ᠪᠤᠭᠳᠠᠡᠭᠤᠯᠠ ᠰᠤᠮᠤ
ᠨᠡᠶᠢᠲᠡᠯᠡᠭᠰᠡᠨ ᠴᠠᠭ᠄
2018/5/11
ᠨᠢᠭᠡ᠂  ᠰᠣᠮᠣ ᠶᠢᠨ ᠨᠠᠮ ᠤᠨ ᠬᠤᠷᠢᠶᠠᠨ ᠤ ᠭᠤᠣᠯ ᠡᠬᠦᠷᠭᠡ ᠬᠠᠷᠢᠭᠤᠴᠠᠯᠭ᠎ᠠ⒈ ᠨᠠᠮ ᠤᠨ ᠱᠣᠭᠤᠮ᠂ ᠴᠢᠭᠯᠡᠯᠳᠡ᠂ ᠲᠦᠷᠦ ᠶᠢᠨ ᠪᠣᠳᠣᠯᠭ᠎ᠠ ᠪᠠ ᠳᠡᠭᠡᠲᠦ ᠱᠠᠳᠣᠨ ᠤ ᠨᠠᠮ ᠤᠨ ᠵᠣᠬᠢᠶᠠᠨ ᠪᠠᠶᠢᠭᠤᠯᠣᠯᠳᠠ ᠵᠢᠴᠢ ᠰᠣᠮᠣ ᠶᠢᠨ ᠨᠠᠮ ᠤᠨ ᠭᠡᠰᠢᠭᠦᠨ ᠤ ᠶᠡᠭᠡ ᠬᠤᠷᠠᠯ ᠤᠨ ᠰᠢᠢᠳᠪᠦᠷᠢ ᠶᠢ ᠲᠣᠣᠱᠯᠠᠭᠤᠯᠣᠨ ᠬᠡᠷᠡᠭᠵᠢᠭᠦᠯᠦᠨ᠎ᠡ᠃ ᠰᠣᠮᠣ ᠶᠢᠨ ᠠᠵᠣ ᠠᠬᠤᠢ ᠶᠢᠨ ᠪᠦᠳᠦᠭᠡᠨ ᠪᠠᠶᠢᠭᠤᠯᠣᠯᠳᠠ ᠪᠠ ᠨᠡᠶᠢᠭᠡᠮ ᠤᠨ ᠬᠦᠭᠵᠢᠯᠳᠡ ᠶᠢᠨ ᠴᠢᠬᠤᠯᠠ ᠶᠡᠭᠡ ᠠᠰᠠᠭᠤᠳᠠᠯ ᠢ ᠶᠠᠷᠢᠯᠴᠠᠨ ᠲᠣᠭᠳᠠᠭᠠᠨ᠎ᠠ᠃⒉ ᠰᠣᠮᠣ ᠶᠢᠨ ᠵᠠᠰᠠᠭ ᠤᠨ ᠡᠷᠭᠡᠲᠦ ᠪᠠᠶᠢᠭᠤᠯᠭ᠎ᠠ ᠪᠠ ᠣᠯᠠᠨ ᠲᠦᠮᠡᠨ ᠤ ᠵᠣᠬᠢᠶᠠᠨ ᠪᠠᠶᠢᠭᠤᠯᠣᠯᠳᠠ ᠶᠢ ᠣᠳᠣᠷᠢᠳᠣᠨ ᠬᠢᠨᠠᠯᠳᠠ ᠲᠠᠯᠪᠢᠵᠣ᠂ ᠡᠳᠡᠭᠡᠷ ᠡᠷᠭᠡᠲᠦ ᠪᠠᠶᠢᠭᠤᠯᠭ᠎ᠠ ᠪᠠ ᠵᠣᠬᠢᠶᠠᠨ ᠪᠠᠶᠢᠭᠤᠯᠣᠯᠳᠠ ᠨᠢ ᠣᠯᠣᠰ ᠤᠨ ᠬᠠᠣᠯᠢ ᠴᠠᠭᠠᠵᠠ ᠪᠠ ᠬᠠᠣᠯᠢ ᠲᠣᠭᠳᠠᠭᠠᠯ ᠶᠣᠰᠣᠭᠠᠷ ᠪᠠᠷ ᠡᠷᠬᠡ ᠲᠣᠰᠢᠶᠠᠯ ᠢᠶᠠᠨ ᠵᠦᠪ ᠬᠡᠷᠡᠭᠯᠡᠬᠦ ᠶᠢ ᠲᠡᠮᠵᠢᠬᠦ  ᠪᠣᠶᠣ ᠪᠠᠳᠣᠯᠠᠨ᠎ᠠ᠃⒊ ᠨᠠᠮ ᠤᠨ ᠬᠤᠷᠢᠶᠠᠨ ᠤ ᠲᠣᠰ ᠪᠠᠶ᠎ᠡ ᠶᠢᠨ ᠪᠠᠶᠢᠭᠤᠯᠣᠯᠳᠠ ᠪᠠ ᠨᠠᠮ ᠤᠨ ᠡᠭᠦᠷ ᠢᠶᠠᠷ ᠭᠤᠣᠯ ᠪᠣᠯᠭᠠᠭᠰᠠᠨ ᠭᠠᠴᠠᠭ᠎ᠠ ᠲᠣᠰᠬᠤᠨ ᠤ ᠱᠠᠳᠣᠨ ᠤ ᠵᠣᠬᠢᠶᠠᠨ ᠪᠠᠶᠢᠭᠤᠯᠣᠯᠳᠠ ᠶᠢ ᠴᠢᠩᠭᠠᠳᠬᠠᠨ᠎ᠠ᠃  ᠺᠠᠳ᠋ᠷ ᠢ ᠬᠠᠮᠢᠶᠠᠷᠬᠤ ᠡᠷᠬᠡ  ᠶᠢᠨ ᠬᠡᠪᠴᠢᠶ᠎ᠡ ᠶᠢ ᠦᠨᠳᠦᠰᠦᠯᠡᠨ᠂ ᠺᠠᠳ᠋ᠷ ᠢ ᠰᠣᠷᠭᠠᠨ ᠬᠦᠮᠦᠵᠢᠭᠦᠯᠬᠦ᠂   ᠰᠣᠩᠭᠤᠨ ᠲᠡᠪᠰᠢᠬᠦᠯᠵᠦ ᠬᠡᠷᠡᠭᠯᠡᠬᠦ᠂  ᠪᠠ ᠠᠵᠢᠯ ᠳᠤ ᠬᠢᠨᠠᠯᠳᠠ ᠲᠠᠯᠪᠢᠬᠤ ᠶᠢ ᠬᠠᠷᠢᠭᠤᠴᠠᠨ᠎ᠠ᠃⒋ ᠰᠣᠮᠣ ᠶᠢᠨ ᠨᠡᠶᠢᠭᠡᠮ ᠵᠢᠷᠣᠮ ᠤᠨ ᠣᠯᠣᠰ ᠲᠦᠷᠦ ᠶᠢᠨ ᠪᠣᠯᠪᠠᠰᠣᠨ᠂ ᠪᠣᠳᠠᠰ ᠤᠨ ᠪᠣᠯᠪᠠᠰᠣᠨ᠂ ᠣᠶᠣᠨ ᠤ ᠪᠣᠯᠪᠠᠰᠣᠨ ᠪᠠ ᠨᠡᠶᠢᠭᠡᠮ ᠤᠨ ᠪᠣᠯᠪᠠᠰᠣᠨ ᠪᠠᠶᠢᠭᠤᠯᠣᠯᠳᠠ ᠶᠢ ᠣᠳᠣᠷᠢᠳᠴᠣ᠂ ᠨᠡᠶᠢᠭᠡᠮ ᠤᠨ ᠠᠮᠣᠷ ᠲᠦᠪᠰᠢᠨ ᠢ ᠶᠡᠷᠦᠩᠬᠡᠶᠢᠯᠡᠨ ᠵᠠᠰᠠᠬᠤ ᠠᠵᠢᠯ ᠢ ᠰᠠᠶᠢᠳᠣᠷ ᠬᠢᠵᠣ᠂ ᠰᠣᠮᠣ ᠶᠢᠨ ᠰᠠᠬᠢᠯᠭ᠎ᠠ ᠪᠠᠲᠦ ᠪᠠᠶᠢᠴᠠᠭᠠᠬᠤ ᠬᠤᠷᠢᠶᠠᠨ ᠤ ᠠᠵᠢᠯ  ᠢ ᠣᠳᠣᠷᠢᠳᠣᠨ᠎ᠠ᠃⒌ ᠨᠠᠮ ᠤᠨ ᠲᠦᠯᠦᠭᠡᠯᠡᠭᠴᠢᠳ ᠤᠨ ᠬᠤᠷᠠᠯ᠂ ᠠᠷᠠᠳ ᠤᠨ ᠲᠦᠯᠦᠭᠡᠯᠡᠭᠴᠢᠳ ᠤᠨ ᠬᠤᠷᠠᠯ᠂ ᠭᠠᠴᠠᠭ᠎ᠠ ᠲᠣᠰᠬᠤᠨ  ᠤ ᠠᠷᠠᠳ ᠤᠨ ᠵᠦᠪᠯᠡᠯ ᠤᠨ ᠬᠤᠭᠤᠴᠠᠭ᠎ᠠ ᠰᠣᠯᠢᠬᠤ ᠰᠣᠩᠭᠤᠭᠤᠯᠢ ᠶᠢᠨ ᠠᠵᠢᠯ ᠢ ᠬᠠᠷᠢᠭᠤᠴᠠᠵᠣ᠂ ᠰᠣᠮᠣ ᠪᠣᠯᠣᠨ ᠭᠠᠴᠠᠭ᠎ᠠ ᠲᠣᠰᠬᠤᠨ ᠤ ᠱᠠᠳᠣᠨ ᠤ ᠠᠷᠠᠳ ᠤᠨ ᠲᠦᠯᠦᠭᠡᠯᠡᠭᠴᠢ᠂ ᠣᠯᠣᠰ ᠲᠦᠷᠦ ᠶᠢᠨ ᠵᠦᠪᠯᠡᠯᠭᠡᠨ ᠤ ᠭᠡᠰᠢᠭᠦᠳ  ᠢ ᠵᠣᠬᠢᠶᠠᠨ ᠪᠠᠶᠢᠭᠤᠯᠣᠨ ᠬᠠᠮᠵᠢᠯᠴᠠᠵᠣ᠂ ᠵᠠᠰᠠᠭ ᠲᠤ  ᠣᠷᠣᠯᠴᠠᠨ  ᠵᠠᠰᠠᠭ ᠤᠨ ᠶᠠᠪᠣᠳᠠᠯ ᠢ ᠵᠦᠪᠯᠡᠬᠦ ᠦᠢᠯᠡᠳᠦᠯ ᠢ ᠪᠠᠳᠠᠷᠠᠭᠤᠯᠣᠨ᠎ᠠ᠃ ᠬᠤᠰᠢᠭᠤᠨ ᠤ ᠠᠷᠠᠳ ᠤᠨ ᠵᠡᠪᠰᠡᠭᠳᠦ ᠬᠦᠴᠦᠨ ᠤ ᠬᠡᠯᠳᠡᠰ ᠤᠨ ᠠᠵᠢᠯ ᠢ ᠬᠠᠪᠰᠦᠷᠣᠨ᠎ᠠ᠃⒍ ᠬᠤᠰᠢᠭᠤ ᠨᠠᠮ ᠤᠨ ᠬᠤᠷᠢᠶᠠᠨ ᠤ ᠲᠠᠭᠠᠭᠠᠯᠭᠠᠭᠰᠠᠨ ᠪᠣᠰᠣᠳ ᠠᠵᠢᠯ ᠢ ᠪᠡᠶᠡᠯᠡᠬᠦᠯᠦᠨ᠎ᠡ᠃  ᠬᠤᠶᠠᠷ᠂  ᠰᠣᠮᠣ ᠶᠢᠨ ᠵᠠᠰᠠᠭ ᠤᠨ ᠣᠷᠳᠣᠨ ᠤ ᠭᠤᠣᠯ ᠡᠭᠦᠷᠭᠡ ᠬᠠᠷᠢᠭᠤᠴᠠᠯᠭ᠎ᠠ⒈ ᠨᠠᠮ ᠪᠠ ᠣᠯᠣᠰ ᠤᠨ ᠮᠠᠯᠵᠢᠬᠤ ᠣᠷᠳ ᠳᠠᠬᠢ ᠡᠯ᠎ᠡ ᠵᠦᠢᠯ ᠤᠨ ᠴᠢᠭᠯᠡᠯᠳᠡ ᠲᠦᠷᠦ ᠶᠢᠨ ᠪᠣᠳᠣᠯᠭ᠎ᠠ ᠶᠢ ᠲᠣᠣᠱᠯᠠᠭᠤᠯᠵᠣ᠂ ᠳᠡᠭᠡᠲᠦ ᠱᠠᠳᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠠᠵᠢᠯ ᠤᠨ ᠪᠠᠶᠢᠷᠢᠯᠠᠭᠤᠯᠣᠯᠳᠠ ᠶᠢ ᠨᠠᠶᠢᠳᠠᠪᠣᠷᠢᠵᠢᠭᠤᠯᠵᠣ᠂ ᠰᠣᠮᠣ ᠶᠢᠨ ᠨᠠᠮ ᠤᠨ ᠬᠤᠷᠢᠶ᠎ᠠ᠂ ᠠᠷᠠᠳ ᠤᠨ ᠲᠦᠯᠦᠭᠡᠯᠡᠭᠴᠢᠳ  ᠤᠨ ᠵᠠᠰᠠᠭ ᠤᠨ ᠣᠷᠳᠣᠨ ᠤ ᠠᠵᠢᠯ ᠤᠨ ᠲᠣᠬᠠᠢ ᠰᠢᠢᠳᠪᠦᠷᠢᠲᠦ ᠪᠣᠳᠣᠯᠭ᠎ᠠ ᠶᠢ ᠨᠠᠶᠢᠳᠠᠪᠣᠷᠢᠵᠢᠭᠤᠯᠣᠨ᠎ᠠ᠃⒉ ᠲᠠᠷᠢᠶᠠᠯᠠᠩ ᠮᠠᠯ ᠠᠵᠣ ᠠᠬᠤᠢ  ᠪᠠ ᠠᠵᠣ ᠠᠬᠤᠢ ᠶᠢᠨ ᠠᠵᠢᠯ ᠤᠨ ᠬᠠᠮᠢᠶᠠᠷᠣᠯᠲᠠ ᠪᠠ ᠵᠣᠬᠢᠶᠠᠨ ᠪᠠᠶᠢᠭᠤᠯᠣᠯᠳᠠ ᠶᠢ ᠵᠣᠬᠢᠴᠠᠭᠤᠯᠬᠤ ᠶᠢ ᠴᠢᠩᠭᠠᠳᠬᠤᠵᠣ᠂ ᠲᠠᠷᠢᠶᠠᠯᠠᠩ ᠮᠠᠯ ᠠᠵᠣ ᠠᠬᠤᠢ ᠶᠢᠨ ᠪᠦᠳᠦᠴᠡ ᠶᠢᠨ ᠲᠣᠬᠢᠷᠠᠭᠤᠯᠣᠯᠲᠠ ᠶᠢ ᠠᠬᠢᠭᠤᠯᠣᠨ᠂ ᠲᠠᠷᠢᠶᠠᠯᠠᠩ ᠮᠠᠯ ᠠᠵᠣ ᠠᠬᠤᠢ ᠶᠢᠨ ᠠᠵᠣ  ᠦᠢᠯᠡᠰᠵᠢᠯᠳᠡ ᠶᠢ ᠲᠦᠷᠭᠡᠳᠭᠡᠵᠦ᠂ ᠮᠠᠯᠵᠢᠬᠤ ᠣᠷᠣᠨ ᠤ ᠬᠦᠳᠡᠯᠮᠦᠷᠢ ᠬᠦᠴᠦ ᠬᠤᠳᠠ ᠪᠠᠯᠭᠠᠰᠣ ᠪᠠ ᠬᠤᠶᠠᠷ ᠭᠤᠷᠪᠠᠳᠣᠭᠠᠷ ᠠᠵᠣ ᠦᠢᠯᠡᠰ ᠲᠡᠶᠢᠰᠢ ᠰᠢᠯᠵᠢᠬᠦ ᠶᠢ ᠬᠦᠳᠦᠯᠦᠨ ᠵᠢᠯᠣᠭᠤᠳᠴᠣ᠂ ᠨᠡᠶᠢᠭᠡᠮ ᠵᠢᠷᠣᠮᠲᠦ ᠰᠢᠨ᠎ᠡ ᠮᠠᠯᠵᠢᠬᠤ ᠣᠷᠣᠨ ᠤ ᠪᠦᠳᠦᠭᠡᠨ ᠪᠠᠶᠢᠭᠤᠯᠣᠯᠳᠠ ᠶᠢ  ᠵᠢᠯᠣᠭᠤᠳᠣᠨ ᠠᠬᠢᠭᠤᠯᠵᠣ᠂ ᠮᠠᠯᠵᠢᠬᠤ ᠣᠷᠣᠨ ᠤ ᠠᠵᠣ ᠠᠬᠤᠢ ᠶᠢᠨ ᠡᠷᠡᠭᠦᠯ ᠢᠶᠠᠷ ᠬᠦᠭᠵᠢᠬᠦ ᠶᠢ ᠠᠬᠢᠭᠤᠯᠣᠨ᠎ᠠ᠃⒊ ᠣᠯᠣᠰ ᠤᠨ ᠦᠮᠴᠢᠯᠡᠯᠲᠦ ᠪᠠ ᠬᠠᠮᠲᠦ ᠶᠢᠨ ᠦᠮᠴᠢᠯᠡᠯᠲᠦ ᠡᠳ᠋ ᠬᠦᠷᠦᠩᠬᠡ ᠶᠢ ᠬᠠᠮᠠᠭᠠᠯᠠᠵᠣ᠂ ᠡᠷᠬᠡᠲᠦ ᠠᠷᠠᠳ   ᠤᠨ ᠬᠤᠪᠢ ᠶᠢᠨ ᠦᠮᠴᠢᠯᠡᠯ ᠤᠨ ᠬᠠᠣᠯᠢ ᠶᠣᠰᠣᠨ ᠤ ᠡᠳ᠋ ᠬᠦᠷᠦᠩᠬᠡ ᠶᠢ ᠬᠠᠮᠠᠭᠠᠯᠠᠨ᠎ᠠ᠃ ᠬᠠᠣᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠵᠢᠭᠦᠯᠦᠨ ᠣᠬᠠᠭᠤᠯᠬᠤ ᠪᠠ ᠬᠠᠣᠯᠢ ᠴᠠᠭᠠᠵᠠ ᠶᠢᠨ ᠦᠢᠯᠡᠴᠢᠯᠡᠭᠡ ᠶᠢ ᠦᠷᠨᠢᠭᠦᠯᠣᠨ᠂ ᠨᠡᠶᠢᠭᠡᠮ ᠤᠨ ᠵᠦᠷᠢᠴᠡᠯ ᠪᠠ  ᠵᠢᠭᠤᠷᠭᠠᠨ ᠢ  ᠨᠠᠮᠳᠠᠭᠤᠯᠵᠣ᠂ ᠨᠡᠶᠢᠭᠡᠮ ᠤᠨ ᠡᠮᠬᠢ ᠵᠢᠷᠣᠮ ᠪᠠ ᠲᠣᠭᠳᠠᠭᠤᠨ ᠢ ᠬᠠᠮᠠᠭᠠᠯᠠᠵᠤ᠂  ᠡᠷᠭᠡᠲᠦ ᠠᠷᠠᠳ ᠤᠨ ᠪᠠᠶ᠎ᠡ ᠶᠢ ᠡᠷᠬᠡ᠂ ᠠᠷᠠᠳᠴᠢᠯᠠᠭᠰᠠᠨ ᠡᠷᠬᠡ ᠴᠢᠯᠦᠭᠡ ᠪᠠ ᠪᠣᠰᠣᠳ ᠡᠷᠭᠡ ᠶᠢ  ᠬᠠᠮᠠᠭᠠᠯᠠᠨ᠎ᠠ᠃⒋ ᠮᠠᠯᠴᠢᠳ ᠲᠤ ᠮᠡᠳᠡᠭᠡ ᠵᠠᠩᠬᠢ ᠶᠢᠨ ᠦᠢᠯᠡᠴᠢᠯᠡᠭᠡ᠂ ᠠᠵᠢᠯ ᠣᠯᠭᠤᠬᠤ ᠦᠢᠯᠡᠴᠢᠯᠡᠭᠡ ᠪᠠ ᠰᠢᠨᠵᠢᠯᠡᠭᠡ ᠮᠡᠷᠭᠡᠵᠢᠯ ᠤᠨ ᠦᠢᠯᠡᠴᠢᠯᠡᠭᠡ ᠬᠠᠩᠭᠠᠵᠣ᠂ ᠰᠣᠶᠣᠯ᠂  ᠪᠡᠶ᠎ᠡ ᠲᠠᠮᠢᠷ᠂ ᠰᠣᠷᠭᠠᠨ ᠬᠦᠮᠦᠵᠢᠯ᠂  ᠡᠮ ᠡᠮᠴᠢᠯᠡᠭᠡ ᠡᠷᠡᠭᠦᠯ ᠬᠠᠮᠠᠭᠠᠯᠠᠯ ᠪᠠ ᠬᠦᠮᠦᠨ ᠠᠮᠠ ᠬᠢᠭᠡᠳ ᠲᠦᠯᠦᠪᠯᠡᠭᠡᠲᠦ ᠦᠷᠡᠵᠢᠯ ᠤᠨ ᠦᠢᠯᠡᠴᠢᠯᠡᠭᠡ ᠶᠢ ᠦᠷᠭᠡᠳᠭᠡᠨ᠎ᠡ᠂ ᠮᠠᠯᠴᠢᠳ ‍ᠤᠨ‌ᠦᠨᠳᠦᠰᠦᠨ ᠨᠠᠰᠣᠵᠢᠯ ᠤᠨ ᠠᠰᠠᠷᠠᠮᠵᠢ ᠶᠢᠨ ᠲᠠᠭᠠᠳᠬᠠᠯ᠂  ᠡᠮ ᠡᠮᠨᠡᠯᠭᠡ ᠶᠢᠨ ᠲᠠᠭᠠᠳᠬᠠᠯ᠂ ᠦᠷᠡᠵᠢᠯ ᠤᠨ ᠲᠠᠭᠠᠳᠬᠠᠯ᠂ ᠬᠠᠮᠤᠭ ᠲᠣᠣᠷ᠎ᠠ ᠠᠮᠢᠳᠣᠷᠠᠯ ᠤᠨ ᠪᠠᠳᠣᠯᠠᠭ᠎ᠠ ᠵᠡᠷᠭᠡ ᠨᠡᠶᠢᠭᠡᠮ ᠤᠨ ᠠᠰᠠᠷᠠᠮᠵᠢ ᠶᠢᠨ ᠦᠢᠯᠡᠰ ᠤᠨ ᠬᠦᠭᠵᠢᠯᠳᠡ ᠶᠢ ᠲᠦᠯᠬᠢᠨ ᠠᠬᠢᠭᠤᠯᠣᠨ᠎ᠠ᠃⒌ ︽ᠭᠠᠴᠠᠭᠠᠨ ᠤ ᠠᠷᠠᠳ ᠤᠨ ᠵᠦᠪᠯᠡᠯ ᠤᠨ ᠵᠣᠬᠢᠶᠠᠨ  ᠪᠠᠶᠢᠭᠤᠯᠣᠯᠲᠠ ᠶᠢᠨ ᠬᠠᠣᠯᠢ︾ ᠵᠢᠴᠢ ᠬᠤᠯᠪᠣᠭᠳᠠᠯ ᠪᠦᠬᠦᠢ ᠲᠦᠷᠢᠮ ᠲᠣᠭᠳᠠᠭᠠᠯ ᠢ ᠦᠨᠳᠦᠰᠦᠯᠡᠨ᠂ ᠭᠠᠴᠠᠭᠠᠨ ᠤ ᠠᠵᠢᠯ ᠤᠨ ᠵᠢᠯᠣᠭᠤᠳᠣᠯᠭ᠎ᠠ ᠶᠢ ᠴᠢᠩᠭᠠᠳᠬᠠᠵᠦ᠂ ᠭᠠᠴᠠᠭᠠᠨ ᠤ ᠠᠷᠠᠳ ᠤᠨ ᠵᠦᠪᠯᠡᠯ ᠤᠨ ᠦᠪᠡᠷᠳᠡᠬᠡᠨ ᠵᠠᠰᠠᠬᠤ ᠵᠣᠬᠢᠶᠠᠨ ᠪᠠᠶᠢᠭᠤᠯᠣᠯᠳᠠ ᠶᠢᠨ ᠦᠢᠯᠡᠳᠦᠯ ᠢ ᠬᠦᠢᠴᠡᠳ ᠪᠠᠳᠠᠷᠠᠭᠤᠯᠣᠨ᠎ᠠ᠃⒍ ᠠᠵᠣ ᠠᠬᠤᠢ ᠨᠡᠶᠢᠭᠡᠮ ᠤᠨ ᠬᠦᠭᠵᠢᠯᠳᠡ ᠶᠢ  ᠰᠠᠶᠢᠵᠢᠷᠠᠭᠤᠯᠬᠤ ᠪᠠ ᠰᠢᠯᠢᠳᠡᠭᠵᠢᠭᠦᠯᠬᠦ ᠶᠢ ᠲᠦᠯᠬᠢᠨ  ᠠᠬᠢᠭᠤᠯᠵᠣ᠂ ᠠᠷᠠᠳ ᠲᠦᠮᠡᠨ ᠤ ᠠᠮᠢᠳᠣᠷᠠᠯ ᠤᠨ ᠬᠢᠷᠢ ᠬᠡᠮᠵᠢᠶ᠎ᠡ ᠳᠤ ᠦᠢᠯᠡᠴᠢᠯᠡᠬᠦ ᠣᠷᠴᠢᠨ ᠨᠦᠭᠦᠴᠡᠯ ᠪᠠ ᠠᠮᠢᠳᠣᠷᠠᠯ ᠤᠨ  ᠣᠷᠴᠢᠨ ᠨᠦᠭᠦᠴᠡᠯ ᠢ ᠳᠡᠭᠡᠭᠰᠢᠯᠡᠭᠦᠯᠦᠨ᠎ᠡ᠃⒎ ᠳᠡᠭᠡᠲᠦ ᠱᠠᠳᠣᠨ ᠤ ᠡᠯ᠎ᠡ ᠲᠣᠬᠠᠶᠢᠯᠠᠭᠰᠠᠨ ᠠᠵᠢᠯ ᠤᠨ ᠰᠠᠯᠠᠭ᠎ᠠ ᠮᠦᠴᠢᠷ ᠯᠤᠭ᠎ᠠ ᠶᠢᠨ ᠬᠠᠷᠢᠴᠠᠭ᠎ᠠ ᠬᠤᠯᠪᠣᠭ᠎ᠠ  ᠶᠢ ᠵᠣᠬᠢᠴᠠᠭᠤᠯᠵᠣ᠂ ᠰᠣᠮᠣ ᠶᠢᠨ ᠬᠠᠷᠢᠶ᠎ᠠ ᠣᠷᠣᠨ ᠤ ᠡᠯ᠎ᠡ ᠲᠦᠷᠦᠯ ᠤᠨ ᠠᠵᠢᠯ ᠦᠢᠯᠡᠰ ᠤᠨ ᠲᠦᠷᠭᠡᠨ ᠬᠦᠭᠵᠢᠯᠳᠡ ᠶᠢ ᠠᠬᠢᠭᠤᠯᠣᠨ᠎ᠠ᠃⒏ ᠬᠤᠰᠢᠭᠤᠨ ᠤ ᠵᠠᠰᠠᠭ ᠤᠨ ᠣᠷᠳᠣᠨ᠂ ᠰᠣᠮᠣ ᠶᠢᠨ ᠨᠠᠮ ᠤᠨ ᠬᠤᠷᠢᠶ᠎ᠠ ᠠᠴᠠ ᠲᠠᠭᠠᠭᠠᠯᠭᠠᠭᠰᠠᠨ ᠪᠣᠰᠣᠳ ᠠᠵᠢᠯ ᠲᠦᠷᠦᠯ ᠢ ᠬᠦᠢᠴᠡᠳᠭᠡᠨ᠎ᠡ᠃
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠵᠠᠰᠠᠭ ᠤᠨ ᠤᠷᠳᠤᠨ ᠤ ᠤᠷᠴᠢᠭᠤᠯᠭ᠎ᠠ ᠶᠢᠨ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号