ᠬᠤᠶᠠᠷ᠂ 2015 ᠤᠨ ᠤ ᠭᠤᠤᠯ ᠡᠭᠦᠷᠭᠡ | 2015 ᠤᠨ ᠪᠤᠯ ᠬᠠᠤᠯᠢ ᠶᠤᠰᠤᠭᠠᠷ ᠤᠯᠤᠰ ᠢᠶᠠᠨ ᠵᠠᠰᠠᠬᠤ ᠶᠢ ᠪᠦᠬᠦ ᠳᠠᠯ᠎ᠠ ᠪᠠᠷ ᠲᠦᠯᠬᠢᠨ ᠠᠬᠢᠭᠤᠯᠬᠤ | ᠡᠬᠢᠯᠡᠯᠳᠡ ᠶᠢᠨ ᠵᠢᠯ ᠪᠤᠯᠤᠨ᠎ᠠ᠂ ᠪᠠᠰᠠᠴᠦ ︽ᠠᠷᠪᠠᠨ ᠬᠤᠶᠠᠳᠤᠭᠠᠷ ᠲᠠᠪᠤᠨ ᠵᠢᠯ︾ ᠤᠨ ᠲᠦᠯᠦᠪᠵᠢᠬᠦᠯᠭᠡ ᠶᠢᠨ | ᠰᠡᠬᠦᠯ ᠬᠤᠷᠢᠶᠠᠬᠤ ᠵᠢᠯ ᠪᠤᠯᠤᠨ᠎ᠠ᠃ ᠦᠨᠦ ᠵᠢᠯ ᠤᠨ ᠡᠯ᠎ᠡ ᠵᠦᠢᠯ ᠤᠨ ᠠᠵᠢᠯ ᠢ ᠰᠠᠶᠢᠳᠦᠷ ᠬᠢᠬᠦ ᠪᠤᠯ ᠬᠦᠨ | ᠴᠢᠬᠤᠯᠠ ᠠᠴᠢ ᠬᠤᠯᠪᠤᠭᠳᠠᠯ ᠲᠠᠢ ᠶᠤᠮ᠃ | ᠦᠨᠦ ᠵᠢᠯ ᠤᠨ ᠵᠠᠰᠠᠭ ᠤᠨ ᠤᠷᠳᠤᠨ ᠤ ᠠᠵᠢᠯ ᠤᠨ ᠶᠡᠷᠦᠩᠬᠡᠢ ᠱᠠᠭᠠᠷᠳᠠᠯᠭ᠎ᠠ ᠪᠤᠯ᠄ ᠨᠠᠮ ᠤᠨ ᠠᠷᠪᠠᠨ | ᠨᠠᠢᠮᠠᠳᠤᠭᠠᠷ ᠶᠡᠭᠡ ᠬᠤᠷᠠᠯ᠂ ᠠᠷᠪᠠᠨ ᠨᠠᠢᠮᠠᠳᠤᠭᠠᠷ ᠬᠤᠭᠤᠴᠠᠭᠠᠨ ᠤ ᠭᠤᠷᠪᠠᠳᠤᠭᠠᠷ᠂ ᠲᠦᠷᠪᠡᠳᠦᠭᠡᠷ ᠪᠦᠭᠦᠳᠡ | ᠬᠤᠷᠠᠯ᠂ ᠦᠪᠡᠷᠳᠡᠭᠡᠨ ᠵᠠᠰᠠᠬᠤ ᠤᠷᠤᠨ ᠤ ᠶᠢᠰᠦᠳᠦᠭᠡᠷ ᠬᠤᠭᠤᠴᠠᠭᠠᠨ ᠤ ᠠᠷᠪᠠᠨ ᠭᠤᠷᠪᠠᠳᠤᠭᠠᠷ ᠤᠳᠠᠭᠠᠨ ᠤ | ᠪᠦᠬᠦ ᠭᠡᠰᠢᠭᠦᠳ ᠤᠨ ᠬᠤᠷᠠᠯ᠂ ᠬᠦᠯᠦᠨ ᠪᠤᠶᠢᠷ ᠬᠤᠳᠠ ᠶᠢᠨ ᠭᠤᠷᠪᠠᠳᠤᠭᠠᠷ ᠬᠤᠭᠤᠴᠠᠭᠠᠨ ᠤ ᠵᠢᠷᠭᠤᠳᠤᠭᠠᠷ | ᠤᠳᠠᠭᠠᠨ ᠤ ᠪᠦᠬᠦ ᠭᠡᠰᠢᠭᠦᠳ ᠤᠨ ᠬᠤᠷᠠᠯ ᠪᠤᠯᠤᠨ ᠬᠤᠰᠢᠭᠤᠨ ᠤ ᠨᠠᠮ ᠤᠨ ᠬᠤᠷᠢᠶ᠎ᠠ ᠶᠢᠨ ᠠᠷᠪᠠᠨ ᠭᠤᠷᠪᠠᠳᠤᠭᠠᠷ | ᠬᠤᠭᠤᠴᠠᠭᠠᠨ ᠤ ᠵᠢᠷᠭᠤᠳᠤᠭᠠᠷ ᠤᠳᠠᠭᠠᠨ ᠤ ᠪᠦᠬᠦ ᠭᠡᠰᠢᠭᠦᠳ ᠤᠨ ᠬᠤᠷᠠᠯ ᠤᠨ ᠵᠤᠷᠢᠭ ᠰᠠᠨᠠᠭ᠎ᠠ ᠶᠢ ᠬᠦᠨᠵᠡᠭᠡᠢ | ᠲᠤᠤᠱᠯᠠᠭᠤᠯᠵᠤ᠂ ᠦᠪᠡᠷᠳᠡᠭᠡᠨ ᠵᠠᠰᠠᠬᠤ ᠤᠷᠤᠨ ᠤ ︽8337︾ ᠬᠦᠭᠵᠢᠯᠳᠡ ᠶᠢᠨ ᠰᠡᠳᠬᠢᠴᠡ ᠶᠢ ᠪᠦᠬᠦ ᠲᠠᠯ᠎ᠠ | ᠪᠠᠷ ᠨᠠᠶᠢᠳᠠᠪᠤᠷᠢᠵᠢᠭᠤᠯᠵᠤ᠂ ᠦᠭᠡᠷᠡᠴᠢᠯᠡᠯᠳᠠ ᠶᠢ ᠬᠦᠨᠵᠡᠭᠡᠶᠢᠷᠡᠭᠦᠯᠭᠦ ᠪᠠᠷ ᠭᠤᠤᠯ ᠬᠦᠭ ᠠᠶᠢᠵᠠᠮ ᠪᠤᠯᠭᠠᠵᠤ᠂ | ᠳᠠᠶᠢᠴᠢᠯᠠᠨ ᠳᠠᠭᠠᠭᠤᠯᠬᠤ ᠠᠵᠢᠯᠯᠠᠭ᠎ᠠ ᠶᠢ ᠬᠦᠨᠵᠡᠭᠡᠢ ᠦᠢᠯᠡᠳᠦᠯᠭᠡᠵᠢᠬᠦᠯᠤᠨ᠂ ᠲᠤᠭᠳᠠᠭᠤᠨ ᠪᠠᠶᠢᠯᠭᠠᠬᠤ ᠮᠦᠷᠲᠡᠭᠡᠨ | ᠤᠷᠤᠭᠰᠢᠯᠠᠨ ᠳᠠᠪᠰᠢᠬᠤ ᠭᠤᠤᠯ ᠬᠦᠭ ᠠᠶᠢᠵᠠᠮ ᠢ ᠪᠠᠷᠢᠮᠳᠠᠯᠠᠵᠤ᠂ ᠪᠦᠳᠦᠴᠡ ᠶᠢᠨ ᠲᠤᠬᠢᠷᠠᠭᠤᠯᠤᠯᠳᠠ ᠶᠢ | ᠲᠤᠪᠤᠶᠢᠯᠭᠠᠨ᠂ ᠬᠤᠳᠠ ᠭᠦᠳᠡᠭᠡ ᠶᠢᠨ ᠬᠦᠭᠵᠢᠯᠳᠡ ᠶᠢ ᠨᠢᠭᠡᠳᠦᠯᠳᠡᠢ ᠲᠦᠯᠦᠪᠯᠡᠵᠤ᠂ ᠠᠵᠤ ᠠᠬᠤᠢ ᠶᠢᠨ ᠪᠦᠳᠦᠭᠡᠨ | ᠪᠠᠶᠢᠭᠤᠯᠤᠯᠳᠠ ᠶᠢᠨ ᠲᠠᠯ᠎ᠠ ᠪᠠᠷ ᠨᠡᠩ ᠶᠡᠭᠡ ᠠᠯᠬᠤᠮ ᠤᠷᠤᠭᠰᠢᠯᠠᠬᠤ᠂ ᠠᠮᠢ ᠠᠬᠤᠢ ᠶᠢᠨ ᠪᠦᠳᠦᠭᠡᠨ ᠪᠠᠶᠢᠭᠤᠯᠤᠯᠳᠠ | ᠶᠢᠨ ᠲᠠᠯ᠎ᠠ ᠪᠠᠷ ᠨᠡᠩ ᠶᠡᠭᠡ ᠦᠷ᠎ᠡ ᠪᠦᠳᠦᠮᠵᠢ ᠤᠯᠬᠤ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠲᠠᠯ᠎ᠠ ᠪᠠᠷ | ᠨᠡᠩ ᠶᠡᠭᠡ ᠴᠢᠷᠮᠠᠶᠢᠯᠭ᠎ᠠ ᠭᠠᠷᠭᠠᠬᠤ᠂ ᠨᠡᠶᠢᠭᠡᠮ ᠤᠨ ᠡᠶ᠎ᠡ ᠵᠤᠬᠢᠴᠠᠩᠭᠤᠢ ᠬᠦᠭᠵᠢᠯᠳᠡ ᠶᠢᠨ ᠲᠠᠯ᠎ᠠ ᠪᠠᠷ ᠨᠡᠩ ᠶᠡᠭᠡ | ᠲᠠᠪᠰᠢᠯᠳᠠ ᠲᠠᠢ ᠪᠤᠯᠬᠤ ᠪᠠᠷ ᠬᠦᠴᠦᠯᠡᠵᠤ᠂ ᠠᠵᠤ ᠠᠬᠤᠢ ᠶᠢᠨ ᠭᠤᠤᠯ ᠬᠦᠢᠴᠡᠳᠭᠡᠬᠦ ᠲᠤᠭ᠎ᠠ ᠶᠢ ᠪᠦᠬᠦ ᠬᠤᠳᠠ | ᠶᠢᠨ ᠶᠡᠷᠦᠩᠬᠡᠢ ᠬᠦᠢᠴᠡᠳᠭᠡᠬᠦ ᠲᠤᠭᠠᠨ ᠤ ᠲᠤᠮᠳᠠ ᠡᠵᠡᠯᠡᠬᠦ ᠬᠤᠪᠢ ᠶᠢ ᠨᠡᠩ ᠶᠡᠬᠡᠪᠡᠷ ᠨᠡᠮᠡᠭᠳᠡᠬᠦᠯᠬᠦ ᠪᠠᠷ ᠴᠢᠷᠮᠠᠶᠢᠵᠦ | ᠂ ᠡᠭᠡ ᠤᠯᠤᠰ ᠤᠨ ᠤᠮᠠᠷᠠᠳᠤ ᠬᠢᠯᠢ ᠶᠢᠨ ᠡᠨᠡᠬᠦ ᠰᠠᠶᠢᠬᠠᠨ ᠦᠩᠭᠡ ᠦᠵᠡᠮᠵᠢ ᠶᠢ ᠨᠡᠩ ᠭᠤᠸ᠎ᠠ ᠦᠵᠡᠰᠭᠦᠯᠡᠩ | ᠪᠤᠯᠭᠠᠬᠤ ᠪᠠᠷ ᠴᠢᠷᠮᠠᠶᠢᠨ᠎ᠠ᠃ | ᠠᠵᠤ ᠠᠬᠤᠢ ᠨᠡᠶᠢᠭᠡᠮ ᠤᠨ ᠬᠦᠭᠵᠢᠯᠳᠡ ᠶᠢᠨ ᠭᠤᠤᠯ ᠬᠠᠷᠠᠯᠳᠠ ᠪᠤᠯ᠄ ᠤᠷᠤᠨ ᠨᠤᠳᠤᠭ ᠤᠨ | ᠦᠢᠯᠡᠳᠪᠦᠷᠢᠯᠡᠯ ᠤᠨ ᠶᠡᠷᠤᠩᠭᠡᠢ ᠦᠷᠳᠡᠭ ᠢ 8.7% ᠪᠠᠷ ᠨᠡᠮᠡᠭᠳᠡᠬᠦᠯᠵᠤ᠂ ᠤᠯᠠᠨ ᠨᠡᠶᠢᠳᠡ ᠶᠢᠨ ᠡᠳ᠋ ᠤᠨ ᠵᠠᠰᠠᠭ | ᠤᠨ ᠲᠦᠰᠦᠪ ᠤᠨ ᠤᠷᠤᠯᠭ᠎ᠠ ᠶᠢ 6.5% ᠪᠠᠷ ᠨᠡᠮᠡᠭᠳᠡᠭᠦᠯᠵᠤ᠂ ᠪᠦᠬᠦ ᠨᠡᠶᠢᠭᠡᠮ ᠤᠨ ᠲᠤᠭᠳᠠᠮᠠᠯ ᠬᠦᠷᠦᠩᠭᠡ ᠶᠢᠨ | ᠪᠡᠯᠡ ᠤᠷᠤᠭᠤᠯᠤᠯᠳᠠ ᠶᠢ 14% ᠪᠠᠷ ᠨᠡᠮᠡᠭᠳᠡᠭᠦᠯᠦᠨ᠂ ᠨᠡᠶᠢᠭᠡᠮ ᠤᠨ ᠭᠡᠷᠡᠭᠯᠡᠭᠡᠨ ᠤ ᠲᠠᠸᠠᠷ ᠢ ᠵᠢᠵᠢᠭᠯᠡᠨ | ᠪᠤᠷᠤᠯᠠᠭᠤᠯᠬᠤ ᠶᠡᠷᠤᠩᠭᠡᠢ ᠲᠤᠭ᠎ᠠ ᠶᠢ 11.7% ᠪᠠᠷ ᠨᠡᠮᠡᠭᠳᠡᠬᠦᠯᠵᠤ᠂ ᠬᠤᠳᠠ ᠪᠠᠯᠭᠠᠰᠤ ᠶᠢᠨ ᠰᠠᠭᠤᠭᠠᠯᠢ ᠠᠷᠠᠳ | ᠤᠨ ᠬᠦᠮᠦᠨ ᠲᠤᠮᠳᠠᠴᠢ ᠵᠠᠷᠤᠴᠠᠭᠤᠯᠵᠤ ᠪᠤᠯᠬᠤ ᠤᠷᠤᠯᠭ᠎ᠠ ᠶᠢ ᠲᠤᠰᠪᠤᠷᠢ 10.5% ᠪᠠ 11.5% ᠪᠠᠷ | ᠨᠡᠮᠡᠭᠳᠡᠬᠦᠯᠦᠨ᠎ᠡ᠃ | ᠤᠳᠤ ᠶᠢᠨ ᠲᠤᠯᠭᠠᠷᠠᠵᠦ ᠪᠠᠶᠢᠭ᠎ᠠ ᠪᠠᠶᠢᠳᠠᠯ ᠠᠴᠠ ᠦᠵᠡᠪᠡᠯ᠂ ᠲᠡᠭᠡᠷ᠎ᠡ ᠳᠤᠷᠠᠳᠤᠭᠰᠠᠨ ᠬᠠᠷᠠᠯᠳᠠ ᠪᠤᠯ ᠦᠪᠡᠷ | ᠤᠨ ᠪᠡᠶ᠎ᠡ ᠳᠡᠭᠡᠨ ᠲᠠᠷᠤᠭᠠᠰᠦ ᠦᠭᠬᠦᠭᠰᠡᠨ ᠨᠢᠭᠡᠨ ᠬᠠᠷᠠᠯᠳᠠ ᠪᠤᠯᠤᠨ᠎ᠠ᠃ ᠨᠢᠭᠡ ᠳᠠᠯ᠎ᠠ ᠪᠠᠷ᠂ ᠲᠤᠮᠤ ᠠᠬᠤᠢ | ᠪᠠᠶᠢᠳᠠᠯ ᠠᠴᠠ ᠠᠪᠴᠦ ᠬᠡᠯᠡᠪᠡᠯ᠂ ᠤᠯᠤᠰ ᠤᠨ ᠳᠤᠳᠤᠭᠠᠳᠡᠬᠢ ᠠᠵᠦ ᠠᠬᠤᠢ ᠶᠢᠨ ᠲᠤᠷᠤᠭᠰᠢᠯᠠᠯᠳᠠ ᠶᠢᠨ | ᠲᠠᠷᠤᠭᠠᠰᠦ ᠦᠷᠬᠦᠯᠵᠢᠯᠡᠨ ᠬᠦᠨᠳᠦᠷᠡᠵᠦ᠂ ᠭᠤᠤᠯ ᠴᠤᠭᠴᠠ ᠶᠢᠨ ᠴᠢᠳᠠᠪᠬᠢᠳᠦ ᠤᠷᠤᠨ᠂ ᠠᠮᠢ ᠠᠬᠤᠢ ᠶᠢᠨ | ᠤᠷᠴᠢᠨ ᠲᠤᠭᠤᠷᠢᠨ᠂ ᠡᠨᠧᠷᠬᠢ ᠶᠢ ᠠᠷᠪᠢᠯᠠᠨ ᠪᠤᠬᠢᠷᠳᠤᠯ ᠢ ᠭᠠᠳᠠᠭᠰᠢᠯᠠᠭᠤᠯᠬᠤ᠂ ᠲᠡᠭᠡᠳᠦ ᠱᠠᠳᠤᠨ ᠠᠴᠠ ᠪᠡᠯᠡ | ᠮᠦᠩᠬᠦ ᠤᠯᠬᠤ ᠬᠢᠵᠠᠭᠠᠷᠯᠠᠯ ᠵᠡᠷᠭᠡ ᠠᠯᠢ ᠤᠯᠠᠨ ᠬᠦᠴᠦᠨ ᠵᠦᠢᠯ ᠤᠨ ᠬᠦᠯᠢᠶᠡᠰᠦᠯᠡᠯ ᠠᠴᠠ ᠪᠤᠯᠵᠦ᠂ ᠡᠬᠢ | ᠪᠠᠶᠠᠯᠢᠭ ᠢ ᠨᠡᠭᠡᠭᠡᠨ ᠠᠰᠢᠭᠯᠠᠬᠤ᠂ ᠬᠤᠳᠠ ᠪᠠᠯᠭᠠᠰᠦ ᠶᠢ ᠦᠷᠭᠡᠳᠭᠡᠨ ᠪᠠᠶᠢᠭᠤᠯᠬᠤ᠂ ᠭᠠᠳᠠᠭᠠᠳᠦ ᠠᠷᠠᠯᠵᠢᠶᠠᠨ ᠤ | ᠬᠦᠢᠯᠭᠡᠭᠡ ᠵᠡᠷᠭᠡ ᠲᠤᠮᠤ ᠲᠦᠷᠦᠯ ᠵᠦᠢᠯ ᠢ ᠨᠠᠶᠢᠳᠠᠪᠦᠷᠢᠵᠢᠭᠤᠯᠤᠨ ᠭᠡᠷᠡᠭᠵᠢᠬᠦᠯᠬᠦ ᠳᠤ ᠨᠡᠩ ᠬᠢᠯᠪᠡᠷ ᠦᠬᠡᠢ ᠶᠤᠮ᠃ | ᠮᠠᠨ ᠤ ᠬᠤᠰᠢᠭᠤᠨ ᠤ ᠳᠤᠳᠤᠭᠠᠳᠡᠬᠢ ᠪᠠᠶᠢᠳᠠᠯ ᠠᠴᠠ ᠦᠵᠡᠪᠡᠯ᠂ ᠦᠷᠢ ᠰᠢᠷᠢ ᠤᠯᠠᠨ᠂ ᠦᠷᠢ ᠰᠢᠷᠢ ᠪᠠᠨ | ᠲᠦᠯᠦᠬᠦ ᠲᠠᠷᠤᠭᠠᠰᠦ ᠨᠡᠩ ᠶᠡᠭᠡ᠂ ᠴᠢᠳᠠᠪᠦᠷᠢᠳᠠᠨ ᠬᠦᠨᠳᠦ ᠨᠤᠴᠢᠳᠠᠢ ᠲᠤᠳᠠᠭᠳᠠᠵᠦ᠂ ᠡᠬᠢ ᠪᠠᠶᠠᠯᠢᠭ ᠢ ᠨᠡᠭᠡᠭᠡᠨ | ᠠᠰᠢᠭᠯᠠᠬᠤ ᠳᠤ ᠬᠦᠴᠢᠷ ᠲᠠᠢ ᠪᠠᠶᠢᠬᠤ ᠬᠤᠭᠤᠴᠠᠭᠠᠨ ᠳᠤ ᠤᠷᠤᠵᠦ᠂ ᠡᠳᠡᠭᠡᠷ ᠨᠢ ᠴᠦᠮ ᠮᠠᠨ ᠤ ᠬᠤᠰᠢᠭᠤᠨ ᠤ | ᠠᠵᠦ ᠠᠬᠤᠢ ᠨᠡᠶᠢᠬᠡᠮ ᠤᠨ ᠬᠦᠭᠵᠢᠯᠳᠡ ᠶᠢ ᠬᠢᠵᠠᠭᠠᠷᠯᠠᠬᠤ ᠭᠤᠤᠯ ᠡᠯᠧᠮᠧᠨ᠋ᠲ ᠪᠤᠯᠤᠨ᠎ᠠ᠃ ᠨᠦᠬᠦᠭᠡ ᠲᠠᠯ᠎ᠠ ᠪᠠᠷ᠂ | ᠮᠠᠨ ᠤ ᠤᠯᠤᠰ ᠤᠨ ᠠᠵᠦ ᠠᠬᠤᠢ ᠶᠢᠨ ᠬᠦᠭᠵᠢᠯᠳᠡ ᠰᠢᠨ᠎ᠡ ᠬᠡᠪ ᠪᠠᠶᠢᠳᠠᠯ ᠳᠠᠭᠠᠨ ᠤᠷᠤᠵᠦ᠂ ᠮᠠᠨ ᠤ ᠬᠤᠰᠢᠭᠤ | ᠮᠦᠨᠴᠦ ᠶᠡᠭᠡ ᠦᠢᠯᠡᠰ ᠪᠦᠳᠦᠭᠡᠬᠦ ᠴᠢᠬᠤᠯᠠ ᠶᠡᠭᠡ ᠪᠠᠶᠢᠯᠳᠦᠬᠤ ᠪᠤᠳᠤᠯᠭ᠎ᠠ ᠶᠢᠨ ᠠᠵᠠ ᠲᠤᠬᠢᠶᠠᠯ ᠤᠨ | ᠬᠤᠭᠤᠴᠠᠭᠠᠨ ᠳᠤ ᠪᠠᠶᠢᠨ᠎ᠠ᠃ ᠮᠠᠨ ᠤ ᠬᠤᠰᠢᠭᠤᠨ ᠤ ᠳᠤᠳᠤᠭᠠᠳᠡᠬᠢ ᠪᠠᠶᠢᠳᠠᠯ ᠠᠴᠠ ᠦᠵᠡᠪᠡᠯ᠂ ᠦᠭᠡᠷᠡᠴᠢᠯᠡᠯᠳᠡ | ᠶᠢᠨ ᠳᠠᠰᠤᠷᠠᠯᠳᠠ ᠦᠬᠡᠢ ᠬᠦᠨᠵᠡᠭᠡᠶᠢᠷᠡᠬᠦ ᠶᠢ ᠳᠠᠭᠠᠯᠳᠤᠨ᠂ ᠮᠠᠨ ᠤ ᠬᠤᠰᠢᠭᠤᠨ ᠤ ᠤᠯᠤᠰ ᠲᠦᠷᠦ᠂ ᠠᠵᠦ ᠠᠬᠤᠢ | ᠂ ᠨᠡᠶᠢᠬᠡᠮ ᠤᠨ ᠬᠦᠭᠵᠢᠯᠳᠡ ᠳᠤ ᠯᠠᠪᠳᠠᠶᠢᠶ᠎ᠠ ᠨᠡᠩ ᠬᠦᠴᠦᠷᠭᠡᠭ ᠶᠡᠭᠡ ᠬᠠᠮᠳᠤᠷᠠᠯ ᠤᠨ ᠬᠦᠴᠦᠨ ᠪᠦᠷᠢᠯᠳᠦᠵᠦ᠂ ᠮᠠᠨ | ᠤ ᠬᠤᠰᠢᠭᠤ ᠮᠤᠷᠤᠢ ᠵᠠᠮ ᠳᠡᠭᠡᠷ᠎ᠡ ᠪᠤᠰᠤᠳ ᠢ ᠳᠠᠪᠠᠵᠦ ᠭᠠᠷᠬᠤ ᠶᠢ ᠪᠡᠶᠡᠯᠡᠬᠦᠯᠬᠦ ᠳᠤ ᠲᠤᠩ ᠠᠰᠢᠭᠳᠠᠢ ᠪᠠᠶᠢᠨ᠎ᠠ᠃ | ᠡᠭᠦᠨ ᠤ ᠬᠠᠮᠳᠦ᠂ ᠮᠠᠨ ᠤ ᠬᠤᠰᠢᠭᠤ ᠤᠨᠴᠠᠭᠠᠢ ᠤᠷᠤᠨ ᠪᠠᠶᠢᠷᠢ ᠶᠢᠨ ᠲᠠᠪᠠᠭᠤᠯᠢᠭ ᠲᠠᠢ ᠪᠠᠶᠢᠵᠦ᠂ ︽ᠨᠢᠭᠡ | ᠪᠦᠰᠡ ᠨᠢᠭᠡ ᠵᠠᠮ︾ ᠤᠨ ᠪᠦᠲᠦᠭᠡᠨ ᠪᠠᠶᠢᠭᠤᠯᠤᠯᠳᠠ ᠪᠤᠯᠤᠨ ᠤᠮᠠᠷᠠᠰᠢ ᠨᠡᠭᠡᠭᠡᠬᠦ ᠠᠯᠬᠤᠴᠠ ᠶᠢᠨ ᠲᠦᠷᠭᠡᠳᠬᠦ ᠶᠢ | ᠳᠠᠭᠠᠯᠳᠤᠨ ᠮᠠᠨ ᠤ ᠬᠤᠰᠢᠭᠤᠨ ᠤ ᠭᠠᠳᠠᠭᠰᠢ ᠴᠢᠯᠦᠭᠡᠳᠡᠢ ᠨᠡᠭᠡᠭᠡᠯᠳᠡ ᠬᠢᠬᠦ ᠬᠦᠨᠴᠡ ᠪᠠ ᠦᠷᠭᠡᠴᠡ ᠶᠢᠨ ᠬᠡᠮᠵᠢᠶ᠎ᠡ | ᠶᠢ ᠲᠡᠭᠡᠭᠰᠢᠯᠡᠬᠦᠯᠬᠦ ᠨᠢ ᠯᠠᠪᠳᠠᠢ ᠶᠤᠮ᠃ | ᠲᠡᠭᠡᠷ᠎ᠡ ᠲᠤᠷᠠᠳᠤᠭᠰᠠᠨ ᠠᠵᠠ ᠲᠤᠬᠢᠶᠠᠯ ᠪᠤᠯᠤᠨ ᠦᠷᠢᠰᠦᠯᠳᠦᠭᠡᠨ ᠳᠤ ᠴᠢᠭᠯᠡᠬᠦᠯᠦᠨ᠂ ᠨᠢᠭᠡᠨᠳᠡ | ᠲᠤᠭᠳᠠᠭᠠᠭᠰᠠᠨ ᠬᠠᠷᠠᠯᠳᠠ ᠪᠠᠨ ᠪᠡᠶᠡᠯᠡᠬᠦᠯᠦᠶ᠎ᠡ ᠭᠡᠪᠡᠯ᠂ ᠪᠢᠳᠡ ᠡᠷᠬᠡᠪᠰᠢ ᠦᠵᠡᠯ ᠰᠠᠨᠠᠭ᠎ᠠ ᠪᠤᠯᠤᠨ ᠦᠢᠯᠡ | ᠠᠵᠢᠯᠯᠠᠭ᠎ᠠ ᠪᠠᠨ ᠲᠦᠪ ᠤᠨ ᠰᠢᠨᠵᠢᠯᠡᠬᠦ ᠤᠬᠠᠭᠠᠨᠴᠢ ᠮᠠᠭᠠᠳᠯᠠᠯᠳᠠ ᠪᠤᠯᠤᠨ ᠰᠢᠢᠳᠪᠦᠷᠢᠳᠦ ᠪᠠᠶᠢᠷᠢᠯᠠᠭᠤᠯᠤᠯᠳᠠ | ᠳᠡᠭᠡᠷ᠎ᠡ ᠨᠢᠭᠡᠳᠭᠡᠵᠦ᠂ ᠰᠢᠨ᠎ᠡ ᠬᠡᠪ ᠪᠠᠶᠢᠳᠠᠯ ᠳᠤᠤᠷᠠᠬᠢ ᠰᠢᠨᠵᠢᠯᠡᠬᠦ ᠤᠬᠠᠭᠠᠨᠴᠢ ᠠᠭᠤᠯᠬᠤᠨ ᠪᠤᠯᠤᠨ ᠬᠦᠨᠵᠡᠬᠡᠢ | ᠱᠠᠭᠠᠷᠳᠠᠯᠭ᠎ᠠ ᠶᠢ ᠪᠦᠬᠦ ᠳᠠᠯ᠎ᠠ ᠪᠠᠷ ᠤᠶᠢᠯᠠᠭᠠᠨ ᠤᠨᠤᠪᠴᠢᠳᠠᠢ ᠡᠵᠡᠮᠰᠢᠬᠦ ᠶᠢᠨ ᠬᠠᠮᠳᠦ ᠪᠤᠳᠠᠳᠦ ᠪᠠᠶᠢᠳᠠᠯ ᠲᠠᠢ ᠪᠠᠨ | ᠤᠶᠠᠯᠳᠤᠭᠤᠯᠤᠨ᠂ ᠴᠠᠭ ᠦᠶ᠎ᠡ ᠲᠠᠢ ᠬᠠᠮᠳᠤᠪᠡᠷ ᠤᠷᠤᠭᠰᠢᠯᠠᠨ᠂ ᠡᠯ᠎ᠡ ᠳᠠᠯ᠎ᠠ ᠶᠢᠨ ᠠᠵᠢᠯ ᠢ ᠰᠠᠶᠢᠳᠦᠷ ᠠᠳᠬᠤᠨ᠎ᠠ | ᠃ ᠨᠢᠭᠡ ᠳᠤ᠂ ᠰᠢᠨ᠎ᠡ ᠬᠡᠪ ᠪᠠᠶᠢᠳᠠᠯ ᠲᠤᠤᠷᠠᠬᠢ ᠠᠵᠦ ᠠᠬᠤᠢ ᠨᠡᠶᠢᠭᠡᠮ ᠤᠨ ᠬᠦᠭᠵᠢᠯᠳᠡ ᠶᠢᠨ ᠨᠦᠬᠦᠴᠡᠯ ᠤᠨ | ᠬᠤᠪᠢᠷᠠᠯᠳᠠ ᠶᠢ ᠬᠦᠢᠴᠡᠳ ᠳᠠᠨᠢᠵᠦ᠂ ᠪᠢᠳᠠᠨ ᠤ ᠨᠢᠭᠡᠨᠳᠡ ᠤᠯᠤᠭᠰᠠᠨ ᠬᠦᠭᠵᠢᠯᠳᠡ ᠶᠢᠨ ᠲᠤᠷᠰᠢᠯᠭ᠎ᠠ᠂ ᠪᠤᠳᠠᠰ | ᠤᠨ ᠦᠷ᠎ᠡ ᠪᠦᠳᠦᠮᠵᠢ ᠪᠤᠯᠤᠨ ᠦᠭᠡᠷᠡᠴᠢᠯᠡᠯᠳᠡ ᠶᠢᠨ ᠠᠮᠵᠢᠯᠳᠠ ᠪᠦᠳᠦᠮᠵᠢ ᠳᠡᠭᠡᠨ ᠰᠠᠭᠤᠷᠢᠯᠠᠨ᠂ ᠮᠠᠨ ᠤ | ᠬᠤᠰᠢᠭᠤᠨ ᠤ ᠢᠷᠡᠭᠡᠳᠦᠢ ᠳᠤ ᠲᠤᠯᠭᠠᠷᠠᠬᠤ ᠰᠢᠨ᠎ᠡ ᠪᠠᠶᠢᠳᠠᠯ ᠳᠤ ᠬᠦᠨᠵᠡᠬᠡᠢ ᠵᠠᠳᠠᠯᠤᠯᠳᠠ ᠬᠢᠵᠦ᠂ ᠰᠢᠨ᠎ᠡ | ᠬᠦᠭᠵᠢᠯᠳᠡ ᠶᠢ ᠲᠦᠯᠦᠪᠯᠡᠨ᠂ ᠰᠢᠨ᠎ᠡ ᠰᠡᠳᠬᠢᠴᠡ ᠶᠢ ᠰᠦᠪᠡᠭᠴᠢᠯᠡᠵᠦ᠂ ︽ᠠᠷᠪᠠᠨ ᠭᠤᠷᠪᠠᠳᠤᠭᠠᠷ ᠲᠠᠪᠤᠨ ᠵᠢᠯ︾ | ᠤᠨ ᠲᠦᠯᠦᠪᠵᠢᠬᠦᠯᠬᠡ ᠶᠢ ᠰᠢᠨᠵᠢᠯᠡᠬᠦ ᠤᠬᠠᠭᠠᠨᠴᠢ ᠪᠠᠷ ᠰᠠᠶᠢᠳᠦᠷ ᠨᠠᠶᠢᠷᠠᠭᠤᠯᠤᠨ᠂ ︽ᠠᠷᠪᠠᠨ ᠭᠤᠷᠪᠠᠳᠤᠭᠠᠷ | ᠲᠠᠪᠤᠨ ᠵᠢᠯ︾ ᠤᠨ ᠲᠦᠯᠦᠪᠵᠢᠬᠦᠯᠭᠡ ᠶᠢ ᠪᠦᠬᠦ ᠬᠤᠰᠢᠭᠤᠨ ᠤ ᠠᠵᠦ ᠠᠬᠤᠢ ᠨᠡᠶᠢᠬᠡᠮ ᠤᠨ ᠬᠦᠭᠵᠢᠯᠳᠡ ᠶᠢ | ᠵᠢᠯᠤᠭᠤᠳᠬᠤ ᠠᠤᠭ᠎ᠠ ᠲᠦᠯᠦᠪᠯᠡᠭᠡ ᠪᠤᠯᠤᠨ ᠠᠵᠢᠯᠯᠠᠭᠠᠨ ᠤ ᠵᠦᠭᠯᠡᠬᠦᠷ ᠪᠤᠯᠭᠠᠨ᠎ᠠ᠃ ᠬᠤᠶᠠᠷ ᠲᠤ᠂ ᠬᠦᠭᠵᠢᠯᠳᠡ | ᠶᠢᠨ ᠲᠤᠮᠳᠠ ᠳᠤᠯᠭᠠᠷᠠᠭᠰᠠᠨ ᠲᠤᠪᠤᠶᠢᠮ᠎ᠠ ᠠᠰᠠᠭᠤᠳᠠᠯ ᠢ ᠰᠢᠢᠳᠪᠦᠷᠢᠯᠡᠬᠦ ᠲᠤᠭᠤᠷᠢᠨ ᠳᠤ᠂ ᠵᠠᠰᠠᠭ ᠤᠨ ᠤᠷᠳᠤᠨ ᠤ | ᠲᠤᠰ ᠪᠡᠶ᠎ᠡ ᠶᠢᠨ ᠬᠤᠪᠢᠰᠬᠠᠯ ᠢᠶᠠᠷ ᠭᠤᠤᠯ ᠬᠦᠷᠢᠶᠡᠨ ᠬᠡᠪᠴᠢᠶᠡᠨ ᠳᠠᠬᠢ ᠦᠬᠡᠷᠡᠴᠢᠯᠡᠯᠳᠡ ᠶᠢ ᠲᠠᠶᠢᠴᠢᠯᠠᠨ᠂ ᠡᠯ᠎ᠡ | ᠵᠦᠢᠯ ᠤᠨ ᠦᠬᠡᠷᠡᠴᠢᠯᠡᠯᠳᠡ ᠶᠢᠨ ᠠᠷᠭ᠎ᠠ ᠬᠡᠮᠵᠢᠶ᠎ᠡ ᠶᠢ ᠨᠡᠩ ᠶᠡᠬᠡᠪᠡᠷ ᠨᠠᠶᠢᠳᠠᠪᠦᠷᠢᠵᠢᠭᠤᠯᠵᠦ᠂ ᠰᠢᠨ᠎ᠡ ᠬᠦᠭᠵᠢᠯᠳᠡ | ᠶᠢᠨ ᠬᠦᠳᠡᠯᠭᠡᠭᠴᠢ ᠬᠦᠴᠦᠨ ᠪᠤᠯᠭᠠᠬᠤ ᠪᠠᠷ ᠴᠢᠷᠮᠠᠶᠢᠨ᠎ᠠ᠃ ᠭᠤᠷᠪᠡ ᠳᠤ᠂ ᠠᠵᠦ ᠠᠬᠤᠢ ᠶᠢᠨ ᠠᠵᠢᠯ ᠤᠨ | ᠬᠦᠴᠦᠯᠡᠬᠦ ᠴᠡᠭ ᠢᠶᠠᠨ ᠦᠨᠡᠨᠬᠦ ᠠᠵᠦ ᠠᠬᠤᠢ ᠶᠢᠨ ᠬᠦᠭᠵᠢᠯᠳᠡ ᠶᠢᠨ ᠠᠷᠭ᠎ᠠ ᠬᠡᠯᠪᠡᠷᠢ ᠶᠢ ᠬᠤᠪᠢᠷᠠᠭᠤᠯᠬᠤ ᠲᠡᠭᠡᠷ᠎ᠡ | ᠳᠠᠯᠪᠢᠵᠦ᠂ ᠠᠵᠦ ᠠᠬᠤᠢ ᠶᠢᠨ ᠬᠦᠭᠵᠢᠯᠳᠡ ᠶᠢᠨ ᠴᠢᠨᠠᠷ ᠴᠢᠨᠰᠠᠭ᠎ᠠ ᠪᠤᠯᠤᠨ ᠦᠷ᠎ᠡ ᠠᠰᠢᠭ ᠢ ᠲᠡᠭᠡᠭᠰᠢᠯᠡᠬᠦᠯᠬᠦ ᠪᠠᠷ | ᠭᠤᠤᠯ ᠪᠤᠯᠭᠠᠨ᠂ ᠠᠵᠦ ᠦᠢᠯᠡᠰ ᠤᠨ ᠪᠦᠳᠦᠴᠡ ᠶᠢᠨ ᠲᠤᠬᠢᠷᠠᠭᠤᠯᠤᠯᠳᠠ ᠶᠢ ᠶᠡᠬᠡᠪᠡᠷ ᠲᠦᠯᠬᠢᠨ ᠠᠬᠢᠭᠤᠯᠵᠦ᠂ | ᠪᠠᠶᠢᠯᠳᠤᠬᠤ ᠪᠤᠳᠤᠯᠭ᠎ᠠ ᠶᠢᠨ ᠴᠢᠨᠠᠷᠳᠠᠢ ᠰᠢᠨ᠎ᠡ ᠪᠠᠷ ᠮᠠᠨᠳᠤᠭᠰᠠᠨ ᠠᠵᠦ ᠦᠢᠯᠡᠰ ᠪᠤᠯᠤᠨ ᠤᠳᠤ ᠦᠶ᠎ᠡ ᠶᠢᠨ | ᠦᠢᠯᠡᠴᠢᠯᠡᠭᠡᠨ ᠤ ᠦᠢᠯᠡᠰ ᠢ ᠤᠷᠤᠭᠤᠯᠤᠨ ᠠᠪᠴᠢᠷᠠᠵᠦ᠂ ᠠᠵᠦ ᠦᠢᠯᠡᠰ ᠤᠨ ᠤᠯᠠᠨ ᠡᠰᠢᠵᠢᠨ ᠬᠦᠭᠵᠢᠬᠦ ᠶᠢ | ᠲᠦᠯᠬᠢᠨ ᠠᠬᠢᠭᠤᠯᠤᠨ᠎ᠠ᠃ ᠲᠦᠷᠪᠡ ᠳᠤ᠂ ᠠᠷᠠᠳ ᠤᠨ ᠠᠮᠢᠳᠤᠷᠠᠯ ᠢ ᠪᠠᠳᠤᠯᠠᠨ ᠰᠠᠶᠢᠵᠢᠷᠠᠭᠤᠯᠬᠤ ᠶᠢ ᠨᠡᠩ | ᠴᠢᠬᠤᠯᠠᠴᠢᠯᠠᠵᠦ᠂ ᠲᠤᠤᠷ᠎ᠠ ᠤᠷᠤᠯᠭ᠎ᠠ ᠲᠠᠢ ᠤᠯᠠᠨ ᠲᠦᠮᠡᠨ ᠤ ᠠᠮᠢᠳᠤᠷᠠᠯ ᠢ ᠨᠡᠩ ᠬᠠᠯᠠᠮᠵᠢᠯᠠᠨ᠂ ᠲᠠᠭᠠᠷᠠᠭᠰᠠᠨ | ᠬᠦᠮᠦᠨ ᠳᠤ ᠲᠠᠬᠤ ᠬᠦᠷᠭᠡᠵᠦ᠂ ᠤᠯᠠᠨ ᠲᠦᠮᠡᠨ ᠤ ᠬᠦᠰᠡᠵᠦ ᠰᠠᠨᠠᠭᠰᠠᠨ ᠶᠠᠪᠤᠳᠠᠯ ᠢ ᠢᠯᠡᠬᠦᠭᠡᠨ ᠬᠢᠵᠦ᠂ | ᠦᠭᠡᠷᠡᠴᠢᠯᠡᠯᠳᠡ ᠬᠦᠭᠵᠢᠯᠳᠡ ᠶᠢᠨ ᠠᠮᠵᠢᠯᠳᠠ ᠪᠦᠳᠦᠮᠵᠢ ᠶᠢ ᠪᠦᠬᠦ ᠬᠤᠰᠢᠭᠤᠨ ᠤ ᠠᠷᠠᠳ ᠲᠦᠮᠡᠨ ᠳᠤ ᠨᠡᠩ | ᠦᠷᠭᠡᠨ ᠪᠦᠭᠡᠳ ᠲᠦᠪ ᠭᠤᠤᠯᠴᠢ ᠪᠠᠷ ᠡᠳ᠋ᠯᠡᠬᠦᠯᠦᠨ᠎ᠡ᠃ | ᠦᠨᠦ ᠵᠢᠯ ᠳᠤ ᠵᠢᠷᠭᠤᠭᠠᠨ ᠳᠠᠯ᠎ᠠ ᠶᠢᠨ ᠠᠵᠢᠯ ᠢ ᠭᠤᠤᠯᠳᠠᠯᠭ᠎ᠠ ᠲᠠᠢ ᠰᠠᠶᠢᠳᠦᠷ ᠬᠢᠬᠦ ᠭᠡᠷᠡᠭᠳᠡᠢ᠄ | ︵ᠨᠢᠬᠡ︶ ᠮᠠᠯ ᠠᠵᠤ ᠠᠬᠤᠢ ᠶᠢᠨ ᠭᠡᠯᠪᠡᠷᠢ ᠶᠢ ᠬᠤᠪᠢᠷᠠᠭᠤᠯᠤᠨ ᠦᠷ᠎ᠡ ᠠᠰᠢᠭ ᠤᠯᠬᠤ ᠶᠢ ᠪᠠᠳᠠᠷᠠᠭᠤᠯᠵᠦ᠂ | ᠠᠮᠢ ᠠᠬᠤᠢ ᠶᠢᠨ ᠤᠷᠴᠢᠨ ᠲᠤᠭᠤᠷᠢᠨ ᠤ ᠬᠠᠮᠠᠭᠠᠯᠠᠯᠳᠠ ᠶᠢ ᠳᠠᠬᠢᠨ ᠰᠢᠨ᠎ᠡ ᠲᠦᠪᠰᠢᠨ ᠳᠤ ᠭᠠᠷᠭᠠᠬᠤ ᠶᠢ | ᠠᠬᠢᠭᠤᠯᠤᠨ᠎ᠠ᠃ ᠨᠤᠲᠤᠭ ᠪᠡᠯᠴᠢᠭᠡᠷ ᠢ ᠰᠠᠶᠢᠳᠦᠷ ᠬᠠᠮᠠᠭᠠᠯᠠᠨ ᠨᠡᠭᠡᠭᠡᠨ ᠠᠰᠢᠭᠯᠠᠬᠤ ᠪᠤᠯ ᠪᠢᠳᠡᠨ ᠤ ᠲᠡᠤᠬᠡᠨ | ᠬᠠᠷᠢᠭᠤᠴᠠᠯᠭ᠎ᠠ ᠮᠦᠨ᠃ ᠰᠠᠭᠤᠷᠢ ᠠᠵᠢᠯ ᠢ ᠴᠢᠨᠠᠷᠯᠢᠭ ᠪᠠᠶᠡᠯᠡᠬᠦᠯᠵᠤ᠂ ᠲᠠᠯ᠎ᠠ ᠨᠤᠳᠤᠭ ᠤᠨ ᠦᠨᠢ ᠤᠳᠠᠭᠠᠨ | ᠭᠦᠭᠵᠢᠯᠳᠠ ᠳᠤ ᠰᠠᠶᠢᠨ ᠰᠠᠶᠢᠬᠠᠨ ᠰᠠᠭᠤᠷᠢ ᠶᠢ ᠲᠠᠯᠪᠢᠵᠤ ᠦᠭᠭᠦᠨ᠎ᠡ᠃ ᠴᠢᠨᠠᠷᠯᠢᠭ ᠪᠦᠭᠡᠳ ᠦᠷ᠎ᠡ ᠠᠰᠢᠭᠳᠤ ᠮᠠᠯ | ᠠᠵᠤ ᠠᠬᠤᠢ ᠶᠢ ᠬᠦᠭᠵᠢᠬᠦᠯᠬᠦ ᠶᠢ ᠴᠢᠬᠤᠯᠠᠴᠢᠯᠠᠵᠦ᠂ ᠮᠠᠯ ᠠᠵᠤ ᠠᠬᠤᠢ ᠶᠢ ᠬᠡᠪᠴᠢᠶᠡᠵᠢᠬᠦᠯᠬᠦ᠂ ᠠᠵᠤ | ᠦᠢᠯᠡᠰᠵᠢᠬᠦᠯᠬᠦ᠂ ᠮᠧᠬᠠᠨᠢᠭᠵᠢᠭᠤᠯᠬᠤ᠂ ᠪᠠᠷᠢᠮᠵᠢᠶᠠᠵᠢᠭᠤᠯᠬᠤ ᠪᠠ ᠠᠮᠢ ᠠᠬᠤᠶᠢᠴᠢᠯᠠᠨ ᠬᠦᠭᠵᠢᠬᠦᠯᠬᠦ ᠬᠢᠷᠢ | ᠲᠦᠪᠰᠢᠨ ᠢ ᠲᠡᠭᠡᠭᠰᠢᠯᠡᠬᠦᠯᠦᠨ᠎ᠡ᠃ ᠮᠠᠯ ᠠᠵᠤ ᠠᠬᠤᠢ ᠶᠢᠨ ᠭᠡᠯᠪᠡᠷᠢ ᠶᠢ ᠬᠤᠪᠢᠷᠠᠭᠤᠯᠤᠨ ᠲᠡᠰ ᠲᠡᠪᠰᠢᠬᠦᠯᠬᠦ | ᠲᠦᠯᠦᠪᠵᠢᠬᠦᠯᠭᠡ ᠶᠢ ᠴᠢᠩᠭ᠎ᠠ ᠭᠡᠷᠡᠭᠵᠢᠬᠦᠯᠵᠤ᠂ ᠭᠠᠮᠰᠢᠭ ᠠᠴᠠ ᠰᠡᠷᠭᠡᠶᠢᠯᠡᠬᠦ ᠭᠡᠯᠪᠡᠷᠢ ᠪᠤᠯᠤᠨ ᠡᠷᠴᠢᠮᠵᠢᠭᠰᠡᠨ | ᠭᠡᠯᠪᠡᠷᠢ ᠶᠢᠨ ᠮᠠᠯ ᠠᠵᠤ ᠠᠬᠤᠢ ᠶᠢᠨ ᠡᠵᠡᠩᠨᠡᠯᠳᠡ ᠶᠢᠨ ᠭᠡᠪ ᠮᠠᠶ᠋ᠢᠭ ᠢ ᠶᠡᠭᠡᠪᠡᠷ ᠲᠡᠯᠭᠡᠷᠡᠬᠦᠯᠵᠤ᠂ ︽ᠲᠠᠪᠤᠨ | ᠭᠡᠯᠪᠡᠷᠢ︾④ ᠶᠢᠨ ᠠᠮᠢ ᠠᠬᠤᠶᠢᠴᠢ ᠭᠡᠷ ᠪᠦᠯᠢ ᠶᠢᠨ ᠮᠠᠯᠵᠢᠯ ᠤᠨ ᠲᠠᠯᠠᠪᠠᠢ ᠶᠢ ᠪᠦᠬᠦ ᠬᠦᠴᠦᠨ ᠢᠶᠠᠷ ᠪᠠᠶᠢᠭᠤᠯᠵᠤ᠂ | 174 ᠬᠠᠰᠢᠶ᠎ᠠ ᠰᠠᠷᠠᠪᠴᠢ ᠶᠢ ᠪᠡᠯᠡ ᠤᠷᠤᠭᠤᠯᠤᠨ ᠰᠢᠨ᠎ᠡ ᠪᠠᠷ ᠪᠠᠶᠢᠭᠤᠯᠤᠨ᠎ᠠ᠃ ᠨᠤᠳᠤᠭ ᠪᠡᠯᠴᠢᠭᠡᠷ ᠤᠨ | ᠭᠡᠷᠡᠭᠯᠡᠬᠦ ᠡᠷᠭᠡ ᠶᠢ ᠲᠤᠳᠤᠷᠬᠠᠶᠢᠯᠠᠨ ᠲᠠᠭᠠᠭᠠᠴᠢᠯᠠᠭᠤᠯᠬᠤ ᠲᠤᠷᠰᠢᠯᠳᠠ ᠶᠢᠨ ᠴᠡᠭ ᠤᠨ ᠠᠵᠢᠯ ᠢ ᠪᠡᠶᠡᠯᠡᠬᠦᠯᠵᠤ᠂ | ᠨᠤᠲᠤᠭ ᠪᠡᠯᠴᠢᠭᠡᠷ ᠢ ᠡᠷᠬᠢᠯᠳᠦᠬᠦᠯᠵᠦ ᠡᠷᠴᠢᠮᠵᠢᠬᠦᠯᠦᠨ ᠡᠵᠡᠩᠨᠡᠬᠦ ᠪᠠ ᠮᠠᠯᠵᠢᠬᠤ ᠦᠢᠯᠡᠳᠪᠦᠷᠢᠯᠡᠯ ᠤᠨ ᠬᠡᠯᠪᠡᠷᠢ ᠶᠢ | ᠬᠤᠪᠢᠷᠠᠭᠤᠯᠤᠨ ᠲᠡᠰ ᠲᠡᠪᠰᠢᠬᠦᠯᠬᠦ ᠳᠤ ᠰᠠᠶᠢᠳᠦᠷ ᠰᠠᠭᠤᠷᠢ ᠳᠠᠯᠪᠢᠵᠦ ᠦᠭᠬᠦᠨ᠎ᠡ᠃ ᠪᠡᠯᠴᠢᠭᠡᠷᠯᠡᠬᠦ ᠶᠢ ᠵᠤᠭᠰᠤᠭᠠᠨ | ᠨᠤᠳᠤᠭ ᠪᠠᠯᠴᠢᠭᠡᠷ ᠢ ᠰᠡᠷᠭᠦᠭᠡᠬᠦ᠂ ᠨᠤᠳᠤᠭ ᠪᠡᠯᠴᠢᠭᠡᠷ ᠤᠨ ᠠᠮᠢ ᠠᠬᠤᠢ ᠶᠢ ᠨᠦᠬᠦᠪᠦᠷᠢᠯᠡᠨ ᠱᠠᠩᠨᠠᠬᠤ᠂ ᠮᠠᠯ ᠤᠨ | ᠡᠭᠦᠯᠳᠡᠷ ᠰᠠᠶᠢᠵᠢᠷᠠᠭᠤᠯᠬᠤ ᠨᠦᠬᠦᠪᠦᠷᠢ ᠵᠡᠷᠭᠡ ᠠᠷᠠᠳ ᠤᠨ ᠠᠮᠢᠳᠤᠷᠠᠯ ᠢ ᠬᠠᠷᠠᠭᠠᠯᠵᠠᠨ ᠮᠠᠯᠴᠢᠳ ᠲᠤ ᠬᠠᠷᠠᠭᠠᠯᠵᠠᠯ | ᠦᠵᠡᠬᠦᠯᠬᠦ ᠲᠦᠷᠦ ᠶᠢᠨ ᠪᠤᠳᠤᠯᠭ᠎ᠠ ᠶᠢ ᠴᠢᠩᠭ᠎ᠠ ᠨᠢᠮᠪᠠᠢ ᠨᠠᠶᠢᠳᠠᠪᠤᠷᠢᠵᠢᠭᠤᠯᠵᠤ᠂ ᠪᠡᠯᠡ ᠮᠦᠩᠭᠦ ᠶᠢᠨ | ᠨᠠᠶᠢᠳᠠᠪᠤᠷᠢᠵᠢᠭᠤᠯᠤᠯᠳᠠ ᠶᠢ ᠪᠠᠳᠤᠯᠠᠵᠤ᠂ ᠮᠠᠯᠴᠢᠳ ᠲᠤ ᠨᠢᠭᠡᠨ ᠢᠯᠡ ᠳᠤᠳᠤᠷᠬᠠᠢ ᠳᠠᠩᠰᠠ ᠲᠤᠰᠢᠶᠠᠨ᠎ᠠ᠃ | ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰᠵᠢᠯᠳᠡ ᠶᠢᠨ ᠠᠬᠢᠴᠠ ᠶᠢ ᠲᠦᠷᠭᠡᠨ ᠦᠨᠳᠦᠷ ᠬᠤᠷᠳᠤᠴᠠ ᠪᠠᠷ | ᠠᠬᠢᠭᠤᠯᠵᠦ᠂ ᠲᠠᠷᠢᠶᠠᠯᠠᠩ ᠤᠨ ᠪᠦᠳᠦᠭᠡᠭᠳᠡᠬᠦᠨ ᠪᠠ ᠮᠠᠯ ᠤᠨ ᠠᠰᠢᠭ ᠰᠢᠮ᠎ᠡ ᠶᠢᠨ ᠦᠷᠢᠰᠦᠯᠳᠦᠭᠡᠨ ᠤ ᠬᠦᠴᠦᠨ ᠢ | ᠲᠡᠭᠡᠭᠰᠢᠯᠡᠬᠦᠯᠦᠨ᠎ᠡ᠃ ᠡᠪᠡᠰᠤᠨ ᠤ ᠠᠵᠤ ᠦᠢᠯᠡᠰ ᠢ ᠶᠡᠭᠡᠪᠡᠷ ᠭᠦᠭᠵᠢᠬᠦᠯᠦᠨ᠂ ᠬᠠᠰᠢᠶᠠᠯᠠᠨ ᠲᠡᠵᠢᠭᠡᠬᠦ ᠶᠢ | ᠲᠡᠯᠭᠡᠷᠡᠭᠦᠯᠵᠤ᠂ ᠤᠬᠤᠷᠬᠠᠨ ᠬᠤᠭᠤᠴᠠᠭᠠᠨ ᠳᠤ ᠪᠤᠷᠳᠤᠬᠤ ᠶᠢ ᠬᠦᠭᠵᠢᠬᠦᠯᠵᠤ᠂ ᠮᠠᠯ ᠰᠦᠷᠦᠭ ᠤᠨ ᠪᠦᠳᠦᠴᠡ ᠶᠢ | ᠰᠢᠯᠢᠳᠡᠭᠵᠢᠬᠦᠯᠦᠨ᠂ ᠰᠢᠯᠢᠳᠡᠭ ᠡᠭᠦᠯᠳᠡᠷ ᠤᠨ ᠮᠠᠯ ᠤᠨ ᠬᠠᠷᠢᠴᠠᠯ ᠢ ᠨᠡᠮᠡᠭᠳᠡᠬᠦᠯᠵᠤ᠂ ᠮᠠᠯ ᠤᠨᠤᠭ᠎ᠠ ᠶᠢᠨ ᠶᠠᠰᠤ | ᠴᠢᠨᠠᠷ ᠤᠨ ᠦᠷ᠎ᠡ ᠠᠰᠢᠭ ᠢ ᠲᠡᠭᠡᠭᠰᠢᠯᠡᠬᠦᠯᠦᠨ᠎ᠡ᠃ ᠬᠤᠷᠰᠢᠶᠠᠵᠢᠯ ᠤᠨ ᠲᠦᠷᠢᠮᠵᠢᠭᠰᠡᠨ ᠡᠵᠡᠩᠨᠡᠯᠳᠡ ᠶᠢ ᠦᠨᠨᠡᠬᠦ | ᠰᠠᠶᠢᠳᠤᠷ ᠠᠳᠬᠤᠵᠤ᠂ ᠮᠠᠩᠯᠠᠢ ᠭᠠᠴᠠᠭ᠎ᠠ ᠪᠠᠷ ᠦᠯᠢᠭᠡᠷ ᠲᠠᠭᠤᠷᠢᠶᠠᠯ ᠪᠤᠯᠭᠠᠵᠤ᠂ ᠰᠤᠮᠤ ᠪᠤᠯᠭᠠᠨ ᠨᠢᠬᠡ | ᠲᠦᠷᠢᠮᠵᠢᠭᠰᠡᠨ ᠡᠵᠡᠩᠨᠡᠯᠳᠡ ᠲᠠᠢ ᠬᠤᠷᠰᠢᠶᠠᠵᠢᠯ ᠢ ᠴᠢᠩᠭ᠎ᠠ ᠠᠳᠬᠤᠨ᠂ ᠬᠤᠷᠰᠢᠶᠠᠵᠢᠯ ᠢᠶᠠᠷ ᠮᠠᠯᠴᠢᠳ ᠪᠠᠶᠠᠵᠢᠨ | ᠴᠢᠨᠡᠭᠡᠯᠢᠭᠵᠢᠵᠤ᠂ ᠮᠠᠯᠵᠢᠬᠤ ᠦᠢᠯᠡᠳᠪᠦᠷᠢᠯᠡᠯ ᠤᠨ ᠲᠡᠰ ᠲᠡᠪᠰᠢᠬᠦ ᠰᠢᠪᠳᠤᠯᠤᠯᠳᠠ ᠶᠢᠨ ᠴᠡᠭ ᠪᠤᠯᠭᠠᠨ᠎ᠠ᠃ ᠤᠳᠤ | ᠦᠶ᠎ᠡ ᠶᠢᠨ ᠮᠢᠬᠠᠨ ᠤ ᠬᠤᠨᠢᠨ ᠤ ᠠᠵᠤ ᠦᠢᠯᠡᠰ ᠤᠨ ᠲᠦᠷᠦᠯ ᠵᠦᠢᠯ ᠢ ᠭᠡᠷᠡᠭᠵᠢᠬᠦᠯᠵᠤ᠂ ᠲᠡᠵᠢᠭᠡᠨ ᠦᠷᠡᠵᠢᠬᠦᠯᠭᠦ | ᠵᠢᠵᠢᠭ ᠲᠤᠭᠤᠷᠢᠭ ᠢ ᠲᠦᠯᠦᠪᠵᠢᠬᠦᠯᠦᠨ ᠪᠠᠶᠢᠭᠤᠯᠤᠨ᠎ᠠ᠃ ᠮᠦᠩᠭᠦᠨ ᠬᠦᠢᠯᠭᠡᠭᠡᠨ ᠤ ᠬᠦᠷᠦᠩᠭᠡ᠂ ᠦᠢᠯᠡᠳᠪᠦᠷᠢ | ᠬᠤᠳᠠᠯᠳᠤᠭᠠᠨ ᠤ ᠬᠦᠷᠦᠩᠭᠡ ᠪᠤᠯᠤᠨ ᠨᠡᠶᠢᠭᠡᠮ ᠤᠨ ᠬᠦᠷᠦᠩᠭᠡ ᠶᠢᠨ ᠲᠠᠷᠢᠶᠠᠯᠠᠩ ᠮᠠᠯ ᠠᠵᠤ ᠠᠬᠤᠢ ᠳᠤ | ᠤᠷᠤᠯᠴᠠᠬᠤ ᠶᠢ ᠵᠤᠷᠢᠭᠵᠢᠭᠤᠯᠤᠨ ᠵᠢᠯᠤᠭᠤᠳᠤᠨ᠎ᠠ᠃ ᠶᠤᠸᠠᠨ ᠯᠦᠩ᠂ ᠼᠤᠤ ᠶᠤᠸᠠᠨ ᠰᠢᠩ ᠵᠡᠷᠬᠡ | ᠲᠤᠯᠤᠭᠠᠶᠢᠯᠠᠭᠴᠢ ᠠᠵᠤ ᠠᠬᠤᠶᠢᠯᠠᠯ ᠤᠨ ᠲᠠᠶᠢᠴᠢᠯᠠᠬᠤ ᠦᠢᠯᠡᠳᠤᠯ ᠢ ᠬᠦᠢᠴᠡᠳ ᠪᠠᠳᠠᠷᠠᠭᠤᠯᠵᠤ᠂ ᠦᠢᠯᠡᠳᠪᠦᠷᠢᠯᠡᠵᠤ | ᠪᠤᠯᠪᠠᠰᠤᠷᠠᠭᠤᠯᠬᠤ ᠴᠢᠳᠠᠪᠤᠷᠢ ᠶᠢ ᠨᠡᠮᠡᠭᠳᠡᠭᠦᠯᠦᠨ᠂ ᠠᠵᠤ ᠦᠢᠯᠡᠰ ᠤᠨ ᠬᠢᠨᠵᠢ ᠶᠢ ᠤᠷᠳᠤᠳᠬᠠᠵᠤ᠂ ᠦᠢᠯᠡᠳᠬᠦᠨ | ᠤ ᠨᠡᠮᠡᠯᠳᠡ ᠦᠷᠳᠡᠭ ᠢ ᠲᠡᠭᠡᠭᠰᠢᠯᠡᠬᠦᠯᠦᠨ᠎ᠡ᠃ ᠠᠮᠢ ᠠᠬᠤᠢ ᠶᠢᠨ ᠪᠦᠳᠦᠭᠡᠨ ᠪᠠᠶᠢᠭᠤᠯᠤᠯᠳᠠ ᠶᠢ ᠨᠡᠩ ᠢᠯᠡᠬᠦᠦ | ᠴᠢᠩᠭᠠᠳᠬᠠᠵᠤ᠂ ᠲᠠᠯ᠎ᠠ ᠨᠤᠳᠤᠭ ᠢᠶᠠᠨ ᠤᠯᠠᠮ ᠭᠤᠸ᠎ᠠ ᠦᠵᠡᠰᠬᠦᠯᠡᠩ ᠪᠤᠯᠭᠠᠨ᠎ᠠ᠃ ᠡᠪᠡᠰᠦ ᠳᠠᠷᠢᠬᠤ ᠳᠤ | ᠲᠤᠬᠢᠷᠠᠮᠵᠢᠳᠠᠢ ᠪᠤᠯ ᠡᠪᠡᠰᠦ ᠲᠠᠷᠢᠵᠦ᠂ ᠮᠤᠳᠤ ᠲᠠᠷᠢᠬᠤ ᠳᠤ ᠳᠤᠬᠢᠷᠠᠮᠵᠢᠳᠠᠢ ᠪᠤᠯ ᠮᠤᠳᠤ ᠲᠠᠷᠢᠵᠦ᠂ ᠡᠯᠡᠰᠦᠷᠭᠡᠭ | ᠤᠷᠤᠨ ᠢ ᠶᠡᠷᠦᠩᠬᠡᠶᠢᠯᠡᠨ ᠵᠠᠰᠠᠬᠤ ᠢᠨᠵᠧᠨᠧᠷᠢᠩ ᠢ ᠯᠠᠪᠳᠠᠭᠤᠨ ᠪᠠᠳᠤᠳᠠᠢ ᠲᠦᠯᠬᠢᠨ ᠠᠬᠢᠭᠤᠯᠤᠨ᠎ᠠ᠃ ᠠᠶᠤᠯᠬᠦᠢ | ᠤᠰᠤ ᠤᠮᠳᠠ ᠶᠢᠨ ᠢᠨᠵᠧᠨᠧᠷᠢᠩ ᠪᠤᠯᠤᠨ ᠠᠯᠳ᠋ᠬᠠᠮᠡᠭᠡᠯ ᠪᠠᠯᠭᠠᠰᠤᠨ ᠤ ᠦᠶᠡᠷ ᠢ ᠰᠡᠷᠭᠡᠶᠢᠯᠡᠬᠦ ᠢᠨᠵᠧᠨᠧᠷᠢᠩ ᠢ | ᠦᠷᠬᠦᠯᠵᠢᠯᠡᠨ ᠭᠡᠷᠡᠭᠵᠢᠬᠦᠯᠦᠨ᠎ᠡ᠃ ᠤᠰᠤᠨ ᠤ ᠡᠬᠢ ᠰᠤᠷᠪᠤᠯᠵᠢ ᠶᠢᠨ ᠬᠠᠮᠢᠶᠠᠷᠤᠯᠳᠠ ᠪᠤᠯᠤᠨ ᠤᠰᠤ ᠬᠠᠩᠭᠠᠬᠤ | ᠤᠯᠠᠨ ᠨᠡᠶᠢᠳᠡ ᠶᠢᠨ ᠤᠷᠤᠨ ᠢ ᠶᠡᠷᠦᠩᠬᠡᠶᠢᠯᠡᠨ ᠵᠠᠰᠠᠬᠤ ᠠᠵᠢᠯ ᠢ ᠴᠢᠨᠠᠭᠰᠢᠳᠠ ᠴᠢᠩᠭᠠᠳᠬᠠᠵᠦ᠂ ᠤᠰᠤᠨ ᠤ ᠠᠮᠢ | ᠠᠬᠤᠢ ᠶᠢᠨ ᠠᠮᠤᠷ ᠲᠦᠪᠰᠢᠨ ᠢ ᠪᠠᠳᠤᠯᠠᠨ᠎ᠠ᠃ ᠬᠦᠯᠦᠨ ᠨᠠᠭᠤᠷ ᠢ ᠪᠦᠬᠦᠯᠢ ᠴᠤᠭᠴᠠ ᠪᠠᠷ ᠨᠢ ᠵᠠᠰᠠᠨ ᠴᠡᠭᠴᠡᠯᠡᠬᠦ | ᠠᠵᠢᠯ ᠳᠤ ᠢᠳᠡᠪᠬᠢᠳᠠᠢ ᠤᠷᠤᠯᠴᠠᠵᠦ᠂ ᠦᠪᠡᠷᠲᠡᠭᠡᠨ ᠵᠠᠰᠠᠬᠤ ᠤᠷᠤᠨ ᠤ ᠲᠡᠰ ᠤᠨ ᠠᠮᠢ ᠠᠬᠤᠶᠢᠴᠢ ᠬᠤᠰᠢᠭᠤ ᠪᠠᠷ | ᠰᠢᠯᠭᠠᠷᠠᠭᠤᠯᠬᠤ ᠪᠠᠷ ᠲᠡᠭᠡᠭᠰᠢ ᠮᠡᠳᠡᠬᠦᠯᠦᠨ᠎ᠡ᠃ ᠬᠦᠨᠳᠦ ᠲᠡᠮᠦᠷᠯᠢᠭ ᠤᠨ ᠪᠤᠬᠢᠷᠳᠤᠯ ᠢ ᠰᠡᠷᠭᠡᠶᠢᠯᠡᠨ ᠵᠠᠰᠠᠬᠤ ᠶᠢ | ᠴᠢᠩᠭᠠᠳᠬᠠᠵᠦ᠂ ︽ᠠᠷᠪᠠᠨ ᠬᠤᠶᠠᠳᠤᠭᠠᠷ ᠲᠠᠪᠤᠨ ᠵᠢᠯ︾ ᠤᠨ ᠡᠨᠧᠷᠬᠢ ᠶᠢ ᠠᠷᠪᠢᠯᠠᠨ ᠪᠤᠭᠢᠷᠳᠤᠯ ᠢ ᠪᠠᠭᠠᠰᠬᠠᠬᠤ | ᠡᠭᠦᠷᠭᠡ ᠶᠢ ᠪᠦᠬᠦ ᠲᠠᠯ᠎ᠠ ᠪᠠᠷ ᠪᠡᠶᠡᠯᠡᠬᠦᠯᠦᠨ᠎ᠡ᠃ | ︵ᠬᠤᠶᠠᠷ︶ ᠠᠵᠤ ᠦᠢᠯᠡᠳᠪᠦᠷᠢ ᠶᠢᠨ ᠭᠤᠤᠯᠯᠠᠬᠤ ᠦᠢᠯᠡᠳᠤᠯ ᠢ ᠴᠢᠩᠭᠠᠳᠬᠠᠵᠤ᠂ ᠠᠵᠤ ᠦᠢᠯᠡᠳᠪᠦᠷᠢ | ᠶᠢᠨ ᠠᠵᠤ ᠠᠬᠤᠢ ᠶᠢᠨ ᠪᠠᠭᠳᠠᠭᠠᠮᠵᠢ ᠶᠢ ᠦᠷᠭᠡᠳᠭᠡᠨ ᠬᠡᠮᠵᠢᠶ᠎ᠡ ᠶᠢ ᠨᠡᠮᠡᠭᠳᠡᠭᠦᠯᠬᠦ ᠶᠢ ᠠᠬᠢᠭᠤᠯᠤᠨ᠎ᠠ᠃ ︽ᠠᠵᠤ | ᠦᠢᠯᠡᠳᠪᠦᠷᠢ ᠪᠠᠷ ᠬᠤᠰᠢᠭᠤ ᠪᠠᠨ ᠭᠦᠴᠦᠷᠭᠡᠭᠵᠢᠬᠦᠯᠬᠦ︾ ᠪᠠᠶᠢᠯᠳᠤᠬᠤ ᠪᠤᠳᠤᠯᠭ᠎ᠠ ᠶᠢ ᠡᠷᠡᠰ ᠭᠤᠶᠢᠪᠢᠰᠢ ᠦᠭᠡᠢ | ᠭᠡᠷᠡᠭᠵᠢᠬᠦᠯᠵᠤ᠂ ᠴᠢᠯᠠᠭᠤᠨ ᠲᠤᠰᠤ᠂ ᠪᠠᠶᠢᠭᠠᠯᠢ ᠶᠢᠨ ᠰᠢᠳᠠᠮᠠᠬᠠᠢ ᠬᠡᠢ᠂ ᠦᠩᠭᠡᠳᠤ ᠲᠡᠮᠦᠷᠯᠢᠭ᠂ ᠨᠡᠭᠦᠷᠡᠰᠤ᠂ | ᠲᠡᠮᠦᠷᠯᠢᠭ ᠬᠠᠶᠢᠯᠤᠭᠤᠯᠬᠤ ᠵᠡᠷᠭᠡ ᠭᠤᠤᠯᠳᠠᠯᠭ᠎ᠠ ᠲᠠᠢ ᠠᠵᠤ ᠦᠢᠯᠡᠰ ᠢ ᠭᠦᠭᠵᠢᠬᠦᠯᠦᠨ ᠪᠤᠵᠠᠭᠠᠶᠢᠷᠠᠭᠤᠯᠵᠦ᠂ ᠠᠵᠦ | ᠦᠢᠯᠡᠰ ᠤᠨ ᠬᠢᠨᠵᠢ ᠶᠢ ᠤᠷᠳᠤᠳᠬᠠᠨ᠂ ᠳ᠋ᠦᠩᠰᠢᠭᠤᠷ ᠲᠦᠭᠦᠷᠢᠭ ᠠᠴᠠ ᠲᠡᠭᠡᠭᠰᠢᠬᠢ ᠲᠦᠷᠦᠯ ᠵᠦᠢᠯ ᠢ ᠴᠢᠷᠮᠠᠶᠢᠨ | ᠪᠠᠶᠢᠭᠤᠯᠵᠤ᠂ ᠠᠵᠤ ᠦᠢᠯᠡᠰ ᠤᠨ ᠦᠷᠢᠰᠦᠯᠳᠦᠭᠡᠨ ᠤ ᠬᠦᠴᠦᠨ ᠢ ᠲᠠᠰᠤᠷᠠᠯᠳᠠ ᠦᠭᠡᠢ ᠲᠡᠭᠡᠭᠰᠢᠯᠡᠬᠦᠯᠦᠨ᠎ᠡ᠃ | ᠲᠦᠷᠦᠯ ᠵᠦᠢᠯ ᠢᠶᠠᠷ ᠲᠠᠶᠢᠴᠢᠯᠠᠬᠤ ᠶᠢ ᠪᠠᠷᠢᠮᠳᠠᠯᠠᠨ᠎ᠠ᠃ 4.8 ᠳ᠋ᠦᠩᠰᠢᠭᠤᠷ ᠲᠦᠬᠦᠷᠢᠭ ᠤᠨ ᠪᠡᠯᠡ ᠤᠷᠤᠭᠤᠯᠵᠦ᠂ | ᠴᠤᠤ ᠹᠠᠨ ᠠᠭᠤᠷᠬᠠᠢ ᠶᠢᠨ ᠦᠢᠯᠡᠰ ᠤᠨ ᠬᠠᠶᠢᠷᠬᠠᠨ ᠲᠤᠭᠤᠯᠭ᠎ᠠ ᠴᠠᠶᠢᠷ ᠤᠨ ᠠᠭᠤᠷᠬᠠᠢ ᠶᠢ ᠮᠠᠯᠳᠠᠵᠤ ᠰᠢᠯᠢᠬᠦ | ᠲᠦᠷᠦᠯ ᠵᠦᠢᠯ ᠢ ᠭᠡᠷᠡᠭᠵᠢᠬᠦᠯᠦᠨ᠎ᠡ᠃ 3 ᠳ᠋ᠦᠩᠰᠢᠭᠤᠷ ᠲᠦᠬᠦᠷᠢᠭ ᠤᠨ ᠪᠡᠯᠡ ᠤᠷᠤᠭᠤᠯᠵᠦ᠂ ᠳ᠋ᠠᠴᠢᠩ ᠤᠨ | ᠴᠢᠯᠠᠭᠤᠨ ᠲᠤᠰᠤᠨ ᠤ ᠦᠷᠬᠦᠯᠵᠢᠯᠡᠯ ᠴᠢᠨᠠᠷᠳᠠᠢ ᠨᠡᠭᠡᠭᠡᠨ ᠠᠰᠢᠭᠯᠠᠬᠤ ᠲᠦᠷᠦᠯ ᠵᠦᠢᠯ ᠢ ᠭᠡᠷᠡᠭᠵᠢᠬᠦᠯᠦᠨ᠎ᠡ᠃ 1.6 | ᠳ᠋ᠦᠩᠰᠢᠭᠤᠷ ᠲᠦᠬᠦᠷᠢᠭ ᠤᠨ ᠪᠡᠯᠡ ᠤᠷᠤᠭᠤᠯᠵᠦ᠂ ᠶᠢᠨ ᠱᠠᠨ ᠠᠭᠤᠷᠬᠠᠢ ᠶᠢᠨ ᠦᠢᠯᠡᠰ ᠤᠨ ᠤᠰᠤ ᠬᠦᠬᠦᠷ | ᠬᠦᠴᠢᠯ ᠮᠠᠩᠭᠠᠨ ᠤ ᠮᠡᠷᠭᠡᠵᠢᠯ ᠢᠶᠠᠨ ᠰᠠᠶᠢᠵᠢᠷᠠᠭᠤᠯᠬᠤ ᠲᠦᠷᠦᠯ ᠵᠦᠢᠯ ᠢ ᠭᠡᠷᠡᠭᠵᠢᠬᠦᠯᠦᠨ᠎ᠡ᠃ ᠵᠦᠩ ᠶᠢᠨ ᠵᠡᠰ ᠤᠨ | ᠦᠢᠯᠡᠰ ᠤᠨ ᠤᠯᠠᠨ ᠲᠡᠮᠦᠷᠯᠢᠭ ᠤᠨ ᠠᠭᠤᠷᠬᠠᠢ ᠶᠢ ᠠᠯᠬᠤᠮ ᠬᠤᠪᠢᠶᠠᠨ ᠬᠤᠷᠢᠶᠠᠨ ᠠᠪᠴᠤ ᠶᠡᠷᠤᠩᠭᠡᠶᠢᠯᠡᠨ | ᠠᠰᠢᠭᠯᠠᠬᠤ᠂ ᠰᠢᠨ ᠹᠧᠩ ᠮᠤᠳᠤᠨ ᠤ ᠦᠢᠯᠡᠰ ᠤᠨ ᠮᠤᠳᠤᠨ ᠭᠡᠷᠡᠭᠰᠡᠯ ᠦᠢᠯᠡᠳᠪᠦᠷᠢᠯᠡᠬᠦ᠂ ᠾᠧ ᠢ ᠰᠠᠯᠬᠢᠨ | ᠬᠦᠴᠦᠨ ᠤ ᠰᠢᠨ᠎ᠡ ᠨᠢᠬᠡ ᠦᠶ᠎ᠡ ᠶᠢᠨ ᠰᠠᠯᠬᠢ ᠨᠠᠷᠠᠨ ᠤ ᠭᠡᠷᠡᠯ ᠢ ᠬᠠᠷᠢᠯᠴᠠᠨ ᠨᠦᠭᠦᠪᠤᠷᠢᠯᠠᠨ ᠴᠠᠬᠢᠯᠭᠠᠨ ᠭᠠᠷᠭᠠᠬᠤ | ᠲᠦᠭᠦᠭᠡᠷᠦᠮᠵᠢ ᠵᠡᠷᠭᠡ ᠪᠦᠳᠦᠭᠡᠨ ᠪᠠᠶᠢᠭᠤᠯᠤᠯᠳᠠ ᠶᠢᠨ ᠲᠦᠷᠦᠯ ᠵᠦᠢᠯ ᠢ ᠲᠦᠷᠭᠡᠳᠭᠡᠨ ᠠᠬᠢᠭᠤᠯᠤᠨ᠎ᠠ᠃ | ᠠᠷᠠᠯᠵᠢᠶᠠᠴᠢᠨ ᠤᠷᠢᠵᠤ ᠪᠡᠯᠡ ᠤᠷᠤᠭᠤᠯᠬᠤ ᠬᠦᠴᠦᠯᠡᠴᠡ ᠶᠢ ᠨᠡᠮᠡᠭᠳᠡᠬᠦᠯᠵᠤ᠂ ᠯᠦᠩ ᠶᠤᠸᠠᠨ ᠬᠦᠯᠦᠨ ᠪᠤᠶᠢᠷ ᠤᠨ | 120 ᠲᠦᠮᠡᠨ ᠺᠢᠯᠤᠸᠠᠲ ᠰᠠᠯᠬᠢᠨ ᠬᠦᠴᠦᠨ ᠢᠶᠠᠷ ᠴᠠᠬᠢᠯᠭᠠᠨ ᠭᠠᠷᠭᠠᠬᠤ ᠲᠦᠷᠦᠯ ᠵᠦᠢᠯ ᠢ ᠤᠷᠤᠭᠤᠯᠵᠦ | ᠠᠪᠴᠢᠷᠠᠬᠤ ᠠᠵᠢᠯ ᠢ ᠠᠬᠢᠭᠤᠯᠤᠨ᠎ᠠ᠃ ᠬᠦᠷᠢᠶᠡᠯᠡᠩ ᠢᠶᠠᠷ ᠲᠠᠶᠢᠴᠢᠯᠠᠬᠤ ᠶᠢ ᠪᠠᠷᠢᠮᠳᠠᠯᠠᠨ᠎ᠠ᠃ ᠰᠢᠨ᠎ᠡ ᠪᠠᠷᠭᠤ | ᠪᠠᠷᠠᠭᠤᠨ ᠬᠤᠰᠢᠭᠤᠨ ᠤ ᠠᠵᠤ ᠦᠢᠯᠡᠳᠪᠦᠷᠢ ᠶᠢᠨ ᠬᠦᠷᠢᠶᠡᠯᠡᠩ ᠢ ᠦᠪᠡᠷᠳᠡᠭᠡᠨ ᠵᠠᠰᠠᠬᠤ ᠤᠷᠤᠨ ᠤ ᠲᠡᠰ ᠤᠨ | ᠠᠵᠤ ᠦᠢᠯᠡᠳᠪᠦᠷᠢ ᠶᠢᠨ ᠬᠦᠷᠢᠶᠡᠯᠡᠩ ᠢᠶᠠᠷ ᠮᠡᠳᠡᠭᠦᠯᠬᠦ ᠠᠬᠢᠴᠠ ᠶᠢ ᠲᠦᠷᠭᠡᠳᠭᠡᠨ᠎ᠡ᠃ ᠵᠠ ᠠᠭᠤᠯᠠ ᠠᠭᠤᠷᠬᠠᠢ ᠶᠢ | ᠤᠯᠤᠰ ᠤᠨ ᠬᠠᠶᠢᠨ ᠪᠠᠶᠢᠴᠠᠭᠠᠯᠳᠠ ᠶᠢᠨ ᠲᠦᠯᠦᠪᠵᠢᠬᠦᠯᠭᠡ ᠳᠤ ᠵᠢᠠᠠᠰᠠᠭᠠᠨ ᠤᠷᠤᠭᠤᠯᠬᠤ ᠪᠠᠷ ᠴᠢᠷᠮᠠᠶᠢᠨ᠎ᠠ᠃ | ᠰᠠᠭᠤᠷᠢ ᠲᠦᠭᠦᠭᠡᠷᠤᠮᠵᠢ ᠶᠢᠨ ᠪᠦᠳᠦᠭᠡᠨ ᠪᠠᠶᠢᠭᠤᠯᠤᠯᠳᠠ ᠶᠢ ᠴᠢᠩᠭᠠᠳᠬᠠᠵᠤ᠂ ᠵᠠ ᠠᠭᠤᠯᠠ ᠴᠠᠭᠠᠨ ᠤ ᠠᠵᠤ | ᠦᠢᠯᠡᠰ ᠤᠨ ᠰᠠᠭᠤᠷᠢᠨ ᠭᠠᠵᠠᠷ ᠤᠨ ᠦᠢᠯᠡᠴᠢᠯᠡᠭᠡᠨ ᠤ ᠴᠢᠳᠠᠪᠬᠢ ᠶᠢ ᠳᠡᠬᠦᠯᠳᠡᠷᠵᠢᠬᠦᠯᠵᠦ᠂ ᠠᠭᠤᠷᠬᠠᠢ ᠶᠢᠨ | ᠤᠷᠤᠨ ᠤ ᠦᠢᠯᠡᠴᠢᠯᠡᠭᠡᠨ ᠤ ᠬᠢᠷᠢ ᠲᠦᠪᠰᠢᠨ ᠢ ᠲᠡᠭᠡᠭᠰᠢᠯᠡᠬᠦᠯᠦᠨ᠂ ᠦᠨᠤ ᠵᠢᠯ 2 — 3 ᠵᠦᠢᠯ ᠤᠨ | ᠳ᠋ᠦᠩᠰᠢᠭᠤᠷ ᠲᠦᠭᠦᠷᠢᠭ ᠠᠴᠠ ᠲᠡᠭᠡᠭᠰᠢᠬᠢ ᠲᠦᠷᠦᠯ ᠵᠦᠢᠯ ᠪᠤᠯᠤᠨ ᠭᠤᠤᠯᠳᠠᠯᠭ᠎ᠠ ᠲᠠᠢ ᠠᠵᠤ ᠠᠬᠤᠶᠢᠯᠠᠯ ᠢ | ᠬᠦᠷᠢᠶᠡᠯᠡᠩ ᠳᠤ ᠤᠷᠤᠭᠤᠯᠵᠦ ᠠᠪᠴᠢᠷᠠᠬᠤ ᠪᠠᠷ ᠴᠢᠷᠮᠠᠶᠢᠨ᠎ᠠ᠃ ᠠᠯᠳ᠋ᠬᠠᠮᠡᠭᠡᠯ ᠵᠢᠵᠢᠭ ᠠᠵᠦ ᠠᠬᠤᠶᠢᠯᠠᠯ ᠤᠨ | ᠦᠢᠯᠡᠰ ᠪᠤᠰᠬᠠᠬᠤ ᠵᠢᠱᠢᠶ᠎ᠡ ᠦᠵᠡᠬᠦᠯᠬᠦ ᠰᠠᠭᠤᠷᠢᠨ ᠭᠠᠵᠠᠷ ᠢ ᠪᠦᠬᠦ ᠳᠠᠯ᠎ᠠ ᠪᠠᠷ ᠪᠠᠶᠢᠭᠤᠯᠤᠨ᠎ᠠ᠃ ᠲᠦᠷᠦ ᠶᠢᠨ | ᠪᠤᠳᠤᠯᠭ᠎ᠠ ᠪᠠᠷ ᠲᠠᠶᠢᠴᠢᠯᠠᠬᠤ ᠶᠢ ᠪᠠᠷᠢᠮᠳᠠᠯᠠᠨ᠎ᠠ᠃ ᠲᠠᠪᠠᠭᠤᠯᠢᠭ ᠠᠵᠤ ᠦᠢᠯᠡᠰ ᠢ ᠠᠬᠢᠭᠤᠯᠬᠤ ᠪᠠ ᠭᠤᠤᠯᠯᠠᠭᠴᠢ | ᠠᠵᠤ ᠠᠬᠤᠶᠢᠯᠠᠯ ᠢ ᠲᠡᠳᠭᠦᠵᠤ ᠭᠦᠭᠵᠢᠬᠦᠯᠦᠨ ᠬᠦᠴᠦᠷᠭᠡᠭᠵᠢᠬᠦᠯᠬᠦ ᠲᠦᠷᠦ ᠶᠢᠨ ᠪᠤᠳᠤᠯᠭ᠎ᠠ ᠠᠷᠭ᠎ᠠ ᠭᠡᠮᠵᠢᠶ᠎ᠡ ᠶᠢ | ᠲᠤᠭᠳᠠᠭᠠᠨ ᠳᠡᠬᠦᠯᠳᠡᠷᠵᠢᠬᠦᠯᠦᠨ᠎ᠡ᠃ ᠨᠡᠶᠢᠳᠡ ᠶᠢᠨ ᠦᠮᠴᠢᠯᠠᠯ ᠤᠨ ᠪᠤᠰᠤ ᠠᠵᠤ ᠠᠬᠤᠢ ᠶᠢᠨ ᠬᠦᠭᠵᠢᠯᠳᠡ ᠶᠢ | ᠲᠡᠮᠵᠢᠵᠤ᠂ ᠠᠷᠠᠳ ᠤᠨ ᠲᠤᠮᠳᠠᠬᠢ ᠪᠡᠯᠡ ᠮᠦᠩᠭᠦ ᠶᠢᠨ ᠲᠦᠷᠦᠯ ᠵᠦᠢᠯ ᠤᠨ ᠪᠦᠳᠦᠭᠡᠨ ᠪᠠᠶᠢᠭᠤᠯᠤᠯᠳᠠ ᠳᠤ | ᠤᠷᠤᠯᠴᠠᠬᠤ ᠶᠢ ᠵᠤᠷᠢᠭᠵᠢᠭᠤᠯᠤᠨ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠤᠯᠠᠨ ᠡᠰᠢᠵᠢᠨ ᠬᠦᠭᠵᠢᠬᠦ | ᠶᠢ ᠵᠢᠭᠠᠨ ᠵᠢᠯᠤᠭᠤᠳᠤᠨ᠎ᠠ᠃ ᠠᠶᠤᠯᠬᠦᠢ ᠦᠢᠯᠡᠳᠪᠦᠷᠢᠯᠡᠯ ᠤᠨ ᠬᠢᠨᠠᠨ ᠬᠠᠮᠢᠶᠠᠷᠤᠯᠳᠠ ᠶᠢ ᠴᠢᠩᠭᠠᠳᠬᠠᠨ᠂ ︽ᠨᠠᠮ | ᠵᠠᠰᠠᠭ ᠠᠳᠠᠯᠢ ᠬᠠᠷᠢᠭᠤᠴᠠᠯᠭ᠎ᠠ ᠡᠭᠦᠷᠭᠡᠯᠡᠬᠦ᠂ ᠨᠢᠭᠡ ᠠᠵᠢᠯ ᠤᠨ ᠪᠠᠶᠢᠷᠢ ᠳᠤ ᠬᠤᠶᠠᠷ ᠬᠠᠷᠢᠭᠤᠴᠠᠯᠭ᠎ᠠ ᠡᠭᠦᠷᠭᠡᠯᠡᠬᠦ︾ | ᠶᠢ ᠴᠢᠩᠭ᠎ᠠ ᠨᠠᠶᠢᠳᠠᠪᠤᠷᠢᠵᠢᠭᠤᠯᠵᠤ᠂ ᠬᠦᠨᠳᠤ ᠨᠤᠴᠢᠳᠠᠢ ᠤᠨᠴᠠ ᠶᠡᠭᠡ ᠠᠶᠤᠯᠬᠦᠢ ᠦᠢᠯᠡᠳᠪᠦᠷᠢᠯᠡᠯ ᠤᠨ ᠠᠳᠡᠯ | ᠭᠠᠷᠬᠤ ᠶᠢ ᠰᠡᠷᠭᠡᠶᠢᠯᠡᠨ᠎ᠡ᠃ | ︵ᠭᠤᠷᠪᠠ︶ ᠵᠤᠭᠠᠴᠠᠯ ᠠᠷᠠᠯᠵᠢᠶᠠᠨ ᠤ ᠠᠵᠤ ᠦᠢᠯᠡᠰ ᠤᠨ ᠪᠦᠳᠦᠴᠡ ᠶᠢ ᠦᠷᠭᠡᠳᠭᠡᠵᠤ᠂ ᠭᠤᠷᠪᠠᠳᠤᠭᠠᠷ | ᠠᠵᠤ ᠦᠢᠯᠡᠰ ᠤᠨ ᠴᠢᠨᠠᠷ ᠢ ᠲᠡᠭᠡᠭᠰᠢᠯᠡᠬᠦᠯᠦᠨ ᠲᠡᠰ ᠲᠡᠪᠰᠢᠬᠦᠯᠬᠦ ᠶᠢ ᠲᠦᠷᠭᠡᠳᠭᠡᠨ᠎ᠡ᠃ ᠪᠤᠭᠤᠮᠳᠠ ᠶᠢᠨ ᠠᠵᠦ | ᠠᠬᠤᠢ ᠶᠢ ᠪᠤᠵᠠᠭᠠᠶᠢᠷᠠᠭᠤᠯᠬᠤ ᠪᠠᠷ ᠭᠤᠤᠯ ᠱᠤᠭᠤᠮ ᠪᠤᠯᠭᠠᠵᠦ᠂ ᠦᠢᠯᠡᠴᠢᠯᠡᠭᠡᠨ ᠤ ᠦᠢᠯᠡᠰ ᠢ ᠲᠡᠮᠵᠢᠵᠦ | ᠪᠤᠶᠢᠵᠢᠭᠤᠯᠤᠨ ᠪᠤᠵᠠᠭᠠᠶᠢᠷᠠᠭᠤᠯᠤᠨ᠎ᠠ᠃ ᠪᠤᠭᠤᠮᠳᠠ ᠶᠢᠨ ᠠᠵᠦ ᠠᠬᠤᠢ ᠶᠢ ᠰᠢᠨ᠎ᠡ ᠲᠤᠯᠭᠠᠭᠤᠷᠢᠯᠠᠬᠤ ᠠᠵᠦ ᠦᠢᠯᠡᠰ | ᠪᠤᠯᠤᠨ ᠠᠵᠦ ᠠᠬᠤᠢ ᠶᠢᠨ ᠨᠡᠮᠡᠭᠳᠡᠯ ᠴᠡᠭ ᠪᠤᠯᠭᠠᠨ᠎ᠠ᠃ ᠪᠤᠭᠤᠮᠳᠠ ᠶᠢᠨ ᠰᠠᠭᠤᠷᠢ ᠲᠦᠭᠦᠭᠡᠷᠤᠮᠵᠢ ᠶᠢ | ᠲᠡᠭᠦᠯᠳᠡᠷᠵᠢᠬᠦᠯᠵᠤ᠂ ᠪᠤᠭᠤᠮᠳᠠ ᠨᠡᠪᠳᠡᠷᠡᠬᠦ ᠵᠠᠮ᠂ ᠪᠠᠷᠠᠭᠠᠨ ᠤ ᠲᠠᠯᠠᠪᠠᠢ᠂ ᠤᠯᠤᠰ ᠤᠨ ᠬᠠᠭᠠᠯᠭ᠎ᠠ ᠵᠡᠷᠭᠡ ᠲᠦᠷᠦᠯ | ᠵᠦᠢᠯ ᠢ ᠲᠡᠭᠡᠳᠦ ᠱᠠᠳᠤᠨ ᠠᠴᠠ ᠢᠳᠡᠪᠬᠢᠳᠠᠢ ᠴᠢᠷᠮᠠᠶᠢᠨ ᠤᠯᠵᠤ᠂ ᠠᠷᠤᠬᠠᠰᠢᠶᠠᠳᠦ ᠪᠤᠭᠤᠮᠳᠠ ᠠᠴᠠ ᠮᠤᠩᠭᠤᠯ | ᠤᠯᠤᠰ ᠤᠨ ᠲᠤᠷᠤᠨᠠᠳᠦ ᠠᠶᠢᠮᠠᠭ ᠤᠨ ᠴᠤᠶᠢᠪᠠᠯᠰᠠᠩ ᠬᠤᠳᠠ ᠬᠦᠷᠬᠦ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠳᠠ | ᠶᠢ ᠲᠦᠯᠬᠢᠨ ᠠᠬᠢᠭᠤᠯᠤᠨ᠎ᠠ᠃ 2015 ᠤᠨ ᠳᠤ ᠠᠷᠤᠬᠠᠰᠢᠶᠠᠳᠤ ᠪᠤᠭᠤᠮᠳᠠ ᠶᠢ ᠵᠢᠯ ᠲᠤᠷᠰᠢᠳᠠ ᠲᠦᠷ ᠴᠠᠭ | ᠴᠢᠯᠦᠭᠡᠳᠡᠢ ᠪᠤᠯᠭᠠᠬᠤ ᠪᠠ ᠬᠢᠯᠢ ᠪᠠᠷ ᠵᠤᠭᠠᠴᠠᠬᠤ ᠳᠤ ᠪᠤᠰᠤᠳ ᠭᠠᠵᠠᠷ ᠲᠤ ᠦᠨᠡᠮᠯᠡᠯ ᠬᠦᠢᠴᠡᠳᠭᠡᠬᠦ ᠶᠢ | ᠵᠦᠪᠰᠢᠶᠡᠷᠡᠭᠰᠡᠨ ᠶᠠᠪᠤᠳᠠᠯ ᠢᠶᠠᠷ ᠲᠤᠬᠢᠶᠠᠯ ᠪᠤᠯᠭᠠᠨ᠂ ᠲᠤᠮᠳᠠᠳᠤ ᠮᠤᠩᠭᠤᠯ ᠤᠨ ᠬᠢᠯᠢ ᠶᠢᠨ ᠠᠵᠤ ᠠᠬᠤᠢ ᠶᠢᠨ | ᠬᠠᠮᠳᠤᠷᠠᠨ ᠠᠵᠢᠯᠯᠠᠬᠤ ᠤᠷᠤᠨ ᠢ ᠲᠡᠭᠡᠭᠰᠢ ᠮᠡᠳᠡᠬᠦᠯᠵᠤ ᠬᠢᠨᠠᠨ ᠵᠦᠪᠰᠢᠶᠡᠷᠡᠭᠦᠯᠬᠦ ᠠᠵᠢᠯ ᠢ ᠲᠦᠷᠭᠡᠳᠭᠡᠨ | ᠠᠬᠢᠭᠤᠯᠤᠨ᠎ᠠ᠃ ︽ᠬᠤᠯᠢᠰᠢᠨ ᠢᠳᠡᠭᠡᠨ︾ ᠤ ᠢᠨᠵᠧᠨᠧᠷᠢᠩ ᠢ ᠶᠡᠬᠡᠪᠡᠷ ᠭᠡᠷᠡᠭᠵᠢᠬᠦᠯᠵᠦ᠂ 600 ᠲᠦᠮᠡᠨ | ᠲᠦᠬᠦᠷᠢᠭ ᠤᠨ ᠪᠡᠯᠡ ᠤᠷᠤᠭᠤᠯᠵᠦ᠂ ᠢᠳᠡᠰᠢᠨ ᠨᠤᠭᠤᠭᠠᠨ ᠤ ᠫᠧᠩ ᠢ ᠰᠢᠨ᠎ᠡ ᠪᠠᠷ 30 ᠪᠠᠶᠢᠭᠤᠯᠵᠦ᠂ 22 | ᠢᠳᠡᠰᠢᠨ ᠨᠤᠭᠤᠭᠠᠨ ᠤ ᠫᠧᠩ ᠢ ᠵᠠᠰᠠᠨ ᠰᠠᠯᠪᠢᠵᠦ᠂ ᠤᠯᠠᠨ ᠲᠦᠮᠡᠨ ᠤ ᠨᠤᠭᠤᠭ᠎ᠠ ᠢᠳᠡᠬᠦ ᠳᠤ ᠬᠦᠴᠢᠷᠳᠡᠢ ᠪᠠᠶᠢᠬᠤ | ᠠᠰᠠᠭᠤᠳᠠᠯ ᠢ ᠰᠢᠢᠳᠪᠦᠷᠢᠯᠡᠨ᠎ᠡ᠃ ᠲᠠᠷᠢᠵᠤ ᠤᠷᠭᠤᠭᠤᠯᠬᠤ ᠳᠠᠯᠠᠪᠠᠢ ᠶᠢ ᠦᠷᠭᠡᠳᠭᠡᠵᠦ᠂ ᠪᠤᠭᠢᠷᠳᠤᠯ ᠦᠭᠡᠢ | ᠬᠤᠤᠷᠳᠠᠯ ᠦᠬᠡᠢ ᠢᠳᠡᠰᠢᠨ ᠨᠤᠭᠤᠭᠠᠨ ᠤ ᠨᠡᠷ᠎ᠡ ᠲᠡᠮᠳᠡᠭ ᠢ ᠡᠭᠦᠳᠴᠤ᠂ ᠲᠠᠷᠢᠵᠤ ᠤᠷᠭᠤᠭᠤᠯᠬᠤ᠂ | ᠪᠤᠯᠪᠠᠰᠤᠷᠠᠭᠤᠯᠵᠤ ᠡᠳ᠋ᠰᠢᠬᠦᠯᠬᠦ᠂ ᠭᠠᠳᠠᠭᠠᠳᠤ ᠳᠤ ᠭᠠᠷᠭᠠᠬᠤ ᠶᠢ ᠨᠢᠬᠡ ᠴᠤᠭᠴᠠᠵᠢᠭᠤᠯᠤᠭᠰᠠᠨ ᠢᠳᠡᠰᠢᠨ ᠨᠤᠭᠤᠭ᠎ᠠ | ᠶᠢ ᠭᠠᠳᠠᠭᠠᠳᠤ ᠳᠤ ᠭᠠᠷᠭᠠᠬᠤ ᠰᠠᠭᠤᠷᠢᠨ ᠭᠠᠵᠠᠷ ᠢ ᠪᠠᠶᠢᠭᠤᠯᠤᠨ᠎ᠠ᠃ ᠵᠤᠭᠠᠴᠠᠯ ᠠᠷᠠᠯᠵᠢᠶ᠎ᠠ ᠶᠢᠨ ᠠᠵᠦ ᠦᠢᠯᠡᠰ ᠢ | ᠬᠤᠰᠢᠭᠤ ᠪᠠᠨ ᠬᠦᠭᠵᠢᠭᠡᠨᠳᠡᠢ ᠪᠤᠯᠭᠠᠵᠦ ᠠᠷᠠᠳ ᠢ ᠪᠠᠶᠠᠵᠢᠭᠤᠯᠬᠤ ᠴᠢᠬᠤᠯᠠ ᠠᠷᠭ᠎ᠠ ᠵᠠᠮ ᠪᠤᠯᠭᠠᠨ᠎ᠠ᠃ ᠰᠢᠨ᠎ᠡ | ᠭᠡᠯᠪᠡᠷᠢ ᠶᠢᠨ ᠦᠢᠯᠡᠴᠢᠯᠡᠭᠡᠨ ᠤ ᠦᠢᠯᠡᠰ ᠢ ᠲᠡᠳᠬᠦᠨ ᠬᠦᠭᠵᠢᠬᠦᠯᠵᠤ᠂ ᠡᠯᠧᠺᠲᠷᠤᠨ ᠬᠤᠳᠠᠯᠳᠤᠭᠠᠨ ᠤ ᠶᠠᠪᠤᠳᠠᠯ | ᠤᠨ ᠲᠠᠪᠴᠠᠩ ᠢ ᠰᠦᠪᠡᠭᠴᠢᠯᠡᠨ ᠪᠠᠶᠢᠭᠤᠯᠵᠤ᠂ ᠤᠳᠤ ᠦᠶ᠎ᠡ ᠶᠢᠨ ᠠᠷᠠᠯᠵᠢᠶ᠎ᠠ ᠬᠤᠳᠠᠯᠳᠤᠭᠠᠨ ᠤ ᠭᠦᠢᠯᠭᠡᠭᠡ ᠶᠢᠨ | ᠵᠠᠬ᠎ᠠ ᠲᠡᠯᠭᠡᠭᠦᠷ ᠢ ᠲᠡᠭᠦᠯᠳᠡᠷᠵᠢᠬᠦᠯᠦᠨ᠎ᠡ᠃ ᠦᠨᠤ ᠵᠢᠯ ᠳᠤ 1 — 2 ᠲᠤᠮᠤ ᠭᠡᠯᠪᠡᠷᠢ ᠶᠢᠨ ᠪᠤᠳᠠᠰ ᠤᠨ ᠬᠦᠢᠯᠭᠡᠭᠡ | ᠶᠢᠨ ᠠᠵᠤ ᠠᠬᠤᠶᠢᠯᠠᠯ ᠢ ᠪᠤᠶᠢᠵᠢᠭᠤᠯᠬᠤ ᠪᠠ ᠤᠷᠤᠭᠤᠯᠵᠦ ᠠᠪᠴᠢᠷᠠᠬᠤ ᠪᠠᠷ ᠭᠦᠴᠦᠯᠡᠨ ᠴᠢᠷᠮᠠᠶᠢᠨ᠎ᠠ᠃ ᠵᠤᠭᠠᠴᠠᠯ | ᠤᠨ ᠬᠦᠭᠵᠢᠯᠳᠡ ᠶᠢᠨ ᠶᠡᠷᠦᠩᠬᠡᠢ ᠲᠦᠯᠦᠪᠵᠢᠬᠦᠯᠭᠡ ᠶᠢ ᠰᠠᠶᠢᠳᠦᠷ ᠬᠢᠵᠦ᠂ ᠬᠢᠯᠢ ᠪᠠᠷ ᠵᠤᠭᠠᠴᠠᠬᠤ ᠪᠠ ᠠᠷᠠᠳ ᠤᠨ | ᠵᠠᠩ ᠦᠢᠯᠡ ᠶᠢᠨ ᠠᠮᠢ ᠠᠬᠤᠶᠢᠴᠢ ᠵᠤᠭᠠᠴᠠᠯ ᠢ ᠭᠤᠤᠯᠳᠠᠯᠭ᠎ᠠ ᠲᠠᠢ ᠪᠤᠢ ᠪᠤᠯᠭᠠᠨ᠎ᠠ᠃ ᠪᠤᠭᠳᠠᠠᠭᠤᠯᠠ ᠦᠵᠡᠮᠵᠢᠳᠤ | ᠤᠷᠤᠨ ᠤ ᠦᠢᠯᠡᠴᠢᠯᠡᠭᠡᠨ ᠤ ᠲᠦᠷᠦᠯ ᠵᠦᠢᠯ ᠢ ᠪᠠᠶᠠᠯᠢᠭᠵᠢᠭᠤᠯᠤᠨ᠂ ᠤᠯᠤᠰ ᠤᠨ 3A ᠲᠡᠰ ᠤᠨ ᠵᠤᠭᠠᠴᠠᠯ ᠤᠨ | ᠦᠵᠡᠮᠵᠢᠳᠤ ᠤᠷᠤᠨ ᠢ ᠴᠢᠷᠮᠠᠶᠢᠨ ᠪᠠᠶᠢᠭᠤᠯᠤᠨ᠎ᠠ᠃ 3 ᠵᠤᠷᠪᠤᠰ ᠮᠤᠩᠭᠤᠯ ᠤᠯᠤᠰ ᠢᠶᠠᠷ ᠵᠤᠭᠠᠴᠠᠬᠤ ᠬᠢᠯᠢ ᠶᠢᠨ | ᠵᠤᠭᠠᠴᠠᠯ ᠤᠨ ᠵᠠᠮ ᠱᠤᠭᠤᠮ ᠢ ᠨᠡᠪᠳᠡᠷᠡᠬᠦᠯᠬᠦ ᠲᠤᠬᠢᠶᠠᠯ ᠢᠶᠠᠷ ᠬᠢᠯᠢ ᠭᠠᠷᠴᠤ ᠵᠤᠭᠠᠴᠠᠭᠰᠠᠳ ᠤᠨ ᠵᠠᠬ᠎ᠠ ᠲᠡᠯᠭᠡᠭᠦᠷ ᠢ | ᠦᠷᠭᠡᠳᠭᠡᠨ᠎ᠡ᠃ ︽ᠪᠠᠷᠭᠤ ᠮᠠᠯᠵᠢᠬᠤ ᠡᠷᠦᠭᠡ ᠪᠠᠷ ᠵᠤᠭᠠᠴᠠᠬᠤ︾ ᠨᠡᠷ᠎ᠡ ᠲᠡᠮᠳᠡᠭ ᠤᠨ ᠴᠢᠨᠠᠷ ᠢ ᠲᠡᠭᠡᠭᠰᠢᠯᠡᠬᠦᠯᠦᠨ | ᠲᠡᠰ ᠲᠡᠪᠰᠢᠭᠦᠯᠬᠦ ᠶᠢ ᠲᠡᠮᠵᠢᠵᠤ᠂ ᠲᠠᠯᠠᠢ ᠰᠤᠮᠤ ᠶᠢ ᠦᠪᠡᠷᠮᠢᠴᠡ ᠤᠨᠴᠠᠯᠢᠭ ᠲᠠᠢ ︽ᠮᠤᠩᠭᠤᠯ ᠵᠠᠩ ᠦᠢᠯᠡ ᠶᠢᠨ | ᠵᠤᠭᠠᠴᠠᠯ ᠤᠨ ᠲᠤᠰᠬᠤᠨ︾ ᠪᠤᠯᠭᠠᠨ ᠪᠠᠶᠢᠭᠤᠯᠤᠨ᠎ᠠ᠃ ᠲᠤᠮᠳᠠᠳᠤ ᠤᠷᠤᠰ ᠮᠤᠩᠭᠤᠯ ᠤᠨ ︽0︾ ᠨᠤᠮᠧᠷᠳᠤ ᠬᠢᠯᠢ | ᠶᠢᠨ ᠬᠦᠰᠢᠶ᠎ᠡ ᠶᠢᠨ ᠦᠵᠡᠮᠵᠢᠳᠤ ᠤᠷᠤᠨ ᠢ ᠨᠡᠭᠡᠭᠡᠨ ᠠᠰᠢᠭᠯᠠᠬᠤ ᠲᠦᠷᠦᠯ ᠵᠦᠢᠯ ᠢ ᠪᠦᠬᠦ ᠬᠦᠴᠦᠨ ᠢᠶᠠᠷ | ᠠᠬᠢᠭᠤᠯᠤᠨ᠎ᠠ᠃ ᠠᠯᠳ᠋ᠬᠠᠮᠡᠭᠡᠯ ᠪᠠᠯᠭᠠᠰᠦ — ᠳ᠋ᠠᠰᠢᠫᠤᠩᠰᠤᠭ ᠰᠦᠮ᠎ᠡ — ᠠᠯᠳᠠᠨ ᠳᠠᠯᠠᠢ ᠶᠢᠨ ᠡᠷᠬᠢ — ᠴᠢᠩᠬᠢᠰ | ᠬᠠᠭᠠᠨ ᠤ ᠮᠤᠷᠢᠨ ᠤᠶᠠᠭ᠎ᠠ ᠬᠦᠷᠬᠦ ᠨᠢᠭᠡ ᠡᠳᠦᠷ ᠤᠨ ᠵᠤᠭᠠᠴᠠᠯ ᠤᠨ ᠱᠤᠭᠤᠮ ᠢ ᠳᠡᠬᠦᠯᠳᠡᠷᠵᠢᠬᠦᠯᠦᠨ᠎ᠡ᠃ ᠤᠷᠤᠨ | ᠨᠤᠳᠤᠭ ᠤᠨ ᠤᠨᠴᠠᠯᠢᠭ ᠲᠠᠢ ᠪᠠᠷᠭᠤ ᠶᠢᠨ ᠵᠤᠭᠠᠴᠠᠯ ᠤᠨ ᠰᠤᠶᠤᠯ ᠤᠨ ᠲᠤᠷᠠᠰᠬᠠᠯᠳᠤ ᠡᠳ᠋ ᠶᠢ ᠴᠢᠨᠠᠭᠰᠢᠳᠠ | ᠨᠡᠭᠡᠭᠡᠨ ᠠᠰᠢᠭᠯᠠᠵᠦ ᠪᠤᠢ ᠪᠤᠯᠭᠠᠨ᠎ᠠ᠃ ᠨᠡᠶᠢᠳᠡᠮ ᠭᠡᠷᠡᠭᠯᠡᠬᠦ ᠨᠢᠰᠭᠡᠯ ᠤᠨ ᠪᠠᠭᠤᠳᠠᠯ ᠤᠨ ᠪᠦᠳᠦᠭᠡᠨ ᠪᠠᠶᠢᠭᠤᠯᠤᠯᠳᠠ | ᠶᠢᠨ ᠲᠦᠷᠦᠯ ᠵᠦᠢᠯ ᠢ ᠲᠦᠷᠭᠡᠳᠭᠡᠨ ᠠᠬᠢᠭᠤᠯᠵᠤ᠂ ᠦᠨᠤ ᠵᠢᠯ ᠳᠤ ᠠᠩᠬᠠᠨ ᠤ ᠨᠢᠰᠦᠯᠳᠡ ᠶᠢ ᠪᠡᠶᠡᠯᠡᠬᠦᠯᠦᠨ᠎ᠡ᠃ | ᠪᠡᠶ᠎ᠡ ᠪᠠᠨ ᠲᠠᠭᠠᠭᠠᠵᠤ ᠦᠢᠯᠡᠰ ᠪᠤᠰᠬᠠᠬᠤ ᠶᠢ ᠵᠤᠷᠢᠭᠵᠢᠭᠤᠯᠤᠨ᠂ ᠲᠤᠰᠬᠠᠢ ᠵᠠᠬ᠎ᠠ ᠲᠡᠯᠭᠡᠭᠦᠷ ᠢ ᠲᠦᠷᠭᠡᠳᠭᠡᠨ | ᠪᠤᠶᠢᠵᠢᠭᠤᠯᠵᠤ᠂ ᠡᠳᠤᠷ ᠲᠤᠳᠤᠮ ᠤᠨ ᠭᠡᠷᠡᠭᠰᠡᠯ ᠤᠨ ᠦᠨ᠎ᠡ ᠬᠠᠩᠰᠢ ᠶᠢ ᠪᠠᠭᠤᠷᠠᠭᠤᠯᠵᠤ᠂ ᠴᠤᠩᠬᠤᠪᠴᠢ ᠬᠢᠨᠠᠨ | ᠵᠦᠪᠰᠢᠶᠡᠷᠡᠬᠦ ᠦᠢᠯᠡᠴᠢᠯᠡᠭᠡ ᠶᠢ ᠰᠢᠯᠢᠳᠡᠭᠵᠢᠭᠦᠯᠦᠨ᠎ᠡ᠃ ᠵᠠᠬ᠎ᠠ ᠲᠡᠯᠭᠡᠭᠦᠷ ᠤᠨ ᠬᠢᠨᠠᠨ ᠬᠠᠮᠢᠶᠠᠷᠤᠯᠳᠠ ᠶᠢ | ᠴᠢᠩᠭᠠᠳᠬᠠᠵᠦ᠂ ᠰᠠᠨᠠᠭ᠎ᠠ ᠠᠮᠤᠷ ᠭᠡᠷᠡᠭᠯᠡᠭᠡᠨ ᠤ ᠤᠷᠴᠢᠨ ᠳᠤᠭᠤᠷᠢᠨ ᠢ ᠪᠦᠬᠦ ᠬᠦᠴᠦᠨ ᠢᠶᠠᠷ ᠡᠭᠦᠳᠦᠨ᠎ᠠ᠃ | ︵ᠲᠦᠷᠪᠡ︶ ᠬᠤᠳᠠ ᠪᠠᠯᠭᠠᠰᠤ ᠶᠢᠨ ᠴᠢᠳᠠᠪᠬᠢ ᠶᠢ ᠬᠦᠴᠦᠯᠡᠨ ᠲᠡᠭᠦᠯᠳᠡᠷᠵᠢᠬᠦᠯᠵᠤ᠂ ᠰᠢᠨ᠎ᠡ ᠭᠡᠯᠪᠡᠷᠢ ᠶᠢᠨ | ᠬᠤᠳᠠ ᠪᠠᠯᠭᠠᠰᠤᠵᠢᠯᠳᠠ ᠶᠢᠨ ᠠᠬᠢᠴᠠ ᠶᠢ ᠲᠦᠯᠬᠢᠨ ᠠᠬᠢᠭᠤᠯᠤᠨ᠎ᠠ᠃ ᠰᠢᠨ᠎ᠡ ᠭᠡᠯᠪᠡᠷᠢ ᠶᠢᠨ ᠬᠤᠳᠠ ᠪᠠᠯᠭᠠᠰᠤ ᠶᠢᠨ | ᠰᠢᠰᠲ᠋ᠧᠮ ᠤᠨ ᠪᠦᠳᠦᠭᠡᠨ ᠪᠠᠶᠢᠭᠤᠯᠤᠯᠳᠠ ᠶᠢ ᠲᠦᠷᠭᠡᠳᠭᠡᠵᠤ᠂ ᠤᠨᠴᠠᠯᠢᠭ ᠢ ᠲᠤᠪᠤᠶᠢᠯᠭᠠᠨ᠂ ᠴᠢᠨᠠᠷ ᠲᠡᠰ ᠢ | ᠲᠡᠭᠡᠭᠰᠢᠯᠡᠬᠦᠯᠵᠤ᠂ ᠰᠡᠳᠬᠢᠯ ᠳᠤ ᠲᠠᠭᠠᠯᠠᠮᠵᠢᠳᠠᠢ ᠪᠦᠭᠡᠳ ᠤᠷᠤᠰᠢᠨ ᠰᠠᠭᠤᠬᠤ ᠳᠤ ᠲᠤᠬᠢᠯᠢᠭ᠂ ᠬᠦᠮᠦᠰ ᠤᠨ | ᠪᠠᠭ᠋ᠠᠷᠤᠯ ᠢ ᠲᠠᠳᠠᠬᠤ ᠬᠦᠴᠦᠨ ᠲᠠᠢ ᠪᠤᠯᠭᠠᠨ᠎ᠠ᠃ ︽ᠠᠯᠳ᠋ᠬᠠᠮᠡᠭᠡᠯ ᠪᠠᠯᠭᠠᠰᠦ ᠶᠢᠨ ᠬᠢᠵᠠᠭᠠᠷᠯᠠᠬᠤ ᠴᠢᠨᠠᠷᠳᠠᠢ ᠨᠠᠷᠢᠯᠢᠭ | ᠲᠦᠯᠦᠪᠵᠢᠬᠦᠯᠬᠡ︾ ᠶᠢ ᠵᠠᠰᠠᠨ ᠨᠠᠶᠢᠷᠠᠭᠤᠯᠵᠤ᠂ ᠬᠤᠳᠠ ᠶᠢᠨ ᠵᠠᠮ ᠱᠤᠭᠤᠮ ᠤᠨ ᠰᠦᠯᠵᠢᠶᠡᠳᠤ ᠪᠦᠳᠦᠴᠡ ᠶᠢ | ᠲᠡᠭᠦᠯᠳᠡᠷᠵᠢᠬᠦᠯᠦᠨ᠂ ᠮᠤᠭᠠᠶᠢᠳᠤ ᠶᠡᠭᠡ ᠵᠡᠭᠡᠯᠢ᠂ ᠪᠦᠷᠢᠳᠤ ᠵᠠᠮ ᠤᠨ ᠭᠤᠷᠪᠠᠳᠤᠭᠠᠷ ᠬᠤᠭᠤᠴᠠᠭ᠎ᠠ ᠵᠡᠷᠭᠡ ᠬᠤᠳᠠ | ᠶᠢᠨ ᠵᠠᠮ ᠱᠤᠭᠤᠮ ᠤᠨ ᠢᠨᠵᠧᠨᠧᠷᠢᠩ ᠢ ᠭᠡᠷᠡᠭᠵᠢᠬᠦᠯᠦᠨ᠎ᠡ᠃ ᠬᠤᠳᠠ ᠪᠠᠯᠭᠠᠰᠤ ᠶᠢᠨ ᠤᠯᠠᠨ ᠨᠡᠶᠢᠳᠡ ᠶᠢᠨ | ᠦᠢᠯᠡᠴᠢᠯᠡᠭᠡᠨ ᠤ ᠬᠢᠷᠢ ᠲᠦᠪᠰᠢᠨ ᠢ ᠲᠡᠭᠡᠭᠰᠢᠯᠡᠬᠦᠯᠵᠤ᠂ ᠪᠤᠵᠠᠷ ᠤᠰᠤ᠂ ᠢᠯᠴᠢ ᠶᠢᠨ ᠬᠦᠴᠦᠨ᠂ ᠤᠰᠤ | ᠬᠠᠩᠭᠠᠬᠤ᠂ ᠬᠤᠭ ᠨᠤᠪᠰᠢ ᠰᠢᠢᠳᠪᠦᠷᠢᠯᠡᠬᠦ ᠵᠡᠷᠭᠡ 10 ᠵᠦᠢᠯ ᠤᠨ ᠬᠤᠳᠠ ᠶᠢᠨ ᠶᠠᠪᠤᠳᠠᠯ ᠤᠨ ᠲᠦᠭᠦᠭᠡᠷᠤᠮᠵᠢ | ᠶᠢᠨ ᠪᠦᠳᠦᠭᠡᠨ ᠪᠠᠶᠢᠭᠤᠯᠤᠯᠳᠠ ᠶᠢ ᠭᠡᠷᠡᠭᠵᠢᠬᠦᠯᠵᠤ᠂ ᠤᠷᠤᠰᠢᠭᠤᠯᠭ᠎ᠠ ᠶᠢᠨ ᠭᠠᠵᠠᠷ᠂ ᠠᠷᠠᠳ ᠲᠤ ᠲᠦᠭᠦᠮ | ᠦᠵᠡᠬᠦᠯᠬᠦ ᠦᠢᠯᠡᠴᠢᠯᠡᠭᠡᠨ ᠤ ᠲᠦᠪ ᠵᠡᠷᠭᠡ ᠦᠷᠬᠦᠯᠵᠢᠯᠡᠨ ᠪᠠᠶᠢᠭᠤᠯᠬᠤ ᠢᠨᠵᠧᠨᠧᠷᠢᠩ ᠢ ᠲᠦᠯᠬᠢᠨ ᠠᠬᠢᠭᠤᠯᠵᠦ᠂ | ᠶᠡᠷᠦᠩᠬᠡᠶᠢᠯᠡᠭᠰᠡᠨ ᠴᠢᠨᠠᠷᠳᠠᠢ ᠬᠤᠳᠠ ᠶᠢᠨ ᠦᠵᠡᠬᠦᠯᠦᠯᠬᠡ ᠶᠢᠨ ᠤᠷᠳᠤᠨ ᠢ ᠲᠦᠯᠦᠪᠵᠢᠬᠦᠯᠦᠨ ᠪᠠᠶᠢᠭᠤᠯᠤᠨ᠎ᠠ᠃ | ᠪᠠᠳᠤᠯᠠᠭ᠎ᠠ ᠶᠢᠨ ᠴᠢᠨᠠᠷᠳᠠᠢ ᠤᠷᠤᠨ ᠰᠠᠭᠤᠴᠠ ᠶᠢᠨ ᠪᠦᠲᠦᠭᠡᠨ ᠪᠠᠶᠢᠭᠤᠯᠤᠯᠳᠠ ᠶᠢ ᠴᠢᠩᠭᠠᠳᠬᠠᠵᠦ᠂ 2,806 | ᠲᠦᠮᠡᠨ ᠲᠦᠬᠦᠷᠢᠭ ᠤᠨ ᠪᠡᠯᠡ ᠤᠷᠤᠭᠤᠯᠵᠦ᠂ ᠤᠯᠠᠨ ᠨᠡᠶᠢᠳᠡ ᠶᠢᠨ ᠲᠦᠷᠢᠶᠡᠰᠦᠨ ᠤᠷᠤᠨ ᠰᠠᠭᠤᠴᠠ ᠶᠢ ᠰᠢᠨ᠎ᠡ | ᠪᠠᠷ 150 ᠪᠠᠶᠢᠭᠤᠯᠤᠨ᠎ᠠ᠃ 2.7 ᠳ᠋ᠦᠩᠰᠢᠭᠤᠷ ᠲᠦᠬᠦᠷᠢᠭ ᠤᠨ ᠪᠡᠯᠡ ᠤᠷᠤᠭᠤᠯᠵᠦ᠂ 600 ᠲᠦᠬᠦᠮ | ᠪᠦᠳᠦᠴᠡᠳᠦ ᠤᠷᠤᠨ ᠰᠠᠭᠤᠴᠠ ᠶᠢ ᠵᠠᠰᠠᠨ ᠰᠢᠨᠡᠳᠭᠡᠨ᠎ᠡ᠃ ︽ᠤᠢ ᠮᠤᠳᠤ ᠲᠠᠢ ᠬᠤᠳᠠ︾ ᠶᠢ ᠡᠭᠦᠳᠦᠨ | ᠪᠠᠶᠢᠭᠤᠯᠵᠤ᠂ ᠭᠤᠷᠪᠠᠨ ᠭᠠᠷᠬᠤ ᠵᠠᠮ ᠢ ᠪᠦᠬᠦᠯᠢ ᠴᠤᠭᠴᠠ ᠪᠠᠷ ᠨᠢ ᠵᠠᠰᠠᠨ ᠰᠢᠨᠡᠳᠭᠡᠬᠦ ᠪᠠ ᠨᠤᠭᠤᠭᠠᠷᠠᠭᠤᠯᠬᠤ | ᠢᠨᠵᠧᠨᠧᠷᠢᠩ ᠢ ᠪᠡᠶᠡᠯᠡᠬᠦᠯᠦᠨ᠎ᠡ᠃ ᠳᠠᠯᠳᠠ ᠵᠡᠬᠡᠯᠢ ᠭᠤᠳᠤᠮᠵᠢ ᠶᠢᠨ ᠵᠠᠮ ᠤᠨ ᠪᠤᠵᠠᠷ ᠪᠤᠷᠳᠠᠭ ᠡᠮᠬᠢ ᠵᠠᠮᠪᠠᠷᠠᠭ᠎ᠠ | ᠦᠭᠡᠢ ᠪᠠᠷᠤᠭᠳᠠᠢ ᠪᠠᠶᠢᠭ᠎ᠠ ᠪᠠ ᠵᠢᠵᠢᠭ ᠲᠤᠭᠤᠷᠢᠭ ᠤᠨ ᠪᠤᠳᠠᠰ ᠤᠨ ᠬᠦᠢᠯᠭᠡᠭᠡᠨ ᠤ ᠬᠠᠮᠢᠶᠠᠷᠤᠯᠳᠠ ᠶᠢ ᠶᠡᠭᠡᠪᠡᠷ | ᠵᠠᠰᠠᠨ ᠴᠡᠭᠴᠡᠯᠡᠵᠤ᠂ ᠤᠯᠤᠰ ᠤᠨ ᠲᠡᠰ ᠤᠨ ᠡᠷᠡᠬᠦᠯ ᠬᠠᠮᠠᠭᠠᠯᠠᠯ ᠤᠨ ᠬᠤᠰᠢᠭᠤ ᠶᠢ ᠢᠳᠡᠪᠬᠢᠳᠠᠢ ᠴᠢᠷᠮᠠᠶᠢᠨ | ᠡᠭᠦᠳᠦᠨ᠎ᠡ᠃ ᠵᠠᠮ ᠲᠡᠭᠡᠭᠡᠪᠦᠷᠢ ᠶᠢᠨ ᠨᠦᠬᠦᠴᠡᠯ ᠢ ᠰᠠᠶᠢᠵᠢᠷᠠᠭᠤᠯᠵᠤ᠂ ᠮᠠᠨᠵᠤᠤᠷ — ᠠᠯᠳ᠋ᠬᠠᠮᠡᠭᠡᠯ — ᠠᠮᠤᠭᠤᠯᠠᠩ | ᠬᠦᠷᠬᠦ ᠨᠢᠭᠡᠳᠤᠭᠡᠷ ᠲᠡᠰ ᠤᠨ ᠵᠠᠰᠠᠮᠠᠯ ᠵᠠᠮ ᠵᠢᠴᠢ ᠶᠠ ᠬᠠᠩ ᠪᠠᠩᠬᠢ ᠶᠢᠨ ᠡᠯ᠎ᠡ ᠬᠤᠪᠢᠶᠠᠷᠢ ᠲᠦᠷᠦᠯ ᠵᠦᠢᠯ ᠤᠨ | ᠪᠦᠳᠦᠭᠡᠨ ᠪᠠᠶᠢᠭᠤᠯᠤᠯᠳᠠ ᠶᠢ ᠪᠦᠬᠦ ᠬᠦᠴᠦᠨ ᠢᠶᠠᠷ ᠠᠬᠢᠭᠤᠯᠤᠨ᠎ᠠ᠃ ᠮᠠᠨᠵᠤᠤᠷ ᠢᠷᠪᠢᠰ ᠲᠡᠮᠦᠷ ᠵᠠᠮ ᠤᠨ | ᠨᠢᠭᠡᠳᠤᠭᠡᠷ ᠬᠤᠭᠤᠴᠠᠭᠠᠨ ᠤ ᠢᠨᠵᠧᠨᠧᠷᠢᠩ ᠤᠨ ᠮᠠᠨᠵᠤᠤᠷ ᠠᠴᠠ ᠪᠠᠷᠠᠭᠤᠨ ᠦᠭᠡᠷᠳᠤ ᠭᠦᠷᠭᠦ ᠭᠡᠰᠡᠭ ᠤᠨ ᠲᠡᠮᠦᠷ | ᠵᠠᠮ ᠤᠨ ᠪᠦᠳᠦᠭᠡᠨ ᠪᠠᠶᠢᠭᠤᠯᠤᠯᠳᠠ ᠶᠢᠨ ᠲᠦᠷᠦᠯ ᠵᠦᠢᠯ ᠢ ᠭᠤᠤᠯᠳᠠᠯᠭ᠎ᠠ ᠲᠠᠢ ᠠᠬᠢᠭᠤᠯᠤᠨ᠎ᠠ᠃ ᠴᠠᠬᠢᠯᠭᠠᠨ | ᠬᠦᠴᠦᠨ ᠤ ᠬᠠᠩᠭᠠᠯᠭ᠎ᠠ ᠶᠢ ᠪᠠᠳᠤᠯᠠᠵᠦ᠂ ᠴᠠᠬᠢᠯᠭᠠᠨ ᠲᠤᠤᠷ ᠤᠨ ᠳᠠᠮᠵᠢᠭᠤᠯᠤᠨ ᠬᠦᠷᠭᠡᠬᠦ ᠴᠢᠳᠠᠪᠦᠷᠢ ᠶᠢ | ᠲᠡᠭᠡᠭᠰᠢᠯᠡᠬᠦᠯᠦᠨ᠂ 3 ᠳ᠋ᠦᠩᠰᠢᠭᠤᠷ ᠲᠦᠬᠦᠷᠢᠭ ᠤᠨ ᠪᠡᠯᠡ ᠤᠷᠤᠭᠤᠯᠵᠦ᠂ ᠮᠠᠨᠵᠤᠤᠷ ᠠᠴᠠ ᠪᠠᠷᠠᠭᠤᠨ ᠬᠤᠰᠢᠭᠤ | ᠬᠦᠷᠬᠦ 220 ᠺᠢᠯᠤᠸᠤᠯᠲ ᠪᠤᠯᠤᠨ ᠲᠠᠰᠢᠮᠠᠭ ᠬᠦᠷᠬᠦ 110 ᠺᠢᠯᠤᠸᠤᠯᠲ ᠤᠨ ᠴᠠᠬᠢᠯᠭᠠᠨ ᠲᠠᠮᠵᠢᠭᠤᠯᠤᠨ | ᠬᠤᠪᠢᠷᠠᠭᠤᠯᠬᠤ ᠲᠦᠷᠦᠯ ᠵᠦᠢᠯ ᠢ ᠭᠡᠷᠡᠭᠵᠢᠬᠦᠯᠦᠨ᠎ᠡ᠃ | ︵ᠲᠠᠪᠤ︶ ᠠᠷᠠᠳ ᠤᠨ ᠠᠮᠢᠳᠤᠷᠠᠯ ᠤᠨ ᠪᠡᠯᠡ ᠤᠷᠤᠭᠤᠯᠤᠯᠳᠠ ᠶᠢ ᠴᠢᠨᠠᠭᠰᠢᠳᠠ ᠨᠡᠮᠡᠭᠳᠡᠬᠦᠯᠵᠤ᠂ ᠨᠡᠶᠢᠭᠡᠮ | ᠤᠨ ᠡᠶ᠎ᠡ ᠵᠤᠬᠢᠴᠠᠩᠭᠤᠢ ᠠᠮᠤᠷ ᠲᠤᠭᠳᠠᠭᠤᠨ ᠢ ᠪᠠᠳᠤᠯᠠᠨ᠎ᠠ᠃ ︽ᠳᠠᠶᠢᠴᠢᠯᠠᠨ ᠳᠠᠭᠠᠭᠤᠯᠬᠤ︾ ᠠᠵᠢᠯᠯᠠᠭ᠎ᠠ ᠲᠠᠢ | ᠤᠶᠠᠯᠳᠤᠭᠤᠯᠤᠨ᠂ ᠠᠷᠠᠳ ᠲᠦᠮᠡᠨ ᠤ ᠲᠤᠰ ᠪᠡᠶ᠎ᠡ ᠶᠢᠨ ᠠᠰᠢᠭ ᠲᠤᠰᠠ ᠲᠠᠢ ᠰᠢᠭᠤᠳ ᠬᠤᠯᠪᠤᠭᠳᠠᠬᠤ ᠪᠤᠳᠠᠳᠠᠢ | ᠠᠰᠠᠭᠤᠳᠠᠯ ᠢ ᠬᠦᠴᠦᠯᠡᠨ ᠰᠢᠢᠳᠪᠦᠷᠢᠯᠡᠵᠤ᠂ ᠨᠡᠶᠢᠭᠡᠮ ᠤᠨ ᠡᠯ᠎ᠡ ᠲᠦᠷᠦᠯ ᠤᠨ ᠠᠵᠢᠯ ᠦᠢᠯᠡᠰ ᠤᠨ ᠵᠤᠬᠢᠴᠠᠯᠳᠤᠨ | ᠬᠦᠭᠵᠢᠬᠦ ᠶᠢ ᠠᠬᠢᠭᠤᠯᠤᠨ᠎ᠠ᠃ ︽ᠠᠷᠪᠠ ᠶᠢ ᠪᠦᠷᠭᠦᠭᠦᠯᠬᠦ︾ ᠢᠨᠵᠧᠨᠧᠷᠢᠩ ᠢ ᠠᠭᠢᠭᠤᠯᠤᠨ᠎ᠠ᠃ ᠮᠠᠯᠵᠢᠬᠤ ᠤᠷᠤᠨ | ᠤ ᠨᠤᠷᠠᠬᠤ ᠠᠶᠤᠯᠳᠠᠢ ᠭᠡᠷ ᠪᠠᠶᠢᠰᠢᠩ ᠢ 664 ᠵᠠᠰᠠᠨ ᠰᠢᠨᠡᠳᠭᠡᠨ᠎ᠡ᠃ ᠤᠰᠤ ᠬᠠᠩᠭᠠᠬᠤ ᠨᠤᠳᠤᠭ ᠤᠨ ᠬᠤᠳᠳᠤᠭ | ᠢ ᠰᠢᠨ᠎ᠡ ᠪᠠᠷ 140 ᠮᠠᠯᠳᠠᠵᠤ᠂ 2259 ᠬᠦᠮᠦᠨ ᠤ ᠠᠶᠤᠯᠬᠦᠢ ᠤᠰᠤ ᠤᠮᠳᠠ ᠶᠢᠨ ᠠᠰᠠᠭᠤᠳᠠᠯ ᠢ | ᠰᠢᠢᠳᠪᠦᠷᠢᠯᠡᠨ᠎ᠡ᠃ 13 ᠭᠠᠴᠠᠭᠠᠨ ᠳᠤ 20940 ᠮᠧᠲᠷ ᠤᠨ ᠵᠡᠭᠡᠯᠢ ᠭᠤᠳᠤᠮᠵᠢ ᠶᠢᠨ ᠵᠠᠮ ᠢ ᠬᠠᠳᠠᠭᠤᠷᠠᠭᠤᠯᠬᠤ | ᠢᠨᠵᠧᠨᠧᠷᠢᠩ ᠢ ᠭᠡᠷᠡᠭᠵᠢᠬᠦᠯᠦᠨ᠎ᠡ᠃ 10 ᠺᠢᠯᠤᠸᠤᠯᠲ ᠤᠨ ᠴᠠᠬᠢᠯᠭᠠᠨ ᠲᠤᠤᠷ ᠢ 13.456 