ᠰᠢᠭᠡᠰᠦ ᠢᠯᠭᠠᠷᠠᠭᠤᠯᠬᠤ ᠰᠢᠰᠲ᠋ᠧᠮ ᠤᠨ ᠴᠢᠯᠠᠭᠤᠵᠢᠯ ᠢ ᠰᠡᠷᠭᠡᠶᠢᠯᠡᠬᠦ ᠳᠤ
ᠨᠡᠶᠢᠲᠡᠯᠡᠭᠰᠡᠨ ᠴᠠᠭ᠄
2018/5/3
  1. ᠤᠰᠤ ᠢᠯᠡᠭᠦᠦ ᠤᠤᠭᠤᠨ᠎ᠠ᠃ ᠤᠰᠤ ᠢᠯᠡᠭᠦᠦ ᠤᠤᠭᠤᠵᠤ ᠠᠷᠪᠢᠨ ᠰᠢᠭᠡᠬᠦ ᠨᠢ ᠪᠠᠺᠲ᠋ᠧᠷᠢ᠂ ᠦᠮᠡᠨ ᠡᠭᠦᠰᠭᠡᠭᠴᠢ ᠡᠳ᠋᠂ ᠴᠢᠯᠠᠭᠤᠵᠢᠯ ᠡᠭᠦᠰᠭᠡᠭᠴᠢ ᠡᠳ᠋ ᠢ ᠳᠦᠷᠭᠡᠨ ᠭᠠᠳᠠᠭᠰᠢᠯᠠᠭᠤᠯᠵᠤ᠂ ᠪᠦᠭᠡᠷ᠎ᠡ ᠳᠠᠪᠤᠰᠠᠩ ᠤᠨ ᠬᠤᠬᠢᠷᠠᠯ ᠢ ᠰᠡᠷᠭᠡᠶᠢᠯᠡᠳᠡᠭ᠃
  2. ᠫᠢᠸᠣ᠋ ᠶᠢ ᠬᠡᠮᠵᠢᠶ᠎ᠠ ᠲᠠᠢ ᠤᠤᠭᠤᠨ᠎ᠠ᠃ ᠫᠢᠸᠣ᠋ ᠨᠢ ᠰᠢᠭᠡᠰᠦ ᠢᠯᠭᠠᠷᠠᠭᠤᠯᠬᠤ ᠪᠠ ᠭᠠᠳᠠᠭᠰᠢᠯᠠᠭᠤᠯᠬᠤ ᠳᠤ ᠪᠠᠶᠢᠳᠠᠭ᠃ ᠭᠡᠪᠡᠴᠦ ᠫᠢᠸᠣ᠋ ᠳᠤ ᠠᠭᠤᠯᠳᠠᠭ ᠡᠪᠡᠰᠦᠨ ᠬᠦᠴᠢᠯ ᠵᠡᠷᠭᠡ ᠨᠢ ᠪᠦᠭᠡᠷ᠎ᠡ ᠶᠢᠨ ᠴᠢᠯᠠᠭᠤᠵᠢᠯ ᠡᠭᠦᠰᠭᠡᠬᠦ ᠠᠶᠤᠯ ᠢ ᠠᠪᠴᠢᠷᠠᠳᠠᠭ᠃
  3. ᠴᠢᠯᠠᠭᠤᠵᠢᠯ ᠡᠭᠦᠰᠭᠡᠳᠡᠭ ᠰᠢᠭᠡᠰᠦᠨ ᠬᠦᠴᠢᠯ ᠪᠤᠢ ᠪᠤᠯᠭᠠᠳᠠᠭ ᠤᠯᠠᠭᠠᠨ ᠢᠳᠡᠭᠡᠨ ᠪᠠ ᠠᠮᠢᠳᠠᠨ ᠤ ᠳᠤᠳᠤᠷ ᠪᠠᠭ᠎ᠠ ᠢᠳᠡᠨ᠎ᠠ᠃ ᠡᠳᠦᠷ ᠳᠤᠳᠤᠮ ᠢᠳᠡᠭᠡᠨ ᠤ ᠰᠢᠷᠭᠡᠭᠯᠢᠭ ᠡᠯᠪᠡᠭ ᠢᠳᠡᠭᠡᠨ ᠢᠯᠡᠭᠦᠦ ᠢᠳᠡᠨ᠎ᠠ᠃
  4. ᠳᠠᠪᠤᠰᠤ ᠪᠠᠭ᠎ᠠ ᠢᠳᠡᠨ᠎ᠠ᠃ ᠳᠠᠪᠤᠰᠤ ᠪᠦᠭᠡᠷ᠎ᠡ ᠶᠢᠨ ᠳᠠᠷᠤᠭᠠᠰᠤ ᠶᠢ ᠬᠦᠨᠳᠦᠷᠡᠭᠦᠯᠵᠦ᠂ ᠴᠢᠯᠠᠭᠤᠵᠢᠯ ᠡᠭᠦᠰᠭᠡᠵᠦ ᠮᠡᠳᠡᠬᠦ ᠪᠤᠳᠠᠰ ᠤᠨ ᠭᠠᠳᠠᠭᠰᠢᠯᠠᠭᠤᠯᠤᠯᠳᠠ ᠳᠤ ᠬᠠᠷᠰᠢ ᠪᠤᠯᠳᠠᠭ᠃ ᠡᠳᠦᠷ ᠤᠨ ᠢᠳᠡᠭᠦ ᠳᠠᠪᠤᠰᠤᠨ ᠤ ᠬᠡᠮᠵᠢᠶ᠎ᠠ ᠨᠢ 5 ᠭᠷᠡᠮ ᠠᠴᠠ ᠳᠠᠪᠠᠭ᠋ᠤ ᠦᠭᠡᠢ ᠪᠤᠯ ᠰᠠᠶᠢᠨ᠃
  5. ᠦᠷᠭᠡᠰᠦᠳᠦ ᠨᠤᠭᠤᠭ᠎ᠠ ᠶᠢᠨ ᠡᠪᠡᠰᠦᠨ ᠬᠦᠴᠢᠯ ᠤᠨ ᠠᠭᠤᠯᠤᠭᠳᠠᠴᠠ ᠳᠤᠩ ᠦᠨᠳᠦᠷ ᠪᠠᠶᠢᠳᠠᠭ᠃ 90% ᠤᠨ ᠴᠢᠯᠠᠭᠤᠵᠢᠯ ᠳᠤ ᠪᠦᠷ ᠺᠠᠯᠽ ᠠᠭᠤᠯᠵᠤ ᠪᠠᠶᠢᠳᠠᠭ᠂ ᠳᠡᠭᠡᠭᠡᠳ ᠡᠪᠡᠰᠦᠨ ᠬᠦᠴᠢᠯ ᠤᠨ ᠺᠠᠯᠽ‌‍ᠤᠨ ᠴᠢᠯᠠᠭᠤᠵᠢᠯ ᠲᠠᠢ ᠡᠪᠡᠳᠴᠢᠳᠠᠨ 87.5% ᠤᠷᠴᠢᠮ ᠢ ᠡᠵᠡᠯᠡᠳᠡᠭ᠃
  6. ᠢᠳᠡᠰᠢᠨ ᠨᠤᠭᠤᠭ᠎ᠠ ᠵᠢᠮᠢᠰ ᠢᠯᠡᠭᠦᠦ ᠢᠳᠡᠨ᠎ᠠ᠃ ᠢᠳᠡᠰᠢᠨ ᠨᠤᠭᠤᠭ᠎ᠠ ᠪᠠ ᠵᠢᠮᠢᠰ ᠲᠤ ᠸᠢᠲ᠋ᠠᠮᠢᠨ B1 ᠪᠠ ᠸᠢᠲ᠋ᠠᠮᠢᠨ C ᠡᠯᠪᠡᠭ ᠠᠭᠤᠯᠤᠬᠳᠠᠵᠤ᠂ ᠱᠦᠯᠳᠦᠯᠢᠭ ᠪᠤᠳᠠᠰ ᠢᠯᠭᠠᠷᠠᠭᠤᠯᠵᠤ ᠭᠠᠷᠭᠠᠳᠠᠭ ᠨᠢ ᠰᠢᠭᠡᠰᠦᠨ ᠬᠦᠴᠢᠯ ᠤᠨ ᠵᠠᠳᠠᠷᠠᠯ ᠢ ᠳᠦᠷᠭᠡᠳᠭᠡᠵᠦ ᠴᠢᠯᠠᠭᠤᠵᠢᠯ ᠢ ᠰᠡᠷᠭᠡᠶᠢᠯᠡᠬᠦ ᠦᠢᠯᠡᠳᠦᠯ ᠲᠠᠢ ᠪᠠᠶᠢᠳᠠᠭ᠃
