ᠰᠢᠨᠬᠤᠧᠠ ᠮᠤᠩᠭᠤᠯ ᠨᠧᠲ ᠬᠦᠬᠡᠬᠤᠲᠠ ᠶᠢᠨ 5 ᠰᠠᠷ᠎ᠠ ᠶᠢᠨ 18 ᠤ ᠡᠲᠦᠷ ᠤᠨ ᠴᠠᠬᠢᠯᠭᠠᠨ ᠮᠡᠲᠡᠭᠡ ︵ᠬ᠊ | • ᠦᠵᠡᠰᠭᠦᠯᠡᠩ︶ ᠦᠨᠦᠲᠦᠷ ᠪᠤᠯ ︽ᠲᠡᠯᠡᠬᠡᠢ ᠶᠢᠨ ᠮᠦᠽᠧᠢ ᠶᠢᠨ ᠡᠲᠦᠷ︾ ᠪᠤᠯᠤᠨ᠎ᠠ᠃ ᠡᠨᠡᠬᠦ ᠡᠳᠤᠷ ᠢ | ᠲᠤᠬᠢᠶᠠᠯᠲᠤᠭᠤᠯᠤᠨ ᠦᠪᠦᠷ ᠮᠤᠩᠭᠤᠯ ᠤᠨ ᠰᠢᠨᠵᠢᠯᠡᠬᠦ ᠤᠬᠠᠭᠠᠨ ᠢ ᠲᠦᠭᠡᠮᠡᠯᠵᠢᠬᠦᠯᠬᠦ ᠨᠡᠶᠢᠭᠡᠮᠯᠢᠭ ᠠᠴᠠ 17 ᠤ | ᠡᠲᠦᠷ ᠬᠦᠬᠡᠬᠤᠲᠠ ᠶᠢᠨ ᠰᠠᠶᠢᠬᠠᠨ ᠲᠤᠭᠤᠷᠢᠭ ᠤᠨ ᠡᠮᠦᠨ᠎ᠡ ᠡᠭᠦᠲᠡᠨ ᠤ ᠪᠠᠭ᠎ᠠ ᠰᠤᠷᠭᠠᠭᠤᠯᠢ᠂ ᠳ᠋ᠦᠩ ᠹᠧᠩ ᠪᠠᠭ᠎ᠠ | ᠰᠤᠷᠭᠠᠭᠤᠯᠢ ᠶᠢᠨ 20 ᠭᠠᠷᠤᠢ ᠰᠤᠷᠤᠭᠴᠢ ᠶᠢ ᠵᠤᠬᠢᠶᠠᠨ ᠪᠠᠶᠢᠭᠤᠯᠵᠤ ᠦᠪᠦᠷ ᠮᠤᠩᠭᠤᠯ ᠤᠨ ᠪᠠᠭᠰᠢ ᠶᠢᠨ ᠶᠡᠭᠡ | ᠰᠤᠷᠭᠠᠭᠤᠯᠢ ᠶᠢᠨ ᠠᠮᠢᠲᠤ ᠪᠤᠲᠠᠰ ᠤᠨ ᠦᠯᠢᠭᠡᠷ ᠤᠨ ᠤᠷᠲᠤᠨ ᠢᠶᠠᠷ ᠵᠤᠭᠠᠯᠠᠭᠤᠯᠤᠨ ᠠᠮᠢᠲᠤ ᠪᠤᠲᠠᠰ ᠤᠨ | ᠶᠢᠷᠲᠢᠨᠴᠤ ᠶᠢ ᠬᠠᠶᠢᠨ ᠰᠦᠪᠡᠭᠴᠢᠯᠡᠪᠡ᠃ | ᠦᠪᠦᠷ ᠮᠤᠩᠭᠤᠯ ᠤᠨ ᠪᠠᠭᠰᠢ ᠶᠡᠭᠡ ᠰᠤᠷᠭᠠᠭᠤᠯᠢ ᠶᠢᠨ ᠠᠮᠢᠲᠤ ᠪᠤᠲᠠᠰ ᠤᠨ ᠬᠡᠪ ᠦᠯᠢᠭᠡᠷ ᠤᠨ | ᠮᠦᠽᠧᠢ ᠶᠢᠨ ᠲᠠᠷᠤᠭ᠎ᠠ ᠭᠡᠷᠡᠯᠲᠦ ︽ᠦᠪᠦᠷ ᠮᠤᠩᠭᠤᠯ ᠤᠷᠤᠨ ᠤ ᠠᠮᠢᠲᠤ ᠪᠤᠲᠠᠰ ᠤᠨ ᠬᠡᠪ ᠦᠯᠢᠭᠡᠷ ᠤᠨ | ᠶᠡᠷᠦᠩᠬᠡᠶᠢᠯᠡᠭᠰᠡᠨ ᠮᠦᠽᠧᠢ ᠪᠤᠯᠤᠭᠰᠠᠨ ᠤ ᠬᠤᠪᠢ ᠳᠤ ᠲᠤᠰᠬᠠᠢ ᠮᠡᠷᠭᠡᠵᠢᠯ ᠤᠨ ᠵᠢᠭᠠᠨ ᠰᠤᠷᠭᠠᠯᠲᠠ ᠶᠢ ᠡᠭᠦᠷᠭᠡᠯᠡᠵᠦ | ᠪᠠᠶᠢᠬᠤ ᠪᠠᠷ ᠪᠠᠷᠠᠬᠤ ᠦᠭᠡᠢ ᠨᠡᠶᠢᠭᠡᠮ ᠨᠡᠶᠢᠲᠡ ᠳᠤ ᠲᠦᠯᠦᠪᠦᠷᠢ ᠦᠭᠡᠢ ᠨᠡᠬᠡᠬᠡᠯᠲᠡ ᠲᠠᠢ᠂ ᠤᠯᠠᠨ ᠲᠦᠮᠡᠨ ᠳᠤ | ᠰᠢᠨᠵᠢᠯᠡᠬᠦ ᠤᠬᠠᠭᠠᠨ ᠤ ᠮᠡᠲᠡᠯᠭᠡ ᠶᠢ ᠲᠦᠭᠡᠮᠡᠯᠵᠢᠬᠦᠯᠵᠦ ᠪᠠᠶᠢᠲᠠᠭ︾ ᠭᠡᠵᠡᠢ᠃ | ︽ᠲᠡᠯᠡᠬᠡᠢ ᠶᠢᠨ ᠮᠦᠽᠧᠢ ᠶᠢᠨ ᠡᠲᠦᠷ︾ ᠢ ᠤᠯᠠᠨ ᠤᠯᠤᠰ ᠤᠨ ᠮᠦᠽᠧᠢ ᠶᠢᠨ ᠨᠡᠶᠢᠭᠡᠮᠯᠢᠭ ᠠᠴᠠ ᠰᠡᠳᠦᠵᠦ᠂ | ᠵᠢᠯ ᠪᠦᠷᠢ ᠶᠢᠨ 5 ᠰᠠᠷ᠎ᠠ ᠶᠢᠨ 18 ᠤ ᠡᠲᠦᠷ ᠭᠡᠵᠦ ᠲᠤᠭᠲᠠᠭᠠᠠ᠂ ᠲᠤᠰ ᠡᠲᠦᠷ ᠲᠡᠯᠡᠬᠡᠢ ᠶᠢᠨ ᠡᠯ᠎ᠡ ᠭᠠᠵᠠᠷ ᠲᠤ | ᠤᠳᠬ᠎ᠠ ᠠᠭᠤᠯᠭ᠎ᠠ ᠲᠠᠢ ᠠᠵᠢᠯᠯᠠᠭ᠎ᠠ ᠦᠷᠨᠢᠬᠦᠯᠵᠦ ᠲᠡᠮᠲᠡᠭᠯᠡᠳᠡᠭ᠃ ᠮᠠᠨ ᠤ ᠤᠯᠤᠰ 1983 ᠤᠨ ᠳᠤ ᠤᠯᠠᠨ | ᠤᠯᠤᠰ ᠤᠨ ᠮᠦᠽᠧᠢ ᠶᠢᠨ ᠨᠡᠶᠢᠭᠡᠮᠯᠢᠭ ᠲᠤ ᠠᠯᠪᠠᠨ ᠶᠤᠰᠤᠭᠠᠷ ᠤᠷᠤᠯᠴᠠᠵᠤ ᠬᠠᠮᠢᠶᠠᠲᠠᠢ ᠠᠵᠢᠯᠯᠠᠭ᠎ᠠ ᠵᠤᠬᠢᠶᠠᠨ | ᠪᠠᠶᠢᠭᠤᠯᠲᠠᠭ ᠪᠤᠯᠵᠠᠢ᠃ 2009 ᠤᠨ ᠠᠴᠠ ᠡᠬᠢᠯᠡᠨ ᠤᠯᠤᠰ ᠤᠨ ᠲᠡᠦᠬᠡᠨ ᠲᠤᠷᠠᠰᠬᠠᠯᠲᠤ ᠵᠦᠢᠯ ᠤᠨ | ᠲᠤᠪᠴᠢᠶ᠎ᠠ ᠠᠴᠠ ᠲᠡᠯᠡᠬᠡᠢ ᠶᠢᠨ ᠤᠯᠠᠨ ᠤᠯᠤᠰ ᠤᠨ ᠮᠦᠽᠧᠢ ᠶᠢᠨ ᠡᠲᠦᠷ ᠲᠤ ᠡᠵᠡᠨ ᠲᠠᠯᠠᠪᠠᠢ ᠠᠵᠢᠯᠯᠠᠭ᠎ᠠ | ᠵᠤᠬᠢᠶᠠᠨ ᠪᠠᠶᠢᠭᠤᠯᠬᠤ ᠬᠡᠯᠪᠡᠷᠢ ᠶᠢ ᠠᠪᠴᠤ᠂ ᠴᠦᠩᠴᠢᠩ᠂ ᠭᠤᠧᠠᠩᠵᠧᠦ᠂ ᠮᠦᠭᠲᠡᠨ᠂ ᠨᠠᠨᠨᠢᠩ᠂ ᠨᠠᠨᠵᠢᠩ᠂ ᠱᠢ | ᠵᠢᠶᠠ ᠵᠤᠧᠠᠩ᠂ ᠬᠦᠬᠡᠬᠤᠲᠠ᠂ ᠪᠡᠭᠡᠵᠢᠩ ᠳᠤ ᠶᠢᠰᠦ ᠤᠲᠠᠭ᠎ᠠ ᠶᠠᠪᠤᠭᠲᠠᠭᠤᠯᠪᠠ᠃ ︵ᠵᠢᠷᠤᠭ ᠢ ᠦᠪᠦᠷ | ᠮᠤᠩᠭᠤᠯ ᠤᠨ ᠰᠢᠨᠵᠢᠯᠡᠬᠦ ᠤᠬᠠᠭᠠᠨ ᠢ ᠲᠦᠭᠡᠮᠡᠯᠵᠢᠬᠦᠯᠬᠦ ᠨᠡᠶᠢᠭᠡᠮᠯᠢᠭ ᠠᠴᠠ ᠬᠠᠩᠭᠠᠪᠠ︶ | | | | | |