ᠬᠤᠶᠠᠷ᠂ ᠬᠤᠶᠢᠰᠢᠳᠠ ᠶᠢᠨ ᠲᠠᠪᠤᠨ ᠵᠢᠯ ᠤᠨ ᠳᠡᠮᠡᠴᠡᠬᠦ ᠬᠠᠷᠠᠯᠳᠠ ᠪᠠ ᠭᠤᠤᠯ ᠡᠭᠦᠷᠭᠡ | ᠨᠠᠮ ᠤᠨ ᠠᠷᠪᠠᠨ ᠶᠢᠰᠦᠳᠦᠭᠡᠷ ᠶᠡᠭᠡ ᠬᠤᠷᠠᠯ ᠲᠤᠮᠳᠠᠳᠦ ᠤᠯᠤᠰ ᠤᠨ ᠤᠨᠴᠠᠯᠢᠭ ᠲᠠᠢ ᠨᠡᠶᠢᠬᠡᠮ ᠵᠢᠷᠤᠮ ᠢ | ᠪᠦᠲᠦᠭᠡᠨ ᠪᠠᠶᠢᠭᠤᠯᠬᠤ ᠰᠢᠨ᠎ᠡ ᠴᠠᠭ ᠦᠶ᠎ᠡ ᠶᠢ ᠨᠡᠭᠡᠭᠡᠵᠦ᠂ ᠰᠢᠨ᠎ᠡ ᠴᠠᠭ ᠦᠶ᠎ᠡ ᠳᠠᠬᠢ ᠲᠤᠮᠳᠠᠳᠦ ᠤᠯᠤᠰ ᠤᠨ | ᠤᠨᠴᠠᠯᠢᠭ ᠲᠠᠢ ᠨᠡᠶᠢᠬᠡᠮ ᠵᠢᠷᠤᠮ ᠢ ᠪᠠᠷᠢᠮᠳᠠᠯᠠᠨ ᠬᠦᠭᠵᠢᠬᠦᠯᠬᠦ ᠦᠨᠳᠦᠰᠦᠨ ᠴᠢᠭᠯᠡᠯᠳᠡ ᠪᠤᠳᠤᠯᠭ᠎ᠠ ᠶᠢ ᠳᠤᠷᠠᠳᠤᠨ | ᠭᠠᠷᠭᠠᠵᠦ᠂ ᠴᠢᠨᠡᠭᠡᠯᠢᠭ ᠨᠡᠶᠢᠬᠡᠮ ᠢ ᠪᠦᠬᠦ ᠳᠠᠯ᠎ᠠ ᠪᠠᠷ ᠪᠡᠶᠡᠯᠡᠬᠦᠯᠬᠦ ᠰᠢᠢᠳᠪᠦᠷᠢᠳᠦ ᠢᠯᠠᠯᠳᠠ ᠶᠢ ᠳᠡᠮᠡᠴᠡᠨ ᠤᠯᠬᠤ | ᠪᠠ ᠨᠡᠶᠢᠬᠡᠮ ᠵᠢᠷᠤᠮᠳᠦ ᠤᠳᠤᠬᠢᠴᠢᠯᠠᠭᠰᠠᠨ ᠤᠯᠤᠰ ᠢ ᠪᠦᠭᠲ᠋ᠠᠯᠠ ᠪᠠᠷ ᠪᠠᠶᠢᠭᠤᠯᠬᠤ ᠰᠢᠨ᠎ᠡ ᠠᠶᠠᠯᠠᠯ ᠢ ᠡᠬᠢᠯᠡᠬᠦᠯᠬᠦ | ᠬᠠᠷᠠᠯᠳᠠ ᠶᠢ ᠲᠤᠭᠳᠠᠭᠠᠭᠰᠠᠨ ᠤ ᠬᠠᠮᠳᠦ᠂ ᠬᠢᠯᠢ ᠬᠢᠵᠠᠭᠠᠷ ᠤᠨ ᠴᠦᠬᠡᠨ ᠲᠤᠭᠠᠳᠦ ᠦᠨᠳᠦᠰᠦᠳᠡᠨ ᠤ ᠤᠷᠤᠨ ᠤ | ᠰᠢᠨ᠎ᠡ ᠨᠢᠭᠡᠨ ᠡᠭᠡᠯᠵᠢ ᠶᠢᠨ ᠬᠦᠭᠵᠢᠯᠳᠡ ᠳᠤ ᠤᠷᠤᠭᠰᠢᠯᠠᠯᠳᠠ ᠶᠢᠨ ᠴᠢᠭᠯᠡᠯ ᠢ ᠵᠢᠭᠠᠨ ᠦᠭᠴᠦ᠂ ᠬᠦᠴᠦᠷᠭᠡᠭ ᠶᠡᠭᠡ | ᠬᠦᠳᠡᠯᠭᠡᠭᠴᠢ ᠬᠦᠴᠦᠨ ᠤᠯᠭᠤᠪᠠ᠃ ᠰᠢᠨ᠎ᠡ ᠴᠠᠭ ᠦᠶ᠎ᠡ ᠳᠤ ᠠᠯᠬᠤᠨ ᠤᠷᠤᠵᠦ᠂ ᠰᠢᠨ᠎ᠡ ᠠᠶᠠᠯᠠᠯ ᠢᠶᠠᠨ | ᠡᠬᠢᠯᠡᠬᠦᠯᠦᠶ᠎ᠡ᠃ ᠢᠷᠡᠭᠡᠳᠦᠢ ᠶᠢᠨ ᠲᠠᠪᠤᠨ ᠵᠢᠯ ᠢ ᠪᠠᠷᠠᠯᠠᠬᠤᠶ᠎ᠠ᠂ ᠠᠵᠠ ᠲᠤᠬᠢᠶᠠᠯ ᠬᠢᠭᠡᠳ ᠦᠷᠢᠰᠦᠯᠳᠦᠭᠡᠨ᠂ | ᠬᠦᠴᠢᠷ ᠪᠡᠷᠭᠡᠰᠢᠶᠡᠯ ᠬᠢᠬᠡᠳ ᠬᠦᠰᠡᠯ ᠡᠷᠡᠮᠡᠯᠵᠡᠯ ᠵᠡᠷᠭᠡᠪᠡᠷ ᠤᠷᠤᠰᠢᠵᠦ ᠪᠠᠶᠢᠨ᠎ᠠ᠃ ᠬᠤᠶᠢᠰᠢᠳᠠ ᠶᠢᠨ ᠳᠠᠪᠤᠨ ᠵᠢᠯ | ᠪᠤᠯ ᠮᠠᠨ ᠤ ᠬᠤᠰᠢᠭᠤᠨ ᠤ ᠨᠠᠮ ᠤᠨ ᠠᠷᠪᠠᠨ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠬᠦᠨᠵᠡᠬᠡᠢ | ᠲᠤᠤᠱᠯᠠᠭᠤᠯᠤᠨ ᠨᠠᠶᠢᠳᠠᠪᠦᠷᠢᠵᠢᠭᠤᠯᠵᠦ᠂ ᠮᠠᠯᠵᠢᠬᠤ ᠤᠷᠤᠨ ᠤ ᠴᠢᠨᠡᠭᠡᠯᠢᠭ ᠨᠡᠶᠢᠬᠡᠮ ᠢ ᠪᠦᠬᠦ ᠳᠠᠯ᠎ᠠ ᠪᠠᠷ ᠪᠡᠶᠡᠯᠡᠬᠦᠯᠬᠦ | ᠰᠢᠪᠳᠤᠯᠤᠯᠳᠠ ᠶᠢᠨ ᠱᠠᠳᠦ ᠦᠶ᠎ᠡ ᠪᠤᠯᠬᠤ ᠪᠠᠷ ᠪᠠᠷᠠᠬᠤ ᠦᠬᠡᠢ᠂ ᠨᠡᠩ ᠴᠦ ᠮᠠᠨ ᠤ ᠬᠤᠰᠢᠭᠤᠨ ᠤ ᠪᠦᠳᠦᠴᠡ ᠶᠢ | ᠰᠢᠯᠢᠳᠡᠭᠵᠢᠬᠦᠯᠦᠨ ᠦᠬᠡᠷᠡᠴᠢᠯᠡᠯᠳᠡ ᠬᠢᠬᠦ ᠪᠠ ᠠᠵᠦ ᠦᠢᠯᠡᠰ ᠤᠨ ᠬᠡᠯᠪᠡᠷᠢ ᠶᠢ ᠬᠤᠪᠢᠷᠠᠭᠤᠯᠤᠨ ᠳᠡᠰ ᠳᠡᠪᠰᠢᠬᠦᠯᠬᠦ | ᠶᠢ ᠲᠦᠯᠬᠢᠨ ᠠᠬᠢᠭᠤᠯᠬᠤ ᠵᠠᠩᠬᠢᠯᠠᠭ᠎ᠠ ᠶᠢᠨ ᠬᠤᠭᠤᠴᠠᠭ᠎ᠠ ᠪᠤᠯᠤᠨ᠎ᠠ᠃ ᠪᠢᠳᠡ ᠭᠠᠭᠴᠠᠬᠦ ᠰᠢᠨᠵᠢᠯᠡᠬᠦ ᠤᠬᠠᠭᠠᠨᠴᠢ | ᠮᠠᠭᠠᠳᠯᠠᠯᠳᠠ ᠬᠢᠵᠦ᠂ ᠢᠳᠡᠪᠬᠢᠳᠠᠢ ᠠᠷᠭᠠᠴᠠᠪᠠᠯ ᠰᠠᠶ᠋ᠢ ᠨᠠᠷᠢᠨ ᠪᠤᠳᠤᠯᠢᠶᠠᠨᠳᠠᠢ ᠬᠤᠷᠸ᠎ᠠ ᠠᠵᠦ ᠠᠬᠤᠢ ᠶᠢᠨ ᠪᠠᠶᠢᠳᠠᠯ | ᠲᠤᠤᠷ᠎ᠠ ᠲᠤᠭᠳᠠᠭᠤᠨ ᠢᠶᠠᠷ ᠤᠷᠤᠭᠰᠢᠯᠠᠵᠦ ᠴᠢᠳᠠᠨ᠎ᠠ᠃ ᠪᠢᠳᠡ ᠭᠠᠭᠴᠠᠬᠦ ᠵᠤᠷᠢᠭᠳᠠᠢ ᠪᠠᠷ ᠡᠭᠦᠷᠭᠡᠯᠡᠵᠦ᠂ ᠰᠢᠨ᠎ᠡ | ᠶᠢ ᠡᠭᠦᠳᠦᠨ ᠰᠢᠪᠳᠤᠯᠤᠯᠳᠠ ᠬᠢᠪᠠᠯ ᠰᠠᠶ᠋ᠢ ᠪᠦᠳᠦᠴᠡ ᠶᠢᠨ ᠲᠤᠬᠢᠷᠠᠭᠤᠯᠤᠯᠳᠠ ᠬᠢᠵᠦ ᠭᠡᠯᠪᠡᠷᠢ ᠶᠢ ᠬᠤᠪᠢᠷᠠᠭᠤᠯᠬᠤ | ᠡᠪᠡᠷᠰᠢᠶᠡᠯ ᠤᠨ ᠲᠤᠮᠳᠠ ᠡᠷᠡᠯᠭᠡᠭᠯᠡᠨ ᠤᠷᠤᠭᠰᠢᠯᠠᠵᠦ ᠴᠢᠳᠠᠨ᠎ᠠ᠃ ᠤᠯᠤᠰ ᠤᠨ ︽ᠨᠢᠭᠡ ᠪᠦᠰᠡ ᠨᠢᠭᠡ ᠱᠤᠭᠤᠮ︾ | ᠂ ᠪᠠᠷᠠᠭᠤᠨ ᠤᠷᠤᠨ ᠢ ᠶᠡᠬᠡᠪᠡᠷ ᠨᠡᠭᠡᠭᠡᠨ ᠬᠦᠭᠵᠢᠬᠦᠯᠬᠦ ᠪᠠ ᠰᠢᠨ᠎ᠡ ᠨᠢᠭᠡᠨ ᠡᠬᠡᠯᠵᠢ ᠶᠢᠨ ᠵᠡᠬᠦᠨ ᠬᠤᠶᠢᠳᠣ ᠣᠷᠣᠨ ᠢ | ᠬᠦᠭᠵᠢᠬᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢᠨ ᠭᠡᠷᠡᠭᠵᠢᠬᠦᠯᠦᠯᠳᠡ ᠪᠢᠳᠡᠨ ᠳᠤ ᠬᠦᠭᠵᠢᠯᠳᠡ ᠶᠢᠨ | ᠨᠠᠨᠳᠢᠨ ᠠᠵᠠ ᠲᠤᠬᠢᠶᠠᠯ ᠤᠯᠭᠤᠪᠠ᠃ ᠰᠢᠨ᠎ᠡ ᠪᠠᠷᠭᠤ ᠪᠠᠷᠠᠭᠤᠨ ᠬᠤᠰᠢᠭᠤ ᠰᠠᠶᠢᠨ ᠰᠠᠶᠢᠬᠠᠨ ᠬᠦᠭᠵᠢᠯᠳᠡ ᠶᠢᠨ | ᠳᠠᠪᠠᠭᠤᠯᠢᠭ᠂ ᠬᠦᠭᠵᠢᠯᠳᠡ ᠶᠢᠨ ᠰᠠᠭᠤᠷᠢ ᠪᠠ ᠬᠦᠭᠵᠢᠯᠳᠡ ᠶᠢᠨ ᠳᠠᠯᠳᠠ ᠬᠦᠴᠦᠨ ᠲᠠᠢ ᠶᠤᠮ᠂ ᠬᠤᠰᠢᠭᠤᠨ ᠤ | ᠠᠷᠪᠠᠨ ᠲᠦᠷᠪᠡᠳᠦᠭᠡᠷ ᠬᠤᠭᠤᠴᠠᠭᠠᠨ ᠤ ᠨᠠᠮ ᠤᠨ ᠲᠦᠯᠦᠭᠡᠯᠡᠭᠴᠢᠳ ᠤᠨ ᠶᠡᠭᠡ ᠬᠤᠷᠠᠯ ᠠᠴᠠ ᠬᠦᠭᠵᠢᠯᠳᠡ ᠶᠢᠨ | ᠰᠡᠳᠬᠢᠴᠡ ᠶᠢ ᠳᠤᠳᠤᠷᠬᠠᠢ ᠲᠤᠭᠳᠠᠭᠠᠨ᠂ ᠬᠦᠮᠦᠰ ᠤᠨ ᠢᠳᠡᠭᠡᠯ ᠵᠤᠷᠢᠭ ᠢ ᠬᠦᠪᠴᠢᠯᠡᠭᠰᠡᠨ ᠬᠦᠭᠵᠢᠯᠳᠡ ᠶᠢᠨ | ᠬᠠᠷᠠᠯᠳᠠ ᠪᠠ ᠬᠦᠴᠦᠨ ᠪᠦᠬᠦᠢ ᠬᠦᠭᠵᠢᠯᠳᠡ ᠶᠢᠨ ᠠᠷᠭ᠎ᠠ ᠪᠤᠳᠤᠯᠭ᠎ᠠ ᠶᠢ ᠳᠤᠷᠠᠳᠤᠨ ᠭᠠᠷᠭᠠᠭᠰᠠᠨ ᠶᠠᠪᠤᠳᠠᠯ ᠨᠢ | ᠦᠷᠭᠡᠨ ᠤᠯᠠᠨ ᠺᠠᠳ᠋ᠷ ᠤᠯᠠᠨ ᠲᠦᠮᠡᠨ ᠤ ᠠᠳᠠᠯ ᠦᠢᠯᠡᠰ ᠪᠤᠰᠬᠠᠬᠤ ᠤᠷᠬᠢᠯᠤᠮ᠎ᠠ ᠬᠠᠯᠠᠭᠤᠨ ᠰᠡᠳᠬᠢᠯᠭᠡ ᠶᠢ | ᠲᠦᠪᠯᠡᠷᠡᠬᠦᠯᠦᠨ ᠤᠷᠮᠠᠰᠢᠭᠤᠯᠬᠤ ᠨᠢ ᠵᠠᠶᠢᠯᠠᠰᠢ ᠦᠬᠡᠢ ᠶᠤᠮ᠃ ᠴᠠᠭ ᠦᠶ᠎ᠡ ᠠᠴᠠ ᠪᠢᠳᠡᠨ ᠳᠤ ᠬᠦᠨᠳᠦ ᠡᠭᠦᠷᠭᠡ | ᠳᠠᠭᠠᠭᠠᠯᠭᠠᠭᠰᠠᠨ ᠶᠤᠮ᠂ ᠡᠶᠢᠮᠦ ᠠᠴᠠ ᠦᠨᠡᠨ ᠪᠤᠳᠠᠳᠠᠢ ᠪᠠᠷ ᠠᠵᠢᠯᠯᠠᠳᠠᠭ ᠯᠠ ᠶᠤᠮ ᠪᠤᠯ ᠭᠡᠷᠡᠯ ᠰᠠᠴᠤᠷᠠᠩᠭᠤᠢ | ᠦᠢᠯᠡᠰ ᠢ ᠯᠠᠪᠳᠠᠢ ᠪᠦᠳᠦᠭᠡᠵᠦ ᠴᠢᠳᠠᠨ᠎ᠠ᠃ ᠪᠢᠳᠡ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠲᠤᠮᠳᠠᠳᠦ | ᠤᠯᠤᠰ ᠤᠨ ᠤᠨᠴᠠᠯᠢᠭ ᠲᠠᠢ ᠨᠡᠶᠢᠬᠡᠮ ᠵᠢᠷᠤᠮ ᠤᠨ ᠦᠵᠡᠯ ᠰᠠᠨᠠᠭ᠎ᠠ ᠪᠠᠷ ᠪᠦᠬᠦ ᠳᠠᠯ᠎ᠠ ᠶᠢ ᠶᠡᠷᠦᠩᠭᠡᠶᠢᠯᠡᠨ ᠵᠠᠬᠢᠷᠴᠦ᠂ | ᠨᠠᠮ ᠤᠨ ᠠᠷᠪᠠᠨ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠠᠵᠦ ᠠᠬᠤᠢ ᠨᠡᠶᠢᠬᠡᠮ ᠤᠨ ᠬᠦᠭᠵᠢᠯᠳᠡ | ᠶᠢᠨ ᠡᠯ᠎ᠡ ᠳᠠᠯ᠎ᠠ ᠳᠤ ᠨᠠᠶᠢᠳᠠᠪᠦᠷᠢᠵᠢᠭᠤᠯᠵᠦ᠂ ᠢᠯᠠᠯᠳᠠ ᠶᠢᠨ ᠡᠷᠴᠢᠨ ᠳᠡᠭᠡᠷ᠎ᠡ ᠪᠠᠨ ᠡᠷᠡᠯᠬᠡᠭᠯᠡᠨ ᠤᠷᠤᠭᠰᠢᠯᠠᠵᠦ᠂ | ᠰᠢᠨ᠎ᠡ ᠪᠠᠷᠭᠤ ᠪᠠᠷᠠᠭᠤᠨ ᠬᠤᠰᠢᠭᠤᠨ ᠤ ᠰᠢᠨ᠎ᠡ ᠨᠢᠭᠡᠨ ᠡᠬᠡᠯᠵᠢ ᠶᠢᠨ ᠬᠦᠭᠵᠢᠯᠳᠡ ᠳᠤ ᠰᠠᠨᠠᠭᠠᠴᠢᠯᠠᠭᠠᠳᠦ ᠪᠠᠶᠢᠷᠢ | ᠪᠠ ᠲᠦᠪᠯᠡᠷᠡᠭᠰᠡᠨ ᠳᠠᠪᠠᠭᠤᠯᠢᠭ ᠢ ᠳᠡᠮᠡᠴᠡᠨ ᠤᠯᠵᠦ᠂ ᠰᠢᠷᠦᠬᠦᠨ ᠳᠡᠮᠡᠴᠡᠯᠳᠦᠭᠡᠨ ᠢ ᠢᠯᠠᠨ ᠳᠠᠪᠠᠵᠦ᠂ ᠳᠠᠬᠢᠨᠳᠠ | ᠭᠡᠷᠡᠯ ᠬᠢᠯᠪᠠᠭ᠎ᠠ ᠪᠠᠨ ᠰᠠᠴᠤᠷᠠᠭᠤᠯᠤᠶ᠎ᠠ᠃ ᠳᠠᠶᠠᠭᠠᠷ ᠢᠶᠠᠨ ᠰᠡᠳᠬᠢᠯ ᠨᠢᠭᠡᠳᠡᠢ ᠪᠤᠯ ᠢᠯᠠᠯᠳᠠ ᠤᠯᠬᠤ ᠨᠢ ᠭᠠᠷᠴᠠᠭ᠎ᠠ | ᠦᠬᠡᠢ ᠶᠤᠮ᠃ ᠭᠠᠭᠴᠠᠬᠦ ᠬᠤᠰᠢᠭᠤ ᠳᠠᠶᠠᠭᠠᠷ ᠢᠶᠠᠨ ᠰᠡᠳᠬᠢᠯ ᠨᠢᠭᠡᠳᠦᠨ ᠬᠦᠴᠦ ᠪᠠᠨ ᠬᠠᠮᠳᠤᠳᠬᠠᠳᠠᠭ ᠯᠠ ᠶᠤᠮ | ᠪᠤᠯ ᠰᠢᠨ᠎ᠡ ᠪᠠᠷᠭᠤ ᠪᠠᠷᠠᠭᠤᠨ ᠬᠤᠰᠢᠭᠤᠨ ᠤ ᠰᠢᠨ᠎ᠡ ᠨᠢᠭᠡᠨ ᠡᠭᠡᠯᠵᠢ ᠶᠢᠨ ᠬᠦᠭᠵᠢᠯᠳᠡ ᠶᠢᠨ ︽ᠤᠷᠳᠦ ᠵᠠᠮ ᠤᠨ | ᠠᠶᠠᠨ︾ ᠳᠠᠶᠢᠨ ᠤ ᠢᠯᠠᠯᠳᠠ ᠶᠢ ᠤᠯᠬᠤ ᠨᠢ ᠵᠠᠶᠢᠯᠠᠰᠢ ᠦᠬᠡᠢ ᠶᠤᠮ᠃ | ᠬᠤᠶᠢᠰᠢᠳᠠ ᠶᠢᠨ ᠲᠠᠪᠤᠨ ᠵᠢᠯ ᠳᠤ᠂ ᠰᠢᠨ᠎ᠡ ᠨᠢᠭᠡᠨ ᠬᠤᠭᠤᠴᠠᠭᠠᠨ ᠤ ᠵᠠᠰᠠᠭ ᠤᠨ ᠤᠷᠳᠤᠨ ᠤ ᠠᠵᠢᠯ ᠤᠨ | ᠶᠡᠷᠦᠩᠭᠡᠢ ᠱᠠᠭᠠᠷᠳᠠᠯᠭ᠎ᠠ ᠪᠤᠯ᠄ ᠨᠠᠮ ᠤᠨ ᠠᠷᠪᠠᠨ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠪᠦᠬᠦ ᠳᠠᠯ᠎ᠠ | ᠪᠠᠷ ᠰᠤᠷᠤᠯᠴᠠᠨ ᠤᠬᠠᠭᠤᠯᠬᠤ ᠪᠠ ᠲᠤᠤᠱᠯᠠᠭᠤᠯᠤᠨ ᠨᠠᠶᠢᠳᠠᠪᠦᠷᠢᠵᠢᠭᠤᠯᠵᠦ᠂ ᠰᠢ ᠶᠢᠨ ᠫᠢᠩ ᠤᠨ ᠰᠢᠨ᠎ᠡ ᠴᠠᠭ | ᠦᠶ᠎ᠡ ᠶᠢᠨ ᠳᠤᠮᠳᠠᠳᠦ ᠤᠯᠤᠰ ᠤᠨ ᠤᠨᠴᠠᠯᠢᠭ ᠲᠠᠢ ᠨᠡᠶᠢᠬᠡᠮ ᠵᠢᠷᠤᠮ ᠤᠨ ᠦᠵᠡᠯ ᠰᠠᠨᠠᠭ᠎ᠠ ᠪᠠᠷ ᠦᠨᠳᠦᠰᠦᠨ | ᠴᠢᠭᠯᠡᠯ ᠪᠤᠯᠭᠠᠨ᠂ ︽ᠲᠠᠪᠤ ᠶᠢ ᠨᠢᠭᠡ ᠴᠤᠭᠴᠠᠵᠢᠭᠤᠯᠬᠤ︾ ᠶᠡᠷᠦᠩᠭᠡᠢ ᠪᠠᠶᠢᠷᠢᠰᠢᠭᠤᠯᠤᠯᠳᠠ ᠪᠤᠯᠤᠨ ︽ᠲᠦᠷᠪᠡᠨ | ᠪᠦᠬᠦ ᠳᠠᠯ᠎ᠠ︾ ᠶᠢᠨ ᠪᠠᠶᠢᠯᠳᠤᠬᠤ ᠪᠤᠳᠤᠯᠭ᠎ᠠ ᠶᠢᠨ ᠪᠠᠶᠢᠷᠢᠰᠢᠭᠤᠯᠤᠯᠳᠠ ᠶᠢ ᠨᠢᠭᠡᠳᠦᠯᠳᠡᠢ ᠲᠦᠯᠦᠪᠵᠢᠬᠦᠯᠦᠨ | ᠳᠦᠯᠬᠢᠨ ᠠᠬᠢᠭᠤᠯᠵᠦ᠂ ᠦᠪᠡᠷᠲᠡᠭᠡᠨ ᠵᠠᠰᠠᠬᠤ ᠤᠷᠤᠨ᠂ ᠬᠤᠳᠠ ᠪᠠ ᠬᠤᠰᠢᠭᠤ ᠭᠤᠷᠪᠠᠨ ᠱᠠᠳᠤᠨ ᠤ ᠨᠠᠮ ᠤᠨ | ᠲᠦᠯᠦᠭᠡᠯᠡᠭᠴᠢᠳ ᠤᠨ ᠶᠡᠭᠡ ᠬᠤᠷᠠᠯ ᠤᠨ ᠵᠤᠷᠢᠭ ᠰᠠᠨᠠᠭ᠎ᠠ ᠶᠢ ᠬᠦᠨᠵᠡᠬᠡᠢ ᠲᠤᠤᠱᠯᠠᠭᠤᠯᠤᠨ ᠨᠠᠶᠢᠳᠠᠪᠦᠷᠢᠵᠢᠭᠤᠯᠵᠦ᠂ | ᠮᠠᠨ ᠤ ᠤᠯᠤᠰ ᠤᠨ ᠨᠡᠶᠢᠬᠡᠮ ᠤᠨ ᠭᠤᠤᠯ ᠵᠦᠷᠢᠴᠡᠯ ᠤᠨ ᠬᠤᠪᠢᠷᠠᠯᠳᠠ ᠶᠢᠨ ᠳᠤᠭᠤᠷᠢᠨ ᠳᠤ᠂ ᠲᠤᠭᠳᠠᠭᠤᠨ | ᠳᠤᠮᠳᠠ ᠤᠷᠤᠭᠰᠢᠯᠠᠬᠤ ᠠᠵᠢᠯ ᠤᠨ ᠶᠡᠷᠦᠩᠭᠡᠢ ᠬᠦᠭ ᠠᠶᠠᠰ ᠢ ᠪᠠᠷᠢᠮᠳᠠᠯᠠᠨ᠂ ᠬᠦᠭᠵᠢᠬᠦᠯᠬᠦ ᠶᠢ ᠢᠮᠠᠭᠳᠠ ᠮᠠᠨ ᠤ | ᠬᠤᠰᠢᠭᠤᠨ ᠤ ᠠᠯᠢᠪᠠ ᠠᠰᠠᠭᠤᠳᠠᠯ ᠢ ᠰᠢᠢᠳᠪᠦᠷᠢᠯᠡᠬᠦ ᠰᠠᠭᠤᠷᠢ ᠪᠠ ᠵᠠᠩᠬᠢᠯᠠᠭ᠎ᠠ ᠪᠤᠯᠭᠠᠨ᠂ ᠬᠦᠭᠵᠢᠯᠳᠡ ᠶᠢ | ᠲᠡᠷᠢᠬᠦᠨ ᠴᠢᠬᠤᠯᠠ ᠪᠠᠶᠢᠷᠢᠨ ᠳᠤ ᠳᠠᠯᠪᠢᠬᠤ ᠶᠢ ᠭᠤᠶᠢᠪᠢᠰᠢ ᠦᠬᠡᠢ ᠰᠠᠶᠢᠳᠦᠷ ᠪᠠᠷᠢᠮᠳᠠᠯᠠᠵᠦ᠂ ᠰᠢᠨ᠎ᠡ ᠶᠢ ᠡᠭᠦᠳᠬᠦ᠂ | ᠵᠤᠬᠢᠴᠠᠭᠤᠯᠤᠨ ᠬᠦᠭᠵᠢᠬᠦᠯᠬᠦ᠂ ᠪᠤᠬᠢᠷᠳᠤᠯ ᠦᠬᠡᠢ᠂ ᠨᠡᠭᠡᠭᠡᠯᠳᠡ ᠲᠠᠢ᠂ ᠬᠠᠮᠳᠤ ᠪᠠᠷ ᠡᠳ᠋ᠯᠡᠬᠦ ᠬᠦᠭᠵᠢᠯᠳᠡ ᠶᠢᠨ | ᠣᠶᠢᠯᠠᠭᠠᠭᠳᠠᠬᠤᠨ ᠢ ᠭᠤᠶᠢᠪᠢᠰᠢ ᠦᠬᠡᠢ ᠲᠤᠤᠱᠯᠠᠭᠤᠯᠤᠨ᠂ ᠪᠦᠬᠦ ᠬᠤᠳᠠ ᠶᠢᠨ ︽ᠬᠤᠶᠠᠷ ᠲᠤᠭᠤᠷᠢᠭ ᠭᠤᠷᠪᠠᠨ | ᠰᠠᠭᠤᠷᠢᠨ ᠭᠠᠵᠠᠷ ᠨᠢᠭᠡ ᠭᠡᠷ ᠤᠷᠤᠨ︾ ᠤ ᠬᠠᠷᠠᠯᠳᠠᠳᠦ ᠤᠷᠤᠨ ᠪᠠᠶᠢᠷᠢ ᠶᠢᠨ ᠳᠤᠭᠤᠷᠢᠨ ᠳᠤ᠂ ︽ᠲᠠᠪᠤ︾ ᠶᠢ | ᠵᠤᠬᠢᠴᠠᠭᠤᠯᠤᠨ ᠬᠦᠭᠵᠢᠬᠦᠯᠬᠦ ᠶᠢ ᠠᠬᠢᠭᠤᠯᠤᠨ᠂ ︽ᠳᠤᠯᠤᠭᠠᠨ ᠰᠦᠯᠵᠢᠶ᠎ᠡ ᠳᠤᠯᠤᠭᠠᠨ ᠠᠵᠢᠯ ᠦᠢᠯᠡᠰ︾ ᠤᠨ | ᠪᠦᠲᠦᠭᠡᠨ ᠪᠠᠶᠢᠭᠤᠯᠤᠯᠳᠠ ᠶᠢ ᠲᠦᠷᠭᠡᠳᠭᠡᠵᠦ᠂ ᠳᠤᠮᠤ ᠶᠡᠭᠡ ᠠᠶᠤᠯ ᠲᠦᠭᠰᠢᠬᠦᠷᠢ ᠶᠢ ᠰᠡᠷᠭᠡᠶᠢᠯᠡᠨ ᠨᠠᠮᠳᠠᠭᠤᠯᠬᠤ᠂ | ᠨᠠᠷᠢᠯᠢᠭ ᠤᠨᠤᠪᠴᠢᠳᠠᠢ ᠶᠠᠳᠠᠭᠤ ᠶᠢ ᠳᠡᠳᠬᠦᠬᠦ᠂ ᠪᠤᠬᠢᠷᠳᠤᠯ ᠢ ᠰᠡᠷᠭᠡᠶᠢᠯᠡᠨ ᠵᠠᠰᠠᠬᠤ ᠪᠠᠬᠢᠯᠡᠯᠳᠡ ᠰᠢᠪᠳᠤᠯᠬᠤ ᠳᠠᠶᠢᠨ | ᠢ ᠡᠷᠡᠰ ᠰᠢᠭᠤᠷᠬᠠᠢ ᠰᠠᠶᠢᠳᠦᠷ ᠬᠢᠵᠦ᠂ ᠬᠦᠭᠵᠢᠯᠳᠡ᠂ ᠠᠮᠢ ᠠᠬᠤᠢ ᠪᠤᠯᠤᠨ ᠠᠷᠠᠳ ᠤᠨ ᠠᠮᠢᠳᠤᠷᠠᠯ ᠭᠡᠳᠡᠭ | ᠭᠤᠷᠪᠠᠨ ᠬᠢᠵᠠᠭᠠᠷᠳᠦ ᠱᠤᠭᠤᠮ ᠢ ᠪᠠᠳᠦ ᠪᠠᠬᠢ ᠰᠠᠬᠢᠨ ᠬᠠᠮᠠᠭᠠᠯᠠᠵᠦ᠂ ᠠᠷᠠᠳ ᠲᠦᠮᠡᠨ ᠤ ᠡᠳᠦᠷ ᠢᠷᠡᠬᠦᠶ᠎ᠡ | ᠨᠡᠮᠡᠭᠳᠡᠵᠦ ᠪᠠᠶᠢᠭ᠎ᠠ ᠰᠠᠶᠢᠨ ᠰᠠᠶᠢᠬᠠᠨ ᠠᠮᠢᠳᠤᠷᠠᠯ ᠤᠨ ᠬᠦᠰᠡᠯ ᠱᠠᠭᠠᠷᠳᠠᠯᠭ᠎ᠠ ᠶᠢ ᠨᠡᠩ ᠰᠠᠶᠢᠳᠣᠷ ᠬᠠᠩᠭᠠᠵᠦ᠂ | ᠦᠭᠡᠷᠡᠴᠢᠯᠡᠯᠳᠡ ᠶᠢ ᠬᠦᠨᠵᠡᠭᠡᠶᠢᠷᠡᠬᠦᠯᠦᠨ᠂ ᠨᠡᠭᠡᠭᠡᠯᠳᠡ ᠶᠢ ᠦᠷᠭᠡᠳᠭᠡᠵᠦ᠂ ᠨᠡᠶᠢᠭᠡᠮ ᠤᠨ ᠵᠠᠰᠠᠨ ᠴᠡᠭᠴᠡᠯᠡᠯᠳᠡ ᠶᠢᠨ | ᠰᠢᠨ᠎ᠡ ᠶᠢ ᠡᠭᠦᠳᠴᠦ᠂ ︽ᠠᠮᠢ ᠠᠬᠤᠢ ᠶᠡᠬᠡᠪᠡᠷ ᠰᠠᠶᠢᠵᠢᠷᠠᠭᠰᠠᠨ᠂ ᠮᠠᠯ ᠠᠵᠦ ᠠᠬᠤᠢ ᠶᠡᠬᠡᠪᠡᠷ ᠬᠦᠭᠵᠢᠭᠰᠡᠨ᠂ | ᠠᠵᠦ ᠦᠢᠯᠡᠳᠪᠦᠷᠢ ᠶᠡᠬᠡᠪᠡᠷ ᠳᠡᠭᠡᠭᠰᠢᠯᠡᠭᠰᠡᠨ᠂ ᠬᠤᠳᠠ ᠪᠠᠯᠭᠠᠰᠦ ᠶᠡᠬᠡᠪᠡᠷ ᠬᠤᠪᠢᠷᠠᠭᠰᠠᠨ᠂ ᠵᠤᠭᠠᠴᠠᠯ ᠤᠨ ᠦᠢᠯᠡᠰ | ᠶᠡᠬᠡᠪᠡᠷ ᠰᠢᠪᠳᠤᠯᠤᠯᠳᠠ ᠲᠠᠢ ᠪᠤᠯᠤᠭᠰᠠᠨ᠂ ᠨᠡᠶᠢᠭᠡᠮ ᠶᠡᠭᠡᠪᠡᠷ ᠡᠶ᠎ᠡ ᠵᠤᠬᠢᠴᠠᠯ ᠲᠠᠢ︾ ᠪᠣᠯᠬᠤ ᠶᠢ ᠴᠢᠷᠮᠠᠶᠢᠨ | ᠪᠡᠶᠡᠯᠡᠬᠦᠯᠵᠦ᠂ ᠲᠤᠭᠳᠠᠭᠰᠠᠨ ᠴᠠᠭ ᠲᠠᠭᠠᠨ ᠴᠢᠨᠡᠭᠡᠯᠢᠭ ᠨᠡᠶᠢᠬᠡᠮ ᠢ ᠪᠦᠬᠦ ᠳᠠᠯ᠎ᠠ ᠪᠠᠷ ᠪᠡᠶᠡᠯᠡᠬᠦᠯᠵᠦ᠂ ᠰᠢᠨ᠎ᠡ ᠪᠠᠷᠭᠤ | ᠪᠠᠷᠠᠭᠤᠨ ᠬᠤᠰᠢᠭᠤᠨ ᠤ ᠤᠳᠤᠬᠢᠴᠢᠯᠠᠭᠰᠠᠨ ᠪᠦᠲᠦᠭᠡᠨ ᠪᠠᠶᠢᠭᠤᠯᠤᠯᠳᠠ ᠶᠢᠨ ᠰᠢᠨ᠎ᠡ ᠪᠠᠶᠢᠳᠠᠯ ᠢ ᠡᠭᠦᠳᠦᠨ | ᠨᠡᠭᠡᠭᠡᠨ᠎ᠡ᠃ | ᠬᠤᠶᠢᠰᠢᠳᠠ ᠶᠢᠨ ᠲᠠᠪᠤᠨ ᠵᠢᠯ ᠤᠨ ᠭᠤᠤᠯ ᠳᠡᠮᠡᠴᠡᠬᠦ ᠬᠠᠷᠠᠯᠳᠠ ᠪᠤᠯ᠄ ᠤᠷᠤᠨ ᠨᠤᠲᠤᠭ ᠤᠨ | ᠦᠢᠯᠡᠳᠪᠦᠷᠢᠯᠡᠯ ᠤᠨ ᠶᠡᠷᠦᠩᠭᠡᠢ ᠦᠷᠲᠡᠭ ᠢ ᠵᠢᠯ ᠲᠤᠮᠳᠠᠴᠢ 7% ᠪᠠᠷ ᠨᠡᠮᠡᠭᠳᠡᠬᠦᠯᠵᠦ᠂ ᠡᠩ ᠤᠨ ᠤᠯᠠᠨ ᠨᠡᠶᠢᠳᠡ | ᠶᠢᠨ ᠡᠳ᠋ ᠤᠨ ᠵᠠᠰᠠᠭ ᠤᠨ ᠲᠦᠰᠦᠪ ᠤᠨ ᠤᠷᠤᠯᠭ᠎ᠠ ᠶᠢ ᠵᠢᠯ ᠲᠤᠮᠳᠠᠴᠢ 6% ᠪᠠᠷ ᠨᠡᠮᠡᠭᠳᠡᠬᠦᠯᠦᠨ᠂ ᠪᠦᠬᠦ ᠨᠡᠶᠢᠬᠡᠮ | ᠤᠨ ᠲᠤᠭᠳᠠᠮᠠᠯ ᠬᠦᠷᠦᠩᠭᠡ ᠶᠢᠨ ᠪᠡᠯᠡ ᠤᠷᠤᠭᠤᠯᠤᠯᠳᠠ ᠶᠢ ᠵᠢᠯ ᠲᠤᠮᠳᠠᠴᠢ 7.5% ᠪᠠᠷ ᠨᠡᠮᠡᠭᠳᠡᠬᠦᠯᠵᠦ᠂ | ᠨᠡᠶᠢᠬᠡᠮ ᠤᠨ ᠭᠡᠷᠡᠭᠯᠡᠭᠡᠨ ᠤ ᠲᠠᠸᠠᠷ ᠤᠨ ᠵᠢᠵᠢᠭᠯᠡᠨ ᠪᠤᠷᠤᠯᠠᠭᠤᠯᠬᠤ ᠶᠡᠷᠦᠩᠭᠡᠢ ᠲᠤᠭ᠎ᠠ ᠶᠢ ᠵᠢᠯ ᠲᠤᠮᠳᠠᠴᠢ 9% ᠪᠠᠷ | ᠨᠡᠮᠡᠭᠳᠡᠬᠦᠯᠦᠨ᠂ ᠬᠤᠳᠠ ᠪᠠᠯᠭᠠᠰᠦ ᠪᠠ ᠮᠠᠯᠵᠢᠬᠤ ᠤᠷᠤᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠦᠮᠦᠨ | ᠲᠤᠮᠳᠠᠴᠢ ᠡᠵᠡᠮᠳᠡᠵᠦ ᠪᠤᠯᠬᠤ ᠤᠷᠤᠯᠭ᠎ᠠ ᠶᠢ ᠵᠢᠯ ᠲᠤᠮᠳᠠᠴᠢ ᠪᠠᠷ ᠳᠤᠰᠪᠦᠷᠢ 9% ᠪᠠᠷ ᠨᠡᠮᠡᠭᠳᠡᠬᠦᠯᠦᠨ᠎ᠡ᠃ | ᠲᠡᠭᠡᠷ᠎ᠡ ᠲᠤᠷᠠᠳᠤᠭᠰᠠᠨ ᠬᠠᠷᠠᠯᠳᠠ ᠶᠢ ᠪᠡᠶᠡᠯᠡᠬᠦᠯᠬᠦ ᠶᠢᠨ ᠲᠦᠯᠦᠭᠡ᠂ ᠪᠢᠳᠡ ᠲᠤᠤᠷᠠᠬᠢ ᠳᠤᠯᠤᠭᠠᠨ ᠳᠠᠯ᠎ᠠ ᠶᠢᠨ | ᠠᠵᠢᠯ ᠢ ᠭᠤᠤᠯᠳᠠᠯᠭ᠎ᠠ ᠲᠠᠢ ᠰᠠᠶᠢᠳᠦᠷ ᠬᠢᠬᠦ ᠭᠡᠷᠡᠭᠳᠡᠢ᠃ | ︵ᠨᠢᠭᠡ︶ ᠭᠤᠸ᠎ᠠ ᠦᠵᠡᠰᠬᠦᠯᠡᠩ ᠭᠦᠭᠵᠢᠯᠳᠡ ᠶᠢ ᠪᠠᠷᠢᠮᠳᠠᠯᠠᠵᠤ᠂ ᠬᠠᠮᠤᠭ ᠴᠢᠩᠭ᠎ᠠ ᠠᠷᠭ᠎ᠠ ᠬᠡᠮᠵᠢᠶ᠎ᠡ ᠪᠠᠷ | ᠬᠦᠭᠡ ᠠᠭᠤᠯᠠ ᠬᠦᠭᠡᠮᠳᠦᠭ ᠤᠰᠤ ᠶᠢ ᠬᠠᠮᠠᠭᠠᠯᠠᠨ᠎ᠠ᠃ ᠠᠮᠢ ᠠᠬᠤᠢ ᠶᠢᠨ ᠤᠯᠠᠭᠠᠨ ᠱᠤᠭᠤᠮ ᠢ ᠪᠠᠳᠤ ᠰᠠᠬᠢᠵᠤ᠂ | ᠪᠤᠬᠢᠷᠳᠤᠯ ᠦᠬᠡᠢ GDP ᠶᠢ ᠬᠢᠨᠠᠨ ᠰᠢᠯᠭᠠᠬᠤ ᠰᠢᠰᠲ᠋ᠧᠮ ᠪᠠ ᠠᠮᠢ ᠠᠬᠤᠢ ᠶᠢᠨ ᠬᠢᠨᠠᠨ ᠬᠠᠮᠢᠶᠠᠷᠬᠤ ᠲᠤᠭᠳᠠᠴᠠ | ᠶᠢ ᠪᠠᠶᠢᠭᠤᠯᠤᠨ᠂ ᠪᠤᠬᠢᠷᠳᠤᠯ ᠦᠬᠡᠢ ᠤᠷᠴᠢᠨ ᠳᠤᠭᠤᠷᠢᠨ ᠢ ᠬᠠᠮᠠᠭᠠᠯᠠᠬᠤ ᠬᠠᠷᠢᠭᠤᠴᠠᠯᠭ᠎ᠠ ᠶᠢ ᠦᠨᠡᠨᠬᠦ | ᠡᠭᠦᠷᠭᠡᠯᠡᠵᠦ᠂ ᠦᠢᠯᠡ ᠠᠵᠢᠯᠯᠠᠭ᠎ᠠ ᠲᠡᠭᠡᠷ᠎ᠡ ᠪᠠᠨ ᠪᠤᠳᠠᠳᠠᠶᠢᠵᠢᠭᠤᠯᠤᠨ᠎ᠠ᠃ ᠠᠮᠢ ᠠᠬᠤᠢ ᠶᠢ ᠲᠡᠷᠢᠭᠦᠨ ᠪᠠᠶᠢᠷᠢᠨ ᠳᠤ | ᠳᠠᠯᠪᠢᠬᠤ ᠶᠢ ᠪᠠᠷᠢᠮᠳᠠᠯᠠᠵᠤ᠂ ᠪᠠᠶᠢᠭᠠᠯᠢ ᠶᠢᠨ ᠡᠬᠢ ᠪᠠᠶᠠᠯᠢᠭ ᠤᠨ ᠬᠠᠮᠠᠭᠠᠯᠠᠯᠳᠠ ᠶᠢ ᠴᠢᠩᠭᠠᠳᠬᠠᠨ᠂ ᠤᠷᠴᠢᠨ | ᠳᠤᠭᠤᠷᠢᠨ ᠤ ᠬᠠᠮᠤᠭ ᠲᠦᠪ ᠴᠢᠩᠭ᠎ᠠ ᠬᠢᠨᠠᠨ ᠬᠠᠮᠢᠶᠠᠷᠤᠯᠳᠠ ᠶᠢ ᠭᠡᠷᠡᠭᠵᠢᠬᠦᠯᠵᠦ᠂ ᠤᠰᠤ ᠠᠭᠠᠷ ᠰᠢᠷᠤᠢ ︽ | ᠭᠤᠷᠪᠠᠨ ᠶᠡᠭᠡ ᠲᠠᠶᠢᠯᠠᠯᠳᠤᠭᠠᠨ︾ ᠤ ᠢᠯᠡᠯᠳᠠ ᠶᠢ ᠡᠷᠭᠡᠪᠰᠢ ᠤᠯᠵᠤ᠂ ᠰᠢᠨ᠎ᠠ ᠪᠠᠷᠭᠤ ᠪᠠᠷᠠᠭᠤᠨ ᠬᠤᠰᠢᠭᠤᠨ ᠤ | ᠤᠰᠤ ᠶᠢ ᠨᠡᠩ ᠲᠤᠩᠭᠠᠯᠠᠭ᠂ ᠲᠡᠭᠷᠢ ᠶᠢ ᠨᠡᠩ ᠬᠦᠭᠡ᠂ ᠲᠠᠯ᠎ᠠ ᠶᠢ ᠨᠡᠩ ᠴᠦ ᠨᠤᠭᠤᠭᠠᠨ ᠪᠤᠯᠭᠠᠨ᠎ᠠ᠃ ᠪᠤᠬᠢᠷᠳᠤᠯ | ᠦᠭᠡᠢ ᠭᠦᠭᠵᠢᠯᠳᠡ ᠶᠢ ᠠᠬᠢᠭᠤᠯᠣᠨ᠂ ᠡᠬᠢ ᠪᠠᠶᠠᠯᠢᠭ ᠢ ᠠᠷᠪᠢᠯᠠᠨ ᠭᠠᠮᠨᠠᠬᠤ᠂ ᠠᠷᠢᠭᠤᠨ ᠴᠡᠪᠡᠷ ᠪᠠ ᠤᠷᠴᠢᠨ | ᠳᠤᠭᠤᠷᠢᠨ ᠢ ᠬᠠᠮᠠᠭᠠᠯᠠᠬᠤ ᠭᠡᠯᠪᠡᠷᠢ ᠶᠢᠨ ᠡᠷᠬᠢᠯᠳᠡᠳᠦ ᠠᠵᠤ ᠠᠬᠤᠢ ᠶᠢ ᠶᠡᠬᠡᠪᠡᠷ ᠭᠦᠭᠵᠢᠭᠦᠯᠵᠤ᠂ ᠪᠤᠬᠢᠷᠳᠤᠯ ᠦᠬᠡᠢ | ᠡᠨᠧᠷᠬᠢ ᠶᠢᠨ ᠰᠤᠷᠪᠤᠯᠵᠢ ᠶᠢᠨ ᠵᠢᠱᠢᠶ᠎ᠡ ᠦᠵᠡᠭᠦᠯᠭᠦ ᠬᠤᠰᠢᠭᠤ ᠶᠢ ᠴᠢᠷᠮᠠᠶᠢᠨ ᠪᠠᠶᠢᠭᠤᠯᠤᠨ᠎ᠠ᠃ ᠪᠤᠬᠢᠷᠳᠤᠯ ᠦᠬᠡᠢ | ᠪᠤᠯᠪᠠᠰᠤᠨ ᠤᠶᠢᠯᠠᠭᠠᠭᠳᠠᠬᠤᠨ ᠢ ᠶᠡᠭᠡᠪᠡᠷ ᠰᠤᠷᠳᠠᠯᠴᠢᠯᠠᠨ᠂ ᠪᠤᠬᠢᠷᠳᠤᠯ ᠦᠭᠡᠢ ᠲᠤᠤᠷ᠎ᠠ ᠨᠡᠭᠦᠷᠡᠰᠦᠳᠦ᠋ᠷᠦᠭᠴᠢᠳᠤ | ᠠᠮᠢᠳᠤᠷᠠᠯ ᠤᠨ ᠠᠷᠭ᠎ᠠ ᠮᠠᠶ᠋ᠢᠭ ᠢ ᠰᠠᠨᠠᠭᠠᠴᠢᠯᠠᠵᠦ᠂ ᠪᠤᠬᠢᠷᠳᠤᠯ ᠦᠭᠡᠢ ᠦᠷᠳᠡᠭ ᠤᠨ ᠦᠵᠡᠯᠳᠡ ᠶᠢ ᠬᠦᠮᠦᠰ ᠤᠨ | ᠰᠡᠳᠬᠢᠯ ᠳᠤ ᠬᠦᠨ ᠬᠠᠳᠠᠩᠰᠢᠭᠤᠯᠤᠨ᠎ᠠ᠃ ᠨᠤᠳᠤᠭ ᠪᠡᠯᠴᠢᠭᠡᠷ ᠢ ᠵᠠᠰᠠᠬᠤ ᠠᠵᠢᠯᠯᠠᠭ᠎ᠠ ᠶᠢ ᠦᠷᠨᠢᠭᠦᠯᠦᠨ᠎ᠡ᠃ | ᠪᠡᠯᠴᠢᠭᠡᠷᠯᠡᠬᠦ ᠶᠢ ᠵᠤᠭᠰᠤᠭᠠᠨ ᠨᠤᠳᠤᠭ ᠪᠡᠯᠴᠢᠭᠡᠷ ᠢ ᠰᠡᠷᠭᠦᠭᠡᠭᠦ ᠠᠵᠢᠯ ᠢ ᠯᠠᠪᠳᠠᠭᠤᠨ ᠪᠠᠳᠤᠳᠠᠢ ᠦᠷᠨᠢᠬᠦᠯᠦᠨ᠂ ᠮᠠᠯ | ᠪᠡᠯᠴᠢᠭᠡᠷ ᠢ ᠳᠡᠩᠴᠡᠬᠦᠷᠢᠳᠠᠢ ᠪᠤᠯᠭᠠᠬᠤ ᠲᠦᠷᠢᠮ ᠢ ᠴᠢᠩᠭ᠎ᠠ ᠭᠡᠷᠡᠭᠵᠢᠭᠦᠯᠦᠨ᠎ᠡ᠃ ᠡᠯᠡᠰᠦᠷᠭᠡᠭ ᠤᠷᠤᠨ ᠢ | ᠶᠡᠷᠥᠩᠭᠡᠶᠢᠯᠡᠨ ᠵᠠᠰᠠᠬᠤ ᠢᠨᠵᠧᠨᠧᠷᠢᠩ ᠢ ᠦᠷᠭᠦᠯᠵᠢᠯᠡᠨ ᠭᠡᠷᠡᠭᠵᠢᠭᠦᠯᠵᠤ᠂ ᠰᠠᠯᠬᠢ ᠶᠢ ᠰᠡᠷᠭᠡᠶᠢᠯᠡᠨ ᠡᠯᠡᠰᠤ ᠶᠢ | ᠲᠤᠭᠳᠠᠪᠤᠷᠢᠵᠢᠭᠤᠯᠬᠤ᠂ ᠤᠰᠤ ᠰᠢᠷᠤᠢ ᠶᠢ ᠪᠠᠳᠤᠯᠠᠬᠤ ᠪᠠ ᠠᠭᠠᠷ ᠢ ᠴᠡᠪᠡᠷᠰᠢᠭᠦᠯᠬᠦ ᠵᠡᠷᠭᠡ ᠠᠮᠢ ᠠᠬᠤᠢ ᠶᠢᠨ | ᠴᠢᠳᠠᠮᠵᠢ ᠶᠢ ᠨᠡᠮᠡᠭᠳᠡᠭᠦᠯᠦᠨ᠎ᠡ᠃ ᠲᠤᠷ᠎ᠠ ᠪᠠᠷ ᠮᠠᠯᠳᠠᠬᠤ᠂ ᠬᠤᠯᠠᠭᠠᠢ ᠪᠠᠷ ᠮᠠᠯᠳᠠᠬᠤ᠂ ᠬᠤᠯᠠᠭᠠᠢ ᠪᠠᠷ ᠠᠩᠨᠠᠬᠤ ᠵᠡᠷᠭᠡ | ᠬᠠᠤᠯᠢ ᠠᠴᠠ ᠵᠦᠷᠢᠴᠡᠭᠰᠡᠨ ᠠᠵᠢᠯᠯᠠᠭ᠎ᠠ ᠳᠤ ᠴᠢᠩᠭ᠎ᠠ ᠴᠤᠬᠢᠯᠳᠠ ᠦᠭᠴᠤ᠂ ᠲᠠᠯ᠎ᠠ ᠨᠤᠳᠤᠭ ᠤᠨ ᠠᠮᠢᠳᠤ ᠪᠤᠳᠠᠰ | ᠤᠨ ᠤᠯᠠᠨ ᠶᠠᠩᠵᠤᠳᠤ ᠴᠢᠨᠠᠷ ᠢ ᠬᠠᠮᠠᠭᠠᠯᠠᠨ᠎ᠠ᠃ ᠨᠠᠭᠤᠷ ᠭᠤᠤᠯ ᠢ ᠵᠠᠰᠠᠬᠤ ᠠᠵᠢᠯᠯᠠᠭ᠎ᠠ ᠶᠢ ᠦᠷᠨᠢᠭᠦᠯᠦᠨ᠎ᠡ᠃ | ᠭᠤᠤᠯ ᠢ ᠬᠠᠮᠢᠶᠠᠷᠬᠤ ᠲᠠᠷᠤᠭ᠎ᠠ ᠶᠢᠨ ᠲᠦᠷᠢᠮ ᠪᠣᠯᠣᠨ ᠤᠰᠤᠨ ᠤ ᠡᠬᠢ ᠪᠠᠶᠠᠯᠢᠭ ᠤᠨ ᠬᠠᠮᠤᠭ ᠤᠨ ᠲᠦᠪ ᠴᠢᠩᠭ᠎ᠠ | ᠬᠠᠮᠢᠶᠠᠷᠤᠯᠳᠠ ᠶᠢᠨ ᠲᠦᠷᠢᠮ ᠢ ᠭᠡᠷᠡᠭᠵᠢᠭᠦᠯᠦᠨ᠂ ᠭᠤᠤᠯ ᠤᠨ ᠵᠠᠮ ᠪᠠ ᠨᠠᠭᠤᠷ ᠤᠨ ᠬᠦᠪᠡᠭᠡ ᠶᠢ ᠵᠠᠰᠠᠬᠤ | ᠢᠨᠵᠧᠨᠧᠷᠢᠩ ᠢ ᠭᠡᠷᠡᠭᠵᠢᠭᠦᠯᠵᠤ᠂ ᠬᠡᠷᠥᠯᠦᠨ ᠭᠤᠤᠯ ᠪᠠ ᠤᠷᠱᠤᠨ ᠭᠤᠤᠯ ᠤᠨ ᠵᠠᠮ ᠢ ᠵᠠᠰᠠᠬᠤ ᠠᠵᠢᠯ ᠢ | ᠴᠢᠩᠭᠠᠳᠬᠠᠵᠤ᠂ ᠬᠠᠤᠯᠢ ᠶᠤᠰᠤᠭᠠᠷ ᠤᠰᠤ ᠶᠢ ᠵᠠᠰᠠᠬᠤ ᠶᠢ ᠠᠬᠢᠭᠤᠯᠤᠨ᠂ ᠬᠤᠳᠠ ᠬᠦᠳᠡᠭᠡ ᠶᠢᠨ ᠤᠤᠭᠤᠬᠤ | ᠤᠰᠤᠨ ᠤ ᠡᠬᠢ ᠰᠤᠷᠪᠤᠯᠵᠢ ᠶᠢ ᠬᠠᠮᠠᠭᠠᠯᠠᠬᠤ ᠢᠨᠵᠧᠨᠧᠷᠢᠩ ᠤᠨ ᠪᠠᠶᠢᠭᠤᠯᠤᠯᠳᠠ ᠶᠢ ᠲᠦᠷᠭᠡᠳᠭᠡᠨ᠎ᠡ᠃ ᠪᠦᠬᠦ | ᠬᠤᠰᠢᠭᠤ ᠪᠠᠷ ᠢᠶᠠᠨ ᠬᠦᠯᠦᠨ ᠨᠠᠭᠤᠷ ᠤᠨ ᠤᠷᠤᠰᠬᠠᠯ ᠤᠨ ᠤᠷᠤᠨ ᠤ ᠠᠮᠢ ᠠᠬᠤᠢ ᠪᠠ ᠤᠷᠴᠢᠨ ᠲᠤᠭᠤᠷᠢᠨ ᠢ | ᠶᠡᠷᠥᠩᠭᠡᠶᠢᠯᠡᠨ ᠵᠠᠰᠠᠬᠤ ᠡᠨᠡᠬᠦ ᠬᠠᠳᠠᠭᠤ ᠲᠠᠶᠢᠯᠠᠯᠳᠤᠭᠠᠨ ᠢ ᠰᠠᠶᠢᠳᠤᠷ ᠬᠢᠵᠤ᠂ ᠪᠢᠳᠡᠨ ᠤ ᠡᠵᠢ ᠨᠠᠭᠤᠷ ᠪᠠ ᠡᠵᠢ | ᠭᠤᠤᠯ ᠢᠶᠠᠨ ᠰᠠᠶᠢᠳᠤᠷ ᠬᠠᠮᠠᠭᠠᠯᠠᠨ᠂ ᠲᠦᠭᠦᠮ ᠪᠦᠳᠦᠴᠡᠳᠤ ᠤᠷᠤᠨ ᠰᠠᠭᠤᠴᠠ ᠶᠢ ᠵᠠᠰᠠᠨ ᠰᠢᠨᠡᠳᠭᠡᠭᠦ᠂ | ᠭᠤᠤᠯᠳᠠᠯᠭ᠎ᠠ ᠲᠠᠢ ᠲᠦᠷᠦᠯ ᠵᠦᠢᠯ ᠪᠠ ᠭᠤᠤᠯᠳᠠᠯᠭ᠎ᠠ ᠲᠠᠢ ᠦᠵᠡᠮᠵᠢ ᠶᠢᠨ ᠤᠷᠤᠨ ᠢ ᠪᠠᠶᠢᠭᠤᠯᠬᠤ ᠲᠠᠢ | ᠤᠶᠠᠯᠳᠤᠭᠤᠯᠤᠨ᠂ ᠠᠮᠢ ᠠᠬᠤᠢ ᠶᠢᠨ ᠪᠤᠯᠪᠠᠰᠤᠨ ᠤ ᠵᠢᠱᠢᠶ᠎ᠡ ᠦᠵᠡᠭᠦᠯᠭᠦ ᠬᠤᠰᠢᠭᠤ ᠶᠢ ᠪᠦᠬᠦ ᠬᠦᠴᠦᠨ ᠢᠶᠠᠷ ᠢᠶᠠᠨ | ᠪᠠᠶᠢᠭᠤᠯᠤᠨ᠎ᠠ᠃ ᠤᠷᠴᠢᠨ ᠲᠤᠭᠤᠷᠢᠨ ᠢ ᠵᠠᠰᠠᠬᠤ ᠠᠵᠢᠯᠯᠠᠭ᠎ᠠ ᠶᠢ ᠦᠷᠨᠢᠭᠦᠯᠦᠨ᠎ᠡ᠃ ᠠᠭᠤᠷᠬᠠᠢ ᠶᠢᠨ | ᠦᠢᠯᠡᠳᠪᠤᠷᠢᠯᠡᠯ ᠡᠵᠡᠩᠨᠡᠯᠳᠡ ᠶᠢᠨ ᠬᠠᠮᠢᠶᠠᠷᠤᠯᠳᠠ ᠶᠢ ᠲᠦᠷᠢᠮᠵᠢᠭᠦᠯᠦᠨ᠂ ᠠᠭᠤᠷᠬᠠᠢ ᠶᠢᠨ ᠤᠷᠴᠢᠨ ᠲᠤᠭᠤᠷᠢᠨ ᠢ | ᠰᠡᠷᠭᠦᠭᠡᠨ ᠵᠠᠰᠠᠬᠤ ᠲᠦᠷᠦᠯ ᠵᠦᠢᠯ ᠢ ᠭᠤᠶᠤᠴᠢᠯᠠᠨ ᠮᠡᠳᠡᠭᠦᠯᠭᠦ ᠪᠠ ᠵᠠᠰᠠᠨ ᠴᠡᠭᠴᠡᠯᠡᠬᠦ ᠲᠤᠰᠬᠠᠢ ᠲᠦᠷᠦᠯ ᠤᠨ | ᠪᠡᠯᠡ ᠮᠦᠩᠭᠦ ᠶᠢ ᠴᠢᠷᠮᠠᠶᠢᠨ ᠤᠯᠬᠤ ᠬᠦᠴᠦᠯᠡᠴᠡ ᠶᠢ ᠨᠡᠮᠡᠭᠳᠡᠭᠦᠯᠦᠨ᠎ᠡ᠃ ᠮᠠᠯᠵᠢᠬᠤ ᠤᠷᠤᠨ ᠤ ᠤᠷᠴᠢᠨ ᠳᠤᠭᠤᠷᠢᠨ | ᠢ ᠶᠡᠷᠥᠩᠭᠡᠶᠢᠯᠡᠨ ᠵᠠᠰᠠᠬᠤ ᠠᠵᠢᠯᠯᠠᠭ᠎ᠠ ᠶᠢ ᠦᠷᠨᠢᠬᠦᠯᠦᠨ᠂ ᠮᠠᠯᠵᠢᠬᠤ ᠤᠷᠤᠨ ᠤ ᠬᠤᠭ ᠨᠤᠪᠰᠢ ᠶᠢ ᠪᠦᠬᠦᠨ ᠢ | ᠬᠤᠷᠢᠶᠠᠨ ᠴᠤᠭᠯᠠᠭᠤᠯᠬᠤ ᠪᠠ ᠪᠦᠬᠦᠨ ᠢ ᠰᠢᠢᠳᠪᠤᠷᠢᠯᠡᠬᠦ ᠲᠤᠭᠳᠠᠴᠠ ᠶᠢ ᠦᠨᠡᠨᠬᠦ ᠪᠠᠶᠢᠭᠤᠯᠵᠦ᠂ ᠰᠤᠮᠤ ᠪᠠᠯᠭᠠᠰᠤᠨ | ᠤ ᠤᠰᠤ ᠶᠢ ᠰᠠᠶᠢᠵᠢᠷᠠᠭᠤᠯᠬᠤ ᠪᠠ ᠵᠤᠷᠯᠤᠩ ᠢ ᠵᠠᠰᠠᠬᠤ ᠠᠵᠢᠯ ᠤᠨ ᠪᠦᠷᠭᠦᠴᠡ ᠶᠢ ᠪᠡᠶᠡᠯᠡᠬᠦᠯᠦᠨ᠎ᠡ᠃ | ︵ᠬᠤᠶᠠᠷ︶ ᠭᠡᠯᠪᠡᠷᠢ ᠶᠢ ᠬᠤᠪᠢᠷᠠᠭᠤᠯᠵᠤ ᠲᠡᠰ ᠲᠡᠪᠰᠢᠭᠦᠯᠭᠦ ᠶᠢ ᠳᠦᠷᠭᠡᠳᠭᠡᠵᠦ᠂ ᠬᠠᠮᠤᠭ ᠰᠢᠨ᠎ᠡ | ᠤᠶᠢᠯᠠᠭᠠᠭᠳᠠᠬᠤᠨ ᠢᠶᠠᠷ ᠠᠵᠤ ᠦᠢᠯᠡᠰ ᠤᠨ ᠪᠦᠳᠦᠴᠡ ᠶᠢᠨ ᠳᠤᠬᠢᠷᠠᠭᠤᠯᠤᠯᠳᠠ ᠶᠢ ᠲᠦᠯᠬᠢᠨ ᠠᠭᠢᠭᠤᠯᠤᠨ᠎ᠠ᠃ ︽ | ᠲᠠᠪᠤᠨ ᠶᠡᠭᠡ ᠭᠦᠭᠵᠢᠯᠳᠡ ᠶᠢᠨ ᠤᠶᠢᠯᠠᠭᠠᠭᠳᠠᠬᠤᠨ︾ ᠢ ᠬᠦᠨᠵᠡᠬᠡᠢ ᠲᠤᠤᠱᠯᠠᠭᠤᠯᠤᠨ᠂ ᠤᠯᠠᠨ ᠲᠦᠢᠯᠰᠢᠷᠡᠯ ᠪᠠ | ᠣᠯᠠᠨ ᠴᠡᠭ ᠤᠨ ᠠᠵᠤ ᠦᠢᠯᠡᠰ ᠤᠨ ᠲᠤᠯᠭᠠᠭᠤᠷᠢ ᠰᠢᠰᠲ᠋ᠧᠮ ᠢ ᠬᠦᠴᠦᠯᠡᠨ ᠪᠠᠶᠢᠭᠤᠯᠵᠤ᠂ ᠴᠢᠯᠠᠭᠤᠨ ᠲᠤᠰᠤ | ᠮᠠᠯᠳᠠᠬᠤ᠂ ᠦᠩᠭᠡᠳᠤ ᠲᠡᠮᠦᠷᠯᠢᠭ ᠢ ᠰᠢᠯᠢᠨ ᠰᠣᠩᠭᠤᠬᠤ᠂ ᠲᠠᠯ᠎ᠠ ᠨᠤᠳᠤᠭ ᠤᠨ ᠰᠤᠶᠤᠯ ᠵᠤᠭᠠᠴᠠᠯ᠂ ᠮᠠᠯ ᠤᠨ | ᠠᠰᠢᠭ ᠰᠢᠮ᠎ᠡ ᠪᠤᠯᠪᠠᠰᠤᠷᠠᠭᠤᠯᠬᠤ᠂ ᠰᠢᠨ᠎ᠠ ᠪᠠᠷ ᠮᠠᠨᠳᠣᠭᠰᠠᠨ ᠦᠢᠯᠡᠴᠢᠯᠡᠭᠡᠨ ᠤ ᠦᠢᠯᠡᠰ ᠵᠡᠷᠭᠡ ︽ᠲᠠᠪᠤᠨ ᠶᠡᠭᠡ | ᠠᠵᠤ ᠦᠢᠯᠡᠰ︾ ᠢᠶᠠᠷ ᠨᠡᠮᠡᠭᠳᠡᠯ ᠤᠨ ᠲᠦᠢᠯ ᠪᠣᠯᠭᠠᠨ᠂ ᠠᠵᠤ ᠦᠢᠯᠡᠳᠪᠤᠷᠢ ᠶᠢᠨ ᠬᠦᠷᠢᠶᠡᠯᠡᠩ᠂ ᠪᠣᠭᠤᠮᠳᠠ ᠶᠢᠨ | ᠠᠵᠤ ᠠᠬᠤᠢ ᠶᠢᠨ ᠬᠠᠮᠳᠤᠷᠠᠯᠴᠠᠭ᠎ᠠ᠂ ᠢᠨᠲ᠋ᠧᠷ ᠰᠦᠯᠵᠢᠶ᠎ᠡ + ︽ᠭᠤᠷᠪᠠᠨ ᠶᠡᠭᠡ ᠲᠠᠪᠴᠠᠩ︾ ᠢᠶᠠᠷ ᠲᠤᠯᠬᠤ ᠴᠡᠭ | ᠪᠣᠯᠭᠠᠵᠦ᠂ ᠡᠬᠢ ᠪᠠᠶᠠᠯᠢᠭ᠂ ᠬᠦᠷᠦᠩᠭᠡ ᠪᠠ ᠠᠵᠤ ᠦᠢᠯᠡᠰ ᠤᠨ ᠬᠦᠨ ᠠᠭᠤᠰᠤᠯᠴᠠᠯ ᠢ ᠠᠬᠢᠭᠤᠯᠣᠨ᠂ | ᠬᠤᠰᠢᠭᠤᠨ ᠤ ᠭᠡᠪᠴᠢᠶᠡᠨ ᠳᠠᠬᠢ ᠠᠵᠤ ᠠᠬᠤᠢ ᠶᠢᠨ ᠪᠦᠭᠦᠯᠢ ᠴᠤᠭᠴᠠ ᠶᠢᠨ ᠪᠤᠳᠠᠳᠤ ᠬᠦᠴᠦᠨ ᠢ ᠲᠠᠰᠤᠷᠠᠯᠳᠠ | ᠦᠭᠡᠢ ᠨᠡᠮᠡᠭᠳᠡᠭᠦᠯᠦᠨ᠎ᠠ᠃ ︽ᠳᠣᠯᠣᠭᠠᠨ ᠬᠡᠯᠪᠡᠷᠢ︾ ⑥ ᠶᠢᠨ ᠠᠭᠤᠷᠬᠠᠢ ᠪᠠᠷ ᠭᠤᠤᠯ ᠴᠤᠭᠴᠠ ᠪᠤᠯᠭᠠᠭᠰᠠᠨ | ᠴᠢᠯᠠᠭᠤᠨ ᠳᠤᠰᠤ ᠮᠠᠯᠳᠠᠬᠤ ᠪᠠ ᠦᠩᠭᠡᠳᠤ ᠲᠡᠮᠦᠷᠯᠢᠭ ᠢ ᠰᠢᠯᠢᠨ ᠰᠣᠩᠭᠤᠬᠤ ᠠᠵᠤ ᠦᠢᠯᠡᠰ ᠢ ᠬᠦᠴᠦᠯᠡᠨ | ᠪᠠᠶᠢᠭᠤᠯᠵᠤ᠂ ᠳ᠋ᠠᠴᠢᠩ᠂ ᠲᠤᠮᠳᠠᠳᠤ ᠤᠯᠤᠰ ᠤᠨ ᠬᠤᠸᠠᠩ ᠶᠢᠨ ᠪᠦᠯᠦᠭᠯᠡᠯ᠂ ᠷᠥᠩ ᠳ᠋ᠠ᠂ ᠴᠠᠭᠠᠨ᠂ ᠶᠢᠨ ᠱᠠᠨ | ᠵᠡᠷᠭᠡ ᠲᠤᠮᠤ ᠭᠡᠯᠪᠡᠷᠢ ᠶᠢᠨ ᠠᠭᠤᠷᠬᠠᠢ ᠶᠢᠨ ᠠᠵᠤ ᠠᠬᠤᠶᠢᠯᠠᠯ ᠤᠨ ᠲᠠᠯᠳᠠ ᠬᠦᠴᠦᠨ ᠢ ᠬᠦᠢᠴᠡᠳ ᠢᠯᠡᠷᠡᠭᠦᠯᠦᠨ᠂ | ᠰᠢᠨᠵᠢᠯᠡᠭᠡ ᠮᠡᠷᠭᠡᠵᠢᠯ ᠤᠨ ᠤᠷᠤᠭᠤᠯᠤᠯᠳᠠ ᠪᠠ ᠰᠢᠨᠵᠢᠯᠡᠭᠡ ᠮᠡᠷᠭᠡᠵᠢᠯ ᠤᠨ ᠠᠭᠤᠯᠣᠭᠳᠠᠴᠠ ᠶᠢ ᠨᠡᠮᠡᠭᠳᠡᠬᠦᠯᠵᠦ᠂ | ᠵᠡᠭᠦᠨ ᠬᠤᠶᠢᠳᠤ ᠶᠢᠨ ᠣᠶᠢᠷ᠎ᠠ ᠵᠡᠷᠭᠡᠯᠡᠳᠡᠭᠡ ᠭᠠᠵᠠᠷ ᠤᠷᠤᠨ ᠢ ᠬᠠᠩᠭᠠᠵᠤ ᠴᠢᠳᠠᠬᠤ᠂ ᠪᠦᠬᠦ ᠤᠯᠤᠰ ᠤᠨ | ᠦᠩᠭᠡᠳᠤ ᠲᠡᠮᠦᠷᠯᠢᠭ ᠢ ᠰᠢᠯᠢᠨ ᠪᠤᠯᠪᠠᠰᠤᠷᠠᠭᠤᠯᠬᠤ ᠦᠢᠯᠡᠰ ᠢ ᠰᠠᠴᠤᠷᠠᠨ ᠲᠠᠶᠢᠴᠢᠯᠠᠬᠤ ᠬᠦᠴᠦᠷᠭᠡᠭ ᠬᠤᠰᠢᠭᠤ ᠶᠢ | ᠪᠣᠢ ᠪᠣᠯᠭᠠᠨ᠎ᠠ᠃ ᠰᠢᠨ᠎ᠠ ᠪᠠᠷ ᠮᠠᠨᠳᠤᠭᠰᠠᠨ ᠠᠵᠤ ᠦᠢᠯᠡᠰ ᠢ ᠶᠡᠬᠡᠪᠡᠷ ᠪᠣᠶᠢᠵᠢᠭᠤᠯᠣᠨ᠂ ᠤᠯᠠᠨ ᠡᠰᠢᠵᠢᠭᠦᠯᠦᠭᠰᠡᠨ | ᠤᠳᠤᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠲᠦᠷᠭᠡᠳᠭᠡᠨ ᠪᠦᠷᠢᠳᠤᠭᠦᠯᠵᠤ᠂ ᠠᠵᠤ ᠦᠢᠯᠡᠳᠪᠤᠷᠢ ᠶᠢᠨ | ᠠᠵᠤ ᠠᠬᠤᠢ ᠶᠢᠨ ᠦᠢᠯᠡᠳᠭᠦᠨ ᠤ ᠳ᠋ᠠᠩ ᠴᠣᠯᠭᠤᠢ᠂ ᠳᠤᠤᠷ᠎ᠠ ᠳᠡᠰ ᠪᠠᠶᠢᠭᠰᠠᠨ ᠠᠴᠠ ᠤᠯᠠᠨ ᠡᠰᠢᠵᠢᠭᠰᠡᠨ᠂ | ᠳᠡᠭᠡᠳᠦ ᠳᠡᠰ ᠲᠡᠰᠢ ᠭᠦᠭᠵᠢᠭᠦ ᠶᠢ ᠠᠬᠢᠭᠤᠯᠤᠨ᠎ᠠ᠃ ᠮᠦᠩᠭᠦᠨ ᠬᠦᠢᠯᠭᠡᠭᠡᠨ ᠤ ᠠᠶᠤᠯ ᠲᠦᠭᠰᠢᠭᠦᠷᠢ ᠶᠢ ᠰᠡᠷᠭᠡᠶᠢᠯᠡᠨ | ᠡᠵᠡᠮᠳᠡᠬᠦ ᠬᠦᠴᠦᠯᠡᠴᠡ ᠶᠢ ᠴᠢᠩᠭᠠᠳᠬᠠᠨ᠂ ᠮᠦᠩᠭᠦᠨ ᠬᠦᠢᠯᠬᠡᠭᠡᠨ ᠤ ᠦᠢᠯᠡᠰ ᠤᠨ ᠲᠤᠭᠳᠠᠭᠤᠨ ᠪᠦᠭᠡᠳ ᠡᠷᠡᠭᠦᠯ | ᠢᠶᠠᠷ ᠭᠦᠭᠵᠢᠭᠦ ᠶᠢ ᠠᠬᠢᠭᠤᠯᠵᠦ᠂ ᠮᠦᠩᠭᠦᠨ ᠬᠦᠢᠯᠭᠡᠭᠡᠨ ᠤ ᠪᠠᠶᠢᠭᠤᠯᠤᠮᠵᠢ ᠶᠢᠨ ᠦᠭᠡᠷᠡᠴᠢᠯᠡᠯᠳᠡ ᠳᠤ ᠲᠡᠮᠵᠢᠯᠭᠡ | ᠦᠵᠡᠭᠦᠯᠭᠦ ᠬᠦᠴᠦᠯᠡᠴᠠ ᠶᠢ ᠴᠢᠩᠭᠠᠳᠬᠠᠨ᠎ᠠ᠃ ᠠᠵᠤ ᠦᠢᠯᠡᠳᠪᠤᠷᠢ ᠶᠢᠨ ᠬᠦᠷᠢᠶᠡᠯᠡᠩ ᠢ ︽ᠤᠯᠤᠰ ᠤᠨ | ᠨᠡᠭᠡᠭᠡᠯᠳᠡ ᠶᠢᠨ ᠤᠷᠤᠨ ᠤ ᠭᠠᠷᠴᠠᠭ︾ ᠲᠤ ᠤᠷᠤᠭᠤᠯᠤᠨ᠂ ᠬᠦᠷᠢᠶᠡᠯᠡᠩ ᠤᠨ ᠲᠦᠯᠦᠪᠵᠢᠭᠦᠯᠭᠡ ᠶᠢ ᠨᠠᠶᠢᠷᠠᠭᠤᠯᠤᠨ | ᠵᠤᠬᠢᠶᠠᠬᠤ ᠠᠵᠢᠯ ᠢ ᠳᠠᠭᠤᠰᠬᠠᠵᠦ᠂ ᠬᠠᠮᠢᠶᠠᠷᠤᠯᠳᠠ ᠶᠢᠨ ᠪᠠᠶᠢᠭᠤᠯᠤᠮᠵᠢ ᠶᠢ ᠲᠡᠭᠦᠯᠳᠡᠷᠵᠢᠭᠦᠯᠦᠨ᠂ ︽ᠳᠤᠯᠤᠭ᠎ᠠ | ᠶᠢ ᠨᠡᠪᠲᠡᠷᠡᠬᠦᠯᠬᠦ ᠨᠢᠭᠡ ᠶᠢ ᠳᠡᠭᠰᠢᠯᠡᠬᠦ︾ ᠪᠦᠳᠦᠭᠡᠨ ᠪᠠᠶᠢᠭᠤᠯᠤᠯᠳᠠ ᠶᠢ ᠲᠦᠷᠭᠡᠳᠭᠡᠨ᠎ᠡ᠃ ᠠᠵᠤ ᠠᠬᠤᠶᠢᠯᠠᠯ ᠤᠨ | ᠭᠦᠭᠵᠢᠯᠳᠡ ᠳᠤ ᠨᠡᠩ ᠰᠢᠯᠢᠳᠡᠭ ᠰᠠᠶᠢᠨ ᠤᠷᠴᠢᠨ ᠲᠤᠭᠤᠷᠢᠨ ᠢ ᠬᠠᠩᠭᠠᠨ᠂ ᠲᠤᠮᠳᠠ ᠵᠢᠵᠢᠭ ᠠᠵᠤ ᠠᠬᠤᠶᠢᠯᠠᠯ | ᠤᠨ ᠦᠢᠯᠡᠰ ᠪᠤᠰᠬᠠᠬᠤ ᠰᠠᠭᠤᠷᠢᠨ ᠭᠠᠵᠠᠷ ᠢ ᠦᠪᠡᠷᠳᠡᠭᠡᠨ ᠵᠠᠰᠠᠬᠤ ᠤᠷᠤᠨ ᠤ ᠪᠠᠷᠢᠮᠵᠢᠶᠠᠵᠢᠭᠰᠠᠨ ᠦᠢᠯᠡᠰ | ᠪᠤᠰᠬᠠᠬᠤ ᠬᠦᠷᠢᠶᠡᠯᠡᠩ ᠪᠤᠯᠭᠠᠬᠤ ᠪᠠᠷ ᠴᠢᠷᠮᠡᠶᠢᠨ᠎ᠠ᠃ | ︵ᠭᠤᠷᠪᠠ︶ ᠬᠦᠳᠡᠭᠡ ᠲᠤᠰᠬᠤᠨ ᠤ ᠬᠦᠭᠵᠢᠯᠳᠡ ᠶᠢ ᠲᠦᠯᠬᠢᠨ ᠠᠭᠢᠭᠤᠯᠵᠤ᠂ ᠬᠠᠮᠤᠭ ᠶᠡᠭᠡ | ᠴᠢᠬᠤᠯᠠᠴᠢᠯᠠᠨ ᠦᠵᠡᠬᠦ ᠪᠠᠷ ᠮᠠᠯ ᠠᠵᠤ ᠠᠬᠤᠢ ᠶᠢᠨ ᠰᠠᠭᠤᠷᠢ ᠪᠤᠯᠬᠤ ᠪᠠᠶᠢᠷᠢ ᠰᠠᠭᠤᠷᠢ ᠶᠢ ᠴᠢᠩᠭᠠᠳᠬᠠᠨ᠎ᠠ᠃ ᠮᠠᠯ | ᠠᠵᠤ ᠠᠬᠤᠢ ᠶᠢᠨ ᠪᠦᠳᠦᠴᠡ ᠶᠢ ᠰᠢᠯᠢᠳᠡᠭᠵᠢᠭᠦᠯᠦᠨ ᠲᠤᠬᠢᠷᠠᠭᠤᠯᠵᠤ᠂ ︽ᠪᠤᠳᠠ ᠮᠠᠯ ᠢ ᠨᠡᠮᠡᠭᠳᠡᠭᠦᠯᠦᠨ᠂ ᠪᠤᠭ ᠮᠠᠯ | ᠢ ᠴᠦᠭᠡᠳᠭᠡᠵᠤ᠂ ᠴᠦᠭᠡᠨ ᠪᠦᠭᠡᠳ ᠨᠠᠷᠢᠯᠢᠭ ᠠᠷᠠᠴᠢᠯᠠᠨ ᠲᠡᠵᠢᠭᠡᠭᠦ︾ ᠵᠠᠷᠴᠢᠮ ᠢᠶᠠᠷ᠂ ᠭᠡᠪᠴᠢᠶᠡᠵᠢᠭᠰᠡᠨ | ᠦᠨᠳᠦᠷ ᠦᠷ᠎ᠡ ᠠᠰᠢᠭᠳᠦ ᠲᠡᠵᠢᠭᠡᠨ ᠦᠷᠡᠵᠢᠭᠦᠯᠭᠦ ᠦᠢᠯᠡᠰ ᠢ ᠭᠦᠭᠵᠢᠭᠦᠯᠵᠤ᠂ ᠳ᠋ᠦᠩᠰᠢᠭᠤᠷ ᠲᠦᠬᠦᠷᠢᠭ ᠠᠴᠠ | ᠳᠡᠭᠡᠭᠰᠢᠬᠢ ᠠᠮᠢ ᠠᠬᠤᠢ ᠶᠢᠨ ᠮᠢᠬᠠᠨ ᠦᠭᠡᠷ᠂ ᠮᠢᠬᠠᠨ ᠬᠤᠨᠢ᠂ ᠴᠠᠭᠠᠨ ᠢᠳᠡᠭᠡ ᠪᠤᠯᠪᠠᠰᠤᠷᠠᠭᠤᠯᠬᠤ ᠠᠵᠤ | ᠦᠢᠯᠡᠰ ᠢ ᠬᠦᠴᠦᠯᠡᠨ ᠪᠤᠢ ᠪᠤᠯᠭᠠᠵᠤ᠂ ᠤᠳᠤᠬᠢᠴᠢᠯᠠᠭᠰᠠᠨ ᠤᠶᠤᠨᠴᠢ ᠠᠮᠢ ᠠᠬᠤᠢ ᠶᠢᠨ ᠭᠡᠷ ᠪᠦᠯᠢ ᠶᠢᠨ ᠮᠠᠯᠵᠢᠯ | ᠤᠨ ᠲᠠᠯᠠᠪᠠᠢ ᠶᠢ ᠪᠦᠬᠦ ᠲᠠᠯ᠎ᠠ ᠪᠠᠷ ᠲᠡᠯᠭᠡᠷᠡᠭᠦᠯᠦᠨ᠂ ︽ᠪᠠᠷᠠᠭᠤᠨ ᠬᠤᠰᠢᠭᠤᠨ ᠤ ᠮᠢᠬᠠᠨ ᠦᠭᠡᠷ᠂ ᠮᠢᠬᠠᠨ ᠬᠤᠨᠢ︾ | ᠶᠢᠨ ᠨᠡᠷᠡᠳᠤ ᠲᠡᠮᠳᠡᠭ ᠢ ᠳᠠᠭᠤᠷᠢᠰᠬᠠᠨ᠎ᠠ᠃ ᠠᠵᠤ ᠦᠢᠯᠡᠰ ᠤᠨ ᠬᠢᠨᠵᠢ ᠶᠢ ᠤᠷᠳᠤᠳᠬᠠᠨ᠂ ᠮᠢᠬᠠᠨ ᠤ ᠢᠳᠡᠭᠡᠨ | ᠢ ᠨᠠᠷᠢᠯᠢᠭ ᠪᠤᠯᠪᠠᠰᠤᠷᠠᠭᠤᠯᠬᠤ᠂ ᠠᠷᠠᠰᠤ ᠨᠤᠤᠰᠤ ᠨᠤᠤᠯᠤᠷ ᠢ ᠲᠤᠬᠠᠢ ᠶᠢᠨ ᠭᠠᠵᠠᠷ ᠲᠠᠭᠠᠨ ᠪᠣᠯᠪᠠᠰᠣᠷᠠᠭᠤᠯᠬᠤ᠂ | ᠴᠠᠭᠠᠨ ᠢᠳᠡᠭᠡ ᠶᠢ ᠨᠠᠷᠢᠯᠢᠭ ᠪᠤᠯᠪᠠᠰᠤᠷᠠᠭᠤᠯᠬᠤ ᠠᠵᠤ ᠦᠢᠯᠡᠰ ᠢ ᠭᠤᠤᠯᠳᠠᠯᠭ᠎ᠠ ᠲᠠᠢ ᠬᠦᠭᠵᠢᠬᠦᠯᠵᠦ᠂ | ᠲᠠᠷᠢᠶᠠᠯᠠᠩ ᠤᠨ ᠪᠦᠳᠦᠭᠡᠭᠳᠡᠬᠦᠨ ᠪᠠ ᠮᠠᠯ ᠤᠨ ᠠᠰᠢᠭ ᠰᠢᠮ᠎ᠡ ᠶᠢᠨ ᠨᠡᠮᠡᠯᠳᠡ ᠦᠷᠳᠡᠭ ᠢ ᠲᠡᠭᠡᠭᠰᠢᠯᠡᠭᠦᠯᠦᠨ᠎ᠡ᠃ | ᠡᠪᠡᠰᠤᠨ ᠤ ᠠᠵᠤ ᠦᠢᠯᠡᠰ ᠤᠨ ᠭᠦᠭᠵᠢᠯᠳᠡ ᠶᠢ ᠲᠦᠷᠭᠡᠳᠭᠡᠨ᠂ ᠪᠠᠶᠢᠭᠠᠯᠢᠯᠢᠭ ᠡᠪᠡᠰᠤ ᠶᠢ ᠪᠤᠯᠪᠠᠰᠤᠷᠠᠭᠤᠯᠬᠤ | ᠪᠠᠷ ᠰᠠᠭᠤᠷᠢ ᠪᠤᠯᠭᠠᠵᠤ ᠂ ᠡᠪᠡᠰᠤ ᠶᠢ ᠨᠤᠨᠳᠠᠭᠵᠢᠭᠤᠯᠬᠤ᠂ ᠮᠦᠭᠦᠯᠢᠭᠵᠢᠭᠦᠯᠭᠦ ᠪᠠ ᠪᠤᠭᠤᠵᠢᠯᠠᠨ ᠨᠠᠷᠢᠯᠢᠭ | ᠪᠤᠯᠪᠠᠰᠤᠷᠠᠭᠤᠯᠬᠤ ᠶᠢ ᠲᠦᠯᠬᠢᠨ ᠠᠬᠢᠭᠤᠯᠤᠨ᠎ᠠ᠃ ︽ᠢᠨᠲ᠋ᠧᠷ ᠰᠦᠯᠵᠢᠶ᠎ᠡ + ᠮᠠᠯ ᠠᠵᠤ ᠠᠬᠤᠢ︾ ᠶᠢᠨ | ᠭᠦᠭᠵᠢᠯᠳᠡ ᠶᠢᠨ ᠭᠡᠯᠪᠡᠷᠢ ᠶᠢ ᠶᠡᠭᠡᠪᠡᠷ ᠲᠡᠯᠭᠡᠷᠡᠭᠦᠯᠦᠨ᠂ ᠡᠯᠧᠺᠲᠷᠤᠨ ᠬᠤᠳᠠᠯᠳᠤᠭᠠᠨ ᠤ ᠲᠠᠪᠴᠠᠩ ᠢ ᠪᠠᠶᠢᠭᠤᠯᠵᠤ | ᠂ ᠲᠠᠷᠢᠶᠠᠯᠠᠩ ᠤᠨ ᠪᠦᠳᠦᠭᠡᠭᠳᠡᠬᠦᠨ ᠪᠠ ᠮᠠᠯ ᠤᠨ ᠠᠰᠢᠭ ᠰᠢᠮ᠎ᠡ ᠶᠢᠨ ᠴᠢᠨᠠᠷ ᠴᠢᠨᠰᠠᠭ᠎ᠠ ᠶᠢᠨ ᠠᠮᠤᠷ ᠲᠦᠪᠰᠢᠨ ᠢ | ᠮᠦᠷᠲᠡᠨ ᠳᠠᠭᠠᠵᠦ ᠬᠠᠷᠢᠭᠤᠴᠠᠯᠭ᠎ᠠ ᠨᠡᠭᠡᠮᠵᠢᠯᠡᠭᠦ ᠰᠢᠰᠲ᠋ᠧᠮ ᠢ ᠲᠡᠭᠦᠯᠳᠡᠷᠵᠢᠭᠦᠯᠦᠨ᠎ᠡ᠃ ᠰᠢᠨᠵᠢᠯᠡᠭᠡ ᠮᠡᠷᠭᠡᠵᠢᠯ ᠤᠨ | ᠰᠢᠨ᠎ᠠ ᠶᠢ ᠡᠭᠦᠳᠭᠦ ᠭᠦᠳᠡᠯᠭᠡᠭᠦᠷ ᠢ ᠴᠢᠩᠭᠠᠳᠬᠠᠨ᠂ ᠰᠢᠨᠵᠢᠯᠡᠭᠦ ᠤᠬᠠᠭᠠᠨ ᠤ ᠰᠤᠳᠤᠯᠭᠠᠨ ᠤ ᠬᠦᠷᠢᠶᠡᠯᠡᠩ ᠯᠦᠭᠡ | ᠢᠳᠡᠪᠬᠢᠳᠡᠢ ᠬᠠᠮᠵᠢᠯᠴᠠᠨ ᠡᠪᠡᠰᠤ ᠪᠡᠯᠴᠢᠭᠡᠷ ᠢ ᠰᠠᠶᠢᠵᠢᠷᠠᠭᠤᠯᠬᠤ᠂ ᠡᠯᠡᠰᠤ ᠶᠢ ᠰᠡᠷᠭᠡᠶᠢᠯᠡᠨ ᠵᠠᠰᠠᠬᠤ᠂ ᠬᠤᠵᠢᠷᠯᠢᠭ | ᠭᠠᠵᠠᠷ ᠢ ᠵᠠᠰᠠᠨ ᠴᠡᠭᠴᠡᠯᠡᠬᠦ ᠠᠵᠢᠯ ᠢ ᠦᠷᠨᠢᠭᠦᠯᠵᠤ᠂ ᠤᠳᠤᠬᠢᠴᠢᠯᠠᠭᠰᠠᠨ ᠮᠠᠯ ᠠᠵᠤ ᠠᠬᠤᠢ ᠶᠢᠨ ᠰᠢᠨᠵᠢᠯᠡᠬᠦ | ᠤᠬᠠᠭᠠᠨ ᠤ ᠰᠤᠳᠤᠯᠭᠠᠨ ᠬᠢᠭᠡᠳ ᠮᠡᠷᠭᠡᠵᠢᠯ ᠢ ᠲᠡᠯᠭᠡᠷᠡᠭᠦᠯᠭᠦ ᠰᠢᠰᠲ᠋ᠧᠮ ᠢ ᠠᠯᠭᠤᠷ ᠠᠭᠠᠵᠢᠮ ᠢᠶᠠᠷ ᠪᠠᠶᠢᠭᠤᠯᠤᠨ | ᠲᠡᠭᠦᠯᠳᠡᠷᠵᠢᠭᠦᠯᠦᠨ᠎ᠡ᠃ ᠭᠠᠵᠠᠷ ᠰᠢᠷᠤᠢ ᠨᠤᠳᠤᠭ ᠪᠡᠯᠴᠢᠭᠡᠷ ᠢ ᠲᠠᠭᠠᠭᠠᠴᠢᠯᠠᠨ ᠡᠵᠡᠩᠨᠡᠬᠦ ᠲᠦᠷᠢᠮ ᠤᠨ ᠰᠢᠨ᠎ᠡ ᠶᠢ | ᠡᠭᠦᠳᠤᠨ᠂ ᠭᠠᠴᠠᠭᠠᠨ ᠤ ᠲᠤᠳᠤᠭᠠᠳᠤ ᠭᠦᠭᠵᠢᠯᠳᠡ ᠶᠢᠨ ᠬᠦᠴᠦᠨ ᠢ ᠠᠮᠢᠯᠠᠭᠤᠯᠣᠨᠠ᠃ ᠮᠠᠯᠵᠢᠬᠤ ᠤᠷᠤᠨ ᠤ | ᠬᠠᠮᠳᠦ ᠪᠠᠷ ᠡᠳ᠋ᠯᠡᠬᠦ ᠬᠦᠭᠵᠢᠯᠳᠡ ᠶᠢᠨ ᠰᠠᠭᠤᠷᠢ ᠶᠢ ᠪᠠᠬᠢᠵᠢᠬᠦᠯᠦᠨ᠂ ᠮᠠᠯ ᠠᠵᠤ ᠠᠬᠤᠢ ᠶᠢ ᠲᠡᠮᠵᠢᠨ ᠮᠠᠯᠴᠢᠳ | ᠲᠤ ᠬᠠᠷᠠᠭᠠᠯᠵᠠᠯ ᠦᠵᠡᠭᠦᠯᠭᠦ ᠡᠯ᠎ᠡ ᠵᠦᠢᠯ ᠤᠨ ᠲᠦᠷᠦ ᠶᠢᠨ ᠪᠤᠳᠤᠯᠭ᠎ᠠ ᠶᠢ ᠨᠡᠶᠢᠳᠠᠪᠤᠷᠢᠵᠢᠭᠤᠯᠵᠤ᠂ ᠰᠠᠭᠤᠷᠢ | ᠲᠦᠭᠦᠭᠡᠷᠦᠮᠵᠢ ᠶᠢᠨ ᠪᠦᠳᠦᠭᠡᠨ ᠪᠠᠶᠢᠭᠤᠯᠤᠯᠳᠠ ᠶᠢ ᠲᠠᠰᠤᠷᠠᠯᠳᠠ ᠦᠭᠡᠢ ᠳᠡᠬᠦᠯᠳᠡᠷᠵᠢᠬᠦᠯᠦᠨ᠂ ᠤᠳᠤᠬᠢᠴᠢᠯᠠᠭᠰᠠᠨ | ᠮᠠᠯ ᠠᠵᠤ ᠠᠬᠤᠢ ᠶᠢᠨ ᠭᠦᠭᠵᠢᠯᠳᠡ ᠶᠢᠨ ᠬᠢᠷᠢ ᠲᠦᠪᠰᠢᠨ ᠢ ᠲᠡᠭᠡᠭᠰᠢᠯᠡᠭᠦᠯᠦᠨ᠎ᠡ᠃ | ︵ᠲᠦᠷᠪᠡ︶ ᠪᠦᠬᠦ ᠤᠷᠤᠨ ᠪᠦᠰᠡ ᠶᠢᠨ ᠦᠪᠡᠷᠮᠢᠴᠡ ᠤᠨᠴᠠᠯᠢᠭ ᠢ ᠲᠤᠪᠤᠶᠢᠯᠭᠠᠵᠤ᠂ ᠬᠠᠮᠤᠭ ᠰᠢᠯᠢᠳᠡᠭ | ᠰᠠᠶᠢᠨ ᠤᠷᠴᠢᠨ ᠲᠤᠭᠤᠷᠢᠨ ᠢᠶᠠᠷ ᠵᠤᠭᠠᠴᠠᠯ ᠤᠨ ᠠᠵᠤ ᠦᠢᠯᠡᠰ ᠤᠨ ᠭᠦᠭᠵᠢᠯᠳᠡ ᠶᠢ ᠲᠦᠯᠬᠢᠨ ᠠᠬᠢᠭᠤᠯᠤᠨ᠎ᠠ᠃ | ᠬᠦᠯᠦᠨ ᠨᠠᠭᠤᠷ ᠤᠨ ᠤᠷᠤᠰᠬᠠᠯ ᠤᠨ ᠤᠷᠤᠨ ᠤ ᠠᠮᠢ ᠠᠬᠤᠢ ᠬᠢᠭᠡᠳ ᠤᠷᠴᠢᠨ ᠳᠤᠭᠤᠷᠢᠨ ᠢ ᠶᠡᠷᠦᠩᠭᠡᠶᠢᠯᠡᠨ | ᠵᠠᠰᠠᠨ ᠴᠡᠭᠴᠡᠯᠡᠬᠦ ᠠᠵᠢᠯ ᠤᠨ ᠳᠤᠭᠤᠷᠢᠨ ᠳᠤ᠂ ᠬᠦᠯᠦᠨ ᠨᠠᠭᠤᠷ ᠤᠨ ᠤᠶᠢᠷ᠎ᠠ ᠬᠠᠪᠢ ᠶᠢᠨ ᠪᠠᠶᠢᠭᠠᠯᠢᠯᠢᠭ ᠨᠤᠲᠤᠭ | ᠪᠡᠯᠴᠢᠭᠡᠷ ᠢ ᠬᠠᠮᠠᠭᠠᠯᠠᠬᠤ ᠲᠤᠷᠰᠢᠯᠳᠠ ᠶᠢᠨ ᠤᠷᠤᠨ ᠤ ᠪᠦᠲᠦᠭᠡᠨ ᠪᠠᠶᠢᠭᠤᠯᠤᠯᠳᠠ ᠶᠢ ᠡᠬᠢᠯᠡᠬᠦᠯᠦᠨ᠂ ᠮᠠᠯᠵᠢᠬᠤ | ᠡᠷᠦᠭᠡ ᠶᠢᠨ ᠵᠤᠭᠠᠴᠠᠯ᠂ ᠰᠣᠯᠠ ᠰᠡᠯᠡᠬᠦᠦ ᠵᠤᠭᠠᠴᠠᠯ ᠪᠠ ᠬᠢᠯᠢ ᠠᠯᠤᠰᠯᠠᠬᠤ ᠵᠤᠭᠠᠴᠠᠯ ᠤᠨ ᠭᠦᠭᠵᠢᠯᠳᠡ ᠶᠢ | ᠠᠬᠢᠭᠤᠯᠵᠤ᠂ ᠤᠰᠤ ᠪᠡᠯᠴᠢᠭᠡᠷ ᠲᠠᠩᠰᠤᠭ ᠰᠠᠶᠢᠬᠠᠨ᠂ ︽ᠨᠤᠳᠤᠭ ᠤᠰᠤ ᠪᠠᠨ ᠮᠦᠷᠦᠭᠡᠳᠤᠨ ᠰᠠᠨᠠᠭᠠᠯᠵᠠᠬᠤ︾ | ᠵᠣᠭᠠᠴᠠᠯ ᠤᠨ ᠲᠦᠪ ᠭᠠᠴᠠᠭ᠎ᠠ ᠶᠢ ᠪᠠᠶᠢᠭᠤᠯᠤᠨ᠎ᠠ᠃ ᠲᠤᠮᠳᠠ ᠲᠡᠭᠡᠳᠤ ᠳᠡᠰ ᠤᠨ ᠵᠤᠭᠠᠴᠠᠯ ᠤᠨ ᠨᠡᠷ᠎ᠡ ᠲᠡᠮᠳᠡᠭ ᠢ | ᠡᠭᠦᠳᠴᠤ᠂ ︽ᠲᠠᠪᠠ ᠪᠠᠷ ᠢᠶᠠᠨ ᠵᠤᠭᠠᠴᠠᠬᠤ︾ ᠶᠢ ᠵᠤᠭᠠᠴᠠᠯ ᠤᠨ ᠠᠵᠦ ᠦᠢᠯᠡᠰ ᠤᠨ ᠰᠢᠨ᠎ᠠ ᠭᠡᠪ ᠪᠠᠶᠢᠳᠠᠯ | ᠪᠣᠯᠭᠠᠨ᠂ ᠠᠯᠳᠠᠨ ᠤᠷᠤᠭ ᠤᠨ ᠰᠢᠵᠢᠮ ᠢ ᠵᠠᠩᠬᠢᠳᠤᠭᠰᠠᠨ ᠲᠠᠯ᠎ᠠ ᠨᠤᠳᠤᠭ᠂ ᠬᠤᠶᠠᠷ ᠨᠠᠭᠤᠷ᠂ ᠬᠤᠶᠠᠷ ᠭᠤᠤᠯ᠂ | ᠨᠤᠭᠤ ᠭᠠᠵᠠᠷ᠂ ᠪᠣᠭᠳᠠᠠᠭᠤᠯᠠ᠂ ᠬᠢᠯᠢ ᠶᠢᠨ ᠬᠦᠰᠢᠶ᠎ᠡ ᠶᠢᠨ ᠵᠤᠭᠠᠴᠠᠯ ᠤᠨ ᠡᠬᠢ ᠪᠠᠶᠠᠯᠢᠭ ᠤᠨ ᠲᠠᠪᠠᠭᠤᠯᠢᠭ ᠢ | ᠬᠦᠢᠴᠡᠳ ᠠᠰᠢᠭᠯᠠᠨ᠎ᠠ᠃ 2022 ᠤᠨ ᠪᠤᠯᠬᠤ ᠳᠤ᠂ ᠬᠦᠯᠢᠶᠡᠠ ᠵᠣᠴᠢᠯᠠᠭᠰᠠᠨ ᠵᠣᠭᠠᠴᠠᠭᠰᠠᠳ ᠤᠨ ᠲᠤᠭ᠎ᠠ ᠶᠢ | 445 ᠲᠦᠮᠡ ᠠᠴᠠ ᠳᠡᠭᠡᠭᠰᠢ ᠬᠦᠮᠦᠨ ᠤᠳᠠᠭ᠎ᠠ ᠳᠤ ᠬᠦᠷᠭᠡᠵᠦ᠂ ᠵᠤᠭᠠᠴᠠᠯ ᠤᠨ ᠶᠡᠷᠥᠩᠭᠡᠢ ᠤᠷᠤᠯᠭ᠎ᠠ ᠶᠢ 31 | ᠳ᠋ᠦᠩᠰᠢᠭᠤᠷ ᠲᠦᠬᠦᠷᠢᠭ ᠠᠴᠠ ᠳᠠᠪᠠᠭᠤᠯᠣᠨ᠎ᠠ᠃ | ︵ᠲᠠᠪᠤ︶ ᠨᠡᠭᠡᠭᠡᠯᠳᠡ ᠬᠢᠬᠦ ᠳᠠᠪᠠᠭᠤᠯᠢᠭ ᠲᠤ ᠲᠦᠪᠯᠡᠷᠡᠭᠦᠯᠵᠤ᠂ ᠬᠠᠮᠤᠭ ᠠᠮᠢᠳᠤᠯᠢᠭ ᠳᠣᠭᠳᠠᠴᠠ ᠪᠠᠷ | ᠭᠠᠳᠠᠭᠠᠳᠤ ᠠᠷᠠᠯᠵᠢᠶᠠᠨ ᠤ ᠬᠢᠷᠢ ᠲᠦᠪᠰᠢᠨ ᠢ ᠲᠡᠭᠡᠭᠰᠢᠯᠡᠭᠦᠯᠦᠨ᠎ᠠ᠃ ︽ᠨᠢᠭᠡ ᠪᠦᠰᠡ ᠨᠢᠭᠡ ᠱᠤᠭᠤᠮ︾ ᠤᠨ | ᠪᠦᠲᠦᠭᠡᠨ ᠪᠠᠶᠢᠭᠤᠯᠤᠯᠳᠠ ᠳᠤ ᠰᠠᠨᠠᠭᠠᠴᠢᠯᠠᠭ᠎ᠠ ᠠᠴᠠ ᠪᠠᠨ ᠠᠭᠤᠰᠤᠯᠴᠠᠭᠤᠯᠵᠤ᠂ ᠨᠡᠭᠡᠭᠡᠯᠳᠡᠳᠤ ᠭᠡᠯᠪᠡᠷᠢ ᠶᠢᠨ ᠠᠵᠤ | ᠠᠬᠤᠢ ᠶᠢ ᠶᠡᠬᠡᠪᠡᠷ ᠭᠦᠭᠵᠢᠭᠦᠯᠦᠨ᠎ᠡ᠃ ᠲᠤᠮᠳᠠᠳᠤ ᠤᠷᠤᠰ ᠮᠤᠩᠭᠤᠯ ᠭᠤᠷᠪᠠᠨ ᠤᠯᠤᠰ ᠤᠨ ᠠᠵᠤ ᠠᠬᠤᠢ ᠶᠢᠨ | ᠬᠠᠮᠳᠤᠷᠠᠯᠴᠠᠭᠠᠨ ᠤ ᠬᠤᠰᠢᠭᠤᠴᠢ ᠤᠷᠤᠨ ᠤ ᠪᠦᠳᠦᠭᠡᠨ ᠪᠠᠶᠢᠭᠤᠯᠤᠯᠳᠠ ᠳᠤ ᠲᠦᠰᠢᠭᠯᠡᠨ᠂ ᠠᠵᠤ ᠦᠢᠯᠡᠰ ᠤᠨ | ᠰᠢᠯᠵᠢᠯᠳᠠ ᠶᠢ ᠰᠠᠨᠠᠭᠠᠴᠢᠯᠠᠭ᠎ᠠ ᠠᠴᠠ ᠪᠠᠨ ᠬᠢᠵᠤ᠂ ᠭᠡᠰᠡᠭ ᠲᠤᠮᠤ ᠲᠦᠷᠦᠯ ᠵᠦᠢᠯ᠂ ᠲᠡᠷᠢᠭᠦᠨ ᠤ ᠮᠡᠷᠭᠡᠵᠢᠯ ᠪᠠ | ᠰᠣᠳᠣᠯᠭᠠᠨ ᠤ ᠪᠦᠯᠬᠦᠮ ᠢ ᠲᠠᠳᠠᠨ ᠣᠷᠣᠭᠤᠯᠣᠨ᠎ᠠ᠃ ᠬᠢᠯᠢ ᠬᠢᠵᠠᠭᠠᠷ ᠤᠷᠤᠨ ᠤ ᠠᠵᠤ ᠠᠬᠤᠢ ᠠᠷᠠᠯᠵᠢᠶᠠᠨ ᠤ | ᠬᠠᠮᠳᠣᠷᠠᠯᠴᠠᠭ᠎ᠠ ᠶᠢ ᠶᠡᠬᠡᠪᠡᠷ ᠲᠦᠯᠬᠢᠨ ᠠᠬᠢᠭᠤᠯᠵᠤ᠂ ᠭᠠᠳᠠᠭᠠᠳᠣ ᠠᠷᠠᠯᠵᠢᠶᠠᠨ ᠤ ᠡᠵᠡᠩᠨᠡᠯᠳᠡ ᠶᠢᠨ ᠰᠢᠨ᠎ᠡ | ᠴᠤᠭᠴᠠ ᠶᠢ ᠪᠤᠶᠢᠵᠢᠭᠤᠯᠤᠨ᠂ ︽ᠨᠢᠭᠡ ᠪᠦᠰᠡ ᠨᠢᠭᠡ ᠱᠤᠭᠤᠮ︾᠂ ᠬᠢᠯᠢ ᠶᠢᠨ ᠱᠤᠭᠤᠮ ᠳᠠᠭᠠᠤ ᠤᠷᠤᠨ ᠤ | ᠬᠠᠮᠳᠤᠷᠠᠯᠴᠠᠭ᠎ᠠ ᠬᠦᠭᠵᠢᠯᠳᠡ ᠶᠢᠨ ᠰᠢᠨ᠎ᠡ ᠪᠠᠶᠢᠳᠠᠯ ᠢ ᠡᠭᠦᠳᠦᠨ ᠨᠡᠭᠡᠭᠡᠨ᠎ᠡ᠃ ᠬᠢᠯᠢ ᠲᠠᠭᠠᠤ ᠤᠷᠤᠨ ᠯᠤᠭ᠎ᠠ ᠶᠢᠨ | ᠬᠠᠮᠳᠤᠷᠠᠯᠴᠠᠭᠠᠨ ᠤ ᠰᠢᠨ᠎ᠠ ᠪᠠᠶᠢᠳᠠᠯ ᠢ ᠡᠬᠦᠳᠦᠨ᠎ᠡ᠃ ᠪᠤᠭᠤᠮᠳᠠ ᠶᠢᠨ ᠠᠵᠤ ᠠᠬᠤᠢ ᠶᠢ ᠪᠤᠵᠠᠭᠠᠶᠢᠷᠠᠭᠤᠯᠤᠨ | ᠬᠦᠴᠦᠷᠭᠡᠭᠵᠢᠭᠦᠯᠵᠤ᠂ 2022 ᠤᠨ ᠪᠤᠯᠬᠤ ᠳᠤ᠂ ᠪᠤᠭᠤᠮᠳᠠ ᠪᠠᠷ ᠤᠷᠤᠭᠤᠯᠵᠤ ᠭᠠᠷᠭᠠᠭᠰᠠᠨ ᠡᠳ᠋ ᠪᠠᠷᠠᠭᠠᠨ ᠤ | ᠭᠡᠮᠵᠢᠶ᠎ᠡ ᠶᠢ 45 ᠲᠦᠮᠡᠨ ᠲᠤᠨ ᠳᠤ ᠬᠦᠷᠭᠡᠭᠦ ᠶᠢ ᠪᠡᠶᠡᠯᠡᠬᠦᠯᠦᠨ᠂ ᠠᠷᠠᠯᠵᠢᠶᠠᠨ ᠤ ᠲᠤᠭ᠎ᠠ ᠶᠢ 2.5 ᠳ᠋ᠦᠩᠰᠢᠭᠤᠷ | ᠳ᠋ᠤᠯᠯᠠᠷ ᠲᠤ ᠭᠦᠷᠭᠡᠵᠤ᠂ ᠬᠢᠯᠢ ᠪᠠᠷ ᠤᠷᠤᠵᠤ ᠭᠠᠷᠤᠭᠰᠠᠨ ᠠᠶᠠᠨᠴᠢᠳ ᠤᠨ ᠳᠤᠭ᠎ᠠ ᠶᠢ 65 ᠲᠦᠮᠡᠨ ᠬᠦᠮᠦᠨ | ᠤᠳᠠᠭ᠎ᠠ ᠠᠴᠠ ᠲᠠᠪᠠᠭᠤᠯᠤᠨ᠎ᠠ᠃ | ︵ᠵᠢᠷᠭᠤᠭ᠎ᠠ︶ ᠬᠤᠳᠠ ᠬᠦᠳᠡᠭᠡ ᠶᠢ ᠵᠤᠬᠢᠴᠠᠭᠤᠯᠬᠤ ᠶᠢ ᠨᠢᠭᠡᠳᠦᠯᠳᠡᠢ ᠲᠦᠯᠦᠪᠵᠢᠬᠦᠯᠵᠦ᠂ ᠬᠠᠮᠤᠭ | ᠰᠠᠶᠢᠨ ᠴᠢᠨᠠᠷ ᠴᠢᠨᠰᠠᠭ᠎ᠠ ᠪᠠᠷ ᠬᠦᠭᠵᠢᠯᠳᠡ ᠶᠢᠨ ᠴᠢᠳᠠᠪᠦᠷᠢ ᠶᠢ ᠪᠠᠳᠣᠯᠠᠨ ᠳᠡᠭᠡᠭᠰᠢᠯᠡᠬᠦᠯᠦᠨ᠎ᠡ᠃ ᠦᠪᠡᠷᠮᠢᠴᠡ | ᠤᠨᠴᠠᠯᠢᠭᠳᠦ ᠬᠤᠳᠠ ᠪᠠᠯᠭᠠᠰᠦ ᠶᠢᠨ ᠪᠦᠲᠦᠭᠡᠨ ᠪᠠᠶᠢᠭᠤᠯᠤᠯᠳᠠ ᠶᠢ ᠴᠢᠬᠤᠯᠠᠴᠢᠯᠠᠨ᠎ᠠ᠃ ᠮᠤᠩᠭᠤᠯ ᠤᠨ ᠡᠬᠢ | ᠡᠬᠦᠰᠦᠯ ᠤᠨ ᠰᠣᠶᠣᠯ ᠤᠨ ᠭᠡᠪ ᠨᠠᠮᠪᠠ ᠶᠢ ᠳᠣᠪᠣᠶᠢᠯᠭᠠᠨ᠂ ᠬᠤᠰᠢᠭᠤᠨ ᠤ ᠭᠡᠪᠴᠢᠶᠡᠨ ᠤ ᠭᠦᠭᠵᠢᠯᠳᠡ ᠶᠢᠨ | ᠲᠦᠯᠦᠪᠵᠢᠭᠦᠯᠭᠡ ᠶᠢ ᠵᠠᠰᠠᠨ ᠲᠡᠭᠦᠯᠳᠡᠷᠵᠢᠭᠦᠯᠵᠤ᠂ ᠤᠯᠠᠨ ᠨᠡᠶᠢᠳᠡ ᠶᠢᠨ ᠦᠢᠯᠡᠴᠢᠯᠡᠭᠡ ᠶᠢ ᠲᠠᠰᠤᠷᠠᠯᠳᠠ ᠦᠬᠡᠢ | ᠪᠦᠷᠢᠨᠰᠢᠬᠦᠯᠵᠦ᠂ ᠬᠤᠳᠠ ᠪᠠᠯᠭᠠᠰᠤ ᠶᠢᠨ ᠲᠠᠳᠠᠬᠤ ᠬᠦᠴᠦᠨ ᠪᠠ ᠠᠵᠤ ᠦᠢᠯᠡᠰ ᠤᠨ ᠲᠦᠪᠯᠡᠷᠡᠭᠦᠯᠭᠦ ᠬᠦᠴᠦᠨ ᠢ | ᠨᠡᠮᠡᠭᠳᠡᠭᠦᠯᠦᠨ᠂ ᠠᠯᠳᠠᠨ ᠤᠷᠤᠭ ᠤᠨ ᠰᠢᠵᠢᠮ ᠢ ᠵᠠᠩᠭᠢᠳᠤᠭᠰᠠᠨ ᠨᠤᠳᠤᠭ ᠭᠤᠤᠯ ᠰᠡᠳᠤᠪᠳᠤ ᠰᠤᠶᠤᠯ ᠤᠨ ᠠᠵᠤ | ᠦᠢᠯᠡᠰ ᠤᠨ ᠬᠦᠷᠢᠶᠡᠯᠡᠩ ᠢ ᠡᠭᠦᠳᠤᠨ ᠪᠠᠶᠢᠭᠤᠯᠵᠤ᠂ ᠲᠤᠮᠳᠠᠳᠤ ᠤᠷᠤᠰ ᠮᠤᠩᠭᠤᠯ ᠭᠤᠷᠪᠠᠨ ᠤᠯᠤᠰ ᠤᠨ ᠬᠢᠯᠢ | ᠬᠢᠵᠠᠭᠠᠷ ᠤᠨ ᠮᠤᠩᠭᠤᠯ ᠤᠨ ᠡᠬᠢ ᠡᠬᠦᠰᠦᠯ ᠤᠨ ᠰᠤᠶᠤᠯ ᠤᠨ ᠭᠡᠪ ᠨᠠᠮᠪᠠ ᠲᠠᠢ ᠰᠤᠶᠤᠯ ᠵᠤᠭᠠᠴᠠᠯ ᠤᠨ | ᠦᠪᠡᠷᠮᠢᠴᠡ ᠤᠨᠴᠠᠯᠢᠭᠳᠤ ᠵᠢᠵᠢᠭ ᠪᠠᠯᠭᠠᠰᠤ ᠪᠠ ᠲᠠᠯ᠎ᠠ ᠨᠤᠳᠤᠭ ᠤᠨ ᠳᠠᠪᠠ ᠪᠠᠷ ᠢᠶᠠᠨ ᠰᠠᠭᠤᠬᠤ ᠮᠤᠩᠭᠤᠯ ᠤᠨ | ᠡᠬᠢ ᠡᠭᠦᠰᠦᠯ ᠤᠨ ᠰᠤᠶᠤᠯ ᠤᠨ ᠲᠦᠪ ᠪᠠᠯᠭᠠᠰᠤ ᠶᠢ ᠬᠦᠴᠦᠯᠡᠨ ᠪᠠᠶᠢᠭᠤᠯᠤᠨ᠎ᠠ᠃ ᠰᠡᠯᠡᠬᠦᠦ ᠵᠤᠭᠠᠴᠠᠯ᠂ | ᠠᠷᠠᠯᠵᠢᠶ᠎ᠡ ᠬᠤᠳᠠᠯᠳᠤᠭᠠᠨ ᠤ ᠪᠠᠷᠠᠭᠠᠨ ᠤ ᠬᠦᠢᠯᠭᠡᠭᠡ᠂ ᠤᠯᠠᠮᠵᠢᠯᠠᠯᠳᠤ ᠰᠤᠶᠤᠯ ᠪᠠ ᠣᠷᠣᠰᠢᠨ ᠰᠠᠭᠤᠬᠤ ᠳᠤ | ᠳᠠᠭᠠᠯᠠᠮᠵᠢᠳᠠᠢ ᠪᠠᠶᠢᠬᠤ ᠶᠡᠷᠥᠩᠭᠡᠢ ᠬᠠᠷᠠᠯᠳᠠ ᠶᠢᠨ ᠶᠤᠰᠤᠭᠠᠷ᠂ ︽ᠪᠤᠬᠢᠷᠳᠤᠯ ᠦᠬᠡᠢ︾ ᠪᠠᠶᠢᠯᠭᠠᠬᠤ ᠪᠠᠷ | ᠭᠤᠤᠯᠯᠠᠭᠤᠯᠵᠤ᠂ ︽ᠪᠤᠬᠢᠷᠳᠤᠯ ᠦᠬᠡᠢ︾ ᠨᠠᠷ᠎ᠡ ᠶᠢᠨ ᠬᠠᠭᠤᠳᠠᠰᠤ ᠶᠢ ᠰᠠᠶᠢᠳᠤᠷ ᠰᠡᠳᠦᠵᠦ᠂ ᠭᠠᠵᠠᠷ ᠤᠷᠤᠨ ᠤ | ᠪᠠᠶᠢᠳᠠᠯ ᠳᠠᠭᠠᠨ ᠵᠣᠬᠢᠴᠠᠭᠤᠯᠣᠨ ᠡᠪᠡᠰᠤ ᠲᠠᠷᠢᠬᠤ᠂ ᠮᠤᠳᠤ ᠵᠠᠶᠢᠯᠠᠬᠤ ᠪᠠ ᠤᠰᠤᠯᠠᠯᠳᠠ ᠬᠢᠵᠤ᠂ ᠪᠠᠯᠭᠠᠰᠤᠨ | ᠳᠣᠭᠤᠷᠢᠭ ᠤᠨ ᠤᠶᠢᠷ᠎ᠠ ᠬᠠᠪᠢ ᠪᠠ ᠵᠠᠮ ᠵᠡᠭᠡᠯᠢ ᠲᠠᠭᠠᠤ ᠨᠣᠭᠤᠭᠠᠷᠠᠭᠤᠯᠣᠯᠳᠠ ᠬᠢᠵᠤ᠂ ᠬᠤᠳᠠ ᠪᠠᠯᠭᠠᠰᠤ ᠶᠢᠨ | ᠠᠮᠢᠵᠢᠷᠠᠯ ᠤᠨ ᠬᠦᠴᠦᠨ ᠢ ᠲᠠᠰᠤᠷᠠᠯᠳᠠ ᠦᠬᠡᠢ ᠳᠡᠭᠡᠭᠰᠢᠯᠡᠬᠦᠯᠦᠨ᠂ ᠬᠤᠳᠠ ᠯᠤᠭ᠎ᠠ ᠶᠢᠨ ᠢᠯᠭᠠᠭᠠᠳᠦ ᠴᠢᠨᠠᠷ ᠢ | ᠢᠯᠡᠷᠡᠭᠦᠯᠵᠦ᠂ ᠤᠯᠠᠨ ᠲᠦᠮᠡᠨ ᠳᠤ ᠨᠡᠩ ᠴᠢᠨᠠᠷᠯᠢᠭ ᠠᠮᠢᠳᠤᠷᠠᠯ ᠢ ᠡᠳ᠋ᠯᠡᠭᠦᠯᠦᠨ᠎ᠡ᠃ ᠬᠤᠳᠠ ᠪᠠᠯᠭᠠᠰᠤ ᠶᠢᠨ | ᠴᠢᠳᠠᠪᠤᠷᠢ ᠪᠣᠯᠣᠨ ᠰᠤᠶᠤᠯ ᠵᠤᠭᠠᠴᠠᠯ ᠤᠨ ᠠᠭᠤᠯᠤᠭᠳᠠᠬᠤᠨ ᠢ ᠪᠠᠶᠠᠯᠢᠭᠵᠢᠭᠤᠯᠵᠤ᠂ ᠨᠤᠳᠤᠭ ᠤᠰᠤᠨ ᠤ ᠤᠷᠭᠤᠮᠠᠯ | ᠤᠨ ᠤᠷᠳᠤᠨ᠂ ᠮᠠᠨᠤ ᠴᠢᠯᠠᠭᠤᠨ ᠤ ᠮᠦᠽᠸᠢ ᠶᠢ ᠪᠡᠯᠡᠳᠭᠡᠨ ᠪᠠᠶᠢᠭᠤᠯᠵᠤ᠂ ᠰᠡᠭᠡᠭᠡᠳᠡᠨ ᠮᠦᠽᠸᠢ ᠶᠢ ᠲᠡᠰ | ᠲᠡᠪᠰᠢᠭᠦᠯᠦᠨ ᠵᠠᠰᠠᠨ ᠰᠢᠨᠡᠳᠭᠡᠨ᠎ᠡ᠃ ᠵᠠᠮ ᠬᠠᠷᠢᠯᠴᠠᠭᠠᠨ ᠤ ᠰᠦᠯᠵᠢᠶᠡᠨ ᠤ ᠪᠠᠶᠢᠭᠤᠯᠤᠯᠳᠠ ᠶᠢ ᠲᠦᠷᠭᠡᠳᠭᠡᠨ᠎ᠡ᠃ | G331 ︵S203︶ ᠬᠤᠤᠰ ᠴᠢᠭᠯᠡᠯᠳᠦ ᠵᠠᠮ ᠱᠤᠭᠤᠮ ᠤᠨ ᠠᠵᠢᠯ ᠢ ᠡᠬᠢᠯᠡᠬᠦᠯᠦᠨ᠂ ᠨᠡᠶᠢᠳᠡᠮ ᠭᠡᠷᠡᠭᠯᠡᠬᠦ ᠠᠭᠠᠷ | ᠠᠶᠠᠯᠠᠯ ᠪᠦᠬᠦ ᠳᠠᠯ᠎ᠠ ᠪᠠᠷ ᠡᠵᠡᠩᠨᠡᠯᠳᠡ ᠪᠠᠨ ᠡᠬᠢᠯᠡᠬᠦᠯᠵᠦ᠂ ᠬᠤᠰᠢᠭᠤᠨ ᠤ ᠬᠡᠪᠴᠢᠶᠡᠨ ᠤ ᠰᠤᠮᠤ ᠪᠠᠯᠭᠠᠰᠦ ᠶᠢᠨ | ᠬᠤᠭᠤᠷᠤᠨᠳᠦᠬᠢ ᠵᠠᠮ ᠪᠤᠯᠤᠨ ᠬᠢᠯᠢ ᠳᠠᠭᠠᠤ ᠵᠠᠰᠠᠮᠠᠯ ᠵᠠᠮ ᠢ ᠨᠡᠪᠲᠡᠷᠡᠬᠦᠯᠵᠦ᠂ ︽ᠨᠢᠭᠡ ᠲᠤᠭᠤᠷᠢᠭ ᠲᠦᠷᠪᠡᠨ | ᠱᠤᠭᠤᠮ +︾ ᠵᠠᠮ ᠬᠠᠷᠢᠯᠴᠠᠭᠠᠨ ᠤ ᠳᠤᠤᠷ ᠰᠦᠯᠵᠢᠶ᠎ᠡ ᠶᠢ ᠲᠡᠭᠦᠯᠳᠡᠷᠵᠢᠬᠦᠯᠦᠨ᠂ ᠰᠠᠭᠤᠭᠠᠯᠢ ᠠᠷᠠᠳ ᠤᠨ | ᠶᠠᠪᠤᠵᠦ ᠰᠠᠭᠤᠬᠤ ᠳᠤ ᠲᠦᠬᠦᠮ ᠦᠵᠡᠬᠦᠯᠦᠨ᠎ᠡ᠃ ︽ᠤᠰᠤ ᠶᠢ ᠰᠠᠶᠢᠵᠢᠷᠠᠭᠤᠯᠬᠤ︾ ᠠᠵᠢᠯ ᠢ ᠪᠦᠬᠦ ᠬᠦᠴᠦᠨ | ᠢᠶᠠᠷ ᠢᠶᠠᠨ ᠰᠠᠶᠢᠳᠦᠷ ᠬᠢᠨ᠎ᠡ᠃ ᠤᠰᠤᠨ ᠤ ᠡᠬᠢ ᠪᠠᠶᠠᠯᠢᠭ ᠢ ᠨᠠᠨᠳᠢᠩᠨᠠᠨ ᠠᠰᠢᠭᠯᠠᠵᠦ᠂ ᠭᠡᠷᠦᠯᠦᠨ ᠭᠤᠤᠯ ᠤᠨ | ᠤᠰᠤ ᠶᠢ ᠬᠠᠳᠠᠭᠠᠯᠠᠨ ᠤᠰᠤᠨ ᠰᠤᠷᠪᠤᠯᠵᠢ ᠶᠢ ᠲᠤᠬᠢᠷᠠᠭᠤᠯᠬᠤ ᠵᠢᠴᠢ ᠤᠰᠤᠨ ᠤ ᠤᠷᠴᠢᠨ ᠲᠤᠭᠤᠷᠢᠨ ᠢ ᠵᠠᠰᠠᠵᠦ | ᠴᠡᠭᠴᠡᠯᠡᠬᠦ ᠵᠡᠷᠭᠡ ᠠᠯᠤᠰ ᠬᠡᠳᠦ ᠶᠢᠨ ᠠᠴᠢ ᠬᠤᠯᠪᠤᠭᠳᠠᠯ ᠲᠠᠢ ᠨᠢᠭᠡ ᠪᠦᠯᠦᠭ ᠤᠰᠤᠨ ᠠᠰᠢᠭᠯᠠᠯᠳᠠ ᠶᠢᠨ | ᠳᠤᠯᠭᠠᠭᠤᠷᠢ ᠢᠨᠵᠧᠨᠧᠷᠢᠩ ᠢ ᠪᠠᠶᠢᠭᠤᠯᠵᠦ᠂ ᠭᠠᠩ ᠬᠠᠭᠰᠠᠷᠭᠠᠨ ᠢ ᠡᠰᠡᠷᠬᠦᠴᠡᠨ ᠪᠠᠴᠢᠮ ᠪᠠᠶᠢᠳᠠᠯ ᠢ ᠠᠷᠭᠠᠴᠠᠬᠤ | ᠤᠰᠤᠨ ᠰᠤᠷᠪᠤᠯᠵᠢᠳᠦ ᠢᠨᠵᠧᠨᠧᠷᠢᠩ᠂ ᠤᠰᠤᠨ ᠵᠤᠭᠤᠷᠢ ᠶᠢᠨ ᠢᠨᠵᠧᠨᠧᠷᠢᠩ ᠪᠠ ᠬᠦᠳᠡᠭᠡ ᠲᠤᠰᠬᠤᠨ ᠮᠠᠯᠵᠢᠬᠤ | ᠤᠷᠤᠨ ᠤ ᠤᠰᠤ ᠤᠮᠳᠠ ᠶᠢᠨ ᠠᠮᠦᠷ ᠲᠦᠪᠰᠢᠨ ᠢ ᠪᠠᠬᠢᠵᠢᠬᠦᠯᠦᠨ ᠲᠡᠭᠡᠭᠰᠢᠯᠡᠬᠦᠯᠬᠦ ᠢᠨᠵᠧᠨᠧᠷᠢᠩ ᠵᠡᠷᠭᠡ ᠠᠷᠠᠳ ᠢ | ᠬᠠᠷᠠᠭᠠᠯᠵᠠᠨ ᠠᠷᠠᠳ ᠲᠤ ᠠᠰᠢᠭ ᠬᠦᠷᠳᠡᠭᠡᠬᠦ ᠨᠢᠭᠡ ᠪᠦᠯᠦᠭ ᠭᠤᠤᠯᠳᠠᠯᠭ᠎ᠠ ᠲᠠᠢ ᠤᠰᠤᠨ ᠠᠰᠢᠭᠯᠠᠯᠳᠠ ᠶᠢᠨ | ᠢᠨᠵᠧᠨᠧᠷᠢᠩ ᠢ ᠡᠬᠢᠯᠡᠬᠦᠯᠦᠨ᠎ᠠ᠃ ᠣᠰᠣ ᠠᠷᠪᠢᠯᠠᠬᠤ ᠬᠡᠯᠪᠡᠷᠢ ᠶᠢᠨ ᠨᠡᠶᠢᠭᠡᠮ ᠤᠨ ᠪᠦᠳᠦᠭᠡᠨ ᠪᠠᠶᠢᠭᠤᠯᠤᠯᠳᠠ ᠶᠢ | ᠲᠦᠯᠬᠢᠨ ᠠᠬᠢᠭᠤᠯᠵᠤ᠂ ᠪᠦᠬᠦ ᠬᠤᠰᠢᠭᠤᠨ ᠤ ᠬᠦᠮᠦᠨ ᠠᠮᠠ ᠶᠢᠨ ᠣᠰᠣ ᠣᠮᠳᠠ ᠶᠢᠨ ᠠᠮᠦᠷ ᠲᠦᠪᠰᠢᠨ ᠤ | ᠪᠠᠳᠤᠯᠠᠭ᠎ᠠ ᠶᠢᠨ ᠴᠢᠳᠠᠪᠤᠷᠢ ᠶᠢ ᠪᠦᠬᠦ ᠲᠠᠯ᠎ᠠ ᠪᠠᠷ ᠲᠡᠭᠡᠭᠰᠢᠯᠡᠭᠦᠯᠦᠨ᠂ ᠪᠣᠵᠠᠷ ᠤᠰᠤᠨ ᠤ ᠬᠤᠭᠤᠯᠠᠢ ᠲᠤᠤᠷ ᠤᠨ | ᠪᠦᠳᠦᠭᠡᠨ ᠪᠠᠶᠢᠭᠤᠯᠤᠯᠳᠠ ᠪᠠ ᠰᠢᠢᠳᠪᠤᠷᠢᠯᠡᠬᠦ ᠴᠢᠳᠠᠪᠤᠷᠢ ᠶᠢ ᠳᠡᠭᠡᠭᠰᠢᠯᠡᠬᠦᠯᠦᠨ᠎ᠡ᠃ ᠴᠠᠬᠢᠯᠭᠠᠨ ᠬᠦᠴᠦ ᠴᠢᠮᠡᠭᠡ | ᠬᠤᠯᠪᠤᠭᠠᠨ ᠤ ᠰᠠᠭᠤᠷᠢ ᠶᠢ ᠲᠡᠭᠦᠯᠳᠡᠷᠵᠢᠭᠦᠯᠦᠨ᠎ᠠ᠃ ᠴᠠᠭᠢᠯᠭᠠᠨ ᠬᠦᠴᠦ ᠴᠢᠮᠡᠭᠡ ᠬᠤᠯᠪᠤᠭᠠᠨ ᠤ ᠪᠠᠳᠤᠯᠠᠭ᠎ᠠ ᠶᠢᠨ | ᠰᠢᠰᠲ᠋ᠧᠮ ᠢ ᠪᠦᠷᠢᠨᠰᠢᠭᠦᠯᠦᠨ ᠲᠡᠭᠦᠯᠳᠡᠷᠵᠢᠭᠦᠯᠵᠤ᠂ 9 ᠵᠠᠰᠠᠭ ᠵᠠᠬᠢᠷᠭᠠᠨ ᠤ ᠭᠠᠴᠠᠭᠠᠨ ᠤ ᠬᠦᠳᠡᠭᠡ ᠳᠣᠰᠬᠤᠨ ᠤ | ᠴᠠᠬᠢᠯᠭᠠᠨ ᠲᠤᠤᠷ ᠢ ᠲᠡᠰ ᠲᠡᠪᠰᠢᠭᠦᠯᠦᠨ ᠵᠠᠰᠠᠨ ᠰᠢᠨᠡᠳᠬᠡᠵᠦ᠂ ᠪᠦᠬᠦ ᠬᠤᠰᠢᠭᠤᠨ ᠤ ᠭᠤᠣᠯ ᠴᠠᠬᠢᠯᠭᠠᠨ ᠤ | ᠳᠠᠭᠠᠭᠠᠴᠠ ᠶᠢᠨ ᠡᠷᠦᠬᠡ ᠶᠢ 220 ᠺᠢᠯᠤᠸᠤᠯᠲ ᠤᠨ ᠬᠦᠴᠦᠳᠡᠯ ᠦᠬᠡᠷᠡᠴᠢᠯᠡᠬᠦ ᠦᠷᠳᠡᠭᠡ ᠳᠡᠰᠢ ᠰᠢᠯᠵᠢᠬᠦᠯᠬᠦ ᠶᠢ | ᠪᠡᠶᠡᠯᠡᠬᠦᠯᠵᠤ᠂ 35 ᠺᠢᠯᠤᠸᠤᠯᠲ ᠪᠤᠯᠤᠨ 35 ᠺᠢᠯᠤᠸᠤᠯᠲ ᠠᠴᠠ ᠲᠡᠭᠡᠭᠰᠢᠬᠢ ᠴᠠᠬᠢᠯᠭᠠᠨ ᠳᠠᠮᠵᠢᠭᠤᠯᠣᠨ | ᠬᠦᠴᠤᠳᠠᠯ ᠦᠭᠡᠷᠡᠴᠢᠯᠡᠬᠦ ᠱᠤᠭᠤᠮ ᠢ ᠰᠢᠨ᠎ᠡ ᠪᠠᠷ 2 ᠵᠤᠷᠪᠤᠰ ᠪᠠᠶᠢᠭᠤᠯᠵᠦ᠂ ᠴᠢᠮᠡᠭᠡ ᠬᠤᠯᠪᠣᠭᠠᠨ ᠤ ᠰᠠᠭᠤᠷᠢ | ᠦᠷᠳᠡᠭᠡ ᠶᠢ ᠰᠢᠨ᠎ᠡ ᠪᠠᠷ 185 ᠨᠡᠮᠡᠭᠳᠡᠭᠦᠯᠦᠨ᠎ᠠ᠃ | ︵ᠲᠤᠯᠤᠭ᠎ᠠ︶ ᠠᠷᠠᠳ ᠤᠨ ᠠᠮᠢᠳᠤᠷᠠᠯ ᠢ ᠰᠠᠶᠢᠵᠢᠷᠠᠭᠤᠯᠣᠨ ᠪᠤᠶᠠᠨ ᠭᠡᠰᠢᠭ ᠢ ᠨᠡᠮᠡᠭᠳᠡᠭᠦᠯᠵᠤ᠂ ᠬᠠᠮᠤᠭ | ᠪᠤᠳᠠᠳᠠᠢ ᠠᠷᠭ᠎ᠠ ᠭᠡᠮᠵᠢᠶ᠎ᠡ ᠪᠠᠷ ᠨᠡᠶᠢᠭᠡᠮ ᠤᠨ ᠡᠶ᠎ᠡ ᠵᠤᠬᠢᠴᠠᠩᠭᠤᠢ ᠬᠠᠮᠳᠣ ᠪᠠᠷ ᠡᠳ᠋ᠯᠡᠬᠦ ᠶᠢ ᠲᠦᠯᠬᠢᠨ ᠠᠬᠢᠭᠤᠯᠤᠨ᠎ᠠ᠃ | ᠠᠷᠠᠳ ᠲᠦᠮᠡᠨ ᠢᠶᠠᠷ ᠭᠤᠤᠯ ᠪᠤᠯᠭᠠᠬᠤ ᠶᠢ ᠪᠠᠷᠢᠮᠳᠠᠯᠠᠨ᠂ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ | ᠬᠦᠰᠡᠯ ᠡᠷᠡᠮᠡᠯᠵᠡᠯ ᠢᠶᠠᠷ ᠲᠡᠮᠡᠴᠡᠬᠦ ᠬᠠᠷᠠᠯᠳᠠ ᠪᠠᠨ ᠪᠣᠯᠭᠠᠵᠦ᠂ ᠠᠷᠠᠳ ᠲᠦᠮᠡᠨ ᠳᠤ ᠲᠦᠰᠢᠭᠯᠡᠨ ᠲᠡᠤᠬᠡ ᠶᠢᠨ | ᠠᠤᠭ᠎ᠠ ᠦᠢᠯᠡᠰ ᠢ ᠪᠦᠳᠦᠭᠡᠨ᠎ᠡ᠃ ᠦᠨᠳᠦᠰᠦᠳᠡᠨ ᠤ ᠰᠤᠶᠤᠯ ᠤᠨ ᠢᠳᠡᠭᠡᠯ ᠢ ᠬᠦᠴᠦᠯᠡᠨ ᠨᠡᠮᠡᠭᠳᠡᠭᠦᠯᠦᠨ᠎ᠡ᠃ ᠰᠢ | ᠶᠢᠨ ᠫᠢᠩ ᠶᠡᠷᠥᠩᠭᠡᠢ ᠱᠦᠵᠢ ᠶᠢᠨ ᠴᠢᠬᠤᠯᠠ ᠵᠢᠭᠠᠪᠤᠷᠢ ᠶᠢᠨ ᠵᠤᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ | ᠨᠠᠶᠢᠳᠠᠪᠤᠷᠢᠵᠢᠭᠤᠯᠵᠤ᠂ ᠦᠨᠳᠦᠰᠦᠳᠡᠨ ᠤ ᠰᠤᠶᠤᠯ ᠢ ᠣᠯᠠᠮᠵᠢᠯᠠᠨ ᠳᠡᠯᠭᠡᠷᠡᠭᠦᠯᠬᠦ ᠪᠠ ᠤᠯᠠᠭᠠᠨᠮᠦ᠋ᠴᠢᠷ ᠤᠨ ᠵᠤᠷᠢᠭ | ᠰᠠᠨᠠᠭ᠎ᠠ ᠶᠢ ᠪᠠᠳᠠᠷᠠᠭᠤᠯᠤᠨ᠂ ᠲᠠᠯ᠎ᠠ ᠨᠤᠳᠤᠭ ᠤᠨ ᠰᠤᠶᠤᠯ᠂ ᠪᠠᠷᠭᠤ ᠰᠤᠶᠤᠯ ᠪᠠ ᠰᠡᠭᠡᠭᠡᠳᠡᠨ ᠤ ᠰᠤᠶᠤᠯ ᠢ | ᠴᠡᠴᠡᠭᠯᠡᠨ ᠬᠦᠭᠵᠢᠬᠦᠯᠵᠦ᠂ ᠬᠤᠰᠢᠭᠤ᠂ ᠰᠤᠮᠤ᠂ ᠭᠠᠴᠠᠭ᠎ᠠ ᠭᠤᠷᠪᠠᠨ ᠱᠠᠳᠤᠨ ᠤ ᠰᠤᠶᠤᠯ ᠲᠠᠮᠢᠷ ᠤᠨ | ᠦᠢᠯᠡᠴᠢᠯᠡᠭᠡᠨ ᠤ ᠰᠦᠯᠵᠢᠶ᠎ᠡ ᠶᠢ ᠪᠠᠶᠢᠭᠤᠯᠤᠨ ᠲᠡᠭᠦᠯᠳᠡᠷᠵᠢᠭᠦᠯᠵᠤ᠂ ᠰᠤᠶᠤᠯ ᠤᠨ ᠪᠦᠳᠦᠬᠡᠯᠴᠢ ᠠᠵᠤ ᠦᠢᠯᠡᠰ | ᠪᠣᠯᠣᠨ ᠪᠡᠶ᠎ᠡ ᠶᠢᠨ ᠲᠠᠮᠢᠷ ᠤᠨ ᠦᠢᠯᠡᠴᠢᠯᠡᠭᠡᠨ ᠤ ᠦᠢᠯᠡᠰ ᠢ ᠪᠣᠶᠢᠵᠢᠭᠤᠯᠣᠨ ᠬᠦᠭᠵᠢᠬᠦᠯᠦᠨ᠎ᠡ᠃ ᠰᠤᠷᠭᠠᠨ | ᠬᠦᠮᠦᠵᠢᠯ ᠤᠨ ᠭᠦᠭᠵᠢᠯᠳᠡ ᠶᠢᠨ ᠬᠢᠷᠢ ᠲᠦᠪᠰᠢᠨ ᠢ ᠬᠦᠴᠦᠯᠡᠨ ᠲᠡᠭᠡᠭᠰᠢᠯᠡᠭᠦᠯᠤᠨ᠎ᠠ᠃ ᠨᠠᠮ ᠤᠨ ᠠᠷᠪᠠᠨ | ᠶᠢᠰᠦᠳᠦᠭᠡᠷ ᠶᠡᠭᠡ ᠬᠤᠷᠠᠯ ᠳᠤ ᠲᠤᠷᠠᠳᠤᠭᠰᠠᠨ ᠰᠤᠷᠭᠠᠨ ᠬᠦᠮᠦᠵᠢᠯ ᠢᠶᠠᠷ ᠤᠯᠤᠰ ᠢᠶᠠᠨ ᠮᠠᠨᠳᠤᠭᠤᠯᠬᠤ ᠪᠠ | ᠴᠢᠳᠠᠪᠤᠷᠢᠳᠠᠨ ᠢᠶᠠᠷ ᠤᠯᠤᠰ ᠢᠶᠠᠨ ᠬᠦᠴᠦᠷᠭᠡᠭᠵᠢᠭᠦᠯᠭᠦ ᠪᠠᠶᠢᠯᠳᠤᠬᠤ ᠪᠤᠳᠤᠯᠭ᠎ᠠ ᠶᠢ ᠪᠦᠬᠦ ᠲᠠᠯ᠎ᠠ ᠪᠠᠷ | ᠨᠠᠶᠢᠳᠠᠪᠤᠷᠢᠵᠢᠭᠤᠯᠤᠨ᠂ ︽ᠨᠢᠭᠡ ᠤᠷᠤᠨ ᠬᠤᠶᠠᠷ ᠰᠠᠭᠤᠷᠢᠨ ᠭᠠᠵᠠᠷ ᠲᠦᠷᠪᠡᠨ ᠰᠤᠷᠭᠠᠭᠤᠯᠢ ᠳᠠᠪᠣᠵᠢᠭᠤᠯᠬᠤ︾ | ⑦ ᠪᠠᠶᠢᠭᠤᠯᠤᠯᠳᠠ ᠶᠢ ᠲᠦᠯᠬᠢᠨ ᠠᠬᠢᠭᠤᠯᠵᠤ᠂ ᠪᠦᠬᠦ ᠠᠷᠠᠳ ᠤᠨ ᠰᠤᠷᠭᠠᠨ ᠬᠦᠮᠦᠵᠢᠯ ᠢ ᠬᠦᠨᠳᠦᠳᠭᠡᠨ᠂ ᠪᠠᠭᠰᠢ | ᠶᠢᠨ ᠡᠩᠨᠡᠬᠡᠨ ᠤ ᠭᠡᠪ ᠪᠤᠯᠪᠠᠰᠤᠷᠠᠯ ᠪᠣᠯᠣᠨ ᠠᠵᠢᠯ ᠮᠡᠷᠭᠡᠵᠢᠯ ᠤᠨ ᠰᠤᠷᠭᠠᠨ ᠬᠦᠮᠦᠵᠢᠯ ᠤᠨ ᠬᠢᠷᠢ ᠲᠦᠪᠰᠢᠨ ᠢ | ᠲᠡᠭᠡᠭᠰᠢᠯᠡᠭᠦᠯᠦᠨ᠎ᠡ᠃ ᠰᠤᠷᠭᠠᠨ ᠬᠦᠮᠦᠵᠢᠯ ᠤᠨ ᠵᠢᠭᠠᠨ ᠰᠣᠷᠭᠠᠯᠳᠠ ᠶᠢᠨ ᠦᠭᠡᠷᠡᠴᠢᠯᠡᠯᠳᠡ ᠶᠢ ᠬᠦᠨᠵᠡᠭᠡᠶᠢᠷᠡᠭᠦᠯᠵᠤ᠂ | ᠬᠦᠯ ᠪᠦᠮᠪᠦᠭᠡ᠂ ᠮᠦᠰᠦᠨ ᠪᠦᠮᠪᠦᠭᠡ ᠶᠢᠨ ᠲᠤᠰᠬᠠᠢ ᠪᠤᠯᠪᠠᠰᠤᠷᠠᠯ ᠢ ᠴᠢᠩᠭᠠᠳᠬᠠᠨ᠂ ᠰᠤᠷᠭᠠᠭᠤᠯᠢ ᠶᠢᠨ ᠬᠦᠷᠢᠶᠡᠨ | ᠤ ᠡᠶ᠎ᠡ ᠵᠤᠬᠢᠴᠠᠩᠭᠤᠢ ᠤᠷᠴᠢᠨ ᠲᠤᠭᠤᠷᠢᠨ ᠢ ᠡᠭᠦᠳᠦᠨ ᠪᠠᠶᠢᠭᠤᠯᠣᠨ᠎ᠠ᠃ ᠡᠷᠡᠭᠦᠯ ᠬᠠᠮᠠᠭᠠᠯᠠᠯ ᠤᠨ ᠦᠢᠯᠡᠴᠢᠯᠡᠭᠡᠨ | ᠤ ᠬᠢᠷᠢ ᠲᠦᠪᠰᠢᠨ ᠢ ᠬᠦᠴᠦᠯᠡᠨ ᠲᠡᠭᠡᠭᠰᠢᠯᠡᠬᠦᠯᠦᠨ᠎ᠡ᠃ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ | ᠦᠭᠡᠷᠡᠴᠢᠯᠡᠯᠳᠡ ᠶᠢ ᠬᠦᠨᠵᠡᠭᠡᠶᠢᠷᠡᠭᠦᠯᠦᠨ᠂ ᠬᠤᠰᠢᠭᠤ᠂ ᠰᠤᠮᠤ᠂ ᠭᠠᠴᠠᠭ᠎ᠠ ᠭᠤᠷᠪᠠᠨ ᠱᠠᠳᠤᠨ ᠤ ᠡᠮ ᠡᠮᠨᠡᠯᠬᠡ | ᠶᠢᠨ ᠪᠠᠶᠢᠭᠤᠯᠤᠮᠵᠢ ᠶᠢᠨ ᠰᠤᠷᠠᠭ ᠵᠠᠩᠬᠢᠴᠢᠯᠠᠯᠳᠠ᠂ ᠪᠠᠷᠢᠮᠵᠢᠶᠠᠵᠢᠭᠰᠠᠨ ᠪᠦᠳᠦᠭᠡᠨ ᠪᠠᠶᠢᠭᠤᠯᠤᠯᠳᠠ ᠶᠢ ᠠᠬᠢᠭᠤᠯᠵᠤ | ᠂ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶ᠎ᠠ ᠪᠠ ᠮᠤᠩᠭᠤᠯ ᠡᠮᠨᠡᠯᠭᠡ ᠶᠢᠨ ᠬᠤᠷᠢᠶ᠎ᠠ ᠶᠢᠨ ᠬᠤᠶᠠᠳᠣᠭᠠᠷ | ᠬᠦᠭᠡ ᠲᠡᠰ ᠲᠤ ᠬᠦᠷᠭᠦ ᠶᠢ ᠲᠡᠮᠵᠢᠨ᠂ ᠠᠷᠠᠳ ᠠᠴᠠ ᠡᠷᠭᠢᠯᠡᠭᠰᠡᠨ ᠡᠮ ᠡᠮᠨᠡᠯᠭᠡ ᠶᠢᠨ ᠪᠠᠶᠢᠭᠤᠯᠤᠮᠵᠢ ᠶᠢ | ᠵᠤᠷᠢᠭᠵᠢᠭᠤᠯᠤᠨ ᠭᠦᠭᠵᠢᠭᠦᠯᠵᠤ᠂ ᠤᠯᠠᠨ ᠡᠰᠢᠵᠢᠭᠦᠯᠦᠭᠰᠡᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠪᠠᠶᠢᠳᠠᠯ ᠢ | ᠪᠤᠢ ᠪᠤᠯᠭᠠᠨ᠎ᠠ᠃ ᠨᠡᠶᠢᠭᠡᠮ ᠤᠨ ᠪᠠᠳᠤᠯᠠᠭ᠎ᠠ ᠶᠢᠨ ᠬᠢᠷᠢ ᠲᠦᠪᠰᠢᠨ ᠢ ᠬᠦᠴᠦᠯᠡᠨ ᠲᠡᠭᠡᠭᠰᠢᠯᠡᠭᠦᠯᠦᠨ᠎ᠡ᠃ ᠨᠡᠶᠢᠭᠡᠮ | ᠤᠨ ᠲᠠᠭᠠᠳᠬᠠᠯ ᠤᠨ ᠰᠢᠰᠲ᠋ᠧᠮ ᠢ ᠳᠡᠬᠦᠯᠳᠡᠷᠵᠢᠬᠦᠯᠵᠦ᠂ ᠪᠦᠷᠭᠦᠴᠡ ᠶᠢ ᠦᠷᠭᠡᠳᠭᠡᠨ᠂ ᠤᠯᠠᠨ ᠨᠡᠶᠢᠳᠡ ᠶᠢᠨ | ᠦᠢᠯᠡᠴᠢᠯᠡᠭᠡ᠂ ᠨᠡᠶᠢᠭᠡᠮ ᠤᠨ ᠠᠪᠤᠷᠠᠨ ᠲᠤᠰᠠᠯᠠᠬᠤ ᠪᠠ ᠨᠡᠶᠢᠭᠡᠮ ᠤᠨ ᠠᠰᠠᠷᠠᠮᠵᠢ ᠶᠢᠨ ᠦᠢᠯᠡᠰ ᠢ ᠴᠢᠨᠠᠭᠰᠢᠳᠠ | ᠲᠡᠭᠦᠯᠳᠡᠷᠵᠢᠭᠦᠯᠵᠤ᠂ ᠠᠵᠢᠯ ᠤᠯᠭᠤᠯᠳᠠ ᠶᠢ ᠲᠤᠭᠳᠠᠭᠤᠨ ᠢᠶᠠᠷ ᠨᠡᠮᠡᠭᠳᠡᠬᠦᠯᠦᠨ᠂ ᠨᠠᠭᠠᠳᠤ ᠵᠠᠬ᠎ᠠ ᠶᠢᠨ ᠠᠮᠢᠳᠤᠷᠠᠯ | ᠤᠨ ᠪᠠᠳᠤᠯᠠᠭ᠎ᠠ ᠶᠢᠨ ᠬᠢᠷᠢ ᠲᠦᠪᠰᠢᠨ ᠢ ᠲᠠᠰᠤᠷᠠᠯᠳᠠ ᠦᠬᠡᠢ ᠲᠡᠭᠡᠭᠰᠢᠯᠡᠭᠦᠯᠵᠤ᠂ ᠨᠡᠶᠢᠭᠡᠮ ᠤᠨ ᠠᠰᠠᠷᠠᠮᠵᠢ᠂ | ᠨᠡᠶᠢᠳᠡ ᠶᠢᠨ ᠤᠩᠭᠤᠨ ᠵᠡᠷᠭᠡ ᠢᠵᠢ ᠪᠦᠷᠢᠳᠦᠭᠦᠯᠭᠦ ᠲᠦᠭᠦᠭᠡᠷᠥᠮᠵᠢ ᠶᠢᠨ ᠪᠠᠶᠢᠭᠤᠯᠤᠯᠳᠠ ᠶᠢ ᠲᠦᠷᠭᠡᠳᠭᠡᠨ᠂ | ᠨᠡᠶᠢᠬᠡᠮ ᠤᠨ ᠪᠠᠳᠤᠯᠠᠭ᠎ᠠ ᠶᠢᠨ ᠦᠢᠯᠡᠴᠢᠯᠡᠭᠡᠨ ᠤ ᠨᠡᠶᠢᠭᠡᠮᠴᠢᠯᠡᠬᠦ ᠭᠡᠮᠵᠢᠶ᠎ᠡ ᠶᠢ ᠲᠡᠭᠡᠭᠰᠢᠯᠡᠬᠦᠯᠦᠨ᠎ᠡ᠃ ᠨᠡᠶᠢᠭᠡᠮ ᠤᠨ | ᠵᠠᠰᠠᠨ ᠴᠡᠭᠴᠡᠯᠡᠬᠦ ᠬᠢᠷᠢ ᠲᠦᠪᠰᠢᠨ ᠢ ᠬᠦᠴᠦᠯᠡᠨ ᠲᠡᠭᠡᠭᠰᠢᠯᠡᠭᠦᠯᠦᠨ᠎ᠡ᠃ ᠦᠨᠳᠦᠰᠦᠳᠡᠨ ᠪᠦᠯᠭᠦᠮᠳᠡᠯ ᠲᠠᠢ᠂ ᠬᠢᠯᠢ | ᠬᠢᠵᠠᠭᠠᠷ ᠠᠮᠤᠷ ᠲᠤᠭᠳᠠᠭᠤᠨ ᠪᠠᠶᠢᠬᠤ ᠮᠠᠰᠢ ᠰᠠᠶᠢᠨ ᠪᠠᠶᠢᠳᠠᠯ ᠢ ᠪᠠᠬᠢᠵᠢᠭᠦᠯᠵᠤ᠂ ᠠᠶᠤᠯᠭᠦᠢ ᠦᠢᠯᠡᠳᠪᠤᠷᠢᠯᠡᠯ ᠤᠨ | ᠬᠠᠷᠢᠭᠤᠴᠠᠯᠭ᠎ᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠤᠨ᠂ ᠬᠦᠨᠳᠦ ᠶᠡᠭᠡ ᠠᠶᠤᠯ ᠲᠦᠭᠰᠢᠭᠦᠷᠢ ᠶᠢᠨ ᠡᠬᠢ | ᠢᠷᠡᠯᠳᠡ ᠶᠢ ᠬᠢᠨᠠᠨ ᠡᠵᠡᠮᠳᠡᠬᠦ᠂ ᠳᠤᠮᠤ ᠶᠡᠭᠡ ᠲᠠᠯᠳᠠ ᠭᠡᠮ ᠢ ᠵᠢᠭᠰᠠᠭᠠᠨ ᠪᠠᠶᠢᠴᠠᠭᠠᠬᠤ᠂ ᠢᠳᠡᠭᠡᠨ ᠪᠠ ᠡᠮ ᠤᠨ | ᠵᠦᠢᠯ ᠤᠨ ᠠᠮᠦᠷ ᠲᠦᠪᠰᠢᠨ ᠢ ᠬᠢᠨᠠᠨ ᠬᠠᠮᠢᠶᠠᠷᠬᠤ ᠶᠢ ᠴᠢᠩᠭᠠᠳᠬᠠᠨ᠎ᠠ᠃ ᠠᠮᠦᠷ ᠲᠤᠭᠳᠠᠭᠤᠨ ᠰᠢᠨ᠎ᠠ ᠪᠠᠷᠭᠤ | ᠪᠠᠷᠠᠭᠤᠨ ᠬᠤᠰᠢᠭᠤ ᠶᠢ ᠪᠠᠶᠢᠭᠤᠯᠬᠤ ᠠᠵᠢᠯ ᠢ ᠬᠦᠨᠵᠡᠬᠡᠶᠢᠷᠡᠬᠦᠯᠦᠨ᠂ ᠨᠡᠶᠢᠭᠡᠮ ᠤᠨ ᠢᠳᠡᠭᠡᠮᠵᠢ ᠶᠢᠨ ᠰᠢᠰᠲ᠋ᠧᠮ ᠢ | ᠪᠦᠷᠢᠨᠰᠢᠬᠦᠯᠵᠦ᠂ ᠨᠡᠶᠢᠭᠡᠮ ᠤᠨ ᠵᠠᠰᠠᠨ ᠴᠡᠭᠴᠡᠯᠡᠯᠳᠡ ᠶᠢᠨ ᠴᠢᠳᠠᠪᠤᠷᠢ ᠶᠢ ᠲᠠᠰᠤᠷᠠᠯᠳᠠ ᠦᠬᠡᠢ ᠳᠡᠭᠡᠭᠰᠢᠯᠡᠬᠦᠯᠦᠨ᠂ | ᠠᠷᠠᠳ ᠢᠷᠭᠡᠳ ᠤᠨ ᠡᠷᠭᠡ ᠠᠰᠢᠭ ᠢ ᠦᠨᠡᠨᠬᠦ ᠪᠠᠳᠤᠯᠠᠵᠦ᠂ ᠨᠡᠶᠢᠭᠡᠮ ᠢ ᠨᠡᠩ ᠡᠶ᠎ᠡ ᠵᠤᠬᠢᠴᠠᠩᠭᠤᠢ ᠠᠮᠦᠷ | ᠲᠤᠭᠳᠠᠭᠤᠨ ᠪᠣᠯᠭᠠᠨ᠎ᠠ᠃ | ︵ᠨᠠᠢᠮᠠ︶ ᠶᠠᠳᠠᠭᠤ ᠠᠴᠠ ᠠᠩᠬᠢᠵᠢᠷᠠᠭᠤᠯᠬᠤ ᠪᠠᠬᠢᠯᠡᠯᠳᠡ ᠰᠢᠪᠳᠤᠯᠬᠤ ᠰᠢᠢᠳᠪᠦᠷᠢᠳᠦ ᠢᠯᠠᠯᠳᠠ ᠶᠢ | ᠤᠯᠵᠦ᠂ ᠬᠠᠮᠤᠭ ᠶᠡᠭᠡ ᠰᠦᠰᠦ ᠵᠤᠷᠢᠭ ᠢᠶᠠᠷ ᠴᠢᠨᠡᠬᠡᠯᠢᠭ ᠨᠡᠶᠢᠬᠡᠮ ᠢ ᠪᠦᠬᠦ ᠳᠠᠯ᠎ᠠ ᠪᠠᠷ ᠪᠡᠶᠡᠯᠡᠬᠦᠯᠬᠦ ᠶᠢ ᠳᠦᠯᠬᠢᠨ | ᠠᠬᠢᠭᠤᠯᠤᠨ᠎ᠠ᠃ ᠶᠠᠳᠠᠭᠤ ᠠᠴᠠ ᠠᠩᠬᠢᠵᠢᠷᠠᠭᠤᠯᠬᠤ ᠪᠠᠬᠢᠯᠡᠯᠳᠡ ᠰᠢᠪᠳᠤᠯᠬᠤ ᠠᠵᠢᠯ ᠢ ︽ᠳᠡᠷᠢᠬᠦᠨ ᠨᠤᠮᠧᠷᠲᠦ | ᠢᠨᠵᠧᠨᠧᠷᠢᠩ︾ ᠪᠤᠯᠭᠠᠨ᠂ ᠨᠠᠮ ᠤᠨ ᠬᠤᠷᠢᠶ᠎ᠠ ᠤᠳᠤᠷᠢᠳᠬᠤ᠂ ᠵᠠᠰᠠᠭ ᠤᠨ ᠤᠷᠳᠤᠨ ᠢᠶᠠᠷ ᠭᠤᠤᠯᠯᠠᠭᠤᠯᠬᠤ ᠪᠠ | ᠤᠯᠠᠨ ᠲᠦᠮᠡᠨ ᠢᠶᠠᠷ ᠭᠤᠤᠯ ᠴᠤᠭᠴᠠ ᠪᠤᠯᠭᠠᠬᠤ᠂ ᠪᠦᠬᠦ ᠨᠡᠶᠢᠬᠡᠮ ᠢᠶᠠᠷ ᠢᠶᠠᠨ ᠤᠷᠤᠯᠴᠠᠬᠤ ᠶᠢ ᠪᠠᠷᠢᠮᠳᠠᠯᠠᠵᠦ᠂ ︽ | ᠭᠤᠷᠪᠠ ᠶᠢ ᠲᠤᠰᠬᠤᠨ ᠪᠠ ᠡᠷᠦᠬᠡ ᠳᠤ ᠬᠦᠷᠭᠡᠬᠦ︾᠂ ᠳᠤᠬᠢᠷᠠᠮᠵᠢᠳᠠᠢ ᠭᠠᠵᠠᠷ ᠲᠤ ᠨᠡᠬᠦᠯᠭᠡᠨ ᠶᠠᠳᠠᠭᠤ ᠶᠢ | ᠳᠡᠳᠬᠦᠬᠦ ᠂ ︽ᠮᠦᠩᠬᠦᠨ ᠬᠦᠢᠯᠭᠡᠭᠡ︾ ᠪᠠᠷ ᠶᠠᠳᠠᠭᠤ ᠶᠢ ᠳᠡᠳᠬᠦᠨ ᠠᠷᠠᠳ ᠢ ᠪᠠᠶᠠᠵᠢᠭᠤᠯᠬᠤ ᠵᠡᠷᠭᠡ ᠲᠦᠷᠦ ᠶᠢᠨ | ᠪᠤᠳᠤᠯᠭ᠎ᠠ ᠶᠢ ᠵᠡᠷᠭᠡᠪᠡᠷ ᠭᠡᠷᠡᠭᠵᠢᠬᠦᠯᠵᠦ᠂ ᠠᠵᠦ ᠦᠢᠯᠡᠰ ᠢᠶᠠᠷ ᠳᠡᠳᠬᠦᠬᠦ᠂ ᠺᠠᠳ᠋ᠷ ᠶᠠᠳᠠᠭᠤ ᠡᠷᠦᠬᠡ ᠲᠠᠢ ᠬᠤᠤᠰᠯᠠᠯ | ᠪᠤᠯᠬᠤ᠂ ᠵᠠᠪᠠᠯ ᠪᠦᠬᠦᠨ ᠢ ᠶᠠᠳᠠᠭᠤ ᠠᠴᠠ ᠠᠩᠬᠢᠵᠢᠷᠠᠭᠤᠯᠬᠤ ᠵᠡᠷᠭᠡ ᠬᠠᠪᠰᠤᠷᠤᠨ ᠳᠡᠳᠬᠦᠬᠦ ᠠᠷᠭ᠎ᠠ ᠪᠤᠳᠤᠯᠭ᠎ᠠ ᠶᠢ | ᠯᠠᠪᠳᠠᠭᠤᠨ ᠪᠠᠳᠤᠳᠠᠢ ᠲᠦᠯᠬᠢᠨ ᠠᠬᠢᠭᠤᠯᠤᠨ᠎ᠠ᠃ ᠰᠤᠷᠭᠠᠨ ᠬᠦᠮᠦᠵᠢᠯ ᠢᠶᠠᠷ ᠶᠠᠳᠠᠭᠤ ᠶᠢ ᠳᠡᠳᠬᠦᠬᠦ ᠢᠨᠵᠧᠨᠧᠷᠢᠩ | ᠢ ᠪᠦᠬᠦ ᠳᠠᠯ᠎ᠠ ᠪᠠᠷ ᠭᠡᠷᠡᠭᠵᠢᠬᠦᠯᠵᠦ᠂ ᠶᠠᠳᠠᠭᠤ ᠬᠦᠴᠢᠷᠳᠡᠯᠳᠡᠢ ᠠᠴᠠ ᠪᠤᠯᠵᠦ ᠰᠤᠷᠤᠯᠭ᠎ᠠ ᠠᠯᠳᠠᠬᠤ ᠪᠤᠶᠤ | ᠰᠤᠷᠤᠯᠭ᠎ᠠ ᠠᠴᠠ ᠪᠠᠨ ᠳᠤᠳᠠᠭᠤ ᠵᠤᠭᠰᠤᠭᠰᠠᠨ ᠬᠦᠮᠦᠨ ᠦᠬᠡᠢ ᠪᠠᠶᠢᠬᠤ ᠶᠢ ᠪᠠᠳᠤᠯᠠᠨ᠎ᠠ᠃ ᠡᠷᠡᠬᠦᠯ ᠡᠩᠭᠡ ᠪᠠᠷ | ᠶᠠᠳᠠᠭᠤ ᠶᠢ ᠳᠡᠳᠬᠦᠬᠦ ᠢᠨᠵᠧᠨᠧᠷᠢᠩ ᠢ ᠬᠦᠴᠦᠳᠠᠢ ᠳᠦᠯᠬᠢᠨ ᠠᠬᠢᠭᠤᠯᠵᠦ᠂ ᠡᠮᠴᠢᠯᠡᠭᠡᠨ ᠤ ᠠᠪᠤᠷᠠᠨ ᠲᠤᠰᠠᠯᠠᠬᠤ | ᠲᠦᠷᠦ ᠶᠢᠨ ᠪᠤᠳᠤᠯᠭ᠎ᠠ ᠶᠢ ᠨᠠᠶᠢᠳᠠᠪᠣᠷᠢᠵᠢᠭᠤᠯᠣᠨ᠂ ᠶᠠᠳᠠᠭᠤ ᠬᠦᠴᠢᠷᠳᠡᠯᠳᠡᠢ ᠬᠦᠮᠦᠨ ᠠᠮᠠ ᠳᠤ ᠦᠨᠳᠦᠰᠦᠨ ᠡᠮ | ᠡᠮᠨᠡᠯᠭᠡ ᠶᠢᠨ ᠦᠢᠯᠡᠴᠢᠯᠡᠭᠡ ᠶᠢ ᠦᠨᠡᠨᠬᠦ ᠬᠦᠷᠳᠡᠭᠡᠬᠦ ᠶᠢ ᠪᠠᠳᠤᠯᠠᠨ᠎ᠡ᠃ 2020 ᠤᠨ ᠪᠤᠯᠬᠤ ᠳᠤ᠂ ᠶᠠᠳᠠᠭᠤ | ᠬᠦᠴᠢᠷᠳᠡᠯᠳᠡᠢ ᠬᠦᠮᠦᠨ ᠠᠮᠠ ᠶᠢ ᠲᠤᠭᠳᠠᠭᠤᠨ ᠢᠶᠠᠷ ᠶᠠᠳᠠᠭᠤ ᠠᠴᠠ ᠠᠩᠬᠢᠵᠢᠷᠠᠭᠤᠯᠣᠨ᠂ ᠲᠤᠬᠢᠯᠢᠭ ᠤᠷᠤᠨ | ᠰᠠᠭᠤᠴᠠ ᠳᠤ ᠰᠠᠭᠤᠯᠭᠠᠵᠦ᠂ ᠰᠠᠶᠢᠬᠠᠨ ᠠᠮᠢᠳᠤᠷᠠᠭᠤᠯᠤᠨ᠎ᠠ᠃ | ᠲᠦᠯᠦᠭᠡᠯᠡᠭᠴᠢᠳ ᠡ᠂ 2018 ᠤᠨ ᠪᠤᠯ ᠨᠠᠮ ᠤᠨ ᠠᠷᠪᠠᠨ ᠶᠢᠰᠦᠳᠦᠭᠡᠷ ᠶᠡᠭᠡ ᠬᠤᠷᠠᠯ ᠤᠨ ᠵᠤᠷᠢᠭ | ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠬᠤ ᠴᠢᠬᠤᠯᠠ ᠨᠢᠭᠡ ᠵᠢᠯ ᠪᠤᠯᠬᠤ ᠪᠦᠭᠡᠳ | ᠪᠠᠰᠠᠴᠤ ᠰᠢᠨ᠎ᠠ ᠨᠢᠬᠡᠨ ᠬᠤᠭᠤᠴᠠᠭᠠᠨ ᠤ ᠵᠠᠰᠠᠭ ᠤᠨ ᠤᠷᠳᠤᠨ ᠤ ᠡᠬᠢᠯᠡᠯᠳᠡ ᠶᠢᠨ ᠵᠢᠯ ᠪᠤᠯᠤᠨ᠎ᠠ᠃ ᠪᠢᠳᠡ ᠤᠳᠠᠯ | ᠦᠭᠡᠢ ᠦᠭᠡᠷᠡᠴᠢᠯᠡᠯᠳᠡ ᠬᠢᠵᠤ ᠴᠢᠯᠦᠭᠡᠳᠡᠢ ᠶᠠᠪᠤᠯᠴᠠᠭᠰᠠᠨ 40 ᠵᠢᠯ ᠤᠨ ᠤᠢ ᠶᠢ ᠤᠭᠳᠤᠬᠤ ᠪᠤᠯᠤᠨ᠎ᠠ᠃ ᠡᠶᠢᠮᠦ | ᠠᠴᠠ ᠰᠠᠶᠢᠨ ᠡᠬᠢᠯᠡᠯᠳᠡ ᠲᠠᠢ ᠪᠤᠯᠭᠠᠨ᠂ ᠪᠠᠳᠤᠳᠠᠢ ᠠᠯᠬᠤᠬᠤ ᠪᠤᠯ ᠬᠠᠮᠤᠭ ᠴᠢᠬᠤᠯᠠ ᠶᠤᠮ᠃ | 2018 ᠤᠨ ᠤ ᠪᠦᠬᠦ ᠬᠤᠰᠢᠭᠤᠨ ᠤ ᠠᠵᠤ ᠠᠬᠤᠢ ᠨᠡᠶᠢᠬᠡᠮ ᠤᠨ ᠭᠦᠭᠵᠢᠯᠳᠡ ᠶᠢᠨ ᠭᠤᠤᠯ ᠵᠢᠱᠢᠭᠰᠡᠨ | ᠬᠠᠷᠠᠯᠳᠠ ᠪᠤᠯ᠄ ᠤᠷᠤᠨ ᠨᠤᠳᠤᠭ ᠤᠨ ᠦᠢᠯᠡᠳᠪᠤᠷᠢᠯᠡᠯ ᠤᠨ ᠶᠡᠷᠥᠩᠭᠡᠢ ᠦᠷᠳᠡᠭ ᠢ 7% ᠪᠠᠷ ᠨᠡᠮᠡᠭᠳᠡᠭᠦᠯᠦᠨ᠂ | ᠡᠩ ᠤᠨ ᠤᠯᠠᠨ ᠨᠡᠶᠢᠳᠡ ᠶᠢᠨ ᠡᠳ᠋ ᠤᠨ ᠵᠠᠰᠠᠭ ᠤᠨ ᠲᠦᠰᠦᠪ ᠤᠨ ᠤᠷᠤᠯᠭ᠎ᠠ ᠶᠢ 6% ᠪᠠᠷ ᠨᠡᠮᠡᠭᠳᠡᠭᠦᠯᠵᠤ᠂ | ᠪᠦᠬᠦ ᠨᠡᠶᠢᠭᠡᠮ ᠤᠨ ᠲᠤᠭᠳᠠᠮᠠᠯ ᠬᠦᠷᠦᠩᠭᠡ ᠶᠢᠨ ᠪᠡᠯᠡ ᠤᠷᠤᠭᠤᠯᠤᠯᠳᠠ ᠶᠢ 7.5% ᠪᠠᠷ ᠨᠡᠮᠡᠭᠳᠡᠬᠦᠯᠦᠨ᠂ ᠨᠡᠶᠢᠭᠡᠮ | ᠤᠨ ᠭᠡᠷᠡᠭᠯᠡᠭᠡᠨ ᠤ ᠲᠠᠸᠠᠷ ᠢ ᠵᠢᠵᠢᠭᠯᠡᠨ ᠪᠤᠷᠤᠯᠠᠭᠤᠯᠬᠤ ᠶᠡᠷᠥᠩᠭᠡᠢ ᠦᠷᠳᠡᠭ ᠢ 9% ᠪᠠᠷ ᠨᠡᠮᠡᠭᠳᠡᠭᠦᠯᠵᠤ᠂ ᠬᠤᠳᠠ | ᠪᠠᠯᠭᠠᠰᠤ ᠪᠠ ᠮᠠᠯᠵᠢᠬᠤ ᠤᠷᠤᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠦᠮᠦᠨ ᠲᠤᠮᠳᠠᠴᠢ ᠡᠵᠡᠮᠳᠡᠵᠤ | ᠪᠤᠯᠬᠤ ᠤᠷᠤᠯᠭ᠎ᠠ ᠶᠢ ᠲᠤᠰᠪᠦᠷᠢ 9% ᠪᠠᠷ ᠨᠡᠮᠡᠭᠳᠡᠬᠦᠯᠦᠨ᠎ᠡ᠃ | ᠲᠡᠭᠡᠷ᠎ᠡ ᠲᠤᠷᠠᠳᠤᠭᠰᠠᠨ ᠬᠠᠷᠠᠯᠳᠠ ᠶᠢᠨ ᠲᠤᠭᠤᠷᠢᠨ ᠳᠤ᠂ ᠪᠢᠳᠠ ᠨᠡᠮᠡᠭᠳᠡᠯ ᠢ ᠲᠤᠭᠳᠠᠭᠤᠨ ᠪᠣᠯᠭᠠᠬᠤ᠂ | ᠦᠭᠡᠷᠡᠴᠢᠯᠡᠯᠳᠡ ᠶᠢ ᠠᠬᠢᠭᠤᠯᠬᠤ᠂ ᠪᠦᠳᠦᠴᠡ ᠶᠢ ᠲᠤᠬᠢᠷᠠᠭᠤᠯᠬᠤ᠂ ᠠᠷᠠᠳ ᠤᠨ ᠠᠮᠢᠳᠤᠷᠠᠯ ᠳᠤ ᠠᠰᠢᠭ | ᠭᠦᠷᠳᠡᠭᠡᠭᠦ᠂ ᠠᠶᠤᠯ ᠲᠦᠭᠰᠢᠭᠦᠷᠢ ᠶᠢ ᠰᠡᠷᠭᠡᠶᠢᠯᠡᠬᠦ ᠡᠯ᠎ᠡ ᠲᠦᠷᠦᠯ ᠤᠨ ᠠᠵᠢᠯ ᠢ ᠨᠢᠭᠡᠳᠦᠯᠳᠡᠢ ᠲᠦᠯᠦᠪᠯᠡᠨ᠂ | ᠲᠤᠤᠷᠠᠬᠢ ᠠᠵᠢᠯ ᠢ ᠭᠤᠤᠯᠳᠠᠯᠭ᠎ᠠ ᠲᠠᠢ ᠰᠠᠶᠢᠳᠤᠷ ᠬᠢᠨ᠎ᠠ᠄ | ︵ᠨᠢᠭᠡ︶ ᠠᠵᠤ ᠠᠬᠤᠢ ᠶᠢᠨ ᠲᠤᠭᠳᠠᠭᠤᠨ ᠪᠦᠭᠡᠳ ᠲᠦᠷᠭᠡᠨ ᠭᠦᠭᠵᠢᠯᠳᠡ ᠶᠢ ᠪᠠᠳᠤᠯᠠᠨ᠎ᠠ᠃ ᠲᠦᠷᠦᠯ | ᠵᠦᠢᠯ ᠤᠨ ᠪᠦᠳᠦᠭᠡᠨ ᠪᠠᠶᠢᠭᠤᠯᠤᠯᠳᠠ ᠪᠠᠷ ᠪᠡᠯᠡ ᠤᠷᠤᠭᠤᠯᠤᠯᠳᠠ ᠶᠢᠨ ᠨᠡᠮᠡᠭᠳᠡᠯ ᠢ ᠲᠠᠶᠢᠴᠢᠯᠠᠵᠤ᠂ ᠬᠤᠰᠢᠭᠤᠨ ᠤ | ᠭᠡᠪᠴᠢᠶᠡᠨ ᠤ ᠠᠵᠤ ᠠᠬᠤᠢ ᠶᠢᠨ ᠨᠡᠩ ᠴᠢᠨᠠᠷᠯᠢᠭ ᠨᠡᠩ ᠲᠦᠷᠭᠡᠨ ᠭᠦᠭᠵᠢᠯᠳᠡ ᠶᠢ ᠲᠦᠯᠬᠢᠨ ᠠᠬᠢᠭᠤᠯᠤᠨ᠎ᠠ᠃ ︽ | ᠲᠦᠷᠤᠯ ᠵᠤᠶᠢᠯ ᠢ ᠠᠤᠡᠬᠤᠬᠤ ᠨᠢ ᠬᠦᠭᠵᠢᠯᠳᠡ ᠶᠢ ᠠᠤᠡᠬᠤᠭᠰᠠᠨ ᠲᠠᠢ ᠠᠳᠠᠯᠢ᠂ ᠬᠦᠭᠵᠢᠯᠳᠡ ᠶᠢ ᠠᠤᠡᠬᠤᠬᠤ ᠳᠤ | ᠡᠷᠬᠡᠪᠰᠢ ᠲᠦᠷᠤᠯ ᠵᠤᠶᠢᠯ ᠢ ᠠᠤᠡᠬᠤᠬᠤ︾ ᠤᠶᠢᠯᠭᠠᠭᠳᠠᠬᠤᠨ ᠢ ᠪᠠᠳᠤ ᠪᠠᠬᠢ ᠪᠤᠢ ᠪᠤᠯᠭᠠᠨ᠂ ᠳ᠋ᠠᠴᠢᠩ ᠤᠨ | ᠴᠢᠯᠠᠭᠤᠨ ᠲᠤᠰᠤᠨ ᠤ ᠦᠷᠬᠦᠯᠵᠢᠯᠡᠯ ᠴᠢᠨᠠᠷ ᠲᠠᠢ ᠨᠡᠬᠡᠬᠡᠨ ᠠᠰᠢᠭᠯᠠᠬᠤ᠂ ᠲᠤᠮᠳᠠᠳᠤ ᠤᠯᠤᠰ ᠤᠨ ᠬᠤᠸᠠᠩ ᠶᠢᠨ | ᠪᠦᠯᠤᠭ᠍ᠯᠡᠯ ᠤᠨ ᠠᠭᠤᠷᠬᠠᠢ ᠶᠢᠨ ᠤᠷᠴᠢᠨ ᠲᠤᠭᠤᠷᠢᠨ ᠤ ᠪᠤᠬᠢᠷᠳᠤᠯ ᠢ ᠤᠷᠢᠳᠴᠢᠯᠠᠨ ᠰᠡᠷᠭᠡᠶᠢᠯᠡᠵᠦ ᠬᠠᠶᠠᠭᠳᠠᠮᠠᠯ ᠵᠡᠰ | ᠤᠨ ᠬᠦᠳᠡᠷ ᠢ ᠬᠤᠷᠢᠶᠠᠨ ᠠᠪᠴᠣ ᠠᠰᠢᠭᠯᠠᠬᠤ᠂ ᠷᠦᠩ ᠳ᠋ᠠ ᠠᠭᠤᠷᠬᠠᠢ ᠶᠢᠨ ᠦᠢᠯᠡᠰ ᠤᠨ ᠬᠦᠨ ᠬᠡᠰᠡᠭ ᠳᠠᠬᠢ | ᠡᠬᠢ ᠪᠠᠶᠠᠯᠢᠭ ᠤᠨ ᠮᠡᠷᠬᠡᠵᠢᠯ ᠢᠶᠠᠨ ᠰᠠᠶᠢᠵᠢᠷᠠᠭᠤᠯᠬᠤ ᠪᠠ ᠶᠢᠨ ᠱᠠᠨ ᠠᠭᠤᠷᠬᠠᠢ ᠶᠢᠨ ᠦᠢᠯᠡᠰ ᠤᠨ ᠨᠢᠬᠡ ᠤᠰᠤᠳᠤ | ᠬᠦᠬᠦᠷ ᠬᠦᠴᠢᠯ ᠤᠨ ᠮᠠᠩᠭᠠᠨ ᠤ ᠮᠡᠷᠬᠡᠵᠢᠯ ᠢᠶᠠᠨ ᠰᠠᠶᠢᠵᠢᠷᠠᠭᠤᠯᠬᠤ ᠵᠡᠷᠬᠡ ᠭᠤᠤᠯᠳᠠᠯᠭ᠎ᠠ ᠲᠠᠢ ᠠᠵᠤ ᠦᠢᠯᠡᠤᠡᠪᠦᠷᠢ | ᠶᠢᠨ ᠲᠦᠷᠤᠯ ᠵᠦᠢᠯ ᠤᠨ ᠬᠡᠷᠡᠭᠵᠢᠬᠦᠯᠤᠯᠳᠡ ᠶᠢ ᠬᠦᠴᠦᠯᠡᠨ ᠠᠬᠢᠭᠤᠯᠤᠨ᠎ᠠ᠃ ᠲᠦᠷᠤᠯ ᠵᠤᠶᠢᠯ ᠤᠨ ᠡᠮᠤᠨ᠎ᠡ | ᠬᠤᠭᠤᠴᠠᠭᠠᠨ ᠤ ᠪᠡᠯᠡᠤᠡᠬᠡᠯ ᠠᠵᠢᠯ ᠢ ᠦᠷᠬᠦᠯᠵᠢᠯᠡᠨ ᠰᠠᠶᠢᠳᠤᠷ ᠠᠤᠡᠬᠤᠵᠤ᠂ ᠤᠯᠤᠰ᠂ ᠦᠪᠡᠷᠳᠡᠬᠡᠨ ᠵᠠᠰᠠᠬᠤ | ᠤᠷᠤᠨ ᠪᠠ ᠬᠤᠳᠠ ᠶᠢᠨ ᠭᠤᠤᠯᠳᠠᠯᠭ᠎ᠠ ᠲᠠᠢ ᠲᠦᠷᠤᠯ ᠵᠤᠶᠢᠯ ᠵᠢᠴᠢ ᠪᠡᠯᠡ ᠤᠷᠤᠭᠤᠯᠤᠯᠳᠠ ᠶᠢᠨ ᠴᠢᠭᠯᠡᠯ ᠤᠨ | ᠲᠤᠭᠤᠷᠢᠨ ᠳᠤ᠂ ︽ᠠᠷᠠᠤᠨ ᠤᠨ ᠠᠮᠢᠳᠤᠷᠠᠯ ᠤᠨ ᠶᠡᠭᠡ ᠰᠠᠶᠢᠵᠢᠷᠠᠯᠳᠠ᠂ ᠶᠡᠭᠡ ᠵᠠᠮ ᠨᠡᠪᠳᠡᠷᠡᠬᠦᠯᠬᠡ᠂ ᠶᠡᠭᠡ | ᠵᠤᠭᠠᠴᠠᠯ᠂ ᠶᠡᠭᠡ ᠬᠤᠳᠠ ᠪᠠᠯᠭᠠᠰᠤ᠂ ᠶᠡᠭᠡ ᠠᠵᠤ ᠦᠢᠯᠡᠰᠵᠢᠯᠳᠡ︾ ᠶᠢᠨ ᠬᠦᠭᠵᠢᠯᠳᠡ ᠶᠢᠨ | ᠠᠶᠢᠷᠢᠰᠢᠭᠤᠯᠤᠯᠳᠠ ᠶᠢ ᠲᠤᠪᠤᠶᠢᠯᠭᠠᠵᠤ᠂ ᠰᠠᠭᠤᠷᠢ ᠲᠦᠬᠦᠬᠡᠷᠤᠮᠵᠢ ᠶᠢᠨ 5 ᠲᠦᠷᠤᠯ ᠵᠤᠶᠢᠯ ᠢ ᠭᠤᠤᠯᠳᠠᠯᠭ᠎ᠠ ᠲᠠᠢ | ᠬᠡᠷᠡᠭᠵᠢᠬᠦᠯᠤᠨ᠎ᠡ᠃ ᠵᠤᠭᠠᠴᠠᠯ᠂ ᠪᠠᠷᠠᠭᠠᠨ ᠤ ᠬᠦᠢᠯᠬᠡᠬᠡ᠂ ᠮᠠᠯ ᠤᠨ ᠠᠰᠢᠭ ᠰᠢᠮ᠎ᠡ ᠶᠢ ᠨᠠᠷᠢᠯᠢᠭ ᠪᠤᠯᠪᠠᠰᠤᠷᠠᠭᠤᠯᠬᠤ | ᠵᠡᠷᠬᠡ ᠭᠤᠤᠯᠳᠠᠯᠭ᠎ᠠ ᠲᠠᠢ ᠠᠵᠢᠯ ᠲᠦᠷᠤᠯ ᠤᠨ ᠲᠤᠭᠤᠷᠢᠨ ᠳᠤ᠂ ᠤᠳᠤᠬᠢᠴᠢᠯᠠᠭᠰᠠᠨ ᠠᠵᠤ ᠦᠢᠯᠡᠰ ᠤᠨ ᠲᠦᠷᠤᠯ | ᠵᠤᠶᠢᠯ ᠢ 15 ᠭᠡᠷᠡᠭᠵᠢᠭᠦᠯᠦᠨ᠎ᠡ᠃ ᠰᠤᠷᠭᠠᠨ ᠬᠦᠮᠤᠵᠢᠯ᠂ ᠡᠮ ᠡᠮᠨᠡᠯᠬᠡ᠂ ᠡᠷᠡᠬᠦᠯ ᠮᠡᠨᠳᠦ ᠨᠠᠰᠤᠵᠢᠯ ᠤᠨ ᠠᠰᠠᠷᠠᠮᠵᠢ | ᠵᠡᠷᠬᠡ ᠭᠤᠤᠯᠳᠠᠯᠭ᠎ᠠ ᠲᠠᠢ ᠬᠦᠷᠢᠶ᠎ᠡ ᠬᠡᠪᠴᠢᠶᠡᠨ ᠳᠤ ᠠᠷᠠᠤᠨ ᠤᠨ ᠠᠮᠢᠳᠤᠷᠠᠯ ᠢ ᠰᠠᠶᠢᠵᠢᠷᠠᠭᠤᠯᠬᠤ ᠲᠦᠷᠤᠯ ᠵᠤᠶᠢᠯ | ᠢ 15 ᠭᠡᠷᠡᠭᠵᠢᠬᠦᠯᠦᠨ᠎ᠡ᠃ ᠠᠷᠠᠯᠵᠢᠶᠠᠴᠢᠨ ᠤᠷᠢᠵᠤ ᠪᠡᠯᠡ ᠤᠷᠤᠭᠤᠯᠬᠤ ᠳᠤᠭᠳᠠᠴᠠ ᠶᠢ ᠲᠡᠭᠦᠯᠳᠡᠷᠵᠢᠬᠦᠯᠦᠨ᠂ | ᠡᠯ᠎ᠡ ᠲᠦᠷᠤᠯ ᠤᠨ ᠠᠷᠠᠯᠵᠢᠶᠠᠴᠢᠨ ᠤᠷᠢᠵᠤ ᠪᠡᠯᠡ ᠤᠷᠤᠭᠤᠯᠬᠤ ᠠᠵᠢᠯᠯᠠᠭ᠎ᠠ ᠶᠢ ᠨᠠᠷᠢᠯᠢᠭ ᠵᠤᠬᠢᠶᠠᠨ ᠪᠠᠶᠢᠭᠤᠯᠵᠤ᠂ | 20 ᠳ᠋ᠦᠩᠰᠢᠭᠤᠷ ᠲᠦᠬᠦᠷᠢᠭ ᠤᠨ ᠪᠡᠯᠡ ᠮᠦᠩᠬᠦ ᠲᠠᠳᠠᠨ ᠤᠷᠤᠭᠤᠯᠬᠤ ᠪᠠᠷ ᠴᠢᠷᠮᠠᠶᠢᠨ᠎ᠠ᠃ ᠪᠡᠯᠡ ᠮᠦᠩᠬᠦ ᠶᠢᠨ | ᠪᠠᠳᠤᠯᠠᠭ᠎ᠠ ᠶᠢ ᠨᠠᠶᠢᠳᠠᠪᠣᠷᠢᠵᠢᠭᠤᠯᠣᠨ᠂ ᠵᠠᠰᠠᠭ ᠤᠨ ᠤᠷᠳᠤᠨ ᠤ ᠭᠤᠤᠯ ᠴᠤᠭᠴᠠ ᠶᠢᠨ ᠪᠡᠯᠡ ᠤᠷᠤᠭᠤᠯᠤᠯᠳᠠ ᠶᠢ | ᠪᠠᠳᠤᠯᠠᠭᠰᠠᠨ ᠰᠠᠭᠤᠷᠢᠨ ᠲᠡᠭᠡᠷ᠎ᠡ᠂ ppp ᠪᠡᠯᠡ ᠤᠷᠤᠭᠤᠯᠬᠤ ᠪᠠ ᠪᠡᠯᠡ ᠨᠡᠶᠢᠯᠡᠬᠦᠯᠬᠦ ᠵᠠᠭᠪᠤᠷ ᠢ ᠲᠦᠯᠬᠢᠨ | ᠠᠬᠢᠭᠤᠯᠵᠤ᠂ ᠠᠷᠠᠤᠨ ᠤᠨ ᠲᠤᠮᠳᠠᠬᠢ ᠨᠡᠩ ᠤᠯᠠᠨ ᠬᠦᠷᠤᠩᠬᠡ ᠮᠦᠩᠬᠦ ᠶᠢ ᠳᠠᠶᠢᠴᠢᠯᠠᠨ᠂ ᠪᠡᠯᠡ ᠮᠦᠩᠬᠦ ᠶᠢᠨ | ᠬᠦᠴᠢᠷᠳᠡᠯ ᠢ ᠪᠦᠳᠤᠮᠵᠢᠳᠡᠢ ᠰᠢᠢᠤᠡᠪᠦᠷᠢᠯᠡᠨ᠎ᠡ᠃ ᠭᠠᠵᠠᠷ ᠬᠡᠷᠡᠭᠯᠡᠬᠦ ᠬᠦᠢᠴᠡᠤᠡᠬᠡᠬᠦ ᠲᠤᠭ᠎ᠠ ᠶᠢ ᠢᠳᠡᠪᠬᠢᠳᠡᠢ ᠤᠯᠵᠤ᠂ | ᠭᠠᠵᠠᠷ ᠰᠢᠷᠤᠢ ᠶᠢᠨ ᠬᠠᠳᠠᠭᠠᠯᠠᠮᠵᠢ ᠶᠢᠨ ᠬᠡᠮᠵᠢᠶ᠎ᠡ ᠶᠢ ᠠᠮᠢᠯᠠᠭᠤᠯᠣᠨ᠂ ᠭᠠᠵᠠᠷ ᠬᠡᠷᠡᠭᠯᠡᠬᠦ ᠱᠠᠭᠠᠷᠳᠠᠯᠭ᠎ᠠ ᠶᠢ ᠪᠦᠬᠦ | ᠲᠠᠯ᠎ᠠ ᠪᠠᠷ ᠬᠠᠩᠭᠠᠨ᠎ᠠ᠃ ᠦᠢᠯᠡᠴᠢᠯᠡᠬᠡᠨ ᠤ ᠤᠷᠴᠢᠨ ᠲᠤᠭᠤᠷᠢᠨ ᠢ ᠰᠢᠯᠢᠳᠡᠭᠵᠢᠬᠦᠯᠤᠨ᠂ ᠲᠦᠷᠤᠯ ᠵᠤᠶᠢᠯ ᠢ ᠬᠢᠨᠠᠨ | ᠵᠦᠪᠰᠢᠶᠡᠷᠡᠬᠦ ᠦᠢᠯᠡᠴᠢᠯᠡᠭᠡ ᠶᠢ ᠲᠡᠬᠦᠯᠳᠡᠷᠵᠢᠬᠦᠯᠵᠤ᠂ ᠬᠢᠨᠠᠨ ᠵᠦᠪᠰᠢᠶᠡᠷᠡᠬᠦ ᠦᠷ᠎ᠡ ᠪᠦᠳᠤᠮᠵᠢ ᠶᠢ ᠲᠡᠭᠡᠭᠰᠢᠯᠡᠬᠦᠯᠤᠨ | ᠂ ᠲᠦᠷᠤᠯ ᠵᠤᠶᠢᠯ ᠤᠨ ᠠᠬᠢᠴᠠ ᠶᠢᠨ ᠳᠤᠭᠳᠠᠴᠠ ᠶᠢ ᠴᠢᠩᠭ᠎ᠠ ᠬᠡᠷᠡᠭᠵᠢᠬᠦᠯᠵᠤ᠂ ᠬᠠᠷᠢᠭᠤᠴᠠᠯᠭ᠎ᠠ ᠶᠢ ᠨᠢᠬᠡᠳᠤᠬᠡᠷ | ᠹᠷᠤᠨᠲ ᠲᠤ ᠨᠠᠶᠢᠳᠠᠪᠤᠷᠢᠵᠢᠭᠤᠯᠵᠤ᠂ ᠠᠰᠠᠭᠤᠳᠠᠯ ᠢ ᠨᠢᠬᠡᠳᠤᠬᠡᠷ ᠹᠷᠤᠨᠲ ᠲᠤ ᠰᠢᠢᠤᠡᠪᠦᠷᠢᠯᠡᠵᠤ᠂ ᠠᠵᠢᠯ ᠢ | ᠨᠢᠬᠡᠳᠤᠭᠡᠷ ᠹᠷᠤᠨᠲ ᠲᠤ ᠲᠦᠯᠬᠢᠨ ᠠᠬᠢᠭᠤᠯᠵᠤ᠂ ᠲᠦᠷᠤᠯ ᠵᠤᠶᠢᠯ ᠤᠨ ᠪᠠᠶᠢᠭᠤᠯᠤᠯᠳᠠ ᠶᠢ ᠦᠨᠳᠤᠷ ᠬᠦᠴᠤᠯᠡᠴᠡ᠂ | ᠦᠨᠳᠤᠷ ᠡᠷᠴᠢᠮ᠂ ᠦᠨᠳᠤᠷ ᠬᠤᠷᠳᠤᠴᠠ ᠪᠠᠷ ᠠᠬᠢᠭᠤᠯᠬᠤ ᠶᠢ ᠪᠠᠳᠤᠯᠠᠨ᠎ᠠ᠃ | ︵ᠬᠤᠶᠠᠷ︶ ᠬᠠᠩᠭᠠᠯᠭ᠎ᠠ ᠶᠢᠨ ᠪᠦᠳᠦᠴᠡ ᠶᠢᠨ ᠴᠢᠨᠠᠷᠳᠠᠢ ᠦᠭᠡᠷᠡᠴᠢᠯᠡᠯᠳᠡ ᠶᠢ ᠬᠦᠴᠦᠯᠡᠨ | ᠬᠦᠨᠵᠡᠭᠡᠶᠢᠷᠡᠭᠦᠯᠦᠨ᠎ᠠ᠃ ᠵᠤᠬᠢᠶᠠᠨ ᠪᠠᠶᠢᠭᠤᠯᠤᠨ ᠬᠦᠳᠦᠯᠦᠨ ᠵᠢᠯᠤᠭᠤᠳᠬᠤ ᠪᠠ ᠵᠤᠬᠢᠴᠠᠭᠤᠯᠬᠤ ᠦᠢᠯᠡᠴᠢᠯᠡᠭᠡ ᠶᠢ | ᠴᠢᠩᠭᠠᠳᠬᠠᠨ᠂ ᠦᠢᠯᠡᠳᠪᠤᠷᠢᠯᠡᠯ ᠤᠨ ᠡᠯᠧᠮᠧᠨ᠋ᠲ ᠤᠨ ᠲᠤᠬᠢᠷᠠᠭᠤᠯᠭ᠎ᠠ ᠶᠢ ᠬᠦᠴᠦᠯᠡᠨ ᠰᠢᠯᠢᠳᠡᠭᠵᠢᠭᠦᠯᠵᠤ᠂ ᠠᠵᠤ | ᠠᠬᠤᠢ ᠶᠢᠨ ᠲᠤᠳᠤᠭᠠᠳᠤ ᠶᠢᠨ ᠬᠦᠳᠡᠯᠭᠡᠭᠴᠢ ᠬᠦᠴᠦᠨ ᠢ ᠠᠮᠢᠳᠤᠯᠢᠭᠵᠢᠭᠤᠯᠤᠨ᠂ ᠭᠦᠭᠵᠢᠯᠳᠡ ᠶᠢᠨ ᠴᠢᠨᠠᠷ | ᠴᠢᠨᠰᠠᠭ᠎ᠠ ᠪᠠ ᠦᠷ᠎ᠡ ᠠᠰᠢᠭ ᠢ ᠨᠡᠩ ᠴᠢᠬᠤᠯᠠᠴᠢᠯᠠᠵᠦ᠂ ᠦᠭᠡᠷᠡᠴᠢᠯᠡᠯᠳᠡ ᠪᠠ ᠭᠦᠭᠵᠢᠯᠳᠡ ᠳᠤ ᠰᠢᠯᠢᠳᠡᠭ ᠰᠠᠶᠢᠨ | ᠤᠷᠴᠢᠨ ᠲᠤᠭᠤᠷᠢᠨ ᠢ ᠪᠤᠢ ᠪᠤᠯᠭᠠᠵᠤ ᠦᠭᠭᠦᠨ᠎ᠡ᠃ ︽ᠬᠤᠴᠣᠷᠣᠩᠭᠤᠢ ᠦᠢᠯᠡᠳᠪᠦᠷᠢᠯᠡᠯ ᠤᠨ ᠴᠢᠳᠠᠪᠤᠷᠢ ᠶᠢ | ᠦᠬᠡᠶᠢᠰᠬᠡᠬᠦ︾ ᠠᠵᠢᠯ ᠢ ᠰᠠᠶᠢᠳᠤᠷ ᠠᠳᠬᠤᠵᠤ᠂ ᠴᠢᠯᠠᠭᠤᠨ ᠲᠤᠰᠤ ᠪᠠ ᠦᠩᠭᠡᠳᠤ ᠲᠡᠮᠦᠷᠯᠢᠭ ᠢ ᠰᠢᠯᠢᠨ | ᠰᠤᠩᠭᠤᠬᠤ᠂ ᠴᠢᠯᠠᠭᠤ ᠭᠠᠷᠭᠠᠵᠤ ᠡᠯᠡᠰᠤ ᠮᠠᠯᠳᠠᠬᠤ᠂ ᠮᠤᠳᠤᠨ ᠨᠡᠭᠦᠷᠡᠰᠤ ᠦᠢᠯᠡᠳᠭᠦ ᠵᠡᠷᠭᠡ ᠬᠤᠴᠤᠷᠤᠩᠭᠤᠢ | ᠦᠢᠯᠡᠳᠪᠤᠷᠢᠯᠡᠯ ᠤᠨ ᠴᠢᠳᠠᠪᠤᠷᠢ ᠶᠢ ᠦᠬᠡᠶᠢᠰᠬᠡᠨ᠂ ᠠᠵᠤ ᠠᠬᠤᠶᠢᠯᠠᠯ ᠢ ᠨᠡᠶᠢᠯᠡᠭᠦᠯᠦᠨ ᠲᠠᠬᠢᠨ ᠵᠤᠬᠢᠶᠠᠨ | ᠪᠠᠶᠢᠭᠤᠯᠬᠤ ᠶᠢ ᠲᠦᠷᠭᠡᠳᠭᠡᠵᠤ᠂ ᠠᠵᠢᠯ ᠦᠢᠯᠡᠰ ᠤᠨ ᠲᠦᠪᠯᠡᠷᠡᠯ ᠤᠨ ᠭᠡᠮᠵᠢᠶ᠎ᠡ ᠶᠢ ᠲᠡᠭᠡᠭᠰᠢᠯᠡᠭᠦᠯᠦᠨ᠎ᠡ᠃ ︽ | ᠬᠦᠮᠦᠷᠭᠡ ᠶᠢᠨ ᠬᠠᠳᠠᠭᠠᠯᠠᠮᠵᠢ ᠶᠢ ᠪᠠᠭᠤᠷᠠᠭᠤᠯᠬᠤ︾ ᠠᠵᠢᠯ ᠢ ᠨᠠᠶᠢᠳᠠᠪᠤᠷᠢᠵᠢᠭᠤᠯᠵᠤ᠂ ᠭᠡᠷ ᠪᠠᠶᠢᠰᠢᠩ ᠭᠠᠵᠠᠷ | ᠭᠦᠷᠦᠩᠭᠡ ᠶᠢᠨ ᠵᠠᠬ᠎ᠠ ᠲᠡᠯᠭᠡᠭᠦᠷ ᠤᠨ ᠱᠠᠭᠠᠷᠳᠠᠯᠭ᠎ᠠ ᠲᠠᠢ ᠤᠶᠠᠯᠳᠤᠭᠤᠯᠤᠨ᠂ ᠮᠠᠯᠴᠢᠳ ᠤᠨ ᠬᠤᠳᠠ ᠤᠷᠤᠵᠤ | ᠰᠠᠭᠤᠷᠢᠰᠢᠬᠤ ᠶᠢ ᠵᠤᠷᠢᠭᠵᠢᠭᠤᠯᠬᠤ᠂ ᠲᠦᠭᠦᠮ ᠪᠦᠳᠦᠴᠡᠳᠤ ᠤᠷᠤᠨ ᠰᠠᠭᠤᠴᠠ ᠶᠢ ᠵᠠᠰᠠᠨ ᠰᠢᠨᠡᠳᠭᠡᠬᠦ ᠠᠵᠢᠯ ᠤᠨ | ᠪᠡᠯᠡᠨ ᠮᠦᠩᠬᠦ ᠦᠭᠴᠦ ᠲᠤᠬᠢᠷᠠᠭᠤᠯᠬᠤ ᠶᠢ ᠲᠦᠯᠬᠢᠨ ᠠᠬᠢᠭᠤᠯᠬᠤ ᠪᠠ ᠭᠠᠵᠠᠷ ᠰᠢᠷᠤᠢ ᠶᠢᠨ ᠬᠠᠩᠭᠠᠯᠭ᠎ᠠ ᠶᠢ | ᠵᠤᠬᠢᠰᠳᠠᠢ ᠲᠦᠯᠦᠪᠯᠡᠭᠦ ᠪᠠᠷ ᠲᠠᠮᠵᠢᠨ᠂ ᠬᠠᠩᠭᠠᠯᠭ᠎ᠠ ᠭᠡᠷᠡᠭᠴᠡᠭᠡᠨ ᠤ ᠲᠡᠩᠴᠡᠭᠦᠷᠢ ᠶᠢ ᠦᠨᠳᠦᠰᠤᠨ ᠳᠡᠭᠡᠨ | ᠪᠡᠶᠡᠯᠡᠭᠦᠯᠦᠨ᠎ᠡ᠃ ︽ᠬᠦᠰᠢᠭᠦᠷᠭᠡ ᠶᠢ ᠴᠦᠭᠡᠳᠭᠡᠭᠦ︾ ᠠᠵᠢᠯ ᠢ ᠲᠦᠷᠭᠡᠳᠭᠡᠨ᠂ ᠤᠷᠤᠨ ᠨᠤᠳᠤᠭ ᠤᠨ ᠵᠠᠰᠠᠭ | ᠤᠨ ᠣᠷᠳᠣᠨ ᠤ ᠴᠢᠨᠠᠷᠳᠠᠢ ᠦᠷᠢ ᠰᠢᠷᠢ ᠶᠢ ᠬᠦᠴᠦᠯᠡᠨ ᠰᠢᠢᠳᠪᠤᠷᠢᠯᠡᠵᠤ᠂ ᠤᠯᠠᠭᠠᠨ ᠱᠤᠭᠤᠮ ᠢ ᠶᠠᠭᠠᠬᠢᠭᠰᠠᠨ | ᠴᠤ ᠬᠦᠨᠳᠡᠬᠦ ᠦᠬᠡᠢ᠃ ᠠᠵᠤ ᠠᠬᠤᠶᠢᠯᠠᠯ ᠤᠨ ᠮᠦᠩᠭᠦᠨ ᠬᠦᠢᠯᠭᠡᠭᠡᠨ ᠤ ᠠᠶᠤᠯ ᠲᠦᠭᠰᠢᠭᠦᠷᠢ ᠶᠢ ᠰᠡᠷᠭᠡᠶᠢᠯᠡᠨ᠂ | ᠠᠵᠤ ᠠᠬᠤᠶᠢᠯᠠᠯ ᠤᠨ ᠪᠡᠯᠡ ᠨᠡᠶᠢᠯᠡᠬᠦᠯᠬᠦ ᠠᠷᠭ᠎ᠠ ᠵᠠᠮ ᠢ ᠦᠷᠭᠡᠳᠭᠡᠵᠤ᠂ ᠠᠷᠠᠳ ᠤᠨ ᠲᠤᠮᠳᠠᠬᠢ ᠨᠡᠩ ᠤᠯᠠᠨ | ᠬᠦᠷᠦᠩᠭᠡ ᠮᠦᠩᠭᠦ ᠶᠢᠨ ᠲᠤᠯᠭᠠᠭᠤᠷᠢ ᠠᠵᠤ ᠦᠢᠯᠡᠰ ᠪᠣᠯᠣᠨ ᠪᠠᠶᠢᠯᠳᠤᠬᠤ ᠪᠤᠳᠤᠯᠭ᠎ᠠ ᠶᠢᠨ ᠴᠢᠨᠠᠷᠳᠠᠢ ᠠᠵᠤ | ᠦᠢᠯᠡᠰ᠂ ᠰᠠᠭᠤᠷᠢ ᠲᠦᠭᠦᠭᠡᠷᠦᠮᠵᠢ ᠪᠠ ᠠᠷᠠᠯᠵᠢᠶ᠎ᠠ ᠬᠤᠳᠠᠯᠳᠤᠭ᠎ᠠ ᠮᠦᠩᠭᠦᠨ ᠬᠦᠢᠯᠭᠡᠭᠡ ᠵᠡᠷᠭᠡ ᠬᠦᠷᠢᠶ᠎ᠠ | ᠭᠡᠪᠴᠢᠶᠡᠨ ᠳᠤ ᠤᠷᠤᠬᠤ ᠶᠢ ᠵᠤᠷᠢᠭᠵᠢᠭᠤᠯᠤᠨ᠎ᠠ᠃ ︽ᠦᠪᠡᠷ ᠤᠨ ᠦᠷᠳᠡᠭ ᠢ ᠪᠠᠭᠤᠷᠠᠭᠤᠯᠬᠤ︾ ᠪᠠᠷ ᠬᠦᠴᠦᠯᠡᠨ᠂ | ︽ᠪᠠᠭᠤᠯᠭᠠᠬᠤ ᠬᠠᠮᠢᠶᠠᠷᠬᠤ ᠦᠢᠯᠡᠴᠢᠯᠡᠭᠦ︾ ᠦᠭᠡᠷᠡᠴᠢᠯᠡᠯᠳᠡ ᠶᠢ ᠬᠦᠨᠵᠬᠡᠢ ᠠᠬᠢᠭᠤᠯᠵᠤ᠂ ᠤᠯᠤᠰ ᠤᠨ ᠠᠵᠤ | ᠠᠬᠤᠶᠢᠯᠠᠯ ᠤᠨ ᠭᠠᠶᠢᠯᠢ ᠰᠦᠢᠳᠭᠡᠯ ᠢ ᠪᠠᠭᠤᠷᠠᠭᠤᠯᠬᠤ ᠠᠷᠭ᠎ᠠ ᠭᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠤᠨ᠂ | ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠲᠡᠭᠦᠯᠳᠡᠷᠵᠢᠭᠦᠯᠵᠤ᠂ ᠠᠵᠤ ᠠᠬᠤᠶᠢᠯᠠᠯ ᠤᠨ ᠲᠠᠷᠤᠭᠠᠰᠤ ᠶᠢ ᠬᠦᠩᠭᠡᠯᠡᠨ | ᠂ ᠠᠵᠤ ᠠᠬᠤᠶᠢᠯᠠᠯ ᠤᠨ ᠭᠦᠭᠵᠢᠯᠳᠡ ᠶᠢᠨ ᠠᠮᠢᠵᠢᠷᠠᠯ ᠤᠨ ᠬᠦᠴᠦᠨ ᠢ ᠪᠦᠬᠦ ᠲᠠᠯ᠎ᠠ ᠪᠠᠷ ᠨᠡᠮᠡᠭᠳᠡᠭᠦᠯᠦᠨ᠎ᠡ᠃ ︽ | ᠲᠤᠳᠠᠭᠳᠠᠯ︾ ᠢ ᠪᠦᠬᠦ ᠲᠠᠯ᠎ᠠ ᠪᠠᠷ ᠨᠦᠬᠦᠪᠦᠷᠢᠯᠡᠨ᠂ ᠦᠨᠳᠦᠷ ᠴᠢᠨᠠᠷ ᠴᠢᠨᠰᠠᠭ᠎ᠠ ᠲᠠᠢ᠂ ᠲᠡᠩᠴᠡᠭᠦᠷᠢᠳᠡᠢ | ᠭᠦᠭᠵᠢᠭᠦᠯᠭᠦ ᠱᠠᠭᠠᠷᠳᠠᠯᠭ᠎ᠠ ᠪᠠᠷ᠂ ᠠᠮᠢ ᠠᠬᠤᠢ ᠶᠢᠨ ᠤᠷᠴᠢᠨ ᠲᠤᠭᠤᠷᠢᠨ᠂ ᠠᠵᠤ ᠦᠢᠯᠡᠰ ᠤᠨ ᠭᠦᠭᠵᠢᠯᠳᠡ᠂ | ᠰᠠᠭᠤᠷᠢ ᠲᠦᠭᠦᠭᠡᠷᠦᠮᠵᠢ᠂ ᠨᠡᠭᠡᠭᠡᠯᠳᠡ ᠶᠢ ᠦᠷᠭᠡᠳᠭᠡᠭᠦ᠂ ᠤᠷᠤᠯᠭ᠎ᠠ ᠶᠢ ᠦᠷᠭᠦᠯᠵᠢᠯᠡᠨ ᠨᠡᠮᠡᠭᠳᠡᠭᠦᠯᠭᠦ᠂ ᠤᠯᠠᠨ | ᠨᠡᠶᠢᠳᠡ ᠶᠢᠨ ᠦᠢᠯᠡᠴᠢᠯᠡᠭᠡ᠂ ᠦᠭᠡᠷᠡᠴᠢᠯᠡᠯᠳᠡ ᠶᠢ ᠨᠠᠶᠢᠳᠠᠪᠦᠷᠢᠵᠢᠭᠤᠯᠬᠤ ︽ᠲᠤᠯᠤᠭᠠᠨ ᠲᠤᠳᠠᠭᠳᠠᠯ︾ ᠢ | ᠨᠦᠬᠦᠪᠤᠷᠢᠯᠡᠵᠤ᠂ ᠬᠤᠰᠢᠭᠤᠨ ᠤ ᠬᠡᠪᠴᠢᠶᠡᠨ ᠤ ᠠᠵᠤ ᠠᠬᠤᠢ ᠶᠢᠨ ᠦᠨᠳᠦᠷ ᠬᠢᠷᠢ ᠲᠦᠪᠰᠢᠨ ᠲᠠᠢ ᠭᠦᠭᠵᠢᠭᠦ ᠶᠢ | ᠠᠬᠢᠭᠤᠯᠣᠨ᠎ᠠ᠃ | ︵ᠭᠤᠷᠪᠠ︶ ᠠᠵᠤ ᠦᠢᠯᠡᠰ ᠤᠨ ᠪᠦᠳᠦᠴᠡ ᠶᠢ ᠬᠦᠴᠦᠯᠡᠨ ᠲᠤᠬᠢᠷᠠᠭᠤᠯᠤᠨ᠎ᠠ᠃ ᠠᠵᠤ ᠦᠢᠯᠡᠰ ᠤᠨ | ᠭᠡᠯᠪᠡᠷᠢ ᠶᠢ ᠬᠤᠪᠢᠷᠠᠭᠤᠯᠬᠤ ᠪᠠᠬᠢᠯᠡᠯᠳᠡ ᠰᠢᠪᠳᠤᠯᠬᠤ ᠲᠠᠶᠢᠨ ᠢ ᠪᠦᠬᠦ ᠲᠠᠯ᠎ᠠ ᠪᠠᠷ ᠰᠠᠶᠢᠳᠤᠷ ᠬᠢᠵᠤ᠂ ᠠᠵᠤ ᠦᠢᠯᠡᠰ | ᠤᠨ ᠴᠢᠨᠠᠷ ᠴᠢᠨᠰᠠᠭ᠎ᠠ ᠪᠠ ᠦᠷ᠎ᠡ ᠠᠰᠢᠭ ᠢ ᠲᠡᠭᠡᠭᠰᠢᠯᠡᠭᠦᠯᠦᠨ᠂ ᠠᠵᠤ ᠠᠬᠤᠢ ᠶᠢᠨ ᠪᠡᠶ᠎ᠡ ᠪᠠᠨ ᠳᠠᠭᠠᠭᠠᠬᠤ ᠰᠢᠨ᠎ᠡ | ᠭᠦᠳᠡᠯᠭᠡᠭᠴᠢ ᠬᠦᠴᠦᠨ ᠢ ᠨᠡᠮᠡᠭᠳᠡᠬᠦᠯᠵᠦ᠂ ᠬᠤᠰᠢᠭᠤᠨ ᠤ ᠭᠡᠪᠴᠢᠶᠡᠨ ᠤ ᠠᠵᠤ ᠠᠬᠤᠢ ᠶᠢᠨ ᠨᠡᠩ ᠴᠢᠨᠠᠷᠯᠢᠭ ᠨᠡᠩ | ᠲᠦᠷᠭᠡᠨ ᠭᠦᠭᠵᠢᠯᠳᠡ ᠶᠢ ᠲᠦᠷᠭᠡᠳᠭᠡᠨ ᠠᠬᠢᠭᠤᠯᠤᠨ᠎ᠠ᠃ ᠮᠠᠯ ᠠᠵᠤ ᠠᠬᠤᠢ ᠶᠢᠨ ᠤᠳᠤᠬᠢᠴᠢᠯᠠᠯᠳᠠ ᠶᠢ | ᠠᠬᠢᠭᠤᠯᠤᠨ᠎ᠠ᠃ ᠮᠠᠯ ᠠᠵᠤ ᠠᠬᠤᠢ ᠶᠢᠨ ᠭᠡᠪᠴᠢᠶᠡᠵᠢᠭᠰᠡᠨ ᠦᠢᠯᠡᠳᠪᠤᠷᠢᠯᠡᠯ ᠤᠨ ᠬᠢᠷᠢ ᠲᠦᠪᠰᠢᠨ ᠢ | ᠲᠡᠭᠡᠭᠰᠢᠯᠡᠭᠦᠯᠵᠤ᠂ ᠳ᠋ᠦᠩᠰᠢᠭᠤᠷ ᠲᠦᠭᠦᠷᠢᠭ ᠠᠴᠠ ᠳᠡᠭᠡᠭᠰᠢᠬᠢ ᠠᠮᠢ ᠠᠬᠤᠢ ᠶᠢᠨ ᠮᠢᠬᠠᠨ ᠦᠭᠡᠷ᠂ ᠮᠢᠬᠠᠨ ᠬᠤᠨᠢᠨ | ᠤ ᠠᠵᠦ ᠦᠢᠯᠡᠰ ᠢ ᠡᠭᠦᠳᠤᠨ ᠨᠡᠭᠡᠭᠡᠵᠤ᠂ ᠪᠠᠷᠢᠮᠵᠢᠶᠠᠵᠢᠭᠰᠠᠨ ᠮᠢᠬᠠᠨ ᠦᠭᠡᠷ᠂ ᠮᠢᠬᠠᠨ ᠬᠤᠨᠢ ᠶᠢ | ᠭᠡᠪᠴᠢᠶᠡᠵᠢᠭᠦᠯᠦᠨ ᠲᠡᠵᠢᠭᠡᠨ ᠦᠷᠡᠵᠢᠭᠦᠯᠭᠦ ᠲᠠᠯᠠᠪᠠᠢ ᠶᠢ ᠭᠦᠭᠵᠢᠭᠦᠯᠵᠤ᠂ ᠲᠡᠵᠢᠭᠡᠯ ᠪᠤᠷᠳᠤᠭ᠎ᠠ᠂ ᠮᠠᠯ ᠤᠨᠤᠭ᠎ᠠ ᠶᠢ | ᠲᠤᠭᠳᠠᠭᠰᠠᠨ ᠭᠠᠵᠠᠷ ᠲᠤ ᠠᠷᠠᠯᠵᠢᠶᠠᠯᠠᠬᠤ ᠲᠠᠪᠴᠠᠩ ᠢ ᠬᠦᠭᠵᠢᠬᠦᠯᠦᠨ᠂ ᠮᠢᠬᠠᠨ ᠢᠳᠡᠭᠡ᠂ ᠴᠠᠭᠠᠨ ᠢᠳᠡᠭᠡ᠂ | ᠤᠷᠭᠠᠨᠢᠭ ᠪᠤᠷᠳᠤᠭᠤᠷ ᠪᠠ ᠠᠷᠠᠰᠤ ᠰᠢᠷᠢ ᠨᠤᠤᠰᠤ ᠨᠤᠤᠯᠤᠷ ᠢ ᠳᠤᠬᠠᠢ ᠶᠢᠨ ᠭᠠᠵᠠᠷ ᠲᠠᠭᠠᠨ ᠪᠤᠯᠪᠠᠰᠤᠷᠠᠭᠤᠯᠬᠤ | ᠠᠵᠤ ᠠᠬᠤᠶᠢᠯᠠᠯ ᠤᠨ ᠪᠦᠳᠦᠭᠡᠨ ᠪᠠᠶᠢᠭᠤᠯᠤᠯᠳᠠ ᠶᠢ ᠲᠦᠷᠭᠡᠳᠭᠡᠨ᠎ᠡ᠃ ᠰᠢᠨ᠎ᠡ ᠭᠡᠯᠪᠡᠷᠢ ᠶᠢᠨ ᠮᠠᠯ ᠠᠵᠤ ᠠᠬᠤᠢ | ᠶᠢ ᠲᠠᠶᠢᠴᠢᠯᠠᠨ ᠭᠦᠭᠵᠢᠭᠦᠯᠵᠤ᠂ ᠤᠳᠤᠬᠢᠴᠢᠯᠠᠭᠰᠠᠨ ᠤᠶᠤᠨᠴᠢ ᠠᠮᠢ ᠠᠬᠤᠢ ᠶᠢᠨ ᠭᠡᠷ ᠪᠦᠯᠢ ᠶᠢᠨ ᠮᠠᠯᠵᠢᠯ ᠤᠨ | ᠲᠠᠯᠠᠪᠠᠢ ᠶᠢ ᠪᠠᠶᠢᠭᠤᠯᠤᠨ᠎ᠠ᠃ ᠠᠵᠤ ᠦᠢᠯᠡᠰᠴᠢᠯᠡᠭᠰᠡᠨ ᠲᠤᠯᠤᠭᠠᠶᠢᠯᠠᠭᠴᠢ ᠠᠵᠤ ᠠᠬᠤᠶᠢᠯᠠᠯ ᠢ ᠪᠤᠶᠢᠵᠢᠭᠤᠯᠤᠨ | ᠬᠦᠭᠵᠢᠬᠦᠯᠵᠦ᠂ ᠮᠠᠯ ᠤᠨ ᠠᠰᠢᠭ ᠰᠢᠮ᠎ᠡ ᠶᠢ ᠵᠤᠬᠢᠬᠤ ᠭᠡᠮᠵᠢᠶᠡᠨ ᠳᠤ ᠬᠦᠯᠳᠡᠭᠡᠵᠤ ᠬᠦᠢᠯᠭᠡᠭᠡ ᠬᠢᠬᠦ ᠶᠢ ᠲᠡᠳᠭᠦᠨ | ᠭᠦᠭᠵᠢᠭᠦᠯᠦᠨ᠎ᠡ᠃ ᠮᠠᠯ ᠠᠵᠤ ᠠᠬᠤᠢ ᠶᠢᠨ ᠨᠡᠷᠡᠳᠤ ᠲᠡᠮᠳᠡᠭ ᠤᠨ ᠪᠠᠶᠢᠯᠳᠤᠬᠤ ᠪᠤᠳᠤᠯᠭ᠎ᠠ ᠶᠢ ᠬᠦᠨᠵᠡᠭᠡᠢ | ᠭᠡᠷᠡᠭᠵᠢᠭᠦᠯᠵᠤ᠂ ᠲᠠᠷᠢᠶᠠᠯᠠᠩ ᠤᠨ ᠪᠦᠳᠦᠭᠡᠭᠳᠡᠬᠦᠨ ᠪᠠ ᠮᠠᠯ ᠤᠨ ᠠᠰᠢᠭ ᠰᠢᠮ᠎ᠠ ᠶᠢᠨ ︽ᠭᠤᠷᠪᠠᠨ ᠪᠦᠳᠦᠭᠡᠭᠳᠡᠬᠦᠨ | ᠨᠢᠭᠡ ᠰᠢᠨᠵᠢ ᠲᠡᠮᠳᠡᠭ︾ ⑧ ᠤᠨ ᠭᠡᠷᠡᠴᠢᠯᠡᠭᠡ ᠬᠢᠬᠦ ᠠᠵᠢᠯ ᠢ ᠦᠷᠭᠦᠯᠵᠢᠯᠡᠨ ᠦᠷᠨᠢᠭᠦᠯᠵᠤ᠂ ᠡᠯ᠎ᠡ ᠲᠦᠷᠦᠯ ᠤᠨ | ᠪᠦᠳᠦᠭᠡᠭᠳᠡᠭᠦᠨ ᠢ ᠪᠤᠷᠤᠯᠠᠭᠤᠯᠬᠤ ᠲᠠᠨᠢᠯᠴᠠᠭᠤᠯᠭ᠎ᠠ ᠶᠢᠨ ᠠᠵᠢᠯᠯᠠᠭ᠎ᠠ ᠶᠢ ᠢᠳᠡᠪᠬᠢᠳᠠᠢ ᠠᠰᠢᠭᠯᠠᠨ᠂ ᠦᠢᠯᠡᠳᠪᠤᠷᠢᠯᠡᠯ | ᠬᠢᠬᠡᠳ ᠵᠠᠬ᠎ᠠ ᠲᠡᠯᠭᠡᠭᠦᠷ ᠢ ᠵᠠᠪᠰᠠᠷ ᠦᠭᠡᠢ ᠵᠤᠯᠭᠠᠯᠳᠤᠭᠤᠯᠬᠤ ᠶᠢ ᠠᠬᠢᠭᠤᠯᠵᠤ᠂ ᠮᠠᠯ ᠤᠨ ᠠᠰᠢᠭ ᠰᠢᠮ᠎ᠡ ᠶᠢ | ᠪᠤᠷᠤᠯᠠᠭᠤᠯᠬᠤ ᠠᠷᠭ᠎ᠠ ᠵᠠᠮ ᠢ ᠲᠠᠰᠤᠷᠠᠯᠳᠠ ᠦᠬᠡᠢ ᠦᠷᠭᠡᠳᠭᠡᠨ᠎ᠡ᠃ ︽ᠢᠨᠲ᠋ᠧᠷ ᠰᠦᠯᠵᠢᠶ᠎ᠡ +︾ ᠡᠯᠧᠺᠲᠷᠤᠨ | ᠬᠤᠳᠠᠯᠳᠤᠭᠠᠨ ᠤ ᠪᠤᠷᠤᠯᠠᠭᠤᠯᠭ᠎ᠠ ᠶᠢᠨ ᠲᠠᠪᠴᠠᠩ ᠳᠤ ᠲᠦᠰᠢᠭᠯᠡᠨ᠂ ︽ᠪᠠᠷᠠᠭᠤᠨ ᠬᠤᠰᠢᠭᠤᠨ ᠤ ᠬᠤᠨᠢᠨ ᠮᠢᠬ᠎ᠠ︾ | ᠭᠡᠳᠡᠭ ᠡᠨᠡᠬᠦ ᠮᠠᠯ ᠤᠨ ᠠᠰᠢᠭ ᠰᠢᠮ᠎ᠡ ᠶᠢᠨ ᠨᠡᠷᠡᠳᠤ ᠲᠡᠮᠳᠡᠭ ᠤᠨ ᠳᠡᠭᠡᠳᠦ ᠲᠡᠰ ᠤᠨ ᠵᠠᠬ᠎ᠠ ᠲᠡᠯᠭᠡᠭᠦᠷ ᠳᠠᠬᠢ | ᠬᠤᠪᠢ ᠶᠢᠨ ᠵᠢᠩ ᠢ ᠬᠦᠴᠦᠯᠡᠨ ᠨᠡᠮᠡᠭᠳᠡᠭᠦᠯᠵᠤ᠂ ᠲᠤᠰ ᠭᠠᠵᠠᠷ ᠤᠷᠤᠨ ᠤ ᠮᠠᠯ ᠤᠨ ᠠᠰᠢᠭ ᠰᠢᠮ᠎ᠡ ᠶᠢ ᠰᠢᠭᠤᠳ | ᠪᠤᠷᠤᠯᠠᠭᠤᠯᠬᠤ ᠰᠦᠯᠵᠢᠶᠡᠨ ᠤ ᠰᠢᠰᠲ᠋ᠧᠮ ᠢ ᠠᠯᠬᠤᠮ ᠠᠯᠬᠤᠮ ᠢᠶᠠᠷ ᠪᠤᠢ ᠪᠤᠯᠭᠠᠨ᠎ᠠ᠃ ᠠᠵᠤ ᠦᠢᠯᠡᠳᠪᠤᠷᠢ ᠶᠢᠨ | ᠤᠯᠠᠮᠵᠢᠯᠠᠯᠳᠤ ᠲᠠᠪᠠᠭᠤᠯᠢᠭ ᠲᠠᠯ᠎ᠠ ᠶᠢ ᠪᠠᠳᠠᠷᠠᠭᠤᠯᠤᠨ᠎ᠠ᠃ ︽ᠠᠵᠤ ᠦᠢᠯᠡᠳᠪᠤᠷᠢ ᠪᠠᠷ ᠬᠤᠰᠢᠭᠤ ᠪᠠᠨ | ᠬᠦᠴᠦᠷᠭᠡᠭᠵᠢᠭᠦᠯᠭᠦ︾ ᠶᠢ ᠲᠦᠷᠭᠡᠳᠭᠡᠨ ᠠᠬᠢᠭᠤᠯᠵᠤ᠂ ᠴᠢᠯᠠᠭᠤᠨ ᠲᠤᠰᠤ᠂ ᠦᠩᠭᠡᠳᠤ ᠲᠡᠮᠦᠷᠯᠢᠭ ᠵᠡᠷᠭᠡ | ᠭᠤᠤᠯᠳᠠᠯᠭ᠎ᠠ ᠲᠠᠢ ᠠᠵᠤ ᠦᠢᠯᠡᠰ ᠢ ᠪᠤᠵᠠᠭᠠᠶᠢᠷᠠᠭᠤᠯᠤᠨ ᠬᠦᠴᠦᠷᠭᠡᠭᠵᠢᠬᠦᠯᠵᠦ᠂ ︽ᠬᠤᠶᠠᠷ ᠵᠦᠢᠯ ᠤᠨ ᠡᠬᠢ | ᠪᠠᠶᠠᠯᠢᠭ᠂ ᠬᠤᠶᠠᠷ ᠵᠠᠬ᠎ᠠ ᠲᠡᠯᠭᠡᠭᠦᠷ︾ ᠢ ᠬᠦᠢᠴᠡᠳ ᠠᠰᠢᠭᠯᠠᠨ᠂ ᠦᠩᠭᠡᠳᠤ ᠲᠡᠮᠦᠷᠯᠢᠭ ᠢ ᠰᠢᠯᠢᠨ ᠰᠤᠩᠭᠤᠬᠤ | ᠮᠡᠷᠬᠡᠵᠢᠯ ᠢᠶᠠᠨ ᠰᠠᠶᠢᠵᠢᠷᠠᠭᠤᠯᠬᠤ ᠲᠦᠷᠦᠯ ᠵᠦᠢᠯ ᠢ ᠦᠷᠭᠦᠯᠵᠢᠯᠡᠨ ᠲᠦᠯᠬᠢᠨ ᠠᠭᠢᠭᠤᠯᠵᠤ᠂ ᠤᠳᠤ ᠪᠠᠶᠢᠭ᠎ᠠ ᠠᠵᠤ | ᠠᠬᠤᠶᠢᠯᠠᠯ ᠤᠨ ᠡᠬᠢ ᠪᠠᠶᠠᠯᠢᠭ ᠢ ᠨᠢᠬᠡᠳᠬᠡᠨ᠂ ᠠᠵᠤ ᠠᠬᠤᠶᠢᠯᠠᠯ ᠤᠨ ᠬᠠᠮᠳᠤ ᠶᠢᠨ ᠬᠦᠭᠵᠢᠯᠳᠡ ᠶᠢ ᠲᠦᠯᠬᠢᠨ | ᠠᠬᠢᠭᠤᠯᠤᠨ᠎ᠠ᠃ ᠰᠢᠨ᠎ᠠ ᠡᠨᠧᠷᠬᠢ ᠶᠢ ᠨᠡᠭᠡᠭᠡᠨ ᠠᠰᠢᠭᠯᠠᠬᠤ ᠪᠠ ᠡᠬᠢ ᠪᠠᠶᠠᠯᠢᠭ ᠢ ᠳᠣᠬᠠᠢ ᠶᠢᠨ ᠭᠠᠵᠠᠷ ᠲᠠᠭᠠᠨ | ᠬᠤᠪᠢᠷᠠᠭᠤᠯᠤᠨ ᠠᠰᠢᠭᠯᠠᠬᠤ ᠶᠢ ᠨᠡᠩ ᠴᠢᠬᠤᠯᠠᠴᠢᠯᠠᠨ᠂ ᠠᠵᠤ ᠦᠢᠯᠡᠳᠪᠤᠷᠢ ᠶᠢᠨ ᠬᠦᠷᠢᠶᠡᠯᠡᠩ ᠤᠨ ᠪᠦᠳᠦᠭᠡᠨ | ᠪᠠᠶᠢᠭᠤᠯᠤᠯᠳᠠ ᠶᠢ ᠲᠦᠷᠭᠡᠳᠬᠡᠵᠦ᠂ ᠨᠠᠷᠢᠯᠢᠭ ᠪᠤᠯᠪᠠᠰᠤᠷᠠᠭᠤᠯᠬᠤ ᠶᠢ ᠠᠬᠢᠭᠤᠯᠣᠨ᠂ ᠬᠦᠷᠢᠶᠡᠯᠡᠩ ᠤᠨ ᠲᠠᠪᠴᠠᠩ ᠢ | ᠪᠤᠳᠠᠳᠠᠢ ᠬᠢᠵᠤ᠂ ᠭᠡᠰᠡᠭ ᠰᠢᠨ᠎ᠡ ᠡᠨᠧᠷᠬᠢ ᠶᠢᠨ ᠰᠤᠷᠪᠤᠯᠵᠢ ᠶᠢᠨ ᠠᠵᠦ ᠦᠢᠯᠡᠰ᠂ ᠮᠤᠳᠤᠨ ᠮᠡᠲ᠋ᠧᠷᠢᠶᠠᠯ ᠢ | ᠪᠤᠯᠪᠠᠰᠤᠷᠠᠭᠤᠯᠬᠤ᠂ ᠮᠠᠯ ᠤᠨ ᠠᠰᠢᠭ ᠰᠢᠮ᠎ᠡ ᠶᠢ ᠨᠠᠷᠢᠯᠢᠭ ᠪᠤᠯᠪᠠᠰᠤᠷᠠᠭᠤᠯᠬᠤ ᠵᠡᠷᠭᠡ ᠪᠤᠬᠢᠷᠳᠤᠯ ᠦᠬᠡᠢ ᠤᠷᠴᠢᠨ | ᠲᠤᠭᠤᠷᠢᠨ ᠢ ᠬᠠᠮᠠᠭᠠᠯᠠᠬᠤ ᠠᠵᠤ ᠠᠬᠤᠶᠢᠯᠠᠯ ᠢ ᠤᠷᠢᠨ ᠤᠷᠤᠭᠤᠯᠬᠤ ᠪᠠᠷ ᠴᠢᠷᠮᠠᠶᠢᠨ᠎ᠠ᠃ ᠵᠤᠭᠠᠴᠠᠯ ᠤᠨ ᠪᠦᠬᠦ | ᠤᠷᠤᠨ ᠪᠦᠰᠡ ᠶᠢᠨ ᠪᠠᠶᠢᠷᠢᠰᠢᠭᠤᠯᠤᠯᠳᠠ ᠶᠢ ᠲᠦᠯᠬᠢᠨ ᠠᠬᠢᠭᠤᠯᠤᠨ᠎ᠠ᠃ ᠦᠵᠡᠮᠵᠢ ᠶᠢᠨ ᠤᠷᠤᠨ ᠪᠠ ᠦᠵᠡᠮᠵᠢ | ᠶᠢᠨ ᠴᠡᠭ ᠤᠨ ᠴᠢᠨᠠᠷ ᠲᠡᠰ ᠢ ᠲᠡᠭᠡᠭᠰᠢᠯᠡᠬᠦᠯᠦᠨ᠎ᠡ᠃ ᠰᠢᠨ᠎ᠠ ᠪᠠᠷᠭᠤ ᠪᠠᠷᠠᠭᠤᠨ ᠬᠤᠰᠢᠭᠤᠨ ᠤ ᠭᠤᠤᠯ ᠦᠵᠡᠮᠵᠢ | ᠶᠢᠨ ᠤᠷᠤᠨ ᠢ ᠴᠣᠭᠴᠠᠯᠠᠨ᠂ ᠲᠠᠯ᠎ᠠ ᠨᠤᠳᠤᠭ ᠤᠨ ᠭᠡᠪ ᠨᠠᠮᠪᠠ ᠲᠠᠢ ᠮᠠᠯᠵᠢᠬᠤ ᠡᠷᠦᠭᠡ ᠪᠠᠷ ᠵᠤᠭᠠᠴᠠᠬᠤ ᠵᠢᠱᠢᠶ᠎ᠡ | ᠦᠵᠡᠭᠦᠯᠭᠦ ᠲᠦᠷᠦᠯ ᠵᠦᠢᠯ ᠢ ᠲᠦᠷᠭᠡᠳᠭᠡᠨ ᠠᠬᠢᠭᠤᠯᠵᠤ᠂ ᠲᠠᠯ᠎ᠠ ᠨᠤᠳᠤᠭ ᠢ ᠪᠡᠶ᠎ᠡ ᠪᠠᠷ ᠢᠶᠠᠨ ᠤᠶᠢᠯᠠᠭᠠᠬᠤ | ᠵᠤᠭᠠᠴᠠᠯ ᠤᠨ ᠠᠮᠠᠷᠠᠯᠳᠠ ᠶᠢᠨ ᠰᠢᠨ᠎ᠠ ᠲᠤᠰᠬᠤᠨ ᠢ ᠡᠭᠦᠳᠤᠨ ᠪᠠᠶᠢᠭᠤᠯᠤᠨ᠎ᠠ᠃ ᠰᠤᠶᠤᠯ ᠵᠤᠭᠠᠴᠠᠯ ᠤᠨ | ᠠᠭᠤᠰᠤᠯᠴᠠᠯ ᠢ ᠲᠤᠪᠤᠶᠢᠯᠭᠠᠵᠤ᠂ ᠰᠡᠭᠡᠭᠡᠳᠡᠨ ᠮᠦᠽᠸᠢ ᠶᠢ ᠲᠡᠰ ᠲᠡᠪᠰᠢᠭᠦᠯᠦᠨ ᠵᠠᠰᠠᠨ ᠰᠢᠨᠡᠳᠭᠡᠭᠦ ᠪᠠ | ᠦᠨᠳᠦᠰᠦᠳᠡᠨ ᠤ ᠤᠯᠠᠮᠵᠢᠯᠠᠯᠳᠤ ᠲᠠᠬᠢᠯᠭ᠎ᠠ ᠶᠢᠨ ᠳᠡᠯᠭᠡᠨ ᠦᠵᠡᠬᠦᠯᠦᠯᠭᠡ ᠶᠢᠨ ᠤᠷᠤᠨ ᠢ ᠪᠦᠳᠦᠭᠡᠨ ᠪᠠᠶᠢᠭᠤᠯᠬᠤ | ᠶᠢ ᠲᠦᠷᠭᠡᠳᠭᠡᠨ ᠠᠬᠢᠭᠤᠯᠤᠨ᠎ᠠ᠃ ᠪᠤᠶᠢᠷ ᠨᠠᠭᠤᠷ ᠤᠨ 4A ᠲᠡᠰ ᠤᠨ ᠦᠵᠡᠮᠵᠢ ᠶᠢᠨ ᠤᠷᠤᠨ ᠤ ᠴᠢᠨᠠᠷ ᠲᠡᠰ ᠢ | ᠲᠡᠭᠡᠭᠰᠢᠯᠡᠭᠦᠯᠭᠦ ᠶᠢ ᠠᠬᠢᠭᠤᠯᠵᠤ᠂ ᠭᠠᠵᠠᠷ ᠰᠢᠨᠵᠢᠯᠡᠭᠡᠨ ᠤ ᠴᠡᠴᠡᠷᠯᠢᠭ ᠢ ᠠᠯᠬᠤᠮ ᠲᠠᠷᠠᠭ᠎ᠠ ᠲᠠᠢ ᠡᠭᠦᠳᠦᠨ | ᠪᠠᠶᠢᠭᠤᠯᠤᠨ᠎ᠠ᠃ ᠨᠡᠶᠢᠳᠡᠮ ᠭᠡᠷᠡᠭᠯᠡᠬᠦ ᠠᠭᠠᠷ ᠠᠶᠠᠯᠠᠯ ᠤᠨ ᠠᠵᠤ ᠦᠢᠯᠡᠰ ᠪᠤᠯᠤᠨ ᠲᠤᠭᠤᠷᠢᠨ ᠦᠵᠡᠭᠦᠯᠦᠯᠭᠡ ᠶᠢᠨ | ᠮᠠᠯ ᠠᠵᠤ ᠠᠬᠤᠢ ᠶᠢ ᠲᠦᠷᠭᠡᠳᠭᠡᠨ ᠬᠦᠭᠵᠢᠭᠦᠯᠵᠤ᠂ ᠨᠢᠰᠭᠡᠯ ᠳᠤ ᠰᠠᠭᠤᠵᠤ ᠲᠤᠭᠤᠷᠢᠨ ᠵᠤᠭᠠᠴᠠᠬᠤ ᠲᠦᠷᠦᠯ | ᠵᠦᠢᠯ ᠢ ᠵᠤᠬᠢᠰᠳᠠᠢ ᠲᠤᠬᠢᠷᠠᠭᠤᠯᠵᠤ᠂ G331 ︵S203︶ ᠵᠠᠮ ᠲᠠᠭᠠᠤ ᠵᠤᠭᠠᠴᠠᠨ ᠲᠤᠭᠤᠷᠢᠬᠤ ᠤᠷᠤᠨ ᠤ | ᠶᠡᠷᠥᠩᠭᠡᠶᠢᠯᠡᠭᠰᠡᠨ ᠦᠷ᠎ᠡ ᠠᠰᠢᠭ ᠢ ᠲᠡᠭᠡᠭᠰᠢᠯᠡᠭᠦᠯᠦᠨ᠎ᠡ᠃ ᠵᠤᠭᠠᠴᠠᠯ ᠤᠨ ᠢᠵᠢ ᠪᠦᠷᠢᠳᠦᠭᠰᠡᠨ ᠲᠦᠭᠦᠭᠡᠷᠥᠮᠵᠢ ᠶᠢᠨ | ᠪᠦᠳᠦᠭᠡᠨ ᠪᠠᠶᠢᠭᠤᠯᠤᠯᠳᠠ ᠶᠢ ᠲᠡᠭᠦᠯᠳᠡᠷᠵᠢᠭᠦᠯᠵᠤ᠂ ︽ᠲᠠᠪᠠ ᠪᠠᠷ ᠢᠶᠠᠨ ᠵᠤᠭᠠᠴᠠᠬᠤ︾ ᠠᠵᠢᠯ ᠤᠨ ᠲᠤᠭᠤᠷᠢᠨ ᠳᠤ | ᠂ ᠠᠯᠳ᠋ᠬᠠᠮᠡᠭᠡᠯ ᠪᠠᠯᠭᠠᠰᠤ ᠠᠴᠠ ᠬᠡᠷᠦᠯᠦᠨ ᠭᠦᠷᠭᠦ᠂ ᠪᠤᠭᠳᠠᠠᠭᠤᠯᠠ ᠰᠤᠮᠤ ᠠᠴᠠ ᠪᠣᠳᠢᠠᠭᠤᠯᠠ ᠭᠠᠴᠠᠭ᠎ᠠ ᠬᠦᠷᠭᠦ | ᠵᠠᠰᠠᠮᠠᠯ ᠵᠠᠮ ᠢ ᠵᠠᠰᠠᠬᠤ ᠠᠵᠢᠯ ᠢ ᠡᠬᠢᠯᠡᠭᠦᠯᠵᠤ᠂ ᠬᠤᠰᠢᠭᠤ᠂ ᠰᠤᠮᠤ᠂ ᠭᠠᠴᠠᠭ᠎ᠠ ᠭᠤᠷᠪᠠᠨ ᠱᠠᠳᠤᠨ ᠤ ᠭᠤᠤᠯ | ᠱᠤᠭᠤᠮ ᠤᠨ ᠵᠠᠰᠠᠮᠠᠯ ᠵᠠᠮ ᠲᠠᠭᠠᠤ ᠵᠤᠭᠠᠴᠠᠨ ᠲᠤᠭᠤᠷᠢᠬᠤ ᠦᠢᠯᠡᠴᠢᠯᠡᠭᠡᠨ ᠤ ᠤᠷᠤᠨ ᠢ ᠪᠦᠳᠦᠭᠡᠨ ᠪᠠᠶᠢᠭᠤᠯᠬᠤ ᠶᠢ | ᠲᠦᠯᠬᠢᠨ ᠠᠬᠢᠭᠤᠯᠤᠨ᠎ᠠ᠃ ︽ᠤᠨᠴᠠᠯᠢᠭᠳᠤ ᠡᠳ᠋ ᠪᠠᠷᠠᠭ᠎ᠠ ᠶᠢ ᠬᠤᠳᠠᠯᠳᠤᠨ ᠠᠪᠬᠤ︾ ᠠᠵᠢᠯ ᠤᠨ ᠲᠤᠭᠤᠷᠢᠨ ᠳᠤ | ᠂ ᠭᠠᠷ ᠤᠷᠠᠯᠠᠯ ᠤᠨ ᠪᠦᠳᠦᠭᠡᠯ ᠤᠨ ᠲᠡᠯᠭᠡᠨ ᠦᠵᠡᠭᠦᠯᠦᠯᠭᠡ ᠶᠢᠨ ᠤᠷᠤᠨ ᠢ ᠲᠦᠪᠯᠡᠷᠡᠭᠦᠯᠦᠨ ᠲᠦᠰᠦᠪᠯᠡᠵᠤ᠂ | ᠦᠪᠡᠷᠮᠢᠴᠡ ᠤᠨᠴᠠᠯᠢᠭᠳᠤ ᠵᠤᠭᠠᠴᠠᠯ ᠤᠨ ᠲᠤᠷᠠᠰᠬᠠᠯᠳᠤ ᠡᠳ᠋ ᠪᠠᠷᠠᠭᠠᠨ ᠤ ᠲᠡᠯᠭᠡᠭᠦᠷ ᠢ ᠪᠠᠶᠢᠭᠤᠯᠬᠤ ᠶᠢ ᠲᠡᠮᠵᠢᠵᠤ᠂ | ᠦᠪᠡᠷᠮᠢᠴᠡ ᠤᠨᠴᠠᠯᠢᠭᠳᠤ ᠵᠤᠭᠠᠴᠠᠯ ᠤᠨ ᠪᠦᠳᠦᠭᠡᠭᠳᠡᠭᠦᠨ ᠢ ᠲᠠᠰᠤᠷᠠᠯᠳᠠ ᠦᠭᠡᠢ ᠪᠠᠶᠠᠯᠢᠭᠵᠢᠭᠤᠯᠤᠨ᠎ᠠ᠃ | ᠵᠤᠭᠠᠴᠠᠯ ᠤᠨ ᠨᠡᠷᠡᠳᠤ ᠲᠡᠮᠳᠡᠭ ᠤᠨ ᠲᠦᠷᠢ ᠲᠦᠷᠭᠦ ᠶᠢ ᠬᠦᠴᠦᠯᠡᠨ ᠰᠠᠶᠢᠵᠢᠷᠠᠭᠤᠯᠵᠤ᠂ ᠵᠠᠰᠠᠭ ᠤᠨ ᠤᠷᠳᠤᠨ | ᠢᠶᠠᠷ ᠭᠤᠤᠯᠯᠠᠭᠤᠯᠬᠤ᠂ ᠠᠵᠤ ᠠᠬᠤᠶᠢᠯᠠᠯ ᠢᠶᠠᠷ ᠭᠤᠤᠯ ᠴᠤᠭᠴᠠ ᠪᠣᠯᠭᠠᠬᠤ ᠪᠠ ᠵᠠᠭᠤᠴᠢᠯᠠᠭᠤᠷ ᠤᠨ ᠣᠬᠠᠭᠤᠯᠣᠨ | ᠳᠠᠨᠢᠯᠴᠠᠭᠤᠯᠬᠤ ᠶᠢ ᠨᠢᠭᠡ ᠴᠣᠭᠴᠠ ᠪᠣᠯᠭᠠᠭᠰᠠᠨ ᠡᠵᠡᠩᠨᠡᠨ ᠪᠤᠷᠤᠯᠠᠭᠤᠯᠬᠤ ᠠᠷᠭ᠎ᠠ ᠪᠤᠳᠤᠯᠭ᠎ᠠ ᠶᠢ ᠰᠠᠶᠢᠳᠤᠷ | ᠭᠡᠷᠡᠭᠵᠢᠭᠦᠯᠵᠤ᠂ ᠰᠢᠨ᠎ᠡ ᠮᠡᠷᠭᠡᠵᠢᠯ᠂ ᠰᠢᠨ᠎ᠠ ᠵᠠᠭᠤᠴᠢᠯᠠᠭᠤᠷ ᠢ ᠬᠦᠢᠴᠡᠳ ᠠᠰᠢᠭᠯᠠᠨ᠂ ᠤᠯᠠᠨ ᠠᠷᠭ᠎ᠠ ᠵᠠᠮ ᠪᠦᠬᠦᠢ | ᠦᠨᠳᠦᠷ ᠨᠢᠭᠳᠠᠴᠠ ᠲᠠᠢ ᠣᠯᠠᠨ ᠦᠢᠯᠡᠳᠤᠯ ᠨᠦᠯᠦᠭᠡ ᠶᠢ ᠪᠤᠢ ᠪᠤᠯᠭᠠᠨ᠂ ᠵᠤᠭᠠᠴᠠᠯ ᠤᠨ ᠦᠪᠡᠷᠮᠢᠴᠡ | ᠤᠨᠴᠠᠯᠢᠭᠳᠤ ᠤᠬᠠᠭᠤᠯᠭ᠎ᠠ ᠪᠠ ᠵᠤᠭᠠᠴᠠᠯ ᠤᠨ ᠵᠠᠮ ᠱᠤᠭᠤᠮ ᠤᠨ ᠲᠡᠯᠭᠡᠷᠡᠭᠦᠯᠦᠯᠳᠠ ᠶᠢ ᠴᠢᠩᠭᠠᠳᠬᠠᠨ᠎ᠠ᠃ | ᠦᠢᠯᠡᠴᠢᠯᠡᠭᠡᠨ ᠤ ᠦᠢᠯᠡᠰ ᠢ ᠪᠣᠵᠠᠭᠠᠶᠢᠷᠠᠭᠤᠯᠣᠨ ᠭᠦᠭᠵᠢᠭᠦᠯᠦᠨ᠎ᠡ᠃ ᠪᠠᠷᠠᠭᠠᠨ ᠤ ᠬᠦᠢᠯᠭᠡᠭᠡᠨ ᠤ ᠠᠵᠤ ᠦᠢᠯᠡᠰ ᠢ | ᠶᠡᠭᠡᠪᠡᠷ ᠬᠦᠭᠵᠢᠬᠦᠯᠦᠨ᠂ ᠭᠡᠪᠴᠢᠶᠡᠵᠢᠭᠰᠡᠨ ᠪᠠᠷᠠᠭᠠᠨ ᠤ ᠬᠦᠢᠯᠭᠡᠭᠡᠨ ᠤ ᠠᠵᠤ ᠠᠬᠤᠶᠢᠯᠠᠯ ᠢ 2 ᠪᠠᠶᠢᠭᠤᠯᠵᠤ᠂ ᠮᠠᠯ | ᠤᠨ ᠠᠰᠢᠭ ᠰᠢᠮ᠎ᠡ ᠶᠢᠨ ᠲᠤᠰᠬᠠᠢ ᠪᠠᠷᠠᠭᠠᠨ ᠤ ᠬᠦᠢᠯᠭᠡᠭᠡᠨ ᠤ 3 ᠰᠦᠯᠵᠢᠶᠡᠠ ᠴᠡᠭ ᠢ ᠭᠤᠤᠯᠳᠠᠯᠭ᠎ᠠ ᠲᠠᠢ | ᠲᠡᠳᠭᠦᠨ ᠲᠡᠮᠵᠢᠨ᠎ᠡ᠃ ᠡᠯᠧᠺᠲᠷᠤᠨ ᠬᠤᠳᠠᠯᠳᠤᠭᠠᠨ ᠤ ᠶᠠᠪᠤᠳᠠᠯ ᠤᠨ ᠭᠦᠭᠵᠢᠯᠳᠡ ᠶᠢ ᠠᠬᠢᠭᠤᠯᠣᠨ᠂ ︽ᠢᠨᠲ᠋ᠧᠷ | ᠰᠦᠯᠵᠢᠶ᠎ᠡ +︾ ᠲᠠᠪᠴᠠᠩ ᠢ ᠪᠠᠶᠠᠯᠢᠭᠵᠢᠭᠤᠯᠤᠨ ᠲᠡᠭᠦᠯᠳᠡᠷᠵᠢᠭᠦᠯᠦᠨ᠎ᠡ᠃ ᠰᠤᠶᠤᠯ ᠵᠤᠭ᠎ᠠ ᠴᠡᠩᠭᠡᠯ᠂ ᠰᠤᠯᠠ | ᠰᠡᠯᠡᠬᠦᠦ ᠵᠤᠭᠠᠴᠠᠯ ᠪᠤᠯᠤᠨ ᠡᠷᠡᠭᠦᠯ ᠮᠡᠨᠳᠤ ᠶᠢᠨ ᠦᠢᠯᠡᠴᠢᠯᠡᠭᠡ ᠶᠢ ᠬᠠᠷᠢᠯᠴᠠᠨ ᠤᠶᠠᠯᠳᠤᠭᠤᠯᠤᠭᠰᠠᠨ ᠨᠠᠰᠤᠳᠠᠨ ᠢ | ᠠᠰᠠᠷᠠᠬᠤ ᠪᠡᠶ᠎ᠡ ᠰᠤᠪᠢᠯᠠᠬᠤ ᠦᠢᠯᠡᠴᠢᠯᠡᠭᠡᠨ ᠤ ᠦᠢᠯᠡᠰ ᠢ ᠭᠦᠭᠵᠢᠭᠦᠯᠭᠦ ᠶᠢ ᠵᠤᠷᠢᠭᠵᠢᠭᠤᠯᠤᠨ᠂ ᠨᠠᠰᠤᠳᠠᠨ ᠢ | ᠠᠰᠠᠷᠠᠬᠤ ᠦᠢᠯᠡᠴᠢᠯᠡᠭᠡᠨ ᠤ ᠭᠡᠷᠡᠭᠯᠡᠭᠡᠨ ᠤ ᠵᠠᠬ᠎ᠠ ᠲᠡᠯᠭᠡᠭᠦᠷ ᠢ ᠴᠡᠴᠡᠭᠯᠡᠨ ᠭᠦᠭᠵᠢᠭᠦᠯᠵᠤ᠂ ᠨᠠᠰᠤᠳᠠᠨ ᠢ ᠠᠰᠠᠷᠠᠬᠤ | ᠪᠠᠶᠢᠭᠤᠯᠤᠮᠵᠢ ᠶᠢᠨ ᠪᠦᠳᠦᠭᠡᠨ ᠪᠠᠶᠢᠭᠤᠯᠤᠯᠳᠠ ᠶᠢ ᠶᠡᠬᠡᠪᠡᠷ ᠴᠢᠩᠭᠠᠳᠬᠠᠨ᠎ᠠ᠃ ᠮᠦᠩᠭᠦᠨ ᠬᠦᠢᠯᠭᠡᠭᠡᠨ ᠤ | ᠦᠢᠯᠡᠴᠢᠯᠡᠭᠡᠨ ᠤ ᠦᠢᠯᠡᠰ ᠤᠨ ᠭᠦᠭᠵᠢᠯᠳᠡ ᠶᠢ ᠲᠦᠷᠭᠡᠳᠬᠡᠨ᠂ ᠮᠦᠩᠭᠦᠨ ᠬᠦᠢᠯᠭᠡᠭᠡ᠂ ᠵᠠᠰᠠᠭ ᠤᠨ ᠤᠷᠳᠤᠨ ᠪᠠ | ᠠᠵᠤ ᠠᠬᠤᠶᠢᠯᠠᠯ ᠢ ᠵᠤᠯᠭᠠᠭᠤᠯᠬᠤ ᠲᠠᠪᠴᠠᠩ ᠢ ᠪᠠᠶᠢᠭᠤᠯᠤᠨ᠎ᠠ᠃ ᠠᠶᠤᠯ ᠲᠦᠭᠰᠢᠭᠦᠷᠢ ᠶᠢ ᠰᠡᠷᠭᠡᠶᠢᠯᠡᠬᠦ | ᠲᠤᠭᠳᠠᠴᠠ ᠶᠢ ᠪᠠᠶᠢᠭᠤᠯᠤᠨ ᠲᠡᠭᠦᠯᠳᠡᠷᠵᠢᠭᠦᠯᠵᠤ᠂ ᠬᠠᠤᠯᠢ ᠪᠤᠰᠤ ᠪᠠᠷ ᠪᠡᠯᠡ ᠮᠦᠩᠭᠦ ᠴᠤᠭᠯᠠᠭᠤᠯᠬᠤ ᠵᠢᠴᠢ | ᠦᠨᠳᠦᠷ ᠭᠦᠦ ᠲᠠᠢ ᠵᠢᠭᠡᠯᠡᠯᠭᠡ ᠳᠤ ᠴᠤᠬᠢᠯᠳᠠ ᠦᠭᠭᠦ ᠬᠦᠴᠦᠯᠡᠴᠡ ᠶᠢ ᠴᠢᠩᠭᠠᠳᠬᠠᠨ᠂ ᠤᠯᠠᠨ ᠲᠦᠮᠡᠨ ᠢ | ᠬᠦᠳᠦᠯᠤᠨ ᠵᠢᠯᠤᠭᠤᠳᠴᠤ᠂ ᠵᠣᠭᠤᠰ ᠮᠦᠩᠭᠦ ᠪᠠᠨ ᠵᠤᠬᠢᠰᠳᠠᠢ ᠭᠡᠷᠡᠭᠯᠡᠬᠦ ᠤᠬᠠᠮᠰᠠᠷ ᠢ ᠨᠡᠮᠡᠭᠳᠡᠬᠦᠯᠦᠨ᠂ ᠠᠷᠠᠳ | ᠲᠦᠮᠡᠨ ᠤ ᠬᠠᠤᠯᠢ ᠶᠤᠰᠤᠨ ᠤ ᠡᠷᠭᠡ ᠠᠰᠢᠭ ᠢ ᠦᠨᠡᠨᠬᠦ ᠬᠠᠮᠠᠭᠠᠯᠠᠨ᠎ᠠ᠃ ᠢᠳᠡᠬᠡᠨ ᠤᠮᠳᠠᠭᠠᠨ᠂ ᠬᠤᠨᠤᠭ | ᠪᠠᠭᠤᠳᠠᠯ᠂ ᠵᠤᠭ᠎ᠠ ᠴᠠᠩᠬᠡᠯ᠂ ᠬᠡᠷ ᠠᠬᠤᠢ ᠶᠢᠨ ᠶᠠᠪᠤᠳᠠᠯ ᠵᠡᠷᠬᠡ ᠤᠯᠠᠮᠵᠢᠯᠠᠯᠳᠤ ᠦᠢᠯᠡᠴᠢᠯᠡᠬᠡᠨ ᠤ ᠦᠢᠯᠡᠰ ᠤᠨ | ᠲᠡᠰ ᠲᠠᠪᠬᠤᠷᠭ᠎ᠠ ᠶᠢ ᠲᠠᠰᠤᠷᠠᠯᠳᠠ ᠦᠬᠡᠢ ᠲᠡᠭᠡᠭᠰᠢᠯᠡᠬᠦᠯᠵᠤ᠂ ᠪᠡᠶ᠎ᠡ ᠶᠢᠨ ᠲᠠᠮᠢᠷ ᠤᠨ ᠰᠡᠯᠡᠬᠦᠴᠡᠯ᠂ ᠵᠠᠭᠤᠴᠢᠯᠠᠬᠤ | ᠪᠠᠶᠢᠭᠤᠯᠤᠮᠵᠢ ᠵᠡᠷᠬᠡ ᠰᠢᠨ᠎ᠡ ᠪᠠᠷ ᠮᠠᠨᠳᠤᠵᠤ ᠪᠠᠶᠢᠭ᠎ᠠ ᠦᠢᠯᠡᠴᠢᠯᠡᠬᠡᠨ ᠤ ᠦᠢᠯᠡᠰ ᠢ ᠬᠦᠭᠵᠢᠬᠦᠯᠤᠨ | ᠪᠤᠵᠠᠭᠠᠶᠢᠷᠠᠭᠤᠯᠵᠤ᠂ ᠦᠢᠯᠡᠤᠡᠪᠦᠷᠢᠯᠡᠯ ᠤᠨ ᠴᠢᠨᠠᠷᠳᠠᠢ ᠦᠢᠯᠡᠴᠢᠯᠡᠬᠡᠨ ᠤ ᠦᠢᠯᠡᠰ ᠢ ᠲᠤᠰᠬᠠᠶᠢᠵᠢᠭᠤᠯᠬᠤ ᠪᠠ | ᠴᠢᠨᠠᠷ ᠲᠡᠰ ᠢ ᠳᠡᠭᠡᠭᠰᠢᠯᠡᠬᠦᠯᠬᠦ᠂ ᠠᠮᠢᠳᠤᠷᠠᠯ ᠤᠨ ᠴᠢᠨᠠᠷᠳᠠᠢ ᠦᠢᠯᠡᠴᠢᠯᠡᠬᠡᠨ ᠤ ᠦᠢᠯᠡᠰ ᠢ ᠨᠠᠷᠢᠯᠢᠭᠵᠢᠭᠤᠯᠬᠤ ᠪᠠ | ᠴᠢᠨᠠᠷ ᠳᠡᠰ ᠢ ᠳᠡᠭᠡᠭᠰᠢᠯᠡᠬᠦᠯᠬᠦ ᠶᠢ ᠠᠬᠢᠭᠤᠯᠤᠨ᠎ᠠ᠃ ᠭᠠᠳᠠᠭᠠᠳᠣ ᠨᠡᠬᠡᠬᠡᠯᠳᠡ ᠶᠢᠨ ᠬᠢᠷᠢ ᠲᠦᠪᠰᠢᠨ ᠢ | ᠲᠡᠭᠡᠭᠰᠢᠯᠡᠬᠦᠯᠤᠨ᠎ᠡ᠃ ᠨᠡᠬᠡᠬᠡᠯᠳᠡ ᠶᠢ ᠦᠷᠭᠡᠳᠭᠡᠨ᠂ ᠨᠡᠬᠡᠬᠡᠯᠳᠡ ᠶᠢᠨ ᠤᠷᠤᠨ ᠵᠠᠢ ᠶᠢ ᠴᠢᠨᠠᠭᠰᠢᠳᠠ ᠦᠷᠬᠡᠤᠡᠬᠡᠵᠤ᠂ | ᠨᠡᠬᠡᠬᠡᠯᠳᠡ ᠬᠢᠬᠦ ᠶᠠᠰᠤ ᠴᠢᠨᠠᠷ ᠢ ᠲᠡᠭᠡᠭᠰᠢᠯᠡᠬᠦᠯᠤᠨ᠂ ︽ ᠤᠮᠠᠷᠠᠰᠢ ᠨᠡᠬᠡᠬᠡᠯᠳᠡ ᠬᠢᠬᠦ︾ ᠬᠦᠬᠦᠷᠬᠡᠨ ᠪᠠᠬᠢᠯᠡᠯᠳᠡ ᠶᠢ | ᠪᠦᠳᠤᠬᠡᠨ ᠪᠠᠶᠢᠭᠤᠯᠤᠨ᠎ᠠ᠃ ᠪᠤᠭᠤᠮᠳᠠ ᠨᠡᠪᠳᠡᠷᠡᠬᠦ ᠤᠷᠴᠢᠨ ᠲᠤᠭᠤᠷᠢᠨ ᠢ ᠰᠠᠶᠢᠵᠢᠷᠠᠭᠤᠯᠤᠨ᠂ ᠤᠯᠤᠰ ᠤᠨ | ᠬᠠᠭᠠᠯᠭ᠎ᠠ᠂ ᠪᠤᠭᠤᠮᠳᠠ ᠨᠡᠪᠳᠡᠷᠡᠬᠦ ᠰᠢᠯᠭᠠᠨ ᠪᠠᠶᠢᠴᠠᠭᠠᠬᠤ ᠲᠤᠭᠤᠷᠢᠭ ᠤᠨ ᠪᠠᠷᠠᠭᠠᠨ ᠤ ᠲᠠᠯᠠᠪᠤᠷ ᠢ ᠱᠦᠢᠨᠢᠳᠡᠬᠦ ᠪᠠ | ᠢᠯᠴᠢ ᠬᠠᠩᠭᠠᠬᠤ ᠢᠨᠵᠧᠨᠧᠷᠢᠩ ᠵᠡᠷᠭᠡ ᠰᠠᠭᠤᠷᠢ ᠲᠦᠬᠦᠬᠡᠷᠤᠮᠵᠢ ᠶᠢᠨ ᠪᠠᠶᠢᠭᠤᠯᠤᠯᠳᠠ ᠶᠢ ᠲᠦᠯᠬᠢᠨ ᠠᠬᠢᠭᠤᠯᠤᠨ᠎ᠠ | ᠃ ᠲᠤᠮᠳᠠᠳᠤ ᠮᠤᠩᠭᠤᠯ ᠬᠤᠶᠠᠷ ᠤᠯᠤᠰ ᠤᠨ ᠬᠢᠯᠢ ᠶᠢᠨ ᠠᠷᠠᠤᠨ ᠤᠨ ᠵᠠᠬ᠎ᠠ ᠶᠢᠨ ᠠᠷᠠᠯᠵᠢᠶᠠᠨ ᠤ ᠪᠠᠶᠢᠭᠤᠯᠤᠯᠳᠠ | ᠶᠢ ᠲᠦᠷᠬᠡᠤᠡᠬᠡᠨ᠂ ᠠᠷᠠᠯᠵᠢᠶ᠎ᠠ᠂ ᠵᠤᠭᠠᠴᠠᠯ᠂ ᠬᠤᠳᠠᠯᠳᠤᠭᠠᠨ ᠤ ᠶᠠᠪᠤᠳᠠᠯ᠂ ᠪᠤᠯᠪᠠᠰᠤᠷᠠᠭᠤᠯᠬᠤ ᠪᠠ ᠪᠠᠷᠠᠭᠠᠨ ᠤ | ᠬᠦᠢᠯᠬᠡᠬᠡ ᠶᠢ ᠨᠢᠬᠡ ᠴᠣᠭᠴᠠ ᠪᠣᠯᠭᠠᠭᠰᠠᠨ ᠶᠡᠷᠤᠩᠬᠡᠶᠢᠯᠡᠭᠰᠡᠨ ᠠᠵᠤ ᠠᠬᠤᠢ ᠶᠢᠨ ᠲᠤᠭᠤᠷᠢᠭ ᠢ ᠡᠬᠦᠳᠤᠨ | ᠪᠠᠶᠢᠭᠤᠯᠤᠨ᠎ᠠ᠃ ᠠᠷᠤᠬᠠᠰᠢᠶᠠᠳᠤ ᠪᠤᠭᠤᠮᠳᠠ ᠠᠴᠠ ᠮᠤᠩᠭᠤᠯ ᠤᠯᠤᠰ ᠤᠨ ᠲᠤᠷᠤᠨᠠᠳᠤ ᠠᠶᠢᠮᠠᠭ ᠤᠨ ᠴᠤᠶᠢᠪᠠᠯᠰᠠᠩ | ᠬᠤᠳᠠ ᠬᠦᠷᠬᠦ ᠵᠠᠰᠠᠮᠠᠯ ᠵᠠᠮ ᠢ ︽ᠨᠢᠬᠡ ᠪᠦᠰᠡ ᠨᠢᠬᠡ ᠱᠤᠭᠤᠮ︾ ᠤᠨ ᠪᠦᠳᠤᠬᠡᠨ ᠪᠠᠶᠢᠭᠤᠯᠤᠯᠳᠠ ᠳᠤ | ᠤᠷᠤᠭᠤᠯᠬᠤ ᠪᠠᠷ ᠢᠳᠡᠪᠬᠢᠳᠡᠢ ᠴᠢᠷᠮᠠᠶᠢᠨ᠎ᠠ᠃ ︽ᠶᠡᠭᠡ ᠪᠤᠭᠤᠮᠳᠠ ᠨᠡᠪᠳᠡᠷᠡᠬᠦ︾ ᠰᠤᠷᠠᠭ ᠵᠠᠩᠬᠢ ᠶᠢᠨ ᠲᠠᠪᠴᠠᠩ ᠢ | ᠡᠬᠦᠳᠤᠨ ᠪᠠᠶᠢᠭᠤᠯᠵᠤ᠂ ᠨᠢᠬᠡ ᠺᠠᠷᠲ ᠪᠠᠷ ᠨᠡᠪᠳᠡᠷᠡᠬᠦ ᠦᠢᠯᠡᠴᠢᠯᠡᠬᠡᠨ ᠤ ᠴᠢᠳᠠᠪᠤᠷᠢ ᠪᠠ ᠲᠤᠭ᠎ᠠ ᠪᠠᠷᠢᠮᠳᠠ ᠶᠢ | ᠬᠠᠮᠳᠤᠪᠠᠷ ᠡᠳ᠋ᠯᠡᠬᠦ᠂ ᠰᠦᠯᠵᠢᠶ᠎ᠡ ᠬᠤᠯᠪᠤᠭᠠᠯᠠᠨ ᠬᠠᠷᠢᠯᠴᠠᠨ ᠪᠠᠶᠢᠴᠠᠭᠠᠬᠤ ᠶᠢ ᠪᠡᠶᠡᠯᠡᠬᠦᠯᠤᠨ᠂ ᠪᠤᠭᠤᠮᠳᠠ ᠨᠡᠪᠳᠡᠷᠡᠬᠦ | ᠦᠷ᠎ᠡ ᠠᠰᠢᠭ ᠢ ᠲᠡᠭᠡᠭᠰᠢᠯᠡᠬᠦᠯᠤᠨ᠎ᠡ᠃ | ︵ᠲᠦᠷᠪᠡ︶ ᠤᠷᠤᠰᠢᠨ ᠰᠠᠭᠤᠬᠤ ᠤᠷᠴᠢᠨ ᠲᠤᠭᠤᠷᠢᠨ ᠢ ᠬᠦᠴᠤᠯᠡᠨ ᠰᠠᠶᠢᠵᠢᠷᠠᠭᠤᠯᠤᠨ᠎ᠠ᠃ ︽ | ᠴᠢᠳᠠᠪᠬᠢ ᠶᠢ ᠲᠡᠬᠦᠯᠳᠡᠷᠵᠢᠬᠦᠯᠤᠨ᠂ ᠲᠦᠷᠢ ᠲᠦᠷᠬᠦ ᠶᠢ ᠰᠠᠶᠢᠵᠢᠷᠠᠭᠤᠯᠵᠤ᠂ ᠬᠤᠳᠠ ᠪᠠᠯᠭᠠᠰᠤ ᠶᠢ ᠨᠢᠬᠡᠳᠤᠯᠳᠡᠢ | ᠲᠦᠯᠤᠪᠵᠢᠬᠦᠯᠤᠨ᠂ ᠬᠤᠳᠠ ᠪᠠᠯᠭᠠᠰᠤᠵᠢᠯᠳᠠ ᠶᠢ ᠲᠦᠯᠬᠢᠨ ᠠᠬᠢᠭᠤᠯᠬᠤ︾ ᠦᠨᠳᠤᠰᠤᠨ ᠰᠡᠤᠡᠬᠢᠴᠡ ᠪᠠᠷ᠂ | ᠬᠤᠳᠠ ᠪᠠᠯᠭᠠᠰᠤ ᠶᠢ ᠨᠢᠬᠡᠳᠤᠯᠳᠡᠢ ᠲᠦᠯᠤᠪᠵᠢᠬᠦᠯᠤᠨ ᠵᠤᠬᠢᠴᠠᠩᠭᠤᠢ ᠬᠦᠭᠵᠢᠬᠦᠯᠬᠦ ᠶᠢ ᠲᠦᠯᠬᠢᠨ ᠠᠬᠢᠭᠤᠯᠤᠨ᠎ᠠ᠃ | ᠤᠷᠤᠰᠢᠨ ᠰᠠᠭᠤᠬᠤ ᠳᠤ ᠲᠠᠭᠠᠯᠠᠮᠵᠢᠳᠠᠢ ᠬᠤᠳᠠ ᠪᠠᠯᠭᠠᠰᠤ ᠶᠢ ᠢᠳᠡᠪᠬᠢᠳᠡᠢ ᠡᠬᠦᠳᠤᠨ᠎ᠡ᠃ ᠰᠤᠮᠤ ᠪᠠᠯᠭᠠᠰᠤ ᠶᠢᠨ | ᠶᠡᠷᠤᠩᠬᠡᠢ ᠲᠦᠯᠤᠪᠵᠢᠬᠦᠯᠬᠡ ᠪᠠ ᠬᠢᠵᠠᠭᠠᠷᠯᠠᠬᠤ ᠴᠢᠨᠠᠷᠳᠠᠢ ᠨᠠᠷᠢᠯᠢᠭ ᠲᠦᠯᠤᠪᠵᠢᠬᠦᠯᠬᠡ ᠶᠢ ᠵᠠᠰᠠᠵᠤ ᠨᠠᠶᠢᠷᠠᠭᠤᠯᠬᠤ ᠶᠢ | ᠲᠠᠭᠤᠰᠬᠠᠨ᠂ ᠭᠤᠤᠯᠳᠠᠯᠭ᠎ᠠ ᠲᠠᠢ ᠲᠦᠪ ᠪᠠᠯᠭᠠᠰᠤ ᠶᠢᠨ ᠬᠦᠭᠵᠢᠯᠳᠡ ᠶᠢᠨ ᠬᠠᠷᠠᠯᠳᠠ ᠶᠢ ᠲᠤᠳᠤᠷᠬᠠᠶᠢᠯᠠᠵᠤ᠂ | ᠤᠨᠴᠠᠯᠢᠭᠳᠤ ᠬᠤᠳᠠ ᠪᠠᠯᠭᠠᠰᠤ ᠶᠢᠨ ᠪᠦᠳᠤᠬᠡᠨ ᠪᠠᠶᠢᠭᠤᠯᠤᠯᠳᠠ ᠶᠢᠨ ᠤᠷᠤᠨ ᠪᠠᠶᠢᠷᠢ ᠶᠢ ᠲᠤᠭᠳᠠᠭᠠᠨ᠎ᠠ᠃ ᠬᠤᠳᠠ | ᠪᠠᠯᠭᠠᠰᠤ ᠶᠢᠨ ᠪᠦᠳᠤᠬᠡᠨ ᠪᠠᠶᠢᠭᠤᠯᠤᠯᠳᠠ ᠶᠢ ᠦᠷᠬᠡᠤᠡᠬᠡᠨ᠂ ᠴᠢᠨᠠᠷ ᠴᠢᠨᠰᠠᠭ᠎ᠠ ᠶᠢ ᠲᠡᠭᠡᠭᠰᠢᠯᠡᠬᠦᠯᠵᠤ᠂ ᠭᠤᠸ᠎ᠠ | ᠦᠵᠡᠰᠬᠦᠯᠡᠩᠳᠦ ᠰᠠᠶᠢᠬᠠᠨ ᠬᠤᠰᠢᠭᠤ ᠶᠢ ᠪᠠᠶᠢᠭᠤᠯᠤᠨ᠎ᠠ᠃ 2018 ᠤᠨ ᠤ ᠲᠦᠬᠦᠮ ᠪᠦᠳᠤᠴᠡᠳᠤ ᠤᠷᠤᠨ | ᠰᠠᠭᠤᠴᠠ ᠶᠢ ᠵᠠᠰᠠᠨ ᠰᠢᠨᠡᠳᠭᠡᠬᠦ ᠢᠨᠵᠧᠨᠧᠷᠢᠩ ᠢ ᠪᠡᠶᠡᠯᠡᠬᠦᠯᠵᠤ᠂ ᠬᠤᠳᠠ ᠶᠢᠨ ᠶᠠᠪᠤᠳᠠᠯ ᠤᠨ ᠨᠢᠬᠡ ᠪᠦᠯᠤᠭ᠌ | ᠭᠤᠤᠯᠳᠠᠯᠭ᠎ᠠ ᠲᠠᠢ ᠢᠨᠵᠧᠨᠧᠷᠢᠩ ᠢ ᠡᠬᠢᠯᠡᠬᠦᠯᠤᠨ᠎ᠡ᠃ ᠬᠤᠳᠠ ᠪᠠᠯᠭᠠᠰᠤ ᠶᠢᠨ ᠴᠢᠨᠠᠷ ᠴᠢᠨᠰᠠᠭ᠎ᠠ ᠶᠢ | ᠲᠡᠬᠡᠭᠰᠢᠯᠡᠬᠦᠯᠤᠨ᠂ ︽ᠪᠤᠬᠢᠷᠳᠤᠯ ᠦᠬᠡᠢ︾ ᠪᠣᠯᠭᠠᠬᠤ ᠪᠠᠷ ᠭᠤᠤᠯ ᠬᠦᠭ ᠠᠶᠠᠰ ᠪᠤᠯᠭᠠᠵᠤ᠂ ᠭᠠᠷᠬᠤ ᠵᠠᠮ ᠬᠢᠬᠡᠤᠨ | ᠪᠠᠯᠭᠠᠰᠤᠨ ᠲᠤᠭᠤᠷᠢᠭ ᠤᠨ ᠭᠤᠤᠯ ᠵᠠᠮ ᠢ ᠨᠤᠭᠤᠭᠠᠷᠠᠭᠤᠯᠤᠨ ᠦᠵᠡᠮᠵᠢ ᠶᠢᠨ ᠪᠦᠰᠡ ᠶᠢ ᠪᠤᠢ ᠪᠤᠯᠭᠠᠨ᠎ᠠ᠃ | ᠤᠶᠤᠨᠴᠢ ᠬᠤᠳᠠ ᠶᠢᠨ ᠪᠠᠶᠢᠭᠤᠯᠤᠯᠳᠠ ᠶᠢ ᠲᠦᠷᠬᠡᠤᠡᠬᠡᠨ ᠠᠬᠢᠭᠤᠯᠵᠤ᠂ ᠬᠤᠳᠠ ᠪᠠᠯᠭᠠᠰᠤ ᠶᠢᠨ ᠬᠠᠮᠢᠶᠠᠷᠤᠯᠳᠠ ᠶᠢᠨ | ᠰᠢᠨ᠎ᠡ ᠶᠢ ᠡᠬᠦᠳᠤᠨ᠂ ᠰᠠᠭᠤᠭᠠᠯᠢ ᠠᠷᠠᠤᠨ ᠤᠨ ᠲᠤᠭᠤᠷᠢᠭ ᠤᠨ ᠬᠡᠷ ᠠᠬᠤᠢ ᠶᠢᠨ ᠪᠠᠷᠢᠮᠵᠢᠶᠠᠵᠢᠭᠰᠠᠨ | ᠪᠠᠶᠢᠭᠤᠯᠤᠯᠳᠠ ᠶᠢ ᠲᠦᠷᠢᠮᠵᠢᠬᠦᠯᠵᠤ᠂ ᠰᠠᠭᠤᠭᠠᠯᠢ ᠠᠷᠠᠳ ᠤᠨ ᠵᠦᠪᠯᠡᠯ ᠤᠨ ᠦᠢᠯᠡᠳᠤᠯ ᠢ ᠪᠠᠳᠠᠷᠠᠭᠤᠯᠤᠨ᠂ | ᠰᠢᠨᠵᠢᠯᠡᠬᠦ ᠤᠬᠠᠭᠠᠨᠴᠢᠯᠠᠭᠰᠠᠨ᠂ ᠨᠠᠷᠢᠯᠢᠭᠵᠢᠭᠤᠯᠤᠭᠰᠠᠨ᠂ ᠤᠷᠳᠤ ᠬᠤᠭᠤᠴᠠᠭᠠᠨ ᠤ ᠪᠦᠳᠤᠮᠵᠢᠳᠤ ᠠᠵᠢᠯ ᠤᠨ | ᠲᠤᠭᠳᠠᠴᠠ ᠶᠢ ᠪᠠᠶᠢᠭᠤᠯᠤᠨ᠎ᠠ᠃ ᠬᠠᠭᠤᠴᠢᠷᠠᠭᠰᠠᠨ ᠠᠰᠠᠷ ᠤᠨ ᠬᠤᠭᠤᠯᠠᠢ ᠲᠤᠤᠷ ᠤᠨ ︽ᠯᠡᠪᠡᠷᠡᠵᠤ ᠭᠤᠭᠤᠵᠢᠬᠤ︾ | ᠵᠡᠷᠬᠡ ᠶᠢ ᠭᠤᠤᠯᠳᠠᠯᠭ᠎ᠠ ᠲᠠᠢ ᠵᠠᠰᠠᠨ ᠦᠬᠡᠷᠡᠴᠢᠯᠡᠵᠤ᠂ ᠠᠷᠠᠤᠨ ᠲᠦᠮᠡᠨ ᠤ ᠠᠩᠬᠠᠷᠣᠨ ᠬᠠᠯᠠᠮᠵᠢᠯᠠᠵᠦ ᠪᠠᠶᠢᠭ᠎ᠠ | ᠠᠰᠠᠭᠤᠳᠠᠯ ᠳᠤ ᠦᠨᠡᠨᠬᠦ ᠬᠠᠷᠢᠭᠤᠯᠳᠠ ᠦᠭᠬᠦᠨ᠎ᠡ᠃ ᠠᠯᠳ᠋ᠬᠠᠮᠡᠬᠡᠯ ᠪᠠᠯᠭᠠᠰᠤᠨ ᠲᠤᠭᠤᠷᠢᠭ ᠤᠨ ᠲᠦᠬᠡᠬᠡᠯ ᠤᠰᠤᠨ | ᠤ ᠬᠤᠭᠤᠯᠠᠢ ᠲᠤᠤᠷ ᠢ ᠵᠠᠰᠠᠨ ᠦᠬᠡᠷᠡᠴᠢᠯᠡᠬᠦ ᠢᠨᠵᠧᠨᠧᠷᠢᠩ ᠪᠠ ᠲᠤᠯᠠᠭᠠᠯᠭ᠎ᠠ ᠶᠢᠨ ᠰᠤᠷᠪᠤᠯᠵᠢ ᠶᠢᠨ ᠲᠦᠷᠤᠯ | ᠵᠤᠶᠢᠯ ᠢ ᠰᠢᠨ᠎ᠡ ᠪᠠᠷ ᠪᠠᠶᠢᠭᠤᠯᠬᠤ ᠶᠢ ᠡᠬᠢᠯᠡᠨ ᠬᠡᠷᠡᠭᠵᠢᠬᠦᠯᠵᠤ᠂ ᠠᠷᠠᠤᠨ ᠤᠯᠠᠨ ᠤ ︽ᠰᠠᠨᠠᠭ᠎ᠠ ᠠᠮᠤᠷ ᠤᠰᠤ | ᠣᠤᠭᠤᠬᠤ︾᠂ ︽ᠲᠤᠯᠠᠭᠠᠨ ᠲᠠᠭᠠᠯᠠᠮᠵᠢᠳᠠᠢ ᠬᠡᠷ ᠲᠤ ᠰᠠᠭᠤᠬᠤ︾ ᠶᠢ ᠪᠠᠳᠤᠯᠠᠨ᠎ᠠ᠃ ᠪᠤᠵᠠᠷ ᠤᠰᠤ ᠶᠢ | ᠰᠢᠢᠤᠡᠪᠦᠷᠢᠯᠡᠬᠦ ᠪᠠᠷᠢᠮᠵᠢᠶ᠎ᠠ ᠶᠢ ᠲᠡᠭᠡᠭᠰᠢᠯᠡᠬᠦᠯᠤᠨ ᠵᠠᠰᠠᠨ ᠦᠭᠡᠷᠡᠴᠢᠯᠡᠵᠦ᠂ ᠲᠠᠬᠢᠨ ᠠᠰᠢᠭᠯᠠᠵᠤ ᠪᠤᠯᠬᠤ ᠤᠰᠤᠨ ᠤ | ᠰᠤᠷᠪᠤᠯᠵᠢ ᠶᠢ ᠬᠦᠢᠴᠡᠤᠨ ᠵᠦᠢ ᠵᠤᠬᠢᠰᠳᠠᠢ ᠬᠡᠷᠡᠭᠯᠡᠨ᠎ᠡ᠃ ︽ᠴᠢ ᠳ᠋ᠢ ᠰᠠᠩ ᠳ᠋ᠧ︾ ᠤᠷᠴᠢᠨ ᠲᠤᠭᠤᠷᠢᠨ ᠤ ᠡᠬᠢ | ᠪᠠᠶᠠᠯᠢᠭ ᠤᠨ ᠬᠢᠵᠠᠭᠠᠷᠳᠤ ᠺᠤᠮᠫᠠᠨᠢ ᠲᠠᠢ ᠬᠠᠮᠳᠤᠷᠠᠵᠤ᠂ ᠤᠷᠴᠢᠨ ᠲᠤᠭᠤᠷᠢᠨ ᠤ ᠠᠷᠢᠭᠤᠨ ᠴᠡᠪᠡᠷ ᠢ ᠬᠠᠮᠠᠭᠠᠯᠠᠬᠤ | ᠠᠵᠢᠯ ᠢ ᠵᠠᠬ᠎ᠠ ᠲᠡᠯᠬᠡᠬᠦᠷᠴᠢᠯᠡᠬᠦ ᠶᠢ ᠲᠦᠷᠭᠡᠳᠬᠡᠨ᠂ ᠨᠡᠩ ᠴᠡᠪᠡᠷ ᠲᠤᠬᠢᠯᠢᠭ᠂ ᠲᠡᠷᠢ ᠲᠡᠭᠰᠢᠬᠡᠨ᠂ ᠡᠮᠬᠢ ᠲᠢᠭᠯᠢᠮ | ᠲᠠᠢ ᠬᠤᠳᠠ ᠪᠠᠯᠭᠠᠰᠤ ᠶᠢᠨ ᠤᠷᠴᠢᠨ ᠲᠤᠭᠤᠷᠢᠨ ᠢ ᠴᠤᠭᠴᠠᠯᠠᠨ ᠪᠠᠶᠢᠭᠤᠯᠤᠨ᠎ᠠ᠃ ︽ᠠᠵᠤ ᠦᠢᠯᠡᠰ ᠢ ᠬᠤᠳᠠ | ᠯᠤᠭ᠎ᠠ ᠠᠭᠤᠰᠣᠯᠴᠠᠭᠤᠯᠬᠤ᠂ ᠤᠨᠤᠪᠴᠢᠳᠠᠢ ᠪᠠᠶᠢᠷᠢ ᠲᠤᠭᠳᠠᠭᠠᠬᠤ᠂ ᠴᠢᠳᠠᠮᠵᠢ ᠲᠤᠳᠤᠷᠬᠠᠢ᠂ ᠠᠯᠬᠤᠮ ᠳᠠᠷᠠᠭ᠎ᠠ | ᠲᠠᠢ ᠲᠦᠯᠬᠢᠨ ᠠᠬᠢᠭᠤᠯᠬᠤ︾ ᠬᠦᠭᠵᠢᠯᠳᠡ ᠶᠢᠨ ᠰᠡᠤᠡᠬᠢᠴᠡ ᠪᠠᠷ᠂ ᠠᠷᠤᠬᠠᠰᠢᠶᠠᠳᠤ ᠪᠠᠯᠭᠠᠰᠤ ᠪᠠᠷ ᠲᠦᠪ | ᠪᠤᠯᠭᠠᠭᠰᠠᠨ ᠪᠠᠷᠠᠭᠠᠨ ᠤ ᠬᠦᠢᠯᠬᠡᠬᠡᠨ ᠤ ᠲᠦᠪ ᠤᠷᠤᠨ ᠢ ᠲᠦᠯᠤᠪᠯᠡᠨ ᠪᠠᠶᠢᠭᠤᠯᠵᠤ᠂ ᠬᠦᠯᠤᠨ ᠪᠠᠯᠭᠠᠰᠤ᠂ ᠲᠠᠯᠠᠢ | ᠰᠤᠮᠤ ᠪᠤᠯᠤᠨ ᠪᠤᠭᠳᠠᠡᠭᠤᠯᠠ ᠰᠤᠮᠤ ᠪᠠᠷ ᠲᠦᠪ ᠪᠤᠯᠭᠠᠭᠰᠠᠨ ᠵᠠᠮ ᠲᠠᠭᠠᠤ ᠲᠠᠯ᠎ᠠ ᠨᠤᠳᠤᠭ ᠤᠨ ᠦᠵᠡᠮᠵᠢ ᠶᠢ | ᠰᠤᠨᠢᠷᠬᠠᠨ ᠵᠤᠭᠠᠴᠠᠬᠤ ᠠᠷᠠᠯᠵᠢᠶ᠎ᠠ ᠬᠤᠳᠠᠯᠳᠤᠭᠠᠨ ᠤ ᠪᠦᠰᠡ ᠶᠢ ᠪᠠᠶᠢᠭᠤᠯᠵᠤ᠂ ᠴᠡᠭ ᠢᠶᠠᠷ ᠨᠡᠶᠢᠳᠡ ᠶᠢ | ᠲᠠᠶᠢᠴᠢᠯᠠᠵᠤ᠂ ᠤᠷᠤᠨ ᠲᠤᠭᠤᠷᠢᠭ ᠬᠤᠯᠪᠤᠭᠠᠯᠠᠨ᠂ ᠬᠠᠮᠵᠢᠯᠴᠠᠨ ᠬᠦᠭᠵᠢᠬᠦ ᠶᠢ ᠪᠡᠶᠡᠯᠡᠬᠦᠯᠤᠨ᠎ᠡ᠃ ᠠᠮᠢ ᠠᠬᠤᠢ | ᠶᠢᠨ ᠤᠷᠴᠢᠨ ᠲᠤᠭᠤᠷᠢᠨ ᠢ ᠬᠠᠮᠠᠭᠠᠯᠠᠬᠤ ᠶᠢ ᠦᠷᠬᠦᠯᠵᠢᠯᠡᠨ ᠲᠦᠯᠬᠢᠨ ᠠᠬᠢᠭᠤᠯᠤᠨ᠎ᠠ᠃ ᠬᠤᠭ ᠨᠤᠪᠰᠢ ᠶᠢ | ᠰᠢᠢᠤᠡᠪᠦᠷᠢᠯᠡᠬᠦ ᠠᠵᠢᠯ ᠢ ᠪᠠᠳᠤᠳᠠᠢ ᠠᠤᠡᠬᠤᠵᠤ᠂ ᠬᠤᠰᠢᠭᠤᠨ ᠤ ᠲᠦᠪ ᠪᠠᠯᠭᠠᠰᠤ ᠶᠢᠨ ᠬᠤᠭ ᠨᠤᠪᠰᠢ ᠶᠢ | ᠰᠢᠢᠤᠡᠪᠦᠷᠢᠯᠡᠬᠦ ᠦᠢᠯᠡᠤᠡᠪᠦᠷᠢ ᠶᠢᠨ ᠡᠵᠡᠩᠨᠡᠯᠳᠡ ᠬᠠᠮᠢᠶᠠᠷᠤᠯᠳᠠ ᠶᠢ ᠰᠠᠶᠢᠵᠢᠷᠠᠭᠤᠯᠤᠨ ᠴᠢᠩᠭᠠᠤᠡᠬᠠᠵᠤ᠂ ᠭᠠᠴᠠᠭᠠᠨ ᠤ | ᠬᠤᠭ ᠨᠤᠪᠰᠢ ᠬᠠᠶᠠᠬᠤ ᠴᠡᠭ ᠢ ᠲᠦᠷᠢᠮᠵᠢᠬᠦᠯᠤᠨ᠂ ᠬᠤᠭ ᠨᠤᠪᠰᠢ ᠶᠢ ︽ᠴᠤᠭᠯᠠᠭᠤᠯᠬᠤ᠂ ᠴᠡᠪᠡᠷᠯᠡᠨ | ᠵᠦᠬᠡᠬᠡᠪᠦᠷᠢᠯᠡᠬᠦ᠂ ᠰᠢᠢᠤᠡᠪᠦᠷᠢᠯᠡᠬᠦ︾ ᠭᠤᠷᠪᠠᠨ ᠱᠠᠳᠤ ᠬᠤᠯᠪᠤᠭᠠᠯᠠᠨ ᠰᠢᠢᠤᠡᠪᠦᠷᠢᠯᠡᠬᠦ ᠰᠢᠰᠲ᠋ᠧᠮ ᠢ ᠪᠦᠷᠢᠨᠰᠢᠬᠦᠯᠤᠨ᠎ᠡ | ᠃ ᠲᠠᠯ᠎ᠠ ᠨᠤᠳᠤᠭ ᠢ ᠬᠠᠮᠢᠶᠠᠷᠤᠨ ᠬᠠᠮᠠᠭᠠᠯᠠᠬᠤ ᠶᠢ ᠪᠠᠳᠤᠳᠠᠢ ᠰᠠᠶᠢᠳᠤᠷ ᠠᠤᠡᠬᠤᠨ᠎ᠠ᠃ ᠰᠢᠨ᠎ᠡ ᠨᠢᠬᠡᠨ ᠡᠬᠡᠯᠵᠢ ᠶᠢᠨ | ᠨᠤᠳᠤᠭ ᠪᠡᠯᠴᠢᠬᠡᠷ ᠤᠨ ᠠᠮᠢ ᠠᠬᠤᠢ ᠶᠢᠨ ᠱᠠᠩᠨᠠᠯ ᠨᠦᠬᠦᠪᠦᠷᠢ ᠶᠢᠨ ᠲᠦᠷᠤ ᠶᠢᠨ ᠪᠤᠳᠤᠯᠭ᠎ᠠ ᠪᠤᠯᠤᠨ ᠮᠠᠯ ᠠᠵᠤ | ᠠᠬᠤᠢ ᠶᠢᠨ ᠦᠢᠯᠡᠤᠡᠪᠦᠷᠢᠯᠡᠯ ᠡᠵᠡᠩᠨᠡᠯᠳᠡ ᠶᠢᠨ ᠠᠷᠭ᠎ᠠ ᠬᠡᠯᠪᠡᠷᠢ ᠶᠢ ᠬᠤᠪᠢᠷᠠᠭᠤᠯᠬᠤ ᠶᠢ ᠦᠷᠬᠦᠯᠵᠢᠯᠡᠨ | ᠨᠠᠶᠢᠳᠠᠪᠤᠷᠢᠵᠢᠭᠤᠯᠵᠤ᠂ ᠡᠷᠤᠬᠡ ᠬᠤᠯᠪᠤᠭᠠᠯᠠᠨ ᠡᠵᠡᠩᠨᠡᠬᠦ ᠪᠠ ᠨᠡᠬᠦᠳᠡᠯᠯᠡᠨ ᠮᠠᠯᠵᠢᠬᠤ ᠦᠢᠯᠡᠤᠡᠪᠦᠷᠢᠯᠡᠯ ᠠᠮᠢᠳᠤᠷᠠᠯ | ᠤᠨ ᠠᠷᠭ᠎ᠠ ᠬᠡᠯᠪᠡᠷᠢ ᠶᠢ ᠵᠤᠷᠢᠭᠵᠢᠭᠤᠯᠤᠨ᠂ ᠲᠠᠯ᠎ᠠ ᠨᠤᠳᠤᠭ ᠢᠶᠠᠨ ᠠᠮᠢ ᠪᠠᠨ ᠰᠢᠭ᠋ ᠬᠠᠶᠢᠷᠠᠯᠠᠨ᠎ᠠ᠃ ᠪᠤᠵᠠᠷ ᠤᠰᠤ | ᠰᠢᠢᠤᠡᠪᠦᠷᠢᠯᠡᠬᠦ ᠰᠢᠰᠲ᠋ᠧᠮ ᠢ ᠲᠡᠬᠦᠯᠳᠡᠷᠵᠢᠬᠦᠯᠤᠨ᠂ ᠪᠣᠬᠢᠷᠳᠣᠯ ᠦᠬᠡᠢ ᠭᠠᠳᠠᠭᠰᠢᠯᠠᠭᠤᠯᠬᠤ ᠶᠢ ᠪᠡᠶᠡᠯᠡᠬᠦᠯᠤᠨ᠎ᠡ᠃ | ᠠᠮᠢ ᠠᠬᠤᠢ ᠶᠢᠨ ᠬᠠᠮᠠᠭᠠᠯᠠᠯᠳᠠ ᠶᠢ ᠯᠠᠪᠳᠠᠭᠤᠨ ᠪᠠᠳᠤᠳᠠᠢ ᠠᠤᠡᠬᠤᠨ᠎ᠠ᠃ ᠬᠦᠯᠤᠨ ᠨᠠᠭᠤᠷ ᠤᠨ ᠤᠷᠤᠰᠬᠠᠯ ᠤᠨ | ᠣᠷᠣᠨ ᠤ ᠠᠮᠢ ᠠᠬᠤᠢ ᠪᠠ ᠤᠷᠴᠢᠨ ᠲᠤᠭᠤᠷᠢᠨ ᠢ ᠶᠡᠷᠤᠩᠬᠡᠶᠢᠯᠡᠨ ᠵᠠᠰᠠᠬᠤ ᠶᠢ ᠲᠦᠷᠬᠡᠤᠡᠬᠡᠨ ᠠᠬᠢᠭᠤᠯᠵᠤ᠂ | ᠨᠠᠭᠤᠷ ᠤᠨ ᠬᠦᠪᠡᠭᠡ ᠲᠠᠭᠠᠤ ᠶᠢᠨ ᠪᠤᠬᠢᠷᠳᠤᠯ ᠢ ᠦᠷᠬᠦᠯᠵᠢᠯᠡᠨ ᠵᠠᠰᠠᠵᠤ᠂ ᠠᠮᠢ ᠠᠬᠤᠢ ᠶᠢᠨ ᠠᠷᠠᠤᠨ ᠢ ᠨᠡᠬᠦᠯᠬᠡᠬᠦ᠂ | ᠡᠯᠡᠰᠤᠷᠬᠡᠭᠵᠢᠯ ᠢ ᠰᠡᠷᠬᠡᠶᠢᠯᠡᠨ ᠵᠠᠰᠠᠬᠤ᠂ ᠲᠦᠷᠢᠮ ᠠᠴᠠ ᠵᠦᠷᠢᠴᠡᠭᠰᠡᠨ ᠪᠠᠷᠢᠯᠭ᠎ᠠ ᠶᠢ ᠨᠤᠷᠠᠭᠠᠬᠤ ᠵᠡᠷᠬᠡ ᠠᠵᠢᠯ ᠢ | ᠬᠦᠴᠤᠳᠡᠢ ᠲᠦᠯᠬᠢᠨ ᠠᠬᠢᠭᠤᠯᠵᠤ᠂ ᠪᠡᠯᠴᠢᠬᠡᠷ ᠮᠠᠭᠤᠳᠠᠬᠤ ᠶᠢ ᠰᠡᠷᠬᠡᠶᠢᠯᠡᠨ ᠵᠠᠰᠠᠬᠤ᠂ ᠤᠰᠤ ᠠᠷᠪᠢᠯᠠᠨ ᠤᠰᠤᠯᠠᠬᠤ | ᠂ ᠬᠠᠮᠠᠭᠠᠯᠠᠯᠳᠠ ᠶᠢᠨ ᠤᠷᠤᠨ ᠤ ᠤᠶᠢᠷ᠎ᠠ ᠬᠠᠪᠢ ᠶᠢᠨ ᠪᠤᠵᠠᠷ ᠤᠰᠤ ᠰᠢᠢᠤᠡᠪᠦᠷᠢᠯᠡᠬᠦ ᠦᠢᠯᠡᠤᠡᠪᠦᠷᠢ᠂ ᠤᠶᠢᠷ᠎ᠠ | ᠬᠠᠪᠢ ᠶᠢᠨ ᠮᠠᠯ ᠤᠨ ᠪᠠᠭᠠᠰᠤ ᠶᠢ ᠬᠤᠤᠷ ᠬᠦᠨᠤᠬᠡᠯ ᠦᠬᠡᠢ ᠰᠢᠢᠤᠡᠪᠦᠷᠢᠯᠡᠬᠦ᠂ ᠤᠷᠭᠠᠨᠢᠭ ᠪᠤᠷᠳᠤᠭᠤᠷ | ᠪᠤᠯᠪᠠᠰᠤᠷᠠᠭᠤᠯᠬᠤ ᠵᠡᠷᠬᠡ ᠲᠦᠷᠤᠯ ᠵᠤᠶᠢᠯ ᠢ ᠪᠦᠬᠦ ᠲᠠᠯ᠎ᠠ ᠪᠠᠷ ᠬᠡᠷᠡᠭᠵᠢᠬᠦᠯᠤᠨ᠎ᠡ᠃ | ︵ᠲᠠᠪᠤ︶ ᠠᠷᠠᠤᠨ ᠤᠨ ᠠᠮᠢᠳᠤᠷᠠᠯ ᠢ ᠰᠠᠶᠢᠵᠢᠷᠠᠭᠤᠯᠬᠤ ᠪᠦᠳᠤᠬᠡᠨ ᠪᠠᠶᠢᠭᠤᠯᠤᠯᠳᠠ ᠶᠢ ᠬᠦᠴᠤᠯᠡᠨ | ᠴᠢᠩᠭᠠᠤᠡᠬᠠᠨ᠎ᠠ᠃ ᠠᠷᠠᠤᠨ ᠤᠯᠠᠨ ᠤ ᠬᠠᠮᠤᠭ ᠠᠴᠠ ᠠᠩᠬᠠᠷᠴᠤ ᠪᠠᠶᠢᠭ᠎ᠠ᠂ ᠬᠠᠮᠤᠭ ᠤᠨ ᠰᠢᠭᠤᠤᠨ᠂ ᠬᠠᠮᠤᠭ ᠤᠨ | ᠪᠤᠳᠠᠳᠠᠢ ᠦᠨᠳᠤᠰᠤᠨ ᠠᠰᠢᠭ ᠲᠤᠰᠠ ᠲᠠᠢ ᠬᠤᠯᠪᠤᠭᠳᠠᠵᠤ ᠪᠠᠶᠢᠭ᠎ᠠ ᠠᠰᠠᠭᠤᠳᠠᠯ ᠢ ᠰᠠᠶᠢᠳᠤᠷ ᠠᠤᠡᠬᠤᠨ᠂ ᠠᠷᠠᠤᠨ | ᠤᠨ ᠠᠮᠢᠳᠤᠷᠠᠯ ᠢ ᠪᠠᠳᠤᠯᠠᠨ ᠰᠠᠶᠢᠵᠢᠷᠠᠭᠤᠯᠬᠤ ᠠᠵᠢᠯ ᠢ ᠯᠠᠪᠳᠠᠭᠤᠨ ᠪᠠᠳᠤᠳᠠᠢ ᠰᠠᠶᠢᠳᠤᠷ ᠬᠢᠵᠤ᠂ ᠠᠷᠠᠤᠨ ᠤᠯᠠᠨ ᠤ | ᠡᠳᠤᠷ ᠢᠷᠡᠬᠦᠶ᠎ᠡ ᠨᠡᠮᠡᠭᠳᠡᠵᠤ ᠪᠠᠶᠢᠭ᠎ᠠ ᠰᠠᠶᠢᠨ ᠰᠠᠶᠢᠬᠠᠨ ᠠᠮᠢᠳᠤᠷᠠᠯ ᠤᠨ ᠬᠦᠰᠡᠯ ᠡᠷᠡᠮᠡᠯᠵᠡᠯ ᠢ ᠲᠠᠰᠤᠷᠠᠯᠳᠠ ᠦᠬᠡᠢ | ᠬᠠᠩᠭᠠᠨ᠎ᠠ᠃ ᠶᠠᠳᠠᠭᠤ ᠠᠴᠠ ᠠᠩᠬᠢᠵᠢᠷᠠᠭᠤᠯᠬᠤ ᠪᠠᠬᠢᠯᠡᠯᠳᠡ ᠰᠢᠪᠳᠤᠯᠬᠤ ᠲᠠᠶᠢᠨ ᠢ ᠰᠠᠶᠢᠳᠤᠷ ᠬᠢᠨ᠎ᠡ᠃ ︽ᠳᠠᠪᠤ | ᠶᠢ ᠪᠠᠷᠢᠮᠳᠠᠯᠠᠬᠤ᠂ ᠲᠠᠪᠤᠨ ᠨᠢᠬᠡ ᠪᠦᠯᠤᠭ᠌᠂ ᠵᠢᠷᠭᠤᠭᠠᠨ ᠨᠠᠷᠢᠯᠢᠭ ᠤᠨᠤᠪᠴᠢᠳᠠᠢ︾ ᠦᠨᠳᠤᠰᠤᠨ ᠠᠷᠭ᠎ᠠ | ᠪᠣᠳᠣᠯᠭ᠎ᠠ ᠶᠢ ᠪᠦᠬᠦ ᠲᠠᠯ᠎ᠠ ᠪᠠᠷ ᠬᠡᠷᠡᠭᠵᠢᠬᠦᠯᠤᠨ᠂ ᠶᠠᠳᠠᠭᠤ ᠬᠦᠴᠢᠷᠳᠡᠯᠳᠡᠢ ᠬᠦᠮᠤᠨ ᠠᠮᠠ ᠳᠤ ᠬᠦᠳᠡᠯᠤᠩᠬᠦᠢ | ᠬᠠᠮᠢᠶᠠᠷᠤᠯᠳᠠ ᠬᠢᠵᠤ ᠂ 167 ᠡᠷᠤᠬᠡ 389 ᠶᠠᠳᠠᠭᠤ ᠬᠦᠴᠢᠷᠳᠡᠯᠳᠡᠢ ᠬᠦᠮᠤᠨ ᠠᠮᠠ ᠶᠢ ᠶᠠᠳᠠᠭᠤ ᠠᠴᠠ | ᠠᠩᠬᠢᠵᠢᠷᠠᠭᠤᠯᠬᠤ ᠶᠢ ᠲᠦᠷᠬᠡᠤᠡᠬᠡᠨ᠂ ᠴᠢᠨᠡᠬᠡᠯᠢᠭ ᠨᠡᠶᠢᠬᠡᠮ ᠢ ᠪᠦᠬᠦ ᠲᠠᠯ᠎ᠠ ᠪᠠᠷ ᠪᠡᠶᠡᠯᠡᠬᠦᠯᠬᠦ ᠳᠤ ᠳᠣᠳᠠᠭᠳᠠᠵᠦ | ᠪᠠᠶᠢᠭ᠎ᠠ ᠳᠠᠯ᠎ᠠ ᠶᠢ ᠨᠦᠬᠦᠪᠦᠷᠢᠯᠡᠨ᠎ᠡ᠃ ᠨᠡᠶᠢᠬᠡᠮ ᠤᠨ ᠪᠠᠳᠤᠯᠠᠭ᠎ᠠ ᠶᠢᠨ ᠦᠢᠯᠡᠴᠢᠯᠡᠭᠡ ᠶᠢ ᠴᠢᠩᠭᠠᠤᠡᠬᠠᠨ᠎ᠠ᠃ | ᠬᠤᠳᠠ ᠬᠦᠳᠡᠭᠡ ᠶᠢᠨ ᠰᠠᠭᠤᠭᠠᠯᠢ ᠠᠷᠠᠤᠨ ᠤᠨ ᠬᠦᠨᠳᠤ ᠡᠪᠡᠤᠡᠴᠢᠨ ᠤ ᠲᠠᠭᠠᠤᠡᠬᠠᠯ᠂ ᠲᠦᠷ ᠠᠪᠤᠷᠠᠨ ᠲᠤᠰᠠᠯᠠᠬᠤ | ᠲᠦᠷᠢᠮ ᠢ ᠲᠡᠬᠦᠯᠳᠡᠷᠵᠢᠬᠦᠯᠵᠤ᠂ ᠬᠤᠳᠠ ᠪᠠᠯᠭᠠᠰᠤ ᠶᠢᠨ ᠰᠠᠭᠤᠭᠠᠯᠢ ᠠᠷᠠᠤᠨ ᠤᠨ ᠨᠠᠰᠤᠵᠢᠯ ᠤᠨ ᠲᠠᠭᠠᠤᠡᠬᠠᠯ ᠢ | ᠪᠦᠷᠬᠦᠬᠦᠯᠬᠦ ᠪᠠ ᠡᠮ ᠡᠮᠨᠡᠯᠬᠡ ᠶᠢᠨ ᠲᠠᠭᠠᠤᠡᠬᠠᠯ ᠳᠤ ᠤᠷᠤᠯᠴᠠᠬᠤ ᠨᠤᠷᠮ᠎ᠠ ᠶᠢ ᠲᠤᠭᠳᠠᠭᠤᠨ ᠢᠶᠠᠷ ᠲᠡᠭᠡᠭᠰᠢᠯᠡᠬᠦᠯᠬᠦ | ᠶᠢ ᠪᠠᠳᠤᠯᠠᠨ᠎ᠠ ᠃ ︽ᠴᠢᠳᠠᠪᠤᠷᠢᠳᠠᠨ ᠢᠶᠠᠷ ᠬᠤᠰᠢᠭᠤ ᠪᠠᠨ ᠬᠦᠴᠤᠷᠬᠡᠭᠵᠢᠬᠦᠯᠬᠦ︾ ᠪᠠᠶᠢᠯᠳᠤᠬᠤ ᠪᠤᠳᠤᠯᠭ᠎ᠠ ᠶᠢ | ᠬᠦᠨᠵᠡᠬᠡᠢ ᠲᠤᠤᠱᠠᠯᠠᠭᠤᠯᠤᠨ᠂ ᠰᠠᠶᠢᠨ ᠰᠠᠶᠢᠬᠠᠨ ᠠᠵᠢᠯᠯᠠᠬᠤ ᠤᠷᠴᠢᠨ ᠲᠤᠭᠤᠷᠢᠨ ᠢ ᠪᠤᠢ ᠪᠤᠯᠭᠠᠨ ᠦᠭᠴᠤ᠂ | ᠡᠯ᠎ᠡ ᠲᠦᠷᠤᠯ ᠤᠨ ᠴᠢᠳᠠᠪᠤᠷᠢᠳᠠᠨ ᠤ ᠬᠤᠷᠠᠨ ᠴᠤᠭᠯᠠᠷᠠᠬᠤ ᠶᠢ ᠪᠡᠶᠡᠯᠡᠬᠦᠯᠤᠨ᠎ᠡ᠃ ᠲᠠᠶᠠᠭᠠᠷ ᠢᠶᠠᠨ ᠦᠢᠯᠡᠰ | ᠪᠤᠰᠬᠠᠬᠤ᠂ ᠪᠦᠬᠦᠨ ᠢᠶᠠᠷ ᠢᠶᠠᠨ ᠰᠢᠨ᠎ᠡ ᠶᠢ ᠡᠬᠦᠤᠡᠬᠦ ᠶᠢ ᠦᠷᠬᠦᠯᠵᠢᠯᠡᠨ ᠲᠦᠯᠬᠢᠨ ᠠᠬᠢᠭᠤᠯᠵᠤ᠂ ᠪᠦᠬᠦ ᠠᠷᠠᠤᠨ | ᠢᠶᠠᠷ ᠢᠶᠠᠨ ᠦᠢᠯᠡᠰ ᠪᠤᠰᠬᠠᠬᠤ ᠤᠷᠬᠢᠯᠤᠮ᠎ᠠ ᠬᠠᠯᠠᠭᠤᠨ ᠰᠡᠤᠡᠬᠢᠯᠬᠡ ᠶᠢ ᠬᠦᠭᠵᠢᠬᠡᠨ᠎ᠡ᠃ ᠰᠤᠶᠤᠯ ᠰᠤᠷᠭᠠᠨ | ᠬᠦᠮᠤᠵᠢᠯ ᠤᠨ ᠦᠢᠯᠡᠰ ᠤᠨ ᠬᠦᠭᠵᠢᠯᠳᠡ ᠶᠢ ᠬᠦᠴᠤᠳᠡᠢ ᠲᠦᠯᠬᠢᠨ ᠠᠬᠢᠭᠤᠯᠤᠨ᠎ᠠ᠃ ᠨᠡᠶᠢᠬᠡᠮ ᠵᠢᠷᠤᠮ ᠤᠨ | ᠭᠤᠤᠯᠯᠠᠭᠴᠢ ᠦᠷᠳᠡᠭ ᠤᠨ ᠦᠵᠡᠯᠳᠡ ᠶᠢ ᠦᠢᠯᠡᠳᠤᠯᠬᠡᠵᠢᠬᠦᠯᠵᠤ᠂ ᠲᠤᠮᠳᠠᠳᠤ ᠶᠢᠨ ᠦᠨᠳᠤᠰᠤᠳᠡᠨ ᠤ ᠰᠢᠯᠢᠳᠡᠭ | ᠰᠤᠶᠤᠯ ᠢ ᠣᠯᠠᠮᠵᠢᠯᠠᠨ ᠪᠠᠳᠠᠷᠠᠭᠤᠯᠵᠦ᠂ ᠬᠦᠨ ᠵᠤᠵᠠᠭᠠᠨ ᠦᠨᠳᠤᠰᠤᠳᠡᠨ ᠤ ᠰᠤᠶᠤᠯ ᠢ ᠴᠡᠴᠡᠭᠯᠡᠨ ᠬᠦᠭᠵᠢᠬᠦᠯᠬᠦ | ᠶᠢ ᠲᠦᠯᠬᠢᠨ ᠠᠬᠢᠭᠤᠯᠤᠨ᠎ᠠ᠃ ᠡᠬᠢ ᠪᠠᠶᠠᠯᠢᠭ ᠤᠨ ᠲᠠᠪᠠᠭᠤᠯᠢᠭ ᠢ ᠬᠦᠢᠴᠡᠤᠨ ᠠᠰᠢᠭᠯᠠᠨ᠂ ᠤᠯᠠᠨ ᠲᠦᠮᠡᠨ ᠤ | ᠰᠤᠶᠤᠯ ᠤᠨ ᠢᠳᠡᠬᠡᠯ ᠢ ᠨᠡᠮᠡᠭᠳᠡᠬᠦᠯᠵᠦ᠂ ᠤᠯᠠᠨ ᠨᠡᠶᠢᠳᠡ ᠶᠢᠨ ᠰᠤᠶᠤᠯ ᠲᠠᠮᠢᠷ ᠤᠨ ᠦᠢᠯᠡᠴᠢᠯᠡᠬᠡᠨ ᠤ ᠰᠢᠰᠲ᠋ᠧᠮ | ᠢ ᠲᠡᠭᠦᠯᠳᠡᠷᠵᠢᠬᠦᠯᠦᠨ᠂ ᠨᠤᠮ ᠤᠨ ᠰᠠᠩ᠂ ᠰᠤᠶᠤᠯ ᠤᠨ ᠤᠷᠳᠤᠨ᠂ ᠪᠡᠶ᠎ᠡ ᠶᠢᠨ ᠲᠠᠮᠢᠷ ᠤᠨ ᠤᠷᠳᠤᠨ᠂ ᠮᠠᠨᠤ | ᠴᠢᠯᠠᠭᠤᠨ ᠤ ᠮᠦᠽᠸᠢ ᠪᠠ ᠠᠵᠢᠯ ᠤᠨ ᠴᠢᠯᠤᠬᠡᠨ ᠤ ᠲᠠᠮᠢᠷ ᠤᠨ ᠰᠤᠷᠭᠠᠭᠤᠯᠢ ᠶᠢᠨ ᠪᠠᠶᠢᠭᠤᠯᠤᠯᠳᠠ ᠶᠢ | ᠲᠦᠷᠬᠡᠤᠡᠬᠡᠨ ᠠᠬᠢᠭᠤᠯᠤᠨ᠎ᠠ᠃ ᠮᠦᠰᠤ ᠴᠠᠰᠤᠨ ᠤ ᠡᠬᠢ ᠪᠠᠶᠠᠯᠢᠭ ᠢ ᠬᠦᠢᠴᠡᠤᠨ ᠠᠰᠢᠭᠯᠠᠨ᠂ ᠮᠦᠰᠤᠨ ᠲᠡᠭᠡᠷᠡᠬᠢ | ᠪᠡᠶ᠎ᠡ ᠶᠢᠨ ᠲᠠᠮᠢᠷ ᠤᠨ ᠲᠦᠷᠤᠯ ᠵᠤᠶᠢᠯ ᠢ ᠬᠦᠭᠵᠢᠬᠦᠯᠵᠤ᠂ ︽ᠪᠠᠷᠭᠤ︾ ᠮᠦᠰᠤᠨ ᠪᠦᠮᠪᠦᠭᠡ ᠶᠢᠨ ᠵᠠᠯᠠᠭᠤᠴᠤᠤᠨ | ᠪᠠᠭᠠᠴᠤᠤᠨ ᠤᠨ ᠠᠩᠬᠢ ᠶᠢ ᠪᠤᠶᠢᠵᠢᠭᠤᠯᠤᠨ ᠬᠦᠭᠵᠢᠬᠦᠯᠦᠨ᠎ᠡ᠃ ᠰᠤᠶᠤᠯ ᠤᠨ ᠦᠪ ᠢ ᠤᠯᠠᠮᠵᠢᠯᠠᠨ ᠵᠠᠯᠭᠠᠮᠵᠢᠯᠠᠬᠤ | ᠠᠮᠢᠵᠢᠷᠠᠯ ᠤᠨ ᠬᠦᠴᠤᠨ ᠢ ᠨᠡᠮᠡᠭᠳᠡᠬᠦᠯᠵᠤ᠂ ︽ᠪᠤᠭᠳᠠᠡᠭᠤᠯᠠ︾ ᠤᠯᠤᠰ ᠤᠨ ᠲᠡᠰ ᠤᠨ ᠪᠤᠳᠠᠰ ᠤᠨ ᠪᠤᠰᠤ | ᠰᠤᠶᠤᠯ ᠤᠨ ᠦᠪ ᠢ ᠭᠤᠶᠤᠴᠢᠯᠠᠨ ᠮᠡᠳᠡᠬᠦᠯᠬᠦ ᠠᠵᠢᠯ ᠢ ᠦᠷᠬᠦᠯᠵᠢᠯᠡᠨ ᠲᠦᠯᠬᠢᠨ ᠠᠬᠢᠭᠤᠯᠤᠨ᠎ᠠ᠃ ᠰᠤᠷᠬᠤ | ᠨᠠᠰᠤᠨ ᠠᠴᠠ ᠡᠮᠤᠨᠡᠬᠢ ᠰᠤᠷᠭᠠᠨ ᠬᠦᠮᠤᠵᠢᠯ ᠢ ᠠᠮᠢᠳᠤᠯᠢᠭ ᠡᠷᠬᠢᠯᠡᠵᠤ᠂ ᠨᠡᠶᠢᠬᠡᠮ ᠠᠴᠠ ᠰᠤᠷᠭᠠᠭᠤᠯᠢ ᠡᠷᠬᠢᠯᠡᠬᠦ ᠶᠢ | ᠵᠤᠷᠢᠭᠵᠢᠭᠤᠯᠤᠨ᠂ ᠦᠨᠳᠤᠷ ᠴᠢᠨᠠᠷ ᠴᠢᠨᠰᠠᠭ᠎ᠠ ᠲᠠᠢ ᠠᠯᠪᠠᠨ ᠠᠴᠠ ᠡᠷᠬᠢᠯᠡᠭᠰᠡᠨ ᠬᠡᠤᠬᠡᠤᠨ ᠤᠨ ᠴᠡᠴᠡᠷᠯᠢᠭ ᠪᠠ | ᠠᠷᠠᠤᠨ ᠠᠴᠠ ᠡᠷᠬᠢᠯᠡᠭᠰᠡᠨ ᠬᠡᠤᠬᠡᠤᠨ ᠤᠨ ᠴᠡᠴᠡᠷᠯᠢᠭ ᠢ ᠪᠠᠶᠢᠭᠤᠯᠤᠨ᠎ᠠ᠃ ᠠᠯᠪᠠᠨ ᠵᠢᠷᠤᠮ ᠤᠨ ᠰᠤᠷᠭᠠᠨ | ᠬᠦᠮᠤᠵᠢᠯ ᠢ ᠰᠠᠶᠢᠳᠤᠷ ᠡᠷᠬᠢᠯᠡᠨ᠂ ᠰᠤᠷᠭᠠᠨ ᠬᠦᠮᠤᠵᠢᠯ ᠤᠨ ᠬᠠᠳᠠᠭᠤ ᠵᠦᠬᠡᠯᠡᠨ ᠲᠤᠨᠤᠭ ᠢ ᠰᠠᠶᠢᠵᠢᠷᠠᠭᠤᠯᠵᠦ᠂ | ᠰᠤᠷᠭᠠᠭᠤᠯᠢ ᠪᠠᠷᠢᠮᠵᠢᠶᠠᠵᠢᠭᠰᠠᠨ᠂ ᠰᠤᠷᠭᠠᠨ ᠬᠦᠮᠤᠵᠢᠯ ᠰᠤᠷᠠᠭ ᠵᠠᠩᠬᠢᠴᠢᠯᠠᠭᠰᠠᠨ᠂ ᠪᠠᠭᠰᠢ ᠶᠢᠨ ᠬᠢᠷᠢ ᠬᠡᠮ | ᠲᠤᠰᠬᠠᠶᠢᠵᠢᠭᠰᠠᠨ ᠪᠠᠶᠢᠭᠤᠯᠤᠯᠳᠠ ᠶᠢ ᠲᠦᠷᠬᠡᠤᠡᠬᠡᠨ ᠠᠬᠢᠭᠤᠯᠤᠨ᠎ᠠ᠃ ᠠᠷᠠᠤᠨ ᠤᠯᠠᠨ ᠤ ᠡᠷᠡᠬᠦᠯ ᠴᠢᠬᠢᠷᠠᠭ ᠤᠨ | ᠬᠢᠷᠢ ᠲᠦᠪᠰᠢᠨ ᠢ ᠲᠡᠭᠡᠭᠰᠢᠯᠡᠬᠦᠯᠤᠨ᠎ᠡ᠃ ᠬᠤᠰᠢᠭᠤ ᠱᠠᠳᠤᠨ ᠤ ᠠᠯᠪᠠᠨ ᠠᠴᠠ ᠡᠷᠬᠢᠯᠡᠭᠰᠡᠨ ᠡᠮᠨᠡᠯᠬᠡ ᠶᠢᠨ | ᠬᠤᠷᠢᠶᠠᠨ ᠤ ᠶᠡᠷᠤᠩᠬᠡᠶᠢᠯᠡᠭᠰᠡᠨ ᠦᠬᠡᠷᠡᠴᠢᠯᠡᠯᠳᠡ ᠶᠢ ᠬᠦᠨᠵᠡᠬᠡᠶᠢᠷᠡᠭᠦᠯᠦᠨ᠂ ᠡᠮ ᠤᠨ ᠣᠷᠤᠯᠭ᠎ᠠ ᠪᠠᠷ ᠡᠮᠨᠡᠯᠬᠡ ᠶᠢᠨ | ᠬᠤᠷᠢᠶ᠎ᠠ ᠶᠢ ᠲᠡᠵᠢᠬᠡᠬᠦ ᠪᠠᠶᠢᠳᠠᠯ ᠢ ᠦᠬᠡᠶᠢᠰᠬᠡᠵᠤ᠂ ᠤᠯᠠᠨ ᠲᠦᠮᠡᠨ ᠳᠤ ᠠᠰᠢᠭ ᠬᠦᠷᠳᠡᠬᠡᠨ ᠬᠠᠷᠠᠭᠠᠯᠵᠠᠯ | ᠦᠵᠡᠬᠦᠯᠤᠨ᠎ᠡ᠃ ᠮᠤᠩᠭᠤᠯ ᠡᠮᠨᠡᠯᠬᠡ ᠶᠢᠨ ᠬᠤᠷᠢᠶᠠᠨ ᠤ ᠶᠡᠷᠤᠩᠬᠡᠶᠢᠯᠡᠭᠰᠡᠨ ᠠᠰᠠᠷ ᠤᠨ ᠡᠮ ᠨᠠᠶᠢᠷᠠᠭᠤᠯᠬᠤ ᠲᠠᠰᠤᠭ | ᠤᠨ ᠲᠦᠷᠤᠯ ᠵᠤᠶᠢᠯ᠂ ᠵᠡᠮᠳᠡᠭᠴᠤᠤᠨ ᠢ ᠨᠠᠶᠢᠳᠠᠨ ᠠᠰᠠᠷᠠᠭᠤᠯᠬᠤ ᠪᠠ ᠶᠡᠷᠤᠩᠬᠡᠶᠢᠯᠡᠭᠰᠡᠨ ᠦᠢᠯᠡᠴᠢᠯᠡᠬᠡᠨ ᠤ ᠲᠦᠪ ᠢ | ᠠᠰᠢᠭᠯᠠᠯᠳᠠ ᠳᠤ ᠤᠷᠤᠭᠤᠯᠵᠤ᠂ ︽ᠪᠦᠬᠦ ᠤᠷᠤᠨ ᠤ ᠮᠤᠩᠭᠤᠯ ᠡᠮᠨᠡᠯᠬᠡ ᠶᠢᠨ ᠠᠵᠢᠯ ᠤᠨ ᠲᠡᠷᠢᠬᠦᠨ ᠤ ᠬᠤᠰᠢᠭᠤ︾ | ᠶᠢ ᠢᠳᠡᠪᠬᠢᠳᠡᠢ ᠡᠬᠦᠳᠤᠨ ᠪᠠᠶᠢᠭᠤᠯᠤᠨ᠎ᠠ᠃ ᠰᠤᠮᠤ ᠪᠠᠯᠭᠠᠰᠤ ᠶᠢᠨ ᠡᠷᠡᠬᠦᠯ ᠬᠠᠮᠠᠭᠠᠯᠠᠯ ᠤᠨ ᠬᠤᠷᠢᠶ᠎ᠠ᠂ | ᠭᠠᠴᠠᠭᠠᠨ ᠤ ᠡᠷᠡᠬᠦᠯ ᠬᠠᠮᠠᠭᠠᠯᠠᠯ ᠤᠨ ᠬᠡᠷ ᠤᠨ ᠪᠠᠶᠢᠭᠤᠯᠤᠯᠳᠠ ᠶᠢ ᠴᠢᠩᠭᠠᠳᠬᠠᠨ᠂ ᠤᠯᠠᠨ ᠲᠦᠮᠡᠨ ᠤ ᠤᠶᠢᠷᠠᠯᠴᠠᠭ᠎ᠠ | ᠭᠠᠵᠠᠷ ᠲᠠᠭᠠᠨ ᠡᠮᠨᠡᠬᠦᠯᠬᠦ ᠤᠷᠴᠢᠨ ᠲᠤᠭᠤᠷᠢᠨ ᠢ ᠴᠢᠨᠠᠭᠰᠢᠳᠠ ᠰᠢᠯᠢᠳᠡᠭᠵᠢᠬᠦᠯᠤᠨ᠎ᠡ᠃ ᠬᠤᠶᠠᠷ ᠬᠡᠤᠬᠡᠤᠨ ᠠᠪᠬᠤ | ᠲᠦᠷᠤ ᠶᠢᠨ ᠪᠤᠳᠤᠯᠭ᠎ᠠ ᠶᠢ ᠪᠦᠬᠦ ᠲᠠᠯ᠎ᠠ ᠪᠠᠷ ᠬᠡᠷᠡᠭᠵᠢᠬᠦᠯᠦᠨ᠂ ᠡᠬᠡ ᠨᠢᠯᠬᠠᠰ ᠤᠨ ᠡᠷᠡᠬᠦᠯ ᠮᠡᠨᠳᠤ ᠶᠢᠨ | ᠦᠢᠯᠡᠴᠢᠯᠡᠭᠡ ᠶᠢ ᠰᠢᠯᠢᠳᠡᠭᠵᠢᠬᠦᠯᠤᠨ᠎ᠡ᠃ ᠨᠡᠶᠢᠬᠡᠮ ᠤᠨ ᠡᠶ᠎ᠡ ᠵᠤᠬᠢᠴᠠᠩᠭᠤᠢ ᠪᠠ ᠲᠤᠭᠳᠠᠭᠤᠨ ᠢ ᠠᠬᠢᠭᠤᠯᠤᠨ᠎ᠠ᠃ | ᠤᠯᠤᠰ ᠤᠨ ᠲᠡᠰ ᠤᠨ ᠦᠨᠳᠤᠰᠤᠳᠡᠨ ᠤ ᠪᠦᠯᠬᠦᠮᠳᠡᠯ ᠲᠠᠪᠰᠢᠯᠳᠠ ᠶᠢᠨ ᠵᠢᠱᠢᠶ᠎ᠡ ᠦᠵᠡᠬᠦᠯᠬᠦ ᠬᠤᠰᠢᠭᠤ ᠶᠢ ᠡᠬᠦᠳᠤᠨ | ᠪᠠᠶᠢᠭᠤᠯᠬᠤ ᠠᠵᠢᠯ ᠤᠨ ᠠᠬᠢᠴᠠ ᠶᠢ ᠬᠦᠴᠤᠳᠡᠢ ᠲᠦᠯᠬᠢᠨ ᠠᠬᠢᠭᠤᠯᠵᠤ᠂ ᠪᠦᠬᠦ ᠬᠤᠰᠢᠭᠤᠨ ᠤ ᠦᠨᠳᠤᠰᠤᠳᠡᠨ | ᠨᠦᠭᠦᠳ ᠤᠨ ᠠᠷᠠᠤᠨ ᠲᠦᠮᠡᠨ ᠤ ᠪᠦᠯᠬᠦᠮᠳᠡᠯ ᠬᠦᠭᠵᠢᠯᠳᠡ ᠶᠢ ᠠᠬᠢᠭᠤᠯᠤᠨ᠎ᠠ᠃ ᠬᠠᠤᠯᠢ ᠪᠠᠷ ᠬᠤᠰᠢᠭᠤ ᠪᠠᠨ | ᠵᠠᠰᠠᠬᠤ ᠶᠢ ᠬᠦᠨᠵᠡᠬᠡᠢ ᠲᠦᠯᠬᠢᠨ ᠠᠬᠢᠭᠤᠯᠵᠤ᠂ ︽ᠲᠤᠯᠤᠳᠤᠭᠠᠷ ᠲᠠᠪᠤᠨ ᠵᠢᠯ︾ ᠤᠨ ᠬᠠᠤᠯᠢ ᠲᠦᠬᠡᠮᠡᠯᠵᠢᠬᠦᠯᠬᠦ | ᠠᠵᠢᠯᠯᠠᠭ᠎ᠠ ᠶᠢ ᠯᠠᠪᠳᠠᠭᠤᠨ ᠪᠠᠳᠤᠳᠠᠢ ᠦᠷᠨᠢᠬᠦᠯᠤᠨ᠎ᠡ᠃ ᠨᠡᠶᠢᠬᠡᠮ ᠤᠨ ᠵᠦᠷᠢᠴᠡᠯ ᠪᠠ ᠠᠶᠤᠯ ᠲᠦᠭᠰᠢᠬᠦᠷᠢ ᠶᠢ | ᠪᠦᠳᠤᠮᠵᠢᠳᠡᠢ ᠤᠷᠢᠤᠡᠴᠢᠯᠠᠨ ᠰᠡᠷᠬᠡᠶᠢᠯᠡᠨ᠎ᠡ᠃ ᠠᠮᠤᠷ ᠲᠤᠭᠳᠠᠭᠤᠨ ᠰᠢᠨ᠎ᠡ ᠪᠠᠷᠭᠤ ᠪᠠᠷᠠᠭᠤᠨ ᠬᠤᠰᠢᠭᠤ ᠶᠢ | ᠪᠠᠶᠢᠭᠤᠯᠬᠤ ᠶᠢ ᠦᠷᠬᠦᠯᠵᠢᠯᠡᠨ ᠲᠦᠯᠬᠢᠨ ᠠᠬᠢᠭᠤᠯᠵᠤ᠂ ᠵᠠᠬᠢᠳᠠᠯ ᠰᠤᠷᠪᠤᠯᠵᠢᠯᠠᠭ᠎ᠠ ᠶᠢᠨ ᠨᠡᠶᠢᠬᠡᠮ ᠤᠨ ᠲᠤᠭᠳᠠᠭᠤᠨ | ᠢ ᠬᠠᠮᠠᠭᠠᠯᠠᠬᠤ ᠬᠠᠤᠯᠢ ᠲᠦᠷᠢᠮᠵᠢᠭᠰᠡᠨ ᠪᠠᠶᠢᠭᠤᠯᠤᠯᠳᠠ ᠶᠢ ᠲᠦᠯᠬᠢᠨ ᠠᠬᠢᠭᠤᠯᠵᠤ᠂ ᠨᠡᠶᠢᠬᠡᠮ ᠤᠨ ᠠᠮᠤᠷ ᠢ | ᠰᠡᠷᠬᠡᠶᠢᠯᠡᠨ ᠡᠵᠡᠮᠳᠡᠬᠦ ᠰᠢᠰᠲ᠋ᠧᠮ ᠢ ᠲᠡᠬᠦᠯᠳᠡᠷᠵᠢᠬᠦᠯᠵᠤ᠂ ᠨᠡᠶᠢᠬᠡᠮ ᠤᠨ ᠠᠮᠤᠷ ᠲᠦᠪᠰᠢᠨ ᠢ ᠶᠡᠷᠤᠩᠬᠡᠶᠢᠯᠡᠨ ᠵᠠᠰᠠᠬᠤ | ᠶᠢ ᠴᠢᠩᠭᠠᠤᠡᠬᠠᠨ᠂ ᠤᠯᠠᠨ ᠲᠦᠮᠡᠨ ᠤ ᠠᠮᠤᠷ ᠲᠦᠪᠰᠢᠨ ᠤ ᠲᠦᠷᠤᠭ᠍ᠳᠡᠯ ᠪᠤᠯᠤᠨ ᠬᠠᠨᠤᠮᠵᠢ ᠶᠢᠨ ᠬᠡᠮᠵᠢᠶ᠎ᠡ ᠶᠢ | ᠬᠦᠴᠤᠯᠡᠨ ᠲᠡᠭᠡᠭᠰᠢᠯᠡᠬᠦᠯᠤᠨ᠎ᠡ᠃ ᠠᠷᠠᠤᠨ ᠲᠦᠮᠡᠨ ᠢᠶᠠᠷ ᠦᠨᠳᠤᠰᠤ ᠪᠤᠯᠭᠠᠬᠤ ᠶᠢ ᠪᠠᠷᠢᠮᠳᠠᠯᠠᠨ᠂ ᠢᠳᠡᠬᠡᠨ ᠪᠠ | ᠡᠮ ᠤᠨ ᠵᠤᠶᠢᠯ ᠤᠨ ᠠᠮᠤᠷ ᠲᠦᠪᠰᠢᠨ ᠤ ᠬᠢᠨᠠᠨ ᠬᠠᠮᠢᠶᠠᠷᠤᠯᠳᠠ ᠶᠢ ᠴᠢᠩᠭᠠᠳᠬᠠᠵᠦ᠂ ᠠᠶᠤᠯᠬᠦᠢ | ᠦᠢᠯᠡᠤᠡᠪᠦᠷᠢᠯᠡᠯ ᠤᠨ ᠲᠤᠰᠬᠠᠢ ᠲᠦᠷᠤᠯ ᠤᠨ ᠵᠠᠰᠠᠨ ᠴᠡᠭᠴᠡᠯᠡᠯᠳᠡ ᠶᠢ ᠬᠦᠴᠤᠳᠡᠢ ᠲᠦᠯᠬᠢᠨ ᠠᠬᠢᠭᠤᠯᠵᠤ᠂ ᠠᠮᠤᠷ | ᠲᠦᠪᠰᠢᠨ ᠤ ᠬᠡᠷᠡᠭ ᠠᠳᠡᠯ ᠡᠬᠦᠰᠬᠦ ᠶᠢ ᠡᠷᠡᠰ ᠬᠤᠷᠢᠭᠯᠠᠨ ᠵᠤᠭᠰᠤᠭᠠᠨ᠎ᠠ᠃ | ᠭᠤᠷᠪᠠ᠂ ᠵᠠᠰᠠᠭ ᠤᠨ ᠤᠷᠳᠤᠨ ᠤ ᠲᠤᠰ ᠪᠡᠶ᠎ᠡ ᠶᠢᠨ ᠪᠠᠶᠢᠭᠤᠯᠤᠯᠳᠠ ᠶᠢ ᠴᠢᠬᠤᠯᠠᠴᠢᠯᠠᠵᠤ᠂ ᠠᠷᠠᠤᠨ ᠤᠨ | ᠲᠦᠯᠤᠬᠡ ᠪᠤᠳᠠᠳᠠᠢ ᠠᠵᠢᠯᠯᠠᠬᠤ ᠶᠢ ᠡᠷᠬᠢᠮᠯᠡᠬᠦ ᠰᠢᠨ᠎ᠡ ᠲᠦᠷᠢ ᠲᠦᠷᠬᠦ ᠶᠢ ᠪᠤᠢ ᠪᠤᠯᠭᠠᠨ᠎ᠠ ᠵᠠᠰᠠᠭ ᠪᠠᠷᠢᠬᠤ ᠳᠤ | ᠬᠠᠮᠤᠭ ᠤᠨ ᠴᠢᠬᠤᠯᠠ ᠨᠢ ᠪᠤᠳᠠᠳᠠᠢ ᠠᠵᠢᠯᠯᠠᠵᠤ᠂ ᠵᠤᠷᠢᠭᠳᠠᠢ ᠬᠠᠷᠢᠭᠤᠴᠠᠯᠭ᠎ᠠ ᠡᠬᠦᠷᠬᠡᠯᠡᠬᠦ ᠳᠤ ᠪᠠᠶᠢᠬᠤ ᠶᠤᠮ᠃ | ᠪᠢᠳᠡ ︽ᠲᠦᠷᠪᠡᠨ ᠤᠬᠠᠮᠰᠠᠷ︾ ᠢᠶᠠᠨ ᠲᠠᠰᠤᠷᠠᠯᠳᠠ ᠦᠬᠡᠢ ᠳᠡᠭᠡᠭᠰᠢᠯᠡᠬᠦᠯᠦᠨ᠂ ᠦᠷ᠎ᠡ ᠪᠦᠳᠤᠮᠵᠢ ᠶᠢ ᠡᠷᠬᠢᠮᠯᠡᠬᠦ | ᠪᠠᠶᠢᠭᠤᠯᠤᠯᠳᠠ ᠶᠢ ᠦᠨᠡᠨᠬᠦ ᠴᠢᠩᠭᠠᠳᠬᠠᠵᠦ᠂ ᠵᠠᠰᠠᠭ ᠶᠠᠪᠤᠭᠤᠯᠬᠤ ᠬᠢᠷᠢ ᠬᠡᠮᠵᠢᠶ᠎ᠡ ᠪᠠᠨ ᠲᠠᠰᠤᠷᠠᠯᠳᠠ ᠦᠬᠡᠢ | ᠳᠡᠭᠡᠭᠰᠢᠯᠡᠬᠦᠯᠦᠨ᠂ ᠠᠷᠠᠤᠨ ᠲᠦᠮᠡᠨ ᠤ ᠬᠠᠨᠤᠮᠵᠢᠳᠠᠢ ᠬᠠᠷᠢᠭᠤᠴᠠᠯᠭᠠᠳᠤ ᠵᠠᠰᠠᠭ ᠤᠨ ᠣᠷᠳᠤᠨ᠂ ᠦᠨᠳᠤᠷ ᠦᠷ᠎ᠡ | ᠪᠦᠳᠤᠮᠵᠢᠳᠤ ᠵᠠᠰᠠᠭ ᠤᠨ ᠤᠷᠳᠤᠨ᠂ ᠬᠠᠤᠯᠢ ᠪᠠᠷ ᠵᠠᠰᠠᠭᠰᠠᠨ ᠵᠠᠰᠠᠭ ᠤᠨ ᠤᠷᠳᠤᠨ᠂ ᠠᠷᠢᠭᠤᠨ ᠴᠢᠬᠡᠴᠢ ᠵᠠᠰᠠᠭ | ᠤᠨ ᠤᠷᠳᠤᠨ ᠪᠠ ᠦᠢᠯᠡᠴᠢᠯᠡᠬᠡᠨ ᠤ ᠵᠠᠰᠠᠭ ᠤᠨ ᠤᠷᠳᠤᠨ ᠢ ᠴᠢᠷᠮᠠᠶᠢᠨ ᠪᠠᠶᠢᠭᠤᠯᠤᠨ᠎ᠠ᠃ ᠤᠯᠤᠰ ᠲᠦᠷᠤ ᠶᠢᠨ | ᠬᠠᠷᠢᠭᠤᠴᠠᠯᠭ᠎ᠠ ᠶᠢ ᠡᠬᠦᠷᠬᠡᠯᠡᠬᠦ ᠶᠢ ᠪᠠᠷᠢᠮᠳᠠᠯᠠᠵᠤ᠂ ᠬᠠᠷᠢᠭᠤᠴᠠᠯᠭᠠᠳᠤ ᠵᠠᠰᠠᠭ ᠤᠨ ᠤᠷᠳᠤᠨ ᠢ ᠪᠠᠶᠢᠭᠤᠯᠤᠨ᠎ᠠ᠃ | ᠲᠤᠮᠳᠠᠳᠤ ᠤᠯᠤᠰ ᠤᠨ ᠤᠨᠴᠠᠯᠢᠭ ᠲᠠᠢ ᠨᠡᠶᠢᠬᠡᠮ ᠵᠢᠷᠤᠮ ᠤᠨ ᠠᠭᠤᠤ ᠶᠡᠭᠡ ᠲᠤᠭ ᠢ ᠦᠨᠳᠤᠷ ᠮᠠᠨᠳᠤᠭᠤᠯᠤᠨ᠂ | ᠦᠵᠡᠯ ᠰᠠᠨᠠᠭ᠎ᠠ ᠪᠠ ᠦᠢᠯᠡ ᠠᠵᠢᠯᠯᠠᠭ᠎ᠠ ᠲᠡᠭᠡᠷ᠎ᠡ ᠪᠠᠨ ᠨᠠᠮ ᠤᠨ ᠲᠦᠪ ᠬᠤᠷᠢᠶ᠎ᠠ ᠲᠠᠢ ᠲᠡᠭᠡᠳᠤ ᠬᠡᠮᠵᠢᠶ᠎ᠡ ᠪᠠᠷ | ᠨᠢᠬᠡᠳᠤᠯᠳᠡᠢ ᠪᠠᠶᠢᠯᠭᠠᠵᠤ᠂ ᠬᠠᠷᠢᠭᠤᠴᠠᠯᠭᠠᠳᠤ ᠲᠠᠨᠢᠯᠳᠠ ᠪᠠᠨ ᠲᠡᠭᠡᠭᠰᠢᠯᠡᠬᠦᠯᠤᠨ᠂ ᠠᠷᠠᠤᠨ ᠤᠨ ᠲᠦᠯᠤᠬᠡ ᠵᠠᠰᠠᠭ | ᠶᠠᠪᠤᠭᠤᠯᠬᠤ ᠤᠶᠢᠯᠭᠠᠭᠳᠠᠬᠤᠨ ᠢ ᠪᠠᠳᠤ ᠪᠠᠬᠢ ᠪᠤᠢ ᠪᠤᠯᠭᠠᠵᠤ᠂ ᠪᠦᠬᠦ ᠰᠡᠤᠡᠬᠢᠯ ᠪᠦᠬᠦ ᠵᠤᠷᠢᠭ ᠢᠶᠠᠷ ᠠᠷᠠᠤᠨ | ᠲᠦᠮᠡᠨ ᠳᠤ ᠦᠢᠯᠡᠴᠢᠯᠡᠬᠦ ᠵᠤᠷᠢᠯᠳᠠ ᠶᠢ ᠦᠢᠯᠡᠳᠤᠯᠬᠡᠵᠢᠬᠦᠯᠤᠨ᠂ ᠠᠷᠭ᠎ᠠ ᠪᠦᠬᠦᠨ ᠢ ᠰᠦᠪᠡᠭᠴᠢᠯᠡᠵᠦ ᠂ ᠦᠷᠬᠡᠨ | ᠤᠯᠠᠨ ᠠᠷᠠᠤᠨ ᠲᠦᠮᠡᠨ ᠳᠤ ᠪᠤᠶᠠᠨ ᠦᠢᠯᠡᠳᠤᠨ᠎ᠡ᠃ ᠦᠨᠡᠨ ᠢ ᠪᠠᠷᠢᠮᠳᠠᠯᠠᠨ ᠪᠤᠳᠠᠳᠠᠢ ᠶᠢ ᠡᠷᠬᠢᠮᠯᠡᠬᠦ ᠶᠢ | ᠪᠠᠷᠢᠮᠳᠠᠯᠠᠵᠤ᠂ ᠤᠳᠤᠷᠢᠤᠡᠬᠤ ᠺᠠᠳ᠋ᠷ ︽ᠶᠡᠭᠡ ᠶᠠᠪᠤᠳᠠᠯ ᠢ ᠪᠤᠳᠤᠯᠬᠢᠯᠠᠬᠤ᠂ ᠠᠵᠢᠯ ᠬᠢᠬᠦ ᠶᠢ ᠪᠤᠳᠤᠬᠤ᠂ ᠠᠵᠢᠯ | ᠬᠢᠵᠤ ᠲᠡᠶᠢᠯᠬᠦ᠂ ᠦᠢᠯᠡᠰ ᠪᠦᠳᠤᠬᠡᠵᠤ ᠴᠢᠳᠠᠬᠤ᠂ ᠤᠰᠤᠯ ᠠᠳᠡᠯ ᠭᠠᠷᠭᠠᠬᠤ ᠦᠬᠡᠢ ᠪᠠᠶᠢᠬᠤ᠂ ᠬᠠᠮᠳᠤ ᠠᠵᠢᠯᠯᠠᠬᠤ | ᠲᠤᠷ᠎ᠠ ᠲᠠᠢ︾ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠤᠯᠭᠠᠨ᠎ᠠ᠃ ᠤᠷᠮᠠᠰᠢᠭᠤᠯᠤᠨ ᠵᠤᠷᠢᠭᠵᠢᠭᠤᠯᠬᠤ ᠪᠠ | ᠠᠯᠳᠠᠭ᠎ᠠ ᠪᠤᠷᠤᠭᠤ ᠶᠢ ᠪᠠᠭᠳᠠᠭᠠᠨ ᠵᠠᠯᠠᠷᠠᠭᠤᠯᠬᠤ ᠲᠤᠭᠳᠠᠴᠠ ᠶᠢ ᠲᠡᠬᠦᠯᠳᠡᠷᠵᠢᠬᠦᠯᠵᠤ᠂ ᠲᠤᠭ ᠲᠡᠮᠳᠡᠭ ᠲᠤᠳᠤᠷᠬᠠᠢ | ᠪᠠᠷ ᠵᠤᠷᠢᠭᠳᠠᠢ ᠡᠬᠦᠷᠬᠡᠯᠡᠬᠦ ᠪᠠ ᠵᠤᠷᠢᠭᠳᠠᠢ ᠬᠠᠷᠢᠭᠤᠴᠠᠬᠤ ᠨᠦᠬᠦᠷ ᠲᠤ ᠬᠠᠷᠢᠭᠤᠴᠠᠵᠤ᠂ ᠦᠬᠡᠷᠡᠴᠢᠯᠡᠯᠳᠡ ᠬᠢᠵᠤ | ᠰᠢᠨ᠎ᠡ ᠶᠢ ᠡᠬᠦᠤᠡᠬᠦ ᠪᠠ ᠵᠤᠷᠢᠭᠳᠠᠢ ᠡᠬᠦᠷᠬᠡᠯᠡᠬᠦ ᠰᠢᠯᠢᠳᠡᠭ ᠰᠠᠶᠢᠨ ᠤᠷᠴᠢᠨ ᠳᠣᠭᠤᠷᠢᠨ ᠢ ᠪᠤᠢ ᠪᠤᠯᠭᠠᠨ᠎ᠠ᠃ | ᠴᠢᠳᠠᠪᠤᠷᠢ ᠪᠠᠨ ᠲᠡᠭᠡᠭᠰᠢᠯᠡᠬᠦᠯᠬᠦ ᠶᠢ ᠪᠠᠷᠢᠮᠳᠠᠯᠠᠵᠤ᠂ ᠦᠨᠳᠤᠷ ᠦᠷ᠎ᠡ ᠪᠦᠳᠤᠮᠵᠢᠳᠤ ᠵᠠᠰᠠᠭ ᠤᠨ ᠤᠷᠳᠤᠨ ᠢ | ᠪᠠᠶᠢᠭᠤᠯᠤᠨ᠎ᠠ᠃ ᠤᠯᠤᠰ ᠲᠦᠷᠤ ᠶᠢᠨ ᠴᠢᠳᠠᠪᠤᠷᠢ ᠪᠤᠯᠤᠨ ᠤᠯᠤᠰ ᠲᠦᠷᠤ ᠶᠢᠨ ᠬᠡᠪ ᠪᠤᠯᠪᠠᠰᠤᠷᠠᠯ ᠢ | ᠲᠡᠭᠡᠭᠰᠢᠯᠡᠬᠦᠯᠤᠨ᠂ ᠪᠠᠶᠢᠯᠳᠤᠬᠤ ᠪᠤᠳᠤᠯᠭ᠎ᠠ ᠶᠢᠨ ᠰᠡᠤᠡᠬᠢᠴᠡ᠂ ᠰᠢᠨ᠎ᠡ ᠶᠢ ᠡᠬᠦᠤᠡᠬᠦ ᠰᠡᠤᠡᠬᠢᠴᠡ᠂ ᠬᠤᠪᠢᠰᠤᠩᠭᠤᠢ | ᠰᠡᠤᠡᠬᠢᠴᠡ᠂ ᠬᠠᠤᠯᠢ ᠪᠠᠷ ᠵᠠᠰᠠᠬᠤ ᠰᠡᠤᠡᠬᠢᠴᠡ ᠪᠠ ᠬᠢᠵᠠᠭᠠᠷᠳᠤ ᠱᠤᠭᠤᠮ ᠢ ᠰᠠᠬᠢᠬᠤ ᠰᠡᠤᠡᠬᠢᠴᠡ ᠶᠢ ᠪᠠᠷᠢᠮᠳᠠᠯᠠᠨ | ᠬᠡᠷᠡᠭᠵᠢᠬᠦᠯᠵᠤ᠂ ᠬᠦᠴᠦᠯᠡᠨ ᠴᠢᠷᠮᠠᠶᠢᠬᠤ ᠤᠶᠤᠨ ᠰᠠᠨᠠᠭᠠᠨ ᠤ ᠲᠦᠷᠰᠤ ᠪᠠᠶᠢᠳᠠᠯ ᠢᠶᠠᠷ᠂ ᠤᠯᠠᠨ ᠲᠦᠮᠡᠨ ᠤ ᠠᠵᠢᠯ | ᠤᠨ ᠪᠠᠶᠢᠭᠤᠯᠤᠮᠵᠢ ᠶᠢᠨ ᠲᠤᠭᠳᠠᠴᠠ ᠪᠠ ᠠᠷᠭ᠎ᠠ ᠮᠠᠶ᠋ᠢᠭ ᠤᠨ ᠰᠢᠨ᠎ᠡ ᠶᠢ ᠡᠬᠦᠤᠡᠴᠤ᠂ ︽ᠬᠠᠳᠠᠭᠠᠰᠤ ᠬᠠᠳᠠᠬᠤ | ᠵᠤᠷᠢᠭ ᠰᠠᠨᠠᠭ᠎ᠠ︾ ᠪᠠᠷ ᠬᠦᠴᠢᠷ ᠪᠡᠷᠬᠡ ᠶᠢ ᠢᠯᠠᠨ᠂ ᠦᠨᠡᠨ ᠦᠬᠡ ᠬᠡᠯᠡᠵᠤ᠂ ᠪᠤᠳᠠᠳᠠᠢ ᠠᠵᠢᠯ ᠬᠢᠵᠤ᠂ ᠪᠤᠳᠠᠳᠠᠢ | ᠠᠷᠭ᠎ᠠ ᠰᠦᠪᠡᠭᠴᠢᠯᠡᠵᠤ᠂ ᠪᠤᠳᠠᠳᠤ ᠦᠷ᠎ᠡ ᠪᠦᠳᠤᠮᠵᠢ ᠶᠢ ᠡᠷᠬᠢᠮᠯᠡᠨ᠂ ᠠᠶᠤᠯ ᠲᠦᠭᠰᠢᠬᠦᠷᠢ ᠶᠢ ᠰᠡᠷᠬᠡᠶᠢᠯᠡᠨ | ᠡᠵᠡᠮᠳᠡᠬᠦ ᠲᠤᠭᠳᠠᠴᠠ ᠶᠢ ᠴᠢᠨᠠᠭᠰᠢᠳᠠ ᠲᠡᠬᠦᠯᠳᠡᠷᠵᠢᠬᠦᠯᠵᠤ᠂ ᠡᠯ᠎ᠡ ᠵᠤᠶᠢᠯ ᠤᠨ ᠪᠤᠳᠤᠯᠢᠶᠠᠨᠳᠠᠢ ᠵᠦᠷᠢᠴᠡᠯ | ᠮᠦᠷᠬᠦᠯᠳᠤᠬᠡᠨ ᠢ ᠴᠢᠳᠠᠮᠠᠭᠠᠢ ᠰᠢᠢᠤᠡᠪᠦᠷᠢᠯᠡᠵᠤ᠂ ᠠᠵᠢᠯ ᠤᠨ ᠰᠠᠨᠠᠭᠠᠴᠢᠯᠭᠠᠳᠤ ᠡᠷᠬᠡ ᠶᠢ ᠪᠠᠳᠤᠳᠠᠢ ᠡᠵᠡᠮᠳᠡᠨ᠎ᠡ᠃ | ᠲᠤᠮᠤ ᠬᠡᠷᠡᠭ ᠶᠠᠪᠤᠳᠠᠯ ᠢ ᠬᠠᠮᠳᠤᠪᠠᠷ ᠶᠠᠷᠢᠯᠴᠠᠨ ᠲᠤᠭᠳᠠᠬᠤ ᠶᠢ ᠴᠢᠩᠭ᠎ᠠ ᠨᠠᠶᠢᠳᠠᠪᠣᠷᠢᠵᠢᠭᠤᠯᠣᠨ᠂ ᠵᠠᠰᠠᠭ | ᠵᠠᠬᠢᠷᠭᠠᠨ ᠤ ᠰᠢᠢᠤᠡᠪᠦᠷᠢᠳᠤ ᠪᠤᠳᠤᠯᠭ᠎ᠠ ᠶᠢᠨ ᠬᠠᠤᠯᠢ ᠳᠤ ᠨᠡᠶᠢᠴᠡᠬᠦ ᠬᠢᠨᠠᠨ ᠪᠠᠶᠢᠴᠠᠭᠠᠯᠳᠠ᠂ ᠲᠦᠭᠰᠢᠬᠦᠷᠢ ᠶᠢᠨ | ᠦᠨᠡᠯᠡᠯᠳᠡ ᠪᠤᠯᠤᠨ ᠦᠷ᠎ᠡ ᠪᠦᠳᠤᠮᠵᠢ ᠶᠢ ᠮᠦᠷᠳᠡᠨ ᠪᠠᠶᠢᠴᠠᠭᠠᠬᠤ ᠠᠵᠢᠯ ᠢ ᠴᠢᠩᠭᠠᠳᠬᠠᠨ᠂ ᠵᠠᠰᠠᠭ ᠤᠨ | ᠤᠷᠳᠤᠨ ᠤ ᠰᠢᠢᠤᠡᠪᠦᠷᠢᠳᠤ ᠪᠤᠳᠤᠯᠭ᠎ᠠ ᠶᠢᠨ ᠰᠢᠨᠵᠢᠯᠡᠬᠦ ᠤᠬᠠᠭᠠᠨᠴᠢᠯᠠᠬᠤ ᠬᠢᠷᠢ ᠲᠦᠪᠰᠢᠨ ᠢ ᠲᠡᠭᠡᠭᠰᠢᠯᠡᠬᠦᠯᠤᠨ᠎ᠡ᠃ | ᠵᠠᠰᠠᠭ ᠤᠨ ᠶᠠᠪᠤᠳᠠᠯ ᠢ ᠱᠠᠭᠠᠷᠳᠠᠨ ᠪᠠᠶᠢᠴᠠᠭᠠᠵᠤ᠂ ᠠᠵᠢᠯ ᠤᠨ ᠦᠷ᠎ᠡ ᠪᠦᠳᠤᠮᠵᠢ ᠶᠢ ᠴᠢᠩᠭ᠎ᠠ ᠬᠢᠨᠠᠨ ᠰᠢᠯᠭᠠᠵᠤ᠂ | ᠴᠢᠩᠭ᠎ᠠ ᠬᠠᠷᠢᠭᠤᠴᠠᠯᠭ᠎ᠠ ᠨᠡᠬᠡᠮᠵᠢᠯᠡᠨ᠂ ᠠᠯᠵᠠᠭᠤ ᠵᠠᠯᠬᠠᠭᠤ ᠶᠢ ᠵᠠᠰᠠᠨ ᠦᠬᠡᠷᠡᠴᠢᠯᠡᠵᠦ᠂ ᠵᠠᠰᠠᠭ ᠶᠠᠪᠤᠭᠤᠯᠬᠤ | ᠴᠢᠳᠠᠪᠤᠷᠢ ᠶᠢ ᠲᠠᠰᠤᠷᠠᠯᠳᠠ ᠦᠬᠡᠢ ᠲᠡᠭᠡᠭᠰᠢᠯᠡᠬᠦᠯᠤᠨ᠎ᠡ᠃ ᠬᠢᠨᠠᠨ ᠵᠦᠪᠰᠢᠶᠡᠷᠡᠬᠦ ᠶᠠᠪᠤᠴᠠ ᠶᠢ ᠲᠦᠬᠦᠮᠴᠢᠯᠡᠵᠤ᠂ | ᠬᠠᠮᠢᠶᠠᠷᠤᠯᠳᠠ ᠶᠢ ᠲᠦᠷᠢᠮᠵᠢᠬᠦᠯᠤᠨ᠂ ᠠᠵᠢᠯ ᠡᠷᠬᠢᠯᠡᠬᠦ ᠦᠷ᠎ᠡ ᠪᠦᠳᠤᠮᠵᠢ ᠶᠢ ᠲᠡᠭᠡᠭᠰᠢᠯᠡᠬᠦᠯᠤᠨ᠎ᠡ᠃ ᠬᠠᠤᠯᠢ | ᠶᠤᠰᠤᠭᠠᠷ ᠵᠠᠰᠠᠭ ᠶᠠᠪᠤᠭᠤᠯᠬᠤ ᠶᠢ ᠪᠠᠷᠢᠮᠳᠠᠯᠠᠵᠤ᠂ ᠬᠠᠤᠯᠢ ᠪᠠᠷ ᠵᠠᠰᠠᠬᠤ ᠵᠠᠰᠠᠭ ᠤᠨ ᠤᠷᠳᠤᠨ ᠢ ᠪᠠᠶᠢᠭᠤᠯᠤᠨ᠎ᠠ᠃ | ᠵᠠᠰᠠᠭ ᠤᠨ ᠤᠷᠳᠤᠨ ᠤ ᠠᠵᠢᠯ ᠢ ᠪᠦᠬᠦ ᠲᠠᠯ᠎ᠠ ᠪᠠᠷ ᠬᠠᠤᠯᠢ ᠲᠦᠷᠢᠮ ᠤᠨ ᠵᠠᠮ ᠳᠤ ᠣᠷᠣᠭᠤᠯᠣᠨ᠂ ᠬᠠᠤᠯᠢ ᠪᠠᠷ | ᠵᠠᠰᠠᠬᠤ ᠰᠡᠤᠡᠬᠢᠬᠦᠢ ᠪᠠ ᠬᠠᠤᠯᠢ ᠴᠠᠭᠠᠵᠠ ᠶᠢᠨ ᠶᠠᠪᠤᠴᠠ ᠪᠠᠷ ᠲᠤᠰᠢᠶᠠᠯ ᠬᠦᠢᠴᠡᠤᠡᠬᠡᠨᠡ᠃ ︽ ᠭᠤᠷᠪᠠᠨ | ᠭᠤᠤᠯᠳᠠᠯᠭ᠎ᠠ ᠪᠠ ᠲᠤᠮᠤ ᠪᠡᠯᠡ ᠮᠦᠩᠬᠦᠨ ᠤ ᠭᠡᠷᠡᠭᠯᠡᠯᠳᠡ︾ ᠶᠢᠨ ᠰᠢᠢᠤᠡᠪᠦᠷᠢᠳᠤ ᠪᠤᠳᠤᠯᠭ᠎ᠠ ᠶᠢᠨ ᠶᠠᠪᠤᠴᠠ ᠶᠢ | ᠲᠡᠬᠦᠯᠳᠡᠷᠵᠢᠬᠦᠯᠵᠤ᠂ ᠴᠢᠬᠤᠯᠠ ᠶᠡᠭᠡ ᠵᠠᠰᠠᠭ ᠵᠠᠬᠢᠷᠭᠠᠨ ᠤ ᠰᠢᠢᠤᠡᠪᠦᠷᠢ ᠶᠢ ᠬᠠᠮᠳᠤᠪᠠᠷ ᠵᠦᠪᠳᠡᠨ ᠶᠠᠷᠢᠯᠴᠠᠵᠤ | ᠠᠷᠠᠤᠡᠴᠢᠯᠠᠯ ᠢᠶᠠᠷ ᠰᠢᠢᠤᠡᠪᠦᠷᠢᠳᠤ ᠪᠤᠳᠤᠯᠭ᠎ᠠ ᠲᠤᠭᠳᠠᠭᠠᠬᠤ ᠲᠦᠷᠢᠮ ᠢ ᠪᠠᠷᠢᠮᠳᠠᠯᠠᠨ᠎ᠠ᠃ ᠵᠠᠰᠠᠭ ᠤᠨ ᠤᠷᠳᠤᠨ ᠤ | ᠠᠵᠢᠯᠳᠠᠤᠨ ᠡᠷᠬᠡᠪᠰᠢ ᠦᠨᠳᠤᠰᠤᠨ ᠬᠠᠤᠯᠢ ᠪᠠ ᠬᠠᠤᠯᠢ ᠴᠠᠭᠠᠵᠠ ᠶᠢ ᠴᠢᠩᠭ᠎ᠠ ᠵᠢᠷᠤᠮᠯᠠᠵᠤ᠂ ᠵᠠᠰᠠᠭ ᠵᠠᠬᠢᠷᠭᠠᠨ ᠤ | ᠬᠠᠤᠯᠢ ᠬᠡᠷᠡᠭᠵᠢᠬᠦᠯᠤᠭ᠍ᠴᠢ ᠦᠨᠡᠮᠯᠡᠯ ᠲᠠᠢ ᠠᠵᠢᠯ ᠤᠨ ᠪᠠᠶᠢᠷᠢ ᠳᠤ ᠭᠠᠷᠬᠤ ᠪᠠ ᠬᠠᠤᠯᠢ ᠭᠡᠷᠡᠭᠵᠢᠬᠦᠯᠦᠭᠴᠢ ᠶᠢᠨ | ᠬᠢᠷᠢ ᠬᠡᠮ ᠤᠨ ᠬᠠᠮᠢᠶᠠᠷᠤᠯᠳᠠ ᠶᠢᠨ ᠲᠦᠷᠢᠮ ᠢ ᠴᠢᠩᠭ᠎ᠠ ᠬᠡᠷᠡᠭᠵᠢᠬᠦᠯᠵᠤ᠂ ᠵᠠᠰᠠᠭ ᠵᠠᠬᠢᠷᠭᠠᠨ ᠤ ᠬᠠᠤᠯᠢ | ᠬᠡᠷᠡᠭᠵᠢᠬᠦᠯᠤᠯᠳᠡ ᠳᠤ ᠬᠢᠨᠠᠯᠳᠠ ᠲᠠᠯᠪᠢᠬᠤ ᠶᠢ ᠴᠢᠩᠭᠠᠤᠡᠬᠠᠨ᠂ ᠬᠠᠤᠯᠢ ᠬᠡᠷᠡᠭᠵᠢᠬᠦᠯᠬᠦ ᠦᠢᠯᠡ ᠠᠵᠢᠯᠯᠠᠭ᠎ᠠ ᠶᠢ | ᠲᠦᠷᠢᠮᠵᠢᠬᠦᠯᠦᠨ᠎ᠡ᠃ ᠵᠠᠰᠠᠭ ᠤᠨ ᠶᠠᠪᠤᠳᠠᠯ ᠢ ᠢᠯᠡ ᠪᠤᠯᠭᠠᠬᠤ ᠶᠢ ᠪᠦᠬᠦ ᠲᠠᠯ᠎ᠠ ᠪᠠᠷ ᠲᠦᠯᠬᠢᠨ ᠠᠬᠢᠭᠤᠯᠵᠤ᠂ | ᠵᠠᠰᠠᠭ ᠵᠠᠬᠢᠷᠭᠠᠨ ᠤ ᠰᠢᠢᠤᠡᠪᠦᠷᠢ᠂ ᠬᠡᠷᠡᠭᠵᠢᠬᠦᠯᠤᠯᠳᠡ᠂ ᠬᠠᠮᠢᠶᠠᠷᠤᠯᠳᠠ᠂ ᠦᠢᠯᠡᠴᠢᠯᠡᠭᠡ᠂ ᠦᠷ᠎ᠡ ᠳ᠋ᠦᠩ ᠢ | ᠭᠤᠤᠯᠳᠠᠯᠭ᠎ᠠ ᠲᠠᠢ ᠢᠯᠡ ᠪᠠᠷ ᠨᠡᠶᠢᠳᠡᠯᠡᠬᠦ ᠶᠢ ᠲᠦᠯᠬᠢᠨ ᠠᠬᠢᠭᠤᠯᠵᠤ᠂ ᠠᠷᠠᠤᠨ ᠤᠯᠠᠨ ᠤ ᠪᠠᠶᠢᠳᠠᠯ ᠢ ᠤᠶᠢᠯᠠᠭᠠᠬᠤ | ᠡᠷᠬᠡ᠂ ᠤᠷᠤᠯᠴᠠᠬᠤ ᠡᠷᠬᠡ᠂ ᠢᠯᠡᠤᠡᠬᠡᠬᠦ ᠡᠷᠬᠡ ᠪᠠ ᠬᠢᠨᠠᠯᠳᠠ ᠲᠠᠯᠪᠢᠬᠤ ᠡᠷᠬᠡ ᠶᠢ ᠪᠠᠳᠤᠯᠠᠨ᠎ᠠ᠃ ᠬᠢᠨᠠᠯᠳᠠ | ᠬᠦᠯᠢᠶᠡᠬᠦ ᠶᠢ ᠪᠠᠷᠢᠮᠳᠠᠯᠠᠨ᠂ ᠠᠷᠢᠭᠤᠨ ᠴᠢᠬᠡᠴᠢ ᠵᠠᠰᠠᠭ ᠤᠨ ᠤᠷᠳᠤᠨ ᠢ ᠪᠠᠶᠢᠭᠤᠯᠤᠨ᠎ᠠ᠃ ᠬᠤᠰᠢᠭᠤᠨ ᠤ | ᠠᠷᠠᠤᠨ ᠤᠨ ᠲᠦᠯᠤᠬᠡᠯᠡᠭᠴᠢᠤᠨ ᠤᠨ ᠶᠡᠭᠡ ᠬᠤᠷᠠᠯ ᠵᠢᠴᠢ ᠪᠠᠶᠢᠩᠭᠤ ᠶᠢᠨ ᠬᠤᠷᠢᠶᠠᠨ ᠳᠤ ᠲᠤᠭᠳᠠᠭᠰᠠᠨ | ᠬᠤᠭᠤᠴᠠᠭ᠎ᠠ ᠲᠠᠢ ᠪᠠᠷ ᠠᠵᠢᠯ ᠤᠨ ᠮᠡᠳᠡᠬᠦᠯᠤᠯᠳᠡ ᠬᠢᠵᠤ᠂ ᠬᠤᠰᠢᠭᠤᠨ ᠤ ᠤᠯᠤᠰ ᠲᠦᠷᠤ ᠶᠢᠨ ᠵᠦᠪᠯᠡᠯᠬᠡᠨ ᠳᠤ | ᠪᠠᠶᠢᠳᠠᠯ ᠢᠶᠠᠨ ᠮᠡᠳᠡᠭᠳᠡᠨ᠎ᠡ᠃ ᠬᠤᠰᠢᠭᠤᠨ ᠤ ᠠᠷᠠᠤᠨ ᠤᠨ ᠲᠦᠯᠤᠬᠡᠯᠡᠭᠴᠢᠤᠨ ᠤᠨ ᠶᠡᠭᠡ ᠬᠤᠷᠠᠯ ᠵᠢᠴᠢ | ᠪᠠᠶᠢᠩᠭᠤ ᠶᠢᠨ ᠬᠤᠷᠢᠶᠠᠨ ᠤ ᠬᠠᠤᠯᠢ ᠴᠠᠭᠠᠵᠠ ᠶᠢᠨ ᠬᠢᠨᠠᠯᠳᠠ ᠪᠠ ᠬᠤᠰᠢᠭᠤᠨ ᠤ ᠤᠯᠤᠰ ᠲᠦᠷᠤ ᠶᠢᠨ ᠵᠦᠪᠯᠡᠯᠬᠡᠨ | ᠤ ᠠᠷᠠᠤᠡᠴᠢᠯᠠᠯ ᠤᠨ ᠬᠢᠨᠠᠯᠳᠠ ᠶᠢ ᠤᠬᠠᠮᠰᠠᠷ ᠠᠴᠠ ᠪᠠᠨ ᠬᠦᠯᠢᠶᠡᠵᠤ᠂ ᠶᠠᠷᠢᠶ᠎ᠠ ᠬᠡᠯᠡᠯᠴᠡᠬᠡᠨ ᠤ ᠬᠢᠨᠠᠯᠳᠠ ᠪᠠ | ᠨᠡᠶᠢᠬᠡᠮ ᠨᠡᠶᠢᠳᠡ ᠶᠢᠨ ᠬᠢᠨᠠᠯᠳᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠨ᠎ᠡ᠃ ᠬᠢᠨᠠᠨ ᠪᠤᠳᠤᠯᠳᠠ ᠶᠢᠨ | ᠪᠠᠶᠢᠴᠠᠭᠠᠯᠳᠠ ᠬᠢᠵᠤ᠂ ᠬᠢᠨᠠᠯᠳᠠ ᠲᠠᠯᠪᠢᠬᠤ ᠶᠢ ᠴᠢᠩᠭᠠᠤᠡᠬᠠᠨ᠎ᠠ᠃ ᠨᠠᠮ ᠤᠨ ᠰᠤᠷᠳᠠᠯ ᠴᠢᠬᠡᠴᠢ ᠵᠠᠰᠠᠭ ᠤᠨ | ᠪᠠᠶᠢᠭᠤᠯᠤᠯᠳᠠ ᠶᠢᠨ ᠭᠤᠤᠯ ᠴᠤᠭᠴᠠ ᠶᠢᠨ ᠬᠠᠷᠢᠭᠤᠴᠠᠯᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠵᠤ᠂ ︽ᠨᠢᠬᠡ ᠠᠵᠢᠯ | ᠤᠨ ᠪᠠᠶᠢᠷᠢ ᠬᠤᠶᠠᠷ ᠬᠠᠷᠢᠭᠤᠴᠠᠯᠭ᠎ᠠ︾ ᠶᠢ ᠦᠨᠡᠨᠬᠦ ᠬᠡᠷᠡᠭᠵᠢᠬᠦᠯᠤᠨ᠎ᠡ᠃ ᠤᠯᠤᠰ ᠲᠦᠷᠤ ᠶᠢᠨ ᠰᠠᠬᠢᠯᠭ᠎ᠠ ᠪᠠᠳᠤ ᠪᠠ | ᠤᠯᠤᠰ ᠲᠦᠷᠤ ᠶᠢᠨ ᠶᠣᠰᠣ ᠲᠦᠷᠢᠮ ᠢ ᠴᠢᠩᠭ᠎ᠠ ᠰᠠᠬᠢᠵᠤ᠂ ᠤᠳᠤᠷᠢᠤᠡᠬᠤ ᠺᠠᠳ᠋ᠷ ᠬᠤᠪᠢ ᠬᠦᠮᠤᠨ ᠤ ᠴᠢᠬᠤᠯᠠ | ᠶᠡᠭᠡ ᠬᠡᠷᠡᠭ ᠶᠠᠪᠤᠳᠠᠯ ᠢᠶᠠᠨ ᠬᠠᠷᠢᠭᠤ ᠮᠡᠳᠡᠬᠦᠯᠬᠦ᠂ ᠲᠤᠰᠢᠶᠠᠯ ᠤᠨ ᠮᠡᠳᠡᠬᠦᠯᠤᠯᠳᠡ ᠪᠠ ᠠᠷᠢᠭᠤᠨ ᠴᠢᠬᠡᠴᠢ ᠶᠢᠨ | ᠮᠡᠳᠡᠬᠦᠯᠤᠯᠳᠡ ᠬᠢᠬᠦ᠂ ᠠᠵᠤ ᠠᠬᠤᠢ ᠶᠢᠨ ᠬᠠᠷᠢᠭᠤᠴᠠᠯᠭ᠎ᠠ ᠶᠢ ᠬᠢᠨᠠᠨ ᠪᠤᠳᠤᠬᠤ ᠵᠡᠷᠬᠡ ᠲᠦᠷᠢᠮ ᠲᠤᠭᠳᠠᠭᠠᠯ ᠢ | ᠪᠠᠷᠢᠮᠳᠠᠯᠠᠨ᠎ᠠ᠃ ᠠᠯᠪᠠᠨ ᠲᠤᠰᠢᠶᠠᠯᠳᠠᠤᠨ ᠪᠠᠷᠢᠯᠭ᠎ᠠ ᠶᠢᠨ ᠲᠠᠭᠠᠭᠠᠴᠢᠯᠠᠯᠳᠠ ᠵᠠᠷᠯᠠᠬᠤ ᠪᠠ ᠲᠠᠭᠠᠭᠠᠴᠢᠯᠠᠯᠳᠠ ᠬᠦᠯᠢᠶᠡᠬᠦ | ᠂ ᠭᠠᠵᠠᠷ ᠰᠢᠷᠤᠢ ᠶᠢ ᠦᠨ᠎ᠡ ᠬᠠᠶᠠᠵᠤ ᠵᠠᠷᠯᠠᠬᠤ᠂ ᠵᠠᠰᠠᠭ ᠤᠨ ᠤᠷᠳᠤᠨ ᠬᠤᠳᠠᠯᠳᠤᠨ ᠠᠪᠬᠤ᠂ ᠦᠮᠴᠢᠯᠡᠬᠦ ᠡᠷᠬᠡ | ᠶᠢᠨ ᠠᠷᠠᠯᠵᠢᠶ᠎ᠠ ᠵᠡᠷᠬᠡ ᠠᠵᠢᠯᠯᠠᠭ᠎ᠠ ᠳᠤ ᠤᠷᠤᠯᠴᠠᠬᠤ ᠪᠤᠶᠤ ᠭᠠᠷ ᠲᠦᠷᠤᠬᠦ ᠶᠢ ᠴᠢᠩᠭ᠎ᠠ ᠵᠠᠯᠬᠠᠭᠠᠨ ᠰᠢᠢᠳᠭᠡᠨ᠎ᠡ᠃ | ᠤᠯᠠᠨ ᠲᠦᠮᠡᠨ ᠤ ᠲᠡᠷᠭᠡᠳᠡ ᠡᠬᠦᠰᠤᠭ᠍ᠰᠡᠨ ︽ᠲᠦᠷᠪᠡᠨ ᠰᠤᠷᠳᠠᠯ︾ ᠪᠠ ᠢᠯᠵᠠᠷᠠᠯ ᠤᠨ ᠠᠰᠠᠭᠤᠳᠠᠯ ᠢ | ᠦᠷᠬᠦᠯᠵᠢᠯᠡᠨ ᠪᠠᠶᠢᠴᠠᠭᠠᠨ ᠰᠢᠢᠤᠡᠬᠡᠵᠤ᠂ ᠭᠤᠤᠯᠳᠠᠯᠭ᠎ᠠ ᠲᠠᠢ ᠬᠦᠷᠢᠶ᠎ᠡ ᠬᠡᠪᠴᠢᠶᠡᠨ ᠳᠤ ᠬᠢᠨᠠᠯᠳᠠ ᠳᠠᠯᠪᠢᠨ᠂ | ᠰᠠᠬᠢᠯᠭ᠎ᠠ ᠪᠠᠳᠤ ᠶᠢ ᠬᠡᠷᠡᠭᠵᠢᠬᠦᠯᠤᠨ ᠬᠠᠷᠢᠭᠤᠴᠠᠯᠭ᠎ᠠ ᠨᠡᠬᠡᠮᠵᠢᠯᠡᠬᠦ ᠶᠢ ᠴᠢᠩᠭᠠᠤᠡᠬᠠᠨ᠎ᠠ᠃ ︽ᠠᠯᠪᠠᠨ ᠤ ᠭᠤᠷᠪᠠᠨ | ᠵᠠᠷᠤᠳᠠᠯ︾ ᠢ ᠴᠢᠩᠭ᠎ᠠ ᠬᠢᠵᠠᠭᠠᠷᠯᠠᠵᠤ᠂ ᠨᠡᠩ ᠤᠯᠠᠨ ᠪᠡᠯᠡ ᠮᠦᠩᠬᠦ ᠶᠢ ᠬᠦᠭᠵᠢᠯᠳᠡ ᠶᠢ ᠠᠬᠢᠭᠤᠯᠬᠤ᠂ ᠠᠷᠠᠤᠨ | ᠤᠨ ᠠᠮᠢᠳᠤᠷᠠᠯ ᠢ ᠰᠠᠶᠢᠵᠢᠷᠠᠭᠤᠯᠬᠤ ᠳᠤ ᠬᠡᠷᠡᠭᠯᠡᠨ᠎ᠡ᠃ ᠰᠢᠷᠭᠠᠭᠤ ᠴᠢᠷᠮᠠᠶᠢᠨ ᠲᠤᠰᠢᠶᠠᠯ ᠢᠶᠠᠨ ᠬᠦᠢᠴᠡᠤᠡᠬᠡᠬᠦ ᠶᠢ | ᠪᠠᠷᠢᠮᠳᠠᠯᠠᠵᠦ᠂ ᠦᠢᠯᠡᠴᠢᠯᠡᠬᠡᠨ ᠤ ᠵᠠᠰᠠᠭ ᠤᠨ ᠤᠷᠳᠤᠨ ᠢ ᠪᠠᠶᠢᠭᠤᠯᠤᠨ᠎ᠠ᠃ ᠠᠵᠤ ᠠᠬᠤᠶᠢᠯᠠᠯᠳᠠᠳ ᠤᠨ ᠣᠷᠮ᠎ᠠ | ᠵᠣᠷᠢᠭ ᠢ ᠬᠦᠭᠵᠢᠬᠡᠨ᠂ ᠠᠷᠠᠯᠵᠢᠶᠠᠴᠢᠨ ᠤᠷᠢᠬᠤ ᠪᠠ ᠪᠡᠯᠡ ᠤᠷᠤᠭᠤᠯᠬᠤ ᠤᠷᠴᠢᠨ ᠲᠤᠭᠤᠷᠢᠨ ᠢ | ᠰᠢᠯᠢᠳᠡᠭᠵᠢᠬᠦᠯᠵᠦ᠂ ︽ᠲᠤᠳᠤᠨᠤ︾᠂ ︽ᠴᠡᠪᠡᠷ︾ ᠰᠢᠨ᠎ᠡ ᠬᠡᠯᠪᠡᠷᠢ ᠶᠢᠨ ᠵᠠᠰᠠᠭ ᠤᠨ ᠤᠷᠳᠤᠨ ᠪᠠ | ᠬᠤᠳᠠᠯᠳᠤᠭᠠᠴᠢᠨ ᠤ ᠬᠠᠷᠢᠴᠠᠭ᠎ᠠ ᠶᠢ ᠴᠤᠭᠴᠠᠯᠠᠨ ᠪᠠᠶᠢᠭᠤᠯᠵᠤ᠂ ᠠᠵᠤ ᠠᠬᠤᠶᠢᠯᠠᠯ ᠤᠨ ᠬᠦᠭᠵᠢᠯᠳᠡ ᠳᠤ ᠰᠠᠶᠢᠨ | ᠰᠠᠶᠢᠬᠠᠨ ᠤᠷᠴᠢᠨ ᠲᠤᠭᠤᠷᠢᠨ ᠢ ᠪᠠᠶᠢᠭᠤᠯᠵᠤ ᠦᠭᠬᠦᠨ᠎ᠡ᠃ ᠵᠠᠰᠠᠭ ᠵᠠᠬᠢᠷᠭᠠᠨ ᠤ ᠦᠢᠯᠡᠴᠢᠯᠡᠬᠡᠨ ᠤ ᠦᠷ᠎ᠡ | ᠪᠦᠳᠤᠮᠵᠢ ᠶᠢ ᠲᠡᠭᠡᠭᠰᠢᠯᠡᠬᠦᠯᠤᠨ᠂ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠬᠦ ᠶᠠᠪᠤᠴᠠ ᠶᠢ ᠰᠢᠯᠢᠳᠡᠭᠵᠢᠬᠦᠯᠤᠨ | ᠴᠤᠮᠬᠠᠤᠡᠬᠠᠵᠤ᠂ ᠲᠦᠷᠢᠮ ᠳᠣᠭᠳᠠᠭᠠᠯ ᠤᠨ ᠴᠢᠨᠠᠷᠳᠠᠢ ᠦᠪᠡᠷ ᠤᠨ ᠦᠷᠳᠡᠭ ᠢ ᠪᠦᠳᠤᠮᠵᠢᠳᠡᠢ ᠪᠠᠭᠤᠷᠠᠭᠤᠯᠤᠨ᠎ᠠ᠃ | ᠲᠤᠰᠢᠶᠠᠯ ᠢᠶᠠᠨ ᠦᠨᠡᠨᠴᠢ ᠪᠠᠷ ᠬᠦᠢᠴᠡᠤᠡᠬᠡᠵᠤ᠂ ᠰᠠᠨᠠᠭᠠᠴᠢᠯᠭ᠎ᠠ ᠠᠴᠠ ᠪᠠᠨ ᠠᠵᠢᠯᠯᠠᠨ᠂ ᠴᠢᠳᠠᠮᠠᠭᠠᠢ | ᠰᠦᠪᠡᠭᠴᠢᠯᠡᠵᠤ᠂ ᠵᠤᠷᠢᠭᠳᠠᠢ ᠬᠢᠬᠦ ᠶᠢ ᠴᠠᠭ ᠢᠮᠠᠭᠳᠠ ᠪᠠᠷᠢᠮᠳᠠᠯᠠᠨ᠎ᠠ᠃ ︽ᠬᠤᠶᠠᠷ ᠢ ᠰᠤᠷᠤᠯᠴᠠᠵᠤ ᠨᠢᠬᠡ ᠳᠤ | ᠲᠡᠩᠴᠡᠬᠦᠯᠬᠦ︾ ᠰᠤᠷᠤᠯᠴᠠᠯᠭ᠎ᠠ ᠬᠦᠮᠤᠵᠢᠯ ᠢ ᠪᠠᠶᠢᠩᠭᠤᠴᠢᠯᠠᠨ ᠲᠦᠷᠢᠮᠵᠢᠬᠦᠯᠵᠤ᠂ ︽ ᠭᠤᠷᠪᠠᠨ ᠴᠢᠩᠭ᠎ᠠ ᠭᠤᠷᠪᠠᠨ | ᠪᠤᠳᠠᠳᠠᠢ︾ ᠱᠠᠭᠠᠷᠳᠠᠯᠭ᠎ᠠ ᠶᠢ ᠬᠢᠨᠠᠮᠠᠭᠠᠢ ᠦᠢᠯᠡᠳᠤᠯᠬᠡᠵᠢᠬᠦᠯᠵᠤ᠂ ᠠᠷᠠᠤᠨ ᠤᠯᠠᠨ ᠤ ᠵᠢᠷᠭᠠᠯ ᠵᠤᠪᠠᠯᠠᠩ ᠢ ᠰᠡᠤᠡᠬᠢᠯ | ᠳᠡᠭᠡᠨ ᠲᠠᠯᠪᠢᠵᠤ᠂ ᠨᠡᠶᠢᠬᠡᠮ ᠨᠡᠶᠢᠳᠡ ᠳᠤ ᠴᠠᠭ ᠲᠤᠬᠠᠢ ᠳᠤᠨᠢ ᠬᠠᠷᠢᠭᠤᠯᠳᠠ ᠦᠭᠬᠦᠨ᠎ᠡ᠃ ᠠᠷᠠᠤᠨ ᠲᠦᠮᠡᠨ ᠤ | ᠬᠦᠰᠡᠯ ᠪᠤᠳᠤᠯ ᠳᠤ ᠨᠡᠶᠢᠴᠡᠭᠰᠡᠨ᠂ ᠠᠷᠠᠤᠨ ᠲᠤ ᠬᠠᠷᠠᠭᠠᠯᠵᠠᠯ ᠦᠵᠡᠬᠦᠯᠬᠦ᠂ ᠠᠷᠠᠤᠨ ᠤᠨ ᠰᠡᠤᠡᠬᠢᠯ ᠢ ᠤᠯᠬᠤ | ᠪᠤᠳᠠᠳᠤ ᠶᠠᠪᠤᠳᠠᠯ ᠢ ᠢᠯᠡᠬᠦᠬᠡᠨ ᠬᠢᠵᠤ᠂ ᠦᠢᠯᠡᠳᠤᠯᠬᠡ᠂ ᠠᠷᠠᠤᠨ ᠲᠦᠮᠡᠨ ᠪᠠ ᠲᠡᠤᠬᠡ ᠶᠢᠨ ᠰᠢᠯᠭᠠᠯᠳᠠ ᠶᠢ | ᠬᠦᠯᠢᠶᠡᠵᠦ ᠴᠢᠳᠠᠬᠤ ᠪᠤᠳᠠᠳᠠᠢ ᠦᠷ᠎ᠡ ᠪᠦᠳᠤᠮᠵᠢ ᠭᠠᠷᠭᠠᠨ᠎ᠠ᠃ | ᠲᠦᠯᠤᠬᠡᠯᠡᠭᠴᠢᠤᠨ ᠡ︕ ᠰᠢᠨ᠎ᠡ ᠴᠠᠭ ᠦᠶ᠎ᠡ ᠳᠤ ᠤᠷᠤᠵᠤ᠂ ᠰᠢᠨ᠎ᠠ ᠠᠶᠠᠯᠠᠯ ᠢᠶᠠᠨ ᠡᠬᠢᠯᠡᠬᠦᠯᠵᠤ᠂ | ᠰᠢᠨ᠎ᠡ ᠡᠬᠦᠷᠬᠡ ᠶᠢ ᠡᠬᠦᠷᠬᠡᠯᠡᠨ᠂ ᠰᠢᠨ᠎ᠡ ᠲᠦᠰᠤᠪ ᠢ ᠵᠢᠷᠤᠭᠯᠠᠶ᠎ᠠ︕ ᠪᠢᠳᠡ ᠰᠢ ᠶᠢᠨ ᠫᠢᠩ ᠨᠦᠬᠦᠷ ᠢᠶᠠᠷ ᠭᠤᠤᠯ | ᠪᠤᠯᠭᠠᠭᠰᠠᠨ ᠨᠠᠮ ᠤᠨ ᠲᠦᠪ ᠬᠤᠷᠢᠶᠠᠨ ᠤ ᠲᠤᠭᠤᠷᠢᠨ ᠳᠤ ᠨᠢᠭᠳᠠᠷᠠᠨ ᠪᠦᠯᠬᠦᠮᠳᠡᠵᠤ᠂ ᠦᠪᠡᠷᠳᠡᠬᠡᠨ ᠵᠠᠰᠠᠬᠤ | ᠤᠷᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠤ ᠰᠢᠢᠤᠡᠪᠦᠷᠢᠳᠤ ᠪᠤᠳᠤᠯᠭ᠎ᠠ ᠶᠢᠨ ᠪᠠᠶᠢᠷᠢᠯᠠᠭᠤᠯᠤᠯᠳᠠ | ᠪᠤᠯᠤᠨ ᠬᠤᠳᠠ ᠶᠢᠨ ᠨᠠᠮ ᠤᠨ ᠬᠤᠷᠢᠶ᠎ᠠ᠂ ᠵᠠᠰᠠᠭ ᠤᠨ ᠤᠷᠳᠤᠨ ᠵᠢᠴᠢ ᠬᠤᠰᠢᠭᠤ ᠨᠠᠮ ᠤᠨ ᠬᠤᠷᠢᠶᠠᠨ ᠤ ᠪᠠᠳᠤ | ᠴᠢᠩᠭ᠎ᠠ ᠤᠳᠤᠷᠢᠳᠤᠯᠭ᠎ᠠ ᠲᠤᠤᠷ᠎ᠠ᠂ ᠤᠭ ᠰᠠᠨᠠᠭ᠎ᠠ ᠪᠠᠨ ᠦᠯᠤ ᠮᠠᠷᠳᠠᠨ᠂ ᠡᠬᠦᠷᠬᠡ ᠬᠠᠷᠢᠭᠤᠴᠠᠯᠭ᠎ᠠ ᠪᠠᠨ ᠪᠠᠳᠤ | ᠴᠡᠬᠡᠵᠢᠯᠡᠵᠤ᠂ ᠦᠨᠡᠨᠬᠦ ᠠᠤᠡᠬᠤᠨ ᠪᠤᠳᠠᠳᠠᠢ ᠠᠵᠢᠯᠯᠠᠵᠤ᠂ ᠡᠷᠡᠮᠡᠬᠡᠶᠢᠯᠡᠨ ᠲᠠᠪᠰᠢᠵᠤ᠂ ᠮᠤᠩᠭᠤᠯ ᠮᠤᠷᠢᠨ ᠤ ᠵᠤᠷᠢᠭ | ᠰᠠᠨᠠᠭ᠎ᠠ ᠶᠢ ᠪᠠᠳᠠᠷᠠᠭᠤᠯᠤᠨ᠂ ᠠᠵᠢᠯᠯᠠᠵᠤ ᠠᠮᠢᠳᠤᠷᠠᠬᠤ ᠳᠤ ᠲᠠᠭᠠᠯᠠᠮᠵᠢᠳᠠᠢ᠂ ᠰᠡᠯᠡᠬᠦᠴᠡᠨ ᠵᠤᠭᠠᠴᠠᠬᠤ ᠳᠤ ᠠᠶᠠᠳᠠᠢ᠂ | ᠠᠮᠤᠷ ᠲᠤᠭᠳᠠᠭᠤᠨ᠂ ᠪᠠᠶᠠᠨ ᠴᠢᠨᠡᠬᠡᠯᠢᠭ ᠦᠵᠡᠰᠬᠦᠯᠡᠩᠳᠤ ᠰᠠᠶᠢᠬᠠᠨ ᠰᠢᠨ᠎ᠡ ᠪᠠᠷᠭᠤ ᠪᠠᠷᠠᠭᠤᠨ ᠬᠤᠰᠢᠭᠤ ᠶᠢ | ᠴᠤᠭᠴᠠᠯᠠᠨ ᠪᠠᠶᠢᠭᠤᠯᠬᠤ ᠶᠢᠨ ᠲᠦᠯᠤᠬᠡ᠂ ︽ᠦᠵᠡᠰᠬᠦᠯᠡᠩᠳᠤ ᠰᠠᠶᠢᠬᠠᠨ ᠦᠪᠤᠷ ᠮᠤᠩᠭᠤᠯ᠂ ᠲᠤᠮᠳᠠᠳᠤ ᠶᠢᠨ | ᠦᠨᠳᠤᠰᠤᠳᠡᠨ ᠤ ᠠᠭᠤᠤ ᠶᠡᠭᠡ ᠰᠡᠷᠬᠦᠨ ᠮᠠᠨᠳᠤᠯᠳᠠ ᠶᠢᠨ ᠬᠦᠰᠡᠯ ᠵᠡᠬᠦᠳᠤ ᠶᠢ ᠲᠡᠷᠭᠡᠯᠰᠢᠬᠦᠯᠬᠦ︾ ᠰᠢᠨ᠎ᠡ ᠪᠠᠷᠭᠤ | ᠪᠠᠷᠠᠭᠤᠨ ᠬᠤᠰᠢᠭᠤᠨ ᠤ ᠰᠢᠨ᠎ᠡ ᠨᠢᠬᠡᠨ ᠬᠠᠭᠤᠳᠠᠰᠤ ᠶᠢ ᠪᠢᠴᠢᠭᠯᠡᠬᠦ ᠶᠢᠨ ᠲᠦᠯᠤᠬᠡ ᠴᠢᠷᠮᠠᠶᠢᠨ ᠲᠡᠮᠡᠴᠡᠰᠤᠬᠡᠢ︕ | | ᠳᠠᠶᠢᠯᠪᠦᠷᠢ᠄ | 1. ︽ᠲᠦᠷᠪᠡᠨ ᠬᠡᠯᠪᠡᠷᠢ︾ ᠶᠢᠨ ᠠᠮᠢ ᠠᠬᠤᠢ ᠶᠢᠨ ᠭᠡᠷ ᠪᠦᠯᠢ ᠶᠢᠨ ᠮᠠᠯᠵᠢᠯ ᠤᠨ ᠳᠠᠯᠠᠪᠠᠢ᠄ ᠮᠠᠯᠵᠢᠬᠤ | ᠳᠣᠮᠣ ᠡᠷᠦᠬᠡ ᠦᠪᠡᠷ ᠢᠶᠠᠨ ᠪᠦᠳᠦᠭᠡᠨ ᠪᠠᠶᠢᠭᠤᠯᠬᠤ ᠬᠡᠯᠪᠡᠷᠢ᠂ ᠡᠷᠦᠬᠡ ᠬᠤᠯᠪᠣᠭᠠᠯᠠᠬᠤ ᠬᠡᠯᠪᠡᠷᠢ᠂ ᠬᠤᠷᠰᠢᠶᠠᠵᠢᠯ | ᠤᠨ ᠬᠡᠯᠪᠡᠷᠢ ᠪᠠ ᠳᠡᠵᠢᠬᠡᠨ ᠦᠷᠡᠵᠢᠬᠦᠯᠬᠦ ᠵᠢᠵᠢᠭ ᠳᠣᠭᠤᠷᠢᠭ ᠪᠠᠶᠢᠭᠤᠯᠬᠤ ᠵᠡᠷᠭᠡ ᠲᠦᠷᠪᠡᠨ ᠵᠦᠢᠯ ᠤᠨ ᠬᠡᠯᠪᠡᠷᠢ | ᠪᠠᠷ ᠳᠠᠮᠵᠢᠨ᠂ ᠣᠳᠣᠬᠢᠴᠢᠯᠠᠭᠰᠠᠨ ᠠᠮᠢ ᠠᠬᠤᠢ ᠶᠢᠨ ᠭᠡᠷ ᠪᠦᠯᠢ ᠶᠢᠨ ᠮᠠᠯᠵᠢᠯ ᠤᠨ ᠳᠠᠯᠠᠪᠠᠢ ᠶᠢ ᠬᠦᠭᠵᠢᠬᠦᠯᠬᠦ ᠶᠢ | ᠵᠢᠭᠠᠨ᠎ᠠ᠃ | 2. ︽ᠭᠤᠷᠪᠠᠨ ᠳᠣᠷ᠎ᠠ ᠪᠠᠷ ᠢᠶᠠᠨ ᠪᠠᠶᠢᠬᠤ︾᠄ ᠬᠤᠳᠠ ᠪᠠᠯᠭᠠᠰᠣᠨ ᠤ ᠪᠦᠳᠦᠭᠡᠨ ᠪᠠᠶᠢᠭᠤᠯᠣᠯᠳᠠ ᠶᠢᠨ | ᠬᠠᠮᠢᠶᠠᠷᠣᠯᠳᠠ ᠳᠣᠮᠳᠠᠬᠢ ᠳᠣᠷ᠎ᠠ ᠪᠠᠷ ᠢᠶᠠᠨ ᠵᠣᠭᠰᠣᠭᠠᠬᠤ᠂ ᠳᠣᠷ᠎ᠠ ᠪᠠᠷ ᠢᠶᠠᠨ ᠳᠠᠯᠪᠢᠬᠤ ᠪᠠ ᠳᠣᠷ᠎ᠠ ᠪᠠᠷ ᠢᠶᠠᠨ | ᠪᠠᠶᠢᠭᠤᠯᠬᠤ ᠶᠢ ᠵᠢᠭᠠᠨ᠎ᠠ᠃ | 3. ︽ᠨᠢᠬᠡ ᠳᠣᠭᠤᠷᠢᠭ ᠲᠦᠷᠪᠡᠨ ᠱᠣᠭᠤᠮ +︾᠄ ᠠᠯᠳ᠋ᠬᠠᠮᠡᠬᠡᠯ ᠪᠠᠯᠭᠠᠰᠣ ᠪᠠᠷ ᠲᠦᠪ ᠪᠣᠯᠭᠠᠵᠦ᠂ | ᠬᠤᠰᠢᠭᠤᠨ ᠤ ᠬᠢᠯᠢ ᠶᠢ ᠭᠤᠯᠳᠣ ᠠᠯᠣᠰᠯᠠᠭᠰᠠᠨ ᠬᠢᠯᠢ ᠳᠠᠭᠠᠣ ᠵᠠᠰᠠᠮᠠᠯ ᠵᠠᠮ᠂ ᠮᠠᠨᠵᠣᠣᠷ ᠬᠦᠷᠬᠦ᠂ ᠠᠷᠣᠬᠠᠰᠢᠶᠠᠳᠣ | ᠪᠣᠭᠤᠮᠳᠠ ᠬᠦᠷᠬᠦ᠂ ᠷᠠᠰᠢᠶᠠᠨ ᠬᠤᠳᠠ ᠬᠦᠷᠬᠦ᠂ ᠪᠣᠶᠢᠷ ᠰᠣᠮᠣ ᠬᠦᠷᠬᠦ᠂ ᠠᠭᠠᠷ ᠠᠶᠠᠯᠠᠯ ᠤᠨ ᠪᠣᠰᠤᠭ᠎ᠠ ᠴᠣᠭᠴᠠᠳᠣ | ᠵᠠᠮ ᠬᠠᠷᠢᠯᠴᠠᠭᠠᠨ ᠤ ᠳᠣᠣᠷ ᠰᠦᠯᠵᠢᠶᠡᠨ ᠤ ᠪᠦᠳᠦᠴᠡ ᠶᠢ ᠵᠢᠭᠠᠨ᠎ᠠ᠃ | 4. ︽1 + X︾ ᠰᠣᠮᠣ ᠪᠠᠯᠭᠠᠰᠣᠨ ᠤ ᠶᠡᠷᠦᠩᠬᠡᠶᠢᠯᠡᠭᠰᠡᠨ ᠬᠠᠥᠯᠢ ᠬᠡᠷᠡᠭᠵᠢᠬᠦᠯᠬᠦ ᠪᠠᠶᠢᠭᠤᠯᠣᠮᠵᠢ ᠶᠢᠨ | ᠦᠬᠡᠷᠡᠴᠢᠯᠡᠯᠳᠡ᠄ ︽1︾ ᠭᠡᠳᠡᠭ ᠨᠢ ᠰᠣᠮᠣ ᠪᠠᠯᠭᠠᠰᠣ ᠨᠢᠬᠡᠪᠦᠷᠢ ᠪᠦᠷᠢ ᠨᠢᠬᠡ ᠵᠠᠰᠠᠭ ᠵᠠᠬᠢᠷᠭᠠᠨ ᠤ ᠬᠠᠥᠯᠢ | ᠬᠡᠷᠡᠭᠵᠢᠬᠦᠯᠬᠦ ᠪᠠᠶᠢᠭᠤᠯᠣᠮᠵᠢ ᠶᠢ ᠪᠠᠶᠢᠭᠤᠯᠬᠤ ᠶᠢ ᠵᠢᠭᠠᠨ᠎ᠠ᠃ ︽X︾ ᠭᠡᠳᠡᠭ ᠨᠢ ᠬᠤᠰᠢᠭᠤᠨ ᠤ ᠣᠷᠣᠨ | ᠰᠠᠭᠤᠴᠠ ᠪᠠ ᠬᠤᠳᠠ ᠬᠦᠳᠡᠭᠡ ᠶᠢᠨ ᠪᠦᠳᠦᠭᠡᠨ ᠪᠠᠶᠢᠭᠤᠯᠣᠯᠳᠠ ᠶᠢᠨ ᠲᠦᠯᠦᠪᠵᠢᠬᠦᠯᠬᠡ ᠶᠢᠨ ᠳᠣᠪᠴᠢᠶ᠎ᠠ᠂ ᠣᠯᠣᠰ | ᠤᠨ ᠭᠠᠵᠠᠷ ᠰᠢᠷᠣᠢ ᠶᠢᠨ ᠡᠬᠢ ᠪᠠᠶᠠᠯᠢᠭ ᠤᠨ ᠳᠣᠪᠴᠢᠶ᠎ᠠ᠂ ᠳᠠᠷᠢᠶᠠᠯᠠᠩ ᠮᠠᠯ ᠠᠵᠦ ᠠᠬᠤᠢ ᠶᠢᠨ ᠳᠣᠪᠴᠢᠶ᠎ᠠ ᠪᠠ | ᠣᠢ ᠰᠢᠭᠤᠢ ᠣᠰᠣᠨ ᠤ ᠶᠠᠪᠣᠳᠠᠯ ᠤᠨ ᠳᠣᠪᠴᠢᠶ᠎ᠠ ᠵᠡᠷᠭᠡ ᠰᠠᠯᠠᠭ᠎ᠠ ᠮᠦᠴᠢᠷ ᠬᠠᠮᠢᠶ᠎ᠠ ᠪᠦᠬᠦᠢ ᠵᠠᠰᠠᠭ ᠵᠠᠬᠢᠷᠭᠠᠨ ᠤ | ᠡᠷᠬᠡ ᠪᠠᠨ ᠡᠯ᠎ᠡ ᠰᠣᠮᠣ ᠪᠠᠯᠭᠠᠰᠣᠨ ᠤ ᠶᠡᠷᠦᠩᠬᠡᠶᠢᠯᠡᠭᠰᠡᠨ ᠬᠠᠥᠯᠢ ᠬᠡᠷᠡᠭᠵᠢᠬᠦᠯᠬᠦ ᠭᠠᠵᠠᠷ ᠲᠤ ᠳᠣᠷᠣᠭᠰᠢ | ᠪᠠᠭᠤᠯᠭᠠᠬᠤ ᠶᠢ ᠵᠢᠭᠠᠨ᠎ᠠ᠃ | 5. ︽ᠭᠤᠷᠪᠠ ᠶᠢ ᠳᠣᠰᠬᠤᠨ ᠪᠠ ᠡᠷᠦᠬᠡ ᠳᠤ ᠬᠦᠷᠭᠡᠬᠦ︾᠄ ︽ᠭᠤᠷᠪᠠ ᠶᠢ ᠳᠣᠰᠬᠤᠨ ᠳᠤ ᠬᠦᠷᠭᠡᠬᠦ︾ | ᠭᠡᠳᠡᠭ ᠨᠢ ᠲᠦᠯᠦᠪᠵᠢᠬᠦᠯᠬᠡ ᠶᠢ ᠳᠣᠰᠬᠤᠨ ᠳᠤ ᠬᠦᠷᠭᠡᠬᠦ᠂ ᠲᠦᠷᠦᠯ ᠵᠦᠢᠯ ᠢ ᠳᠣᠰᠬᠤᠨ ᠳᠤ ᠬᠦᠷᠭᠡᠬᠦ᠂ | ᠺᠠᠳ᠋ᠷᠴᠣᠳ ᠢ ᠳᠣᠰᠬᠤᠨ ᠳᠤ ᠬᠦᠷᠬᠡᠬᠦ ᠶᠢ ᠵᠢᠭᠠᠨ᠎ᠠ᠃ ︽ᠭᠤᠷᠪᠠ ᠶᠢ ᠡᠷᠦᠬᠡ ᠳᠤ ᠬᠦᠷᠭᠡᠬᠦ︾ ᠭᠡᠳᠡᠭ ᠨᠢ | ᠲᠦᠯᠦᠪᠵᠢᠬᠦᠯᠬᠡ ᠶᠢ ᠡᠷᠦᠬᠡ ᠳᠤ ᠬᠦᠷᠭᠡᠬᠦ᠂ ᠲᠦᠷᠦᠯ ᠵᠦᠢᠯ ᠢ ᠡᠷᠦᠬᠡ ᠳᠤ ᠬᠦᠷᠭᠡᠬᠦ ᠪᠠ ᠺᠠᠳ᠋ᠷᠴᠣᠳ ᠢ ᠡᠷᠦᠬᠡ | ᠳᠤ ᠬᠦᠷᠭᠡᠬᠦ ᠶᠢ ᠵᠢᠭᠠᠨ᠎ᠠ᠃ | 6. ︽ᠳᠣᠯᠣᠭᠠᠨ ᠬᠡᠯᠪᠡᠷᠢ︾᠄ ︽ᠪᠣᠬᠢᠷᠳᠣᠯ ᠦᠬᠡᠢ᠂ ᠠᠮᠢ ᠠᠬᠤᠶᠢᠴᠢ᠂ ᠣᠷᠴᠢᠨ ᠳᠣᠭᠤᠷᠢᠨ ᠢ | ᠬᠠᠮᠠᠭᠠᠯᠠᠭᠰᠠᠨ ᠂ ᠰᠢᠨᠵᠢᠯᠡᠭᠡ ᠮᠡᠷᠭᠡᠵᠢᠯ᠂ ᠬᠦᠮᠦᠨ ᠢᠷᠭᠡᠨᠰᠢᠯ᠂ ᠡᠶ᠎ᠡ ᠵᠣᠬᠢᠴᠠᠩᠭᠤᠢ᠂ ᠠᠶᠣᠯᠬᠦᠢ︾ ᠠᠭᠤᠷᠬᠠᠢ ᠶᠢ | ᠪᠦᠳᠦᠭᠡᠨ ᠪᠠᠶᠢᠭᠤᠯᠬᠤ ᠶᠢ ᠵᠢᠭᠠᠨ᠎ᠠ᠃ | 7. ︽ᠨᠢᠬᠡ ᠣᠷᠣᠨ ᠬᠤᠶᠠᠷ ᠰᠠᠭᠤᠷᠢᠨ ᠭᠠᠵᠠᠷ ᠲᠦᠷᠪᠡᠨ ᠰᠣᠷᠭᠠᠭᠤᠯᠢ ᠳᠠᠪᠣᠵᠢᠭᠤᠯᠬᠤ︾᠄ ᠨᠢᠬᠡ | ᠣᠷᠣᠨ ᠬᠡᠳᠡᠭ ᠨᠢ ᠠᠯᠪᠠᠨ ᠵᠢᠷᠣᠮ ᠤᠨ ᠰᠣᠷᠭᠠᠨ ᠬᠦᠮᠦᠵᠢᠯ ᠢ ᠲᠡᠩᠴᠡᠭᠦᠷᠢᠳᠡᠢ ᠬᠦᠭᠵᠢᠬᠦᠯᠦᠭᠰᠡᠨ ᠵᠢᠱᠢᠶ᠎ᠡ | ᠦᠵᠡᠬᠦᠯᠬᠦ ᠣᠷᠣᠨ ᠢ ᠵᠢᠭᠠᠨ᠎ᠠ᠃ ᠬᠤᠶᠠᠷ ᠰᠠᠭᠤᠷᠢᠨ ᠭᠠᠵᠠᠷ ᠬᠡᠳᠡᠭ ᠨᠢ ᠬᠡᠪ ᠴᠢᠨᠠᠷ ᠤᠨ ᠰᠣᠷᠭᠠᠨ ᠬᠦᠮᠦᠵᠢᠯ ᠢ | ᠦᠢᠯᠡᠳᠦᠯᠬᠡᠵᠢᠬᠦᠯᠬᠦ ᠰᠠᠭᠤᠷᠢᠨ ᠭᠠᠵᠠᠷ ᠪᠠ ᠰᠣᠷᠭᠠᠭᠤᠯᠢ ᠶᠢᠨ ᠬᠦᠷᠢᠶᠡᠨ ᠤ ᠬᠦᠯ ᠪᠦᠮᠪᠦᠭᠡ ᠶᠢᠨ ᠰᠠᠭᠤᠷᠢᠨ | ᠭᠠᠵᠠᠷ ᠪᠠᠶᠢᠭᠤᠯᠬᠤ ᠶᠢ ᠵᠢᠭᠠᠨ᠎ᠠ᠃ ᠲᠦᠷᠪᠡᠨ ᠰᠣᠷᠭᠠᠭᠤᠯᠢ ᠬᠡᠳᠡᠭ ᠨᠢ ᠦᠨᠳᠦᠰᠦᠳᠡᠨ ᠤ ᠣᠯᠠᠮᠵᠢᠯᠠᠯᠳᠣ ᠰᠣᠶᠣᠯ | ᠤᠨ ᠰᠣᠷᠭᠠᠭᠤᠯᠢ᠂ ᠪᠢᠴᠢᠭ ᠤᠨ ᠦᠨᠦᠷ ᠬᠠᠩᠬᠤᠯᠣᠭᠰᠠᠨ ᠰᠣᠷᠭᠠᠭᠤᠯᠢ᠂ ᠪᠣᠯᠪᠠᠰᠣᠨ ᠰᠣᠷᠭᠠᠭᠤᠯᠢ ᠪᠠ ᠣᠶᠣᠨᠴᠢ | ᠰᠣᠷᠭᠠᠭᠤᠯᠢ ᠶᠢ ᠵᠢᠭᠠᠨ᠎ᠠ᠃ ᠳᠠᠪᠣᠵᠢᠭᠤᠯᠬᠤ ᠬᠡᠳᠡᠭ ᠨᠢ ᠰᠣᠷᠭᠠᠨ ᠬᠦᠮᠦᠵᠢᠯ ᠢ ᠲᠡᠩᠴᠡᠭᠦᠷᠢᠰᠢᠬᠦᠯᠬᠦ᠂ | ᠰᠢᠯᠢᠳᠡᠭᠵᠢᠬᠦᠯᠬᠦ᠂ ᠣᠨᠴᠠᠯᠢᠭᠵᠢᠭᠤᠯᠬᠤ᠂ ᠣᠳᠣᠬᠢᠴᠢᠯᠠᠬᠤ ᠪᠠ ᠲᠡᠯᠡᠬᠡᠶᠢᠴᠢᠯᠡᠬᠦ ᠶᠢ ᠨᠢᠬᠡ ᠴᠣᠭᠴᠠᠵᠢᠭᠤᠯᠣᠨ | ᠬᠤᠯᠪᠣᠭᠠᠯᠠᠨ ᠬᠦᠭᠵᠢᠬᠦᠯᠬᠦ ᠶᠢ ᠵᠢᠭᠠᠨ᠎ᠠ᠃ | 8. ︽ᠭᠤᠷᠪᠠᠨ ᠪᠦᠳᠦᠭᠡᠭᠳᠡᠬᠦᠨ ᠨᠢᠬᠡ ᠰᠢᠨᠵᠢ ᠳᠡᠮᠳᠡᠭ︾᠄ ︽ᠭᠤᠷᠪᠠᠨ ᠪᠦᠳᠦᠭᠡᠭᠳᠡᠬᠦᠨ︾ ᠭᠡᠳᠡᠭ ᠨᠢ | ᠬᠤᠤᠷᠳᠠᠯ ᠦᠬᠡᠢ ᠳᠠᠷᠢᠶᠠᠯᠠᠩ ᠤᠨ ᠪᠦᠳᠦᠭᠡᠭᠳᠡᠬᠦᠨ᠂ ᠪᠣᠬᠢᠷᠳᠣᠯ ᠦᠬᠡᠢ ᠢᠳᠡᠭᠡᠨ᠂ ᠣᠷᠭᠠᠨᠢᠭ ᠳᠠᠷᠢᠶᠠᠯᠠᠩ ᠤᠨ | ᠪᠦᠳᠦᠭᠡᠭᠳᠡᠬᠦᠨ ᠪᠠ ᠮᠠᠯ ᠤᠨ ᠠᠰᠢᠭ ᠰᠢᠮ᠎ᠡ ᠶᠢ ᠵᠢᠭᠠᠨ᠎ᠠ᠃ ︽ᠨᠢᠬᠡ ᠰᠢᠨᠵᠢ ᠳᠡᠮᠳᠡᠭ︾ ᠭᠡᠳᠡᠭ ᠨᠢ ᠳᠠᠷᠢᠶᠠᠯᠠᠩ | ᠤᠨ ᠪᠦᠳᠦᠭᠡᠭᠳᠡᠬᠦᠨ ᠪᠠ ᠮᠠᠯ ᠤᠨ ᠠᠰᠢᠭ ᠰᠢᠮ᠎ᠡ ᠶᠢᠨ ᠭᠠᠵᠠᠷ ᠵᠦᠢ ᠶᠢᠨ ᠰᠢᠨᠵᠢ ᠳᠡᠮᠳᠡᠭ ᠢ ᠵᠢᠭᠠᠨ᠎ᠠ᠃ |