  7. ᠤᠨᠳᠠᠬᠤ ᠠᠴᠠ ᠪᠠᠨ ᠡᠮᠦᠨ᠎ᠠ ᠦᠨᠢᠶᠡᠨ ᠰᠦ ᠪᠢᠳᠡᠭᠡᠢ ᠤᠤᠭᠤ᠃ ᠦᠨᠢᠶᠡᠨ ᠰᠦ ᠳᠤ ᠺᠠᠯᠽ ᠡᠯᠪᠡᠭ ᠠᠭᠤᠯᠳᠠᠭ᠃ ᠦᠨᠢᠶᠡᠨ ᠰᠦ ᠤᠤᠭᠤᠭᠰᠠᠨ ᠤ ᠳᠠᠷᠠᠭᠠᠬᠢ 2 — 3 ᠴᠠᠭ ᠪᠤᠯ ᠶᠠᠬ ᠪᠦᠭᠡᠷ᠎ᠠ ᠺᠠᠯᠽ ᠢ ᠭᠠᠳᠠᠭᠰᠢᠯᠠᠭᠤᠯᠬᠤ ᠭᠤᠤᠯ ᠴᠠᠭ ᠪᠤᠯᠤᠨ᠎ᠠ᠂ ᠡᠨᠡ ᠨᠢ ᠶᠠᠬ ᠤᠨᠳᠠᠵᠤ ᠪᠠᠶᠢᠬᠤ ᠳᠤ ᠳᠠᠭᠠᠷᠠᠪᠠᠯ ᠴᠢᠯᠠᠭᠤᠵᠢᠯ ᠡᠭᠦᠰᠭᠡᠬᠦ ᠠᠶᠤᠯ ᠢ ᠨᠡᠮᠡᠭᠳᠡᠭᠦᠯᠦᠨ᠎ᠠ᠃
  8. ᠰᠢᠬᠢᠷ ᠠᠷᠪᠢᠨ ᠢᠳᠡᠵᠦ ᠪᠤᠯᠬᠤ ᠦᠭᠡᠢ᠃ ᠰᠢᠬᠢᠷ ᠢᠳᠡᠭᠰᠡᠨ ᠤ ᠳᠠᠷᠠᠭ᠎ᠠ ᠰᠢᠭᠡᠰᠦᠨ ᠳᠠᠬᠢ ᠺᠠᠯᠽ᠂ ᠡᠪᠡᠰᠦᠨ ᠬᠦᠴᠢᠯ ᠤᠨ ᠠᠭᠤᠯᠤᠭᠳᠠᠴᠠ ᠪᠠ ᠰᠢᠭᠡᠰᠦᠨ ᠤ ᠬᠦᠴᠢᠯ ᠤᠨ ᠬᠡᠮᠵᠢᠶ᠎ᠠ ᠪᠦᠷ ᠨᠡᠮᠡᠭᠳᠡᠳᠡᠭ᠃
  9. ᠤᠷᠤᠢ ᠶᠢᠨ ᠬᠤᠭᠤᠯᠠ ᠪᠠᠨ ᠡᠷᠳᠡ ᠢᠳᠡᠨ᠎ᠠ᠃ ᠬᠦᠮᠦᠨ ᠤ ᠪᠡᠶ᠎ᠡ ᠶᠢᠨ ᠺᠠᠯᠽ ᠢ ᠭᠠᠳᠠᠭᠰᠢᠯᠠᠭᠤᠯᠬᠤ ᠴᠠᠭ ᠨᠢ ᠬᠤᠭᠤᠯᠠᠨ ᠤ ᠳᠠᠷᠠᠭᠠᠬᠢ 4 — 5 ᠴᠠᠭ ᠤᠨ ᠦᠶ᠎ᠠ ᠳᠤ ᠪᠠᠶᠢᠳᠠᠭ᠃ ᠡᠨᠡ ᠦᠶ᠎ᠠ ᠳᠤ ᠤᠨᠳᠠᠵᠤ ᠪᠠᠶᠢᠬᠤ ᠳᠠᠭᠠᠷᠠᠪᠠᠯ ᠰᠢᠭᠡᠰᠦ ᠪᠡᠶ᠎ᠡ ᠳᠤ ᠬᠠᠳᠠᠭᠠᠯᠠᠭᠳᠠᠨ ᠺᠠᠯᠽ ᠳᠤᠨᠵᠤ ᠴᠢᠯᠠᠭᠤᠵᠢᠬᠤ ᠠᠶᠤᠯ ᠢ ᠨᠡᠮᠡᠭᠳᠡᠭᠦᠯᠦᠨ᠎ᠠ᠃         ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ
 
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号