ᠺᠢᠯᠤᠮᠧᠲᠷ ᠵᠠᠰᠠᠨ | ᠰᠢᠨᠡᠳᠭᠡᠵᠦ᠂ 0.4 ᠺᠢᠯᠤᠸᠤᠯᠲ ᠤᠨ ᠴᠠᠬᠢᠯᠭᠠᠨ ᠲᠤᠤᠷ ᠢ 34.1 ᠺᠢᠯᠤᠮᠧᠲᠷ ᠵᠠᠰᠠᠨ ᠰᠢᠨᠡᠳᠭᠡᠨ᠎ᠡ᠃ ᠡᠷᠦᠬᠡ | ᠪᠤᠯᠭᠠᠨ ᠳᠤ ᠨᠡᠪᠲᠡᠷᠡᠬᠦᠯᠬᠦ ᠷᠠᠳᠢᠤ᠋ ᠲᠧᠯᠸᠢᠰ ᠲᠦᠭᠦᠭᠡᠷᠤᠮᠵᠢ ᠶᠢ 600 ᠤᠭᠰᠠᠷᠠᠨ᠎ᠠ᠃ ᠭᠠᠴᠠᠭᠠᠨ ᠤ ᠡᠷᠡᠬᠦᠯ | ᠬᠠᠮᠠᠭᠠᠯᠠᠯ ᠤᠨ ᠲᠠᠰᠤᠭ ᠢ 1 ᠪᠠᠶᠢᠭᠤᠯᠤᠨ᠎ᠠ᠃ ᠰᠤᠶᠤᠯ ᠤᠨ ᠠᠵᠢᠯᠯᠠᠭᠠᠨ ᠤ ᠲᠠᠰᠤᠭ ᠢ 19 ᠪᠠᠶᠢᠭᠤᠯᠤᠨ᠎ᠠ᠃ | ᠠᠷᠠᠳ ᠲᠤ ᠲᠦᠭᠦᠮ ᠦᠵᠡᠬᠦᠯᠬᠦ ᠬᠤᠯᠪᠤᠭᠠᠳᠦ ᠬᠡᠳᠤ ᠲᠡᠯᠭᠡᠭᠦᠷ ᠢ 9 ᠪᠠᠶᠢᠭᠤᠯᠤᠨ᠎ᠠ᠃ ᠮᠠᠯᠴᠢᠳ ᠤᠨ ᠨᠠᠰᠤᠵᠢᠯ | ᠤᠨ ᠲᠠᠭᠠᠳᠬᠠᠯ ᠳᠤ ᠤᠷᠤᠯᠴᠠᠬᠤ ᠨᠤᠷᠮ᠎ᠠ ᠶᠢ 88% ᠳᠤ ᠬᠦᠷᠭᠡᠨ᠎ᠡ᠃ ᠪᠦᠬᠦᠯᠢ 80 ᠨᠠᠰᠤᠨ ᠠᠴᠠ ᠲᠡᠭᠡᠭᠰᠢᠬᠢ | ᠲᠤᠤᠷ᠎ᠠ ᠤᠷᠤᠯᠭ᠎ᠠ ᠲᠠᠢ ᠨᠠᠰᠤᠳᠠᠶᠢᠴᠤᠳ ᠪᠦᠬᠦᠨ ᠢᠶᠠᠷ ᠢᠶᠠᠨ ᠦᠳᠡᠯᠦᠬᠡ ᠨᠠᠰᠤᠨ ᠤ ᠨᠡᠮᠡᠬᠦᠷᠢ ᠵᠤᠭᠤᠰ ᠭᠦᠷᠳᠡᠬᠦ | ᠶᠢ ᠪᠠᠳᠤᠯᠠᠨ᠎ᠠ᠃ ᠰᠤᠷᠭᠠᠨ ᠬᠦᠮᠦᠵᠢᠯ ᠢ ᠡᠩ ᠲᠠᠷᠢᠬᠦᠨ ᠳᠤ ᠭᠦᠭᠵᠢᠬᠦᠯᠦᠨ᠎ᠡ᠃ ᠰᠤᠷᠭᠠᠨ ᠬᠦᠮᠦᠵᠢᠯ ᠤᠨ | ᠦᠭᠡᠷᠡᠴᠢᠯᠡᠯᠳᠡ ᠬᠦᠭᠵᠢᠯᠳᠡ ᠶᠢᠨ ᠲᠦᠷᠦ ᠶᠢᠨ ᠪᠤᠳᠤᠯᠭ᠎ᠠ ᠶᠢᠨ ᠵᠢᠭᠠᠨ ᠵᠢᠯᠤᠭᠤᠳᠤᠯᠭ᠎ᠠ ᠶᠢ ᠴᠢᠩᠭᠠᠳᠬᠠᠵᠦ᠂ | ᠠᠯᠪᠠᠨ ᠵᠢᠷᠤᠮ ᠤᠨ ᠰᠤᠷᠭᠠᠨ ᠬᠦᠮᠦᠵᠢᠯ ᠤᠨ ᠶᠡᠷᠦᠩᠬᠡᠶᠢᠯᠡᠭᠰᠡᠨ ᠦᠬᠡᠷᠡᠴᠢᠯᠡᠯᠳᠡ ᠶᠢ ᠲᠦᠯᠬᠢᠨ ᠠᠬᠢᠭᠤᠯᠬᠤ ᠰᠠᠨᠠᠯ | ᠢ ᠲᠤᠭᠳᠠᠭᠠᠨ ᠨᠡᠶᠢᠳᠡᠯᠡᠨ᠎ᠡ᠃ ᠪᠠᠷᠭᠤ ᠦᠨᠳᠤᠰᠦᠳᠡᠨ ᠤ ᠬᠡᠤᠭᠡᠳ ᠤᠨ ᠴᠡᠴᠡᠷᠯᠢᠭ ᠢ ᠠᠰᠢᠭᠯᠠᠯᠳᠠ ᠳᠤ | ᠤᠷᠤᠭᠤᠯᠤᠨ᠎ᠠ᠃ ᠤᠯᠤᠰ ᠤᠨ ᠲᠡᠰ ᠤᠨ ᠠᠯᠪᠠᠨ ᠵᠢᠷᠤᠮ ᠤᠨ ᠰᠤᠷᠭᠠᠨ ᠬᠦᠮᠦᠵᠢᠯ ᠤᠨ ᠭᠦᠭᠵᠢᠯᠳᠡ ᠦᠨᠳᠤᠰᠦᠨ | ᠳᠡᠭᠡᠨ ᠲᠡᠩᠴᠡᠭᠦᠷᠢᠳᠡᠢ ᠰᠢᠶᠠᠨ ᠢᠶᠠᠷ ᠰᠢᠯᠭᠠᠷᠠᠭᠤᠯᠤᠭᠰᠠᠨ ᠦᠷ᠎ᠡ ᠪᠦᠳᠦᠮᠵᠢ ᠶᠢ ᠪᠠᠬᠢᠵᠢᠬᠦᠯᠦᠨ᠂ ᠪᠡᠯᠡ | ᠤᠷᠤᠭᠤᠯᠤᠯᠳᠠ ᠶᠢ ᠦᠷᠬᠦᠯᠵᠢᠯᠡᠨ ᠨᠡᠮᠡᠭᠳᠡᠭᠦᠯᠵᠤ᠂ ᠰᠤᠷᠭᠠᠭᠤᠯᠢ ᠡᠷᠬᠢᠯᠡᠬᠦ ᠨᠦᠬᠦᠴᠡᠯ ᠢ ᠲᠠᠰᠤᠷᠠᠯᠳᠠ ᠦᠭᠡᠢ | ᠰᠠᠶᠢᠵᠢᠷᠠᠭᠤᠯᠵᠤ᠂ ᠰᠤᠷᠭᠠᠨ ᠬᠦᠮᠦᠵᠢᠯ ᠤᠨ ᠴᠢᠨᠠᠷ ᠴᠢᠨᠰᠠᠭ᠎ᠠ ᠶᠢᠨ ᠰᠢᠨ᠎ᠡ ᠲᠡᠭᠡᠭᠰᠢᠯᠡᠯᠳᠡ ᠶᠢ ᠪᠡᠶᠡᠯᠡᠬᠦᠯᠦᠨ᠎ᠡ᠃ | ︽ᠪᠦᠬᠦ ᠤᠯᠤᠰ ᠤᠨ ᠰᠤᠷᠭᠠᠭᠤᠯᠢ ᠶᠢᠨ ᠭᠦᠷᠢᠶᠡᠨ ᠤ ᠬᠦᠯ ᠪᠦᠮᠪᠦᠭᠡ ᠶᠢᠨ ᠲᠤᠷᠰᠢᠯᠳᠠ ᠶᠢᠨ ᠰᠢᠶᠠᠨ︾ ᠪᠤᠯᠬᠤ | ᠪᠠᠷ ᠢᠳᠡᠪᠬᠢᠯᠡᠨ ᠴᠢᠷᠮᠠᠶᠢᠵᠤ᠂ 4 ᠤᠯᠤᠰ ᠤᠨ ᠲᠡᠰ ᠤᠨ ᠰᠤᠷᠭᠠᠭᠤᠯᠢ ᠶᠢᠨ ᠭᠦᠷᠢᠶᠡᠨ ᠤ ᠬᠦᠯ ᠪᠦᠮᠪᠦᠭᠡ ᠶᠢᠨ | ᠤᠨᠴᠠᠯᠢᠭᠳᠤ ᠰᠤᠷᠭᠠᠭᠤᠯᠢ ᠶᠢ ᠴᠢᠷᠮᠠᠶᠢᠨ ᠪᠠᠶᠢᠭᠤᠯᠤᠨ᠎ᠠ᠃ ᠰᠤᠶᠤᠯ ᠤᠨ ᠬᠦᠭᠵᠢᠯᠳᠡ ᠶᠢ ᠠᠬᠢᠭᠤᠯᠤᠨ᠎ᠠ᠃ ︽ | ᠦᠬᠡᠷᠳᠦ ᠬᠦᠢᠳᠡᠨ︾ ᠭᠡᠭᠦ ᠲᠠᠶᠢᠰᠠᠨ ᠤ ᠵᠦᠴᠦᠭᠡ ᠶᠢ ᠨᠠᠶᠢᠷᠠᠭᠤᠯᠤᠨ ᠲᠦᠯᠦᠪᠯᠡᠵᠤ᠂ ᠦᠨᠳᠤᠰᠦᠳᠡᠨ ᠤ ᠲᠠᠶᠢᠰᠠᠨ | ᠤ ᠤᠷᠠᠯᠢᠭ ᠤᠨ ᠰᠤᠶᠤᠯ ᠤᠨ ᠨᠠᠷ᠎ᠡ ᠶᠢᠨ ᠬᠠᠭᠤᠳᠠᠰᠤ ᠶᠢ ᠪᠤᠢ ᠪᠤᠯᠭᠠᠨ᠎ᠠ᠃ ᠦᠪᠦᠷ ᠮᠤᠩᠭᠤᠯ ᠤᠨ ᠦᠨᠳᠤᠰᠦᠳᠡᠨ | ᠤ ᠺᠢᠨᠤ᠋ ᠲᠢᠶᠠᠲᠷ ᠤᠨ ᠺᠤᠮᠫᠠᠨᠢ ᠲᠠᠢ ᠬᠠᠮᠳᠤᠷᠠᠨ᠂ ᠬᠤᠳᠠ ᠪᠠᠯᠭᠠᠰᠤ ᠶᠢᠨ ᠲᠤᠭᠠᠴᠢᠯᠠᠭᠰᠠᠨ ᠺᠢᠨᠤ᠋ ᠶᠢᠨ ᠤᠷᠳᠤᠨ ᠤ | ᠲᠦᠷᠦᠯ ᠵᠦᠢᠯ ᠢ ᠲᠦᠷᠭᠡᠳᠭᠡᠨ ᠠᠬᠢᠭᠤᠯᠤᠨ᠎ᠠ᠃ ᠪᠡᠶ᠎ᠡ ᠶᠢᠨ ᠲᠠᠮᠢᠷ ᠤᠨ ᠦᠢᠯᠡᠰ ᠢ ᠶᠡᠭᠡᠪᠡᠷ ᠬᠦᠭᠵᠢᠬᠦᠯᠵᠤ᠂ | ᠤᠯᠠᠨ ᠲᠦᠮᠡᠨ ᠤ ᠠᠵᠢᠯ ᠤᠨ ᠴᠢᠯᠦᠭᠡᠨ ᠤ ᠠᠮᠢᠳᠤᠷᠠᠯ ᠢ ᠪᠠᠶᠠᠯᠢᠭᠵᠢᠭᠤᠯᠤᠨ᠎ᠠ᠃ ᠢᠳᠡᠭᠡᠨ ᠪᠠ ᠡᠮ ᠤᠨ ᠵᠦᠢᠯ | ᠤᠨ ᠬᠢᠨᠠᠨ ᠬᠠᠮᠢᠶᠠᠷᠤᠯᠳᠠ ᠪᠤᠯᠤᠨ ᠡᠷᠡᠬᠦᠯ ᠬᠠᠮᠠᠭᠠᠯᠠᠯ ᠲᠦᠯᠦᠪᠯᠡᠭᠡᠳᠤ ᠦᠷᠡᠵᠢᠯ ᠤᠨ ᠦᠢᠯᠡᠴᠢᠯᠡᠭᠡ ᠶᠢ | ᠴᠢᠩᠭᠠᠳᠬᠠᠨ᠎ᠠ᠃ ᠰᠤᠷᠭᠠᠭᠤᠯᠢ᠂ ᠠᠵᠦ ᠦᠢᠯᠡᠳᠪᠦᠷᠢ ᠪᠤᠯᠤᠨ ᠪᠠᠷᠢᠯᠭ᠎ᠠ ᠶᠢᠨ ᠭᠠᠵᠠᠷ ᠵᠡᠷᠭᠡ ᠭᠤᠤᠯᠳᠠᠯᠭ᠎ᠠ ᠲᠠᠢ | ᠬᠦᠷᠢᠶ᠎ᠡ ᠭᠡᠪᠴᠢᠶᠡᠨ ᠳᠠᠬᠢ ᠢᠳᠡᠭᠡᠨ ᠤ ᠵᠦᠢᠯ ᠤᠨ ᠠᠮᠤᠷ ᠲᠦᠪᠰᠢᠨ ᠢ ᠪᠠᠳᠤᠯᠠᠵᠤ᠂ ᠦᠢᠯᠡᠳᠪᠦᠷᠢᠯᠡᠯ ᠤᠨ | ᠬᠦᠢᠯᠭᠡᠭᠡ᠂ ᠢᠳᠡᠭᠡᠨ ᠤ ᠦᠢᠯᠡᠰ ᠤᠨ ᠦᠢᠯᠡᠴᠢᠯᠡᠭᠡ ᠵᠡᠷᠭᠡ ᠭᠤᠭᠴᠤᠭ᠎ᠠ ᠶᠢᠨ ᠬᠢᠨᠠᠨ ᠬᠠᠮᠢᠶᠠᠷᠤᠯᠳᠠ ᠶᠢᠨ | ᠪᠦᠷᠬᠦᠴᠡ ᠶᠢᠨ ᠨᠤᠷᠮ᠎ᠠ ᠶᠢ ᠳᠠᠰᠤᠷᠠᠯᠳᠠ ᠦᠬᠡᠢ ᠲᠡᠭᠡᠭᠰᠢᠯᠡᠬᠦᠯᠦᠨ᠎ᠡ᠃ ᠡᠬᠡ ᠨᠢᠯᠬᠠᠰ ᠤᠨ ᠡᠷᠡᠬᠦᠯ ᠢ ᠪᠠᠳᠤᠯᠠᠬᠤ | ᠲᠤᠬᠠᠶᠢᠯᠠᠭᠰᠠᠨ ᠠᠵᠢᠯ ᠤᠨ ᠠᠵᠢᠯᠯᠠᠬᠤ ᠭᠡᠷ ᠢ ᠪᠠᠶᠢᠭᠤᠯᠤᠨ ᠲᠠᠭᠤᠰᠬᠠᠵᠦ᠂ ᠪᠤᠭᠳᠠᠠᠭᠤᠯᠠ᠂ ᠪᠠᠶ᠋ᠬᠠᠭᠤᠯᠠ᠂ | ᠪᠠᠶᠠᠠᠳᠡᠷᠡᠰᠦ ᠪᠤᠯᠤᠨ ᠬᠦᠳᠡᠯᠮᠦᠷᠢ ᠵᠡᠷᠭᠡ ᠡᠷᠡᠬᠦᠯ ᠬᠠᠮᠠᠭᠠᠯᠠᠯ ᠤᠨ ᠬᠤᠷᠢᠶ᠎ᠠ ᠪᠤᠯᠤᠨ ᠡᠷᠡᠬᠦᠯ ᠬᠠᠮᠠᠭᠠᠯᠠᠯ ᠤᠨ ᠳᠠᠰᠤᠭ | ᠤᠨ ᠪᠦᠲᠦᠭᠡᠨ ᠪᠠᠶᠢᠭᠤᠯᠤᠯᠳᠠ ᠶᠢᠨ ᠲᠦᠷᠦᠯ ᠵᠦᠢᠯ ᠢ ᠰᠦᠪᠡᠭᠴᠢᠯᠡᠨ ᠭᠡᠷᠡᠭᠵᠢᠬᠦᠯᠦᠨ᠎ᠡ᠃ ᠠᠯᠪᠠᠨ ᠠᠴᠠ | ᠪᠠᠶᠢᠭᠤᠯᠤᠭᠰᠠᠨ ᠡᠮᠨᠡᠯᠭᠡ ᠶᠢᠨ ᠦᠭᠡᠷᠡᠴᠢᠯᠡᠯᠳᠡ ᠶᠢ ᠲᠤᠭᠳᠠᠭᠤᠨ ᠢᠶᠠᠷ ᠠᠬᠢᠭᠤᠯᠵᠤ᠂ ᠠᠷᠠᠳ ᠤᠨ ᠡᠮᠨᠡᠯᠭᠡ ᠶᠢᠨ | ᠬᠤᠷᠢᠶᠠᠨ ᠤ ᠰᠤᠷᠠᠭ ᠵᠠᠩᠭᠢᠴᠢᠯᠠᠯᠳᠠ ᠶᠢᠨ ᠪᠦᠳᠦᠭᠡᠨ ᠪᠠᠶᠢᠭᠤᠯᠤᠯᠳᠠ ᠶᠢᠨ ᠬᠢᠷᠢ ᠲᠦᠪᠰᠢᠨ ᠢ ᠲᠡᠭᠡᠭᠰᠢᠯᠡᠬᠦᠯᠵᠤ᠂ | ᠬᠦᠴᠢᠯᠳᠦ᠋ᠷᠦᠭᠴᠢ ᠦᠢᠯᠡᠳᠬᠦ ᠲᠠᠰᠤᠭ ᠢ ᠰᠢᠨ᠎ᠡ ᠪᠠᠷ ᠪᠠᠶᠢᠭᠤᠯᠤᠨ᠂ ᠡᠮᠴᠢᠯᠡᠭᠡ ᠪᠠ ᠬᠠᠮᠢᠶᠠᠷᠤᠯᠳᠠ ᠶᠢᠨ ᠲᠠᠯ᠎ᠠ ᠪᠠᠷ | ᠬᠢ ᠲᠡᠭᠡᠳᠤ ᠲᠡᠰ ᠤᠨ ᠪᠤᠳᠠᠳᠦ ᠭᠡᠷᠡᠭᠯᠡᠭᠡᠨ ᠤ ᠭᠡᠯᠪᠡᠷᠢ ᠶᠢᠨ ᠴᠢᠳᠠᠪᠤᠷᠢᠳᠠᠨ ᠢ ᠤᠷᠢᠨ ᠤᠷᠤᠭᠤᠯᠵᠤ | ᠭᠦᠮᠦᠵᠢᠬᠦᠯᠦᠨ᠎ᠡ᠃ ᠮᠤᠩᠭᠤᠯ ᠡᠮᠨᠡᠯᠭᠡ ᠶᠢᠨ ᠬᠤᠷᠢᠶ᠎ᠠ ᠶᠢᠨ ᠠᠵᠢᠯᠳᠠᠨ ᠭᠡᠷᠡᠭᠯᠡᠬᠦ ᠲᠦᠷᠢᠮ ᠤᠨ ᠦᠭᠡᠷᠡᠴᠢᠯᠡᠯᠳᠡ ᠶᠢ | ᠬᠦᠨᠵᠡᠭᠡᠶᠢᠷᠡᠬᠦᠯᠵᠦ᠂ ᠦᠨᠳᠦᠰᠦᠳᠡᠨ ᠤ ᠤᠯᠠᠮᠵᠢᠯᠠᠯᠳᠦ ᠠᠨᠠᠭᠠᠬᠤ ᠤᠬᠠᠭᠠᠨ ᠢ ᠤᠯᠠᠮᠵᠢᠯᠠᠨ ᠪᠠᠳᠠᠷᠠᠭᠤᠯᠤᠨ᠎ᠠ᠃ | ᠦᠨᠳᠦᠰᠦᠨ ᠱᠠᠳᠤᠨ ᠤ ᠡᠮ ᠡᠮᠨᠡᠯᠭᠡ ᠶᠢᠨ ᠦᠢᠯᠡᠴᠢᠯᠡᠭᠡᠨ ᠤ ᠴᠢᠳᠠᠪᠦᠷᠢ ᠶᠢ ᠴᠢᠨᠠᠭᠰᠢᠳᠠ ᠲᠡᠭᠡᠭᠰᠢᠯᠡᠬᠦᠯᠵᠦ᠂ ︽ | ᠤᠯᠠᠨ ᠲᠦᠮᠡᠨ ᠤ ᠬᠠᠨᠤᠮᠵᠢᠳᠠᠢ ᠰᠤᠮᠤ ᠪᠠᠯᠭᠠᠰᠦ ᠶᠢᠨ ᠡᠷᠡᠬᠦᠯ ᠬᠠᠮᠠᠭᠠᠯᠠᠯ ᠤᠨ ᠬᠤᠷᠢᠶ᠎ᠠ︾ ᠶᠢ ᠲᠦᠯᠦᠪᠯᠡᠨ | ᠪᠠᠶᠢᠭᠤᠯᠤᠨ᠎ᠠ᠃ ︽ᠡᠷ᠎ᠡ ᠡᠮ᠎ᠡ ᠬᠤᠶᠠᠭᠤᠯᠠ ᠶᠢᠨ ᠨᠢᠭᠡ ᠨᠢ ᠦᠷ᠎ᠡ ᠶᠢᠨ ᠭᠠᠭᠴᠠ ᠭᠡᠤᠬᠡᠳ ᠪᠤᠯ ᠬᠤᠶᠠᠳᠤᠭᠠᠷ | ᠬᠡᠤᠬᠡᠳ ᠠᠪᠴᠤ ᠪᠤᠯᠬᠤ︾ ᠲᠦᠷᠦ ᠶᠢᠨ ᠪᠤᠳᠤᠯᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠵᠤ᠂ ᠦᠷᠡᠵᠢᠯ ᠤᠨ | ᠬᠦᠢᠴᠡᠳᠭᠡᠬᠦ ᠲᠤᠭᠠᠨ ᠤ ᠲᠤᠭᠳᠠᠭᠤᠨ ᠢ ᠪᠠᠳᠤᠯᠠᠨ᠎ᠠ᠃ ᠨᠡᠶᠢᠭᠡᠮ ᠤᠨ ᠪᠠᠳᠤᠯᠠᠭ᠎ᠠ ᠶᠢᠨ ᠬᠢᠷᠢ ᠲᠦᠪᠰᠢᠨ ᠢ | ᠲᠡᠭᠡᠭᠰᠢᠯᠡᠬᠦᠯᠦᠨ᠎ᠡ᠃ ᠨᠠᠰᠤᠳᠠᠨ ᠢ ᠠᠰᠠᠷᠠᠬᠤ ᠦᠢᠯᠡᠴᠢᠯᠡᠭᠡᠨ ᠤ ᠰᠢᠰᠲ᠋ᠧᠮ ᠢ ᠳᠠᠰᠤᠷᠠᠯᠳᠠ ᠦᠬᠡᠢ | ᠳᠡᠬᠦᠯᠳᠡᠷᠵᠢᠬᠦᠯᠵᠦ᠂ ︽12349︾ ᠠᠷᠠᠳ ᠲᠤ ᠲᠦᠭᠦᠮ ᠦᠵᠡᠭᠦᠯᠦᠨ ᠨᠠᠰᠤᠳᠠᠶᠢᠴᠤᠳ ᠲᠤ ᠲᠤᠰᠠᠯᠠᠬᠤ | ᠦᠢᠯᠡᠴᠢᠯᠡᠭᠡᠨ ᠤ ᠲᠦᠪ ᠢ ᠰᠦᠪᠡᠭᠴᠢᠯᠡᠨ ᠪᠠᠶᠢᠭᠤᠯᠤᠨ᠎ᠠ᠃ ᠬᠤᠶᠠᠷ ᠢ ᠭᠦᠷᠢᠶᠡᠯᠡᠵᠤ ᠬᠠᠷᠠᠭᠠᠯᠵᠠᠨ ᠲᠦᠪᠬᠢᠨᠡᠬᠦᠯᠬᠦ | ᠠᠵᠢᠯ ᠤᠨ ᠬᠦᠴᠦᠯᠡᠴᠡ ᠶᠢ ᠨᠡᠮᠡᠭᠳᠡᠭᠦᠯᠵᠤ᠂ ᠦᠪᠡᠷᠳᠡᠭᠡᠨ ᠵᠠᠰᠠᠬᠤ ᠤᠷᠤᠨ ᠤ ᠬᠤᠶᠠᠷ ᠢ ᠬᠦᠷᠢᠶᠡᠯᠡᠬᠦ ᠵᠢᠱᠢᠶᠡᠴᠢ | ᠬᠤᠰᠢᠭᠤ ᠪᠠᠷ ︽ᠭᠤᠷᠪᠠᠨ ᠵᠢᠯ ᠲᠠᠷᠠᠭᠠᠯᠠᠨ ᠮᠠᠩᠯᠠᠶᠢᠯᠠᠬᠤ︾ ᠪᠠᠷ ᠴᠢᠷᠮᠠᠶᠢᠨ᠎ᠠ᠃ ᠨᠡᠶᠢᠭᠡᠮ ᠤᠨ ᠲᠠᠭᠠᠳᠬᠠᠯ ᠤᠨ | ᠪᠦᠷᠬᠦᠴᠡ ᠶᠢ ᠦᠷᠬᠦᠯᠵᠢᠯᠡᠨ ᠦᠷᠭᠡᠳᠭᠡᠨ᠎ᠡ᠃ ᠦᠢᠯᠡᠰ ᠪᠤᠰᠬᠠᠵᠤ ᠠᠵᠢᠯ ᠤᠯᠭᠤᠬᠤ ᠶᠢ ᠪᠠᠳᠤᠯᠠᠵᠤ᠂ ᠬᠤᠳᠠ | ᠪᠠᠯᠭᠠᠰᠤ ᠶᠢᠨ ᠰᠢᠨ᠎ᠡ ᠪᠠᠷ ᠠᠵᠢᠯ ᠤᠯᠭᠤᠬᠤ᠂ ᠲᠠᠬᠢᠨ ᠠᠵᠢᠯ ᠤᠯᠭᠤᠬᠤ ᠵᠢᠴᠢ ᠮᠠᠯᠴᠢᠨ ᠲᠠᠷᠢᠶᠠᠴᠢᠨ ᠢ | ᠰᠢᠯᠵᠢᠬᠦᠯᠦᠨ ᠠᠵᠢᠯ ᠤᠯᠭᠤᠬᠤ ᠬᠦᠮᠦᠨ ᠤ ᠲᠤᠭ᠎ᠠ ᠶᠢ 1000 ᠳᠤ ᠬᠦᠷᠭᠡᠵᠤ᠂ ᠪᠡᠶ᠎ᠡ ᠪᠠᠨ ᠲᠠᠭᠠᠭᠠᠵᠤ ᠦᠢᠯᠡᠰ | ᠪᠤᠰᠬᠠᠬᠤ ᠬᠦᠮᠦᠨ ᠤ ᠲᠤᠭ᠎ᠠ ᠶᠢ 130 ᠳᠤ ᠬᠦᠷᠭᠡᠵᠤ᠂ ᠦᠢᠯᠡᠰ ᠪᠤᠰᠬᠠᠬᠤ ᠶᠢ ᠲᠡᠳᠭᠦᠭᠦ ᠵᠢᠭᠡᠯᠡᠯᠭᠡ ᠶᠢᠨ | ᠮᠦᠩᠭᠦ ᠶᠢ 600 ᠲᠦᠮᠡᠨ ᠲᠦᠭᠦᠷᠢᠭ ᠲᠠᠷᠬᠠᠭᠠᠨ᠎ᠠ᠃ ︽ᠭᠤᠷᠪᠠ ᠶᠢ ᠲᠤᠰᠬᠤᠨ ᠪᠠ ᠡᠷᠦᠭᠡ ᠳᠤ ᠭᠦᠷᠭᠡᠬᠦ︾ | ᠶᠠᠳᠠᠭᠤ ᠶᠢ ᠲᠡᠳᠭᠦᠭᠦ ᠢᠨᠵᠧᠨᠧᠷᠢᠩ ᠪᠤᠯᠤᠨ ︽ᠮᠦᠩᠬᠦᠨ ᠬᠦᠢᠯᠭᠡᠭᠡ︾ ᠪᠠᠷ ᠶᠠᠳᠠᠭᠤ ᠶᠢ ᠲᠡᠳᠭᠦᠵᠤ ᠠᠷᠠᠳ ᠢ | ᠴᠢᠨᠡᠭᠡᠯᠢᠭᠵᠢᠬᠦᠯᠬᠦ ᠢᠨᠵᠧᠨᠧᠷᠢᠩ ᠢ ᠦᠷᠬᠦᠯᠵᠢᠯᠡᠨ ᠭᠡᠷᠡᠭᠵᠢᠬᠦᠯᠵᠤ᠂ ᠪᠦᠬᠦ ᠵᠢᠯ ᠳᠤ 252 ᠬᠦᠮᠦᠨ ᠢ ᠶᠠᠳᠠᠭᠤ | ᠠᠴᠠ ᠠᠩᠬᠢᠵᠢᠷᠠᠭᠤᠯᠤᠨ᠎ᠠ᠃ ᠠᠰᠠᠷᠠᠮᠵᠢ ᠶᠢᠨ ᠦᠢᠯᠡᠰ ᠤᠨ ᠬᠦᠭᠵᠢᠯᠳᠡ ᠶᠢ ᠲᠡᠮᠵᠢᠵᠤ᠂ ᠠᠰᠠᠷᠠᠮᠵᠢ ᠶᠢᠨ | ᠬᠦᠷᠢᠶᠡᠯᠡᠩ ᠤᠨ ᠲᠡᠵᠢᠭᠡᠨ ᠠᠰᠠᠷᠠᠬᠤ ᠬᠢᠷᠢ ᠲᠦᠪᠰᠢᠨ ᠢ ᠲᠡᠭᠡᠭᠰᠢᠯᠡᠬᠦᠯᠦᠨ᠎ᠡ᠃ ᠰᠢᠨᠵᠢᠯᠡᠭᠡ ᠮᠡᠷᠭᠡᠵᠢᠯ ᠤᠨ ᠰᠢᠨ᠎ᠡ | ᠶᠢ ᠡᠭᠦᠳᠦᠨ ᠬᠦᠭᠵᠢᠬᠦᠯᠬᠦ ᠶᠢ ᠠᠬᠢᠭᠤᠯᠵᠤ᠂ ︽ᠪᠦᠬᠦ ᠤᠯᠤᠰ ᠤᠨ ᠰᠢᠨᠵᠢᠯᠡᠭᠡ ᠮᠡᠷᠭᠡᠵᠢᠯ ᠤᠨ ᠲᠠᠪᠰᠢᠯᠳᠠ ᠲᠠᠢ | ᠰᠢᠶᠠᠨ︾ ᠢ ᠴᠢᠷᠮᠠᠶᠢᠨ ᠡᠭᠦᠳᠦᠨ᠎ᠡ᠃ ᠪᠦᠬᠦ ᠤᠯᠤᠰ ᠤᠨ 1% ᠶᠢᠨ ᠬᠦᠮᠦᠨ ᠠᠮᠠ ᠶᠢ ᠰᠤᠭᠤᠯᠤᠨ ᠪᠠᠶᠢᠴᠠᠭᠠᠬᠤ | ᠪᠠ ᠪᠦᠬᠦ ᠤᠯᠤᠰ ᠤᠨ ᠭᠤᠷᠪᠠᠳᠤᠭᠠᠷ ᠤᠳᠠᠭᠠᠨ ᠤ ᠲᠠᠷᠢᠶᠠᠯᠠᠩ ᠤᠨ ᠨᠡᠶᠢᠳᠡᠮ ᠪᠠᠶᠢᠴᠠᠭᠠᠯᠳᠠ ᠶᠢᠨ ᠪᠡᠯᠡᠳᠭᠡᠯ ᠠᠵᠢᠯ | ᠢ ᠢᠳᠡᠪᠬᠢᠳᠡᠢ ᠦᠷᠨᠢᠬᠦᠯᠦᠨ᠎ᠡ᠃ | ︵ᠵᠢᠷᠭᠤᠭ᠎ᠠ︶ ᠦᠭᠡᠷᠡᠴᠢᠯᠡᠯᠳᠡ ᠰᠢᠨᠡᠴᠢᠯᠡᠯᠳᠡ ᠶᠢ ᠪᠦᠬᠦ ᠲᠠᠯ᠎ᠠ ᠪᠠᠷ ᠬᠦᠨᠵᠡᠭᠡᠶᠢᠷᠡᠬᠦᠯᠵᠤ᠂ ᠠᠵᠤ ᠠᠬᠤᠢ | ᠨᠡᠶᠢᠭᠡᠮ ᠤᠨ ᠬᠦᠭᠵᠢᠯᠳᠡ ᠶᠢᠨ ᠰᠢᠨ᠎ᠡ ᠰᠢᠪᠳᠤᠯᠤᠯᠳᠠ ᠶᠢ ᠪᠡᠶᠡᠯᠡᠬᠦᠯᠦᠨ᠎ᠡ᠃ᠵᠠᠰᠠᠭ ᠤᠨ ᠤᠷᠳᠤᠨ ᠤ ᠪᠠᠶᠢᠭᠤᠯᠤᠮᠵᠢ | ᠶᠢᠨ ᠦᠭᠡᠷᠡᠴᠢᠯᠡᠯᠳᠡ ᠶᠢ ᠪᠡᠶᠡᠯᠡᠬᠦᠯᠵᠤ᠂ ᠠᠵᠢᠯ ᠦᠢᠯᠡᠰ ᠤᠨ ᠨᠢᠭᠡᠴᠡ ᠶᠢᠨ ᠦᠭᠡᠷᠡᠴᠢᠯᠡᠯᠳᠡ ᠶᠢ | ᠬᠦᠨᠵᠡᠭᠡᠶᠢᠷᠡᠭᠦᠯᠦᠨ᠂ ᠦᠭᠡᠷᠡᠴᠢᠯᠡᠯᠳᠡ ᠶᠢᠨ ᠲᠦᠷᠭᠡᠨ ᠤᠷᠤᠭᠰᠢᠳᠠᠢ ᠶᠠᠪᠤᠭᠳᠠᠬᠤ ᠶᠢ ᠠᠬᠢᠭᠤᠯᠤᠨ᠎ᠠ᠃ ᠠᠵᠤ | ᠠᠬᠤᠢ ᠶᠢᠨ ᠪᠠᠶᠢᠭᠤᠯᠤᠮᠵᠢ ᠶᠢᠨ ᠦᠭᠡᠷᠡᠴᠢᠯᠡᠯᠳᠡ ᠶᠢ ᠲᠦᠷᠭᠡᠳᠭᠡᠨ᠎ᠡ᠃ ᠠᠷᠠᠯᠵᠢᠶᠠᠴᠢᠨ ᠤᠷᠢᠵᠤ ᠪᠡᠯᠡ | ᠤᠷᠤᠭᠤᠯᠬᠤ ᠭᠡᠯᠪᠡᠷᠢ ᠮᠠᠶ᠋ᠢᠭ ᠢ ᠰᠢᠨᠡᠴᠢᠯᠡᠵᠤ᠂ ᠠᠵᠤ ᠠᠬᠤᠢ ᠬᠦᠭᠵᠢᠭᠰᠡᠨ ᠭᠠᠵᠠᠷ ᠤᠷᠤᠨ ᠯᠤᠭ᠎ᠠ ᠶᠢᠨ ᠤᠷᠤᠨ | ᠨᠤᠳᠤᠭ ᠤᠨ ᠬᠠᠮᠳᠤᠷᠠᠯᠴᠠᠭ᠎ᠠ ᠶᠢ ᠴᠢᠩᠭᠠᠳᠬᠠᠨ᠎ᠠ᠃ ᠭᠠᠵᠠᠷ ᠰᠢᠷᠤᠢ ᠶᠢ ᠠᠷᠪᠢᠯᠠᠵᠤ ᠡᠷᠴᠢᠮᠵᠢᠬᠦᠯᠦᠨ ᠠᠰᠢᠭᠯᠠᠬᠤ | ᠲᠤᠭᠳᠠᠴᠠ ᠶᠢ ᠲᠡᠭᠦᠯᠳᠡᠷᠵᠢᠬᠦᠯᠵᠤ᠂ ᠠᠰᠢᠭᠯᠠᠵᠦ ᠳᠠᠭᠤᠰᠤᠭ᠎ᠠ ᠦᠬᠡᠢ ᠭᠠᠵᠠᠷ ᠰᠢᠷᠤᠢ ᠶᠢᠨ ᠡᠬᠢ ᠪᠠᠶᠠᠯᠢᠭ ᠢ | ᠬᠦᠢᠴᠡᠳ ᠠᠰᠢᠭᠯᠠᠨ᠎ᠠ᠃ ᠤᠳᠤ ᠦᠶ᠎ᠡ ᠶᠢᠨ ᠵᠤᠭᠠᠴᠠᠯ ᠤᠨ ᠦᠢᠯᠡᠴᠢᠯᠡᠭᠡᠨ ᠤ ᠰᠢᠰᠲ᠋ᠧᠮ ᠢ ᠪᠠᠶᠢᠭᠤᠯᠵᠤ᠂ | ᠭᠤᠤᠯᠯᠠᠭᠴᠢ ᠵᠤᠭᠠᠴᠠᠯ ᠤᠨ ᠠᠵᠤ ᠠᠬᠤᠶᠢᠯᠠᠯ ᠤᠨ ᠬᠦᠭᠵᠢᠯᠳᠡ ᠶᠢ ᠪᠤᠶᠢᠵᠢᠭᠤᠯᠤᠨ ᠲᠡᠳᠭᠦᠨ᠎ᠡ᠃ ᠵᠠᠬ᠎ᠠ ᠲᠡᠯᠭᠡᠭᠦᠷ | ᠤᠨ ᠬᠢᠨᠠᠨ ᠬᠠᠮᠢᠶᠠᠷᠤᠯᠳᠠ ᠶᠢᠨ ᠶᠡᠷᠦᠩᠭᠡᠶᠢᠯᠡᠭᠰᠡᠨ ᠬᠠᠤᠯᠢ ᠭᠡᠷᠡᠭᠵᠢᠬᠦᠯᠬᠦ ᠰᠢᠰᠲ᠋ᠧᠮ ᠢ ᠲᠡᠭᠦᠯᠳᠡᠷᠵᠢᠬᠦᠯᠵᠤ᠂ ᠵᠠᠰᠠᠭ | ᠵᠠᠬᠢᠷᠭᠠᠨ ᠤ ᠬᠠᠤᠯᠢ ᠭᠡᠷᠡᠭᠵᠢᠬᠦᠯᠦᠯᠳᠡ ᠳᠤ ᠬᠠᠤᠯᠢ ᠴᠠᠭᠠᠵᠠ ᠶᠢᠨ ᠬᠢᠨᠠᠯᠳᠠ ᠲᠠᠯᠪᠢᠬᠤ ᠶᠢ ᠴᠢᠩᠭᠠᠳᠬᠠᠨ᠎ᠠ᠃ | ᠤᠯᠤᠰ ᠤᠨ ᠡᠳ᠋ ᠤᠨ ᠵᠠᠰᠠᠭ ᠭᠠᠶᠢᠯᠢ ᠶᠢᠨ ᠪᠠᠶᠢᠭᠤᠯᠤᠮᠵᠢ ᠶᠢᠨ ᠦᠭᠡᠷᠡᠴᠢᠯᠡᠯᠳᠡ ᠶᠢ ᠨᠠᠶᠢᠳᠠᠪᠤᠷᠢᠵᠢᠭᠤᠯᠵᠤ᠂ | ᠰᠢᠨ᠎ᠡ ︽ᠲᠦᠰᠦᠪ ᠤᠨ ᠬᠠᠤᠯᠢ︾ ᠶᠢ ᠬᠢᠨᠠᠮᠠᠭᠠᠢ ᠭᠡᠷᠡᠭᠵᠢᠬᠦᠯᠦᠨ᠂ ᠵᠠᠷᠤᠯᠭ᠎ᠠ ᠶᠢᠨ ᠲᠦᠰᠦᠪ ᠤᠨ ᠨᠡᠮᠡᠭᠳᠡᠯ ᠢ | ᠴᠢᠩᠭ᠎ᠠ ᠬᠢᠵᠠᠭᠠᠷᠯᠠᠵᠤ᠂ ᠠᠯᠢᠪᠠ ᠲᠦᠰᠦᠪ ᠤᠨ ᠨᠢᠭᠡᠴᠡ ᠶᠢᠨ ᠲᠦᠰᠦᠪ ᠪᠠ ᠲᠦᠰᠦᠪ ᠤᠨ ᠬᠦᠢᠴᠡᠳᠭᠡᠯ ᠬᠢᠭᠡᠳ | ︽ᠠᠯᠪᠠᠨ ᠤ ᠭᠤᠷᠪᠠᠨ ᠵᠠᠷᠤᠳᠠᠯ︾ ᠢ ᠪᠦᠬᠦᠨ ᠢ ᠢᠯᠡ ᠪᠤᠯᠭᠠᠨ᠎ᠠ᠃ ᠵᠠᠰᠠᠭ ᠤᠨ ᠤᠷᠳᠤᠨ ᠤ ᠴᠢᠨᠠᠷᠳᠠᠢ ᠦᠷᠢ | ᠦᠭᠴᠡᠭᠡ ᠶᠢᠨ ᠬᠠᠮᠢᠶᠠᠷᠤᠯᠳᠠ ᠶᠢ ᠴᠢᠩᠭᠠᠳᠬᠠᠵᠤ᠂ ᠦᠷᠢ ᠰᠢᠷᠢ ᠰᠢᠨ᠎ᠡ ᠪᠠᠷ ᠨᠡᠮᠡᠭᠳᠡᠬᠦ ᠶᠢ ᠴᠢᠩᠭ᠎ᠠ ᠬᠢᠵᠠᠭᠠᠷᠯᠠᠨ᠎ᠠ | ᠃ ᠵᠢᠵᠢᠭ ᠬᠡᠯᠪᠡᠷᠢ ᠶᠢᠨ ᠤᠰᠤᠨ ᠠᠰᠢᠭᠯᠠᠯᠠᠳᠠ ᠶᠢᠨ ᠢᠨᠵᠧᠨᠧᠷᠢᠩ ᠤᠨ ᠬᠠᠮᠢᠶᠠᠷᠤᠯᠳᠠ ᠶᠢᠨ ᠪᠠᠶᠢᠭᠤᠯᠤᠮᠵᠢ ᠶᠢᠨ | ᠦᠭᠡᠷᠡᠴᠢᠯᠡᠯᠳᠡ ᠶᠢ ᠢᠳᠡᠪᠬᠢᠳᠠᠢ ᠠᠬᠢᠭᠤᠯᠤᠨ᠎ᠠ᠃ ᠭᠠᠵᠠᠷ ᠰᠢᠷᠤᠢ᠂ ᠨᠤᠳᠤᠭ ᠪᠡᠯᠴᠢᠭᠡᠷ ᠪᠤᠯᠤᠨ ᠤᠢ ᠰᠢᠭᠤᠢ ᠶᠢᠨ | ᠡᠷᠬᠡ ᠵᠡᠷᠭᠡ ᠬᠦᠷᠦᠩᠭᠡ ᠶᠢᠨ ᠡᠷᠬᠢᠯᠳᠡ ᠶᠢ ᠬᠠᠮᠢᠶᠠᠷᠴᠤ ᠲᠠᠩᠰᠠᠯᠠᠬᠤ ᠲᠠᠪᠴᠠᠩ ᠢ ᠵᠤᠬᠢᠶᠠᠨ ᠪᠠᠶᠢᠭᠤᠯᠤᠨ᠎ᠠ᠃ | ᠬᠠᠤᠯᠢ ᠶᠤᠰᠤᠭᠠᠷ᠂ ᠰᠠᠶᠢᠨ ᠲᠤᠷ᠎ᠠ ᠠᠴᠠ ᠪᠠᠨ᠂ ᠲᠦᠯᠦᠪᠦᠷᠢ ᠲᠠᠢ ᠭᠡᠷᠡᠭᠯᠡᠬᠦᠯᠬᠦ ᠵᠠᠷᠴᠢᠮ ᠢ ᠪᠠᠷᠢᠮᠳᠠᠯᠠᠵᠤ᠂ ᠭᠠᠵᠠᠷ | ᠰᠢᠷᠤᠢ ᠪᠤᠯᠤᠨ ᠨᠤᠳᠤᠭ ᠪᠡᠯᠴᠢᠭᠡᠷ ᠢ ᠡᠷᠬᠢᠯᠳᠦᠬᠦᠯᠬᠦ ᠬᠦᠴᠦᠯᠡᠴᠡ ᠶᠢ ᠨᠡᠮᠡᠭᠳᠡᠬᠦᠯᠦᠨ᠂ ᠮᠠᠯ ᠠᠵᠤ ᠠᠬᠤᠢ ᠶᠢᠨ | ᠬᠤᠷᠰᠢᠶᠠᠵᠢᠯ ᠡᠵᠡᠩᠨᠡᠯᠳᠡ ᠶᠢᠨ ᠵᠤᠬᠢᠶᠠᠨ ᠪᠠᠶᠢᠭᠤᠯᠤᠯᠳᠠ ᠶᠢ ᠲᠦᠷᠢᠮᠵᠢᠬᠦᠯᠦᠨ᠎ᠡ᠃ ᠠᠮᠢ ᠠᠬᠤᠢ ᠶᠢᠨ ᠪᠤᠯᠪᠠᠰᠤᠨ | ᠤ ᠪᠠᠶᠢᠭᠤᠯᠤᠮᠵᠢ ᠶᠢᠨ ᠦᠭᠡᠷᠡᠴᠢᠯᠡᠯᠳᠡ ᠶᠢ ᠠᠬᠢᠭᠤᠯᠤᠨ᠎ᠠ᠃ ᠰᠢᠨ᠎ᠡ ︽ᠤᠷᠴᠢᠨ ᠳᠤᠭᠤᠷᠢᠨ ᠤ ᠬᠠᠮᠠᠭᠠᠯᠠᠯᠳᠠ ᠶᠢᠨ | ᠬᠠᠤᠯᠢ︾ ᠶᠢ ᠴᠢᠩᠭ᠎ᠠ ᠭᠡᠷᠡᠭᠵᠢᠬᠦᠯᠵᠦ᠂ ᠠᠮᠢ ᠠᠬᠤᠢ ᠶᠢᠨ ᠤᠷᠴᠢᠨ ᠲᠤᠭᠤᠷᠢᠨ ᠢ ᠬᠤᠬᠢᠷᠠᠭᠤᠯᠤᠭᠰᠠᠨ | ᠬᠠᠷᠢᠭᠤᠴᠠᠯᠭ᠎ᠠ ᠶᠢ ᠨᠠᠰᠤᠨ ᠲᠤᠷᠰᠢᠳᠠ ᠨᠡᠭᠡᠮᠵᠢᠯᠡᠬᠦ ᠲᠦᠷᠢᠮ ᠢ ᠰᠦᠪᠡᠭᠴᠢᠯᠡᠨ ᠪᠠᠶᠢᠭᠤᠯᠵᠤ᠂ ᠠᠭᠠᠷ ᠤᠨ | ᠪᠤᠵᠠᠷᠳᠤᠯ ᠢ ᠰᠡᠷᠭᠡᠶᠢᠯᠡᠨ ᠵᠠᠰᠠᠬᠤ ᠠᠵᠢᠯᠯᠠᠭᠠᠨ ᠤ ᠲᠦᠯᠦᠪᠯᠡᠭᠡ ᠶᠢ ᠴᠢᠨᠠᠭᠰᠢᠳᠠ ᠨᠠᠶᠢᠳᠠᠪᠤᠷᠢᠵᠢᠭᠤᠯᠵᠤ᠂ ᠠᠮᠢ | ᠠᠬᠤᠢ ᠶᠢᠨ ᠪᠤᠯᠪᠠᠰᠤᠨ ᠤ ᠪᠦᠳᠦᠭᠡᠨ ᠪᠠᠶᠢᠭᠤᠯᠤᠯᠳᠠ ᠶᠢᠨ ᠲᠦᠷᠢᠮᠵᠢᠬᠦ ᠪᠠ ᠬᠠᠤᠯᠢᠵᠢᠬᠤ ᠶᠢ ᠠᠬᠢᠭᠤᠯᠤᠨ᠎ᠠ᠃ | ᠨᠤᠳᠤᠭ ᠪᠡᠯᠴᠢᠭᠡᠷ ᠤᠨ ᠬᠠᠤᠯᠢ ᠭᠡᠷᠡᠭᠵᠢᠬᠦᠯᠵᠤ ᠬᠢᠨᠠᠯᠳᠠ ᠲᠠᠯᠪᠢᠬᠤ ᠶᠢ ᠴᠢᠩᠭᠠᠳᠬᠠᠨ᠂ ᠨᠤᠳᠤᠭ ᠪᠡᠯᠴᠢᠭᠡᠷ ᠤᠨ | ᠡᠬᠢ ᠪᠠᠶᠠᠯᠢᠭ ᠤᠨ ᠠᠰᠢᠭᠯᠠᠯᠳᠠ ᠶᠢ ᠴᠢᠩᠭ᠎ᠠ ᠲᠦᠷᠢᠮᠵᠢᠬᠦᠯᠵᠤ᠂ ᠨᠤᠳᠤᠭ ᠪᠡᠯᠴᠢᠭᠡᠷ ᠢ ᠲᠠᠳᠠᠪᠤᠷᠢᠯᠠᠵᠤ ᠡᠵᠡᠯᠡᠨ | ᠭᠡᠷᠡᠭᠯᠡᠬᠦ ᠬᠠᠮᠢᠶᠠᠷᠤᠯᠳᠠ ᠶᠢ ᠴᠢᠩᠭᠠᠳᠬᠠᠵᠤ᠂ ᠬᠠᠤᠯᠢ ᠪᠤᠰᠤ ᠪᠠᠷ ᠲᠠᠳᠠᠪᠤᠷᠢᠯᠠᠵᠤ ᠡᠵᠡᠯᠡᠨ ᠭᠡᠷᠡᠭᠯᠡᠬᠦ᠂ ᠲᠤᠷ᠎ᠠ ᠪᠠᠷ | ᠨᠡᠭᠡᠭᠡᠵᠤ ᠬᠠᠭᠠᠯᠪᠤᠷᠢᠯᠠᠬᠤ᠂ ᠲᠤᠷ᠎ᠠ ᠪᠠᠷ ᠤᠬᠤᠵᠤ ᠮᠠᠯᠳᠠᠬᠤ ᠵᠡᠷᠭᠡ ᠬᠠᠤᠯᠢ ᠶᠢ ᠵᠦᠷᠢᠴᠡᠭᠰᠡᠨ ᠠᠵᠢᠯᠯᠠᠭ᠎ᠠ ᠳᠤ | ᠴᠢᠩᠭ᠎ᠠ ᠴᠤᠬᠢᠯᠳᠠ ᠦᠭᠭᠦᠨ᠎ᠡ᠃ | ᠭᠤᠷᠪᠠ᠂ ᠬᠠᠤᠯᠢ ᠪᠠᠷ ᠵᠠᠰᠠᠬᠤ ᠵᠠᠰᠠᠭ ᠤᠨ ᠤᠷᠳᠤᠨ ᠤ ᠪᠦᠳᠦᠭᠡᠨ ᠪᠠᠶᠢᠭᠤᠯᠤᠯᠳᠠ ᠶᠢ ᠲᠦᠷᠭᠡᠳᠭᠡᠨ᠎ᠡ | ᠬᠠᠤᠯᠢ ᠪᠠᠷ ᠵᠠᠰᠠᠬᠤ ᠭᠡᠯᠪᠡᠷᠢ ᠶᠢᠨ ᠵᠠᠰᠠᠭ ᠤᠨ ᠤᠷᠳᠤᠨ ᠤ ᠪᠦᠳᠦᠭᠡᠨ ᠪᠠᠶᠢᠭᠤᠯᠤᠯᠳᠠ ᠶᠢ | ᠭᠦᠨᠵᠡᠭᠡᠶᠢᠷᠡᠬᠦᠯᠵᠤ᠂ ᠵᠠᠰᠠᠭ ᠵᠠᠬᠢᠷᠭᠠᠨ ᠤ ᠬᠠᠤᠯᠢ ᠭᠡᠷᠡᠭᠵᠢᠬᠦᠯᠬᠦ ᠤᠷᠴᠢᠨ ᠲᠤᠭᠤᠷᠢᠨ ᠢ ᠲᠠᠰᠤᠷᠠᠯᠳᠠ ᠦᠭᠡᠢ | ᠰᠢᠯᠢᠳᠡᠭᠵᠢᠬᠦᠯᠵᠤ᠂ ᠵᠠᠰᠠᠭ ᠵᠠᠬᠢᠷᠠᠭᠠᠨ ᠤ ᠬᠠᠤᠯᠢ ᠭᠡᠷᠡᠭᠵᠢᠬᠦᠯᠵᠤ ᠬᠢᠨᠠᠯᠳᠠ ᠲᠠᠯᠪᠢᠬᠤ ᠶᠢ ᠴᠢᠩᠭᠠᠳᠬᠠᠨ᠂ ᠵᠠᠰᠠᠭ | ᠵᠠᠬᠢᠷᠭᠠᠨ ᠤ ᠲᠠᠬᠢᠨ ᠵᠦᠪᠯᠡᠬᠦ ᠲᠦᠷᠢᠮ ᠢ ᠲᠡᠭᠦᠯᠳᠡᠷᠵᠢᠬᠦᠯᠵᠤ᠂ ᠵᠠᠰᠠᠭ ᠵᠠᠭᠢᠷᠭᠠᠨ ᠤ ᠵᠠᠷᠭᠤ ᠱᠦᠭᠦᠭᠳᠡᠭᠰᠡᠨ ᠭᠡᠷᠡᠭ | ᠲᠤ ᠬᠠᠷᠢᠭᠤᠴᠠᠯᠭ᠎ᠠ ᠨᠡᠭᠡᠮᠵᠢᠯᠡᠬᠦ ᠲᠦᠷᠢᠮ ᠢ ᠭᠡᠷᠡᠭᠵᠢᠬᠦᠯᠦᠨ᠎ᠡ᠃ ︽ᠵᠢᠷᠭᠤᠳᠤᠭᠠᠷ ᠲᠠᠪᠤᠨ ᠵᠢᠯ︾ ᠤᠨ ᠬᠠᠤᠯᠢ | ᠲᠦᠭᠡᠮᠡᠯᠵᠢᠬᠦᠯᠬᠦ ᠠᠵᠢᠯ ᠢ ᠬᠢᠨᠠᠨ ᠰᠢᠯᠭᠠᠵᠦ ᠬᠤᠷᠢᠶᠠᠨ ᠠᠪᠬᠤ ᠶᠢ ᠰᠠᠶᠢᠳᠦᠷ ᠬᠢᠨᠠᠮᠠᠭᠠᠢ ᠬᠢᠵᠦ᠂ ᠬᠠᠤᠯᠢ ᠶᠢᠨ | ᠵᠦᠪᠯᠡᠭᠴᠢ ᠶᠢᠨ ᠲᠦᠷᠢᠮ ᠢ ᠪᠦᠬᠦ ᠳᠠᠯ᠎ᠠ ᠪᠠᠷ ᠨᠠᠶᠢᠳᠠᠪᠦᠷᠢᠵᠢᠭᠤᠯᠤᠨ᠎ᠠ᠃ | ᠰᠢ ᠶᠢᠨ ᠫᠢᠩ ᠶᠡᠷᠤᠩᠭᠡᠢ ᠱᠦᠵᠢ ᠶᠢᠨ ︽ᠤᠪᠤᠷ ᠰᠤᠷᠳᠠᠯ ᠤᠨ ᠪᠦᠳᠦᠭᠡᠨ ᠪᠠᠶᠢᠭᠤᠯᠤᠯᠳᠠ ᠶᠢ ᠭᠡᠵᠢᠶᠡᠳᠡ | ᠴᠢᠩᠭ᠎ᠠ ᠪᠠᠷᠢᠮᠳᠠᠯᠠᠬᠤ︾ ᠱᠠᠭᠠᠷᠳᠠᠯᠭ᠎ᠠ ᠶᠤᠰᠤᠭᠠᠷ᠂ ᠲᠦᠪ ᠤᠨ ᠨᠠᠢᠮᠡᠨ ᠵᠤᠷᠪᠤᠰ ᠲᠤᠭᠳᠠᠭᠠᠯ ᠢ ᠴᠢᠩᠭ᠎ᠠ | ᠲᠤᠤᠱᠯᠠᠭᠤᠯᠤᠨ ᠭᠡᠷᠡᠭᠵᠢᠬᠦᠯᠵᠤ᠂ ︽ᠠᠯᠪᠠᠨ ᠤ ᠭᠤᠷᠪᠠᠨ ᠵᠠᠷᠤᠳᠠᠯ︾ ᠢ ᠴᠢᠩᠭ᠎ᠠ ᠬᠢᠵᠠᠭᠠᠷᠯᠠᠨ᠂ ᠠᠵᠢᠯ ᠤᠨ | ᠤᠪᠤᠷ ᠰᠤᠷᠳᠠᠯ ᠢ ᠴᠢᠨᠠᠭᠰᠢᠳᠠ ᠬᠤᠪᠢᠷᠠᠭᠤᠯᠵᠤ᠂ ᠦᠨᠳᠦᠰᠦᠨ ᠱᠠᠳᠤᠨ ᠳᠤ ᠭᠦᠨᠵᠡᠭᠡᠶᠢᠷᠡᠨ᠂ ᠠᠷᠠᠳ ᠤᠨ | ᠪᠠᠶᠢᠳᠠᠯ ᠢ ᠤᠶᠢᠯᠠᠭᠠᠨ᠂ ᠤᠯᠠᠨ ᠲᠦᠮᠡᠨ ᠤ ᠬᠠᠯᠠᠮᠵᠢᠯᠠᠵᠤ ᠪᠠᠶᠢᠭ᠎ᠠ ᠬᠠᠯᠠᠮᠰᠢᠯ ᠠᠰᠠᠭᠤᠳᠠᠯ ᠪᠠ ᠬᠦᠴᠢᠷ | ᠠᠰᠠᠭᠤᠳᠠᠯ ᠢ ᠴᠠᠭ ᠲᠠᠷᠤᠢ ᠳᠤᠨᠢ ᠤᠶᠢᠯᠠᠭᠠᠵᠤ ᠰᠢᠢᠳᠪᠦᠷᠢᠯᠡᠨ᠎ᠡ᠃ ᠶᠠᠷᠢᠶ᠎ᠠ ᠢᠯᠡᠳᠭᠡᠯ ᠬᠤᠷᠠᠯ ᠤᠨ ᠰᠤᠷᠳᠠᠯ ᠢ | ᠴᠢᠨᠠᠭᠰᠢᠳᠠ ᠰᠠᠶᠢᠵᠢᠷᠠᠭᠤᠯᠵᠤ᠂ ᠠᠯᠪᠠᠨ ᠲᠡᠷᠭᠡ ᠶᠢᠨ ᠦᠭᠡᠷᠡᠴᠢᠯᠡᠯᠳᠡ ᠪᠤᠯᠤᠨ ᠠᠵᠢᠯᠯᠠᠬᠤ ᠭᠡᠷ ᠢ ᠴᠡᠪᠡᠷᠯᠡᠨ | ᠴᠡᠭᠴᠡᠯᠡᠬᠦ ᠠᠵᠢᠯ ᠢ ᠪᠤᠳᠠᠳᠠᠢ ᠠᠳᠬᠤᠵᠤ᠂ ᠬᠢᠨᠠᠨ ᠵᠦᠪᠰᠢᠶᠡᠷᠡᠬᠦ ᠲᠦᠷᠢᠮ ᠤᠨ ᠦᠭᠡᠷᠡᠴᠢᠯᠡᠯᠳᠡ ᠶᠢ ᠬᠢᠨᠠᠮᠠᠭᠠᠢ | ᠨᠠᠶᠢᠳᠠᠪᠤᠷᠢᠵᠢᠭᠤᠯᠤᠨ᠂ ᠵᠠᠰᠠᠭ ᠤᠨ ᠤᠷᠳᠤᠨ ᠤ ᠬᠠᠮᠢᠶᠠᠷᠤᠯᠳᠠ ᠶᠢᠨ ᠰᠢᠨ᠎ᠡ ᠶᠢ ᠡᠭᠦᠳᠦᠨ᠎ᠡ᠃ ᠠᠷᠠᠳ ᠤᠨ | ᠲᠦᠯᠦᠭᠡᠯᠡᠭᠴᠢᠳ ᠤᠨ ᠶᠡᠭᠡ ᠬᠤᠷᠠᠯ ᠤᠨ ᠬᠠᠤᠯᠢ ᠴᠠᠭᠠᠵᠠ ᠶᠢᠨ ᠬᠢᠨᠠᠯᠳᠠ ᠪᠤᠯᠤᠨ ᠤᠯᠤᠰ ᠲᠦᠷᠦ ᠶᠢᠨ | ᠵᠦᠪᠯᠡᠯᠭᠡᠨ ᠤ ᠠᠷᠠᠳᠴᠢᠯᠠᠯ ᠤᠨ ᠬᠢᠨᠠᠯᠳᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠵᠤ᠂ ᠨᠡᠶᠢᠭᠡᠮ ᠤᠨ ᠬᠢᠨᠠᠯᠳᠠ | ᠪᠤᠯᠤᠨ ᠶᠠᠷᠢᠶ᠎ᠠ ᠭᠡᠯᠡᠯᠴᠡᠭᠡᠨ ᠤ ᠬᠢᠨᠠᠯᠳᠠ ᠶᠢ ᠤᠬᠠᠮᠰᠠᠷ ᠠᠴᠠ ᠪᠠᠨ ᠬᠦᠯᠢᠶᠡᠨ ᠠᠪᠴᠤ᠂ ᠵᠠᠰᠠᠭ ᠤᠨ ᠶᠠᠪᠤᠳᠠᠯ ᠤᠨ | ᠰᠤᠷᠠᠭ ᠵᠠᠩᠬᠢ ᠶᠢ ᠢᠯᠡ ᠪᠤᠯᠭᠠᠬᠤ ᠶᠢ ᠴᠢᠩᠭᠠᠳᠬᠠᠨ᠂ ᠵᠠᠰᠠᠭ ᠤᠨ ᠤᠷᠳᠤᠨ ᠤ ᠰᠢᠢᠳᠪᠦᠷᠢᠳᠤ ᠪᠤᠳᠤᠯᠭ᠎ᠠ ᠶᠢᠨ | ᠠᠷᠠᠳᠴᠢᠯᠠᠬᠤ᠂ ᠰᠢᠨᠵᠢᠯᠡᠬᠦ ᠤᠬᠠᠭᠠᠨᠴᠢᠯᠠᠬᠤ ᠪᠠ ᠬᠠᠤᠯᠢ ᠲᠦᠷᠢᠮᠵᠢᠬᠦ ᠶᠢ ᠠᠬᠢᠭᠤᠯᠤᠨ᠎ᠠ᠃ ᠰᠤᠮᠤ ᠪᠠᠯᠭᠠᠰᠤᠨ ᠤ | ᠠᠵᠢᠯ ᠤᠨ ᠡᠭᠦᠷᠭᠡ ᠴᠢᠳᠡᠪᠬᠢ ᠶᠢ ᠬᠤᠪᠢᠷᠠᠭᠤᠯᠵᠤ᠂ ᠦᠨᠳᠤᠰᠦᠨ ᠱᠠᠳᠤᠨ ᠤ ᠵᠠᠰᠠᠭ ᠤᠨ ᠡᠷᠭᠡ ᠪᠠ ᠵᠤᠬᠢᠶᠠᠨ | ᠪᠠᠶᠢᠭᠤᠯᠤᠯᠳᠠ ᠶᠢᠨ ᠴᠤᠭᠴᠠᠯᠠᠯᠳᠠ ᠶᠢ ᠴᠢᠩᠭᠠᠳᠬᠠᠨ᠂ ᠰᠤᠮᠤ ᠪᠠᠯᠭᠠᠰᠤᠨ ᠤ ᠦᠷᠢ ᠰᠢᠷᠢ ᠶᠢᠨ ᠲᠠᠷᠤᠭᠠᠰᠤ ᠶᠢ | ᠴᠢᠷᠮᠠᠶᠢᠨ ᠭᠦᠩᠭᠡᠯᠡᠵᠤ᠂ ᠰᠤᠮᠤ ᠪᠠᠯᠭᠠᠰᠤ ᠶᠢᠨ ᠡᠷᠭᠡ ᠬᠠᠷᠢᠭᠤᠴᠠᠯᠭ᠎ᠠ ᠨᠢᠭᠡᠳᠦᠯ ᠦᠬᠡᠢ ᠠᠰᠠᠭᠤᠳᠠᠯ ᠢ ᠬᠦᠴᠦᠯᠡᠨ | ᠰᠢᠢᠳᠪᠦᠷᠢᠯᠡᠨ᠎ᠡ᠃ | ᠨᠠᠮ ᠤᠨ ᠰᠤᠷᠳᠠᠯ ᠴᠢᠭᠡᠴᠢ ᠵᠠᠰᠠᠭ ᠤᠨ ᠪᠦᠳᠦᠭᠡᠨ ᠪᠠᠶᠢᠭᠤᠯᠤᠯᠳᠠ ᠶᠢᠨ ᠬᠠᠷᠢᠭᠤᠴᠠᠯᠭᠠᠳᠤ ᠲᠦᠷᠢᠮ ᠢ | ᠬᠢᠨᠠᠮᠠᠭᠠᠢ ᠨᠠᠶᠢᠳᠠᠪᠤᠷᠢᠵᠢᠭᠤᠯᠵᠤ᠂ ᠤᠳᠤᠷᠢᠳᠬᠤ ᠺᠠᠳ᠋ᠷ ᠪᠤᠯᠤᠨ ᠪᠠᠶᠢᠭᠤᠯᠤᠯᠭ᠎ᠠ ᠶᠢᠨ ᠠᠵᠢᠯᠳᠠᠳ ᠤᠨ ᠴᠢᠭᠡᠴᠢ | ᠵᠠᠰᠠᠭ ᠤᠨ ᠬᠦᠮᠦᠵᠢᠯ ᠢ ᠴᠢᠩᠭᠠᠳᠬᠠᠨ᠂ ᠤᠯᠠᠨ ᠲᠦᠮᠡᠨ ᠤ ᠠᠰᠢᠭ ᠲᠤᠰᠠ ᠶᠢ ᠬᠤᠬᠢᠷᠠᠭᠤᠯᠬᠤ ᠲᠦᠪ ᠪᠤᠰᠤ | ᠰᠤᠷᠳᠠᠯ ᠢ ᠡᠷᠡᠰ ᠵᠠᠯᠠᠷᠠᠭᠤᠯᠵᠤ᠂ ᠠᠷᠠᠳ ᠲᠦᠮᠡᠨ ᠠᠴᠠ ᠤᠯᠭᠤᠭᠰᠠᠨ ᠡᠷᠭᠡ ᠶᠢ ᠢᠮᠠᠭᠳᠠ ᠠᠷᠠᠳ ᠲᠦᠮᠡᠨ ᠤ | ᠠᠰᠢᠭ ᠲᠤᠰᠠ ᠶᠢᠨ ᠲᠦᠯᠦᠭᠡ ᠭᠡᠷᠡᠭᠵᠢᠬᠦᠯᠬᠦ ᠶᠢ ᠪᠠᠳᠤᠯᠠᠨ᠎ᠠ᠃ | ᠲᠦᠯᠦᠭᠡᠯᠡᠭᠴᠢᠳ ᠡ᠂ ᠰᠢᠨ᠎ᠡ ᠬᠡᠪ ᠪᠠᠶᠢᠳᠠᠯ ᠲᠤᠤᠷ᠎ᠠ ᠪᠢᠳᠡ ᠨᠡᠩ ᠢᠯᠡᠬᠦᠦ ᠭᠡᠭᠦᠳᠡᠭ ᠲᠦᠭᠦᠷᠡᠩ ᠢᠳᠡᠭᠡᠯ | ᠵᠤᠷᠢᠭ ᠲᠠᠢ ᠪᠠᠶᠢᠨ᠎ᠠ᠃ ᠰᠢᠨ᠎ᠡ ᠭᠡᠪ ᠪᠠᠶᠢᠳᠠᠯ ᠲᠤᠤᠷ᠎ᠠ᠂ ᠪᠢᠳᠡ ᠨᠡᠩ ᠢᠯᠡᠬᠦᠦ ᠰᠢᠨ᠎ᠡ ᠰᠢᠪᠳᠤᠯᠤᠯᠳᠠ ᠶᠢ | ᠪᠡᠶᠡᠯᠡᠬᠦᠯᠦᠨ᠎ᠡ᠃ ᠪᠢᠳᠡ ᠬᠤᠳᠠ ᠶᠢᠨ ᠨᠠᠮ ᠤᠨ ᠬᠤᠷᠢᠶ᠎ᠠ᠂ ᠵᠠᠰᠠᠭ ᠤᠨ ᠤᠷᠳᠤᠨ ᠪᠤᠯᠤᠨ ᠬᠤᠰᠢᠭᠤᠨ ᠤ ᠨᠠᠮ ᠤᠨ | ᠬᠤᠷᠢᠶ᠎ᠠ ᠶᠢᠨ ᠪᠠᠳᠤ ᠴᠢᠩᠭ᠎ᠠ ᠤᠳᠤᠷᠢᠳᠤᠯᠭ᠎ᠠ ᠲᠤᠤᠷ᠎ᠠ᠂ ᠪᠦᠬᠦ ᠬᠤᠰᠢᠭᠤᠨ ᠤ ᠦᠨᠳᠤᠰᠦᠳᠡᠨ ᠨᠦᠭᠦᠳ ᠤᠨ | ᠠᠷᠠᠳ ᠲᠦᠮᠡᠨ ᠢ ᠪᠦᠯᠬᠦᠮᠳᠡᠬᠦᠯᠦᠨ ᠳᠠᠶᠢᠴᠢᠯᠠᠵᠦ᠂ ᠬᠠᠯᠠᠭᠤᠨ ᠤᠷᠬᠢᠯᠤᠮ᠎ᠠ ᠰᠡᠳᠬᠢᠯᠭᠡ ᠪᠠᠷ ᠦᠨᠡᠨᠴᠢ ᠰᠢᠳᠤᠷᠭᠤ | ᠵᠢᠳᠬᠦᠵᠦ᠂ ᠠᠯᠤᠰ ᠢ ᠪᠠᠷᠠᠯᠠᠨ ᠬᠠᠷᠢᠯᠴᠠᠨ ᠬᠠᠪᠰᠤᠷᠤᠯᠴᠠᠵᠦ᠂ ᠬᠡᠪ ᠰᠤᠷᠳᠠᠯ ᠴᠢᠩᠭ᠎ᠠ ᠲᠦᠪᠯᠡᠬᠦᠨ ᠪᠠᠶᠢᠵᠦ᠂ | ᠪᠦᠬᠦ ᠵᠢᠯ ᠤᠨ ᠡᠯ᠎ᠡ ᠵᠦᠢᠯ ᠤᠨ ᠬᠠᠷᠠᠯᠳᠠ ᠡᠭᠦᠷᠭᠡ ᠪᠠᠨ ᠲᠡᠭᠦᠰ ᠠᠮᠵᠢᠯᠳᠠᠳᠠᠢ ᠪᠡᠶᠡᠯᠡᠬᠦᠯᠵᠦ᠂ ᠡᠬᠡ ᠤᠯᠤᠰ ᠤᠨ | ᠤᠮᠠᠷᠠᠳᠦ ᠬᠢᠯᠢ ᠶᠢᠨ ᠨᠡᠩ ᠭᠤᠸ᠎ᠠ ᠦᠵᠡᠬᠦᠯᠡᠩ ᠦᠵᠡᠮᠵᠢ ᠶᠢᠨ ᠤᠷᠤᠨ ᠢ ᠳᠠᠬᠢᠨ ᠡᠭᠦᠳᠦᠨ ᠴᠤᠭᠴᠠᠯᠠᠬᠤ ᠶᠢᠨ | ᠲᠦᠯᠦᠭᠡ ᠴᠢᠷᠮᠠᠶᠢᠨ ᠲᠡᠮᠡᠴᠡᠵᠡᠭᠡᠶ᠎ᠡ︕ | | ᠲᠠᠶᠢᠯᠪᠦᠷᠢ᠄ | ① ︽ᠲᠤᠯᠤᠭᠠᠨ ᠬᠡᠯᠪᠡᠷᠢ︾ ᠶᠢᠨ ᠠᠭᠤᠷᠬᠠᠢ᠄ ︽ᠪᠤᠬᠢᠷᠳᠤᠯ ᠦᠬᠡᠢ᠂ ᠠᠮᠢ ᠠᠬᠤᠶᠢᠴᠢ᠂ ᠤᠷᠴᠢᠨ ᠲᠤᠭᠤᠷᠢᠨ | ᠤ ᠬᠠᠮᠠᠭᠠᠯᠠᠯᠳᠠ᠂ ᠰᠢᠨᠵᠢᠯᠡᠭᠡ ᠮᠡᠷᠭᠡᠵᠢᠯ᠂ ᠰᠤᠶᠤᠯ ᠢᠷᠭᠡᠨᠰᠢᠯ᠂ ᠡᠶ᠎ᠡ ᠵᠤᠬᠢᠴᠠᠩᠭᠤᠢ᠂ ᠠᠮᠤᠷ ᠲᠦᠪᠰᠢᠨ︾ | ᠠᠭᠤᠷᠬᠠᠢ ᠶᠢ ᠵᠢᠭᠠᠨ᠎ᠠ᠃ | ② ︽ᠭᠤᠷᠪᠠ ᠶᠢ ᠲᠤᠰᠬᠤᠨ ᠪᠠ ᠡᠷᠦᠬᠡ ᠳᠤ ᠬᠦᠷᠭᠡᠬᠦ︾ ᠶᠠᠳᠠᠭᠤ ᠶᠢ ᠳᠡᠳᠬᠦᠬᠦ ᠢᠨᠵᠧᠨᠧᠷᠢᠩ᠄ ︽ᠭᠤᠷᠪᠠ ᠶᠢ | ᠲᠤᠰᠬᠤᠨ ᠳᠤ ᠬᠦᠷᠭᠡᠬᠦ︾ ᠭᠡᠳᠡᠭ ᠨᠢ ᠲᠦᠯᠦᠪᠵᠢᠬᠦᠯᠬᠡ ᠶᠢ ᠲᠤᠰᠬᠤᠨ ᠳᠤ ᠬᠦᠷᠭᠡᠬᠦ᠂ ᠲᠦᠷᠦᠯ ᠵᠦᠢᠯ ᠢ | ᠲᠤᠰᠬᠤᠨ ᠳᠤ ᠬᠦᠷᠭᠡᠬᠦ᠂ ᠺᠠᠳ᠋ᠷ ᠢ ᠲᠤᠰᠬᠤᠨ ᠳᠤ ᠬᠦᠷᠭᠡᠬᠦ ᠶᠢ ᠵᠢᠭᠠᠨ᠎ᠠ᠃ ︽ᠭᠤᠷᠪᠡ ᠶᠢ ᠡᠷᠦᠬᠡ ᠳᠤ ᠬᠦᠷᠭᠡᠬᠦ︾ | ᠭᠡᠳᠡᠭ ᠨᠢ ᠲᠦᠯᠦᠪᠵᠢᠬᠦᠯᠬᠡ ᠶᠢ ᠡᠷᠦᠬᠡ ᠳᠤ ᠬᠦᠷᠭᠡᠬᠦ᠂ ᠲᠦᠷᠦᠯ ᠵᠦᠢᠯ ᠢ ᠡᠷᠦᠬᠡ ᠳᠤ ᠬᠦᠷᠭᠡᠬᠦ᠂ ᠺᠠᠳ᠋ᠷ ᠢ | ᠡᠷᠦᠬᠡ ᠳᠤ ᠬᠦᠷᠭᠡᠬᠦ ᠶᠢ ᠵᠢᠭᠠᠨ᠎ᠠ᠃ | ③ ︽ᠭᠤᠷᠪᠠᠨ ᠱᠠᠳᠤᠨ ᠤ ᠭᠤᠤᠯ ᠤᠳᠤᠷᠢᠳᠤᠯᠭ᠎ᠠ ᠬᠢᠯᠢ ᠶᠢ ᠬᠠᠮᠳᠤᠪᠡᠷ ᠬᠠᠮᠢᠶᠠᠷᠬᠤ︾᠄ ᠵᠠᠰᠠᠭ ᠤᠨ ᠤᠷᠳᠤᠨ | ᠤ ᠬᠤᠰᠢᠭᠤᠨ ᠲᠠᠷᠤᠭ᠎ᠠ᠂ ᠰᠤᠮᠤ ᠪᠠᠯᠭᠠᠰᠦ ᠶᠢᠨ ᠵᠠᠰᠠᠭ ᠤᠨ ᠤᠷᠳᠤᠨ ᠤ ᠭᠤᠤᠯ ᠤᠳᠤᠷᠢᠳᠤᠯᠭ᠎ᠠ᠂ ᠭᠠᠴᠠᠭᠠᠨ | ᠲᠠᠷᠤᠭ᠎ᠠ ᠬᠢᠯᠢ ᠶᠢᠨ ᠬᠠᠮᠠᠭᠠᠯᠠᠯᠳᠠ ᠶᠢᠨ ᠠᠵᠢᠯ ᠢ ᠬᠠᠮᠢᠶᠠᠷᠤᠨ ᠡᠵᠡᠮᠳᠡᠬᠦ ᠶᠢ ᠵᠢᠭᠠᠨ᠎ᠠ᠃ | ④ ︽ᠲᠠᠪᠤᠨ ᠬᠡᠯᠪᠡᠷᠢ︾ ᠶᠢᠨ ᠠᠮᠢ ᠠᠬᠤᠶᠢᠴᠢ ᠭᠡᠷ ᠪᠦᠯᠢ ᠶᠢᠨ ᠮᠠᠯᠵᠢᠯ ᠤᠨ ᠳᠠᠯᠠᠪᠠᠢ᠄ ᠳᠤᠮᠤ ᠮᠠᠯᠵᠢᠬᠤ | ᠡᠷᠦᠬᠡ ᠶᠢᠨ ᠦᠪᠡᠰᠦᠪᠡᠨ ᠪᠠᠶᠢᠭᠤᠯᠬᠤ ᠬᠡᠯᠪᠡᠷᠢ᠂ ᠡᠷᠦᠬᠡ ᠬᠤᠯᠪᠤᠭᠠᠯᠠᠬᠤ ᠬᠡᠯᠪᠡᠷᠢ᠂ ᠬᠤᠷᠰᠢᠶᠠᠵᠢᠯ ᠤᠨ ᠬᠡᠯᠪᠡᠷᠢ᠂ | ᠲᠡᠵᠢᠭᠡᠨ ᠦᠷᠡᠵᠢᠬᠦᠯᠬᠦ ᠵᠢᠵᠢᠭ ᠲᠤᠭᠤᠷᠢᠭ ᠤᠨ ᠬᠡᠯᠪᠡᠷᠢ᠂ ᠤᠬᠤᠷᠬᠠᠨ ᠬᠤᠭᠤᠴᠠᠭᠠᠨ ᠳᠤ ᠳᠡᠵᠢᠭᠡᠨ ᠪᠤᠷᠳᠤᠬᠤ | ᠵᠡᠷᠭᠡ ᠲᠠᠪᠤᠨ ᠵᠦᠢᠯ ᠤᠨ ᠬᠡᠯᠪᠡᠷᠢ ᠪᠠᠷ ᠳᠠᠮᠵᠢᠨ ᠤᠳᠤ ᠦᠶ᠎ᠡ ᠶᠢᠨ ᠠᠮᠢ ᠠᠬᠤᠶᠢᠴᠢ ᠭᠡᠷ ᠪᠦᠯᠢ ᠶᠢᠨ ᠮᠠᠯᠵᠢᠯ ᠤᠨ | ᠳᠠᠯᠠᠪᠠᠢ ᠶᠢ ᠬᠦᠭᠵᠢᠬᠦᠯᠬᠦ ᠶᠢ ᠵᠢᠭᠠᠨ᠎ᠠ᠃ |