2015 ᠤᠨ ᠤ ᠵᠠᠰᠠᠭ ᠤᠨ ᠤᠷᠳᠤᠨ ᠤ ᠠᠵᠢᠯ ᠤᠨ ᠢᠯᠡᠤᠡᠬᠡᠯ ︵ᠬᠤᠶᠠᠷ︶
ᠨᠡᠶᠢᠲᠡᠯᠡᠭᠰᠡᠨ ᠴᠠᠭ᠄
2018/3/10
    ᠬᠤᠶᠠᠷ᠂ 2015 ᠤᠨ ᠤ ᠭᠤᠤᠯ ᠡᠭᠦᠷᠭᠡ     2015 ᠤᠨ ᠪᠤᠯ ᠬᠠᠤᠯᠢ ᠶᠤᠰᠤᠭᠠᠷ ᠤᠯᠤᠰ ᠢᠶᠠᠨ ᠵᠠᠰᠠᠬᠤ ᠶᠢ ᠪᠦᠬᠦ ᠳᠠᠯ᠎ᠠ ᠪᠠᠷ ᠲᠦᠯᠬᠢᠨ ᠠᠬᠢᠭᠤᠯᠬᠤ ᠡᠬᠢᠯᠡᠯᠳᠡ ᠶᠢᠨ ᠵᠢᠯ ᠪᠤᠯᠤᠨ᠎ᠠ᠂ ᠪᠠᠰᠠᠴᠦ ︽ᠠᠷᠪᠠᠨ ᠬᠤᠶᠠᠳᠤᠭᠠᠷ ᠲᠠᠪᠤᠨ ᠵᠢᠯ︾᠎ ᠤᠨ ᠲᠦᠯᠦᠪᠵᠢᠬᠦᠯᠭᠡ ᠶᠢᠨ ᠰᠡᠬᠦᠯ ᠬᠤᠷᠢᠶᠠᠬᠤ ᠵᠢᠯ ᠪᠤᠯᠤᠨ᠎ᠠ᠃ ᠦᠨᠦ ᠵᠢᠯ ᠤᠨ ᠡᠯ᠎ᠡ ᠵᠦᠢᠯ ᠤᠨ ᠠᠵᠢᠯ ᠢ ᠰᠠᠶᠢᠳᠦᠷ ᠬᠢᠬᠦ ᠪᠤᠯ ᠬᠦᠨ ᠴᠢᠬᠤᠯᠠ ᠠᠴᠢ ᠬᠤᠯᠪᠤᠭᠳᠠᠯ ᠲᠠᠢ ᠶᠤᠮ᠃     ᠦᠨᠦ ᠵᠢᠯ ᠤᠨ ᠵᠠᠰᠠᠭ ᠤᠨ ᠤᠷᠳᠤᠨ ᠤ ᠠᠵᠢᠯ ᠤᠨ ᠶᠡᠷᠦᠩᠬᠡᠢ ᠱᠠᠭᠠᠷᠳᠠᠯᠭ᠎ᠠ ᠪᠤᠯ᠄ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ᠂ ᠠᠷᠪᠠᠨ ᠨᠠᠢᠮᠠᠳᠤᠭᠠᠷ ᠬᠤᠭᠤᠴᠠᠭᠠᠨ ᠤ ᠭᠤᠷᠪᠠᠳᠤᠭᠠᠷ᠂ ᠲᠦᠷᠪᠡᠳᠦᠭᠡᠷ ᠪᠦᠭᠦᠳᠡ ᠬᠤᠷᠠᠯ᠂ ᠦᠪᠡᠷᠳᠡᠭᠡᠨ ᠵᠠᠰᠠᠬᠤ ᠤᠷᠤᠨ ᠤ ᠶᠢᠰᠦᠳᠦᠭᠡᠷ ᠬᠤᠭᠤᠴᠠᠭᠠᠨ ᠤ ᠠᠷᠪᠠᠨ ᠭᠤᠷᠪᠠᠳᠤᠭᠠᠷ ᠤᠳᠠᠭᠠᠨ ᠤ ᠪᠦᠬᠦ ᠭᠡᠰᠢᠭᠦᠳ ᠤᠨ ᠬᠤᠷᠠᠯ᠂ ᠬᠦᠯᠦᠨ ᠪᠤᠶᠢᠷ ᠬᠤᠳᠠ ᠶᠢᠨ ᠭᠤᠷᠪᠠᠳᠤᠭᠠᠷ ᠬᠤᠭᠤᠴᠠᠭᠠᠨ ᠤ ᠵᠢᠷᠭᠤᠳᠤᠭᠠᠷ ᠤᠳᠠᠭᠠᠨ ᠤ ᠪᠦᠬᠦ ᠭᠡᠰᠢᠭᠦᠳ ᠤᠨ ᠬᠤᠷᠠᠯ ᠪᠤᠯᠤᠨ ᠬᠤᠰᠢᠭᠤᠨ ᠤ ᠨᠠᠮ ᠤᠨ ᠬᠤᠷᠢᠶ᠎ᠠ ᠶᠢᠨ ᠠᠷᠪᠠᠨ ᠭᠤᠷᠪᠠᠳᠤᠭᠠᠷ ᠬᠤᠭᠤᠴᠠᠭᠠᠨ ᠤ ᠵᠢᠷᠭᠤᠳᠤᠭᠠᠷ ᠤᠳᠠᠭᠠᠨ ᠤ ᠪᠦᠬᠦ ᠭᠡᠰᠢᠭᠦᠳ ᠤᠨ ᠬᠤᠷᠠᠯ ᠤᠨ ᠵᠤᠷᠢᠭ ᠰᠠᠨᠠᠭ᠎ᠠ ᠶᠢ ᠬᠦᠨᠵᠡᠭᠡᠢ ᠲᠤᠤᠱᠯᠠᠭᠤᠯᠵᠤ᠂ ᠦᠪᠡᠷᠳᠡᠭᠡᠨ ᠵᠠᠰᠠᠬᠤ ᠤᠷᠤᠨ ᠤ ︽8337︾ ᠬᠦᠭᠵᠢᠯᠳᠡ ᠶᠢᠨ ᠰᠡᠳᠬᠢᠴᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠦᠭᠡᠷᠡᠴᠢᠯᠡᠯᠳᠠ ᠶᠢ ᠬᠦᠨᠵᠡᠭᠡᠶᠢᠷᠡᠭᠦᠯᠭᠦ ᠪᠠᠷ ᠭᠤᠤᠯ ᠬᠦᠭ ᠠᠶᠢᠵᠠᠮ ᠪᠤᠯᠭᠠᠵᠤ᠂ ᠳᠠᠶᠢᠴᠢᠯᠠᠨ ᠳᠠᠭᠠᠭᠤᠯᠬᠤ ᠠᠵᠢᠯᠯᠠᠭ᠎ᠠ ᠶᠢ ᠬᠦᠨᠵᠡᠭᠡᠢ ᠦᠢᠯᠡᠳᠦᠯᠭᠡᠵᠢᠬᠦᠯᠤᠨ᠂ ᠲᠤᠭᠳᠠᠭᠤᠨ ᠪᠠᠶᠢᠯᠭᠠᠬᠤ ᠮᠦᠷᠲᠡᠭᠡᠨ ᠤᠷᠤᠭᠰᠢᠯᠠᠨ ᠳᠠᠪᠰᠢᠬᠤ ᠭᠤᠤᠯ ᠬᠦᠭ ᠠᠶᠢᠵᠠᠮ ᠢ ᠪᠠᠷᠢᠮᠳᠠᠯᠠᠵᠤ᠂ ᠪᠦᠳᠦᠴᠡ ᠶᠢᠨ ᠲᠤᠬᠢᠷᠠᠭᠤᠯᠤᠯᠳᠠ ᠶᠢ ᠲᠤᠪᠤᠶᠢᠯᠭᠠᠨ᠂ ᠬᠤᠳᠠ ᠭᠦᠳᠡᠭᠡ ᠶᠢᠨ ᠬᠦᠭᠵᠢᠯᠳᠡ ᠶᠢ ᠨᠢᠭᠡᠳᠦᠯᠳᠡᠢ ᠲᠦᠯᠦᠪᠯᠡᠵᠤ᠂ ᠠᠵᠤ ᠠᠬᠤᠢ ᠶᠢᠨ ᠪᠦᠳᠦᠭᠡᠨ ᠪᠠᠶᠢᠭᠤᠯᠤᠯᠳᠠ ᠶᠢᠨ ᠲᠠᠯ᠎ᠠ ᠪᠠᠷ ᠨᠡᠩ ᠶᠡᠭᠡ ᠠᠯᠬᠤᠮ ᠤᠷᠤᠭᠰᠢᠯᠠᠬᠤ᠂ ᠠᠮᠢ ᠠᠬᠤᠢ ᠶᠢᠨ ᠪᠦᠳᠦᠭᠡᠨ ᠪᠠᠶᠢᠭᠤᠯᠤᠯᠳᠠ ᠶᠢᠨ ᠲᠠᠯ᠎ᠠ ᠪᠠᠷ ᠨᠡᠩ ᠶᠡᠭᠡ ᠦᠷ᠎ᠡ ᠪᠦᠳᠦᠮᠵᠢ ᠤᠯᠬᠤ᠂ ᠠᠷᠠᠳ ᠎ ᠤᠨ ᠠᠮᠢᠳᠤᠷᠠᠯ ᠢ ᠰᠠᠶᠢᠵᠢᠷᠠᠭᠤᠯᠬᠤ ᠲᠠᠯ᠎ᠠ ᠪᠠᠷ ᠨᠡᠩ ᠶᠡᠭᠡ ᠴᠢᠷᠮᠠᠶᠢᠯᠭ᠎ᠠ ᠭᠠᠷᠭᠠᠬᠤ᠂ ᠨᠡᠶᠢᠭᠡᠮ ᠤᠨ ᠡᠶ᠎ᠡ ᠵᠤᠬᠢᠴᠠᠩᠭᠤᠢ ᠬᠦᠭᠵᠢᠯᠳᠡ ᠶᠢᠨ ᠲᠠᠯ᠎ᠠ ᠪᠠᠷ ᠨᠡᠩ ᠶᠡᠭᠡ ᠲᠠᠪᠰᠢᠯᠳᠠ ᠲᠠᠢ ᠪᠤᠯᠬᠤ ᠪᠠᠷ ᠬᠦᠴᠦᠯᠡᠵᠤ᠂ ᠠᠵᠤ ᠠᠬᠤᠢ ᠶᠢᠨ ᠭᠤᠤᠯ ᠬᠦᠢᠴᠡᠳᠭᠡᠬᠦ ᠲᠤᠭ᠎ᠠ ᠶᠢ ᠪᠦᠬᠦ ᠬᠤᠳᠠ ᠶᠢᠨ ᠶᠡᠷᠦᠩᠬᠡᠢ ᠬᠦᠢᠴᠡᠳᠭᠡᠬᠦ ᠲᠤᠭᠠᠨ ᠤ ᠲᠤᠮᠳᠠ ᠡᠵᠡᠯᠡᠬᠦ ᠬᠤᠪᠢ ᠶᠢ ᠨᠡᠩ ᠶᠡᠬᠡᠪᠡᠷ ᠨᠡᠮᠡᠭᠳᠡᠬᠦᠯᠬᠦ ᠪᠠᠷ ᠴᠢᠷᠮᠠᠶᠢᠵᠦ᠂ ᠡᠭᠡ ᠤᠯᠤᠰ ᠤᠨ ᠤᠮᠠᠷᠠᠳᠤ ᠬᠢᠯᠢ ᠶᠢᠨ ᠡᠨᠡᠬᠦ ᠰᠠᠶᠢᠬᠠᠨ ᠦᠩᠭᠡ ᠦᠵᠡᠮᠵᠢ ᠶᠢ ᠨᠡᠩ ᠭᠤᠸ᠎ᠠ ᠦᠵᠡᠰᠭᠦᠯᠡᠩ ᠪᠤᠯᠭᠠᠬᠤ ᠪᠠᠷ ᠴᠢᠷᠮᠠᠶᠢᠨ᠎ᠠ᠃     ᠠᠵᠤ ᠠᠬᠤᠢ ᠨᠡᠶᠢᠭᠡᠮ ᠤᠨ ᠬᠦᠭᠵᠢᠯᠳᠡ ᠶᠢᠨ ᠭᠤᠤᠯ ᠬᠠᠷᠠᠯᠳᠠ ᠪᠤᠯ᠄ ᠤᠷᠤᠨ ᠨᠤᠳᠤᠭ ᠤᠨ ᠦᠢᠯᠡᠳᠪᠦᠷᠢᠯᠡᠯ ᠤᠨ ᠶᠡᠷᠤᠩᠭᠡᠢ ᠦᠷᠳᠡᠭ ᠢ 8.7%᠎ ᠪᠠᠷ ᠨᠡᠮᠡᠭᠳᠡᠬᠦᠯᠵᠤ᠂ ᠤᠯᠠᠨ ᠨᠡᠶᠢᠳᠡ ᠶᠢᠨ ᠡᠳ᠋ ᠤᠨ ᠵᠠᠰᠠᠭ ᠤᠨ ᠲᠦᠰᠦᠪ ᠤᠨ ᠤᠷᠤᠯᠭ᠎ᠠ ᠶᠢ 6.5%᠎ ᠪᠠᠷ ᠨᠡᠮᠡᠭᠳᠡᠭᠦᠯᠵᠤ᠂ ᠪᠦᠬᠦ ᠨᠡᠶᠢᠭᠡᠮ ᠤᠨ ᠲᠤᠭᠳᠠᠮᠠᠯ ᠬᠦᠷᠦᠩᠭᠡ ᠶᠢᠨ ᠪᠡᠯᠡ ᠤᠷᠤᠭᠤᠯᠤᠯᠳᠠ ᠶᠢ 14%᠎ ᠪᠠᠷ ᠨᠡᠮᠡᠭᠳᠡᠭᠦᠯᠦᠨ᠂ ᠨᠡᠶᠢᠭᠡᠮ ᠤᠨ ᠭᠡᠷᠡᠭᠯᠡᠭᠡᠨ ᠤ ᠲᠠᠸᠠᠷ ᠢ ᠵᠢᠵᠢᠭᠯᠡᠨ ᠪᠤᠷᠤᠯᠠᠭᠤᠯᠬᠤ ᠶᠡᠷᠤᠩᠭᠡᠢ ᠲᠤᠭ᠎ᠠ ᠶᠢ 11.7%᠎ ᠪᠠᠷ ᠨᠡᠮᠡᠭᠳᠡᠬᠦᠯᠵᠤ᠂ ᠬᠤᠳᠠ ᠪᠠᠯᠭᠠᠰᠤ ᠶᠢᠨ ᠰᠠᠭᠤᠭᠠᠯᠢ ᠠᠷᠠᠳ ᠤᠨ ᠬᠦᠮᠦᠨ ᠲᠤᠮᠳᠠᠴᠢ ᠵᠠᠷᠤᠴᠠᠭᠤᠯᠵᠤ ᠪᠤᠯᠬᠤ ᠤᠷᠤᠯᠭ᠎ᠠ ᠶᠢ ᠲᠤᠰᠪᠤᠷᠢ 10.5% ᠪᠠ 11.5%᠎ ᠪᠠᠷ ᠨᠡᠮᠡᠭᠳᠡᠬᠦᠯᠦᠨ᠎ᠡ᠃     ᠤᠳᠤ ᠶᠢᠨ ᠲᠤᠯᠭᠠᠷᠠᠵᠦ ᠪᠠᠶᠢᠭ᠎ᠠ ᠪᠠᠶᠢᠳᠠᠯ ᠠᠴᠠ ᠦᠵᠡᠪᠡᠯ᠂ ᠲᠡᠭᠡᠷ᠎ᠡ ᠳᠤᠷᠠᠳᠤᠭᠰᠠᠨ ᠬᠠᠷᠠᠯᠳᠠ ᠪᠤᠯ ᠦᠪᠡᠷ ᠤᠨ ᠪᠡᠶ᠎ᠡ ᠳᠡᠭᠡᠨ ᠲᠠᠷᠤᠭᠠᠰᠦ ᠦᠭᠬᠦᠭᠰᠡᠨ ᠨᠢᠭᠡᠨ ᠬᠠᠷᠠᠯᠳᠠ ᠪᠤᠯᠤᠨ᠎ᠠ᠃ ᠨᠢᠭᠡ ᠳᠠᠯ᠎ᠠ ᠪᠠᠷ᠂ ᠲᠤᠮᠤ ᠠᠬᠤᠢ ᠪᠠᠶᠢᠳᠠᠯ ᠠᠴᠠ ᠠᠪᠴᠦ ᠬᠡᠯᠡᠪᠡᠯ᠂ ᠤᠯᠤᠰ ᠤᠨ ᠳᠤᠳᠤᠭᠠᠳᠡᠬᠢ ᠠᠵᠦ ᠠᠬᠤᠢ ᠶᠢᠨ ᠲᠤᠷᠤᠭᠰᠢᠯᠠᠯᠳᠠ ᠶᠢᠨ ᠲᠠᠷᠤᠭᠠᠰᠦ ᠦᠷᠬᠦᠯᠵᠢᠯᠡᠨ ᠬᠦᠨᠳᠦᠷᠡᠵᠦ᠂ ᠭᠤᠤᠯ ᠴᠤᠭᠴᠠ ᠶᠢᠨ ᠴᠢᠳᠠᠪᠬᠢᠳᠦ ᠤᠷᠤᠨ᠂ ᠠᠮᠢ ᠠᠬᠤᠢ ᠶᠢᠨ ᠤᠷᠴᠢᠨ ᠲᠤᠭᠤᠷᠢᠨ᠂ ᠡᠨᠧᠷᠬᠢ ᠶᠢ ᠠᠷᠪᠢᠯᠠᠨ ᠪᠤᠬᠢᠷᠳᠤᠯ ᠢ ᠭᠠᠳᠠᠭᠰᠢᠯᠠᠭᠤᠯᠬᠤ᠂ ᠲᠡᠭᠡᠳᠦ ᠱᠠᠳᠤᠨ ᠠᠴᠠ ᠪᠡᠯᠡ ᠮᠦᠩᠬᠦ ᠤᠯᠬᠤ ᠬᠢᠵᠠᠭᠠᠷᠯᠠᠯ ᠵᠡᠷᠭᠡ ᠠᠯᠢ ᠤᠯᠠᠨ ᠬᠦᠴᠦᠨ ᠵᠦᠢᠯ ᠤᠨ ᠬᠦᠯᠢᠶᠡᠰᠦᠯᠡᠯ ᠠᠴᠠ ᠪᠤᠯᠵᠦ᠂ ᠡᠬᠢ ᠪᠠᠶᠠᠯᠢᠭ ᠢ ᠨᠡᠭᠡᠭᠡᠨ ᠠᠰᠢᠭᠯᠠᠬᠤ᠂ ᠬᠤᠳᠠ ᠪᠠᠯᠭᠠᠰᠦ ᠶᠢ ᠦᠷᠭᠡᠳᠭᠡᠨ ᠪᠠᠶᠢᠭᠤᠯᠬᠤ᠂ ᠭᠠᠳᠠᠭᠠᠳᠦ ᠠᠷᠠᠯᠵᠢᠶᠠᠨ ᠤ ᠬᠦᠢᠯᠭᠡᠭᠡ ᠵᠡᠷᠭᠡ ᠲᠤᠮᠤ ᠲᠦᠷᠦᠯ ᠵᠦᠢᠯ ᠢ ᠨᠠᠶᠢᠳᠠᠪᠦᠷᠢᠵᠢᠭᠤᠯᠤᠨ ᠭᠡᠷᠡᠭᠵᠢᠬᠦᠯᠬᠦ ᠳᠤ ᠨᠡᠩ ᠬᠢᠯᠪᠡᠷ ᠦᠬᠡᠢ ᠶᠤᠮ᠃ ᠮᠠᠨ ᠤ ᠬᠤᠰᠢᠭᠤᠨ ᠤ ᠳᠤᠳᠤᠭᠠᠳᠡᠬᠢ ᠪᠠᠶᠢᠳᠠᠯ ᠠᠴᠠ ᠦᠵᠡᠪᠡᠯ᠂ ᠦᠷᠢ ᠰᠢᠷᠢ ᠤᠯᠠᠨ᠂ ᠦᠷᠢ ᠰᠢᠷᠢ ᠪᠠᠨ ᠲᠦᠯᠦᠬᠦ ᠲᠠᠷᠤᠭᠠᠰᠦ ᠨᠡᠩ ᠶᠡᠭᠡ᠂ ᠴᠢᠳᠠᠪᠦᠷᠢᠳᠠᠨ ᠬᠦᠨᠳᠦ ᠨᠤᠴᠢᠳᠠᠢ ᠲᠤᠳᠠᠭᠳᠠᠵᠦ᠂ ᠡᠬᠢ ᠪᠠᠶᠠᠯᠢᠭ ᠢ ᠨᠡᠭᠡᠭᠡᠨ ᠠᠰᠢᠭᠯᠠᠬᠤ ᠳᠤ ᠬᠦᠴᠢᠷ ᠲᠠᠢ ᠪᠠᠶᠢᠬᠤ ᠬᠤᠭᠤᠴᠠᠭᠠᠨ ᠳᠤ ᠤᠷᠤᠵᠦ᠂ ᠡᠳᠡᠭᠡᠷ ᠨᠢ ᠴᠦᠮ ᠮᠠᠨ ᠤ ᠬᠤᠰᠢᠭᠤᠨ ᠤ ᠠᠵᠦ ᠠᠬᠤᠢ ᠨᠡᠶᠢᠬᠡᠮ ᠤᠨ ᠬᠦᠭᠵᠢᠯᠳᠡ ᠶᠢ ᠬᠢᠵᠠᠭᠠᠷᠯᠠᠬᠤ ᠭᠤᠤᠯ ᠡᠯᠧᠮᠧᠨ᠋ᠲ ᠪᠤᠯᠤᠨ᠎ᠠ᠃ ᠨᠦᠬᠦᠭᠡ ᠲᠠᠯ᠎ᠠ ᠪᠠᠷ᠂ ᠮᠠᠨ ᠤ ᠤᠯᠤᠰ ᠤᠨ ᠠᠵᠦ ᠠᠬᠤᠢ ᠶᠢᠨ ᠬᠦᠭᠵᠢᠯᠳᠡ ᠰᠢᠨ᠎ᠡ ᠬᠡᠪ ᠪᠠᠶᠢᠳᠠᠯ ᠎ ᠳᠠᠭᠠᠨ ᠤᠷᠤᠵᠦ᠂ ᠮᠠᠨ ᠤ ᠬᠤᠰᠢᠭᠤ ᠮᠦᠨᠴᠦ ᠶᠡᠭᠡ ᠦᠢᠯᠡᠰ ᠪᠦᠳᠦᠭᠡᠬᠦ ᠴᠢᠬᠤᠯᠠ ᠶᠡᠭᠡ ᠪᠠᠶᠢᠯᠳᠦᠬᠤ ᠪᠤᠳᠤᠯᠭ᠎ᠠ ᠶᠢᠨ ᠠᠵᠠ ᠲᠤᠬᠢᠶᠠᠯ ᠤᠨ ᠬᠤᠭᠤᠴᠠᠭᠠᠨ ᠳᠤ ᠪᠠᠶᠢᠨ᠎ᠠ᠃ ᠮᠠᠨ ᠤ ᠬᠤᠰᠢᠭᠤᠨ ᠤ ᠳᠤᠳᠤᠭᠠᠳᠡᠬᠢ ᠪᠠᠶᠢᠳᠠᠯ ᠠᠴᠠ ᠦᠵᠡᠪᠡᠯ᠂ ᠦᠭᠡᠷᠡᠴᠢᠯᠡᠯᠳᠡ ᠶᠢᠨ ᠳᠠᠰᠤᠷᠠᠯᠳᠠ ᠦᠬᠡᠢ ᠬᠦᠨᠵᠡᠭᠡᠶᠢᠷᠡᠬᠦ ᠶᠢ ᠳᠠᠭᠠᠯᠳᠤᠨ᠂ ᠮᠠᠨ ᠎ ᠤ ᠬᠤᠰᠢᠭᠤᠨ ᠤ ᠤᠯᠤᠰ ᠲᠦᠷᠦ᠂ ᠠᠵᠦ ᠠᠬᠤᠢ᠂ ᠨᠡᠶᠢᠬᠡᠮ ᠤᠨ ᠬᠦᠭᠵᠢᠯᠳᠡ ᠳᠤ ᠯᠠᠪᠳᠠᠶᠢᠶ᠎ᠠ ᠨᠡᠩ ᠬᠦᠴᠦᠷᠭᠡᠭ ᠶᠡᠭᠡ ᠬᠠᠮᠳᠤᠷᠠᠯ ᠤᠨ ᠬᠦᠴᠦᠨ ᠪᠦᠷᠢᠯᠳᠦᠵᠦ᠂ ᠮᠠᠨ ᠤ ᠬᠤᠰᠢᠭᠤ ᠮᠤᠷᠤᠢ ᠵᠠᠮ ᠳᠡᠭᠡᠷ᠎ᠡ ᠪᠤᠰᠤᠳ ᠢ ᠳᠠᠪᠠᠵᠦ ᠭᠠᠷᠬᠤ ᠶᠢ ᠪᠡᠶᠡᠯᠡᠬᠦᠯᠬᠦ ᠳᠤ ᠲᠤᠩ ᠠᠰᠢᠭᠳᠠᠢ ᠪᠠᠶᠢᠨ᠎ᠠ᠃ ᠡᠭᠦᠨ ᠤ ᠬᠠᠮᠳᠦ᠂ ᠮᠠᠨ ᠤ ᠬᠤᠰᠢᠭᠤ ᠤᠨᠴᠠᠭᠠᠢ ᠤᠷᠤᠨ ᠪᠠᠶᠢᠷᠢ ᠶᠢᠨ ᠲᠠᠪᠠᠭᠤᠯᠢᠭ ᠲᠠᠢ ᠪᠠᠶᠢᠵᠦ᠂ ︽ᠨᠢᠭᠡ ᠪᠦᠰᠡ ᠨᠢᠭᠡ ᠵᠠᠮ︾᠎ ᠤᠨ ᠪᠦᠲᠦᠭᠡᠨ ᠪᠠᠶᠢᠭᠤᠯᠤᠯᠳᠠ ᠪᠤᠯᠤᠨ ᠤᠮᠠᠷᠠᠰᠢ ᠨᠡᠭᠡᠭᠡᠬᠦ ᠠᠯᠬᠤᠴᠠ ᠎ ᠶᠢᠨ ᠲᠦᠷᠭᠡᠳᠬᠦ ᠶᠢ ᠳᠠᠭᠠᠯᠳᠤᠨ ᠮᠠᠨ ᠤ ᠬᠤᠰᠢᠭᠤᠨ ᠤ ᠭᠠᠳᠠᠭᠰᠢ ᠴᠢᠯᠦᠭᠡᠳᠡᠢ ᠨᠡᠭᠡᠭᠡᠯᠳᠡ ᠬᠢᠬᠦ ᠬᠦᠨᠴᠡ ᠪᠠ ᠦᠷᠭᠡᠴᠡ ᠶᠢᠨ ᠬᠡᠮᠵᠢᠶ᠎ᠡ ᠶᠢ ᠲᠡᠭᠡᠭᠰᠢᠯᠡᠬᠦᠯᠬᠦ ᠨᠢ ᠯᠠᠪᠳᠠᠢ ᠶᠤᠮ᠃     ᠲᠡᠭᠡᠷ᠎ᠡ ᠲᠤᠷᠠᠳᠤᠭᠰᠠᠨ ᠠᠵᠠ ᠲᠤᠬᠢᠶᠠᠯ ᠪᠤᠯᠤᠨ ᠦᠷᠢᠰᠦᠯᠳᠦᠭᠡᠨ ᠳᠤ ᠴᠢᠭᠯᠡᠬᠦᠯᠦᠨ᠂ ᠨᠢᠭᠡᠨᠳᠡ ᠲᠤᠭᠳᠠᠭᠠᠭᠰᠠᠨ ᠬᠠᠷᠠᠯᠳᠠ ᠪᠠᠨ ᠪᠡᠶᠡᠯᠡᠬᠦᠯᠦᠶ᠎ᠡ ᠭᠡᠪᠡᠯ᠂ ᠪᠢᠳᠡ ᠡᠷᠬᠡᠪᠰᠢ ᠦᠵᠡᠯ ᠰᠠᠨᠠᠭ᠎ᠠ ᠪᠤᠯᠤᠨ ᠦᠢᠯᠡ ᠠᠵᠢᠯᠯᠠᠭ᠎ᠠ ᠪᠠᠨ ᠲᠦᠪ ᠤᠨ ᠰᠢᠨᠵᠢᠯᠡᠬᠦ ᠤᠬᠠᠭᠠᠨᠴᠢ ᠮᠠᠭᠠᠳᠯᠠᠯᠳᠠ ᠪᠤᠯᠤᠨ ᠰᠢᠢᠳᠪᠦᠷᠢᠳᠦ ᠪᠠᠶᠢᠷᠢᠯᠠᠭᠤᠯᠤᠯᠳᠠ ᠳᠡᠭᠡᠷ᠎ᠡ ᠨᠢᠭᠡᠳᠭᠡᠵᠦ᠂ ᠰᠢᠨ᠎ᠡ ᠬᠡᠪ ᠪᠠᠶᠢᠳᠠᠯ ᠳᠤᠤᠷᠠᠬᠢ ᠰᠢᠨᠵᠢᠯᠡᠬᠦ ᠤᠬᠠᠭᠠᠨᠴᠢ ᠠᠭᠤᠯᠬᠤᠨ ᠪᠤᠯᠤᠨ ᠬᠦᠨᠵᠡᠬᠡᠢ ᠱᠠᠭᠠᠷᠳᠠᠯᠭ᠎ᠠ ᠶᠢ ᠪᠦᠬᠦ ᠳᠠᠯ᠎ᠠ ᠪᠠᠷ ᠤᠶᠢᠯᠠᠭᠠᠨ ᠤᠨᠤᠪᠴᠢᠳᠠᠢ ᠡᠵᠡᠮᠰᠢᠬᠦ ᠶᠢᠨ ᠬᠠᠮᠳᠦ ᠪᠤᠳᠠᠳᠦ ᠪᠠᠶᠢᠳᠠᠯ ᠲᠠᠢ ᠪᠠᠨ ᠤᠶᠠᠯᠳᠤᠭᠤᠯᠤᠨ᠂ ᠴᠠᠭ ᠦᠶ᠎ᠡ ᠲᠠᠢ ᠬᠠᠮᠳᠤᠪᠡᠷ ᠤᠷᠤᠭᠰᠢᠯᠠᠨ᠂ ᠡᠯ᠎ᠡ ᠳᠠᠯ᠎ᠠ ᠶᠢᠨ ᠠᠵᠢᠯ ᠢ ᠰᠠᠶᠢᠳᠦᠷ ᠠᠳᠬᠤᠨ᠎ᠠ᠃ ᠨᠢᠭᠡ ᠳᠤ᠂ ᠰᠢᠨ᠎ᠡ ᠬᠡᠪ ᠪᠠᠶᠢᠳᠠᠯ ᠲᠤᠤᠷᠠᠬᠢ ᠠᠵᠦ ᠠᠬᠤᠢ ᠨᠡᠶᠢᠭᠡᠮ ᠤᠨ ᠬᠦᠭᠵᠢᠯᠳᠡ ᠶᠢᠨ ᠨᠦᠬᠦᠴᠡᠯ ᠤᠨ ᠬᠤᠪᠢᠷᠠᠯᠳᠠ ᠶᠢ ᠬᠦᠢᠴᠡᠳ ᠳᠠᠨᠢᠵᠦ᠂ ᠪᠢᠳᠠᠨ ᠤ ᠨᠢᠭᠡᠨᠳᠡ ᠤᠯᠤᠭᠰᠠᠨ ᠬᠦᠭᠵᠢᠯᠳᠡ ᠶᠢᠨ ᠲᠤᠷᠰᠢᠯᠭ᠎ᠠ᠂ ᠪᠤᠳᠠᠰ ᠤᠨ ᠦᠷ᠎ᠡ ᠪᠦᠳᠦᠮᠵᠢ ᠪᠤᠯᠤᠨ ᠦᠭᠡᠷᠡᠴᠢᠯᠡᠯᠳᠡ ᠶᠢᠨ ᠠᠮᠵᠢᠯᠳᠠ ᠪᠦᠳᠦᠮᠵᠢ ᠎ ᠳᠡᠭᠡᠨ ᠰᠠᠭᠤᠷᠢᠯᠠᠨ᠂ ᠮᠠᠨ ᠤ ᠬᠤᠰᠢᠭᠤᠨ ᠤ ᠢᠷᠡᠭᠡᠳᠦᠢ ᠳᠤ ᠲᠤᠯᠭᠠᠷᠠᠬᠤ ᠰᠢᠨ᠎ᠡ ᠪᠠᠶᠢᠳᠠᠯ ᠳᠤ ᠬᠦᠨᠵᠡᠬᠡᠢ ᠵᠠᠳᠠᠯᠤᠯᠳᠠ ᠬᠢᠵᠦ᠂ ᠰᠢᠨ᠎ᠡ ᠬᠦᠭᠵᠢᠯᠳᠡ ᠶᠢ ᠲᠦᠯᠦᠪᠯᠡᠨ᠂ ᠰᠢᠨ᠎ᠡ ᠰᠡᠳᠬᠢᠴᠡ ᠶᠢ ᠰᠦᠪᠡᠭᠴᠢᠯᠡᠵᠦ᠂ ︽ᠠᠷᠪᠠᠨ ᠭᠤᠷᠪᠠᠳᠤᠭᠠᠷ ᠲᠠᠪᠤᠨ ᠵᠢᠯ︾᠎ ᠤᠨ ᠲᠦᠯᠦᠪᠵᠢᠬᠦᠯᠬᠡ ᠶᠢ ᠰᠢᠨᠵᠢᠯᠡᠬᠦ ᠤᠬᠠᠭᠠᠨᠴᠢ ᠪᠠᠷ ᠰᠠᠶᠢᠳᠦᠷ ᠨᠠᠶᠢᠷᠠᠭᠤᠯᠤᠨ᠂ ︽ᠠᠷᠪᠠᠨ ᠭᠤᠷᠪᠠᠳᠤᠭᠠᠷ ᠲᠠᠪᠤᠨ ᠵᠢᠯ︾᠎ ᠤᠨ ᠲᠦᠯᠦᠪᠵᠢᠬᠦᠯᠭᠡ ᠶᠢ ᠪᠦᠬᠦ ᠬᠤᠰᠢᠭᠤᠨ ᠤ ᠠᠵᠦ ᠠᠬᠤᠢ ᠨᠡᠶᠢᠬᠡᠮ ᠤᠨ ᠬᠦᠭᠵᠢᠯᠳᠡ ᠶᠢ ᠵᠢᠯᠤᠭᠤᠳᠬᠤ ᠠᠤᠭ᠎ᠠ ᠲᠦᠯᠦᠪᠯᠡᠭᠡ ᠪᠤᠯᠤᠨ ᠠᠵᠢᠯᠯᠠᠭᠠᠨ ᠤ ᠵᠦᠭᠯᠡᠬᠦᠷ ᠪᠤᠯᠭᠠᠨ᠎ᠠ᠃ ᠬᠤᠶᠠᠷ ᠲᠤ᠂ ᠬᠦᠭᠵᠢᠯᠳᠡ ᠶᠢᠨ ᠲᠤᠮᠳᠠ ᠳᠤᠯᠭᠠᠷᠠᠭᠰᠠᠨ ᠲᠤᠪᠤᠶᠢᠮ᠎ᠠ ᠠᠰᠠᠭᠤᠳᠠᠯ ᠢ ᠰᠢᠢᠳᠪᠦᠷᠢᠯᠡᠬᠦ ᠲᠤᠭᠤᠷᠢᠨ ᠳᠤ᠂ ᠵᠠᠰᠠᠭ ᠤᠨ ᠤᠷᠳᠤᠨ ᠤ ᠲᠤᠰ ᠪᠡᠶ᠎ᠡ ᠶᠢᠨ ᠬᠤᠪᠢᠰᠬᠠᠯ ᠢᠶᠠᠷ ᠭᠤᠤᠯ ᠬᠦᠷᠢᠶᠡᠨ ᠬᠡᠪᠴᠢᠶᠡᠨ ᠳᠠᠬᠢ ᠦᠬᠡᠷᠡᠴᠢᠯᠡᠯᠳᠡ ᠶᠢ ᠲᠠᠶᠢᠴᠢᠯᠠᠨ᠂ ᠡᠯ᠎ᠡ ᠵᠦᠢᠯ ᠤᠨ ᠦᠬᠡᠷᠡᠴᠢᠯᠡᠯᠳᠡ ᠶᠢᠨ ᠠᠷᠭ᠎ᠠ ᠬᠡᠮᠵᠢᠶ᠎ᠡ ᠶᠢ ᠨᠡᠩ ᠶᠡᠬᠡᠪᠡᠷ ᠨᠠᠶᠢᠳᠠᠪᠦᠷᠢᠵᠢᠭᠤᠯᠵᠦ᠂ ᠰᠢᠨ᠎ᠡ ᠬᠦᠭᠵᠢᠯᠳᠡ ᠶᠢᠨ ᠬᠦᠳᠡᠯᠭᠡᠭᠴᠢ ᠬᠦᠴᠦᠨ ᠪᠤᠯᠭᠠᠬᠤ ᠪᠠᠷ ᠴᠢᠷᠮᠠᠶᠢᠨ᠎ᠠ᠃ ᠭᠤᠷᠪᠡ ᠳᠤ᠂ ᠠᠵᠦ ᠠᠬᠤᠢ ᠶᠢᠨ ᠠᠵᠢᠯ ᠤᠨ ᠬᠦᠴᠦᠯᠡᠬᠦ ᠴᠡᠭ ᠢᠶᠠᠨ ᠦᠨᠡᠨᠬᠦ ᠠᠵᠦ ᠠᠬᠤᠢ ᠶᠢᠨ ᠬᠦᠭᠵᠢᠯᠳᠡ ᠶᠢᠨ ᠠᠷᠭ᠎ᠠ ᠬᠡᠯᠪᠡᠷᠢ ᠶᠢ ᠬᠤᠪᠢᠷᠠᠭᠤᠯᠬᠤ ᠲᠡᠭᠡᠷ᠎ᠡ ᠳᠠᠯᠪᠢᠵᠦ᠂ ᠠᠵᠦ ᠠᠬᠤᠢ ᠶᠢᠨ ᠬᠦᠭᠵᠢᠯᠳᠡ ᠶᠢᠨ ᠴᠢᠨᠠᠷ ᠴᠢᠨᠰᠠᠭ᠎ᠠ ᠪᠤᠯᠤᠨ ᠦᠷ᠎ᠡ ᠠᠰᠢᠭ ᠢ ᠲᠡᠭᠡᠭᠰᠢᠯᠡᠬᠦᠯᠬᠦ ᠪᠠᠷ ᠭᠤᠤᠯ ᠪᠤᠯᠭᠠᠨ᠂ ᠠᠵᠦ ᠦᠢᠯᠡᠰ ᠤᠨ ᠪᠦᠳᠦᠴᠡ ᠶᠢᠨ ᠲᠤᠬᠢᠷᠠᠭᠤᠯᠤᠯᠳᠠ ᠶᠢ ᠶᠡᠬᠡᠪᠡᠷ ᠲᠦᠯᠬᠢᠨ ᠠᠬᠢᠭᠤᠯᠵᠦ᠂ ᠪᠠᠶᠢᠯᠳᠤᠬᠤ ᠪᠤᠳᠤᠯᠭ᠎ᠠ ᠶᠢᠨ ᠴᠢᠨᠠᠷᠳᠠᠢ ᠰᠢᠨ᠎ᠡ ᠪᠠᠷ ᠮᠠᠨᠳᠤᠭᠰᠠᠨ ᠠᠵᠦ ᠦᠢᠯᠡᠰ ᠪᠤᠯᠤᠨ ᠤᠳᠤ ᠦᠶ᠎ᠡ ᠶᠢᠨ ᠦᠢᠯᠡᠴᠢᠯᠡᠭᠡᠨ ᠤ ᠦᠢᠯᠡᠰ ᠢ ᠤᠷᠤᠭᠤᠯᠤᠨ ᠠᠪᠴᠢᠷᠠᠵᠦ᠂ ᠠᠵᠦ ᠦᠢᠯᠡᠰ ᠤᠨ ᠤᠯᠠᠨ ᠡᠰᠢᠵᠢᠨ ᠬᠦᠭᠵᠢᠬᠦ ᠶᠢ ᠲᠦᠯᠬᠢᠨ ᠠᠬᠢᠭᠤᠯᠤᠨ᠎ᠠ᠃ ᠲᠦᠷᠪᠡ ᠳᠤ᠂ ᠠᠷᠠᠳ ᠤᠨ ᠠᠮᠢᠳᠤᠷᠠᠯ ᠢ ᠪᠠᠳᠤᠯᠠᠨ ᠰᠠᠶᠢᠵᠢᠷᠠᠭᠤᠯᠬᠤ ᠶᠢ ᠨᠡᠩ ᠴᠢᠬᠤᠯᠠᠴᠢᠯᠠᠵᠦ᠂ ᠲᠤᠤᠷ᠎ᠠ ᠤᠷᠤᠯᠭ᠎ᠠ ᠲᠠᠢ ᠤᠯᠠᠨ ᠲᠦᠮᠡᠨ ᠤ ᠠᠮᠢᠳᠤᠷᠠᠯ ᠢ ᠨᠡᠩ ᠬᠠᠯᠠᠮᠵᠢᠯᠠᠨ᠂ ᠲᠠᠭᠠᠷᠠᠭᠰᠠᠨ ᠬᠦᠮᠦᠨ ᠳᠤ ᠲᠠᠬᠤ ᠬᠦᠷᠭᠡᠵᠦ᠂ ᠤᠯᠠᠨ ᠲᠦᠮᠡᠨ ᠤ ᠬᠦᠰᠡᠵᠦ ᠰᠠᠨᠠᠭᠰᠠᠨ ᠶᠠᠪᠤᠳᠠᠯ ᠢ ᠢᠯᠡᠬᠦᠭᠡᠨ ᠬᠢᠵᠦ᠂ ᠦᠭᠡᠷᠡᠴᠢᠯᠡᠯᠳᠡ ᠬᠦᠭᠵᠢᠯᠳᠡ ᠶᠢᠨ ᠠᠮᠵᠢᠯᠳᠠ ᠪᠦᠳᠦᠮᠵᠢ ᠶᠢ ᠪᠦᠬᠦ ᠬᠤᠰᠢᠭᠤᠨ ᠤ ᠠᠷᠠᠳ ᠲᠦᠮᠡᠨ ᠳᠤ ᠨᠡᠩ ᠦᠷᠭᠡᠨ ᠪᠦᠭᠡᠳ ᠲᠦᠪ ᠭᠤᠤᠯᠴᠢ ᠪᠠᠷ ᠡᠳ᠋ᠯᠡᠬᠦᠯᠦᠨ᠎ᠡ᠃ᠦᠨᠦ ᠵᠢᠯ ᠳᠤ ᠵᠢᠷᠭᠤᠭᠠᠨ ᠳᠠᠯ᠎ᠠ ᠶᠢᠨ ᠠᠵᠢᠯ ᠢ ᠭᠤᠤᠯᠳᠠᠯᠭ᠎ᠠ ᠲᠠᠢ ᠰᠠᠶᠢᠳᠦᠷ ᠬᠢᠬᠦ ᠭᠡᠷᠡᠭᠳᠡᠢ᠄     ︵ᠨᠢᠬᠡ︶ ᠮᠠᠯ ᠠᠵᠤ ᠠᠬᠤᠢ ᠶᠢᠨ ᠭᠡᠯᠪᠡᠷᠢ ᠶᠢ ᠬᠤᠪᠢᠷᠠᠭᠤᠯᠤᠨ ᠦᠷ᠎ᠡ ᠠᠰᠢᠭ ᠤᠯᠬᠤ ᠶᠢ ᠪᠠᠳᠠᠷᠠᠭᠤᠯᠵᠦ᠂ ᠠᠮᠢ ᠠᠬᠤᠢ ᠶᠢᠨ ᠤᠷᠴᠢᠨ ᠲᠤᠭᠤᠷᠢᠨ ᠤ ᠬᠠᠮᠠᠭᠠᠯᠠᠯᠳᠠ ᠶᠢ ᠳᠠᠬᠢᠨ ᠰᠢᠨ᠎ᠡ ᠲᠦᠪᠰᠢᠨ ᠳᠤ ᠭᠠᠷᠭᠠᠬᠤ ᠶᠢ ᠠᠬᠢᠭᠤᠯᠤᠨ᠎ᠠ᠃ ᠨᠤᠲᠤᠭ ᠪᠡᠯᠴᠢᠭᠡᠷ ᠢ ᠰᠠᠶᠢᠳᠦᠷ ᠬᠠᠮᠠᠭᠠᠯᠠᠨ ᠨᠡᠭᠡᠭᠡᠨ ᠠᠰᠢᠭᠯᠠᠬᠤ ᠪᠤᠯ ᠪᠢᠳᠡᠨ ᠤ ᠲᠡᠤᠬᠡᠨ ᠬᠠᠷᠢᠭᠤᠴᠠᠯᠭ᠎ᠠ ᠮᠦᠨ᠃ ᠰᠠᠭᠤᠷᠢ ᠠᠵᠢᠯ ᠢ ᠴᠢᠨᠠᠷᠯᠢᠭ ᠪᠠᠶᠡᠯᠡᠬᠦᠯᠵᠤ᠂ ᠲᠠᠯ᠎ᠠ ᠨᠤᠳᠤᠭ ᠤᠨ ᠦᠨᠢ ᠤᠳᠠᠭᠠᠨ ᠭᠦᠭᠵᠢᠯᠳᠠ ᠳᠤ ᠰᠠᠶᠢᠨ ᠰᠠᠶᠢᠬᠠᠨ ᠰᠠᠭᠤᠷᠢ ᠶᠢ ᠲᠠᠯᠪᠢᠵᠤ ᠦᠭᠭᠦᠨ᠎ᠡ᠃ ᠴᠢᠨᠠᠷᠯᠢᠭ ᠪᠦᠭᠡᠳ ᠦᠷ᠎ᠡ ᠠᠰᠢᠭᠳᠤ ᠮᠠᠯ ᠠᠵᠤ ᠠᠬᠤᠢ ᠶᠢ ᠬᠦᠭᠵᠢᠬᠦᠯᠬᠦ ᠶᠢ ᠴᠢᠬᠤᠯᠠᠴᠢᠯᠠᠵᠦ᠂ ᠮᠠᠯ ᠠᠵᠤ ᠠᠬᠤᠢ ᠶᠢ ᠬᠡᠪᠴᠢᠶᠡᠵᠢᠬᠦᠯᠬᠦ᠂ ᠠᠵᠤ ᠦᠢᠯᠡᠰᠵᠢᠬᠦᠯᠬᠦ᠂ ᠮᠧᠬᠠᠨᠢᠭᠵᠢᠭᠤᠯᠬᠤ᠂ ᠪᠠᠷᠢᠮᠵᠢᠶᠠᠵᠢᠭᠤᠯᠬᠤ ᠪᠠ ᠠᠮᠢ ᠠᠬᠤᠶᠢᠴᠢᠯᠠᠨ ᠬᠦᠭᠵᠢᠬᠦᠯᠬᠦ ᠬᠢᠷᠢ ᠲᠦᠪᠰᠢᠨ ᠢ ᠲᠡᠭᠡᠭᠰᠢᠯᠡᠬᠦᠯᠦᠨ᠎ᠡ᠃ ᠮᠠᠯ ᠠᠵᠤ ᠠᠬᠤᠢ ᠶᠢᠨ ᠭᠡᠯᠪᠡᠷᠢ ᠶᠢ ᠬᠤᠪᠢᠷᠠᠭᠤᠯᠤᠨ ᠲᠡᠰ ᠲᠡᠪᠰᠢᠬᠦᠯᠬᠦ ᠲᠦᠯᠦᠪᠵᠢᠬᠦᠯᠭᠡ ᠶᠢ ᠴᠢᠩᠭ᠎ᠠ ᠭᠡᠷᠡᠭᠵᠢᠬᠦᠯᠵᠤ᠂ ᠭᠠᠮᠰᠢᠭ ᠠᠴᠠ ᠰᠡᠷᠭᠡᠶᠢᠯᠡᠬᠦ ᠭᠡᠯᠪᠡᠷᠢ ᠪᠤᠯᠤᠨ ᠡᠷᠴᠢᠮᠵᠢᠭᠰᠡᠨ ᠭᠡᠯᠪᠡᠷᠢ ᠶᠢᠨ ᠮᠠᠯ ᠠᠵᠤ ᠠᠬᠤᠢ ᠶᠢᠨ ᠡᠵᠡᠩᠨᠡᠯᠳᠡ ᠶᠢᠨ ᠭᠡᠪ ᠮᠠᠶ᠋ᠢᠭ ᠢ ᠶᠡᠭᠡᠪᠡᠷ ᠲᠡᠯᠭᠡᠷᠡᠬᠦᠯᠵᠤ᠂ ︽ᠲᠠᠪᠤᠨ ᠭᠡᠯᠪᠡᠷᠢ︾④᠎ ᠶᠢᠨ ᠠᠮᠢ ᠠᠬᠤᠶᠢᠴᠢ ᠭᠡᠷ ᠪᠦᠯᠢ ᠶᠢᠨ ᠮᠠᠯᠵᠢᠯ ᠤᠨ ᠲᠠᠯᠠᠪᠠᠢ ᠶᠢ ᠪᠦᠬᠦ ᠬᠦᠴᠦᠨ ᠢᠶᠠᠷ ᠪᠠᠶᠢᠭᠤᠯᠵᠤ᠂ 174 ᠬᠠᠰᠢᠶ᠎ᠠ ᠰᠠᠷᠠᠪᠴᠢ ᠶᠢ ᠪᠡᠯᠡ ᠤᠷᠤᠭᠤᠯᠤᠨ ᠰᠢᠨ᠎ᠡ ᠪᠠᠷ ᠪᠠᠶᠢᠭᠤᠯᠤᠨ᠎ᠠ᠃ ᠨᠤᠳᠤᠭ ᠪᠡᠯᠴᠢᠭᠡᠷ ᠤᠨ ᠭᠡᠷᠡᠭᠯᠡᠬᠦ ᠡᠷᠭᠡ ᠶᠢ ᠲᠤᠳᠤᠷᠬᠠᠶᠢᠯᠠᠨ ᠲᠠᠭᠠᠭᠠᠴᠢᠯᠠᠭᠤᠯᠬᠤ ᠲᠤᠷᠰᠢᠯᠳᠠ ᠶᠢᠨ ᠴᠡᠭ ᠤᠨ ᠠᠵᠢᠯ ᠢ ᠪᠡᠶᠡᠯᠡᠬᠦᠯᠵᠤ᠂ ᠨᠤᠲᠤᠭ ᠪᠡᠯᠴᠢᠭᠡᠷ ᠢ ᠡᠷᠬᠢᠯᠳᠦᠬᠦᠯᠵᠦ ᠡᠷᠴᠢᠮᠵᠢᠬᠦᠯᠦᠨ ᠡᠵᠡᠩᠨᠡᠬᠦ ᠪᠠ ᠮᠠᠯᠵᠢᠬᠤ ᠦᠢᠯᠡᠳᠪᠦᠷᠢᠯᠡᠯ ᠤᠨ ᠬᠡᠯᠪᠡᠷᠢ ᠶᠢ ᠬᠤᠪᠢᠷᠠᠭᠤᠯᠤᠨ ᠲᠡᠰ ᠲᠡᠪᠰᠢᠬᠦᠯᠬᠦ ᠳᠤ ᠰᠠᠶᠢᠳᠦᠷ ᠰᠠᠭᠤᠷᠢ ᠳᠠᠯᠪᠢᠵᠦ ᠦᠭᠬᠦᠨ᠎ᠡ᠃ ᠪᠡᠯᠴᠢᠭᠡᠷᠯᠡᠬᠦ ᠶᠢ ᠵᠤᠭᠰᠤᠭᠠᠨ ᠨᠤᠳᠤᠭ ᠪᠠᠯᠴᠢᠭᠡᠷ ᠢ ᠰᠡᠷᠭᠦᠭᠡᠬᠦ᠂ ᠨᠤᠳᠤᠭ ᠪᠡᠯᠴᠢᠭᠡᠷ ᠤᠨ ᠠᠮᠢ ᠠᠬᠤᠢ ᠶᠢ ᠨᠦᠬᠦᠪᠦᠷᠢᠯᠡᠨ ᠱᠠᠩᠨᠠᠬᠤ᠂ ᠮᠠᠯ ᠤᠨ ᠡᠭᠦᠯᠳᠡᠷ ᠰᠠᠶᠢᠵᠢᠷᠠᠭᠤᠯᠬᠤ ᠨᠦᠬᠦᠪᠦᠷᠢ ᠵᠡᠷᠭᠡ ᠠᠷᠠᠳ ᠤᠨ ᠠᠮᠢᠳᠤᠷᠠᠯ ᠢ ᠬᠠᠷᠠᠭᠠᠯᠵᠠᠨ ᠮᠠᠯᠴᠢᠳ ᠲᠤ ᠬᠠᠷᠠᠭᠠᠯᠵᠠᠯ ᠦᠵᠡᠬᠦᠯᠬᠦ ᠲᠦᠷᠦ ᠶᠢᠨ ᠪᠤᠳᠤᠯᠭ᠎ᠠ ᠶᠢ ᠴᠢᠩᠭ᠎ᠠ ᠨᠢᠮᠪᠠᠢ ᠨᠠᠶᠢᠳᠠᠪᠤᠷᠢᠵᠢᠭᠤᠯᠵᠤ᠂ ᠪᠡᠯᠡ ᠮᠦᠩᠭᠦ ᠶᠢᠨ ᠨᠠᠶᠢᠳᠠᠪᠤᠷᠢᠵᠢᠭᠤᠯᠤᠯᠳᠠ ᠶᠢ ᠪᠠᠳᠤᠯᠠᠵᠤ᠂ ᠮᠠᠯᠴᠢᠳ ᠲᠤ ᠨᠢᠭᠡᠨ ᠢᠯᠡ ᠳᠤᠳᠤᠷᠬᠠᠢ ᠳᠠᠩᠰᠠ ᠲᠤᠰᠢᠶᠠᠨ᠎ᠠ᠃ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰᠵᠢᠯᠳᠡ ᠶᠢᠨ ᠠᠬᠢᠴᠠ ᠶᠢ ᠲᠦᠷᠭᠡᠨ ᠦᠨᠳᠦᠷ ᠬᠤᠷᠳᠤᠴᠠ ᠎ ᠪᠠᠷ ᠠᠬᠢᠭᠤᠯᠵᠦ᠂ ᠲᠠᠷᠢᠶᠠᠯᠠᠩ ᠤᠨ ᠪᠦᠳᠦᠭᠡᠭᠳᠡᠬᠦᠨ ᠪᠠ ᠮᠠᠯ ᠤᠨ ᠠᠰᠢᠭ ᠰᠢᠮ᠎ᠡ ᠶᠢᠨ ᠦᠷᠢᠰᠦᠯᠳᠦᠭᠡᠨ ᠤ ᠬᠦᠴᠦᠨ ᠢ ᠲᠡᠭᠡᠭᠰᠢᠯᠡᠬᠦᠯᠦᠨ᠎ᠡ᠃ ᠡᠪᠡᠰᠤᠨ ᠤ ᠠᠵᠤ ᠦᠢᠯᠡᠰ ᠢ ᠶᠡᠭᠡᠪᠡᠷ ᠭᠦᠭᠵᠢᠬᠦᠯᠦᠨ᠂ ᠬᠠᠰᠢᠶᠠᠯᠠᠨ ᠲᠡᠵᠢᠭᠡᠬᠦ ᠶᠢ ᠲᠡᠯᠭᠡᠷᠡᠭᠦᠯᠵᠤ᠂ ᠤᠬᠤᠷᠬᠠᠨ ᠬᠤᠭᠤᠴᠠᠭᠠᠨ ᠳᠤ ᠪᠤᠷᠳᠤᠬᠤ ᠶᠢ ᠬᠦᠭᠵᠢᠬᠦᠯᠵᠤ᠂ ᠮᠠᠯ ᠰᠦᠷᠦᠭ ᠎ ᠤᠨ ᠪᠦᠳᠦᠴᠡ ᠶᠢ ᠰᠢᠯᠢᠳᠡᠭᠵᠢᠬᠦᠯᠦᠨ᠂ ᠰᠢᠯᠢᠳᠡᠭ ᠡᠭᠦᠯᠳᠡᠷ ᠤᠨ ᠮᠠᠯ ᠤᠨ ᠬᠠᠷᠢᠴᠠᠯ ᠢ ᠨᠡᠮᠡᠭᠳᠡᠬᠦᠯᠵᠤ᠂ ᠮᠠᠯ ᠤᠨᠤᠭ᠎ᠠ ᠶᠢᠨ ᠶᠠᠰᠤ ᠴᠢᠨᠠᠷ ᠤᠨ ᠦᠷ᠎ᠡ ᠠᠰᠢᠭ ᠢ ᠲᠡᠭᠡᠭᠰᠢᠯᠡᠬᠦᠯᠦᠨ᠎ᠡ᠃ ᠬᠤᠷᠰᠢᠶᠠᠵᠢᠯ ᠤᠨ ᠲᠦᠷᠢᠮᠵᠢᠭᠰᠡᠨ ᠡᠵᠡᠩᠨᠡᠯᠳᠡ ᠶᠢ ᠦᠨᠨᠡᠬᠦ ᠰᠠᠶᠢᠳᠤᠷ ᠠᠳᠬᠤᠵᠤ᠂ ᠮᠠᠩᠯᠠᠢ ᠭᠠᠴᠠᠭ᠎ᠠ ᠪᠠᠷ ᠦᠯᠢᠭᠡᠷ ᠲᠠᠭᠤᠷᠢᠶᠠᠯ ᠪᠤᠯᠭᠠᠵᠤ ᠂ ᠰᠤᠮᠤ ᠪᠤᠯᠭᠠᠨ ᠨᠢᠬᠡ ᠲᠦᠷᠢᠮᠵᠢᠭᠰᠡᠨ ᠡᠵᠡᠩᠨᠡᠯᠳᠡ ᠲᠠᠢ ᠬᠤᠷᠰᠢᠶᠠᠵᠢᠯ ᠢ ᠴᠢᠩᠭ᠎ᠠ ᠠᠳᠬᠤᠨ᠂ ᠬᠤᠷᠰᠢᠶᠠᠵᠢᠯ ᠢᠶᠠᠷ ᠮᠠᠯᠴᠢᠳ ᠪᠠᠶᠠᠵᠢᠨ ᠴᠢᠨᠡᠭᠡᠯᠢᠭᠵᠢᠵᠤ᠂ ᠮᠠᠯᠵᠢᠬᠤ ᠦᠢᠯᠡᠳᠪᠦᠷᠢᠯᠡᠯ ᠤᠨ ᠲᠡᠰ ᠲᠡᠪᠰᠢᠬᠦ ᠰᠢᠪᠳᠤᠯᠤᠯᠳᠠ ᠶᠢᠨ ᠴᠡᠭ ᠪᠤᠯᠭᠠᠨ᠎ᠠ᠃ ᠤᠳᠤ ᠦᠶ᠎ᠡ ᠶᠢᠨ ᠮᠢᠬᠠᠨ ᠤ ᠬᠤᠨᠢᠨ ᠤ ᠠᠵᠤ ᠦᠢᠯᠡᠰ ᠤᠨ ᠲᠦᠷᠦᠯ ᠵᠦᠢᠯ ᠢ ᠭᠡᠷᠡᠭᠵᠢᠬᠦᠯᠵᠤ᠂ ᠲᠡᠵᠢᠭᠡᠨ ᠦᠷᠡᠵᠢᠬᠦᠯᠭᠦ  ᠵᠢᠵᠢᠭ ᠲᠤᠭᠤᠷᠢᠭ ᠢ ᠲᠦᠯᠦᠪᠵᠢᠬᠦᠯᠦᠨ ᠪᠠᠶᠢᠭᠤᠯᠤᠨ᠎ᠠ᠃ ᠮᠦᠩᠭᠦᠨ ᠬᠦᠢᠯᠭᠡᠭᠡᠨ ᠤ ᠬᠦᠷᠦᠩᠭᠡ᠂ ᠦᠢᠯᠡᠳᠪᠦᠷᠢ ᠬᠤᠳᠠᠯᠳᠤᠭᠠᠨ ᠤ ᠬᠦᠷᠦᠩᠭᠡ ᠪᠤᠯᠤᠨ ᠨᠡᠶᠢᠭᠡᠮ ᠤᠨ ᠬᠦᠷᠦᠩᠭᠡ ᠶᠢᠨ ᠲᠠᠷᠢᠶᠠᠯᠠᠩ ᠮᠠᠯ ᠠᠵᠤ ᠠᠬᠤᠢ ᠳᠤ ᠤᠷᠤᠯᠴᠠᠬᠤ ᠶᠢ ᠵᠤᠷᠢᠭᠵᠢᠭᠤᠯᠤᠨ ᠵᠢᠯᠤᠭᠤᠳᠤᠨ᠎ᠠ᠃ ᠶᠤᠸᠠᠨ ᠯᠦᠩ᠂ ᠼᠤᠤ ᠶᠤᠸᠠᠨ ᠰᠢᠩ ᠵᠡᠷᠬᠡ ᠲᠤᠯᠤᠭᠠᠶᠢᠯᠠᠭᠴᠢ ᠠᠵᠤ ᠠᠬᠤᠶᠢᠯᠠᠯ ᠤᠨ ᠲᠠᠶᠢᠴᠢᠯᠠᠬᠤ ᠦᠢᠯᠡᠳᠤᠯ ᠢ ᠬᠦᠢᠴᠡᠳ ᠪᠠᠳᠠᠷᠠᠭᠤᠯᠵᠤ᠂ ᠦᠢᠯᠡᠳᠪᠦᠷᠢᠯᠡᠵᠤ ᠪᠤᠯᠪᠠᠰᠤᠷᠠᠭᠤᠯᠬᠤ ᠴᠢᠳᠠᠪᠤᠷᠢ ᠶᠢ ᠨᠡᠮᠡᠭᠳᠡᠭᠦᠯᠦᠨ᠂ ᠠᠵᠤ ᠦᠢᠯᠡᠰ ᠤᠨ ᠬᠢᠨᠵᠢ ᠶᠢ ᠤᠷᠳᠤᠳᠬᠠᠵᠤ᠂ ᠦᠢᠯᠡᠳᠬᠦᠨ ᠤ ᠨᠡᠮᠡᠯᠳᠡ ᠦᠷᠳᠡᠭ ᠢ ᠲᠡᠭᠡᠭᠰᠢᠯᠡᠬᠦᠯᠦᠨ᠎ᠡ᠃ ᠠᠮᠢ ᠠᠬᠤᠢ ᠶᠢᠨ ᠪᠦᠳᠦᠭᠡᠨ ᠪᠠᠶᠢᠭᠤᠯᠤᠯᠳᠠ ᠶᠢ ᠨᠡᠩ ᠢᠯᠡᠬᠦᠦ ᠴᠢᠩᠭᠠᠳᠬᠠᠵᠤ᠂ ᠲᠠᠯ᠎ᠠ ᠨᠤᠳᠤᠭ ᠢᠶᠠᠨ ᠤᠯᠠᠮ ᠭᠤᠸ᠎ᠠ ᠦᠵᠡᠰᠬᠦᠯᠡᠩ ᠪᠤᠯᠭᠠᠨ᠎ᠠ᠃ ᠡᠪᠡᠰᠦ ᠳᠠᠷᠢᠬᠤ ᠳᠤ ᠲᠤᠬᠢᠷᠠᠮᠵᠢᠳᠠᠢ ᠪᠤᠯ ᠡᠪᠡᠰᠦ ᠲᠠᠷᠢᠵᠦ᠂ ᠮᠤᠳᠤ ᠲᠠᠷᠢᠬᠤ ᠳᠤ ᠳᠤᠬᠢᠷᠠᠮᠵᠢᠳᠠᠢ ᠪᠤᠯ ᠮᠤᠳᠤ ᠲᠠᠷᠢᠵᠦ᠂ ᠡᠯᠡᠰᠦᠷᠭᠡᠭ ᠤᠷᠤᠨ ᠢ ᠶᠡᠷᠦᠩᠬᠡᠶᠢᠯᠡᠨ ᠵᠠᠰᠠᠬᠤ ᠢᠨᠵᠧᠨᠧᠷᠢᠩ ᠢ ᠯᠠᠪᠳᠠᠭᠤᠨ ᠪᠠᠳᠤᠳᠠᠢ ᠲᠦᠯᠬᠢᠨ ᠠᠬᠢᠭᠤᠯᠤᠨ᠎ᠠ᠃ ᠠᠶᠤᠯᠬᠦᠢ ᠤᠰᠤ ᠤᠮᠳᠠ ᠶᠢᠨ ᠢᠨᠵᠧᠨᠧᠷᠢᠩ ᠪᠤᠯᠤᠨ ᠠᠯᠳ᠋ᠬᠠᠮᠡᠭᠡᠯ ᠪᠠᠯᠭᠠᠰᠤᠨ ᠤ ᠦᠶᠡᠷ ᠢ ᠰᠡᠷᠭᠡᠶᠢᠯᠡᠬᠦ ᠢᠨᠵᠧᠨᠧᠷᠢᠩ ᠢ ᠦᠷᠬᠦᠯᠵᠢᠯᠡᠨ ᠭᠡᠷᠡᠭᠵᠢᠬᠦᠯᠦᠨ᠎ᠡ᠃ ᠤᠰᠤᠨ ᠤ ᠡᠬᠢ ᠰᠤᠷᠪᠤᠯᠵᠢ ᠶᠢᠨ ᠬᠠᠮᠢᠶᠠᠷᠤᠯᠳᠠ ᠪᠤᠯᠤᠨ ᠤᠰᠤ ᠬᠠᠩᠭᠠᠬᠤ ᠤᠯᠠᠨ ᠨᠡᠶᠢᠳᠡ ᠶᠢᠨ ᠤᠷᠤᠨ ᠢ ᠶᠡᠷᠦᠩᠬᠡᠶᠢᠯᠡᠨ ᠵᠠᠰᠠᠬᠤ ᠠᠵᠢᠯ ᠢ ᠴᠢᠨᠠᠭᠰᠢᠳᠠ ᠴᠢᠩᠭᠠᠳᠬᠠᠵᠦ᠂ ᠤᠰᠤᠨ ᠤ ᠠᠮᠢ ᠠᠬᠤᠢ ᠶᠢᠨ ᠠᠮᠤᠷ ᠲᠦᠪᠰᠢᠨ ᠢ ᠪᠠᠳᠤᠯᠠᠨ᠎ᠠ᠃ ᠬᠦᠯᠦᠨ ᠨᠠᠭᠤᠷ ᠢ ᠪᠦᠬᠦᠯᠢ ᠴᠤᠭᠴᠠ ᠪᠠᠷ ᠨᠢ ᠵᠠᠰᠠᠨ ᠴᠡᠭᠴᠡᠯᠡᠬᠦ ᠠᠵᠢᠯ ᠳᠤ ᠢᠳᠡᠪᠬᠢᠳᠠᠢ ᠤᠷᠤᠯᠴᠠᠵᠦ᠂ ᠦᠪᠡᠷᠲᠡᠭᠡᠨ ᠵᠠᠰᠠᠬᠤ ᠤᠷᠤᠨ ᠤ ᠲᠡᠰ ᠎ ᠤᠨ ᠠᠮᠢ ᠠᠬᠤᠶᠢᠴᠢ ᠬᠤᠰᠢᠭᠤ ᠪᠠᠷ ᠰᠢᠯᠭᠠᠷᠠᠭᠤᠯᠬᠤ ᠪᠠᠷ ᠲᠡᠭᠡᠭᠰᠢ ᠮᠡᠳᠡᠬᠦᠯᠦᠨ᠎ᠡ᠃ ᠬᠦᠨᠳᠦ ᠲᠡᠮᠦᠷᠯᠢᠭ ᠤᠨ ᠪᠤᠬᠢᠷᠳᠤᠯ ᠢ ᠰᠡᠷᠭᠡᠶᠢᠯᠡᠨ ᠵᠠᠰᠠᠬᠤ ᠶᠢ ᠴᠢᠩᠭᠠᠳᠬᠠᠵᠦ᠂ ︽ᠠᠷᠪᠠᠨ ᠬᠤᠶᠠᠳᠤᠭᠠᠷ ᠲᠠᠪᠤᠨ ᠵᠢᠯ︾᠎ ᠤᠨ ᠡᠨᠧᠷᠬᠢ ᠶᠢ ᠠᠷᠪᠢᠯᠠᠨ ᠪᠤᠭᠢᠷᠳᠤᠯ ᠢ ᠪᠠᠭᠠᠰᠬᠠᠬᠤ ᠡᠭᠦᠷᠭᠡ ᠶᠢ ᠪᠦᠬᠦ ᠲᠠᠯ᠎ᠠ ᠪᠠᠷ ᠪᠡᠶᠡᠯᠡᠬᠦᠯᠦᠨ᠎ᠡ᠃     ︵ᠬᠤᠶᠠᠷ︶ ᠠᠵᠤ ᠦᠢᠯᠡᠳᠪᠦᠷᠢ ᠶᠢᠨ ᠭᠤᠤᠯᠯᠠᠬᠤ ᠦᠢᠯᠡᠳᠤᠯ ᠢ ᠴᠢᠩᠭᠠᠳᠬᠠᠵᠤ᠂ ᠠᠵᠤ ᠦᠢᠯᠡᠳᠪᠦᠷᠢ ᠶᠢᠨ ᠠᠵᠤ ᠠᠬᠤᠢ ᠶᠢᠨ ᠪᠠᠭᠳᠠᠭᠠᠮᠵᠢ ᠶᠢ ᠦᠷᠭᠡᠳᠭᠡᠨ ᠬᠡᠮᠵᠢᠶ᠎ᠡ ᠶᠢ ᠨᠡᠮᠡᠭᠳᠡᠭᠦᠯᠬᠦ ᠶᠢ ᠠᠬᠢᠭᠤᠯᠤᠨ᠎ᠠ᠃ ︽ᠠᠵᠤ ᠦᠢᠯᠡᠳᠪᠦᠷᠢ ᠪᠠᠷ ᠬᠤᠰᠢᠭᠤ ᠪᠠᠨ ᠭᠦᠴᠦᠷᠭᠡᠭᠵᠢᠬᠦᠯᠬᠦ︾ ᠪᠠᠶᠢᠯᠳᠤᠬᠤ ᠪᠤᠳᠤᠯᠭ᠎ᠠ ᠶᠢ ᠡᠷᠡᠰ ᠭᠤᠶᠢᠪᠢᠰᠢ ᠦᠭᠡᠢ ᠭᠡᠷᠡᠭᠵᠢᠬᠦᠯᠵᠤ᠂ ᠴᠢᠯᠠᠭᠤᠨ ᠲᠤᠰᠤ᠂ ᠪᠠᠶᠢᠭᠠᠯᠢ ᠶᠢᠨ ᠰᠢᠳᠠᠮᠠᠬᠠᠢ ᠬᠡᠢ᠂ ᠦᠩᠭᠡᠳᠤ ᠲᠡᠮᠦᠷᠯᠢᠭ᠂ ᠨᠡᠭᠦᠷᠡᠰᠤ᠂ ᠲᠡᠮᠦᠷᠯᠢᠭ ᠬᠠᠶᠢᠯᠤᠭᠤᠯᠬᠤ ᠵᠡᠷᠭᠡ ᠭᠤᠤᠯᠳᠠᠯᠭ᠎ᠠ ᠲᠠᠢ ᠠᠵᠤ ᠦᠢᠯᠡᠰ ᠢ ᠭᠦᠭᠵᠢᠬᠦᠯᠦᠨ ᠪᠤᠵᠠᠭᠠᠶᠢᠷᠠᠭᠤᠯᠵᠦ᠂ ᠠᠵᠦ ᠦᠢᠯᠡᠰ ᠤᠨ ᠬᠢᠨᠵᠢ ᠶᠢ ᠤᠷᠳᠤᠳᠬᠠᠨ᠂ ᠳ᠋ᠦᠩᠰᠢᠭᠤᠷ ᠲᠦᠭᠦᠷᠢᠭ ᠠᠴᠠ ᠲᠡᠭᠡᠭᠰᠢᠬᠢ ᠲᠦᠷᠦᠯ ᠵᠦᠢᠯ ᠢ ᠴᠢᠷᠮᠠᠶᠢᠨ ᠪᠠᠶᠢᠭᠤᠯᠵᠤ᠂ ᠠᠵᠤ ᠦᠢᠯᠡᠰ ᠤᠨ ᠦᠷᠢᠰᠦᠯᠳᠦᠭᠡᠨ ᠤ ᠬᠦᠴᠦᠨ ᠢ ᠲᠠᠰᠤᠷᠠᠯᠳᠠ ᠦᠭᠡᠢ ᠲᠡᠭᠡᠭᠰᠢᠯᠡᠬᠦᠯᠦᠨ᠎ᠡ᠃ ᠲᠦᠷᠦᠯ ᠵᠦᠢᠯ ᠢᠶᠠᠷ ᠲᠠᠶᠢᠴᠢᠯᠠᠬᠤ ᠶᠢ ᠪᠠᠷᠢᠮᠳᠠᠯᠠᠨ᠎ᠠ᠃ 4.8 ᠳ᠋ᠦᠩᠰᠢᠭᠤᠷ ᠲᠦᠬᠦᠷᠢᠭ ᠤᠨ ᠪᠡᠯᠡ ᠤᠷᠤᠭᠤᠯᠵᠦ᠂ ᠴᠤᠤ ᠹᠠᠨ ᠠᠭᠤᠷᠬᠠᠢ ᠶᠢᠨ ᠦᠢᠯᠡᠰ ᠤᠨ ᠬᠠᠶᠢᠷᠬᠠᠨ ᠲᠤᠭᠤᠯᠭ᠎ᠠ ᠴᠠᠶᠢᠷ ᠤᠨ ᠠᠭᠤᠷᠬᠠᠢ ᠶᠢ ᠮᠠᠯᠳᠠᠵᠤ ᠰᠢᠯᠢᠬᠦ ᠲᠦᠷᠦᠯ ᠵᠦᠢᠯ ᠢ ᠭᠡᠷᠡᠭᠵᠢᠬᠦᠯᠦᠨ᠎ᠡ᠃ 3 ᠳ᠋ᠦᠩᠰᠢᠭᠤᠷ ᠲᠦᠬᠦᠷᠢᠭ ᠤᠨ ᠪᠡᠯᠡ ᠤᠷᠤᠭᠤᠯᠵᠦ᠂ ᠳ᠋ᠠᠴᠢᠩ ᠎ ᠤᠨ ᠴᠢᠯᠠᠭᠤᠨ ᠲᠤᠰᠤᠨ ᠤ ᠦᠷᠬᠦᠯᠵᠢᠯᠡᠯ ᠴᠢᠨᠠᠷᠳᠠᠢ ᠨᠡᠭᠡᠭᠡᠨ ᠠᠰᠢᠭᠯᠠᠬᠤ ᠲᠦᠷᠦᠯ ᠵᠦᠢᠯ ᠢ ᠭᠡᠷᠡᠭᠵᠢᠬᠦᠯᠦᠨ᠎ᠡ᠃ 1.6 ᠳ᠋ᠦᠩᠰᠢᠭᠤᠷ ᠲᠦᠬᠦᠷᠢᠭ ᠤᠨ ᠪᠡᠯᠡ ᠤᠷᠤᠭᠤᠯᠵᠦ᠂ ᠶᠢᠨ ᠱᠠᠨ ᠠᠭᠤᠷᠬᠠᠢ ᠶᠢᠨ ᠦᠢᠯᠡᠰ ᠤᠨ ᠤᠰᠤ ᠬᠦᠬᠦᠷ ᠬᠦᠴᠢᠯ ᠮᠠᠩᠭᠠᠨ ᠤ ᠮᠡᠷᠭᠡᠵᠢᠯ ᠢᠶᠠᠨ ᠰᠠᠶᠢᠵᠢᠷᠠᠭᠤᠯᠬᠤ ᠲᠦᠷᠦᠯ ᠵᠦᠢᠯ ᠢ ᠭᠡᠷᠡᠭᠵᠢᠬᠦᠯᠦᠨ᠎ᠡ᠃ ᠵᠦᠩ ᠶᠢᠨ ᠵᠡᠰ ᠤᠨ ᠦᠢᠯᠡᠰ ᠤᠨ ᠤᠯᠠᠨ ᠲᠡᠮᠦᠷᠯᠢᠭ ᠤᠨ ᠠᠭᠤᠷᠬᠠᠢ ᠶᠢ ᠠᠯᠬᠤᠮ ᠬᠤᠪᠢᠶᠠᠨ ᠬᠤᠷᠢᠶᠠᠨ ᠠᠪᠴᠤ ᠶᠡᠷᠤᠩᠭᠡᠶᠢᠯᠡᠨ ᠠᠰᠢᠭᠯᠠᠬᠤ ᠂ ᠰᠢᠨ ᠹᠧᠩ ᠮᠤᠳᠤᠨ ᠤ ᠦᠢᠯᠡᠰ ᠤᠨ ᠮᠤᠳᠤᠨ ᠭᠡᠷᠡᠭᠰᠡᠯ ᠦᠢᠯᠡᠳᠪᠦᠷᠢᠯᠡᠬᠦ᠂ ᠾᠧ ᠢ ᠰᠠᠯᠬᠢᠨ ᠬᠦᠴᠦᠨ ᠤ ᠰᠢᠨ᠎ᠡ ᠨᠢᠬᠡ ᠦᠶ᠎ᠡ ᠶᠢᠨ ᠰᠠᠯᠬᠢ ᠨᠠᠷᠠᠨ ᠤ ᠭᠡᠷᠡᠯ ᠢ ᠬᠠᠷᠢᠯᠴᠠᠨ ᠨᠦᠭᠦᠪᠤᠷᠢᠯᠠᠨ ᠴᠠᠬᠢᠯᠭᠠᠨ ᠭᠠᠷᠭᠠᠬᠤ ᠲᠦᠭᠦᠭᠡᠷᠦᠮᠵᠢ ᠵᠡᠷᠭᠡ ᠪᠦᠳᠦᠭᠡᠨ ᠪᠠᠶᠢᠭᠤᠯᠤᠯᠳᠠ ᠶᠢᠨ ᠲᠦᠷᠦᠯ ᠵᠦᠢᠯ ᠢ ᠲᠦᠷᠭᠡᠳᠭᠡᠨ ᠠᠬᠢᠭᠤᠯᠤᠨ᠎ᠠ᠃ ᠠᠷᠠᠯᠵᠢᠶᠠᠴᠢᠨ ᠤᠷᠢᠵᠤ ᠪᠡᠯᠡ ᠤᠷᠤᠭᠤᠯᠬᠤ ᠬᠦᠴᠦᠯᠡᠴᠡ ᠶᠢ ᠨᠡᠮᠡᠭᠳᠡᠬᠦᠯᠵᠤ᠂ ᠯᠦᠩ ᠶᠤᠸᠠᠨ ᠬᠦᠯᠦᠨ ᠪᠤᠶᠢᠷ ᠤᠨ 120 ᠲᠦᠮᠡᠨ ᠺᠢᠯᠤᠸᠠᠲ ᠰᠠᠯᠬᠢᠨ ᠬᠦᠴᠦᠨ ᠎ ᠢᠶᠠᠷ ᠴᠠᠬᠢᠯᠭᠠᠨ ᠭᠠᠷᠭᠠᠬᠤ ᠲᠦᠷᠦᠯ ᠵᠦᠢᠯ ᠢ ᠤᠷᠤᠭᠤᠯᠵᠦ ᠠᠪᠴᠢᠷᠠᠬᠤ ᠠᠵᠢᠯ ᠢ ᠠᠬᠢᠭᠤᠯᠤᠨ᠎ᠠ᠃ ᠬᠦᠷᠢᠶᠡᠯᠡᠩ ᠢᠶᠠᠷ ᠲᠠᠶᠢᠴᠢᠯᠠᠬᠤ ᠶᠢ ᠪᠠᠷᠢᠮᠳᠠᠯᠠᠨ᠎ᠠ᠃ ᠰᠢᠨ᠎ᠡ ᠪᠠᠷᠭᠤ ᠪᠠᠷᠠᠭᠤᠨ ᠬᠤᠰᠢᠭᠤᠨ ᠤ ᠠᠵᠤ ᠦᠢᠯᠡᠳᠪᠦᠷᠢ ᠶᠢᠨ ᠬᠦᠷᠢᠶᠡᠯᠡᠩ ᠢ ᠦᠪᠡᠷᠳᠡᠭᠡᠨ ᠵᠠᠰᠠᠬᠤ ᠤᠷᠤᠨ ᠤ ᠲᠡᠰ ᠤᠨ ᠠᠵᠤ ᠦᠢᠯᠡᠳᠪᠦᠷᠢ ᠶᠢᠨ ᠬᠦᠷᠢᠶᠡᠯᠡᠩ ᠢᠶᠠᠷ ᠮᠡᠳᠡᠭᠦᠯᠬᠦ ᠠᠬᠢᠴᠠ ᠶᠢ ᠲᠦᠷᠭᠡᠳᠭᠡᠨ᠎ᠡ᠃ ᠵᠠ ᠠᠭᠤᠯᠠ ᠠᠭᠤᠷᠬᠠᠢ ᠶᠢ ᠤᠯᠤᠰ ᠤᠨ ᠬᠠᠶᠢᠨ ᠪᠠᠶᠢᠴᠠᠭᠠᠯᠳᠠ ᠶᠢᠨ ᠲᠦᠯᠦᠪᠵᠢᠬᠦᠯᠭᠡ ᠳᠤ ᠵᠢᠠᠠᠰᠠᠭᠠᠨ ᠤᠷᠤᠭᠤᠯᠬᠤ ᠎ ᠪᠠᠷ ᠴᠢᠷᠮᠠᠶᠢᠨ᠎ᠠ᠃ ᠰᠠᠭᠤᠷᠢ ᠲᠦᠭᠦᠭᠡᠷᠤᠮᠵᠢ ᠶᠢᠨ ᠪᠦᠳᠦᠭᠡᠨ ᠪᠠᠶᠢᠭᠤᠯᠤᠯᠳᠠ ᠶᠢ ᠴᠢᠩᠭᠠᠳᠬᠠᠵᠤ᠂ ᠵᠠ ᠠᠭᠤᠯᠠ ᠴᠠᠭᠠᠨ ᠤ ᠠᠵᠤ ᠦᠢᠯᠡᠰ ᠤᠨ ᠰᠠᠭᠤᠷᠢᠨ ᠭᠠᠵᠠᠷ ᠎ ᠤᠨ ᠦᠢᠯᠡᠴᠢᠯᠡᠭᠡᠨ ᠤ ᠴᠢᠳᠠᠪᠬᠢ ᠶᠢ ᠳᠡᠬᠦᠯᠳᠡᠷᠵᠢᠬᠦᠯᠵᠦ᠂ ᠠᠭᠤᠷᠬᠠᠢ ᠶᠢᠨ ᠤᠷᠤᠨ ᠤ ᠦᠢᠯᠡᠴᠢᠯᠡᠭᠡᠨ ᠤ ᠬᠢᠷᠢ ᠲᠦᠪᠰᠢᠨ ᠢ ᠲᠡᠭᠡᠭᠰᠢᠯᠡᠬᠦᠯᠦᠨ᠂ ᠦᠨᠤ ᠵᠢᠯ 2 — 3 ᠵᠦᠢᠯ ᠤᠨ ᠳ᠋ᠦᠩᠰᠢᠭᠤᠷ ᠲᠦᠭᠦᠷᠢᠭ ᠠᠴᠠ ᠲᠡᠭᠡᠭᠰᠢᠬᠢ ᠲᠦᠷᠦᠯ ᠵᠦᠢᠯ ᠪᠤᠯᠤᠨ ᠭᠤᠤᠯᠳᠠᠯᠭ᠎ᠠ ᠲᠠᠢ ᠠᠵᠤ ᠠᠬᠤᠶᠢᠯᠠᠯ ᠢ ᠬᠦᠷᠢᠶᠡᠯᠡᠩ ᠳᠤ ᠤᠷᠤᠭᠤᠯᠵᠦ ᠠᠪᠴᠢᠷᠠᠬᠤ ᠪᠠᠷ ᠴᠢᠷᠮᠠᠶᠢᠨ᠎ᠠ᠃ ᠠᠯᠳ᠋ᠬᠠᠮᠡᠭᠡᠯ ᠵᠢᠵᠢᠭ ᠠᠵᠦ ᠠᠬᠤᠶᠢᠯᠠᠯ ᠤᠨ ᠦᠢᠯᠡᠰ ᠪᠤᠰᠬᠠᠬᠤ ᠵᠢᠱᠢᠶ᠎ᠡ ᠦᠵᠡᠬᠦᠯᠬᠦ ᠰᠠᠭᠤᠷᠢᠨ ᠭᠠᠵᠠᠷ ᠢ ᠪᠦᠬᠦ ᠳᠠᠯ᠎ᠠ ᠪᠠᠷ ᠪᠠᠶᠢᠭᠤᠯᠤᠨ᠎ᠠ᠃ ᠲᠦᠷᠦ ᠶᠢᠨ ᠪᠤᠳᠤᠯᠭ᠎ᠠ ᠪᠠᠷ ᠲᠠᠶᠢᠴᠢᠯᠠᠬᠤ ᠶᠢ ᠪᠠᠷᠢᠮᠳᠠᠯᠠᠨ᠎ᠠ᠃ ᠲᠠᠪᠠᠭᠤᠯᠢᠭ ᠠᠵᠤ ᠦᠢᠯᠡᠰ ᠢ ᠠᠬᠢᠭᠤᠯᠬᠤ ᠪᠠ ᠭᠤᠤᠯᠯᠠᠭᠴᠢ ᠠᠵᠤ ᠠᠬᠤᠶᠢᠯᠠᠯ ᠎ ᠢ ᠲᠡᠳᠭᠦᠵᠤ ᠭᠦᠭᠵᠢᠬᠦᠯᠦᠨ ᠬᠦᠴᠦᠷᠭᠡᠭᠵᠢᠬᠦᠯᠬᠦ ᠲᠦᠷᠦ ᠶᠢᠨ ᠪᠤᠳᠤᠯᠭ᠎ᠠ ᠠᠷᠭ᠎ᠠ ᠭᠡᠮᠵᠢᠶ᠎ᠡ ᠶᠢ ᠲᠤᠭᠳᠠᠭᠠᠨ ᠳᠡᠬᠦᠯᠳᠡᠷᠵᠢᠬᠦᠯᠦᠨ᠎ᠡ᠃ ᠨᠡᠶᠢᠳᠡ ᠶᠢᠨ ᠦᠮᠴᠢᠯᠠᠯ ᠤᠨ ᠪᠤᠰᠤ ᠠᠵᠤ ᠠᠬᠤᠢ ᠶᠢᠨ ᠬᠦᠭᠵᠢᠯᠳᠡ ᠶᠢ ᠲᠡᠮᠵᠢᠵᠤ᠂ ᠠᠷᠠᠳ ᠤᠨ ᠲᠤᠮᠳᠠᠬᠢ ᠪᠡᠯᠡ ᠮᠦᠩᠭᠦ ᠶᠢᠨ ᠲᠦᠷᠦᠯ ᠵᠦᠢᠯ ᠤᠨ ᠪᠦᠳᠦᠭᠡᠨ ᠪᠠᠶᠢᠭᠤᠯᠤᠯᠳᠠ ᠳᠤ ᠤᠷᠤᠯᠴᠠᠬᠤ ᠶᠢ ᠵᠤᠷᠢᠭᠵᠢᠭᠤᠯᠤᠨ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠤᠯᠠᠨ ᠡᠰᠢᠵᠢᠨ ᠬᠦᠭᠵᠢᠬᠦ ᠶᠢ ᠵᠢᠭᠠᠨ ᠵᠢᠯᠤᠭᠤᠳᠤᠨ᠎ᠠ᠃ ᠠᠶᠤᠯᠬᠦᠢ ᠦᠢᠯᠡᠳᠪᠦᠷᠢᠯᠡᠯ ᠤᠨ ᠬᠢᠨᠠᠨ ᠬᠠᠮᠢᠶᠠᠷᠤᠯᠳᠠ ᠶᠢ ᠴᠢᠩᠭᠠᠳᠬᠠᠨ᠂ ︽ᠨᠠᠮ ᠵᠠᠰᠠᠭ ᠠᠳᠠᠯᠢ ᠬᠠᠷᠢᠭᠤᠴᠠᠯᠭ᠎ᠠ ᠡᠭᠦᠷᠭᠡᠯᠡᠬᠦ᠂ ᠨᠢᠭᠡ ᠠᠵᠢᠯ ᠤᠨ ᠪᠠᠶᠢᠷᠢ ᠳᠤ ᠬᠤᠶᠠᠷ ᠬᠠᠷᠢᠭᠤᠴᠠᠯᠭ᠎ᠠ ᠡᠭᠦᠷᠭᠡᠯᠡᠬᠦ︾᠎ ᠶᠢ ᠴᠢᠩᠭ᠎ᠠ ᠨᠠᠶᠢᠳᠠᠪᠤᠷᠢᠵᠢᠭᠤᠯᠵᠤ᠂ ᠬᠦᠨᠳᠤ ᠨᠤᠴᠢᠳᠠᠢ ᠤᠨᠴᠠ ᠶᠡᠭᠡ ᠠᠶᠤᠯᠬᠦᠢ ᠦᠢᠯᠡᠳᠪᠦᠷᠢᠯᠡᠯ ᠤᠨ ᠠᠳᠡᠯ ᠭᠠᠷᠬᠤ ᠶᠢ ᠰᠡᠷᠭᠡᠶᠢᠯᠡᠨ᠎ᠡ᠃     ︵ᠭᠤᠷᠪᠠ︶ ᠵᠤᠭᠠᠴᠠᠯ ᠠᠷᠠᠯᠵᠢᠶᠠᠨ ᠤ ᠠᠵᠤ ᠦᠢᠯᠡᠰ ᠤᠨ ᠪᠦᠳᠦᠴᠡ ᠶᠢ ᠦᠷᠭᠡᠳᠭᠡᠵᠤ᠂ ᠭᠤᠷᠪᠠᠳᠤᠭᠠᠷ ᠠᠵᠤ ᠦᠢᠯᠡᠰ ᠤᠨ ᠴᠢᠨᠠᠷ ᠢ ᠲᠡᠭᠡᠭᠰᠢᠯᠡᠬᠦᠯᠦᠨ ᠲᠡᠰ ᠲᠡᠪᠰᠢᠬᠦᠯᠬᠦ ᠶᠢ ᠲᠦᠷᠭᠡᠳᠭᠡᠨ᠎ᠡ᠃ ᠪᠤᠭᠤᠮᠳᠠ ᠶᠢᠨ ᠠᠵᠦ ᠠᠬᠤᠢ ᠶᠢ ᠪᠤᠵᠠᠭᠠᠶᠢᠷᠠᠭᠤᠯᠬᠤ ᠪᠠᠷ ᠭᠤᠤᠯ ᠱᠤᠭᠤᠮ ᠪᠤᠯᠭᠠᠵᠦ᠂ ᠦᠢᠯᠡᠴᠢᠯᠡᠭᠡᠨ ᠤ ᠦᠢᠯᠡᠰ ᠢ ᠲᠡᠮᠵᠢᠵᠦ ᠪᠤᠶᠢᠵᠢᠭᠤᠯᠤᠨ ᠪᠤᠵᠠᠭᠠᠶᠢᠷᠠᠭᠤᠯᠤᠨ᠎ᠠ᠃ ᠪᠤᠭᠤᠮᠳᠠ ᠶᠢᠨ ᠠᠵᠦ ᠠᠬᠤᠢ ᠶᠢ ᠰᠢᠨ᠎ᠡ ᠲᠤᠯᠭᠠᠭᠤᠷᠢᠯᠠᠬᠤ ᠠᠵᠦ ᠦᠢᠯᠡᠰ ᠪᠤᠯᠤᠨ ᠠᠵᠦ ᠠᠬᠤᠢ ᠶᠢᠨ ᠨᠡᠮᠡᠭᠳᠡᠯ ᠴᠡᠭ ᠪᠤᠯᠭᠠᠨ᠎ᠠ᠃ ᠪᠤᠭᠤᠮᠳᠠ ᠶᠢᠨ ᠰᠠᠭᠤᠷᠢ ᠲᠦᠭᠦᠭᠡᠷᠤᠮᠵᠢ ᠶᠢ ᠲᠡᠭᠦᠯᠳᠡᠷᠵᠢᠬᠦᠯᠵᠤ᠂ ᠪᠤᠭᠤᠮᠳᠠ ᠨᠡᠪᠳᠡᠷᠡᠬᠦ ᠵᠠᠮ᠂ ᠪᠠᠷᠠᠭᠠᠨ ᠤ ᠲᠠᠯᠠᠪᠠᠢ᠂ ᠤᠯᠤᠰ ᠤᠨ ᠬᠠᠭᠠᠯᠭ᠎ᠠ ᠵᠡᠷᠭᠡ ᠲᠦᠷᠦᠯ ᠵᠦᠢᠯ ᠢ ᠲᠡᠭᠡᠳᠦ ᠱᠠᠳᠤᠨ ᠠᠴᠠ ᠢᠳᠡᠪᠬᠢᠳᠠᠢ ᠴᠢᠷᠮᠠᠶᠢᠨ ᠤᠯᠵᠤ᠂ ᠠᠷᠤᠬᠠᠰᠢᠶᠠᠳᠦ ᠪᠤᠭᠤᠮᠳᠠ ᠠᠴᠠ ᠮᠤᠩᠭᠤᠯ ᠤᠯᠤᠰ ᠤᠨ ᠲᠤᠷᠤᠨᠠᠳᠦ ᠠᠶᠢᠮᠠᠭ ᠤᠨ ᠴᠤᠶᠢᠪᠠᠯᠰᠠᠩ ᠬᠤᠳᠠ ᠬᠦᠷᠬᠦ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠳᠠ ᠶᠢ ᠲᠦᠯᠬᠢᠨ ᠠᠬᠢᠭᠤᠯᠤᠨ᠎ᠠ᠃ 2015 ᠤᠨ ᠳᠤ ᠠᠷᠤᠬᠠᠰᠢᠶᠠᠳᠤ ᠪᠤᠭᠤᠮᠳᠠ ᠶᠢ ᠵᠢᠯ ᠲᠤᠷᠰᠢᠳᠠ ᠲᠦᠷ ᠴᠠᠭ ᠴᠢᠯᠦᠭᠡᠳᠡᠢ ᠪᠤᠯᠭᠠᠬᠤ ᠪᠠ ᠬᠢᠯᠢ ᠪᠠᠷ ᠵᠤᠭᠠᠴᠠᠬᠤ ᠳᠤ ᠪᠤᠰᠤᠳ ᠭᠠᠵᠠᠷ ᠲᠤ ᠦᠨᠡᠮᠯᠡᠯ ᠬᠦᠢᠴᠡᠳᠭᠡᠬᠦ ᠶᠢ ᠵᠦᠪᠰᠢᠶᠡᠷᠡᠭᠰᠡᠨ ᠶᠠᠪᠤᠳᠠᠯ ᠢᠶᠠᠷ ᠲᠤᠬᠢᠶᠠᠯ ᠪᠤᠯᠭᠠᠨ᠂ ᠲᠤᠮᠳᠠᠳᠤ ᠮᠤᠩᠭᠤᠯ ᠤᠨ ᠬᠢᠯᠢ ᠶᠢᠨ ᠠᠵᠤ ᠠᠬᠤᠢ ᠶᠢᠨ ᠬᠠᠮᠳᠤᠷᠠᠨ ᠠᠵᠢᠯᠯᠠᠬᠤ ᠤᠷᠤᠨ ᠢ ᠲᠡᠭᠡᠭᠰᠢ ᠮᠡᠳᠡᠬᠦᠯᠵᠤ ᠬᠢᠨᠠᠨ ᠵᠦᠪᠰᠢᠶᠡᠷᠡᠭᠦᠯᠬᠦ ᠠᠵᠢᠯ ᠢ ᠲᠦᠷᠭᠡᠳᠭᠡᠨ ᠠᠬᠢᠭᠤᠯᠤᠨ᠎ᠠ᠃ ︽ᠬᠤᠯᠢᠰᠢᠨ ᠢᠳᠡᠭᠡᠨ︾᠎ ᠤ ᠢᠨᠵᠧᠨᠧᠷᠢᠩ ᠢ ᠶᠡᠬᠡᠪᠡᠷ ᠭᠡᠷᠡᠭᠵᠢᠬᠦᠯᠵᠦ᠂ 600 ᠲᠦᠮᠡᠨ ᠲᠦᠬᠦᠷᠢᠭ ᠤᠨ ᠪᠡᠯᠡ ᠤᠷᠤᠭᠤᠯᠵᠦ᠂ ᠢᠳᠡᠰᠢᠨ ᠨᠤᠭᠤᠭᠠᠨ ᠤ ᠫᠧᠩ ᠢ ᠰᠢᠨ᠎ᠡ ᠪᠠᠷ 30 ᠪᠠᠶᠢᠭᠤᠯᠵᠦ᠂ 22 ᠢᠳᠡᠰᠢᠨ ᠨᠤᠭᠤᠭᠠᠨ ᠤ ᠫᠧᠩ ᠢ ᠵᠠᠰᠠᠨ ᠰᠠᠯᠪᠢᠵᠦ᠂ ᠤᠯᠠᠨ ᠲᠦᠮᠡᠨ ᠤ ᠨᠤᠭᠤᠭ᠎ᠠ ᠢᠳᠡᠬᠦ ᠳᠤ ᠬᠦᠴᠢᠷᠳᠡᠢ ᠪᠠᠶᠢᠬᠤ ᠠᠰᠠᠭᠤᠳᠠᠯ ᠢ ᠰᠢᠢᠳᠪᠦᠷᠢᠯᠡᠨ᠎ᠡ᠃ ᠲᠠᠷᠢᠵᠤ ᠤᠷᠭᠤᠭᠤᠯᠬᠤ ᠳᠠᠯᠠᠪᠠᠢ ᠶᠢ ᠦᠷᠭᠡᠳᠭᠡᠵᠦ ᠂ ᠪᠤᠭᠢᠷᠳᠤᠯ ᠦᠭᠡᠢ ᠬᠤᠤᠷᠳᠠᠯ ᠦᠬᠡᠢ ᠢᠳᠡᠰᠢᠨ ᠨᠤᠭᠤᠭᠠᠨ ᠤ ᠨᠡᠷ᠎ᠡ ᠲᠡᠮᠳᠡᠭ ᠢ ᠡᠭᠦᠳᠴᠤ᠂ ᠲᠠᠷᠢᠵᠤ ᠤᠷᠭᠤᠭᠤᠯᠬᠤ᠂ ᠪᠤᠯᠪᠠᠰᠤᠷᠠᠭᠤᠯᠵᠤ ᠡᠳ᠋ᠰᠢᠬᠦᠯᠬᠦ᠂ ᠭᠠᠳᠠᠭᠠᠳᠤ ᠳᠤ ᠭᠠᠷᠭᠠᠬᠤ ᠶᠢ ᠨᠢᠬᠡ ᠴᠤᠭᠴᠠᠵᠢᠭᠤᠯᠤᠭᠰᠠᠨ ᠢᠳᠡᠰᠢᠨ ᠨᠤᠭᠤᠭ᠎ᠠ ᠶᠢ ᠭᠠᠳᠠᠭᠠᠳᠤ ᠳᠤ ᠭᠠᠷᠭᠠᠬᠤ ᠰᠠᠭᠤᠷᠢᠨ ᠭᠠᠵᠠᠷ ᠢ ᠪᠠᠶᠢᠭᠤᠯᠤᠨ᠎ᠠ᠃ ᠵᠤᠭᠠᠴᠠᠯ ᠠᠷᠠᠯᠵᠢᠶ᠎ᠠ ᠶᠢᠨ ᠠᠵᠦ ᠦᠢᠯᠡᠰ ᠢ ᠬᠤᠰᠢᠭᠤ ᠪᠠᠨ ᠬᠦᠭᠵᠢᠭᠡᠨᠳᠡᠢ ᠪᠤᠯᠭᠠᠵᠦ ᠠᠷᠠᠳ ᠢ ᠪᠠᠶᠠᠵᠢᠭᠤᠯᠬᠤ ᠴᠢᠬᠤᠯᠠ ᠠᠷᠭ᠎ᠠ ᠵᠠᠮ ᠪᠤᠯᠭᠠᠨ᠎ᠠ᠃ ᠰᠢᠨ᠎ᠡ ᠭᠡᠯᠪᠡᠷᠢ ᠶᠢᠨ ᠦᠢᠯᠡᠴᠢᠯᠡᠭᠡᠨ ᠤ ᠦᠢᠯᠡᠰ ᠢ ᠲᠡᠳᠬᠦᠨ ᠬᠦᠭᠵᠢᠬᠦᠯᠵᠤ᠂ ᠡᠯᠧᠺᠲᠷᠤᠨ ᠬᠤᠳᠠᠯᠳᠤᠭᠠᠨ ᠤ ᠶᠠᠪᠤᠳᠠᠯ ᠤᠨ ᠲᠠᠪᠴᠠᠩ ᠢ ᠰᠦᠪᠡᠭᠴᠢᠯᠡᠨ ᠪᠠᠶᠢᠭᠤᠯᠵᠤ᠂ ᠤᠳᠤ ᠦᠶ᠎ᠡ ᠎ ᠶᠢᠨ ᠠᠷᠠᠯᠵᠢᠶ᠎ᠠ ᠬᠤᠳᠠᠯᠳᠤᠭᠠᠨ ᠤ ᠭᠦᠢᠯᠭᠡᠭᠡ ᠶᠢᠨ ᠵᠠᠬ᠎ᠠ ᠲᠡᠯᠭᠡᠭᠦᠷ ᠢ ᠲᠡᠭᠦᠯᠳᠡᠷᠵᠢᠬᠦᠯᠦᠨ᠎ᠡ᠃ ᠦᠨᠤ ᠵᠢᠯ ᠳᠤ 1 — 2 ᠲᠤᠮᠤ ᠭᠡᠯᠪᠡᠷᠢ ᠶᠢᠨ ᠪᠤᠳᠠᠰ ᠤᠨ ᠬᠦᠢᠯᠭᠡᠭᠡ ᠶᠢᠨ ᠠᠵᠤ ᠠᠬᠤᠶᠢᠯᠠᠯ ᠢ ᠪᠤᠶᠢᠵᠢᠭᠤᠯᠬᠤ ᠪᠠ ᠤᠷᠤᠭᠤᠯᠵᠦ ᠠᠪᠴᠢᠷᠠᠬᠤ ᠪᠠᠷ ᠭᠦᠴᠦᠯᠡᠨ ᠴᠢᠷᠮᠠᠶᠢᠨ᠎ᠠ᠃ ᠵᠤᠭᠠᠴᠠᠯ ᠤᠨ ᠬᠦᠭᠵᠢᠯᠳᠡ ᠶᠢᠨ ᠶᠡᠷᠦᠩᠬᠡᠢ ᠲᠦᠯᠦᠪᠵᠢᠬᠦᠯᠭᠡ ᠶᠢ ᠰᠠᠶᠢᠳᠦᠷ ᠬᠢᠵᠦ᠂ ᠬᠢᠯᠢ ᠪᠠᠷ ᠵᠤᠭᠠᠴᠠᠬᠤ ᠪᠠ ᠠᠷᠠᠳ ᠤᠨ ᠵᠠᠩ ᠦᠢᠯᠡ ᠶᠢᠨ ᠠᠮᠢ ᠠᠬᠤᠶᠢᠴᠢ ᠵᠤᠭᠠᠴᠠᠯ ᠢ ᠭᠤᠤᠯᠳᠠᠯᠭ᠎ᠠ ᠲᠠᠢ ᠪᠤᠢ ᠪᠤᠯᠭᠠᠨ᠎ᠠ᠃ ᠪᠤᠭᠳᠠᠠᠭᠤᠯᠠ ᠦᠵᠡᠮᠵᠢᠳᠤ ᠤᠷᠤᠨ ᠤ ᠦᠢᠯᠡᠴᠢᠯᠡᠭᠡᠨ ᠤ ᠲᠦᠷᠦᠯ ᠵᠦᠢᠯ ᠢ ᠪᠠᠶᠠᠯᠢᠭᠵᠢᠭᠤᠯᠤᠨ᠂ ᠤᠯᠤᠰ ᠤᠨ 3A ᠲᠡᠰ ᠤᠨ ᠵᠤᠭᠠᠴᠠᠯ ᠤᠨ ᠦᠵᠡᠮᠵᠢᠳᠤ ᠤᠷᠤᠨ ᠢ ᠴᠢᠷᠮᠠᠶᠢᠨ ᠪᠠᠶᠢᠭᠤᠯᠤᠨ᠎ᠠ᠃ 3 ᠵᠤᠷᠪᠤᠰ ᠮᠤᠩᠭᠤᠯ ᠤᠯᠤᠰ ᠢᠶᠠᠷ ᠵᠤᠭᠠᠴᠠᠬᠤ ᠬᠢᠯᠢ ᠶᠢᠨ ᠵᠤᠭᠠᠴᠠᠯ ᠤᠨ ᠵᠠᠮ ᠱᠤᠭᠤᠮ ᠢ ᠨᠡᠪᠳᠡᠷᠡᠬᠦᠯᠬᠦ ᠲᠤᠬᠢᠶᠠᠯ ᠢᠶᠠᠷ ᠬᠢᠯᠢ ᠭᠠᠷᠴᠤ ᠵᠤᠭᠠᠴᠠᠭᠰᠠᠳ ᠤᠨ ᠵᠠᠬ᠎ᠠ ᠲᠡᠯᠭᠡᠭᠦᠷ ᠢ ᠦᠷᠭᠡᠳᠭᠡᠨ᠎ᠡ᠃ ︽ᠪᠠᠷᠭᠤ ᠮᠠᠯᠵᠢᠬᠤ ᠡᠷᠦᠭᠡ ᠪᠠᠷ ᠵᠤᠭᠠᠴᠠᠬᠤ︾ ᠨᠡᠷ᠎ᠡ ᠲᠡᠮᠳᠡᠭ ᠤᠨ ᠴᠢᠨᠠᠷ ᠢ ᠲᠡᠭᠡᠭᠰᠢᠯᠡᠬᠦᠯᠦᠨ ᠲᠡᠰ ᠲᠡᠪᠰᠢᠭᠦᠯᠬᠦ ᠶᠢ ᠲᠡᠮᠵᠢᠵᠤ᠂ ᠲᠠᠯᠠᠢ ᠰᠤᠮᠤ ᠶᠢ ᠦᠪᠡᠷᠮᠢᠴᠡ ᠤᠨᠴᠠᠯᠢᠭ ᠲᠠᠢ ︽ᠮᠤᠩᠭᠤᠯ ᠵᠠᠩ ᠦᠢᠯᠡ ᠶᠢᠨ ᠵᠤᠭᠠᠴᠠᠯ ᠤᠨ ᠲᠤᠰᠬᠤᠨ︾ ᠪᠤᠯᠭᠠᠨ ᠪᠠᠶᠢᠭᠤᠯᠤᠨ᠎ᠠ᠃ ᠲᠤᠮᠳᠠᠳᠤ ᠤᠷᠤᠰ ᠮᠤᠩᠭᠤᠯ ᠤᠨ ︽0︾ ᠨᠤᠮᠧᠷᠳᠤ ᠬᠢᠯᠢ ᠶᠢᠨ ᠬᠦᠰᠢᠶ᠎ᠡ ᠶᠢᠨ ᠦᠵᠡᠮᠵᠢᠳᠤ ᠤᠷᠤᠨ ᠢ ᠨᠡᠭᠡᠭᠡᠨ ᠠᠰᠢᠭᠯᠠᠬᠤ ᠲᠦᠷᠦᠯ ᠵᠦᠢᠯ ᠢ ᠪᠦᠬᠦ ᠬᠦᠴᠦᠨ ᠢᠶᠠᠷ ᠠᠬᠢᠭᠤᠯᠤᠨ᠎ᠠ᠃ ᠠᠯᠳ᠋ᠬᠠᠮᠡᠭᠡᠯ ᠪᠠᠯᠭᠠᠰᠦ — ᠳ᠋ᠠᠰᠢᠫᠤᠩᠰᠤᠭ ᠰᠦᠮ᠎ᠡ — ᠠᠯᠳᠠᠨ ᠳᠠᠯᠠᠢ ᠶᠢᠨ ᠡᠷᠬᠢ — ᠴᠢᠩᠬᠢᠰ ᠬᠠᠭᠠᠨ ᠤ ᠮᠤᠷᠢᠨ ᠤᠶᠠᠭ᠎ᠠ ᠬᠦᠷᠬᠦ‍ ᠨᠢᠭᠡ ᠡᠳᠦᠷ ᠤᠨ ᠵᠤᠭᠠᠴᠠᠯ ᠤᠨ ᠱᠤᠭᠤᠮ ᠢ ᠳᠡᠬᠦᠯᠳᠡᠷᠵᠢᠬᠦᠯᠦᠨ᠎ᠡ᠃ ᠤᠷᠤᠨ ᠨᠤᠳᠤᠭ ᠤᠨ ᠤᠨᠴᠠᠯᠢᠭ ᠲᠠᠢ ᠪᠠᠷᠭᠤ ᠎ ᠶᠢᠨ ᠵᠤᠭᠠᠴᠠᠯ ᠤᠨ ᠰᠤᠶᠤᠯ ᠤᠨ ᠲᠤᠷᠠᠰᠬᠠᠯᠳᠤ ᠡᠳ᠋ ᠶᠢ ᠴᠢᠨᠠᠭᠰᠢᠳᠠ ᠨᠡᠭᠡᠭᠡᠨ ᠠᠰᠢᠭᠯᠠᠵᠦ ᠪᠤᠢ ᠪᠤᠯᠭᠠᠨ᠎ᠠ᠃ ᠨᠡᠶᠢᠳᠡᠮ ᠭᠡᠷᠡᠭᠯᠡᠬᠦ ᠨᠢᠰᠭᠡᠯ ᠤᠨ ᠪᠠᠭᠤᠳᠠᠯ ᠤᠨ ᠪᠦᠳᠦᠭᠡᠨ ᠪᠠᠶᠢᠭᠤᠯᠤᠯᠳᠠ ᠶᠢᠨ ᠲᠦᠷᠦᠯ ᠵᠦᠢᠯ ᠢ ᠲᠦᠷᠭᠡᠳᠭᠡᠨ ᠠᠬᠢᠭᠤᠯᠵᠤ᠂ ᠦᠨᠤ ᠵᠢᠯ ᠳᠤ ᠠᠩᠬᠠᠨ ᠤ ᠨᠢᠰᠦᠯᠳᠡ ᠶᠢ ᠪᠡᠶᠡᠯᠡᠬᠦᠯᠦᠨ᠎ᠡ᠃ ᠪᠡᠶ᠎ᠡ ᠪᠠᠨ ᠲᠠᠭᠠᠭᠠᠵᠤ ᠦᠢᠯᠡᠰ ᠪᠤᠰᠬᠠᠬᠤ ᠶᠢ ᠵᠤᠷᠢᠭᠵᠢᠭᠤᠯᠤᠨ᠂ ᠲᠤᠰᠬᠠᠢ ᠵᠠᠬ᠎ᠠ ᠲᠡᠯᠭᠡᠭᠦᠷ ᠢ ᠲᠦᠷᠭᠡᠳᠭᠡᠨ ᠪᠤᠶᠢᠵᠢᠭᠤᠯᠵᠤ᠂ ᠡᠳᠤᠷ ᠲᠤᠳᠤᠮ ᠤᠨ ᠭᠡᠷᠡᠭᠰᠡᠯ ᠤᠨ ᠦᠨ᠎ᠡ ᠬᠠᠩᠰᠢ ᠶᠢ ᠪᠠᠭᠤᠷᠠᠭᠤᠯᠵᠤ᠂ ᠴᠤᠩᠬᠤᠪᠴᠢ ᠬᠢᠨᠠᠨ ᠵᠦᠪᠰᠢᠶᠡᠷᠡᠬᠦ ᠦᠢᠯᠡᠴᠢᠯᠡᠭᠡ ᠶᠢ ᠰᠢᠯᠢᠳᠡᠭᠵᠢᠭᠦᠯᠦᠨ᠎ᠡ᠃ ᠵᠠᠬ᠎ᠠ ᠲᠡᠯᠭᠡᠭᠦᠷ ᠤᠨ ᠬᠢᠨᠠᠨ ᠬᠠᠮᠢᠶᠠᠷᠤᠯᠳᠠ ᠶᠢ ᠴᠢᠩᠭᠠᠳᠬᠠᠵᠦ᠂ ᠰᠠᠨᠠᠭ᠎ᠠ ᠠᠮᠤᠷ ᠭᠡᠷᠡᠭᠯᠡᠭᠡᠨ ᠤ ᠤᠷᠴᠢᠨ ᠳᠤᠭᠤᠷᠢᠨ ᠢ ᠪᠦᠬᠦ ᠬᠦᠴᠦᠨ ᠢᠶᠠᠷ ᠡᠭᠦᠳᠦᠨ᠎ᠠ᠃     ︵ᠲᠦᠷᠪᠡ︶ ᠬᠤᠳᠠ ᠪᠠᠯᠭᠠᠰᠤ ᠶᠢᠨ ᠴᠢᠳᠠᠪᠬᠢ ᠶᠢ ᠬᠦᠴᠦᠯᠡᠨ ᠲᠡᠭᠦᠯᠳᠡᠷᠵᠢᠬᠦᠯᠵᠤ᠂ ᠰᠢᠨ᠎ᠡ ᠭᠡᠯᠪᠡᠷᠢ ᠶᠢᠨ ᠬᠤᠳᠠ ᠪᠠᠯᠭᠠᠰᠤᠵᠢᠯᠳᠠ ᠶᠢᠨ ᠠᠬᠢᠴᠠ ᠶᠢ ᠲᠦᠯᠬᠢᠨ ᠠᠬᠢᠭᠤᠯᠤᠨ᠎ᠠ᠃ ᠰᠢᠨ᠎ᠡ ᠭᠡᠯᠪᠡᠷᠢ ᠶᠢᠨ ᠬᠤᠳᠠ ᠪᠠᠯᠭᠠᠰᠤ ᠶᠢᠨ ᠰᠢᠰᠲ᠋ᠧᠮ ᠤᠨ ᠪᠦᠳᠦᠭᠡᠨ ᠪᠠᠶᠢᠭᠤᠯᠤᠯᠳᠠ ᠶᠢ ᠲᠦᠷᠭᠡᠳᠭᠡᠵᠤ᠂ ᠤᠨᠴᠠᠯᠢᠭ ᠢ ᠲᠤᠪᠤᠶᠢᠯᠭᠠᠨ᠂ ᠴᠢᠨᠠᠷ ᠲᠡᠰ ᠢ ᠲᠡᠭᠡᠭᠰᠢᠯᠡᠬᠦᠯᠵᠤ᠂ ᠰᠡᠳᠬᠢᠯ ᠳᠤ ᠲᠠᠭᠠᠯᠠᠮᠵᠢᠳᠠᠢ ᠪᠦᠭᠡᠳ ᠤᠷᠤᠰᠢᠨ ᠰᠠᠭᠤᠬᠤ ᠳᠤ ᠲᠤᠬᠢᠯᠢᠭ᠂ ᠬᠦᠮᠦᠰ ᠤᠨ ᠪᠠᠭ᠋ᠠᠷᠤᠯ ᠢ ᠲᠠᠳᠠᠬᠤ ᠬᠦᠴᠦᠨ ᠲᠠᠢ ᠪᠤᠯᠭᠠᠨ᠎ᠠ᠃ ︽ᠠᠯᠳ᠋ᠬᠠᠮᠡᠭᠡᠯ ᠪᠠᠯᠭᠠᠰᠦ ᠶᠢᠨ ᠬᠢᠵᠠᠭᠠᠷᠯᠠᠬᠤ ᠴᠢᠨᠠᠷᠳᠠᠢ ᠨᠠᠷᠢᠯᠢᠭ ᠲᠦᠯᠦᠪᠵᠢᠬᠦᠯᠬᠡ︾᠎ ᠶᠢ ᠵᠠᠰᠠᠨ ᠨᠠᠶᠢᠷᠠᠭᠤᠯᠵᠤ᠂ ᠬᠤᠳᠠ ᠶᠢᠨ ᠵᠠᠮ ᠱᠤᠭᠤᠮ ᠤᠨ ᠰᠦᠯᠵᠢᠶᠡᠳᠤ ᠪᠦᠳᠦᠴᠡ ᠶᠢ ᠲᠡᠭᠦᠯᠳᠡᠷᠵᠢᠬᠦᠯᠦᠨ᠂ ᠮᠤᠭᠠᠶᠢᠳᠤ ᠶᠡᠭᠡ ᠵᠡᠭᠡᠯᠢ᠂ ᠪᠦᠷᠢᠳᠤ ᠵᠠᠮ ᠤᠨ ᠭᠤᠷᠪᠠᠳᠤᠭᠠᠷ ᠬᠤᠭᠤᠴᠠᠭ᠎ᠠ ᠵᠡᠷᠭᠡ ᠬᠤᠳᠠ ᠶᠢᠨ ᠵᠠᠮ ᠱᠤᠭᠤᠮ ᠤᠨ ᠢᠨᠵᠧᠨᠧᠷᠢᠩ ᠢ ᠭᠡᠷᠡᠭᠵᠢᠬᠦᠯᠦᠨ᠎ᠡ᠃ ᠬᠤᠳᠠ ᠪᠠᠯᠭᠠᠰᠤ ᠶᠢᠨ ᠤᠯᠠᠨ ᠨᠡᠶᠢᠳᠡ ᠶᠢᠨ ᠦᠢᠯᠡᠴᠢᠯᠡᠭᠡᠨ ᠤ ᠬᠢᠷᠢ ᠲᠦᠪᠰᠢᠨ ᠢ ᠲᠡᠭᠡᠭᠰᠢᠯᠡᠬᠦᠯᠵᠤ᠂ ᠪᠤᠵᠠᠷ ᠤᠰᠤ᠂ ᠢᠯᠴᠢ ᠶᠢᠨ ᠬᠦᠴᠦᠨ᠂ ᠤᠰᠤ ᠬᠠᠩᠭᠠᠬᠤ᠂ ᠬᠤᠭ ᠨᠤᠪᠰᠢ ᠰᠢᠢᠳᠪᠦᠷᠢᠯᠡᠬᠦ ᠵᠡᠷᠭᠡ 10 ᠵᠦᠢᠯ ᠤᠨ ᠬᠤᠳᠠ ᠶᠢᠨ ᠶᠠᠪᠤᠳᠠᠯ ᠤᠨ ᠲᠦᠭᠦᠭᠡᠷᠤᠮᠵᠢ ᠎ ᠶᠢᠨ ᠪᠦᠳᠦᠭᠡᠨ ᠪᠠᠶᠢᠭᠤᠯᠤᠯᠳᠠ ᠶᠢ ᠭᠡᠷᠡᠭᠵᠢᠬᠦᠯᠵᠤ᠂ ᠤᠷᠤᠰᠢᠭᠤᠯᠭ᠎ᠠ ᠶᠢᠨ ᠭᠠᠵᠠᠷ᠂ ᠠᠷᠠᠳ ᠲᠤ ᠲᠦᠭᠦᠮ ᠦᠵᠡᠬᠦᠯᠬᠦ ᠦᠢᠯᠡᠴᠢᠯᠡᠭᠡᠨ ᠤ ᠲᠦᠪ ᠵᠡᠷᠭᠡ ᠦᠷᠬᠦᠯᠵᠢᠯᠡᠨ ᠪᠠᠶᠢᠭᠤᠯᠬᠤ ᠢᠨᠵᠧᠨᠧᠷᠢᠩ ᠢ ᠲᠦᠯᠬᠢᠨ ᠠᠬᠢᠭᠤᠯᠵᠦ᠂ ᠶᠡᠷᠦᠩᠬᠡᠶᠢᠯᠡᠭᠰᠡᠨ ᠴᠢᠨᠠᠷᠳᠠᠢ ᠬᠤᠳᠠ ᠶᠢᠨ ᠦᠵᠡᠬᠦᠯᠦᠯᠬᠡ ᠶᠢᠨ ᠤᠷᠳᠤᠨ ᠢ ᠲᠦᠯᠦᠪᠵᠢᠬᠦᠯᠦᠨ ᠪᠠᠶᠢᠭᠤᠯᠤᠨ᠎ᠠ᠃ ᠪᠠᠳᠤᠯᠠᠭ᠎ᠠ ᠶᠢᠨ ᠴᠢᠨᠠᠷᠳᠠᠢ ᠤᠷᠤᠨ ᠰᠠᠭᠤᠴᠠ ᠶᠢᠨ ᠪᠦᠲᠦᠭᠡᠨ ᠪᠠᠶᠢᠭᠤᠯᠤᠯᠳᠠ ᠶᠢ ᠴᠢᠩᠭᠠᠳᠬᠠᠵᠦ᠂ 2,806 ᠲᠦᠮᠡᠨ ᠲᠦᠬᠦᠷᠢᠭ ᠤᠨ ᠪᠡᠯᠡ ᠤᠷᠤᠭᠤᠯᠵᠦ᠂ ᠤᠯᠠᠨ ᠨᠡᠶᠢᠳᠡ ᠶᠢᠨ ᠲᠦᠷᠢᠶᠡᠰᠦᠨ ᠤᠷᠤᠨ ᠰᠠᠭᠤᠴᠠ ᠶᠢ ᠰᠢᠨ᠎ᠡ ᠪᠠᠷ 150 ᠪᠠᠶᠢᠭᠤᠯᠤᠨ᠎ᠠ᠃ 2.7 ᠳ᠋ᠦᠩᠰᠢᠭᠤᠷ ᠲᠦᠬᠦᠷᠢᠭ ᠤᠨ ᠪᠡᠯᠡ ᠤᠷᠤᠭᠤᠯᠵᠦ᠂ 600 ᠲᠦᠬᠦᠮ ᠪᠦᠳᠦᠴᠡᠳᠦ ᠤᠷᠤᠨ ᠰᠠᠭᠤᠴᠠ ᠶᠢ ᠵᠠᠰᠠᠨ ᠰᠢᠨᠡᠳᠭᠡᠨ᠎ᠡ᠃ ︽ᠤᠢ ᠮᠤᠳᠤ ᠲᠠᠢ ᠬᠤᠳᠠ︾᠎ ᠶᠢ ᠡᠭᠦᠳᠦᠨ ᠪᠠᠶᠢᠭᠤᠯᠵᠤ᠂ ᠭᠤᠷᠪᠠᠨ ᠭᠠᠷᠬᠤ ᠵᠠᠮ ᠢ ᠪᠦᠬᠦᠯᠢ ᠴᠤᠭᠴᠠ ᠪᠠᠷ ᠨᠢ ᠵᠠᠰᠠᠨ ᠰᠢᠨᠡᠳᠭᠡᠬᠦ ᠪᠠ ᠨᠤᠭᠤᠭᠠᠷᠠᠭᠤᠯᠬᠤ ᠢᠨᠵᠧᠨᠧᠷᠢᠩ ᠢ ᠪᠡᠶᠡᠯᠡᠬᠦᠯᠦᠨ᠎ᠡ᠃ ᠳᠠᠯᠳᠠ ᠵᠡᠬᠡᠯᠢ ᠭᠤᠳᠤᠮᠵᠢ ᠶᠢᠨ ᠵᠠᠮ ᠤᠨ ᠪᠤᠵᠠᠷ ᠪᠤᠷᠳᠠᠭ ᠡᠮᠬᠢ ᠵᠠᠮᠪᠠᠷᠠᠭ᠎ᠠ ᠦᠭᠡᠢ ᠪᠠᠷᠤᠭᠳᠠᠢ ᠪᠠᠶᠢᠭ᠎ᠠ ᠪᠠ ᠵᠢᠵᠢᠭ ᠲᠤᠭᠤᠷᠢᠭ ᠤᠨ ᠪᠤᠳᠠᠰ ᠤᠨ ᠬᠦᠢᠯᠭᠡᠭᠡᠨ ᠤ ᠬᠠᠮᠢᠶᠠᠷᠤᠯᠳᠠ ᠶᠢ ᠶᠡᠭᠡᠪᠡᠷ ᠵᠠᠰᠠᠨ ᠴᠡᠭᠴᠡᠯᠡᠵᠤ᠂ ᠤᠯᠤᠰ ᠤᠨ ᠲᠡᠰ ᠤᠨ ᠡᠷᠡᠬᠦᠯ ᠬᠠᠮᠠᠭᠠᠯᠠᠯ ᠤᠨ ᠬᠤᠰᠢᠭᠤ ᠶᠢ ᠢᠳᠡᠪᠬᠢᠳᠠᠢ ᠴᠢᠷᠮᠠᠶᠢᠨ ᠡᠭᠦᠳᠦᠨ᠎ᠡ᠃ ᠵᠠᠮ ᠲᠡᠭᠡᠭᠡᠪᠦᠷᠢ ᠶᠢᠨ ᠨᠦᠬᠦᠴᠡᠯ ᠢ ᠰᠠᠶᠢᠵᠢᠷᠠᠭᠤᠯᠵᠤ᠂ ᠮᠠᠨᠵᠤᠤᠷ — ᠠᠯᠳ᠋ᠬᠠᠮᠡᠭᠡᠯ — ᠠᠮᠤᠭᠤᠯᠠᠩ ᠬᠦᠷᠬᠦ ᠨᠢᠭᠡᠳᠤᠭᠡᠷ ᠲᠡᠰ ᠤᠨ ᠵᠠᠰᠠᠮᠠᠯ ᠵᠠᠮ ᠵᠢᠴᠢ ᠶᠠ ᠬᠠᠩ ᠪᠠᠩᠬᠢ ᠶᠢᠨ ᠡᠯ᠎ᠡ ᠬᠤᠪᠢᠶᠠᠷᠢ ᠲᠦᠷᠦᠯ ᠵᠦᠢᠯ ᠤᠨ ᠪᠦᠳᠦᠭᠡᠨ ᠪᠠᠶᠢᠭᠤᠯᠤᠯᠳᠠ ᠶᠢ ᠪᠦᠬᠦ ᠬᠦᠴᠦᠨ ᠢᠶᠠᠷ ᠠᠬᠢᠭᠤᠯᠤᠨ᠎ᠠ᠃ ᠮᠠᠨᠵᠤᠤᠷ ᠢᠷᠪᠢᠰ ᠲᠡᠮᠦᠷ ᠵᠠᠮ ᠤᠨ ᠨᠢᠭᠡᠳᠤᠭᠡᠷ ᠬᠤᠭᠤᠴᠠᠭᠠᠨ ᠤ ᠢᠨᠵᠧᠨᠧᠷᠢᠩ ᠤᠨ ᠮᠠᠨᠵᠤᠤᠷ ᠠᠴᠠ ᠪᠠᠷᠠᠭᠤᠨ ᠦᠭᠡᠷᠳᠤ ᠭᠦᠷᠭᠦ ᠭᠡᠰᠡᠭ ᠤᠨ ᠲᠡᠮᠦᠷ ᠵᠠᠮ ᠤᠨ ᠪᠦᠳᠦᠭᠡᠨ ᠪᠠᠶᠢᠭᠤᠯᠤᠯᠳᠠ ᠶᠢᠨ ᠲᠦᠷᠦᠯ ᠵᠦᠢᠯ ᠢ ᠭᠤᠤᠯᠳᠠᠯᠭ᠎ᠠ ᠲᠠᠢ ᠠᠬᠢᠭᠤᠯᠤᠨ᠎ᠠ᠃ ᠴᠠᠬᠢᠯᠭᠠᠨ ᠬᠦᠴᠦᠨ ᠤ ᠬᠠᠩᠭᠠᠯᠭ᠎ᠠ ᠶᠢ ᠪᠠᠳᠤᠯᠠᠵᠦ᠂ ᠴᠠᠬᠢᠯᠭᠠᠨ ᠲᠤᠤᠷ ᠤᠨ ᠳᠠᠮᠵᠢᠭᠤᠯᠤᠨ ᠬᠦᠷᠭᠡᠬᠦ ᠴᠢᠳᠠᠪᠦᠷᠢ ᠶᠢ ᠲᠡᠭᠡᠭᠰᠢᠯᠡᠬᠦᠯᠦᠨ᠂ 3 ᠳ᠋ᠦᠩᠰᠢᠭᠤᠷ ᠲᠦᠬᠦᠷᠢᠭ ᠤᠨ ᠪᠡᠯᠡ ᠤᠷᠤᠭᠤᠯᠵᠦ᠂ ᠮᠠᠨᠵᠤᠤᠷ ᠠᠴᠠ ᠪᠠᠷᠠᠭᠤᠨ ᠬᠤᠰᠢᠭᠤ ᠬᠦᠷᠬᠦ 220 ᠺᠢᠯᠤᠸᠤᠯᠲ ᠪᠤᠯᠤᠨ ᠲᠠᠰᠢᠮᠠᠭ ᠬᠦᠷᠬᠦ 110 ᠺᠢᠯᠤᠸᠤᠯᠲ ᠤᠨ ᠴᠠᠬᠢᠯᠭᠠᠨ ᠲᠠᠮᠵᠢᠭᠤᠯᠤᠨ ᠬᠤᠪᠢᠷᠠᠭᠤᠯᠬᠤ ᠲᠦᠷᠦᠯ ᠵᠦᠢᠯ ᠢ ᠭᠡᠷᠡᠭᠵᠢᠬᠦᠯᠦᠨ᠎ᠡ᠃     ︵ᠲᠠᠪᠤ︶ ᠠᠷᠠᠳ ᠤᠨ ᠠᠮᠢᠳᠤᠷᠠᠯ ᠤᠨ ᠪᠡᠯᠡ ᠤᠷᠤᠭᠤᠯᠤᠯᠳᠠ ᠶᠢ ᠴᠢᠨᠠᠭᠰᠢᠳᠠ ᠨᠡᠮᠡᠭᠳᠡᠬᠦᠯᠵᠤ᠂ ᠨᠡᠶᠢᠭᠡᠮ ᠤᠨ ᠡᠶ᠎ᠡ ᠵᠤᠬᠢᠴᠠᠩᠭᠤᠢ ᠠᠮᠤᠷ ᠲᠤᠭᠳᠠᠭᠤᠨ ᠢ ᠪᠠᠳᠤᠯᠠᠨ᠎ᠠ᠃ ︽ᠳᠠᠶᠢᠴᠢᠯᠠᠨ ᠳᠠᠭᠠᠭᠤᠯᠬᠤ︾ ᠠᠵᠢᠯᠯᠠᠭ᠎ᠠ ᠲᠠᠢ ᠤᠶᠠᠯᠳᠤᠭᠤᠯᠤᠨ᠂ ᠠᠷᠠᠳ ᠲᠦᠮᠡᠨ ᠤ ᠲᠤᠰ ᠪᠡᠶ᠎ᠡ ᠶᠢᠨ ᠠᠰᠢᠭ ᠲᠤᠰᠠ ᠲᠠᠢ ᠰᠢᠭᠤᠳ ᠬᠤᠯᠪᠤᠭᠳᠠᠬᠤ ᠪᠤᠳᠠᠳᠠᠢ ᠠᠰᠠᠭᠤᠳᠠᠯ ᠢ ᠬᠦᠴᠦᠯᠡᠨ ᠰᠢᠢᠳᠪᠦᠷᠢᠯᠡᠵᠤ᠂ ᠨᠡᠶᠢᠭᠡᠮ ᠤᠨ ᠡᠯ᠎ᠡ ᠲᠦᠷᠦᠯ ᠤᠨ ᠠᠵᠢᠯ ᠦᠢᠯᠡᠰ ᠤᠨ ᠵᠤᠬᠢᠴᠠᠯᠳᠤᠨ ᠬᠦᠭᠵᠢᠬᠦ ᠶᠢ ᠠᠬᠢᠭᠤᠯᠤᠨ᠎ᠠ᠃ ︽ᠠᠷᠪᠠ ᠶᠢ ᠪᠦᠷᠭᠦᠭᠦᠯᠬᠦ︾ ᠢᠨᠵᠧᠨᠧᠷᠢᠩ ᠢ ᠠᠭᠢᠭᠤᠯᠤᠨ᠎ᠠ᠃ ᠮᠠᠯᠵᠢᠬᠤ ᠤᠷᠤᠨ ᠤ ᠨᠤᠷᠠᠬᠤ ᠠᠶᠤᠯᠳᠠᠢ ᠭᠡᠷ ᠪᠠᠶᠢᠰᠢᠩ ᠢ 664 ᠵᠠᠰᠠᠨ ᠰᠢᠨᠡᠳᠭᠡᠨ᠎ᠡ᠃ ᠤᠰᠤ ᠬᠠᠩᠭᠠᠬᠤ ᠨᠤᠳᠤᠭ ᠤᠨ ᠬᠤᠳᠳᠤᠭ ᠢ ᠰᠢᠨ᠎ᠡ ᠪᠠᠷ 140 ᠮᠠᠯᠳᠠᠵᠤ᠂ 2259 ᠬᠦᠮᠦᠨ ᠤ ᠠᠶᠤᠯᠬᠦᠢ ᠤᠰᠤ ᠤᠮᠳᠠ ᠶᠢᠨ ᠠᠰᠠᠭᠤᠳᠠᠯ ᠢ ᠰᠢᠢᠳᠪᠦᠷᠢᠯᠡᠨ᠎ᠡ᠃ 13 ᠭᠠᠴᠠᠭᠠᠨ ᠳᠤ 20940 ᠮᠧᠲᠷ ᠤᠨ ᠵᠡᠭᠡᠯᠢ ᠭᠤᠳᠤᠮᠵᠢ ᠶᠢᠨ ᠵᠠᠮ ᠢ ᠬᠠᠳᠠᠭᠤᠷᠠᠭᠤᠯᠬᠤ ᠢᠨᠵᠧᠨᠧᠷᠢᠩ ᠢ ᠭᠡᠷᠡᠭᠵᠢᠬᠦᠯᠦᠨ᠎ᠡ᠃ 10 ᠺᠢᠯᠤᠸᠤᠯᠲ ᠤᠨ ᠴᠠᠬᠢᠯᠭᠠᠨ ᠲᠤᠤᠷ ᠢ 13.456 ᠺᠢᠯᠤᠮᠧᠲᠷ ᠵᠠᠰᠠᠨ ᠰᠢᠨᠡᠳᠭᠡᠵᠦ᠂ 0.4 ᠺᠢᠯᠤᠸᠤᠯᠲ ᠤᠨ ᠴᠠᠬᠢᠯᠭᠠᠨ ᠲᠤᠤᠷ ᠢ 34.1 ᠺᠢᠯᠤᠮᠧᠲᠷ ᠵᠠᠰᠠᠨ ᠰᠢᠨᠡᠳᠭᠡᠨ᠎ᠡ᠃ ᠡᠷᠦᠬᠡ ᠪᠤᠯᠭᠠᠨ ᠳᠤ ᠨᠡᠪᠲᠡᠷᠡᠬᠦᠯᠬᠦ ᠷᠠᠳᠢᠤ᠋ ᠲᠧᠯᠸᠢᠰ ᠲᠦᠭᠦᠭᠡᠷᠤᠮᠵᠢ ᠶᠢ 600 ᠤᠭᠰᠠᠷᠠᠨ᠎ᠠ᠃ ᠭᠠᠴᠠᠭᠠᠨ ᠤ ᠡᠷᠡᠬᠦᠯ ᠬᠠᠮᠠᠭᠠᠯᠠᠯ ᠤᠨ ᠲᠠᠰᠤᠭ ᠢ 1 ᠪᠠᠶᠢᠭᠤᠯᠤᠨ᠎ᠠ᠃ ᠰᠤᠶᠤᠯ ᠤᠨ ᠠᠵᠢᠯᠯᠠᠭᠠᠨ ᠤ ᠲᠠᠰᠤᠭ ᠢ 19 ᠪᠠᠶᠢᠭᠤᠯᠤᠨ᠎ᠠ᠃ ᠠᠷᠠᠳ ᠲᠤ ᠲᠦᠭᠦᠮ ᠦᠵᠡᠬᠦᠯᠬᠦ ᠬᠤᠯᠪᠤᠭᠠᠳᠦ ᠬᠡᠳᠤ ᠲᠡᠯᠭᠡᠭᠦᠷ ᠢ 9 ᠪᠠᠶᠢᠭᠤᠯᠤᠨ᠎ᠠ᠃ ᠮᠠᠯᠴᠢᠳ ᠤᠨ ᠨᠠᠰᠤᠵᠢᠯ ᠤᠨ ᠲᠠᠭᠠᠳᠬᠠᠯ ᠳᠤ ᠤᠷᠤᠯᠴᠠᠬᠤ ᠨᠤᠷᠮ᠎ᠠ ᠶᠢ 88%᠎ ᠳᠤ ᠬᠦᠷᠭᠡᠨ᠎ᠡ᠃ ᠪᠦᠬᠦᠯᠢ 80 ᠨᠠᠰᠤᠨ ᠠᠴᠠ ᠲᠡᠭᠡᠭᠰᠢᠬᠢ ᠲᠤᠤᠷ᠎ᠠ ᠤᠷᠤᠯᠭ᠎ᠠ ᠲᠠᠢ ᠨᠠᠰᠤᠳᠠᠶᠢᠴᠤᠳ ᠪᠦᠬᠦᠨ ᠢᠶᠠᠷ ᠢᠶᠠᠨ ᠦᠳᠡᠯᠦᠬᠡ ᠨᠠᠰᠤᠨ ᠤ ᠨᠡᠮᠡᠬᠦᠷᠢ ᠵᠤᠭᠤᠰ ᠭᠦᠷᠳᠡᠬᠦ ᠶᠢ ᠪᠠᠳᠤᠯᠠᠨ᠎ᠠ᠃ ᠰᠤᠷᠭᠠᠨ ᠬᠦᠮᠦᠵᠢᠯ ᠢ ᠡᠩ ᠲᠠᠷᠢᠬᠦᠨ ᠳᠤ ᠭᠦᠭᠵᠢᠬᠦᠯᠦᠨ᠎ᠡ᠃ ᠰᠤᠷᠭᠠᠨ ᠬᠦᠮᠦᠵᠢᠯ ᠤᠨ ᠦᠭᠡᠷᠡᠴᠢᠯᠡᠯᠳᠡ ᠬᠦᠭᠵᠢᠯᠳᠡ ᠶᠢᠨ ᠲᠦᠷᠦ ᠶᠢᠨ ᠪᠤᠳᠤᠯᠭ᠎ᠠ ᠶᠢᠨ ᠵᠢᠭᠠᠨ ᠵᠢᠯᠤᠭᠤᠳᠤᠯᠭ᠎ᠠ ᠶᠢ ᠴᠢᠩᠭᠠᠳᠬᠠᠵᠦ᠂ ᠠᠯᠪᠠᠨ ᠵᠢᠷᠤᠮ ᠤᠨ ᠰᠤᠷᠭᠠᠨ ᠬᠦᠮᠦᠵᠢᠯ ᠤᠨ ᠶᠡᠷᠦᠩᠬᠡᠶᠢᠯᠡᠭᠰᠡᠨ ᠦᠬᠡᠷᠡᠴᠢᠯᠡᠯᠳᠡ ᠶᠢ ᠲᠦᠯᠬᠢᠨ ᠠᠬᠢᠭᠤᠯᠬᠤ ᠰᠠᠨᠠᠯ ᠢ ᠲᠤᠭᠳᠠᠭᠠᠨ ᠨᠡᠶᠢᠳᠡᠯᠡᠨ᠎ᠡ᠃ ᠪᠠᠷᠭᠤ ᠦᠨᠳᠤᠰᠦᠳᠡᠨ ᠤ ᠬᠡᠤᠭᠡᠳ ᠤᠨ ᠴᠡᠴᠡᠷᠯᠢᠭ ᠢ ᠠᠰᠢᠭᠯᠠᠯᠳᠠ ᠳᠤ ᠤᠷᠤᠭᠤᠯᠤᠨ᠎ᠠ᠃ ᠤᠯᠤᠰ ᠤᠨ ᠲᠡᠰ ᠤᠨ ᠠᠯᠪᠠᠨ ᠵᠢᠷᠤᠮ ᠤᠨ ᠰᠤᠷᠭᠠᠨ ᠬᠦᠮᠦᠵᠢᠯ ᠤᠨ ᠭᠦᠭᠵᠢᠯᠳᠡ ᠦᠨᠳᠤᠰᠦᠨ ᠳᠡᠭᠡᠨ ᠲᠡᠩᠴᠡᠭᠦᠷᠢᠳᠡᠢ ᠰᠢᠶᠠᠨ ᠢᠶᠠᠷ ᠰᠢᠯᠭᠠᠷᠠᠭᠤᠯᠤᠭᠰᠠᠨ ᠦᠷ᠎ᠡ ᠪᠦᠳᠦᠮᠵᠢ ᠶᠢ ᠪᠠᠬᠢᠵᠢᠬᠦᠯᠦᠨ᠂ ᠪᠡᠯᠡ ᠤᠷᠤᠭᠤᠯᠤᠯᠳᠠ ᠶᠢ ᠦᠷᠬᠦᠯᠵᠢᠯᠡᠨ ᠨᠡᠮᠡᠭᠳᠡᠭᠦᠯᠵᠤ᠂ ᠰᠤᠷᠭᠠᠭᠤᠯᠢ ᠡᠷᠬᠢᠯᠡᠬᠦ ᠨᠦᠬᠦᠴᠡᠯ ᠢ ᠲᠠᠰᠤᠷᠠᠯᠳᠠ ᠦᠭᠡᠢ ᠰᠠᠶᠢᠵᠢᠷᠠᠭᠤᠯᠵᠤ᠂ ᠰᠤᠷᠭᠠᠨ ᠬᠦᠮᠦᠵᠢᠯ ᠤᠨ ᠴᠢᠨᠠᠷ ᠴᠢᠨᠰᠠᠭ᠎ᠠ ᠶᠢᠨ ᠰᠢᠨ᠎ᠡ ᠲᠡᠭᠡᠭᠰᠢᠯᠡᠯᠳᠡ ᠶᠢ ᠪᠡᠶᠡᠯᠡᠬᠦᠯᠦᠨ᠎ᠡ᠃ ︽ᠪᠦᠬᠦ ᠤᠯᠤᠰ ᠤᠨ ᠰᠤᠷᠭᠠᠭᠤᠯᠢ ᠶᠢᠨ ᠭᠦᠷᠢᠶᠡᠨ ᠤ ᠬᠦᠯ ᠪᠦᠮᠪᠦᠭᠡ ᠶᠢᠨ ᠲᠤᠷᠰᠢᠯᠳᠠ ᠶᠢᠨ ᠰᠢᠶᠠᠨ︾ ᠪᠤᠯᠬᠤ ᠎ ᠪᠠᠷ ᠢᠳᠡᠪᠬᠢᠯᠡᠨ ᠴᠢᠷᠮᠠᠶᠢᠵᠤ᠂ 4 ᠤᠯᠤᠰ ᠤᠨ ᠲᠡᠰ ᠤᠨ ᠰᠤᠷᠭᠠᠭᠤᠯᠢ ᠶᠢᠨ ᠭᠦᠷᠢᠶᠡᠨ ᠤ ᠬᠦᠯ ᠪᠦᠮᠪᠦᠭᠡ ᠶᠢᠨ ᠤᠨᠴᠠᠯᠢᠭᠳᠤ ᠰᠤᠷᠭᠠᠭᠤᠯᠢ ᠶᠢ ᠴᠢᠷᠮᠠᠶᠢᠨ ᠪᠠᠶᠢᠭᠤᠯᠤᠨ᠎ᠠ᠃ ᠰᠤᠶᠤᠯ ᠤᠨ ᠬᠦᠭᠵᠢᠯᠳᠡ ᠶᠢ ᠠᠬᠢᠭᠤᠯᠤᠨ᠎ᠠ᠃ ︽ᠦᠬᠡᠷᠳᠦ ᠬᠦᠢᠳᠡᠨ︾ ᠭᠡᠭᠦ ᠲᠠᠶᠢᠰᠠᠨ ᠤ ᠵᠦᠴᠦᠭᠡ ᠶᠢ ᠨᠠᠶᠢᠷᠠᠭᠤᠯᠤᠨ ᠲᠦᠯᠦᠪᠯᠡᠵᠤ᠂ ᠦᠨᠳᠤᠰᠦᠳᠡᠨ ᠤ ᠲᠠᠶᠢᠰᠠᠨ ᠤ ᠤᠷᠠᠯᠢᠭ ᠤᠨ ᠰᠤᠶᠤᠯ ᠤᠨ ᠨᠠᠷ᠎ᠡ ᠶᠢᠨ ᠬᠠᠭᠤᠳᠠᠰᠤ ᠶᠢ ᠪᠤᠢ ᠪᠤᠯᠭᠠᠨ᠎ᠠ᠃ ᠦᠪᠦᠷ ᠮᠤᠩᠭᠤᠯ ᠤᠨ ᠦᠨᠳᠤᠰᠦᠳᠡᠨ ᠤ ᠺᠢᠨᠤ᠋ ᠲᠢᠶᠠᠲᠷ ᠎ ᠤᠨ ᠺᠤᠮᠫᠠᠨᠢ ᠲᠠᠢ ᠬᠠᠮᠳᠤᠷᠠᠨ᠂ ᠬᠤᠳᠠ ᠪᠠᠯᠭᠠᠰᠤ ᠶᠢᠨ ᠲᠤᠭᠠᠴᠢᠯᠠᠭᠰᠠᠨ ᠺᠢᠨᠤ᠋ ᠶᠢᠨ ᠤᠷᠳᠤᠨ ᠤ ᠲᠦᠷᠦᠯ ᠵᠦᠢᠯ ᠢ ᠲᠦᠷᠭᠡᠳᠭᠡᠨ ᠠᠬᠢᠭᠤᠯᠤᠨ᠎ᠠ᠃ ᠪᠡᠶ᠎ᠡ ᠶᠢᠨ ᠲᠠᠮᠢᠷ ᠤᠨ ᠦᠢᠯᠡᠰ ᠢ ᠶᠡᠭᠡᠪᠡᠷ ᠬᠦᠭᠵᠢᠬᠦᠯᠵᠤ᠂ ᠤᠯᠠᠨ ᠲᠦᠮᠡᠨ ᠤ ᠠᠵᠢᠯ ᠤᠨ ᠴᠢᠯᠦᠭᠡᠨ ᠤ ᠠᠮᠢᠳᠤᠷᠠᠯ ᠢ ᠪᠠᠶᠠᠯᠢᠭᠵᠢᠭᠤᠯᠤᠨ᠎ᠠ᠃ ᠢᠳᠡᠭᠡᠨ ᠪᠠ ᠡᠮ ᠤᠨ ᠵᠦᠢᠯ ᠎ ᠤᠨ ᠬᠢᠨᠠᠨ ᠬᠠᠮᠢᠶᠠᠷᠤᠯᠳᠠ ᠪᠤᠯᠤᠨ ᠡᠷᠡᠬᠦᠯ ᠬᠠᠮᠠᠭᠠᠯᠠᠯ ᠲᠦᠯᠦᠪᠯᠡᠭᠡᠳᠤ ᠦᠷᠡᠵᠢᠯ ᠤᠨ ᠦᠢᠯᠡᠴᠢᠯᠡᠭᠡ ᠶᠢ ᠴᠢᠩᠭᠠᠳᠬᠠᠨ᠎ᠠ᠃ ᠰᠤᠷᠭᠠᠭᠤᠯᠢ᠂ ᠠᠵᠦ ᠦᠢᠯᠡᠳᠪᠦᠷᠢ ᠪᠤᠯᠤᠨ ᠪᠠᠷᠢᠯᠭ᠎ᠠ ᠶᠢᠨ ᠭᠠᠵᠠᠷ ᠵᠡᠷᠭᠡ ᠭᠤᠤᠯᠳᠠᠯᠭ᠎ᠠ ᠲᠠᠢ ᠬᠦᠷᠢᠶ᠎ᠡ ᠭᠡᠪᠴᠢᠶᠡᠨ ᠳᠠᠬᠢ ᠢᠳᠡᠭᠡᠨ ᠤ ᠵᠦᠢᠯ ᠤᠨ ᠠᠮᠤᠷ ᠲᠦᠪᠰᠢᠨ ᠢ ᠪᠠᠳᠤᠯᠠᠵᠤ᠂ ᠦᠢᠯᠡᠳᠪᠦᠷᠢᠯᠡᠯ ᠎ ᠤᠨ ᠬᠦᠢᠯᠭᠡᠭᠡ᠂ ᠢᠳᠡᠭᠡᠨ ᠤ ᠦᠢᠯᠡᠰ ᠤᠨ ᠦᠢᠯᠡᠴᠢᠯᠡᠭᠡ ᠵᠡᠷᠭᠡ ᠭᠤᠭᠴᠤᠭ᠎ᠠ ᠶᠢᠨ ᠬᠢᠨᠠᠨ ᠬᠠᠮᠢᠶᠠᠷᠤᠯᠳᠠ ᠶᠢᠨ ᠪᠦᠷᠬᠦᠴᠡ ᠶᠢᠨ ᠨᠤᠷᠮ᠎ᠠ ᠶᠢ ᠳᠠᠰᠤᠷᠠᠯᠳᠠ ᠦᠬᠡᠢ ᠲᠡᠭᠡᠭᠰᠢᠯᠡᠬᠦᠯᠦᠨ᠎ᠡ᠃ ᠡᠬᠡ ᠨᠢᠯᠬᠠᠰ ᠤᠨ ᠡᠷᠡᠬᠦᠯ ᠢ ᠪᠠᠳᠤᠯᠠᠬᠤ ᠲᠤᠬᠠᠶᠢᠯᠠᠭᠰᠠᠨ ᠠᠵᠢᠯ ᠤᠨ ᠠᠵᠢᠯᠯᠠᠬᠤ ᠭᠡᠷ ᠢ ᠪᠠᠶᠢᠭᠤᠯᠤᠨ ᠲᠠᠭᠤᠰᠬᠠᠵᠦ᠂ ᠪᠤᠭᠳᠠᠠᠭᠤᠯᠠ᠂ ᠪᠠᠶ᠋ᠬᠠᠭᠤᠯᠠ᠂ ᠪᠠᠶᠠᠠᠳᠡᠷᠡᠰᠦ ᠪᠤᠯᠤᠨ ᠬᠦᠳᠡᠯᠮᠦᠷᠢ ᠵᠡᠷᠭᠡ ᠡᠷᠡᠬᠦᠯ ᠬᠠᠮᠠᠭᠠᠯᠠᠯ ᠤᠨ ᠬᠤᠷᠢᠶ᠎ᠠ ᠪᠤᠯᠤᠨ ᠡᠷᠡᠬᠦᠯ ᠬᠠᠮᠠᠭᠠᠯᠠᠯ ᠤᠨ ᠳᠠᠰᠤᠭ ᠤᠨ ᠪᠦᠲᠦᠭᠡᠨ ᠪᠠᠶᠢᠭᠤᠯᠤᠯᠳᠠ ᠎ ᠶᠢᠨ ᠲᠦᠷᠦᠯ ᠵᠦᠢᠯ ᠢ ᠰᠦᠪᠡᠭᠴᠢᠯᠡᠨ ᠭᠡᠷᠡᠭᠵᠢᠬᠦᠯᠦᠨ᠎ᠡ᠃ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠦᠭᠡᠷᠡᠴᠢᠯᠡᠯᠳᠡ ᠶᠢ ᠲᠤᠭᠳᠠᠭᠤᠨ ᠢᠶᠠᠷ ᠠᠬᠢᠭᠤᠯᠵᠤ᠂ ᠠᠷᠠᠳ ᠤᠨ ᠡᠮᠨᠡᠯᠭᠡ ᠶᠢᠨ ᠬᠤᠷᠢᠶᠠᠨ ᠤ ᠰᠤᠷᠠᠭ ᠵᠠᠩᠭᠢᠴᠢᠯᠠᠯᠳᠠ ᠶᠢᠨ ᠪᠦᠳᠦᠭᠡᠨ ᠪᠠᠶᠢᠭᠤᠯᠤᠯᠳᠠ ᠶᠢᠨ ᠬᠢᠷᠢ ᠲᠦᠪᠰᠢᠨ ᠢ ᠲᠡᠭᠡᠭᠰᠢᠯᠡᠬᠦᠯᠵᠤ᠂ ᠬᠦᠴᠢᠯᠳᠦ᠋ᠷᠦᠭᠴᠢ ᠦᠢᠯᠡᠳᠬᠦ ᠲᠠᠰᠤᠭ ᠢ ᠰᠢᠨ᠎ᠡ ᠪᠠᠷ ᠪᠠᠶᠢᠭᠤᠯᠤᠨ᠂ ᠡᠮᠴᠢᠯᠡᠭᠡ ᠪᠠ ᠬᠠᠮᠢᠶᠠᠷᠤᠯᠳᠠ ᠶᠢᠨ ᠲᠠᠯ᠎ᠠ ᠪᠠᠷ ᠬᠢ ᠲᠡᠭᠡᠳᠤ ᠲᠡᠰ ᠤᠨ ᠪᠤᠳᠠᠳᠦ ᠭᠡᠷᠡᠭᠯᠡᠭᠡᠨ ᠤ ᠭᠡᠯᠪᠡᠷᠢ ᠶᠢᠨ ᠴᠢᠳᠠᠪᠤᠷᠢᠳᠠᠨ ᠢ ᠤᠷᠢᠨ ᠤᠷᠤᠭᠤᠯᠵᠤ ᠭᠦᠮᠦᠵᠢᠬᠦᠯᠦᠨ᠎ᠡ᠃ ᠮᠤᠩᠭᠤᠯ ᠡᠮᠨᠡᠯᠭᠡ ᠶᠢᠨ ᠬᠤᠷᠢᠶ᠎ᠠ ᠶᠢᠨ ᠠᠵᠢᠯᠳᠠᠨ ᠭᠡᠷᠡᠭᠯᠡᠬᠦ ᠲᠦᠷᠢᠮ ᠤᠨ ᠦᠭᠡᠷᠡᠴᠢᠯᠡᠯᠳᠡ ᠶᠢ ᠬᠦᠨᠵᠡᠭᠡᠶᠢᠷᠡᠬᠦᠯᠵᠦ᠂ ᠦᠨᠳᠦᠰᠦᠳᠡᠨ ᠤ ᠤᠯᠠᠮᠵᠢᠯᠠᠯᠳᠦ ᠠᠨᠠᠭᠠᠬᠤ ᠤᠬᠠᠭᠠᠨ ᠢ ᠤᠯᠠᠮᠵᠢᠯᠠᠨ ᠪᠠᠳᠠᠷᠠᠭᠤᠯᠤᠨ᠎ᠠ᠃ ᠦᠨᠳᠦᠰᠦᠨ ᠱᠠᠳᠤᠨ ᠤ ᠡᠮ ᠡᠮᠨᠡᠯᠭᠡ ᠶᠢᠨ ᠦᠢᠯᠡᠴᠢᠯᠡᠭᠡᠨ ᠤ ᠴᠢᠳᠠᠪᠦᠷᠢ ᠶᠢ ᠴᠢᠨᠠᠭᠰᠢᠳᠠ ᠲᠡᠭᠡᠭᠰᠢᠯᠡᠬᠦᠯᠵᠦ᠂ ︽ᠤᠯᠠᠨ ᠲᠦᠮᠡᠨ ᠤ ᠬᠠᠨᠤᠮᠵᠢᠳᠠᠢ ᠰᠤᠮᠤ ᠪᠠᠯᠭᠠᠰᠦ ᠶᠢᠨ ᠡᠷᠡᠬᠦᠯ ᠬᠠᠮᠠᠭᠠᠯᠠᠯ ᠤᠨ ᠬᠤᠷᠢᠶ᠎ᠠ︾ ᠎ ᠶᠢ ᠲᠦᠯᠦᠪᠯᠡᠨ ᠪᠠᠶᠢᠭᠤᠯᠤᠨ᠎ᠠ᠃  ︽ᠡᠷ᠎ᠡ ᠡᠮ᠎ᠡ ᠬᠤᠶᠠᠭᠤᠯᠠ ᠶᠢᠨ ᠨᠢᠭᠡ ᠨᠢ ᠦᠷ᠎ᠡ ᠶᠢᠨ ᠭᠠᠭᠴᠠ ᠭᠡᠤᠬᠡᠳ ᠪᠤᠯ ᠬᠤᠶᠠᠳᠤᠭᠠᠷ ᠬᠡᠤᠬᠡᠳ ᠠᠪᠴᠤ ᠪᠤᠯᠬᠤ︾ ᠲᠦᠷᠦ ᠶᠢᠨ ᠪᠤᠳᠤᠯᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠵᠤ᠂ ᠦᠷᠡᠵᠢᠯ ᠤᠨ ᠬᠦᠢᠴᠡᠳᠭᠡᠬᠦ ᠲᠤᠭᠠᠨ ᠤ ᠲᠤᠭᠳᠠᠭᠤᠨ ᠢ ᠪᠠᠳᠤᠯᠠᠨ᠎ᠠ᠃ ᠨᠡᠶᠢᠭᠡᠮ ᠤᠨ ᠪᠠᠳᠤᠯᠠᠭ᠎ᠠ ᠎ ᠶᠢᠨ ᠬᠢᠷᠢ ᠲᠦᠪᠰᠢᠨ ᠢ ᠲᠡᠭᠡᠭᠰᠢᠯᠡᠬᠦᠯᠦᠨ᠎ᠡ᠃ ᠨᠠᠰᠤᠳᠠᠨ ᠢ ᠠᠰᠠᠷᠠᠬᠤ ᠦᠢᠯᠡᠴᠢᠯᠡᠭᠡᠨ ᠤ ᠰᠢᠰᠲ᠋ᠧᠮ ᠢ ᠳᠠᠰᠤᠷᠠᠯᠳᠠ ᠦᠬᠡᠢ ᠳᠡᠬᠦᠯᠳᠡᠷᠵᠢᠬᠦᠯᠵᠦ᠂ ︽12349︾ ᠠᠷᠠᠳ ᠲᠤ ᠲᠦᠭᠦᠮ ᠦᠵᠡᠭᠦᠯᠦᠨ ᠨᠠᠰᠤᠳᠠᠶᠢᠴᠤᠳ ᠲᠤ ᠲᠤᠰᠠᠯᠠᠬᠤ ᠦᠢᠯᠡᠴᠢᠯᠡᠭᠡᠨ ᠤ ᠲᠦᠪ ᠢ ᠰᠦᠪᠡᠭᠴᠢᠯᠡᠨ ᠪᠠᠶᠢᠭᠤᠯᠤᠨ᠎ᠠ᠃ ᠬᠤᠶᠠᠷ ᠢ ᠭᠦᠷᠢᠶᠡᠯᠡᠵᠤ ᠬᠠᠷᠠᠭᠠᠯᠵᠠᠨ ᠲᠦᠪᠬᠢᠨᠡᠬᠦᠯᠬᠦ ᠠᠵᠢᠯ ᠤᠨ ᠬᠦᠴᠦᠯᠡᠴᠡ ᠶᠢ ᠨᠡᠮᠡᠭᠳᠡᠭᠦᠯᠵᠤ᠂ ᠦᠪᠡᠷᠳᠡᠭᠡᠨ ᠵᠠᠰᠠᠬᠤ ᠤᠷᠤᠨ ᠤ ᠬᠤᠶᠠᠷ ᠢ ᠬᠦᠷᠢᠶᠡᠯᠡᠬᠦ ᠵᠢᠱᠢᠶᠡᠴᠢ ᠬᠤᠰᠢᠭᠤ ᠪᠠᠷ ︽ᠭᠤᠷᠪᠠᠨ ᠵᠢᠯ ᠲᠠᠷᠠᠭᠠᠯᠠᠨ ᠮᠠᠩᠯᠠᠶᠢᠯᠠᠬᠤ︾᠎ ᠪᠠᠷ ᠴᠢᠷᠮᠠᠶᠢᠨ᠎ᠠ᠃ ᠨᠡᠶᠢᠭᠡᠮ ᠤᠨ ᠲᠠᠭᠠᠳᠬᠠᠯ ᠤᠨ ᠪᠦᠷᠬᠦᠴᠡ ᠶᠢ ᠦᠷᠬᠦᠯᠵᠢᠯᠡᠨ ᠦᠷᠭᠡᠳᠭᠡᠨ᠎ᠡ᠃ ᠦᠢᠯᠡᠰ ᠪᠤᠰᠬᠠᠵᠤ ᠠᠵᠢᠯ ᠤᠯᠭᠤᠬᠤ ᠶᠢ ᠪᠠᠳᠤᠯᠠᠵᠤ᠂ ᠬᠤᠳᠠ ᠪᠠᠯᠭᠠᠰᠤ ᠶᠢᠨ ᠰᠢᠨ᠎ᠡ ᠪᠠᠷ ᠠᠵᠢᠯ ᠤᠯᠭᠤᠬᠤ᠂ ᠲᠠᠬᠢᠨ ᠠᠵᠢᠯ ᠤᠯᠭᠤᠬᠤ ᠵᠢᠴᠢ ᠮᠠᠯᠴᠢᠨ ᠲᠠᠷᠢᠶᠠᠴᠢᠨ ᠢ ᠰᠢᠯᠵᠢᠬᠦᠯᠦᠨ ᠠᠵᠢᠯ ᠤᠯᠭᠤᠬᠤ ᠬᠦᠮᠦᠨ ᠤ ᠲᠤᠭ᠎ᠠ ᠶᠢ 1000᠎ ᠳᠤ ᠬᠦᠷᠭᠡᠵᠤ᠂ ᠪᠡᠶ᠎ᠡ ᠪᠠᠨ ᠲᠠᠭᠠᠭᠠᠵᠤ ᠦᠢᠯᠡᠰ ᠪᠤᠰᠬᠠᠬᠤ ᠬᠦᠮᠦᠨ ᠤ ᠲᠤᠭ᠎ᠠ ᠶᠢ 130᠎ ᠳᠤ ᠬᠦᠷᠭᠡᠵᠤ᠂ ᠦᠢᠯᠡᠰ ᠪᠤᠰᠬᠠᠬᠤ ᠶᠢ ᠲᠡᠳᠭᠦᠭᠦ ᠵᠢᠭᠡᠯᠡᠯᠭᠡ ᠶᠢᠨ ᠮᠦᠩᠭᠦ ᠶᠢ 600 ᠲᠦᠮᠡᠨ ᠲᠦᠭᠦᠷᠢᠭ ᠲᠠᠷᠬᠠᠭᠠᠨ᠎ᠠ᠃ ︽ᠭᠤᠷᠪᠠ ᠶᠢ ᠲᠤᠰᠬᠤᠨ ᠪᠠ ᠡᠷᠦᠭᠡ ᠳᠤ ᠭᠦᠷᠭᠡᠬᠦ︾ ᠶᠠᠳᠠᠭᠤ ᠶᠢ ᠲᠡᠳᠭᠦᠭᠦ ᠢᠨᠵᠧᠨᠧᠷᠢᠩ ᠪᠤᠯᠤᠨ ︽ᠮᠦᠩᠬᠦᠨ ᠬᠦᠢᠯᠭᠡᠭᠡ︾᠎ ᠪᠠᠷ ᠶᠠᠳᠠᠭᠤ ᠶᠢ ᠲᠡᠳᠭᠦᠵᠤ ᠠᠷᠠᠳ ᠢ ᠴᠢᠨᠡᠭᠡᠯᠢᠭᠵᠢᠬᠦᠯᠬᠦ ᠢᠨᠵᠧᠨᠧᠷᠢᠩ ᠢ ᠦᠷᠬᠦᠯᠵᠢᠯᠡᠨ ᠭᠡᠷᠡᠭᠵᠢᠬᠦᠯᠵᠤ᠂ ᠪᠦᠬᠦ ᠵᠢᠯ ᠳᠤ 252 ᠬᠦᠮᠦᠨ ᠢ ᠶᠠᠳᠠᠭᠤ ᠠᠴᠠ ᠠᠩᠬᠢᠵᠢᠷᠠᠭᠤᠯᠤᠨ᠎ᠠ᠃ ᠠᠰᠠᠷᠠᠮᠵᠢ ᠶᠢᠨ ᠦᠢᠯᠡᠰ ᠤᠨ ᠬᠦᠭᠵᠢᠯᠳᠡ ᠶᠢ ᠲᠡᠮᠵᠢᠵᠤ᠂ ᠠᠰᠠᠷᠠᠮᠵᠢ ᠶᠢᠨ ᠬᠦᠷᠢᠶᠡᠯᠡᠩ ᠤᠨ ᠲᠡᠵᠢᠭᠡᠨ ᠠᠰᠠᠷᠠᠬᠤ ᠬᠢᠷᠢ ᠲᠦᠪᠰᠢᠨ ᠢ ᠲᠡᠭᠡᠭᠰᠢᠯᠡᠬᠦᠯᠦᠨ᠎ᠡ᠃ ᠰᠢᠨᠵᠢᠯᠡᠭᠡ ᠮᠡᠷᠭᠡᠵᠢᠯ ᠤᠨ ᠰᠢᠨ᠎ᠡ ᠶᠢ ᠡᠭᠦᠳᠦᠨ ᠬᠦᠭᠵᠢᠬᠦᠯᠬᠦ ᠶᠢ ᠠᠬᠢᠭᠤᠯᠵᠤ᠂ ︽ᠪᠦᠬᠦ ᠤᠯᠤᠰ ᠤᠨ ᠰᠢᠨᠵᠢᠯᠡᠭᠡ ᠮᠡᠷᠭᠡᠵᠢᠯ ᠤᠨ ᠲᠠᠪᠰᠢᠯᠳᠠ ᠲᠠᠢ ᠰᠢᠶᠠᠨ︾᠎ ᠢ ᠴᠢᠷᠮᠠᠶᠢᠨ ᠡᠭᠦᠳᠦᠨ᠎ᠡ᠃ ᠪᠦᠬᠦ ᠤᠯᠤᠰ ᠤᠨ 1%᠎ ᠶᠢᠨ ᠬᠦᠮᠦᠨ ᠠᠮᠠ ᠶᠢ ᠰᠤᠭᠤᠯᠤᠨ ᠪᠠᠶᠢᠴᠠᠭᠠᠬᠤ ᠪᠠ ᠪᠦᠬᠦ ᠤᠯᠤᠰ ᠤᠨ ᠭᠤᠷᠪᠠᠳᠤᠭᠠᠷ ᠤᠳᠠᠭᠠᠨ ᠤ ᠲᠠᠷᠢᠶᠠᠯᠠᠩ ᠤᠨ ᠨᠡᠶᠢᠳᠡᠮ ᠪᠠᠶᠢᠴᠠᠭᠠᠯᠳᠠ ᠶᠢᠨ ᠪᠡᠯᠡᠳᠭᠡᠯ ᠠᠵᠢᠯ ᠢ ᠢᠳᠡᠪᠬᠢᠳᠡᠢ ᠦᠷᠨᠢᠬᠦᠯᠦᠨ᠎ᠡ᠃     ︵ᠵᠢᠷᠭᠤᠭ᠎ᠠ︶ ᠦᠭᠡᠷᠡᠴᠢᠯᠡᠯᠳᠡ ᠰᠢᠨᠡᠴᠢᠯᠡᠯᠳᠡ ᠶᠢ ᠪᠦᠬᠦ ᠲᠠᠯ᠎ᠠ ᠪᠠᠷ ᠬᠦᠨᠵᠡᠭᠡᠶᠢᠷᠡᠬᠦᠯᠵᠤ᠂ ᠠᠵᠤ ᠠᠬᠤᠢ ᠨᠡᠶᠢᠭᠡᠮ ᠤᠨ ᠬᠦᠭᠵᠢᠯᠳᠡ ᠶᠢᠨ ᠰᠢᠨ᠎ᠡ ᠰᠢᠪᠳᠤᠯᠤᠯᠳᠠ ᠶᠢ ᠪᠡᠶᠡᠯᠡᠬᠦᠯᠦᠨ᠎ᠡ᠃ᠵᠠᠰᠠᠭ ᠤᠨ ᠤᠷᠳᠤᠨ ᠤ ᠪᠠᠶᠢᠭᠤᠯᠤᠮᠵᠢ ᠶᠢᠨ ᠦᠭᠡᠷᠡᠴᠢᠯᠡᠯᠳᠡ ᠶᠢ ᠪᠡᠶᠡᠯᠡᠬᠦᠯᠵᠤ᠂ ᠠᠵᠢᠯ ᠦᠢᠯᠡᠰ ᠤᠨ ᠨᠢᠭᠡᠴᠡ ᠶᠢᠨ ᠦᠭᠡᠷᠡᠴᠢᠯᠡᠯᠳᠡ ᠶᠢ ᠬᠦᠨᠵᠡᠭᠡᠶᠢᠷᠡᠭᠦᠯᠦᠨ᠂ ᠦᠭᠡᠷᠡᠴᠢᠯᠡᠯᠳᠡ ᠶᠢᠨ ᠲᠦᠷᠭᠡᠨ ᠤᠷᠤᠭᠰᠢᠳᠠᠢ ᠶᠠᠪᠤᠭᠳᠠᠬᠤ ᠶᠢ ᠠᠬᠢᠭᠤᠯᠤᠨ᠎ᠠ᠃ ᠠᠵᠤ ᠠᠬᠤᠢ ᠶᠢᠨ ᠪᠠᠶᠢᠭᠤᠯᠤᠮᠵᠢ ᠎ ᠶᠢᠨ ᠦᠭᠡᠷᠡᠴᠢᠯᠡᠯᠳᠡ ᠶᠢ ᠲᠦᠷᠭᠡᠳᠭᠡᠨ᠎ᠡ᠃ ᠠᠷᠠᠯᠵᠢᠶᠠᠴᠢᠨ ᠤᠷᠢᠵᠤ ᠪᠡᠯᠡ ᠤᠷᠤᠭᠤᠯᠬᠤ ᠭᠡᠯᠪᠡᠷᠢ ᠮᠠᠶ᠋ᠢᠭ ᠢ ᠰᠢᠨᠡᠴᠢᠯᠡᠵᠤ᠂ ᠠᠵᠤ ᠠᠬᠤᠢ ᠬᠦᠭᠵᠢᠭᠰᠡᠨ ᠭᠠᠵᠠᠷ ᠤᠷᠤᠨ ᠯᠤᠭ᠎ᠠ ᠶᠢᠨ ᠤᠷᠤᠨ ᠨᠤᠳᠤᠭ ᠤᠨ ᠬᠠᠮᠳᠤᠷᠠᠯᠴᠠᠭ᠎ᠠ ᠶᠢ ᠴᠢᠩᠭᠠᠳᠬᠠᠨ᠎ᠠ᠃ ᠭᠠᠵᠠᠷ ᠰᠢᠷᠤᠢ ᠶᠢ ᠠᠷᠪᠢᠯᠠᠵᠤ ᠡᠷᠴᠢᠮᠵᠢᠬᠦᠯᠦᠨ ᠠᠰᠢᠭᠯᠠᠬᠤ ᠲᠤᠭᠳᠠᠴᠠ ᠶᠢ ᠲᠡᠭᠦᠯᠳᠡᠷᠵᠢᠬᠦᠯᠵᠤ᠂ ᠠᠰᠢᠭᠯᠠᠵᠦ ᠳᠠᠭᠤᠰᠤᠭ᠎ᠠ ᠦᠬᠡᠢ ᠭᠠᠵᠠᠷ ᠰᠢᠷᠤᠢ ᠶᠢᠨ ᠡᠬᠢ ᠪᠠᠶᠠᠯᠢᠭ ᠢ ᠬᠦᠢᠴᠡᠳ ᠠᠰᠢᠭᠯᠠᠨ᠎ᠠ᠃ ᠤᠳᠤ ᠦᠶ᠎ᠡ ᠶᠢᠨ ᠵᠤᠭᠠᠴᠠᠯ ᠤᠨ ᠦᠢᠯᠡᠴᠢᠯᠡᠭᠡᠨ ᠤ ᠰᠢᠰᠲ᠋ᠧᠮ ᠢ ᠪᠠᠶᠢᠭᠤᠯᠵᠤ᠂ ᠭᠤᠤᠯᠯᠠᠭᠴᠢ ᠵᠤᠭᠠᠴᠠᠯ ᠤᠨ ᠠᠵᠤ ᠠᠬᠤᠶᠢᠯᠠᠯ ᠤᠨ ᠬᠦᠭᠵᠢᠯᠳᠡ ᠶᠢ ᠪᠤᠶᠢᠵᠢᠭᠤᠯᠤᠨ ᠲᠡᠳᠭᠦᠨ᠎ᠡ᠃ ᠵᠠᠬ᠎ᠠ ᠲᠡᠯᠭᠡᠭᠦᠷ ᠤᠨ ᠬᠢᠨᠠᠨ ᠬᠠᠮᠢᠶᠠᠷᠤᠯᠳᠠ ᠶᠢᠨ ᠶᠡᠷᠦᠩᠭᠡᠶᠢᠯᠡᠭᠰᠡᠨ ᠬᠠᠤᠯᠢ ᠭᠡᠷᠡᠭᠵᠢᠬᠦᠯᠬᠦ ᠰᠢᠰᠲ᠋ᠧᠮ ᠢ ᠲᠡᠭᠦᠯᠳᠡᠷᠵᠢᠬᠦᠯᠵᠤ᠂ ᠵᠠᠰᠠᠭ ᠵᠠᠬᠢᠷᠭᠠᠨ ᠤ ᠬᠠᠤᠯᠢ ᠭᠡᠷᠡᠭᠵᠢᠬᠦᠯᠦᠯᠳᠡ ᠳᠤ ᠬᠠᠤᠯᠢ ᠴᠠᠭᠠᠵᠠ ᠶᠢᠨ ᠬᠢᠨᠠᠯᠳᠠ ᠲᠠᠯᠪᠢᠬᠤ ᠶᠢ ᠴᠢᠩᠭᠠᠳᠬᠠᠨ᠎ᠠ᠃ ᠤᠯᠤᠰ ᠤᠨ ᠡᠳ᠋ ᠤᠨ ᠵᠠᠰᠠᠭ ᠭᠠᠶᠢᠯᠢ ᠶᠢᠨ ᠪᠠᠶᠢᠭᠤᠯᠤᠮᠵᠢ ᠶᠢᠨ ᠦᠭᠡᠷᠡᠴᠢᠯᠡᠯᠳᠡ ᠶᠢ ᠨᠠᠶᠢᠳᠠᠪᠤᠷᠢᠵᠢᠭᠤᠯᠵᠤ᠂ ᠰᠢᠨ᠎ᠡ ︽ᠲᠦᠰᠦᠪ ᠤᠨ ᠬᠠᠤᠯᠢ︾᠎ ᠶᠢ ᠬᠢᠨᠠᠮᠠᠭᠠᠢ ᠭᠡᠷᠡᠭᠵᠢᠬᠦᠯᠦᠨ᠂ ᠵᠠᠷᠤᠯᠭ᠎ᠠ ᠶᠢᠨ ᠲᠦᠰᠦᠪ ᠤᠨ ᠨᠡᠮᠡᠭᠳᠡᠯ ᠢ ᠴᠢᠩᠭ᠎ᠠ ᠬᠢᠵᠠᠭᠠᠷᠯᠠᠵᠤ᠂ ᠠᠯᠢᠪᠠ ᠲᠦᠰᠦᠪ ᠤᠨ ᠨᠢᠭᠡᠴᠡ ᠶᠢᠨ ᠲᠦᠰᠦᠪ ᠪᠠ ᠲᠦᠰᠦᠪ ᠤᠨ ᠬᠦᠢᠴᠡᠳᠭᠡᠯ ᠬᠢᠭᠡᠳ ︽ᠠᠯᠪᠠᠨ ᠤ ᠭᠤᠷᠪᠠᠨ ᠵᠠᠷᠤᠳᠠᠯ︾᠎ ᠢ ᠪᠦᠬᠦᠨ ᠎ ᠢ ᠢᠯᠡ ᠪᠤᠯᠭᠠᠨ᠎ᠠ᠃ ᠵᠠᠰᠠᠭ ᠤᠨ ᠤᠷᠳᠤᠨ ᠤ ᠴᠢᠨᠠᠷᠳᠠᠢ ᠦᠷᠢ ᠦᠭᠴᠡᠭᠡ ᠶᠢᠨ ᠬᠠᠮᠢᠶᠠᠷᠤᠯᠳᠠ ᠶᠢ ᠴᠢᠩᠭᠠᠳᠬᠠᠵᠤ᠂ ᠦᠷᠢ ᠰᠢᠷᠢ ᠰᠢᠨ᠎ᠡ ᠪᠠᠷ ᠨᠡᠮᠡᠭᠳᠡᠬᠦ ᠶᠢ ᠴᠢᠩᠭ᠎ᠠ ᠬᠢᠵᠠᠭᠠᠷᠯᠠᠨ᠎ᠠ᠃ ᠵᠢᠵᠢᠭ ᠬᠡᠯᠪᠡᠷᠢ ᠶᠢᠨ ᠤᠰᠤᠨ ᠠᠰᠢᠭᠯᠠᠯᠠᠳᠠ ᠶᠢᠨ ᠢᠨᠵᠧᠨᠧᠷᠢᠩ ᠤᠨ ᠬᠠᠮᠢᠶᠠᠷᠤᠯᠳᠠ ᠶᠢᠨ ᠪᠠᠶᠢᠭᠤᠯᠤᠮᠵᠢ ᠶᠢᠨ ᠦᠭᠡᠷᠡᠴᠢᠯᠡᠯᠳᠡ ᠶᠢ ᠢᠳᠡᠪᠬᠢᠳᠠᠢ ᠠᠬᠢᠭᠤᠯᠤᠨ᠎ᠠ᠃ ᠭᠠᠵᠠᠷ ᠰᠢᠷᠤᠢ᠂ ᠨᠤᠳᠤᠭ ᠪᠡᠯᠴᠢᠭᠡᠷ ᠪᠤᠯᠤᠨ ᠤᠢ ᠰᠢᠭᠤᠢ ᠶᠢᠨ ᠡᠷᠬᠡ ᠵᠡᠷᠭᠡ ᠬᠦᠷᠦᠩᠭᠡ ᠶᠢᠨ ᠡᠷᠬᠢᠯᠳᠡ ᠶᠢ ᠬᠠᠮᠢᠶᠠᠷᠴᠤ ᠲᠠᠩᠰᠠᠯᠠᠬᠤ ᠲᠠᠪᠴᠠᠩ ᠢ ᠵᠤᠬᠢᠶᠠᠨ ᠪᠠᠶᠢᠭᠤᠯᠤᠨ᠎ᠠ᠃ ᠬᠠᠤᠯᠢ ᠶᠤᠰᠤᠭᠠᠷ᠂ ᠰᠠᠶᠢᠨ ᠲᠤᠷ᠎ᠠ ᠠᠴᠠ ᠪᠠᠨ᠂ ᠲᠦᠯᠦᠪᠦᠷᠢ ᠲᠠᠢ ᠭᠡᠷᠡᠭᠯᠡᠬᠦᠯᠬᠦ ᠵᠠᠷᠴᠢᠮ ᠢ ᠪᠠᠷᠢᠮᠳᠠᠯᠠᠵᠤ᠂ ᠭᠠᠵᠠᠷ ᠰᠢᠷᠤᠢ ᠪᠤᠯᠤᠨ ᠨᠤᠳᠤᠭ ᠪᠡᠯᠴᠢᠭᠡᠷ ᠢ ᠡᠷᠬᠢᠯᠳᠦᠬᠦᠯᠬᠦ ᠬᠦᠴᠦᠯᠡᠴᠡ ᠶᠢ ᠨᠡᠮᠡᠭᠳᠡᠬᠦᠯᠦᠨ᠂ ᠮᠠᠯ ᠠᠵᠤ ᠠᠬᠤᠢ ᠶᠢᠨ ᠬᠤᠷᠰᠢᠶᠠᠵᠢᠯ ᠡᠵᠡᠩᠨᠡᠯᠳᠡ ᠶᠢᠨ ᠵᠤᠬᠢᠶᠠᠨ ᠪᠠᠶᠢᠭᠤᠯᠤᠯᠳᠠ ᠶᠢ ᠲᠦᠷᠢᠮᠵᠢᠬᠦᠯᠦᠨ᠎ᠡ᠃ ᠠᠮᠢ ᠠᠬᠤᠢ ᠶᠢᠨ ᠪᠤᠯᠪᠠᠰᠤᠨ ᠤ ᠪᠠᠶᠢᠭᠤᠯᠤᠮᠵᠢ ᠶᠢᠨ ᠦᠭᠡᠷᠡᠴᠢᠯᠡᠯᠳᠡ ᠶᠢ ᠠᠬᠢᠭᠤᠯᠤᠨ᠎ᠠ᠃ ᠰᠢᠨ᠎ᠡ ︽ᠤᠷᠴᠢᠨ ᠳᠤᠭᠤᠷᠢᠨ ᠤ ᠬᠠᠮᠠᠭᠠᠯᠠᠯᠳᠠ ᠶᠢᠨ ᠬᠠᠤᠯᠢ︾᠎ ᠶᠢ ᠴᠢᠩᠭ᠎ᠠ ᠭᠡᠷᠡᠭᠵᠢᠬᠦᠯᠵᠦ᠂ ᠠᠮᠢ ᠠᠬᠤᠢ ᠶᠢᠨ ᠤᠷᠴᠢᠨ ᠲᠤᠭᠤᠷᠢᠨ ᠢ ᠬᠤᠬᠢᠷᠠᠭᠤᠯᠤᠭᠰᠠᠨ ᠬᠠᠷᠢᠭᠤᠴᠠᠯᠭ᠎ᠠ ᠶᠢ ᠨᠠᠰᠤᠨ ᠲᠤᠷᠰᠢᠳᠠ ᠨᠡᠭᠡᠮᠵᠢᠯᠡᠬᠦ ᠲᠦᠷᠢᠮ ᠢ ᠰᠦᠪᠡᠭᠴᠢᠯᠡᠨ ᠪᠠᠶᠢᠭᠤᠯᠵᠤ᠂ ᠠᠭᠠᠷ ᠤᠨ ᠪᠤᠵᠠᠷᠳᠤᠯ ᠢ ᠰᠡᠷᠭᠡᠶᠢᠯᠡᠨ ᠵᠠᠰᠠᠬᠤ ᠠᠵᠢᠯᠯᠠᠭᠠᠨ ᠤ ᠲᠦᠯᠦᠪᠯᠡᠭᠡ ᠶᠢ ᠴᠢᠨᠠᠭᠰᠢᠳᠠ ᠨᠠᠶᠢᠳᠠᠪᠤᠷᠢᠵᠢᠭᠤᠯᠵᠤ᠂ ᠠᠮᠢ ᠠᠬᠤᠢ ᠶᠢᠨ ᠪᠤᠯᠪᠠᠰᠤᠨ ᠤ ᠪᠦᠳᠦᠭᠡᠨ ᠪᠠᠶᠢᠭᠤᠯᠤᠯᠳᠠ ᠶᠢᠨ ᠲᠦᠷᠢᠮᠵᠢᠬᠦ ᠪᠠ ᠬᠠᠤᠯᠢᠵᠢᠬᠤ ᠶᠢ ᠠᠬᠢᠭᠤᠯᠤᠨ᠎ᠠ᠃ ᠨᠤᠳᠤᠭ ᠪᠡᠯᠴᠢᠭᠡᠷ ᠤᠨ ᠬᠠᠤᠯᠢ ᠭᠡᠷᠡᠭᠵᠢᠬᠦᠯᠵᠤ ᠬᠢᠨᠠᠯᠳᠠ ᠲᠠᠯᠪᠢᠬᠤ ᠶᠢ ᠴᠢᠩᠭᠠᠳᠬᠠᠨ᠂ ᠨᠤᠳᠤᠭ ᠪᠡᠯᠴᠢᠭᠡᠷ ᠤᠨ ᠡᠬᠢ ᠪᠠᠶᠠᠯᠢᠭ ᠤᠨ ᠠᠰᠢᠭᠯᠠᠯᠳᠠ ᠶᠢ ᠴᠢᠩᠭ᠎ᠠ ᠲᠦᠷᠢᠮᠵᠢᠬᠦᠯᠵᠤ᠂ ᠨᠤᠳᠤᠭ ᠪᠡᠯᠴᠢᠭᠡᠷ ᠢ ᠲᠠᠳᠠᠪᠤᠷᠢᠯᠠᠵᠤ ᠡᠵᠡᠯᠡᠨ ᠭᠡᠷᠡᠭᠯᠡᠬᠦ ᠬᠠᠮᠢᠶᠠᠷᠤᠯᠳᠠ ᠶᠢ ᠴᠢᠩᠭᠠᠳᠬᠠᠵᠤ᠂ ᠬᠠᠤᠯᠢ ᠪᠤᠰᠤ ᠪᠠᠷ ᠲᠠᠳᠠᠪᠤᠷᠢᠯᠠᠵᠤ ᠡᠵᠡᠯᠡᠨ ᠭᠡᠷᠡᠭᠯᠡᠬᠦ᠂ ᠲᠤᠷ᠎ᠠ ᠪᠠᠷ ᠨᠡᠭᠡᠭᠡᠵᠤ ᠬᠠᠭᠠᠯᠪᠤᠷᠢᠯᠠᠬᠤ᠂ ᠲᠤᠷ᠎ᠠ ᠪᠠᠷ ᠤᠬᠤᠵᠤ ᠮᠠᠯᠳᠠᠬᠤ ᠵᠡᠷᠭᠡ ᠬᠠᠤᠯᠢ ᠶᠢ ᠵᠦᠷᠢᠴᠡᠭᠰᠡᠨ ᠠᠵᠢᠯᠯᠠᠭ᠎ᠠ ᠳᠤ ᠴᠢᠩᠭ᠎ᠠ ᠴᠤᠬᠢᠯᠳᠠ ᠦᠭᠭᠦᠨ᠎ᠡ᠃ ᠭᠤᠷᠪᠠ᠂ ᠬᠠᠤᠯᠢ ᠪᠠᠷ ᠵᠠᠰᠠᠬᠤ ᠵᠠᠰᠠᠭ ᠤᠨ ᠤᠷᠳᠤᠨ ᠤ ᠪᠦᠳᠦᠭᠡᠨ ᠪᠠᠶᠢᠭᠤᠯᠤᠯᠳᠠ ᠶᠢ ᠲᠦᠷᠭᠡᠳᠭᠡᠨ᠎ᠡ     ᠬᠠᠤᠯᠢ ᠪᠠᠷ ᠵᠠᠰᠠᠬᠤ ᠭᠡᠯᠪᠡᠷᠢ ᠶᠢᠨ ᠵᠠᠰᠠᠭ ᠤᠨ ᠤᠷᠳᠤᠨ ᠤ ᠪᠦᠳᠦᠭᠡᠨ ᠪᠠᠶᠢᠭᠤᠯᠤᠯᠳᠠ ᠶᠢ ᠭᠦᠨᠵᠡᠭᠡᠶᠢᠷᠡᠬᠦᠯᠵᠤ᠂ ᠵᠠᠰᠠᠭ ᠵᠠᠬᠢᠷᠭᠠᠨ ᠤ ᠬᠠᠤᠯᠢ ᠭᠡᠷᠡᠭᠵᠢᠬᠦᠯᠬᠦ ᠤᠷᠴᠢᠨ ᠲᠤᠭᠤᠷᠢᠨ ᠢ ᠲᠠᠰᠤᠷᠠᠯᠳᠠ ᠦᠭᠡᠢ ᠰᠢᠯᠢᠳᠡᠭᠵᠢᠬᠦᠯᠵᠤ᠂ ᠵᠠᠰᠠᠭ ᠵᠠᠬᠢᠷᠠᠭᠠᠨ ᠤ ᠬᠠᠤᠯᠢ ᠭᠡᠷᠡᠭᠵᠢᠬᠦᠯᠵᠤ ᠬᠢᠨᠠᠯᠳᠠ ᠲᠠᠯᠪᠢᠬᠤ ᠶᠢ ᠴᠢᠩᠭᠠᠳᠬᠠᠨ᠂ ᠵᠠᠰᠠᠭ ᠵᠠᠬᠢᠷᠭᠠᠨ ᠤ ᠲᠠᠬᠢᠨ ᠵᠦᠪᠯᠡᠬᠦ ᠲᠦᠷᠢᠮ ᠢ ᠲᠡᠭᠦᠯᠳᠡᠷᠵᠢᠬᠦᠯᠵᠤ᠂ ᠵᠠᠰᠠᠭ ᠵᠠᠭᠢᠷᠭᠠᠨ ᠤ ᠵᠠᠷᠭᠤ ᠱᠦᠭᠦᠭᠳᠡᠭᠰᠡᠨ ᠭᠡᠷᠡᠭ ᠲᠤ ᠬᠠᠷᠢᠭᠤᠴᠠᠯᠭ᠎ᠠ ᠨᠡᠭᠡᠮᠵᠢᠯᠡᠬᠦ ᠲᠦᠷᠢᠮ ᠢ ᠭᠡᠷᠡᠭᠵᠢᠬᠦᠯᠦᠨ᠎ᠡ᠃ ︽ᠵᠢᠷᠭᠤᠳᠤᠭᠠᠷ ᠲᠠᠪᠤᠨ ᠵᠢᠯ︾᠎ ᠤᠨ ᠬᠠᠤᠯᠢ ᠲᠦᠭᠡᠮᠡᠯᠵᠢᠬᠦᠯᠬᠦ ᠠᠵᠢᠯ ᠢ ᠬᠢᠨᠠᠨ ᠰᠢᠯᠭᠠᠵᠦ ᠬᠤᠷᠢᠶᠠᠨ ᠠᠪᠬᠤ ᠶᠢ ᠰᠠᠶᠢᠳᠦᠷ ᠬᠢᠨᠠᠮᠠᠭᠠᠢ ᠬᠢᠵᠦ ᠂ ᠬᠠᠤᠯᠢ ᠶᠢᠨ ᠵᠦᠪᠯᠡᠭᠴᠢ ᠶᠢᠨ ᠲᠦᠷᠢᠮ ᠢ ᠪᠦᠬᠦ ᠳᠠᠯ᠎ᠠ ᠪᠠᠷ ᠨᠠᠶᠢᠳᠠᠪᠦᠷᠢᠵᠢᠭᠤᠯᠤᠨ᠎ᠠ᠃     ᠰᠢ ᠶᠢᠨ ᠫᠢᠩ ᠶᠡᠷᠤᠩᠭᠡᠢ ᠱᠦᠵᠢ ᠶᠢᠨ ︽ᠤᠪᠤᠷ ᠰᠤᠷᠳᠠᠯ ᠤᠨ ᠪᠦᠳᠦᠭᠡᠨ ᠪᠠᠶᠢᠭᠤᠯᠤᠯᠳᠠ ᠶᠢ ᠭᠡᠵᠢᠶᠡᠳᠡ ᠴᠢᠩᠭ᠎ᠠ ᠪᠠᠷᠢᠮᠳᠠᠯᠠᠬᠤ︾ ᠱᠠᠭᠠᠷᠳᠠᠯᠭ᠎ᠠ ᠶᠤᠰᠤᠭᠠᠷ᠂ ᠲᠦᠪ ᠤᠨ ᠨᠠᠢᠮᠡᠨ ᠵᠤᠷᠪᠤᠰ ᠲᠤᠭᠳᠠᠭᠠᠯ ᠢ ᠴᠢᠩᠭ᠎ᠠ ᠲᠤᠤᠱᠯᠠᠭᠤᠯᠤᠨ ᠭᠡᠷᠡᠭᠵᠢᠬᠦᠯᠵᠤ᠂ ︽ᠠᠯᠪᠠᠨ ᠤ ᠭᠤᠷᠪᠠᠨ ᠵᠠᠷᠤᠳᠠᠯ︾᠎ ᠢ ᠴᠢᠩᠭ᠎ᠠ ᠬᠢᠵᠠᠭᠠᠷᠯᠠᠨ ᠂ ᠠᠵᠢᠯ ᠤᠨ ᠤᠪᠤᠷ ᠰᠤᠷᠳᠠᠯ ᠢ ᠴᠢᠨᠠᠭᠰᠢᠳᠠ ᠬᠤᠪᠢᠷᠠᠭᠤᠯᠵᠤ᠂ ᠦᠨᠳᠦᠰᠦᠨ ᠱᠠᠳᠤᠨ ᠳᠤ ᠭᠦᠨᠵᠡᠭᠡᠶᠢᠷᠡᠨ᠂ ᠠᠷᠠᠳ ᠤᠨ ᠪᠠᠶᠢᠳᠠᠯ ᠢ ᠤᠶᠢᠯᠠᠭᠠᠨ᠂ ᠤᠯᠠᠨ ᠲᠦᠮᠡᠨ ᠤ ᠬᠠᠯᠠᠮᠵᠢᠯᠠᠵᠤ ᠪᠠᠶᠢᠭ᠎ᠠ ᠬᠠᠯᠠᠮᠰᠢᠯ ᠠᠰᠠᠭᠤᠳᠠᠯ ᠪᠠ ᠬᠦᠴᠢᠷ ᠠᠰᠠᠭᠤᠳᠠᠯ ᠢ ᠴᠠᠭ ᠲᠠᠷᠤᠢ ᠳᠤᠨᠢ ᠤᠶᠢᠯᠠᠭᠠᠵᠤ ᠰᠢᠢᠳᠪᠦᠷᠢᠯᠡᠨ᠎ᠡ᠃ ᠶᠠᠷᠢᠶ᠎ᠠ ᠢᠯᠡᠳᠭᠡᠯ ᠬᠤᠷᠠᠯ ᠤᠨ ᠰᠤᠷᠳᠠᠯ ᠢ ᠴᠢᠨᠠᠭᠰᠢᠳᠠ ᠰᠠᠶᠢᠵᠢᠷᠠᠭᠤᠯᠵᠤ᠂ ᠠᠯᠪᠠᠨ ᠲᠡᠷᠭᠡ ᠶᠢᠨ ᠦᠭᠡᠷᠡᠴᠢᠯᠡᠯᠳᠡ ᠪᠤᠯᠤᠨ ᠠᠵᠢᠯᠯᠠᠬᠤ ᠭᠡᠷ ᠢ ᠴᠡᠪᠡᠷᠯᠡᠨ ᠴᠡᠭᠴᠡᠯᠡᠬᠦ ᠠᠵᠢᠯ ᠢ ᠪᠤᠳᠠᠳᠠᠢ ᠠᠳᠬᠤᠵᠤ᠂ ᠬᠢᠨᠠᠨ ᠵᠦᠪᠰᠢᠶᠡᠷᠡᠬᠦ ᠲᠦᠷᠢᠮ ᠤᠨ ᠦᠭᠡᠷᠡᠴᠢᠯᠡᠯᠳᠡ ᠶᠢ ᠬᠢᠨᠠᠮᠠᠭᠠᠢ ᠨᠠᠶᠢᠳᠠᠪᠤᠷᠢᠵᠢᠭᠤᠯᠤᠨ᠂ ᠵᠠᠰᠠᠭ ᠤᠨ ᠤᠷᠳᠤᠨ ᠤ ᠬᠠᠮᠢᠶᠠᠷᠤᠯᠳᠠ ᠶᠢᠨ ᠰᠢᠨ᠎ᠡ ᠶᠢ ᠡᠭᠦᠳᠦᠨ᠎ᠡ᠃ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠬᠠᠤᠯᠢ ᠴᠠᠭᠠᠵᠠ ᠶᠢᠨ ᠬᠢᠨᠠᠯᠳᠠ ᠪᠤᠯᠤᠨ ᠤᠯᠤᠰ ᠲᠦᠷᠦ ᠶᠢᠨ ᠵᠦᠪᠯᠡᠯᠭᠡᠨ ᠤ ᠠᠷᠠᠳᠴᠢᠯᠠᠯ ᠤᠨ ᠬᠢᠨᠠᠯᠳᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠵᠤ᠂ ᠨᠡᠶᠢᠭᠡᠮ ᠤᠨ ᠬᠢᠨᠠᠯᠳᠠ ᠪᠤᠯᠤᠨ ᠶᠠᠷᠢᠶ᠎ᠠ ᠭᠡᠯᠡᠯᠴᠡᠭᠡᠨ ᠤ ᠬᠢᠨᠠᠯᠳᠠ ᠶᠢ ᠤᠬᠠᠮᠰᠠᠷ ᠠᠴᠠ ᠎ ᠪᠠᠨ ᠬᠦᠯᠢᠶᠡᠨ ᠠᠪᠴᠤ᠂ ᠵᠠᠰᠠᠭ ᠤᠨ ᠶᠠᠪᠤᠳᠠᠯ ᠤᠨ ᠰᠤᠷᠠᠭ ᠵᠠᠩᠬᠢ ᠶᠢ ᠢᠯᠡ ᠪᠤᠯᠭᠠᠬᠤ ᠶᠢ ᠴᠢᠩᠭᠠᠳᠬᠠᠨ᠂ ᠵᠠᠰᠠᠭ ᠤᠨ ᠤᠷᠳᠤᠨ ᠤ ᠰᠢᠢᠳᠪᠦᠷᠢᠳᠤ ᠪᠤᠳᠤᠯᠭ᠎ᠠ ᠎ ᠶᠢᠨ ᠠᠷᠠᠳᠴᠢᠯᠠᠬᠤ᠂ ᠰᠢᠨᠵᠢᠯᠡᠬᠦ ᠤᠬᠠᠭᠠᠨᠴᠢᠯᠠᠬᠤ ᠪᠠ ᠬᠠᠤᠯᠢ ᠲᠦᠷᠢᠮᠵᠢᠬᠦ ᠶᠢ ᠠᠬᠢᠭᠤᠯᠤᠨ᠎ᠠ᠃ ᠰᠤᠮᠤ ᠪᠠᠯᠭᠠᠰᠤᠨ ᠤ ᠠᠵᠢᠯ ᠤᠨ ᠡᠭᠦᠷᠭᠡ ᠴᠢᠳᠡᠪᠬᠢ ᠶᠢ ᠬᠤᠪᠢᠷᠠᠭᠤᠯᠵᠤ᠂ ᠦᠨᠳᠤᠰᠦᠨ ᠱᠠᠳᠤᠨ ᠤ ᠵᠠᠰᠠᠭ ᠤᠨ ᠡᠷᠭᠡ ᠪᠠ ᠵᠤᠬᠢᠶᠠᠨ ᠪᠠᠶᠢᠭᠤᠯᠤᠯᠳᠠ ᠶᠢᠨ ᠴᠤᠭᠴᠠᠯᠠᠯᠳᠠ ᠶᠢ ᠴᠢᠩᠭᠠᠳᠬᠠᠨ᠂ ᠰᠤᠮᠤ ᠪᠠᠯᠭᠠᠰᠤᠨ ᠤ ᠦᠷᠢ ᠰᠢᠷᠢ ᠶᠢᠨ ᠲᠠᠷᠤᠭᠠᠰᠤ ᠶᠢ ᠴᠢᠷᠮᠠᠶᠢᠨ ᠭᠦᠩᠭᠡᠯᠡᠵᠤ᠂ ᠰᠤᠮᠤ ᠪᠠᠯᠭᠠᠰᠤ ᠶᠢᠨ ᠡᠷᠭᠡ ᠬᠠᠷᠢᠭᠤᠴᠠᠯᠭ᠎ᠠ ᠨᠢᠭᠡᠳᠦᠯ ᠦᠬᠡᠢ ᠠᠰᠠᠭᠤᠳᠠᠯ ᠢ ᠬᠦᠴᠦᠯᠡᠨ ᠰᠢᠢᠳᠪᠦᠷᠢᠯᠡᠨ᠎ᠡ᠃     ᠨᠠᠮ ᠤᠨ ᠰᠤᠷᠳᠠᠯ ᠴᠢᠭᠡᠴᠢ ᠵᠠᠰᠠᠭ ᠤᠨ ᠪᠦᠳᠦᠭᠡᠨ ᠪᠠᠶᠢᠭᠤᠯᠤᠯᠳᠠ ᠶᠢᠨ ᠬᠠᠷᠢᠭᠤᠴᠠᠯᠭᠠᠳᠤ ᠲᠦᠷᠢᠮ ᠢ ᠬᠢᠨᠠᠮᠠᠭᠠᠢ ᠨᠠᠶᠢᠳᠠᠪᠤᠷᠢᠵᠢᠭᠤᠯᠵᠤ᠂ ᠤᠳᠤᠷᠢᠳᠬᠤ ᠺᠠᠳ᠋ᠷ ᠪᠤᠯᠤᠨ ᠪᠠᠶᠢᠭᠤᠯᠤᠯᠭ᠎ᠠ ᠶᠢᠨ ᠠᠵᠢᠯᠳᠠᠳ ᠤᠨ ᠴᠢᠭᠡᠴᠢ ᠵᠠᠰᠠᠭ ᠤᠨ ᠬᠦᠮᠦᠵᠢᠯ ᠢ ᠴᠢᠩᠭᠠᠳᠬᠠᠨ᠂ ᠤᠯᠠᠨ ᠲᠦᠮᠡᠨ ᠤ ᠠᠰᠢᠭ ᠲᠤᠰᠠ ᠶᠢ ᠬᠤᠬᠢᠷᠠᠭᠤᠯᠬᠤ ᠲᠦᠪ ᠪᠤᠰᠤ ᠰᠤᠷᠳᠠᠯ ᠢ ᠡᠷᠡᠰ ᠵᠠᠯᠠᠷᠠᠭᠤᠯᠵᠤ᠂ ᠠᠷᠠᠳ ᠲᠦᠮᠡᠨ ᠠᠴᠠ ᠤᠯᠭᠤᠭᠰᠠᠨ ᠡᠷᠭᠡ ᠶᠢ ᠢᠮᠠᠭᠳᠠ ᠠᠷᠠᠳ ᠲᠦᠮᠡᠨ ᠤ ᠠᠰᠢᠭ ᠲᠤᠰᠠ ᠶᠢᠨ ᠲᠦᠯᠦᠭᠡ ᠭᠡᠷᠡᠭᠵᠢᠬᠦᠯᠬᠦ ᠶᠢ ᠪᠠᠳᠤᠯᠠᠨ᠎ᠠ᠃     ᠲᠦᠯᠦᠭᠡᠯᠡᠭᠴᠢᠳ ᠡ᠂ ᠰᠢᠨ᠎ᠡ ᠬᠡᠪ ᠪᠠᠶᠢᠳᠠᠯ ᠲᠤᠤᠷ᠎ᠠ ᠪᠢᠳᠡ ᠨᠡᠩ ᠢᠯᠡᠬᠦᠦ ᠭᠡᠭᠦᠳᠡᠭ ᠲᠦᠭᠦᠷᠡᠩ ᠢᠳᠡᠭᠡᠯ ᠵᠤᠷᠢᠭ ᠲᠠᠢ ᠪᠠᠶᠢᠨ᠎ᠠ᠃ ᠰᠢᠨ᠎ᠡ ᠭᠡᠪ ᠪᠠᠶᠢᠳᠠᠯ ᠲᠤᠤᠷ᠎ᠠ᠂ ᠪᠢᠳᠡ ᠨᠡᠩ ᠢᠯᠡᠬᠦᠦ ᠰᠢᠨ᠎ᠡ ᠰᠢᠪᠳᠤᠯᠤᠯᠳᠠ ᠶᠢ ᠪᠡᠶᠡᠯᠡᠬᠦᠯᠦᠨ᠎ᠡ᠃ ᠪᠢᠳᠡ ᠬᠤᠳᠠ ᠶᠢᠨ ᠨᠠᠮ ᠤᠨ ᠬᠤᠷᠢᠶ᠎ᠠ᠂ ᠵᠠᠰᠠᠭ ᠤᠨ ᠤᠷᠳᠤᠨ ᠪᠤᠯᠤᠨ ᠬᠤᠰᠢᠭᠤᠨ ᠤ ᠨᠠᠮ ᠤᠨ ᠬᠤᠷᠢᠶ᠎ᠠ ᠶᠢᠨ ᠪᠠᠳᠤ ᠴᠢᠩᠭ᠎ᠠ ᠤᠳᠤᠷᠢᠳᠤᠯᠭ᠎ᠠ ᠲᠤᠤᠷ᠎ᠠ᠂ ᠪᠦᠬᠦ ᠬᠤᠰᠢᠭᠤᠨ ᠤ ᠦᠨᠳᠤᠰᠦᠳᠡᠨ ᠨᠦᠭᠦᠳ ᠤᠨ ᠠᠷᠠᠳ ᠲᠦᠮᠡᠨ ᠢ ᠪᠦᠯᠬᠦᠮᠳᠡᠬᠦᠯᠦᠨ ᠳᠠᠶᠢᠴᠢᠯᠠᠵᠦ᠂ ᠬᠠᠯᠠᠭᠤᠨ ᠤᠷᠬᠢᠯᠤᠮ᠎ᠠ ᠰᠡᠳᠬᠢᠯᠭᠡ ᠪᠠᠷ ᠦᠨᠡᠨᠴᠢ ᠰᠢᠳᠤᠷᠭᠤ ᠵᠢᠳᠬᠦᠵᠦ᠂ ᠠᠯᠤᠰ ᠢ ᠪᠠᠷᠠᠯᠠᠨ ᠬᠠᠷᠢᠯᠴᠠᠨ ᠬᠠᠪᠰᠤᠷᠤᠯᠴᠠᠵᠦ᠂ ᠬᠡᠪ ᠰᠤᠷᠳᠠᠯ ᠴᠢᠩᠭ᠎ᠠ ᠲᠦᠪᠯᠡᠬᠦᠨ ᠪᠠᠶᠢᠵᠦ᠂ ᠪᠦᠬᠦ ᠵᠢᠯ ᠤᠨ ᠡᠯ᠎ᠡ ᠵᠦᠢᠯ ᠤᠨ ᠬᠠᠷᠠᠯᠳᠠ ᠡᠭᠦᠷᠭᠡ ᠪᠠᠨ ᠲᠡᠭᠦᠰ ᠠᠮᠵᠢᠯᠳᠠᠳᠠᠢ ᠪᠡᠶᠡᠯᠡᠬᠦᠯᠵᠦ᠂ ᠡᠬᠡ ᠤᠯᠤᠰ ᠤᠨ ᠤᠮᠠᠷᠠᠳᠦ ᠬᠢᠯᠢ ᠶᠢᠨ ᠨᠡᠩ ᠭᠤᠸ᠎ᠠ ᠦᠵᠡᠬᠦᠯᠡᠩ ᠦᠵᠡᠮᠵᠢ ᠶᠢᠨ ᠤᠷᠤᠨ ᠢ ᠳᠠᠬᠢᠨ ᠡᠭᠦᠳᠦᠨ ᠴᠤᠭᠴᠠᠯᠠᠬᠤ ᠶᠢᠨ ᠲᠦᠯᠦᠭᠡ ᠴᠢᠷᠮᠠᠶᠢᠨ ᠲᠡᠮᠡᠴᠡᠵᠡᠭᠡᠶ᠎ᠡ︕ᠲᠠᠶᠢᠯᠪᠦᠷᠢ᠄① ︽ᠲᠤᠯᠤᠭᠠᠨ ᠬᠡᠯᠪᠡᠷᠢ︾᠎ ᠶᠢᠨ ᠠᠭᠤᠷᠬᠠᠢ᠄ ︽ᠪᠤᠬᠢᠷᠳᠤᠯ ᠦᠬᠡᠢ᠂ ᠠᠮᠢ ᠠᠬᠤᠶᠢᠴᠢ᠂ ᠤᠷᠴᠢᠨ ᠲᠤᠭᠤᠷᠢᠨ ᠤ ᠬᠠᠮᠠᠭᠠᠯᠠᠯᠳᠠ᠂ ᠰᠢᠨᠵᠢᠯᠡᠭᠡ ᠮᠡᠷᠭᠡᠵᠢᠯ᠂ ᠰᠤᠶᠤᠯ ᠢᠷᠭᠡᠨᠰᠢᠯ᠂ ᠡᠶ᠎ᠡ ᠵᠤᠬᠢᠴᠠᠩᠭᠤᠢ᠂ ᠠᠮᠤᠷ ᠲᠦᠪᠰᠢᠨ︾ ᠠᠭᠤᠷᠬᠠᠢ ᠶᠢ ᠵᠢᠭᠠᠨ᠎ᠠ᠃② ︽ᠭᠤᠷᠪᠠ ᠶᠢ ᠲᠤᠰᠬᠤᠨ ᠪᠠ ᠡᠷᠦᠬᠡ ᠳᠤ ᠬᠦᠷᠭᠡᠬᠦ︾ ᠶᠠᠳᠠᠭᠤ ᠶᠢ ᠳᠡᠳᠬᠦᠬᠦ ᠢᠨᠵᠧᠨᠧᠷᠢᠩ᠄ ︽ᠭᠤᠷᠪᠠ ᠶᠢ ᠲᠤᠰᠬᠤᠨ ᠳᠤ ᠬᠦᠷᠭᠡᠬᠦ︾ ᠭᠡᠳᠡᠭ ᠨᠢ ᠲᠦᠯᠦᠪᠵᠢᠬᠦᠯᠬᠡ ᠶᠢ ᠲᠤᠰᠬᠤᠨ ᠳᠤ ᠬᠦᠷᠭᠡᠬᠦ᠂ ᠲᠦᠷᠦᠯ ᠵᠦᠢᠯ ᠢ ᠲᠤᠰᠬᠤᠨ ᠳᠤ ᠬᠦᠷᠭᠡᠬᠦ᠂ ᠺᠠᠳ᠋ᠷ ᠢ ᠲᠤᠰᠬᠤᠨ ᠳᠤ ᠬᠦᠷᠭᠡᠬᠦ ᠶᠢ ᠵᠢᠭᠠᠨ᠎ᠠ᠃ ︽ᠭᠤᠷᠪᠡ ᠶᠢ ᠡᠷᠦᠬᠡ ᠳᠤ ᠬᠦᠷᠭᠡᠬᠦ︾ ᠭᠡᠳᠡᠭ ᠨᠢ ᠲᠦᠯᠦᠪᠵᠢᠬᠦᠯᠬᠡ ᠶᠢ ᠡᠷᠦᠬᠡ ᠳᠤ ᠬᠦᠷᠭᠡᠬᠦ᠂ ᠲᠦᠷᠦᠯ ᠵᠦᠢᠯ ᠢ ᠡᠷᠦᠬᠡ ᠳᠤ ᠬᠦᠷᠭᠡᠬᠦ᠂ ᠺᠠᠳ᠋ᠷ ᠢ ᠡᠷᠦᠬᠡ ᠳᠤ ᠬᠦᠷᠭᠡᠬᠦ ᠶᠢ ᠵᠢᠭᠠᠨ᠎ᠠ᠃③ ︽ᠭᠤᠷᠪᠠᠨ ᠱᠠᠳᠤᠨ ᠤ ᠭᠤᠤᠯ ᠤᠳᠤᠷᠢᠳᠤᠯᠭ᠎ᠠ ᠬᠢᠯᠢ ᠶᠢ ᠬᠠᠮᠳᠤᠪᠡᠷ ᠬᠠᠮᠢᠶᠠᠷᠬᠤ︾᠄ ᠵᠠᠰᠠᠭ ᠤᠨ ᠤᠷᠳᠤᠨ ᠤ ᠬᠤᠰᠢᠭᠤᠨ ᠲᠠᠷᠤᠭ᠎ᠠ᠂ ᠰᠤᠮᠤ ᠪᠠᠯᠭᠠᠰᠦ ᠎ ᠶᠢᠨ ᠵᠠᠰᠠᠭ ᠤᠨ ᠤᠷᠳᠤᠨ ᠤ ᠭᠤᠤᠯ ᠤᠳᠤᠷᠢᠳᠤᠯᠭ᠎ᠠ᠂ ᠭᠠᠴᠠᠭᠠᠨ ᠲᠠᠷᠤᠭ᠎ᠠ ᠬᠢᠯᠢ ᠶᠢᠨ ᠬᠠᠮᠠᠭᠠᠯᠠᠯᠳᠠ ᠶᠢᠨ ᠠᠵᠢᠯ ᠢ ᠬᠠᠮᠢᠶᠠᠷᠤᠨ ᠡᠵᠡᠮᠳᠡᠬᠦ ᠶᠢ ᠵᠢᠭᠠᠨ᠎ᠠ᠃④  ︽ᠲᠠᠪᠤᠨ ᠬᠡᠯᠪᠡᠷᠢ︾᠎ ᠶᠢᠨ ᠠᠮᠢ ᠠᠬᠤᠶᠢᠴᠢ ᠭᠡᠷ ᠪᠦᠯᠢ ᠶᠢᠨ ᠮᠠᠯᠵᠢᠯ ᠤᠨ ᠳᠠᠯᠠᠪᠠᠢ᠄ ᠳᠤᠮᠤ ᠮᠠᠯᠵᠢᠬᠤ ᠡᠷᠦᠬᠡ ᠶᠢᠨ ᠦᠪᠡᠰᠦᠪᠡᠨ ᠪᠠᠶᠢᠭᠤᠯᠬᠤ ᠬᠡᠯᠪᠡᠷᠢ᠂ ᠡᠷᠦᠬᠡ ᠬᠤᠯᠪᠤᠭᠠᠯᠠᠬᠤ ᠬᠡᠯᠪᠡᠷᠢ᠂ ᠬᠤᠷᠰᠢᠶᠠᠵᠢᠯ ᠤᠨ ᠬᠡᠯᠪᠡᠷᠢ᠂ ᠲᠡᠵᠢᠭᠡᠨ ᠦᠷᠡᠵᠢᠬᠦᠯᠬᠦ ᠵᠢᠵᠢᠭ ᠲᠤᠭᠤᠷᠢᠭ ᠤᠨ ᠬᠡᠯᠪᠡᠷᠢ᠂ ᠤᠬᠤᠷᠬᠠᠨ ᠬᠤᠭᠤᠴᠠᠭᠠᠨ ᠳᠤ ᠳᠡᠵᠢᠭᠡᠨ ᠪᠤᠷᠳᠤᠬᠤ ᠵᠡᠷᠭᠡ ᠲᠠᠪᠤᠨ ᠵᠦᠢᠯ ᠤᠨ ᠬᠡᠯᠪᠡᠷᠢ ᠪᠠᠷ ᠳᠠᠮᠵᠢᠨ ᠤᠳᠤ ᠦᠶ᠎ᠡ ᠶᠢᠨ ᠠᠮᠢ ᠠᠬᠤᠶᠢᠴᠢ ᠭᠡᠷ ᠪᠦᠯᠢ ᠶᠢᠨ ᠮᠠᠯᠵᠢᠯ ᠤᠨ ᠳᠠᠯᠠᠪᠠᠢ ᠶᠢ ᠬᠦᠭᠵᠢᠬᠦᠯᠬᠦ ᠶᠢ ᠵᠢᠭᠠᠨ᠎ᠠ᠃
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠵᠠᠰᠠᠭ ᠤᠨ ᠤᠷᠳᠤᠨ ᠤ ᠤᠷᠴᠢᠭᠤᠯᠭ᠎ᠠ ᠶᠢᠨ ᠲᠤᠪᠴᠢᠶ᠎ᠠ