ᠪᠠᠷᠭᠤ ᠨᠤᠲᠤᠭ ᠤᠨ ᠵᠡᠭᠡᠷ᠎ᠡ ᠶᠢᠨ ᠦᠪᠡᠷᠲᠡᠭᠡᠨ ᠵᠠᠰᠠᠬᠤ ᠤᠷᠤᠨ ᠤ ᠳᠡᠰ ᠤᠨ ᠪᠠᠶᠢᠭᠠᠯᠢ ᠶᠢᠨ ᠬᠠᠮᠠᠭᠠᠯᠠᠯᠳᠠ ᠶᠢᠨ ᠤᠷᠤᠨ
ᠨᠡᠶᠢᠲᠡᠯᠡᠭᠰᠡᠨ ᠴᠠᠭ᠄
2018/5/11
     ᠪᠠᠷᠭᠤ ᠨᠤᠲᠤᠭ ᠤᠨ ᠵᠡᠭᠡᠷ᠎ᠡ ᠶᠢᠨ ᠬᠠᠮᠠᠭᠠᠯᠠᠯᠳᠠ ᠶᠢᠨ ᠤᠷᠤᠨ ᠮᠠᠨ ᠤ ᠬᠤᠰᠢᠭᠤᠨ ᠤ ᠬᠢᠯᠢ ᠳᠤ ᠪᠤᠢ᠂ᠭᠠᠵᠠᠷ ᠵᠦᠢ ᠶᠢᠨ ᠪᠠᠶᠢᠷᠢᠰᠢᠯ ᠨᠢ ᠵᠡᠬᠦᠨ ᠤᠷᠳᠤᠷᠢᠭ ᠤᠨ 115。31、—117。34、᠂ ᠤᠮᠠᠷᠠᠳᠦ ᠦᠷᠭᠡᠷᠢᠭ  ᠤᠨ 47。40、—48。36、᠂ ᠶᠡᠷᠦᠩᠭᠡᠢ ᠳᠠᠯᠠᠪᠠᠢ ᠨᠢ5283.88 ᠳᠡᠭᠰᠢ ᠲᠦᠷᠪᠡᠯᠵᠢᠨ ᠮᠧᠲᠷ᠃ ᠡᠨᠡ ᠨᠢ ᠮᠠᠨ ᠤ ᠤᠯᠤᠰ ᠤᠨ ᠬᠤᠶᠠᠳᠤᠭᠠᠷ ᠳᠡᠰ ᠤᠨ ᠭᠤᠤᠯᠳᠠᠯᠭ᠎ᠠ ᠲᠠᠢ ᠬᠠᠮᠠᠭᠠᠯᠠᠳᠠᠭ ᠭᠡᠭᠡᠷ᠎ᠡ ᠶᠢᠨ ᠠᠮᠢᠳᠠᠨ— ᠵᠡᠭᠡᠷ᠎ᠡ ᠵᠡᠷᠭᠡ ᠬᠤᠪᠤᠷ ᠴᠤᠬᠠᠭ ᠠᠮᠢᠳᠠᠨ ᠤ ᠵᠦᠢᠯ ᠵᠢᠴᠢ ᠳᠡᠳᠡᠨᠦᠰ ᠤᠨ ᠤᠷᠤᠰᠢᠨ ᠠᠮᠢᠳᠤᠷᠠᠬᠤ ᠤᠷᠴᠢᠨ ᠳᠤᠭᠤᠷᠢᠨ ᠢᠶᠠᠷ ᠭᠤᠤᠯ ᠬᠠᠮᠠᠭᠠᠯᠠᠬᠤ ᠡᠳᠡᠭᠡᠳ ᠢᠶᠠᠨ ᠪᠤᠯᠭᠠᠭᠰᠠᠨ ᠦᠪᠡᠷᠲᠡᠭᠡᠨ ᠵᠠᠰᠠᠬᠤ ᠤᠷᠤᠨ ᠤ ᠳᠡᠰ ᠤᠨ ᠪᠠᠶᠢᠭᠠᠯᠢ ᠶᠢᠨ ᠬᠠᠮᠠᠭᠠᠯᠠᠯᠳᠠ ᠶᠢᠨ ᠤᠷᠤᠨ ᠪᠤᠯᠤᠨ᠎ᠠ᠃ ᠵᠡᠭᠡᠷ᠎ᠡ ᠪᠤᠯ ᠠᠽᠢᠶ᠎ᠠ ᠡᠸᠦ᠋ᠷᠤᠫᠠ ᠶᠢᠨ ᠡᠬᠡ ᠬᠠᠭᠤᠷᠠᠢ ᠳᠤ ᠤᠷᠤᠰᠢᠨ ᠠᠮᠢᠳᠤᠷᠠᠳᠠᠭ ᠤᠨᠴᠠᠭᠠᠢ ᠭᠡᠭᠡᠷ᠎ᠡ ᠶᠢᠨ ᠠᠮᠢᠳᠠᠨ ᠤ ᠨᠢᠭᠡ ᠲᠦᠷᠦᠯ ᠪᠠᠶᠢᠵᠦ᠂ ᠳᠤᠰ ᠬᠠᠮᠠᠭᠠᠯᠠᠯᠳᠠ ᠶᠢᠨ ᠤᠷᠤᠨ ᠤ ᠪᠠᠶᠢᠭ᠎ᠠ ᠭᠠᠵᠠᠷ ᠨᠢ ᠳᠠᠷᠤᠢ ᠠᠽᠢᠶ᠎ᠠ ᠡᠸᠦ᠋ᠷᠤᠫᠠ ᠶᠢᠨ ᠡᠬᠡ ᠬᠠᠭᠤᠷᠠᠢ ᠶᠢᠨ ᠳᠠᠯ᠎ᠠ ᠨᠤᠲᠤᠭ ᠤᠨ ᠴᠢᠬᠤᠯᠠ ᠪᠦᠷᠢᠯᠳᠦᠬᠦᠨ ᠭᠡᠰᠡᠭ ᠮᠦᠨ᠂ ᠤᠷᠭᠤᠮᠠᠯ ᠤᠨ ᠬᠤᠴᠢᠯᠭ᠎ᠠ ᠨᠢ ᠬᠠᠭᠤᠷᠠᠢ ᠲᠤᠪᠤᠴᠠᠭ ᠭᠠᠵᠠᠷ ᠲᠤ ᠬᠠᠷᠢᠶᠠᠯᠠᠭᠳᠠᠵᠦ᠂ ᠵᠡᠭᠡᠷ᠎ᠡ ᠶᠢᠨ ᠬᠠᠮᠤᠭ ᠤᠨ ᠳᠠᠭᠠᠳᠠᠢ ᠰᠠᠶᠢᠬᠠᠨ ᠤᠷᠤᠰᠢᠨ ᠠᠮᠢᠳᠤᠷᠠᠳᠠᠭ ᠭᠠᠵᠠᠷ ᠨᠤᠲᠤᠭ ᠪᠤᠯᠬᠤ ᠮᠦᠷᠲᠡᠭᠡᠨ ᠵᠡᠭᠡᠷ᠎ᠡ ᠶᠢᠨ ᠭᠤᠤᠯ ᠳᠠᠷᠬᠠᠯᠳᠠ ᠶᠢᠨ ᠤᠷᠤᠨ ᠤ ᠨᠢᠭᠡ ᠨᠢ ᠪᠠᠶᠢᠵᠦ᠂ ᠠᠳᠡᠬᠢ ᠵᠡᠭᠡᠷ᠎ᠡ ᠶᠢᠨ ᠲᠠᠷᠬᠠᠯᠳᠠ  ᠶᠢᠨ ᠲᠤᠭ᠎ᠠ ᠬᠡᠮᠵᠢᠶ᠎ᠡ ᠨᠢ ᠮᠠᠨ ᠤ ᠤᠯᠤᠰ ᠤᠨ ᠪᠤᠰᠤᠳ ᠭᠠᠵᠠᠷ ᠤᠷᠤᠨ ᠠᠴᠠ ᠴᠦᠮ ᠬᠤᠯᠠ ᠴᠦ ᠤᠯᠠᠨ ᠪᠠᠶᠢᠳᠠᠭ᠂ ᠨᠠᠮᠤᠷ ᠡᠪᠦᠯ  ᠪᠤᠯᠤᠭᠰᠠᠭᠠᠷ ᠬᠠᠮᠠᠭᠠᠯᠠᠯᠳᠠ ᠶᠢᠨ ᠤᠷᠤᠨ ᠳᠤ ᠬᠡᠳᠦᠨ ᠵᠠᠭᠤ ᠴᠢᠨᠠᠭᠰᠢᠯᠠᠨ ᠬᠡᠳᠦᠨ ᠮᠢᠩᠭᠠᠨ ᠵᠡᠭᠡᠷ᠎ᠡ ᠰᠦᠷᠦᠭ ᠰᠦᠷᠦᠭ ᠢᠶᠠᠷ ᠢᠶᠠᠨ ᠪᠠᠶᠢᠵᠦ᠂ ᠲᠤᠶᠢᠯ ᠤᠨ ᠰᠦᠷ ᠵᠢᠪᠬᠤᠭᠠᠳᠠᠢ ᠬᠠᠷᠠᠭᠳᠠᠵᠦ᠂ ᠤᠯᠠᠨ ᠵᠤᠭᠠᠴᠠᠭᠰᠠᠳ ᠪᠤᠯᠤᠨ ᠲᠤᠰᠬᠠᠢ ᠮᠡᠷᠭᠡᠵᠢᠯᠳᠡᠳ ᠤᠨ ᠲᠤᠷ᠎ᠠ ᠰᠤᠨᠢᠷᠬᠠᠯ ᠢ ᠳᠠᠳᠠᠵᠦ ᠠᠳᠡ ᠢᠷᠡᠵᠦ ᠳᠤᠭᠤᠷᠢᠨ ᠰᠤᠨᠢᠷᠬᠠᠳᠠᠭ᠃ ᠬᠠᠮᠠᠭᠠᠯᠠᠯᠳᠠ ᠶᠢᠨ ᠤᠷᠤᠨ ᠤ ᠠᠮᠢ ᠠᠬᠤᠢ ᠶᠢᠨ ᠤᠷᠴᠢᠨ ᠳᠤᠭᠤᠷᠢᠨ ᠰᠢᠯᠢᠳᠡᠭ ᠰᠠᠶᠢᠨ ᠪᠠᠶᠢᠵᠦ᠂ ᠠᠳᠡ ᠰᠠᠭᠤᠭᠠᠯᠢ ᠠᠷᠠᠳ ᠴᠦᠬᠡᠨ᠂ ᠳᠠᠯ᠎ᠠ ᠨᠤᠲᠤᠭ᠂ ᠭᠤᠤᠯ ᠤᠷᠤᠰᠬᠠᠯ᠂ ᠨᠤᠭᠤ ᠭᠠᠵᠠᠷ ᠵᠡᠷᠭᠡ ᠤᠯᠠᠨ ᠶᠠᠩᠵᠤᠳᠦ ᠠᠮᠢ ᠠᠬᠤᠢ ᠶᠢᠨ ᠤᠷᠴᠢᠨ ᠳᠤᠭᠤᠷᠢᠨ ᠨᠢ ᠭᠡᠭᠡᠷ᠎ᠡ ᠶᠢᠨ ᠠᠮᠢᠳᠠᠳ ᠤᠨ ᠤᠷᠤᠰᠢᠨ ᠠᠮᠢᠳᠤᠷᠠᠵᠦ ᠦᠷᠡᠵᠢᠨ ᠪᠤᠶᠢᠵᠢᠬᠤ ᠳᠤ ᠰᠠᠶᠢᠨ ᠨᠦᠬᠦᠴᠡᠯ ᠬᠠᠩᠭᠠᠨ ᠦᠭᠴᠠᠢ᠃ ᠬᠠᠮᠠᠭᠠᠯᠠᠯᠳᠠ ᠶᠢᠨ ᠤᠷᠤᠨ ᠳᠤ ᠵᠡᠭᠡᠷ᠎ᠡ ᠠᠴᠠ ᠭᠠᠳᠠᠨ᠎ᠠ ᠪᠠᠰᠠ ᠤᠯᠠᠨ ᠵᠦᠢᠯ ᠤᠨ ᠠᠮᠢᠳᠠᠨ ᠤ ᠲᠦᠷᠦᠯ ᠵᠦᠢᠯ ᠪᠠᠶᠢᠳᠠᠭ᠂ ᠡᠭᠦᠨ ᠳᠤ᠂ ᠮᠠᠯᠤᠷ ᠨᠢ ᠵᠡᠭᠡᠷ᠎ᠡ ᠲᠠᠢ ᠠᠳᠠᠯᠢᠬᠠᠨ ᠤᠯᠤᠰ ᠤᠨ ᠬᠤᠶᠠᠳᠤᠭᠠᠷ ᠳᠡᠰ ᠤᠨ ᠭᠤᠤᠯᠳᠠᠯᠭ᠎ᠠ ᠲᠠᠢ ᠬᠠᠮᠠᠭᠠᠯᠠᠬᠤ ᠠᠮᠢᠳᠠᠨ ᠪᠤᠯᠤᠨ᠎ᠠ᠃      ᠪᠠᠷᠭᠤ ᠨᠤᠲᠤᠭ ᠤᠨ ᠵᠡᠭᠡᠷ᠎ᠡ ᠶᠢᠨ ᠪᠠᠶᠢᠭᠠᠯᠢ ᠶᠢᠨ ᠬᠠᠮᠠᠭᠠᠯᠠᠯᠳᠠ ᠶᠢᠨ ᠤᠷᠤᠨ ᠨᠢ ᠤᠳᠤᠬᠠᠨ ᠳᠤ ᠨᠢᠭᠡᠨᠳᠡ ᠬᠠᠮᠭᠠᠯᠠᠬᠤ᠂ ᠰᠤᠳᠤᠯᠬᠤ᠂ ᠤᠬᠠᠭᠤᠯᠬᠤ᠂ ᠬᠦᠮᠦᠵᠢᠬᠦᠯᠬᠦ ᠵᠢᠴᠢ ᠠᠮᠢ ᠠᠬᠤᠢ ᠶᠢᠨ ᠵᠤᠭᠠᠴᠠᠯ ᠵᠡᠷᠭᠡ ᠤᠯᠠᠨ ᠡᠭᠦᠷᠭᠡ ᠴᠢᠳᠠᠪᠬᠢ ᠪᠠᠷ ᠨᠢᠭᠡ ᠴᠤᠭᠴᠠ ᠪᠤᠯᠭᠠᠭᠰᠠᠨ ᠳᠠᠯᠠᠬᠡᠢ ᠨᠡᠶᠢᠳᠡ ᠶᠢᠨ ᠠᠴᠢ ᠬᠤᠯᠪᠤᠭᠳᠠᠯ ᠲᠠᠢ ᠵᠢᠱᠢᠶ᠎ᠡ ᠦᠵᠡᠬᠦᠯᠬᠦ ᠴᠢᠨᠠᠷᠳᠠᠢ ᠪᠠᠶᠢᠭᠠᠯᠢ ᠶᠢᠨ ᠬᠠᠮᠠᠭᠠᠯᠠᠯᠳᠠ ᠶᠢᠨ ᠤᠷᠤᠨ ᠪᠤᠯᠤᠭᠰᠠᠨ ᠪᠠᠶᠢᠨ᠎ᠠ᠃
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠵᠠᠰᠠᠭ ᠤᠨ ᠤᠷᠳᠤᠨ ᠤ ᠤᠷᠴᠢᠭᠤᠯᠭ᠎ᠠ ᠶᠢᠨ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号