ᠮᠤᠩᠭᠤᠯ ᠪᠦᠵᠢᠭᠴᠢᠨ ᠠᠶᠤᠩᠭ᠎ᠠ
ᠨᠡᠶᠢᠲᠡᠯᠡᠭᠰᠡᠨ ᠴᠠᠭ᠄
2018/2/28
   ᠠᠨᠾᠦ᠋ᠢ ᠶᠢᠨ ᠤᠳᠤᠨ ᠳᠧᠯᠸᠢᠰ ᠤᠨ 2014 ᠤᠨ ᠤ ︽ᠪᠠᠭ᠋ᠠᠷᠬᠠᠯᠳᠤ ᠵᠠᠯᠠᠭᠤ︾ ᠫᠷᠦᠭᠷᠠᠮ ᠳᠤ ᠦᠵᠦᠬᠦᠷ ᠮᠠᠩᠯᠠᠢ ᠢᠶᠠᠷ ᠲᠤᠳᠤᠷᠠᠵᠤ᠂ ᠮᠤᠩᠭᠤᠯ ᠬᠦᠮᠦᠨ ᠤ ᠤᠷ᠎ᠠ ᠠᠪᠢᠶᠠᠰ ᠪᠠ ᠵᠢᠪᠬᠤᠭᠠᠯᠢᠭ ᠲᠦᠷᠬᠦ ᠪᠠᠷ ᠢᠶᠠᠨ ᠦᠷᠬᠡᠨ ᠤᠯᠠᠨ ᠦᠵᠡᠭᠴᠢᠳ ᠲᠤ ᠪᠠᠭ᠋ᠠᠷᠤᠬᠳᠠᠨ ᠲᠠᠨᠢᠬᠳᠠᠬᠰᠠᠨ ᠪᠤᠯ 2016 ᠤᠨ ᠤ ᠳᠦᠪ ᠳᠧᠯᠸᠢᠰ ᠤᠨ ᠴᠠᠭᠠᠨ ᠰᠠᠷ᠎ᠠ ᠶᠢᠨ ᠦᠳᠡᠰᠢᠯᠡᠭᠡ ᠳᠤ ᠤᠷᠤᠯᠴᠠᠵᠤ ︽ᠳᠠᠨ ᠤ ᠬᠠᠯᠠᠭᠤᠨ ᠡᠯᠢᠭᠡᠨ ᠳᠤ︾ ᠬᠡᠬᠦ ᠳᠤᠭᠯᠠᠯᠳᠠ ᠪᠠᠷ ᠢᠶᠠᠨ ᠨᠡᠶᠢᠳᠡ ᠤᠯᠠᠨ ᠤ ᠵᠢᠷᠦᠬᠡ ᠰᠡᠳᠬᠢᠯ ᠢ ᠶᠠᠭᠠᠬᠢᠬᠤ ᠶᠢᠨ ᠠᠷᠭ᠎ᠠ ᠦᠬᠡᠢ ᠲᠠᠳᠠᠬᠰᠠᠨ ᠡᠨᠡ ᠰᠤᠳᠤᠨ ᠵᠠᠯᠠᠭᠤ ᠶᠢ ᠠᠶᠤᠩᠭ᠎ᠠ ᠭᠡᠳᠡᠭ᠃
   ᠠᠶᠤᠩᠭ᠎ᠠ  ᠲᠠᠶᠢᠰᠠᠨ᠎ᠠ ᠤᠶᠤᠩᠭ᠎ᠠ ᠲᠠᠭᠤᠤ ᠪᠠᠨ ᠤᠯᠠᠨ ᠳᠤ ᠡᠷᠭᠦᠵᠤ ᠪᠠᠶᠢᠭ᠎ᠠ ᠨᠢ᠃ ᠠᠶᠤᠩᠭ᠎ᠠ ᠶᠢᠨ 2014 ᠤᠨ ᠳᠤ ︽ᠪᠠᠭ᠋ᠠᠷᠬᠠᠯᠳᠤ ᠵᠠᠯᠠᠭᠤ︾ ᠫᠷᠦᠭᠷᠠᠮ ᠳᠤ ᠤᠷᠤᠯᠴᠠᠭᠰᠠᠨ ᠨᠢ ᠰᠠᠨᠠᠭᠠᠨ ᠠᠴᠠ ᠭᠠᠳᠠᠭᠤᠷ ᠶᠠᠪᠤᠳᠠᠯ ᠶᠤᠮ᠃ ᠲᠡᠬᠦᠨ ᠤ ᠰᠠᠶᠢᠨ ᠨᠠᠶᠢᠵᠠ ᠭᠡᠷᠡᠯᠵᠢᠬᠦ ᠪᠢᠴᠢᠯ ᠪᠦᠷᠭᠡ ᠳᠡᠭᠡᠨ ᠲᠡᠳᠡ ᠬᠤᠶᠠᠷ ᠤᠨ ᠬᠠᠮᠳᠤ ᠶᠢᠨ ᠵᠢᠷᠤᠭ ᠢ ᠨᠡᠶᠢᠳᠡᠯᠡᠭᠰᠡᠨ ᠨᠢ ︽ᠪᠠᠭ᠋ᠠᠷᠬᠠᠯᠳᠤ ᠵᠠᠯᠠᠭᠤ︾ ᠫᠷᠦᠭᠷᠠᠮ ᠤᠨ ᠬᠠᠷᠢᠭᠤᠴᠠᠯᠭᠠᠳᠠᠨ ᠤ ᠠᠩᠬᠠᠷᠤᠯ ᠢ ᠳᠠᠳᠠᠵᠤ᠂ ᠳᠡᠳᠡᠨ ᠤ ᠤᠷᠢᠯᠭ᠎ᠠ ᠪᠠᠷ ᠳᠤᠰ ᠫᠷᠦᠭᠷᠠᠮ ᠳᠤ ᠤᠷᠤᠯᠴᠠᠬᠰᠠᠨ ᠪᠦᠭᠡᠳ ᠬᠢᠨᠠᠭᠴᠢ ᠪᠠᠭᠰᠢ ᠰᠢᠶᠧ ᠨᠠ ᠶᠢᠨ ᠳᠤᠭᠤᠢᠢᠯᠠᠩ ᠤᠨ ᠬᠡᠰᠢᠬᠦᠨ ᠪᠤᠯᠵᠤ᠂ ᠮᠤᠩᠭᠤᠯ ᠳᠠᠭᠤᠤ᠂ ᠮᠤᠩᠭᠤᠯ ᠪᠦᠵᠢᠭ ᠢᠶᠠᠷ ᠢᠶᠠᠨ ᠳᠤᠬᠠᠢ ᠶᠢᠨ ᠳᠠᠯᠠᠪᠤᠷ ᠤᠨ ᠤᠯᠠᠨ ᠬᠢᠨᠠᠭᠴᠢ ᠶᠢᠨ ᠦᠨᠳᠦᠷ ᠦᠨᠡᠯᠡᠯᠳᠡ ᠶᠢ ᠤᠯᠤᠬᠰᠠᠨ ᠪᠠᠶᠢᠪᠠ᠃ ᠰᠢᠢᠳᠪᠦᠷᠢᠳᠤ ᠤᠷᠤᠯᠳᠤᠭᠠᠨ ᠤ ᠤᠷᠤᠢ᠂ ᠳᠤᠬᠠᠢ ᠶᠢᠨ ᠳᠠᠯᠠᠪᠤᠷ ᠤᠨ ᠦᠵᠡᠭᠴᠢᠳ ᠤᠯᠠᠨ ᠤ ᠤᠤᠬᠠᠢᠢᠯᠠᠯ ᠳᠤᠤᠷ᠎ᠠ᠂ ᠠᠳᠠᠯᠢ ᠪᠤᠰᠤ ᠤᠨᠴᠠᠯᠢᠭ ᠬᠡᠪ ᠨᠠᠮᠪᠠ ᠲᠠᠢ ᠲᠦᠷᠪᠡᠨ ᠭᠠᠩᠭᠠᠩ ᠵᠠᠯᠠᠭᠤ ᠰᠢᠷᠦᠬᠦᠨ ᠮᠦᠷᠦ᠋ᠢᠴᠡᠭᠡᠨ ᠢ ᠦᠩᠭᠡᠷᠡᠭᠦᠯᠦᠭᠰᠡᠨ ᠤ ᠳᠠᠷᠠᠭ᠎ᠠ᠂ ᠠᠶᠤᠩᠭ᠎ᠠ ᠳᠡᠷᠢᠬᠦᠨ ᠮᠠᠩᠯᠠᠢ ᠶᠢ ᠰᠢᠬᠦᠷᠦᠭᠰᠡᠨ ᠶᠤᠮ᠃     ᠲᠡᠩᠴᠢ ᠡᠷᠳᠡ ᠠᠪᠤ ᠡᠵᠢ ᠪᠠᠨ ᠠᠯᠳᠠᠵᠤ ᠦᠨᠦᠴᠢᠨ ᠦᠰᠦᠭᠰᠡᠨ ᠠᠶᠤᠩᠭ᠎ᠠ ᠪᠤᠰᠤᠳ ᠤᠨ ᠨᠢᠳᠤᠨ ᠳᠤ ᠪᠤᠯ ᠨᠢᠬᠡᠨ ᠬᠦᠬᠡᠷᠦᠬᠦ᠋ᠢᠯᠡᠯᠳᠡᠢ ᠬᠦᠮᠦᠨ ᠶᠤᠮ᠃ ᠬᠡᠬᠦ ᠳᠡᠭᠡᠨ ᠳᠡᠷᠡ ᠦᠪᠡᠷ ᠤᠨ ᠦᠩᠭᠡᠷᠡᠬᠦᠯᠦᠭᠰᠡᠨ ᠠᠮᠢᠳᠦᠷᠠᠯ ᠤᠨ ᠭᠠᠰᠢᠭᠤᠨ ᠢᠶᠠᠨ ᠬᠦᠮᠦᠨ ᠳᠤ ᠶᠠᠷᠢᠬᠤ ᠲᠤᠷ᠎ᠠ ᠦᠬᠡᠢ᠃ ᠠᠪᠤ ᠨᠢ ᠨᠠᠰᠤ ᠪᠠᠷᠠᠬᠰᠠᠨ ᠤ ᠲᠠᠷᠠᠭ᠎ᠠ ᠠᠶᠤᠩᠭ᠎ᠠ ᠠᠪᠤ ᠶᠢᠨ ᠢᠶᠠᠨ ᠦᠯᠡᠳᠡᠭᠡᠵᠤ ᠦᠭᠬᠦᠭᠰᠡᠨ ᠳᠠᠭᠤ ᠰᠢᠩᠭᠡᠭᠡᠬᠦ ᠮᠠᠰᠢᠨ ᠢ ᠪᠡᠶ᠎ᠠ ᠠᠴᠠ ᠪᠠᠨ ᠳᠦᠭᠡ ᠰᠠᠯᠭᠠᠯ ᠦᠭᠡᠢ ᠳᠡᠪᠡᠷᠢᠵᠤ᠂ ᠡᠳᠦᠷᠵᠢᠨ ᠳᠠᠭᠤᠤ ᠰᠤᠨᠤᠰᠳᠠᠭ ᠪᠤᠯᠤᠭᠰᠠᠨ᠃ ᠳᠡᠶᠢᠨᠬᠦ ᠲᠡᠷᠡ ᠨᠢᠭᠡᠨ ᠠᠯᠢᠶ᠎ᠠ ᠳᠡᠭᠵᠢᠨ ᠭᠡᠦᠭᠡᠳ ᠪᠠᠶᠢᠭᠰᠠᠨ ᠠᠴᠠ ᠪᠠᠨ ᠦᠭᠡ ᠳᠠᠭᠤ ᠴᠦᠭᠡᠨᠳᠡᠢ᠂ ᠰᠤᠷᠤᠯᠭ᠎ᠠ ᠠᠨᠠᠶᠢᠬᠠᠨ ᠬᠡᠦᠬᠡᠳ ᠪᠤᠯᠵᠤ ᠢᠷᠡᠬᠦ ᠪᠠᠷ ᠨᠢ ᠲᠦᠷᠦᠯ ᠰᠠᠳᠤᠨ ᠨᠢ ᠳᠡᠬᠦᠨ ᠢ ︽ᠪᠡᠶ᠎ᠡ ᠪᠠᠨ ᠳᠡᠵᠢᠭᠡᠬᠦ ᠮᠡᠷᠭᠡᠵᠢᠯ ᠰᠤᠷᠤᠭ︾ ᠭᠡᠵᠤ ᠤᠷᠠᠯᠢᠭ ᠤᠨ ᠰᠤᠷᠭᠠᠭᠤᠯᠢ ᠳᠤ ᠬᠦᠷᠭᠡᠭᠰᠡᠨ ᠪᠠᠶᠢᠵᠠᠢ᠃    ᠠᠶᠤᠩᠭ᠎ᠠ ᠲᠠᠶᠢᠰᠠᠨ᠎ᠠ ᠰᠠᠶᠢᠬᠠᠨ ᠪᠦᠵᠢᠭ   ᠢᠶᠠᠨ ᠤᠯᠠᠨ ᠳᠠᠭᠠᠨ ᠪᠠᠷᠢᠵᠤ ᠪᠠᠶᠢᠭ᠎ᠠ ᠨᠢ᠃
   ᠬᠦᠴᠢᠷ ᠪᠡᠷᠬᠡ ᠠᠴᠠ ᠠᠶᠤᠬᠤ ᠦᠭᠡᠢ᠂ ᠤᠷᠤᠭᠰᠢ ᠳᠠᠪᠰᠢᠬᠤ ᠶᠢ ᠵᠤᠷᠢᠳᠠᠭ ᠠᠶᠤᠩᠭ᠎ᠠ ᠦᠪᠡᠷ ᠤᠨ ᠰᠢᠷᠭᠠᠭᠤ ᠴᠢᠷᠮᠠᠶᠢᠯᠭ᠎ᠠ ᠪᠠᠷ ᠢᠶᠠᠨ 2009 ᠤᠨ ᠳᠤ ᠲᠡᠷᠢᠬᠦᠨ ᠨᠡᠷ᠎ᠠ ᠶᠢᠨ ᠰᠢᠯᠢᠳᠡᠭ ᠬᠢᠷᠢ ᠪᠦᠳᠦᠮᠵᠢ ᠪᠠᠷ ᠪᠡᠭᠡᠵᠢᠩ ᠤᠨ ᠪᠦᠵᠢᠭ ᠤᠨ ᠰᠤᠷᠭᠠᠭᠤᠯᠢ ᠳᠤ ᠰᠢᠯᠭᠠᠨ ᠤᠷᠤᠭᠰᠠᠨ ᠶᠤᠮ᠃ ᠰᠤᠷᠭᠠᠭᠤᠯᠢ ᠳᠤ ᠪᠠᠶᠢᠬᠤ ᠬᠤᠭᠤᠴᠠᠭᠠᠨ ᠳᠠᠭᠠᠨ ᠲᠠᠭᠤᠤ ᠬᠦᠭᠵᠢᠮᠳᠤ ᠵᠦᠴᠦᠭᠡ ᠶᠢᠨ ᠳᠤᠰᠬᠠᠢ ᠮᠡᠷᠭᠡᠵᠢᠯ ᠰᠤᠷᠤᠯᠴᠠᠭᠰᠠᠨ ᠪᠦᠭᠡᠳ ᠠᠴᠢᠳᠤ ᠪᠠᠭᠰᠢ ᠶᠢᠨ ᠢᠶᠠᠨ ᠵᠢᠯᠤᠭᠤᠳᠤᠯᠭ᠎ᠠ ᠳᠤᠤᠷ᠎ᠠ ᠳᠠᠭᠤᠯᠠᠬᠤ ᠮᠡᠷᠭᠡᠵᠢᠯ ᠰᠤᠷᠤᠯᠴᠠᠵᠤ᠂ ᠦᠪᠡᠷ ᠪᠢ ᠶᠢᠨ ᠤᠨᠴᠠᠯᠢᠭ ᠲᠠᠢ ᠳᠠᠭᠤᠯᠠᠬᠤ ᠬᠡᠪ ᠨᠠᠮᠪᠠ ᠶᠢ ᠪᠦᠷᠢᠯᠳᠦᠬᠦᠯᠦᠭᠰᠡᠨ ᠶᠤᠮ᠃ ᠦᠨᠦᠳᠦᠷ ᠤᠨ ᠠᠮᠵᠢᠯᠳᠠ ᠳᠤ ᠬᠦᠷᠦᠭᠰᠡᠨ ᠨᠢ ᠲᠡᠬᠦᠨ ᠤ ᠤᠯᠠᠨ ᠵᠢᠯ ᠤᠨ ᠲᠤᠷᠰᠢᠬᠢ ᠰᠢᠷᠭᠠᠭᠤ ᠬᠠᠳᠠᠭᠤᠵᠢᠯᠳᠠᠢ ᠴᠢᠷᠮᠠᠶᠢᠯᠭ᠎ᠠ ᠠᠴᠠ ᠰᠠᠯᠵᠤ ᠴᠢᠳᠠᠰᠢ ᠦᠭᠡᠢ ᠪᠢᠯᠡ᠃     ᠠᠶᠤᠩᠭ᠎ᠠ ᠰᠤᠷᠪᠤᠯᠵᠢᠯᠠᠭ᠎ᠠ ᠬᠦᠯᠢᠶᠡᠬᠦ ᠳᠡᠭᠡᠨ ︽ᠪᠢ ᠬᠠᠷᠠᠬᠠᠨ ᠪᠠᠭ᠎ᠠ ᠠᠴᠠ ᠪᠠᠨ ᠳᠠᠭᠤᠤ ᠤᠷᠠᠯᠢᠭ ᠲᠤ ᠲᠤᠷ᠎ᠠ ᠪᠠᠭ᠋ᠠᠳᠠᠢ᠂ ᠲᠡᠭᠡᠭᠡᠳ ᠲᠤᠮᠤ ᠪᠤᠯᠪᠠᠯ ᠲᠠᠭᠤᠤ ᠲᠠᠭᠤᠯᠠᠵᠤ ᠤᠯᠠᠨ ᠤ ᠪᠠᠨ ᠲᠤᠮᠳᠠ ᠨᠡᠷ᠎ᠡ ᠠᠯᠳᠠᠷ ᠲᠠᠢ ᠬᠦᠮᠦᠨ ᠪᠤᠯᠤᠶ᠎ᠠ ᠬᠡᠬᠦ ᠬᠦᠰᠡᠯ ᠨᠡᠳᠡ ᠶᠢ ᠤᠷᠮᠠᠰᠢᠭᠤᠯᠵᠤ᠂ ᠮᠦᠨᠴᠤ ᠮᠢᠨᠦ ᠰᠦᠰᠦ ᠵᠤᠷᠢᠭ ᠢ ᠬᠦᠪᠴᠢᠯᠡᠵᠤ᠂ ᠠᠯᠢ ᠤᠯᠠᠨ ᠬᠦᠴᠢᠷ ᠪᠡᠷᠬᠡ ᠶᠢ ᠢᠯᠠᠨ ᠲᠠᠪᠠᠭ᠋ᠤ ᠢᠳᠡ ᠬᠦᠴᠦᠨ ᠢ ᠤᠯᠭᠤᠬᠰᠠᠨ ᠶᠤᠮ︾ ᠭᠡᠵᠤ ᠪᠠᠶᠢᠪᠠ᠃     ᠦᠪᠦᠷ ᠮᠤᠩᠭᠤᠯ ᠤᠨ ᠲᠠᠯ᠎ᠠ ᠨᠤᠳᠤᠭ ᠠᠴᠠ ᠴᠤᠯᠭᠤᠷᠠᠨ ᠭᠠᠷᠤᠬᠰᠠᠨ ᠨᠢᠬᠡᠨ ᠮᠤᠩᠭᠤᠯ ᠵᠠᠯᠠᠭᠤ ᠶᠢᠨ ᠬᠤᠪᠢ ᠳᠤ᠂ ᠨᠡᠩ ᠴᠢᠨᠠᠭᠰᠢᠯᠠᠨ ᠪᠦᠬᠦ ᠤᠯᠤᠰ ᠤᠨ ᠬᠡᠪᠴᠢᠶᠡᠨ ᠳᠤ ᠰᠢᠨ᠎ᠠ ᠪᠠᠷ ᠬᠢᠯᠠᠯᠵᠠᠨ ᠮᠠᠨᠳᠤᠵᠤ ᠪᠠᠶᠢᠭ᠎ᠠ ᠵᠠᠯᠠᠭᠤ ᠨᠢᠭᠡ ᠦᠶ᠎ᠡ ᠶᠢᠨ ᠤᠷᠠᠯᠢᠭ ᠤᠨ ᠤᠳᠤᠨ ᠪᠤᠯᠤᠬᠰᠠᠨ ᠤ ᠬᠤᠪᠢ ᠳᠤ ᠲᠡᠷᠡ ᠤᠷᠠᠯᠢᠬ ᠤᠨ ᠲᠤᠬᠠᠢ ᠦᠪᠡᠷ ᠤᠨ ᠭᠡᠰᠡᠨ ᠪᠤᠳᠤᠯ ᠲᠠᠢ ᠪᠠᠶᠢᠳᠠᠭ᠃ ᠠᠶᠤᠩᠭ᠎ᠠ ᠮᠤᠩᠭᠤᠯ ᠦᠨᠳᠦᠰᠦᠳᠡᠨ ‍ᠤ‌ᠤᠷᠠᠯᠢᠭᠴᠢᠨ ᠪᠤᠯᠤᠭᠰᠠᠨ ᠳᠠᠭᠠᠨ ᠶᠡᠭᠡ ᠤᠮᠤᠭᠰᠢᠳᠠᠭ᠃ ᠲᠡᠭᠡᠬᠦᠯᠡᠷ ᠢᠶᠠᠨ᠂ ᠮᠤᠩᠭᠤᠯ ᠦᠨᠳᠦᠰᠦᠳᠡᠨ ᠤ ᠪᠠᠨ ᠰᠢᠯᠢᠳᠡᠭ ᠰᠤᠶᠤᠯ ᠤᠷᠠᠯᠢᠭ ᠢᠶᠠᠨ ᠬᠠᠷᠠᠯᠲᠠ ᠲᠠᠢ ᠪᠠᠷ ᠲᠤᠮᠳᠠᠳᠤ ᠶᠢᠨ ᠪᠤᠰᠤᠳ ᠤᠯᠠᠨ ᠦᠨᠳᠦᠰᠦᠲᠡᠨ ᠶᠠᠰᠤᠲᠠᠨ ᠵᠢᠴᠢ ᠳᠡᠯᠡᠬᠡᠢ ᠳ᠋ᠠᠬᠢᠨ ᠳᠤ ᠮᠡᠳᠡᠷᠡᠬᠦᠯᠦᠨ ᠲᠠᠨᠢᠭᠤᠯᠬᠤ᠂ ᠴᠢᠨᠠᠬᠰᠢᠯᠠᠨ ᠲᠡᠯᠡᠬᠡᠢ ᠶᠢᠨ ᠠᠷᠠᠳ ᠲᠦᠮᠡᠨ ᠤ ᠳᠠᠭᠤᠤ ᠤᠷᠠᠯᠢᠭ ᠲᠠᠢ ᠬᠠᠷᠢᠴᠠᠭᠤᠯᠤᠨ ᠲᠡᠭᠦᠯᠳᠡᠷᠵᠢᠭᠦᠯᠥᠨ ᠬᠦᠭᠵᠢᠬᠦᠯᠬᠦ ᠪᠤᠯ ᠵᠠᠯᠠᠭᠤ ᠨᠢᠬᠡ ᠦᠶ᠎ᠡ ᠶᠢᠨ ᠬᠢᠨ ᠤ ᠤᠷᠠᠯᠢᠭ ᠢ ᠲᠠᠨᠢᠬᠤ ᠠᠷᠭ᠎ᠠ ᠵᠠᠮ ᠮᠦᠷᠳᠡᠬᠡᠨ ᠡᠬᠦᠷᠬᠡ ᠬᠠᠷᠢᠭᠤᠴᠠᠯᠭ᠎ᠠ ᠬᠡᠵᠤ ᠦᠵᠡᠳᠡᠭ᠃     ᠠᠶᠤᠩᠭ᠎ᠠ ︵ ᠵᠡᠭᠦᠨᠳᠡᠬᠢ︶ ᠬᠦᠳᠡᠭᠡ ᠨᠤᠳᠤᠭ ᠲᠠᠭᠠᠨ ᠭᠦᠨᠵᠡᠭᠡᠶᠢᠷᠡᠨ ᠲᠠᠭᠤ ᠪᠦᠵᠢᠭ ᠢᠶᠠᠨ ᠮᠠᠯᠴᠢᠳ  ᠲᠠᠭᠠᠨ ᠰᠤᠨᠢᠷᠬᠠᠭᠤᠯᠬᠤ ᠪᠠᠷ  ᠶᠠᠪᠤᠵᠤ ᠪᠠᠶᠢᠭ᠎ᠠ ᠨᠢ᠃
