ᠬᠦᠯ ᠢᠶᠠᠨ ᠠᠴᠢᠵᠤ ᠰᠠᠭᠤᠬᠤ ᠨᠢ 4 ᠵᠦᠢᠯ ᠤᠨ ᠡᠪᠡᠳᠴᠢᠨ ᠡᠭᠦᠰᠭᠡᠳᠡᠭ
ᠨᠡᠶᠢᠲᠡᠯᠡᠭᠰᠡᠨ ᠴᠠᠭ᠄
2018/5/4
    ᠤᠯᠠᠨ ᠬᠦᠮᠦᠨ ᠬᠦᠯ ᠢᠶᠠᠨ ᠠᠴᠢᠵᠤ ᠰᠠᠭᠤᠬᠤ ᠳᠠᠳᠬᠠᠯ ᠲᠠᠢ ᠪᠠᠶᠢᠳᠠᠭ᠂ ᠳᠡᠷᠡ ᠨᠠᠮᠪᠠ ᠲᠠᠢ ᠳᠡᠭᠵᠢᠨ ᠬᠠᠷᠠᠭᠳᠠᠳᠠᠭ᠃ ᠭᠡᠪᠡᠴᠦ ᠡᠮᠴᠢ ᠨᠠᠷ ᠢᠩᠬᠢᠵᠦ ᠰᠠᠭᠤᠬᠤ ᠨᠢ 4 ᠵᠦᠢᠯ ᠤᠨ ᠡᠪᠡᠳᠴᠢᠨ ᠡᠭᠦᠰᠭᠡᠬᠦ ᠠᠶᠤᠯ ᠲᠠᠢ ᠰᠠᠨᠠᠭᠤᠯᠵᠤ ᠪᠠᠶᠢᠨ᠎ᠠ᠃     1. ᠰᠢᠯᠪᠢ ᠭᠤᠶ᠎ᠠ ᠶᠢᠨ ᠨᠠᠮᠵᠢᠭᠤᠨ ᠰᠤᠳᠠᠯ ᠮᠤᠷᠦ᠋ᠢᠵᠤ ᠭᠦᠷᠡᠶᠢᠬᠦ ᠪᠤᠶᠤ ᠴᠢᠰᠦᠨ ᠰᠤᠳᠠᠯ ᠳᠦᠭᠵᠢᠷᠡᠬᠦ ᠡᠪᠡᠳᠴᠢᠨ ᠢ ᠡᠭᠦᠰᠭᠡᠵᠦ ᠮᠡᠳᠡᠨ᠎ᠠ︔
    2. ᠡᠷᠡᠭᠳᠡᠢ ᠶᠢᠨ ᠦᠷᠡᠵᠢᠯ ᠤᠨ ᠡᠷᠡᠭᠦᠯ ᠮᠡᠨᠳᠦ ᠨᠦᠯᠦᠭᠡᠯᠡᠨ᠎ᠠ︔
    3. ᠠᠷᠠᠭ ᠶᠠᠰᠤᠨ ᠤ ᠡᠪᠡᠳᠴᠢᠨ ᠪᠠ ᠪᠤᠯᠴᠢᠩ ᠤᠨ ᠬᠡᠮᠳᠦᠯ ᠡᠭᠦᠰᠭᠡᠨ᠎ᠠ︔
    4. ᠪᠠᠭᠠᠨ᠎ᠠ ᠨᠢᠷᠤᠭᠤ ᠮᠤᠷᠦ᠋ᠢᠵᠤ ᠤᠭᠤᠴᠠ ᠪᠠᠷ ᠡᠪᠡᠳᠬᠦ ᠪᠠᠶᠢᠳᠠᠯ ᠭᠠᠷᠤᠨ᠎ᠠ᠃ ᠤᠳᠠᠭᠠᠨ ᠰᠠᠭᠤᠳᠠᠭ ᠠᠵᠢᠯ ᠲᠠᠢ ᠬᠦᠮᠦᠰ ᠬᠦᠯ ᠢᠶᠠᠨ ᠠᠴᠢᠵᠤ ᠰᠠᠭᠤᠬᠤ ᠦᠭᠡᠢ ᠪᠤᠯ ᠰᠠᠶᠢᠨ᠂ ᠬᠦᠯ ᠠᠴᠢᠵᠤ ᠰᠠᠭᠤᠳᠠᠭ ᠳᠠᠳᠬᠠᠯ ᠢᠶᠠᠨ ᠤᠬᠤᠷᠬᠠᠨ ᠬᠤᠭᠤᠴᠠᠭᠠᠨ ᠳᠤ ᠬᠠᠯᠠᠵᠤ ᠳᠡᠶᠢᠯᠬᠦ ᠦᠭᠡᠢ ᠪᠤᠯ ᠬᠡᠳᠦᠨ ᠮᠢᠨᠦ᠋ᠲ ᠪᠤᠯᠤᠭᠠᠳ ᠨᠢᠭᠡ ᠤᠳᠠᠭ᠎ᠠ ᠰᠠᠭᠤᠬᠤ ᠬᠡᠯᠪᠡᠷᠢ ᠪᠠᠨ ᠬᠤᠪᠢᠷᠠᠭᠤᠯᠵᠤ ᠪᠤᠯᠤᠨ᠎ᠠ᠃    
 
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号