2018 ᠤᠨ ᠤ ᠵᠠᠰᠠᠭ ᠤᠨ ᠤᠷᠳᠤᠨ ᠤ ᠠᠵᠢᠯ ᠤᠨ ᠢᠯᠡᠤᠡᠬᠡᠯ ︵ᠬᠤᠶᠠᠷ︶
ᠨᠡᠶᠢᠲᠡᠯᠡᠭᠰᠡᠨ ᠴᠠᠭ᠄
2018/12/26
     ᠬᠤᠶᠠᠷ᠂ 2018 ᠤᠨ ᠤ ᠭᠤᠤᠯᠳᠠᠯᠭ᠎ᠠ ᠲᠠᠢ ᠠᠵᠢᠯ      ᠲᠦᠯᠤᠬᠡᠯᠡᠭᠴᠢᠤᠨ ᠡ᠂ 2018 ᠤᠨ ᠪᠤᠯ ᠨᠠᠮ ᠤᠨ ᠠᠷᠪᠠᠨ ᠶᠢᠰᠤᠳᠤᠬᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠬᠤ ᠡᠬᠢᠯᠡᠯᠳᠡ ᠶᠢᠨ ᠵᠢᠯ ᠪᠤᠯᠬᠤ ᠪᠦᠬᠡᠤᠨ ᠮᠦᠨᠴᠤ ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠦᠯᠤᠪᠵᠢᠬᠦᠯᠬᠡ ᠶᠢ ᠬᠡᠷᠡᠭᠵᠢᠬᠦᠯᠬᠦ ᠤᠷᠢᠳᠠᠬᠢ ᠶᠢ ᠵᠠᠯᠭᠠᠮᠵᠢᠯᠠᠨ ᠬᠤᠶᠢᠳᠤᠬᠢ ᠳᠤ ᠵᠠᠮ ᠨᠡᠬᠡᠬᠡᠬᠦ ᠵᠠᠩᠬᠢᠯᠠᠭ᠎ᠠ ᠶᠢᠨ ᠨᠢᠬᠡ ᠵᠢᠯ ᠪᠤᠯᠤᠨ᠎ᠠ᠂ ᠪᠢᠳᠡ ᠤᠳᠠᠯ ᠦᠬᠡᠢ ᠦᠬᠡᠷᠡᠴᠢᠯᠡᠯᠳᠡ ᠨᠡᠬᠡᠬᠡᠯᠳᠡ ᠬᠢᠭᠰᠡᠨ 40 ᠵᠢᠯ ᠤᠨ ᠤᠢ ᠶᠢ ᠤᠭᠳᠤᠬᠤ ᠪᠤᠯᠤᠨ᠎ᠠ᠂ ᠡᠯ᠎ᠡ ᠲᠦᠷᠤᠯ ᠤᠨ ᠠᠵᠢᠯ ᠢᠶᠠᠨ ᠰᠠᠶᠢᠳᠤᠷ ᠬᠢᠬᠦ ᠳᠤ ᠡᠬᠦᠷᠬᠡ ᠬᠦᠨᠳᠤ ᠪᠦᠬᠡᠤᠨ ᠠᠯᠤᠰ ᠬᠡᠳᠤ ᠶᠢᠨ ᠠᠴᠢ ᠬᠤᠯᠪᠤᠭᠳᠠᠯ ᠲᠠᠢ ᠶᠤᠮ᠃ ᠪᠢᠳᠡ ᠶᠡᠭᠡ ᠢ ᠡᠵᠡᠮᠳᠡᠬᠦ ᠶᠠᠪᠤᠴᠠ ᠳᠤ ᠠᠰᠢᠭ ᠢ ᠠᠩᠬᠠᠷᠤᠨ ᠬᠤᠤᠷ ᠠᠴᠠ ᠵᠠᠶᠢᠯᠠᠰᠬᠢᠵᠤ᠂ ᠵᠦᠪ ᠤᠨᠤᠪᠴᠢᠳᠠᠢ ᠵᠠᠳᠠᠯᠤᠯᠳᠠ ᠬᠢᠬᠦ ᠶᠠᠪᠤᠴᠠ ᠳᠤ ᠰᠢᠨ᠎ᠡ ᠶᠢ ᠡᠬᠦᠤᠡᠴᠤ᠂ ᠬᠦᠴᠢᠷ ᠪᠡᠷᠬᠡ ᠶᠢ ᠢᠯᠠᠬᠤ ᠶᠠᠪᠤᠴᠠ ᠳᠤ ᠠᠵᠠ ᠲᠤᠬᠢᠶᠠᠯ ᠢ ᠠᠤᠡᠬᠤᠨ᠂ ᠴᠤᠴᠠᠯᠳᠠ ᠦᠬᠡᠢ ᠴᠢᠷᠮᠠᠶᠢᠨ᠎ᠠ︕      2018 ᠤᠨ ᠤ ᠵᠠᠰᠠᠭ ᠤᠨ ᠤᠷᠳᠤᠨ ᠤ ᠠᠵᠢᠯ ᠤᠨ ᠶᠡᠷᠤᠩᠬᠡᠢ ᠱᠠᠭᠠᠷᠳᠠᠯᠭ᠎ᠠ ᠪᠤᠯ᠄ ᠨᠠᠮ ᠤᠨ ᠠᠷᠪᠠᠨ ᠶᠢᠰᠤᠳᠤᠬᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠡᠶᠢᠬᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠵᠤ᠂ ᠰᠢᠨ᠎ᠡ ᠶᠢ ᠡᠭᠦᠳᠬᠦ᠂ ᠵᠤᠬᠢᠴᠠᠭᠤᠯᠬᠤ᠂ ᠪᠣᠬᠢᠷᠳᠣᠯ ᠦᠬᠡᠢ᠂ ᠨᠡᠬᠡᠬᠡᠯᠳᠡ ᠲᠠᠢ᠂ ᠬᠠᠮᠳᠣ ᠪᠠᠷ ᠡᠳ᠋ᠯᠡᠬᠦ ᠳᠠᠪᠣᠨ ᠶᠡᠭᠡ ᠬᠦᠭᠵᠢᠯᠳᠡ ᠶᠢᠨ ᠣᠶᠢᠯᠠᠭᠠᠭᠳᠠᠬᠤᠨ ᠢ ᠭᠤᠶᠢᠪᠢᠰᠢ ᠦᠬᠡᠢ ᠨᠠᠶᠢᠳᠠᠪᠤᠷᠢᠵᠢᠭᠤᠯᠵᠤ᠂ ︽ᠲᠠᠪᠤ ᠶᠢ ᠨᠢᠬᠡ ᠴᠤᠭᠴᠠᠵᠢᠭᠤᠯᠬᠤ︾ ᠶᠡᠷᠤᠩᠬᠡᠢ ᠪᠠᠶᠢᠷᠢᠰᠢᠯᠠᠭᠤᠯᠤᠯᠳᠠ ᠪᠠ ︽ᠲᠦᠷᠪᠡᠨ ᠪᠦᠬᠦ ᠲᠠᠯ᠎ᠠ︾ ᠶᠢᠨ ᠪᠠᠶᠢᠯᠳᠤᠬᠤ ᠪᠤᠳᠤᠯᠭ᠎ᠠ ᠶᠢᠨ ᠪᠠᠶᠢᠷᠢᠰᠢᠯᠠᠭᠤᠯᠤᠯᠳᠠ ᠶᠢ ᠨᠢᠬᠡᠳᠤᠯᠳᠡᠢ ᠲᠦᠯᠤᠪᠵᠢᠬᠦᠯᠤᠨ ᠵᠤᠬᠢᠴᠠᠩᠭᠤᠢ ᠪᠠᠷ ᠲᠦᠯᠬᠢᠨ ᠠᠬᠢᠭᠤᠯᠵᠤ᠂ ᠦᠪᠡᠷᠳᠡᠬᠡᠨ ᠵᠠᠰᠠᠬᠤ ᠤᠷᠤᠨ᠂ ᠬᠤᠳᠠ᠂ ᠬᠤᠰᠢᠭᠤ ᠭᠤᠷᠪᠠᠨ ᠱᠠᠳᠤᠨ ᠤ ᠨᠠᠮ ᠤᠨ ᠲᠦᠯᠤᠬᠡᠯᠡᠭᠴᠢᠤᠨ  ᠤᠨ ᠶᠡᠭᠡ ᠬᠤᠷᠠᠯ᠂ ᠪᠦᠬᠦ ᠬᠡᠰᠢᠬᠦᠤᠨ ᠤᠨ ᠦᠷᠬᠡᠤᠡᠬᠡᠭᠰᠡᠨ ᠬᠤᠷᠠᠯ᠂ ᠠᠵᠤ ᠠᠬᠤᠢ ᠶᠢᠨ ᠠᠵᠢᠯ ᠤᠨ ᠬᠤᠷᠠᠯ ᠪᠠ ᠲᠡᠭᠡᠳᠤ ᠱᠠᠳᠤᠨ ᠤ ︽ᠬᠤᠶᠠᠷ ᠬᠤᠷᠠᠯ︾ ᠤᠨ ᠵᠤᠷᠢᠭ ᠰᠠᠨᠠᠭ᠎ᠠ ᠪᠠᠷ᠂ ᠲᠤᠭᠳᠠᠭᠤᠨ ᠤ ᠲᠤᠮᠳᠠ ᠤᠷᠤᠭᠰᠢᠯᠠᠨ ᠲᠠᠪᠰᠢᠬᠤ ᠠᠵᠢᠯ ᠤᠨ ᠶᠡᠷᠤᠩᠬᠡᠢ ᠬᠦᠭ ᠠᠶᠠᠰ ᠢ ᠪᠠᠷᠢᠮᠳᠠᠯᠠᠨ᠂ ︽ᠭᠤᠷᠪᠠᠨ ᠶᠡᠭᠡ ᠪᠠᠬᠢᠯᠡᠯᠳᠡ ᠰᠢᠪᠳᠤᠯᠬᠤ ᠲᠠᠶᠢᠯᠠᠯᠳᠤᠭᠠᠨ︾ ᠢ ᠰᠠᠶᠢᠳᠤᠷ ᠬᠢᠵᠤ᠂ ᠬᠦᠭᠵᠢᠯᠳᠡ᠂ ᠠᠮᠢ ᠠᠬᠤᠢ᠂ ᠠᠷᠠᠤᠨ ᠤᠨ ᠠᠮᠢᠳᠤᠷᠠᠯ ᠭᠤᠷᠪᠠᠨ ᠵᠤᠷᠪᠤᠰ ᠬᠢᠵᠠᠭᠠᠷᠳᠤ ᠱᠤᠭᠤᠮ ᠢ ᠪᠠᠳᠤ ᠰᠠᠬᠢᠨ᠂ ︽ᠬᠤᠶᠠᠷ ᠣᠷᠣᠨ ᠭᠤᠷᠪᠠᠨ ᠰᠠᠭᠤᠷᠢᠨ ᠭᠠᠵᠠᠷ ᠨᠢᠭᠡ ᠭᠡᠷ ᠤᠷᠤᠨ︾ ᠤ ᠬᠠᠷᠠᠯᠳᠠᠳᠤ ᠤᠷᠤᠨ ᠤ ᠲᠤᠭᠤᠷᠢᠨ ᠳᠤ᠂ ᠬᠡᠯᠪᠡᠷᠢ ᠶᠢ ᠬᠤᠪᠢᠷᠠᠭᠤᠯᠤᠨ ᠲᠡᠰ ᠲᠡᠪᠰᠢᠬᠦᠯᠬᠦ ᠪᠠᠷ ᠭᠤᠤᠯ ᠱᠤᠭᠤᠮ ᠪᠤᠯᠭᠠᠵᠤ᠂ ᠠᠮᠢ ᠠᠬᠤᠢ ᠶᠢᠨ ᠤᠷᠴᠢᠨ ᠲᠤᠭᠤᠷᠢᠨ ᠢ ᠬᠦᠴᠤᠯᠡᠨ ᠰᠠᠶᠢᠵᠢᠷᠠᠭᠤᠯᠵᠤ᠂ ᠠᠵᠤ ᠦᠢᠯᠡᠰ ᠤᠨ ᠪᠦᠳᠤᠴᠡ  ᠶᠢ ᠰᠢᠯᠢᠳᠡᠭᠵᠢᠬᠦᠯᠵᠤ᠂ ᠠᠷᠠᠤᠨ ᠤᠨ ᠪᠤᠶᠠᠨ ᠬᠡᠰᠢᠭ ᠢ ᠨᠡᠮᠡᠭᠳᠡᠬᠦᠯᠬᠦ ᠶᠢ ᠪᠠᠳᠤᠯᠠᠵᠤ᠂ ᠭᠠᠳᠠᠭᠠᠳᠤ ᠨᠡᠬᠡᠬᠡᠯᠳᠡ ᠶᠢ ᠦᠷᠬᠡᠤᠡᠬᠡᠵᠤ᠂ ᠨᠡᠶᠢᠬᠡᠮ ᠤᠨ ᠲᠤᠭᠳᠠᠭᠤᠨ ᠢ ᠪᠠᠳᠤᠯᠠᠵᠤ᠂ ᠤᠷᠤᠨ ᠪᠦᠰᠡ ᠶᠢᠨ ᠠᠵᠤ ᠠᠬᠤᠢ ᠨᠡᠶᠢᠬᠡᠮ ᠤᠨ ᠬᠦᠭᠵᠢᠯᠳᠡ ᠶᠢᠨ ᠰᠢᠨ᠎ᠡ ᠠᠮᠢᠵᠢᠷᠠᠯ ᠤᠨ ᠬᠦᠴᠤᠨ ᠢ ᠲᠠᠰᠤᠷᠠᠯᠳᠠ ᠦᠬᠡᠢ ᠬᠦᠭᠵᠢᠬᠡᠨ᠂ ᠬᠤᠰᠢᠭᠤᠨ ᠤ ᠬᠡᠪᠴᠢᠶᠡᠨ  ᠤ ᠠᠵᠤ ᠠᠬᠤᠢ ᠦᠨᠳᠤᠷ ᠴᠢᠨᠠᠷ ᠴᠢᠨᠰᠠᠭ᠎ᠠ ᠲᠠᠢ ᠬᠦᠭᠵᠢᠬᠦ ᠶᠢ ᠪᠡᠶᠡᠯᠡᠬᠦᠯᠵᠤ᠂ ᠴᠢᠨᠡᠬᠡᠯᠢᠭ ᠨᠡᠶᠢᠬᠡᠮ ᠢ ᠪᠦᠬᠦ ᠲᠠᠯ᠎ᠠ  ᠪᠠᠷ ᠪᠡᠶᠡᠯᠡᠬᠦᠯᠬᠦ ᠠᠯᠬᠤᠴᠠ ᠶᠢ ᠲᠦᠷᠬᠡᠤᠡᠬᠡᠨ᠂ᠰᠢᠨ᠎ᠡ ᠪᠠᠷᠭᠤ ᠪᠠᠷᠠᠭᠤᠨ ᠬᠤᠰᠢᠭᠤᠨ ᠤ ᠤᠳᠤᠬᠢᠴᠢᠯᠠᠯᠳᠠ ᠶᠢᠨ ᠪᠦᠳᠤᠬᠡᠨ ᠪᠠᠶᠢᠭᠤᠯᠤᠯᠳᠠ ᠶᠢᠨ ᠰᠢᠨ᠎ᠡ ᠪᠠᠶᠢᠳᠠᠯ ᠢ ᠴᠢᠷᠮᠠᠶᠢᠨ ᠡᠬᠦᠳᠤᠨ᠎ᠡ᠃      2018 ᠤᠨ᠂ ᠪᠦᠬᠦ ᠬᠤᠰᠢᠭᠤᠨ ᠤ ᠠᠵᠤ ᠠᠬᠤᠢ ᠨᠡᠶᠢᠬᠡᠮ ᠤᠨ ᠬᠦᠭᠵᠢᠯᠳᠡ ᠶᠢᠨ ᠵᠢᠱᠢᠭᠰᠡᠨ ᠬᠠᠷᠠᠯᠳᠠ ᠪᠤᠯ᠄ ᠠᠳᠠᠯᠢᠤᠡᠬᠠᠵᠤ ᠪᠤᠯᠬᠤ ᠬᠡᠮᠵᠢᠶ᠎ᠡ ᠪᠠᠷ ᠪᠤᠳᠤᠪᠠᠯ᠂ ᠤᠷᠤᠨ ᠨᠤᠳᠤᠭ ᠤᠨ ᠦᠢᠯᠡᠤᠡᠪᠦᠷᠢᠯᠡᠯ ᠤᠨ ᠶᠡᠷᠤᠩᠬᠡᠢ ᠦᠷᠳᠡᠭ ᠢ 6% ᠤᠷᠴᠢᠮ ᠨᠡᠮᠡᠭᠳᠡᠬᠦᠯᠤᠨ᠂ ᠨᠡᠶᠢᠬᠡᠮ ᠤᠨ ᠬᠡᠷᠡᠭᠯᠡᠬᠡᠨ ᠤ ᠲᠠᠸᠠᠷ ᠢ ᠵᠢᠵᠢᠭᠯᠡᠨ ᠪᠤᠷᠤᠯᠠᠭᠤᠯᠤᠭᠰᠠᠨ ᠶᠡᠷᠤᠩᠬᠡᠢ ᠲᠤᠭ᠎ᠠ ᠶᠢ 8% ᠤᠷᠴᠢᠮ ᠨᠡᠮᠡᠭᠳᠡᠬᠦᠯᠤᠨ᠎ᠡ︔ ᠬᠤᠳᠠ ᠪᠠᠯᠭᠠᠰᠤ ᠮᠠᠯᠵᠢᠬᠤ ᠤᠷᠤᠨ ᠳᠤ ᠪᠠᠶᠢᠩᠭᠤ ᠰᠠᠭᠤᠭ᠎ᠠ ᠰᠠᠭᠤᠭᠠᠯᠢ ᠠᠷᠠᠤᠨ ᠤᠨ ᠬᠦᠮᠤᠨ ᠲᠤᠮᠳᠠᠴᠢ ᠶᠢᠨ ᠡᠵᠡᠮᠳᠡᠵᠤ ᠪᠤᠯᠬᠤ ᠤᠷᠤᠯᠭ᠎ᠠ ᠶᠢ ᠲᠤᠰᠪᠤᠷᠢ ᠢ 8% ᠤᠷᠴᠢᠮ ᠨᠡᠮᠡᠭᠳᠡᠬᠦᠯᠤᠨ᠎ᠡ︔ ᠡᠨᠧᠷᠬᠢ ᠶᠢ ᠠᠷᠪᠢᠯᠠᠨ ᠪᠤᠬᠢᠷᠳᠤᠯ ᠢ ᠭᠠᠳᠠᠭᠰᠢᠯᠠᠭᠤᠯᠬᠤ ᠬᠠᠷᠠᠯᠳᠠᠳᠤ ᠡᠬᠦᠷᠬᠡ ᠶᠢ ᠪᠦᠬᠦ ᠲᠠᠯ᠎ᠠ ᠪᠠᠷ ᠪᠡᠶᠡᠯᠡᠬᠦᠯᠤᠨ᠎ᠡ︔ ᠬᠠᠩᠭᠠᠯᠭ᠎ᠠ ᠶᠢᠨ  ᠪᠦᠳᠤᠴᠡ ᠶᠢᠨ ᠴᠢᠨᠠᠷᠳᠠᠢ ᠦᠬᠡᠷᠡᠴᠢᠯᠡᠯᠳᠡ ᠳᠤ ᠪᠤᠳᠠᠳᠤ ᠠᠮᠵᠢᠯᠳᠠ ᠤᠯᠤᠨ᠎ᠠ︔ ᠮᠦᠩᠬᠦᠨ ᠬᠦᠢᠯᠬᠡᠬᠡᠨ ᠤ ᠡᠳ᠋ ᠤᠨ ᠵᠠᠰᠠᠭ ᠤᠨ ᠠᠶᠤᠯ ᠲᠦᠭᠰᠢᠬᠦᠷᠢ ᠶᠢ ᠡᠮᠬᠢ ᠴᠡᠭᠴᠡ ᠲᠠᠢ᠂ ᠪᠦᠳᠤᠮᠵᠢᠳᠡᠢ ᠰᠡᠷᠬᠡᠶᠢᠯᠡᠨ ᠡᠵᠡᠮᠳᠡᠵᠤ᠂ ᠵᠠᠰᠠᠭ ᠤᠨ ᠤᠷᠳᠤᠨ ᠤ ᠴᠢᠨᠠᠷᠳᠠᠢ ᠦᠷᠢ ᠦᠭᠴᠡᠭᠡ ᠶᠢ ᠨᠠᠮᠳᠠᠭᠤᠯᠤᠨ ᠰᠢᠢᠤᠡᠪᠦᠷᠢᠯᠡᠬᠦ ᠤᠨ ᠤ ᠡᠬᠦᠷᠬᠡ ᠶᠢ ᠪᠡᠶᠡᠯᠡᠬᠦᠯᠤᠨ᠎ᠡ᠃      ᠠᠮᠢ ᠠᠬᠤᠢ ᠶᠢᠨ ᠤᠷᠴᠢᠨ ᠲᠤᠭᠤᠷᠢᠨ ᠤ ᠭᠤᠤᠯ ᠵᠢᠱᠢᠭᠰᠡᠨ ᠬᠠᠷᠠᠯᠳᠠ ᠪᠤᠯ᠄ ᠲᠠᠯ᠎ᠠ ᠨᠤᠲᠤᠭ ᠤᠨ ᠤᠷᠭᠤᠮᠠᠯ ᠤᠨ ᠬᠤᠴᠢᠯᠭ᠎ᠠ ᠶᠢᠨ ᠶᠡᠷᠦᠩᠬᠡᠢ ᠪᠦᠷᠬᠦᠴᠡ ᠶᠢ 40%   ᠳᠤ ᠲᠣᠭᠲᠠᠪᠤᠷᠢᠵᠢᠭᠤᠯᠤᠨ᠎ᠠ︔ ᠴᠢᠬᠤᠯᠠ ᠭᠤᠣᠯ ᠮᠦᠷᠡᠨ ᠨᠠᠭᠤᠷ ᠪᠦᠷᠢᠳᠦ ᠶᠢᠨ ᠴᠢᠳᠠᠮᠵᠢᠲᠤ ᠣᠷᠣᠨ ᠤ ᠤᠰᠤᠨ ᠤ ᠴᠢᠨᠠᠷ ᠤᠨ ᠪᠠᠷᠢᠮᠵᠢᠶ᠎ᠠ ᠳᠤ ᠬᠦᠷᠬᠦ ᠨᠤᠷᠮ᠎ᠠ ᠶᠢ 40% ᠳᠤ ᠬᠦᠷᠭᠡᠨ᠎ᠡ︔ ᠪᠤᠵᠠᠷ ᠤᠰᠤ ᠶᠢ ᠲᠦᠪᠯᠡᠷᠡᠭᠦᠯᠦᠨ ᠰᠢᠢᠳᠪᠦᠷᠢᠯᠡᠬᠦ ᠨᠤᠷᠮ᠎ᠠ ᠶᠢ ᠲᠡᠭᠡᠳᠤ ᠱᠠᠳᠤᠨ ᠤ ᠬᠦᠢᠴᠡᠤᠡᠬᠡᠬᠦ ᠲᠤᠭ᠎ᠠ ᠶᠢᠨ ᠵᠢᠭᠠᠯᠳᠠ ᠡᠬᠦᠷᠬᠡ ᠶᠢ ᠪᠡᠶᠡᠯᠡᠬᠦᠯᠤᠨ᠎ᠡ︔ ᠰᠡᠷᠬᠡᠶᠢᠯᠡᠨ ᠵᠠᠰᠠᠵᠤ ᠪᠣᠯᠬᠤ ᠡᠯᠡᠰᠦᠷᠬᠡᠭ ᠭᠠᠵᠠᠷ ᠤᠨ ᠬᠦᠷᠤᠰᠤ ᠰᠢᠷᠣᠢ ᠶᠢᠨ ᠰᠡᠷᠬᠡᠶᠢᠯᠡᠨ ᠵᠠᠰᠠᠬᠤ ᠨᠤᠷᠮ᠎ᠠ ᠶᠢ ᠲᠡᠭᠡᠳᠤ ᠱᠠᠳᠤᠨ ᠤ ᠬᠦᠢᠴᠡᠤᠡᠬᠡᠯ ᠲᠤᠭ᠎ᠠ ᠶᠢᠨ ᠡᠬᠦᠷᠬᠡ ᠶᠢ ᠪᠡᠶᠡᠯᠡᠬᠦᠯᠤᠨ᠎ᠡ︔ ᠬᠤᠲᠠ ᠪᠠᠯᠭᠠᠰᠤ ᠶᠢᠨ ᠠᠭᠠᠷ ᠤᠨ ᠴᠡᠪᠡᠷᠴᠡ ᠰᠢᠯᠢᠳᠡᠭ ᠰᠠᠶᠢᠨ ᠡᠳᠦᠷ  ᠤᠨ ᠬᠠᠷᠢᠴᠠᠯ ᠢ 98 % ᠠᠴᠠ ᠲᠡᠭᠡᠭᠰᠢ ᠳᠤ ᠬᠦᠷᠬᠡᠨ᠎ᠡ᠃      ᠳᠡᠭᠡᠷᠡᠬᠢ ᠬᠠᠷᠠᠯᠲᠠ ᠶᠢ ᠪᠡᠶᠡᠯᠡᠭᠦᠯᠬᠦ ᠶᠢᠨ ᠲᠦᠯᠦᠭᠡ᠂ ᠪᠢᠳᠡ ᠲᠤᠤᠷᠠᠬᠢ ᠬᠡᠳᠤᠨ ᠲᠠᠯ᠎ᠠ ᠶᠢᠨ ᠠᠵᠢᠯ ᠢ ᠭᠤᠤᠯᠳᠠᠯᠭ᠎ᠠ ᠲᠠᠢ ᠰᠠᠶᠢᠳᠤᠷ ᠠᠤᠡᠬᠤᠨ᠎ᠠ᠄      ︵ᠨᠢᠬᠡ︶ ᠲᠤᠪᠤᠶᠢᠮ᠎ᠠ ᠠᠰᠠᠭᠤᠳᠠᠯ ᠢᠶᠠᠷ ᠤᠳᠤᠷᠢᠳᠤᠮᠵᠢ ᠪᠤᠯᠭᠠᠬᠤ ᠶᠢ ᠪᠠᠷᠢᠮᠳᠠᠯᠠᠨ᠂ ᠭᠤᠷᠪᠠᠨ ᠶᠡᠭᠡ ᠪᠠᠬᠢᠯᠠᠯᠳᠠ ᠰᠢᠪᠳᠤᠯᠬᠤ ᠲᠠᠶᠢᠯᠠᠯᠳᠤᠭᠠᠨ ᠢ ᠰᠠᠶᠢᠳᠤᠷ ᠬᠢᠨ᠎ᠡ᠃ᠬᠠᠷᠢᠭᠤᠴᠠᠯᠭᠠᠳᠤ ᠣᠬᠠᠮᠰᠠᠷ᠂ ᠲᠦᠭᠰᠢᠭᠦᠷᠢᠲᠦ ᠤᠬᠠᠮᠰᠠᠷ ᠢᠶᠠᠨ ᠬᠦᠴᠤᠯᠡᠨ ᠴᠢᠩᠭᠠᠤᠬᠠᠡᠵᠥ᠂ ᠬᠦᠨᠳᠤ ᠶᠡᠭᠡ ᠠᠶᠤᠯ ᠲᠦᠭᠰᠢᠬᠦᠷᠢ ᠶᠢ ᠰᠡᠷᠬᠡᠶᠢᠯᠡᠨ ᠨᠠᠮᠳᠠᠭᠤᠯᠬᠤ᠂ ᠨᠠᠷᠢᠯᠢᠭ ᠤᠨᠤᠪᠴᠢᠳᠠᠢ ᠶᠠᠳᠠᠭᠤ ᠠᠴᠠ ᠠᠩᠬᠢᠵᠢᠷᠠᠭᠤᠯᠬᠤ᠂ ᠪᠤᠬᠢᠷᠳᠤᠯ ᠢ ᠰᠡᠷᠬᠡᠶᠢᠯᠡᠨ ᠵᠠᠰᠠᠬᠤ ︽ᠭᠤᠷᠪᠠᠨ ᠶᠡᠭᠡ ᠪᠠᠬᠢᠯᠡᠯᠳᠡ ᠰᠢᠪᠳᠤᠯᠬᠤ ᠲᠠᠶᠢᠯᠠᠯᠳᠤᠭᠠᠨ︾ ᠢ ᠪᠦᠬᠦ ᠬᠦᠴᠤᠨ ᠢᠶᠠᠷ ᠢᠶᠠᠨ ᠰᠠᠶᠢᠳᠤᠷ ᠬᠢᠵᠤ᠂ ᠴᠢᠨᠡᠬᠡᠯᠢᠭ ᠨᠡᠶᠢᠬᠡᠮ ᠢ ᠪᠦᠬᠦ ᠲᠠᠯ᠎ᠠ ᠪᠠᠷ ᠪᠡᠶᠡᠯᠡᠬᠦᠯᠬᠦ ᠰᠢᠢᠤᠡᠪᠦᠷᠢᠳᠤ ᠢᠯᠠᠯᠳᠠ ᠶᠢ ᠲᠡᠮᠡᠴᠡᠨ ᠤᠯᠬᠤ ᠳᠤ ᠪᠠᠳᠤ ᠪᠠᠬᠢ ᠰᠠᠭᠤᠷᠢ ᠲᠠᠯᠪᠢᠨ᠎ᠠ᠃ ᠬᠥᠡᠳᠥ ᠶᠡᠭᠡ ᠠᠶᠤᠯ ᠲᠥᠭᠰᠢᠭᠦᠷᠢ ᠶᠢ ᠰᠡᠷᠭᠡᠶᠢᠯᠡᠨ ᠠᠷᠢᠯᠭᠠᠬᠤ ᠪᠠᠬᠢᠯᠠᠯᠳᠠ ᠰᠢᠪᠳᠤᠯᠬᠤ ᠲᠠᠶᠢᠯᠠᠯᠳᠤᠭᠠᠨ ᠢ ᠰᠠᠶᠢᠳᠤᠷ ᠬᠢᠨ᠎ᠡ᠃ ᠮᠥᠩᠬᠦᠨ ᠬᠥᠢᠯᠭᠡᠭᠡ᠂ ᠦᠷᠢ ᠦᠭᠴᠡᠭᠡ᠂ ᠲᠤᠡᠡᠳᠠᠭᠤᠨ ᠵᠡᠷᠭᠡ ᠡᠯ᠎ᠠ ᠲᠥᠷᠤᠯ ᠤᠨ ᠠᠶᠤᠯ ᠲᠥᠭᠰᠢᠭᠦᠷᠢ ᠶᠢ ᠨᠠᠮᠳᠠᠭᠤᠯᠬᠤ ᠦᠨᠡᠯᠡᠨ ᠵᠢᠱᠢᠬᠦ ᠶᠢ ᠴᠢᠩᠭᠠᠤᠡᠬᠠᠨ᠂ ᠠᠶᠤᠯ ᠲᠥᠭᠰᠢᠭᠦᠷᠢ ᠶᠢ ᠤᠷᠢᠤᠡᠴᠢᠯᠡᠨ ᠰᠠᠷᠡᠮᠵᠢᠯᠡᠭᠦᠯᠬᠦ ᠲᠤᠡᠡᠳᠠᠴᠨ ᠶᠢ ᠪᠠᠶᠢᠭᠤᠯᠤᠨ ᠪᠦᠷᠢᠨᠰᠢᠬᠦᠯᠤᠨ᠎ᠡ᠃ ︽ᠲᠦᠰᠤᠪ ᠤᠨ ᠬᠠᠤᠯᠢ︾ ᠪᠠ ᠲᠦᠷᠤ ᠶᠢᠨ ᠶᠠᠪᠤᠳᠠᠯ ᠤᠨ ᠬᠤᠷᠢᠶ᠎ᠠ᠂ ᠦᠪᠡᠷᠳᠡᠬᠡᠨ ᠵᠠᠰᠠᠬᠤ ᠤᠷᠤᠨ᠂ ᠬᠦᠯᠤᠨ ᠪᠤᠶᠢᠷ ᠬᠤᠳᠠ ᠶᠢᠨ ᠬᠠᠮᠢᠶ᠎ᠠ ᠪᠦᠬᠦᠢ ᠲᠤᠭᠳᠠᠭᠠᠯ  ᠢ ᠴᠢᠩᠭ᠎ᠠ ᠬᠡᠷᠡᠭᠵᠢᠬᠦᠯᠵᠤ᠂ ᠤᠷᠳᠤ ᠬᠤᠭᠤᠴᠠᠭ᠎ᠠ ᠪᠠᠷ ᠨᠠᠷᠢᠯᠠᠵᠤ ᠠᠮᠢᠳᠤᠷᠠᠬᠤ ᠦᠵᠡᠯᠳᠡ ᠶᠢ ᠪᠤᠢ ᠪᠤᠯᠭᠠᠨ᠂ ︽ᠠᠯᠪᠠᠨ ᠤ ᠭᠤᠷᠪᠠᠨ ᠵᠠᠷᠤᠳᠠᠯ︾ ᠢ ᠴᠢᠩᠭ᠎ᠠ ᠬᠢᠵᠠᠭᠠᠷᠯᠠᠵᠤ᠂ ᠡᠩ ᠤᠨ ᠴᠢᠨᠠᠷᠳᠠᠢ ᠵᠠᠷᠤᠯᠭ᠎ᠠ ᠪᠠᠨ ᠪᠠᠭᠠᠰᠬᠠᠨ᠂ ᠵᠠᠷᠤᠯᠭ᠎ᠠ ᠶᠢ ᠠᠷᠪᠢᠯᠠᠨ᠂ ᠭᠠᠮᠨᠠᠨ ᠠᠷᠪᠢᠯᠠᠬᠤ ᠪᠠᠷ ᠲᠠᠷᠤᠭᠠᠰᠤ ᠪᠠ ᠠᠶᠤᠯ ᠲᠦᠭᠰᠢᠬᠦᠷᠢ ᠶᠢ ᠪᠠᠭᠠᠰᠬᠠᠨ᠎ᠠ᠃ ᠵᠠᠰᠠᠭ  ᠤᠨ ᠤᠷᠳᠤᠨ ᠤ ᠦᠷᠢ ᠦᠭᠴᠡᠭᠡᠨ ᠤ ᠬᠠᠮᠢᠶᠠᠷᠤᠯᠳᠠ ᠶᠢ ᠴᠢᠩᠭᠠᠤᠡᠬᠠᠨ᠂ ᠤᠷᠤᠨ ᠨᠤᠳᠤᠭ ᠤᠨ ᠵᠠᠰᠠᠭ ᠤᠨ ᠤᠷᠳᠤᠨ ᠤ ᠴᠢᠨᠠᠷᠳᠠᠢ ᠦᠷᠢ ᠦᠭᠴᠡᠭᠡ ᠶᠢ ᠨᠠᠮᠳᠠᠭᠤᠯᠬᠤ ᠲᠦᠰᠤᠯ ᠢ ᠬᠡᠷᠡᠭᠵᠢᠬᠦᠯᠵᠤ᠂ ᠲᠤᠭᠳᠠᠭᠰᠠᠨ ᠬᠤᠭᠤᠴᠠᠭᠠᠨ  ᠳᠤ ᠦᠷᠢ ᠦᠭᠴᠡᠭᠡ ᠠᠷᠢᠯᠭᠠᠬᠤ ᠡᠬᠦᠷᠬᠡ ᠶᠢ ᠪᠡᠶᠡᠯᠡᠬᠦᠯᠤᠨ᠎ᠡ᠃ ᠬᠠᠤᠯᠢ ᠪᠤᠰᠤ ᠪᠠᠷ ᠬᠦᠷᠤᠩᠬᠡ ᠮᠦᠩᠬᠦ ᠬᠤᠷᠠᠮᠳᠤᠭᠤᠯᠬᠤ᠂ ᠦᠨᠳᠤᠷ ᠬᠦᠤ ᠲᠠᠢ ᠵᠢᠬᠡᠯᠡᠯᠬᠡ ᠲᠠᠯᠪᠢᠬᠤ ᠪᠠ ᠢᠨᠲ᠋ᠧᠷ ᠰᠦᠯᠵᠢᠶ᠎ᠡ ᠪᠠᠷ ᠪᠡᠯᠡ ᠤᠷᠤᠭᠤᠯᠬᠤ ᠵᠡᠷᠬᠡ ᠬᠠᠤᠯᠢ ᠠᠴᠠ ᠵᠦᠷᠢᠴᠡᠭᠰᠡᠨ ᠦᠢᠯᠡ ᠠᠵᠢᠯᠯᠠᠭ᠎ᠠ ᠳᠤ ᠴᠢᠩᠭ᠎ᠠ ᠴᠤᠬᠢᠯᠳᠠ ᠦᠭᠴᠤ᠂ ᠤᠯᠠᠨ ᠲᠦᠮᠡᠨ ᠤ ᠡᠳ᠋ ᠮᠦᠩᠬᠦ ᠪᠠᠨ ᠬᠠᠮᠢᠶᠠᠷᠴᠤ ᠬᠡᠷᠡᠭᠯᠡᠬᠦ ᠲᠠᠨᠢᠯᠳᠠ ᠶᠢ ᠬᠦᠳᠤᠯᠤᠨ ᠵᠢᠯᠤᠭᠤᠤᠡᠴᠤ᠂ ᠠᠷᠠᠤᠨ ᠤᠯᠠᠨ ᠤ ᠬᠠᠤᠯᠢ ᠶᠤᠰᠤᠨ ᠤ ᠡᠷᠬᠡ ᠠᠰᠢᠭ ᠢ ᠦᠨᠡᠨᠬᠦ ᠬᠠᠮᠠᠭᠠᠯᠠᠨ᠎ᠠ᠃ ᠨᠠᠷᠢᠯᠢᠭ ᠤᠨᠤᠪᠴᠢᠳᠠᠢ ᠪᠠᠷ ᠶᠠᠳᠠᠭᠤ ᠠᠴᠠ ᠠᠩᠬᠢᠵᠢᠷᠠᠭᠤᠯᠬᠤ ᠪᠠᠬᠢᠯᠡᠯᠲᠡ ᠰᠢᠪᠳᠤᠯᠬᠤ ᠲᠠᠶᠢᠯᠠᠯᠳᠤᠭᠠᠨ ᠢ ᠰᠠᠶᠢᠳᠤᠷ ᠬᠢᠨ᠎ᠡ᠃ ︽ᠲᠠᠪᠤ ᠶᠢ ᠪᠠᠷᠢᠮᠳᠠᠯᠠᠬᠤ᠂ ᠲᠠᠪᠤᠨ ᠨᠢᠬᠡ ᠪᠦᠯᠤᠭ᠌᠂ ᠵᠢᠷᠭᠤᠭᠠᠨ ᠨᠠᠷᠢᠯᠢᠭ ᠤᠨᠤᠪᠴᠢᠳᠠᠢ︾⑤ᠦᠨᠳᠤᠰᠤᠨ ᠠᠷᠭ᠎ᠠ ᠪᠤᠳᠤᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠠᠵᠤ ᠦᠢᠯᠡᠰ ᠢᠶᠠᠷ ᠲᠡᠤᠡᠬᠦᠬᠦ᠂ ᠺᠠᠳ᠋ᠷ ᠶᠠᠳᠠᠭᠤ ᠡᠷᠤᠬᠡ ᠬᠤᠤᠰᠯᠠᠯ ᠪᠤᠯᠬᠤ᠂ ᠪᠦᠬᠦᠨ ᠢ ᠪᠠᠳᠤᠯᠠᠬᠤ ᠵᠡᠷᠬᠡ ᠬᠠᠪᠰᠤᠷᠤᠨ ᠲᠡᠤᠡᠬᠦᠬᠦ ᠠᠷᠭ᠎ᠠ ᠬᠡᠮᠵᠢᠶ᠎ᠡ ᠶᠢ ᠯᠠᠪᠳᠠᠭᠤᠨ ᠪᠠᠳᠤᠳᠠᠢ ᠲᠦᠯᠬᠢᠨ ᠠᠬᠢᠭᠤᠯᠵᠤ᠂ ᠶᠠᠳᠠᠭᠤ ᠶᠢ ᠲᠡᠤᠡᠬᠦᠬᠦ ᠶᠢ ᠤᠶᠤᠨ ᠤᠬᠠᠭᠠᠨ ᠡᠷᠴᠢ ᠵᠤᠷᠢᠭ ᠢ ᠲᠡᠮᠵᠢᠬᠦ ᠲᠠᠢ ᠤᠶᠠᠯᠳᠤᠭᠤᠯᠤᠨ᠂ ᠶᠠᠳᠠᠭᠤ ᠬᠦᠴᠢᠷᠳᠡᠯᠳᠡᠢ ᠬᠦᠮᠤᠨ ᠠᠮᠠ ᠶᠢᠨ ᠲᠤᠳᠤᠭᠠᠳᠤ ᠰᠡᠤᠡᠬᠢᠯᠬᠡ ᠠᠴᠠ ᠪᠠᠨ ᠶᠠᠳᠠᠭᠤ ᠠᠴᠠ ᠠᠩᠬᠢᠵᠢᠷᠠᠬᠤ ᠬᠦᠳᠡᠯᠬᠡᠭᠴᠢ ᠬᠦᠴᠤᠨ ᠢ ᠲᠠᠶᠢᠴᠢᠯᠠᠵᠤ᠂ ᠶᠠᠳᠠᠭᠤ ᠬᠦᠴᠢᠷᠳᠡᠯᠳᠡᠢ ᠬᠦᠮᠤᠨ ᠠᠮᠠ ᠶᠢ ᠬᠦᠰᠡᠯ ᠵᠤᠷᠢᠯᠳᠠ ᠲᠠᠢ᠂ ᠮᠡᠷᠬᠡᠵᠢᠯ ᠴᠢᠳᠠᠪᠤᠷᠢ ᠲᠠᠢ ᠪᠤᠯᠭᠠᠵᠤ ᠶᠠᠳᠠᠭᠤ  ᠠᠴᠠ ᠠᠩᠬᠢᠵᠢᠷᠠᠭᠤᠯᠤᠨ᠎ᠠ᠃ ᠰᠤᠷᠭᠠᠨ ᠬᠦᠮᠤᠵᠢᠯ ᠢᠶᠠᠷ ᠶᠠᠳᠠᠭᠤ ᠶᠢ ᠲᠡᠤᠡᠬᠦᠬᠦ᠂ ᠡᠷᠡᠬᠦᠯ ᠡᠩᠬᠡ ᠪᠠᠷ ᠶᠠᠳᠠᠭᠤ ᠶᠢ ᠲᠡᠤᠡᠬᠦᠬᠦ ᠶᠢ ᠶᠡᠬᠡᠪᠡᠷ ᠬᠡᠷᠡᠭᠵᠢᠬᠦᠯᠵᠤ᠂ ︽ᠮᠦᠩᠬᠦᠨ ᠬᠦᠢᠯᠬᠡᠬᠡ︾ ᠪᠠᠷ ᠶᠠᠳᠠᠭᠤ ᠶᠢ ᠲᠡᠤᠡᠬᠦᠬᠦ᠂ ᠲᠤᠬᠢᠷᠠᠮᠵᠢᠳᠠᠢ ᠭᠠᠵᠠᠷ  ᠲᠤ ᠨᠡᠬᠦᠯᠬᠡᠨ ᠶᠠᠳᠠᠭᠤ ᠶᠢ ᠲᠡᠤᠡᠬᠦᠬᠦ ᠲᠦᠷᠤᠯ ᠵᠤᠶᠢᠯ ᠢ ᠦᠷᠬᠦᠯᠵᠢᠯᠡᠨ ᠬᠡᠷᠡᠭᠵᠢᠬᠦᠯᠵᠤ᠂ ᠶᠠᠳᠠᠭᠤ ᠬᠦᠴᠢᠷᠳᠡᠯᠳᠡᠢ ᠬᠦᠮᠤᠨ ᠠᠮᠠ ᠳᠤ ᠬᠦᠳᠡᠯᠤᠩᠬᠦᠢ ᠬᠠᠮᠢᠶᠠᠷᠤᠯᠳᠠ ᠬᠢᠵᠤ᠂ ᠤᠳᠤ ᠶᠢᠨ ᠬᠡᠷᠡᠭᠵᠢᠬᠦᠯᠵᠤ ᠪᠠᠶᠢᠭ᠎ᠠ ᠪᠠᠷᠢᠮᠵᠢᠶ᠎ᠠ ᠠᠴᠠ ᠲᠤᠷᠤᠭᠰᠢᠬᠢ121ᠡᠷᠤᠬᠡ 294 ᠶᠠᠳᠠᠭᠤ ᠬᠦᠴᠢᠷᠳᠡᠯᠳᠡᠢ ᠬᠦᠮᠤᠨ ᠠᠮᠠ ᠶᠢ ᠶᠠᠳᠠᠭᠤ ᠠᠴᠠ ᠠᠩᠬᠢᠵᠢᠷᠠᠭᠤᠯᠬᠤ ᠠᠬᠢᠴᠠ ᠶᠢ ᠲᠦᠷᠬᠡᠤᠡᠬᠡᠵᠤ᠂ ᠴᠢᠨᠡᠬᠡᠯᠢᠭ ᠨᠡᠶᠢᠬᠡᠮ ᠢ ᠪᠦᠬᠦ ᠲᠠᠯ᠎ᠠ ᠪᠠᠷ ᠪᠡᠶᠡᠯᠡᠬᠦᠯᠬᠦ ᠨᠡᠶᠢᠬᠡᠮ ᠤᠨ ᠲᠤᠳᠠᠭᠤᠳᠠᠯ ᠢ ᠬᠦᠴᠤᠯᠡᠨ ᠨᠦᠬᠦᠪᠦᠷᠢᠯᠡᠨ᠎ᠡ᠃ ᠪᠤᠬᠢᠷᠳᠤᠯ ᠢ ᠰᠡᠷᠬᠡᠶᠢᠯᠡᠨ ᠵᠠᠰᠠᠬᠤ ᠪᠠᠬᠢᠯᠡᠯᠳᠡ ᠰᠢᠪᠳᠤᠯᠬᠤ ᠲᠠᠶᠢᠯᠠᠯᠳᠤᠭᠠᠨ ᠢ ᠰᠠᠶᠢᠳᠤᠷ ᠬᠢᠨ᠎ᠡ᠃ ᠲᠥᠪ ᠤᠨ ᠤᠷᠴᠢᠨ ᠲᠤᠭᠤᠷᠢᠨ ᠤ ᠬᠠᠮᠠᠭᠠᠯᠠᠯᠳᠠ ᠶᠢᠨ ᠱᠠᠭᠠᠷᠳᠡᠨ ᠪᠠᠶᠢᠴᠠᠭᠠᠯᠳᠠ ᠠᠴᠠ ᠬᠠᠷᠢᠭᠤ ᠲᠤᠰᠬᠠᠭᠰᠠᠨ ᠠᠰᠠᠭᠤᠳᠡᠯ ᠢ ᠬᠠᠯᠠᠨ ᠰᠠᠶᠢᠵᠢᠷᠠᠭᠤᠯᠬᠤ ᠠᠵᠢᠯ ᠢ ᠦᠷᠬᠦᠯᠵᠢᠯᠡᠨ ᠠᠬᠢᠭᠤᠯᠵᠥ᠂ ᠬᠠᠯᠠᠨ ᠰᠠᠶᠢᠵᠢᠷᠠᠭᠤᠯᠬᠤ ᠡᠬᠦᠷᠬᠡ ᠪᠠᠨ ᠲᠤᠭᠳᠠᠭᠰᠠᠨ ᠬᠤᠭᠤᠴᠠᠭᠠᠨ ᠳᠤ ᠪᠡᠶᠡᠯᠡᠬᠦᠯᠤᠨ᠎ᠡ᠃ ᠦᠨᠳᠤᠰᠤᠨ ᠱᠠᠳᠤᠨ ᠤ ᠤᠷᠴᠢᠨ ᠲᠤᠭᠤᠷᠢᠨ ᠢ ᠬᠠᠮᠠᠭᠠᠯᠠᠬᠤ ᠪᠠᠶᠢᠭᠤᠯᠤᠮᠵᠢ ᠶᠢ ᠲᠡᠬᠦᠯᠳᠡᠷᠵᠢᠬᠦᠯᠤᠨ᠂ ᠬᠠᠤᠯᠢ ᠬᠡᠷᠡᠭᠵᠢᠬᠦᠯᠬᠦ ᠬᠢᠷᠢ ᠲᠦᠪᠰᠢᠨ  ᠢ ᠪᠦᠬᠦ ᠲᠠᠯ᠎ᠠ ᠪᠠᠷ ᠲᠡᠭᠡᠭᠰᠢᠯᠡᠬᠦᠯᠤᠨ᠎ᠡ᠃ ᠠᠭᠠᠷ ᠮᠠᠡᠳᠡᠯ᠂ ᠤᠰᠥ᠂ ᠬᠥᠷᠤᠰᠥ ᠰᠢᠷᠤᠢ ᠶᠢᠨ ᠪᠤᠬᠢᠷᠳᠤᠯ ᠢ ᠰᠡᠷᠭᠡᠶᠢᠯᠡᠨ ᠵᠠᠰᠬᠠᠥ ᠲᠤᠰᠬᠠᠢ ᠲᠦᠷᠤᠯ ᠤᠨ ᠠᠵᠢᠯᠯᠠᠭ᠎ᠠ ᠶᠢ ᠭᠦᠨᠵᠡᠭᠡᠢ ᠦᠷᠨᠢᠬᠦᠯᠵᠤ᠂ ︽ᠠᠭᠠᠷ ᠮᠠᠡᠳᠡᠯ ᠤᠨ ᠠᠷᠪᠠᠨ ᠵᠤᠷᠪᠤᠰ︾᠂ ︽ᠤᠰᠤᠨ ᠤ ᠠᠷᠪᠠᠨ ᠵᠤᠷᠪᠤᠰ︾ ᠪᠠ ︽ᠬᠦᠷᠤᠰᠤ ᠰᠢᠷᠤᠢ ᠶᠢᠨ ᠠᠷᠪᠠᠨ ᠵᠤᠷᠪᠤᠰ︾ ᠢ ᠪᠥᠬᠦ ᠲᠠᠯ᠎ᠠ ᠪᠠᠷ ᠬᠦᠨᠵᠡᠬᠡᠢ ᠨᠠᠶᠢᠳᠠᠪᠤᠷᠢᠵᠢᠭᠤᠯᠤᠨ᠎ᠠ᠃ ᠠᠭᠠᠷ ᠮᠠᠨᠳᠠᠯ ᠤᠨ ᠪᠤᠬᠢᠷᠳᠤᠯ ᠢ ᠰᠡᠷᠬᠡᠶᠢᠯᠡᠨ ᠵᠠᠰᠠᠬᠤ ᠬᠦᠴᠤᠯᠡᠴᠡ ᠶᠢ ᠦᠷᠬᠡᠤᠡᠬᠡᠨ᠎ᠡ᠃ ᠤᠰᠤᠨ ᠤ ᠡᠬᠢ ᠭᠠᠵᠠᠷ ᠤᠨ ᠬᠠᠮᠠᠭᠠᠯᠠᠯᠳᠠ ᠶᠢᠨ ᠤᠷᠤᠨ ᠤ ᠵᠠᠭᠠᠭ ᠲᠤᠭᠳᠠᠭᠠᠨ ᠪᠢᠳᠡᠬᠦᠮᠵᠢᠯᠡᠭᠰᠡᠨ ᠦᠷ᠎ᠡ ᠪᠦᠳᠤᠮᠵᠢ ᠶᠢ ᠪᠠᠬᠢᠵᠢᠬᠦᠯᠵᠤ᠂ ᠤᠰᠤᠨ ᠤ ᠡᠬᠢ ᠭᠠᠵᠠᠷ ᠤᠨ ᠬᠠᠮᠠᠭᠠᠯᠠᠯᠳᠠ ᠶᠢ ᠦᠷᠬᠦᠯᠵᠢᠯᠡᠨ ᠰᠠᠶᠢᠳᠤᠷ ᠠᠤᠡᠬᠤᠵᠤ᠂ ᠣᠤᠭᠤᠬᠤ ᠤᠰᠤᠨ ᠤ ᠴᠢᠨᠠᠷ ᠢ ᠪᠠᠷᠢᠮᠵᠢᠶᠠᠨ ᠳᠤ ᠬᠦᠷᠬᠡᠬᠦ ᠶᠢ ᠪᠠᠳᠤᠯᠠᠨ᠎ᠠ᠃ ᠪᠤᠵᠠᠷ ᠤᠰᠤ ᠰᠢᠢᠤᠡᠪᠦᠷᠢᠯᠡᠬᠦ ᠰᠢᠰᠲ᠋ᠧᠮ ᠢ ᠲᠡᠬᠦᠯᠳᠡᠷᠵᠢᠬᠦᠯᠤᠨ᠂ ᠠᠯᠳ᠋ᠬᠠᠮᠡᠬᠡᠯ ᠪᠠᠯᠭᠠᠰᠤ ᠶᠢᠨ ᠪᠤᠵᠠᠷ ᠤᠰᠤ ᠶᠢ ᠰᠢᠢᠤᠡᠪᠦᠷᠢᠯᠡᠬᠦ ᠦᠢᠯᠡᠤᠡᠪᠦᠷᠢ ᠶᠢᠨ ᠪᠠᠷᠢᠮᠵᠢᠶ᠎ᠠ ᠶᠢ ᠲᠡᠭᠡᠭᠰᠢᠯᠡᠬᠦᠯᠤᠨ ᠦᠬᠡᠷᠡᠴᠢᠯᠡᠨ ᠵᠠᠰᠠᠬᠤ ᠢᠨᠵᠧᠨᠧᠷᠢᠩ ᠢ ᠠᠰᠢᠭᠯᠠᠯᠳᠠ ᠳᠤ ᠤᠷᠤᠭᠤᠯᠵᠤ᠂ ᠪᠠᠷᠢᠮᠵᠢᠶ᠎ᠠ ᠳᠤ ᠬᠦᠷᠬᠡᠵᠤ ᠪᠤᠬᠢᠷᠳᠤᠯ ᠦᠬᠡᠢ ᠭᠠᠳᠠᠭᠰᠢᠯᠠᠭᠤᠯᠬᠤ ᠶᠢ ᠪᠡᠶᠡᠯᠡᠬᠦᠯᠤᠨ᠎ᠡ᠃ ᠬᠦᠷᠤᠰᠤ ᠰᠢᠷᠤᠢ ᠶᠢ ᠰᠡᠷᠬᠡᠶᠢᠯᠡᠨ ᠵᠠᠰᠠᠬᠤ ᠲᠦᠯᠤᠪᠯᠡᠭᠡ ᠶᠢ ᠬᠡᠷᠡᠭᠵᠢᠬᠦᠯᠤᠨ᠂ ᠬᠦᠷᠤᠰᠤ ᠰᠢᠷᠤᠢ ᠶᠢᠨ ᠤᠷᠴᠢᠨ ᠲᠤᠭᠤᠷᠢᠨ ᠤ ᠬᠢᠨᠠᠨ ᠬᠠᠮᠢᠶᠠᠷᠤᠯᠳᠠ ᠶᠢ ᠴᠢᠩᠭ᠎ᠠ ᠬᠡᠷᠡᠭᠵᠢᠬᠦᠯᠤᠨ᠎ᠡ᠃ ᠡᠨᠧᠷᠬᠢ ᠶᠢ ᠠᠷᠪᠢᠯᠠᠨ ᠪᠤᠬᠢᠷᠳᠤᠯ ᠢ ᠪᠠᠭᠠᠰᠬᠠᠬᠤ ᠬᠦᠴᠤᠯᠡᠴᠡ ᠶᠢ ᠴᠢᠩᠭᠠᠤᠡᠬᠠᠨ᠂ ᠡᠨᠧᠷᠬᠢ ᠶᠢᠨ ᠡᠬᠢ ᠪᠠᠶᠠᠯᠢᠭ ᠢ ᠠᠰᠢᠭᠯᠠᠬᠤ ᠨᠤᠷᠮ᠎ᠠ ᠵᠢ‌‍ᠲ᠋ᠡᠭᠡᠭᠰᠢᠯᠡᠬᠦᠯᠵᠤ᠂ ᠬᠤᠴᠤᠷᠤᠩᠭᠤᠢ ᠦᠢᠯᠡᠤᠡᠪᠦᠷᠢᠯᠡᠯ ᠤᠨ ᠴᠢᠳᠠᠪᠤᠷᠢ ᠶᠢ ᠦᠬᠡᠶᠢᠰᠬᠡᠨ᠎ᠡ᠃
<< < 1 2 3 4 > >>  
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠵᠠᠰᠠᠭ ᠤᠨ ᠣᠷᠳᠣᠨ ᠤ ᠤᠷᠴᠢᠭᠤᠯᠭ᠎ᠠ ᠶᠢᠨ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号