    ᠠᠶᠤᠩᠭ᠎ᠠ ᠤᠤᠯ ᠨᠢ ᠪᠦᠵᠢᠭᠴᠢᠨ ᠬᠦᠮᠦᠨ ᠪᠠᠶᠢᠭᠰᠠᠨ᠃ ᠭᠡᠪᠡᠴᠤ ᠲᠡᠷᠡ ᠤᠯᠠᠨ ᠵᠦᠢᠯ ᠳᠤ ᠨᠡᠪᠳᠡᠷᠡᠵᠤ᠂ ᠦᠪᠡᠷ ᠪᠢ ᠪᠠᠨ ᠤᠯᠠᠨ ᠲᠡᠭᠦᠯᠳᠡᠷᠵᠢᠬᠦᠯᠤᠨ᠂ ᠦᠨᠳᠦᠰᠦᠲᠡᠨ ᠤ ᠪᠠᠨ ᠰᠤᠶᠤᠯ ᠤᠷᠠᠯᠢᠭ᠂ ᠳᠠᠭᠤᠤ ᠪᠦᠵᠢᠭ ᠢ ᠳᠡᠯᠡᠬᠡᠢ ᠳᠤ ᠲᠠᠨᠢᠭᠤᠯᠤᠨ᠂ ᠤᠯᠠᠮ ᠴᠢᠨᠠᠬᠰᠢᠳᠠ ᠮᠠᠨᠳᠤᠭᠤᠯᠬᠤ ᠪᠤᠳᠤᠯ ᠢᠶᠠᠷ ᠪᠦᠵᠢᠭ᠂ ᠳᠠᠭᠤᠤ ᠤᠷᠠᠯᠢᠭ᠂ ᠵᠦᠴᠦᠬᠡ ᠶᠢᠨ ᠤᠯᠠᠨ ᠳᠠᠯ᠎ᠠ ᠶᠢᠨ ᠮᠡᠷᠭᠡᠵᠢᠯ ᠢ ᠰᠤᠷᠤᠯᠴᠠᠬᠰᠠᠨ ᠪᠦᠭᠡᠳ ᠠᠮᠵᠢᠯᠳᠠ ᠳᠤ ᠬᠦᠷᠦᠭᠰᠡᠨ ᠪᠠᠶᠢᠨ᠎ᠠ᠃     ᠠᠶᠤᠩᠭ᠎ᠠ ᠦᠪᠡᠷ ᠤᠨ ᠴᠢᠷᠮᠠᠶᠢᠯᠭ᠎ᠠ ᠪᠠᠷ ᠢᠶᠠᠨ ᠦᠵᠡᠭᠴᠢ ᠤᠯᠠᠨ ᠳᠤ ᠮᠡᠳᠡᠷᠡᠭᠳᠡᠵᠤ᠂ ᠦᠨᠦᠳᠦᠷ ᠤᠨ ᠠᠮᠵᠢᠯᠳᠠ ᠳᠤ ᠬᠦᠷᠦᠭᠰᠡᠨ ᠪᠦᠭᠡᠳ ᠲᠡᠷᠡ ᠪᠦᠬᠦᠨ ᠢᠶᠠᠨ ᠨᠤᠳᠤᠭ ᠤᠰᠤ᠂ ᠠᠷᠠᠳ ᠲᠦᠮᠡᠨ ᠤ ᠬᠢᠨᠢ ᠢᠪᠡᠭᠡᠯ ᠬᠠᠶᠢᠷ᠎ᠠ ᠬᠡᠮᠡᠨ ᠰᠡᠳᠬᠢᠯ ᠳᠡᠭᠡᠨ ᠲᠠᠯᠠᠷᠬᠠᠵᠤ ᠶᠠᠪᠤᠳᠠᠭ᠃     ᠠᠶᠤᠩᠭ᠎ᠠ᠄ ︽ᠲᠤᠮᠤ ᠬᠤᠲᠠ ᠨᠢ ᠨᠠᠳᠠᠳᠤ ᠤᠷᠠᠯᠢᠭ ᠤᠨ ᠤᠷ᠎ᠠ ᠠᠪᠢᠶᠠᠰ ᠢᠶᠠᠨ ᠪᠠᠳᠠᠷᠠᠭᠤᠯᠬᠤ ᠳᠤ ᠨᠡᠩ ᠦᠷᠬᠡᠨ ᠲᠠᠪᠴᠠᠩ ᠬᠠᠩᠭᠠᠬᠰᠠᠨ ᠨᠢ ᠦᠨᠡᠨᠳᠠᠢ᠃ ᠭᠡᠪᠡᠴᠤ ᠬᠠᠮᠢᠭ᠎ᠠ ᠶᠠᠪᠤᠵᠤ ᠶᠠᠮᠠᠷ ᠠᠮᠵᠢᠯᠳᠠ ᠳᠤ ᠬᠦᠷᠦᠭᠰᠡᠨ ᠴᠤ ᠦᠰᠭᠡᠵᠤ ᠬᠦᠮᠦᠵᠢᠬᠦᠯᠦᠭᠰᠡᠨ ᠲᠠᠯ᠎ᠠ ᠨᠤᠲᠤᠭ ᠮᠢᠨᠢ ᠬᠡᠵᠢᠶᠡᠳᠡ ᠰᠠᠨᠠᠭᠠᠨ ᠠᠴᠠ ᠭᠠᠷᠳᠠᠭ ᠦᠭᠡᠢ᠃ ᠲᠡᠭᠡᠬᠦᠯᠡᠷ ᠶᠠᠮᠠᠷ ᠨᠢᠬᠡᠨ ᠠᠷᠭ᠎ᠠ ᠵᠠᠮ ᠢᠶᠠᠷ ᠨᠤᠲᠤᠭ ᠤᠰᠤᠨ ᠳᠠᠭᠠᠨ᠂ ᠮᠠᠯᠴᠢᠨ ᠲᠦᠮᠡᠨ ᠳᠡᠭᠡᠨ ᠵᠢᠭᠠᠬᠠᠨ ᠴᠤ ᠬᠡᠰᠡᠨ ᠲᠤᠰᠠ ᠨᠠᠮᠡᠬᠦᠷᠢ ᠪᠤᠯᠬᠤ ᠶᠢ ᠪᠠᠶᠢᠡᠭᠭᠤ ᠪᠤᠳᠤᠳᠠᠭ᠃ ᠲᠡᠬᠡᠭᠡᠳ ᠪᠢ ᠬᠠᠮᠤᠭ ᠠᠩᠬᠠᠨ ᠤ ᠬᠤᠪᠢ ᠬᠦᠮᠦᠨ ᠤ ᠦᠳᠡᠰᠢᠯᠡᠭᠡ ᠪᠠᠨ ᠤᠷᠳᠤᠰ ᠨᠤᠳᠤᠭ ᠲᠠᠭᠠᠨ ᠬᠢᠭᠰᠡᠨ᠂ ᠤᠳᠤ ᠪᠢ ᠰᠢᠨ᠎ᠡ ᠪᠠᠷ ᠭᠠᠷᠭᠠᠬᠤ ᠬᠡᠵᠤ ᠪᠠᠶᠢᠭ᠎ᠠ ᠲᠠᠭᠤᠤ ᠶᠢᠨ ᠴᠤᠮᠤᠭ ᠢᠶᠠᠨ ᠴᠤ ᠨᠤᠲᠤᠭ ᠤᠨ ᠮᠢᠨᠢ ᠠᠷᠠᠳ ᠤᠨ ᠳᠠᠭᠤᠤ ︿ᠰᠢᠷ᠎ᠠ ᠲᠠᠯ᠎ᠠ ᠶᠢᠨ ᠡᠬᠢ﹀ ᠪᠠᠷ ᠨᠡᠷᠡᠯᠡᠭᠰᠡᠨ︾ ᠭᠡᠵᠤ ᠪᠠᠶᠢᠯ᠎ᠠ᠃ ︵  ᠶᠢᠨ ᠪᠤᠤ︶                        ᠲᠡᠮᠦᠷᠭᠤᠣᠯᠲᠣ ᠨᠠᠶᠢᠷᠠᠭᠤᠯᠵᠤ 2018-01-12 ᠤ ᠡᠳᠦᠷ ᠨᠡᠶᠢᠲᠡᠯᠡᠪᠡ
 
ᠢᠷᠡᠯᠲᠡ᠄ ᠲᠦᠪ ᠲᠧᠯᠸᠢᠰ ᠤᠨ ᠮᠡᠳᠡᠭᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号