ᠠᠷᠤᠬᠠᠰᠢᠶᠠᠳᠦ ᠪᠠᠯᠭᠠᠰᠦ
ᠨᠡᠶᠢᠲᠡᠯᠡᠭᠰᠡᠨ ᠴᠠᠭ᠄
2018/5/11
    ᠨᠢᠭᠡ᠂ ᠨᠠᠮ ᠤᠨ ᠬᠤᠷᠢᠶᠠᠨ ᠤ ᠠᠵᠢᠯ ᠤᠨ ᠡᠭᠦᠷᠭᠡ ᠬᠠᠷᠢᠭᠤᠴᠠᠯᠭ᠎ᠠ᠄      ︵1︶ ᠨᠠᠮ ᠤᠨ ᠱᠤᠭᠤᠮ ᠴᠢᠭᠯᠡᠯᠳᠡ᠂ ᠲᠦᠷᠦ ᠶᠢᠨ ᠪᠤᠳᠤᠯᠭ᠎ᠠ ᠶᠢ ᠡᠷᠡᠰ ᠲᠤᠤᠱᠯᠠᠭᠤᠯᠤᠨ ᠭᠡᠷᠡᠭᠵᠢᠬᠦᠯᠬᠦ  ᠶᠢ ᠪᠠᠳᠤᠯᠠᠨ᠎ᠠ᠃      ︵2︶ ᠬᠢᠨᠠᠯᠳᠠ ᠳᠠᠯᠪᠢᠬᠤ ᠶᠢ ᠪᠠᠳᠤᠯᠠᠬᠤ ᠡᠭᠦᠷᠭᠡ ᠴᠢᠳᠠᠪᠬᠢ᠃      ︵3︶ ᠰᠤᠷᠭᠠᠨ ᠬᠦᠮᠦᠵᠢᠬᠦᠯᠬᠦ ᠪᠠ ᠬᠠᠮᠢᠶᠠᠷᠬᠤ ᠡᠭᠦᠷᠭᠡ ᠴᠢᠳᠠᠪᠬᠢ᠃      ︵4︶ ᠠᠵᠦ ᠠᠬᠤᠢ ᠶᠢᠨ ᠪᠦᠲᠦᠭᠡᠨ ᠪᠠᠶᠢᠭᠤᠯᠤᠯᠳᠠ ᠶᠢ ᠳᠠᠭᠠᠬᠤ ᠪᠠ ᠡᠭᠦᠨ ᠳᠤ ᠦᠢᠯᠡᠴᠢᠯᠡᠬᠦ ᠡᠭᠦᠷᠭᠡ ᠴᠢᠳᠠᠪᠬᠢ᠃      ︵5︶ ᠲᠤᠰ ᠪᠠᠯᠭᠠᠰᠦ ᠶᠢᠨ ᠢᠶᠠᠨ ᠨᠠᠮ ᠤᠨ ᠪᠠᠶᠢᠭᠤᠯᠤᠯᠳᠠ ᠶᠢᠨ ᠠᠵᠢᠯ᠂ ᠤᠯᠠᠨ ᠨᠡᠶᠢᠳᠡ ᠪᠤᠯᠤᠨ ᠪᠦᠯᠬᠦᠮ ᠤᠨ ᠠᠵᠢᠯ᠂ ᠤᠶᠤᠨ ᠤ ᠪᠤᠯᠪᠠᠰᠤᠨ ᠤ ᠪᠠᠶᠢᠭᠤᠯᠤᠯᠳᠠ ᠶᠢᠨ ᠠᠵᠢᠯ᠂ ᠰᠤᠨᠢᠨ ᠮᠡᠳᠡᠭᠡ ᠤᠬᠠᠭᠤᠯᠬᠤ ᠠᠵᠢᠯ  ᠢ ᠬᠠᠷᠢᠭᠤᠴᠠᠵᠦ ᠰᠠᠶᠢᠳᠦᠷ ᠠᠳᠬᠤᠨ᠎ᠠ᠃      ︵6︶ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠠᠴᠠ ᠲᠤᠰᠢᠶᠠᠭᠰᠠᠨ ᠪᠤᠰᠤᠳ ᠠᠵᠢᠯ ᠤᠨ ᠡᠭᠦᠷᠭᠡ ᠶᠢ ᠬᠦᠢᠴᠡᠳᠭᠡᠨ᠎ᠡ᠃     ᠬᠤᠶᠠᠷ᠂ ᠵᠠᠰᠠᠭ ᠤᠨ ᠤᠷᠳᠤᠨ ᠤ ᠡᠭᠦᠷᠭᠡ ᠴᠢᠳᠠᠪᠬᠢ᠄      1. ᠠᠵᠦ ᠠᠬᠤᠢ᠂ ᠰᠢᠨᠵᠢᠯᠡᠭᠡ ᠮᠡᠷᠭᠡᠵᠢᠯ ᠪᠤᠯᠤᠨ ᠨᠡᠶᠢᠬᠡᠮ ᠤᠨ ᠬᠦᠭᠵᠢᠯᠳᠡ ᠶᠢᠨ ᠲᠦᠯᠦᠪᠯᠡᠭᠡ ᠶᠢ ᠲᠤᠭᠳᠠᠭᠠᠬᠤ ᠶᠢᠨ ᠬᠠᠮᠳᠦ ᠵᠤᠬᠢᠶᠠᠨ ᠪᠠᠶᠢᠭᠤᠯᠤᠨ ᠭᠡᠷᠡᠭᠵᠢᠬᠦᠯᠵᠦ᠂ ᠡᠬᠢ ᠪᠠᠶᠠᠯᠢᠭ ᠢ ᠨᠡᠭᠡᠭᠡᠨ ᠬᠦᠭᠵᠢᠬᠦᠯᠬᠦ ᠮᠡᠷᠭᠡᠵᠢᠯ ᠤᠨ ᠦᠭᠡᠷᠡᠴᠢᠯᠡᠯᠳᠡ ᠪᠤᠯᠤᠨ ᠠᠵᠦ ᠦᠢᠯᠡᠰ ᠤᠨ ᠪᠦᠳᠦᠴᠡ ᠶᠢᠨ ᠲᠤᠬᠢᠷᠠᠭᠤᠯᠤᠯᠳᠠ ᠶᠢᠨ ᠲᠦᠰᠦᠯ ᠢ ᠲᠤᠭᠳᠠᠭᠠᠨ᠂ ᠡᠯ᠎ᠡ ᠵᠦᠢᠯ ᠤᠨ ᠦᠢᠯᠡᠳᠪᠦᠷᠢᠯᠡᠯ ᠢ ᠵᠤᠬᠢᠶᠠᠨ ᠪᠠᠶᠢᠭᠤᠯᠤᠨ ᠵᠢᠯᠤᠭᠤᠳᠴᠦ᠂ ᠳᠠᠸᠠᠷ ᠤᠨ ᠬᠦᠢᠯᠭᠡᠭᠡ ᠶᠢ ᠰᠠᠶᠢᠳᠦᠷ ᠬᠢᠵᠦ᠂ ᠲᠤᠰ ᠪᠠᠯᠭᠠᠰᠦ ᠬᠢᠭᠡᠳ ᠭᠠᠳᠠᠨ᠎ᠠ ᠤᠷᠤᠨ ᠯᠤᠭ᠎ᠠ ᠶᠢᠨ ᠠᠵᠦ ᠠᠬᠤᠢ ᠶᠢᠨ ᠰᠤᠯᠢᠯᠴᠠᠭ᠎ᠠ ᠬᠠᠮᠳᠤᠷᠠᠯᠴᠠᠭ᠎ᠠ ᠶᠢ ᠰᠠᠶᠢᠳᠦᠷ ᠵᠤᠬᠢᠴᠠᠭᠤᠯᠤᠨ᠂ ᠠᠷᠠᠯᠵᠢᠶᠠᠴᠢᠨ ᠤᠷᠢᠵᠦ ᠪᠡᠯᠡ ᠤᠷᠤᠭᠤᠯᠬᠤ᠂ ᠴᠢᠳᠠᠪᠦᠷᠢᠳᠠᠨ ᠤᠷᠢᠬᠤ ᠲᠦᠷᠦᠯ ᠵᠦᠢᠯ ᠢ ᠨᠡᠭᠡᠭᠡᠨ ᠬᠦᠭᠵᠢᠬᠦᠯᠬᠦ ᠶᠢ ᠰᠠᠶᠢᠳᠦᠷ ᠠᠳᠬᠤᠵᠦ᠂ ᠵᠠᠬ᠎ᠠ ᠳᠡᠯᠭᠡᠭᠦᠷ ᠤᠨ ᠲᠤᠭᠳᠠᠯᠴᠠᠭ᠎ᠠ  ᠶᠢ ᠳᠠᠰᠤᠷᠠᠯᠳᠠ ᠦᠬᠡᠢ ᠪᠤᠶᠢᠵᠢᠭᠤᠯᠤᠨ᠂ ᠠᠵᠦ ᠠᠬᠤᠢ ᠶᠢᠨ ᠠᠵᠢᠯᠯᠠᠭ᠎ᠠ ᠶᠢ ᠵᠤᠬᠢᠶᠠᠨ ᠪᠠᠶᠢᠭᠤᠯᠵᠦ᠂ ᠠᠵᠦ ᠠᠬᠤᠢ  ᠶᠢᠨ ᠬᠦᠭᠵᠢᠯᠳᠡ ᠶᠢ ᠲᠦᠯᠬᠢᠨ ᠠᠬᠢᠭᠤᠯᠤᠨ᠎ᠠ᠃      2. ᠭᠠᠴᠠᠭ᠎ᠠ ᠪᠤᠯᠤᠨ ᠪᠠᠯᠭᠠᠰᠦ ᠶᠢᠨ ᠪᠦᠲᠦᠭᠡᠨ ᠪᠠᠶᠢᠭᠤᠯᠤᠯᠳᠠ ᠶᠢᠨ ᠲᠦᠯᠦᠪᠵᠢᠬᠦᠯᠭᠡ ᠶᠢ ᠲᠤᠭᠳᠠᠭᠠᠬᠤ  ᠶᠢᠨ ᠬᠠᠮᠳᠦ ᠵᠤᠬᠢᠶᠠᠨ ᠪᠠᠶᠢᠭᠤᠯᠤᠨ ᠭᠡᠷᠡᠭᠵᠢᠬᠦᠯᠵᠦ᠂ ᠭᠤᠤᠯᠳᠠᠯᠭ᠎ᠠ ᠲᠠᠢ ᠢᠨᠵᠧᠨᠧᠷᠢᠩ ᠤᠨ ᠪᠦᠲᠦᠭᠡᠨ ᠪᠠᠶᠢᠭᠤᠯᠤᠯᠳᠠ᠂ ᠤᠷᠤᠨ ᠨᠤᠲᠤᠭ ᠤᠨ ᠵᠠᠮ ᠱᠤᠭᠤᠮ ᠤᠨ ᠪᠦᠲᠦᠭᠡᠨ ᠪᠠᠶᠢᠭᠤᠯᠤᠯᠳᠠ ᠵᠢᠴᠢ ᠤᠯᠠᠨ ᠨᠡᠶᠢᠳᠡ ᠶᠢᠨ ᠲᠦᠬᠦᠭᠡᠷᠦᠮᠵᠢ᠂ ᠤᠰᠤᠨ ᠠᠰᠢᠭᠯᠠᠯᠳᠠ ᠶᠢᠨ  ᠲᠦᠬᠦᠭᠡᠷᠦᠮᠵᠢ ᠶᠢᠨ ᠬᠠᠮᠢᠶᠠᠷᠤᠯᠳᠠ ᠶᠢᠨ ᠠᠵᠢᠯ ᠢ ᠪᠠᠶᠢᠷᠢᠯᠠᠭᠤᠯᠤᠨ᠂ ᠳᠠᠯ᠎ᠠ ᠨᠤᠲᠤᠭ᠂ ᠤᠢ ᠮᠤᠳᠤ᠂ ᠤᠰᠤ ᠵᠡᠷᠭᠡ ᠪᠠᠶᠢᠭᠠᠯᠢ ᠶᠢᠨ ᠡᠬᠢ ᠪᠠᠶᠠᠯᠢᠭ ᠪᠤᠯᠤᠨ ᠠᠮᠢ ᠠᠬᠤᠢ ᠶᠢᠨ ᠤᠷᠴᠢᠨ ᠳᠤᠭᠤᠷᠢᠨ ᠤ ᠬᠠᠮᠠᠭᠠᠯᠠᠯᠳᠠ ᠶᠢ ᠬᠠᠷᠢᠭᠤᠴᠠᠵᠦ᠂ ᠳᠠᠯ᠎ᠠ ᠨᠤᠲᠤᠭ ᠤᠨ ᠭᠠᠯ ᠢ ᠰᠡᠷᠭᠡᠶᠢᠯᠡᠬᠦ ᠠᠵᠢᠯ ᠢ ᠰᠠᠶᠢᠳᠦᠷ ᠬᠢᠨ᠎ᠡ᠃      3. ᠲᠤᠰ ᠵᠠᠰᠠᠭ ᠵᠠᠬᠢᠷᠭᠠᠨ ᠤ ᠤᠷᠤᠨ ᠳᠠᠬᠢ ᠠᠷᠠᠳ ᠤᠨ ᠶᠠᠪᠤᠳᠠᠯ᠂ ᠲᠦᠯᠦᠪᠯᠡᠭᠡᠳᠦ ᠦᠷᠡᠵᠢᠯ᠂ ᠰᠤᠶᠤᠯ ᠰᠤᠷᠭᠠᠨ ᠬᠦᠮᠦᠵᠢᠯ᠂ ᠡᠷᠡᠬᠦᠯ ᠬᠠᠮᠠᠭᠠᠯᠠᠯ᠂ ᠪᠡᠶ᠎ᠡ ᠶᠢᠨ ᠳᠠᠮᠢᠷ ᠵᠡᠷᠭᠡ ᠨᠡᠶᠢᠬᠡᠮ ᠤᠨ ᠨᠡᠶᠢᠳᠡ ᠶᠢᠨ ᠠᠰᠠᠷᠠᠮᠵᠢ ᠶᠢᠨ ᠦᠢᠯᠡᠰ ᠤᠨ ᠶᠡᠷᠦᠩᠭᠡᠶᠢᠯᠡᠭᠰᠡᠨ ᠴᠢᠨᠠᠷᠳᠠᠢ ᠠᠵᠢᠯ ᠢ ᠬᠠᠷᠢᠭᠤᠴᠠᠨ᠂ ᠠᠯᠢᠪᠠ ᠠᠵᠦ ᠠᠬᠤᠢ ᠶᠢᠨ ᠨᠢᠭᠡᠴᠡ ᠪᠤᠯᠤᠨ ᠬᠤᠪᠢ ᠬᠦᠮᠦᠨ ᠤ ᠵᠦᠢ ᠶᠤᠰᠤᠨ ᠤ ᠠᠵᠦ ᠠᠬᠤᠢ ᠶᠢᠨ ᠡᠷᠭᠡ ᠠᠰᠢᠭ ᠢ ᠬᠠᠮᠠᠭᠠᠯᠠᠵᠦ᠂ ᠬᠠᠤᠯᠢ ᠪᠤᠰᠤ ᠠᠵᠦ ᠠᠬᠤᠢ ᠶᠢᠨ ᠠᠵᠢᠯᠯᠠᠭ᠎ᠠ ᠶᠢ ᠦᠭᠡᠶᠢᠰᠭᠡᠨ᠂ ᠢᠷᠭᠡᠨ ᠤ ᠭᠡᠷᠡᠭ ᠤᠨ ᠵᠢᠭᠤᠷᠠᠭᠠᠨ ᠢ ᠨᠠᠮᠳᠠᠭᠤᠯᠤᠨ ᠰᠢᠢᠳᠪᠦᠷᠢᠯᠡᠵᠦ᠂ ᠡᠷᠡᠬᠦᠦ ᠶᠢᠨ ᠭᠡᠷᠡᠭ ᠤᠨ ᠶᠠᠯᠠᠳᠦ ᠠᠵᠢᠯᠯᠠᠭ᠎ᠠ ᠳᠤ ᠴᠤᠬᠢᠯᠳᠠ ᠦᠭᠴᠦ ᠨᠡᠶᠢᠬᠡᠮ ᠤᠨ ᠳᠤᠭᠳᠠᠭᠤᠨ ᠢ ᠬᠠᠮᠠᠭᠠᠯᠠᠨ᠎ᠠ᠃      4. ᠲᠤᠰ ᠱᠠᠳᠤᠨ ᠤ ᠡᠳ᠋ ᠤᠨ ᠵᠠᠰᠠᠭ ᠤᠨ ᠤᠷᠤᠯᠭ᠎ᠠ ᠪᠤᠯᠤᠨ ᠤᠷᠤᠨ ᠨᠤᠲᠤᠭ ᠤᠨ ᠭᠠᠶᠢᠯᠢ ᠶᠢ ᠳᠠᠳᠠᠪᠦᠷᠢᠯᠠᠨ ᠬᠤᠷᠢᠶᠠᠬᠤ ᠠᠵᠢᠯ ᠢ ᠲᠦᠯᠦᠪᠯᠡᠨ ᠵᠤᠬᠢᠶᠠᠨ ᠪᠠᠶᠢᠭᠤᠯᠵᠦ᠂ ᠤᠯᠤᠰ ᠤᠨ ᠡᠳ᠋ ᠤᠨ ᠵᠠᠰᠠᠭ ᠤᠨ ᠲᠦᠯᠦᠪᠯᠡᠭᠡ ᠶᠢ ᠬᠦᠢᠴᠡᠳᠭᠡᠨ᠂ ᠭᠠᠶᠢᠯᠢ ᠶᠢᠨ ᠢᠷᠡᠯᠳᠡ ᠶᠢ ᠳᠠᠰᠤᠷᠠᠯᠳᠠ ᠦᠬᠡᠢ ᠪᠤᠶᠢᠵᠢᠭᠤᠯᠤᠨ᠂ ᠡᠳ᠋ ᠤᠨ ᠵᠠᠰᠠᠭ  ᠤᠨ ᠪᠡᠯᠡ ᠮᠦᠩᠬᠦ ᠶᠢ ᠰᠠᠶᠢᠳᠦᠷ ᠬᠠᠮᠢᠶᠠᠷᠴᠦ᠂ ᠡᠳ᠋ ᠤᠨ ᠵᠠᠰᠠᠭ ᠤᠨ ᠪᠤᠳᠠᠳᠦ ᠬᠦᠴᠦᠨ ᠢ ᠨᠡᠮᠡᠭᠳᠡᠬᠦᠯᠦᠨ᠎ᠡ᠃      5. ᠤᠶᠤᠨ ᠤ ᠪᠤᠯᠪᠠᠰᠤᠨ ᠤ ᠪᠠᠶᠢᠭᠤᠯᠤᠯᠳᠠ ᠶᠢ ᠰᠠᠶᠢᠳᠦᠷ ᠠᠳᠬᠤᠨ᠂ ᠤᠯᠠᠨ ᠲᠦᠮᠡᠨ ᠤ ᠰᠤᠶᠤᠯ ᠤᠨ ᠠᠮᠢᠳᠤᠷᠠᠯ  ᠢ ᠪᠠᠶᠠᠯᠢᠭᠵᠢᠭᠤᠯᠵᠦ᠂ ᠵᠠᠩ ᠳᠠᠳᠬᠠᠯ ᠢᠶᠠᠨ ᠦᠭᠡᠷᠡᠴᠢᠯᠡᠬᠦ ᠶᠢ ᠤᠷᠢᠶᠠᠯᠠᠨ᠂ ᠹᠸᠣᠳᠠᠯ ᠤᠨ ᠮᠤᠬᠤᠷ ᠪᠢᠰᠢᠷᠡᠯ ᠢ ᠡᠰᠡᠷᠬᠦᠴᠡᠵᠦ᠂ ᠬᠤᠴᠤᠷᠤᠩᠭᠤᠢ ᠵᠠᠩᠰᠢᠯ ᠢ ᠦᠭᠡᠶᠢᠰᠭᠡᠨ᠂ ᠨᠡᠶᠢᠬᠡᠮ ᠵᠢᠷᠤᠮ ᠤᠨ ᠰᠢᠨ᠎ᠡ ᠬᠡᠪ ᠰᠤᠷᠳᠠᠯ ᠢ ᠪᠤᠢ ᠪᠤᠯᠭᠠᠨ᠎ᠠ᠃      6. ᠲᠡᠭᠡᠳᠦ ᠱᠠᠳᠤᠨ ᠤ ᠨᠠᠮ ᠤᠨ ᠬᠤᠷᠢᠶ᠎ᠠ ᠵᠠᠰᠠᠭ ᠤᠨ ᠤᠷᠳᠤᠨ ᠠᠴᠠ ᠲᠤᠰᠢᠶᠠᠭᠰᠠᠨ ᠪᠤᠰᠤᠳ ᠠᠵᠢᠯ ᠢ ᠬᠦᠢᠴᠡᠳᠭᠡᠨ᠎ᠡ᠃
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠵᠠᠰᠠᠭ ᠤᠨ ᠤᠷᠳᠤᠨ ᠤ ᠤᠷᠴᠢᠭᠤᠯᠭ᠎ᠠ ᠶᠢᠨ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号