ᠳᠤᠮᠳᠠᠳᠤᠴᠤᠳ ᠤᠨ ᠤᠯᠠᠭᠠᠨ ᠢᠳᠡᠭᠡᠨ ᠤ ᠳᠠᠳᠬᠠᠯ ᠤᠨ ᠬᠤᠪᠢᠷᠠᠯᠳᠠ
ᠨᠡᠶᠢᠲᠡᠯᠡᠭᠰᠡᠨ ᠴᠠᠭ᠄
2018/5/30
     ᠦᠭᠡᠷ ᠬᠤᠨᠢᠨ ᠮᠢᠬ᠎ᠠ ᠨᠢ ᠤᠯᠠᠭᠠᠨ ᠦᠩᠭᠡ ᠲᠠᠢ ᠪᠠᠶᠢᠳᠠᠭ ᠢᠶᠠᠷ ᠨᠢ ᠤᠯᠠᠭᠠᠨ ᠦᠩᠭᠡ ᠲᠠᠢ ᠮᠢᠬ᠎ᠠ ᠭᠡᠳᠡᠭ᠃ ᠳᠡᠷᠡ ᠨᠢ ᠵᠢᠭᠦᠷᠳᠡᠨ᠂ ᠵᠢᠭᠠᠰᠤᠨ ᠤ ᠴᠠᠭᠠᠨ ᠦᠩᠭᠡ ᠲᠠᠢ ᠮᠢᠬ᠎ᠠ ᠲᠠᠢ ᠬᠠᠷᠢᠴᠠᠭᠤᠯᠪᠠᠯ ᠤᠭᠤᠷᠠᠭ ᠤᠨ ᠠᠭᠤᠯᠤᠭᠳᠠᠴᠠ ᠨᠢ ᠮᠦᠨ ᠠᠷᠠᠢ ᠳᠤᠤᠷ᠎ᠠ᠂ ᠡᠩ ᠤᠨ ᠪᠠᠶᠢᠳᠠᠯ ᠳᠤ 10% — 20% ᠤᠷᠴᠢᠮ ᠪᠠᠶᠢᠳᠠᠭ︔ ᠭᠡᠪᠡᠴᠦ ᠤᠯᠠᠭᠠᠨ ᠦᠩᠭᠡ ᠲᠠᠢ ᠮᠢᠬᠠᠨ ᠤ ᠦᠭᠡᠬᠦ ᠶᠢᠨ ᠠᠭᠤᠯᠤᠭᠳᠠᠴᠠ ᠨᠢ ᠬᠠᠷᠢᠴᠠᠩᠭᠤᠢ ᠦᠨᠳᠦᠷ᠂ ᠳᠤᠮᠳᠠᠴᠢ ᠪᠠᠷ 15% ᠪᠠᠶᠢᠵᠤ᠂ ᠭᠠᠭ᠋ᠠᠢ ᠶᠢᠨ ᠮᠢᠬᠠᠨ ᠤ ᠦᠭᠡᠬᠦ ᠶᠢᠨ ᠠᠭᠤᠯᠤᠭᠳᠠᠴᠠ ᠬᠠᠮᠤᠭ ᠤᠨ ᠦᠨᠳᠦᠷ᠂ ᠳᠠᠷᠠᠭ᠎ᠠ ᠨᠢ ᠬᠤᠨᠢᠨ ᠮᠢᠬ᠎ᠠ᠂ ᠰᠡᠭᠦᠯ ᠳᠤᠨᠢ ᠦᠭᠡᠷ ᠤᠨ ᠮᠢᠬ᠎ᠠ ᠤᠷᠤᠳᠠᠭ᠃ ᠤᠯᠠᠭᠠᠨ ᠦᠩᠭᠡ ᠲᠠᠢ ᠮᠢᠬ᠎ᠠ ᠠᠷᠪᠢᠨ ᠢᠳᠡᠪᠡᠯ ᠬᠦᠮᠦᠨ ᠤ ᠪᠡᠶ᠎ᠡ ᠳᠤ ᠦᠭᠡᠬᠦ ᠬᠤᠷᠠᠵᠤ᠂ ᠮᠠᠷᠢᠶᠠᠯᠠᠵᠤ᠂ ᠨᠡᠩ ᠴᠤ ᠴᠢᠰᠦᠨ ᠤ ᠦᠭᠡᠬᠦ ᠶᠢᠨ ᠠᠭᠤᠯᠤᠭᠳᠠᠴᠠ ᠦᠨᠳᠦᠷᠵᠢᠳᠡᠭ᠃ ︽ᠠᠩᠭ᠍ᠯᠢ ᠶᠢᠨ ᠠᠨᠠᠭᠠᠬᠤ ᠤᠬᠠᠭᠠᠨ ᠤ ᠰᠡᠳᠭᠦᠯ︾ ᠤᠨ ᠬᠢᠨ ᠤ ᠰᠤᠳᠤᠯᠤᠭᠰᠠᠨ ᠢᠶᠠᠷ᠂ ᠤᠯᠠᠭᠠᠨ ᠦᠩᠭᠡ ᠲᠠᠢ ᠮᠢᠬ᠎ᠠ ᠠᠷᠪᠢᠨ ᠢᠳᠡᠪᠡᠯ᠂ ᠦᠮᠡᠨ᠂ ᠵᠢᠷᠦᠭᠡᠨ ᠡᠪᠡᠳᠴᠢᠨ᠂ ᠠᠮᠢᠰᠬᠤᠯ ᠤᠨ ᠵᠠᠮ ᠤᠨ ᠡᠪᠡᠳᠴᠢᠨ᠂ ᠰᠠ ᠡᠪᠡᠳᠴᠢᠨ᠂ ᠰᠢᠬᠢᠷ ᠰᠢᠵᠢᠩ ᠡᠪᠡᠳᠴᠢᠨ᠂ ᠬᠠᠯᠳᠠᠪᠤᠷᠢᠯᠠᠯ᠂ ᠠᠯᠼᠧᠶ᠋ᠢᠮᠧᠷ ᠡᠪᠡᠳᠴᠢᠨ᠂ ᠪᠦᠭᠡᠷ᠎ᠡ ᠶᠢᠨ ᠡᠪᠡᠳᠴᠢᠨ᠂ ᠡᠯᠢᠭᠡᠨ ᠡᠪᠡᠳᠴᠢᠨ ᠢ ᠪᠠᠭᠳᠠᠭᠠᠭᠰᠠᠨ 9 ᠵᠦᠢᠯ ᠤᠨ ᠡᠪᠡᠳᠴᠢᠨ ᠠᠴᠠ ᠪᠤᠯᠤᠭᠰᠠᠨ ᠦᠬᠦᠯ ᠤᠨ ᠨᠤᠷᠮ᠎ᠠ ᠶᠢ ᠨᠡᠮᠡᠭᠳᠡᠭᠦᠯᠳᠡᠭ ᠪᠠᠶᠢᠨ᠎ᠠ᠃
     ᠴᠠᠭᠠᠨ ᠦᠩᠭᠡ ᠲᠠᠢ ᠮᠢᠬᠠᠨ ᠤ ᠦᠭᠡᠬᠦ ᠶᠢᠨ ᠠᠭᠤᠯᠤᠭᠳᠠᠴᠠ ᠨᠡᠯᠢᠶᠡᠳ ᠳᠤᠤᠷ᠎ᠠ ᠪᠠᠶᠢᠳᠠᠭ ᠵᠶ᠋ᠠᠷ‌‍ᠢᠶ᠋ᠠᠨ᠂ ᠳᠡᠭᠦᠨ ᠢ ᠢᠳᠡᠬᠦ ᠨᠢ ᠡᠷᠡᠭᠦᠯ ᠰᠤᠩᠭᠤᠯᠳᠠ ᠭᠡᠵᠦ ᠬᠡᠯᠡᠵᠦ ᠪᠤᠯᠤᠨ᠎ᠠ᠃ ᠴᠠᠭᠠᠨ ᠦᠩᠭᠡ ᠲᠠᠢ ᠮᠢᠬᠠᠨ ᠤ ᠳᠤᠳᠤᠷ᠎ᠠ᠂ ᠵᠢᠭᠠᠰᠤᠨ ᠤ ᠳᠦᠷᠦᠯ ᠤᠨ ᠮᠢᠬᠠᠨ ᠤ ᠤᠭᠤᠷᠠᠭ ᠤᠨ ᠠᠭᠤᠯᠤᠭᠳᠠᠴᠠ ᠨᠢ 15% — 22%᠂ ᠦᠭᠡᠬᠦ ᠶᠢᠨ ᠠᠭᠤᠯᠤᠭᠳᠠᠴᠠ ᠨᠢ 1% — 10% ᠪᠠᠶᠢᠵᠤ᠂ ᠵᠤᠬᠢᠬᠤ ᠬᠡᠮᠵᠢᠶᠡᠨ ᠤ ᠸᠢᠲ᠋ᠠᠮᠢᠨ A᠂ ᠸᠢᠲ᠋ᠠᠮᠢᠨ D ᠠᠭᠤᠯᠤᠭᠳᠠᠵᠤ᠂ ᠡᠷᠦᠳᠡᠰᠦ ᠶᠢᠨ ᠬᠤᠪᠢ ᠳᠤ ᠰᠧᠯᠧᠨ᠂ ᠴᠠᠶᠢᠷ᠂ ᠢᠦᠳ᠋ ᠤᠨ ᠠᠭᠤᠯᠤᠭᠳᠠᠴᠠ ᠨᠡᠯᠢᠶᠡᠳ ᠡᠯᠪᠡᠭ ᠪᠠᠶᠢᠳᠠᠭ᠃ ᠠᠭᠤᠯᠤᠭᠳᠠᠬᠤ ᠦᠭᠡᠬᠦ ᠶᠢᠨ ᠲᠦᠷᠦᠯ ᠨᠢ ᠭᠤᠤᠯᠳᠠᠭᠤ ᠳᠤᠳᠠᠭᠤ ᠦᠭᠡᠭᠦᠨ ᠬᠦᠴᠢᠯ ᠢᠶᠠᠷ ᠪᠦᠷᠢᠯᠳᠦᠭᠰᠡᠨ ᠪᠠᠶᠢᠵᠤ᠂ ᠳᠡᠭᠦᠨ ᠤ ᠳᠤᠳᠤᠷᠠᠬᠢ DHA ︵26 ᠨᠡᠭᠦᠷᠡᠰᠦᠳᠦ᠋ᠷᠦᠭᠴᠢᠳᠦ 6 ᠡᠲ᠋ᠧᠯᠧᠨ ᠬᠦᠴᠢᠯ︶ ᠨᠢ ᠨᠢᠯᠬ᠎ᠠ ᠬᠡᠦᠬᠡᠳ ᠤᠨ ᠳᠠᠷᠢᠬᠢᠨ ᠤ ᠪᠤᠶᠢᠵᠢᠯᠳᠠ ᠶᠢ ᠠᠬᠢᠭᠤᠯᠬᠤ᠂ ᠨᠠᠰᠤᠳᠠᠶᠢᠴᠤᠳ ᠤᠨ ᠶᠡᠭᠡ ᠳᠠᠷᠢᠬᠢᠨ ᠤ ᠦᠳᠡᠯᠬᠦ ᠶᠢ ᠬᠤᠷᠢᠬᠯᠠᠬᠤ ᠦᠢᠯᠡᠳᠦᠯ ᠲᠠᠢ ᠪᠠᠶᠢᠵᠤ᠂ EPA ︵20 ᠨᠡᠭᠦᠷᠡᠰᠦᠳᠦ᠋ᠷᠦᠭᠴᠢᠳᠦ 5 ᠡᠲ᠋ᠧᠯᠧᠨ ᠬᠦᠴᠢᠯ︶ ᠨᠢ ᠴᠢᠰᠦᠨ ᠰᠤᠳᠠᠯ ᠤᠨ ᠦᠷᠪᠢᠰᠦᠯ ᠤᠨ ᠢᠯᠡᠷᠡᠯ ᠢ ᠨᠠᠮᠳᠠᠭᠤᠯᠬᠤ᠂ ᠵᠢᠷᠦᠭᠡ ᠳᠠᠷᠢᠬᠢᠨ ᠰᠤᠳᠠᠯ ᠤᠨ ᠡᠪᠡᠳᠴᠢᠨ ᠠᠴᠠ ᠰᠡᠷᠭᠡᠶᠢᠯᠡᠬᠦ ᠵᠡᠷᠭᠡ ᠦᠢᠯᠡᠳᠦᠯ ᠲᠠᠢ ᠪᠠᠶᠢᠳᠠᠭ ᠠᠵᠢ᠃ ᠵᠢᠭᠦᠷᠳᠡᠨ ᠤ ᠮᠢᠬᠠᠨ ᠤ ᠤᠭᠤᠷᠠᠭ ᠤᠨ ᠠᠭᠤᠯᠤᠭᠳᠠᠴᠠ ᠨᠢ 16% — 20% ᠪᠠᠶᠢᠵᠤ᠂ ᠳᠠᠬᠢᠶᠠᠨ ᠤ ᠬᠢ ᠬᠠᠮᠤᠭ ᠤᠨ ᠦᠨᠳᠦᠷ᠂ ᠳᠠᠷᠠᠭ᠎ᠠ ᠨᠢ ᠭᠠᠯᠠᠭᠤᠨ ᠤ ᠬᠢ᠂ ᠰᠡᠭᠦᠯ ᠳᠤᠨᠢ ᠨᠤᠭᠤᠰᠤᠨ ᠤ ᠬᠢ ᠤᠷᠤᠳᠠᠭ ᠪᠠᠶᠢᠨ᠎ᠠ︔ ᠦᠭᠡᠭᠦᠨ ᠤ ᠠᠭᠤᠯᠤᠭᠳᠠᠴᠠ ᠨᠢ 9% — 14%᠃ ᠪᠤᠰᠤᠳ ᠵᠦᠢᠯ ᠤᠨ ᠮᠢᠬ᠎ᠠ ᠲᠠᠢ ᠠᠳᠠᠯᠢᠳᠬᠠᠪᠠᠯ ᠵᠢᠭᠦᠷᠳᠡᠨ ᠤ ᠮᠢᠬᠠᠨ ᠤ ᠦᠨ᠎ᠠ ᠨᠢ ᠬᠢᠮᠳᠠ᠂ ᠠᠰᠢᠬ ᠳᠤᠰᠠ ᠨᠢ ᠦᠨᠳᠦᠷ ᠪᠠᠶᠢᠳᠠᠭ᠃      ᠮᠢᠬ᠎ᠠ ᠢᠳᠡᠬᠦ ᠳᠡᠭᠡᠨ ᠳᠦᠷᠪᠡᠨ ᠳᠠᠯ᠎ᠠ ᠪᠠᠷ ᠢᠯᠡᠭᠦᠦ ᠳᠤᠳᠠᠭᠤ ᠶᠢ ᠨᠢ ᠳᠡᠩᠴᠡᠭᠦᠯᠦᠨ᠎ᠠ      ᠮᠠᠨ ᠤ ᠤᠯᠤᠰ ᠤᠨ ᠰᠠᠭᠤᠭᠠᠯᠢ ᠠᠷᠠᠳ ᠤᠨ ᠤᠯᠠᠭᠠᠨ ᠢᠳᠡᠭᠡᠨ ᠤ ᠭᠡᠷᠡᠭᠯᠡᠭᠡᠨ ᠤ ᠪᠦᠲᠦᠴᠡ ᠳᠤ ᠬᠤᠪᠢᠷᠠᠯᠳᠠ ᠭᠠᠷᠤᠭᠰᠠᠨ ᠭᠡᠳᠡᠭ ᠪᠤᠯᠪᠠᠴᠤ᠂ ᠭᠠᠭ᠋ᠠᠢ ᠶᠢᠨ ᠮᠢᠬ᠎ᠠ᠂ ᠦᠭᠡᠷ ᠬᠤᠨᠢᠨ ᠮᠢᠬ᠎ᠠ ᠪᠠᠷ ᠭᠤᠤᠯ ᠪᠤᠯᠭᠠᠭᠰᠠᠨ ᠤᠯᠠᠭᠠᠨ ᠦᠩᠭᠡ ᠲᠠᠢ ᠮᠢᠬᠠᠨ ᠤ ᠭᠡᠷᠡᠭᠯᠡᠭᠡ ᠮᠦᠨ ᠯᠡ ᠭᠤᠤᠯ ᠪᠠᠶᠢᠷᠢ ᠶᠢ ᠡᠵᠡᠯᠡᠵᠦ ᠪᠠᠶᠢᠨ᠎ᠠ᠃ 2016 ᠤᠨ ᠳᠤ ᠮᠠᠨ ᠤ ᠤᠯᠤᠰ ᠤᠨ ᠬᠦᠮᠦᠨ ᠳᠤᠮᠳᠠᠴᠢ ᠶᠢᠨ ᠡᠳᠦᠷ ᠪᠤᠯᠭᠠᠨ ᠤ ᠮᠢᠬᠠᠨ ᠤ ᠪᠦᠲᠦᠭᠡᠭᠳᠡᠭᠦᠨ ᠤ ᠬᠡᠷᠡᠭᠯᠡᠭᠡᠨ ᠤ ᠬᠡᠮᠵᠢᠶ᠎ᠠ ᠨᠢ 71.51 ᠭᠷᠡᠮ᠂ ᠬᠦᠮᠦᠨ ᠳᠤᠮᠳᠠᠴᠢ ᠶᠢᠨ ᠡᠳᠦᠷ ᠪᠤᠯᠭᠠᠨ ᠤ ᠵᠢᠭᠦᠷᠳᠡᠨ ᠤ ᠳᠦᠷᠦᠯ ᠤᠨ ᠪᠦᠲᠦᠭᠡᠭᠳᠡᠭᠦᠨ ᠤ ᠬᠡᠷᠡᠭᠯᠡᠭᠡᠨ ᠤ ᠬᠡᠮᠵᠢᠶ᠎ᠠ ᠨᠢ 24.93 ᠭᠷᠡᠮ᠂ ᠬᠦᠮᠦᠨ ᠳᠤᠮᠳᠠᠴᠢ ᠶᠢᠨ ᠡᠳᠦᠷ ᠪᠤᠯᠭᠠᠨ ᠤ ᠤᠰᠤᠨ ᠭᠠᠷᠤᠯᠳᠠ ᠶᠢᠨ ᠪᠦᠲᠦᠭᠡᠭᠳᠡᠭᠦᠨ ᠤ ᠭᠡᠷᠡᠭᠯᠡᠭᠡᠨ ᠤ ᠬᠡᠮᠵᠢᠶ᠎ᠠ ᠨᠢ 31.23 ᠭᠷᠡᠮ ᠪᠠᠶᠢᠨ᠎ᠠ᠃ ︽ᠳᠤᠮᠳᠠᠳᠤ ᠤᠯᠤᠰ ᠤᠨ ᠰᠠᠭᠤᠭᠠᠯᠢ ᠠᠷᠠᠳ ᠤᠨ ᠢᠳᠡᠭᠡᠨ ᠤᠮᠳᠠᠭᠠᠨ ᠤ ᠵᠦᠭᠯᠡᠭᠦᠷ︾ ᠲᠤ ᠳᠤᠭᠳᠠᠭᠠᠭᠰᠠᠨ ᠪᠠᠷᠢᠮᠵᠢᠶ᠎ᠠ ᠪᠠᠷ ᠠᠪᠴᠤ ᠦᠵᠡᠪᠡᠯ᠂ ᠮᠠᠨ ᠤ ᠤᠯᠤᠰ ᠤᠨ ᠤᠯᠠᠩᠭᠢ ᠳᠤᠭᠠᠨ ᠤ ᠬᠦᠮᠦᠨ ᠤ ᠮᠠᠯ ᠵᠢᠭᠦᠷᠳᠡᠨ ᠤ ᠮᠢᠬ᠎ᠠ ᠢᠳᠡᠬᠦ ᠨᠢ ᠭᠡᠳᠦ ᠠᠷᠪᠢᠨ᠂ ᠤᠰᠤᠨ ᠭᠠᠷᠤᠯᠳᠠ ᠶᠢ ᠢᠳᠡᠬᠦ ᠨᠢ ᠪᠠᠭ᠎ᠠ ᠪᠠᠶᠢᠨ᠎ᠠ᠃ ᠤᠯᠠᠭᠠᠨ ᠢᠳᠡᠭᠡᠨ ᠳᠤ ᠤᠭᠤᠷᠠᠭ᠂ ᠦᠭᠡᠬᠦ ᠵᠢᠴᠢ ᠸᠢᠲ᠋ᠠᠮᠢᠨ A᠂ B ᠳᠦᠷᠦᠯ ᠤᠨ ᠸᠢᠲ᠋ᠠᠮᠢᠨ᠂ ᠳᠡᠮᠦᠷ᠂ ᠴᠠᠶᠢᠷ ᠵᠡᠷᠭᠡ ᠶᠢᠨ ᠰᠢᠮ᠎ᠠ ᠳᠡᠵᠢᠭᠡᠯᠳᠦ ᠡᠳ᠋ ᠡᠯᠪᠡᠭ ᠠᠭᠤᠯᠳᠠᠭ᠂ ᠢᠳᠡᠭᠡᠨ ᠤᠮᠳᠠᠭᠠᠨ ᠢ ᠳᠡᠩᠴᠡᠭᠦᠷᠢᠰᠢᠭᠦᠯᠬᠦ ᠴᠢᠬᠤᠯᠠ ᠪᠦᠷᠢᠯᠳᠦᠭᠦᠨ ᠭᠡᠰᠡᠭ ᠪᠤᠯᠤᠨ᠎ᠠ᠃ ᠭᠡᠪᠡᠴᠦ ᠳᠡᠩᠴᠡᠭᠦᠷᠢ ᠲᠠᠢ ᠡᠳ᠋ᠯᠡᠬᠦ ᠦᠭᠡᠢ ᠭᠡᠳᠦᠷᠡᠭᠦᠯᠬᠦ ᠳᠡᠭᠡᠷ᠎ᠡ ᠳᠤᠯᠪᠠᠯ ᠡᠪᠡᠳᠴᠢᠨ ᠡᠮᠭᠡᠭ ᠤᠨ ᠠᠶᠤᠯ ᠢ ᠨᠡᠮᠡᠭᠳᠡᠭᠦᠯᠳᠡᠭ᠃ ᠳᠡᠶᠢᠮᠦ ᠠᠴᠠ ᠮᠢᠬ᠎ᠠ ᠢᠳᠡᠬᠦ ᠳᠡᠭᠡᠨ ᠳᠦᠷᠪᠡᠨ ᠳᠠᠯ᠎ᠠ ᠪᠠᠷ ᠢᠯᠡᠭᠦᠦ ᠳᠤᠳᠠᠭᠤ ᠶᠢ ᠨᠢ ᠳᠡᠩᠴᠡᠭᠦᠯᠬᠦ ᠶᠢ ᠠᠩᠬᠠᠷᠪᠠᠯ ᠵᠤᠬᠢᠨ᠎ᠠ᠃      ᠬᠦᠮᠦᠨ ᠠᠷᠠᠳ ᠤᠨ ᠡᠷᠡᠭᠦᠯ ᠮᠡᠨᠳᠦ ᠶᠢᠨ ᠤᠬᠠᠮᠰᠠᠷ ᠳᠡᠭᠡᠭᠰᠢᠯᠡᠪᠡ      ᠰᠤᠳᠤᠯᠭᠠᠨ ᠠᠴᠠ ᠦᠵᠡᠪᠡᠯ᠂ ᠮᠠᠨ ᠤ ᠤᠯᠤᠰ ᠤᠨ ᠰᠠᠭᠤᠭᠠᠯᠢ ᠠᠷᠠᠳ ᠤᠨ ᠤᠷᠤᠯᠭ᠎ᠠ 1% ᠨᠡᠮᠡᠭᠳᠡᠬᠦ ᠳᠤ ᠂ ᠵᠢᠭᠦᠷᠳᠡᠨ ᠤ ᠮᠢᠬᠠᠨ ᠤ ᠬᠡᠷᠡᠭᠯᠡᠭᠡ 2.43% ᠢᠶᠠᠷ ᠨᠡᠮᠡᠭᠳᠡᠵᠦ ᠪᠠᠶᠢᠨ᠎ᠠ᠃ ᠭᠠᠭ᠋ᠠᠢ ᠶᠢᠨ ᠮᠢᠬᠠᠨ ᠤ ᠤᠭᠤᠷᠠᠭ ᠤᠨ ᠠᠭᠤᠯᠤᠭᠳᠠᠴᠠ ᠳᠤᠤᠷ᠎ᠠ᠂ ᠦᠭᠡᠬᠦ ᠶᠢᠨ ᠠᠭᠤᠯᠤᠭᠳᠠᠴᠠ ᠦᠨᠳᠦᠷ᠂ ᠢᠷᠡᠭᠡᠳᠦᠢ ᠳᠤ ᠬᠡᠷᠡᠭᠯᠡᠭᠡᠨ ᠤ ᠱᠠᠭᠠᠷᠳᠠᠯᠭ᠎ᠠ ᠨᠢ ᠤᠯᠠᠮ ᠢᠶᠠᠷ ᠪᠠᠭᠤᠷᠠᠵᠤ᠂ ᠬᠠᠷᠢᠨ ᠦᠭᠡᠷ ᠬᠤᠨᠢᠨ ᠤ ᠮᠢᠬ᠎ᠠ ᠪᠠ ᠴᠠᠭᠠᠨ ᠦᠩᠭᠡ ᠲᠠᠢ ᠮᠢᠬ᠎ᠠ ᠶᠢᠨ ᠱᠠᠭᠠᠷᠳᠠᠯᠭ᠎ᠠ ᠤᠯᠠᠮ ᠢᠶᠠᠷ ᠨᠡᠮᠡᠭᠳᠡᠬᠦ ᠬᠠᠨᠳᠤᠰᠢ ᠲᠠᠢ ᠪᠠᠶᠢᠨ᠎ᠠ᠂ ᠡᠨᠡᠬᠦ ᠬᠤᠪᠢᠷᠠᠯᠳᠠ ᠨᠢ ᠳᠠᠷᠤᠢ ᠮᠠᠨ ᠤ ᠤᠯᠤᠰ ᠤᠨ ᠬᠦᠮᠦᠨ ᠠᠷᠠᠳ ᠤᠨ ᠡᠷᠡᠭᠦᠯ ᠮᠡᠨᠳᠦ ᠶᠢᠨ ᠤᠬᠠᠮᠰᠠᠷ ᠳᠡᠭᠡᠭᠰᠢᠯᠡᠵᠦ ᠪᠠᠶᠢᠭ᠎ᠠ ᠶᠢ ᠬᠠᠷᠠᠭᠤᠯᠵᠤ ᠪᠠᠶᠢᠨ᠎ᠠ᠃ ᠴᠠᠭᠠᠨ ᠦᠩᠭᠡ ᠲᠠᠢ ᠮᠢᠬ᠎ᠠ ᠢᠯᠡᠭᠦᠦ ᠢᠳᠡᠵᠦ᠂ ᠤᠯᠠᠭᠠᠨ ᠦᠩᠭᠡ ᠲᠠᠢ ᠮᠢᠬ᠎ᠠ ᠳᠤᠳᠠᠭᠤ ᠢᠳᠡᠨ᠎ᠠ᠃ ᠴᠠᠭᠠᠨ ᠦᠩᠭᠡ ᠲᠠᠢ ᠮᠢᠬᠠᠨ ᠤ ᠦᠭᠡᠬᠦ ᠶᠢᠨ ᠠᠭᠤᠯᠤᠭᠳᠠᠴᠠ ᠳᠤᠤᠷ᠎ᠠ᠂ ᠳᠤᠳᠠᠭᠤ ᠦᠭᠡᠬᠦᠨ ᠬᠦᠴᠢᠯ ᠤᠨ ᠠᠭᠤᠯᠤᠭᠳᠠᠴᠠ ᠡᠯᠪᠡᠭ ᠪᠠᠶᠢᠳᠠᠭ᠃ ᠤᠨᠴᠠᠭᠠᠢᠢᠯᠠᠨ ᠵᠢᠭᠠᠰᠤᠨ ᠤ ᠳᠦᠷᠦᠯ ᠤᠨ ᠮᠢᠬᠠᠨ ᠳᠤ ᠳᠤᠳᠠᠭᠤ ᠦᠭᠡᠬᠦᠨ ᠬᠦᠴᠢᠯ ᠨᠡᠩ ᠡᠯᠪᠡᠭ ᠠᠭᠤᠯᠤᠬᠳᠠᠵᠤ᠂ ᠵᠢᠷᠦᠭᠡ ᠳᠠᠷᠢᠬᠢᠨ ᠰᠤᠳᠠᠯ ᠤᠨ ᠡᠪᠡᠳᠴᠢᠨ ᠢ ᠰᠡᠷᠭᠡᠶᠢᠯᠡᠬᠦ ᠳᠤ ᠠᠰᠢᠬ ᠲᠠᠢ ᠪᠠᠶᠢᠳᠠᠭ ᠪᠤᠯᠬᠤᠷ᠂ ᠭᠠᠷᠠᠭ ᠲᠤ 280 — 525 ᠭᠷᠡᠮ ᠤᠷᠴᠢᠮ ᠵᠢᠭᠠᠰᠤᠨ ᠤ ᠳᠦᠷᠦᠯ ᠤᠨ ᠮᠢᠬ᠎ᠠ ᠶᠢ ᠴᠢᠨᠠᠵᠤ ᠵᠢᠩᠨᠡᠵᠦ ᠢᠳᠡᠵᠦ ᠪᠠᠶᠢᠪᠠᠯ ᠰᠠᠶᠢᠨ᠃ ᠵᠢᠭᠠᠰᠤᠨ ᠤ ᠳᠤᠯᠤᠭᠠᠢ᠂ ᠵᠢᠭᠠᠰᠤᠨ ᠵᠠᠯᠮᠠᠭᠠᠢ᠂ ᠳᠤᠳᠤᠷ ᠵᠡᠷᠭᠡ ᠳᠤ ᠪᠤᠬᠢᠷᠳᠤᠯ ᠪᠤᠳᠠᠰ ᠠᠷᠪᠢᠨ ᠪᠠᠶᠢᠳᠠᠭ᠂ ᠢᠳᠡᠬᠦ ᠦᠭᠡᠢ ᠪᠤᠯ ᠳᠡᠭᠡᠷ᠎ᠡ᠃ ᠮᠤᠩᠭᠤᠯᠴᠤᠳ ᠤᠨ ᠤᠯᠠᠮᠵᠢᠯᠠᠯᠳᠤ ᠢᠳᠡᠭᠡᠨ ᠤ ᠳᠠᠳᠬᠠᠯ ᠳᠤ ᠵᠢᠭᠦᠷᠳᠡᠨ᠂ ᠤᠰᠤᠨ ᠤ ᠠᠮᠢᠳᠠᠨ ᠤ ᠪᠦᠷᠢᠯᠳᠡᠭᠦᠨ ᠳᠡᠮᠡᠢ ᠪᠠᠶᠢᠬᠰᠠᠨ ᠦᠭᠡᠢ ᠪᠤᠯᠬᠤᠷ᠂ ᠭᠡᠮᠵᠢᠶ᠎ᠠ ᠲᠠᠢ ᠢᠳᠡᠵᠦ᠂ ᠤᠨᠴᠠᠭᠠᠢᠢᠯᠠᠨ ᠡᠮ ᠳᠠᠩ ᠤᠤᠭᠤᠵᠤ ᠪᠠᠶᠢᠬᠤ ᠳᠠᠭᠠᠨ ᠢᠳᠡᠭᠡᠨ ᠤ ᠴᠡᠭᠡᠷ ᠢ ᠠᠩᠬᠠᠷᠬᠤ ᠴᠢᠬᠤᠯᠠᠳᠠᠢ᠃ ᠰᠢᠨ᠎ᠡ ᠰᠤᠷᠭᠤᠭ ᠮᠢᠬ᠎ᠠ ᠪᠠᠷ ᠢᠯᠡᠭᠦᠦ ᠢᠳᠡᠵᠦ᠂ ᠪᠤᠯᠪᠠᠰᠤᠷᠠᠭᠤᠯᠤᠭᠰᠠᠨ ᠮᠢᠬ᠎ᠠ ᠳᠤᠳᠠᠭᠤ ᠢᠳᠡᠨ᠎ᠠ᠃ ᠳᠡᠯᠡᠬᠡᠢ ᠶᠢᠨ ᠡᠷᠡᠭᠦᠯ ᠬᠠᠮᠠᠭᠠᠯᠠᠯ ᠤᠨ ᠵᠤᠬᠢᠶᠠᠨ ᠪᠠᠶᠢᠭᠤᠯᠤᠯᠳᠠ ᠶᠢᠨ ᠬᠢᠭᠰᠡᠨ ᠰᠤᠳᠤᠯᠭᠠᠨ ᠠᠴᠠ ᠦᠵᠡᠪᠡᠯ᠂ ᠫᠠᠺᠤᠨ ︵ᠤᠳᠤᠭᠰᠠᠨ ᠭᠠᠭ᠋ᠠᠢ ᠶᠢᠨ ᠮᠢᠬ᠎ᠠ︶᠂ ᠬᠢᠮ᠎ᠠ᠂ ᠳᠠᠪᠤᠰᠤᠯᠠᠭᠰᠠᠨ ᠮᠢᠬ᠎ᠠ᠂ ᠬᠠᠳᠠᠭᠠᠭᠰᠠᠨ ᠭᠠᠭ᠋ᠠᠢ ᠶᠢᠨ ᠮᠢᠬ᠎ᠠ ᠵᠡᠷᠭᠡ ᠪᠤᠯᠪᠠᠰᠤᠷᠠᠭᠤᠯᠤᠭᠰᠠᠨ ᠮᠢᠬᠠᠨ ᠢᠳᠡᠭᠡᠨ ᠢ ᠦᠷᠭᠦᠯᠵᠢ ᠢᠳᠡᠭᠰᠡᠳ ᠤᠨ ᠬᠤᠳᠤᠷᠢᠩᠬᠠᠢ ᠭᠡᠳᠡᠰᠦ ᠪᠠ ᠰᠢᠯᠤᠭᠤᠨ ᠭᠡᠳᠡᠰᠦᠨ ᠤ ᠦᠮᠡᠨ᠂ ᠤᠷᠤᠬ ᠤᠨ ᠪᠤᠯᠴᠢᠷᠬᠠᠢ ᠶᠢᠨ ᠦᠮᠡᠨ᠂ ᠨᠦᠢᠷ ᠤᠨ ᠪᠤᠯᠴᠢᠷᠬᠠᠢ ᠶᠢᠨ ᠦᠮᠡᠨ ᠤ ᠠᠶᠤᠯ ᠨᠡᠮᠡᠭᠳᠡᠳᠡᠭ ᠪᠠᠶᠢᠨ᠎ᠠ᠃ ᠰᠢᠨ᠎ᠠ ᠮᠢᠬ᠎ᠠ ᠪᠠᠷ ᠭᠤᠤᠯᠳᠠᠭᠤᠯᠵᠤ᠂ ᠪᠤᠯᠪᠠᠰᠤᠷᠠᠭᠤᠯᠤᠭᠰᠠᠨ ᠮᠢᠬ᠎ᠠ ᠢᠳᠡᠬᠦ ᠦᠭᠡᠢ ᠪᠠᠶᠢᠬᠤ ᠠᠷᠭ᠎ᠠ ᠦᠭᠡᠢ ᠦᠶ᠎ᠠ ᠳᠤ᠂ ᠤᠰᠤᠨ ᠳᠤ ᠪᠤᠴᠠᠯᠭᠠᠵᠤ ᠳᠠᠪᠤᠰᠤ ᠶᠢ ᠨᠢ ᠭᠠᠷᠭᠠᠬᠤ ᠵᠡᠷᠭᠡ ᠠᠷᠭ᠎ᠠ ᠭᠡᠷᠡᠭᠯᠡᠵᠦ ᠪᠤᠯᠬᠤ ᠪᠦᠭᠡᠳ ᠰᠢᠨ᠎ᠠ ᠰᠤᠷᠭᠤᠭ ᠢᠳᠡᠰᠢᠨ ᠨᠤᠭᠤᠭ᠎ᠠ ᠲᠠᠢ ᠬᠤᠯᠢᠵᠤ ᠢᠳᠡᠬᠦ ᠶᠢ ᠰᠠᠨᠠᠭᠤᠯᠵᠤ ᠪᠠᠶᠢᠨ᠎ᠠ᠃ ᠬᠠᠷ᠎ᠠ ᠮᠢᠬ᠎ᠠ ᠢᠯᠡᠭᠦᠦ ᠢᠳᠡᠵᠦ᠂ ᠦᠭᠡᠬᠦ ᠳᠤᠳᠠᠭᠤ ᠢᠳᠡᠨ᠎ᠠ᠃ ᠳᠠᠷᠭᠤᠨ ᠮᠢᠬᠠᠨ ᠤ ᠭᠤᠤᠯ ᠪᠦᠷᠢᠯᠳᠦᠭᠦᠨ ᠨᠢ ᠦᠭᠡᠬᠦ ᠪᠤᠯᠤᠨ᠎ᠠ᠂ ᠴᠢᠰᠦᠨ ᠤ ᠦᠭᠡᠬᠦ ᠦᠨᠳᠦᠷ ᠬᠦᠮᠦᠰ ᠪᠠᠭ᠎ᠠ ᠢᠳᠡᠪᠡᠯ ᠳᠡᠭᠡᠷ᠎ᠡ᠃ ᠬᠠᠷ᠎ᠠ ᠮᠢᠬᠠᠨ ᠤ ᠭᠤᠤᠯ ᠪᠦᠷᠢᠯᠳᠦᠭᠦᠨ ᠨᠢ ᠤᠭᠤᠷᠠᠭ ᠵᠢᠴᠢ ᠳᠡᠮᠦᠷ ᠵᠡᠷᠭᠡ ᠬᠦᠮᠦᠨ ᠤ ᠪᠡᠶ᠎ᠡ ᠳᠤ ᠠᠰᠢᠬ ᠲᠠᠢ ᠪᠢᠴᠢᠯ ᠡᠯᠧᠮᠧᠨ᠋ᠲ ᠪᠠᠶᠢᠳᠠᠭ᠃ ᠪᠤᠷᠳᠤᠨ ᠳᠠᠷᠭᠤᠯᠠᠭᠤᠯᠤᠭᠰᠠᠨ ᠦᠭᠡᠷ ᠬᠤᠨᠢᠨ ᠤ ᠮᠢᠬ᠎ᠠ᠂ ᠭᠠᠭ᠋ᠠᠢ ᠶᠢᠨ ᠠᠯᠠᠭ ᠮᠢᠬ᠎ᠠ ᠵᠡᠷᠭᠡ ᠦᠭᠡᠬᠦ ᠶᠢᠨ ᠠᠭᠤᠯᠤᠭᠳᠠᠴᠠ ᠦᠨᠳᠦᠷ ᠮᠢᠬ᠎ᠠ ᠳᠤᠳᠠᠭᠤ ᠢᠳᠡᠭᠦ ᠶᠢ ᠰᠠᠨᠠᠭᠤᠯᠵᠤ ᠪᠠᠶᠢᠨ᠎ᠠ᠃ ᠳᠤᠤᠷ᠎ᠠ ᠳᠤᠯᠠᠭᠠᠨ ᠳᠤ ᠪᠤᠯᠭᠤᠬᠤ ᠶᠢ ᠡᠷᠭᠢᠮᠯᠡᠵᠦ᠂ ᠬᠠᠭᠠᠷᠢᠵᠤ ᠰᠢᠷᠡᠵᠦ ᠢᠳᠡᠬᠦ ᠠᠴᠠ ᠵᠠᠶᠢᠯᠠᠰᠬᠢᠨ᠎ᠠ᠃ ᠰᠢᠷᠠᠬᠤ᠂ ᠬᠠᠭᠠᠷᠢᠬᠤ ᠳᠤ ᠳᠤᠰᠤᠨ ᠤ ᠬᠠᠯᠠᠭᠤᠨ 180 — 300 ᠭᠷᠡᠳᠦ᠋ᠰ ᠬᠦᠷᠴᠦ᠂ ᠦᠨᠳᠦᠷ ᠬᠠᠯᠠᠭᠤᠨ ᠨᠢ ᠮᠢᠬᠠᠨ ᠤ ᠰᠢᠮ᠎ᠡ ᠳᠡᠵᠢᠭᠡᠯᠳᠦ ᠡᠳ᠋ ᠢ ᠠᠯᠳᠠᠭᠳᠠᠭᠤᠯᠳᠠᠭ ᠢᠶᠠᠷ ᠪᠠᠷᠠᠬᠤ ᠦᠭᠡᠢ ᠪᠠᠰᠠ ᠬᠤᠤᠷᠠᠳᠤ ᠪᠤᠳᠠᠰ ᠡᠭᠦᠰᠭᠡᠳᠡᠭ᠃ ᠵᠢᠱᠢᠶᠡᠯᠡᠪᠡᠯ᠂ ᠱᠤᠷᠤᠯᠠᠭ ᠬᠢᠬᠦ ᠪᠠ ᠵᠢᠭᠠᠰᠤ᠂ ᠮᠢᠬᠠᠨ ᠤ ᠵᠦᠢᠯ ᠢ ᠳᠤᠰᠤᠨ ᠳᠤ ᠪᠤᠴᠠᠯᠭᠠᠬᠤ ᠳᠤ ᠶᠡᠭᠡ ᠬᠡᠮᠵᠢᠶᠡᠨ ᠤ ᠪᠤᠳᠤᠯᠢᠶᠠᠨᠳᠠᠢ ᠨᠡᠭᠦᠷᠡᠰᠦ ᠤᠰᠤᠳᠦ᠋ᠷᠦᠭᠴᠢ ᠶᠢᠨ ᠨᠢᠭᠡᠳᠪᠦᠷᠢ ᠪᠠ ᠪᠤᠳᠤᠯᠢᠶᠠᠨᠳᠠᠢ ᠠᠮᠢᠨ ᠵᠡᠷᠭᠡ ᠦᠮᠡᠨ ᠡᠭᠦᠰᠭᠡᠭᠴᠢ ᠶᠢ ᠡᠭᠦᠰᠭᠡᠳᠡᠭ᠃ ᠳᠡᠶᠢᠮᠦ ᠠᠴᠠ ᠴᠢᠨᠠᠬᠤ ᠵᠢᠩᠨᠡᠬᠦ ᠠᠷᠭ᠎ᠠ ᠪᠠᠷ ᠭᠤᠤᠯ ᠪᠤᠯᠭᠠᠬᠤ ᠶᠢ ᠰᠠᠨᠠᠭᠤᠯᠵᠤ ᠪᠠᠶᠢᠨ᠎ᠠ᠃                              
 
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号