠠ ᠰᠢᠨ᠎ᠡ ᠰᠢᠪᠳᠤᠯᠤᠯᠳᠠ ᠲᠠᠢ ᠪᠤᠯᠪᠠ᠃ ᠬᠦᠯᠦᠨ ᠨᠠᠭᠤᠷ ᠢ ᠶᠡᠷᠦᠩᠬᠡᠶᠢᠯᠡᠨ ᠵᠠᠰᠠᠬᠤ ᠶᠢ ᠯᠠᠪᠳᠠᠭᠤᠨ ᠪᠠᠳᠤᠳᠠᠢ ᠲᠦᠯᠬᠢᠨ ᠠᠬᠢᠭᠤᠯᠪᠠ᠃ 8,416 ᠲᠦᠮᠡᠨ ᠲᠦᠬᠦᠷᠢᠭ  ᠤᠨ ᠪᠡᠯᠡ ᠣᠷᠣᠭᠤᠯᠵᠦ᠂ ᠬᠦᠯᠦᠨ ᠨᠠᠭᠤᠷ ᠤᠨ ᠣᠷᠣᠰᠬᠠᠯ ᠤᠨ ᠣᠷᠣᠨ ᠤ ᠠᠮᠢ ᠠᠬᠤᠢ ᠪᠠ ᠣᠷᠴᠢᠨ ᠳᠣᠭᠤᠷᠢᠨ ᠢ ᠶᠡᠷᠦᠩᠬᠡᠶᠢᠯᠡᠨ ᠵᠠᠰᠠᠬᠤ ᠨᠢᠭᠡᠳᠤᠭᠡᠷ ᠬᠤᠭᠤᠴᠠᠭᠠᠨ ᠤ ᠢᠨᠵᠧᠨᠧᠷᠢᠩ ᠢ ᠬᠡᠷᠡᠭᠵᠢᠬᠦᠯᠵᠤ᠂ ᠠᠮᠢ ᠠᠬᠤᠢ ᠶᠢᠨ ᠨᠡᠬᠦᠳᠡᠯ ᠠᠷᠠᠳ ᠢ 190 ᠡᠷᠦᠬᠡ ᠨᠡᠬᠦᠯᠬᠡᠨ᠂ ᠨᠠᠭᠤᠷ ᠢ ᠳᠣᠭᠤᠷᠢᠭᠰᠠᠨ 13.2 ᠲᠦᠮᠡᠨ ᠮᠦ ᠡᠯᠡᠰᠦᠷᠬᠡᠭ ᠭᠠᠵᠠᠷ ᠢ ᠰᠠᠷᠭᠡᠶᠢᠯᠠᠨ ᠵᠠᠰᠠᠵᠤ᠂ ᠦᠵᠡᠮᠵᠢᠳᠤ ᠤᠷᠤᠨ ᠤ10 ᠡᠵᠡᠩᠨᠠᠯᠳᠠ ᠶᠢᠨ ᠴᠡᠭ ᠢ ᠨᠤᠷᠠᠭᠠᠵᠤ᠂ ᠨᠠᠭᠤᠷ ᠲᠠᠭᠠᠥ 30.8 ᠺᠢᠯᠤᠮᠧᠲᠷ ᠪᠢᠳᠡᠬᠦᠮᠵᠢᠯᠠᠵᠤ᠂ ᠬᠤᠭ ᠨᠣᠪᠰᠢ ᠶᠢ ᠬᠦᠳᠡᠷᠵᠢᠬᠦᠯᠦᠨ ᠰᠢᠳᠠᠭᠠᠬᠤ ᠵᠣᠤᠬ᠎ᠠ ᠶᠢ 9 ᠪᠠᠶᠢᠭᠤᠯᠣᠨ᠂ ᠪᠣᠵᠠᠷ ᠣᠰᠣ ᠰᠢᠢᠳᠪᠦᠷᠢᠯᠡᠬᠦ ᠳᠣᠷᠰᠢᠯᠳᠠ ᠶᠢᠨ ᠴᠡᠭ 1 ᠪᠠᠶᠢᠭᠤᠯᠪᠠ᠃ ︽ᠡᠭᠡ ᠭᠤᠥᠯ ᠢ ᠬᠠᠮᠠᠭᠠᠯᠠᠵᠤ᠂ ᠨᠠᠮ ᠤᠨ ᠠᠷᠪᠠᠨ ᠶᠢᠰᠤᠳᠤᠭᠡᠷ ᠶᠡᠭᠡ ᠬᠤᠷᠠᠯ ᠢ ᠪᠠᠶᠠᠷᠯᠠᠨ ᠤᠭᠳᠤᠬᠤ᠂ ᠬᠦᠯᠤᠨ ᠨᠠᠭᠤᠷ ᠤᠨ ᠣᠷᠣᠰᠬᠠᠯ ᠤᠨ ᠣᠷᠣᠨ ᠤ ᠣᠷᠴᠢᠨ ᠳᠣᠭᠤᠷᠢᠨ ᠤ ᠡᠷᠡᠬᠦᠯ ᠬᠠᠮᠠᠭᠠᠯᠠᠯ ᠢ ᠵᠠᠰᠠᠬᠤ ᠲᠤᠮᠤ ᠬᠡᠯᠪᠡᠷᠢ ᠶᠢᠨ ᠠᠵᠢᠯᠯᠠᠭ᠎ᠠ︾ ᠦᠷᠨᠢᠬᠦᠯᠵᠤ᠂ ᠨᠠᠭᠤᠷ ᠲᠠᠭᠠᠥ ᠣᠷᠣᠨ ᠤ ᠪᠤᠬᠢᠷᠳᠤᠯ ᠢ ᠪᠦᠬᠦ ᠲᠠᠯ᠎ᠠ ᠪᠠᠷ ᠵᠠᠰᠠᠨ ᠴᠡᠭᠴᠡᠯᠠᠪᠠ᠃ ᠭᠤᠥᠯ ᠤᠨ ᠲᠠᠷᠤᠭ᠎ᠠ ᠶᠢᠨ ᠰᠢᠰᠲ᠋ᠧᠮ ᠢ ᠪᠠᠶᠢᠭᠤᠯᠵᠤ᠂ ᠭᠤᠥᠯ ᠮᠦᠷᠠᠨ ᠤ ᠬᠠᠮᠢᠶᠠᠷᠤᠯᠳᠠ ᠶᠢᠨ ᠦᠷᠳᠡᠭᠡ ᠨᠠᠮᠠᠵᠤ ᠪᠠᠶᠢᠭᠤᠯᠤᠨ᠂ ᠭᠤᠥᠯ ᠤᠨ ᠲᠠᠷᠤᠭ᠎ᠠ ᠶᠢᠨ ᠬᠠᠮᠢᠶᠠᠷᠤᠯᠳᠠ ᠶᠢᠨ ᠲᠦᠷᠢᠮ ᠢ ᠪᠦᠬᠦ ᠲᠠᠯ᠎ᠠ ᠪᠠᠷ ᠬᠡᠷᠡᠭᠵᠢᠬᠦᠯᠪᠠ᠃        ᠲᠠᠯ᠎ᠠ ᠨᠤᠳᠤᠭ ᠤᠨ ᠠᠮᠢ ᠠᠬᠤᠢ ᠶᠢᠨ ᠬᠠᠮᠠᠭᠠᠯᠠᠯᠳᠠ ᠶᠢ ᠦᠷᠬᠦᠯᠵᠢᠯᠠᠨ ᠴᠢᠩᠭᠠᠳᠬᠠᠪᠠ᠃ ᠰᠢᠨ᠎ᠡ ᠨᠢᠭᠡᠨ ᠡᠭᠡᠯᠵᠢ ᠶᠢᠨ ᠲᠠᠯ᠎ᠠ ᠨᠤᠳᠤᠭ ᠤᠨ ᠠᠮᠢ ᠠᠬᠤᠢ ᠶᠢᠨ ᠱᠠᠩᠨᠠᠨ ᠨᠦᠬᠦᠪᠤᠷᠢᠯᠠᠬᠦ ᠲᠤᠭᠳᠠᠴᠠ ᠶᠢ ᠴᠢᠩᠭ᠎ᠠ ᠬᠡᠷᠡᠭᠵᠢᠬᠦᠯᠵᠤ᠂ 1.93 ᠳ᠋ᠦᠩᠰᠢᠭᠤᠷ ᠲᠦᠬᠦᠷᠢᠭ ᠤᠨ ᠱᠠᠩᠨᠠᠨ ᠨᠦᠬᠦᠪᠦᠷᠢᠯᠡᠬᠦ ᠮᠦᠡᠭᠬᠦ ᠳᠠᠷᠬᠠᠭᠠᠵᠦ᠂ 400 ᠲᠦᠮᠡᠨ ᠮᠦ ᠨᠣᠳᠤᠭ ᠪᠡᠯᠴᠢᠬᠡᠷ ᠲᠤ ᠪᠡᠯᠴᠢᠬᠡᠷᠯᠡᠬᠦ ᠶᠢ ᠵᠣᠭᠰᠣᠭᠠᠨ᠂ ᠮᠠᠯ ᠪᠡᠯᠴᠢᠬᠡᠷ ᠢ ᠲᠡᠩᠴᠡᠭᠦᠷᠢᠳᠡᠢ ᠪᠠᠶᠢᠯᠭᠠᠬᠤ ᠨᠣᠳᠤᠭ ᠪᠡᠯᠴᠢᠭᠡᠷ 3013 ᠲᠦᠮᠡᠨ ᠮᠦ ᠳᠤ ᠬᠦᠷᠪᠡ᠃ ᠰᠢᠨᠵᠢᠯᠡᠭᠡ ᠮᠡᠷᠭᠡᠵᠢᠯ ᠤᠨ ᠰᠢᠨ᠎ᠡ ᠶᠢ ᠡᠭᠦᠳᠴᠤ᠂10 ᠲᠦᠮᠡᠨ ᠮᠦ ᠡᠪᠡᠰᠤ ᠪᠡᠯᠴᠢᠭᠡᠷ ᠢ ᠰᠠᠶᠢᠵᠢᠷᠠᠭᠤᠯᠪᠠ᠃ ︽ᠭᠠᠵᠠᠷ ᠰᠢᠷᠤᠢ ᠶᠢᠨ ᠠᠰᠢᠭᠯᠠᠯᠳᠠ ᠶᠢᠨ ᠶᠡᠷᠤᠩᠭᠡᠢ ᠲᠦᠯᠤᠪᠵᠢᠬᠦᠯᠭᠡ︾ ᠪᠤᠯᠤᠨ ︽ᠭᠠᠵᠠᠷ ᠰᠢᠷᠤᠢ ᠶᠢ ᠵᠠᠰᠠᠨ ᠴᠡᠭᠴᠡᠯᠡᠬᠦ ᠲᠦᠯᠤᠪᠵᠢᠬᠦᠯᠭᠡ︾ ᠪᠠ ︽ᠠᠭᠤᠷᠬᠠᠢ ᠶᠢᠨ ᠡᠬᠢ ᠪᠠᠶᠠᠯᠢᠭ ᠤᠨ ᠶᠡᠷᠤᠩᠭᠡᠢ ᠲᠦᠯᠤᠪᠵᠢᠬᠦᠯᠭᠡ︾ ᠶᠢ ᠨᠠᠶᠢᠷᠠᠭᠤᠯᠤᠨ ᠲᠠᠭᠤᠰᠬᠠᠪᠠ᠃ 703 ᠲᠦᠮᠡᠨ ᠲᠦᠬᠦᠷᠢᠭ  ᠤᠨ ᠪᠡᠯᠡ ᠤᠷᠤᠭᠤᠯᠤᠨ᠂ ᠠᠭᠤᠷᠬᠠᠢ ᠶᠢᠨ ᠭᠠᠵᠠᠷ ᠰᠢᠨᠵᠢᠯᠡᠬᠡᠨ ᠤ ᠣᠷᠴᠢᠨ ᠳᠣᠭᠤᠷᠢᠨ ᠢ 135 ᠡᠾᠧᠺᠲ᠋ᠠᠷ ᠵᠠᠰᠠᠪᠠ᠃ 2 ᠲᠦᠮᠡᠨ ᠮᠦ ᠬᠠᠯᠬᠠᠪᠴᠢ ᠤᠢ ᠶᠢ ᠪᠢᠳᠡᠬᠦᠮᠵᠢᠯᠡᠨ ᠤᠶᠢᠵᠢᠭᠤᠯᠵᠤ᠂ ᠭᠤᠣᠯᠳᠠᠯᠭ᠎ᠠ ᠲᠠᠢ ᠣᠷᠣᠨ ᠢ 550 ᠮᠦ ᠨᠤᠭᠤᠭᠠᠷᠠᠭᠤᠯᠵᠤ᠂ 5 ᠲᠦᠮᠡᠨ ᠰᠠᠭᠤᠷᠢ ᠠᠯᠪᠠᠨ ᠵᠢᠷᠤᠮ ᠤᠨ ᠮᠤᠳᠤ ᠲᠠᠷᠢᠪᠠ᠃ ᠮᠠᠯᠵᠢᠬᠤ ᠤᠷᠤᠨ ᠤ ᠣᠰᠣ ᠣᠮᠳᠠ ᠶᠢᠨ ᠠᠮᠣᠷ ᠲᠦᠪᠰᠢᠨ ᠢ ᠪᠠᠬᠢᠵᠢᠬᠦᠯᠤᠨ ᠲᠡᠭᠡᠭᠰᠢᠯᠡᠬᠦᠯᠬᠦ ᠢᠨᠵᠧᠨᠧᠷᠢᠩ ᠢ ᠶᠡᠬᠡᠪᠡᠷ ᠬᠡᠷᠡᠭᠵᠢᠬᠦᠯᠤᠨ᠂ 1000 ᠭᠠᠷᠤᠢ ᠬᠦᠮᠦᠨ ᠤ ᠣᠰᠣ ᠣᠮᠳᠠ ᠶᠢᠨ ᠠᠮᠣᠷ ᠲᠦᠪᠰᠢᠨ ᠤ ᠠᠰᠠᠭᠤᠳᠠᠯ ᠢ ᠰᠢᠢᠳᠪᠦᠷᠢᠯᠡᠪᠡ᠃ ᠤᠷᠤᠨ ᠲᠤᠭᠤᠷᠢᠭ ᠤᠨ ᠬᠠᠥᠯᠢ ᠬᠡᠷᠡᠭᠵᠢᠬᠦᠯᠬᠦ ᠶᠢ ᠴᠢᠩᠭᠠᠳᠬᠠᠵᠤ᠂ ᠵᠡᠭᠡᠷ᠎ᠠ᠂ ᠤᠯᠠᠷᠢᠯ ᠤᠨ ᠰᠢᠪᠡᠭᠤ᠂ ᠬᠠᠶᠢᠷᠠᠭᠤᠴᠠᠢ ᠶᠢᠨ ᠤᠷᠤᠰᠢᠨ ᠠᠮᠢᠳᠤᠷᠠᠬᠤ ᠤᠷᠤᠨ ᠢ ᠪᠦᠳᠤᠮᠵᠢᠳᠠᠢ ᠬᠠᠮᠠᠭᠠᠯᠠᠪᠠ᠃ ᠭᠠᠯ ᠢ ᠰᠡᠷᠭᠡᠶᠢᠯᠠᠨ ᠤᠨᠳᠠᠷᠠᠭᠠᠬᠤ ᠰᠢᠰᠲ᠋ᠧᠮ ᠢ ᠠᠯᠬᠤᠮ ᠴᠢᠨᠠᠭᠰᠢᠳᠠ ᠲᠡᠭᠦᠯᠳᠡᠷᠵᠢᠬᠦᠯᠵᠤ᠂ ᠪᠦᠬᠦ ᠵᠢᠯ ᠳᠤ ᠬᠦᠨᠳᠦ ᠶᠡᠭᠡ ᠤᠢ ᠰᠢᠭᠤᠢ ᠲᠠᠯ᠎ᠠ ᠨᠤᠳᠤᠭ ᠤᠨ ᠭᠠᠯ ᠤᠨ ᠠᠶᠤᠯ ᠡᠭᠦᠰᠦᠭᠰᠡᠨ ᠦᠭᠡᠢ ᠪᠠᠶᠢᠵᠤ᠂ ᠲᠠᠯ᠎ᠠ ᠨᠤᠳᠤᠭ ᠤᠨ ᠠᠮᠢ ᠠᠬᠤᠢ ᠶᠢᠨ ᠤᠷᠴᠢᠨ ᠲᠤᠭᠤᠷᠢᠨ ᠢ ᠪᠦᠳᠤᠮᠵᠢᠳᠠᠢ ᠬᠠᠮᠠᠭᠠᠯᠠᠪᠠ᠃      ᠤᠷᠴᠢᠨ ᠲᠤᠭᠤᠷᠢᠨ ᠤ ᠬᠠᠮᠠᠭᠠᠯᠠᠯᠳᠠ ᠶᠢᠨ ᠬᠢᠨᠠᠨ ᠬᠠᠮᠢᠶᠠᠷᠤᠯᠳᠠ ᠶᠢ ᠴᠢᠩᠭᠠᠳᠬᠠᠪᠠ᠃ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠳᠠ ᠶᠢ ᠲᠦᠷᠭᠡᠳᠭᠡᠬᠦ ᠪᠠᠷ ᠤᠳᠤᠷᠢᠳᠤᠮᠵᠢ ᠪᠤᠯᠭᠠᠨ᠂ ᠲᠦᠪ ᠤᠨ ᠤᠷᠴᠢᠨ ᠲᠤᠭᠤᠷᠢᠨ ᠤ ᠱᠠᠭᠠᠷᠳᠠᠨ ᠪᠠᠶᠢᠴᠠᠭᠠᠯᠳᠠ ᠶᠢᠨ ᠬᠠᠷᠢᠭᠤ ᠲᠤᠰᠬᠠᠯ ᠤᠨ ᠰᠠᠨᠠᠯ ᠢ ᠪᠦᠬᠦ ᠬᠦᠴᠤᠨ ᠢᠶᠠᠷ ᠢᠶᠠᠨ ᠨᠠᠶᠢᠳᠠᠪᠤᠷᠢᠵᠢᠭᠤᠯᠪᠠ᠃ ᠣᠷᠴᠢᠨ ᠳᠣᠭᠤᠷᠢᠨ ᠤ ᠴᠢᠨᠠᠷ ᠴᠢᠨᠰᠠᠭ᠎ᠠ ᠶᠢ ᠬᠦᠴᠤᠯᠡᠨ ᠰᠠᠶᠢᠵᠢᠷᠠᠭᠤᠯᠵᠤ᠂ ᠤᠷᠴᠢᠨ ᠲᠤᠭᠤᠷᠢᠨ ᠤ ᠬᠠᠥᠯᠢ ᠬᠡᠷᠡᠭᠵᠢᠬᠦᠯᠬᠦ ᠬᠢᠨᠠᠨ ᠪᠠᠶᠢᠴᠠᠭᠠᠯᠳᠠ ᠶᠢ ᠨᠡᠶᠢᠳᠡ 220 ᠤᠳᠠᠭ᠎ᠠ ᠦᠷᠨᠢᠬᠦᠯᠪᠠ᠃ ᠤᠰᠤ᠂ ᠠᠭᠠᠷ᠂ ᠬᠦᠷᠤᠰᠤ ᠰᠢᠷᠤᠢ ᠶᠢᠨ ᠪᠠᠬᠢᠯᠠᠯᠳᠠ ᠰᠢᠪᠳᠤᠯᠬᠤ ᠲᠠᠶᠢᠯᠠᠯᠳᠤᠭᠠᠨ ᠢ ᠰᠠᠶᠢᠳᠤᠷ ᠬᠢᠪᠡ᠃ ᠬᠦᠯᠤᠨ ᠪᠠᠯᠭᠠᠰᠤ ᠵᠡᠷᠭᠡ 3 ᠭᠠᠵᠠᠷ ᠤᠨ ︽ᠤᠰᠤᠨ ᠤ ᠡᠬᠢ ᠭᠠᠵᠠᠷ ᠤᠨ ᠬᠠᠮᠠᠭᠠᠯᠠᠯᠳᠠ ᠶᠢᠨ ᠲᠤᠭᠤᠷᠢᠭ ᠤᠨ ᠲᠦᠯᠤᠪᠵᠢᠬᠦᠯᠬᠡ︾ ᠶᠢ ᠨᠠᠶᠢᠷᠠᠭᠤᠯᠤᠨ ᠲᠠᠭᠤᠰᠬᠠᠵᠤ᠂ ᠰᠤᠮᠤ ᠪᠠᠯᠭᠠᠰᠤ ᠶᠢᠨ ᠲᠦᠪᠯᠡᠷᠡᠭᠰᠡᠨ ᠬᠡᠯᠪᠡᠷᠢ ᠶᠢᠨ ᠤᠥᠭᠤᠬᠤ ᠤᠰᠤᠨ ᠤ ᠪᠠᠷᠢᠮᠵᠢᠶᠠᠨ ᠳᠤ ᠬᠦᠷᠦᠭᠰᠡᠨ ᠨᠤᠷᠮ᠎ᠠ 90 % ᠠᠴᠠ ᠲᠡᠭᠡᠭᠰᠢ ᠳᠤ ᠬᠦᠷᠴᠤ᠂ ᠤᠰᠤ ᠬᠡᠷᠡᠭᠯᠡᠬᠦ ᠠᠯᠤᠰ ᠡᠵᠡᠮᠰᠢᠯ ᠤᠨ ᠰᠦᠯᠵᠢᠶᠠᠨ  ᠳᠠᠬᠢ ᠬᠢᠨᠠᠨ ᠡᠵᠡᠮᠳᠡᠬᠦ ᠲᠦᠬᠦᠭᠡᠷᠤᠮᠵᠢ ᠶᠢ ᠰᠢᠨ᠎ᠡ ᠪᠠᠷ 5 ᠨᠡᠮᠡᠭᠳᠡᠨ᠂ ᠤᠰᠤ ᠶᠢ ᠬᠠᠮᠠᠭᠠᠯᠠᠵᠤ ᠵᠠᠰᠠᠨ ᠴᠡᠭᠴᠡᠯᠡᠭᠰᠡᠨ ᠲᠠᠯᠠᠪᠠᠢ ᠰᠢᠨ᠎ᠡ ᠪᠠᠷ 6 ᠲᠦᠮᠡᠨ ᠮᠦ  ᠨᠡᠮᠡᠭᠳᠡᠵᠦ᠂ ᠤᠯᠤᠰ ᠪᠠ ᠦᠪᠡᠷᠳᠡᠭᠡᠨ ᠵᠠᠰᠠᠬᠤ ᠤᠷᠤᠨ ᠤ ᠲᠡᠰ ᠤᠨ 8 ᠤᠰᠤᠨ ᠤ ᠴᠢᠳᠡᠪᠬᠢᠳᠤ ᠤᠷᠤᠨ ᠤ ᠬᠢᠨᠠᠨ ᠬᠡᠮᠵᠢᠯᠳᠠ ᠶᠢ ᠪᠦᠬᠦᠨ ᠢ ᠪᠦᠷᠬᠦᠬᠦᠯᠬᠦ᠋ᠢ ᠪᠠᠶᠠᠯᠡᠬᠦᠯᠪᠠ᠃ ᠭᠤᠥᠯᠳᠠᠯᠭ᠎ᠠ  ᠲᠠᠢ ᠠᠵᠢᠯ ᠲᠦᠷᠤᠯ ᠤᠨ ᠠᠭᠠᠷ ᠮᠠᠨᠳᠠᠯ ᠤᠨ ᠪᠤᠬᠢᠷᠳᠤᠯ ᠢ ᠵᠠᠰᠠᠨ ᠴᠡᠭᠴᠡᠯᠡᠬᠦ ᠶᠢ ᠬᠦᠨᠵᠡᠭᠡᠢ ᠦᠷᠨᠢᠬᠦᠯᠵᠤ᠂ ᠤᠷᠴᠢᠨ ᠲᠤᠭᠤᠷᠢᠨ ᠤ ᠠᠭᠠᠷ ᠤᠨ ᠶᠠᠰᠤ ᠴᠢᠨᠠᠷ ᠪᠦᠬᠦ ᠵᠢᠯ ᠳᠤ ᠨᠢᠭᠡᠳᠤᠭᠡᠷ ᠲᠡᠰ ᠤᠨ ᠪᠠᠷᠢᠮᠵᠢᠶᠠᠨ ᠳᠤ ᠪᠠᠶᠢᠬᠤ ᠶᠢ ᠪᠠᠳᠤᠯᠠᠪᠠ᠃ ᠪᠤᠬᠢᠷᠳᠤᠯ ᠤᠨ ᠡᠬᠢ ᠡᠬᠦᠰᠤᠯ ᠢ ᠬᠢᠨᠠᠨ ᠡᠵᠡᠮᠳᠡᠬᠦ ᠶᠢ ᠴᠢᠩᠭᠠᠤᠡᠬᠠᠨ᠂ ︽ᠬᠤᠶᠠᠷ ᠨᠠᠭᠤᠷ᠂ ᠬᠤᠶᠠᠷ ᠭᠤᠥᠯ︾ ᠤᠨ ᠤᠶᠢᠷ᠎ᠠ ᠬᠠᠪᠢ ᠶᠢᠨ ᠪᠤᠬᠢᠷᠳᠤᠯ ᠤᠨ ᠡᠬᠢ ᠶᠢ ᠵᠠᠰᠠᠨ ᠴᠡᠭᠴᠡᠯᠡᠵᠦ᠂ ᠠᠶᠤᠯᠳᠠᠢ ᠬᠠᠶᠠᠭᠳᠠᠮᠠᠯ ᠪᠤᠳᠠᠰ ᠤᠶᠢᠷ᠎ᠠ ᠬᠠᠪᠢ ᠶᠢᠨ ᠬᠦᠷᠤᠰᠤ ᠰᠢᠷᠤᠢ ᠶᠢ ᠪᠤᠬᠢᠷᠳᠤᠭᠤᠯᠬᠤ ᠶᠢ ᠪᠦᠳᠤᠮᠵᠢᠳᠠᠢ ᠬᠤᠷᠢᠭᠯᠠᠪᠠ᠃
<< < 1 2 3 > >>  
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠵᠠᠰᠠᠭ ᠤᠨ ᠣᠷᠳᠣᠨ ᠤ ᠤᠷᠴᠢᠭᠤᠯᠭ᠎ᠠ ᠶᠢᠨ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号