2017 ᠤᠨ ᠤ ᠵᠠᠰᠠᠭ ᠤᠨ ᠤᠷᠳᠤᠨ ᠤ ᠠᠵᠢᠯ ᠤᠨ ᠢᠯᠡᠤᠡᠬᠡᠯ
ᠨᠡᠶᠢᠲᠡᠯᠡᠭᠰᠡᠨ ᠴᠠᠭ᠄
2018/5/18
     ᠬᠤᠶᠠᠷ᠂ ᠬᠤᠶᠢᠰᠢᠳᠠ ᠶᠢᠨ ᠲᠠᠪᠤᠨ ᠵᠢᠯ ᠤᠨ ᠳᠡᠮᠡᠴᠡᠬᠦ ᠬᠠᠷᠠᠯᠳᠠ ᠪᠠ ᠭᠤᠤᠯ ᠡᠭᠦᠷᠭᠡ                ᠨᠠᠮ ᠤᠨ ᠠᠷᠪᠠᠨ ᠶᠢᠰᠦᠳᠦᠭᠡᠷ ᠶᠡᠭᠡ ᠬᠤᠷᠠᠯ ᠲᠤᠮᠳᠠᠳᠦ ᠤᠯᠤᠰ ᠤᠨ ᠤᠨᠴᠠᠯᠢᠭ ᠲᠠᠢ ᠨᠡᠶᠢᠬᠡᠮ ᠵᠢᠷᠤᠮ  ᠎ ᠢ ᠪᠦᠲᠦᠭᠡᠨ ᠪᠠᠶᠢᠭᠤᠯᠬᠤ ᠰᠢᠨ᠎ᠡ ᠴᠠᠭ ᠦᠶ᠎ᠡ ᠶᠢ ᠨᠡᠭᠡᠭᠡᠵᠦ᠂ ᠰᠢᠨ᠎ᠡ ᠴᠠᠭ ᠦᠶ᠎ᠡ ᠳᠠᠬᠢ ᠲᠤᠮᠳᠠᠳᠦ ᠤᠯᠤᠰ ᠤᠨ ᠤᠨᠴᠠᠯᠢᠭ ᠲᠠᠢ ᠨᠡᠶᠢᠬᠡᠮ ᠵᠢᠷᠤᠮ ᠢ ᠪᠠᠷᠢᠮᠳᠠᠯᠠᠨ ᠬᠦᠭᠵᠢᠬᠦᠯᠬᠦ ᠦᠨᠳᠦᠰᠦᠨ ᠴᠢᠭᠯᠡᠯᠳᠡ ᠪᠤᠳᠤᠯᠭ᠎ᠠ ᠎ ᠶᠢ ᠳᠤᠷᠠᠳᠤᠨ ᠭᠠᠷᠭᠠᠵᠦ᠂ ᠴᠢᠨᠡᠭᠡᠯᠢᠭ ᠨᠡᠶᠢᠬᠡᠮ ᠢ ᠪᠦᠬᠦ ᠳᠠᠯ᠎ᠠ ᠪᠠᠷ ᠪᠡᠶᠡᠯᠡᠬᠦᠯᠬᠦ ᠰᠢᠢᠳᠪᠦᠷᠢᠳᠦ ᠢᠯᠠᠯᠳᠠ ᠶᠢ ᠳᠡᠮᠡᠴᠡᠨ ᠤᠯᠬᠤ  ᠪᠠ ᠨᠡᠶᠢᠬᠡᠮ ᠵᠢᠷᠤᠮᠳᠦ ᠤᠳᠤᠬᠢᠴᠢᠯᠠᠭᠰᠠᠨ ᠤᠯᠤᠰ ᠢ ᠪᠦᠭᠲ᠋ᠠᠯ᠎ᠠ ᠪᠠᠷ ᠪᠠᠶᠢᠭᠤᠯᠬᠤ ᠰᠢᠨ᠎ᠡ ᠠᠶᠠᠯᠠᠯ ᠢ ᠡᠬᠢᠯᠡᠬᠦᠯᠬᠦ  ᠬᠠᠷᠠᠯᠳᠠ ᠶᠢ ᠲᠤᠭᠳᠠᠭᠠᠭᠰᠠᠨ ᠤ ᠬᠠᠮᠳᠦ᠂ ᠬᠢᠯᠢ ᠬᠢᠵᠠᠭᠠᠷ ᠤᠨ ᠴᠦᠬᠡᠨ ᠲᠤᠭᠠᠳᠦ ᠦᠨᠳᠦᠰᠦᠳᠡᠨ ᠤ ᠤᠷᠤᠨ ᠤ ᠰᠢᠨ᠎ᠡ ᠨᠢᠭᠡᠨ ᠡᠭᠡᠯᠵᠢ ᠶᠢᠨ ᠬᠦᠭᠵᠢᠯᠳᠡ ᠳᠤ ᠤᠷᠤᠭᠰᠢᠯᠠᠯᠳᠠ ᠶᠢᠨ ᠴᠢᠭᠯᠡᠯ ᠢ ᠵᠢᠭᠠᠨ ᠦᠭᠴᠦ᠂ ᠬᠦᠴᠦᠷᠭᠡᠭ ᠶᠡᠭᠡ  ᠬᠦᠳᠡᠯᠭᠡᠭᠴᠢ ᠬᠦᠴᠦᠨ ᠤᠯᠭᠤᠪᠠ᠃ ᠰᠢᠨ᠎ᠡ ᠴᠠᠭ ᠦᠶ᠎ᠡ ᠳᠤ ᠠᠯᠬᠤᠨ ᠤᠷᠤᠵᠦ᠂ ᠰᠢᠨ᠎ᠡ ᠠᠶᠠᠯᠠᠯ ᠢᠶᠠᠨ ᠡᠬᠢᠯᠡᠬᠦᠯᠦᠶ᠎ᠡ᠃ ᠢᠷᠡᠭᠡᠳᠦᠢ ᠶᠢᠨ ᠲᠠᠪᠤᠨ ᠵᠢᠯ ᠎ ᠢ ᠪᠠᠷᠠᠯᠠᠬᠤᠶ᠎ᠠ᠂ ᠠᠵᠠ ᠲᠤᠬᠢᠶᠠᠯ ᠬᠢᠭᠡᠳ ᠦᠷᠢᠰᠦᠯᠳᠦᠭᠡᠨ᠂  ᠬᠦᠴᠢᠷ ᠪᠡᠷᠭᠡᠰᠢᠶᠡᠯ ᠬᠢᠬᠡᠳ ᠬᠦᠰᠡᠯ ᠡᠷᠡᠮᠡᠯᠵᠡᠯ ᠵᠡᠷᠭᠡᠪᠡᠷ ᠤᠷᠤᠰᠢᠵᠦ ᠪᠠᠶᠢᠨ᠎ᠠ᠃ ᠬᠤᠶᠢᠰᠢᠳᠠ ᠎ ᠶᠢᠨ ᠳᠠᠪᠤᠨ ᠵᠢᠯ ᠪᠤᠯ ᠮᠠᠨ ᠤ ᠬᠤᠰᠢᠭᠤᠨ ᠤ ᠨᠠᠮ ᠤᠨ ᠠᠷᠪᠠᠨ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠬᠦᠨᠵᠡᠬᠡᠢ  ᠲᠤᠤᠱᠯᠠᠭᠤᠯᠤᠨ ᠨᠠᠶᠢᠳᠠᠪᠦᠷᠢᠵᠢᠭᠤᠯᠵᠦ᠂ ᠮᠠᠯᠵᠢᠬᠤ ᠤᠷᠤᠨ ᠤ ᠴᠢᠨᠡᠭᠡᠯᠢᠭ ᠨᠡᠶᠢᠬᠡᠮ ᠢ ᠪᠦᠬᠦ ᠳᠠᠯ᠎ᠠ ᠪᠠᠷ ᠪᠡᠶᠡᠯᠡᠬᠦᠯᠬᠦ  ᠰᠢᠪᠳᠤᠯᠤᠯᠳᠠ ᠶᠢᠨ ᠱᠠᠳᠦ ᠦᠶ᠎ᠡ ᠪᠤᠯᠬᠤ ᠪᠠᠷ ᠪᠠᠷᠠᠬᠤ ᠦᠬᠡᠢ᠂ ᠨᠡᠩ ᠴᠦ ᠮᠠᠨ ᠤ ᠬᠤᠰᠢᠭᠤᠨ ᠤ ᠪᠦᠳᠦᠴᠡ ᠶᠢ  ᠰᠢᠯᠢᠳᠡᠭᠵᠢᠬᠦᠯᠦᠨ ᠦᠬᠡᠷᠡᠴᠢᠯᠡᠯᠳᠡ ᠬᠢᠬᠦ ᠪᠠ ᠠᠵᠦ ᠦᠢᠯᠡᠰ ᠤᠨ ᠬᠡᠯᠪᠡᠷᠢ ᠶᠢ ᠬᠤᠪᠢᠷᠠᠭᠤᠯᠤᠨ ᠳᠡᠰ ᠳᠡᠪᠰᠢᠬᠦᠯᠬᠦ  ᠎ ᠶᠢ ᠲᠦᠯᠬᠢᠨ ᠠᠬᠢᠭᠤᠯᠬᠤ ᠵᠠᠩᠬᠢᠯᠠᠭ᠎ᠠ ᠶᠢᠨ ᠬᠤᠭᠤᠴᠠᠭ᠎ᠠ ᠪᠤᠯᠤᠨ᠎ᠠ᠃ ᠪᠢᠳᠡ ᠭᠠᠭᠴᠠᠬᠦ ᠰᠢᠨᠵᠢᠯᠡᠬᠦ ᠤᠬᠠᠭᠠᠨᠴᠢ ᠮᠠᠭᠠᠳᠯᠠᠯᠳᠠ ᠬᠢᠵᠦ᠂ ᠢᠳᠡᠪᠬᠢᠳᠠᠢ ᠠᠷᠭᠠᠴᠠᠪᠠᠯ ᠰᠠᠶ᠋ᠢ ᠨᠠᠷᠢᠨ ᠪᠤᠳᠤᠯᠢᠶᠠᠨᠳᠠᠢ ᠬᠤᠷᠸ᠎ᠠ ᠠᠵᠦ ᠠᠬᠤᠢ ᠶᠢᠨ ᠪᠠᠶᠢᠳᠠᠯ  ᠲᠤᠤᠷ᠎ᠠ ᠲᠤᠭᠳᠠᠭᠤᠨ ᠢᠶᠠᠷ ᠤᠷᠤᠭᠰᠢᠯᠠᠵᠦ ᠴᠢᠳᠠᠨ᠎ᠠ᠃ ᠪᠢᠳᠡ ᠭᠠᠭᠴᠠᠬᠦ ᠵᠤᠷᠢᠭᠳᠠᠢ ᠪᠠᠷ ᠡᠭᠦᠷᠭᠡᠯᠡᠵᠦ᠂ ᠰᠢᠨ᠎ᠡ ᠶᠢ ᠡᠭᠦᠳᠦᠨ ᠰᠢᠪᠳᠤᠯᠤᠯᠳᠠ ᠬᠢᠪᠠᠯ ᠰᠠᠶ᠋ᠢ ᠪᠦᠳᠦᠴᠡ ᠶᠢᠨ ᠲᠤᠬᠢᠷᠠᠭᠤᠯᠤᠯᠳᠠ ᠬᠢᠵᠦ ᠭᠡᠯᠪᠡᠷᠢ ᠶᠢ ᠬᠤᠪᠢᠷᠠᠭᠤᠯᠬᠤ  ᠡᠪᠡᠷᠰᠢᠶᠡᠯ ᠤᠨ ᠲᠤᠮᠳᠠ ᠡᠷᠡᠯᠭᠡᠭᠯᠡᠨ ᠤᠷᠤᠭᠰᠢᠯᠠᠵᠦ ᠴᠢᠳᠠᠨ᠎ᠠ᠃ ᠤᠯᠤᠰ ᠤᠨ ︽ᠨᠢᠭᠡ ᠪᠦᠰᠡ ᠨᠢᠭᠡ ᠱᠤᠭᠤᠮ︾  ᠂ ᠪᠠᠷᠠᠭᠤᠨ ᠤᠷᠤᠨ ᠢ ᠶᠡᠬᠡᠪᠡᠷ ᠨᠡᠭᠡᠭᠡᠨ ᠬᠦᠭᠵᠢᠬᠦᠯᠬᠦ ᠪᠠ ᠰᠢᠨ᠎ᠡ ᠨᠢᠭᠡᠨ ᠡᠬᠡᠯᠵᠢ ᠶᠢᠨ ᠵᠡᠬᠦᠨ ᠬᠤᠶᠢᠳᠣ ᠣᠷᠣᠨ ᠢ  ᠬᠦᠭᠵᠢᠬᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢᠨ ᠭᠡᠷᠡᠭᠵᠢᠬᠦᠯᠦᠯᠳᠡ ᠪᠢᠳᠡᠨ ᠎ ᠳᠤ ᠬᠦᠭᠵᠢᠯᠳᠡ ᠶᠢᠨ ᠨᠠᠨᠳᠢᠨ ᠠᠵᠠ ᠲᠤᠬᠢᠶᠠᠯ ᠤᠯᠭᠤᠪᠠ᠃ ᠰᠢᠨ᠎ᠡ ᠪᠠᠷᠭᠤ ᠪᠠᠷᠠᠭᠤᠨ ᠬᠤᠰᠢᠭᠤ ᠰᠠᠶᠢᠨ ᠰᠠᠶᠢᠬᠠᠨ ᠬᠦᠭᠵᠢᠯᠳᠡ ᠶᠢᠨ  ᠳᠠᠪᠠᠭᠤᠯᠢᠭ᠂ ᠬᠦᠭᠵᠢᠯᠳᠡ ᠶᠢᠨ ᠰᠠᠭᠤᠷᠢ ᠪᠠ ᠬᠦᠭᠵᠢᠯᠳᠡ ᠶᠢᠨ ᠳᠠᠯᠳᠠ ᠬᠦᠴᠦᠨ ᠲᠠᠢ ᠶᠤᠮ᠂ ᠬᠤᠰᠢᠭᠤᠨ ᠤ  ᠠᠷᠪᠠᠨ ᠲᠦᠷᠪᠡᠳᠦᠭᠡᠷ ᠬᠤᠭᠤᠴᠠᠭᠠᠨ ᠤ ᠨᠠᠮ ᠤᠨ ᠲᠦᠯᠦᠭᠡᠯᠡᠭᠴᠢᠳ ᠤᠨ ᠶᠡᠭᠡ ᠬᠤᠷᠠᠯ ᠠᠴᠠ ᠬᠦᠭᠵᠢᠯᠳᠡ ᠶᠢᠨ  ᠰᠡᠳᠬᠢᠴᠡ ᠶᠢ ᠳᠤᠳᠤᠷᠬᠠᠢ ᠲᠤᠭᠳᠠᠭᠠᠨ᠂ ᠬᠦᠮᠦᠰ ᠤᠨ ᠢᠳᠡᠭᠡᠯ ᠵᠤᠷᠢᠭ ᠢ ᠬᠦᠪᠴᠢᠯᠡᠭᠰᠡᠨ ᠬᠦᠭᠵᠢᠯᠳᠡ ᠶᠢᠨ ᠬᠠᠷᠠᠯᠳᠠ ᠪᠠ ᠬᠦᠴᠦᠨ ᠪᠦᠬᠦᠢ ᠬᠦᠭᠵᠢᠯᠳᠡ ᠶᠢᠨ ᠠᠷᠭ᠎ᠠ ᠪᠤᠳᠤᠯᠭ᠎ᠠ ᠶᠢ ᠳᠤᠷᠠᠳᠤᠨ ᠭᠠᠷᠭᠠᠭᠰᠠᠨ ᠶᠠᠪᠤᠳᠠᠯ ᠨᠢ ᠦᠷᠭᠡᠨ ᠤᠯᠠᠨ ᠺᠠᠳ᠋ᠷ ᠤᠯᠠᠨ ᠲᠦᠮᠡᠨ ᠤ ᠠᠳᠠᠯ ᠦᠢᠯᠡᠰ ᠪᠤᠰᠬᠠᠬᠤ ᠤᠷᠬᠢᠯᠤᠮ᠎ᠠ ᠬᠠᠯᠠᠭᠤᠨ ᠰᠡᠳᠬᠢᠯᠭᠡ ᠶᠢ  ᠲᠦᠪᠯᠡᠷᠡᠬᠦᠯᠦᠨ ᠤᠷᠮᠠᠰᠢᠭᠤᠯᠬᠤ ᠨᠢ ᠵᠠᠶᠢᠯᠠᠰᠢ ᠦᠬᠡᠢ ᠶᠤᠮ᠃ ᠴᠠᠭ ᠦᠶ᠎ᠡ ᠠᠴᠠ ᠪᠢᠳᠡᠨ ᠳᠤ ᠬᠦᠨᠳᠦ ᠡᠭᠦᠷᠭᠡ  ᠳᠠᠭᠠᠭᠠᠯᠭᠠᠭᠰᠠᠨ ᠶᠤᠮ᠂ ᠡᠶᠢᠮᠦ ᠠᠴᠠ ᠦᠨᠡᠨ ᠪᠤᠳᠠᠳᠠᠢ ᠪᠠᠷ ᠠᠵᠢᠯᠯᠠᠳᠠᠭ ᠯᠠ ᠶᠤᠮ ᠪᠤᠯ ᠭᠡᠷᠡᠯ ᠰᠠᠴᠤᠷᠠᠩᠭᠤᠢ  ᠦᠢᠯᠡᠰ ᠢ ᠯᠠᠪᠳᠠᠢ ᠪᠦᠳᠦᠭᠡᠵᠦ ᠴᠢᠳᠠᠨ᠎ᠠ᠃ ᠪᠢᠳᠡ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠲᠤᠮᠳᠠᠳᠦ  ᠤᠯᠤᠰ ᠤᠨ ᠤᠨᠴᠠᠯᠢᠭ ᠲᠠᠢ ᠨᠡᠶᠢᠬᠡᠮ ᠵᠢᠷᠤᠮ ᠤᠨ ᠦᠵᠡᠯ ᠰᠠᠨᠠᠭ᠎ᠠ ᠪᠠᠷ ᠪᠦᠬᠦ ᠳᠠᠯ᠎ᠠ ᠶᠢ ᠶᠡᠷᠦᠩᠭᠡᠶᠢᠯᠡᠨ ᠵᠠᠬᠢᠷᠴᠦ᠂ ᠨᠠᠮ ᠤᠨ ᠠᠷᠪᠠᠨ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠠᠵᠦ ᠠᠬᠤᠢ ᠨᠡᠶᠢᠬᠡᠮ ᠤᠨ ᠬᠦᠭᠵᠢᠯᠳᠡ  ᠎ ᠶᠢᠨ ᠡᠯ᠎ᠡ ᠳᠠᠯ᠎ᠠ ᠳᠤ ᠨᠠᠶᠢᠳᠠᠪᠦᠷᠢᠵᠢᠭᠤᠯᠵᠦ᠂ ᠢᠯᠠᠯᠳᠠ ᠶᠢᠨ ᠡᠷᠴᠢᠨ ᠳᠡᠭᠡᠷ᠎ᠡ ᠪᠠᠨ ᠡᠷᠡᠯᠬᠡᠭᠯᠡᠨ ᠤᠷᠤᠭᠰᠢᠯᠠᠵᠦ᠂ ᠰᠢᠨ᠎ᠡ ᠪᠠᠷᠭᠤ ᠪᠠᠷᠠᠭᠤᠨ ᠬᠤᠰᠢᠭᠤᠨ ᠤ ᠰᠢᠨ᠎ᠡ ᠨᠢᠭᠡᠨ ᠡᠬᠡᠯᠵᠢ ᠶᠢᠨ ᠬᠦᠭᠵᠢᠯᠳᠡ ᠳᠤ ᠰᠠᠨᠠᠭᠠᠴᠢᠯᠠᠭᠠᠳᠦ ᠪᠠᠶᠢᠷᠢ  ᠪᠠ ᠲᠦᠪᠯᠡᠷᠡᠭᠰᠡᠨ ᠳᠠᠪᠠᠭᠤᠯᠢᠭ ᠢ ᠳᠡᠮᠡᠴᠡᠨ ᠤᠯᠵᠦ᠂ ᠰᠢᠷᠦᠬᠦᠨ ᠳᠡᠮᠡᠴᠡᠯᠳᠦᠭᠡᠨ ᠢ ᠢᠯᠠᠨ ᠳᠠᠪᠠᠵᠦ᠂ ᠳᠠᠬᠢᠨᠳᠠ  ᠭᠡᠷᠡᠯ ᠬᠢᠯᠪᠠᠭ᠎ᠠ ᠪᠠᠨ ᠰᠠᠴᠤᠷᠠᠭᠤᠯᠤᠶ᠎ᠠ᠃  ᠳᠠᠶᠠᠭᠠᠷ ᠢᠶᠠᠨ ᠰᠡᠳᠬᠢᠯ ᠨᠢᠭᠡᠳᠡᠢ ᠪᠤᠯ ᠢᠯᠠᠯᠳᠠ ᠤᠯᠬᠤ ᠨᠢ ᠭᠠᠷᠴᠠᠭ᠎ᠠ ᠦᠬᠡᠢ ᠶᠤᠮ᠃ ᠭᠠᠭᠴᠠᠬᠦ  ᠬᠤᠰᠢᠭᠤ ᠳᠠᠶᠠᠭᠠᠷ ᠢᠶᠠᠨ ᠰᠡᠳᠬᠢᠯ ᠨᠢᠭᠡᠳᠦᠨ ᠬᠦᠴᠦ ᠪᠠᠨ ᠬᠠᠮᠳᠤᠳᠬᠠᠳᠠᠭ ᠯᠠ ᠶᠤᠮ ᠪᠤᠯ ᠰᠢᠨ᠎ᠡ ᠪᠠᠷᠭᠤ  ᠪᠠᠷᠠᠭᠤᠨ ᠬᠤᠰᠢᠭᠤᠨ ᠤ ᠰᠢᠨ᠎ᠡ ᠨᠢᠭᠡᠨ ᠡᠭᠡᠯᠵᠢ ᠶᠢᠨ ᠬᠦᠭᠵᠢᠯᠳᠡ ᠶᠢᠨ ︽ᠤᠷᠳᠦ ᠵᠠᠮ ᠤᠨ ᠠᠶᠠᠨ︾ ᠳᠠᠶᠢᠨ ᠤ  ᠢᠯᠠᠯᠳᠠ ᠶᠢ ᠤᠯᠬᠤ ᠨᠢ ᠵᠠᠶᠢᠯᠠᠰᠢ ᠦᠬᠡᠢ ᠶᠤᠮ᠃              ᠬᠤᠶᠢᠰᠢᠳᠠ ᠶᠢᠨ ᠲᠠᠪᠤᠨ ᠵᠢᠯ ᠳᠤ᠂ ᠰᠢᠨ᠎ᠡ ᠨᠢᠭᠡᠨ ᠬᠤᠭᠤᠴᠠᠭᠠᠨ ᠤ ᠵᠠᠰᠠᠭ ᠤᠨ ᠤᠷᠳᠤᠨ ᠤ ᠠᠵᠢᠯ  ᠎ ᠤᠨ ᠶᠡᠷᠦᠩᠭᠡᠢ ᠱᠠᠭᠠᠷᠳᠠᠯᠭ᠎ᠠ ᠪᠤᠯ᠄ ᠨᠠᠮ ᠤᠨ ᠠᠷᠪᠠᠨ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠪᠦᠬᠦ  ᠳᠠᠯ᠎ᠠ ᠪᠠᠷ ᠰᠤᠷᠤᠯᠴᠠᠨ ᠤᠬᠠᠭᠤᠯᠬᠤ ᠪᠠ ᠲᠤᠤᠱᠯᠠᠭᠤᠯᠤᠨ ᠨᠠᠶᠢᠳᠠᠪᠦᠷᠢᠵᠢᠭᠤᠯᠵᠦ᠂ ᠰᠢ ᠶᠢᠨ ᠫᠢᠩ ᠤᠨ ᠰᠢᠨ᠎ᠡ  ᠴᠠᠭ ᠦᠶ᠎ᠡ ᠶᠢᠨ ᠳᠤᠮᠳᠠᠳᠦ ᠤᠯᠤᠰ ᠤᠨ ᠤᠨᠴᠠᠯᠢᠭ ᠲᠠᠢ ᠨᠡᠶᠢᠬᠡᠮ ᠵᠢᠷᠤᠮ ᠤᠨ ᠦᠵᠡᠯ ᠰᠠᠨᠠᠭ᠎ᠠ ᠪᠠᠷ ᠦᠨᠳᠦᠰᠦᠨ  ᠴᠢᠭᠯᠡᠯ ᠪᠤᠯᠭᠠᠨ᠂ ︽ᠲᠠᠪᠤ ᠶᠢ ᠨᠢᠭᠡ ᠴᠤᠭᠴᠠᠵᠢᠭᠤᠯᠬᠤ︾ ᠶᠡᠷᠦᠩᠭᠡᠢ ᠪᠠᠶᠢᠷᠢᠰᠢᠭᠤᠯᠤᠯᠳᠠ ᠪᠤᠯᠤᠨ ︽ᠲᠦᠷᠪᠡᠨ  ᠪᠦᠬᠦ ᠳᠠᠯ᠎ᠠ︾᠎ ᠶᠢᠨ ᠪᠠᠶᠢᠯᠳᠤᠬᠤ ᠪᠤᠳᠤᠯᠭ᠎ᠠ ᠶᠢᠨ ᠪᠠᠶᠢᠷᠢᠰᠢᠭᠤᠯᠤᠯᠳᠠ ᠎ ᠶᠢ ᠨᠢᠭᠡᠳᠦᠯᠳᠡᠢ ᠲᠦᠯᠦᠪᠵᠢᠬᠦᠯᠦᠨ ᠳᠦᠯᠬᠢᠨ ᠠᠬᠢᠭᠤᠯᠵᠦ᠂ ᠦᠪᠡᠷᠲᠡᠭᠡᠨ ᠵᠠᠰᠠᠬᠤ ᠤᠷᠤᠨ᠂ ᠬᠤᠳᠠ ᠪᠠ ᠬᠤᠰᠢᠭᠤ ᠭᠤᠷᠪᠠᠨ ᠱᠠᠳᠤᠨ ᠤ ᠨᠠᠮ ᠤᠨ  ᠲᠦᠯᠦᠭᠡᠯᠡᠭᠴᠢᠳ ᠤᠨ ᠶᠡᠭᠡ ᠬᠤᠷᠠᠯ ᠤᠨ ᠵᠤᠷᠢᠭ ᠰᠠᠨᠠᠭ᠎ᠠ ᠶᠢ ᠬᠦᠨᠵᠡᠬᠡᠢ ᠲᠤᠤᠱᠯᠠᠭᠤᠯᠤᠨ ᠨᠠᠶᠢᠳᠠᠪᠦᠷᠢᠵᠢᠭᠤᠯᠵᠦ᠂  ᠮᠠᠨ ᠤ ᠤᠯᠤᠰ ᠤᠨ ᠨᠡᠶᠢᠬᠡᠮ ᠤᠨ ᠭᠤᠤᠯ ᠵᠦᠷᠢᠴᠡᠯ ᠤᠨ ᠬᠤᠪᠢᠷᠠᠯᠳᠠ ᠶᠢᠨ ᠳᠤᠭᠤᠷᠢᠨ ᠳᠤ᠂ ᠲᠤᠭᠳᠠᠭᠤᠨ ᠳᠤᠮᠳᠠ ᠤᠷᠤᠭᠰᠢᠯᠠᠬᠤ ᠠᠵᠢᠯ ᠤᠨ ᠶᠡᠷᠦᠩᠭᠡᠢ ᠬᠦᠭ ᠠᠶᠠᠰ ᠢ ᠪᠠᠷᠢᠮᠳᠠᠯᠠᠨ᠂ ᠬᠦᠭᠵᠢᠬᠦᠯᠬᠦ ᠶᠢ ᠢᠮᠠᠭᠳᠠ ᠮᠠᠨ ᠤ  ᠬᠤᠰᠢᠭᠤᠨ ᠤ ᠠᠯᠢᠪᠠ ᠠᠰᠠᠭᠤᠳᠠᠯ ᠢ ᠰᠢᠢᠳᠪᠦᠷᠢᠯᠡᠬᠦ ᠰᠠᠭᠤᠷᠢ ᠪᠠ ᠵᠠᠩᠬᠢᠯᠠᠭ᠎ᠠ ᠪᠤᠯᠭᠠᠨ᠂ ᠬᠦᠭᠵᠢᠯᠳᠡ ᠶᠢ  ᠲᠡᠷᠢᠬᠦᠨ ᠴᠢᠬᠤᠯᠠ ᠪᠠᠶᠢᠷᠢᠨ ᠳᠤ ᠳᠠᠯᠪᠢᠬᠤ ᠶᠢ ᠭᠤᠶᠢᠪᠢᠰᠢ ᠦᠬᠡᠢ ᠰᠠᠶᠢᠳᠦᠷ ᠪᠠᠷᠢᠮᠳᠠᠯᠠᠵᠦ᠂ ᠰᠢᠨ᠎ᠡ ᠶᠢ ᠡᠭᠦᠳᠬᠦ᠂ ᠵᠤᠬᠢᠴᠠᠭᠤᠯᠤᠨ ᠬᠦᠭᠵᠢᠬᠦᠯᠬᠦ᠂ ᠪᠤᠬᠢᠷᠳᠤᠯ ᠦᠬᠡᠢ᠂ ᠨᠡᠭᠡᠭᠡᠯᠳᠡ ᠲᠠᠢ᠂ ᠬᠠᠮᠳᠤ ᠎ ᠪᠠᠷ ᠡᠳ᠋ᠯᠡᠬᠦ ᠬᠦᠭᠵᠢᠯᠳᠡ ᠶᠢᠨ ᠣᠶᠢᠯᠠᠭᠠᠭᠳᠠᠬᠤᠨ ᠢ ᠭᠤᠶᠢᠪᠢᠰᠢ ᠦᠬᠡᠢ ᠲᠤᠤᠱᠯᠠᠭᠤᠯᠤᠨ᠂ ᠪᠦᠬᠦ ᠬᠤᠳᠠ ᠶᠢᠨ ︽ᠬᠤᠶᠠᠷ ᠲᠤᠭᠤᠷᠢᠭ ᠭᠤᠷᠪᠠᠨ  ᠰᠠᠭᠤᠷᠢᠨ ᠭᠠᠵᠠᠷ ᠨᠢᠭᠡ ᠭᠡᠷ ᠤᠷᠤᠨ︾᠎ ᠤ ᠬᠠᠷᠠᠯᠳᠠᠳᠦ ᠤᠷᠤᠨ ᠪᠠᠶᠢᠷᠢ ᠶᠢᠨ ᠳᠤᠭᠤᠷᠢᠨ ᠳᠤ᠂ ︽ᠲᠠᠪᠤ︾᠎ ᠶᠢ  ᠵᠤᠬᠢᠴᠠᠭᠤᠯᠤᠨ ᠬᠦᠭᠵᠢᠬᠦᠯᠬᠦ ᠶᠢ ᠠᠬᠢᠭᠤᠯᠤᠨ᠂ ︽ᠳᠤᠯᠤᠭᠠᠨ ᠰᠦᠯᠵᠢᠶ᠎ᠡ ᠳᠤᠯᠤᠭᠠᠨ ᠠᠵᠢᠯ ᠦᠢᠯᠡᠰ︾᠎ ᠤᠨ  ᠪᠦᠲᠦᠭᠡᠨ ᠪᠠᠶᠢᠭᠤᠯᠤᠯᠳᠠ ᠶᠢ ᠲᠦᠷᠭᠡᠳᠭᠡᠵᠦ᠂ ᠳᠤᠮᠤ ᠶᠡᠭᠡ ᠠᠶᠤᠯ ᠲᠦᠭᠰᠢᠬᠦᠷᠢ ᠶᠢ ᠰᠡᠷᠭᠡᠶᠢᠯᠡᠨ ᠨᠠᠮᠳᠠᠭᠤᠯᠬᠤ᠂  ᠨᠠᠷᠢᠯᠢᠭ ᠤᠨᠤᠪᠴᠢᠳᠠᠢ ᠶᠠᠳᠠᠭᠤ ᠶᠢ ᠳᠡᠳᠬᠦᠬᠦ᠂ ᠪᠤᠬᠢᠷᠳᠤᠯ ᠢ ᠰᠡᠷᠭᠡᠶᠢᠯᠡᠨ ᠵᠠᠰᠠᠬᠤ ᠪᠠᠬᠢᠯᠡᠯᠳᠡ ᠰᠢᠪᠳᠤᠯᠬᠤ ᠳᠠᠶᠢᠨ ᠢ ᠡᠷᠡᠰ ᠰᠢᠭᠤᠷᠬᠠᠢ ᠰᠠᠶᠢᠳᠦᠷ ᠬᠢᠵᠦ᠂ ᠬᠦᠭᠵᠢᠯᠳᠡ᠂ ᠠᠮᠢ ᠠᠬᠤᠢ ᠪᠤᠯᠤᠨ ᠠᠷᠠᠳ ᠤᠨ ᠠᠮᠢᠳᠤᠷᠠᠯ ᠭᠡᠳᠡᠭ  ᠭᠤᠷᠪᠠᠨ ᠬᠢᠵᠠᠭᠠᠷᠳᠦ ᠱᠤᠭᠤᠮ ᠢ ᠪᠠᠳᠦ ᠪᠠᠬᠢ ᠰᠠᠬᠢᠨ ᠬᠠᠮᠠᠭᠠᠯᠠᠵᠦ᠂ ᠠᠷᠠᠳ ᠲᠦᠮᠡᠨ ᠤ ᠡᠳᠦᠷ ᠢᠷᠡᠬᠦᠶ᠎ᠡ  ᠨᠡᠮᠡᠭᠳᠡᠵᠦ ᠪᠠᠶᠢᠭ᠎ᠠ ᠰᠠᠶᠢᠨ ᠰᠠᠶᠢᠬᠠᠨ ᠠᠮᠢᠳᠤᠷᠠᠯ ᠤᠨ ᠬᠦᠰᠡᠯ ᠱᠠᠭᠠᠷᠳᠠᠯᠭ᠎ᠠ ᠶᠢ ᠨᠡᠩ ᠰᠠᠶᠢᠳᠣᠷ ᠬᠠᠩᠭᠠᠵᠦ᠂  ᠦᠭᠡᠷᠡᠴᠢᠯᠡᠯᠳᠡ ᠶᠢ ᠬᠦᠨᠵᠡᠭᠡᠶᠢᠷᠡᠬᠦᠯᠦᠨ᠂ ᠨᠡᠭᠡᠭᠡᠯᠳᠡ ᠶᠢ ᠦᠷᠭᠡᠳᠭᠡᠵᠦ᠂ ᠨᠡᠶᠢᠭᠡᠮ ᠤᠨ ᠵᠠᠰᠠᠨ ᠴᠡᠭᠴᠡᠯᠡᠯᠳᠡ ᠶᠢᠨ  ᠰᠢᠨ᠎ᠡ ᠶᠢ ᠡᠭᠦᠳᠴᠦ᠂ ︽ᠠᠮᠢ ᠠᠬᠤᠢ ᠶᠡᠬᠡᠪᠡᠷ ᠰᠠᠶᠢᠵᠢᠷᠠᠭᠰᠠᠨ᠂ ᠮᠠᠯ ᠠᠵᠦ ᠠᠬᠤᠢ ᠶᠡᠬᠡᠪᠡᠷ ᠬᠦᠭᠵᠢᠭᠰᠡᠨ᠂  ᠠᠵᠦ ᠦᠢᠯᠡᠳᠪᠦᠷᠢ ᠶᠡᠬᠡᠪᠡᠷ ᠳᠡᠭᠡᠭᠰᠢᠯᠡᠭᠰᠡᠨ᠂ ᠬᠤᠳᠠ ᠪᠠᠯᠭᠠᠰᠦ ᠶᠡᠬᠡᠪᠡᠷ ᠬᠤᠪᠢᠷᠠᠭᠰᠠᠨ᠂ ᠵᠤᠭᠠᠴᠠᠯ ᠤᠨ ᠦᠢᠯᠡᠰ  ᠶᠡᠬᠡᠪᠡᠷ ᠰᠢᠪᠳᠤᠯᠤᠯᠳᠠ ᠲᠠᠢ ᠪᠤᠯᠤᠭᠰᠠᠨ᠂ ᠨᠡᠶᠢᠭᠡᠮ ᠶᠡᠭᠡᠪᠡᠷ ᠡᠶ᠎ᠡ ᠵᠤᠬᠢᠴᠠᠯ ᠲᠠᠢ︾ ᠪᠣᠯᠬᠤ ᠶᠢ ᠴᠢᠷᠮᠠᠶᠢᠨ ᠪᠡᠶᠡᠯᠡᠬᠦᠯᠵᠦ᠂ ᠲᠤᠭᠳᠠᠭᠰᠠᠨ ᠴᠠᠭ ᠲᠠᠭᠠᠨ ᠴᠢᠨᠡᠭᠡᠯᠢᠭ ᠨᠡᠶᠢᠬᠡᠮ ᠢ ᠪᠦᠬᠦ ᠳᠠᠯ᠎ᠠ ᠪᠠᠷ ᠪᠡᠶᠡᠯᠡᠬᠦᠯᠵᠦ᠂ ᠰᠢᠨ᠎ᠡ ᠪᠠᠷᠭᠤ  ᠪᠠᠷᠠᠭᠤᠨ ᠬᠤᠰᠢᠭᠤᠨ ᠤ ᠤᠳᠤᠬᠢᠴᠢᠯᠠᠭᠰᠠᠨ ᠪᠦᠲᠦᠭᠡᠨ ᠪᠠᠶᠢᠭᠤᠯᠤᠯᠳᠠ ᠎ ᠶᠢᠨ ᠰᠢᠨ᠎ᠡ ᠪᠠᠶᠢᠳᠠᠯ ᠢ ᠡᠭᠦᠳᠦᠨ  ᠨᠡᠭᠡᠭᠡᠨ᠎ᠡ᠃              ᠬᠤᠶᠢᠰᠢᠳᠠ ᠶᠢᠨ ᠲᠠᠪᠤᠨ ᠵᠢᠯ ᠤᠨ ᠭᠤᠤᠯ ᠳᠡᠮᠡᠴᠡᠬᠦ ᠬᠠᠷᠠᠯᠳᠠ ᠪᠤᠯ᠄ ᠤᠷᠤᠨ ᠨᠤᠲᠤᠭ ᠤᠨ  ᠦᠢᠯᠡᠳᠪᠦᠷᠢᠯᠡᠯ ᠤᠨ ᠶᠡᠷᠦᠩᠭᠡᠢ ᠦᠷᠲᠡᠭ ᠢ ᠵᠢᠯ ᠲᠤᠮᠳᠠᠴᠢ 7%᠎ ᠪᠠᠷ ᠨᠡᠮᠡᠭᠳᠡᠬᠦᠯᠵᠦ᠂ ᠡᠩ ᠤᠨ ᠤᠯᠠᠨ ᠨᠡᠶᠢᠳᠡ  ᠎ ᠶᠢᠨ ᠡᠳ᠋ ᠤᠨ ᠵᠠᠰᠠᠭ ᠤᠨ ᠲᠦᠰᠦᠪ ᠤᠨ ᠤᠷᠤᠯᠭ᠎ᠠ ᠶᠢ ᠵᠢᠯ ᠲᠤᠮᠳᠠᠴᠢ 6%᠎ ᠪᠠᠷ ᠨᠡᠮᠡᠭᠳᠡᠬᠦᠯᠦᠨ᠂ ᠪᠦᠬᠦ ᠨᠡᠶᠢᠬᠡᠮ  ᠎ ᠤᠨ ᠲᠤᠭᠳᠠᠮᠠᠯ ᠬᠦᠷᠦᠩᠭᠡ ᠶᠢᠨ ᠪᠡᠯᠡ ᠤᠷᠤᠭᠤᠯᠤᠯᠳᠠ ᠶᠢ ᠵᠢᠯ ᠲᠤᠮᠳᠠᠴᠢ 7.5%᠎ ᠪᠠᠷ ᠨᠡᠮᠡᠭᠳᠡᠬᠦᠯᠵᠦ᠂ ᠨᠡᠶᠢᠬᠡᠮ ᠤᠨ ᠭᠡᠷᠡᠭᠯᠡᠭᠡᠨ ᠤ ᠲᠠᠸᠠᠷ ᠤᠨ ᠵᠢᠵᠢᠭᠯᠡᠨ ᠪᠤᠷᠤᠯᠠᠭᠤᠯᠬᠤ ᠶᠡᠷᠦᠩᠭᠡᠢ ᠲᠤᠭ᠎ᠠ ᠶᠢ ᠵᠢᠯ ᠲᠤᠮᠳᠠᠴᠢ 9%᠎ ᠪᠠᠷ  ᠨᠡᠮᠡᠭᠳᠡᠬᠦᠯᠦᠨ᠂ ᠬᠤᠳᠠ ᠪᠠᠯᠭᠠᠰᠦ ᠪᠠ ᠮᠠᠯᠵᠢᠬᠤ ᠤᠷᠤᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠦᠮᠦᠨ  ᠲᠤᠮᠳᠠᠴᠢ ᠡᠵᠡᠮᠳᠡᠵᠦ ᠪᠤᠯᠬᠤ ᠤᠷᠤᠯᠭ᠎ᠠ ᠶᠢ ᠵᠢᠯ ᠲᠤᠮᠳᠠᠴᠢ ᠪᠠᠷ ᠳᠤᠰᠪᠦᠷᠢ 9%᠎ ᠪᠠᠷ ᠨᠡᠮᠡᠭᠳᠡᠬᠦᠯᠦᠨ᠎ᠡ᠃ ᠲᠡᠭᠡᠷ᠎ᠡ ᠲᠤᠷᠠᠳᠤᠭᠰᠠᠨ ᠬᠠᠷᠠᠯᠳᠠ ᠶᠢ ᠪᠡᠶᠡᠯᠡᠬᠦᠯᠬᠦ ᠶᠢᠨ ᠲᠦᠯᠦᠭᠡ᠂ ᠪᠢᠳᠡ ᠲᠤᠤᠷᠠᠬᠢ ᠳᠤᠯᠤᠭᠠᠨ ᠳᠠᠯ᠎ᠠ  ᠎ ᠶᠢᠨ ᠠᠵᠢᠯ ᠢ ᠭᠤᠤᠯᠳᠠᠯᠭ᠎ᠠ ᠲᠠᠢ ᠰᠠᠶᠢᠳᠦᠷ ᠬᠢᠬᠦ ᠭᠡᠷᠡᠭᠳᠡᠢ᠃              ︵ᠨᠢᠭᠡ︶ ᠭᠤᠸ᠎ᠠ ᠦᠵᠡᠰᠬᠦᠯᠡᠩ ᠭᠦᠭᠵᠢᠯᠳᠡ ᠶᠢ ᠪᠠᠷᠢᠮᠳᠠᠯᠠᠵᠤ᠂ ᠬᠠᠮᠤᠭ ᠴᠢᠩᠭ᠎ᠠ ᠠᠷᠭ᠎ᠠ ᠬᠡᠮᠵᠢᠶ᠎ᠡ  ᠎ ᠪᠠᠷ ᠬᠦᠭᠡ ᠠᠭᠤᠯᠠ ᠬᠦᠭᠡᠮᠳᠦᠭ ᠤᠰᠤ ᠶᠢ ᠬᠠᠮᠠᠭᠠᠯᠠᠨ᠎ᠠ᠃ ᠠᠮᠢ ᠠᠬᠤᠢ ᠶᠢᠨ ᠤᠯᠠᠭᠠᠨ ᠱᠤᠭᠤᠮ ᠢ ᠪᠠᠳᠤ ᠰᠠᠬᠢᠵᠤ᠂ ᠪᠤᠬᠢᠷᠳᠤᠯ ᠦᠬᠡᠢ GDP᠎ ᠶᠢ ᠬᠢᠨᠠᠨ ᠰᠢᠯᠭᠠᠬᠤ ᠰᠢᠰᠲ᠋ᠧᠮ ᠪᠠ ᠠᠮᠢ ᠠᠬᠤᠢ ᠶᠢᠨ ᠬᠢᠨᠠᠨ ᠬᠠᠮᠢᠶᠠᠷᠬᠤ  ᠲᠤᠭᠳᠠᠴᠠ ᠶᠢ ᠪᠠᠶᠢᠭᠤᠯᠤᠨ᠂ ᠪᠤᠬᠢᠷᠳᠤᠯ ᠦᠬᠡᠢ ᠤᠷᠴᠢᠨ ᠳᠤᠭᠤᠷᠢᠨ ᠢ ᠬᠠᠮᠠᠭᠠᠯᠠᠬᠤ ᠬᠠᠷᠢᠭᠤᠴᠠᠯᠭ᠎ᠠ ᠶᠢ ᠦᠨᠡᠨᠬᠦ  ᠡᠭᠦᠷᠭᠡᠯᠡᠵᠦ᠂ ᠦᠢᠯᠡ ᠠᠵᠢᠯᠯᠠᠭ᠎ᠠ ᠲᠡᠭᠡᠷ᠎ᠡ ᠪᠠᠨ ᠪᠤᠳᠠᠳᠠᠶᠢᠵᠢᠭᠤᠯᠤᠨ᠎ᠠ᠃ ᠠᠮᠢ ᠠᠬᠤᠢ ᠶᠢ ᠲᠡᠷᠢᠭᠦᠨ ᠪᠠᠶᠢᠷᠢᠨ ᠳᠤ  ᠳᠠᠯᠪᠢᠬᠤ ᠶᠢ ᠪᠠᠷᠢᠮᠳᠠᠯᠠᠵᠤ᠂ ᠪᠠᠶᠢᠭᠠᠯᠢ ᠶᠢᠨ ᠡᠬᠢ ᠪᠠᠶᠠᠯᠢᠭ ᠤᠨ ᠬᠠᠮᠠᠭᠠᠯᠠᠯᠳᠠ ᠶᠢ ᠴᠢᠩᠭᠠᠳᠬᠠᠨ᠂ ᠤᠷᠴᠢᠨ  ᠳᠤᠭᠤᠷᠢᠨ ᠤ ᠬᠠᠮᠤᠭ ᠲᠦᠪ ᠴᠢᠩᠭ᠎ᠠ ᠬᠢᠨᠠᠨ ᠬᠠᠮᠢᠶᠠᠷᠤᠯᠳᠠ ᠶᠢ ᠭᠡᠷᠡᠭᠵᠢᠬᠦᠯᠵᠦ᠂ ᠤᠰᠤ ᠠᠭᠠᠷ ᠰᠢᠷᠤᠢ ︽ ᠭᠤᠷᠪᠠᠨ ᠶᠡᠭᠡ ᠲᠠᠶᠢᠯᠠᠯᠳᠤᠭᠠᠨ︾᠎ ᠤ ᠢᠯᠡᠯᠳᠠ ᠶᠢ ᠡᠷᠭᠡᠪᠰᠢ ᠤᠯᠵᠤ᠂ ᠰᠢᠨ᠎ᠠ ᠪᠠᠷᠭᠤ ᠪᠠᠷᠠᠭᠤᠨ ᠬᠤᠰᠢᠭᠤᠨ ᠤ  ᠤᠰᠤ ᠶᠢ ᠨᠡᠩ ᠲᠤᠩᠭᠠᠯᠠᠭ᠂ ᠲᠡᠭᠷᠢ ᠶᠢ ᠨᠡᠩ ᠬᠦᠭᠡ᠂ ᠲᠠᠯ᠎ᠠ ᠶᠢ ᠨᠡᠩ ᠴᠦ ᠨᠤᠭᠤᠭᠠᠨ ᠪᠤᠯᠭᠠᠨ᠎ᠠ᠃ ᠪᠤᠬᠢᠷᠳᠤᠯ  ᠦᠭᠡᠢ ᠭᠦᠭᠵᠢᠯᠳᠡ ᠶᠢ ᠠᠬᠢᠭᠤᠯᠣᠨ᠂ ᠡᠬᠢ ᠪᠠᠶᠠᠯᠢᠭ ᠢ ᠠᠷᠪᠢᠯᠠᠨ ᠭᠠᠮᠨᠠᠬᠤ᠂ ᠠᠷᠢᠭᠤᠨ ᠴᠡᠪᠡᠷ ᠪᠠ ᠤᠷᠴᠢᠨ  ᠳᠤᠭᠤᠷᠢᠨ ᠢ ᠬᠠᠮᠠᠭᠠᠯᠠᠬᠤ ᠭᠡᠯᠪᠡᠷᠢ ᠶᠢᠨ ᠡᠷᠬᠢᠯᠳᠡᠳᠦ ᠠᠵᠤ ᠠᠬᠤᠢ ᠶᠢ ᠶᠡᠬᠡᠪᠡᠷ ᠭᠦᠭᠵᠢᠭᠦᠯᠵᠤ᠂ ᠪᠤᠬᠢᠷᠳᠤᠯ ᠦᠬᠡᠢ  ᠡᠨᠧᠷᠬᠢ ᠶᠢᠨ ᠰᠤᠷᠪᠤᠯᠵᠢ ᠶᠢᠨ ᠵᠢᠱᠢᠶ᠎ᠡ ᠦᠵᠡᠭᠦᠯᠭᠦ ᠬᠤᠰᠢᠭᠤ ᠶᠢ ᠴᠢᠷᠮᠠᠶᠢᠨ ᠪᠠᠶᠢᠭᠤᠯᠤᠨ᠎ᠠ᠃ ᠪᠤᠬᠢᠷᠳᠤᠯ ᠦᠬᠡᠢ  ᠪᠤᠯᠪᠠᠰᠤᠨ ᠤᠶᠢᠯᠠᠭᠠᠭᠳᠠᠬᠤᠨ ᠢ ᠶᠡᠭᠡᠪᠡᠷ ᠰᠤᠷᠳᠠᠯᠴᠢᠯᠠᠨ᠂ ᠪᠤᠬᠢᠷᠳᠤᠯ ᠦᠭᠡᠢ ᠲᠤᠤᠷ᠎ᠠ ᠨᠡᠭᠦᠷᠡᠰᠦᠳᠦ᠋ᠷᠦᠭᠴᠢᠳᠤ  ᠠᠮᠢᠳᠤᠷᠠᠯ ᠤᠨ ᠠᠷᠭ᠎ᠠ ᠮᠠᠶ᠋ᠢᠭ ᠢ ᠰᠠᠨᠠᠭᠠᠴᠢᠯᠠᠵᠦ᠂ ᠪᠤᠬᠢᠷᠳᠤᠯ ᠦᠭᠡᠢ ᠦᠷᠳᠡᠭ ᠤᠨ ᠦᠵᠡᠯᠳᠡ ᠶᠢ ᠬᠦᠮᠦᠰ ᠎ ᠤᠨ ᠰᠡᠳᠬᠢᠯ ᠳᠤ ᠬᠦᠨ ᠬᠠᠳᠠᠩᠰᠢᠭᠤᠯᠤᠨ᠎ᠠ᠃ ᠨᠤᠳᠤᠭ ᠪᠡᠯᠴᠢᠭᠡᠷ ᠢ ᠵᠠᠰᠠᠬᠤ ᠠᠵᠢᠯᠯᠠᠭ᠎ᠠ ᠶᠢ ᠦᠷᠨᠢᠭᠦᠯᠦᠨ᠎ᠡ᠃  ᠪᠡᠯᠴᠢᠭᠡᠷᠯᠡᠬᠦ ᠶᠢ ᠵᠤᠭᠰᠤᠭᠠᠨ ᠨᠤᠳᠤᠭ ᠪᠡᠯᠴᠢᠭᠡᠷ ᠢ ᠰᠡᠷᠭᠦᠭᠡᠭᠦ ᠠᠵᠢᠯ ᠢ ᠯᠠᠪᠳᠠᠭᠤᠨ ᠪᠠᠳᠤᠳᠠᠢ ᠦᠷᠨᠢᠬᠦᠯᠦᠨ᠂ ᠮᠠᠯ  ᠪᠡᠯᠴᠢᠭᠡᠷ ᠢ ᠳᠡᠩᠴᠡᠬᠦᠷᠢᠳᠠᠢ ᠪᠤᠯᠭᠠᠬᠤ ᠲᠦᠷᠢᠮ ᠢ ᠴᠢᠩᠭ᠎ᠠ ᠭᠡᠷᠡᠭᠵᠢᠭᠦᠯᠦᠨ᠎ᠡ᠃ ᠡᠯᠡᠰᠦᠷᠭᠡᠭ ᠤᠷᠤᠨ ᠢ  ᠶᠡᠷᠥᠩᠭᠡᠶᠢᠯᠡᠨ ᠵᠠᠰᠠᠬᠤ ᠢᠨᠵᠧᠨᠧᠷᠢᠩ ᠢ ᠦᠷᠭᠦᠯᠵᠢᠯᠡᠨ ᠭᠡᠷᠡᠭᠵᠢᠭᠦᠯᠵᠤ᠂ ᠰᠠᠯᠬᠢ ᠶᠢ ᠰᠡᠷᠭᠡᠶᠢᠯᠡᠨ ᠡᠯᠡᠰᠤ ᠶᠢ  ᠲᠤᠭᠳᠠᠪᠤᠷᠢᠵᠢᠭᠤᠯᠬᠤ᠂ ᠤᠰᠤ ᠰᠢᠷᠤᠢ ᠶᠢ ᠪᠠᠳᠤᠯᠠᠬᠤ ᠪᠠ ᠠᠭᠠᠷ ᠢ ᠴᠡᠪᠡᠷᠰᠢᠭᠦᠯᠬᠦ ᠵᠡᠷᠭᠡ ᠠᠮᠢ ᠠᠬᠤᠢ ᠶᠢᠨ  ᠴᠢᠳᠠᠮᠵᠢ ᠶᠢ ᠨᠡᠮᠡᠭᠳᠡᠭᠦᠯᠦᠨ᠎ᠡ᠃ ᠲᠤᠷ᠎ᠠ ᠪᠠᠷ ᠮᠠᠯᠳᠠᠬᠤ᠂ ᠬᠤᠯᠠᠭᠠᠢ ᠪᠠᠷ ᠮᠠᠯᠳᠠᠬᠤ᠂ ᠬᠤᠯᠠᠭᠠᠢ ᠪᠠᠷ ᠠᠩᠨᠠᠬᠤ ᠵᠡᠷᠭᠡ  ᠬᠠᠤᠯᠢ ᠠᠴᠠ ᠵᠦᠷᠢᠴᠡᠭᠰᠡᠨ ᠠᠵᠢᠯᠯᠠᠭ᠎ᠠ ᠳᠤ ᠴᠢᠩᠭ᠎ᠠ ᠴᠤᠬᠢᠯᠳᠠ ᠦᠭᠴᠤ᠂ ᠲᠠᠯ᠎ᠠ ᠨᠤᠳᠤᠭ ᠤᠨ ᠠᠮᠢᠳᠤ ᠪᠤᠳᠠᠰ  ᠎ ᠤᠨ ᠤᠯᠠᠨ ᠶᠠᠩᠵᠤᠳᠤ ᠴᠢᠨᠠᠷ ᠢ ᠬᠠᠮᠠᠭᠠᠯᠠᠨ᠎ᠠ᠃ ᠨᠠᠭᠤᠷ ᠭᠤᠤᠯ ᠢ ᠵᠠᠰᠠᠬᠤ ᠠᠵᠢᠯᠯᠠᠭ᠎ᠠ ᠶᠢ ᠦᠷᠨᠢᠭᠦᠯᠦᠨ᠎ᠡ᠃  ᠭᠤᠤᠯ ᠢ ᠬᠠᠮᠢᠶᠠᠷᠬᠤ ᠲᠠᠷᠤᠭ᠎ᠠ ᠶᠢᠨ ᠲᠦᠷᠢᠮ ᠪᠣᠯᠣᠨ ᠤᠰᠤᠨ ᠤ ᠡᠬᠢ ᠪᠠᠶᠠᠯᠢᠭ ᠤᠨ ᠬᠠᠮᠤᠭ ᠤᠨ ᠲᠦᠪ ᠴᠢᠩᠭ᠎ᠠ  ᠬᠠᠮᠢᠶᠠᠷᠤᠯᠳᠠ ᠶᠢᠨ ᠲᠦᠷᠢᠮ ᠢ ᠭᠡᠷᠡᠭᠵᠢᠭᠦᠯᠦᠨ᠂ ᠭᠤᠤᠯ ᠤᠨ ᠵᠠᠮ ᠪᠠ ᠨᠠᠭᠤᠷ ᠤᠨ ᠬᠦᠪᠡᠭᠡ ᠶᠢ ᠵᠠᠰᠠᠬᠤ ᠢᠨᠵᠧᠨᠧᠷᠢᠩ ᠢ ᠭᠡᠷᠡᠭᠵᠢᠭᠦᠯᠵᠤ᠂ ᠬᠡᠷᠥᠯᠦᠨ ᠭᠤᠤᠯ ᠪᠠ ᠤᠷᠱᠤᠨ ᠭᠤᠤᠯ ᠤᠨ ᠵᠠᠮ ᠢ ᠵᠠᠰᠠᠬᠤ ᠠᠵᠢᠯ ᠢ ᠴᠢᠩᠭᠠᠳᠬᠠᠵᠤ᠂ ᠬᠠᠤᠯᠢ ᠶᠤᠰᠤᠭᠠᠷ ᠤᠰᠤ ᠶᠢ ᠵᠠᠰᠠᠬᠤ ᠶᠢ ᠠᠬᠢᠭᠤᠯᠤᠨ᠂ ᠬᠤᠳᠠ ᠬᠦᠳᠡᠭᠡ ᠶᠢᠨ ᠤᠤᠭᠤᠬᠤ  ᠤᠰᠤᠨ ᠤ ᠡᠬᠢ ᠰᠤᠷᠪᠤᠯᠵᠢ ᠶᠢ ᠬᠠᠮᠠᠭᠠᠯᠠᠬᠤ ᠢᠨᠵᠧᠨᠧᠷᠢᠩ ᠤᠨ ᠪᠠᠶᠢᠭᠤᠯᠤᠯᠳᠠ ᠶᠢ ᠲᠦᠷᠭᠡᠳᠭᠡᠨ᠎ᠡ᠃ ᠪᠦᠬᠦ  ᠬᠤᠰᠢᠭᠤ ᠪᠠᠷ ᠢᠶᠠᠨ ᠬᠦᠯᠦᠨ ᠨᠠᠭᠤᠷ ᠤᠨ ᠤᠷᠤᠰᠬᠠᠯ ᠤᠨ ᠤᠷᠤᠨ ᠤ ᠠᠮᠢ ᠠᠬᠤᠢ ᠪᠠ ᠤᠷᠴᠢᠨ ᠲᠤᠭᠤᠷᠢᠨ ᠢ  ᠶᠡᠷᠥᠩᠭᠡᠶᠢᠯᠡᠨ ᠵᠠᠰᠠᠬᠤ ᠡᠨᠡᠬᠦ ᠬᠠᠳᠠᠭᠤ ᠲᠠᠶᠢᠯᠠᠯᠳᠤᠭᠠᠨ ᠢ ᠰᠠᠶᠢᠳᠤᠷ ᠬᠢᠵᠤ᠂ ᠪᠢᠳᠡᠨ ᠤ ᠡᠵᠢ ᠨᠠᠭᠤᠷ ᠪᠠ ᠡᠵᠢ  ᠭᠤᠤᠯ ᠢᠶᠠᠨ ᠰᠠᠶᠢᠳᠤᠷ ᠬᠠᠮᠠᠭᠠᠯᠠᠨ᠂ ᠲᠦᠭᠦᠮ ᠪᠦᠳᠦᠴᠡᠳᠤ ᠤᠷᠤᠨ ᠰᠠᠭᠤᠴᠠ ᠶᠢ ᠵᠠᠰᠠᠨ ᠰᠢᠨᠡᠳᠭᠡᠭᠦ᠂  ᠭᠤᠤᠯᠳᠠᠯᠭ᠎ᠠ ᠲᠠᠢ ᠲᠦᠷᠦᠯ ᠵᠦᠢᠯ ᠪᠠ ᠭᠤᠤᠯᠳᠠᠯᠭ᠎ᠠ ᠲᠠᠢ ᠦᠵᠡᠮᠵᠢ ᠶᠢᠨ ᠤᠷᠤᠨ ᠢ ᠪᠠᠶᠢᠭᠤᠯᠬᠤ ᠲᠠᠢ  ᠤᠶᠠᠯᠳᠤᠭᠤᠯᠤᠨ᠂ ᠠᠮᠢ ᠠᠬᠤᠢ ᠶᠢᠨ ᠪᠤᠯᠪᠠᠰᠤᠨ ᠤ ᠵᠢᠱᠢᠶ᠎ᠡ ᠦᠵᠡᠭᠦᠯᠭᠦ ᠬᠤᠰᠢᠭᠤ ᠶᠢ ᠪᠦᠬᠦ ᠬᠦᠴᠦᠨ ᠢᠶᠠᠷ ᠢᠶᠠᠨ  ᠪᠠᠶᠢᠭᠤᠯᠤᠨ᠎ᠠ᠃ ᠤᠷᠴᠢᠨ ᠲᠤᠭᠤᠷᠢᠨ ᠢ ᠵᠠᠰᠠᠬᠤ ᠠᠵᠢᠯᠯᠠᠭ᠎ᠠ ᠶᠢ ᠦᠷᠨᠢᠭᠦᠯᠦᠨ᠎ᠡ᠃ ᠠᠭᠤᠷᠬᠠᠢ ᠶᠢᠨ  ᠦᠢᠯᠡᠳᠪᠤᠷᠢᠯᠡᠯ ᠡᠵᠡᠩᠨᠡᠯᠳᠡ ᠶᠢᠨ ᠬᠠᠮᠢᠶᠠᠷᠤᠯᠳᠠ ᠶᠢ ᠲᠦᠷᠢᠮᠵᠢᠭᠦᠯᠦᠨ᠂ ᠠᠭᠤᠷᠬᠠᠢ ᠶᠢᠨ ᠤᠷᠴᠢᠨ ᠲᠤᠭᠤᠷᠢᠨ ᠢ  ᠰᠡᠷᠭᠦᠭᠡᠨ ᠵᠠᠰᠠᠬᠤ ᠲᠦᠷᠦᠯ ᠵᠦᠢᠯ ᠢ ᠭᠤᠶᠤᠴᠢᠯᠠᠨ ᠮᠡᠳᠡᠭᠦᠯᠭᠦ ᠪᠠ ᠵᠠᠰᠠᠨ ᠴᠡᠭᠴᠡᠯᠡᠬᠦ ᠲᠤᠰᠬᠠᠢ ᠲᠦᠷᠦᠯ ᠤᠨ  ᠪᠡᠯᠡ ᠮᠦᠩᠭᠦ ᠶᠢ ᠴᠢᠷᠮᠠᠶᠢᠨ ᠤᠯᠬᠤ ᠬᠦᠴᠦᠯᠡᠴᠡ ᠶᠢ ᠨᠡᠮᠡᠭᠳᠡᠭᠦᠯᠦᠨ᠎ᠡ᠃ ᠮᠠᠯᠵᠢᠬᠤ ᠤᠷᠤᠨ ᠤ ᠤᠷᠴᠢᠨ ᠳᠤᠭᠤᠷᠢᠨ ᠢ ᠶᠡᠷᠥᠩᠭᠡᠶᠢᠯᠡᠨ ᠵᠠᠰᠠᠬᠤ ᠠᠵᠢᠯᠯᠠᠭ᠎ᠠ ᠶᠢ ᠦᠷᠨᠢᠬᠦᠯᠦᠨ᠂ ᠮᠠᠯᠵᠢᠬᠤ ᠤᠷᠤᠨ ᠤ ᠬᠤᠭ ᠨᠤᠪᠰᠢ ᠶᠢ ᠪᠦᠬᠦᠨ ᠢ  ᠬᠤᠷᠢᠶᠠᠨ ᠴᠤᠭᠯᠠᠭᠤᠯᠬᠤ ᠪᠠ ᠪᠦᠬᠦᠨ ᠢ ᠰᠢᠢᠳᠪᠤᠷᠢᠯᠡᠬᠦ ᠲᠤᠭᠳᠠᠴᠠ ᠶᠢ ᠦᠨᠡᠨᠬᠦ ᠪᠠᠶᠢᠭᠤᠯᠵᠦ᠂ ᠰᠤᠮᠤ ᠪᠠᠯᠭᠠᠰᠤᠨ  ᠎ ᠤ ᠤᠰᠤ ᠶᠢ ᠰᠠᠶᠢᠵᠢᠷᠠᠭᠤᠯᠬᠤ ᠪᠠ ᠵᠤᠷᠯᠤᠩ ᠢ ᠵᠠᠰᠠᠬᠤ ᠠᠵᠢᠯ ᠤᠨ ᠪᠦᠷᠭᠦᠴᠡ ᠶᠢ ᠪᠡᠶᠡᠯᠡᠬᠦᠯᠦᠨ᠎ᠡ᠃               ︵ᠬᠤᠶᠠᠷ︶ ᠭᠡᠯᠪᠡᠷᠢ ᠶᠢ ᠬᠤᠪᠢᠷᠠᠭᠤᠯᠵᠤ ᠲᠡᠰ ᠲᠡᠪᠰᠢᠭᠦᠯᠭᠦ ᠶᠢ ᠳᠦᠷᠭᠡᠳᠭᠡᠵᠦ᠂ ᠬᠠᠮᠤᠭ ᠰᠢᠨ᠎ᠡ  ᠤᠶᠢᠯᠠᠭᠠᠭᠳᠠᠬᠤᠨ ᠢᠶᠠᠷ ᠠᠵᠤ ᠦᠢᠯᠡᠰ ᠤᠨ ᠪᠦᠳᠦᠴᠡ ᠶᠢᠨ ᠳᠤᠬᠢᠷᠠᠭᠤᠯᠤᠯᠳᠠ ᠶᠢ ᠲᠦᠯᠬᠢᠨ ᠠᠭᠢᠭᠤᠯᠤᠨ᠎ᠠ᠃ ︽ᠲᠠᠪᠤᠨ ᠶᠡᠭᠡ ᠭᠦᠭᠵᠢᠯᠳᠡ ᠶᠢᠨ ᠤᠶᠢᠯᠠᠭᠠᠭᠳᠠᠬᠤᠨ︾᠎ ᠢ ᠬᠦᠨᠵᠡᠬᠡᠢ ᠲᠤᠤᠱᠯᠠᠭᠤᠯᠤᠨ᠂ ᠤᠯᠠᠨ ᠲᠦᠢᠯᠰᠢᠷᠡᠯ ᠪᠠ  ᠣᠯᠠᠨ ᠴᠡᠭ ᠤᠨ ᠠᠵᠤ ᠦᠢᠯᠡᠰ ᠤᠨ ᠲᠤᠯᠭᠠᠭᠤᠷᠢ ᠰᠢᠰᠲ᠋ᠧᠮ ᠢ ᠬᠦᠴᠦᠯᠡᠨ ᠪᠠᠶᠢᠭᠤᠯᠵᠤ᠂ ᠴᠢᠯᠠᠭᠤᠨ ᠲᠤᠰᠤ  ᠮᠠᠯᠳᠠᠬᠤ᠂ ᠦᠩᠭᠡᠳᠤ ᠲᠡᠮᠦᠷᠯᠢᠭ ᠢ ᠰᠢᠯᠢᠨ ᠰᠣᠩᠭᠤᠬᠤ᠂ ᠲᠠᠯ᠎ᠠ ᠨᠤᠳᠤᠭ ᠤᠨ ᠰᠤᠶᠤᠯ ᠵᠤᠭᠠᠴᠠᠯ᠂ ᠮᠠᠯ ᠤᠨ  ᠠᠰᠢᠭ ᠰᠢᠮ᠎ᠡ ᠪᠤᠯᠪᠠᠰᠤᠷᠠᠭᠤᠯᠬᠤ᠂ ᠰᠢᠨ᠎ᠠ ᠪᠠᠷ ᠮᠠᠨᠳᠣᠭᠰᠠᠨ ᠦᠢᠯᠡᠴᠢᠯᠡᠭᠡᠨ ᠤ ᠦᠢᠯᠡᠰ ᠵᠡᠷᠭᠡ ︽ᠲᠠᠪᠤᠨ ᠶᠡᠭᠡ  ᠠᠵᠤ ᠦᠢᠯᠡᠰ︾᠎ ᠢᠶᠠᠷ ᠨᠡᠮᠡᠭᠳᠡᠯ ᠤᠨ ᠲᠦᠢᠯ ᠪᠣᠯᠭᠠᠨ᠂ ᠠᠵᠤ ᠦᠢᠯᠡᠳᠪᠤᠷᠢ ᠶᠢᠨ ᠬᠦᠷᠢᠶᠡᠯᠡᠩ᠂ ᠪᠣᠭᠤᠮᠳᠠ ᠎ ᠶᠢᠨ  ᠠᠵᠤ ᠠᠬᠤᠢ ᠶᠢᠨ ᠬᠠᠮᠳᠤᠷᠠᠯᠴᠠᠭ᠎ᠠ᠂ ᠢᠨᠲ᠋ᠧᠷ ᠰᠦᠯᠵᠢᠶ᠎ᠡ + ︽ᠭᠤᠷᠪᠠᠨ ᠶᠡᠭᠡ ᠲᠠᠪᠴᠠᠩ︾᠎ ᠢᠶᠠᠷ ᠲᠤᠯᠬᠤ ᠴᠡᠭ  ᠪᠣᠯᠭᠠᠵᠦ᠂ ᠡᠬᠢ ᠪᠠᠶᠠᠯᠢᠭ᠂ ᠬᠦᠷᠦᠩᠭᠡ ᠪᠠ ᠠᠵᠤ ᠦᠢᠯᠡᠰ ᠤᠨ ᠬᠦᠨ ᠠᠭᠤᠰᠤᠯᠴᠠᠯ ᠢ ᠠᠬᠢᠭᠤᠯᠣᠨ᠂ ᠬᠤᠰᠢᠭᠤᠨ  ᠎ ᠤ ᠭᠡᠪᠴᠢᠶᠡᠨ ᠳᠠᠬᠢ ᠠᠵᠤ ᠠᠬᠤᠢ ᠶᠢᠨ ᠪᠦᠭᠦᠯᠢ ᠴᠤᠭᠴᠠ ᠶᠢᠨ ᠪᠤᠳᠠᠳᠤ ᠬᠦᠴᠦᠨ ᠢ ᠲᠠᠰᠤᠷᠠᠯᠳᠠ ᠦᠭᠡᠢ  ᠨᠡᠮᠡᠭᠳᠡᠭᠦᠯᠦᠨ᠎ᠠ᠃ ︽ᠳᠣᠯᠣᠭᠠᠨ ᠬᠡᠯᠪᠡᠷᠢ︾ ⑥᠎ ᠶᠢᠨ ᠠᠭᠤᠷᠬᠠᠢ ᠪᠠᠷ ᠭᠤᠤᠯ ᠴᠤᠭᠴᠠ ᠪᠤᠯᠭᠠᠭᠰᠠᠨ ᠴᠢᠯᠠᠭᠤᠨ ᠳᠤᠰᠤ ᠮᠠᠯᠳᠠᠬᠤ ᠪᠠ ᠦᠩᠭᠡᠳᠤ ᠲᠡᠮᠦᠷᠯᠢᠭ ᠢ ᠰᠢᠯᠢᠨ ᠰᠣᠩᠭᠤᠬᠤ ᠠᠵᠤ ᠦᠢᠯᠡᠰ ᠢ ᠬᠦᠴᠦᠯᠡᠨ ᠪᠠᠶᠢᠭᠤᠯᠵᠤ᠂  ᠳ᠋ᠠᠴᠢᠩ᠂ ᠲᠤᠮᠳᠠᠳᠤ ᠤᠯᠤᠰ ᠤᠨ ᠬᠤᠸᠠᠩ ᠶᠢᠨ ᠪᠦᠯᠦᠭᠯᠡᠯ᠂ ᠷᠥᠩ ᠳ᠋ᠠ᠂ ᠴᠠᠭᠠᠨ᠂ ᠶᠢᠨ ᠱᠠᠨ ᠵᠡᠷᠭᠡ ᠲᠤᠮᠤ  ᠭᠡᠯᠪᠡᠷᠢ ᠶᠢᠨ ᠠᠭᠤᠷᠬᠠᠢ ᠶᠢᠨ ᠠᠵᠤ ᠠᠬᠤᠶᠢᠯᠠᠯ ᠤᠨ ᠲᠠᠯᠳᠠ ᠬᠦᠴᠦᠨ ᠢ ᠬᠦᠢᠴᠡᠳ ᠢᠯᠡᠷᠡᠭᠦᠯᠦᠨ ᠂ ᠰᠢᠨᠵᠢᠯᠡᠭᠡ ᠮᠡᠷᠭᠡᠵᠢᠯ ᠤᠨ ᠤᠷᠤᠭᠤᠯᠤᠯᠳᠠ ᠪᠠ ᠰᠢᠨᠵᠢᠯᠡᠭᠡ ᠮᠡᠷᠭᠡᠵᠢᠯ ᠤᠨ ᠠᠭᠤᠯᠣᠭᠳᠠᠴᠠ ᠶᠢ ᠨᠡᠮᠡᠭᠳᠡᠬᠦᠯᠵᠦ᠂ ᠵᠡᠭᠦᠨ  ᠬᠤᠶᠢᠳᠤ ᠶᠢᠨ ᠣᠶᠢᠷ᠎ᠠ ᠵᠡᠷᠭᠡᠯᠡᠳᠡᠭᠡ ᠭᠠᠵᠠᠷ ᠤᠷᠤᠨ ᠢ ᠬᠠᠩᠭᠠᠵᠤ ᠴᠢᠳᠠᠬᠤ᠂ ᠪᠦᠬᠦ ᠤᠯᠤᠰ ᠤᠨ ᠦᠩᠭᠡᠳᠤ  ᠲᠡᠮᠦᠷᠯᠢᠭ ᠢ ᠰᠢᠯᠢᠨ ᠪᠤᠯᠪᠠᠰᠤᠷᠠᠭᠤᠯᠬᠤ ᠦᠢᠯᠡᠰ ᠢ ᠰᠠᠴᠤᠷᠠᠨ ᠲᠠᠶᠢᠴᠢᠯᠠᠬᠤ ᠬᠦᠴᠦᠷᠭᠡᠭ ᠬᠤᠰᠢᠭᠤ ᠶᠢ ᠪᠣᠢ  ᠪᠣᠯᠭᠠᠨ᠎ᠠ᠃ ᠰᠢᠨ᠎ᠠ ᠪᠠᠷ ᠮᠠᠨᠳᠤᠭᠰᠠᠨ ᠠᠵᠤ ᠦᠢᠯᠡᠰ ᠢ ᠶᠡᠬᠡᠪᠡᠷ ᠪᠣᠶᠢᠵᠢᠭᠤᠯᠣᠨ᠂ ᠤᠯᠠᠨ ᠡᠰᠢᠵᠢᠭᠦᠯᠦᠭᠰᠡᠨ  ᠤᠳᠤᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠲᠦᠷᠭᠡᠳᠭᠡᠨ ᠪᠦᠷᠢᠳᠤᠭᠦᠯᠵᠤ᠂ ᠠᠵᠤ ᠦᠢᠯᠡᠳᠪᠤᠷᠢ ᠶᠢᠨ  ᠠᠵᠤ ᠠᠬᠤᠢ ᠶᠢᠨ ᠦᠢᠯᠡᠳᠭᠦᠨ ᠤ ᠳ᠋ᠠᠩ ᠴᠣᠯᠭᠤᠢ᠂ ᠳᠤᠤᠷ᠎ᠠ ᠳᠡᠰ ᠪᠠᠶᠢᠭᠰᠠᠨ ᠠᠴᠠ ᠤᠯᠠᠨ ᠡᠰᠢᠵᠢᠭᠰᠡᠨ᠂ ᠳᠡᠭᠡᠳᠦ ᠳᠡᠰ ᠲᠡᠰᠢ ᠭᠦᠭᠵᠢᠭᠦ ᠶᠢ ᠠᠬᠢᠭᠤᠯᠤᠨ᠎ᠠ᠃ ᠮᠦᠩᠭᠦᠨ ᠬᠦᠢᠯᠭᠡᠭᠡᠨ ᠤ ᠠᠶᠤᠯ ᠲᠦᠭᠰᠢᠭᠦᠷᠢ ᠶᠢ ᠰᠡᠷᠭᠡᠶᠢᠯᠡᠨ  ᠡᠵᠡᠮᠳᠡᠬᠦ ᠬᠦᠴᠦᠯᠡᠴᠡ ᠶᠢ ᠴᠢᠩᠭᠠᠳᠬᠠᠨ᠂ ᠮᠦᠩᠭᠦᠨ ᠬᠦᠢᠯᠬᠡᠭᠡᠨ ᠤ ᠦᠢᠯᠡᠰ ᠤᠨ ᠲᠤᠭᠳᠠᠭᠤᠨ ᠪᠦᠭᠡᠳ ᠡᠷᠡᠭᠦᠯ  ᠎ ᠢᠶᠠᠷ ᠭᠦᠭᠵᠢᠭᠦ ᠶᠢ ᠠᠬᠢᠭᠤᠯᠵᠦ᠂ ᠮᠦᠩᠭᠦᠨ ᠬᠦᠢᠯᠭᠡᠭᠡᠨ ᠤ ᠪᠠᠶᠢᠭᠤᠯᠤᠮᠵᠢ ᠶᠢᠨ ᠦᠭᠡᠷᠡᠴᠢᠯᠡᠯᠳᠡ ᠳᠤ ᠲᠡᠮᠵᠢᠯᠭᠡ ᠦᠵᠡᠭᠦᠯᠭᠦ ᠬᠦᠴᠦᠯᠡᠴᠠ ᠶᠢ ᠴᠢᠩᠭᠠᠳᠬᠠᠨ᠎ᠠ᠃ ᠠᠵᠤ ᠦᠢᠯᠡᠳᠪᠤᠷᠢ ᠶᠢᠨ ᠬᠦᠷᠢᠶᠡᠯᠡᠩ ᠢ ︽ᠤᠯᠤᠰ ᠤᠨ  ᠨᠡᠭᠡᠭᠡᠯᠳᠡ ᠶᠢᠨ ᠤᠷᠤᠨ ᠤ ᠭᠠᠷᠴᠠᠭ︾᠎ ᠲᠤ ᠤᠷᠤᠭᠤᠯᠤᠨ᠂ ᠬᠦᠷᠢᠶᠡᠯᠡᠩ ᠤᠨ ᠲᠦᠯᠦᠪᠵᠢᠭᠦᠯᠭᠡ ᠶᠢ ᠨᠠᠶᠢᠷᠠᠭᠤᠯᠤᠨ  ᠵᠤᠬᠢᠶᠠᠬᠤ ᠠᠵᠢᠯ ᠢ ᠳᠠᠭᠤᠰᠬᠠᠵᠦ᠂ ᠬᠠᠮᠢᠶᠠᠷᠤᠯᠳᠠ ᠶᠢᠨ ᠪᠠᠶᠢᠭᠤᠯᠤᠮᠵᠢ ᠶᠢ ᠲᠡᠭᠦᠯᠳᠡᠷᠵᠢᠭᠦᠯᠦᠨ᠂ ︽ᠳᠤᠯᠤᠭ᠎ᠠ ᠶᠢ  ᠨᠡᠪᠲᠡᠷᠡᠬᠦᠯᠬᠦ‍ ᠨᠢᠭᠡ ᠶᠢ ᠳᠡᠭᠰᠢᠯᠡᠬᠦ︾ ᠪᠦᠳᠦᠭᠡᠨ ᠪᠠᠶᠢᠭᠤᠯᠤᠯᠳᠠ ᠎ ᠶᠢ ᠲᠦᠷᠭᠡᠳᠭᠡᠨ᠎ᠡ᠃ ᠠᠵᠤ ᠠᠬᠤᠶᠢᠯᠠᠯ ᠤᠨ  ᠭᠦᠭᠵᠢᠯᠳᠡ ᠳᠤ ᠨᠡᠩ ᠰᠢᠯᠢᠳᠡᠭ ᠰᠠᠶᠢᠨ ᠤᠷᠴᠢᠨ ᠲᠤᠭᠤᠷᠢᠨ ᠢ ᠬᠠᠩᠭᠠᠨ᠂ ᠲᠤᠮᠳᠠ ᠵᠢᠵᠢᠭ ᠠᠵᠤ ᠠᠬᠤᠶᠢᠯᠠᠯ  ᠎ ᠤᠨ ᠦᠢᠯᠡᠰ ᠪᠤᠰᠬᠠᠬᠤ ᠰᠠᠭᠤᠷᠢᠨ ᠭᠠᠵᠠᠷ ᠢ ᠦᠪᠡᠷᠳᠡᠭᠡᠨ ᠵᠠᠰᠠᠬᠤ ᠤᠷᠤᠨ ᠤ ᠪᠠᠷᠢᠮᠵᠢᠶᠠᠵᠢᠭᠰᠠᠨ ᠦᠢᠯᠡᠰ  ᠪᠤᠰᠬᠠᠬᠤ ᠬᠦᠷᠢᠶᠡᠯᠡᠩ ᠪᠤᠯᠭᠠᠬᠤ ᠪᠠᠷ ᠴᠢᠷᠮᠡᠶᠢᠨ᠎ᠠ᠃              ︵ᠭᠤᠷᠪᠠ︶  ᠬᠦᠳᠡᠭᠡ ᠲᠤᠰᠬᠤᠨ ᠤ ᠬᠦᠭᠵᠢᠯᠳᠡ ᠶᠢ ᠲᠦᠯᠬᠢᠨ ᠠᠭᠢᠭᠤᠯᠵᠤ᠂ ᠬᠠᠮᠤᠭ ᠶᠡᠭᠡ  ᠴᠢᠬᠤᠯᠠᠴᠢᠯᠠᠨ ᠦᠵᠡᠬᠦ ᠪᠠᠷ ᠮᠠᠯ ᠠᠵᠤ ᠠᠬᠤᠢ ᠶᠢᠨ ᠰᠠᠭᠤᠷᠢ ᠪᠤᠯᠬᠤ ᠪᠠᠶᠢᠷᠢ ᠰᠠᠭᠤᠷᠢ ᠶᠢ ᠴᠢᠩᠭᠠᠳᠬᠠᠨ᠎ᠠ᠃ ᠮᠠᠯ ᠠᠵᠤ ᠠᠬᠤᠢ ᠶᠢᠨ ᠪᠦᠳᠦᠴᠡ ᠶᠢ ᠰᠢᠯᠢᠳᠡᠭᠵᠢᠭᠦᠯᠦᠨ ᠲᠤᠬᠢᠷᠠᠭᠤᠯᠵᠤ᠂ ︽ᠪᠤᠳᠠ ᠮᠠᠯ ᠢ ᠨᠡᠮᠡᠭᠳᠡᠭᠦᠯᠦᠨ᠂ ᠪᠤᠭ ᠮᠠᠯ  ᠎ ᠢ ᠴᠦᠭᠡᠳᠭᠡᠵᠤ᠂ ᠴᠦᠭᠡᠨ ᠪᠦᠭᠡᠳ ᠨᠠᠷᠢᠯᠢᠭ ᠠᠷᠠᠴᠢᠯᠠᠨ ᠲᠡᠵᠢᠭᠡᠭᠦ︾ ᠵᠠᠷᠴᠢᠮ ᠢᠶᠠᠷ᠂ ᠭᠡᠪᠴᠢᠶᠡᠵᠢᠭᠰᠡᠨ ᠦᠨᠳᠦᠷ  ᠦᠷ᠎ᠡ ᠠᠰᠢᠭᠳᠦ ᠲᠡᠵᠢᠭᠡᠨ ᠦᠷᠡᠵᠢᠭᠦᠯᠭᠦ ᠦᠢᠯᠡᠰ ᠢ ᠭᠦᠭᠵᠢᠭᠦᠯᠵᠤ᠂ ᠳ᠋ᠦᠩᠰᠢᠭᠤᠷ ᠲᠦᠬᠦᠷᠢᠭ ᠠᠴᠠ ᠳᠡᠭᠡᠭᠰᠢᠬᠢ  ᠠᠮᠢ ᠠᠬᠤᠢ ᠶᠢᠨ ᠮᠢᠬᠠᠨ ᠦᠭᠡᠷ᠂ ᠮᠢᠬᠠᠨ ᠬᠤᠨᠢ᠂ ᠴᠠᠭᠠᠨ ᠢᠳᠡᠭᠡ ᠪᠤᠯᠪᠠᠰᠤᠷᠠᠭᠤᠯᠬᠤ ᠠᠵᠤ ᠦᠢᠯᠡᠰ ᠢ  ᠬᠦᠴᠦᠯᠡᠨ ᠪᠤᠢ ᠪᠤᠯᠭᠠᠵᠤ᠂ ᠤᠳᠤᠬᠢᠴᠢᠯᠠᠭᠰᠠᠨ ᠤᠶᠤᠨᠴᠢ ᠠᠮᠢ ᠠᠬᠤᠢ ᠶᠢᠨ ᠭᠡᠷ ᠪᠦᠯᠢ ᠶᠢᠨ ᠮᠠᠯᠵᠢᠯ ᠤᠨ ᠲᠠᠯᠠᠪᠠᠢ  ᠎ ᠶᠢ ᠪᠦᠬᠦ ᠲᠠᠯ᠎ᠠ ᠪᠠᠷ ᠲᠡᠯᠭᠡᠷᠡᠭᠦᠯᠦᠨ᠂ ︽ᠪᠠᠷᠠᠭᠤᠨ ᠬᠤᠰᠢᠭᠤᠨ ᠤ ᠮᠢᠬᠠᠨ ᠦᠭᠡᠷ᠂ ᠮᠢᠬᠠᠨ ᠬᠤᠨᠢ︾᠎ ᠶᠢᠨ ᠨᠡᠷᠡᠳᠤ  ᠲᠡᠮᠳᠡᠭ ᠢ ᠳᠠᠭᠤᠷᠢᠰᠬᠠᠨ᠎ᠠ᠃ ᠠᠵᠤ ᠦᠢᠯᠡᠰ ᠤᠨ ᠬᠢᠨᠵᠢ ᠶᠢ ᠤᠷᠳᠤᠳᠬᠠᠨ᠂ ᠮᠢᠬᠠᠨ ᠤ ᠢᠳᠡᠭᠡᠨ ᠢ ᠨᠠᠷᠢᠯᠢᠭ  ᠪᠤᠯᠪᠠᠰᠤᠷᠠᠭᠤᠯᠬᠤ᠂ ᠠᠷᠠᠰᠤ ᠨᠤᠤᠰᠤ ᠨᠤᠤᠯᠤᠷ ᠢ ᠲᠤᠬᠠᠢ ᠶᠢᠨ ᠭᠠᠵᠠᠷ ᠲᠠᠭᠠᠨ ᠪᠣᠯᠪᠠᠰᠣᠷᠠᠭᠤᠯᠬᠤ᠂ ᠴᠠᠭᠠᠨ  ᠢᠳᠡᠭᠡ ᠶᠢ ᠨᠠᠷᠢᠯᠢᠭ ᠪᠤᠯᠪᠠᠰᠤᠷᠠᠭᠤᠯᠬᠤ ᠠᠵᠤ ᠦᠢᠯᠡᠰ ᠢ ᠭᠤᠤᠯᠳᠠᠯᠭ᠎ᠠ ᠲᠠᠢ ᠬᠦᠭᠵᠢᠬᠦᠯᠵᠦ᠂ ᠲᠠᠷᠢᠶᠠᠯᠠᠩ ᠤᠨ  ᠪᠦᠳᠦᠭᠡᠭᠳᠡᠬᠦᠨ ᠪᠠ ᠮᠠᠯ ᠤᠨ ᠠᠰᠢᠭ ᠰᠢᠮ᠎ᠡ ᠶᠢᠨ ᠨᠡᠮᠡᠯᠳᠡ ᠦᠷᠳᠡᠭ ᠢ ᠲᠡᠭᠡᠭᠰᠢᠯᠡᠭᠦᠯᠦᠨ᠎ᠡ᠃ ᠡᠪᠡᠰᠤᠨ ᠤ ᠠᠵᠤ  ᠦᠢᠯᠡᠰ ᠤᠨ ᠭᠦᠭᠵᠢᠯᠳᠡ ᠶᠢ ᠲᠦᠷᠭᠡᠳᠭᠡᠨ᠂ ᠪᠠᠶᠢᠭᠠᠯᠢᠯᠢᠭ ᠡᠪᠡᠰᠤ ᠶᠢ ᠪᠤᠯᠪᠠᠰᠤᠷᠠᠭᠤᠯᠬᠤ ᠪᠠᠷ ᠰᠠᠭᠤᠷᠢ ᠪᠤᠯᠭᠠᠵᠤ  ᠂ ᠡᠪᠡᠰᠤ ᠶᠢ ᠨᠤᠨᠳᠠᠭᠵᠢᠭᠤᠯᠬᠤ᠂ ᠮᠦᠭᠦᠯᠢᠭᠵᠢᠭᠦᠯᠭᠦ ᠪᠠ ᠪᠤᠭᠤᠵᠢᠯᠠᠨ ᠨᠠᠷᠢᠯᠢᠭ ᠪᠤᠯᠪᠠᠰᠤᠷᠠᠭᠤᠯᠬᠤ ᠶᠢ ᠲᠦᠯᠬᠢᠨ  ᠠᠬᠢᠭᠤᠯᠤᠨ᠎ᠠ᠃ ︽ᠢᠨᠲ᠋ᠧᠷ ᠰᠦᠯᠵᠢᠶ᠎ᠡ + ᠮᠠᠯ ᠠᠵᠤ ᠠᠬᠤᠢ︾᠎ ᠶᠢᠨ ᠭᠦᠭᠵᠢᠯᠳᠡ ᠶᠢᠨ ᠭᠡᠯᠪᠡᠷᠢ ᠶᠢ ᠶᠡᠭᠡᠪᠡᠷ  ᠲᠡᠯᠭᠡᠷᠡᠭᠦᠯᠦᠨ᠂ ᠡᠯᠧᠺᠲᠷᠤᠨ ᠬᠤᠳᠠᠯᠳᠤᠭᠠᠨ ᠤ ᠲᠠᠪᠴᠠᠩ ᠢ ᠪᠠᠶᠢᠭᠤᠯᠵᠤ᠂ ᠲᠠᠷᠢᠶᠠᠯᠠᠩ ᠤᠨ ᠪᠦᠳᠦᠭᠡᠭᠳᠡᠬᠦᠨ ᠪᠠ  ᠮᠠᠯ ᠤᠨ ᠠᠰᠢᠭ ᠰᠢᠮ᠎ᠡ ᠶᠢᠨ ᠴᠢᠨᠠᠷ ᠴᠢᠨᠰᠠᠭ᠎ᠠ ᠶᠢᠨ ᠠᠮᠤᠷ ᠲᠦᠪᠰᠢᠨ ᠢ ᠮᠦᠷᠲᠡᠨ ᠳᠠᠭᠠᠵᠦ ᠬᠠᠷᠢᠭᠤᠴᠠᠯᠭ᠎ᠠ  ᠨᠡᠭᠡᠮᠵᠢᠯᠡᠭᠦ ᠰᠢᠰᠲ᠋ᠧᠮ ᠢ ᠲᠡᠭᠦᠯᠳᠡᠷᠵᠢᠭᠦᠯᠦᠨ᠎ᠡ᠃ ᠰᠢᠨᠵᠢᠯᠡᠭᠡ ᠮᠡᠷᠭᠡᠵᠢᠯ ᠤᠨ ᠰᠢᠨ᠎ᠠ ᠶᠢ ᠡᠭᠦᠳᠭᠦ ᠭᠦᠳᠡᠯᠭᠡᠭᠦᠷ ᠢ  ᠴᠢᠩᠭᠠᠳᠬᠠᠨ᠂ ᠰᠢᠨᠵᠢᠯᠡᠭᠦ ᠤᠬᠠᠭᠠᠨ ᠤ ᠰᠤᠳᠤᠯᠭᠠᠨ ᠤ ᠬᠦᠷᠢᠶᠡᠯᠡᠩ ᠯᠦᠭᠡ ᠢᠳᠡᠪᠬᠢᠳᠡᠢ ᠬᠠᠮᠵᠢᠯᠴᠠᠨ ᠡᠪᠡᠰᠤ  ᠪᠡᠯᠴᠢᠭᠡᠷ ᠢ ᠰᠠᠶᠢᠵᠢᠷᠠᠭᠤᠯᠬᠤ᠂ ᠡᠯᠡᠰᠤ ᠶᠢ ᠰᠡᠷᠭᠡᠶᠢᠯᠡᠨ ᠵᠠᠰᠠᠬᠤ᠂ ᠬᠤᠵᠢᠷᠯᠢᠭ ᠭᠠᠵᠠᠷ ᠢ ᠵᠠᠰᠠᠨ ᠴᠡᠭᠴᠡᠯᠡᠬᠦ ᠠᠵᠢᠯ  ᠎ ᠢ ᠦᠷᠨᠢᠭᠦᠯᠵᠤ᠂ ᠤᠳᠤᠬᠢᠴᠢᠯᠠᠭᠰᠠᠨ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠤ ᠰᠤᠳᠤᠯᠭᠠᠨ ᠬᠢᠭᠡᠳ  ᠮᠡᠷᠭᠡᠵᠢᠯ ᠢ ᠲᠡᠯᠭᠡᠷᠡᠭᠦᠯᠭᠦ ᠰᠢᠰᠲ᠋ᠧᠮ ᠢ ᠠᠯᠭᠤᠷ ᠠᠭᠠᠵᠢᠮ ᠢᠶᠠᠷ ᠪᠠᠶᠢᠭᠤᠯᠤᠨ ᠲᠡᠭᠦᠯᠳᠡᠷᠵᠢᠭᠦᠯᠦᠨ᠎ᠡ᠃ ᠭᠠᠵᠠᠷ  ᠰᠢᠷᠤᠢ ᠨᠤᠳᠤᠭ ᠪᠡᠯᠴᠢᠭᠡᠷ ᠎ ᠢ ᠲᠠᠭᠠᠭᠠᠴᠢᠯᠠᠨ ᠡᠵᠡᠩᠨᠡᠬᠦ ᠲᠦᠷᠢᠮ ᠤᠨ ᠰᠢᠨ᠎ᠡ ᠶᠢ ᠡᠭᠦᠳᠤᠨ᠂ ᠭᠠᠴᠠᠭᠠᠨ ᠤ  ᠲᠤᠳᠤᠭᠠᠳᠤ ᠭᠦᠭᠵᠢᠯᠳᠡ ᠶᠢᠨ ᠬᠦᠴᠦᠨ ᠢ ᠠᠮᠢᠯᠠᠭᠤᠯᠣᠨ᠎ᠠ᠃ ᠮᠠᠯᠵᠢᠬᠤ ᠤᠷᠤᠨ ᠎ ᠤ ᠬᠠᠮᠳᠦ ᠪᠠᠷ ᠡᠳ᠋ᠯᠡᠬᠦ  ᠬᠦᠭᠵᠢᠯᠳᠡ ᠶᠢᠨ ᠰᠠᠭᠤᠷᠢ ᠶᠢ ᠪᠠᠬᠢᠵᠢᠬᠦᠯᠦᠨ᠂ ᠮᠠᠯ ᠠᠵᠤ ᠠᠬᠤᠢ ᠶᠢ ᠲᠡᠮᠵᠢᠨ ᠮᠠᠯᠴᠢᠳ ᠲᠤ ᠬᠠᠷᠠᠭᠠᠯᠵᠠᠯ  ᠦᠵᠡᠭᠦᠯᠭᠦ ᠡᠯ᠎ᠡ ᠵᠦᠢᠯ ᠎ ᠤᠨ ᠲᠦᠷᠦ ᠶᠢᠨ ᠪᠤᠳᠤᠯᠭ᠎ᠠ ᠶᠢ ᠨᠡᠶᠢᠳᠠᠪᠤᠷᠢᠵᠢᠭᠤᠯᠵᠤ᠂ ᠰᠠᠭᠤᠷᠢ ᠲᠦᠭᠦᠭᠡᠷᠦᠮᠵᠢ ᠶᠢᠨ  ᠪᠦᠳᠦᠭᠡᠨ ᠪᠠᠶᠢᠭᠤᠯᠤᠯᠳᠠ ᠶᠢ ᠲᠠᠰᠤᠷᠠᠯᠳᠠ ᠦᠭᠡᠢ ᠳᠡᠬᠦᠯᠳᠡᠷᠵᠢᠬᠦᠯᠦᠨ᠂ ᠤᠳᠤᠬᠢᠴᠢᠯᠠᠭᠰᠠᠨ ᠮᠠᠯ ᠠᠵᠤ ᠠᠬᠤᠢ ᠶᠢᠨ ᠭᠦᠭᠵᠢᠯᠳᠡ ᠶᠢᠨ ᠬᠢᠷᠢ ᠲᠦᠪᠰᠢᠨ ᠢ ᠲᠡᠭᠡᠭᠰᠢᠯᠡᠭᠦᠯᠦᠨ᠎ᠡ᠃       ︵ᠲᠦᠷᠪᠡ︶ ᠪᠦᠬᠦ ᠤᠷᠤᠨ ᠪᠦᠰᠡ ᠶᠢᠨ ᠦᠪᠡᠷᠮᠢᠴᠡ ᠤᠨᠴᠠᠯᠢᠭ ᠢ ᠲᠤᠪᠤᠶᠢᠯᠭᠠᠵᠤ᠂ ᠬᠠᠮᠤᠭ ᠰᠢᠯᠢᠳᠡᠭ  ᠰᠠᠶᠢᠨ ᠤᠷᠴᠢᠨ ᠲᠤᠭᠤᠷᠢᠨ ᠢᠶᠠᠷ ᠵᠤᠭᠠᠴᠠᠯ ᠎ ᠤᠨ ᠠᠵᠤ ᠦᠢᠯᠡᠰ ᠤᠨ ᠭᠦᠭᠵᠢᠯᠳᠡ ᠶᠢ ᠲᠦᠯᠬᠢᠨ ᠠᠬᠢᠭᠤᠯᠤᠨ᠎ᠠ᠃ ᠬᠦᠯᠦᠨ ᠨᠠᠭᠤᠷ ᠤᠨ ᠤᠷᠤᠰᠬᠠᠯ ᠤᠨ ᠤᠷᠤᠨ ᠤ ᠠᠮᠢ ᠠᠬᠤᠢ ᠬᠢᠭᠡᠳ ᠤᠷᠴᠢᠨ ᠳᠤᠭᠤᠷᠢᠨ ᠎ ᠢ ᠶᠡᠷᠦᠩᠭᠡᠶᠢᠯᠡᠨ  ᠵᠠᠰᠠᠨ ᠴᠡᠭᠴᠡᠯᠡᠬᠦ ᠠᠵᠢᠯ ᠤᠨ ᠳᠤᠭᠤᠷᠢᠨ ᠳᠤ᠂ ᠬᠦᠯᠦᠨ ᠨᠠᠭᠤᠷ ᠤᠨ ᠤᠶᠢᠷ᠎ᠠ ᠬᠠᠪᠢ ᠶᠢᠨ ᠪᠠᠶᠢᠭᠠᠯᠢᠯᠢᠭ ᠨᠤᠲᠤᠭ  ᠪᠡᠯᠴᠢᠭᠡᠷ ᠢ ᠬᠠᠮᠠᠭᠠᠯᠠᠬᠤ ᠲᠤᠷᠰᠢᠯᠳᠠ ᠶᠢᠨ ᠤᠷᠤᠨ ᠤ ᠪᠦᠲᠦᠭᠡᠨ ᠪᠠᠶᠢᠭᠤᠯᠤᠯᠳᠠ ᠶᠢ ᠡᠬᠢᠯᠡᠬᠦᠯᠦᠨ᠂ ᠮᠠᠯᠵᠢᠬᠤ  ᠡᠷᠦᠭᠡ ᠶᠢᠨ ᠵᠤᠭᠠᠴᠠᠯ᠂ ᠰᠣᠯᠠ ᠰᠡᠯᠡᠬᠦᠦ ᠵᠤᠭᠠᠴᠠᠯ ᠪᠠ ᠬᠢᠯᠢ ᠠᠯᠤᠰᠯᠠᠬᠤ ᠵᠤᠭᠠᠴᠠᠯ ᠤᠨ ᠭᠦᠭᠵᠢᠯᠳᠡ ᠶᠢ ᠠᠬᠢᠭᠤᠯᠵᠤ᠂ ᠤᠰᠤ ᠪᠡᠯᠴᠢᠭᠡᠷ ᠲᠠᠩᠰᠤᠭ ᠰᠠᠶᠢᠬᠠᠨ᠂ ︽ᠨᠤᠳᠤᠭ ᠤᠰᠤ ᠪᠠᠨ ᠮᠦᠷᠦᠭᠡᠳᠤᠨ ᠰᠠᠨᠠᠭᠠᠯᠵᠠᠬᠤ︾  ᠵᠣᠭᠠᠴᠠᠯ ᠤᠨ ᠲᠦᠪ ᠭᠠᠴᠠᠭ᠎ᠠ ᠶᠢ ᠪᠠᠶᠢᠭᠤᠯᠤᠨ᠎ᠠ᠃ ᠲᠤᠮᠳᠠ ᠲᠡᠭᠡᠳᠤ ᠳᠡᠰ ᠤᠨ ᠵᠤᠭᠠᠴᠠᠯ ᠤᠨ ᠨᠡᠷ᠎ᠡ ᠲᠡᠮᠳᠡᠭ ᠢ  ᠡᠭᠦᠳᠴᠤ᠂ ︽ᠲᠠᠪᠠ ᠪᠠᠷ ᠢᠶᠠᠨ ᠵᠤᠭᠠᠴᠠᠬᠤ︾᠎ ᠶᠢ ᠵᠤᠭᠠᠴᠠᠯ ᠎ ᠤᠨ ᠠᠵᠦ ᠦᠢᠯᠡᠰ ᠤᠨ ᠰᠢᠨ᠎ᠠ ᠭᠡᠪ ᠪᠠᠶᠢᠳᠠᠯ  ᠪᠣᠯᠭᠠᠨ᠂ ᠠᠯᠳᠠᠨ ᠤᠷᠤᠭ ᠤᠨ ᠰᠢᠵᠢᠮ ᠢ ᠵᠠᠩᠬᠢᠳᠤᠭᠰᠠᠨ ᠲᠠᠯ᠎ᠠ ᠨᠤᠳᠤᠭ᠂ ᠬᠤᠶᠠᠷ ᠨᠠᠭᠤᠷ᠂ ᠬᠤᠶᠠᠷ ᠭᠤᠤᠯ᠂  ᠨᠤᠭᠤ ᠭᠠᠵᠠᠷ᠂ ᠪᠣᠭᠳᠠᠠᠭᠤᠯᠠ᠂ ᠬᠢᠯᠢ ᠶᠢᠨ ᠬᠦᠰᠢᠶ᠎ᠡ ᠶᠢᠨ ᠵᠤᠭᠠᠴᠠᠯ ᠤᠨ ᠡᠬᠢ ᠪᠠᠶᠠᠯᠢᠭ ᠤᠨ ᠲᠠᠪᠠᠭᠤᠯᠢᠭ ᠢ  ᠬᠦᠢᠴᠡᠳ ᠠᠰᠢᠭᠯᠠᠨ᠎ᠠ᠃ 2022 ᠤᠨ ᠪᠤᠯᠬᠤ ᠎ ᠳᠤ᠂ ᠬᠦᠯᠢᠶᠡᠠ ᠵᠣᠴᠢᠯᠠᠭᠰᠠᠨ ᠵᠣᠭᠠᠴᠠᠭᠰᠠᠳ ᠤᠨ ᠲᠤᠭ᠎ᠠ ᠶᠢ  445 ᠲᠦᠮᠡ ᠠᠴᠠ ᠳᠡᠭᠡᠭᠰᠢ ᠬᠦᠮᠦᠨ ᠤᠳᠠᠭ᠎ᠠ ᠳᠤ ᠬᠦᠷᠭᠡᠵᠦ᠂ ᠵᠤᠭᠠᠴᠠᠯ ᠤᠨ ᠶᠡᠷᠥᠩᠭᠡᠢ ᠤᠷᠤᠯᠭ᠎ᠠ ᠶᠢ 31  ᠳ᠋ᠦᠩᠰᠢᠭᠤᠷ ᠲᠦᠬᠦᠷᠢᠭ ᠠᠴᠠ ᠳᠠᠪᠠᠭᠤᠯᠣᠨ᠎ᠠ᠃        ︵ᠲᠠᠪᠤ︶ ᠨᠡᠭᠡᠭᠡᠯᠳᠡ ᠬᠢᠬᠦ ᠳᠠᠪᠠᠭᠤᠯᠢᠭ ᠲᠤ ᠲᠦᠪᠯᠡᠷᠡᠭᠦᠯᠵᠤ᠂ ᠬᠠᠮᠤᠭ ᠠᠮᠢᠳᠤᠯᠢᠭ ᠳᠣᠭᠳᠠᠴᠠ ᠪᠠᠷ  ᠭᠠᠳᠠᠭᠠᠳᠤ ᠠᠷᠠᠯᠵᠢᠶᠠᠨ ᠤ ᠬᠢᠷᠢ ᠲᠦᠪᠰᠢᠨ ᠢ ᠲᠡᠭᠡᠭᠰᠢᠯᠡᠭᠦᠯᠦᠨ᠎ᠠ᠃ ︽ᠨᠢᠭᠡ ᠪᠦᠰᠡ ᠨᠢᠭᠡ ᠱᠤᠭᠤᠮ︾᠎ ᠤᠨ  ᠪᠦᠲᠦᠭᠡᠨ ᠪᠠᠶᠢᠭᠤᠯᠤᠯᠳᠠ ᠳᠤ ᠰᠠᠨᠠᠭᠠᠴᠢᠯᠠᠭ᠎ᠠ ᠠᠴᠠ ᠪᠠᠨ ᠠᠭᠤᠰᠤᠯᠴᠠᠭᠤᠯᠵᠤ᠂ ᠨᠡᠭᠡᠭᠡᠯᠳᠡᠳᠤ ᠭᠡᠯᠪᠡᠷᠢ ᠶᠢᠨ ᠠᠵᠤ  ᠠᠬᠤᠢ ᠶᠢ ᠶᠡᠬᠡᠪᠡᠷ ᠭᠦᠭᠵᠢᠭᠦᠯᠦᠨ᠎ᠡ᠃ ᠲᠤᠮᠳᠠᠳᠤ ᠤᠷᠤᠰ ᠮᠤᠩᠭᠤᠯ ᠭᠤᠷᠪᠠᠨ ᠤᠯᠤᠰ ᠤᠨ ᠠᠵᠤ ᠠᠬᠤᠢ ᠶᠢᠨ  ᠬᠠᠮᠳᠤᠷᠠᠯᠴᠠᠭᠠᠨ ᠤ ᠬᠤᠰᠢᠭᠤᠴᠢ ᠤᠷᠤᠨ ᠤ ᠪᠦᠳᠦᠭᠡᠨ ᠪᠠᠶᠢᠭᠤᠯᠤᠯᠳᠠ ᠳᠤ ᠲᠦᠰᠢᠭᠯᠡᠨ᠂ ᠠᠵᠤ ᠦᠢᠯᠡᠰ ᠤᠨ  ᠰᠢᠯᠵᠢᠯᠳᠠ ᠶᠢ ᠰᠠᠨᠠᠭᠠᠴᠢᠯᠠᠭ᠎ᠠ ᠠᠴᠠ ᠪᠠᠨ ᠬᠢᠵᠤ᠂ ᠭᠡᠰᠡᠭ ᠲᠤᠮᠤ ᠲᠦᠷᠦᠯ ᠵᠦᠢᠯ᠂ ᠲᠡᠷᠢᠭᠦᠨ ᠤ ᠮᠡᠷᠭᠡᠵᠢᠯ ᠪᠠ  ᠰᠣᠳᠣᠯᠭᠠᠨ ᠤ ᠪᠦᠯᠬᠦᠮ ᠢ ᠲᠠᠳᠠᠨ ᠣᠷᠣᠭᠤᠯᠣᠨ᠎ᠠ᠃ ᠬᠢᠯᠢ ᠬᠢᠵᠠᠭᠠᠷ ᠤᠷᠤᠨ ᠤ ᠠᠵᠤ ᠠᠬᠤᠢ ᠠᠷᠠᠯᠵᠢᠶᠠᠨ ᠤ  ᠬᠠᠮᠳᠣᠷᠠᠯᠴᠠᠭ᠎ᠠ ᠶᠢ ᠶᠡᠬᠡᠪᠡᠷ ᠲᠦᠯᠬᠢᠨ ᠠᠬᠢᠭᠤᠯᠵᠤ᠂ ᠭᠠᠳᠠᠭᠠᠳᠣ ᠠᠷᠠᠯᠵᠢᠶᠠᠨ ᠤ ᠡᠵᠡᠩᠨᠡᠯᠳᠡ ᠶᠢᠨ ᠰᠢᠨ᠎ᠡ  ᠴᠤᠭᠴᠠ ᠶᠢ ᠪᠤᠶᠢᠵᠢᠭᠤᠯᠤᠨ᠂ ︽ᠨᠢᠭᠡ ᠪᠦᠰᠡ ᠨᠢᠭᠡ ᠱᠤᠭᠤᠮ︾᠂ ᠬᠢᠯᠢ ᠶᠢᠨ ᠱᠤᠭᠤᠮ ᠳᠠᠭᠠᠤ ᠤᠷᠤᠨ ᠤ  ᠬᠠᠮᠳᠤᠷᠠᠯᠴᠠᠭ᠎ᠠ ᠬᠦᠭᠵᠢᠯᠳᠡ ᠶᠢᠨ ᠰᠢᠨ᠎ᠡ ᠪᠠᠶᠢᠳᠠᠯ ᠢ ᠡᠭᠦᠳᠦᠨ ᠨᠡᠭᠡᠭᠡᠨ᠎ᠡ᠃ ᠬᠢᠯᠢ ᠲᠠᠭᠠᠤ ᠤᠷᠤᠨ ᠎ ᠯᠤᠭ᠎ᠠ ᠶᠢᠨ  ᠬᠠᠮᠳᠤᠷᠠᠯᠴᠠᠭᠠᠨ ᠤ ᠰᠢᠨ᠎ᠠ ᠪᠠᠶᠢᠳᠠᠯ ᠢ ᠡᠬᠦᠳᠦᠨ᠎ᠡ᠃ ᠪᠤᠭᠤᠮᠳᠠ ᠶᠢᠨ ᠠᠵᠤ ᠠᠬᠤᠢ ᠶᠢ ᠪᠤᠵᠠᠭᠠᠶᠢᠷᠠᠭᠤᠯᠤᠨ  ᠬᠦᠴᠦᠷᠭᠡᠭᠵᠢᠭᠦᠯᠵᠤ᠂ 2022 ᠤᠨ ᠪᠤᠯᠬᠤ ᠳᠤ᠂ ᠪᠤᠭᠤᠮᠳᠠ ᠪᠠᠷ ᠤᠷᠤᠭᠤᠯᠵᠤ ᠭᠠᠷᠭᠠᠭᠰᠠᠨ ᠡᠳ᠋ ᠪᠠᠷᠠᠭᠠᠨ ᠤ  ᠭᠡᠮᠵᠢᠶ᠎ᠡ ᠶᠢ 45 ᠲᠦᠮᠡᠨ ᠲᠤᠨ ᠳᠤ ᠬᠦᠷᠭᠡᠭᠦ ᠶᠢ ᠪᠡᠶᠡᠯᠡᠬᠦᠯᠦᠨ᠂ ᠠᠷᠠᠯᠵᠢᠶᠠᠨ ᠤ ᠲᠤᠭ᠎ᠠ ᠶᠢ 2.5 ᠳ᠋ᠦᠩᠰᠢᠭᠤᠷ  ᠳ᠋ᠤᠯᠯᠠᠷ ᠲᠤ ᠭᠦᠷᠭᠡᠵᠤ᠂ ᠬᠢᠯᠢ ᠪᠠᠷ ᠤᠷᠤᠵᠤ ᠭᠠᠷᠤᠭᠰᠠᠨ ᠠᠶᠠᠨᠴᠢᠳ ᠤᠨ ᠳᠤᠭ᠎ᠠ ᠶᠢ 65 ᠲᠦᠮᠡᠨ ᠬᠦᠮᠦᠨ  ᠤᠳᠠᠭ᠎ᠠ ᠠᠴᠠ ᠲᠠᠪᠠᠭᠤᠯᠤᠨ᠎ᠠ᠃             ︵ᠵᠢᠷᠭᠤᠭ᠎ᠠ︶ ᠬᠤᠳᠠ ᠬᠦᠳᠡᠭᠡ ᠶᠢ ᠵᠤᠬᠢᠴᠠᠭᠤᠯᠬᠤ ᠶᠢ ᠨᠢᠭᠡᠳᠦᠯᠳᠡᠢ ᠲᠦᠯᠦᠪᠵᠢᠬᠦᠯᠵᠦ᠂ ᠬᠠᠮᠤᠭ  ᠰᠠᠶᠢᠨ ᠴᠢᠨᠠᠷ ᠴᠢᠨᠰᠠᠭ᠎ᠠ ᠪᠠᠷ ᠬᠦᠭᠵᠢᠯᠳᠡ ᠶᠢᠨ ᠴᠢᠳᠠᠪᠦᠷᠢ ᠶᠢ ᠪᠠᠳᠣᠯᠠᠨ ᠳᠡᠭᠡᠭᠰᠢᠯᠡᠬᠦᠯᠦᠨ᠎ᠡ᠃ ᠦᠪᠡᠷᠮᠢᠴᠡ ᠤᠨᠴᠠᠯᠢᠭᠳᠦ ᠬᠤᠳᠠ ᠪᠠᠯᠭᠠᠰᠦ ᠶᠢᠨ ᠪᠦᠲᠦᠭᠡᠨ ᠪᠠᠶᠢᠭᠤᠯᠤᠯᠳᠠ ᠶᠢ ᠴᠢᠬᠤᠯᠠᠴᠢᠯᠠᠨ᠎ᠠ᠃ ᠮᠤᠩᠭᠤᠯ ᠎ ᠤᠨ ᠡᠬᠢ  ᠡᠬᠦᠰᠦᠯ ᠤᠨ ᠰᠣᠶᠣᠯ ᠤᠨ ᠭᠡᠪ ᠨᠠᠮᠪᠠ ᠶᠢ ᠳᠣᠪᠣᠶᠢᠯᠭᠠᠨ᠂ ᠬᠤᠰᠢᠭᠤᠨ ᠤ ᠭᠡᠪᠴᠢᠶᠡᠨ ᠤ ᠭᠦᠭᠵᠢᠯᠳᠡ ᠶᠢᠨ ᠲᠦᠯᠦᠪᠵᠢᠭᠦᠯᠭᠡ ᠶᠢ ᠵᠠᠰᠠᠨ ᠲᠡᠭᠦᠯᠳᠡᠷᠵᠢᠭᠦᠯᠵᠤ᠂ ᠤᠯᠠᠨ ᠨᠡᠶᠢᠳᠡ ᠶᠢᠨ ᠦᠢᠯᠡᠴᠢᠯᠡᠭᠡ ᠶᠢ ᠲᠠᠰᠤᠷᠠᠯᠳᠠ ᠦᠬᠡᠢ  ᠪᠦᠷᠢᠨᠰᠢᠬᠦᠯᠵᠦ᠂ ᠬᠤᠳᠠ ᠪᠠᠯᠭᠠᠰᠤ ᠶᠢᠨ ᠲᠠᠳᠠᠬᠤ ᠬᠦᠴᠦᠨ ᠪᠠ ᠠᠵᠤ ᠦᠢᠯᠡᠰ ᠤᠨ ᠲᠦᠪᠯᠡᠷᠡᠭᠦᠯᠭᠦ ᠬᠦᠴᠦᠨ ᠢ  ᠨᠡᠮᠡᠭᠳᠡᠭᠦᠯᠦᠨ᠂ ᠠᠯᠳᠠᠨ ᠤᠷᠤᠭ ᠤᠨ ᠰᠢᠵᠢᠮ ᠢ ᠵᠠᠩᠭᠢᠳᠤᠭᠰᠠᠨ ᠨᠤᠳᠤᠭ ᠭᠤᠤᠯ ᠰᠡᠳᠤᠪᠳᠤ ᠰᠤᠶᠤᠯ ᠤᠨ ᠠᠵᠤ  ᠦᠢᠯᠡᠰ ᠤᠨ ᠬᠦᠷᠢᠶᠡᠯᠡᠩ ᠢ ᠡᠭᠦᠳᠤᠨ ᠪᠠᠶᠢᠭᠤᠯᠵᠤ᠂ ᠲᠤᠮᠳᠠᠳᠤ ᠤᠷᠤᠰ ᠮᠤᠩᠭᠤᠯ ᠭᠤᠷᠪᠠᠨ ᠤᠯᠤᠰ ᠤᠨ ᠬᠢᠯᠢ  ᠬᠢᠵᠠᠭᠠᠷ ᠤᠨ ᠮᠤᠩᠭᠤᠯ ᠤᠨ ᠡᠬᠢ ᠡᠬᠦᠰᠦᠯ ᠎ ᠤᠨ ᠰᠤᠶᠤᠯ ᠤᠨ ᠭᠡᠪ ᠨᠠᠮᠪᠠ ᠲᠠᠢ ᠰᠤᠶᠤᠯ ᠵᠤᠭᠠᠴᠠᠯ ᠤᠨ  ᠦᠪᠡᠷᠮᠢᠴᠡ ᠤᠨᠴᠠᠯᠢᠭᠳᠤ ᠵᠢᠵᠢᠭ ᠪᠠᠯᠭᠠᠰᠤ ᠪᠠ ᠲᠠᠯ᠎ᠠ ᠨᠤᠳᠤᠭ ᠤᠨ ᠳᠠᠪᠠ ᠪᠠᠷ ᠢᠶᠠᠨ ᠰᠠᠭᠤᠬᠤ ᠮᠤᠩᠭᠤᠯ ᠤᠨ ᠡᠬᠢ ᠡᠭᠦᠰᠦᠯ ᠤᠨ ᠰᠤᠶᠤᠯ ᠤᠨ ᠲᠦᠪ ᠪᠠᠯᠭᠠᠰᠤ ᠶᠢ ᠬᠦᠴᠦᠯᠡᠨ ᠪᠠᠶᠢᠭᠤᠯᠤᠨ᠎ᠠ᠃ ᠰᠡᠯᠡᠬᠦᠦ ᠵᠤᠭᠠᠴᠠᠯ᠂  ᠠᠷᠠᠯᠵᠢᠶ᠎ᠡ ᠬᠤᠳᠠᠯᠳᠤᠭᠠᠨ ᠤ ᠪᠠᠷᠠᠭᠠᠨ ᠎ ᠤ ᠬᠦᠢᠯᠭᠡᠭᠡ᠂ ᠤᠯᠠᠮᠵᠢᠯᠠᠯᠳᠤ ᠰᠤᠶᠤᠯ ᠪᠠ ᠣᠷᠣᠰᠢᠨ ᠰᠠᠭᠤᠬᠤ ᠳᠤ  ᠳᠠᠭᠠᠯᠠᠮᠵᠢᠳᠠᠢ ᠪᠠᠶᠢᠬᠤ ᠶᠡᠷᠥᠩᠭᠡᠢ ᠬᠠᠷᠠᠯᠳᠠ ᠶᠢᠨ ᠶᠤᠰᠤᠭᠠᠷ᠂ ︽ᠪᠤᠬᠢᠷᠳᠤᠯ ᠦᠬᠡᠢ︾ ᠪᠠᠶᠢᠯᠭᠠᠬᠤ ᠪᠠᠷ  ᠭᠤᠤᠯᠯᠠᠭᠤᠯᠵᠤ᠂ ︽ᠪᠤᠬᠢᠷᠳᠤᠯ ᠦᠬᠡᠢ︾ ᠨᠠᠷ᠎ᠡ ᠶᠢᠨ ᠬᠠᠭᠤᠳᠠᠰᠤ ᠶᠢ ᠰᠠᠶᠢᠳᠤᠷ ᠰᠡᠳᠦᠵᠦ᠂ ᠭᠠᠵᠠᠷ ᠤᠷᠤᠨ ᠤ  ᠪᠠᠶᠢᠳᠠᠯ ᠳᠠᠭᠠᠨ ᠵᠣᠬᠢᠴᠠᠭᠤᠯᠣᠨ ᠡᠪᠡᠰᠤ ᠲᠠᠷᠢᠬᠤ᠂ ᠮᠤᠳᠤ ᠵᠠᠶᠢᠯᠠᠬᠤ ᠪᠠ ᠤᠰᠤᠯᠠᠯᠳᠠ ᠬᠢᠵᠤ᠂ ᠪᠠᠯᠭᠠᠰᠤᠨ  ᠳᠣᠭᠤᠷᠢᠭ ᠤᠨ ᠤᠶᠢᠷ᠎ᠠ ᠬᠠᠪᠢ ᠪᠠ ᠵᠠᠮ ᠵᠡᠭᠡᠯᠢ ᠲᠠᠭᠠᠤ ᠨᠣᠭᠤᠭᠠᠷᠠᠭᠤᠯᠣᠯᠳᠠ ᠬᠢᠵᠤ᠂ ᠬᠤᠳᠠ ᠪᠠᠯᠭᠠᠰᠤ ᠶᠢᠨ  ᠠᠮᠢᠵᠢᠷᠠᠯ ᠤᠨ ᠬᠦᠴᠦᠨ ᠢ ᠲᠠᠰᠤᠷᠠᠯᠳᠠ ᠦᠬᠡᠢ ᠳᠡᠭᠡᠭᠰᠢᠯᠡᠬᠦᠯᠦᠨ᠂ ᠬᠤᠳᠠ ᠯᠤᠭ᠎ᠠ ᠶᠢᠨ ᠢᠯᠭᠠᠭᠠᠳᠦ ᠴᠢᠨᠠᠷ ᠢ  ᠢᠯᠡᠷᠡᠭᠦᠯᠵᠦ᠂ ᠤᠯᠠᠨ ᠲᠦᠮᠡᠨ ᠳᠤ ᠨᠡᠩ ᠴᠢᠨᠠᠷᠯᠢᠭ ᠠᠮᠢᠳᠤᠷᠠᠯ ᠢ ᠡᠳ᠋ᠯᠡᠭᠦᠯᠦᠨ᠎ᠡ᠃ ᠬᠤᠳᠠ ᠪᠠᠯᠭᠠᠰᠤ ᠶᠢᠨ  ᠴᠢᠳᠠᠪᠤᠷᠢ ᠪᠣᠯᠣᠨ ᠰᠤᠶᠤᠯ ᠵᠤᠭᠠᠴᠠᠯ ᠎ ᠤᠨ ᠠᠭᠤᠯᠤᠭᠳᠠᠬᠤᠨ ᠢ ᠪᠠᠶᠠᠯᠢᠭᠵᠢᠭᠤᠯᠵᠤ᠂ ᠨᠤᠳᠤᠭ ᠤᠰᠤᠨ ᠤ ᠤᠷᠭᠤᠮᠠᠯ ᠤᠨ ᠤᠷᠳᠤᠨ᠂ ᠮᠠᠨᠤ ᠴᠢᠯᠠᠭᠤᠨ ᠤ ᠮᠦᠽᠸᠢ ᠶᠢ ᠪᠡᠯᠡᠳᠭᠡᠨ ᠪᠠᠶᠢᠭᠤᠯᠵᠤ᠂ ᠰᠡᠭᠡᠭᠡᠳᠡᠨ ᠮᠦᠽᠸᠢ ᠶᠢ ᠲᠡᠰ ᠲᠡᠪᠰᠢᠭᠦᠯᠦᠨ ᠵᠠᠰᠠᠨ ᠰᠢᠨᠡᠳᠭᠡᠨ᠎ᠡ᠃ ᠵᠠᠮ ᠬᠠᠷᠢᠯᠴᠠᠭᠠᠨ ᠤ ᠰᠦᠯᠵᠢᠶᠡᠨ ᠤ ᠪᠠᠶᠢᠭᠤᠯᠤᠯᠳᠠ ᠶᠢ ᠲᠦᠷᠭᠡᠳᠭᠡᠨ᠎ᠡ᠃  G331 ︵S203︶ ᠬᠤᠤᠰ ᠴᠢᠭᠯᠡᠯᠳᠦ ᠵᠠᠮ ᠱᠤᠭᠤᠮ ᠤᠨ ᠠᠵᠢᠯ ᠢ ᠡᠬᠢᠯᠡᠬᠦᠯᠦᠨ᠂ ᠨᠡᠶᠢᠳᠡᠮ ᠭᠡᠷᠡᠭᠯᠡᠬᠦ ᠠᠭᠠᠷ  ᠠᠶᠠᠯᠠᠯ ᠪᠦᠬᠦ ᠳᠠᠯ᠎ᠠ ᠪᠠᠷ ᠡᠵᠡᠩᠨᠡᠯᠳᠡ ᠪᠠᠨ ᠡᠬᠢᠯᠡᠬᠦᠯᠵᠦ ᠂ ᠬᠤᠰᠢᠭᠤᠨ ᠤ ᠬᠡᠪᠴᠢᠶᠡᠨ ᠤ ᠰᠤᠮᠤ ᠪᠠᠯᠭᠠᠰᠦ ᠶᠢᠨ  ᠬᠤᠭᠤᠷᠤᠨᠳᠦᠬᠢ ᠵᠠᠮ ᠪᠤᠯᠤᠨ ᠬᠢᠯᠢ ᠳᠠᠭᠠᠤ ᠵᠠᠰᠠᠮᠠᠯ ᠵᠠᠮ ᠢ ᠨᠡᠪᠲᠡᠷᠡᠬᠦᠯᠵᠦ᠂ ︽ᠨᠢᠭᠡ ᠲᠤᠭᠤᠷᠢᠭ ᠲᠦᠷᠪᠡᠨ  ᠱᠤᠭᠤᠮ +︾ ᠵᠠᠮ ᠬᠠᠷᠢᠯᠴᠠᠭᠠᠨ ᠤ ᠳᠤᠤᠷ ᠰᠦᠯᠵᠢᠶ᠎ᠡ ᠶᠢ ᠲᠡᠭᠦᠯᠳᠡᠷᠵᠢᠬᠦᠯᠦᠨ᠂ ᠰᠠᠭᠤᠭᠠᠯᠢ ᠠᠷᠠᠳ ᠤᠨ  ᠶᠠᠪᠤᠵᠦ ᠰᠠᠭᠤᠬᠤ ᠳᠤ ᠲᠦᠬᠦᠮ ᠦᠵᠡᠬᠦᠯᠦᠨ᠎ᠡ᠃ ︽ᠤᠰᠤ ᠶᠢ ᠰᠠᠶᠢᠵᠢᠷᠠᠭᠤᠯᠬᠤ︾ ᠠᠵᠢᠯ ᠢ ᠪᠦᠬᠦ ᠬᠦᠴᠦᠨ  ᠎ ᠢᠶᠠᠷ ᠢᠶᠠᠨ ᠰᠠᠶᠢᠳᠦᠷ ᠬᠢᠨ᠎ᠡ᠃ ᠤᠰᠤᠨ ᠤ ᠡᠬᠢ ᠪᠠᠶᠠᠯᠢᠭ ᠢ ᠨᠠᠨᠳᠢᠩᠨᠠᠨ ᠠᠰᠢᠭᠯᠠᠵᠦ᠂ ᠭᠡᠷᠦᠯᠦᠨ ᠭᠤᠤᠯ ᠤᠨ  ᠤᠰᠤ ᠶᠢ ᠬᠠᠳᠠᠭᠠᠯᠠᠨ ᠤᠰᠤᠨ ᠰᠤᠷᠪᠤᠯᠵᠢ ᠶᠢ ᠲᠤᠬᠢᠷᠠᠭᠤᠯᠬᠤ ᠵᠢᠴᠢ ᠤᠰᠤᠨ ᠤ ᠤᠷᠴᠢᠨ ᠲᠤᠭᠤᠷᠢᠨ ᠢ ᠵᠠᠰᠠᠵᠦ  ᠴᠡᠭᠴᠡᠯᠡᠬᠦ ᠵᠡᠷᠭᠡ ᠠᠯᠤᠰ ᠬᠡᠳᠦ ᠶᠢᠨ ᠠᠴᠢ ᠬᠤᠯᠪᠤᠭᠳᠠᠯ ᠲᠠᠢ ᠨᠢᠭᠡ ᠪᠦᠯᠦᠭ ᠤᠰᠤᠨ ᠠᠰᠢᠭᠯᠠᠯᠳᠠ ᠶᠢᠨ  ᠳᠤᠯᠭᠠᠭᠤᠷᠢ ᠢᠨᠵᠧᠨᠧᠷᠢᠩ ᠢ ᠪᠠᠶᠢᠭᠤᠯᠵᠦ᠂ ᠭᠠᠩ ᠬᠠᠭᠰᠠᠷᠭᠠᠨ ᠢ ᠡᠰᠡᠷᠬᠦᠴᠡᠨ ᠪᠠᠴᠢᠮ ᠪᠠᠶᠢᠳᠠᠯ ᠢ ᠠᠷᠭᠠᠴᠠᠬᠤ  ᠤᠰᠤᠨ ᠰᠤᠷᠪᠤᠯᠵᠢᠳᠦ ᠢᠨᠵᠧᠨᠧᠷᠢᠩ᠂ ᠤᠰᠤᠨ ᠵᠤᠭᠤᠷᠢ ᠶᠢᠨ ᠢᠨᠵᠧᠨᠧᠷᠢᠩ  ᠪᠠ ᠬᠦᠳᠡᠭᠡ ᠲᠤᠰᠬᠤᠨ ᠮᠠᠯᠵᠢᠬᠤ  ᠤᠷᠤᠨ ᠤ ᠤᠰᠤ ᠤᠮᠳᠠ ᠶᠢᠨ ᠠᠮᠦᠷ ᠲᠦᠪᠰᠢᠨ ᠢ ᠪᠠᠬᠢᠵᠢᠬᠦᠯᠦᠨ ᠲᠡᠭᠡᠭᠰᠢᠯᠡᠬᠦᠯᠬᠦ ᠢᠨᠵᠧᠨᠧᠷᠢᠩ ᠵᠡᠷᠭᠡ ᠠᠷᠠᠳ ᠢ  ᠬᠠᠷᠠᠭᠠᠯᠵᠠᠨ ᠠᠷᠠᠳ ᠎ ᠲᠤ ᠠᠰᠢᠭ ᠬᠦᠷᠳᠡᠭᠡᠬᠦ‍ ᠨᠢᠭᠡ ᠪᠦᠯᠦᠭ ᠭᠤᠤᠯᠳᠠᠯᠭ᠎ᠠ ᠲᠠᠢ ᠤᠰᠤᠨ ᠠᠰᠢᠭᠯᠠᠯᠳᠠ ᠶᠢᠨ  ᠢᠨᠵᠧᠨᠧᠷᠢᠩ ᠢ ᠡᠬᠢᠯᠡᠬᠦᠯᠦᠨ᠎ᠠ᠃ ᠣᠰᠣ ᠠᠷᠪᠢᠯᠠᠬᠤ ᠬᠡᠯᠪᠡᠷᠢ ᠶᠢᠨ ᠨᠡᠶᠢᠭᠡᠮ ᠤᠨ ᠪᠦᠳᠦᠭᠡᠨ ᠪᠠᠶᠢᠭᠤᠯᠤᠯᠳᠠ ᠶᠢ  ᠲᠦᠯᠬᠢᠨ ᠠᠬᠢᠭᠤᠯᠵᠤ᠂ ᠪᠦᠬᠦ ᠬᠤᠰᠢᠭᠤᠨ ᠤ ᠬᠦᠮᠦᠨ ᠠᠮᠠ ᠶᠢᠨ ᠣᠰᠣ ᠣᠮᠳᠠ ᠶᠢᠨ ᠠᠮᠦᠷ ᠲᠦᠪᠰᠢᠨ ᠤ  ᠪᠠᠳᠤᠯᠠᠭ᠎ᠠ ᠶᠢᠨ ᠴᠢᠳᠠᠪᠤᠷᠢ ᠶᠢ ᠪᠦᠬᠦ ᠲᠠᠯ᠎ᠠ ᠪᠠᠷ ᠲᠡᠭᠡᠭᠰᠢᠯᠡᠭᠦᠯᠦᠨ᠂ ᠪᠣᠵᠠᠷ ᠤᠰᠤᠨ ᠤ ᠬᠤᠭᠤᠯᠠᠢ ᠲᠤᠤᠷ ᠤᠨ  ᠪᠦᠳᠦᠭᠡᠨ ᠪᠠᠶᠢᠭᠤᠯᠤᠯᠳᠠ ᠪᠠ ᠰᠢᠢᠳᠪᠤᠷᠢᠯᠡᠬᠦ ᠴᠢᠳᠠᠪᠤᠷᠢ ᠶᠢ ᠳᠡᠭᠡᠭᠰᠢᠯᠡᠬᠦᠯᠦᠨ᠎ᠡ᠃ ᠴᠠᠬᠢᠯᠭᠠᠨ ᠬᠦᠴᠦ ᠴᠢᠮᠡᠭᠡ  ᠬᠤᠯᠪᠤᠭᠠᠨ ᠤ ᠰᠠᠭᠤᠷᠢ ᠶᠢ ᠲᠡᠭᠦᠯᠳᠡᠷᠵᠢᠭᠦᠯᠦᠨ᠎ᠠ᠃ ᠴᠠᠭᠢᠯᠭᠠᠨ ᠬᠦᠴᠦ ᠴᠢᠮᠡᠭᠡ ᠬᠤᠯᠪᠤᠭᠠᠨ ᠤ ᠪᠠᠳᠤᠯᠠᠭ᠎ᠠ ᠶᠢᠨ  ᠰᠢᠰᠲ᠋ᠧᠮ ᠢ ᠪᠦᠷᠢᠨᠰᠢᠭᠦᠯᠦᠨ ᠲᠡᠭᠦᠯᠳᠡᠷᠵᠢᠭᠦᠯᠵᠤ᠂ 9 ᠵᠠᠰᠠᠭ ᠵᠠᠬᠢᠷᠭᠠᠨ ᠤ ᠭᠠᠴᠠᠭᠠᠨ ᠤ ᠬᠦᠳᠡᠭᠡ ᠳᠣᠰᠬᠤᠨ ᠤ  ᠴᠠᠬᠢᠯᠭᠠᠨ ᠲᠤᠤᠷ ᠢ ᠲᠡᠰ ᠲᠡᠪᠰᠢᠭᠦᠯᠦᠨ ᠵᠠᠰᠠᠨ ᠰᠢᠨᠡᠳᠬᠡᠵᠦ᠂ ᠪᠦᠬᠦ ᠬᠤᠰᠢᠭᠤᠨ ᠤ ᠭᠤᠣᠯ ᠴᠠᠬᠢᠯᠭᠠᠨ ᠤ  ᠳᠠᠭᠠᠭᠠᠴᠠ ᠶᠢᠨ ᠡᠷᠦᠬᠡ ᠶᠢ 220 ᠺᠢᠯᠤᠸᠤᠯᠲ ᠤᠨ ᠬᠦᠴᠦᠳᠡᠯ ᠦᠬᠡᠷᠡᠴᠢᠯᠡᠬᠦ ᠦᠷᠳᠡᠭᠡ ᠳᠡᠰᠢ ᠰᠢᠯᠵᠢᠬᠦᠯᠬᠦ ᠶᠢ  ᠪᠡᠶᠡᠯᠡᠬᠦᠯᠵᠤ᠂ 35 ᠺᠢᠯᠤᠸᠤᠯᠲ ᠪᠤᠯᠤᠨ 35 ᠺᠢᠯᠤᠸᠤᠯᠲ ᠠᠴᠠ ᠲᠡᠭᠡᠭᠰᠢᠬᠢ ᠴᠠᠬᠢᠯᠭᠠᠨ ᠳᠠᠮᠵᠢᠭᠤᠯᠣᠨ  ᠬᠦᠴᠤᠳᠠᠯ ᠦᠭᠡᠷᠡᠴᠢᠯᠡᠬᠦ ᠱᠤᠭᠤᠮ ᠢ ᠰᠢᠨ᠎ᠡ ᠪᠠᠷ 2 ᠵᠤᠷᠪᠤᠰ ᠪᠠᠶᠢᠭᠤᠯᠵᠦ᠂ ᠴᠢᠮᠡᠭᠡ ᠬᠤᠯᠪᠣᠭᠠᠨ ᠤ ᠰᠠᠭᠤᠷᠢ  ᠦᠷᠳᠡᠭᠡ ᠶᠢ ᠰᠢᠨ᠎ᠡ ᠪᠠᠷ 185 ᠨᠡᠮᠡᠭᠳᠡᠭᠦᠯᠦᠨ᠎ᠠ᠃         ︵ᠲᠤᠯᠤᠭ᠎ᠠ︶ ᠠᠷᠠᠳ ᠤᠨ ᠠᠮᠢᠳᠤᠷᠠᠯ ᠢ ᠰᠠᠶᠢᠵᠢᠷᠠᠭᠤᠯᠣᠨ ᠪᠤᠶᠠᠨ ᠭᠡᠰᠢᠭ ᠢ ᠨᠡᠮᠡᠭᠳᠡᠭᠦᠯᠵᠤ᠂ ᠬᠠᠮᠤᠭ  ᠪᠤᠳᠠᠳᠠᠢ ᠠᠷᠭ᠎ᠠ ᠭᠡᠮᠵᠢᠶ᠎ᠡ ᠪᠠᠷ ᠨᠡᠶᠢᠭᠡᠮ ᠤᠨ ᠡᠶ᠎ᠡ ᠵᠤᠬᠢᠴᠠᠩᠭᠤᠢ ᠬᠠᠮᠳᠣ ᠪᠠᠷ ᠡᠳ᠋ᠯᠡᠬᠦ ᠶᠢ ᠲᠦᠯᠬᠢᠨ ᠠᠬᠢᠭᠤᠯᠤᠨ᠎ᠠ᠃ ᠠᠷᠠᠳ ᠲᠦᠮᠡᠨ ᠢᠶᠠᠷ ᠭᠤᠤᠯ ᠪᠤᠯᠭᠠᠬᠤ ᠶᠢ ᠪᠠᠷᠢᠮᠳᠠᠯᠠᠨ᠂ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ  ᠬᠦᠰᠡᠯ ᠡᠷᠡᠮᠡᠯᠵᠡᠯ ᠢᠶᠠᠷ ᠲᠡᠮᠡᠴᠡᠬᠦ ᠬᠠᠷᠠᠯᠳᠠ ᠪᠠᠨ ᠪᠣᠯᠭᠠᠵᠦ᠂ ᠠᠷᠠᠳ ᠲᠦᠮᠡᠨ ᠳᠤ ᠲᠦᠰᠢᠭᠯᠡᠨ ᠲᠡᠤᠬᠡ ᠶᠢᠨ  ᠠᠤᠭ᠎ᠠ ᠦᠢᠯᠡᠰ ᠢ ᠪᠦᠳᠦᠭᠡᠨ᠎ᠡ᠃ ᠦᠨᠳᠦᠰᠦᠳᠡᠨ ᠤ ᠰᠤᠶᠤᠯ ᠤᠨ ᠢᠳᠡᠭᠡᠯ ᠢ ᠬᠦᠴᠦᠯᠡᠨ ᠨᠡᠮᠡᠭᠳᠡᠭᠦᠯᠦᠨ᠎ᠡ᠃ ᠰᠢ ᠶᠢᠨ ᠫᠢᠩ ᠶᠡᠷᠥᠩᠭᠡᠢ ᠱᠦᠵᠢ ᠶᠢᠨ ᠴᠢᠬᠤᠯᠠ ᠵᠢᠭᠠᠪᠤᠷᠢ ᠶᠢᠨ ᠵᠤᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ  ᠨᠠᠶᠢᠳᠠᠪᠤᠷᠢᠵᠢᠭᠤᠯᠵᠤ᠂ ᠦᠨᠳᠦᠰᠦᠳᠡᠨ ᠤ ᠰᠤᠶᠤᠯ ᠢ ᠣᠯᠠᠮᠵᠢᠯᠠᠨ ᠳᠡᠯᠭᠡᠷᠡᠭᠦᠯᠬᠦ ᠪᠠ ᠤᠯᠠᠭᠠᠨᠮᠦ᠋ᠴᠢᠷ ᠤᠨ ᠵᠤᠷᠢᠭ ᠰᠠᠨᠠᠭ᠎ᠠ ᠶᠢ ᠪᠠᠳᠠᠷᠠᠭᠤᠯᠤᠨ᠂ ᠲᠠᠯ᠎ᠠ ᠨᠤᠳᠤᠭ ᠤᠨ ᠰᠤᠶᠤᠯ᠂ ᠪᠠᠷᠭᠤ ᠰᠤᠶᠤᠯ ᠪᠠ ᠰᠡᠭᠡᠭᠡᠳᠡᠨ ᠤ ᠰᠤᠶᠤᠯ ᠢ ᠴᠡᠴᠡᠭᠯᠡᠨ ᠬᠦᠭᠵᠢᠬᠦᠯᠵᠦ᠂ ᠬᠤᠰᠢᠭᠤ᠂ ᠰᠤᠮᠤ᠂ ᠭᠠᠴᠠᠭ᠎ᠠ ᠭᠤᠷᠪᠠᠨ ᠱᠠᠳᠤᠨ ᠤ ᠰᠤᠶᠤᠯ ᠲᠠᠮᠢᠷ ᠤᠨ  ᠦᠢᠯᠡᠴᠢᠯᠡᠭᠡᠨ ᠤ ᠰᠦᠯᠵᠢᠶ᠎ᠡ ᠶᠢ ᠪᠠᠶᠢᠭᠤᠯᠤᠨ ᠲᠡᠭᠦᠯᠳᠡᠷᠵᠢᠭᠦᠯᠵᠤ᠂ ᠰᠤᠶᠤᠯ ᠤᠨ ᠪᠦᠳᠦᠬᠡᠯᠴᠢ ᠠᠵᠤ ᠦᠢᠯᠡᠰ ᠪᠣᠯᠣᠨ ᠪᠡᠶ᠎ᠡ ᠶᠢᠨ ᠲᠠᠮᠢᠷ ᠤᠨ ᠦᠢᠯᠡᠴᠢᠯᠡᠭᠡᠨ ᠤ ᠦᠢᠯᠡᠰ ᠢ ᠪᠣᠶᠢᠵᠢᠭᠤᠯᠣᠨ ᠬᠦᠭᠵᠢᠬᠦᠯᠦᠨ᠎ᠡ᠃ ᠰᠤᠷᠭᠠᠨ  ᠬᠦᠮᠦᠵᠢᠯ ᠤᠨ ᠭᠦᠭᠵᠢᠯᠳᠡ ᠶᠢᠨ ᠬᠢᠷᠢ ᠲᠦᠪᠰᠢᠨ ᠢ ᠬᠦᠴᠦᠯᠡᠨ ᠲᠡᠭᠡᠭᠰᠢᠯᠡᠭᠦᠯᠤᠨ᠎ᠠ᠃ ᠨᠠᠮ ᠤᠨ ᠠᠷᠪᠠᠨ  ᠶᠢᠰᠦᠳᠦᠭᠡᠷ ᠶᠡᠭᠡ ᠬᠤᠷᠠᠯ ᠳᠤ ᠲᠤᠷᠠᠳᠤᠭᠰᠠᠨ ᠰᠤᠷᠭᠠᠨ ᠬᠦᠮᠦᠵᠢᠯ ᠢᠶᠠᠷ ᠤᠯᠤᠰ ᠢᠶᠠᠨ ᠮᠠᠨᠳᠤᠭᠤᠯᠬᠤ ᠪᠠ  ᠴᠢᠳᠠᠪᠤᠷᠢᠳᠠᠨ ᠢᠶᠠᠷ ᠤᠯᠤᠰ ᠢᠶᠠᠨ ᠬᠦᠴᠦᠷᠭᠡᠭᠵᠢᠭᠦᠯᠭᠦ ᠪᠠᠶᠢᠯᠳᠤᠬᠤ ᠪᠤᠳᠤᠯᠭ᠎ᠠ ᠶᠢ ᠪᠦᠬᠦ ᠲᠠᠯ᠎ᠠ ᠪᠠᠷ  ᠨᠠᠶᠢᠳᠠᠪᠤᠷᠢᠵᠢᠭᠤᠯᠤᠨ᠂ ︽ᠨᠢᠭᠡ ᠤᠷᠤᠨ ᠬᠤᠶᠠᠷ ᠰᠠᠭᠤᠷᠢᠨ ᠭᠠᠵᠠᠷ ᠲᠦᠷᠪᠡᠨ ᠰᠤᠷᠭᠠᠭᠤᠯᠢ ᠳᠠᠪᠣᠵᠢᠭᠤᠯᠬᠤ︾  ⑦ ᠪᠠᠶᠢᠭᠤᠯᠤᠯᠳᠠ ᠶᠢ ᠲᠦᠯᠬᠢᠨ ᠠᠬᠢᠭᠤᠯᠵᠤ᠂ ᠪᠦᠬᠦ ᠠᠷᠠᠳ ᠤᠨ ᠰᠤᠷᠭᠠᠨ ᠬᠦᠮᠦᠵᠢᠯ ᠢ ᠬᠦᠨᠳᠦᠳᠭᠡᠨ᠂ ᠪᠠᠭᠰᠢ  ᠎ ᠶᠢᠨ ᠡᠩᠨᠡᠬᠡᠨ ᠤ ᠭᠡᠪ ᠪᠤᠯᠪᠠᠰᠤᠷᠠᠯ ᠪᠣᠯᠣᠨ ᠠᠵᠢᠯ ᠮᠡᠷᠭᠡᠵᠢᠯ ᠤᠨ ᠰᠤᠷᠭᠠᠨ ᠬᠦᠮᠦᠵᠢᠯ ᠤᠨ ᠬᠢᠷᠢ ᠲᠦᠪᠰᠢᠨ ᠢ  ᠲᠡᠭᠡᠭᠰᠢᠯᠡᠭᠦᠯᠦᠨ᠎ᠡ᠃ ᠰᠤᠷᠭᠠᠨ ᠬᠦᠮᠦᠵᠢᠯ ᠤᠨ ᠵᠢᠭᠠᠨ ᠰᠣᠷᠭᠠᠯᠳᠠ ᠶᠢᠨ ᠦᠭᠡᠷᠡᠴᠢᠯᠡᠯᠳᠡ ᠶᠢ ᠬᠦᠨᠵᠡᠭᠡᠶᠢᠷᠡᠭᠦᠯᠵᠤ᠂  ᠬᠦᠯ ᠪᠦᠮᠪᠦᠭᠡ᠂ ᠮᠦᠰᠦᠨ ᠪᠦᠮᠪᠦᠭᠡ ᠶᠢᠨ ᠲᠤᠰᠬᠠᠢ ᠪᠤᠯᠪᠠᠰᠤᠷᠠᠯ ᠢ ᠴᠢᠩᠭᠠᠳᠬᠠᠨ᠂ ᠰᠤᠷᠭᠠᠭᠤᠯᠢ ᠶᠢᠨ ᠬᠦᠷᠢᠶᠡᠨ  ᠎ ᠤ ᠡᠶ᠎ᠡ ᠵᠤᠬᠢᠴᠠᠩᠭᠤᠢ ᠤᠷᠴᠢᠨ ᠲᠤᠭᠤᠷᠢᠨ ᠢ ᠡᠭᠦᠳᠦᠨ ᠪᠠᠶᠢᠭᠤᠯᠣᠨ᠎ᠠ᠃ ᠡᠷᠡᠭᠦᠯ ᠬᠠᠮᠠᠭᠠᠯᠠᠯ ᠤᠨ ᠦᠢᠯᠡᠴᠢᠯᠡᠭᠡᠨ  ᠎ ᠤ ᠬᠢᠷᠢ ᠲᠦᠪᠰᠢᠨ ᠢ ᠬᠦᠴᠦᠯᠡᠨ ᠲᠡᠭᠡᠭᠰᠢᠯᠡᠬᠦᠯᠦᠨ᠎ᠡ᠃ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ  ᠦᠭᠡᠷᠡᠴᠢᠯᠡᠯᠳᠡ ᠶᠢ ᠬᠦᠨᠵᠡᠭᠡᠶᠢᠷᠡᠭᠦᠯᠦᠨ᠂ ᠬᠤᠰᠢᠭᠤ᠂ ᠰᠤᠮᠤ᠂ ᠭᠠᠴᠠᠭ᠎ᠠ ᠭᠤᠷᠪᠠᠨ ᠱᠠᠳᠤᠨ ᠤ ᠡᠮ ᠡᠮᠨᠡᠯᠬᠡ ᠶᠢᠨ  ᠪᠠᠶᠢᠭᠤᠯᠤᠮᠵᠢ ᠶᠢᠨ ᠰᠤᠷᠠᠭ ᠵᠠᠩᠬᠢᠴᠢᠯᠠᠯᠳᠠ᠂ ᠪᠠᠷᠢᠮᠵᠢᠶᠠᠵᠢᠭᠰᠠᠨ ᠪᠦᠳᠦᠭᠡᠨ ᠪᠠᠶᠢᠭᠤᠯᠤᠯᠳᠠ ᠶᠢ ᠠᠬᠢᠭᠤᠯᠵᠤ᠂  ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶ᠎ᠠ ᠪᠠ ᠮᠤᠩᠭᠤᠯ ᠡᠮᠨᠡᠯᠭᠡ ᠶᠢᠨ ᠬᠤᠷᠢᠶ᠎ᠠ ᠶᠢᠨ ᠬᠤᠶᠠᠳᠣᠭᠠᠷ ᠬᠦᠭᠡ  ᠲᠡᠰ ᠲᠤ ᠬᠦᠷᠭᠦ ᠶᠢ ᠲᠡᠮᠵᠢᠨ᠂ ᠠᠷᠠᠳ ᠠᠴᠠ ᠡᠷᠭᠢᠯᠡᠭᠰᠡᠨ ᠡᠮ ᠡᠮᠨᠡᠯᠭᠡ ᠶᠢᠨ ᠪᠠᠶᠢᠭᠤᠯᠤᠮᠵᠢ ᠶᠢ ᠵᠤᠷᠢᠭᠵᠢᠭᠤᠯᠤᠨ  ᠭᠦᠭᠵᠢᠭᠦᠯᠵᠤ᠂ ᠤᠯᠠᠨ ᠡᠰᠢᠵᠢᠭᠦᠯᠦᠭᠰᠡᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠪᠠᠶᠢᠳᠠᠯ ᠢ ᠪᠤᠢ ᠪᠤᠯᠭᠠᠨ᠎ᠠ᠃  ᠨᠡᠶᠢᠭᠡᠮ ᠤᠨ ᠪᠠᠳᠤᠯᠠᠭ᠎ᠠ ᠶᠢᠨ ᠬᠢᠷᠢ ᠲᠦᠪᠰᠢᠨ ᠢ ᠬᠦᠴᠦᠯᠡᠨ ᠲᠡᠭᠡᠭᠰᠢᠯᠡᠭᠦᠯᠦᠨ᠎ᠡ᠃ ᠨᠡᠶᠢᠭᠡᠮ ᠤᠨ ᠲᠠᠭᠠᠳᠬᠠᠯ ᠤᠨ  ᠰᠢᠰᠲ᠋ᠧᠮ ᠢ ᠳᠡᠬᠦᠯᠳᠡᠷᠵᠢᠬᠦᠯᠵᠦ᠂ ᠪᠦᠷᠭᠦᠴᠡ ᠶᠢ ᠦᠷᠭᠡᠳᠭᠡᠨ᠂ ᠤᠯᠠᠨ ᠨᠡᠶᠢᠳᠡ ᠶᠢᠨ ᠦᠢᠯᠡᠴᠢᠯᠡᠭᠡ᠂ ᠨᠡᠶᠢᠭᠡᠮ  ᠎ ᠤᠨ ᠠᠪᠤᠷᠠᠨ ᠲᠤᠰᠠᠯᠠᠬᠤ ᠪᠠ ᠨᠡᠶᠢᠭᠡᠮ ᠤᠨ ᠠᠰᠠᠷᠠᠮᠵᠢ ᠶᠢᠨ ᠦᠢᠯᠡᠰ ᠢ ᠴᠢᠨᠠᠭᠰᠢᠳᠠ ᠲᠡᠭᠦᠯᠳᠡᠷᠵᠢᠭᠦᠯᠵᠤ᠂ ᠠᠵᠢᠯ  ᠤᠯᠭᠤᠯᠳᠠ ᠶᠢ ᠲᠤᠭᠳᠠᠭᠤᠨ ᠢᠶᠠᠷ ᠨᠡᠮᠡᠭᠳᠡᠬᠦᠯᠦᠨ᠂ ᠨᠠᠭᠠᠳᠤ ᠵᠠᠬ᠎ᠠ ᠶᠢᠨ ᠠᠮᠢᠳᠤᠷᠠᠯ ᠤᠨ ᠪᠠᠳᠤᠯᠠᠭ᠎ᠠ ᠶᠢᠨ ᠬᠢᠷᠢ  ᠲᠦᠪᠰᠢᠨ ᠢ ᠲᠠᠰᠤᠷᠠᠯᠳᠠ ᠦᠬᠡᠢ ᠲᠡᠭᠡᠭᠰᠢᠯᠡᠭᠦᠯᠵᠤ᠂ ᠨᠡᠶᠢᠭᠡᠮ ᠤᠨ ᠠᠰᠠᠷᠠᠮᠵᠢ᠂ ᠨᠡᠶᠢᠳᠡ ᠶᠢᠨ ᠤᠩᠭᠤᠨ ᠵᠡᠷᠭᠡ  ᠢᠵᠢ ᠪᠦᠷᠢᠳᠦᠭᠦᠯᠭᠦ ᠲᠦᠭᠦᠭᠡᠷᠥᠮᠵᠢ ᠶᠢᠨ ᠪᠠᠶᠢᠭᠤᠯᠤᠯᠳᠠ ᠶᠢ ᠲᠦᠷᠭᠡᠳᠭᠡᠨ᠂ ᠨᠡᠶᠢᠬᠡᠮ ᠤᠨ ᠪᠠᠳᠤᠯᠠᠭ᠎ᠠ ᠶᠢᠨ  ᠦᠢᠯᠡᠴᠢᠯᠡᠭᠡᠨ ᠤ ᠨᠡᠶᠢᠭᠡᠮᠴᠢᠯᠡᠬᠦ ᠭᠡᠮᠵᠢᠶ᠎ᠡ ᠶᠢ ᠲᠡᠭᠡᠭᠰᠢᠯᠡᠬᠦᠯᠦᠨ᠎ᠡ᠃ ᠨᠡᠶᠢᠭᠡᠮ ᠤᠨ ᠵᠠᠰᠠᠨ ᠴᠡᠭᠴᠡᠯᠡᠬᠦ ᠬᠢᠷᠢ  ᠲᠦᠪᠰᠢᠨ ᠢ ᠬᠦᠴᠦᠯᠡᠨ ᠲᠡᠭᠡᠭᠰᠢᠯᠡᠭᠦᠯᠦᠨ᠎ᠡ᠃ ᠦᠨᠳᠦᠰᠦᠳᠡᠨ ᠪᠦᠯᠭᠦᠮᠳᠡᠯ ᠲᠠᠢ᠂ ᠬᠢᠯᠢ ᠬᠢᠵᠠᠭᠠᠷ ᠠᠮᠤᠷ  ᠲᠤᠭᠳᠠᠭᠤᠨ ᠪᠠᠶᠢᠬᠤ ᠮᠠᠰᠢ ᠰᠠᠶᠢᠨ ᠪᠠᠶᠢᠳᠠᠯ ᠢ ᠪᠠᠬᠢᠵᠢᠭᠦᠯᠵᠤ᠂ ᠠᠶᠤᠯᠭᠦᠢ ᠦᠢᠯᠡᠳᠪᠤᠷᠢᠯᠡᠯ ᠤᠨ ᠬᠠᠷᠢᠭᠤᠴᠠᠯᠭ᠎ᠠ  ᠎ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠤᠨ᠂ ᠬᠦᠨᠳᠦ ᠶᠡᠭᠡ ᠠᠶᠤᠯ ᠲᠦᠭᠰᠢᠭᠦᠷᠢ ᠶᠢᠨ ᠡᠬᠢ ᠢᠷᠡᠯᠳᠡ ᠶᠢ  ᠬᠢᠨᠠᠨ ᠡᠵᠡᠮᠳᠡᠬᠦ᠂ ᠳᠤᠮᠤ ᠶᠡᠭᠡ ᠲᠠᠯᠳᠠ ᠭᠡᠮ ᠢ ᠵᠢᠭᠰᠠᠭᠠᠨ ᠪᠠᠶᠢᠴᠠᠭᠠᠬᠤ᠂ ᠢᠳᠡᠭᠡᠨ ᠪᠠ ᠡᠮ ᠤᠨ ᠵᠦᠢᠯ ᠤᠨ  ᠠᠮᠦᠷ ᠲᠦᠪᠰᠢᠨ ᠢ ᠬᠢᠨᠠᠨ ᠬᠠᠮᠢᠶᠠᠷᠬᠤ ᠶᠢ ᠴᠢᠩᠭᠠᠳᠬᠠᠨ᠎ᠠ᠃ ᠠᠮᠦᠷ ᠲᠤᠭᠳᠠᠭᠤᠨ ᠰᠢᠨ᠎ᠠ ᠪᠠᠷᠭᠤ ᠪᠠᠷᠠᠭᠤᠨ  ᠬᠤᠰᠢᠭᠤ ᠶᠢ ᠪᠠᠶᠢᠭᠤᠯᠬᠤ ᠠᠵᠢᠯ ᠢ ᠬᠦᠨᠵᠡᠬᠡᠶᠢᠷᠡᠬᠦᠯᠦᠨ᠂ ᠨᠡᠶᠢᠭᠡᠮ ᠤᠨ ᠢᠳᠡᠭᠡᠮᠵᠢ ᠶᠢᠨ ᠰᠢᠰᠲ᠋ᠧᠮ ᠢ  ᠪᠦᠷᠢᠨᠰᠢᠬᠦᠯᠵᠦ᠂ ᠨᠡᠶᠢᠭᠡᠮ ᠤᠨ ᠵᠠᠰᠠᠨ ᠴᠡᠭᠴᠡᠯᠡᠯᠳᠡ ᠶᠢᠨ ᠴᠢᠳᠠᠪᠤᠷᠢ ᠶᠢ ᠲᠠᠰᠤᠷᠠᠯᠳᠠ ᠦᠬᠡᠢ ᠳᠡᠭᠡᠭᠰᠢᠯᠡᠬᠦᠯᠦᠨ᠂  ᠠᠷᠠᠳ ᠢᠷᠭᠡᠳ ᠤᠨ ᠡᠷᠭᠡ ᠠᠰᠢᠭ ᠢ ᠦᠨᠡᠨᠬᠦ ᠪᠠᠳᠤᠯᠠᠵᠦ᠂ ᠨᠡᠶᠢᠭᠡᠮ ᠢ ᠨᠡᠩ ᠡᠶ᠎ᠡ ᠵᠤᠬᠢᠴᠠᠩᠭᠤᠢ ᠠᠮᠦᠷ  ᠲᠤᠭᠳᠠᠭᠤᠨ ᠪᠣᠯᠭᠠᠨ᠎ᠠ᠃       ︵ᠨᠠᠢᠮᠠ︶ ᠶᠠᠳᠠᠭᠤ ᠠᠴᠠ ᠠᠩᠬᠢᠵᠢᠷᠠᠭᠤᠯᠬᠤ ᠪᠠᠬᠢᠯᠡᠯᠳᠡ ᠰᠢᠪᠳᠤᠯᠬᠤ ᠰᠢᠢᠳᠪᠦᠷᠢᠳᠦ ᠢᠯᠠᠯᠳᠠ ᠶᠢ  ᠤᠯᠵᠦ᠂ ᠬᠠᠮᠤᠭ ᠶᠡᠭᠡ ᠰᠦᠰᠦ ᠵᠤᠷᠢᠭ ᠢᠶᠠᠷ ᠴᠢᠨᠡᠬᠡᠯᠢᠭ ᠨᠡᠶᠢᠬᠡᠮ ᠢ ᠪᠦᠬᠦ ᠳᠠᠯ᠎ᠠ ᠪᠠᠷ ᠪᠡᠶᠡᠯᠡᠬᠦᠯᠬᠦ ᠶᠢ ᠳᠦᠯᠬᠢᠨ ᠠᠬᠢᠭᠤᠯᠤᠨ᠎ᠠ᠃ ᠶᠠᠳᠠᠭᠤ ᠠᠴᠠ ᠠᠩᠬᠢᠵᠢᠷᠠᠭᠤᠯᠬᠤ ᠪᠠᠬᠢᠯᠡᠯᠳᠡ ᠰᠢᠪᠳᠤᠯᠬᠤ ᠠᠵᠢᠯ ᠢ ︽ᠳᠡᠷᠢᠬᠦᠨ ᠨᠤᠮᠧᠷᠲᠦ ᠢᠨᠵᠧᠨᠧᠷᠢᠩ︾ ᠪᠤᠯᠭᠠᠨ᠂ ᠨᠠᠮ ᠤᠨ ᠬᠤᠷᠢᠶ᠎ᠠ ᠤᠳᠤᠷᠢᠳᠬᠤ᠂ ᠵᠠᠰᠠᠭ ᠤᠨ ᠤᠷᠳᠤᠨ ᠢᠶᠠᠷ ᠭᠤᠤᠯᠯᠠᠭᠤᠯᠬᠤ ᠪᠠ ᠤᠯᠠᠨ ᠲᠦᠮᠡᠨ ᠢᠶᠠᠷ ᠭᠤᠤᠯ ᠴᠤᠭᠴᠠ ᠪᠤᠯᠭᠠᠬᠤ᠂ ᠪᠦᠬᠦ ᠨᠡᠶᠢᠬᠡᠮ ᠢᠶᠠᠷ ᠢᠶᠠᠨ ᠤᠷᠤᠯᠴᠠᠬᠤ ᠶᠢ ᠪᠠᠷᠢᠮᠳᠠᠯᠠᠵᠦ᠂  ︽ ᠭᠤᠷᠪᠠ ᠶᠢ ᠲᠤᠰᠬᠤᠨ ᠪᠠ ᠡᠷᠦᠬᠡ ᠳᠤ ᠬᠦᠷᠭᠡᠬᠦ︾᠂ ᠳᠤᠬᠢᠷᠠᠮᠵᠢᠳᠠᠢ ᠭᠠᠵᠠᠷ ᠲᠤ ᠨᠡᠬᠦᠯᠭᠡᠨ ᠶᠠᠳᠠᠭᠤ ᠶᠢ ᠳᠡᠳᠬᠦᠬᠦ  ᠂ ︽ᠮᠦᠩᠬᠦᠨ ᠬᠦᠢᠯᠭᠡᠭᠡ︾᠎ ᠪᠠᠷ ᠶᠠᠳᠠᠭᠤ ᠶᠢ ᠳᠡᠳᠬᠦᠨ ᠠᠷᠠᠳ ᠢ ᠪᠠᠶᠠᠵᠢᠭᠤᠯᠬᠤ ᠵᠡᠷᠭᠡ ᠲᠦᠷᠦ ᠎ ᠶᠢᠨ ᠪᠤᠳᠤᠯᠭ᠎ᠠ  ᠎ ᠶᠢ ᠵᠡᠷᠭᠡᠪᠡᠷ ᠭᠡᠷᠡᠭᠵᠢᠬᠦᠯᠵᠦ᠂ ᠠᠵᠦ ᠦᠢᠯᠡᠰ ᠢᠶᠠᠷ ᠳᠡᠳᠬᠦᠬᠦ᠂ ᠺᠠᠳ᠋ᠷ ᠶᠠᠳᠠᠭᠤ ᠡᠷᠦᠬᠡ ᠲᠠᠢ ᠬᠤᠤᠰᠯᠠᠯ ᠪᠤᠯᠬᠤ᠂ ᠵᠠᠪᠠᠯ ᠪᠦᠬᠦᠨ ᠢ ᠶᠠᠳᠠᠭᠤ ᠎ ᠠᠴᠠ ᠠᠩᠬᠢᠵᠢᠷᠠᠭᠤᠯᠬᠤ ᠵᠡᠷᠭᠡ ᠬᠠᠪᠰᠤᠷᠤᠨ ᠳᠡᠳᠬᠦᠬᠦ ᠠᠷᠭ᠎ᠠ ᠪᠤᠳᠤᠯᠭ᠎ᠠ ᠶᠢ ᠯᠠᠪᠳᠠᠭᠤᠨ  ᠪᠠᠳᠤᠳᠠᠢ ᠲᠦᠯᠬᠢᠨ ᠠᠬᠢᠭᠤᠯᠤᠨ᠎ᠠ᠃ ᠰᠤᠷᠭᠠᠨ ᠬᠦᠮᠦᠵᠢᠯ ᠢᠶᠠᠷ ᠶᠠᠳᠠᠭᠤ ᠶᠢ ᠳᠡᠳᠬᠦᠬᠦ ᠢᠨᠵᠧᠨᠧᠷᠢᠩ ᠢ ᠪᠦᠬᠦ  ᠳᠠᠯ᠎ᠠ ᠪᠠᠷ ᠭᠡᠷᠡᠭᠵᠢᠬᠦᠯᠵᠦ᠂ ᠶᠠᠳᠠᠭᠤ ᠬᠦᠴᠢᠷᠳᠡᠯᠳᠡᠢ ᠠᠴᠠ ᠪᠤᠯᠵᠦ ᠰᠤᠷᠤᠯᠭ᠎ᠠ ᠠᠯᠳᠠᠬᠤ ᠪᠤᠶᠤ ᠰᠤᠷᠤᠯᠭ᠎ᠠ ᠠᠴᠠ  ᠎ ᠪᠠᠨ ᠳᠤᠳᠠᠭᠤ ᠵᠤᠭᠰᠤᠭᠰᠠᠨ ᠬᠦᠮᠦᠨ ᠦᠬᠡᠢ ᠪᠠᠶᠢᠬᠤ ᠶᠢ ᠪᠠᠳᠤᠯᠠᠨ᠎ᠠ᠃ ᠡᠷᠡᠬᠦᠯ ᠡᠩᠭᠡ ᠪᠠᠷ ᠶᠠᠳᠠᠭᠤ ᠶᠢ ᠳᠡᠳᠬᠦᠬᠦ  ᠢᠨᠵᠧᠨᠧᠷᠢᠩ ᠢ ᠬᠦᠴᠦᠳᠠᠢ ᠳᠦᠯᠬᠢᠨ ᠠᠬᠢᠭᠤᠯᠵᠦ᠂ ᠡᠮᠴᠢᠯᠡᠭᠡᠨ ᠤ ᠠᠪᠤᠷᠠᠨ ᠲᠤᠰᠠᠯᠠᠬᠤ ᠲᠦᠷᠦ ᠶᠢᠨ ᠪᠤᠳᠤᠯᠭ᠎ᠠ  ᠎ ᠶᠢ ᠨᠠᠶᠢᠳᠠᠪᠣᠷᠢᠵᠢᠭᠤᠯᠣᠨ᠂ ᠶᠠᠳᠠᠭᠤ ᠬᠦᠴᠢᠷᠳᠡᠯᠳᠡᠢ ᠬᠦᠮᠦᠨ ᠠᠮᠠ ᠳᠤ ᠦᠨᠳᠦᠰᠦᠨ ᠡᠮ ᠡᠮᠨᠡᠯᠭᠡ ᠶᠢᠨ  ᠦᠢᠯᠡᠴᠢᠯᠡᠭᠡ ᠶᠢ ᠦᠨᠡᠨᠬᠦ ᠬᠦᠷᠳᠡᠭᠡᠬᠦ ᠶᠢ ᠪᠠᠳᠤᠯᠠᠨ᠎ᠡ᠃     2020 ᠤᠨ ᠪᠤᠯᠬᠤ ᠳᠤ᠂ ᠶᠠᠳᠠᠭᠤ ᠬᠦᠴᠢᠷᠳᠡᠯᠳᠡᠢ  ᠬᠦᠮᠦᠨ ᠠᠮᠠ ᠶᠢ ᠲᠤᠭᠳᠠᠭᠤᠨ ᠢᠶᠠᠷ ᠶᠠᠳᠠᠭᠤ ᠠᠴᠠ ᠠᠩᠬᠢᠵᠢᠷᠠᠭᠤᠯᠣᠨ᠂ ᠲᠤᠬᠢᠯᠢᠭ ᠤᠷᠤᠨ ᠰᠠᠭᠤᠴᠠ ᠳᠤ  ᠰᠠᠭᠤᠯᠭᠠᠵᠦ᠂ ᠰᠠᠶᠢᠬᠠᠨ ᠠᠮᠢᠳᠤᠷᠠᠭᠤᠯᠤᠨ᠎ᠠ᠃               ᠲᠦᠯᠦᠭᠡᠯᠡᠭᠴᠢᠳ ᠡ᠂ 2018 ᠤᠨ ᠪᠤᠯ ᠨᠠᠮ ᠤᠨ ᠠᠷᠪᠠᠨ ᠶᠢᠰᠦᠳᠦᠭᠡᠷ ᠶᠡᠭᠡ ᠬᠤᠷᠠᠯ ᠤᠨ ᠵᠤᠷᠢᠭ  ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠬᠤ ᠴᠢᠬᠤᠯᠠ ᠨᠢᠭᠡ ᠵᠢᠯ ᠪᠤᠯᠬᠤ ᠪᠦᠭᠡᠳ  ᠪᠠᠰᠠᠴᠤ ᠰᠢᠨ᠎ᠠ ᠨᠢᠬᠡᠨ ᠬᠤᠭᠤᠴᠠᠭᠠᠨ ᠤ ᠵᠠᠰᠠᠭ ᠤᠨ ᠤᠷᠳᠤᠨ ᠤ ᠡᠬᠢᠯᠡᠯᠳᠡ ᠶᠢᠨ ᠵᠢᠯ ᠪᠤᠯᠤᠨ᠎ᠠ᠃ ᠪᠢᠳᠡ ᠤᠳᠠᠯ  ᠦᠭᠡᠢ ᠦᠭᠡᠷᠡᠴᠢᠯᠡᠯᠳᠡ ᠬᠢᠵᠤ ᠴᠢᠯᠦᠭᠡᠳᠡᠢ ᠶᠠᠪᠤᠯᠴᠠᠭᠰᠠᠨ 40 ᠵᠢᠯ ᠤᠨ ᠤᠢ ᠶᠢ ᠤᠭᠳᠤᠬᠤ ᠪᠤᠯᠤᠨ᠎ᠠ᠃ ᠡᠶᠢᠮᠦ  ᠎ ᠠᠴᠠ ᠰᠠᠶᠢᠨ ᠡᠬᠢᠯᠡᠯᠳᠡ ᠲᠠᠢ ᠪᠤᠯᠭᠠᠨ᠂ ᠪᠠᠳᠤᠳᠠᠢ ᠠᠯᠬᠤᠬᠤ ᠪᠤᠯ ᠬᠠᠮᠤᠭ ᠴᠢᠬᠤᠯᠠ ᠶᠤᠮ᠃             2018 ᠤᠨ ᠤ ᠪᠦᠬᠦ ᠬᠤᠰᠢᠭᠤᠨ ᠤ ᠠᠵᠤ ᠠᠬᠤᠢ ᠨᠡᠶᠢᠬᠡᠮ ᠤᠨ ᠭᠦᠭᠵᠢᠯᠳᠡ ᠶᠢᠨ ᠭᠤᠤᠯ ᠵᠢᠱᠢᠭᠰᠡᠨ  ᠬᠠᠷᠠᠯᠳᠠ ᠪᠤᠯ᠄ ᠤᠷᠤᠨ ᠨᠤᠳᠤᠭ ᠤᠨ ᠦᠢᠯᠡᠳᠪᠤᠷᠢᠯᠡᠯ ᠤᠨ ᠶᠡᠷᠥᠩᠭᠡᠢ ᠦᠷᠳᠡᠭ ᠢ 7%᠎ ᠪᠠᠷ ᠨᠡᠮᠡᠭᠳᠡᠭᠦᠯᠦᠨ᠂  ᠡᠩ ᠤᠨ ᠤᠯᠠᠨ ᠨᠡᠶᠢᠳᠡ ᠶᠢᠨ ᠡᠳ᠋ ᠤᠨ ᠵᠠᠰᠠᠭ ᠤᠨ ᠲᠦᠰᠦᠪ ᠤᠨ ᠤᠷᠤᠯᠭ᠎ᠠ ᠶᠢ 6%᠎ ᠪᠠᠷ ᠨᠡᠮᠡᠭᠳᠡᠭᠦᠯᠵᠤ᠂  ᠪᠦᠬᠦ ᠨᠡᠶᠢᠭᠡᠮ ᠤᠨ ᠲᠤᠭᠳᠠᠮᠠᠯ ᠬᠦᠷᠦᠩᠭᠡ ᠶᠢᠨ ᠪᠡᠯᠡ ᠤᠷᠤᠭᠤᠯᠤᠯᠳᠠ ᠶᠢ 7.5%᠎ ᠪᠠᠷ ᠨᠡᠮᠡᠭᠳᠡᠬᠦᠯᠦᠨ᠂ ᠨᠡᠶᠢᠭᠡᠮ  ᠎ ᠤᠨ ᠭᠡᠷᠡᠭᠯᠡᠭᠡᠨ ᠎ ᠤ ᠲᠠᠸᠠᠷ ᠢ ᠵᠢᠵᠢᠭᠯᠡᠨ ᠪᠤᠷᠤᠯᠠᠭᠤᠯᠬᠤ ᠶᠡᠷᠥᠩᠭᠡᠢ ᠦᠷᠳᠡᠭ ᠢ 9%᠎ ᠪᠠᠷ ᠨᠡᠮᠡᠭᠳᠡᠭᠦᠯᠵᠤ᠂ ᠬᠤᠳᠠ  ᠪᠠᠯᠭᠠᠰᠤ ᠪᠠ ᠮᠠᠯᠵᠢᠬᠤ ᠤᠷᠤᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠦᠮᠦᠨ ᠲᠤᠮᠳᠠᠴᠢ ᠡᠵᠡᠮᠳᠡᠵᠤ  ᠪᠤᠯᠬᠤ ᠤᠷᠤᠯᠭ᠎ᠠ ᠶᠢ ᠲᠤᠰᠪᠦᠷᠢ 9%᠎ ᠪᠠᠷ ᠨᠡᠮᠡᠭᠳᠡᠬᠦᠯᠦᠨ᠎ᠡ᠃             ᠲᠡᠭᠡᠷ᠎ᠡ ᠲᠤᠷᠠᠳᠤᠭᠰᠠᠨ ᠬᠠᠷᠠᠯᠳᠠ ᠶᠢᠨ ᠲᠤᠭᠤᠷᠢᠨ ᠳᠤ᠂ ᠪᠢᠳᠠ ᠨᠡᠮᠡᠭᠳᠡᠯ ᠢ ᠲᠤᠭᠳᠠᠭᠤᠨ ᠪᠣᠯᠭᠠᠬᠤ᠂  ᠦᠭᠡᠷᠡᠴᠢᠯᠡᠯᠳᠡ ᠶᠢ ᠠᠬᠢᠭᠤᠯᠬᠤ᠂ ᠪᠦᠳᠦᠴᠡ ᠎ ᠶᠢ ᠲᠤᠬᠢᠷᠠᠭᠤᠯᠬᠤ᠂ ᠠᠷᠠᠳ ᠤᠨ ᠠᠮᠢᠳᠤᠷᠠᠯ ᠳᠤ ᠠᠰᠢᠭ  ᠭᠦᠷᠳᠡᠭᠡᠭᠦ᠂ ᠠᠶᠤᠯ ᠲᠦᠭᠰᠢᠭᠦᠷᠢ ᠶᠢ ᠰᠡᠷᠭᠡᠶᠢᠯᠡᠬᠦ ᠡᠯ᠎ᠡ ᠲᠦᠷᠦᠯ ᠤᠨ ᠠᠵᠢᠯ ᠢ ᠨᠢᠭᠡᠳᠦᠯᠳᠡᠢ ᠲᠦᠯᠦᠪᠯᠡᠨ᠂  ᠲᠤᠤᠷᠠᠬᠢ ᠠᠵᠢᠯ ᠢ ᠭᠤᠤᠯᠳᠠᠯᠭ᠎ᠠ ᠲᠠᠢ ᠰᠠᠶᠢᠳᠤᠷ ᠬᠢᠨ᠎ᠠ᠄             ︵ᠨᠢᠭᠡ︶ ᠠᠵᠤ ᠠᠬᠤᠢ ᠶᠢᠨ ᠲᠤᠭᠳᠠᠭᠤᠨ ᠪᠦᠭᠡᠳ ᠲᠦᠷᠭᠡᠨ ᠭᠦᠭᠵᠢᠯᠳᠡ ᠶᠢ ᠪᠠᠳᠤᠯᠠᠨ᠎ᠠ᠃ ᠲᠦᠷᠦᠯ  ᠵᠦᠢᠯ ᠤᠨ ᠪᠦᠳᠦᠭᠡᠨ ᠪᠠᠶᠢᠭᠤᠯᠤᠯᠳᠠ ᠪᠠᠷ ᠪᠡᠯᠡ ᠤᠷᠤᠭᠤᠯᠤᠯᠳᠠ ᠶᠢᠨ ᠨᠡᠮᠡᠭᠳᠡᠯ ᠢ ᠲᠠᠶᠢᠴᠢᠯᠠᠵᠤ᠂ ᠬᠤᠰᠢᠭᠤᠨ ᠤ  ᠭᠡᠪᠴᠢᠶᠡᠨ ᠤ ᠠᠵᠤ ᠠᠬᠤᠢ ᠶᠢᠨ ᠨᠡᠩ ᠴᠢᠨᠠᠷᠯᠢᠭ ᠨᠡᠩ ᠲᠦᠷᠭᠡᠨ ᠭᠦᠭᠵᠢᠯᠳᠡ ᠶᠢ ᠲᠦᠯᠬᠢᠨ ᠠᠬᠢᠭᠤᠯᠤᠨ᠎ᠠ᠃ ︽ᠲᠦᠷᠤᠯ ᠵᠤᠶᠢᠯ ᠢ ᠠᠤᠡᠬᠤᠬᠤ ᠨᠢ ᠬᠦᠭᠵᠢᠯᠳᠡ ᠶᠢ ᠠᠤᠡᠬᠤᠭᠰᠠᠨ ᠲᠠᠢ ᠠᠳᠠᠯᠢ᠂ ᠬᠦᠭᠵᠢᠯᠳᠡ ᠶᠢ ᠠᠤᠡᠬᠤᠬᠤ ᠳᠤ  ᠡᠷᠬᠡᠪᠰᠢ ᠲᠦᠷᠤᠯ ᠵᠤᠶᠢᠯ ᠢ ᠠᠤᠡᠬᠤᠬᠤ︾ ᠤᠶᠢᠯᠭᠠᠭᠳᠠᠬᠤᠨ ᠢ ᠪᠠᠳᠤ ᠪᠠᠬᠢ ᠪᠤᠢ ᠪᠤᠯᠭᠠᠨ᠂ ᠳ᠋ᠠᠴᠢᠩ ᠤᠨ  ᠴᠢᠯᠠᠭᠤᠨ ᠲᠤᠰᠤᠨ ᠤ ᠦᠷᠬᠦᠯᠵᠢᠯᠡᠯ ᠴᠢᠨᠠᠷ ᠲᠠᠢ ᠨᠡᠬᠡᠬᠡᠨ ᠠᠰᠢᠭᠯᠠᠬᠤ᠂ ᠲᠤᠮᠳᠠᠳᠤ ᠤᠯᠤᠰ ᠤᠨ ᠬᠤᠸᠠᠩ ᠶᠢᠨ  ᠪᠦᠯᠤᠭ᠍ᠯᠡᠯ ᠤᠨ ᠠᠭᠤᠷᠬᠠᠢ ᠶᠢᠨ ᠤᠷᠴᠢᠨ ᠲᠤᠭᠤᠷᠢᠨ ᠤ ᠪᠤᠬᠢᠷᠳᠤᠯ ᠢ ᠤᠷᠢᠳᠴᠢᠯᠠᠨ ᠰᠡᠷᠭᠡᠶᠢᠯᠡᠵᠦ ᠬᠠᠶᠠᠭᠳᠠᠮᠠᠯ ᠵᠡᠰ  ᠎ ᠤᠨ ᠬᠦᠳᠡᠷ ᠢ ᠬᠤᠷᠢᠶᠠᠨ ᠠᠪᠴᠣ ᠠᠰᠢᠭᠯᠠᠬᠤ᠂ ᠷᠦᠩ ᠳ᠋ᠠ ᠠᠭᠤᠷᠬᠠᠢ ᠶᠢᠨ ᠦᠢᠯᠡᠰ ᠤᠨ ᠬᠦᠨ ᠬᠡᠰᠡᠭ ᠳᠠᠬᠢ  ᠡᠬᠢ ᠪᠠᠶᠠᠯᠢᠭ ᠤᠨ ᠮᠡᠷᠬᠡᠵᠢᠯ ᠎ ᠢᠶᠠᠨ ᠰᠠᠶᠢᠵᠢᠷᠠᠭᠤᠯᠬᠤ ᠪᠠ ᠶᠢᠨ ᠱᠠᠨ ᠠᠭᠤᠷᠬᠠᠢ ᠶᠢᠨ ᠦᠢᠯᠡᠰ ᠤᠨ ᠨᠢᠬᠡ ᠤᠰᠤᠳᠤ  ᠬᠦᠬᠦᠷ ᠬᠦᠴᠢᠯ ᠤᠨ ᠮᠠᠩᠭᠠᠨ ᠤ ᠮᠡᠷᠬᠡᠵᠢᠯ ᠢᠶᠠᠨ ᠰᠠᠶᠢᠵᠢᠷᠠᠭᠤᠯᠬᠤ ᠵᠡᠷᠬᠡ ᠭᠤᠤᠯᠳᠠᠯᠭ᠎ᠠ ᠲᠠᠢ ᠠᠵᠤ ᠦᠢᠯᠡᠤᠡᠪᠦᠷᠢ  ᠎ ᠶᠢᠨ ᠲᠦᠷᠤᠯ ᠵᠦᠢᠯ ᠤᠨ ᠬᠡᠷᠡᠭᠵᠢᠬᠦᠯᠤᠯᠳᠡ ᠶᠢ ᠬᠦᠴᠦᠯᠡᠨ ᠠᠬᠢᠭᠤᠯᠤᠨ᠎ᠠ᠃ ᠲᠦᠷᠤᠯ ᠵᠤᠶᠢᠯ ᠤᠨ ᠡᠮᠤᠨ᠎ᠡ  ᠬᠤᠭᠤᠴᠠᠭᠠᠨ ᠤ ᠪᠡᠯᠡᠤᠡᠬᠡᠯ ᠠᠵᠢᠯ ᠢ ᠦᠷᠬᠦᠯᠵᠢᠯᠡᠨ ᠰᠠᠶᠢᠳᠤᠷ ᠠᠤᠡᠬᠤᠵᠤ᠂ ᠤᠯᠤᠰ᠂ ᠦᠪᠡᠷᠳᠡᠬᠡᠨ ᠵᠠᠰᠠᠬᠤ  ᠤᠷᠤᠨ ᠪᠠ ᠬᠤᠳᠠ ᠶᠢᠨ ᠭᠤᠤᠯᠳᠠᠯᠭ᠎ᠠ ᠲᠠᠢ ᠲᠦᠷᠤᠯ ᠵᠤᠶᠢᠯ ᠵᠢᠴᠢ ᠪᠡᠯᠡ ᠤᠷᠤᠭᠤᠯᠤᠯᠳᠠ ᠶᠢᠨ ᠴᠢᠭᠯᠡᠯ ᠤᠨ  ᠲᠤᠭᠤᠷᠢᠨ ᠳᠤ᠂  ︽ᠠᠷᠠᠤᠨ ᠤᠨ ᠠᠮᠢᠳᠤᠷᠠᠯ ᠤᠨ ᠶᠡᠭᠡ ᠰᠠᠶᠢᠵᠢᠷᠠᠯᠳᠠ᠂ ᠶᠡᠭᠡ ᠵᠠᠮ ᠨᠡᠪᠳᠡᠷᠡᠬᠦᠯᠬᠡ᠂ ᠶᠡᠭᠡ  ᠵᠤᠭᠠᠴᠠᠯ᠂ ᠶᠡᠭᠡ ᠬᠤᠳᠠ ᠪᠠᠯᠭᠠᠰᠤ᠂ ᠶᠡᠭᠡ ᠠᠵᠤ ᠦᠢᠯᠡᠰᠵᠢᠯᠳᠡ︾᠎ ᠶᠢᠨ ᠬᠦᠭᠵᠢᠯᠳᠡ ᠶᠢᠨ  ‍ᠠᠶᠢᠷᠢᠰᠢᠭᠤᠯᠤᠯᠳᠠ ᠶᠢ ᠲᠤᠪᠤᠶᠢᠯᠭᠠᠵᠤ᠂ ᠰᠠᠭᠤᠷᠢ ᠲᠦᠬᠦᠬᠡᠷᠤᠮᠵᠢ ᠶᠢᠨ 5 ᠲᠦᠷᠤᠯ ᠵᠤᠶᠢᠯ ᠢ ᠭᠤᠤᠯᠳᠠᠯᠭ᠎ᠠ ᠲᠠᠢ  ᠬᠡᠷᠡᠭᠵᠢᠬᠦᠯᠤᠨ᠎ᠡ᠃ ᠵᠤᠭᠠᠴᠠᠯ᠂ ᠪᠠᠷᠠᠭᠠᠨ ᠤ ᠬᠦᠢᠯᠬᠡᠬᠡ᠂ ᠮᠠᠯ ᠤᠨ ᠠᠰᠢᠭ ᠰᠢᠮ᠎ᠡ ᠶᠢ ᠨᠠᠷᠢᠯᠢᠭ ᠪᠤᠯᠪᠠᠰᠤᠷᠠᠭᠤᠯᠬᠤ  ᠵᠡᠷᠬᠡ ᠭᠤᠤᠯᠳᠠᠯᠭ᠎ᠠ ᠲᠠᠢ ᠠᠵᠢᠯ ᠲᠦᠷᠤᠯ ᠤᠨ ᠲᠤᠭᠤᠷᠢᠨ ᠳᠤ᠂ ᠤᠳᠤᠬᠢᠴᠢᠯᠠᠭᠰᠠᠨ ᠠᠵᠤ ᠦᠢᠯᠡᠰ ᠤᠨ ᠲᠦᠷᠤᠯ  ᠵᠤᠶᠢᠯ ᠢ 15 ᠭᠡᠷᠡᠭᠵᠢᠭᠦᠯᠦᠨ᠎ᠡ᠃ ᠰᠤᠷᠭᠠᠨ ᠬᠦᠮᠤᠵᠢᠯ᠂ ᠡᠮ ᠡᠮᠨᠡᠯᠬᠡ᠂ ᠡᠷᠡᠬᠦᠯ ᠮᠡᠨᠳᠦ ᠨᠠᠰᠤᠵᠢᠯ ᠤᠨ ᠠᠰᠠᠷᠠᠮᠵᠢ  ᠵᠡᠷᠬᠡ ᠭᠤᠤᠯᠳᠠᠯᠭ᠎ᠠ ᠲᠠᠢ ᠬᠦᠷᠢᠶ᠎ᠡ ᠬᠡᠪᠴᠢᠶᠡᠨ ᠳᠤ ᠠᠷᠠᠤᠨ ᠤᠨ ᠠᠮᠢᠳᠤᠷᠠᠯ ᠢ ᠰᠠᠶᠢᠵᠢᠷᠠᠭᠤᠯᠬᠤ ᠲᠦᠷᠤᠯ ᠵᠤᠶᠢᠯ ᠢ  15 ᠭᠡᠷᠡᠭᠵᠢᠬᠦᠯᠦᠨ᠎ᠡ᠃ ᠠᠷᠠᠯᠵᠢᠶᠠᠴᠢᠨ ᠤᠷᠢᠵᠤ ᠪᠡᠯᠡ ᠤᠷᠤᠭᠤᠯᠬᠤ ᠳᠤᠭᠳᠠᠴᠠ ᠶᠢ ᠲᠡᠭᠦᠯᠳᠡᠷᠵᠢᠬᠦᠯᠦᠨ᠂ ᠡᠯ᠎ᠡ  ᠲᠦᠷᠤᠯ ᠤᠨ ᠠᠷᠠᠯᠵᠢᠶᠠᠴᠢᠨ ᠤᠷᠢᠵᠤ ᠪᠡᠯᠡ ᠤᠷᠤᠭᠤᠯᠬᠤ ᠠᠵᠢᠯᠯᠠᠭ᠎ᠠ ᠶᠢ ᠨᠠᠷᠢᠯᠢᠭ ᠵᠤᠬᠢᠶᠠᠨ ᠪᠠᠶᠢᠭᠤᠯᠵᠤ᠂ 20  ᠳ᠋ᠦᠩᠰᠢᠭᠤᠷ ᠲᠦᠬᠦᠷᠢᠭ ᠤᠨ ᠪᠡᠯᠡ ᠮᠦᠩᠬᠦ ᠲᠠᠳᠠᠨ ᠤᠷᠤᠭᠤᠯᠬᠤ ᠪᠠᠷ ᠴᠢᠷᠮᠠᠶᠢᠨ᠎ᠠ᠃ ᠪᠡᠯᠡ ᠮᠦᠩᠬᠦ ᠶᠢᠨ  ᠪᠠᠳᠤᠯᠠᠭ᠎ᠠ ᠶᠢ ᠨᠠᠶᠢᠳᠠᠪᠣᠷᠢᠵᠢᠭᠤᠯᠣᠨ᠂ ᠵᠠᠰᠠᠭ ᠤᠨ ᠤᠷᠳᠤᠨ ᠤ ᠭᠤᠤᠯ ᠴᠤᠭᠴᠠ ᠶᠢᠨ ᠪᠡᠯᠡ ᠤᠷᠤᠭᠤᠯᠤᠯᠳᠠ ᠶᠢ  ᠪᠠᠳᠤᠯᠠᠭᠰᠠᠨ ᠰᠠᠭᠤᠷᠢᠨ ᠲᠡᠭᠡᠷ᠎ᠡ᠂ ppp ᠪᠡᠯᠡ ᠤᠷᠤᠭᠤᠯᠬᠤ ᠪᠠ ᠪᠡᠯᠡ ᠨᠡᠶᠢᠯᠡᠬᠦᠯᠬᠦ ᠵᠠᠭᠪᠤᠷ ᠢ ᠲᠦᠯᠬᠢᠨ  ᠠᠬᠢᠭᠤᠯᠵᠤ᠂ ᠠᠷᠠᠤᠨ ᠤᠨ ᠲᠤᠮᠳᠠᠬᠢ ᠨᠡᠩ ᠤᠯᠠᠨ ᠬᠦᠷᠤᠩᠬᠡ ᠮᠦᠩᠬᠦ ᠶᠢ ᠳᠠᠶᠢᠴᠢᠯᠠᠨ᠂ ᠪᠡᠯᠡ ᠮᠦᠩᠬᠦ ᠶᠢᠨ  ᠬᠦᠴᠢᠷᠳᠡᠯ ᠢ ᠪᠦᠳᠤᠮᠵᠢᠳᠡᠢ ᠰᠢᠢᠤᠡᠪᠦᠷᠢᠯᠡᠨ᠎ᠡ᠃ ᠭᠠᠵᠠᠷ ᠬᠡᠷᠡᠭᠯᠡᠬᠦ ᠬᠦᠢᠴᠡᠤᠡᠬᠡᠬᠦ ᠲᠤᠭ᠎ᠠ ᠶᠢ ᠢᠳᠡᠪᠬᠢᠳᠡᠢ ᠤᠯᠵᠤ᠂  ᠭᠠᠵᠠᠷ ᠰᠢᠷᠤᠢ ᠶᠢᠨ ᠬᠠᠳᠠᠭᠠᠯᠠᠮᠵᠢ ᠶᠢᠨ ᠬᠡᠮᠵᠢᠶ᠎ᠡ ᠶᠢ ᠠᠮᠢᠯᠠᠭᠤᠯᠣᠨ᠂ ᠭᠠᠵᠠᠷ ᠬᠡᠷᠡᠭᠯᠡᠬᠦ ᠱᠠᠭᠠᠷᠳᠠᠯᠭ᠎ᠠ ᠶᠢ ᠪᠦᠬᠦ  ᠲᠠᠯ᠎ᠠ ᠪᠠᠷ ᠬᠠᠩᠭᠠᠨ᠎ᠠ᠃ ᠦᠢᠯᠡᠴᠢᠯᠡᠬᠡᠨ ᠤ ᠤᠷᠴᠢᠨ ᠲᠤᠭᠤᠷᠢᠨ ᠢ ᠰᠢᠯᠢᠳᠡᠭᠵᠢᠬᠦᠯᠤᠨ᠂ ᠲᠦᠷᠤᠯ ᠵᠤᠶᠢᠯ ᠢ ᠬᠢᠨᠠᠨ  ᠵᠦᠪᠰᠢᠶᠡᠷᠡᠬᠦ ᠦᠢᠯᠡᠴᠢᠯᠡᠭᠡ ᠶᠢ ᠲᠡᠬᠦᠯᠳᠡᠷᠵᠢᠬᠦᠯᠵᠤ᠂ ᠬᠢᠨᠠᠨ ᠵᠦᠪᠰᠢᠶᠡᠷᠡᠬᠦ ᠦᠷ᠎ᠡ ᠪᠦᠳᠤᠮᠵᠢ ᠶᠢ ᠲᠡᠭᠡᠭᠰᠢᠯᠡᠬᠦᠯᠤᠨ  ᠂ ᠲᠦᠷᠤᠯ ᠵᠤᠶᠢᠯ ᠤᠨ ᠠᠬᠢᠴᠠ ᠶᠢᠨ ᠳᠤᠭᠳᠠᠴᠠ ᠶᠢ ᠴᠢᠩᠭ᠎ᠠ ᠬᠡᠷᠡᠭᠵᠢᠬᠦᠯᠵᠤ᠂ ᠬᠠᠷᠢᠭᠤᠴᠠᠯᠭ᠎ᠠ ᠶᠢ ᠨᠢᠬᠡᠳᠤᠬᠡᠷ  ᠹᠷᠤᠨᠲ ᠲᠤ ᠨᠠᠶᠢᠳᠠᠪᠤᠷᠢᠵᠢᠭᠤᠯᠵᠤ᠂ ᠠᠰᠠᠭᠤᠳᠠᠯ ᠢ ᠨᠢᠬᠡᠳᠤᠬᠡᠷ ᠹᠷᠤᠨᠲ ᠲᠤ ᠰᠢᠢᠤᠡᠪᠦᠷᠢᠯᠡᠵᠤ᠂ ᠠᠵᠢᠯ ᠢ  ᠨᠢᠬᠡᠳᠤᠭᠡᠷ ᠹᠷᠤᠨᠲ ᠲᠤ ᠲᠦᠯᠬᠢᠨ ᠠᠬᠢᠭᠤᠯᠵᠤ᠂ ᠲᠦᠷᠤᠯ ᠵᠤᠶᠢᠯ ᠤᠨ ᠪᠠᠶᠢᠭᠤᠯᠤᠯᠳᠠ ᠶᠢ ᠦᠨᠳᠤᠷ ᠬᠦᠴᠤᠯᠡᠴᠡ᠂  ᠦᠨᠳᠤᠷ ᠡᠷᠴᠢᠮ᠂ ᠦᠨᠳᠤᠷ ᠬᠤᠷᠳᠤᠴᠠ ᠪᠠᠷ ᠠᠬᠢᠭᠤᠯᠬᠤ ᠶᠢ ᠪᠠᠳᠤᠯᠠᠨ᠎ᠠ᠃              ︵ᠬᠤᠶᠠᠷ︶ ᠬᠠᠩᠭᠠᠯᠭ᠎ᠠ ᠶᠢᠨ ᠪᠦᠳᠦᠴᠡ ᠶᠢᠨ ᠴᠢᠨᠠᠷᠳᠠᠢ ᠦᠭᠡᠷᠡᠴᠢᠯᠡᠯᠳᠡ ᠶᠢ ᠬᠦᠴᠦᠯᠡᠨ  ᠬᠦᠨᠵᠡᠭᠡᠶᠢᠷᠡᠭᠦᠯᠦᠨ᠎ᠠ᠃ ᠵᠤᠬᠢᠶᠠᠨ ᠪᠠᠶᠢᠭᠤᠯᠤᠨ ᠬᠦᠳᠦᠯᠦᠨ ᠵᠢᠯᠤᠭᠤᠳᠬᠤ ᠪᠠ ᠵᠤᠬᠢᠴᠠᠭᠤᠯᠬᠤ ᠦᠢᠯᠡᠴᠢᠯᠡᠭᠡ ᠶᠢ  ᠴᠢᠩᠭᠠᠳᠬᠠᠨ᠂ ᠦᠢᠯᠡᠳᠪᠤᠷᠢᠯᠡᠯ ᠤᠨ ᠡᠯᠧᠮᠧᠨ᠋ᠲ ᠤᠨ ᠲᠤᠬᠢᠷᠠᠭᠤᠯᠭ᠎ᠠ ᠶᠢ ᠬᠦᠴᠦᠯᠡᠨ ᠰᠢᠯᠢᠳᠡᠭᠵᠢᠭᠦᠯᠵᠤ᠂ ᠠᠵᠤ  ᠠᠬᠤᠢ ᠶᠢᠨ ᠲᠤᠳᠤᠭᠠᠳᠤ ᠶᠢᠨ ᠬᠦᠳᠡᠯᠭᠡᠭᠴᠢ ᠬᠦᠴᠦᠨ ᠢ ᠠᠮᠢᠳᠤᠯᠢᠭᠵᠢᠭᠤᠯᠤᠨ᠂ ᠭᠦᠭᠵᠢᠯᠳᠡ ᠶᠢᠨ ᠴᠢᠨᠠᠷ  ᠴᠢᠨᠰᠠᠭ᠎ᠠ ᠪᠠ ᠦᠷ᠎ᠡ ᠠᠰᠢᠭ ᠢ ᠨᠡᠩ ᠴᠢᠬᠤᠯᠠᠴᠢᠯᠠᠵᠦ᠂ ᠦᠭᠡᠷᠡᠴᠢᠯᠡᠯᠳᠡ ᠪᠠ ᠭᠦᠭᠵᠢᠯᠳᠡ ᠳᠤ ᠰᠢᠯᠢᠳᠡᠭ ᠰᠠᠶᠢᠨ  ᠤᠷᠴᠢᠨ ᠲᠤᠭᠤᠷᠢᠨ ᠢ ᠪᠤᠢ ᠪᠤᠯᠭᠠᠵᠤ ᠦᠭᠭᠦᠨ᠎ᠡ᠃ ︽ᠬᠤᠴᠣᠷᠣᠩᠭᠤᠢ ᠦᠢᠯᠡᠳᠪᠦᠷᠢᠯᠡᠯ ᠤᠨ ᠴᠢᠳᠠᠪᠤᠷᠢ ᠶᠢ  ᠦᠬᠡᠶᠢᠰᠬᠡᠬᠦ︾ ᠠᠵᠢᠯ ᠢ ᠰᠠᠶᠢᠳᠤᠷ ᠠᠳᠬᠤᠵᠤ᠂ ᠴᠢᠯᠠᠭᠤᠨ ᠲᠤᠰᠤ ᠪᠠ ᠦᠩᠭᠡᠳᠤ ᠲᠡᠮᠦᠷᠯᠢᠭ ᠢ ᠰᠢᠯᠢᠨ  ᠰᠤᠩᠭᠤᠬᠤ᠂ ᠴᠢᠯᠠᠭᠤ ᠭᠠᠷᠭᠠᠵᠤ ᠡᠯᠡᠰᠤ ᠮᠠᠯᠳᠠᠬᠤ᠂ ᠮᠤᠳᠤᠨ ᠨᠡᠭᠦᠷᠡᠰᠤ ᠦᠢᠯᠡᠳᠭᠦ ᠵᠡᠷᠭᠡ ᠬᠤᠴᠤᠷᠤᠩᠭᠤᠢ  ᠦᠢᠯᠡᠳᠪᠤᠷᠢᠯᠡᠯ ᠤᠨ ᠴᠢᠳᠠᠪᠤᠷᠢ ᠶᠢ ᠦᠬᠡᠶᠢᠰᠬᠡᠨ᠂ ᠠᠵᠤ ᠠᠬᠤᠶᠢᠯᠠᠯ ᠢ ᠨᠡᠶᠢᠯᠡᠭᠦᠯᠦᠨ ᠲᠠᠬᠢᠨ ᠵᠤᠬᠢᠶᠠᠨ  ᠪᠠᠶᠢᠭᠤᠯᠬᠤ ᠶᠢ ᠲᠦᠷᠭᠡᠳᠭᠡᠵᠤ᠂ ᠠᠵᠢᠯ ᠦᠢᠯᠡᠰ ᠤᠨ ᠲᠦᠪᠯᠡᠷᠡᠯ ᠤᠨ ᠭᠡᠮᠵᠢᠶ᠎ᠡ ᠶᠢ ᠲᠡᠭᠡᠭᠰᠢᠯᠡᠭᠦᠯᠦᠨ᠎ᠡ᠃  ︽ᠬᠦᠮᠦᠷᠭᠡ ᠶᠢᠨ ᠬᠠᠳᠠᠭᠠᠯᠠᠮᠵᠢ ᠶᠢ ᠪᠠᠭᠤᠷᠠᠭᠤᠯᠬᠤ︾ ᠠᠵᠢᠯ ᠢ ᠨᠠᠶᠢᠳᠠᠪᠤᠷᠢᠵᠢᠭᠤᠯᠵᠤ᠂ ᠭᠡᠷ ᠪᠠᠶᠢᠰᠢᠩ  ᠭᠠᠵᠠᠷ ᠭᠦᠷᠦᠩᠭᠡ ᠶᠢᠨ ᠵᠠᠬ᠎ᠠ ᠲᠡᠯᠭᠡᠭᠦᠷ ᠤᠨ ᠱᠠᠭᠠᠷᠳᠠᠯᠭ᠎ᠠ ᠲᠠᠢ ᠤᠶᠠᠯᠳᠤᠭᠤᠯᠤᠨ᠂ ᠮᠠᠯᠴᠢᠳ ᠤᠨ ᠬᠤᠳᠠ  ᠤᠷᠤᠵᠤ ᠰᠠᠭᠤᠷᠢᠰᠢᠬᠤ ᠶᠢ ᠵᠤᠷᠢᠭᠵᠢᠭᠤᠯᠬᠤ᠂ ᠲᠦᠭᠦᠮ ᠪᠦᠳᠦᠴᠡᠳᠤ ᠤᠷᠤᠨ ᠰᠠᠭᠤᠴᠠ ᠶᠢ ᠵᠠᠰᠠᠨ ᠰᠢᠨᠡᠳᠭᠡᠬᠦ  ᠠᠵᠢᠯ ᠤᠨ ᠪᠡᠯᠡᠨ ᠮᠦᠩᠬᠦ ᠦᠭᠴᠦ ᠲᠤᠬᠢᠷᠠᠭᠤᠯᠬᠤ ᠶᠢ ᠲᠦᠯᠬᠢᠨ ᠠᠬᠢᠭᠤᠯᠬᠤ ᠪᠠ ᠭᠠᠵᠠᠷ ᠰᠢᠷᠤᠢ ᠶᠢᠨ ᠬᠠᠩᠭᠠᠯᠭ᠎ᠠ ᠶᠢ ᠵᠤᠬᠢᠰᠳᠠᠢ ᠲᠦᠯᠦᠪᠯᠡᠭᠦ ᠪᠠᠷ ᠲᠠᠮᠵᠢᠨ᠂ ᠬᠠᠩᠭᠠᠯᠭ᠎ᠠ ᠭᠡᠷᠡᠭᠴᠡᠭᠡᠨ ᠤ ᠲᠡᠩᠴᠡᠭᠦᠷᠢ ᠶᠢ ᠦᠨᠳᠦᠰᠤᠨ  ᠎ ᠳᠡᠭᠡᠨ ᠪᠡᠶᠡᠯᠡᠭᠦᠯᠦᠨ᠎ᠡ᠃ ︽ᠬᠦᠰᠢᠭᠦᠷᠭᠡ ᠶᠢ ᠴᠦᠭᠡᠳᠭᠡᠭᠦ︾ ᠠᠵᠢᠯ ᠢ ᠲᠦᠷᠭᠡᠳᠭᠡᠨ᠂ ᠤᠷᠤᠨ ᠨᠤᠳᠤᠭ ᠤᠨ  ᠵᠠᠰᠠᠭ ᠤᠨ ᠣᠷᠳᠣᠨ ᠤ ᠴᠢᠨᠠᠷᠳᠠᠢ ᠦᠷᠢ ᠰᠢᠷᠢ ᠶᠢ ᠬᠦᠴᠦᠯᠡᠨ ᠰᠢᠢᠳᠪᠤᠷᠢᠯᠡᠵᠤ᠂ ᠤᠯᠠᠭᠠᠨ ᠱᠤᠭᠤᠮ ᠢ  ᠶᠠᠭᠠᠬᠢᠭᠰᠠᠨ ᠴᠤ ᠬᠦᠨᠳᠡᠬᠦ ᠦᠬᠡᠢ᠃ ᠠᠵᠤ ᠠᠬᠤᠶᠢᠯᠠᠯ ᠤᠨ ᠮᠦᠩᠭᠦᠨ ᠬᠦᠢᠯᠭᠡᠭᠡᠨ ᠤ ᠠᠶᠤᠯ ᠲᠦᠭᠰᠢᠭᠦᠷᠢ ᠶᠢ  ᠰᠡᠷᠭᠡᠶᠢᠯᠡᠨ᠂ ᠠᠵᠤ ᠠᠬᠤᠶᠢᠯᠠᠯ ᠤᠨ ᠪᠡᠯᠡ ᠨᠡᠶᠢᠯᠡᠬᠦᠯᠬᠦ ᠠᠷᠭ᠎ᠠ ᠵᠠᠮ ᠢ ᠦᠷᠭᠡᠳᠭᠡᠵᠤ᠂ ᠠᠷᠠᠳ ᠤᠨ ᠲᠤᠮᠳᠠᠬᠢ  ᠨᠡᠩ ᠤᠯᠠᠨ ᠬᠦᠷᠦᠩᠭᠡ ᠮᠦᠩᠭᠦ ᠶᠢᠨ ᠲᠤᠯᠭᠠᠭᠤᠷᠢ ᠠᠵᠤ ᠦᠢᠯᠡᠰ ᠪᠣᠯᠣᠨ ᠪᠠᠶᠢᠯᠳᠤᠬᠤ ᠪᠤᠳᠤᠯᠭ᠎ᠠ ᠶᠢᠨ ᠴᠢᠨᠠᠷᠳᠠᠢ  ᠠᠵᠤ ᠦᠢᠯᠡᠰ᠂ ᠰᠠᠭᠤᠷᠢ ᠲᠦᠭᠦᠭᠡᠷᠦᠮᠵᠢ ᠪᠠ ᠠᠷᠠᠯᠵᠢᠶ᠎ᠠ ᠬᠤᠳᠠᠯᠳᠤᠭ᠎ᠠ ᠮᠦᠩᠭᠦᠨ ᠬᠦᠢᠯᠭᠡᠭᠡ ᠵᠡᠷᠭᠡ ᠬᠦᠷᠢᠶ᠎ᠠ  ᠭᠡᠪᠴᠢᠶᠡᠨ ᠳᠤ ᠤᠷᠤᠬᠤ ᠶᠢ ᠵᠤᠷᠢᠭᠵᠢᠭᠤᠯᠤᠨ᠎ᠠ᠃ ︽ᠦᠪᠡᠷ ᠤᠨ ᠦᠷᠳᠡᠭ ᠢ ᠪᠠᠭᠤᠷᠠᠭᠤᠯᠬᠤ︾᠎ ᠪᠠᠷ ᠬᠦᠴᠦᠯᠡᠨ᠂ ︽ᠪᠠᠭᠤᠯᠭᠠᠬᠤ ᠬᠠᠮᠢᠶᠠᠷᠬᠤ ᠦᠢᠯᠡᠴᠢᠯᠡᠭᠦ︾ ᠦᠭᠡᠷᠡᠴᠢᠯᠡᠯᠳᠡ ᠶᠢ ᠬᠦᠨᠵᠬᠡᠢ ᠠᠬᠢᠭᠤᠯᠵᠤ᠂ ᠤᠯᠤᠰ ᠤᠨ ᠠᠵᠤ  ᠠᠬᠤᠶᠢᠯᠠᠯ ᠤᠨ ᠭᠠᠶᠢᠯᠢ ᠰᠦᠢᠳᠭᠡᠯ ᠢ ᠪᠠᠭᠤᠷᠠᠭᠤᠯᠬᠤ ᠠᠷᠭ᠎ᠠ ᠭᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠤᠨ᠂  ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠲᠡᠭᠦᠯᠳᠡᠷᠵᠢᠭᠦᠯᠵᠤ᠂ ᠠᠵᠤ ᠠᠬᠤᠶᠢᠯᠠᠯ ᠤᠨ ᠲᠠᠷᠤᠭᠠᠰᠤ ᠶᠢ ᠬᠦᠩᠭᠡᠯᠡᠨ  ᠂ ᠠᠵᠤ ᠠᠬᠤᠶᠢᠯᠠᠯ ᠤᠨ ᠭᠦᠭᠵᠢᠯᠳᠡ ᠶᠢᠨ ᠠᠮᠢᠵᠢᠷᠠᠯ ᠤᠨ ᠬᠦᠴᠦᠨ ᠢ ᠪᠦᠬᠦ ᠲᠠᠯ᠎ᠠ ᠪᠠᠷ ᠨᠡᠮᠡᠭᠳᠡᠭᠦᠯᠦᠨ᠎ᠡ᠃ ︽ᠲᠤᠳᠠᠭᠳᠠᠯ︾᠎ ᠢ ᠪᠦᠬᠦ ᠲᠠᠯ᠎ᠠ ᠪᠠᠷ ᠨᠦᠬᠦᠪᠦᠷᠢᠯᠡᠨ᠂ ᠦᠨᠳᠦᠷ ᠴᠢᠨᠠᠷ ᠴᠢᠨᠰᠠᠭ᠎ᠠ ᠲᠠᠢ᠂ ᠲᠡᠩᠴᠡᠭᠦᠷᠢᠳᠡᠢ  ᠭᠦᠭᠵᠢᠭᠦᠯᠭᠦ ᠱᠠᠭᠠᠷᠳᠠᠯᠭ᠎ᠠ ᠪᠠᠷ᠂ ᠠᠮᠢ ᠠᠬᠤᠢ ᠶᠢᠨ ᠤᠷᠴᠢᠨ ᠲᠤᠭᠤᠷᠢᠨ᠂ ᠠᠵᠤ ᠦᠢᠯᠡᠰ ᠤᠨ ᠭᠦᠭᠵᠢᠯᠳᠡ᠂  ᠰᠠᠭᠤᠷᠢ ᠲᠦᠭᠦᠭᠡᠷᠦᠮᠵᠢ᠂ ᠨᠡᠭᠡᠭᠡᠯᠳᠡ ᠶᠢ ᠦᠷᠭᠡᠳᠭᠡᠭᠦ᠂ ᠤᠷᠤᠯᠭ᠎ᠠ ᠶᠢ ᠦᠷᠭᠦᠯᠵᠢᠯᠡᠨ ᠨᠡᠮᠡᠭᠳᠡᠭᠦᠯᠭᠦ᠂ ᠤᠯᠠᠨ  ᠨᠡᠶᠢᠳᠡ ᠶᠢᠨ ᠦᠢᠯᠡᠴᠢᠯᠡᠭᠡ᠂ ᠦᠭᠡᠷᠡᠴᠢᠯᠡᠯᠳᠡ ᠶᠢ ᠨᠠᠶᠢᠳᠠᠪᠦᠷᠢᠵᠢᠭᠤᠯᠬᠤ ︽ᠲᠤᠯᠤᠭᠠᠨ ᠲᠤᠳᠠᠭᠳᠠᠯ︾᠎ ᠢ  ᠨᠦᠬᠦᠪᠤᠷᠢᠯᠡᠵᠤ᠂ ᠬᠤᠰᠢᠭᠤᠨ ᠤ ᠬᠡᠪᠴᠢᠶᠡᠨ ᠤ ᠠᠵᠤ ᠠᠬᠤᠢ ᠶᠢᠨ ᠦᠨᠳᠦᠷ ᠬᠢᠷᠢ ᠲᠦᠪᠰᠢᠨ ᠲᠠᠢ ᠭᠦᠭᠵᠢᠭᠦ ᠶᠢ  ᠠᠬᠢᠭᠤᠯᠣᠨ᠎ᠠ᠃        ︵ᠭᠤᠷᠪᠠ︶ ᠠᠵᠤ ᠦᠢᠯᠡᠰ ᠤᠨ ᠪᠦᠳᠦᠴᠡ ᠶᠢ ᠬᠦᠴᠦᠯᠡᠨ ᠲᠤᠬᠢᠷᠠᠭᠤᠯᠤᠨ᠎ᠠ᠃ ᠠᠵᠤ ᠦᠢᠯᠡᠰ ᠤᠨ  ᠭᠡᠯᠪᠡᠷᠢ ᠶᠢ ᠬᠤᠪᠢᠷᠠᠭᠤᠯᠬᠤ ᠪᠠᠬᠢᠯᠡᠯᠳᠡ ᠰᠢᠪᠳᠤᠯᠬᠤ ᠲᠠᠶᠢᠨ ᠢ ᠪᠦᠬᠦ ᠲᠠᠯ᠎ᠠ ᠪᠠᠷ ᠰᠠᠶᠢᠳᠤᠷ ᠬᠢᠵᠤ᠂ ᠠᠵᠤ ᠦᠢᠯᠡᠰ  ᠎ ᠤᠨ ᠴᠢᠨᠠᠷ ᠴᠢᠨᠰᠠᠭ᠎ᠠ ᠪᠠ ᠦᠷ᠎ᠡ ᠠᠰᠢᠭ ᠢ ᠲᠡᠭᠡᠭᠰᠢᠯᠡᠭᠦᠯᠦᠨ᠂ ᠠᠵᠤ ᠠᠬᠤᠢ ᠶᠢᠨ ᠪᠡᠶ᠎ᠡ ᠪᠠᠨ ᠳᠠᠭᠠᠭᠠᠬᠤ ᠰᠢᠨ᠎ᠡ  ᠭᠦᠳᠡᠯᠭᠡᠭᠴᠢ ᠬᠦᠴᠦᠨ ᠢ ᠨᠡᠮᠡᠭᠳᠡᠬᠦᠯᠵᠦ᠂ ᠬᠤᠰᠢᠭᠤᠨ ᠤ ᠭᠡᠪᠴᠢᠶᠡᠨ ᠤ ᠠᠵᠤ ᠠᠬᠤᠢ ᠶᠢᠨ ᠨᠡᠩ ᠴᠢᠨᠠᠷᠯᠢᠭ ᠨᠡᠩ  ᠲᠦᠷᠭᠡᠨ ᠭᠦᠭᠵᠢᠯᠳᠡ ᠶᠢ ᠲᠦᠷᠭᠡᠳᠭᠡᠨ ᠠᠬᠢᠭᠤᠯᠤᠨ᠎ᠠ᠃ ᠮᠠᠯ ᠠᠵᠤ ᠠᠬᠤᠢ ᠶᠢᠨ ᠤᠳᠤᠬᠢᠴᠢᠯᠠᠯᠳᠠ ᠶᠢ ᠠᠬᠢᠭᠤᠯᠤᠨ᠎ᠠ᠃ ᠮᠠᠯ ᠠᠵᠤ ᠠᠬᠤᠢ ᠶᠢᠨ ᠭᠡᠪᠴᠢᠶᠡᠵᠢᠭᠰᠡᠨ ᠦᠢᠯᠡᠳᠪᠤᠷᠢᠯᠡᠯ ᠤᠨ ᠬᠢᠷᠢ ᠲᠦᠪᠰᠢᠨ ᠢ ᠲᠡᠭᠡᠭᠰᠢᠯᠡᠭᠦᠯᠵᠤ᠂ ᠳ᠋ᠦᠩᠰᠢᠭᠤᠷ ᠲᠦᠭᠦᠷᠢᠭ ᠠᠴᠠ ᠳᠡᠭᠡᠭᠰᠢᠬᠢ ᠠᠮᠢ ᠠᠬᠤᠢ ᠶᠢᠨ ᠮᠢᠬᠠᠨ ᠦᠭᠡᠷ᠂ ᠮᠢᠬᠠᠨ ᠬᠤᠨᠢᠨ  ᠎ ᠤ ᠠᠵᠦ ᠦᠢᠯᠡᠰ ᠢ ᠡᠭᠦᠳᠤᠨ ᠨᠡᠭᠡᠭᠡᠵᠤ᠂ ᠪᠠᠷᠢᠮᠵᠢᠶᠠᠵᠢᠭᠰᠠᠨ ᠮᠢᠬᠠᠨ ᠦᠭᠡᠷ᠂ ᠮᠢᠬᠠᠨ ᠬᠤᠨᠢ ᠶᠢ  ᠭᠡᠪᠴᠢᠶᠡᠵᠢᠭᠦᠯᠦᠨ ᠲᠡᠵᠢᠭᠡᠨ ᠦᠷᠡᠵᠢᠭᠦᠯᠭᠦ ᠲᠠᠯᠠᠪᠠᠢ ᠶᠢ ᠭᠦᠭᠵᠢᠭᠦᠯᠵᠤ᠂ ᠲᠡᠵᠢᠭᠡᠯ ᠪᠤᠷᠳᠤᠭ᠎ᠠ᠂ ᠮᠠᠯ ᠤᠨᠤᠭ᠎ᠠ ᠶᠢ  ᠲᠤᠭᠳᠠᠭᠰᠠᠨ ᠭᠠᠵᠠᠷ ᠲᠤ ᠠᠷᠠᠯᠵᠢᠶᠠᠯᠠᠬᠤ ᠲᠠᠪᠴᠠᠩ ᠢ ᠬᠦᠭᠵᠢᠬᠦᠯᠦᠨ᠂ ᠮᠢᠬᠠᠨ ᠢᠳᠡᠭᠡ᠂ ᠴᠠᠭᠠᠨ ᠢᠳᠡᠭᠡ᠂ ᠤᠷᠭᠠᠨᠢᠭ ᠪᠤᠷᠳᠤᠭᠤᠷ ᠪᠠ ᠠᠷᠠᠰᠤ ᠰᠢᠷᠢ ᠨᠤᠤᠰᠤ ᠨᠤᠤᠯᠤᠷ ᠢ ᠳᠤᠬᠠᠢ ᠶᠢᠨ ᠭᠠᠵᠠᠷ ᠲᠠᠭᠠᠨ ᠪᠤᠯᠪᠠᠰᠤᠷᠠᠭᠤᠯᠬᠤ  ᠠᠵᠤ ᠠᠬᠤᠶᠢᠯᠠᠯ ᠤᠨ ᠪᠦᠳᠦᠭᠡᠨ ᠪᠠᠶᠢᠭᠤᠯᠤᠯᠳᠠ ᠶᠢ ᠲᠦᠷᠭᠡᠳᠭᠡᠨ᠎ᠡ᠃ ᠰᠢᠨ᠎ᠡ ᠭᠡᠯᠪᠡᠷᠢ ᠶᠢᠨ ᠮᠠᠯ ᠠᠵᠤ ᠠᠬᠤᠢ  ᠎ ᠶᠢ ᠲᠠᠶᠢᠴᠢᠯᠠᠨ ᠭᠦᠭᠵᠢᠭᠦᠯᠵᠤ᠂ ᠤᠳᠤᠬᠢᠴᠢᠯᠠᠭᠰᠠᠨ ᠤᠶᠤᠨᠴᠢ ᠠᠮᠢ ᠠᠬᠤᠢ ᠶᠢᠨ ᠭᠡᠷ ᠪᠦᠯᠢ ᠶᠢᠨ ᠮᠠᠯᠵᠢᠯ ᠤᠨ  ᠲᠠᠯᠠᠪᠠᠢ ᠶᠢ ᠪᠠᠶᠢᠭᠤᠯᠤᠨ᠎ᠠ᠃ ᠠᠵᠤ ᠦᠢᠯᠡᠰᠴᠢᠯᠡᠭᠰᠡᠨ ᠲᠤᠯᠤᠭᠠᠶᠢᠯᠠᠭᠴᠢ ᠠᠵᠤ ᠠᠬᠤᠶᠢᠯᠠᠯ ᠢ ᠪᠤᠶᠢᠵᠢᠭᠤᠯᠤᠨ ᠬᠦᠭᠵᠢᠬᠦᠯᠵᠦ᠂ ᠮᠠᠯ ᠤᠨ ᠠᠰᠢᠭ ᠰᠢᠮ᠎ᠡ ᠶᠢ ᠵᠤᠬᠢᠬᠤ ᠭᠡᠮᠵᠢᠶᠡᠨ ᠳᠤ ᠬᠦᠯᠳᠡᠭᠡᠵᠤ ᠬᠦᠢᠯᠭᠡᠭᠡ ᠬᠢᠬᠦ ᠶᠢ ᠲᠡᠳᠭᠦᠨ ᠭᠦᠭᠵᠢᠭᠦᠯᠦᠨ᠎ᠡ᠃ ᠮᠠᠯ ᠠᠵᠤ ᠠᠬᠤᠢ ᠶᠢᠨ ᠨᠡᠷᠡᠳᠤ ᠲᠡᠮᠳᠡᠭ ᠤᠨ ᠪᠠᠶᠢᠯᠳᠤᠬᠤ ᠪᠤᠳᠤᠯᠭ᠎ᠠ ᠶᠢ ᠬᠦᠨᠵᠡᠭᠡᠢ ᠭᠡᠷᠡᠭᠵᠢᠭᠦᠯᠵᠤ᠂ ᠲᠠᠷᠢᠶᠠᠯᠠᠩ ᠤᠨ ᠪᠦᠳᠦᠭᠡᠭᠳᠡᠬᠦᠨ ᠪᠠ ᠮᠠᠯ ᠤᠨ ᠠᠰᠢᠭ ᠰᠢᠮ᠎ᠠ ᠶᠢᠨ ︽ᠭᠤᠷᠪᠠᠨ ᠪᠦᠳᠦᠭᠡᠭᠳᠡᠬᠦᠨ  ᠨᠢᠭᠡ ᠰᠢᠨᠵᠢ ᠲᠡᠮᠳᠡᠭ︾ ⑧᠎ ᠤᠨ ᠭᠡᠷᠡᠴᠢᠯᠡᠭᠡ ᠬᠢᠬᠦ ᠠᠵᠢᠯ ᠢ ᠦᠷᠭᠦᠯᠵᠢᠯᠡᠨ ᠦᠷᠨᠢᠭᠦᠯᠵᠤ᠂ ᠡᠯ᠎ᠡ ᠲᠦᠷᠦᠯ ᠤᠨ  ᠪᠦᠳᠦᠭᠡᠭᠳᠡᠭᠦᠨ ᠢ ᠪᠤᠷᠤᠯᠠᠭᠤᠯᠬᠤ ᠲᠠᠨᠢᠯᠴᠠᠭᠤᠯᠭ᠎ᠠ ᠎ ᠶᠢᠨ ᠠᠵᠢᠯᠯᠠᠭ᠎ᠠ ᠶᠢ ᠢᠳᠡᠪᠬᠢᠳᠠᠢ ᠠᠰᠢᠭᠯᠠᠨ᠂ ᠦᠢᠯᠡᠳᠪᠤᠷᠢᠯᠡᠯ  ᠬᠢᠬᠡᠳ ᠵᠠᠬ᠎ᠠ ᠲᠡᠯᠭᠡᠭᠦᠷ ᠢ ᠵᠠᠪᠰᠠᠷ ᠦᠭᠡᠢ ᠵᠤᠯᠭᠠᠯᠳᠤᠭᠤᠯᠬᠤ ᠶᠢ ᠠᠬᠢᠭᠤᠯᠵᠤ᠂ ᠮᠠᠯ ᠤᠨ ᠠᠰᠢᠭ ᠰᠢᠮ᠎ᠡ ᠶᠢ  ᠪᠤᠷᠤᠯᠠᠭᠤᠯᠬᠤ ᠠᠷᠭ᠎ᠠ ᠵᠠᠮ ᠢ ᠲᠠᠰᠤᠷᠠᠯᠳᠠ ᠦᠬᠡᠢ ᠦᠷᠭᠡᠳᠭᠡᠨ᠎ᠡ᠃ ︽ᠢᠨᠲ᠋ᠧᠷ ᠰᠦᠯᠵᠢᠶ᠎ᠡ +︾ ᠡᠯᠧᠺᠲᠷᠤᠨ  ᠬᠤᠳᠠᠯᠳᠤᠭᠠᠨ ᠤ ᠪᠤᠷᠤᠯᠠᠭᠤᠯᠭ᠎ᠠ ᠶᠢᠨ ᠲᠠᠪᠴᠠᠩ ᠳᠤ ᠲᠦᠰᠢᠭᠯᠡᠨ᠂ ︽ᠪᠠᠷᠠᠭᠤᠨ ᠬᠤᠰᠢᠭᠤᠨ ᠤ ᠬᠤᠨᠢᠨ ᠮᠢᠬ᠎ᠠ︾  ᠭᠡᠳᠡᠭ ᠡᠨᠡᠬᠦ ᠮᠠᠯ ᠤᠨ ᠠᠰᠢᠭ ᠰᠢᠮ᠎ᠡ ᠶᠢᠨ ᠨᠡᠷᠡᠳᠤ ᠲᠡᠮᠳᠡᠭ ᠎ ᠤᠨ ᠳᠡᠭᠡᠳᠦ ᠲᠡᠰ ᠤᠨ ᠵᠠᠬ᠎ᠠ ᠲᠡᠯᠭᠡᠭᠦᠷ ᠳᠠᠬᠢ ᠬᠤᠪᠢ  ᠎ ᠶᠢᠨ ᠵᠢᠩ ᠢ ᠬᠦᠴᠦᠯᠡᠨ ᠨᠡᠮᠡᠭᠳᠡᠭᠦᠯᠵᠤ᠂ ᠲᠤᠰ ᠭᠠᠵᠠᠷ ᠤᠷᠤᠨ ᠤ ᠮᠠᠯ ᠤᠨ ᠠᠰᠢᠭ ᠰᠢᠮ᠎ᠡ ᠶᠢ ᠰᠢᠭᠤᠳ  ᠪᠤᠷᠤᠯᠠᠭᠤᠯᠬᠤ ᠰᠦᠯᠵᠢᠶᠡᠨ ᠤ ᠰᠢᠰᠲ᠋ᠧᠮ ᠢ ᠠᠯᠬᠤᠮ ᠠᠯᠬᠤᠮ ᠢᠶᠠᠷ ᠪᠤᠢ ᠪᠤᠯᠭᠠᠨ᠎ᠠ᠃ ᠠᠵᠤ ᠦᠢᠯᠡᠳᠪᠤᠷᠢ ᠶᠢᠨ  ᠤᠯᠠᠮᠵᠢᠯᠠᠯᠳᠤ ᠲᠠᠪᠠᠭᠤᠯᠢᠭ ᠲᠠᠯ᠎ᠠ ᠶᠢ ᠪᠠᠳᠠᠷᠠᠭᠤᠯᠤᠨ᠎ᠠ᠃ ︽ᠠᠵᠤ ᠦᠢᠯᠡᠳᠪᠤᠷᠢ ᠪᠠᠷ ᠬᠤᠰᠢᠭᠤ ᠪᠠᠨ  ᠬᠦᠴᠦᠷᠭᠡᠭᠵᠢᠭᠦᠯᠭᠦ︾᠎ ᠶᠢ ᠲᠦᠷᠭᠡᠳᠭᠡᠨ ᠠᠬᠢᠭᠤᠯᠵᠤ᠂ ᠴᠢᠯᠠᠭᠤᠨ ᠲᠤᠰᠤ᠂ ᠦᠩᠭᠡᠳᠤ ᠲᠡᠮᠦᠷᠯᠢᠭ ᠵᠡᠷᠭᠡ  ᠭᠤᠤᠯᠳᠠᠯᠭ᠎ᠠ ᠲᠠᠢ ᠠᠵᠤ ᠦᠢᠯᠡᠰ ᠢ ᠪᠤᠵᠠᠭᠠᠶᠢᠷᠠᠭᠤᠯᠤᠨ ᠬᠦᠴᠦᠷᠭᠡᠭᠵᠢᠬᠦᠯᠵᠦ᠂ ︽ᠬᠤᠶᠠᠷ ᠵᠦᠢᠯ ᠤᠨ ᠡᠬᠢ  ᠪᠠᠶᠠᠯᠢᠭ᠂ ᠬᠤᠶᠠᠷ ᠵᠠᠬ᠎ᠠ ᠲᠡᠯᠭᠡᠭᠦᠷ︾᠎ ᠢ ᠬᠦᠢᠴᠡᠳ ᠠᠰᠢᠭᠯᠠᠨ᠂ ᠦᠩᠭᠡᠳᠤ ᠲᠡᠮᠦᠷᠯᠢᠭ ᠢ ᠰᠢᠯᠢᠨ ᠰᠤᠩᠭᠤᠬᠤ  ᠮᠡᠷᠬᠡᠵᠢᠯ ᠢᠶᠠᠨ ᠰᠠᠶᠢᠵᠢᠷᠠᠭᠤᠯᠬᠤ ᠲᠦᠷᠦᠯ ᠵᠦᠢᠯ ᠢ ᠦᠷᠭᠦᠯᠵᠢᠯᠡᠨ ᠲᠦᠯᠬᠢᠨ ᠠᠭᠢᠭᠤᠯᠵᠤ᠂ ᠤᠳᠤ ᠪᠠᠶᠢᠭ᠎ᠠ ᠠᠵᠤ  ᠠᠬᠤᠶᠢᠯᠠᠯ ᠤᠨ ᠡᠬᠢ ᠪᠠᠶᠠᠯᠢᠭ ᠢ ᠨᠢᠬᠡᠳᠬᠡᠨ᠂ ᠠᠵᠤ ᠠᠬᠤᠶᠢᠯᠠᠯ ᠤᠨ ᠬᠠᠮᠳᠤ ᠶᠢᠨ ᠬᠦᠭᠵᠢᠯᠳᠡ ᠶᠢ ᠲᠦᠯᠬᠢᠨ  ᠠᠬᠢᠭᠤᠯᠤᠨ᠎ᠠ᠃ ᠰᠢᠨ᠎ᠠ ᠡᠨᠧᠷᠬᠢ ᠶᠢ ᠨᠡᠭᠡᠭᠡᠨ ᠠᠰᠢᠭᠯᠠᠬᠤ ᠪᠠ ᠡᠬᠢ ᠪᠠᠶᠠᠯᠢᠭ ᠢ ᠳᠣᠬᠠᠢ ᠶᠢᠨ ᠭᠠᠵᠠᠷ ᠲᠠᠭᠠᠨ  ᠬᠤᠪᠢᠷᠠᠭᠤᠯᠤᠨ ᠠᠰᠢᠭᠯᠠᠬᠤ ᠶᠢ ᠨᠡᠩ ᠴᠢᠬᠤᠯᠠᠴᠢᠯᠠᠨ᠂ ᠠᠵᠤ ᠦᠢᠯᠡᠳᠪᠤᠷᠢ ᠶᠢᠨ ᠬᠦᠷᠢᠶᠡᠯᠡᠩ ᠤᠨ ᠪᠦᠳᠦᠭᠡᠨ  ᠪᠠᠶᠢᠭᠤᠯᠤᠯᠳᠠ ᠶᠢ ᠲᠦᠷᠭᠡᠳᠬᠡᠵᠦ᠂ ᠨᠠᠷᠢᠯᠢᠭ ᠪᠤᠯᠪᠠᠰᠤᠷᠠᠭᠤᠯᠬᠤ ᠶᠢ ᠠᠬᠢᠭᠤᠯᠣᠨ᠂ ᠬᠦᠷᠢᠶᠡᠯᠡᠩ ᠤᠨ ᠲᠠᠪᠴᠠᠩ ᠢ  ᠪᠤᠳᠠᠳᠠᠢ ᠬᠢᠵᠤ᠂ ᠭᠡᠰᠡᠭ ᠰᠢᠨ᠎ᠡ ᠡᠨᠧᠷᠬᠢ ᠶᠢᠨ ᠰᠤᠷᠪᠤᠯᠵᠢ ᠶᠢᠨ ᠠᠵᠦ ᠦᠢᠯᠡᠰ᠂ ᠮᠤᠳᠤᠨ ᠮᠡᠲ᠋ᠧᠷᠢᠶᠠᠯ ᠢ  ᠪᠤᠯᠪᠠᠰᠤᠷᠠᠭᠤᠯᠬᠤ᠂ ᠮᠠᠯ ᠤᠨ ᠠᠰᠢᠭ ᠰᠢᠮ᠎ᠡ ᠶᠢ ᠨᠠᠷᠢᠯᠢᠭ ᠪᠤᠯᠪᠠᠰᠤᠷᠠᠭᠤᠯᠬᠤ ᠵᠡᠷᠭᠡ ᠪᠤᠬᠢᠷᠳᠤᠯ ᠦᠬᠡᠢ ᠤᠷᠴᠢᠨ  ᠲᠤᠭᠤᠷᠢᠨ ᠢ ᠬᠠᠮᠠᠭᠠᠯᠠᠬᠤ ᠠᠵᠤ ᠠᠬᠤᠶᠢᠯᠠᠯ ᠢ ᠤᠷᠢᠨ ᠤᠷᠤᠭᠤᠯᠬᠤ ᠎ ᠪᠠᠷ ᠴᠢᠷᠮᠠᠶᠢᠨ᠎ᠠ᠃ ᠵᠤᠭᠠᠴᠠᠯ ᠤᠨ ᠪᠦᠬᠦ  ᠤᠷᠤᠨ ᠪᠦᠰᠡ ᠶᠢᠨ ᠪᠠᠶᠢᠷᠢᠰᠢᠭᠤᠯᠤᠯᠳᠠ ᠶᠢ ᠲᠦᠯᠬᠢᠨ ᠠᠬᠢᠭᠤᠯᠤᠨ᠎ᠠ᠃ ᠦᠵᠡᠮᠵᠢ ᠶᠢᠨ ᠤᠷᠤᠨ ᠪᠠ ᠦᠵᠡᠮᠵᠢ  ᠎ ᠶᠢᠨ ᠴᠡᠭ ᠤᠨ ᠴᠢᠨᠠᠷ ᠲᠡᠰ ᠢ ᠲᠡᠭᠡᠭᠰᠢᠯᠡᠬᠦᠯᠦᠨ᠎ᠡ᠃ ᠰᠢᠨ᠎ᠠ ᠪᠠᠷᠭᠤ ᠪᠠᠷᠠᠭᠤᠨ ᠬᠤᠰᠢᠭᠤᠨ ᠤ ᠭᠤᠤᠯ ᠦᠵᠡᠮᠵᠢ  ᠎ ᠶᠢᠨ ᠤᠷᠤᠨ ᠢ ᠴᠣᠭᠴᠠᠯᠠᠨ᠂ ᠲᠠᠯ᠎ᠠ ᠨᠤᠳᠤᠭ ᠤᠨ ᠭᠡᠪ ᠨᠠᠮᠪᠠ ᠲᠠᠢ ᠮᠠᠯᠵᠢᠬᠤ ᠡᠷᠦᠭᠡ ᠪᠠᠷ ᠵᠤᠭᠠᠴᠠᠬᠤ ᠵᠢᠱᠢᠶ᠎ᠡ  ᠦᠵᠡᠭᠦᠯᠭᠦ ᠲᠦᠷᠦᠯ ᠵᠦᠢᠯ ᠢ ᠲᠦᠷᠭᠡᠳᠭᠡᠨ ᠠᠬᠢᠭᠤᠯᠵᠤ᠂ ᠲᠠᠯ᠎ᠠ ᠨᠤᠳᠤᠭ ᠢ ᠪᠡᠶ᠎ᠡ ᠪᠠᠷ ᠢᠶᠠᠨ ᠤᠶᠢᠯᠠᠭᠠᠬᠤ  ᠵᠤᠭᠠᠴᠠᠯ ᠤᠨ ᠠᠮᠠᠷᠠᠯᠳᠠ ᠶᠢᠨ ᠰᠢᠨ᠎ᠠ ᠲᠤᠰᠬᠤᠨ ᠢ ᠡᠭᠦᠳᠤᠨ ᠪᠠᠶᠢᠭᠤᠯᠤᠨ᠎ᠠ᠃ ᠰᠤᠶᠤᠯ ᠵᠤᠭᠠᠴᠠᠯ ᠤᠨ  ᠠᠭᠤᠰᠤᠯᠴᠠᠯ ᠢ ᠲᠤᠪᠤᠶᠢᠯᠭᠠᠵᠤ᠂ ᠰᠡᠭᠡᠭᠡᠳᠡᠨ ᠮᠦᠽᠸᠢ ᠶᠢ ᠲᠡᠰ ᠲᠡᠪᠰᠢᠭᠦᠯᠦᠨ ᠵᠠᠰᠠᠨ ᠰᠢᠨᠡᠳᠭᠡᠭᠦ ᠪᠠ  ᠦᠨᠳᠦᠰᠦᠳᠡᠨ ᠤ ᠤᠯᠠᠮᠵᠢᠯᠠᠯᠳᠤ ᠲᠠᠬᠢᠯᠭ᠎ᠠ ᠶᠢᠨ ᠳᠡᠯᠭᠡᠨ ᠦᠵᠡᠬᠦᠯᠦᠯᠭᠡ ᠶᠢᠨ ᠤᠷᠤᠨ ᠢ ᠪᠦᠳᠦᠭᠡᠨ ᠪᠠᠶᠢᠭᠤᠯᠬᠤ  ᠎ ᠶᠢ ᠲᠦᠷᠭᠡᠳᠭᠡᠨ ᠠᠬᠢᠭᠤᠯᠤᠨ᠎ᠠ᠃ ᠪᠤᠶᠢᠷ ᠨᠠᠭᠤᠷ ᠤᠨ 4A ᠲᠡᠰ ᠤᠨ ᠦᠵᠡᠮᠵᠢ ᠶᠢᠨ ᠤᠷᠤᠨ ᠤ ᠴᠢᠨᠠᠷ ᠲᠡᠰ ᠢ  ᠲᠡᠭᠡᠭᠰᠢᠯᠡᠭᠦᠯᠭᠦ ᠶᠢ ᠠᠬᠢᠭᠤᠯᠵᠤ᠂ ᠭᠠᠵᠠᠷ ᠰᠢᠨᠵᠢᠯᠡᠭᠡᠨ ᠤ ᠴᠡᠴᠡᠷᠯᠢᠭ ᠢ ᠠᠯᠬᠤᠮ ᠲᠠᠷᠠᠭ᠎ᠠ ᠲᠠᠢ ᠡᠭᠦᠳᠦᠨ  ᠪᠠᠶᠢᠭᠤᠯᠤᠨ᠎ᠠ᠃ ᠨᠡᠶᠢᠳᠡᠮ ᠭᠡᠷᠡᠭᠯᠡᠬᠦ ᠠᠭᠠᠷ ᠠᠶᠠᠯᠠᠯ ᠤᠨ ᠠᠵᠤ ᠦᠢᠯᠡᠰ ᠪᠤᠯᠤᠨ ᠲᠤᠭᠤᠷᠢᠨ ᠦᠵᠡᠭᠦᠯᠦᠯᠭᠡ ᠶᠢᠨ  ᠮᠠᠯ ᠠᠵᠤ ᠠᠬᠤᠢ ᠶᠢ ᠲᠦᠷᠭᠡᠳᠭᠡᠨ ᠬᠦᠭᠵᠢᠭᠦᠯᠵᠤ᠂ ᠨᠢᠰᠭᠡᠯ ᠳᠤ ᠰᠠᠭᠤᠵᠤ ᠲᠤᠭᠤᠷᠢᠨ ᠵᠤᠭᠠᠴᠠᠬᠤ ᠲᠦᠷᠦᠯ  ᠵᠦᠢᠯ ᠢ ᠵᠤᠬᠢᠰᠳᠠᠢ ᠲᠤᠬᠢᠷᠠᠭᠤᠯᠵᠤ᠂ G331 ︵S203︶ ᠵᠠᠮ ᠲᠠᠭᠠᠤ ᠵᠤᠭᠠᠴᠠᠨ ᠲᠤᠭᠤᠷᠢᠬᠤ ᠤᠷᠤᠨ ᠤ  ᠶᠡᠷᠥᠩᠭᠡᠶᠢᠯᠡᠭᠰᠡᠨ ᠦᠷ᠎ᠡ ᠠᠰᠢᠭ ᠢ ᠲᠡᠭᠡᠭᠰᠢᠯᠡᠭᠦᠯᠦᠨ᠎ᠡ᠃ ᠵᠤᠭᠠᠴᠠᠯ ᠤᠨ ᠢᠵᠢ ᠪᠦᠷᠢᠳᠦᠭᠰᠡᠨ ᠲᠦᠭᠦᠭᠡᠷᠥᠮᠵᠢ ᠶᠢᠨ  ᠪᠦᠳᠦᠭᠡᠨ ᠪᠠᠶᠢᠭᠤᠯᠤᠯᠳᠠ ᠶᠢ ᠲᠡᠭᠦᠯᠳᠡᠷᠵᠢᠭᠦᠯᠵᠤ᠂ ︽ᠲᠠᠪᠠ ᠪᠠᠷ ᠢᠶᠠᠨ ᠵᠤᠭᠠᠴᠠᠬᠤ︾ ᠠᠵᠢᠯ ᠤᠨ ᠲᠤᠭᠤᠷᠢᠨ ᠳᠤ  ᠂ ᠠᠯᠳ᠋ᠬᠠᠮᠡᠭᠡᠯ ᠪᠠᠯᠭᠠᠰᠤ ᠠᠴᠠ ᠬᠡᠷᠦᠯᠦᠨ ᠭᠦᠷᠭᠦ᠂ ᠪᠤᠭᠳᠠᠠᠭᠤᠯᠠ ᠰᠤᠮᠤ ᠠᠴᠠ ᠪᠣᠳᠢᠠᠭᠤᠯᠠ ᠭᠠᠴᠠᠭ᠎ᠠ ᠬᠦᠷᠭᠦ  ᠵᠠᠰᠠᠮᠠᠯ ᠵᠠᠮ ᠢ ᠵᠠᠰᠠᠬᠤ ᠠᠵᠢᠯ ᠢ ᠡᠬᠢᠯᠡᠭᠦᠯᠵᠤ᠂ ᠬᠤᠰᠢᠭᠤ᠂ ᠰᠤᠮᠤ᠂ ᠭᠠᠴᠠᠭ᠎ᠠ ᠭᠤᠷᠪᠠᠨ ᠱᠠᠳᠤᠨ ᠤ ᠭᠤᠤᠯ  ᠱᠤᠭᠤᠮ ᠤᠨ ᠵᠠᠰᠠᠮᠠᠯ ᠵᠠᠮ ᠲᠠᠭᠠᠤ ᠵᠤᠭᠠᠴᠠᠨ ᠲᠤᠭᠤᠷᠢᠬᠤ ᠦᠢᠯᠡᠴᠢᠯᠡᠭᠡᠨ ᠤ ᠤᠷᠤᠨ ᠢ ᠪᠦᠳᠦᠭᠡᠨ ᠪᠠᠶᠢᠭᠤᠯᠬᠤ ᠶᠢ  ᠲᠦᠯᠬᠢᠨ ᠠᠬᠢᠭᠤᠯᠤᠨ᠎ᠠ᠃ ︽ᠤᠨᠴᠠᠯᠢᠭᠳᠤ ᠡᠳ᠋ ᠪᠠᠷᠠᠭ᠎ᠠ ᠶᠢ ᠬᠤᠳᠠᠯᠳᠤᠨ ᠠᠪᠬᠤ︾ ᠠᠵᠢᠯ ᠤᠨ ᠲᠤᠭᠤᠷᠢᠨ ᠳᠤ᠂ ᠭᠠᠷ ᠤᠷᠠᠯᠠᠯ ᠤᠨ ᠪᠦᠳᠦᠭᠡᠯ ᠤᠨ ᠲᠡᠯᠭᠡᠨ ᠦᠵᠡᠭᠦᠯᠦᠯᠭᠡ ᠶᠢᠨ ᠤᠷᠤᠨ ᠢ ᠲᠦᠪᠯᠡᠷᠡᠭᠦᠯᠦᠨ ᠲᠦᠰᠦᠪᠯᠡᠵᠤ᠂  ᠦᠪᠡᠷᠮᠢᠴᠡ ᠤᠨᠴᠠᠯᠢᠭᠳᠤ ᠵᠤᠭᠠᠴᠠᠯ ᠤᠨ ᠲᠤᠷᠠᠰᠬᠠᠯᠳᠤ ᠡᠳ᠋ ᠪᠠᠷᠠᠭᠠᠨ ᠤ ᠲᠡᠯᠭᠡᠭᠦᠷ ᠢ ᠪᠠᠶᠢᠭᠤᠯᠬᠤ ᠶᠢ ᠲᠡᠮᠵᠢᠵᠤ᠂  ᠦᠪᠡᠷᠮᠢᠴᠡ ᠤᠨᠴᠠᠯᠢᠭᠳᠤ ᠵᠤᠭᠠᠴᠠᠯ ᠤᠨ ᠪᠦᠳᠦᠭᠡᠭᠳᠡᠭᠦᠨ ᠢ ᠲᠠᠰᠤᠷᠠᠯᠳᠠ ᠦᠭᠡᠢ ᠪᠠᠶᠠᠯᠢᠭᠵᠢᠭᠤᠯᠤᠨ᠎ᠠ᠃ ᠵᠤᠭᠠᠴᠠᠯ  ᠎ ᠤᠨ ᠨᠡᠷᠡᠳᠤ ᠲᠡᠮᠳᠡᠭ ᠤᠨ ᠲᠦᠷᠢ ᠲᠦᠷᠭᠦ ᠶᠢ ᠬᠦᠴᠦᠯᠡᠨ ᠰᠠᠶᠢᠵᠢᠷᠠᠭᠤᠯᠵᠤ᠂ ᠵᠠᠰᠠᠭ ᠤᠨ ᠤᠷᠳᠤᠨ ᠢᠶᠠᠷ  ᠭᠤᠤᠯᠯᠠᠭᠤᠯᠬᠤ᠂ ᠠᠵᠤ ᠠᠬᠤᠶᠢᠯᠠᠯ ᠢᠶᠠᠷ ᠭᠤᠤᠯ ᠴᠤᠭᠴᠠ ᠪᠣᠯᠭᠠᠬᠤ ᠪᠠ ᠵᠠᠭᠤᠴᠢᠯᠠᠭᠤᠷ ᠤᠨ ᠣᠬᠠᠭᠤᠯᠣᠨ  ᠳᠠᠨᠢᠯᠴᠠᠭᠤᠯᠬᠤ ᠶᠢ ᠨᠢᠭᠡ ᠴᠣᠭᠴᠠ ᠪᠣᠯᠭᠠᠭᠰᠠᠨ ᠡᠵᠡᠩᠨᠡᠨ ᠪᠤᠷᠤᠯᠠᠭᠤᠯᠬᠤ ᠠᠷᠭ᠎ᠠ ᠪᠤᠳᠤᠯᠭ᠎ᠠ ᠶᠢ ᠰᠠᠶᠢᠳᠤᠷ  ᠭᠡᠷᠡᠭᠵᠢᠭᠦᠯᠵᠤ᠂ ᠰᠢᠨ᠎ᠡ ᠮᠡᠷᠭᠡᠵᠢᠯ᠂ ᠰᠢᠨ᠎ᠠ ᠵᠠᠭᠤᠴᠢᠯᠠᠭᠤᠷ ᠢ ᠬᠦᠢᠴᠡᠳ ᠠᠰᠢᠭᠯᠠᠨ᠂ ᠤᠯᠠᠨ ᠠᠷᠭ᠎ᠠ ᠵᠠᠮ ᠪᠦᠬᠦᠢ  ᠦᠨᠳᠦᠷ ᠨᠢᠭᠳᠠᠴᠠ ᠲᠠᠢ ᠣᠯᠠᠨ ᠦᠢᠯᠡᠳᠤᠯ ᠨᠦᠯᠦᠭᠡ ᠶᠢ ᠪᠤᠢ ᠪᠤᠯᠭᠠᠨ᠂ ᠵᠤᠭᠠᠴᠠᠯ ᠤᠨ ᠦᠪᠡᠷᠮᠢᠴᠡ  ᠤᠨᠴᠠᠯᠢᠭᠳᠤ ᠤᠬᠠᠭᠤᠯᠭ᠎ᠠ ᠪᠠ ᠵᠤᠭᠠᠴᠠᠯ ᠤᠨ ᠵᠠᠮ ᠱᠤᠭᠤᠮ ᠤᠨ ᠲᠡᠯᠭᠡᠷᠡᠭᠦᠯᠦᠯᠳᠠ ᠶᠢ ᠴᠢᠩᠭᠠᠳᠬᠠᠨ᠎ᠠ᠃  ᠦᠢᠯᠡᠴᠢᠯᠡᠭᠡᠨ ᠤ ᠦᠢᠯᠡᠰ ᠢ ᠪᠣᠵᠠᠭᠠᠶᠢᠷᠠᠭᠤᠯᠣᠨ ᠭᠦᠭᠵᠢᠭᠦᠯᠦᠨ᠎ᠡ᠃  ᠪᠠᠷᠠᠭᠠᠨ ᠤ ᠬᠦᠢᠯᠭᠡᠭᠡᠨ ᠤ ᠠᠵᠤ ᠦᠢᠯᠡᠰ ᠢ  ᠶᠡᠭᠡᠪᠡᠷ ᠬᠦᠭᠵᠢᠬᠦᠯᠦᠨ᠂ ᠭᠡᠪᠴᠢᠶᠡᠵᠢᠭᠰᠡᠨ ᠪᠠᠷᠠᠭᠠᠨ ᠤ ᠬᠦᠢᠯᠭᠡᠭᠡᠨ ᠤ ᠠᠵᠤ ᠠᠬᠤᠶᠢᠯᠠᠯ ᠢ 2 ᠪᠠᠶᠢᠭᠤᠯᠵᠤ᠂ ᠮᠠᠯ  ᠎ ᠤᠨ ᠠᠰᠢᠭ ᠰᠢᠮ᠎ᠡ ᠶᠢᠨ ᠲᠤᠰᠬᠠᠢ ᠪᠠᠷᠠᠭᠠᠨ ᠤ ᠬᠦᠢᠯᠭᠡᠭᠡᠨ ᠤ 3 ᠰᠦᠯᠵᠢᠶᠡᠠ ᠴᠡᠭ ᠢ ᠭᠤᠤᠯᠳᠠᠯᠭ᠎ᠠ ᠲᠠᠢ  ᠲᠡᠳᠭᠦᠨ ᠲᠡᠮᠵᠢᠨ᠎ᠡ᠃ ᠡᠯᠧᠺᠲᠷᠤᠨ ᠬᠤᠳᠠᠯᠳᠤᠭᠠᠨ ᠤ ᠶᠠᠪᠤᠳᠠᠯ ᠤᠨ ᠭᠦᠭᠵᠢᠯᠳᠡ ᠶᠢ ᠠᠬᠢᠭᠤᠯᠣᠨ᠂ ︽ᠢᠨᠲ᠋ᠧᠷ  ᠰᠦᠯᠵᠢᠶ᠎ᠡ +︾ ᠲᠠᠪᠴᠠᠩ ᠢ ᠪᠠᠶᠠᠯᠢᠭᠵᠢᠭᠤᠯᠤᠨ ᠲᠡᠭᠦᠯᠳᠡᠷᠵᠢᠭᠦᠯᠦᠨ᠎ᠡ᠃ ᠰᠤᠶᠤᠯ ᠵᠤᠭ᠎ᠠ ᠴᠡᠩᠭᠡᠯ᠂ ᠰᠤᠯᠠ  ᠰᠡᠯᠡᠬᠦᠦ ᠵᠤᠭᠠᠴᠠᠯ ᠪᠤᠯᠤᠨ ᠡᠷᠡᠭᠦᠯ ᠮᠡᠨᠳᠤ ᠶᠢᠨ ᠦᠢᠯᠡᠴᠢᠯᠡᠭᠡ ᠶᠢ ᠬᠠᠷᠢᠯᠴᠠᠨ ᠤᠶᠠᠯᠳᠤᠭᠤᠯᠤᠭᠰᠠᠨ ᠨᠠᠰᠤᠳᠠᠨ ᠢ  ᠠᠰᠠᠷᠠᠬᠤ ᠪᠡᠶ᠎ᠡ ᠰᠤᠪᠢᠯᠠᠬᠤ ᠦᠢᠯᠡᠴᠢᠯᠡᠭᠡᠨ ᠤ ᠦᠢᠯᠡᠰ ᠢ ᠭᠦᠭᠵᠢᠭᠦᠯᠭᠦ ᠶᠢ ᠵᠤᠷᠢᠭᠵᠢᠭᠤᠯᠤᠨ᠂ ᠨᠠᠰᠤᠳᠠᠨ ᠢ  ᠠᠰᠠᠷᠠᠬᠤ ᠦᠢᠯᠡᠴᠢᠯᠡᠭᠡᠨ ᠤ ᠭᠡᠷᠡᠭᠯᠡᠭᠡᠨ ᠤ ᠵᠠᠬ᠎ᠠ ᠲᠡᠯᠭᠡᠭᠦᠷ ᠢ ᠴᠡᠴᠡᠭᠯᠡᠨ ᠭᠦᠭᠵᠢᠭᠦᠯᠵᠤ᠂ ᠨᠠᠰᠤᠳᠠᠨ ᠢ ᠠᠰᠠᠷᠠᠬᠤ  ᠪᠠᠶᠢᠭᠤᠯᠤᠮᠵᠢ ᠶᠢᠨ ᠪᠦᠳᠦᠭᠡᠨ ᠪᠠᠶᠢᠭᠤᠯᠤᠯᠳᠠ ᠶᠢ ᠶᠡᠬᠡᠪᠡᠷ ᠴᠢᠩᠭᠠᠳᠬᠠᠨ᠎ᠠ᠃ ᠮᠦᠩᠭᠦᠨ ᠬᠦᠢᠯᠭᠡᠭᠡᠨ ᠤ  ᠦᠢᠯᠡᠴᠢᠯᠡᠭᠡᠨ ᠤ ᠦᠢᠯᠡᠰ ᠤᠨ ᠭᠦᠭᠵᠢᠯᠳᠡ ᠶᠢ ᠲᠦᠷᠭᠡᠳᠬᠡᠨ᠂ ᠮᠦᠩᠭᠦᠨ ᠬᠦᠢᠯᠭᠡᠭᠡ᠂ ᠵᠠᠰᠠᠭ ᠤᠨ ᠤᠷᠳᠤᠨ ᠪᠠ  ᠠᠵᠤ ᠠᠬᠤᠶᠢᠯᠠᠯ ᠢ ᠵᠤᠯᠭᠠᠭᠤᠯᠬᠤ ᠲᠠᠪᠴᠠᠩ ᠢ ᠪᠠᠶᠢᠭᠤᠯᠤᠨ᠎ᠠ᠃ ᠠᠶᠤᠯ ᠲᠦᠭᠰᠢᠭᠦᠷᠢ ᠶᠢ ᠰᠡᠷᠭᠡᠶᠢᠯᠡᠬᠦ ᠲᠤᠭᠳᠠᠴᠠ  ᠎ ᠶᠢ ᠪᠠᠶᠢᠭᠤᠯᠤᠨ ᠲᠡᠭᠦᠯᠳᠡᠷᠵᠢᠭᠦᠯᠵᠤ᠂ ᠬᠠᠤᠯᠢ ᠪᠤᠰᠤ ᠪᠠᠷ ᠪᠡᠯᠡ ᠮᠦᠩᠭᠦ ᠴᠤᠭᠯᠠᠭᠤᠯᠬᠤ ᠵᠢᠴᠢ ᠦᠨᠳᠦᠷ ᠭᠦᠦ ᠲᠠᠢ  ᠵᠢᠭᠡᠯᠡᠯᠭᠡ ᠳᠤ ᠴᠤᠬᠢᠯᠳᠠ ᠦᠭᠭᠦ ᠬᠦᠴᠦᠯᠡᠴᠡ ᠶᠢ ᠴᠢᠩᠭᠠᠳᠬᠠᠨ᠂ ᠤᠯᠠᠨ ᠲᠦᠮᠡᠨ ᠢ ᠬᠦᠳᠦᠯᠤᠨ ᠵᠢᠯᠤᠭᠤᠳᠴᠤ᠂  ᠵᠣᠭᠤᠰ ᠮᠦᠩᠭᠦ ᠪᠠᠨ ᠵᠤᠬᠢᠰᠳᠠᠢ ᠭᠡᠷᠡᠭᠯᠡᠬᠦ ᠤᠬᠠᠮᠰᠠᠷ ᠢ ᠨᠡᠮᠡᠭᠳᠡᠬᠦᠯᠦᠨ᠂ ᠠᠷᠠᠳ ᠲᠦᠮᠡᠨ ᠤ ᠬᠠᠤᠯᠢ ᠶᠤᠰᠤᠨ ᠤ  ᠡᠷᠭᠡ ᠠᠰᠢᠭ ᠢ ᠦᠨᠡᠨᠬᠦ ᠬᠠᠮᠠᠭᠠᠯᠠᠨ᠎ᠠ᠃ ᠢᠳᠡᠬᠡᠨ ᠤᠮᠳᠠᠭᠠᠨ᠂ ᠬᠤᠨᠤᠭ ᠪᠠᠭᠤᠳᠠᠯ᠂ ᠵᠤᠭ᠎ᠠ ᠴᠠᠩᠬᠡᠯ᠂ ᠬᠡᠷ ᠠᠬᠤᠢ  ᠎ ᠶᠢᠨ ᠶᠠᠪᠤᠳᠠᠯ ᠵᠡᠷᠬᠡ ᠤᠯᠠᠮᠵᠢᠯᠠᠯᠳᠤ ᠦᠢᠯᠡᠴᠢᠯᠡᠬᠡᠨ ᠤ ᠦᠢᠯᠡᠰ ᠤᠨ ᠲᠡᠰ ᠲᠠᠪᠬᠤᠷᠭ᠎ᠠ ᠶᠢ ᠲᠠᠰᠤᠷᠠᠯᠳᠠ ᠦᠬᠡᠢ  ᠲᠡᠭᠡᠭᠰᠢᠯᠡᠬᠦᠯᠵᠤ ᠂ ᠪᠡᠶ᠎ᠡ ᠶᠢᠨ ᠲᠠᠮᠢᠷ ᠤᠨ ᠰᠡᠯᠡᠬᠦᠴᠡᠯ᠂ ᠵᠠᠭᠤᠴᠢᠯᠠᠬᠤ ᠪᠠᠶᠢᠭᠤᠯᠤᠮᠵᠢ ᠵᠡᠷᠬᠡ ᠰᠢᠨ᠎ᠡ ᠪᠠᠷ ᠮᠠᠨᠳᠤᠵᠤ  ᠪᠠᠶᠢᠭ᠎ᠠ ᠦᠢᠯᠡᠴᠢᠯᠡᠬᠡᠨ ᠤ ᠦᠢᠯᠡᠰ ᠢ ᠬᠦᠭᠵᠢᠬᠦᠯᠤᠨ ᠪᠤᠵᠠᠭᠠᠶᠢᠷᠠᠭᠤᠯᠵᠤ᠂ ᠦᠢᠯᠡᠤᠡᠪᠦᠷᠢᠯᠡᠯ ᠤᠨ ᠴᠢᠨᠠᠷᠳᠠᠢ  ᠦᠢᠯᠡᠴᠢᠯᠡᠬᠡᠨ ᠤ ᠦᠢᠯᠡᠰ ᠢ ᠲᠤᠰᠬᠠᠶᠢᠵᠢᠭᠤᠯᠬᠤ ᠪᠠ ᠴᠢᠨᠠᠷ ᠲᠡᠰ ᠢ ᠳᠡᠭᠡᠭᠰᠢᠯᠡᠬᠦᠯᠬᠦ᠂ ᠠᠮᠢᠳᠤᠷᠠᠯ ᠤᠨ ᠴᠢᠨᠠᠷᠳᠠᠢ  ᠦᠢᠯᠡᠴᠢᠯᠡᠬᠡᠨ ᠤ ᠦᠢᠯᠡᠰ ᠢ ᠨᠠᠷᠢᠯᠢᠭᠵᠢᠭᠤᠯᠬᠤ ᠪᠠ ᠴᠢᠨᠠᠷ ᠳᠡᠰ ᠢ ᠳᠡᠭᠡᠭᠰᠢᠯᠡᠬᠦᠯᠬᠦ ᠶᠢ ᠠᠬᠢᠭᠤᠯᠤᠨ᠎ᠠ᠃  ᠭᠠᠳᠠᠭᠠᠳᠣ ᠨᠡᠬᠡᠬᠡᠯᠳᠡ ᠶᠢᠨ ᠬᠢᠷᠢ ᠲᠦᠪᠰᠢᠨ ᠢ ᠲᠡᠭᠡᠭᠰᠢᠯᠡᠬᠦᠯᠤᠨ᠎ᠡ᠃ ᠨᠡᠬᠡᠬᠡᠯᠳᠡ ᠶᠢ ᠦᠷᠭᠡᠳᠭᠡᠨ᠂ ᠨᠡᠬᠡᠬᠡᠯᠳᠡ  ᠎ ᠶᠢᠨ ᠤᠷᠤᠨ ᠵᠠᠢ ᠶᠢ ᠴᠢᠨᠠᠭᠰᠢᠳᠠ ᠦᠷᠬᠡᠤᠡᠬᠡᠵᠤ᠂ ᠨᠡᠬᠡᠬᠡᠯᠳᠡ ᠬᠢᠬᠦ ᠶᠠᠰᠤ ᠴᠢᠨᠠᠷ ᠎ ᠢ ᠲᠡᠭᠡᠭᠰᠢᠯᠡᠬᠦᠯᠤᠨ᠂ ︽ ᠤᠮᠠᠷᠠᠰᠢ ᠨᠡᠬᠡᠬᠡᠯᠳᠡ ᠬᠢᠬᠦ︾ ᠬᠦᠬᠦᠷᠬᠡᠨ ᠪᠠᠬᠢᠯᠡᠯᠳᠡ ᠶᠢ ᠪᠦᠳᠤᠬᠡᠨ ᠪᠠᠶᠢᠭᠤᠯᠤᠨ᠎ᠠ᠃ ᠪᠤᠭᠤᠮᠳᠠ ᠨᠡᠪᠳᠡᠷᠡᠬᠦ  ᠤᠷᠴᠢᠨ ᠲᠤᠭᠤᠷᠢᠨ ᠢ ᠰᠠᠶᠢᠵᠢᠷᠠᠭᠤᠯᠤᠨ᠂ ᠤᠯᠤᠰ ᠤᠨ ᠬᠠᠭᠠᠯᠭ᠎ᠠ᠂ ᠪᠤᠭᠤᠮᠳᠠ ᠨᠡᠪᠳᠡᠷᠡᠬᠦ ᠰᠢᠯᠭᠠᠨ ᠪᠠᠶᠢᠴᠠᠭᠠᠬᠤ  ᠲᠤᠭᠤᠷᠢᠭ ᠤᠨ ᠪᠠᠷᠠᠭᠠᠨ ᠤ ᠲᠠᠯᠠᠪᠤᠷ ᠢ ᠱᠦᠢᠨᠢᠳᠡᠬᠦ ᠪᠠ ᠢᠯᠴᠢ ᠬᠠᠩᠭᠠᠬᠤ ᠢᠨᠵᠧᠨᠧᠷᠢᠩ ᠵᠡᠷᠭᠡ ᠰᠠᠭᠤᠷᠢ  ᠲᠦᠬᠦᠬᠡᠷᠤᠮᠵᠢ ᠶᠢᠨ ᠪᠠᠶᠢᠭᠤᠯᠤᠯᠳᠠ ᠶᠢ ᠲᠦᠯᠬᠢᠨ ᠠᠬᠢᠭᠤᠯᠤᠨ᠎ᠠ᠃ ᠲᠤᠮᠳᠠᠳᠤ ᠮᠤᠩᠭᠤᠯ ᠬᠤᠶᠠᠷ ᠤᠯᠤᠰ ᠤᠨ  ᠬᠢᠯᠢ ᠎ ᠶᠢᠨ ᠠᠷᠠᠤᠨ ᠤᠨ ᠵᠠᠬ᠎ᠠ ᠶᠢᠨ ᠠᠷᠠᠯᠵᠢᠶᠠᠨ ᠤ ᠪᠠᠶᠢᠭᠤᠯᠤᠯᠳᠠ ᠶᠢ ᠲᠦᠷᠬᠡᠤᠡᠬᠡᠨ᠂ ᠠᠷᠠᠯᠵᠢᠶ᠎ᠠ᠂ ᠵᠤᠭᠠᠴᠠᠯ᠂  ᠬᠤᠳᠠᠯᠳᠤᠭᠠᠨ ᠤ ᠶᠠᠪᠤᠳᠠᠯ᠂ ᠪᠤᠯᠪᠠᠰᠤᠷᠠᠭᠤᠯᠬᠤ ᠪᠠ ᠪᠠᠷᠠᠭᠠᠨ ᠤ ᠬᠦᠢᠯᠬᠡᠬᠡ ᠶᠢ ᠨᠢᠬᠡ ᠴᠣᠭᠴᠠ ᠪᠣᠯᠭᠠᠭᠰᠠᠨ  ᠶᠡᠷᠤᠩᠬᠡᠶᠢᠯᠡᠭᠰᠡᠨ ᠠᠵᠤ ᠠᠬᠤᠢ ᠶᠢᠨ ᠲᠤᠭᠤᠷᠢᠭ ᠢ ᠡᠬᠦᠳᠤᠨ ᠪᠠᠶᠢᠭᠤᠯᠤᠨ᠎ᠠ᠃ ᠠᠷᠤᠬᠠᠰᠢᠶᠠᠳᠤ ᠪᠤᠭᠤᠮᠳᠠ ᠠᠴᠠ  ᠮᠤᠩᠭᠤᠯ ᠤᠯᠤᠰ ᠤᠨ ᠲᠤᠷᠤᠨᠠᠳᠤ ᠠᠶᠢᠮᠠᠭ ᠤᠨ ᠴᠤᠶᠢᠪᠠᠯᠰᠠᠩ ᠬᠤᠳᠠ ᠬᠦᠷᠬᠦ ᠵᠠᠰᠠᠮᠠᠯ ᠵᠠᠮ ᠢ ︽ᠨᠢᠬᠡ ᠪᠦᠰᠡ  ᠨᠢᠬᠡ ᠱᠤᠭᠤᠮ︾᠎ ᠤᠨ ᠪᠦᠳᠤᠬᠡᠨ ᠪᠠᠶᠢᠭᠤᠯᠤᠯᠳᠠ ᠳᠤ ᠤᠷᠤᠭᠤᠯᠬᠤ ᠪᠠᠷ ᠢᠳᠡᠪᠬᠢᠳᠡᠢ ᠴᠢᠷᠮᠠᠶᠢᠨ᠎ᠠ᠃ ︽ᠶᠡᠭᠡ  ᠪᠤᠭᠤᠮᠳᠠ ᠨᠡᠪᠳᠡᠷᠡᠬᠦ︾ ᠰᠤᠷᠠᠭ ᠵᠠᠩᠬᠢ ᠶᠢᠨ ᠲᠠᠪᠴᠠᠩ ᠢ ᠡᠬᠦᠳᠤᠨ ᠪᠠᠶᠢᠭᠤᠯᠵᠤ᠂ ᠨᠢᠬᠡ ᠺᠠᠷᠲ ᠪᠠᠷ ᠨᠡᠪᠳᠡᠷᠡᠬᠦ  ᠦᠢᠯᠡᠴᠢᠯᠡᠬᠡᠨ ᠤ ᠴᠢᠳᠠᠪᠤᠷᠢ ᠪᠠ ᠲᠤᠭ᠎ᠠ ᠪᠠᠷᠢᠮᠳᠠ ᠶᠢ ᠬᠠᠮᠳᠤᠪᠠᠷ ᠡᠳ᠋ᠯᠡᠬᠦ᠂ ᠰᠦᠯᠵᠢᠶ᠎ᠡ ᠬᠤᠯᠪᠤᠭᠠᠯᠠᠨ ᠬᠠᠷᠢᠯᠴᠠᠨ  ᠪᠠᠶᠢᠴᠠᠭᠠᠬᠤ ᠶᠢ ᠪᠡᠶᠡᠯᠡᠬᠦᠯᠤᠨ᠂ ᠪᠤᠭᠤᠮᠳᠠ ᠨᠡᠪᠳᠡᠷᠡᠬᠦ ᠦᠷ᠎ᠡ ᠠᠰᠢᠭ ᠢ ᠲᠡᠭᠡᠭᠰᠢᠯᠡᠬᠦᠯᠤᠨ᠎ᠡ᠃           ︵ᠲᠦᠷᠪᠡ︶ ᠤᠷᠤᠰᠢᠨ ᠰᠠᠭᠤᠬᠤ ᠤᠷᠴᠢᠨ ᠲᠤᠭᠤᠷᠢᠨ ᠢ ᠬᠦᠴᠤᠯᠡᠨ ᠰᠠᠶᠢᠵᠢᠷᠠᠭᠤᠯᠤᠨ᠎ᠠ᠃ ︽ᠴᠢᠳᠠᠪᠬᠢ  ᠎ ᠶᠢ ᠲᠡᠬᠦᠯᠳᠡᠷᠵᠢᠬᠦᠯᠤᠨ᠂ ᠲᠦᠷᠢ ᠲᠦᠷᠬᠦ ᠎ ᠶᠢ ᠰᠠᠶᠢᠵᠢᠷᠠᠭᠤᠯᠵᠤ᠂ ᠬᠤᠳᠠ ᠪᠠᠯᠭᠠᠰᠤ ᠶᠢ ᠨᠢᠬᠡᠳᠤᠯᠳᠡᠢ ᠲᠦᠯᠤᠪᠵᠢᠬᠦᠯᠤᠨ᠂ ᠬᠤᠳᠠ ᠪᠠᠯᠭᠠᠰᠤᠵᠢᠯᠳᠠ ᠶᠢ ᠲᠦᠯᠬᠢᠨ ᠠᠬᠢᠭᠤᠯᠬᠤ︾ ᠦᠨᠳᠤᠰᠤᠨ ᠰᠡᠤᠡᠬᠢᠴᠡ ᠎ ᠪᠠᠷ᠂  ᠬᠤᠳᠠ ᠪᠠᠯᠭᠠᠰᠤ ᠶᠢ ᠨᠢᠬᠡᠳᠤᠯᠳᠡᠢ ᠲᠦᠯᠤᠪᠵᠢᠬᠦᠯᠤᠨ ᠵᠤᠬᠢᠴᠠᠩᠭᠤᠢ ᠬᠦᠭᠵᠢᠬᠦᠯᠬᠦ ᠶᠢ ᠲᠦᠯᠬᠢᠨ ᠠᠬᠢᠭᠤᠯᠤᠨ᠎ᠠ᠃  ᠤᠷᠤᠰᠢᠨ ᠰᠠᠭᠤᠬᠤ ᠳᠤ ᠲᠠᠭᠠᠯᠠᠮᠵᠢᠳᠠᠢ ᠬᠤᠳᠠ ᠪᠠᠯᠭᠠᠰᠤ ᠶᠢ ᠢᠳᠡᠪᠬᠢᠳᠡᠢ ᠡᠬᠦᠳᠤᠨ᠎ᠡ᠃ ᠰᠤᠮᠤ ᠪᠠᠯᠭᠠᠰᠤ ᠶᠢᠨ  ᠶᠡᠷᠤᠩᠬᠡᠢ ᠲᠦᠯᠤᠪᠵᠢᠬᠦᠯᠬᠡ ᠪᠠ ᠬᠢᠵᠠᠭᠠᠷᠯᠠᠬᠤ ᠴᠢᠨᠠᠷᠳᠠᠢ ᠨᠠᠷᠢᠯᠢᠭ ᠲᠦᠯᠤᠪᠵᠢᠬᠦᠯᠬᠡ ᠶᠢ ᠵᠠᠰᠠᠵᠤ ᠨᠠᠶᠢᠷᠠᠭᠤᠯᠬᠤ ᠶᠢ  ᠲᠠᠭᠤᠰᠬᠠᠨ᠂ ᠭᠤᠤᠯᠳᠠᠯᠭ᠎ᠠ ᠲᠠᠢ ᠲᠦᠪ ᠪᠠᠯᠭᠠᠰᠤ ᠶᠢᠨ ᠬᠦᠭᠵᠢᠯᠳᠡ ᠶᠢᠨ ᠬᠠᠷᠠᠯᠳᠠ ᠶᠢ ᠲᠤᠳᠤᠷᠬᠠᠶᠢᠯᠠᠵᠤ᠂ ᠤᠨᠴᠠᠯᠢᠭᠳᠤ ᠬᠤᠳᠠ ᠪᠠᠯᠭᠠᠰᠤ ᠶᠢᠨ ᠪᠦᠳᠤᠬᠡᠨ ᠪᠠᠶᠢᠭᠤᠯᠤᠯᠳᠠ ᠶᠢᠨ ᠤᠷᠤᠨ ᠪᠠᠶᠢᠷᠢ ᠶᠢ ᠲᠤᠭᠳᠠᠭᠠᠨ᠎ᠠ᠃ ᠬᠤᠳᠠ  ᠪᠠᠯᠭᠠᠰᠤ ᠶᠢᠨ ᠪᠦᠳᠤᠬᠡᠨ ᠪᠠᠶᠢᠭᠤᠯᠤᠯᠳᠠ ᠶᠢ ᠦᠷᠬᠡᠤᠡᠬᠡᠨ᠂ ᠴᠢᠨᠠᠷ ᠴᠢᠨᠰᠠᠭ᠎ᠠ ᠶᠢ ᠲᠡᠭᠡᠭᠰᠢᠯᠡᠬᠦᠯᠵᠤ᠂ ᠭᠤᠸ᠎ᠠ  ᠦᠵᠡᠰᠬᠦᠯᠡᠩᠳᠦ ᠰᠠᠶᠢᠬᠠᠨ ᠬᠤᠰᠢᠭᠤ ᠶᠢ ᠪᠠᠶᠢᠭᠤᠯᠤᠨ᠎ᠠ᠃ 2018 ᠤᠨ ᠤ ᠲᠦᠬᠦᠮ ᠪᠦᠳᠤᠴᠡᠳᠤ ᠤᠷᠤᠨ  ᠰᠠᠭᠤᠴᠠ ᠶᠢ ᠵᠠᠰᠠᠨ ᠰᠢᠨᠡᠳᠭᠡᠬᠦ ᠢᠨᠵᠧᠨᠧᠷᠢᠩ ᠢ ᠪᠡᠶᠡᠯᠡᠬᠦᠯᠵᠤ᠂ ᠬᠤᠳᠠ ᠶᠢᠨ ᠶᠠᠪᠤᠳᠠᠯ ᠤᠨ ᠨᠢᠬᠡ ᠪᠦᠯᠤᠭ᠌  ᠭᠤᠤᠯᠳᠠᠯᠭ᠎ᠠ ᠲᠠᠢ ᠢᠨᠵᠧᠨᠧᠷᠢᠩ ᠢ ᠡᠬᠢᠯᠡᠬᠦᠯᠤᠨ᠎ᠡ᠃ ᠬᠤᠳᠠ ᠪᠠᠯᠭᠠᠰᠤ ᠶᠢᠨ ᠴᠢᠨᠠᠷ ᠴᠢᠨᠰᠠᠭ᠎ᠠ ᠶᠢ  ᠲᠡᠬᠡᠭᠰᠢᠯᠡᠬᠦᠯᠤᠨ᠂ ︽ᠪᠤᠬᠢᠷᠳᠤᠯ ᠦᠬᠡᠢ︾ ᠪᠣᠯᠭᠠᠬᠤ ᠪᠠᠷ ᠭᠤᠤᠯ ᠬᠦᠭ ᠠᠶᠠᠰ ᠪᠤᠯᠭᠠᠵᠤ᠂ ᠭᠠᠷᠬᠤ ᠵᠠᠮ ᠬᠢᠬᠡᠤᠨ  ᠪᠠᠯᠭᠠᠰᠤᠨ ᠲᠤᠭᠤᠷᠢᠭ ᠤᠨ ᠭᠤᠤᠯ ᠵᠠᠮ ᠢ ᠨᠤᠭᠤᠭᠠᠷᠠᠭᠤᠯᠤᠨ ᠦᠵᠡᠮᠵᠢ ᠶᠢᠨ ᠪᠦᠰᠡ ᠶᠢ ᠪᠤᠢ ᠪᠤᠯᠭᠠᠨ᠎ᠠ᠃  ᠤᠶᠤᠨᠴᠢ ᠬᠤᠳᠠ ᠶᠢᠨ ᠪᠠᠶᠢᠭᠤᠯᠤᠯᠳᠠ ᠶᠢ ᠲᠦᠷᠬᠡᠤᠡᠬᠡᠨ ᠠᠬᠢᠭᠤᠯᠵᠤ᠂ ᠬᠤᠳᠠ ᠪᠠᠯᠭᠠᠰᠤ ᠶᠢᠨ ᠬᠠᠮᠢᠶᠠᠷᠤᠯᠳᠠ ᠶᠢᠨ  ᠰᠢᠨ᠎ᠡ ᠶᠢ ᠡᠬᠦᠳᠤᠨ᠂ ᠰᠠᠭᠤᠭᠠᠯᠢ ᠠᠷᠠᠤᠨ ᠤᠨ ᠲᠤᠭᠤᠷᠢᠭ ᠤᠨ ᠬᠡᠷ ᠠᠬᠤᠢ ᠶᠢᠨ ᠪᠠᠷᠢᠮᠵᠢᠶᠠᠵᠢᠭᠰᠠᠨ  ᠪᠠᠶᠢᠭᠤᠯᠤᠯᠳᠠ ᠶᠢ ᠲᠦᠷᠢᠮᠵᠢᠬᠦᠯᠵᠤ᠂ ᠰᠠᠭᠤᠭᠠᠯᠢ ᠠᠷᠠᠳ ᠤᠨ ᠵᠦᠪᠯᠡᠯ ᠤᠨ ᠦᠢᠯᠡᠳᠤᠯ ᠢ ᠪᠠᠳᠠᠷᠠᠭᠤᠯᠤᠨ᠂ ᠰᠢᠨᠵᠢᠯᠡᠬᠦ ᠤᠬᠠᠭᠠᠨᠴᠢᠯᠠᠭᠰᠠᠨ᠂ ᠨᠠᠷᠢᠯᠢᠭᠵᠢᠭᠤᠯᠤᠭᠰᠠᠨ᠂ ᠤᠷᠳᠤ ᠬᠤᠭᠤᠴᠠᠭᠠᠨ ᠤ ᠪᠦᠳᠤᠮᠵᠢᠳᠤ ᠠᠵᠢᠯ ᠤᠨ  ᠲᠤᠭᠳᠠᠴᠠ ᠶᠢ ᠪᠠᠶᠢᠭᠤᠯᠤᠨ᠎ᠠ᠃ ᠬᠠᠭᠤᠴᠢᠷᠠᠭᠰᠠᠨ ᠠᠰᠠᠷ ᠤᠨ ᠬᠤᠭᠤᠯᠠᠢ ᠲᠤᠤᠷ ᠤᠨ ︽ᠯᠡᠪᠡᠷᠡᠵᠤ ᠭᠤᠭᠤᠵᠢᠬᠤ︾ ᠵᠡᠷᠬᠡ ᠶᠢ ᠭᠤᠤᠯᠳᠠᠯᠭ᠎ᠠ ᠲᠠᠢ ᠵᠠᠰᠠᠨ ᠦᠬᠡᠷᠡᠴᠢᠯᠡᠵᠤ᠂ ᠠᠷᠠᠤᠨ ᠲᠦᠮᠡᠨ ᠤ ᠠᠩᠬᠠᠷᠣᠨ ᠬᠠᠯᠠᠮᠵᠢᠯᠠᠵᠦ ᠪᠠᠶᠢᠭ᠎ᠠ  ᠠᠰᠠᠭᠤᠳᠠᠯ ᠳᠤ ᠦᠨᠡᠨᠬᠦ ᠬᠠᠷᠢᠭᠤᠯᠳᠠ ᠦᠭᠬᠦᠨ᠎ᠡ᠃ ᠠᠯᠳ᠋ᠬᠠᠮᠡᠬᠡᠯ ᠪᠠᠯᠭᠠᠰᠤᠨ ᠲᠤᠭᠤᠷᠢᠭ ᠤᠨ ᠲᠦᠬᠡᠬᠡᠯ ᠤᠰᠤᠨ  ᠎ ᠤ ᠬᠤᠭᠤᠯᠠᠢ ᠲᠤᠤᠷ ᠎ ᠢ ᠵᠠᠰᠠᠨ ᠦᠬᠡᠷᠡᠴᠢᠯᠡᠬᠦ ᠢᠨᠵᠧᠨᠧᠷᠢᠩ ᠪᠠ ᠲᠤᠯᠠᠭᠠᠯᠭ᠎ᠠ ᠶᠢᠨ ᠰᠤᠷᠪᠤᠯᠵᠢ ᠶᠢᠨ ᠲᠦᠷᠤᠯ  ᠵᠤᠶᠢᠯ ᠢ ᠰᠢᠨ᠎ᠡ ᠪᠠᠷ ᠪᠠᠶᠢᠭᠤᠯᠬᠤ ᠶᠢ ᠡᠬᠢᠯᠡᠨ ᠬᠡᠷᠡᠭᠵᠢᠬᠦᠯᠵᠤ᠂ ᠠᠷᠠᠤᠨ ᠤᠯᠠᠨ ᠤ ︽ᠰᠠᠨᠠᠭ᠎ᠠ ᠠᠮᠤᠷ ᠤᠰᠤ  ᠣᠤᠭᠤᠬᠤ︾᠂ ︽ᠲᠤᠯᠠᠭᠠᠨ ᠲᠠᠭᠠᠯᠠᠮᠵᠢᠳᠠᠢ ᠬᠡᠷ ᠲᠤ ᠰᠠᠭᠤᠬᠤ︾᠎ ᠶᠢ ᠪᠠᠳᠤᠯᠠᠨ᠎ᠠ᠃ ᠪᠤᠵᠠᠷ ᠤᠰᠤ ᠶᠢ  ᠰᠢᠢᠤᠡᠪᠦᠷᠢᠯᠡᠬᠦ ᠪᠠᠷᠢᠮᠵᠢᠶ᠎ᠠ ᠶᠢ ᠲᠡᠭᠡᠭᠰᠢᠯᠡᠬᠦᠯᠤᠨ ᠵᠠᠰᠠᠨ ᠦᠭᠡᠷᠡᠴᠢᠯᠡᠵᠦ᠂ ᠲᠠᠬᠢᠨ ᠠᠰᠢᠭᠯᠠᠵᠤ ᠪᠤᠯᠬᠤ ᠤᠰᠤᠨ ᠤ  ᠰᠤᠷᠪᠤᠯᠵᠢ ᠶᠢ ᠬᠦᠢᠴᠡᠤᠨ ᠵᠦᠢ ᠵᠤᠬᠢᠰᠳᠠᠢ ᠬᠡᠷᠡᠭᠯᠡᠨ᠎ᠡ᠃ ︽ᠴᠢ ᠳ᠋ᠢ ᠰᠠᠩ ᠳ᠋ᠧ︾ ᠤᠷᠴᠢᠨ ᠲᠤᠭᠤᠷᠢᠨ ᠤ ᠡᠬᠢ  ᠪᠠᠶᠠᠯᠢᠭ ᠤᠨ ᠬᠢᠵᠠᠭᠠᠷᠳᠤ ᠺᠤᠮᠫᠠᠨᠢ ᠲᠠᠢ ᠬᠠᠮᠳᠤᠷᠠᠵᠤ᠂ ᠤᠷᠴᠢᠨ ᠲᠤᠭᠤᠷᠢᠨ ᠤ ᠠᠷᠢᠭᠤᠨ ᠴᠡᠪᠡᠷ ᠢ ᠬᠠᠮᠠᠭᠠᠯᠠᠬᠤ  ᠠᠵᠢᠯ ᠢ ᠵᠠᠬ᠎ᠠ ᠲᠡᠯᠬᠡᠬᠦᠷᠴᠢᠯᠡᠬᠦ ᠶᠢ ᠲᠦᠷᠭᠡᠳᠬᠡᠨ᠂ ᠨᠡᠩ ᠴᠡᠪᠡᠷ ᠲᠤᠬᠢᠯᠢᠭ᠂ ᠲᠡᠷᠢ ᠲᠡᠭᠰᠢᠬᠡᠨ᠂ ᠡᠮᠬᠢ ᠲᠢᠭᠯᠢᠮ ᠲᠠᠢ ᠬᠤᠳᠠ ᠪᠠᠯᠭᠠᠰᠤ ᠶᠢᠨ ᠤᠷᠴᠢᠨ ᠲᠤᠭᠤᠷᠢᠨ ᠢ ᠴᠤᠭᠴᠠᠯᠠᠨ ᠪᠠᠶᠢᠭᠤᠯᠤᠨ᠎ᠠ᠃ ︽ᠠᠵᠤ ᠦᠢᠯᠡᠰ ᠢ ᠬᠤᠳᠠ  ᠎ ᠯᠤᠭ᠎ᠠ ᠠᠭᠤᠰᠣᠯᠴᠠᠭᠤᠯᠬᠤ᠂ ᠤᠨᠤᠪᠴᠢᠳᠠᠢ ᠪᠠᠶᠢᠷᠢ ᠲᠤᠭᠳᠠᠭᠠᠬᠤ᠂ ᠴᠢᠳᠠᠮᠵᠢ ᠲᠤᠳᠤᠷᠬᠠᠢ᠂ ᠠᠯᠬᠤᠮ ᠳᠠᠷᠠᠭ᠎ᠠ  ᠎ ᠲᠠᠢ ᠲᠦᠯᠬᠢᠨ ᠠᠬᠢᠭᠤᠯᠬᠤ︾ ᠬᠦᠭᠵᠢᠯᠳᠡ ᠶᠢᠨ ᠰᠡᠤᠡᠬᠢᠴᠡ ᠪᠠᠷ᠂ ᠠᠷᠤᠬᠠᠰᠢᠶᠠᠳᠤ ᠪᠠᠯᠭᠠᠰᠤ ᠪᠠᠷ ᠲᠦᠪ  ᠪᠤᠯᠭᠠᠭᠰᠠᠨ ᠪᠠᠷᠠᠭᠠᠨ ᠤ ᠬᠦᠢᠯᠬᠡᠬᠡᠨ ᠤ ᠲᠦᠪ ᠤᠷᠤᠨ ᠢ ᠲᠦᠯᠤᠪᠯᠡᠨ ᠪᠠᠶᠢᠭᠤᠯᠵᠤ᠂ ᠬᠦᠯᠤᠨ ᠪᠠᠯᠭᠠᠰᠤ᠂ ᠲᠠᠯᠠᠢ  ᠰᠤᠮᠤ ᠪᠤᠯᠤᠨ ᠪᠤᠭᠳᠠᠡᠭᠤᠯᠠ ᠰᠤᠮᠤ ᠪᠠᠷ ᠲᠦᠪ ᠪᠤᠯᠭᠠᠭᠰᠠᠨ ᠵᠠᠮ ᠲᠠᠭᠠᠤ ᠲᠠᠯ᠎ᠠ ᠨᠤᠳᠤᠭ ᠤᠨ ᠦᠵᠡᠮᠵᠢ ᠶᠢ  ᠰᠤᠨᠢᠷᠬᠠᠨ ᠵᠤᠭᠠᠴᠠᠬᠤ ᠠᠷᠠᠯᠵᠢᠶ᠎ᠠ ᠬᠤᠳᠠᠯᠳᠤᠭᠠᠨ ᠤ ᠪᠦᠰᠡ ᠶᠢ ᠪᠠᠶᠢᠭᠤᠯᠵᠤ᠂ ᠴᠡᠭ ᠢᠶᠠᠷ ᠨᠡᠶᠢᠳᠡ ᠶᠢ  ᠲᠠᠶᠢᠴᠢᠯᠠᠵᠤ᠂ ᠤᠷᠤᠨ ᠲᠤᠭᠤᠷᠢᠭ ᠬᠤᠯᠪᠤᠭᠠᠯᠠᠨ᠂ ᠬᠠᠮᠵᠢᠯᠴᠠᠨ ᠬᠦᠭᠵᠢᠬᠦ ᠶᠢ ᠪᠡᠶᠡᠯᠡᠬᠦᠯᠤᠨ᠎ᠡ᠃ ᠠᠮᠢ ᠠᠬᠤᠢ  ᠎ ᠶᠢᠨ ᠤᠷᠴᠢᠨ ᠲᠤᠭᠤᠷᠢᠨ ᠢ ᠬᠠᠮᠠᠭᠠᠯᠠᠬᠤ ᠶᠢ ᠦᠷᠬᠦᠯᠵᠢᠯᠡᠨ ᠲᠦᠯᠬᠢᠨ ᠠᠬᠢᠭᠤᠯᠤᠨ᠎ᠠ᠃ ᠬᠤᠭ ᠨᠤᠪᠰᠢ ᠶᠢ  ᠰᠢᠢᠤᠡᠪᠦᠷᠢᠯᠡᠬᠦ ᠠᠵᠢᠯ ᠢ ᠪᠠᠳᠤᠳᠠᠢ ᠠᠤᠡᠬᠤᠵᠤ᠂ ᠬᠤᠰᠢᠭᠤᠨ ᠤ ᠲᠦᠪ ᠪᠠᠯᠭᠠᠰᠤ ᠶᠢᠨ ᠬᠤᠭ ᠨᠤᠪᠰᠢ ᠶᠢ  ᠰᠢᠢᠤᠡᠪᠦᠷᠢᠯᠡᠬᠦ ᠦᠢᠯᠡᠤᠡᠪᠦᠷᠢ ᠶᠢᠨ ᠡᠵᠡᠩᠨᠡᠯᠳᠡ ᠬᠠᠮᠢᠶᠠᠷᠤᠯᠳᠠ ᠶᠢ ᠰᠠᠶᠢᠵᠢᠷᠠᠭᠤᠯᠤᠨ ᠴᠢᠩᠭᠠᠤᠡᠬᠠᠵᠤ᠂ ᠭᠠᠴᠠᠭᠠᠨ ᠤ  ᠬᠤᠭ ᠨᠤᠪᠰᠢ ᠬᠠᠶᠠᠬᠤ ᠴᠡᠭ ᠢ ᠲᠦᠷᠢᠮᠵᠢᠬᠦᠯᠤᠨ᠂ ᠬᠤᠭ ᠨᠤᠪᠰᠢ ᠶᠢ ︽ᠴᠤᠭᠯᠠᠭᠤᠯᠬᠤ᠂ ᠴᠡᠪᠡᠷᠯᠡᠨ  ᠵᠦᠬᠡᠬᠡᠪᠦᠷᠢᠯᠡᠬᠦ᠂ ᠰᠢᠢᠤᠡᠪᠦᠷᠢᠯᠡᠬᠦ︾ ᠭᠤᠷᠪᠠᠨ ᠱᠠᠳᠤ ᠬᠤᠯᠪᠤᠭᠠᠯᠠᠨ ᠰᠢᠢᠤᠡᠪᠦᠷᠢᠯᠡᠬᠦ ᠰᠢᠰᠲ᠋ᠧᠮ ᠢ ᠪᠦᠷᠢᠨᠰᠢᠬᠦᠯᠤᠨ᠎ᠡ  ᠃ ᠲᠠᠯ᠎ᠠ ᠨᠤᠳᠤᠭ ᠢ ᠬᠠᠮᠢᠶᠠᠷᠤᠨ ᠬᠠᠮᠠᠭᠠᠯᠠᠬᠤ ᠶᠢ ᠪᠠᠳᠤᠳᠠᠢ ᠰᠠᠶᠢᠳᠤᠷ ᠠᠤᠡᠬᠤᠨ᠎ᠠ᠃ ᠰᠢᠨ᠎ᠡ ᠨᠢᠬᠡᠨ ᠡᠬᠡᠯᠵᠢ ᠶᠢᠨ  ᠨᠤᠳᠤᠭ ᠪᠡᠯᠴᠢᠬᠡᠷ ᠤᠨ ᠠᠮᠢ ᠠᠬᠤᠢ ᠶᠢᠨ ᠱᠠᠩᠨᠠᠯ ᠨᠦᠬᠦᠪᠦᠷᠢ ᠶᠢᠨ ᠲᠦᠷᠤ ᠶᠢᠨ ᠪᠤᠳᠤᠯᠭ᠎ᠠ ᠪᠤᠯᠤᠨ ᠮᠠᠯ ᠠᠵᠤ  ᠠᠬᠤᠢ ᠶᠢᠨ ᠦᠢᠯᠡᠤᠡᠪᠦᠷᠢᠯᠡᠯ ᠡᠵᠡᠩᠨᠡᠯᠳᠡ ᠶᠢᠨ ᠠᠷᠭ᠎ᠠ ᠬᠡᠯᠪᠡᠷᠢ ᠶᠢ ᠬᠤᠪᠢᠷᠠᠭᠤᠯᠬᠤ ᠶᠢ ᠦᠷᠬᠦᠯᠵᠢᠯᠡᠨ  ᠨᠠᠶᠢᠳᠠᠪᠤᠷᠢᠵᠢᠭᠤᠯᠵᠤ᠂ ᠡᠷᠤᠬᠡ ᠬᠤᠯᠪᠤᠭᠠᠯᠠᠨ ᠡᠵᠡᠩᠨᠡᠬᠦ ᠪᠠ ᠨᠡᠬᠦᠳᠡᠯᠯᠡᠨ ᠮᠠᠯᠵᠢᠬᠤ ᠦᠢᠯᠡᠤᠡᠪᠦᠷᠢᠯᠡᠯ ᠠᠮᠢᠳᠤᠷᠠᠯ  ᠎ ᠤᠨ ᠠᠷᠭ᠎ᠠ ᠬᠡᠯᠪᠡᠷᠢ ᠶᠢ ᠵᠤᠷᠢᠭᠵᠢᠭᠤᠯᠤᠨ᠂ ᠲᠠᠯ᠎ᠠ ᠨᠤᠳᠤᠭ ᠢᠶᠠᠨ ᠠᠮᠢ ᠪᠠᠨ ᠰᠢᠭ᠋ ᠬᠠᠶᠢᠷᠠᠯᠠᠨ᠎ᠠ᠃ ᠪᠤᠵᠠᠷ ᠤᠰᠤ  ᠰᠢᠢᠤᠡᠪᠦᠷᠢᠯᠡᠬᠦ ᠰᠢᠰᠲ᠋ᠧᠮ ᠢ ᠲᠡᠬᠦᠯᠳᠡᠷᠵᠢᠬᠦᠯᠤᠨ᠂ ᠪᠣᠬᠢᠷᠳᠣᠯ ᠦᠬᠡᠢ ᠭᠠᠳᠠᠭᠰᠢᠯᠠᠭᠤᠯᠬᠤ ᠶᠢ ᠪᠡᠶᠡᠯᠡᠬᠦᠯᠤᠨ᠎ᠡ᠃  ᠠᠮᠢ ᠠᠬᠤᠢ ᠶᠢᠨ ᠬᠠᠮᠠᠭᠠᠯᠠᠯᠳᠠ ᠶᠢ ᠯᠠᠪᠳᠠᠭᠤᠨ ᠪᠠᠳᠤᠳᠠᠢ ᠠᠤᠡᠬᠤᠨ᠎ᠠ᠃ ᠬᠦᠯᠤᠨ ᠨᠠᠭᠤᠷ ᠤᠨ ᠤᠷᠤᠰᠬᠠᠯ ᠤᠨ ᠣᠷᠣᠨ ᠤ ᠠᠮᠢ ᠠᠬᠤᠢ ᠪᠠ ᠤᠷᠴᠢᠨ ᠲᠤᠭᠤᠷᠢᠨ ᠢ ᠶᠡᠷᠤᠩᠬᠡᠶᠢᠯᠡᠨ ᠵᠠᠰᠠᠬᠤ ᠶᠢ ᠲᠦᠷᠬᠡᠤᠡᠬᠡᠨ ᠠᠬᠢᠭᠤᠯᠵᠤ᠂  ᠨᠠᠭᠤᠷ ᠤᠨ ᠬᠦᠪᠡᠭᠡ ᠲᠠᠭᠠᠤ ᠶᠢᠨ ᠪᠤᠬᠢᠷᠳᠤᠯ ᠢ ᠦᠷᠬᠦᠯᠵᠢᠯᠡᠨ ᠵᠠᠰᠠᠵᠤ᠂ ᠠᠮᠢ ᠠᠬᠤᠢ ᠶᠢᠨ ᠠᠷᠠᠤᠨ ᠢ ᠨᠡᠬᠦᠯᠬᠡᠬᠦ᠂  ᠡᠯᠡᠰᠤᠷᠬᠡᠭᠵᠢᠯ ᠢ ᠰᠡᠷᠬᠡᠶᠢᠯᠡᠨ ᠵᠠᠰᠠᠬᠤ᠂ ᠲᠦᠷᠢᠮ ᠠᠴᠠ ᠵᠦᠷᠢᠴᠡᠭᠰᠡᠨ ᠪᠠᠷᠢᠯᠭ᠎ᠠ ᠶᠢ ᠨᠤᠷᠠᠭᠠᠬᠤ ᠵᠡᠷᠬᠡ ᠠᠵᠢᠯ ᠢ  ᠬᠦᠴᠤᠳᠡᠢ ᠲᠦᠯᠬᠢᠨ ᠠᠬᠢᠭᠤᠯᠵᠤ᠂ ᠪᠡᠯᠴᠢᠬᠡᠷ ᠮᠠᠭᠤᠳᠠᠬᠤ ᠶᠢ ᠰᠡᠷᠬᠡᠶᠢᠯᠡᠨ ᠵᠠᠰᠠᠬᠤ᠂ ᠤᠰᠤ ᠠᠷᠪᠢᠯᠠᠨ ᠤᠰᠤᠯᠠᠬᠤ  ᠂ ᠬᠠᠮᠠᠭᠠᠯᠠᠯᠳᠠ ᠶᠢᠨ ᠤᠷᠤᠨ ᠤ ᠤᠶᠢᠷ᠎ᠠ ᠬᠠᠪᠢ ᠶᠢᠨ ᠪᠤᠵᠠᠷ ᠤᠰᠤ ᠰᠢᠢᠤᠡᠪᠦᠷᠢᠯᠡᠬᠦ ᠦᠢᠯᠡᠤᠡᠪᠦᠷᠢ᠂ ᠤᠶᠢᠷ᠎ᠠ  ᠬᠠᠪᠢ ᠶᠢᠨ ᠮᠠᠯ ᠤᠨ ᠪᠠᠭᠠᠰᠤ ᠶᠢ ᠬᠤᠤᠷ ᠬᠦᠨᠤᠬᠡᠯ ᠦᠬᠡᠢ ᠰᠢᠢᠤᠡᠪᠦᠷᠢᠯᠡᠬᠦ᠂ ᠤᠷᠭᠠᠨᠢᠭ ᠪᠤᠷᠳᠤᠭᠤᠷ  ᠪᠤᠯᠪᠠᠰᠤᠷᠠᠭᠤᠯᠬᠤ ᠵᠡᠷᠬᠡ ᠲᠦᠷᠤᠯ ᠵᠤᠶᠢᠯ ᠢ ᠪᠦᠬᠦ ᠲᠠᠯ᠎ᠠ ᠪᠠᠷ ᠬᠡᠷᠡᠭᠵᠢᠬᠦᠯᠤᠨ᠎ᠡ᠃       ︵ᠲᠠᠪᠤ︶ ᠠᠷᠠᠤᠨ ᠤᠨ ᠠᠮᠢᠳᠤᠷᠠᠯ ᠢ ᠰᠠᠶᠢᠵᠢᠷᠠᠭᠤᠯᠬᠤ ᠪᠦᠳᠤᠬᠡᠨ ᠪᠠᠶᠢᠭᠤᠯᠤᠯᠳᠠ ᠶᠢ ᠬᠦᠴᠤᠯᠡᠨ  ᠴᠢᠩᠭᠠᠤᠡᠬᠠᠨ᠎ᠠ᠃ ᠠᠷᠠᠤᠨ ᠤᠯᠠᠨ ᠤ ᠬᠠᠮᠤᠭ ᠠᠴᠠ ᠠᠩᠬᠠᠷᠴᠤ ᠪᠠᠶᠢᠭ᠎ᠠ᠂ ᠬᠠᠮᠤᠭ ᠤᠨ ᠰᠢᠭᠤᠤᠨ᠂ ᠬᠠᠮᠤᠭ ᠤᠨ  ᠪᠤᠳᠠᠳᠠᠢ ᠦᠨᠳᠤᠰᠤᠨ ᠠᠰᠢᠭ ᠲᠤᠰᠠ ᠲᠠᠢ ᠬᠤᠯᠪᠤᠭᠳᠠᠵᠤ ᠪᠠᠶᠢᠭ᠎ᠠ ᠠᠰᠠᠭᠤᠳᠠᠯ ᠢ ᠰᠠᠶᠢᠳᠤᠷ ᠠᠤᠡᠬᠤᠨ᠂ ᠠᠷᠠᠤᠨ  ᠎ ᠤᠨ ᠠᠮᠢᠳᠤᠷᠠᠯ ᠢ ᠪᠠᠳᠤᠯᠠᠨ ᠰᠠᠶᠢᠵᠢᠷᠠᠭᠤᠯᠬᠤ ᠠᠵᠢᠯ ᠢ ᠯᠠᠪᠳᠠᠭᠤᠨ ᠪᠠᠳᠤᠳᠠᠢ ᠰᠠᠶᠢᠳᠤᠷ ᠬᠢᠵᠤ᠂ ᠠᠷᠠᠤᠨ ᠤᠯᠠᠨ ᠤ  ᠡᠳᠤᠷ ᠢᠷᠡᠬᠦᠶ᠎ᠡ ᠨᠡᠮᠡᠭᠳᠡᠵᠤ ᠪᠠᠶᠢᠭ᠎ᠠ ᠰᠠᠶᠢᠨ ᠰᠠᠶᠢᠬᠠᠨ ᠠᠮᠢᠳᠤᠷᠠᠯ ᠤᠨ ᠬᠦᠰᠡᠯ ᠡᠷᠡᠮᠡᠯᠵᠡᠯ ᠢ ᠲᠠᠰᠤᠷᠠᠯᠳᠠ ᠦᠬᠡᠢ  ᠬᠠᠩᠭᠠᠨ᠎ᠠ᠃ ᠶᠠᠳᠠᠭᠤ ᠠᠴᠠ ᠠᠩᠬᠢᠵᠢᠷᠠᠭᠤᠯᠬᠤ ᠪᠠᠬᠢᠯᠡᠯᠳᠡ ᠰᠢᠪᠳᠤᠯᠬᠤ ᠲᠠᠶᠢᠨ ᠢ ᠰᠠᠶᠢᠳᠤᠷ ᠬᠢᠨ᠎ᠡ᠃ ︽ᠳᠠᠪᠤ ᠶᠢ  ᠪᠠᠷᠢᠮᠳᠠᠯᠠᠬᠤ᠂ ᠲᠠᠪᠤᠨ ᠨᠢᠬᠡ ᠪᠦᠯᠤᠭ᠌᠂ ᠵᠢᠷᠭᠤᠭᠠᠨ ᠨᠠᠷᠢᠯᠢᠭ ᠤᠨᠤᠪᠴᠢᠳᠠᠢ︾ ᠦᠨᠳᠤᠰᠤᠨ ᠠᠷᠭ᠎ᠠ ᠪᠣᠳᠣᠯᠭ᠎ᠠ ᠶᠢ  ᠪᠦᠬᠦ ᠲᠠᠯ᠎ᠠ ᠪᠠᠷ ᠬᠡᠷᠡᠭᠵᠢᠬᠦᠯᠤᠨ᠂ ᠶᠠᠳᠠᠭᠤ ᠬᠦᠴᠢᠷᠳᠡᠯᠳᠡᠢ ᠬᠦᠮᠤᠨ ᠠᠮᠠ ᠳᠤ ᠬᠦᠳᠡᠯᠤᠩᠬᠦᠢ ᠬᠠᠮᠢᠶᠠᠷᠤᠯᠳᠠ ᠬᠢᠵᠤ  ᠂ 167 ᠡᠷᠤᠬᠡ 389 ᠶᠠᠳᠠᠭᠤ ᠬᠦᠴᠢᠷᠳᠡᠯᠳᠡᠢ ᠬᠦᠮᠤᠨ ᠠᠮᠠ ᠶᠢ ᠶᠠᠳᠠᠭᠤ ᠠᠴᠠ ᠠᠩᠬᠢᠵᠢᠷᠠᠭᠤᠯᠬᠤ ᠶᠢ  ᠲᠦᠷᠬᠡᠤᠡᠬᠡᠨ᠂ ᠴᠢᠨᠡᠬᠡᠯᠢᠭ ᠨᠡᠶᠢᠬᠡᠮ ᠢ ᠪᠦᠬᠦ ᠲᠠᠯ᠎ᠠ ᠪᠠᠷ ᠪᠡᠶᠡᠯᠡᠬᠦᠯᠬᠦ ᠳᠤ ᠳᠣᠳᠠᠭᠳᠠᠵᠦ ᠪᠠᠶᠢᠭ᠎ᠠ ᠳᠠᠯ᠎ᠠ ᠶᠢ  ᠨᠦᠬᠦᠪᠦᠷᠢᠯᠡᠨ᠎ᠡ᠃ ᠨᠡᠶᠢᠬᠡᠮ ᠤᠨ ᠪᠠᠳᠤᠯᠠᠭ᠎ᠠ ᠶᠢᠨ ᠦᠢᠯᠡᠴᠢᠯᠡᠭᠡ ᠶᠢ ᠴᠢᠩᠭᠠᠤᠡᠬᠠᠨ᠎ᠠ᠃ ᠬᠤᠳᠠ ᠬᠦᠳᠡᠭᠡ ᠶᠢᠨ  ᠰᠠᠭᠤᠭᠠᠯᠢ ᠠᠷᠠᠤᠨ ᠤᠨ ᠬᠦᠨᠳᠤ ᠡᠪᠡᠤᠡᠴᠢᠨ ᠤ ᠲᠠᠭᠠᠤᠡᠬᠠᠯ᠂ ᠲᠦᠷ ᠠᠪᠤᠷᠠᠨ ᠲᠤᠰᠠᠯᠠᠬᠤ ᠲᠦᠷᠢᠮ ᠢ  ᠲᠡᠬᠦᠯᠳᠡᠷᠵᠢᠬᠦᠯᠵᠤ᠂ ᠬᠤᠳᠠ ᠪᠠᠯᠭᠠᠰᠤ ᠶᠢᠨ ᠰᠠᠭᠤᠭᠠᠯᠢ ᠠᠷᠠᠤᠨ ᠤᠨ ᠨᠠᠰᠤᠵᠢᠯ ᠤᠨ ᠲᠠᠭᠠᠤᠡᠬᠠᠯ ᠢ ᠪᠦᠷᠬᠦᠬᠦᠯᠬᠦ  ᠪᠠ ᠡᠮ ᠡᠮᠨᠡᠯᠬᠡ ᠶᠢᠨ ᠲᠠᠭᠠᠤᠡᠬᠠᠯ ᠳᠤ ᠤᠷᠤᠯᠴᠠᠬᠤ ᠨᠤᠷᠮ᠎ᠠ ᠶᠢ ᠲᠤᠭᠳᠠᠭᠤᠨ ᠢᠶᠠᠷ ᠲᠡᠭᠡᠭᠰᠢᠯᠡᠬᠦᠯᠬᠦ ᠶᠢ ᠪᠠᠳᠤᠯᠠᠨ᠎ᠠ  ᠃ ︽ᠴᠢᠳᠠᠪᠤᠷᠢᠳᠠᠨ ᠢᠶᠠᠷ ᠬᠤᠰᠢᠭᠤ ᠪᠠᠨ ᠬᠦᠴᠤᠷᠬᠡᠭᠵᠢᠬᠦᠯᠬᠦ︾ ᠪᠠᠶᠢᠯᠳᠤᠬᠤ ᠪᠤᠳᠤᠯᠭ᠎ᠠ ᠶᠢ ᠬᠦᠨᠵᠡᠬᠡᠢ  ᠲᠤᠤᠱᠠᠯᠠᠭᠤᠯᠤᠨ᠂ ᠰᠠᠶᠢᠨ ᠰᠠᠶᠢᠬᠠᠨ  ᠠᠵᠢᠯᠯᠠᠬᠤ ᠤᠷᠴᠢᠨ ᠲᠤᠭᠤᠷᠢᠨ ᠢ ᠪᠤᠢ ᠪᠤᠯᠭᠠᠨ ᠦᠭᠴᠤ᠂ ᠡᠯ᠎ᠡ ᠲᠦᠷᠤᠯ  ᠎ ᠤᠨ ᠴᠢᠳᠠᠪᠤᠷᠢᠳᠠᠨ ᠤ ᠬᠤᠷᠠᠨ ᠴᠤᠭᠯᠠᠷᠠᠬᠤ ᠶᠢ ᠪᠡᠶᠡᠯᠡᠬᠦᠯᠤᠨ᠎ᠡ᠃ ᠲᠠᠶᠠᠭᠠᠷ ᠢᠶᠠᠨ ᠦᠢᠯᠡᠰ ᠪᠤᠰᠬᠠᠬᠤ᠂  ᠪᠦᠬᠦᠨ ᠢᠶᠠᠷ ᠢᠶᠠᠨ ᠰᠢᠨ᠎ᠡ ᠶᠢ ᠡᠬᠦᠤᠡᠬᠦ ᠶᠢ ᠦᠷᠬᠦᠯᠵᠢᠯᠡᠨ ᠲᠦᠯᠬᠢᠨ ᠠᠬᠢᠭᠤᠯᠵᠤ᠂ ᠪᠦᠬᠦ ᠠᠷᠠᠤᠨ ᠢᠶᠠᠷ ᠢᠶᠠᠨ  ᠦᠢᠯᠡᠰ ᠪᠤᠰᠬᠠᠬᠤ ᠤᠷᠬᠢᠯᠤᠮ᠎ᠠ ᠬᠠᠯᠠᠭᠤᠨ ᠰᠡᠤᠡᠬᠢᠯᠬᠡ ᠶᠢ ᠬᠦᠭᠵᠢᠬᠡᠨ᠎ᠡ᠃ ᠰᠤᠶᠤᠯ ᠰᠤᠷᠭᠠᠨ ᠬᠦᠮᠤᠵᠢᠯ ᠤᠨ  ᠦᠢᠯᠡᠰ ᠤᠨ ᠬᠦᠭᠵᠢᠯᠳᠡ ᠶᠢ ᠬᠦᠴᠤᠳᠡᠢ ᠲᠦᠯᠬᠢᠨ ᠠᠬᠢᠭᠤᠯᠤᠨ᠎ᠠ᠃ ᠨᠡᠶᠢᠬᠡᠮ ᠵᠢᠷᠤᠮ ᠤᠨ ᠭᠤᠤᠯᠯᠠᠭᠴᠢ ᠦᠷᠳᠡᠭ  ᠎ ᠤᠨ ᠦᠵᠡᠯᠳᠡ ᠶᠢ ᠦᠢᠯᠡᠳᠤᠯᠬᠡᠵᠢᠬᠦᠯᠵᠤ᠂ ᠲᠤᠮᠳᠠᠳᠤ ᠶᠢᠨ ᠦᠨᠳᠤᠰᠤᠳᠡᠨ ᠤ ᠰᠢᠯᠢᠳᠡᠭ ᠰᠤᠶᠤᠯ ᠢ ᠣᠯᠠᠮᠵᠢᠯᠠᠨ  ᠪᠠᠳᠠᠷᠠᠭᠤᠯᠵᠦ᠂ ᠬᠦᠨ ᠵᠤᠵᠠᠭᠠᠨ ᠦᠨᠳᠤᠰᠤᠳᠡᠨ ᠤ ᠰᠤᠶᠤᠯ ᠢ ᠴᠡᠴᠡᠭᠯᠡᠨ ᠬᠦᠭᠵᠢᠬᠦᠯᠬᠦ ᠶᠢ ᠲᠦᠯᠬᠢᠨ  ᠠᠬᠢᠭᠤᠯᠤᠨ᠎ᠠ᠃ ᠡᠬᠢ ᠪᠠᠶᠠᠯᠢᠭ ᠤᠨ ᠲᠠᠪᠠᠭᠤᠯᠢᠭ ᠢ ᠬᠦᠢᠴᠡᠤᠨ ᠠᠰᠢᠭᠯᠠᠨ᠂ ᠤᠯᠠᠨ ᠲᠦᠮᠡᠨ ᠤ ᠰᠤᠶᠤᠯ ᠤᠨ  ᠢᠳᠡᠬᠡᠯ ᠢ ᠨᠡᠮᠡᠭᠳᠡᠬᠦᠯᠵᠦ᠂ ᠤᠯᠠᠨ ᠨᠡᠶᠢᠳᠡ ᠶᠢᠨ ᠰᠤᠶᠤᠯ ᠲᠠᠮᠢᠷ ᠤᠨ ᠦᠢᠯᠡᠴᠢᠯᠡᠬᠡᠨ ᠤ ᠰᠢᠰᠲ᠋ᠧᠮ ᠢ  ᠲᠡᠭᠦᠯᠳᠡᠷᠵᠢᠬᠦᠯᠦᠨ᠂ ᠨᠤᠮ ᠤᠨ ᠰᠠᠩ᠂ ᠰᠤᠶᠤᠯ ᠤᠨ ᠤᠷᠳᠤᠨ᠂ ᠪᠡᠶ᠎ᠡ ᠶᠢᠨ ᠲᠠᠮᠢᠷ ᠤᠨ ᠤᠷᠳᠤᠨ᠂ ᠮᠠᠨᠤ  ᠴᠢᠯᠠᠭᠤᠨ ᠤ ᠮᠦᠽᠸᠢ ᠪᠠ ᠠᠵᠢᠯ ᠤᠨ ᠴᠢᠯᠤᠬᠡᠨ ᠤ ᠲᠠᠮᠢᠷ ᠤᠨ ᠰᠤᠷᠭᠠᠭᠤᠯᠢ ᠶᠢᠨ ᠪᠠᠶᠢᠭᠤᠯᠤᠯᠳᠠ ᠶᠢ  ᠲᠦᠷᠬᠡᠤᠡᠬᠡᠨ ᠠᠬᠢᠭᠤᠯᠤᠨ᠎ᠠ᠃ ᠮᠦᠰᠤ ᠴᠠᠰᠤᠨ ᠤ ᠡᠬᠢ ᠪᠠᠶᠠᠯᠢᠭ ᠢ ᠬᠦᠢᠴᠡᠤᠨ ᠠᠰᠢᠭᠯᠠᠨ᠂ ᠮᠦᠰᠤᠨ ᠲᠡᠭᠡᠷᠡᠬᠢ  ᠪᠡᠶ᠎ᠡ ᠶᠢᠨ ᠲᠠᠮᠢᠷ ᠤᠨ ᠲᠦᠷᠤᠯ ᠵᠤᠶᠢᠯ ᠢ ᠬᠦᠭᠵᠢᠬᠦᠯᠵᠤ᠂ ︽ᠪᠠᠷᠭᠤ︾ ᠮᠦᠰᠤᠨ ᠪᠦᠮᠪᠦᠭᠡ ᠶᠢᠨ ᠵᠠᠯᠠᠭᠤᠴᠤᠤᠨ  ᠪᠠᠭᠠᠴᠤᠤᠨ ᠤᠨ ᠠᠩᠬᠢ ᠶᠢ ᠪᠤᠶᠢᠵᠢᠭᠤᠯᠤᠨ ᠬᠦᠭᠵᠢᠬᠦᠯᠦᠨ᠎ᠡ᠃ ᠰᠤᠶᠤᠯ ᠤᠨ ᠦᠪ ᠢ ᠤᠯᠠᠮᠵᠢᠯᠠᠨ ᠵᠠᠯᠭᠠᠮᠵᠢᠯᠠᠬᠤ  ᠠᠮᠢᠵᠢᠷᠠᠯ ᠤᠨ ᠬᠦᠴᠤᠨ ᠢ ᠨᠡᠮᠡᠭᠳᠡᠬᠦᠯᠵᠤ᠂ ︽ᠪᠤᠭᠳᠠᠡᠭᠤᠯᠠ︾ ᠤᠯᠤᠰ ᠎ ᠤᠨ ᠲᠡᠰ ᠤᠨ ᠪᠤᠳᠠᠰ ᠤᠨ ᠪᠤᠰᠤ  ᠰᠤᠶᠤᠯ ᠤᠨ ᠦᠪ ᠢ ᠭᠤᠶᠤᠴᠢᠯᠠᠨ ᠮᠡᠳᠡᠬᠦᠯᠬᠦ ᠠᠵᠢᠯ ᠢ ᠦᠷᠬᠦᠯᠵᠢᠯᠡᠨ ᠲᠦᠯᠬᠢᠨ ᠠᠬᠢᠭᠤᠯᠤᠨ᠎ᠠ᠃ ᠰᠤᠷᠬᠤ  ᠨᠠᠰᠤᠨ ᠠᠴᠠ ᠡᠮᠤᠨᠡᠬᠢ ᠰᠤᠷᠭᠠᠨ ᠬᠦᠮᠤᠵᠢᠯ ᠢ ᠠᠮᠢᠳᠤᠯᠢᠭ ᠡᠷᠬᠢᠯᠡᠵᠤ᠂ ᠨᠡᠶᠢᠬᠡᠮ ᠠᠴᠠ ᠰᠤᠷᠭᠠᠭᠤᠯᠢ ᠡᠷᠬᠢᠯᠡᠬᠦ ᠶᠢ  ᠵᠤᠷᠢᠭᠵᠢᠭᠤᠯᠤᠨ᠂ ᠦᠨᠳᠤᠷ ᠴᠢᠨᠠᠷ ᠴᠢᠨᠰᠠᠭ᠎ᠠ ᠲᠠᠢ ᠠᠯᠪᠠᠨ ᠠᠴᠠ ᠡᠷᠬᠢᠯᠡᠭᠰᠡᠨ ᠬᠡᠤᠬᠡᠤᠨ ᠤᠨ ᠴᠡᠴᠡᠷᠯᠢᠭ ᠪᠠ  ᠠᠷᠠᠤᠨ ᠠᠴᠠ ᠡᠷᠬᠢᠯᠡᠭᠰᠡᠨ ᠬᠡᠤᠬᠡᠤᠨ ᠤᠨ ᠴᠡᠴᠡᠷᠯᠢᠭ ᠢ ᠪᠠᠶᠢᠭᠤᠯᠤᠨ᠎ᠠ᠃ ᠠᠯᠪᠠᠨ ᠵᠢᠷᠤᠮ ᠤᠨ ᠰᠤᠷᠭᠠᠨ  ᠬᠦᠮᠤᠵᠢᠯ ᠢ ᠰᠠᠶᠢᠳᠤᠷ ᠡᠷᠬᠢᠯᠡᠨ᠂ ᠰᠤᠷᠭᠠᠨ ᠬᠦᠮᠤᠵᠢᠯ ᠤᠨ ᠬᠠᠳᠠᠭᠤ ᠵᠦᠬᠡᠯᠡᠨ ᠲᠤᠨᠤᠭ ᠢ ᠰᠠᠶᠢᠵᠢᠷᠠᠭᠤᠯᠵᠦ᠂  ᠰᠤᠷᠭᠠᠭᠤᠯᠢ ᠪᠠᠷᠢᠮᠵᠢᠶᠠᠵᠢᠭᠰᠠᠨ᠂ ᠰᠤᠷᠭᠠᠨ ᠬᠦᠮᠤᠵᠢᠯ ᠰᠤᠷᠠᠭ ᠵᠠᠩᠬᠢᠴᠢᠯᠠᠭᠰᠠᠨ᠂ ᠪᠠᠭᠰᠢ ᠶᠢᠨ ᠬᠢᠷᠢ ᠬᠡᠮ  ᠲᠤᠰᠬᠠᠶᠢᠵᠢᠭᠰᠠᠨ ᠪᠠᠶᠢᠭᠤᠯᠤᠯᠳᠠ ᠶᠢ ᠲᠦᠷᠬᠡᠤᠡᠬᠡᠨ ᠠᠬᠢᠭᠤᠯᠤᠨ᠎ᠠ᠃ ᠠᠷᠠᠤᠨ ᠤᠯᠠᠨ ᠤ ᠡᠷᠡᠬᠦᠯ ᠴᠢᠬᠢᠷᠠᠭ ᠤᠨ  ᠬᠢᠷᠢ ᠲᠦᠪᠰᠢᠨ ᠢ ᠲᠡᠭᠡᠭᠰᠢᠯᠡᠬᠦᠯᠤᠨ᠎ᠡ᠃ ᠬᠤᠰᠢᠭᠤ ᠱᠠᠳᠤᠨ ᠤ ᠠᠯᠪᠠᠨ ᠠᠴᠠ ᠡᠷᠬᠢᠯᠡᠭᠰᠡᠨ ᠡᠮᠨᠡᠯᠬᠡ ᠶᠢᠨ  ᠬᠤᠷᠢᠶᠠᠨ ᠤ ᠶᠡᠷᠤᠩᠬᠡᠶᠢᠯᠡᠭᠰᠡᠨ ᠦᠬᠡᠷᠡᠴᠢᠯᠡᠯᠳᠡ ᠶᠢ ᠬᠦᠨᠵᠡᠬᠡᠶᠢᠷᠡᠭᠦᠯᠦᠨ᠂ ᠡᠮ ᠤᠨ ᠣᠷᠤᠯᠭ᠎ᠠ ᠪᠠᠷ ᠡᠮᠨᠡᠯᠬᠡ ᠶᠢᠨ  ᠬᠤᠷᠢᠶ᠎ᠠ ᠶᠢ ᠲᠡᠵᠢᠬᠡᠬᠦ ᠪᠠᠶᠢᠳᠠᠯ ᠢ ᠦᠬᠡᠶᠢᠰᠬᠡᠵᠤ᠂ ᠤᠯᠠᠨ ᠲᠦᠮᠡᠨ ᠳᠤ ᠠᠰᠢᠭ ᠬᠦᠷᠳᠡᠬᠡᠨ ᠬᠠᠷᠠᠭᠠᠯᠵᠠᠯ  ᠦᠵᠡᠬᠦᠯᠤᠨ᠎ᠡ᠃ ᠮᠤᠩᠭᠤᠯ ᠡᠮᠨᠡᠯᠬᠡ ᠶᠢᠨ ᠬᠤᠷᠢᠶᠠᠨ ᠤ ᠶᠡᠷᠤᠩᠬᠡᠶᠢᠯᠡᠭᠰᠡᠨ ᠠᠰᠠᠷ ᠤᠨ ᠡᠮ ᠨᠠᠶᠢᠷᠠᠭᠤᠯᠬᠤ ᠲᠠᠰᠤᠭ  ᠎ ᠤᠨ ᠲᠦᠷᠤᠯ ᠵᠤᠶᠢᠯ᠂ ᠵᠡᠮᠳᠡᠭᠴᠤᠤᠨ ᠢ ᠨᠠᠶᠢᠳᠠᠨ ᠠᠰᠠᠷᠠᠭᠤᠯᠬᠤ ᠪᠠ ᠶᠡᠷᠤᠩᠬᠡᠶᠢᠯᠡᠭᠰᠡᠨ ᠦᠢᠯᠡᠴᠢᠯᠡᠬᠡᠨ ᠤ ᠲᠦᠪ ᠢ  ᠠᠰᠢᠭᠯᠠᠯᠳᠠ ᠳᠤ ᠤᠷᠤᠭᠤᠯᠵᠤ᠂ ︽ᠪᠦᠬᠦ ᠤᠷᠤᠨ ᠤ ᠮᠤᠩᠭᠤᠯ ᠡᠮᠨᠡᠯᠬᠡ ᠶᠢᠨ ᠠᠵᠢᠯ ᠤᠨ ᠲᠡᠷᠢᠬᠦᠨ ᠤ ᠬᠤᠰᠢᠭᠤ︾ ᠎ ᠶᠢ ᠢᠳᠡᠪᠬᠢᠳᠡᠢ ᠡᠬᠦᠳᠤᠨ ᠪᠠᠶᠢᠭᠤᠯᠤᠨ᠎ᠠ᠃ ᠰᠤᠮᠤ ᠪᠠᠯᠭᠠᠰᠤ ᠶᠢᠨ ᠡᠷᠡᠬᠦᠯ ᠬᠠᠮᠠᠭᠠᠯᠠᠯ ᠎ ᠤᠨ ᠬᠤᠷᠢᠶ᠎ᠠ᠂  ᠭᠠᠴᠠᠭᠠᠨ ᠤ ᠡᠷᠡᠬᠦᠯ ᠬᠠᠮᠠᠭᠠᠯᠠᠯ ᠤᠨ ᠬᠡᠷ ᠤᠨ ᠪᠠᠶᠢᠭᠤᠯᠤᠯᠳᠠ ᠶᠢ ᠴᠢᠩᠭᠠᠳᠬᠠᠨ᠂ ᠤᠯᠠᠨ ᠲᠦᠮᠡᠨ ᠤ ᠤᠶᠢᠷᠠᠯᠴᠠᠭ᠎ᠠ  ᠭᠠᠵᠠᠷ ᠲᠠᠭᠠᠨ ᠡᠮᠨᠡᠬᠦᠯᠬᠦ ᠤᠷᠴᠢᠨ ᠲᠤᠭᠤᠷᠢᠨ ᠢ ᠴᠢᠨᠠᠭᠰᠢᠳᠠ ᠰᠢᠯᠢᠳᠡᠭᠵᠢᠬᠦᠯᠤᠨ᠎ᠡ᠃ ᠬᠤᠶᠠᠷ ᠬᠡᠤᠬᠡᠤᠨ ᠠᠪᠬᠤ  ᠲᠦᠷᠤ ᠶᠢᠨ ᠪᠤᠳᠤᠯᠭ᠎ᠠ ᠶᠢ ᠪᠦᠬᠦ ᠲᠠᠯ᠎ᠠ ᠪᠠᠷ ᠬᠡᠷᠡᠭᠵᠢᠬᠦᠯᠦᠨ᠂ ᠡᠬᠡ ᠨᠢᠯᠬᠠᠰ ᠤᠨ ᠡᠷᠡᠬᠦᠯ ᠮᠡᠨᠳᠤ ᠶᠢᠨ  ᠦᠢᠯᠡᠴᠢᠯᠡᠭᠡ ᠶᠢ ᠰᠢᠯᠢᠳᠡᠭᠵᠢᠬᠦᠯᠤᠨ᠎ᠡ᠃ ᠨᠡᠶᠢᠬᠡᠮ ᠤᠨ ᠡᠶ᠎ᠡ ᠵᠤᠬᠢᠴᠠᠩᠭᠤᠢ ᠪᠠ ᠲᠤᠭᠳᠠᠭᠤᠨ ᠢ ᠠᠬᠢᠭᠤᠯᠤᠨ᠎ᠠ᠃   ᠤᠯᠤᠰ ᠤᠨ ᠲᠡᠰ ᠤᠨ ᠦᠨᠳᠤᠰᠤᠳᠡᠨ ᠤ ᠪᠦᠯᠬᠦᠮᠳᠡᠯ ᠲᠠᠪᠰᠢᠯᠳᠠ ᠶᠢᠨ ᠵᠢᠱᠢᠶ᠎ᠡ ᠦᠵᠡᠬᠦᠯᠬᠦ ᠬᠤᠰᠢᠭᠤ ᠶᠢ ᠡᠬᠦᠳᠤᠨ  ᠪᠠᠶᠢᠭᠤᠯᠬᠤ ᠠᠵᠢᠯ ᠤᠨ ᠠᠬᠢᠴᠠ ᠶᠢ ᠬᠦᠴᠤᠳᠡᠢ ᠲᠦᠯᠬᠢᠨ ᠠᠬᠢᠭᠤᠯᠵᠤ᠂ ᠪᠦᠬᠦ ᠬᠤᠰᠢᠭᠤᠨ ᠤ ᠦᠨᠳᠤᠰᠤᠳᠡᠨ  ᠎ ᠨᠦᠭᠦᠳ ᠤᠨ ᠠᠷᠠᠤᠨ ᠲᠦᠮᠡᠨ ᠤ ᠪᠦᠯᠬᠦᠮᠳᠡᠯ ᠬᠦᠭᠵᠢᠯᠳᠡ ᠶᠢ ᠠᠬᠢᠭᠤᠯᠤᠨ᠎ᠠ᠃ ᠬᠠᠤᠯᠢ ᠪᠠᠷ ᠬᠤᠰᠢᠭᠤ ᠪᠠᠨ  ᠵᠠᠰᠠᠬᠤ ᠶᠢ ᠬᠦᠨᠵᠡᠬᠡᠢ ᠲᠦᠯᠬᠢᠨ ᠠᠬᠢᠭᠤᠯᠵᠤ᠂ ︽ᠲᠤᠯᠤᠳᠤᠭᠠᠷ ᠲᠠᠪᠤᠨ ᠵᠢᠯ︾᠎ ᠤᠨ ᠬᠠᠤᠯᠢ ᠲᠦᠬᠡᠮᠡᠯᠵᠢᠬᠦᠯᠬᠦ  ᠠᠵᠢᠯᠯᠠᠭ᠎ᠠ ᠶᠢ ᠯᠠᠪᠳᠠᠭᠤᠨ ᠪᠠᠳᠤᠳᠠᠢ ᠦᠷᠨᠢᠬᠦᠯᠤᠨ᠎ᠡ᠃ ᠨᠡᠶᠢᠬᠡᠮ ᠤᠨ ᠵᠦᠷᠢᠴᠡᠯ ᠪᠠ ᠠᠶᠤᠯ ᠲᠦᠭᠰᠢᠬᠦᠷᠢ ᠶᠢ  ᠪᠦᠳᠤᠮᠵᠢᠳᠡᠢ ᠤᠷᠢᠤᠡᠴᠢᠯᠠᠨ ᠰᠡᠷᠬᠡᠶᠢᠯᠡᠨ᠎ᠡ᠃ ᠠᠮᠤᠷ ᠲᠤᠭᠳᠠᠭᠤᠨ ᠰᠢᠨ᠎ᠡ ᠪᠠᠷᠭᠤ ᠪᠠᠷᠠᠭᠤᠨ ᠬᠤᠰᠢᠭᠤ ᠶᠢ  ᠪᠠᠶᠢᠭᠤᠯᠬᠤ ᠶᠢ ᠦᠷᠬᠦᠯᠵᠢᠯᠡᠨ ᠲᠦᠯᠬᠢᠨ ᠠᠬᠢᠭᠤᠯᠵᠤ᠂ ᠵᠠᠬᠢᠳᠠᠯ ᠰᠤᠷᠪᠤᠯᠵᠢᠯᠠᠭ᠎ᠠ ᠶᠢᠨ ᠨᠡᠶᠢᠬᠡᠮ ᠤᠨ ᠲᠤᠭᠳᠠᠭᠤᠨ  ᠎ ᠢ ᠬᠠᠮᠠᠭᠠᠯᠠᠬᠤ ᠬᠠᠤᠯᠢ ᠲᠦᠷᠢᠮᠵᠢᠭᠰᠡᠨ ᠪᠠᠶᠢᠭᠤᠯᠤᠯᠳᠠ ᠶᠢ ᠲᠦᠯᠬᠢᠨ ᠠᠬᠢᠭᠤᠯᠵᠤ᠂ ᠨᠡᠶᠢᠬᠡᠮ ᠤᠨ ᠠᠮᠤᠷ ᠢ  ᠰᠡᠷᠬᠡᠶᠢᠯᠡᠨ ᠡᠵᠡᠮᠳᠡᠬᠦ ᠰᠢᠰᠲ᠋ᠧᠮ ᠢ ᠲᠡᠬᠦᠯᠳᠡᠷᠵᠢᠬᠦᠯᠵᠤ᠂ ᠨᠡᠶᠢᠬᠡᠮ ᠤᠨ ᠠᠮᠤᠷ ᠲᠦᠪᠰᠢᠨ ᠢ ᠶᠡᠷᠤᠩᠬᠡᠶᠢᠯᠡᠨ ᠵᠠᠰᠠᠬᠤ  ᠎ ᠶᠢ ᠴᠢᠩᠭᠠᠤᠡᠬᠠᠨ᠂ ᠤᠯᠠᠨ ᠲᠦᠮᠡᠨ ᠤ ᠠᠮᠤᠷ ᠲᠦᠪᠰᠢᠨ ᠤ ᠲᠦᠷᠤᠭ᠍ᠳᠡᠯ ᠪᠤᠯᠤᠨ ᠬᠠᠨᠤᠮᠵᠢ ᠶᠢᠨ ᠬᠡᠮᠵᠢᠶ᠎ᠡ ᠶᠢ  ᠬᠦᠴᠤᠯᠡᠨ ᠲᠡᠭᠡᠭᠰᠢᠯᠡᠬᠦᠯᠤᠨ᠎ᠡ᠃ ᠠᠷᠠᠤᠨ ᠲᠦᠮᠡᠨ ᠢᠶᠠᠷ ᠦᠨᠳᠤᠰᠤ ᠪᠤᠯᠭᠠᠬᠤ ᠶᠢ ᠪᠠᠷᠢᠮᠳᠠᠯᠠᠨ᠂ ᠢᠳᠡᠬᠡᠨ ᠪᠠ  ᠡᠮ ᠤᠨ ᠵᠤᠶᠢᠯ ᠤᠨ ᠠᠮᠤᠷ ᠲᠦᠪᠰᠢᠨ ᠤ ᠬᠢᠨᠠᠨ ᠬᠠᠮᠢᠶᠠᠷᠤᠯᠳᠠ ᠶᠢ ᠴᠢᠩᠭᠠᠳᠬᠠᠵᠦ᠂ ᠠᠶᠤᠯᠬᠦᠢ  ᠦᠢᠯᠡᠤᠡᠪᠦᠷᠢᠯᠡᠯ ᠤᠨ ᠲᠤᠰᠬᠠᠢ ᠲᠦᠷᠤᠯ ᠤᠨ ᠵᠠᠰᠠᠨ ᠴᠡᠭᠴᠡᠯᠡᠯᠳᠡ ᠶᠢ ᠬᠦᠴᠤᠳᠡᠢ ᠲᠦᠯᠬᠢᠨ ᠠᠬᠢᠭᠤᠯᠵᠤ᠂ ᠠᠮᠤᠷ  ᠲᠦᠪᠰᠢᠨ ᠤ ᠬᠡᠷᠡᠭ ᠠᠳᠡᠯ ᠡᠬᠦᠰᠬᠦ ᠶᠢ ᠡᠷᠡᠰ ᠬᠤᠷᠢᠭᠯᠠᠨ ᠵᠤᠭᠰᠤᠭᠠᠨ᠎ᠠ᠃             ᠭᠤᠷᠪᠠ᠂ ᠵᠠᠰᠠᠭ ᠤᠨ ᠤᠷᠳᠤᠨ ᠤ ᠲᠤᠰ ᠪᠡᠶ᠎ᠡ ᠶᠢᠨ ᠪᠠᠶᠢᠭᠤᠯᠤᠯᠳᠠ ᠶᠢ ᠴᠢᠬᠤᠯᠠᠴᠢᠯᠠᠵᠤ᠂ ᠠᠷᠠᠤᠨ ᠤᠨ  ᠲᠦᠯᠤᠬᠡ ᠪᠤᠳᠠᠳᠠᠢ ᠠᠵᠢᠯᠯᠠᠬᠤ ᠶᠢ ᠡᠷᠬᠢᠮᠯᠡᠬᠦ ᠰᠢᠨ᠎ᠡ ᠲᠦᠷᠢ ᠲᠦᠷᠬᠦ ᠶᠢ ᠪᠤᠢ ᠪᠤᠯᠭᠠᠨ᠎ᠠ    ᠵᠠᠰᠠᠭ ᠪᠠᠷᠢᠬᠤ ᠳᠤ ᠬᠠᠮᠤᠭ ᠤᠨ ᠴᠢᠬᠤᠯᠠ ᠨᠢ ᠪᠤᠳᠠᠳᠠᠢ ᠠᠵᠢᠯᠯᠠᠵᠤ᠂ ᠵᠤᠷᠢᠭᠳᠠᠢ ᠬᠠᠷᠢᠭᠤᠴᠠᠯᠭ᠎ᠠ ᠡᠬᠦᠷᠬᠡᠯᠡᠬᠦ ᠳᠤ  ᠪᠠᠶᠢᠬᠤ ᠶᠤᠮ᠃ ᠪᠢᠳᠡ ︽ᠲᠦᠷᠪᠡᠨ ᠤᠬᠠᠮᠰᠠᠷ︾᠎ ᠢᠶᠠᠨ ᠲᠠᠰᠤᠷᠠᠯᠳᠠ ᠦᠬᠡᠢ ᠳᠡᠭᠡᠭᠰᠢᠯᠡᠬᠦᠯᠦᠨ᠂ ᠦᠷ᠎ᠡ  ᠪᠦᠳᠤᠮᠵᠢ ᠶᠢ ᠡᠷᠬᠢᠮᠯᠡᠬᠦ ᠪᠠᠶᠢᠭᠤᠯᠤᠯᠳᠠ ᠶᠢ ᠦᠨᠡᠨᠬᠦ ᠴᠢᠩᠭᠠᠳᠬᠠᠵᠦ᠂ ᠵᠠᠰᠠᠭ ᠶᠠᠪᠤᠭᠤᠯᠬᠤ ᠬᠢᠷᠢ ᠬᠡᠮᠵᠢᠶ᠎ᠡ ᠪᠠᠨ  ᠲᠠᠰᠤᠷᠠᠯᠳᠠ ᠦᠬᠡᠢ ᠳᠡᠭᠡᠭᠰᠢᠯᠡᠬᠦᠯᠦᠨ᠂ ᠠᠷᠠᠤᠨ ᠲᠦᠮᠡᠨ ᠤ ᠬᠠᠨᠤᠮᠵᠢᠳᠠᠢ ᠬᠠᠷᠢᠭᠤᠴᠠᠯᠭᠠᠳᠤ ᠵᠠᠰᠠᠭ ᠎ ᠤᠨ ᠣᠷᠳᠤᠨ᠂ ᠦᠨᠳᠤᠷ ᠦᠷ᠎ᠡ ᠪᠦᠳᠤᠮᠵᠢᠳᠤ ᠵᠠᠰᠠᠭ ᠤᠨ ᠤᠷᠳᠤᠨ᠂ ᠬᠠᠤᠯᠢ ᠪᠠᠷ ᠵᠠᠰᠠᠭᠰᠠᠨ ᠵᠠᠰᠠᠭ ᠤᠨ ᠤᠷᠳᠤᠨ᠂ ᠠᠷᠢᠭᠤᠨ  ᠴᠢᠬᠡᠴᠢ ᠵᠠᠰᠠᠭ ᠤᠨ ᠤᠷᠳᠤᠨ ᠪᠠ ᠦᠢᠯᠡᠴᠢᠯᠡᠬᠡᠨ ᠤ ᠵᠠᠰᠠᠭ ᠤᠨ ᠤᠷᠳᠤᠨ ᠢ ᠴᠢᠷᠮᠠᠶᠢᠨ ᠪᠠᠶᠢᠭᠤᠯᠤᠨ᠎ᠠ᠃ ᠤᠯᠤᠰ ᠲᠦᠷᠤ ᠶᠢᠨ ᠬᠠᠷᠢᠭᠤᠴᠠᠯᠭ᠎ᠠ ᠶᠢ ᠡᠬᠦᠷᠬᠡᠯᠡᠬᠦ ᠶᠢ ᠪᠠᠷᠢᠮᠳᠠᠯᠠᠵᠤ᠂ ᠬᠠᠷᠢᠭᠤᠴᠠᠯᠭᠠᠳᠤ ᠵᠠᠰᠠᠭ ᠤᠨ ᠤᠷᠳᠤᠨ ᠢ  ᠪᠠᠶᠢᠭᠤᠯᠤᠨ᠎ᠠ᠃ ᠲᠤᠮᠳᠠᠳᠤ ᠤᠯᠤᠰ ᠤᠨ ᠤᠨᠴᠠᠯᠢᠭ ᠲᠠᠢ ᠨᠡᠶᠢᠬᠡᠮ ᠵᠢᠷᠤᠮ ᠤᠨ ᠠᠭᠤᠤ ᠶᠡᠭᠡ ᠲᠤᠭ ᠢ ᠦᠨᠳᠤᠷ  ᠮᠠᠨᠳᠤᠭᠤᠯᠤᠨ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠲᠡᠭᠡᠷ᠎ᠡ ᠪᠠᠨ ᠨᠠᠮ ᠤᠨ ᠲᠦᠪ ᠬᠤᠷᠢᠶ᠎ᠠ ᠲᠠᠢ ᠲᠡᠭᠡᠳᠤ  ᠬᠡᠮᠵᠢᠶ᠎ᠡ ᠪᠠᠷ ᠨᠢᠬᠡᠳᠤᠯᠳᠡᠢ ᠪᠠᠶᠢᠯᠭᠠᠵᠤ᠂ ᠬᠠᠷᠢᠭᠤᠴᠠᠯᠭᠠᠳᠤ ᠲᠠᠨᠢᠯᠳᠠ ᠪᠠᠨ ᠲᠡᠭᠡᠭᠰᠢᠯᠡᠬᠦᠯᠤᠨ᠂ ᠠᠷᠠᠤᠨ ᠤᠨ  ᠲᠦᠯᠤᠬᠡ ᠵᠠᠰᠠᠭ ᠶᠠᠪᠤᠭᠤᠯᠬᠤ ᠤᠶᠢᠯᠭᠠᠭᠳᠠᠬᠤᠨ ᠢ ᠪᠠᠳᠤ ᠪᠠᠬᠢ ᠪᠤᠢ ᠪᠤᠯᠭᠠᠵᠤ᠂ ᠪᠦᠬᠦ ᠰᠡᠤᠡᠬᠢᠯ ᠪᠦᠬᠦ ᠵᠤᠷᠢᠭ  ᠎ ᠢᠶᠠᠷ ᠠᠷᠠᠤᠨ ᠲᠦᠮᠡᠨ ᠳᠤ ᠦᠢᠯᠡᠴᠢᠯᠡᠬᠦ ᠵᠤᠷᠢᠯᠳᠠ ᠶᠢ ᠦᠢᠯᠡᠳᠤᠯᠬᠡᠵᠢᠬᠦᠯᠤᠨ᠂ ᠠᠷᠭ᠎ᠠ ᠪᠦᠬᠦᠨ ᠢ ᠰᠦᠪᠡᠭᠴᠢᠯᠡᠵᠦ  ᠂ ᠦᠷᠬᠡᠨ ᠤᠯᠠᠨ ᠠᠷᠠᠤᠨ ᠲᠦᠮᠡᠨ ᠳᠤ ᠪᠤᠶᠠᠨ ᠦᠢᠯᠡᠳᠤᠨ᠎ᠡ᠃ ᠦᠨᠡᠨ ᠢ ᠪᠠᠷᠢᠮᠳᠠᠯᠠᠨ ᠪᠤᠳᠠᠳᠠᠢ ᠶᠢ ᠡᠷᠬᠢᠮᠯᠡᠬᠦ ᠶᠢ  ᠪᠠᠷᠢᠮᠳᠠᠯᠠᠵᠤ᠂ ᠤᠳᠤᠷᠢᠤᠡᠬᠤ ᠺᠠᠳ᠋ᠷ ︽ᠶᠡᠭᠡ ᠶᠠᠪᠤᠳᠠᠯ ᠢ ᠪᠤᠳᠤᠯᠬᠢᠯᠠᠬᠤ᠂ ᠠᠵᠢᠯ ᠬᠢᠬᠦ ᠶᠢ ᠪᠤᠳᠤᠬᠤ᠂ ᠠᠵᠢᠯ  ᠬᠢᠵᠤ ᠲᠡᠶᠢᠯᠬᠦ᠂ ᠦᠢᠯᠡᠰ ᠪᠦᠳᠤᠬᠡᠵᠤ ᠴᠢᠳᠠᠬᠤ᠂ ᠤᠰᠤᠯ ᠠᠳᠡᠯ ᠭᠠᠷᠭᠠᠬᠤ ᠦᠬᠡᠢ ᠪᠠᠶᠢᠬᠤ᠂ ᠬᠠᠮᠳᠤ ᠠᠵᠢᠯᠯᠠᠬᠤ  ᠲᠤᠷ᠎ᠠ ᠲᠠᠢ︾ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠤᠯᠭᠠᠨ᠎ᠠ᠃ ᠤᠷᠮᠠᠰᠢᠭᠤᠯᠤᠨ ᠵᠤᠷᠢᠭᠵᠢᠭᠤᠯᠬᠤ ᠪᠠ  ᠠᠯᠳᠠᠭ᠎ᠠ ᠪᠤᠷᠤᠭᠤ ᠶᠢ ᠪᠠᠭᠳᠠᠭᠠᠨ ᠵᠠᠯᠠᠷᠠᠭᠤᠯᠬᠤ ᠲᠤᠭᠳᠠᠴᠠ ᠶᠢ ᠲᠡᠬᠦᠯᠳᠡᠷᠵᠢᠬᠦᠯᠵᠤ᠂ ᠲᠤᠭ ᠲᠡᠮᠳᠡᠭ ᠲᠤᠳᠤᠷᠬᠠᠢ  ᠎ ᠪᠠᠷ ᠵᠤᠷᠢᠭᠳᠠᠢ ᠡᠬᠦᠷᠬᠡᠯᠡᠬᠦ ᠪᠠ ᠵᠤᠷᠢᠭᠳᠠᠢ ᠬᠠᠷᠢᠭᠤᠴᠠᠬᠤ ᠨᠦᠬᠦᠷ ᠲᠤ ᠬᠠᠷᠢᠭᠤᠴᠠᠵᠤ᠂ ᠦᠬᠡᠷᠡᠴᠢᠯᠡᠯᠳᠡ ᠬᠢᠵᠤ  ᠰᠢᠨ᠎ᠡ ᠶᠢ ᠡᠬᠦᠤᠡᠬᠦ ᠪᠠ ᠵᠤᠷᠢᠭᠳᠠᠢ ᠡᠬᠦᠷᠬᠡᠯᠡᠬᠦ ᠰᠢᠯᠢᠳᠡᠭ ᠰᠠᠶᠢᠨ ᠤᠷᠴᠢᠨ ᠳᠣᠭᠤᠷᠢᠨ ᠢ ᠪᠤᠢ ᠪᠤᠯᠭᠠᠨ᠎ᠠ᠃ ᠴᠢᠳᠠᠪᠤᠷᠢ ᠎ ᠪᠠᠨ ᠲᠡᠭᠡᠭᠰᠢᠯᠡᠬᠦᠯᠬᠦ ᠶᠢ ᠪᠠᠷᠢᠮᠳᠠᠯᠠᠵᠤ᠂ ᠦᠨᠳᠤᠷ ᠦᠷ᠎ᠡ ᠪᠦᠳᠤᠮᠵᠢᠳᠤ ᠵᠠᠰᠠᠭ ᠤᠨ ᠤᠷᠳᠤᠨ ᠢ  ᠪᠠᠶᠢᠭᠤᠯᠤᠨ᠎ᠠ᠃ ᠤᠯᠤᠰ ᠲᠦᠷᠤ ᠶᠢᠨ ᠴᠢᠳᠠᠪᠤᠷᠢ ᠪᠤᠯᠤᠨ ᠤᠯᠤᠰ ᠲᠦᠷᠤ ᠶᠢᠨ ᠬᠡᠪ ᠪᠤᠯᠪᠠᠰᠤᠷᠠᠯ ᠢ  ᠲᠡᠭᠡᠭᠰᠢᠯᠡᠬᠦᠯᠤᠨ᠂ ᠪᠠᠶᠢᠯᠳᠤᠬᠤ ᠪᠤᠳᠤᠯᠭ᠎ᠠ ᠶᠢᠨ ᠰᠡᠤᠡᠬᠢᠴᠡ᠂ ᠰᠢᠨ᠎ᠡ ᠶᠢ ᠡᠬᠦᠤᠡᠬᠦ ᠰᠡᠤᠡᠬᠢᠴᠡ᠂ ᠬᠤᠪᠢᠰᠤᠩᠭᠤᠢ  ᠰᠡᠤᠡᠬᠢᠴᠡ᠂ ᠬᠠᠤᠯᠢ ᠪᠠᠷ ᠵᠠᠰᠠᠬᠤ ᠰᠡᠤᠡᠬᠢᠴᠡ ᠪᠠ ᠬᠢᠵᠠᠭᠠᠷᠳᠤ ᠱᠤᠭᠤᠮ ᠢ ᠰᠠᠬᠢᠬᠤ ᠰᠡᠤᠡᠬᠢᠴᠡ ᠶᠢ ᠪᠠᠷᠢᠮᠳᠠᠯᠠᠨ  ᠬᠡᠷᠡᠭᠵᠢᠬᠦᠯᠵᠤ᠂ ᠬᠦᠴᠦᠯᠡᠨ ᠴᠢᠷᠮᠠᠶᠢᠬᠤ ᠤᠶᠤᠨ ᠰᠠᠨᠠᠭᠠᠨ ᠤ ᠲᠦᠷᠰᠤ ᠪᠠᠶᠢᠳᠠᠯ ᠢᠶᠠᠷ᠂ ᠤᠯᠠᠨ ᠲᠦᠮᠡᠨ ᠤ ᠠᠵᠢᠯ  ᠎ ᠤᠨ ᠪᠠᠶᠢᠭᠤᠯᠤᠮᠵᠢ ᠶᠢᠨ ᠲᠤᠭᠳᠠᠴᠠ ᠪᠠ ᠠᠷᠭ᠎ᠠ ᠮᠠᠶ᠋ᠢᠭ ᠤᠨ ᠰᠢᠨ᠎ᠡ ᠶᠢ ᠡᠬᠦᠤᠡᠴᠤ᠂ ︽ᠬᠠᠳᠠᠭᠠᠰᠤ ᠬᠠᠳᠠᠬᠤ  ᠵᠤᠷᠢᠭ ᠰᠠᠨᠠᠭ᠎ᠠ︾᠎ ᠪᠠᠷ ᠬᠦᠴᠢᠷ ᠪᠡᠷᠬᠡ ᠶᠢ ᠢᠯᠠᠨ᠂ ᠦᠨᠡᠨ ᠦᠬᠡ ᠬᠡᠯᠡᠵᠤ᠂ ᠪᠤᠳᠠᠳᠠᠢ ᠠᠵᠢᠯ ᠬᠢᠵᠤ᠂ ᠪᠤᠳᠠᠳᠠᠢ  ᠠᠷᠭ᠎ᠠ ᠰᠦᠪᠡᠭᠴᠢᠯᠡᠵᠤ᠂ ᠪᠤᠳᠠᠳᠤ ᠦᠷ᠎ᠡ ᠪᠦᠳᠤᠮᠵᠢ ᠶᠢ ᠡᠷᠬᠢᠮᠯᠡᠨ᠂ ᠠᠶᠤᠯ ᠲᠦᠭᠰᠢᠬᠦᠷᠢ ᠶᠢ ᠰᠡᠷᠬᠡᠶᠢᠯᠡᠨ  ᠡᠵᠡᠮᠳᠡᠬᠦ ᠲᠤᠭᠳᠠᠴᠠ ᠶᠢ ᠴᠢᠨᠠᠭᠰᠢᠳᠠ ᠲᠡᠬᠦᠯᠳᠡᠷᠵᠢᠬᠦᠯᠵᠤ᠂ ᠡᠯ᠎ᠡ ᠵᠤᠶᠢᠯ ᠤᠨ ᠪᠤᠳᠤᠯᠢᠶᠠᠨᠳᠠᠢ ᠵᠦᠷᠢᠴᠡᠯ  ᠮᠦᠷᠬᠦᠯᠳᠤᠬᠡᠨ ᠢ ᠴᠢᠳᠠᠮᠠᠭᠠᠢ ᠰᠢᠢᠤᠡᠪᠦᠷᠢᠯᠡᠵᠤ᠂ ᠠᠵᠢᠯ ᠤᠨ ᠰᠠᠨᠠᠭᠠᠴᠢᠯᠭᠠᠳᠤ ᠡᠷᠬᠡ ᠶᠢ ᠪᠠᠳᠤᠳᠠᠢ ᠡᠵᠡᠮᠳᠡᠨ᠎ᠡ᠃  ᠲᠤᠮᠤ ᠬᠡᠷᠡᠭ ᠶᠠᠪᠤᠳᠠᠯ ᠢ ᠬᠠᠮᠳᠤᠪᠠᠷ ᠶᠠᠷᠢᠯᠴᠠᠨ ᠲᠤᠭᠳᠠᠬᠤ ᠶᠢ ᠴᠢᠩᠭ᠎ᠠ ᠨᠠᠶᠢᠳᠠᠪᠣᠷᠢᠵᠢᠭᠤᠯᠣᠨ᠂ ᠵᠠᠰᠠᠭ  ᠵᠠᠬᠢᠷᠭᠠᠨ ᠤ ᠰᠢᠢᠤᠡᠪᠦᠷᠢᠳᠤ ᠪᠤᠳᠤᠯᠭ᠎ᠠ ᠶᠢᠨ ᠬᠠᠤᠯᠢ ᠳᠤ ᠨᠡᠶᠢᠴᠡᠬᠦ ᠬᠢᠨᠠᠨ ᠪᠠᠶᠢᠴᠠᠭᠠᠯᠳᠠ᠂ ᠲᠦᠭᠰᠢᠬᠦᠷᠢ ᠶᠢᠨ ᠦᠨᠡᠯᠡᠯᠳᠡ ᠪᠤᠯᠤᠨ ᠦᠷ᠎ᠡ ᠪᠦᠳᠤᠮᠵᠢ ᠶᠢ ᠮᠦᠷᠳᠡᠨ ᠪᠠᠶᠢᠴᠠᠭᠠᠬᠤ ᠠᠵᠢᠯ ᠢ ᠴᠢᠩᠭᠠᠳᠬᠠᠨ᠂ ᠵᠠᠰᠠᠭ ᠤᠨ  ᠤᠷᠳᠤᠨ ᠤ ᠰᠢᠢᠤᠡᠪᠦᠷᠢᠳᠤ ᠪᠤᠳᠤᠯᠭ᠎ᠠ ᠶᠢᠨ ᠰᠢᠨᠵᠢᠯᠡᠬᠦ ᠤᠬᠠᠭᠠᠨᠴᠢᠯᠠᠬᠤ ᠬᠢᠷᠢ ᠲᠦᠪᠰᠢᠨ ᠢ ᠲᠡᠭᠡᠭᠰᠢᠯᠡᠬᠦᠯᠤᠨ᠎ᠡ᠃  ᠵᠠᠰᠠᠭ ᠤᠨ ᠶᠠᠪᠤᠳᠠᠯ ᠢ ᠱᠠᠭᠠᠷᠳᠠᠨ ᠪᠠᠶᠢᠴᠠᠭᠠᠵᠤ᠂ ᠠᠵᠢᠯ ᠤᠨ ᠦᠷ᠎ᠡ ᠪᠦᠳᠤᠮᠵᠢ ᠶᠢ ᠴᠢᠩᠭ᠎ᠠ ᠬᠢᠨᠠᠨ ᠰᠢᠯᠭᠠᠵᠤ᠂  ᠴᠢᠩᠭ᠎ᠠ ᠬᠠᠷᠢᠭᠤᠴᠠᠯᠭ᠎ᠠ ᠨᠡᠬᠡᠮᠵᠢᠯᠡᠨ᠂ ᠠᠯᠵᠠᠭᠤ ᠵᠠᠯᠬᠠᠭᠤ ᠶᠢ ᠵᠠᠰᠠᠨ ᠦᠬᠡᠷᠡᠴᠢᠯᠡᠵᠦ᠂ ᠵᠠᠰᠠᠭ ᠶᠠᠪᠤᠭᠤᠯᠬᠤ  ᠴᠢᠳᠠᠪᠤᠷᠢ ᠶᠢ ᠲᠠᠰᠤᠷᠠᠯᠳᠠ ᠦᠬᠡᠢ ᠲᠡᠭᠡᠭᠰᠢᠯᠡᠬᠦᠯᠤᠨ᠎ᠡ᠃ ᠬᠢᠨᠠᠨ ᠵᠦᠪᠰᠢᠶᠡᠷᠡᠬᠦ ᠶᠠᠪᠤᠴᠠ ᠶᠢ ᠲᠦᠬᠦᠮᠴᠢᠯᠡᠵᠤ᠂ ᠬᠠᠮᠢᠶᠠᠷᠤᠯᠳᠠ ᠶᠢ ᠲᠦᠷᠢᠮᠵᠢᠬᠦᠯᠤᠨ᠂ ᠠᠵᠢᠯ ᠡᠷᠬᠢᠯᠡᠬᠦ ᠦᠷ᠎ᠡ ᠪᠦᠳᠤᠮᠵᠢ ᠶᠢ ᠲᠡᠭᠡᠭᠰᠢᠯᠡᠬᠦᠯᠤᠨ᠎ᠡ᠃  ᠬᠠᠤᠯᠢ ᠶᠤᠰᠤᠭᠠᠷ ᠵᠠᠰᠠᠭ ᠶᠠᠪᠤᠭᠤᠯᠬᠤ ᠶᠢ ᠪᠠᠷᠢᠮᠳᠠᠯᠠᠵᠤ᠂ ᠬᠠᠤᠯᠢ ᠪᠠᠷ ᠵᠠᠰᠠᠬᠤ ᠵᠠᠰᠠᠭ ᠤᠨ ᠤᠷᠳᠤᠨ ᠢ  ᠪᠠᠶᠢᠭᠤᠯᠤᠨ᠎ᠠ᠃ ᠵᠠᠰᠠᠭ ᠤᠨ ᠤᠷᠳᠤᠨ ᠤ ᠠᠵᠢᠯ ᠢ ᠪᠦᠬᠦ ᠲᠠᠯ᠎ᠠ ᠪᠠᠷ ᠬᠠᠤᠯᠢ ᠲᠦᠷᠢᠮ ᠤᠨ ᠵᠠᠮ ᠳᠤ ᠣᠷᠣᠭᠤᠯᠣᠨ᠂ ᠬᠠᠤᠯᠢ ᠪᠠᠷ ᠵᠠᠰᠠᠬᠤ ᠰᠡᠤᠡᠬᠢᠬᠦᠢ ᠪᠠ ᠬᠠᠤᠯᠢ ᠴᠠᠭᠠᠵᠠ ᠶᠢᠨ ᠶᠠᠪᠤᠴᠠ ᠪᠠᠷ ᠲᠤᠰᠢᠶᠠᠯ ᠬᠦᠢᠴᠡᠤᠡᠬᠡᠨ᠎ᠡ᠃ ︽ ᠭᠤᠷᠪᠠᠨ ᠭᠤᠤᠯᠳᠠᠯᠭ᠎ᠠ ᠪᠠ ᠲᠤᠮᠤ ᠪᠡᠯᠡ ᠮᠦᠩᠬᠦᠨ ᠎ ᠤ ᠭᠡᠷᠡᠭᠯᠡᠯᠳᠡ︾᠎ ᠶᠢᠨ ᠰᠢᠢᠤᠡᠪᠦᠷᠢᠳᠤ ᠪᠤᠳᠤᠯᠭ᠎ᠠ ᠶᠢᠨ  ᠶᠠᠪᠤᠴᠠ ᠶᠢ ᠲᠡᠬᠦᠯᠳᠡᠷᠵᠢᠬᠦᠯᠵᠤ᠂ ᠴᠢᠬᠤᠯᠠ ᠶᠡᠭᠡ ᠵᠠᠰᠠᠭ ᠵᠠᠬᠢᠷᠭᠠᠨ ᠤ ᠰᠢᠢᠤᠡᠪᠦᠷᠢ ᠶᠢ ᠬᠠᠮᠳᠤᠪᠠᠷ ᠵᠦᠪᠳᠡᠨ  ᠶᠠᠷᠢᠯᠴᠠᠵᠤ ᠠᠷᠠᠤᠡᠴᠢᠯᠠᠯ ᠢᠶᠠᠷ ᠰᠢᠢᠤᠡᠪᠦᠷᠢᠳᠤ ᠪᠤᠳᠤᠯᠭ᠎ᠠ ᠲᠤᠭᠳᠠᠭᠠᠬᠤ ᠲᠦᠷᠢᠮ ᠢ ᠪᠠᠷᠢᠮᠳᠠᠯᠠᠨ᠎ᠠ᠃ ᠵᠠᠰᠠᠭ ᠤᠨ ᠤᠷᠳᠤᠨ ᠤ ᠠᠵᠢᠯᠳᠠᠤᠨ ᠡᠷᠬᠡᠪᠰᠢ ᠦᠨᠳᠤᠰᠤᠨ ᠬᠠᠤᠯᠢ ᠪᠠ ᠬᠠᠤᠯᠢ ᠴᠠᠭᠠᠵᠠ ᠶᠢ ᠴᠢᠩᠭ᠎ᠠ ᠵᠢᠷᠤᠮᠯᠠᠵᠤ᠂ ᠵᠠᠰᠠᠭ  ᠵᠠᠬᠢᠷᠭᠠᠨ ᠤ ᠬᠠᠤᠯᠢ ᠬᠡᠷᠡᠭᠵᠢᠬᠦᠯᠤᠭ᠍ᠴᠢ ᠦᠨᠡᠮᠯᠡᠯ ᠲᠠᠢ ᠠᠵᠢᠯ ᠤᠨ ᠪᠠᠶᠢᠷᠢ ᠳᠤ ᠭᠠᠷᠬᠤ ᠪᠠ ᠬᠠᠤᠯᠢ  ᠭᠡᠷᠡᠭᠵᠢᠬᠦᠯᠦᠭᠴᠢ ᠶᠢᠨ ᠬᠢᠷᠢ ᠬᠡᠮ ᠤᠨ ᠬᠠᠮᠢᠶᠠᠷᠤᠯᠳᠠ ᠶᠢᠨ ᠲᠦᠷᠢᠮ ᠢ ᠴᠢᠩᠭ᠎ᠠ ᠬᠡᠷᠡᠭᠵᠢᠬᠦᠯᠵᠤ᠂ ᠵᠠᠰᠠᠭ ᠵᠠᠬᠢᠷᠭᠠᠨ  ᠎ ᠤ ᠬᠠᠤᠯᠢ ᠬᠡᠷᠡᠭᠵᠢᠬᠦᠯᠤᠯᠳᠡ ᠳᠤ ᠬᠢᠨᠠᠯᠳᠠ ᠲᠠᠯᠪᠢᠬᠤ ᠶᠢ ᠴᠢᠩᠭᠠᠤᠡᠬᠠᠨ᠂ ᠬᠠᠤᠯᠢ ᠬᠡᠷᠡᠭᠵᠢᠬᠦᠯᠬᠦ ᠦᠢᠯᠡ  ᠠᠵᠢᠯᠯᠠᠭ᠎ᠠ ᠶᠢ ᠲᠦᠷᠢᠮᠵᠢᠬᠦᠯᠦᠨ᠎ᠡ᠃ ᠵᠠᠰᠠᠭ ᠤᠨ ᠶᠠᠪᠤᠳᠠᠯ ᠢ ᠢᠯᠡ ᠪᠤᠯᠭᠠᠬᠤ ᠶᠢ ᠪᠦᠬᠦ ᠲᠠᠯ᠎ᠠ ᠪᠠᠷ ᠲᠦᠯᠬᠢᠨ  ᠠᠬᠢᠭᠤᠯᠵᠤ᠂ ᠵᠠᠰᠠᠭ ᠵᠠᠬᠢᠷᠭᠠᠨ ᠤ ᠰᠢᠢᠤᠡᠪᠦᠷᠢ᠂ ᠬᠡᠷᠡᠭᠵᠢᠬᠦᠯᠤᠯᠳᠡ᠂ ᠬᠠᠮᠢᠶᠠᠷᠤᠯᠳᠠ᠂ ᠦᠢᠯᠡᠴᠢᠯᠡᠭᠡ᠂ ᠦᠷ᠎ᠡ  ᠳ᠋ᠦᠩ ᠢ ᠭᠤᠤᠯᠳᠠᠯᠭ᠎ᠠ ᠲᠠᠢ ᠢᠯᠡ ᠪᠠᠷ ᠨᠡᠶᠢᠳᠡᠯᠡᠬᠦ ᠶᠢ ᠲᠦᠯᠬᠢᠨ ᠠᠬᠢᠭᠤᠯᠵᠤ᠂ ᠠᠷᠠᠤᠨ ᠤᠯᠠᠨ ᠤ ᠪᠠᠶᠢᠳᠠᠯ ᠢ  ᠤᠶᠢᠯᠠᠭᠠᠬᠤ ᠡᠷᠬᠡ᠂ ᠤᠷᠤᠯᠴᠠᠬᠤ ᠡᠷᠬᠡ᠂ ᠢᠯᠡᠤᠡᠬᠡᠬᠦ ᠡᠷᠬᠡ ᠪᠠ ᠬᠢᠨᠠᠯᠳᠠ ᠲᠠᠯᠪᠢᠬᠤ ᠡᠷᠬᠡ ᠶᠢ ᠪᠠᠳᠤᠯᠠᠨ᠎ᠠ᠃ ᠬᠢᠨᠠᠯᠳᠠ ᠬᠦᠯᠢᠶᠡᠬᠦ ᠶᠢ ᠪᠠᠷᠢᠮᠳᠠᠯᠠᠨ᠂ ᠠᠷᠢᠭᠤᠨ ᠴᠢᠬᠡᠴᠢ ᠵᠠᠰᠠᠭ ᠤᠨ ᠤᠷᠳᠤᠨ ᠢ ᠪᠠᠶᠢᠭᠤᠯᠤᠨ᠎ᠠ᠃  ᠬᠤᠰᠢᠭᠤᠨ ᠤ ᠠᠷᠠᠤᠨ ᠤᠨ ᠲᠦᠯᠤᠬᠡᠯᠡᠭᠴᠢᠤᠨ ᠤᠨ ᠶᠡᠭᠡ ᠬᠤᠷᠠᠯ ᠵᠢᠴᠢ ᠪᠠᠶᠢᠩᠭᠤ ᠶᠢᠨ ᠬᠤᠷᠢᠶᠠᠨ ᠳᠤ  ᠲᠤᠭᠳᠠᠭᠰᠠᠨ ᠬᠤᠭᠤᠴᠠᠭ᠎ᠠ ᠲᠠᠢ ᠪᠠᠷ ᠠᠵᠢᠯ ᠤᠨ ᠮᠡᠳᠡᠬᠦᠯᠤᠯᠳᠡ ᠬᠢᠵᠤ᠂ ᠬᠤᠰᠢᠭᠤᠨ ᠤ ᠤᠯᠤᠰ ᠲᠦᠷᠤ ᠶᠢᠨ  ᠵᠦᠪᠯᠡᠯᠬᠡᠨ ᠳᠤ ᠪᠠᠶᠢᠳᠠᠯ ᠢᠶᠠᠨ ᠮᠡᠳᠡᠭᠳᠡᠨ᠎ᠡ᠃ ᠬᠤᠰᠢᠭᠤᠨ ᠤ ᠠᠷᠠᠤᠨ ᠤᠨ ᠲᠦᠯᠤᠬᠡᠯᠡᠭᠴᠢᠤᠨ ᠤᠨ ᠶᠡᠭᠡ ᠬᠤᠷᠠᠯ  ᠵᠢᠴᠢ ᠪᠠᠶᠢᠩᠭᠤ ᠶᠢᠨ ᠬᠤᠷᠢᠶᠠᠨ ᠤ ᠬᠠᠤᠯᠢ ᠴᠠᠭᠠᠵᠠ ᠶᠢᠨ ᠬᠢᠨᠠᠯᠳᠠ ᠪᠠ ᠬᠤᠰᠢᠭᠤᠨ ᠤ ᠤᠯᠤᠰ ᠲᠦᠷᠤ ᠶᠢᠨ  ᠵᠦᠪᠯᠡᠯᠬᠡᠨ ᠎ ᠤ ᠠᠷᠠᠤᠡᠴᠢᠯᠠᠯ ᠤᠨ ᠬᠢᠨᠠᠯᠳᠠ ᠶᠢ ᠤᠬᠠᠮᠰᠠᠷ ᠠᠴᠠ ᠪᠠᠨ ᠬᠦᠯᠢᠶᠡᠵᠤ᠂ ᠶᠠᠷᠢᠶ᠎ᠠ ᠬᠡᠯᠡᠯᠴᠡᠬᠡᠨ ᠤ ᠬᠢᠨᠠᠯᠳᠠ  ᠪᠠ ᠨᠡᠶᠢᠬᠡᠮ ᠨᠡᠶᠢᠳᠡ ᠶᠢᠨ ᠬᠢᠨᠠᠯᠳᠠ ᠶᠢ ᠰᠠᠨᠠᠭᠠᠴᠢᠯᠠᠭ᠎ᠠ ᠎ ᠠᠴᠠ ᠪᠠᠨ ᠬᠦᠯᠢᠶᠡᠨ᠎ᠡ᠃ ᠬᠢᠨᠠᠨ ᠪᠤᠳᠤᠯᠳᠠ ᠶᠢᠨ  ᠪᠠᠶᠢᠴᠠᠭᠠᠯᠳᠠ ᠬᠢᠵᠤ᠂ ᠬᠢᠨᠠᠯᠳᠠ ᠲᠠᠯᠪᠢᠬᠤ ᠶᠢ ᠴᠢᠩᠭᠠᠤᠡᠬᠠᠨ᠎ᠠ᠃ ᠨᠠᠮ ᠤᠨ ᠰᠤᠷᠳᠠᠯ ᠴᠢᠬᠡᠴᠢ ᠵᠠᠰᠠᠭ ᠤᠨ  ᠪᠠᠶᠢᠭᠤᠯᠤᠯᠳᠠ ᠶᠢᠨ ᠭᠤᠤᠯ ᠴᠤᠭᠴᠠ ᠶᠢᠨ ᠬᠠᠷᠢᠭᠤᠴᠠᠯᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠵᠤ᠂ ︽ᠨᠢᠬᠡ ᠠᠵᠢᠯ  ᠎ ᠤᠨ ᠪᠠᠶᠢᠷᠢ ᠬᠤᠶᠠᠷ ᠬᠠᠷᠢᠭᠤᠴᠠᠯᠭ᠎ᠠ︾᠎ ᠶᠢ ᠦᠨᠡᠨᠬᠦ ᠬᠡᠷᠡᠭᠵᠢᠬᠦᠯᠤᠨ᠎ᠡ᠃ ᠤᠯᠤᠰ ᠲᠦᠷᠤ ᠶᠢᠨ ᠰᠠᠬᠢᠯᠭ᠎ᠠ ᠪᠠᠳᠤ ᠪᠠ  ᠤᠯᠤᠰ ᠲᠦᠷᠤ ᠶᠢᠨ ᠶᠣᠰᠣ ᠲᠦᠷᠢᠮ ᠢ ᠴᠢᠩᠭ᠎ᠠ ᠰᠠᠬᠢᠵᠤ᠂ ᠤᠳᠤᠷᠢᠤᠡᠬᠤ ᠺᠠᠳ᠋ᠷ ᠬᠤᠪᠢ ᠬᠦᠮᠤᠨ ᠤ ᠴᠢᠬᠤᠯᠠ  ᠶᠡᠭᠡ ᠬᠡᠷᠡᠭ ᠶᠠᠪᠤᠳᠠᠯ ᠢᠶᠠᠨ ᠬᠠᠷᠢᠭᠤ ᠮᠡᠳᠡᠬᠦᠯᠬᠦ᠂ ᠲᠤᠰᠢᠶᠠᠯ ᠤᠨ ᠮᠡᠳᠡᠬᠦᠯᠤᠯᠳᠡ ᠪᠠ ᠠᠷᠢᠭᠤᠨ ᠴᠢᠬᠡᠴᠢ ᠶᠢᠨ  ᠮᠡᠳᠡᠬᠦᠯᠤᠯᠳᠡ ᠬᠢᠬᠦ᠂ ᠠᠵᠤ ᠠᠬᠤᠢ ᠶᠢᠨ ᠬᠠᠷᠢᠭᠤᠴᠠᠯᠭ᠎ᠠ ᠶᠢ ᠬᠢᠨᠠᠨ ᠪᠤᠳᠤᠬᠤ ᠵᠡᠷᠬᠡ ᠲᠦᠷᠢᠮ ᠲᠤᠭᠳᠠᠭᠠᠯ ᠢ  ᠪᠠᠷᠢᠮᠳᠠᠯᠠᠨ᠎ᠠ᠃ ᠠᠯᠪᠠᠨ ᠲᠤᠰᠢᠶᠠᠯᠳᠠᠤᠨ ᠪᠠᠷᠢᠯᠭ᠎ᠠ ᠶᠢᠨ ᠲᠠᠭᠠᠭᠠᠴᠢᠯᠠᠯᠳᠠ ᠵᠠᠷᠯᠠᠬᠤ ᠪᠠ ᠲᠠᠭᠠᠭᠠᠴᠢᠯᠠᠯᠳᠠ ᠬᠦᠯᠢᠶᠡᠬᠦ  ᠂ ᠭᠠᠵᠠᠷ ᠰᠢᠷᠤᠢ ᠶᠢ ᠦᠨ᠎ᠡ ᠬᠠᠶᠠᠵᠤ ᠵᠠᠷᠯᠠᠬᠤ᠂ ᠵᠠᠰᠠᠭ ᠤᠨ ᠤᠷᠳᠤᠨ ᠬᠤᠳᠠᠯᠳᠤᠨ ᠠᠪᠬᠤ᠂ ᠦᠮᠴᠢᠯᠡᠬᠦ ᠡᠷᠬᠡ  ᠎ ᠶᠢᠨ ᠠᠷᠠᠯᠵᠢᠶ᠎ᠠ ᠵᠡᠷᠬᠡ ᠠᠵᠢᠯᠯᠠᠭ᠎ᠠ ᠳᠤ ᠤᠷᠤᠯᠴᠠᠬᠤ ᠪᠤᠶᠤ ᠭᠠᠷ ᠲᠦᠷᠤᠬᠦ ᠶᠢ ᠴᠢᠩᠭ᠎ᠠ ᠵᠠᠯᠬᠠᠭᠠᠨ ᠰᠢᠢᠳᠭᠡᠨ᠎ᠡ᠃  ᠤᠯᠠᠨ ᠲᠦᠮᠡᠨ ᠤ ᠲᠡᠷᠭᠡᠳᠡ ᠡᠬᠦᠰᠤᠭ᠍ᠰᠡᠨ ︽ᠲᠦᠷᠪᠡᠨ ᠰᠤᠷᠳᠠᠯ︾ ᠪᠠ ᠢᠯᠵᠠᠷᠠᠯ ᠤᠨ ᠠᠰᠠᠭᠤᠳᠠᠯ ᠢ  ᠦᠷᠬᠦᠯᠵᠢᠯᠡᠨ ᠪᠠᠶᠢᠴᠠᠭᠠᠨ ᠰᠢᠢᠤᠡᠬᠡᠵᠤ᠂ ᠭᠤᠤᠯᠳᠠᠯᠭ᠎ᠠ ᠲᠠᠢ ᠬᠦᠷᠢᠶ᠎ᠡ ᠬᠡᠪᠴᠢᠶᠡᠨ ᠳᠤ ᠬᠢᠨᠠᠯᠳᠠ ᠳᠠᠯᠪᠢᠨ᠂  ᠰᠠᠬᠢᠯᠭ᠎ᠠ ᠪᠠᠳᠤ ᠶᠢ ᠬᠡᠷᠡᠭᠵᠢᠬᠦᠯᠤᠨ ᠬᠠᠷᠢᠭᠤᠴᠠᠯᠭ᠎ᠠ ᠨᠡᠬᠡᠮᠵᠢᠯᠡᠬᠦ ᠶᠢ ᠴᠢᠩᠭᠠᠤᠡᠬᠠᠨ᠎ᠠ᠃ ︽ᠠᠯᠪᠠᠨ ᠤ ᠭᠤᠷᠪᠠᠨ  ᠵᠠᠷᠤᠳᠠᠯ︾᠎ ᠢ ᠴᠢᠩᠭ᠎ᠠ ᠬᠢᠵᠠᠭᠠᠷᠯᠠᠵᠤ᠂ ᠨᠡᠩ ᠤᠯᠠᠨ ᠪᠡᠯᠡ ᠮᠦᠩᠬᠦ ᠶᠢ ᠬᠦᠭᠵᠢᠯᠳᠡ ᠶᠢ ᠠᠬᠢᠭᠤᠯᠬᠤ᠂ ᠠᠷᠠᠤᠨ  ᠎ ᠤᠨ ᠠᠮᠢᠳᠤᠷᠠᠯ ᠢ ᠰᠠᠶᠢᠵᠢᠷᠠᠭᠤᠯᠬᠤ ᠳᠤ ᠬᠡᠷᠡᠭᠯᠡᠨ᠎ᠡ᠃ ᠰᠢᠷᠭᠠᠭᠤ ᠴᠢᠷᠮᠠᠶᠢᠨ ᠲᠤᠰᠢᠶᠠᠯ ᠢᠶᠠᠨ ᠬᠦᠢᠴᠡᠤᠡᠬᠡᠬᠦ ᠶᠢ ᠪᠠᠷᠢᠮᠳᠠᠯᠠᠵᠦ᠂ ᠦᠢᠯᠡᠴᠢᠯᠡᠬᠡᠨ ᠤ ᠵᠠᠰᠠᠭ ᠤᠨ  ᠤᠷᠳᠤᠨ ᠢ ᠪᠠᠶᠢᠭᠤᠯᠤᠨ᠎ᠠ᠃ ᠠᠵᠤ ᠠᠬᠤᠶᠢᠯᠠᠯᠳᠠᠳ ᠤᠨ ᠣᠷᠮ᠎ᠠ ᠵᠣᠷᠢᠭ ᠢ ᠬᠦᠭᠵᠢᠬᠡᠨ᠂ ᠠᠷᠠᠯᠵᠢᠶᠠᠴᠢᠨ ᠤᠷᠢᠬᠤ  ᠪᠠ ᠪᠡᠯᠡ ᠤᠷᠤᠭᠤᠯᠬᠤ ᠤᠷᠴᠢᠨ ᠲᠤᠭᠤᠷᠢᠨ ᠢ ᠰᠢᠯᠢᠳᠡᠭᠵᠢᠬᠦᠯᠵᠦ᠂ ︽ᠲᠤᠳᠤᠨᠤ︾᠂ ︽ᠴᠡᠪᠡᠷ︾ ᠰᠢᠨ᠎ᠡ  ᠬᠡᠯᠪᠡᠷᠢ ᠶᠢᠨ ᠵᠠᠰᠠᠭ ᠤᠨ ᠤᠷᠳᠤᠨ ᠪᠠ ᠬᠤᠳᠠᠯᠳᠤᠭᠠᠴᠢᠨ ᠤ ᠬᠠᠷᠢᠴᠠᠭ᠎ᠠ ᠶᠢ ᠴᠤᠭᠴᠠᠯᠠᠨ ᠪᠠᠶᠢᠭᠤᠯᠵᠤ᠂ ᠠᠵᠤ  ᠠᠬᠤᠶᠢᠯᠠᠯ ᠤᠨ ᠬᠦᠭᠵᠢᠯᠳᠡ ᠳᠤ ᠰᠠᠶᠢᠨ ᠰᠠᠶᠢᠬᠠᠨ ᠤᠷᠴᠢᠨ ᠲᠤᠭᠤᠷᠢᠨ ᠢ ᠪᠠᠶᠢᠭᠤᠯᠵᠤ ᠦᠭᠬᠦᠨ᠎ᠡ᠃ ᠵᠠᠰᠠᠭ  ᠵᠠᠬᠢᠷᠭᠠᠨ ᠤ ᠦᠢᠯᠡᠴᠢᠯᠡᠬᠡᠨ ᠤ ᠦᠷ᠎ᠡ ᠪᠦᠳᠤᠮᠵᠢ ᠶᠢ ᠲᠡᠭᠡᠭᠰᠢᠯᠡᠬᠦᠯᠤᠨ᠂ ᠵᠠᠰᠠᠭ ᠵᠠᠬᠢᠷᠭᠠᠨ ᠎ ᠤ ᠬᠢᠨᠠᠨ ᠵᠦᠪᠰᠢᠶᠡᠷᠡᠬᠦ  ᠶᠠᠪᠤᠴᠠ ᠶᠢ ᠰᠢᠯᠢᠳᠡᠭᠵᠢᠬᠦᠯᠤᠨ ᠴᠤᠮᠬᠠᠤᠡᠬᠠᠵᠤ᠂ ᠲᠦᠷᠢᠮ ᠳᠣᠭᠳᠠᠭᠠᠯ ᠤᠨ ᠴᠢᠨᠠᠷᠳᠠᠢ ᠦᠪᠡᠷ ᠤᠨ ᠦᠷᠳᠡᠭ ᠢ  ᠪᠦᠳᠤᠮᠵᠢᠳᠡᠢ ᠪᠠᠭᠤᠷᠠᠭᠤᠯᠤᠨ᠎ᠠ᠃ ᠲᠤᠰᠢᠶᠠᠯ ᠢᠶᠠᠨ ᠦᠨᠡᠨᠴᠢ ᠪᠠᠷ ᠬᠦᠢᠴᠡᠤᠡᠬᠡᠵᠤ᠂ ᠰᠠᠨᠠᠭᠠᠴᠢᠯᠭ᠎ᠠ ᠠᠴᠠ ᠪᠠᠨ  ᠠᠵᠢᠯᠯᠠᠨ᠂ ᠴᠢᠳᠠᠮᠠᠭᠠᠢ ᠰᠦᠪᠡᠭᠴᠢᠯᠡᠵᠤ᠂ ᠵᠤᠷᠢᠭᠳᠠᠢ ᠬᠢᠬᠦ ᠶᠢ ᠴᠠᠭ ᠢᠮᠠᠭᠳᠠ ᠪᠠᠷᠢᠮᠳᠠᠯᠠᠨ᠎ᠠ᠃ ︽ᠬᠤᠶᠠᠷ ᠢ  ᠰᠤᠷᠤᠯᠴᠠᠵᠤ ᠨᠢᠬᠡ ᠳᠤ ᠲᠡᠩᠴᠡᠬᠦᠯᠬᠦ︾ ᠰᠤᠷᠤᠯᠴᠠᠯᠭ᠎ᠠ ᠬᠦᠮᠤᠵᠢᠯ ᠢ ᠪᠠᠶᠢᠩᠭᠤᠴᠢᠯᠠᠨ ᠲᠦᠷᠢᠮᠵᠢᠬᠦᠯᠵᠤ᠂ ︽ ᠭᠤᠷᠪᠠᠨ ᠴᠢᠩᠭ᠎ᠠ ᠭᠤᠷᠪᠠᠨ ᠪᠤᠳᠠᠳᠠᠢ︾ ᠱᠠᠭᠠᠷᠳᠠᠯᠭ᠎ᠠ ᠶᠢ ᠬᠢᠨᠠᠮᠠᠭᠠᠢ ᠦᠢᠯᠡᠳᠤᠯᠬᠡᠵᠢᠬᠦᠯᠵᠤ᠂ ᠠᠷᠠᠤᠨ ᠤᠯᠠᠨ ᠤ  ᠵᠢᠷᠭᠠᠯ ᠵᠤᠪᠠᠯᠠᠩ ᠢ ᠰᠡᠤᠡᠬᠢᠯ ᠳᠡᠭᠡᠨ ᠲᠠᠯᠪᠢᠵᠤ ᠂ ᠨᠡᠶᠢᠬᠡᠮ ᠨᠡᠶᠢᠳᠡ ᠳᠤ ᠴᠠᠭ ᠲᠤᠬᠠᠢ ᠳᠤᠨᠢ ᠬᠠᠷᠢᠭᠤᠯᠳᠠ  ᠦᠭᠬᠦᠨ᠎ᠡ᠃ ᠠᠷᠠᠤᠨ ᠲᠦᠮᠡᠨ ᠤ ᠬᠦᠰᠡᠯ ᠪᠤᠳᠤᠯ ᠳᠤ ᠨᠡᠶᠢᠴᠡᠭᠰᠡᠨ᠂ ᠠᠷᠠᠤᠨ ᠲᠤ ᠬᠠᠷᠠᠭᠠᠯᠵᠠᠯ ᠦᠵᠡᠬᠦᠯᠬᠦ᠂  ᠠᠷᠠᠤᠨ ᠤᠨ ᠰᠡᠤᠡᠬᠢᠯ ᠢ ᠤᠯᠬᠤ ᠪᠤᠳᠠᠳᠤ ᠶᠠᠪᠤᠳᠠᠯ ᠢ ᠢᠯᠡᠬᠦᠬᠡᠨ ᠬᠢᠵᠤ᠂ ᠦᠢᠯᠡᠳᠤᠯᠬᠡ᠂ ᠠᠷᠠᠤᠨ ᠲᠦᠮᠡᠨ ᠪᠠ  ᠲᠡᠤᠬᠡ ᠶᠢᠨ ᠰᠢᠯᠭᠠᠯᠳᠠ ᠶᠢ ᠬᠦᠯᠢᠶᠡᠵᠦ ᠴᠢᠳᠠᠬᠤ ᠪᠤᠳᠠᠳᠠᠢ ᠦᠷ᠎ᠡ ᠪᠦᠳᠤᠮᠵᠢ ᠭᠠᠷᠭᠠᠨ᠎ᠠ᠃        ᠲᠦᠯᠤᠬᠡᠯᠡᠭᠴᠢᠤᠨ ᠡ︕ ᠰᠢᠨ᠎ᠡ ᠴᠠᠭ ᠦᠶ᠎ᠡ ᠳᠤ ᠤᠷᠤᠵᠤ᠂ ᠰᠢᠨ᠎ᠠ ᠠᠶᠠᠯᠠᠯ ᠢᠶᠠᠨ ᠡᠬᠢᠯᠡᠬᠦᠯᠵᠤ᠂ ᠰᠢᠨ᠎ᠡ  ᠡᠬᠦᠷᠬᠡ ᠶᠢ ᠡᠬᠦᠷᠬᠡᠯᠡᠨ᠂ ᠰᠢᠨ᠎ᠡ ᠲᠦᠰᠤᠪ ᠎ ᠢ ᠵᠢᠷᠤᠭᠯᠠᠶ᠎ᠠ︕ ᠪᠢᠳᠡ ᠰᠢ ᠶᠢᠨ ᠫᠢᠩ ᠨᠦᠬᠦᠷ ᠢᠶᠠᠷ ᠭᠤᠤᠯ  ᠪᠤᠯᠭᠠᠭᠰᠠᠨ ᠨᠠᠮ ᠤᠨ ᠲᠦᠪ ᠬᠤᠷᠢᠶᠠᠨ ᠤ ᠲᠤᠭᠤᠷᠢᠨ ᠳᠤ ᠨᠢᠭᠳᠠᠷᠠᠨ ᠪᠦᠯᠬᠦᠮᠳᠡᠵᠤ᠂ ᠦᠪᠡᠷᠳᠡᠬᠡᠨ ᠵᠠᠰᠠᠬᠤ  ᠤᠷᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠤ ᠰᠢᠢᠤᠡᠪᠦᠷᠢᠳᠤ ᠪᠤᠳᠤᠯᠭ᠎ᠠ ᠶᠢᠨ ᠪᠠᠶᠢᠷᠢᠯᠠᠭᠤᠯᠤᠯᠳᠠ  ᠪᠤᠯᠤᠨ ᠬᠤᠳᠠ ᠶᠢᠨ ᠨᠠᠮ ᠎ ᠤᠨ ᠬᠤᠷᠢᠶ᠎ᠠ᠂ ᠵᠠᠰᠠᠭ ᠤᠨ ᠤᠷᠳᠤᠨ ᠵᠢᠴᠢ ᠬᠤᠰᠢᠭᠤ ᠨᠠᠮ ᠤᠨ ᠬᠤᠷᠢᠶᠠᠨ ᠤ ᠪᠠᠳᠤ  ᠴᠢᠩᠭ᠎ᠠ ᠤᠳᠤᠷᠢᠳᠤᠯᠭ᠎ᠠ ᠲᠤᠤᠷ᠎ᠠ᠂ ᠤᠭ ᠰᠠᠨᠠᠭ᠎ᠠ ᠪᠠᠨ ᠦᠯᠤ ᠮᠠᠷᠳᠠᠨ᠂ ᠡᠬᠦᠷᠬᠡ ᠬᠠᠷᠢᠭᠤᠴᠠᠯᠭ᠎ᠠ ᠪᠠᠨ ᠪᠠᠳᠤ  ᠴᠡᠬᠡᠵᠢᠯᠡᠵᠤ᠂ ᠦᠨᠡᠨᠬᠦ ᠠᠤᠡᠬᠤᠨ ᠪᠤᠳᠠᠳᠠᠢ ᠠᠵᠢᠯᠯᠠᠵᠤ᠂ ᠡᠷᠡᠮᠡᠬᠡᠶᠢᠯᠡᠨ ᠲᠠᠪᠰᠢᠵᠤ᠂ ᠮᠤᠩᠭᠤᠯ ᠮᠤᠷᠢᠨ ᠤ ᠵᠤᠷᠢᠭ  ᠰᠠᠨᠠᠭ᠎ᠠ ᠶᠢ ᠪᠠᠳᠠᠷᠠᠭᠤᠯᠤᠨ᠂ ᠠᠵᠢᠯᠯᠠᠵᠤ ᠠᠮᠢᠳᠤᠷᠠᠬᠤ ᠳᠤ ᠲᠠᠭᠠᠯᠠᠮᠵᠢᠳᠠᠢ᠂ ᠰᠡᠯᠡᠬᠦᠴᠡᠨ ᠵᠤᠭᠠᠴᠠᠬᠤ ᠳᠤ ᠠᠶᠠᠳᠠᠢ᠂ ᠠᠮᠤᠷ ᠲᠤᠭᠳᠠᠭᠤᠨ᠂ ᠪᠠᠶᠠᠨ ᠴᠢᠨᠡᠬᠡᠯᠢᠭ ᠦᠵᠡᠰᠬᠦᠯᠡᠩᠳᠤ ᠰᠠᠶᠢᠬᠠᠨ ᠰᠢᠨ᠎ᠡ ᠪᠠᠷᠭᠤ ᠪᠠᠷᠠᠭᠤᠨ ᠬᠤᠰᠢᠭᠤ ᠶᠢ  ᠴᠤᠭᠴᠠᠯᠠᠨ ᠪᠠᠶᠢᠭᠤᠯᠬᠤ ᠶᠢᠨ ᠲᠦᠯᠤᠬᠡ᠂ ︽ᠦᠵᠡᠰᠬᠦᠯᠡᠩᠳᠤ ᠰᠠᠶᠢᠬᠠᠨ ᠦᠪᠤᠷ ᠮᠤᠩᠭᠤᠯ᠂ ᠲᠤᠮᠳᠠᠳᠤ ᠶᠢᠨ  ᠦᠨᠳᠤᠰᠤᠳᠡᠨ ᠤ ᠠᠭᠤᠤ ᠶᠡᠭᠡ ᠰᠡᠷᠬᠦᠨ ᠮᠠᠨᠳᠤᠯᠳᠠ ᠶᠢᠨ ᠬᠦᠰᠡᠯ ᠵᠡᠬᠦᠳᠤ ᠶᠢ ᠲᠡᠷᠭᠡᠯᠰᠢᠬᠦᠯᠬᠦ︾ ᠰᠢᠨ᠎ᠡ ᠪᠠᠷᠭᠤ  ᠪᠠᠷᠠᠭᠤᠨ ᠬᠤᠰᠢᠭᠤᠨ ᠤ ᠰᠢᠨ᠎ᠡ ᠨᠢᠬᠡᠨ ᠬᠠᠭᠤᠳᠠᠰᠤ ᠶᠢ ᠪᠢᠴᠢᠭᠯᠡᠬᠦ ᠶᠢᠨ ᠲᠦᠯᠤᠬᠡ ᠴᠢᠷᠮᠠᠶᠢᠨ ᠲᠡᠮᠡᠴᠡᠰᠤᠬᠡᠢ︕            ᠳᠠᠶᠢᠯᠪᠦᠷᠢ᠄      1. ︽ᠲᠦᠷᠪᠡᠨ ᠬᠡᠯᠪᠡᠷᠢ︾᠎ ᠶᠢᠨ ᠠᠮᠢ ᠠᠬᠤᠢ ᠶᠢᠨ ᠭᠡᠷ ᠪᠦᠯᠢ ᠶᠢᠨ ᠮᠠᠯᠵᠢᠯ ᠤᠨ ᠳᠠᠯᠠᠪᠠᠢ᠄ ᠮᠠᠯᠵᠢᠬᠤ ᠳᠣᠮᠣ  ᠡᠷᠦᠬᠡ ᠦᠪᠡᠷ ᠢᠶᠠᠨ ᠪᠦᠳᠦᠭᠡᠨ ᠪᠠᠶᠢᠭᠤᠯᠬᠤ ᠬᠡᠯᠪᠡᠷᠢ᠂ ᠡᠷᠦᠬᠡ ᠬᠤᠯᠪᠣᠭᠠᠯᠠᠬᠤ ᠬᠡᠯᠪᠡᠷᠢ᠂ ᠬᠤᠷᠰᠢᠶᠠᠵᠢᠯ ᠤᠨ ᠬᠡᠯᠪᠡᠷᠢ ᠪᠠ ᠳᠡᠵᠢᠬᠡᠨ ᠦᠷᠡᠵᠢᠬᠦᠯᠬᠦ ᠵᠢᠵᠢᠭ ᠳᠣᠭᠤᠷᠢᠭ ᠪᠠᠶᠢᠭᠤᠯᠬᠤ ᠵᠡᠷᠭᠡ ᠲᠦᠷᠪᠡᠨ ᠵᠦᠢᠯ ᠤᠨ ᠬᠡᠯᠪᠡᠷᠢ ᠪᠠᠷ  ᠳᠠᠮᠵᠢᠨ᠂ ᠣᠳᠣᠬᠢᠴᠢᠯᠠᠭᠰᠠᠨ ᠠᠮᠢ ᠠᠬᠤᠢ ᠶᠢᠨ ᠭᠡᠷ ᠪᠦᠯᠢ ᠶᠢᠨ ᠮᠠᠯᠵᠢᠯ ᠤᠨ ᠳᠠᠯᠠᠪᠠᠢ ᠶᠢ ᠬᠦᠭᠵᠢᠬᠦᠯᠬᠦ ᠶᠢ  ᠵᠢᠭᠠᠨ᠎ᠠ᠃       2. ︽ᠭᠤᠷᠪᠠᠨ ᠳᠣᠷ᠎ᠠ ᠪᠠᠷ ᠢᠶᠠᠨ ᠪᠠᠶᠢᠬᠤ︾᠄ ᠬᠤᠳᠠ ᠪᠠᠯᠭᠠᠰᠣᠨ ᠤ ᠪᠦᠳᠦᠭᠡᠨ ᠪᠠᠶᠢᠭᠤᠯᠣᠯᠳᠠ ᠶᠢᠨ  ᠬᠠᠮᠢᠶᠠᠷᠣᠯᠳᠠ ᠳᠣᠮᠳᠠᠬᠢ ᠳᠣᠷ᠎ᠠ ᠪᠠᠷ ᠢᠶᠠᠨ ᠵᠣᠭᠰᠣᠭᠠᠬᠤ᠂ ᠳᠣᠷ᠎ᠠ ᠪᠠᠷ ᠢᠶᠠᠨ ᠳᠠᠯᠪᠢᠬᠤ ᠪᠠ ᠳᠣᠷ᠎ᠠ ᠪᠠᠷ ᠢᠶᠠᠨ  ᠪᠠᠶᠢᠭᠤᠯᠬᠤ ᠶᠢ ᠵᠢᠭᠠᠨ᠎ᠠ᠃      3. ︽ᠨᠢᠬᠡ ᠳᠣᠭᠤᠷᠢᠭ ᠲᠦᠷᠪᠡᠨ ᠱᠣᠭᠤᠮ +︾᠄ ᠠᠯᠳ᠋ᠬᠠᠮᠡᠬᠡᠯ ᠪᠠᠯᠭᠠᠰᠣ ᠪᠠᠷ ᠲᠦᠪ ᠪᠣᠯᠭᠠᠵᠦ᠂ ᠬᠤᠰᠢᠭᠤᠨ ᠤ  ᠬᠢᠯᠢ ᠶᠢ ᠭᠤᠯᠳᠣ ᠠᠯᠣᠰᠯᠠᠭᠰᠠᠨ ᠬᠢᠯᠢ ᠳᠠᠭᠠᠣ ᠵᠠᠰᠠᠮᠠᠯ ᠵᠠᠮ᠂ ᠮᠠᠨᠵᠣᠣᠷ ᠬᠦᠷᠬᠦ᠂ ᠠᠷᠣᠬᠠᠰᠢᠶᠠᠳᠣ ᠪᠣᠭᠤᠮᠳᠠ  ᠬᠦᠷᠬᠦ᠂ ᠷᠠᠰᠢᠶᠠᠨ ᠬᠤᠳᠠ ᠬᠦᠷᠬᠦ᠂ ᠪᠣᠶᠢᠷ ᠰᠣᠮᠣ ᠬᠦᠷᠬᠦ᠂ ᠠᠭᠠᠷ ᠠᠶᠠᠯᠠᠯ ᠤᠨ ᠪᠣᠰᠤᠭ᠎ᠠ ᠴᠣᠭᠴᠠᠳᠣ ᠵᠠᠮ  ᠬᠠᠷᠢᠯᠴᠠᠭᠠᠨ ᠤ ᠳᠣᠣᠷ ᠰᠦᠯᠵᠢᠶᠡᠨ ᠤ ᠪᠦᠳᠦᠴᠡ ᠶᠢ ᠵᠢᠭᠠᠨ᠎ᠠ᠃      4. ︽1 + X︾ ᠰᠣᠮᠣ ᠪᠠᠯᠭᠠᠰᠣᠨ ᠤ ᠶᠡᠷᠦᠩᠬᠡᠶᠢᠯᠡᠭᠰᠡᠨ ᠬᠠᠥᠯᠢ ᠬᠡᠷᠡᠭᠵᠢᠬᠦᠯᠬᠦ ᠪᠠᠶᠢᠭᠤᠯᠣᠮᠵᠢ ᠶᠢᠨ  ᠦᠬᠡᠷᠡᠴᠢᠯᠡᠯᠳᠡ᠄ ︽1︾ ᠭᠡᠳᠡᠭ ᠨᠢ ᠰᠣᠮᠣ ᠪᠠᠯᠭᠠᠰᠣ ᠨᠢᠬᠡᠪᠦᠷᠢ ᠪᠦᠷᠢ ᠨᠢᠬᠡ ᠵᠠᠰᠠᠭ ᠵᠠᠬᠢᠷᠭᠠᠨ ᠤ ᠬᠠᠥᠯᠢ  ᠬᠡᠷᠡᠭᠵᠢᠬᠦᠯᠬᠦ ᠪᠠᠶᠢᠭᠤᠯᠣᠮᠵᠢ ᠶᠢ ᠪᠠᠶᠢᠭᠤᠯᠬᠤ ᠶᠢ ᠵᠢᠭᠠᠨ᠎ᠠ᠃ ︽X︾ ᠭᠡᠳᠡᠭ ᠨᠢ ᠬᠤᠰᠢᠭᠤᠨ ᠤ ᠣᠷᠣᠨ  ᠰᠠᠭᠤᠴᠠ ᠪᠠ ᠬᠤᠳᠠ ᠬᠦᠳᠡᠭᠡ ᠶᠢᠨ ᠪᠦᠳᠦᠭᠡᠨ ᠪᠠᠶᠢᠭᠤᠯᠣᠯᠳᠠ ᠶᠢᠨ ᠲᠦᠯᠦᠪᠵᠢᠬᠦᠯᠬᠡ ᠶᠢᠨ ᠳᠣᠪᠴᠢᠶ᠎ᠠ᠂ ᠣᠯᠣᠰ  ᠎ ᠤᠨ ᠭᠠᠵᠠᠷ ᠰᠢᠷᠣᠢ ᠶᠢᠨ ᠡᠬᠢ ᠪᠠᠶᠠᠯᠢᠭ ᠤᠨ ᠳᠣᠪᠴᠢᠶ᠎ᠠ᠂ ᠳᠠᠷᠢᠶᠠᠯᠠᠩ ᠮᠠᠯ ᠠᠵᠦ ᠠᠬᠤᠢ ᠶᠢᠨ ᠳᠣᠪᠴᠢᠶ᠎ᠠ ᠪᠠ  ᠣᠢ ᠰᠢᠭᠤᠢ ᠣᠰᠣᠨ ᠤ ᠶᠠᠪᠣᠳᠠᠯ ᠤᠨ ᠳᠣᠪᠴᠢᠶ᠎ᠠ ᠵᠡᠷᠭᠡ ᠰᠠᠯᠠᠭ᠎ᠠ ᠮᠦᠴᠢᠷ ᠬᠠᠮᠢᠶ᠎ᠠ ᠪᠦᠬᠦᠢ ᠵᠠᠰᠠᠭ ᠵᠠᠬᠢᠷᠭᠠᠨ ᠤ  ᠡᠷᠬᠡ ᠪᠠᠨ ᠡᠯ᠎ᠡ ᠰᠣᠮᠣ ᠪᠠᠯᠭᠠᠰᠣᠨ ᠤ ᠶᠡᠷᠦᠩᠬᠡᠶᠢᠯᠡᠭᠰᠡᠨ ᠬᠠᠥᠯᠢ ᠬᠡᠷᠡᠭᠵᠢᠬᠦᠯᠬᠦ ᠭᠠᠵᠠᠷ ᠲᠤ ᠳᠣᠷᠣᠭᠰᠢ  ᠪᠠᠭᠤᠯᠭᠠᠬᠤ ᠶᠢ ᠵᠢᠭᠠᠨ᠎ᠠ᠃       5. ︽ᠭᠤᠷᠪᠠ ᠶᠢ ᠳᠣᠰᠬᠤᠨ ᠪᠠ ᠡᠷᠦᠬᠡ ᠳᠤ ᠬᠦᠷᠭᠡᠬᠦ︾᠄ ︽ᠭᠤᠷᠪᠠ ᠶᠢ ᠳᠣᠰᠬᠤᠨ ᠳᠤ ᠬᠦᠷᠭᠡᠬᠦ︾ ᠭᠡᠳᠡᠭ  ᠎ ᠨᠢ ᠲᠦᠯᠦᠪᠵᠢᠬᠦᠯᠬᠡ ᠶᠢ ᠳᠣᠰᠬᠤᠨ ᠎ ᠳᠤ ᠬᠦᠷᠭᠡᠬᠦ᠂ ᠲᠦᠷᠦᠯ ᠵᠦᠢᠯ ᠢ ᠳᠣᠰᠬᠤᠨ ᠳᠤ ᠬᠦᠷᠭᠡᠬᠦ᠂ ᠺᠠᠳ᠋ᠷᠴᠣᠳ ᠢ  ᠳᠣᠰᠬᠤᠨ ᠳᠤ ᠬᠦᠷᠬᠡᠬᠦ ᠶᠢ ᠵᠢᠭᠠᠨ᠎ᠠ᠃ ︽ᠭᠤᠷᠪᠠ ᠶᠢ ᠡᠷᠦᠬᠡ ᠳᠤ ᠬᠦᠷᠭᠡᠬᠦ︾ ᠭᠡᠳᠡᠭ ᠨᠢ ᠲᠦᠯᠦᠪᠵᠢᠬᠦᠯᠬᠡ ᠶᠢ  ᠡᠷᠦᠬᠡ ᠳᠤ ᠬᠦᠷᠭᠡᠬᠦ᠂ ᠲᠦᠷᠦᠯ ᠵᠦᠢᠯ ᠢ ᠡᠷᠦᠬᠡ ᠳᠤ ᠬᠦᠷᠭᠡᠬᠦ ᠪᠠ ᠺᠠᠳ᠋ᠷᠴᠣᠳ ᠢ ᠡᠷᠦᠬᠡ ᠳᠤ ᠬᠦᠷᠭᠡᠬᠦ ᠶᠢ  ᠵᠢᠭᠠᠨ᠎ᠠ᠃      6. ︽ᠳᠣᠯᠣᠭᠠᠨ ᠬᠡᠯᠪᠡᠷᠢ︾᠄ ︽ᠪᠣᠬᠢᠷᠳᠣᠯ ᠦᠬᠡᠢ᠂ ᠠᠮᠢ ᠠᠬᠤᠶᠢᠴᠢ᠂ ᠣᠷᠴᠢᠨ ᠳᠣᠭᠤᠷᠢᠨ ᠢ ᠬᠠᠮᠠᠭᠠᠯᠠᠭᠰᠠᠨ  ᠂ ᠰᠢᠨᠵᠢᠯᠡᠭᠡ ᠮᠡᠷᠭᠡᠵᠢᠯ᠂ ᠬᠦᠮᠦᠨ ᠢᠷᠭᠡᠨᠰᠢᠯ᠂ ᠡᠶ᠎ᠡ ᠵᠣᠬᠢᠴᠠᠩᠭᠤᠢ᠂ ᠠᠶᠣᠯᠬᠦᠢ︾ ᠠᠭᠤᠷᠬᠠᠢ ᠶᠢ ᠪᠦᠳᠦᠭᠡᠨ  ᠪᠠᠶᠢᠭᠤᠯᠬᠤ ᠶᠢ ᠵᠢᠭᠠᠨ᠎ᠠ᠃      7. ︽ᠨᠢᠬᠡ ᠣᠷᠣᠨ ᠬᠤᠶᠠᠷ ᠰᠠᠭᠤᠷᠢᠨ ᠭᠠᠵᠠᠷ ᠲᠦᠷᠪᠡᠨ ᠰᠣᠷᠭᠠᠭᠤᠯᠢ ᠳᠠᠪᠣᠵᠢᠭᠤᠯᠬᠤ︾᠄ ᠨᠢᠬᠡ ᠣᠷᠣᠨ ᠬᠡᠳᠡᠭ  ᠎ ᠨᠢ ᠠᠯᠪᠠᠨ ᠵᠢᠷᠣᠮ ᠤᠨ ᠰᠣᠷᠭᠠᠨ ᠬᠦᠮᠦᠵᠢᠯ ᠢ ᠲᠡᠩᠴᠡᠭᠦᠷᠢᠳᠡᠢ ᠬᠦᠭᠵᠢᠬᠦᠯᠦᠭᠰᠡᠨ ᠵᠢᠱᠢᠶ᠎ᠡ ᠦᠵᠡᠬᠦᠯᠬᠦ ᠣᠷᠣᠨ ᠢ  ᠵᠢᠭᠠᠨ᠎ᠠ᠃ ᠬᠤᠶᠠᠷ ᠰᠠᠭᠤᠷᠢᠨ ᠭᠠᠵᠠᠷ ᠬᠡᠳᠡᠭ ᠨᠢ ᠬᠡᠪ ᠴᠢᠨᠠᠷ ᠤᠨ ᠰᠣᠷᠭᠠᠨ ᠬᠦᠮᠦᠵᠢᠯ ᠢ ᠦᠢᠯᠡᠳᠦᠯᠬᠡᠵᠢᠬᠦᠯᠬᠦ  ᠰᠠᠭᠤᠷᠢᠨ ᠭᠠᠵᠠᠷ ᠪᠠ ᠰᠣᠷᠭᠠᠭᠤᠯᠢ ᠶᠢᠨ ᠬᠦᠷᠢᠶᠡᠨ ᠤ ᠬᠦᠯ ᠪᠦᠮᠪᠦᠭᠡ ᠶᠢᠨ ᠰᠠᠭᠤᠷᠢᠨ ᠭᠠᠵᠠᠷ ᠪᠠᠶᠢᠭᠤᠯᠬᠤ ᠶᠢ  ᠵᠢᠭᠠᠨ᠎ᠠ᠃ ᠲᠦᠷᠪᠡᠨ ᠰᠣᠷᠭᠠᠭᠤᠯᠢ ᠬᠡᠳᠡᠭ ᠨᠢ ᠦᠨᠳᠦᠰᠦᠳᠡᠨ ᠤ ᠣᠯᠠᠮᠵᠢᠯᠠᠯᠳᠣ ᠰᠣᠶᠣᠯ ᠤᠨ ᠰᠣᠷᠭᠠᠭᠤᠯᠢ᠂  ᠪᠢᠴᠢᠭ ᠤᠨ ᠦᠨᠦᠷ ᠬᠠᠩᠬᠤᠯᠣᠭᠰᠠᠨ ᠰᠣᠷᠭᠠᠭᠤᠯᠢ᠂ ᠪᠣᠯᠪᠠᠰᠣᠨ ᠰᠣᠷᠭᠠᠭᠤᠯᠢ ᠪᠠ ᠣᠶᠣᠨᠴᠢ ᠰᠣᠷᠭᠠᠭᠤᠯᠢ ᠶᠢ  ᠵᠢᠭᠠᠨ᠎ᠠ᠃ ᠳᠠᠪᠣᠵᠢᠭᠤᠯᠬᠤ ᠬᠡᠳᠡᠭ ᠨᠢ ᠰᠣᠷᠭᠠᠨ ᠬᠦᠮᠦᠵᠢᠯ ᠢ ᠲᠡᠩᠴᠡᠭᠦᠷᠢᠰᠢᠬᠦᠯᠬᠦ᠂ ᠰᠢᠯᠢᠳᠡᠭᠵᠢᠬᠦᠯᠬᠦ ᠂  ᠣᠨᠴᠠᠯᠢᠭᠵᠢᠭᠤᠯᠬᠤ᠂ ᠣᠳᠣᠬᠢᠴᠢᠯᠠᠬᠤ ᠪᠠ ᠲᠡᠯᠡᠬᠡᠶᠢᠴᠢᠯᠡᠬᠦ ᠶᠢ ᠨᠢᠬᠡ ᠴᠣᠭᠴᠠᠵᠢᠭᠤᠯᠣᠨ ᠬᠤᠯᠪᠣᠭᠠᠯᠠᠨ  ᠬᠦᠭᠵᠢᠬᠦᠯᠬᠦ ᠶᠢ ᠵᠢᠭᠠᠨ᠎ᠠ᠃      8. ︽ᠭᠤᠷᠪᠠᠨ ᠪᠦᠳᠦᠭᠡᠭᠳᠡᠬᠦᠨ ᠨᠢᠬᠡ ᠰᠢᠨᠵᠢ ᠳᠡᠮᠳᠡᠭ︾᠄ ︽ᠭᠤᠷᠪᠠᠨ ᠪᠦᠳᠦᠭᠡᠭᠳᠡᠬᠦᠨ︾ ᠭᠡᠳᠡᠭ ᠨᠢ  ᠬᠤᠤᠷᠳᠠᠯ ᠦᠬᠡᠢ ᠳᠠᠷᠢᠶᠠᠯᠠᠩ ᠤᠨ ᠪᠦᠳᠦᠭᠡᠭᠳᠡᠬᠦᠨ᠂ ᠪᠣᠬᠢᠷᠳᠣᠯ ᠦᠬᠡᠢ ᠢᠳᠡᠭᠡᠨ᠂ ᠣᠷᠭᠠᠨᠢᠭ ᠳᠠᠷᠢᠶᠠᠯᠠᠩ ᠤᠨ  ᠪᠦᠳᠦᠭᠡᠭᠳᠡᠬᠦᠨ ᠪᠠ ᠮᠠᠯ ᠤᠨ ᠠᠰᠢᠭ ᠰᠢᠮ᠎ᠡ ᠶᠢ ᠵᠢᠭᠠᠨ᠎ᠠ᠃ ︽ᠨᠢᠬᠡ ᠰᠢᠨᠵᠢ ᠳᠡᠮᠳᠡᠭ︾ ᠭᠡᠳᠡᠭ ᠨᠢ ᠳᠠᠷᠢᠶᠠᠯᠠᠩ  ᠎ ᠤᠨ ᠪᠦᠳᠦᠭᠡᠭᠳᠡᠬᠦᠨ ᠪᠠ ᠮᠠᠯ ᠤᠨ ᠠᠰᠢᠭ ᠰᠢᠮ᠎ᠡ ᠶᠢᠨ ᠭᠠᠵᠠᠷ ᠵᠦᠢ ᠶᠢᠨ ᠰᠢᠨᠵᠢ ᠳᠡᠮᠳᠡᠭ ᠢ ᠵᠢᠭᠠᠨ᠎ᠠ᠃
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠵᠠᠰᠠᠭ ᠤᠨ ᠤᠷᠳᠤᠨ ᠤ ᠤᠷᠴᠢᠭᠤᠯᠭ᠎ᠠ ᠶᠢᠨ ᠲᠤᠪᠴᠢᠶ᠎ᠠ