| | — — 2017 ᠣᠨ ᠤ 12 ᠰᠠᠷ᠎ᠠ ᠶᠢᠨ 6 ᠤ ᠡᠳᠦᠷ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠪᠠᠨ | ᠳᠠᠪᠣᠳᠣᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠠᠩᠬᠠᠳᠣᠭᠠᠷ ᠣᠳᠠᠭᠠᠨ ᠤ | ᠬᠤᠷᠠᠯ ᠳᠡᠭᠡᠷ᠎ᠡ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠣᠷᠣᠯᠠᠭᠴᠢ | ᠬᠤᠰᠢᠭᠤᠨ ᠲᠠᠷᠤᠭ᠎ᠠ ᠪᠦᠬᠡᠪᠠᠶᠠᠷ | | ᠲᠦᠯᠦᠭᠡᠯᠡᠭᠴᠢᠳ ᠡ᠄ ᠣᠳᠣ ᠪᠢ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠢ ᠲᠦᠯᠦᠭᠡᠯᠡᠨ᠂ | ᠶᠡᠭᠡ ᠬᠤᠷᠠᠯ ᠳᠤ ᠠᠵᠢᠯ ᠤᠨ ᠢᠯᠡᠳᠭᠡᠯ ᠬᠢᠶ᠎ᠡ᠂ ᠬᠢᠨᠠᠨ ᠵᠦᠪᠯᠡᠬᠦ ᠪᠣᠯᠪᠠᠣ᠂ ᠣᠯᠣᠰ ᠲᠦᠷᠦ ᠶᠢᠨ ᠵᠦᠪᠯᠡᠯᠬᠡᠨ ᠤ | ᠬᠡᠰᠢᠭᠦᠳ ᠪᠣᠯᠣᠨ ᠬᠤᠷᠠᠯ ᠳᠤ ᠰᠣᠯᠠ ᠣᠷᠣᠯᠴᠠᠭᠰᠠᠳ ᠰᠠᠨᠠᠯ ᠢᠶᠠᠨ ᠳᠣᠷᠠᠳᠬᠤ ᠪᠣᠯᠪᠠᠣ᠃ | | ᠨᠢᠬᠡ᠂ ᠦᠩᠬᠡᠷᠡᠭᠰᠡᠨ ᠳᠠᠪᠣᠨ ᠵᠢᠯ ᠤᠨ ᠠᠵᠢᠯ ᠤᠨ ᠡᠷᠬᠢᠴᠡᠬᠦᠯᠦᠯ ᠦᠩᠭᠡᠷᠡᠭᠰᠡᠨ ᠳᠠᠪᠣᠨ ᠵᠢᠯ ᠪᠣᠯ ᠮᠠᠨ ᠤ | ᠬᠤᠰᠢᠭᠤᠨ ᠤ ᠬᠦᠭᠵᠢᠯᠳᠡ ᠶᠢᠨ ᠠᠬᠢᠴᠠ ᠳᠣᠮᠳᠠᠬᠢ ᠲᠦᠢᠯ ᠤᠨ ᠶᠡᠷᠦ ᠪᠣᠰᠣ ᠶᠢᠨ ᠳᠠᠪᠣᠨ ᠵᠢᠯ ᠮᠦᠨ᠃ ᠨᠠᠷᠢᠨ | ᠪᠣᠳᠣᠯᠢᠶᠠᠨᠳᠠᠢ ᠬᠦᠨᠳᠦ ᠬᠡᠴᠡᠭᠦᠦ ᠠᠵᠦ ᠠᠬᠤᠢ ᠶᠢᠨ ᠪᠠᠶᠢᠳᠠᠯ ᠪᠠ ᠬᠠᠳᠠᠭᠤ ᠪᠡᠷᠬᠡᠰᠢᠶᠡᠯᠳᠡᠢ ᠬᠦᠨᠳᠦ ᠰᠦᠷᠡᠬᠡᠢ | ᠦᠬᠡᠷᠡᠴᠢᠯᠡᠯᠳᠡ ᠬᠦᠭᠵᠢᠯᠳᠡ ᠳᠣᠭᠳᠠᠭᠤᠨ ᠪᠠᠶᠢᠯᠭᠠᠬᠤ ᠡᠭᠦᠷᠬᠡ ᠵᠢᠴᠢ ᠠᠵᠦ ᠠᠬᠤᠢ ᠳᠣᠷᠣᠭᠰᠢᠯᠠᠭᠰᠠᠨ ᠯᠣᠳᠣ | ᠶᠡᠭᠡ ᠳᠠᠷᠣᠯᠳᠠ ᠪᠠ ᠪᠠᠶᠢᠭᠠᠯᠢ ᠶᠢᠨ ᠭᠠᠮᠰᠢᠭ ᠤᠨ ᠣᠯᠠᠨ ᠰᠢᠯᠭᠠᠯᠳᠠ ᠳᠤ ᠴᠢᠭᠯᠡᠬᠦᠯᠦᠨ᠂ ᠬᠤᠰᠢᠭᠤᠨ ᠤ ᠠᠷᠪᠠᠨ | ᠲᠦᠷᠪᠡᠳᠦᠭᠡᠷ ᠬᠤᠭᠤᠴᠠᠭᠠᠨ ᠤ ᠠᠷᠠᠳ ᠤᠨ ᠵᠠᠰᠠᠭ ᠤᠨ ᠣᠷᠳᠣᠨ ᠲᠦᠪ ᠪᠠ ᠦᠪᠡᠷᠳᠡᠭᠡᠨ ᠵᠠᠰᠠᠬᠤ ᠣᠷᠣᠨ ᠤ | ᠨᠠᠮ ᠤᠨ ᠬᠤᠷᠢᠶᠠᠨ ᠤ ᠡᠯ᠎ᠡ ᠵᠦᠢᠯ ᠤᠨ ᠰᠢᠢᠳᠪᠦᠷᠢᠳᠦ ᠪᠣᠳᠣᠯᠭ᠎ᠠ ᠶᠢᠨ ᠪᠠᠶᠢᠷᠢᠯᠠᠭᠤᠯᠣᠯᠳᠠ ᠶᠢ ᠬᠦᠨᠵᠡᠬᠡᠢ | ᠳᠣᠣᠱᠯᠠᠭᠤᠯᠣᠨ᠂ ᠬᠦᠯᠦᠨ ᠪᠣᠶᠢᠷ ᠬᠤᠳᠠ ᠶᠢᠨ ᠨᠠᠮ ᠤᠨ ᠬᠤᠷᠢᠶ᠎ᠠ᠂ ᠬᠤᠳᠠ ᠶᠢᠨ ᠵᠠᠰᠠᠭ ᠤᠨ ᠣᠷᠳᠣᠨ ᠪᠠ | ᠬᠤᠰᠢᠭᠤ ᠨᠠᠮ ᠤᠨ ᠬᠤᠷᠢᠶᠠᠨ ᠤ ᠵᠦᠪ ᠣᠨᠣᠪᠴᠢᠳᠠᠢ ᠣᠳᠣᠷᠢᠳᠣᠯᠭ᠎ᠠ ᠳᠣᠣᠷ᠎ᠠ᠂ ᠪᠦᠬᠦ ᠬᠤᠰᠢᠭᠤᠨ ᠤ | ᠦᠨᠳᠦᠰᠦᠳᠡᠨ ᠨᠦᠭᠦᠳ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠦ᠂ ᠠᠵᠦ ᠠᠬᠤᠢ ᠶᠢᠨ ᠬᠦᠭᠵᠢᠯᠳᠡ | ᠶᠢᠨ ᠰᠢᠨ᠎ᠡ ᠬᠡᠪ ᠪᠠᠶᠢᠳᠠᠯ ᠲᠠᠢ ᠰᠠᠨᠠᠭᠠᠴᠢᠯᠠᠭ᠎ᠠ ᠠᠴᠠ ᠪᠠᠨ ᠵᠣᠬᠢᠴᠠᠨ᠂ ᠰᠢᠨ᠎ᠡ ᠬᠦᠭᠵᠢᠯᠳᠡ ᠶᠢᠨ | ᠣᠶᠢᠯᠠᠭᠠᠭᠳᠠᠬᠤᠨ ᠢ ᠪᠦᠬᠦ ᠳᠠᠯ᠎ᠠ ᠪᠠᠷ ᠨᠠᠶᠢᠳᠠᠪᠣᠷᠢᠵᠢᠭᠤᠯᠵᠦ᠂ ᠳᠣᠭᠳᠠᠭᠤᠨ ᠳᠣᠮᠳᠠ ᠣᠷᠣᠭᠰᠢᠯᠠᠬᠤ ᠠᠵᠢᠯ ᠤᠨ | ᠶᠡᠷᠦᠩᠬᠡᠢ ᠬᠦᠭ ᠠᠶᠠᠰ ᠢ ᠴᠢᠩᠭ᠎ᠠ ᠠᠳᠬᠤᠵᠦ᠂ ᠡᠯ᠎ᠡ ᠵᠦᠢᠯ ᠤᠨ ᠬᠦᠴᠢᠷ ᠪᠡᠷᠬᠡᠰᠢᠶᠡᠯ ᠪᠠ ᠦᠷᠢᠰᠦᠯᠳᠦᠬᠡᠨ ᠢ | ᠢᠳᠡᠪᠬᠢᠳᠡᠢ ᠠᠷᠭᠠᠴᠠᠨ᠂ ᠠᠵᠠ ᠳᠣᠬᠢᠶᠠᠯ ᠢ ᠡᠵᠡᠮᠳᠡᠨ᠂ ᠵᠣᠷᠢᠭ ᠲᠠᠢ ᠪᠠᠷ ᠣᠷᠣᠭᠰᠢᠯᠠᠵᠦ᠂ ᠳᠣᠰ ᠬᠤᠭᠤᠴᠠᠭᠠᠨ | ᠤ ᠵᠠᠰᠠᠭ ᠤᠨ ᠣᠷᠳᠣᠨ ᠤ ᠳᠣᠭᠳᠠᠭᠠᠭᠰᠠᠨ ᠭᠤᠣᠯ ᠡᠭᠦᠷᠭᠡ ᠶᠢ ᠳᠡᠭᠦᠰ ᠠᠮᠵᠢᠯᠳᠠ ᠲᠠᠢ ᠪᠡᠶᠡᠯᠡᠬᠦᠯᠵᠦ᠂ | ᠴᠢᠨᠡᠭᠡᠯᠢᠭ ᠨᠡᠶᠢᠬᠡᠮ ᠢ ᠪᠦᠬᠦ ᠳᠠᠯ᠎ᠠ ᠪᠠᠷ ᠪᠠᠶᠢᠭᠤᠯᠬᠤ ᠠᠤᠭ᠎ᠠ ᠬᠠᠷᠠᠯᠳᠠ ᠶᠢ ᠪᠡᠶᠡᠯᠡᠬᠦᠯᠬᠦ ᠳᠤ ᠪᠠᠳᠣ ᠪᠠᠬᠢ ᠰᠠᠭᠤᠷᠢ | ᠳᠠᠯᠪᠢᠭᠰᠠᠨ ᠪᠠᠶᠢᠨ᠎ᠠ᠃ — — ᠦᠩᠭᠡᠷᠡᠭᠰᠡᠨ ᠳᠠᠪᠣᠨ ᠵᠢᠯ ᠳᠤ᠂ ᠬᠤᠰᠢᠭᠤ ᠳᠠᠶᠠᠭᠠᠷ ᠬᠦᠴᠢᠷ ᠪᠡᠷᠬᠡ ᠶᠢ ᠢᠯᠠᠨ | ᠳᠠᠪᠠᠵᠦ ᠬᠦᠭᠵᠢᠯᠳᠡ ᠶᠢ ᠴᠢᠩᠭ᠎ᠠ ᠠᠳᠬᠤᠨ᠂ ᠪᠦᠬᠦ ᠬᠦᠴᠦᠨ ᠢᠶᠠᠷ ᠢᠶᠠᠨ ᠨᠡᠮᠡᠭᠳᠡᠯ ᠢ ᠪᠠᠳᠣᠯᠠᠵᠦ᠂ | ᠶᠡᠷᠦᠩᠬᠡᠶᠢᠯᠡᠭᠰᠡᠨ ᠪᠣᠳᠠᠳᠣ ᠬᠦᠴᠦᠨ ᠤ ᠳᠣᠭᠳᠠᠭᠤᠨ ᠳᠡᠭᠡᠭᠰᠢᠯᠡᠯᠳᠡ ᠶᠢ ᠪᠡᠶᠡᠯᠡᠬᠦᠯᠪᠡ᠃ | 2017 ᠣᠨ ᠳᠤ᠂ ᠪᠦᠬᠦ ᠬᠤᠰᠢᠭᠤᠨ ᠤ ᠣᠷᠣᠨ ᠨᠣᠳᠤᠭ ᠤᠨ ᠦᠢᠯᠡᠳᠪᠦᠷᠢᠯᠡᠯ ᠤᠨ ᠶᠡᠷᠦᠩᠬᠡᠢ ᠦᠷᠳᠡᠭ | ᠢ 86.9 ᠳ᠋ᠦᠩᠰᠢᠭᠤᠷ ᠲᠦᠬᠦᠷᠢᠭ ᠪᠡᠶᠡᠯᠡᠬᠦᠯᠵᠦ᠂ 2012 ᠣᠨ ᠤ 1. 3 ᠳᠠᠬᠢᠨ ᠪᠣᠯᠵᠦ᠂ ᠵᠢᠯ ᠳᠣᠮᠳᠠᠴᠢ 8. | 3% ᠪᠠᠷ ᠨᠡᠮᠡᠭᠳᠡᠪᠡ᠃ ᠡᠩ ᠤᠨ ᠣᠯᠠᠨ ᠨᠡᠶᠢᠳᠡ ᠶᠢᠨ ᠡᠳ᠋ ᠤᠨ ᠵᠠᠰᠠᠭ ᠤᠨ ᠲᠦᠰᠦᠪ ᠤᠨ ᠣᠷᠣᠯᠭ᠎ᠠ ᠶᠢ 8.4 | ᠳ᠋ᠦᠩᠰᠢᠭᠤᠷ ᠲᠦᠬᠦᠷᠢᠭ ᠪᠡᠶᠡᠯᠡᠬᠦᠯᠵᠦ᠂ 2012 ᠣᠨ ᠤ 3.9 ᠳᠠᠬᠢᠨ ᠪᠣᠯᠵᠦ᠂ ᠵᠢᠯ ᠳᠣᠮᠳᠠᠴᠢ 9% ᠪᠠᠷ | ᠨᠡᠮᠡᠭᠳᠡᠪᠡ᠃ ᠪᠦᠬᠦ ᠨᠡᠶᠢᠬᠡᠮ ᠤᠨ ᠳᠣᠭᠳᠠᠮᠠᠯ ᠬᠦᠷᠦᠩᠬᠡ ᠶᠢᠨ ᠪᠡᠯᠡ ᠣᠷᠣᠭᠤᠯᠣᠯᠳᠠ ᠶᠢ 31.5 ᠳ᠋ᠦᠩᠰᠢᠭᠤᠷ | ᠲᠦᠬᠦᠷᠢᠭ ᠪᠡᠶᠡᠯᠡᠬᠦᠯᠵᠤ᠂2012 ᠣᠨ ᠤ 1.5 ᠳᠠᠬᠢᠨ ᠪᠣᠯᠵᠦ᠂ ᠵᠢᠯ ᠳᠣᠮᠳᠠᠴᠢ 5.3% ᠪᠠᠷ ᠨᠡᠮᠡᠭᠳᠡᠪᠡ᠃ | ᠨᠡᠶᠢᠬᠡᠮ ᠤᠨ ᠬᠡᠷᠡᠭᠯᠡᠬᠡᠨ ᠤ ᠲᠠᠸᠠᠷ ᠢ ᠵᠢᠵᠢᠭᠯᠡᠨ ᠪᠣᠷᠣᠯᠠᠭᠤᠯᠣᠭᠰᠠᠨ ᠶᠡᠷᠦᠩᠬᠡᠢ ᠳᠤᠭ᠎ᠠ ᠶᠢ 7.3 ᠳ᠋ᠦᠩᠰᠢᠭᠤᠷ | ᠲᠦᠬᠦᠷᠢᠭ ᠪᠡᠶᠡᠯᠡᠬᠦᠯᠵᠦ᠂ 2012 ᠤᠨ ᠤ 1.6 ᠳᠠᠬᠢᠨ ᠪᠣᠯᠵᠦ᠂ ᠵᠢᠯ ᠲᠤᠮᠳᠠᠴᠢ 10.3% ᠪᠠᠷ ᠨᠡᠮᠡᠭᠳᠡᠪᠡ᠃ | ᠬᠤᠳᠠ ᠪᠠᠯᠭᠠᠰᠣ ᠶᠢᠨ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠦᠮᠦᠨ ᠳᠣᠮᠳᠠᠴᠢ ᠡᠵᠡᠮᠳᠡᠵᠦ ᠪᠣᠯᠬᠤ | ᠣᠷᠣᠯᠭ᠎ᠠ ᠶᠢ 28632 ᠲᠦᠬᠦᠷᠢᠭ ᠪᠡᠶᠡᠯᠡᠬᠦᠯᠵᠦ᠂ 2012 ᠣᠨ ᠤ 1. 6 ᠳᠠᠬᠢᠨ ᠪᠣᠯᠵᠦ᠂ ᠵᠢᠯ ᠳᠣᠮᠳᠠᠴᠢ | 12% ᠢᠶᠠᠷ ᠨᠡᠮᠡᠭᠳᠡᠪᠡ᠃ ᠮᠠᠯᠵᠢᠬᠤ ᠣᠷᠣᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠦᠮᠦᠨ ᠳᠣᠮᠳᠠᠴᠢ | ᠡᠵᠡᠮᠳᠡᠵᠦ ᠪᠣᠯᠬᠤ ᠣᠷᠣᠯᠭ᠎ᠠ ᠶᠢ 18194 ᠲᠦᠬᠦᠷᠢᠭ ᠪᠡᠶᠡᠯᠡᠬᠦᠯᠵᠦ ᠂ 2012 ᠣᠨ ᠤ 1.5 ᠳᠠᠬᠢᠨ ᠪᠣᠯᠵᠦ᠂ | ᠵᠢᠯ ᠳᠣᠮᠳᠠᠴᠢ 10% ᠪᠠᠷ ᠨᠡᠮᠡᠭᠳᠡᠪᠡ᠃ ᠭᠤᠷᠪᠠᠨ ᠠᠵᠦ ᠦᠢᠯᠡᠰ ᠤᠨ ᠪᠦᠳᠦᠴᠡ ᠶᠢᠨ ᠳᠣᠬᠢᠷᠠᠭᠤᠯᠣᠯᠳᠠ | ᠳᠣᠰ ᠳᠣᠰ 7.5᠄ 75.8᠄ 16.7 ᠪᠣᠯᠵᠦ᠂ ᠠᠵᠦ ᠦᠢᠯᠡᠰ ᠤᠨ ᠪᠦᠳᠦᠴᠡ ᠨᠡᠩ ᠰᠢᠯᠢᠳᠡᠭᠵᠢᠪᠡ᠃ | — — ᠦᠩᠭᠡᠷᠡᠭᠰᠡᠨ ᠳᠠᠪᠣᠨ ᠵᠢᠯ ᠳᠤ᠂ ᠬᠤᠰᠢᠭᠤ ᠳᠠᠶᠠᠭᠠᠷ ᠠᠮᠢ ᠠᠬᠤᠢ ᠶᠢ ᠡᠷᠡᠰ ᠭᠤᠶᠢᠪᠢᠰᠢ ᠦᠬᠡᠢ ᠴᠢᠩᠭ᠎ᠠ | ᠠᠳᠬᠤᠨ᠂ ᠪᠦᠳᠦᠭᠡᠨ ᠪᠠᠶᠢᠭᠤᠯᠣᠯᠳᠠ ᠶᠢ ᠶᠡᠬᠡᠪᠡᠷ ᠬᠢᠵᠦ ᠬᠠᠮᠠᠭᠠᠯᠠᠯᠳᠠ ᠶᠢ ᠴᠢᠩᠭᠠᠳᠬᠠᠵᠦ᠂ ᠠᠮᠢ ᠠᠬᠤᠢ ᠶᠢᠨ | ᠣᠷᠴᠢᠨ ᠳᠣᠭᠤᠷᠢᠨ ᠤ ᠦᠷᠬᠦᠯᠵᠢᠯᠡᠨ ᠰᠠᠶᠢᠵᠢᠷᠠᠬᠤ ᠶᠢ ᠠᠬᠢᠭᠤᠯᠪᠠ᠃ ᠳᠠᠪᠣᠨ ᠵᠢᠯ ᠤᠨ ᠳᠣᠷᠰᠢ᠂ ︽ᠬᠦᠬᠡ | ᠠᠭᠤᠯᠠ ᠬᠦᠬᠡᠮᠳᠦᠭ ᠣᠰᠣ ᠪᠣᠯ ᠳᠠᠷᠣᠢ ᠠᠯᠳᠠ ᠮᠦᠩᠬᠦᠨ ᠠᠭᠤᠯᠠ︾ ᠭᠡᠳᠡᠭ ᠣᠶᠢᠯᠠᠭᠠᠭᠳᠠᠬᠤᠨ ᠢ ᠢᠮᠠᠭᠳᠠ | ᠪᠠᠷᠢᠮᠳᠠᠯᠠᠵᠦ᠂ ᠨᠡᠶᠢᠳᠡ 1.64 ᠳ᠋ᠦᠩᠰᠢᠭᠤᠷ ᠲᠦᠬᠦᠷᠢᠭ ᠤᠨ ᠪᠡᠯᠡ ᠣᠷᠣᠭᠤᠯᠵᠦ᠂ 45 ᠲᠦᠮᠡᠨ ᠮᠦ ᠨᠣᠳᠤᠭ | ᠪᠡᠯᠴᠢᠬᠡᠷ ᠢ ᠠᠮᠣᠷᠵᠢᠭᠤᠯᠣᠨ᠂ 109 ᠲᠦᠮᠡᠨ ᠮᠦ ᠨᠣᠳᠤᠭ ᠪᠡᠯᠴᠢᠬᠡᠷ ᠲᠤ ᠡᠪᠡᠰᠦ ᠨᠦᠬᠦᠨ ᠳᠠᠷᠢᠵᠦ᠂ 210 | ᠲᠦᠮᠡᠨ ᠮᠦ ᠨᠣᠳᠤᠭ ᠪᠡᠯᠴᠢᠬᠡᠷ ᠲᠤ ᠳᠣᠭᠤᠷᠢᠭ ᠬᠤᠪᠢᠶᠠᠨ ᠡᠬᠡᠯᠵᠢᠯᠡᠨ ᠮᠠᠯᠵᠢᠵᠦ᠂ 1 ᠲᠦᠮᠡᠨ ᠮᠦ ᠨᠣᠳᠤᠭ | ᠪᠡᠯᠴᠢᠬᠡᠷ ᠲᠤ ᠬᠦᠮᠦᠨ ᠤ ᠬᠦᠴᠦ ᠪᠠᠷ ᠡᠪᠡᠰᠦ ᠳᠠᠷᠢᠨ᠂ 35.2 ᠲᠦᠮᠡᠨ ᠮᠦ ᠡᠯᠡᠰᠦᠷᠬᠡᠭ ᠭᠠᠵᠠᠷ ᠢ | ᠪᠢᠳᠡᠬᠦᠮᠵᠢᠯᠡᠨ ᠣᠶᠢᠵᠢᠭᠤᠯᠬᠤ ᠪᠠ ᠳᠠᠷᠢᠵᠦ ᠣᠶᠢᠵᠢᠭᠤᠯᠬᠤ ᠶᠢ ᠬᠡᠷᠡᠭᠵᠢᠬᠦᠯᠵᠦ᠂ ᠭᠤᠣᠯᠳᠠᠯᠭ᠎ᠠ ᠲᠠᠢ ᠣᠷᠣᠨ ᠢ | 1864 ᠮᠦ ᠨᠣᠭᠤᠭᠠᠷᠠᠭᠤᠯᠪᠠ᠃ ᠳᠠᠯ᠎ᠠ ᠨᠣᠳᠤᠭ ᠤᠨ ᠠᠮᠢ ᠠᠬᠤᠢ ᠶᠢᠨ ᠱᠠᠩᠨᠠᠯ ᠨᠦᠬᠦᠪᠦᠷᠢ ᠶᠢᠨ ᠮᠦᠩᠬᠦ ᠶᠢ | ᠨᠡᠶᠢᠳᠡ 7.48 ᠳ᠋ᠦᠩᠰᠢᠭᠤᠷ ᠲᠦᠬᠦᠷᠢᠭ ᠳᠠᠷᠬᠠᠭᠠᠵᠦ᠂ 1400 ᠲᠦᠮᠡᠨ ᠮᠦ ᠨᠣᠳᠤᠭ ᠪᠡᠯᠴᠢᠬᠡᠷ ᠲᠤ | ᠪᠡᠯᠴᠢᠬᠡᠷᠯᠡᠬᠦ ᠶᠢ ᠵᠣᠭᠰᠣᠭᠠᠨ᠂ ᠮᠠᠯ ᠪᠡᠯᠴᠢᠬᠡᠷ ᠢ ᠲᠡᠩᠴᠡᠭᠦᠷᠢᠳᠡᠢ ᠪᠣᠯᠭᠠᠭᠰᠠᠨ ᠨᠣᠳᠤᠭ ᠪᠡᠯᠴᠢᠭᠡᠷ 5258 | ᠲᠦᠮᠡᠨ ᠮᠦ ᠳᠤ ᠬᠦᠷᠪᠡ᠃ ᠲᠦᠪᠯᠡᠷᠡᠬᠦᠯᠦᠨ ᠣᠰᠣ ᠬᠠᠩᠭᠠᠬᠤ ᠴᠡᠭ ᠢ ᠰᠢᠨ᠎ᠡ ᠪᠠᠷ 10 ᠪᠠᠶᠢᠭᠤᠯᠵᠦ᠂ ᠣᠰᠣ | ᠰᠢᠢᠳᠪᠦᠷᠢᠯᠡᠬᠦ ᠲᠦᠬᠦᠭᠡᠷᠦᠮᠵᠢ ᠶᠢ 785 ᠳᠠᠷᠬᠠᠭᠠᠵᠦ᠂ 10876 ᠬᠦᠮᠦᠨ ᠤ ᠣᠰᠣ ᠣᠮᠳᠠ ᠶᠢᠨ ᠠᠮᠣᠷ | ᠲᠦᠪᠰᠢᠨ ᠤ ᠠᠰᠠᠭᠤᠳᠠᠯ ᠢ ᠰᠢᠢᠳᠪᠦᠷᠢᠯᠡᠪᠡ᠃ 2.08 ᠳ᠋ᠦᠩᠰᠢᠭᠤᠷ ᠲᠦᠬᠦᠷᠢᠭ ᠤᠨ ᠪᠡᠯᠡ ᠣᠷᠣᠭᠤᠯᠵᠦ᠂ | ᠬᠦᠯᠦᠨ ᠨᠠᠭᠤᠷ ᠤᠨ ᠣᠷᠣᠰᠬᠠᠯ ᠤᠨ ᠣᠷᠣᠨ ᠤ ᠠᠮᠢ ᠠᠬᠤᠢ ᠪᠠ ᠣᠷᠴᠢᠨ ᠳᠣᠭᠤᠷᠢᠨ ᠢ ᠶᠡᠷᠦᠩᠬᠡᠶᠢᠯᠡᠨ ᠵᠠᠰᠠᠬᠤ | ᠶᠢ ᠲᠦᠯᠬᠢᠨ ᠠᠬᠢᠭᠤᠯᠵᠦ᠂ ᠠᠮᠢ ᠠᠬᠤᠢ ᠶᠢᠨ ᠨᠡᠬᠦᠳᠡᠯ ᠠᠷᠠᠳ ᠢ 228 ᠡᠷᠦᠬᠡ ᠨᠡᠬᠦᠯᠬᠡᠨ᠂ ᠨᠠᠭᠤᠷ ᠢ | ᠳᠣᠭᠤᠷᠢᠭᠰᠠᠨ 13.2 ᠲᠦᠮᠡᠨ ᠮᠦ ᠡᠯᠡᠰᠦᠷᠬᠡᠭ ᠭᠠᠵᠠᠷ ᠢ ᠵᠠᠰᠠᠨ ᠴᠡᠭᠴᠡᠯᠡᠵᠦ᠂ ᠬᠤᠭ ᠨᠣᠪᠰᠢ ᠶᠢ | ᠬᠦᠳᠡᠷᠵᠢᠬᠦᠯᠦᠨ ᠰᠢᠳᠠᠭᠠᠬᠤ ᠵᠣᠤᠬ᠎ᠠ ᠶᠢ 9 ᠪᠠᠶᠢᠭᠤᠯᠣᠨ᠂ ᠪᠣᠵᠠᠷ ᠣᠰᠣ ᠰᠢᠢᠳᠪᠦᠷᠢᠯᠡᠬᠦ ᠳᠣᠷᠰᠢᠯᠳᠠ ᠶᠢᠨ ᠴᠡᠭ | ᠪᠠ ᠲᠦᠪᠯᠡᠷᠡᠭᠦᠯᠦᠨ ᠣᠰᠣ ᠬᠠᠩᠭᠠᠬᠤ ᠢᠨᠵᠧᠨᠧᠷᠢᠩ ᠢ ᠳᠣᠰ ᠳᠣᠰ 1 ᠪᠠᠶᠢᠭᠤᠯᠵᠦ᠂ ᠣᠰᠣ ᠰᠢᠢᠳᠪᠦᠷᠢᠯᠡᠬᠦ | ᠲᠦᠬᠦᠬᠡᠷᠦᠮᠵᠢ ᠶᠢ 231 ᠳᠠᠷᠬᠠᠭᠠᠪᠠ᠃ ᠨᠡᠶᠢᠳᠡ 948 ᠲᠦᠮᠡᠨ ᠲᠦᠬᠦᠷᠢᠭ ᠤᠨ ᠪᠡᠯᠡ ᠣᠷᠣᠭᠤᠯᠵᠦ᠂ | ᠠᠭᠤᠷᠬᠠᠢ ᠶᠢᠨ ᠭᠠᠵᠠᠷ ᠰᠢᠨᠵᠢᠯᠡᠬᠡᠨ ᠤ ᠣᠷᠴᠢᠨ ᠳᠣᠭᠤᠷᠢᠨ ᠢ 116.5 ᠡᠾᠧᠺᠲ᠋ᠠᠷ ᠵᠠᠰᠠᠨ ᠴᠡᠭᠴᠡᠯᠡᠪᠡ᠃ | ᠣᠷᠴᠢᠨ ᠳᠣᠭᠤᠷᠢᠨ ᠤ ᠴᠢᠨᠠᠷ ᠴᠢᠨᠰᠠᠭ᠎ᠠ ᠶᠢ ᠰᠠᠶᠢᠵᠢᠷᠠᠭᠤᠯᠬᠤ ᠪᠠᠷ ᠭᠤᠣᠯ ᠪᠣᠯᠭᠠᠨ᠂ ᠣᠷᠴᠢᠨ ᠳᠣᠭᠤᠷᠢᠨ ᠤ | ᠬᠢᠨᠠᠨ ᠬᠠᠮᠢᠶᠠᠷᠴᠣ ᠬᠠᠥᠯᠢ ᠬᠡᠷᠡᠭᠵᠢᠬᠦᠯᠬᠦ ᠠᠵᠢᠯᠯᠠᠭ᠎ᠠ ᠶᠢ ᠨᠡᠶᠢᠳᠡ 715 ᠣᠳᠠᠭ᠎ᠠ ᠦᠷᠨᠢᠬᠦᠯᠵᠦ᠂ ᠣᠷᠴᠢᠨ | ᠳᠣᠭᠤᠷᠢᠨ ᠤ ᠴᠢᠨᠠᠷ ᠴᠢᠨᠰᠠᠭ᠎ᠠ ᠳᠣᠭᠳᠠᠭᠤᠨ ᠳᠣᠮᠳᠠ ᠰᠠᠶᠢᠵᠢᠷᠠᠯᠳᠠ ᠲᠠᠢ ᠪᠣᠯᠵᠦ᠂ ᠬᠦᠮᠦᠨ ᠪᠠ ᠪᠠᠶᠢᠭᠠᠯᠢ ᠡᠶ᠎ᠡ | ᠵᠣᠬᠢᠴᠠᠩᠭᠤᠢ ᠣᠷᠣᠰᠢᠬᠤ ᠣᠶᠢᠯᠠᠭᠠᠭᠳᠠᠬᠤᠨ ᠬᠦᠮᠦᠰ ᠤᠨ ᠰᠡᠳᠬᠢᠯ ᠳᠤ ᠬᠦᠨ ᠬᠠᠳᠠᠩᠰᠢᠨ᠂ ᠠᠮᠢ ᠠᠬᠤᠢ ᠶᠢᠨ | ᠪᠣᠯᠪᠠᠰᠣᠨ ᠤ ᠪᠠᠶᠢᠭᠤᠯᠣᠯᠳᠠ ᠢᠯᠡᠳᠳᠡ ᠦᠷ᠎ᠡ ᠪᠦᠳᠦᠮᠵᠢ ᠣᠯᠪᠠ᠃ | — — ᠦᠩᠭᠡᠷᠡᠭᠰᠡᠨ ᠳᠠᠪᠣᠨ ᠵᠢᠯ ᠳᠤ᠂ ᠬᠤᠰᠢᠭᠤ ᠳᠠᠶᠠᠭᠠᠷ ᠠᠯᠣᠰ ᠬᠡᠳᠦ ᠶᠢᠨ ᠬᠠᠷᠠᠴᠠ ᠪᠠᠷ ᠬᠡᠯᠪᠡᠷᠢ ᠶᠢ | ᠬᠤᠪᠢᠷᠠᠭᠤᠯᠬᠤ ᠶᠢ ᠴᠢᠩᠭ᠎ᠠ ᠠᠳᠬᠤᠨ᠂ ᠪᠦᠳᠦᠴᠡ ᠶᠢ ᠳᠣᠬᠢᠷᠠᠭᠤᠯᠣᠨ ᠰᠢᠯᠢᠳᠡᠭᠵᠢᠬᠦᠯᠬᠦ ᠶᠢ ᠴᠢᠩᠭᠠᠳᠬᠠᠵᠦ᠂ | ᠠᠵᠦ ᠠᠬᠤᠢ ᠶᠢᠨ ᠬᠦᠭᠵᠢᠯᠳᠡ ᠶᠢᠨ ᠴᠢᠨᠠᠷ ᠴᠢᠨᠰᠠᠭ᠎ᠠ ᠦᠷ᠎ᠡ ᠠᠰᠢᠭ ᠢ ᠨᠡᠮᠡᠭᠳᠡᠬᠦᠯᠪᠡ᠃ ᠳᠠᠪᠣᠨ ᠵᠢᠯ ᠤᠨ ᠳᠣᠷᠰᠢ | ᠂ ᠲᠦᠷᠦᠯ ᠵᠦᠢᠯ ᠤᠨ ᠪᠦᠳᠦᠭᠡᠨ ᠪᠠᠶᠢᠭᠤᠯᠣᠯᠳᠠ ᠪᠠᠷ ᠭᠠᠷᠳᠠᠨ ᠬᠢᠬᠦ ᠴᠡᠭ ᠪᠣᠯᠭᠠᠬᠤ ᠶᠢ ᠪᠠᠷᠢᠮᠳᠠᠯᠠᠨ᠂ ᠨᠡᠶᠢᠳᠡ | 56 ᠳ᠋ᠦᠩᠰᠢᠭᠤᠷ ᠲᠦᠬᠦᠷᠢᠭ ᠤᠨ ᠪᠡᠯᠡ ᠣᠷᠣᠭᠤᠯᠵᠦ᠂ ᠳ᠋ᠠᠴᠢᠩ ᠤᠨ ᠴᠢᠯᠠᠭᠤᠨ ᠳᠣᠰᠣᠨ ᠤ ᠦᠷᠬᠦᠯᠵᠢᠯᠡᠯ ᠴᠢᠨᠠᠷ | ᠲᠠᠢ ᠨᠡᠬᠡᠬᠡᠨ ᠠᠰᠢᠭᠯᠠᠬᠤ᠂ ᠳᠣᠮᠳᠠᠳᠣ ᠣᠯᠣᠰ ᠤᠨ ᠬᠤᠸᠠᠩ ᠶᠢᠨ ᠪᠦᠯᠦᠭᠯᠡᠯ ᠤᠨ ᠦᠨᠡᠬᠡᠳᠦ ᠶᠢᠨ ᠵᠡᠰ | ᠮᠣᠯᠢᠪᠳᠧᠨ ᠤ ᠠᠭᠤᠷᠬᠠᠢ ᠶᠢᠨ ᠬᠤᠶᠠᠳᠣᠭᠠᠷ ᠬᠤᠭᠤᠴᠠᠭᠠᠨ ᠤ ᠦᠷᠭᠡᠳᠭᠡᠨ ᠪᠠᠶᠢᠭᠤᠯᠬᠤ ᠢᠨᠵᠧᠨᠧᠷᠢᠩ᠂ ᠷᠦᠩ | ᠳ᠋ᠠ ᠠᠭᠤᠷᠬᠠᠢ ᠶᠢᠨ ᠦᠢᠯᠡᠰ ᠤᠨ ᠬᠦᠨ ᠬᠡᠰᠡᠭ ᠲᠠᠬᠢ ᠡᠬᠢ ᠪᠠᠶᠠᠯᠢᠭ ᠤᠨ ᠮᠡᠷᠭᠡᠵᠢᠯ ᠢᠶᠠᠨ ᠰᠠᠶᠢᠵᠢᠷᠠᠭᠤᠯᠬᠤ᠂ | ᠶᠢᠨ ᠱᠠᠨ ᠠᠭᠤᠷᠬᠠᠢ ᠶᠢᠨ ᠦᠢᠯᠡᠰ ᠤᠨ ᠨᠢᠬᠡ ᠣᠰᠣᠳᠣ ᠬᠦᠬᠦᠷ ᠬᠦᠴᠢᠯ ᠤᠨ ᠮᠠᠩᠭᠠᠨ ᠤ ᠮᠡᠷᠭᠡᠵᠢᠯ ᠢᠶᠠᠨ | ᠰᠠᠶᠢᠵᠢᠷᠠᠭᠤᠯᠬᠤ ᠵᠡᠷᠭᠡ ᠳ᠋ᠦᠩᠰᠢᠭᠤᠷ ᠲᠦᠬᠦᠷᠢᠭ ᠠᠴᠠ ᠳᠡᠭᠡᠭᠰᠢᠬᠢ ᠭᠤᠣᠯᠳᠠᠯᠭ᠎ᠠ ᠲᠠᠢ ᠠᠵᠦ ᠦᠢᠯᠡᠳᠪᠦᠷᠢ ᠶᠢᠨ | ᠲᠦᠷᠦᠯ ᠵᠦᠢᠯ ᠢ 25 ᠭᠡᠷᠡᠭᠵᠢᠬᠦᠯᠪᠡ᠃ ᠠᠷᠠᠯᠵᠢᠶᠠᠴᠢᠨ ᠣᠷᠢᠵᠦ ᠪᠡᠯᠡ ᠣᠷᠣᠭᠤᠯᠬᠤ ᠲᠦᠷᠦᠯ ᠵᠦᠢᠯ ᠢ ᠨᠡᠶᠢᠳᠡ | 131 ᠬᠡᠷᠡᠭᠵᠢᠬᠦᠯᠵᠦ᠂ ᠣᠯᠣᠰ ᠤᠨ ᠳᠣᠳᠣᠭᠠᠳᠣ ︵ᠬᠤᠳᠠ ᠶᠢᠨ ᠭᠠᠳᠠᠨᠠᠬᠢ︶ ᠶᠢᠨ ᠪᠡᠯᠡ ᠮᠦᠩᠬᠦ ᠶᠢ 89 | ᠳ᠋ᠦᠩᠰᠢᠭᠤᠷ ᠲᠦᠬᠦᠷᠢᠭ ᠣᠷᠣᠭᠤᠯᠣᠨ ᠠᠪᠴᠢᠷᠠᠪᠠ᠃ ᠵᠠᠬ᠎ᠠ ᠳᠡᠯᠬᠡᠬᠦᠷ ᠤᠨ ᠭᠤᠣᠯ ᠴᠣᠭᠴᠠ ᠶᠢ ᠪᠣᠶᠢᠵᠢᠭᠤᠯᠬᠤ | ᠶᠢ ᠲᠦᠷᠭᠡᠳᠬᠡᠨ᠂ ᠠᠯᠳ᠋ᠬᠠᠮᠡᠭᠡᠯ ᠪᠠᠯᠭᠠᠰᠣ ᠶᠢᠨ ᠵᠢᠵᠢᠭ ᠠᠵᠦ ᠠᠬᠤᠶᠢᠯᠠᠯ ᠤᠨ ᠦᠢᠯᠡᠰ ᠪᠣᠰᠬᠠᠬᠤ ᠵᠢᠱᠢᠶ᠎ᠡ | ᠦᠵᠡᠬᠦᠯᠬᠦ ᠰᠠᠭᠤᠷᠢᠨ ᠭᠠᠵᠠᠷ ᠪᠠᠶᠢᠭᠤᠯᠵᠦ᠂ ᠳᠠᠪᠣᠨ ᠵᠢᠯ ᠳᠤ᠂ 482 ᠬᠤᠪᠢ ᠶᠢᠨ ᠡᠵᠡᠩᠨᠡᠯᠳᠡ ᠶᠢᠨ ᠠᠵᠦ | ᠠᠬᠤᠶᠢᠯᠠᠯ ᠪᠠ 2216 ᠬᠤᠪᠢ ᠶᠢᠨ ᠦᠢᠯᠡᠳᠪᠦᠷᠢ ᠬᠤᠳᠠᠯᠳᠣᠭᠠᠨ ᠤ ᠡᠷᠦᠬᠡ ᠰᠢᠨ᠎ᠡ ᠪᠠᠷ ᠨᠡᠮᠡᠭᠳᠡᠪᠡ᠃ | ᠣᠳᠣᠬᠢᠴᠢᠯᠠᠭᠰᠠᠨ ᠠᠮᠢ ᠠᠬᠤᠢ ᠶᠢᠨ ᠮᠠᠯ ᠠᠵᠦ ᠠᠬᠤᠢ ᠶᠢ ᠬᠦᠭᠵᠢᠯᠳᠡ ᠶᠢᠨ ᠦᠨᠳᠦᠰᠦᠨ ᠴᠢᠭᠯᠡᠯ ᠪᠣᠯᠭᠠᠬᠤ ᠶᠢ | ᠪᠠᠷᠢᠮᠳᠠᠯᠠᠨ᠂ ᠨᠡᠶᠢᠳᠡ 14.7 ᠳ᠋ᠦᠩᠰᠢᠭᠤᠷ ᠲᠦᠬᠦᠷᠢᠭ ᠤᠨ ᠪᠡᠯᠡ ᠣᠷᠣᠭᠤᠯᠵᠦ᠂ ᠮᠠᠯ ᠤᠨ ᠰᠠᠶᠢᠨ ᠡᠭᠦᠯᠳᠡᠷ ᠤᠨ | ᠨᠦᠬᠦᠪᠦᠷᠢ᠂ ᠮᠠᠯ ᠪᠡᠯᠴᠢᠭᠡᠷ ᠢ ᠲᠡᠩᠴᠡᠭᠦᠷᠢᠳᠡᠢ ᠪᠣᠯᠭᠠᠬᠤ ᠵᠡᠷᠭᠡ ᠮᠠᠯ ᠠᠵᠦ ᠠᠬᠤᠢ ᠶᠢ ᠳᠡᠮᠵᠢᠨ ᠮᠠᠯᠴᠢᠳ ᠲᠤ | ᠬᠠᠷᠠᠭᠠᠯᠵᠠᠯ ᠦᠵᠡᠬᠦᠯᠬᠦ ᠲᠦᠷᠦ ᠶᠢᠨ ᠪᠣᠳᠣᠯᠭ᠎ᠠ ᠶᠢ ᠨᠠᠶᠢᠳᠠᠪᠣᠷᠢᠵᠢᠭᠤᠯᠣᠨ᠂ 1113 ᠬᠠᠰᠢᠶ᠎ᠡ ᠰᠠᠷᠠᠪᠴᠢ᠂ 54 | ᠳᠡᠵᠢᠬᠡᠯ ᠪᠣᠷᠳᠤᠭ᠎ᠠ ᠬᠠᠳᠠᠭᠠᠯᠠᠬᠤ ᠬᠦᠮᠦᠷᠭᠡ ᠶᠢ ᠰᠢᠨ᠎ᠡ ᠪᠠᠷ ᠪᠠᠶᠢᠭᠤᠯᠵᠦ᠂ ᠦᠷ᠎ᠡ ᠶᠢᠨ ᠮᠠᠯ ᠳᠡᠵᠢᠬᠡᠨ | ᠦᠷᠡᠵᠢᠬᠦᠯᠬᠦ ᠰᠠᠭᠤᠷᠢᠨ ᠭᠠᠵᠠᠷ ᠢ 11 ᠪᠠᠶᠢᠭᠤᠯᠣᠨ᠂ 1.57 ᠲᠦᠮᠡᠨ ᠮᠠᠯ ᠤᠨ ᠡᠭᠦᠯᠳᠡᠷ ᠢ ᠰᠠᠶᠢᠵᠢᠷᠠᠭᠤᠯᠵᠦ᠂ | ᠡᠯ᠎ᠡ ᠵᠦᠢᠯ ᠤᠨ ᠬᠤᠷᠰᠢᠶᠠᠵᠢᠯ ᠢ 136᠂ ︽ᠲᠦᠷᠪᠡᠨ ᠬᠡᠯᠪᠡᠷᠢ︾ ᠶᠢᠨ ᠠᠮᠢ ᠠᠬᠤᠢ ᠶᠢᠨ ᠭᠡᠷ ᠪᠦᠯᠢ ᠶᠢᠨ | ᠮᠠᠯᠵᠢᠯ ᠤᠨ ᠳᠠᠯᠠᠪᠠᠢ ① ᠶᠢ 41 ᠪᠠᠶᠢᠭᠤᠯᠪᠠ᠃ ︽ᠪᠠᠷᠠᠭᠤᠨ ᠬᠤᠰᠢᠭᠤᠨ ᠤ ᠬᠤᠨᠢᠨ ᠮᠢᠬ᠎ᠠ︾ ᠪᠦᠬᠦ ᠣᠷᠣᠨ | ᠳᠤ ᠠᠯᠳᠠᠷᠰᠢᠨ᠂ ᠠᠯᠭᠤᠷ ᠠᠭᠠᠵᠢᠮ ᠢᠶᠠᠷ ᠣᠯᠣᠰ ᠳᠠᠶᠠᠭᠠᠷ ᠲᠤ ᠮᠡᠳᠡᠷᠡᠭᠳᠡᠵᠦ᠂ ᠲᠦᠷᠦᠯ ᠳᠡᠮᠳᠡᠭ ᠤᠨ ᠮᠡᠳᠡᠴᠡ | ᠶᠢᠨ ᠨᠣᠷᠮ᠎ᠠ ᠪᠣᠯᠣᠨ ᠨᠡᠷ᠎ᠡ ᠠᠯᠳᠠᠷᠰᠢᠯ ᠤᠨ ᠬᠡᠮᠵᠢᠶ᠎ᠡ ᠳᠠᠰᠣᠷᠠᠯᠳᠠ ᠦᠬᠡᠢ ᠳᠡᠭᠡᠭᠰᠢᠯᠡᠨ᠂ ᠨᠡᠷᠡᠳᠦ ᠦᠢᠯᠡᠳᠬᠦᠨ ᠤ | ᠦᠢᠯᠡᠳᠦᠯ ᠠᠰᠢᠭ ᠦᠷᠬᠦᠯᠵᠢᠯᠡᠨ ᠪᠠᠳᠠᠷᠠᠵᠦ᠂ ᠳᠠᠪᠣᠨ ᠵᠢᠯ ᠤᠨ ᠮᠠᠯ ᠤᠨ ᠭᠠᠷᠭᠠᠯᠳᠠ ᠨᠡᠶᠢᠳᠡ 670 ᠲᠦᠮᠡᠨ | ᠳᠣᠯᠣᠭᠠᠢ ᠳᠤ ᠬᠦᠷᠴᠦ᠂ ᠦᠢᠯᠡᠳᠬᠦᠨ ᠤ ᠦᠷᠳᠡᠭ ᠢ 5.8 ᠳ᠋ᠦᠩᠰᠢᠭᠤᠷ ᠲᠦᠬᠦᠷᠢᠭ ᠪᠡᠶᠡᠯᠡᠬᠦᠯᠪᠡ᠃ ᠬᠤᠰᠢᠭᠤ | ᠳᠠᠶᠠᠭᠠᠷ ᠵᠣᠷᠢᠭ ᠢᠶᠠᠨ ᠬᠦᠪᠴᠢᠯᠡᠵᠦ᠂ ᠬᠤᠶᠠᠷ ᠵᠢᠯ ᠳᠠᠷᠠᠭᠠᠯᠠᠨ ᠴᠠᠭ ᠠᠭᠤᠷ ᠤᠨ ᠳᠡᠮᠳᠡᠭᠯᠡᠯ ᠲᠠᠢ ᠪᠣᠯᠣᠭᠰᠠᠨ | ᠠᠴᠠ ᠨᠠᠰᠢᠬᠢ ᠣᠨᠴᠠ ᠶᠡᠭᠡ ᠭᠠᠩ ᠭᠠᠮᠰᠢᠭ ᠢ ᠠᠮᠵᠢᠯᠳᠠ ᠲᠠᠢ ᠡᠰᠡᠷᠭᠦᠴᠡᠨ᠂ ᠣᠯᠠᠨ ᠵᠢᠯ ᠤᠨ ᠳᠣᠷᠰᠢᠬᠢ ᠶᠡᠭᠡ | ᠭᠠᠮᠰᠢᠭ ᠲᠠᠢ ᠵᠢᠯ ᠪᠣᠯᠣᠭᠰᠠᠭᠠᠷ ᠯᠡ ᠶᠡᠬᠡᠪᠡᠷ ᠬᠤᠬᠢᠷᠠᠬᠤ ᠪᠠᠶᠢᠳᠠᠯ ᠢ ᠬᠤᠪᠢᠷᠠᠭᠤᠯᠪᠠ᠃ ᠣᠯᠠᠨ ᠵᠢᠯ ᠤᠨ ᠳᠣᠷᠰᠢ᠂ | ᠰᠠᠭᠤᠷᠢ ᠲᠦᠬᠦᠬᠡᠷᠦᠮᠵᠢ ᠶᠢᠨ ᠪᠠᠶᠢᠭᠤᠯᠣᠯᠳᠠ ᠶᠢ ᠴᠢᠩᠭᠠᠳᠬᠠᠬᠤ᠂ ᠮᠦᠩᠬᠦᠨ ᠬᠦᠢᠯᠬᠡᠬᠡᠨ ᠤ ᠪᠡᠯᠡ ᠮᠦᠩᠭᠦ ᠪᠠᠷ | ᠲᠡᠳᠬᠦᠬᠦ᠂ ᠰᠢᠨᠵᠢᠯᠡᠭᠡ ᠮᠡᠷᠬᠡᠵᠢᠯ ᠤᠨ ᠠᠭᠤᠯᠣᠭᠳᠠᠴᠠ ᠪᠠᠷ ᠲᠦᠰᠢᠭ ᠪᠣᠯᠭᠠᠬᠤ ᠪᠠ ᠡᠵᠡᠩᠨᠡᠯᠳᠡ ᠶᠢᠨ | ᠣᠶᠢᠯᠠᠭᠠᠭᠳᠠᠬᠤᠨ ᠢ ᠬᠤᠪᠢᠷᠠᠭᠤᠯᠬᠤ ᠪᠠᠷ ᠳᠠᠮᠵᠢᠨ᠂ ᠮᠠᠨ ᠤ ᠬᠤᠰᠢᠭᠤᠨ ᠤ ᠮᠠᠯ ᠠᠵᠦ ᠠᠬᠤᠢ ᠨᠢᠬᠡᠨᠳᠡ | ᠣᠯᠠᠮᠵᠢᠯᠠᠯᠳᠣ ᠮᠠᠯ ᠠᠵᠦ ᠠᠬᠤᠢ ᠠᠴᠠ ᠣᠳᠣᠬᠢᠴᠢᠯᠠᠭᠰᠠᠨ ᠮᠠᠯ ᠠᠵᠦ ᠠᠬᠤᠢ ᠶᠢᠨ ᠬᠦᠭᠵᠢᠯᠳᠡ ᠶᠢᠨ ᠰᠢᠨ᠎ᠡ | ᠱᠠᠳᠣᠨ ᠳᠤ ᠠᠯᠬᠤᠨ ᠣᠷᠣᠪᠡ᠃ ᠪᠦᠬᠦ ᠣᠷᠣᠨ ᠪᠦᠰᠡ ᠶᠢᠨ ᠵᠣᠭᠠᠴᠠᠯ᠂ ᠲᠦᠷᠪᠡᠨ ᠣᠯᠠᠷᠢᠯ ᠤᠨ ᠵᠣᠭᠠᠴᠠᠯ ᠤᠨ | ᠬᠦᠭᠵᠢᠯᠳᠡ ᠶᠢ ᠬᠦᠴᠦᠳᠡᠢ ᠲᠦᠯᠬᠢᠨ ᠠᠬᠢᠭᠤᠯᠵᠦ᠂ ᠵᠣᠭᠠᠴᠠᠯ ᠤᠨ ᠬᠦᠭᠵᠢᠯᠳᠡ ᠶᠢᠨ ᠵᠦᠪᠯᠡᠯ ᠪᠠᠶᠢᠭᠤᠯᠣᠨ᠂ ︽ | ᠰᠢᠨ᠎ᠡ ᠪᠠᠷᠭᠤ ᠪᠠᠷᠠᠭᠤᠨ ᠬᠤᠰᠢᠭᠤᠨ ᠤ ᠪᠦᠬᠦ ᠣᠷᠣᠨ ᠪᠦᠰᠡ ᠶᠢᠨ ᠵᠣᠭᠠᠴᠠᠯ ᠤᠨ ᠲᠦᠯᠦᠪᠵᠢᠬᠦᠯᠬᠡ︾ ᠶᠢ | ᠦᠨᠳᠦᠷ ᠡᠬᠢᠯᠡᠯᠳᠡ ᠦᠨᠳᠦᠷ ᠪᠠᠷᠢᠮᠵᠢᠶ᠎ᠠ ᠪᠠᠷ ᠨᠠᠶᠢᠷᠠᠭᠤᠯᠣᠨ ᠵᠣᠬᠢᠶᠠᠪᠠ᠃ ᠪᠣᠭᠳᠠᠠᠭᠤᠯᠠ ᠶᠢᠨ ᠦᠵᠡᠮᠵᠢ ᠶᠢᠨ | ᠣᠷᠣᠨ᠂ ᠪᠣᠶᠢᠷ ᠨᠠᠭᠤᠷ ᠤᠨ ᠵᠣᠭᠠᠴᠠᠯ ᠤᠨ ᠦᠵᠡᠮᠵᠢ ᠶᠢᠨ ᠣᠷᠣᠨ᠂ ᠳᠣᠮᠳᠠᠳᠣ ᠮᠣᠩᠭᠤᠯ ᠬᠤᠶᠠᠷ ᠤᠯᠤᠰ ᠤᠨ | ᠣᠨᠴᠠᠯᠢᠭ ᠲᠠᠢ ᠬᠢᠯᠢ ᠠᠯᠣᠰᠯᠠᠭᠰᠠᠨ ᠵᠣᠭᠠᠴᠠᠯ ᠵᠡᠷᠭᠡ ᠲᠦᠷᠦᠯ ᠵᠦᠢᠯ ᠤᠨ ᠠᠭᠤᠯᠣᠭᠳᠠᠬᠤᠨ ᠳᠠᠰᠣᠷᠠᠯᠳᠠ ᠦᠬᠡᠢ | ᠪᠠᠶᠠᠯᠢᠭᠵᠢᠨ᠂ ᠬᠦᠬᠡ ᠠᠭᠤᠯᠠ ᠬᠦᠬᠡᠮᠳᠦᠭ ᠣᠰᠣ ᠨᠡᠩ ᠶᠡᠭᠡ ᠳᠠᠳᠠᠬᠤ ᠬᠦᠴᠦᠨ ᠪᠠ ᠴᠣ ᠰᠢᠨ᠎ᠡ ᠠᠮᠢᠵᠢᠷᠠᠯ ᠤᠨ | ᠬᠦᠴᠦᠨ ᠲᠠᠢ ᠪᠣᠯᠵᠦ᠂ ᠰᠢᠨ᠎ᠡ ᠪᠠᠷᠭᠤ ᠪᠠᠷᠠᠭᠤᠨ ᠬᠤᠰᠢᠭᠤᠨ ᠳᠤ ᠢᠷᠡᠵᠦ ︽ᠬᠦᠯᠦᠨ · ᠪᠣᠶᠢᠷ︾ ᠬᠤᠶᠠᠷ ᠨᠠᠭᠤᠷ | ᠢ ᠦᠵᠡᠬᠦ᠂ ︽ᠪᠣᠭᠳᠠᠠᠭᠤᠯᠠ︾ ᠶᠢᠨ ᠳᠠᠬᠢᠯᠭ᠎ᠠ ᠶᠢ ᠰᠣᠨᠢᠷᠬᠠᠬᠤ᠂ ︽0︾ ᠨᠣᠮᠧᠷᠳᠣ ᠬᠢᠯᠢ ᠶᠢᠨ ᠬᠦᠰᠢᠶ᠎ᠡ ᠪᠠᠷ | ᠵᠣᠭᠠᠴᠠᠬᠤ᠂ ᠳᠠᠯ᠎ᠠ ᠨᠣᠳᠤᠭ ᠤᠨ ᠡᠴᠢᠨ᠎ᠡ ᠬᠦᠨ ᠪᠠ ᠳᠠᠯ᠎ᠠ ᠨᠣᠳᠤᠭ ᠤᠨ ᠰᠡᠬᠡᠬᠡᠳᠡᠨ ᠤ ᠰᠣᠶᠣᠯ ᠢ ᠪᠡᠶ᠎ᠡ ᠪᠠᠷ | ᠢᠶᠠᠨ ᠣᠶᠢᠯᠠᠭᠠᠬᠤ ᠵᠡᠷᠭᠡ ᠨᠢ ᠰᠢᠨ᠎ᠡ ᠪᠠᠷᠭᠤ ᠪᠠᠷᠠᠭᠤᠨ ᠬᠤᠰᠢᠭᠤᠨ ᠤ ᠠᠮᠢ ᠠᠬᠤᠢ ᠰᠣᠶᠣᠯ ᠵᠣᠭᠠᠴᠠᠯ ᠤᠨ ᠰᠢᠨ᠎ᠡ | ᠨᠡᠷ᠎ᠡ ᠶᠢᠨ ᠬᠠᠭᠤᠳᠠᠰᠣ ᠪᠣᠯᠣᠭᠰᠠᠨ ᠪᠠᠶᠢᠨ᠎ᠠ᠃ ᠳᠠᠪᠣᠨ ᠵᠢᠯ ᠤᠨ ᠳᠣᠷᠰᠢ᠂ ᠣᠯᠣᠰ ᠤᠨ ᠳᠣᠳᠣᠭᠠᠳᠣ ᠭᠠᠳᠠᠭᠠᠳᠣ | ᠶᠢᠨ ᠵᠣᠭᠠᠴᠠᠭᠰᠠᠳ ᠢ ᠨᠡᠶᠢᠳᠡ 243 ᠲᠦᠮᠡᠨ ᠬᠦᠮᠦᠨ ᠣᠳᠠᠭ᠎ᠠ ᠬᠦᠯᠢᠶᠡᠨ ᠵᠣᠴᠢᠯᠠᠵᠦ᠂ ᠵᠣᠭᠠᠴᠠᠯ ᠤᠨ | ᠣᠷᠣᠯᠭ᠎ᠠ ᠶᠢ 19 ᠳ᠋ᠦᠩᠰᠢᠭᠤᠷ ᠲᠦᠬᠦᠷᠢᠭ ᠪᠡᠶᠡᠯᠡᠬᠦᠯᠪᠡ᠃ | — — ᠦᠩᠭᠡᠷᠡᠭᠰᠡᠨ ᠳᠠᠪᠣᠨ ᠵᠢᠯ ᠳᠤ᠂ ᠬᠤᠰᠢᠭᠤ ᠳᠠᠶᠠᠭᠠᠷ ᠨᠢᠬᠡ ᠰᠡᠳᠬᠢᠯ ᠨᠡᠶᠢᠳᠡ ᠶᠢᠨ ᠬᠦᠴᠦᠨ ᠢᠶᠠᠷ | ᠰᠠᠭᠤᠷᠢ ᠶᠢ ᠴᠢᠩᠭ᠎ᠠ ᠠᠳᠬᠤᠨ᠂ ᠨᠢᠬᠡᠳᠦᠯᠳᠡᠢ ᠲᠦᠯᠦᠪᠯᠡᠨ ᠵᠣᠬᠢᠴᠠᠭᠤᠯᠵᠦ ᠳᠣᠳᠠᠭᠳᠠᠯ ᠢ ᠨᠦᠬᠦᠪᠦᠷᠢᠯᠡᠨ᠂ | ᠬᠤᠳᠠ ᠬᠦᠳᠡᠭᠡ ᠶᠢᠨ ᠬᠦᠭᠵᠢᠯᠳᠡ ᠳᠠᠬᠢ ᠪᠦᠬᠦᠯᠢ ᠴᠣᠭᠴᠠ ᠶᠢᠨ ᠲᠦᠷᠢ ᠲᠦᠷᠬᠦ ᠶᠢ ᠰᠠᠶᠢᠵᠢᠷᠠᠭᠤᠯᠪᠠ᠃ ᠳᠠᠪᠣᠨ | ᠵᠢᠯ ᠤᠨ ᠳᠣᠷᠰᠢ᠂ ᠬᠤᠳᠠ ᠪᠠᠯᠭᠠᠰᠣᠨ ᠤ ᠶᠡᠷᠦᠩᠬᠡᠢ ᠪᠦᠳᠦᠬᠡᠨ ᠪᠠᠶᠢᠭᠤᠯᠣᠯᠳᠠ ᠶᠢᠨ ᠲᠦᠯᠦᠪᠵᠢᠬᠦᠯᠬᠡ᠂ | ᠬᠢᠵᠠᠭᠠᠷᠯᠠᠬᠤ ᠴᠢᠨᠠᠷ ᠲᠠᠢ ᠨᠠᠷᠢᠯᠢᠭ ᠲᠦᠯᠦᠪᠵᠢᠬᠦᠯᠬᠡ ᠶᠢ ᠦᠨᠳᠦᠷ ᠪᠠᠷᠢᠮᠵᠢᠶ᠎ᠠ ᠪᠠᠷ ᠨᠠᠶᠢᠷᠠᠭᠤᠯᠣᠨ ᠵᠣᠬᠢᠶᠠᠵᠦ᠂ | ᠨᠡᠶᠢᠳᠡ 2.32 ᠳ᠋ᠦᠩᠰᠢᠭᠤᠷ ᠲᠦᠬᠦᠷᠢᠭ ᠤᠨ ᠪᠡᠯᠡ ᠣᠷᠣᠭᠤᠯᠵᠦ᠂ ᠬᠤᠭᠤᠯᠠᠢ ᠳᠣᠣᠷ ᠪᠠ ᠵᠡᠬᠡᠯᠢ ᠭᠤᠳᠣᠮᠵᠢ ᠶᠢ | ᠵᠠᠰᠠᠨ ᠦᠬᠡᠷᠡᠴᠢᠯᠡᠬᠦ᠂ ᠨᠣᠭᠤᠭᠠᠷᠠᠭᠤᠯᠬᠤ᠂ ᠬᠡᠷᠡᠯᠳᠦᠭᠦᠯᠬᠦ᠂ ᠣᠰᠣᠨ ᠤ ᠬᠠᠩᠭᠠᠯᠳᠠ ᠶᠢ ᠦᠷᠭᠡᠳᠬᠡᠨ | ᠪᠠᠶᠢᠭᠤᠯᠬᠤ ᠂ ᠪᠣᠵᠠᠷ ᠣᠰᠣ ᠶᠢ ᠰᠢᠢᠳᠪᠦᠷᠢᠯᠡᠬᠦ᠂ ᠰᠡᠯᠡᠬᠦᠴᠡᠬᠦ ᠠᠭᠤᠳᠠᠮ ᠳᠠᠯᠠᠪᠠᠢ ᠵᠡᠷᠭᠡ ᠬᠤᠳᠠ ᠶᠢᠨ ᠶᠠᠪᠣᠳᠠᠯ | ᠤᠨ ᠭᠤᠣᠯᠳᠠᠯᠭ᠎ᠠ ᠲᠠᠢ ᠢᠨᠵᠧᠨᠧᠷᠢᠩ ᠢ ᠬᠡᠷᠡᠭᠵᠢᠬᠦᠯᠪᠡ᠃ 5900 ᠲᠦᠮᠡᠨ ᠲᠦᠬᠦᠷᠢᠭ ᠤᠨ ᠪᠡᠯᠡ ᠣᠷᠣᠭᠤᠯᠵᠦ | ᠂ ᠬᠤᠳᠠ ᠣᠷᠣᠵᠦ ᠰᠠᠭᠤᠷᠢᠰᠢᠬᠤ ᠮᠠᠯᠴᠢᠳ ᠤᠨ ᠣᠷᠣᠨ ᠰᠠᠭᠤᠴᠠ ᠶᠢ ᠲᠦᠪᠬᠢᠨᠡᠬᠦᠯᠬᠦ ᠠᠰᠠᠷ᠂ ᠬᠢᠮᠳᠠ | ᠲᠦᠷᠢᠶᠡᠰᠦᠨ ᠣᠷᠣᠨ ᠰᠠᠭᠤᠴᠠ᠂ ᠣᠯᠠᠨ ᠨᠡᠶᠢᠳᠡ ᠶᠢᠨ ᠲᠦᠷᠢᠶᠡᠰᠦᠨ ᠣᠷᠣᠨ ᠰᠠᠭᠤᠴᠠ ᠵᠡᠷᠭᠡ ᠪᠠᠳᠣᠯᠠᠭ᠎ᠠ ᠶᠢᠨ | ᠴᠢᠨᠠᠷ ᠲᠠᠢ ᠣᠷᠣᠨ ᠰᠠᠭᠤᠴᠠ ᠶᠢ 375 ᠪᠠᠶᠢᠭᠤᠯᠪᠠ᠃ 9.3 ᠳ᠋ᠦᠩᠰᠢᠭᠤᠷ ᠲᠦᠬᠦᠷᠢᠭ ᠤᠨ ᠪᠡᠯᠡ ᠣᠷᠣᠭᠤᠯᠵᠦ᠂ | 2215 ᠲᠦᠬᠦᠮ ᠪᠦᠳᠦᠴᠡᠳᠦ ᠣᠷᠣᠨ ᠰᠠᠭᠤᠴᠠ ᠪᠠ 1266 ᠠᠶᠣᠯᠳᠠᠢ ᠭᠡᠷ ᠪᠠᠶᠢᠰᠢᠩ ᠢ ᠵᠠᠰᠠᠨ ᠰᠢᠨᠡᠳᠬᠡᠬᠦ | ᠶᠢ ᠬᠡᠷᠡᠭᠵᠢᠬᠦᠯᠵᠦ᠂ 294 ᠪᠣᠬᠢᠷᠳᠣᠯ ᠦᠬᠡᠢ ᠳᠣᠯᠠᠭᠠᠨ ᠬᠡᠷ ᠪᠠᠶᠢᠰᠢᠩ ᠢ ᠪᠠᠶᠢᠭᠤᠯᠪᠠ᠃ 8700 ᠲᠦᠮᠡᠨ | ᠲᠦᠬᠦᠷᠢᠭ ᠤᠨ ᠪᠡᠯᠡ ᠣᠷᠣᠭᠤᠯᠵᠦ᠂ ᠬᠦᠮᠦᠨ ᠮᠠᠯ ᠤᠨ ᠣᠰᠣ ᠣᠮᠳᠠ ᠶᠢᠨ ᠢᠨᠵᠧᠨᠧᠷᠢᠩ᠂ ᠭᠤᠸ᠎ᠠ | ᠦᠵᠡᠰᠬᠦᠯᠡᠩᠳᠦ ᠬᠦᠳᠡᠭᠡ ᠳᠣᠰᠬᠤᠨ ᠢ ᠪᠠᠶᠢᠭᠤᠯᠬᠤ ᠵᠡᠷᠭᠡ ︽ᠨᠢᠬᠡ ᠬᠡᠷᠡᠭ ᠢ ᠨᠢᠬᠡ ᠵᠦᠪᠯᠡᠬᠦ︾ ᠲᠦᠷᠦᠯ ᠵᠦᠢᠯ ᠢ | 166 ᠬᠡᠷᠡᠭᠵᠢᠬᠦᠯᠪᠡ᠃ ᠬᠤᠳᠠ ᠪᠠᠯᠭᠠᠰᠣ ᠶᠢ ᠨᠠᠷᠢᠯᠢᠭᠵᠢᠭᠤᠯᠣᠨ ᠬᠠᠮᠢᠶᠠᠷᠬᠤ ᠬᠢᠷᠢ ᠲᠦᠪᠰᠢᠨ ᠢ ᠳᠠᠰᠣᠷᠠᠯᠳᠠ | ᠦᠬᠡᠢ ᠳᠡᠭᠡᠭᠰᠢᠯᠡᠬᠦᠯᠦᠨ᠂ ︽ᠭᠤᠷᠪᠠᠨ ᠳᠣᠷ᠎ᠠ ᠪᠠᠷ ᠢᠶᠠᠨ ᠪᠠᠶᠢᠬᠤ︾ ② ᠠᠰᠠᠭᠤᠳᠠᠯ ᠢ ᠪᠦᠳᠦᠮᠵᠢᠳᠡᠢ | ᠬᠤᠷᠢᠭᠯᠠᠵᠦ᠂ ᠴᠢᠳᠠᠪᠬᠢ ᠨᠢ ᠪᠦᠷᠢᠨ ᠲᠡᠭᠦᠯᠳᠡᠷ᠂ ᠣᠷᠴᠢᠨ ᠳᠣᠭᠤᠷᠢᠨ ᠨᠢ ᠳᠣᠬᠢᠯᠢᠭ ᠳᠠᠭᠠᠯᠠᠮᠵᠢᠳᠠᠢ᠂ ᠠᠷᠢᠭᠤᠨ | ᠴᠡᠪᠡᠷ ᠳᠡᠷᠢ ᠳᠡᠭᠰᠢ᠂ ᠣᠷᠣᠰᠢᠨ ᠰᠠᠭᠤᠬᠤ ᠳᠤ ᠳᠣᠬᠢᠷᠠᠮᠵᠢᠳᠠᠢ ᠬᠤᠳᠠ ᠬᠦᠳᠡᠭᠡ ᠶᠢᠨ ᠴᠣ ᠰᠢᠨ᠎ᠡ ᠲᠦᠷᠰᠦ | ᠪᠠᠶᠢᠳᠠᠯ ᠨᠢᠬᠡᠨᠳᠡ ᠪᠦᠷᠢᠯᠳᠦᠪᠡ᠃ 220 ᠺᠢᠯᠤᠸᠣᠯᠲ ᠤᠨ ᠬᠦᠴᠦᠳᠡᠯ ᠦᠬᠡᠷᠡᠴᠢᠯᠡᠬᠦ ᠦᠷᠳᠡᠭᠡ ᠶᠢ 1 | ᠪᠠᠶᠢᠭᠤᠯᠵᠦ᠂ ᠬᠤᠳᠠ ᠬᠦᠳᠡᠭᠡ ᠶᠢᠨ ᠴᠠᠬᠢᠯᠭᠠᠨ ᠳᠣᠣᠷ ᠢ ᠨᠡᠶᠢᠳᠡ 371 ᠺᠢᠯᠣᠮᠧᠲᠷ ᠵᠠᠰᠠᠨ ᠦᠬᠡᠷᠡᠴᠢᠯᠡᠵᠦ᠂ | ᠰᠠᠯᠬᠢᠨ ᠨᠠᠷᠠᠨ ᠤ ᠡᠨᠧᠷᠬᠢ ᠶᠢ ᠬᠠᠷᠢᠯᠴᠠᠨ ᠨᠦᠬᠦᠪᠦᠷᠢᠯᠡᠨ ᠴᠠᠬᠢᠯᠭᠠᠨ ᠭᠠᠷᠭᠠᠬᠤ ᠲᠦᠬᠦᠭᠡᠷᠦᠮᠵᠢ ᠶᠢ 3017 | ᠲᠠᠷᠬᠠᠭᠠᠪᠠ᠃ 43.4 ᠳ᠋ᠦᠩᠰᠢᠭᠤᠷ ᠲᠦᠬᠦᠷᠢᠭ ᠤᠨ ᠪᠡᠯᠡ ᠣᠷᠣᠭᠤᠯᠵᠦ᠂ G331 ︵S203 ᠱᠣᠭᠤᠮ︶᠂ | ᠠᠯᠳ᠋ᠬᠠᠮᠡᠭᠡᠯ ᠪᠠᠯᠭᠠᠰᠣ ᠠᠴᠠ ᠠᠷᠣᠬᠠᠰᠢᠶᠠᠳᠣ ᠪᠣᠭᠤᠮᠳᠠ ᠬᠦᠷᠬᠦ ᠪᠠ ᠪᠣᠭᠳᠠᠠᠭᠤᠯᠠ ᠰᠣᠮᠣ ᠠᠴᠠ ᠪᠣᠶᠢᠷ ᠰᠣᠮᠣ | ᠬᠦᠷᠬᠦ ᠵᠡᠷᠭᠡ ᠭᠤᠣᠯᠳᠠᠯᠭ᠎ᠠ ᠲᠠᠢ ᠵᠠᠰᠠᠮᠠᠯ ᠵᠠᠮ ᠢ 383 ᠺᠢᠯᠣᠮᠧᠲᠷ᠂ ᠬᠦᠳᠡᠭᠡ ᠳᠣᠰᠬᠤᠨ ᠤ ᠵᠠᠰᠠᠮᠠᠯ ᠵᠠᠮ ᠢ | 459 ᠺᠢᠯᠣᠮᠧᠲᠷ ᠪᠦᠳᠦᠭᠡᠨ ᠪᠠᠶᠢᠭᠤᠯᠵᠦ᠂ ᠵᠠᠰᠠᠭ ᠵᠠᠬᠢᠷᠭᠠᠨ ᠤ ᠭᠠᠴᠠᠭ᠎ᠠ ᠳᠣᠰᠬᠤᠨ ᠤ ᠵᠡᠬᠡᠯᠢ ᠭᠤᠳᠣᠮᠵᠢ ᠶᠢᠨ | ᠵᠠᠮ ᠢ 95.4 ᠺᠢᠯᠣᠮᠧᠲᠷ ᠱᠦᠢᠨᠢᠳᠡᠵᠦ᠂ ᠪᠦᠬᠦ ᠬᠤᠰᠢᠭᠤᠨ ᠤ ᠬᠢᠯᠢ ᠳᠠᠭᠠᠣ ᠵᠠᠰᠠᠮᠠᠯ ᠵᠠᠮ ᠤᠨ ᠶᠡᠷᠦᠩᠬᠡᠢ ᠣᠷᠳᠣ | ᠨᠢ 658.5 ᠺᠢᠯᠣᠮᠧᠲᠷ᠂ ᠵᠠᠰᠠᠮᠠᠯ ᠵᠠᠮ ᠤᠨ ᠵᠠᠮ ᠰᠦᠯᠵᠢᠶᠡᠨ ᠤ ᠶᠡᠷᠦᠩᠬᠡᠢ ᠣᠷᠳᠣ ᠨᠢ 1254 ᠺᠢᠯᠣᠮᠧᠲᠷ | ᠲᠤ ᠬᠦᠷᠴᠦ᠂ ᠠᠷᠠᠳ ᠣᠯᠠᠨ ᠤ ᠬᠦᠯᠢᠶᠡᠵᠦ ᠣᠳᠠᠭᠰᠠᠨ ᠪᠣᠭᠳᠠᠠᠭᠤᠯᠠ ᠨᠡᠶᠢᠳᠡᠮ ᠬᠡᠷᠡᠭᠯᠡᠬᠦ ᠨᠢᠰᠬᠡᠯ ᠤᠨ ᠪᠠᠭᠤᠳᠠᠯ | ᠠᠶᠠᠯᠠᠯ ᠨᠡᠪᠳᠡᠷᠡᠵᠦ᠂ ︽ᠨᠢᠬᠡ ᠳᠣᠭᠤᠷᠢᠭ ᠲᠦᠷᠪᠡᠨ ᠱᠣᠭᠤᠮ +︾ ③ ᠪᠣᠰᠤᠭ᠎ᠠ ᠴᠣᠭᠴᠠᠳᠣ ᠵᠠᠮ | ᠬᠠᠷᠢᠯᠴᠠᠭᠠᠨ ᠤ ᠳᠣᠣᠷ ᠢ ᠪᠦᠬᠦ ᠳᠠᠯ᠎ᠠ ᠪᠠᠷ ᠨᠡᠪᠳᠡᠷᠡᠭᠦᠯᠦᠨ᠂ ᠣᠯᠠᠨ ᠲᠦᠮᠡᠨ ᠤ ᠶᠠᠪᠣᠵᠦ ᠰᠠᠭᠤᠬᠤ ᠳᠤ ᠨᠡᠩ | ᠲᠦᠬᠦᠮ ᠲᠦᠳᠡ ᠪᠣᠯᠪᠠ᠃ | — — ᠦᠩᠭᠡᠷᠡᠭᠰᠡᠨ ᠳᠠᠪᠣᠨ ᠵᠢᠯ ᠳᠤ᠂ ᠬᠤᠰᠢᠭᠤ ᠳᠠᠶᠠᠭᠠᠷ ᠢᠳᠡᠪᠬᠢᠳᠡᠢ ᠪᠦᠬᠡᠳ ᠯᠠᠪᠳᠠᠭᠤᠨ ᠢᠶᠠᠷ | ᠦᠬᠡᠷᠡᠴᠢᠯᠡᠯᠳᠡ ᠶᠢ ᠴᠢᠩᠭ᠎ᠠ ᠠᠳᠬᠤᠨ᠂ ᠳᠠᠪᠠᠭᠤᠯᠢᠭ ᠢ ᠡᠵᠡᠮᠳᠡᠨ ᠨᠡᠬᠡᠬᠡᠯᠳᠡ ᠶᠢ ᠠᠬᠢᠭᠤᠯᠵᠦ᠂ ᠣᠷᠣᠨ ᠨᠣᠳᠤᠭ | ᠤᠨ ᠬᠦᠭᠵᠢᠯᠳᠡ ᠶᠢᠨ ᠬᠦᠳᠡᠯᠬᠡᠭᠴᠢ ᠬᠦᠴᠦᠨ ᠪᠠ ᠠᠮᠢᠵᠢᠷᠠᠯ ᠤᠨ ᠬᠦᠴᠦᠨ ᠢ ᠨᠡᠮᠡᠭᠳᠡᠬᠦᠯᠪᠡ᠃ ᠳᠠᠪᠣᠨ ᠵᠢᠯ ᠤᠨ | ᠳᠣᠷᠰᠢ᠂ ᠠᠵᠦ ᠠᠬᠤᠢ ᠶᠢᠨ ᠪᠠᠶᠢᠭᠤᠯᠣᠮᠵᠢ ᠪᠠ ᠠᠮᠢ ᠠᠬᠤᠢ ᠶᠢᠨ ᠪᠣᠯᠪᠠᠰᠣᠨ ᠤ ᠪᠠᠶᠢᠭᠤᠯᠣᠮᠵᠢ ᠶᠢᠨ | ᠦᠬᠡᠷᠡᠴᠢᠯᠡᠯᠳᠡ ᠶᠢ ᠬᠦᠨᠵᠡᠬᠡᠶᠢᠷᠡᠭᠦᠯᠵᠦ᠂ ᠪᠦᠬᠦ ᠬᠤᠳᠠ ᠳᠤ ︽1 + X︾ ᠰᠣᠮᠣ ᠪᠠᠯᠭᠠᠰᠣᠨ ᠤ | ᠶᠡᠷᠦᠩᠬᠡᠶᠢᠯᠡᠭᠰᠡᠨ ᠬᠠᠥᠯᠢ ᠬᠡᠷᠡᠭᠵᠢᠬᠦᠯᠬᠦ ᠪᠠᠶᠢᠭᠤᠯᠣᠮᠵᠢ ᠶᠢᠨ ᠦᠬᠡᠷᠡᠴᠢᠯᠡᠯᠳᠡ ④᠂ ᠣᠢ ᠰᠢᠭᠤᠢ ᠳᠠᠯ᠎ᠠ ᠨᠣᠳᠤᠭ | ᠤᠨ ᠬᠠᠥᠯᠢ ᠬᠡᠷᠡᠭᠵᠢᠬᠦᠯᠬᠦ ᠶᠢ ᠨᠢᠬᠡ ᠴᠣᠭᠴᠠᠵᠢᠭᠤᠯᠣᠭᠰᠠᠨ ᠦᠬᠡᠷᠡᠴᠢᠯᠡᠯᠳᠡ ᠪᠠ ᠮᠠᠯᠴᠢᠳ ᠤᠨ ᠡᠵᠡᠩᠨᠡᠯᠳᠡ | ᠬᠠᠮᠢᠶᠠᠷᠣᠯᠳᠠ ᠶᠢᠨ ᠪᠠᠶᠢᠭᠤᠯᠣᠮᠵᠢ ᠶᠢᠨ ᠦᠬᠡᠷᠡᠴᠢᠯᠡᠯᠳᠡ ᠶᠢ ᠡᠩ ᠲᠡᠷᠢᠬᠦᠨ ᠳᠤ ᠬᠡᠷᠡᠭᠵᠢᠬᠦᠯᠦᠨ᠂ ᠡᠯ᠎ᠡ ᠵᠦᠢᠯ ᠤᠨ | ᠦᠭᠡᠷᠡᠴᠢᠯᠡᠯᠳᠡ ᠶᠢᠨ ᠡᠭᠦᠷᠭᠡ ᠶᠢ ᠨᠡᠶᠢᠳᠡ 136 ᠪᠡᠶᠡᠯᠡᠭᠦᠯᠪᠡ᠃ ᠭᠠᠳᠠᠭᠠᠳᠣ ᠨᠡᠬᠡᠬᠡᠯᠳᠡ ᠶᠢ ᠦᠷᠬᠦᠯᠵᠢᠯᠡᠨ | ᠬᠦᠨᠵᠡᠭᠡᠶᠢᠷᠡᠭᠦᠯᠵᠦ᠂ ᠳᠣᠮᠳᠠᠳᠣ ᠣᠷᠣᠰ ᠮᠣᠩᠭᠤᠯ ᠭᠤᠷᠪᠠᠨ ᠣᠯᠣᠰ ᠤᠨ ᠠᠵᠦ ᠠᠬᠤᠢ ᠠᠷᠠᠯᠵᠢᠶᠠᠨ ᠤ | ᠵᠦᠪᠳᠡᠯᠴᠡᠭᠡᠨ ᠤ ᠬᠤᠷᠠᠯ᠂ ᠬᠠᠮᠳᠣᠷᠠᠯᠴᠠᠭ᠎ᠠ ᠬᠦᠭᠵᠢᠯᠳᠡ ᠶᠢᠨ ᠶᠠᠷᠢᠶᠠᠨ ᠤ ᠳᠠᠪᠴᠠᠩ᠂ ᠠᠷᠠᠯᠵᠢᠶᠠᠴᠢᠨ ᠣᠷᠢᠵᠦ | ᠪᠡᠯᠡ ᠣᠷᠣᠭᠤᠯᠬᠤ ᠵᠦᠪᠳᠡᠯᠴᠡᠭᠡᠨ ᠤ ᠬᠤᠷᠠᠯ ᠵᠡᠷᠭᠡ ᠠᠵᠦ ᠠᠬᠤᠢ ᠠᠷᠠᠯᠵᠢᠶᠠᠨ ᠤ ᠬᠤᠷᠠᠯ ᠢ ᠠᠮᠵᠢᠯᠳᠠ ᠲᠠᠢ | ᠬᠤᠷᠠᠯᠳᠣᠭᠤᠯᠣᠨ᠂ ᠣᠷᠣᠰ ᠮᠣᠩᠭᠤᠯ ᠬᠤᠶᠠᠷ ᠣᠯᠣᠰ ᠤᠨ ᠬᠦᠷᠰᠢ ᠵᠡᠷᠭᠡᠯᠡᠳᠡᠭᠡ ᠭᠠᠵᠠᠷ ᠣᠷᠣᠨ ᠯᠤᠭ᠎ᠠ ᠶᠢᠨ | ᠠᠷᠠᠯᠵᠢᠶ᠎ᠠ ᠬᠤᠳᠠᠯᠳᠤᠭ᠎ᠠ᠂ ᠰᠢᠨᠵᠢᠯᠡᠭᠡ ᠮᠡᠷᠭᠡᠵᠢᠯ ᠵᠡᠷᠭᠡ ᠣᠯᠠᠨ ᠬᠦᠷᠢᠶ᠎ᠡ ᠬᠡᠪᠴᠢᠶᠡᠨ ᠳᠠᠬᠢ ᠰᠣᠯᠢᠯᠴᠠᠭ᠎ᠠ ᠪᠠ | ᠬᠠᠮᠳᠣᠷᠠᠯᠴᠠᠭ᠎ᠠ ᠶᠢ ᠬᠦᠴᠦᠳᠡᠢ ᠠᠬᠢᠭᠤᠯᠪᠠ᠃ ︽ᠣᠮᠠᠷᠠᠰᠢ ᠨᠡᠬᠡᠬᠡᠯᠳᠡ ᠬᠢᠬᠦ︾ ᠬᠦᠬᠦᠷᠭᠡᠨ ᠪᠠᠬᠢᠯᠡᠯᠳᠡ ᠶᠢ | ᠴᠢᠷᠮᠠᠶᠢᠨ ᠪᠣᠢ ᠪᠣᠯᠭᠠᠵᠦ᠂ ᠠᠷᠣᠬᠠᠰᠢᠶᠠᠳᠣ ᠪᠣᠭᠤᠮᠳᠠ ᠶᠢᠨ ᠰᠠᠭᠤᠷᠢ ᠲᠦᠬᠦᠬᠡᠷᠦᠮᠵᠢ ᠶᠢ ᠲᠡᠭᠦᠯᠳᠡᠷᠵᠢᠬᠦᠯᠦᠨ᠂ | ᠵᠣᠭᠠᠴᠠᠭᠰᠠᠳ ᠪᠠ ᠡᠳ᠋ ᠪᠠᠷᠠᠭ᠎ᠠ ᠶᠢ ᠪᠠᠶᠢᠴᠠᠭᠠᠬᠤ ᠠᠰᠠᠷ ᠤᠨ ᠪᠠᠷᠢᠯᠭ᠎ᠠ ᠶᠢ ᠳᠠᠭᠤᠰᠬᠠᠵᠦ᠂ ᠪᠣᠭᠤᠮᠳᠠ ᠶᠢ ᠵᠢᠯ | ᠳᠣᠷᠰᠢᠳᠠ ᠨᠡᠬᠡᠬᠡᠬᠦ᠂ ᠳᠣᠮᠳᠠᠳᠣ ᠮᠣᠩᠭᠤᠯ ᠬᠤᠶᠠᠷ ᠤᠯᠤᠰ ᠤᠨ ᠬᠢᠯᠢ ᠶᠢᠨ ᠠᠷᠠᠳ ᠤᠨ ᠵᠠᠬ᠎ᠠ ᠶᠢᠨ ᠠᠷᠠᠯᠵᠢᠶᠠᠨ ᠤ | ᠳᠣᠭᠤᠷᠢᠭ ᠪᠠᠶᠢᠭᠤᠯᠬᠤ᠂ ᠭᠠᠶᠢᠯᠢ ᠬᠡᠯᠳᠦᠷᠢᠭᠦᠯᠬᠦ ᠳᠡᠯᠬᠡᠬᠦᠷ ᠪᠠ ᠡᠯᠧᠺᠲᠷᠤᠨᠴᠢᠯᠠᠭᠰᠠᠨ ᠪᠣᠭᠤᠮᠳᠠ ᠶᠢᠨ ᠪᠦᠳᠦᠬᠡᠨ | ᠪᠠᠶᠢᠭᠤᠯᠣᠯᠳᠠ ᠪᠣᠳᠠᠳᠣ ᠠᠬᠢᠯᠳᠠ ᠲᠠᠢ ᠪᠣᠯᠪᠠ᠃ ᠳᠠᠪᠣᠨ ᠵᠢᠯ ᠤᠨ ᠳᠣᠷᠰᠢ᠂ ᠪᠣᠭᠤᠮᠳᠠ ᠪᠠᠷ ᠣᠷᠣᠭᠤᠯᠵᠦ | ᠭᠠᠷᠭᠠᠭᠰᠠᠨ ᠡᠳ᠋ ᠪᠠᠷᠠᠭᠠᠨ ᠤ ᠶᠡᠷᠦᠩᠬᠡᠢ ᠬᠡᠮᠵᠢᠶ᠎ᠡ 60 ᠲᠦᠮᠡᠨ ᠳᠣᠨ ᠳᠤ ᠬᠦᠷᠴᠦ᠂ ᠪᠣᠭᠤᠮᠳᠠ ᠪᠠᠷ | ᠣᠷᠣᠭᠤᠯᠵᠦ ᠭᠠᠷᠭᠠᠭᠰᠠᠨ ᠡᠳ᠋ ᠪᠠᠷᠠᠭᠠᠨ ᠤ ᠠᠷᠠᠯᠵᠢᠶᠠᠨ ᠤ ᠶᠡᠷᠦᠩᠬᠡᠢ ᠬᠡᠮᠵᠢᠶ᠎ᠡ 3.9 ᠳ᠋ᠦᠩᠰᠢᠭᠤᠷ ᠳ᠋ᠣᠯᠯᠠᠷ ᠲᠤ | ᠬᠦᠷᠴᠦ᠂ ᠪᠣᠭᠤᠮᠳᠠ ᠪᠠᠷ ᠣᠷᠣᠵᠦ ᠭᠠᠷᠣᠭᠰᠠᠨ ᠠᠶᠠᠨᠴᠢᠳ ᠤᠨ ᠳᠤᠭ᠎ᠠ 29.8 ᠲᠦᠮᠡᠨ ᠬᠦᠮᠦᠨ ᠣᠳᠠᠭ᠎ᠠ ᠳᠤ | ᠬᠦᠷᠴᠦ᠂ ᠪᠣᠭᠤᠮᠳᠠ ᠪᠠᠷ ᠣᠷᠣᠵᠦ ᠭᠠᠷᠣᠭᠰᠠᠨ ᠮᠠᠰᠢᠨ 5.6 ᠲᠦᠮᠡᠨ ᠲᠡᠷᠬᠡ ᠣᠳᠠᠭ᠎ᠠ ᠳᠤ ᠬᠦᠷᠴᠦ᠂ | ᠣᠨᠴᠠᠭᠠᠶᠢᠯᠠᠨ 2016 ᠣᠨ ᠳᠤ᠂ ᠪᠣᠭᠤᠮᠳᠠ ᠪᠠᠷ ᠣᠷᠣᠵᠦ ᠭᠠᠷᠣᠭᠰᠠᠨ ᠬᠦᠮᠦᠨ ᠤ ᠳᠤᠭ᠎ᠠ ᠲᠡᠦᠬᠡᠳᠦ ᠴᠢᠨᠠᠷ | ᠲᠠᠢ ᠰᠢᠪᠳᠣᠯᠣᠯᠳᠠ ᠲᠠᠢ ᠪᠣᠯᠵᠦ᠂ 10 ᠲᠦᠮᠡᠨ ᠬᠦᠮᠦᠨ ᠣᠳᠠᠭ᠎ᠠ ᠶᠢ ᠳᠠᠪᠠᠭᠰᠠᠨ ᠪᠠᠶᠢᠨ᠎ᠠ᠃ | — — ᠦᠩᠭᠡᠷᠡᠭᠰᠡᠨ ᠳᠠᠪᠣᠨ ᠵᠢᠯ ᠳᠤ᠂ ᠬᠤᠰᠢᠭᠤ ᠳᠠᠶᠠᠭᠠᠷ ᠠᠷᠠᠳ ᠤᠨ ᠠᠮᠢᠳᠣᠷᠠᠯ ᠤᠨ ᠰᠠᠶᠢᠵᠢᠷᠠᠯᠳᠠ ᠶᠢ | ᠴᠦᠬᠦᠷᠡᠰᠢ ᠦᠬᠡᠢ ᠪᠠᠷ ᠴᠢᠩᠭ᠎ᠠ ᠠᠳᠬᠤᠨ᠂ ᠳᠣᠭᠳᠠᠭᠤᠨ ᠪᠠᠶᠢᠳᠠᠯ ᠢ ᠪᠦᠬᠦ ᠬᠦᠴᠦᠨ ᠢᠶᠠᠷ ᠪᠠᠳᠣᠯᠠᠵᠦ᠂ | ᠬᠠᠮᠳᠣᠪᠠᠷ ᠡᠳ᠋ᠯᠡᠬᠦ ᠬᠦᠭᠵᠢᠯᠳᠡ ᠶᠢᠨ ᠳᠡᠰ ᠳᠠᠪᠬᠤᠷᠭ᠎ᠠ ᠪᠠ ᠬᠢᠷᠢ ᠲᠦᠪᠰᠢᠨ ᠢ ᠳᠡᠭᠡᠭᠰᠢᠯᠡᠬᠦᠯᠪᠡ᠃ ᠳᠠᠪᠣᠨ ᠵᠢᠯ | ᠤᠨ ᠳᠣᠷᠰᠢ᠂ ᠠᠷᠠᠳ ᠤᠨ ᠠᠮᠢᠳᠣᠷᠠᠯ ᠤᠨ ᠦᠢᠯᠡᠰ ᠪᠣᠯ ᠬᠠᠮᠤᠭ ᠤᠨ ᠶᠡᠭᠡ ᠪᠣᠶᠠᠨᠳᠣ ᠵᠠᠰᠠᠭ ᠤᠨ ᠢᠨᠵᠧᠨᠧᠷᠢᠩ | ᠪᠣᠯᠬᠤ ᠶᠢ ᠪᠠᠷᠢᠮᠳᠠᠯᠠᠵᠦ᠂ ᠠᠷᠠᠳ ᠤᠨ ᠠᠮᠢᠳᠣᠷᠠᠯ ᠤᠨ ᠲᠦᠷᠦᠯ ᠵᠦᠢᠯ ᠳᠤ ᠵᠠᠷᠣᠴᠠᠭᠤᠯᠣᠭᠰᠠᠨ ᠵᠣᠭᠤᠰ 36 | ᠳ᠋ᠦᠩᠰᠢᠭᠤᠷ ᠲᠦᠬᠦᠷᠢᠭ ᠲᠤ ᠬᠦᠷᠴᠦ᠂ ᠡᠩ ᠤᠨ ᠣᠯᠠᠨ ᠨᠡᠶᠢᠳᠡ ᠶᠢᠨ ᠲᠦᠰᠦᠪ ᠤᠨ ᠵᠠᠷᠣᠯᠭ᠎ᠠ ᠶᠢᠨ 61.9% | ᠶᠢ ᠡᠵᠡᠯᠡᠨ᠂ ᠠᠷᠠᠳ ᠲᠦᠮᠡᠨ ᠤ ᠬᠦᠷᠳᠡᠮᠵᠢ ᠶᠢᠨ ᠲᠦᠷᠦᠭᠳᠡᠯ ᠢᠯᠡᠳᠳᠡ ᠳᠡᠭᠡᠭᠰᠢᠯᠡᠪᠡ᠃ ᠶᠠᠳᠠᠭᠤ ᠠᠴᠠ | ᠠᠩᠬᠢᠵᠢᠷᠠᠭᠤᠯᠬᠤ ᠪᠠᠬᠢᠯᠡᠯᠳᠡ ᠰᠢᠪᠳᠣᠯᠬᠤ ᠠᠵᠢᠯ ᠱᠠᠳᠣᠴᠢ ᠴᠢᠨᠠᠷ ᠲᠠᠢ ᠢᠯᠠᠯᠳᠠ ᠣᠯᠪᠠ᠃ ᠶᠠᠳᠠᠭᠤ ᠠᠴᠠ | ᠠᠩᠬᠢᠵᠢᠷᠠᠭᠤᠯᠬᠤ ᠪᠠᠬᠢᠯᠡᠯᠳᠡ ᠰᠢᠪᠳᠣᠯᠬᠤ ᠠᠵᠢᠯ ᠢ ᠬᠠᠮᠤᠭ ᠤᠨ ᠶᠡᠭᠡ ᠣᠯᠣᠰ ᠲᠦᠷᠦ ᠶᠢᠨ ᠡᠭᠦᠷᠬᠡ ᠪᠣᠯᠭᠠᠬᠤ ᠶᠢ | ᠪᠠᠷᠢᠮᠳᠠᠯᠠᠵᠦ᠂ ᠨᠠᠷᠢᠯᠢᠭ ᠣᠨᠣᠪᠴᠢᠳᠠᠢ ᠢᠯᠭᠠᠨ ᠳᠠᠨᠢᠵᠦ᠂ ᠨᠠᠷᠢᠯᠢᠭ ᠣᠨᠣᠪᠴᠢᠳᠠᠢ ᠬᠠᠪᠰᠣᠷᠣᠨ ᠳᠡᠳᠬᠦᠵᠦ᠂ | ᠣᠯᠣᠰ᠂ ᠦᠪᠡᠷᠳᠡᠭᠡᠨ ᠵᠠᠰᠠᠬᠤ ᠣᠷᠣᠨ ᠪᠠ ᠬᠦᠯᠦᠨ ᠪᠣᠶᠢᠷ ᠬᠤᠳᠠ ᠶᠢᠨ ᠡᠯ᠎ᠡ ᠵᠦᠢᠯ ᠤᠨ ᠠᠵᠢᠯ ᠤᠨ | ᠪᠠᠶᠢᠷᠢᠯᠠᠭᠤᠯᠣᠯᠳᠠ ᠶᠢᠨ ᠱᠠᠭᠠᠷᠳᠠᠯᠭ᠎ᠠ ᠶᠢ ᠬᠢᠨᠠᠮᠠᠭᠠᠢ ᠨᠠᠶᠢᠳᠠᠪᠣᠷᠢᠵᠢᠭᠤᠯᠵᠦ᠂ ᠠᠵᠦ ᠦᠢᠯᠡᠰ ᠢ ᠬᠦᠭᠵᠢᠬᠦᠯᠦᠨ | ᠬᠡᠰᠡᠭ ᠬᠦᠮᠦᠰ ᠢ ᠶᠠᠳᠠᠭᠤ ᠠᠴᠠ ᠠᠩᠬᠢᠵᠢᠷᠠᠭᠤᠯᠬᠤ᠂ ᠣᠨᠳᠣᠣ ᠭᠠᠵᠠᠷ ᠲᠤ ᠨᠡᠬᠦᠯᠬᠡᠨ ᠭᠡᠰᠡᠭ ᠬᠦᠮᠦᠰ ᠢ ᠶᠠᠳᠠᠭᠤ | ᠠᠴᠠ ᠠᠩᠬᠢᠵᠢᠷᠠᠭᠤᠯᠬᠤ᠂ ᠰᠣᠷᠭᠠᠨ ᠬᠦᠮᠦᠵᠢᠯ ᠢ ᠬᠦᠭᠵᠢᠬᠦᠯᠦᠨ ᠬᠡᠰᠡᠭ ᠬᠦᠮᠦᠰ ᠢ ᠶᠠᠳᠠᠭᠤ ᠠᠴᠠ | ᠠᠩᠬᠢᠵᠢᠷᠠᠭᠤᠯᠬᠤ᠂ ᠠᠮᠢ ᠠᠬᠤᠢ ᠶᠢᠨ ᠱᠠᠩᠨᠠᠯ ᠨᠦᠬᠦᠪᠦᠷᠢ ᠪᠠᠷ ᠬᠡᠰᠡᠭ ᠬᠦᠮᠦᠰ ᠢ ᠶᠠᠳᠠᠭᠤ ᠠᠴᠠ | ᠠᠩᠬᠢᠵᠢᠷᠠᠭᠤᠯᠬᠤ ᠪᠠ ᠨᠡᠶᠢᠬᠡᠮ ᠤᠨ ᠪᠠᠳᠣᠯᠠᠭ᠎ᠠ ᠪᠠᠷ ᠬᠡᠰᠡᠭ ᠬᠦᠮᠦᠰ ᠢ ᠵᠠᠪᠠᠯ ᠶᠠᠳᠠᠭᠤ ᠠᠴᠠ ᠠᠩᠬᠢᠵᠢᠷᠠᠭᠤᠯᠬᠤ | ᠪᠠᠷ ᠳᠠᠮᠵᠢᠨ᠂ ᠳᠣᠬᠢᠷᠠᠮᠵᠢᠳᠠᠢ ᠭᠠᠵᠠᠷ ᠲᠤ ᠨᠡᠭᠦᠯᠬᠡᠨ ᠶᠠᠳᠠᠭᠤ ᠶᠢ ᠳᠡᠳᠬᠦᠬᠦ ᠪᠠ ︽ᠭᠤᠷᠪᠠ ᠶᠢ ᠳᠣᠰᠬᠤᠨ ᠪᠠ | ᠡᠷᠦᠬᠡ ᠳᠤ ᠬᠦᠷᠬᠡᠬᠦ︾ ⑤ ᠲᠦᠷᠦᠯ ᠵᠦᠢᠯ ᠤᠨ 4288 ᠲᠦᠮᠡᠨ ᠲᠦᠬᠦᠷᠢᠭ ᠤᠨ ᠪᠡᠯᠡ ᠮᠦᠩᠭᠦ ᠶᠢ ᠨᠢᠬᠡᠳᠬᠡᠨ | ᠂ ᠮᠦᠩᠬᠦᠨ ᠬᠦᠢᠯᠬᠡᠬᠡᠨ ᠤ ᠪᠠᠶᠢᠭᠤᠯᠣᠮᠵᠢ ᠶᠢ ᠬᠦᠳᠦᠯᠦᠨ ᠵᠢᠯᠣᠭᠤᠳᠴᠣ᠂ ︽ᠮᠦᠩᠬᠦᠨ ᠬᠦᠢᠯᠬᠡᠬᠡ︾ ᠪᠠᠷ | ᠶᠠᠳᠠᠭᠤ ᠶᠢ ᠳᠡᠳᠬᠦᠬᠦ ᠳᠠᠮ ᠬᠦᠦ ᠲᠠᠢ ᠵᠢᠭᠡᠯᠡᠯᠬᠡ ᠶᠢ 3327 ᠲᠦᠮᠡᠨ ᠲᠦᠬᠦᠷᠢᠭ ᠳᠠᠯᠪᠢᠪᠠ᠃ 5400 ᠲᠦᠮᠡᠨ | ᠲᠦᠬᠦᠷᠢᠭ ᠤᠨ ᠪᠡᠯᠡ ᠣᠷᠣᠭᠤᠯᠵᠦ᠂ ︽ᠬᠢᠯᠢ ᠬᠢᠵᠠᠭᠠᠷ ᠢᠶᠠᠨ ᠮᠠᠨᠳᠣᠭᠤᠯᠣᠨ ᠠᠷᠠᠳ ᠢ ᠪᠠᠶᠠᠵᠢᠭᠤᠯᠬᠤ︾ | ᠲᠦᠷᠦᠯ ᠵᠦᠢᠯ ᠢ 55 ᠬᠡᠷᠡᠭᠵᠢᠬᠦᠯᠪᠡ᠃ ᠶᠠᠳᠠᠭᠤᠷᠠᠯ ᠤᠨ ᠨᠣᠷᠮ᠎ᠠ 6.4% ᠪᠠᠶᠢᠭᠰᠠᠨ ᠠᠴᠠ ᠪᠠᠨ 1.36% | ᠪᠤᠯᠵᠦ ᠪᠠᠭᠤᠷᠠᠪᠠ᠃ ᠨᠡᠶᠢᠬᠡᠮ ᠤᠨ ᠪᠠᠳᠣᠯᠠᠭ᠎ᠠ ᠶᠢᠨ ᠬᠡᠪᠴᠢᠶ᠎ᠡ ᠶᠢ ᠦᠷᠭᠡᠳᠭᠡᠨ ᠦᠷ᠎ᠡ ᠠᠰᠢᠭ ᠢ ᠨᠡᠮᠡᠭᠳᠡᠭᠦᠯᠪᠡ᠃ | ᠬᠤᠳᠠ ᠪᠠᠯᠭᠠᠰᠣ ᠶᠢᠨ ᠰᠢᠨ᠎ᠡ ᠪᠠᠷ ᠨᠡᠮᠡᠭᠳᠡᠭᠰᠡᠨ ᠠᠵᠢᠯ ᠣᠯᠣᠭᠰᠠᠳ 3322 ᠬᠦᠮᠦᠨ ᠪᠣᠯᠵᠦ᠂ 497 | ᠮᠠᠯᠴᠢᠨ ᠳᠠᠷᠢᠶᠠᠴᠢᠳ ᠢ ᠰᠢᠯᠵᠢᠬᠦᠯᠦᠨ ᠠᠵᠢᠯ ᠣᠯᠭᠤᠵᠦ᠂ ᠬᠤᠳᠠ ᠪᠠᠯᠭᠠᠰᠣ ᠶᠢᠨ ᠳᠠᠩᠰᠠᠯᠠᠭᠤᠯᠣᠭᠰᠠᠨ ᠠᠵᠢᠯ | ᠠᠯᠳᠠᠭᠰᠠᠳ ᠤᠨ ᠨᠣᠷᠮ᠎ᠠ ᠶᠢ ᠢᠮᠠᠭᠳᠠ 4% ᠳᠣᠳᠣᠷ᠎ᠠ ᠬᠢᠵᠠᠭᠠᠷᠯᠠᠭᠰᠠᠭᠠᠷ ᠢᠷᠡᠪᠡ᠃ ᠨᠠᠰᠣᠵᠢᠯ ᠤᠨ ᠳᠠᠭᠠᠳᠬᠠᠯ | ᠂ ᠡᠮ ᠡᠮᠨᠡᠯᠬᠡ ᠶᠢᠨ ᠳᠠᠭᠠᠳᠬᠠᠯ ᠤᠨ ᠲᠦᠷᠢᠮ ᠤᠨ ᠪᠦᠷᠬᠦᠯᠳᠡ ᠶᠢ ᠪᠡᠶᠡᠯᠡᠬᠦᠯᠵᠦ᠂ ᠣᠯᠠᠨ ᠳᠡᠰ ᠳᠠᠪᠬᠤᠷᠭ᠎ᠠ ᠶᠢᠨ | ᠨᠡᠶᠢᠬᠡᠮ ᠤᠨ ᠳᠠᠭᠠᠳᠬᠠᠯ ᠤᠨ ᠲᠦᠷᠢᠮ ᠠᠩᠬ᠎ᠠ ᠠᠯᠬᠤᠮ ᠪᠦᠷᠢᠯᠳᠦᠪᠡ᠃ 80 ᠨᠠᠰᠣᠨ ᠠᠴᠠ ᠳᠡᠭᠡᠭᠰᠢᠬᠢ | ᠨᠠᠰᠣᠳᠠᠳ ᠲᠤ ᠦᠳᠡᠯᠦᠭᠡ ᠨᠠᠰᠤᠨ ᠤ ᠨᠦᠬᠦᠪᠦᠷᠢ ᠦᠭᠬᠦ ᠲᠦᠷᠦ ᠶᠢᠨ ᠪᠣᠳᠣᠯᠭ᠎ᠠ ᠶᠢ ᠪᠦᠬᠦ ᠳᠠᠯ᠎ᠠ ᠪᠠᠷ | ᠬᠡᠷᠡᠭᠵᠢᠬᠦᠯᠵᠦ᠂ 60 ᠨᠠᠰᠣᠨ ᠠᠴᠠ ᠳᠡᠭᠡᠭᠰᠢᠬᠢ ᠨᠠᠰᠣᠳᠠᠳ ᠲᠤ ᠠᠳᠡᠭᠳᠡᠯ ᠤᠨ ᠳᠠᠭᠠᠳᠬᠠᠯ ᠳᠣᠰᠢᠶᠠᠬᠤ ᠶᠢ ᠡᠳ᠋ | ᠤᠨ ᠵᠠᠰᠠᠭ ᠤᠨ ᠲᠦᠰᠦᠪ ᠲᠤ ᠣᠷᠣᠭᠤᠯᠪᠠ᠃ ᠨᠠᠭᠠᠳᠣ ᠵᠠᠬ᠎ᠠ ᠶᠢᠨ ᠠᠮᠢᠳᠣᠷᠠᠯ ᠤᠨ ᠪᠠᠳᠣᠯᠠᠭ᠎ᠠ ᠶᠢᠨ ᠪᠠᠷᠢᠮᠵᠢᠶ᠎ᠠ | ᠶᠢ ᠳᠡᠭᠡᠭᠰᠢᠯᠡᠬᠦᠯᠦᠨ᠂ 2268 ᠨᠡᠷᠡᠰ ᠨᠠᠭᠠᠳᠣ ᠵᠠᠬ᠎ᠠ ᠶᠢᠨ ᠠᠮᠢᠳᠣᠷᠠᠯ ᠤᠨ ᠪᠠᠳᠣᠯᠠᠭ᠎ᠠ ᠶᠢᠨ ᠡᠳᠡᠭᠡᠳ ᠲᠤ | 7717 ᠲᠦᠮᠡᠨ ᠲᠦᠬᠦᠷᠢᠭ ᠤᠨ ᠪᠠᠳᠣᠯᠠᠭ᠎ᠠ ᠶᠢᠨ ᠮᠦᠩᠬᠦ ᠳᠠᠷᠬᠠᠭᠠᠪᠠ᠃ ᠰᠣᠷᠭᠠᠭᠤᠯᠢ ᠡᠷᠬᠢᠯᠡᠬᠦ ᠨᠦᠬᠦᠴᠡᠯ | ᠢᠯᠡᠳᠳᠡ ᠰᠠᠶᠢᠵᠢᠷᠠᠪᠠ᠃ ᠨᠡᠶᠢᠳᠡ 1 ᠳ᠋ᠦᠩᠰᠢᠭᠤᠷ ᠲᠦᠬᠦᠷᠢᠭ ᠤᠨ ᠪᠡᠯᠡ ᠣᠷᠣᠭᠤᠯᠵᠦ᠂ ᠨᠢᠬᠡᠳᠦᠭᠡᠷ | ᠦᠨᠳᠦᠰᠦᠳᠡᠨ ᠤ ᠬᠡᠤᠬᠡᠳ ᠤᠨ ᠴᠡᠴᠡᠷᠯᠢᠭ᠂ ᠳᠣᠮᠳᠠᠳᠣ ᠣᠷᠣᠰ ᠮᠣᠩᠭᠤᠯ ᠭᠤᠷᠪᠠᠨ ᠣᠯᠣᠰ ᠤᠨ ᠬᠦᠯ ᠪᠦᠮᠪᠦᠭᠡ | ᠶᠢᠨ ᠪᠣᠯᠪᠠᠰᠣᠷᠠᠯ ᠤᠨ ᠰᠣᠯᠢᠯᠴᠠᠭᠠᠨ ᠤ ᠰᠠᠭᠤᠷᠢᠨ ᠭᠠᠵᠠᠷ᠂ ᠪᠡᠶ᠎ᠡ ᠶᠢᠨ ᠳᠠᠮᠢᠷ ᠤᠨ ᠣᠷᠳᠣᠨ᠂ ᠪᠠᠶᠢᠷᠢ ᠶᠢᠨ ᠠᠰᠠᠷ | ᠵᠡᠷᠭᠡ ᠲᠦᠷᠦᠯ ᠵᠦᠢᠯ ᠢ 37 ᠪᠠᠶᠢᠭᠤᠯᠪᠠ᠃ ᠬᠤᠰᠢᠭᠤᠨ ᠤ ᠵᠠᠰᠠᠭ ᠤᠨ ᠣᠷᠳᠣᠨ ᠪᠠᠭᠰᠢ ᠶᠢ ᠬᠦᠨᠳᠦᠳᠭᠡᠵᠦ | ᠰᠣᠷᠭᠠᠨ ᠬᠦᠮᠦᠵᠢᠯ ᠢ ᠴᠢᠬᠤᠯᠠᠴᠢᠯᠠᠭᠰᠠᠨ ᠬᠠᠮᠤᠭ ᠤᠨ ᠦᠨᠳᠦᠷ ᠱᠠᠩᠨᠠᠯ ᠪᠣᠯᠬᠤ︽ᠴᠡᠴᠡᠷᠯᠢᠭᠴᠢ ᠶᠢᠨ ᠱᠠᠩᠨᠠᠯ︾ | ᠢ ᠪᠦᠳᠦᠭᠡᠯᠴᠢ ᠪᠠᠷ ᠳᠣᠬᠢᠷᠠᠭᠤᠯᠪᠠ᠃ ᠰᠣᠷᠭᠠᠭᠤᠯᠢ ᠶᠢᠨ ᠬᠦᠷᠢᠶᠡᠨ ᠤ ᠵᠠᠭᠤᠨ ᠰᠠᠶ᠎ᠠ ᠭᠡᠷᠡᠯ ᠰᠢᠷᠬᠡᠭ ᠢ ᠪᠦᠬᠦᠨ ᠢ | ᠪᠦᠷᠬᠦᠬᠦᠯᠬᠦ ᠪᠠ ᠳᠣᠮᠳᠠᠳᠣ ᠪᠠᠭ᠎ᠠ ᠰᠣᠷᠭᠠᠭᠤᠯᠢ ᠶᠢᠨ ᠬᠢᠴᠢᠶᠡᠯ ᠤᠨ ᠲᠢᠩᠬᠢᠮ ᠤᠨ ᠵᠢᠭᠠᠨ ᠰᠣᠷᠭᠠᠯᠳᠠ ᠶᠢ ᠪᠦᠬᠦᠨ | ᠢ ᠳᠣᠭᠠᠴᠢᠯᠠᠬᠤ ᠶᠢ ᠪᠡᠶᠡᠯᠡᠬᠦᠯᠵᠦ᠂ ᠣᠯᠣᠰ ᠤᠨ ︽ᠠᠯᠪᠠᠨ ᠵᠢᠷᠣᠮ ᠤᠨ ᠰᠣᠷᠭᠠᠨ ᠬᠦᠮᠦᠵᠢᠯ ᠢ ᠦᠨᠳᠦᠰᠦᠨ | ᠳᠡᠭᠡᠨ ᠳᠡᠩᠴᠡᠭᠦᠷᠢᠳᠡᠢ ᠬᠦᠭᠵᠢᠬᠦᠯᠦᠭᠰᠡᠨ ᠬᠤᠰᠢᠭᠤ ᠰᠢᠶᠠᠨ︾ ᠤ ᠰᠢᠯᠭᠠᠷᠠᠭᠤᠯᠣᠯᠳᠠ ᠶᠢ ᠠᠮᠵᠢᠯᠳᠠ ᠲᠠᠢ | ᠦᠩᠬᠡᠷᠡᠭᠦᠯᠦᠨ᠂ ᠰᠣᠷᠬᠤ ᠨᠠᠰᠣᠨ ᠠᠴᠠ ᠡᠮᠦᠨᠡᠬᠢ ᠰᠣᠷᠭᠠᠨ ᠬᠦᠮᠦᠵᠢᠯ ᠤᠨ ᠴᠡᠴᠡᠷᠯᠢᠭ ᠲᠤ ᠣᠷᠣᠭᠰᠠᠨ ᠨᠣᠷᠮ᠎ᠠ | 98% ᠠᠴᠠ ᠳᠡᠭᠡᠭᠰᠢ ᠪᠣᠯᠵᠦ᠂ ᠳᠣᠮᠳᠠᠳᠣ ᠪᠠᠭ᠎ᠠ ᠰᠣᠷᠭᠠᠭᠤᠯᠢ ᠶᠢᠨ ᠰᠣᠷᠭᠠᠭᠤᠯᠢ ᠳᠤ ᠤᠷᠤᠭᠰᠠᠨ ᠨᠣᠷᠮ᠎ᠠ | 100% ᠳᠤ ᠬᠦᠷᠪᠡ᠃ ᠰᠣᠶᠣᠯ ᠳᠠᠮᠢᠷ ᠤᠨ ᠦᠢᠯᠡᠰ ᠲᠤ ᠴᠡᠴᠡᠭ ᠪᠦᠬᠦᠨ ᠢ ᠵᠡᠷᠭᠡᠪᠡᠷ ᠳᠡᠯᠭᠡᠷᠡᠭᠦᠯᠪᠡ᠃ 600 | ᠲᠦᠮᠡᠨ ᠲᠦᠬᠦᠷᠢᠭ ᠤᠨ ᠪᠡᠯᠡ ᠣᠷᠣᠭᠤᠯᠵᠦ᠂ 10000 ᠡᠷᠦᠬᠡ ᠳᠤ ︽ᠡᠷᠦᠬᠡ ᠪᠣᠯᠭᠠᠨ ᠳᠤ ᠨᠡᠪᠳᠡᠷᠡᠭᠦᠯᠬᠦ︾ | ᠢᠨᠵᠧᠨᠧᠷᠢᠩ ᠢ ᠬᠡᠷᠡᠭᠵᠢᠬᠦᠯᠵᠦ᠂ ᠭᠠᠵᠠᠷ ᠤᠨ ᠭᠠᠳᠠᠷᠭᠤ ᠶᠢᠨ ᠳᠣᠭᠠᠴᠢᠯᠠᠭᠰᠠᠨ ᠲᠧᠯᠸᠢᠰ ᠤᠨ ᠢᠨᠵᠧᠨᠧᠷᠢᠩ ᠢ | 6000 ᠣᠭᠰᠠᠷᠠᠵᠦ᠂ ᠬᠤᠰᠢᠭᠤᠨ ᠤ ᠦᠪᠡᠷ ᠢᠶᠠᠨ ᠦᠢᠯᠡᠳᠦᠭᠰᠡᠨ ᠲᠧᠯᠸᠢᠰ ᠫᠷᠣᠭ᠍ᠷᠠᠮ ᠤᠨ ᠪᠦᠷᠬᠦᠴᠡ ᠶᠢᠨ | ᠨᠣᠷᠮ᠎ᠠ 42% ᠪᠠᠶᠢᠭᠰᠠᠨ ᠠᠴᠠ ᠪᠠᠨ 95% ᠪᠣᠯᠳᠠᠯ᠎ᠠ ᠳᠡᠭᠡᠭᠰᠢᠯᠡᠪᠡ᠃ 33 ᠵᠦᠢᠯ ᠤᠨ ᠪᠣᠳᠠᠰ ᠤᠨ ᠪᠣᠰᠣ | ᠰᠣᠶᠣᠯ ᠤᠨ ᠦᠪ ᠢ ᠡᠮᠬᠢᠳᠬᠡᠨ ᠴᠣᠭᠯᠠᠭᠤᠯᠪᠠ᠃ ᠦᠯᠢᠭᠡᠷᠳᠦ ᠺᠢᠨᠣ᠋ ︽ᠦᠬᠡᠷᠳᠦ ᠬᠦᠢᠳᠡᠨ︾ ᠦᠪᠡᠷᠳᠡᠬᠡᠨ | ᠵᠠᠰᠠᠬᠤ ᠣᠷᠣᠨ ᠤ ︽ᠳᠠᠪᠦ ᠨᠢᠬᠡ ᠶᠢᠨ ᠢᠨᠵᠧᠨᠧᠷᠢᠩ︾ ᠤᠨ ᠱᠠᠩᠨᠠᠯ ᠬᠦᠷᠳᠡᠪᠡ᠃ ᠨᠠᠢᠮᠠᠨ ᠮᠣᠵᠢ ᠣᠷᠣᠨ ᠤ | ᠬᠤᠶᠠᠳᠣᠭᠠᠷ ᠬᠤᠭᠤᠴᠠᠭᠠᠨ ᠤ ︽ᠬᠡᠷᠦᠯᠦᠨ ᠬᠤᠨᠳᠠᠭᠠᠳᠣ︾ ᠮᠣᠩᠭᠤᠯ ᠦᠨᠳᠦᠰᠦᠳᠡᠨ ᠤ ᠭᠠᠷ ᠣᠷᠠᠯᠠᠯ ᠤᠨ | ᠪᠦᠳᠦᠬᠡᠯ ᠤᠨ ᠣᠷᠣᠯᠳᠣᠭᠠᠨ᠂ ᠪᠠᠭᠠᠴᠣᠳ ᠤᠨ ᠵᠢᠣᠳᠣᠣ ᠪᠦᠬᠡ ᠶᠢᠨ ᠣᠯᠠᠨ ᠣᠯᠣᠰ ᠤᠨ ᠣᠷᠢᠯᠭ᠎ᠠ ᠶᠢᠨ | ᠣᠷᠣᠯᠳᠣᠭᠠᠨ᠂ ᠣᠷᠣᠨ ᠨᠣᠳᠤᠭ ᠪᠠ ᠠᠵᠦ ᠠᠬᠤᠶᠢᠯᠠᠯ ᠤᠨ ︽ᠬᠠᠮᠳᠣ ᠪᠠᠷ ᠪᠠᠶᠢᠭᠤᠯᠬᠤ ᠬᠤᠨᠳᠠᠭᠠᠳᠣ︾ | ᠰᠠᠭᠰᠣᠨ ᠪᠦᠮᠪᠦᠭᠡ ᠪᠠ ᠫᠢᠩᠫᠣᠩ ᠪᠦᠮᠪᠦᠭᠡ ᠶᠢᠨ ᠣᠷᠣᠯᠳᠣᠭᠠᠨ ᠵᠡᠷᠭᠡ ᠡᠯ᠎ᠡ ᠵᠦᠢᠯ ᠤᠨ ᠰᠣᠶᠣᠯ ᠳᠠᠮᠢᠷ ᠤᠨ | ᠣᠷᠣᠯᠳᠣᠭᠠᠨ ᠢ ᠡᠷᠬᠢᠯᠡᠨ ᠬᠢᠵᠦ᠂ ᠪᠦᠬᠦ ᠬᠤᠳᠠ ᠶᠢᠨ ᠵᠢᠣᠳᠣᠣ ᠪᠦᠬᠡ ᠶᠢᠨ ᠪᠣᠯᠪᠠᠰᠣᠷᠠᠯ ᠤᠨ ᠰᠠᠭᠤᠷᠢᠨ ᠭᠠᠵᠠᠷ ᠢ | ᠮᠠᠨ ᠤ ᠬᠤᠰᠢᠭᠤᠨ ᠳᠤ ᠪᠠᠶᠢᠭᠤᠯᠪᠠ᠃ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠴᠢᠯᠡᠭᠡ ᠢᠯᠡᠳᠳᠡ | ᠴᠢᠩᠭᠠᠷᠠᠪᠠ᠃ ᠡᠮ ᠡᠮᠨᠡᠯᠬᠡ ᠡᠷᠡᠬᠦᠯ ᠬᠠᠮᠠᠭᠠᠯᠠᠯ ᠤᠨ ᠪᠠᠶᠢᠭᠤᠯᠣᠯ ᠪᠠ ᠠᠯᠪᠠᠨ ᠠᠴᠠ ᠪᠠᠶᠢᠭᠤᠯᠣᠭᠰᠠᠨ ᠡᠮᠨᠡᠯᠬᠡ ᠶᠢᠨ | ᠬᠤᠷᠢᠶᠠᠨ ᠤ ᠦᠭᠡᠷᠡᠴᠢᠯᠡᠯᠳᠡ ᠶᠢ ᠬᠦᠨᠵᠡᠬᠡᠶᠢᠷᠡᠬᠦᠯᠵᠦ᠂ ᠰᠢᠨ᠎ᠡ ᠮᠠᠶ᠋ᠢᠭ ᠤᠨ ᠬᠦᠳᠡᠭᠡ ᠳᠣᠰᠬᠤᠨ ᠮᠠᠯᠵᠢᠬᠤ | ᠣᠷᠣᠨ ᠤ ᠬᠤᠷᠰᠢᠭᠰᠠᠨ ᠡᠮ ᠡᠮᠨᠡᠯᠬᠡ ᠶᠢ ᠲᠦᠯᠬᠢᠨ ᠠᠬᠢᠭᠤᠯᠵᠦ᠂ ᠬᠤᠷᠰᠢᠭᠰᠠᠨ ᠡᠮ ᠡᠮᠨᠡᠯᠬᠡ ᠳᠤ | ᠣᠷᠣᠯᠴᠠᠭᠰᠠᠨ ᠨᠣᠷᠮ᠎ᠠ 99% ᠠᠴᠠ ᠳᠡᠭᠡᠭᠰᠢ ᠪᠣᠯᠪᠠ᠃ 3332 ᠲᠦᠮᠡᠨ ᠲᠦᠬᠦᠷᠢᠭ ᠤᠨ ᠪᠡᠯᠡ ᠣᠷᠣᠭᠤᠯᠵᠦ | ᠂ ᠮᠣᠩᠭᠤᠯ ᠡᠮᠨᠡᠯᠬᠡ ᠶᠢᠨ ᠬᠤᠷᠢᠶᠠᠨ ᠤ ᠶᠡᠷᠦᠩᠬᠡᠶᠢᠯᠡᠭᠰᠡᠨ ᠠᠰᠠᠷ ᠤᠨ ᠡᠮ ᠨᠠᠶᠢᠷᠠᠭᠤᠯᠬᠤ ᠳᠠᠰᠤᠭ ᠤᠨ ᠲᠦᠷᠦᠯ | ᠵᠦᠢᠯ᠂ ᠵᠡᠮᠳᠡᠭᠴᠣᠳ ᠢ ᠨᠠᠶᠢᠳᠠᠨ ᠠᠰᠠᠷᠠᠭᠤᠯᠬᠤ ᠪᠠ ᠶᠡᠷᠦᠩᠬᠡᠶᠢᠯᠡᠭᠰᠡᠨ ᠦᠢᠯᠡᠴᠢᠯᠡᠬᠡᠨ ᠤ ᠲᠦᠪ ᠤᠨ ᠲᠦᠷᠦᠯ | ᠵᠦᠢᠯ ᠢ ᠬᠡᠷᠡᠭᠵᠢᠬᠦᠯᠪᠡ᠃ 3000 ᠲᠦᠮᠡᠨ ᠲᠦᠬᠦᠷᠢᠭ ᠤᠨ ᠪᠡᠯᠡ ᠤᠷᠤᠭᠤᠯᠵᠦ᠂ ᠬᠤᠰᠢᠭᠤᠨ ᠤ ᠡᠷᠡᠬᠦᠯ | ᠬᠠᠮᠠᠭᠠᠯᠠᠯ ᠤᠨ ᠬᠢᠨᠠᠯᠳᠠ ᠳᠠᠯᠪᠢᠬᠤ ᠭᠠᠵᠠᠷ ᠵᠢᠴᠢ ᠲᠦᠷᠭᠡᠨ ᠠᠪᠤᠷᠠᠬᠤ ᠲᠦᠪ᠂ ᠡᠬᠡ ᠨᠢᠯᠬᠠᠰ ᠤᠨ ᠡᠷᠡᠬᠦᠯᠵᠢᠯ | ᠪᠠ ᠲᠦᠯᠦᠪᠯᠡᠭᠡᠳᠦ ᠦᠷᠡᠵᠢᠯ ᠤᠨ ᠦᠢᠯᠡᠴᠢᠯᠡᠭᠡᠨ ᠤ ᠲᠦᠪ ᠪᠤᠯᠤᠨ ᠦᠨᠳᠦᠰᠦᠨ ᠱᠠᠳᠤᠨ ᠤ 11 ᠡᠷᠡᠬᠦᠯ | ᠬᠠᠮᠠᠭᠠᠯᠠᠯ ᠤᠨ ᠬᠤᠷᠢᠶ᠎ᠠ ︵ᠭᠡᠷ︶ ᠶᠢ ᠰᠢᠨ᠎ᠡ ᠪᠠᠷ ᠪᠠᠶᠢᠭᠤᠯᠤᠭᠰᠠᠨ ᠤ ᠬᠠᠮᠳᠦ᠂ ᠨᠡᠬᠦᠳᠡᠯ ᠡᠮ ᠡᠮᠨᠡᠯᠭᠡ ᠡᠷᠡᠬᠦᠯ | ᠬᠠᠮᠠᠭᠠᠯᠠᠯ ᠤᠨ ᠦᠢᠯᠡᠴᠢᠯᠡᠭᠡᠨ ᠤ ᠳᠡᠷᠭᠡ ᠶᠢ ᠲᠤᠬᠢᠷᠠᠭᠤᠯᠤᠨ ᠦᠭᠴᠦ᠂ ᠰᠤᠮᠤ ᠪᠠᠯᠭᠠᠰᠦ ᠶᠢᠨ ᠡᠷᠡᠬᠦᠯ ᠬᠠᠮᠠᠭᠠᠯᠠᠯ | ᠤᠨ ᠦᠢᠯᠡᠴᠢᠯᠡᠭᠡᠨ ᠤ ᠭᠠᠵᠠᠷ ᠠᠴᠠ 2 ᠺᠢᠯᠤᠮᠧᠲᠷ ᠠᠴᠠ ᠬᠤᠯᠠ ᠪᠠᠶᠢᠭ᠎ᠠ ᠮᠠᠯᠴᠢᠳ ᠲᠤ ︽ᠡᠷᠡᠬᠦᠯ ᠮᠡᠨᠳᠦ ᠶᠢ | ᠪᠠᠳᠤᠯᠠᠬᠤ ᠵᠢᠵᠢᠭ ᠡᠮ ᠤᠨ ᠬᠠᠶᠢᠷᠴᠠᠭ︾ ᠢ ᠪᠦᠷᠬᠦᠬᠦᠯᠦᠨ᠂ ︽ᠡᠷᠡᠬᠦᠯ ᠴᠢᠬᠢᠷᠠᠭ ᠲᠤᠮᠳᠠᠳᠦ ᠤᠯᠤᠰ︾ ᠤᠨ | ᠠᠵᠢᠯ ᠤᠨ ᠰᠠᠭᠤᠷᠢ ᠶᠢ ᠴᠢᠨᠠᠭᠰᠢᠳᠠ ᠪᠠᠬᠢᠵᠢᠬᠦᠯᠵᠦ᠂ ᠠᠷᠠᠳ ᠤᠯᠠᠨ ᠤ ᠠᠮᠢ ᠨᠠᠰᠤᠨ ᠤ ᠡᠷᠡᠬᠦᠯ ᠴᠢᠬᠢᠷᠠᠭ ᠢ | ᠪᠦᠳᠦᠮᠵᠢᠳᠠᠢ ᠪᠠᠳᠤᠯᠠᠪᠠ᠃ ᠬᠤᠶᠠᠷ ᠬᠡᠤᠬᠡᠳ ᠠᠪᠬᠤ ᠲᠦᠷᠦ ᠶᠢᠨ ᠪᠤᠳᠤᠯᠭ᠎ᠠ ᠶᠢ ᠪᠦᠬᠦ ᠳᠠᠯ᠎ᠠ ᠪᠠᠷ | ᠭᠡᠷᠡᠭᠵᠢᠬᠦᠯᠵᠦ᠂ ᠲᠦᠷᠦ ᠶᠢᠨ ᠪᠤᠳᠤᠯᠭ᠎ᠠ ᠳᠤ ᠨᠡᠶᠢᠴᠡᠭᠰᠡᠨ ᠦᠷᠡᠵᠢᠯ ᠤᠨ ᠨᠤᠷᠮ᠎ᠠ 99.2% ᠲᠤ ᠬᠦᠷᠪᠡ᠃ | ᠨᠡᠶᠢᠬᠡᠮ ᠤᠨ ᠵᠠᠰᠠᠨ ᠴᠡᠭᠴᠡᠯᠡᠬᠦ ᠠᠵᠢᠯ ᠳᠤ ᠪᠤᠳᠠᠳᠦ ᠦᠷ᠎ᠡ ᠪᠦᠳᠦᠮᠵᠢ ᠤᠯᠪᠠ᠃ ᠳᠠᠯᠳᠠ ᠬᠡᠮ ᠢ ᠵᠢᠠᠠᠰᠠᠭᠠᠨ | ᠪᠠᠶᠢᠴᠠᠭᠠᠵᠦ ᠵᠠᠰᠠᠨ ᠴᠡᠭᠴᠡᠯᠡᠬᠦ ᠶᠢ ᠴᠢᠩᠭᠠᠳᠬᠠᠨ ᠂ ᠠᠶᠦᠯᠬᠦᠢ ᠦᠢᠯᠡᠳᠪᠦᠷᠢᠯᠡᠯ ᠤᠨ ᠪᠠᠶᠢᠳᠠᠯ ᠲᠤᠭᠳᠠᠭᠤᠨ | ᠪᠦᠭᠡᠳ ᠰᠠᠶᠢᠵᠢᠷᠠᠯᠳᠠ ᠲᠠᠢ ᠪᠤᠯᠪᠠ᠃ ᠢᠳᠡᠭᠡᠨ ᠪᠠ ᠡᠮ ᠤᠨ ᠵᠦᠢᠯ ᠤᠨ ᠠᠮᠦᠷ ᠲᠦᠪᠰᠢᠨ ᠤ ᠬᠢᠨᠠᠨ | ᠬᠠᠮᠢᠶᠠᠷᠤᠯᠳᠠ ᠶᠢᠨ ᠪᠡᠯᠡ ᠮᠦᠩᠬᠦ ᠵᠢᠯ ᠳᠠᠷᠠᠭᠠᠯᠠᠨ ᠨᠡᠮᠡᠭᠳᠡᠨ᠂ ᠬᠢᠷᠢ ᠲᠦᠪᠰᠢᠨ ᠢ ᠪᠦᠬᠦ ᠳᠠᠯ᠎ᠠ ᠪᠠᠷ | ᠲᠡᠭᠡᠭᠰᠢᠯᠡᠬᠦᠯᠬᠦ ᠶᠢ ᠪᠠᠳᠤᠯᠠᠵᠦ᠂ ᠢᠳᠡᠭᠡᠨ ᠪᠠ ᠡᠮ ᠤᠨ ᠵᠦᠢᠯ ᠤᠨ ᠲᠤᠤᠷ ᠬᠦᠰᠦᠨᠦᠭᠵᠢᠯᠳᠡ ᠪᠠ | ᠡᠯᠧᠺᠲᠷᠤᠨᠴᠢᠯᠠᠬᠤ ᠬᠢᠨᠠᠨ ᠬᠠᠮᠢᠶᠠᠷᠤᠯᠳᠠ ᠶᠢ ᠪᠡᠶᠡᠯᠡᠬᠦᠯᠪᠡ᠃ ᠨᠡᠶᠢᠬᠡᠮ ᠤᠨ ᠠᠶᠤᠯ ᠲᠦᠭᠰᠢᠬᠦᠷᠢ ᠶᠢ ᠰᠡᠷᠭᠡᠶᠢᠯᠡᠨ | ᠡᠵᠡᠮᠳᠡᠬᠦ ᠬᠦᠴᠦᠯᠡᠴᠡ ᠶᠢ ᠨᠡᠮᠡᠭᠳᠡᠬᠦᠯᠵᠦ᠂ ᠬᠦᠴᠦᠨ ᠢᠶᠠᠨ ᠲᠦᠪᠯᠡᠷᠡᠬᠦᠯᠦᠨ᠂ ᠨᠤᠲᠤᠭ ᠪᠡᠯᠴᠢᠭᠡᠷ ᠤᠨ | ᠵᠢᠭᠤᠷᠠᠭᠠᠨ᠂ ᠴᠡᠷᠢᠭ ᠠᠴᠠ ᠬᠠᠯᠠᠭᠳᠠᠭᠰᠠᠳ᠂ ᠲᠤᠮᠳᠠ ᠵᠡᠷᠭᠡ ᠶᠢᠨ ᠲᠤᠰᠬᠠᠢ ᠮᠡᠷᠭᠡᠵᠢᠯ ᠤᠨ ᠰᠤᠷᠭᠠᠭᠤᠯᠢ | ᠳᠡᠬᠦᠰᠦᠭᠰᠡᠨ ᠤᠶᠤᠳᠠᠳ ᠲᠤ ᠠᠵᠢᠯ ᠤᠯᠭᠤᠬᠤ᠂ ᠭᠠᠵᠠᠷ ᠰᠢᠷᠤᠢ ᠳᠠᠳᠠᠪᠦᠷᠢᠯᠡᠨ ᠨᠤᠷᠠᠭᠠᠵᠦ ᠨᠡᠬᠦᠯᠭᠡᠬᠦ ᠵᠡᠷᠭᠡ | ᠤᠯᠠᠨ ᠵᠢᠯ ᠦᠯᠡᠳᠡᠭᠳᠡᠵᠦ ᠢᠷᠡᠭᠰᠡᠨ ᠲᠦᠪᠡᠭ ᠪᠤᠳᠤᠯᠢᠶᠠᠨᠳᠠᠢ ᠵᠠᠬᠢᠳᠠᠯ ᠰᠤᠷᠪᠤᠯᠵᠢᠯᠠᠭ᠎ᠠ ᠶᠢᠨ ᠭᠡᠷᠡᠭ ᠢ | ᠪᠦᠳᠦᠮᠵᠢᠳᠠᠢ ᠰᠢᠢᠳᠪᠦᠷᠢᠯᠡᠵᠦ᠂ ᠭᠡᠷᠡᠭ ᠬᠦᠢᠴᠡᠳᠭᠡᠭᠰᠡᠨ ᠨᠤᠷᠮ᠎ᠠ 95% ᠠᠴᠠ ᠲᠡᠭᠡᠭᠰᠢ ᠳᠤ ᠬᠦᠷᠪᠠ᠃ | ᠮᠤᠩᠭᠤᠯ ᠭᠡᠷ ᠪᠤᠯ ᠬᠠᠷᠠᠭᠤᠯ ᠤᠨ ᠭᠠᠵᠠᠷ᠂ ᠮᠠᠯᠴᠢᠳ ᠪᠤᠯ ᠬᠠᠷᠠᠭᠤᠯ ᠤᠨ ᠴᠡᠷᠢᠭ ᠵᠡᠷᠭᠡ ᠡᠷᠦᠬᠡ ᠶᠢᠨ ᠴᠡᠷᠢᠭ | ᠤᠨ ᠬᠦᠴᠦᠨ ᠬᠢᠭᠡᠳ ᠰᠠᠭᠤᠭ᠎ᠠ ᠴᠡᠷᠢᠭ ᠠᠩᠬᠢ᠂ ᠳᠤᠳᠤᠭᠠᠳᠦ ᠶᠢ ᠬᠠᠮᠠᠭᠠᠯᠠᠬᠤ ᠬᠢᠯᠢ ᠶᠢᠨ ᠬᠠᠮᠠᠭᠠᠯᠠᠯᠳᠠ ᠪᠠ | ᠳᠠᠯ᠎ᠠ ᠨᠤᠲᠤᠭ ᠤᠨ 110 ᠨᠢ ᠬᠤᠯᠪᠤᠭᠠᠯᠠᠨ ᠰᠡᠷᠭᠡᠶᠢᠯᠡᠬᠦ ᠪᠠᠳᠦ ᠪᠠᠬᠢ ᠰᠢᠰᠲ᠋ᠧᠮ ᠪᠤᠯᠤᠨ ᠪᠦᠷᠢᠯᠳᠦᠵᠦ᠂ ᠡᠬᠡ | ᠤᠯᠤᠰ ᠤᠨ ᠮᠢᠩᠭᠠᠨ ᠭᠠᠵᠠᠷ ᠤᠨ ᠬᠢᠯᠢ ᠶᠢᠨ ᠬᠠᠮᠠᠭᠠᠯᠠᠯᠳᠠ ᠶᠢ ᠬᠠᠮᠳᠤᠪᠡᠷ ᠰᠠᠬᠢᠨ ᠬᠠᠮᠠᠭᠠᠯᠠᠭᠰᠠᠭᠠᠷ ᠢᠷᠡᠪᠡ᠃ ︽ | ᠪᠣᠯᠢᠶᠠᠨ ᠳᠡᠭᠡᠷᠡᠮᠳᠡᠬᠦ᠂ ᠬᠤᠯᠠᠭᠠᠶᠢᠯᠠᠬᠤ᠂ ᠮᠡᠬᠡᠯᠡᠬᠦ᠂ ᠱᠠᠯᠢᠭ ᠵᠠᠪᠠᠭ᠋ᠠᠢ᠂ ᠵᠤᠭᠤᠰ ᠮᠦᠷᠦᠶᠢᠴᠡᠬᠦ ᠪᠠ ᠬᠤᠤᠷ | ᠠᠷᠠᠯᠵᠢᠶᠠᠯᠠᠬᠤ︾ ᠵᠡᠷᠭᠡ ᠬᠠᠤᠯᠢ ᠠᠴᠠ ᠵᠦᠷᠢᠴᠡᠭᠰᠡᠨ ᠡᠯ᠎ᠡ ᠵᠦᠢᠯ ᠤᠨ ᠶᠠᠯᠠᠳᠦ ᠠᠵᠢᠯᠯᠠᠭ᠎ᠠ ᠳᠤ ᠴᠢᠩᠭ᠎ᠠ | ᠴᠤᠬᠢᠯᠳᠠ ᠦᠭᠴᠦ᠂ ᠨᠡᠶᠢᠬᠡᠮ ᠤᠨ ᠠᠮᠦᠷ ᠲᠤᠭᠳᠠᠭᠤᠨ ᠢ ᠶᠡᠷᠦᠩᠭᠡᠶᠢᠯᠡᠨ ᠵᠠᠰᠠᠭᠰᠠᠨ ᠦᠷ᠎ᠡ ᠪᠦᠳᠦᠮᠵᠢ ᠶᠢ | ᠪᠠᠬᠢᠵᠢᠬᠦᠯᠦᠨ᠂ ᠤᠯᠠᠨ ᠲᠦᠮᠡᠨ ᠤ ᠠᠮᠦᠷ ᠲᠦᠪᠰᠢᠨ ᠤ ᠰᠡᠳᠬᠢᠯᠭᠡ ᠪᠠ ᠬᠠᠨᠤᠮᠵᠢ ᠶᠢᠨ ᠬᠡᠮᠵᠢᠶ᠎ᠡ ᠦᠷᠬᠦᠯᠵᠢᠯᠡᠨ | ᠳᠡᠭᠡᠭᠰᠢᠯᠡᠪᠡ᠃ | — — ᠦᠩᠭᠡᠷᠡᠭᠰᠡᠨ ᠳᠠᠪᠤᠨ ᠵᠢᠯ ᠳᠤ᠂ ᠬᠤᠰᠢᠭᠤ ᠳᠠᠶᠠᠭᠠᠷ ᠵᠤᠷᠢᠭᠳᠠᠢ ᠪᠠᠷ ᠤᠷᠤᠭᠰᠢᠯᠠᠨ ᠳᠠᠪᠰᠢᠵᠦ | ᠲᠤᠰᠢᠶᠠᠯ ᠬᠦᠢᠴᠡᠳᠭᠡᠬᠦ ᠶᠢ ᠴᠢᠩᠭ᠎ᠠ ᠠᠳᠬᠤᠨ᠂ ᠤᠪᠤᠷ ᠰᠤᠷᠳᠠᠯ ᠢ ᠲᠦᠪ ᠴᠢᠩᠭ᠎ᠠ ᠪᠣᠯᠭᠠᠨ ᠬᠤᠪᠢᠷᠠᠭᠤᠯᠵᠦ᠂ | ᠵᠠᠰᠠᠭ ᠤᠨ ᠤᠷᠳᠤᠨ ᠤ ᠲᠤᠰ ᠪᠡᠶ᠎ᠡ ᠶᠢᠨ ᠦᠢᠯᠡᠴᠢᠯᠡᠭᠡᠨ ᠤ ᠰᠢᠨ᠎ᠡ ᠶᠢ ᠡᠭᠦᠳᠬᠦ ᠶᠢ ᠳᠦᠯᠬᠢᠨ ᠠᠬᠢᠭᠤᠯᠪᠠ᠃ | ᠳᠠᠪᠤᠨ ᠵᠢᠯ ᠤᠨ ᠲᠤᠷᠰᠢ᠂ ᠲᠦᠪ ᠤᠨ ︽ᠨᠠᠢᠮᠠᠨ ᠵᠦᠢᠯ ᠤᠨ ᠲᠤᠭᠳᠠᠭᠠᠯ︾ ᠤᠨ ᠵᠤᠷᠢᠭ ᠰᠠᠨᠠᠭ᠎ᠠ ᠶᠢ ᠴᠢᠩᠭ᠎ᠠ | ᠨᠠᠶᠢᠳᠠᠪᠦᠷᠢᠵᠢᠭᠤᠯᠵᠦ᠂ ᠤᠯᠠᠨ ᠲᠦᠮᠡᠨᠴᠢ ᠱᠤᠭᠤᠮ ᠤᠨ ᠬᠦᠮᠦᠵᠢᠯ ᠦᠢᠯᠡᠳᠦᠯᠭᠡ ᠶᠢᠨ ᠠᠵᠢᠯᠯᠠᠭ᠎ᠠ᠂ ︽ᠭᠤᠷᠪᠠᠨ | ᠴᠢᠩᠭ᠎ᠠ ᠭᠤᠷᠪᠠᠨ ᠪᠤᠳᠠᠳᠠᠢ︾ ᠪᠠᠶᠢᠬᠤ ᠲᠤᠰᠬᠠᠢ ᠰᠡᠳᠦᠪᠳᠦ ᠬᠦᠮᠦᠵᠢᠯ ᠤᠨ ᠦᠷ᠎ᠡ ᠪᠦᠳᠦᠭᠡᠯ ᠢ ᠪᠠᠬᠢᠵᠢᠬᠦᠯᠦᠨ | ᠳᠡᠭᠡᠭᠰᠢᠯᠡᠬᠦᠯᠵᠦ᠂ ᠬᠠᠳᠠᠭᠤ ᠪᠡᠷᠭᠡ ᠠᠴᠠ ᠠᠶᠤᠬᠤ ᠦᠬᠡᠢ ᠵᠤᠷᠢᠭ ᠢᠶᠠᠷ ︽ᠲᠦᠷᠪᠡᠨ ᠰᠤᠷᠳᠠᠯ︾ ᠢ ᠬᠤᠷᠢᠭᠯᠠᠨ᠂ | ᠤᠪᠤᠷ ᠰᠤᠷᠳᠠᠯ ᠢ ᠬᠤᠪᠢᠷᠠᠭᠤᠯᠬᠤ ᠪᠠᠷ ᠰᠢᠨᠳᠠᠷᠠᠰᠢ ᠦᠬᠡᠢ ᠴᠢᠷᠮᠠᠶᠢᠵᠦ᠂ ᠪᠠᠶᠢᠭᠤᠯᠭ᠎ᠠ ᠶᠢᠨ ᠺᠠᠳ᠋ᠷᠴᠤᠳ ᠤᠨ | ᠤᠪᠤᠷ ᠰᠤᠷᠳᠠᠯ ᠢᠯᠡᠷᠭᠡᠢ ᠰᠠᠶᠢᠵᠢᠷᠠᠨ᠂ ︽ᠠᠯᠪᠠᠨ ᠤ ᠭᠤᠷᠪᠠᠨ ᠵᠠᠷᠤᠳᠠᠯ︾ ᠵᠢᠯ ᠲᠤᠮᠳᠠᠴᠢ 15% ᠪᠠᠷ | ᠪᠠᠭᠤᠷᠠᠪᠠ᠃ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠢᠰᠲ᠋ᠧᠮ ᠢ ᠳᠡᠬᠦᠯᠳᠡᠷᠵᠢᠬᠦᠯᠵᠦ᠂ ᠵᠠᠰᠠᠭ ᠵᠠᠬᠢᠷᠭᠠᠨ ᠤ | ᠬᠢᠨᠠᠨ ᠵᠦᠪᠰᠢᠶᠡᠷᠡᠯ ᠤᠨ ︽ᠭᠤᠷᠪᠠ ᠶᠢ ᠲᠦᠪᠯᠡᠷᠡᠬᠦᠯᠬᠦ᠂ ᠭᠤᠷᠪᠠ ᠶᠢ ᠨᠠᠶᠢᠳᠠᠪᠦᠷᠢᠵᠢᠭᠤᠯᠬᠤ︾ ᠦᠭᠡᠷᠡᠴᠢᠯᠡᠯᠳᠡ | ᠶᠢ ᠳᠦᠯᠬᠢᠨ ᠠᠬᠢᠭᠤᠯᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠢᠩᠬᠢᠮ ᠢ ᠠᠰᠢᠭᠯᠠᠯᠳᠠ ᠳᠤ | ᠤᠷᠤᠭᠤᠯᠪᠠ᠃ ᠠᠷᠠᠳᠴᠢᠯᠠᠯ ᠬᠠᠤᠯᠢ ᠲᠦᠷᠢᠮ ᠤᠨ ᠪᠠᠶᠢᠭᠤᠯᠤᠯᠳᠠ ᠶᠢ ᠬᠦᠨᠵᠡᠬᠡᠢ ᠠᠬᠢᠭᠤᠯᠤᠨ᠂ ᠠᠷᠠᠳ ᠤᠨ | ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠬᠠᠤᠯᠢ ᠴᠠᠭᠠᠵᠠ ᠶᠢᠨ ᠬᠢᠨᠠᠯᠳᠠ᠂ ᠤᠯᠤᠰ | ᠲᠦᠷᠦ ᠶᠢᠨ ᠵᠦᠪᠯᠡᠯᠭᠡᠨ ᠤ ᠠᠷᠠᠳᠴᠢᠯᠠᠯ ᠤᠨ ᠬᠢᠨᠠᠯᠳᠠ ᠪᠠ ᠨᠡᠶᠢᠬᠡᠮ ᠤᠨ ᠶᠠᠷᠢᠶ᠎ᠠ ᠬᠡᠯᠡᠯᠴᠡᠭᠡᠨ ᠤ ᠬᠢᠨᠠᠯᠳᠠ ᠶᠢ | ᠤᠬᠠᠮᠰᠠᠷ ᠠᠴᠠ ᠪᠠᠨ ᠬᠦᠯᠢᠶᠡᠵᠦ᠂ 4879 ᠡᠷᠭᠡ ᠬᠠᠷᠢᠭᠤᠴᠠᠯᠭ᠎ᠠ ᠶᠢᠨ ᠶᠠᠪᠤᠳᠠᠯ ᠢ ᠡᠮᠬᠢᠯᠡᠨ ᠪᠠᠶᠢᠴᠠᠭᠠᠵᠦ᠂ | ᠨᠡᠶᠢᠭᠡᠮ ᠨᠡᠶᠢᠳᠡ ᠳᠤ ᠡᠷᠭᠡ ᠶᠢᠨ ᠨᠠᠷᠢᠨ ᠳᠠᠩᠰᠠ ᠶᠢ ᠨᠡᠶᠢᠳᠡᠯᠡᠪᠡ᠃ ᠲᠠᠪᠤᠨ ᠵᠢᠯ ᠤᠨ ᠲᠤᠷᠰᠢ᠂ ᠠᠷᠠᠳ ᠤᠨ | ᠲᠦᠯᠦᠭᠡᠯᠡᠭᠴᠢᠳ ᠤᠨ ᠰᠠᠨᠠᠯ ᠵᠦᠪᠯᠡᠯᠭᠡ ᠶᠢ 337 ᠬᠤᠪᠢ ᠡᠷᠬᠢᠯᠡᠨ ᠬᠦᠢᠴᠡᠳᠭᠡᠵᠦ᠂ ᠬᠦᠢᠴᠡᠳᠭᠡᠨ ᠬᠠᠷᠢᠭᠤᠯᠳᠠ | ᠦᠭᠬᠦᠭᠰᠡᠨ ᠨᠤᠷᠮ᠎ᠠ ᠪᠠ ᠬᠠᠨᠤᠮᠵᠢ ᠶᠢᠨ ᠨᠤᠷᠮ᠎ᠠ ᠴᠦᠮ 100% ᠳᠤ ᠬᠦᠷᠴᠦ᠂ ᠤᠯᠤᠰ ᠲᠦᠷᠦ ᠶᠢᠨ | ᠵᠦᠪᠯᠡᠯᠭᠡᠨ ᠤ ᠭᠡᠰᠢᠬᠦᠳ ᠤᠨ ᠰᠠᠨᠠᠯ ᠳᠤᠷᠠᠳᠤᠯᠭ᠎ᠠ ᠶᠢ ᠨᠡᠶᠢᠳᠡ 463 ᠬᠤᠪᠢ ᠡᠷᠬᠢᠯᠡᠨ ᠬᠦᠢᠴᠡᠳᠭᠡᠵᠦ᠂ | ᠬᠦᠢᠴᠡᠳᠭᠡᠨ ᠬᠠᠷᠢᠭᠤᠯᠳᠠ ᠦᠭᠬᠦᠭᠰᠡᠨ ᠨᠤᠷᠮ᠎ᠠ 100% ᠳᠤ ᠬᠦᠷᠴᠦ᠂ ᠬᠠᠨᠤᠮᠵᠢ ᠶᠢᠨ ᠨᠤᠷᠮ᠎ᠠ 97% ᠳᠤ | ᠬᠦᠷᠪᠡ᠃ ᠵᠠᠰᠠᠭ ᠤᠨ ᠤᠷᠳᠤᠨ ᠤ ᠰᠦᠯᠵᠢᠶᠡᠨ ᠤ ᠦᠷᠲᠡᠭᠡ ᠪᠠ ᠰᠢᠨ᠎ᠡ ᠵᠠᠭᠤᠴᠢᠯᠠᠭᠤᠷ ᠤᠨ ᠪᠠᠶᠢᠭᠤᠯᠤᠯᠳᠠ ᠶᠢ | ᠳᠡᠬᠦᠯᠳᠡᠷᠵᠢᠬᠦᠯᠵᠦ᠂ ᠵᠠᠰᠠᠭ ᠤᠨ ᠤᠷᠳᠤᠨ ᠤ ᠰᠤᠷᠠᠭ ᠵᠠᠩᠬᠢ ᠪᠠ ᠵᠠᠰᠠᠭ ᠤᠨ ᠶᠠᠪᠤᠳᠠᠯ ᠢ ᠢᠯᠡ ᠪᠤᠯᠭᠠᠬᠤ ᠠᠵᠢᠯ | ᠢ ᠦᠷᠬᠦᠯᠵᠢᠯᠡᠨ ᠳᠦᠯᠬᠢᠨ ᠠᠬᠢᠭᠤᠯᠪᠠ᠃ ᠲᠦᠯᠦᠪᠵᠢᠬᠦᠯᠦᠨ ᠪᠦᠲᠦᠭᠡᠨ ᠪᠠᠶᠢᠭᠤᠯᠬᠤ᠂ ᠭᠠᠵᠠᠷ ᠰᠢᠷᠤᠢ ᠶᠢ | ᠰᠢᠯᠵᠢᠬᠦᠯᠦᠨ ᠦᠭᠬᠦ᠂ ᠵᠠᠰᠠᠭ ᠤᠨ ᠤᠷᠳᠤᠨ ᠤ ᠬᠤᠳᠠᠯᠳᠤᠨ ᠠᠪᠬᠤ ᠵᠢᠴᠢ ᠢᠨᠵᠧᠨᠧᠷᠢᠩ ᠤᠨ ᠳᠠᠭᠠᠭᠠᠴᠢᠯᠠᠯᠳᠠ | ᠵᠠᠷᠯᠠᠬᠤ ᠪᠠ ᠳᠠᠭᠠᠭᠠᠴᠢᠯᠠᠯᠳᠠ ᠬᠦᠯᠢᠶᠡᠬᠦ ᠵᠡᠷᠭᠡ ᠭᠤᠤᠯᠳᠠᠯᠭ᠎ᠠ ᠲᠠᠢ ᠬᠦᠷᠢᠶ᠎ᠡ ᠬᠡᠪᠴᠢᠶᠡᠨ ᠳᠠᠬᠢ ᠬᠢᠨᠠᠨ | ᠬᠠᠮᠢᠶᠠᠷᠤᠯᠳᠠ ᠶᠢ ᠴᠢᠩᠭᠠᠳᠬᠠᠵᠦ᠂ 97 ᠬᠢᠨᠠᠨ ᠪᠤᠳᠤᠬᠤ ᠲᠦᠷᠦᠯ ᠵᠦᠢᠯ ᠢ ᠪᠡᠶᠡᠯᠡᠬᠦᠯᠵᠦ᠂ 333 ᠢᠨᠵᠧᠨᠧᠷᠢᠩ | ᠤᠨ ᠵᠦᠢᠯ ᠳᠤ ᠬᠢᠨᠠᠨ ᠪᠤᠳᠤᠯᠳᠠ ᠬᠢᠵᠦ᠂ 7080 ᠲᠦᠮᠡᠨ ᠲᠦᠬᠦᠷᠢᠭ ᠤᠨ ᠪᠡᠯᠡ ᠮᠦᠩᠬᠦ ᠶᠢ ᠬᠢᠨᠠᠨ ᠬᠠᠰᠤᠪᠠ᠃ | ᠨᠠᠮ ᠤᠨ ᠰᠤᠷᠳᠠᠯ ᠴᠢᠭᠡᠴᠢ ᠵᠠᠰᠠᠭ ᠤᠨ ᠪᠦᠲᠦᠭᠡᠨ ᠪᠠᠶᠢᠭᠤᠯᠤᠯᠳᠠ ᠶᠢᠨ ︽ᠬᠤᠶᠠᠷ ᠬᠠᠷᠢᠭᠤᠴᠠᠯᠭ᠎ᠠ︾ ᠶᠢ ᠪᠦᠬᠦ | ᠳᠠᠯ᠎ᠠ ᠪᠠᠷ ᠨᠠᠶᠢᠳᠠᠪᠣᠷᠢᠵᠢᠭᠤᠯᠣᠨ᠂ ᠤᠯᠠᠨ ᠲᠦᠮᠡᠨ ᠤ ᠳᠡᠷᠭᠡᠳᠡ ᠡᠭᠦᠰᠦᠭᠰᠡᠨ ᠢᠯᠵᠠᠷᠠᠯ ᠤᠨ ᠠᠰᠠᠭᠤᠳᠠᠯ ᠢ | ᠴᠢᠩᠭ᠎ᠠ ᠪᠠᠶᠢᠴᠠᠭᠠᠨ ᠢᠯᠡᠷᠡᠬᠦᠯᠵᠦ᠂ ᠵᠠᠰᠠᠭ ᠤᠨ ᠤᠷᠳᠤᠨ ᠤ ᠰᠢᠰᠲ᠋ᠧᠮ ᠤᠨ ᠢᠯᠵᠠᠷᠠᠯ ᠢ ᠡᠰᠡᠷᠬᠦᠴᠡᠨ ᠠᠷᠢᠭᠤᠨ | ᠴᠢᠭᠡᠴᠢ ᠶᠢ ᠡᠷᠬᠢᠮᠯᠡᠬᠦ ᠠᠵᠢᠯ ᠯᠠᠪᠳᠠᠭᠤᠨ ᠪᠠᠳᠤᠳᠠᠢ ᠶᠠᠪᠣᠭᠳᠠᠨ᠂ ᠵᠠᠰᠠᠭ ᠵᠠᠬᠢᠷᠭᠠᠨ ᠤ ᠡᠭᠦᠷᠭᠡ ᠴᠢᠳᠠᠪᠦᠷᠢ ᠪᠤᠯᠤᠨ | ᠵᠠᠰᠠᠭ ᠤᠨ ᠤᠷᠳᠤᠨ ᠤ ᠬᠦᠢᠴᠡᠳᠭᠡᠬᠦ ᠬᠦᠴᠦᠨ ᠪᠦᠬᠦ ᠳᠠᠯ᠎ᠠ ᠪᠠᠷ ᠳᠡᠭᠡᠭᠰᠢᠯᠡᠪᠠ᠃ | ᠲᠠᠪᠤᠨ ᠵᠢᠯ ᠤᠨ ᠲᠤᠷᠰᠢ᠂ ᠪᠢᠳᠡ ᠤᠯᠤᠰ ᠤᠨ ᠪᠠᠳᠤᠯᠠᠨ ᠬᠠᠮᠠᠭᠠᠯᠠᠯᠳᠠ ᠶᠢᠨ ᠬᠦᠮᠦᠵᠢᠯ ᠪᠠ ︽ᠬᠤᠶᠠᠷ ᠢ | ᠬᠦᠷᠢᠶᠡᠯᠡᠵᠦ︾ ᠬᠠᠮᠳᠤ ᠪᠠᠷ ᠪᠠᠶᠢᠭᠤᠯᠬᠤ ᠠᠵᠢᠯᠯᠠᠭ᠎ᠠ ᠶᠢ ᠬᠦᠨᠵᠡᠬᠡᠢ ᠦᠷᠨᠢᠬᠦᠯᠦᠨ᠂ ᠬᠤᠶᠠᠷ ᠢ ᠬᠦᠷᠢᠶᠡᠯᠡᠨ | ᠲᠦᠪᠬᠢᠨᠡᠬᠦᠯᠬᠦ ᠪᠡᠯᠡ ᠮᠦᠩᠬᠦ ᠶᠢ ᠨᠡᠶᠢᠳᠡ 2000 ᠲᠦᠮᠡᠨ ᠲᠦᠬᠦᠷᠢᠭ ᠲᠠᠷᠬᠠᠭᠠᠵᠦ᠂ ᠴᠡᠷᠢᠭ ᠠᠷᠠᠳ ᠤᠨ | ᠬᠠᠷᠢᠴᠠᠭ᠎ᠠ ᠡᠶ᠎ᠡ ᠨᠠᠶᠢᠷᠰᠠᠭ ᠪᠠᠶᠢᠵᠦ᠂ ᠤᠯᠤᠰ ᠤᠨ ᠪᠠᠳᠤᠯᠠᠨ ᠬᠠᠮᠠᠭᠠᠯᠠᠯᠳᠠ ᠶᠢᠨ ᠳᠠᠶᠢᠴᠢᠯᠠᠯᠳᠠ ᠪᠠ ᠨᠦᠭᠡᠴᠡ | ᠬᠦᠴᠦᠨ ᠤ ᠪᠠᠶᠢᠭᠤᠯᠤᠯᠳᠠ ᠳᠠᠰᠤᠷᠠᠯᠳᠠ ᠦᠬᠡᠢ ᠴᠢᠩᠭᠠᠷᠠᠪᠠ᠃ ᠦᠨᠳᠦᠰᠦᠳᠡᠨ ᠱᠠᠰᠢᠨ ᠰᠤᠷᠳᠠᠬᠤᠨ᠂ ᠠᠵᠢᠯᠳᠠᠨ | ᠤ ᠶᠠᠪᠤᠳᠠᠯ᠂ ᠭᠠᠳᠠᠭᠠᠳᠦ ᠶᠢᠨ ᠬᠠᠷᠢᠶᠠᠳᠦ᠂ ᠵᠡᠮᠳᠡᠭᠴᠤᠳ ᠤᠨ ᠬᠤᠯᠪᠤᠭ᠎ᠠ᠂ ᠤᠯᠠᠭᠠᠨ ᠵᠠᠭᠠᠯᠮᠠᠶᠢᠳᠠᠨ ᠤ | ᠨᠡᠶᠢᠬᠡᠮᠯᠢᠭ ᠂ ᠠᠬᠠᠮᠠᠳ ᠺᠠᠳ᠋ᠷ᠂ ᠰᠢᠨᠵᠢᠯᠡᠭᠡ ᠮᠡᠷᠭᠡᠵᠢᠯ᠂ ᠭᠠᠯ ᠤᠨᠳᠠᠷᠠᠭᠠᠬᠤ᠂ ᠨᠢᠭᠤᠴᠠ ᠶᠢ ᠬᠠᠮᠠᠭᠠᠯᠠᠬᠤ᠂ | ᠳᠠᠩᠰᠠ ᠡᠪᠬᠡᠮᠡᠯ ᠴᠠᠳᠢᠭ᠂ ᠴᠠᠭ ᠠᠭᠤᠷ᠂ ᠴᠢᠯᠠᠭᠤᠨ ᠳᠤᠰᠤ᠂ ᠳᠠᠮᠠᠬᠢᠨ ᠤ ᠦᠢᠯᠡᠰ᠂ ᠳᠠᠭᠠᠳᠬᠠᠯ᠂ ᠰᠢᠤᠳᠠᠨ | ᠶᠠᠪᠤᠳᠠᠯ᠂ ᠴᠢᠮᠡᠭᠡ ᠬᠤᠯᠪᠤᠭ᠎ᠠ ᠵᠡᠷᠭᠡ ᠡᠯ᠎ᠡ ᠵᠦᠢᠯ ᠤᠨ ᠠᠵᠢᠯ ᠢ ᠯᠠᠪᠳᠠᠭᠤᠨ ᠪᠠᠳᠤᠳᠠᠢ ᠠᠬᠢᠭᠤᠯᠵᠦ᠂ ᠠᠵᠢᠯᠴᠢᠨ | ᠤ ᠡᠪᠯᠡᠯ᠂ ᠡᠪ ᠬᠠᠮᠳᠦ ᠵᠠᠯᠠᠭᠤᠴᠤᠳ ᠤᠨ ᠡᠪᠯᠡᠯ᠂ ᠡᠮᠡᠭᠳᠡᠶᠢᠴᠦᠳ ᠪᠠᠭᠠᠴᠤᠳ᠂ ᠦᠢᠯᠡᠳᠪᠦᠷᠢ ᠬᠤᠳᠠᠯᠳᠤᠭᠠᠨ | ᠤ ᠬᠤᠯᠪᠤᠭ᠎ᠠ ᠵᠡᠷᠭᠡ ᠡᠯ᠎ᠡ ᠵᠦᠢᠯ ᠤᠨ ᠦᠢᠯᠡᠰ ᠪᠦᠬᠦ ᠳᠠᠯ᠎ᠠ ᠪᠠᠷ ᠬᠦᠭᠵᠢᠪᠡ᠃ ᠤᠷᠢᠳ ᠬᠤᠵᠢᠳ ᠪᠦᠬᠦ ᠤᠯᠤᠰ | ᠤᠨ ᠪᠤᠯᠪᠠᠰᠤᠨ ᠬᠤᠰᠢᠭᠤ᠂ ᠪᠦᠬᠦ ᠬᠤᠳᠠ ᠶᠢᠨ ᠭᠠᠵᠠᠭᠤ ᠨᠤᠮᠯᠠᠯ ᠦᠬᠡᠢ ᠪᠠᠶᠢᠬᠤ ᠶᠢ ᠪᠡᠶᠡᠯᠡᠬᠦᠯᠦᠭᠰᠡᠨ ᠬᠤᠰᠢᠭᠤ | ᠂ ᠪᠦᠬᠦ ᠤᠯᠤᠰ ᠤᠨ ᠠᠵᠢᠯᠴᠢᠨ ᠤ ᠬᠤᠰᠢᠭᠤᠴᠢ᠂ ᠦᠪᠡᠷᠲᠡᠭᠡᠨ ᠵᠠᠰᠠᠬᠤ ᠤᠷᠤᠨ ᠤ ᠦᠨᠳᠦᠰᠦᠳᠡᠨ ᠤ | ᠪᠦᠯᠬᠦᠮᠳᠡᠯ ᠳᠠᠪᠰᠢᠯᠳᠠ ᠶᠢᠨ ᠵᠢᠱᠢᠶ᠎ᠡ ᠦᠵᠡᠬᠦᠯᠬᠦ ᠬᠤᠰᠢᠭᠤ᠂ ᠦᠪᠡᠷᠲᠡᠭᠡᠨ ᠵᠠᠰᠠᠬᠤ ᠤᠷᠤᠨ ᠤ ᠠᠷᠢᠭᠤᠨ ᠴᠡᠪᠡᠷ | ᠬᠤᠰᠢᠭᠤ᠂ ᠦᠪᠡᠷᠲᠡᠭᠡᠨ ᠵᠠᠰᠠᠬᠤ ᠤᠷᠤᠨ ᠤ ᠬᠤᠶᠠᠷ ᠢ ᠬᠦᠷᠢᠶᠡᠯᠡᠭᠰᠡᠨ ᠵᠢᠱᠢᠶᠡᠴᠢ ᠬᠤᠰᠢᠭᠤ᠂ ᠪᠦᠬᠦ ᠬᠤᠳᠠ | ᠶᠢᠨ ︽ᠵᠢᠷᠭᠤᠳᠤᠭᠠᠷ ᠲᠠᠪᠤᠨ ᠵᠢᠯ︾ ᠤᠨ ᠬᠠᠤᠯᠢ ᠲᠦᠭᠡᠮᠡᠯᠵᠢᠬᠦᠯᠦᠭᠰᠡᠨ ᠲᠡᠷᠢᠬᠦᠨ ᠤ ᠬᠤᠰᠢᠭᠤ ᠵᠡᠷᠭᠡ ᠡᠯ᠎ᠡ | ᠱᠠᠳᠤᠨ ᠤ ᠡᠯ᠎ᠡ ᠲᠦᠷᠦᠯ ᠤᠨ ᠢᠷᠠᠭᠤ ᠠᠯᠳᠠᠷ ᠤᠨ ᠴᠤᠯᠠ ᠶᠢ 51 ᠬᠦᠷᠲᠡᠭᠰᠡᠨ ᠤ ᠬᠠᠮᠳᠦ ᠪᠦᠬᠦ ᠬᠤᠳᠠ ᠶᠢᠨ | ᠴᠤᠷ ᠤᠨ ᠭᠠᠭᠴᠠ ︽ᠪᠦᠬᠦ ᠤᠯᠤᠰ ᠤᠨ ᠠᠮᠢ ᠠᠬᠤᠢ ᠶᠢᠨ ᠪᠤᠯᠪᠠᠰᠤᠨ ᠤ ᠵᠢᠱᠢᠶ᠎ᠡ ᠦᠵᠡᠬᠦᠯᠬᠦ ᠢᠨᠵᠧᠨᠧᠷᠢᠩ ᠤᠨ | ᠲᠤᠷᠰᠢᠯᠳᠠ ᠶᠢᠨ ᠴᠡᠭ︾ ᠢᠶᠠᠷ ᠳᠣᠭᠳᠠᠭᠠᠭᠳᠠᠭᠰᠠᠨ ᠣᠷᠣᠨ ᠪᠣᠯᠪᠠ᠃ | ᠲᠦᠯᠦᠭᠡᠯᠡᠭᠴᠢᠳ ᠡ᠄ ᠦᠩᠭᠡᠷᠡᠭᠰᠡᠨ ᠲᠠᠪᠤᠨ ᠵᠢᠯ ᠳᠤ᠂ ᠪᠢᠳᠡ ᠰᠢᠨ᠎ᠡ ᠪᠠᠷᠭᠤ ᠪᠠᠷᠠᠭᠤᠨ ᠬᠤᠰᠢᠭᠤᠨ ᠤ | ᠦᠰᠦᠨ ᠪᠤᠶᠢᠵᠢᠯᠳᠠ ᠬᠢᠭᠡᠳ ᠬᠦᠭᠵᠢᠯᠳᠡ ᠳᠠᠪᠰᠢᠯᠳᠠ ᠳᠤ ᠬᠠᠮᠳᠤᠪᠡᠷ ᠤᠷᠤᠯᠴᠠᠵᠦ᠂ ᠰᠢᠨ᠎ᠡ ᠪᠠᠷᠭᠤ ᠪᠠᠷᠠᠭᠤᠨ | ᠬᠤᠰᠢᠭᠤᠨ ᠤ ᠬᠦᠭᠵᠢᠯᠳᠡ ᠬᠢᠭᠡᠳ ᠬᠤᠪᠢᠷᠠᠯᠳᠠ ᠶᠢ ᠬᠠᠮᠳᠤᠪᠡᠷ ᠭᠡᠷᠡᠴᠢᠯᠡᠭᠰᠡᠨ ᠶᠤᠮ᠃ ᠲᠠᠪᠤᠨ ᠵᠢᠯ ᠤᠨ | ᠤᠷᠤᠭᠰᠢᠯᠠᠯᠳᠠ ᠳᠠᠪᠰᠢᠯᠳᠠ ᠶᠢᠨ ᠠᠯᠬᠤᠭ᠎ᠠ ᠮᠠᠨᠢ ᠪᠠᠳᠦ ᠪᠠᠬᠢ᠂ ᠲᠠᠪᠤᠨ ᠵᠢᠯ ᠤᠨ ᠯᠤᠳᠦ ᠶᠡᠭᠡ ᠬᠤᠪᠢᠷᠠᠯᠳᠠ ᠳᠤ | ᠪᠢᠳᠡᠨ ᠤ ᠰᠢᠷᠭᠠᠭᠤ ᠴᠢᠷᠮᠠᠶᠢᠯᠭ᠎ᠠ ᠠᠭᠤᠯᠤᠭᠳᠠᠵᠦ ᠪᠠᠶᠢᠬᠤ ᠪᠦᠭᠡᠳ ᠲᠠᠪᠤᠨ ᠵᠢᠯ ᠳᠤ ᠤᠯᠤᠭᠰᠠᠨ ᠦᠷ᠎ᠡ ᠳ᠋ᠦᠩ | ᠬᠦᠮᠦᠰ ᠤᠨ ᠰᠡᠳᠬᠢᠯ ᠢ ᠲᠤᠭᠳᠤᠯᠤᠭᠤᠯᠤᠨᠠ︕ ᠡᠳᠡᠭᠡᠷ ᠠᠮᠵᠢᠯᠳᠠ ᠪᠤᠯ ᠬᠤᠳᠠ ᠶᠢᠨ ᠨᠠᠮ ᠤᠨ ᠬᠤᠷᠢᠶ᠎ᠠ᠂ | ᠵᠠᠰᠠᠭ ᠤᠨ ᠤᠷᠳᠤᠨ ᠪᠤᠯᠤᠨ ᠬᠤᠰᠢᠭᠤ ᠨᠠᠮ ᠤᠨ ᠬᠤᠷᠢᠶᠠᠨ ᠤ ᠵᠦᠪ ᠤᠨᠤᠪᠴᠢᠳᠠᠢ ᠤᠳᠤᠷᠢᠳᠤᠭᠰᠠᠨ ᠤ ᠦᠷ᠎ᠡ | ᠳ᠋ᠦᠩ ᠪᠤᠯᠬᠤ ᠪᠦᠭᠡᠳ ᠬᠤᠰᠢᠭᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ᠂ ᠤᠯᠤᠰ ᠲᠦᠷᠦ ᠶᠢᠨ | ᠵᠦᠪᠯᠡᠯᠭᠡᠨ ᠤ ᠬᠦᠴᠦᠳᠠᠢ ᠬᠢᠨᠠᠯᠳᠠ ᠳᠠᠯᠪᠢᠭᠰᠠᠨ ᠤ ᠦᠷ᠎ᠡ ᠳ᠋ᠦᠩ ᠪᠤᠯᠬᠤ ᠶᠤᠮ᠃ ᠬᠤᠭᠤᠴᠠᠭ᠎ᠠ ᠪᠦᠷᠢ ᠶᠢᠨ | ᠤᠳᠤᠷᠢᠳᠬᠤ ᠪᠠᠭ ᠤᠨ ᠴᠢᠷᠮᠠᠶᠢᠯᠭ᠎ᠠ᠂ ᠦᠷᠭᠡᠨ ᠤᠯᠠᠨ ᠺᠠᠳ᠋ᠷ ᠤᠯᠠᠨ ᠲᠦᠮᠡᠨ ᠤ ᠬᠠᠳᠠᠨ ᠵᠤᠷᠢᠭ᠂ ᠪᠦᠬᠦ | ᠬᠤᠰᠢᠭᠤᠨ ᠤ ᠠᠷᠠᠳ ᠲᠦᠮᠡᠨ ᠤ ᠡᠭᠦᠳᠦᠨ ᠪᠦᠳᠦᠭᠡᠯᠳᠡ ᠵᠢᠴᠢ ᠨᠡᠶᠢᠬᠡᠮ ᠤᠨ ᠡᠯ᠎ᠡ ᠡᠳᠡᠭᠡᠳ ᠤᠨ ᠤᠶᠤᠨ | ᠤᠬᠠᠭᠠᠨ ᠪᠠ ᠬᠦᠴᠦ ᠬᠦᠯᠦᠰᠦ ᠠᠴᠠ ᠰᠠᠯᠵᠦ ᠴᠢᠳᠠᠰᠢ ᠦᠬᠡᠢ ᠶᠤᠮ᠃ ᠡᠭᠦᠨ ᠳᠤ᠂ ᠤᠷᠳᠦ ᠬᠤᠭᠤᠴᠠᠭᠠᠨ ᠤ | ᠲᠤᠷᠰᠢ ᠰᠢᠨ᠎ᠡ ᠪᠠᠷᠭᠤ ᠪᠠᠷᠠᠭᠤᠨ ᠬᠤᠰᠢᠭᠤᠨ ᠤ ᠬᠦᠭᠵᠢᠯᠳᠡ ᠶᠢ ᠬᠠᠯᠠᠮᠵᠢᠯᠠᠭᠰᠠᠨ ᠡᠯ᠎ᠡ ᠱᠠᠳᠤᠨ ᠤ | ᠤᠳᠤᠷᠢᠳᠤᠯᠭ᠎ᠠ᠂ ᠡᠯ᠎ᠡ ᠡᠳᠡᠭᠡᠳ ᠤᠨ ᠨᠠᠶᠢᠵᠠ ᠨᠦᠬᠦᠳ᠂ ᠰᠢᠨ᠎ᠡ ᠪᠠᠷᠭᠤ ᠪᠠᠷᠠᠭᠤᠨ ᠬᠤᠰᠢᠭᠤᠨ ᠤ ᠬᠦᠭᠵᠢᠯᠳᠡ | ᠳᠠᠪᠰᠢᠯᠳᠠ ᠳᠤ ᠬᠦᠴᠦᠨ ᠴᠢᠳᠠᠯ ᠢᠶᠠᠨ ᠡᠷᠬᠦᠵᠦ᠂ ᠬᠦᠴᠦ ᠬᠦᠯᠦᠰᠦ ᠪᠠᠨ ᠤᠷᠤᠰᠬᠠᠬᠰᠠᠨ ᠬᠤᠭᠤᠴᠠᠭ᠎ᠠ ᠪᠦᠷᠢ | ᠶᠢᠨ ᠠᠬᠠᠮᠠᠳ ᠺᠠᠳ᠋ᠷ ᠪᠤᠯᠤᠨ ᠠᠵᠢᠯ ᠨᠢᠭᠡᠳᠡᠳ᠂ ᠰᠢᠨ᠎ᠡ ᠪᠠᠷᠭᠤ ᠪᠠᠷᠠᠭᠤᠨ ᠬᠤᠰᠢᠭᠤᠨ ᠤ ᠦᠭᠡᠷᠡᠴᠢᠯᠡᠯᠳᠡ | ᠬᠦᠭᠵᠢᠯᠳᠡ ᠶᠢ ᠳᠡᠮᠵᠢᠭᠰᠡᠨ ᠬᠤᠰᠢᠭᠤᠨ ᠤ ᠠᠷᠠᠳ ᠤᠨ ᠲᠦᠯᠦᠭᠡᠯᠡᠭᠴᠢ᠂ ᠤᠯᠤᠰ ᠲᠦᠷᠦ ᠶᠢᠨ ᠵᠦᠪᠯᠡᠯᠭᠡᠨ ᠤ | ᠭᠡᠰᠢᠬᠦᠳ ᠪᠤᠯᠤᠨ ᠡᠯ᠎ᠡ ᠡᠳᠡᠭᠡᠳ ᠤᠨ ᠬᠢᠨ᠂ ᠪᠦᠬᠦ ᠬᠤᠰᠢᠭᠤᠨ ᠤ ᠡᠯ᠎ᠡ ᠹᠷᠤᠨᠲ ᠲᠤ ᠰᠢᠷᠭᠠᠭᠤ ᠠᠵᠢᠯᠯᠠᠵᠦ | ᠪᠠᠶᠢᠭ᠎ᠠ ᠦᠷᠭᠡᠨ ᠤᠯᠠᠨ ᠺᠠᠳ᠋ᠷ ᠠᠵᠢᠯᠳᠠᠨ ᠪᠤᠯᠤᠨ ᠠᠷᠠᠳ ᠤᠯᠠᠨ ᠢ ᠪᠢᠳᠡ ᠡᠭᠦᠷᠢᠳᠡ ᠪᠠᠳᠦ ᠴᠡᠭᠡᠵᠢᠯᠡᠬᠦ ᠭᠡᠷᠡᠭᠳᠡᠢ᠃ | ᠡᠭᠦᠨ ᠳᠤ᠂ ᠪᠢ ᠲᠤᠰ ᠬᠤᠭᠤᠴᠠᠭᠠᠨ ᠤ ᠠᠷᠠᠳ ᠤᠨ ᠵᠠᠰᠠᠭ ᠤᠨ ᠤᠷᠳᠤᠨ ᠢ ᠲᠦᠯᠦᠭᠡᠯᠡᠨ᠂ ᠲᠠ ᠨᠠᠷ ᠲᠠᠭᠠᠨ | ᠴᠢᠩ ᠰᠡᠳᠬᠢᠯ ᠤᠨ ᠳᠠᠯᠠᠷᠬᠠᠯ ᠪᠤᠯᠤᠨ ᠬᠠᠮᠤᠭ ᠤᠨ ᠡᠷᠬᠢᠮ ᠳᠡᠭᠡᠳᠦ ᠮᠡᠨᠳᠦᠴᠢᠯᠡᠯ ᠢᠶᠠᠨ ᠳᠡᠪᠰᠢᠬᠦᠯᠦᠶ᠎ᠡ︕ ᠲᠠᠪᠤᠨ | ᠵᠢᠯ ᠤᠨ ᠳᠡᠮᠡᠴᠡᠯ ᠤᠨ ᠦᠩᠭᠡᠷᠡᠯᠳᠡ ᠶᠢ ᠡᠷᠬᠢᠴᠡᠬᠦᠯᠬᠦᠶ᠎ᠡ᠂ ᠪᠢᠳᠡᠨ ᠳᠤ ᠮᠠᠰᠢ ᠤᠯᠠᠨ ᠬᠦᠨᠵᠡᠬᠡᠢ ᠤᠶᠢᠯᠠᠭᠠᠯᠳᠠ | ᠪᠠ ᠰᠡᠩᠭᠡᠷᠡᠬᠦᠯᠦᠯ ᠲᠠᠢ ᠪᠤᠯᠤᠭᠰᠠᠨ ᠪᠠᠶᠢᠨ᠎ᠠ᠂ ᠡᠨᠡ ᠨᠢ ᠲᠠᠷᠤᠢ᠄ ᠲᠤᠭ ᠳᠡᠮᠳᠡᠭ ᠳᠤᠳᠤᠷᠬᠠᠢ ᠪᠠᠷ ᠤᠯᠤᠰ | ᠲᠦᠷᠦ ᠶᠢ ᠡᠷᠬᠢᠮᠯᠡᠬᠦ ᠶᠢ ᠡᠷᠭᠡᠪᠰᠢ ᠢᠮᠠᠭᠳᠠ ᠪᠠᠷᠢᠮᠳᠠᠯᠠᠵᠦ᠂ ᠨᠠᠶᠢᠳᠠᠪᠦᠷᠢᠵᠢᠭᠤᠯᠤᠯᠳᠠ ᠶᠢ ᠰᠤᠯᠠᠷᠠᠰᠢ ᠦᠬᠡᠢ | ᠴᠢᠩᠭ᠎ᠠ ᠠᠳᠬᠤᠬᠤ ᠭᠡᠷᠡᠭᠳᠡᠢ᠃ ᠲᠦᠪ᠂ ᠦᠪᠡᠷᠲᠡᠭᠡᠨ ᠵᠠᠰᠠᠬᠤ ᠤᠷᠤᠨ᠂ ᠬᠦᠯᠦᠨ ᠪᠤᠶᠢᠷ ᠬᠤᠳᠠ ᠪᠠ ᠬᠤᠰᠢᠭᠤ | ᠨᠠᠮ ᠤᠨ ᠬᠤᠷᠢᠶᠠᠨ ᠤ ᠡᠯ᠎ᠡ ᠵᠦᠢᠯ ᠤᠨ ᠰᠢᠢᠳᠪᠦᠷᠢᠳᠦ ᠪᠤᠳᠤᠯᠭ᠎ᠠ ᠶᠢᠨ ᠪᠠᠶᠢᠷᠢᠯᠠᠭᠤᠯᠤᠯᠳᠠ ᠶᠢ ᠴᠢᠩᠭ᠎ᠠ | ᠨᠠᠶᠢᠳᠠᠪᠦᠷᠢᠵᠢᠭᠤᠯᠵᠦ᠂ ᠨᠢᠭᠡ ᠤᠴᠢᠷ ᠶᠠᠪᠤᠳᠠᠯ ᠢ ᠨᠢᠭᠡ ᠰᠢᠢᠳᠪᠦᠷᠢᠯᠡᠨ᠂ ᠨᠢᠭᠡ ᠨᠢᠭᠡ ᠵᠢᠯ ᠢᠶᠠᠷ ᠵᠠᠯᠭᠠᠨ ᠬᠢᠵᠦ᠂ | ᠨᠢᠭᠡ ᠵᠢᠷᠤᠭ ᠲᠦᠯᠦᠪᠯᠡᠭᠡ ᠶᠢ ᠡᠴᠦᠰ ᠲᠤᠨᠢ ᠲᠤᠯᠳᠠᠯ᠎ᠠ ᠬᠦᠢᠴᠡᠳᠬᠡᠵᠦ᠂ ᠰᠢᠨ᠎ᠡ ᠪᠠᠶᠢᠳᠠᠯ ᠢ ᠴᠢᠷᠮᠠᠶᠢᠨ ᠡᠭᠦᠳᠬᠦ | ᠭᠡᠷᠡᠭᠳᠡᠢ᠃ ᠬᠦᠭᠵᠢᠯᠳᠡ ᠶᠢ ᠲᠦᠷᠭᠡᠳᠭᠡᠬᠦ ᠶᠢ ᠡᠷᠭᠡᠪᠰᠢ ᠢᠮᠠᠭᠳᠠ ᠪᠠᠷᠢᠮᠳᠠᠯᠠᠵᠦ᠂ ᠨᠢᠭᠡᠯᠡ ᠰᠡᠳᠬᠢᠯ ᠢᠶᠠᠷ ᠬᠡᠯᠪᠡᠷᠢ | ᠶᠢ ᠬᠤᠪᠢᠷᠠᠭᠤᠯᠤᠨ ᠲᠡᠰ ᠳᠡᠪᠰᠢᠬᠦᠯᠬᠦ ᠭᠡᠷᠡᠭᠳᠡᠢ᠃ ᠬᠦᠭᠵᠢᠯᠳᠡ ᠶᠢ ᠲᠡᠷᠢᠬᠦᠨ ᠴᠢᠬᠤᠯᠠ ᠪᠠᠶᠢᠷᠢᠨ ᠳᠤ ᠳᠠᠯᠪᠢᠬᠤ | ᠶᠢ ᠪᠠᠷᠢᠮᠳᠠᠯᠠᠨ᠂ ︽ᠳᠠᠪᠤ ᠶᠢ ᠨᠢᠭᠡ ᠴᠤᠭᠴᠠᠵᠢᠭᠤᠯᠬᠤ︾ ᠶᠡᠷᠦᠩᠭᠡᠢ ᠪᠠᠶᠢᠷᠢᠰᠢᠭᠤᠯᠤᠯᠳᠠ ᠪᠤᠯᠤᠨ ︽ᠲᠦᠷᠪᠡᠨ | ᠪᠦᠬᠦ ᠳᠠᠯ᠎ᠠ︾ ᠶᠢᠨ ᠪᠠᠶᠢᠯᠳᠤᠬᠤ ᠪᠤᠳᠤᠯᠭ᠎ᠠ ᠶᠢᠨ ᠪᠠᠶᠢᠷᠢᠰᠢᠭᠤᠯᠤᠯᠳᠠ ᠶᠢ ᠨᠢᠭᠡᠳᠦᠯᠳᠡᠢ ᠲᠦᠯᠦᠪᠵᠢᠬᠦᠯᠦᠨ | ᠠᠬᠢᠭᠤᠯᠵᠦ᠂ ᠲᠦᠷᠦᠯ ᠵᠦᠢᠯ ᠢ ᠪᠦᠬᠦ ᠬᠦᠴᠦᠨ ᠴᠢᠳᠠᠯ ᠢᠶᠠᠷ ᠢᠶᠠᠨ ᠠᠳᠬᠤᠨ᠂ ᠪᠦᠳᠦᠴᠡ ᠶᠢ ᠳᠤᠬᠢᠷᠠᠭᠤᠯᠤᠨ | ᠠᠷᠭ᠎ᠠ ᠮᠠᠶ᠋ᠢᠭ ᠢ ᠬᠤᠪᠢᠷᠠᠭᠤᠯᠵᠦ᠂ ᠬᠡᠯᠪᠡᠷᠢ ᠶᠢ ᠬᠤᠪᠢᠷᠠᠭᠤᠯᠤᠨ ᠨᠡᠮᠡᠭᠳᠡᠯ ᠢ ᠠᠬᠢᠭᠤᠯᠵᠦ᠂ ᠬᠤᠷᠳᠤᠴᠠ ᠪᠠᠨ | ᠦᠯᠦ ᠬᠤᠪᠢᠷᠠᠭᠤᠯᠤᠨ᠂ ᠲᠤᠭ᠎ᠠ ᠬᠡᠮᠵᠢᠶ᠎ᠡ ᠶᠢ ᠨᠡᠮᠡᠭᠳᠡᠬᠦᠯᠬᠦ ᠮᠦᠷᠲᠡᠭᠡᠨ ᠴᠢᠨᠠᠷ ᠢ ᠨᠡᠩ ᠰᠢᠯᠢᠳᠡᠭᠵᠢᠬᠦᠯᠬᠦ ᠭᠡᠷᠡᠭᠳᠡᠢ᠃ | ᠦᠵᠡᠯ ᠰᠠᠨᠠᠭ᠎ᠠ ᠪᠠᠨ ᠴᠢᠯᠦᠭᠡᠯᠡᠬᠦ ᠶᠢ ᠡᠷᠭᠡᠪᠰᠢ ᠢᠮᠠᠭᠳᠠ ᠪᠠᠷᠢᠮᠳᠠᠯᠠᠵᠦ᠂ ᠦᠭᠡᠷᠡᠴᠢᠯᠡᠯᠳᠡ ᠬᠢᠵᠦ ᠰᠢᠨ᠎ᠡ ᠶᠢ | ᠡᠭᠦᠳᠬᠦ ᠶᠢ ᠭᠡᠵᠢᠶᠡᠳᠡ ᠪᠠᠷᠢᠮᠳᠠᠯᠠᠬᠤ ᠭᠡᠷᠡᠭᠳᠡᠢ᠃ ᠦᠵᠡᠯ ᠰᠠᠨᠠᠭ᠎ᠠ ᠪᠠᠨ ᠴᠢᠯᠦᠭᠡᠯᠡᠬᠦ ᠪᠠᠷ ᠤᠳᠤᠷᠢᠳᠤᠮᠵᠢ ᠪᠤᠯᠭᠠᠨ᠂ | ᠵᠦᠪ ᠴᠢᠭᠯᠡᠯ᠂ ᠠᠰᠠᠭᠤᠳᠠᠯ ᠤᠨ ᠵᠢᠯᠤᠭᠤᠳᠤᠮᠵᠢ᠂ ᠠᠷᠠᠳ ᠤᠨ ᠲᠦᠯᠦᠭᠡ ᠵᠢᠳᠬᠦᠬᠦ ᠵᠤᠷᠢᠯᠳᠠ ᠶᠢ ᠪᠠᠷᠢᠮᠳᠠᠯᠠᠨ᠂ | ᠠᠵᠢᠯ ᠢᠶᠠᠨ ᠪᠦᠳᠦᠭᠡᠯᠴᠢ ᠪᠠᠷ ᠦᠷᠨᠢᠬᠦᠯᠵᠦ᠂ ᠬᠦᠭᠵᠢᠯᠳᠡ ᠶᠢᠨ ᠬᠦᠳᠡᠯᠭᠡᠭᠴᠢ ᠬᠦᠴᠦᠨ ᠬᠢᠭᠡᠳ ᠠᠮᠢᠵᠢᠷᠠᠯ ᠤᠨ | ᠬᠦᠴᠦᠨ ᠢ ᠳᠠᠰᠤᠷᠠᠯᠳᠠ ᠦᠬᠡᠢ ᠨᠡᠮᠡᠭᠳᠡᠬᠦᠯᠬᠦ ᠭᠡᠷᠡᠭᠳᠡᠢ᠃ ᠠᠮᠢ ᠠᠬᠤᠢ ᠶᠢ ᠬᠠᠮᠠᠭᠠᠯᠠᠬᠤ ᠬᠢᠵᠠᠭᠠᠷᠳᠦ ᠱᠤᠭᠤᠮ ᠢ | ᠡᠷᠭᠡᠪᠰᠢ ᠢᠮᠠᠭᠳᠠ ᠪᠠᠷᠢᠮᠳᠠᠯᠠᠵᠦ᠂ ᠬᠦᠬᠡ ᠠᠭᠤᠯᠠ ᠬᠦᠬᠡᠮᠳᠦᠭ ᠤᠰᠤ ᠶᠢ ᠡᠭᠦᠷᠢᠳᠡ ᠬᠠᠮᠠᠭᠠᠯᠠᠬᠤ ᠭᠡᠷᠡᠭᠳᠡᠢ᠃ | ᠠᠮᠢ ᠠᠬᠤᠢ ᠶᠢ ᠠᠵᠦ ᠦᠢᠯᠡᠰᠵᠢᠬᠦᠯᠬᠦ᠂ ᠠᠵᠦ ᠦᠢᠯᠡᠰ ᠢ ᠠᠮᠢ ᠠᠬᠤᠶᠢᠴᠢᠯᠠᠬᠤ ᠶᠢ ᠪᠠᠷᠢᠮᠳᠠᠯᠠᠨ᠂ ᠮᠠᠯᠴᠢᠨ | ᠲᠦᠮᠡᠨ ᠢ ᠪᠠᠶᠠᠵᠢᠨ ᠴᠢᠨᠡᠭᠡᠯᠢᠭᠵᠢᠬᠦᠯᠬᠦ ᠬᠢᠭᠡᠳ ᠠᠮᠢ ᠠᠬᠤᠢ ᠶᠢ ᠭᠤᠶᠤ ᠰᠠᠶᠢᠬᠠᠨ ᠪᠤᠯᠭᠠᠬᠤ ᠶᠢ ᠨᠡᠩ ᠤᠷᠭᠠᠨᠢᠭ | ᠢᠶᠠᠷ ᠤᠶᠠᠯᠳᠤᠭᠤᠯᠬᠤ ᠶᠢ ᠪᠡᠶᠡᠯᠡᠬᠦᠯᠬᠦ ᠭᠡᠷᠡᠭᠳᠡᠢ᠃ ᠬᠦᠮᠦᠨ ᠢᠶᠠᠷ ᠦᠨᠳᠦᠰᠦ ᠪᠤᠯᠭᠠᠬᠤ ᠶᠢ ᠡᠷᠭᠡᠪᠰᠢ ᠢᠮᠠᠭᠳᠠ | ᠪᠠᠷᠢᠮᠳᠠᠯᠠᠵᠦ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠶᠢ ᠭᠤᠶᠢᠪᠢᠰᠢ ᠦᠬᠡᠢ ᠴᠢᠩᠭ᠎ᠠ ᠠᠳᠬᠤᠬᠤ ᠭᠡᠷᠡᠭᠳᠡᠢ᠃ | ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠬᠦᠰᠡᠯ ᠡᠷᠡᠮᠡᠯᠵᠡᠯ ᠢᠶᠠᠷ ᠲᠡᠮᠡᠴᠡᠬᠦ ᠬᠠᠷᠠᠯᠳᠠ ᠪᠠᠨ ᠪᠣᠯᠭᠠᠨ᠂ | ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠳᠤ ᠦᠢᠯᠡᠴᠢᠯᠡᠬᠦ ᠡᠨᠡᠬᠦ ᠭᠤᠤᠯᠳᠠᠯᠭ᠎ᠠ ᠶᠢ ᠪᠠᠳᠦ ᠡᠵᠡᠮᠳᠡᠵᠦ᠂ ᠠᠷᠠᠳ | ᠲᠦᠮᠡᠨ ᠤ ᠠᠮᠢᠳᠤᠷᠠᠯ ᠤᠨ ᠬᠢᠷᠢ ᠲᠦᠪᠰᠢᠨ ᠪᠠ ᠴᠢᠨᠠᠷ ᠴᠢᠨᠰᠠᠭ᠎ᠠ ᠶᠢ ᠴᠢᠷᠮᠠᠶᠢᠨ ᠳᠡᠭᠡᠭᠰᠢᠯᠡᠬᠦᠯᠬᠦ ᠭᠡᠷᠡᠭᠳᠡᠢ᠃ | ᠦᠨᠳᠦᠰᠦᠳᠡᠨ ᠤ ᠪᠦᠯᠬᠦᠮᠳᠡᠯ ᠬᠢᠯᠢ ᠬᠢᠵᠠᠭᠠᠷ ᠢ ᠪᠠᠬᠢᠵᠢᠬᠦᠯᠬᠦ ᠶᠢ ᠡᠷᠭᠡᠪᠰᠢ ᠢᠮᠠᠭᠳᠠ ᠪᠠᠷᠢᠮᠳᠠᠯᠠᠵᠦ᠂ ᠬᠠᠷᠢᠯᠴᠠᠨ | ᠬᠠᠪᠰᠤᠷᠤᠯᠴᠠᠨ ᠡᠶ᠎ᠡ ᠵᠤᠬᠢᠴᠠᠩᠭᠤᠢ ᠪᠠᠶᠢᠬᠤ ᠶᠢ ᠠᠬᠢᠭᠤᠯᠬᠤ ᠭᠡᠷᠡᠭᠳᠡᠢ᠃ ᠦᠨᠳᠦᠰᠦᠳᠡᠨ ᠤ ᠪᠦᠯᠬᠦᠮᠳᠡᠯ ᠭᠡᠳᠡᠭ | ᠡᠨᠡᠬᠦ ᠢᠯᠠᠯᠳᠠ ᠤᠯᠬᠤ ᠡᠷᠳᠡᠨᠢ ᠶᠢ ᠪᠠᠳᠦ ᠡᠵᠡᠮᠳᠡᠨ᠂ ᠬᠢᠯᠢ ᠬᠢᠵᠠᠭᠠᠷ ᠠᠮᠦᠷ ᠲᠤᠭᠳᠠᠭᠤᠨ ᠰᠠᠶᠢᠨ ᠰᠠᠶᠢᠬᠠᠨ | ᠤᠯᠤᠰ ᠲᠦᠷᠦ ᠶᠢᠨ ᠠᠮᠢ ᠠᠬᠤᠢ ᠶᠢ ᠳᠠᠰᠤᠷᠠᠯᠳᠠ ᠦᠬᠡᠢ ᠪᠠᠬᠢᠵᠢᠬᠦᠯᠵᠦ᠂ ᠡᠬᠡ ᠤᠯᠤᠰ ᠤᠨ ᠤᠮᠠᠷᠠᠳᠦ ᠬᠢᠯᠢ ᠶᠢᠨ | ᠭᠤᠸ᠎ᠠ ᠦᠵᠡᠰᠬᠦᠯᠡᠩᠳᠦ ᠦᠵᠡᠮᠵᠢ ᠶᠢᠨ ᠱᠤᠭᠤᠮ ᠢ ᠪᠤᠢ ᠪᠤᠯᠭᠠᠬᠤ ᠳᠤ ᠪᠠᠳᠦ ᠪᠠᠬᠢ ᠰᠠᠭᠤᠷᠢ ᠳᠠᠯᠪᠢᠵᠦ ᠦᠭᠬᠦ | ᠭᠡᠷᠡᠭᠳᠡᠢ᠃ ᠤᠪᠤᠷ ᠰᠤᠷᠳᠠᠯ ᠢ ᠬᠤᠪᠢᠷᠠᠭᠤᠯᠤᠨ ᠰᠢᠷᠪᠤᠰᠦ ᠰᠢᠨᠳᠠᠰᠦ ᠪᠠᠨ ᠴᠢᠩᠭᠠᠯᠠᠬᠤ ᠶᠢ ᠡᠷᠭᠡᠪᠰᠢ ᠢᠮᠠᠭᠳᠠ | ᠪᠠᠷᠢᠮᠳᠠᠯᠠᠵᠦ᠂ ︽ᠲᠦᠷᠪᠡᠨ ᠰᠤᠷᠳᠠᠯ︾ ᠢ ᠵᠠᠰᠠᠨ ᠴᠡᠭᠴᠡᠯᠡᠬᠦ ᠶᠢ ᠦᠭᠡᠷᠡᠳᠦᠬᠦᠯᠦᠨ ᠬᠤᠪᠢᠷᠠᠭᠤᠯᠬᠤ ᠦᠬᠡᠢ | ᠪᠠᠶᠢᠬᠤ ᠭᠡᠷᠡᠭᠳᠡᠢ᠃ ᠴᠢᠯᠠᠭᠤᠨ ᠳᠤ ᠮᠦᠷ ᠲᠠᠢ᠂ ᠲᠡᠮᠦᠷ ᠲᠤ ᠤᠷᠤ ᠲᠠᠢ ᠪᠠᠶᠢᠬᠤ ᠵᠤᠷᠢᠭ ᠰᠦᠰᠦ ᠪᠠᠷ ᠵᠠᠰᠠᠭ ᠤᠨ | ᠤᠷᠳᠤᠨ ᠤ ᠲᠤᠰ ᠪᠡᠶ᠎ᠡ ᠶᠢᠨ ᠦᠭᠡᠷᠡᠴᠢᠯᠡᠯᠳᠡ ᠶᠢ ᠳᠦᠯᠬᠢᠨ ᠠᠬᠢᠭᠤᠯᠵᠦ᠂ ᠵᠠᠰᠠᠭ ᠤᠨ ᠤᠷᠳᠤᠨ ᠤ ᠵᠠᠰᠠᠨ | ᠴᠡᠭᠴᠡᠯᠡᠯᠳᠡ ᠶᠢᠨ ᠰᠢᠰᠲ᠋ᠧᠮ ᠪᠤᠯᠤᠨ ᠴᠢᠳᠠᠪᠦᠷᠢ ᠶᠢ ᠳᠠᠰᠤᠷᠠᠯᠳᠠ ᠦᠬᠡᠢ ᠳᠡᠭᠡᠭᠰᠢᠯᠡᠬᠦᠯᠬᠦ ᠭᠡᠷᠡᠭᠳᠡᠢ᠃ ᠡᠨᠡ ︽ | ᠳᠤᠯᠤᠭᠠᠨ ᠡᠷᠭᠡᠪᠰᠢ ᠢᠮᠠᠭᠳᠠ ᠪᠠᠷᠢᠮᠳᠠᠯᠠᠬᠤ︾ ᠪᠤᠯ ᠪᠢᠳᠡᠨ ᠤ ᠦᠩᠭᠡᠷᠡᠭᠰᠡᠨ ᠲᠠᠪᠤᠨ ᠵᠢᠯ ᠤᠨ | ᠬᠤᠷᠠᠮᠳᠤᠭᠤᠯᠤᠭᠰᠠᠨ ᠨᠠᠨᠳᠢᠨ ᠳᠤᠷᠰᠢᠯᠭ᠎ᠠ ᠪᠤᠯᠬᠤ ᠮᠦᠷᠲᠡᠭᠡᠨ ᠪᠠᠰᠠᠴᠣ ᠵᠠᠰᠠᠭ ᠤᠨ ᠤᠷᠳᠤᠨ ᠤ ᠬᠤᠶᠢᠰᠢᠳᠠ ᠶᠢᠨ | ᠠᠵᠢᠯ ᠤᠨ ᠴᠢᠬᠤᠯᠠ ᠵᠢᠷᠤᠮᠯᠠᠯ ᠪᠤᠯᠤᠨ᠎ᠠ᠃ | ᠦᠩᠭᠡᠷᠡᠭᠰᠡᠨ ᠳᠠᠪᠤᠨ ᠵᠢᠯ ᠤᠨ ᠠᠵᠢᠯ ᠢ ᠨᠠᠷᠢᠨ ᠬᠢᠨᠠᠮᠠᠭᠠᠢ ᠳ᠋ᠦᠩᠨᠡᠬᠦ ᠶᠢᠨ ᠬᠠᠮᠳᠦ᠂ ᠪᠦᠬᠦ ᠬᠤᠰᠢᠭᠤᠨ ᠤ | ᠠᠵᠦ ᠠᠬᠤᠢ ᠨᠡᠶᠢᠬᠡᠮ ᠤᠨ ᠬᠦᠭᠵᠢᠯᠳᠡ ᠳᠤ ᠮᠦᠨᠴᠦ ᠮᠠᠰᠢ ᠤᠯᠠᠨ ᠬᠦᠴᠢᠷᠳᠠᠯ ᠪᠠ ᠠᠰᠠᠭᠤᠳᠠᠯ ᠲᠤᠯᠭᠠᠷᠠᠵᠦ | ᠪᠠᠶᠢᠬᠤ ᠶᠢ ᠪᠢᠳᠡ ᠪᠠᠰᠠ ᠰᠡᠷᠭᠡᠭ ᠢᠶᠠᠷ ᠳᠠᠨᠢᠵᠦ ᠤᠯᠬᠤ ᠭᠡᠷᠡᠭᠳᠡᠢ᠃ ᠡᠭᠦᠨ ᠳᠤ ᠭᠤᠤᠯᠳᠠᠭᠤ᠄ ᠠᠵᠦ ᠠᠬᠤᠢ ᠶᠢᠨ | ᠪᠦᠳᠦᠴᠡ ᠨᠢ ᠰᠢᠯᠢᠳᠡᠭ ᠪᠢᠰᠢ᠂ ᠠᠵᠦ ᠦᠢᠯᠡᠰ ᠤᠨ ᠬᠦᠭᠵᠢᠯᠳᠡ ᠳᠡᠩᠴᠡᠬᠦᠷᠢ ᠦᠬᠡᠢ᠂ ᠰᠢᠨ᠎ᠡ ᠶᠢ ᠡᠭᠦᠳᠬᠦ | ᠬᠦᠳᠡᠯᠭᠡᠬᠦ ᠬᠦᠴᠦᠨ ᠬᠦᠷᠦᠯᠴᠡᠬᠦ ᠦᠬᠡᠢ᠂ ᠲᠤᠮᠤ ᠲᠦᠷᠦᠯ ᠵᠦᠢᠯ ᠪᠠ ᠰᠠᠶᠢᠨ ᠲᠦᠷᠦᠯ ᠵᠦᠢᠯ ᠴᠦᠬᠡᠨ ᠪᠠᠶᠢᠬᠤ᠂ | ᠲᠤᠮᠳᠠ ᠵᠢᠵᠢᠭ ᠠᠵᠦ ᠠᠬᠤᠶᠢᠯᠠᠯ ᠤᠨ ᠦᠰᠦᠨ ᠪᠤᠶᠢᠵᠢᠯᠳᠠ ᠬᠦᠴᠢᠷ ᠪᠡᠷᠭᠡᠰᠢᠶᠡᠯ ᠲᠠᠢ᠃ ᠠᠵᠦ ᠦᠢᠯᠡᠳᠪᠦᠷᠢ | ᠨᠢ ᠡᠬᠢ ᠪᠡᠶᠠᠯᠢᠭ ᠤᠨ ᠭᠠᠷᠭᠠᠯᠳᠠ ᠳᠤ ᠲᠦᠰᠢᠭᠯᠡᠵᠦ᠂ ᠠᠵᠦ ᠦᠢᠯᠡᠰ ᠤᠨ ᠬᠢᠨᠵᠢ ᠨᠢ ᠤᠬᠤᠷ᠂ ᠠᠴᠢᠶᠠᠯᠠᠪᠦᠷᠢ | ᠶᠢᠨ ᠴᠢᠳᠠᠪᠦᠷᠢ ᠲᠤᠤᠷ᠎ᠠ᠃ ᠰᠤᠶᠤᠯ ᠵᠣᠭᠠᠴᠠᠯ ᠤᠨ ᠠᠵᠦ ᠦᠢᠯᠡᠰ ᠠᠮᠢᠵᠢᠷᠠᠯ ᠤᠨ ᠬᠦᠴᠦᠨ ᠢᠶᠠᠷ ᠪᠠᠭᠤᠷᠠᠢ᠂ | ᠦᠢᠯᠡᠴᠢᠯᠡᠭᠡᠨ ᠤ ᠦᠢᠯᠡᠰ ᠤᠨ ᠬᠦᠭᠵᠢᠯᠳᠡ ᠠᠯᠭᠤᠷ ᠤᠳᠠᠭᠠᠨ᠃ ᠡᠳ᠋ ᠤᠨ ᠵᠠᠰᠠᠭ ᠤᠨ ᠤᠷᠤᠯᠭ᠎ᠠ ᠵᠠᠷᠤᠯᠭ᠎ᠠ ᠶᠢᠨ | ᠵᠦᠷᠢᠴᠡᠯ ᠲᠤᠪᠤᠶᠢᠮ᠎ᠠ ᠪᠦᠭᠡᠳ ᠡᠳ᠋ ᠤᠨ ᠵᠠᠰᠠᠭ ᠤᠨ ᠭᠠᠶᠢᠯᠢ ᠶᠢᠨ ᠤᠷᠤᠯᠭ᠎ᠠ ᠶᠢ ᠦᠷᠬᠦᠯᠵᠢᠯᠡᠨ ᠨᠡᠮᠡᠭᠳᠡᠬᠦᠯᠬᠦ | ᠬᠦᠴᠦᠨ ᠢᠶᠠᠷ ᠳᠤᠳᠠᠮᠠᠭ᠃ ᠭᠠᠮᠰᠢᠭ ᠢ ᠰᠡᠷᠭᠡᠶᠢᠯᠡᠨ ᠪᠠᠭᠠᠰᠬᠠᠬᠤ᠂ ᠠᠮᠦᠷ ᠲᠤᠭᠳᠠᠭᠤᠨ ᠪᠠᠶᠢᠯᠭᠠᠬᠤ᠂ ᠠᠮᠢ ᠠᠬᠤᠢ | ᠶᠢᠨ ᠤᠷᠴᠢᠨ ᠳᠤᠭᠤᠷᠢᠨ ᠢ ᠬᠠᠮᠠᠭᠠᠯᠠᠬᠤ ᠡᠭᠦᠷᠭᠡ ᠲᠤᠶᠢᠯ ᠤᠨ ᠬᠦᠨᠳᠦ᠃ ᠠᠷᠠᠳ ᠤᠨ ᠠᠮᠢᠳᠤᠷᠠᠯ ᠢ | ᠰᠠᠶᠢᠵᠢᠷᠠᠭᠤᠯᠬᠤ ᠪᠠ ᠨᠡᠶᠢᠬᠡᠮ ᠤᠨ ᠵᠠᠰᠠᠨ ᠴᠡᠭᠴᠡᠯᠡᠯᠳᠡ ᠨᠢ ᠠᠷᠠᠳ ᠤᠯᠠᠨ ᠤ ᠬᠦᠰᠡᠯ ᠱᠠᠭᠠᠷᠳᠠᠯᠭ᠎ᠠ ᠠᠴᠠ ᠪᠠᠰᠠ | ᠵᠤᠬᠢᠬᠤ ᠵᠦᠷᠢᠶ᠎ᠡ ᠲᠠᠢ ᠪᠠᠶᠢᠭᠰᠠᠭᠠᠷ᠃ ᠴᠦᠬᠡᠨ ᠲᠤᠭᠠᠨ ᠤ ᠺᠠᠳ᠋ᠷ ᠤᠨ ᠠᠵᠢᠯᠯᠠᠬᠤ ᠤᠪᠤᠷ ᠰᠤᠷᠳᠠᠯ ᠲᠦᠪ ᠪᠤᠰᠤ᠂ | ᠤᠷᠤᠭᠰᠢᠯᠠᠨ ᠳᠠᠪᠰᠢᠬᠤ ᠪᠤᠳᠤᠯ ᠰᠡᠳᠬᠢᠯ ᠦᠬᠡᠢ᠂ ᠨᠠᠶᠢᠳᠠᠪᠦᠷᠢᠵᠢᠭᠤᠯᠤᠯᠳᠠ ᠶᠢ ᠲᠦᠯᠬᠢᠨ ᠠᠬᠢᠭᠤᠯᠬᠤ ᠬᠦᠴᠦᠨ | ᠪᠠᠭᠤᠷᠠᠢ ᠪᠠᠶᠢᠵᠦ᠂ ᠰᠢᠨ᠎ᠡ ᠪᠠᠷᠭᠤ ᠪᠠᠷᠠᠭᠤᠨ ᠬᠤᠰᠢᠭᠤᠨ ᠤ ᠬᠦᠭᠵᠢᠯᠳᠡ ᠶᠢ ᠲᠦᠷᠭᠡᠳᠭᠡᠬᠦ ᠳᠤᠯᠭᠠᠮ᠎ᠠ | ᠱᠠᠭᠠᠷᠳᠠᠯᠭ᠎ᠠ ᠲᠠᠢ ᠵᠤᠬᠢᠴᠠᠯᠳᠤᠬᠤ ᠦᠬᠡᠢ᠃ ︽ᠲᠦᠷᠪᠡᠨ ᠰᠤᠷᠳᠠᠯ︾ ᠤᠨ ᠠᠰᠠᠭᠤᠳᠠᠯ ᠢ ᠬᠤᠷᠢᠭᠯᠠᠵᠦ ᠪᠠᠶᠢᠪᠠᠴᠦ | ᠵᠤᠭᠰᠤᠭᠠᠵᠦ ᠳᠡᠶᠢᠯᠬᠦ ᠦᠬᠡᠢ ᠪᠠᠶᠢᠵᠦ᠂ ︽ᠦᠩᠭᠡᠷᠡᠬᠦ ᠭᠠᠯᠠᠭᠤᠨ ᠤ ᠦᠳᠦ ᠶᠢ ᠰᠤᠭᠤᠯᠬᠤ︾ ᠵᠡᠷᠭᠡ ᠰᠠᠬᠢᠯᠭ᠎ᠠ | ᠪᠠᠳᠦ ᠶᠢ ᠵᠦᠷᠢᠴᠡᠭᠰᠡᠨ ᠠᠰᠠᠭᠤᠳᠠᠯ ᠮᠦᠨ ᠤᠷᠤᠰᠢᠭᠰᠠᠭᠠᠷ ᠪᠠᠶᠢᠨ᠎ᠠ᠃ ᠡᠭᠦᠨ ᠳᠤ᠂ ᠪᠢᠳᠡ ᠡᠷᠬᠡᠪᠰᠢ | ᠦᠷᠢᠰᠦᠯᠳᠦᠭᠡᠨ ᠳᠤ ᠵᠤᠷᠢᠭᠳᠠᠢ ᠪᠠᠷ ᠬᠠᠨᠳᠤᠨ᠂ ᠵᠤᠷᠢᠭᠳᠠᠢ ᠪᠠᠷ ᠬᠠᠷᠢᠭᠤᠴᠠᠯᠭ᠎ᠠ ᠡᠭᠦᠷᠭᠡᠯᠡᠵᠦ᠂ ᠬᠤᠶᠢᠰᠢᠳᠠ ᠶᠢᠨ | ᠠᠵᠢᠯ ᠲᠤᠮᠳᠠ ᠠᠰᠠᠭᠤᠳᠠᠯ ᠤᠨ ᠵᠢᠯᠤᠭᠤᠳᠤᠮᠵᠢ ᠶᠢ ᠪᠠᠷᠢᠮᠳᠠᠯᠠᠨ᠂ ᠠᠩᠬᠠᠷᠤᠯ ᠢᠶᠠᠨ ᠲᠦᠪᠯᠡᠷᠡᠬᠦᠯᠦᠨ ᠠᠰᠠᠭᠤᠳᠠᠯ | ᠢ ᠰᠢᠢᠳᠪᠦᠷᠢᠯᠡᠬᠦ ᠪᠠᠷ ᠬᠦᠴᠦᠯᠡᠨ ᠴᠢᠷᠮᠠᠶᠢᠵᠦ᠂ ᠵᠠᠰᠠᠭ ᠤᠨ ᠤᠷᠳᠤᠨ ᠤ ᠠᠵᠢᠯ ᠢ ᠪᠦᠬᠦ ᠬᠦᠴᠦᠨ ᠢᠶᠠᠷ ᠢᠶᠠᠨ | ᠰᠠᠶᠢᠳᠦᠷ ᠬᠢᠵᠦ᠂ ᠲᠡᠤᠭᠡᠨ ᠡᠭᠦᠷᠭᠡ ᠶᠢ ᠭᠤᠳᠤᠭᠠᠬᠤ ᠦᠬᠡᠢ ᠮᠦᠷᠲᠡᠭᠡᠨ ᠠᠷᠠᠳ ᠲᠦᠮᠡᠨ ᠤ ᠬᠦᠨᠳᠦ ᠨᠠᠶᠢᠳᠠᠯᠭ᠎ᠠ | ᠶᠢ ᠬᠦᠰᠡᠷᠳᠡᠬᠦᠯᠬᠦ ᠦᠬᠡᠢ ᠪᠠᠷ ᠴᠢᠷᠮᠠᠶᠢᠬᠤ ᠭᠡᠷᠡᠭᠳᠡᠢ᠃ |